ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠵᠦᠭᠯᠡᠭᠦᠷ
ᠨᠡᠶᠢᠲᠡᠯᠡᠭᠰᠡᠨ ᠴᠠᠭ᠄
2018/5/31
    ᠡᠷᠭᠡᠲᠦ ᠠᠷᠠᠳ᠂ ᠬᠠᠣᠯᠢ ᠶᠢᠨ ᠡᠷᠭᠡᠲᠡᠨ ᠪᠠ ᠪᠣᠰᠣᠳ ᠵᠣᠬᠢᠶᠠᠨ ᠪᠠᠶᠢᠭᠤᠯᠣᠯᠲᠠ ᠳᠤ ᠲᠣᠰ ᠪᠠᠶᠢᠭᠤᠯᠭ᠎ᠠ ᠶᠢᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠦᠢᠯᠡᠴᠢᠯᠡᠭᠡᠨ ᠬᠦᠷᠲᠡᠭᠡᠬᠦ ᠶᠢᠨ ᠲᠦᠯᠦᠭᠡ᠂《 ᠪᠦᠭᠦᠳᠡ ᠨᠠᠶᠢᠷᠠᠮᠳᠠᠬᠤ ᠳᠣᠮᠳᠠᠳᠣ ᠠᠷᠠᠳ ᠤᠯᠤᠰ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠳᠦᠷᠢᠮ》 ᠤᠨ ᠲᠣᠭᠲᠠᠭᠠᠯ ᠢ ᠦᠨᠳᠦᠰᠦᠯᠡᠨ ᠲᠣᠰ ᠵᠦᠭᠯᠡᠭᠦᠷ ᠢ ᠨᠠᠶᠢᠷᠠᠭᠤᠯᠣᠨ ᠵᠣᠬᠢᠶᠠᠪᠠ᠃      ᠵᠠᠷᠣᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠶᠣ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠭᠢ ᠶᠢᠨ ᠦᠢᠯᠡᠴᠢᠯᠡᠭᠡᠨ ᠢ ᠬᠦᠷᠲᠡᠬᠦ ᠴᠢᠬᠤᠯᠠ ᠲᠠᠢ ᠡᠷᠭᠡᠲᠦ ᠠᠷᠠᠳ᠂ ᠬᠠᠣᠯᠢ ᠶᠢᠨ ᠡᠷᠭᠡᠲᠡᠨ ᠪᠠ ᠪᠣᠰᠣᠳ ᠵᠣᠬᠢᠶᠠᠨ ᠪᠠᠶᠢᠭᠤᠯᠣᠯᠲᠠ ᠶᠢᠨ ᠲᠣᠰ ᠵᠦᠭᠯᠡᠭᠦᠷ ᠢ ᠨᠠᠷᠢᠨ ᠨᠢᠮᠪᠠᠢ ᠤᠩᠰᠢᠬᠤ ᠶᠢ ᠰᠠᠨᠠᠭᠤᠯᠣᠶ᠎ᠠ᠃     ᠨᠢᠭᠡ᠂ ᠰᠠᠨᠠᠭᠠᠴᠢᠯᠠᠭ᠎ᠠ ᠠᠴᠠ ᠢᠯᠡ ᠪᠣᠯᠭᠠᠬᠤ     ︵ᠨᠢᠭᠡ︶ ᠢᠯᠡ ᠪᠣᠯᠭᠠᠬᠤ ᠬᠦᠷᠢᠶ᠎ᠡ ᠬᠡᠪᠴᠢᠶ᠎ᠡ᠃ ᠲᠣᠰ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠲᠦᠯᠦᠪᠣᠷᠢ ᠦᠭᠡᠢ ᠪᠠᠷ ᠢᠯᠡ ᠪᠣᠯᠭᠠᠬᠤ ᠮᠡᠳᠡᠭᠡ ᠵᠠᠩᠭᠢ ᠶᠢᠨ ᠬᠦᠷᠢᠶ᠎ᠡ ᠬᠡᠪᠴᠢᠶ᠎ᠡ ᠶᠢ ᠲᠣᠰ ᠪᠠᠶᠢᠭᠤᠯᠭ᠎ᠠ ᠶᠢᠨ ᠨᠠᠶᠢᠷᠠᠭᠤᠯᠣᠨ ᠵᠣᠬᠢᠶᠠᠭᠰᠠᠨ《 ᠵᠠᠷᠣᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠠᠷᠴᠠᠭ》 ︵ᠳᠣᠣᠷ᠎ᠠ《 ᠭᠠᠷᠴᠠᠭ》ᠭᠡᠵᠦ ᠳᠦᠭᠦᠮᠴᠢᠯᠡᠪᠡ︶ ᠲᠤ ᠯᠠᠪᠯᠠᠨ ᠦᠵᠡᠭᠡᠷᠡᠢ᠃     ︵ᠬᠤᠶᠠᠷ︶ ᠢᠯᠡ ᠪᠣᠯᠭᠠᠬᠤ ᠬᠡᠯᠪᠡᠷᠢ᠃ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠮᠡᠳᠡᠭᠡ ᠵᠠᠩᠭᠢ ᠶᠢ ᠲᠣᠰ ᠪᠠᠶᠢᠭᠤᠯᠭ᠎ᠠ ᠨᠢ ᠵᠠᠷᠣᠳ‌ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠰᠬᠠᠢ ᠰᠦᠯᠵᠢᠶ᠎ᠡ ᠪᠣᠶᠣ ᠵᠠᠷᠣᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠵᠡᠷᠭᠡ ᠵᠠᠭᠤᠴᠢ ᠪᠠ ᠬᠡᠯᠪᠡᠷᠢ ᠢᠶᠠᠷ ᠢᠯᠡ ᠨᠡᠶᠢᠲᠠᠯᠡᠨ᠎ᠠ᠃     ︵ᠭᠤᠷᠪᠠ︶ ᠢᠯᠡ ᠪᠣᠯᠭᠠᠬᠤ ᠴᠠᠭ ᠬᠤᠭᠤᠴᠠᠭ᠎ᠠ᠃ ᠵᠠᠷᠣᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠶᠣ ᠵᠠᠰᠠᠭ ᠤᠨ ᠣᠷᠳᠣᠨ ᠤ ᠠᠯᠪᠠᠨ ᠭᠡᠷ ᠤᠨ ᠨᠡᠷ᠎ᠡ ᠪᠠᠷ ᠨᠡᠶᠢᠲᠡᠯᠡᠭᠰᠡᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠪᠤᠢ ᠪᠤᠯᠤᠭᠰᠠᠨ ᠪᠣᠶᠣ ᠬᠤᠪᠢᠷᠠᠯᠲᠠ ᠭᠠᠷᠣᠭᠰᠠᠨ ᠡᠳᠦᠷ ᠠᠴᠠ ᠡᠬᠢᠯᠡᠨ20 ᠠᠵᠢᠯ ᠤᠨ ᠡᠳᠦᠷ ᠳᠤᠲᠣᠷ᠎ᠠ ᠳᠡᠭᠡᠷ᠎ᠡ ᠳᠣᠷᠠᠳᠣᠭᠰᠠᠨ ᠠᠷᠭ᠎ᠠ ᠬᠡᠯᠪᠡᠷᠢ ᠢᠶᠠᠷ ᠢᠯᠡ ᠪᠣᠯᠭᠠᠨ᠎ᠠ᠃ ᠬᠠᠣᠯᠢ ᠲᠣᠭᠲᠠᠭᠠᠯ ᠳᠤ  ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠬᠤᠭᠤᠴᠠᠭ᠎ᠠ ᠬᠢᠵᠠᠭᠠᠷ ᠲᠤ ᠥᠭᠡᠷ᠎ᠡ ᠲᠣᠭᠲᠠᠭᠠᠯ ᠪᠠᠶᠢᠪᠠᠯ᠂ ᠲᠡᠷᠡ ᠲᠣᠭᠲᠠᠭᠠᠯ ᠢᠶᠠᠷ ᠭᠦᠢᠴᠡᠳᠭᠡᠨ᠎ᠡ᠃     ᠬᠤᠶᠠᠷ᠂ ᠭᠤᠶᠣᠴᠢᠯᠠᠯ ᠢ ᠳᠠᠭᠠᠵᠤ ᠢᠯᠡ ᠪᠣᠯᠭᠠᠬᠤ     ᠡᠷᠭᠡᠲᠦ ᠠᠷᠠᠳ᠂ ᠬᠠᠣᠯᠢ ᠶᠢᠨ ᠡᠷᠭᠡᠲᠡᠨ ᠪᠠ ᠪᠣᠰᠣᠳ ᠵᠤᠬᠢᠶᠠᠨ ᠪᠠᠶᠢᠭᠤᠯᠣᠯᠲᠠ ᠦᠢᠯᠡᠳᠪᠦᠷᠢᠯᠡᠯ᠂ ᠠᠮᠢᠳᠣᠷᠠᠯ᠂ ᠰᠢᠨᠵᠢᠯᠡᠬᠦ ᠣᠬᠠᠭᠠᠨ ᠤ ᠰᠤᠳᠣᠯᠣᠯ ᠵᠡᠷᠭᠡ ᠤᠨᠴᠠᠭᠠᠢ ᠬᠡᠷᠡᠭᠴᠡᠭᠡᠨ ᠠᠴᠠ ᠪᠣᠯᠵᠤ᠂ ᠲᠣᠰ ᠪᠠᠶᠢᠭᠤᠯᠭ᠎ᠠ ᠶᠢᠨ ᠰᠠᠨᠠᠭᠠᠴᠢᠯᠠᠭ᠎ᠠ ᠠᠴᠠ ᠪᠠᠨ ᠢᠯᠡ ᠪᠣᠯᠭᠠᠭᠰᠠᠨ ᠠᠴᠠ ᠥᠭᠡᠷ᠎ᠡ ᠪᠣᠰᠣᠳ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠤᠯᠬᠤ ᠴᠢᠬᠤᠯᠠᠲᠠᠢ ᠪᠣᠯ ᠲᠣᠰ ᠪᠠᠶᠢᠭᠤᠯᠭ᠎ᠠ ᠳᠤ ᠭᠤᠶᠣᠴᠢᠯᠠᠯ ᠭᠠᠷᠭᠠᠵᠤ ᠪᠣᠯᠣᠨ᠎ᠠ᠃     ︵ᠨᠢᠭᠡ︶  ᠬᠦᠯᠢᠶᠡᠨ ᠠᠪᠴᠣ ᠰᠢᠢᠳᠪᠦᠷᠢᠯᠡᠬᠦ ᠪᠠᠶᠢᠭᠤᠯᠭ᠎ᠠ᠃ ᠲᠣᠰ ᠪᠠᠶᠢᠭᠤᠯᠭ᠎ᠠ ᠨᠢ2015 ᠣᠨ ᠤ1 ᠰᠠᠷ᠎ᠠ ᠶᠢᠨ1 ᠤ ᠡᠳᠦᠷ ᠠᠴᠠ ᠡᠬᠢᠯᠡᠨ ᠵᠢᠩᠭᠢᠨᠢ ᠪᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠣᠴᠢᠯᠠᠯ ︵ ᠬᠠᠣᠯᠢ ᠪᠠᠷ ᠲᠣᠭᠲᠠᠭᠰᠠᠨ ᠪᠠᠶᠠᠷ ᠳᠣᠷᠠᠰᠬᠠᠯ ᠤᠨ ᠡᠳᠦᠷ ᠠᠴᠠ ᠭᠠᠳᠠᠨ᠎ᠠ︶ ᠢ ᠬᠦᠯᠢᠶᠡᠨ ᠠᠪᠣᠨ᠎ᠠ ᠃ ᠬᠦᠯᠢᠶᠡᠨ ᠠᠪᠬᠤ ᠪᠠᠶᠢᠭᠤᠯᠭ᠎ᠠ ᠨᠢ ᠵᠠᠷᠣᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠭᠢᠴᠢᠯᠠᠯᠲᠠ ᠶᠢᠨ ᠠᠯᠪᠠᠨ ᠭᠡᠷ᠄ ᠠᠯᠪᠠᠯᠠᠵᠤ ᠪᠠᠶᠢᠭ᠎ᠠ ᠭᠠᠵᠠᠷ ᠨᠢ ᠵᠠᠷᠣᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠡ ᠵᠠᠩᠭᠢᠴᠢᠯᠠᠯᠲᠠ ᠶᠢᠨ ᠠᠯᠪᠠᠨ ᠭᠡᠷ᠃    ︵ᠬᠤᠶᠠᠷ︶ ᠭᠤᠶᠣᠴᠢᠯᠠᠬᠤ ᠬᠡᠯᠪᠡᠷᠢ᠃ ᠲᠣᠰ ᠪᠠᠶᠢᠭᠤᠯᠭ᠎ᠠ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠭᠤᠶᠣᠴᠢᠯᠠᠯ ᠭᠠᠷᠭᠠᠬᠤ ᠳᠤ《 ᠵᠠᠷᠣᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠣᠴᠢᠯᠠᠬᠤ ᠬᠦᠰᠦᠨᠦᠭ》 ᠢ ᠲᠠᠭᠯᠠᠵᠤ ︵ᠳᠣᠣᠷ᠎ᠠ《ᠭᠤᠶᠣᠴᠢᠯᠠᠬᠤ ᠬᠦᠰᠦᠨᠦᠭ》ᠭᠡᠵᠦ ᠳᠦᠭᠦᠮᠴᠢᠯᠡᠪᠡ︶᠂ ᠥᠰᠦᠭ ᠪᠢᠴᠢᠭ ᠤᠨ ᠬᠡᠯᠪᠡᠷᠢ ᠪᠠᠷ ᠭᠤᠶᠣᠴᠢᠯᠠᠯ ᠭᠠᠷᠭᠠᠨ᠎ᠠ᠃《 ᠭᠤᠶᠣᠴᠢᠯᠠᠬᠤ ᠬᠦᠰᠦᠨᠦᠭ》 ᠢ ᠵᠠᠷᠣᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠣᠰᠬᠠᠢ ᠰᠦᠯᠵᠢᠶᠡᠨ ᠳᠡᠭᠡᠷ᠎ᠡ ᠠᠴᠠ ᠪᠠᠭᠤᠯᠭᠠᠨ ᠠᠪᠴᠣ ᠪᠣᠯᠣᠨ᠎ᠠ᠃ ᠭᠤᠶᠣᠴᠢᠯᠠᠭᠰᠠᠨ ᠢ ᠰᠢᠢᠳᠪᠦᠷᠢᠯᠡᠬᠦ ᠨᠣᠷᠮ᠎ᠠ ᠶᠢ ᠳᠡᠭᠡᠭᠰᠢᠯᠡᠭᠦᠯᠬᠦ ᠶᠢᠨ ᠲᠦᠯᠦᠭᠡ᠂ ᠭᠤᠶᠣᠴᠢᠯᠠᠭᠰᠠᠨ ᠬᠦᠮᠦᠨ ᠬᠡᠷᠡᠭᠰᠡᠬᠦ ᠮᠡᠳᠡᠭᠡ ᠵᠠᠩᠭᠢ ᠪᠠᠨ ᠴᠢᠳᠠᠬᠤᠶᠢᠴᠠ ᠨᠠᠷᠢᠨ ᠲᠣᠳᠣ ᠲᠠᠶᠢᠯᠪᠣᠷᠢᠯᠠᠬᠤ ᠬᠡᠷᠡᠭᠲᠡᠢ᠂ ᠬᠡᠷᠪᠡ ᠪᠣᠯᠬᠤ ᠶᠣᠮ ᠪᠣᠯ ᠲᠣᠰ ᠮᠡᠳᠡᠭᠡ ᠵᠠᠩᠭᠢ ᠶᠢᠨ ᠭᠠᠷᠴᠠᠭ᠂ ᠨᠡᠶᠢᠲᠡᠯᠡᠭᠰᠡᠨ ᠡᠳᠦᠷ ᠴᠠᠭ᠂ ᠪᠢᠴᠢᠭ ᠮᠠᠲ᠋ᠧᠷᠢᠶᠠᠯ ᠤᠨ ᠨᠤᠮᠧᠷ ᠪᠣᠶᠣ ᠪᠣᠰᠣᠳ ᠲᠣᠰ ᠪᠠᠶᠢᠭᠤᠯᠭ᠎ᠠ ᠶᠢᠨ ᠮᠡᠳᠡᠭᠡ ᠵᠠᠩᠭᠢ ᠶᠢᠨ ᠠᠴᠢᠶᠠᠯᠠᠪᠣᠷᠢ ᠶᠢ  ᠲᠤᠳᠣᠯᠠᠬᠤ ᠳᠤ  ᠰᠠᠨᠠᠭᠤᠯᠭ᠎ᠠ ᠬᠠᠩᠭᠠᠨ᠎ᠠ᠃ ᠳᠣᠣᠷᠠᠬᠢ ᠠᠷᠭ᠎ᠠ ᠪᠠᠷ ᠳᠠᠮᠵᠢᠨ ᠭᠤᠶᠣᠴᠢᠯᠠᠯ ᠭᠠᠷᠭᠠᠵᠤ ᠪᠣᠯᠣᠨ᠎ᠠ᠃      1᠂  ᠬᠤᠯᠪᠣᠯᠴᠠᠯ ᠨᠧᠲ  ᠪᠠᠷ ᠳᠠᠮᠵᠢᠨ ᠭᠤᠶᠣᠴᠢᠯᠠᠯ ᠭᠠᠷᠭᠠᠬᠤ᠃ ᠭᠤᠶᠣᠴᠢᠯᠠᠬᠤ ᠬᠦᠮᠦᠨ ᠵᠠᠷᠣᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠡᠭᠡᠷ᠎ᠡ ᠭᠤᠶᠣᠴᠢᠯᠠᠯ ᠢ ᠳᠠᠭᠠᠵᠤ ᠢᠯᠡ ᠪᠣᠯᠭᠠᠬᠤ ᠰᠢᠰᠲ᠋ᠧᠮ ᠳᠤ ᠣᠷᠤᠵᠤ ᠲᠠᠭᠯᠠᠨ ᠪᠢᠴᠢᠵᠦ᠂ ᠡᠯᠧᠺᠲᠷᠣᠨ ᠪᠠᠷ ᠤᠨ《 ᠭᠤᠶᠣᠴᠢᠯᠠᠬᠤ ᠬᠦᠰᠦᠨᠦᠭ》 ᠢᠶᠠᠨ ᠲᠣᠰᠢᠶᠠᠨ᠎ᠠ᠃      2᠂ ᠵᠠᠬᠢᠳᠠᠯ ᠴᠢᠮᠡᠭᠡ ᠪᠠᠷ ᠭᠤᠶᠣᠴᠢᠯᠠᠬᠤ᠃ ᠭᠤᠶᠣᠴᠢᠯᠠᠬᠤ ᠬᠦᠮᠦᠨ ᠵᠠᠬᠢᠳᠠᠯ ᠴᠢᠮᠡᠭᠡ ᠶᠢᠨ ᠬᠡᠯᠪᠡᠷᠢ ᠢᠶᠠᠷ ᠭᠤᠶᠣᠴᠢᠯᠠᠯ ᠭᠠᠷᠭᠠᠵᠤ᠂ ᠵᠠᠬᠢᠳᠠᠯ ᠤᠨ ᠳᠣᠭᠲᠣᠢ ᠶᠢᠨ ᠵᠡᠭᠦᠨ ᠳᠣᠣᠷ᠎ᠠ ᠦᠨᠴᠦᠭ ᠳᠤᠨᠢ《 ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠣᠴᠢᠯᠠᠯ》 ᠭᠡᠰᠡᠨ ᠦᠰᠦᠭ ᠢᠶᠠᠷ ᠲᠣᠳᠣᠷᠬᠠᠶᠢᠯᠠᠨ᠎ᠠ᠃      3᠂ ᠨᠢᠭᠤᠷ ᠳᠡᠭᠡᠷ᠎ᠡ ᠨᠢ ᠭᠤᠶᠣᠴᠢᠯᠠᠬᠤ᠃ ᠭᠤᠶᠣᠴᠢᠯᠠᠬᠤ ᠬᠦᠮᠦᠨ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ ᠳᠤ ᠬᠦᠷᠴᠦ ᠨᠢᠭᠤᠷ ᠠᠭᠤᠯᠵᠠᠵᠤ ᠭᠤᠶᠣᠴᠢᠯᠠᠬᠤ ᠪᠣᠯᠣᠨ᠎ᠠ᠃ ᠲᠣᠰ ᠪᠠᠶᠢᠭᠤᠯᠭ᠎ᠠ ᠤᠲᠠᠰᠤ ᠪᠠᠷ ᠳᠣᠷᠠᠳᠣᠭᠰᠠᠨ ᠭᠤᠶᠣᠴᠢᠯᠠᠯ ᠢ ᠬᠦᠯᠢᠶᠡᠨ ᠠᠪᠬᠤ ᠦᠭᠡᠢ᠂ ᠭᠡᠪᠡᠴᠦ ᠭᠤᠶᠤᠴᠢᠯᠠᠬᠤ ᠬᠦᠮᠦᠨ ᠤᠲᠠᠰᠤ ᠪᠠᠷ ᠳᠠᠮᠵᠢᠨ ᠬᠠᠮᠢᠶ᠎ᠠ ᠪᠦᠬᠦᠢ ᠲᠣᠬᠠᠶᠢᠯᠠᠭᠰᠠᠨ ᠠᠵᠢᠯ ᠤᠨ ᠦᠢᠯᠡᠴᠢᠯᠡᠭᠡᠨ ᠤ ᠲᠤᠬᠠᠢ ᠯᠠᠪᠯᠠᠨ ᠠᠰᠠᠭᠤᠵᠤ ᠪᠣᠯᠣᠨ᠎ᠠ᠃     ︵ᠭᠤᠷᠪᠠ︶ ᠭᠤᠶᠣᠴᠢᠯᠠᠯ ᠢ ᠰᠢᠢᠳᠪᠦᠷᠢᠯᠡᠬᠦ᠃ ᠲᠣᠰ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠣᠴᠢᠯᠠᠯ ᠢ ᠬᠦᠯᠢᠶᠡᠨ ᠠᠪᠣᠭᠰᠠᠨ ᠤ ᠳᠠᠷᠠᠭ᠎ᠠ᠂ ᠳᠠᠷᠣᠢ ᠳᠤᠨᠢ ᠬᠠᠷᠢᠭᠤᠯᠲᠠ ᠦᠭᠴᠦ ᠳᠡᠶᠢᠯᠪᠠᠯ ᠬᠠᠷᠢᠭᠤᠯᠲᠠ ᠥᠭᠴᠦ᠂ ᠬᠠᠷᠢᠭᠤᠯᠲᠠ ᠥᠭᠴᠦ ᠳᠡᠶᠢᠯᠬᠦ ᠦᠭᠡᠢ ᠪᠣᠯ ᠭᠤᠶᠣᠴᠢᠯᠠᠯ ᠢ ᠬᠦᠯᠢᠶᠡᠨ ᠠᠪᠣᠭᠰᠠᠨ‌ᠡᠳᠦᠷ ᠠᠴᠠ ᠡᠬᠢᠯᠡᠨ15 ᠠᠵᠢᠯᠯᠠᠬᠤ ᠡᠳᠦᠷ ᠲᠤ ᠬᠠᠷᠢᠭᠤᠯᠲᠠ ᠦᠭᠭᠦᠨ᠎ᠡ᠃ ᠬᠡᠷᠪᠡ ᠬᠠᠷᠢᠭᠤᠯᠲᠠ ᠥᠭᠬᠦ ᠬᠤᠭᠤᠴᠠᠭ᠎ᠠ ᠪᠠᠨ ᠤᠷᠲᠣᠳᠬᠠᠬᠤ ᠴᠢᠬᠤᠯᠠ ᠲᠠᠢ ᠪᠣᠯ ᠲᠣᠰ ᠪᠠᠶᠢᠭᠤᠯᠭ᠎ᠠ ᠶᠢᠨ ᠬᠠᠷᠢᠭᠤᠴᠠᠯᠭᠠᠲᠠᠨ ᠵᠦᠪᠰᠢᠶᠡᠷᠡᠭᠰᠡᠨ ᠤ ᠳᠠᠷᠠᠭ᠎ᠠ᠂ ᠭᠤᠶᠣᠴᠢᠯᠠᠭᠰᠠᠨ ᠬᠦᠮᠦᠨ ᠳᠤ ᠮᠡᠳᠡᠭᠳᠡᠨ᠎ᠡ᠂ ᠭᠡᠪᠡᠴᠦ ᠬᠠᠷᠢᠭᠤᠯᠲᠠ ᠥᠭᠬᠦ ᠴᠠᠭ ᠪᠠᠨ ᠬᠤᠶᠢᠰᠢᠯᠠᠭᠤᠯᠣᠭᠰᠠᠨ ᠬᠤᠭᠤᠴᠠᠭ᠎ᠠ 15 ᠡᠳᠦᠷ ᠢ ᠬᠡᠲᠦᠷᠡᠬᠦᠯᠬᠦ ᠦᠭᠡᠢ᠃ ᠭᠤᠶᠣᠴᠢᠯᠠᠭᠰᠠᠨ ᠢᠯᠡ ᠪᠣᠯᠭᠠᠬᠤ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠭᠤᠷᠪᠠᠳᠣᠭᠠᠷ ᠡᠲᠡᠭᠡᠳ ᠤᠨ ᠡᠷᠬᠡ ᠠᠰᠢᠭ ᠲᠠᠢ ᠬᠤᠯᠪᠣᠭᠳᠠᠪᠠᠯ᠂ ᠲᠣᠰ ᠪᠠᠶᠢᠭᠤᠯᠭ᠎ᠠ ᠨᠢ ᠭᠤᠷᠪᠠᠳᠣᠭᠠᠷ ᠡᠲᠡᠭᠡᠳ ᠤᠨ ᠰᠠᠨᠠᠯ ᠢ ᠠᠪᠬᠤ ᠳᠤ ᠬᠡᠷᠡᠭᠰᠡᠬᠦ ᠬᠤᠭᠤᠴᠠᠭ᠎ᠠ ᠶᠢ ᠲᠣᠰ ᠵᠤᠷᠪᠣᠰ ᠤᠨ ᠬᠤᠶᠠᠳᠣᠭᠠᠷ ᠵᠦᠢᠯ ᠳᠤ ᠲᠣᠭᠲᠠᠭᠠᠭᠰᠠᠨ ᠬᠤᠭᠤᠴᠠᠭᠠᠨ ᠳᠤ ᠪᠣᠳᠣᠵᠤ ᠣᠷᠣᠭᠤᠯᠬᠤ ᠦᠭᠡᠢ᠃ ᠲᠣᠰ ᠪᠠᠶᠢᠭᠤᠯᠭ᠎ᠠ ᠨᠢ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠭᠤᠶᠤᠴᠢᠯᠠᠯ ᠢ ᠬᠢᠨᠡᠨ ᠬᠠᠷᠭᠤᠭᠤᠯᠣᠭᠰᠠᠨ ᠤ ᠳᠠᠷᠠᠭ᠎ᠠ᠂ ᠠᠳᠠᠯᠢ ᠪᠤᠰᠣ ᠪᠠᠶᠢᠳᠠᠯ ᠢ ᠦᠨᠳᠦᠰᠦᠯᠡᠨ ᠲᠣᠰ ᠪᠦᠷᠢ ᠳᠣᠣᠷᠠᠬᠢ ᠮᠡᠲᠦ ᠬᠠᠷᠢᠭᠤᠯᠲᠠ ᠦᠭᠭᠦᠨ᠎ᠡ᠄      1᠂ ᠰᠠᠨᠠᠭᠠᠴᠢᠯᠠᠭ᠎ᠠ ᠠᠴᠠ ᠢᠯᠡ ᠪᠣᠯᠭᠠᠬᠤ ᠬᠦᠷᠢᠶ᠎ᠡ ᠬᠡᠪᠴᠢᠶᠡᠨ ᠳᠤ ᠪᠠᠭᠲᠠᠪᠠᠯ᠂ ᠭᠤᠶᠣᠴᠢᠯᠠᠭᠰᠠᠨ ᠬᠦᠮᠦᠨ ᠳᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠬᠤ ᠠᠷᠭ᠎ᠠ ᠵᠠᠮ ᠢ ᠮᠡᠳᠡᠭᠳᠡᠨ᠎ᠡ᠃      2᠂ ᠢᠯᠡ ᠪᠣᠯᠭᠠᠬᠤ ᠬᠦᠷᠢᠶ᠎ᠡ ᠬᠡᠪᠴᠢᠶᠡᠨ ᠳᠤ ᠪᠠᠭᠲᠠᠬᠤ ᠦᠭᠡᠢ ᠪᠣᠯ ᠭᠤᠶᠣᠴᠢᠯᠠᠭᠰᠠᠨ ᠬᠦᠮᠦᠨ ᠳᠤ  ᠮᠡᠳᠡᠭᠳᠡᠵᠦ  ᠵᠢᠴᠢ ᠰᠢᠯᠲᠠᠭᠠᠨ ᠢᠶᠠᠨ ᠬᠡᠯᠡᠵᠦ ᠦᠭᠭᠦᠨ᠎ᠡ᠃      3᠂ ᠲᠣᠰ ᠪᠠᠶᠢᠭᠤᠯᠭ᠎ᠠ ᠶᠢᠨ ᠢᠯᠡ ᠪᠣᠯᠭᠠᠭᠰᠠᠨ ᠵᠦᠢᠯ ᠪᠢᠰᠢ ᠪᠣᠶᠣ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠣᠷᠣᠰᠢᠬᠤ ᠦᠭᠡᠢ ᠪᠣᠯ ᠭᠤᠶᠤᠴᠢᠯᠠᠭᠰᠠᠨ ᠬᠦᠮᠦᠨ ᠳᠤ ᠲᠣᠰ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠭᠰᠠᠨ ᠪᠠᠶᠢᠭᠤᠯᠭ᠎ᠠ ᠶᠢ ᠲᠣᠳᠣᠷᠬᠠᠶᠢᠯᠡᠨ ᠦᠭᠴᠦ᠂ ᠭᠤᠶᠣᠴᠢᠯᠠᠭᠰᠠᠨ ᠬᠦᠮᠦᠨ ᠳᠤ ᠢᠯᠡ ᠪᠣᠯᠭᠠᠭᠰᠠᠨ ᠪᠠᠶᠢᠭᠤᠯᠭ᠎ᠠ ᠶᠢᠨ ᠨᠡᠷᠡᠶᠢᠳᠦᠯ᠂ ᠬᠠᠷᠢᠯᠴᠠᠬᠤ ᠠᠷᠭ᠎ᠠ ᠶᠢ ᠮᠡᠳᠡᠭᠳᠡᠨ᠎ᠡ᠃     4᠂ ᠭᠤᠶᠣᠴᠢᠯᠠᠭᠰᠠᠨ ᠠᠭᠤᠯᠭ᠎ᠠ ᠨᠢ ᠲᠣᠳᠣᠷᠬᠠᠢ ᠦᠭᠡᠢ ᠪᠣᠯ ᠭᠤᠶᠣᠴᠢᠯᠠᠭᠰᠠᠨ ᠬᠦᠮᠦᠨ ᠳᠤ ᠪᠦᠷᠢᠨ ᠪᠣᠯᠭᠠᠬᠤ ᠶᠢ ᠮᠡᠳᠡᠭᠳᠡᠵᠦ᠂ ᠭᠤᠶᠣᠴᠢᠯᠠᠭᠰᠠᠨ ᠬᠦᠮᠦᠨ ᠳᠣᠭᠳᠠᠭᠰᠠᠨ ᠬᠤᠭᠤᠴᠠᠭᠠᠨ ᠳᠤ ᠪᠦᠷᠢᠨ ᠪᠣᠯᠭᠠᠭᠰᠠᠨ ᠦᠭᠡᠢ ᠪᠣᠯ ᠣᠷᠬᠢᠭᠰᠠᠨ ᠭᠤᠶᠣᠴᠢᠯᠠᠯ ᠢᠶᠠᠷ ᠦᠵᠡᠵᠦ ᠰᠢᠢᠳᠪᠦᠷᠢᠯᠡᠨ᠎ᠡ᠃     5᠂ ᠲᠣᠰ ᠪᠠᠶᠢᠭᠤᠯᠭ᠎ᠠ ᠶᠢᠨ ᠦᠵᠡᠬᠦ  ᠢᠯᠡ ᠪᠣᠯᠭᠠᠬᠤ ᠪᠠᠷ ᠭᠤᠶᠣᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠨᠢ ᠠᠷᠠᠯᠵᠢᠶ᠎ᠠ ᠬᠤᠳᠠᠯᠳᠣᠭᠠᠨ ᠤ ᠨᠢᠭᠤᠴᠠ᠂ ᠬᠤᠪᠢ ᠬᠦᠮᠦᠨ ᠤ ᠨᠢᠭᠤᠴᠠ ᠲᠠᠢ ᠬᠤᠯᠪᠣᠭᠳᠠᠵᠤ᠂ ᠢᠯᠡ ᠪᠣᠯᠭᠠᠭᠰᠠᠨ ᠤ ᠳᠠᠷᠠᠭ᠎ᠠ ᠭᠤᠷᠪᠠᠳᠣᠭᠠᠷ ᠡᠲᠡᠭᠡᠳ ᠤᠨ ᠡᠷᠬᠡ ᠠᠰᠢᠭ ᠢ ᠬᠤᠬᠢᠷᠠᠭᠤᠯᠵᠤ  ᠮᠡᠳᠡᠬᠦ ᠲᠤᠯᠠ᠂ ᠥᠰᠦᠭ ᠪᠢᠴᠢᠭ ᠤᠨ ᠬᠡᠯᠪᠡᠷᠢ ᠪᠠᠷ ᠭᠤᠷᠪᠠᠳᠣᠭᠠᠷ ᠡᠲᠡᠭᠡᠳ ᠤᠨ ᠰᠠᠨᠠᠯ ᠢ ᠠᠪᠴᠣ᠂ ᠭᠤᠷᠪᠠᠳᠣᠭᠠᠷ ᠡᠲᠡᠭᠡᠳ ᠢᠯᠡ ᠪᠣᠯᠭᠠᠬᠤ ᠶᠢ ᠵᠦᠪᠰᠢᠶᠡᠷᠡᠬᠦ ᠦᠭᠡᠢ ᠪᠣᠯ ᠢᠯᠡ ᠪᠣᠯᠭᠠᠵᠤ ᠪᠣᠯᠬᠤ ᠦᠭᠡᠢ᠃ ᠭᠡᠪᠡᠴᠦ ᠲᠣᠰ ᠪᠠᠶᠢᠭᠤᠯᠭ᠎ᠠ ᠶᠢᠨ ᠦᠵᠡᠬᠦ ᠪᠠᠷ ᠢᠯᠡ ᠪᠣᠯᠭᠠᠬᠤ ᠦᠭᠡᠢ ᠪᠣᠯ ᠤᠯᠠᠨ ᠨᠡᠶᠢᠲᠡ ᠶᠢᠨ ᠠᠰᠢᠭ ᠲᠣᠰᠠ ᠳᠤ ᠬᠦᠨᠳᠦ ᠶᠡᠭᠡ ᠨᠥᠯᠦᠭᠡ ᠤᠴᠠᠷᠠᠭᠤᠯᠬᠤ ᠪᠤᠯᠤᠯᠴᠠᠭ᠎ᠠ ᠲᠠᠢ ᠪᠣᠯ ᠢᠯᠡ ᠪᠣᠯᠭᠠᠵᠤ ᠵᠢᠴᠢ ᠢᠯᠡ ᠪᠣᠯᠭᠠᠬᠤ ᠪᠠᠷ ᠲᠣᠭᠲᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠠᠭᠤᠯᠭ᠎ᠠ ᠰᠢᠯᠲᠠᠭᠠᠨ ᠢᠶᠠᠨ ᠥᠰᠦᠭ ᠪᠢᠴᠢᠭ ᠤᠨ ᠬᠡᠯᠪᠡᠷᠢ ᠪᠠᠷ ᠭᠤᠷᠪᠠᠳᠣᠭᠠᠷ ᠡᠲᠡᠭᠡᠳ ᠲᠤ ᠮᠡᠳᠡᠭᠳᠡᠨ᠎ᠡ᠃      6᠂ ᠢᠯᠡ ᠪᠣᠯᠭᠠᠬᠤ ᠪᠠᠷ ᠭᠤᠶᠤᠴᠢᠯᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢᠨ ᠳᠣᠲᠣᠷ᠎ᠠ᠂ ᠢᠯᠡ ᠪᠣᠯᠭᠠᠵᠤ ᠪᠣᠯᠬᠤ ᠦᠭᠡᠢ ᠠᠭᠤᠯᠭ᠎ᠠ ᠪᠠᠶᠢᠵᠤ᠂ ᠭᠡᠪᠡᠴᠦ ᠢᠯᠭᠠᠨ ᠬᠤᠪᠢᠶᠠᠵᠤ ᠰᠢᠢᠳᠪᠦᠷᠢᠯᠡᠵᠦ ᠳᠡᠶᠢᠯᠪᠡᠯ᠂ ᠭᠤᠶᠣᠴᠢᠯᠠᠭᠰᠠᠨ ᠬᠦᠮᠦᠨ ᠳᠤ ᠬᠡᠰᠡᠭ ᠪᠦᠯᠦᠭ ᠢ ᠨᠢ ᠢᠯᠡ ᠪᠣᠯᠭᠠᠨ ᠥᠭᠴᠦ ᠵᠢᠴᠢ ᠥᠭᠡᠷ᠎ᠡ ᠪᠣᠰᠣᠳ ᠢ ᠤᠯᠬᠤ ᠠᠷᠭ᠎ᠠ ᠪᠠ ᠵᠠᠮ ᠢ ᠮᠡᠳᠡᠭᠳᠡᠵᠦ᠂ ᠢᠯᠡ ᠪᠣᠯᠭᠠᠵᠤ ᠪᠣᠯᠬᠤ ᠦᠭᠡᠢ ᠬᠡᠰᠡᠭ ᠤᠨ ᠰᠢᠯᠲᠠᠭᠠᠨ ᠢ ᠲᠣᠳᠣᠷᠬᠠᠶᠢᠯᠠᠵᠤ ᠦᠭᠭᠦᠨ᠎ᠡ᠃      7᠂ ᠭᠤᠶᠤᠴᠢᠯᠠᠭᠰᠠᠨ ᠬᠦᠮᠦᠨ ᠳᠠᠬᠢᠨ ᠳᠠᠪᠲᠠᠨ ᠲᠣᠰ ᠪᠠᠶᠢᠭᠤᠯᠭ᠎ᠠ ᠳᠤ ᠠᠳᠠᠯᠢ ᠨᠢᠭᠡᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠪᠠᠷ ᠭᠤᠶᠤᠴᠢᠯᠠᠵᠤ ᠨᠢᠭᠡᠨᠲᠡ ᠬᠠᠷᠢᠭᠤᠯᠲᠠ ᠥᠭᠭᠦᠭᠰᠡᠨ ᠪᠣᠯ ᠳᠠᠬᠢᠨ ᠬᠠᠷᠢᠭᠤᠯᠲᠠ ᠥᠭᠬᠦ  ᠴᠢᠬᠤᠯᠠ ᠦᠭᠡᠢ᠃      ᠲᠣᠰ ᠪᠠᠶᠢᠭᠤᠯᠭ᠎ᠠ ᠭᠤᠶᠣᠴᠢᠯᠠᠯ ᠢ ᠳᠠᠭᠠᠵᠤ ᠬᠠᠩᠭᠠᠭᠰᠠᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠡᠷᠢᠭᠰᠡᠨ᠂ ᠪᠠᠭᠤᠯᠭᠠᠭᠰᠠᠨ᠂ ᠭᠤᠪᠢᠭᠤᠯᠣᠭᠰᠠᠨ ᠵᠡᠷᠭᠡ ᠶᠢᠨ ᠦᠪᠡᠷ ᠤᠨ ᠥᠷᠳᠡᠭ ᠤᠨ ᠵᠠᠷᠣᠳᠠᠯ  ᠤᠨ ᠲᠡᠭᠦᠨ ᠤ ᠰᠦᠢᠳᠭᠡᠯ ᠬᠤᠷᠢᠶᠠᠬᠤ ᠲᠦᠷᠦᠯ ᠵᠦᠢᠯ ᠪᠠ ᠪᠠᠷᠢᠮᠵᠢᠶ᠎ᠠ ᠶᠢ ᠤᠯᠤᠰ ᠪᠠ ᠪᠤᠳᠠᠰ ᠤᠨ ᠦᠨ᠎ᠡ ᠶᠢᠨ ᠬᠠᠮᠢᠶᠠᠷᠣᠯᠲᠠ ᠶᠢᠨ ᠰᠠᠯᠠᠭ᠎ᠠ ᠮᠦᠴᠢᠷ ᠤᠨ ᠬᠠᠮᠢᠶ᠎ᠠ ᠪᠦᠭᠦᠢ ᠲᠣᠭᠲᠠᠭᠠᠯ ᠢᠶᠠᠷ ᠬᠡᠷᠡᠭᠵᠢᠭᠦᠯᠦᠨ᠎ᠡ᠃     ᠭᠤᠷᠪᠠ᠂ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠬᠦ     ᠡᠷᠭᠡᠲᠦ ᠠᠷᠠᠳ᠂ ᠬᠠᠣᠯᠢ ᠶᠢᠨ ᠡᠷᠭᠡᠲᠡᠨ ᠪᠠ ᠪᠣᠰᠣᠳ ᠵᠤᠬᠢᠶᠠᠨ ᠪᠠᠶᠢᠭᠤᠯᠣᠯᠲᠠ ᠶᠢᠨ ᠦᠵᠡᠬᠦ ᠪᠠᠷ ᠲᠣᠰ ᠪᠠᠶᠢᠭᠤᠯᠭ᠎ᠠ ᠨᠢ ᠬᠠᠣᠯᠢ ᠶᠣᠰᠣᠭᠠᠷ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠪᠣᠯ ᠲᠣᠰ ᠱᠠᠲᠣᠨ ᠤ ᠪᠠᠶᠢᠭᠤᠯᠭ᠎ᠠ ᠶᠢᠨ ᠰᠠᠬᠢᠯᠭ᠎ᠠ ᠪᠠᠲᠤ ᠬᠢᠨᠡᠨ ᠪᠠᠶᠢᠴᠠᠭᠠᠬᠤ ᠰᠠᠯᠠᠭ᠎ᠠ ᠮᠦᠴᠢᠷ ᠲᠤ ᠢᠯᠡᠴᠢᠯᠡᠨ ᠮᠡᠳᠡᠭᠦᠯᠬᠦ ᠪᠣᠶᠣ ᠵᠠᠭᠠᠯᠳᠣᠵᠤ ᠪᠣᠯᠣᠨ᠎ᠠ᠃     ᠵᠠᠭᠠᠯᠳᠣᠬᠤ ᠤᠳᠠᠰᠣ᠄ 0475-7222847᠂ ᠡᠭᠦᠨ ᠠᠴᠠ ᠭᠠᠳᠠᠨ᠎ᠠ᠂ ᠡᠷᠭᠡᠲᠦ ᠠᠷᠠᠳ᠂ ᠬᠠᠣᠯᠢ ᠶᠢᠨ ᠡᠷᠭᠡᠲᠡᠨ ᠪᠣᠶᠣ ᠪᠣᠰᠣᠳ ᠵᠤᠬᠢᠶᠠᠨ ᠪᠠᠶᠢᠭᠤᠯᠣᠯᠲᠠ ᠵᠠᠷᠣᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠳᠡᠭᠡᠷ᠎ᠡ ᠱᠠᠲᠣᠨ ᠤ ᠵᠠᠰᠠᠭ ᠤᠨ ᠣᠷᠳᠣᠨ ᠤ ᠰᠠᠬᠢᠯᠭ᠎ᠠ ᠪᠠᠲᠤ ᠬᠢᠨᠡᠨ ᠪᠠᠶᠢᠴᠠᠭᠠᠬᠤ ᠰᠠᠯᠠᠭ᠎ᠠ ᠮᠦᠴᠢᠷ ᠲᠤ ᠢᠯᠡ ᠮᠡᠳᠡᠭᠦᠯᠬᠦ ᠪᠣᠶᠣ ᠬᠠᠣᠯᠢ ᠴᠠᠭᠠᠵᠠ ᠶᠢᠨ ᠠᠷᠭ᠎ᠠ ᠵᠠᠮ ᠢᠶᠠᠷ ᠰᠢᠢᠳᠪᠦᠷᠢᠯᠡᠵᠦ ᠪᠣᠯᠣᠨ᠎ᠠ᠃      ᠳᠠᠭᠠᠯᠳᠣᠭᠤᠯᠣᠯ᠄ ᠵᠠᠷᠣᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠶᠢ ᠭᠤᠶᠤᠴᠢᠯᠠᠬᠤ ᠬᠦᠰᠥᠨᠦᠭ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号