ᠡᠵᠡᠩᠨᠡᠯᠳᠡ ᠶᠢᠨ ᠭᠠᠶᠢᠯᠢ ᠶᠢ ᠬᠦᠴᠦᠨ ᠦᠭᠡᠢ ᠪᠤᠯᠭᠠᠵᠦ ᠨᠡᠮᠡᠭᠳᠡᠯ ᠦᠷᠳᠡᠭ ᠤᠨ ᠭᠠᠶᠢᠯᠢ ᠶᠢᠨ ᠳᠦᠷᠢᠮ ᠢ ᠪᠦᠬᠦ  ᠲᠠᠯ᠎ᠠ ᠪᠠᠷ ᠬᠡᠷᠡᠭᠵᠢᠭᠦᠯᠪᠠ
ᠨᠡᠶᠢᠲᠡᠯᠡᠭᠰᠡᠨ ᠴᠠᠭ᠄
2018/5/29

    10 ᠰᠠᠷ᠎ᠠ ᠶᠢᠨ 30 ᠤ ᠡᠳᠦᠷ ᠬᠤᠷᠠᠯᠳᠤᠭᠰᠠᠨ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ

ᠬᠤᠷᠠᠯ ᠠᠴᠠ ᠪᠠᠳᠤᠯᠠᠭᠰᠠᠨ ᠨᠢᠭᠡᠨ ᠰᠢᠢᠳᠪᠦᠷᠢ ᠨᠢ 60 ᠭᠠᠷᠤᠢ ᠵᠢᠯ ᠭᠡᠷᠡᠭᠵᠢᠬᠦᠯᠦᠭᠳᠡᠭᠰᠡᠨ ᠡᠵᠡᠩᠨᠡᠯᠳᠡ ᠶᠢᠨ

ᠭᠠᠶᠢᠯᠢ ᠲᠡᠦᠭᠡ ᠶᠢᠨ ᠲᠠᠪᠴᠠᠩ ᠠᠴᠠ ᠵᠢᠩᠬᠢᠨᠢ ᠪᠠᠷ ᠤᠬᠤᠷᠢᠨ ᠭᠠᠷᠤᠭᠰᠠᠨ ᠤ ᠪᠡᠯᠭᠡ ᠲᠡᠮᠳᠡᠭ ᠪᠤᠯᠪᠠ᠃ᠳᠤᠰ

ᠡᠳᠦᠷ ᠤᠨ ᠬᠤᠷᠠᠯ ᠠᠴᠠ ︽ᠲᠦᠷᠦ ᠶᠢᠨ ᠶᠠᠪᠤᠳᠠᠯ ᠤᠨ ᠬᠤᠷᠢᠶᠠᠨ ᠪ᠊ ︿ᠪᠦᠬᠦᠳᠡ ᠨᠠᠶᠢᠷᠠᠮᠳᠠᠬᠤ ᠳᠤᠮᠳᠠᠳᠤ ᠠᠷᠠᠳ

ᠤᠯᠤᠰ ᠤᠨ ᠡᠵᠡᠩᠨᠡᠯᠳᠡ ᠶᠢᠨ ᠭᠠᠶᠢᠯᠢ ᠶᠢᠨ ᠲᠦᠷ ᠭᠡᠷᠡᠭᠵᠢᠬᠦᠯᠬᠦ ᠳᠤᠭᠳᠠᠭᠠᠯ﹀ ᠢ ᠬᠦᠴᠦᠨ ᠦᠭᠡᠢ ᠪᠤᠯᠭᠠᠬᠤ ᠪᠠ ︿

ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠮᠡᠭᠳᠡᠯ ᠦᠷᠲᠡᠭ ᠤᠨ ᠭᠠᠶᠢᠯᠢ ᠶᠢᠨ ᠲᠦᠷ ᠭᠡᠷᠡᠭᠵᠢᠬᠦᠯᠬᠦ

ᠳᠤᠭᠳᠠᠭᠠᠯ﹀ ᠳᠤ ᠵᠠᠰᠠᠪᠤᠷᠢ ᠤᠷᠤᠭᠤᠯᠬᠤ ᠳᠤᠬᠠᠢ ᠳᠤᠭᠳᠠᠭᠠᠯ ︵ᠲᠦᠰᠦᠪ︶︾ ᠢ ᠪᠠᠳᠤᠯᠠᠪᠠ᠃ ᠲᠦᠷᠦ ᠶᠢᠨ

ᠶᠠᠪᠤᠳᠠᠯ ᠤᠨ ᠬᠤᠷᠢᠶᠠᠨ ᠤ ᠶᠡᠷᠦᠩᠭᠡᠢ ᠰᠠᠶᠢᠳ ᠯᠢ ᠺᠧ ᠴᠢᠶᠠᠩ ᠤᠨ ᠵᠢᠭᠠᠵᠤ ᠭᠠᠷᠭᠠᠭᠰᠠᠨ ᠢᠶᠠᠷ ︽ᠬᠠᠤᠯᠢ

ᠴᠠᠭᠠᠵᠠ ᠶᠢᠨ ᠲᠡᠰ ᠳᠠᠷᠠᠭ᠎ᠠ ᠪᠠᠷ ᠵᠦᠪᠰᠢᠶᠡᠷᠡᠬᠦᠯᠦᠨ ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠦᠷᠲᠡᠭ ᠤᠨ ᠭᠠᠶᠢᠯᠢ

ᠪᠤᠯᠭᠠᠨ ᠦᠭᠡᠷᠡᠴᠢᠯᠡᠬᠦ ᠳᠤᠷᠰᠢᠯᠳᠠ ᠶᠢᠨ ᠴᠢᠬ ᠤᠨ ᠠᠵᠢᠯ ᠢ ᠪᠦᠬᠦ ᠳᠠᠯ᠎ᠠ ᠪᠠᠷ ᠭᠡᠷᠡᠭᠵᠢᠬᠦᠯᠦᠭᠰᠡᠨ ᠠᠴᠠ ᠨᠠᠰᠢ᠂

ᠡᠵᠡᠩᠨᠡᠯᠳᠡ ᠶᠢᠨ ᠭᠠᠶᠢᠯᠢ ᠶᠢ ᠭᠡᠷᠡᠭᠵᠢᠬᠦᠯᠵᠦ ᠪᠠᠶᠢᠬᠰᠠᠨ ᠦᠢᠯᠡᠴᠢᠯᠡᠭᠡᠨ ᠤ ᠦᠢᠯᠡᠰ ᠤᠨ ᠬᠦᠷᠢᠶ᠎ᠡ ᠭᠡᠪᠴᠢᠶᠠᠨ ᠳᠤ

ᠨᠡᠮᠡᠭᠳᠡᠯ ᠦᠷᠲᠡᠭ ᠤᠨ ᠭᠠᠶᠢᠯᠢ ᠶᠢ ᠨᠢᠭᠡᠳᠦᠯᠳᠡᠢ ᠬᠤᠷᠢᠶᠠᠵᠤ᠂ 60 ᠭᠠᠷᠤᠢ ᠵᠢᠯ ᠭᠡᠷᠡᠭᠵᠢᠬᠦᠯᠦᠭᠰᠡᠨ

ᠡᠵᠡᠩᠨᠡᠯᠳᠡ ᠶᠢᠨ ᠭᠠᠶᠢᠯᠢ ᠶᠢ ᠦᠨᠡᠨᠳᠡᠭᠡᠨ ᠪᠦᠬᠦ ᠳᠠᠯ᠎ᠠ ᠪᠠᠷ ᠬᠦᠴᠦᠨ ᠦᠭᠡᠢ ᠪᠤᠯᠭᠠᠵᠣ᠂ ᠡᠵᠡᠩᠨᠡᠯᠳᠡ ᠶᠢᠨ

ᠭᠠᠶᠢᠯᠢ ᠶᠢᠨ ᠲᠦᠷ ᠭᠡᠷᠡᠭᠵᠢᠬᠦᠯᠬᠦ ᠳᠤᠭᠳᠠᠭᠠᠯ ᠢ ᠭᠡᠷᠡᠭᠵᠢᠬᠦᠯᠬᠦ ᠪᠠᠨ ᠵᠤᠭᠰᠤᠭᠰᠠᠨ ᠶᠤᠮ᠃ ᠡᠵᠡᠩᠨᠡᠯᠳᠡ ᠶᠢᠨ

ᠭᠠᠶᠢᠯᠢ ᠶᠢ ᠨᠡᠮᠡᠭᠳᠡᠯ ᠦᠷᠲᠡᠭ ᠤᠨ ᠭᠠᠶᠢᠯᠢ ᠪᠤᠯᠭᠠᠨ ᠦᠭᠡᠷᠡᠴᠢᠯᠡᠨ᠂ ᠭᠠᠶᠢᠯᠢ ᠶᠢ ᠶᠡᠭᠡᠪᠡᠷ ᠬᠠᠰᠤᠬᠤ ᠦᠷ᠎ᠡ

ᠪᠦᠳᠦᠭᠡᠯ ᠢᠶᠠᠨ ᠪᠠᠬᠢᠵᠢᠬᠦᠯᠦᠨ ᠦᠷᠭᠡᠳᠭᠡᠬᠦ ᠶᠢᠨ ᠲᠦᠯᠦᠭᠡ᠂ ᠬᠤᠯᠪᠣᠬᠳᠠᠯ ᠪᠦᠬᠦᠢ ᠬᠠᠤᠯᠢ ᠲᠦᠷᠢᠮ ᠳᠤ ᠡᠷᠭᠡᠪᠰᠢ

ᠵᠠᠰᠠᠪᠤᠷᠢ ᠤᠷᠤᠭᠤᠯᠬᠤ ᠭᠡᠷᠡᠭᠳᠡᠢ ᠪᠦᠬᠡᠳ ᠳᠠᠬᠢᠨᠳᠠ ᠬᠠᠤᠯᠢ ᠲᠦᠷᠢᠮ ᠤᠨ ᠭᠡᠯᠪᠡᠷᠢ ᠪᠠᠷ ᠳᠤᠭᠳᠠᠭᠠᠬᠤ ᠭᠡᠷᠡᠭᠳᠡᠢ︾᠃

2012 ᠤᠨ ᠳᠤ᠂ ᠱᠠᠩᠬᠠᠢ ᠶᠢᠨ ᠲᠡᠭᠡᠭᠡᠪᠦᠷᠢ ᠶᠢᠨ ᠦᠢᠯᠡᠰ ᠪᠠ ᠤᠳᠤ ᠦᠶ᠎ᠡ ᠶᠢᠨ ᠵᠠᠷᠢᠮ ᠦᠢᠯᠡᠴᠢᠯᠡᠭᠡᠨ ᠤ

ᠦᠢᠯᠡᠰ ᠲᠤ ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠦᠷᠲᠡᠭ ᠤᠨ ᠭᠠᠶᠢᠯᠢ ᠪᠤᠯᠭᠠᠨ ᠦᠭᠡᠷᠡᠴᠢᠯᠡᠬᠦ ᠳᠤᠷᠰᠢᠯᠳᠠ ᠶᠢᠨ

ᠴᠢᠬ ᠢ ᠤᠷᠢᠳᠠᠪᠠᠷ ᠭᠡᠷᠡᠭᠵᠢᠬᠦᠯᠦᠭᠰᠡᠨ ᠶᠤᠮ᠃ ᠲᠦᠷᠦ ᠶᠢᠨ ᠶᠠᠪᠣᠳᠠᠯ ᠤᠨ ᠬᠤᠷᠢᠶᠠᠨ ᠤ ᠶᠡᠷᠣᠩᠬᠡᠢ ᠰᠠᠶᠢᠳ ᠯᠢ ᠺᠧ

ᠴᠢᠶᠠᠩ ᠤᠨ ᠵᠢᠭᠠᠵᠤ ᠭᠠᠷᠭᠠᠭᠰᠠᠨ ᠢᠶᠠᠷ ︽ᠳᠤᠬᠠᠢ ᠶᠢᠨ ᠦᠶᠡᠰ᠂ ᠤᠯᠠᠨ ᠤᠯᠤᠰ ᠤᠨ ᠮᠦᠩᠬᠦᠨ ᠬᠦᠢᠯᠭᠡᠭᠡᠨ ᠤ

ᠬᠢᠮᠤᠷᠠᠯ ᠪᠠ ᠤᠯᠤᠰ ᠤᠨ ᠳᠤᠳᠤᠭᠠᠳᠤ ᠶᠢᠨ ᠠᠵᠤ ᠠᠬᠤᠢ ᠶᠢᠨ ᠪᠦᠳᠦᠴᠡ ᠶᠢᠨ ᠵᠦᠷᠢᠴᠡᠯ ᠳᠤᠪᠤᠶᠢᠮ᠎ᠠ ᠪᠤᠯᠤᠭᠰᠠᠨ

ᠵᠡᠷᠭᠡ ᠰᠢᠯᠳᠠᠭᠠᠨ ᠠᠴᠠ ᠪᠤᠯᠵᠤ᠂ ᠮᠠᠨ ᠤ ᠤᠯᠤᠰ ᠤᠨ ᠠᠵᠤ ᠠᠬᠤᠢ ᠮᠠᠭᠤᠳᠠᠬᠤ ᠳᠠᠷᠤᠯᠳᠠ ᠵᠠᠯᠭᠠᠪᠠᠷ ᠨᠡᠮᠡᠭᠳᠡᠨ᠂

ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠨᠢ ᠴᠤ ᠪᠠᠭᠤᠷᠠᠬᠤ ᠬᠠᠨᠳᠤᠰᠢ ᠢᠯᠡᠷᠡᠪᠡ᠂ ᠭᠡᠶ᠎ᠡ ᠵᠠᠰᠠᠭ ᠤᠨ

ᠤᠷᠳᠤᠨ ᠭᠠᠶᠢᠯᠢ ᠬᠤᠷᠢᠶᠠᠬᠤ ᠡᠷᠴᠢᠮ ᠢᠶᠠᠨ ᠨᠡᠮᠡᠭᠳᠡᠬᠦᠯᠬᠦ ᠶᠢ ᠰᠤᠩᠭᠤᠭᠰᠠᠨ ᠦᠭᠡᠢ᠂ ᠬᠠᠷᠢᠨ ︿ᠤᠰᠤ ᠳᠠᠯᠪᠢᠨ

ᠵᠢᠭᠠᠰᠤ ᠲᠡᠵᠢᠭᠡᠬᠦ﹀ ᠭᠡᠯᠪᠡᠷᠢ ᠪᠠᠷ ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠦᠷᠲᠡᠭ ᠤᠨ ᠭᠠᠶᠢᠯᠢ ᠪᠤᠯᠭᠠᠨ

ᠦᠭᠡᠷᠡᠴᠢᠯᠡᠬᠦ ᠭᠡᠪᠴᠢᠶ᠎ᠡ ᠪᠠ ᠳᠤᠷᠰᠢᠯᠳᠠ ᠶᠢᠨ ᠴᠢᠬ ᠢᠶᠠᠨ ᠦᠷᠭᠡᠳᠭᠡᠬᠦ ᠠᠷᠭ᠎ᠠ ᠠᠪᠴᠤ᠂ ᠭᠠᠶᠢᠯᠢ ᠶᠢ ᠬᠠᠰᠤᠬᠤ

ᠡᠷᠴᠢᠮ ᠢᠶᠠᠨ ᠤᠯᠠᠮ ᠴᠢᠩᠭᠠᠷᠠᠭᠤᠯᠪᠠ︾᠃︽ᠳᠤᠬᠠᠢ ᠶᠢᠨ ᠦᠶᠡᠰ ᠤᠨ ᠲᠡᠶᠢᠮᠦᠷᠬᠦ ᠪᠠᠶᠢᠳᠠᠯ ᠳᠤᠤᠷ᠎ᠠ᠂

ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠦᠷᠲᠡᠭ ᠤᠨ ᠭᠠᠶᠢᠯᠢ ᠪᠤᠯᠭᠠᠨ ᠦᠭᠡᠷᠡᠴᠢᠯᠡᠬᠦ ᠪᠠᠷ ᠭᠤᠤᠯ ᠪᠤᠯᠭᠠᠭᠰᠠᠨ

ᠭᠠᠶᠢᠯᠢ ᠶᠢ ᠬᠠᠰᠤᠬᠤ ᠠᠷᠭ᠎ᠠ ᠭᠡᠮᠵᠢᠶ᠎ᠡ ᠶᠢ ᠭᠡᠷᠡᠭᠵᠢᠬᠦᠯᠦᠭᠰᠡᠨ ᠢ ᠤᠳᠤ ᠡᠷᠬᠢᠭᠡᠳ ᠬᠠᠷᠠᠪᠠᠯ ᠶᠤᠰᠤᠳᠠᠢ ︿

ᠳᠦᠭᠰᠢᠬᠦᠷᠢᠳᠠᠢ ᠠᠯᠬᠤᠮ﹀ ᠪᠠᠶᠢᠬᠰᠠᠨ ᠪᠤᠯᠪᠠᠴᠤ ᠪᠢᠳᠡ ᠳᠤᠭᠤᠯᠤᠭᠠᠳ ᠭᠠᠷᠴᠢᠬᠠᠭᠰᠠᠨ᠂ᠯᠠᠪᠳᠠᠭᠤᠨ ᠡᠮᠬᠢ

ᠴᠡᠭᠴᠡ ᠲᠠᠢ ᠪᠠᠶᠢᠬᠤ ᠶᠢ ᠦᠨᠡᠨᠬᠦ ᠪᠠᠳᠤᠯᠠᠬᠤ ᠶᠢᠨ ᠲᠦᠯᠦᠭᠡ᠂ ᠪᠢᠳᠠ ᠭᠠᠵᠠᠷ ᠤᠷᠤᠨ᠂ ᠠᠵᠢᠯ ᠲᠦᠷᠦᠯ ᠢᠶᠠᠷ

ᠳᠤᠷᠰᠢᠯᠳᠠ ᠶᠢᠨ ᠴᠢᠬ ᠢᠶᠠᠨ ᠢᠳᠡᠭ ᠢᠳᠡᠭ ᠢᠶᠠᠷ ᠦᠷᠭᠡᠳᠭᠡᠵᠦ᠂ ᠬᠠᠮᠤᠬ ᠡᠴᠦᠰ ᠲᠤ ᠲᠦᠷᠪᠡᠨ ᠶᠡᠭᠡ ᠬᠦᠴᠢᠷᠳᠠᠢ

ᠠᠵᠢᠯ ᠲᠦᠷᠦᠯ ᠳᠤ ᠭᠡᠷᠡᠭᠵᠢᠬᠦᠯᠦᠨ᠂ ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠦᠷᠲᠡᠭ ᠤᠨ ᠭᠠᠶᠢᠯᠢ ᠪᠤᠯᠭᠠᠬᠤ

ᠠᠵᠢᠯ ᠢ ᠪᠦᠬᠦ ᠳᠠᠯ᠎ᠠ ᠪᠠᠷ ᠭᠡᠷᠡᠭᠵᠢᠬᠦᠯᠪᠡ︾ ᠭᠡᠵᠦ ᠲᠦᠷᠦ ᠶᠢᠨ ᠶᠠᠪᠣᠳᠠᠯ ᠤᠨ ᠬᠤᠷᠢᠶᠠᠨ ᠤ ᠶᠡᠷᠣᠩᠬᠡᠢ ᠰᠠᠶᠢᠳ ᠯᠢ

ᠺᠧ ᠴᠢᠶᠠᠩ ᠵᠢᠭᠠᠵᠣ ᠭᠠᠷᠭᠠᠪᠠ᠃ ᠠᠵᠤ ᠠᠬᠤᠢ ᠶᠢᠨ ᠬᠠᠮᠳᠤᠷᠠᠯᠴᠠᠭ᠎ᠠ ᠬᠢᠭᠡᠳ ᠬᠦᠭᠵᠢᠬᠦᠯᠦᠯᠳᠡ ᠶᠢᠨ ᠵᠤᠬᠢᠶᠠᠨ

ᠪᠠᠶᠢᠭᠤᠯᠤᠯᠳᠠ ︵OECD︶ ᠶᠢᠨ ᠲᠡᠳ᠋ ᠨᠠᠷᠢᠨ ᠪᠢᠴᠢᠢᠡ ᠤᠨ ᠳᠠᠷᠤᠭ᠎ᠠ ᠢᠤᠢ ᠮᠦ ᠯᠢᠨ ᠲᠠᠢ ᠯᠠᠩ ︵ᠶᠠᠫᠤᠨ

ᠬᠡᠯᠡᠨ ᠤ ᠲᠤᠯᠢ ᠠᠴᠠ ᠡᠷᠢᠵᠦ ᠦᠵᠡᠭᠡᠷᠡᠢ︶ ᠤᠨ ᠦᠨᠡᠯᠡᠭᠰᠡᠨ ᠢᠶᠠᠷ ︽ᠳᠤᠮᠳᠠᠳᠤ ᠤᠯᠤᠰ ᠨᠡᠮᠡᠭᠳᠡᠯ ᠦᠷᠲᠡᠭ ᠤᠨ

ᠭᠠᠶᠢᠯᠢ ᠶᠢᠨ ᠲᠦᠷᠢᠮ ᠳᠤ ᠵᠤᠷᠢᠬᠳᠠᠢ ᠪᠠᠷ ᠦᠭᠡᠷᠡᠴᠢᠯᠡᠯᠳᠡ ᠬᠢᠭᠰᠡᠨ ᠨᠢ ᠬᠦᠴᠢᠷ ᠪᠡᠷᠭᠡᠰᠢᠶᠡᠯ ᠮᠠᠰᠢ ᠤᠯᠠᠨ

ᠪᠠᠶᠢᠬᠰᠠᠨ ᠴᠤ ᠨᠢᠬᠳᠠ ᠴᠢᠩᠭ᠎ᠠ ᠲᠦᠷᠢᠮ ᠤᠨ ᠵᠢᠷᠤᠭ ᠲᠦᠯᠦᠪᠯᠡᠭᠡ᠂ ᠲᠡᠷᠢᠬᠦᠨ ᠤ ᠬᠤᠷᠢᠶᠠᠨ ᠬᠠᠮᠢᠶᠠᠷᠬᠤ ᠠᠷᠭ᠎ᠠ

ᠪᠠᠷᠢᠯ ᠪᠠ ᠦᠨᠳᠦᠷ ᠦᠷ᠎ᠡ ᠠᠰᠢᠭᠳᠠᠢ ᠤᠬᠠᠭᠤᠯᠭ᠎ᠠ ᠪᠤᠯᠪᠠᠰᠤᠷᠠᠯ ᠢᠶᠠᠷ ᠳᠠᠮᠵᠢᠭᠠᠳ ᠦᠭᠡᠷᠡᠴᠢᠯᠡᠯᠳᠡ ᠶᠢᠨ

ᠲᠦᠭᠰᠢᠬᠦᠷᠢ ᠶᠢ ᠬᠦᠴᠦᠨ ᠲᠠᠢ ᠰᠡᠷᠭᠡᠶᠢᠯᠡᠭᠡᠳ ᠢᠯᠡᠳᠳᠡ ᠠᠮᠵᠢᠯᠳᠠ ᠤᠯᠪᠠ︾᠃ ᠠᠮᠧᠷᠢᠺᠠ ᠶᠢᠨ ︽ᠸᠤᠯ

ᠵᠡᠭᠡᠯᠢ ᠶᠢᠨ ᠡᠳᠦᠷ ᠤᠨ ᠰᠤᠨᠢᠨ︾ ᠨᠠᠩ ᠴᠤ ︽ᠳᠤᠮᠳᠠᠳᠤ ᠤᠯᠤᠰ ᠡᠵᠡᠩᠨᠡᠯᠳᠡ ᠶᠢᠨ ᠭᠠᠶᠢᠯᠢ ᠶᠢ ᠨᠡᠮᠡᠭᠳᠡᠯ

ᠦᠷᠲᠡᠭ ᠤᠨ ᠭᠠᠶᠢᠯᠢ ᠪᠤᠯᠭᠠᠬᠤ ᠦᠭᠡᠷᠡᠴᠢᠯᠡᠯᠳᠡ ᠶᠢ ᠪᠦᠬᠦ ᠳᠠᠯ᠎ᠠ ᠪᠠᠷ ᠭᠡᠷᠡᠭᠵᠢᠬᠦᠯᠦᠭᠰᠡᠨ ᠨᠢ ᠪᠦᠬᠦ

ᠪᠦᠮᠪᠦᠷᠴᠡᠭ ᠤᠨ ᠨᠡᠮᠡᠭᠳᠡᠯ ᠦᠷᠲᠡᠭ ᠤᠨ ᠭᠠᠶᠢᠯᠢ ᠶᠢᠨ ᠦᠭᠡᠷᠡᠴᠢᠯᠡᠯᠳᠡ ᠳᠤ ᠰᠢᠨ᠎ᠡ ᠶᠢ ᠡᠬᠦᠳᠦᠭᠰᠡᠨ ᠠᠴᠢ

ᠬᠤᠯᠪᠤᠭᠳᠠᠯ ᠲᠠᠢ ᠶᠤᠮ︾ ᠭᠡᠵᠡᠢ᠃

      ᠬᠤᠯᠪᠣᠬᠳᠠᠯ ᠪᠦᠬᠦᠢ ᠳᠤᠭ᠎ᠠ ᠪᠠᠷᠢᠮᠳᠠ ᠳᠤ ᠬᠠᠷᠠᠭᠤᠯᠤᠭᠰᠠᠨ ᠢᠶᠠᠷ᠂ ᠡᠵᠡᠩᠨᠡᠯᠳᠡ ᠶᠢᠨ ᠭᠠᠶᠢᠯᠢ ᠶᠢ

ᠨᠡᠮᠡᠭᠳᠡᠯ ᠦᠷᠲᠡᠭ ᠤᠨ ᠭᠠᠶᠢᠯᠢ ᠪᠤᠯᠭᠠᠭᠰᠠᠨ ᠨᠢ ᠪᠦᠬᠦ᠋ᠢᠯᠡ ᠠᠵᠢᠯ ᠲᠦᠷᠦᠯ ᠤᠨ ᠭᠠᠶᠢᠯᠢ ᠶᠢᠨ ᠳᠠᠷᠤᠭᠠᠰᠤ

ᠬᠦᠩᠬᠡᠷᠡᠬᠦ ᠠᠴᠠ ᠪᠢᠰᠢ ᠨᠡᠮᠡᠭᠳᠡᠬᠦ ᠦᠭᠡᠢ ᠪᠠᠶᠢᠬᠤ ᠶᠢ ᠪᠡᠶᠡᠯᠡᠬᠦᠯᠵᠦ᠂ ᠤᠳᠤᠬᠠᠨ ᠳᠤ ᠨᠡᠶᠢᠳᠡ 1.7 ᠳ᠋ᠦᠡᠭᠰᠢᠭᠤᠷ

ᠲᠦᠭᠦᠷᠢᠢᠡ ᠤᠨ ᠠᠵᠤ ᠠᠬᠤᠢᠢᠯᠠᠯ ᠤᠨ ᠭᠠᠶᠢᠯᠢ ᠶᠢᠨ ᠳᠠᠷᠤᠭᠠᠰᠤ ᠶᠢ ᠬᠦᠩᠭᠡᠯᠡᠪᠡ᠃ ᠡᠬᠦᠨ ᠢᠶᠠᠷ ᠪᠠᠷᠠᠬᠤ ᠦᠭᠡᠢ᠂

ᠭᠠᠶᠢᠯᠢ ᠶᠢᠨ ᠰᠠᠭᠤᠷᠢ ᠶᠢ ᠦᠷᠭᠡᠳᠭᠡᠨ᠂ 2017 ᠤᠨ ᠳᠤ ᠲᠦᠷᠪᠡᠨ ᠶᠡᠭᠡ ᠠᠵᠢᠯ ᠲᠦᠷᠦᠯ ᠤᠨ ᠳᠤᠷᠰᠢᠯᠳᠠ ᠶᠢᠨ

ᠴᠢᠬ ᠤᠨ ᠭᠠᠶᠢᠯᠢ ᠳᠤᠰᠢᠶᠠᠬᠴᠢ ᠰᠠᠷ᠎ᠠ ᠳᠤᠮᠳᠠᠴᠢ ᠪᠠᠷ 14 ᠲᠦᠮᠡᠨ ᠡᠷᠦᠭᠡ ᠨᠡᠮᠡᠭᠳᠡᠨ᠂ ᠢᠯᠠᠩᠭᠤᠶ᠎ᠠ ᠠᠵᠤ

ᠠᠬᠤᠢ ᠶᠢᠨ ᠪᠦᠳᠦᠴᠡ ᠶᠢᠨ ᠭᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠪᠠ ᠤᠯᠠᠨ ᠢᠶᠠᠷ ᠢᠶᠠᠨ ᠦᠢᠯᠡᠰ

ᠪᠤᠰᠬᠠᠵᠤ᠂ ᠨᠡᠶᠢᠳᠡ ᠪᠠᠷ ᠢᠶᠠᠨ ᠰᠢᠨ᠎ᠡ ᠶᠢ ᠡᠬᠦᠳᠬᠦ ᠶᠢ ᠬᠦᠴᠦᠨ ᠲᠠᠢ ᠲᠦᠯᠬᠢᠨ ᠠᠬᠢᠭᠤᠯᠵᠤ᠂ ᠡᠨᠡ ᠵᠢᠯ ᠤᠨ

ᠲᠦᠷᠦᠬᠦᠦ ᠭᠤᠷᠪᠠᠨ ᠤᠯᠠᠷᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯᠳᠡ ᠨᠢ ᠤᠯᠤᠰ ᠠᠷᠠᠳ ᠤᠨ ᠠᠵᠤ

ᠠᠬᠤᠢ ᠶᠢᠨ ᠨᠡᠮᠡᠭᠳᠡᠯᠳᠡ ᠳᠤ ᠦᠵᠡᠬᠦᠯᠦᠭᠰᠡᠨ ᠬᠤᠪᠢ ᠨᠡᠮᠡᠷᠢ ᠶᠢᠨ ᠨᠤᠷᠮ᠎ᠠ 58.8% ᠲᠤ ᠬᠦᠷᠪᠡ᠃ ︽

ᠦᠢᠯᠡᠳᠦᠯᠭᠡ ᠭᠡᠷᠡᠴᠢᠯᠡᠭᠰᠡᠨ ᠢᠶᠠᠷ᠂ ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠦᠷᠲᠡᠭ ᠤᠨ ᠭᠠᠶᠢᠯᠢ ᠪᠤᠯᠭᠠᠭᠰᠠᠨ ᠤ

ᠳᠠᠷᠠᠭᠠᠬᠢ ᠦᠷ᠎ᠡ ᠠᠰᠢᠬ ᠨᠢ ᠮᠠᠨ ᠤ ᠲᠦᠰᠦᠭᠡᠯᠡᠭᠰᠡᠨ ᠠᠴᠠ ᠳᠠᠪᠠᠵᠤ᠂ ᠵᠠᠬ᠎ᠠ ᠲᠡᠯᠭᠡᠬᠦᠷ ᠤᠨ ᠠᠮᠢᠵᠢᠷᠠᠯ ᠤᠨ

ᠬᠦᠴᠦᠨ ᠪᠠ ᠠᠵᠤ ᠠᠬᠤᠢ ᠶᠢᠨ ᠬᠦᠭᠵᠢᠯᠳᠡ ᠶᠢᠨ ᠬᠦᠳᠡᠯᠭᠡᠬᠦ ᠬᠦᠴᠦᠨ ᠢ ᠤᠯᠠᠮ ᠴᠢᠨᠠᠬᠰᠢᠳᠠ ᠬᠦᠭᠵᠢᠭᠡᠵᠦ᠂

ᠮᠠᠨ ᠤ ᠤᠯᠤᠰ ᠤᠨ ᠠᠵᠤ ᠠᠬᠤᠢ ᠳᠤᠭᠳᠠᠭᠤᠨ ᠤ ᠳᠤᠮᠳᠠ ᠰᠠᠶᠢᠵᠢᠷᠠᠬᠤ ᠬᠠᠨᠳᠤᠰᠢ ᠲᠠᠢ ᠪᠠᠶᠢᠬᠤ ᠶᠢ

ᠪᠠᠳᠤᠯᠠᠬᠤ ᠳᠤ ᠬᠦᠴᠦᠨ ᠲᠠᠢ ᠪᠠᠳᠤᠯᠠᠭ᠎ᠠ ᠪᠤᠯᠪᠠ︾ ᠭᠡᠵᠦ ᠲᠦᠷᠦ ᠶᠢᠨ ᠶᠠᠪᠣᠳᠠᠯ ᠤᠨ ᠬᠤᠷᠢᠶᠠᠨ ᠤ ᠶᠡᠷᠣᠩᠬᠡᠢ

ᠰᠠᠶᠢᠳ ᠯᠢ ᠺᠧ ᠴᠢᠶᠠᠩ ᠶᠠᠷᠢᠪᠠ᠃ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ ᠦᠷᠲᠡᠭ ᠤᠨ ᠭᠠᠶᠢᠯᠢ ᠪᠤᠯᠭᠠᠬᠤ

ᠦᠭᠡᠷᠡᠴᠢᠯᠡᠯᠳᠡ ᠶᠢᠨ ᠦᠷ᠎ᠡ ᠪᠦᠳᠦᠭᠡᠯ ᠢ ᠤᠯᠠᠮ ᠴᠢᠨᠠᠬᠰᠢᠳᠠ ᠪᠠᠬᠢᠵᠢᠬᠦᠯᠦᠨ ᠦᠷᠭᠡᠳᠭᠡᠵᠦ᠂ ᠲᠦᠷᠦ ᠶᠢᠨ

ᠪᠤᠳᠤᠯᠭ᠎ᠠ ᠪᠠᠨ ᠦᠷᠬᠦᠯᠵᠢᠯᠡᠨ ᠲᠡᠬᠦᠯᠳᠡᠷᠵᠢᠬᠦᠯᠬᠦ ᠭᠡᠷᠡᠭᠳᠡᠢ᠂ ᠤᠳᠤᠬᠠᠨ ᠳᠤ ᠭᠡᠰᠡᠭ ᠠᠵᠢᠯ ᠲᠦᠷᠦᠯ ᠳᠤ

ᠭᠡᠷᠡᠭᠵᠢᠬᠦᠯᠵᠦ ᠪᠠᠶᠢᠭ᠎ᠠ ᠳᠦᠷ ᠴᠠᠭ ᠤᠨ ᠴᠢᠨᠠᠷᠳᠠᠢ ᠲᠦᠷᠦ ᠶᠢᠨ ᠪᠤᠳᠤᠯᠭ᠎ᠠ ᠪᠠ ᠨᠦᠬᠦᠪᠦᠷᠢᠯᠡᠬᠦ ᠠᠷᠭ᠎ᠠ ᠶᠢ

ᠬᠤᠪᠢᠷᠠᠭᠤᠯᠵᠤ ᠪᠤᠯᠬᠤ ᠦᠭᠡᠢ᠂ ᠳᠠᠷᠠᠭᠠᠴᠢ ᠶᠢᠨ ᠠᠯᠬᠤᠮ ᠳᠤ᠂ ᠦᠭᠡᠷᠡᠴᠢᠯᠡᠯᠳᠡ ᠶᠢᠨ ᠦᠢᠯᠡᠳᠦᠯᠭᠡ ᠶᠢ

ᠦᠨᠳᠦᠰᠦᠯᠡᠨ ᠲᠦᠷᠦ ᠶᠢᠨ ᠪᠤᠳᠤᠯᠭ᠎ᠠ ᠪᠠᠨ ᠨᠠᠷᠢᠯᠢᠬᠵᠢᠭᠤᠯᠤᠨ ᠲᠡᠬᠦᠯᠳᠡᠷᠵᠢᠬᠦᠯᠬᠦ ᠭᠡᠷᠡᠭᠳᠡᠢ︾ ᠭᠡᠵᠦ ᠯᠢ ᠺᠧ

ᠴᠢᠶᠠᠩ ᠱᠠᠭᠠᠷᠳᠠᠪᠠ᠃ ᠳᠤᠰ ᠡᠳᠦᠷ ᠤᠨ ᠬᠤᠷᠠᠯ ᠨᠢ ᠪᠠᠰᠠ ︽ᠲᠦᠷᠦ ᠶᠢᠨ ᠶᠠᠪᠤᠳᠠᠯ ᠤᠨ ᠬᠤᠷᠢᠶᠠᠨ ᠤ ︿

ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠵᠡᠩᠨᠡᠯᠳᠡ ᠶᠢᠨ ᠭᠠᠶᠢᠯᠢ ᠶᠢᠨ ᠲᠦᠷ ᠭᠡᠷᠡᠭᠵᠢᠬᠦᠯᠬᠦ

ᠳᠤᠭᠳᠠᠭᠠᠯ﹀ ᠢ ᠬᠦᠴᠦᠨ ᠦᠭᠡᠢ ᠪᠤᠯᠭᠠᠬᠤ ᠪᠠ ︿ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠡᠮᠡᠭᠳᠡᠯ

ᠦᠷᠲᠡᠭ ᠤᠨ ᠭᠠᠶᠢᠯᠢ ᠶᠢᠨ ᠲᠦᠷ ᠭᠡᠷᠡᠭᠵᠢᠬᠦᠯᠬᠦ ᠳᠤᠭᠳᠠᠭᠠᠯ﹀ ᠳᠤ ᠵᠠᠰᠠᠪᠤᠷᠢ ᠤᠷᠤᠭᠤᠯᠬᠤ ᠳᠤᠬᠠᠢ ᠳᠤᠭᠳᠠᠭᠠᠯ ︵

ᠲᠦᠰᠦᠪ︶︾ ᠢ ᠪᠠᠳᠤᠯᠠᠨ᠂ ᠡᠵᠡᠩᠨᠡᠯᠳᠡ ᠶᠢᠨ ᠭᠠᠶᠢᠯᠢ ᠶᠢ ᠪᠦᠬᠦ ᠳᠠᠯ᠎ᠠ ᠪᠠᠷ ᠬᠦᠴᠣᠨ ᠦᠭᠡᠢ ᠪᠣᠯᠭᠠᠵᠣ᠂ ᠨᠡᠮᠡᠭᠳᠡᠯ

ᠦᠷᠲᠡᠭ ᠤᠨ ᠭᠠᠶᠢᠯᠢ ᠬᠤᠷᠢᠶᠠᠬᠤ ᠭᠡᠪᠴᠢᠶ᠎ᠡ ᠳᠤ ᠳᠤᠬᠢᠷᠠᠭᠤᠯᠤᠯᠳᠠ ᠬᠢᠵᠦ᠂ ᠪᠤᠷᠤᠯᠠᠭᠤᠯᠭ᠎ᠠ ᠶᠢᠨ ᠦᠢᠯᠡᠴᠢᠯᠡᠭᠡ᠂

ᠲᠡᠯᠳᠡ ᠬᠦᠷᠦᠩᠭᠡ᠂ ᠳᠤᠭᠳᠠᠮᠠᠯ ᠬᠦᠷᠦᠩᠭᠡ ᠶᠢᠨ ᠨᠢᠭᠡᠴᠡ ᠪᠠ ᠬᠤᠪᠢ ᠬᠦᠮᠦᠨ ᠢ ᠨᠡᠮᠡᠭᠳᠡᠯ ᠦᠷᠲᠡᠭ ᠤᠨ ᠭᠠᠶᠢᠯᠢ

ᠳᠤᠰᠢᠶᠠᠭᠴᠢ ᠪᠠᠷ ᠳᠤᠭᠳᠠᠭᠠᠬᠤ ᠶᠢᠨ ᠬᠠᠮᠳᠤ ᠵᠤᠬᠢᠬᠤ ᠭᠠᠶᠢᠯᠢ ᠶᠢᠨ ᠨᠤᠷᠮ᠎ᠠ ᠶᠢ ᠳᠤᠳᠤᠷᠬᠠᠢᠢᠯᠠᠪᠠ᠃ 13% ᠤᠨ

ᠲᠡᠰ ᠤᠨ ᠭᠠᠶᠢᠯᠢ ᠶᠢᠨ ᠨᠤᠷᠮ᠎ᠠ ᠶᠢ ᠨᠢᠭᠡᠨᠳᠡ ᠬᠦᠴᠦᠨ ᠦᠭᠡᠢ ᠪᠤᠯᠭᠠᠭᠰᠠᠨ ᠪᠠᠶᠢᠳᠠᠯ ᠢ ᠦᠨᠳᠦᠰᠦᠯᠡᠨ᠂

ᠪᠤᠷᠤᠯᠠᠭᠤᠯᠭ᠎ᠠ ᠪᠤᠶᠤ ᠭᠠᠳᠠᠭᠠᠳᠤ ᠠᠴᠠ ᠤᠷᠤᠭᠤᠯᠤᠭᠰᠠᠨ ᠠᠮᠤ ᠪᠤᠳᠠᠭ᠎ᠠ᠂ ᠨᠤᠮ ᠪᠢᠴᠢᠢᠡ᠂ ᠪᠤᠷᠳᠤᠭᠤᠷ ᠵᠡᠷᠭᠡ

ᠪᠤᠳᠠᠰ ᠤᠨ ᠭᠠᠶᠢᠯᠢ ᠶᠢᠨ ᠨᠤᠷᠮ᠎ᠠ ᠴᠦᠮ 13% ᠠᠴᠠ ᠪᠠᠭᠤᠷᠠᠭᠠᠳ 11% ᠪᠤᠯᠪᠠ᠃

 
ᠢᠷᠡᠯᠲᠡ᠄ ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号