2017ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2018/6/5

 ᠲᠦᠯᠦᠭᠡᠯᠡᠭᠴᠢᠳ ᠡ᠄

        ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ

ᠮᠡᠳᠡᠭᠦᠯᠦᠯᠳᠡ ᠬᠢᠶ᠎ᠡ᠂ ᠬᠢᠨᠡᠨ ᠵᠦᠪᠯᠡᠬᠦ ᠪᠤᠯᠪᠠᠤ᠂ ᠵᠢᠴᠢ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ

ᠬᠡᠰᠢᠭᠦᠳ ᠪᠠ ᠬᠤᠷᠠᠯ ᠳᠤ ᠰᠤᠯᠠ ᠤᠷᠤᠯᠴᠠᠭᠰᠠᠳ ᠰᠠᠨᠠᠯ ᠲᠤᠷᠠᠳᠬᠤ ᠪᠤᠯᠪᠠᠤ᠃

       ᠨᠢᠭᠡ᠂ 2016 ᠤᠨ ᠤ ᠠᠵᠢᠯ ᠤᠨ ᠡᠷᠭᠢᠴᠡᠭᠦᠯᠦᠯ

       ᠦᠩᠭᠡᠷᠡᠭᠰᠡᠨ ᠨᠢᠭᠡ ᠵᠢᠯ ᠳᠤ᠂ ᠬᠤᠰᠢᠭᠤᠨ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ

ᠲᠤᠤᠷ᠎ᠠ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠪᠦᠬᠦ ᠬᠤᠰᠢᠭᠤᠨ ᠤ ᠦᠨᠳᠦᠰᠦᠳᠡᠨ ᠨᠦᠭᠦᠳ

 ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠦ᠂ ᠲᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ᠂

ᠲᠦᠩᠯᠢᠶᠤᠤ ᠬᠤᠳᠠ ᠶᠢᠨ ᠡᠯ᠎ᠡ ᠲᠦᠷᠦᠯ ᠤᠨ ᠰᠶᠢᠳᠪᠦᠷᠢ ᠪᠠᠶᠢᠷᠢᠭᠤᠯᠤᠯᠳᠠ ᠶᠢ ᠲᠤᠤᠱᠯᠠᠭᠤᠯᠤᠨ

ᠨᠠᠶᠢᠳᠠᠪᠤᠷᠢᠵᠢᠭᠤᠯᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠡ ᠬᠡᠪ ᠤᠨ ᠪᠠᠶᠢᠳᠠᠯ ᠳᠤ ᠰᠠᠨᠠᠭᠠᠴᠢᠯᠠᠭ᠎ᠠ ᠠᠴᠠ

 ᠪᠠᠨ ᠵᠤᠬᠢᠴᠠᠵᠦ᠂ ᠠᠵᠦ ᠠᠬᠤᠢ ᠤᠷᠤᠭᠤᠳᠠᠵᠦ᠂ ᠪᠠᠶᠢᠭᠠᠯᠢ ᠶᠢᠨ ᠭᠠᠮᠰᠢᠭ ᠵᠠᠯᠭᠠᠪᠠᠷ ᠡᠭᠦᠰᠴᠦ ᠪᠠᠶᠢᠬᠤ ᠬᠦᠨᠳᠦ

ᠰᠦᠷᠡᠬᠡᠢ ᠦᠷᠢᠰᠦᠯᠳᠦᠭᠡᠨ ᠪᠠ ᠬᠦᠨᠳᠦ ᠨᠤᠴᠢᠳᠠᠢ ᠲᠠᠷᠤᠭᠠᠰᠤ ᠶᠢ ᠢᠳᠡᠪᠬᠢᠳᠡᠢ ᠠᠷᠭᠠᠴᠠᠵᠦ᠂ ᠦᠪᠡᠷ ᠤᠨ ᠪᠡᠶ᠎ᠡ

 ᠳᠤ ᠪᠠᠨ ᠳᠠᠷᠣᠯᠳᠠ ᠦᠭᠴᠦ ᠡᠯ᠎ᠡ ᠲᠦᠷᠦᠯ ᠤᠨ ᠠᠵᠢᠯ ᠢᠶᠠᠨ ᠲᠦᠯᠬᠢᠨ ᠠᠬᠢᠭᠤᠯᠵᠦ᠂ ᠠᠵᠤ ᠠᠬᠤᠢ ᠨᠡᠶᠢᠭᠡᠮ ᠤᠨ

ᠬᠦᠭᠵᠢᠯᠳᠡ ᠰᠢᠨ᠎ᠡ ᠲᠠᠪᠰᠢᠯᠳᠡ ᠲᠠᠢ ᠪᠤᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ

 ᠶᠢᠨ ᠰᠢᠯᠢᠳᠡᠭ ᠡᠬᠢᠯᠡᠯᠳᠡ ᠶᠢ ᠪᠡᠶᠡᠯᠡᠭᠦᠯᠪᠡ᠃

       —— ᠭᠤᠤᠯ ᠬᠦᠢᠴᠡᠳᠭᠡᠯ ᠲᠤᠭ᠎ᠠ ᠲᠤᠭᠳᠠᠭᠤᠨ ᠤ ᠲᠤᠮᠳᠠ ᠨᠡᠮᠡᠭᠳᠡᠵᠦ᠂ ᠶᠡᠷᠥᠩᠬᠡᠢ ᠪᠤᠳᠠᠳᠦ

ᠬᠦᠴᠦᠨ ᠦᠷᠭᠦᠯᠵᠢᠯᠡᠨ ᠴᠢᠩᠭᠠᠷᠠᠪᠠ᠃ ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠥᠩᠬᠡᠢ ᠦᠷᠳᠡᠭ 206.

36 ᠳ᠋ᠦᠩᠰᠢᠭᠤᠷ ᠲᠦᠭᠦᠷᠢᠭ ᠪᠡᠶᠡᠯᠡᠭᠦᠯᠵᠦ᠂ 7.4% ᠨᠡᠮᠡᠭᠳᠡᠪᠡ᠂ ᠬᠤᠳᠠ ᠪᠠᠯᠭᠠᠰᠤᠨ ᠤ ᠲᠤᠭᠳᠠᠮᠠᠯ ᠬᠦᠷᠦᠩᠭᠡ

 ᠶᠢᠨ ᠪᠡᠯᠡ ᠤᠷᠤᠭᠤᠯᠤᠯᠳᠠ 147 ᠳ᠋ᠦᠩᠰᠢᠭᠤᠷ ᠲᠦᠭᠦᠷᠢᠭ ᠪᠡᠶᠡᠯᠡᠭᠦᠯᠵᠦ᠂16% ᠨᠡᠮᠡᠭᠳᠡᠪᠡ᠃ ᠨᠡᠶᠢᠭᠡᠮ ᠤᠨ

ᠬᠡᠷᠡᠭᠯᠡᠭᠡᠨ ᠤ ᠲᠠᠸᠠᠷ ᠤᠨ ᠰᠤᠯᠠ ᠪᠤᠷᠤᠯᠠᠭᠤᠯᠤᠯᠳᠠ ᠶᠢᠨ ᠶᠡᠷᠥᠩᠬᠡᠢ ᠬᠡᠮᠵᠢᠶ᠎ᠡ 33.5 ᠳ᠋ᠦᠩᠰᠢᠭᠤᠷ ᠲᠦᠭᠦᠷᠢᠭ

ᠪᠡᠶᠡᠯᠡᠭᠦᠯᠵᠦ᠂ 9.7% ᠨᠡᠮᠡᠭᠳᠡᠪᠡ᠃ ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ 16.46

ᠳ᠋ᠦᠩᠰᠢᠭᠤᠷ ᠲᠦᠭᠦᠷᠢᠭ ᠪᠡᠶᠡᠯᠡᠭᠦᠯᠵᠦ᠂ 9.3% ᠪᠠᠷ ᠨᠡᠮᠡᠭᠳᠡᠪᠡ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ

ᠰᠠᠭᠤᠭᠠᠯᠢ ᠠᠷᠠᠳ ᠤᠨ ᠡᠵᠡᠮᠳᠡᠵᠦ ᠪᠤᠯᠬᠤ ᠤᠷᠤᠯᠭ᠎ᠠ ᠲᠤᠰ ᠪᠦᠷᠢ 24585 ᠲᠦᠭᠦᠷᠢᠭ ᠪᠠ 12642

ᠲᠦᠭᠦᠷᠢᠭ ᠬᠦᠷᠴᠦ᠂ 8.2% ᠪᠠ 7.5% ᠨᠡᠮᠡᠭᠳᠡᠪᠡ᠂ ᠪᠦᠬᠦ ᠬᠤᠰᠢᠭᠤᠨ ᠤ ᠠᠵᠦ ᠠᠬᠤᠢ ᠶᠢᠨ ᠬᠦᠭᠵᠢᠯᠳᠡ

ᠲᠤᠭᠳᠠᠭᠤᠨ ᠤ ᠲᠤᠮᠳᠠ ᠤᠷᠤᠭᠰᠢᠯᠡᠵᠦ᠂ ᠤᠷᠤᠭᠰᠢᠯᠠᠯᠳᠠ ᠶᠢᠨ ᠲᠤᠮᠳᠠ ᠴᠢᠨᠠᠷ ᠳᠡᠭᠡᠭᠰᠢᠯᠡᠵᠦ᠂ ᠬᠤᠰᠢᠭᠤ

ᠬᠠᠷᠢᠶᠠᠨ ᠤ ᠠᠵᠤ ᠠᠬᠤᠢ ᠶᠢᠨ ᠦᠷᠬᠦᠯᠵᠢᠯᠡᠬᠦᠶᠢᠴᠡ ᠴᠢᠨᠠᠷ ᠳᠠᠰᠣᠷᠠᠯᠳᠠ ᠦᠬᠡᠢ ᠴᠢᠩᠭᠠᠷᠠᠪᠠ᠃

      ——  ᠲᠦᠷᠦᠯ ᠵᠦᠢᠯ ᠤᠨ ᠪᠡᠯᠡ ᠤᠷᠤᠭᠤᠯᠤᠯᠳᠠ ᠶᠢᠨ ᠲᠠᠳᠠᠬᠤ ᠬᠦᠴᠦᠨ ᠴᠢᠩᠭᠠᠷᠠᠵᠦ᠂ ᠠᠵᠦ

ᠦᠢᠯᠡᠳᠪᠦᠷᠢ ᠶᠢᠨ ᠠᠵᠦ ᠠᠬᠤᠢ ᠶᠢᠨ ᠡᠷᠭᠢᠯᠳᠡ ᠲᠤᠭᠳᠠᠭᠤᠨ᠃ ᠵᠢᠯ ᠳᠤ ᠭᠤᠤᠯᠳᠠᠯᠭ᠎ᠠ ᠲᠠᠢ ᠠᠵᠦ ᠦᠢᠯᠡᠳᠪᠦᠷᠢ

 ᠶᠢᠨ ᠲᠦᠷᠦᠯ ᠵᠦᠢᠯ ᠢ 42 ᠬᠡᠷᠡᠭᠵᠢᠭᠦᠯᠵᠦ᠂ ᠠᠵᠦ ᠦᠢᠯᠡᠳᠪᠦᠷᠢ ᠶᠢᠨ ᠲᠤᠭᠳᠠᠮᠠᠯ ᠬᠦᠷᠦᠩᠬᠡ ᠶᠢᠨ ᠪᠡᠯᠡ

ᠤᠷᠤᠭᠤᠯᠤᠯᠳᠠ 97.6 ᠳ᠋ᠦᠩᠰᠢᠭᠤᠷ ᠲᠦᠭᠦᠷᠢᠭ ᠢ ᠪᠡᠶᠡᠯᠡᠭᠦᠯᠪᠡ᠃ ᠶᠡᠷᠥᠩᠬᠡᠢ ᠪᠡᠯᠡ ᠤᠷᠤᠭᠤᠯᠤᠯᠳᠠ ᠨᠢ 221

ᠳ᠋ᠦᠩᠰᠢᠭᠤᠷ ᠲᠦᠭᠦᠷᠢᠭ ᠤᠨ ᠵᠠᠷᠤᠳ ᠠᠴᠠ ᠱᠠᠨᠳᠦ᠋ᠩ ᠤᠨ ᠴᠢᠩ ᠵᠸᠦ ᠬᠦᠷᠬᠦ±800 ᠺᠢᠯᠤᠸᠤᠯᠲ ᠤᠨ

ᠦᠨᠳᠦᠷ ᠬᠦᠴᠦᠳᠡᠯᠳᠦ ᠴᠠᠬᠢᠯᠭᠠᠨ ᠬᠦᠷᠭᠡᠬᠦ ᠬᠦᠴᠦᠳᠡᠯ ᠦᠭᠡᠷᠡᠴᠢᠯᠡᠬᠦ ᠦᠷᠳᠡᠭᠡ ᠶᠢᠨ ᠲᠦᠷᠦᠯ ᠵᠦᠢᠯ ᠢ

ᠤᠷᠤᠭᠰᠢᠳᠡᠢ ᠡᠬᠢᠯᠡᠨ ᠪᠠᠶᠢᠭᠤᠯᠪᠠ᠃ ᠲᠦᠩᠯᠢᠶᠤᠤ ᠰᠢ ᠮᠧᠩ ᠤᠨ 30 ᠲᠦᠮᠡᠨ ᠺᠢᠯᠤᠸᠠᠲ ᠬᠡᠷᠡᠯ ᠴᠠᠬᠢᠯᠭᠠᠨ ᠪᠠ

ᠲᠠᠷᠢᠶᠠᠯᠠᠩ ᠮᠠᠯ ᠠᠵᠦ ᠠᠬᠤᠢ ᠶᠢ ᠬᠠᠷᠢᠯᠴᠠᠨ ᠨᠦᠬᠦᠪᠦᠷᠢᠯᠡᠬᠦ ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ 6

ᠲᠦᠮᠡᠨ ᠺᠢᠯᠤᠸᠠᠲ   ᠢ ᠲᠣᠰ ᠵᠢᠯ ᠳᠤ ᠡᠬᠢᠯᠡᠨ ᠪᠠᠶᠢᠭᠤᠯᠵᠤ᠂ ᠲᠤᠰ ᠵᠢᠯ ᠳᠤ ᠴᠠᠬᠢᠯᠭᠠᠨ ᠤ ᠲᠤᠤᠷ ᠲᠤ

ᠤᠷᠤᠭᠤᠯᠤᠨ ᠴᠠᠬᠢᠯᠭᠠᠨ ᠡᠭᠦᠰᠭᠡᠪᠡ᠃ ᠵᠢᠩ ᠤᠤ 1 ᠲᠦᠮᠡᠨ ᠺᠢᠯᠤᠸᠠᠲ ᠶᠢᠨ ᠭᠡᠷᠡᠯ ᠴᠠᠬᠢᠯᠭᠠᠨ᠂ ᠵᠢᠩ ᠡᠾᠧ

ᠬᠤᠶᠠᠳᠤᠭᠠᠷ ᠬᠤᠭᠤᠴᠠᠭᠠᠨ ᠤ 15 ᠲᠦᠮᠡᠨ ᠲᠤᠨ ᠬᠦᠩᠭᠡᠨᠴᠠᠭᠠᠨ ᠤ ᠬᠠᠶᠢᠯᠤᠰᠢ ᠶᠢᠨ ᠲᠦᠷᠦᠯ ᠵᠦᠢᠯ ᠢ ᠲᠤᠰ

ᠵᠢᠯ ᠳᠤ ᠪᠠᠶᠢᠭᠤᠯᠤᠨ ᠲᠠᠭᠤᠰᠬᠠᠵᠦ ᠠᠰᠢᠭᠯᠠᠯᠳᠠ ᠳᠤ ᠤᠷᠤᠭᠤᠯᠪᠠ᠃ ᠹᠦ᠋ ᠳ᠋ᠧ ᠺᠠᠩ ᠨᠠᠢ ᠡᠯ ᠶᠢᠨ ᠡᠲ᠋ᠢᠯ

ᠬᠤᠶᠠᠷᠴᠢ ᠠᠯᠺᠤᠤᠯ ᠤᠨ ᠲᠦᠷᠦᠯ ᠵᠦᠢᠯ ᠤᠨ ᠨᠢᠭᠡᠳᠦᠭᠡᠷ ᠬᠤᠭᠤᠴᠠᠭ᠎ᠠ ᠳᠤ ᠨᠢᠭᠡᠨᠳᠡ 46 ᠳ᠋ᠦᠩᠰᠢᠭᠤᠷ

ᠲᠦᠭᠦᠷᠢᠭ ᠤᠨ ᠴᠡᠪᠡᠷ ᠪᠡᠯᠡ ᠤᠷᠤᠭᠤᠯᠤᠯᠳᠠ ᠶᠢ ᠪᠡᠶᠡᠯᠡᠭᠦᠯᠵᠦ᠂ ᠮᠠᠰᠢᠨ ᠲᠤᠨᠤᠭ ᠤᠨ ᠤᠭᠰᠠᠷᠠᠭᠤᠯᠤᠯᠳᠠ ᠶᠢ

ᠦᠨᠳᠦᠰᠦᠨ ᠳᠤ ᠪᠠᠨ ᠪᠡᠶᠡᠯᠡᠭᠦᠯᠪᠡ᠃ ᠪᠠᠩ ᠵᠢᠶᠧ ᠦᠭᠡᠷ ᠬᠤᠨᠢ ᠠᠯᠠᠵᠦ ᠨᠢᠳᠦᠯᠡᠬᠦ ᠵᠢᠴᠢ ᠪᠤᠬᠢᠷᠳᠦᠯ ᠦᠭᠡᠢ

ᠢᠳᠡᠭᠡᠨ ᠢ ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ ᠢ ᠡᠬᠢᠯᠡᠨ ᠲᠤᠷᠰᠢᠨ ᠦᠢᠯᠡᠳᠪᠦᠷᠢᠯᠡᠬᠦ ᠪᠤᠯᠪᠠ᠃ 4.5

ᠳ᠋ᠦᠩᠰᠢᠭᠤᠷ ᠲᠦᠭᠦᠷᠢᠭ ᠪᠡᠯᠡ ᠤᠷᠤᠭᠤᠯᠤᠨ ᠭᠤᠷᠪᠠᠨ ᠠᠵᠦ ᠦᠢᠯᠡᠳᠪᠤᠷᠢ ᠶᠢᠨ ᠲᠤᠭᠤᠷᠢᠭ ᠤᠨ ᠰᠠᠭᠤᠷᠢ

ᠲᠦᠭᠦᠭᠡᠷᠤᠮᠵᠢ ᠶᠢ ᠦᠷᠭᠦᠯᠵᠢᠯᠡᠨ ᠲᠡᠭᠦᠯᠳᠡᠷᠵᠢᠭᠦᠯᠪᠡ᠃ ᠰᠢᠨ᠎ᠡ ᠨᠡᠮᠭᠳᠡᠭᠰᠡᠨ ᠬᠡᠪᠴᠢᠶᠡᠵᠢᠯ ᠠᠴᠠ ᠳᠡᠭᠡᠭᠰᠢ ᠠᠵᠦ

ᠠᠬᠤᠶᠢᠯᠠᠯ 4 ᠪᠤᠯᠵᠦ᠂ ᠦᠢᠯᠡᠳᠪᠤᠷᠢᠯᠡᠯ ᠵᠤᠭᠰᠤᠭᠰᠠᠨ 4 ᠠᠵᠦ ᠠᠬᠤᠶᠢᠯᠠᠯ ᠢ ᠠᠮᠢᠳᠤᠯᠢᠭᠵᠢᠭᠤᠯᠤᠨ᠂ ᠪᠦᠬᠦ

ᠠᠵᠦ ᠦᠢᠯᠡᠳᠪᠤᠷᠢ ᠶᠢᠨ ᠠᠵᠤ ᠠᠬᠤᠢ ᠶᠢᠨ ᠨᠡᠮᠡᠭᠳᠡᠯ ᠦᠷᠳᠡᠭ 99.2 ᠳ᠋ᠦᠩᠰᠢᠭᠤᠷ ᠲᠦᠭᠦᠷᠢᠭ ᠪᠡᠶᠡᠯᠡᠭᠦᠯᠵᠦ᠂

8.7% ᠪᠠᠷ ᠨᠡᠮᠡᠭᠳᠡᠪᠡ᠃ ᠵᠢᠯ ᠳᠤ ᠪᠡᠯᠡ ᠴᠤᠭᠯᠠᠭᠤᠯᠤᠨ ᠬᠡᠯᠡᠯᠴᠡᠨ ᠲᠤᠭᠳᠠᠭᠰᠠᠨ ᠲᠦᠷᠦᠯ ᠵᠦᠢᠯ 34 ᠬᠦᠷᠴᠦ

᠂13.5 ᠳ᠋ᠦᠩᠰᠢᠭᠤᠷ ᠲᠦᠭᠦᠷᠢᠭ ᠪᠡᠯᠡ ᠪᠤᠳᠠᠳᠠᠶᠢᠵᠢᠪᠡ᠃ ᠡᠭᠦᠨ ᠳᠤ ᠳᠡᠭᠡᠷ᠎ᠡ ᠱᠠᠳᠤᠨ ᠤ ᠪᠡᠯᠡ ᠮᠦᠩᠬᠦ 8.4

ᠳ᠋ᠦᠩᠰᠢᠭᠤᠷ ᠲᠦᠭᠦᠷᠢᠭ᠂ ᠬᠤᠳᠠᠯᠳᠤᠭᠠᠴᠢᠨ ᠤᠷᠢᠵᠦ  ᠬᠡᠯᠡᠯᠡᠴᠡᠬᠡᠷ ᠲᠤᠭᠳᠠᠭᠰᠠᠨ ᠲᠦᠷᠦᠯ ᠵᠦᠢᠯ 31 ᠬᠦᠷᠴᠦ᠂

 ᠪᠤᠳᠠᠳᠠᠶᠢᠵᠢᠭᠰᠠᠨ ᠪᠡᠯᠡ ᠮᠦᠩᠬᠦ 87.9  ᠳ᠋ᠦᠩᠰᠢᠭᠤᠷ ᠲᠦᠭᠦᠷᠢᠭ ᠲᠤ ᠬᠦᠷᠴᠦ᠂ ᠠᠵᠦ ᠠᠬᠤᠢ ᠶᠢᠨ

ᠬᠦᠭᠵᠢᠯᠳᠡ ᠳᠤ ᠰᠢᠨ᠎ᠡ ᠬᠦᠳᠡᠯᠭᠡᠬᠦ ᠬᠦᠴᠦᠨ ᠨᠡᠮᠡᠷᠢᠯᠡᠪᠡ᠃

       —— ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠲᠦᠷᠭᠡᠨ ᠬᠦᠭᠵᠢᠵᠦ᠂ ᠲᠠᠷᠢᠶᠠᠯᠠᠩ ᠮᠠᠯ

ᠠᠵᠤ ᠠᠬᠤᠢ ᠶᠢᠨ ᠪᠦᠳᠦᠴᠡ ᠲᠤᠭᠳᠠᠭᠤᠨ ᠤ ᠲᠤᠮᠳᠠ ᠰᠢᠯᠢᠳᠡᠭᠵᠢᠪᠡ᠃ ᠰᠢᠨ᠎ᠡ ᠪᠠᠷ ᠨᠡᠮᠡᠭᠳᠡᠭᠰᠡᠨ ᠤᠰᠤ

ᠠᠷᠪᠢᠯᠠᠬᠤ ᠦᠨᠳᠦᠷ ᠤᠨᠠᠯᠳᠠ ᠲᠠᠢ ᠦᠨᠳᠦᠷ ᠦᠷ᠎ᠡ ᠠᠰᠢᠭᠳᠠᠢ ᠲᠡᠷᠢᠶ᠎ᠠ 6 ᠲᠦᠮᠡᠨ ᠮᠤ᠋᠂ 42.5 ᠲᠦᠮᠡᠨ ᠮᠤ᠋

ᠲᠠᠷᠢᠶ᠎ᠠ ᠶᠢ ᠠᠵᠦ ᠠᠬᠤᠢ ᠪᠠ ᠡᠪᠡᠰᠤ ᠪᠤᠷᠳᠤᠭ᠎ᠠ ᠶᠢᠨ ᠲᠠᠷᠢᠶ᠎ᠠ ᠪᠤᠯᠭᠠᠨ ᠦᠭᠡᠷᠡᠴᠢᠯᠡᠨ᠂ ᠠᠮᠤ ᠪᠤᠳᠠᠭᠠᠨ ᠤ

ᠶᠡᠷᠥᠩᠬᠡᠢ ᠤᠨᠠᠯᠳᠠ ᠶᠢ 15 ᠳ᠋ᠦᠩᠰᠢᠭᠤᠷ ᠵᠢᠩ ᠬᠦᠷᠪᠡ᠃ ᠰᠢᠨ᠎ᠡ ᠪᠠᠷ 30 ᠬᠡᠪᠴᠢᠶᠡᠵᠢᠭᠰᠡᠨ ᠲᠡᠵᠢᠭᠡᠪᠤᠷᠢ ᠶᠢᠨ

ᠲᠠᠯᠠᠪᠠᠢ ︵ᠵᠢᠵᠢᠭ ᠲᠤᠭᠤᠷᠢᠭ︶᠂ 100 ᠦᠨᠳᠦᠷ ᠪᠠᠷᠢᠮᠵᠢᠶ᠎ᠡ ᠲᠠᠢ ᠠᠮᠢ ᠠᠬᠤᠢ ᠶᠢᠨ ᠮᠠᠯᠵᠢᠯ ᠤᠨ ᠲᠠᠯᠠᠪᠠᠢ

ᠪᠠᠶᠢᠭᠤᠯᠵᠦ᠂ ᠵᠢᠯ ᠤᠨ ᠮᠠᠯ ᠤᠨ ᠬᠠᠰᠢᠶᠠᠯᠠᠨ ᠲᠡᠵᠢᠭᠡᠵᠦ ᠪᠠᠶᠢᠬᠤ ᠲᠤᠭ᠎ᠠ 552.2 ᠲᠦᠮᠡᠨ ᠲᠤᠯᠤᠭᠠᠢ ᠬᠦᠷᠴᠦ᠂

ᠡᠭᠦᠨ ᠳᠤ ᠦᠭᠡᠷ 70.4 ᠲᠦᠮᠡᠨ ᠲᠤᠯᠤᠭᠠᠢ ᠬᠦᠷᠪᠡ᠃ ᠵᠠᠷᠤᠳ ᠤᠨ ᠨᠤᠭᠤᠭᠠᠨ ᠪᠤᠷᠴᠠᠭ᠂ ᠤᠯᠠᠭᠠᠨ ᠲᠤᠭ

ᠵᠢᠭᠠᠰᠤᠨ ᠲᠠᠯᠠᠪᠠᠢ ᠶᠢᠨ ᠠᠯᠠᠭᠠᠨ᠎ᠠ ᠰᠣᠭᠤᠰᠤ ᠵᠡᠷᠭᠡ15 ᠪᠤᠬᠢᠷᠳᠤᠯ ᠦᠭᠡᠢ ᠲᠠᠷᠢᠶᠠᠯᠠᠩ ᠮᠠᠯ ᠠᠵᠦ ᠠᠬᠤᠢ ᠶᠢᠨ

ᠪᠦᠳᠦᠭᠡᠭᠳᠡᠬᠦᠨ ︽ᠭᠤᠷᠪᠠᠨ ᠪᠦᠳᠦᠬᠡᠭᠳᠡᠬᠦᠨ ᠨᠢᠭᠡ ᠰᠢᠨᠵᠢ ᠳᠡᠮᠳᠡᠭ︾ ᠤᠨ ᠭᠡᠷᠡᠴᠢᠯᠡᠯ ᠤᠯᠪᠠ᠃ ᠲᠠᠷᠢᠶᠠᠯᠠᠩ ᠮᠠᠯ

ᠠᠵᠦ ᠠᠬᠤᠢ ᠶᠢᠨ ᠠᠵᠦ ᠦᠢᠯᠡᠰᠵᠢᠯ ᠤᠨ ᠲᠠᠭᠠᠭᠤᠯᠤᠭᠴᠢ ᠠᠵᠦ ᠠᠬᠤᠶᠢᠯᠠᠯ ᠰᠢᠨ᠎ᠡ ᠪᠠᠷ 2 ᠨᠡᠮᠡᠭᠳᠡᠪᠡ᠃ ᠮᠧᠩ

ᠼᠣᠣ ᠠᠵᠦ ᠦᠢᠯᠡᠰ ᠤᠨ ᠬᠤᠯᠪᠤᠭᠠᠯᠠᠯ᠂ ᠪᠠᠩ ᠵᠢᠶᠧ ︽ᠵᠢᠷᠭᠤᠭ᠎ᠠ ᠶᠢ ᠨᠢᠭᠡᠳᠭᠡᠬᠦ︾᠂ ᠮᠤ᠋ ᠶᠤᠸᠠᠨ ︽ᠪᠡᠯᠴᠢᠭᠡᠷ

ᠡᠪᠡᠰᠤ ᠶᠢ ᠨᠢᠭᠡ ᠴᠤᠭᠴᠠᠵᠢᠭᠤᠯᠬᠤ︾ ᠵᠡᠷᠭᠡ ᠳᠠᠭᠠᠭᠤᠯᠤᠭᠴᠢ ᠠᠵᠤ ᠠᠬᠤᠶᠢᠯᠠᠯ ᠵᠢᠴᠢ ᠮᠠᠯᠴᠢᠨ ᠲᠠᠷᠢᠶᠠᠴᠢᠳ ᠤᠨ

ᠠᠰᠢᠭ ᠲᠤᠰᠠ ᠶᠢᠨ ᠬᠤᠯᠪᠤᠭᠠᠯᠠᠯ ᠤᠨ ᠲᠤᠭᠳᠠᠴᠠ ᠪᠠ ᠬᠤᠷᠰᠢᠨ ᠡᠵᠡᠩᠨᠡᠬᠦ ᠵᠠᠭᠪᠤᠷ ᠢᠳᠡᠭ ᠢᠳᠡᠭ ᠢᠶᠠᠷ

ᠪᠦᠷᠢᠯᠳᠦᠪᠡ᠃ ᠲᠠᠷᠢᠶᠠᠴᠢᠳ ᠮᠠᠯᠴᠢᠳ ᠲᠤ ᠬᠠᠷᠭᠠᠯᠵᠠᠯ ᠦᠵᠡᠭᠦᠯᠬᠦ ᠲᠦᠷᠦ ᠶᠢᠨ ᠪᠤᠳᠤᠯᠭ᠎ᠠ ᠶᠢᠨ ᠪᠡᠯᠡ ᠮᠦᠩᠬᠦ

 ᠶᠢ 4.3 ᠳ᠋ᠦᠩᠰᠢᠭᠤᠷ ᠲᠦᠭᠦᠷᠢᠭ ᠲᠠᠯᠪᠢᠵᠦ᠂ 7.23 ᠲᠦᠮᠡᠨ ᠮᠠᠯᠴᠢᠨ ᠲᠠᠷᠢᠶᠠᠴᠢᠨ ᠡᠷᠦᠬᠡ ᠶᠢ ᠬᠠᠷᠠᠭᠠᠯᠵᠠᠪᠠ᠃

    —— ᠰᠢᠨ᠎ᠡ ᠮᠠᠯᠵᠢᠬᠤ ᠲᠠᠷᠢᠶᠠᠯᠬᠤ ᠤᠷᠤᠨ ᠤ ᠪᠠᠶᠢᠭᠤᠯᠤᠯᠳᠠ ᠲᠦᠷᠭᠡᠳᠴᠦ᠂ ᠶᠠᠳᠠᠭᠤ ᠬᠦᠴᠢᠷᠳᠡᠢ

ᠬᠦᠮᠦᠨ ᠠᠮᠠ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠪᠠ᠃ ᠬᠤᠰᠢᠭᠤ ᠲᠠᠶᠠᠭᠠᠷ ᠤᠨ ᠬᠦᠴᠦᠨ ᠢ ᠠᠰᠢᠭᠯᠠᠨ᠂

358 ᠭᠠᠴᠠᠭ᠎ᠠ ᠲᠤᠰᠬᠤᠨ ᠬᠤᠪᠢᠶᠠᠷᠢ ᠲᠠᠯᠠᠪᠠᠢ ᠶᠢᠨ ︽ᠠᠷᠪᠠ ᠶᠢ ᠪᠦᠷᠬᠦᠭᠦᠯᠬᠦ︾ ᠢᠨᠵᠧᠨᠧᠷᠢᠩ ᠢ

ᠪᠡᠶᠡᠯᠡᠭᠦᠯᠵᠦ᠂ ᠨᠡᠶᠢᠳᠡ 50 ᠳ᠋ᠦᠩᠰᠢᠭᠤᠷ ᠲᠦᠭᠦᠷᠢᠭ ᠤᠷᠴᠢᠮ ᠪᠡᠯᠡ ᠤᠷᠤᠭᠤᠯᠪᠠ᠂ ᠠᠶᠤᠯ ᠲᠠᠢ ᠰᠢᠪᠡᠷ ᠭᠡᠷ

ᠪᠠᠶᠢᠰᠢᠩ ᠢ 3.25 ᠲᠦᠮᠡᠨ ᠡᠷᠦᠬᠡ ᠦᠭᠡᠷᠡᠴᠢᠯᠡᠨ ᠵᠠᠰᠠᠵᠦ᠂ 3840 ᠺᠢᠯᠤᠮᠧᠲᠷ ᠵᠡᠭᠡᠯᠢ ᠭᠤᠳᠤᠮᠵᠢ ᠶᠢ

ᠬᠠᠳᠠᠭᠤᠷᠠᠭᠤᠯᠪᠠ᠃ ᠰᠤᠶᠤᠯ ᠤᠨ ᠠᠵᠢᠯᠯᠠᠭᠠᠨ ᠤ ᠬᠡᠷ ᠵᠡᠷᠭᠡ ᠨᠡᠶᠢᠳᠡ ᠶᠢᠨ ᠲᠤᠨᠤᠭ ᠲᠦᠭᠦᠭᠡᠷᠤᠮᠵᠢ ᠪᠠ ᠨᠡᠶᠢᠭᠡᠮ

 ᠤᠨ ᠪᠠᠳᠤᠯᠠᠭ᠎ᠠ ᠲᠠᠶᠠᠭᠠᠷ ᠲᠤ ᠪᠦᠷᠬᠦᠵᠦ᠂ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠤᠷᠢᠯᠡᠯ ᠠᠮᠢᠳᠤᠷᠠᠯ ᠤᠨ

ᠨᠦᠭᠦᠴᠡᠯ ᠤᠷᠢᠳ ᠡᠮᠦᠨ᠎ᠡ ᠭᠠᠷᠤᠭ᠎ᠠ ᠦᠭᠡᠢ ᠰᠠᠶᠢᠵᠢᠷᠠᠪᠠ᠂ ᠪᠦᠬᠦ ᠬᠤᠰᠢᠭᠤᠨ ᠤ ᠺᠠᠳ᠋ᠷ ᠤᠯᠠᠨ ᠲᠦᠮᠡᠨ ᠦᠪᠡᠷ

 ᠤᠨ ᠰᠢᠷᠭᠠᠭᠤ ᠬᠦᠳᠡᠯᠮᠤᠷᠢ ᠪᠠᠷ ᠢᠶᠠᠨ ᠲᠠᠷᠢᠶᠠᠴᠢᠨ ᠮᠠᠯᠴᠢᠳ ᠤᠨ ᠵᠤᠯ ᠵᠢᠷᠭᠠᠯ ᠤᠨ ᠵᠢᠭᠠᠯᠳᠠ ᠲᠤᠭ᠎ᠠ ᠶᠢ

ᠳᠡᠭᠡᠭᠰᠢᠯᠡᠬᠦᠯᠪᠡ᠃ 3 ᠳ᠋ᠦᠩᠰᠢᠭᠤᠷ ᠲᠦᠭᠦᠷᠢᠭ ᠪᠡᠯᠡ ᠴᠤᠭᠯᠠᠭᠤᠯᠤᠨ᠂ ᠬᠤᠶᠢᠳᠦ ᠬᠡᠰᠡᠭ ᠤᠨ ᠮᠠᠯᠵᠢᠬᠤ ᠤᠷᠤᠨ

 ᠤ ᠮᠠᠯ ᠤᠨ ᠡᠪᠡᠳᠴᠢᠨ ᠤ ᠠᠰᠠᠭᠤᠳᠠᠯ ᠢ ᠵᠤᠬᠢᠰᠳᠠᠢ ᠰᠢᠢᠥᠠᠪᠤᠷᠢᠯᠠᠵᠤ᠂ ᠤᠷᠴᠢᠨ ᠲᠤᠭᠤᠷᠢᠨ ᠢ ᠤᠭ ᠡᠬᠢ ᠠᠴᠠ

 ᠨᠢ ᠵᠠᠰᠠᠬᠤ᠂ ᠮᠠᠯ ᠠᠵᠤ ᠠᠬᠤᠢ ᠶᠢᠨ ᠬᠤᠬᠢᠷᠠᠯ ᠢ ᠨᠦᠬᠦᠪᠤᠷᠢᠯᠡᠬᠦ᠂ ᠮᠠᠯ ᠠᠵᠦ ᠠᠬᠤᠢ ᠶᠢᠨ ᠲᠤᠨᠤᠭ

ᠲᠦᠭᠦᠬᠡᠷᠤᠮᠵᠢ ᠶᠢᠨ ᠪᠠᠶᠢᠭᠤᠯᠤᠯᠳᠠ ᠵᠡᠷᠭᠡ ᠠᠵᠢᠯ ᠤᠨ ᠦᠷ᠎ᠡ ᠪᠦᠳᠦᠮᠵᠢ ᠢᠯᠡᠷᠬᠡᠢ᠂ ᠠᠷᠤ ᠬᠦᠨᠳᠡᠯᠡᠨ ᠪᠠᠯᠭᠠᠰᠤᠨ

 ᠤ ᠬᠠᠷᠠᠨᠠᠭᠤᠷ ᠭᠠᠴᠠᠭ᠎ᠠ ᠶᠢᠨ 331ᠡᠷᠦᠬᠡ᠂ 865 ᠬᠦᠮᠦᠨ ᠢ ᠨᠡᠭᠦᠯᠭᠡᠨ ᠰᠢᠯᠵᠢᠭᠦᠯᠵᠦ᠂ ᠺᠠᠳ᠋ᠷ ᠲᠤᠰᠬᠤᠨ ᠳᠤ

ᠰᠠᠭᠤᠵᠦ ᠡᠷᠦᠬᠡ ᠳᠤ ᠤᠷᠤᠵᠦ ᠤᠯᠠᠨ ᠲᠦᠮᠡᠨᠴᠢ ᠠᠵᠢᠯ ᠢ ᠦᠷᠨᠢᠭᠦᠯᠦᠨ᠂ ᠬᠤᠰᠢᠭᠤ ᠲᠠᠶᠠᠭᠠᠷ ᠤᠨ ᠶᠡᠭᠡ

ᠪᠠᠶᠢᠳᠠᠯ ᠡᠶ᠎ᠡ ᠵᠤᠬᠢᠴᠠᠩᠭᠤᠢ ᠲᠤᠭᠳᠠᠭᠠᠤᠨ ᠢ ᠪᠠᠳᠤᠯᠠᠪᠠ᠃ ᠪᠦᠬᠦ ᠠᠷᠠᠳ ᠤᠨ ᠤᠶᠤᠨ ᠢ ᠲᠦᠪᠯᠡᠷᠡᠭᠦᠯᠦᠨ᠂

ᠶᠠᠳᠠᠭᠤ ᠶᠢ ᠲᠡᠳᠭᠦᠬᠦ ᠪᠠᠬᠢᠯᠡᠯᠳᠡ ᠶᠢ ᠰᠢᠪᠳᠤᠯᠤᠨ᠂ 1 ᠳ᠋ᠦᠩᠰᠢᠭᠤᠷ ᠲᠦᠭᠦᠷᠢᠭ ᠤᠨ ᠪᠡᠯᠡ ᠴᠤᠭᠯᠠᠭᠤᠯᠤᠨ᠂

ᠲᠤᠰᠬᠤᠨ ᠢ ᠲᠠᠭᠠᠭᠠᠴᠢᠯᠠᠬᠤ ᠺᠠᠳ᠋ᠷ 1831 ᠨᠡᠷᠡᠰ ᠰᠤᠩᠭᠤᠨ ᠲᠤᠮᠢᠯᠠᠨ᠂ ︽ᠲᠠᠪᠤᠨ ᠨᠢᠭᠡ ᠪᠦᠯᠦᠭ︾

ᠢᠨᠵᠧᠨᠧᠷᠢᠩ ᠢ ᠤᠨᠤᠪᠴᠢᠳᠠᠢ ᠨᠠᠶᠢᠳᠠᠪᠤᠷᠵᠢᠭᠤᠯᠤᠨ᠂ ︽ᠡᠷᠤᠬᠡ ᠠᠵᠤ ᠠᠬᠤᠶᠢᠯᠠᠯ ᠬᠠᠮᠳᠤᠪᠠᠷ ᠠᠰᠢᠭ ᠬᠦᠷᠳᠡᠬᠦ︾

᠂ ᠬᠡᠷᠡᠯ ᠴᠠᠬᠢᠯᠭᠠᠨ ᠢᠶᠠᠷ ᠶᠠᠳᠠᠭᠤ ᠶᠢ ᠲᠡᠳᠭᠦᠬᠦ ᠵᠡᠷᠭᠡ ᠠᠵᠤ ᠦᠢᠯᠡᠰ ᠢᠶᠠᠷ ᠲᠡᠳᠭᠦᠨ ᠲᠡᠮᠵᠢᠬᠦ ᠵᠠᠭᠪᠤᠷ ᠢ

ᠰᠦᠪᠡᠭᠴᠢᠯᠡᠨ ᠦᠢᠯᠡᠳᠦᠯᠭᠡᠵᠢᠭᠦᠯᠵᠦ᠂ ᠲᠡᠳᠭᠦᠨ ᠲᠡᠮᠵᠢᠬᠦ ᠠᠪᠤᠷᠠᠨ ᠲᠤᠰᠠᠯᠠᠬᠤ ᠬᠦᠴᠦᠨ ᠢᠶᠠᠨ ᠲᠠᠰᠤᠷᠠᠯᠳᠠ

ᠦᠭᠡᠢ ᠶᠡᠬᠡᠰᠭᠡᠵᠦ᠂ 5390 ᠨᠡᠷᠡᠰ ᠳᠡᠩᠰᠠ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠢ ᠬᠦᠮᠦᠨ ᠠᠮᠠ ᠢ

ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠶᠢ ᠪᠠᠳᠤᠯᠠᠪᠠ᠃

     —— ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠰᠢᠯᠢᠳᠡᠭᠵᠢᠨ ᠳᠡᠰ ᠳᠠᠪᠰᠢᠵᠦ᠂ ᠨᠡᠶᠢᠳᠡ ᠶᠢᠨ

ᠪᠤᠰᠤ ᠠᠵᠦ ᠠᠬᠤᠢ ᠶᠢᠨ ᠬᠦᠭᠵᠢᠯᠳᠡ ᠲᠦᠷᠭᠡᠳᠬᠡᠪᠡ᠃ ︽ᠤᠯᠤᠰ ᠤᠨ ᠳᠡᠰ ᠤᠨ ᠡᠯᠧᠺᠲᠷᠤᠨ ᠬᠤᠳᠠᠯᠳᠤᠭ᠎ᠠ  

ᠲᠤᠰᠬᠤᠨ ᠳᠤ ᠤᠷᠤᠬᠤ ᠶᠡᠷᠦᠩᠬᠡᠶᠢᠯᠡᠭᠰᠡᠨ ᠲᠠᠭᠤᠷᠢᠶᠠᠯᠠᠯ ᠦᠵᠡᠭᠦᠯᠬᠦ ᠬᠤᠰᠢᠭᠤ︾ ᠶᠢᠨ ᠲᠦᠷᠦᠯ ᠵᠦᠢᠯ

ᠪᠤᠳᠠᠳᠠᠶᠢᠵᠢᠵᠦ ᠬᠡᠷᠡᠭᠵᠢᠭᠦᠯᠦᠭᠳᠡᠪᠡ᠃ ᠬᠤᠰᠢᠭᠤᠨ ᠤ ᠡᠯᠧᠺᠲᠷᠤᠨ ᠬᠤᠳᠠᠯᠳᠤᠭᠠᠨ ᠤ ᠨᠡᠶᠢᠳᠡ ᠶᠢᠨ ᠦᠢᠯᠡᠴᠢᠯᠡᠭᠡᠨ

 ᠤ ᠲᠦᠪ   ᠲᠤ ᠨᠢᠭᠡᠨᠳᠡ15 ᠠᠵᠦ ᠠᠬᠤᠶᠢᠯᠠᠯ ᠤᠷᠤᠵᠦ ᠰᠠᠭᠤᠵᠦ᠂ ᠡᠯᠧᠺᠲᠷᠤᠨ ᠬᠤᠳᠠᠯᠳᠤᠭᠠᠨ ᠤ ᠰᠦᠯᠵᠢᠶᠡᠨ

ᠳᠡᠭᠡᠷ᠎ᠡ ᠠᠷᠠᠯᠵᠢᠶᠠᠯᠠᠭᠰᠠᠨ ᠬᠡᠮᠵᠢᠶ᠎ᠡ 5000 ᠲᠦᠮᠡᠨ ᠲᠦᠭᠦᠷᠢᠭ ᠢ ᠲᠠᠪᠠᠪᠠ᠃ ᠬᠤᠳᠠ ᠶᠢᠨ ᠵᠡᠭᠦᠨᠳᠡᠬᠢ

ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠬᠦᠷ ᠤᠨ ᠭᠤᠤᠯ ᠴᠤᠭᠴᠠ ᠶᠢᠨ ᠢᠨᠵᠧᠨᠧᠷᠢᠩ ᠢ ᠪᠠᠶᠢᠭᠤᠯᠤᠨ

ᠲᠠᠭᠤᠰᠬᠠᠵᠦ᠂ ᠵᠠᠷᠤᠳ ᠪᠠᠷᠠᠭ᠎ᠠ ᠬᠤᠳᠠᠯᠳᠤᠭᠠᠨ ᠤ ᠲᠦᠪ ᠪᠠ ᠲᠠᠷᠢᠶᠠᠯᠠᠩ ᠠᠷᠠᠯᠵᠢᠶ᠎ᠠ᠂ ᠭᠤᠸᠠ ᠵᠢᠮᠢᠰ ᠨᠤᠭᠤᠭ᠎ᠠ

 ᠶᠢᠨ ᠠᠷᠠᠯᠵᠢᠶᠠᠨ ᠤ ᠵᠠᠬ᠎ᠠ ᠳᠡᠯᠭᠡᠬᠦᠷ ᠢ ᠦᠭᠡᠷᠡᠴᠢᠯᠡᠨ ᠪᠠᠶᠢᠭᠤᠯᠬᠤ ᠠᠵᠢᠯ ᠲᠠᠭᠤᠰᠴᠦ ᠠᠰᠢᠭᠯᠠᠯᠳᠠ ᠳᠤ ᠤᠷᠤᠪᠠ᠃

ᠨᠡᠭᠦᠷᠡᠰᠤ ᠪᠤᠷᠤᠯᠠᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠲᠠᠷᠢᠶᠠᠯᠠᠩ ᠤᠨ ᠮᠠᠰᠢᠨ ᠬᠡᠷᠡᠭᠰᠡᠯ ᠵᠡᠷᠭᠡ ᠲᠤᠰᠬᠠᠢ ᠵᠠᠬ᠎ᠠ

ᠳᠡᠯᠭᠡᠭᠦᠷ ᠤᠨ  ᠰᠠᠭᠤᠷᠢ ᠲᠦᠭᠦᠭᠡᠷᠤᠮᠵᠢ ᠨᠡᠩ ᠲᠡᠭᠦᠯᠳᠡᠷᠵᠢᠪᠡ᠃ ᠢᠦᠢ ᠴᠢᠦᠸᠠᠨ ᠱᠠᠨ ᠤ ᠠᠮᠢ ᠠᠬᠤᠢ ᠶᠢᠨ

ᠵᠢᠭᠤᠯᠴᠢᠯᠠᠯ ᠤᠨ ᠤᠷᠤᠨ ᠤ ᠪᠠᠶᠢᠭᠤᠯᠤᠯᠳᠠ ᠶᠢᠨ ᠲᠦᠷᠦᠯ ᠵᠦᠢᠯ ᠤᠷᠤᠭᠰᠢᠳᠠᠢ ᠶᠠᠪᠤᠭᠳᠠᠵᠦ᠂ ᠵᠠᠷᠢᠮ ᠴᠢᠳᠠᠪᠤᠷᠢ

 ᠶᠢᠨ ᠤᠷᠤᠨ ᠨᠢ ᠡᠵᠡᠩᠨᠡᠯᠳᠡ ᠬᠢᠬᠦ ᠨᠦᠭᠦᠴᠡᠯ ᠢ ᠪᠦᠷᠢᠯᠳᠦᠭᠦᠯᠪᠡ᠂ ᠡᠮᠤᠨ᠎ᠡ ᠪᠤᠯᠠᠭᠳᠤ᠂ ᠦᠨᠳᠦᠷᠬᠠᠳᠠ ᠪᠠ

ᠲᠦᠪᠰᠢᠨ 3 ᠵᠢᠭᠤᠯᠴᠢᠯᠠᠯ ᠤᠨ ᠵᠢᠵᠢᠭ ᠪᠠᠯᠭᠠᠰᠤ ᠢ ᠡᠬᠢᠯᠡᠨ ᠪᠠᠶᠢᠭᠤᠯᠵᠦ᠂ ᠢᠦᠢ ᠵᠸᠦ ᠡᠷᠳᠡᠨ ᠤ ᠬᠤᠳᠠ ᠶᠢᠨ

ᠬᠤᠶᠢᠳᠦ ᠲᠠᠯ᠎ᠠ ᠪᠠᠷ ᠦᠪᠡᠷ ᠢᠶᠠᠨ ᠲᠡᠷᠭᠡ ᠪᠠᠷᠢᠵᠦ ᠵᠤᠭᠠᠴᠠᠬᠤ ᠵᠠᠳᠠᠭᠠᠢ ᠪᠠᠭᠤᠳᠠᠯ ᠤᠨ ᠭᠠᠵᠠᠷ ᠪᠠ ᠡᠮᠤᠨ᠎ᠡ

ᠪᠤᠯᠠᠭᠳᠦ ᠶᠢᠨ ᠡᠷᠳᠡᠨ ᠤ ᠪᠠᠭᠤᠷᠢ ᠶᠢᠨ ᠤᠷᠤᠨ ᠤ ᠭᠤᠤᠯ ᠴᠤᠭᠴᠠ ᠶᠢᠨ ᠪᠠᠷᠢᠯᠭ᠎ᠠ ᠶᠢ ᠲᠠᠭᠤᠰᠬᠠᠵᠦ᠂ ᠠᠩᠬ᠎ᠠ

ᠤᠳᠠᠭ᠎ᠠ ︽8.18 ᠤ  ᠮᠤᠷᠢᠨ ᠤᠷᠤᠯᠳᠤᠭᠠᠨ ᠤ ᠨᠠᠶᠢᠷ︾ ᠤᠨ ᠰᠢᠷᠢᠰ ᠰᠤᠶᠤᠯ ᠪᠡᠶ᠎ᠡ ᠲᠠᠮᠢᠷ ᠤᠨ ᠠᠵᠢᠯᠯᠠᠭ᠎ᠠ ᠶᠢ

ᠠᠮᠵᠢᠯᠳᠡ ᠲᠠᠢ ᠡᠷᠬᠢᠯᠡᠵᠦ᠂ ᠵᠢᠭᠤᠯᠴᠢᠯᠠᠯ ᠤᠨ ᠶᠡᠷᠥᠩᠬᠡᠢ ᠤᠷᠤᠯᠭ᠎ᠠ10 ᠳ᠋ᠦᠩᠰᠢᠭᠤᠷ ᠲᠦᠭᠦᠷᠢᠭ ᠢ ᠲᠠᠪᠠᠪᠠ᠃

ᠪᠦᠬᠦ ᠬᠤᠰᠢᠭᠤᠨ ᠤ ᠡᠯ᠎ᠡ ᠲᠦᠷᠦᠯ ᠤᠨ ᠵᠠᠬ᠎ᠠ ᠳᠡᠯᠭᠡᠭᠦᠷ ᠤᠨ ᠭᠤᠤᠯ ᠴᠤᠭᠴᠠ 17598 ᠪᠤᠯᠵᠦ᠂ 5%

ᠨᠡᠮᠡᠭᠳᠡᠪᠡ᠃ ᠮᠸᠢ ᠵᠢᠩ ᠤᠷᠴᠢᠨ ᠲᠤᠭᠤᠷᠢᠨ ᠢ ᠬᠠᠮᠭᠠᠯᠠᠬᠤ ᠲᠦᠭᠦᠭᠡᠷᠤᠮᠵᠢ ᠶᠢᠨ ᠬᠢᠵᠠᠭᠠᠷᠳᠦ ᠺᠤᠮᠫᠠᠨᠢ ᠶᠢᠨ

ᠱᠠᠩᠬᠠᠢ ᠳᠠᠬᠢ ᠰᠲ᠋ᠤᠺ ᠤᠨ ᠡᠷᠬᠡ ᠶᠢ ᠨᠠᠶᠢᠳᠡᠨ ᠬᠠᠮᠢᠶᠠᠷᠤᠭᠤᠯᠤᠨ ᠠᠷᠠᠯᠵᠢᠶᠠᠯᠠᠭᠤᠯᠬᠤ ᠲᠦᠪ ᠠᠮᠵᠢᠯᠳᠡ ᠲᠠᠢ

ᠫᠠᠶᠢᠰᠡ ᠡᠯᠭᠦᠵᠦ᠂ ᠮᠠᠨ ᠤ ᠬᠤᠰᠢᠭᠤᠨ ᠤ ᠴᠤᠷ ᠤᠨ ᠭᠠᠭᠴᠠ ᠵᠠᠬ᠎ᠠ ᠳᠡᠯᠭᠡᠭᠦᠷ ᠲᠤ ᠭᠠᠷᠬᠤ ᠬᠢᠷᠢ ᠬᠡᠮ ᠢ

ᠪᠦᠷᠢᠯᠳᠦᠭᠦᠯᠦᠭᠰᠡᠨ ᠠᠵᠦ ᠠᠬᠤᠶᠢᠯᠠᠯ ᠪᠤᠯᠪᠠ᠃  ᠯᠤ᠋ ᠹᠧᠩ ᠺᠤᠮᠫᠠᠨᠢ᠂ ᠤᠰᠤᠨ ᠶᠠᠪᠤᠳᠠᠯ ᠤᠨ ᠪᠡᠯᠡ

ᠤᠷᠤᠭᠤᠯᠤᠯᠳᠠ ᠶᠢᠨ ᠺᠤᠮᠫᠠᠨᠢ ᠶᠢᠨ ᠪᠡᠯᠡ ᠤᠷᠤᠭᠤᠯᠬᠤ ᠪᠡᠯᠡ ᠨᠡᠶᠢᠯᠡᠭᠦᠯᠬᠦ ᠲᠠᠪᠴᠠᠩ ᠤᠨ ᠦᠢᠯᠡᠳᠦᠯ ᠨᠡᠩ

ᠲᠤᠪᠤᠶᠢᠮ᠎ᠠ ᠪᠤᠯᠵᠦ᠂ ᠨᠡᠶᠢᠯᠡᠭᠦᠯᠦᠭᠰᠡᠨ ᠪᠤᠳᠠᠳᠠᠢ ᠪᠡᠯᠡ ᠮᠦᠩᠬᠦ 22.3 ᠳ᠋ᠦᠩᠰᠢᠭᠤᠷ ᠲᠦᠭᠦᠷᠢᠭ ᠬᠦᠷᠪᠡ᠂ ︽

ᠦᠵᠡᠰᠭᠦᠯᠡᠩᠳᠦ ᠰᠠᠶᠢᠬᠠᠨ ᠬᠦᠳᠡᠭᠡ ᠠᠶᠢᠯ︾ ᠠᠵᠦ ᠦᠢᠯᠡᠰ ᠤᠨ ᠰᠠᠭᠤᠷᠢ ᠮᠦᠩᠬᠦ ᠶᠢ 4.1 ᠳ᠋ᠦᠩᠰᠢᠭᠤᠷ

ᠲᠦᠭᠦᠷᠢᠭ ᠭᠤᠶᠤᠴᠢᠯᠠᠨ ᠤᠯᠪᠠ᠃

    —— ᠬᠤᠳᠠ ᠬᠦᠳᠡᠭᠡ ᠶᠢᠨ ᠬᠦᠭᠵᠢᠯᠳᠡ ᠶᠢ ᠨᠢᠭᠡᠳᠦᠯᠳᠡᠢ ᠲᠦᠯᠦᠪᠯᠡᠨ ᠠᠬᠢᠭᠤᠯᠵᠦ᠂ ᠦᠢᠯᠡᠴᠢᠯᠡᠭᠡᠨ

 ᠤ ᠲᠤᠨᠤᠭ ᠲᠦᠭᠦᠭᠡᠷᠤᠮᠵᠢ ᠡᠳᠦᠷ ᠢᠷᠡᠭᠦᠶ᠎ᠡ ᠲᠡᠭᠦᠯᠳᠡᠷᠵᠢᠪᠡ᠃ ᠯᠦᠪᠸᠢ ᠪᠠᠯᠭᠠᠰᠤᠨ ᠤ ᠬᠤᠳᠠ ᠶᠢᠨ ᠶᠡᠷᠥᠩᠬᠡᠢ

ᠲᠦᠯᠦᠪᠵᠢᠭᠦᠯᠭᠡ ︵2016 — 2030 ᠤᠨ︶ ᠶᠢ ᠵᠠᠰᠠᠵᠦ ᠨᠠᠶᠢᠷᠠᠭᠤᠯᠤᠭᠰᠠᠨ ᠦᠷ᠎ᠡ ᠪᠦᠳᠦᠭᠡᠯ

ᠦᠪᠡᠷᠳᠡᠭᠡᠨ ᠵᠠᠰᠠᠬᠤ ᠤᠷᠤᠨ ᠤ ᠲᠤᠰᠬᠠᠢ ᠮᠡᠷᠭᠡᠵᠢᠯᠳᠡᠳ ᠤᠨ ᠬᠢᠨᠠᠨ ᠦᠨᠡᠯᠡᠯᠳᠡ ᠶᠢ ᠤᠯᠪᠠ᠂ 18 ᠰᠤᠮᠤ

ᠪᠠᠯᠭᠠᠰᠤ ᠲᠠᠯᠠᠪᠠᠢ ᠶᠢᠨ ᠶᠡᠷᠥᠩᠬᠡᠢ ᠲᠦᠯᠦᠪᠵᠢᠭᠦᠯᠭᠡ ᠶᠢ ᠪᠦᠬᠦᠨ ᠢ ᠨᠠᠶᠢᠷᠠᠭᠤᠯᠤᠨ ᠲᠠᠭᠤᠰᠬᠠᠵᠦ᠂ ᠪᠦᠬᠦ

ᠬᠤᠰᠢᠭᠤᠨ ᠤ ᠬᠤᠳᠠ ᠪᠠᠯᠭᠠᠰᠤᠵᠢᠯᠳᠡ ᠶᠢᠨ ᠨᠤᠷᠮ᠎ᠠ 2.1 ᠵᠠᠭᠤᠨ ᠤ ᠬᠤᠪᠢ ᠶᠢᠨ ᠴᠡᠭ ᠲᠡᠭᠡᠭᠰᠢᠯᠡᠵᠦ᠂ 48.

6% ᠪᠤᠯᠪᠠ᠃

︽ᠨᠢᠭᠡ ᠵᠡᠭᠡᠯᠢ ᠨᠢᠭᠡ ᠵᠠᠮ ᠨᠢᠭᠡ ᠪᠠᠯᠭᠠᠰᠤ ᠨᠢᠭᠡ ᠨᠡᠶᠢᠭᠡᠮ ᠲᠤᠭᠤᠷᠢᠭ︾ ᠤᠨ ᠢᠨᠵᠧᠨᠧᠷᠢᠩ ᠢ ᠪᠡᠶᠡᠯᠡᠭᠦᠯᠦᠨ᠂

ᠭᠤᠤᠯ ᠬᠤᠳᠠ ᠶᠢᠨ ᠲᠤᠭᠤᠷᠢᠭ ᠤᠨ ᠤᠷᠳᠤ ᠮᠦᠷᠡᠨ ᠵᠠᠮ ᠪᠠ ᠬᠠᠳᠤᠨ ᠭᠤᠤᠯ ᠵᠠᠮ ᠤᠨ ᠡᠮᠤᠨ᠎ᠡ ᠬᠡᠰᠡᠭ ᠤᠨ

ᠭᠤᠤᠯ ᠵᠠᠮ ᠢ ᠪᠠᠶᠢᠭᠤᠯᠤᠨ ᠲᠠᠭᠤᠰᠬᠠᠵᠦ ᠲᠡᠷᠭᠡ ᠨᠡᠪᠳᠡᠷᠡᠪᠡ᠂ 316 ᠵᠤᠷᠪᠤᠰ ᠵᠡᠭᠡᠯᠢ ᠭᠤᠳᠤᠮᠵᠢ ᠶᠢ 57

ᠺᠢᠯᠤᠮᠧᠲᠷ ᠵᠠᠰᠠᠵᠦ ᠬᠠᠳᠠᠭᠤᠷᠠᠭᠤᠯᠵᠦ᠂ ᠪᠤᠷᠤᠭᠠᠨ ᠤ ᠤᠰᠤ᠂ ᠤᠰᠤ ᠬᠠᠩᠭᠠᠬᠤ᠂ ᠢᠯᠴᠢ ᠬᠠᠩᠭᠠᠬᠤ ᠬᠤᠭᠤᠯᠠᠢ

ᠲᠤᠤᠷ ᠢ 20  ᠺᠢᠯᠤᠮᠧᠲᠷ ᠰᠢᠨᠡᠳᠭᠡᠵᠦ᠂ ᠭᠤᠤᠯ ᠬᠤᠳᠠ ᠶᠢᠨ ᠲᠤᠭᠤᠷᠢᠭ ᠲᠤ ᠪᠠᠶᠢᠭᠠᠯᠢ ᠶᠢᠨ ᠰᠢᠲᠠᠮᠠᠬᠠᠢ ᠬᠡᠢ

 ᠶᠢᠨ ᠬᠤᠭᠤᠯᠠᠢ ᠲᠤᠤᠷ ᠢ 15 ᠺᠢᠯᠤᠮᠧᠲᠷ ᠲᠡᠪᠢᠰᠴᠦ᠂ ᠴᠡᠴᠡᠷᠯᠢᠭ ᠤᠨ ᠨᠤᠭᠤᠭᠠᠷᠠᠭᠤᠯᠤᠯᠳᠠ ᠶᠢᠨ ᠲᠠᠯᠠᠪᠠᠢ 65.

8 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠨᠡᠮᠡᠭᠳᠡᠵᠦ᠂ ᠬᠠᠭᠤᠴᠢᠨ ᠬᠤᠳᠠ ᠶᠢᠨ ︵ᠪᠦᠷᠭᠡ ᠭᠡᠷ︶ ᠢ

460 ᠦᠭᠡᠷᠡᠴᠢᠯᠡᠨ ᠵᠠᠰᠠᠵᠦ᠂ 1088 ᠡᠷᠦᠬᠡ ᠬᠠᠭᠤᠴᠢᠷᠠᠭᠰᠠᠨ ᠮᠠᠭᠤᠬᠠᠢ ᠵᠢᠵᠢᠭ ᠲᠤᠭᠤᠷᠢᠭ ᠢ ᠵᠠᠰᠠᠵᠦ

ᠰᠢᠨᠡᠳᠭᠡᠪᠡ᠃ ᠬᠤᠳᠠ ᠬᠦᠳᠡᠭᠡ ᠶᠢ ᠠᠷᠢᠭᠤᠨ ᠴᠡᠪᠡᠷ ᠪᠤᠯᠭᠠᠬᠤ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂

ᠭᠤᠤᠯ ᠬᠤᠳᠠ ᠶᠢᠨ ᠲᠤᠭᠤᠷᠢᠭ ᠲᠤ ᠲᠤᠤᠷ ᠰᠦᠯᠵᠢᠶ᠎ᠡ ᠳᠡᠭᠡᠷ᠎ᠡ ᠬᠠᠮᠢᠶᠠᠷᠬᠤ ᠶᠢ ᠪᠡᠶᠡᠯᠡᠭᠦᠯᠦᠨ᠂ ᠭᠠᠴᠠᠭ᠎ᠠ

ᠲᠤᠰᠬᠤᠨ ︵ᠬᠤᠪᠢᠶᠠᠷᠢ ᠲᠠᠯᠠᠪᠠᠢ︶ ᠳᠤ 327 ᠨᠡᠷᠡᠰ ᠴᠡᠪᠡᠷᠯᠡᠭᠴᠢ ᠲᠤᠬᠢᠷᠠᠭᠤᠯᠤᠨ᠂ ᠬᠤᠳᠠ ᠬᠦᠳᠡᠭᠡ ᠶᠢᠨ

ᠤᠷᠴᠢᠨ ᠲᠤᠭᠤᠷᠢᠨ ᠤ ᠠᠷᠢᠭᠤᠨ ᠴᠡᠪᠡᠷ ᠢ ᠴᠡᠭᠴᠡᠯᠡᠬᠦ ᠠᠵᠢᠯ ᠢᠯᠡᠷᠬᠡᠢ ᠦᠷ᠎ᠡ ᠪᠦᠳᠦᠮᠵᠢ ᠤᠯᠪᠠ᠃ ᠴᠠᠬᠢᠯᠭᠠᠨ

ᠬᠦᠴᠦᠨ᠂ ᠴᠢᠮᠡᠭᠡ ᠬᠤᠯᠪᠤᠭ᠎ᠠ ᠵᠡᠷᠭᠡ ᠰᠠᠭᠤᠷᠢ ᠲᠤᠨᠤᠭ ᠲᠦᠭᠦᠭᠡᠷᠤᠮᠵᠢ ᠲᠠᠰᠤᠷᠠᠯᠳᠠ ᠦᠭᠡᠢ ᠰᠠᠶᠢᠵᠢᠷᠠᠪᠠ᠃

ᠮᠤᠳᠤ ᠴᠦᠬᠦᠷᠤᠮ ᠤᠨ ᠢᠨᠵᠧᠨᠧᠷᠢᠩ ᠳᠤ 1.1 ᠳ᠋ᠦᠩᠰᠢᠭᠤᠷ ᠲᠦᠭᠦᠷᠢᠭ ᠪᠡᠯᠡ ᠤᠷᠤᠭᠤᠯᠪᠠ᠃ ᠦᠶᠡᠷ ᠠᠮᠠᠷᠬᠠᠨ

ᠡᠭᠦᠰᠳᠡᠭ ᠠᠶᠢᠯ ᠲᠤᠰᠬᠤᠨ ᠤ 84 ᠺᠢᠯᠤᠮᠧᠲᠷ ᠭᠤᠤ ᠰᠤᠪᠠᠭ ᠢ ᠵᠠᠰᠠᠵᠦ᠂ ᠠᠷᠠᠳ ᠲᠦᠮᠡᠨ ᠤ ᠠᠮᠢ ᠨᠠᠰᠤ ᠡᠳ᠋

ᠬᠦᠷᠦᠩᠭᠡ ᠶᠢᠨ ᠠᠮᠤᠷ ᠲᠦᠪᠰᠢᠨ ᠢ ᠬᠦᠴᠦᠨ ᠲᠠᠢ ᠪᠠᠳᠤᠯᠠᠪᠠ᠃

      —— ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠶᠢ ᠪᠦᠬᠦ ᠲᠠᠯ᠎ᠠ ᠪᠠᠷ ᠴᠢᠩᠭᠠᠳᠬᠠᠵᠦ᠂

ᠤᠷᠤᠰᠢᠨ ᠰᠠᠭᠤᠬᠤ ᠤᠷᠴᠢᠨ ᠲᠤᠭᠤᠷᠢᠨ ᠢᠯᠡᠷᠬᠡᠢ ᠰᠠᠶᠢᠵᠢᠷᠠᠪᠠ᠃ ᠬᠤᠷᠴᠢᠨ ᠤ ᠡᠯᠡᠰᠤᠷᠬᠡᠭ ᠭᠠᠵᠠᠷ ᠢ ︽ᠬᠤᠤᠰ

 ᠮᠢᠩᠭᠠᠨ‌‍ᠲ᠋ᠦ᠋ᠮᠡᠨ ᠤ ᠮᠤ᠋︾ ᠶᠡᠷᠥᠩᠬᠡᠶᠢᠯᠡᠨ ᠵᠠᠰᠠᠬᠤ ᠲᠦᠷᠦᠯ ᠵᠦᠢᠯ ᠢ 83 ᠲᠦᠮᠡᠨ ᠮᠤ᠋ ᠪᠡᠶᠡᠯᠡᠭᠦᠯᠵᠦ᠂ 44

ᠲᠦᠮᠡᠨ ᠮᠤ᠋ ᠲᠠᠷᠢᠶᠠᠯᠠᠬᠤ ᠶᠢ ᠵᠤᠭᠰᠤᠭᠠᠵᠦ ᠡᠪᠡᠰᠤ ᠮᠤᠳᠦ ᠶᠢ ᠰᠡᠷᠭᠦᠭᠡᠵᠦ᠂ 308 ᠠᠶᠢᠯ ᠲᠤᠰᠬᠤᠨ ᠢ  

ᠨᠤᠭᠤᠭᠠᠷᠠᠭᠤᠯᠪᠠ᠃ ᠮᠠᠯᠵᠢᠬᠤ ᠶᠢ ᠴᠠᠭᠠᠵᠠᠯᠠᠨ ᠬᠠᠰᠢᠶᠠᠯᠠᠨ ᠳᠡᠵᠢᠬᠡᠬᠦ ᠪᠠ ᠪᠡᠯᠴᠢᠬᠡᠷ ᠮᠠᠯ ᠢ ᠳᠡᠩᠴᠡᠬᠦᠯᠬᠦ ᠲᠦᠷᠢᠮ

 ᠢ ᠴᠢᠩᠭ᠎ᠠ ᠬᠡᠷᠡᠭᠵᠢᠬᠦᠯᠤᠨ᠂267 ᠲᠦᠮᠡᠨ ᠲᠤᠯᠤᠭᠠᠢ ᠮᠠᠯ ᠳᠠᠸᠠᠷᠴᠢᠯᠠᠪᠠ᠃ ︽ᠭᠤᠷᠪᠠᠨ ᠲᠤᠷ᠎ᠠ ᠲᠠᠪᠠ︾ ᠪᠠᠷ

ᠭᠤᠤᠯ ᠪᠤᠯᠭᠠᠭᠰᠠᠨ ᠡᠯ᠎ᠡ ᠲᠦᠷᠦᠯ ᠤᠨ ᠠᠮᠢ ᠠᠬᠤᠢ ᠶᠢᠨ ᠣᠷᠴᠢᠨ ᠲᠤᠭᠤᠷᠢᠨ ᠢ ᠡᠪᠳᠡᠭᠰᠡᠨ ᠬᠠᠤᠯᠢ ᠠᠴᠠ

ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠤᠢ ᠰᠢᠭᠤᠢ ᠨᠤᠳᠤᠭ ᠪᠡᠯᠴᠢᠭᠡᠷ ᠤᠨ ᠭᠠᠯ

ᠰᠡᠷᠭᠡᠶᠢᠯᠡᠬᠦ ᠠᠵᠢᠯ ᠦᠷᠭᠦᠯᠵᠢᠯᠡᠨ 17 ᠵᠢᠯ ︽ᠬᠤᠤᠰ ᠦᠭᠡᠢ︾ ᠬᠠᠷᠠᠯᠳᠠ ᠶᠢ ᠪᠡᠶᠡᠯᠡᠭᠦᠯᠪᠡ᠃ ᠠᠮᠢ ᠠᠬᠤᠢ ᠶᠢᠨ

ᠤᠷᠴᠢᠨ ᠲᠤᠭᠤᠷᠢᠨ ᠤ ᠠᠮᠤᠷ ᠲᠦᠪᠰᠢᠨ ᠢ ᠡᠬᠢ ᠦᠨᠳᠦᠰᠦ ᠠᠴᠠ ᠨᠢ ᠵᠠᠰᠠᠬᠤ ᠠᠵᠢᠯ ᠢᠯᠡᠷᠬᠡᠢ ᠦᠷ᠎ᠡ ᠪᠦᠳᠦᠮᠵᠢ

ᠤᠯᠵᠦ᠂ ᠲᠦᠪ ᠤᠨ ᠤᠷᠴᠢᠨ ᠲᠤᠭᠤᠷᠢᠨ ᠢ ᠬᠠᠮᠭᠠᠯᠠᠬᠤ ᠱᠠᠭᠠᠷᠳᠠᠨ ᠪᠠᠶᠢᠴᠠᠭᠠᠬᠤ ᠲᠤᠭᠤᠶᠢᠯᠠᠩ ᠤᠨ ᠲᠤᠰᠢᠶᠠᠵᠦ

ᠬᠢᠯᠭᠡᠭᠰᠡᠨ ᠤᠷᠴᠢᠨ ᠲᠤᠭᠤᠷᠢᠨ ᠤ ᠲᠤᠬᠠᠢ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠪᠦᠬᠦᠨ ᠢ ᠭᠦᠢᠴᠡᠳᠭᠡᠪᠡ᠂

ᠴᠠᠬᠢᠯᠭᠠᠨ ᠢᠶᠠᠷ ᠬᠦᠩᠭᠡᠨᠴᠠᠭᠠᠨ ᠢ ᠵᠠᠳᠠᠷᠠᠭᠤᠯᠵᠦ ᠠᠵᠦ ᠠᠬᠤᠶᠢᠯᠠᠯ ᠤᠨ ᠤᠳᠤᠭ᠎ᠠ ᠲᠤᠭᠤᠰᠤ ᠪᠤᠬᠢᠷᠳᠣᠯ ᠪᠤᠳᠠᠰ

 ᠤᠨ ᠭᠠᠳᠠᠭᠰᠢᠯᠠᠯᠳᠠ ᠶᠢ ᠲᠡᠭ ᠲᠤ ᠤᠶᠢᠷᠠᠳᠤᠭᠤᠯᠬᠤ ᠲᠠᠭᠤᠷᠢᠶᠠᠯ ᠦᠵᠡᠭᠦᠯᠬᠦ ᠢᠨᠵᠧᠨᠧᠷᠢᠩ ᠢ ᠪᠦᠬᠦ ᠲᠠᠯ᠎ᠠ ᠪᠠᠷ

ᠲᠦᠯᠬᠢᠨ ᠠᠬᠢᠭᠤᠯᠵᠦ᠂ ᠬᠦᠩᠭᠡᠨᠴᠠᠭᠠᠨ ᠪᠤᠯᠪᠠᠰᠤᠷᠠᠭᠤᠯᠬᠤ ᠠᠵᠦ ᠠᠬᠤᠶᠢᠯᠠᠯ ᠪᠦᠬᠦᠨ ᠤᠷᠴᠢᠨ ᠲᠤᠭᠤᠷᠢᠨ ᠢ

ᠬᠠᠮᠭᠠᠯᠠᠬᠤ ᠮᠡᠷᠭᠡᠵᠢᠯ ᠤᠨ ᠰᠢᠨᠡᠴᠢᠯᠡᠯᠳᠡ ᠬᠢᠪᠡ᠃ ᠵᠠᠬᠠᠨᠠᠭᠤᠷ ᠠᠵᠦ ᠦᠢᠯᠡᠳᠪᠤᠷᠢ ᠶᠢᠨ ᠲᠤᠭᠤᠷᠢᠭ ᠤᠨ ᠪᠤᠬᠢᠷ

ᠤᠰᠤ ᠶᠢ ᠰᠢᠢᠳᠪᠤᠷᠢᠯᠡᠬᠦ ᠦᠢᠯᠡᠳᠪᠤᠷᠢ ᠠᠰᠢᠭᠯᠠᠯᠳᠠ ᠳᠤ ᠤᠷᠤᠪᠠ᠂ ᠯᠦᠪᠸᠢ ᠠᠵᠦ ᠦᠢᠯᠡᠳᠪᠤᠷᠢ ᠶᠢᠨ

ᠲᠤᠭᠤᠷᠢᠭ ᠤᠨ ᠪᠤᠬᠢᠷ ᠤᠰᠤ ᠬᠤᠭᠤᠯᠠᠢ ᠲᠤᠤᠷ ᠤᠨ ᠦᠭᠡᠷᠡᠴᠢᠯᠡᠯᠳᠡ ᠶᠢ ᠲᠠᠭᠤᠰᠠᠬᠠᠵᠦ᠂ ᠯᠦᠪᠸᠢ ᠶᠢᠨ ᠪᠤᠬᠢᠷ

ᠤᠰᠤ ᠶᠢ ᠰᠢᠢᠳᠪᠤᠷᠢᠯᠡᠬᠦ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠠᠰᠢᠭᠯᠠᠯᠳᠠ ᠳᠤ ᠤᠷᠤᠪᠠ᠃ ᠬᠡᠷᠡᠭᠯᠡᠭᠡᠨ

 ᠤ ᠤᠰᠤ ᠶᠢ ᠪᠤᠴᠠᠭᠠᠨ ᠬᠡᠷᠡᠭᠯᠡᠬᠦ ᠢᠨᠵᠧᠨᠧᠷᠢᠩ ᠡᠬᠢᠯᠡᠨ ᠡᠷᠭᠢᠯᠳᠡ ᠳᠤ ᠤᠷᠤᠵᠦ᠂ ᠰᠢᠨ᠎ᠡ ᠪᠠᠷ 30 ᠠᠭᠤᠷ ᠲᠤᠨ

 ᠤ ᠲᠦᠪᠯᠡᠷᠡᠭᠦᠯᠦᠨ ᠢᠯᠴᠢ ᠬᠠᠩᠭᠠᠬᠤ ᠦᠢᠯᠡᠳᠪᠤᠷᠢ ᠶᠢᠨ ᠲᠠᠰᠤᠭ 1 ᠪᠠᠶᠢᠭᠤᠯᠤᠨ᠂ ᠲᠠᠰᠤᠭ ᠲᠤ 3 ᠬᠦᠬᠦᠷ

ᠦᠭᠡᠶᠢᠳᠡᠭᠦᠯᠬᠦ ᠲᠦᠭᠦᠭᠡᠷᠤᠮᠵᠢ ᠢ ᠤᠭᠰᠠᠷᠠᠭᠤᠯᠵᠦ᠂10 ᠠᠭᠤᠷ ᠲᠤᠨ ᠠᠴᠠ ᠲᠤᠷᠤᠭᠰᠢ ᠨᠡᠭᠦᠷᠡᠰᠤ ᠰᠢᠳᠠᠭᠠᠬᠤ

ᠵᠢᠵᠢᠭ ᠵᠤᠤᠬ᠎ᠠ ᠶᠢ 67 ᠲᠠᠶᠠᠭᠳᠠᠭᠤᠯᠤᠨ᠂ ᠡᠨᠧᠷᠬᠢ ᠠᠷᠪᠢᠯᠠᠬᠤ ᠪᠤᠬᠢᠷᠳᠤᠯ ᠪᠤᠳᠠᠰ ᠤᠨ ᠭᠠᠳᠠᠭᠰᠢᠯᠠᠯᠳᠠ ᠶᠢ

ᠪᠠᠭᠠᠰᠬᠠᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠪᠡ᠃

     —— ᠦᠭᠡᠷᠡᠴᠢᠯᠡᠯᠳᠡ ᠨᠡᠬᠡᠭᠡᠯᠳᠡ ᠪᠦᠬᠦ ᠲᠠᠯ᠎ᠠ ᠪᠠᠷ ᠬᠦᠨᠵᠡᠭᠡᠶᠢᠷᠡᠨ᠂ ᠬᠦᠭᠵᠢᠯᠳᠡ ᠶᠢᠨ ᠠᠮᠢᠵᠢᠷᠡᠯ

 ᠤᠨ ᠬᠦᠴᠦᠨ ᠦᠷᠭᠦᠯᠵᠢᠯᠡᠨ ᠴᠢᠩᠭᠠᠷᠠᠪᠠ᠃ ︽ᠭᠤᠷᠪᠠ ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠨᠢᠭᠡ ᠶᠢ

ᠨᠦᠬᠦᠪᠦᠷᠢᠯᠡᠬᠦ︾ ᠪᠤᠳᠠᠳᠠᠢ ᠦᠷ᠎ᠡ ᠪᠦᠳᠦᠮᠵᠢ ᠭᠠᠷᠴᠦ᠂ ᠬᠤᠴᠤᠷᠤᠩᠭᠤᠢ ᠦᠢᠯᠡᠳᠪᠤᠷᠢ ᠶᠢᠨ ᠴᠢᠳᠠᠪᠤᠷᠢ ᠢ ᠡᠷᠡᠰ

ᠲᠠᠶᠠᠭᠳᠠᠭᠤᠯᠤᠨ᠂ ︽ᠤᠷᠤᠨ ᠰᠠᠭᠤᠴᠠ ᠶᠢᠨ ᠡᠬᠢ ᠰᠤᠷᠪᠤᠯᠵᠢ ᠶᠢᠨ ᠵᠠᠬ᠎ᠠ ᠳᠡᠯᠭᠡᠭᠦᠷ︾ ᠢ ᠪᠠᠶᠢᠭᠤᠯᠵᠦ᠂ ᠪᠦᠬᠦ

ᠬᠦᠴᠦᠨ ᠢᠶᠠᠷ ᠢᠶᠠᠨ ᠬᠦᠮᠦᠷᠭᠡ ᠶᠢᠨ ᠬᠠᠳᠠᠭᠠᠯᠠᠮᠵᠢ ᠪᠠᠨ ᠪᠠᠭᠠᠰᠬᠠᠵᠦ᠂ ︽ᠡᠵᠡᠩᠨᠡᠯᠳᠡ ᠶᠢᠨ ᠭᠠᠶᠢᠯᠢ ᠶᠢ ᠨᠡᠮᠡᠭᠳᠡᠯ

ᠭᠠᠶᠢᠯᠢ ᠪᠤᠯᠭᠠᠨ ᠦᠭᠡᠷᠡᠴᠢᠯᠡᠬᠦ︾ ᠭᠠᠶᠢᠯᠢ ᠬᠠᠰᠤᠬᠤ ᠰᠤᠶᠢᠳᠭᠡᠯ ᠪᠠᠭᠤᠷᠠᠭᠤᠯᠬᠤ ᠶᠢ ᠬᠡᠷᠡᠭᠵᠢᠭᠦᠯᠦᠨ᠂ ᠠᠮᠢ

ᠠᠬᠤᠢ ᠤᠷᠴᠢᠨ ᠲᠤᠭᠤᠷᠢᠨ ᠢ ᠬᠠᠮᠭᠠᠯᠠᠬᠤ᠂ ᠠᠷᠠᠳ ᠤᠨ ᠠᠮᠢᠳᠤᠷᠠᠯ ᠢ ᠪᠠᠳᠤᠯᠠᠬᠤ ᠵᠡᠷᠭᠡ ᠲᠠᠯ᠎ᠠ ᠶᠢᠨ ᠬᠦᠭᠵᠢᠯᠳᠡ

 ᠶᠢᠨ ᠬᠦᠷᠦᠯᠴᠡᠬᠦ ᠦᠭᠡᠢ ᠲᠠᠯ᠎ᠠ ᠢᠯᠡᠷᠬᠡᠢ ᠰᠠᠶᠢᠵᠢᠷᠠᠪᠠ᠃ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ 3758

ᠲᠦᠷᠦᠯ ᠤᠨ ᠡᠷᠬᠡ ᠦᠭᠴᠡᠭᠡ ᠶᠢᠨ ᠲᠤᠳᠤᠷᠬᠠᠢ ᠬᠠᠭᠤᠳᠠᠰᠤ ᠪᠠ174 ᠵᠦᠢᠯ ᠤᠨ ᠰᠤᠭᠤᠯᠠᠨ ᠪᠠᠶᠢᠴᠠᠭᠠᠬᠤ ᠬᠡᠷᠡᠭ

ᠶᠠᠪᠤᠳᠠᠯ ᠢ ᠴᠠᠭ ᠲᠤᠬᠠᠢ ᠳᠤ ᠨᠢ ᠨᠡᠶᠢᠭᠡᠮ ᠳᠡᠭᠡᠷ᠎ᠡ ᠢᠯᠡ ᠪᠤᠯᠭᠠᠪᠠ᠃ ᠨᠤᠳᠤᠭ ᠪᠡᠯᠴᠢᠭᠡᠷ ᠤᠨ ᠡᠷᠬᠡ ᠶᠢ

ᠲᠤᠳᠤᠯᠠᠬᠤ ᠪᠠ ᠵᠢᠵᠢᠭ ᠤᠰᠤᠨ ᠠᠰᠢᠭᠯᠠᠯᠳᠡ ᠶᠢᠨ ᠢᠨᠵᠧᠨᠧᠷᠢᠩ ᠤᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ

ᠦᠭᠡᠷᠡᠴᠢᠯᠡᠯᠳᠡ ᠶᠢᠨ ᠲᠤᠷᠰᠢᠬᠤ ᠴᠡᠭ ᠤᠨ ᠠᠵᠢᠯ ᠰᠢᠯᠭᠠᠨ ᠪᠠᠶᠢᠴᠠᠭᠠᠯᠳᠠ ᠶᠢ ᠦᠩᠭᠡᠷᠡᠭᠦᠯᠪᠡ᠃ ᠬᠤᠳᠠ ᠶᠢᠨ

ᠬᠠᠮᠢᠶᠠᠷᠤᠯᠳᠠ ᠶᠢᠨ ᠲᠤᠭᠳᠠᠴᠠ ᠵᠢᠴᠢ ᠵᠠᠰᠠᠭ ᠵᠠᠬᠢᠷᠭᠠᠨ ᠤ ᠶᠡᠷᠥᠩᠬᠡᠢ ᠬᠠᠤᠯᠢ ᠬᠡᠷᠡᠭᠵᠢᠭᠦᠯᠬᠦ ᠦᠭᠡᠷᠡᠴᠢᠯᠡᠯᠳᠡ ᠶᠢᠨ

ᠠᠵᠢᠯ ᠪᠦᠬᠦ ᠬᠤᠳᠠ ᠶᠢᠨ ᠡᠮᠤᠨ᠎ᠡ ᠵᠢᠭᠰᠠᠭᠠᠭᠳᠠᠪᠠ᠃ ᠨᠡᠶᠢᠳᠡ ᠶᠢᠨ ᠡᠬᠢ ᠪᠠᠶᠠᠯᠢᠭ ᠢ ᠰᠦᠯᠵᠢᠶᠡᠨ ᠳᠡᠭᠡᠷ᠎ᠡ

ᠠᠷᠠᠯᠵᠢᠶᠠᠯᠠᠬᠤ᠂ ︽ᠲᠠᠪᠤᠨ ᠦᠨᠡᠮᠯᠡᠯ ᠢ ᠨᠢᠭᠡ ᠪᠤᠯᠭᠠᠬᠤ᠂ ᠨᠢᠭᠡ ᠲᠡᠪᠳᠡᠷ ᠨᠢᠭᠡ ᠨᠤᠮᠧᠷ︾ ᠢ ᠬᠢᠨᠠᠨ ᠵᠦᠪᠰᠢᠶᠡᠷᠡᠬᠦ

᠂ ᠲᠤᠭᠳᠠᠮᠠᠯ ᠬᠦᠷᠦᠩᠭᠡ ᠶᠢ ᠲᠠᠩᠰᠠᠯᠠᠨ ᠦᠨᠡᠮᠯᠡᠯ ᠦᠭᠬᠦ᠂ ᠬᠤᠳᠠ ᠬᠦᠳᠡᠭᠡ ᠶᠢᠨ ᠡᠮ ᠡᠮᠨᠡᠯᠭᠡ ᠶᠢᠨ ᠲᠠᠭᠠᠳᠬᠠᠯ ᠢ

ᠨᠢᠭᠡᠳᠭᠡᠬᠦ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠡ ᠵᠡᠷᠭᠡ ᠨᠢᠭᠡ ᠪᠦᠯᠦᠭ ᠵᠠᠩᠭᠢᠯᠠᠭ᠎ᠠ ᠶᠢᠨ

ᠬᠦᠷᠢᠶ᠎ᠡ ᠬᠡᠪᠴᠢᠶᠡᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃ ᠲᠤᠮᠳᠠᠳᠤ ᠮᠤᠩᠭᠤᠯ ᠤᠨ ︽

3 + 3︾ ᠶᠢᠨ ᠭᠠᠵᠠᠷ ᠤᠷᠤᠨ ᠤ ᠬᠤᠷᠰᠢᠶ᠎ᠡ ᠳᠤ ᠢᠳᠡᠪᠬᠢᠳᠡᠢ ᠤᠷᠤᠯᠴᠠᠵᠦ᠂ ᠮᠤᠩᠭᠤᠯ ᠤᠯᠤᠰ ᠤᠨ ᠬᠤᠶᠠᠷ

ᠠᠶᠢᠮᠠᠭ ᠲᠠᠢ ᠤᠷᠳᠤ ᠬᠤᠭᠤᠴᠭᠠᠨ ᠤ ᠨᠦᠬᠦᠷᠰᠡᠭ ᠰᠠᠨᠠᠮᠵᠢ ᠶᠢᠨ ᠪᠢᠴᠢᠭ ᠲᠤᠭᠳᠠᠪᠠ᠃ ᠪᠠᠷ ᠵᠢᠷᠤᠭ ᠪᠠ ᠮᠤᠩᠭᠤᠯ

ᠤᠷᠠᠨ ᠪᠢᠴᠢᠯᠭᠡ ᠮᠤᠩᠭᠤᠯ ᠤᠯᠤᠰ ᠲᠤ ᠠᠮᠵᠢᠯᠳᠡ ᠲᠠᠢ ᠪᠠᠷ ᠦᠵᠡᠭᠦᠯᠦᠯᠭᠡ ᠬᠢᠵᠦ᠂ ᠮᠤᠩᠭᠤᠯ ᠤᠯᠤᠰ ᠯᠤᠭ᠎ᠠ

 ᠶᠢᠨ ᠰᠤᠷᠭᠠᠨ ᠬᠦᠮᠦᠵᠢᠯ ᠰᠤᠶᠤᠯ ᠤᠨ ᠰᠤᠯᠢᠯᠴᠠᠭ᠎ᠠ ᠤᠯᠠᠮ ᠨᠢᠭᠳᠠ ᠪᠤᠯᠪᠠ᠃

     —— ᠠᠷᠠᠳ ᠤᠨ ᠠᠮᠢᠳᠤᠷᠠᠯ ᠤᠨ ᠪᠠᠳᠤᠯᠠᠭ᠎ᠠ ᠦᠨᠡᠨᠬᠦ ᠴᠢᠩᠭᠠᠷᠠᠵᠦ᠂ ᠨᠡᠶᠢᠭᠡᠮ ᠤᠨ ᠠᠵᠢᠯ ᠦᠢᠯᠡᠰ

ᠪᠦᠬᠦ ᠲᠠᠯ᠎ᠠ ᠪᠠᠷ ᠳᠠᠪᠰᠢᠪᠡ᠃ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠲᠠᠪᠤᠳᠤᠭᠠᠷ ᠤᠳᠠᠭᠠᠨ ᠤ

ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠳᠡᠭᠡᠷ᠎ᠡ ᠲᠤᠭᠳᠠᠭᠠᠰᠠᠨ ᠨᠠᠢᠮᠠᠨ ᠵᠦᠢᠯ ᠤᠨ ᠠᠷᠠᠳ ᠤᠨ

ᠠᠮᠢᠳᠤᠷᠠᠯ ᠤᠨ ᠢᠨᠵᠧᠨᠧᠷᠢᠩ ᠢ ᠪᠦᠬᠦ ᠲᠠᠯ᠎ᠠ ᠪᠠᠷ ᠪᠡᠶᠡᠯᠡᠭᠦᠯᠪᠡ᠃ ᠬᠤᠳᠠ ᠪᠠᠯᠭᠠᠰᠤᠨ ᠤ ᠰᠢᠨ᠎ᠡ ᠪᠠᠷ ᠠᠵᠢᠯ

ᠤᠯᠤᠭᠰᠠᠨ ᠬᠦᠮᠦᠨ1702 ᠬᠦᠷᠴᠦ᠂ ᠦᠢᠯᠡᠰ ᠪᠤᠰᠬᠠᠬᠤ ᠪᠠᠭ᠎ᠠ ᠲᠤᠭᠠᠨ ᠤ ᠵᠢᠭᠡᠯᠡᠯᠭᠡ 2705 ᠲᠦᠮᠡᠨ

ᠲᠦᠭᠦᠷᠢᠭ ᠲᠠᠯᠪᠢᠵᠦ᠂ ᠲᠠᠷᠢᠶᠠᠴᠢᠨ ᠮᠠᠯᠴᠢᠳ ᠢ ᠰᠢᠯᠵᠢᠭᠦᠯᠦᠨ 8.1 ᠲᠦᠮᠡᠨ ᠬᠦᠮᠦᠨ ᠳᠤ ᠠᠵᠢᠯ ᠤᠯᠭᠤᠪᠠ᠃

︽ᠲᠠᠪᠤᠨ ᠲᠠᠭᠠᠳᠬᠠᠯ︾ ᠳᠤ ᠤᠷᠤᠯᠴᠠᠭᠰᠠᠨ ᠬᠦᠮᠦᠨ 27.8 ᠲᠦᠮᠡᠨ ᠪᠤᠯᠪᠠ᠃ ᠨᠡᠶᠢᠭᠡᠮ ᠤᠨ ᠠᠪᠤᠷᠠᠨ

ᠲᠡᠳᠭᠦᠬᠦ ᠪᠡᠯᠡ ᠮᠦᠩᠬᠦ ᠶᠢ 1.7 ᠳ᠋ᠦᠩᠰᠢᠭᠤᠷ ᠲᠦᠭᠦᠷᠢᠭ ᠲᠠᠷᠬᠠᠭᠠᠵᠦ᠂ 4.5 ᠲᠦᠮᠡᠨ ᠬᠦᠮᠦᠨ ᠢ

ᠬᠠᠷᠠᠭᠠᠯᠵᠠᠪᠠ᠃ ᠰᠢᠨᠵᠢᠯᠡᠭᠡ ᠮᠡᠷᠭᠡᠵᠢᠯ ᠤᠨ ᠰᠤᠷᠭᠠᠭᠤᠯᠢ ᠶᠢ 8 ᠰᠠᠭᠤᠷᠢ ᠡᠷᠬᠢᠯᠡᠨ ᠪᠠᠶᠢᠭᠤᠯᠵᠦ᠂ ᠤᠯᠤᠰ ᠤᠨ

ᠳᠡᠰ ᠤᠨ ᠰᠢᠨᠵᠢᠯᠡᠭᠡ ᠮᠡᠷᠭᠡᠵᠢᠯ ᠤᠨ ᠴᠢᠳᠠᠪᠤᠷᠢᠳᠠᠨ ᠢ 33 ᠲᠠᠳᠠᠨ ᠤᠷᠤᠭᠤᠯᠪᠠ᠃ ᠵᠠᠷᠤᠳ ᠬᠤᠶᠠᠳᠤᠭᠠᠷ

ᠲᠤᠮᠳᠠᠳᠦ ᠰᠤᠷᠭᠠᠭᠤᠯᠢ ᠪᠠ ᠠᠵᠢᠯ ᠮᠡᠷᠭᠡᠵᠢᠯ ᠤᠨ ᠮᠠᠯ ᠠᠵᠦ ᠠᠬᠤᠢ ᠶᠢᠨ ᠲᠠᠳᠤᠯᠭ᠎ᠠ ᠶᠢᠨ ᠰᠠᠭᠤᠷᠢᠨ ᠢ

ᠪᠠᠶᠢᠭᠤᠯᠤᠨ ᠳᠠᠭᠤᠰᠬᠠᠵᠦ᠂ 46 ᠰᠠᠭᠤᠷᠢ ᠰᠤᠷᠭᠠᠭᠤᠯᠢ ᠵᠢᠴᠢ ᠵᠢᠭᠠᠨ ᠰᠤᠷᠭᠠᠬᠤ ᠴᠡᠭ ᠢ ᠰᠢᠨ᠎ᠡ ᠪᠠᠷ

ᠪᠠᠶᠢᠭᠤᠯᠤᠭᠰᠠᠨ ᠪᠠ ᠰᠢᠨᠡᠳᠭᠡᠨ ᠵᠠᠰᠠᠵᠦ᠂ ︽ᠰᠤᠷᠭᠠᠭᠤᠯᠢ ᠪᠦᠷᠢ ᠳᠤ ᠨᠡᠪᠳᠡᠷᠡᠬᠦ︾ ᠢᠵᠢᠯ ᠳᠠᠪᠳᠠᠮᠵᠢᠳᠣ

ᠬᠠᠷᠢᠯᠴᠠᠨ ᠬᠦᠳᠡᠯᠤᠯᠴᠡᠬᠦ ᠲᠦᠭᠦᠭᠡᠷᠤᠮᠵᠢ ᠪᠦᠬᠦ ᠬᠤᠰᠢᠭᠤᠨ ᠤ ᠲᠤᠮᠳᠠᠳᠦ ᠪᠠᠭ᠎ᠠ ᠰᠤᠷᠭᠠᠭᠤᠯᠢ ᠳᠤ

ᠲᠦᠭᠡᠮᠡᠯᠵᠢᠯᠡᠪᠡ᠃ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠦᠪ᠂ ᠬᠦᠯ ᠪᠦᠮᠪᠦᠭᠡ ᠶᠢᠨ

ᠰᠤᠷᠭᠠᠭᠤᠯᠢᠯᠠᠯ ᠤᠨ ᠲᠦᠪ ᠪᠠ ᠠᠬᠠᠮᠠᠳ ᠺᠠᠳ᠋ᠷ ᠤᠨ ᠲᠤᠤᠷ ᠪᠦᠮᠪᠦᠭᠡ ᠶᠢᠨ ᠤᠷᠳᠤᠨ ᠠᠰᠢᠭᠯᠠᠯᠳᠠ ᠳᠤ ᠤᠷᠤᠪᠠ᠃

ᠮᠠᠨ ᠤ ᠬᠤᠰᠢᠭᠤ ᠬᠦᠬᠡᠬᠤᠳᠠ ᠳᠤ ᠵᠠᠷᠣᠳ ᠦᠨᠳᠦᠰᠦᠳᠡᠨ ᠤ ᠰᠤᠶᠤᠯ ᠤᠨ ᠰᠠᠷ᠎ᠠ ᠶᠢᠨ ᠦᠵᠡᠭᠦᠯᠦᠯᠭᠡ ᠶᠢᠨ

ᠲᠤᠭᠯᠠᠯᠳᠠ ᠶᠢ ᠠᠮᠵᠢᠯᠳᠡ ᠲᠠᠢ ᠡᠷᠬᠢᠯᠡᠵᠦ᠂ ᠤᠯᠠᠭᠠᠨᠮᠦ᠋ᠴᠢᠷ ᠦᠪᠡᠷᠳᠡᠭᠡᠨ ᠵᠠᠰᠠᠬᠤ ᠤᠷᠤᠨ ᠢ ᠲᠦᠯᠦᠭᠡᠯᠡᠨ᠂

ᠵᠢᠷᠭᠤᠭᠠᠨ ᠮᠤᠵᠢ ᠤᠷᠤᠨ ᠤ ᠴᠦᠬᠡᠨ ᠲᠤᠭᠠᠳᠦ ᠦᠨᠳᠦᠰᠦᠳᠡᠨ ᠤ ᠰᠤᠶᠤᠯ ᠤᠷᠠᠯᠢᠭ ᠤᠨ ᠦᠵᠡᠭᠦᠯᠦᠯᠭᠡ ᠳᠤ

ᠤᠷᠤᠯᠴᠠᠵᠦ᠂ ᠷᠠᠳᠢᠤ᠋ ᠲᠧᠯᠸᠢᠰ ᠤᠨ ᠦᠢᠯᠡᠰ ᠰᠢᠨ᠎ᠡ ᠶᠢ ᠡᠭᠦᠳᠦᠨ ᠬᠦᠭᠵᠢᠪᠡ᠃ ᠦᠨᠳᠦᠰᠦᠨ ᠱᠠᠳᠤᠨ ᠤ 2

ᠡᠮᠨᠡᠯᠭᠡ ᠶᠢᠨ ᠬᠤᠷᠢᠶ᠎ᠠ᠂ ᠭᠠᠴᠠᠭ᠎ᠠ ᠲᠤᠰᠬᠤᠨ ᠤ 45 ᠡᠮᠨᠡᠯᠭᠡ ᠶᠢᠨ ᠭᠡᠷ ᠢ ᠰᠢᠨ᠎ᠡ ᠪᠠᠶᠢᠭᠤᠯᠵᠦ᠂ ᠬᠤᠰᠢᠭᠤᠨ ᠤ

ᠠᠷᠠᠳ ᠤᠨ ᠡᠮᠨᠡᠯᠭᠡ ᠶᠢᠨ ᠬᠤᠷᠢᠶᠠᠨ ᠤ ᠭᠠᠳᠠᠷ ᠡᠮᠨᠡᠯᠭᠡ ᠶᠢᠨ ᠠᠰᠠᠷ ᠠᠰᠢᠭᠯᠠᠯᠳᠠ ᠳᠤ ᠤᠷᠤᠵᠦ᠂ 9015

ᠬᠦᠮᠦᠨ ᠳᠤ ᠰᠤᠶᠢᠳᠭᠡᠯ ᠬᠤᠷᠢᠶᠠᠬᠤ ᠦᠭᠡᠢ ᠪᠠᠷ ᠪᠡᠶ᠎ᠡ ᠶᠢᠨ ᠪᠠᠶᠢᠴᠠᠭᠠᠯᠳᠠ ᠬᠢᠵᠦ ᠦᠭᠪᠡ᠃ ᠲᠦᠯᠦᠪᠯᠡᠭᠡᠳᠦ

ᠦᠷᠡᠵᠢᠯ ᠤᠨ ᠦᠢᠯᠡᠴᠢᠯᠡᠭᠡ ᠬᠠᠮᠢᠶᠠᠷᠤᠯᠳᠠ ᠪᠠᠨ ᠴᠢᠩᠭᠠᠳᠬᠠᠵᠦ᠂ ᠬᠤᠶᠠᠷ ᠬᠡᠦᠬᠡᠳ ᠠᠪᠬᠤ ᠲᠦᠷᠦ ᠶᠢᠨ

ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠵᠤᠯ ᠵᠢᠷᠭᠠᠯᠳᠤ ᠨᠡᠶᠢᠭᠡᠮ ᠲᠤᠭᠤᠷᠢᠭ ᠤᠨ ᠪᠠᠶᠢᠭᠤᠯᠤᠯᠳᠠ

 ᠶᠢᠨ ᠴᠢᠨᠠᠷ ᠳᠡᠭᠡᠭᠰᠢᠯᠡᠵᠦ ᠬᠡᠪᠴᠢᠶ᠎ᠡ ᠦᠷᠭᠡᠳᠭᠡᠪᠡ᠃ ᠬᠤᠰᠢᠭᠤᠨ ᠤ ᠠᠵᠢᠯᠴᠢᠨ ᠤ ᠶᠡᠷᠥᠩᠬᠡᠢ ᠡᠪᠯᠡᠯ ︽ᠪᠦᠬᠦ

ᠤᠯᠤᠰ ᠤᠨ ᠠᠵᠢᠯᠴᠢᠨ ᠤ ᠡᠪᠯᠡᠯ ᠤᠨ ᠲᠡᠷᠢᠭᠦᠨ ᠤ ᠬᠠᠮᠳᠦ ᠨᠢᠭᠡᠴᠡ︾ ᠶᠢᠨ ᠢᠷᠡᠭᠤ ᠠᠯᠳᠠᠷ ᠢ ᠬᠦᠷᠳᠡᠪᠡ᠃

ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠢ ᠶᠢ ᠬᠢᠨᠠᠨ ᠬᠠᠮᠢᠶᠠᠷᠬᠤ ᠰᠢᠰᠲ᠋ᠧᠮ ᠲᠠᠰᠤᠷᠠᠯᠳᠠ ᠦᠭᠡᠢ

ᠲᠡᠭᠦᠯᠳᠡᠷᠵᠢᠵᠦ᠂ ᠦᠢᠯᠡᠳᠭᠦᠨ ᠤ ᠴᠢᠨᠠᠷ ᠪᠠ ᠤᠨᠴᠠ ᠵᠦᠢᠯ ᠤᠨ ᠲᠦᠭᠦᠭᠡᠷᠤᠮᠵᠢ ᠪᠠᠷ ᠰᠢᠯᠭᠠᠨ ᠪᠠᠶᠢᠴᠠᠭᠠᠬᠤ ᠬᠢᠷᠢ

ᠲᠦᠪᠰᠢᠨ ᠦᠷᠬᠦᠯᠵᠢᠯᠡᠨ ᠲᠡᠭᠡᠭᠰᠢᠯᠡᠪᠡ᠃ ᠵᠢᠯ ᠳᠤ ᠤᠨᠴᠠ ᠶᠡᠭᠡ ᠠᠮᠤᠷ ᠲᠦᠪᠰᠢᠨ ᠤ ᠬᠡᠷᠡᠭ ᠭᠠᠷᠤᠭᠰᠠᠨ ᠦᠭᠡᠢ᠂

ᠬᠡᠨᠡᠳᠳᠡ ᠶᠢᠨ ᠬᠡᠷᠡᠭ ᠢ ᠰᠡᠷᠭᠡᠶᠢᠯᠡᠬᠦ ᠪᠠ ᠰᠢᠢᠥᠠᠪᠤᠷᠢᠯᠠᠬᠦ ᠴᠢᠳᠠᠪᠤᠷᠢ ᠢᠯᠡᠷᠬᠡᠢ ᠳᠡᠭᠡᠭᠰᠢᠯᠡᠪᠡ᠃

︽ᠲᠤᠯᠤᠭ᠎ᠠ ᠲᠠᠪᠤ︾ ᠶᠢᠨ ᠬᠠᠤᠯᠢ ᠲᠦᠭᠡᠮᠡᠯᠵᠢᠭᠦᠯᠬᠦ ᠲᠦᠯᠦᠪᠵᠢᠭᠦᠯᠭᠡ ᠶᠢ ᠪᠦᠬᠦ ᠲᠠᠯ᠎ᠠ ᠪᠠᠷ ᠡᠬᠢᠯᠡᠭᠦᠯᠦᠨ᠂ ︽

ᠠᠮᠤᠭᠤᠯᠠᠩ ᠵᠠᠷᠤᠳ︾ ᠤᠨ ᠪᠠᠶᠢᠭᠤᠯᠤᠯᠳᠠ ᠯᠠᠪᠳᠠᠭᠤᠨ ᠪᠤᠳᠠᠳᠠᠢ ᠶᠠᠪᠤᠭᠳᠠᠵᠦ᠂ ᠦᠷᠭᠦᠯᠵᠢᠯᠡᠨ12 ᠵᠢᠯ

ᠡᠭᠦᠰᠦᠭᠰᠡᠨ ᠠᠮᠢᠨ ᠭᠡᠷᠡᠭ ᠪᠦᠬᠦᠨ ᠢ ᠢᠯᠡᠷᠡᠭᠦᠯᠬᠦ ᠶᠢ ᠪᠠᠳᠤᠯᠠᠪᠠ᠃ ᠵᠠᠬᠢᠳᠠᠯ ᠰᠤᠷᠪᠤᠯᠵᠢᠯᠠᠯ ᠤᠨ ᠬᠡᠷᠡᠭ ᠢ

ᠳᠠᠭᠠᠭᠠᠴᠢᠯᠠᠨ ᠡᠶᠡᠳᠡᠭᠦᠯᠬᠦ ᠲᠤᠭᠳᠠᠴᠠ ᠶᠢ ᠴᠢᠩᠭ᠎ᠠ ᠨᠠᠶᠢᠳᠠᠪᠤᠷᠵᠢᠭᠤᠯᠤᠨ᠂ ᠤᠯᠠᠨ ᠲᠦᠮᠡᠨ ᠤ ᠵᠦᠢ ᠵᠤᠬᠢᠰᠳᠠᠢ

ᠵᠠᠷᠭᠤ ᠵᠠᠭᠠᠯᠳᠤᠯᠭ᠎ᠠ ᠶᠢ ᠲᠠᠷᠤᠢ ᠳᠤᠨᠢ ᠵᠤᠬᠢᠰᠳᠠᠢ ᠰᠢᠢᠥᠠᠪᠤᠷᠢᠯᠠᠪᠡ᠃ ᠦᠨᠳᠦᠰᠦᠳᠡᠨ ᠤ ᠪᠦᠯᠭᠦᠮᠳᠡᠯ ᠲᠠᠪᠰᠢᠯᠳᠡ

 ᠶᠢᠨ ᠦᠢᠯᠡᠰ ᠲᠠᠰᠤᠷᠠᠯᠳᠠ ᠦᠭᠡᠢ ᠪᠠᠬᠢᠵᠢᠵᠦ᠂ ᠴᠡᠷᠢᠭ ᠵᠠᠰᠠᠭ ᠠᠷᠠᠳ ᠡᠶ᠎ᠡ ᠵᠤᠬᠢᠴᠠᠩᠭᠤᠢ ᠬᠦᠭᠵᠢᠪᠡ᠃ ᠲᠠᠩᠰᠠ

ᠡᠪᠬᠡᠮᠡᠯ᠂ ᠠᠷᠠᠳ ᠤᠨ ᠠᠭᠠᠷ ᠤᠨ ᠰᠡᠷᠭᠡᠶᠢᠯᠡᠯᠳᠡ᠂  ᠴᠠᠭ ᠠᠭᠤᠷ᠂ ᠭᠠᠵᠠᠷ ᠬᠦᠳᠡᠯᠤᠯᠳᠡ᠂ ᠱᠠᠰᠢᠨ ᠰᠤᠷᠳᠠᠬᠤᠨ᠂

ᠨᠠᠰᠤᠳᠠᠶᠢᠴᠤᠳ᠂ ᠵᠡᠮᠳᠡᠭᠴᠤᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ᠂ ᠡᠬᠡ ᠨᠢᠯᠬ᠎ᠠ᠂ ᠵᠠᠯᠠᠭᠤᠴᠤᠳ

ᠪᠠᠭᠠᠴᠤᠳ᠂ ᠬᠤᠶᠢᠴᠢ ᠦᠶ᠎ᠡ ᠶᠢ ᠬᠠᠯᠠᠮᠵᠢᠯᠠᠬᠤ ᠵᠡᠷᠭᠡ ᠡᠯ᠎ᠡ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠡ  ᠃

      ᠨᠢᠭᠡ ᠵᠢᠯ ᠤᠨ ᠲᠤᠷᠰᠢ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ ᠬᠤᠰᠢᠭᠤᠨ ᠤ ᠠᠷᠠᠳ

 ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠥᠠᠪᠤᠷᠢ ᠲᠤᠭᠳᠠᠭᠠᠯ ᠢ ᠨᠠᠷᠢᠨ

ᠨᠢᠮᠪᠡᠢ ᠬᠡᠷᠡᠭᠵᠢᠭᠦᠯᠵᠦ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠦ ᠬᠢᠨᠡᠯᠳᠡ ᠪᠠ ᠨᠡᠶᠢᠭᠡᠮ ᠤᠨ ᠶᠠᠷᠢᠶ᠎ᠠ

ᠬᠡᠯᠡᠯᠴᠡᠭᠡᠨ ᠤ  ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ 66

ᠰᠠᠨᠠᠭᠤᠯᠭ᠎ᠠ᠂ 5 ᠰᠠᠨᠠᠯ  ᠵᠦᠪᠯᠡᠯᠭᠡ᠂ ᠤᠯᠤᠰ ᠲᠦᠷᠦ ᠶᠢᠨ ᠵᠦᠪᠯᠡᠭᠡᠨ ᠤ  ᠭᠡᠰᠢᠭᠦᠳ ᠤᠨ 52 ᠰᠠᠨᠠᠯ

ᠲᠤᠷᠠᠳᠤᠯᠭ᠎ᠠ ᠶᠢ ᠨᠠᠷᠢᠨ ᠨᠢᠮᠪᠡᠢ ᠬᠦᠢᠴᠡᠳᠭᠡᠪᠡ᠃ ︽7482345︾ ᠬᠤᠰᠢᠭᠤᠨ ᠲᠠᠷᠤᠭ᠎ᠠ ᠶᠢᠨ ᠬᠠᠯᠠᠮᠰᠢᠯ

ᠤᠳᠠᠰᠤ ᠶᠢ ᠨᠡᠪᠳᠡᠷᠡᠭᠦᠯᠵᠦ᠂ ᠤᠯᠠᠨ ᠲᠦᠮᠡᠨ ᠤ ᠭᠤᠮᠤᠳᠠᠯ ᠭᠤᠶᠤᠴᠢᠯᠠᠯ ᠢ ᠲᠡᠷᠡ ᠲᠠᠷᠤᠢ ᠳᠤ ᠨᠢ ᠬᠦᠢᠴᠡᠳᠭᠡᠪᠡ᠃

ᠲᠦᠪ ᠤᠨ ᠨᠠᠢᠮᠠᠨ ᠵᠦᠢᠯ ᠤᠨ ᠳᠦᠷᠢᠮ ᠲᠤᠭᠳᠠᠭᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ

ᠨᠠᠶᠢᠳᠠᠪᠤᠷᠵᠢᠭᠤᠯᠤᠨ  ᠂ ︽ᠠᠯᠪᠠᠨ ᠤ ᠭᠤᠷᠪᠠᠨ ᠵᠠᠷᠤᠳᠠᠯ︾ ᠢ ᠤᠯᠠᠮ ᠨᠢᠭᠡᠨ ᠠᠯᠬᠤᠮ ᠪᠠᠭᠠᠰᠬᠠᠵᠦ᠂ ᠰᠤᠯᠠ

ᠠᠯᠪᠠᠨ ᠭᠡᠷ ᠢ 4230 ᠳᠡᠭᠰᠢ ᠲᠦᠷᠪᠡᠯᠵᠢᠨ ᠮᠧᠲᠷ ᠲᠤᠬᠢᠷᠠᠭᠤᠯᠤᠨ ᠬᠡᠷᠡᠭᠯᠡᠵᠦ᠂ ᠨᠠᠮ ᠵᠠᠰᠠᠭ ᠤᠨ ᠪᠠᠶᠢᠭᠤᠯᠤᠯᠭ᠎ᠠ

ᠵᠢᠴᠢ ᠠᠯᠪᠠᠳᠠᠨ ᠢᠶᠠᠷ ᠯᠠᠪᠯᠠᠯᠳᠠ ᠪᠤᠯᠭᠠᠵᠦ ᠪᠠᠶᠢᠭ᠎ᠠ ᠪᠠᠶᠢᠭᠤᠯᠭ᠎ᠠ ᠶᠢᠨ ᠠᠯᠪᠠᠨ ᠤ ᠳᠡᠷᠭᠡ ᠶᠢ ᠦᠭᠡᠷᠡᠴᠢᠯᠡᠬᠦ ᠡᠭᠦᠷᠭᠡ

 ᠪᠠᠨ ᠴᠠᠭ ᠲᠤᠬᠠᠢ ᠳᠤ ᠨᠢ ᠬᠢᠵᠦ ᠲᠠᠭᠤᠰᠬᠠᠪᠠ᠃ ᠬᠢᠨᠠᠨ ᠪᠤᠳᠤᠬᠤ ᠬᠢᠨᠠᠨ ᠪᠠᠶᠢᠴᠠᠭᠠᠬᠤ ᠪᠠ ᠵᠠᠰᠠᠭ ᠵᠠᠬᠢᠷᠭᠠᠨ ᠤ

ᠬᠢᠨᠠᠯᠳᠠ ᠪᠠᠨ  ᠴᠢᠩᠭᠠᠳᠬᠠᠵᠦ᠂ ᠵᠠᠰᠠᠭ ᠵᠠᠬᠢᠷᠭᠠᠨ ᠤ ᠡᠷᠬᠡ ᠶᠢᠨ ᠡᠷᠬᠢᠯᠳᠡ ᠶᠢ ᠲᠦᠷᠢᠮᠵᠢᠭᠦᠯᠪᠡ᠃ ︽ᠬᠤᠶᠠᠷ ᠢ

ᠰᠤᠷᠤᠯᠴᠠᠵᠦ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ

ᠬᠦᠨᠵᠡᠭᠡᠢ ᠦᠷᠨᠢᠭᠦᠯᠵᠦ᠂ ᠴᠢᠭᠡᠴᠢ ᠵᠠᠰᠠᠭ ᠤᠨ ᠪᠠᠶᠢᠭᠤᠯᠤᠯᠳᠠ ᠦᠷᠭᠦᠯᠵᠢᠯᠡᠨ ᠰᠠᠶᠢᠵᠢᠷᠠᠪᠠ᠃ ᠵᠠᠰᠠᠭ ᠤᠨ ᠰᠤᠷᠳᠠᠯ

᠂ ᠠᠵᠢᠯ ᠤᠨ ᠰᠤᠷᠳᠠᠯ ᠪᠠ ᠨᠡᠶᠢᠭᠡᠮ ᠤᠨ ᠰᠤᠷᠳᠠᠯ ᠦᠷᠭᠦᠯᠵᠢᠯᠡᠨ ᠰᠠᠶᠢᠵᠢᠷᠠᠵᠦ᠂ ᠠᠵᠢᠯ ᠬᠢᠬᠦ ᠦᠢᠯᠡᠰ ᠪᠦᠳᠦᠭᠡᠬᠦ

ᠠᠭᠤᠷ ᠠᠮᠢᠰᠬᠤᠯ ᠨᠡᠩ ᠦᠳᠭᠡᠨ ᠪᠤᠯᠪᠠ᠃

     ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠤᠨ ᠠᠮᠵᠢᠯᠳᠠ ᠬᠢᠯᠪᠡᠷ ᠢᠶᠠᠷ ᠢᠷᠡᠭᠰᠡᠨ ᠪᠢᠰᠢ᠂ ᠡᠨᠡ ᠨᠢ

ᠬᠤᠰᠢᠭᠤᠨ ᠨᠠᠮ ᠤᠨ ᠬᠤᠷᠢᠶᠠᠨ ᠤ ᠪᠦᠬᠦ ᠲᠠᠯ᠎ᠠ ᠶᠢ ᠬᠠᠮᠤᠷᠤᠭᠤᠯᠤᠨ ᠵᠦᠪ ᠤᠨᠤᠪᠴᠢᠳᠠᠢ ᠤᠳᠤᠷᠢᠳᠤᠭᠰᠠᠨ ᠤ

ᠦᠷ᠎ᠡ ᠳ᠋ᠦᠩ ᠮᠦᠨ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ ᠶᠢᠨ

ᠵᠦᠪᠯᠡᠯᠭᠡᠨ ᠤ  ᠬᠢᠨᠡᠯᠳᠡ ᠳᠡᠮᠵᠢᠯᠭᠡ᠂ ᠬᠦᠴᠦᠨ ᠲᠠᠢ ᠬᠠᠪᠰᠤᠷᠠᠭᠰᠠᠨ ᠤ ᠦᠷ᠎ᠡ ᠳ᠋ᠦᠩ ᠮᠦᠨ᠂ ᠨᠡᠶᠢᠭᠡᠮ ᠤᠨ ᠡᠯ᠎ᠡ

ᠡᠳᠡᠭᠡᠳ ᠤᠨ ᠢᠳᠡᠪᠬᠢᠳᠡᠢ ᠤᠷᠤᠯᠴᠠᠵᠦ᠂ ᠬᠠᠮᠳᠤᠪᠠᠷ ᠴᠢᠷᠮᠠᠶᠢᠭᠰᠠᠨ ᠤ ᠦᠷ᠎ᠡ ᠳ᠋ᠦᠩ ᠮᠦᠨ᠂ ᠨᠡᠩ ᠴᠦ ᠪᠦᠬᠦ

ᠬᠤᠰᠢᠭᠤᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠰᠢᠷᠭᠠᠭᠤ ᠠᠵᠢᠯᠯᠠᠵᠦ ᠪᠤᠳᠠᠳᠠᠢ  ᠠᠵᠢᠯᠯᠠᠵᠦ

᠂ ᠬᠠᠮᠳᠦ ᠶᠢᠨ ᠬᠦᠴᠦᠨ ᠢᠶᠠᠷ ᠢᠶᠠᠨ ᠬᠦᠴᠢᠷ  ᠪᠡᠷᠬᠡ ᠢ ᠲᠠᠪᠠᠭᠰᠠᠨ ᠦᠷ᠎ᠡ ᠳ᠋ᠦᠩ ᠮᠦᠨ᠃ ᠠᠳᠡ ᠪᠢ

ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠪᠦᠬᠦ ᠬᠤᠰᠢᠭᠤᠨ ᠤ ᠦᠨᠳᠦᠰᠦᠳᠡᠨ ᠨᠦᠭᠦᠳ

 ᠤᠨ ᠺᠠᠳ᠋ᠷ ᠤᠯᠠᠨ ᠲᠦᠮᠡᠨ ᠪᠠ ᠵᠠᠷᠤᠳ ᠤᠨ ᠬᠦᠭᠵᠢᠯᠳᠡ ᠲᠠᠪᠰᠢᠯᠳᠡ ᠶᠢ ᠬᠠᠯᠠᠮᠵᠢᠯᠠᠨ ᠳᠡᠮᠵᠢᠭᠰᠡᠨ ᠠᠯᠢᠪᠡ

ᠨᠦᠭᠦᠳ᠂ ᠨᠠᠶᠢᠵᠡ ᠨᠠᠷ ᠲᠤ ᠴᠢᠩ ᠰᠡᠳᠭᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠭᠡᠯ ᠢᠶᠠᠨ

ᠲᠡᠪᠰᠢᠭᠦᠯᠵᠦ ᠪᠠᠶᠢᠨ᠎ᠠ︕

     ᠠᠮᠵᠢᠯᠳᠡ ᠪᠠᠨ ᠳ᠋ᠦᠩᠨᠡᠬᠦ ᠶᠢᠨ ᠬᠠᠮᠳᠦ᠂ ᠪᠢᠳᠡ ᠪᠠᠰᠠ ᠬᠦᠭᠵᠢᠯᠳᠡ ᠶᠢᠨ ᠲᠤᠮᠳᠠ ᠲᠡᠩᠴᠡᠭᠦᠷᠢ ᠦᠭᠡᠢ᠂

ᠵᠤᠬᠢᠴᠠᠯ ᠦᠭᠡᠢ᠂ ᠭᠦᠢᠴᠡᠳ ᠦᠭᠡᠢ ᠠᠰᠠᠭᠤᠳᠠᠯ ᠤᠷᠤᠰᠢᠵᠦ ᠪᠠᠶᠢᠬᠤ ᠶᠢ ᠰᠡᠷᠭᠡᠭ ᠢᠶᠠᠷ ᠲᠠᠨᠢᠵᠦ ᠮᠡᠳᠡᠬᠦ ᠬᠡᠷᠡᠭᠳᠠᠢ

᠃ ᠠᠵᠦ ᠠᠬᠤᠢ ᠤᠷᠤᠭᠤᠳᠠᠵᠦ ᠪᠠᠶᠢᠭ᠎ᠠ ᠲᠠᠷᠤᠭᠠᠰᠤ ᠮᠦᠨᠴᠦ ᠨᠡᠯᠢᠶᠡᠳ ᠬᠦᠨᠳᠦ ᠪᠠᠶᠢᠵᠦ᠂ ᠲᠦᠷᠦᠯ ᠵᠦᠢᠯ ᠢ

ᠲᠠᠳᠠᠨ ᠤᠷᠤᠭᠤᠯᠬᠤ ᠦᠷᠢᠰᠦᠯᠳᠦᠭᠡᠨ ᠰᠢᠷᠦᠭᠦᠰᠴᠦ᠂ ᠵᠠᠷᠢᠮ ᠠᠵᠦ ᠠᠬᠤᠶᠢᠯᠠᠯ ᠦᠢᠯᠡᠳᠪᠤᠷᠢᠯᠡᠵᠦ ᠡᠵᠡᠩᠨᠡᠬᠦ ᠳᠤ

ᠬᠦᠴᠢᠷᠳᠡᠢ ᠪᠤᠯᠵᠦ᠂ ᠪᠦᠳᠦᠮᠵᠢᠳᠡᠢ ᠪᠡᠯᠡ ᠤᠷᠤᠭᠤᠯᠤᠯᠳᠠ ᠪᠠ ᠬᠡᠷᠡᠭᠴᠡᠭᠡ ᠱᠠᠭᠠᠷᠳᠠᠯᠭ᠎ᠠ ᠬᠦᠢᠴᠡᠳ ᠦᠭᠡᠢ︔

ᠠᠵᠦ ᠠᠬᠤᠢ ᠶᠢᠨ ᠶᠡᠷᠥᠩᠬᠡᠢ ᠬᠡᠮᠵᠢᠶ᠎ᠡ ᠶᠡᠭᠡ ᠪᠢᠰᠢ᠂ ᠠᠵᠦ ᠦᠢᠯᠡᠰ ᠤᠨ ᠳᠡᠰ ᠲᠠᠪᠬᠤᠷᠭ᠎ᠠ ᠦᠨᠳᠦᠷ ᠪᠢᠰᠢ᠂

ᠪᠦᠳᠦᠴᠡ ᠰᠢᠯᠢᠳᠡᠭ ᠪᠢᠰᠢ ᠪᠠᠶᠢᠵᠦ ᠪᠦᠳᠦᠭᠦᠯᠢᠭ ᠪᠤᠯᠪᠠᠰᠤᠷᠠᠭᠤᠯᠤᠭᠰᠠᠨ ᠦᠢᠯᠡᠳᠭᠦᠨ ᠤᠯᠠᠨ᠂ ᠲᠤᠮᠳᠠ ᠳᠡᠭᠡᠳᠦ

ᠳᠡᠰ ᠤᠨ ᠦᠢᠯᠡᠳᠭᠦᠨ ᠪᠠᠭ᠎ᠠ᠂ ᠵᠠᠬ᠎ᠠ ᠳᠡᠯᠭᠡᠭᠦᠷ ᠲᠤ ᠵᠤᠬᠢᠴᠠᠵᠦ᠂ ᠨᠡᠯᠢᠶᠡᠳ ᠴᠢᠩᠭ᠎ᠠ ᠦᠷᠢᠰᠦᠯᠳᠦᠬᠦ ᠬᠦᠴᠦᠨ

 ᠲᠠᠢ ᠤᠳᠤ ᠦᠶ᠎ᠡ ᠶᠢᠨ ᠠᠵᠦ ᠦᠢᠯᠡᠰ ᠤᠨ ᠰᠢᠰᠲ᠋ᠧᠮ ᠬᠠᠷᠠᠬᠠᠨ ᠪᠦᠷᠢᠯᠳᠦᠭᠡᠳᠦᠢ︔ ᠲᠠᠷᠢᠶᠠᠯᠠᠩ ᠮᠠᠯ ᠠᠵᠦ

ᠠᠬᠤᠢ ᠶᠢᠨ ᠰᠠᠭᠤᠷᠢ ᠲᠦᠭᠦᠭᠡᠷᠤᠮᠵᠢ ᠪᠠᠭᠤᠷᠠᠢ᠂ ᠪᠠᠶᠢᠭᠠᠯᠢ ᠶᠢᠨ ᠭᠠᠮᠰᠢᠭ ᠢ ᠡᠰᠡᠷᠭᠦᠴᠡᠬᠦ ᠴᠢᠳᠠᠪᠤᠷᠢ ᠴᠢᠩᠭ᠎ᠠ

ᠪᠢᠰᠢ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠡᠯ ᠡᠵᠡᠩᠨᠡᠯᠳᠡ ᠬᠠᠷᠢᠴᠠᠩᠭᠤᠢ

ᠬᠤᠴᠤᠷᠠᠩᠭᠤᠢ᠂ ᠲᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠤ ᠮᠡᠳᠡᠷᠴᠠ ᠦᠨᠳᠣᠷ ᠪᠢᠰᠢ᠂ ᠨᠡᠷᠡᠳᠣ

ᠲᠦᠷᠦᠯ ᠵᠦᠢᠯ ᠪᠠᠭ᠎ᠠ᠂ ᠮᠠᠯᠴᠢᠳ ᠲᠠᠷᠢᠶᠠᠴᠢᠳ ᠤᠨ ᠤᠷᠤᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠦᠷᠭᠡᠳᠭᠡᠬᠦ

ᠴᠢᠬᠤᠯᠠᠳᠠᠢ︔ ᠡᠳ᠋ ᠤᠨ ᠵᠠᠰᠠᠭ ᠤᠨ ᠤᠷᠤᠯᠭ᠎ᠠ ᠶᠢᠨ ᠴᠢᠨᠠᠷ ᠦᠨᠳᠦᠷ ᠪᠢᠰᠢ᠂ ᠬᠡᠷᠡᠭᠯᠡᠵᠦ ᠪᠤᠯᠬᠤ ᠡᠳ᠋ ᠤᠨ

ᠬᠦᠴᠦᠨ ᠭᠦᠢᠴᠡᠳ ᠦᠭᠡᠢ᠂ ᠠᠷᠠᠳ ᠤᠨ ᠠᠮᠢᠳᠤᠷᠠᠯ ᠤᠨ ᠬᠠᠳᠠᠨ ᠴᠢᠨᠠᠷᠳᠠᠢ ᠬᠡᠷᠡᠭᠴᠡᠭᠡ ᠨᠡᠮᠡᠭᠳᠡᠵᠦ᠂ ᠡᠳ᠋ ᠤᠨ

ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ︔ ᠠᠮᠢ ᠠᠬᠤᠢ ᠶᠢᠨ ᠤᠷᠴᠢᠨ ᠲᠤᠭᠤᠷᠢᠨ ᠲᠤᠶᠢᠯ

 ᠤᠨ ᠬᠡᠪᠡᠷᠡᠭ ᠪᠠᠶᠢᠵᠦ᠂ ᠬᠠᠮᠭᠠᠯᠠᠬᠤ ᠪᠡ ᠪᠦᠳᠦᠭᠡᠨ ᠪᠠᠶᠢᠭᠤᠯᠬᠤ ᠡᠭᠦᠷᠭᠡ ᠬᠦᠨᠳᠦ ᠵᠠᠮ ᠬᠤᠯᠠ ᠪᠠᠶᠢᠭᠰᠠᠭᠠᠷ︔

ᠶᠠᠳᠠᠭᠤ ᠬᠦᠴᠢᠷ ᠲᠠᠢ ᠤᠯᠠᠨ ᠲᠦᠮᠡᠨ ᠤ ᠦᠪᠡᠷ ᠤᠨ ᠬᠦᠴᠦᠨ ᠢᠶᠠᠨ ᠲᠦᠰᠢᠭᠯᠡᠨ ᠲᠡᠭᠵᠢᠷᠡᠬᠦ ᠴᠢᠳᠠᠪᠤᠷᠢ

ᠬᠦᠢᠴᠡᠳ ᠦᠭᠡᠢ᠂ ᠶᠠᠳᠠᠭᠤ ᠠᠴᠠ ᠠᠩᠭᠢᠷᠠᠭᠤᠯᠤᠭᠰᠨ ᠦᠷ᠎ᠡ ᠪᠦᠳᠦᠮᠵᠢ ᠪᠠᠰᠠ ᠲᠡᠶᠢᠮᠦ ᠪᠠᠳᠦ ᠪᠢᠰᠢ᠂ ᠶᠠᠳᠠᠭᠤ

 ᠠᠴᠠ ᠠᠩᠭᠢᠵᠢᠷᠠᠭᠤᠯᠵᠦ ᠪᠠᠬᠢᠯᠡᠯᠳᠡ ᠰᠢᠪᠳᠤᠯᠬᠤ ᠡᠭᠦᠷᠭᠡ ᠲᠤᠶᠢᠯ ᠤᠨ ᠬᠦᠨᠳᠦ ᠪᠡᠷᠬᠡᠰᠢᠶᠡᠯᠳᠡᠢ︔ ᠬᠤᠰᠢᠭᠤᠨ

ᠵᠠᠰᠠᠭ ᠤᠨ ᠤᠷᠳᠤᠨ ᠤ ᠵᠠᠷᠢᠮ ᠰᠠᠯᠠᠭ᠎ᠠ ᠮᠦᠴᠢᠷ ᠤᠨ ᠵᠠᠰᠠᠭ ᠵᠠᠬᠢᠷᠭᠠᠨ ᠤ ᠠᠵᠢᠯᠯᠠᠭ᠎ᠠ ᠲᠦᠷᠢᠮᠵᠢᠯ ᠦᠭᠡᠢ᠂ ᠵᠠᠷᠢᠮ

ᠺᠠᠳ᠋ᠷ ᠵᠤᠷᠢᠭᠳᠠᠢ ᠡᠭᠦᠷᠭᠡᠯᠡᠬᠦ ᠪᠠ ᠦᠭᠡᠷᠡᠴᠢᠯᠡᠯᠳᠡ ᠬᠢᠬᠦ ᠰᠢᠨ᠎ᠡ ᠶᠢ ᠡᠭᠦᠳᠬᠦ ᠦᠵᠡᠯ ᠤᠬᠠᠮᠰᠠᠷ ᠴᠢᠩᠭ᠎ᠠ ᠪᠢᠰᠢ

ᠵᠡᠷᠭᠡ ᠠᠰᠠᠭᠤᠳᠠᠯ ᠤᠷᠤᠰᠢᠵᠦ ᠪᠠᠶᠢᠨ᠎ᠠ᠂ ᠡᠶᠢᠮᠦ ᠠᠴᠠ ᠪᠢᠳᠡ ᠡᠷᠬᠡᠪᠰᠢ ᠵᠤᠪᠠᠨᠢᠬᠤ ᠦᠵᠡᠯ ᠤᠬᠠᠮᠰᠠᠷ ᠪᠠ

ᠡᠭᠦᠷᠭᠡᠯᠡᠬᠦ ᠦᠵᠡᠯ ᠤᠬᠠᠮᠰᠠᠷ ᠢᠶᠠᠨ ᠴᠢᠩᠭᠠᠳᠬᠠᠵᠦ᠂ ᠠᠰᠠᠭᠤᠳᠠᠯ ᠳᠤ ᠰᠢᠭᠤᠳ ᠬᠠᠨᠳᠤᠵᠦ᠂ ᠠᠰᠠᠭᠤᠳᠠᠯ ᠢ

ᠰᠡᠢᠳᠪᠤᠷᠢᠯᠡᠨ᠂ ᠪᠦᠬᠦ ᠰᠡᠳᠭᠢᠯ ᠪᠦᠬᠦ ᠵᠤᠷᠢᠭ ᠢᠶᠠᠷ ᠢᠶᠠᠨ ᠵᠠᠰᠠᠭ ᠤᠨ ᠤᠷᠳᠤᠨ ᠤ ᠠᠵᠢᠯ ᠢ ᠰᠠᠶᠢᠳᠤᠷ ᠬᠢᠵᠦ᠂

ᠪᠦᠬᠦ ᠬᠤᠰᠢᠭᠤᠨ ᠤ ᠠᠷᠠᠳ ᠲᠦᠮᠡᠨ ᠳᠤ ᠦᠨᠡᠨ ᠪᠤᠳᠠᠳᠠᠢ ᠦᠷ᠎ᠡ ᠪᠦᠳᠦᠮᠵᠢ ᠦᠵᠡᠭᠦᠯᠬᠦ ᠬᠡᠷᠡᠭᠳᠠᠢ᠃

     ᠬᠤᠶᠠᠷ     2017 ᠤᠨ ᠤ ᠠᠵᠢᠯ ᠤᠨ ᠡᠭᠦᠷᠭᠡ

     2017 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠭᠦᠯᠭᠡ ᠶᠢ ᠬᠦᠨᠵᠡᠭᠡᠢ

ᠬᠡᠷᠡᠭᠵᠢᠭᠦᠯᠬᠦ ᠴᠢᠬᠤᠯᠡ ᠨᠢᠬᠡ ᠵᠢᠯ ᠪᠤᠯᠤᠨ᠎ᠠ᠂ ᠮᠦᠨᠴᠦ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠳᠤᠯᠬᠦ

ᠢᠯᠡᠯᠳᠡ ᠤᠯᠬᠤ ᠰᠢᠢᠥᠠᠪᠤᠷᠢᠳᠤ ᠳᠠᠶᠢᠯᠠᠯᠳᠤᠭᠠᠨ ᠤ ᠵᠢᠯ ᠮᠦᠨ᠃ ᠵᠠᠰᠠᠭ ᠤᠨ ᠤᠷᠳᠤᠨ ᠤ ᠠᠵᠢᠯ ᠢ ᠰᠠᠶᠢᠳᠦᠷ

ᠬᠢᠬᠦ ᠳᠤ ᠡᠷᠬᠡᠪᠰᠢ ᠨᠠᠮ ᠤᠨ ᠠᠷᠪᠠᠨ ᠨᠠᠢᠮᠠᠳᠤᠭᠠᠷ ᠤᠳᠠᠭᠠᠨ ᠤ ᠶᠡᠭᠡ ᠬᠤᠷᠠᠯ ᠪᠠ ᠠᠷᠪᠠᠨ ᠨᠠᠢᠮᠠᠳᠤᠭᠠᠷ

ᠬᠤᠭᠤᠴᠠᠭᠠᠨ ᠤ  ᠭᠤᠷᠪᠠ᠂ ᠲᠦᠷᠪᠡ᠂ ᠲᠠᠪᠤ᠂ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ

ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠶᠡᠷᠥᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ

ᠰᠠᠨᠠᠭ᠎ᠠ ᠪᠠ ᠤᠯᠤᠰ ᠢᠶᠠᠨ ᠵᠠᠰᠠᠬᠤ ᠵᠠᠰᠠᠭ ᠪᠠᠷᠢᠬᠤ ᠰᠢᠨ᠎ᠡ ᠤᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ

ᠪᠠᠶᠢᠯᠳᠤᠬᠤ ᠪᠤᠳᠤᠯᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠦ᠂ ᠲᠦᠩᠯᠢᠶᠤᠤ ᠬᠤᠳᠠ ᠶᠢᠨ ᠨᠠᠮ ᠤᠨ ᠬᠤᠷᠢᠶ᠎ᠠ

ᠵᠠᠰᠠᠭ ᠤᠨ ᠤᠷᠳᠤᠨ ᠪᠠ ᠬᠤᠰᠢᠭᠤᠨ  ᠨᠠᠮ ᠤᠨ ᠬᠤᠷᠢᠶᠠᠨ ᠤ ᠴᠢᠬᠤᠯᠠ ᠶᠡᠭᠡ ᠰᠢᠢᠥᠠᠪᠤᠷᠢ ᠪᠠᠶᠢᠷᠢᠭᠤᠯᠤᠯᠳᠠ ᠶᠢᠨ

ᠲᠤᠭᠤᠷᠢᠨ ᠳᠤ ᠬᠤᠰᠢᠭᠤᠨ ᠨᠠᠮ ᠤᠨ ᠬᠤᠷᠢᠶᠠᠨ ᠤ ᠠᠷᠪᠠᠨ ᠬᠤᠶᠠᠳᠤᠭᠠᠷ ᠬᠤᠭᠤᠴᠠᠭᠠᠨ ᠤ ᠲᠦᠷᠪᠡᠳᠦᠭᠡᠷ

ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ︽ᠲᠠᠪᠤ ᠶᠢ ᠨᠢᠭᠡ

ᠴᠤᠭᠴᠠᠵᠢᠭᠤᠯᠬᠤ︾ ᠶᠡᠷᠥᠩᠬᠡᠢ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠯᠡᠨ ᠠᠭᠢᠭᠤᠯᠵᠦ᠂ ︽ᠲᠦᠷᠪᠡᠨ

ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠤᠨ ᠪᠠᠶᠢᠷᠢᠯᠠᠭᠤᠯᠤᠯᠳᠠ ᠲᠠᠢ ᠵᠤᠬᠢᠴᠠᠭᠤᠯᠤᠨ ᠠᠬᠢᠭᠤᠯᠵᠦ᠂ ᠰᠢᠨ᠎ᠡ

 ᠶᠢ ᠡᠭᠦᠳᠬᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠬᠡᠭᠡᠯᠳᠡ ᠬᠢᠬᠦ᠂ ᠬᠠᠮᠳᠤᠪᠠᠷ ᠡᠳ᠋ᠯᠡᠬᠦ ᠬᠦᠭᠵᠢᠯᠳᠡ ᠶᠢᠨ

ᠰᠢᠨ᠎ᠡ ᠤᠶᠢᠯᠠᠭᠠᠭᠳᠠᠬᠤᠨ ᠢ ᠬᠦᠨᠵᠡᠭᠡᠢ ᠦᠢᠯᠡᠳᠦᠯᠭᠡᠵᠢᠭᠦᠯᠵᠦ᠂ ᠠᠵᠦ ᠠᠬᠤᠢ ᠶᠢ ᠬᠦᠭᠵᠢᠭᠦᠯᠬᠦ᠂ ᠠᠷᠠᠳ ᠤᠨ

ᠠᠮᠢᠳᠤᠷᠠᠯ ᠢ ᠰᠠᠶᠢᠵᠢᠷᠠᠭᠤᠯᠬᠤ᠂ ᠠᠮᠢ ᠠᠬᠤᠢ ᠶᠢᠨ ᠪᠤᠯᠪᠠᠰᠤᠨ᠂ ᠠᠶᠤᠯᠭᠦᠢ ᠦᠢᠯᠡᠳᠪᠤᠷᠢᠯᠡᠯ ᠵᠡᠷᠭᠡ ᠲᠦᠷᠪᠡᠨ

ᠨᠠᠭᠠᠳᠦ ᠵᠠᠬ᠎ᠠ ᠶᠢᠨ ᠱᠤᠭᠤᠮ ᠢ ᠪᠠᠳᠦ ᠰᠠᠬᠢᠵᠦ᠂ ᠲᠤᠭᠳᠠᠭᠤᠨ ᠢᠶᠠᠷ ᠤᠷᠤᠭᠰᠢᠯᠠᠬᠤ ᠠᠵᠢᠯ ᠤᠨ ᠶᠡᠷᠥᠩᠬᠡᠢ

ᠰᠡᠳᠭᠢᠴᠡ ᠶᠢ ᠪᠠᠷᠢᠮᠳᠠᠯᠠᠨ᠂ ︽ᠬᠤᠶᠠᠷ ᠵᠠᠩᠭᠢᠯᠠᠭ᠎ᠠ ᠶᠢ ᠲᠤᠪᠤᠶᠢᠯᠭᠠᠬᠤ ᠭᠤᠷᠪᠠᠨ ᠶᠡᠭᠡ ᠳᠠᠶᠢᠯᠠᠯᠳᠤᠭᠠᠨ ᠤ

ᠢᠯᠡᠯᠳᠡ ᠶᠢ ᠤᠯᠬᠤ᠂ ᠬᠤᠶᠠᠷ ᠢ ᠤᠷᠢᠳᠴᠢᠯᠡᠨ ᠪᠡᠶᠡᠯᠡᠭᠦᠯᠬᠦ᠂ ᠲᠠᠪᠤᠨ ᠴᠤ᠋ ᠰᠢᠨ᠎ᠡ ᠵᠢᠷᠤᠭ ᠲᠦᠷᠰᠦ ᠶᠢ

ᠢᠯᠡᠷᠡᠭᠦᠯᠬᠦ︾ ᠠᠵᠢᠯ ᠤᠨ ᠰᠡᠳᠭᠢᠴᠡ ᠶᠢ ᠪᠠᠷᠢᠮᠳᠠᠯᠠᠨ᠂ ᠬᠡᠯᠪᠡᠷᠢ ᠪᠠᠨ ᠦᠭᠡᠷᠡᠳᠦᠭᠦᠯᠦᠨ ᠳᠡᠰ ᠲᠡᠪᠰᠢᠬᠤ᠂

ᠪᠤᠬᠢᠷᠳᠦᠯ ᠦᠭᠡᠢ ᠬᠦᠭᠵᠢᠭᠦᠯᠬᠦ ᠠᠴᠠ ᠭᠠᠷᠳᠠᠵᠦ᠂ ᠬᠡᠮᠵᠢᠶ᠎ᠡ ᠪᠠᠨ ᠦᠷᠭᠡᠳᠭᠡᠵᠦ ᠴᠢᠨᠠᠷ ᠢᠶᠠᠨ ᠳᠡᠭᠡᠭᠰᠢᠯᠡᠭᠦᠯᠵᠦ᠂

ᠬᠤᠷᠳᠤᠴᠠ ᠦᠷ᠎ᠡ ᠠᠰᠢᠭ ᠢ ᠴᠤᠭᠭᠠᠷ ᠴᠢᠬᠤᠯᠠᠴᠢᠯᠠᠨ᠂ ᠬᠤᠳᠠᠯᠳᠤᠭᠠᠴᠢᠨ ᠤᠷᠢᠵᠦ ᠪᠡᠯᠡ ᠲᠠᠳᠠᠬᠤ ᠪᠠᠷ ᠠᠵᠦ

ᠦᠢᠯᠡᠰ ᠤᠨ ᠬᠡᠯᠪᠡᠷᠢ ᠪᠠᠨ ᠦᠭᠡᠷᠡᠳᠦᠭᠦᠯᠬᠦ ᠶᠢ ᠠᠬᠢᠭᠤᠯᠵᠦ᠂ ᠲᠦᠷᠦᠯ ᠵᠦᠢᠯ ᠤᠨ ᠪᠠᠶᠢᠭᠤᠯᠤᠯᠳᠠ ᠪᠠᠷ ᠳᠠᠮᠵᠢᠨ

ᠰᠢᠨ᠎ᠡ ᠬᠦᠳᠡᠯᠭᠡᠬᠦ ᠬᠦᠴᠦᠨ ᠢᠶᠠᠨ ᠴᠢᠩᠭᠠᠳᠬᠠᠵᠦ᠂ ᠤᠷᠤᠨ ᠲᠤᠭᠤᠷᠢᠭ ᠤᠨ ᠵᠤᠬᠢᠴᠠᠩᠭᠤᠢ ᠬᠦᠭᠵᠢᠯᠳᠡ ᠪᠠᠷ

ᠳᠠᠮᠵᠢᠨ ᠬᠡᠯᠪᠡᠷᠢ ᠢᠶᠠᠨ ᠦᠭᠡᠷᠡᠳᠦᠭᠦᠯᠦᠨ ᠳᠡᠰ ᠳᠡᠪᠰᠢᠬᠤ ᠶᠢ ᠠᠬᠢᠭᠤᠯᠵᠦ᠂ ᠪᠦᠳᠦᠮᠵᠢᠳᠡᠢ ᠪᠡᠯᠡ ᠤᠷᠤᠭᠤᠯᠤᠯᠳᠠ

 ᠪᠠᠨ ᠦᠷᠭᠡᠳᠭᠡᠬᠦ ᠪᠠᠷ ᠳᠠᠮᠵᠢᠨ ᠠᠵᠤ ᠠᠬᠤᠢ ᠶᠢᠨ ᠪᠦᠳᠦᠴᠡ ᠪᠠᠨ ᠰᠢᠯᠢᠳᠡᠭᠵᠢᠭᠦᠯᠵᠦ᠂ ᠰᠢᠨᠵᠢᠯᠡᠭᠡ ᠮᠡᠷᠭᠡᠵᠢᠯ ᠤᠨ

ᠲᠤᠬᠢᠷᠠᠭᠤᠯᠭ᠎ᠠ ᠡᠵᠡᠮᠳᠡᠯ ᠢᠶᠠᠷ ᠳᠠᠮᠵᠢᠨ ᠬᠦᠭᠵᠢᠭᠦᠯᠬᠦ ᠪᠠ ᠤᠷᠴᠢᠨ ᠲᠤᠭᠤᠷᠢᠨ ᠢ ᠬᠠᠮᠭᠠᠯᠠᠬᠤ ᠬᠤᠤᠰ ᠢᠯᠡᠯᠳᠡ ᠶᠢ

ᠲᠡᠮᠡᠴᠡᠨ ᠤᠯᠵᠦ᠂ ᠡᠬᠢ ᠪᠠᠶᠠᠯᠢᠭ ᠢᠶᠠᠨ ᠨᠢᠭᠡᠳᠭᠡᠬᠦ ᠪᠠᠷ ᠳᠠᠮᠵᠢᠨ ︽ᠲᠠᠪᠤᠴᠢᠯᠠᠯᠳᠡ︾ ᠶᠢᠨ ᠵᠤᠬᠢᠴᠠᠩᠭᠤᠢ

ᠬᠦᠭᠵᠢᠯᠳᠡ ᠶᠢ ᠠᠬᠢᠭᠤᠯᠵᠦ᠂ ᠲᠤᠭᠳᠠᠭᠤᠨ ᠢᠶᠠᠷ ᠨᠡᠮᠡᠭᠳᠡᠭᠦᠯᠬᠦ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ

 ᠪᠠᠨ ᠲᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠭᠠᠯᠵᠠᠬᠤ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ

ᠠᠵᠢᠯ ᠢᠶᠠᠨ ᠢᠳᠡᠪᠬᠢᠳᠡᠢ ᠰᠠᠶᠢᠳᠦᠷ ᠬᠢᠵᠦ᠂ ᠪᠦᠬᠦ ᠬᠤᠰᠢᠭᠤᠨ ᠤ ᠠᠵᠦ ᠠᠬᠤᠢ ᠶᠢᠨ ᠯᠠᠪᠳᠠᠭᠤᠨ ᠡᠷᠡᠭᠦᠯ

ᠬᠦᠭᠵᠢᠯᠳᠡ ᠪᠠ ᠨᠡᠶᠢᠭᠡᠮ ᠤᠨ ᠡᠶ᠎ᠡ ᠵᠤᠬᠢᠴᠠᠩᠭᠤᠢ ᠲᠤᠭᠳᠠᠭᠤᠨ ᠢ ᠦᠷᠭᠦᠯᠵᠢᠯᠡᠨ ᠲᠦᠯᠬᠢᠨ ᠠᠬᠢᠭᠤᠯᠤᠨ᠎ᠠ᠃

      ᠭᠤᠤᠯ ᠲᠦᠰᠦᠪᠯᠡᠭᠰᠡᠨ ᠬᠠᠷᠠᠯᠳᠠ ᠪᠤᠯ᠂ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠥᠩᠬᠡᠢ ᠦᠷᠳᠡᠭ

 ᠢ 8.5% ᠨᠡᠮᠡᠭᠳᠡᠭᠦᠯᠵᠦ᠂ 219 ᠳ᠋ᠦᠩᠰᠢᠭᠤᠷ ᠲᠦᠭᠦᠷᠢᠭ ᠬᠦᠷᠭᠡᠨ᠎ᠡ᠂ ᠲᠤᠭᠳᠠᠮᠠᠯ ᠬᠦᠷᠦᠩᠭᠭᠡ ᠶᠢᠨ ᠪᠡᠯᠡ

ᠤᠷᠤᠭᠤᠯᠤᠯᠳᠠ ᠶᠢ 16 % ᠨᠡᠮᠡᠭᠳᠡᠭᠦᠯᠵᠦ᠂ 170.5 ᠳ᠋ᠦᠩᠰᠢᠭᠤᠷ ᠲᠦᠭᠦᠷᠢᠭ ᠬᠦᠷᠭᠡᠨ᠎ᠡ᠃ ᠭᠠᠶᠢᠯᠢ ᠶᠢᠨ

ᠤᠷᠤᠯᠭ᠎ᠠ ᠶᠢ 6 % ᠨᠡᠮᠡᠭᠳᠡᠭᠦᠯᠵᠦ᠂ ᠡᠳ᠋ ᠤᠨ ᠵᠠᠰᠠᠭ ᠤᠨ ᠤᠷᠤᠯᠭ᠎ᠠ ᠶᠢ 15.8 ᠳ᠋ᠦᠩᠰᠢᠭᠤᠷ ᠲᠦᠭᠦᠷᠢᠭ

ᠬᠦᠷᠭᠡᠨ᠎ᠡ᠃ ᠨᠡᠶᠢᠭᠡᠮ ᠤᠨ ᠲᠠᠸᠠᠷ ᠤᠨ ᠰᠤᠯᠠ ᠪᠤᠷᠤᠭᠤᠯᠤᠯᠳᠠ ᠶᠢᠨ ᠶᠡᠷᠥᠩᠬᠡᠢ ᠬᠡᠮᠵᠢᠶ᠎ᠡ ᠶᠢ 11% ᠨᠡᠮᠡᠭᠳᠡᠭᠦᠯᠵᠦ

᠂ 37.2 ᠳ᠋ᠦᠩᠰᠢᠭᠤᠷ ᠲᠦᠭᠦᠷᠢᠭ ᠬᠦᠷᠭᠡᠨ᠎ᠡ᠃ ᠬᠤᠳᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ

 ᠤᠨ ᠡᠵᠡᠮᠳᠡᠵᠦ ᠪᠤᠯᠬᠤ ᠤᠷᠤᠯᠭ᠎ᠠ ᠶᠢ ᠲᠤᠰ ᠪᠦᠷᠢ 10%  ᠪᠠ 11%  ᠨᠡᠮᠡᠭᠳᠡᠭᠦᠯᠵᠦ᠂ 27044 ᠲᠦᠭᠦᠷᠢᠭ

ᠪᠠ 14033 ᠲᠦᠭᠦᠷᠢᠭ ᠬᠦᠷᠭᠡᠨ᠎ᠡ᠃

     ᠡᠳᠡᠭᠡᠷ ᠲᠦᠰᠦᠪᠯᠡᠭᠰᠡᠨ ᠬᠠᠷᠠᠯᠳᠠ ᠶᠢ ᠪᠢᠳᠡᠨ ᠳᠤ ᠲᠤᠯᠭᠠᠷᠠᠵᠦ ᠪᠠᠶᠢᠭ᠎ᠠ ᠪᠠᠶᠢᠳᠠᠯ ᠪᠠ ᠡᠭᠦᠷᠭᠡ ᠶᠢ

ᠨᠢᠭᠡᠳᠦᠯᠳᠡᠢ ᠲᠦᠯᠦᠪᠯᠡᠵᠦ ᠪᠤᠳᠤᠯᠬᠢᠯᠠᠨ᠂ ᠪᠠᠰᠠ ᠠᠷᠠᠳ ᠤᠨ ᠠᠮᠢᠳᠤᠷᠠᠯ ᠤᠨ ᠬᠦᠭᠵᠯᠳᠡ ᠶᠢᠨ ᠬᠡᠷᠡᠭᠴᠡᠭᠡ ᠪᠠ

ᠲᠤᠰ ᠪᠡᠶ᠎ᠡ ᠶᠢᠨ ᠬᠦᠭᠵᠢᠯᠳᠡ ᠶᠢᠨ ᠲᠠᠯᠳᠠ ᠬᠦᠴᠦᠨ ᠵᠦᠢᠯ ᠢ ᠪᠤᠳᠤᠯᠬᠢᠯᠠᠨ᠂ ᠶᠡᠷᠥᠩᠬᠡᠶᠢᠯᠡᠨ ᠲᠤᠩᠭᠠᠨ

ᠪᠤᠳᠤᠭᠰᠠᠨ ᠤ ᠳᠠᠷᠠᠭ᠎ᠠ ᠲᠤᠭᠳᠠᠭᠠᠰᠠᠨ ᠶᠤᠮ᠃ ᠤᠯᠤᠰ ᠤᠨ ᠲᠤᠳᠤᠭᠠᠳᠦ ᠭᠠᠳᠠᠭᠠᠳᠦ ᠶᠢᠨ ᠠᠵᠦ ᠠᠬᠤᠢ ᠶᠢᠨ

ᠪᠠᠶᠢᠳᠠᠯ ᠨᠠᠷᠢᠨ ᠪᠤᠳᠤᠯᠢᠶᠠᠨᠳᠠᠢ ᠪᠦᠭᠡᠳ ᠬᠦᠨᠳᠦ ᠰᠦᠷᠡᠬᠡᠢ᠂ ᠠᠵᠦ ᠠᠬᠤᠢ ᠤᠷᠤᠭᠤᠳᠠᠵᠦ ᠪᠠᠶᠢᠬᠤ ᠲᠠᠷᠤᠭᠠᠰᠤ

ᠮᠦᠨᠴᠦ ᠦᠷᠭᠦᠯᠵᠢᠯᠡᠵᠦ ᠪᠠᠶᠢᠭ᠎ᠠ ᠪᠠᠶᠢᠳᠠᠯ ᠲᠤᠤᠷ᠎ᠠ᠂ ᠡᠳᠡᠭᠡᠷ ᠬᠠᠷᠠᠯᠳᠠ ᠶᠢ ᠪᠡᠶᠡᠯᠡᠭᠦᠯᠬᠦ ᠳᠤ ᠲᠡᠶᠢᠮᠦ ᠠᠮᠠᠷᠬᠠᠨ

ᠪᠢᠰᠢ᠂ ᠡᠷᠬᠡᠪᠰᠢ ᠬᠦᠴᠢᠷ ᠢ ᠠᠷᠭᠠᠴᠠᠬᠤ ᠬᠦᠢᠴᠡᠳ ᠪᠡᠯᠡᠳᠭᠡᠯ ᠬᠢᠬᠦ ᠬᠡᠷᠡᠭᠳᠡᠢ ᠭᠡᠳᠡᠭ ᠢ ᠪᠢᠳᠡ ᠲᠤᠳᠤᠷᠬᠠᠢ

ᠮᠡᠳᠡᠵᠦ ᠪᠠᠶᠢᠨ᠎ᠠ᠃ ᠭᠡᠪᠡᠴᠦ ᠤᠯᠤᠰ ᠤᠨ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠠᠷᠭ᠎ᠠ ᠠᠪᠴᠠᠯ ᠬᠦᠴᠦᠨ ᠲᠠᠢ

ᠪᠤᠯᠵᠤ᠂ ︽ᠨᠢᠭᠡ ᠪᠦᠰᠡ ᠨᠢᠭᠡ ᠵᠠᠮ︾᠂ ᠰᠢᠨ᠎ᠡ ᠨᠢᠭᠡᠨ ᠡᠭᠡᠯᠵᠢ ᠶᠢᠨ ᠵᠡᠭᠦᠨ ᠬᠤᠶᠢᠳᠦ ᠶᠢ ᠭᠦᠭᠵᠢᠭᠦᠯᠬᠦ

ᠪᠠᠶᠢᠯᠳᠣᠬᠤ ᠪᠤᠳᠤᠯᠭ᠎ᠠ᠂ ᠦᠪᠡᠷᠳᠡᠭᠡᠨ ᠵᠠᠰᠠᠬᠤ ᠤᠷᠤᠨ ᠤ ᠵᠡᠭᠦᠨ ᠬᠤᠶᠢᠳᠦ ᠬᠡᠰᠡᠭ ᠤᠨ ᠠᠶᠢᠮᠠᠭ ᠬᠤᠳᠠ ᠶᠢᠨ

ᠦᠰᠦᠷᠦᠩᠬᠦᠢ ᠬᠦᠭᠵᠢᠯᠳᠡ ᠶᠢ ᠳᠡᠮᠵᠢᠭᠰᠡᠨ ᠨᠢ ᠠᠵᠤ ᠦᠢᠯᠡᠰ ᠤᠨ ᠬᠤᠷᠰᠢᠶᠠᠵᠢᠯ ᠪᠠ ᠵᠠᠬ᠎ᠠ ᠳᠡᠯᠬᠡᠬᠦᠷ ᠤᠨ

ᠤᠷᠤᠨ ᠵᠠᠢ ᠶᠢ ᠦᠷᠬᠡᠳᠬᠡᠵᠤ᠂ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠳᠠ ᠲᠠᠢ ᠬᠤᠯᠪᠤᠭᠳᠠᠬᠤ

ᠭᠤᠤᠯ ᠲᠦᠭᠦᠭᠡᠢ ᠮᠠᠲ᠋ᠧᠷᠢᠶᠠᠯ᠂ ᠦᠢᠯᠡᠳᠭᠦᠨ ᠪᠦᠳᠦᠭᠡᠭᠳᠡᠬᠦᠨ ᠤ ᠦᠨ᠎ᠡ ᠬᠠᠩᠰᠢ ᠤᠶᠤᠨᠴᠢ ᠪᠠᠷ ᠪᠤᠴᠠᠵᠦ᠂ ᠮᠠᠨ

 ᠤ ᠬᠤᠰᠢᠭᠤ ᠰᠢᠯᠢᠳᠡᠭ ᠰᠠᠶᠢᠨ ᠡᠬᠢ ᠪᠠᠶᠠᠯᠢᠭ ᠤᠨ ᠲᠠᠪᠠᠭᠤᠯᠢᠭ ᠪᠠ ᠯᠤᠳᠤ ᠶᠡᠭᠡ ᠬᠦᠭᠵᠢᠯᠳᠠ ᠶᠢᠨ ᠳᠠᠯᠳᠠ

ᠬᠦᠴᠦᠨ ᠲᠠᠢ᠂ ᠦᠷᠬᠡᠨ ᠤᠯᠠᠨ ᠺᠠᠳ᠋ᠷ ᠤᠯᠠᠨ ᠲᠦᠮᠡᠨ ᠤ ᠠᠵᠢᠯ ᠬᠢᠬᠦ ᠦᠢᠯᠡᠰ ᠪᠦᠳᠦᠬᠡᠬᠦ ᠤᠷᠬᠢᠯᠤᠮ᠎ᠡ ᠬᠠᠯᠠᠭᠤᠨ

ᠵᠤᠷᠢᠭ ᠢ ᠬᠦᠭᠵᠢᠬᠡᠬᠦ ᠳᠤ ᠲᠦᠢᠯ ᠤᠨ ᠠᠰᠢᠭᠳᠡᠢ ᠨᠦᠬᠦᠴᠡᠯ ᠪᠦᠷᠢᠯᠳᠦᠬᠦᠯᠪᠡ᠃ ᠪᠢᠳᠡ ᠡᠷᠬᠡᠪᠰᠢ ︽ᠦᠰᠦᠷᠴᠦ

ᠪᠠᠶᠢᠭᠠᠳ ᠲᠤᠭᠤᠷ ᠲᠡᠭᠦᠭᠦ︾ ᠪᠠ      ︽ᠬᠦᠶᠦᠵᠦ ᠪᠠᠶᠢᠭᠠᠳ ᠬᠠᠷᠠᠯᠳᠠ ᠳᠤ ᠪᠠᠨ ᠬᠦᠷᠬᠦ︾ ᠵᠤᠷᠢᠭ ᠰᠠᠨᠠᠭ᠎ᠠ

 ᠲᠠᠢ ᠪᠠᠶᠢᠵᠦ᠂ ᠨᠡᠩ ᠰᠠᠶᠢᠨ ᠨᠡᠩ ᠲᠦᠷᠬᠡᠨ ᠬᠦᠭᠵᠢᠯᠳᠡ ᠶᠢ ᠪᠡᠶᠡᠯᠡᠭᠦᠯᠬᠦ ᠬᠡᠷᠡᠭᠳᠡᠢ᠃ ᠪᠤᠳᠠᠳᠠᠢ ᠠᠵᠢᠯ ᠤᠨ

ᠲᠤᠮᠳᠠ᠂ ᠨᠢᠭᠡᠳᠦᠭᠡᠷ ᠠᠵᠦ ᠦᠢᠯᠡᠰ ᠲᠤ  ᠯᠠᠪᠳᠠᠭᠤᠨ ᠢᠶᠠᠷ ᠲᠤᠬᠢᠷᠠᠭᠤᠯᠤᠯᠳᠠ ᠬᠢᠵᠦ᠂ ᠬᠤᠶᠠᠳᠤᠭᠠᠷ ᠠᠵᠦ

ᠦᠢᠯᠡᠰ ᠢ ᠦᠭᠡᠷᠡᠳᠦᠭᠦᠯᠬᠦ ᠶᠢ ᠲᠦᠷᠭᠡᠳᠭᠡᠵᠦ᠂ ᠭᠤᠷᠪᠠᠳᠤᠭᠠᠷ ᠠᠵᠦ ᠦᠢᠯᠡᠰ ᠢ ᠦᠷᠭᠦᠯᠵᠢᠯᠡᠨ ᠴᠢᠩᠭᠠᠳᠬᠠᠬᠤ

 ᠪᠠᠷ ᠳᠠᠮᠵᠢᠨ᠂ ︽ᠨᠢᠭᠡ ᠤᠷᠤᠨ᠂ ᠨᠢᠭᠡ ᠱᠤᠭᠤᠮ᠂ ᠨᠢᠭᠡ ᠬᠠᠯᠬᠠᠪᠴᠢ᠂ ᠲᠠᠪᠤᠨ ᠶᠡᠭᠡ ᠰᠠᠭᠤᠷᠢᠨ ᠭᠠᠵᠠᠷ︾

ᠵᠡᠷᠭᠡ ᠠᠵᠢᠯ ᠤᠨ ᠭᠤᠤᠯᠳᠠᠯᠭ᠎ᠠ ᠪᠠᠨ ᠲᠤᠪᠤᠶᠢᠯᠭᠠᠨ᠂ ᠲᠦᠩᠯᠢᠶᠤᠤ ᠬᠤᠳᠠ ᠶᠢᠨ ᠬᠤᠶᠢᠳᠣ ᠬᠡᠰᠡᠭ ᠤᠨ ᠠᠵᠤ

ᠠᠬᠤᠢ ᠶᠢᠨ ᠨᠡᠮᠡᠭᠳᠡᠯ ᠤᠨ ᠲᠦᠢᠯ ᠪᠤᠯᠭᠠᠬᠤ ᠪᠠᠷ ᠬᠦᠴᠦᠯᠡᠨ ᠴᠢᠷᠮᠠᠶᠢᠨ᠎ᠠ᠃

      ︵ᠨᠢᠭᠡ︶ ᠬᠦᠭᠵᠢᠯᠳᠡ ᠪᠠᠨ ᠲᠦᠷᠭᠡᠳᠭᠡᠬᠦ ᠰᠠᠭᠤᠷᠢ ᠪᠠᠨ ᠪᠠᠳᠤᠳᠬᠠᠵᠦ᠂ ᠬᠦᠭᠵᠢᠯᠳᠡ ᠶᠢᠨ ᠲᠠᠯᠳᠠ

ᠬᠦᠴᠦᠨ ᠢᠶᠠᠨ ᠬᠦᠢᠴᠡᠳ ᠪᠠᠳᠠᠷᠠᠭᠤᠯᠤᠨ᠎ᠠ

      ᠵᠠᠬ᠎ᠠ ᠳᠡᠯᠭᠡᠭᠦᠷ ᠠᠴᠠ ᠡᠬᠢ ᠪᠠᠶᠠᠯᠢᠭ ᠢ ᠲᠤᠬᠢᠷᠠᠭᠤᠯᠬᠤ ᠲᠤᠮᠳᠠᠬᠢ ᠰᠢᠢᠳᠪᠤᠷᠢᠯᠡᠬᠦ ᠴᠢᠨᠠᠷ ᠲᠠᠢ ᠦᠢᠯᠡᠳᠦᠯ

ᠪᠠ ᠵᠠᠰᠠᠭ ᠤᠨ ᠤᠷᠳᠤᠨ ᠤ ᠦᠢᠯᠡᠳᠦᠯ ᠢ ᠨᠡᠩ ᠰᠠᠶᠢᠨ ᠪᠠᠳᠠᠷᠠᠭᠤᠯᠵᠦ᠂ ᠬᠠᠩᠭᠠᠯᠭ᠎ᠠ ᠶᠢᠨ ᠪᠦᠳᠦᠴᠡ ᠶᠢᠨ  ᠴᠢᠨᠠᠷ

 ᠲᠠᠢ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠦ᠂ ᠴᠢᠬᠤᠯᠠ ᠶᠡᠭᠡ ᠰᠠᠭᠤᠷᠢ ᠲᠦᠭᠦᠭᠡᠷᠤᠮᠵᠢ ᠶᠢᠨ ᠪᠠᠶᠢᠭᠤᠯᠤᠯᠳᠠ

 ᠶᠢ ᠪᠦᠬᠦ ᠲᠠᠯ᠎ᠠ ᠪᠠᠷ ᠴᠢᠩᠭᠠᠳᠬᠠᠵᠦ᠂ ᠬᠠᠮᠤᠭ ᠶᠡᠭᠡ ᠬᠡᠮᠵᠢᠶ᠎ᠡ ᠪᠠᠷ ᠦᠢᠯᠡᠳᠪᠤᠷᠢᠯᠡᠯ ᠤᠨ ᠬᠦᠴᠦᠨ ᠢ  

ᠴᠢᠯᠦᠭᠡᠯᠡᠵᠦ᠂ ᠠᠵᠦ ᠠᠬᠤᠶᠢᠯᠠᠯ ᠤᠨ ᠦᠷᠢᠰᠦᠯᠳᠦᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠦ ᠠᠬᠤᠢ ᠶᠢᠨ

ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠦᠷᠭᠦᠯᠵᠢᠯᠡᠨ ᠳᠡᠭᠡᠭᠰᠢᠯᠡᠭᠦᠯᠦᠨ᠎ᠡ᠃

      ᠲᠠᠪᠤᠨ ᠶᠡᠭᠡ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠡᠮᠬᠢ ᠲᠠᠷᠠᠭ᠎ᠠ ᠲᠠᠢ ᠠᠬᠢᠭᠤᠯᠤᠨ᠎ᠡ᠃ ᠬᠠᠩᠭᠠᠯᠭ᠎ᠠ

 ᠶᠢᠨ ᠴᠢᠨᠠᠷ ᠢ ᠳᠡᠭᠡᠭᠰᠢᠯᠡᠭᠦᠯᠬᠦ ᠪᠠᠷ ᠭᠤᠤᠯ ᠰᠢᠪᠳᠤᠯᠬᠦ ᠬᠠᠨᠳᠤᠰᠢ ᠪᠤᠯᠭᠠᠨ᠂ ᠵᠠᠬ᠎ᠠ ᠳᠡᠯᠭᠡᠭᠦᠷ ᠤᠨ ᠬᠡᠷᠡᠭᠴᠡᠭᠡ ᠳᠤ

ᠵᠤᠬᠢᠴᠭᠤᠯᠤᠨ᠂ ᠪᠦᠳᠦᠮᠵᠢᠳᠡᠢ ᠬᠠᠩᠭᠠᠯᠭ᠎ᠠ ᠪᠠᠨ ᠶᠡᠬᠡᠰᠬᠡᠵᠦ᠂ ︽ᠭᠤᠷᠪᠠ ᠶᠢ ᠪᠠᠭᠠᠰᠬᠠᠬᠤ ᠨᠢᠭᠡ ᠶᠢ

ᠪᠠᠭᠤᠷᠠᠭᠤᠯᠬᠤ ᠨᠢᠭᠡ ᠶᠢ ᠨᠦᠬᠦᠪᠦᠷᠢᠯᠡᠬᠦ︾ ᠠᠵᠢᠯ ᠢ ᠮᠦᠨ ᠴᠢᠨᠠᠷ ᠤᠨ ᠠᠬᠢᠴᠠ ᠲᠠᠢ ᠪᠤᠯᠭᠠᠨ᠎ᠠ᠃

ᠦᠢᠯᠡᠳᠪᠤᠷᠢᠯᠡᠬᠦ ᠴᠢᠳᠠᠪᠤᠷᠢ ᠪᠠᠨ ᠪᠠᠭᠠᠰᠬᠠᠬᠤ ᠲᠠᠯ᠎ᠠ ᠪᠠᠷ᠂ ᠰᠢᠯᠢᠳᠡᠭ ᠦᠢᠯᠡᠳᠪᠤᠷᠢᠯᠡᠯ ᠤᠨ ᠴᠢᠳᠠᠪᠤᠷᠢ ᠪᠠᠨ

ᠳᠡᠭᠡᠳᠦ ᠳᠡᠰ ᠤᠨ ᠦᠢᠯᠡᠳᠭᠦᠨ ᠪᠤᠯᠭᠠᠨ ᠬᠤᠪᠢᠷᠠᠭᠤᠯᠬᠤ ᠶᠢ ᠠᠬᠢᠭᠤᠯᠵᠦ᠂ ᠬᠦᠩᠭᠡᠨᠴᠠᠭᠠᠨ ᠢ ᠲᠠᠬᠢᠨ

ᠪᠤᠯᠪᠠᠰᠤᠷᠠᠭᠤᠯᠬᠤ ᠦᠢᠯᠡᠳᠭᠦᠨ ᠢ ᠲᠤᠮᠳᠠ ᠳᠡᠭᠡᠳᠦ ᠳᠡᠰ ᠤᠨ ᠦᠢᠯᠡᠳᠭᠦᠨ ᠲᠡᠰᠢ ᠬᠦᠭᠵᠢᠭᠦᠯᠦᠨ᠎ᠡ᠃ ᠨᠡᠭᠦᠷᠡᠰᠦᠨ

 ᠤ ᠠᠵᠦ ᠠᠬᠤᠶᠢᠯᠠᠯ ᠤᠨ ᠬᠡᠯᠪᠡᠷᠢ ᠪᠠᠨ ᠦᠬᠡᠷᠡᠳᠦᠬᠦᠯᠬᠦ᠂ ᠪᠤᠯᠪᠠᠰᠣᠷᠠᠭᠤᠯᠬᠤ ᠠᠵᠦ ᠠᠬᠤᠶᠢᠯᠠᠯ ᠤᠨ ᠳᠡᠰ

ᠳᠠᠪᠰᠢᠬᠤ ᠪᠠ ᠦᠢᠯᠡᠳᠪᠤᠷᠢᠯᠡᠯ ᠢᠶᠠᠨ ᠵᠤᠭᠰᠤᠭᠰᠠᠨ ᠬᠠᠭᠠᠰ ᠵᠤᠭᠰᠤᠭᠰᠠᠨ ᠠᠵᠦ ᠠᠬᠤᠶᠢᠯᠠᠯ  ᠪᠠ ᠬᠠᠳᠠᠭᠠᠯᠠᠮᠵᠢ

 ᠪᠠᠨ ᠠᠮᠢᠳᠣᠯᠢᠭᠵᠢᠭᠤᠯᠬᠤ ᠳᠡᠭᠡᠷ᠎ᠡ ᠬᠦᠴᠦᠨ ᠳᠠᠯᠪᠢᠵᠤ᠂ ᠠᠵᠦ ᠠᠬᠤᠶᠢᠯᠠᠯ ᠤᠨ ᠵᠠᠬ᠎ᠠ ᠳᠡᠯᠭᠡᠭᠦᠷ ᠤᠨ

ᠦᠷᠢᠰᠦᠯᠳᠦᠬᠦ ᠬᠦᠴᠦᠨ ᠢ ᠨᠡᠮᠡᠭᠳᠡᠭᠦᠯᠦᠨ᠎ᠡ᠃ ᠬᠦᠮᠦᠷᠭᠡ ᠶᠢᠨ ᠬᠠᠳᠠᠭᠠᠯᠠᠮᠵᠢ ᠪᠠᠨ ᠪᠠᠭᠠᠰᠬᠠᠬᠤ ᠲᠠᠯ᠎ᠠ ᠪᠠᠷ᠂

ᠬᠦᠮᠦᠷᠭᠡ ᠶᠢᠨ ᠬᠠᠳᠠᠭᠠᠯᠠᠮᠵᠢ ᠪᠠᠨ ᠪᠠᠭᠠᠰᠬᠠᠬᠤ ᠪᠠ ᠬᠤᠳᠠ ᠪᠠᠯᠭᠠᠰᠤᠵᠢᠯᠳᠡ ᠲᠠᠢ ᠤᠶᠠᠯᠳᠤᠭᠤᠯᠬᠤ ᠶᠢ ᠪᠠᠷᠢᠮᠳᠠᠯᠠᠨ

᠂ ᠮᠠᠯᠴᠢᠳ ᠲᠠᠷᠢᠶᠠᠴᠢᠳ ᠤᠨ ᠬᠤᠳᠠ ᠤᠷᠤᠵᠦ  ᠤᠷᠤᠨ ᠰᠠᠭᠤᠴᠠ ᠬᠤᠳᠠᠯᠳᠤᠨ ᠠᠪᠬᠤ ᠶᠢ ᠵᠤᠷᠢᠭᠵᠢᠭᠤᠯᠤᠨ᠂

ᠪᠦᠷᠭᠡ ᠭᠡᠷ ᠢ ᠵᠤᠭᠤᠰᠴᠢᠯᠠᠨ ᠲᠦᠪᠬᠢᠨᠡᠭᠦᠯᠬᠦ ᠬᠦᠴᠦᠨ ᠢᠶᠠᠨ ᠶᠡᠬᠡᠰᠭᠡᠵᠦ᠂ ᠬᠦᠮᠦᠷᠭᠡ ᠶᠢᠨ ᠬᠠᠳᠠᠭᠠᠯᠠᠮᠵᠢ ᠪᠠᠨ

ᠪᠠᠭᠠᠰᠬᠠᠬᠤ ᠠᠵᠢᠯ ᠢ ᠰᠠᠶᠢᠳᠤᠷ ᠬᠢᠨ᠎ᠡ᠃ ᠭᠠᠵᠠᠷ ᠰᠢᠷᠤᠢ᠂ ᠮᠦᠩᠭᠦᠨ ᠬᠦᠢᠯᠭᠡᠭᠡᠨ ᠵᠡᠷᠭᠡ ᠠᠷᠭ᠎ᠠ ᠠᠪᠴᠠᠯ ᠢ

ᠶᠡᠷᠥᠩᠬᠡᠶᠢᠯᠡᠨ ᠬᠡᠷᠡᠭᠯᠡᠵᠦ᠂ ᠭᠡᠷ ᠬᠦᠷᠦᠩᠭᠡ ᠤᠷᠤᠨ ᠰᠠᠭᠤᠴᠠ ᠶᠢᠨ ᠵᠠᠬ᠎ᠠ ᠳᠡᠯᠭᠡᠭᠦᠷ ᠤᠨ ᠯᠠᠪᠳᠠᠭᠤᠨ ᠡᠷᠡᠭᠦᠯ

ᠬᠦᠭᠵᠢᠯᠳᠡ ᠶᠢ ᠠᠬᠢᠭᠤᠯᠤᠨ᠎ᠠ᠃ ᠪᠠᠷᠢᠮᠵᠢᠶ᠎ᠡ ᠶᠢ ᠪᠠᠭᠠᠰᠬᠠᠬᠤ ᠲᠠᠯ᠎ᠠ ᠪᠠᠷ᠂ PPP ᠵᠠᠭᠪᠤᠷ ᠢ ᠢᠳᠡᠪᠬᠢᠳᠡᠢ

ᠲᠡᠯᠭᠡᠷᠡᠭᠦᠯᠦᠨ᠂ ᠲᠦᠷᠦᠯ ᠵᠦᠢᠯ ᠲᠠᠨᠢᠯᠴᠠᠭᠤᠯᠬᠤ ᠬᠡᠷᠡᠭᠵᠢᠭᠦᠯᠬᠦ ᠬᠦᠴᠦᠨ ᠢᠶᠠᠨ ᠶᠡᠭᠡᠰᠭᠡᠵᠦ᠂ ᠬᠠᠳᠠᠭᠠᠯᠠᠵᠦ

ᠪᠠᠶᠢᠭ᠎ᠠ ᠡᠳ᠋ ᠬᠦᠷᠦᠩᠭᠡ ᠪᠠᠨ ᠠᠮᠢᠳᠤᠯᠢᠭᠵᠢᠭᠤᠯᠵᠦ᠂ ᠨᠡᠶᠢᠭᠡᠮ ᠤᠨ ᠡᠳ᠋ ᠬᠦᠷᠦᠩᠭᠡ ᠶᠢ ᠬᠦᠰᠢᠨ ᠬᠦᠳᠡᠯᠭᠡᠵᠦ᠂

ᠬᠦᠷᠦᠩᠭᠡ ᠶᠢᠨ ᠡᠷᠬᠢᠯᠳᠡ ᠡᠵᠡᠩᠨᠡᠯᠳᠡ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠦᠪᠡᠷ ᠤᠨ ᠦᠷᠳᠡᠭ ᠢ

ᠪᠠᠭᠤᠷᠠᠭᠤᠯᠬᠤ ᠲᠠᠯ᠎ᠠ ᠪᠠᠷ᠂ ᠦᠨᠳᠦᠰᠦ ᠨᠠᠮᠠᠭ᠎ᠠ ᠲᠠᠢ ᠨᠢ ᠴᠤᠭᠭᠠᠷ ᠵᠠᠰᠠᠬᠤ᠂ ᠶᠡᠷᠥᠩᠬᠡᠶᠢᠯᠡᠨ ᠬᠡᠷᠡᠭᠵᠢᠭᠦᠯᠬᠦ ᠠᠷᠭ᠎ᠠ

 ᠶᠢ ᠪᠠᠷᠢᠮᠳᠠᠯᠠᠨ᠂ ᠠᠵᠦ ᠠᠬᠤᠶᠢᠯᠠᠯ ᠤᠨ ᠭᠠᠶᠢᠯᠢ ᠶᠢᠨ ᠲᠠᠷᠤᠭᠠᠰᠤ ᠶᠢ ᠦᠨᠡᠨᠬᠦ ᠬᠦᠩᠭᠡᠯᠡᠨ᠂ ᠪᠡᠯᠡ ᠨᠡᠶᠢᠯᠡᠭᠦᠯᠬᠦ᠂

ᠪᠠᠷᠠᠭᠠᠨ ᠤ ᠬᠦᠢᠯᠭᠡᠭᠡ᠂ ᠭᠠᠵᠠᠷ ᠰᠢᠷᠤᠢ ᠬᠡᠷᠡᠭᠯᠡᠬᠦ ᠵᠡᠷᠭᠡ ᠶᠢᠨ ᠡᠷᠬᠢᠯᠳᠡ ᠶᠢᠨ ᠦᠪᠡᠷ ᠤᠨ ᠦᠷᠳᠡᠭ ᠢ ᠦᠨᠡᠨᠬᠦ

ᠪᠠᠭᠤᠷᠠᠭᠤᠯᠤᠨ᠎ᠠ᠃ ︽ᠳᠡᠮᠵᠢᠬᠦ ᠳᠠᠭᠠᠭᠠᠬᠤ ᠵᠢᠭᠡᠯᠡᠯᠭᠡ︾ ᠬᠤᠷᠰᠢᠬᠤ ᠲᠤᠭᠳᠠᠴᠠ ᠶᠢ ᠦᠷᠭᠦᠯᠵᠢᠯᠡᠨ

ᠲᠡᠭᠦᠯᠳᠡᠷᠵᠢᠭᠦᠯᠵᠦ᠂ ᠲᠤᠮᠳᠠ ᠵᠢᠵᠢᠭ ᠠᠵᠦ ᠠᠬᠤᠶᠢᠯᠠᠯ ᠤᠨ ᠵᠢᠭᠡᠯᠡᠯᠭᠡ ᠤᠯᠬᠤ ᠳᠤ ᠬᠦᠴᠢᠷᠳᠡᠢ ᠪᠠᠶᠢᠬᠤ

ᠠᠰᠠᠭᠤᠳᠠᠯ ᠢ ᠰᠢᠢᠳᠪᠤᠷᠢᠯᠡᠨ᠎ᠡ᠃ ᠲᠤᠳᠠᠭᠳᠠᠯ ᠢᠶᠠᠨ ᠨᠦᠬᠦᠪᠤᠷᠢᠯᠡᠬᠦ ᠲᠠᠯ᠎ᠠ ᠪᠠᠷ᠂ ᠠᠵᠦ ᠠᠬᠤᠢ ᠨᠡᠶᠢᠭᠡᠮ ᠤᠨ

ᠬᠦᠭᠵᠢᠯᠳᠡ ᠶᠢ ᠬᠠᠷᠰᠢᠯᠡᠵᠦ ᠪᠠᠶᠢᠭ᠎ᠠ ᠵᠠᠩᠭᠢᠯᠠᠭ᠎ᠠ ᠶᠢᠨ ᠭᠤᠭᠴᠤᠭ᠎ᠠ᠂ ᠤᠯᠠᠨ ᠲᠦᠮᠡᠨ ᠤ ᠪᠠᠴᠢᠮ ᠲᠤᠯᠭᠠᠷᠠᠵᠦ

ᠰᠢᠢᠳᠪᠤᠷᠢᠯᠡᠭᠦᠯᠬᠦ ᠭᠡᠵᠦ ᠪᠠᠶᠢᠭ᠎ᠠ ᠲᠤᠪᠤᠶᠢᠮ᠎ᠠ ᠠᠰᠠᠭᠤᠳᠠᠯ ᠠᠴᠠ ᠭᠠᠷᠳᠠᠨ᠂ ᠶᠠᠳᠠᠭᠤ ᠶᠢ ᠳᠡᠳᠭᠦᠭᠦ ᠪᠤᠭᠤᠮᠳᠠ

ᠰᠢᠪᠳᠤᠯᠬᠦ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠭᠠᠯᠠᠬᠤ᠂ ᠰᠠᠭᠤᠷᠢ  ᠲᠤᠨᠤᠭ  ᠲᠦᠭᠦᠭᠡᠷᠤᠮᠵᠢ᠂

ᠨᠡᠶᠢᠳᠡ ᠶᠢᠨ ᠦᠢᠯᠡᠴᠢᠯᠡᠭᠡ ᠭᠤᠷᠪᠠᠳᠣᠭᠠᠷ ᠠᠵᠤ ᠦᠢᠯᠡᠰ ᠵᠡᠷᠭᠡ ᠬᠦᠷᠢᠶ᠎ᠡ ᠬᠡᠪᠴᠢᠶᠡᠨ ᠳᠠᠬᠢ ︽ᠪᠤᠭᠤᠮᠢ︾ ᠶᠢᠨ

ᠬᠢᠵᠠᠭᠠᠷᠯᠠᠯ ᠢ ᠬᠦᠴᠦᠯᠡᠨ ᠡᠪᠳᠡᠵᠤ᠂ ᠲᠤᠳᠠᠭᠳᠠᠯ ᠢᠶᠠᠨ ᠨᠦᠬᠦᠪᠤᠷᠢᠯᠡᠬᠦ ᠪᠠᠷ ᠳᠠᠮᠵᠢᠨ ᠰᠢᠨ᠎ᠡ ᠬᠠᠩᠭᠠᠯᠭ᠎ᠠ ᠡᠭᠦᠳᠦᠨ

᠂ ᠰᠢᠨ᠎ᠡ ᠬᠡᠷᠡᠭᠴᠡᠭᠡ ᠶᠢ ᠬᠠᠩᠭᠠᠵᠦ᠂ ᠰᠢᠨ᠎ᠡ ᠬᠦᠳᠡᠯᠭᠡᠭᠦᠷ ᠢ ᠪᠤᠢ ᠪᠤᠯᠭᠠᠨ᠎ᠠ᠃

     ᠨᠡᠶᠢᠳᠡ ᠶᠢᠨ ᠪᠤᠰᠤ ᠠᠵᠦ ᠠᠬᠤᠢ ᠶᠢ ᠬᠦᠴᠦᠯᠡᠨ ᠬᠦᠭᠵᠢᠭᠦᠯᠵᠦ ᠴᠡᠴᠡᠭᠯᠡᠭᠦᠯᠦᠨ᠎ᠡ᠃ ᠦᠪᠡᠷᠳᠡᠭᠡᠨ ᠵᠠᠰᠠᠬᠤ

ᠤᠷᠤᠨ ᠤ ᠨᠡᠶᠢᠳᠡ ᠶᠢᠨ ᠪᠤᠰᠤ ᠠᠵᠦ ᠠᠬᠤᠢ ᠶᠢ ᠲᠦᠷᠭᠡᠨ ᠬᠦᠭᠵᠢᠭᠦᠯᠬᠦ 76 ᠵᠤᠷᠪᠤᠰ ᠲᠦᠷᠦ ᠶᠢᠨ ᠪᠤᠳᠤᠯᠭ᠎ᠠ

 ᠶᠢ ᠬᠦᠢᠴᠡᠳ ᠰᠠᠶᠢᠳᠤᠷ ᠬᠡᠷᠡᠭᠯᠡᠨ᠂ ᠨᠡᠶᠢᠳᠡ ᠶᠢᠨ ᠪᠤᠰᠤ ᠠᠵᠦ ᠠᠬᠤᠢ ᠶᠢᠨ ᠵᠠᠬ᠎ᠠ ᠳᠡᠯᠭᠡᠭᠦᠷ ᠤᠨ ᠭᠤᠤᠯ

ᠴᠤᠭᠴᠠ ᠶᠢᠨ ᠶᠡᠷᠥᠩᠬᠡᠢ ᠲᠤᠭ᠎ᠠ ᠶᠢ 5% ᠠᠴᠠ ᠳᠡᠭᠡᠭᠰᠢ ᠨᠡᠮᠡᠭᠳᠡᠭᠦᠯᠦᠨ᠎ᠡ᠃ ᠸᠧᠢ ᠯᠢᠨ ᠠᠷᠢᠬᠢᠨ ᠦᠢᠯᠡᠰ᠂

ᠵᠧᠩ ᠳ᠋ᠠ ᠠᠮᠤ ᠲᠤᠰᠤ᠂ ᠴᠢᠶᠠᠨ ᠱᠦᠨ ᠠᠷᠠᠯᠵᠢᠶ᠎ᠡ ᠬᠤᠳᠠᠯᠳᠤᠭ᠎ᠠ᠂ ᠬᠤᠤ ᠬᠠᠢ ᠬᠢᠮᠢ ᠶᠢᠨ ᠠᠵᠦ ᠦᠢᠯᠡᠳᠪᠤᠷᠢ

ᠵᠡᠷᠭᠡ ᠨᠤᠳᠤᠭ ᠤᠨ ᠠᠵᠦ ᠠᠬᠤᠶᠢᠯᠠᠯ ᠢ ᠬᠦᠴᠦᠯᠡᠨ ᠳᠡᠮᠵᠢᠵᠦ ᠰᠢᠯᠢᠳᠡᠭᠵᠢᠭᠦᠯᠦᠨ ᠬᠦᠴᠦᠷᠭᠡᠭᠵᠢᠭᠦᠯᠵᠦ᠂

ᠬᠦᠭᠵᠢᠭᠦᠯᠵᠦ ᠪᠤᠵᠠᠭᠠᠶᠢᠷᠠᠭᠤᠯᠤᠨ᠎ᠠ᠃ ᠬᠠᠢ ᠳ᠋ᠢ ᠯᠤᠤ ᠶᠡᠭᠡ ᠮᠠᠯᠵᠢᠯ ᠤᠨ ᠲᠠᠯᠠᠪᠠᠢ᠂ ᠰᠢᠷᠠᠮᠤ ᠵᠡᠷᠭᠡ

ᠬᠤᠳᠠᠯᠳᠤᠭᠠᠴᠢᠨ ᠤᠷᠢᠵᠦ ᠪᠡᠯᠡ ᠲᠠᠳᠠᠭᠰᠠᠨ ᠠᠵᠦ ᠠᠬᠤᠶᠢᠯᠠᠯ ᠤᠨ ᠦᠢᠯᠡᠳᠪᠤᠷᠢᠯᠡᠯ ᠢᠶᠠᠨ ᠦᠷᠭᠡᠳᠭᠡᠵᠦ ᠴᠢᠨᠠᠷ

 ᠢᠶᠠᠨ ᠳᠡᠭᠡᠭᠰᠢᠯᠡᠭᠦᠯᠵᠦ᠂  ᠵᠠᠬ᠎ᠠ ᠳᠡᠯᠭᠡᠭᠦᠷ ᠨᠡᠬᠡᠭᠡᠬᠦ ᠶᠢ ᠲᠦᠷᠭᠡᠨ ᠠᠬᠢᠭᠤᠯᠵᠦ᠂ ᠰᠢᠦ ᠵᠧᠩ ᠡᠮ ᠤᠨ ᠦᠢᠯᠡᠰ᠂

ᠵᠧᠩ ᠰᠢᠨ ᠪᠦᠯᠦᠭᠯᠡᠯ ᠵᠡᠷᠭᠡ ᠤᠯᠤᠰ ᠤᠨ ᠲᠤᠳᠤᠭᠠᠳᠦ ᠶᠢᠨ ᠨᠡᠷᠡᠳᠦ ᠠᠵᠦ ᠠᠬᠤᠶᠢᠯᠠᠯ ᠢ ᠮᠠᠨ ᠤ ᠬᠤᠰᠢᠭᠤᠨ ᠳᠤ

 ᠪᠠᠨ ᠨᠤᠳᠤᠭᠰᠢᠭᠤᠯᠵᠦ᠂ ᠠᠵᠦ ᠠᠬᠤᠶᠢᠯᠠᠯᠳᠠᠨ ᠤ ᠡᠩᠨᠡᠭᠡ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ

ᠴᠢᠩᠭᠠᠳᠬᠠᠵᠦ᠂ ᠪᠦᠬᠦ ᠬᠤᠰᠢᠭᠤᠨ ᠤ ᠠᠵᠦ ᠠᠬᠤᠢ ᠶᠢᠨ ᠬᠦᠭᠵᠢᠯᠳᠡ ᠳᠤ ᠠᠮᠢᠵᠢᠷᠠᠯ ᠤᠨ ᠬᠦᠴᠦᠨ ᠤᠯᠭᠤᠵᠦ᠂

ᠬᠦᠳᠡᠯᠭᠡᠬᠦ ᠬᠦᠴᠦᠨ ᠨᠡᠮᠡᠷᠢᠯᠡᠨ᠎ᠡ᠃ ᠠᠵᠦ ᠠᠬᠤᠶᠢᠯᠠᠯ ᠳᠤ ᠴᠢᠨᠠᠷ ᠴᠢᠨᠰᠠᠭ᠎ᠠ ᠲᠡᠷᠢᠭᠦᠨ ᠳᠤ ᠪᠠᠶᠢᠬᠤ ᠦᠵᠡᠯ

ᠤᠬᠠᠮᠰᠠᠷ ᠢ ᠪᠠᠳᠦ ᠪᠠᠬᠢ ᠪᠤᠢ ᠪᠤᠯᠭᠠᠬᠤ ᠶᠢ ᠤᠷᠢᠶᠠᠯᠠᠨ᠂ ᠴᠢᠨᠠᠷ ᠢᠶᠠᠨ ᠳᠡᠭᠡᠭᠰᠢᠯᠡᠭᠦᠯᠬᠦ ᠠᠵᠢᠯᠯᠠᠭ᠎ᠠ ᠦᠷᠨᠢᠭᠦᠯᠦᠨ᠂

ᠦᠪᠡᠷᠮᠢᠴᠡ ᠬᠠᠷᠢᠴᠠᠩᠭᠤᠢ ᠳᠠᠪᠠᠭᠤᠯᠢᠭ ᠢ ᠪᠦᠷᠢᠯᠳᠤᠭᠦᠯᠵᠦ᠂ ᠭᠠᠵᠠᠷ ᠤᠷᠤᠨ ᠤ ᠨᠡᠷ᠎ᠡ ᠳᠡᠮᠳᠡᠭ ᠢ ᠳᠠᠰᠣᠷᠠᠯᠳᠠ

ᠦᠬᠡᠢ ᠡᠬᠦᠳᠦᠨ᠎ᠡ᠃

     ᠴᠢᠬᠤᠯᠠ ᠶᠡᠭᠡ ᠰᠠᠭᠤᠷᠢ ᠲᠦᠭᠦᠭᠡᠷᠤᠮᠵᠢ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃

ᠦᠪᠡᠷᠳᠡᠭᠡᠨ ᠵᠠᠰᠠᠬᠤ ᠤᠷᠤᠨ ᠪᠠ ᠲᠦᠩᠯᠢᠶᠤᠤ ᠬᠤᠳᠠ ᠶᠢᠨ ︽ᠲᠤᠯᠤᠭᠠᠨ ᠶᠡᠭᠡ ᠰᠦᠯᠵᠢᠶᠡᠨ ᠤ ᠰᠢᠰᠲ᠋ᠧᠮ︾

 ᠤᠨ ᠪᠠᠶᠢᠭᠤᠯᠤᠯᠳᠠ ᠶᠢ ᠲᠦᠷᠭᠡᠳᠭᠡᠬᠦ ᠲᠤᠬᠢᠶᠠᠯ ᠢ ᠴᠢᠩᠭ᠎ᠠ ᠠᠳᠬᠤᠵᠦ᠂ ᠨᠢᠭᠡ ᠪᠦᠯᠦᠭ ᠴᠢᠬᠤᠯᠡ ᠶᠡᠭᠡ ᠰᠠᠭᠤᠷᠢ

ᠲᠦᠭᠦᠭᠡᠷᠤᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃ ︽ᠴᠤᠤᠯ ᠭᠤᠤᠯ ᠢ ᠲᠠᠳᠠᠵᠦ

ᠲᠦᠩᠯᠢᠶᠤᠤ ᠶᠢ ᠲᠤᠰᠠᠯᠠᠬᠤ︾ ᠵᠠᠷᠤᠳ ᠰᠠᠯᠪᠤᠷᠢ ᠱᠤᠭᠤᠮ᠂ ᠲᠠᠪᠢᠨ ᠤ ᠬᠠᠭ ᠪᠠ ᠮᠤᠳᠤ ᠴᠦᠬᠦᠷᠤᠮ ᠠᠴᠠ

ᠳᠡᠭᠡᠳᠦ ᠮᠡᠷᠭᠡᠵᠢᠯ ᠤᠨ ᠨᠡᠭᠦᠷᠡᠰᠦ ᠬᠢᠮᠢ ᠶᠢᠨ ᠠᠵᠦ ᠦᠢᠯᠡᠳᠪᠤᠷᠢ ᠶᠢᠨ ᠲᠤᠭᠤᠷᠢᠭ ᠬᠦᠷᠬᠦ ᠤᠰᠤ ᠲᠠᠳᠠᠬᠤ

ᠪᠠᠷᠢᠯᠭ᠎ᠠ ᠶᠢᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠤᠨ᠎ᠠ᠃ ᠦᠶᠡᠷ ᠠᠮᠠᠷᠬᠠᠨ ᠡᠭᠦᠰᠳᠡᠭ ᠠᠶᠢᠯ ᠲᠤᠰᠬᠤᠨ ᠢ

ᠵᠠᠰᠠᠬᠤ ᠢᠨᠵᠧᠨᠧᠷᠢᠩ ᠢ ᠲᠦᠷᠭᠡᠨ ᠬᠡᠷᠡᠭᠵᠢᠭᠦᠯᠵᠦ᠂ ᠦᠯᠵᠡᠶᠢᠮᠦ᠋ᠷᠡᠨ ᠭᠤᠤᠯ ᠤᠨ 8.4 ᠺᠢᠯᠤᠮᠧᠲᠷ ᠭᠤᠤᠯ ᠤᠨ

ᠠᠷᠠᠯ ᠢ ᠵᠠᠰᠠᠬᠤ ᠠᠵᠢᠯ ᠢ ᠴᠢᠷᠮᠠᠶᠢᠨ ᠪᠡᠶᠡᠯᠡᠭᠦᠯᠦᠨ᠎ᠡ᠃ ᠤᠯᠠᠭᠠᠨᠬᠠᠳᠠ ᠴᠦᠬᠦᠷᠤᠮ ᠪᠠ ᠲᠤᠯᠤᠭᠠᠨ ᠨᠠᠭᠤᠷ ᠬᠠᠭ

 ᠤᠨ ᠴᠦᠬᠦᠷᠤᠮ ᠢ ᠲᠦᠷᠦᠯ ᠵᠦᠢᠯ ᠲᠤᠭᠳᠠᠭᠠᠬᠤ ᠠᠵᠢᠯ ᠢ ᠬᠦᠴᠦᠯᠡᠨ ᠠᠬᠢᠭᠤᠯᠵᠤ᠂ ᠤᠯᠠᠭᠠᠨᠬᠠᠳᠠ ᠴᠦᠬᠦᠷᠤᠮ

 ᠠᠴᠠ ᠮᠤᠳᠤ ᠴᠦᠬᠦᠷᠤᠮ ᠳᠡᠰᠢ ᠤᠰᠣ ᠳᠠᠳᠠᠬᠤ ᠢᠨᠵᠧᠨᠧᠷᠢᠩ ᠢ ᠲᠦᠯᠦᠪᠵᠢᠬᠦᠯᠵᠤ᠂ ᠮᠤᠳᠤ ᠴᠦᠭᠦᠷᠤᠮ

ᠨᠤᠭᠤᠭᠠᠨ ᠴᠢᠯᠠᠭᠤᠳᠦ ᠴᠦᠬᠦᠷᠤᠮ ᠤᠨ ᠤᠰᠤ ᠬᠠᠳᠠᠭᠠᠯᠠᠬᠤ ᠶᠢ ᠪᠠᠳᠤᠯᠠᠨ᠎ᠠ᠃ ᠵᠠᠷᠤᠳ ᠤᠨ ᠡᠭᠡᠯᠵᠢ ᠶᠢᠨ ᠨᠢᠰᠭᠡᠯ

 ᠤᠨ ᠲᠠᠯᠠᠪᠠᠢ ᠪᠠ ᠵᠠᠷᠤᠳ — ᠺᠠᠶᠢᠯᠤ — ᠹᠦ᠋ ᠰᠢᠨ ᠲᠠᠮᠤᠷ ᠵᠠᠮ ᠤᠨ ᠲᠦᠷᠦᠯ ᠵᠦᠢᠯ ᠤᠨ ᠠᠵᠢᠯ ᠢ

ᠲᠦᠯᠦᠪᠵᠢᠭᠦᠯᠵᠦ᠂ ᠪᠤᠳᠠᠳᠠᠢ ᠠᠬᠢᠴᠠ ᠭᠠᠷᠭᠠᠬᠤ ᠪᠠᠷ ᠴᠢᠷᠮᠠᠶᠢᠨ᠎ᠠ᠃ ᠲᠦᠩᠯᠢᠶᠤᠤ ᠠᠴᠠ ᠯᠦᠪᠸᠢ ᠬᠦᠷᠬᠦ

ᠦᠨᠳᠦᠷ ᠬᠤᠷᠳᠤᠴᠠᠳᠦ ᠵᠠᠰᠠᠮᠠᠯ ᠵᠠᠮ ᠢ ᠪᠠᠶᠢᠭᠤᠯᠤᠨ ᠲᠠᠭᠤᠰᠬᠠᠵᠦ᠂ ᠦᠨᠳᠦᠷ ᠬᠤᠷᠳᠤᠴᠠᠳᠦ ᠵᠠᠰᠠᠮᠠᠯ ᠵᠠᠮ

ᠪᠠᠶᠢᠭᠰᠠᠨ ᠦᠭᠡᠢ ᠲᠡᠦᠬᠡ ᠶᠢ ᠡᠴᠣᠰᠯᠡᠨ᠎ᠡ᠃ 208 ᠮᠤᠵᠢ ᠶᠢᠨ ᠵᠠᠮ ᠤᠨ ᠬᠡᠷᠴᠢᠯᠠᠭᠤ ᠠᠴᠠ ᠺᠠᠶᠢᠯᠦ ᠬᠦᠷᠬᠦ

ᠬᠤᠶᠠᠳᠤᠭᠠᠷ ᠳᠡᠰ ᠤᠨ ᠵᠠᠰᠠᠮᠠᠯ ᠵᠠᠮ ᠤᠨ ᠪᠠᠶᠢᠭᠤᠯᠤᠯᠳᠠ ᠶᠢ ᠡᠬᠢᠯᠡᠭᠦᠯᠦᠨ᠂ ᠮᠠᠷᠡᠶᠢᠨ ᠴᠢᠷᠮᠠᠶᠢᠵᠦ ᠯᠦᠪᠸᠢ ᠠᠴᠠ

ᠺᠠᠶᠢᠯᠤ ᠬᠦᠷᠬᠦ ᠬᠡᠰᠡᠭ ᠤᠨ ᠪᠠᠶᠢᠭᠤᠯᠬᠤ ᠡᠭᠦᠷᠭᠡ ᠪᠠᠨ ᠪᠡᠶᠡᠯᠡᠭᠦᠯᠦᠨ᠎ᠡ᠃ 306 ᠮᠤᠵᠢ ᠶᠢᠨ ᠵᠠᠮ ᠢ ᠤᠯᠤᠰ ᠤᠨ

ᠳᠡᠰ ᠤᠨ ᠵᠠᠮ  ᠪᠤᠯᠭᠠᠨ ᠳᠡᠰ ᠳᠡᠪᠰᠢᠭᠤᠯᠬᠤ ᠵᠢᠴᠢ 210 ᠮᠤᠵᠢ ᠵᠠᠮ ᠤᠨ ᠤᠯᠠᠭᠠᠨᠬᠠᠳᠠ ᠠᠴᠠ ᠬᠡᠷᠡᠴᠢᠯᠠᠭᠤ

ᠬᠦᠷᠬᠦ ᠬᠤᠶᠠᠳᠤᠭᠠᠷ ᠳᠡᠰ ᠤᠨ ᠵᠠᠰᠠᠮᠠᠯ ᠵᠠᠮ ᠪᠤᠯᠭᠠᠵᠦ ᠳᠡᠰ ᠳᠡᠪᠰᠢᠬᠤ ᠦᠭᠡᠷᠡᠴᠢᠯᠡᠬᠦ ᠠᠵᠢᠯ ᠢ ᠰᠠᠶᠢᠳᠦᠷ ᠬᠢᠨ᠎ᠡ᠃

ᠯᠦᠪᠸᠢ ᠠᠴᠠ ᠬᠤᠤᠯᠢᠨ ᠭᠤᠤᠯ ᠬᠦᠷᠬᠦ ᠦᠨᠳᠦᠷ ᠬᠤᠷᠳᠤᠴᠠᠳᠦ ᠵᠠᠰᠠᠮᠠᠯ ᠵᠠᠮ ᠤᠨ ᠢᠨᠵᠧᠨᠧᠷᠢᠩ ᠢ ᠲᠦᠷᠦᠯ

ᠲᠤᠭᠳᠠᠭᠠᠬᠤ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠡᠢ ᠠᠬᠢᠭᠤᠯᠵᠦ᠂  ᠪᠠᠶᠢᠭᠠᠯᠢᠭ ᠲᠤᠰᠬᠤᠨ ᠠᠶᠢᠯ ᠳᠤ

ᠨᠡᠪᠳᠡᠷᠡᠬᠦ ᠱᠦᠢᠨᠢ ᠵᠠᠮ ᠢ 200 ᠺᠢᠯᠤᠮᠧᠲᠷ ᠰᠢᠨᠡᠪᠡᠷ ᠵᠠᠰᠠᠨ᠎ᠠ᠃ ᠭᠤᠤᠯ ᠬᠤᠳᠠ ᠶᠢᠨ ᠲᠤᠭᠤᠷᠢᠭ ᠤᠨ ᠶᠡᠷᠥᠩᠬᠡᠢ

ᠱᠤᠭᠤᠮ ᠲᠤᠤᠷ ᠪᠠ ᠶᠡᠷᠥᠩᠬᠡᠢ ᠬᠤᠭᠤᠯᠠᠢ ᠬᠤᠩᠬᠢᠯ ᠤᠨ ᠪᠠᠶᠢᠭᠤᠯᠤᠯᠳᠠ ᠶᠢ ᠴᠢᠩᠭᠠᠳᠬᠠᠵᠦ᠂10 ᠵᠤᠷᠪᠤᠰ ᠭᠤᠤᠯ

ᠲᠡᠳ᠋ ᠵᠠᠮ ᠢ ᠦᠭᠡᠷᠡᠴᠢᠯᠡᠨ ᠵᠠᠰᠠᠬᠤ ᠪᠠ ᠵᠡᠭᠡᠯᠢ ᠭᠤᠳᠤᠮᠵᠢ ᠶᠢ ᠬᠠᠳᠠᠭᠤᠷᠠᠭᠤᠯᠬᠤ ᠠᠵᠢᠯ ᠢ ᠪᠡᠶᠡᠯᠡᠭᠦᠯᠦᠨ᠎ᠡ᠃

ᠪᠤᠬᠢᠷ ᠤᠰᠤ ᠶᠢ ᠰᠡᠢᠳᠪᠤᠷᠢᠯᠡᠬᠦ ᠬᠤᠭᠤᠯᠠᠢ ᠲᠤᠤᠷ ᠢ 31.7 ᠺᠢᠯᠤᠮᠧᠲᠷ ᠦᠭᠡᠷᠡᠴᠢᠯᠡᠨ ᠵᠠᠰᠠᠵᠦ᠂ ᠪᠤᠷᠤᠭᠠᠨ ᠤ

ᠤᠰᠤ ᠪᠤᠬᠢᠷ ᠤᠰᠤ ᠢ ᠰᠠᠯᠭᠠᠨ ᠰᠢᠢᠳᠪᠤᠷᠢᠯᠡᠬᠦ ᠶᠢ ᠪᠡᠶᠡᠯᠡᠭᠦᠯᠦᠨ᠎ᠡ᠃ ᠢᠯᠴᠢ ᠬᠠᠩᠭᠠᠬᠤ ᠬᠤᠭᠤᠯᠠᠢ ᠲᠤᠤᠷ ᠢ 32

ᠺᠢᠯᠤᠮᠧᠲᠷ ᠰᠢᠨ᠎ᠡ ᠪᠠᠷ ᠪᠠᠶᠢᠭᠤᠯᠬᠤ ᠪᠤᠶᠤ ᠦᠭᠡᠷᠡᠴᠢᠯᠡᠨ ᠵᠠᠰᠠᠨ᠎ᠠ᠃ ᠲᠦᠩᠯᠢᠶᠤᠤ ᠠᠴᠠ ᠬᠤᠤᠯᠢᠨ ᠭᠤᠤᠯ ᠬᠦᠷᠬᠦ

ᠪᠠᠶᠢᠭᠠᠯᠢ ᠶᠢᠨ ᠰᠢᠳᠠᠮᠠᠬᠠᠢ ᠬᠡᠢ ᠶᠢᠨ ᠮᠠᠨ ᠤ ᠬᠤᠰᠢᠭᠤᠨ ᠤ ᠬᠢᠵᠠᠭᠠᠷ ᠲᠤᠳᠤᠷᠠᠬᠢ ᠪᠠᠶᠢᠭᠤᠯᠤᠯᠳᠠ ᠶᠢ ᠰᠠᠶᠢᠳᠤᠷ

ᠬᠢᠵᠦ᠂ ᠭᠤᠤᠯ ᠬᠤᠳᠠ ᠶᠢᠨ ᠲᠤᠭᠤᠷᠢᠭ ᠲᠤ ᠲᠤᠮᠳᠠᠳᠦ ᠲᠠᠷᠤᠯᠳᠠᠳᠦ ᠪᠠᠶᠢᠭᠠᠯᠢ ᠶᠢᠨ ᠰᠢᠳᠠᠮᠠᠬᠠᠢ ᠬᠡᠢ ᠶᠢᠨ

ᠬᠤᠭᠤᠯᠠᠢ ᠲᠤᠤᠷ ᠢ 20 ᠺᠢᠯᠤᠮᠧᠲᠷ ᠲᠡᠪᠢᠰᠤᠨ᠎ᠠ᠃ ᠮᠠᠯᠵᠢᠬᠤ ᠲᠠᠷᠢᠶᠠᠯᠠᠬᠤ ᠤᠷᠤᠨ ᠤ ᠴᠠᠬᠢᠯᠭᠠᠨ ᠲᠤᠤᠷ ᠢ

ᠦᠭᠡᠷᠡᠴᠢᠯᠡᠬᠦ ᠳᠡᠰ ᠳᠠᠪᠰᠢᠬᠤ ᠢᠨᠵᠧᠨᠧᠷᠢᠩ ᠢ ᠬᠡᠷᠡᠭᠵᠢᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ ︽ᠲᠤᠮᠤ

ᠳ᠋ᠠᠶᠢᠲ᠋ᠠ ᠶᠢᠨ ᠶᠡᠷᠥᠩᠬᠡᠶᠢᠯᠡᠭᠰᠡᠨ ᠲᠤᠷᠰᠢᠯᠳᠡ ᠶᠢᠨ ᠤᠷᠤᠨ ᠤ ᠪᠠᠶᠢᠭᠤᠯᠤᠯᠳᠠ︾ ᠪᠠᠷ ᠲᠤᠬᠢᠶᠠᠯ ᠪᠤᠯᠭᠠᠨ᠂ ᠪᠦᠬᠦ

ᠬᠤᠰᠢᠭᠤᠨ ᠤ ᠤᠯᠠᠨ ᠨᠡᠶᠢᠳᠡ ᠶᠢᠨ ᠬᠦᠷᠢᠶ᠎ᠡ ᠬᠡᠪᠴᠢᠶᠡᠨ ᠳᠤ ᠦᠷᠭᠡᠨ ᠪᠦᠰᠡ ᠶᠢ ᠲᠦᠭᠡᠮᠡᠯᠵᠢᠭᠦᠯᠬᠦ ᠵᠢᠴᠢ

ᠬᠤᠷᠳᠤᠴᠠ ᠶᠢ ᠲᠦᠷᠭᠡᠳᠭᠡᠵᠦ᠂ ᠮᠡᠳᠡᠭᠡ ᠵᠠᠩᠬᠢᠴᠢᠯᠡᠯᠳᠡ ᠪᠠᠷ ᠠᠵᠦ ᠠᠬᠤᠢ ᠨᠡᠶᠢᠭᠡᠮ ᠤᠨ ᠬᠦᠭᠵᠢᠯᠳᠡ ᠶᠢ

ᠲᠠᠶᠢᠴᠢᠯᠠᠭᠤᠯᠤᠨ᠎ᠠ᠃

     ︵ᠬᠤᠶᠠᠷ︶  ᠲᠦᠷᠦᠯ ᠵᠦᠢᠯ ᠢᠶᠠᠷ ᠪᠡᠯᠡ ᠤᠷᠤᠭᠤᠯᠤᠯᠳᠠ ᠶᠢ ᠲᠠᠳᠠᠬᠤ ᠶᠢ ᠴᠢᠬᠤᠯᠠᠴᠢᠯᠠᠨ᠂ ᠠᠵᠦ

ᠦᠢᠯᠡᠳᠪᠤᠷᠢ ᠶᠢᠨ ᠠᠵᠦ ᠠᠬᠤᠢ ᠶᠢᠨ ᠬᠡᠯᠪᠡᠷᠢ ᠪᠠᠨ ᠦᠭᠡᠷᠡᠳᠦᠭᠦᠯᠦᠨ ᠳᠡᠰ ᠳᠠᠪᠰᠢᠬᠤ ᠶᠢ ᠲᠦᠯᠬᠢᠨ ᠠᠬᠢᠭᠤᠯᠤᠨ᠎ᠠ

     ᠰᠢᠨ᠎ᠡ ᠬᠡᠯᠪᠡᠷᠢ ᠶᠢᠨ ᠠᠵᠦ ᠦᠢᠯᠡᠳᠪᠤᠷᠢᠵᠢᠯᠳᠡ ᠪᠤᠯ ︽ᠠᠵᠦ ᠦᠢᠯᠡᠰ ᠤᠨ ᠬᠡᠯᠪᠡᠷᠢ ᠪᠠᠨ

ᠦᠭᠡᠷᠡᠳᠦᠭᠦᠯᠦᠨ ᠲᠡᠰ ᠲᠠᠪᠰᠢᠬᠤ︾ ᠢᠨᠵᠧᠨᠧᠷᠢᠩ ᠢ ᠲᠦᠯᠬᠢᠨ ᠠᠬᠢᠭᠤᠯᠬᠤ ᠭᠤᠤᠯ ᠴᠤᠭᠴᠠ ᠮᠦᠨ᠂ ᠠᠵᠦ

ᠦᠢᠯᠡᠰ ᠤᠨ ᠪᠠᠶᠢᠭᠤᠯᠤᠯᠳᠠ ᠪᠤᠯ ᠭᠤᠤᠯ ᠴᠤᠭᠴᠠᠳᠦ ᠠᠵᠦ ᠠᠬᠤᠢ ᠶᠢᠨ ᠴᠦᠮ᠎ᠡ ᠮᠦᠨ᠂ ᠬᠡᠯᠪᠡᠷᠢ ᠪᠠᠨ

ᠦᠭᠡᠷᠡᠳᠦᠭᠦᠯᠦᠨ ᠳᠡᠰ ᠲᠠᠪᠰᠢᠬᠤ ᠪᠤᠯ ᠠᠵᠦ ᠠᠬᠤᠢ ᠨᠡᠶᠢᠭᠡᠮ ᠤᠨ ᠲᠤᠭᠳᠠᠭᠤᠨ ᠢᠶᠠᠷ ᠤᠷᠤᠭᠰᠢᠯᠡᠵᠦ ᠬᠤᠯᠠ

ᠬᠦᠷᠭᠦ ᠵᠠᠩᠭᠢᠯᠠᠭ᠎ᠠ ᠮᠦᠨ᠃ ᠤᠳᠤᠬᠠᠨ ᠳᠤ᠂ ᠰᠢᠨ᠎ᠡ ᠬᠡᠯᠪᠡᠷᠢ ᠶᠢᠨ ᠠᠵᠦ ᠦᠢᠯᠡᠳᠪᠤᠷᠢ᠂ ᠴᠡᠪᠡᠷ ᠡᠨᠧᠷᠬᠢ ᠤᠨ

ᠰᠤᠷᠪᠤᠯᠵᠢ᠂ ᠪᠤᠬᠢᠷᠳᠤᠯ ᠦᠭᠡᠢ ᠢᠳᠡᠭᠡᠨ ᠵᠡᠷᠭᠡ ᠦᠢᠯᠡᠳᠭᠦᠨ ᠤ ᠵᠠᠬ᠎ᠠ ᠳᠡᠯᠭᠡᠬᠦᠷ ᠤᠨ ᠬᠡᠷᠡᠭᠴᠡᠭᠡ ᠦᠷᠨᠢᠩᠭᠦᠢ

ᠪᠠᠶᠢᠵᠦ᠂ ᠪᠢᠳᠡ ᠡᠷᠬᠡᠪᠰᠢ ᠲᠤᠬᠢᠶᠠᠯ ᠢ ᠠᠳᠬᠤᠨ᠂ ᠪᠠᠶᠢᠳᠠᠯ ᠢ ᠦᠵᠡᠵᠦ ᠤᠷᠤᠭᠰᠢᠯᠡᠨ᠂ ᠠᠵᠦ ᠦᠢᠯᠡᠰ ᠤᠨ

ᠬᠡᠯᠪᠡᠷᠢ ᠪᠠᠨ ᠦᠭᠡᠷᠡᠳᠦᠭᠦᠯᠦᠨ ᠲᠡᠰ ᠲᠠᠪᠰᠢᠬᠤ ᠢᠨᠵᠧᠨᠧᠷᠢᠩ ᠢ ᠬᠦᠴᠦᠯᠡᠨ ᠠᠬᠢᠭᠤᠯᠵᠦ᠂ ᠪᠦᠬᠦ ᠬᠦᠴᠦᠨ ᠢᠶᠠᠷ

 ᠢᠶᠠᠨ ᠭᠤᠤᠯᠳᠠᠯᠭ᠎ᠠ ᠲᠠᠢ ᠲᠦᠷᠦᠯ ᠵᠦᠢᠯ ᠢ ᠳᠠᠶᠢᠴᠢᠯᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠤᠯᠠᠨ

ᠡᠰᠢᠴᠢᠯᠡᠨ ᠬᠦᠭᠵᠢᠭᠦᠯᠬᠦ᠂ ᠤᠯᠠᠨ ᠲᠤᠶᠢᠯᠵᠢᠯᠡᠨ ᠲᠤᠯᠭᠠᠭᠤᠷᠢᠯᠠᠭᠰᠠᠨ ᠠᠵᠦ ᠦᠢᠯᠡᠰ ᠤᠨ ᠰᠢᠰᠲ᠋ᠧᠮ ᠢ ᠲᠦᠷᠭᠡᠨ

ᠪᠤᠢ ᠪᠤᠯᠭᠠᠨ᠎ᠠ᠃

     ᠠᠵᠦ ᠠᠬᠤᠢ ᠶᠢᠨ ᠰᠢᠨ᠎ᠡ ᠨᠡᠮᠡᠭᠳᠡᠯ ᠤᠨ ᠲᠤᠶᠢᠯ ᠢ ᠬᠦᠴᠦᠯᠡᠨ ᠪᠠᠶᠢᠭᠤᠯᠤᠨ᠎ᠠ᠃ ᠲᠦᠩᠯᠢᠶᠤᠤ ᠬᠤᠳᠠ ᠶᠢᠨ

ᠭᠤᠷᠪᠠᠨ ᠶᠡᠭᠡ ᠤᠷᠤᠨ ᠲᠤᠭᠤᠷᠢᠭ ᠢ ᠵᠤᠬᠢᠴᠠᠭᠤᠯᠤᠨ ᠬᠠᠮᠳᠤᠪᠠᠷ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠪᠦᠬᠦ

ᠲᠠᠯ᠎ᠠ ᠪᠠᠷ ᠨᠠᠶᠢᠳᠠᠪᠤᠷᠵᠢᠭᠤᠯᠵᠦ᠂ ᠬᠤᠤᠯᠢᠨ ᠭᠤᠤᠯ ᠵᠠᠷᠤᠳ ᠢ ᠨᠢᠭᠡ ᠴᠤᠭᠴᠠᠵᠢᠭᠤᠯᠤᠨ ᠴᠤᠭᠭᠠᠷ ᠬᠦᠭᠵᠢᠭᠦᠯᠬᠦ ᠶᠢ

ᠲᠦᠷᠭᠡᠨ ᠠᠬᠢᠭᠤᠯᠵᠦ᠂ ᠬᠤᠶᠠᠷ ᠭᠠᠵᠠᠷ ᠤᠨ ᠲᠦᠷᠢᠮ ᠤᠨ ᠰᠢᠨ᠎ᠡ ᠶᠢ ᠡᠭᠦᠳᠬᠦ᠂ ᠰᠢᠨᠵᠢᠯᠡᠭᠡ ᠮᠡᠷᠭᠡᠵᠢᠯ ᠤᠨ  

ᠳᠠᠪᠰᠢᠯᠳᠡ᠂ ᠠᠵᠦ ᠦᠢᠯᠡᠰ ᠤᠨ ᠲᠡᠰ ᠳᠠᠪᠰᠢᠬᠤ᠂ ᠪᠤᠬᠢᠷᠳᠦᠯ ᠦᠭᠡᠢ ᠬᠦᠭᠵᠢᠭᠦᠯᠬᠦ ᠲᠠᠯ᠎ᠠ ᠪᠠᠷ ᠬᠤᠷᠰᠢᠬᠤ ᠶᠢ

ᠠᠬᠢᠭᠤᠯᠤᠨ᠎ᠠ᠃ ᠨᠡᠭᠦᠷᠡᠰᠤ᠂ ᠤᠰᠤᠨ ᠰᠤᠷᠪᠤᠯᠵᠢ᠂ ᠭᠠᠵᠠᠷ ᠰᠢᠷᠤᠢ᠂ ᠴᠠᠬᠢᠯᠭᠠᠨ ᠬᠦᠴᠦᠨ ᠵᠡᠷᠭᠡ ᠡᠬᠢ ᠪᠠᠶᠠᠯᠢᠭ

 ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠤᠨ᠂ ᠵᠠᠬᠠᠨᠠᠭᠤᠷ ᠠᠵᠦ ᠦᠢᠯᠡᠳᠪᠤᠷᠢ ᠶᠢᠨ ᠲᠤᠭᠤᠷᠢᠭ ᠪᠠ ᠬᠤᠤᠯᠢᠨ

ᠭᠤᠤᠯ ᠠᠵᠦ ᠦᠢᠯᠡᠳᠪᠤᠷᠢ ᠶᠢᠨ ᠲᠤᠭᠤᠷᠢᠭ ᠢ ᠵᠤᠬᠢᠴᠠᠭᠤᠯᠤᠨ ᠬᠦᠭᠵᠢᠭᠦᠯᠬᠦ ᠶᠢ ᠬᠦᠴᠦᠯᠡᠨ ᠠᠭᠢᠭᠤᠯᠵᠦ᠂

ᠬᠤᠷᠰᠢᠬᠤ ᠠᠵᠢᠯ ᠲᠦᠷᠦᠯ ᠬᠤᠪᠢᠶᠠᠬᠤ ᠰᠠᠨᠠᠭᠠᠴᠢᠯᠭᠠᠳᠦ ᠡᠷᠬᠡ ᠶᠢ ᠴᠢᠷᠮᠠᠶᠢᠨ ᠤᠯᠵᠦ᠂ ᠬᠠᠮᠳᠤᠪᠠᠷ ᠢᠯᠡᠯᠳᠡ

ᠤᠯᠬᠤ ᠶᠢᠨ ᠠᠬᠢᠭᠤᠯᠤᠭᠴᠢ ᠪᠤᠯᠬᠤ ᠪᠠᠷ ᠴᠢᠷᠮᠠᠶᠢᠵᠦ᠂ ᠦᠪᠦᠷ ᠮᠤᠩᠭᠤᠯ ᠤᠨ ᠵᠡᠭᠦᠨ ᠬᠡᠰᠡᠭ ᠤᠨ ᠠᠩᠬᠠᠨ ᠤ

ᠤᠯᠤᠰ ᠤᠨ ᠳᠡᠰ ᠤᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠭᠡᠯᠳᠡ ᠶᠢᠨ ᠤᠷᠤᠨ ᠢ

ᠪᠠᠶᠢᠭᠤᠯᠤᠨ᠎ᠠ᠃

     ᠬᠤᠳᠠᠯᠳᠤᠭᠠᠴᠢᠨ ᠤᠷᠢᠵᠦ ᠪᠡᠯᠡ ᠲᠠᠳᠠᠬᠤ ᠠᠵᠢᠯ ᠢ ᠬᠦᠴᠦᠯᠡᠨ ᠰᠠᠶᠢᠳᠤᠷ ᠬᠢᠨ᠎ᠡ᠃ ᠬᠤᠳᠠᠯᠳᠤᠭᠠᠴᠢᠨ

ᠤᠷᠢᠵᠦ ᠪᠡᠯᠡ ᠲᠠᠳᠠᠬᠤ ᠠᠵᠢᠯ ᠢ ᠠᠵᠦ ᠠᠬᠤᠢ ᠶᠢᠨ ᠪᠤᠳᠠᠳᠦ ᠴᠤᠭᠴᠠ ᠶᠢ ᠪᠤᠵᠠᠭᠠᠶᠢᠷᠠᠭᠤᠯᠬᠤ᠂ ᠪᠦᠳᠦᠴᠡ ᠶᠢᠨ

ᠲᠤᠬᠢᠷᠠᠭᠤᠯᠤᠯᠳᠠ ᠶᠢ ᠲᠦᠷᠭᠡᠳᠭᠡᠬᠦ ᠪᠠᠶᠢᠯᠳᠤᠬᠤ ᠪᠤᠳᠤᠯᠭ᠎ᠠ ᠶᠢᠨ ᠠᠷᠭ᠎ᠠ ᠪᠤᠯᠭᠠᠨ᠂ ᠰᠠᠨᠠᠭᠠᠴᠢᠯᠠᠭ᠎ᠠ ᠠᠴᠠ ᠪᠠᠨ

ᠴᠠᠭ ᠤᠨ ᠪᠠᠶᠢᠳᠠᠯ ᠤᠨ ᠬᠦᠭᠵᠢᠯᠳᠡ ᠬᠤᠪᠢᠷᠠᠯᠳᠠ ᠳᠤ ᠵᠤᠬᠢᠴᠠᠵᠦ᠂ ᠬᠤᠳᠠᠯᠳᠤᠭᠠᠴᠢᠨ ᠤᠷᠢᠬᠤ ᠤᠶᠢᠯᠠᠭᠠᠭᠳᠠᠬᠤᠨ

ᠪᠠ ᠠᠷᠭ᠎ᠠ ᠤᠨ ᠰᠢᠨ᠎ᠡ ᠶᠢ ᠡᠭᠦᠳᠴᠦ᠂ ᠬᠤᠳᠠᠯᠳᠤᠭᠠᠴᠢᠨ ᠤᠷᠢᠵᠦ ᠪᠡᠯᠡ ᠲᠠᠳᠠᠬᠤ ᠠᠵᠢᠯ ᠤᠨ ᠡᠩᠨᠡᠭᠡ ᠪᠠᠨ

ᠦᠷᠭᠡᠳᠭᠡᠵᠦ᠂ ᠪᠦᠬᠦ ᠠᠷᠠᠳ ᠬᠤᠳᠠᠯᠳᠤᠭᠠᠴᠢᠨ ᠤᠷᠢᠭᠰᠠᠨ ᠠᠵᠢᠯ ᠤᠨ ᠠᠭᠤᠷ ᠠᠮᠢᠰᠬᠤᠯ ᠢ ᠬᠦᠴᠦᠯᠡᠨ ᠪᠤᠢ

ᠪᠤᠯᠭᠠᠨ᠎ᠠ᠃ ᠠᠮᠢ ᠠᠬᠤᠢ ᠶᠢᠨ ᠤᠷᠴᠢᠨ ᠲᠤᠭᠤᠷᠢᠨ ᠢ ᠬᠠᠮᠭᠠᠯᠠᠬᠤ ᠶᠢ ᠬᠤᠳᠠᠯᠳᠤᠭᠠᠴᠢᠨ ᠤᠷᠢᠵᠦ ᠪᠡᠯᠡ ᠲᠠᠳᠠᠬᠤ

 ᠶᠢᠨ ᠦᠨᠳᠦᠰᠦᠨ ᠤᠷᠢᠳᠠᠯ ᠪᠤᠯᠭᠠᠨ᠂ ᠬᠤᠳᠠᠯᠳᠣᠭᠠᠴᠢᠨ ᠤᠷᠢᠵᠤ ᠪᠡᠯᠡ ᠳᠠᠳᠠᠬᠤ ᠭᠤᠤᠯ ᠬᠦᠴᠦᠨ ᠢᠶᠠᠨ ᠰᠢᠨ᠎ᠡ

ᠬᠦᠭᠵᠢᠭᠰᠡᠨ ᠠᠵᠤ ᠦᠢᠯᠡᠰ ᠪᠠ ᠵᠡᠪᠰᠡᠭ ᠲᠤᠨᠤᠭᠯᠠᠯ ᠦᠢᠯᠡᠳᠬᠦ ᠦᠢᠯᠡᠰ ᠤᠨ ᠳᠡᠬᠡᠷ᠎ᠡ ᠳᠠᠯᠪᠢᠵᠤ᠂ ᠨᠠᠷᠢᠨ

ᠬᠢᠨᠠᠮᠠᠭᠠᠢ ᠪᠦᠳᠦᠮᠵᠢᠳᠡᠢ ᠪᠠᠷ ᠬᠤᠳᠠᠯᠳᠤᠭᠠᠴᠢᠨ ᠤᠷᠢᠵᠦ ᠪᠡᠯᠡ ᠲᠠᠳᠠᠬᠤ ᠠᠵᠢᠯ ᠢ ᠦᠷᠨᠢᠭᠦᠯᠵᠤ᠂ ᠤᠷᠴᠢᠨ

ᠲᠤᠭᠤᠷᠢᠨ ᠢ ᠬᠠᠮᠭᠠᠯᠠᠬᠤ᠂ ᠡᠨᠧᠷᠬᠢ ᠠᠷᠪᠢᠯᠠᠬᠤ ᠳᠡᠭᠡᠳᠣ ᠰᠢᠨ᠎ᠡ ᠮᠡᠷᠬᠡᠵᠢᠯ ᠤᠨ ᠲᠦᠷᠦᠯ ᠵᠦᠢᠯ ᠢ ᠲᠠᠳᠠᠨ

ᠤᠷᠤᠭᠤᠯᠬᠤ ᠲᠠᠯ᠎ᠠ ᠪᠠᠷ ᠬᠦᠴᠦ ᠲᠠᠯᠪᠢᠵᠦ᠂ ᠰᠢᠪᠳᠤᠯᠤᠯᠳᠠ ᠲᠠᠢ ᠪᠤᠯᠭᠠᠬᠤ ᠪᠠᠷ ᠴᠢᠷᠮᠠᠶᠢᠨ᠎ᠠ᠃ ᠲᠠᠷᠢᠶᠠᠯᠠᠩ ᠤᠨ

ᠭᠠᠷᠤᠯᠳᠠ ᠮᠠᠯ ᠤᠨ ᠠᠰᠢᠭ ᠰᠢᠮ᠎ᠡ ᠶᠢ ᠪᠤᠯᠪᠠᠰᠤᠷᠠᠭᠤᠯᠬᠤ᠂ ᠰᠢᠨ᠎ᠡ ᠡᠨᠧᠷᠬᠢ ᠤᠨ ᠰᠤᠷᠪᠤᠯᠵᠢ᠂ ᠠᠷᠠᠯᠵᠢᠶ᠎ᠠ

ᠬᠤᠳᠠᠯᠳᠤᠭᠠᠨ ᠤ ᠭᠦᠢᠯᠭᠡᠭᠡ᠂ ᠰᠤᠶᠤᠯ ᠵᠢᠭᠤᠯᠴᠢᠯᠠᠯ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠤ ᠲᠤᠭᠤᠷᠢᠨ

 ᠳᠤ ᠨᠢᠭᠡ ᠪᠦᠯᠦᠭ ᠠᠵᠦ ᠠᠬᠤᠢ ᠶᠢᠨ ᠬᠦᠭᠵᠢᠯᠳᠡ ᠶᠢ ᠲᠠᠳᠠᠨ ᠳᠠᠶᠢᠴᠢᠯᠠᠬᠤ ᠶᠡᠭᠡ ᠲᠦᠷᠦᠯ ᠵᠦᠢᠯ ᠪᠠ ᠰᠠᠶᠢᠨ

ᠲᠦᠷᠦᠯ ᠵᠦᠢᠯ ᠢ ᠬᠡᠯᠡᠯᠴᠡᠭᠡᠷ ᠲᠤᠭᠳᠠᠵᠦ᠂ ᠲᠠᠳᠠᠨ ᠤᠷᠤᠭᠤᠯᠵᠦ ᠨᠦᠭᠡᠴᠡᠯᠡᠨ᠎ᠡ᠂ ᠵᠢᠯ ᠳᠤ ᠰᠢᠨ᠎ᠡ ᠭᠡᠷ᠎ᠡ

ᠲᠤᠭᠳᠠᠭᠰᠠᠨ ᠲᠦᠷᠦᠯ ᠵᠦᠢᠯ ᠢ 40 ᠠᠴᠠ ᠳᠡᠭᠡᠭᠰᠢ  ᠬᠦᠷᠭᠡᠵᠦ᠂ ᠪᠤᠳᠠᠳᠠᠶᠢᠵᠢᠭᠰᠠᠨ ᠪᠡᠯᠡ ᠮᠦᠩᠬᠦ ᠶᠢ 110  

ᠳ᠋ᠦᠩᠰᠢᠭᠤᠷ ᠲᠦᠭᠦᠷᠢᠭ ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃

      ᠴᠢᠬᠤᠯᠠ ᠲᠦᠷᠦᠯ ᠵᠦᠢᠯ ᠤᠨ ᠲᠤᠯᠭᠠᠭᠤᠷᠢᠯᠠᠬᠤ ᠬᠦᠴᠦᠨ ᠢ ᠪᠦᠬᠦ ᠬᠦᠴᠦᠨ ᠢᠶᠠᠷ ᠢᠶᠠᠨ

ᠴᠢᠩᠭᠠᠷᠠᠭᠤᠯᠤᠨ᠎ᠠ᠃ ᠵᠢᠯ ᠳᠤ ᠭᠤᠤᠯᠳᠠᠯᠭ᠎ᠠ ᠲᠠᠢ ᠠᠵᠦ ᠦᠢᠯᠡᠳᠪᠤᠷᠢ ᠶᠢᠨ ᠲᠦᠷᠦᠯ ᠵᠦᠢᠯ ᠢ 30 ᠠᠴᠠ

ᠳᠡᠭᠡᠭᠰᠢ ᠬᠡᠷᠡᠭᠵᠢᠭᠦᠯᠬᠦ ᠪᠠᠷ ᠲᠦᠯᠦᠪᠯᠡᠵᠦ᠂100 ᠳ᠋ᠦᠩᠰᠢᠭᠤᠷ ᠲᠦᠭᠦᠷᠢᠭ ᠪᠡᠯᠡ ᠤᠷᠤᠭᠤᠯᠬᠤ ᠪᠠᠷ ᠴᠢᠷᠮᠠᠶᠢᠨ᠎ᠠ᠃

ᠡᠨᠧᠷᠬᠢ ᠶᠢᠨ ᠰᠤᠷᠪᠤᠯᠵᠢ ᠶᠢᠨ ᠲᠠᠯ᠎ᠠ ᠪᠠᠷ᠂ ᠵᠠᠷᠤᠳ ᠠᠴᠠ ᠱᠠᠨᠳᠦ᠋ᠩ ᠤᠨ ᠴᠢᠩ ᠵᠸᠦ ᠬᠦᠷᠬᠦ± 800

ᠺᠢᠯᠤᠸᠤᠯᠲ ᠶᠢᠨ ᠦᠨᠳᠦᠷ ᠬᠦᠴᠦᠳᠡᠯ ᠦᠭᠡᠷᠡᠴᠢᠯᠡᠬᠦ ᠦᠷᠳᠡᠭᠡ ᠶᠢ ᠪᠠᠶᠢᠭᠤᠯᠤᠨ ᠡᠷᠭᠢᠯᠳᠡ ᠳᠤ ᠤᠷᠤᠭᠤᠯᠵᠦ᠂

ᠮᠠᠨ ᠤ ᠬᠤᠰᠢᠭᠤᠨ ᠤ ᠡᠨᠧᠷᠬᠢ ᠤᠨ ᠰᠤᠷᠪᠤᠯᠵᠢ ᠶᠢᠨ ᠠᠵᠦ ᠦᠢᠯᠡᠳᠪᠤᠷᠢ ᠶᠢᠨ ᠬᠦᠭᠵᠢᠯᠳᠡ ᠳᠤ ᠬᠦᠴᠦᠷᠭᠡᠭ

ᠶᠡᠭᠡ ᠴᠠᠬᠢᠯᠭᠠᠨ ᠭᠠᠷᠭᠠᠬᠤ ᠵᠠᠮ ᠪᠠᠶᠢᠭᠤᠯᠵᠦ ᠦᠭᠭᠦᠨ᠎ᠡ᠃ ᠪᠡᠯᠡ ᠤᠷᠤᠭᠤᠯᠤᠯᠳᠠ ᠨᠢ 158 ᠳ᠋ᠦᠩᠰᠢᠭᠤᠷ

ᠲᠦᠭᠦᠷᠢᠭ ᠬᠦᠷᠬᠦ ᠦᠪᠦᠷ ᠮᠤᠩᠭᠤᠯ ᠤᠨ ᠵᠡᠭᠦᠨ ᠬᠡᠰᠡᠭ ᠤᠨ ᠡᠨᠧᠷᠬᠢ ᠤᠨ ᠰᠤᠷᠪᠤᠯᠵᠢ ᠶᠢᠨ ᠵᠠᠬᠠᠨᠠᠭᠤᠷ ᠤᠨ ᠤᠯᠠᠨ

ᠵᠦᠢᠯ ᠤᠨ ᠡᠨᠧᠷᠬᠢ ᠬᠠᠷᠢᠯᠴᠠᠨ ᠨᠦᠬᠦᠪᠦᠷᠢᠯᠡᠭᠰᠡᠨ ᠲᠠᠭᠤᠷᠢᠶᠠᠯ ᠦᠵᠡᠭᠦᠯᠬᠦ ᠢᠨᠵᠧᠨᠧᠷᠢᠩ ᠢ ᠡᠬᠢᠯᠡᠨ ᠪᠠᠶᠢᠭᠤᠯᠬᠤ

 ᠪᠠᠷ ᠬᠦᠴᠦᠯᠡᠨ ᠴᠢᠷᠮᠠᠶᠢᠵᠦ᠂ ᠲᠤᠮᠳᠠᠳᠦ ᠶᠢᠨ ᠴᠠᠬᠢᠯᠭᠠᠨ ᠤ ᠤᠯᠠᠨ ᠤᠯᠤᠰ ᠵᠢᠴᠢ ᠳ᠋ᠠ ᠲᠠᠩ ᠤᠯᠠᠨ ᠤᠯᠤᠰ ᠤᠨ

ᠬᠤᠶᠡᠷ 2 ×100 ᠲᠦᠮᠡᠨ ᠺᠢᠯᠤᠸᠠᠲ ᠤᠨ ᠭᠠᠯ ᠴᠠᠬᠢᠯᠭᠠᠨ ᠤ ᠡᠮᠦᠨᠡᠬᠢ ᠬᠤᠭᠤᠴᠠᠭᠠᠨ ᠤ ᠠᠵᠢᠯ᠂ ᠮᠧᠩ

ᠳ᠋ᠦᠩ ᠡᠨᠧᠷᠬᠢ ᠤᠨ ᠰᠤᠷᠪᠤᠯᠵᠢ ᠶᠢᠨ 50 ᠲᠦᠮᠡᠨ ᠺᠢᠯᠤᠸᠠᠲ ᠤᠨ ᠬᠡᠷᠡᠯ ᠴᠠᠬᠢᠯᠭᠠᠨ ᠡᠯᠡᠰᠦ ᠶᠢ ᠵᠠᠰᠠᠬᠤ ᠪᠠ

ᠱᠧᠨ ᠨᠧᠩ ᠪᠦᠯᠦᠭᠯᠡᠯ ᠤᠨ 30 ᠲᠦᠮᠡᠨ ᠺᠢᠯᠤᠸᠠᠲ ᠶᠢᠨ ᠰᠠᠯᠬᠢᠨ ᠢᠶᠠᠷ ᠴᠠᠬᠢᠯᠭᠠᠨ ᠡᠭᠦᠰᠭᠡᠬᠦ ᠲᠦᠷᠦᠯ ᠵᠦᠢᠯ ᠤᠨ

ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ

ᠡᠴᠤᠰ ᠪᠤᠯᠳᠠᠯ᠎ᠠ᠂ ᠪᠦᠬᠦ ᠬᠤᠰᠢᠭᠤᠨ ᠤ ᠭᠠᠯ ᠴᠠᠬᠢᠯᠭᠠᠨ ᠤ ᠤᠭᠰᠠᠷᠠᠭᠰᠠᠨ ᠮᠠᠰᠢᠨ ᠢ 400 ᠲᠦᠮᠡᠨ ᠺᠢᠯᠤᠸᠠᠲ

 ᠠᠴᠠ ᠳᠡᠭᠡᠭᠰᠢ᠂ ᠬᠡᠷᠡᠯ ᠴᠠᠬᠢᠯᠭᠠᠨ ᠤ ᠴᠠᠬᠢᠯᠭᠠᠨ ᠡᠭᠦᠰᠭᠡᠬᠦ ᠪᠠᠭᠳᠠᠭᠠᠮᠵᠢ ᠶᠢ 100 ᠲᠦᠮᠡᠨ ᠺᠢᠯᠤᠸᠠᠲ ᠠᠴᠠ

ᠳᠡᠭᠡᠭᠰᠢ᠂ ᠰᠠᠯᠬᠢᠨ ᠴᠠᠬᠢᠯᠭᠠᠨ ᠤ ᠤᠭᠰᠠᠷᠠᠭᠰᠠᠨ ᠮᠠᠰᠢᠨ ᠢ 200 ᠲᠦᠮᠡᠨ ᠺᠢᠯᠤᠸᠠᠲ ᠠᠴᠠ ᠳᠡᠭᠡᠭᠰᠢ ᠬᠦᠷᠭᠡᠬᠦ

 ᠪᠠᠷ ᠴᠢᠷᠮᠠᠶᠢᠵᠦ᠂ ᠰᠠᠯᠬᠢᠨ᠂ ᠬᠡᠷᠡᠯ᠂ ᠭᠠᠯ ︽ᠭᠤᠷᠪᠠᠨ ᠵᠠᠭᠤᠨ ᠲᠦᠮᠡᠨ ᠳᠡᠰ︾ ᠤᠨ ᠡᠨᠧᠷᠬᠢ ᠤᠨ ᠰᠤᠷᠪᠤᠯᠵᠢ

 ᠶᠢ  ᠬᠠᠳᠠᠭᠠᠯᠠᠬᠤ ᠴᠢᠳᠠᠪᠤᠷᠢ ᠶᠢ ᠢᠳᠡᠭ ᠢᠳᠡᠭ ᠢᠶᠠᠷ ᠪᠦᠷᠢᠳᠦᠭᠦᠯᠵᠦ᠂ ᠰᠠᠯᠬᠢᠨ ᠭᠡᠷᠡᠯ ᠭᠠᠯ ᠪᠢᠴᠢᠯ ᠴᠠᠬᠢᠯᠭᠠᠨ

ᠲᠤᠤᠷ ᠡᠷᠭᠢᠯᠳᠦᠭᠰᠡᠨ ᠬᠠᠷᠢᠯᠴᠠᠨ ᠨᠦᠬᠦᠪᠤᠷᠢᠯᠡᠬᠦ ᠬᠡᠯᠪᠡᠷᠢ ᠶᠢᠨ ᠡᠨᠧᠷᠬᠢ ᠤᠨ ᠰᠤᠷᠪᠤᠯᠵᠢ ᠶᠢ ᠬᠠᠳᠠᠭᠠᠯᠠᠬᠤ ᠰᠢᠩᠭᠡᠬᠦ

 ᠵᠠᠭᠪᠤᠷ ᠢ ᠪᠦᠷᠢᠯᠳᠦᠭᠦᠯᠦᠨ᠂ ᠠᠵᠦ ᠦᠢᠯᠡᠰ ᠶᠢᠨ ᠬᠦᠭᠵᠢᠯᠳᠡ ᠳᠤ ᠲᠦᠪᠯᠡᠷᠡᠭᠰᠡᠨ ᠲᠠᠪᠠᠭᠤᠯᠢᠭ ᠢ

ᠬᠤᠷᠠᠮᠳᠤᠭᠤᠯᠤᠨ᠎ᠠ᠃ ᠬᠦᠩᠭᠡᠨᠴᠠᠭᠠᠨ ᠵᠢᠴᠢ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠲᠠᠯ᠎ᠠ ᠪᠠᠷ᠂ ᠨᠢᠭᠡᠨᠳᠡ

ᠲᠦᠷᠦᠯ ᠲᠤᠭᠳᠠᠭᠠᠵᠦ᠂ ᠤᠷᠴᠢᠨ ᠲᠤᠭᠤᠷᠢᠨ ᠤ ᠦᠨᠡᠯᠡᠯᠳᠡ ᠬᠢᠭᠰᠡᠨ ᠵᠠᠷᠤᠳ ᠤᠨ ᠬᠦᠩᠭᠡᠨᠴᠠᠭᠠᠨ ᠤ ᠬᠤᠶᠠᠳᠤᠭᠠᠷ

ᠬᠤᠭᠤᠴᠠᠭᠠᠨ ᠤ 43 ᠲᠦᠮᠡᠨ ᠲᠤᠨ ᠤ ᠴᠠᠬᠢᠯᠭᠠᠨ ᠢᠶᠠᠷ ᠬᠦᠩᠭᠡᠨᠴᠠᠭᠠᠨ ᠵᠠᠳᠠᠷᠠᠭᠤᠯᠬᠤ ᠲᠦᠷᠦᠯ ᠵᠦᠢᠯ ᠢ ᠡᠬᠢᠯᠡᠨ

ᠪᠠᠶᠢᠭᠤᠯᠬᠤ ᠶᠢ ᠠᠬᠢᠭᠤᠯᠵᠦ᠂ ᠲᠢᠶᠠᠨ ᠱᠦᠸᠧ ᠬᠦᠩᠭᠡᠨᠴᠠᠭᠠᠨ ᠤ ᠠᠵᠦ ᠦᠢᠯᠡᠰ ᠤᠨ ᠲᠤᠭᠤᠷᠢᠭ᠂ ᠱᠧᠩ ᠳ᠋ᠠ

ᠬᠦᠩᠭᠡᠨᠴᠠᠭᠠᠨ ᠤ ᠦᠢᠯᠡᠰ ᠤᠨ ᠬᠦᠩᠭᠡᠨᠴᠠᠭᠠᠨ ᠬᠠᠪᠳᠠᠰᠤᠨ ᠢᠯᠳᠡᠰᠤ ᠶᠢᠨ ᠪᠤᠯᠪᠠᠰᠤᠷᠠᠭᠤᠯᠤᠯᠳᠠ᠂ ᠶᠥᠩ ᠺᠠᠩ

ᠵᠦᠩ ᠰᠢᠨ ᠪᠠ ᠬᠦᠩᠭᠡᠨᠴᠠᠭᠠᠨ ᠤ ᠮᠠᠲ᠋ᠧᠷᠢᠶᠠᠯ ᠢ ᠪᠤᠯᠪᠠᠰᠤᠷᠠᠭᠤᠯᠬᠤ ᠲᠦᠷᠦᠯ ᠵᠦᠢᠯ ᠢ ᠡᠬᠢᠯᠡᠵᠦ ᠪᠠᠶᠢᠭᠤᠯᠬᠤ ᠶᠢ

ᠲᠦᠯᠬᠢᠨ ᠠᠬᠢᠭᠤᠯᠵᠦ᠂ ᠬᠦᠩᠭᠡᠨᠴᠠᠭᠠᠨ ᠤ ᠲᠠᠬᠢᠨᠳᠠ ᠪᠤᠯᠪᠠᠰᠣᠷᠠᠭᠤᠯᠬᠤ ᠴᠢᠳᠠᠪᠤᠷᠢ ᠶᠢ 100 ᠲᠦᠮᠡᠨ ᠲᠤᠨ

ᠬᠦᠷᠭᠡᠬᠦ ᠪᠠᠷ ᠴᠢᠷᠮᠠᠶᠢᠨ᠎ᠠ᠃ ᠭᠤᠤᠯᠳᠠᠯᠭ᠎ᠠ ᠲᠠᠢ ᠬᠦᠩᠭᠡᠨᠴᠠᠭᠠᠨ ᠤ ᠢᠯᠳᠡᠰᠤ᠂ ᠬᠦᠩᠭᠡᠨᠴᠠᠭᠠᠨ ᠤ ᠬᠠᠪᠳᠠᠰᠤᠨ

ᠪᠦᠰᠡ᠂ ᠦᠨᠳᠦᠷ ᠬᠤᠷᠳᠤᠴᠠᠳᠦ ᠵᠠᠰᠠᠮᠠᠯ ᠵᠠᠮ ᠪᠠ ᠠᠭᠠᠷ ᠤᠨ ᠠᠶᠠᠯᠠᠯ ᠳᠤ ᠲᠤᠰᠬᠠᠢ ᠬᠡᠷᠡᠭᠯᠡᠬᠦ ᠬᠦᠩᠭᠡᠨᠴᠠᠭᠠᠨ

ᠬᠠᠶᠢᠯᠤᠰᠢ ᠵᠡᠷᠭᠡ ᠰᠢᠨ᠎ᠡ ᠬᠡᠯᠪᠡᠷᠢ ᠶᠢᠨ ᠲᠤᠨᠤᠭᠯᠠᠯ ᠤᠨ ᠮᠠᠲ᠋ᠧᠷᠢᠶᠠᠯ ᠢ ᠵᠤᠬᠢᠶ᠋ᠬᠤ ᠠᠵᠦ ᠠᠬᠤᠶᠢᠯᠠᠯ ᠢ ᠲᠠᠳᠠᠨ

ᠤᠷᠤᠭᠤᠯᠬᠤ᠂ ᠬᠦᠩᠭᠡᠨᠴᠠᠭᠠᠨ ᠢ ᠲᠠᠬᠢᠨ ᠪᠤᠯᠪᠠᠰᠤᠷᠠᠭᠤᠯᠬᠤ ᠶᠢ ᠦᠨᠳᠦᠷ᠂ ᠨᠠᠷᠢᠯᠢᠭ᠂ ᠰᠢᠨ᠎ᠡ ᠲᠡᠰᠢ ᠬᠦᠭᠵᠢᠬᠦ ᠶᠢ

ᠠᠬᠢᠭᠤᠯᠵᠦ᠂ ᠨᠡᠭᠦᠷᠡᠰᠤ ᠴᠠᠬᠢᠯᠭᠠᠨ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠦᠢᠯᠡᠳᠪᠤᠷᠢᠯᠡᠯ ᠤᠨ ᠰᠠᠭᠤᠷᠢᠨ

ᠭᠠᠵᠠᠷ ᠢ ᠪᠠᠶᠢᠭᠤᠯᠤᠨ᠎ᠠ᠃ ᠨᠡᠭᠦᠷᠡᠰᠤ ᠬᠢᠮᠢ ᠶᠢᠨ ᠠᠵᠦ ᠦᠢᠯᠡᠳᠪᠤᠷᠢ ᠶᠢᠨ ᠲᠠᠯ᠎ᠠ ᠪᠠᠷ᠂ ᠹᠦ᠋ ᠳ᠋ᠧ ᠺᠠᠩ ᠨᠠᠢ ᠡᠯ

 ᠶᠢᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠢ ᠵᠢᠯ ᠳᠤ ᠲᠤᠷᠰᠢᠨ ᠠᠰᠢᠭᠯᠠᠯᠳᠠ ᠳᠤ ᠤᠷᠤᠭᠤᠯᠬᠤ ᠪᠠᠷ

ᠴᠢᠷᠮᠠᠶᠢᠵᠦ᠂ ᠡᠲ᠋ᠢᠯ ᠬᠤᠶᠠᠷᠴᠢ ᠠᠯᠺᠤᠤᠯ ᠤᠨ ᠡᠮᠦᠨᠡᠬᠢ ᠪᠠ ᠲᠠᠷᠠᠭᠠᠬᠢ ᠤᠷᠤᠰᠬᠠᠯ ᠤᠨ ᠨᠠᠷᠢᠯᠢᠭᠵᠢᠭᠰᠠᠨ ᠠᠵᠦ

ᠦᠢᠯᠡᠰ ᠤᠨ ᠬᠢᠨᠵᠢ ᠶᠢᠨ ᠲᠦᠷᠦᠯ ᠵᠦᠢᠯ ᠢ ᠲᠠᠳᠠᠨ ᠤᠷᠤᠭᠤᠯᠵᠦ᠂ ᠴᠧᠩ ᠷᠦᠨ ᠤ 5 ᠲᠦᠮᠡᠨ ᠲᠤᠨ

ᠬᠠᠶᠠᠭᠳᠠᠮᠠᠯ ᠡᠷᠤᠳᠡᠰᠤ ᠶᠢᠨ ᠲᠤᠰᠤ ᠶᠢ ᠲᠠᠬᠢᠨ ᠠᠰᠢᠭᠯᠠᠬᠤ ᠲᠦᠷᠦᠯ ᠵᠦᠢᠯ ᠢ ᠪᠠᠷᠢᠮᠵᠢᠶ᠎ᠡ ᠦᠷ᠎ᠡ ᠠᠰᠢᠭ ᠲᠤ

ᠬᠦᠷᠭᠡᠬᠦ ᠪᠠᠷ ᠴᠢᠷᠮᠠᠶᠢᠵᠦ᠂ ᠬᠦᠷᠡᠩ ᠨᠡᠭᠦᠷᠡᠰᠤ ᠶᠢ ᠶᠡᠷᠥᠩᠬᠡᠶᠢᠯᠡᠨ ᠠᠰᠢᠭᠯᠠᠬᠤ ᠵᠢᠴᠢ ᠤᠳᠤ ᠦᠶ᠎ᠡ ᠶᠢᠨ ᠬᠢᠮᠢ ᠶᠢᠨ

ᠠᠵᠦ ᠦᠢᠯᠡᠳᠪᠤᠷᠢ ᠶᠢᠨ ᠦᠢᠯᠡᠳᠪᠤᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠶᠢ ᠲᠦᠷᠭᠡᠳᠭᠡᠨ᠎ᠡ᠃ ᠪᠤᠬᠢᠷᠳᠤᠯ

ᠦᠭᠡᠢ ᠲᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠲᠠᠯ᠎ᠠ ᠪᠠᠷ᠂ ᠭᠤᠤᠯᠳᠠᠭᠤ ᠪᠠᠩ ᠵᠢᠶᠧ

 ᠶᠢᠨ ᠦᠭᠡᠷ ᠬᠤᠨᠢ ᠠᠯᠠᠵᠦ ᠨᠢᠳᠤᠯᠠᠬᠤ ᠵᠢᠴᠢ ᠪᠤᠬᠢᠷᠳᠤᠯ ᠦᠭᠡᠢ ᠢᠳᠡᠭᠡᠨ ᠢ ᠬᠦᠨᠵᠡᠭᠡᠢ ᠪᠤᠯᠪᠠᠰᠤᠷᠭᠤᠯᠬᠤ ᠲᠦᠷᠦᠯ

ᠵᠦᠢᠯ ᠤᠨ ᠪᠦᠬᠦ ᠲᠠᠯ᠎ᠠ ᠪᠠᠷ ᠠᠰᠢᠭᠯᠠᠯᠳᠡ ᠳᠤ ᠤᠷᠤᠬᠤ ᠶᠢ ᠠᠬᠢᠭᠤᠯᠵᠦ᠂ ᠤᠯᠠᠭᠠᠨ ᠰᠡᠷᠪᠡᠯᠵᠢ ᠶᠢᠨ ᠢᠵᠠᠭᠤᠷ

 ᠢᠶᠠᠷ ᠨᠠᠷᠠᠨ ᠨᠤᠭᠤᠭ᠎ᠠ ᠶᠢᠨ ᠰᠢᠩᠭᠡᠨ ᠢ ᠭᠠᠷᠭᠠᠵᠦ᠂ ᠲᠠᠯ᠎ᠠ ᠨᠤᠳᠤᠭ ᠤᠨ ᠡᠯᠵᠢᠭᠡ ᠶᠢᠨ ᠦᠢᠯᠡᠰ ᠤᠨ ᠠᠯᠠᠰᠢᠨ

ᠡᠯᠵᠢᠭᠡ ᠳᠡᠵᠢᠭᠡᠬᠦ ᠵᠢᠴᠢ ᠠᠯᠠᠵᠦ ᠨᠢᠳᠤᠯᠠᠨ ᠨᠠᠷᠢᠯᠢᠭ ᠪᠤᠯᠪᠠᠰᠤᠷᠠᠭᠤᠯᠬᠤ ᠲᠦᠷᠦᠯ ᠵᠦᠢᠯ ᠤᠨ ᠪᠠᠶᠢᠭᠤᠯᠤᠯᠳᠠ ᠶᠢ

ᠡᠬᠢᠯᠡᠭᠦᠯᠦᠨ᠂ ᠵᠢᠯ ᠤᠨ ᠡᠴᠦᠰ ᠲᠤ ᠠᠰᠢᠭᠯᠠᠯᠳᠠ ᠳᠤ ᠤᠷᠤᠭᠤᠯᠬᠤ ᠨᠦᠭᠦᠴᠡᠯ ᠢ ᠪᠦᠷᠢᠯᠳᠦᠭᠦᠯᠬᠦ ᠪᠠᠷ ᠴᠢᠷᠮᠠᠶᠢᠨ᠎ᠠ

᠃ ᠡᠬᠢ ᠰᠤᠷᠪᠤᠯᠵᠢ ᠶᠢ ᠤᠷᠴᠢᠯᠳᠤᠭᠤᠯᠤᠨ ᠠᠰᠢᠭᠯᠠᠬᠤ ᠠᠵᠦ ᠦᠢᠯᠡᠰ ᠤᠨ ᠲᠠᠯ᠎ᠡ ᠪᠠᠷ᠂ ᠭᠤᠤᠯᠳᠠᠭᠤ ᠬᠠᠪᠤᠷ

ᠨᠠᠮᠤᠷ ᠤᠨ ᠵᠤᠭᠠᠩ ᠤᠨ ᠬᠠᠪᠳᠠᠰᠤ ᠦᠢᠯᠡᠳᠪᠤᠷᠢᠯᠡᠬᠦ᠂ ᠷᠦᠨ ᠯᠢᠨ ᠤᠷᠴᠢᠨ ᠲᠤᠭᠤᠷᠢᠨ ᠢ ᠬᠠᠮᠭᠠᠯᠬᠤ 60

ᠲᠦᠮᠡᠨ ᠲᠤᠨ ᠤ ᠬᠠᠳᠠᠭᠤ ᠬᠠᠶᠠᠭᠳᠠᠮᠠᠯ ᠪᠤᠳᠠᠰ ᠢ ᠰᠢᠢᠳᠪᠤᠷᠢᠯᠡᠬᠦ᠂᠂ ᠮᠸᠢ ᠵᠢᠩ ᠤᠷᠴᠢᠨ ᠲᠤᠭᠤᠷᠢᠨ ᠢ

ᠬᠠᠮᠭᠠᠯᠠᠬᠤ ᠲᠦᠭᠦᠬᠡᠷᠤᠮᠵᠢ ᠦᠢᠯᠡᠳᠪᠤᠷᠢᠯᠡᠬᠦ ᠵᠡᠷᠭᠡ ᠲᠦᠷᠦᠯ ᠵᠦᠢᠯ ᠢ ᠵᠢᠯ ᠳᠤ ᠪᠠᠶᠢᠭᠤᠯᠤᠨ ᠠᠰᠢᠭᠯᠠᠯᠳᠠ ᠳᠤ

ᠤᠷᠤᠭᠤᠯᠵᠦ᠂ ᠲᠠᠷᠤᠶᠢᠬᠠᠨ ᠠᠵᠦ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠦᠷᠢᠯᠳᠤᠭᠦᠯᠦᠨ᠎ᠡ᠃

     ᠠᠵᠦ ᠦᠢᠯᠡᠳᠪᠤᠷᠢ ᠶᠢᠨ ᠲᠤᠭᠤᠷᠢᠭ ᠤᠨ ᠴᠢᠳᠠᠪᠤᠷᠢ ᠶᠢ ᠬᠦᠴᠦᠯᠡᠨ ᠲᠡᠭᠦᠯᠳᠡᠷᠵᠢᠭᠦᠯᠦᠨ᠎ᠡ᠃ ᠵᠠᠬᠠᠨᠠᠭᠤᠷ

ᠠᠵᠦ ᠦᠢᠯᠡᠳᠪᠤᠷᠢ ᠶᠢᠨ ᠲᠤᠭᠤᠷᠢᠭ ᠤᠨ ᠡᠬᠢ ᠰᠤᠷᠪᠤᠯᠵᠢ ᠶᠢ ᠤᠷᠴᠢᠯᠳᠤᠭᠤᠯᠤᠨ ᠬᠡᠷᠡᠭᠯᠡᠬᠦ ᠠᠵᠦ ᠦᠢᠯᠡᠰ ᠤᠨ

ᠤᠷᠤᠨ ᠤ ᠤᠰᠤ ᠬᠠᠩᠭᠠᠬᠤ ᠦᠢᠯᠡᠳᠪᠤᠷᠢ᠂ ᠬᠤᠭ ᠨᠤᠪᠰᠢ ᠪᠤᠯᠠᠵᠦ ᠬᠠᠶᠠᠬᠤ ᠲᠠᠯᠠᠪᠠᠢ ᠵᠡᠷᠭᠡ ᠢᠵᠢ ᠪᠦᠷᠢᠳᠦᠭᠰᠡᠨ

ᠲᠤᠨᠤᠭ ᠲᠦᠭᠦᠭᠡᠷᠤᠮᠵᠢ ᠶᠢ ᠡᠬᠢᠯᠡᠭᠦᠯᠦᠨ᠂ ᠲᠤᠭᠤᠷᠢᠭ ᠤᠨ ᠴᠢᠬᠤᠯᠠ ᠵᠦᠢᠯ ᠢ ᠲᠦᠷᠭᠡᠨ ᠪᠦᠷᠢᠨ ᠨᠦᠬᠦᠪᠤᠷᠢᠯᠡᠨ᠎ᠡ

᠃ ᠯᠦᠪᠸᠢ ᠠᠵᠦ ᠦᠢᠯᠡᠳᠪᠤᠷᠢ ᠶᠢᠨ ᠲᠤᠭᠤᠷᠢᠭ ᠤᠨ ᠨᠡᠭᠦᠷᠡᠰᠤ ᠪᠤᠷᠤᠯᠠᠭᠤᠯᠬᠤ ᠠᠵᠦ ᠠᠬᠤᠶᠢᠯᠠᠯ ᠢ ᠰᠢᠯᠵᠢᠭᠦᠯᠬᠦ

ᠪᠠ ᠦᠢᠯᠡᠳᠪᠤᠷᠢᠯᠡᠯ ᠢᠶᠠᠨ ᠰᠢᠯᠵᠢᠭᠦᠯᠬᠦ᠂ ᠱᠤᠶᠢᠨᠢ ᠶᠢᠨ ᠠᠵᠦ ᠠᠬᠤᠶᠢᠯᠠᠯ ᠤᠨ ᠮᠡᠷᠭᠡᠵᠢᠯ ᠢᠶᠠᠨ ᠰᠠᠶᠢᠵᠢᠷᠠᠭᠤᠯᠬᠤ

 ᠶᠢ ᠰᠠᠶᠢᠳᠤᠷ ᠠᠳᠬᠤᠵᠦ᠂ ᠢᠳᠡᠭᠡᠨ ᠤ ᠵᠦᠢᠯ ᠢ ᠪᠤᠯᠪᠠᠰᠤᠷᠠᠭᠤᠯᠬᠤ ᠤᠷᠤᠨ ᠤ ᠤᠷᠴᠢᠨ ᠲᠤᠭᠤᠷᠢᠨ ᠤ

ᠦᠨᠡᠯᠡᠯᠳᠡ ᠪᠠᠷᠢᠮᠵᠢᠶ᠎ᠡ ᠳᠤ ᠬᠦᠷᠬᠦ ᠶᠢ ᠦᠨᠡᠨᠬᠦ ᠪᠠᠳᠤᠯᠠᠨ᠎ᠠ᠂ ᠳᠡᠭᠡᠳᠦ ᠮᠡᠷᠭᠡᠵᠢᠯ ᠤᠨ ᠨᠡᠭᠦᠷᠡᠰᠤ ᠬᠢᠮᠢ ᠶᠢᠨ ᠠᠵᠦ

ᠦᠢᠯᠡᠳᠪᠤᠷᠢ ᠶᠢᠨ ᠠᠵᠦ ᠦᠢᠯᠡᠰ ᠤᠨ ᠲᠤᠭᠤᠷᠢᠭ ᠤᠨ ᠢᠵᠢ ᠪᠦᠷᠢᠳᠤᠭᠰᠠᠨ ᠲᠤᠨᠤᠭ ᠲᠦᠭᠦᠭᠡᠷᠤᠮᠵᠢ ᠶᠢᠨ

ᠪᠠᠶᠢᠭᠤᠯᠤᠯᠳᠠ ᠶᠢ ᠠᠬᠢᠭᠤᠯᠵᠦ᠂ ᠲᠤᠭᠤᠷᠢᠭ ᠤᠨ ᠵᠠᠮ᠂ ᠶᠡᠷᠥᠩᠬᠡᠢ ᠬᠤᠭᠤᠯᠠᠢ ᠲᠤᠤᠷ᠂ ᠤᠰᠤ ᠶᠢ ᠪᠤᠴᠠᠭᠠᠨ

ᠬᠡᠷᠡᠭᠯᠡᠬᠦ᠂ ᠬᠤᠭ ᠨᠤᠪᠰᠢ ᠪᠤᠯᠠᠵᠦ ᠬᠠᠶᠠᠬᠤ ᠲᠠᠯᠠᠪᠠᠢ᠂ ᠤᠰᠤ ᠬᠠᠩᠭᠠᠬᠤ ᠦᠢᠯᠡᠳᠪᠤᠷᠢ᠂ ᠪᠤᠬᠢᠷ ᠤᠰᠤ

ᠰᠢᠢᠳᠪᠤᠷᠢᠯᠡᠬᠦ ᠦᠢᠯᠡᠳᠪᠤᠷᠢ ᠶᠢᠨ ᠠᠰᠢᠭᠯᠠᠯᠳᠠ ᠳᠤ ᠤᠷᠤᠭᠤᠯᠬᠤ ᠶᠢ ᠦᠨᠡᠨᠬᠦ ᠪᠠᠳᠤᠯᠠᠨ᠎ᠠ᠃ ᠲᠤᠭᠤᠷᠢᠭ ᠤᠨ

ᠰᠤᠯᠠ ᠪᠠᠶᠢᠭ᠎ᠠ ᠭᠠᠵᠠᠷ ᠰᠢᠷᠤᠢ ᠶᠢ ᠪᠦᠬᠦ ᠲᠠᠯ᠎ᠠ ᠪᠠᠷ ᠴᠡᠪᠡᠷᠯᠡᠨ᠂ ᠭᠠᠵᠠᠷ ᠰᠢᠷᠤᠢ ᠶᠢ ᠶᠡᠷᠥᠩᠬᠡᠶᠢᠯᠡᠨ ᠬᠡᠷᠡᠭᠯᠡᠬᠦ

ᠦᠷ᠎ᠡ ᠪᠦᠳᠦᠮᠵᠢ ᠪᠠᠨ ᠳᠡᠭᠡᠭᠰᠢᠯᠡᠭᠦᠯᠦᠨ᠎ᠡ᠃ ᠠᠮᠤᠷ ᠲᠦᠪᠰᠢᠨ᠂ ᠤᠷᠴᠢᠨ ᠲᠤᠭᠤᠷᠢᠨ ᠤ ᠬᠠᠮᠭᠠᠯᠠᠯᠳᠠ ᠶᠢᠨ

ᠵᠦᠪᠰᠢᠶᠡᠷᠡᠨ ᠤᠷᠤᠭᠤᠯᠬᠤ ᠪᠤᠭᠤᠮᠳᠠ ᠶᠢ ᠴᠢᠩᠭ᠎ᠠ ᠠᠳᠬᠤᠨ᠂ ᠠᠵᠦ ᠦᠢᠯᠡᠳᠪᠤᠷᠢ ᠶᠢᠨ ᠠᠵᠦ ᠠᠬᠤᠢ ᠶᠢᠨ

ᠰᠢᠯᠢᠳᠡᠭ ᠡᠷᠭᠢᠯᠳᠡ ᠪᠠ ᠬᠡᠯᠪᠡᠷᠢ ᠪᠠᠨ ᠦᠭᠡᠷᠡᠳᠦᠭᠦᠯᠦᠨ ᠬᠦᠭᠵᠢᠬᠦ ᠶᠢ ᠠᠬᠢᠭᠤᠯᠤᠨ᠎ᠠ᠃

    ︵ᠭᠤᠷᠪᠠ︶ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠢ ᠲᠦᠷᠬᠡᠳᠬᠡᠨ

ᠭᠦᠭᠵᠢᠬᠦᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠶᠡᠷᠦᠩᠬᠡᠶᠢᠯᠡᠭᠰᠡᠨ ᠦᠷ᠎ᠡ ᠠᠰᠢᠭ ᠢ

ᠳᠡᠭᠡᠭᠰᠢᠯᠡᠬᠦᠯᠤᠨ᠎ᠠ

     ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠪᠦᠳᠦᠴᠠ ᠶᠢᠨ ᠴᠢᠨᠠᠷᠳᠡᠢ ᠦᠬᠡᠷᠡᠴᠢᠯᠠᠯᠳᠠ ᠶᠢ

ᠬᠦᠨᠵᠡᠬᠡᠶᠢᠷᠡᠬᠦᠯᠤᠨ᠂ ᠬᠦᠴᠦᠨ ᠦᠬᠡᠢ ᠬᠠᠩᠭᠠᠯᠭ᠎ᠠ ᠶᠢ ᠦᠬᠡᠶᠢᠰᠬᠡᠵᠤ᠂ ᠬᠦᠴᠦᠨ ᠲᠠᠢ ᠬᠠᠩᠭᠠᠯᠭ᠎ᠠ ᠶᠢ

ᠨᠡᠮᠡᠭᠳᠡᠬᠦᠯᠵᠤ᠂ ᠳᠣᠣᠷ᠎ᠠ ᠳᠡᠰ ᠤᠨ ᠬᠠᠩᠭᠠᠯᠭ᠎ᠠ ᠶᠢ ᠪᠠᠭᠠᠰᠬᠠᠵᠤ᠂ ᠳᠡᠬᠡᠳᠣ ᠳᠡᠰ ᠤᠨ ᠬᠠᠩᠭᠠᠯᠭ᠎ᠠ ᠶᠢ

ᠦᠷᠬᠡᠳᠬᠡᠵᠤ᠂ ᠪᠤᠬᠢᠷᠳᠣᠯ ᠦᠬᠡᠢ ᠦᠢᠯᠡᠳᠪᠤᠷᠢᠯᠡᠯ ᠤᠨ ᠠᠷᠭ᠎ᠠ ᠶᠢ ᠳᠡᠯᠬᠡᠷᠡᠬᠦᠯᠵᠤ ︽ᠲᠦᠷᠪᠡᠨ ᠵᠠᠭᠤᠨ ᠲᠦᠮᠡᠨ︾

ᠢᠨᠵᠧᠨᠧᠷᠢᠩ ᠢ ᠶᠡᠭᠡ ᠬᠦᠴᠦᠨ ᠢᠶᠠᠷ ᠬᠡᠷᠡᠭᠵᠢᠬᠦᠯᠤᠨ᠂ ᠪᠤᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ

ᠪᠦᠳᠦᠭᠡᠭᠳᠡᠬᠦᠨ ᠪᠤᠯᠪᠠᠰᠣᠷᠠᠭᠤᠯᠤᠨ ᠭᠠᠷᠭᠠᠬᠤ ᠰᠠᠭᠤᠷᠢᠨ ᠭᠠᠵᠠᠷ᠂ ᠤᠳᠤ ᠦᠶ᠎ᠡ ᠶᠢᠨ ᠡᠪᠡᠰᠦ ᠪᠡᠯᠴᠢᠬᠡᠷ ᠤᠨ ᠮᠠᠯ

ᠠᠵᠤ ᠠᠬᠤᠢ ᠶᠢᠨ ᠳᠠᠭᠤᠷᠢᠶᠠᠯᠳᠣ ᠰᠠᠭᠤᠷᠢᠨ ᠭᠠᠵᠠᠷ᠂ ᠬᠢᠳᠠᠳ ᠡᠪᠡᠰᠣᠨ ᠡᠮ ᠲᠠᠷᠢᠵᠤ ᠤᠷᠭᠤᠭᠤᠯᠤᠨ

ᠪᠤᠯᠪᠠᠰᠣᠷᠠᠭᠤᠯᠬᠤ ᠰᠤᠳᠤᠯᠤᠨ ᠨᠡᠬᠡᠬᠡᠨ ᠠᠰᠢᠭᠯᠠᠬᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠦᠳᠦᠬᠡᠨ

ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢ ᠲᠤᠭᠳᠠᠭᠤᠨ ᠢᠶᠠᠷ ᠦᠷ᠎ᠡ ᠠᠰᠢᠭ ᠨᠡᠮᠡᠭᠳᠡᠬᠦᠯᠵᠤ᠂ ᠮᠠᠯᠴᠢᠨ

ᠲᠠᠷᠢᠶᠠᠴᠢᠳ ᠤᠨ ᠤᠷᠤᠯᠭ᠎ᠠ ᠶᠢ ᠦᠷᠬᠦᠯᠵᠢᠯᠡᠨ ᠨᠡᠮᠡᠭᠳᠡᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠨᠤᠭᠤᠭᠠᠨ ᠢ

ᠨᠡᠮᠡᠭᠳᠡᠬᠦᠯᠤᠨ᠎ᠡ᠃

     ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠳᠣᠳᠣᠭᠠᠳᠣ ᠪᠦᠳᠦᠴᠠ ᠶᠢ ᠬᠦᠴᠦᠯᠡᠨ

ᠰᠢᠯᠢᠳᠡᠭᠵᠢᠬᠦᠯᠵᠤ ᠲᠣᠬᠢᠷᠠᠭᠤᠯᠤᠨ᠎ᠠ᠃ ︽ᠵᠠᠭᠤᠨ ᠲᠦᠮᠡᠨ ᠮᠤ᠋ ᠳᠡᠷᠢᠮᠡᠯ ᠳᠤ ᠪᠦᠳᠦᠴᠠ ᠶᠢᠨ ᠲᠤᠬᠢᠷᠠᠭᠤᠯᠤᠯᠳᠠ

ᠬᠢᠬᠦ︾ ᠢᠨᠵᠧᠨᠧᠷᠢᠩ ᠢ ᠬᠡᠷᠡᠭᠵᠢᠬᠦᠯᠤᠨ᠂ ᠠᠮᠤ ᠪᠤᠳᠠᠭᠠᠨ ᠤ ᠲᠠᠷᠢᠶ᠎ᠠ ᠶᠢ ᠠᠵᠤ ᠠᠬᠤᠢ ᠶᠢᠨ ᠲᠠᠷᠢᠮᠠᠯ ᠪᠤᠯᠭᠠᠨ

ᠦᠬᠡᠷᠡᠴᠢᠯᠡᠬᠦ᠂ ᠠᠮᠤ ᠪᠤᠳᠠᠭᠠᠨ ᠤ ᠲᠠᠷᠢᠶ᠎ᠠ ᠶᠢ ᠡᠪᠡᠰᠣ ᠪᠤᠷᠳᠤᠭ᠎ᠠ ᠶᠢᠨ ᠲᠠᠷᠢᠶ᠎ᠠ ᠪᠤᠯᠭᠠᠨ ᠦᠬᠡᠷᠡᠴᠢᠯᠡᠬᠦ ᠬᠦᠴᠦᠠ

 ᠢᠶᠠᠨ ᠶᠡᠬᠡᠰᠬᠡᠵᠤ᠂ ᠡᠷᠳᠡᠨᠢ ᠰᠢᠰᠢ ᠳᠡᠷᠢᠵᠤ ᠤᠷᠭᠤᠭᠤᠯᠬᠤ ᠲᠠᠯᠠᠪᠠᠢ ᠶᠢ 45 ᠲᠦᠮᠡᠨ ᠮᠤ᠋ ᠲᠤᠬᠢᠷᠠᠭᠤᠯᠤᠨ

ᠪᠠᠭᠠᠰᠬᠠᠵᠤ᠂ ᠡᠯᠳᠡᠪ ᠠᠮᠤ ᠪᠤᠷᠴᠠᠭ᠂ ᠤᠨᠴᠠᠯᠢᠭᠳᠣ ᠲᠠᠷᠢᠮᠠᠯ᠂ ᠬᠢᠳᠠᠳ ᠡᠪᠡᠰᠣᠨ ᠡᠮ ᠤᠨ ᠮᠠᠲ᠋ᠧᠷᠢᠶᠠᠯ᠂ ᠬᠥᠬᠡ

ᠳᠠᠷᠤᠰᠢ ᠳᠡᠷᠢᠵᠤ ᠤᠷᠭᠤᠭᠤᠯᠬᠤ ᠲᠠᠯᠠᠪᠠᠢ ᠶᠢ ᠨᠡᠮᠡᠭᠳᠡᠬᠦᠯᠤᠨ 100 ᠲᠦᠮᠡᠨ ᠮᠤ᠋ ᠬᠦᠷᠬᠡᠬᠦ ᠪᠠᠷ ᠬᠦᠴᠤᠯᠡᠨ

ᠴᠢᠷᠮᠠᠶᠢᠨ᠎ᠠ᠃ ︽ᠵᠠᠭᠤᠨ ᠲᠦᠮᠡᠨ ᠲᠤᠯᠤᠭᠠᠢ ᠲᠠᠯ᠎ᠠ ᠨᠤᠳᠤᠭ ᠤᠨ ᠤᠯᠠᠭᠠᠨ ᠦᠬᠡᠷ︾ ᠤᠨ ᠢᠨᠵᠧᠨᠧᠷᠢᠩ ᠢ

ᠬᠡᠷᠡᠭᠵᠢᠬᠦᠯᠤᠨ᠂ ᠲᠠᠯ᠎ᠠ ᠨᠤᠲᠤᠭ ᠤᠨ ᠤᠯᠠᠭᠠᠨ ᠦᠬᠡᠷ ᠳᠡᠵᠢᠬᠡᠨ ᠦᠷᠡᠵᠢᠬᠦᠯᠬᠦ  ᠬᠡᠪᠴᠢᠶ᠎ᠡ ᠶᠢ ᠠᠯᠬᠤᠮ ᠠᠯᠬᠤᠮ

 ᠢᠶᠠᠷ ᠦᠷᠬᠡᠳᠬᠡᠨ᠂ ᠵᠢᠯ ᠤᠨ ᠬᠠᠰᠢᠶᠠᠯᠠᠨ ᠳᠡᠵᠢᠬᠡᠬᠦ ᠦᠬᠡᠷ ᠤᠨ ᠲᠤᠭ᠎ᠠ ᠶᠢ 80 ᠲᠦᠮᠡᠨ ᠲᠤᠯᠤᠭᠠᠢ ᠳᠤ ᠬᠦᠷᠬᠡᠨ᠂

2019 ᠣᠨ ᠤ ᠡᠴᠣᠰ ᠪᠤᠯᠳᠠᠯ᠎ᠠ ᠦᠬᠡᠷ ᠤᠨ ᠬᠠᠰᠢᠶᠠᠯᠠᠨ ᠳᠡᠵᠢᠬᠡᠬᠦ ᠲᠤᠭ᠎ᠠ ᠶᠢ ᠵᠠᠭᠤᠨ ᠲᠦᠮᠡᠨ ᠲᠤᠯᠤᠭᠠᠢ

ᠬᠦᠷᠬᠡᠬᠦ ᠪᠠᠷ ᠬᠦᠴᠦᠯᠡᠨ ᠴᠢᠷᠮᠠᠶᠢᠨ᠎ᠠ᠃ ︽ᠵᠠᠭᠤᠨ ᠲᠦᠮᠡᠨ ᠲᠤᠯᠤᠭᠠᠢ ᠬᠤᠨᠢ ᠲᠤᠬᠢᠷᠠᠭᠤᠯᠵᠤ ᠪᠠᠭᠠᠰᠬᠠᠬᠤ︾

ᠢᠨᠵᠧᠨᠧᠷᠢᠩ ᠢ ᠬᠡᠷᠡᠭᠵᠢᠬᠦᠯᠤᠨ᠂ ᠳᠡᠵᠢᠬᠡᠨ ᠦᠷᠡᠵᠢᠬᠦᠯᠬᠦ ᠡᠷᠦᠬᠡ ᠶᠢ ᠢᠳᠡᠪᠬᠢᠳᠡᠢ ᠬᠦᠳᠦᠯᠤᠨ᠂ ᠮᠠᠯ ᠰᠦᠷᠦᠭ ᠤᠨ

ᠪᠦᠳᠦᠴᠠ ᠳᠤᠨᠢ ᠲᠤᠬᠢᠷᠠᠭᠤᠯᠤᠯᠳᠠ ᠬᠢᠯᠬᠡᠵᠤ᠂ ᠡᠬᠦᠯᠳᠡᠷ ᠰᠠᠶᠢᠵᠢᠷᠠᠭᠤᠯᠤᠨ ᠴᠢᠨᠠᠷ ᠢ ᠳᠡᠭᠡᠭᠰᠢᠯᠡᠬᠦᠯᠵᠤ᠂ ᠨᠠᠷᠢᠯᠢᠭ

ᠠᠷᠠᠴᠢᠯᠡᠨ ᠦᠨᠳᠣᠷ ᠦᠷ᠎ᠡ ᠠᠰᠢᠭ ᠤᠯᠬᠤ ᠪᠠᠷ ᠳᠠᠮᠵᠢᠨ᠂ 100 ᠲᠦᠮᠡᠨ ᠬᠤᠨᠢ ᠶᠢ ᠲᠦᠯᠦᠪᠯᠡᠭᠡ ᠲᠠᠢ ᠪᠠᠷ

ᠲᠤᠬᠢᠷᠠᠭᠤᠯᠤᠨ ᠪᠠᠭᠠᠰᠬᠠᠨ᠎ᠠ᠃ ︽ᠵᠠᠭᠤᠨ ᠲᠦᠮᠡᠨ ᠮᠤ᠋ ᠤᠳᠤ ᠦᠶ᠎ᠡ ᠶᠢᠨ ᠡᠪᠡᠰᠣ ᠪᠡᠯᠴᠢᠬᠡᠷ ᠤᠨ ᠠᠵᠤ

ᠦᠢᠯᠡᠰ ᠤᠨ ᠲᠤᠭᠤᠷᠢᠭ︾ ᠤᠨ ᠢᠨᠵᠧᠨᠧᠷᠢᠩ ᠢ ᠬᠡᠷᠡᠭᠵᠢᠬᠦᠯᠤᠨ᠂ ᠮᠧᠩ ᠼᠤᠤ ᠠᠵᠤ ᠦᠢᠯᠡᠰ ᠤᠨ ᠬᠤᠯᠪᠤᠭᠠᠯᠠᠯ

 ᠲᠠᠢ ᠬᠠᠮᠳᠣᠷᠨᠨ᠂ ᠵᠠᠰᠠᠭ ᠤᠨ ᠤᠷᠳᠤᠨ ᠪᠤᠯᠤᠨ ᠨᠡᠶᠢᠬᠡᠮ ᠤᠨ ᠬᠦᠷᠦᠩᠬᠡ ᠶᠢᠨ ᠬᠤᠷᠰᠢᠬᠤ ᠠᠷᠭ᠎ᠠ ᠵᠠᠮ ᠢ

ᠦᠷᠬᠡᠳᠬᠡᠵᠤ᠂  ᠲᠤᠭᠤᠷᠢᠭ ᠤᠨ ᠰᠠᠭᠤᠷᠢ ᠲᠤᠨᠤᠭ ᠲᠦᠬᠦᠬᠡᠷᠤᠮᠵᠢ ᠶᠢ ᠳᠡᠬᠦᠯᠳᠡᠷᠵᠢᠬᠦᠯᠤᠨ ᠪᠠᠳᠣᠳᠬᠠᠨ ᠮᠡᠷᠡᠶᠢᠨ

ᠴᠢᠷᠮᠠᠶᠢᠵᠤ᠂ ᠭᠤᠷᠪᠠᠨ ᠵᠢᠯ ᠤᠨ ᠳᠣᠳᠣᠷ᠎ᠠ ᠲᠤᠭᠤᠷᠢᠭ ᠢ ᠦᠨᠳᠣᠰᠣᠨ ᠳᠡᠭᠡᠨ ᠪᠠᠶᠢᠭᠤᠯᠵᠤ ᠳᠠᠭᠤᠰᠬᠠᠨ᠎ᠠ︔ ᠮᠧᠩ

ᠼᠣᠣ᠂ ᠰᠢᠦᠢ ᠲᠤᠩ ᠵᠡᠷᠬᠡ ᠠᠵᠤ ᠠᠬᠤᠶᠢᠯᠠᠯ ᠢ ᠵᠤᠷᠢᠭᠵᠢᠭᠤᠯᠤᠨ᠂ ᠬᠥᠷᠡᠩ ᠴᠠᠷᠭᠠᠰᠣ ᠪᠠᠷ ᠭᠤᠣᠯ ᠪᠤᠯᠭᠠᠭᠰᠠᠨ

ᠳᠠᠷᠢᠮᠠᠯ ᠡᠪᠡᠰᠣᠨ ᠭᠠᠵᠠᠷ ᠢ 50 ᠲᠦᠮᠡᠨ ᠮᠤ᠋ ᠦᠷᠬᠡᠳᠬᠡᠨ ᠪᠠᠶᠢᠭᠤᠯᠵᠤ᠂ ᠳᠣᠮᠳᠠᠳᠣ ᠣᠯᠣᠰ ᠤᠨ ᠰᠢᠨᠵᠢᠯᠡᠬᠦ

ᠤᠬᠠᠭᠠᠨ ᠤ ᠬᠦᠷᠢᠶᠡᠯᠡᠩ᠂ ᠦᠪᠤᠷ ᠮᠤᠩᠭᠤᠯ ᠤᠨ ᠶᠡᠭᠡ ᠰᠣᠷᠭᠠᠭᠤᠯᠢ ᠶᠢᠨ ᠰᠢᠨᠵᠢᠯᠡᠭᠡ ᠮᠡᠷᠬᠡᠵᠢᠯ ᠤᠨ ᠰᠢᠨ᠎ᠡ

ᠦᠷ᠎ᠡ ᠪᠦᠳᠦᠬᠡᠯ ᠢᠶᠠᠷ ᠭᠤᠤᠯ ᠪᠤᠯᠭᠠᠨ 50 ᠲᠦᠮᠡᠨ ᠮᠤ᠋ ᠨᠤᠳᠤᠭ ᠪᠡᠯᠴᠢᠬᠡᠷ ᠢ ᠰᠠᠶᠢᠵᠢᠷᠠᠭᠤᠯᠤᠨ ᠨᠦᠬᠦᠨ ᠲᠠᠷᠢᠵᠤ

᠂ ᠬᠤᠳᠠᠯᠳᠣᠭᠠᠴᠢᠨ ᠤᠷᠢᠵᠤ ᠪᠡᠯᠡ ᠳᠠᠳᠠᠵᠤ ︽ᠳᠠᠷᠢᠵᠤ᠂ ᠳᠡᠵᠢᠬᠡᠬᠦ᠂ ᠪᠤᠯᠪᠠᠰᠣᠷᠠᠭᠤᠯᠬᠤ︾ ᠶᠢ ᠨᠢᠭᠡ

ᠴᠤᠭᠴᠠᠵᠢᠭᠤᠯᠤᠭᠰᠠᠨ ᠤᠳᠤ ᠦᠶ᠎ᠡ ᠶᠢᠨ ᠡᠪᠡᠰᠣ ᠪᠡᠯᠴᠢᠬᠡᠷ ᠤᠨ ᠠᠵᠤ ᠠᠬᠤᠶᠢᠯᠠᠯ ᠢ ᠳᠠᠳᠠᠨ ᠤᠷᠤᠭᠤᠯᠵᠤ᠂

ᠲᠠᠷᠢᠶᠠᠯᠠᠩ ᠮᠠᠯ ᠠᠵᠤ ᠠᠬᠤᠢ ᠪᠤᠯᠤᠨ ᠬᠤᠶᠠᠷ ᠭᠤᠷᠪᠠᠳᠣᠭᠠᠷ ᠠᠵᠤ ᠦᠢᠯᠡᠰ ᠤᠨ ᠴᠤᠭᠭᠠᠷ ᠬᠦᠭᠵᠢᠬᠦ ᠶᠢ

ᠲᠦᠯᠬᠢᠨ ᠠᠬᠢᠭᠤᠯᠤᠨ᠎ᠠ᠃

    ᠲᠠᠷᠢᠶᠠᠯᠠᠩ ᠮᠠᠯ ᠠᠵᠤ ᠠᠬᠤᠢ ᠶᠢᠨ ᠶᠡᠷᠤᠩᠬᠡᠶᠢᠯᠡᠭᠰᠡᠨ ᠦᠢᠯᠡᠳᠪᠤᠷᠢᠯᠡᠯ ᠤᠨ ᠴᠢᠳᠠᠪᠤᠷᠢ ᠶᠢ ᠬᠦᠴᠦᠯᠡᠨ

ᠳᠡᠭᠡᠭᠰᠢᠯᠡᠬᠦᠯᠤᠨ᠎ᠠ᠃ ᠪᠦᠬᠦ ᠵᠢᠯ ᠳᠤ ᠲᠠᠷᠢᠮᠠᠯ ᠤᠨ ᠳᠡᠷᠢᠵᠤ ᠤᠷᠭᠤᠭᠤᠯᠬᠤ ᠲᠠᠯᠠᠪᠠᠢ ᠶᠢ 193.5 ᠲᠦᠮᠡᠨ ᠮᠤ᠋

ᠪᠡᠶᠡᠯᠡᠬᠦᠯᠵᠤ᠂ ᠣᠰᠣ ᠠᠷᠪᠢᠯᠠᠬᠤ ᠦᠨᠳᠣᠷ ᠤᠨᠠᠯᠳ᠋ᠨ ᠦᠨᠳᠣᠷ ᠦᠷ᠎ᠡ ᠠᠰᠢᠭᠳᠣ ᠲᠠᠷᠢᠶᠠᠨ ᠭᠠᠵᠠᠷ ᠢ 13 ᠲᠦᠮᠡᠨ

ᠮᠤ᠋ ᠰᠢᠨ᠎ᠡ ᠪᠠᠷ ᠪᠠᠶᠢᠭᠤᠯᠤᠨ᠂ ᠠᠮᠤ ᠪᠤᠳᠠᠭᠠᠨ ᠤ ᠤᠨᠠᠯᠳᠠ ᠶᠢ 15 ᠳ᠋ᠦᠩᠰᠢᠭᠤᠷ ᠵᠢᠩ ᠠᠴᠠ ᠳᠡᠭᠡᠭᠰᠢ

ᠲᠤᠭᠳᠠᠪᠤᠷᠢᠵᠢᠭᠤᠯᠤᠨ᠎ᠠ︔ ᠬᠡᠪᠴᠢᠶᠡᠵᠢᠯᠳᠣ ᠳᠡᠵᠢᠬᠡᠨ ᠦᠷᠡᠵᠢᠬᠦᠯᠬᠦ ᠲᠠᠯᠠᠪᠠᠢ 23᠂ ᠦᠨᠳᠣᠷ ᠪᠠᠷᠢᠮᠵᠢᠶᠡᠨ ᠤ ᠭᠡᠷ

ᠪᠦᠯᠢ ᠶᠢᠨ ᠠᠮᠢ ᠠᠬᠤᠢ ᠶᠢᠨ ᠲᠠᠷᠢᠶᠠᠯᠠᠩ ᠮᠠᠯᠵᠢᠯ ᠤᠨ ᠲᠠᠯᠠᠪᠠᠢ 130 ᠰᠢᠨ᠎ᠡ ᠪᠠᠷ ᠪᠠᠶᠢᠭᠤᠯᠤᠨ᠂ ᠮᠠᠯ ᠤᠨ

ᠬᠠᠰᠢᠶᠠᠯᠠᠨ ᠳᠡᠵᠢᠬᠡᠬᠦ ᠲᠤᠭ᠎ᠠ ᠶᠢ 400 ᠲᠦᠮᠡᠨ ᠲᠤᠯᠤᠭᠠᠢ ᠠᠴᠠ ᠳᠡᠭᠡᠭᠰᠢ ᠪᠤᠯᠭᠠᠨ᠎ᠠ᠃ ᠲᠠᠷᠢᠶᠠᠨ ᠦᠷ᠎ᠡ ᠶᠢᠨ

ᠢᠨᠵᠧᠨᠧᠷᠢᠩ ᠢ ᠬᠡᠷᠡᠭᠵᠢᠬᠦᠯᠤᠨ᠂ ᠰᠢᠨ᠎ᠡ ᠲᠦᠷᠦᠯ ᠤᠨ ᠲᠠᠷᠢᠶᠠᠨ ᠦᠷ᠎ᠡ ᠶᠢ ᠰᠣᠩᠭᠤᠨ ᠪᠤᠶᠢᠵᠢᠭᠤᠯᠬᠤ

ᠬᠦᠴᠦᠯᠡᠴᠠ ᠪᠠᠨ ᠶᠡᠬᠡᠰᠬᠡᠨ᠂ ᠮᠤ᠋ ᠨᠢᠬᠡᠴᠠ ᠶᠢᠨ ᠤᠨᠠᠯᠳᠠ ᠶᠢ ᠲᠤᠭᠳᠠᠭᠤᠨ ᠢᠶᠠᠷ ᠳᠡᠭᠡᠭᠰᠢᠯᠡᠬᠦᠯᠤᠨ᠎ᠠ᠃ ᠮᠠᠯ

ᠰᠦᠷᠦᠭ ᠤᠨ ᠡᠬᠦᠯᠳᠡᠷ ᠰᠠᠶᠢᠵᠢᠷᠠᠭᠤᠯᠤᠨ ᠴᠢᠨᠠᠷ ᠢ ᠳᠡᠭᠡᠭᠰᠢᠯᠡᠬᠦᠯᠬᠦ ᠶᠢ ᠲᠦᠯᠬᠢᠨ ᠠᠬᠢᠭᠤᠯᠵᠤ᠂ ᠢᠴᠡᠬᠡᠯ

ᠦᠷ᠎ᠡ ᠶᠢᠨ ᠬᠡᠬᠡᠯᠳᠦᠬᠦᠯᠬᠡ ᠶᠢᠨ ᠦᠷᠳᠡᠭᠡ ᠶᠢ 700 ᠲᠤᠬᠢᠷᠠᠭᠤᠯᠤᠨ᠂ 20 ᠲᠦᠮᠡᠨ ᠲᠤᠯᠤᠭᠠᠢ ᠤᠯᠠᠭᠠᠨ ᠦᠬᠡᠷ 

 ᠳᠤ ᠢᠴᠡᠬᠡᠯ ᠦᠷ᠎ᠡ ᠶᠢᠨ ᠬᠡᠬᠡᠯᠳᠦᠬᠦᠯᠬᠡ ᠬᠢᠵᠤ᠂10 ᠲᠦᠮᠡᠨ ᠲᠤᠯᠤᠭᠠᠢ ᠪᠤᠭ ᠮᠠᠯ ᠳᠤ ᠬᠦᠮᠤᠨ ᠤ ᠬᠦᠴᠦᠨ ᠢᠶᠠᠷ

ᠬᠡᠬᠡᠯᠳᠦᠬᠦᠯᠬᠡ ᠬᠢᠬᠦ ᠶᠢ ᠪᠡᠶᠡᠯᠡᠬᠦᠯᠦᠨ᠎ᠠ᠃ ᠬᠦᠨᠳᠣ ᠶᠡᠭᠡ ᠠᠮᠢᠳᠠᠨ ᠤ ᠬᠢᠵᠢᠭ ᠡᠪᠡᠳᠴᠢᠨ ᠢ ᠰᠡᠷᠬᠡᠶᠢᠯᠡᠬᠦ

ᠨᠢᠭᠳᠠᠴᠠ ᠶᠢ 100% ᠳᠤ ᠬᠦᠷᠬᠡᠨ᠂ ᠮᠠᠯ ᠠᠵᠤ ᠠᠬᠤᠢ ᠶᠢᠨ ᠡᠷᠡᠬᠦᠯ ᠬᠦᠭᠵᠢᠯᠳᠠ ᠶᠢ ᠪᠠᠳᠣᠯᠠᠨ᠎ᠠ᠃ ᠲᠤᠰᠬᠠᠢ

ᠬᠤᠷᠰᠢᠶᠠᠵᠢᠯ ᠤᠨ ᠠᠵᠤ ᠠᠬᠤᠢ ᠶᠢ ᠢᠳᠡᠪᠬᠢᠳᠡᠢ ᠬᠦᠮᠤᠵᠢᠬᠦᠯᠤᠨ᠂ ᠡᠯ᠎ᠡ ᠲᠦᠷᠦᠯ ᠤᠨ ᠬᠤᠷᠰᠢᠶᠠᠵᠢᠯ ᠢ ᠰᠢᠨ᠎ᠡ

 ᠪᠠᠷ 50 ᠨᠡᠮᠡᠭᠳᠡᠬᠦᠯᠤᠨ᠎ᠠ᠃ ᠪᠦᠬᠦ ᠬᠤᠰᠢᠭᠤᠨ ᠤ ᠰᠢᠨᠵᠢᠯᠡᠭᠡ ᠮᠡᠷᠬᠡᠵᠢᠯ ᠤᠨ ᠴᠢᠳᠠᠪᠤᠷᠢᠳᠡᠨ ᠤ ᠡᠬᠢ ᠪᠠᠶᠠᠯᠢᠭ

 ᠢᠶᠠᠨ ᠨᠡᠶᠢᠯᠡᠬᠦᠯᠤᠨ᠂ ᠪᠦᠬᠦ ᠵᠢᠯ ᠳᠤ ᠮᠠᠯᠴᠢᠨ ᠲᠠᠷᠢᠶᠠᠴᠢᠳ ᠲᠤ 10 ᠲᠦᠮᠡᠨ ᠬᠦᠮᠤᠨ‌ᠤᠳᠠᠭ᠎ᠠ ᠪᠤᠯᠪᠠᠰᠣᠷᠠᠯ

ᠬᠦᠷᠳᠡᠬᠡᠵᠤ᠂ 5000 ᠰᠢᠨ᠎ᠡ ᠬᠡᠯᠪᠡᠷᠢ ᠶᠢᠨ ᠮᠠᠯᠴᠢᠨ ᠲᠠᠷᠢᠶᠠᠴᠢᠳ ᠢ ᠪᠤᠯᠪᠠᠰᠣᠷᠠᠭᠤᠯᠤᠨ᠎ᠠ᠃ ᠲᠠᠷᠢᠶᠠᠯᠠᠩ ᠮᠠᠯ

ᠠᠵᠤ ᠠᠬᠤᠢ ᠶᠢᠨ ᠮᠠᠰᠢᠨ ᠮᠧᠬᠠᠨ᠋‍‌ᠵᠭ᠌ᠴ‍‌ᠵᠯᠠᠯᠳᠠ ᠶᠢᠨ ᠬᠢᠷᠢ ᠲᠦᠪᠰᠢᠨ ᠢ ᠳᠡᠭᠡᠭᠰᠢᠯᠡᠬᠦᠯᠤᠨ᠂ ᠶᠡᠷᠤᠩᠬᠡᠶᠢᠯᠡᠭᠰᠡᠨ

ᠮᠧᠬᠠᠨ᠋‍‌ᠵᠭ᠌ᠴ‍‌ᠵᠯᠠᠯᠳᠠ ᠶᠢᠨ ᠨᠤᠷᠮ᠎ᠠ ᠶᠢ 86% ᠠᠴᠠ ᠳᠡᠭᠡᠭᠰᠢ ᠬᠦᠷᠬᠡᠨ᠎ᠠ᠃

    ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠠ ᠶᠢᠨ ᠡᠵᠡᠩᠨᠡᠯᠳᠠ ᠶᠢ ᠬᠦᠴᠦᠯᠡᠨ ᠲᠦᠯᠬᠢᠨ

ᠠᠬᠢᠭᠤᠯᠤᠨ᠎ᠠ᠃ ᠰᠢᠦ ᠵᠧᠩ ᠡᠮ ᠤᠨ ᠦᠢᠯᠡᠰ ᠤᠨ 15 ᠲᠦᠮᠡᠨ ᠮᠤ᠋ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ

ᠪᠤᠯᠤᠨ ᠲᠢᠶᠠᠨ ᡁᠢ ᠷᠦᠨ 10 ᠲᠦᠮᠡᠨ ᠮᠤ᠋ ᠲᠠᠷᠢᠮᠠᠯ ᠵᠡᠬᠡᠷᠬᠡᠨ᠎ᠡ ᠶᠢᠨ ᠲᠦᠷᠦᠯ ᠵᠦᠢᠯ ᠤᠨ ᠪᠦᠳᠦᠬᠡᠨ

ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠬᠢᠳᠠᠳ ᠡᠪᠡᠰᠣᠨ ᠡᠮ ᠪᠤᠯᠤᠨ ᠮᠤᠩᠭᠤᠯ ᠡᠮ ᠤᠨ ᠳᠠᠷᠢᠵᠤ

ᠤᠷᠭᠤᠭᠤᠯᠤᠨ ᠬᠡᠪᠴᠢᠶᠡᠵᠢᠯᠳᠣ ᠬᠦᠭᠵᠢᠯᠳᠠ ᠶᠢ ᠪᠡᠶᠡᠯᠡᠬᠦᠯᠤᠨ᠂ ᠬᠢᠳᠡᠳ ᠮᠤᠩᠭᠤᠯ ᠡᠮ ᠢ ᠳᠡᠷᠢᠵᠤ ᠤᠷᠭᠤᠭᠤᠯᠤᠨ

ᠪᠤᠯᠪᠠᠰᠣᠷᠠᠭᠤᠯᠬᠤ ᠰᠣᠳᠣᠯᠭᠠᠨ‌‍ᠤ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠠᠩᠬ᠎ᠠ ᠬᠡᠪᠴᠢᠶᠡᠵᠢᠬᠦ ᠶᠢ

ᠴᠢᠷᠮᠠᠶᠢᠨ ᠪᠡᠶᠡᠯᠡᠬᠦᠯᠤᠨ᠎ᠠ᠃ ᠵᠧᠩ ᠰᠢᠠ ᠪᠦᠯᠦᠭᠯᠡᠯ ᠤᠨ ᠲᠤᠰᠤᠨ ᠳᠤ ᠬᠡᠷᠡᠭᠯᠡᠬᠦ ᠮᠠᠠᠳᠠᠷᠠᠸ᠎ᠡ ᠴᠡᠴᠡᠭ ᠤᠨ

ᠪᠤᠯᠪᠠᠰᠣᠷᠠᠭᠤᠯᠤᠯᠳᠠ᠂ ᠲᠢᠶᠠᠨᠵᠢᠨ ᠤ ᠵᠦᠩ ᠷᠦᠩ ᠪᠤᠷᠳᠣᠭᠠᠨ ᠦᠬᠡᠷ ᠵᠢᠴᠢ ᠨᠠᠷᠢᠯᠢᠭ ᠪᠤᠯᠪᠠᠰᠣᠷᠠᠭᠤᠯᠤᠯᠳᠠ᠂

ᠱᠠᠨᠳᠦ᠋ᠩ ᠤᠨ ᠵᠢᠦᠢ ᠪᠤᠣ ᠫᠧᠩ ᠦᠬᠡᠷ ᠤᠨ ᠠᠵᠤ ᠦᠢᠯᠡᠰ ᠤᠨ ᠤᠨᠴᠠᠯᠢᠭᠳᠣ ᠪᠠᠯᠭᠠᠰᠣ᠂ ᠡᠾᠧᠨᠠᠨ ᠤ ᠮᠤ᠋ ᠶᠤᠸᠠᠨ

ᠭᠠᠭ᠋ᠠᠢ ᠳᠡᠵᠢᠬᠡᠬᠦ ᠵᠡᠷᠬᠡ ᠲᠦᠷᠦᠯ ᠵᠦᠢᠯ ᠢ ᠪᠦᠬᠦ ᠬᠦᠴᠦᠨ ᠢᠶᠠᠷ ᠠᠬᠢᠭᠤᠯᠤᠨ᠂ ᠰᠢᠨᠡᠪᠡᠷ ᠲᠠᠷᠢᠶᠠᠯᠠᠩ ᠮᠠᠯ ᠠᠵᠤ

ᠠᠬᠤᠢ ᠶᠢᠨ ᠠᠵᠤ ᠦᠢᠯᠠᠰᠵᠢᠭ᠍ᠰᠡᠨ ᠲᠤᠯᠤᠭᠠᠶᠢᠯᠠᠭᠴᠢ ᠠᠵᠤ ᠠᠬᠤᠶᠢᠯᠠᠯ ᠢ 4 ᠨᠡᠮᠡᠭᠳᠡᠬᠦᠯᠵᠤ᠂ ᠶᠡᠷᠤᠩᠬᠡᠢ ᠲᠤᠭ᠎ᠠ ᠶᠢ

32 ᠬᠦᠷᠬᠡᠨ᠂ 2 ᠲᠦᠮᠨ ᠠᠴᠠ ᠳᠡᠭᠡᠭᠰᠢ ᠮᠠᠯᠴᠢᠨ ᠲᠠᠷᠢᠶᠠᠴᠢᠨ ᠡᠷᠦᠬᠡ ᠶᠢ ᠳᠠᠶᠢᠴᠢᠯᠠᠨ᠎ᠠ᠃ ᠰᠢᠨ᠎ᠡ ᠬᠡᠯᠪᠡᠷᠢ

 ᠶᠢᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠳᠠ ᠶᠢᠨ ᠭᠤᠤᠯ ᠴᠤᠭᠴᠠ ᠶᠢ ᠬᠦᠮᠤᠵᠢᠬᠦᠯᠵᠤ᠂ ᠲᠤᠰᠬᠠᠢ

ᠬᠤᠷᠰᠢᠶᠠᠵᠢᠯᠠᠭᠰᠠᠨ ᠡᠵᠡᠩᠨᠡᠯᠳᠠ᠂ ᠬᠡᠪᠴᠢᠶᠡᠵᠢᠭᠰᠡᠨ ᠡᠵᠡᠩᠨᠡᠯᠳᠠ ᠪᠠ ᠰᠢᠨ᠎ᠡ ᠬᠦᠭᠵᠢᠭᠰᠡᠨ ᠠᠵᠤ ᠦᠢᠯᠡᠰ ᠢ

ᠬᠦᠭᠵᠢᠬᠦᠯᠤᠨ᠂ ᠮᠤ᠋ ᠶᠤᠸᠠᠨ ᠤ ︽ᠪᠡᠯᠴᠢᠬᠡᠷ ᠮᠠᠯ ᠢ ᠨᠢᠭᠡ ᠴᠤᠭᠴᠠᠵᠢᠭᠤᠯᠤᠯᠳᠠ︾᠂ ᠮᠠᠯᠴᠢᠨ ᠠᠶᠢᠯ

ᠬᠤᠷᠰᠢᠶᠠᠵᠢᠯ ᠵᠡᠷᠬᠡ ᠳᠠᠭᠠᠭᠤᠯᠤᠭᠴᠢ ᠠᠵᠤ ᠠᠬᠤᠶᠢᠯᠠᠯ ᠪᠠ ᠮᠠᠯᠴᠢᠨ ᠲᠠᠷᠢᠶᠠᠴᠢᠳ ᠤᠨ ᠠᠰᠢᠭ ᠲᠤᠰᠠ ᠶᠢᠨ

ᠬᠤᠯᠪᠤᠭᠠᠯᠠᠯ ᠤᠨ ᠪᠠᠶᠢᠭᠤᠯᠤᠮᠵᠢ ᠪᠤᠯᠤᠨ ᠬᠤᠷᠰᠢᠨ ᠬᠦᠭᠵᠢᠬᠦ ᠬᠡᠯᠪᠡᠷᠢ ᠶᠢ ᠦᠷᠬᠦᠯᠵᠢᠯᠡᠨ ᠦᠷᠬᠡᠳᠬᠡᠨ᠂ 10

ᠳᠠᠭᠤᠷᠢᠶᠠᠯᠳᠣ ᠭᠠᠴᠠᠭ᠎ᠠ ᠲᠤᠰᠬᠤᠨ᠂ 200 ᠳᠠᠭᠤᠷᠢᠶᠠᠯᠳᠣ ᠳᠡᠵᠢᠬᠡᠨ ᠦᠷᠡᠵᠢᠬᠦᠯᠬᠦ ᠬᠤᠷᠰᠢᠶᠠᠵᠢᠯ ᠵᠢᠴᠢ

ᠳᠡᠵᠢᠬᠡᠨ ᠦᠷᠡᠵᠢᠬᠦᠯᠬᠦ ᠲᠣᠮᠣ ᠡᠷᠦᠬᠡ ᠶᠢ ᠪᠦᠬᠦ ᠬᠦᠴᠦᠨ ᠢᠶᠠᠷ ᠬᠦᠮᠤᠵᠢᠬᠦᠯᠵᠤ᠂ ᠮᠠᠯᠴᠢᠨ ᠲᠠᠷᠢᠶᠠᠴᠢᠳ ᠢ

ᠳᠠᠶᠢᠴᠢᠯᠠᠨ ᠤᠷᠣᠯᠭ᠎ᠠ ᠶᠢ ᠨᠢ ᠦᠷᠬᠦᠯᠵᠢᠯᠡᠨ ᠨᠡᠮᠡᠭᠳᠡᠬᠦᠯᠤᠨ᠎ᠠ᠃ ᠤᠨᠴᠠᠯᠢᠭᠳᠣ ᠨᠡᠷᠡᠳᠣ ᠳᠡᠮᠳᠡᠭ ᠤᠨ ᠪᠠᠶᠢᠯᠳᠣᠬᠤ

ᠪᠤᠳᠤᠯᠭ᠎ᠠ ᠶᠢ ᠢᠳᠡᠪᠬᠢᠳᠡᠢ ᠠᠬᠢᠭᠤᠯᠵᠤ᠂ ᠵᠠᠷᠤᠳ ᠤᠨ ᠨᠤᠭᠤᠭᠠᠨ ᠪᠤᠷᠴᠠᠭ᠂ ᠵᠠᠷᠤᠳ ᠤᠨ ᠲᠠᠯ᠎ᠠ ᠨᠤᠲᠤᠭ ᠤᠨ

ᠤᠯᠠᠭᠠᠨ ᠦᠬᠡᠷ᠂ ᠵᠠᠷᠤᠳ ᠤᠨ ᠪᠤᠬᠢᠷᠳᠣᠯ ᠦᠬᠡᠢ ᠦᠬᠡᠷ ᠬᠤᠨᠢᠨ ᠮᠢᠬ᠎ᠠ ᠵᠡᠷᠬᠡ ᠨᠡᠷᠡᠳᠣ ᠳᠡᠮᠳᠡᠭ ᠢ ᠡᠬᠦᠳᠦᠨ᠂

ᠪᠤᠬᠢᠷᠳᠣᠯ ᠦᠬᠡᠢ ᠤᠷᠭᠠᠨᠢᠭ ᠬᠤᠤᠷ ᠦᠬᠡᠢ ᠢᠳᠡᠭᠡᠨ ᠤ ᠵᠦᠢᠯ ᠢᠶᠠᠷ ᠮᠡᠳᠡᠷᠡᠵᠤ ᠬᠡᠷᠡᠴᠢᠯᠡᠭᠳᠡᠭᠰᠡᠨ ᠠᠵᠤ

ᠠᠬᠤᠶᠢᠯᠠᠯ ᠢ 2 ᠪᠤᠯᠭᠠᠵᠤ᠂ ᠪᠤᠬᠢᠷᠳᠣᠯ ᠦᠬᠡᠢ ᠲᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠤ ᠲᠤᠭ᠎ᠠ ᠶᠢ

8 ᠪᠤᠯᠭᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠤ ᠶᠠᠰᠤ ᠴᠢᠨᠡᠷ ᠢ ᠨᠡᠬᠡᠮᠵᠢᠯᠡᠬᠦ ᠰᠢᠰᠲ᠋ᠧᠮ ᠤᠨ

ᠪᠠᠶᠢᠭᠤᠯᠤᠯᠳᠠ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠤ ᠶᠠᠰᠤ ᠴᠢᠨᠡᠷ ᠤᠨ

ᠬᠢᠷᠢ ᠲᠦᠪᠰᠢᠨ ᠢ ᠳᠡᠭᠡᠭᠰᠢᠯᠡᠬᠦᠯᠤᠨ᠂ ᠪᠤᠬᠢᠷᠳᠣᠯ ᠦᠬᠡᠢ ᠲᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ ᠢ

ᠪᠤᠯᠪᠠᠰᠣᠷᠠᠭᠤᠯᠬᠤ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠦᠳᠦᠬᠡᠨ ᠪᠠᠶᠢᠭᠤᠯᠤᠨ᠎ᠠ᠃

    ᠮᠠᠯᠴᠢᠨ ᠲᠠᠷᠢᠶᠠᠴᠢᠳ ᠤᠨ ᠤᠷᠤᠯᠭ᠎ᠠ ᠶᠢᠨ ᠨᠡᠮᠡᠭᠳᠡᠯ ᠢ ᠬᠦᠴᠦᠯᠡᠨ ᠠᠬᠢᠭᠤᠯᠤᠨ᠎ᠠ᠃ ᠮᠠᠯᠴᠢᠨ ᠲᠠᠷᠢᠶᠠᠴᠢᠳ ᠢ

ᠬᠦᠳᠦᠯᠤᠨ ᠵᠠᠬ᠎ᠠ ᠳᠡᠯᠬᠡᠬᠦᠷ ᠤᠨ ᠱᠠᠭᠠᠷᠳᠠᠯᠭ᠎ᠠ ᠶᠢ ᠦᠨᠳᠣᠰᠣᠯᠠᠨ ᠳᠠᠷᠢᠵᠤ ᠳᠡᠵᠢᠬᠡᠬᠦ ᠪᠦᠳᠦᠴᠠ ᠳᠤ ᠪᠠᠨ

ᠲᠤᠬᠢᠷᠠᠭᠤᠯᠤᠯᠳᠠ ᠬᠢᠵᠤ᠂ ᠴᠢᠨᠠᠷ ᠰᠠᠶᠢᠨ ᠡᠪᠡᠰᠣ ᠢ ᠳᠠᠷᠢᠵᠤ᠂ ᠰᠢᠯᠢᠳᠡᠭ ᠡᠬᠦᠯᠳᠡᠷ ᠤᠨ ᠵᠦᠢᠯ ᠢ ᠳᠡᠵᠢᠬᠡᠯᠬᠡᠵᠤ᠂

ᠲᠤᠭᠳᠠᠭᠤᠨ ᠤᠨᠠᠯᠳᠠᠳᠣ ᠦᠨᠳᠣᠷ ᠤᠨᠠᠯᠳᠠᠳᠣ ᠲᠠᠷᠢᠶ᠎ᠠ ᠭᠠᠷᠭᠠᠵᠤ᠂ ᠪᠤᠬᠢᠷᠳᠣᠯ ᠦᠬᠡᠢ ᠦᠨᠳᠣᠷ ᠦᠷ᠎ᠡ ᠠᠰᠢᠭᠳᠠᠢ

ᠲᠦᠷᠦᠯ ᠵᠦᠢᠯ ᠳᠡᠯᠬᠡᠷᠡᠬᠦᠯᠤᠨ᠂ ᠳᠠᠷᠤᠶᠢᠬᠠᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ

ᠦᠢᠯᠡᠳᠪᠤᠷᠢᠯᠡᠯ ᠡᠵᠡᠩᠨᠡᠯᠳᠠ ᠶᠢᠨ ᠠᠷᠭ᠎ᠠ ᠬᠡᠯᠪᠡᠷᠢ ᠶᠢ ᠪᠦᠷᠢᠯᠳᠦᠬᠦᠯᠤᠨ᠎ᠡ᠃ ᠤᠯᠤᠰ ᠮᠤᠵᠢ ᠶᠢᠨ ᠵᠠᠮ ᠤᠨ ᠬᠤᠶᠠᠷ

ᠬᠠᠵᠠᠭᠤ ᠳᠠᠬᠢ ᠲᠠᠷᠢᠶᠠᠯᠠᠬᠤ ᠪᠠᠨ ᠵᠤᠭᠰᠣᠭᠰᠠᠨ ᠭᠠᠵᠠᠷ   ᠢ ᠬᠦᠢᠴᠡᠳ ᠠᠰᠢᠭᠯᠠᠨ᠂ ᠮᠠᠯᠴᠢᠨ ᠲᠠᠷᠢᠶᠠᠴᠢᠳ ᠢ

ᠵᠤᠷᠢᠭᠵᠢᠭᠤᠯᠤᠨ᠂ ᠲᠤᠰᠣᠨ ᠳᠤ ᠬᠡᠷᠡᠭᠯᠡᠬᠦ ᠮᠠᠨᠳᠠᠷᠸ᠎ᠠ ᠴᠡᠴᠡᠭ᠂ ᠬᠢᠳᠠᠳ ᠮᠤᠩᠭᠤᠯ ᠡᠮ ᠤᠨ ᠮᠠᠲ᠋ᠧᠷᠢᠶᠠᠯ ᠵᠡᠷᠬᠡ

ᠤᠨᠴᠠᠯᠢᠭᠳᠣ ᠠᠵᠤ ᠠᠬᠤᠢ ᠶᠢᠨ ᠳᠠᠷᠢᠮᠡᠯ ᠲᠠᠷᠢᠭᠤᠯᠵᠤ᠂ ᠲᠠᠷᠢᠶᠠᠯᠠᠬᠤ ᠠᠴᠠ ᠵᠤᠭᠰᠣᠭᠠᠳ ᠤᠷᠤᠯᠭ᠎ᠠ ᠪᠠᠨ

ᠨᠡᠮᠡᠭᠳᠡᠬᠦᠯᠬᠦ᠂ ᠤᠢ ᠮᠤᠳᠤ ᠶᠢ ᠰᠡᠷᠭᠦᠭᠡᠳ ᠦᠷ᠎ᠡ ᠠᠰᠢᠭ ᠢᠶᠠᠨ ᠨᠡᠮᠡᠭᠳᠡᠬᠦᠯᠬᠦ ︽ᠤᠯᠠᠨ ᠲᠠᠯ᠎ᠠ ᠪᠠᠷ ᠢᠯᠠᠯᠳᠠ︾

ᠤᠯᠬᠤ ᠬᠠᠷᠠᠯᠳᠠ ᠳᠤ ᠬᠦᠷᠬᠡᠨ᠎ᠡ᠃ ᠰᠢᠨᠵᠢᠯᠡᠬᠦ ᠤᠬᠠᠭᠠᠨᠴᠢ ᠪᠠᠷ ᠳᠠᠷᠢᠵᠤ ᠳᠡᠵᠢᠬᠡᠬᠦ᠂ ᠳᠡᠵᠢᠬᠡᠬᠦ ᠪᠠᠷ ᠲᠠᠷᠢᠬᠤ ᠶᠢ

ᠠᠬᠢᠭᠤᠯᠬᠤ᠂ ᠳᠠᠷᠢᠵᠤ ᠳᠡᠵᠢᠬᠡᠬᠦ ᠶᠢ ᠤᠶᠠᠯᠳᠣᠭᠤᠯᠬᠤ᠂ ᠴᠢᠨᠠᠷ ᠳᠡᠭᠡᠭᠰᠢᠯᠡᠬᠦᠯᠤᠨ ᠦᠷ᠎ᠡ ᠠᠰᠢᠭ ᠢᠶᠠᠨ ᠨᠡᠮᠡᠭᠳᠡᠬᠦᠯᠬᠦ

 ᠶᠢ ᠪᠠᠷᠢᠮᠳᠠᠯᠠᠨ᠂ ᠪᠡᠯᠴᠢᠬᠡᠷᠯᠡᠬᠦᠯᠬᠦ ᠶᠢ ᠴᠠᠭᠠᠵᠠᠯᠠᠨ ᠬᠠᠰᠢᠶᠠᠯᠠᠨ ᠳᠡᠵᠢᠬᠡᠬᠦ ᠪᠤᠯᠤᠨ ᠪᠡᠯᠴᠢᠬᠡᠷ ᠮᠠᠯ ᠢ ᠳᠡᠩᠴᠡᠬᠦᠯᠬᠦ

ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠪᠡᠯᠴᠢᠬᠡᠷ ᠢᠶᠠᠷ ᠮᠠᠯ ᠤᠨ ᠲᠤᠭ᠎ᠠ ᠶᠢ ᠲᠤᠭᠳᠠᠭᠠᠬᠤ᠂

ᠡᠪᠡᠰᠣ ᠪᠡᠯᠴᠢᠬᠡᠷ ᠨᠡᠮᠡᠭᠳᠡᠪᠡᠯ ᠮᠠᠯ ᠤᠨᠤᠭ᠎ᠠ ᠨᠡᠮᠡᠭᠳᠡᠵᠤ᠂ ᠡᠪᠡᠰᠣ ᠪᠤᠷᠳᠣᠭᠠᠨ ᠤ ᠰᠠᠭᠤᠷᠢᠨ ᠭᠠᠵᠠᠷ ᠤᠨ ᠪᠦᠳᠦᠬᠡᠨ

ᠪᠠᠶᠢᠭᠤᠯᠤᠯᠳᠠ ᠶᠢ ᠶᠡᠬᠡᠰᠬᠡᠨ᠂ ᠪᠦᠬᠦᠯᠢ ᠬᠦᠬᠡ ᠳᠠᠷᠣᠰᠢ ᠶᠢᠨ ᠡᠷᠳᠡᠨᠢ ᠰᠢᠰᠢ ᠲᠠᠷᠢᠬᠤ ᠪᠤᠯᠤᠨ ᠡᠰᠢ ᠰᠦᠷᠡᠯ ᠢ

ᠪᠤᠷᠳᠤᠭ᠎ᠠ ᠪᠤᠯᠭᠠᠨ ᠬᠤᠪᠢᠷᠠᠭᠤᠯᠤᠨ ᠬᠡᠷᠡᠭᠯᠡᠬᠦ ᠶᠢ ᠵᠤᠷᠢᠭᠵᠢᠭᠤᠯᠤᠨ᠂ ᠠᠮᠢ ᠠᠬᠤᠢ ᠶᠢᠨ ᠬᠠᠮᠠᠭᠠᠯᠠᠯᠳᠠ ᠪᠤᠯᠤᠨ

ᠠᠵᠤ ᠦᠢᠯᠡᠰ ᠤᠨ ᠬᠦᠭᠵᠢᠯᠳᠠ ᠶᠢᠨ ︽ᠬᠤᠤᠰ ᠢᠯᠠᠯᠳᠠ︾ ᠶᠢ ᠤᠯᠬᠤ ᠬᠠᠷᠠᠯᠳᠠ ᠪᠠᠨ ᠪᠡᠶᠡᠯᠡᠬᠦᠯᠦᠨ᠎ᠠ᠃

ᠬᠤᠶᠢᠳᠣ ᠬᠡᠰᠡᠭ ᠤᠨ ᠮᠠᠯᠵᠢᠬᠤ ᠤᠷᠤᠨ ᠤ ᠤᠳᠤᠬᠢᠴᠢᠯᠠᠯᠳᠠ ᠶᠢᠨ ᠪᠠᠶᠢᠭᠤᠯᠤᠯᠳᠠ ᠶᠢ ᠠᠬᠢᠭᠤᠯᠵᠤ᠂ ᠮᠠᠯᠵᠢᠬᠤ

ᠤᠷᠤᠨ ᠤ ᠰᠠᠭᠤᠷᠢ ᠲᠦᠬᠦᠬᠡᠷᠤᠮᠵᠢ ᠶᠢ ᠬᠦᠴᠦᠯᠡᠨ ᠰᠠᠶᠢᠵᠢᠷᠠᠭᠤᠯᠵᠤ᠂ ᠮᠠᠯᠴᠢᠳ ᠤᠨ ᠦᠢᠯᠡᠳᠪᠤᠷᠢᠯᠡᠯ ᠠᠮᠢᠳᠣᠷᠠᠯ

 ᠤᠨ ᠠᠷᠭ᠎ᠠ ᠮᠠᠶ᠋ᠢᠭ ᠢ ᠲᠦᠷᠬᠡᠨ ᠬᠤᠪᠢᠷᠠᠭᠤᠯᠤᠨ᠎ᠠ᠃ ᠮᠠᠯᠴᠢᠨ ᠠᠶᠢᠯ ᠤᠨ ᠪᠠᠶᠠᠰᠣᠯ ᠪᠤᠯᠤᠨ ᠤᠳᠤᠬᠢᠴᠢᠯᠠᠭᠰᠠᠨ

ᠬᠡᠷ ᠪᠦᠯᠢ ᠶᠢᠨ ᠮᠠᠯᠵᠢᠯ ᠤᠨ ᠲᠠᠯᠠᠪᠠᠢ ᠶᠢᠨ ᠪᠦᠳᠦᠬᠡᠨ ᠪᠠᠶᠢᠭᠤᠯᠤᠯᠳᠠ ᠶᠢ ᠶᠡᠭᠡ ᠬᠦᠴᠦᠨ ᠢᠶᠠᠷ ᠳᠡᠮᠵᠢᠵᠤ᠂

ᠮᠠᠯᠴᠢᠳ ᠢ ᠢᠳᠡᠪᠬᠢᠳᠡᠢ ᠤᠳᠤᠷᠢᠳᠤᠨ ᠵᠢᠭᠤᠯᠴᠢᠯᠠᠯ ᠤᠨ ᠦᠢᠯᠡᠰ ᠢ ᠬᠦᠭᠵᠢᠬᠦᠯᠵᠤ᠂ ᠮᠠᠯᠴᠢᠨ ᠲᠠᠷᠢᠶᠠᠴᠢᠳ ᠤᠨ

ᠤᠷᠤᠯᠭ᠎ᠠ ᠶᠢ ᠨᠡᠮᠡᠭᠳᠡᠭᠦᠯᠬᠦ  ᠠᠷᠭ᠎ᠠ ᠵᠠᠮ ᠢ ᠦᠷᠬᠡᠳᠬᠡᠨ᠎ᠡ᠃ ᠠᠮᠤ ᠤᠳᠠᠭᠠᠨ ᠤ ᠦᠢᠯᠡᠳᠪᠤᠷᠢᠯᠡᠯ᠂ ᠬᠤᠷᠢᠶᠠᠨ

ᠬᠠᠳᠠᠭᠠᠯᠠᠬᠤ᠂ ᠪᠤᠯᠪᠠᠰᠣᠷᠠᠭᠤᠯᠬᠤ ᠵᠡᠷᠬᠡ ᠡᠯ᠎ᠡ ᠭᠤᠭᠴᠤᠭ᠎ᠠ ᠶᠢ ᠦᠨᠡᠨᠬᠦ ᠰᠠᠶᠢᠳᠣᠷ ᠠᠳᠬᠤᠵᠤ ︽ᠠᠮᠤ ᠪᠤᠳᠠᠭ᠎ᠠ

 ᠪᠠᠨ ᠬᠤᠳᠠᠯᠳᠣᠬᠤ ᠳᠤ ᠬᠦᠴᠢᠷᠳᠡᠢ︾ ᠠᠰᠠᠭᠤᠳᠠᠯ ᠢ ᠪᠦᠳᠦᠮᠵᠢᠳᠡᠢ ᠰᠡᠷᠬᠡᠶᠢᠯᠡᠨ᠎ᠡ᠃ ᠡᠯ᠎ᠡ ᠲᠦᠷᠦᠯ ᠤᠨ ᠮᠠᠯᠴᠢᠨ

ᠲᠠᠷᠢᠶᠠᠴᠢᠳ ᠲᠤ ᠠᠰᠢᠭ ᠬᠦᠷᠳᠡᠬᠡᠬᠦ ᠨᠦᠬᠦᠪᠤᠷᠢ ᠦᠭᠬᠦ ᠲᠦᠷᠦ ᠶᠢᠨ ᠪᠤᠳᠤᠯᠭ᠎ᠠ ᠶᠢ ᠭᠤᠶᠢᠪᠢᠰᠢ‌ᠦᠬᠡᠢ

ᠬᠡᠷᠡᠭᠵᠢᠬᠦᠯᠤᠨ᠂ ᠮᠠᠯᠴᠢᠨ ᠲᠠᠷᠢᠶᠠᠴᠢᠳ ᠤᠨ ᠲᠦᠷᠦ ᠶᠢᠨ ᠪᠤᠳᠤᠯᠭ᠎ᠠ ᠶᠢᠨ ᠴᠢᠨᠠᠷᠳᠡᠢ ᠤᠷᠤᠯᠭ᠎ᠠ ᠶᠢ

ᠨᠡᠮᠡᠭᠳᠡᠬᠦᠯᠦᠨ᠎ᠠ᠃

     ︵ᠲᠦᠷᠪᠡ︶ ᠠᠵᠤ ᠠᠬᠤᠢ ᠶᠢᠨ ᠬᠦᠭᠵᠢᠯᠳᠠ ᠶᠢᠨ ᠰᠢᠨ᠎ᠡ ᠬᠥᠳᠡᠯᠭᠡᠬᠦ ᠬᠦᠴᠦᠨ ᠢ ᠬᠦᠮᠤᠵᠢᠬᠦᠯᠤᠨ᠂

ᠤᠳᠤ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠰᠢᠯᠢᠳᠡᠭᠵᠢᠨ ᠳᠡᠭᠡᠭᠰᠢᠯᠡᠬᠦ ᠶᠢ ᠠᠬᠢᠭᠤᠯᠤᠨ᠎ᠠ

     ᠬᠡᠷᠡᠭᠯᠡᠭᠡ ᠶᠢᠨ ᠠᠵᠤ ᠠᠬᠤᠢ ᠶᠢᠨ ᠨᠡᠮᠡᠭᠳᠡᠯ ᠢ ᠳᠠᠳᠠᠨ ᠳᠠᠶᠢᠴᠢᠯᠠᠬᠤ ᠦᠨᠳᠣᠰᠣᠨ ᠦᠢᠯᠡᠳᠣᠯ ᠢ ᠦᠨᠡᠨᠬᠦ

ᠨᠡᠮᠡᠭᠳᠡᠬᠦᠯᠵᠤ᠂ ᠠᠷᠠᠯᠵᠢᠶ᠎ᠠ ᠬᠤᠳᠠᠯᠳᠣᠭᠠᠨ ᠤ ᠬᠦᠢᠯᠬᠡᠬᠡ᠂ ᠰᠣᠶᠣᠯ ᠵᠢᠭᠤᠯᠴᠢᠯᠠᠯ᠂ ᠮᠦᠩᠬᠦᠨ ᠬᠦᠢᠯᠬᠡᠬᠡᠨ ᠤ

ᠦᠢᠯᠡᠴᠢᠯᠡᠭᠡ᠂ ᠡᠯᠧᠺᠲᠷᠤᠡ ᠬᠤᠳᠠᠯᠳᠤᠭ᠎ᠠ ᠵᠡᠷᠬᠡ ᠴᠢᠬᠤᠯᠠ ᠭᠤᠤᠯᠳᠠᠯᠭ᠎ᠠ ᠲᠠᠢ ᠠᠵᠢᠯ ᠲᠦᠷᠦᠯ ᠢ ᠡᠩ ᠳᠡᠷᠢᠬᠦᠨ

 ᠤ ᠰᠢᠪᠳᠣᠯᠣᠯᠳᠠ ᠪᠠᠶᠢᠬᠤ ᠶᠢ ᠠᠬᠢᠭᠤᠯᠵᠤ᠂ ᠪᠦᠬᠦ ᠬᠤᠰᠢᠭᠤᠨ ᠤ ᠦᠢᠯᠡᠴᠢᠯᠡᠬᠡᠨ ᠤ ᠦᠢᠯᠡᠰ ᠢ ᠬᠦᠳᠦᠯᠤᠨ

ᠳᠠᠶᠢᠴᠢᠯᠠᠵᠤ ᠴᠢᠨᠠᠷ ᠢᠶᠠᠨ ᠳᠡᠭᠡᠭᠰᠢᠯᠡᠬᠦᠯᠤᠨ ᠦᠷ᠎ᠡ ᠠᠰᠢᠭ   ᠢᠶᠠᠨ ᠨᠡᠮᠡᠭᠳᠡᠬᠦᠯᠤᠨ᠎ᠡ᠃

     ᠠᠷᠠᠯᠵᠢᠶ᠎ᠠ ᠬᠤᠳᠠᠯᠳᠣᠭᠠᠨ ᠤ ᠬᠦᠢᠯᠬᠡᠬᠡ ᠶᠢ ᠶᠡᠭᠡ ᠬᠦᠴᠦᠨ ᠢᠶᠠᠷ ᠪᠤᠶᠢᠵᠢᠭᠤᠯᠤᠨ᠎ᠠ᠃ ᠭᠤᠤᠯ ᠬᠤᠳᠠ ᠶᠢᠨ

ᠲᠤᠭᠤᠷᠢᠭ ᠢᠶᠠᠷ ᠲᠦᠪ ᠪᠤᠯᠭᠠᠨ᠂ ᠰᠣᠮᠣ ᠪᠠᠯᠭᠠᠰᠣ ᠲᠠᠯᠠᠪᠠᠢ ᠪᠠᠷ ᠠᠭᠤᠯᠵᠠᠷ ᠪᠤᠯᠭᠠᠵᠤ᠂ ᠭᠠᠴᠠᠭ᠎ᠠ ᠲᠤᠰᠬᠤᠨ

ᠬᠤᠪᠢᠶᠠᠷᠢ ᠲᠠᠯᠠᠪᠠᠢ ᠪᠠᠷ ᠰᠠᠭᠤᠷᠢ ᠪᠤᠯᠭᠠᠭᠰᠠᠨ ᠬᠤᠳᠠ ᠬᠦᠳᠡᠭᠡ ᠶᠢᠨ ᠠᠷᠠᠯᠵᠢᠶ᠎ᠠ ᠬᠤᠳᠠᠯᠳᠣᠭᠠᠨ ᠤ ᠬᠦᠢᠯᠬᠡᠬᠡᠨ ᠤ

ᠳᠣᠣᠷ ᠰᠦᠯᠵᠢᠶ᠎ᠡ ᠶᠢ ᠲᠦᠷᠬᠡᠳᠬᠡᠨ ᠪᠠᠶᠢᠭᠤᠯᠵᠤ᠂ ᠬᠤᠳᠠ ᠬᠦᠳᠡᠭᠡ ᠶᠢᠨ ᠵᠠᠬ᠎ᠠ ᠳᠡᠯᠬᠡᠬᠦᠷ ᠢ ᠬᠦᠭᠵᠢᠬᠦᠯᠤᠨ᠎ᠠ᠃

ᠪᠠᠷᠠᠭ᠎ᠠ ᠵᠦᠭᠡᠭᠡᠪᠦᠷᠢᠯᠡᠬᠦ ᠪᠠᠷᠠᠭᠠᠨ ᠤ ᠬᠦᠢᠯᠭᠡᠭᠡ ᠶᠢᠨ ᠶᠡᠷᠤᠩᠬᠡᠶᠢᠯᠡᠭᠰᠡᠨ ᠦᠢᠯᠡᠴᠢᠯᠡᠬᠡᠨ ᠤ ᠲᠤᠭᠤᠷᠢᠭ ᠪᠤᠯᠤᠨ

ᠬᠠᠭᠤᠴᠢᠨ ᠮᠠᠰᠢᠨ ᠳᠡᠷᠬᠡᠨ ᠤ ᠠᠷᠠᠯᠵᠢᠶᠠᠨ ᠤ ᠵᠠᠬ᠎ᠠ ᠳᠡᠯᠬᠡᠬᠦᠷ ᠢ ᠲᠦᠯᠦᠪᠵᠢᠬᠦᠯᠤᠨ ᠪᠠᠶᠢᠭᠤᠯᠵᠤ᠂ ᠬᠤᠩᠬᠠᠳᠣ

ᠠᠭᠤᠯᠠ ᠠᠮᠤ ᠪᠤᠳᠠᠭᠠᠨ ᠤ ᠪᠦᠬᠡᠮ ᠢᠶᠠᠷ ᠬᠤᠳᠠᠯᠳᠣᠬᠤ ᠵᠠᠬ᠎ᠠ ᠳᠡᠯᠬᠡᠬᠦᠷ ᠤᠨ ᠲᠦᠷᠦᠯ ᠵᠦᠢᠯ ᠢ ᠡᠬᠢᠯᠡᠨ ᠪᠦᠳᠦᠬᠡᠨ

ᠪᠠᠶᠢᠭᠤᠯᠬᠤ ᠶᠢ ᠠᠬᠢᠭᠤᠯᠤᠨ᠎ᠠ᠃ ᠬᠤᠳᠠ ᠶᠢᠨ ᠵᠡᠬᠦᠨᠳᠡᠬᠢ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠢ

ᠨᠢᠬᠡ ᠵᠢᠯ ᠤᠨ ᠳᠣᠳᠣᠷ᠎ᠠ ᠠᠰᠢᠭᠯᠯᠠᠳᠠ ᠳᠤ ᠤᠷᠤᠭᠤᠯᠬᠤ ᠶᠢ ᠪᠠᠳᠣᠯᠠᠵᠤ᠂ ᠨᠡᠬᠦᠷᠡᠰᠣᠨ ᠤ ᠪᠤᠷᠤᠯᠠᠭᠤᠯᠭ᠎ᠠ᠂

ᠪᠠᠷᠢᠯᠭ᠎ᠠ ᠶᠢᠨ ᠮᠠᠲ᠋ᠧᠷᠢᠶᠠᠯ ᠴᠢᠮᠡᠭᠯᠡᠯ᠂ ᠮᠠᠰᠢᠨ ᠳᠡᠷᠬᠡ ᠰᠡᠯᠪᠢᠨ ᠵᠠᠰᠠᠬᠤ ᠰᠡᠯᠪᠢᠭ ᠲᠤᠨᠤᠭ ᠴᠠᠬᠢᠯᠭᠠᠨ

ᠬᠦᠳᠡᠯᠬᠡᠬᠦᠷᠳᠣ ᠳᠡᠷᠬᠡ ᠵᠡᠷᠬᠡ ᠲᠤᠰᠬᠠᠢ ᠵᠠᠬ᠎ᠠ ᠳᠡᠯᠬᠡᠬᠦᠷ ᠤᠨ ᠢᠵᠢ ᠪᠦᠷᠢᠳᠦᠭᠰᠡᠨ ᠲᠤᠨᠤᠭ ᠲᠦᠬᠦᠬᠡᠷᠤᠮᠵᠢ ᠢ

ᠳᠡᠬᠦᠯᠳᠡᠷᠵᠢᠬᠦᠯᠤᠨ᠂ ᠬᠤᠳᠠ ᠶᠢᠨ ᠲᠤᠭᠤᠷᠢᠭ ᠤᠨ ᠤᠳᠤ ᠪᠠᠶᠢᠭ᠎ᠠ ᠬᠤᠳᠠᠯᠳᠣᠭᠠᠴᠢᠨ ᠡᠷᠦᠬᠡ ᠶᠢᠨ ᠲᠠᠯᠠᠪᠠᠢ ᠳᠤ

ᠤᠷᠤᠵᠤ ᠲᠦᠪᠯᠡᠷᠡᠬᠦᠯᠤᠨ ᠡᠵᠡᠩᠨᠡᠬᠦ ᠶᠢ ᠵᠢᠯᠦᠭᠤᠳᠣᠨ᠎ᠠ᠃ ᠰᠦᠯᠵᠢᠶᠡᠨ ᠳᠡᠭᠡᠷ᠎ᠡ ᠬᠠᠩᠭᠠᠨ ᠪᠤᠷᠤᠯᠠᠭᠤᠯᠬᠤ

ᠳᠠᠪᠴᠠᠩ ᠢ ᠲᠦᠷᠬᠡᠳᠬᠡᠨ ᠪᠠᠶᠢᠭᠤᠯᠵᠤ᠂ ᠲᠠᠷᠢᠶᠠᠴᠢᠨ ᠬᠤᠳᠠᠯᠳᠣᠭᠠᠴᠢᠨ ᠤ ᠬᠠᠮᠳᠣ ᠵᠢᠨ‌ᠢᠯᠠᠬᠤ ᠰᠦᠯᠵᠢᠶ᠎ᠡ ᠶᠢ

ᠳᠠᠰᠣᠷᠠᠯᠳᠠ ᠦᠬᠡᠢ ᠳᠡᠬᠦᠯᠳᠡᠷᠵᠢᠬᠦᠯᠤᠨ᠎ᠠ᠃ ᠪᠦᠬᠦ ᠵᠢᠯ ᠤᠨ ᠪᠠᠷᠠᠭᠠᠨ ᠤ ᠬᠦᠢᠯᠬᠡᠬᠡᠨ ᠤ ᠦᠢᠯᠡᠰ ᠤᠨ ᠨᠡᠮᠡᠭᠳᠡᠯ

ᠦᠷᠳᠡᠭ ᠢ 16 ᠳ᠋ᠦᠩᠰᠢᠭᠤᠷ ᠲᠦᠬᠦᠷᠢᠭ ᠳᠠᠪᠠᠭᠤᠯᠬᠤ ᠪᠠᠷ ᠴᠢᠷᠮᠠᠶᠢᠨ᠎ᠠ᠃

    ᠪᠦᠬᠦ ᠤᠷᠤᠨ ᠬᠡᠪᠴᠢᠶᠡᠨ ᠤ ᠵᠢᠭᠤᠯᠴᠢᠯᠠᠯ ᠢ ᠶᠡᠭᠡ ᠬᠦᠴᠦᠨ ᠢᠶᠠᠷ ᠬᠦᠭᠵᠢᠬᠦᠯᠤᠨ᠎ᠠ᠃ ᠵᠠᠷᠣᠳ ᠤᠨ ᠤᠨᠴᠠ

ᠪᠠᠶᠢᠳᠠᠭ ᠳᠡᠣᠬᠡ ᠰᠣᠶᠣᠯ᠂ ᠳᠠᠯ᠎ᠠ ᠨᠤᠳᠤᠭ ᠤᠨ ᠰᠣᠶᠣᠯ᠂ ᠮᠤᠩᠭᠤᠯ ᠶᠤᠸᠠᠨ ᠤ ᠰᠣᠶᠣᠯ ᠪᠤᠯᠤᠨ ᠪᠠᠶᠢᠭᠠᠯᠢ ᠶᠢᠨ

ᠡᠬᠢ ᠪᠠᠶᠠᠯᠢᠭ ᠲᠤ ᠪᠠᠨ ᠲᠦᠰᠢᠭᠯᠡᠨ᠂ 304 ᠤᠯᠤᠰ ᠤᠨ ᠵᠠᠮ ᠢᠶᠠᠷ ᠳᠡᠩᠬᠡᠯᠢᠭ ᠪᠤᠯᠭᠠᠨ᠂ ᠡᠮᠤᠨ᠎ᠡ ᠠᠴᠠ

ᠤᠮᠠᠷᠠᠰᠢ ᠲᠦᠷᠪᠡᠨ ᠵᠤᠷᠪᠤᠰ ᠰᠣᠶᠣᠯ ᠵᠢᠭᠤᠯᠴᠢᠯᠠᠯ ᠤᠨ ᠲᠤᠭᠤᠷᠢᠭᠤᠯ ᠱᠣᠭᠤᠮ ᠢ ᠲᠦᠯᠦᠪᠵᠢᠬᠦᠯᠤᠨ ᠪᠠᠶᠢᠭᠤᠯᠵᠤ᠂

ᠡᠮᠤᠨ᠎ᠡ ᠪᠤᠯᠠᠭᠳᠣ ᠶᠢᠨ ᠡᠷᠳᠡᠨ ᠤ ᠪᠠᠭᠤᠷᠢ᠂ ᠤᠳᠤ ᠦᠶ᠎ᠡ ᠶᠢᠨ ᠡᠪᠡᠰᠣᠨ ᠦᠢᠯᠡᠰ ᠤᠨ ᠠᠮᠢ ᠠᠬᠤᠢ ᠶᠢᠨ

ᠦᠵᠡᠮᠵᠢ᠂ ᠬᠤᠶᠠᠷᠬᠤᠸᠠ ᠶᠢᠨ ᠨᠤᠭᠤ ᠭᠠᠵᠠᠷ᠂ ᠨᠠᠭᠤᠷ ᠴᠦᠬᠦᠷᠤᠮ ᠢᠶᠠᠷ ᠰᠣᠯᠠ ᠰᠡᠯᠡᠬᠦᠴᠡᠬᠦ ᠵᠢᠭᠠᠰᠣ ᠬᠦᠬᠢᠳᠡᠬᠦ᠂

ᠮᠠᠯᠴᠢᠨ ᠠᠶᠢᠯ ᠤᠨ ᠪᠠᠶᠠᠰᠣᠯ ᠢᠳᠡᠬᠡᠨ ᠤᠮᠳᠠᠭᠠᠨ ᠵᠤᠭᠤᠭᠯᠠᠬᠤ ᠵᠡᠷᠬᠡ ᠶᠢ ᠨᠢᠬᠡ ᠴᠤᠭᠴᠠᠵᠢᠭᠤᠯᠤᠭᠰᠠᠨ ᠨᠤᠭᠤ

ᠭᠠᠵᠠᠷ ᠤᠨ ᠠᠮᠢ ᠠᠬᠤᠢ ᠶᠢᠨ ᠰᠣᠶᠣᠯ ᠵᠢᠭᠤᠯᠴᠢᠯᠠᠯ ᠤᠨ ᠲᠤᠭᠤᠷᠢᠭᠤᠯ ᠱᠣᠭᠤᠮ︔ ᠢᠦᠢ ᠵᠸᠤ ᠶᠢᠨ ᠯᠢᠶᠤᠤ

ᠤᠯᠤᠰ ᠤᠨ ᠡᠷᠳᠡᠨ ᠤ ᠪᠠᠭᠤᠷᠢ᠂ ᠦᠪᠡᠷ ᠢᠶᠠᠨ ᠳᠡᠷᠬᠡ ᠵᠢᠯᠦᠭᠤᠳᠤᠨ ᠵᠤᠭᠠᠴᠠᠬᠤ᠂ ᠤᠢ ᠰᠢᠭᠤᠢ ᠠᠮᠢ ᠠᠬᠤᠢ

 ᠶᠢᠨ ᠦᠵᠡᠮᠵᠢ ᠶᠢ ᠵᠡᠷᠬᠡ ᠶᠢ ᠨᠢᠬᠡ ᠴᠤᠭᠴᠠᠵᠢᠭᠤᠯᠤᠭᠰᠠᠨ ᠰᠡᠯᠡᠬᠦᠦ ᠠᠮᠠᠷᠠᠯᠳᠠ ᠶᠢᠨ ᠰᠣᠶᠣᠯ ᠵᠢᠭᠤᠯᠴᠢᠯᠠᠯ ᠤᠨ

ᠲᠤᠭᠤᠷᠢᠭᠤᠯ ᠱᠣᠭᠤᠮ︔ ᠠᠭᠤᠯᠠᠷᠬᠠᠭ ᠭᠠᠵᠠᠷ ᠤᠨ ᠲᠠᠯ᠎ᠠ ᠨᠤᠳᠤᠭ ‍ᠤᠨ‌ᠦᠵᠡᠮᠵᠢ᠂ ᠬᠠᠶᠢᠷᠬᠠᠨ ᠤ ᠬᠤᠷᠴᠠ

ᠤᠯᠠᠭᠠᠨ ᠴᠡᠴᠡᠭ ᠢ ᠰᠤᠨᠢᠷᠬᠠᠨ ᠰᠡᠬᠦᠳᠡᠷᠯᠡᠬᠦ᠂ ᠠᠯᠳᠠᠨ ᠤᠯᠤᠰ ᠤᠨ ᠪᠤᠷᠤ ᠬᠡᠷᠡᠮ ᠪᠠ ᠠᠷᠪᠠᠨ ᠨᠠᠢᠮᠠᠨ ᠠᠭᠤᠢ ᠢᠶᠠᠷ

ᠡᠷᠳᠡᠨ ᠤ ᠰᠣᠶᠣᠯ ᠢ ᠰᠦᠪᠡᠭᠴᠢᠯᠡᠵᠤ ᠡᠷᠢᠬᠦ ᠵᠡᠷᠬᠡ ᠶᠢ ᠨᠢᠬᠡ ᠴᠤᠭᠴᠠᠵᠢᠭᠤᠯᠤᠭᠰᠠᠨ ᠪᠡᠶ᠎ᠡ ᠴᠢᠬᠢᠷᠠᠭᠵᠢᠭᠤᠯᠬᠤ

ᠬᠦᠳᠡᠯᠬᠡᠬᠡᠨ ᠤ ᠰᠣᠶᠣᠯ ᠵᠢᠭᠤᠯᠴᠢᠯᠠᠯ ᠤᠨ ᠲᠤᠭᠤᠷᠢᠭᠤᠯ ᠱᠣᠭᠤᠮ︔ ᠠᠷᠤ ᠬᠦᠨᠳᠡᠯᠡᠨ ᠤ ᠪᠠᠯᠠᠷ ᠤᠢ ᠲᠠᠯ᠎ᠠ

ᠨᠤᠳᠤᠭ ᠤᠨ ᠦᠵᠡᠮᠵᠢ ᠶᠢᠨ ᠤᠷᠤᠨ ᠢᠶᠠᠷ ᠬᠠᠶᠢᠨ ᠰᠦᠪᠡᠭᠴᠢᠯᠡᠬᠦ᠂ ᠵᠤᠰᠠᠯᠠᠩ ᠤᠨ ᠤᠷᠤᠨ ᠤ ᠤᠳᠤᠷᠯᠠᠨ

ᠮᠠᠯᠵᠢᠬᠤ ᠠᠮᠢᠳᠣᠷᠠᠯ ᠪᠤᠯᠤᠨ ᠨᠠᠭᠠᠳᠣᠮ ᠢ ᠤᠶᠢᠯᠠᠭᠠᠬᠤ᠂ ᠦᠨᠳᠣᠰᠣᠳᠡᠨ ᠤ ᠬᠤᠪᠴᠠᠰᠣ ᠵᠠᠰᠠᠯ ᠵᠢᠴᠢ ᠳᠠᠭᠤᠤ

ᠪᠦᠵᠢᠭ ᠤᠨ ᠦᠵᠡᠬᠦᠯᠤᠯᠬᠡ ᠵᠡᠷᠬᠡ ᠶᠢ ᠨᠢᠬᠡ ᠴᠤᠭᠴᠠᠵᠢᠭᠤᠯᠤᠭᠰᠠᠨ ᠦᠨᠳᠣᠰᠣᠳᠡᠨ ᠤ ᠵᠠᠩ ᠦᠢᠯᠡ ᠶᠢ

ᠤᠶᠢᠯᠠᠭᠠᠬᠤ ᠰᠣᠶᠣᠯ ᠵᠢᠭᠤᠯᠴᠢᠯᠠᠯ ᠤᠨ ᠲᠤᠭᠤᠷᠢᠭᠤᠯ ᠱᠣᠭᠤᠮ ᠢ ᠪᠦᠳᠦᠬᠡᠨ ᠪᠠᠶᠢᠭᠤᠯᠤᠨ᠎ᠠ︔ ᠬᠤᠷᠴᠢᠨ ᠤ

500 ᠺᠢᠯᠦᠮᠧᠲᠷ ᠤᠨ ᠰᠣᠶᠣᠯ ᠵᠢᠭᠤᠯᠴᠢᠯᠠᠯ ᠤᠨ ᠦᠵᠡᠮᠵᠢ ᠶᠢᠨ ᠶᠡᠭᠡ ᠵᠠᠮ ᠤᠨ ᠵᠠᠷᠣᠳ ᠤᠨ ᠬᠡᠰᠡᠭ ᠢ ᠬᠤᠶᠢᠰᠢ

ᠵᠡᠬᠦᠨ ᠬᠠᠳᠠᠪᠴᠢ ᠪᠤᠭᠤᠮᠳᠠ ᠬᠦᠷᠳᠡᠯ᠎ᠡ ᠤᠷᠳᠣᠳᠬᠠᠨ᠂ ᠰᠢᠯᠢ ᠶᠢᠨ ᠭᠤᠤᠯ ᠠᠶᠢᠮᠠᠭ ᠤᠨ ᠵᠡᠬᠦᠨ ᠦᠵᠦᠮᠦᠴᠢᠨ

ᠬᠤᠰᠢᠭᠤ ᠲᠠᠢ ᠬᠤᠷᠰᠢᠨ ᠳᠣᠮᠳᠠᠳᠣ ᠮᠣᠩᠭᠤᠯ ᠤᠨ ᠬᠢᠯᠢ ᠬᠢᠵᠠᠭᠠᠷ ᠤᠨ ᠵᠢᠭᠤᠯᠴᠢᠯᠠᠯ ᠢ ᠨᠡᠬᠡᠬᠡᠵᠤ᠂ ᠤᠷᠤᠨ

ᠲᠤᠭᠤᠷᠢᠭ ᠪᠠ ᠬᠢᠯᠢ ᠠᠯᠤᠰᠯᠠᠭᠰᠠᠨ ᠨᠠᠷᠢᠯᠢᠭ ᠰᠣᠶᠣᠯ ᠵᠢᠭᠤᠯᠴᠢᠯᠠᠯ ᠤᠨ ᠱᠣᠭᠤᠮ ᠢ ᠪᠠᠶᠢᠭᠤᠯᠤᠨ᠎ᠠ᠃ ᠦᠪᠤᠷ

ᠮᠤᠩᠭᠤᠯ ᠤᠨ ᠵᠡᠬᠦᠨ ᠬᠡᠰᠡᠭ ᠤᠨ ᠳᠠᠪᠤᠨ ᠬᠤᠰᠢᠭᠤ ᠬᠤᠳᠠ ᠲᠤᠭᠤᠷᠢᠭ ᠤᠨ ᠵᠢᠭᠤᠯᠴᠢᠯᠠᠯ ᠤᠨ ᠤᠷᠤᠨ ᠲᠤᠭᠤᠷᠢᠭ

 ᠤᠨ ᠬᠠᠮᠳᠣᠷᠠᠯᠴᠠᠭ᠎ᠠ ᠳᠤ ᠢᠳᠡᠪᠬᠢᠳᠡᠢ ᠤᠷᠤᠯᠴᠠᠵᠤ᠂ ᠤᠷᠤᠨ ᠲᠤᠭᠤᠷᠢᠭ ᠤᠨ ᠵᠢᠭᠤᠯᠴᠢᠯᠠᠯ ᠤᠨ ᠡᠬᠢ ᠪᠠᠶᠠᠯᠢᠭ

 ᠢᠶᠠᠨ ᠪᠦᠳᠦᠮᠵᠢᠳᠡᠢ ᠪᠠᠷ ᠨᠢᠬᠡᠳᠬᠡᠵᠤ᠂ ᠵᠢᠭᠤᠯᠴᠢᠯᠠᠯ ᠤᠨ ᠠᠵᠤ ᠦᠢᠯᠡᠰ ᠤᠨ ᠪᠦᠬᠦ ᠲᠠᠯ᠎ᠠ ᠪᠠᠷ ᠴᠢᠨᠠᠷ ᠳᠡᠭᠡᠭᠰᠢᠯᠡᠬᠦ

 ᠶᠢ ᠠᠬᠢᠭᠤᠯᠵᠤ᠂ ︽ᠳᠣᠮᠳᠠᠳᠣ ᠣᠯᠣᠰ ᠤᠨ ᠬᠠᠮᠤᠭ ᠦᠵᠡᠰᠬᠦᠯᠡᠩᠳᠣ ᠰᠠᠶᠢᠬᠠᠨ ᠠᠭᠤᠯᠠᠷᠬᠠᠭ ᠭᠠᠵᠠᠷ ᠤᠨ ᠲᠠᠯ᠎ᠠ

ᠨᠨᠤᠳᠤᠭ᠂ ᠰᠡᠯᠡᠬᠦᠴᠡᠬᠦ ᠵᠠᠷᠤᠳ︾ ᠵᠢᠭᠤᠯᠴᠢᠯᠠᠯ ᠤᠨ ᠨᠡᠷᠡᠳᠣ ᠳᠡᠮᠳᠡᠭ ᠢ ᠡᠬᠦᠳᠴᠦ᠂ ᠵᠢᠭᠤᠯᠴᠢᠯᠠᠯ ᠤᠨ ᠤᠭᠳᠤᠨ

ᠵᠤᠴᠢᠯᠠᠭᠰᠠᠨ ᠬᠦᠮᠤᠨ ᠢ 100 ᠲᠦᠮᠡ ᠳᠠᠪᠠᠭᠤᠯᠵᠤ᠂ ᠵᠢᠭᠤᠯᠴᠢᠯᠠᠯ ᠤᠨ ᠶᠡᠷᠤᠩᠬᠡᠶᠢᠯᠡᠭᠰᠡᠨ ᠤᠷᠤᠯᠭ᠎ᠠ ᠶᠢ 10

ᠳ᠋ᠦᠩᠰᠢᠭᠤᠷ ᠲᠦᠬᠦᠷᠢᠭ ᠠᠴᠠ ᠳᠡᠭᠡᠭᠰᠢ ᠬᠦᠷᠬᠡᠬᠦ ᠪᠠᠷ ᠬᠦᠴᠦᠯᠡᠨ ᠴᠢᠷᠮᠠᠢᠨ᠎ᠠ᠃

   ᠰᠢᠨ᠎ᠡ ᠪᠠᠷ ᠬᠦᠭᠵᠢᠭᠰᠡᠨ ᠠᠵᠤ ᠦᠢᠯᠡᠰ ᠢ ᠶᠡᠭᠡ ᠬᠦᠴᠦᠨ ᠢᠶᠠᠷ ᠪᠤᠶᠢᠵᠢᠭᠤᠯᠤᠨ᠎ᠠ᠃ ︽ᠤᠯᠤᠰ ᠤᠨ ᠳᠡᠰ

 ᠤᠨ ᠡᠯᠧᠺᠲᠷᠤᠨ ᠬᠤᠳᠠᠯᠳᠤᠭ᠎ᠠ ᠶᠢ ᠬᠦᠳᠡᠭᠡ ᠲᠤᠰᠬᠤᠨ ᠳᠤ ᠤᠷᠤᠭᠤᠯᠬᠤ ᠶᠡᠷᠤᠩᠬᠡᠶᠢᠯᠡᠭᠰᠡᠨ ᠳᠠᠭᠤᠷᠢᠶᠠᠯᠳᠣ

ᠰᠢᠶᠠᠨ︾ ᠤ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠡᠬᠦᠷᠬᠡ ᠪᠠᠨ ᠪᠦᠬᠦ ᠲᠠᠯ᠎ᠠ ᠪᠠᠷ ᠪᠡᠶᠡᠯᠡᠬᠦᠯᠵᠤ᠂

ᠰᠣᠮᠣ ᠪᠠᠯᠭᠠᠰᠣ ᠲᠠᠯᠠᠪᠠᠢ ᠳᠤ ᠡᠯᠧᠺᠲᠷᠤᠨ ᠬᠤᠳᠠᠯᠳᠣᠭᠠᠨ ᠤ ᠪᠠᠷᠢᠮᠵᠢᠶ᠎ᠠ ᠦᠢᠯᠡᠴᠢᠯᠡᠬᠡᠨ ᠤ ᠦᠷᠳᠡᠭᠡ ᠶᠢ

60% ᠠᠴᠠ ᠳᠡᠭᠡᠭᠰᠢ ᠬᠦᠷᠬᠡᠬᠦ ᠪᠠᠷ ᠬᠦᠴᠦᠯᠡᠨ ᠴᠢᠷᠮᠠᠢᠨ᠎ᠠ᠃ ᠨᠢᠬᠡ ᠪᠦᠯᠦᠭ ᠡᠯᠧᠺᠲᠷᠤᠨ ᠬᠤᠳᠠᠯᠳᠣᠭᠠᠨ ᠤ

ᠠᠵᠤ ᠠᠬᠤᠶᠢᠯᠠᠯ ᠢ ᠪᠤᠶᠢᠵᠢᠭᠤᠯᠤᠨ᠂ ᠵᠠᠷᠤᠳ ᠤᠨ ᠪᠤᠬᠢᠷᠳᠣᠯ ᠦᠬᠡᠢ ᠲᠠᠷᠢᠶᠠᠯᠠᠩ ᠮᠠᠯ ᠠᠵᠤ ᠠᠬᠤᠢ ᠶᠢᠨ

ᠪᠦᠳᠦᠬᠡᠭᠳᠡᠬᠦᠨ ᠢᠶᠠᠷ ᠭᠤᠤᠯ ᠪᠤᠯᠭᠠᠭᠰᠠᠨ᠂ ᠪᠤᠬᠢᠷᠳᠣᠯ ᠦᠬᠡᠢ ᠦᠬᠡᠷ ᠬᠤᠨᠢᠨ ᠮᠢᠬ᠎ᠠ ᠶᠢ ᠭᠠᠳᠠᠭᠠᠳᠣ ᠳᠤ

ᠪᠤᠷᠤᠯᠠᠭᠤᠯᠬᠤ ᠴᠢᠬᠤᠯᠠ ᠵᠠᠮ ᠰᠣᠪᠠᠭ ᠤᠨ ᠪᠠᠶᠢᠭᠤᠯᠤᠯᠳᠠ ᠶᠢ ᠲᠦᠷᠬᠡᠳᠬᠡᠨ᠂ ︽ᠢᠨᠲ᠋ᠧᠷ ᠰᠦᠯᠵᠢᠶ᠎ᠡ + ᠠᠵᠤ

ᠦᠢᠯᠡᠰᠵᠢᠯᠳᠠ︾ ᠶᠢᠨ ᠬᠡᠯᠪᠡᠷᠢ ᠶᠢ ᠬᠦᠭᠵᠢᠬᠦᠯᠤᠨ᠂ ︽ᠨᠢᠬᠡ ᠪᠠᠯᠭᠠᠰᠣ ᠨᠢᠬᠡ ᠦᠢᠯᠡᠰ᠂ ᠨᠢᠬᠡ ᠲᠤᠰᠬᠤᠨ ᠨᠢᠬᠡ

ᠪᠦᠳᠦᠬᠡᠭᠳᠡᠬᠦᠨ︾ ᠤ ᠡᠯᠧᠺᠲᠷᠤᠨ ᠬᠤᠳᠠᠯᠳᠣᠭᠠᠨ ᠤ ᠤᠨᠴᠠᠯᠢᠭᠳᠣ ᠲᠤᠰᠬᠤᠨ ᠪᠠᠯᠭᠠᠰᠣ ᠶᠢ ᠬᠦᠴᠦᠯᠡᠨ

ᠪᠠᠶᠢᠭᠤᠯᠵᠤ᠂ ᠡᠯᠧᠺᠲᠷᠤᠨ ᠬᠤᠳᠠᠯᠳᠣᠭᠠᠨ ᠤ ᠠᠷᠠᠯᠵᠢᠶᠠᠯᠠᠬᠤ ᠬᠡᠮᠵᠢᠶ᠎ᠡ ᠶᠢ 1 ᠳ᠋ᠦᠩᠰᠢᠭᠤᠷ ᠲᠦᠬᠦᠷᠢᠭ ᠢ

ᠰᠢᠪᠳᠦᠯᠬᠤ ᠪᠠᠷ ᠬᠦᠴᠦᠯᠡᠨ ᠴᠢᠷᠮᠠᠢᠨ᠎ᠠ᠃ ᠬᠥᠮᠥᠷᠭᠡᠯᠡᠨ ᠬᠠᠳᠠᠭᠠᠯᠠᠬᠤ ᠦᠵᠡᠬᠦᠯᠦᠯᠬᠡ ᠬᠢᠬᠦ᠂ ᠪᠤᠯᠪᠠᠰᠣᠷᠠᠭᠤᠯᠤᠨ

ᠬᠦᠷᠬᠡᠬᠦ᠂ ᠮᠡᠳᠡᠭᠡ ᠵᠠᠩᠬᠢ ᠵᠠᠭᠤᠴᠢ᠂ ᠠᠳᠠᠯ ᠠᠬᠤᠢ ᠶᠢᠨ ᠦᠢᠯᠡᠴᠢᠯᠡᠭᠡ᠂ ᠪᠡᠶ᠎ᠡ ᠲᠠᠮᠢᠷ ᠪᠡᠶ᠎ᠡ ᠴᠢᠬᠢᠷᠠᠭᠵᠢᠭᠤᠯᠬᠤ

ᠵᠡᠷᠬᠡ ᠰᠢᠨ᠎ᠡ ᠪᠠᠷ ᠬᠦᠭᠵᠢᠭᠰᠡᠨ ᠦᠢᠯᠡᠰ ᠢ ᠢᠳᠡᠪᠬᠢᠳᠡᠢ ᠳᠡᠮᠵᠢᠨ ᠬᠦᠭᠵᠢᠬᠦᠯᠤᠨ᠎ᠠ᠃

   ᠮᠦᠩᠬᠦᠨ ᠬᠦᠢᠯᠬᠡᠬᠡᠨ ᠤ ᠪᠠᠳᠣᠯᠠᠭ᠎ᠠ ᠶᠢ ᠶᠡᠭᠡ ᠬᠦᠴᠦᠨ ᠢᠶᠠᠷ ᠳᠡᠭᠡᠭᠰᠢᠯᠡᠬᠦᠯᠤᠨ᠎ᠠ᠃ ᠵᠠᠰᠠᠭ ᠤᠨ ᠤᠷᠳᠤᠨ

ᠪᠤᠯᠤᠨ ᠨᠡᠶᠢᠬᠡᠮ ᠤᠨ ᠬᠦᠷᠦᠩᠬᠡ ᠶᠢᠨ ᠬᠤᠷᠰᠢᠬᠤ ppp ᠵᠠᠭᠪᠤᠷ ᠤᠨ ᠪᠡᠯᠡ ᠨᠡᠶᠢᠯᠡᠬᠦᠯᠬᠦ ᠦᠢᠯᠡᠴᠢᠯᠡᠬᠡᠨ ᠤ ᠲᠦᠪ

 ᠢ ᠪᠠᠶᠢᠭᠤᠯᠵᠤ᠂ ᠪᠡᠯᠡ ᠨᠡᠶᠢᠯᠡᠬᠦᠯᠬᠦ ᠬᠠᠮᠢᠶᠠᠷᠤᠯᠳᠠ ᠪᠠᠨ ᠲᠦᠷᠢᠮᠵᠢᠬᠦᠯᠤᠨ᠂ ᠪᠡᠯᠡ ᠨᠡᠶᠢᠯᠡᠬᠦᠯᠬᠦ ᠦᠢᠯᠡᠴᠢᠯᠡᠬᠡᠨ ᠤ

ᠬᠢᠷᠢ ᠲᠦᠪᠰᠢᠨ ᠢᠶᠠᠨ ᠳᠡᠭᠡᠭᠰᠢᠯᠡᠬᠦᠯᠤᠨ᠎ᠠ᠃ ᠲᠤᠰᠬᠠᠢ ᠲᠦᠷᠦᠯ ᠤᠨ ᠪᠡᠯᠡ ᠮᠦᠩᠬᠦ᠂ ᠲᠦᠷᠦ ᠶᠢᠨ ᠪᠤᠳᠤᠯᠭ᠎ᠠ ᠶᠢᠨ

ᠴᠢᠨᠠᠷᠳᠡᠢ ᠪᠠᠩᠬᠢ ᠶᠢᠨ ᠵᠢᠬᠡᠯᠡᠯᠬᠡ᠂ ᠠᠵᠤ ᠦᠢᠯᠡᠰ ᠤᠨ ᠰᠠᠭᠤᠷᠢ ᠮᠦᠩᠬᠦᠨ ᠤ ᠳᠡᠮᠵᠢᠯᠬᠡ ᠶᠢ ᠢᠳᠡᠪᠬᠢᠳᠡᠢ

ᠳᠡᠮᠡᠴᠡᠨ ᠤᠯᠵᠤ᠂ ᠰᠣᠶᠣᠯ ᠵᠢᠭᠤᠯᠴᠢᠯᠠᠯ᠂ ᠤᠳᠤ ᠦᠶ᠎ᠡ ᠶᠢᠨ ᠡᠪᠡᠰᠣ ᠪᠡᠯᠴᠢᠬᠡᠷ ᠤᠨ ᠦᠢᠯᠡᠰ᠂ ᠬᠤᠳᠠ

ᠪᠠᠯᠭᠠᠰᠣᠨ ᠤ ᠰᠠᠭᠤᠷᠢ ᠲᠤᠨᠤᠭ ᠲᠦᠭᠦᠭᠡᠷᠤᠮᠵᠢ᠂ ᠠᠵᠤ ᠦᠢᠯᠡᠳᠪᠤᠷᠢ ᠶᠢᠨ ᠲᠤᠭᠤᠷᠢᠭ ᠤᠨ ᠳᠠᠪᠴᠠᠩ ᠵᠡᠷᠬᠡ

ᠶᠡᠭᠡ ᠲᠦᠷᠦᠯ ᠵᠦᠢᠯ ᠪᠤᠯᠤᠨ ᠭᠤᠤᠯᠳᠠᠯᠭ᠎ᠠ ᠲᠠᠢ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ᠎ᠡ

᠃ ᠡᠯ᠎ᠡ ᠲᠦᠷᠦᠯ ᠤᠨ ᠪᠠᠩᠬᠢ᠂ ᠪᠡᠯᠡ ᠨᠡᠶᠢᠯᠡᠬᠦᠯᠬᠦ ᠪᠠᠶᠢᠭᠤᠯᠤᠮᠵᠢ ᠪᠠ ᠮᠦᠩᠬᠦᠨ ᠬᠦᠢᠯᠬᠡᠬᠡᠨ ᠤ ᠵᠠᠭᠤᠴᠢ ᠶᠢ

ᠢᠳᠡᠪᠬᠢᠳᠡᠢ ᠳᠠᠳᠠᠨ ᠤᠷᠤᠭᠤᠯᠵᠤ᠂ ᠬᠦᠳᠡᠭᠡ ᠲᠤᠰᠬᠤᠨ ᠤ ᠢᠳᠡᠬᠡᠮᠵᠢᠳᠣ ᠬᠤᠷᠰᠢᠶᠠᠨ ᠤ ᠦᠬᠡᠷᠡᠴᠢᠯᠠᠯᠳᠠ ᠶᠢᠨ

ᠠᠵᠢᠯ ᠢ ᠢᠳᠡᠪᠬᠢᠳᠡᠢ ᠲᠦᠯᠬᠢᠨ ᠠᠬᠢᠭᠤᠯᠵᠤ᠂ ᠪᠠᠯᠭᠠᠰᠣ ᠲᠤᠰᠬᠤᠨ ᠤ ᠳᠡᠰ ᠤᠨ ᠮᠦᠩᠬᠦᠨ ᠬᠦᠢᠯᠬᠡᠬᠡᠨ ᠤ

ᠦᠢᠯᠡᠴᠢᠯᠡᠭᠡ ᠶᠢᠨ ᠳᠣᠣᠷ ᠴᠡᠭ ᠤᠨ ᠪᠠᠶᠢᠭᠤᠯᠤᠯᠳᠠ ᠶᠢ ᠴᠢᠩᠭᠠᠳᠬᠠᠨ᠂ ᠮᠦᠩᠬᠦᠨ ᠬᠦᠢᠯᠬᠡᠬᠡᠨ ᠤ ᠪᠠᠶᠢᠭᠤᠯᠤᠮᠵᠢ

 ᠶᠢ ᠵᠤᠷᠢᠭᠵᠢᠭᠤᠯᠤᠨ᠂ ᠨᠠᠶᠢᠳᠠ ᠶᠢᠨ ᠪᠤᠰᠣ ᠦᠮᠴᠢᠯᠠᠯᠳᠣ ᠠᠵᠤ ᠠᠬᠤᠢ ᠶᠢᠨ ᠬᠦᠭᠵᠢᠯᠳᠠ ᠶᠢᠨ ᠲᠤᠰᠬᠠᠢ

ᠡᠵᠡᠩᠨᠡᠯᠳᠠ ᠶᠢᠨ ᠪᠠᠶᠢᠭᠤᠯᠤᠮᠵᠢ ᠶᠢ ᠲᠤᠬᠢᠷᠠᠭᠤᠯᠵᠤ᠂ ᠢᠳᠡᠬᠡᠮᠵᠢᠳᠣ ᠵᠢᠬᠡᠯᠡᠯᠬᠡ  ᠳᠠᠯᠪᠢᠬᠤ ᠦᠷ᠎ᠡ ᠪᠦᠳᠦᠮᠵᠢ ᠪᠠᠨ

ᠳᠡᠭᠡᠭᠰᠢᠯᠡᠬᠦᠯᠤᠨ᠎ᠠ᠃

   ︵ᠳᠠᠪᠤ︶ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠣ ᠪᠠᠬᠢ ᠪᠤᠯᠭᠠᠨ᠂

ᠦᠷᠬᠦᠯᠵᠢᠯᠡᠬᠦᠶᠢᠴᠡ ᠬᠦᠭᠵᠢᠯᠳᠠ ᠶᠢᠨ ᠴᠢᠳᠠᠪᠤᠷᠢ ᠶᠢ ᠦᠨᠡᠨᠬᠦ ᠨᠡᠮᠡᠭᠳᠡᠬᠦᠯᠤᠨ᠎ᠠ  

 ᠨᠤᠭᠤᠭᠠᠨ ᠪᠤᠯ ᠵᠠᠷᠤᠳ ᠤᠨ ᠤᠭ ᠲᠦᠷᠰᠣ ᠪᠠ ᠦᠨ᠎ᠡ ᠦᠷᠳᠡᠭ᠂ ᠠᠮᠢ ᠠᠬᠤᠢ ᠪᠤᠯ ᠵᠠᠷᠤᠳ ᠤᠨ

ᠬᠠᠷᠢᠭᠤᠴᠠᠯᠭ᠎ᠠ ᠪᠤᠯᠤᠨ ᠳᠠᠯᠳᠠ ᠬᠦᠴᠦᠨ ᠪᠤᠯᠤᠨ᠎ᠠ᠃ ︽ᠴᠠᠩᠬᠡᠭ ᠤᠰᠤ ᠴᠠᠯᠠᠬᠡᠷ ᠠᠭᠤᠯᠠ ᠪᠤᠯ ᠳᠠᠷᠤᠢ ᠠᠯᠳᠠᠨ

ᠠᠭᠤᠯᠠ ᠮᠦᠩᠬᠦᠨ ᠠᠭᠤᠯᠠ ᠮᠦᠨ︾ ᠬᠡᠬᠦ ᠬᠦᠭᠵᠢᠯᠳᠠ ᠶᠢᠨ ᠤᠶᠢᠯᠠᠭᠠᠭᠳᠠᠬᠤᠨ ᠢ ᠴᠠᠭ ᠢᠮᠠᠭᠳᠠ ᠪᠠᠳᠣᠳᠬᠠᠨ᠂

ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠦᠳᠦᠬᠡᠨ ᠪᠠᠶᠢᠭᠤᠯᠤᠯᠳᠠ ᠶᠢ ᠦᠷᠬᠦᠯᠵᠢᠯᠡᠨ

ᠴᠢᠩᠭᠠᠷᠠᠭᠤᠯᠤᠨ᠂ ᠠᠮᠢ ᠠᠬᠤᠢ ᠶᠢᠨ ᠣᠯᠠᠭᠠᠨ ᠱᠣᠭᠤᠮ ᠪᠤᠯᠤᠨ ᠤᠷᠴᠢᠨ ᠲᠤᠭᠤᠷᠢᠨ ᠤ ᠰᠠᠭᠤᠷᠢ ᠱᠣᠭᠤᠮ ᠶᠢ

ᠪᠠᠳᠣ ᠰᠠᠬᠢᠵᠤ᠂ ᠨᠤᠭᠤᠭᠠᠯᠢᠭ ᠵᠠᠷᠤᠳ ᠢ ᠪᠦᠬᠦ ᠬᠦᠴᠦᠨ ᠢᠶᠠᠷ ᠪᠦᠳᠦᠬᠡᠨ ᠪᠠᠶᠢᠭᠤᠯᠵᠤ᠂ ᠲᠦᠩᠯᠢᠶᠤᠤ ᠶᠢᠨ

ᠬᠤᠶᠢᠳᠣ ᠬᠡᠰᠡᠭ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠣ ᠪᠠᠬᠢ ᠪᠤᠯᠭᠠᠨ᠎ᠠ᠃

   ᠠᠮᠢ ᠠᠬᠤᠢ ᠶᠢ ᠰᠡᠷᠬᠦᠬᠡᠬᠦ ᠢᠨᠵᠧᠨᠧᠷᠢᠩ ᠢ ᠬᠡᠷᠡᠭᠵᠢᠬᠦᠯᠤᠨ᠎ᠠ᠃ ᠰᠢᠯᠢᠳᠡᠭ ᠰᠠᠶᠢᠨ ᠠᠮᠢ ᠠᠬᠤᠢ ᠶᠢᠨ

ᠤᠷᠴᠢᠨ ᠲᠤᠭᠤᠷᠢᠨ ᠪᠤᠯ ᠬᠠᠮᠤᠭ ᠤᠨ ᠲᠦᠪ ᠭᠤᠤᠯᠴᠢ ᠤᠯᠠᠨ ᠨᠠᠶᠢᠳᠠ ᠶᠢᠨ ᠪᠦᠳᠦᠬᠡᠭᠳᠡᠬᠦᠨ ᠪᠤᠯᠤᠨ᠎ᠠ᠃

ᠪᠤᠬᠢᠷᠳᠣᠯ ᠦᠬᠡᠢ ᠪᠠᠷ ᠬᠤᠰᠢᠭᠤ ᠪᠠᠨ ᠬᠦᠴᠦᠷᠭᠵᠢᠭᠦᠯᠤᠨ᠂ ᠪᠤᠬᠢᠷᠳᠣᠯ ᠦᠬᠡᠢ ᠪᠠᠷ ᠠᠷᠠᠳ ᠲᠤ ᠠᠰᠢᠭ

ᠬᠦᠷᠳᠡᠬᠡᠬᠦ ᠶᠢ ᠪᠠᠷᠢᠮᠳᠠᠯᠠᠨ᠂ ᠠᠷᠠᠳ ᠲᠦᠮᠡᠨ᠂ ᠦᠷ᠎ᠡ ᠬᠤᠶᠢᠴᠢᠰ ᠲᠤ ᠪᠠᠨ ᠳᠡᠭᠡᠳᠣ ᠬᠡᠮᠵᠢᠶ᠎ᠡ ᠪᠠᠷ ᠬᠠᠷᠢᠭᠤᠴᠠᠬᠤ

ᠤᠪᠤᠷ ᠢᠶᠠᠷ ᠠᠮᠢ ᠠᠬᠤᠢ ᠶᠢ ᠰᠡᠷᠬᠦᠬᠡᠬᠦ ᠠᠵᠢᠯ ᠢ ᠰᠠᠶᠢᠳᠣᠷ ᠠᠳᠬᠤᠨ᠎ᠠ᠃ ᠬᠤᠷᠴᠢᠨ ᠤ ᠡᠯᠡᠰᠦᠷᠭᠡᠭ ᠭᠠᠵᠠᠷ ᠤᠨ

︽ᠬᠤᠤᠰ ᠮᠢᠩᠭᠠᠨ ᠲᠦᠮᠡᠨ ᠮᠤ᠋︾ ᠶᠡᠷᠤᠩᠬᠡᠶᠢᠯᠡᠨ ᠵᠠᠰᠠᠬᠤ ᠢᠨᠵᠧᠨᠧᠷᠢᠩ ᠤᠨ ᠡᠬᠦᠷᠬᠡ ᠪᠠᠨ 74 ᠲᠦᠮᠡᠨ ᠮᠤ᠋  

ᠪᠡᠶᠡᠯᠡᠭᠦᠯᠵᠦ᠂ 11 ᠲᠦᠮᠡᠨ ᠮᠤ᠋ ᠲᠠᠷᠢᠶᠠᠯᠠᠬᠤ ᠶᠢ ᠵᠤᠭᠰᠣᠭᠠᠨ ᠪᠡᠯᠴᠢᠬᠡᠷ ᠢ ᠰᠡᠷᠬᠦᠬᠡᠵᠤ᠂ 10 ᠲᠦᠮᠡᠨ ᠮᠤ᠋

ᠪᠡᠯᠴᠢᠬᠡᠷᠯᠡᠬᠦᠯᠬᠦ ᠶᠢ ᠬᠤᠷᠢᠭᠯᠠᠨ ᠪᠡᠯᠴᠢᠬᠡᠷ ᠶᠢ ᠰᠡᠷᠭᠦᠭᠡᠬᠦ ᠶᠢ ᠪᠡᠶᠡᠯᠡᠬᠦᠯᠵᠤ᠂ ᠯᠦᠪᠸᠢ ᠪᠠᠯᠭᠠᠰᠣᠨ ᠤ ᠭᠤᠤᠯ

ᠬᠤᠳᠠ ᠶᠢᠨ ᠲᠤᠭᠤᠷᠢᠭ ᠤᠨ ᠡᠷᠬᠢᠨ ᠲᠤᠭᠤᠷᠢᠨ ᠳᠤ 3000 ᠮᠤ᠋ ᠨᠤᠭᠤᠭᠠᠷᠠᠭᠤᠯᠤᠯᠳᠠ ᠶᠢ  ᠪᠡᠶᠡᠯᠡᠬᠦᠯᠵᠤ᠂ 80

ᠲᠤᠰᠬᠤᠨ ᠢ ᠨᠤᠭᠤᠭᠠᠷᠠᠭᠤᠯᠵᠦ᠂ 200 ᠺᠢᠯᠦᠮᠧᠲᠷ ᠵᠠᠮ ᠢ ᠨᠤᠭᠤᠭᠠᠷᠠᠭᠤᠯᠤᠨ᠎ᠠ᠃ ᠪᠡᠯᠴᠢᠬᠡᠷᠯᠡᠬᠦᠯᠬᠦ ᠶᠢ

ᠬᠤᠷᠢᠭᠯᠠᠨ ᠬᠠᠰᠢᠶᠠᠯᠠᠨ ᠳᠡᠵᠢᠬᠡᠬᠦ᠂ ᠪᠡᠯᠴᠢᠬᠡᠷ ᠮᠠᠯ ᠤᠨ ᠳᠡᠩᠴᠡᠬᠦᠷᠢ ᠶᠢᠨ ᠲᠦᠷᠢᠮ ᠢ ᠴᠢᠩᠭ᠎ᠠ ᠬᠡᠷᠡᠭᠵᠢᠬᠦᠯᠬᠦ ᠶᠢ

ᠡᠯ᠎ᠡ ᠱᠠᠳᠣᠨ ᠤ ᠨᠠᠮ ᠤᠨ ᠬᠤᠷᠢᠶ᠎ᠠ ᠵᠠᠰᠠᠭ ᠤᠨ ᠤᠷᠳᠣᠨ ᠤ ᠨᠢᠬᠡ ᠲᠦᠷᠦᠯ ᠤᠨ ᠤᠯᠤᠰ ᠲᠦᠷᠦ ᠶᠢᠨ ᠡᠬᠦᠷᠬᠡ

ᠪᠤᠯᠭᠠᠨ ᠠᠳᠬᠤᠵᠤ᠂ ᠬᠠᠮᠤᠭ ᠶᠡᠭᠡ ᠦᠨᠳᠣᠰᠣᠨ ᠪᠦᠳᠦᠬᠡᠨ ᠪᠠᠶᠢᠭᠤᠯᠤᠯᠳᠠ ᠪᠤᠯᠭᠠᠨ ᠲᠦᠯᠬᠢᠨ ᠠᠬᠢᠭᠤᠯᠵᠤ᠂

ᠬᠠᠮᠢᠶ᠎ᠠ ᠪᠦᠬᠦᠢ ᠰᠠᠯᠠᠭ᠎ᠠ ᠮᠦᠴᠢᠷ ᠪᠤᠯᠤᠨ ᠪᠠᠯᠭᠠᠰᠣ ᠲᠤᠰᠬᠤᠨ ᠤ ᠺᠠᠳ᠋ᠷ ᠤᠨ ᠭᠤᠤᠯ ᠴᠤᠭᠴᠠ ᠶᠢᠨ

ᠬᠠᠷᠢᠭᠤᠴᠠᠯᠭ᠎ᠠ ᠶᠢ ᠪᠤᠳᠠᠳᠠᠢ ᠨᠠᠶᠢᠳᠠᠪᠤᠷᠢᠵᠢᠭᠤᠯᠤᠨ᠎ᠠ᠃ ᠭᠠᠳᠠᠷ ᠭᠠᠵᠠᠷ ᠤᠨ ᠢᠷᠡᠭᠰᠡᠨ ᠮᠠᠯ ᠢ ᠴᠡᠭᠴᠡᠯᠠᠬᠦ ᠠᠵᠢᠯ ᠢ

ᠰᠠᠶᠢᠳᠣᠷ ᠠᠳᠬᠤᠵᠤ᠂ ᠬᠠᠤᠯᠢ ᠲᠤᠭᠳᠠᠭᠠᠯ ᠢᠶᠠᠷ ᠲᠦᠪ ᠴᠢᠩᠭ᠎ᠠ ᠪᠠᠶᠢᠴᠠᠭᠠᠨ ᠰᠢᠳᠬᠡᠵᠤ᠂ ᠨᠤᠳᠤᠭ ᠪᠡᠯᠴᠢᠬᠡᠷ ᠤᠨ

ᠠᠮᠢ ᠠᠬᠤᠢ ᠶᠢᠨ ᠬᠠᠮᠠᠭᠠᠯᠠᠯᠳᠠ ᠶᠢᠨ ᠦᠷ᠎ᠡ ᠪᠦᠳᠦᠬᠡᠯ ᠢ ᠦᠨᠡᠨᠬᠦ ᠳᠡᠭᠡᠭᠰᠢᠯᠡᠬᠦᠯᠤᠨ᠎ᠠ᠃ ᠪᠠᠶᠢᠭᠠᠯᠢᠯᠢᠭ ᠨᠤᠳᠤᠭ

ᠪᠡᠯᠴᠢᠬᠡᠷ ᠪᠤᠯᠤᠨ ᠨᠠᠶᠢᠳᠠ ᠶᠢᠨ ᠠᠰᠠᠷᠠᠮᠵᠢ ᠶᠢᠨ ᠣᠢ ᠰᠢᠭᠤᠢ ᠶᠢᠨ ᠬᠠᠮᠢᠶᠠᠷᠤᠯᠳᠠ ᠬᠠᠮᠠᠭᠠᠯᠠᠯᠳᠠ ᠶᠢᠨ ᠬᠦᠴᠦᠯᠡᠴᠠ

 ᠪᠠᠨ ᠶᠡᠬᠡᠰᠬᠡᠨ᠂ ᠲᠤᠷ᠎ᠠ ᠪᠠᠷ ᠤᠭᠳᠤᠯᠬᠤ᠂ ᠳᠠᠪᠠ ᠪᠠᠷ ᠠᠭᠤᠳᠠᠯᠯᠠᠬᠤ᠂ ᠲᠤᠷ᠎ᠠ ᠪᠠᠷ ᠬᠠᠭᠠᠯᠪᠤᠷᠢᠯᠠᠬᠤ ᠵᠡᠷᠬᠡ

ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠳᠠ ᠦᠭᠬᠦᠨ᠎ᠡ᠂ ᠤᠢ ᠰᠢᠭᠤᠢ ᠨᠤᠳᠤᠭ ᠪᠡᠯᠴᠢᠬᠡᠷ

 ᠤᠨ ᠭᠠᠯ ᠰᠡᠷᠬᠡᠶᠢᠯᠡᠬᠦ ᠪᠠ ᠬᠠᠮᠠᠭᠠᠯᠠᠯᠳᠠ ᠬᠠᠮᠢᠶᠠᠷᠤᠯᠳᠠ ᠶᠢ ᠴᠢᠩᠭᠠᠳᠬᠠᠨ᠂ ᠤᠢ ᠰᠢᠭᠤᠢ ᠨᠤᠳᠤᠭ ᠪᠡᠯᠴᠢᠬᠡᠷ ᠤᠨ

ᠠᠮᠢ ᠠᠬᠤᠢ ᠶᠢᠨ ᠤᠷᠴᠢᠨ ᠲᠤᠭᠤᠷᠢᠨ ᠢ ᠬᠠᠮᠤᠭ ᠶᠡᠭᠡ ᠬᠡᠪᠴᠢᠶ᠎ᠠ ᠪᠠᠷ ᠬᠠᠮᠠᠭᠠᠯᠠᠨ᠎ᠠ᠃ ᠬᠠᠨ ᠠᠭᠤᠯᠠ ᠪᠠᠶᠢᠭᠠᠯᠢ

 ᠶᠢᠨ ᠬᠠᠮᠠᠭᠠᠯᠠᠯᠳᠠ ᠶᠢᠨ ᠤᠷᠤᠨ ᠤ ᠰᠠᠭᠤᠷᠢ ᠲᠦᠬᠦᠬᠡᠷᠤᠮᠵᠢ ᠪᠠ ᠢᠵᠢ ᠪᠦᠷᠢᠳᠦᠭᠰᠡᠨ ᠲᠤᠨᠤᠭ ᠲᠦᠬᠦᠬᠡᠷᠤᠮᠵᠢ ᠶᠢ

ᠳᠡᠬᠦᠯᠳᠡᠷᠵᠢᠬᠦᠯᠵᠤ᠂ ᠤᠯᠤᠰ ᠤᠨ ᠳᠡᠰ ᠤᠨ ᠤᠢ ᠰᠢᠭᠤᠢ ᠶᠢᠨ ᠴᠡᠴᠡᠷᠯᠢᠭ ᠪᠤᠯᠭᠠᠨ ᠳᠡᠰ ᠳᠠᠪᠰᠢᠭᠤᠯᠬᠤ

ᠮᠡᠳᠡᠬᠦᠯᠤᠯᠳᠠ ᠶᠢᠨ ᠠᠵᠢᠯ ᠢ ᠰᠠᠶᠢᠳᠣᠷ ᠬᠢᠨ᠎ᠠ᠃ ᠬᠤᠶᠠᠷᠬᠠᠤᠸᠠ ᠶᠢᠨ ᠨᠤᠭᠤ ᠭᠠᠵᠠᠷ ᠪᠠ ᠠᠷᠤ ᠬᠦᠨᠳᠡᠯᠡᠨ ᠤ

ᠨᠡᠬᠦᠨ ᠭᠠᠷᠤᠭᠰᠠᠨ ᠤᠷᠤᠨ ᠤ ᠲᠠᠯ᠎ᠠ ᠨᠤᠳᠤᠭ ᠤᠨ ᠬᠠᠮᠠᠭᠠᠯᠠᠯᠳᠠ ᠶᠢᠨ ᠬᠦᠴᠦᠯᠡᠴᠠ ᠪᠠᠨ ᠶᠡᠬᠡᠰᠬᠡᠨ᠂

ᠬᠠᠮᠠᠭᠠᠯᠠᠯᠳᠠ ᠶᠢᠨ ᠤᠷᠤᠨ ᠤ ᠪᠦᠳᠦᠬᠡᠨ ᠪᠠᠶᠢᠭᠤᠯᠤᠭᠰᠠᠨ ᠦᠷ᠎ᠡ ᠪᠦᠳᠦᠬᠡᠯ ᠢ ᠦᠷᠬᠦᠯᠵᠢᠯᠡᠨ ᠪᠠᠳᠣᠳᠬᠠᠨ᠎ᠠ᠃

    ᠤᠷᠴᠢᠨ ᠲᠤᠭᠤᠷᠢᠨ ᠤ ᠴᠡᠭᠴᠡᠯᠡᠯᠳᠠ ᠶᠢᠨ ᠬᠦᠴᠦᠯᠡᠴᠠ ᠪᠠᠨ ᠶᠡᠬᠡᠰᠬᠡᠨ᠎ᠠ᠃ ᠠᠮᠢ ᠠᠬᠤᠢ ᠶᠢᠨ ᠤᠷᠴᠢᠨ

ᠲᠤᠭᠤᠷᠢᠨ ᠪᠤᠯ ᠬᠠᠮᠤᠭ ᠤᠨ ᠶᠡᠭᠡ ᠠᠷᠠᠳ ᠤᠨ ᠠᠮᠢᠳᠣᠷᠠᠯ ᠮᠥᠨ᠃ ᠤᠯᠠᠨ ᠨᠠᠶᠢᠳᠠ ᠶᠢᠨ ᠠᠰᠢᠭ ᠲᠤᠰᠠ ᠪᠤᠯᠤᠨ

ᠠᠮᠢ ᠠᠬᠤᠢ ᠶᠢᠨ ᠠᠮᠤᠷ ᠲᠦᠪᠰᠢᠨ ᠬᠠᠮᠤᠭ ᠡᠷᠬᠢᠮ ᠳᠡᠭᠡᠳᠣ ᠭᠡᠳᠡᠭ ᠶᠢ ᠪᠠᠷᠢᠮᠳᠠᠯᠠᠨ᠂ ᠤᠷᠴᠢᠨ ᠲᠤᠭᠤᠷᠢᠨ ᠢ

ᠤᠭ ᠡᠬᠢ ᠠᠴᠠ ᠨᠢ ᠵᠠᠰᠠᠨ ᠴᠡᠭᠴᠡᠯᠠᠯᠳᠠ ᠬᠢᠬᠦ ᠶᠢ ᠪᠦᠬᠦ ᠬᠦᠴᠦᠨ ᠢᠶᠠᠷ ᠠᠳᠬᠤᠵᠤ᠂ ᠨᠡᠬᠦᠷᠡᠰᠣ ᠴᠠᠬᠢᠯᠭᠠᠨ

ᠬᠦᠩᠬᠡᠨᠴᠠᠭᠠᠨ ᠤ ᠠᠵᠤ ᠠᠬᠤᠶᠢᠯᠠᠯ ᠤᠨ ᠤᠳᠤᠭ᠎ᠠ ᠠᠭᠤᠷ ᠤᠨ ᠪᠤᠬᠢᠷᠳᠣᠯ ᠪᠤᠳᠠᠰ ᠤᠨ ᠭᠠᠳᠠᠭᠰᠢᠯᠠᠯᠳᠠ ᠶᠢ ᠳᠡᠩ

ᠪᠤᠯᠭᠠᠬᠤ ᠳᠠᠭᠤᠷᠢᠶᠠᠯᠳᠣ ᠢᠨᠵᠧᠨᠧᠷᠢᠩ ᠢ ᠲᠤᠭᠳᠠᠭᠰᠠᠨ ᠴᠠᠭ ᠲᠠᠭᠠᠨ ᠪᠡᠶᠡᠯᠡᠬᠦᠯᠤᠨ᠂ ᠤᠷᠴᠢᠨ ᠲᠤᠭᠤᠷᠢᠨ ᠤ

ᠠᠮᠤᠷ ᠲᠦᠪᠰᠢᠨ ᠤ ᠳᠠᠯᠳᠠ ᠬᠡᠮ ᠢ ᠲᠤᠶᠢᠯᠪᠤᠷᠢᠳᠡᠢ ᠠᠷᠢᠯᠭᠠᠨ᠎ᠠ᠃ ᠭᠤᠤᠯ ᠬᠤᠳᠠ ᠶᠢᠨ ᠲᠤᠭᠤᠷᠢᠭ ᠤᠨ ᠲᠠᠷᠠᠬᠠᠢ

ᠪᠤᠳᠠᠷᠬᠠᠢ ᠤᠬᠢᠶᠠᠯᠠᠭ᠎ᠠ ᠶᠢᠨ ᠭᠠᠵᠠᠷ ᠤᠨ ᠵᠢᠵᠢᠭ ᠭᠦᠸᠧᠯᠤ ᠶᠢ ᠬᠠᠶᠠᠵᠤ ᠦᠬᠡᠷᠡᠴᠢᠯᠡᠨ᠎ᠡ᠂ ᠬᠠᠯᠠᠭᠤᠨ ᠤᠰᠤ ᠶᠢ

ᠲᠦᠪᠯᠡᠷᠡᠬᠦᠯᠤᠨ ᠬᠦᠷᠬᠡᠬᠦ ᠶᠢ ᠪᠡᠶᠡᠯᠡᠬᠦᠯᠤᠨ᠎ᠠ᠃ ᠬᠤᠳᠠ ᠪᠠᠯᠭᠠᠰᠣᠨ ᠤ ᠪᠤᠬᠢᠷ ᠤᠰᠤ ᠶᠢ ᠬᠤᠷᠢᠶᠠᠨ ᠴᠤᠭᠯᠠᠭᠤᠯᠵᠤ

ᠰᠢᠢᠳᠪᠤᠷᠢᠯᠡᠬᠦ ᠰᠢᠰᠲ᠋ᠧᠮ ᠢ ᠳᠡᠬᠦᠯᠳᠡᠷᠵᠢᠬᠦᠯᠵᠤ᠂ ᠬᠤᠳᠠ ᠪᠠᠯᠭᠠᠰᠣᠨ ᠤ ᠠᠮᠢᠳᠣᠷᠠᠯ ᠤᠨ ᠪᠤᠬᠢᠷ ᠤᠰᠣ᠂ ᠠᠵᠤ

ᠦᠢᠯᠡᠳᠪᠤᠷᠢ ᠶᠢᠨ ᠤᠷᠤᠨ ᠲᠤᠭᠤᠷᠢᠭ ᠤᠨ ᠪᠤᠬᠢᠷ ᠤᠰᠣ ᠶᠢ ᠰᠢᠢᠳᠪᠤᠷᠢᠯᠡᠬᠦ ᠲᠤᠨᠤᠭ ᠲᠦᠬᠦᠬᠡᠷᠤᠮᠵᠢ ᠶᠢᠨ

ᠲᠤᠭᠳᠠᠭᠤᠨ ᠢᠶᠠᠷ ᠠᠵᠢᠯᠯᠠᠬᠤ ᠶᠢ ᠪᠠᠳᠣᠯᠠᠨ᠎ᠠ᠃ ᠤᠷᠴᠢᠨ ᠲᠤᠭᠤᠷᠢᠨ ᠤ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ

ᠬᠦᠴᠦᠯᠡᠴᠠ ᠪᠠᠨ ᠶᠡᠬᠡᠰᠬᠡᠨ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠭᠠᠵᠠᠷ ᠬᠡᠰᠡᠭ ᠲᠤ

ᠪᠦᠬᠦᠯᠢ ᠡᠳᠣᠷ ᠢᠶᠠᠷ ᠬᠢᠨᠠᠨ ᠬᠠᠮᠢᠶᠠᠷᠴᠤ᠂ ᠪᠤᠬᠢᠷᠳᠣᠯ ᠪᠤᠳᠠᠰ ᠢᠶᠠᠨ ᠳᠠᠯᠳᠠ ᠪᠠᠷ ᠭᠠᠳᠠᠭᠰᠢᠯᠠᠭᠤᠯᠬᠤ᠂ ᠬᠠᠤᠯᠢ

ᠪᠤᠰᠣ ᠪᠠᠷ ᠭᠠᠳᠠᠭᠰᠢᠯᠠᠭᠤᠯᠬᠤ᠂ ᠪᠤᠬᠢᠷᠳᠣᠯ ᠢ ᠰᠡᠷᠬᠡᠶᠢᠯᠡᠬᠦ ᠲᠤᠨᠤᠭ ᠲᠦᠬᠦᠭᠡᠷᠤᠮᠵᠢ ᠪᠠᠨ ᠬᠡᠪ ᠤᠨ ᠪᠤᠰᠣ ᠪᠠᠷ

ᠬᠡᠷᠡᠭᠯᠡᠬᠦ ᠵᠡᠷᠬᠡ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠡ᠃ ᠠᠭᠠᠷ ᠮᠠᠨᠳᠡᠯ᠂

ᠣᠰᠣ᠂ ᠭᠠᠵᠠᠷ ᠰᠢᠷᠤᠢ ᠶᠢᠨ ᠪᠤᠵᠠᠷᠳᠣᠯ ᠢ ᠪᠦᠬᠦ ᠬᠦᠴᠦᠨ ᠢᠶᠠᠷ ᠰᠡᠷᠬᠡᠶᠢᠯᠡᠬᠦ ᠶᠢ ᠬᠡᠷᠡᠭᠵᠢᠬᠦᠯᠤᠨ᠂ ᠠᠷᠠᠳ

ᠲᠦᠮᠡᠨ ᠢ ᠰᠢᠨ᠎ᠡ ᠰᠣᠷᠭᠤᠭ ᠠᠭᠠᠷ ᠠᠮᠢᠰᠬᠤᠵᠤ᠂ ᠠᠮᠤᠷ ᠲᠦᠪᠰᠢᠨ ᠤᠰᠣ ᠣᠣᠭᠤᠵᠤ᠂ ᠰᠢᠯᠢᠳᠡᠭ ᠰᠠᠶᠢᠨ

ᠤᠷᠴᠢᠨ ᠲᠤᠭᠤᠷᠢᠨ   ᠳᠤ ᠠᠵᠢᠯᠯᠠᠭᠤᠯᠵᠤ ᠠᠮᠢᠳᠣᠷᠠᠭᠤᠯᠤᠨ᠎ᠠ᠃

    ᠠᠮᠢ ᠠᠬᠤᠢ ᠶᠢᠨ ᠪᠤᠯᠪᠠᠰᠣᠨ ᠤ ᠲᠦᠷᠢᠮ ᠲᠤᠭᠳᠠᠭᠠᠯ ᠢ ᠨᠠᠶᠢᠳᠠᠪᠤᠷᠢᠵᠢᠭᠤᠯᠤᠨ᠎ᠠ᠃ ᠠᠮᠢ ᠠᠬᠤᠢ ᠶᠢᠨ

ᠤᠷᠴᠢᠨ ᠲᠤᠭᠤᠷᠢᠨ ᠢ ᠬᠠᠮᠠᠭᠠᠯᠠᠬᠤ᠂ ᠪᠤᠬᠢᠷᠳᠣᠯ ᠦᠬᠡᠢ ᠬᠦᠭᠵᠢᠯᠳᠠ ᠶᠢ ᠲᠦᠯᠬᠢᠨ ᠠᠬᠢᠭᠤᠯᠬᠤ ᠳᠤ ᠵᠠᠩᠬᠢᠯᠠᠭ᠎ᠠ

 ᠨᠢ ᠲᠦᠷᠢᠮ ᠲᠤᠭᠳᠠᠭᠠᠯ ᠤᠨ ᠪᠠᠳᠣᠯᠠᠭ᠎ᠠ ᠶᠢ ᠲᠦᠰᠢᠭᠯᠡᠨ᠎ᠡ᠃ ᠠᠮᠢ ᠠᠬᠤᠢ ᠶᠢᠨ ᠤᠷᠴᠢᠨ ᠲᠤᠭᠤᠷᠢᠨ ᠤ

ᠬᠠᠮᠠᠭᠠᠯᠠᠯᠳᠠ ᠶᠢᠨ ︽ᠨᠠᠮ ᠵᠠᠰᠠᠭ ᠬᠠᠮᠳᠣᠪᠡᠷ ᠬᠠᠷᠢᠭᠤᠴᠠᠬᠤ᠂ ᠨᠢᠬᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ︾

 ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠲᠦᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠠ᠃

ᠬᠠᠮᠤᠭ ᠴᠢᠩᠭ᠎ᠠ ᠣᠰᠣᠨ ᠤ ᠡᠬᠢ ᠪᠠᠶᠠᠯᠢᠭ ᠤᠨ ᠬᠠᠮᠢᠶᠠᠷᠤᠯᠳᠠ ᠶᠢᠨ ᠲᠦᠷᠢᠮ ᠢ ᠬᠡᠷᠡᠭᠵᠢᠬᠦᠯᠵᠤ᠂ ᠪᠠᠶᠢᠭᠠᠯᠢ ᠶᠢᠨ

ᠡᠭᠢ ᠰᠣᠷᠪᠤᠯᠵᠢ ᠡᠳ᠋ ᠬᠦᠷᠦᠩᠬᠡ ᠶᠢᠨ ᠦᠭᠴᠡᠭᠡ ᠠᠪᠴᠠᠭ᠎ᠠ ᠶᠢᠨ ᠬᠦᠰᠦᠨᠦᠭ ᠵᠤᠬᠢᠶᠠᠬᠤ ᠠᠵᠢᠯ ᠢ ᠰᠠᠶᠢᠳᠣᠷ

ᠠᠳᠬᠤᠵᠤ᠂ ᠤᠳᠤᠷᠢᠳᠣᠯᠭ᠎ᠠ ᠺᠠᠳ᠋ᠷ ᠤᠨ ᠪᠠᠶᠢᠭᠠᠯᠢ ᠶᠢᠨ ᠡᠬᠢ ᠰᠣᠷᠪᠤᠯᠵᠢ ᠡᠳ᠋ ᠬᠦᠷᠦᠩᠬᠡ ᠶᠢᠨ ᠲᠤᠰᠢᠶᠠᠯ ᠠᠴᠠ

 ᠪᠠᠨ ᠰᠠᠯᠬᠤ ᠬᠢᠨᠠᠨ ᠪᠣᠳᠣᠯᠲᠠ᠂ ᠠᠮᠢ ᠠᠬᠤᠢ ᠶᠢᠨ ᠤᠷᠴᠢᠨ ᠲᠤᠭᠤᠷᠢᠨ ᠤ ᠬᠤᠬᠢᠷᠠᠯ ᠤᠨ ᠬᠠᠷᠢᠭᠤᠴᠠᠯᠭ᠎ᠠ ᠶᠢ

ᠡᠬᠦᠷᠢᠳᠠ ᠨᠡᠬᠡᠮᠵᠢᠯᠡᠬᠦ ᠲᠦᠷᠢᠮ ᠢ ᠳᠡᠬᠦᠯᠳᠡᠷᠵᠢᠬᠦᠯᠤᠨ ᠪᠦᠷᠢᠨᠰᠢᠭᠦᠯᠦᠨ᠎ᠡ᠃ ᠠᠮᠢ ᠠᠬᠤᠢ ᠶᠢᠨ ᠪᠤᠯᠪᠠᠰᠣᠨ ᠤ

ᠪᠦᠳᠦᠬᠡᠨ ᠪᠠᠶᠢᠭᠤᠯᠤᠯᠳᠠ ᠶᠢᠨ ᠬᠠᠷᠠᠯᠳᠠ ᠦᠨᠡᠯᠡᠯᠳᠠ ᠶᠢᠨ ᠲᠦᠷᠢᠮ ᠢ ᠨᠠᠷᠢᠯᠢᠭᠵᠢᠭᠤᠯᠤᠨ ᠳᠡᠬᠦᠯᠳᠡᠷᠵᠢᠬᠦᠯᠵᠤ᠂

ᠰᠢᠯᠭᠠᠨ ᠪᠠᠶᠢᠴᠠᠭᠠᠬᠤ ᠱᠠᠩᠨᠠᠬᠤ ᠲᠤᠷᠭᠤᠭᠠᠬᠤ ᠪᠠᠨ ᠴᠢᠩᠭᠠᠳᠬᠠᠵᠤ᠂ ᠲᠦᠪ ᠴᠢᠩᠭ᠎ᠠ ᠪᠠᠷ ᠬᠠᠷᠢᠭᠤᠴᠠᠯᠭ᠎ᠠ

ᠨᠡᠬᠡᠮᠵᠢᠯᠡᠵᠤ᠂ ᠡᠳ᠋ ᠬᠦᠷᠦᠩᠬᠡ ᠶᠢᠨ ᠦᠮᠴᠢᠯᠡᠬᠦ ᠡᠷᠬᠡ ᠪᠠᠨ ᠲᠤᠳᠤᠷᠬᠠᠶᠢᠯᠠᠨ᠂ ᠬᠡᠷᠡᠭᠯᠡᠬᠦ ᠬᠠᠮᠢᠶᠠᠷᠤᠯᠳᠠ ᠶᠢᠨ

ᠲᠦᠷᠢᠮ ᠢᠶᠠᠨ ᠲᠦᠪ ᠴᠢᠩᠭ᠎ᠠ ᠪᠤᠯᠭᠠᠵᠤ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠦᠳᠦᠬᠡᠨ

ᠪᠠᠶᠢᠠᠭᠤᠯᠤᠯᠳᠠ ᠶᠢᠨ ᠲᠦᠷᠢᠮᠵᠢᠯᠳᠠ ᠪᠤᠯᠤᠨ ᠬᠠᠤᠯᠢᠵᠢᠯᠳᠠ ᠶᠢ ᠲᠦᠯᠬᠢᠨ ᠠᠬᠢᠭᠤᠯᠤᠨ᠎ᠠ᠃

      ︵ᠵᠢᠷᠭᠤᠭ᠎ᠠ︶ ᠬᠤᠳᠠ ᠬᠦᠳᠡᠭᠡ ᠶᠢᠨ ᠵᠤᠬᠢᠴᠠᠩᠭᠤᠢ ᠬᠦᠭᠵᠢᠯᠳᠠ ᠶᠢ ᠨᠢᠬᠡᠳᠣᠯᠳᠡᠢ ᠲᠦᠯᠦᠪᠯᠡᠨ᠂ ᠰᠢᠨ᠎ᠡ

ᠬᠡᠯᠪᠡᠷᠢ ᠶᠢᠨ ᠬᠤᠳᠠ ᠪᠠᠯᠭᠠᠰᠣᠵᠢᠯᠳᠠ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠨ ᠲᠦᠯᠬᠢᠨ ᠠᠬᠢᠭᠤᠯᠤᠨ᠎ᠡ  

       ᠲᠦᠯᠦᠪᠵᠢᠬᠦᠯᠬᠡ ᠪᠠᠷ ᠵᠢᠯᠦᠭᠤᠳᠣᠯᠭ᠎ᠠ ᠪᠤᠯᠭᠠᠬᠤ ᠶᠢ ᠦᠨᠢᠳᠠ ᠪᠠᠷᠢᠮᠳᠠᠯᠠᠨ᠂ ᠨᠢᠬᠡ ᠲᠠᠯ᠎ᠠ ᠪᠠᠷ ᠪᠦᠳᠦᠬᠡᠨ

ᠪᠠᠶᠢᠭᠤᠯᠤᠯᠳᠠ ᠶᠢ ᠠᠳᠬᠤᠨ᠂ ᠨᠦᠬᠦᠬᠡ ᠲᠠᠯ᠎ᠠ ᠪᠠᠷ ᠬᠠᠮᠢᠶᠠᠷᠤᠯᠳᠠ ᠪᠠᠨ ᠠᠳᠬᠤᠵᠤ᠂ ᠬᠤᠳᠠ ᠪᠠᠯᠭᠠᠰᠣᠨ ᠤ

ᠪᠦᠳᠦᠬᠡᠨ ᠪᠠᠶᠢᠭᠤᠯᠤᠯᠳᠠ ᠪᠤᠯᠤᠨ ᠬᠤᠳᠠ ᠪᠠᠯᠭᠠᠰᠣᠨ ᠤ ᠬᠠᠮᠢᠶᠠᠷᠤᠯᠳᠠ ᠶᠢᠨ ︽ᠬᠤᠤᠰ ᠬᠦᠷᠳᠦ︾ ᠶᠢ ᠴᠤᠭᠭᠠᠷ

ᠡᠷᠬᠢᠯᠳᠦᠬᠦᠯᠵᠤ᠂ ᠪᠠᠭ᠋ᠠᠷᠤᠮ᠎ᠠ ᠰᠠᠶᠢᠬᠠᠨ ᠬᠤᠳᠠ ᠪᠠᠯᠭᠠᠰᠣ᠂ ᠤᠨᠴᠠᠯᠢᠭᠳᠣ ᠵᠢᠵᠢᠭ ᠪᠠᠯᠭᠠᠰᠣ᠂ ᠦᠵᠡᠰᠬᠦᠯᠡᠩᠳᠣ

ᠰᠠᠶᠢᠬᠠᠨ ᠬᠦᠳᠡᠭᠡ ᠲᠤᠰᠬᠤᠨ ᠬᠠᠷᠢᠯᠴᠠᠨ ᠤᠶᠠᠯᠳᠣᠭᠰᠠᠨ ᠬᠤᠳᠠ ᠬᠦᠳᠡᠭᠡ ᠶᠢᠨ ᠬᠦᠭᠵᠢᠯᠳᠠ ᠶᠢᠨ ᠰᠢᠨ᠎ᠡ

ᠪᠠᠶᠢᠳᠠᠯ ᠢ ᠲᠦᠷᠬᠡᠳᠬᠡᠨ ᠪᠠᠶᠢᠭᠤᠯᠤᠨ᠎ᠠ᠃

    ᠬᠤᠳᠠ ᠬᠦᠳᠡᠭᠡ ᠶᠢᠨ ᠲᠦᠯᠦᠪᠵᠢᠬᠦᠯᠬᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠎ᠠ᠃ ᠭᠤᠤᠯ ᠬᠤᠳᠠ

 ᠶᠢᠨ ᠲᠤᠭᠤᠷᠢᠭ ᠤᠨ ᠰᠢᠶᠠᠩᠱᠠᠨ ᠵᠡᠬᠡᠯᠢ ᠠᠴᠠ ᠡᠮᠤᠨ᠎ᠡ ᠵᠢᠴᠢ ᠭᠤᠤᠯᠳᠠᠯᠭ᠎ᠠ ᠲᠠᠢ ᠭᠠᠵᠠᠷ ᠤᠨ ᠡᠵᠡᠮᠳᠡᠯ ᠤᠨ

ᠴᠢᠨᠠᠷᠳᠡᠢ ᠨᠠᠷᠢᠯᠢᠭ ᠲᠦᠯᠦᠪᠵᠢᠬᠦᠯᠬᠡ ᠶᠢ ᠨᠠᠶᠢᠷᠠᠭᠤᠯᠵᠤ ᠮᠡᠳᠡᠬᠦᠯᠤᠨ ᠵᠦᠪᠰᠢᠶᠡᠷᠡᠬᠦ ᠠᠵᠢᠯ ᠢ ᠪᠡᠶᠡᠯᠡᠬᠦᠯᠤᠨ᠂

ᠭᠤᠤᠯ ᠬᠤᠳᠠ ᠶᠢᠨ ᠲᠤᠭᠤᠷᠢᠭ ᠤᠨ ᠤᠰᠤ ᠬᠠᠩᠭᠠᠬᠤ᠂ ᠤᠰᠣ ᠭᠠᠳᠠᠭᠰᠢᠯᠠᠭᠤᠯᠬᠤ ᠢᠯᠴᠢ ᠬᠠᠩᠭᠠᠬᠤ᠂

ᠶᠡᠷᠤᠩᠬᠡᠶᠢᠯᠡᠭᠰᠡᠨ ᠬᠤᠭᠤᠯᠠᠢ ᠬᠤᠩᠬᠢᠯ ᠲᠤᠭᠳᠠᠭᠠᠨ᠂ ᠬᠤᠳᠠ ᠶᠢᠨ ᠲᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠵᠤ

᠂ ᠭᠠᠵᠠᠷ ᠵᠦᠢ ᠰᠣᠷᠠᠭ ᠵᠠᠩᠬᠢ ᠶᠢᠨ ᠳᠠᠪᠴᠠᠩ ᠢ ᠪᠠᠶᠢᠭᠤᠯᠤᠨ᠎ᠠ᠃ ᠬᠤᠩᠬᠠᠳᠣ ᠠᠭᠤᠯᠠ ᠵᠡᠷᠬᠡ 6 ᠪᠠᠶᠢᠭᠤᠯᠤᠮᠵᠢ

 ᠶᠢᠨ ᠲᠦᠷᠢᠮ ᠤᠨ ᠪᠠᠯᠭᠠᠰᠣ ᠶᠢᠨ ᠡᠵᠡᠮᠳᠡᠬᠦ ᠴᠢᠨᠠᠷᠳᠡᠢ ᠨᠠᠷᠢᠯᠢᠭ ᠲᠦᠯᠦᠪᠵᠢᠬᠦᠯᠬᠡ ᠪᠠ 30 ᠭᠤᠤᠯᠳᠠᠯᠭ᠎ᠠ ᠲᠠᠢ

ᠲᠤᠰᠬᠤᠨ ᠤ ᠲᠦᠯᠦᠪᠵᠢᠬᠦᠯᠬᠡ ᠶᠢ ᠨᠠᠶᠢᠷᠠᠭᠤᠯᠬᠤ ᠠᠵᠢᠯ ᠢ ᠡᠬᠢᠯᠡᠬᠦᠯᠤᠨ᠎ᠠ᠃ ᠬᠤᠳᠠ ᠪᠠᠯᠠᠭᠠᠰᠣᠨ ᠤ ᠤᠯᠠᠨ

ᠨᠠᠶᠢᠳᠠ ᠶᠢᠨ ᠤᠷᠤᠨ ᠵᠠᠢ᠂ ᠨᠤᠭᠤᠭᠠᠷᠠᠭᠤᠯᠤᠭᠰᠠᠨ ᠭᠠᠵᠠᠷ ᠢ ᠡᠵᠡᠯᠡᠨ ᠬᠡᠷᠡᠭᠯᠡᠭᠰᠡᠨ ᠵᠡᠷᠬᠡ ᠡᠯ᠎ᠡ ᠲᠦᠷᠦᠯ ᠤᠨ

ᠲᠦᠷᠢᠮ ᠲᠤᠭᠳᠠᠭᠠᠯ ᠠᠴᠠ ᠵᠦᠷᠢᠴᠡᠭᠰᠡᠨ ᠪᠠᠷᠢᠯᠭ᠎ᠠ ᠶᠢ ᠬᠠᠤᠯᠢ ᠶᠤᠰᠣᠭᠠᠷ ᠡᠷᠡᠰ ᠴᠡᠪᠡᠷᠯᠡᠨ ᠬᠠᠶᠠᠨ᠎ᠠ᠃

     ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢ ᠲᠦᠷᠬᠡᠨ ᠠᠬᠢᠭᠤᠯᠤᠨ᠎ᠠ᠃ ᠭᠤᠤᠯ ᠬᠤᠳᠠ ᠶᠢᠨ

ᠲᠤᠭᠤᠷᠢᠭ ᠤᠨ ᠲᠠᠯ᠎ᠠ ᠪᠠᠷ᠂ ᠬᠠᠳᠣᠨ ᠭᠤᠤᠯ ᠵᠠᠮ ᠠᠴᠠ ᠬᠤᠶᠢᠰᠢ ᠭᠤᠤᠯ ᠤᠨ ᠬᠤᠶᠢᠨᠠᠬᠢ ᠵᠡᠬᠡᠯᠢ ᠬᠦᠷᠳᠡᠯ᠎ᠡ

ᠤᠷᠳᠣᠳᠬᠠᠨ᠂ ᠬᠤᠳᠠ ᠶᠢᠨ ᠡᠮᠤᠨᠡᠬᠢ ᠨᠡᠬᠦᠷᠡᠰᠣᠨ ᠵᠠᠬ᠎ᠠ ᠳᠡᠯᠬᠡᠬᠦᠷ ᠠᠴᠠ ᠡᠮᠤᠨ᠎ᠡ ᠲᠤᠭᠤᠰᠬᠠᠨ ᠦᠢᠯᠡᠳᠪᠤᠷᠢ

ᠬᠦᠷᠳᠡᠯ᠎ᠡ ᠬᠤᠶᠠᠷ ᠵᠤᠷᠪᠤᠰ ᠲᠤᠭᠤᠷᠢᠭᠤᠯ ᠱᠣᠭᠤᠮ ᠢ ᠲᠦᠯᠦᠪᠯᠡᠨ ᠪᠠᠶᠢᠭᠤᠯᠵᠦ᠂ ᠯᠢᠦ ᠹᠦ᠋ ᠰᠠᠭᠤᠭᠠᠯᠢ ᠠᠷᠠᠳ ᠤᠨ

ᠲᠤᠭᠤᠷᠢᠭ ᠤᠨ ᠪᠠᠷᠠᠭᠤᠨ ᠵᠠᠮ ᠪᠤᠯᠤᠨ ᠬᠠᠨ ᠱᠠᠨ ᠵᠡᠬᠡᠯᠢ ᠶᠢᠨ ᠵᠡᠬᠦᠨ ᠬᠡᠰᠡᠭ ᠠᠴᠠ ᠤᠯᠤᠰ ᠤᠨ ᠭᠠᠵᠠᠷ ᠰᠢᠷᠤᠢ

ᠡᠬᠢ ᠪᠠᠶᠠᠯᠢᠭ ᠤᠨ ᠲᠤᠪᠴᠢᠶᠠᠨ ᠤ ᠵᠡᠬᠦᠨ ᠵᠠᠮ ᠤᠨ ᠠᠭᠤᠯᠵᠠᠷ ᠬᠦᠷᠳᠡᠯ᠎ᠡ ᠨᠡᠪᠳᠡᠷᠡᠭᠦᠯᠵᠦ᠂ ᠭᠤᠤᠯ ᠬᠤᠳᠠ ᠶᠢᠨ

ᠲᠤᠭᠤᠷᠢᠭ ᠪᠤᠯᠤᠨ ᠭᠤᠤᠯ ᠤᠨ ᠬᠤᠶᠢᠨᠠᠬᠢ ᠰᠢᠨ᠎ᠡ ᠲᠤᠭᠤᠷᠢᠭ ᠤᠨ ᠲᠤᠮᠤ ᠬᠦᠬᠦᠷᠬᠡ ᠶᠢ ᠰᠠᠯᠪᠢᠨ ᠵᠠᠰᠠᠵᠤ

ᠬᠤᠯᠪᠤᠨ᠂ ᠬᠤᠳᠠ ᠶᠢᠨ ᠲᠤᠭᠤᠷᠢᠭ ᠤᠨ ᠵᠠᠮ ᠬᠠᠷᠢᠯᠴᠠᠭᠠᠨ ᠤ ᠳᠠᠷᠤᠯᠳᠠ ᠶᠢ ᠪᠠᠭᠠᠰᠬᠠᠨ᠎ᠠ᠃ ᠭᠤᠤᠯ ᠤᠨ

ᠬᠤᠶᠢᠨᠠᠬᠢ ᠲᠤᠭᠤᠷᠢᠭ ᠤᠨ ᠤᠰᠣ ᠬᠠᠩᠭᠠᠬᠤ ᠦᠢᠯᠡᠳᠪᠤᠷᠢ ᠶᠢ ᠡᠬᠢᠯᠡᠨ ᠠᠵᠢᠯᠯᠠᠭᠤᠯᠵᠤ᠂ ᠭᠤᠤᠯ ᠬᠤᠳᠠ ᠶᠢᠨ

ᠲᠤᠭᠤᠷᠢᠭ ᠲᠠᠢ ᠲᠤᠤᠷᠵᠢᠭᠤᠯᠤᠨ ᠣᠰᠣ ᠬᠠᠩᠭᠠᠬᠤ ᠶᠢ ᠪᠡᠶᠡᠯᠡᠬᠦᠯᠤᠨ᠎ᠠ︔ ᠪᠢᠨ ᠡᠾᠧ ᠵᠠᠮ ᠤᠨ ᠡᠮᠤᠨᠡᠬᠢ  ᠢᠯᠴᠢ

ᠬᠠᠩᠭᠠᠬᠤ ᠴᠡᠭ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠰᠠᠶᠢᠳᠣᠷ ᠠᠳᠬᠤᠨ᠂ ᠢᠯᠴᠢ ᠬᠠᠩᠭᠠᠬᠤ

ᠪᠠᠳᠣᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠬᠦᠯᠤᠨ᠎ᠠ︔ ᠮᠸᠢ ᠵᠢᠩ ᠤᠷᠴᠢᠨ ᠲᠤᠭᠤᠷᠢᠨ ᠢ ᠬᠠᠮᠠᠭᠠᠯᠠᠬᠤ ᠬᠤᠳᠠ

ᠪᠠᠯᠭᠠᠰᠣᠨ ᠤ ᠠᠮᠢᠳᠣᠷᠠᠯ ᠤᠨ ᠬᠤᠭ ᠨᠤᠪᠰᠢ ᠶᠢ ᠡᠬᠢ ᠪᠠᠶᠠᠯᠢᠭ ᠪᠤᠯᠭᠠᠨ ᠰᠢᠢᠳᠪᠤᠷᠢᠯᠡᠬᠦ ᠲᠦᠷᠦᠯ ᠵᠦᠢᠯ ᠢ

ᠰᠠᠶᠢᠳᠣᠷ ᠬᠡᠷᠡᠭᠵᠢᠬᠦᠯᠤᠨ᠂ ᠭᠤᠤᠯ ᠬᠤᠳᠠ ᠶᠢᠨ ᠲᠤᠭᠤᠷᠢᠭ ᠤᠨ ᠠᠮᠢᠳᠣᠷᠠᠯ ᠤᠨ ᠬᠤᠭ ᠨᠤᠪᠰᠢ   ᠶᠢ ᠬᠤᠤᠷᠳᠠᠯ

ᠦᠬᠡᠢ  ᠰᠢᠢᠳᠪᠤᠷᠢᠯᠡᠬᠦ ᠶᠢ ᠪᠡᠶᠡᠯᠡᠬᠦᠯᠤᠨ᠎ᠠ᠃ ᠦᠪᠡᠷᠳᠡᠭᠡᠨ ᠵᠠᠰᠠᠬᠤ ᠤᠷᠤᠨ ᠤ ᠴᠡᠴᠡᠷᠯᠢᠭᠳᠦ ᠬᠤᠳᠠ ᠵᠢᠨ‌ᠦᠷ᠎ᠡ

ᠪᠦᠳᠦᠬᠡᠯ ᠢ ᠪᠠᠳᠣᠳᠬᠠᠨ᠂ ᠠᠮᠢ ᠠᠬᠤᠢ ᠳᠠᠭᠠᠯᠠᠮᠵᠢᠳᠡᠢ ᠰᠠᠭᠤᠷᠢᠰᠢᠯ ᠤᠨ ᠬᠤᠳᠠ ᠶᠢᠨ ᠪᠦᠳᠦᠬᠡᠨ ᠪᠠᠶᠢᠭᠤᠯᠤᠯᠳᠠ

 ᠶᠢ ᠰᠠᠶᠢᠳᠣᠷ ᠠᠳᠬᠤᠨ᠂ ᠣᠯᠣᠰ ᠤᠨ ᠳᠡᠰ ᠤᠨ ᠴᠡᠴᠡᠷᠯᠢᠭᠳᠦ ᠬᠤᠳᠠ ᠶᠢ ᠪᠦᠳᠦᠬᠡᠨ ᠪᠠᠶᠢᠭᠤᠯᠬᠤ ᠠᠵᠢᠯ ᠢ

ᠡᠬᠢᠯᠡᠬᠦᠯᠤᠨ᠂ ᠫᠤᠤ ᠲᠠᠢ ᠱᠠᠨ ᠴᠡᠴᠡᠷᠯᠢᠭ ᠤᠨ ᠰᠠᠭᠤᠷᠢ ᠲᠤᠨᠤᠭ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ

 ᠶᠢ ᠳᠡᠬᠦᠯᠳᠡᠷᠵᠢᠬᠦᠯᠤᠨ᠂ ᠲᠦᠮᠡᠨ ᠮᠤ᠋ ᠶᠢᠨ ᠠᠮᠢ ᠠᠬᠤᠢ ᠤᠢ ᠰᠢᠭᠤᠢ ᠶᠢᠨ ᠴᠡᠴᠡᠷᠯᠢᠭ ᠢ ᠪᠦᠳᠦᠬᠡᠨ ᠪᠠᠶᠢᠭᠤᠯᠵᠤ᠂

ᠭᠤᠤᠯ ᠬᠤᠳᠠ ᠶᠢᠨ ᠲᠤᠭᠤᠷᠢᠭ ᠤᠨ ︽ᠠᠷᠤ ᠶᠢᠨ ᠴᠡᠴᠡᠷᠯᠢᠭ︾ ᠪᠤᠯᠭᠠᠨ ᠪᠦᠳᠦᠬᠡᠨ ᠪᠠᠶᠢᠭᠤᠯᠤᠨ᠎ᠠ᠃

ᠤᠨᠴᠠᠯᠢᠭᠳᠣ ᠵᠢᠵᠢᠭ ᠪᠠᠯᠭᠠᠰᠣ ᠶᠢᠨ ᠲᠠᠯ᠎ᠠ ᠪᠠᠷ᠂ ᠭᠤᠤᠯᠳᠠᠭᠤ ᠠᠷᠤ ᠬᠦᠨᠳᠡᠯᠡᠨ ᠪᠠᠯᠭᠠᠰᠣ᠂ ᠬᠤᠩᠬᠠᠳᠣ ᠠᠭᠤᠯᠠ

ᠪᠠᠯᠭᠠᠰᠣ᠂ ᠪᠠᠶᠠᠷᠳᠣᠬᠤᠰᠢᠭᠤ ᠪᠠᠯᠭᠠᠰᠣ᠂ ᠬᠡᠷᠴᠢᠯᠠᠭᠤ ᠰᠣᠮᠣ᠂ ᠵᠢᠷᠦᠬᠡ ᠪᠠᠯᠭᠠᠰᠣ ᠵᠡᠷᠬᠡ 5 ᠤᠨᠴᠠᠯᠢᠭᠳᠣ ᠵᠢᠵᠢᠭ

ᠪᠠᠯᠭᠠᠰᠣ ᠶᠢ ᠪᠦᠳᠦᠬᠡᠨ ᠪᠠᠶᠢᠭᠤᠯᠵᠤ᠂ ᠰᠣᠮᠣ ᠪᠠᠯᠭᠠᠰᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠭ᠎ᠠ

ᠪᠠᠯᠭᠠᠰᠣᠨ ᠤ ᠴᠢᠳᠠᠪᠬᠢ ᠶᠢ ᠳᠡᠬᠦᠯᠳᠡᠷᠵᠢᠬᠦᠯᠤᠨ᠂ ᠤᠨᠴᠠᠯᠢᠭᠳᠣ ᠠᠵᠤ ᠦᠢᠯᠡᠰ ᠢᠶᠠᠷ ᠪᠠᠯᠭᠠᠰᠣ ᠪᠠᠨ ᠪᠠᠶᠢᠭᠤᠯᠤᠨ᠂

ᠠᠵᠤ ᠦᠢᠯᠡᠰ ᠬᠤᠳᠠ ᠪᠠᠯᠭᠠᠰᠣ ᠵᠤᠬᠢᠴᠠᠭᠰᠠᠨ ᠬᠦᠭᠵᠢᠯᠳᠠ ᠶᠢ ᠠᠬᠢᠭᠤᠯᠤᠨ᠎ᠠ᠃ ᠦᠵᠡᠰᠬᠦᠯᠡᠩᠳᠣ ᠰᠠᠶᠢᠬᠠᠨ

ᠬᠦᠳᠡᠭᠡ ᠲᠤᠰᠬᠤᠨ ᠤ ᠲᠠᠯ᠎ᠠ ᠪᠠᠷ᠂ ᠬᠠᠮᠢᠶᠠᠷᠤᠯᠳᠠ ᠬᠠᠷᠢᠭᠤᠴᠠᠯᠭ᠎ᠠ ᠶᠢᠨ ᠭᠤᠤᠯ ᠴᠤᠭᠴᠠ ᠪᠤᠯᠤᠨ ᠬᠠᠮᠢᠶᠠᠷᠤᠯᠳᠠ

ᠬᠠᠮᠠᠭᠠᠯᠠᠯᠳᠠ ᠶᠢᠨ ᠠᠵᠢᠯᠯᠠᠬᠤ ᠬᠡᠯᠪᠡᠷᠢ ᠶᠢ ᠵᠤᠬᠢᠰᠳᠡᠢ ᠲᠤᠭᠳᠠᠭᠠᠨ᠂ ᠬᠠᠮᠢᠶᠠᠷᠤᠯᠳᠠ ᠬᠠᠮᠠᠭᠠᠯᠠᠯᠳᠠ ᠶᠢᠨ ᠤᠷᠳᠣ

ᠬᠤᠭᠤᠴᠠᠭᠠᠨ ᠤ ᠪᠦᠳᠦᠮᠵᠢᠳᠡᠢ ᠵᠤᠬᠢᠴᠠᠮᠵᠢ ᠶᠢ ᠪᠠᠶᠢᠭᠤᠯᠤᠨ ᠳᠡᠬᠦᠯᠳᠡᠷᠵᠢᠬᠦᠯᠵᠤ᠂ ᠤᠶᠢᠷ᠎ᠠ ᠶᠢᠨ ᠬᠤᠶᠠᠷ ᠵᠢᠯ ᠤᠨ

ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠤᠨᠤᠭ ᠲᠦᠬᠦᠬᠡᠷᠤᠮᠵᠢ ᠶᠢᠨ ᠪᠦᠳᠦᠬᠡᠨ ᠪᠠᠶᠢᠭᠤᠯᠤᠯᠳᠠ ᠶᠢᠨ ᠦᠷ᠎ᠡ

ᠪᠦᠳᠦᠬᠡᠯ ᠢ ᠬᠠᠮᠠᠭᠠᠯᠠᠬᠤ ᠪᠠᠨ ᠴᠢᠩᠭᠠᠳᠬᠠᠨ᠂ ᠲᠤᠰᠬᠤᠨ ᠤ ᠤᠷᠤᠰᠢᠨ ᠰᠠᠭᠤᠬᠤ ᠤᠷᠴᠢᠨ ᠲᠤᠭᠤᠷᠢᠨ ᠢ

ᠰᠠᠶᠢᠵᠢᠷᠠᠭᠤᠯᠬᠤ ᠪᠤᠯᠤᠨ ᠠᠵᠤ ᠦᠢᠯᠡᠰ ᠤᠨ ᠬᠦᠭᠵᠢᠯᠳᠠ ᠶᠢ ᠠᠬᠢᠭᠤᠯᠵᠤ᠂ ᠰᠢᠯᠢᠳᠡᠭ ᠰᠠᠶᠢᠨ ᠬᠡᠪ ᠰᠣᠷᠳᠠᠯ ᠢ

ᠬᠦᠮᠤᠵᠢᠬᠦᠯᠬᠦ ᠵᠡᠷᠬᠡ ᠶᠢ ᠨᠢᠬᠡᠳᠣᠯᠳᠡᠢ ᠲᠦᠯᠦᠪᠯᠡᠨ ᠤᠶᠠᠯᠳᠣᠭᠤᠯᠵᠤ᠂ ︽ᠦᠵᠡᠰᠬᠦᠯᠡᠩᠳᠣ ᠰᠠᠶᠢᠬᠠᠨ ᠬᠡᠷ ᠬᠦᠷᠢᠶ᠎ᠡ

︾ ᠵᠡᠷᠬᠡ ᠪᠤᠯᠪᠠᠰᠣᠨ ᠬᠡᠷ ᠪᠦᠯᠢ ᠶᠢ ᠡᠬᠦᠳᠦᠨ ᠪᠠᠶᠢᠭᠤᠯᠬᠤ ᠬᠦᠳᠡᠯᠬᠡᠬᠡᠨ ᠢ ᠦᠷᠬᠡᠨ ᠢᠶᠠᠷ ᠦᠷᠨᠢᠬᠦᠯᠤᠨ᠂

ᠦᠵᠡᠰᠬᠦᠯᠡᠩᠳᠣ ᠰᠠᠶᠢᠬᠠᠨ ᠬᠦᠳᠡᠭᠡ ᠲᠤᠰᠬᠤᠨ ᠤ ᠪᠦᠳᠦᠬᠡᠨ ᠪᠠᠶᠢᠭᠤᠯᠤᠯᠳᠠ ᠶᠢ ᠲᠦᠷᠬᠡᠳᠭᠡᠨ᠎ᠡ᠃

    ᠬᠤᠳᠠ ᠬᠦᠳᠡᠭᠡ ᠶᠢᠨ ᠬᠠᠮᠢᠶᠠᠷᠤᠯᠳᠠ ᠶᠢ ᠴᠢᠩᠭ᠎ᠠ ᠲᠦᠷᠢᠮᠵᠢᠬᠦᠯᠤᠨ᠎ᠡ᠃ ︽ᠬᠤᠳᠠ ᠬᠦᠳᠡᠭᠡ ᠶᠢᠨ

ᠬᠠᠮᠢᠶᠠᠷᠤᠯᠳᠠ ᠶᠢᠨ ᠳᠡᠰ ᠳᠠᠪᠰᠢᠬᠤ ᠤᠨ︾ ᠤ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠬᠦᠯᠵᠤ᠂ ᠬᠤᠳᠠ

ᠪᠠᠯᠭᠠᠰᠣᠨ ᠤ ᠨᠠᠷᠢᠯᠢᠭᠵᠢᠯᠳᠠ᠂ ᠲᠤᠭᠠᠴᠢᠯᠠᠯᠳᠠ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ

ᠳᠡᠭᠡᠭᠰᠢᠯᠡᠬᠦᠯᠤᠨ᠎ᠠ᠃ ᠤᠶᠤᠨᠯᠢᠭ ᠬᠤᠳᠠ ᠶᠢ ᠪᠦᠳᠦᠬᠡᠨ ᠪᠠᠶᠢᠭᠤᠯᠬᠤ ᠠᠵᠢᠯ ᠢ ᠡᠬᠢᠯᠡᠬᠦᠯᠤᠨ᠂ ᠤᠶᠤᠨᠯᠢᠭ ᠬᠤᠳᠠ

 ᠶᠢᠨ ᠪᠦᠳᠦᠬᠡᠨ ᠪᠠᠶᠢᠭᠤᠯᠤᠯᠳᠠ ᠶᠢᠨ ᠵᠢᠯᠦᠭᠤᠳᠬᠤ ᠲᠦᠪ ᠢ ᠪᠠᠶᠢᠭᠤᠯᠤᠨ᠂ ᠦᠨᠳᠣᠰᠣᠨ ᠬᠡᠷᠡᠭᠯᠡᠬᠡᠨ ᠤ ᠳᠠᠪᠴᠠᠩ᠂

ᠨᠡᠬᠦᠳᠡᠯ ᠬᠤᠯᠪᠤᠭᠠᠨ ᠤ ᠮᠡᠳᠡᠭᠡ ᠵᠠᠩᠬᠢ ᠴᠤᠭᠯᠠᠭᠤᠯᠬᠤ ᠠᠯᠪᠠᠨ ᠤ ᠳᠠᠪᠴᠠᠩ ᠤᠨ ᠪᠦᠳᠦᠬᠡᠨ ᠪᠠᠶᠢᠭᠤᠯᠤᠯᠳᠠ ᠶᠢ

ᠪᠡᠶᠡᠯᠡᠬᠦᠯᠤᠨ᠂ ᠬᠤᠳᠠ ᠪᠠᠯᠭᠠᠰᠣᠨ ᠤ ᠬᠠᠮᠢᠶᠠᠷᠤᠯᠳᠠ ᠶᠢᠨ ᠶᠡᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠶᠢ

ᠴᠢᠩᠭᠠᠷᠠᠭᠤᠯᠤᠨ᠂ ᠳᠣᠣᠷᠵᠢᠯᠳᠠ ᠶᠢᠨ ᠬᠠᠮᠢᠶᠠᠷᠤᠯᠳᠠ ᠶᠢᠨ ᠬᠡᠯᠪᠡᠷᠢ ᠶᠢ ᠳᠡᠬᠦᠯᠳᠡᠷᠵᠢᠬᠦᠯᠤᠨ᠂ ᠱᠣᠣᠬᠢᠶ᠎ᠠ ᠳᠠᠭᠤᠨ

 ᠢᠶᠠᠷ ᠠᠷᠠᠳ ᠲᠦᠮᠡᠨ ᠢ ᠬᠠᠷᠰᠢᠯᠠᠬᠤ᠂ ᠵᠠᠮ ᠱᠣᠭᠤᠮ ᠢ ᠡᠵᠡᠯᠡᠨ ᠡᠵᠡᠩᠨᠡᠬᠦ᠂ ᠵᠡᠬᠡᠯᠢ ᠭᠤᠳᠣᠮᠵᠢ ᠪᠤᠵᠠᠷ ᠪᠤᠬᠢᠷ

ᠵᠡᠷᠬᠡ ᠡᠷᠤᠢ ᠬᠤᠷᠤᠢ ᠦᠬᠡᠢ ᠮᠠᠭᠤᠬᠠᠢ ᠠᠰᠠᠭᠤᠳᠠᠯ ᠢ ᠪᠦᠬᠦ ᠲᠠᠯ᠎ᠠ ᠪᠠᠷ ᠴᠡᠭᠴᠡᠯᠠᠬᠦ ᠪᠠᠨ ᠴᠢᠩᠭᠠᠳᠬᠠᠨ᠎ᠠ᠃

ᠤᠶᠤᠨᠯᠢᠭ ᠨᠡᠶᠢᠬᠡᠮ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢ ᠢᠳᠡᠪᠬᠢᠳᠡᠢ ᠬᠠᠶᠢᠨ ᠰᠦᠪᠡᠭᠴᠢᠯᠡᠵᠤ᠂ ᠠᠳᠠᠯ

ᠠᠬᠤᠢ ᠶᠢᠨ ᠬᠠᠮᠢᠶᠠᠷᠤᠯᠳᠠ ᠶᠢ ᠲᠦᠷᠢᠮᠵᠢᠬᠦᠯᠤᠨ᠂ ᠨᠡᠶᠢᠬᠡᠮ ᠲᠤᠭᠤᠷᠢᠭ ᠤᠨ ᠦᠢᠯᠡᠴᠢᠯᠡᠬᠦ ᠬᠡᠯᠪᠡᠷᠢ ᠶᠢᠨ ᠰᠢᠨ᠎ᠡ ᠶᠢ

ᠡᠬᠦᠳᠦᠨ᠎ᠡ᠃ ᠬᠤᠳᠠ ᠬᠦᠳᠡᠭᠡ ᠶᠢᠨ ᠤᠷᠴᠢᠨ ᠲᠤᠭᠤᠷᠢᠨ ᠤ ᠠᠷᠢᠭᠤᠨ ᠴᠡᠪᠡᠷ ᠢ ᠶᠡᠷᠤᠩᠬᠡᠶᠢᠯᠡᠨ ᠴᠡᠭᠴᠡᠯᠡᠨ

ᠵᠠᠰᠠᠬᠤ ᠠᠵᠢᠯᠯᠠᠭ᠎ᠠ ᠶᠢ ᠬᠦᠨᠵᠡᠬᠡᠢ ᠦᠷᠨᠢᠬᠦᠯᠤᠨ᠂ ᠬᠤᠳᠠ ᠬᠦᠳᠡᠭᠡ ᠶᠢᠨ ᠤᠷᠤᠰᠢᠨ ᠰᠠᠭᠤᠬᠤ ᠤᠷᠴᠢᠨ

ᠲᠤᠭᠤᠷᠢᠨ ᠢ ᠳᠠᠰᠣᠷᠠᠯᠳᠠ ᠦᠬᠡᠢ ᠰᠠᠶᠢᠵᠢᠷᠠᠭᠤᠯᠤᠨ᠎ᠠ᠃ ᠬᠡᠷ ᠭᠠᠵᠠᠷ ᠬᠦᠷᠦᠩᠬᠡ ᠶᠢᠨ ᠠᠵᠤ ᠠᠬᠤᠶᠢᠯᠠᠯ ᠤᠨ

ᠭᠤᠷᠪᠠᠳᠣᠭᠠᠷ ᠡᠳᠡᠭᠡᠳ ᠡᠳ᠋ ᠬᠦᠷᠦᠩᠬᠡ ᠶᠢ ᠨᠢ ᠦᠨᠡᠯᠡᠬᠦ ᠵᠦᠪᠰᠢᠶᠡᠷᠡᠨ ᠤᠷᠤᠭᠤᠯᠬᠤ ᠲᠦᠷᠢᠮ ᠢ ᠬᠡᠷᠡᠭᠵᠢᠬᠦᠯᠵᠤ᠂

ᠪᠠᠷᠢᠯᠭ᠎ᠠ ᠶᠢᠨ ᠵᠠᠬ᠎ᠠ ᠳᠡᠯᠬᠡᠬᠦᠷ ᠤᠨ ᠵᠦᠪᠰᠢᠶᠡᠷᠡᠨ ᠤᠷᠤᠭᠤᠯᠬᠤ ︽ᠡᠬᠦᠳᠠ ᠬᠠᠳᠠᠪᠴᠢ︾ ᠶᠢ ᠳᠡᠭᠡᠭᠰᠢᠯᠡᠬᠦᠯᠤᠨ᠂

ᠬᠡᠷ ᠬᠦᠷᠦᠩᠬᠡ ᠶᠢᠨ ᠠᠵᠤ ᠠᠬᠤᠶᠢᠯᠠᠯ ᠤᠨ ᠵᠠᠬ᠎ᠠ ᠳᠡᠯᠬᠡᠬᠦᠷ ᠤᠨ ᠡᠷᠡᠬᠦᠯ ᠬᠦᠭᠵᠢᠯᠳᠠ ᠶᠢ ᠪᠠᠳᠣᠯᠠᠨ᠎ᠠ᠃

    ︵ᠲᠤᠯᠤᠭ᠎ᠠ︶ ᠦᠬᠡᠷᠡᠴᠢᠯᠠᠯᠳᠠ ᠨᠡᠬᠡᠬᠡᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠤᠨ᠂ ᠠᠵᠤ ᠠᠬᠤᠢ ᠶᠢᠨ

ᠬᠦᠭᠵᠢᠯᠳᠠ ᠳᠤ ᠰᠢᠨ᠎ᠡ ᠬᠦᠳᠡᠯᠬᠡᠬᠦ ᠬᠦᠴᠦᠨ ᠤᠷᠤᠭᠤᠯᠤᠨ᠎ᠠ

ᠦᠬᠡᠷᠡᠴᠢᠯᠠᠯᠳᠠ ᠠᠴᠠ ᠬᠦᠴᠦᠨ ᠭᠠᠷᠴᠣ᠂ ᠨᠡᠬᠡᠬᠡᠯᠳᠠ ᠠᠴᠠ ᠠᠮᠢᠵᠢᠷᠠᠯ ᠤᠨ ᠬᠦᠴᠦᠨ  ᠪᠢᠯᠬᠠᠵᠦ᠂ ᠰᠢᠨ᠎ᠡ ᠶᠢ

ᠡᠬᠦᠳᠬᠦ ᠠᠴᠠ ᠦᠷ᠎ᠡ ᠠᠰᠢᠭ ᠤᠯᠤᠨ᠎ᠠ᠂ ᠶᠡᠬᠡᠪᠡᠷ ᠦᠬᠡᠷᠡᠴᠢᠯᠠᠯᠳᠠ ᠬᠢᠵᠤ᠂ ᠶᠡᠬᠡᠪᠡᠷ ᠨᠡᠬᠡᠬᠡᠯᠳᠠ ᠬᠢᠵᠤ᠂ ᠶᠡᠬᠡᠪᠡᠷ

ᠰᠢᠨ᠎ᠡ ᠶᠢ ᠡᠬᠦᠳᠬᠦ ᠪᠠᠷ ᠠᠵᠤ ᠠᠬᠤᠢ ᠶᠢᠨ ᠦᠰᠦᠷᠦᠩᠬᠦᠢ ᠲᠦᠷᠬᠡᠨ ᠬᠦᠭᠵᠢᠯᠳᠠ ᠶᠢ ᠠᠬᠢᠭᠤᠯᠤᠨ᠎ᠠ᠃

      ᠭᠤᠤᠯᠳᠠᠯᠭ᠎ᠠ ᠲᠠᠢ ᠦᠬᠡᠷᠡᠴᠢᠯᠠᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠵᠠᠰᠠᠭ

ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠠᠯᠳᠠ ᠶᠢ ᠬᠦᠨᠵᠡᠬᠡᠶᠢᠷᠡᠬᠦᠯᠤᠨ᠂ ᠵᠠᠰᠠᠭ ᠵᠠᠬᠢᠷᠭᠠᠨ ᠤ

ᠬᠢᠨᠠᠨ ᠵᠦᠪᠰᠢᠶᠡᠷᠡᠬᠦ ᠵᠠᠭᠤᠴᠢ ᠶᠢᠨ ᠦᠢᠯᠡᠴᠢᠯᠡᠭᠡ ᠶᠢᠨ ᠲᠦᠷᠦᠯ ᠪᠦᠬᠦᠨ ᠢ ᠨᠡᠶᠢᠬᠡᠮ ᠳᠤ ᠨᠡᠶᠢᠳᠡᠯᠡᠨ᠂ ᠤᠯᠠᠨ

ᠨᠠᠶᠢᠳᠠ ᠶᠢᠨ ᠡᠬᠢ ᠪᠠᠶᠠᠯᠢᠭ ᠢ ᠰᠦᠯᠵᠢᠶᠡᠨ ᠳᠡᠭᠡᠷ᠎ᠡ ᠠᠷᠠᠯᠵᠢᠶ᠋ᠯᠠᠬᠤ ᠳᠠᠪᠴᠠᠩ ᠤᠨ ᠪᠠᠶᠢᠭᠤᠯᠤᠯᠳᠠ ᠶᠢ ᠶᠡᠭᠡ

ᠬᠦᠴᠦᠨ ᠢᠶᠠᠷ ᠲᠦᠯᠬᠢᠨ ᠠᠬᠢᠭᠤᠯᠵᠤ᠂ ᠲᠦᠷᠦᠯ ᠵᠦᠢᠯ ᠤᠨ ᠲᠠᠭᠠᠭᠠᠯᠳᠠ ᠵᠠᠷᠯᠢᠬᠤ ᠪᠠ ᠲᠠᠭᠠᠭᠠᠯᠳᠠ ᠬᠦᠯᠢᠶᠡᠬᠦ ᠶᠢ

ᠪᠦᠬᠦᠨ ᠢ ᠰᠦᠯᠵᠢᠶᠡᠨ ᠳᠡᠭᠡᠷ᠎ᠡ ᠠᠷᠠᠯᠵᠢᠶᠠᠯᠠᠬᠤ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠳᠠᠭᠠᠭᠠᠯᠳᠠ ᠵᠠᠷᠯᠢᠬᠤ ᠪᠠ

ᠳᠠᠭᠠᠭᠠᠯᠳᠠ ᠬᠦᠯᠢᠶᠡᠬᠦ ᠠᠵᠢᠯ ᠤᠨ ᠶᠠᠪᠤᠴᠠ ᠪᠤᠯᠤᠨ ᠬᠠᠮᠢᠶᠠᠷᠤᠯᠳᠠ ᠶᠢᠨ ᠠᠷᠭ᠎ᠠ ᠪᠠᠷᠢᠯ ᠢᠶᠠᠨ ᠳᠡᠬᠦᠯᠳᠡᠷᠵᠢᠬᠦᠯᠤᠨ᠂

ᠭᠤᠤᠯᠳᠠᠯᠭ᠎ᠠ ᠲᠠᠢ ᠲᠦᠷᠦᠯ ᠵᠦᠢᠯ ᠢ ᠬᠠᠮᠳᠣᠷᠠᠨ ᠬᠢᠨᠠᠨ ᠵᠦᠪᠰᠢᠶᠡᠷᠬᠦ ᠲᠦᠷᠢᠮ ᠢ ᠬᠡᠷᠡᠭᠵᠢᠬᠦᠯᠤᠨ᠎ᠠ᠃ ᠮᠠᠯᠵᠢᠬᠤ

ᠲᠠᠷᠢᠶᠠᠯᠠᠬᠤ ᠤᠷᠤᠨ ᠤ ᠦᠮᠴᠢᠯᠡᠬᠦ ᠡᠷᠬᠡ ᠪᠠᠷ ᠢᠶᠠᠨ ᠪᠠᠷᠢᠴᠠᠭᠠᠳᠤ ᠵᠢᠭᠡᠯᠡᠯᠭᠡ ᠵᠢᠬᠡᠯᠡᠬᠦ ᠦᠬᠡᠷᠡᠴᠢᠯᠠᠯᠳᠠ ᠶᠢ

ᠬᠦᠨᠵᠡᠬᠡᠶᠢᠷᠡᠬᠦᠯᠤᠨ᠂ ᠨᠤᠳᠤᠭ ᠪᠡᠯᠴᠢᠬᠡᠷ ᠤᠨ ᠡᠷᠬᠡ ᠶᠢ ᠳᠣᠳᠣᠯᠠᠬᠤ ᠠᠵᠢᠯ ᠢ ᠳᠡᠬᠦᠯᠳᠡᠷᠵᠢᠬᠦᠯᠤᠨ᠂ ᠭᠠᠵᠠᠷ

ᠰᠢᠷᠤᠢ ᠶᠢᠨ ᠡᠷᠬᠡ ᠶᠢ ᠳᠣᠳᠣᠯᠠᠵᠤ ᠳᠠᠩᠰᠠᠯᠠᠬᠤ ᠦᠨᠡᠮᠯᠡᠯ ᠳᠠᠷᠬᠠᠭᠠᠬᠤ ᠠᠵᠢᠯ ᠢ ᠬᠦᠴᠦᠯᠡᠨ ᠠᠬᠢᠭᠤᠯᠵᠤ᠂

ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠤᠢ ᠶᠢᠨ ᠥᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ

ᠡᠷᠬᠡ ︽ᠭᠤᠷᠪᠠᠨ ᠡᠷᠬᠡ︾ ᠶᠢ ᠬᠤᠪᠢᠶᠠᠷᠢᠯᠡᠨ ᠦᠬᠡᠷᠡᠴᠢᠯᠡᠬᠦ ᠠᠵᠢᠯ ᠢ ᠨᠠᠶᠢᠳᠠᠪᠤᠷᠢᠵᠢᠭᠤᠯᠤᠨ᠎ᠠ᠃ ᠬᠠᠩᠭᠠᠨ

ᠪᠤᠷᠤᠯᠠᠭᠤᠯᠬᠤ ᠬᠤᠷᠰᠢᠶ᠎ᠠ ᠶᠢᠨ ᠶᠡᠷᠤᠩᠬᠡᠶᠢᠯᠡᠭᠰᠡᠨ ᠦᠬᠡᠷᠡᠴᠢᠯᠠᠯᠳᠠ᠂ ᠤᠯᠤᠰ ᠤᠨ ᠦᠮᠴᠢᠯᠡᠯᠳᠣ ᠤᠢ ᠰᠢᠭᠤᠢ ᠶᠢᠨ

ᠲᠠᠯᠠᠪᠠᠢ ᠶᠢᠨ ᠦᠬᠡᠷᠡᠴᠢᠯᠠᠯᠳᠠ ᠶᠢ ᠲᠤᠭᠳᠠᠭᠤᠨ ᠠᠬᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠠ ᠶᠢᠨ

ᠠᠮᠢᠵᠢᠷᠠᠯ ᠤᠨ ᠬᠦᠴᠦᠨ ᠢ ᠳᠠᠰᠣᠷᠠᠯᠳᠠ ᠦᠬᠡᠢ ᠤᠷᠮᠠᠰᠢᠭᠤᠯᠤᠨ᠎ᠠ᠃ ᠠᠯᠪᠡᠨ ᠠᠴᠠ ᠪᠠᠶᠢᠭᠤᠯᠤᠭᠰᠡᠨ ᠡᠮᠨᠡᠯᠬᠡ ᠶᠢᠨ

ᠬᠤᠷ‍‌ᠵᠶ᠎ᠡ ᠶᠢᠨ ᠶᠡᠷᠤᠩᠬᠡᠶᠢᠯᠡᠭᠰᠡᠨ ᠦᠬᠡᠷᠡᠴᠢᠯᠠᠯᠳᠠ ᠶᠢ ᠨᠢᠬᠡᠳᠣᠯᠳᠡᠢ ᠲᠦᠯᠦᠪᠯᠡᠨ ᠲᠦᠯᠬᠢᠨ ᠠᠬᠢᠭᠤᠯᠵᠤ᠂ ᠬᠤᠰᠢᠭᠤ

ᠪᠠᠯᠭᠠᠰᠤ ᠲᠤᠰᠬᠤᠨ ᠭᠤᠷᠪᠠᠨ ᠱᠠᠳᠣᠨ ᠤ ᠡᠮᠴᠢᠯᠡᠬᠡᠨ ᠤ ᠦᠢᠯᠡᠴᠢᠯᠡᠭᠡ ᠶᠢᠨ ᠳᠣᠣᠷ ᠰᠦᠯᠵᠢᠶ᠎ᠡ ᠶᠢ ᠦᠷᠬᠦᠯᠵᠢᠯᠡᠨ

ᠳᠡᠬᠦᠯᠳᠡᠷᠵᠢᠬᠦᠯᠤᠨ᠎ᠠ᠃ ᠡᠯ᠎ᠡ ᠬᠦᠷᠢᠶ᠎ᠡ ᠴᠡᠷ᠎ᠠ ᠡᠯ᠎ᠡ ᠭᠤᠭᠴᠤᠭᠠᠨ ᠤ ᠦᠬᠡᠷᠡᠴᠢᠯᠠᠯᠳᠠ ᠶᠢ ᠳᠠᠰᠣᠷᠠᠯᠳᠠ ᠦᠬᠡᠢ

ᠬᠦᠨᠵᠡᠬᠡᠶᠢᠷᠡᠬᠦᠯᠤᠨ᠂ ᠦᠷᠬᠡᠨ ᠤᠯᠠᠨ ᠲᠦᠮᠡᠨ ᠤ ᠦᠬᠡᠷᠡᠴᠢᠯᠠᠯᠳᠠ ᠨᠡᠬᠡᠬᠡᠯᠳᠠ ᠶᠢ ᠬᠦᠨᠵᠡᠬᠡᠶᠢᠷᠡᠬᠦᠯᠬᠦ  ᠴᠢᠩᠭ᠎ᠠ

ᠬᠦᠰᠡᠯ ᠱᠠᠭᠠᠷᠳᠠᠯᠭ᠎ᠠ ᠪᠠ ᠡᠷᠡᠮᠡᠯᠵᠡᠯ ᠳᠤ ᠢᠳᠡᠪᠬᠢᠳᠡᠢ ᠪᠠᠷ ᠬᠠᠷᠢᠭᠤ ᠦᠭᠬᠦᠨ᠎ᠡ᠃

     ᠦᠬᠡᠷᠡᠴᠢᠯᠠᠯᠳᠠ ᠪᠠᠨ ᠦᠷᠬᠡᠳᠬᠡᠬᠦ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃  ︽ᠨᠢᠬᠡ ᠪᠦᠰᠠ

ᠨᠢᠬᠡ ᠵᠠᠮ︾ ᠵᠢᠴᠢ ︽ᠳᠣᠮᠳᠠᠳᠣ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ︾ ᠤᠨ ᠪᠠᠶᠢᠯᠳᠣᠬᠤ

ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠤᠮᠠᠷᠠᠰᠢ ᠨᠡᠬᠡᠬᠡᠯᠳᠠ ᠬᠢᠬᠦ

ᠬᠦᠴᠦᠯᠡᠴᠠ ᠪᠠᠨ ᠶᠡᠬᠡᠰᠬᠡᠵᠤ᠂ ᠤᠯᠤᠰ ᠠᠴᠠ ᠮᠤᠩᠭᠤᠯ ᠤᠯᠤᠰ ᠤᠨ ᠴᠤᠶᠢᠪᠠᠯᠰᠠᠩ ᠬᠤᠳᠠ ᠠᠴᠠ ᠵᠡᠬᠦᠨ

ᠬᠠᠳᠠᠪᠴᠢ ᠪᠤᠭᠤᠮᠳᠠ ᠬᠦᠷᠳᠡᠯ᠎ᠡ ᠳᠡᠮᠤᠷ ᠵᠠᠮ ᠲᠦᠯᠦᠪᠵᠢᠬᠦᠯᠤᠨ ᠪᠠᠶᠢᠭᠤᠯᠬᠤ ᠠᠰᠢᠭᠳᠡᠢ ᠲᠤᠬᠢᠶᠠᠯ ᠢ ᠬᠦᠢᠴᠡᠳ

ᠠᠰᠢᠭᠯᠠᠨ᠂ ᠬᠢᠯᠢ ᠶᠢᠨ ᠪᠤᠭᠤᠮᠳᠠ ᠶᠢᠨ ᠪᠠᠷᠠᠭᠠᠨ ᠤ ᠬᠦᠢᠯᠬᠡᠬᠡᠨ ᠤ ᠲᠤᠭᠤᠷᠢᠭ ᠤᠨ ᠪᠦᠳᠦᠬᠡᠨ ᠪᠠᠶᠢᠭᠤᠯᠤᠯᠳᠠ ᠶᠢᠨ

ᠲᠦᠷᠦᠯ ᠵᠦᠢᠯ ᠢ ᠢᠳᠡᠪᠬᠢᠳᠡᠢ ᠲᠦᠯᠬᠢᠨ ᠠᠬᠢᠭᠤᠯᠵᠤ᠂ ᠮᠤᠩᠭᠤᠯ ᠤᠯᠤᠰ ᠤᠨ ︽ᠪᠤᠭᠤᠮᠳᠠ ᠶᠢᠨ ᠭᠠᠶᠢᠯᠢ ᠦᠬᠡᠢ

︾ ᠲᠦᠷᠦ ᠶᠢᠨ ᠪᠤᠳᠤᠯᠭ᠎ᠠ ᠶᠢ ᠰᠠᠶᠢᠳᠣᠷ ᠠᠰᠢᠭᠯᠠᠨ᠂ ᠮᠤᠩᠭᠤᠯ ᠤᠯᠤᠰ ᠲᠠᠢ ᠠᠷᠠᠯᠵᠢᠶ᠎ᠠ ᠬᠤᠳᠠᠯᠳᠣᠭᠠᠨ ᠤ

ᠬᠦᠢᠯᠬᠡᠬᠡ᠂ ᠬᠦᠮᠤᠨ ᠰᠣᠶᠣᠯ ᠤᠨ ᠰᠣᠯᠢᠯᠴᠠᠭ᠎ᠠ ᠪᠤᠯᠤᠨ ᠬᠢᠯᠢ ᠬᠢᠵᠠᠭᠠᠷ ᠤᠨ ᠵᠢᠭᠤᠯᠴᠢᠯᠠᠯ ᠢ ᠠᠬᠢᠭᠤᠯᠤᠨ᠂  

ᠳᠠᠪᠠᠭᠤᠯᠢᠭ ᠤᠨᠴᠠᠯᠢᠭᠳᠣ ᠪᠦᠳᠦᠬᠡᠭᠳᠡᠬᠦᠨ ᠢᠶᠠᠨ ᠭᠠᠳᠠᠭᠠᠳᠣ ᠳᠤ ᠪᠤᠷᠤᠯᠠᠭᠤᠯᠬᠤ ᠲᠤᠭ᠎ᠠ ᠨᠤᠷᠮ᠎ᠠ ᠪᠠᠨ

ᠳᠠᠰᠣᠷᠠᠯᠳᠠ ᠦᠬᠡᠢ ᠳᠡᠭᠡᠭᠰᠢᠯᠡᠬᠦᠯᠤᠨ᠂ ᠭᠠᠳᠠᠭᠠᠳᠣ ᠠᠵᠤ ᠠᠬᠤᠢ ᠶᠢᠨ ᠠᠷᠠᠯᠵᠢᠶ᠎ᠠ ᠬᠤᠷᠰᠢᠶᠠᠵᠢᠯ ᠤᠨ  ᠰᠢᠨ᠎ᠡ

ᠰᠢᠪᠳᠣᠯᠣᠯᠳᠠ ᠶᠢ ᠴᠢᠷᠮᠠᠶᠢᠨ ᠪᠡᠶᠡᠯᠡᠬᠦᠯᠵᠤ᠂ ᠲᠦᠩᠯᠢᠶᠤᠤ ᠬᠤᠳᠠ ᠶᠢᠨ ᠤᠮᠠᠷᠠᠰᠢ ᠨᠡᠬᠡᠬᠡᠯᠳᠠ ᠬᠢᠬᠦ ︽ᠬᠦᠬᠦᠷᠬᠡ

ᠪᠠᠬᠢᠯᠠᠯᠳᠠ︾ ᠪᠤᠯᠬᠤ ᠪᠠᠷ ᠪᠦᠬᠦ ᠬᠦᠴᠦᠨ ᠢᠶᠠᠷ  ᠴᠢᠷᠮᠠᠶᠢᠨ᠎ᠠ᠃

     ᠪᠡᠯᠡ ᠮᠦᠩᠬᠦ ᠤᠯᠵᠦ ᠲᠦᠷᠦᠯ ᠵᠦᠢᠯ ᠲᠤᠭᠳᠠᠭᠠᠬᠤ ᠶᠢ ᠬᠦᠴᠦᠯᠡᠨ ᠰᠠᠶᠢᠳᠦᠷ ᠬᠢᠨ᠎ᠡ᠃ ᠲᠦᠷᠦᠯ ᠵᠦᠢᠯ

 ᠤᠨ ᠬᠦᠮᠦᠷᠭᠡ ᠶᠢᠨ ᠬᠠᠮᠢᠶᠠᠷᠤᠯᠳᠠ ᠶᠢᠨ ᠲᠦᠪ ᠪᠠᠶᠢᠭᠤᠯᠵᠦ᠂ ᠤᠯᠤᠰ ᠤᠨ ᠠᠵᠦ ᠦᠢᠯᠡᠰ ᠤᠨ ᠲᠦᠷᠦ ᠶᠢᠨ

ᠪᠤᠳᠤᠯᠭ᠎ᠠ ᠶᠢᠨ ᠤᠳᠤᠷᠢᠳᠤᠮᠵᠢ ᠪᠠ ᠵᠠᠬ᠎ᠠ ᠳᠡᠯᠭᠡᠭᠦᠷ ᠤᠨ ᠬᠡᠷᠡᠭᠴᠡᠭᠡ ᠲᠠᠢ ᠨᠢᠭᠳᠠ ᠤᠶᠠᠯᠳᠤᠭᠤᠯᠤᠨ᠂ ᠪᠡᠯᠡ

ᠮᠦᠩᠭᠦ ᠤᠯᠬᠤ ᠲᠦᠷᠦᠯ ᠵᠦᠢᠯ ᠲᠤᠭᠳᠠᠭᠠᠬᠤ᠂ ᠮᠡᠳᠡᠭᠡ ᠵᠠᠩᠬᠢ ᠶᠢᠨ ᠪᠠᠶᠢᠳᠠᠯ ᠢ ᠰᠡᠷᠭᠡᠭ ᠢᠶᠠᠷ ᠡᠵᠡᠮᠰᠢᠨ᠂

ᠲᠦᠷᠦᠯ ᠵᠦᠢᠯ ᠬᠠᠳᠠᠭᠠᠯᠠᠬᠤ ᠪᠠᠨ ᠤᠷᠢᠳᠴᠢᠯᠠᠨ ᠲᠦᠯᠦᠪᠯᠡᠬᠦ ᠪᠠ ᠲᠡᠭᠦᠯᠳᠡᠷᠵᠢᠭᠦᠯᠦᠨ᠂ ᠲᠤᠬᠢᠶᠠᠯ ᠢ ᠴᠢᠩᠭᠠᠳᠠ

ᠠᠳᠬᠤᠵᠦ᠂ ᠴᠠᠭ ᠲᠤᠬᠠᠢ ᠳᠤ ᠨᠢ ᠵᠤᠬᠢᠶᠠᠨ ᠪᠠᠶᠢᠭᠤᠯᠤᠨ ᠦᠨᠳᠦᠷ ᠴᠢᠨᠠᠷ ᠴᠢᠨᠰᠠᠭ᠎ᠠ ᠲᠠᠢ ᠪᠠᠷ ᠲᠦᠷᠦᠯ ᠵᠦᠢᠯ

ᠭᠤᠶᠤᠴᠢᠯᠠᠨ᠎ᠠ᠃ ᠬᠤᠳᠠ ᠶᠢᠨ ᠰᠠᠭᠤᠷᠢ ᠲᠤᠨᠤᠭ ᠲᠦᠭᠦᠭᠡᠷᠦᠮᠵᠢ᠂ ︽ᠭᠤᠷᠪᠠᠨ ᠲᠠᠷᠢᠶᠠᠯᠠᠩ ᠭᠤᠷᠪᠠᠨ ᠮᠠᠯᠵᠢᠯ︾

 ᠤᠨ ᠠᠰᠠᠭᠤᠳᠠᠯ᠂ ᠠᠮᠢ ᠠᠬᠤᠢ ᠶᠢᠨ ᠪᠦᠳᠦᠭᠡᠨ ᠪᠠᠶᠢᠭᠤᠯᠤᠯᠳᠠ᠂ ᠤᠷᠴᠢᠨ ᠲᠤᠭᠤᠷᠢᠨ ᠢ  ᠬᠠᠮᠭᠠᠯᠠᠬᠤ ᠪᠠ ᠠᠷᠠᠳ

 ᠤᠨ ᠠᠮᠢᠳᠤᠷᠠᠯ᠂ ᠨᠡᠶᠢᠭᠡᠮ ᠤᠨ ᠦᠢᠯᠡᠰ ᠵᠡᠷᠭᠡ ᠲᠦᠷᠦᠯ ᠵᠦᠢᠯ ᠤᠨ ᠪᠡᠯᠡ ᠮᠦᠩᠭᠦ ᠤᠯᠵᠦ᠂ ᠵᠢᠯ ᠳᠤ ᠳᠡᠭᠡᠷ᠎ᠡ

ᠱᠠᠳᠤᠨ ᠤ ᠡᠯ᠎ᠡ ᠵᠦᠢᠯ ᠤᠨ ᠲᠦᠷᠦᠯ ᠵᠦᠢᠯ ᠤᠨ ᠪᠡᠯᠡ ᠮᠦᠩᠭᠦ ᠶᠢ10 ᠳ᠋ᠦᠩᠰᠢᠭᠤᠷ ᠲᠦᠭᠦᠷᠢᠭ ᠤᠯᠬᠤ ᠪᠠᠷ  

ᠴᠢᠷᠮᠠᠶᠢᠨ᠎ᠠ᠂ ᠳᠡᠭᠡᠷ᠎ᠡ ᠱᠠᠳᠦᠨ ᠤ ᠪᠡᠯᠡ ᠤᠷᠤᠭᠤᠯᠤᠭᠰᠠᠨ ᠲᠦᠷᠦᠯ ᠵᠦᠢᠯ ᠤᠨ ᠢᠨᠵᠧᠨᠧᠷᠢᠩ ᠤᠨ ᠠᠬᠢᠴᠠ ᠪᠠ

ᠠᠵᠢᠯ ᠤᠨ ᠴᠢᠨᠠᠷ ᠴᠢᠨᠰᠠᠭ᠎ᠠ ᠶᠢ ᠦᠨᠡᠨᠬᠦ ᠰᠠᠶᠢᠳᠦᠷ ᠠᠳᠬᠤᠵᠦ᠂ ᠲᠦᠷᠦᠯ ᠵᠦᠢᠯ ᠤᠨ ᠪᠠᠶᠢᠭᠤᠯᠤᠯᠳᠠ ᠶᠢ ᠴᠠᠭ

 ᠲᠠᠭᠠᠨ ᠲᠠᠭᠤᠰᠬᠠᠬᠤ ᠶᠢ ᠦᠨᠡᠨᠬᠦ ᠪᠠᠳᠤᠯᠠᠨ᠎ᠠ᠃

     ᠡᠳ᠋ ᠤᠨ ᠵᠠᠰᠠᠭ ᠭᠠᠶᠢᠯᠢ ᠶᠢᠨ ᠪᠠᠳᠤᠯᠠᠭ᠎ᠠ ᠶᠢᠨ ᠠᠵᠢᠯ ᠢ ᠦᠨᠡᠨᠬᠦ ᠰᠠᠶᠢᠳᠦᠷ ᠠᠳᠬᠤᠨ᠎ᠠ᠃ ᠡᠳ᠋ ᠤᠨ

ᠵᠠᠰᠠᠭ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠦᠨ᠂ ᠪᠦᠬᠦ ᠲᠠᠯ᠎ᠠ ᠶᠢᠨ

ᠲᠦᠷᠢᠮᠵᠢᠭᠰᠡᠨ᠂ ᠢᠯᠡ ᠲᠤᠳᠤ ᠲᠦᠰᠦᠪ ᠤᠨ ᠲᠦᠷᠢᠮ ᠢ ᠪᠠᠶᠢᠭᠤᠯᠤᠨ᠎ᠠ᠃ ᠡᠳ᠋ ᠤᠨ ᠰᠤᠷᠪᠤᠯᠵᠢ ᠶᠢᠨ ᠨᠡᠮᠡᠭᠳᠡᠯ ᠢ

ᠢᠳᠡᠪᠬᠢᠳᠡᠢ ᠪᠠᠷ ᠬᠦᠮᠦᠵᠢᠭᠦᠯᠵᠦ᠂ ᠲᠤᠭᠳᠠᠪᠤᠷᠢᠵᠢᠭᠤᠯᠵᠦ ᠪᠤᠵᠠᠭᠠᠶᠢᠷᠠᠭᠤᠯᠤᠨ᠂ ᠶᠡᠭᠡ ᠶᠢ ᠨᠢ ᠠᠳᠬᠤᠵᠦ ᠪᠠᠭ᠎ᠠ

 ᠶᠢ ᠨᠢ ᠲᠠᠯᠪᠢᠬᠤ ᠦᠭᠡᠢ ᠪᠠᠶᠢᠬᠤ ᠶᠢ ᠪᠠᠷᠢᠮᠳᠠᠯᠠᠨ᠂ ᠬᠠᠤᠯᠢ ᠪᠠᠷ ᠭᠠᠶᠢᠯᠢ ᠲᠠᠳᠠᠪᠤᠷᠢᠯᠠᠨ ᠬᠠᠮᠢᠶᠠᠷᠬᠤ ᠴᠢᠨᠠᠷ ᠢᠶᠠᠨ

ᠦᠷᠭᠦᠯᠵᠢᠯᠡᠨ ᠳᠡᠭᠡᠭᠰᠢᠯᠡᠭᠦᠯᠵᠦ᠂ ᠡᠳ᠋ ᠤᠨ ᠵᠠᠰᠠᠭ ᠭᠠᠶᠢᠯᠢ ᠶᠢᠨ ᠤᠷᠤᠯᠭ᠎ᠠ ᠶᠢᠨ ᠲᠤᠭᠳᠠᠭᠤᠨ ᠢᠶᠠᠷ ᠬᠦᠮᠦᠷᠭᠡ ᠳᠤ

ᠤᠷᠤᠬᠤ ᠶᠢ ᠪᠠᠳᠤᠯᠠᠨ᠎ᠠ᠃ ᠨᠠᠭᠠᠳᠦ ᠵᠠᠬ᠎ᠠ ᠶᠢᠨ ᠠᠮᠢᠳᠤᠷᠠᠯ ᠤᠨ ᠪᠠᠳᠤᠯᠠᠭ᠎ᠠ᠂ ᠡᠮ ᠡᠮᠨᠡᠯᠬᠡ ᠶᠢᠨ ᠳᠠᠭᠠᠳᠬᠠᠯ᠂

ᠨᠡᠶᠢᠬᠡᠮ ᠤᠨ ᠪᠠᠳᠣᠯᠠᠭ᠎ᠠ᠂ ᠳᠣᠣᠷ᠎ᠠ ᠪᠠᠳᠣᠯᠠᠭ᠎ᠠ᠂ ᠤᠷᠤᠨ ᠰᠠᠭᠤᠴᠠ ᠶᠢᠨ ᠬᠤᠷᠠᠮᠳᠤᠯ ᠮᠦᠩᠭᠦ ᠶᠢ ᠡᠩ ᠲᠡᠷᠢᠭᠦᠨ

 ᠳᠤ ᠪᠠᠳᠤᠯᠠᠨ᠂ ᠠᠵᠢᠯᠳᠠᠨ ᠠᠵᠢᠯᠴᠢᠨ ᠤ ᠬᠦᠯᠦᠰᠦ ᠴᠠᠯᠢᠩ ᠪᠠ ᠠᠵᠢᠯ ᠤᠨ ᠡᠷᠭᠢᠯᠳᠡ ᠶᠢ ᠪᠦᠳᠦᠮᠵᠢᠳᠡᠢ ᠪᠠᠳᠤᠯᠠᠨ

᠂ ᠡᠯ᠎ᠡ ᠵᠦᠢᠯ ᠤᠨ ᠭᠤᠤᠯᠳᠠᠯᠭ᠎ᠠ ᠲᠠᠢ ᠢᠨᠵᠧᠨᠧᠷᠢᠩ ᠤᠨ ᠪᠡᠯᠡ ᠤᠷᠤᠭᠤᠯᠤᠯᠳᠠ ᠶᠢ ᠨᠢᠭᠡᠳᠦᠯᠳᠡᠢ ᠲᠤᠬᠢᠷᠠᠭᠤᠯᠤᠨ᠂

ᠡᠳ᠋ ᠤᠨ ᠵᠠᠰᠠᠭ ᠤᠨ ᠪᠡᠯᠡ ᠮᠦᠩᠭᠦᠨ ᠤ ᠬᠦᠰᠢᠭᠦᠷᠭᠡ ᠶᠢᠨ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠬᠠᠮᠤᠭ

ᠲᠤᠤᠷ᠎ᠠ ᠴᠠᠯᠢᠩ ᠢ ᠪᠠᠳᠤᠯᠠᠬᠤ ᠲᠦᠷᠢᠮ ᠢ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠠᠴᠠ ᠬᠠᠩᠭᠠᠵᠦ ᠳᠡᠵᠢᠭᠡᠵᠦ

ᠪᠠᠶᠢᠭ᠎ᠠ ᠬᠦᠮᠦᠨ ᠤ ᠴᠠᠯᠢᠩ ᠤᠨ ᠬᠢᠷᠢ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃

      ︵ᠨᠠᠢᠮᠠ︶ ᠠᠷᠠᠳ ᠤᠨ ᠠᠮᠢᠳᠤᠷᠠᠯ ᠢ ᠪᠠᠳᠤᠯᠠᠬᠤ ᠪᠠ ᠰᠠᠶᠢᠵᠢᠷᠠᠭᠤᠯᠵᠦ᠂ ᠠᠷᠠᠳ ᠲᠦᠮᠡᠨ ᠤ ᠵᠤᠯ ᠵᠢᠷᠭᠠᠯ

 ᠤᠨ ᠵᠢᠭᠠᠯᠳᠠ ᠲᠤᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ

      ᠠᠷᠠᠳ ᠤᠨ ᠠᠮᠢᠳᠤᠷᠠᠯ ᠶᠢ ᠪᠠᠳᠤᠯᠠᠬᠤ ᠪᠠ ᠰᠠᠶᠢᠵᠢᠷᠠᠭᠤᠯᠬᠤ ᠪᠠᠷ ᠦᠨᠳᠦᠰᠦ ᠪᠤᠯᠭᠠᠵᠦ᠂ ᠡᠯ᠎ᠡ ᠵᠦᠢᠯ ᠤᠨ

ᠠᠵᠢᠯ ᠦᠢᠯᠡᠰ ᠤᠨ ᠬᠦᠭᠵᠢᠯᠳᠡ ᠪᠠᠨ ᠨᠢᠭᠡᠳᠦᠯᠳᠡᠢ ᠲᠦᠯᠦᠪᠯᠡᠨ ᠠᠬᠢᠭᠤᠯᠵᠦ᠂ ᠠᠷᠠᠳ ᠤᠨ ᠠᠮᠢᠳᠤᠷᠠᠯ ᠤᠨ

ᠤᠯᠠᠭᠠᠨ ᠱᠤᠭᠤᠮ ᠢ ᠴᠢᠩᠭ᠎ᠠ ᠰᠠᠬᠢᠵᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠨᠡᠮᠡᠭᠳᠡᠭᠦᠯᠦᠨ᠎ᠡ  ᠃

      ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠰᠢᠪᠳᠤᠯᠬᠤ ᠲᠠᠶᠢᠯᠠᠯᠳᠤᠭᠠᠨ ᠢ ᠡᠷᠡᠰ ᠢᠯᠡᠨ᠎ᠡ᠃ ᠶᠠᠳᠠᠭᠤ

 ᠠᠴᠠ ᠠᠩᠭᠢᠵᠢᠷᠠᠭᠤᠯᠵᠦ ᠪᠠᠬᠢᠯᠡᠯᠳᠡ ᠰᠢᠪᠳᠤᠯᠬᠤ ᠶᠢ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠨ᠂

ᠮᠠᠯᠴᠢᠨ ᠲᠠᠷᠢᠶᠠᠴᠢᠨ ᠲᠠᠢ ᠬᠤᠯᠪᠤᠭᠳᠠᠬᠤ ᠲᠦᠷᠦᠯ ᠵᠦᠢᠯ ᠤᠨ ᠪᠡᠯᠡ ᠮᠦᠩᠭᠦ ᠢᠶᠠᠨ ᠨᠡᠶᠢᠯᠡᠭᠦᠯᠦᠨ ᠠᠵᠦ ᠦᠢᠯᠡᠰ ᠢ

ᠬᠦᠭᠵᠢᠭᠦᠯᠬᠦ ᠪᠠᠷ ᠳᠠᠮᠵᠢᠨ ᠶᠠᠳᠠᠭᠤ ᠠᠴᠠ ᠠᠩᠭᠢᠵᠢᠷᠠᠭᠤᠯᠬᠤ᠂ ᠲᠤᠤᠷ᠎ᠠ ᠤᠨᠠᠯᠳᠠ ᠲᠠᠢ ᠲᠠᠷᠢᠶ᠎ᠠ ᠶᠢ ᠦᠭᠡᠷᠡᠴᠢᠯᠡᠬᠦ

 ᠪᠠᠷ ᠳᠠᠮᠵᠢᠨ ᠶᠠᠳᠠᠭᠤ ᠠᠴᠠ ᠠᠩᠭᠢᠵᠢᠷᠠᠭᠤᠯᠬᠤ᠂ ᠦᠭᠡᠷ ᠳᠡᠵᠢᠭᠡᠬᠦ ᠪᠠᠷ ᠳᠠᠮᠵᠢᠨ ᠶᠠᠳᠠᠭᠤ ᠠᠴᠠ ᠠᠩᠭᠢᠵᠢᠷᠠᠭᠤᠯᠬᠤ

᠂ ᠬᠡᠷᠡᠯ ᠴᠠᠬᠢᠯᠭᠠᠨ ᠢᠶᠠᠷ ᠶᠠᠳᠠᠭᠤ ᠠᠴᠠ ᠠᠩᠭᠢᠵᠢᠷᠠᠭᠤᠯᠬᠤ᠂ ᠡᠯᠧᠺᠲᠷᠤᠨ ᠬᠤᠳᠠᠯᠳᠤᠭ᠎ᠠ ᠪᠠᠷ  ᠳᠠᠮᠵᠢᠨ ᠶᠠᠳᠠᠭᠤ

 ᠠᠴᠠ ᠠᠩᠭᠢᠵᠢᠷᠠᠭᠤᠯᠬᠤ᠂ ᠵᠢᠭᠤᠯᠴᠢᠯᠠᠯ ᠤᠨ ᠦᠢᠯᠡᠰ ᠢᠶᠠᠷ ᠳᠠᠮᠵᠢᠨ ᠶᠠᠳᠠᠭᠤ ᠠᠴᠠ ᠠᠩᠭᠢᠵᠢᠷᠠᠭᠤᠯᠬᠤ᠂ ᠠᠵᠢᠯ

ᠤᠯᠭᠤᠵᠦ ᠶᠠᠳᠠᠭᠤ ᠠᠴᠠ ᠠᠩᠭᠢᠵᠢᠷᠠᠭᠤᠯᠬᠤ   ᠪᠠᠷ ᠭᠤᠤᠯ ᠪᠤᠯᠭᠠᠨ᠂ ᠨᠢᠭᠡᠳᠦᠯᠳᠡᠢ ᠲᠦᠯᠦᠪᠯᠡᠨ ᠠᠬᠢᠭᠤᠯᠵᠦ᠂ ︽

ᠡᠷᠦᠬᠡ ᠠᠵᠦ ᠠᠬᠤᠶᠢᠯᠠᠯ ᠬᠠᠮᠳᠣᠪᠡᠷ ᠠᠰᠢᠭ ᠬᠦᠷᠳᠡᠬᠦ︾᠂ ᠮᠦᠩᠭᠦᠨ ᠬᠦᠢᠯᠭᠡᠭᠡ ᠪᠠᠷ ᠶᠠᠳᠠᠭᠤ ᠶᠢ ᠳᠡᠳᠭᠦᠭᠦ

ᠪᠦᠷᠭᠦᠴᠡ ᠶᠢᠨ ᠬᠡᠮᠵᠢᠶ᠎ᠡ ᠪᠠᠨ ᠦᠷᠭᠦᠯᠵᠢᠯᠡᠨ ᠦᠷᠭᠡᠳᠭᠡᠵᠦ᠂ ᠤᠷᠤᠯᠭ᠎ᠠ ᠶᠢ ᠲᠤᠭᠳᠠᠭᠤᠨ ᠢᠶᠠᠷ ᠨᠡᠮᠡᠭᠳᠡᠭᠦᠯᠵᠦ᠂

ᠶᠠᠳᠠᠭᠤ ᠠᠴᠠ ᠠᠩᠭᠢᠵᠢᠷᠠᠭᠤᠯᠬᠤ ᠶᠢ ᠪᠡᠶᠡᠯᠡᠭᠦᠯᠦᠨ᠎ᠡ᠃ ᠰᠤᠷᠭᠠᠨ ᠬᠦᠮᠦᠵᠢᠯ ᠢᠶᠠᠷ ᠶᠠᠳᠠᠭᠤ ᠠᠴᠠ

ᠠᠩᠭᠢᠵᠢᠷᠠᠭᠤᠯᠬᠤ᠂ ᠡᠷᠡᠭᠦᠯ ᠴᠢᠬᠢᠷᠠᠭ ᠢᠶᠠᠷ ᠶᠠᠳᠠᠭᠤ ᠠᠴᠠ ᠠᠩᠭᠢᠵᠢᠷᠠᠭᠤᠯᠬᠤ᠂ ᠶᠠᠳᠠᠭᠤ ᠶᠢ ᠲᠡᠳᠭᠦᠭᠦ ᠪᠠᠷ

ᠶᠠᠳᠠᠭᠤ ᠠᠴᠠ ᠠᠩᠭᠢᠵᠢᠷᠠᠭᠤᠯᠬᠤ ᠶᠢ ᠨᠠᠷᠢᠨ ᠤᠨᠤᠪᠴᠢᠳᠠᠢ ᠬᠢᠵᠦ᠂ ᠡᠪᠡᠳᠴᠢᠨ ᠪᠠ ᠰᠤᠷᠤᠯᠭ᠎ᠠ ᠠᠴᠠ ᠪᠤᠯᠵᠦ

ᠲᠠᠬᠢᠨ ᠶᠠᠳᠠᠭᠤᠷᠠᠬᠤ ᠦᠵᠡᠭᠳᠡᠯ ᠢ ᠪᠦᠳᠦᠮᠵᠢᠳᠢ ᠵᠤᠭᠰᠤᠭᠠᠨ᠎ᠠ᠃ ᠡᠯ᠎ᠡ ᠵᠦᠢᠯ ᠤᠨ ᠨᠡᠶᠢᠭᠡᠮ ᠤᠨ ᠬᠦᠴᠦᠨ ᠤ

ᠶᠠᠳᠠᠭᠤ ᠶᠢ ᠲᠡᠳᠭᠦᠭᠦ   ᠳᠤ ᠤᠷᠤᠯᠴᠠᠬᠤ ᠶᠢ ᠬᠦᠢᠴᠡᠳ ᠳᠠᠶᠢᠴᠢᠯᠡᠨ᠂ ᠺᠠᠳ᠋ᠷ ᠲᠤᠰᠬᠤᠨ ᠳᠤ ᠰᠠᠭᠤᠵᠦ

ᠬᠤᠯᠪᠤᠭᠠᠯᠠᠨ ᠳᠠᠭᠠᠭᠠᠴᠢᠯᠠᠬᠤ ᠠᠵᠢᠯ ᠢ ᠦᠷᠭᠦᠯᠵᠢᠯᠡᠨ ᠴᠢᠩᠭᠠᠳᠬᠠᠵᠦ᠂ ᠶᠠᠳᠠᠭᠤ ᠠᠴᠠ ᠰᠠᠯᠬᠤ ᠦᠭᠡᠢ ᠪᠤᠯ  

ᠪᠤᠴᠠᠬᠤ ᠦᠭᠡᠢ᠂ ᠲᠠᠩᠰᠠᠨ ᠺᠠᠷᠲ  ᠪᠠᠶᠢᠭᠤᠯᠤᠭᠰᠠᠨ11045  ᠶᠠᠳᠠᠭᠤ ᠬᠦᠴᠢᠷᠳᠡᠢ ᠬᠦᠮᠦᠨ ᠪᠦᠬᠦᠨ ᠢ

ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠤᠨ ᠤᠷᠤᠨ ᠤ ᠳᠡᠰ ᠤᠨ ᠶᠠᠳᠠᠭᠤ ᠬᠦᠴᠢᠷᠳᠡᠢ  ᠬᠤᠰᠢᠭᠤ  

ᠪᠠᠶᠢᠭᠰᠠᠨ ᠮᠠᠯᠠᠭᠠᠢ ᠪᠠᠨ ᠠᠪᠴᠦ ᠬᠠᠶᠠᠨ᠎ᠠ᠃

       ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠢ ᠲᠦᠷᠭᠡᠨ ᠬᠦᠭᠵᠢᠭᠦᠯᠦᠨ᠎ᠡ᠃ ᠠᠵᠢᠯ ᠤᠯᠭᠤᠬᠤ

ᠦᠢᠯᠡᠰ ᠪᠤᠰᠬᠠᠬᠤ ᠠᠵᠢᠯ ᠢ ᠨᠢᠭᠡᠳᠦᠯᠳᠡᠢ ᠲᠦᠯᠦᠪᠯᠡᠨ ᠰᠠᠶᠢᠳᠦᠷ ᠬᠢᠨ᠎ᠡ᠃ ᠶᠡᠭᠡ ᠰᠤᠷᠭᠠᠭᠤᠯᠢ ᠲᠡᠭᠦᠰᠦᠭᠰᠡᠨ

ᠰᠤᠷᠤᠭᠴᠢ᠂ ᠬᠤᠳᠠ ᠪᠠᠯᠭᠠᠰᠤᠨ ᠤ ᠶᠠᠳᠠᠭᠤ ᠬᠦᠴᠢᠷᠳᠡᠢ  ᠬᠦᠮᠦᠰ ᠪᠠ ᠴᠡᠷᠢᠭ ᠠᠴᠠ ᠬᠠᠯᠠᠭᠳᠠᠭᠰᠠᠨ ᠬᠦᠮᠦᠰ ᠲᠤ

ᠠᠵᠢᠯ ᠤᠯᠭᠤᠬᠤ ᠶᠢ ᠠᠬᠢᠭᠤᠯᠵᠦ᠂ ᠬᠤᠳᠠ ᠪᠠᠯᠭᠠᠰᠤᠨ ᠤ 1700 ᠬᠦᠮᠦᠨ ᠳᠤ ᠰᠢᠨ᠎ᠡ ᠪᠠᠷ ᠠᠵᠢᠯ ᠤᠯᠭᠤᠵᠦ᠂

ᠠᠵᠢᠯ ᠤᠯᠤᠭᠠᠳᠤᠢ ᠭᠡᠷ ᠪᠦᠯᠢ ᠪᠦᠬᠦᠨ ᠳᠤ ᠠᠵᠢᠯ ᠤᠯᠭᠤᠬᠤ ᠶᠢ ᠪᠡᠶᠡᠯᠡᠭᠦᠯᠦᠨ᠎ᠡ᠃ ᠪᠦᠭᠦᠳᠡᠭᠡᠷ ᠦᠢᠯᠡᠰ

ᠪᠤᠰᠬᠠᠬᠤ᠂ ᠲᠠᠶᠠᠭᠠᠷ ᠰᠢᠨ᠎ᠡ ᠶᠢ ᠡᠭᠦᠳᠬᠦ ᠶᠢ ᠶᠡᠬᠡᠪᠡᠷ ᠠᠬᠢᠭᠤᠯᠬᠤ᠃ 400 ᠬᠦᠮᠦᠨ ᠢ ᠳᠡᠳᠭᠦᠨ ᠳᠡᠮᠵᠢᠵᠦ

ᠦᠢᠯᠡᠰ  ᠪᠤᠰᠬᠠᠯᠭᠠᠨ᠎ᠠ᠃ ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠲᠠᠰᠤᠷᠠᠯᠳᠡ ᠦᠭᠡᠢ  ᠲᠡᠭᠦᠯᠳᠡᠷᠵᠢᠭᠦᠯᠦᠨ᠎ᠡ

᠃ ᠪᠦᠬᠦ ᠠᠷᠠᠳ ᠲᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠬᠦᠨᠵᠡᠭᠡᠢ ᠭᠡᠷᠡᠭᠵᠢᠭᠦᠯᠵᠦ᠂ ᠨᠡᠩ ᠤᠯᠠᠨ ᠠᠷᠠᠳ

ᠢᠷᠭᠡᠳ ᠢ ᠨᠡᠶᠢᠭᠡᠮ ᠤᠨ ᠪᠠᠳᠤᠯᠠᠭ᠎ᠠ ᠶᠢᠨ ᠬᠦᠷᠢᠶ᠎ᠡ ᠬᠡᠪᠴᠢᠶᠡᠨ ᠳᠤ ᠤᠷᠤᠭᠤᠯᠬᠤ ᠪᠠᠷ ᠴᠢᠷᠮᠠᠶᠢᠨ᠎ᠠ᠃ ᠬᠤᠳᠠ

ᠬᠦᠳᠡᠭᠡ ᠶᠢᠨ ᠲᠤᠤᠷ᠎ᠠ ᠪᠠᠳᠤᠯᠠᠭ᠎ᠠ᠂ ᠤᠨᠴᠠ ᠬᠦᠴᠢᠷᠳᠡᠢ ᠬᠦᠮᠦᠰ ᠤᠨ ᠪᠠᠳᠤᠯᠠᠭ᠎ᠠ ᠶᠢᠨ ᠪᠠᠷᠢᠮᠵᠢᠶ᠎ᠡ ᠶᠢ

ᠦᠷᠭᠦᠯᠵᠢᠯᠡᠨ  ᠳᠡᠭᠡᠭᠰᠢᠯᠡᠭᠦᠯᠦᠨ᠎ᠡ᠃ ᠲᠦᠷ ᠠᠪᠤᠷᠠᠨ ᠲᠤᠰᠠᠯᠠᠬᠤ ᠪᠠ ᠡᠮ ᠡᠮᠨᠡᠯᠭᠡ ᠪᠠᠷ ᠠᠪᠤᠷᠠᠨ ᠲᠤᠰᠠᠯᠠᠬᠤ

ᠲᠦᠷᠢᠮ ᠢ ᠲᠡᠭᠦᠯᠳᠡᠷᠵᠢᠭᠦᠯᠦᠨ᠂ ︽ᠪᠠᠴᠢᠮ ᠬᠦᠴᠢᠷᠳᠡᠢ ᠬᠢᠨ ᠶᠢ ᠲᠤᠰᠠᠯᠠᠬᠤ︾ ᠠᠵᠢᠯ ᠤᠨ ᠬᠦᠴᠦᠯᠡᠴᠡ ᠪᠠᠨ

ᠶᠡᠬᠡᠰᠭᠡᠨ᠎ᠡ᠃ ᠵᠢᠯ ᠳᠤ ᠠᠴᠢᠳᠠᠢ ᠨᠠᠰᠤᠳᠠᠨ ᠤ ᠠᠰᠠᠷᠠᠮᠵᠢ ᠶᠢᠨ ᠬᠦᠷᠢᠶᠠᠯᠡᠩ᠂ ᠵᠡᠮᠳᠡᠭᠴᠤᠳ ᠢ ᠡᠷᠡᠭᠦᠯᠵᠢᠬᠦᠯᠬᠦ ᠪᠠ

ᠨᠠᠶᠢᠳᠠᠨ ᠠᠰᠠᠷᠠᠭᠤᠯᠬᠤ ᠲᠦᠪ ᠢ ᠪᠠᠶᠢᠭᠤᠯᠤᠨ ᠲᠠᠭᠤᠰᠬᠠᠵᠦ ᠠᠰᠢᠭᠯᠠᠯᠳᠠ ᠳᠤ ᠤᠷᠤᠭᠤᠯᠤᠨ᠎ᠠ᠃ ᠰᠢᠨᠵᠢᠯᠡᠭᠡ

ᠮᠡᠷᠭᠡᠵᠢᠯ ᠤᠨ ᠰᠢᠨ᠎ᠡ ᠶᠢ  ᠡᠭᠦᠳᠴᠦ ᠳᠡᠯᠭᠡᠷᠡᠭᠦᠯᠬᠦ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠲᠤᠮᠳᠠᠳᠦ ᠤᠯᠤᠰ

 ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠦᠪᠦᠷ ᠮᠤᠩᠭᠤᠯ ᠤᠨ ᠶᠡᠭᠡ ᠰᠤᠷᠭᠠᠭᠤᠯᠢ ᠪᠠ ᠡᠷᠳᠡᠮ ᠰᠢᠨᠵᠢᠯᠡᠭᠡᠨ ᠤ

ᠪᠠᠶᠢᠭᠤᠯᠤᠮᠵᠢ ᠲᠠᠢ ᠬᠤᠷᠰᠢᠬᠤ ᠪᠠᠨ ᠴᠢᠩᠭᠠᠳᠬᠠᠵᠦ᠂ ᠭᠠᠩ ᠬᠠᠭᠰᠠᠷᠭᠠᠨ ᠢ ᠡᠰᠡᠷᠭᠦᠴᠡᠬᠦ᠂ ᠤᠰᠤ ᠠᠷᠪᠢᠯᠠᠬᠤ᠂

ᠠᠳᠤᠭᠤ ᠮᠠᠯ ᠦᠷᠡᠵᠢᠭᠦᠯᠬᠦ᠂ ᠨᠤᠳᠤᠭ ᠪᠡᠯᠴᠢᠭᠡᠷ ᠢ ᠰᠠᠶᠢᠵᠢᠷᠠᠭᠤᠯᠬᠤ᠂ ᠠᠮᠢ ᠠᠬᠤᠢ ᠶᠢ ᠰᠡᠷᠭᠦᠬᠡᠬᠦ᠂ ᠤᠷᠴᠢᠨ

ᠲᠤᠭᠤᠷᠢᠨ ᠢ ᠬᠠᠮᠭᠠᠯᠠᠬᠤ ᠡᠨᠧᠷᠬᠢ ᠠᠷᠪᠢᠯᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠤᠨ ᠲᠠᠯ᠎ᠠ ᠪᠠᠷ ᠭᠤᠤᠯᠴᠢᠯᠠᠨ

ᠪᠤᠭᠤᠮᠳᠠ ᠰᠢᠪᠳᠤᠯᠤᠨ᠂ ᠰᠢᠨ᠎ᠡ ᠬᠠᠭᠤᠴᠢᠨ ᠬᠦᠳᠡᠯᠭᠡᠭᠦᠷ ᠤᠨ ᠵᠠᠯᠭᠠᠨ‌ᠡᠷᠭᠢᠯᠳᠦᠬᠦ ᠶᠢ ᠲᠦᠷᠭᠡᠳᠭᠡᠨ᠎ᠡ᠃

ᠰᠢᠨᠵᠢᠯᠡᠭᠡ ᠮᠡᠷᠭᠡᠵᠢᠯ ᠤᠨ ᠴᠢᠳᠠᠪᠤᠷᠢᠳᠠᠨ ᠢ ᠲᠠᠳᠠᠨ ᠤᠷᠤᠭᠤᠯᠬᠤ ᠪᠠ ᠤᠷᠮᠠᠰᠢᠭᠤᠯᠬᠤ ᠲᠤᠭᠳᠠᠴᠠ ᠶᠢ ᠪᠠᠶᠢᠭᠤᠯᠤᠨ

᠂ ᠰᠢᠨᠵᠢᠯᠡᠭᠡ ᠮᠡᠷᠭᠡᠵᠢᠯ ᠤᠨ ᠲᠠᠭᠤᠷᠢᠶᠠᠯ ᠦᠵᠡᠭᠦᠯᠬᠦ ᠤᠷᠤᠨ ᠤ ᠪᠠᠶᠢᠭᠤᠯᠤᠯᠳᠠ᠂ ᠰᠢᠨᠵᠢᠯᠡᠭᠡ ᠮᠡᠷᠭᠡᠵᠢᠯ ᠤᠨ ᠦᠷ᠎ᠡ

ᠪᠦᠳᠦᠮᠵᠢ ᠶᠢᠨ ᠬᠤᠪᠢᠷᠠᠭᠠᠯᠳᠠ ᠶᠢ ᠠᠬᠢᠭᠤᠯᠤᠨ᠎ᠠ᠃ ᠰᠤᠷᠭᠠᠨ ᠬᠦᠮᠦᠵᠢᠯ ᠪᠡᠶ᠎ᠡ ᠲᠠᠮᠢᠷ ᠤᠨ ᠦᠢᠯᠡᠰ ᠢ

ᠦᠷᠭᠦᠯᠵᠢᠯᠡᠨ ᠬᠦᠭᠵᠢᠭᠦᠯᠦᠨ᠎ᠡ᠃ ᠰᠣᠷᠭᠠᠨ ᠬᠦᠮᠤᠵᠢᠯ ᠢ ᠬᠦᠭᠵᠢᠬᠦᠯᠬᠦ ᠰᠢᠨ᠎ᠡ ᠤᠶᠢᠯᠠᠭᠠᠭᠳᠠᠬᠤᠨ᠂ ᠰᠢᠨ᠎ᠡ ᠦᠵᠡᠯ

ᠰᠠᠨᠠᠭ᠎ᠠ ᠶᠢ ᠪᠠᠷᠢᠮᠳᠠᠯᠠᠨ᠂ ᠡᠩ ᠳᠡᠷᠢᠬᠦᠨ ᠳᠤ ᠦᠨᠳᠣᠰᠣᠳᠡᠨ ᠤ ᠰᠣᠷᠭᠠᠨ ᠬᠦᠮᠤᠵᠢᠯ ᠢ ᠬᠦᠭᠵᠢᠬᠦᠯᠵᠤ᠂ ᠰᠠᠭᠤᠷᠢ

ᠪᠠᠶᠢᠭᠤᠯᠤᠯᠳᠠ ᠪᠠ ᠰᠠᠭᠤᠷᠢ ᠰᠣᠷᠭᠠᠨ ᠬᠦᠮᠤᠵᠢᠯ ᠢᠶᠠᠨ ᠪᠠᠬᠢᠵᠢᠬᠦᠯᠵᠤ᠂ ᠰᠣᠷᠭᠠᠭᠤᠯᠢ ᠶᠢᠨ ᠵᠠᠬᠢᠷᠤᠯ ᠪᠠ ᠪᠠᠭᠰᠢ

 ᠶᠢᠨ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠵᠤ᠂ ᠰᠣᠷᠭᠠᠨ ᠬᠦᠮᠤᠵᠢᠯ ᠵᠢᠭᠠᠨ ᠰᠣᠷᠭᠠᠬᠤ ᠶᠠᠰᠣ ᠴᠢᠨᠠᠷ ᠪᠠ

ᠬᠠᠮᠢᠶᠠᠷᠤᠯᠳᠠ ᠶᠢᠨ ᠲᠦᠪᠰᠢᠨ ᠢᠶᠠᠨ ᠳᠡᠭᠡᠭᠰᠢᠯᠡᠬᠦᠯᠤᠨ᠎ᠡ᠃ ᠵᠠᠷᠤᠳ ᠨᠢᠭᠡᠳᠦᠭᠡᠷ ᠲᠤᠮᠳᠠᠳᠦ ᠰᠤᠷᠭᠠᠭᠤᠯᠢ ᠶᠢᠨ

ᠵᠢᠭᠠᠨ ᠰᠤᠷᠭᠠᠬᠤ ᠶᠡᠷᠥᠩᠬᠡᠢ ᠠᠰᠠᠷ᠂ ᠵᠠᠷᠤᠳ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠲᠤᠭᠤᠷᠢᠭ ᠤᠨ

ᠪᠠᠶᠢᠭᠤᠯᠤᠯᠳᠠ ᠶᠢ ᠡᠬᠢᠯᠡᠭᠦᠯᠦᠨ᠎ᠠ᠃  ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠲᠦᠯᠦᠪᠯᠡᠭᠡ ᠶᠢ

ᠨᠠᠶᠢᠳᠠᠪᠤᠷᠢᠵᠢᠭᠤᠯᠤᠨ᠂ ᠤᠯᠠᠨ ᠲᠦᠮᠡᠨᠴᠢ ᠪᠡᠶ᠎ᠡ ᠲᠡᠮᠢᠷ ᠤᠨ ᠠᠵᠢᠯᠠᠭ᠎ᠠ ᠶᠢ ᠬᠦᠨᠵᠡᠭᠡᠢ ᠦᠷᠨᠢᠭᠦᠯᠦᠨ᠂ ᠤᠯᠠᠨ

ᠲᠦᠮᠡᠨ ᠤ ᠡᠷᠡᠭᠦᠯ ᠴᠢᠬᠢᠷᠠᠭ ᠪᠠ ᠪᠡᠶ᠎ᠡ ᠴᠢᠬᠢᠷᠠᠭᠵᠢᠬᠤ ᠶᠢ  ᠪᠦᠬᠦ ᠲᠠᠯ᠎ᠠ ᠪᠠᠷ ᠠᠬᠢᠭᠤᠯᠤᠨ᠎ᠡ᠃ ᠰᠤᠶᠤᠯ ᠷᠠᠳᠢᠤ᠋

ᠲᠧᠯᠸᠢᠰ ᠤᠨ ᠠᠵᠢᠯ ᠢ  ᠬᠦᠴᠦᠯᠡᠨ ᠰᠠᠶᠢᠳᠦᠷ ᠬᠢᠨ᠎ᠡ᠃ ᠡᠮᠤᠨ᠎ᠡ ᠪᠤᠯᠠᠭᠳᠦ ᠶᠢᠨ ᠡᠷᠳᠡᠨ ᠤ ᠪᠠᠭᠤᠷᠢ ᠶᠢᠨ

ᠮᠦᠽᠸᠢ ᠶᠢᠨ ᠪᠠᠶᠢᠭᠤᠯᠤᠯᠳᠠ ᠶᠢ ᠲᠦᠷᠭᠡᠳᠭᠡᠵᠦ᠂ ᠦᠯᠢᠭᠡᠷ ᠤᠨ ᠮᠦᠽᠸᠢ᠂ ᠨᠤᠮ ᠤᠨ ᠰᠠᠩ᠂ ᠲᠠᠩᠰᠠ ᠡᠪᠬᠡᠮᠡᠯ

 ᠤᠨ ᠤᠷᠳᠤᠨ ᠵᠡᠷᠭᠡ ᠭᠤᠤᠯᠳᠠᠯᠭ᠎ᠠ ᠲᠠᠢ ᠰᠤᠶᠤᠯ ᠤᠨ ᠪᠠᠶᠢᠭᠤᠯᠤᠯᠳᠠ ᠶᠢᠨ ᠲᠦᠷᠦᠯ ᠵᠦᠢᠯ ᠢ ᠡᠬᠢᠯᠡᠭᠦᠯᠵᠦ᠂

ᠨᠡᠶᠢᠳᠡ ᠶᠢᠨ ᠰᠤᠶᠤᠯ ᠤᠨ ᠦᠢᠯᠡᠴᠢᠯᠡᠭᠡ ᠶᠢᠨ ᠪᠠᠷᠢᠮᠵᠢᠶᠠᠵᠢᠯᠳᠡ᠂ ᠲᠡᠩᠴᠡᠭᠦᠷᠢᠰᠢᠯᠳᠡ ᠶᠢ ᠠᠬᠢᠭᠤᠯᠤᠨ᠎ᠠ᠃

ᠤᠯᠤᠰ ᠤᠨ ᠦᠯᠢᠭᠡᠷ ᠤᠷᠠᠯᠢᠭ ᠤᠨ ᠨᠠᠶᠢᠷ ᠢ ᠡᠷᠬᠢᠯᠡᠵᠦ᠂ ᠦᠯᠢᠭᠡᠷ ᠤᠨ ᠨᠡᠷᠡᠳᠦ ᠲᠡᠮᠳᠡᠭ ᠢᠶᠠᠨ ᠠᠯᠳᠠᠷᠰᠢᠭᠤᠯᠤᠨ᠎ᠠ

᠃ ︽ᠦᠷᠳᠡᠭ ᠤᠨ ᠦᠵᠡᠯᠳᠡ ᠶᠢ ᠮᠠᠭᠳᠠᠨ ᠲᠠᠭᠤᠯᠠᠬᠤ ᠶᠡᠭᠡ  ᠲᠠᠪᠴᠠᠩ︾ ᠤᠯᠠᠨ ᠲᠦᠮᠡᠨᠴᠢ ᠰᠤᠶᠤᠯ ᠤᠨ

ᠠᠵᠢᠯᠯᠠᠭ᠎ᠠ ᠶᠢ ᠦᠷᠨᠢᠭᠦᠯᠵᠦ᠂ ᠪᠦᠬᠦ ᠤᠷᠤᠨ ᠤ ᠮᠤᠩᠭᠤᠯ ᠬᠡᠯᠡᠨ ᠤ ᠡᠭᠦᠳᠦᠯᠳᠡ ︽ᠦᠨᠢᠷ ᠴᠡᠴᠡᠭ︾ —

ᠵᠠᠷᠤᠳ ᠦᠵᠦᠭ ᠤᠨ ᠴᠤᠭᠯᠠᠭᠠᠨ ᠢ ᠡᠷᠬᠢᠯᠡᠵᠦ᠂ ᠤᠳᠬ᠎ᠠ ᠰᠤᠶᠤᠯ ᠢᠶᠠᠨ ᠴᠡᠴᠡᠭᠯᠡᠭᠦᠯᠦᠨ᠂ ᠰᠤᠶᠤᠯ ᠤᠷᠠᠯᠢᠭ ᠤᠨ

ᠤᠬᠢ ᠰᠢᠯᠢᠳᠡᠭ ᠵᠦᠢᠯ ᠢᠶᠠᠨ ᠲᠠᠨᠢᠯᠴᠠᠭᠤᠯᠵᠦ᠂ ᠤᠯᠠᠨ ᠲᠦᠮᠡᠨ ᠤ ᠤᠶᠤᠨ ᠤ ᠠᠮᠢᠳᠤᠷᠠᠯ ᠤᠨ ᠬᠡᠷᠡᠭᠴᠡᠭᠡ ᠶᠢ

ᠬᠠᠩᠭᠠᠨ᠎ᠠ᠃ ᠦᠨᠢ ᠤᠳᠠᠭᠠᠨ ᠳᠡᠣᠬᠡ ᠪᠠᠨ ᠨᠠᠷᠢᠯᠢᠭ ᠠᠭᠤᠳᠠᠯᠯᠠᠨ ᠡᠮᠬᠢᠳᠬᠡᠵᠤ᠂ ᠮᠤᠩᠭᠤᠯ ᠦᠨᠳᠣᠰᠣᠳᠡᠨ ᠤ

ᠤᠷᠳᠣ ᠶᠢᠨ ᠳᠠᠭᠤᠤ᠂ ᠬᠤᠪᠴᠠᠰᠣ ᠵᠠᠰᠠᠯ ᠵᠡᠷᠬᠡ ᠤᠯᠠᠮᠵᠢᠯᠠᠯᠳᠣ ᠦᠨᠳᠣᠰᠣᠳᠡᠨ ᠤ ᠰᠣᠶᠣᠯ ᠢᠶᠠᠨ ᠵᠠᠯᠭᠠᠮᠵᠢᠯᠠᠨ

ᠬᠦᠭᠵᠢᠬᠦᠯᠵᠤ᠂ ᠦᠪᠡᠷᠮᠢᠴᠠ ᠤᠨᠴᠠᠯᠢᠭ ᠲᠠᠢ ᠵᠠᠷᠤᠳ ᠤᠨ ᠰᠣᠶᠣᠯ ᠢᠶᠠᠨ ᠮᠠᠨᠳᠣᠭᠤᠯᠤᠨ᠎ᠠ᠃ ᠤᠯᠠᠮᠵᠢᠯᠠᠯᠳᠦ

ᠵᠠᠭᠤᠴᠢ ᠶᠢ ᠨᠡᠶᠢᠯᠡᠭᠦᠯᠬᠦ ᠪᠠ ᠰᠢᠨ᠎ᠡ ᠵᠠᠭᠤᠴᠢ ᠪᠦᠳᠦᠭᠡᠨ ᠪᠠᠶᠢᠭᠤᠯᠬᠤ ᠬᠦᠴᠦᠨ ᠢᠶᠠᠨ ᠶᠡᠬᠡᠰᠬᠡᠵᠦ᠂ ᠷᠠᠳᠢᠤ᠋

ᠲᠧᠯᠸᠢᠰ ᠦᠢᠯᠡᠰ ᠤᠨ ᠦᠷᠭᠦᠯᠵᠢᠯᠡᠨ ᠡᠷᠡᠭᠦᠯ ᠬᠦᠭᠵᠢᠯᠳᠡ ᠶᠢ ᠠᠬᠢᠭᠤᠯᠤᠨ᠎ᠠ᠃ ᠡᠷᠡᠭᠦᠯ ᠬᠠᠮᠭᠠᠯᠠᠯ ᠲᠦᠯᠦᠪᠯᠡᠭᠡᠳᠦ

ᠦᠷᠡᠵᠢᠯ ᠤᠨ ᠦᠢᠯᠡᠰ ᠢ ᠲᠦᠷᠭᠡᠨ ᠬᠦᠭᠵᠢᠭᠦᠯᠦᠨ᠎ᠡ᠃ ︽ᠡᠷᠡᠭᠦᠯ ᠰᠠᠷᠠᠭᠤᠯ ᠵᠠᠷᠤᠳ︾ ᠤᠨ ᠪᠠᠶᠢᠭᠤᠯᠤᠯᠳᠠ ᠶᠢ

ᠬᠦᠨᠵᠡᠭᠡᠢ ᠠᠬᠢᠭᠤᠯᠵᠦ᠂ ᠡᠷᠡᠭᠦᠯ ᠰᠠᠷᠠᠭᠤᠯ ᠪᠤᠯᠪᠠᠰᠤᠨ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠎ᠠ᠃

ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠡᠨ ᠤ ᠶᠡᠷᠥᠩᠬᠡᠢ ᠠᠰᠠᠷ ᠪᠠ ᠮᠤᠩᠭᠤᠯ ᠡᠮ ᠨᠠᠶᠢᠷᠠᠭᠤᠯᠬᠤ ᠲᠠᠰᠤᠭ

 ᠤᠨ ᠪᠠᠶᠢᠭᠤᠯᠤᠯᠳᠠ ᠶᠢ ᠲᠦᠷᠭᠡᠳᠭᠡᠵᠦ᠂ ᠬᠤᠰᠢᠭᠤ ᠪᠠᠯᠭᠠᠰᠤ ᠲᠤᠰᠬᠤᠨ ᠭᠤᠷᠪᠠᠨ ᠱᠠᠳᠤᠨ ᠤ ᠡᠷᠡᠭᠦᠯ ᠬᠠᠮᠠᠭᠠᠯᠠᠯ

 ᠤᠨ ᠰᠠᠭᠤᠷᠢ ᠲᠦᠭᠦᠭᠡᠷᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠦᠨᠳᠦᠰᠦᠨ ᠱᠠᠳᠤᠨ ᠤ ᠡᠮᠨᠡᠯᠭᠡ ᠶᠢᠨ

ᠬᠤᠷᠢᠶᠠᠨ ᠤ ᠦᠢᠯᠡᠴᠢᠯᠡᠭᠡᠨ ᠤ ᠴᠢᠳᠠᠪᠤᠷᠢ ᠶᠢ ᠲᠡᠭᠦᠯᠳᠡᠷᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠡᠮᠴᠢ ᠡᠮ

ᠲᠤᠳᠠᠬᠤ ᠠᠰᠠᠭᠤᠳᠠᠯ ᠢ ᠰᠢᠢᠳᠪᠤᠷᠢᠯᠡᠨ᠎ᠡ᠃ ᠡᠮᠴᠢ ᠶᠢᠨ ᠡᠩᠨᠡᠭᠡᠨ ᠤ ᠪᠠᠶᠢᠭᠤᠯᠤᠯᠳᠡ ᠶᠢ ᠴᠢᠩᠭᠠᠳᠬᠠᠵᠦ᠂ ᠤᠯᠠᠨ

ᠨᠡᠶᠢᠳᠡ ᠶᠢᠨ ᠡᠷᠡᠭᠦᠯ ᠬᠠᠮᠭᠠᠯᠠᠯ ᠤᠨ ᠦᠢᠯᠡᠴᠢᠯᠡᠭᠡᠨ ᠵᠢᠴᠢ ᠪᠠᠴᠢᠮ ᠪᠠᠶᠢᠳᠠᠯ ᠢ ᠰᠢᠢᠳᠪᠤᠷᠢᠯᠡᠬᠦ ᠴᠢᠳᠠᠪᠤᠷᠢ ᠪᠠᠨ

ᠳᠡᠭᠡᠭᠰᠢᠯᠡᠭᠦᠯᠦᠨ᠎ᠡ᠂ ᠲᠦᠯᠦᠪᠯᠡᠭᠡᠳᠦ ᠦᠷᠡᠵᠢᠯ ᠤᠨ ᠦᠨᠳᠣᠰᠣᠨ ᠲᠦᠷᠦ ᠶᠢᠨ ᠪᠤᠳᠤᠯᠭ᠎ᠠ ᠶᠢ ᠪᠠᠷᠢᠮᠳᠠᠯᠠᠨ᠂

ᠬᠦᠮᠤᠨ ᠠᠮᠠ   ᠶᠢᠨ ᠤᠷᠳᠣ ᠬᠤᠭᠤᠴᠠᠭᠠᠨ ᠤ ᠳᠡᠩᠴᠡᠬᠦᠷᠢ ᠲᠠᠢ ᠬᠦᠭᠵᠢᠯᠳᠠ ᠶᠢ ᠠᠬᠢᠭᠤᠯᠤᠨ᠎ᠠ᠃

      ᠨᠡᠶᠢᠳᠡ ᠶᠢᠨ ᠠᠮᠤᠷ ᠲᠦᠪᠰᠢᠨ ᠤ ᠬᠠᠮᠢᠶᠠᠷᠤᠯᠳᠠ ᠪᠠᠨ ᠪᠦᠬᠦ ᠲᠠᠯ᠎ᠠ ᠪᠠᠷ ᠴᠢᠩᠭᠠᠳᠬᠠᠨ᠎ᠠ᠃ ︽

ᠠᠮᠤᠭᠤᠯᠠᠩ ᠵᠠᠷᠤᠳ︾ ᠤᠨ ᠪᠠᠶᠢᠭᠤᠯᠤᠯᠳᠠ ᠶᠢ ᠬᠦᠨᠵᠡᠭᠡᠶᠢᠷᠡᠭᠦᠯᠦᠨ᠂ ᠪᠡᠶᠡᠳᠦ ᠠᠮᠤᠷ ᠢ ᠬᠠᠮᠭᠠᠯᠠᠵᠦ ᠰᠡᠷᠭᠡᠶᠢᠯᠡᠬᠦ

ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠴᠢᠩᠭ᠎ᠠ ᠴᠤᠬᠢᠯᠳᠠ ᠦᠭᠬᠦ ᠦᠨᠳᠦᠷ ᠲᠠᠷᠤᠯᠳᠠᠳᠦ ᠪᠠᠶᠢᠳᠠᠯ ᠢ

ᠪᠠᠳᠤᠯᠠᠨ᠎ᠠ᠃ ︽ᠲᠤᠯᠤᠭ᠎ᠠ ᠲᠠᠪᠤ︾ ᠶᠢᠨ ᠬᠠᠤᠯᠢ ᠲᠦᠭᠡᠮᠡᠯᠵᠢᠭᠦᠯᠬᠦ ᠲᠦᠯᠦᠪᠵᠢᠭᠦᠯᠭᠡ ᠶᠢ ᠪᠦᠬᠦ ᠲᠠᠯ᠎ᠠ ᠪᠠᠷ

ᠬᠡᠷᠡᠭᠵᠢᠭᠦᠯᠦᠨ᠂ ᠬᠠᠤᠯᠢ ᠴᠠᠭᠠᠵᠠ ᠶᠢᠨ ᠦᠢᠯᠡᠴᠢᠯᠡᠭᠡᠨ ᠤ ᠠᠵᠢᠯ ᠲᠦᠷᠦᠯ ᠤᠨ ᠬᠠᠮᠢᠶᠠᠷᠤᠯᠳᠠ ᠪᠠᠨ

ᠲᠦᠷᠢᠮᠵᠢᠭᠦᠯᠦᠨ᠂ ᠠᠷᠠᠳ ᠢᠷᠭᠡᠳ ᠤᠨ ᠬᠠᠤᠯᠢ ᠴᠠᠭᠠᠵᠠ ᠶᠢᠨ ᠬᠡᠪ ᠴᠢᠨᠠᠷ ᠪᠠ ᠨᠡᠶᠢᠭᠡᠮ ᠤᠨ ᠬᠠᠤᠯᠢᠴᠢᠯᠡᠯᠳᠡ

 ᠶᠢᠨ ᠲᠦᠪᠰᠢᠨ ᠢ ᠦᠨᠡᠨᠬᠦ  ᠳᠡᠭᠡᠭᠰᠢᠯᠡᠭᠦᠯᠦᠨ᠎ᠡ᠃ ︽532︾ ᠤᠨ ᠠᠵᠢᠯ ᠤᠨ ᠠᠷᠭ᠎ᠠ ᠶᠢ ᠪᠦᠬᠦ ᠲᠠᠯ᠎ᠠ ᠪᠠᠷ

ᠲᠡᠯᠭᠡᠷᠡᠭᠦᠯᠦᠨ᠂ ᠦᠨᠳᠦᠰᠦᠨ ᠱᠠᠳᠤᠨ ᠤ ᠠᠷᠠᠳᠴᠢᠯᠠᠯ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠨ᠎ᠠ᠃

ᠵᠠᠬᠢᠳᠠᠯ ᠰᠤᠷᠪᠤᠯᠵᠢᠯᠠᠯ ᠤᠨ ︽ ᠭᠤᠷᠪᠠ ᠶᠢ ᠭᠦᠢᠴᠡᠳᠭᠡᠬᠦ‍ ᠨᠢᠭᠡ ᠶᠢ ᠰᠢᠢᠳᠪᠤᠷᠢᠯᠡᠬᠦ︾ ᠱᠠᠭᠠᠷᠳᠠᠯᠭ᠎ᠠ ᠶᠢ

ᠨᠠᠶᠢᠳᠠᠪᠤᠷᠵᠢᠭᠤᠯᠤᠨ᠂ ᠤᠯᠠᠨ ᠲᠦᠮᠡᠨ ᠤ ᠵᠦᠢ ᠵᠤᠬᠢᠰᠳᠠᠢ ᠵᠠᠷᠭᠤ ᠭᠤᠮᠤᠳᠠᠯ ᠢ ᠬᠠᠤᠯᠢ ᠶᠤᠰᠤᠭᠠᠷ ᠰᠢᠢᠳᠪᠤᠷᠢᠯᠡᠨ

ᠦᠭᠭᠦᠨ᠎ᠡ᠃ ︽ᠢᠳᠡᠭᠡᠨ ᠤ ᠵᠦᠢᠯ ᠡᠮ ᠤᠨ ᠵᠦᠢᠯ ᠤᠨ ᠤᠶᠤᠯᠢᠭ ᠬᠢᠨᠠᠯᠳᠠ︾ ᠶᠢᠨ ᠰᠠᠭᠤᠷᠢ ᠲᠠᠪᠴᠠᠩ ᠢ

ᠪᠠᠶᠢᠭᠤᠯᠵᠦ᠂ ᠢᠳᠡᠭᠡᠨ ᠤ ᠵᠦᠢᠯ᠂ ᠡᠮ ᠤᠨ ᠵᠦᠢᠯ ᠢ ᠰᠢᠯᠭᠠᠨ ᠬᠡᠮᠵᠢᠬᠦ ᠲᠦᠪ ᠤᠨ ᠪᠠᠶᠢᠭᠤᠯᠤᠯᠳᠠ ᠶᠢ

ᠲᠠᠭᠤᠰᠬᠠᠨ᠎ᠠ᠃ ᠦᠢᠯᠡᠳᠭᠦᠨ ᠤ ᠶᠠᠰᠤ ᠴᠢᠨᠠᠷ ᠪᠠ ᠤᠨᠴᠠ ᠲᠦᠷᠦᠯ ᠤᠨ ᠲᠦᠭᠦᠭᠡᠷᠤᠮᠵᠢ ᠶᠢᠨ ᠠᠮᠤᠷ ᠲᠦᠪᠰᠢᠨ ᠤ

ᠬᠢᠨᠠᠯᠳᠠ ᠶᠢ ᠰᠠᠶᠢᠳᠤᠷ ᠠᠳᠬᠤᠵᠦ᠂ ᠬᠢᠨᠠᠨ ᠰᠢᠯᠭᠠᠬᠤ ᠲᠦᠪᠰᠢᠨ ᠢᠶᠠᠨ ᠳᠡᠭᠡᠭᠰᠢᠯᠡᠭᠦᠯᠦᠨ᠎ᠡ᠃ ᠠᠶᠤᠯᠭᠦᠢ

ᠦᠢᠯᠡᠳᠪᠤᠷᠢᠯᠡᠯ ᠤᠨ ᠶᠡᠭᠡ ᠪᠠᠶᠢᠴᠠᠭᠠᠯᠳᠠ ᠶᠢᠨ ᠠᠵᠢᠯ ᠢ ᠴᠢᠩᠭᠠᠳᠬᠠᠵᠦ᠂ ᠬᠢᠨᠡᠯᠳᠡ ᠲᠠᠯᠪᠢᠵᠦ ᠬᠠᠤᠯᠢ

ᠬᠡᠷᠡᠭᠵᠢᠭᠦᠯᠬᠦ ᠬᠦᠴᠦᠨ ᠢᠶᠠᠨ ᠶᠡᠬᠡᠰᠬᠡᠵᠦ᠂ ᠬᠦᠨᠳᠦ ᠴᠢᠬᠤᠯᠡ ᠬᠡᠷᠡᠭ ᠭᠠᠷᠬᠤ ᠠᠴᠠ ᠰᠡᠷᠭᠡᠶᠢᠯᠡᠵᠦ᠂ ᠠᠮᠤᠷ

ᠲᠦᠪᠰᠢᠨ ᠤ ᠤᠯᠠᠭᠠᠨ ᠱᠤᠭᠤᠮ ᠢ ᠡᠷᠡᠰ ᠰᠠᠬᠢᠨ᠎ᠠ᠃ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ

ᠪᠦᠯᠬᠦᠮᠳᠡᠯ ᠲᠠᠪᠰᠢᠯᠳᠠ ᠶᠢᠨ ᠲᠠᠭᠤᠷᠢᠶᠠᠯ ᠦᠵᠡᠭᠦᠯᠬᠦ ᠬᠤᠰᠢᠭᠤ ᠶᠢ ᠢᠳᠡᠪᠬᠢᠳᠡᠢ ᠡᠭᠦᠳᠦᠨ ᠪᠠᠶᠢᠭᠤᠯᠵᠦ᠂

ᠮᠤᠩᠭᠤᠯ ᠦᠭᠡ ᠬᠡᠯᠡ ᠦᠰᠦᠭ ᠪᠢᠴᠢᠭ ᠢ ᠰᠤᠷᠤᠯᠴᠠᠵᠦ ᠬᠡᠷᠡᠭᠯᠡᠬᠦ ᠠᠵᠢᠯ ᠢ ᠰᠠᠶᠢᠳᠤᠷ ᠬᠢᠨ᠎ᠡ᠃ ᠱᠠᠰᠢᠨ ᠤ

ᠠᠵᠢᠯᠯᠠᠭ᠎ᠠ ᠶᠢᠨ ᠲᠠᠯᠠᠪᠤᠷ ᠢ ᠲᠦᠷᠢᠮᠵᠢᠭᠦᠯᠦᠨ᠂ ᠦᠨᠳᠦᠰᠦᠳᠡᠨ ᠨᠦᠭᠦᠳ ᠬᠠᠮᠳᠤᠪᠠᠷ ᠴᠡᠴᠡᠭᠯᠡᠨ ᠬᠦᠭᠵᠢᠬᠦ ᠶᠢ

ᠠᠬᠢᠭᠤᠯᠤᠨ᠎ᠠ᠃ ︽ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ

ᠦᠷᠭᠦᠯᠵᠢᠯᠡᠨ ᠠᠬᠢᠭᠤᠯᠤᠨ᠎ᠠ᠃ ᠡᠭᠦᠨ ᠤ ᠬᠠᠮᠳᠦ ᠠᠷᠠᠳ ᠤᠨ ᠪᠦᠯᠬᠦᠮ ᠤᠨ ᠨᠡᠶᠢᠭᠡᠮ ᠤᠨ ᠬᠠᠮᠢᠶᠠᠷᠤᠯᠳᠠ ᠪᠠ

ᠨᠡᠶᠢᠳᠡ ᠶᠢᠨ ᠦᠢᠯᠡᠴᠢᠯᠡᠭᠡᠨ ᠳᠤ ᠤᠷᠤᠯᠴᠠᠬᠤ ᠶᠢ ᠳᠡᠮᠵᠢᠵᠦ᠂ ᠠᠷᠠᠳ ᠤᠨ ᠠᠭᠠᠷ ᠤᠨ ᠰᠡᠷᠭᠡᠶᠢᠯᠡᠯᠳᠡ᠂ ᠠᠷᠠᠳ

 ᠤᠨ ᠵᠡᠪᠰᠡᠭᠳᠦ ᠬᠦᠴᠦᠨ ᠤ ᠬᠡᠯᠳᠡᠰ᠂ ᠲᠠᠩᠰᠠ ᠡᠪᠬᠡᠮᠡᠯ᠂ ᠲᠡᠦᠬᠡ ᠤᠶᠢᠯᠠᠯᠭ᠎ᠠ᠂ ᠵᠡᠮᠳᠡᠭᠴᠤᠳ ᠤᠨ ᠬᠤᠯᠪᠤᠭ᠎ᠠ᠂

ᠤᠯᠠᠭᠠᠨ ᠵᠠᠭᠠᠯᠮᠠᠶᠢᠳᠠᠨ᠂ ᠡᠪ ᠬᠠᠮᠳᠦ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠬᠡᠦᠬᠡᠳ᠂ ᠰᠢᠨᠵᠢᠯᠡᠭᠡ

ᠮᠡᠷᠭᠡᠵᠢᠯ   ᠤᠨ ᠨᠡᠶᠢᠭᠡᠮᠯᠢᠭ᠂ ︽ᠭᠤᠷᠪᠠᠨ ᠨᠠᠰᠣᠵᠢᠯ︾ ᠵᠡᠷᠭᠡ ᠡᠯ᠎ᠡ ᠠᠵᠢᠯ ᠦᠢᠯᠡᠰ ᠢ ᠦᠷᠨᠢᠨ ᠬᠦᠭᠵᠢᠭᠦᠯᠦᠨ᠎ᠡ᠃

     ︵ᠶᠢᠰᠤ︶ ᠵᠠᠰᠠᠭ ᠤᠨ ᠤᠷᠳᠤᠨ ᠤ ᠡᠭᠦᠷᠭᠡ ᠴᠢᠳᠠᠪᠤᠷᠢ ᠪᠠᠨ ᠲᠦᠷᠬᠡᠨ ᠬᠤᠪᠢᠷᠠᠭᠤᠯᠤᠨ᠂ ᠠᠷᠠᠳ ᠲᠦᠮᠡᠨ

ᠰᠡᠳᠭᠢᠯ ᠬᠠᠨᠤᠮᠵᠢᠳᠠᠢ ᠵᠠᠰᠠᠭ ᠤᠨ ᠤᠷᠳᠤᠨ ᠢ ᠪᠠᠶᠢᠭᠤᠯᠤᠨ᠎ᠠ

      ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠯᠠᠨ᠂ ᠠᠵᠢᠯ ᠤᠨ

ᠤᠪᠤᠷ ᠰᠤᠷᠳᠠᠯ ᠢᠶᠠᠨ ᠦᠷᠭᠦᠯᠵᠢᠯᠡᠨ ᠰᠠᠶᠢᠵᠢᠷᠠᠭᠤᠯᠵᠦ᠂ ᠬᠦᠭᠵᠢᠯᠳᠡ ᠶᠢᠨ ᠶᠡᠭᠡ ᠪᠠᠶᠢᠳᠠᠯ ᠳᠤ ᠨᠡᠩ ᠰᠠᠶᠢᠨ

ᠦᠢᠯᠡᠴᠢᠯᠡᠵᠦ᠂ ᠠᠷᠠᠳ ᠲᠦᠮᠡᠨ ᠳᠤ ᠬᠠᠷᠢᠭᠤᠴᠠᠵᠦ᠂ ᠠᠷᠠᠳ ᠲᠦᠮᠡᠨ ᠤ ᠬᠢᠨᠠᠯᠳᠠ ᠶᠢ ᠬᠦᠯᠢᠶᠡᠭᠰᠡᠨ᠂ ᠠᠷᠠᠳ

ᠲᠦᠮᠡᠨ ᠬᠠᠨᠤᠮᠵᠢᠳᠠᠢ ᠪᠠᠶᠢᠬᠤ ᠶᠢ ᠬᠢᠵᠦ ᠭᠦᠢᠴᠡᠳᠭᠡᠨ᠎ᠡ᠃

      ᠬᠠᠤᠯᠢ ᠪᠠᠷ ᠵᠠᠰᠠᠭ ᠪᠠᠷᠢᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠎ᠡ᠃ ᠬᠤᠰᠢᠭᠤᠨ ᠤ ᠵᠠᠰᠠᠭ ᠤᠨ

ᠤᠷᠳᠤᠨ ᠵᠢᠴᠢ ᠲᠡᠭᠦᠨ ᠤ ᠪᠦᠷᠢᠯᠳᠦᠭᠰᠡᠨ ᠰᠠᠯᠠᠭ᠎ᠠ ᠮᠦᠴᠢᠷ ᠪᠠ ᠠᠵᠢᠯᠳᠠᠨ ᠠᠵᠢᠯᠴᠢᠨ ᠤ ᠦᠨᠳᠦᠰᠦᠨ ᠬᠠᠤᠯᠢ

ᠪᠠ ᠬᠠᠤᠯᠢ ᠴᠠᠭᠠᠵᠠ ᠶᠢ ᠴᠢᠩᠭ᠎ᠠ ᠰᠠᠬᠢᠵᠦ᠂ ᠵᠠᠰᠠᠭ ᠤᠨ ᠤᠷᠳᠤᠨ ᠤ ᠡᠷᠬᠡ ᠬᠢᠵᠠᠭᠠᠷᠯᠠᠯ᠂ ᠡᠭᠦᠷᠭᠡ

ᠬᠠᠷᠢᠭᠤᠴᠠᠯᠭ᠎ᠠ ᠪᠠᠨ ᠰᠠᠶᠢᠳᠦᠷ ᠡᠵᠡᠮᠳᠡᠵᠦ᠂ ᠲᠤᠰᠢᠶᠠᠯ ᠢᠶᠠᠨ ᠭᠤᠳᠤᠭᠠᠬᠤ ᠦᠭᠡᠢ᠂ ᠡᠷᠬᠡ ᠠᠴᠠ ᠪᠠᠨ ᠲᠠᠪᠠᠭ᠋ᠤ

ᠦᠭᠡᠢ ᠪᠠᠶᠢᠬᠤ ᠬᠡᠷᠡᠭᠳᠠᠢ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ

ᠪᠠᠶᠢᠩᠭᠤ ᠶᠢᠨ ᠬᠤᠷᠢᠶᠡᠨ ᠤ ᠰᠢᠢᠳᠪᠤᠷᠢ᠂ ᠲᠤᠭᠳᠠᠭᠭᠠᠯ ᠢ ᠴᠢᠩᠭ᠎ᠠ ᠬᠡᠷᠡᠭᠵᠢᠭᠦᠯᠦᠨ᠂ ᠠᠷᠠᠳ ᠤᠨ

ᠲᠦᠯᠦᠭᠡᠯᠡᠭᠴᠢᠳ ᠤᠨ ᠶᠡᠭᠡ ᠬᠤᠷᠠᠯ ᠤᠨ ᠬᠢᠨᠡᠯᠳᠡ᠂ ᠤᠯᠤᠰ ᠲᠦᠷᠦ   ᠶᠢᠨ ᠵᠦᠪᠯᠡᠯᠭᠡᠨ ᠤ ᠬᠢᠨᠠᠯᠳᠠ᠂ ᠨᠡᠶᠢᠭᠡᠮ

 ᠤᠨ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ᠎ᠡ᠃

      ᠠᠷᠠᠳ ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠎ᠡ᠃ ᠠᠷᠠᠳ‌‍ᠲ᠋ᠦ᠋ᠮᠡᠨ ᠯᠤᠭ᠎ᠠ

 ᠶᠢᠨ ᠴᠢᠰᠤ ᠮᠢᠬᠠᠨ ᠤ ᠬᠠᠷᠢᠴᠠᠭ᠎ᠠ ᠪᠠᠨ ᠦᠨᠢᠳᠡ ᠪᠠᠷᠢᠮᠳᠠᠯᠠᠨ᠂ ᠬᠠᠮᠤᠭ ᠶᠡᠭᠡ ᠬᠡᠮᠵᠢᠶ᠎ᠡ ᠪᠠᠷ ᠠᠷᠠᠳ ᠤᠨ

ᠠᠮᠢᠳᠤᠷᠠᠯ ᠤᠨ ᠬᠡᠷᠡᠭᠴᠡᠭᠡ ᠶᠢ ᠬᠠᠩᠭᠠᠨ᠎ᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠬᠦᠨᠵᠡᠭᠡᠢ ᠠᠬᠢᠭᠤᠯᠵᠦ᠂

ᠰᠤᠨᠢᠨ ᠮᠡᠳᠡᠭᠡ ᠨᠡᠶᠢᠳᠡᠯᠡᠬᠦ ᠲᠦᠷᠢᠮ ᠢ ᠲᠡᠭᠦᠯᠳᠡᠷᠵᠢᠭᠦᠯᠦᠨ᠎ᠡ᠃ ᠬᠤᠰᠢᠭᠤᠨ ᠲᠠᠷᠤᠭ᠎ᠠ ᠶᠢᠨ ᠬᠠᠯᠠᠮᠰᠢᠯ ᠤᠳᠠᠰᠤ ᠶᠢ

24 ᠴᠠᠭ   ᠢᠶᠠᠷ ᠨᠡᠪᠳᠡᠷᠡᠭᠦᠯᠵᠦ᠂ ᠤᠯᠠᠨ ᠲᠦᠮᠡᠨ ᠤ ᠬᠠᠯᠠᠮᠰᠢᠯ ᠠᠰᠠᠭᠤᠳᠠᠯ ᠪᠠ ᠬᠦᠴᠢᠷ ᠠᠰᠠᠭᠤᠳᠠᠯ ᠳᠤ ᠲᠡᠷᠡ

ᠲᠠᠷᠤᠢ ᠳᠤᠨᠢ ᠬᠠᠷᠢᠭᠤᠯᠳᠠ ᠦᠭᠭᠦᠨ᠎ᠡ᠃  

      ᠵᠠᠰᠠᠭ ᠵᠠᠬᠢᠷᠭᠠᠨ ᠤ ᠬᠦᠢᠴᠡᠳᠭᠡᠬᠦ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠎ᠡ᠃ ᠴᠢᠬᠤᠯᠠ ᠰᠢᠢᠳᠪᠤᠷᠢ

 ᠶᠢ ᠲᠤᠤᠱᠯᠭᠤᠯᠵᠦ᠂ ᠴᠢᠬᠤᠯᠠ ᠠᠵᠢᠯ ᠢ ᠨᠠᠶᠢᠳᠠᠪᠤᠷᠢᠵᠢᠭᠤᠯᠵᠦ᠂ ᠴᠢᠬᠤᠯᠡ ᠲᠦᠷᠦᠯ ᠵᠦᠢᠯ ᠤᠨ ᠪᠠᠶᠢᠭᠤᠯᠤᠯᠳᠠ

 ᠶᠢᠨ  ᠱᠠᠭᠠᠷᠳᠠᠨ ᠪᠠᠶᠢᠴᠠᠭᠠᠯᠳᠠ ᠪᠠᠨ ᠶᠡᠭᠡᠰᠭᠡᠵᠦ᠂ ᠱᠠᠭᠠᠷᠳᠠᠨ ᠪᠠᠶᠢᠴᠠᠭᠠᠬᠤ ᠠᠵᠢᠯ ᠤᠨ ᠡᠷᠬᠡ ᠰᠦᠷ ᠢ ᠪᠤᠢ

ᠪᠤᠯᠭᠠᠨ᠎ᠠ᠃ ᠬᠢᠨᠠᠨ ᠪᠤᠳᠤᠬᠤ ᠬᠢᠨᠠᠯᠳᠠ ᠲᠠᠯᠪᠢᠬᠤ ᠬᠦᠴᠦᠨ ᠢᠶᠠᠨ ᠶᠡᠬᠡᠰᠬᠡᠵᠦ᠂ ᠨᠡᠶᠢᠳᠡ ᠶᠢᠨ ᠪᠡᠯᠡ ᠮᠦᠩᠭᠦ᠂

ᠤᠯᠤᠰ ᠤᠨ  ᠬᠦᠷᠦᠩᠭᠡ᠂ ᠤᠯᠤᠰ ᠤᠨ ᠡᠬᠢ ᠪᠠᠶᠠᠯᠢᠭ ᠪᠠ ᠤᠳᠤᠷᠢᠳᠬᠤ ᠺᠠᠳ᠋ᠷ ᠤᠨ ᠠᠵᠦ ᠠᠬᠤᠢ ᠶᠢᠨ

ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠬᠢᠨᠠᠨ ᠪᠤᠳᠤᠬᠤ ᠶᠢ ᠪᠦᠬᠦ ᠲᠠᠯ᠎ᠠ ᠪᠠᠷ ᠭᠦᠢᠴᠡᠳᠭᠡᠨ᠎ᠡ᠃ ᠵᠠᠰᠠᠭ

ᠵᠠᠬᠢᠷᠭᠠᠨ ᠤ ᠦᠷ᠎ᠡ ᠪᠦᠳᠦᠮᠵᠢ ᠡᠷᠬᠡ ᠴᠢᠳᠠᠪᠤᠷᠢ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠵᠦ᠂ ᠵᠠᠯᠬᠠᠭᠤ ᠵᠠᠰᠠᠭ᠂

ᠠᠯᠵᠠᠭᠤ ᠵᠠᠰᠠᠭ᠂ ᠡᠭᠡᠯ ᠵᠠᠰᠠᠭ ᠤᠨ ᠠᠵᠢᠯᠯᠠᠭ᠎ᠠ ᠶᠢ ᠡᠷᠡᠰ ᠴᠡᠭᠴᠡᠯᠡᠨ᠂ ᠤᠷᠤᠨ ᠡᠵᠡᠯᠡᠭᠡᠳ ᠠᠵᠢᠯ ᠬᠢᠬᠦ ᠦᠭᠡᠢ᠂

ᠲᠤᠷ᠎ᠠ ᠲᠠᠪᠠ ᠪᠠᠷ ᠢᠶᠠᠨ ᠠᠵᠢᠯ ᠬᠢᠬᠦ ᠶᠢ ᠶᠠᠭᠠᠭᠢᠭᠰᠠᠨ ᠴᠦ  ᠵᠦᠪᠰᠢᠶᠡᠷᠡᠬᠦ ᠦᠭᠡᠢ᠃

      ᠠᠷᠢᠭᠤᠨ ᠴᠢᠭᠡᠴᠢ ᠪᠠᠷ ᠵᠠᠰᠠᠭ ᠪᠠᠷᠢᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠦᠨ᠎ᠡ᠃ ︽ᠬᠤᠶᠠᠷ ᠢ

ᠰᠤᠷᠤᠯᠴᠠᠵᠦ ᠬᠢᠷᠢ ᠳᠡᠩᠴᠡᠭᠰᠡᠨ ᠨᠠᠮ ᠤᠨ ᠭᠡᠰᠢᠭᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠠᠵᠢᠯᠯᠠᠭ᠎ᠠ ᠶᠢ

ᠬᠦᠨᠵᠡᠭᠡᠢ ᠦᠷᠨᠢᠭᠦᠯᠦᠨ᠂ ︽ᠲᠦᠷᠪᠡᠨ ᠦᠵᠡᠯ ᠤᠬᠠᠮᠰᠠᠷ︾ ᠢ ᠦᠢᠯᠡᠳᠦᠯᠭᠡᠵᠢᠭᠦᠯᠬᠦ ᠦᠵᠡᠯ ᠰᠠᠨᠠᠭᠠᠨ ᠤ

ᠤᠬᠠᠮᠰᠠᠷ ᠪᠠ ᠠᠵᠢᠯᠯᠠᠭ᠎ᠠ ᠶᠢᠨ ᠤᠬᠠᠮᠰᠠᠷ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠡᠯ᠎ᠡ ᠵᠦᠢᠯ ᠤᠨ ᠲᠦᠷᠢᠮ

ᠪᠠ ᠬᠠᠮᠢᠶᠠᠷᠤᠯᠳᠠ ᠲᠤᠭᠳᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠷᠠᠯ ᠤᠨ ᠰᠤᠷᠳᠠᠯ ᠵᠤᠬᠢᠶᠠᠯ ᠤᠨ ᠰᠣᠷᠳᠠᠯ

 ᠢᠶᠠᠨ ᠦᠷᠭᠦᠯᠵᠢᠯᠡᠨ ᠰᠠᠶᠢᠵᠢᠷᠠᠭᠤᠯᠵᠦ᠂ ᠭᠠᠮᠨᠠᠨ ᠠᠷᠪᠢᠯᠠᠬᠤ ᠶᠢ ᠰᠠᠨᠠᠭᠠᠴᠢᠯᠠᠨ᠂ ᠪᠦᠷᠢᠯᠭᠡᠨ ᠰᠦᠢᠳᠭᠡᠬᠦ ᠶᠢ

ᠡᠰᠡᠷᠭᠦᠴᠡᠭᠦ᠂ ︽ᠠᠯᠪᠠᠨ ᠤ ᠭᠤᠷᠪᠠᠨ ᠵᠠᠷᠤᠳᠠᠯ︾ ᠢ ᠬᠠᠰᠤᠬᠤ ᠠᠴᠠ ᠪᠢᠰᠢ ᠨᠡᠮᠡᠬᠦ ᠦᠭᠡᠢ ᠪᠠᠶᠢᠬᠤ ᠶᠢ ᠦᠨᠡᠨᠬᠦ

ᠪᠠᠳᠤᠯᠠᠨ᠎ᠠ᠃ ᠬᠤᠰᠢᠭᠤᠨ ᠤ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠤᠨ ᠨᠠᠮ ᠤᠨ ᠰᠤᠷᠳᠠᠯ ᠴᠢᠭᠡᠴᠢ

ᠵᠠᠰᠠᠭ ᠤᠨ ᠪᠦᠳᠦᠭᠡᠨ ᠪᠠᠶᠢᠭᠤᠯᠤᠯᠳᠠ ᠶᠢᠨ ᠭᠤᠤᠯ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂

ᠨᠠᠮ ᠤᠨ ᠭᠡᠰᠢᠭᠦᠨ ᠺᠠᠳ᠋ᠷᠴᠤᠳ ᠲᠤ ︽ᠴᠢᠩᠭ᠎ᠠ︾᠂ ︽ᠪᠤᠳᠠᠳᠠᠢ︾ ᠵᠤᠷᠢᠭ ᠰᠠᠨᠠᠭ᠎ᠠ ᠶᠢ ᠶᠡᠬᠡᠪᠡᠷ ᠤᠷᠢᠶᠠᠯᠠᠵᠦ᠂

ᠠᠷᠢᠭᠤᠨ ᠴᠢᠭᠡᠴᠢ ᠪᠠᠷ ᠠᠵᠢᠯ ᠬᠢᠬᠦ ᠶᠢ ᠵᠠᠰᠠᠭ ᠤᠨ ᠤᠷᠳᠤᠨ ᠤ ᠤᠪᠤᠷ ᠰᠤᠷᠳᠠᠯ ᠤᠨ ᠬᠦᠳᠦᠯᠦᠭᠴᠢ ᠪᠤᠯᠭᠠᠨ᠎ᠠ᠃

    ᠲᠦᠯᠦᠭᠡᠯᠡᠭᠴᠢᠳ ᠡ᠂ ᠦᠩᠭᠡᠷᠡᠭᠰᠡᠨ ᠢᠶᠠᠨ ᠡᠷᠭᠢᠴᠡᠭᠦᠯᠪᠡᠯ᠂ ᠪᠢᠳᠡ ᠡᠷᠡᠯᠭᠡᠭ ᠢᠶᠠᠷ ᠳᠡᠮᠡᠴᠡᠵᠦ᠂ ᠢᠯᠡᠷᠬᠡᠢ

ᠠᠮᠵᠢᠯᠳᠡ ᠤᠯᠪᠠ᠃ ᠢᠷᠡᠭᠡᠳᠦᠢ ᠪᠠᠨ ᠪᠠᠷᠠᠯᠠᠪᠠᠯ᠂ ᠪᠢᠳᠡᠨ ᠤ ᠡᠭᠦᠷᠭᠡ ᠬᠦᠨᠳᠦ ᠵᠠᠮ ᠬᠤᠯᠠ᠂ ᠦᠷᠭᠦᠯᠵᠢᠯᠡᠨ  

ᠴᠢᠷᠮᠠᠶᠢᠬᠤ ᠴᠢᠬᠤᠯᠠ ᠲᠠᠢ᠃ ᠪᠢᠳᠡ ᠬᠤᠰᠢᠭᠤᠨ ᠨᠠᠮ ᠤᠨ ᠬᠤᠷᠢᠶᠠᠨ ᠤ ᠪᠠᠳᠦ ᠴᠢᠩᠭ᠎ᠠ ᠤᠳᠤᠷᠢᠳᠤᠯᠭ᠎ᠠ ᠲᠤᠤᠷ᠎ᠠ᠂

ᠦᠨᠢᠳᠡ ᠦᠷᠭᠡᠨ ᠤᠯᠠᠨ ᠠᠷᠠᠳ ᠲᠦᠮᠡᠨ ᠤ ᠬᠠᠯᠠᠭᠤᠨ ᠬᠦᠢᠳᠡᠨ ᠢ ᠲᠤᠳᠤᠷ᠎ᠠ ᠪᠠᠨ ᠪᠤᠳᠤᠵᠦ᠂ ᠴᠢᠨᠡᠭᠡᠯᠢᠭ

ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠢᠭᠤᠴᠠᠯᠭ᠎ᠠ ᠡᠭᠦᠷᠭᠡᠯᠡᠵᠦ᠂ ᠠᠩᠬᠠᠨ ᠤ ᠬᠠᠷᠠᠯᠳᠠ ᠪᠠᠨ ᠮᠠᠷᠳᠠᠬᠤ

ᠦᠭᠡᠢ᠂ ᠡᠷᠡᠯᠭᠡᠭ ᠢᠶᠠᠷ ᠤᠷᠤᠭᠰᠢᠯᠠᠨ᠂ ᠵᠠᠷᠤᠳ ᠤᠨ ᠦᠰᠦᠷᠤᠩᠭᠦᠢ ᠬᠦᠭᠵᠢᠯᠳᠡ ᠶᠢᠨ ᠰᠢᠨ᠎ᠡ ᠪᠠᠶᠢᠳᠠᠯ ᠢ

ᠡᠭᠦᠳᠴᠦ᠂ ᠰᠢᠯᠢᠳᠡᠭ ᠠᠮᠵᠢᠯᠳᠡ ᠪᠠᠷ   ᠢᠶᠠᠨ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ

ᠬᠤᠷᠠᠯᠳᠤᠬᠤ ᠪᠠ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠤᠯᠭᠠᠶ᠎ᠠ︕

    ︽ᠵᠠᠰᠠᠭ ᠤᠨ ᠤᠷᠳᠣᠨ ᠤ ᠠᠵᠢᠯ ᠤᠨ ᠢᠯᠡᠳᠬᠡᠯ︾ ᠤᠨ ᠨᠡᠷ᠎ᠡ ᠲᠤᠮᠢᠶ᠎ᠠ ᠪᠠ ᠲᠦᠬᠦᠮᠴᠢᠯᠡᠭᠰᠡᠨ ᠦᠬᠡ ᠶᠢᠨ

ᠲᠠᠶᠢᠯᠪᠤᠷᠢ

     1. ︽ᠭᠤᠷᠪᠠᠨ ᠪᠦᠳᠦᠬᠡᠭᠳᠡᠬᠦᠨ ᠨᠢᠬᠡ ᠰᠢᠨᠵᠢ ᠳᠡᠮᠳᠡᠭ︾᠄ ᠨᠠᠶᠢᠳᠠ ᠶᠢᠨ ᠬᠤᠤᠷᠳᠠᠯ ᠦᠬᠡᠢ ᠲᠠᠷᠢᠶᠠᠯᠠᠩ

 ᠤᠨ ᠪᠦᠳᠦᠬᠡᠭᠳᠡᠬᠦᠨ᠂ ᠪᠤᠬᠢᠷᠳᠣᠯ ᠦᠬᠡᠢ ᠢᠳᠡᠬᠡᠨ᠂ ᠤᠷᠭᠠᠨᠢᠭ ᠲᠠᠷᠢᠶᠠᠯᠠᠩ ᠤᠨ ᠪᠦᠳᠦᠬᠡᠭᠳᠡᠬᠦᠨ ᠪᠠ ᠲᠠᠷᠢᠶᠠᠯᠠᠩ

 ᠤᠨ ᠪᠦᠳᠦᠬᠡᠭᠳᠡᠬᠦᠨ ᠤ ᠭᠠᠵᠠᠷ ᠵᠦᠢ ᠶᠢᠨ ᠰᠢᠨᠵᠢ ᠳᠡᠮᠳᠡᠭ ᠤᠨ ᠶᠡᠷᠤᠩᠬᠡᠢ ᠨᠡᠷᠡᠶᠢᠳᠣᠯ

     2. ᠮᠧᠩ ᠼᠣᠣ ︽ᠠᠵᠤ ᠦᠢᠯᠡᠰ ᠤᠨ ᠬᠤᠯᠪᠤᠭᠠᠯᠠᠯ︾᠄ ᠮᠧᠩ ᠼᠣᠣ ᠭᠠᠩ ᠬᠠᠭᠰᠠᠷᠭᠠᠨ ᠢ ᠡᠰᠡᠷᠬᠦᠴᠡᠬᠦ

ᠪᠦᠯᠦᠭᠯᠡᠯ ᠤᠨ ︽ᠨᠤᠳᠤᠭ ᠪᠡᠯᠴᠢᠬᠡᠷ ᠤᠨ ᠡᠬᠢ ᠪᠠᠶᠠᠯᠢᠭ ᠤᠨ ᠨᠡᠬᠡᠬᠡᠯᠳᠠ — ᠠᠮᠢ ᠠᠬᠤᠢ ᠶᠢ ᠰᠡᠷᠬᠦᠬᠡᠬᠦ —

ᠤᠳᠤ ᠦᠶ᠎ᠡ ᠶᠢᠨ ᠮᠠᠯᠵᠢᠯ ᠤᠨ ᠲᠠᠯᠠᠪᠠᠢ ᠶᠢ ᠪᠦᠳᠦᠬᠡᠨ ᠪᠠᠶᠢᠭᠤᠯᠬᠤ ᠠᠰᠢᠭᠯᠠᠬᠤ — ᠪᠤᠬᠢᠷᠳᠣᠯ ᠦᠬᠡᠢ

ᠳᠡᠵᠢᠬᠡᠨ ᠪᠤᠯᠪᠠᠰᠣᠷᠠᠭᠤᠯᠬᠤ ᠵᠢᠴᠢ ᠡᠨᠧᠷᠬᠢ ᠶᠢᠨ ᠰᠣᠷᠪᠤᠯᠵᠢ ᠶᠢᠨ ᠠᠰᠢᠭᠯᠠᠯᠳᠠ — ᠰᠢᠨ᠎ᠡ ᠮᠠᠯᠵᠢᠬᠤ ᠤᠷᠤᠨ

 ᠤ ᠪᠠᠶᠢᠭᠤᠯᠤᠯᠳᠠ︾ ᠵᠡᠷᠬᠡ ᠶᠢ ᠨᠢᠬᠡ ᠴᠤᠭᠴᠠᠵᠢᠭᠤᠯᠤᠭᠰᠠᠨ ᠠᠮᠢ ᠠᠬᠤᠢ ᠶᠢᠨ ᠠᠵᠤ ᠦᠢᠯᠡᠰ ᠤᠨ ᠡᠵᠡᠩᠨᠡᠯᠳᠠ

 ᠶᠢᠨ ᠵᠠᠭᠪᠤᠷ ᠪᠤᠯᠤᠨ᠎ᠠ᠃

     3. ᠪᠠᠩ ᠵᠢᠶᠧ ︽ᠵᠢᠷᠭᠤᠭ᠎ᠠ ᠶᠢ ᠨᠢᠬᠡᠳᠬᠡᠬᠦ︾᠄ ᠦᠪᠤᠷ ᠮᠤᠩᠭᠤᠯ ᠤᠨ ᠪᠠᠩ ᠵᠢᠶᠧ ᠢᠳᠡᠬᠡᠨ ᠤ

ᠬᠢᠵᠠᠭᠠᠷᠳᠣ ᠺᠤᠮᠫᠠᠨᠢ ᠵᠡᠷᠬᠡ ᠳᠠᠭᠠᠭᠤᠯᠤᠭᠴᠢ ᠠᠵᠤ ᠠᠬᠤᠶᠢᠯᠠᠯ ᠢᠶᠠᠷ ᠭᠤᠤᠯ ᠴᠤᠭᠴᠠ ᠪᠤᠯᠭᠠᠨ᠂ ᠮᠠᠯᠴᠢᠨ

ᠲᠠᠷᠢᠶᠠᠴᠢᠨ ᠳᠡᠵᠢᠬᠡᠪᠤᠷᠢ ᠡᠷᠦᠬᠡ ᠪᠠᠷ ᠲᠦᠪ ᠪᠤᠯᠭᠠᠵᠤ᠂ ᠮᠦᠩᠬᠦᠨ ᠬᠦᠢᠯᠬᠡᠬᠡᠨ ᠤ ᠰᠠᠯᠠᠭ᠎ᠠ ᠮᠦᠴᠢᠷ᠂ ᠲᠠᠷᠢᠶᠠᠯᠠᠩ

 ᠤᠨ ᠳᠠᠭᠠᠳᠬᠠᠯ᠂ ᠰᠢᠨᠵᠢᠯᠡᠭᠡ ᠮᠡᠷᠬᠡᠵᠢᠯ ᠤᠨ ᠲᠤᠯᠭᠠᠭᠤᠷᠢᠯᠠᠯ ᠢᠶᠠᠷ ᠪᠠᠳᠣᠯᠠᠭ᠎ᠠ ᠪᠤᠯᠭᠠᠭᠰᠠᠨ ᠵᠢᠷᠭᠤᠭ᠎ᠠ ᠶᠢ ᠨᠢᠬᠡ

ᠴᠤᠭᠴᠠᠵᠢᠭᠤᠯᠤᠭᠰᠠᠨ ᠠᠯᠠᠰᠢᠨ ᠦᠬᠡᠷ ᠬᠤᠨᠢᠨ ᠤ ᠠᠵᠤ ᠦᠢᠯᠡᠰᠵᠢᠯ ᠤᠨ ᠬᠡᠯᠪᠡᠷᠢ ᠮᠥᠨ᠃

     4. ᠮᠤ᠋ ᠶᠤᠸᠠᠨ ︽ᠡᠪᠡᠰᠣ ᠪᠡᠯᠴᠢᠬᠡᠷ ᠢ ᠨᠢᠬᠡ ᠴᠤᠭᠴᠠᠵᠢᠭᠤᠯᠬᠤ︾᠄ ᠦᠪᠤᠷ ᠮᠤᠩᠭᠤᠯ ᠤᠨ ᠮᠤ᠋ ᠶᠤᠸᠠᠨ

ᠲᠠᠷᠢᠶᠠᠯᠠᠩ ᠤᠨ ᠨᠡᠬᠡᠬᠡᠯᠳᠠ ᠶᠢᠨ ᠺᠤᠮᠫᠠᠨᠢ ᠠᠴᠠ ᠪᠤᠬᠢᠷᠳᠣᠯ ᠦᠬᠡᠢ ᠲᠠᠷᠢᠶᠠᠯᠠᠩ ᠢᠶᠠᠷ ᠰᠠᠭᠤᠷᠢ ᠪᠤᠯᠭᠠᠨ᠂ ᠠᠮᠢ

ᠠᠬᠤᠢ ᠶᠢᠨ ᠳᠡᠵᠢᠬᠡᠪᠤᠷᠢ ᠶᠢ ᠬᠦᠭᠵᠢᠬᠦᠯᠤᠨ᠂ ᠲᠠᠷᠢᠬᠤ — ᠳᠡᠵᠢᠬᠡᠬᠦ — ᠪᠤᠯᠪᠠᠰᠣᠷᠠᠭᠤᠯᠬᠤ —

ᠪᠤᠷᠤᠯᠠᠭᠤᠯᠬᠤ ᠶᠢ ᠨᠢᠬᠡ ᠴᠤᠭᠴᠠᠵᠢᠭᠤᠯᠤᠭᠰᠠᠨ ᠤᠷᠴᠢᠯ ᠠᠵᠤ ᠠᠬᠤᠢ ᠶᠢᠨ ᠠᠵᠤ ᠦᠢᠯᠡᠰ ᠤᠨ ᠬᠢᠨᠵᠢ ᠮᠥᠨ᠃

     5. ︽ᠲᠠᠪᠤᠨ ᠨᠢᠬᠡ ᠪᠦᠯᠦᠭ︾᠄ ᠦᠢᠯᠡᠳᠪᠤᠷᠢᠯᠡᠯ ᠢ ᠬᠦᠭᠵᠢᠬᠦᠯᠬᠦ ᠪᠠᠷ ᠳᠠᠮᠵᠢᠨ ᠨᠢᠬᠡ ᠪᠦᠯᠦᠭ ᠢ

ᠶᠠᠳᠠᠭᠤ ᠠᠴᠠ ᠠᠩᠬᠢᠵᠢᠷᠠᠭᠤᠯᠬᠤ᠂ ᠦᠬᠡᠷ᠎ᠡ ᠭᠠᠵᠠᠷ ᠰᠢᠯᠵᠢᠬᠦᠯᠤᠨ ᠶᠠᠳᠠᠭᠤ ᠶᠢ ᠳᠡᠳᠬᠦᠬᠦ ᠪᠠᠷ ᠳᠡᠮᠵᠢᠨ ᠨᠢᠬᠡ

ᠪᠦᠯᠦᠭ ᠢ ᠶᠠᠳᠠᠭᠤ ᠠᠴᠠ ᠠᠩᠬᠢᠵᠢᠷᠠᠭᠤᠯᠬᠤ᠂ ᠠᠮᠢ ᠠᠬᠤᠢ ᠶᠢᠨ ᠨᠦᠬᠦᠪᠤᠷᠢ ᠦᠭᠬᠦ ᠪᠠᠷ ᠳᠠᠮᠵᠢᠨ ᠨᠢᠬᠡ ᠪᠦᠯᠦᠭ ᠢ

ᠶᠠᠳᠠᠭᠤ ᠠᠴᠠ ᠠᠩᠬᠢᠵᠢᠷᠠᠭᠤᠯᠬᠤ᠂ ᠰᠣᠷᠭᠠᠨ ᠬᠦᠮᠤᠵᠢᠯ ᠢ ᠬᠦᠭᠵᠢᠬᠦᠯᠬᠦ ᠪᠠᠷ ᠳᠠᠮᠵᠢᠨ ᠨᠢᠬᠡ ᠪᠦᠯᠦᠭ ᠢ ᠶᠠᠳᠠᠭᠤ

 ᠠᠴᠠ ᠠᠩᠬᠢᠵᠢᠷᠠᠭᠤᠯᠬᠤ᠂ ᠨᠡᠶᠢᠬᠡᠮ ᠤᠨ ᠪᠠᠳᠣᠯᠠᠭ᠎ᠠ ᠪᠠᠷ ᠳᠠᠮᠵᠢᠨ ᠨᠢᠬᠡ ᠪᠦᠯᠦᠭ ᠢ ᠶᠠᠳᠠᠭᠤ ᠠᠴᠠ

ᠠᠩᠬᠢᠵᠢᠷᠠᠭᠤᠯᠬᠤ᠃

     6. ︽ᠡᠷᠦᠬᠡ ᠠᠵᠤ ᠠᠬᠤᠶᠢᠯᠠᠯ ᠬᠠᠮᠳᠣᠪᠡᠷ ᠠᠰᠢᠭ ᠬᠦᠷᠳᠡᠬᠦ︾ ᠶᠠᠳᠠᠭᠤ ᠶᠢ ᠳᠡᠳᠬᠦᠬᠦ ᠵᠠᠭᠪᠤᠷ᠄ ᠶᠠᠳᠠᠭᠤ

ᠬᠦᠴᠢᠷᠳᠡᠢ ᠡᠷᠦᠬᠡ ᠶᠢᠨ ᠮᠦᠩᠬᠦᠨ ᠬᠦᠢᠯᠬᠡᠬᠡᠨ ᠤ ᠶᠠᠳᠠᠭᠤ ᠶᠢ ᠳᠡᠳᠬᠦᠬᠦ ᠵᠢᠬᠡᠯᠡᠯᠬᠡ ᠪᠠᠷ ᠢᠶᠠᠨ ᠠᠵᠤ ᠠᠬᠤᠶᠢᠯᠠᠯ

 ᠳᠤ ᠬᠤᠪᠢ ᠤᠷᠤᠵᠤ᠂ ᠵᠦᠪᠬᠡᠨ ᠭᠠᠷ ᠬᠦᠢᠴᠡᠳᠬᠡᠯ ᠬᠢᠵᠤ᠂ ᠬᠤᠪᠢ ᠤᠷᠤᠭᠰᠠᠨ ᠬᠡᠯᠡᠯᠴᠡᠬᠡᠷ ᠳᠣᠭᠳᠠᠵᠤ᠂ ᠠᠵᠤ

ᠠᠬᠤᠶᠢᠯᠠᠯ ᠤᠨ ᠡᠵᠡᠩᠨᠡᠯᠳᠠ ᠬᠠᠮᠢᠶᠠᠷᠤᠯᠳᠠ ᠳᠤ ᠤᠷᠤᠯᠴᠠᠬᠤ ᠦᠬᠡᠢ᠂ ᠵᠢᠬᠡᠯᠡᠯᠬᠡ ᠶᠢᠨ ᠲᠦᠭᠰᠢᠬᠦᠷᠢ ᠶᠢᠨ

ᠬᠠᠷᠢᠭᠤᠴᠠᠯᠭ᠎ᠠ ᠶᠢ ᠡᠬᠦᠷᠭᠯᠡᠬᠦ ᠦᠬᠡᠢ᠂ ᠠᠵᠤ ᠠᠬᠤᠶᠢᠯᠠᠯ ᠠᠴᠠ ᠶᠠᠳᠠᠭᠤ ᠡᠷᠦᠬᠡ ᠳᠤ ᠪᠠᠳᠣᠯᠠᠭ᠎ᠠ ᠬᠢᠵᠤ᠂ ᠶᠠᠳᠠᠭᠤ

ᠡᠷᠦᠬᠡ ᠶᠢᠨ ᠵᠢᠬᠡᠯᠡᠯᠬᠡ ᠶᠢᠨ ᠡᠬᠡ ᠬᠦᠦ ᠮᠦᠩᠬᠦ ᠶᠢ ᠲᠦᠯᠦᠵᠤ ᠦᠭᠴᠦ᠂ ᠶᠠᠳᠠᠭᠤ ᠬᠦᠴᠢᠷ ᠲᠠᠢ ᠡᠷᠦᠬᠡ ᠳᠤ

ᠲᠤᠭᠳᠠᠭᠰᠠᠨ ᠲᠤᠭᠠᠨ ᠤ ᠠᠰᠢᠭ ᠬᠤᠨᠵᠢᠪᠤᠷᠢ ᠦᠭᠬᠦ ᠶᠠᠳᠠᠭᠤ ᠶᠢ ᠳᠡᠳᠬᠦᠬᠦ ᠵᠠᠭᠪᠤᠷ᠃

     7. ︽8.18︾ ᠤ ᠮᠤᠷᠢᠨ ᠤᠷᠤᠯᠳᠤᠭᠠᠨ ᠤ ᠨᠠᠶᠢᠷ᠄ 1995 ᠤᠨ ᠳᠤ ᠲᠦᠩᠯᠢᠶᠤᠤ ᠬᠤᠳᠠ ᠠᠴᠠ

ᠵᠢᠯ ᠪᠦᠷᠢ ᠶᠢᠨ 8 ᠰᠠᠷ᠎ᠠ ᠶᠢᠨ 18 ᠤ ᠡᠳᠣᠷ ᠮᠦᠷᠢᠨ ᠤᠷᠤᠯᠳᠤᠭᠠᠨ ᠡᠷᠬᠢᠯᠡᠬᠦ ᠪᠠᠷ ᠲᠤᠭᠳᠠᠭᠠᠵᠤ᠂ ᠤᠳᠤ

ᠪᠤᠯᠳᠠᠯ᠎ᠠ ᠨᠢᠬᠡᠨᠳᠠ 20 ᠤᠳᠠᠭ᠎ᠠ ᠡᠷᠬᠢᠯᠡᠪᠡ᠃ ᠮᠤᠷᠢᠨ ᠤᠷᠤᠯᠳᠤᠭᠠᠨ ᠤ ᠨᠠᠶᠢᠷ ᠪᠤᠯ ᠬᠤᠷᠴᠢᠨ ᠤ ᠲᠠᠯ᠎ᠠ ᠨᠤᠳᠤᠭ

 ᠤᠨ ᠦᠪᠡᠳᠡᠭᠰᠢ ᠨᠠᠶᠢᠷ ᠪᠤᠯᠤᠨ᠎ᠠ᠃ ᠵᠢᠭᠤᠯᠴᠢᠯᠠᠯ ᠤᠨ ᠨᠡᠷᠡᠳᠣ ᠳᠡᠮᠳᠡᠭ ᠮᠥᠨ᠃

     8. ︽ᠨᠢᠬᠡ ᠵᠡᠬᠡᠯᠢ ᠨᠢᠬᠡ ᠵᠠᠮ ᠨᠢᠬᠡ ᠪᠠᠯᠭᠠᠰᠣ ᠨᠢᠬᠡ ᠨᠡᠶᠢᠬᠡᠮ ᠲᠤᠭᠤᠷᠢᠭ︾ ᠢ ᠦᠬᠡᠷᠡᠴᠢᠯᠡᠨ ᠵᠠᠰᠠᠬᠤ

ᠢᠨᠵᠧᠨᠧᠷᠢᠩ᠄ ᠬᠤᠳᠠ ᠶᠢᠨ ᠪᠠᠶᠢᠷᠢᠯᠠᠭᠤᠯᠤᠯᠳᠠ ᠪᠠᠷ 2015 ᠤᠨ ᠠᠴᠠ ᠡᠬᠢᠯᠡᠨ᠂ ᠡᠯ᠎ᠡ ᠬᠤᠰᠢᠭᠤ ᠰᠢᠶᠠᠨ

ᠬᠤᠳᠠ ᠵᠢᠯ ᠪᠦᠷᠢ ᠭᠤᠤᠯᠳᠠᠭᠤ ᠬᠤᠳᠠ ᠶᠢᠨ ᠳᠡᠬᠦᠷᠬᠡ ᠶᠢᠨ ᠪᠠᠯᠭᠠᠰᠣᠨ ᠳᠤ ᠨᠢᠬᠡ ᠵᠡᠬᠡᠯᠢ ᠨᠢᠬᠡ ᠵᠠᠮ ᠪᠠ ᠨᠢᠬᠡ

ᠪᠠᠶᠢᠭᠤᠯᠤᠯᠳᠣ ᠪᠠᠯᠭᠠᠰᠣ᠂ ᠨᠢᠬᠡ ᠨᠡᠶᠢᠬᠡᠮ ᠲᠤᠭᠤᠷᠢᠭ ᠢ ᠦᠬᠡᠷᠡᠴᠢᠯᠡᠨ ᠰᠠᠶᠢᠵᠢᠷᠠᠭᠤᠯᠵᠤ ᠳᠡᠰ ᠳᠠᠪᠰᠢᠭᠤᠯᠬᠤ

ᠠᠵᠢᠯ ᠬᠢᠵᠤ᠂ 3 ᠵᠢᠯ ᠤᠨ ᠬᠤᠭᠤᠴᠠᠭ᠎ᠠ ᠶᠢ ᠬᠡᠷᠡᠭᠯᠡᠨ᠂ ᠬᠤᠳᠠ ᠪᠠᠯᠭᠠᠰᠣᠨ ᠤ ᠦᠩᠬᠡ ᠲᠦᠷᠰᠣ ᠶᠢ ᠴᠤ᠋ ᠰᠢᠨ᠎ᠡ

ᠬᠤᠪᠢᠷᠠᠯᠳᠠ ᠲᠠᠢ ᠪᠤᠯᠭᠠᠨ᠎ᠠ᠃

     9. ᠬᠤᠷᠴᠢᠨ ᠤ ᠡᠯᠡᠰᠦᠷᠭᠡᠭ ᠭᠠᠵᠠᠷ ᠢ ︽ᠬᠤᠤᠰ ᠮᠢᠩᠭᠠᠨ ᠲᠦᠮᠡᠨ ᠮᠤ᠋︾ ᠶᠡᠷᠤᠩᠬᠡᠶᠢᠯᠡᠨ ᠵᠠᠰᠠᠬᠤ᠄

ᠲᠦᠩᠯᠢᠶᠤᠤ ᠬᠤᠳᠠ ᠶᠢᠨ ᠨᠠᠮ ᠤᠨ ᠬᠤᠷᠢᠶ᠎ᠠ ᠵᠠᠰᠠᠭ ᠤᠨ ᠤᠷᠳᠣᠨ ᠠᠴᠠ 2014 ᠤᠨ ᠠᠴᠠ ᠡᠬᠢᠯᠡᠨ 2020

ᠪᠤᠯᠳᠠᠯ᠎ᠠ᠂ ᠨᠠᠶᠢᠳᠠ 7 ᠵᠢᠯ ᠤᠨ ᠬᠤᠭᠤᠴᠠᠭ᠎ᠠ ᠬᠡᠷᠡᠭᠯᠡᠨ᠂ 1000 ᠲᠦᠮᠡᠨ ᠮᠤ᠋ ᠤᠢ ᠰᠢᠭᠤᠢ ᠠᠮᠢ ᠠᠬᠤᠢ ᠶᠢ

ᠵᠠᠰᠠᠬᠤ ᠢᠨᠵᠧᠨᠧᠷᠢᠩ ᠪᠠ 1000 ᠲᠦᠮᠡᠨ ᠮᠤ᠋ ᠨᠤᠳᠤᠭ ᠪᠡᠯᠴᠢᠬᠡᠷ ᠤᠨ ᠠᠮᠢ ᠠᠬᠤᠢ ᠶᠢ ᠵᠠᠰᠠᠬᠤ ᠢᠨᠵᠧᠨᠧᠷᠢᠩ

ᠬᠡᠷᠡᠭᠵᠢᠬᠦᠯᠬᠦ ᠪᠠᠷ ᠲᠤᠭᠳᠠᠪᠠ᠃

    10. ︽ᠭᠤᠷᠪᠠᠨ ᠳᠣᠷ᠎ᠠ ᠳᠠᠪᠠ  ︾᠄  ᠲᠤᠷ᠎ᠠ ᠪᠠᠷ ᠠᠳᠠᠷ ᠬᠠᠭᠠᠯᠪᠤᠷᠢᠯᠠᠬᠤ᠂ ᠳᠣᠷ᠎ᠠ ᠪᠠᠷ ᠮᠠᠯᠵᠢᠬᠤ᠂

ᠳᠣᠷ᠎ᠠ ᠪᠠᠷ ᠤᠬᠤᠵᠤ ᠮᠠᠯᠳᠠᠬᠤ᠃

    11. ︽ᠭᠤᠷᠪᠠ ᠶᠢ ᠪᠠᠭᠠᠰᠬᠠᠵᠤ ᠨᠢᠬᠡ ᠶᠢ ᠪᠠᠭᠤᠷᠠᠭᠤᠯᠵᠤ ᠨᠢᠬᠡ ᠶᠢ ᠨᠦᠬᠦᠪᠤᠷᠢᠯᠡᠬᠦ︾᠄ ᠦᠢᠯᠡᠳᠪᠤᠷᠢᠯᠡᠯ

 ᠤᠨ ᠴᠢᠳᠠᠪᠤᠷᠢ ᠪᠠᠨ ᠪᠠᠭᠠᠰᠬᠠᠬᠤ᠂ ᠬᠦᠮᠤᠷᠬᠡ ᠶᠢᠨ ᠬᠠᠳᠠᠭᠠᠯᠠᠮᠵᠢ ᠪᠠᠨ ᠪᠠᠭᠠᠰᠬᠠᠬᠤ᠂ ᠪᠠᠷᠢᠮᠵᠢᠶ᠎ᠠ ᠪᠠᠨ ᠪᠠᠭᠠᠰᠬᠠᠬᠤ

᠂ ᠦᠪᠡᠷ ᠤᠨ ᠦᠷᠳᠡᠭ ᠢ ᠪᠠᠭᠤᠷᠠᠭᠤᠯᠬᠤ᠂ ᠳᠣᠳᠠᠭᠳᠠᠯ ᠢᠶᠠᠨ ᠨᠦᠬᠦᠪᠤᠷᠢᠯᠡᠬᠦ᠃

    12. ︽ᠡᠵᠡᠩᠨᠡᠯᠳᠠ ᠶᠢᠨ ᠭᠠᠶᠢᠯᠢ ᠶᠢ ᠨᠡᠮᠡᠭᠳᠡᠯ ᠭᠠᠶᠢᠯᠢ ᠪᠤᠯᠭᠠᠨ ᠦᠬᠡᠷᠡᠴᠢᠯᠡᠬᠦ  ︾᠄ 2016 ᠤᠨ ᠤ 5

ᠰᠠᠷ᠎ᠠ ᠶᠢᠨ 1 ᠤ ᠡᠳᠣᠷ ᠠᠴᠠ ᠡᠬᠢᠯᠡᠨ᠂ ᠪᠦᠬᠦ ᠤᠯᠤᠰ ᠲᠤ ᠡᠵᠡᠩᠨᠡᠯᠳᠠ ᠶᠢᠨ ᠭᠠᠶᠢᠯᠢ ᠶᠢ ᠨᠡᠮᠡᠭᠳᠡᠯ ᠭᠠᠶᠢᠯᠢ

ᠪᠤᠯᠭᠠᠨ ᠦᠬᠡᠷᠡᠴᠢᠯᠡᠬᠦ ᠶᠢ ᠬᠡᠷᠡᠭᠵᠢᠬᠦᠯᠵᠤ᠂ ᠡᠵᠡᠩᠨᠡᠯᠳᠠ ᠶᠢᠨ ᠭᠠᠶᠢᠯᠢ ᠶᠢ ᠦᠬᠡᠶᠢᠰᠬᠡᠪᠡ᠃

    13. ︽ᠳᠠᠪᠤᠨ ᠦᠨᠡᠮᠯᠡᠯ ᠢ ᠨᠢᠬᠡ ᠪᠤᠯᠭᠠᠬᠤ᠂ ᠨᠢᠬᠡ ᠳᠡᠪᠳᠡᠷ ᠨᠢᠬᠡ ᠨᠤᠮᠧᠷ︾᠄ ᠲᠤᠬᠠᠶᠢᠯᠠᠪᠠᠯ ᠡᠵᠡᠩᠨᠡᠯᠳᠠ

 ᠶᠢᠨ ᠪᠠᠳᠣᠯᠠᠪᠤᠷᠢ ᠪᠢᠴᠢᠭ᠂ ᠪᠠᠶᠢᠭᠤᠯᠭ᠎ᠠ ᠨᠢᠬᠡᠴᠠ ᠶᠢᠨ ᠨᠤᠮᠧᠷ᠂ ᠭᠠᠶᠢᠯᠢ ᠳᠠᠩᠰᠠᠯᠠᠭᠰᠠᠨ ᠦᠨᠡᠮᠯᠡᠯ᠂ ᠨᠡᠶᠢᠬᠡᠮ ᠤᠨ

ᠪᠠᠳᠣᠯᠠᠭ᠎ᠠ ᠶᠢᠨ ᠳᠠᠩᠰᠠᠯᠠᠭᠰᠠᠨ ᠦᠨᠡᠮᠯᠡᠯ ᠪᠠ ᠲᠤᠭ᠎ᠠ ᠪᠦᠷᠢᠳᠬᠡᠯ ᠤᠨ ᠳᠠᠩᠰᠠᠯᠠᠭᠰᠠᠨ ᠦᠨᠡᠮᠯᠡᠯ ᠢ ᠨᠢᠬᠡᠳᠬᠡᠬᠡᠳ

ᠨᠢᠬᠡ ᠡᠵᠡᠩᠨᠡᠯᠳᠠ ᠶᠢᠨ ᠪᠠᠳᠣᠯᠠᠪᠤᠷᠢ ᠪᠢᠴᠢᠭ ᠪᠠ ᠨᠢᠬᠡᠨ ᠨᠢᠬᠡᠳᠬᠡᠭᠰᠡᠨ ᠨᠡᠶᠢᠬᠡᠮ ᠤᠨ ᠢᠳᠡᠬᠡᠮᠵᠢᠳᠣ ᠨᠤᠮᠧᠷ

ᠪᠤᠯᠭᠠᠪᠠ᠃

    14. ᠳᠣᠮᠳᠠᠳᠣ ᠮᠤᠩᠭᠤᠯ ᠤᠨ ︽3 + 3︾ ᠤᠷᠤᠨ ᠲᠤᠭᠤᠷᠢᠭ ᠤᠨ ᠬᠤᠷᠰᠢᠶᠠᠵᠢᠯ᠄ ᠳᠣᠮᠳᠠᠳᠣ ᠣᠯᠣᠰ

 ᠤᠨ ᠦᠪᠤᠷ ᠮᠤᠩᠭᠤᠯ ᠤᠨ ᠲᠦᠩᠯᠢᠶᠤᠤ ᠬᠤᠳᠠ᠂ ᠤᠯᠠᠭᠠᠨᠬᠠᠳᠠ ᠬᠤᠳᠠ᠂ ᠰᠢᠯᠢ ᠶᠢᠨ ᠭᠤᠤᠯ ᠠᠶᠢᠮᠠᠭ ᠪᠠ

ᠮᠤᠩᠭᠤᠯ ᠤᠯᠤᠰ ᠤᠨ ᠰᠦᠬᠡᠪᠠᠭᠠᠳᠣᠷ ᠠᠶᠢᠮᠠᠭ᠂ ᠬᠡᠨᠳᠡᠢ ᠠᠶᠢᠮᠠᠭ᠂ ᠲᠤᠷᠤᠨᠠᠳᠣ ᠠᠶᠢᠮᠠᠭ ᠲᠠᠢ ᠠᠵᠤ ᠠᠬᠤᠢ ᠶᠢᠨ

ᠠᠷᠠᠯᠵᠢᠶ᠎ᠠ᠂ ᠬᠦᠮᠤᠨ ᠰᠣᠶᠣᠯ ᠵᠡᠷᠬᠡ ᠲᠠᠯ᠎ᠠ ᠶᠢᠨ ᠬᠤᠷᠰᠢᠶᠠᠵᠢᠯ ᠪᠤᠯᠤᠨ᠎ᠠ᠃

     15. ︽ᠳᠠᠪᠤᠨ ᠳᠠᠭᠠᠳᠬᠠᠯ︾᠄ ᠨᠠᠰᠣᠵᠢᠯ ᠤᠨ ᠠᠰᠠᠷᠠᠮᠵᠢ ᠶᠢᠨ ᠳᠠᠭᠠᠳᠬᠠᠯ᠂ ᠡᠮ ᠡᠮᠨᠡᠯᠬᠡ ᠶᠢᠨ

ᠳᠠᠭᠠᠳᠬᠠᠯ᠂ ᠠᠵᠢᠯ ᠠᠯᠳᠠᠬᠤ ᠳᠠᠭᠠᠳᠬᠠᠯ᠂ ᠠᠵᠢᠯ ᠤᠨ ᠰᠢᠷᠬᠠᠳᠠᠯ ᠤᠨ ᠳᠠᠭᠠᠳᠬᠠᠯ ᠪᠠ ᠦᠷᠡᠵᠢᠯ ᠤᠨ

ᠳᠠᠭᠠᠳᠬᠠᠯ

    16. ᠰᠣᠷᠭᠠᠭᠤᠯᠢ ᠪᠦᠷᠢ ᠳᠤ ᠨᠡᠪᠳᠡᠷᠡᠬᠦ ᠢᠵᠢᠯ ᠳᠠᠪᠳᠠᠮᠵᠢᠳᠣ ᠬᠠᠷᠢᠯᠴᠠᠨ ᠬᠦᠳᠡᠯᠤᠯᠴᠡᠬᠦ ᠲᠦᠬᠦᠬᠡᠷᠤᠮᠵᠢ᠄

ᠰᠦᠯᠵᠢᠶ᠎ᠡ ᠪᠠᠷ ᠳᠠᠮᠵᠢᠨ ᠰᠦᠯᠵᠢᠶᠡᠨ ᠳᠡᠭᠡᠷ᠎ᠡ ᠪᠠᠶᠢᠬᠤ ᠵᠢᠭᠠᠨ ᠰᠣᠷᠭᠠᠯᠳᠠ ᠶᠢ ᠬᠠᠷᠢᠯᠴᠠᠨ ᠬᠦᠳᠡᠯᠤᠯᠴᠡᠬᠦ᠂

ᠬᠢᠴᠢᠶᠡᠯ ᠤᠨ ᠲᠢᠩᠬᠢᠮ ᠳᠡᠭᠡᠷᠡᠬᠢ ᠳᠠᠭᠤ ᠬᠠᠷᠠᠭᠠᠨ ᠳᠠᠪᠳᠠᠮᠵᠢ ᠶᠢ ᠬᠠᠷᠢᠯᠴᠠᠨ ᠬᠦᠳᠡᠯᠤᠯᠴᠡᠬᠦ᠂ ᠭᠠᠷ ᠤᠨ ᠲᠢᠭ

ᠪᠢᠴᠢᠯᠬᠡ ᠶᠢ ᠬᠠᠷᠢᠯᠴᠠᠨ ᠬᠦᠳᠡᠯᠤᠯᠴᠡᠬᠦ ᠶᠢ ᠤᠶᠠᠯᠳᠣᠭᠤᠯᠤᠨ᠂ ᠦᠬᠡ ᠠᠪᠢᠶ᠎ᠠ ᠶᠢ ᠨᠡᠶᠢᠯᠡᠬᠦᠯᠤᠨ ᠠᠭᠤᠰᠬᠠᠬᠤ᠂

ᠦᠬᠡ ᠠᠶᠠᠯᠭᠤ ᠶᠢ ᠬᠢᠨᠠᠨ ᠰᠢᠯᠭᠠᠬᠤ ᠮᠡᠷᠬᠡᠵᠢᠯ ᠢᠶᠠᠷ ᠳᠠᠮᠵᠢᠨ᠂ ᠠᠳᠠᠯᠢ ᠪᠤᠰᠣ ᠭᠠᠵᠠᠷ ᠤᠷᠤᠨ ᠤ ᠪᠠᠭᠰᠢ

ᠰᠣᠷᠣᠭᠴᠢ ᠳᠤ ᠬᠢᠴᠢᠶᠡᠯ ᠤᠨ ᠲᠢᠩᠬᠢᠮ ᠳᠡᠬᠡᠷ᠎ᠡ ᠬᠠᠷᠢᠯᠴᠠᠨ ᠬᠦᠳᠡᠯᠤᠯᠴᠡᠬᠦ ᠪᠠ ᠮᠡᠳᠡᠯᠬᠡ ᠪᠠᠨ ᠰᠣᠯᠢᠯᠴᠠᠬᠤ

ᠬᠦᠬᠦᠷᠬᠡ ᠲᠠᠯᠪᠢᠬᠤ᠂ ᠤᠷᠤᠨ ᠭᠠᠵᠠᠷ ᠠᠯᠤᠰᠯᠠᠨ ᠬᠠᠮᠳᠣᠪᠡᠷ ᠬᠢᠴᠢᠶᠡᠯ ᠪᠡᠯᠡᠳᠬᠡᠵᠤ᠂ ᠬᠠᠷᠢᠯᠴᠠᠨ ᠬᠦᠳᠡᠯᠤᠯᠴᠡᠵᠤ

ᠰᠣᠷᠭᠠᠵᠤ᠂ ᠰᠦᠯᠵᠢᠶᠡᠨ ᠳᠡᠬᠡᠷ᠎ᠡ ᠵᠢᠭᠠᠨ ᠰᠣᠷᠭᠠᠬᠤ ᠰᠣᠳᠣᠯᠭᠠᠨ ᠬᠢᠬᠦ᠂ ᠰᠦᠯᠵᠢᠶᠡᠨ ᠳᠡᠭᠡᠷ᠎ᠡ ᠬᠢᠴᠢᠶᠡᠯ ᠦᠨᠡᠯᠡᠬᠦ

ᠵᠡᠷᠬᠡ ᠪᠠᠶᠢᠩᠭᠤ ᠶᠢᠨ ᠵᠢᠭᠠᠨ ᠰᠣᠷᠭᠠᠯᠳᠠ ᠶᠢᠨ ᠬᠡᠷᠡᠭᠯᠡᠭᠡ ᠪᠤᠯᠤᠨ᠎ᠠ᠃

    17. ︽ᠲᠤᠯᠤᠭ᠎ᠠ ᠳᠠᠪᠤ︾ ᠶᠢᠨ ᠬᠠᠤᠯᠢ ᠲᠦᠬᠡᠮᠡᠯᠵᠢᠬᠦᠯᠬᠦ᠄ ᠡᠷᠬᠡᠳᠣ ᠠᠷᠠᠳ ᠤᠨ ᠳᠣᠮᠳᠠ ᠬᠠᠤᠯᠢ ᠪᠠᠷ

ᠵᠠᠰᠠᠬᠤ ᠶᠢ ᠤᠬᠠᠭᠤᠯᠵᠤ ᠰᠣᠷᠭᠠᠨ ᠬᠦᠮᠤᠵᠢᠬᠦᠯᠬᠦ ᠲᠤᠯᠤᠳᠤᠭᠠᠷ ᠳᠠᠪᠤᠨ ᠵᠢᠯ ᠤᠨ ᠲᠦᠯᠦᠪᠵᠢᠬᠦᠯᠬᠡ ᠶᠢᠨ ᠲᠤᠬᠠᠢ

︵2016 —2020 ᠤᠨ︶᠃

    18. ︽ᠠᠯᠪᠠᠨ ᠤ ᠭᠤᠷᠪᠠᠨ ᠵᠠᠷᠤᠳᠠᠯ︾᠄ ᠲᠤᠬᠠᠶᠢᠯᠠᠪᠠᠯ ᠠᠯᠪᠠᠨ ᠤ ᠶᠠᠪᠤᠳᠠᠯ ᠢᠶᠠᠷ ᠭᠠᠳᠠᠭᠠᠳᠣ ᠳᠤ

ᠭᠠᠷᠬᠤ ︵ᠬᠢᠯᠢ ᠭᠠᠷᠬᠤ︶᠂ ᠠᠯᠪᠠᠨ ᠤ ᠳᠡᠷᠬᠡ ᠬᠤᠳᠠᠯᠳᠣᠨ ᠠᠪᠬᠤ᠂ ᠠᠯᠪᠠᠨ ᠤ ᠶᠠᠪᠤᠳᠠᠯ ᠢᠶᠠᠷ ᠵᠤᠴᠢᠯᠠᠭᠠᠳ

ᠪᠤᠯᠤᠭᠰᠠᠨ ᠵᠠᠰᠠᠭ ᠵᠠᠬᠢᠷᠭᠠᠨ ᠤ ᠵᠠᠷᠤᠯᠭ᠎ᠠ᠃

    19. ︽ᠬᠤᠶᠠᠷ ᠢ ᠰᠣᠷᠣᠯᠴᠠᠵᠤ ᠨᠢᠬᠡ ᠪᠤᠯᠬᠤ︾᠄ ᠨᠠᠮ ᠤᠨ ᠲᠦᠷᠢᠮ ᠲᠤᠭᠳᠠᠭᠠᠯ ᠢ ᠰᠣᠷᠣᠯᠴᠠᠬᠤ᠂

ᠰᠢᠷᠢᠰ ᠶᠠᠷᠢᠶ᠎ᠠ ᠶᠢ ᠰᠣᠷᠣᠯᠴᠠᠵᠤ᠂ ᠬᠢᠷᠢ ᠲᠡᠩᠴᠡᠭᠰᠡᠨ ᠨᠠᠮ ᠤᠨ ᠬᠡᠰᠢᠬᠦᠨ ᠪᠤᠯᠬᠤ᠃

    20. ︽ᠳᠠᠪᠤ ᠶᠢ ᠨᠢᠬᠡ ᠴᠤᠭᠴᠠᠵᠢᠭᠤᠯᠬᠤ︾᠄ ᠠᠵᠤ ᠠᠬᠤᠢ ᠶᠢᠨ ᠪᠠᠶᠢᠭᠤᠯᠤᠯᠳᠠ᠂ ᠤᠯᠤᠰ ᠲᠦᠷᠦ ᠶᠢᠨ

ᠪᠠᠶᠢᠭᠤᠯᠤᠯᠳᠠ᠂ ᠰᠣᠶᠣᠯ ᠤᠨ ᠪᠠᠶᠢᠭᠤᠯᠤᠯᠳᠠ᠂ ᠨᠡᠶᠢᠬᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠣᠨ ᠤ

ᠪᠠᠶᠢᠭᠤᠯᠤᠯᠳᠠ᠃

    21. ︽ᠲᠦᠷᠪᠡᠨ ᠪᠦᠬᠦ ᠲᠠᠯ᠎ᠠ︾᠄ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ᠂

ᠦᠬᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ᠂ ᠬᠠᠤᠯᠢ ᠪᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ

ᠠᠬᠢᠭᠤᠯᠬᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ

    22. ︽ᠬᠤᠶᠠᠷ ᠵᠠᠩᠬᠢᠯᠠᠭ᠎ᠠ ᠶᠢ ᠲᠤᠪᠤᠶᠢᠯᠭᠠᠬᠤ᠂ ᠭᠤᠷᠪᠠᠨ ᠶᠡᠭᠡ ᠲᠠᠶᠢᠯᠠᠯᠳᠣᠭᠠᠨ ᠤ ᠢᠯᠠᠯᠳᠠ ᠶᠢ ᠤᠯᠬᠤ᠂

ᠬᠤᠶᠠᠷ ᠢ ᠤᠷᠢᠳᠴᠢᠯᠡᠨ ᠪᠡᠶᠡᠯᠡᠬᠦᠯᠬᠦ᠂ ᠳᠠᠪᠤᠨ ᠰᠢᠨ᠎ᠡ ᠵᠢᠷᠤᠭ ᠲᠦᠷᠰᠦ ᠶᠢ ᠢᠯᠡᠷᠡᠬᠦᠯᠬᠦ︾᠄ ᠲᠤᠬᠠᠶᠢᠯᠠᠪᠠᠯ

ᠬᠡᠯᠪᠡᠷᠢ ᠪᠠᠨ ᠦᠬᠡᠷᠡᠳᠦᠬᠦᠯᠤᠨ ᠳᠡᠰ ᠳᠠᠪᠰᠢᠬᠤ᠂ ᠪᠤᠬᠢᠷᠳᠣᠯ ᠦᠬᠡᠢ ᠬᠦᠭᠵᠢᠬᠦᠯᠬᠦ︔ ᠬᠤᠶᠢᠳᠣ ᠬᠡᠰᠡᠭ ᠤᠨ

ᠮᠠᠯᠵᠢᠬᠤ ᠤᠷᠤᠨ ᠢ ᠬᠦᠭᠵᠢᠬᠦᠯᠬᠦ ᠰᠢᠪᠳᠣᠯᠣᠯᠳᠠ ᠶᠢᠨ ᠲᠠᠶᠢᠨ᠂ ᠳᠣᠮᠳᠠᠳᠣ ᠬᠡᠰᠡᠭ ᠤᠨ ᠲᠠᠷᠢᠶᠠᠯᠠᠬᠤ ᠤᠷᠤᠨ ᠤ

ᠤᠳᠠᠭᠠᠨ ᠳᠠᠭᠠᠭᠠᠮᠠᠭᠠᠢ ᠳᠠᠶᠢᠨ᠂ 2017 ᠤᠨ ᠳᠤ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ

 ᠤᠨ ᠤᠢ ᠠᠴᠠ ᠤᠷᠢᠳ ᠶᠠᠳᠠᠭᠤ ᠶᠢ ᠳᠡᠳᠬᠦᠵᠤ ᠪᠠᠬᠢᠯᠠᠯᠳᠠ ᠰᠢᠪᠳᠣᠯᠬᠦ ᠳᠠᠶᠢᠨ᠂ ᠪᠦᠬᠦ ᠬᠤᠰᠢᠭᠤᠨ ᠤ ᠠᠷᠠᠳ

ᠲᠦᠮᠡᠨ ᠳᠤ ᠤᠨᠴᠠᠯᠢᠭᠳᠣ ᠠᠵᠤ ᠦᠢᠯᠡᠰ ᠢ ᠤᠯᠠᠨ ᠡᠰᠢᠴᠢᠯᠡᠨ ᠬᠦᠭᠵᠢᠬᠦᠯᠵᠤ᠂ ᠴᠢᠨᠠᠷ ᠦᠷ᠎ᠡ ᠠᠰᠢᠭ ᠴᠤᠭᠭᠠᠷ

ᠳᠡᠭᠡᠭᠰᠢᠯᠡᠭᠰᠡᠨ᠂ ᠠᠵᠤ ᠦᠢᠯᠡᠳᠪᠤᠷᠢᠵᠢᠯᠠᠯᠳᠠ ᠶᠢᠨ ᠲᠦᠪᠰᠢᠨ ᠶᠡᠭᠡ ᠪᠠᠷ ᠳᠡᠭᠰᠢᠯᠡᠭᠰᠡᠨ᠂ ᠠᠵᠤ ᠠᠬᠤᠢ ᠶᠢᠨ

ᠬᠦᠭᠵᠢᠯᠳᠠ ᠶᠢᠨ ᠰᠢᠨ᠎ᠡ ᠵᠢᠷᠤᠭ ᠲᠦᠷᠰᠣ᠂ ᠠᠭᠤᠯᠠᠷᠬᠠᠭ ᠭᠠᠵᠠᠷ ᠤᠨ ᠲᠠᠯ᠎ᠠ ᠨᠤᠳᠤᠭ ᠤᠨ ᠳᠡᠰ ᠴᠢᠨᠠᠷ

ᠳᠣᠳᠣᠷᠬᠠᠢ᠂ ᠭᠤᠤᠯ ᠬᠤᠳᠠ ᠪᠠᠯᠭᠠᠰᠣ ᠬᠠᠷᠢᠯᠴᠠᠨ ᠨᠦᠬᠦᠪᠤᠷᠢᠯᠡᠵᠤ᠂ ᠦᠷᠬᠡᠨ ᠠᠭᠤᠳᠠᠮ ᠬᠦᠳᠡᠭᠡ ᠲᠤᠰᠬᠤᠨ ᠢ

ᠬᠠᠮᠳᠣᠪᠡᠷ ᠪᠠᠶᠢᠭᠤᠯᠵᠤ᠂ ᠬᠠᠮᠳᠣᠪᠡᠷ ᠴᠡᠴᠡᠭᠯᠡᠭᠰᠡᠨ ᠬᠤᠳᠠ ᠬᠦᠳᠡᠭᠡ ᠶᠢ ᠨᠢᠬᠡ ᠴᠤᠭᠴᠠᠵᠢᠭᠤᠯᠤᠭᠰᠠᠨ ᠰᠢᠨ᠎ᠡ

ᠵᠢᠷᠤᠭ ᠲᠦᠷᠰᠣ᠂ ᠨᠡᠬᠦᠷᠡᠰᠦᠳᠦᠷᠦᠭᠴᠢ ᠶᠢᠨ ᠳᠠᠪᠬᠤᠷ ᠢᠰᠦᠯ ᠪᠠᠭ᠎ᠠ ᠠᠷᠢᠭᠤᠨ ᠴᠡᠪᠡᠷ ᠠᠮᠤᠷ ᠲᠦᠪᠰᠢᠨ᠂ ᠲᠠᠯ᠎ᠠ

 ᠨᠢ ᠨᠤᠭᠤᠭᠠᠨ᠂ ᠤᠰᠣ ᠨᠢ ᠴᠡᠩᠬᠡᠭ᠂ ᠠᠭᠠᠷ ᠨᠢ ᠴᠡᠯᠮᠡᠭ᠂ ᠠᠭᠤᠯᠠ ᠤᠰᠣ ᠭᠤᠶᠤ ᠰᠠᠶᠢᠬᠠᠨ ᠪᠠᠶᠢᠭᠠᠯᠢ ᠶᠢᠨ ᠠᠮᠢ

ᠠᠬᠤᠢ ᠶᠢᠨ ᠪᠤᠯᠪᠠᠰᠣᠨ ᠤ ᠵᠢᠷᠤᠭ ᠲᠦᠷᠰᠦ᠂ ᠭᠠᠳᠠᠭᠠᠳᠣ ᠨᠡᠬᠡᠬᠡᠯᠳᠠ ᠪᠠ ᠤᠷᠤᠨ ᠲᠤᠭᠤᠷᠢᠭ ᠤᠨ ᠵᠤᠬᠢᠴᠠᠩᠭᠤᠢ

ᠬᠦᠭᠵᠢᠯᠳᠠ ᠶᠢ ᠦᠨᠡᠨ ᠪᠤᠳᠠᠳᠠᠢ ᠦᠨᠳᠣᠷ ᠦᠷ᠎ᠡ ᠠᠰᠢᠭ ᠲᠠᠢ᠂ ᠬᠠᠷᠢᠴᠠᠭ᠎ᠠ ᠬᠤᠯᠪᠤᠭ᠎ᠠ ᠳᠣᠳᠣᠨᠣᠰᠤᠭ᠂

ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭ ᠲᠠᠢ ᠪᠠᠶᠢᠬᠤ ᠬᠠᠮᠳᠣᠪᠡᠷ ᠢᠯᠠᠬᠤ ᠰᠢᠨ᠎ᠡ ᠵᠢᠷᠤᠭ ᠲᠦᠷᠰᠤ᠂

ᠦᠨᠳᠣᠰᠣᠳᠡᠨ ᠨᠦᠭᠦᠳ ᠪᠦᠯᠬᠦᠮᠳᠡᠵᠤ ᠡᠶ᠎ᠡ ᠨᠠᠶᠢᠷᠳᠡᠢ᠂ ᠰᠠᠬᠢᠨ ᠪᠠᠷᠠᠯᠠᠵᠤ ᠬᠠᠷᠢᠯᠴᠠᠨ ᠬᠠᠪᠰᠣᠷᠤᠯᠴᠠᠵᠤ ᠬᠠᠮᠳᠣᠪᠡᠷ

ᠳᠠᠪᠰᠢᠭᠰᠠᠨ᠂ ᠡᠶ᠎ᠡ ᠵᠤᠬᠢᠴᠠᠯᠳᠡᠢ ᠲᠤᠭᠳᠠᠭᠤᠨ ᠵᠤᠯ ᠵᠢᠷᠭᠠᠯ ᠲᠠᠢ ᠡᠩᠬᠡ ᠲᠠᠶᠢᠪᠤᠩ ᠰᠢᠨ᠎ᠡ ᠵᠢᠷᠤᠭ ᠲᠦᠷᠰᠦ᠃

    23. ︽ᠳᠠᠪᠤᠴᠢᠯᠠᠯᠳᠠ ᠶᠢ ᠬᠠᠮᠳᠣᠪᠡᠷ︾᠄ ᠰᠢᠨ᠎ᠡ ᠬᠡᠯᠪᠡᠷᠢ ᠶᠢᠨ ᠠᠵᠤ ᠦᠢᠯᠡᠳᠪᠤᠷᠢᠵᠢᠯᠳᠠ᠂ ᠮᠡᠳᠡᠭᠡ

ᠵᠠᠩᠬᠢᠵᠢᠯᠳᠠ᠂ ᠬᠤᠳᠠ ᠪᠠᠯᠭᠠᠰᠣᠵᠢᠯᠳᠠ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠪᠠ

ᠪᠤᠬᠢᠷᠳᠣᠯᠬᠦᠶᠢᠴᠢᠯᠠᠯᠳᠠ ︽ᠳᠠᠪᠤᠴᠢᠯᠠᠯᠳᠠ︾ ᠪᠤᠯᠤᠨ᠎ᠠ᠃

    24. ︽ᠨᠢᠬᠡ ᠲᠤᠭᠤᠷᠢᠭ ᠨᠢᠬᠡ ᠱᠣᠭᠤᠮ ᠨᠢᠬᠡ ᠬᠠᠯᠠᠬᠠᠪᠴᠢ ᠳᠠᠪᠤᠨ ᠰᠠᠭᠤᠷᠢᠨ ᠭᠠᠵᠠᠷ︾᠄ ︽ᠨᠢᠬᠡ

ᠲᠤᠭᠤᠷᠢᠭ︾ ᠲᠤᠬᠠᠶᠢᠯᠠᠪᠠᠯ ᠵᠠᠬᠠᠨᠠᠭᠤᠷ ᠠᠵᠤ ᠦᠢᠯᠡᠳᠪᠤᠷᠢ ᠶᠢᠨ ᠲᠤᠭᠤᠷᠢᠭ ᠢᠶᠠᠷ ᠲᠦᠰᠢᠭ ᠪᠤᠯᠭᠠᠨ᠂ ᠬᠤᠤᠯᠢᠨ

ᠭᠤᠤᠯ ᠵᠠᠷᠤᠳ ᠢ ᠨᠢᠬᠡ ᠴᠤᠭᠴᠠᠵᠢᠭᠤᠯᠤᠨ ᠬᠠᠮᠳᠣᠪᠡᠷ ᠬᠦᠭᠵᠢᠬᠦᠯᠬᠦ ᠪᠠᠶᠢᠯᠳᠣᠬᠤ ᠪᠤᠳᠤᠯᠭ᠎ᠠ ᠶᠢ

ᠨᠠᠶᠢᠳᠠᠪᠤᠷᠢᠵᠢᠭᠤᠯᠵᠤ᠂ ᠵᠠᠬᠠᠨᠠᠭᠤᠷ ᠠᠵᠤ ᠦᠢᠯᠡᠳᠪᠤᠷᠢ ᠶᠢᠨ ᠲᠤᠭᠤᠷᠢᠭ ᠪᠠ ᠬᠤᠤᠯᠢᠨ ᠭᠤᠤᠯ ᠠᠵᠤ

ᠦᠢᠯᠡᠳᠪᠤᠷᠢ ᠶᠢᠨ ᠲᠤᠭᠤᠷᠢᠭ ᠢ ᠬᠠᠮᠳᠣᠪᠡᠷ ᠬᠦᠭᠵᠢᠬᠦᠯᠬᠦ ᠶᠢ ᠬᠦᠴᠦᠯᠡᠨ ᠠᠬᠢᠭᠤᠯᠵᠤ᠂ ᠬᠤᠤᠯᠢᠨ ᠭᠤᠤᠯ ᠬᠤᠳᠠ

 ᠲᠠᠢ ᠬᠠᠮᠳᠣᠪᠡᠷ ᠦᠪᠤᠷ ᠮᠤᠩᠭᠤᠯ ᠤᠨ ᠵᠡᠬᠦᠨ ᠬᠡᠰᠡᠭ ᠤᠨ ᠠᠩᠬᠠᠨ ᠤ ᠤᠯᠤᠰ ᠤᠨ ᠳᠡᠰ ᠤᠨ ᠳᠡᠭᠡᠳᠣ ᠰᠢᠨ᠎ᠡ

ᠮᠡᠷᠬᠡᠵᠢᠯ ᠤᠨ ᠠᠵᠤ ᠦᠢᠯᠡᠰ ᠤᠨ ᠨᠡᠬᠡᠬᠡᠯᠳᠠ ᠶᠢᠨ ᠤᠷᠤᠨ ᠢ ᠪᠠᠶᠢᠭᠤᠯᠤᠨ᠎ᠠ᠃ ︽ᠨᠢᠬᠡ ᠱᠣᠭᠤᠮ︾

ᠲᠤᠬᠠᠶᠢᠯᠠᠪᠠᠯ 304 ᠱᠣᠭᠤᠮ ᠢᠶᠠᠷ ᠳᠡᠩᠬᠡᠯᠢᠭ ᠪᠤᠯᠭᠠᠨ᠂ ᠡᠮᠤᠨ᠎ᠡ ᠠᠴᠠ ᠤᠮᠠᠷᠠᠰᠢ ᠲᠦᠷᠪᠡᠨ ᠰᠣᠶᠣᠯ ᠤᠨ

ᠵᠢᠭᠤᠯᠴᠢᠯᠠᠯ ᠤᠨ ᠱᠣᠭᠤᠮ ᠪᠠᠶᠢᠭᠤᠯᠵᠤ᠂ ᠬᠤᠷᠴᠢᠨ ᠤ 500 ᠺᠢᠯᠤᠮᠧᠲᠷ ᠤᠨ ᠰᠣᠶᠣᠯ ᠵᠢᠭᠤᠯᠴᠢᠯᠠᠯ ᠤᠨ

ᠦᠵᠡᠮᠵᠢ ᠶᠢᠨ ᠶᠡᠭᠡ ᠵᠠᠮ ᠤᠨ ᠵᠡᠷᠤᠳ ᠳᠠᠬᠢ ᠬᠡᠰᠡᠭ ᠢ ᠤᠷᠳᠣᠳᠬᠠᠭᠠᠳ ᠵᠡᠬᠦᠨ ᠬᠠᠳᠠᠪᠴᠢ ᠪᠤᠭᠤᠮᠳᠠ ᠬᠦᠷᠬᠡᠨ᠎ᠡ᠂

ᠰᠢᠯᠢ ᠶᠢᠨ ᠭᠤᠤᠯ ᠠᠶᠢᠮᠠᠭ ᠤᠨ ᠵᠡᠬᠦᠨ ᠦᠵᠦᠮᠦᠴᠢᠨ ᠬᠤᠰᠢᠭᠤ ᠲᠠᠢ ᠬᠤᠷᠰᠢᠨ ᠳᠣᠮᠳᠠᠳᠣ ᠮᠣᠩᠭᠤᠯ ᠤᠨ ᠬᠢᠯᠢ

ᠬᠢᠵᠠᠭᠠᠷ ᠤᠨ ᠵᠢᠭᠤᠯᠴᠢᠯᠠᠯ ᠢ ᠨᠡᠬᠡᠬᠡᠬᠦ ᠶᠢ ᠠᠬᠢᠭᠤᠯᠵᠤ᠂ ᠤᠷᠤᠨ ᠲᠤᠭᠤᠷᠢᠭ᠂ ᠬᠢᠯᠢ ᠠᠯᠦᠰᠠᠯᠠᠭᠰᠠᠨ ᠨᠠᠷᠢᠯᠢᠭ

ᠰᠣᠶᠣᠯ ᠤᠨ ᠵᠢᠭᠤᠯᠴᠢᠯᠠᠯ ᠤᠨ ᠱᠣᠭᠤᠮ ᠢ ᠪᠠᠶᠢᠭᠤᠯᠤᠨ᠎ᠠ᠃ ︽ᠨᠢᠬᠡ ᠬᠠᠯᠬᠠᠪᠴᠢ︾ ᠲᠤᠬᠠᠶᠢᠯᠠᠪᠠᠯ᠂ ᠦᠨᠢᠳᠠ

ᠠᠵᠤ ᠠᠬᠤᠢ ᠶᠢᠨ ᠪᠤᠯᠪᠠᠰᠣᠨ ᠤ ᠪᠠᠶᠢᠭᠤᠯᠤᠯᠳᠠ ᠶᠢ ᠨᠡᠩ ᠲᠤᠪᠤᠶᠢᠮ᠎ᠠ ᠪᠠᠶᠢᠷᠢᠨ ᠳᠤ ᠳᠠᠯᠪᠢᠵᠤ᠂ ᠨᠢᠳᠣ ᠪᠠᠨ

ᠬᠠᠮᠠᠭᠠᠯᠠᠵᠤ ᠪᠠᠶᠢᠭ᠎ᠠ ᠰᠢᠭ᠋ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠵᠤ᠂ ᠦᠪᠡᠷ ᠤᠨ ᠠᠮᠢ ᠨᠠᠰᠣᠨ ᠳᠤ

 ᠪᠠᠨ ᠬᠠᠨᠳᠣᠵᠣ ᠪᠠᠶᠢᠭ᠎ᠠ ᠰᠢᠭ᠋ ᠠᠵᠤ ᠠᠬᠤᠢ ᠶᠢᠨ ᠤᠷᠴᠢᠨ ᠲᠤᠭᠤᠷᠢᠨ ᠳᠤ ᠬᠠᠨᠳᠣᠵᠤ᠂ ᠪᠠᠶᠢᠭᠠᠯᠢᠯᠢᠭ ᠨᠠᠶᠢᠳᠠ

 ᠶᠢᠨ ᠠᠰᠠᠷᠠᠮᠵᠢ ᠶᠢᠨ ᠤᠢ᠂ ᠪᠠᠶᠢᠭᠠᠯᠢᠯᠢᠭ ᠳᠠᠯ᠎ᠠ ᠨᠤᠳᠤᠭ᠂ ᠨᠠᠭᠤᠷ ᠬᠠᠭ ᠨᠤᠭᠤ ᠭᠠᠵᠠᠷ ᠤᠨ ᠬᠠᠮᠢᠶᠠᠷᠤᠯᠳᠠ ᠶᠢᠨ

ᠬᠦᠴᠦᠨ ᠢᠶᠠᠨ ᠦᠷᠬᠦᠯᠵᠢᠯᠡᠨ ᠶᠡᠬᠡᠰᠬᠡᠵᠤ᠂ ᠵᠠᠷᠤᠳ ᠤᠨ ᠡᠨᠡ ᠬᠡᠰᠡᠭ ᠨᠤᠭᠤᠭᠠᠨᠯᠢᠭ ᠡᠷᠳᠡᠨᠢ ᠶᠢᠨ ᠭᠠᠵᠠᠷ ᠢᠶᠠᠨ

ᠰᠠᠶᠢᠳᠣᠷ ᠬᠠᠮᠠᠭᠠᠯᠠᠵᠤ᠂ ᠲᠦᠩᠯᠢᠶᠤᠤ ᠬᠤᠳᠠ ᠶᠢᠨ ᠬᠤᠶᠢᠳᠣ ᠬᠡᠰᠡᠭ ᠤᠨ ᠪᠤᠬᠢᠷᠳᠣᠯ ᠦᠬᠡᠢ ᠠᠮᠢ ᠠᠬᠤᠢ ᠶᠢᠨ

ᠠᠮᠤᠷ ᠲᠦᠪᠰᠢᠨ ᠤ ᠬᠠᠯᠬᠠᠪᠴᠢ ᠪᠤᠯᠭᠠᠨ᠎ᠠ᠃ ︽ᠳᠠᠪᠤᠨ ᠶᠡᠭᠡ ᠰᠠᠭᠤᠷᠢᠨ ᠭᠠᠵᠠᠷ︾ ᠲᠤᠬᠠᠶᠢᠯᠠᠪᠠᠯ ᠡᠬᠢ ᠪᠠᠶᠠᠯᠢᠭ

 ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢᠨ ᠭᠠᠵᠠᠷ ᠲᠤ ᠪᠠᠨ ᠲᠦᠰᠢᠭᠯᠡᠨ᠂ ᠤᠯᠤᠰ ᠤᠨ ᠨᠡᠬᠦᠷᠡᠰᠣ

ᠴᠠᠬᠢᠯᠭᠠᠨ ᠬᠦᠩᠬᠡᠨᠴᠠᠭᠠᠨ ᠵᠢᠴᠢ ᠬᠦᠩᠬᠡᠨᠴᠠᠭᠠᠨ ᠤ ᠰᠢᠨ᠎ᠡ ᠮᠠᠲ᠋ᠧᠷᠢᠶᠠᠯ ᠦᠢᠯᠡᠳᠪᠤᠷᠢᠯᠡᠬᠦ ᠰᠠᠭᠤᠷᠢᠨ᠂ ᠬᠦᠷᠡᠩ

ᠨᠡᠬᠦᠷᠡᠰᠣ ᠶᠢ ᠶᠡᠷᠤᠩᠬᠡᠶᠢᠯᠡᠨ ᠠᠰᠢᠭᠯᠠᠬᠤ ᠪᠠ ᠤᠳᠤ ᠦᠶ᠎ᠡ ᠶᠢᠨ ᠨᠡᠬᠦᠷᠡᠰᠣ ᠬᠢᠮᠢ ᠶᠢᠨ ᠠᠵᠤ ᠦᠢᠯᠡᠳᠪᠤᠷᠢ ᠶᠢᠨ

ᠰᠠᠭᠤᠷᠢᠨ᠂ ᠤᠯᠤᠰ ᠤᠨ ᠪᠤᠬᠢᠷᠳᠣᠯ ᠦᠬᠡᠢ ᠲᠠᠷᠢᠶᠠᠯᠠᠩ ᠮᠠᠯ ᠠᠵᠤ ᠠᠬᠤᠢ ᠶᠢᠨ ᠪᠦᠳᠦᠬᠡᠭᠳᠡᠬᠦᠨ

ᠦᠢᠯᠡᠳᠪᠤᠷᠢᠯᠡᠵᠤ ᠪᠤᠯᠪᠠᠰᠣᠷᠠᠭᠤᠯᠵᠤ ᠭᠠᠷᠭᠠᠬᠤ ᠰᠠᠭᠤᠷᠢᠨ᠂ ᠤᠳᠤ ᠦᠶ᠎ᠡ ᠶᠢᠨ ᠡᠪᠡᠰᠣᠨ ᠤ ᠦᠢᠯᠡᠰ ᠤᠨ

ᠳᠠᠭᠤᠷᠢᠶᠠᠯ ᠦᠵᠡᠬᠦᠯᠬᠦ ᠰᠠᠭᠤᠷᠢᠨ᠂ ᠬᠢᠳᠠᠳ ᠮᠤᠩᠭᠤᠯ ᠡᠮ ᠲᠠᠷᠢᠵᠤ ᠪᠤᠯᠪᠠᠰᠣᠷᠠᠭᠤᠯᠬᠤ  ᠰᠣᠳᠣᠯᠣᠨ ᠨᠡᠬᠡᠬᠡᠬᠦ

ᠰᠠᠭᠤᠷᠢᠨ᠃

     25. ︽ᠨᠢᠬᠡ ᠪᠦᠰᠠ ᠨᠢᠬᠡ ᠵᠠᠮ︾᠄ ︽ᠲᠤᠷᠭᠠᠨ ᠵᠠᠮ ᠤᠨ ᠠᠵᠤ ᠠᠬᠤᠢ ᠶᠢᠨ ᠪᠦᠰᠠ︾ ᠪᠠ ︽21

ᠳ᠋ᠣᠬᠡᠷ ᠵᠠᠭᠤᠨ ᠤ ᠳᠡᠯᠡᠢ ᠳᠡᠭᠡᠷᠡᠬᠢ ᠲᠤᠷᠭᠠᠨ ᠵᠠᠮ︾᠃

     26. ᠳᠣᠮᠳᠠᠳᠣ ᠮᠣᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠠᠶᠢᠯᠳᠣᠬᠤ ᠪᠤᠳᠣᠯᠭ᠎ᠠ ᠶᠢᠨ

ᠪᠠᠶᠢᠷᠢᠯᠠᠭᠤᠯᠤᠯᠳᠠ᠄ ᠳᠣᠷᠭᠠᠨ ᠵᠠᠮ ᠤᠨ ᠠᠵᠤ ᠠᠬᠤᠢ ᠶᠢᠨ ᠪᠦᠰᠠ ᠶᠢ ᠤᠷᠤᠰ ᠡᠸᠦ᠋ᠷᠤᠫᠡ ᠲᠢᠪ ᠤᠨ ᠡᠬᠡ

ᠬᠠᠭᠤᠷᠠᠢ ᠶᠢ ᠠᠯᠤᠰᠯᠠᠬᠤ ᠳᠡᠮᠤᠷ ᠵᠠᠮ᠂ ᠮᠤᠩᠭᠤᠯ ᠤᠨ ᠲᠠᠯ᠎ᠠ ᠨᠤᠳᠤᠭ ᠲᠠᠢ ᠵᠤᠯᠭᠠᠭᠤᠯᠵᠤ᠂ ᠳᠣᠮᠳᠠᠳᠣ ᠮᠤᠩᠭᠤᠯ

ᠤᠷᠤᠰ ᠤᠨ ᠠᠵᠤ ᠠᠬᠤᠢ ᠶᠢᠨ ᠬᠤᠩᠬᠢᠯ ᠢ ᠪᠠᠶᠢᠭᠤᠯᠤᠨ᠎ᠠ᠃

     27. ︽ᠪᠤᠭᠤᠮᠳᠠ ᠶᠢᠨ ᠭᠠᠶᠢᠯᠢ ᠦᠬᠡᠢ︾᠄ ᠭᠠᠳᠠᠭᠠᠳᠣ ᠠᠴᠠ ᠤᠷᠤᠭᠤᠯᠵᠤ ᠭᠠᠳᠠᠭᠠᠳᠣ ᠳᠤ ᠭᠠᠷᠬᠤ

ᠳᠠᠸᠠᠷ ᠨᠢᠬᠡ ᠤᠯᠤᠰ ᠤᠨ ᠬᠢᠯᠢ ᠶᠢᠨ ᠪᠤᠭᠤᠮᠳᠠ ᠶᠢ ᠦᠩᠬᠡᠷᠡᠬᠦ ᠦᠶᠡᠰ᠂ ᠵᠠᠰᠠᠭ ᠤᠨ ᠤᠷᠳᠣᠨ ᠠᠴᠠ

ᠲᠤᠬᠢᠷᠠᠭᠤᠯᠤᠭᠰᠠᠨ ᠪᠤᠭᠤᠮᠳᠠ ᠨᠢ ᠭᠠᠳᠠᠭᠠᠳᠣ ᠠᠴᠠ ᠤᠷᠤᠭᠤᠯᠵᠤ ᠭᠠᠳᠠᠭᠠᠳᠣ ᠳᠤ ᠭᠠᠷᠭᠠᠭᠰᠠᠨ ᠤᠯᠤᠰ ᠠᠴᠠ

ᠪᠤᠭᠤᠮᠳᠠ ᠶᠢᠨ ᠭᠠᠶᠢᠯᠢ ᠳᠠᠳᠠᠪᠤᠷᠢᠯᠠᠬᠤ ᠦᠬᠡᠢ ᠶᠢ ᠬᠡᠯᠡᠵᠤ ᠪᠠᠶᠢᠨ᠎ᠠ᠃

     28. ᠬᠠᠩᠭᠠᠯᠭ᠎ᠠ ᠶᠢᠨ ᠪᠦᠳᠦᠴᠠ ᠶᠢᠨ ᠴᠢᠨᠠᠷᠳᠡᠢ ᠦᠬᠡᠷᠡᠴᠢᠯᠠᠯᠳᠠ᠄ ᠬᠠᠩᠭᠠᠯᠭ᠎ᠠ ᠶᠢᠨ ᠴᠢᠨᠠᠷ ᠢᠶᠠᠨ

ᠳᠡᠭᠡᠭᠰᠢᠯᠡᠬᠦᠯᠬᠦ ᠪᠠᠷ ᠭᠠᠷᠳᠠᠨ᠂ ᠦᠬᠡᠷᠡᠴᠢᠯᠠᠯᠳᠠ ᠪᠠᠷ ᠪᠦᠳᠦᠴᠠ ᠶᠢᠨ ᠲᠤᠬᠢᠷᠠᠭᠤᠯᠤᠯᠳᠠ ᠶᠢ ᠠᠬᠢᠭᠤᠯᠵᠤ᠂

ᠪᠦᠳᠦᠮᠵᠢᠳᠡᠢ ᠬᠠᠩᠭᠠᠯᠭ᠎ᠠ ᠪᠠᠨ ᠦᠷᠬᠡᠳᠬᠡᠵᠤ᠂ ᠬᠠᠩᠭᠠᠯᠭ᠎ᠠ ᠶᠢᠨ ᠪᠦᠳᠦᠴᠠ ᠨᠢ ᠬᠡᠷᠡᠭᠴᠡᠭᠡ ᠶᠢᠨ ᠬᠤᠪᠢᠷᠠᠯᠳᠠ

 ᠳᠤ ᠵᠤᠬᠢᠴᠠᠬᠤ ᠴᠢᠨᠠᠷ ᠪᠠ ᠠᠮᠢᠳᠣᠯᠢᠭ ᠴᠢᠨᠠᠷ ᠢᠶᠠᠨ ᠳᠡᠭᠡᠭᠰᠢᠯᠡᠬᠦᠯᠵᠤ᠂ ᠪᠦᠬᠦ ᠬᠦᠴᠦᠨ ᠢᠶᠠᠷ ᠦᠢᠯᠡᠳᠪᠤᠷᠢᠯᠡᠯ ᠤᠨ

ᠨᠤᠷᠮ᠎ᠠ ᠪᠠᠨ ᠳᠡᠭᠡᠭᠰᠢᠯᠡᠬᠦᠯᠵᠤ᠂ ᠦᠷᠬᠡᠨ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠨᠡᠩ ᠰᠠᠶᠢᠨ ᠬᠠᠩᠭᠠᠵᠤ

᠂ ᠠᠵᠤ ᠠᠬᠤᠢ ᠨᠡᠶᠢᠬᠡᠮ ᠤᠨ ᠦᠷᠬᠦᠯᠵᠢᠯᠡᠨ ᠡᠷᠡᠬᠦᠯ ᠬᠦᠭᠵᠢᠯᠳᠠ ᠶᠢ ᠠᠬᠢᠭᠤᠯᠤᠨ᠎ᠠ᠃

      29. ︽PPP︾ ᠵᠠᠭᠪᠤᠷ᠄ ᠵᠠᠰᠠᠭ ᠤᠨ ᠤᠷᠳᠣᠨ ᠪᠠ ᠬᠤᠪᠢ ᠶᠢᠨ ᠡᠵᠡᠩᠨᠡᠯᠳᠠ ᠶᠢᠨ

ᠬᠤᠳᠠᠯᠳᠤᠭᠠᠴᠢᠨ ᠲᠠᠢ ᠤᠷᠳᠣ ᠬᠤᠭᠤᠴᠠᠭᠠᠨ ᠤ ᠬᠡᠯᠡᠴᠡᠬᠡᠷ ᠳᠣᠭᠳᠠᠵᠤ᠂ ᠬᠤᠪᠢ ᠶᠢᠨ ᠡᠵᠡᠩᠨᠡᠯᠳᠠ ᠶᠢᠨ

ᠬᠤᠳᠠᠯᠳᠣᠭᠠᠴᠢᠨ ᠲᠤ ᠡᠷᠬᠡ ᠦᠭᠴᠦ ᠵᠠᠰᠠᠭ ᠤᠨ ᠤᠷᠳᠣᠨ ᠢ ᠲᠦᠯᠦᠬᠡᠯᠡᠨ ᠪᠦᠳᠦᠬᠡᠨ ᠪᠠᠶᠢᠭᠤᠯᠬᠤ᠂

ᠳᠡᠭᠡᠭᠡᠪᠤᠷᠢᠯᠡᠨ ᠡᠵᠡᠩᠨᠡᠬᠦ ᠪᠤᠶᠤ ᠨᠠᠶᠢᠳᠠ ᠶᠢᠨ ᠰᠠᠭᠤᠷᠢ ᠲᠤᠨᠤᠭ ᠲᠦᠬᠦᠬᠡᠷᠤᠮᠵᠢ ᠬᠠᠮᠢᠶᠠᠷᠬᠤ ᠵᠢᠴᠢ ᠤᠯᠠᠨ ᠨᠠᠶᠢᠳᠠ

 ᠳᠤ ᠦᠢᠯᠡᠴᠢᠯᠡᠭᠡ ᠬᠠᠩᠭᠠᠵᠤ ᠬᠤᠷᠰᠢᠬᠤ ᠵᠠᠭᠪᠤᠷ ᠪᠤᠯᠤᠨ᠎ᠠ᠃

     30. ︽ᠬᠠᠪᠰᠣᠷᠬᠤ ᠳᠠᠭᠠᠭᠠᠬᠤ ᠵᠢᠬᠡᠯᠡᠯᠬᠡ︾᠄ ᠡᠯ᠎ᠡ ᠱᠠᠳᠣᠨ ᠤ ᠵᠠᠰᠠᠭ ᠤᠨ ᠤᠷᠳᠣᠨ ᠠᠴᠠ

ᠲᠦᠭᠰᠢᠬᠦᠷᠢ ᠶᠢᠨ ᠪᠠᠳᠣᠯᠠᠭ᠎ᠠ ᠶᠢᠨ ᠮᠦᠩᠬᠦ ᠬᠠᠩᠭᠠᠬᠤ ᠵᠢᠴᠢ ᠠᠵᠤ ᠠᠬᠤᠶᠢᠯᠠᠯ ᠵᠢᠬᠡᠯᠡᠯᠬᠡ ᠶᠢᠨ ᠬᠡᠮᠵᠢᠶ᠎ᠡ ᠪᠠᠷ ᠢᠶᠠᠨ

ᠲᠤᠭᠳᠠᠭᠰᠠᠨ ᠬᠠᠷᠢᠴᠡᠯ ᠤᠨ ᠪᠠᠳᠣᠯᠠᠭ᠎ᠠ ᠶᠢᠨ ᠮᠦᠩᠬᠦ ᠲᠤᠰᠢᠶᠠᠵᠤ ᠢᠳᠡᠬᠡᠮᠵᠢ ᠪᠠᠨ ᠨᠡᠮᠡᠭᠳᠡᠬᠦᠯᠬᠦ ᠪᠠᠩᠬᠢ ᠶᠢᠨ

ᠢᠳᠡᠬᠡᠯ ᠢ ᠤᠯᠬᠤ ᠲᠤᠬᠠᠶᠢᠯᠠᠭᠰᠠᠨ ᠠᠵᠢᠯ ᠪᠤᠯᠤᠨ᠎ᠠ᠂ ᠬᠤᠷᠰᠢᠭᠰᠠᠨ ᠪᠠᠩᠭᠢ ᠨᠢ ᠵᠠᠰᠠᠭ ᠤᠨ ᠤᠷᠳᠣᠨ ᠤ

ᠬᠠᠩᠭᠠᠭᠰᠠᠨ ᠪᠠᠳᠣᠯᠠᠭ᠎ᠠ ᠶᠢᠨ ᠮᠦᠩᠬᠦ ᠶᠢ 10 ᠳᠠᠬᠢᠨ ᠠᠴᠠ ᠳᠡᠭᠡᠭᠰᠢ ᠨᠡᠮᠡᠭᠳᠡᠬᠦᠯᠤᠨ᠂ ᠳᠡᠮᠵᠢᠬᠦ ᠬᠦᠷᠢᠶ᠎ᠡ

ᠬᠡᠪᠴᠢᠶᠡᠨ ᠳᠤ ᠤᠷᠤᠭᠰᠨᠨ ︽ᠳᠣᠮᠳᠠ ᠵᠢᠵᠢᠭ ᠠᠵᠤ ᠠᠬᠤᠶᠢᠯᠠᠯ︾ ᠪᠠᠭ᠎ᠠ ᠳᠡᠨᠵᠢ ᠮᠦᠩᠬᠦ ᠲᠤᠰᠢᠶᠠᠬᠤ ᠪᠤᠶᠤ

ᠳᠡᠨᠵᠢ ᠶᠢᠨ ᠮᠦᠩᠬᠦ ᠦᠭᠬᠦ ᠦᠬᠡᠢ ᠳᠣᠣᠷ᠎ᠠ ᠦᠷᠳᠡᠭ ᠲᠠᠢ ᠵᠢᠬᠡᠯᠡᠯᠬᠡ ᠶᠢᠨ ᠪᠡᠯᠡ ᠨᠡᠶᠢᠯᠡᠬᠦᠯᠬᠦ ᠵᠠᠭᠪᠤᠷ ᠪᠤᠯᠤᠨ᠎ᠠ᠃

     31. ᠲᠤᠯᠤᠭᠠᠨ ᠶᠡᠭᠡ ᠰᠦᠯᠵᠢᠶᠡᠨ ᠤ ᠰᠢᠰᠲ᠋ᠧᠮ᠄ ᠳᠡᠮᠤᠷ ᠵᠠᠮ ᠤᠨ ᠰᠦᠯᠵᠢᠶ᠎ᠡ᠂ ᠵᠠᠰᠠᠮᠠᠯ ᠵᠠᠮ ᠤᠨ

ᠰᠦᠯᠵᠢᠶ᠎ᠡ᠂ ᠠᠭᠠᠷ ᠤᠨ ᠠᠶᠠᠯᠠᠯ ᠤᠨ ᠰᠦᠯᠵᠢᠶ᠎ᠡ᠂ ᠤᠰᠣᠨ ᠠᠰᠢᠭᠯᠠᠯᠳᠠ ᠶᠢᠨ ᠰᠦᠯᠵᠢᠶ᠎ᠡ᠂ ᠡᠨᠧᠷᠬᠢ ᠶᠢᠨ

ᠰᠣᠷᠪᠤᠯᠵᠢ ᠶᠢᠨ ᠰᠦᠯᠵᠢᠶ᠎ᠡ᠂ ᠬᠤᠳᠠ ᠶᠢᠨ ᠶᠠᠪᠤᠳᠠᠯ ᠤᠨ ᠰᠦᠯᠵᠢᠶ᠎ᠡ᠂ ᠮᠡᠳᠡᠭᠡ ᠵᠠᠩᠬᠢ ᠴᠢᠮᠡᠭᠡ ᠨᠡᠪᠳᠡᠷᠡᠬᠦᠯᠬᠡ

 ᠶᠢᠨ ᠰᠦᠯᠵᠢᠶ᠎ᠡ ᠶᠢᠨ ᠰᠢᠰᠲ᠋ᠧᠮ

     32. ᠴᠣᠣᠯ ᠭᠤᠤᠯ ᠢ ᠳᠠᠳᠠᠵᠤ ᠲᠦᠩᠯᠢᠶᠤᠤ ᠶᠢ ᠲᠤᠰᠠᠯᠠᠬᠤ᠄ ᠴᠣᠣᠯ ᠭᠤᠤᠯ ᠤᠨ ᠤᠷᠤᠰᠬᠠᠯ ᠣᠰᠣ ᠶᠢ

ᠬᠢᠩᠭᠠᠨ ᠠᠶᠢᠮᠠᠭ ᠤᠨ ᠡᠮᠤᠨ᠎ᠡ ᠬᠡᠰᠡᠭ ᠵᠢᠴᠢ ᠲᠦᠩᠯᠢᠶᠤᠤ ᠬᠤᠳᠠ ᠳᠤ ᠳᠠᠳᠠᠵᠤ᠂ ᠬᠢᠩᠭᠠᠨ ᠠᠶᠢᠮᠠᠭ ᠤᠨ ᠡᠮᠤᠨ᠎ᠡ

ᠬᠡᠰᠡᠭ ᠤᠨ ᠤᠯᠠᠭᠠᠨᠬᠤᠳᠠ᠂ ᠲᠦᠴᠢᠤᠸᠠᠨ ᠰᠢᠶᠠᠨ᠂ ᠬᠤᠷᠴᠢᠨ ᠪᠠᠷᠠᠭᠤᠨ ᠭᠠᠷᠤᠨ ᠳᠣᠮᠳᠠᠳᠣ ᠬᠤᠰᠢᠭᠤ ᠪᠠ

ᠲᠦᠩᠯᠢᠶᠤᠤ ᠬᠤᠳᠠ ᠶᠢᠨ ᠵᠠᠷᠤᠳ ᠬᠤᠰᠢᠭᠤ᠂ ᠺᠠᠶᠢᠯᠤ ᠰᠢᠶᠠᠨ ᠵᠢᠴᠢ ᠬᠤᠷᠴᠢᠨ ᠲᠤᠭᠤᠷᠢᠭ 6 ᠤᠰᠣ

ᠳᠣᠳᠠᠭᠳᠠᠵᠤ ᠪᠠᠶᠢᠭ᠎ᠠ ᠭᠠᠵᠠᠷ ᠤᠷᠤᠨ ᠳᠤ ᠤᠰᠣᠨ ᠰᠣᠷᠪᠤᠯᠵᠢ ᠬᠠᠩᠭᠠᠨ᠎ᠠ᠃

     33. ᠲᠤᠮᠤ ᠳ᠋ᠠᠶᠢᠲ᠋ᠠ ᠶᠢᠨ ᠶᠡᠷᠤᠩᠬᠡᠢ ᠲᠤᠷᠰᠢᠯᠳᠠ ᠶᠢᠨ ᠤᠷᠤᠨ᠄ 2015 ᠤᠨ ᠤ 1 ᠰᠠᠷ᠎ᠠ ᠶᠢᠨ 8 ᠤ

ᠡᠳᠣᠷ᠂ ᠤᠯᠤᠰ ᠤᠨ ᠬᠦᠭᠵᠢᠬᠦᠯᠤᠯᠳᠠ ᠦᠬᠡᠷᠡᠴᠢᠯᠠᠯᠳᠠ ᠶᠢᠨ ᠵᠦᠪᠯᠡᠯ᠂ ᠠᠵᠤ ᠦᠢᠯᠡᠳᠪᠤᠷᠢ ᠶᠢᠨ ᠮᠡᠳᠡᠭᠡ ᠵᠠᠩᠬᠢ

 ᠶᠢᠨ ᠶᠠᠮᠤᠨ᠂ ᠲᠦᠪ ᠤᠨ ᠳᠣᠣᠷ ᠰᠦᠯᠵᠢᠶᠡᠨ ᠤ ᠮᠡᠳᠡᠭᠡ ᠵᠠᠩᠬᠢ ᠶᠢᠨ ᠠᠯᠪᠠᠨ ᠬᠡᠷ ᠬᠤᠯᠪᠤᠭᠠᠯᠠᠨ ᠪᠢᠴᠢᠭ

ᠮᠠᠲ᠋ᠧᠷᠢᠶᠠᠯ ᠳᠠᠷᠬᠠᠭᠠᠵᠤ᠂ ᠦᠪᠤᠷ ᠮᠤᠩᠭᠤᠯ ᠢ ᠤᠯᠤᠰ ᠤᠨ ᠲᠤᠮᠤ ᠳ᠋ᠠᠶᠢᠲ᠋ᠠ ᠶᠢᠨ ᠶᠡᠷᠤᠩᠬᠡᠢ ᠲᠤᠷᠰᠢᠯᠳᠠ ᠶᠢᠨ

ᠤᠷᠤᠨ ᠳᠤ ᠵᠢᠩᠬᠢᠨᠢ ᠪᠠᠷ ᠵᠢᠭᠰᠠᠭᠠᠨ ᠤᠷᠤᠭᠤᠯᠪᠠ᠃

     34. ᠲᠦᠩᠯᠢᠶᠤᠤ ᠬᠤᠳᠠ ᠶᠢᠨ ︽ᠭᠤᠷᠪᠠᠨ ᠶᠡᠭᠡ ᠤᠷᠤᠨ ᠲᠤᠭᠤᠷᠢᠭ︾ ᠢ ᠬᠠᠮᠳᠣᠪᠡᠷ ᠬᠦᠭᠵᠢᠬᠦᠯᠬᠦ

ᠪᠠᠶᠢᠯᠳᠣᠬᠤ ᠪᠤᠳᠤᠯᠭ᠎ᠠ᠄ ᠬᠤᠳᠠ ᠠᠴᠠ ᠬᠤᠶᠢᠳᠣ ᠬᠡᠰᠡᠭ ᠤᠨ ᠬᠤᠤᠯᠢᠨ ᠭᠤᠤᠯ ᠵᠠᠷᠤᠳ ᠢ ᠨᠢᠬᠡ

ᠴᠤᠭᠴᠠᠵᠢᠭᠤᠯᠤᠨ ᠬᠠᠮᠳᠣᠪᠡᠷ ᠬᠦᠭᠵᠢᠬᠦᠯᠬᠦ᠂ ᠳᠣᠮᠳᠠ ᠬᠡᠰᠡᠭ ᠤᠨ ︽ᠬᠤᠶᠠᠷ ᠲᠤᠭᠤᠷᠢᠭ ᠨᠢᠬᠡ ᠰᠢᠶᠠᠨ︾ ᠢ

ᠪᠦᠬᠦ ᠲᠠᠯ᠎ᠠ ᠪᠠᠷ ᠳᠡᠰ ᠳᠠᠪᠰᠢᠭᠤᠯᠵᠤ ᠬᠠᠮᠳᠣᠪᠡᠷ ᠬᠦᠭᠵᠢᠬᠦᠯᠬᠦ᠂ ᠡᠮᠤᠨ᠎ᠡ ᠬᠡᠰᠡᠭ ᠤᠨ ︽ᠲᠦᠷᠪᠡᠨ ᠴᠡᠭ ᠨᠢᠬᠡ

ᠪᠦᠰᠠ︾ ᠶᠢᠨ ᠲᠦᠷᠬᠡᠨ ᠬᠦᠭᠵᠢᠯᠳᠠ ᠶᠢ ᠠᠬᠢᠭᠤᠯᠬᠤ ᠪᠠᠷ ᠪᠤᠯᠪᠠ᠃

     35. ᠬᠤᠤᠯᠢᠨ ᠭᠤᠤᠯ ᠵᠠᠷᠤᠳ ᠢ ᠨᠢᠬᠡ ᠴᠤᠭᠴᠠᠵᠢᠭᠤᠯᠤᠨ ᠬᠠᠮᠳᠣᠪᠡᠷ ᠬᠦᠭᠵᠢᠬᠦᠯᠬᠦ ᠪᠠᠶᠢᠯᠳᠣᠬᠤ

ᠪᠤᠳᠤᠯᠭ᠎ᠠ᠄ ᠲᠦᠯᠦᠪᠵᠢᠬᠦᠯᠬᠡ ᠪᠠᠨ ᠨᠢᠬᠡ ᠴᠤᠭᠴᠠᠵᠢᠭᠤᠯᠬᠤ᠂ ᠠᠵᠤ ᠦᠢᠯᠡᠰ ᠢᠶᠠᠨ ᠨᠢᠬᠡ ᠴᠤᠭᠴᠠᠵᠢᠭᠤᠯᠬᠤ᠂

ᠲᠦᠷᠦ ᠶᠢᠨ ᠪᠤᠳᠣᠯᠭ᠎ᠠ ᠪᠠᠨ ᠨᠢᠬᠡ ᠴᠤᠭᠴᠠᠵᠢᠭᠤᠯᠬᠤ᠂ ᠬᠠᠮᠢᠶᠠᠷᠤᠯᠳᠠ ᠪᠠᠨ ᠨᠢᠬᠡ ᠴᠤᠭᠴᠠᠵᠢᠭᠤᠯᠬᠤ ᠪᠠ ᠤᠯᠠᠨ

ᠨᠠᠶᠢᠳᠠ ᠶᠢᠨ ᠦᠢᠯᠡᠴᠢᠯᠡᠬᠡᠨ ᠢᠶᠠᠨ ᠨᠢᠬᠡ ᠴᠤᠭᠴᠠᠵᠢᠭᠤᠯᠬᠤ ᠪᠠᠷ ᠭᠠᠷᠳᠠᠨ᠂ ᠬᠤᠤᠯᠢᠨ ᠭᠤᠤᠯ ᠪᠠ ᠵᠠᠬᠠᠨᠠᠭᠠᠤᠷ

ᠠᠵᠤ ᠦᠢᠯᠡᠳᠪᠤᠷᠢ ᠶᠢᠨ ᠲᠤᠭᠤᠷᠢᠭ ᠤᠨ ᠠᠵᠤ ᠦᠢᠯᠡᠰ ᠤᠨ ᠬᠦᠭᠵᠢᠯᠳᠠ ᠶᠢ ᠨᠢᠬᠡᠳᠣᠯᠳᠡᠢ ᠲᠦᠯᠦᠪᠯᠡᠨ᠂ ᠦᠪᠤᠷ

ᠮᠤᠩᠭᠤᠯ ᠤᠨ ᠵᠡᠬᠦᠨ ᠬᠡᠰᠡᠭ ᠤᠨ ᠠᠩᠬᠠᠨ ᠤ ᠤᠯᠤᠰ ᠤᠨ ᠳᠡᠰ ᠤᠨ ᠳᠡᠭᠡᠳᠣ ᠰᠢᠨ᠎ᠡ ᠮᠡᠷᠬᠡᠵᠢᠯ ᠤᠨ ᠠᠵᠤ

ᠦᠢᠯᠡᠰ ᠤᠨ ᠨᠡᠬᠡᠬᠡᠯᠳᠠ ᠶᠢᠨ ᠤᠷᠤᠨ ᠪᠤᠯᠭᠠᠨ᠂ ᠦᠪᠡᠷᠳᠡᠭᠡᠨ ᠵᠠᠰᠠᠬᠤ ᠤᠷᠤᠨ ᠤ ᠤᠷᠤᠨ ᠲᠤᠭᠤᠷᠢᠭ ᠤᠨ ᠰᠢᠨ᠎ᠡ

ᠨᠡᠮᠡᠭᠳᠡᠯ ᠤᠨ ᠲᠦᠢᠯ ᠪᠤᠯᠭᠠᠬᠤ ᠪᠠᠷ ᠴᠢᠷᠮᠠᠶᠢᠨ᠎ᠠ᠃

     36. ︽ᠲᠦᠷᠪᠡᠨ ᠵᠠᠭᠤᠨ ᠲᠦᠮᠡᠨ ᠢᠨᠵᠧᠨᠧᠷᠢᠩ︾᠄ ᠵᠡᠭᠤᠨ ᠲᠦᠮᠡᠨ ᠮᠤ᠋ ᠲᠠᠷᠢᠮᠠᠯ ᠤᠨ ᠦᠢᠯᠡᠰ ᠤᠨ

ᠪᠦᠳᠦᠴᠠ ᠳᠤ ᠲᠤᠬᠢᠷᠠᠭᠤᠯᠤᠯᠳᠠ ᠬᠢᠬᠦ ᠢᠵᠧᠨᠧᠷᠢᠩ᠂ ᠵᠠᠭᠤᠨ ᠲᠦᠮᠡᠨ ᠲᠤᠯᠤᠭᠠᠢ ᠲᠠᠯ᠎ᠠ ᠨᠤᠳᠤᠭ ᠤᠨ ᠤᠯᠠᠭᠠᠨ

ᠦᠬᠡᠷ ᠤᠨ ᠢᠨᠵᠧᠨᠧᠷᠢᠩ᠂  ᠵᠠᠭᠤᠨ ᠲᠦᠮᠡᠨ ᠬᠤᠨᠢ ᠬᠠᠰᠣᠵᠣ ᠪᠠᠭᠠᠰᠬᠠᠬᠤ ᠢᠨᠵᠧᠨᠧᠷᠢᠩ᠂ ᠵᠠᠭᠤᠨ ᠲᠦᠮᠡᠨ ᠮᠤ᠋

ᠤᠳᠣ ᠦᠶ᠎ᠡ ᠶᠢᠨ ᠡᠪᠡᠰᠣᠨ ᠤ ᠠᠵᠤ ᠦᠢᠯᠡᠰ ᠤᠨ ᠢᠨᠵᠧᠨᠧᠷᠢᠩ᠃

     37. ᠦᠪᠤᠷ ᠮᠤᠩᠭᠤᠯ ᠤᠨ ᠵᠡᠬᠦᠨ ᠬᠡᠰᠡᠭ ᠤᠨ ᠳᠠᠪᠤᠨ ᠬᠤᠰᠢᠭᠤ ᠰᠢᠶᠠᠨ ᠬᠤᠳᠠ ᠲᠤᠭᠤᠷᠢᠭ ᠲᠠᠢ

ᠵᠢᠭᠤᠯᠴᠢᠯᠠᠯ ᠤᠨ ᠤᠷᠤᠨ ᠲᠤᠭᠤᠷᠢᠭ ᠤᠨ ᠬᠤᠷᠰᠢᠶᠠᠵᠢᠯ᠄ ᠦᠪᠤᠷ ᠮᠤᠩᠭᠤᠯ ᠤᠨ ᠵᠡᠬᠦᠨ ᠬᠡᠰᠡᠭ ᠤᠨ ᠭᠠᠵᠠᠷ

ᠤᠷᠤᠨ ᠤ  ᠷᠠᠰᠢᠶᠠᠨ ᠬᠤᠳᠠ᠂ ᠬᠤᠤᠯᠢᠨ ᠭᠤᠤᠯ ᠬᠤᠳᠠ᠂ ᠵᠡᠬᠦᠨ ᠦᠵᠦᠮᠦᠴᠢᠨ ᠬᠤᠰᠢᠭᠤ᠂ ᠵᠠᠷᠤᠳ ᠬᠤᠰᠢᠭᠤ

᠂ ᠤᠯᠠᠭᠠᠢ ᠬᠠᠮᠢᠶᠠᠷᠤᠯᠳᠠ ᠶᠢᠨ ᠤᠷᠤᠨ ᠲᠠᠢ ᠪᠦᠬᠦ ᠲᠠᠯ᠎ᠠ ᠪᠠᠷ ᠬᠤᠷᠰᠢᠬᠤ᠃

     38. ᠬᠠᠢ ᠮᠢᠶᠠᠨ ᠬᠤᠳᠠ᠄ ᠬᠤᠳᠠ ᠨᠢ ᠶᠠᠭ ᠰᠠᠶ᠋ᠢᠬᠠᠨ ᠬᠠᠢ ᠮᠢᠶᠠᠨ ᠰᠢᠭ᠋ ᠤᠷᠴᠢᠨ ᠲᠤᠭᠤᠷᠢᠨ ᠤ

ᠬᠤᠪᠢᠷᠠᠯᠳᠠ ᠲᠠᠢ ᠵᠤᠬᠢᠴᠠᠬᠤ ᠪᠠ ᠪᠠᠶᠢᠭᠠᠯᠢ ᠶᠢᠨ ᠭᠠᠮᠰᠢᠭ ᠢ ᠠᠷᠭᠠᠴᠠᠬᠤ ᠲᠠᠯ᠎ᠠ ᠪᠠᠷ ᠰᠢᠯᠢᠳᠡᠭ ᠰᠠᠶᠢᠨ ︽ᠤᠶᠠᠨ

ᠴᠢᠨᠠᠷ︾ ᠲᠠᠢ ᠪᠠᠶᠢᠵᠤ᠂ ᠪᠤᠷᠤᠭᠠᠨ ᠤᠷᠤᠬᠤ ᠳᠤ ᠣᠰᠣ ᠰᠢᠩᠬᠡᠬᠡᠬᠦ᠂ ᠤᠰᠣ ᠬᠠᠳᠠᠭᠠᠯᠠᠬᠤ᠂ ᠤᠰᠣ ᠨᠡᠪᠴᠢᠬᠦ᠂

ᠤᠰᠣ ᠶᠢ ᠴᠡᠪᠡᠷᠰᠢᠬᠦᠯᠵᠤ᠂ ᠬᠡᠷᠡᠭᠯᠡᠬᠦ ᠦᠶᠡᠰ ᠤᠰᠣ ᠳᠠᠯᠪᠢᠵᠤ ᠠᠰᠢᠭᠯᠠᠬᠤ ᠶᠢ ᠵᠢᠭᠠᠨ᠎ᠠ᠃

     39. ᠤᠶᠤᠨᠯᠢᠭ ᠬᠤᠳᠠ᠄ ᠰᠢᠨ᠎ᠡ ᠨᠢᠬᠡᠨ ᠴᠠᠭ ᠦᠶ᠎ᠡ ᠶᠢᠨ ᠮᠡᠳᠡᠭᠡ ᠵᠠᠩᠬᠢ ᠮᠡᠷᠬᠡᠵᠢᠯ ᠤᠨ ᠲᠤᠯᠭᠠᠭᠤᠷᠢᠯᠡᠯ

ᠳᠣᠣᠷᠠᠬᠢ ᠬᠤᠳᠠ ᠶᠢᠨ ᠬᠡᠯᠪᠡᠷᠢ ᠪᠠᠶᠢᠳᠠᠯ ᠮᠥᠨ᠂ ᠪᠠᠰᠠ ᠬᠤᠳᠠ ᠶᠢ ᠵᠠᠰᠠᠬᠤ ᠪᠠ ᠨᠡᠶᠢᠬᠡᠮ ᠤᠨ ᠬᠦᠭᠵᠢᠯᠳᠠ ᠶᠢᠨ

ᠰᠢᠨ᠎ᠡ ᠵᠠᠭᠪᠤᠷ᠂ ᠰᠢᠨ᠎ᠡ ᠪᠠᠶᠢᠳᠠᠯ ᠪᠤᠯᠤᠨ᠎ᠠ᠃

     40. ᠤᠶᠤᠨᠯᠢᠭ ᠨᠡᠶᠢᠬᠡᠮ ᠲᠤᠭᠤᠷᠢᠭ᠄ ᠰᠢᠨ᠎ᠡ ᠴᠠᠭ ᠦᠶ᠎ᠡ ᠶᠢᠨ ᠮᠡᠳᠡᠭᠡ ᠵᠠᠩᠬᠢ ᠮᠡᠷᠬᠡᠵᠢᠯ ᠤᠨ ᠬᠤᠷᠠᠮᠠᠯ

ᠬᠡᠷᠡᠭᠯᠡᠭᠡ ᠮᠥᠨ᠃ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠲᠤ ᠨᠢᠬᠡᠨ ᠠᠮᠤᠷ ᠲᠦᠪᠰᠢᠨ᠂ ᠳᠠᠭᠠᠯᠠᠮᠵᠢᠳᠡᠢ᠂

ᠲᠦᠬᠦᠮ ᠲᠦᠳᠠ ᠤᠳᠣᠬᠢᠴᠢᠯᠠᠭᠰᠠᠨ᠂ ᠤᠶᠤᠨᠴᠢᠯᠠᠭᠰᠠᠨ ᠠᠮᠢᠳᠣᠷᠠᠯ ᠤᠨ ᠤᠷᠴᠢᠨ ᠲᠤᠭᠤᠷᠢᠨ ᠢ ᠬᠠᠩᠭᠠᠵᠤ᠂

ᠮᠡᠳᠡᠭᠡ ᠵᠠᠩᠬᠢᠴᠢᠯᠠᠭᠰᠠᠨ ᠤᠶᠤᠨᠴᠢᠯᠠᠭᠰᠠᠨ ᠨᠡᠶᠢᠬᠡᠮ ᠤᠨ ᠬᠠᠮᠢᠶᠠᠷᠤᠯᠳᠠ ᠪᠠ ᠦᠢᠯᠡᠴᠢᠯᠡᠭᠡ ᠠᠴᠠ ᠰᠠᠭᠤᠷᠢᠯᠠᠭᠰᠠᠨ

ᠨᠢᠬᠡ ᠵᠦᠢᠯ ᠤᠨ ᠰᠢᠨ᠎ᠡ ᠬᠠᠮᠢᠶᠠᠷᠤᠯᠳᠠ ᠶᠢᠨ ᠬᠡᠯᠪᠡᠷᠢ ᠶᠢᠨ ᠨᠡᠶᠢᠬᠡᠮ ᠲᠤᠭᠤᠷᠢᠭ ᠪᠤᠯᠤᠨ᠎ᠠ᠃

     41. ᠨᠡᠬᠦᠳᠡᠯ ᠰᠦᠯᠵᠢᠶᠡᠨ ᠤ ᠮᠡᠳᠡᠩᠡ ᠵᠠᠩᠬᠢ ᠠᠪᠴᠤ ᠴᠤᠭᠯᠠᠭᠤᠯᠬᠤ ᠠᠯᠪᠠᠯᠠᠬᠤ ᠳᠤ ᠬᠡᠷᠡᠭᠯᠡᠬᠦ ᠳᠠᠪᠴᠠᠩ

᠄ ︽ᠢᠨᠲ᠋ᠧᠷ ᠰᠦᠯᠵᠢᠶ᠎ᠡ +︾ ᠶᠢᠨ ᠴᠠᠭ ᠦᠶ᠎ᠡ ᠶᠢᠨ ᠲᠤᠭᠠᠴᠢᠯᠠᠭᠰᠠᠨ ᠬᠤᠳᠠ ᠶᠢᠨ ᠬᠠᠮᠢᠶᠠᠷᠤᠯᠳᠠ ᠪᠤᠯᠤᠨ᠎ᠠ᠃

ᠳᠠᠷᠤᠶᠢᠬᠠᠨ ᠴᠢᠮᠡᠭᠡ ᠬᠤᠯᠪᠤᠭ᠎ᠠ ᠨᠡᠪᠳᠡᠷᠡᠯᠴᠡᠬᠦ᠂ ᠬᠠᠮᠳᠣᠷᠠᠨ ᠠᠵᠢᠯᠯᠠᠬᠤ᠂ ᠲᠦᠷᠬᠡᠨ ᠡᠳ᠋ᠯᠡᠬᠦ ᠬᠠᠷᠢᠯᠴᠠᠨ

ᠬᠦᠳᠡᠯᠤᠯᠴᠡᠬᠦ ᠵᠡᠷᠬᠡ ᠶᠢ ᠪᠦᠷᠢᠯᠳᠦᠬᠦᠯᠦᠭᠰᠡᠨ ᠤᠯᠠᠨ ᠵᠦᠢᠯ ᠤᠨ ᠬᠡᠷᠡᠭᠯᠡᠬᠡᠨ ᠤ ᠴᠢᠳᠠᠪᠤᠷᠢ ᠲᠠᠢ ᠪᠠᠶᠢᠳᠠᠭ᠃

     42. ︽ᠭᠤᠷᠪᠠᠨ ᠲᠠᠷᠢᠶᠠᠯᠠᠩ ᠭᠤᠷᠪᠠᠨ ᠮᠠᠯᠵᠢᠯ︾᠄ ︽ᠭᠤᠷᠪᠠᠨ ᠲᠠᠷᠢᠶᠠᠯᠠᠩ︾ ᠬᠡᠳᠡᠭ ᠨᠢ ᠲᠠᠷᠢᠶᠠᠯᠠᠩ᠂

ᠬᠦᠳᠡᠭᠡ ᠲᠤᠰᠬᠤᠨ᠂ ᠲᠠᠷᠢᠶᠠᠴᠢᠨ︔ ︽ᠭᠤᠷᠪᠠᠨ ᠮᠠᠯᠵᠢᠯ︾ ᠬᠡᠳᠡᠭ ᠨᠢ ᠮᠠᠯ ᠠᠵᠤ ᠠᠬᠤᠢ᠂ ᠮᠠᠯᠵᠢᠬᠤ ᠤᠷᠤᠨ

᠂ ᠮᠠᠯᠴᠢᠨ᠃

     43. ︽532︾ ᠠᠵᠢᠯ ᠤᠨ ᠠᠷᠭ᠎ᠠ᠄ ᠲᠤᠬᠠᠶᠢᠯᠠᠪᠠᠯ ᠭᠠᠴᠠᠭ᠎ᠠ ᠲᠤᠰᠬᠤᠨ ᠤ ᠠᠯᠢᠪᠠ ᠴᠢᠬᠤᠯᠡ ᠶᠡᠭᠡ

ᠬᠡᠷᠡᠭ ᠶᠠᠪᠤᠳᠠᠯ ᠢ ᠡᠷᠬᠡᠪᠰᠢ ︽ᠳᠠᠪᠤᠨ ᠠᠯᠬᠤᠮ ᠳᠠᠷᠠᠭ᠎ᠠ᠂ ᠭᠤᠷᠪᠠ ᠤᠳᠠᠭᠠᠨ ᠤ ᠬᠢᠨᠠᠯᠳᠠ᠂ ᠬᠤᠶᠠᠷ ᠤᠳᠠᠭᠠᠨ ᠤ

ᠬᠤᠷᠠᠯ︾ ᠢᠶᠠᠷ ᠳᠠᠮᠵᠢᠨ᠎ᠡ᠃ ᠳᠠᠪᠤᠨ ᠠᠯᠬᠤᠮ ᠳᠠᠷᠠᠭ᠎ᠠ ᠨᠢ ᠨᠠᠮ ᠤᠨ ᠵᠤᠬᠢᠶᠠᠨ ᠪᠠᠶᠢᠭᠤᠯᠤᠯᠳᠠ ᠠᠴᠠ ᠲᠤᠷᠠᠳᠬᠤ᠂

︽ᠬᠤᠶᠠᠷ ᠵᠦᠪᠯᠡᠯ︾ ᠤᠨ ᠤᠳᠤᠷᠢᠳᠬᠤ ᠪᠠᠭ ᠶᠠᠷᠢᠯᠴᠠᠵᠤ᠂ ᠨᠠᠮ ᠤᠨ ᠬᠡᠰᠢᠬᠦᠨ ᠤ ᠶᠡᠭᠡ ᠬᠤᠷᠠᠯ ᠠᠴᠠ ᠬᠢᠨᠠᠬᠠᠤ

᠂ ᠲᠤᠰᠬᠤᠨ ᠤ ᠠᠷᠠᠳ ᠤᠨ ᠲᠦᠯᠦᠬᠡᠯᠡᠭᠴᠢᠳ ᠤᠨ ᠬᠤᠷᠠᠯ ᠰᠡᠢᠳᠪᠤᠷᠢ ᠭᠠᠷᠭᠠᠬᠤ᠂ ᠨᠠᠮ ᠤᠨ ᠡᠬᠦᠷ ᠠᠴᠠ

ᠲᠤᠰᠬᠤᠨ ᠤ ᠠᠷᠠᠳ ᠤᠨ ᠵᠦᠪᠯᠡᠯ ᠢ ᠬᠢᠨᠠᠵᠤ ᠬᠡᠷᠡᠭᠵᠢᠬᠦᠯᠬᠦ︔ ᠭᠤᠷᠪᠠ ᠤᠳᠠᠭᠠᠨ ᠤ ᠬᠢᠨᠠᠯᠳᠠ ᠨᠢ ᠡᠯ᠎ᠡ ᠵᠠᠰᠠᠭ

ᠵᠠᠬᠢᠷᠭᠠᠨ ᠤ ᠲᠤᠰᠬᠤᠨ ᠡᠷᠬᠡᠪᠰᠢ ᠲᠤᠭᠳᠠᠭᠰᠠᠨ ᠬᠤᠭᠤᠴᠠᠭᠠᠨ ᠳᠤ ᠰᠣᠮᠣ ᠪᠠᠯᠭᠠᠰᠣᠨ ᠤ ᠠᠷᠠᠳᠴᠢᠯᠠᠯᠳᠣ

ᠰᠡᠢᠳᠪᠤᠷᠢ ᠶᠢ ᠬᠢᠨᠠᠬᠤ ᠤᠳᠤᠷᠢᠳᠬᠤ ᠲᠤᠭᠤᠶᠢᠯᠠᠩ ᠳᠤ ᠮᠡᠳᠡᠬᠦᠯᠤᠯᠳᠠ ᠬᠢᠨ᠎ᠡ᠂ ᠤᠳᠤᠷᠢᠳᠬᠤ ᠲᠤᠭᠤᠶᠢᠯᠠᠩ ᠠᠴᠠ

ᠭᠠᠴᠠᠭ᠎ᠠ ᠲᠤᠰᠬᠤᠨ ᠤ ᠰᠡᠢᠳᠪᠤᠷᠢ ᠶᠢᠨ ᠪᠤᠯᠬᠤᠶᠢᠴᠠ ᠴᠢᠨᠠᠷ᠂ ᠠᠯᠬᠤᠮ ᠳᠠᠷᠠᠭ᠎ᠠ ᠨᠢ ᠬᠠᠤᠯᠢ ᠳᠤ ᠨᠡᠶᠢᠴᠡᠬᠦ ᠡᠰᠡᠬᠦ

ᠪᠠ ᠬᠦᠢᠴᠡᠬᠡᠭᠰᠡᠨ ᠨᠢ ᠲᠦᠷᠢᠮᠵᠢᠳᠡᠢ ᠡᠰᠡᠬᠦ ᠶᠢ ᠬᠢᠨᠠᠯᠳᠠ ᠬᠢᠨ᠎ᠡ᠃ ᠬᠤᠶᠠᠷ ᠬᠤᠷᠠᠯ᠂ ᠭᠠᠴᠠᠭ᠎ᠠ ᠲᠤᠰᠬᠤᠨ ᠤ

ᠴᠢᠬᠤᠯᠡ ᠶᠡᠭᠡ ᠬᠡᠷᠡᠭ ᠶᠠᠪᠤᠳᠠᠯ ᠢ ᠡᠷᠬᠡᠪᠰᠢ ᠰᠡᠢᠳᠪᠤᠷᠢ ᠪᠠᠨ ᠬᠡᠷᠡᠭᠵᠢᠬᠦᠯᠬᠦ ᠠᠴᠠ ᠪᠠᠨ ᠡᠮᠤᠨ᠎ᠡ ᠤᠯᠠᠨ ᠲᠦᠮᠡᠨ

 ᠳᠤ ᠲᠦᠰᠦᠯ ᠢᠶᠠᠨ ᠢᠯᠡ ᠨᠡᠶᠢᠳᠡᠯᠡᠵᠤ᠂ ᠬᠡᠷᠡᠭᠵᠢᠬᠦᠯᠦᠭᠰᠡᠨ ᠤ ᠳᠠᠷᠠᠭ᠎ᠠ ᠦᠷ᠎ᠡ ᠳ᠋ᠦᠩ ᠢᠶᠠᠨ ᠨᠡᠶᠢᠳᠡᠯᠡᠨ᠎ᠡ᠃

    44. ᠤᠶᠤᠨᠯᠢᠭ ᠢᠳᠡᠬᠡᠨ ᠤ ᠵᠦᠢᠯ ᠡᠮ ᠤᠨ ᠵᠦᠢᠯ ᠤᠨ ᠬᠢᠨᠠᠯᠳᠠ᠄ ᠲᠦᠩᠯᠢᠶᠤᠤ ᠬᠤᠳᠠ ᠶᠢᠨ ᠢᠳᠡᠬᠡᠨ ᠤ

ᠵᠦᠢᠯ ᠡᠮ ᠤᠨ ᠵᠦᠢᠯ ᠤᠨ ᠪᠠᠷᠢᠮᠵᠢᠶ᠎ᠠ ᠲᠦᠷᠢᠮᠵᠢᠯ ᠤᠨ ᠰᠢᠰᠲ᠋ᠧᠮ ᠪᠠ ᠢᠳᠡᠬᠡᠨ ᠤ ᠵᠦᠢᠯ ᠡᠮ ᠤᠨ ᠵᠦᠢᠯ ᠤᠨ

ᠲᠤᠮᠤ ᠳ᠋ᠠᠶᠢᠲ᠋ᠠ ᠲᠦᠪ ᠢᠶᠠᠷ ᠲᠦᠰᠢᠭ ᠪᠤᠯᠭᠠᠨ᠂ ᠶᠡᠷᠤᠩᠬᠡᠢ ᠲᠤᠬᠠᠶᠢᠯᠠᠭᠰᠠᠨ ᠠᠵᠢᠯ᠂ ᠤᠶᠤᠨᠯᠢᠭ ᠬᠢᠨᠠᠨ

ᠬᠠᠮᠢᠶᠠᠷᠤᠯᠳᠠ᠂ ᠪᠠᠴᠢᠮ ᠪᠠᠶᠢᠳᠠᠯ ᠢ ᠠᠷᠭᠠᠴᠠᠬᠤ ᠵᠢᠯᠦᠭᠤᠳᠬᠤ᠂ ᠰᠡᠢᠳᠪᠤᠷᠢ ᠶᠢᠨ ᠳᠡᠮᠵᠢᠯᠬᠡ᠂ ᠬᠠᠮᠳᠣᠪᠡᠷ

ᠠᠵᠢᠯᠯᠠᠬᠤ᠂ ᠢᠨᠲ᠋ᠧᠷ ᠰᠦᠯᠵᠢᠶ᠎ᠡ + ᠶᠡᠷᠤᠩᠬᠡᠢ ᠦᠢᠯᠡᠴᠢᠯᠡᠭᠡ ᠵᠡᠷᠬᠡ 6 ᠳᠠᠪᠴᠠᠩ ᠢ ᠵᠢᠭᠠᠨ᠎ᠠ᠃

    45. ︽ᠭᠤᠷᠪᠠ ᠶᠢ ᠬᠦᠢᠴᠡᠳᠬᠡᠬᠦ᠂ ᠨᠢᠬᠡ ᠶᠢ ᠰᠡᠢᠳᠪᠤᠷᠢᠯᠡᠬᠦ︾᠄ ᠳᠣᠭᠠᠴᠢᠭᠰᠠᠨ ᠵᠠᠷᠭᠤ ᠭᠤᠮᠤᠳᠠᠯ ᠨᠢ

ᠶᠤᠰᠣᠳᠡᠢ ᠪᠤᠯ ᠰᠡᠢᠳᠪᠤᠷᠢᠯᠡᠬᠦ ᠶᠢ ᠬᠦᠢᠴᠡᠳᠬᠡᠬᠦ᠂ ᠲᠤᠭᠠᠴᠢᠭᠰᠠᠨ ᠨᠢ ᠶᠤᠰᠣ ᠪᠤᠰᠣ ᠪᠤᠯ ᠰᠣᠷᠭᠠᠵᠤ ᠬᠦᠮᠤᠵᠢᠬᠦᠯᠬᠦ

 ᠶᠢ ᠬᠦᠢᠴᠡᠳᠬᠡᠬᠦ᠂ ᠠᠮᠢᠳᠣᠷᠠᠯ ᠨᠢ ᠬᠦᠴᠢᠷᠳᠡᠢ ᠪᠤᠯ ᠬᠠᠪᠰᠣᠷᠴᠤ ᠲᠤᠰᠠᠯᠠᠬᠤ ᠶᠢ ᠬᠦᠢᠴᠡᠳᠬᠡᠬᠦ᠂ ᠦᠢᠯᠡ

ᠠᠵᠢᠯᠯᠠᠭ᠎ᠠ ᠨᠢ ᠬᠠᠤᠯᠢ ᠶᠢ ᠵᠦᠷᠢᠴᠡᠭᠰᠡᠨ ᠪᠤᠯ ᠬᠠᠤᠯᠢ ᠶᠤᠰᠣᠭᠠᠷ ᠰᠡᠢᠳᠪᠤᠷᠢᠯᠡᠬᠦ᠃

    46. ︽ᠦᠨᠢᠷ ᠴᠡᠴᠡᠭ︾᠄ 1991 ᠤᠨ ᠤ 1ᠰᠠᠷ᠎ᠠ ᠳᠤ ᠦᠪᠤᠷ ᠮᠤᠩᠭᠤᠯ ᠵᠢᠴᠢ ᠪᠦᠬᠦ ᠤᠯᠤᠰ ᠤᠨ

ᠮᠤᠩᠭᠤᠯ ᠦᠨᠳᠣᠰᠣᠳᠡᠨ ᠤ ᠬᠠᠮᠤᠭ ᠠᠩᠬᠠᠨ ᠤ ᠡᠷᠬᠢᠯᠡᠭᠰᠡᠨ ᠰᠡᠳᠬᠦᠯ ᠪᠤᠯᠤᠨ᠎ᠠ᠃ ᠬᠠᠮᠤᠭ ᠡᠷᠬᠡ ᠰᠦᠷ ᠲᠠᠢ

ᠶᠡᠷᠤᠩᠬᠡᠶᠢᠯᠡᠭᠰᠡᠨ ᠴᠢᠨᠠᠷ ᠲᠠᠢ ᠴᠡᠪᠡᠷ ᠤᠳᠬ᠎ᠠ ᠵᠤᠬᠢᠶᠠᠯ ᠤᠨ ᠰᠡᠳᠬᠦᠯ ᠪᠤᠯᠤᠨ᠎ᠠ᠃ ᠦᠪᠤᠷ ᠮᠤᠩᠭᠤᠯ ᠤᠨ

ᠤᠳᠬ᠎ᠠ ᠤᠷᠠᠯᠢᠭ ᠤᠨ ᠬᠤᠯᠪᠤᠭ᠎ᠠ ᠠᠴᠠ ᠭᠤᠤᠯᠯᠠᠨ ᠡᠷᠬᠢᠯᠡᠪᠡ᠃

    47. ︽ᠲᠦᠷᠪᠡᠨ ᠦᠵᠡᠯ ᠤᠬᠠᠮᠰᠡᠷ︾᠄ ᠤᠯᠤᠰ ᠲᠦᠷᠦ ᠶᠢᠨ ᠦᠵᠡᠯ ᠤᠬᠠᠮᠰᠠᠷ᠂ ᠶᠡᠭᠡ ᠪᠠᠶᠢᠳᠠᠯ ᠤᠨ

ᠦᠵᠡᠯ ᠤᠬᠠᠮᠰᠠᠷ᠂ ᠭᠤᠤᠯᠯᠠᠭᠴᠢ ᠦᠵᠡᠯ ᠤᠬᠠᠮᠰᠠᠷ᠂ ᠤᠷᠤᠭᠰᠢ ᠳᠠᠪᠰᠢᠬᠤ ᠦᠵᠡᠯ ᠤᠬᠠᠮᠰᠠᠷ᠃

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号