2015 ᠣᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2018/6/5

ᠲᠦᠯᠦᠭᠡᠯᠡᠭᠴᠢᠳ ᠡ᠄

    ᠦᠨᠤ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ

ᠢᠯᠡᠥᠠᠬᠡᠯ ᠬᠢᠶ᠎ᠠ᠂  ᠬᠢᠨᠠᠨ ᠵᠦᠪᠯᠡᠬᠦ ᠪᠤᠯᠪᠠᠤ᠂  ᠵᠢᠴᠢ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ

ᠬᠡᠰᠢᠬᠦᠳ ᠪᠠ ᠬᠤᠷᠠᠯ ᠳᠤ ᠰᠤᠯᠠ ᠤᠷᠤᠯᠴᠠᠭᠰᠠᠳ ᠰᠠᠨᠠᠯ ᠳᠤᠷᠠᠳᠬᠤ  ᠪᠤᠯᠪᠠᠤ᠃

    ᠨᠢᠭᠡ᠂ 2014  ᠤᠨ ᠤ ᠠᠵᠢᠯ ᠤᠨ ᠡᠷᠬᠢᠴᠡᠬᠦᠯᠤᠯ    

    ᠦᠩᠭᠡᠷᠡᠭᠰᠡᠨ ᠨᠢᠭᠡ ᠵᠢᠯ ᠬᠦᠮᠦᠰ ᠲᠤ ᠮᠠᠷᠳᠠᠭᠳᠠᠰᠢ ᠦᠭᠡᠢ᠂ ᠨᠠᠷᠢᠨ ᠪᠤᠳᠤᠯᠢᠶᠠᠨᠳᠠᠢ ᠠᠵᠤ ᠠᠬᠤᠢ ᠶᠢᠨ

ᠪᠠᠶᠢᠳᠠᠯ ᠪᠠ ᠬᠦᠴᠢᠷ ᠪᠡᠷᠭᠡ ᠲᠠᠢ ᠦᠭᠡᠷᠡᠴᠢᠯᠠᠯᠳᠠ ᠬᠦᠭᠵᠢᠯᠳᠠ ᠶᠢᠨ ᠡᠬᠦᠷᠭᠡ ᠲᠤᠯᠭᠠᠷᠠᠭᠰᠠᠨ ᠪᠠᠶᠢᠳᠠᠯ ᠳᠤᠤᠷ᠎ᠠ᠂  

ᠬᠤᠰᠢᠭᠤᠨ ᠤ  ᠠᠷᠠᠳ ᠤᠨ ᠵᠠᠰᠠᠭ ᠤᠨ ᠤᠷᠳᠤᠨ ᠨᠢ ᠬᠤᠰᠢᠭᠤᠨ ᠤ ᠨᠠᠮ ᠤᠨ ᠬᠤᠷᠢᠶᠠᠨ` ᠤ ᠡᠷᠡᠰ  ᠴᠢᠩᠭ᠎ᠠ

ᠤᠳᠤᠷᠢᠳᠤᠯᠭ᠎ᠠ ᠳᠤᠤᠷ᠎ᠠ᠂  ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠤᠯᠤᠰ ᠲᠦᠷᠦ

 ᠶᠢᠨ ᠵᠦᠪᠯᠡᠯᠭᠡᠨ ᠤ ᠬᠢᠨᠠᠯᠳᠠ ᠳᠡᠮᠵᠢᠯᠭᠡ ᠳᠤᠤᠷ᠎ᠠ᠂  ᠪᠦᠬᠦ ᠬᠤᠰᠢᠭᠤᠨ ᠤ ᠡᠯ᠎ᠠ ᠦᠨᠳᠤᠰᠤᠳᠠᠨ ᠤ ᠺᠠᠳ᠋ᠷ ᠤᠯᠠᠨ

ᠲᠦᠮᠡᠨ ᠢ ᠪᠦᠯᠬᠦᠮᠳᠡᠬᠦᠯᠤᠨ ᠳᠠᠶᠢᠴᠢᠯᠠᠵᠤ᠂  ᠰᠢ ᠶᠢᠨ ᠫᠢᠩ ᠶᠡᠷᠦᠩᠭᠡᠢ ᠱᠦᠵᠢ ᠵᠢᠨ‌‍ᠰᠢᠷᠢᠰ ᠴᠢᠬᠤᠯᠠ ᠶᠠᠷᠢᠶ᠎ᠠ ᠪᠠ

ᠦᠪᠤᠷ ᠮᠤᠩᠭᠤᠯ ᠢ ᠳᠤᠭᠤᠷᠢᠨ ᠪᠠᠶᠢᠴᠠᠭᠠᠭᠰᠠᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ

ᠲᠤᠤᠱᠯᠠᠭᠤᠯᠤᠨ᠂  ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠠ ᠶᠢᠨ ᠰᠡᠳᠬᠢᠴᠡ ᠪᠠ ᠬᠤᠳᠠ

ᠬᠤᠰᠢᠭᠤ ᠬᠤᠶᠠᠷ ᠱᠠᠳᠤᠨ ᠤ ᠨᠠᠮ ᠤᠨ ᠬᠤᠷᠢᠶᠠᠨ ᠤ ᠡᠯ᠎ᠠ ᠲᠦᠷᠦᠯ ᠤᠨ ᠰᠢᠢᠳᠪᠤᠷᠢ ᠪᠠᠶᠢᠷᠢᠯᠠᠭᠤᠯᠤᠯᠳᠠ ᠶᠢ ᠪᠦᠬᠦ

ᠲᠠᠯ᠎ᠠ ᠪᠠᠷ ᠨᠠᠶᠢᠳᠠᠪᠤᠷᠢᠵᠢᠭᠤᠯᠵᠤ᠂  ᠦᠷᠢᠰᠦᠯᠳᠦᠭᠡᠨ ᠳᠤ ᠯᠠᠪᠳᠠᠭᠤᠨ ᠢᠶᠠᠷ ᠬᠠᠨᠳᠤᠵᠤ᠂  ᠬᠦᠴᠢᠷ ᠢ ᠴᠢᠷᠮᠠᠶᠢᠨ

ᠳᠠᠪᠠᠵᠤ ᠪᠤᠭᠤᠮᠳᠠ ᠰᠢᠪᠳᠤᠯᠤᠨ᠂ ︽ᠡᠭᠡᠯ ᠶᠡᠷᠦᠮᠳᠡᠭ ᠲᠤ ᠪᠠᠨ ᠬᠠᠨᠤᠬᠤ ᠦᠭᠡᠢ᠂ ᠦᠪᠡᠷ ᠲᠤ ᠪᠠᠨ ᠳᠠᠷᠤᠭᠠᠰᠤ

ᠦᠭᠴᠤ᠂ ᠪᠦᠯᠬᠦᠮᠳᠠᠨ ᠳᠡᠮᠡᠴᠡᠵᠤ᠂ ᠬᠦᠴᠤᠨ ᠢᠶᠠᠨ ᠲᠦᠪᠯᠡᠷᠡᠬᠦᠯᠤᠨ ᠪᠤᠭᠤᠮᠳᠠ ᠰᠢᠪᠳᠤᠯᠤᠨ᠂ ᠪᠦᠬᠦ ᠲᠠᠯ᠎ᠠ ᠪᠠᠷ

ᠬᠦᠭᠵᠢᠬᠦᠯᠤᠨ᠂ ᠤᠷᠤᠭᠰᠢ ᠳᠠᠪᠰᠢᠵᠤ ᠰᠢᠯᠢᠳᠡᠭ ᠪᠤᠯᠬᠤ ᠪᠠᠷ ᠴᠢᠷᠮᠠᠶᠢᠬᠤ︾ ᠪᠠᠷ ᠭᠤᠤᠯ ᠠᠭᠤᠯᠭ᠎ᠠ ᠪᠤᠯᠭᠠᠭᠰᠠᠨ ︽

ᠵᠠᠷᠤᠳ ᠦᠵᠡᠭᠳᠠᠯ︾ ᠦᠷᠬᠦᠯᠵᠢᠯᠠᠨ ᠠᠮᠢᠵᠢᠷᠠᠯ   ᠤᠨ ᠬᠦᠴᠤᠨ ᠢᠶᠠᠨ ᠪᠠᠳᠠᠷᠠᠭᠤᠯᠤᠨ᠂  ᠪᠢᠳᠡ ᠳᠤ ᠰᠢᠨ᠎ᠠ  ᠬᠡᠪ  

 ᠤᠨ ᠪᠠᠶᠢᠳᠠᠯ ᠳᠤ ᠵᠤᠬᠢᠴᠠᠬᠤ᠂ ᠰᠢᠨ᠎ᠠ ᠲᠠᠪᠠᠯᠳᠠ ᠶᠢ ᠰᠦᠪᠡᠭᠴᠢᠯᠡᠬᠦ ᠳᠤ ᠨᠠᠨᠳᠢᠨ ᠦᠵᠠᠯ ᠰᠠᠨᠠᠭᠠᠨ ᠤ ᠡᠭᠢ

ᠪᠠᠶᠠᠯᠢᠭ ᠪᠠ ᠬᠦᠴᠤᠷᠭᠡᠭ ᠶᠡᠭᠡ  ᠬᠦᠳᠡᠯᠭᠡᠬᠦ ᠬᠦᠴᠤᠨ ᠤ ᠡᠭᠢ ᠰᠤᠷᠪᠤᠯᠵᠢ ᠬᠠᠩᠭᠠᠵᠤ᠂  ᠠᠵᠤ ᠠᠬᠤᠢ ᠨᠠᠶᠢᠭᠡᠮ

ᠰᠢᠨ᠎ᠠ ᠪᠠᠶᠢᠳᠠᠯ ᠳᠤᠤᠷ᠎ᠠ ᠦᠷᠬᠦᠯᠵᠢᠯᠠᠨ ᠡᠷᠡᠬᠦᠯ ᠢᠶᠠᠷ ᠬᠦᠭᠵᠢᠪᠡ᠃

   ︵ᠨᠢᠭᠡ︶ ᠶᠡᠷᠦᠩᠭᠡᠶᠢᠯᠡᠭᠰᠡᠨ  ᠪᠤᠳᠡᠳᠤ ᠬᠦᠴᠤᠨ ᠢᠯᠡᠷᠭᠡᠢ ᠴᠢᠩᠭᠠᠷᠠᠵᠤ᠂   ᠠᠵᠣ  ᠠᠬᠤᠢ ᠶᠢᠨ ᠬᠦᠭᠵᠢᠯᠳᠡ

 ᠶᠢᠨ ᠠᠬᠢᠴᠡ ᠦᠷᠬᠦᠯᠵᠢᠯᠠᠨ ᠲᠦᠷᠭᠡᠳᠪᠡ᠃  ᠭᠠᠵᠠᠷ ᠤᠷᠤᠨ ᠤ ᠦᠢᠯᠡᠳᠪᠤᠷᠢᠯᠠᠯ ᠤᠨ ᠶᠡᠷᠦᠩᠭᠡᠢ ᠦᠷᠳᠡᠭ ᠢ

206.05  ᠳ᠋ᠦᠩᠰᠢᠭᠤᠷ ᠲᠦᠬᠦᠷᠢᠭ ᠪᠡᠶᠡᠯᠡᠬᠦᠯᠵᠤ᠂ 8.1%   ᠪᠠᠷ ᠨᠡᠮᠡᠭᠳᠡᠪᠡ᠂  ᠭᠤᠷᠪᠠᠨ ᠠᠵᠤ ᠦᠢᠯᠡᠰ ᠤᠨ

ᠪᠦᠳᠦᠴᠡ ᠬᠤᠪᠢᠷᠠᠭᠠᠳ 16.7᠄ 60.2᠄ 23.1  ᠪᠤᠯᠪᠠ︔  ᠨᠠᠶᠢᠳᠡ ᠶᠢᠨ ᠡᠳ᠋ ᠤᠨ ᠵᠠᠰᠠᠭ ᠤᠨ ᠤᠷᠤᠯᠭ᠎ᠠ

 ᠶᠢᠨ ᠲᠦᠰᠦᠪ ᠢ 13.68 ᠳ᠋ᠦᠩᠰᠢᠭᠤᠷ ᠲᠦᠬᠦᠷᠢᠭ ᠪᠡᠶᠡᠯᠡᠬᠦᠯᠵᠤ᠂ 26.6%   ᠪᠠᠷ ᠨᠡᠮᠡᠭᠳᠠᠵᠤ᠂  ᠪᠦᠬᠦ

ᠤᠷᠤᠨ ᠳᠠᠬᠢ ᠨᠡᠷᠡᠰ ᠤᠨ ᠵᠢᠠᠠᠰᠠᠭᠠᠯ ᠨᠢ  ᠡᠮᠤᠨᠡᠰᠢ ᠳᠠᠪᠰᠢᠵᠤ 23  ᠳ᠋ᠤᠭᠠᠷ  ᠪᠤᠯᠵᠤ᠂  ᠤᠷᠤᠭᠰᠢ ᠳᠠᠪᠰᠢᠵᠤ

ᠰᠢᠯᠢᠳᠡᠭ ᠪᠤᠯᠬᠤ ᠪᠠᠷ ᠴᠢᠷᠮᠠᠶᠢᠬᠤ ᠱᠠᠳᠤᠴᠢ ᠴᠢᠨᠠᠷ ᠲᠠᠢ ᠬᠠᠷᠠᠯᠳᠠ ᠶᠢ ᠪᠡᠶᠡᠯᠡᠬᠦᠯᠪᠠ︔  ᠳᠤᠭᠳᠠᠮᠠᠯ ᠬᠦᠷᠦᠩᠭᠡ

 ᠶᠢᠨ  ᠪᠡᠯᠡ ᠤᠷᠤᠭᠤᠯᠤᠯᠳᠠ ᠳᠤ 224 ᠳ᠋ᠦᠩᠰᠢᠭᠤᠷ ᠲᠦᠬᠦᠷᠢᠭ ᠪᠡᠶᠡᠯᠡᠬᠦᠯᠵᠤ᠂  26%   ᠪᠠᠷ ᠨᠡᠮᠡᠭᠳᠡᠪᠡ︔  

ᠨᠠᠶᠢᠭᠡᠮ ᠤᠨ ᠬᠡᠷᠡᠭᠯᠡᠭᠡᠨ ᠤ ᠳᠠᠸᠠᠷ ᠤᠨ ᠰᠤᠯᠠ ᠪᠤᠷᠤᠯᠠᠭᠤᠯᠤᠯᠳᠠ ᠶᠢᠨ ᠬᠡᠮᠵᠢᠶ᠎ᠠ 28.3  ᠳ᠋ᠦᠩᠰᠢᠭᠤᠷ ᠲᠦᠬᠦᠷᠢᠭ

ᠬᠦᠷᠴᠤ᠂ 11.8%   ᠪᠠᠷ ᠨᠡᠮᠡᠭᠳᠡᠪᠡ︔ ᠬᠤᠳᠠ ᠪᠠᠯᠭᠠᠰᠤ ᠪᠠ ᠬᠦᠳᠡᠭᠡ ᠲᠤᠰᠬᠤᠨ ᠮᠠᠯᠵᠢᠬᠤ ᠤᠷᠤᠨ ᠳᠤ

ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠳᠡᠭᠰᠢᠳᠭᠡᠭᠰᠡᠨ ᠳᠤᠬᠢᠷᠠᠭᠤᠯᠵᠤ ᠪᠤᠯᠬᠤ ᠤᠷᠤᠯᠭ᠎ᠠ ᠳᠤᠰ

ᠪᠦᠷᠢ20857 ᠲᠦᠬᠦᠷᠢᠭ ᠪᠡ 10881 ᠲᠦᠬᠦᠷᠢᠭ ᠬᠦᠷᠴᠤ᠂ 9.8%  ᠪᠠ 11.3%   ᠪᠠᠷ ᠳᠡᠭᠡᠭᠰᠢᠯᠡᠪᠡ᠃

ᠪᠦᠬᠦ ᠬᠤᠰᠢᠭᠤᠨ ᠳᠤ ᠤᠯᠤᠰ ᠲᠦᠷᠤ ᠳᠤᠭᠳᠠᠭᠤᠨ᠂  ᠦᠨᠳᠤᠰᠤᠳᠠᠨ ᠪᠦᠯᠬᠦᠮᠳᠠᠯ ᠲᠠᠢ᠂ ᠠᠵᠤ ᠠᠬᠤᠢ

ᠬᠦᠭᠵᠢᠭᠰᠡᠨ᠂ ᠨᠠᠶᠢᠭᠡᠮ ᠳᠡᠪᠰᠢᠠᠠᠰᠠᠨ ᠬᠦᠮᠤᠰ   ᠢ  ᠪᠠᠶᠠᠷᠯᠠᠭᠤᠯᠥᠮ᠎ᠠ ᠪᠠᠶᠢᠳᠠᠯ ᠢᠯᠡᠷᠡᠵᠤ᠂ ︽ᠬᠤᠶᠠᠷ ᠢ ᠬᠠᠮᠤᠭ

ᠲᠡᠷᠢᠬᠦᠨ︾   ᠳᠤ ᠬᠦᠷᠭᠡᠬᠦ ᠬᠠᠷᠠᠯᠳᠠ ᠶᠢ ᠪᠦᠬᠦ ᠲᠠᠯ᠎ᠠ ᠪᠠᠷ ᠪᠡᠶᠡᠯᠡᠬᠦᠯᠬᠦ ᠳᠤ ᠪᠠᠳᠤ ᠪᠠᠭᠢ ᠰᠠᠭᠤᠷᠢ ᠳᠠᠯᠪᠢᠨ ᠦᠭᠪᠡ

   ︵ᠬᠤᠶᠠᠷ︶ ︽ᠳᠠᠭᠤᠷᠢᠶᠠᠯ ᠦᠵᠡᠬᠦᠯᠬᠦ ᠤᠷᠤᠨ︾  ᠪᠠ ︽ᠰᠠᠭᠤᠷᠢᠨ ᠭᠠᠵᠠᠷ︾ ᠤᠨ ᠪᠠᠶᠢᠭᠤᠯᠤᠯᠳᠠ ᠪᠦᠬᠦ

ᠲᠠᠯ᠎ᠠ ᠪᠠᠷ ᠲᠦᠷᠭᠡᠳᠴᠤ᠂  ᠤᠯᠠᠨ ᠡᠰᠢᠴᠢᠯᠠᠨ ᠳᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ

ᠰᠢᠰᠲ᠋ᠧᠮ ᠢᠳᠡᠭ ᠢᠳᠡᠭ ᠢᠶᠠᠷ ᠪᠦᠷᠢᠯᠳᠦᠪᠠ᠃  ᠨᠡᠬᠦᠷᠠᠰᠤ ᠴᠠᠬᠢᠯᠭᠠᠨ ᠬᠦᠩᠭᠡᠨ ᠴᠠᠭᠠᠨ ᠢ ᠨᠢᠭᠡ

ᠴᠤᠭᠴᠠᠵᠢᠭᠤᠯᠤᠭᠰᠠᠨ ᠤᠷᠴᠢᠯ ᠠᠵᠤ ᠠᠬᠤᠢ ᠶᠢᠨ ᠳᠠᠭᠤᠷᠢᠶᠠᠯ ᠦᠵᠡᠬᠦᠯᠬᠦ ᠤᠷᠤᠨ ᠠᠩᠬ᠎ᠠ ᠠᠯᠬᠤᠮ  

ᠲᠥᠯᠥᠪᠰᠢᠷᠡᠪᠡ᠃  ᠨᠡᠬᠦᠷᠠᠰᠤᠨ ᠤ ᠦᠢᠯᠡᠳᠪᠤᠷᠢᠯᠠᠯ ᠤᠨ ᠴᠢᠳᠠᠪᠤᠷᠢ 2000  ᠲᠦᠮᠡᠨ ᠲᠤᠨ᠂  ᠰᠠᠯᠬᠢᠨ ᠬᠡᠷᠡᠯ

ᠭᠠᠯ ᠴᠠᠬᠢᠯᠭᠠᠨ ᠤ ᠰᠡᠤᠷᠢ ᠮᠠᠰᠢᠨ ᠤ ᠪᠠᠭᠳᠠᠭᠠᠮᠵᠢ  147  ᠲᠦᠮᠨᠨ ᠺᠢᠯᠤᠸᠠᠲ᠂  ᠬᠦᠩᠭᠡᠨ ᠴᠠᠭᠠᠨ ᠤ

ᠴᠠᠬᠢᠯᠭᠠᠨ ᠵᠠᠳᠠᠯᠤᠯᠳᠠ ᠶᠢᠨ ᠴᠢᠳᠠᠪᠤᠷᠢ ᠪᠠᠨ ᠦᠷᠭᠡᠳᠭᠡᠭᠡᠳ 38  ᠲᠦᠮᠨᠨ ᠲᠤᠨ᠂  ᠬᠦᠩᠭᠡᠨ ᠴᠠᠭᠠᠨ ᠢ ᠳᠠᠬᠢᠨ

ᠪᠤᠯᠪᠠᠰᠤᠷᠠᠭᠤᠯᠬᠤ ᠦᠢᠯᠡᠳᠪᠤᠷᠢᠯᠠᠯ ᠤᠨ ᠴᠢᠳᠠᠪᠤᠷᠢ 43  ᠲᠦᠮᠡᠨ ᠳᠤᠨ  ᠬᠦᠷᠴᠤ᠂  ᠬᠦᠩᠭᠡᠨ ᠴᠠᠭᠠᠨ ᠢ ᠳᠠᠬᠢᠨ

ᠪᠤᠯᠪᠠᠰᠤᠷᠠᠭᠤᠯᠬᠤ ᠲᠦᠷᠦᠯ ᠵᠦᠢᠯ 39  ᠰᠢᠨᠡᠪᠡᠷ ᠨᠡᠮᠡᠭᠳᠡᠵᠤ᠂  ᠰᠠᠯᠬᠢᠨ ᠬᠡᠷᠡᠯ ᠭᠠᠯ ᠤᠨ  ᠪᠢᠴᠢᠯ ᠴᠠᠬᠢᠯᠭᠠᠨ

ᠳᠤᠤᠷ ᠢ ᠤᠷᠴᠢᠯᠳᠤᠭᠤᠯᠤᠨ ᠬᠠᠷᠢᠯᠴᠠᠨ ᠨᠦᠬᠦᠪᠤᠷᠢᠯᠡᠬᠦ ᠬᠡᠯᠪᠡᠷᠢ ᠶᠢᠨ ᠡᠨᠧᠷᠭᠢ ᠤᠨ ᠡᠬᠢ ᠪᠠᠶᠠᠯᠢᠭ ᠤᠨ ᠵᠠᠬᠪᠤᠷ  

ᠨᠢᠭᠡᠨᠳᠡ ᠠᠩᠬ᠎ᠠ ᠠᠯᠬᠤᠮ ᠪᠦᠷᠢᠯᠳᠦᠪᠡ᠃  ᠳᠡᠭᠡᠳᠦ ᠮᠡᠷᠭᠡᠵᠢᠯ ᠤᠨ ᠨᠡᠬᠦᠷᠠᠰᠤᠨ ᠬᠢᠮᠢ ᠶᠢᠨ ᠠᠵᠤ ᠦᠢᠯᠡᠳᠪᠤᠷᠢ

 ᠶᠢᠨ ᠠᠵᠤ ᠦᠢᠯᠡᠰ ᠤᠨ ᠳᠠᠭᠤᠷᠢᠶᠠᠯ ᠦᠵᠡᠬᠦᠯᠬᠦ ᠳᠤᠭᠤᠷᠢᠭ ᠤᠨ ᠪᠠᠶᠢᠭᠤᠯᠤᠯᠳᠠ ᠶᠢ ᠲᠦᠷᠭᠡᠨ ᠠᠬᠢᠭᠤᠯᠪᠠ᠃  

ᠹᠦ᠋ ᠳ᠋ᠧ ᠺᠠᠩ ᠨᠠᠢ ᠡᠯ ᠨᠢᠭᠡᠳᠦᠭᠡᠷ ᠬᠤᠭᠤᠴᠠᠭᠠᠨ ᠤ 30  ᠲᠦᠮᠡᠨ ᠳᠤᠨ ᠤ ᠡᠲ᠋ᠠ ᠬᠤᠶᠠᠷᠴᠢ ᠠᠯᠺᠦᠤᠯ ᠤᠨ

ᠲᠦᠷᠦᠯ ᠵᠦᠢᠯ ᠤᠨ ᠪᠠᠶᠢᠭᠤᠯᠤᠯᠳᠠ ᠳᠠᠭᠤᠰᠬᠤ ᠤᠶᠢᠷᠠᠳᠤᠵᠤ᠂  ᠬᠤᠶᠠᠳᠤᠭᠠᠷ ᠬᠤᠭᠤᠴᠠᠭᠠᠨ ᠤ 60  ᠲᠦᠮᠡᠨ

ᠳᠤᠨ ᠤ  ᠡᠲ᠋ᠠ ᠬᠤᠶᠠᠷᠴᠢ ᠠᠯᠺᠦᠦᠯ ᠤᠨ ᠪᠠᠷᠢᠯᠭ᠎ᠠ ᠶᠢᠨ ᠭᠠᠵᠠᠷ ᠳᠡᠭᠰᠢᠯᠡᠬᠦ ᠠᠵᠢᠯ ᠢ ᠳᠠᠭᠤᠰᠬᠠᠪᠠ᠂  ᠯᠦᠩ

ᠶᠤᠸᠠᠨ ᠯᠢᠤᠢ ᠮᠸᠢ ᠬᠦᠷᠡᠩ ᠨᠡᠬᠦᠷᠠᠰᠤ ᠶᠢ ᠶᠡᠷᠦᠩᠭᠡᠶᠢᠯᠡᠨ ᠠᠰᠢᠭᠯᠠᠬᠤ ᠤᠯᠠᠨ ᠬᠡᠷᠡᠭᠴᠡᠭᠡᠳᠦ ᠦᠢᠯᠡᠳᠪᠤᠷᠢᠯᠠᠯ ᠲᠠᠢ

 ᠨᠢ ᠬᠤᠯᠪᠤᠭᠳᠠᠭᠤᠯᠬᠤ᠂  ᠵᠦᠩ ᠵᠢᠶᠠ ᠡᠨᠧᠷᠭᠢ ᠤᠨ ᠰᠤᠷᠪᠤᠯᠵᠢ ᠶᠢᠨ ᠡᠲ᠋ᠧᠨ — ᠡᠲ᠋ᠧᠨ ᠠᠯᠺᠦᠦᠯ ᠳᠠᠪᠠᠷᠬᠠᠢ

ᠵᠡᠷᠭᠡ ᠲᠦᠷᠦᠯ ᠵᠦᠢᠯ ᠤᠨ ᠪᠠᠶᠢᠭᠤᠯᠤᠯᠳᠠ ᠰᠢᠨ᠎ᠠ ᠠᠬᠢᠴᠡ ᠲᠠᠢ ᠪᠤᠯᠪᠠ᠃  ᠠᠮᠢ ᠠᠬᠤᠢ ᠶᠢᠨ ᠨᠤᠳᠤᠭ ᠪᠡᠯᠴᠢᠭᠡᠷ

 ᠤᠨ ᠮᠠᠯ ᠠᠵᠤ ᠠᠬᠤᠢ ᠶᠢᠨ ᠳᠠᠭᠤᠷᠢᠶᠠᠯ ᠦᠵᠡᠬᠦᠯᠬᠦ ᠤᠷᠤᠨ ᠤ ᠪᠠᠶᠢᠭᠤᠯᠤᠯᠳᠠ ᠦᠷ᠎ᠠ  ᠪᠦᠳᠦᠮᠵᠢ ᠢᠯᠡᠷᠭᠡᠢ᠃  

800  ᠲᠦᠮᠡᠨ ᠮᠤ᠋ ᠶᠢᠨ ᠠᠮᠢ ᠠᠬᠤᠢ ᠶᠢᠨ ᠡᠪᠡᠰᠤᠨ ᠤ ᠦᠢᠯᠡᠰ ᠤᠨ ᠳᠠᠭᠤᠷᠢᠶᠠᠯ ᠦᠵᠡᠬᠦᠯᠬᠦ ᠤᠷᠤᠨ ᠢ

ᠲᠦᠯᠦᠪᠵᠢᠬᠦᠯᠤᠨ ᠪᠠᠶᠢᠭᠤᠯᠵᠤ᠂  ᠬᠤᠶᠢᠳᠦ ᠬᠡᠰᠡᠭ ᠤᠨ ᠮᠠᠯᠵᠢᠬᠤ ᠤᠷᠤᠨ ᠤ ᠪᠠᠶᠢᠭᠠᠯᠢᠭ ᠨᠤᠳᠤᠭ ᠪᠡᠯᠴᠢᠭᠡᠷ ᠲᠤ

ᠪᠦᠬᠦ ᠵᠢᠯ ᠢᠶᠠᠷ ᠮᠠᠯᠵᠢᠬᠤ ᠶᠢ ᠴᠠᠭᠠᠵᠠᠯᠠᠬᠤ  ᠪᠤᠶᠤ ᠤᠯᠠᠷᠢᠯ ᠤᠨ ᠴᠢᠨᠠᠷᠳᠠᠢ ᠮᠠᠯᠵᠢᠬᠤ ᠪᠠ ᠤᠷᠤᠨ ᠬᠤᠪᠢᠶᠠᠨ

ᠰᠡᠯᠬᠦᠨ ᠮᠠᠯᠵᠢᠬᠤ ᠶᠢ  ᠬᠡᠷᠡᠭᠵᠢᠬᠦᠯᠵᠤ᠂ ︽ᠵᠢᠷᠭᠤᠭ᠎ᠠ ᠲᠦᠬᠦᠷᠵᠢᠭᠰᠡᠨ︾ ᠭᠡᠷ ᠪᠦᠯᠢ ᠶᠢᠨ ᠠᠮᠢ ᠠᠬᠤᠢ ᠶᠢᠨ

ᠮᠠᠯᠵᠢᠯ ᠤᠨ ᠳᠠᠯᠠᠪᠠᠢ ᠶᠢᠨ ᠶᠡᠷᠦᠩᠭᠡᠢ ᠳᠤᠭ᠎ᠠ 537  ᠪᠤᠯᠪᠠ᠃  ᠤᠨᠴᠠᠯᠢᠭᠳᠦ ᠳᠠᠷᠢᠶᠠᠯᠠᠩ ᠤᠨ ᠭᠠᠷᠤᠯᠳᠠ ᠮᠠᠯ

 ᠤᠨ ᠠᠰᠢᠭ ᠰᠢᠮ᠎ᠠ ᠶᠢ ᠦᠢᠯᠡᠳᠪᠤᠷᠢᠯᠡᠵᠤ ᠪᠤᠯᠪᠠᠰᠤᠷᠠᠭᠤᠯᠬᠤ ᠰᠠᠭᠤᠷᠢᠨ ᠭᠠᠵᠠᠷ ᠤᠨ ᠬᠡᠪᠴᠢᠶ᠎ᠠ ᠦᠷᠭᠡᠳᠪᠡ᠃  

ᠬᠠᠢ ᠳ᠋ᠢ ᠯᠤᠤ ᠦᠭᠡᠷ ᠬᠤᠨᠢᠨ ᠤ ᠬᠦᠯᠳᠡᠬᠦᠦ ᠰᠤᠷᠭᠤᠭ ᠮᠢᠬ᠎ᠠ᠂  ᠶᠡᠭᠡ ᠮᠠᠯᠵᠢᠯ ᠤᠨ ᠳᠠᠯᠠᠪᠠᠢ ᠶᠢᠨ ᠬᠤᠶᠠᠳᠤᠭᠠᠷ

ᠬᠤᠭᠤᠴᠠᠭᠠᠨ ᠤ ᠦᠭᠡᠷ ᠤᠨ ᠮᠢᠬᠠᠨ ᠤ ᠵᠢᠶᠠᠩ᠂  ᠪᠠᠩ ᠵᠢᠶᠧ ᠦᠭᠡᠷ ᠬᠤᠨᠢᠨ ᠤ ᠪᠦᠷᠢᠨ ᠠᠵᠤ ᠦᠢᠯᠡᠰ ᠤᠨ

ᠬᠢᠨᠵᠢ ᠵᠡᠷᠭᠡ ᠨᠢᠭᠡ ᠪᠦᠯᠦᠭ ᠤᠨᠴᠠᠯᠢᠭᠳᠦ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠠ ᠶᠢ

ᠪᠤᠯᠪᠠᠰᠤᠷᠠᠭᠤᠯᠬᠤ ᠲᠦᠷᠦᠯ ᠵᠦᠢᠯ ᠤᠨ ᠪᠠᠶᠢᠭᠤᠯᠤᠯᠳᠠ ᠲᠦᠷᠭᠡᠳᠴᠤ᠂  ᠪᠤᠷᠤᠯᠠᠭᠤᠯᠤᠯᠳᠠ ᠶᠢᠨ ᠤᠷᠤᠯᠭ᠎ᠠ ᠨᠢ

500  ᠲᠦᠮᠡᠨ ᠲᠦᠬᠦᠷᠢᠭ ᠠᠴᠠ ᠳᠡᠭᠡᠭᠰᠢ ᠳᠠᠭᠠᠭᠤᠯᠤᠭᠴᠢ ᠠᠵᠤ ᠠᠬᠤᠶᠢᠯᠠᠯ ᠨᠢᠭᠡᠨᠳᠡ 27  ᠡᠷᠦᠭᠡ ᠪᠤᠯᠪᠠ᠃  

ᠦᠩᠭᠡᠳᠦ ᠳᠠᠮᠦᠷᠯᠢᠭ ᠪᠠ ᠳᠠᠮᠦᠷᠯᠢᠭ ᠪᠤᠰᠤ ᠢ ᠦᠢᠯᠡᠳᠪᠤᠷᠢᠯᠡᠵᠤ ᠪᠤᠯᠪᠠᠰᠤᠷᠠᠭᠤᠯᠬᠤ ᠰᠠᠭᠤᠷᠢᠨ ᠭᠠᠵᠠᠷ ᠤᠨ

ᠪᠠᠶᠢᠭᠤᠯᠤᠯᠳᠠ ᠶᠢ ᠡᠮᠭᠢ ᠳᠠᠷᠠᠭ᠎ᠠ ᠲᠠᠢ ᠲᠦᠯᠬᠢᠨ ᠠᠬᠢᠭᠤᠯᠪᠠ᠃  ᠲᠠᠶᠢᠫᠢᠩᠱᠠᠨ ᠠᠭᠤᠷᠬᠠᠢ ᠶᠢᠨ ᠦᠢᠯᠡᠰ ᠤᠨ

ᠬᠠᠷ᠎ᠠ ᠳᠤᠭᠤᠯᠭ᠎ᠠ ᠴᠠᠶᠢᠷ  ᠤᠯᠠᠨ ᠳᠠᠮᠦᠷᠯᠢᠭ ᠤᠨ ᠠᠭᠤᠷᠬᠠᠢ ᠶᠢᠨ ᠮᠡᠷᠭᠡᠵᠢᠯ ᠤᠨ ᠦᠭᠡᠷᠡᠴᠢᠯᠠᠯᠳᠠ᠂ ᠲᠠᠢ  ᠳ᠋ᠡ

ᠺᠤᠮᠫᠠᠨᠢ ᠶᠢᠨ ᠳᠠᠨᠢᠭᠡᠷ ᠴᠢᠯᠠᠭᠤᠨ ᠤ ᠡᠭᠢ ᠪᠡᠶᠠᠯᠢᠭ ᠢ ᠶᠡᠷᠦᠩᠭᠡᠶᠢᠯᠡᠨ ᠠᠰᠢᠭᠯᠠᠬᠤ᠂  ᠯᠤ᠋ ᠠᠨ ᠠᠭᠤᠷᠬᠠᠢ ᠶᠢᠨ

ᠦᠢᠯᠡᠰ ᠤᠨ ᠬᠤᠪᠤᠷ ᠳᠠᠮᠦᠷᠯᠢᠭ ᠤᠨ ᠠᠭᠤᠷᠬᠠᠢ ᠶᠢᠨ ᠨᠡᠭᠡᠭᠡᠯᠳᠡ ᠵᠡᠷᠭᠡ ᠲᠦᠷᠦᠯ ᠵᠦᠢᠯ ᠤᠨ ᠪᠠᠶᠢᠭᠤᠯᠤᠯᠳᠠ ᠶᠢᠨ

ᠠᠬᠢᠴᠡ ᠲᠦᠷᠭᠡᠳᠪᠡ᠃ ᠬᠠᠮᠤᠭ ᠠᠮᠢᠵᠢᠷᠠᠯ ᠤᠨ ᠬᠦᠴᠤᠨ ᠪᠦᠬᠦᠢ ᠲᠠᠯ᠎ᠠ ᠨᠤᠳᠤᠭ ᠤᠨ ᠰᠤᠶᠤᠯ ᠵᠢᠭᠤᠯᠴᠢᠯᠠᠯ  

ᠰᠡᠯᠡᠬᠦᠴᠠᠯ ᠤᠨ ᠰᠠᠭᠤᠷᠢᠨ ᠭᠠᠵᠠᠷ ᠤᠨ ᠪᠠᠶᠢᠭᠤᠯᠤᠯᠳᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠢᠤᠢ

ᠴᠢᠤᠸᠠᠨ ᠱᠠᠨ ᠠᠭᠤᠯᠠ ᠶᠢᠨ ᠠᠮᠢ ᠠᠬᠤᠢ ᠶᠢᠨ ᠵᠢᠭᠤᠯᠴᠢᠯᠠᠯ ᠤᠨ ᠨᠡᠭᠡᠭᠡᠯᠳᠡ᠂  ᠬᠠᠨ ᠠᠭᠤᠯᠠ ᠶᠢᠨ ᠠᠮᠢᠳᠤ

ᠪᠤᠳᠠᠰ ᠤᠨ ᠤᠯᠠᠨ ᠶᠠᠩᠵᠤᠳᠤ ᠴᠢᠨᠠᠷ ᠤᠨ ᠮᠦᠽᠸᠢ ᠪᠠ ᠰᠤᠶᠤᠯ ᠤᠨ ᠵᠢᠭᠤᠯᠴᠢᠯᠠᠯ ᠤᠨ ᠨᠡᠷᠡᠳᠦ ᠪᠠᠯᠭᠠᠰᠤ᠂  

ᠨᠡᠷᠡᠳᠦ ᠳᠤᠰᠬᠤᠨ᠂ ᠮᠠᠯᠵᠢᠬᠤ ︵ᠳᠠᠷᠢᠶᠠᠯᠠᠬᠤ  ᠤᠢ ᠰᠢᠭᠤᠢ︶  ᠡᠷᠦᠭᠡ ᠶᠢᠨ ᠪᠠᠶᠠᠰᠤᠯ ᠵᠡᠷᠭᠡ ᠲᠦᠷᠦᠯ ᠵᠦᠢᠯ ᠢ

ᠢᠳᠡᠪᠬᠢᠳᠠᠢ ᠠᠬᠢᠭᠤᠯᠪᠠ᠃ ᠪᠦᠬᠦ ᠵᠢᠯ ᠳᠤ 80 ᠲᠦᠮᠨᠨ ᠬᠦᠮᠦᠨ ᠤᠳᠠᠭ᠎ᠠ ᠵᠤᠭᠠᠭᠴᠠᠭᠰᠠᠳ ᠢ ᠤᠭᠳᠤᠨ

ᠵᠤᠴᠢᠯᠠᠵᠤ᠂  ᠵᠢᠭᠤᠯᠴᠢᠯᠠᠯ ᠤᠨ ᠶᠡᠷᠦᠩᠭᠡᠢ ᠤᠷᠤᠯᠭ᠎ᠠ 9.5  ᠳ᠋ᠦᠩᠰᠢᠭᠤᠷ ᠲᠦᠬᠦᠷᠢᠭ ᠬᠦᠷᠴᠤ᠂ 4.7%   ᠪᠠᠷ

ᠨᠡᠮᠡᠭᠳᠡᠪᠡ᠃

   ︵ᠭᠤᠷᠪᠠ︶ ᠠᠵᠤ ᠦᠢᠯᠡᠳᠪᠤᠷᠢ ᠶᠢᠨ ᠠᠵᠤ ᠠᠬᠤᠢ ᠶᠢᠨ ᠡᠷᠬᠢᠯᠳᠠ ᠶᠢᠨ ᠪᠠᠶᠢᠳᠠᠯ ᠰᠢᠯᠢᠳᠡᠭ ᠰᠠᠶᠢᠨ᠂  ᠠᠵᠤ

ᠦᠢᠯᠡᠳᠪᠤᠷᠢ ᠶᠢᠨ ᠳᠤᠭᠤᠷᠢᠭ ᠤᠨ ᠳᠡᠭᠡᠭᠡᠴᠡ ᠶᠢᠨ ᠴᠢᠳᠠᠪᠤᠷᠢ ᠢᠯᠡᠷᠭᠡᠢ ᠳᠡᠭᠡᠭᠰᠢᠯᠡᠪᠡ᠃  ᠠᠵᠤ ᠦᠢᠯᠡᠳᠪᠤᠷᠢ

 ᠶᠢᠨ ᠭᠤᠤᠯᠳᠠᠯᠭ᠎ᠠ ᠲᠠᠢ ᠲᠦᠷᠦᠯ ᠵᠦᠢᠯ ᠢ  31  ᠬᠡᠷᠡᠭᠵᠢᠬᠦᠯᠵᠤ᠂  ᠮᠧᠩ ᠳ᠋ᠦᠩ ᠡᠨᠧᠷᠭᠢ ᠶᠢᠨ ᠰᠤᠷᠪᠤᠯᠵᠢ ᠶᠢᠨ

ᠤᠷᠴᠢᠯ ᠠᠵᠤ ᠠᠬᠤᠢ ᠶᠢᠨ ᠳᠠᠭᠤᠷᠢᠶᠠᠯ ᠦᠵᠡᠬᠦᠯᠬᠦ ᠢᠨᠵᠧᠨᠧᠷᠢᠩ 2×35 ᠲᠦᠮᠡᠨ ᠺᠢᠯᠤᠸᠠᠲ ᠶᠢᠨ ᠭᠠᠯ

ᠴᠠᠬᠢᠯᠭᠠᠨ᠂  ᠽᠤᠤ ᠶᠢᠨ ᠬᠦᠩᠭᠡᠨ ᠴᠠᠭᠠᠨ ᠤ ᠦᠢᠯᠡᠰ ᠤᠨ ᠰᠢᠨ᠎ᠠ ᠮᠠᠲ᠋ᠧᠷᠢᠶᠠᠯ ᠵᠡᠷᠭᠡ 8  ᠲᠦᠷᠦᠯ ᠵᠦᠢᠯ ᠢ

ᠪᠦᠳᠦᠭᠡᠨ ᠪᠠᠶᠢᠭᠤᠯᠤᠨ ᠦᠢᠯᠡᠳᠪᠤᠷᠢᠯᠠᠯ ᠢ ᠨᠢ ᠡᠬᠢᠯᠡᠬᠦᠯᠪᠠ᠃   1819  ᠲᠦᠮᠡᠨ ᠳᠤᠨ ᠨᠡᠬᠦᠷᠠᠰᠤ

ᠦᠢᠯᠡᠳᠪᠤᠷᠢᠯᠠᠵᠤ᠂  ᠭᠠᠯ ᠤᠨ ᠬᠦᠴᠤᠨ ᠪᠠ ᠰᠠᠯᠬᠢᠨ ᠬᠦᠴᠤᠨ ᠢᠶᠠᠷ 26  ᠳ᠋ᠦᠩᠰᠢᠭᠤᠷ ᠭᠷᠠᠳᠦ᠋ᠰ ᠴᠠᠬᠢᠯᠭᠠᠨ

ᠭᠠᠷᠭᠠᠪᠠ  ᠂ 28.6  ᠲᠦᠮᠡᠨ ᠳᠤᠨ ᠲᠦᠬᠦᠭᠡᠢ ᠬᠦᠩᠭᠡᠨ ᠴᠠᠭᠠᠨ ᠦᠢᠯᠡᠳᠪᠤᠷᠢᠯᠠᠵᠤ᠂  ᠬᠦᠩᠭᠡᠨ ᠴᠠᠭᠠᠨ ᠢ

ᠳᠠᠬᠢᠨ ᠪᠤᠯᠪᠠᠰᠤᠷᠠᠭᠤᠯᠤᠭᠰᠠᠨ ᠦᠢᠯᠡᠳᠬᠦᠨ 10  ᠲᠦᠮᠡᠨ ᠳᠤᠨ ᠬᠦᠷᠪᠡ᠂  ᠳᠠᠷᠢᠶᠠᠯᠠᠩ ᠤᠨ ᠭᠠᠷᠤᠯᠳᠠ ᠮᠠᠯ ᠤᠨ

ᠠᠰᠢᠭ ᠰᠢᠮ᠎ᠠ ᠶᠢ ᠪᠤᠯᠪᠠᠰᠤᠷᠠᠭᠤᠯᠤᠭᠰᠠᠨ ᠬᠡᠮᠵᠢᠶ᠎ᠡ ᠳᠤᠭᠳᠠᠭᠤᠨ ᠪᠠᠶᠢᠬᠤ ᠶᠢ ᠪᠠᠳᠤᠯᠠᠪᠠ᠃ 10.5 ᠳ᠋ᠦᠩᠰᠢᠭᠤᠷ  

ᠲᠦᠬᠦᠷᠢᠭ ᠪᠡᠯᠡ ᠴᠤᠭᠯᠠᠭᠤᠯᠤᠨ᠂ ᠠᠵᠤ ᠦᠢᠯᠡᠳᠪᠤᠷᠢ ᠶᠢᠨ ᠳᠤᠭᠤᠷᠢᠭ ᠤᠨ ᠰᠠᠭᠤᠷᠢ ᠲᠦᠬᠦᠭᠡᠷᠤᠮᠵᠢ ᠶᠢᠨ

ᠪᠠᠶᠢᠭᠤᠯᠤᠯᠳᠠ ᠶᠢ ᠴᠢᠩᠭᠠᠳᠬᠠᠪᠠ᠃  ᠵᠠᠬᠠᠨᠠᠭᠤᠷ ᠠᠵᠤ ᠦᠢᠯᠡᠳᠪᠤᠷᠢ ᠶᠢᠨ ᠳᠤᠭᠤᠷᠢᠭ ᠲᠤ ᠬᠦᠩᠭᠡᠨ ᠴᠠᠭᠠᠨ ᠢ

ᠳᠠᠬᠢᠨ ᠪᠤᠯᠪᠠᠰᠤᠷᠠᠭᠤᠯᠬᠤ ᠦᠢᠯᠡᠳᠪᠤᠷᠢ ᠶᠢᠨ ᠳᠤᠭᠤᠷᠢᠭ ᠤᠨ ᠳᠠᠯᠠᠪᠠᠢ ᠶᠢ ᠳᠡᠭᠰᠢᠯᠡᠬᠦ᠂ ᠶᠡᠷᠦᠩᠭᠡᠶᠢᠯᠡᠭᠰᠡᠨ

ᠬᠤᠭᠤᠯᠠᠢ ᠳᠤᠤᠷ᠂ ᠨᠠᠶᠢᠳᠡ ᠶᠢᠨ ᠲᠦᠷᠢᠶᠠᠰᠤᠨ ᠭᠡᠷ ᠵᠡᠷᠭᠡ ᠲᠦᠬᠦᠷᠵᠢᠭᠰᠡᠨ ᠢᠨᠵᠧᠨᠧᠷᠢᠩ ᠢ ᠪᠦᠬᠦ ᠲᠠᠯ᠎ᠠ ᠪᠠᠷ

ᠬᠡᠷᠡᠭᠵᠢᠬᠦᠯᠪᠡ︔ ᠯᠦᠪᠸᠢ  ᠠᠵᠤ ᠦᠢᠯᠡᠪᠤᠷᠢ ᠶᠢᠨ ᠳᠤᠭᠤᠷᠢᠭ ᠲᠤ ᠭᠠᠵᠠᠷ ᠳᠠᠳᠠᠪᠤᠷᠢᠯᠠᠨ ᠨᠦᠭᠡᠴᠡᠯᠡᠬᠦ᠂  ᠪᠤᠵᠠᠷ

ᠤᠰᠤᠨ ᠤ ᠰᠢᠬᠠᠭᠤᠷ ᠦᠷᠳᠡᠭᠡ ᠪᠠ ᠲᠦᠬᠦᠷᠵᠢᠭᠰᠡᠨ ᠬᠤᠭᠤᠯᠠᠢ ᠳᠤᠤᠷ᠂ ᠴᠠᠬᠢᠯᠭᠠᠨ ᠬᠦᠷᠭᠡᠬᠦ ᠱᠤᠭᠤᠮ ᠵᠡᠷᠭᠡ

ᠢᠨᠵᠧᠨᠧᠷᠢᠩ   ᠢ ᠡᠮᠭᠢ ᠳᠠᠷᠠᠭ᠎ᠠ ᠲᠠᠢ ᠶᠠᠪᠤᠭᠳᠠᠪᠠ︔  ᠳᠡᠭᠡᠳᠦ ᠮᠡᠷᠭᠡᠵᠢᠯ ᠤᠨ ᠨᠡᠬᠦᠷᠠᠰᠤᠨ ᠬᠢᠮᠢ ᠶᠢᠨ ᠠᠵᠤ

ᠦᠢᠯᠡᠳᠪᠤᠷᠢ ᠶᠢᠨ ᠳᠤᠭᠤᠷᠢᠭ ᠲᠤ ᠭᠠᠵᠠᠷ ᠳᠠᠳᠠᠪᠤᠷᠢᠯᠠᠨ ᠨᠦᠭᠡᠴᠡᠯᠡᠭᠰᠡᠨ ᠬᠡᠮᠵᠢᠶ᠎ᠠ ᠪᠠᠷᠤᠭ 3 ᠲᠦᠮᠡᠨ ᠮᠤ᠋  

ᠭᠥᠷᠴᠤ᠂ ᠤᠷᠤᠨ ᠨᠤᠳᠤᠭ ᠤᠨ ᠳᠠᠮᠤᠷ ᠵᠠᠮ ᠤᠨ ᠨᠢᠭᠡᠳᠦᠭᠡᠷ ᠬᠤᠭᠤᠴᠠᠭᠠᠨ ᠤ ᠪᠠᠷᠢᠯᠭ᠎ᠠ ᠶᠢᠨ ᠪᠠᠶᠢᠭᠤᠯᠤᠯᠳᠠ ᠶᠢ

ᠳᠠᠭᠤᠰᠬᠠᠵᠤ᠂  ᠪᠤᠵᠠᠷ ᠤᠰᠤ ᠶᠢ ᠰᠢᠢᠳᠪᠤᠷᠢᠯᠡᠬᠦ ᠪᠠ ᠤᠰᠤ ᠬᠠᠩᠭᠠᠬᠤ ᠰᠢᠰᠲ᠋ᠧᠮ ᠢ ᠦᠨᠳᠤᠷ ᠪᠠᠷᠢᠮᠵᠢᠶ᠎ᠠ ᠪᠠᠷ

ᠡᠬᠢᠯᠠᠨ ᠪᠠᠶᠢᠭᠤᠯᠵᠤ᠂ ᠵᠠᠮ ᠱᠤᠭᠤᠮ᠂ ᠶᠡᠷᠦᠩᠭᠡᠢ ᠬᠤᠭᠤᠯᠠᠢ ᠳᠤᠤᠷ ᠵᠡᠷᠭᠡ ᠢᠨᠵᠧᠨᠧᠷᠢᠩ ᠢ ᠲᠦᠷᠭᠡᠨ ᠲᠦᠯᠬᠢᠨ

ᠠᠬᠢᠭᠤᠯᠪᠠ᠃  ᠪᠦᠬᠦᠶᠢᠯᠠ  ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠨᠡᠮᠡᠭᠳᠡᠯ ᠦᠷᠳᠡᠭ ᠢ 116

ᠳ᠋ᠦᠩᠰᠢᠭᠤᠷ ᠲᠦᠬᠦᠷᠢᠭ ᠪᠡᠶᠡᠯᠡᠬᠦᠯᠵᠤ᠂ 10.3%   ᠪᠠᠷ ᠨᠡᠮᠡᠭᠳᠡᠪᠡ︔ ᠬᠡᠪᠴᠢᠶᠠᠵᠢᠯ ᠠᠴᠠ ᠳᠡᠭᠡᠭᠰᠢ ᠠᠵᠤ

ᠦᠢᠯᠡᠳᠪᠤᠷᠢ ᠶᠢᠨ ᠠᠵᠤ ᠠᠬᠤᠶᠢᠯᠠᠯ  ᠰᠢᠨᠡᠪᠡᠷ 4  ᠨᠡᠮᠡᠭᠳᠡᠵᠤ᠂  ᠬᠡᠪᠴᠢᠶᠠᠵᠢᠯ ᠠᠴᠠ ᠳᠡᠭᠡᠭᠰᠢ ᠠᠵᠤ

ᠦᠢᠯᠡᠳᠪᠤᠷᠢ ᠶᠢᠨ  ᠨᠠᠮᠠᠯᠳᠠ ᠦᠷᠳᠡᠭ ᠤᠨ ᠨᠡᠮᠡᠭᠳᠠᠯ ᠤᠨ ᠬᠤᠷᠳᠤᠴᠡ11% ᠪᠤᠯᠪᠠ᠃

   ︵ᠲᠦᠷᠪᠡ︶ ᠳᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠪᠠᠨ ᠥᠬᠡᠷᠡᠳᠤᠭᠦᠯᠭᠦ ᠠᠬᠢᠴᠡ ᠲᠦᠷᠭᠡᠳᠴᠤ᠂  

ᠤᠳᠤ ᠦᠶ᠎ᠠ ᠶᠢᠨ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠰᠢᠪᠳᠤᠯᠤᠯᠳᠠ ᠲᠠᠢ ᠪᠤᠯᠪᠠ᠃  ᠳᠠᠷᠢᠮᠠᠯ ᠤᠨ

ᠳᠠᠷᠢᠭᠰᠠᠨ ᠳᠠᠯᠠᠪᠠᠢ 193.5  ᠲᠦᠮᠡᠨ ᠮᠤ᠋ ᠬᠦᠷᠴᠦ᠂  ᠤᠰᠤ ᠠᠷᠪᠢᠯᠠᠬᠤ ᠦᠨᠳᠤᠷ ᠤᠨᠠᠯᠳᠠ ᠦᠨᠳᠤᠷ ᠦᠷ᠎ᠠ

ᠠᠰᠢᠭᠳᠦ ᠳᠠᠷᠢᠶ᠎ᠠ 6 ᠲᠦᠮᠡᠨ ᠮᠤ᠋ ᠰᠢᠨ᠎ᠠ ᠨᠡᠮᠡᠭᠳᠡᠵᠤ᠂  ᠦᠨᠳᠤᠷ ᠦᠷ᠎ᠠ ᠠᠰᠢᠭᠳᠦ ᠤᠨᠴᠠᠯᠢᠭᠳᠦ ᠳᠠᠷᠢᠮᠠᠯ ᠢ 10

 ᠲᠦᠮᠡᠨ ᠮᠤ᠋ ᠳᠠᠷᠢᠵᠤ᠂  ᠠᠮᠤ ᠪᠤᠳᠠᠭᠠᠨ ᠤ ᠶᠡᠷᠦᠩᠭᠡᠢ ᠤᠨᠠᠯᠳᠠ 17  ᠳ᠋ᠦᠩᠰᠢᠭᠤᠷ ᠵᠢᠩ ᠬᠦᠷᠪᠡ᠃  ᠤᠳᠤ

ᠦᠶ᠎ᠡ ᠶᠢᠨ ᠮᠠᠯ ᠠᠵᠤ ᠠᠬᠤᠢ ᠭᠦᠭᠵᠢᠨ  ᠪᠤᠵᠠᠭᠠᠶᠢᠷᠠᠵᠤ  ᠂ ᠰᠢᠨᠡᠪᠡᠷ 30 ᠬᠡᠪᠴᠢᠶᠡᠵᠢᠭᠰᠡᠨ ᠳᠡᠵᠢᠭᠡᠪᠤᠷᠢ ᠶᠢᠨ

ᠳᠠᠯᠠᠪᠠᠢ ︵ ᠪᠠᠭ᠎ᠠ ᠳᠤᠭᠤᠷᠢᠭ︶  ᠂ 20  ᠠᠯᠠᠰᠢᠨ ᠦᠭᠡᠷ ᠠᠯᠠᠰᠢᠨ ᠬᠤᠨᠢᠨ ᠤ ᠳᠡᠵᠢᠭᠡᠪᠤᠷᠢ ᠶᠢᠨ ᠳᠤᠰᠬᠠᠢ

ᠳᠤᠰᠬᠤᠨ ᠢ ᠪᠠᠶᠢᠭᠤᠯᠵᠤ᠂  ᠵᠢᠯ ᠤᠨ ᠭᠡᠷ ᠤᠨ ᠳᠡᠵᠢᠭᠡᠪᠤᠷᠢ ᠶᠢᠨ ᠬᠠᠰᠢᠶᠠᠯᠠᠵᠤ ᠪᠠᠶᠢᠭ᠎ᠠ ᠳᠤᠭ᠎ᠠ ᠠᠩᠬ᠎ᠠ ᠤᠳᠠᠭ᠎ᠠ

500  ᠲᠦᠮᠡᠨ ᠤ ᠶᠡᠭᠡ ᠪᠤᠭᠤᠮᠳᠠ ᠶᠢ ᠳᠠᠪᠠᠵᠤ᠂  514.5  ᠲᠦᠮᠡᠨ ᠳᠤᠯᠤᠭᠠᠢ ᠭᠦᠷᠪᠡ᠂ ᠡᠬᠦᠨ ᠳᠤ  ᠥᠬᠡᠷ

 ᠤᠨ ᠬᠠᠰᠢᠶᠠᠯᠠᠵᠤ ᠪᠠᠶᠢᠭ᠎ᠠ ᠳᠤᠭ᠎ᠠ 60.6 ᠲᠦᠮᠡᠨ  ᠲᠣᠯᠣᠭᠠᠢ ᠬᠦᠷᠪᠡ᠃ ᠬᠤᠶᠢᠳᠦ ᠬᠡᠰᠡᠭ ᠤᠨ ᠮᠠᠯᠵᠢᠬᠤ

ᠤᠷᠤᠨ ᠳᠤ ᠬᠠᠮᠤᠭ ᠳᠡᠷᠢᠬᠦᠨ ᠳᠤ ᠦᠨᠳᠤᠰᠤᠨ ᠳᠡᠭᠡᠨ ᠤᠳᠤᠬᠢᠴᠢᠯᠠᠯᠳᠠ ᠶᠢ ᠪᠡᠶᠡᠯᠡᠬᠦᠯᠬᠦ ᠢᠨᠵᠧᠨᠧᠷᠢᠩ ᠢ ᠪᠦᠬᠦ

ᠲᠠᠯ᠎ᠠ ᠪᠠᠷ ᠡᠬᠢᠯᠡᠬᠦᠯᠤᠨ᠂  ᠦᠨᠳᠤᠷ ᠪᠠᠷᠢᠮᠵᠢᠶ᠎ᠠ ᠪᠠᠷ ᠮᠠᠯᠵᠢᠬᠤ ᠤᠷᠤᠨ ᠳᠤ ᠤᠳᠤᠬᠢᠴᠢᠯᠠᠯᠳᠠ ᠶᠢᠨ ᠳᠠᠭᠤᠷᠢᠶᠠᠯ

ᠦᠵᠡᠬᠦᠯᠬᠦ 10  ᠭᠠᠴᠠᠭ᠎ᠠ ᠲᠤᠰᠬᠤᠨ ᠢ ᠪᠠᠶᠢᠭᠤᠯᠵᠤ᠂ ᠬᠤᠶᠢᠳᠣ ᠬᠡᠰᠡᠭ ᠤᠨ ᠮᠠᠯᠵᠢᠬᠤ ᠣᠷᠣᠨ ᠤ  ᠮᠠᠯᠴᠢᠳ

 ᠤᠨ ᠳᠡᠭᠰᠢᠳᠭᠡᠭᠰᠡᠨ ᠤᠷᠤᠯᠭ᠎ᠠ 4ᠲᠦᠮᠡᠨ ᠲᠦᠬᠦᠷᠢᠭ ᠢ ᠳᠡᠪᠡᠪᠠ᠃ ᠲᠦᠷᠦᠯ ᠵᠦᠢᠯ ᠤᠨ ᠪᠡᠯᠡ ᠮᠦᠩᠭᠦ ᠶᠢ

ᠨᠡᠶᠢᠯᠡᠬᠦᠯᠬᠦ᠂  ᠮᠦᠩᠭᠦᠨ  ᠬᠦᠢᠯᠭᠡᠭᠡᠨ ᠤ ᠵᠢᠭᠡᠯᠡᠯᠭᠡ ᠵᠡᠷᠭᠡ ᠠᠷᠭ᠎ᠠ ᠪᠠᠷ ᠳᠠᠮᠵᠢᠨ 4  ᠳ᠋ᠦᠩᠰᠢᠭᠤᠷ ᠲᠦᠬᠦᠷᠢᠭ

ᠰᠢᠬᠠᠮ ᠪᠡᠯᠡ ᠴᠤᠭᠯᠠᠭᠤᠯᠤᠨ᠂ 69 ᠭᠠᠴᠠᠭ᠎ᠠ ᠲᠤᠰᠬᠤᠨ ᠳᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠢ

ᠳᠠᠭᠤᠰᠬᠠᠵᠤ᠂ ᠢᠨᠵᠧᠨᠧᠷᠢᠩ ᠤᠨ ᠠᠬᠢᠴᠡ ᠪᠠ ᠪᠠᠶᠢᠭᠤᠯᠤᠯᠳᠠ ᠶᠢᠨ ᠬᠢᠷᠢ ᠲᠦᠪᠰᠢᠨ ᠪᠦᠬᠦ ᠤᠷᠤᠨ ᠳᠤ

ᠳᠡᠷᠢᠬᠦᠯᠡᠪᠡ᠃  10.2 ᠲᠦᠮᠡᠨ ᠬᠦᠮᠤᠨ ᠤᠳᠠᠭ᠎ᠠ ᠮᠠᠯᠴᠢᠨ ᠳᠠᠷᠢᠶᠠᠴᠢᠳ   ᠲᠤ ᠰᠢᠨᠵᠢᠯᠡᠭᠡ ᠮᠡᠷᠭᠡᠵᠢᠯ ᠤᠨ

ᠪᠤᠯᠪᠠᠰᠤᠷᠠᠯ ᠬᠦᠷᠳᠡᠭᠡᠵᠤ᠂ ᠵᠢᠵᠢᠭ ᠳᠠᠷᠢᠶᠠᠯᠠᠬᠤ ᠡᠷᠦᠭᠡ ᠶᠢᠨ ᠰᠢᠨᠵᠢᠯᠡᠭᠡ ᠮᠡᠷᠭᠡᠵᠢᠯ ᠤᠨ ᠬᠦᠷᠢᠶᠠᠯᠠᠩ ᠢ ᠰᠢᠨᠡᠪᠡᠷ

58  ᠪᠠᠶᠢᠭᠤᠯᠪᠠ᠃ ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠠ ᠶᠢᠨ ᠬᠢᠷᠢ ᠲᠦᠪᠰᠢᠨ

ᠳᠠᠰᠤᠷᠠᠯᠳᠠ ᠦᠭᠡᠢ ᠳᠡᠭᠡᠭᠰᠢᠯᠡᠵᠤ᠂  ᠮᠤ᠋ ᠶᠤᠸᠠᠨ ︽ᠪᠡᠯᠴᠢᠭᠡᠷ ᠮᠠᠯ ᠢ  ᠨᠢᠭᠡ ᠴᠤᠭᠴᠠᠵᠢᠭᠤᠯᠬᠤ︾᠂   ᠮᠧᠡᠭ

ᠽᠤᠤ ᠠᠵᠤ  ᠦᠢᠯᠡᠰ ᠤᠨ ᠬᠤᠯᠪᠤᠭᠠᠯᠠᠯ᠂ ᠮᠠᠯᠴᠢᠨ ᠠᠶᠢᠯ ᠤᠨ ᠬᠤᠷᠰᠢᠭᠰᠠᠨ ᠳᠡᠵᠢᠭᠡᠪᠤᠷᠢ᠂ ᠲᠦᠪᠰᠢᠨ ᠤ

ᠬᠤᠯᠪᠤᠭᠠᠯᠠᠭᠰᠠᠨ ᠬᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠳᠠᠯᠠᠪᠠᠢ ᠵᠡᠷᠭᠡ ᠤᠯᠠᠨ ᠵᠦᠢᠯ ᠤᠨ ᠤᠳᠤ ᠦᠶ᠎ᠡ

 ᠶᠢᠨ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠶᠢᠨ ᠵᠠᠭᠪᠤᠷ   ᠢ ᠠᠮᠵᠢᠯᠳᠠᠢ ᠪᠠᠷ ᠰᠦᠪᠡᠭᠴᠢᠯᠡᠬᠦ ᠪᠡ

ᠦᠢᠯᠡᠳᠦᠯᠭᠡᠵᠢᠬᠦᠯᠵᠤ᠂  ᠳᠠᠷᠢᠶᠠᠴᠢᠳ ᠮᠠᠯᠴᠢᠳ ᠤᠨ ᠦᠢᠯᠡᠳᠪᠤᠷᠢᠯᠠᠯ ᠤᠨ ᠳᠠᠨᠢᠯᠳᠠ ᠪᠠ ᠡᠵᠡᠩᠨᠡᠯᠳᠡ ᠶᠢᠨ ᠠᠷᠭ᠎ᠠ

ᠮᠠᠶ᠋ᠢᠭ ‍ᠤᠨ‌ᠢᠳᠡᠭ ᠢᠳᠡᠭ ᠢᠶᠠᠷ  ᠬᠤᠪᠢᠷᠠᠬᠤ ᠶᠢ ᠪᠦᠳᠦᠮᠵᠢᠳᠡᠢ ᠪᠠᠷ ᠭᠦᠳᠤᠯᠥᠨ ᠳᠠᠭᠠᠭᠤᠯᠵᠤ᠂  ᠤᠷᠤᠯᠭ᠎ᠠ ᠪᠠᠨ

ᠨᠡᠮᠡᠭᠳᠡᠬᠦᠯᠬᠦ ᠠᠷᠭ᠎ᠠ ᠵᠠᠮ   ᠢᠶᠠᠨ ᠤᠯᠠᠮ ᠨᠢᠭᠡ ᠠᠯᠬᠤᠮ  ᠦᠷᠭᠡᠳᠭᠡᠪᠡ᠃

   ︵ᠳᠠᠪᠤ︶ ᠬᠤᠳᠡ ᠬᠦᠳᠡᠭᠡ ᠶᠢᠨ ᠬᠦᠭᠵᠢᠯᠳᠠ ᠶᠢ ᠨᠢᠭᠡᠳᠦᠯᠳᠠᠢ ᠲᠦᠯᠦᠪᠯᠡᠨ ᠲᠦᠯᠬᠢᠨ ᠠᠬᠢᠭᠤᠯᠵᠤ᠂  ᠨᠠᠶᠢᠳᠡ

 ᠶᠢᠨ ᠰᠠᠭᠤᠷᠢ ᠲᠦᠬᠦᠭᠡᠷᠤᠮᠵᠢ ᠳᠠᠰᠤᠷᠠᠯᠳᠠ ᠦᠭᠡᠢ ᠳᠡᠬᠦᠯᠳᠠᠷᠵᠢᠪᠠ᠃  ᠬᠤᠳᠠ ᠪᠠᠯᠭᠠᠰᠤᠨ ᠤ ᠪᠠᠶᠢᠭᠤᠯᠤᠯᠳᠠ ᠶᠢᠨ

ᠰᠢᠪᠳᠤᠯᠤᠯᠳᠠ ᠶᠢᠨ ᠵᠢᠯ ᠤᠨ ᠠᠵᠢᠯᠯᠠᠭ᠎ᠠ ᠶᠢ ᠬᠦᠨᠵᠡᠭᠡᠢ ᠦᠷᠨᠢᠬᠦᠯᠪᠡ᠃  5.7  ᠳ᠋ᠦᠩᠰᠢᠭᠤᠷ  ᠲᠦᠬᠦᠷᠢᠭ ᠪᠡᠯᠡ

ᠤᠷᠤᠭᠤᠯᠤᠨ᠂  ᠳᠠᠶᠢᠱᠠᠨ ᠵᠡᠭᠡᠯᠢ ᠪᠡ ᠦᠯᠵᠠᠶᠢᠮᠦ᠋ᠷᠡᠨ ᠵᠠᠮ ᠤᠨ ᠬᠤᠶᠠᠷ ᠲᠠᠯ᠎ᠠ ᠶᠢᠨ ᠪᠠᠷᠢᠯᠭ᠎ᠠ ᠶᠢᠨ ᠡᠨᠧᠷᠭᠢ

ᠠᠷᠪᠢᠯᠠᠬᠤ ᠦᠭᠡᠷᠡᠴᠢᠯᠠᠯᠳᠠ᠂  ᠬᠤᠳᠠ ᠳᠤᠭᠤᠷᠢᠭ ᠤᠨ ᠤᠶᠢᠷ᠎ᠠ ᠤᠷᠴᠢᠮ ᠤᠨ ᠡᠪᠳᠡᠷᠡᠵᠤ  ᠬᠤᠬᠢᠷᠠᠭᠰᠠᠨ

ᠠᠭᠤᠯᠠ   ᠶᠢ ᠵᠠᠰᠠᠵᠤ ᠠᠮᠢ ᠠᠬᠤᠢ   ᠶᠢ ᠰᠡᠷᠬᠦᠭᠡᠬᠦ ᠪᠡ ᠦᠵᠡᠮᠵᠢ ᠶᠢ ᠨᠢ ᠰᠠᠶᠢᠵᠢᠷᠠᠭᠤᠯᠬᠤ ᠵᠡᠷᠭᠡ ᠨᠢᠭᠡ ᠪᠦᠯᠦᠭ

ᠬᠤᠳᠠ ᠪᠠᠯᠭᠠᠰᠤᠨ ᠤ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠬᠦᠯᠪᠡ᠃  

ᠬᠠᠭᠤᠴᠢᠨ ᠬᠤᠳᠡ ︵ ᠪᠤᠷᠤ ᠭᠡᠷ ᠳᠤᠭᠤᠷᠢᠭ︶   ᠶᠢ ᠦᠭᠡᠷᠡᠴᠢᠯᠡᠬᠦ ᠠᠵᠢᠯ ᠢ ᠳᠤᠭᠳᠠᠭᠤᠨ ᠢᠶᠠᠷ ᠲᠦᠯᠬᠢᠨ

ᠠᠬᠢᠭᠤᠯᠪᠠ᠃ ︽ᠦᠪᠡᠷᠳᠡᠭᠡᠨ ᠵᠠᠰᠠᠬᠤ ᠤᠷᠤᠨ ᠤ ᠴᠡᠴᠡᠷᠯᠢᠭᠳᠦ ᠰᠢᠶᠠᠨ ᠤ ᠬᠤᠳᠠ︾ ᠶᠢ ᠠᠮᠵᠢᠯᠳᠠᠳᠠᠢ ᠪᠠᠷ

ᠡᠬᠦᠳᠤᠨ ᠪᠠᠶᠢᠭᠤᠯᠪᠠ᠃  ᠪᠦᠬᠦ ᠬᠤᠰᠢᠭᠤᠨ ᠤ ᠬᠤᠳᠠᠴᠢᠯᠠᠯᠳᠠ ᠶᠢᠨ ᠨᠤᠷᠮ᠎ᠠ 2.3  ᠵᠠᠭᠤᠨ ᠤ ᠬᠤᠪᠢ ᠶᠢᠨ

ᠴᠢᠭ ᠳᠡᠭᠡᠭᠰᠢᠯᠡᠵᠤ᠂ 44.4%   ᠳᠤ ᠬᠦᠷᠪᠡ᠃  ᠬᠤᠳᠡ ᠶᠢᠨ ᠬᠠᠮᠢᠶᠠᠷᠤᠯᠳᠠ ᠶᠢᠨ ᠶᠡᠷᠦᠩᠭᠡᠢ ᠬᠠᠤᠯᠢ

ᠬᠡᠷᠡᠭᠵᠢᠬᠦᠯᠬᠦ ᠳᠤᠪᠴᠢᠶ᠎ᠠ ᠶᠢ  ᠡᠭᠦᠳᠤᠨ ᠪᠠᠶᠢᠭᠤᠯᠵᠤ᠂  ᠬᠤᠳᠡ ᠬᠦᠳᠡᠭᠡ ᠶᠢᠨ ᠤᠷᠴᠢᠨ ᠳᠤᠭᠤᠷᠢᠨ ᠤ ᠡᠷᠡᠬᠦᠯ

ᠬᠠᠮᠠᠭᠠᠯᠠᠯ ᠢ ᠶᠡᠷᠦᠩᠭᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂  ᠬᠤᠳᠡ ᠬᠦᠳᠡᠭᠡ ᠶᠢᠨ

ᠤᠷᠴᠢᠨ ᠳᠤᠭᠤᠷᠢᠨ ᠪᠠ  ᠬᠤᠳᠡ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢᠯᠡᠷᠭᠡᠢ ᠳᠡᠭᠡᠭᠰᠢᠯᠡᠪᠡ᠃ 3.8  

ᠳ᠋ᠦᠩᠰᠢᠭᠤᠷ ᠲᠦᠬᠦᠷᠢᠭ ᠪᠡᠯᠡ ᠤᠷᠤᠭᠤᠯᠤᠨ᠂ 6  ᠤᠨᠴᠠᠯᠢᠭᠳᠦ ᠪᠠᠯᠭᠠᠰᠤ ᠪᠠ 24 ᠰᠢᠨ᠎ᠠ ᠬᠦᠳᠡᠭᠡ ᠲᠤᠰᠬᠤᠨ

ᠮᠠᠯᠵᠢᠬᠤ ᠤᠷᠤᠨ ᠤ ᠳᠠᠭᠤᠷᠢᠶᠠᠯ ᠦᠵᠡᠬᠦᠯᠬᠦ ᠭᠠᠴᠠᠭ᠎ᠠ ᠲᠤᠰᠬᠤᠨ ᠤ ᠪᠠᠶᠢᠭᠤᠯᠤᠯᠳᠠ ᠶᠢ ᠳᠡᠮᠵᠢᠪᠡ᠃  ᠯᠦᠪᠸᠢ

 ᠶᠢᠨ ᠰᠢᠨ᠎ᠠ ᠠᠶᠠᠨᠴᠢᠳ ᠤᠨ ᠦᠷᠳᠡᠭᠡ ᠠᠰᠢᠭᠯᠠᠯᠳᠠ ᠳᠤ  ᠤᠷᠤᠵᠤ᠂ ᠳᠤᠰᠬᠤᠨ ᠳᠤ ᠨᠡᠪᠳᠡᠷᠡᠬᠦ ᠱᠦᠢᠨᠢ ᠵᠠᠮ   ᠢ

195 ᠺᠢᠯᠤᠮᠧᠲᠷ ᠵᠠᠰᠠᠵᠤ᠂  ᠵᠠᠭᠡᠯᠢ ᠭᠤᠳᠤᠮᠵᠢ ᠶᠢ 223  ᠺᠢᠯᠤᠮᠧᠲᠷ ᠬᠠᠳᠠᠭᠤᠷᠠᠭᠤᠯᠵᠤ᠂  ᠤᠯᠠᠨ ᠲᠦᠮᠡᠨ ᠤ

ᠤᠷᠤᠵᠤ ᠭᠠᠷᠬᠤ ᠶᠠᠪᠤᠵᠤ ᠰᠠᠭᠤᠬᠤ ᠨᠦᠬᠦᠴᠡᠯ ᠢᠯᠡᠷᠭᠡᠢ ᠰᠠᠶᠢᠵᠢᠷᠠᠪᠠ᠃  ᠮᠤᠳᠤ ᠤᠰᠤᠨ ᠴᠦᠬᠦᠷᠤᠮ᠂  ᠯᠦᠪᠸᠢ

ᠭᠤᠤᠯ ᠤᠨ ᠬᠤᠶᠠᠳᠤᠭᠠᠷ ᠬᠤᠭᠤᠴᠠᠭᠠᠨ ᠤ ᠶᠡᠷᠦᠩᠭᠡᠶᠢᠯᠡᠨ ᠵᠠᠰᠠᠬᠤ ᠵᠡᠷᠭᠡ ᠭᠤᠤᠯᠳᠠᠯᠭ᠎ᠠ ᠲᠠᠢ ᠤᠰᠤᠨ

ᠠᠰᠢᠭᠯᠠᠯᠳᠠ ᠶᠢᠨ ᠢᠨᠵᠧᠨᠧᠷᠢᠩ  ᠤᠷᠤᠭᠰᠢᠳᠠᠢ ᠶᠠᠪᠤᠭᠳᠠᠪᠠ᠃  ᠬᠤᠳᠡ ᠬᠦᠳᠡᠭᠡ ᠶᠢᠨ ᠦᠢᠯᠡᠴᠢᠯᠡᠭᠡᠨ ᠤ

ᠦᠢᠯᠡᠰ ᠴᠡᠴᠡᠭᠯᠡᠨ ᠬᠦᠭᠵᠢᠵᠤ᠂  ᠴᠢᠶᠠᠨ ᠱᠦᠨ ᠪᠠᠷᠠᠭ᠎ᠠ ᠬᠤᠳᠠᠯᠳᠤᠭᠠᠨ ᠤ ᠰᠢᠨ᠎ᠠ  ᠡᠷᠡᠨ ᠵᠡᠷᠭᠡ 6  ᠠᠷᠠᠯᠵᠢᠶ᠎ᠠ

ᠬᠤᠳᠠᠯᠳᠤᠭ᠎ᠠ ᠬᠦᠢᠯᠭᠡᠭᠡᠨ ᠤ ᠲᠦᠷᠦᠯ ᠵᠦᠢᠯ ᠢ ᠡᠮᠭᠢ ᠳᠠᠷᠠᠭ᠎ᠠ ᠲᠠᠢ ᠲᠦᠯᠬᠢᠨ ᠠᠬᠢᠭᠤᠯᠪᠠ᠃  ᠰᠢᠨᠡᠪᠡᠷ 1

ᠮᠦᠩᠭᠦᠨ ᠬᠦᠢᠯᠭᠡᠭᠡᠨ ᠤ ᠪᠠᠶᠢᠭᠤᠯᠤᠮᠵᠢ᠂  5  ᠪᠠᠭ᠎ᠠ ᠳᠤᠭᠠᠳᠤ ᠵᠢᠭᠡᠯᠡᠯᠭᠡ ᠶᠢᠨ ᠺᠤᠮᠫᠠᠨᠢ ᠶᠢ ᠳᠠᠳᠠᠨ ᠤᠷᠤᠭᠤᠯᠵᠤ

᠂  ᠬᠤᠳᠡ ᠬᠦᠳᠡᠭᠡ ᠶᠢᠨ ᠮᠦᠩᠭᠦᠨ ᠬᠦᠢᠯᠭᠡᠭᠡᠨ ᠤ ᠳᠤᠤᠷ ᠴᠡᠭ 47 ᠪᠤᠯᠵᠤ᠂  ᠮᠦᠩᠭᠦᠨ ᠬᠦᠢᠯᠭᠡᠭᠡᠨ ᠤ  

ᠰᠠᠯᠠᠭ᠎ᠠ ᠮᠦᠴᠢᠷ   ᠲᠠᠢ ᠬᠠᠮᠵᠢᠯᠴᠠᠵᠤ ᠪᠡᠯᠡ ᠨᠡᠶᠢᠯᠡᠬᠦᠯᠬᠦ ᠠᠵᠢᠯ ᠰᠢᠨ᠎ᠠ ᠰᠢᠪᠳᠤᠯᠤᠯᠳᠠ ᠶᠢ ᠪᠡᠶᠡᠯᠡᠬᠦᠯᠪᠠ  ᠃

  ︵ᠵᠢᠷᠭᠤᠭ᠎ᠠ︶ ᠠᠮᠢ ᠠᠬᠤᠢ ᠶᠢᠨ ᠤᠷᠴᠢᠨ ᠳᠤᠭᠤᠷᠢᠨ ᠦᠷᠬᠦᠯᠵᠢᠯᠠᠨ ᠰᠠᠶᠢᠵᠢᠷᠠᠵᠤ᠂  ᠦᠷᠬᠦᠯᠵᠢᠯᠠᠨ ᠬᠦᠭᠵᠢᠬᠦ

ᠴᠢᠳᠠᠪᠤᠷᠢ  ᠣᠯᠠᠮ ᠨᠢᠭᠡ ᠠᠯᠬᠤᠮ ᠴᠢᠩᠭᠠᠷᠠᠪᠠ᠃  3 ᠠᠮᠢ ᠠᠬᠤᠢ ᠶᠢᠨ ᠴᠢᠳᠠᠪᠤᠷᠢ ᠶᠢᠨ ᠤᠷᠤᠨ ᠤ

ᠪᠠᠶᠢᠭᠤᠯᠤᠯᠳᠠ ᠶᠢᠨ ᠬᠦᠴᠤᠨ ᠢᠶᠠᠨ ᠦᠷᠬᠦᠯᠵᠢᠯᠠᠨ ᠶᠡᠬᠡᠰᠭᠡᠵᠤ᠂ 25 ᠲᠦᠮᠡᠨ ᠮᠤ᠋ ᠰᠢᠯᠢᠳᠡᠭ ᠡᠪᠡᠰᠤ

ᠨᠦᠬᠦᠪᠤᠷᠢᠯᠠᠨ ᠳᠠᠷᠢᠵᠤ᠂ 30.7  ᠲᠦᠮᠡᠨ ᠮᠤ᠋ ᠳᠠᠷᠢᠶᠠᠯᠠᠬᠤ ᠶᠢ ᠵᠤᠭᠰᠤᠭᠠᠵᠤ ᠡᠪᠡᠰᠤ ᠮᠤᠳᠤ ᠳᠠᠷᠢᠵᠤ᠂ ᠬᠦᠮᠦᠨ

 ᠤ ᠬᠦᠴᠤ ᠪᠠᠷ 10.5 ᠲᠦᠮᠡᠨ ᠮᠤ᠋ ᠤᠶᠢᠵᠢᠭᠤᠯᠵᠤ᠂ 22 ᠲᠦᠮᠡᠨ ᠮᠤ᠋ ᠠᠭᠤᠯᠠ ᠶᠢ ᠪᠢᠳᠡᠬᠦᠮᠵᠢᠯᠠᠨ‌ᠤᠶᠢᠵᠢᠭᠤᠯᠪᠠ

᠃ 515 ᠳᠠᠷᠢᠶᠠᠯᠠᠩ ᠤᠨ ᠮᠠᠰᠢᠨ ᠴᠠᠬᠢᠯᠭᠠᠨ ᠬᠤᠳᠳᠤᠭ ᠢ ᠬᠠᠰᠤᠵᠤ ᠪᠠᠭᠠᠰᠬᠠᠵᠤ᠂ 2.85   ᠲᠦᠮᠡᠨ ᠮᠤ᠋

ᠬᠦᠷᠦᠰᠤ ᠰᠢᠷᠦᠢ᠂ 5 ᠦᠶᠡᠷ ᠠᠮᠠᠷᠬᠠᠨ ᠡᠬᠦᠰᠳᠡᠭ ᠠᠶᠢᠯ ᠲᠤᠰᠬᠤᠨ ᠢ ᠵᠠᠰᠠᠵᠤ᠂ 25  ᠭᠠᠵᠠᠷ ᠲᠤ ᠠᠮᠤᠷ

ᠲᠦᠪᠰᠢᠨ ᠤᠤᠭᠤᠬᠤ ᠤᠰᠤᠨ ᠤ ᠢᠨᠵᠧᠨᠧᠷᠢᠩ ᠢ ᠬᠡᠷᠡᠭᠵᠢᠬᠦᠯᠵᠤ᠂ 2.6 ᠲᠦᠮᠡᠨ ᠬᠦᠮᠦᠨ ᠤ ᠤᠤᠭᠤᠬᠤ

ᠤᠰᠤᠨ ᠤ ᠠᠮᠤᠷ ᠲᠦᠪᠰᠢᠨ ᠤ ᠠᠰᠠᠭᠤᠳᠠᠯ ᠢ‌‍ᠰᠢᠢᠳᠪᠤᠷᠢᠯᠡᠪᠡ᠃ ᠠᠷᠤ ᠬᠦᠨᠳᠡᠯᠡᠨ ᠤᠷᠤᠨ ᠤ ᠠᠮᠢ ᠠᠬᠤᠢ ᠶᠢ

ᠬᠠᠮᠠᠭᠠᠯᠠᠬᠤ ᠠᠷᠠᠳ ᠢ ᠨᠡᠬᠦᠯᠭᠡᠨ ᠰᠢᠯᠵᠢᠬᠦᠯᠬᠦ ᠢᠨᠵᠧᠨᠧᠷᠢᠩ ᠢ ᠦᠨᠳᠤᠰᠤᠨ ᠳᠡᠭᠡᠨ ᠳᠠᠭᠤᠰᠬᠠᠪᠠ᠃ ︽ᠭᠤᠷᠪᠠᠨ

ᠳᠤᠷ᠎ᠠ ᠳᠠᠪᠠ︾ ᠪᠠᠷ ᠭᠤᠤᠯ ᠪᠤᠯᠭᠠᠭᠰᠠᠨ ᠡᠯ᠎ᠠ ᠲᠦᠷᠦᠯ ᠤᠨ ᠠᠮᠢ ᠠᠬᠤᠢ ᠶᠢᠨ ᠤᠷᠴᠢᠨ ᠳᠤᠭᠤᠷᠢᠨ ᠢ ᠡᠪᠳᠡᠬᠦ

ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦ ᠪᠠ ᠬᠤᠷᠢᠭᠯᠠᠨ ᠵᠤᠭᠰᠤᠭᠠᠪᠠ᠃  ᠤᠢ ᠰᠢᠭᠤᠢ ᠶᠢᠨ ᠭᠠᠯ ᠰᠡᠷᠭᠡᠶᠢᠯᠡᠬᠦ

ᠠᠵᠢᠯ ᠦᠷᠬᠦᠯᠵᠢᠯᠠᠨ 15  ᠵᠢᠯ ︽ᠬᠤᠤᠰ ᠦᠭᠡᠢ︾  ᠬᠠᠷᠠᠯᠳᠠ ᠶᠢ ᠪᠡᠶᠡᠯᠡᠬᠦᠯᠪᠠ᠃  ᠲᠦᠷᠦᠯ ᠵᠦᠢᠯ ᠤᠨ

ᠪᠠᠶᠢᠭᠤᠯᠤᠯᠳᠠ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ︽ᠭᠤᠷᠪᠠ ᠶᠢ ᠬᠠᠮᠳᠤ ᠳᠤᠨᠢ ᠪᠠᠶᠢᠯᠭᠠᠬᠤ︾  

ᠲᠦᠷᠢᠮ ᠢ ᠬᠡᠷᠡᠭᠵᠢᠬᠦᠯᠦᠭᠰᠡᠨ ᠨᠤᠷᠮ᠎ᠠ 100% ᠬᠦᠷᠴᠤ᠂  ᠡᠨᠧᠷᠭᠢ ᠶᠢ ᠠᠷᠪᠢᠯᠠᠬᠤ ᠪᠤᠬᠢᠷᠳᠤᠯ ᠢ ᠪᠠᠭᠠᠰᠬᠠᠬᠤ

ᠡᠬᠦᠷᠭᠡ ᠪᠠᠨ ᠪᠦᠬᠦ ᠲᠠᠯ᠎ᠠ ᠪᠠᠷ ᠪᠡᠶᠡᠯᠡᠬᠦᠯᠪᠠ᠃

   ︵ᠳᠤᠯᠤᠭ᠎ᠠ︶ ᠦᠭᠡᠷᠡᠴᠢᠯᠠᠯᠳᠠ ᠨᠡᠭᠡᠭᠡᠯᠳᠡ ᠳᠠᠰᠤᠷᠠᠯᠳᠠ ᠦᠭᠡᠢ ᠬᠦᠨᠵᠡᠭᠡᠶᠢᠷᠡᠵᠤ᠂  ᠬᠦᠭᠵᠢᠯᠳᠠ ᠶᠢᠨ

ᠬᠦᠳᠡᠯᠭᠡᠬᠦ ᠬᠦᠴᠤᠨ ᠪᠠ ᠠᠮᠢᠵᠢᠷᠠᠯ ᠤᠨ ᠬᠦᠴᠤᠨ ᠦᠷᠬᠦᠯᠵᠢᠯᠠᠨ ᠴᠢᠩᠭᠠᠷᠠᠪᠠ᠃  ᠵᠠᠰᠠᠭ ᠢ ᠴᠤᠮᠬᠠᠳᠬᠠᠬᠤ ᠡᠷᠭᠡ

 ᠶᠢ ᠳᠠᠯᠪᠢᠬᠤ ᠬᠦᠴᠤᠨ ᠶᠡᠭᠡᠰᠴᠤ᠂  ᠬᠢᠨᠠᠨ ᠳᠤᠭᠳᠠᠭᠠᠭᠠᠳ ᠦᠯᠡᠳᠡᠭᠡᠭᠰᠡᠨ ᠬᠤᠰᠢᠭᠤᠨ ᠤ ᠱᠠᠳᠤᠨ ᠤ ᠵᠠᠰᠠᠭ

ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ 61  ᠲᠦᠷᠦᠯ ᠪᠤᠯᠪᠠ᠃  ᠠᠵᠤ ᠦᠢᠯᠡᠳᠪᠤᠷᠢ ᠬᠤᠳᠠᠯᠳᠤᠭᠠᠨ ᠤ

ᠳᠠᠩᠰᠠᠯᠠᠯ ᠤᠨ ᠬᠠᠮᠤᠭ ᠳᠤᠤᠷ᠎ᠠ ᠬᠦᠷᠦᠩᠭᠡ ᠲᠠᠩᠰᠠᠯᠠᠬᠤ ᠬᠢᠵᠠᠭᠠᠷᠯᠠᠯ ᠢ ᠦᠭᠡᠶᠢᠰᠭᠡᠵᠤ᠂  ᠠᠷᠠᠳ ᠠᠴᠠ

ᠡᠵᠡᠩᠨᠡᠭᠰᠡᠨ ᠠᠵᠤ ᠠᠬᠤᠢ ᠶᠢᠨ ᠵᠠᠬ᠎ᠠ ᠳᠡᠯᠭᠡᠬᠦᠷ ᠤᠨ ᠭᠤᠤᠯ ᠪᠡᠶ᠎ᠡ 12741  ᠡᠷᠦᠭᠡ ᠪᠤᠯᠵᠤ᠂ 2.8%   ᠪᠠᠷ

ᠨᠡᠮᠡᠭᠳᠡᠪᠡ᠃  ︽ᠳᠤᠮᠳᠠ ᠪᠠᠭ᠎ᠠ ᠵᠢᠵᠢᠭ ᠠᠵᠤ ᠠᠬᠤᠶᠢᠯᠠᠯ︾ ᠤᠨ  ᠪᠡᠯᠡ ᠨᠠᠶᠢᠯᠡᠬᠦᠯᠦᠭᠰᠡᠨ ᠵᠢᠭᠡᠯᠡᠯᠭᠡ 8.85  

ᠳ᠋ᠦᠩᠰᠢᠭᠤᠷ ᠪᠤᠯᠪᠠ᠃  ᠬᠤᠰᠢᠭᠤ ᠰᠤᠮᠤ ᠭᠠᠴᠠᠭ᠎ᠠ ᠭᠤᠷᠪᠠᠨ ᠱᠠᠳᠤᠨ ᠤ ᠠᠷᠠᠳ ᠲᠤ ᠲᠦᠬᠦᠮ ᠦᠵᠡᠬᠦᠯᠬᠦ

ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂  ᠡᠯ᠎ᠠ ᠵᠦᠢᠯ ᠤᠨ ᠬᠢᠨᠠᠨ ᠵᠦᠪᠰᠢᠶᠡᠷᠡᠯ ᠵᠢᠴᠢ ᠦᠢᠯᠡᠴᠢᠯᠡᠭᠡᠨ ᠤ

ᠠᠵᠢᠯ ᠲᠦᠷᠦᠯ ᠢ 2.85 ᠲᠦᠮᠡᠨ ᠤᠳᠠᠭ᠎ᠠ ᠬᠦᠢᠴᠡᠳᠭᠡᠪᠡ᠃  ᠵᠢᠵᠢᠭ ᠬᠡᠯᠪᠡᠷᠢ ᠶᠢᠨ ᠤᠰᠤᠨ ᠠᠰᠢᠭᠯᠠᠯᠳᠠ ᠶᠢᠨ

ᠢᠨᠵᠧᠨᠧᠷᠢᠩ ᠤᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠠᠯᠳᠠ᠂  ᠬᠠᠳᠤᠯᠠᠩ ᠪᠡᠯᠴᠢᠭᠡᠷ ᠤᠨ ᠡᠷᠭᠡ

 ᠶᠢ ᠳᠤᠭᠳᠠᠭᠠᠵᠤ  ᠲᠠᠩᠰᠠᠯᠠᠬᠤ ᠵᠡᠷᠭᠡ ᠤᠯᠠᠨ ᠲᠦᠷᠦᠯ ᠤᠨ ᠦᠭᠡᠷᠡᠴᠢᠯᠠᠯᠳᠠ ᠶᠢᠨ ᠳᠤᠷᠰᠢᠬᠤ ᠴᠢᠭ ᠤᠨ ᠠᠵᠢᠯ

ᠢᠳᠡᠪᠬᠢᠳᠠᠢ ᠠᠯᠬᠤᠮ ᠳᠠᠷᠠᠭ᠎ᠠ ᠲᠠᠢ ᠪᠠᠷ ᠶᠠᠪᠤᠭᠳᠠᠵᠤ ᠪᠠᠶᠢᠨ᠎ᠠ᠃  ᠬᠦᠳᠡᠭᠡ ᠲᠤᠰᠬᠤᠨ ᠮᠠᠯᠵᠢᠬᠤ ᠤᠷᠤᠨ ᠤ

ᠬᠦᠭᠵᠢᠯᠳᠡ ᠳᠤ ᠵᠤᠬᠢᠰᠳᠠᠢ ᠬᠡᠪᠴᠢᠶᠠᠵᠢᠬᠦᠯᠤᠨ ᠡᠵᠡᠩᠨᠡᠯᠳᠡ ᠬᠢᠯᠭᠡᠵᠤ᠂ ᠨᠠᠶᠢᠳᠡ 95 ᠲᠦᠮᠡᠨ ᠮᠤ᠋ ᠭᠠᠵᠠᠷ ᠰᠢᠷᠤᠢ

᠂  ᠨᠤᠳᠤᠭ ᠪᠡᠯᠴᠢᠭᠡᠷ ᠢ ᠡᠷᠬᠢᠯᠳᠦᠬᠦᠯᠤᠨ᠂ ᠮᠠᠯᠴᠢᠨ ᠳᠠᠷᠢᠶᠠᠴᠢᠳ ᠤᠨ ᠲᠤᠰᠬᠠᠢ ᠬᠤᠷᠰᠢᠶᠠᠵᠢᠯ ᠤᠨ ᠵᠤᠬᠢᠶᠠᠨ

ᠪᠠᠶᠢᠭᠤᠯᠤᠯᠳᠠ 559 ᠪᠤᠯᠪᠠ᠃  ᠭᠠᠳᠠᠭᠠᠳᠤ ᠨᠡᠭᠡᠭᠡᠯᠳᠡ ᠪᠠ ᠬᠤᠳᠠᠯᠳᠤᠭᠠᠴᠢᠨ ᠤᠷᠢᠵᠤ ᠪᠡᠯᠡ ᠳᠠᠳᠠᠬᠤ ᠠᠵᠢᠯ

 ᠳᠤ ᠰᠢᠨ᠎ᠠ ᠠᠬᠢᠴᠡ ᠭᠠᠷᠴᠤ᠂  ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠭᠤᠤᠯᠳᠠᠯᠭ᠎ᠠ ᠲᠠᠢ

ᠲᠦᠷᠦᠯ ᠵᠦᠢᠯ ᠢ ᠳᠠᠭᠠᠭᠠᠴᠢᠯᠠᠨ ᠬᠤᠯᠪᠤᠭᠠᠯᠠᠬᠤ ᠬᠠᠷᠢᠭᠤᠴᠠᠯᠭ᠎ᠠ ᠶᠢᠨ ᠲᠦᠷᠢᠮ ᠤᠨ ᠨᠠᠶᠢᠳᠠᠪᠤᠷᠢᠵᠢᠭᠤᠯᠤᠯᠳᠠ

ᠬᠦᠴᠤᠨ ᠲᠠᠢ᠂  ᠡᠯ᠎ᠠ ᠴᠢᠳᠠᠪᠤᠷᠢ ᠶᠢᠨ ᠰᠠᠯᠠᠭ᠎ᠠ  ᠮᠦᠴᠢᠷ ᠤᠨ ᠬᠦᠭᠵᠢᠯᠳᠠ ᠳᠤ ᠦᠢᠯᠡᠴᠢᠯᠡᠬᠦ ᠦᠵᠠᠯ ᠤᠬᠠᠮᠰᠠᠷ

ᠳᠠᠰᠤᠷᠠᠯᠳᠠ ᠦᠭᠡᠢ ᠳᠡᠭᠡᠭᠰᠢᠯᠡᠪᠡ᠃  ᠪᠦᠬᠦ ᠵᠢᠯ ᠳᠤ ᠬᠤᠳᠠᠯᠳᠤᠭᠠᠴᠢᠨ ᠤᠷᠢᠵᠤ  ᠪᠡᠯᠡ ᠳᠠᠳᠠᠭᠰᠠᠨ ᠲᠦᠷᠦᠯ

ᠵᠦᠢᠯ 25  ᠪᠤᠯᠵᠤ᠂  ᠤᠷᠤᠨ ᠪᠠᠶᠢᠷᠢ ᠳᠤ ᠪᠠᠨ ᠬᠦᠷᠦᠭᠰᠡᠨ ᠪᠡᠯᠡ ᠮᠦᠩᠭᠦ  106  ᠳ᠋ᠦᠩᠰᠢᠭᠤᠷ ᠲᠦᠬᠦᠷᠢᠭ

ᠬᠦᠷᠪᠡ᠃ ᠤᠷᠤᠰ ᠮᠤᠩᠭᠤᠯ   ᠲᠠᠢ ᠨᠡᠭᠡᠭᠡᠯᠳᠡ ᠬᠢᠵᠤ ᠬᠠᠮᠵᠢᠯᠴᠠᠬᠤ ᠶᠢ ᠢᠳᠡᠪᠬᠢᠳᠠᠢ ᠰᠦᠪᠡᠭᠴᠢᠯᠠᠨ᠂ 639  

ᠲᠦᠮᠡᠨ ᠳ᠋ᠤᠯᠯᠠᠷ ᠭᠠᠳᠠᠭᠠᠳᠤ ᠭᠤᠪᠢᠭᠤᠯᠭ᠎ᠠ ᠡᠬᠦᠳᠪᠡ᠃  ᠪᠡᠯᠡ ᠮᠦᠩᠭᠦ ᠭᠤᠶᠤᠴᠢᠯᠠᠨ ᠲᠦᠷᠦᠯ ᠳᠤᠭᠳᠠᠭᠠᠬᠤ

ᠲᠠᠯ᠎ᠠ ᠪᠠᠷ ᠰᠢᠪᠳᠤᠯᠤᠯᠳᠠ  ᠭᠠᠷᠴᠤ᠂  ᠳᠡᠭᠡᠷ᠎ᠠ ᠱᠠᠳᠤᠨ ᠤ ᠡᠯ᠎ᠠ ᠲᠦᠷᠦᠯ ᠤᠨ ᠲᠦᠷᠦᠯ ᠵᠦᠢᠯ ᠤᠨ ᠪᠡᠯᠡ ᠮᠦᠩᠭᠦ

 ᠶᠢ 7  ᠳ᠋ᠦᠩᠰᠢᠭᠤᠷ ᠲᠦᠬᠦᠷᠢᠭ ᠭᠤᠶᠤᠴᠢᠯᠠᠨ ᠤᠯᠪᠠ᠃

    ︵ᠨᠠᠢᠮᠠ︶  ᠠᠷᠠᠳ ᠤᠨ ᠠᠮᠢᠳᠤᠷᠠᠯ ᠨᠠᠶᠢᠭᠡᠮ ᠤᠨ ᠦᠢᠯᠡᠰ ᠪᠦᠬᠦ ᠲᠠᠯ᠎ᠠ ᠪᠠᠷ ᠳᠡᠪᠰᠢᠵᠤ᠂  ᠬᠦᠭᠵᠢᠯᠳᠠ ᠶᠢᠨ

ᠦᠷ᠎ᠠ ᠪᠦᠳᠦᠭᠡᠯ ᠢ ᠦᠷᠭᠡᠨ ᠤᠯᠠᠨ ᠲᠦᠮᠡᠨ ᠳᠤ ᠬᠦᠷᠳᠡᠭᠡᠪᠡ᠃  6  ᠳ᠋ᠦᠩᠰᠢᠭᠤᠷ ᠲᠦᠬᠦᠷᠢᠭ ᠪᠡᠯᠡ ᠮᠦᠩᠭᠦ

ᠴᠤᠭᠯᠠᠭᠤᠯᠤᠨ᠂   ᠮᠠᠯᠴᠢᠨ ᠳᠠᠷᠢᠶᠠᠴᠢᠨ ᠡᠷᠦᠭᠡ ᠶᠢᠨ ᠳᠤᠯᠠᠭᠠᠴᠠᠬᠤ ᠵᠡᠷᠭᠡ 10  ᠵᠦᠢᠯ ᠤᠨ ᠠᠷᠠᠳ ᠤᠨ

ᠠᠮᠢᠳᠤᠷᠠᠯ ᠤᠨ ᠢᠨᠵᠧᠨᠧᠷᠢᠩ ᠢ ᠬᠡᠷᠡᠭᠵᠢᠬᠦᠯᠪᠡ᠃1800  ᠬᠦᠮᠦᠨ ᠳᠤ ᠬᠤᠳᠠ  ᠪᠠᠯᠭᠠᠰᠤᠨ   ᠳᠤ  ᠠᠵᠢᠯ  

ᠤᠯᠭᠤᠵᠤ᠂ 1638  ᠳᠡᠭᠡᠳᠦ ᠰᠤᠷᠭᠠᠭᠤᠯᠢ ᠠᠴᠠ ᠳᠡᠬᠦᠰᠦᠭᠰᠡᠨ  ᠰᠣᠷᠣᠭᠴᠢᠳ ᠲᠤ ᠰᠢᠨᠡᠪᠡᠷ ᠠᠵᠢᠯ ᠤᠯᠭᠤᠪᠠ᠂

 ᠦᠢᠯᠡᠰ ᠪᠤᠰᠬᠠᠬᠤ ᠪᠠᠭ᠎ᠠ ᠳᠤᠭᠠᠳᠤ ᠳᠠᠭᠠᠭᠠᠯᠳᠠ ᠶᠢᠨ ᠵᠢᠭᠡᠯᠡᠯᠭᠡ ᠶᠢ 4000  ᠲᠦᠮᠡᠨ ᠲᠦᠬᠦᠷᠢᠭ ᠳᠠᠯᠪᠢᠵᠤ᠂

4.6  ᠲᠦᠮᠡᠨ ᠮᠠᠯᠴᠢᠨ ᠳᠠᠷᠢᠶᠠᠴᠢᠨ ᠬᠦᠯᠦᠰᠤᠨ ᠠᠵᠢᠯᠴᠢᠨ ᠢ ᠰᠢᠯᠵᠢᠬᠦᠯᠤᠨ ᠠᠵᠢᠯ ᠤᠯᠭᠤᠪᠠ᠃  ᠳᠠᠪᠤᠨ

ᠳᠠᠭᠠᠳᠬᠠᠯ ᠤᠨ ᠰᠠᠭᠤᠷᠢ ᠮᠦᠩᠭᠦᠨ ᠤ ᠬᠤᠷᠢᠶᠠᠨ ᠲᠤᠰᠢᠶᠠᠭᠰᠠᠨ ᠬᠡᠮᠵᠢᠶ᠎ᠠ 2.58  ᠳ᠋ᠦᠩᠰᠢᠭᠤᠷ ᠲᠦᠬᠦᠷᠢᠭ

ᠬᠦᠷᠴᠤ᠂  ᠡᠯ᠎ᠠ ᠵᠦᠢᠯ ᠤᠨ ᠳᠠᠭᠠᠳᠬᠠᠯ ᠳᠤ ᠤᠷᠤᠯᠴᠠᠭᠰᠠᠨ ᠬᠦᠮᠦᠨ ᠤ ᠳᠤᠭ᠎ᠠ 26  ᠲᠦᠮᠡ ᠬᠦᠷᠪᠡ᠃  ᠡᠯ᠎ᠠ

ᠵᠦᠢᠯ ᠤᠨ ᠨᠠᠶᠢᠭᠡᠮ ᠤᠨ ᠠᠪᠤᠷᠠᠨ ᠳᠤᠰᠠᠯᠠᠬᠤ ᠪᠡᠯᠡ ᠮᠦᠩᠭᠦ ᠶᠢ 1.6  ᠳ᠋ᠦᠩᠰᠢᠭᠤᠷ ᠲᠦᠬᠦᠷᠢᠭ ᠳᠠᠯᠪᠢᠵᠤ᠂  4.

7  ᠲᠦᠮᠡᠨ ᠬᠦᠮᠦᠨ ᠢ ᠬᠠᠷᠠᠭᠠᠯᠵᠠᠪᠠ᠃  ᠬᠠᠮᠤᠭ ᠳᠤᠤᠷ᠎ᠠ ᠠᠮᠢᠳᠤᠷᠠᠯ ᠤᠨ ᠪᠠᠳᠤᠯᠠᠭ᠎ᠠ ᠶᠢ ᠴᠡᠪᠡᠷᠯᠡᠨ ᠴᠡᠭᠴᠡᠯᠡᠬᠦ

ᠠᠵᠢᠯ ᠢ ᠪᠦᠬᠦ ᠲᠠᠯ᠎ᠠ ᠪᠠᠷ ᠦᠷᠨᠢᠬᠦᠯᠤᠨ᠂  ᠡᠷᠦᠭᠡ ᠪᠠᠷ ᠪᠠᠳᠤᠯᠠᠭ᠎ᠠ ᠶᠢ ᠭᠡᠷᠡᠭᠵᠢᠬᠦᠯᠬᠦ ᠲᠦᠷᠦ ᠶᠢᠨ ᠪᠤᠳᠤᠯᠭ᠎ᠠ

ᠠᠯᠬᠤᠮ ᠠᠯᠬᠤᠮ ᠢᠶᠠᠷ  ᠶᠠᠪᠤᠭᠳᠠᠵᠤ ᠪᠠᠶᠢᠨ᠎ᠠ᠃  ︽ᠭᠤᠷᠪᠠ ᠲᠤᠰᠬᠤᠨ ᠳᠤ ᠬᠦᠷᠬᠦ ᠭᠤᠷᠪᠠ ᠡᠷᠦᠭᠡ ᠳᠤ ᠬᠦᠷᠬᠦ︾

 ᠨᠠᠷᠢᠯᠢᠭ ᠶᠠᠳᠠᠭᠤ ᠶᠢ ᠳᠡᠳᠬᠦᠬᠦ ᠪᠠ ᠮᠦᠩᠭᠦᠨ ᠬᠦᠢᠯᠭᠡᠭᠡ ᠪᠠᠷ ᠶᠠᠳᠠᠭᠤ ᠶᠢ ᠳᠠᠳᠬᠦᠬᠦ  ᠠᠷᠠᠳ ᠢ ᠪᠠᠶᠠᠵᠢᠭᠤᠯᠬᠤ

ᠢᠨᠵᠧᠨᠧᠷᠢᠩ ᠢ ᠬᠡᠷᠡᠭᠵᠢᠬᠦᠯᠵᠤ᠂  1870  ᠡᠷᠦᠭᠡ᠂ 7260  ᠶᠠᠳᠠᠭᠤ ᠬᠦᠴᠢᠷᠳᠠᠢ ᠬᠦᠮᠦᠨ ᠠᠮᠠ   ᠢ

ᠳᠤᠭᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠪᠠ᠃  ᠰᠤᠷᠭᠠᠨ ᠬᠦᠮᠦᠵᠢᠯ ᠢ ᠦᠷᠬᠦᠯᠵᠢᠯᠠᠨ ᠡᠷᠭᠡ ᠳᠡᠭᠰᠢ ᠪᠠᠷ

ᠬᠦᠭᠵᠢᠬᠦᠯᠬᠦ ᠶᠢ ᠳᠠᠰᠤᠷᠠᠯᠳᠠ ᠦᠭᠡᠢ ᠲᠦᠯᠬᠢᠨ ᠠᠬᠢᠭᠤᠯᠵᠤ᠂  12  ᠰᠠᠭᠤᠷᠢ ᠬᠡᠤᠭᠡᠳ ᠤᠨ ᠴᠡᠴᠡᠷᠯᠢᠭ ᠢ

ᠰᠢᠨᠡᠪᠡᠷ ᠪᠠᠶᠢᠭᠤᠯᠵᠤ᠂  1.4 ᠲᠦᠮᠡᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠪᠠᠶᠢᠷᠢ ᠶᠢᠨ

ᠰᠤᠷᠤᠭᠴᠢ ᠳᠤ  ᠬᠤᠭᠤᠯᠠ ᠶᠢᠨ ᠰᠦᠢᠳᠭᠡᠯ ᠢ ᠨᠦᠬᠦᠪᠤᠷᠢᠯᠠᠬᠦ ᠬᠠᠷᠠᠭᠠᠯᠵᠠᠯᠠᠯ ᠬᠦᠷᠳᠡᠵᠤ᠂ 3643  ᠨᠡᠷᠡᠰ

ᠪᠠᠯᠴᠢᠷ ᠬᠡᠤᠭᠡᠳ ᠰᠤᠷᠬᠤ ᠨᠠᠰᠤᠨ ᠠᠴᠠ ᠡᠮᠤᠨᠡᠭᠢ ᠰᠤᠷᠭᠠᠨ ᠬᠦᠮᠦᠵᠢᠯ ᠢ ᠰᠦᠢᠳᠭᠡᠯ ᠦᠭᠡᠢ ᠪᠠᠷ ᠬᠦᠷᠳᠡᠪᠡ᠃  

ᠦᠨᠳᠤᠰᠤᠨ  ᠡᠮᠳᠤ ᠪᠤᠳᠠᠰ ᠤᠨ ᠲᠦᠷᠢᠮ ᠢ ᠪᠦᠬᠦ ᠲᠠᠯ᠎ᠠ ᠪᠠᠷ ᠪᠦᠷᠬᠦᠬᠦᠯᠬᠦ ᠶᠢ ᠪᠡᠶᠡᠯᠡᠬᠦᠯᠵᠤ᠂  ᠰᠢᠨ᠎ᠠ ᠬᠦᠳᠡᠭᠡ

ᠲᠤᠰᠬᠤᠨ ᠮᠠᠯᠵᠢᠬᠤ ᠤᠷᠤᠨ ᠤ ᠬᠤᠷᠰᠢᠭᠰᠠᠨ ᠡᠮᠨᠡᠯᠭᠡ ᠳᠤ  ᠤᠷᠤᠯᠴᠠᠭᠰᠠᠨ ᠨᠤᠷᠮ᠎ᠠ 98%  ᠬᠦᠷᠪᠡ᠃

ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠭᠠᠳᠠᠷ ᠰᠠᠯᠠᠭ᠎ᠠ ᠶᠢᠨ ᠡᠪᠡᠳᠴᠢᠳᠠᠨ ᠤ ᠠᠰᠠᠷ ᠢ ᠡᠬᠢᠯᠠᠨ

ᠪᠠᠶᠢᠭᠤᠯᠵᠤ᠂  ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶ᠎ᠠ ᠶᠢᠨ ᠬᠤᠶᠠᠷ ᠬᠦᠭᠡ ᠲᠡᠰ ᠤᠨ ᠮᠤᠩᠭᠤᠯ ᠡᠮᠨᠡᠯᠭᠡ

 ᠶᠢᠨ ᠶᠡᠷᠦᠩᠭᠡᠶᠢᠯᠡᠭᠰᠡᠨ ᠡᠮᠨᠡᠯᠭᠡ ᠶᠢᠨ ᠬᠤᠷᠢᠶ᠎ᠠ ᠪᠤᠯᠤᠨ ᠳᠡᠰ ᠳᠠᠪᠰᠢᠬᠤ᠂  ︽ᠦᠨᠳᠤᠰᠤᠨ ᠱᠠᠳᠤᠨ ᠤ ᠮᠤᠩᠭᠤᠯ

ᠬᠢᠳᠡᠳ ᠡᠮ ᠡᠮᠨᠡᠯᠭᠡ ᠶᠢᠨ ᠳᠡᠷᠢᠬᠦᠨ ᠤ ᠨᠢᠭᠡᠴᠡ︾   ᠶᠢ ᠡᠬᠦᠳᠤᠨ ᠪᠠᠶᠢᠭᠤᠯᠬᠤ ᠠᠵᠢᠯ ᠤᠯᠤᠰ ᠤᠨ ᠬᠢᠨᠠᠨ

ᠰᠢᠯᠭᠠᠯᠳᠠ ᠶᠢ ᠦᠩᠭᠡᠷᠡᠭᠡᠪᠡ᠃  ︽ᠤᠯᠤᠰ ᠤᠨ ᠳᠡᠰ ᠤᠨ ᠲᠦᠯᠦᠪᠯᠡᠭᠡᠳᠦ ᠦᠷᠠᠵᠢᠯ ᠤᠨ ᠰᠢᠯᠢᠳᠡᠭ

ᠦᠢᠯᠡᠴᠢᠯᠡᠭᠡᠨ ᠤ ᠰᠢᠶᠠᠨ︾ ᠶᠢ ᠠᠮᠵᠢᠯᠳᠠ ᠲᠠᠢ ᠪᠠᠷ ᠡᠬᠦᠳᠤᠨ ᠪᠠᠶᠢᠭᠤᠯᠪᠠ᠃  ᠬᠤᠰᠢᠭᠤᠨ ᠤ ᠰᠤᠶᠤᠯ

ᠤᠬᠠᠭᠤᠯᠭ᠎ᠠ ᠶᠢᠨ ᠲᠦᠪ ᠢ ᠵᠠᠰᠠᠵᠤ ᠰᠢᠨᠡᠳᠭᠡᠵᠤ᠂  ᠰᠢᠨᠡᠪᠡᠷ ᠭᠠᠴᠠᠭ᠎ᠠ ᠲᠤᠰᠬᠤᠨ ᠳᠤ  29  ᠰᠤᠶᠤᠯ ᠤᠨ

ᠳᠠᠯᠠᠪᠠᠢ ᠪᠠᠶᠢᠭᠤᠯᠪᠠ᠃  ᠦᠨᠳᠤᠰᠤᠳᠠᠨ ᠤ ᠪᠦᠯᠬᠦᠮᠳᠠᠯ ᠳᠠᠪᠰᠢᠯᠳᠠ ᠶᠢᠨ ᠦᠢᠯᠡᠰ ᠳᠠᠰᠤᠷᠠᠯᠳᠠ ᠦᠭᠡᠢ ᠪᠠᠬᠢᠵᠢᠨ

ᠬᠦᠭᠵᠢᠪᠡ᠃  ︽ᠪᠦᠬᠦ ᠤᠯᠤᠰ ᠤᠨ ︿ᠵᠢᠷᠭᠤᠭ᠎ᠠ ᠳᠠᠪᠤ﹀ ᠶᠢᠨ ᠬᠠᠤᠯᠢ ᠲᠦᠭᠡᠮᠡᠯᠵᠢᠬᠦᠯᠬᠦ ᠳᠤᠮᠳᠠ ᠬᠤᠭᠤᠴᠠᠭᠠᠨ ᠤ

ᠳᠡᠷᠢᠬᠦᠨ ᠤ ᠰᠢᠶᠠᠨ︾   ᠶᠢ ᠠᠮᠵᠢᠯᠳᠠ ᠲᠠᠢ ᠪᠠᠷ ᠡᠬᠦᠳᠤᠨ ᠪᠠᠶᠢᠭᠤᠯᠪᠠ᠃ ᠵᠦᠷᠢᠴᠠᠯ ᠮᠠᠷᠭᠤᠭᠠᠨ ᠢ 3351  

ᠤᠳᠠᠭ᠎ᠠ ᠵᠢᠠᠠᠰᠠᠭᠠᠨ ᠪᠠᠶᠢᠴᠠᠭᠠᠵᠤ ᠡᠶᠡᠳᠡᠬᠦᠯᠤᠨ ᠰᠢᠢᠳᠪᠤᠷᠢᠯᠠᠵᠤ᠂  ᠪᠡᠭᠡᠵᠢᠩ ᠬᠦᠬᠡᠬᠤᠳᠡ ᠳᠤ ᠬᠦᠷᠴᠤ ᠵᠠᠬᠢᠳᠠᠯ

ᠰᠤᠷᠪᠤᠯᠵᠢᠯᠠᠭ᠎ᠠ ᠬᠢᠭᠰᠡᠨ ᠳᠤᠭ᠎ᠠ ᠠᠳᠠᠯᠢ ᠬᠤᠭᠤᠴᠠᠭᠠᠨ ᠤ ᠬᠢ ᠠᠴᠠ 40.8%   ᠪᠠᠷ ᠳᠤᠷᠤᠭᠰᠢᠯᠠᠪᠠ᠃ ᠡᠯ᠎ᠠ

ᠵᠦᠢᠯ ᠤᠨ ᠬᠠᠤᠯᠢ ᠶᠢ ᠵᠦᠷᠢᠴᠡᠭᠰᠡᠨ ᠶᠠᠯᠠᠳᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂  ᠦᠷᠬᠦᠯᠵᠢᠯᠠᠨ 10

 ᠵᠢᠯ ᠳᠤ ᠠᠮᠢ ᠶᠢᠨ ᠬᠡᠷᠡᠭ ᠪᠦᠬᠦᠨ ᠢ ᠡᠪᠳᠡᠵᠤ ᠢᠯᠡᠷᠡᠬᠦᠯᠪᠠ᠃ ᠠᠶᠤᠯᠬᠦᠢ ᠦᠢᠯᠡᠳᠪᠤᠷᠢᠯᠠᠯ ᠤᠨ ᠬᠠᠷᠢᠭᠤᠴᠠᠯᠭ᠎ᠠ

 ᠶᠢᠨ ᠲᠦᠷᠢᠮ ᠢ ᠪᠦᠳᠦᠮᠵᠢᠳᠠᠢ ᠨᠠᠶᠢᠳᠠᠪᠤᠷᠢᠵᠢᠭᠤᠯᠤᠨ᠂ ᠢᠳᠡᠭᠡᠨ ᠤ ᠵᠦᠢᠯ᠂ ᠡᠮ ᠤᠨ ᠵᠦᠢᠯ ᠤᠨ ᠠᠶᠤᠯᠬᠦᠢ ᠶᠢᠨ

ᠬᠢᠨᠠᠨ ᠬᠠᠮᠢᠶᠠᠷᠬᠤ ᠠᠵᠢᠯ ᠢᠯᠡᠷᠭᠡᠢ ᠬᠢᠷᠢ ᠪᠦᠳᠦᠮᠵᠢ ᠤᠯᠪᠠ᠃ ᠪᠦᠬᠦ ᠵᠢᠯ ᠳᠤ ᠤᠨᠴᠡ ᠶᠡᠭᠡ ᠬᠦᠨᠳᠤ ᠶᠡᠭᠡ ᠬᠡᠷᠡᠭ

ᠭᠠᠷᠤᠭᠰᠠᠨ ᠦᠭᠡᠢ᠃ ᠪᠡᠶ᠎ᠡ ᠳᠠᠮᠢᠷ᠂ ᠷᠠᠳᠢᠤ᠋ ᠲᠧᠯᠸᠢᠰ᠂  ᠵᠠᠮᠳᠡᠭᠴᠤᠳ᠂ ᠱᠠᠰᠢᠨ ᠰᠤᠷᠳᠠᠬᠤᠨ᠂ ᠠᠷᠠᠳ ᠤᠨ

ᠠᠭᠠᠷ ᠤᠨ ᠰᠡᠷᠭᠡᠶᠢᠯᠠᠯᠳᠠ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠠᠶᠢᠴᠤᠳ

ᠬᠡᠤᠭᠡᠳ᠂ ᠳᠠᠩᠰᠠ ᠡᠪᠬᠡᠮᠡᠯ᠂ ᠣᠯᠠᠭᠠᠨ ᠵᠠᠭᠠᠯᠮᠠᠶᠢᠳᠠᠨ᠂  ᠴᠠᠭ ᠠᠭᠤᠷ᠂ ᠭᠠᠵᠠᠷ ᠬᠦᠳᠡᠯᠤᠯᠳᠠ ᠵᠡᠷᠭᠡ ᠠᠵᠢᠯ

ᠪᠦᠬᠦ ᠲᠠᠯ᠎ᠠ ᠪᠠᠷ ᠴᠢᠩᠭᠠᠷᠠᠪᠠ᠃

   ᠨᠢᠭᠡ ᠵᠢᠯ ᠤᠨ ᠳᠤᠷᠰᠢ᠂  ᠪᠢᠳᠡ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ

ᠪᠠᠶᠢᠩᠭᠤ ᠶᠢᠨ ᠬᠤᠷᠢᠶᠠᠨ ᠤ  ᠰᠢᠢᠳᠪᠤᠷᠢ ᠶᠢ ᠨᠠᠷᠢᠨ ᠬᠢᠨᠠᠮᠠᠭᠠᠢ ᠬᠡᠷᠡᠭᠵᠢᠬᠦᠯᠤᠨ᠂ ᠤᠬᠠᠮᠰᠠᠷ ᠠᠴᠠ ᠪᠠᠨ ᠤᠯᠤᠰ

ᠲᠦᠷᠦ ᠶᠢᠨ ᠵᠦᠪᠯᠡᠯᠭᠡᠨ ᠤ ᠠᠷᠠᠳᠴᠢᠯᠠᠯᠳᠦ ᠬᠢᠨᠠᠯᠳᠠ ᠶᠢ ᠬᠦᠯᠢᠶᠠᠵᠤ᠂ ᠴᠠᠭ ᠳᠤᠬᠠᠢ ᠳᠤᠨᠢ ᠠᠷᠠᠳ ᠤᠨ

ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠯ ᠵᠦᠪᠯᠡᠯᠭᠡ  ᠪᠠ ᠤᠯᠤᠰ ᠲᠦᠷᠦ ᠶᠢᠨ

ᠵᠦᠪᠯᠡᠯᠭᠡᠨ ᠤ ᠬᠡᠰᠢᠬᠦᠳ ᠤᠨ ᠰᠠᠨᠠᠯ ᠳᠤᠷᠠᠳᠤᠯᠭ᠎ᠠ ᠶᠢ ᠬᠢᠵᠤ ᠬᠦᠢᠴᠡᠳᠭᠡᠪᠡ᠃ ᠨᠠᠮ ᠤᠨ ᠤᠯᠠᠨ ᠲᠦᠮᠡᠨᠴᠢ  

ᠱᠤᠭᠤᠮ ᠤᠨ ᠬᠦᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠦᠨᠵᠡᠭᠡᠢ ᠦᠷᠨᠢᠬᠦᠯᠤᠨ᠂ ᠲᠦᠪ ᠤᠨ ᠨᠠᠢᠮᠠᠨ ᠵᠦᠢᠯ

 ᠤᠨ ᠳᠤᠭᠳᠠᠭᠠᠯ ᠪᠠ ᠬᠠᠮᠢᠶ᠎ᠠ ᠪᠦᠬᠦᠢ ᠢᠵᠢ ᠲᠦᠷᠢᠮ ᠳᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂  ᠪᠠᠷᠢᠮᠵᠢᠶ᠎ᠠ

 ᠠᠴᠠ ᠭᠡᠳᠦᠷᠡᠭᠰᠡᠨ ᠠᠯᠪᠠᠨ ᠤ ᠳᠡᠷᠭᠡ ᠪᠠ ᠤᠷᠤᠨ ᠳᠤᠭ᠎ᠠ ᠠᠴᠠ ᠬᠡᠳᠦᠷᠡᠭᠰᠡᠨ ᠳᠡᠷᠭᠡ ᠶᠢ  ᠪᠦᠬᠦ ᠲᠠᠯ᠎ᠠ ᠪᠠᠷ

ᠴᠡᠪᠡᠷᠯᠡᠬᠦ ᠪᠠ ᠪᠢᠳᠡᠬᠦᠮᠵᠢᠯᠠᠨ ᠵᠤᠭᠰᠤᠭᠠᠵᠤ᠂ ᠠᠯᠪᠠᠨ ᠤ ᠭᠡᠷ ᠢ 1.3  ᠲᠦᠮᠡᠨ ᠳᠡᠭᠰᠢ ᠲᠦᠷᠪᠡᠯᠵᠢᠨ ᠮᠧᠲᠷ

ᠰᠤᠯᠠᠯᠠᠨ ᠭᠠᠷᠭᠠᠵᠤ᠂  ︽ᠭᠤᠷᠪᠠᠨ ᠠᠯᠪᠠᠨ︾ ᠤ ᠵᠠᠷᠤᠳᠠᠯ ᠢ 889 ᠲᠦᠮᠡᠨ ᠲᠦᠬᠦᠷᠢᠭ ᠬᠠᠰᠤᠵᠤ ᠪᠠᠭᠠᠰᠬᠠᠪᠠ᠃

ᠬᠢᠨᠠᠨ ᠪᠤᠳᠤᠬᠤ ᠬᠢᠨᠠᠯᠳᠠ ᠳᠠᠯᠪᠢᠬᠤ ᠪᠠ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠠᠵᠢᠯ ᠤᠨ ᠬᠦᠴᠤᠨ ᠢᠶᠠᠨ

ᠴᠢᠩᠭᠠᠳᠬᠠᠵᠤ᠂  ᠵᠠᠰᠠᠭ ᠤᠨ ᠤᠷᠳᠤᠨ ᠤ ᠰᠢᠰᠲ᠋ᠧᠮ ᠤᠨ ᠴᠢᠭᠡᠴᠢ ᠵᠠᠰᠠᠭ ᠤᠨ ᠳᠤᠭᠳᠠᠴᠡ ᠶᠢᠨ ᠪᠠᠶᠢᠭᠤᠯᠤᠯᠳᠠ

 ᠶᠢ ᠬᠦᠨᠵᠡᠭᠡᠢ ᠲᠦᠯᠬᠢᠨ ᠠᠬᠢᠭᠤᠯᠵᠤ᠂ ᠤᠪᠤᠷ ᠰᠤᠷᠳᠠᠯ ᠢᠶᠠᠨ ᠴᠡᠭᠴᠡᠯᠡᠨ ᠰᠠᠬᠢᠯᠭ᠎ᠠ ᠪᠠᠨ ᠴᠢᠩᠭᠠᠳᠬᠠᠬᠤ

ᠠᠵᠢᠯᠯᠠᠭ᠎ᠠ ᠶᠢ ᠶᠡᠬᠡᠪᠡᠷ ᠦᠷᠨᠢᠬᠦᠯᠤᠨ᠂  ᠬᠠᠤᠯᠢ ᠰᠠᠬᠢᠯᠭ᠎ᠠ ᠪᠠᠷ ᠵᠦᠷᠢᠴᠡᠭᠰᠡᠨ ᠬᠡᠷᠡᠭ ᠢ ᠴᠢᠩᠭ᠎ᠠ

ᠪᠠᠶᠢᠴᠠᠭᠠᠨ‌‍ᠰᠢᠢᠳᠭᠡᠵᠤ᠂ ᠤᠪᠤᠷ ᠰᠤᠷᠳᠠᠯ ᠤᠨ ᠪᠠᠶᠢᠭᠤᠯᠤᠯᠳᠠ ᠶᠢᠨ ᠰᠢᠨ᠎ᠠ ᠦᠷ᠎ᠠ ᠪᠦᠳᠦᠮᠵᠢ ᠪᠠᠷ ᠢᠶᠠᠨ

ᠦᠭᠡᠷᠡᠴᠢᠯᠠᠯᠳᠠ ᠬᠦᠭᠵᠢᠯᠳᠠ ᠶᠢᠨ ᠰᠢᠨ᠎ᠠ ᠬᠦᠳᠡᠯᠭᠡᠬᠦ ᠬᠦᠴᠤᠨ ᠢ  ᠲᠦᠯᠬᠢᠨ ᠠᠬᠢᠭᠤᠯᠪᠠ᠃

   ᠨᠢᠭᠡ ᠵᠢᠯ ᠤᠨ ᠲᠤᠷᠰᠢ᠂ ᠪᠦᠬᠦ ᠬᠤᠰᠢᠭᠤᠨ ᠤ ᠡᠯ᠎ᠠ ᠦᠨᠳᠤᠰᠤᠳᠠᠨ ᠤ ᠺᠠᠳ᠋ᠷ ᠤᠯᠠᠨ ᠲᠦᠮᠡᠨ ᠳᠠᠷᠤᠭᠠᠰᠤ ᠪᠠ

ᠬᠦᠴᠢᠷ ᠤᠨ ᠡᠮᠤᠨ᠎ᠠ  ᠪᠦᠯᠬᠦᠮᠳᠡᠨ ᠳᠠᠪᠰᠢᠵᠤ᠂ ᠡᠷᠡᠯᠭᠡᠭ ᠢᠶᠠᠷ ᠤᠷᠤᠭᠰᠢᠯᠠᠨ᠂ ᠵᠤᠷᠢᠭᠳᠠᠢ ᠪᠠᠷ ᠡᠬᠦᠷᠭᠡᠯᠡᠨ᠂

ᠦᠨᠡᠨ ᠶᠤᠰᠤᠨ ᠤ ᠲᠦᠯᠦᠭᠡ ᠡᠷᠡᠭᠡᠯᠵᠡᠯ ᠦᠭᠡᠢ ᠳᠡᠮᠡᠴᠡᠵᠤ᠂ ︽ᠵᠠᠷᠤᠳ ᠦᠵᠡᠭᠳᠠᠯ︾ ᠤᠨ ᠵᠤᠷᠢᠭ ᠰᠠᠨᠠᠭᠠᠨ ᠤ

ᠮᠦᠨ ᠴᠢᠨᠠᠷ ᠪᠠ ᠦᠵᠠᠯ ᠰᠠᠨᠠᠭᠠᠨ ᠤ ᠠᠭᠤᠯᠬᠤᠨ   ᠢ ᠤᠯᠠᠮ ᠢᠶᠠᠷ ᠪᠠᠶᠠᠯᠢᠭᠵᠢᠭᠤᠯᠤᠨ᠂ ᠪᠢᠳᠡᠨ ᠤ ᠬᠦᠭᠵᠢᠯᠳᠡ

 ᠳᠤ ᠳᠤᠬᠢᠶᠠᠯ ᠤᠯᠭᠤᠵᠤ᠂  ᠪᠢᠳᠡᠨ ᠤ ᠳᠡᠪᠰᠢᠯᠳᠡ ᠳᠤ ᠨᠢᠠᠠᠳᠠᠷᠠᠯ ᠤᠨ ᠬᠦᠴᠤᠨ ᠪᠤᠯᠪᠠ᠃ ᠡᠳᠡᠭᠡᠷ ᠠᠮᠵᠢᠯᠳᠠ ᠶᠢ

ᠤᠯᠤᠭᠰᠠᠨ ᠨᠢ ᠬᠤᠰᠢᠭᠤᠨ ᠤ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ᠂  ᠰᠢᠨᠵᠢᠯᠡᠬᠦ ᠤᠬᠠᠭᠠᠨᠴᠢ

ᠰᠢᠢᠳᠪᠤᠷᠢ ᠶᠢᠨ ᠦᠷ᠎ᠠ ᠳ᠋ᠦᠩ ᠮᠦᠨ᠂ ᠨᠠᠶᠢᠭᠡᠮ ᠤᠨ ᠡᠯ᠎ᠠ ᠡᠳᠡᠭᠡᠳ ᠤᠨ ᠬᠠᠷᠠᠭᠠᠯᠵᠠᠯᠠᠯ᠂ ᠳᠠᠮᠵᠢᠯᠭᠡ᠂

ᠬᠠᠪᠰᠤᠷᠤᠭᠰᠠᠨ ᠤ ᠦᠷ᠎ᠠ ᠳ᠋ᠦᠩ ᠮᠦᠨ᠂ ᠨᠡᠩ ᠪᠦᠬᠦ ᠬᠤᠰᠢᠭᠤᠨ ᠤ ᠡᠯ᠎ᠠ ᠦᠨᠳᠤᠰᠤᠳᠠᠨ ᠤ ᠠᠷᠠᠳ ᠲᠦᠮᠡᠨ ᠤ

ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠳᠡᠮᠡᠴᠡᠭᠰᠡᠨ ᠤ ᠦᠷ᠎ᠠ ᠳ᠋ᠦᠩ ᠮᠦᠨ᠂ ᠠᠳᠡ ᠪᠢ

ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠵᠠᠰᠠᠭ ᠤᠨ ᠤᠷᠳᠤᠨ ᠤ ᠠᠵᠢᠯ ᠢ ᠦᠨᠢᠳᠡ

ᠤᠶᠢᠯᠠᠭᠠᠵᠤ᠂  ᠢᠳᠡᠭᠡᠵᠤ  ᠳᠡᠮᠵᠢᠭᠰᠡᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ᠂

ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠪᠡ ᠨᠠᠶᠢᠭᠡᠮ ᠤᠨ ᠡᠯ᠎ᠠ ᠡᠳᠡᠭᠡᠳ ᠤᠨ ᠬᠦᠮᠦᠰ ᠵᠢᠴᠢ ᠵᠠᠷᠤᠳ ᠤᠨ

ᠪᠦᠳᠦᠭᠡᠨ ᠪᠠᠶᠢᠭᠤᠯᠤᠯᠳᠠ ᠪᠡ ᠬᠦᠭᠵᠢᠯᠳᠠ ᠶᠢ ᠬᠠᠯᠠᠮᠵᠢᠯᠠᠨ ᠠᠩᠬᠠᠷᠴᠤ ᠪᠠᠶᠢᠭ᠎ᠠ ᠨᠦᠬᠦᠳ ᠨᠠᠶᠢᠵᠡ ᠨᠠᠷ ᠲᠤ ᠴᠢᠩ

ᠰᠡᠳᠬᠢᠯ ᠤᠨ ᠳᠠᠯᠠᠷᠬᠠᠯ ᠪᠠ ᠡᠷᠬᠢᠮ ᠳᠡᠭᠡᠳᠦ ᠬᠦᠨᠳᠦᠳᠭᠡᠯ ᠢᠶᠠᠨ ᠳᠠᠪᠰᠢᠬᠦᠯᠵᠤ ᠪᠠᠶᠢᠨ᠎ᠠ︕

  ᠤᠳᠤᠬᠠᠨ ᠤ ᠠᠵᠢᠯ ᠢᠶᠠᠨ ᠬᠢᠨᠠᠮᠠᠭᠠᠢ  ᠵᠠᠳᠠᠯᠪᠠᠯ᠂  ᠪᠢᠳᠡ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ

ᠬᠦᠭᠵᠢᠯᠳᠠ ᠶᠢᠨ ᠳᠤᠮᠳᠠ ᠪᠠᠰᠠ ᠳᠤᠤᠷᠡᠭᠢ ᠬᠦᠴᠢᠷᠳᠡᠯ ᠪᠠ ᠦᠷᠢᠰᠦᠯᠳᠦᠭᠡᠨ ᠤᠷᠤᠰᠢᠵᠤ ᠪᠠᠶᠢᠬᠤ ᠶᠢ ᠰᠡᠷᠭᠡᠭ

 ᠢᠶᠠᠷ ᠳᠠᠨᠢᠵᠤ ᠮᠡᠳᠡᠬᠦ ᠬᠡᠷᠡᠭᠳᠠᠢ ᠪᠠᠶᠢᠨ᠎ᠠ᠃ ᠨᠢᠭᠡ ᠨᠢ ᠪᠦᠳᠦᠴᠡ ᠶᠢᠨ ᠳᠤᠬᠢᠷᠠᠭᠤᠯᠤᠯᠳᠠ   ᠶᠢᠨ ᠡᠬᠦᠷᠭᠡ ᠮᠦᠨᠴᠤ

ᠨᠠᠯᠢᠶᠠᠳ ᠬᠦᠨᠳᠤ᠂  ᠳᠠᠷᠢᠶᠠᠯᠠᠩ ᠮᠠᠯ ᠠᠵᠤ ᠠᠬᠤᠢ ᠶᠢᠨ ᠰᠠᠭᠤᠷᠢ ᠮᠦᠨᠴᠤ ᠬᠡᠪᠡᠷᠡᠭ᠂  ᠡᠭᠢ ᠪᠠᠶᠠᠯᠢᠭ ᠢᠶᠠᠨ

ᠠᠰᠢᠭᠯᠠᠬᠤ ᠠᠷᠭ᠎ᠠ ᠮᠠᠶ᠋ᠢᠭ ᠮᠦᠨᠴᠤ ᠨᠠᠯᠢᠶᠠᠳ ᠪᠦᠳᠦᠬᠦᠯᠢᠭ  ︔ ᠳᠠᠪᠠᠭᠤᠯᠢᠭᠳᠦ ᠤᠨᠴᠠᠯᠢᠭᠳᠦ ᠠᠵᠤ ᠦᠢᠯᠡᠰ ᠤᠨ

ᠳᠡᠰ ᠴᠢᠨᠠᠷ ᠦᠨᠳᠤᠷ ᠪᠢᠰᠢ᠂ ᠤᠷᠳᠤᠳᠬᠠᠯ ᠬᠦᠢᠴᠡᠳ ᠦᠭᠡᠢ᠂ ᠡᠵᠡᠨ ᠮᠡᠳᠡᠵᠤ ᠰᠢᠨ᠎ᠠ ᠶᠢ ᠡᠬᠦᠳᠬᠦ ᠴᠢᠳᠠᠪᠤᠷᠢ

ᠴᠢᠩᠭ᠎ᠠ ᠪᠢᠰᠢ ᠪᠠᠶᠢᠭᠰᠠᠭᠠᠷ︔ ᠬᠤᠶᠠᠷ ᠨᠢ ᠬᠤᠳᠡ ᠬᠦᠳᠡᠭᠡ ᠶᠢᠨ ᠬᠦᠭᠵᠢᠯᠳᠠ ᠳᠡᠩᠴᠡᠬᠦᠷᠢ ᠦᠭᠡᠢ᠂ ᠰᠠᠭᠤᠷᠢ

ᠲᠦᠬᠦᠭᠡᠷᠤᠮᠵᠢ ᠶᠢᠨ ᠪᠠᠶᠢᠭᠤᠯᠤᠯᠳᠠ ᠶᠢᠨ ᠳᠡᠤᠭᠡ ᠶᠢᠨ ᠦᠷᠢ ᠰᠢᠷᠢ ᠤᠯᠠᠨ᠂  ᠬᠠᠮᠳᠤ ᠨᠠᠶᠢᠳᠡ ᠶᠢᠨ ᠦᠢᠯᠡᠴᠢᠯᠡᠬᠦ

ᠬᠢᠷᠢ ᠲᠦᠪᠰᠢᠨ ᠦᠨᠳᠤᠷ  ᠦᠭᠡᠢ᠂  ᠬᠤᠳᠡ ᠪᠠᠯᠭᠠᠰᠤᠨ ᠤ ᠬᠠᠮᠢᠶᠠᠷᠤᠯᠳᠠ ᠳᠤ ᠨᠡᠯᠢᠶᠠᠳ ᠤᠯᠠᠨ ᠪᠠᠭᠤᠷᠠᠢ

ᠭᠤᠭᠴᠤᠭ᠎ᠠ ᠤᠷᠤᠰᠢᠵᠤ ᠪᠠᠶᠢᠨ᠎ᠠ᠃  ᠭᠤᠷᠪᠠ ᠨᠢ ᠠᠷᠠᠳ ᠤᠨ ᠠᠮᠢᠳᠤᠷᠠᠯ ᠤᠨ ᠪᠠᠳᠤᠯᠠᠭ᠎ᠠ   ᠶᠢᠨ ᠬᠦᠴᠤᠨ ᠢᠶᠠᠨ

ᠪᠠᠰᠠ ᠶᠡᠬᠡᠰᠭᠡᠬᠦ  ᠴᠢᠬᠤᠯᠠ ᠲᠠᠢ᠂ ᠡᠳ᠋ ᠤᠨ ᠢᠷᠡᠯᠳᠡ ᠨᠡᠮᠡᠭᠳᠡᠬᠦ ᠰᠠᠭᠤᠷᠢ ᠪᠠᠰᠠ ᠳᠠᠶᠢᠮᠤ ᠯᠠᠪᠳᠠᠭᠤᠨ ᠪᠠᠳᠤ ᠪᠢᠰᠢ᠂

ᠠᠷᠠᠳ ᠤᠨ ᠠᠮᠢᠳᠤᠷᠠᠯ ᠨᠠᠶᠢᠭᠡᠮ ᠤᠨ ᠦᠢᠯᠡᠰ ᠤᠨ ᠬᠦᠭᠵᠢᠯᠳᠠ ᠨᠢ ᠠᠷᠠᠳ ᠤᠯᠠᠨ ᠤ ᠬᠦᠰᠠᠯ ᠱᠠᠭᠠᠷᠳᠠᠯᠭ᠎ᠠ ᠲᠠᠢ

ᠪᠠᠰᠠ ᠵᠦᠷᠢᠶᠠᠨ ᠲᠠᠢ ᠪᠠᠶᠢᠭᠰᠠᠭᠠᠷ᠃  ᠲᠦᠷᠪᠡ ᠨᠢ ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠶᠢ

ᠪᠠᠰᠠ ᠤᠯᠠᠮ ᠨᠢᠭᠡ ᠠᠯᠬᠤᠮ ᠴᠢᠩᠭᠠᠳᠬᠠᠬᠤ ᠴᠢᠬᠤᠯᠠ ᠲᠠᠢ᠂ ᠴᠦᠭᠡᠨ ᠳᠤᠭᠠᠨ ᠤ ᠰᠠᠯᠠᠭ᠎ᠠ ᠮᠦᠴᠢᠷ ᠨᠢᠭᠡᠴᠡ

 ᠶᠢᠨ ᠵᠠᠰᠠᠭ ᠵᠠᠬᠢᠷᠭᠠᠨ ᠤ ᠠᠵᠢᠯᠯᠠᠭ᠎ᠠ ᠲᠦᠷᠢᠮᠵᠢᠯ ᠦᠭᠡᠢ᠂ ᠠᠵᠢᠯ ᠤᠨ ᠦᠷ᠎ᠠ ᠪᠦᠳᠦᠮᠵᠢ ᠦᠨᠳᠤᠷ ᠪᠢᠰᠢ᠂  

ᠵᠠᠷᠢᠮ  ᠺᠠᠳ᠋ᠷ ᠤᠨ ᠦᠭᠡᠷᠡᠴᠢᠯᠠᠯᠳᠠ ᠬᠢᠵᠤ ᠰᠢᠨ᠎ᠠ ᠶᠢ ᠡᠬᠦᠳᠬᠦ ᠪᠠ ᠵᠤᠷᠢᠭᠳᠠᠢ ᠪᠠᠷ ᠡᠬᠦᠷᠭᠡᠯᠡᠬᠦ ᠦᠵᠠᠯ ᠤᠬᠠᠮᠰᠠᠷ

ᠦᠨᠳᠤᠷ ᠪᠢᠰᠢ ᠪᠠᠶᠢᠭᠰᠠᠭᠠᠷ᠃  ᠡᠳᠡᠭᠡᠷ ᠠᠰᠠᠭᠤᠳᠠᠯ ᠢ ᠪᠢᠳᠡ ᠴᠠᠭ ᠮᠠᠨ ᠢ ᠬᠦᠯᠢᠶᠡᠬᠦ ᠦᠭᠡᠢ ᠬᠡᠰᠡᠨ ᠪᠠᠴᠢᠮ

ᠳᠤᠯᠭᠠᠮ᠎ᠠ ᠰᠡᠳᠬᠢᠯᠭᠡ ᠪᠠ ᠬᠠᠷᠢᠭᠤᠴᠠᠯᠭᠠᠳᠦ ᠰᠡᠳᠬᠢᠯᠭᠡ ᠪᠠᠷ ᠨᠠᠷᠢᠨ ᠬᠢᠨᠠᠮᠠᠭᠠᠢ ᠰᠢᠢᠳᠪᠤᠷᠢᠯᠠᠵᠤ᠂  ᠪᠦᠬᠦ

ᠬᠤᠰᠢᠭᠤᠨ ᠤ ᠠᠷᠠᠳ ᠲᠦᠮᠡᠨ ᠤ ᠬᠦᠰᠠᠯ ᠱᠠᠭᠠᠷᠳᠠᠯᠭ᠎ᠠ ᠶᠢ ᠬᠡᠷᠭᠢᠪᠡᠴᠤ ᠬᠦᠰᠠᠷᠳᠡᠬᠦᠯᠵᠤ ᠪᠤᠯᠬᠤ ᠦᠭᠡᠢ᠃

   ᠬᠤᠶᠠᠷ᠂  2015  ᠤᠨ ᠤ ᠠᠵᠢᠯ ᠤᠨ ᠡᠬᠦᠷᠭᠡ

   2015 ᠤᠨ ᠪᠤᠯ ᠦᠭᠡᠷᠡᠴᠢᠯᠠᠯᠳᠠ  ᠨᠡᠭᠡᠭᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠵᠠᠩᠭᠢᠯᠠᠭ᠎ᠠ ᠶᠢᠨ

ᠵᠢᠯ ᠮᠦᠨ᠂  ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠡᠬᠢᠯᠠᠯᠳᠠ ᠶᠢᠨ

ᠵᠢᠯ ᠮᠦᠨ᠂  ᠮᠦᠨᠴᠤ ︽ᠠᠷᠪᠠᠨ ᠬᠤᠶᠠᠳᠤᠭᠠᠷ ᠳᠠᠪᠤᠨ ᠵᠢᠯ︾   ᠤᠨ ᠲᠦᠯᠦᠪᠯᠡᠭᠡ ᠶᠢᠨ ᠡᠬᠦᠷᠭᠡ ᠪᠠᠨ ᠪᠦᠬᠦ ᠲᠠᠯ᠎ᠠ

 ᠪᠠᠷ ᠪᠡᠶᠡᠯᠡᠬᠦᠯᠬᠦ ᠬᠠᠮᠤᠭ ᠰᠡᠬᠦᠯ ᠤᠨ ᠨᠢᠭᠡ ᠵᠢᠯ ᠮᠦᠨ᠂  ᠡᠨᠡ ᠵᠢᠯ ᠤᠨ ᠠᠵᠢᠯ ᠢᠶᠠᠨ ᠰᠠᠶᠢᠳᠤᠷ ᠬᠢᠬᠦ ᠨᠢ

ᠴᠢᠬᠤᠯᠠ ᠶᠡᠭᠡ ᠠᠴᠢ ᠬᠤᠯᠪᠤᠭᠳᠠᠯ ᠲᠠᠢ ᠶᠤᠮ᠃  ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ

ᠱᠠᠭᠠᠷᠳᠠᠯᠭ᠎ᠠ ᠪᠤᠯ᠄ ᠨᠠᠮ ᠤᠨ ᠠᠷᠪᠠᠨ ᠨᠠᠢᠮᠠᠳᠤᠭᠠᠷ ᠤᠳᠠᠭᠠᠨ ᠤ ᠶᠡᠭᠡ ᠬᠤᠷᠠᠯ  ᠪᠠ ᠠᠷᠪᠠᠨ ᠨᠠᠢᠮᠠᠳᠤᠭᠠᠷ

ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ᠂  ᠲᠦᠷᠪᠡᠳᠦᠭᠡᠷ ᠪᠦᠬᠦᠳᠡ ᠬᠤᠷᠠᠯ ᠪᠠ ᠰᠢ ᠶᠢᠨ ᠫᠢᠩ

ᠶᠡᠷᠦᠩᠭᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠵᠢᠴᠢ ᠦᠪᠤᠷ ᠮᠤᠩᠭᠤᠯ ᠢ ᠳᠤᠭᠤᠷᠢᠨ ᠪᠠᠶᠢᠴᠠᠭᠠᠭᠰᠠᠨ ᠴᠢᠬᠤᠯᠠ

ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠲᠤᠤᠱᠯᠠᠭᠤᠯᠤᠨ᠂  ᠬᠤᠳᠡ ᠶᠢᠨ ᠨᠠᠮ ᠤᠨ ᠬᠤᠷᠢᠶ᠎ᠠ ᠶᠢᠨ

ᠲᠦᠷᠪᠡᠳᠦᠭᠡᠷ ᠬᠤᠭᠤᠴᠠᠭᠠᠨ ᠤ ᠠᠷᠪᠠᠳᠤᠭᠠᠷ ᠪᠦᠬᠦᠳᠡ ᠬᠡᠰᠢᠬᠦᠳ ᠤᠨ  ᠬᠤᠷᠠᠯ  ᠪᠠ ᠬᠤᠰᠢᠭᠤᠨ ᠤ ᠨᠠᠮ ᠤᠨ

ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠦᠬᠦᠳᠡ ᠭᠡᠰᠢᠬᠦᠳ︵

ᠦᠷᠭᠡᠳᠭᠡᠭᠰᠡᠨ︶ ᠤᠨ ᠬᠤᠷᠠᠯ ᠤᠨ ᠡᠯ᠎ᠠ ᠵᠦᠢᠯ ᠤᠨ ᠰᠢᠢᠳᠪᠤᠷᠢ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ

ᠨᠠᠶᠢᠳᠠᠪᠤᠷᠢᠵᠢᠭᠤᠯᠤᠨ᠂  ᠠᠵᠤ ᠠᠬᠤᠢ ᠶᠢ ᠬᠦᠭᠵᠢᠬᠦᠯᠬᠦ ᠴᠢᠨᠠᠷ ᠢ ᠳᠡᠭᠡᠭᠰᠢᠯᠡᠬᠦᠯᠬᠦ ᠦᠷ᠎ᠠ ᠠᠰᠢᠭ ᠨᠡᠮᠡᠭᠳᠡᠬᠦᠯᠬᠦ ᠪᠠᠷ

ᠭᠤᠤᠯ ᠪᠤᠯᠭᠠᠬᠤ ᠶᠢ ᠪᠠᠷᠢᠮᠳᠠᠯᠠᠨ᠂  ᠨᠡᠩ ᠢᠳᠡᠪᠬᠢᠳᠠᠢ ᠪᠠᠷ ᠳᠤᠭᠳᠠᠭᠤᠨ ᠤ ᠳᠤᠮᠳᠠ ᠳᠠᠪᠰᠢᠵᠤ᠂  ᠨᠡᠩ

ᠯᠠᠪᠳᠠᠭᠤᠨ ᠢᠶᠠᠷ ᠦᠭᠡᠷᠡᠴᠢᠯᠠᠯᠳᠠ ᠬᠢᠵᠤ ᠰᠢᠨ᠎ᠠ ᠶᠢ ᠡᠬᠦᠳᠴᠤ᠂  ᠨᠡᠩ ᠡᠷᠡᠰ ᠰᠢᠭᠤᠷᠬᠠᠢ ᠪᠠᠷ ᠬᠡᠯᠪᠡᠷᠢ ᠪᠠᠨ

ᠥᠭᠡᠷᠡᠳᠤᠭᠦᠯᠥᠨ ᠳᠡᠰ ᠳᠠᠪᠰᠢᠵᠤ᠂ ᠨᠡᠩ ᠴᠢᠩᠭ᠎ᠠ ᠬᠢᠨᠠᠮᠠᠭᠠᠢ ᠪᠠᠷ ᠠᠮᠢ ᠠᠬᠤᠢ   ᠶᠢ  ᠬᠠᠮᠠᠭᠠᠯᠠᠵᠤ᠂  ᠨᠡᠩ ᠦᠨᠡᠨ

ᠪᠤᠳᠠᠳᠠᠢ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂  ᠰᠠᠨᠠᠭᠠᠴᠢᠯᠠᠭ᠎ᠠ ᠠᠴᠠ ᠪᠠᠨ ᠰᠢᠨ᠎ᠠ ᠬᠡᠪ ᠤᠨ ᠪᠠᠶᠢᠳᠠᠯ

 ᠳᠤ ᠵᠤᠬᠢᠴᠠᠵᠤ᠂  ᠢᠳᠡᠪᠬᠢᠳᠠᠢ ᠪᠠᠷ ᠰᠢᠨ᠎ᠠ ᠠᠵᠢᠯᠯᠠᠭ᠎ᠠ ᠲᠠᠢ ᠪᠤᠯᠵᠤ᠂ ︽ᠵᠠᠷᠤᠳ ᠦᠵᠡᠭᠳᠠᠯ︾   ᠤᠨ ᠵᠤᠷᠢᠭ

ᠰᠠᠨᠠᠭᠠᠨ ᠤ ᠠᠭᠤᠯᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠬᠤ ᠪᠠ ᠬᠦᠭᠵᠢᠬᠦᠯᠤᠨ᠂  ᠪᠦᠬᠦ ᠬᠦᠴᠤᠨ ᠢᠶᠠᠷ

 ᠢᠶᠠᠨ ︽ᠭᠤᠷᠪᠠᠨ ᠳᠠᠭᠤᠷᠢᠶᠠᠯ ᠦᠵᠡᠬᠦᠯᠬᠦ ᠤᠷᠤᠨ᠂  ᠭᠤᠷᠪᠠᠨ ᠰᠠᠭᠤᠷᠢᠨ ᠭᠠᠵᠠᠷ︾ ᠤᠨ ᠪᠠᠶᠢᠭᠤᠯᠤᠯᠳᠠ ᠶᠢᠨ

ᠬᠢᠷᠢ ᠲᠦᠪᠰᠢᠨ ᠢᠶᠠᠨ ᠳᠡᠭᠡᠭᠰᠢᠯᠡᠬᠦᠯᠵᠤ᠂  ᠯᠠᠪᠳᠠᠭᠤᠨ ᠪᠠᠳᠤᠳᠠᠢ ᠰᠢᠷᠭᠠᠭᠤ ᠠᠵᠢᠯᠯᠠᠵᠤ ︽ᠬᠤᠶᠠᠷ ᠢ ᠬᠠᠮᠤᠭ

ᠳᠠᠷᠢᠬᠦᠨ︾  ᠬᠦᠷᠭᠡᠬᠦ  ᠬᠦᠭᠵᠢᠯᠳᠠ ᠶᠢᠨ ᠬᠠᠷᠠᠯᠳᠠ ᠳᠡᠰᠢ ᠴᠢᠷᠮᠠᠶᠢᠨ ᠠᠬᠢᠵᠤ᠂  ᠬᠦᠴᠤᠨ ᠢᠶᠠᠨ ᠲᠦᠪᠯᠡᠷᠡᠬᠦᠯᠤᠨ

ᠪᠦᠬᠦ ᠬᠤᠰᠢᠭᠤᠨ ᠤ ᠠᠵᠤ ᠠᠬᠤᠢ ᠨᠠᠶᠢᠭᠡᠮ ᠤᠨ ᠡᠯ᠎ᠠ ᠠᠵᠢᠯ ᠦᠢᠯᠡᠰ ᠤᠨ ᠰᠢᠨᠵᠢᠯᠡᠬᠦ ᠤᠬᠠᠭᠠᠨᠴᠢ ᠬᠦᠭᠵᠢᠯᠳᠠ᠂

 ᠬᠠᠮᠤᠭ ᠳᠡᠷᠢᠬᠦᠨ ᠬᠦᠭᠵᠢᠬᠦ᠂ ᠳᠡᠪᠠᠯᠳᠠ ᠶᠢᠨ ᠬᠦᠭᠵᠢᠯᠳᠠ ᠶᠢ ᠲᠦᠯᠬᠢᠨ ᠠᠬᠢᠭᠤᠯᠤᠨ᠎ᠠ᠃

    ᠭᠤᠤᠯ ᠲᠦᠰᠦᠪᠯᠡᠭᠰᠡᠨ ᠬᠠᠷᠠᠯᠳᠠ᠄  ᠭᠠᠵᠠᠷ ᠤᠷᠤᠨ ᠤ ᠦᠢᠯᠡᠳᠪᠤᠷᠢᠯᠠᠯ ᠤᠨ ᠶᠡᠷᠦᠩᠭᠡᠢ ᠦᠷᠳᠡᠭ ᠢ 231

 ᠳ᠋ᠦᠩᠰᠢᠭᠤᠷ ᠲᠦᠬᠦᠷᠢᠭ ᠬᠦᠷᠭᠡᠵᠤ᠂ 12%   ᠪᠠᠷ ᠨᠡᠮᠡᠭᠳᠡᠬᠦᠯᠤᠨ᠎ᠠ︔  ᠳᠤᠭᠳᠠᠮᠠᠯ ᠬᠦᠷᠦᠩᠭᠡ ᠶᠢᠨ ᠪᠡᠯᠡ

ᠤᠷᠤᠭᠤᠯᠤᠯᠳᠠ ᠶᠢ 258 ᠳ᠋ᠦᠩᠰᠢᠭᠤᠷ ᠲᠦᠬᠦᠷᠢᠭ ᠬᠦᠷᠭᠡᠵᠤ᠂  15%   ᠪᠠᠷ ᠨᠡᠮᠡᠭᠳᠡᠬᠦᠯᠤᠨ᠎ᠠ︔  ᠨᠠᠶᠢᠳᠡ

 ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 15  ᠳ᠋ᠦᠩᠰᠢᠭᠤᠷ ᠲᠦᠬᠦᠷᠢᠭ ᠬᠦᠷᠭᠡᠵᠤ᠂ 10% ᠪᠠᠷ

ᠨᠡᠮᠡᠭᠳᠡᠬᠦᠯᠤᠨ᠎ᠠ︔ ᠨᠠᠶᠢᠭᠡᠮ ᠤᠨ ᠬᠡᠷᠡᠭᠯᠡᠭᠡᠨ ᠤ ᠳᠠᠸᠠᠷ ᠤᠨ ᠰᠤᠯᠠ ᠪᠤᠷᠤᠯᠠᠭᠤᠯᠤᠯᠳᠠ ᠶᠢᠨ ᠶᠡᠷᠦᠩᠭᠡᠢ ᠬᠡᠮᠵᠢᠶ᠎ᠠ ᠶᠢ

31.7 ᠳ᠋ᠦᠩᠰᠢᠭᠤᠷ ᠲᠦᠬᠦᠷᠢᠭ ᠬᠦᠷᠭᠡᠵᠤ᠂ 12%   ᠪᠠᠷ ᠨᠡᠮᠡᠭᠳᠡᠬᠦᠯᠤᠨ᠎ᠠ︔  ᠬᠤᠳᠡ ᠬᠦᠳᠡᠭᠡ ᠳᠤ ᠪᠠᠶᠢᠩᠭᠤ

ᠰᠠᠭᠤᠭ᠎ᠠ ᠰᠠᠭᠤᠭᠠᠯᠢ ᠠᠷᠠᠳ ᠤᠨ ᠳᠡᠭᠰᠢᠳᠭᠡᠭᠰᠡᠨ ᠳᠤᠬᠢᠷᠠᠭᠤᠯᠵᠤ  ᠪᠤᠯᠬᠤ ᠤᠷᠤᠯᠭ᠎ᠠ ᠶᠢ ᠳᠤᠰ ᠪᠦᠷᠢ

23151ᠲᠦᠬᠦᠷᠢᠭ ᠪᠡ 12404 ᠲᠦᠬᠦᠷᠢᠭ ᠬᠦᠷᠭᠡᠵᠤ᠂ 11% ᠪᠠ 14%   ᠪᠠᠷ ᠨᠡᠮᠡᠭᠳᠡᠬᠦᠯᠤᠨ᠎ᠠ᠃  

ᠡᠳᠡᠭᠡᠷ ᠬᠠᠷᠠᠯᠳᠠ ᠶᠢ ᠳᠤᠭᠳᠠᠭᠠᠬᠤ ᠳᠤ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠪᠠᠶᠢᠳᠠᠯ ᠳᠤᠤᠷᠡᠭᠢ

ᠬᠠᠨᠳᠤᠯᠭᠠᠳᠤ ᠴᠢᠨᠠᠷ ᠤᠨ ᠬᠤᠪᠢᠷᠠᠯᠳᠠ ᠪᠠ ᠪᠠᠰᠠ ᠮᠠᠨ ᠤ ᠬᠤᠰᠢᠭᠤᠨ ᠤ ᠠᠵᠤ ᠠᠬᠤᠢ ᠶᠢᠨ ᠬᠦᠭᠵᠢᠯᠳᠠ ᠶᠢᠨ

ᠳᠠᠯᠳᠠ ᠬᠦᠴᠤᠨ ᠤ ᠦᠢᠯᠡᠳᠦᠯ   ᠤᠨ ᠤᠷᠤᠨ ᠵᠠᠢ ᠶᠢ ᠬᠦᠢᠴᠡᠳ ᠪᠤᠳᠤᠯᠬᠢᠯᠠᠨ᠂  ᠪᠤᠰᠤᠳᠴᠢ ᠪᠦᠭᠡᠳ ᠪᠤᠳᠠᠳᠠᠢ

ᠨᠡᠶᠢᠴᠡᠵᠣ᠂ ᠰᠢᠷᠭᠠᠭᠤ ᠴᠢᠷᠮᠠᠶᠢᠯᠳᠠ ᠪᠠᠷ ᠳᠠᠮᠵᠢᠨ ᠰᠠᠶ᠋ᠢ ᠪᠠᠶᠡᠯᠡᠭᠳᠡᠵᠤ ᠳᠠᠶᠢᠯᠤᠨ᠎ᠠ᠃ ᠡᠶᠢᠮᠤ ᠠᠴᠠ ᠪᠢᠳᠡ

ᠡᠷᠬᠡᠪᠰᠢ ᠰᠢᠨ᠎ᠠ ᠪᠠᠶᠢᠳᠠᠯ ᠳᠤᠤᠷᠡᠭᠢ ᠠᠵᠢᠯ ᠤᠨ ᠱᠠᠭᠠᠷᠳᠠᠯᠭ᠎ᠠ ᠶᠢ ᠬᠦᠨᠵᠡᠭᠡᠢ ᠳᠠᠨᠢᠵᠤ ᠡᠵᠡᠮᠰᠢᠵᠤ᠂  ᠬᠦᠴᠤᠨ  

 ᠢᠶᠠᠨ ᠲᠦᠪᠯᠡᠷᠡᠬᠦᠯᠤᠨ ᠰᠢᠷᠭᠠᠭᠤ ᠠᠵᠢᠯᠯᠠᠪᠠᠯ ᠰᠠᠶ᠋ᠢ  ᠡᠨᠡ ᠵᠢᠯ ᠤᠨ ᠡᠯ᠎ᠠ ᠵᠦᠢᠯ ᠤᠨ ᠠᠵᠢᠯ   ᠢᠶᠠᠨ ᠰᠠᠶᠢᠳᠤᠷ

ᠬᠢᠵᠤ ᠴᠢᠳᠠᠨ᠎ᠠ᠃

   ︵ᠨᠢᠭᠡ︶  ᠬᠦᠴᠤᠨ ᠢᠶᠠᠨ ᠲᠦᠪᠯᠡᠷᠡᠬᠦᠯᠤᠨ ᠭᠤᠤᠯᠳᠠᠯᠭ᠎ᠠ ᠲᠠᠢ ᠲᠦᠷᠦᠯ ᠵᠦᠢᠯ ᠤᠨ ᠪᠠᠶᠢᠭᠤᠯᠤᠯᠳᠠ ᠶᠢ

ᠲᠦᠷᠭᠡᠳᠭᠡᠵᠤ᠂  ᠠᠵᠤ ᠦᠢᠯᠡᠳᠪᠤᠷᠢ ᠶᠢᠨ ᠠᠵᠤ ᠠᠬᠤᠢ ᠶᠢᠨ ᠬᠡᠯᠪᠡᠷᠢ ᠪᠠᠨ ᠥᠭᠡᠷᠡᠳᠤᠭᠦᠯᠥᠨ ᠳᠡᠰ ᠳᠠᠪᠰᠢᠬᠤ

 ᠶᠢ ᠲᠦᠯᠬᠢᠨ ᠠᠬᠢᠭᠤᠯᠤᠨ᠎ᠠ

ᠪᠦᠬᠦ ᠬᠤᠳᠡ ᠶᠢᠨ ᠭᠤᠷᠪᠠᠨ ᠶᠡᠭᠡ ᠠᠵᠤ ᠦᠢᠯᠡᠰ ᠤᠨ ᠬᠤᠷᠠᠯᠳᠠ ᠶᠢᠨ ᠰᠢᠨ᠎ᠠ ᠦᠨᠳᠤᠷᠴᠡ ᠶᠢ ᠪᠠᠶᠢᠭᠤᠯᠬᠤ

ᠰᠢᠢᠳᠪᠤᠷᠢ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠲᠤᠤᠱᠯᠠᠭᠤᠯᠤᠨ᠂  ᠳᠠᠪᠠᠭᠤᠯᠢᠭᠳᠦ ᠤᠨᠴᠠᠯᠢᠭᠳᠦ  ᠠᠵᠤ

ᠦᠢᠯᠡᠰ ᠤᠨ ᠴᠢᠳᠠᠪᠤᠷᠢ ᠶᠢ ᠰᠤᠯᠠᠯᠠᠬᠤ ᠪᠠ ᠠᠵᠤ ᠦᠢᠯᠡᠰ   ᠢᠶᠠᠨ ᠤᠷᠳᠤᠳᠬᠠᠬᠤ ᠶᠢ ᠪᠦᠬᠦ ᠬᠦᠴᠤᠨ ᠢᠶᠠᠷ ᠢᠶᠠᠨ

ᠰᠠᠶᠢᠳᠤᠷ ᠠᠳᠬᠤᠵᠤ᠂  ᠠᠵᠤ ᠦᠢᠯᠡᠳᠪᠤᠷᠢ ᠶᠢᠨ ᠳᠤᠭᠤᠷᠢᠭ ᠤᠨ ᠳᠠᠪᠴᠠᠩ ᠤᠨ ᠪᠠᠶᠢᠭᠤᠯᠤᠯᠳᠠ ᠶᠢ

ᠴᠢᠩᠭᠠᠳᠬᠠᠵᠤ᠂  ᠠᠵᠤ ᠦᠢᠯᠡᠳᠪᠤᠷᠢ ᠶᠢᠨ ᠠᠵᠤ ᠠᠬᠤᠢ ᠶᠢᠨ ᠳᠠᠰᠤᠷᠠᠯᠳᠠ ᠦᠭᠡᠢ ᠰᠢᠯᠢᠳᠡᠭᠵᠢᠨ ᠳᠡᠰ

ᠳᠠᠪᠰᠢᠬᠤ ᠶᠢ ᠪᠠᠶᠡᠯᠡᠬᠦᠯᠤᠨ᠎ᠠ᠃

  ᠪᠦᠬᠦ ᠬᠦᠴᠤᠨ ᠢᠶᠠᠷ ᠢᠶᠠᠨ ᠭᠤᠤᠯᠳᠠᠯᠭ᠎ᠠ ᠲᠠᠢ ᠲᠦᠷᠦᠯ ᠵᠦᠢᠯ ᠤᠨ ᠦᠢᠯᠡᠳᠪᠤᠷᠢᠯᠠᠯ ᠤᠨ ᠴᠢᠳᠠᠪᠤᠷᠢ ᠪᠠᠨ

ᠰᠤᠯᠠᠯᠠᠬᠤ ᠶᠢ ᠠᠬᠢᠭᠤᠯᠤᠨ᠎ᠠ᠃  ᠨᠡᠬᠦᠷᠠᠰᠤ ᠴᠠᠬᠢᠯᠭᠠᠨ ᠬᠦᠩᠭᠡᠨ ᠴᠠᠭᠠᠨ ᠵᠢᠴᠢ ᠬᠦᠩᠭᠡᠨ ᠴᠠᠭᠠᠨ ᠤ ᠠᠵᠤ

ᠦᠢᠯᠡᠳᠪᠤᠷᠢ ᠶᠢᠨ ᠰᠢᠨ᠎ᠠ ᠮᠠᠲ᠋ᠧᠷᠢᠶᠠᠯ ᠤᠨ ᠠᠵᠤ ᠦᠢᠯᠡᠰ ᠤᠨ ᠲᠠᠯ᠎ᠠ ᠪᠠᠷ ᠵᠠᠬᠠᠨᠠᠭᠤᠷ ᠵᠠᠳᠠᠭᠠᠢ ᠠᠭᠤᠷᠬᠠᠢ ᠶᠢᠨ

300 ᠲᠦᠮᠡᠨ ᠳᠤᠨ ᠤ ᠴᠢᠳᠠᠪᠤᠷᠢ ᠪᠠᠨ ᠦᠷᠭᠡᠳᠭᠡᠬᠦ ᠬᠢᠨᠠᠨ ᠳᠤᠭᠳᠠᠭᠠᠯᠳᠠ᠂  ᠵᠢᠢ ᠮᠸᠢ ᠪᠦᠯᠦᠭᠯᠡᠯ ᠤᠨ

ᠪᠤᠷᠤᠬᠤᠰᠢᠭᠤ ᠨᠡᠬᠦᠷᠠᠰᠤᠨ ᠠᠭᠤᠷᠬᠠᠢ   ᠶᠢ ᠲᠦᠷᠦᠯ ᠳᠤᠭᠳᠠᠭᠠᠨ ᠬᠢᠨᠠᠨ ᠵᠦᠪᠰᠢᠶᠡᠷᠡᠬᠦᠯᠬᠦ ᠵᠡᠷᠭᠡ ᠠᠵᠢᠯ ᠢ

ᠠᠬᠢᠭᠤᠯᠵᠤ᠂  ᠨᠡᠬᠦᠷᠠᠰᠤᠨ ᠤ ᠭᠠᠷᠤᠯᠳᠠ ᠶᠢ 2000  ᠲᠦᠮᠡᠨ ᠳᠤᠨ ᠠᠴᠠ ᠳᠠᠪᠠᠭᠤᠯᠬᠤ ᠪᠠᠷ ᠴᠢᠷᠮᠠᠶᠢᠨ᠎ᠠ︔  

ᠮᠧᠩ ᠳ᠋ᠦᠩ ᠡᠨᠧᠷᠭᠢ ᠶᠢᠨ ᠰᠤᠷᠪᠤᠯᠵᠢ ᠶᠢᠨ 20  ᠲᠦᠮᠡᠨ ᠺᠢᠯᠤᠸᠠᠲ᠂  ᠱᠧᠨ ᠨᠧᠩ ᠪᠦᠯᠦᠭᠯᠡᠯ ᠤᠨ  30  

ᠲᠦᠮᠡᠨ ᠺᠢᠯᠤᠸᠠᠲ ᠰᠠᠯᠬᠢᠨ ᠴᠠᠬᠢᠯᠭᠠᠨ ᠪᠡ ᠮᠧᠩ ᠳ᠋ᠦᠩ ᠰᠢᠶᠧ ᠾᠧ ᠶᠢᠨ 5  ᠲᠦᠮᠡᠨ ᠺᠢᠯᠤᠸᠠᠲ ᠶᠢᠨ ᠬᠡᠷᠡᠯ

ᠴᠠᠬᠢᠯᠭᠠᠨ ᠵᠡᠷᠭᠡ ᠲᠦᠷᠦᠯ ᠵᠦᠢᠯ ᠢ ᠡᠬᠢᠯᠠᠨ ᠪᠠᠶᠢᠭᠤᠯᠵᠤ᠂  ᠴᠠᠬᠢᠯᠭᠠᠨ ᠬᠦᠴᠤᠨ ᠤ ᠰᠠᠤᠷᠢ ᠮᠠᠰᠢᠨ ᠤ  

ᠪᠠᠭᠳᠠᠭᠠᠮᠵᠢ ᠶᠢ ᠮᠠᠷᠠᠶᠢᠨ ᠴᠢᠷᠮᠠᠶᠢᠵᠤ 200  ᠲᠦᠮᠡᠨ ᠺᠢᠯᠤᠸᠠᠲ ᠠᠴᠠ ᠳᠠᠪᠠᠭᠤᠯᠵᠤ᠂  ᠵᠢᠯ ᠤᠨ ᠴᠠᠬᠢᠯᠭᠠᠨ

ᠡᠬᠦᠰᠭᠡᠬᠦ ᠬᠡᠮᠵᠢᠶ᠎ᠠ ᠶᠢ 50  ᠳ᠋ᠦᠩᠰᠢᠭᠤᠷ ᠭᠷᠠᠳᠦ᠋ᠰ ᠠᠴᠠ ᠳᠡᠭᠡᠭᠰᠢ ᠬᠦᠷᠭᠡᠨ᠎ᠠ︔  ᠽᠤᠤ ᠶᠢᠨ  ᠂  ᠶᠤᠸᠠᠨ

ᠳ᠋ᠦᠩ  ᠵᠡᠷᠭᠡ ᠤᠳᠤ ᠪᠠᠶᠢᠭ᠎ᠠ ᠬᠦᠩᠭᠡᠨ ᠴᠠᠭᠠᠨ ᠢ ᠳᠠᠬᠢᠨ ᠪᠤᠯᠪᠠᠰᠤᠷᠠᠭᠤᠯᠬᠤ ᠠᠵᠤ ᠠᠬᠤᠶᠢᠯᠠᠯ ᠤᠨ

ᠦᠢᠯᠡᠳᠪᠤᠷᠢᠯᠠᠯ   ᠶᠢ ᠨᠢ ᠴᠢᠳᠠᠪᠤᠷᠢ ᠳᠤᠨᠢ ᠬᠦᠷᠭᠡᠵᠤ ᠡᠷᠬᠢᠯᠳᠠ ᠶᠢ ᠲᠦᠯᠬᠢᠨ ᠠᠬᠢᠭᠤᠯᠵᠤ᠂  ᠬᠦᠩᠭᠡᠨ ᠴᠠᠭᠠᠨ ᠢ

ᠳᠠᠬᠢᠨ ᠪᠤᠯᠪᠠᠰᠤᠷᠠᠭᠤᠯᠬᠤ ᠴᠢᠳᠠᠪᠤᠷᠢ ᠶᠢ 60 ᠲᠦᠮᠡᠨ ᠳᠤᠨ ᠠᠴᠠ ᠲᠡᠭᠡᠭᠰᠢ ᠬᠦᠷᠭᠡᠨ᠎ᠠ᠃  ᠳᠡᠭᠡᠳᠦ ᠮᠡᠷᠭᠡᠵᠢᠯ

 ᠤᠨ ᠨᠡᠬᠦᠷᠠᠰᠤᠨ ᠬᠢᠮᠢ ᠶᠢᠨ ᠠᠵᠤ ᠦᠢᠯᠡᠳᠪᠤᠷᠢ ᠳᠤ ᠲᠦᠷᠦᠯ ᠵᠦᠢᠯ ᠤᠨ ᠪᠠᠶᠢᠭᠤᠯᠤᠯᠳᠠ ᠶᠢᠨ ᠠᠬᠢᠴᠡ ᠶᠢ

ᠲᠦᠯᠬᠢᠨ ᠠᠬᠢᠭᠤᠯᠬᠤ ᠪᠠᠷ ᠭᠤᠤᠯ ᠪᠤᠯᠭᠠᠨ᠂  ᠹᠦ᠋ ᠳ᠋ᠧ ᠺᠠᠩ ᠨᠠᠢ ᠡᠯ ᠨᠢᠭᠡᠳᠦᠭᠡᠷ ᠬᠤᠭᠤᠴᠠᠭᠠᠨ ᠤ 30  

ᠲᠦᠮᠡᠨ ᠳᠤᠨ ᠡᠲ᠋ᠠ ᠬᠤᠶᠠᠷᠴᠢ ᠠᠯᠺᠦᠤᠯ ᠤᠨ ᠲᠦᠷᠦᠯ ᠵᠦᠢᠯ ᠢ 9  ᠰᠠᠷ᠎ᠠ ᠳᠤ ᠦᠢᠯᠡᠳᠪᠤᠷᠢᠯᠠᠯ ᠢ ᠨᠢ

ᠡᠬᠢᠯᠡᠬᠦᠯᠵᠤ᠂  ᠬᠤᠶᠠᠳᠤᠭᠠᠷ ᠬᠤᠭᠤᠴᠠᠭᠠᠨ ᠤ 60  ᠲᠦᠮᠡᠨ ᠳᠤᠨ ᠡᠲ᠋ᠠ ᠬᠤᠶᠠᠷᠴᠢ ᠠᠯᠺᠦᠤᠯ ᠤᠨ ᠲᠦᠷᠦᠯ

ᠵᠦᠢᠯ ᠢ ᠡᠬᠢᠯᠠᠨ ᠪᠠᠶᠢᠭᠤᠯᠬᠤ ᠪᠠᠷ ᠬᠦᠴᠤᠯᠠᠨ ᠴᠢᠷᠮᠠᠶᠢᠵᠤ᠂  ᠯᠦᠩ ᠶᠤᠸᠠᠨ  ᠯᠢᠤᠢ ᠮᠸᠢ ᠬᠦᠷᠡᠩ ᠨᠡᠬᠦᠷᠠᠰᠤ ᠶᠢ

ᠶᠡᠷᠦᠩᠭᠡᠶᠢᠯᠠᠨ ᠠᠰᠢᠭᠯᠠᠬᠤ ᠤᠯᠠᠨ ᠬᠡᠷᠡᠭᠴᠡᠭᠡᠳᠦ ᠭᠠᠷᠤᠯᠳᠠ ᠲᠠᠢ ᠨᠢ ᠬᠤᠯᠪᠤᠭᠳᠠᠭᠤᠯᠬᠤ᠂  ᠬᠤᠤ ᠬᠠᠢ ᠬᠢᠮᠢ ᠶᠢᠨ

ᠠᠵᠤ ᠦᠢᠯᠡᠳᠪᠤᠷᠢ ᠶᠢᠨ PVC  ᠳᠤᠭᠳᠠᠪᠤᠷᠢᠵᠢᠭᠤᠯᠬᠤ ᠡᠳ᠋ ᠤᠨ ᠲᠦᠷᠦᠯ ᠵᠦᠢᠯ ᠢ ᠵᠢᠯ ᠤᠨ ᠡᠴᠤᠰ ᠠᠴᠠ

ᠡᠮᠤᠨ᠎ᠠ ᠭᠤᠤᠯ ᠲᠦᠬᠦᠭᠡᠷᠤᠮᠵᠢ ᠶᠢ ᠤᠭᠰᠠᠷᠠᠵᠤ ᠳᠠᠭᠤᠰᠬᠠᠬᠤ ᠶᠢ ᠠᠬᠢᠭᠤᠯᠵᠤ᠂  ᠵᠦᠩ ᠵᠢᠶᠠ ᠡᠨᠧᠷᠭᠢ ᠶᠢᠨ

ᠰᠤᠷᠪᠤᠯᠵᠢ ᠶᠢᠨ ᠨᠡᠬᠦᠷᠠᠰᠤ ᠪᠠᠷ ᠡᠲ᠋ᠧᠨ — ᠡᠲ᠋ᠧᠨ ᠠᠯᠺᠤᠤᠯ ᠳᠠᠪᠠᠷᠬᠠᠢ ᠬᠢᠬᠦ ᠲᠦᠷᠦᠯ ᠵᠦᠢᠯ ᠤᠨ 50%  

 ᠶᠢᠨ ᠰᠢᠷᠤᠢ ᠶᠢᠨ ᠪᠠᠷᠢᠯᠭ᠎ᠠ᠂  ᠵᠢᠴᠢ ᠭᠤᠤᠯ ᠲᠦᠬᠦᠭᠡᠷᠤᠮᠵᠢ ᠶᠢ ᠵᠠᠬᠢᠶᠠᠯᠠᠨ ᠬᠤᠳᠠᠯᠳᠤᠨ ᠠᠪᠬᠤ ᠶᠢ  

ᠪᠡᠶᠡᠯᠡᠬᠦᠯᠤᠨ᠎ᠠ᠃ ᠤᠨᠴᠠᠯᠢᠭᠳᠦ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠠ ᠶᠢ ᠪᠤᠯᠪᠠᠰᠤᠷᠠᠭᠤᠯᠬᠤ ᠠᠵᠤ

ᠦᠢᠯᠡᠰ ᠤᠨ ᠳᠠᠯ᠎ᠠ ᠪᠠᠷ ᠶᠡᠭᠡ ᠮᠠᠯᠵᠢᠯ ᠤᠨ ᠳᠠᠯᠠᠪᠠᠢ ᠶᠢᠨ ᠬᠤᠶᠠᠳᠤᠭᠠᠷ ᠬᠤᠭᠤᠴᠠᠭᠠᠨ ᠤ 1  ᠲᠦᠮᠡᠨ ᠳᠤᠨ

ᠦᠭᠡᠷ ᠤᠨ ᠮᠢᠬᠠᠨ ᠵᠢᠶᠠᠩ᠂  ᠬᠠᠢ ᠳ᠋ᠢ ᠯᠤᠤ 6000  ᠳᠤᠨ ᠤ ᠬᠦᠯᠳᠡᠬᠦᠦ ᠰᠤᠷᠭᠤᠭ ᠦᠭᠡᠷ ᠬᠤᠨᠢᠨ ᠮᠢᠬ᠎ᠠ᠂  

ᠲᠢᠶᠠᠨ ᠷᠦᠨ 750  ᠳᠤᠨ ᠤ ᠦᠨᠳᠤᠰᠤᠳᠠᠨ ᠤ ᠤᠨᠴᠠᠯᠢᠭᠳᠦ ᠢᠳᠡᠭᠡᠨ᠂  ᠮᠧᠩ ᠬᠦ᠋ ᠹᠧᠩ ᠾᠧ ᠡᠷᠳᠡᠨᠢ

ᠰᠢᠰᠢ ᠶᠢᠨ ᠦᠨᠳᠤᠷ ᠰᠢᠷᠪᠤᠰᠤᠯᠢᠭ ᠭᠤᠯᠢᠷ ᠪᠤᠯᠪᠠᠰᠤᠷᠠᠭᠤᠯᠬᠤ ᠵᠡᠷᠭᠡ ᠲᠦᠷᠦᠯ ᠵᠦᠢᠯ ᠢ ᠦᠢᠯᠡᠳᠪᠤᠷᠢᠯᠡᠯ ᠤᠨ

ᠴᠢᠳᠠᠪᠤᠷᠢ ᠳᠤᠨᠢ ᠬᠦᠷᠭᠡᠵᠤ ᠡᠷᠬᠢᠯᠳᠠ ᠶᠢ ᠠᠬᠢᠭᠤᠯᠤᠨ᠎ᠠ᠂  ᠪᠠᠩ ᠵᠢᠶᠧ ᠦᠭᠡᠷ ᠬᠤᠨᠢᠨ ᠤ ᠪᠦᠷᠢᠨ ᠠᠵᠤ ᠦᠢᠯᠡᠰ

 ᠤᠨ ᠬᠢᠨᠵᠢ᠂  ᠴᠢᠤ ᠹᠧᠩ ᠳᠠᠷᠢᠶᠠᠯᠠᠩ ᠤᠨ ᠠᠷᠠᠯᠵᠢᠶᠠᠨ ᠤ ᠡᠯᠳᠡᠪ ᠠᠮᠤ ᠶᠢ ᠪᠤᠯᠪᠠᠰᠤᠷᠠᠭᠤᠯᠬᠤ᠂  ᠰᠢᠩ ᠬᠤᠸᠠ

ᠰᠤᠯᠠ ᠢᠳᠡᠭᠡᠨ ᠤ ᠠᠵᠤ ᠦᠢᠯᠡᠳᠪᠤᠷᠢ ᠶᠢᠨ ᠳᠤᠭᠤᠷᠢᠭ ᠵᠡᠷᠭᠡ ᠲᠦᠷᠦᠯ ᠵᠦᠢᠯ ᠢ ᠪᠠᠶᠢᠭᠤᠯᠤᠨ ᠳᠠᠭᠤᠰᠬᠠᠵᠤ

ᠦᠢᠯᠡᠳᠪᠤᠷᠢᠯᠡᠬᠦ ᠶᠢ ᠠᠬᠢᠭᠤᠯᠤᠨ᠎ᠠ᠃  ᠦᠩᠭᠡᠳᠦ ᠳᠠᠮᠦᠷᠯᠢᠭ ᠪᠠ ᠳᠠᠮᠦᠷᠯᠢᠭ ᠪᠤᠰᠤ ᠶᠢᠨ ᠨᠡᠭᠡᠭᠡᠯᠳᠡ ᠶᠢᠨ ᠠᠵᠤ

ᠦᠢᠯᠡᠰ ᠲᠤ ᠬᠠᠶᠢᠨ ᠬᠡᠮᠵᠢᠬᠦ ᠤᠬᠤᠵᠤ ᠮᠠᠯᠳᠠᠬᠤ ᠳᠠᠮᠦᠷᠯᠢᠭ ᠰᠤᠩᠭᠤᠬᠤ ᠶᠢ ᠨᠢᠭᠡ ᠴᠤᠭᠴᠠᠵᠢᠭᠤᠯᠤᠭᠰᠠᠨ

ᠬᠦᠭᠵᠢᠯᠳᠠ ᠶᠢ ᠦᠷᠬᠦᠯᠵᠢᠯᠠᠨ ᠠᠬᠢᠭᠤᠯᠵᠤ᠂  ᠠᠭᠤᠷᠬᠠᠢ ᠶᠢᠨ ᠭᠠᠷᠤᠯᠳᠠ ᠶᠢᠨ ᠡᠭᠢ ᠪᠠᠶᠠᠯᠢᠭ ᠢ ᠬᠠᠶᠢᠨ ᠬᠡᠮᠵᠢᠬᠦ

ᠬᠦᠴᠤᠨ ᠢᠶᠠᠨ ᠶᠡᠭᠡᠰᠭᠡᠵᠤ᠂ 2   ᠠᠴᠠ ᠳᠡᠭᠡᠭᠰᠢ ᠬᠠᠶᠢᠨ ᠬᠡᠮᠵᠢᠭᠰᠡᠨ ᠲᠦᠷᠦᠯ ᠵᠦᠢᠯ ᠤᠨ ᠬᠡᠮᠵᠢᠯᠳᠠ ᠶᠢᠨ ᠦᠷ᠎ᠠ

ᠳ᠋ᠦᠩ ᠢᠶᠠᠨ ᠳᠤᠰᠢᠶᠠᠬᠤ ᠶᠢ ᠪᠡᠶᠡᠯᠡᠬᠦᠯᠤᠨ᠂  ᠨᠡᠭᠡᠭᠡᠨ ᠠᠰᠢᠭᠯᠠᠬᠤ ᠨᠦᠬᠦᠴᠡᠯ ᠢ ᠪᠦᠷᠢᠯᠳᠦᠬᠦᠯᠤᠨ᠎ᠠ︔  ᠯᠤ᠋ ᠠᠨ

ᠠᠭᠤᠷᠬᠠᠢ ᠶᠢᠨ ᠭᠠᠷᠤᠯᠳᠠ ᠶᠢᠨ ᠬᠤᠪᠤᠷ ᠳᠠᠮᠦᠷᠯᠢᠭ ᠤᠨ ᠠᠭᠤᠷᠬᠠᠢ ᠶᠢᠨ ᠨᠠᠭᠡᠭᠡᠯᠳᠡ᠂   ᠲᠠᠢ ᠳ᠋ᠠ ᠺᠤᠮᠫᠠᠨᠢ ᠶᠢᠨ

ᠳᠠᠨᠢᠭᠡᠷ ᠴᠢᠯᠠᠭᠤᠨ ᠤ ᠡᠭᠢ ᠪᠠᠶᠠᠯᠢᠭ ᠢ ᠶᠡᠷᠦᠩᠭᠡᠶᠢᠯᠠᠨ ᠠᠰᠢᠭᠯᠠᠬᠤ ᠲᠦᠷᠦᠯ ᠵᠦᠢᠯ ᠢ ᠳᠤᠭᠳᠠᠭᠰᠠᠨ ᠬᠤᠭᠤᠴᠠᠭᠠᠨ

 ᠳᠤ ᠦᠢᠯᠡᠳᠪᠤᠷᠢᠯᠠᠯ ᠢ ᠨᠢ ᠡᠬᠢᠯᠡᠬᠦᠯᠬᠦ ᠪᠠᠷ ᠬᠦᠴᠤᠯᠠᠨ  ᠴᠢᠷᠮᠠᠶᠢᠨ᠎ᠠ᠃   ᠱᠢ ᠵᠠᠩ ᠤᠨ ᠦᠨᠳᠤᠷ —  

ᠳᠠᠶᠢᠫᠢᠩᠱᠠᠨ ᠤ ᠬᠠᠷ᠎ᠠ ᠳᠤᠭᠤᠯᠭ᠎ᠠ ᠴᠠᠶᠢᠷ ᠤᠨ ᠠᠭᠤᠷᠬᠠᠢ ᠶᠢᠨ ᠰᠤᠳᠠᠰᠤᠨ ᠳᠠᠬᠢ 3  ᠠᠵᠤ  ᠠᠬᠤᠶᠢᠯᠠᠯ ᠢ

ᠴᠡᠭᠴᠡᠯᠡᠨ ᠨᠠᠶᠢᠯᠡᠬᠦᠯᠵᠤ᠂  ᠳᠤᠮᠤ ᠬᠡᠯᠪᠡᠷᠢ ᠶᠢᠨ ᠦᠩᠭᠡᠳᠦ ᠳᠠᠮᠦᠷᠯᠢᠭ ᠤᠨ ᠨᠡᠭᠡᠭᠡᠯᠳᠡ ᠶᠢᠨ ᠠᠵᠤ  ᠠᠬᠤᠶᠢᠯᠠᠯ ᠢ

ᠪᠦᠷᠢᠯᠳᠦᠬᠦᠯᠤᠨ᠎ᠠ᠃

    ᠪᠦᠬᠦ ᠬᠦᠴᠤᠨ ᠢᠶᠠᠷ ᠢᠶᠠᠨ ᠭᠤᠤᠯᠠᠯᠠᠭᠴᠢ ᠠᠵᠤ ᠦᠢᠯᠡᠰ ᠤᠨ ᠬᠡᠯᠪᠡᠷᠢ ᠪᠠᠨ ᠥᠭᠡᠷᠡᠳᠤᠭᠦᠯᠥᠨ ᠳᠡᠰ

ᠳᠠᠪᠰᠢᠬᠤ ᠶᠢ ᠠᠬᠢᠭᠤᠯᠤᠨ᠎ᠠ᠃  ᠬᠦᠩᠭᠡᠨ ᠴᠠᠭᠠᠨ ᠤ ᠠᠵᠤ ᠦᠢᠯᠡᠳᠪᠤᠷᠢ ᠶᠢᠨ ᠰᠢᠨ᠎ᠠ ᠮᠠᠲ᠋ᠧᠷᠢᠶᠠᠯ ᠤᠨ ᠠᠵᠤ

ᠦᠢᠯᠡᠰ ᠲᠤ ᠳᠤᠭᠳᠠᠭᠤᠨ ᠢᠶᠠᠷ ᠬᠠᠳᠠᠭᠠᠯᠠᠵᠤ ᠪᠠᠶᠢᠭ᠎ᠠ ᠬᠡᠮᠵᠢᠶ᠎ᠠ ᠪᠠᠨ ᠰᠢᠢᠳᠪᠤᠷᠢᠯᠠᠵᠤ᠂  ᠨᠡᠮᠡᠭᠳᠡᠬᠦ ᠬᠡᠮᠵᠢᠶ᠎ᠡ ᠪᠠᠨ

ᠰᠢᠯᠢᠳᠡᠭᠵᠢᠬᠦᠯᠬᠦ ᠵᠠᠷᠴᠢᠮ ᠢ ᠪᠠᠷᠢᠮᠳᠠᠯᠠᠨ᠂  ᠨᠢᠭᠡ ᠲᠠᠯ᠎ᠠ ᠪᠠᠷ ᠳᠡᠳᠬᠦᠨ ᠳᠠᠮᠵᠢᠬᠦ ᠲᠦᠷᠦ ᠶᠢᠨ ᠪᠤᠳᠤᠯᠭ᠎ᠠ

ᠳᠤᠭᠳᠠᠭᠠᠨ᠂ ᠤᠳᠤ ᠪᠠᠶᠢᠭ᠎ᠠ ᠠᠩᠬᠠᠨ ᠤ ᠱᠠᠳᠤᠨ ᠤ ᠬᠦᠩᠭᠡᠨ ᠴᠠᠭᠠᠨ ᠤ ᠦᠢᠯᠡᠳᠬᠦᠨ ᠢ ᠪᠤᠯᠪᠠᠰᠤᠷᠠᠭᠤᠯᠬᠤ

ᠠᠵᠤ ᠠᠬᠤᠶᠢᠯᠠᠯ ᠤᠨ ᠠᠵᠤ ᠦᠢᠯᠡᠰ ᠤᠨ ᠬᠢᠨᠵᠢ ᠪᠠᠨ ᠤᠷᠳᠤᠳᠬᠠᠬᠤ ᠶᠢ ᠬᠦᠳᠤᠯᠤᠨ  ᠲᠠᠶᠢᠴᠢᠯᠠᠵᠤ᠂ ᠳᠤᠮᠳᠡ

ᠳᠡᠭᠡᠳᠦ ᠲᠡᠰ ᠤᠨ ᠬᠦᠩᠭᠡᠨ ᠴᠠᠭᠠᠨ ᠤ ᠠᠵᠤ ᠦᠢᠯᠡᠳᠪᠤᠷᠢ ᠶᠢᠨ ᠰᠢᠨ᠎ᠠ ᠮᠠᠲ᠋ᠧᠷᠢᠶᠠᠯ ᠦᠢᠯᠡᠳᠪᠤᠷᠢᠯᠡᠬᠦ ᠱᠤᠭᠤᠮ ᠢ

ᠪᠠᠶᠢᠭᠤᠯᠬᠤ ᠪᠠᠷ ᠴᠢᠷᠮᠠᠶᠢᠨ᠎ᠠ︔  ᠨᠦᠬᠦᠭᠡ ᠲᠠᠯ᠎ᠠ ᠪᠠᠷ ᠬᠦᠩᠭᠡᠨ ᠴᠠᠭᠠᠨ ᠢ ᠨᠠᠷᠢᠯᠢᠭ ᠪᠤᠯᠪᠠᠰᠤᠷᠠᠭᠤᠯᠬᠤ᠂ ᠦᠯᠢᠭᠡᠷ

ᠵᠠᠭᠪᠤᠷ ᠲᠦᠬᠦᠷᠵᠢᠭᠰᠡᠨ ᠲᠦᠷᠦᠯ ᠵᠦᠢᠯ ᠢ ᠬᠦᠴᠤᠯᠠᠨ ᠳᠠᠳᠠᠨ ᠤᠷᠤᠭᠤᠯᠵᠤ᠂ ᠬᠦᠩᠭᠡᠨ ᠴᠠᠭᠠᠨ ᠢ ᠳᠠᠬᠢᠨ

ᠪᠤᠯᠪᠠᠰᠤᠷᠠᠭᠤᠯᠬᠤ ᠠᠵᠤ ᠦᠢᠯᠡᠰ ᠤᠨ ᠳᠡᠰ‌‍ᠴᠢᠨᠠᠷ ᠢ ᠳᠡᠭᠡᠭᠰᠢᠯᠡᠬᠦᠵᠤ᠂ ᠬᠦᠩᠭᠡᠨ ᠴᠠᠭᠠᠨ ᠤ ᠠᠩᠬᠠᠨ ᠤ

ᠦᠢᠯᠡᠳᠬᠦᠨ ᠢ ᠳᠤᠰ ᠭᠠᠵᠠᠷ ᠲᠤ ᠪᠠᠨ ᠬᠤᠪᠢᠷᠠᠭᠤᠯᠤᠨ ᠦᠷᠳᠡᠭ ᠨᠡᠮᠡᠭᠳᠡᠬᠦᠯᠬᠦ ᠶᠢ ᠪᠡᠶᠡᠯᠡᠬᠦᠯᠬᠦ ᠶᠢ ᠲᠦᠯᠬᠢᠨ

ᠠᠬᠢᠭᠤᠯᠤᠨ᠎ᠠ᠃ ᠮᠠᠷᠠᠶᠢᠨ ᠴᠢᠷᠮᠠᠶᠢᠵᠤ ᠰᠢᠨ᠎ᠠ ᠠᠵᠢᠯ ᠡᠬᠢᠯᠠᠨ ᠪᠠᠶᠢᠭᠤᠯᠤᠭᠰᠠᠨ ᠬᠦᠩᠭᠡᠨ ᠴᠠᠭᠠᠨ ᠤ ᠨᠠᠷᠢᠯᠢᠭ

ᠪᠤᠯᠪᠠᠰᠤᠷᠠᠭᠤᠯᠬᠤ ᠲᠦᠷᠦᠯ ᠵᠦᠢᠯ ᠢ 5   ᠠᠴᠠ ᠳᠡᠭᠡᠭᠰᠢ ᠬᠦᠷᠭᠡᠵᠤ᠂ ᠳᠡᠭᠡᠳᠦ ᠰᠢᠨ᠎ᠠ ᠨᠠᠷᠢᠯᠢᠭ ᠬᠦᠩᠭᠡᠨ ᠴᠠᠭᠠᠨ

 ᠤ ᠦᠢᠯᠡᠳᠬᠦᠨ ᠤ ᠲᠦᠷᠦᠯ ᠵᠦᠢᠯ ᠢ 20   ᠠᠴᠠ ᠳᠡᠭᠡᠭᠰᠢ  ᠭᠦᠷᠬᠡᠵᠤ᠂  ᠬᠦᠩᠭᠡᠨ ᠴᠠᠭᠠᠨ ᠤ ᠤᠰᠤᠨ ᠤ ᠡᠭᠢ

ᠰᠤᠷᠪᠤᠯᠵᠢ ᠶᠢ ᠳᠡᠷᠡ ᠭᠠᠵᠠᠷ ᠲᠤᠨᠢ ᠬᠤᠪᠢᠷᠠᠭᠠᠬᠤ ᠨᠤᠷᠮ᠎ᠠ ᠶᠢ 80%   ᠳᠤ ᠬᠦᠷᠭᠡᠨ᠎ᠠ᠃ ᠳᠡᠭᠡᠳᠦ ᠮᠡᠷᠭᠡᠵᠢᠯ ᠤᠨ

ᠨᠡᠬᠦᠷᠠᠰᠤᠨ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠲᠤ ᠭᠤᠤᠯᠳᠠᠭᠤ ᠳᠠᠷᠤᠢ ᠪᠤᠢ ᠪᠤᠯᠬᠤ ᠭᠡᠳ

ᠪᠠᠶᠢᠭ᠎ᠠ ᠡᠲ᠋ᠠ ᠬᠤᠶᠠᠷᠴᠢ ᠠᠯᠺᠤᠤᠯ ᠪᠠᠷ ᠲᠦᠰᠢᠯᠭᠡ ᠪᠤᠯᠭᠠᠨ᠂ ᠡᠨᠧᠷᠭᠢ ᠠᠷᠪᠢᠯᠠᠬᠤ ᠤᠷᠴᠢᠨ ᠳᠤᠭᠤᠷᠢᠨ ᠢ

ᠬᠠᠮᠠᠭᠠᠯᠠᠬᠤ ᠱᠠᠭᠠᠷᠳᠠᠯᠭ᠎ᠠ ᠪᠠᠷ᠂ ᠪᠦᠭᠡᠮᠨᠡᠷᠠᠯ ᠡᠰᠲ᠋ᠧᠷ ᠤᠨ ᠳ᠋ᠢᠯᠦ᠋ᠨ᠂ ᠪᠦᠭᠡᠮᠨᠡᠷᠡᠯ ᠡᠰᠲ᠋ᠧᠷ ᠤᠨ  ᠳᠠᠪᠠᠷᠬᠠᠢ ᠵᠡᠷᠭᠡ

ᠳᠠᠷᠠᠭᠠᠭᠢ ᠨᠠᠷᠢᠯᠢᠭᠵᠢᠭᠤᠯᠤᠭᠰᠠᠨ ᠲᠦᠷᠦᠯ ᠵᠦᠢᠯ ᠢ ᠲᠦᠷᠭᠡᠨ ᠲᠦᠯᠦᠪᠯᠡᠬᠦ ᠪᠠ ᠳᠠᠳᠠᠨ ᠤᠷᠤᠭᠤᠯᠤᠨ᠎ᠠ᠃

ᠤᠨᠴᠠᠯᠢᠭᠳᠦ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠠ ᠶᠢ ᠪᠤᠯᠪᠠᠰᠤᠷᠠᠭᠤᠯᠬᠤ ᠠᠵᠤ ᠦᠢᠯᠡᠰ ᠲᠤ

ᠭᠤᠤᠯᠳᠠᠭᠤ ᠤᠳᠤ ᠪᠠᠶᠢᠭ᠎ᠠ ᠦᠢᠯᠡᠳᠪᠤᠷᠢᠯᠠᠯ ᠤᠨ ᠴᠢᠳᠠᠪᠤᠷᠢ ᠳᠤ ᠪᠠᠨ ᠲᠦᠰᠢᠭᠯᠡᠨ᠂ ᠭᠤᠤᠯᠳᠠᠯᠭ᠎ᠠ ᠲᠠᠢ ᠠᠵᠤ

ᠠᠬᠤᠶᠢᠯᠠᠯ ᠢ ᠬᠦᠳᠤᠯᠤᠨ‌ᠡᠯᠳᠡᠪ ᠠᠮᠤ ᠮᠢᠬᠠᠨ ᠢᠳᠡᠭᠡᠨ ᠢ ᠨᠠᠷᠢᠯᠢᠭ ᠪᠤᠯᠪᠠᠰᠤᠷᠠᠭᠤᠯᠵᠤ᠂ ᠠᠮᠢᠳᠠᠨ ᠤ ᠳᠤᠳᠤᠷ

ᠡᠷᠭᠡᠳᠡᠨ ᠤ ᠬᠡᠷᠡᠭᠴᠡᠭᠡ ᠲᠠᠢ ᠬᠡᠰᠡᠭ ᠢ ᠢᠯᠭᠠᠨ ᠠᠪᠬᠤ᠂ ᠬᠦᠢᠯᠡᠰᠤᠨ ᠴᠦᠮ᠎ᠠ ᠶᠢ ᠨᠠᠷᠢᠯᠢᠭ ᠪᠤᠯᠪᠠᠰᠤᠷᠠᠭᠤᠯᠬᠤ᠂  

ᠦᠭᠡᠷ ᠬᠤᠨᠢᠨ ᠮᠢᠬᠠᠨ ᠤ ᠦᠢᠯᠡᠳᠬᠦᠨ ᠢ ᠦᠢᠯᠡᠳᠪᠤᠷᠢᠯᠡᠬᠦ ᠵᠡᠷᠭᠡ ᠮᠡᠷᠭᠡᠵᠢᠯ ᠤᠨ  ᠠᠭᠤᠯᠬᠤᠨ ᠦᠨᠳᠤᠷ᠂

ᠦᠢᠯᠡᠳᠬᠦᠨ ᠤ ᠨᠡᠮᠡᠭᠳᠡᠯ ᠦᠷᠳᠡᠭ ᠦᠨᠳᠤᠷ ᠲᠦᠷᠦᠯ ᠵᠦᠢᠯ ᠢ ᠢᠳᠡᠪᠬᠢᠳᠠᠢ ᠪᠠᠷ ᠳᠠᠳᠠᠨ ᠤᠷᠤᠭᠤᠯᠵᠤ᠂  

ᠪᠤᠬᠢᠷᠳᠤᠯ ᠦᠭᠡᠢ᠂ ᠤᠷᠭᠠᠨᠢᠭ᠂  ᠠᠮᠤᠷ ᠲᠦᠪᠰᠢᠨ᠂  ᠪᠠᠶᠢᠭᠠᠯᠢᠭ ᠵᠠᠷᠤᠳ ᠤᠨ ᠳᠠᠷᠢᠶᠠᠯᠠᠩ ᠤᠨ ᠭᠠᠷᠤᠯᠳᠠ ᠮᠠᠯ

 ᠤᠨ ᠠᠰᠢᠭ ᠰᠢᠮ᠎ᠠ ᠶᠢᠨ ᠦᠢᠯᠡᠳᠬᠦᠨ ᠤ ᠨᠡᠷᠡᠳᠦ ᠳᠡᠮᠳᠡᠭ   ᠢ ᠪᠤᠢ ᠪᠤᠯᠭᠠᠨ᠎ᠠ᠃

   ᠪᠦᠭᠦ ᠬᠦᠴᠤᠨ ᠢᠶᠠᠷ ᠢᠶᠠᠨ ᠳᠤᠬᠢᠶᠠᠯ ᠢ ᠴᠢᠩᠭ᠎ᠠ ᠠᠳᠬᠤᠵᠤ ᠰᠢᠨ᠎ᠠ ᠲᠦᠷᠦᠯ ᠵᠦᠢᠯ ᠢ ᠬᠦᠮᠦᠵᠢᠬᠦᠯᠤᠨ᠎ᠠ᠃  

ᠲᠦᠷᠦ ᠶᠢᠨ ᠶᠠᠪᠤᠳᠠᠯ ᠤᠨ ᠬᠤᠷᠢᠶᠠᠨ ᠤ ᠤᠷᠴᠢᠮ ᠤᠨ ᠬᠤᠭᠤᠴᠠᠭᠠᠨ   ᠳᠤ ᠵᠡᠬᠦᠨ ᠬᠤᠶᠢᠳᠦ ᠶᠢᠨ ᠬᠦᠭᠵᠢᠯᠳᠠ ᠶᠢ

ᠳᠡᠮᠵᠢᠬᠦ᠂  ᠲᠦᠩᠯᠢᠶᠤᠤ ᠳᠤ ᠴᠠᠬᠢᠯᠭᠠᠨ ᠬᠦᠴᠤᠨ ᠤ ᠦᠪᠡᠷ ᠢᠶᠠᠨ ᠡᠵᠡᠩᠨᠡᠬᠦ ᠤᠷᠤᠨ ᠢ ᠪᠠᠶᠢᠭᠤᠯᠬᠤ ᠳᠤᠷᠰᠢᠬᠤ

ᠴᠢᠭ ᠤᠨ ᠠᠵᠠ ᠳᠤᠬᠢᠶᠠᠯ ᠢ ᠴᠢᠩᠭᠠᠳᠠ ᠠᠳᠬᠤᠵᠤ᠂  ᠦᠢᠯᠡᠳᠪᠤᠷᠢᠯᠠᠯ ᠤᠨ ᠴᠢᠳᠠᠪᠤᠷᠢ ᠪᠠᠷ ᠢᠶᠠᠨ ᠰᠢᠭᠤᠳ

ᠰᠤᠯᠢᠬᠤ ᠵᠡᠷᠭᠡ ᠠᠷᠭ᠎ᠠ ᠶᠢ ᠦᠷᠬᠦᠯᠵᠢᠯᠠᠨ ᠳᠤᠷᠰᠢᠵᠤ᠂  ᠨᠡᠬᠦᠷᠠᠰᠤ ᠴᠠᠬᠢᠯᠭᠠᠨ ᠬᠦᠩᠭᠡᠨ ᠴᠠᠭᠠᠨ ᠵᠢᠴᠢ ᠬᠦᠩᠭᠡᠨ

ᠴᠠᠭᠠᠨ ᠤ ᠠᠵᠤ ᠦᠢᠯᠡᠳᠪᠤᠷᠢ ᠶᠢᠨ ᠰᠢᠨ᠎ᠠ ᠮᠠᠲ᠋ᠧᠷᠢᠶᠠᠯ ᠤᠨ ᠠᠵᠤ ᠦᠢᠯᠡᠰ ᠤᠨ ᠬᠡᠪᠴᠢᠶ᠎ᠠ ᠪᠠᠨ ᠤᠯᠠᠮ ᠨᠢᠭᠡ

ᠠᠯᠬᠤᠮ ᠦᠷᠭᠡᠳᠭᠡᠵᠤ᠂  ᠬᠤᠩ ᠵᠢᠶᠦ᠋ᠨ ᠬᠦᠩᠭᠡᠨ ᠴᠠᠭᠠᠨ ᠴᠠᠬᠢᠯᠭᠠᠨ ᠤ ᠵᠠᠬᠠᠨᠠᠭᠤᠷ ᠬᠤᠶᠠᠳᠤᠭᠠᠷ ᠬᠤᠭᠤᠴᠠᠭᠠᠨ

 ᠤ ᠬᠦᠩᠭᠡᠨ ᠴᠠᠭᠠᠨ ᠤ ᠠᠵᠤ ᠦᠢᠯᠡᠳᠪᠤᠷᠢ ᠶᠢᠨ ᠰᠢᠨ᠎ᠠ ᠮᠠᠲ᠋ᠧᠷᠢᠶᠠᠯ ᠵᠢᠴᠢ ᠲᠦᠬᠦᠷᠵᠢᠭᠰᠡᠨ ᠬᠦᠳᠡᠯᠭᠡᠬᠦᠷᠳᠤ

ᠦᠢᠯᠡᠳᠪᠤᠷᠢᠯᠠᠯ ᠤᠨ ᠳᠠᠰᠤᠭ ᠤᠨ ᠲᠦᠷᠦᠯ ᠵᠦᠢᠯ ᠤᠨ ᠡᠯ᠎ᠠ ᠵᠦᠢᠯ ᠤᠨ ᠡᠮᠤᠨᠡᠭᠢ ᠬᠤᠭᠤᠴᠠᠭᠠᠨ ᠤ ᠠᠵᠢᠯ ᠢ

ᠲᠦᠯᠬᠢᠨ ᠠᠬᠢᠭᠤᠯᠤᠨ᠎ᠠ᠃  ᠤᠯᠤᠰ ᠠᠴᠠ ᠵᠠᠷᠤᠳ ᠬᠤᠰᠢᠭᠤ ᠠᠴᠠ ᠾᠧᠨᠠᠨ ᠬᠦᠷᠬᠦ ᠳᠤᠭᠳᠠᠮᠠᠯ ᠬᠦᠶᠤᠳᠠᠯᠳᠦ

ᠦᠨᠳᠤᠷ ᠬᠦᠴᠤᠳᠠᠯᠳᠦ ᠭᠠᠳᠠᠭᠰᠢ ᠬᠦᠷᠭᠡᠬᠦ ᠱᠤᠭᠤᠮ ᠢ ᠲᠦᠯᠦᠪᠯᠡᠨ ᠪᠠᠶᠢᠭᠤᠯᠬᠤ ᠭᠡᠵᠤ ᠪᠠᠶᠢᠭ᠎ᠠ ᠠᠵᠠ ᠳᠤᠬᠢᠶᠠᠯ

 ᠢ ᠴᠢᠩᠭᠠᠳᠠ ᠠᠳᠬᠤᠵᠤ᠂  ᠨᠢᠭᠡ ᠪᠦᠯᠦᠭ ᠰᠠᠯᠬᠢᠨ ᠭᠡᠷᠡᠯ ᠭᠠᠯ ᠢ ᠬᠠᠷᠢᠯᠴᠠᠨ ᠨᠦᠬᠦᠪᠤᠷᠢᠯᠡᠭᠰᠡᠨ ᠴᠠᠬᠢᠯᠭᠠᠨ

ᠡᠬᠦᠰᠭᠡᠬᠦ‍ ᠴᠢᠭ ᠤᠨ ᠲᠦᠷᠦᠯ ᠵᠦᠢᠯ ᠢ ᠲᠦᠬᠦᠷᠵᠢᠬᠦᠯᠤᠨ ᠪᠠᠶᠢᠭᠤᠯᠵᠤ᠂  ᠭᠤᠤᠯᠳᠠᠭᠤ ᠬᠤᠸᠠ ᠳ᠋ᠢᠶᠠᠨ ᠳᠡᠯᠡᠭᠡᠢ

 ᠶᠢᠨ 2×100 ᠲᠦᠮᠡᠨ ᠺᠢᠯᠤᠸᠠᠲ ᠤᠨ ᠭᠠᠯ ᠴᠠᠬᠢᠯᠭᠠᠨ᠂  ᠮᠧᠩ ᠳ᠋ᠦᠩ ᠡᠨᠧᠷᠭᠢ ᠶᠢᠨ ᠰᠤᠷᠪᠤᠯᠵᠢ ᠶᠢᠨ 100

 ᠲᠦᠮᠡᠨ ᠺᠢᠯᠤᠸᠠᠲ ᠤᠨ ᠡᠯᠡᠰᠤᠷᠭᠡᠭ ᠭᠠᠵᠠᠷ ᠢ ᠵᠠᠰᠠᠬᠤ ᠬᠡᠷᠡᠯ ᠢᠶᠠᠷ ᠴᠠᠬᠢᠯᠭᠠᠨ ᠡᠬᠦᠰᠭᠡᠬᠦ ᠳᠠᠭᠤᠷᠢᠶᠠᠯ ᠦᠵᠡᠬᠦᠯᠬᠦ

ᠲᠦᠷᠦᠯ ᠵᠦᠢᠯ ᠤᠨ ᠡᠮᠤᠨᠡᠭᠢ ᠬᠤᠭᠤᠴᠠᠭᠠᠨ ᠤ ᠠᠵᠢᠯ ᠡᠬᠢᠯᠡᠬᠦ ᠶᠢ ᠲᠦᠯᠬᠢᠨ ᠠᠬᠢᠭᠤᠯᠤᠨ᠎ᠠ᠃

   ᠪᠦᠭᠦ ᠬᠦᠴᠤᠨ ᠢᠶᠠᠷ ᠢᠶᠠᠨ ᠠᠵᠤ ᠦᠢᠯᠡᠳᠪᠤᠷᠢᠯᠠᠯ ᠤᠨ ᠳᠤᠭᠤᠷᠢᠭ ᠤᠨ ᠳᠡᠭᠡᠭᠡᠴᠡ ᠶᠢᠨ ᠴᠢᠳᠠᠪᠤᠷᠢ ᠶᠢ

ᠳᠡᠭᠡᠭᠰᠢᠯᠡᠬᠦᠯᠤᠨ᠎ᠠ᠃  ᠵᠠᠷᠤᠳ ᠬᠤᠰᠢᠭᠤᠨ ᠤ ᠠᠵᠤ ᠦᠢᠯᠡᠳᠪᠤᠷᠢ ᠶᠢᠨ ᠳᠤᠭᠤᠷᠢᠭ ᠢ ᠦᠪᠡᠷᠳᠡᠭᠡᠨ ᠵᠠᠰᠠᠬᠤ

ᠤᠷᠤᠨ ᠤ ᠳᠡᠰ ᠤᠨ ᠠᠵᠤ ᠦᠢᠯᠡᠳᠪᠤᠷᠢ ᠶᠢᠨ ᠳᠤᠭᠤᠷᠢᠭ ᠪᠤᠯᠭᠠᠨ ᠳᠡᠰ ᠳᠡᠪᠰᠢᠬᠦᠯᠬᠦ ᠭᠤᠶᠤᠴᠢᠯᠠᠬᠤ ᠠᠵᠢᠯ ᠢ

ᠡᠬᠢᠯᠡᠬᠦᠯᠤᠨ᠂  ᠮᠠᠷᠠᠶᠢᠨ ᠴᠢᠷᠮᠠᠶᠢᠵᠤ ᠪᠤᠳᠠᠳᠠᠢ ᠠᠬᠢᠴᠡ ᠲᠠᠢ ᠪᠤᠯᠭᠠᠨ᠎ᠠ᠃  ᠵᠠᠬᠠᠨᠠᠭᠤᠷ ᠠᠵᠤ ᠦᠢᠯᠡᠳᠪᠤᠷᠢ ᠶᠢᠨ

ᠳᠤᠭᠤᠷᠢᠭ ᠲᠤ ᠭᠤᠤᠯᠳᠠᠭᠤ ᠵᠠᠮ ᠬᠠᠷᠢᠯᠴᠠᠭ᠎ᠠ᠂ ᠶᠡᠷᠦᠩᠭᠡᠶᠢᠯᠡᠭᠰᠡᠨ ᠬᠤᠭᠤᠯᠠᠢ ᠳᠤᠤᠷ᠂  ᠪᠤᠵᠠᠷ  ᠤᠰᠤ ᠶᠢ

ᠰᠢᠢᠳᠪᠤᠷᠢᠯᠡᠬᠦ ᠦᠢᠯᠡᠳᠪᠤᠷᠢ ᠵᠢᠴᠢ ᠳᠠᠬᠢᠨ ᠠᠰᠢᠭᠯᠠᠬᠤ᠂ ᠳᠤᠭᠤᠷᠢᠭ ᠤᠨ ᠦᠢᠯᠡᠴᠢᠯᠡᠭᠡᠨ ᠤ ᠲᠦᠪ᠂  ᠴᠠᠬᠢᠯᠭᠠᠨ

 ᠤ ᠦᠢᠯᠡᠳᠪᠤᠷᠢ ᠳᠤᠯᠠᠭᠠᠨ ᠬᠠᠩᠭᠠᠬᠤ ᠵᠡᠷᠭᠡ ᠲᠦᠬᠦᠷᠵᠢᠭᠰᠡᠨ ᠦᠢᠯᠡᠴᠢᠯᠡᠭᠡᠨ ᠤ ᠢᠨᠵᠧᠨᠧᠷᠢᠩ ᠢ ᠬᠡᠷᠡᠭᠵᠢᠬᠦᠯᠵᠤ᠂  

ᠵᠢᠯ ᠤᠨ ᠡᠴᠤᠰ ᠠᠴᠠ ᠡᠮᠤᠨ᠎ᠠ ᠠᠰᠢᠭᠯᠠᠯᠳᠠ ᠳᠤ ᠤᠷᠤᠵᠤ ᠬᠡᠷᠡᠭᠯᠡᠬᠦ ᠪᠠᠷ ᠴᠢᠷᠮᠠᠶᠢᠨ᠎ᠠ᠃ ᠯᠦᠪᠸᠢ ᠶᠢᠨ ᠠᠵᠤ

ᠦᠢᠯᠡᠳᠪᠤᠷᠢ ᠶᠢᠨ ᠳᠤᠭᠤᠷᠢᠭ ᠲᠤ ᠭᠤᠤᠯᠳᠠᠭᠤ ᠰᠢᠨ᠎ᠠ ᠳᠤᠭᠤᠷᠢᠭ ᠤᠨ ︽ᠭᠤᠷᠪᠠ ᠶᠢ ᠨᠡᠪᠳᠡᠷᠡᠬᠦᠯᠵᠤ ᠨᠢᠭᠡ ᠶᠢ

ᠲᠡᠭᠰᠢᠯᠡᠬᠦ︾ ᠰᠠᠭᠤᠷᠢ ᠲᠦᠬᠦᠭᠡᠷᠤᠮᠵᠢ ᠶᠢ ᠲᠦᠬᠦᠷᠵᠢᠬᠦᠯᠬᠦ ᠢᠨᠵᠧᠨᠧᠷᠢᠩ ᠤᠨ ᠪᠠᠶᠢᠭᠤᠯᠤᠯᠳᠠ ᠶᠢ ᠴᠢᠩᠭᠠᠳᠬᠠᠵᠤ᠂  

ᠭᠠᠵᠠᠷ ᠬᠡᠷᠡᠭᠯᠡᠬᠦ ᠨᠦᠭᠡᠴᠡ ᠶᠢᠨ ᠬᠡᠮᠵᠢᠶ᠎ᠡ ᠪᠠᠨ ᠤᠯᠠᠮ ᠨᠢᠭᠡ ᠠᠯᠬᠤᠮ ᠦᠷᠭᠡᠳᠭᠡᠵᠤ᠂ ᠳᠤᠭᠤᠷᠢᠭ ᠤᠨ

ᠦᠢᠯᠡᠳᠪᠤᠷᠢᠯᠠᠯ ᠤᠨ ᠵᠤᠭᠰᠤᠭᠰᠠᠨ ᠪᠠ ᠬᠠᠭᠠᠰ ᠵᠤᠭᠰᠤᠭᠰᠠᠨ ᠠᠵᠤ ᠠᠬᠤᠶᠢᠯᠠᠯ ᠢ ᠪᠠᠶᠢᠴᠠᠭᠠᠨ ᠴᠡᠪᠡᠷᠯᠡᠬᠦ ᠪᠡ

ᠠᠮᠢᠳᠤᠯᠢᠭᠵᠢᠭᠤᠯᠤᠨ ᠴᠡᠭᠴᠡᠯᠡᠵᠤ ᠨᠡᠶᠢᠯᠡᠬᠦᠯᠬᠦ ᠠᠵᠢᠯ ᠢ ᠰᠠᠶᠢᠳᠤᠷ ᠬᠢᠨ᠎ᠠ᠃ ᠳᠡᠭᠡᠳᠦ ᠮᠡᠷᠭᠡᠵᠢᠯ ᠤᠨ ᠨᠡᠬᠦᠷᠠᠰᠤᠨ

ᠬᠢᠮᠢ ᠶᠢᠨ ᠠᠵᠤ ᠦᠢᠯᠡᠳᠪᠤᠷᠢ ᠶᠢᠨ ᠳᠤᠭᠤᠷᠢᠭ ᠲᠤ ᠭᠤᠤᠯᠳᠠᠭᠤ  ᠳᠤᠭᠤᠷᠢᠭ ᠤᠨ ᠳᠤᠭᠤᠷᠢᠭᠤᠯ ᠵᠠᠮ᠂  

ᠶᠡᠷᠦᠩᠭᠡᠶᠢᠯᠡᠭᠰᠡᠨ ᠬᠤᠭᠤᠯᠠᠢ ᠳᠤᠤᠷ᠂  ᠳᠠᠮᠤᠷ ᠵᠠᠮ ᠤᠨ ᠳᠤᠰᠬᠠᠢ ᠱᠤᠭᠤᠮ ᠤᠨ ᠲᠦᠬᠦᠷᠵᠢᠭᠰᠡᠨ ᠲᠦᠬᠦᠭᠡᠷᠤᠮᠵᠢ

ᠪᠠ ᠮᠤᠳᠤ ᠤᠰᠤᠨ ᠴᠦᠬᠦᠷᠤᠮ ᠤᠨ ᠪᠠᠶᠢᠭᠤᠯᠤᠯᠳᠠ ᠶᠢ ᠲᠦᠷᠭᠡᠳᠭᠡᠵᠤ᠂ ᠠᠷᠤ ᠬᠦᠨᠳᠡᠯᠡᠨ ᠭᠤᠤᠯ᠂  ᠭᠠᠭ᠋ᠠᠶᠢᠳᠦ

ᠭᠤᠤᠯ ᠠᠴᠠ ᠤᠰᠤ ᠳᠠᠳᠠᠬᠤ ᠡᠮᠤᠨᠡᠭᠢ ᠠᠵᠢᠯ ᠢ ᠡᠬᠢᠯᠡᠬᠦᠯᠵᠤ᠂ ᠳᠠᠪᠢᠨ ᠤ ᠰᠦᠮ᠎ᠠ ᠳᠤ ᠤᠰᠤ ᠬᠠᠩᠭᠠᠬᠤ᠂  

ᠯᠦᠪᠸᠢ ᠶᠢᠨ ᠪᠤᠵᠠᠷ ᠤᠰᠤᠨ ᠤ ᠦᠢᠯᠡᠳᠪᠤᠷᠢ ᠶᠢᠨ ᠤᠰᠤ ᠶᠢ ᠳᠠᠬᠢᠨ ᠠᠰᠢᠭᠯᠠᠬᠤ᠂ ᠹᠦ᠋ ᠾᠧ 220 ᠺᠢᠯᠤᠸᠠᠲ

 ᠶᠢᠨ ᠬᠦᠴᠤᠳᠠᠯ ᠦᠭᠡᠷᠡᠴᠢᠯᠡᠬᠦ ᠦᠷᠳᠡᠭᠡ ᠶᠢᠨ ᠨᠢᠭᠡᠳᠦᠭᠡᠷ ᠬᠤᠭᠤᠴᠠᠭᠠᠨ ᠤ ᠠᠵᠢᠯ᠂ ᠯᠤ᠋ ᠺᠠᠩ ᠱᠤᠭᠤᠮ ᠤᠨ

ᠴᠠᠬᠢᠯᠭᠠᠨ ᠬᠦᠷᠭᠡᠬᠦ ᠱᠤᠭᠤᠮ   ᠢ ᠪᠤᠰᠬᠠᠬᠤ᠂ ᠤᠰᠤ ᠬᠠᠩᠭᠠᠬᠤ ᠦᠢᠯᠡᠳᠪᠤᠷᠢ᠂  ᠪᠤᠵᠠᠷ ᠤᠰᠤ ᠶᠢ ᠰᠢᠢᠳᠪᠤᠷᠢᠯᠡᠬᠦ

ᠦᠢᠯᠡᠳᠪᠤᠷᠢ᠂  ᠭᠠᠯ ᠤᠨᠳᠠᠷᠠᠭᠠᠬᠤ ᠦᠷᠳᠡᠭᠡ ᠵᠡᠷᠭᠡ ᠢᠨᠵᠧᠨᠧᠷᠢᠩ ᠢ  ᠴᠠᠭ ᠤᠨ ᠳᠠᠷᠠᠭᠠᠯᠠᠯ ᠠᠵᠢᠯ ᠤᠨ ᠠᠬᠢᠴᠡ

 ᠪᠠᠷ ᠨᠢ ᠪᠠᠶᠢᠭᠤᠯᠵᠤ  ᠳᠠᠭᠤᠰᠬᠠᠬᠤ ᠶᠢ ᠦᠨᠡᠨᠬᠦ ᠪᠠᠳᠤᠯᠠᠨ᠎ᠠ᠃

     ︵ᠬᠤᠶᠠᠷ︶   ᠬᠦᠴᠤᠨ ᠢᠶᠠᠨ ᠲᠦᠪᠯᠡᠷᠡᠬᠦᠯᠤᠨ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠶᠢᠨ

ᠬᠡᠯᠪᠡᠷᠢ ᠪᠠᠨ ᠬᠤᠪᠢᠷᠠᠭᠤᠯᠤᠨ᠂  ᠳᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢᠨ ᠬᠢᠷᠢ ᠲᠦᠪᠰᠢᠨ  

 ᠢᠶᠠᠨ ᠳᠡᠭᠡᠭᠰᠢᠯᠡᠬᠦᠯᠤᠨ᠎ᠠ

ᠳᠡᠷᠢᠶᠠᠯᠠᠩ ᠮᠠᠯ ᠠᠵᠤ ᠠᠬᠤᠢ ᠶᠢᠨ ᠰᠠᠭᠤᠷᠢ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠴᠢᠩᠭᠠᠳᠬᠠᠵᠤ᠂

ᠳᠠᠷᠢᠶᠠᠯᠠᠩ ᠮᠠᠯ ᠠᠵᠤ ᠠᠬᠤᠢ ᠶᠢᠨ ᠶᠡᠷᠦᠩᠭᠡᠶᠢᠯᠡᠭᠰᠡᠨ ᠦᠢᠯᠡᠳᠪᠤᠷᠢᠯᠠᠯ ᠤᠨ ᠴᠢᠳᠠᠪᠤᠷᠢ ᠶᠢ ᠳᠡᠭᠡᠭᠰᠢᠯᠡᠬᠦᠯᠵᠤ᠂

ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯ ᠤᠨ ᠬᠢᠷᠢ ᠬᠡᠮᠵᠢᠶ᠎ᠠ ᠶᠢ ᠦᠨᠳᠤᠷᠵᠢᠬᠦᠯᠵᠤ᠂ ᠳᠠᠷᠢᠶᠠᠯᠠᠩ

ᠮᠠᠯ ᠠᠵᠤ ᠠᠬᠤᠢ ᠶᠢᠨ ᠬᠦᠭᠵᠢᠯᠳᠠ ᠪᠠ ᠳᠠᠷᠢᠶᠠᠴᠢᠳ ᠮᠠᠯᠴᠢᠳ ᠤᠨ ᠤᠷᠤᠯᠭ᠎ᠠ ᠨᠡᠮᠡᠭᠳᠡᠬᠦ ᠳᠤᠭᠳᠡᠴᠡ ᠶᠢᠨ ᠰᠢᠨ᠎ᠠ

 ᠶᠢ ᠡᠬᠦᠳᠴᠤ᠂ ᠳᠠᠷᠢᠶᠠᠯᠠᠩ ᠮᠠᠯ ᠠᠵᠤ ᠠᠬᠤᠢ ᠶᠢᠨ ᠦᠷ᠎ᠠ ᠠᠰᠢᠭ ᠯᠠᠪᠳᠠᠭᠤᠨ ᠢᠶᠠᠷ ᠨᠡᠮᠡᠭᠳᠡᠬᠦ᠂ ᠮᠠᠯᠴᠢᠨ

ᠳᠠᠷᠢᠶᠠᠴᠢᠳ ᠶᠢᠨ ᠤᠷᠤᠯᠭ᠎ᠠ ᠦᠷᠬᠦᠯᠵᠢᠯᠠᠨ ᠨᠡᠮᠡᠭᠳᠡᠬᠦ᠂ ᠬᠦᠳᠡᠭᠡ ᠲᠤᠰᠬᠤᠨ ᠮᠠᠯᠵᠢᠬᠤ ᠤᠷᠤᠨ ᠤ ᠲᠦᠷᠭᠡᠨ

ᠬᠦᠭᠵᠢᠯᠳᠠ ᠶᠢ ᠪᠡᠶᠡᠯᠡᠬᠦᠯᠤᠨ᠎ᠠ᠃

     ᠳᠠᠷᠢᠶᠠᠯᠠᠩ ᠮᠠᠯ ᠠᠵᠤ ᠠᠬᠤᠢ ᠶᠢᠨ ᠶᠡᠷᠦᠩᠭᠡᠶᠢᠯᠡᠭᠰᠡᠨ ᠦᠢᠯᠡᠳᠪᠤᠷᠢᠯᠠᠯ ᠤᠨ ᠴᠢᠳᠠᠪᠤᠷᠢ ᠶᠢ ᠬᠦᠴᠤᠯᠠᠨ

ᠲᠡᠭᠡᠭᠰᠢᠯᠡᠬᠦᠯᠤᠨ᠎ᠠ᠃ ᠮᠠᠨ ᠤ ᠬᠤᠰᠢᠭᠤᠨ ᠤ ᠪᠦᠬᠦ ᠬᠤᠳᠡ ᠶᠢᠨ ︽8511521113︾ ᠢᠨᠵᠧᠨᠧᠷᠢᠩ ᠳᠤ

ᠡᠬᠦᠭᠡᠷᠯᠡᠵᠤ ᠪᠠᠶᠢᠭ᠎ᠠ ᠡᠯ᠎ᠠ ᠲᠦᠷᠦᠯ ᠤᠨ ᠪᠦᠳᠦᠭᠡᠨ ᠪᠠᠶᠢᠭᠤᠯᠤᠯᠳᠠ ᠶᠢᠨ ᠡᠬᠦᠷᠭᠡ ᠪᠠᠨ ᠪᠦᠬᠦ ᠲᠠᠯ᠎ᠠ ᠪᠠᠷ

ᠪᠡᠶᠡᠯᠡᠬᠦᠯᠤᠨ᠎ᠠ᠃ ᠮᠠᠯ ᠠᠵᠤ ᠠᠬᠤᠢ ᠶᠢᠨ ᠭᠤᠤᠯᠠᠯᠭᠴᠢ ᠪᠠᠶᠢᠷᠢ ᠰᠠᠭᠤᠷᠢ ᠶᠢ ᠨᠡᠩ ᠳᠤᠪᠤᠶᠢᠯᠭᠠᠨ᠂ ᠠᠯᠠᠰᠢᠨ

ᠦᠭᠡᠷ ᠠᠯᠠᠰᠢᠨ ᠢᠮᠠᠭᠠᠨ ᠤ ᠬᠡᠪᠴᠢᠶᠠᠵᠢᠬᠦᠯᠤᠨ ᠳᠡᠵᠢᠭᠡᠬᠦ ᠪᠠᠨ ᠦᠷᠭᠡᠳᠭᠡᠵᠤ᠂  ᠰᠢᠨᠡᠪᠡᠷ 30 ᠳᠡᠵᠢᠭᠡᠪᠤᠷᠢ ᠶᠢᠨ

ᠬᠤᠷᠰᠢᠶᠠᠵᠢᠯ  ᠂ 30  ᠬᠡᠪᠴᠢᠶᠠᠵᠢᠭᠰᠡᠨ ᠳᠡᠵᠢᠭᠡᠪᠤᠷᠢ ᠶᠢᠨ ᠳᠠᠯᠠᠪᠠᠢ  ︵ᠵᠢᠵᠢᠭ ᠳᠤᠭᠤᠷᠢᠭ︶ ᠪᠠᠶᠢᠭᠤᠯᠵᠤ᠂ ᠵᠢᠯ

 ᠤᠨ ᠭᠡᠷ ᠤᠨ ᠳᠡᠵᠢᠭᠡᠪᠤᠷᠢ ᠶᠢᠨ ᠬᠠᠰᠢᠶᠠᠯᠠᠵᠤ ᠪᠠᠶᠢᠭ᠎ᠠ ᠳᠤᠭ᠎ᠠ ᠶᠢ 550 ᠲᠦᠮᠡᠨ ᠳᠤᠯᠤᠭᠠᠢ  ᠤᠷᠴᠢᠮ᠂ ᠡᠭᠦᠨ

 ᠳᠤ ᠥᠺᠡᠷ71.6 ᠲᠦᠮᠡᠨ ᠲᠤᠯᠤᠭᠠᠢ ᠭᠦᠷᠺᠡᠨ᠎ᠡ  ᠃ ᠪᠦᠳᠦᠭᠡᠨ‌‍ᠪᠠᠶᠢᠭᠤᠯᠬᠤ ᠬᠡᠯᠪᠡᠷᠢ ᠶᠢᠨ ᠮᠠᠯ ᠠᠵᠤ ᠠᠬᠤᠢ ᠶᠢᠨ

ᠬᠦᠭᠵᠢᠯᠳᠠ ᠶᠢᠨ ᠠᠬᠢᠴᠡ ᠶᠢ ᠲᠦᠷᠭᠡᠳᠭᠡᠵᠤ᠂ ᠮᠠᠯ ᠠᠵᠤ ᠠᠬᠤᠢ ᠵᠢᠨ‌‍ᠰᠠᠭᠤᠷᠢ ᠲᠦᠬᠦᠭᠡᠷᠤᠮᠵᠢ ᠶᠢᠨ ᠨᠦᠬᠦᠴᠠᠯ

 ᠢᠶᠠᠨ ᠲᠠᠰᠤᠷᠠᠯᠳᠠ ᠦᠭᠡᠢ ᠰᠠᠶᠢᠵᠢᠷᠠᠭᠤᠯᠵᠤ᠂  4000 ᠰᠠᠭᠤᠷᠢ  ᠪᠠᠷᠢᠮᠵᠢᠶᠠᠵᠢᠭᠰᠡᠨ ᠫᠧᠩ ᠰᠠᠷᠠᠪᠴᠢ

ᠪᠠ2500  ᠰᠠᠭᠤᠷᠢ ᠵᠤᠭᠤᠷᠢ ᠳᠠᠳᠠᠭᠠᠯ ᠪᠠᠶᠢᠭᠤᠯᠤᠨ᠎ᠠ᠃  ᠳᠠᠷᠢᠶᠠᠯᠠᠬᠤ ᠤᠷᠤᠨ ᠤ ᠮᠠᠯ ᠠᠵᠤ ᠠᠬᠤᠢ ᠶᠢ

ᠬᠦᠭᠵᠢᠬᠦᠯᠤᠨ  ᠂ᠲᠡᠵᠢᠭᠡᠬᠦ ᠶᠢᠨ ᠲᠦᠯᠦᠭᠡ ᠳᠠᠷᠢᠬᠤ᠂ ᠳᠠᠷᠢᠵᠤ ᠳᠡᠵᠢᠭᠡᠬᠦ ᠶᠢ ᠤᠶᠠᠯᠳᠤᠭᠤᠯᠬᠤ ᠶᠢ ᠬᠦᠴᠤᠯᠠᠨ

ᠠᠬᠢᠭᠤᠯᠵᠤ᠂ ᠬᠦᠭᠡ ᠳᠠᠷᠤᠰᠢ ᠪᠠ 100 ᠲᠦᠮᠡᠨ ᠮᠤ᠋ ᠰᠢᠯᠢᠳᠡᠭ ᠮᠠᠯ ᠤᠨ ᠡᠪᠡᠰᠤ ᠳᠠᠷᠢᠵᠤ᠂ ᠡᠰᠢ ᠰᠦᠷᠠᠯ ᠢ

ᠠᠰᠢᠭᠯᠠᠬᠤ ᠪᠠ ᠡᠰᠢ ᠰᠦᠷᠠᠯ ᠢᠶᠠᠷ ᠮᠠᠯ ᠳᠡᠵᠢᠭᠡᠬᠦ ᠳᠠᠭᠤᠷᠢᠶᠠᠯ ᠦᠵᠡᠬᠦᠯᠬᠦ ᠡᠷᠦᠭᠡ ᠶᠢ ᠭᠤᠤᠯᠳᠠᠯᠭ᠎ᠠ ᠲᠠᠢ

ᠬᠦᠮᠤᠵᠢᠬᠦᠯᠵᠤ᠂  ᠮᠠᠯ ᠠᠵᠤ ᠠᠬᠤᠢ ᠶᠢᠨ ᠦᠢᠯᠡᠳᠪᠤᠷᠢᠯᠠᠯ ᠤᠨ ᠠᠷᠭ᠎ᠠ ᠮᠠᠶ᠋ᠢᠭ ᠢ ᠡᠷᠴᠢᠮᠵᠢᠬᠦᠯᠤᠨ ᠡᠵᠡᠩᠨᠡᠬᠦ᠂

ᠤᠳᠤᠬᠢᠴᠢᠯᠠᠯᠳᠠ ᠶᠢᠨ ᠬᠦᠭᠵᠢᠯᠳᠠ ᠳᠡᠰᠢ ᠲᠦᠯᠬᠢᠨ ᠠᠬᠢᠭᠤᠯᠤᠨ᠎ᠠ᠃ ᠮᠠᠯ ᠠᠵᠤ ᠠᠬᠤᠢ ᠶᠢᠨ ᠡᠬᠦᠯᠳᠠᠷ

ᠰᠠᠶᠢᠵᠢᠷᠠᠭᠤᠯᠬᠤ ᠴᠢᠨᠠᠷ ᠢ ᠳᠡᠭᠡᠭᠰᠢᠯᠡᠬᠦᠯᠬᠦ ᠶᠢ ᠪᠦᠳᠦᠮᠵᠢᠳᠠᠢ ᠠᠬᠢᠭᠤᠯᠵᠤ᠂ 700  ᠢᠴᠡᠭᠡᠯ ᠦᠷ᠎ᠠ ᠪᠠᠷ

ᠬᠡᠭᠡᠯᠳᠦᠬᠦᠯᠬᠦ ᠦᠷᠳᠡᠭᠡ ᠪᠠᠶᠢᠭᠤᠯᠵᠤ᠂ ᠡᠭᠡ ᠮᠠᠯ ᠤᠨ ᠦᠷᠠᠵᠢᠯᠳᠠ ᠶᠢᠨ ᠨᠤᠷᠮ᠎ᠠ ᠶᠢ 80%   ᠠᠴᠠ ᠳᠡᠭᠡᠭᠰᠢ  

ᠬᠦᠷᠭᠡᠨ᠎ᠠ᠃ ᠹᠷᠤᠽᠧᠯ  ᠡᠪᠡᠳᠴᠢᠨ ᠵᠡᠷᠭᠡ ᠬᠦᠮᠦᠨ ᠮᠠᠯ ᠳᠤ ᠬᠠᠯᠳᠠᠪᠤᠷᠢᠯᠠᠬᠤ ᠡᠪᠡᠳᠴᠢᠨ ᠬᠢᠵᠢᠭ ᠢ ᠰᠡᠷᠭᠡᠶᠢᠯᠡᠨ

ᠬᠢᠵᠠᠭᠠᠷᠯᠠᠬᠤ ᠶᠢ ᠪᠦᠬᠦ ᠬᠦᠴᠤᠨ ᠢᠶᠠᠷ ᠰᠠᠶᠢᠳᠤᠷ ᠬᠢᠵᠤ᠂  ᠭᠠᠳᠠᠨᠠᠭᠢ ᠡᠪᠡᠳᠴᠢᠨ ᠬᠢᠵᠢᠭ ᠤᠨ ᠬᠠᠯᠳᠠᠪᠤᠷᠢᠯᠠᠨ

ᠤᠷᠤᠬᠤ ᠶᠢ ᠴᠢᠩᠭ᠎ᠠ ᠰᠡᠷᠭᠡᠶᠢᠯᠡᠨ᠎ᠡ᠃ ᠳᠠᠷᠢᠵᠤ ᠳᠠᠵᠢᠭᠡᠬᠦ ᠦᠢᠯᠡᠰ ᠢ ᠨᠠᠷᠢᠯᠢᠭᠵᠢᠭᠤᠯᠤᠨ ᠬᠦᠭᠵᠢᠬᠦᠯᠬᠦ ᠶᠢ ᠨᠡᠩ

ᠴᠢᠬᠤᠯᠠᠴᠢᠯᠠᠨ᠂ ᠤᠰᠤ ᠠᠷᠪᠢᠯᠠᠬᠤ ᠦᠨᠳᠤᠷ ᠤᠨᠠᠯᠳᠠ ᠲᠠᠢ ᠦᠨᠳᠤᠷ ᠦᠷ᠎ᠠ ᠠᠰᠢᠭᠳᠦ ᠳᠠᠷᠢᠶᠠᠯᠠᠩ ᠢ ᠲᠦᠷᠭᠡᠨ

ᠬᠦᠭᠵᠢᠬᠦᠯᠵᠤ᠂  ᠪᠦᠷᠬᠦᠪᠴᠢ ᠶᠢᠨ ᠳᠤᠤᠷ᠎ᠠ ᠠᠴᠠ ᠳᠤᠰᠤᠯᠭᠠᠨ ᠤᠰᠤᠯᠠᠬᠤ ᠵᠡᠷᠭᠡ ᠤᠳᠤ ᠦᠶ᠎ᠠ ᠶᠢᠨ ᠤᠰᠤ

ᠠᠷᠪᠢᠯᠠᠬᠤ ᠳᠠᠷᠢᠶᠠᠯᠠᠩ ᠤᠨ ᠮᠡᠷᠭᠡᠵᠢᠯ ᠢ ᠪᠦᠬᠦ ᠲᠠᠯ᠎ᠠ ᠪᠠᠷ ᠳᠠᠯᠭᠡᠷᠡᠬᠦᠯᠤᠨ᠂ ᠮᠠᠰᠢᠨᠵᠢᠯᠳᠠ ᠶᠢᠨ ᠬᠢᠷᠢ ᠲᠦᠪᠰᠢᠨ

 ᠢᠶᠠᠨ ᠳᠡᠭᠡᠭᠰᠢᠯᠡᠬᠦᠯᠵᠤ᠂ ᠰᠢᠨᠡᠪᠡᠷ ᠤᠰᠤ ᠠᠷᠪᠢᠯᠠᠬᠤ ᠦᠨᠳᠤᠷ ᠤᠨᠠᠯᠳᠠ ᠲᠠᠢ ᠦᠨᠳᠤᠷ ᠦᠷ᠎ᠠ ᠠᠰᠢᠭᠳᠦ

ᠳᠠᠷᠢᠶᠠᠯᠠᠩ ᠢ 8  ᠲᠦᠮᠡᠨ ᠮᠤ᠋ ᠨᠡᠮᠡᠭᠳᠡᠬᠦᠯᠵᠤ᠂ ᠳᠠᠷᠢᠶᠠᠯᠠᠩ ᠤᠨ ᠮᠠᠰᠢᠨ ᠴᠠᠬᠢᠯᠭᠠᠨ ᠬᠤᠳᠳᠤᠭ ᠢ 524  

ᠬᠠᠰᠤᠵᠤ ᠪᠠᠭᠠᠠᠰᠬᠠᠵᠤ᠂  10  ᠲᠦᠮᠡᠨ ᠮᠤ᠋ ᠦᠨᠳᠤᠷ ᠦᠷ᠎ᠠ ᠠᠰᠢᠭᠳᠦ ᠤᠨᠴᠠᠯᠢᠭᠳᠦ ᠳᠠᠷᠢᠮᠠᠯ ᠳᠠᠷᠢᠨ᠎ᠠ᠃  

ᠳᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠭᠡ ᠮᠡᠷᠭᠡᠵᠢᠯ ᠤᠨ ᠰᠢᠨ᠎ᠠ ᠡᠬᠦᠳᠤᠯᠳᠠ ᠶᠢ ᠳᠠᠰᠤᠷᠠᠯᠳᠠ ᠦᠭᠡᠢ

ᠲᠦᠯᠬᠢᠨ ᠠᠬᠢᠭᠤᠯᠵᠤ᠂  ᠦᠷ᠎ᠠ ᠶᠢᠨ ᠢᠨᠵᠧᠨᠧᠷᠢᠩ ᠢ ᠬᠡᠷᠡᠭᠵᠢᠬᠦᠯᠤᠨ᠂ 10  ᠲᠦᠮᠡᠨ ᠮᠠᠯᠴᠢᠨ ᠳᠠᠷᠢᠶᠠᠴᠢᠳ

 ᠲᠤ ᠳᠠᠷᠢᠶᠠᠯᠠᠩ ᠮᠠᠯ ᠠᠵᠤ ᠠᠬᠤᠢ ᠶᠢᠨ ᠪᠤᠳᠠᠳᠠᠢ ᠬᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠬᠦᠷᠳᠡᠭᠡᠨ᠎ᠠ᠃

ᠳᠠᠭᠠᠭᠤᠯᠤᠭᠴᠢ ᠠᠵᠤ ᠠᠬᠤᠶᠢᠯᠠᠯ ᠪᠠ ᠳᠡᠭᠡᠳᠦ ᠰᠤᠷᠭᠠᠭᠤᠯᠢ᠂ ᠰᠢᠨᠵᠢᠯᠡᠭᠡ ᠮᠡᠷᠭᠡᠵᠢᠯ ᠤᠨ ᠰᠤᠳᠤᠯᠭᠠᠨ ᠤ

ᠬᠦᠷᠢᠶᠠᠯᠠᠩ ᠲᠠᠢ ᠬᠠᠮᠳᠤᠪᠠᠷ ᠳᠤᠷᠰᠢᠯᠳᠠ ᠬᠢᠵᠤ ᠰᠤᠳᠤᠯᠤᠨ ᠨᠡᠭᠡᠭᠡᠬᠦ ᠰᠠᠭᠤᠷᠢᠨ ᠢ ᠳᠠᠮᠵᠢᠵᠤ᠂ ᠦᠪᠤᠷ ᠮᠤᠩᠭᠤᠯ

 ᠤᠨ ᠶᠡᠭᠡ ᠰᠤᠷᠭᠠᠭᠤᠯᠢ ᠲᠠᠢ ᠬᠠᠮᠳᠤᠷᠠᠨ ᠳᠠᠯ᠎ᠠ ᠨᠤᠳᠤᠭ ᠤᠨ ᠠᠯᠠᠰᠢᠨ ᠮᠠᠯ ᠤᠨ ᠰᠤᠳᠤᠯᠭᠠᠨ ᠤ ᠬᠦᠷᠢᠶᠠᠯᠠᠩ  

ᠪᠠᠶᠢᠭᠤᠯᠵᠤ᠂ ᠰᠢᠤᠢ ᠲᠦᠩ ᠪᠦᠯᠦᠭᠯᠡᠯ ᠲᠠᠢ ᠬᠠᠮᠳᠤᠷᠠᠨ ᠡᠪᠡᠰᠤᠨ ᠤ ᠦᠢᠯᠡᠰ ᠤᠨ ᠰᠤᠷᠭᠠᠭᠤᠯᠢ ᠪᠠᠶᠢᠭᠤᠯᠵᠤ᠂  

ᠳᠤᠰ ᠵᠢᠯ   ᠳᠤ ᠠᠩᠭᠢ ᠡᠷᠬᠢᠯᠠᠨ ᠬᠢᠴᠢᠶᠠᠯ ᠤᠷᠤᠬᠤ ᠪᠠᠷ ᠬᠦᠴᠤᠯᠠᠨ ᠴᠢᠷᠮᠠᠶᠢᠨ᠎ᠠ᠃ ᠦᠶᠡᠷ ᠢ ᠰᠡᠷᠭᠡᠶᠢᠯᠡᠬᠦ ᠭᠠᠩ

ᠬᠠᠭᠰᠠᠷᠭᠠᠨ ᠢ ᠡᠰᠡᠷᠬᠦᠴᠡᠬᠦ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂  ᠪᠠᠶᠠᠨᠳᠠᠯ᠎ᠠ ᠭᠤᠤᠯ ᠪᠡ 6  ᠦᠶᠡᠷ

ᠠᠮᠠᠷᠬᠠᠨ ᠡᠬᠦᠰᠳᠡᠭ ᠠᠶᠢᠯ ᠳᠤᠰᠬᠤᠨ ᠢ ᠵᠠᠰᠠᠬᠤ ᠠᠵᠢᠯ ᠢ ᠪᠡᠶᠡᠯᠡᠬᠦᠯᠤᠨ᠎ᠠ᠃ ᠴᠠᠭ ᠠᠭᠤᠷ ᠤᠨ ᠤᠳᠤᠬᠢᠴᠢᠯᠠᠭᠰᠠᠨ

ᠪᠠᠶᠢᠭᠤᠯᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂  ᠴᠠᠭ ᠠᠭᠤᠷ ᠤᠨ ᠬᠡᠮᠵᠢᠯᠳᠠ ᠤᠷᠢᠳᠴᠢᠯᠠᠨ

ᠮᠡᠳᠡᠭᠡᠯᠡᠬᠦ ᠪᠠ  ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠠᠰᠤᠷᠠᠯᠳᠠ ᠦᠭᠡᠢ

ᠳᠡᠭᠡᠭᠰᠢᠯᠡᠬᠦᠯᠤᠨ᠎ᠠ᠃

    ᠳᠠᠷᠢᠶᠠᠯᠠᠩ ᠮᠠᠯ ᠠᠵᠤ ᠠᠬᠤᠢ ᠶᠢᠨ ᠪᠠᠷᠢᠮᠵᠢᠶᠠᠵᠢᠯᠳᠠ ᠪᠠ ᠠᠵᠤ ᠦᠢᠯᠡᠰᠵᠢᠯᠳᠠ ᠶᠢᠨ ᠬᠢᠷᠢ ᠲᠦᠪᠰᠢᠨ ᠢ

ᠦᠷᠬᠦᠯᠵᠢᠯᠠᠨ ᠳᠡᠭᠡᠭᠰᠢᠯᠡᠬᠦᠯᠤᠨ᠎ᠠ᠃  ᠶᠡᠭᠡ ᠮᠠᠯᠵᠢᠯ ᠤᠨ ᠳᠠᠯᠠᠪᠠᠢ  ᠂  ᠮᠧᠩ ᠽᠤᠤ ᠬᠠᠭᠰᠠᠷᠭᠠᠨ ᠢ ᠡᠰᠡᠷᠬᠦᠴᠡᠬᠦ᠂

ᠮᠤ᠋ ᠶᠤᠸᠠᠨ᠂  ᠪᠠᠩ ᠵᠢᠶᠧ ᠵᠡᠷᠭᠡ ᠳᠠᠭᠠᠭᠤᠯᠤᠭᠴᠢ ᠠᠵᠤ ᠠᠬᠤᠶᠢᠯᠠᠯ ᠲᠠᠢ ᠬᠤᠷᠰᠢᠬᠤ ᠪᠠᠨ ᠦᠷᠬᠦᠯᠵᠢᠯᠠᠨ

ᠴᠢᠩᠭᠠᠳᠬᠠᠵᠤ᠂ ᠠᠵᠤ ᠠᠬᠤᠶᠢᠯᠠᠯ ᠤᠨ ᠠᠵᠤ ᠦᠢᠯᠡᠰ ᠤᠨ ᠬᠢᠨᠵᠢ ᠶᠢᠨ ᠬᠤᠶᠠᠷ ᠦᠵᠦᠬᠦᠷ ᠳᠡᠰᠢ ᠲᠠᠰᠤᠷᠠᠯᠳᠠ

ᠦᠭᠡᠢ ᠦᠷᠭᠡᠳᠭᠡᠬᠦ ᠶᠢ ᠵᠤᠷᠢᠭᠵᠢᠭᠤᠯᠤᠨ᠂ 4 ᠰᠠᠭᠤᠷᠢ ᠳᠤᠮᠤ ᠬᠡᠯᠪᠡᠷᠢ ᠶᠢᠨ ᠠᠯᠠᠰᠢᠨ ᠦᠭᠡᠷ ᠠᠯᠠᠰᠢᠨ ᠢᠮᠠᠭᠠᠨ ᠤ

ᠪᠠᠷᠢᠮᠵᠢᠶᠠᠵᠢᠭᠰᠡᠨ ᠳᠡᠵᠢᠭᠡᠪᠤᠷᠢ ᠶᠢᠨ ᠰᠠᠭᠤᠷᠢᠨ ᠭᠠᠵᠠᠷ ᠪᠠ 50  ᠲᠦᠮᠡᠨ ᠮᠤ᠋ ᠶᠢᠨ ᠰᠢᠯᠢᠳᠡᠭ ᠡᠪᠡᠰᠤᠨ ᠤ

ᠰᠠᠭᠤᠷᠢᠨ ᠭᠠᠵᠠᠷ ᠢ ᠡᠬᠢᠯᠠᠨ ᠪᠠᠶᠢᠭᠤᠯᠵᠤ᠂ ᠳᠡᠵᠢᠭᠡᠬᠦ ᠠᠴᠠ  ᠪᠤᠯᠪᠠᠰᠤᠷᠠᠭᠤᠯᠤᠨ ᠬᠤᠳᠠᠯᠳᠤᠬᠤ ᠬᠦᠷᠳᠡᠯᠡᠭᠢ ᠪᠦᠬᠦ

ᠶᠠᠪᠤᠴᠡ ᠶᠢᠨ ᠠᠮᠤᠷ ᠲᠦᠪᠰᠢᠨ ᠢ ᠨᠡᠭᠡᠮᠵᠢᠯᠡᠬᠦ ᠡᠵᠡᠮᠳᠡᠬᠦ ᠶᠢ ᠠᠯᠬᠤᠮ ᠠᠯᠬᠤᠮ ᠢᠶᠠᠷ ᠪᠡᠶᠡᠯᠡᠬᠦᠯᠵᠤ᠂ ︽ ᠳᠡᠷᠢᠵᠤ

ᠳᠡᠵᠢᠭᠡᠬᠦ ᠪᠤᠯᠪᠠᠰᠤᠷᠠᠭᠤᠯᠵᠤ ᠬᠤᠳᠠᠯᠳᠤᠬᠤ ᠪᠦᠬᠦ ᠠᠵᠤ ᠦᠢᠯᠡᠰ ᠤᠨ ᠬᠢᠨᠵᠢ ᠶᠢ ᠪᠦᠷᠢᠯᠳᠦᠬᠦᠯᠬᠦ︾ ᠬᠦᠭᠵᠢᠯᠳᠠ

 ᠶᠢᠨ ᠵᠠᠭᠪᠤᠷ ᠢ ᠡᠬᠦᠳᠤᠨ  ᠪᠠᠶᠢᠭᠤᠯᠤᠨ᠎ᠠ᠃ ︽ᠪᠡᠯᠴᠢᠭᠡᠷ ᠡᠪᠡᠰᠤ ᠶᠢ ᠨᠢᠭᠡ ᠴᠤᠭᠴᠠᠵᠢᠭᠤᠯᠬᠤ︾᠂ ᠠᠵᠤ ᠦᠢᠯᠡᠰ

 ᠤᠨ ᠬᠤᠯᠪᠤᠭᠠᠯᠠᠯ ᠵᠡᠷᠭᠡ ᠳᠠᠭᠠᠭᠤᠯᠤᠭᠴᠢ ᠠᠵᠤ ᠠᠬᠤᠶᠢᠯᠠᠯ ᠪᠠ ᠳᠠᠷᠢᠶᠠᠴᠢᠨ᠂ ᠮᠠᠯᠴᠢᠳ ᠤᠨ ᠠᠰᠢᠭ ᠲᠤᠰᠠ   ᠶᠢ  

ᠬᠤᠯᠪᠤᠬᠤ  ᠵᠠᠭᠪᠤᠷ ᠢ  ᠤᠯᠠᠮ  ᠨᠢᠭᠡ  ᠠᠯᠬᠤᠮ ᠳᠡᠯᠭᠡᠷᠡᠬᠦᠯᠤᠨ᠂ ᠠᠵᠤ ᠠᠬᠤᠶᠢᠯᠠᠯ ᠪᠠ ᠮᠠᠯᠴᠢᠨ ᠳᠠᠷᠢᠶᠠᠴᠢᠳ

 ᠤᠨ ᠠᠰᠢᠭ ᠳᠤᠰᠠ ᠪᠠᠨ ᠬᠠᠮᠳᠤᠪᠠᠷ ᠡᠳ᠋ᠯᠡᠬᠦ᠂ ᠲᠦᠭᠰᠢᠬᠦᠷᠢ ᠶᠢ ᠬᠠᠮᠳᠤᠪᠠᠷ ᠡᠬᠦᠷᠭᠡᠯᠡᠬᠦ ᠶᠢ ᠪᠡᠶᠡᠯᠡᠬᠦᠯᠤᠨ᠎ᠠ᠃  

ᠠᠯᠠᠰᠢᠨ ᠦᠭᠡᠷ᠂  ᠠᠯᠠᠰᠢᠨ ᠢᠮᠠᠭ᠎ᠠ᠂  ᠡᠯᠳᠡᠪ ᠠᠮᠤ ᠵᠡᠷᠭᠡ ᠢᠯᠡᠷᠭᠡᠢ ᠭᠠᠵᠠᠷ ᠤᠷᠤᠨ   ᠤ ᠤᠨᠴᠠᠯᠢᠭ ᠪᠦᠬᠦᠢ

ᠦᠢᠯᠡᠳᠬᠦᠨ ᠤ ᠪᠠᠷᠢᠮᠵᠢᠶ᠎ᠠ ᠶᠢ ᠳᠤᠭᠳᠠᠭᠠᠵᠤ᠂ ︽ᠵᠠᠷᠤᠳ ᠤᠨ ᠪᠤᠬᠢᠷᠳᠤᠯ ᠦᠭᠡᠢ ᠦᠭᠡᠷ ᠢᠮᠠᠭᠠᠨ ᠮᠢᠬ᠎ᠠ︾   ᠶᠢᠨ

ᠨᠡᠷᠡᠳᠦ ᠳᠡᠮᠳᠡᠭ ᠢ ᠬᠦᠴᠤᠯᠠᠨ ᠡᠬᠦᠳᠴᠤ᠂ ᠨᠡᠷᠡᠳᠦ ᠳᠡᠮᠳᠡᠭ ᠤᠨ ᠮᠠᠳᠡᠷᠡᠴᠡ ᠶᠢᠨ ᠬᠡᠮᠵᠢᠶ᠎ᠠ ᠶᠢ ᠳᠡᠰᠤᠷᠠᠯᠳᠠ ᠦᠭᠡᠢ

ᠳᠡᠭᠡᠭᠰᠢᠯᠡᠬᠦᠯᠤᠨ᠎ᠠ᠃  ᠵᠤᠬᠢᠰᠳᠠᠢ ᠬᠡᠪᠴᠢᠶᠠᠵᠢᠬᠦᠯᠤᠨ ᠡᠵᠠᠩᠨᠠᠯᠳᠡ  ᠬᠢᠯᠺᠡᠵᠤ᠂  ᠬᠠᠤᠯᠢ ᠶᠤᠰᠤᠭᠠᠷ ᠡᠮᠭᠢ ᠳᠠᠷᠠᠭ᠎ᠠ

 ᠲᠠᠢ ᠪᠠᠷ ᠭᠠᠵᠠᠷ ᠰᠢᠷᠤᠢ ᠪᠡ ᠨᠤᠳᠤᠭ ᠪᠡᠯᠴᠢᠭᠡᠷ ᠶᠢ ᠳᠤᠰᠬᠠᠶᠢᠵᠢᠭᠰᠠᠨ ᠳᠤᠮᠤ ᠡᠷᠦᠭᠡ᠂ ᠬᠡᠷ ᠪᠦᠯᠢ ᠶᠢᠨ ᠮᠠᠯᠵᠢᠯ

 ᠤᠨ ᠳᠠᠯᠠᠪᠠᠢ  ᠲᠡᠰᠢ ᠲᠦᠪᠯᠡᠷᠡᠨ ᠡᠷᠬᠢᠯᠳᠦᠬᠦ ᠶᠢ ᠬᠦᠭᠵᠢᠬᠦᠯᠤᠨ᠎ᠠ᠃ ᠬᠦᠳᠡᠭᠡ ᠲᠤᠰᠬᠤᠨ ᠮᠠᠯᠵᠢᠬᠤ ᠤᠷᠤᠨ ᠤ

ᠠᠵᠤ ᠠᠬᠤᠢ ᠶᠢᠨ ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ ᠶᠢ ᠶᠡᠬᠡᠪᠡᠷ ᠬᠦᠭᠵᠢᠬᠦᠯᠤᠨ᠂ ᠳᠠᠷᠢᠶᠠᠴᠢᠨ ᠮᠠᠯᠴᠢᠨ

ᠡᠷᠦᠭᠡ ᠪᠡ  ᠳᠠᠭᠠᠭᠤᠯᠣᠭᠴᠢ ᠠᠵᠤ ᠠᠬᠤᠶᠢᠯᠠᠯ᠂ ᠠᠵᠤ ᠦᠢᠯᠡᠰ ᠤᠨ ᠰᠠᠭᠤᠷᠢᠨ ᠭᠠᠵᠠᠷ ᠪᠡ ᠭᠠᠳᠠᠨᠠᠭᠢ ᠵᠠᠬ᠎ᠠ

ᠳᠡᠯᠭᠡᠬᠦᠷ ᠲᠠᠢ ᠪᠦᠳᠦᠮᠵᠢᠳᠠᠢ ᠵᠤᠯᠭᠠᠬᠤ ᠶᠢ ᠲᠦᠯᠬᠢᠨ ᠠᠬᠢᠭᠤᠯᠤᠨ᠎ᠠ᠃

     ᠪᠦᠭᠦ ᠭᠦᠴᠤᠨ ᠢᠶᠠᠷ ᠵᠶ᠋ᠠᠨ‌ᠬᠤᠶᠢᠳᠦ ᠬᠡᠰᠡᠭ ᠤᠨ ᠮᠠᠯᠵᠢᠬᠤ ᠤᠷᠤᠨ ᠳᠤ ᠬᠠᠮᠤᠭ ᠲᠡᠷᠢᠬᠦᠨ ᠳᠤ ᠦᠨᠳᠤᠰᠤᠨ

 ᠳᠡᠭᠡᠨ ᠤᠳᠤᠬᠢᠴᠢᠯᠠᠯᠳᠠ ᠶᠢ ᠪᠡᠶᠡᠯᠡᠬᠦᠯᠬᠦ ᠶᠢ ᠲᠦᠯᠬᠢᠨ ᠠᠬᠢᠭᠤᠯᠤᠨ᠎ᠠ᠃  ᠠᠵᠤ ᠦᠢᠯᠡᠰ ᠢ ᠬᠦᠭᠵᠢᠬᠦᠯᠬᠦ᠂  ᠠᠮᠢ

ᠠᠬᠤᠢ ᠶᠢᠨ ᠪᠠᠶᠢᠭᠤᠯᠤᠯᠳᠠ᠂  ᠬᠤᠳᠡ ᠬᠦᠳᠡᠭᠡ ᠶᠢ ᠨᠢᠭᠡᠳᠦᠯᠳᠠᠢ ᠲᠦᠯᠦᠪᠯᠡᠨ ᠬᠦᠭᠵᠢᠬᠦᠯᠬᠦ᠂ ᠮᠠᠯᠴᠢᠳ ᠤᠨ ᠬᠡᠪ

ᠴᠢᠨᠠᠷ ᠢ ᠳᠡᠭᠡᠭᠰᠢᠯᠡᠬᠦᠯᠬᠦ᠂ ᠤᠳᠤᠬᠢᠴᠢᠯᠠᠭᠰᠠᠨ ᠮᠡᠳᠡᠭᠡ ᠵᠠᠩᠭᠢ ᠪᠠ ᠮᠦᠩᠭᠦᠨ ᠬᠦᠢᠯᠭᠡᠭᠡ ᠪᠠᠷ ᠳᠡᠮᠵᠢᠬᠦ ᠵᠡᠷᠭᠡ 6  

ᠲᠦᠷᠦᠯ ᠤᠨ ᠭᠤᠤᠯᠳᠠᠯᠭ᠎ᠠ ᠲᠠᠢ ᠢᠨᠵᠧᠨᠧᠷᠢᠩ ᠢ ᠬᠡᠷᠡᠭᠵᠢᠬᠦᠯᠤᠨ᠎ᠠ᠃  800  ᠲᠦᠮᠡᠨ ᠮᠤ᠋ ᠶᠢᠨ ᠠᠮᠢ ᠠᠬᠤᠢ

 ᠶᠢᠨ ᠡᠪᠡᠰᠤᠨ ᠤ ᠦᠢᠯᠡᠰ ᠤᠨ ᠳᠠᠭᠤᠷᠢᠶᠠᠯ ᠦᠵᠡᠬᠦᠯᠬᠦ ᠤᠷᠤᠨ ᠤ ᠪᠠᠶᠢᠭᠤᠯᠤᠯᠳᠠ ᠶᠢ ᠦᠷᠬᠦᠯᠵᠢᠯᠠᠨ

ᠴᠢᠩᠭᠠᠳᠬᠠᠵᠤ᠂ ᠬᠠᠮᠤᠭ ᠴᠢᠩᠭ᠎ᠠ ︽ᠪᠡᠯᠴᠢᠭᠡᠷ ᠮᠠᠯ ᠢ ᠳᠡᠩᠴᠡᠬᠦᠯᠬᠦ︾ ᠲᠦᠷᠢᠮ ᠢ ᠬᠡᠷᠡᠭᠵᠢᠬᠦᠯᠤᠨ᠎ᠠ᠃ ᠦᠨᠳᠤᠷ

ᠪᠠᠷᠢᠮᠵᠢᠶ᠎ᠠ ᠪᠠᠷ ᠮᠠᠯᠵᠢᠬᠤ ᠤᠷᠤᠨ ᠳᠤ  10 ᠤᠳᠤᠬᠢᠴᠢᠯᠠᠭᠰᠠᠨ ᠳᠠᠭᠤᠷᠢᠶᠠᠯ ᠦᠵᠡᠬᠦᠯᠬᠦ ᠭᠠᠴᠠᠭ᠎ᠠ ᠲᠤᠰᠬᠤᠨ ᠢ

ᠪᠠᠶᠢᠭᠤᠯᠵᠤ᠂  ᠤᠳᠤ ᠦᠶ᠎ᠠ ᠶᠢᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠳᠠᠯᠠᠪᠠᠢ ᠶᠢ ᠬᠦᠭᠵᠢᠬᠦᠯᠤᠭᠡᠳ

1000  ᠬᠦᠷᠭᠡᠵᠤ᠂  75%   ᠤ ᠮᠠᠯᠴᠢᠨ ᠡᠷᠦᠭᠡ   ᠳᠤ ᠠᠭᠤᠵᠢᠭᠤ ᠫᠧᠩ ᠰᠠᠷᠠᠪᠴᠢ᠂  ᠳᠤᠯᠠᠭᠠᠨ ᠫᠧᠩ᠂  

ᠬᠦᠭᠡ ᠳᠠᠷᠤᠰᠢ ᠶᠢᠨ ᠵᠤᠭᠤᠷᠢ᠂ ᠡᠪᠡᠰᠤ  ᠪᠤᠷᠳᠤᠭ᠎ᠠ ᠨᠦᠭᠡᠴᠡᠯᠡᠬᠦ ᠬᠦᠮᠦᠷᠭᠡ ᠲᠠᠢ ᠪᠠᠶᠢᠬᠤ ︽ᠲᠦᠷᠪᠡᠨ ᠨᠢᠭᠡ︾  

 ᠶᠢᠨ ᠬᠠᠷᠠᠯᠳᠠ ᠶᠢ  ᠪᠡᠶᠡᠯᠡᠬᠦᠯᠵᠤ᠂  ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠠ ᠶᠢᠨ ᠪᠠᠶᠢᠳᠠᠯ ᠢ

ᠨᠡᠭᠡᠮᠵᠢᠯᠠᠨ ᠡᠵᠡᠮᠳᠡᠬᠦ᠂ ᠦᠢᠯᠡᠳᠬᠦᠨ ᠤ ᠮᠡᠳᠡᠭᠡ ᠵᠠᠩᠭᠢ ᠶᠢ ᠳᠠᠷᠬᠠᠭᠠᠬᠤ᠂ ᠰᠢᠨᠵᠢᠯᠡᠭᠡ ᠮᠡᠷᠭᠡᠵᠢᠯ ᠤᠨ ᠪᠤᠯᠪᠠᠰᠤᠷᠠᠯ

᠂  ᠪᠤᠳᠡᠰ ᠤᠨ ᠬᠦᠢᠯᠭᠡᠭᠡᠨ ᠤ ᠮᠡᠳᠡᠭᠡ ᠵᠠᠩᠭᠢ ᠵᠡᠷᠭᠡ 8 ᠶᠡᠭᠡ ᠮᠡᠳᠡᠭᠡ ᠵᠠᠩᠭᠢᠴᠢᠯᠠᠯᠳᠠ ᠶᠢᠨ ᠳᠡᠪᠴᠠᠩ ᠢ

ᠪᠠᠶᠢᠭᠤᠯᠤᠨ᠎ᠠ᠃ ᠬᠤᠶᠢᠳᠦ ᠬᠡᠰᠡᠭ ᠤᠨ ᠮᠠᠯᠵᠢᠬᠤ ᠤᠷᠤᠨ ᠤ ᠦᠢᠯᠡᠳᠪᠤᠷᠢᠯᠠᠯ ᠤᠨ ᠠᠷᠭ᠎ᠠ ᠮᠠᠶ᠋ᠢᠭ ᠤᠨ

ᠪᠦᠳᠦᠬᠦᠯᠢᠭ ᠬᠡᠯᠪᠡᠷᠢ ᠠᠴᠠ ᠪᠠᠨ ᠡᠷᠡᠴᠢᠮᠵᠢᠬᠦᠯᠬᠦ ᠬᠡᠯᠪᠡᠷᠢ ᠲᠡᠰᠢ ᠬᠤᠪᠢᠷᠠᠬᠤ ᠶᠢ ᠠᠬᠢᠭᠤᠯᠵᠤ᠂ ᠮᠠᠯᠴᠢᠨ

ᠳᠠᠷᠢᠶᠠᠴᠢᠳ ‍ᠤᠨ‌ᠦᠢᠯᠡᠳᠪᠤᠷᠢᠯᠠᠯ ᠠᠮᠢᠳᠤᠷᠠᠯ ᠤᠨ ᠨᠦᠬᠦᠴᠡᠯ ᠢ ᠦᠨᠡᠨᠬᠦ ᠰᠠᠶᠢᠵᠢᠷᠠᠭᠤᠯᠵᠤ᠂ ᠬᠤᠶᠢᠳᠦ ᠬᠡᠰᠡᠭ ᠤᠨ

ᠮᠠᠯᠵᠢᠬᠤ ᠤᠷᠤᠨ ᠤ ᠮᠠᠯᠴᠢᠳ ᠤᠨ ᠳᠡᠭᠰᠢᠳᠭᠡᠭᠰᠡᠨ ᠴᠡᠪᠡᠷ ᠤᠷᠤᠯᠭ᠎ᠠ ᠶᠢ 5  ᠲᠦᠮᠡᠨ ᠲᠦᠬᠦᠷᠢᠭ ᠠᠴᠠ

ᠳᠠᠪᠠᠭᠤᠯᠬᠤ ᠪᠠᠷ ᠴᠢᠷᠮᠠᠶᠢᠨ᠎ᠠ᠃

   ︵ᠭᠤᠷᠪᠠ︶  ᠬᠦᠴᠤᠨ ᠢᠶᠠᠨ ᠲᠦᠪᠯᠡᠷᠡᠬᠦᠯᠤᠨ ᠠᠵᠤ ᠠᠬᠤᠢ ᠶᠢᠨ ᠰᠢᠨ᠎ᠠ ᠨᠡᠮᠡᠭᠳᠡᠯ ᠤᠨ ᠴᠢᠭ ᠢ  

ᠬᠦᠮᠦᠵᠢᠬᠦᠯᠵᠤ᠂  ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ  ᠬᠦᠭᠵᠢᠬᠦᠯᠤᠨ᠎ᠠ

     ᠬᠡᠷᠡᠭᠯᠡᠭᠡ ᠶᠢᠨ ᠰᠠᠭᠤᠷᠢ ᠴᠢᠨᠠᠷ ᠤᠨ ᠦᠢᠯᠡᠳᠦᠯ ᠢ ᠦᠨᠡᠨᠬᠦ ᠪᠠᠳᠠᠷᠠᠭᠤᠯᠤᠨ᠂  ᠬᠡᠷᠡᠭᠯᠡᠭᠡᠨ ᠤ ᠬᠡᠯᠪᠡᠷᠢ ᠶᠢᠨ

ᠬᠤᠪᠢᠷᠠᠯᠳᠠ᠂  ᠬᠡᠷᠡᠭᠯᠡᠭᠡᠨ ᠤ ᠬᠡᠷᠡᠭᠴᠡᠭᠡ ᠶᠢᠨ ᠨᠡᠮᠡᠭᠳᠡᠯ ᠤᠨ ᠰᠢᠨ᠎ᠠ ᠪᠠᠶᠢᠳᠠᠯ   ᠳᠤ ᠰᠠᠨᠠᠭᠠᠴᠢᠯᠠᠭ᠎ᠠ ᠠᠴᠠ ᠪᠠᠨ

ᠵᠤᠬᠢᠴᠠᠵᠤ᠂ ᠠᠷᠠᠯᠵᠢᠶ᠎ᠠ ᠬᠤᠳᠠᠯᠳᠤᠭᠠᠨ ᠬᠦᠢᠯᠭᠡᠭᠡ᠂ ᠰᠤᠶᠤᠯ ᠵᠢᠭᠤᠯᠴᠢᠯᠠᠯ᠂ ᠮᠦᠩᠭᠦᠨ ᠬᠦᠢᠯᠭᠡᠭᠡᠨ ᠳᠠᠭᠠᠳᠬᠠᠯ᠂

ᠡᠯᠧᠺᠲᠷᠤᠨ ᠠᠷᠠᠯᠵᠢᠶ᠎ᠠ ᠵᠡᠷᠭᠡ ᠦᠢᠯᠡᠴᠢᠯᠡᠭᠡᠨ ᠤ ᠦᠢᠯᠡᠰ ᠤᠨ ᠬᠦᠭᠵᠢᠯᠳᠠ ᠶᠢ ᠠᠬᠢᠭᠤᠯᠵᠤ᠂  ᠰᠢᠨ᠎ᠠ

ᠰᠢᠪᠳᠤᠯᠤᠯᠳᠠ ᠲᠠᠢ ᠪᠤᠯᠭᠠᠨ᠎ᠠ᠃

 ᠠᠷᠠᠯᠵᠢᠶ᠎ᠠ ᠬᠤᠳᠠᠯᠳᠤᠭᠠᠨ ᠬᠦᠢᠯᠭᠡᠭᠡᠨ ᠤ ᠦᠢᠯᠡᠰ ᠢ ᠳᠤᠪᠤᠶᠢᠯᠭᠠᠨ ᠬᠦᠭᠵᠢᠬᠦᠯᠤᠨ᠎ᠠ᠃  ᠦᠢᠯᠡᠳᠪᠤᠷᠢᠯᠠᠯ ᠤᠨ

ᠴᠢᠨᠠᠷᠳᠠᠢ ᠪᠡ  ᠠᠮᠢᠳᠤᠷᠠᠯ ᠤᠨ ᠴᠢᠨᠠᠷ ᠲᠠᠢ ᠠᠷᠠᠯᠵᠢᠶ᠎ᠠ ᠬᠤᠳᠠᠯᠳᠤᠭᠠᠨ ᠬᠦᠢᠯᠭᠡᠭᠡᠨ ᠤ ᠦᠢᠯᠡᠰ ᠢ ᠴᠤᠭᠭᠠᠷ

ᠬᠦᠭᠵᠢᠬᠦᠯᠬᠦ ᠶᠢ ᠪᠠᠷᠢᠮᠳᠠᠯᠠᠨ᠂  ᠠᠷᠠᠯᠵᠢᠶ᠎ᠠ ᠬᠤᠳᠠᠯᠳᠤᠭᠠᠨ  ᠬᠦᠢᠯᠭᠡᠭᠡᠨ ᠤ ᠦᠢᠯᠡᠰ ᠪᠠ ᠨᠢᠭᠡᠳᠦᠭᠡᠷ᠂  

ᠬᠤᠶᠠᠳᠤᠭᠠᠷ ᠠᠵᠤ ᠦᠢᠯᠡᠰ ᠤᠨ ᠰᠢᠯᠢᠳᠡᠭ ᠬᠦᠳᠠᠯᠤᠯ ᠢ ᠠᠬᠢᠭᠤᠯᠵᠤ᠂  ᠶᠡᠭᠡ ᠠᠷᠠᠯᠵᠢᠶ᠎ᠠ ᠬᠤᠳᠠᠯᠳᠤᠭ᠎ᠠ ᠶᠡᠭᠡ

ᠬᠦᠢᠯᠭᠡᠭᠡᠨ ᠤ ᠠᠵᠤ ᠦᠢᠯᠡᠰ ᠤᠨ ᠬᠦᠭᠵᠢᠯᠳᠠ ᠶᠢᠨ ᠳᠠᠯ᠎ᠠ ᠪᠠᠷ ᠶᠡᠭᠡ ᠰᠢᠪᠳᠤᠯᠤᠯᠳᠠ ᠲᠠᠢ ᠪᠤᠯᠬᠤ ᠪᠠᠷ ᠬᠦᠴᠤᠯᠠᠨ

ᠴᠢᠷᠮᠠᠶᠢᠨ᠎ᠠ᠃  ᠦᠪᠡᠷᠳᠡᠭᠡᠨ ᠵᠠᠰᠠᠬᠤ ᠤᠷᠤᠨ ᠤ ᠳᠡᠰ ᠤᠨ ︽ᠦᠢᠯᠡᠳᠪᠤᠷᠢᠯᠡᠬᠦ ᠴᠢᠨᠠᠷᠳᠠᠢ ᠦᠢᠯᠡᠴᠢᠯᠡᠭᠡᠨ ᠤ

ᠦᠢᠯᠡᠰ ᠤᠨ ᠳᠤᠷᠰᠢᠯᠳᠠ ᠶᠢᠨ ᠬᠤᠰᠢᠭᠤ︾ ᠶᠢ ᠡᠬᠦᠳᠤᠨ ᠪᠠᠶᠢᠭᠤᠯᠬᠤ ᠪᠠᠷ ᠠᠵᠠ ᠳᠤᠬᠢᠶᠠᠯ ᠪᠤᠯᠭᠠᠨ᠂  ᠪᠤᠳᠠᠰ

 ᠤᠨ ᠬᠦᠢᠯᠭᠡᠭᠡᠨ ᠤ ᠦᠢᠯᠡᠰ ᠤᠨ ᠬᠦᠭᠵᠢᠯᠳᠠ ᠶᠢᠨ ᠶᠡᠷᠦᠩᠭᠡᠢ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠬᠤ ᠶᠢ

ᠪᠡᠶᠡᠯᠡᠬᠦᠯᠵᠤ᠂  ᠭᠤᠤᠯᠳᠠᠭᠤ ᠯᠦᠪᠸᠢ ᠶᠢᠨ ᠶᠡᠷᠦᠩᠭᠡᠢ ᠪᠤᠳᠠᠰ ᠤᠨ ᠬᠦᠢᠯᠭᠡᠭᠡᠨ ᠤ ᠳᠤᠭᠤᠷᠢᠭ᠂  ᠵᠠᠬᠠᠨᠠᠭᠤᠷ ᠤᠨ

ᠨᠡᠬᠦᠷᠠᠰᠤᠨ ᠤ ᠬᠦᠢᠯᠭᠡᠭᠡᠨ ᠤ ᠳᠤᠭᠤᠷᠢᠭ ᠪᠡ ᠬᠦᠩᠭᠡᠨ ᠴᠠᠭᠠᠨ ᠤ ᠦᠢᠯᠡᠰ ‍ᠤᠨ‌‍ᠲ᠋ᠦ᠋ᠬᠦᠷᠵᠢᠭᠰᠡᠨ ᠪᠤᠳᠠᠰ ᠤᠨ

ᠬᠦᠢᠯᠭᠡᠭᠡᠨ ᠤ ᠳᠤᠭᠤᠷᠢᠭ ᠤᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂  ᠳᠤᠰ ᠵᠢᠯ ᠳᠤ ᠬᠤᠳᠠᠯᠳᠤᠭᠠᠨ ᠤ

ᠡᠷᠦᠭᠡ ᠤᠷᠤᠵᠤ ᠰᠠᠭᠤᠬᠤ ᠨᠦᠬᠦᠴᠠᠯ ᠢ ᠴᠢᠷᠮᠠᠶᠢᠨ ᠪᠦᠷᠢᠯᠳᠦᠬᠦᠯᠤᠨ᠎ᠠ᠃  ᠵᠠᠷᠤᠳ ᠬᠤᠰᠢᠭᠤᠨ ᠤ ᠪᠠᠷᠠᠭ᠎ᠠ

ᠬᠤᠳᠠᠯᠳᠤᠨ ᠠᠪᠬᠤ ᠲᠦᠪ   ᠤᠨ ᠦᠭᠡᠷᠡᠴᠢᠯᠠᠨ ᠪᠠᠶᠢᠭᠤᠯᠬᠤ ᠶᠢ ᠲᠦᠷᠭᠡᠨ ᠠᠬᠢᠭᠤᠯᠵᠤ᠂  ᠨᠡᠬᠦᠷᠠᠰᠤ

ᠪᠤᠷᠤᠯᠠᠭᠤᠯᠬᠤ᠂  ᠳᠠᠷᠢᠶᠠᠯᠠᠩ ᠤᠨ ᠬᠡᠷᠡᠭᠰᠡᠯ ᠳᠠᠷᠢᠶᠠᠯᠠᠩ ᠤᠨ ᠮᠠᠰᠢᠨ᠂  ᠮᠠᠰᠢᠨ ᠳᠡᠷᠭᠡ ᠰᠠᠯᠪᠢᠨ ᠵᠠᠰᠠᠬᠤ

ᠰᠠᠯᠪᠢᠬᠤ ᠳᠤᠨᠤᠭ᠂  ᠪᠠᠷᠢᠯᠭ᠎ᠠ ᠪᠠ ᠪᠠᠷᠢᠯᠭ᠎ᠠ ᠶᠢᠨ ᠮᠠᠲ᠋ᠧᠷᠢᠶᠠᠯ᠂  ᠭᠤᠸᠠ ᠵᠢᠮᠢᠰ ᠨᠤᠭᠤᠭ᠎ᠠ ᠤᠰᠤᠨ ᠤ ᠭᠠᠷᠤᠯᠳᠡ

 ᠪᠠᠷ ᠭᠤᠤᠯ ᠪᠤᠯᠭᠠᠭᠰᠠᠨ 5 ᠲᠦᠷᠦᠯ ᠤᠨ ᠳᠤᠰᠬᠠᠢ ᠵᠠᠬ᠎ᠠ ᠳᠡᠯᠭᠡᠬᠦᠷ ᠤᠨ ᠰᠠᠭᠤᠷᠢ ᠶᠢ ᠰᠤᠩᠭᠤᠵᠤ ᠪᠠᠶᠢᠭᠤᠯᠵᠤ᠂  

ᠬᠤᠳᠡ ᠶᠢᠨ ᠳᠤᠭᠤᠷᠢᠭ ᠤᠨ ᠤᠳᠤ ᠪᠠᠶᠢᠭ᠎ᠠ ᠬᠤᠳᠠᠯᠳᠤᠭᠠᠨ ᠤ ᠡᠷᠦᠭᠡ ᠶᠢᠨ ᠳᠤᠭᠤᠷᠢᠭ ᠲᠤ ᠤᠷᠤᠵᠤ

ᠲᠦᠪᠯᠡᠷᠡᠬᠦᠯᠤᠨ ᠡᠵᠡᠩᠨᠡᠬᠦ ᠶᠢ ᠠᠬᠢᠭᠤᠯᠤᠨ᠎ᠠ᠃  ᠴᠢᠶᠠᠨ ᠱᠦᠨ ᠪᠠᠷᠠᠭ᠎ᠠ ᠬᠤᠳᠠᠯᠳᠤᠨ ᠠᠪᠬᠤ ᠰᠢᠨ᠎ᠠ ᠡᠷᠡᠨ᠂  

ᠬᠤᠩᠬᠠᠳᠤ ᠠᠭᠤᠯᠠ ᠶᠢᠨ ᠠᠮᠤ ᠪᠤᠳᠠᠭ᠎ᠠ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠬᠦᠷ ᠵᠡᠷᠭᠡ ᠭᠤᠤᠯᠳᠠᠯᠭ᠎ᠠ ᠲᠠᠢ

ᠪᠤᠳᠠᠰ ᠤᠨ ᠬᠦᠢᠯᠭᠡᠭᠡᠨ ᠤ ᠲᠦᠷᠦᠯ ᠵᠦᠢᠯ ᠢ ᠪᠠᠶᠢᠭᠤᠯᠤᠨ ᠳᠠᠭᠤᠰᠬᠠᠵᠤ ᠠᠰᠢᠭᠯᠠᠯᠳᠠ ᠳᠤ ᠤᠷᠤᠬᠤ ᠶᠢ

ᠠᠬᠢᠭᠤᠯᠤᠨ᠎ᠠ᠃  ᠤᠯᠤᠰ ᠤᠨ ᠨᠦᠭᠡᠴᠡ ᠠᠮᠤ ᠶᠢᠨ ᠬᠦᠢᠴᠡᠳᠭᠡᠯ ᠳᠤᠭ᠎ᠠ ᠶᠢ ᠢᠳᠡᠪᠬᠢᠳᠠᠢ ᠪᠠᠷ ᠭᠤᠶᠤᠴᠢᠯᠠᠨ

ᠤᠯᠵᠤ᠂ ᠳᠤᠳᠤᠭᠠᠳᠤ ᠭᠠᠳᠠᠭᠠᠳᠤ ᠶᠢᠨ ᠵᠠᠬ᠎ᠠ ᠳᠡᠯᠭᠡᠬᠦᠷ ᠢ ᠴᠢᠷᠮᠠᠶᠢᠨ ᠨᠡᠭᠡᠭᠡᠵᠤ᠂  ᠬᠤᠳᠡ ᠬᠦᠳᠡᠭᠡ ᠶᠢᠨ

ᠰᠠᠭᠤᠭᠠᠯᠢ ᠠᠷᠠᠳ ᠤᠨ ᠤᠷᠤᠯᠭ᠎ᠠ ᠨᠡᠮᠡᠭᠳᠡᠵᠤ ᠪᠠᠶᠠᠵᠢᠨ ᠴᠢᠨᠡᠭᠡᠯᠢᠭᠵᠢᠬᠦ ᠶᠢ ᠪᠦᠳᠦᠮᠵᠢᠳᠠᠢ ᠠᠬᠢᠭᠤᠯᠤᠨ᠎ᠠ᠃  ︽

ᠲᠦᠮᠡᠨ ᠳᠤᠰᠬᠤᠨ ᠮᠢᠩᠭᠠᠨ ᠰᠢᠶᠠᠩ ᠤᠨ ᠵᠠᠬ᠎ᠠ ᠳᠡᠯᠭᠡᠬᠦᠷ ᠤᠨ ᠢᠨᠵᠧᠨᠧᠷᠢᠩ︾ ᠢ ᠬᠦᠴᠤᠯᠠᠨ ᠬᠡᠷᠡᠭᠵᠢᠬᠦᠯᠵᠤ᠂  

ᠬᠤᠳᠡ ᠬᠦᠳᠡᠭᠡ ᠶᠢᠨ ᠬᠦᠢᠯᠭᠡᠭᠡᠨ ᠤ ᠳᠤᠤᠷ ᠰᠦᠯᠵᠢᠶ᠎ᠠ ᠶᠢ ᠳᠡᠬᠦᠯᠳᠠᠷᠵᠢᠬᠦᠯᠤᠨ᠂  ᠬᠤᠳᠡ ᠬᠦᠳᠡᠭᠡ ᠶᠢᠨ ᠵᠠᠬ᠎ᠠ

ᠳᠡᠯᠭᠡᠬᠦᠷ ᠢ ᠬᠦᠭᠵᠢᠬᠦᠯᠤᠨ᠎ᠠ᠃  ᠪᠦᠬᠦ ᠵᠢᠯ ᠳᠤ ᠪᠤᠳᠠᠰ ᠤᠨ ᠬᠦᠢᠯᠭᠡᠭᠡᠨ ᠤ ᠨᠡᠮᠡᠭᠳᠡᠯ ᠦᠷᠳᠡᠭ ᠢ 14.5

ᠳ᠋ᠦᠩᠰᠢᠭᠤᠷ ᠲᠦᠬᠦᠷᠢᠭ ᠪᠡᠶᠡᠯᠡᠬᠦᠯᠵᠤ᠂  11.5%   ᠪᠠᠷ ᠨᠡᠮᠡᠭᠳᠡᠬᠦᠯᠬᠦ ᠪᠠᠷ ᠴᠢᠷᠮᠠᠶᠢᠨ᠎ᠠ᠃

   ᠰᠤᠶᠤᠯ ᠵᠢᠭᠤᠯᠴᠢᠯᠠᠯ ᠤᠨ ᠦᠢᠯᠡᠰ ᠢ ᠭᠦᠴᠤᠯᠠᠨ ᠬᠦᠭᠵᠢᠬᠦᠯᠤᠨ᠎ᠠ᠃  ᠣᠳᠣ ᠪᠠᠶᠢᠭ᠎ᠠ ᠦᠵᠡᠮᠵᠢ ᠶᠢᠨ

ᠣᠷᠣᠨ ᠤ ᠳᠡᠰ ᠳᠡᠪᠰᠢᠬᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠰᠠᠶᠢᠳᠣᠷ ᠬᠢᠵᠣ᠂ ᠰᠣᠶᠣᠯ ᠪᠠ ᠵᠢᠭᠤᠯᠴᠢᠯᠠᠯ

 ᠤᠨ ᠭᠦᠨᠵᠡᠭᠡᠢ ᠠᠭᠤᠰᠣᠨ ᠨᠡᠶᠢᠯᠡᠬᠦ ᠶᠢ ᠠᠬᠢᠭᠤᠯᠣᠨ᠎ᠠ᠃ ᠪᠦᠬᠦ ᠬᠤᠳᠡ ᠶᠢᠨ ︽ᠬᠤᠷᠴᠢᠨ ᠤ500 ᠺᠢᠯᠣᠮᠧᠲᠷ︾

‍ᠤᠨ‌‍ᠰᠤᠶᠤᠯ ᠵᠢᠭᠤᠯᠴᠢᠯᠠᠯ ᠤᠨ ᠦᠵᠡᠮᠵᠢ ᠶᠢᠨ ᠦᠷᠭᠡᠨ ᠵᠠᠮ ᠢ ᠡᠬᠢᠯᠡᠨ ᠪᠠᠶᠢᠭᠤᠯᠬᠤ ᠲᠠᠢ ᠤᠶᠠᠯᠳᠤᠭᠤᠯᠤᠨ᠂ 10  

ᠲᠦᠮᠡᠨ ᠮᠤ᠋   ᠶᠢᠨ ᠪᠠᠶᠢᠭᠠᠯᠢᠭ ᠲᠠᠯ᠎ᠠ ᠨᠤᠳᠤᠭ ᠤᠨ 5 A ᠳᠡᠰ ᠤᠨ ᠵᠢᠭᠤᠯᠴᠢᠯᠠᠯ ᠤᠨ ᠤᠷᠤᠨ᠂ ᠡᠮᠤᠨ᠎ᠠ

ᠪᠤᠯᠠᠭᠳᠦ ᠶᠢᠨ ᠬᠠᠭᠤᠴᠢ ᠶᠢᠨ ᠦᠵᠡᠬᠦᠯᠦᠯᠭᠡ ᠶᠢᠨ ᠮᠦᠽᠸᠢ᠂  ᠢᠤᠢ ᠴᠢᠤᠸᠠᠨ ᠱᠠᠨ ᠠᠭᠤᠯᠠ‌ᠵᠢᠨ ᠠᠮᠢ ᠠᠬᠤᠢ

 ᠶᠢᠨ ᠵᠢᠭᠤᠯᠴᠢᠯᠠᠯ ᠤᠨ ᠤᠷᠤᠨ ᠵᠡᠷᠭᠡ ᠲᠦᠷᠦᠯ ᠵᠦᠢᠯ ᠤᠨ ᠪᠠᠶᠢᠭᠤᠯᠤᠯᠳᠠ ᠶᠢ ᠭᠤᠤᠯᠳᠠᠯᠭ᠎ᠠ ᠲᠠᠢ ᠬᠡᠷᠡᠭᠵᠢᠬᠦᠯᠤᠨ᠎ᠠ

᠃ ᠦᠪᠡᠷᠳᠡᠭᠡᠨ ᠳᠡᠷᠭᠡ ᠪᠠᠷᠢᠵᠤ  ᠵᠤᠭᠠᠴᠠᠬᠤ ᠭᠤᠶᠣ ᠰᠠᠶᠢᠬᠠᠨ ᠵᠠᠮ ᠱᠣᠭᠤᠮ ᠢ ᠲᠥᠯᠥᠪᠯᠡᠵᠤ᠂ ᠠᠭᠤᠯᠠᠷᠬᠠᠭ

ᠭᠠᠵᠠᠷ ᠤᠨ ᠲᠠᠯ᠎ᠠ ᠨᠣᠳᠤᠭ ᠤᠨ ᠦᠪᠡᠷᠳᠡᠭᠡᠨ ᠲᠡᠷᠭᠡ ᠪᠠᠷᠢᠵᠣ ᠵᠢᠭᠤᠯᠴᠢᠯᠠᠬᠤ ᠦᠷᠲᠡᠭᠡ ᠪᠠᠭᠤᠳᠠᠯ ᠭᠠᠷᠭᠠᠵᠣ  ᠂ ︽

ᠠᠭᠤᠯᠠᠷᠬᠠᠭ ᠭᠠᠵᠠᠷ ᠤᠨ ᠲᠠᠯ᠎ᠠ ᠨᠣᠳᠤᠭ ᠤᠨ ᠣᠳᠠᠭᠠᠨ ᠠᠶᠠᠯᠠᠬᠤ ᠰᠢᠰᠲ᠋ᠧᠮ︾ ᠢ ᠡᠬᠢᠯᠡᠭᠦᠯᠦᠨ ᠪᠠᠶᠢᠭᠤᠯᠵᠣ᠂3  

ᠵᠢᠭᠤᠯᠴᠢᠯᠠᠯ ᠤᠨ ᠦᠢᠯᠡᠴᠢᠯᠡᠭᠡᠨ ᠤ ᠦᠷᠳᠡᠭᠡ ᠪᠠ 3  ᠵᠢᠭᠤᠯᠴᠢᠯᠠᠯ   ᠤᠨ ᠦᠵᠡᠮᠵᠢ ᠶᠢ ᠰᠤᠨᠢᠷᠬᠠᠬᠤ ᠳᠡᠪᠴᠠᠩ

ᠪᠠᠶᠢᠭᠤᠯᠣᠨ᠎ᠠ᠃ ᠵᠠᠷᠣᠳ   ᠤᠨ ᠦᠨᠳᠦᠰᠦᠳᠡᠨ ᠤ ᠰᠣᠶᠣᠯ ᠪᠠ ᠲᠡᠣᠬᠡ ᠰᠣᠶᠣᠯ ᠢ ᠠᠭᠤᠳᠠᠯᠠᠨ᠂  ᠨᠢᠭᠡ ᠪᠦᠯᠦᠭ

ᠰᠣᠶᠣᠯ ᠵᠢᠭᠤᠯᠴᠢᠯᠠᠯ ᠤᠨ ᠨᠠᠷᠢᠯᠢᠭ ᠵᠣᠶᠢᠯ ᠢ ᠡᠭᠦᠳᠴᠣ᠂  ᠣᠶᠣᠨᠴᠢᠯᠠᠭᠰᠠᠨ ᠵᠢᠭᠤᠯᠴᠢᠯᠠᠯ ᠤᠨ ᠲᠠᠪᠴᠠᠩ  

ᠪᠠᠶᠢᠭᠤᠯᠵᠣ  ᠂ ᠰᠢᠷᠢᠰ ᠰᠣᠶᠣᠯ ᠵᠢᠭᠤᠯᠴᠢᠯᠠᠯ ᠤᠨ ᠲᠠᠨᠢᠯᠴᠠᠭᠤᠯᠬᠤ ᠠᠵᠢᠯᠯᠠᠭ᠎ᠠ ᠶᠢ ᠥᠢᠷᠨᠢᠭᠦᠯᠵᠤ᠂ ᠰᠤᠶᠤᠯ

ᠵᠢᠭᠤᠯᠴᠢᠯᠠᠯ ᠤᠨ ᠠᠵᠤ ᠦᠢᠯᠡᠰ ᠤᠨ ᠶᠡᠷᠦᠩᠭᠡᠶᠢᠯᠡᠭᠰᠡᠨ ᠦᠢᠯᠡᠴᠢᠯᠡᠭᠡᠨ ᠤ ᠬᠢᠷᠢ ᠭᠡᠮᠵᠢᠶ᠎ᠡ ᠪᠠ ᠠᠵᠤ ᠠᠬᠤᠢ ᠶᠢᠨ

ᠦᠷ᠎ᠠ ᠠᠰᠢᠭ ᠢ ᠦᠨᠡᠨᠬᠦ ᠳᠡᠭᠡᠭᠰᠢᠯᠡᠬᠦᠯᠤᠨ᠎ᠠ᠃  ᠪᠦᠬᠦ ᠵᠢᠯ ᠤᠨ ᠵᠢᠭᠤᠯᠴᠢᠯᠠᠯ ᠤᠨ ᠤᠭᠳᠤᠨ ᠵᠤᠴᠢᠯᠠᠭᠰᠠᠨ

ᠬᠦᠮᠦᠨ ᠢ 100  ᠲᠦᠮᠡᠨ ᠬᠦᠮᠦᠨ ᠤᠳᠠᠭ᠎ᠠ ᠠᠴᠠ  ᠲᠠᠪᠠᠭᠤᠯᠵᠤ  ᠂ ᠵᠢᠭᠤᠯᠴᠢᠯᠠᠯ ᠤᠨ ᠶᠡᠷᠦᠩᠭᠡᠢ ᠤᠷᠤᠯᠭ᠎ᠠ ᠶᠢ

10  ᠳ᠋ᠦᠩᠰᠢᠭᠤᠷ ᠲᠦᠬᠦᠷᠢᠭ ᠢ ᠲᠠᠪᠠᠭᠤᠯᠬᠤ ᠪᠠᠷ ᠴᠢᠷᠮᠠᠶᠢᠨ᠎ᠠ᠃

  ᠮᠦᠩᠭᠦᠨ ᠬᠦᠢᠯᠭᠡᠭᠡᠨ ᠤ ᠦᠢᠯᠡᠴᠢᠯᠡᠭᠡᠨ ᠤ  ᠦᠢᠯᠡᠰ ᠢ  ᠲᠦᠷᠭᠡᠨ ᠬᠦᠭᠵᠢᠬᠦᠯᠤᠨ᠎ᠠ᠃  ᠮᠦᠩᠭᠦᠨ ᠬᠦᠢᠯᠭᠡᠭᠡ

 ᠶᠢ ᠨᠠᠶᠢᠳᠡᠮ ᠬᠦᠭᠵᠢᠬᠦᠯᠬᠦ ᠪᠠᠷ ᠬᠦᠴᠤᠯᠡᠬᠦ‍ ᠴᠢᠭ ᠪᠤᠯᠭᠠᠨ᠂  ᠮᠦᠩᠭᠦᠨ ᠬᠦᠢᠯᠭᠡᠭᠡᠨ ᠤ ᠦᠢᠯᠡᠰ ᠤᠨ ᠳᠤᠳᠤᠭᠠᠳᠤ

 ᠳᠤ ᠪᠠ ᠭᠠᠳᠠᠭᠠᠳᠤ ᠳᠤ ᠨᠡᠭᠡᠭᠡᠯᠳᠡ ᠬᠢᠬᠦ ᠪᠠ ᠦᠨᠳᠤᠰᠤᠨ ᠱᠠᠳᠤᠨ ᠳᠤ ᠪᠦᠷᠬᠦᠬᠦ ᠶᠢ ᠦᠷᠭᠡᠳᠭᠡᠨ᠎ᠠ᠃ ᠦᠪᠤᠷ

ᠮᠤᠩᠭᠤᠯ ᠤᠨ ᠪᠠᠩᠭᠢ ᠶᠢᠨ ᠰᠠᠯᠪᠤᠷᠢ ᠪᠠᠶᠢᠭᠤᠯᠤᠮᠵᠢ ᠶᠢ ᠳᠠᠳᠠᠨ ᠤᠷᠤᠭᠤᠯᠬᠤ ᠠᠵᠢᠯ ᠢ ᠳᠡᠬᠦᠰᠭᠡᠵᠤ᠂  ᠪᠠᠩᠭᠢ

 ᠶᠢᠨ ᠪᠠᠶᠢᠭᠤᠯᠤᠮᠵᠢ ᠶᠢᠨ ᠨᠠᠶᠢᠳᠡ ᠶᠢᠨ ᠪᠤᠰᠤ ᠠᠵᠤ ᠠᠬᠤᠢ ᠶᠢ ᠬᠦᠭᠵᠢᠬᠦᠯᠬᠦ ᠳᠤ ᠦᠢᠯᠡᠴᠢᠯᠡᠬᠦ ᠳᠤᠰᠬᠠᠢ

ᠡᠵᠡᠩᠨᠡᠯᠳᠡ ᠶᠢᠨ ᠪᠠᠶᠢᠭᠤᠯᠤᠮᠵᠢ ᠭᠠᠷᠭᠠᠬᠤ ᠶᠢ ᠵᠤᠷᠢᠭᠵᠢᠭᠤᠯᠤᠨ᠂ ᠢᠳᠡᠭᠡᠮᠵᠢᠳᠦ ᠵᠢᠭᠡᠯᠡᠯᠭᠡ ᠶᠢᠨ ᠦᠷ᠎ᠠ ᠠᠰᠢᠭ ᠢ

ᠳᠡᠭᠡᠭᠰᠢᠯᠡᠬᠦᠯᠤᠨ᠎ᠠ᠃ ᠵᠠᠰᠠᠭ ᠪᠠ ᠪᠠᠩᠭᠢ ᠶᠢ ᠵᠤᠯᠭᠠᠭᠤᠯᠬᠤ ᠳᠡᠪᠴᠠᠩ ᠢ ᠢᠳᠡᠪᠬᠢᠳᠠᠢ ᠪᠠᠷ ᠪᠠᠶᠢᠭᠤᠯᠵᠤ᠂ ᠳᠤᠮᠳᠠ

ᠵᠢᠵᠢᠭ ᠪᠠᠭ᠎ᠠ ᠠᠵᠤ ᠠᠬᠤᠶᠢᠯᠠᠯ ᠤᠨ ᠵᠢᠭᠡᠯᠡᠯᠭᠡ ᠤᠯᠬᠤ ᠳᠤ ᠬᠦᠴᠢᠷ ᠠᠰᠠᠭᠤᠳᠠᠯ ᠢ ᠪᠦᠳᠦᠮᠵᠢᠳᠠᠢ ᠰᠢᠢᠳᠪᠤᠷᠢᠯᠠᠨ᠎ᠠ

᠃ ᠭᠠᠴᠠᠭ᠎ᠠ ᠲᠤᠰᠬᠤᠨ   ᠤ ᠮᠦᠩᠭᠦᠨ ᠬᠦᠢᠯᠭᠡᠭᠡᠨ ᠤ ᠦᠢᠯᠡᠴᠢᠯᠡᠭᠡᠨ ᠤ ᠳᠤᠷᠰᠢᠬᠤ ᠴᠢᠭ ᠤᠨ ᠠᠵᠢᠯ ᠢ

ᠦᠷᠬᠦᠯᠵᠢᠯᠠᠨ ᠲᠦᠯᠬᠢᠨ ᠠᠬᠢᠭᠤᠯᠵᠤ᠂  ᠬᠦᠳᠡᠭᠡ ᠲᠤᠰᠬᠤᠨ ᠤ ᠮᠦᠩᠭᠦᠨ ᠬᠦᠢᠯᠭᠡᠭᠡᠨ ᠤ ᠦᠢᠯᠡᠴᠢᠯᠡᠭᠡᠨ ᠤ

ᠳᠤᠤᠷ ᠴᠢᠭ ᠤᠨ ᠪᠠᠶᠢᠭᠤᠯᠤᠯᠳᠠ ᠶᠢ ᠲᠦᠷᠭᠡᠳᠬᠡᠨ᠎ᠠ᠃  ᠵᠠᠰᠠᠭ ᠤᠨ ᠤᠷᠳᠤᠨ ᠪᠠ ᠨᠠᠶᠢᠭᠡᠮ ᠤᠨ ᠬᠦᠷᠦᠩᠭᠡ ᠶᠢᠨ

ᠬᠤᠷᠰᠢᠬᠤ PPP ᠵᠠᠭᠪᠤᠷ ᠢ ᠦᠷᠬᠦᠯᠵᠢᠯᠠᠨ ᠰᠦᠪᠡᠭᠴᠢᠯᠠᠵᠤ᠂ BT᠂ BOT  ᠪᠠ ᠠᠵᠤ ᠠᠬᠤᠶᠢᠯᠠᠯ ᠠᠴᠠ

ᠪᠡᠯᠡ ᠮᠦᠩᠭᠦ ᠭᠠᠷᠭᠠᠨ ᠤᠷᠤᠯᠠᠨ ᠪᠠᠶᠢᠭᠤᠯᠬᠤ ᠵᠡᠷᠭᠡ ᠠᠷᠭ᠎ᠠ ᠪᠠᠷ ᠳᠠᠮᠵᠢᠨ᠂ ᠨᠠᠶᠢᠭᠡᠮ ᠤᠨ ᠬᠦᠷᠦᠩᠭᠡ ᠶᠢᠨ

ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢᠨ ᠬᠦᠷᠢᠶ᠎ᠠ ᠬᠡᠪᠴᠢᠶᠠᠨ ᠳᠤ ᠪᠡᠯᠡ ᠤᠷᠤᠭᠤᠯᠬᠤ ᠶᠢ ᠠᠬᠢᠭᠤᠯᠤᠨ᠎ᠠ

᠃ ᠠᠷᠠᠳ ᠤᠨ ᠳᠤᠮᠳᠠᠭᠢ ᠬᠦᠷᠦᠩᠭᠡ ᠶᠢ ᠠᠵᠤ  ᠦᠢᠯᠡᠰ ᠤᠨ ᠪᠡᠯᠡ ᠤᠷᠤᠭᠤᠯᠤᠯᠳᠠ ᠶᠢᠨ ᠰᠠᠭᠤᠷᠢ ᠮᠦᠩᠭᠦ

ᠪᠤᠯᠭᠠᠨ ᠳᠤᠭᠳᠠᠭᠠᠬᠤ ᠶᠢ ᠵᠤᠷᠢᠭᠵᠢᠭᠤᠯᠤᠨ᠂ ᠠᠷᠠᠳ ᠤᠨ ᠳᠤᠮᠳᠠᠭᠢ ᠬᠦᠷᠦᠩᠭᠡ ᠶᠢᠨ ᠡᠮᠭᠢ ᠳᠠᠷᠠᠭ᠎ᠠ ᠲᠠᠢ ᠪᠠᠷ

ᠠᠵᠤ ᠠᠬᠤᠢ ᠶᠢᠨ ᠪᠤᠳᠠᠳᠤ ᠴᠤᠭᠴᠡ ᠳᠤ ᠤᠷᠤᠬᠤ ᠶᠢ ᠠᠬᠢᠭᠤᠯᠤᠨ᠎ᠠ᠃ ᠮᠤᠳᠤ ᠤᠰᠤᠨ ᠴᠦᠬᠦᠷᠤᠮ᠂  ᠪᠤᠷᠤ

ᠭᠡᠷ ᠤᠷᠤᠨ ᠤ ᠦᠭᠡᠷᠡᠴᠢᠯᠠᠯᠳᠠ᠂ ᠳᠡᠭᠡᠳᠦ ᠮᠡᠷᠭᠡᠵᠢᠯᠳᠦ ᠨᠡᠬᠦᠷᠠᠰᠤᠨ ᠬᠢᠮᠢ ᠶᠢᠨ ᠠᠵᠤ ᠦᠢᠯᠡᠳᠪᠤᠷᠢ ᠶᠢᠨ

ᠳᠤᠭᠤᠷᠢᠭ ᠤᠨ ᠤᠰᠤ ᠳᠠᠳᠠᠬᠤ ᠢᠨᠵᠧᠨᠧᠷᠢᠩ ᠵᠡᠷᠭᠡ ᠲᠦᠷᠦᠯ ᠵᠦᠢᠯ ᠤᠨ  ᠪᠡᠯᠡ ᠴᠤᠭᠯᠠᠭᠤᠯᠬᠤ ᠶᠢ ᠲᠦᠷᠭᠡᠨ

ᠠᠬᠢᠭᠤᠯᠵᠤ᠂ ᠪᠦᠬᠦ ᠵᠢᠯ ᠳᠤ 5 ᠳ᠋ᠦᠩᠰᠢᠭᠤᠷ ᠲᠦᠬᠦᠷᠢᠭ ᠠᠴᠠ ᠳᠡᠭᠡᠭᠰᠢ ᠪᠡᠯᠡ ᠨᠠᠶᠢᠯᠡᠬᠦᠯᠬᠦ ᠪᠠᠷ ᠴᠢᠷᠮᠠᠶᠢᠨ᠎ᠠ᠃  

    ᠠᠷᠠᠳ ᠠᠴᠠ ᠡᠵᠡᠩᠨᠡᠭᠰᠡᠨ ᠠᠵᠣ ᠠᠬᠤᠢ ᠶᠢ ᠬᠦᠴᠦᠯᠡᠨ ᠬᠦᠭᠵᠢᠭᠦᠯᠦᠨ᠎ᠡ᠃  ᠵᠠᠬ᠎ᠠ ᠲᠡᠯᠭᠡᠭᠦᠷ ᠤᠨ ᠭᠤᠣᠯ

ᠪᠡᠶ᠎ᠡ ᠶᠢ ᠬᠦᠴᠦᠷᠬᠡᠭᠵᠢᠭᠦᠯᠬᠦ᠂ ᠠᠮᠢᠳᠣᠯᠢᠭᠵᠢᠭᠤᠯᠬᠤ ᠪᠠᠷ ᠬᠠᠷᠠᠯᠳᠠ ᠪᠣᠯᠭᠠᠨ᠂  ᠠᠷᠠᠳ ᠠᠴᠠ ᠡᠵᠡᠩᠨᠡᠭᠰᠡᠨ ᠠᠵᠣ

ᠠᠬᠤᠢ ᠶᠢᠨ ᠠᠵᠣ ᠠᠬᠤᠢ ᠶᠢᠨ ᠪᠦᠲᠦᠴᠡ ᠶᠢᠨ ᠲᠣᠮᠳᠠ ᠡᠵᠡᠯᠡᠵᠣ ᠪᠠᠶᠢᠬᠤ ᠬᠠᠷᠢᠴᠠᠯ ᠢ ᠲᠠᠰᠣᠷᠠᠯᠳᠠ ᠦᠭᠡᠢ

ᠳᠡᠭᠡᠭᠰᠢᠯᠡᠭᠦᠯᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠵᠠᠬ᠎ᠠ ᠲᠡᠯᠭᠡᠭᠦᠷ ᠤᠨ ᠭᠤᠣᠯ ᠪᠡᠶ᠎ᠡ ᠶᠢᠨ

ᠶᠡᠷᠦᠩᠬᠡᠢ ᠲᠤᠭ᠎ᠠ ᠶᠢ 25%   ᠪᠠᠷ ᠨᠡᠮᠡᠩᠳᠡᠬᠦᠯᠬᠦ ᠪᠠᠷ ᠴᠢᠷᠮᠠᠶᠢᠨ᠎ᠠ᠃ ᠠᠷᠠᠳ ᠠᠴᠠ  ᠡᠵᠡᠩᠨᠡᠭᠰᠡᠨ ᠠᠵᠣ ᠠᠬᠤᠢ

 ᠶᠢ ᠲᠦᠷᠭᠡᠨ ᠭᠦᠭᠵᠢᠭᠦᠯᠬᠦ ᠲᠦᠷᠦ ᠶᠢᠨ ᠪᠣᠳᠣᠯᠭ᠎ᠠ ᠠᠷᠭ᠎ᠠ ᠶᠢ ᠨᠠᠷᠢᠨ ᠬᠢᠨᠠᠮᠠᠭᠠᠢ ᠲᠣᠣᠱᠯᠠᠭᠤᠯᠣᠨ᠂ ᠠᠷᠠᠳ ᠠᠴᠠ

ᠡᠵᠡᠩᠨᠡᠭᠰᠡᠨ ᠠᠵᠣ ᠠᠬᠤᠢ ᠶᠢᠨ ᠬᠦᠭᠵᠢᠯᠳᠡ ᠳᠤ ᠰᠢᠯᠢᠳᠡᠭ ᠰᠠᠶᠢᠨ ᠠᠯᠪᠠᠨ ᠶᠠᠪᠣᠳᠠᠯ ᠤᠨ ᠣᠷᠴᠢᠨ ᠲᠣᠭᠤᠷᠢᠨ᠂

ᠬᠤᠷᠠᠯᠳᠣᠭᠠᠨ ᠤ ᠶᠠᠪᠣᠳᠠᠯ ᠤᠨ ᠣᠷᠴᠢᠨ ᠲᠣᠭᠤᠷᠢᠨ᠂ ᠮᠦᠩᠭᠦᠨ ᠭᠦᠢᠯᠭᠡᠭᠡᠨ ᠤ ᠣᠷᠴᠢᠨ ᠲᠣᠭᠤᠷᠢᠨ᠂ ᠨᠡᠶᠢᠭᠡᠮ

 ᠤᠨ ᠣᠷᠴᠢᠨ ᠲᠣᠭᠤᠷᠢᠨ ᠪᠠ ᠬᠦᠮᠦᠨ ᠰᠣᠶᠣᠯ ᠤᠨ ᠣᠷᠴᠢᠨ ᠲᠣᠭᠤᠷᠢᠨ ᠬᠠᠩᠭᠠᠨ ᠦᠭᠴᠦ᠂ ᠠᠵᠣ ᠠᠬᠤᠶᠢᠯᠠᠯ

 ᠤᠨ ᠡᠵᠡᠩᠨᠡᠯᠳᠡ ᠶᠢᠨ ᠲᠣᠮᠳᠠ ᠣᠷᠣᠰᠢᠵᠣ ᠪᠠᠶᠢᠭ᠎ᠠ ᠬᠦᠴᠢᠷ ᠢ ᠦᠨᠡᠨᠬᠦ ᠰᠢᠳᠪᠣᠷᠢᠯᠡᠨ ᠦᠭᠬᠦᠨ᠎ᠡ᠃ ᠣᠷᠣᠨ

ᠨᠤᠳᠤᠭ ᠤᠨ ᠠᠵᠣ ᠠᠬᠤᠶᠢᠯᠠᠯᠳᠠᠨ ᠤ ᠡᠩᠨᠡᠭᠡ ᠶᠢ ᠬᠦᠴᠦᠯᠡᠨ ᠬᠦᠮᠦᠵᠢᠭᠦᠯᠵᠣ ᠪᠤᠵᠠᠭᠠᠶᠢᠷᠠᠭᠤᠯᠵᠤ᠂ ᠣᠷᠣᠨ

ᠨᠣᠳᠤᠭ ᠤᠨ ᠠᠵᠣ ᠠᠬᠤᠶᠢᠯᠠᠯ ᠤᠨ ᠭᠤᠣᠯᠯᠠᠭᠴᠢ ᠦᠷᠢᠰᠦᠯᠳᠦᠬᠦ ᠴᠢᠳᠠᠪᠣᠷᠢ ᠶᠢ ᠲᠡᠭᠡᠭᠰᠢᠯᠡᠭᠦᠯᠦᠨ᠎ᠡ᠃

     ᠰᠢᠨ᠎ᠠ  ᠬᠦᠭᠵᠢᠵᠤ ᠪᠠᠶᠢᠭ᠎ᠠ ᠠᠵᠤ ᠦᠢᠯᠡᠰ ᠶᠢ ᠢᠳᠡᠪᠬᠢᠳᠠᠢ ᠳᠠᠮᠵᠢᠨ᠎ᠠ᠃  ᠡᠯᠧᠺᠲᠷᠤᠨ ᠬᠤᠳᠠᠯᠳᠤᠭᠠᠨ ᠤ

ᠶᠠᠪᠤᠳᠠᠯ ᠢ ᠲᠦᠷᠭᠡᠨ ᠬᠦᠭᠵᠢᠬᠦᠯᠵᠤ᠂  ᠡᠯᠧᠺᠲᠷᠤᠨ ᠬᠤᠳᠠᠯᠳᠤᠭᠠᠨ ᠤ  ᠶᠠᠪᠤᠳᠠᠯ ᠢ ︽ᠵᠢᠷᠭᠤᠭ᠎ᠠ ᠳᠤ

ᠤᠷᠤᠭᠤᠯᠬᠤ︾ ᠢᠨᠵᠧᠨᠧᠷᠢᠩ ᠢ ᠬᠡᠷᠡᠭᠵᠢᠬᠦᠯᠤᠨ᠎ᠠ᠃ ᠵᠢᠶᠦ᠋ᠨ ᠯᠢ ᠢ ᠭᠸᠤ ᠵᠡᠷᠭᠡ ᠡᠯᠧᠺᠲᠷᠤᠨ ᠬᠤᠳᠠᠯᠳᠤᠭᠠᠨ ᠤ

ᠳᠠᠪᠴᠠᠩ ᠲᠠᠢ ᠬᠠᠮᠵᠢᠯᠴᠠᠵᠤ᠂ ︽ᠵᠠᠷᠤᠳ ᠤᠨ ᠪᠤᠬᠢᠷᠳᠤᠯ ᠦᠭᠡᠢ ᠦᠭᠡᠷ ᠬᠤᠨᠢᠨ ᠮᠢᠬ᠎ᠠ︾   ᠶᠢᠨ ᠨᠡᠷᠡᠳᠦ ᠳᠡᠮᠳᠡᠭ

 ᠢ ᠡᠵᠠᠩᠨᠠᠵᠤ ᠪᠤᠷᠤᠯᠠᠭᠤᠯᠤᠨ᠎ᠠ᠃ ᠨᠦᠭᠡᠴᠡᠯᠡᠬᠦ᠂ ᠦᠵᠡᠭᠦᠯᠦᠯᠭᠡ ᠬᠢᠬᠦ᠂ ᠪᠤᠯᠪᠠᠰᠤᠷᠠᠭᠤᠯᠤᠨ ᠬᠦᠷᠭᠡᠬᠦ᠂ ᠠᠷᠠᠯᠵᠢᠶ᠎ᠠ

ᠳᠤᠭᠠᠴᠠᠭ᠎ᠠ ᠬᠢᠬᠦ᠂ ᠮᠡᠳᠡᠭᠡ ᠵᠠᠩᠭᠢ ᠵᠠᠭᠤᠴᠢ᠂ ᠠᠳᠠᠯ ᠠᠬᠤᠢ ᠶᠢᠨ ᠦᠢᠯᠡᠴᠢᠯᠡᠭᠡ᠂ ᠨᠠᠰᠤᠵᠢᠯ ᠤᠨ ᠠᠰᠠᠷᠠᠮᠵᠢ ᠶᠢᠨ

ᠳᠠᠭᠠᠳᠬᠠᠯ᠂ ᠠᠷᠠᠴᠢᠯᠠᠵᠤ ᠦᠢᠯᠡᠴᠢᠯᠡᠬᠦ᠂ ᠡᠷᠡᠬᠦᠯ ᠴᠢᠬᠢᠷᠠᠭ ᠪᠡᠶ᠎ᠡ ᠶᠢᠨ ᠪᠠᠶᠢᠴᠠᠭᠠᠯᠳᠠ᠂ ᠪᠡᠶ᠎ᠠ ᠳᠠᠮᠢᠷ  ᠪᠡᠶ᠎ᠡ

ᠴᠠᠬᠢᠷᠠᠭᠵᠢᠭᠤᠯᠬᠤ ᠵᠡᠷᠭᠡ ᠰᠢᠨᠡᠪᠡᠷ ᠬᠦᠭᠵᠢᠵᠤ ᠪᠠᠶᠢᠭ᠎ᠠ ᠦᠢᠯᠡᠴᠢᠯᠡᠭᠡᠨ ᠤ ᠤᠶᠢᠯᠠᠰ ᠢ ᠳᠠᠮᠵᠢᠵᠤ ᠬᠦᠭᠵᠢᠬᠦᠯᠤᠨ᠂

ᠦᠢᠯᠡᠰ ᠪᠤᠰᠬᠠᠬᠤ ᠠᠵᠢᠯ ᠤᠯᠭᠤᠬᠤ ᠳᠠᠪᠴᠠᠩ ᠢ ᠦᠷᠭᠡᠳᠭᠡᠨ᠎ᠠ᠃

    ︵ᠲᠦᠷᠪᠡ︶   ᠬᠦᠴᠤᠨ ᠢᠶᠠᠨ ᠲᠦᠪᠯᠡᠷᠡᠬᠦᠯᠤᠨ ᠭᠠᠳᠠᠭᠠᠳᠤ ᠨᠡᠭᠡᠭᠡᠯᠳᠡ ᠪᠠ ᠬᠤᠳᠠᠯᠳᠤᠭᠠᠴᠢᠨ ᠤᠷᠢᠵᠤ

ᠪᠡᠯᠡ ᠳᠠᠳᠠᠬᠤ ᠬᠢᠷᠢ ᠬᠡᠮᠵᠢᠶ᠎ᠡ ᠪᠠᠨ ᠳᠡᠭᠡᠭᠰᠢᠯᠡᠬᠦᠯᠵᠤ᠂  ᠠᠵᠤ ᠠᠬᠤᠢ ᠶᠢᠨ ᠬᠦᠭᠵᠢᠯᠳᠠ ᠶᠢᠨ ᠳᠤᠯᠭᠠᠭᠤᠷᠢᠯᠠᠬᠤ

ᠬᠦᠴᠤᠨ ᠢᠶᠠᠨ ᠨᠡᠮᠡᠭᠳᠡᠭᠦᠯᠦᠨ᠎ᠡ

    ᠰᠢᠨ᠎ᠡ ᠬᠡᠪ ᠤᠨ ᠪᠠᠶᠢᠳᠠᠯ ᠳᠤᠤᠷ᠎ᠠ᠂  ᠪᠢᠳᠡ ᠭᠤᠶᠢᠪᠢᠰᠢ ᠦᠭᠡᠢ ᠪᠠᠷ ᠭᠠᠳᠠᠭᠠᠳᠤ ᠳᠤ ᠨᠡᠭᠡᠭᠡᠯᠳᠡ ᠬᠢᠬᠦ᠂  

ᠬᠤᠳᠠᠯᠳᠤᠭᠠᠴᠢᠨ ᠤᠷᠢᠵᠤ ᠪᠡᠯᠡ ᠳᠠᠳᠠᠬᠤ ᠪᠠ ᠪᠡᠯᠡ ᠮᠦᠩᠭᠦ ᠤᠯᠵᠤ ᠲᠦᠷᠦᠯ ᠵᠦᠢᠯ ᠳᠤᠭᠳᠠᠭᠠᠬᠤ ᠶᠢ

ᠬᠦᠭᠵᠢᠯᠳᠠ ᠶᠢ ᠲᠦᠯᠬᠢᠨ ᠠᠬᠢᠭᠤᠯᠬᠤ ᠴᠢᠬᠤᠯᠠ ᠬᠦᠳᠡᠯᠭᠡᠬᠦᠷ ᠪᠤᠯᠭᠠᠵᠤ ᠵᠢᠴᠢ ᠠᠵᠤ ᠠᠬᠤᠢ ᠶᠢᠨ ᠬᠦᠭᠵᠢᠯᠳᠠ

 ᠶᠢᠨ ᠴᠢᠨᠠᠷ ᠪᠠ ᠦᠷ᠎ᠠ ᠠᠰᠢᠭ ᠢ ᠦᠷᠬᠦᠯᠵᠢᠯᠠᠨ ᠳᠡᠭᠡᠭᠰᠢᠯᠡᠬᠦᠯᠬᠦ ᠨᠡᠩ ᠬᠦᠴᠤᠨ ᠲᠠᠢ ᠠᠷᠭ᠎ᠠ ᠪᠤᠯᠭᠠᠳᠠᠭ᠃

     ᠰᠢᠨ᠎ᠠ ᠨᠢᠭᠡ ᠡᠭᠡᠯᠵᠢ ᠶᠢᠨ ᠬᠤᠳᠠᠯᠳᠤᠭᠠᠴᠢᠨ ᠤᠷᠢᠵᠤ ᠪᠡᠯᠡ ᠳᠠᠳᠠᠬᠤ ᠠᠵᠢᠯ ᠢ ᠬᠦᠴᠤᠯᠠᠨ ᠰᠠᠶᠢᠳᠤᠷ

ᠬᠢᠨ᠎ᠠ᠃ ᠴᠦᠬᠦᠷᠡᠰᠢ ᠦᠭᠡᠢ ᠬᠤᠳᠠᠯᠳᠣᠭᠠᠴᠢᠨ‌ᠣᠷᠢᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠣ᠂  

ᠬᠤᠳᠠᠯᠳᠣᠭᠠᠴᠢᠨ ᠣᠷᠢᠵᠣ ᠪᠡᠯᠡ ᠲᠠᠳᠠᠬᠤ ᠠᠵᠢᠯ ᠤᠨ ᠬᠠᠯᠠᠮᠰᠢᠯ ᠢ ᠪᠠᠭᠤᠷᠠᠭᠤᠯᠬᠤ ᠦᠭᠡᠢ᠂  ᠬᠦᠴᠦᠨ ᠢ

ᠬᠠᠰᠣᠬᠤ ᠦᠭᠡᠢ᠂ ᠬᠤᠳᠠᠯᠳᠣᠭᠠᠴᠢᠨ ᠣᠷᠢᠵᠣ ᠪᠡᠯᠡ ᠲᠠᠳᠠᠬᠤ ᠡᠩᠨᠡᠭᠡ ᠶᠢ ᠲᠠᠰᠣᠷᠠᠯᠳᠠ ᠦᠭᠡᠢ ᠲᠡᠭᠦᠯᠳᠡᠷᠵᠢᠭᠦᠯᠬᠦ

ᠪᠠ ᠲᠣᠬᠢᠷᠠᠭᠤᠯᠣᠨ᠂ ᠬᠤᠳᠠᠯᠳᠣᠭᠠᠴᠢᠨ ᠣᠷᠢᠵᠣ ᠪᠡᠯᠡ ᠲᠠᠳᠠᠬᠤ ᠠᠵᠢᠯ ᠳᠤ ᠪᠤᠳᠠᠳᠤ ᠠᠮᠵᠢᠯᠳᠠ ᠲᠤᠪᠦᠶᠢᠮ᠎ᠠ ᠺᠠᠳ᠋ᠷ

 ᠢ ᠭᠦᠨᠳᠤ ᠪᠠᠷ ᠱᠠᠩᠨᠠᠬᠤ ᠪᠠ ᠬᠦᠨᠳᠣ ᠪᠠᠷ ᠬᠡᠷᠡᠭᠯᠡᠬᠦ ᠠᠮᠠᠯᠠᠯᠳᠠ ᠪᠠᠨ ᠪᠦᠬᠦ ᠲᠠᠯ᠎ᠠ ᠪᠠᠷ ᠭᠦᠢᠴᠡᠳᠭᠡᠨ᠎ᠡ᠃

ᠰᠠᠨᠠᠭᠠᠴᠢᠯᠠᠭ᠎ᠠ ᠠᠴᠠ ᠪᠠᠨ ᠰᠢᠨ᠎ᠠ ᠪᠠᠶᠢᠳᠠᠯ ᠤᠨ ᠬᠦᠭᠵᠢᠯᠳᠠ ᠬᠤᠪᠢᠷᠠᠯᠳᠠ ᠳᠤ ᠵᠤᠬᠢᠴᠠᠵᠤ  ᠂ ᠰᠢᠨ᠎ᠠ ᠪᠠᠶᠢᠳᠠᠯ

ᠳᠤᠤᠷᠡᠭᠢ ᠬᠤᠳᠠᠯᠳᠤᠭᠠᠴᠢᠨ ᠤᠷᠢᠵᠤ ᠪᠡᠯᠡ ᠳᠠᠳᠠᠬᠤ ᠠᠷᠭ᠎ᠠ ᠪᠤᠳᠤᠯᠭ᠎ᠠ ᠪᠠᠨ ᠰᠤᠳᠤᠯᠤᠨ  ᠲᠤᠭᠳᠠᠭᠠᠨ᠎ᠠ᠃ ᠡᠬᠢ

ᠪᠠᠶᠠᠯᠢᠭ ᠢᠶᠠᠷ ᠲᠦᠰᠢᠯᠭᠡ ᠪᠣᠯᠭᠠᠬᠤ ᠠᠴᠠ ᠪᠢᠰᠢ ᠡᠬᠢ ᠪᠠᠶᠠᠯᠢᠭ ᠲᠤ ᠪᠠᠨ ᠨᠠᠶᠢᠳᠠᠬᠤ ᠦᠭᠡᠢ ᠶᠢ ᠪᠠᠷᠢᠮᠳᠠᠯᠠᠨ᠂  

ᠬᠤᠳᠠᠯᠳᠣᠭᠠᠴᠢᠨ ᠣᠷᠢᠵᠣ ᠪᠡᠯᠡ ᠲᠠᠲᠠᠬᠤ ᠠᠵᠢᠯ ᠤᠨ ᠰᠡᠳᠬᠢᠴᠡ ᠪᠠ ᠠᠷᠭ᠎ᠠ ᠪᠠᠨ ᠲᠠᠰᠣᠷᠠᠯᠳᠠ ᠦᠭᠡᠢ

ᠰᠢᠨᠡᠳᠭᠡᠵᠣ᠂ ᠤᠷᠤᠨ ᠳᠤᠭᠤᠷᠢᠭ ᠤᠨ ᠳᠠᠪᠠᠭᠤᠯᠢᠭ᠂ ᠤᠷᠴᠢᠨ ᠳᠤᠭᠤᠷᠢᠨ ᠭᠤᠶᠤ ᠰᠠᠶᠢᠬᠠᠨ᠂ ᠦᠢᠯᠡᠴᠢᠯᠡᠭᠡᠨ

ᠰᠢᠯᠢᠳᠡᠭ  ᠬᠤᠳᠠᠯᠳᠤᠭᠠᠴᠢᠨ ᠤᠷᠢᠵᠤ ᠪᠡᠯᠡ ᠳᠠᠳᠠᠬᠤ ᠨᠦᠬᠦᠴᠠᠯ ᠢᠶᠠᠨ ᠰᠠᠶᠢᠳᠤᠷ ᠪᠦᠷᠢᠯᠳᠦᠬᠦᠯᠤᠨ᠎ᠠ᠃ ᠨᠡᠬᠦᠷᠠᠰᠤ

ᠴᠠᠬᠢᠯᠭᠠᠨ ᠬᠦᠩᠭᠡᠨ ᠴᠠᠭᠠᠨ᠂ ᠨᠡᠬᠦᠷᠠᠰᠤᠨ ᠬᠢᠮᠢ ᠶᠢᠨ ᠠᠵᠤ ᠦᠢᠯᠡᠳᠪᠤᠷᠢ᠂ ᠬᠦᠩᠭᠡᠨ ᠴᠠᠭᠠᠨ ᠢ ᠳᠠᠬᠢᠨ

ᠪᠤᠯᠪᠠᠰᠤᠷᠠᠭᠤᠯᠬᠤ᠂ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠠ ᠶᠢᠨ ᠠᠵᠤ ᠦᠢᠯᠡᠰᠵᠢᠯᠳᠠ᠂ ᠬᠤᠳᠡ

ᠪᠠᠯᠭᠠᠰᠤᠨ ᠤ ᠦᠭᠡᠷᠡᠴᠢᠯᠠᠯᠳᠠ ᠪᠠᠶᠢᠭᠤᠯᠤᠯᠳᠠ᠂ ᠰᠢᠨ᠎ᠠ ᠡᠨᠧᠷᠭᠢ ᠶᠢᠨ ᠰᠤᠷᠪᠤᠯᠵᠢ᠂ ᠡᠯᠧᠺᠲᠷᠤᠨ ᠬᠤᠳᠠᠯᠳᠤᠭᠠᠨ

 ᠤ ᠶᠠᠪᠤᠳᠠᠯ᠂ ᠳᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠬᠦᠷ ᠵᠡᠷᠭᠡ  ᠬᠦᠷᠢᠶ᠎ᠠ ᠬᠡᠪᠴᠢᠶᠠᠨ ᠳᠤ ᠨᠠᠷᠢᠨ ᠨᠢᠮᠪᠠᠢ

ᠪᠦᠳᠦᠮᠵᠢᠳᠠᠢ ᠬᠤᠳᠠᠯᠳᠤᠭᠠᠴᠢᠨ ᠤᠷᠢᠵᠤ ᠪᠡᠯᠡ ᠳᠠᠳᠠᠬᠤ ᠠᠵᠢᠯ ᠢ ᠦᠷᠨᠢᠭᠦᠯᠵᠣ᠂ ᠮᠢᠩᠭᠠᠨ ᠲᠦᠮᠡᠨ ᠲᠦᠬᠦᠷᠢᠭ

 ᠠᠴᠠ ᠳᠡᠭᠡᠭᠰᠢ ᠲᠦᠷᠦᠯ ᠵᠦᠢᠯ ᠢ 30  ᠳᠡᠳᠡᠨ ᠤᠷᠤᠭᠤᠯᠵᠤ᠂ ᠳᠤᠰ ᠵᠢᠯ ᠳᠤ ᠪᠠᠨ ᠠᠵᠢᠯ ᠡᠬᠢᠯᠡᠬᠦᠯᠦᠭᠰᠡᠨ

ᠨᠤᠷᠮ᠎ᠠ ᠶᠢ 40%   ᠳᠤ ᠬᠦᠷᠭᠡᠵᠤ᠂ ᠤᠷᠤᠨ ᠪᠠᠶᠢᠷᠢ ᠳᠤ ᠪᠠᠨ ᠬᠦᠷᠦᠭᠰᠡᠨ ᠪᠡᠯᠡ ᠮᠦᠩᠭᠦ ᠶᠢ  115  

ᠳ᠋ᠦᠩᠰᠢᠭᠤᠷ ᠲᠦᠬᠦᠷᠢᠭ ᠠᠴᠠ ᠳᠡᠭᠡᠭᠰᠢ ᠬᠦᠷᠬᠡᠬᠦ ᠪᠠᠷ ᠴᠢᠷᠮᠠᠶᠢᠨ᠎ᠠ᠃

    ᠨᠡᠭᠡᠭᠡᠯᠳᠡ ᠶᠢᠨ ᠬᠡᠯᠪᠡᠷᠢ   ᠶᠢᠨ ᠠᠵᠤ ᠠᠬᠤᠢ ᠶᠢᠨ ᠰᠢᠰᠲ᠋ᠧᠮ ᠢ ᠭᠤᠶᠢᠪᠢᠰᠢ ᠦᠭᠡᠢ ᠡᠬᠦᠳᠤᠨ ᠪᠠᠶᠢᠭᠤᠯᠤᠨ᠎ᠠ

᠃  ᠠᠵᠤ ᠦᠢᠯᠡᠰ ᠤᠨ ᠰᠢᠯᠵᠢᠯᠳᠡ ᠶᠢ ᠰᠠᠨᠠᠭᠠᠴᠢᠯᠠᠭ᠎ᠠ ᠠᠴᠠ ᠵᠠᠯᠭᠠᠵᠤ᠂  ᠬᠦᠭᠵᠢᠭᠰᠡᠨ ᠭᠠᠵᠠᠷ ᠤᠷᠤᠨ ᠤ ᠠᠵᠤ

ᠦᠢᠯᠡᠰ ᠤᠨ ᠰᠠᠭᠤᠷᠢᠨ ᠭᠠᠵᠠᠷ᠂ ᠠᠵᠢᠯ ᠲᠦᠷᠦᠯ ᠤᠨ ᠲᠡᠷᠢᠬᠦᠨ ᠤ ᠠᠵᠤ ᠠᠬᠤᠶᠢᠯᠠᠯ ᠲᠠᠢ ᠰᠠᠶᠢᠳᠤᠷ ᠵᠤᠯᠭᠠᠬᠤ

ᠪᠠ  ᠬᠠᠮᠵᠢᠯᠴᠠᠬᠤ ᠪᠠᠨ ᠴᠢᠩᠭᠠᠳᠬᠠᠵᠤ᠂ ᠤᠶᠤᠨᠴᠢ ᠦᠢᠯᠭᠠᠭᠳᠠᠬᠤᠨ ᠮᠡᠷᠭᠡᠵᠢᠯ᠂  ᠴᠢᠳᠠᠪᠤᠷᠢᠳᠠᠨ ᠵᠡᠷᠭᠡ

ᠬᠦᠴᠤᠨ ᠵᠦᠢᠯ ᠢ ᠲᠠᠳᠠᠨ ᠤᠷᠤᠭᠤᠯᠬᠤ ᠶᠢ ᠨᠡᠩ ᠴᠢᠬᠤᠯᠠᠴᠢᠯᠠᠨ᠎ᠠ᠃ ᠤᠷᠤᠰ ᠮᠤᠩᠭᠤᠯ  ᠲᠡᠰᠢ ᠨᠡᠭᠡᠭᠡᠯᠳᠡ ᠬᠢᠬᠦ

ᠠᠵᠢᠯ ᠢ ᠬᠦᠴᠤᠯᠠᠨ ᠠᠬᠢᠭᠤᠯᠵᠤ  ᠂ ᠰᠢᠨ᠎ᠠ ᠰᠢᠪᠳᠤᠯᠤᠯᠳᠠ ᠲᠠᠢ ᠪᠤᠯᠭᠠᠵᠤ᠂  ᠤᠷᠤᠰ ᠮᠤᠩᠭᠤᠯ ᠲᠠᠢ ᠠᠵᠤ

ᠠᠬᠤᠢ ᠠᠷᠠᠯᠵᠢᠶᠠᠨ ᠤ ᠬᠠᠷᠢᠯᠴᠠᠭᠠᠨ ᠤ ᠠᠵᠢᠯᠯᠠᠭ᠎ᠠ ᠶᠢ ᠢᠳᠡᠪᠬᠢᠳᠠᠢ ᠵᠤᠬᠢᠶᠠᠨ ᠪᠠᠶᠢᠭᠤᠯᠵᠤ  ᠂ ᠤᠷᠤᠰ ᠮᠤᠩᠭᠤᠯ

 ᠲᠠᠢ ᠠᠷᠠᠯᠵᠢᠶ᠎ᠠ ᠬᠤᠳᠠᠯᠳᠤᠭᠠᠨ ᠬᠦᠢᠯᠭᠡᠭᠡ᠂  ᠠᠭᠤᠷᠬᠠᠢ ᠶᠢᠨ ᠡᠭᠢ ᠪᠠᠶᠠᠯᠢᠭ ᠤᠨ ᠨᠡᠭᠡᠭᠡᠯᠳᠡ᠂ ᠳᠠᠷᠢᠶᠠᠯᠠᠩ ᠤᠨ

ᠭᠠᠷᠤᠯᠳᠠ ᠮᠠᠯ ᠤᠨ ᠠᠰᠢᠭ ᠰᠢᠮ᠎ᠠ ᠶᠢ ᠪᠤᠯᠪᠠᠰᠤᠷᠠᠭᠤᠯᠬᠤ᠂ ᠦᠨᠳᠤᠰᠤᠳᠠᠨ ᠤ ᠰᠤᠶᠤᠯ ᠤᠷᠠᠯᠢᠭ᠂ ᠰᠤᠷᠭᠠᠨ

ᠬᠦᠮᠦᠵᠢᠯ ᠡᠷᠡᠬᠦᠯ ᠬᠠᠮᠠᠭᠠᠯᠠᠯ ᠵᠡᠷᠭᠡ ᠬᠦᠷᠢᠶ᠎ᠠ ᠬᠡᠪᠴᠢᠶᠠᠨ ᠳᠤ ᠭᠤᠤᠯᠳᠠᠯᠭ᠎ᠠ ᠲᠠᠢ ᠰᠦᠪᠡᠭᠴᠢᠯᠠᠨ  ᠬᠠᠷᠢᠯᠴᠠᠨ

ᠠᠰᠢᠭᠳᠠᠢ ᠪᠠᠷ ᠬᠤᠷᠰᠢᠬᠤ ᠶᠢ ᠪᠡᠶᠡᠯᠡᠬᠦᠯᠤᠨ᠎ᠠ᠃

   ᠲᠦᠷᠦᠯ ᠵᠦᠢᠯ ᠤᠯᠬᠤ ᠪᠡᠯᠡ ᠮᠦᠩᠭᠦ ᠤᠯᠬᠤ ᠠᠵᠢᠯ ᠤᠨ ᠬᠠᠯᠠᠭᠤᠷᠠᠯ ᠢ ᠦᠴᠤᠭᠡᠨ ᠴᠦ ᠰᠤᠯᠠᠷᠠᠭᠤᠯᠬᠤ

ᠦᠭᠡᠢ ᠶᠢ  ᠪᠠᠳᠣᠯᠠᠨ᠎ᠠ᠃  ᠤᠯᠤᠰ ᠤᠨ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠬᠠᠨᠳᠤᠰᠢ ᠪᠡ ᠵᠠᠬ᠎ᠠ

ᠳᠡᠯᠭᠡᠬᠦᠷ ᠤᠨ ᠬᠡᠷᠡᠭᠴᠡᠭᠡ ᠲᠠᠢ ᠨᠢᠠᠠᠳᠡ ᠤᠶᠠᠯᠳᠤᠭᠤᠯᠤᠨ᠂  ᠪᠡᠯᠡ ᠮᠦᠩᠭᠦ ᠤᠯᠬᠤ ᠲᠦᠷᠦᠯ ᠵᠦᠢᠯ ᠳᠤᠭᠳᠠᠭᠠᠬᠤ

ᠮᠡᠳᠡᠭᠡ ᠵᠠᠩᠭᠢ ᠪᠠᠶᠢᠳᠠᠯ ᠢ ᠰᠡᠷᠭᠡᠭ ᠢᠶᠠᠷ ᠡᠵᠡᠮᠰᠢᠵᠤ᠂ ᠲᠦᠷᠦᠯ ᠵᠦᠢᠯ ᠤᠨ ᠨᠦᠭᠡᠴᠡ ᠪᠠᠨ ᠤᠷᠢᠳᠴᠢᠯᠠᠨ

ᠲᠦᠯᠦᠪᠯᠡᠬᠦ ᠪᠠ ᠳᠡᠬᠦᠯᠳᠠᠷᠵᠢᠬᠦᠯᠤᠨ᠎ᠠ᠃ ᠪᠡᠯᠡ ᠮᠦᠩᠭᠦ ᠤᠯᠵᠤ ᠲᠦᠷᠦᠯ ᠵᠦᠢᠯ ᠳᠤᠭᠳᠠᠭᠠᠬᠤ ᠠᠵᠢᠯ ᠤᠨ ᠴᠢᠨᠠᠷ

ᠴᠢᠨᠰᠠᠭ᠎ᠠ ᠪᠠᠨ ᠦᠨᠡᠨᠬᠦ ᠳᠡᠭᠡᠭᠰᠢᠯᠡᠬᠦᠯᠵᠤ᠂ ᠭᠤᠤᠯᠳᠠᠭᠤ ᠬᠤᠳᠡ ᠶᠢᠨ ᠰᠠᠭᠤᠷᠢ ᠲᠦᠬᠦᠭᠡᠷᠤᠮᠵᠢ ᠶᠢᠨ

ᠪᠠᠶᠢᠭᠤᠯᠤᠯᠳᠠ᠂ ︽ᠭᠤᠷᠪᠠᠨ ᠳᠠᠷᠢᠶᠠᠯᠠᠩ ᠭᠤᠷᠪᠠᠨ ᠮᠠᠯᠵᠢᠯ︾᠂ ᠠᠶᠤᠯ ᠲᠠᠢ ᠭᠡᠷ ᠪᠠᠶᠢᠰᠢᠩ ᠢ ᠦᠭᠡᠷᠡᠴᠢᠯᠡᠬᠦ᠂

ᠠᠮᠢ ᠠᠬᠤᠢ ᠶᠢᠨ ᠪᠠᠶᠢᠭᠤᠯᠤᠯᠳᠠ᠂ ᠤᠷᠴᠢᠨ ᠳᠤᠭᠤᠷᠢᠨ ᠢ ᠬᠠᠮᠠᠭᠠᠯᠠᠬᠤ ᠪᠠ ᠠᠷᠠᠳ ᠤᠨ ᠠᠮᠢᠳᠤᠷᠠᠯ ᠨᠠᠶᠢᠭᠡᠮ ᠤᠨ

ᠦᠢᠯᠡᠰ ᠵᠡᠷᠭᠡ ᠲᠦᠷᠦᠯ ᠵᠦᠢᠯ ᠤᠨ ᠪᠡᠯᠡ ᠮᠦᠩᠭᠦ ᠶᠢ ᠭᠤᠶᠤᠴᠢᠯᠠᠨ ᠤᠯᠵᠤ᠂  ᠪᠦᠬᠦ ᠵᠢᠯ ᠳᠤ ᠳᠡᠭᠡᠷ᠎ᠠ ᠱᠠᠳᠤᠨ

 ᠤ ᠨᠦᠬᠦᠪᠤᠷᠢ ᠪᠡᠯᠡ ᠮᠦᠩᠭᠦ ᠶᠢ 10  ᠳ᠋ᠦᠩᠰᠢᠭᠤᠷ ᠲᠦᠬᠦᠷᠢᠭ ᠠᠴᠠ ᠳᠡᠭᠡᠭᠰᠢ ᠤᠯᠬᠤ ᠪᠠᠷ ᠴᠢᠷᠮᠠᠶᠢᠨ᠎ᠠ᠃

ᠳᠡᠭᠡᠷ᠎ᠠ ᠱᠠᠳᠤᠨ ᠤ ᠪᠡᠯᠡ ᠤᠷᠤᠭᠤᠯᠤᠭᠰᠠᠨ ᠲᠦᠷᠦᠯ ᠵᠦᠢᠯ ᠤᠨ ᠢᠨᠵᠧᠨᠧᠷᠢᠩ ᠤᠨ ᠠᠬᠢᠴᠡ ᠪᠠ  ᠴᠢᠨᠠᠷ ᠢ  

ᠦᠨᠡᠨᠬᠦ ᠰᠠᠶᠢᠳᠤᠷ  ᠠᠳᠬᠤᠵᠣ᠂ ᠲᠦᠷᠦᠯ ᠵᠦᠢᠯ   ᠤᠨ ᠪᠠᠶᠢᠭᠤᠯᠣᠯᠳᠠ ᠶᠢ ᠳᠤᠭᠳᠠᠭᠰᠠᠨ ᠬᠤᠭᠤᠴᠠᠭᠠᠨ ᠳᠤ  

ᠦᠨᠡᠨᠬᠦ ᠪᠡᠶᠡᠯᠡᠬᠦᠯᠬᠦ ᠶᠢ ᠪᠠᠳᠤᠯᠠᠨ᠎ᠠ᠃

    ︵ᠳᠠᠪᠤ︶ ᠬᠦᠴᠤᠨ ᠵᠶ᠋ᠠᠨ‌‍ᠲ᠋ᠦ᠋ᠪᠯᠡᠷᠡᠬᠦᠯᠤᠨ ᠬᠤᠳᠡ ᠬᠦᠳᠡᠭᠡ ᠶᠢ ᠨᠢᠭᠡᠳᠦᠯᠳᠠᠢ ᠲᠦᠯᠤᠪᠯᠡᠨ ᠵᠤᠬᠢᠴᠠᠭᠤᠯᠤᠨ

ᠭᠦᠭᠵᠢᠭᠦᠯᠵᠤ᠂ ᠰᠢᠨ᠎ᠠ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠪᠠᠶᠢᠭᠤᠯᠤᠯᠳᠠ ᠶᠢ ᠲᠦᠷᠭᠡᠨ ᠠᠬᠢᠭᠤᠯᠤᠨ᠎ᠠ

      ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ   ᠶᠢᠨ ᠪᠠᠶᠢᠭᠤᠯᠣᠯᠳᠠ ᠶᠢ ᠠᠵᠤ ᠠᠬᠤᠢ ᠶᠢᠨ ᠪᠦᠳᠦᠴᠡ

 ᠪᠠᠨ ᠳᠤᠬᠢᠷᠠᠭᠤᠯᠤᠨ ᠰᠢᠯᠢᠳᠡᠭᠵᠢᠬᠦᠯᠬᠦ᠂  ᠬᠤᠳᠡ ᠬᠦᠳᠡᠭᠡ ᠶᠢᠨ ᠬᠦᠭᠵᠢᠯᠳᠠ ᠶᠢ ᠨᠢᠭᠡᠳᠦᠯᠳᠠᠢ ᠲᠦᠯᠦᠪᠯᠡᠬᠦ

ᠬᠦᠴᠤᠨ ᠲᠠᠢ ᠳᠤᠯᠭᠠᠭᠤᠷᠢ  ᠪᠣᠯᠭᠠᠬᠤ ᠶᠢ ᠪᠠᠷᠢᠮᠳᠠᠯᠠᠨ᠂ ᠤᠷᠤᠨ ᠪᠠᠶᠢᠷᠢ ᠶᠢᠨ ᠳᠤᠭᠳᠠᠭᠠᠯᠳᠠ ᠨᠢ ᠲᠣᠳᠣᠷᠬᠠᠢ᠂

ᠴᠢᠳᠠᠪᠤᠷᠢ ᠳᠡᠬᠦᠯᠳᠠᠷ᠂ ᠠᠮᠢ ᠠᠬᠤᠶᠢᠯᠢᠭ ᠰᠠᠭᠤᠬᠤ   ᠳᠤ ᠳᠤᠬᠢᠷᠠᠮᠵᠢᠳᠠᠢ᠂  ᠦᠷᠬᠦᠯᠵᠢᠯᠠᠨ ᠬᠦᠭᠵᠢᠬᠦ ᠰᠢᠨ᠎ᠠ

ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠬᠡᠪ ᠵᠠᠭᠪᠤᠷ ᠢ ᠲᠦᠷᠭᠡᠨ ᠪᠠᠶᠢᠭᠤᠯᠤᠨ᠎ᠠ᠃

     ᠤᠷᠢᠳᠠᠪᠠᠷ ᠲᠦᠯᠦᠪᠵᠢᠬᠦᠯᠭᠡ ᠬᠢᠬᠦ ᠶᠢ ᠪᠠᠷᠢᠮᠳᠠᠯᠠᠨ᠂  ᠬᠤᠳᠡ ᠬᠦᠳᠡᠭᠡ ᠶᠢᠨ ᠪᠠᠶᠢᠭᠤᠯᠤᠯᠳᠠ ᠬᠦᠭᠵᠢᠯᠳᠠ

 ᠶᠢ ᠳᠠᠶᠢᠴᠢᠯᠠᠨ᠎ᠠ᠃  ᠪᠦᠬᠦ ᠬᠤᠳᠡ ᠶᠢᠨ ︽ᠬᠤᠶᠢᠳᠦ ᠬᠡᠰᠡᠭ ᠤᠨ ᠬᠤᠳᠠ ᠪᠠᠯᠭᠠᠰᠤᠨ ᠤ  ᠪᠦᠰᠡ︾   ᠶᠢ

ᠪᠠᠶᠢᠭᠤᠯᠬᠤ ᠲᠦᠯᠦᠪᠵᠢᠬᠦᠯᠭᠡ ᠶᠢᠨ ᠱᠠᠭᠠᠷᠳᠠᠯᠭ᠎ᠠ ᠪᠠᠷ  ᠂ ︽ᠵᠠᠷᠤᠳ ᠬᠤᠰᠢᠭᠤᠨ ᠤ ᠠᠶᠢᠯ ᠳᠤᠰᠬᠤᠨ ᠪᠠᠯᠭᠠᠰᠤ

 ᠶᠢᠨ ᠰᠢᠰᠲ᠋ᠧᠮ ᠤᠨ ᠲᠦᠯᠦᠪᠵᠢᠬᠦᠯᠭᠡ︾ ᠶᠢ ᠨᠠᠶᠢᠷᠠᠭᠤᠯᠤᠨ ᠵᠤᠬᠢᠶᠠᠬᠤ ᠪᠠ ︽ᠵᠠᠷᠤᠳ ᠬᠤᠰᠢᠭᠤᠨ ᠤ ᠯᠦᠪᠸᠢ

ᠪᠠᠯᠭᠠᠰᠤᠨ ᠤ ᠶᠡᠷᠦᠩᠭᠡᠢ ᠲᠦᠯᠦᠪᠵᠢᠬᠦᠯᠭᠡ︾ ᠶᠢ ᠨᠠᠶᠢᠷᠠᠭᠤᠯᠤᠨ ᠵᠤᠬᠢᠶᠠᠬᠤ ᠮᠡᠳᠡᠬᠦᠯᠤᠨ ᠵᠦᠪᠰᠢᠶᠡᠷᠡᠬᠦᠯᠬᠦ ᠠᠵᠢᠯ ᠢ

ᠲᠦᠷᠭᠡᠳᠭᠡᠨ᠎ᠠ᠃  ᠲᠦᠯᠦᠪᠵᠢᠬᠦᠯᠭᠡ ᠶᠢ ᠬᠢᠨᠠᠬᠤ ᠲᠦᠷᠢᠮ ᠢ ᠴᠢᠩᠭ᠎ᠠ ᠬᠡᠷᠡᠭᠵᠢᠬᠦᠯᠵᠤ᠂  ᠬᠡᠷᠡᠭᠯᠡᠬᠦ ᠭᠠᠵᠠᠷ ᠤᠨ

ᠰᠢᠨᠵᠢ ᠴᠢᠨᠠᠷ᠂  ᠭᠠᠯ ᠰᠡᠷᠭᠡᠶᠢᠯᠡᠬᠦ᠂  ᠤᠷᠴᠢᠨ ᠳᠤᠭᠤᠷᠢᠨ ᠤ ᠬᠠᠮᠠᠭᠠᠯᠠᠯᠳᠠ ᠵᠡᠷᠭᠡ ᠨᠢ ᠪᠠᠷᠢᠮᠵᠢᠶ᠎ᠠ ᠳᠤ ᠬᠦᠷᠬᠦ

ᠦᠭᠡᠢ ᠲᠦᠷᠦᠯ ᠵᠦᠢᠯ ᠢ ᠨᠢᠭᠡ ᠴᠤ ᠵᠦᠪᠰᠢᠶᠡᠷᠡᠵᠤ ᠪᠤᠯᠬᠤ ᠦᠭᠡᠢ᠃  ᠲᠦᠯᠦᠪᠵᠢᠬᠦᠯᠭᠡ ᠶᠢᠨ ᠬᠠᠤᠯᠢ

ᠬᠡᠷᠡᠭᠵᠢᠬᠦᠯᠬᠦ ᠬᠢᠨᠠᠨ ᠪᠠᠶᠢᠴᠠᠭᠠᠬᠤ ᠬᠦᠴᠤᠨ ᠢᠶᠠᠨ ᠶᠡᠬᠡᠰᠭᠡᠵᠤ᠂  ᠬᠤᠪᠢ ᠪᠠᠷ ᠢᠶᠠᠨ ᠪᠤᠰᠬᠠᠵᠤ ᠳᠤᠷ᠎ᠠ ᠪᠠᠷ ᠢᠶᠠᠨ

ᠪᠠᠶᠢᠭᠤᠯᠤᠭᠰᠠᠨ᠂  ᠨᠠᠶᠢᠳᠡ ᠶᠢᠨ ᠤᠷᠤᠨ ᠵᠠᠢ ᠶᠢ ᠡᠵᠡᠯᠡᠭᠰᠡᠨ ᠵᠡᠷᠭᠡ ᠬᠠᠤᠯᠢ ᠳᠤᠭᠳᠠᠭᠠᠯ ᠠᠴᠠ ᠵᠦᠷᠢᠴᠡᠵᠤ

ᠪᠠᠶᠢᠭᠤᠯᠤᠭᠰᠠᠨ ᠠᠵᠢᠯᠯᠠᠭ᠎ᠠ ᠶᠢ ᠬᠠᠤᠯᠢ ᠶᠤᠰᠤᠭᠠᠷ ᠵᠤᠭᠰᠤᠭᠠᠬᠤ ᠪᠠ ᠡᠷᠡᠰ ᠲᠠᠰᠤ  ᠪᠠᠶᠢᠴᠠᠭᠠᠨ ᠰᠢᠳᠭᠡᠨ᠎ᠡ᠃

    ᠬᠦᠮᠦᠨ ᠢᠶᠠᠷ ᠦᠨᠳᠤᠰᠤ ᠪᠤᠯᠭᠠᠬᠤ ᠶᠢ ᠪᠠᠷᠢᠮᠳᠠᠯᠠᠨ᠂  ᠬᠤᠳᠡ ᠬᠦᠳᠡᠭᠡ ᠶᠢᠨ ᠨᠠᠶᠢᠳᠡ ᠶᠢᠨ ᠰᠠᠭᠤᠷᠢ

ᠲᠦᠬᠦᠭᠡᠷᠤᠮᠵᠢ ᠶᠢᠨ ᠪᠠᠶᠢᠭᠤᠯᠤᠯᠳᠠ ᠶᠢ ᠳᠠᠰᠤᠷᠠᠯᠳᠠ ᠦᠭᠡᠢ ᠳᠡᠬᠦᠯᠳᠠᠷᠵᠢᠬᠦᠯᠤᠨ᠎ᠠ᠃  ︽ᠨᠢᠭᠡ ᠵᠠᠭᠡᠯᠢ ᠨᠢᠭᠡ ᠵᠠᠮ

ᠨᠢᠭᠡ ᠪᠠᠯᠭᠠᠰᠤ ᠨᠢᠭᠡ ᠨᠠᠶᠢᠭᠡᠮ ᠳᠤᠭᠤᠷᠢᠭ︾   ᠤᠨ ᠦᠭᠡᠷᠡᠴᠢᠯᠡᠬᠦ ᠱᠠᠭᠠᠷᠳᠠᠯᠭ᠎ᠠ ᠶᠤᠰᠤᠭᠠᠷ᠂  ᠬᠤᠳᠡ ᠶᠢᠨ

ᠳᠤᠭᠤᠷᠢᠭ ᠤᠨ ᠭᠤᠤᠯ ᠵᠡᠭᠡᠯᠢ ᠵᠠᠮ᠂  ᠪᠠᠶᠠᠷᠳᠤᠬᠤᠰᠢᠭᠤ ᠪᠠᠯᠭᠠᠰᠤ᠂  ᠢᠤᠢ ᠯᠦᠩ ᠨᠠᠶᠢᠭᠡᠮ ᠳᠤᠭᠤᠷᠢᠭ ᠲᠤ

ᠭᠤᠤᠯᠳᠠᠭᠤ ᠨᠢᠭᠡ ᠪᠦᠯᠦᠭ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢᠨ ᠢᠨᠵᠧᠨᠧᠷᠢᠩ ᠢ ᠡᠬᠢᠯᠡᠬᠦᠯᠤᠨ᠎ᠠ᠃  

ᠨᠠᠰᠤᠳᠠᠶᠢᠴᠤᠳ ᠤᠨ ᠬᠦᠳᠡᠯᠭᠡᠭᠡᠨ ᠤ ᠲᠦᠪ ᠵᠡᠷᠭᠡ 5  ᠨᠠᠶᠢᠳᠡ ᠶᠢᠨ ᠪᠠᠶᠢᠭᠤᠯᠤᠯᠳᠠ ᠶᠢᠨ ᠲᠦᠷᠦᠯ ᠵᠦᠢᠯ ᠪᠠ

ᠴᠧᠩ ᠰᠢᠨ ᠠᠭᠤᠳᠠᠮ ᠳᠠᠯᠠᠪᠠᠢ᠂  ᠰᠢᠩ ᠬᠤᠸᠠ ᠤᠷᠤᠨ ᠰᠠᠭᠤᠴᠡ ᠵᠡᠷᠭᠡ ᠠᠷᠠᠯᠵᠢᠶ᠎ᠠ ᠬᠤᠳᠠᠯᠳᠤᠭᠠᠨ ᠤ

ᠶᠡᠷᠦᠩᠭᠡᠶᠢᠯᠡᠭᠰᠡᠨ ᠪᠠᠷᠢᠯᠭ᠎ᠠ ᠶᠢᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂  ᠬᠤᠳᠡ ᠳᠤᠭᠤᠷᠢᠭ ᠤᠨ ᠨᠠᠶᠢᠳᠡ

 ᠶᠢᠨ ᠦᠢᠯᠡᠴᠢᠯᠡᠭᠡᠨ ᠤ ᠬᠢᠷᠢ ᠬᠡᠮᠵᠢᠶ᠎ᠠ ᠶᠢ ᠳᠡᠭᠡᠭᠰᠢᠯᠡᠬᠦᠯᠤᠨ᠎ᠠ᠃ ︽ᠦᠪᠡᠷᠳᠡᠭᠡᠨ ᠵᠠᠰᠠᠬᠤ ᠣᠷᠣᠨ ᠤ ᠴᠡᠴᠡᠷᠯᠢᠭᠳᠦ

ᠬᠤᠰᠢᠭᠤ︾ ᠶᠢ ᠡᠭᠦᠳᠦᠨ ᠪᠠᠶᠢᠭᠤᠯᠬᠤ ᠦᠷ᠎ᠡ ᠪᠦᠳᠦᠮᠵᠢ ᠪᠠᠨ ᠪᠠᠬᠢᠵᠢᠭᠦᠯᠦᠨ᠂  ᠬᠤᠳᠡ ᠶᠢᠨ ᠳᠤᠭᠤᠷᠢᠭ ᠤᠨ

ᠤᠶᠢᠷ᠎ᠠ ᠤᠷᠴᠢᠮ ᠤᠨ ᠡᠪᠳᠡᠵᠤ  ᠨᠤᠷᠠᠭᠰᠠᠨ ᠠᠭᠤᠯᠠ ᠶᠢᠨ ᠠᠮᠢ ᠠᠬᠤᠢ ᠶᠢ ᠰᠡᠷᠬᠦᠭᠡᠬᠦ ᠵᠢᠴᠢ ᠦᠵᠡᠮᠵᠢ ᠶᠢ

ᠰᠠᠶᠢᠵᠢᠷᠠᠭᠤᠯᠬᠤ ᠢᠨᠵᠧᠨᠧᠷᠢᠩ ᠢ ᠦᠷᠬᠦᠯᠵᠢᠯᠠᠨ ᠬᠡᠷᠡᠭᠵᠢᠬᠦᠯᠵᠤ᠂  ᠮᠤᠵᠢ ᠶᠢᠨ ᠵᠠᠮ 306  ᠱᠤᠭᠤᠮ ᠤᠨ

ᠬᠤᠳᠡ ᠶᠢᠨ ᠳᠤᠭᠤᠷᠢᠭ ᠤᠨ  ᠬᠡᠰᠡᠭ ᠢ ᠨᠤᠭᠤᠭᠠᠷᠠᠭᠤᠯᠬᠤ ᠡᠬᠦᠷᠭᠡ ᠶᠢ ᠪᠡᠶᠡᠯᠡᠬᠦᠯᠤᠨ᠎ᠠ᠃ ᠫᠤᠤ ᠲᠠᠢ ᠱᠠᠨ

ᠴᠡᠴᠡᠷᠯᠢᠭ ᠤᠨ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠪᠠ ᠵᠠᠭᠡᠯᠢ ᠭᠤᠳᠤᠮᠵᠢ ᠶᠢ ᠨᠤᠭᠤᠭᠠᠷᠠᠭᠤᠯᠬᠤ᠂

ᠵᠡᠭᠡᠯᠢ ᠶᠢᠨ ᠦᠨᠴᠦᠭ ᠪᠤᠯᠤᠩ ᠤᠨ ᠴᠡᠴᠡᠷᠯᠢᠭ ᠤᠨ ᠪᠠᠶᠢᠭᠤᠯᠤᠯᠳᠠ ᠶᠢ ᠬᠡᠷᠡᠭᠵᠢᠬᠦᠯᠵᠤ᠂ ᠬᠦᠮᠦᠰ ᠤᠨ ᠤᠷᠤᠰᠢᠨ

ᠰᠠᠭᠤᠬᠤ ᠤᠷᠴᠢᠨ ᠳᠤᠭᠤᠷᠢᠨ ᠢ ᠳᠠᠰᠤᠷᠠᠯᠳᠠ ᠦᠭᠡᠢ ᠰᠠᠶᠢᠵᠢᠷᠠᠭᠤᠯᠤᠨ᠎ᠠ᠃  ᠦᠨᠳᠤᠷ ᠪᠠᠷᠢᠮᠵᠢᠶ᠎ᠡ

 ᠪᠠᠷ1ᠳᠠᠭᠤᠷᠢᠶᠠᠯ ᠦᠵᠡᠬᠦᠯᠬᠦ ᠵᠡᠭᠡᠯᠢ ᠭᠤᠳᠤᠮᠵᠢ᠂  3  ᠵᠤᠯ ᠵᠢᠷᠭᠠᠯᠳᠦ ᠨᠠᠶᠢᠭᠡᠮ ᠳᠤᠭᠤᠷᠢᠭ ᠢ  ᠪᠠᠶᠢᠭᠤᠯᠣᠨ᠎ᠠ᠃

ᠠᠳᠠᠯ ᠠᠬᠤᠢ ᠶᠢᠨ ᠦᠢᠯᠡᠰ ᠤᠨ ᠬᠠᠮᠢᠶᠠᠷᠤᠯᠳᠠ ᠶᠢᠨ ᠠᠵᠢᠯ ᠢ  ᠬᠦᠴᠤᠯᠠᠨ ᠲᠦᠯᠬᠢᠨ ᠠᠬᠢᠭᠤᠯᠵᠤ ᠰᠢᠨ᠎ᠠ

ᠰᠢᠪᠳᠤᠯᠤᠯᠳᠠ ᠲᠠᠢ ᠪᠤᠯᠭᠠᠨ᠎ᠠ᠃  ᠰᠢᠨ᠎ᠠ ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠭᠤᠯᠤᠯᠳᠠ ᠶᠢ ᠪᠦᠬᠦ

ᠲᠠᠯ᠎ᠠ ᠪᠠᠷ ᠲᠦᠯᠬᠢᠨ ᠠᠬᠢᠭᠤᠯᠵᠤ᠂  ︽7 ᠵᠠᠭᠤᠨ ᠤ ᠵᠠᠭᠤ᠂  20  ᠲᠦᠷᠦᠯ ᠢ ᠪᠦᠬᠦ ᠲᠠᠯ᠎ᠠ ᠪᠠᠷ ᠪᠦᠷᠬᠦᠬᠦᠯᠬᠦ︾

ᠪᠠᠷᠢᠮᠵᠢᠶ᠎ᠠ ᠪᠠᠷ ᠭᠤᠤᠯᠳᠠᠭᠤ 304  ᠤᠯᠤᠰ ᠤᠨ ᠵᠠᠮ ᠤᠨ ᠳᠠᠭᠠᠤ 12  ᠬᠤᠳᠡ ᠶᠢᠨ ᠳᠡᠰ ᠤᠨ  ᠪᠠ  11  

ᠬᠤᠰᠢᠭᠤᠨ ᠤ ᠳᠡᠰ ᠤᠨ ᠳᠠᠭᠤᠷᠢᠶᠠᠯ ᠦᠵᠡᠬᠦᠯᠬᠦ  ᠭᠠᠴᠠᠭ᠎ᠠ‌‍ᠲ᠋ᠤᠰᠬᠤᠨ ᠢ ᠪᠠᠶᠢᠭᠤᠯᠤᠨ᠎ᠠ᠃ ᠨᠢᠭᠡᠳᠦᠭᠡᠷ ᠪᠦᠯᠦᠭ

 ᠤᠨ 69  ᠭᠠᠴᠠᠭ᠎ᠠ ᠲᠤᠰᠬᠤᠨ ᠤ ︽ᠠᠷᠪᠠ ᠶᠢ ᠪᠦᠷᠬᠦᠬᠦᠯᠬᠦ︾ ᠪᠠᠶᠢᠭᠤᠯᠤᠯᠳᠠ ᠶᠢᠨ ᠦᠷ᠎ᠠ ᠳ᠋ᠦᠩ ᠢᠶᠠᠨ

ᠪᠠᠬᠢᠵᠢᠬᠦᠯᠵᠤ᠂  ᠬᠤᠶᠠᠳᠤᠭᠠᠷ ᠪᠦᠯᠦᠭ ᠤᠨ 104  ᠭᠠᠴᠠᠭ᠎ᠠ ᠲᠤᠰᠬᠤᠨ ᠲᠠᠯᠠᠪᠡᠢ ᠳᠤ ︽ᠠᠷᠪᠠ ᠶᠢ ᠪᠦᠷᠬᠦᠬᠦᠯᠬᠦ︾

ᠢᠨᠵᠧᠨᠧᠷᠢᠩ   ᠤᠨ ᠪᠠᠶᠢᠭᠤᠯᠤᠯᠳᠠ ᠶᠢᠨ ᠡᠬᠦᠷᠭᠡ ᠪᠠᠨ ᠪᠡᠶᠡᠯᠡᠬᠦᠯᠤᠨ᠎ᠠ  ᠂  ᠠᠶᠢᠯ ᠲᠣᠰᠬᠤᠨ ᠢ ᠨᠣᠭᠤᠭᠠᠷᠠᠭᠤᠯᠬᠤ

ᠪᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ  ᠢᠨᠵᠢᠨᠧᠷᠢᠭ   ᠢ ᠴᠣᠭᠭᠠᠷ ᠬᠡᠷᠡᠭᠵᠢᠭᠦᠯᠵᠣ᠂

ᠠᠯᠪᠠᠨ ᠨᠡᠶᠢᠳᠡ ᠶᠢᠨ ᠬᠡᠷᠡᠭᠯᠡᠬᠦ ᠲᠤᠨᠤᠭ ᠲᠦᠬᠦᠭᠡᠷᠦᠮᠵᠢ ᠶᠢᠨ ᠬᠤᠶᠢᠨᠠᠬᠢ ᠬᠠᠮᠢᠶᠠᠷᠣᠯᠳᠠ ᠶᠢ ᠪᠦᠬᠦ ᠲᠠᠯ᠎ᠠ ᠪᠠᠷ

ᠴᠢᠩᠭᠠᠳᠬᠠᠵᠣ᠂  ᠣᠷᠳᠣ ᠬᠤᠭᠤᠴᠠᠭ᠎ᠠ ᠪᠠᠷ ᠦᠷ᠎ᠡ ᠠᠰᠢᠭ  ᠪᠠᠳᠠᠷᠠᠭᠤᠯᠬᠤ ᠶᠢ ᠦᠨᠡᠨᠬᠦ ᠪᠠᠳᠣᠯᠠᠨ᠎ᠠ᠃  

    ᠪᠠᠶᠢᠭᠤᠯᠬᠤ ᠪᠠ ᠬᠠᠮᠢᠶᠠᠷᠬᠤ ᠶᠢ ᠴᠤᠭᠭᠠᠷ ᠴᠢᠬᠤᠯᠠᠴᠢᠯᠠᠬᠤ ᠶᠢ ᠪᠠᠷᠢᠮᠳᠠᠯᠠᠨ᠂  ᠬᠤᠳᠡ ᠪᠠᠯᠭᠠᠰᠤᠨ ᠤ

ᠬᠠᠮᠢᠶᠠᠷᠤᠯᠳᠠ ᠶᠢᠨ ᠲᠦᠪᠰᠢᠨ ᠢᠶᠠᠨ ᠳᠡᠭᠡᠭᠰᠢᠯᠡᠬᠦᠯᠤᠨ᠎ᠠ᠃  ᠬᠠᠮᠳᠤ ᠨᠠᠶᠢᠳᠡ ᠶᠢᠨ ᠦᠢᠯᠡᠰ ᠤᠨ ᠬᠠᠮᠢᠶᠠᠷᠤᠯᠳᠠ ᠪᠠ

ᠬᠤᠳᠡ ᠶᠢᠨ ᠬᠠᠮᠢᠶᠠᠷᠤᠯᠳᠠ ᠶᠢᠨ ᠶᠡᠷᠦᠩᠭᠡᠶᠢᠯᠡᠨ ᠬᠠᠤᠯᠢ ᠬᠡᠷᠡᠭᠵᠢᠬᠦᠯᠬᠦ ᠪᠠᠨ ᠴᠢᠩᠭᠠᠳᠬᠠᠵᠤ᠂  ︽ᠡᠬᠦᠳᠡᠨ

ᠡᠮᠤᠨᠡᠭᠢ ᠲᠦᠷᠪᠡ ᠶᠢ ᠳᠠᠭᠠᠭᠠᠴᠢᠯᠠᠬᠤ︾  ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ

᠂  ᠤᠯᠠᠨ ᠲᠦᠮᠡᠨ ᠤ ᠬᠤᠳᠡ ᠬᠦᠳᠡᠭᠡ ᠶᠢᠨ ᠬᠠᠮᠢᠶᠠᠷᠤᠯᠳᠠ ᠳᠤ ᠤᠷᠤᠯᠴᠠᠬᠤ ᠢᠳᠡᠪᠬᠢ ᠴᠢᠨᠠᠷ ᠢ ᠳᠠᠶᠢᠴᠢᠯᠠᠬᠤ ᠪᠠ

ᠤᠷᠮᠠᠰᠢᠭᠤᠯᠤᠨ᠎ᠠ᠃   ᠬᠤᠳᠡ ᠪᠠᠯᠭᠠᠰᠤ ᠶᠢ ᠤᠶᠤᠨᠴᠢᠯᠠᠨ ᠬᠠᠮᠢᠶᠠᠷᠬᠤ   ᠶᠢ ᠬᠦᠴᠤᠯᠠᠨ ᠲᠦᠯᠬᠢᠨ ᠠᠬᠢᠭᠤᠯᠵᠤ᠂  

ᠠᠮᠤᠷ ᠢ ᠬᠠᠮᠠᠭᠠᠯᠠᠬᠤ᠂  ᠬᠤᠳᠡ ᠶᠢᠨ ᠬᠠᠮᠢᠶᠠᠷᠤᠯᠳᠠ᠂  ᠨᠠᠶᠢᠭᠡᠮ ᠳᠤᠭᠤᠷᠢᠭ ᠵᠡᠷᠭᠡ ᠶᠢᠨ ᠬᠠᠷᠠᠭᠠᠨ ᠳᠠᠪᠳᠠᠮᠵᠢ

 ᠶᠢᠨ ᠡᠬᠢ ᠪᠠᠶᠠᠯᠢᠭ ᠢ ᠨᠢᠭᠡᠳᠭᠡᠵᠤ᠂  ᠳᠤᠭᠠᠴᠢᠯᠠᠭᠰᠠᠨ ᠬᠠᠮᠢᠶᠠᠷᠤᠯᠳᠠ ᠶᠢᠨ ᠳᠠᠪᠴᠠᠩ ᠢ ᠪᠠᠶᠢᠭᠤᠯᠤᠨ᠎ᠠ᠃  

ᠬᠤᠳᠡ ᠬᠦᠳᠡᠭᠡ ᠶᠢ ᠴᠡᠪᠡᠷᠰᠢᠬᠦᠯᠬᠦ ᠠᠵᠢᠯᠯᠠᠭ᠎ᠠ ᠪᠠ ᠬᠤᠳᠡ ᠬᠦᠳᠡᠭᠡ ᠶᠢᠨ ᠤᠷᠴᠢᠨ ᠳᠤᠭᠤᠷᠢᠨ ᠤ ᠡᠷᠡᠬᠦᠯ

ᠬᠠᠮᠠᠭᠠᠯᠠᠯ ᠢ ᠶᠡᠷᠦᠩᠭᠡᠶᠢᠯᠡᠨ ᠵᠠᠰᠠᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠤᠨ᠂  ᠬᠤᠳᠡ ᠬᠦᠳᠡᠭᠡ ᠶᠢᠨ ᠰᠠᠭᠤᠭᠠᠯᠢ

ᠠᠷᠠᠳ ᠤᠨ ᠤᠷᠤᠰᠢᠨ ᠰᠠᠭᠤᠬᠤ ᠤᠷᠴᠢᠨ ᠳᠤᠭᠤᠷᠢᠨ ᠢ ᠳᠠᠰᠤᠷᠠᠯᠳᠠ ᠦᠭᠡᠢ ᠰᠠᠶᠢᠵᠢᠷᠠᠭᠤᠯᠤᠨ᠎ᠠ᠃  

ᠢᠨᠵᠧᠨᠧᠷᠢᠩ ᠤᠨ ᠴᠢᠨᠠᠷ ᠴᠢᠨᠰᠠᠭ᠎ᠠ ᠶᠢ ᠳᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠤᠨ᠂  

ᠭᠤᠤᠯᠳᠠᠭᠤ ᠭᠡᠷ ᠬᠦᠷᠦᠩᠭᠡ ᠤᠷᠤᠨ ᠰᠠᠭᠤᠴᠡ ᠶᠢᠨ ᠨᠡᠭᠡᠭᠡᠯᠳᠡ ᠶᠢᠨ ᠵᠠᠬ᠎ᠠ ᠳᠡᠯᠬᠡᠬᠦᠷ ᠪᠠ ᠪᠠᠷᠢᠯᠭ᠎ᠠ ᠶᠢᠨ ᠵᠠᠬ᠎ᠠ

ᠳᠡᠯᠭᠡᠬᠦᠷ ᠤᠨ ᠬᠠᠤᠯᠢ ᠪᠠᠷ ᠵᠦᠷᠢᠴᠠᠵᠤ ᠳᠠᠭᠠᠭᠠᠴᠢᠯᠠᠨ ᠦᠭᠬᠦ᠂  ᠬᠠᠤᠯᠢ ᠪᠠᠷ ᠵᠦᠷᠢᠴᠠᠵᠤ ᠬᠤᠪᠢᠶᠠᠨ

ᠳᠠᠭᠠᠭᠠᠴᠢᠯᠠᠬᠤ᠂  ᠬᠢᠷᠢ ᠬᠡᠮ ᠨᠠᠶᠢᠳᠠᠵᠤ ᠲᠦᠰᠢᠬᠦ᠂  ᠮᠠᠯᠴᠢᠨ ᠳᠠᠷᠢᠶᠠᠴᠢᠨ ᠬᠦᠯᠦᠰᠤᠨ ᠠᠵᠢᠯᠴᠢᠨ ᠤ ᠴᠠᠯᠢᠩ

ᠬᠦᠯᠦᠰᠤ ᠶᠢ ᠦᠷᠢᠳᠤᠵᠤ ᠪᠠᠶᠢᠬᠤ ᠵᠡᠷᠭᠡ ᠠᠰᠠᠭᠤᠳᠠᠯ ᠶᠢ ᠴᠡᠭᠴᠡᠯᠡᠨ ᠵᠠᠰᠠᠵᠤ᠂  ᠪᠠᠶᠢᠭᠤᠯᠬᠤ ᠪᠠᠷᠢᠯᠭ᠎ᠠ ᠶᠢᠨ

ᠴᠢᠨᠠᠷ ᠢ ᠦᠨᠡᠨᠬᠦ ᠪᠠᠳᠤᠯᠠᠨ᠎ᠠ᠃

    ᠤᠯᠠᠨ ᠤ ᠪᠤᠳᠤᠯᠭ᠎ᠠ ᠨᠡᠶᠢᠳᠡ ᠶᠢᠨ ᠬᠦᠴᠤᠨ ᠳᠤ ᠲᠦᠰᠢᠭᠯᠡᠨ᠂  ᠬᠠᠭᠤᠴᠢᠨ ᠬᠤᠳᠡ ︵ᠪᠤᠷᠤ ᠭᠡᠷ ᠤᠷᠤᠨ︶

  ᠤ ᠦᠭᠡᠷᠡᠴᠢᠯᠠᠯᠳᠠ ᠶᠢ ᠰᠢᠪᠳᠤᠯᠤᠯᠳᠠ ᠶᠢᠨ ᠴᠢᠨᠠᠷᠳᠠᠢ ᠠᠺᠢᠴᠡ‌‍ᠲ᠋ᠠᠢ ᠪᠤᠯᠭᠠᠨ᠎ᠠ᠃ ᠬᠤᠰᠢᠭᠤ ᠳᠠᠶᠠᠭᠠᠷ ᠤᠨ

ᠬᠦᠴᠤᠨ ᠳᠤ ᠲᠦᠰᠢᠭᠯᠡᠨ᠂  ᠪᠦᠬᠦ ᠠᠷᠠᠳ ᠤᠨ ᠤᠶᠤᠨ ᠢ ᠲᠦᠪᠯᠡᠷᠡᠬᠦᠯᠤᠨ᠂  ᠤᠷᠤᠨ ᠰᠠᠭᠤᠴᠡ ᠪᠡ ᠪᠦᠳᠦᠭᠡᠨ

ᠪᠠᠶᠢᠭᠤᠯᠤᠯᠳᠠ ᠶᠢᠨ ᠳᠤᠪᠴᠢᠶᠠᠨ ᠤ ᠵᠡᠬᠦᠨ ᠬᠡᠰᠡᠭ ᠤᠨ ᠵᠡᠷᠭᠡ ᠪᠤᠷᠤ ᠭᠡᠷ ᠤᠷᠤᠨ ᠢ ᠦᠭᠡᠷᠡᠴᠢᠯᠡᠬᠦ ᠠᠵᠢᠯ ᠢ

ᠬᠦᠴᠤᠯᠠᠨ ᠠᠬᠢᠭᠤᠯᠵᠤ᠂  ᠵᠢᠯ ᠳᠤ ᠨᠤᠷᠠᠭᠠᠬᠤ ᠨᠡᠬᠦᠯᠭᠡᠬᠦ ᠡᠬᠦᠷᠭᠡ   ᠢᠶᠠᠨ ᠪᠡᠶᠡᠯᠡᠬᠦᠯᠤᠨ᠎ᠠ᠃  ᠬᠤᠸᠠᠩᠱᠠᠨ ᠵᠠᠭᠡᠯᠢ

ᠪᠠ ᠳᠠᠶᠢᠱᠠᠨ ᠵᠡᠭᠡᠯᠢ ᠶᠢᠨ ᠬᠤᠶᠠᠷ ᠲᠠᠯ᠎ᠠ ᠶᠢᠨ ᠬᠠᠭᠤᠴᠢᠨ ᠮᠠᠭᠤ ᠳᠤᠤᠷ᠎ᠠ ᠳᠠᠪᠬᠤᠷᠭᠠᠳᠤ ᠪᠠᠷᠢᠯᠭ᠎ᠠ ᠶᠢ

ᠦᠭᠡᠷᠡᠴᠢᠯᠡᠬᠦ ᠠᠬᠢᠴᠡ ᠶᠢ ᠲᠦᠷᠭᠡᠳᠭᠡᠵᠤ᠂  ᠭᠤᠤᠯᠳᠠᠭᠤ 20  ᠭᠠᠭᠴᠨ ᠪᠡᠶᠡᠳᠦ ᠪᠠᠷᠢᠯᠭ᠎ᠠ ᠶᠢᠨ ᠡᠨᠧᠷᠭᠢ

ᠠᠷᠪᠢᠯᠠᠬᠤ ᠦᠭᠡᠷᠡᠴᠢᠯᠡᠬᠦ ᠢᠨᠵᠧᠨᠧᠷᠢᠩ ᠢ ᠬᠡᠷᠡᠭᠵᠢᠬᠦᠯᠤᠨ᠎ᠠ᠃  ᠢᠤᠢ ᠵᠸᠤ ᠪᠠᠭ᠎ᠠ ᠳᠤᠭᠤᠷᠢᠭ᠂   ᠶᠢᠨ ᠴᠧᠩ

ᠴᠡᠴᠡᠷᠯᠢᠭ᠂  ᠾᠧ ᠰᠢᠶᠧ ᠤᠷᠤᠨ ᠰᠠᠭᠤᠴᠡ ᠵᠡᠷᠭᠡ ᠬᠠᠭᠤᠴᠢᠨ ᠪᠠᠭ᠎ᠠ ᠳᠤᠭᠤᠷᠢᠭ ᠤᠨ ᠰᠠᠭᠤᠷᠢ ᠲᠦᠬᠦᠭᠡᠷᠤᠮᠵᠢ

 ᠶᠢ ᠦᠭᠡᠷᠡᠴᠢᠯᠡᠬᠦ ᠶᠢ ᠬᠡᠷᠡᠭᠵᠢᠬᠦᠯᠵᠤ᠂  ᠤᠯᠠᠨ ᠲᠦᠮᠡᠨ ᠤ ᠤᠷᠤᠨ ᠰᠠᠭᠤᠴᠡ   ᠶᠢᠨ ᠨᠦᠬᠦᠴᠠᠯ ᠢ

ᠰᠠᠶᠢᠵᠢᠷᠠᠭᠤᠯᠤᠨ᠎ᠠ᠃

    ︵ᠵᠢᠷᠭᠤᠭ᠎ᠠ︶  ᠬᠦᠴᠤᠨ ᠵᠶ᠋ᠠᠨ‌‍ᠲ᠋ᠦ᠋ᠪᠯᠡᠷᠡᠬᠦᠯᠤᠨ‌ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ

ᠪᠠᠭᠢ ᠪᠠᠶᠢᠭᠤᠯᠵᠤ᠂ ᠦᠷᠬᠦᠯᠵᠢᠯᠠᠨ ᠬᠦᠭᠵᠢᠬᠦ ᠴᠢᠳᠠᠪᠤᠷᠢ ᠪᠠᠨ ᠦᠨᠡᠨᠬᠦ ᠴᠢᠩᠭᠠᠳᠬᠠᠨ᠎ᠠ

     ᠠᠮᠢ ᠠᠬᠤᠢ ᠶᠢᠨ ᠪᠤᠯᠪᠠᠰᠤᠨ ᠤ ᠤᠶᠤᠨᠴᠢ ᠤᠶᠢᠯᠭᠠᠭᠳᠠᠬᠤᠨ ᠢ ᠪᠠᠳᠤ ᠪᠠᠭᠢ ᠪᠤᠢ ᠪᠤᠯᠭᠠᠵᠤ᠂  ᠠᠮᠢ

ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠪᠠᠶᠢᠭᠤᠯᠤᠯᠳᠠ ᠶᠢ ᠰᠤᠯᠠᠷᠠᠰᠢ ᠦᠭᠡᠢ ᠠᠳᠬᠤᠵᠤ᠂  ᠨᠤᠭᠤᠭᠠᠯᠢᠭ

ᠤᠷᠴᠢᠯ ᠳᠤᠤᠷ᠎ᠠ ᠨᠡᠬᠦᠷᠠᠰᠤᠳᠦ᠋ᠷᠦᠭᠴᠢᠳᠦ ᠬᠦᠭᠵᠢᠯᠳᠠ ᠶᠢ ᠬᠦᠴᠤᠨ ᠲᠠᠢ ᠠᠬᠢᠭᠤᠯᠵᠤ᠂  ᠦᠵᠡᠰᠬᠦᠯᠡᠩᠳᠦ

ᠰᠠᠶᠢᠬᠠᠨ ᠦᠨᠢᠷ ᠪᠠᠶᠠᠯᠢᠭ ᠵᠠᠷᠤᠳ ᠢᠶᠠᠨ ᠴᠢᠷᠮᠠᠶᠢᠨ ᠪᠦᠳᠦᠭᠡᠨ ᠪᠠᠶᠢᠭᠤᠯᠤᠨ᠎ᠠ᠃

     ᠠᠮᠢ ᠠᠬᠤᠢ ᠶᠢᠨ ᠬᠠᠮᠠᠭᠠᠯᠠᠯᠳᠠ ᠪᠠ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ︽ᠤᠯᠤᠰ

 ᠤᠨ ᠲᠡᠰ ᠤᠨ ᠠᠮᠢ ᠠᠬᠤᠢ ᠵᠢᠨ‌‍ᠲ᠋ᠠᠭᠤᠷᠢᠶᠠᠯ ᠦᠵᠡᠬᠦᠯᠬᠦ ᠰᠢᠶᠠᠨ︾ ᠢ ᠡᠬᠦᠳᠤᠨ ᠪᠠᠶᠢᠭᠤᠯᠬᠤ ᠠᠵᠢᠯ ᠢ ᠢᠳᠡᠪᠬᠢᠳᠠᠢ

ᠲᠦᠯᠬᠢᠨ ᠠᠬᠢᠭᠤᠯᠵᠣ᠂ ᠬᠠᠨ‌ᠠᠭᠤᠯᠠ ᠵᠢᠨ‌ᠤᠯᠤᠰ ‍ᠤᠨ‌‍ᠲ᠋ᠡᠰ ᠤᠨ ᠪᠠᠶᠢᠭᠠᠯᠢ ᠵᠢᠨ‌ᠬᠠᠮᠠᠭᠠᠯᠠᠯᠳᠠ ᠶᠢᠨ ᠤᠷᠤᠨ᠂

ᠬᠤᠶᠠᠷᠬᠤᠸᠠ ᠶᠢᠨ ᠥᠪᠡᠷᠡᠳᠡᠺᠡᠨ ᠵᠠᠰᠠᠬᠤ ᠤᠷᠤᠨ ᠤ ᠲᠡᠰ ᠤᠨ ᠪᠠᠶᠢᠭᠠᠯᠢ ᠵᠢᠨ‌ᠬᠠᠮᠠᠭᠠᠯᠠᠯᠳᠠ ᠶᠢᠨ ᠤᠷᠤᠨ᠂ ᠠᠷᠤ

ᠭᠦᠠᠳᠡᠯᠠᠨ ᠨᠡᠭᠦᠯᠬᠡᠨ‌‍ᠰᠢᠯᠵᠢᠭᠦᠯᠥᠭᠰᠠᠨ ᠤᠷᠤᠨ‌ᠵᠡᠷᠭᠡ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠬᠢ ᠶᠢᠨ ᠤᠷᠤᠨ

 ᠤ ᠬᠠᠮᠠᠭᠠᠯᠠᠯᠳᠠ ᠶᠢᠨ ᠬᠦᠴᠤᠨ ᠢᠶᠠᠨ ᠶᠠᠬᠡᠰᠬᠡᠨ᠎ᠡ᠃ ᠮᠧᠩ ᠽᠣᠣ  ᠠᠵᠣ ᠦᠢᠯᠡᠰ ᠲᠠᠢ ᠬᠤᠯᠪᠣᠭᠠᠯᠠᠬᠤ᠂ ᠱᠧ ᠰᠢ

ᠲᠠᠷᠢᠶᠠᠯᠠᠩ ᠤᠨ  ᠡᠯᠡᠰᠣᠷᠬᠡᠭᠵᠢᠭᠰᠡᠨ ᠭᠠᠵᠠᠷ ᠰᠢᠷᠣᠢ ᠶᠢ ᠶᠡᠷᠦᠩᠬᠡᠶᠢᠯᠡᠨ ᠵᠠᠰᠠᠬᠤ ᠵᠡᠷᠭᠡ ᠬᠦᠭᠵᠢᠯᠳᠡ ᠶᠢᠨ ᠵᠠᠭᠪᠣᠷ

 ᠢ ᠲᠡᠯᠭᠡᠷᠡᠭᠦᠯᠦᠨ᠂ ᠡᠯᠰᠦᠷᠬᠡᠭᠵᠢᠭᠰᠡᠨ ᠮᠠᠭᠤᠳᠠᠭᠰᠠᠨ ᠨᠣᠳᠤᠭ ᠪᠡᠯᠴᠢᠭᠡᠷ ᠲᠤ ᠠᠮᠢ ᠠᠬᠤᠢ ᠶᠢ ᠰᠡᠷᠭᠦᠭᠡᠬᠦ ᠵᠠᠰᠠᠯᠳᠠ

ᠺᠢᠨ᠎ᠡ᠂ ᠬᠤᠷᠴᠢᠨ ᠤ ᠡᠯᠡᠰᠦᠷᠭᠡᠭ ᠭᠠᠵᠠᠷ ᠢ ︽ᠬᠤᠤᠰ ᠮᠢᠩᠭᠠᠨ ᠲᠦᠮᠡᠨ ᠮᠤ᠋︾ ᠶᠡᠷᠦᠩᠭᠡᠶᠢᠯᠡᠨ ᠵᠠᠰᠠᠬᠤ

ᠢᠨᠵᠧᠨᠧᠷᠢᠩ ᠢ ᠬᠡᠷᠡᠭᠵᠢᠬᠦᠯᠬᠦ ᠶᠢᠨ ᠳᠤᠭᠤᠷᠢᠨ ᠳᠤ ᠭᠤᠤᠯᠳᠠᠯᠭ᠎ᠠ ᠲᠠᠢ ᠤᠷᠤᠨ ᠤ ᠡᠯᠡᠰᠤᠷᠭᠡᠭᠵᠢᠭᠰᠡᠨ ᠨᠤᠳᠤᠭ

ᠪᠡᠯᠴᠢᠭᠡᠷ ᠢ 70 ᠲᠦᠮᠡᠨ ᠮᠤ᠋ ᠵᠠᠰᠠᠵᠤ᠂ ᠡᠯᠡᠰᠤᠷᠭᠡᠭᠵᠢᠭᠰᠡᠨ ᠭᠠᠵᠠᠷ ᠢ 15 ᠲᠦᠮᠡᠨ ᠮᠤ᠋ ᠪᠢᠳᠡᠬᠦᠮᠵᠢᠯᠠᠨ

ᠬᠠᠮᠠᠭᠠᠯᠠᠬᠤ ᠶᠢ ᠪᠡᠶᠡᠯᠡᠬᠦᠯᠤᠨ᠎ᠠ᠃ ᠰᠢᠨ᠎ᠠ ᠨᠢᠭᠡ ᠡᠭᠡᠯᠵᠢ ᠶᠢᠨ ᠳᠠᠷᠢᠶᠠᠯᠠᠬᠤ ᠶᠢ ᠵᠤᠭᠰᠤᠭᠠᠵᠤ ᠡᠪᠡᠰᠤ ᠮᠤᠳᠤ

ᠳᠠᠷᠢᠬᠤ ᠢᠨᠵᠧᠨᠧᠷᠢᠩ ᠢ ᠡᠬᠢᠯᠡᠬᠦᠯᠤᠨ᠂ 30 ᠲᠦᠮᠡᠨ ᠮᠤ᠋ ᠳᠠᠷᠢᠶᠠᠯᠠᠬᠤ   ᠶᠢ ᠵᠤᠭᠰᠤᠭᠠᠵᠤ ᠡᠪᠡᠰᠤ ᠮᠤᠳᠤ ᠳᠠᠷᠢᠵᠤ

᠂ ᠮᠤᠵᠢ   ᠶᠢᠨ ᠵᠠᠮ ᠤᠨ ᠬᠤᠶᠠᠷ ᠲᠠᠯ᠎ᠠ ᠶᠢᠨ ᠠᠭᠤᠯᠠ   ᠶᠢᠨ ᠬᠠᠵᠠᠭᠤ ᠶᠢᠨ ᠳᠠᠷᠢᠶ᠎ᠠ ᠪᠦᠬᠦᠨ ᠢ ᠳᠠᠷᠢᠶᠠᠯᠠᠬᠤ ᠪᠠᠨ

ᠵᠤᠭᠰᠤᠭᠠᠬᠤ ᠶᠢ ᠪᠡᠶᠡᠯᠡᠬᠦᠯᠤᠨ᠎ᠠ᠃ ᠦᠨᠳᠤᠷ ᠪᠠᠷᠢᠮᠵᠢᠶ᠎ᠡ ᠪᠠᠷ 15  ᠭᠠᠴᠠᠭ᠎ᠠ ᠲᠤᠰᠬᠤᠨ ᠢ ᠨᠣᠭᠤᠷᠭᠠᠷᠠᠭᠤᠯᠵᠣ᠂

22  ᠲᠦᠮᠡᠨ ᠮᠤ᠋ ᠠᠭᠤᠯᠠ   ᠶᠢ ᠪᠢᠳᠡᠬᠦᠮᠵᠢᠯᠠᠨ ᠤᠶᠢᠵᠢᠭᠤᠯᠵᠤ᠂ 120 ᠲᠦᠮᠡᠨ ᠰᠠᠭᠤᠷᠢ ᠠᠯᠪᠠᠨ ᠵᠢᠷᠤᠮ ᠤᠨ

ᠮᠤᠳᠤ ᠲᠠᠷᠢᠨ᠎ᠠ᠃ ᠬᠠᠨ ᠠᠭᠤᠯᠠ   ᠶᠢᠨ ᠠᠮᠢᠳᠤ ᠪᠤᠳᠡᠰ ᠤᠨ ᠤᠯᠠᠨ ᠶᠠᠩᠵᠤᠳᠦ ᠴᠢᠨᠠᠷ ᠤᠨ ᠳᠠᠭᠤᠷᠢᠶᠠᠯ

ᠦᠵᠡᠬᠦᠯᠬᠦ ᠤᠷᠤᠨ ᠤ ᠪᠠᠶᠢᠭᠤᠯᠤᠯᠳᠠ ᠶᠢ ᠲᠦᠷᠭᠡᠨ ᠲᠦᠯᠬᠢᠨ ᠠᠬᠢᠭᠤᠯᠵᠤ᠂ ᠬᠠᠨ ᠠᠭᠤᠯᠠ  ᠪᠠᠶᠢᠭᠠᠯᠢ ᠶᠢᠨ

ᠬᠠᠮᠠᠭᠠᠯᠠᠯᠳᠠ ᠶᠢᠨ ᠤᠷᠤᠨ ᠤ ᠠᠮᠢ ᠠᠬᠤᠢ ᠶᠢ ᠪᠠᠶᠢᠷᠢ ᠳᠤᠭᠳᠠᠭᠠᠨ ᠰᠤᠳᠤᠯᠬᠤ ᠦᠷᠳᠡᠭᠡ ᠪᠠ ᠠᠮᠢᠳᠤ ᠪᠤᠳᠡᠰ ᠤᠨ

ᠤᠯᠠᠨ ᠶᠠᠩᠵᠤᠳᠦ ᠴᠢᠨᠠᠷ ᠤᠨ ᠮᠦᠽᠸᠢ ᠶᠢᠨ ᠠᠰᠢᠭᠯᠠᠯᠳᠠ ᠳᠤ ᠤᠷᠤᠬᠤ ᠶᠢ ᠦᠨᠡᠨᠬᠦ ᠪᠠᠳᠤᠯᠠᠵᠤ᠂  ᠵᠡᠷᠯᠢᠭ

ᠠᠮᠢᠳᠡᠨ ᠳᠤ ᠡᠪᠡᠰᠤ ᠪᠤᠷᠳᠤᠭ᠎ᠠ ᠨᠦᠬᠦᠪᠤᠷᠢᠯᠡᠬᠦ‍ ᠴᠢᠭ᠂ ᠨᠤᠮᠤᠳᠬᠠᠨ ᠳᠡᠵᠢᠭᠡᠵᠤ ᠦᠷᠡᠵᠢᠬᠦᠯᠬᠦ ᠠᠪᠤᠷᠠᠨ ᠳᠤᠰᠠᠯᠠᠬᠤ

ᠰᠠᠭᠤᠷᠢᠨ ᠭᠠᠵᠠᠷ ᠪᠠ ᠬᠤᠪᠤᠷ ᠴᠤᠬᠠᠭ ᠤᠭ ᠲᠠᠰᠣᠷᠠᠬᠤ‌ᠠᠶᠤᠯ ᠲᠠᠢ ᠭᠡᠭᠡᠷ᠎ᠠ ᠶᠢᠨ ᠠᠮᠢᠳᠠᠨ ᠢ ᠦᠷᠡᠵᠢᠬᠦᠯᠤᠨ

ᠪᠤᠶᠢᠵᠢᠭᠤᠯᠬᠤ ᠰᠠᠭᠤᠷᠢᠨ ᠭᠠᠵᠠᠷ ᠤᠨ ᠪᠠᠶᠢᠭᠤᠯᠤᠯᠳᠠ ᠶᠢ ᠪᠡᠶᠡᠯᠡᠬᠦᠯᠤᠨ᠎ᠠ᠃ ᠲᠦᠷᠪᠡᠳᠦᠭᠡᠷ ᠡᠭᠡᠯᠵᠢ ᠶᠢᠨ ᠮᠠᠯᠵᠢᠬᠤ

 ᠶᠢ ᠴᠠᠭᠠᠵᠠᠯᠠᠨ ᠬᠠᠰᠢᠶᠠᠯᠠᠵᠤ ᠳᠡᠵᠢᠭᠡᠬᠦ ᠲᠦᠷᠦ ᠶᠢᠨ ᠪᠤᠳᠤᠯᠭ᠎ᠠ ᠪᠠ ᠪᠡᠯᠴᠢᠭᠡᠷ ᠮᠠᠯ ᠢ ᠳᠡᠩᠴᠡᠬᠦᠯᠬᠦ ᠲᠦᠷᠦ ᠶᠢᠨ

ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ ᠠᠮᠢ ᠠᠬᠤᠢ ᠤᠷᠴᠢᠨ ᠳᠤᠭᠤᠷᠢᠨ ᠪᠠ ᠠᠮᠢᠳᠤ ᠪᠤᠳᠠᠰ ᠤᠨ ᠤᠯᠠᠨ

ᠶᠠᠩᠵᠤᠳᠦ ᠴᠢᠨᠠᠷ ᠤᠨ ᠳᠠᠭᠤᠷᠢᠶᠠᠯ ᠦᠵᠡᠬᠦᠯᠬᠦ ᠬᠠᠮᠠᠭᠠᠯᠠᠬᠤ ᠤᠬᠠᠭᠤᠯᠤᠯ  ᠬᠦᠮᠦᠵᠢᠯ ᠢ ᠴᠢᠩᠭᠠᠳᠬᠠᠵᠤ᠂  ᠠᠮᠢ

ᠠᠬᠤᠢ ᠶᠢᠨ ᠤᠷᠴᠢᠨ ᠳᠤᠭᠤᠷᠢᠨ ᠢ ᠡᠪᠳᠡᠬᠦ ᠬᠠᠤᠯᠢ ᠲᠤᠭᠳᠠᠭᠠᠯ ᠢᠶᠠᠷ ᠵᠦᠷᠢᠴᠡᠭᠰᠡᠨ ᠤᠶᠢᠯᠠ ᠠᠵᠢᠯᠯᠠᠭ᠎ᠠ ᠳᠤ

ᠴᠢᠩᠭ᠎ᠠ ᠴᠤᠬᠢᠯᠳᠡ ᠦᠭᠬᠦᠨ᠎ᠠ᠃ ᠤᠢ ᠰᠢᠭᠤᠢ ᠨᠤᠳᠤᠭ ᠪᠡᠯᠴᠢᠭᠡᠷ ᠤᠨ ᠭᠤᠤᠯᠳᠠᠯᠭ᠎ᠠ ᠲᠠᠢ ᠤᠷᠤᠨ ᠳᠤᠭᠤᠷᠢᠭ

 ᠤᠨ ᠭᠠᠯ   ᠢ ᠰᠡᠷᠭᠡᠶᠢᠯᠡᠨ ᠡᠵᠡᠮᠰᠢᠬᠦ ᠶᠢ ᠴᠢᠩᠭᠠᠳᠬᠠᠵᠤ᠂ ᠭᠠᠯ ᠣᠨᠳᠠᠷᠠᠭᠠᠬᠤ ᠡᠳ᠋ ᠪᠣᠳᠠᠰ ᠢ ᠨᠦᠬᠡᠴᠡᠯᠡᠬᠦ ᠪᠠ

ᠲᠣᠰᠬᠠᠢ ᠭᠠᠯ ᠣᠨᠳᠠᠷᠭᠠᠬᠤ ᠡᠩᠨᠡᠭᠡ ᠶᠢᠨ ᠪᠠᠶᠢᠭᠤᠯᠣᠯᠳᠠ ᠪᠠᠨ ᠴᠢᠩᠭᠠᠳᠬᠠᠵᠣ᠂ ᠤᠨᠴᠡ ᠶᠡᠭᠡ ᠭᠠᠯ ᠤᠨ ᠭᠠᠮᠰᠢᠭ

ᠪᠡ ᠦᠬᠦᠵᠤ ᠰᠢᠷᠠᠭᠳᠠᠬᠤ ᠬᠡᠷᠡᠭ ᠡᠬᠦᠰᠬᠦ ᠦᠭᠡᠢ ᠶᠢ ᠦᠨᠡᠨᠬᠦ ᠪᠠᠳᠤᠯᠠᠨ᠎ᠠ᠃

    ᠬᠠᠮᠤᠭ ᠴᠢᠩᠭ᠎ᠠ ᠤᠷᠴᠢᠨ ᠳᠤᠭᠤᠷᠢᠨ ᠢ ᠬᠠᠮᠠᠭᠠᠯᠠᠬᠤ ᠪᠠ ᠤᠰᠤᠨ ᠤ ᠰᠤᠷᠪᠤᠯᠵᠢ ᠶᠢᠨ ᠬᠠᠮᠢᠶᠠᠷᠤᠯᠳᠠ ᠶᠢᠨ

ᠲᠦᠷᠢᠮ ᠢ ᠨᠠᠶᠢᠳᠠᠪᠤᠷᠢᠵᠢᠭᠤᠯᠤᠨ᠎ᠠ᠃ ᠰᠢᠨ᠎ᠠ ︽ᠤᠷᠴᠢᠨ ᠳᠤᠭᠤᠷᠢᠨ ᠢ ᠬᠠᠮᠠᠭᠠᠯᠠᠬᠤ ᠬᠠᠤᠯᠢ︾   ᠶᠢ ᠴᠢᠩᠭ᠎ᠠ

ᠨᠠᠶᠢᠳᠠᠪᠤᠷᠢᠵᠢᠭᠤᠯᠤᠨ᠂  ᠬᠠᠤᠯᠢ ᠪᠠᠷ ᠵᠦᠷᠢᠴᠠᠵᠤ ᠪᠤᠬᠢᠷᠳᠦᠯ ᠢᠶᠠᠨ ᠭᠠᠳᠠᠭᠰᠢᠯᠠᠭᠤᠯᠬᠤ ᠠᠵᠤ ᠠᠬᠤᠶᠢᠯᠠᠯ ᠢ

ᠴᠡᠭᠴᠡᠯᠡᠨ ᠵᠠᠰᠠᠵᠣ᠂ ᠤᠯᠠᠨ ᠲᠦᠮᠡᠨ ᠤ ᠡᠷᠡᠬᠦᠯ ᠴᠢᠬᠢᠷᠠᠭ ᠢ ᠪᠠᠳᠤᠯᠬᠠᠤ ᠳᠤᠰᠬᠠᠢ ᠠᠵᠢᠯᠯᠠᠭ᠎ᠠ ᠶᠢ ᠬᠦᠨᠵᠡᠭᠡᠢ

ᠦᠷᠨᠢᠬᠦᠯᠤᠨ᠂  ᠨᠡᠬᠦᠷᠠᠰᠤᠨ ᠬᠢᠮᠢ ᠶᠢᠨ ᠠᠵᠤ ᠦᠢᠯᠡᠳᠪᠤᠷᠢ᠂  ᠨᠡᠬᠦᠷᠠᠰᠤ ᠴᠠᠬᠢᠯᠭᠠᠨ ᠬᠦᠩᠭᠡᠨ ᠴᠠᠭᠠᠨ᠂ ᠠᠯᠠᠵᠤ

ᠨᠢᠳᠤᠯᠠᠬᠤ ᠪᠤᠯᠪᠠᠰᠤᠷᠠᠭᠤᠯᠬᠤ ᠠᠵᠤ ᠠᠬᠤᠶᠢᠯᠠᠯ ᠪᠠ ᠳᠡᠵᠢᠭᠡᠪᠤᠷᠢ ᠶᠢᠨ ᠳᠠᠯᠠᠪᠠᠢ᠂  ᠪᠠᠷᠢᠯᠭ᠎ᠠ ᠶᠢᠨ ᠭᠠᠵᠠᠷ ᠵᠡᠷᠭᠡ

ᠭᠤᠤᠯᠳᠠᠯᠭ᠎ᠠ ᠲᠠᠢ  ᠪᠤᠬᠢᠷᠳᠤᠯ ᠢ ᠡᠭᠢ ᠡᠬᠦᠰᠤᠯ ᠠᠴᠠ ᠨᠢ ᠵᠠᠰᠠᠵᠤ᠂  ᠤᠷᠴᠢᠨ ᠳᠤᠭᠤᠷᠢᠨ   ᠢ ᠬᠠᠮᠠᠭᠠᠯᠠᠬᠤ

ᠬᠠᠤᠯᠢ ᠪᠠᠷ ᠵᠦᠷᠢᠴᠡᠭᠰᠡᠨ ᠤᠶᠢᠯᠠ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠭᠡᠨ᠎ᠠ᠃  ᠤᠷᠴᠢᠨ ᠳᠤᠭᠤᠷᠢᠨ ᠢ

ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠳᠠ ᠪᠠᠨ ᠴᠢᠩᠭᠠᠳᠬᠠᠵᠤ᠂  ᠭᠤᠤᠯᠳᠠᠯᠭ᠎ᠠ ᠲᠠᠢ ᠠᠵᠤ ᠠᠬᠤᠶᠢᠯᠠᠯ᠂  

ᠤᠰᠤᠨ ᠰᠤᠷᠪᠤᠯᠵᠢ ᠭᠠᠵᠠᠷ ᠵᠡᠷᠭᠡ ᠰᠡᠷᠭᠡᠭ ᠭᠠᠵᠠᠷ ᠤᠷᠤᠨ ᠳᠤ ᠪᠠᠶᠢᠩᠭᠤ ᠶᠢᠨ ᠴᠢᠨᠠᠷᠳᠠᠢ ᠬᠢᠨᠠᠨ ᠬᠠᠮᠢᠶᠠᠷᠤᠯᠳᠠ

ᠬᠢᠨ᠎ᠠ᠃  ᠤᠷᠴᠢᠯ ᠠᠵᠤ ᠠᠬᠤᠢ ᠶᠢ ᠬᠦᠴᠤᠯᠠᠨ ᠬᠦᠭᠵᠢᠬᠦᠯᠵᠤ᠂  ᠠᠮᠤᠷ ᠲᠦᠪᠰᠢᠨ᠂  ᠤᠷᠴᠢᠨ ᠳᠤᠭᠤᠷᠢᠨ᠂  

ᠡᠨᠧᠷᠭᠢ ᠶᠢᠨ ᠬᠤᠷᠤᠭᠳᠠᠯ ᠵᠡᠷᠭᠡ ᠶᠢᠨ ᠬᠢᠵᠠᠭᠠᠷᠯᠠᠯ ᠢ ᠴᠢᠩᠭᠠᠳᠬᠠᠵᠤ᠂  ᠡᠨᠧᠷᠭᠢ ᠠᠷᠪᠢᠯᠠᠬᠤ ᠪᠤᠬᠢᠷᠳᠤᠯ ᠢ

ᠪᠠᠭᠠᠰᠬᠠᠬᠤ ᠡᠬᠦᠷᠭᠡ ᠪᠠᠨ ᠪᠦᠬᠦ ᠲᠠᠯ᠎ᠠ ᠪᠠᠷ ᠪᠡᠶᠡᠯᠡᠬᠦᠯᠤᠨ᠎ᠠ᠃  ᠤᠰᠤᠨ ᠤ ᠰᠤᠷᠪᠤᠯᠵᠢ ᠶᠢ ᠨᠢᠭᠡᠳᠦᠯᠳᠠᠢ

ᠬᠠᠮᠢᠶᠠᠷᠬᠤ   ᠪᠠᠨ ᠴᠢᠩᠭᠠᠳᠬᠠᠵᠤ᠂  ᠤᠰᠤᠨ ᠤ ᠰᠤᠷᠪᠤᠯᠵᠢ ᠶᠢ ᠬᠠᠮᠢᠶᠠᠷᠬᠤ ᠪᠠᠶᠢᠭᠤᠯᠤᠮᠵᠢ ᠭᠠᠷᠭᠠᠵᠤ᠂  ᠤᠰᠤᠨ

 ᠤ ᠰᠤᠷᠪᠤᠯᠵᠢ ᠶᠢ ᠲᠦᠯᠦᠪᠤᠷᠢ ᠲᠠᠢ ᠡᠮᠭᠢ ᠳᠠᠷᠠᠭ᠎ᠠ ᠲᠠᠢ ᠠᠰᠢᠭᠯᠠᠬᠤ ᠶᠢ ᠠᠬᠢᠭᠤᠯᠵᠤ᠂  ᠤᠰᠤᠨ ᠠᠰᠢᠭᠯᠠᠯᠳᠠ

 ᠶᠢᠨ ᠢᠨᠵᠧᠨᠧᠷᠢᠩ ᠢ ᠡᠪᠳᠡᠬᠦ ᠬᠠᠤᠯᠢ ᠪᠠᠷ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂  ᠤᠯᠠᠨ

ᠲᠦᠮᠡᠨ ᠤ ᠦᠢᠯᠡᠳᠪᠤᠷᠢᠯᠠᠯ ᠠᠮᠢᠳᠤᠷᠠᠯ ᠳᠤ ᠬᠡᠷᠡᠭᠯᠡᠬᠦ ᠤᠰᠤᠨ ᠤ ᠠᠮᠤᠷ ᠲᠦᠪᠰᠢᠨ ᠢ ᠦᠨᠡᠨᠬᠦ ᠪᠠᠳᠤᠯᠠᠨ᠎ᠠ᠃

    ︵ᠳᠤᠯᠤᠭ᠎ᠠ︶  ᠭᠦᠴᠤᠨ ᠢᠶᠠᠨ ᠲᠦᠪᠯᠡᠷᠡᠬᠦᠯᠤᠨ ᠦᠭᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠢ

ᠠᠬᠢᠭᠤᠯᠵᠤ᠂  ᠬᠦᠭᠵᠢᠯᠳᠠ ᠶᠢᠨ ᠬᠦᠳᠡᠯᠭᠡᠭᠦ ᠬᠦᠴᠤᠨ ᠪᠠ ᠠᠮᠢᠵᠢᠷᠠᠯ ᠤᠨ ᠬᠦᠴᠤᠨ ᠢ ᠤᠷᠮᠠᠰᠢᠭᠤᠯᠤᠨ᠎ᠠ

     ᠦᠭᠡᠷᠡᠴᠢᠯᠠᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠵᠦᠪ ᠴᠢᠭᠯᠡᠯ ᠢ ᠪᠠᠳᠤ ᠡᠵᠡᠮᠰᠢᠵᠤ᠂  ᠬᠦᠭᠵᠢᠯᠳᠠ

 ᠳᠤ ᠳᠤᠯᠭᠠᠷᠠᠵᠤ ᠪᠠᠶᠢᠭ᠎ᠠ ᠳᠤᠪᠤᠶᠢᠮ᠎ᠠ ᠠᠰᠠᠭᠤᠳᠠᠯ ᠢ ᠰᠢᠢᠳᠪᠤᠷᠢᠯᠡᠬᠦ ᠶᠢᠨ ᠳᠤᠭᠤᠷᠢᠨ ᠳᠤ ᠨᠢᠠᠠᠳᠡ

ᠤᠶᠠᠯᠳᠤᠭᠤᠯᠤᠨ᠂ ᠢᠳᠡᠪᠬᠢᠳᠠᠢ ᠯᠠᠪᠳᠠᠭᠤᠨ ᠳᠤᠭᠳᠠᠭᠤᠨ ᠢᠶᠠᠷ ᠡᠯ᠎ᠠ ᠵᠦᠢᠯ ᠤᠨ ᠦᠭᠡᠷᠡᠴᠢᠯᠠᠯᠳᠠ ᠶᠢ ᠠᠬᠢᠭᠤᠯᠵᠤ᠂

 ᠦᠭᠡᠷᠡᠴᠢᠯᠠᠯᠳᠠ ᠶᠢᠨ ᠦᠷ᠎ᠠ ᠪᠦᠳᠦᠮᠵᠢ ᠶᠢ ᠦᠨᠡᠨᠬᠦ ᠬᠦᠭᠵᠢᠯᠳᠠ ᠶᠢ ᠠᠬᠢᠭᠤᠯᠬᠤ ᠰᠢᠨ᠎ᠠ ᠬᠦᠳᠡᠯᠭᠡᠬᠦ ᠬᠦᠴᠤᠨ

ᠪᠤᠯᠭᠠᠨ᠎ᠠ᠃

    ᠬᠦᠳᠡᠭᠡ ᠲᠤᠰᠬᠤᠨ ᠮᠠᠯᠵᠢᠬᠤ ᠤᠷᠤᠨ ᠤ ᠦᠭᠡᠷᠡᠴᠢᠯᠠᠯᠳᠠ ᠶᠢ ᠬᠦᠨᠵᠡᠭᠡᠶᠢᠷᠡᠬᠦᠯᠤᠨ᠎ᠠ᠃ ᠬᠦᠳᠡᠭᠡ ᠲᠤᠰᠬᠤᠨ

ᠮᠠᠯᠵᠢᠬᠤ ᠤᠷᠤᠨ ᠤ ᠨᠤᠳᠤᠭ ᠪᠡᠯᠴᠢᠭᠡᠷ ᠤᠨ ᠳᠠᠭᠠᠭᠠᠴᠢᠯᠠᠬᠤ ᠡᠷᠭᠡ ᠶᠢ ᠳᠤᠭᠳᠠᠭᠠᠬᠤ ᠲᠤᠷᠰᠢᠯᠳᠠ ᠶᠢᠨ ᠴᠢᠭ ᠤᠨ

ᠠᠵᠢᠯ ᠢ ᠪᠦᠬᠦ ᠲᠠᠯ᠎ᠠ ᠪᠠᠷ ᠪᠡᠶᠡᠯᠡᠬᠦᠯᠵᠤ᠂  ᠨᠠᠶᠢᠳᠡ ᠶᠢᠨ ᠤᠢ ᠰᠢᠭᠤᠢ ᠶᠢᠨ ᠦᠮᠴᠢᠯᠡᠬᠦ ᠡᠷᠭᠡ ᠶᠢᠨ ᠲᠦᠷᠢᠮ ᠤᠨ

ᠦᠭᠡᠷᠡᠴᠢᠯᠠᠯᠳᠠ ᠶᠢᠨ ᠦᠷ᠎ᠠ ᠪᠦᠳᠦᠮᠵᠢ ᠪᠠᠨ‌‍ᠪᠠᠬᠢᠵᠢᠬᠦᠯᠵᠤ᠂ ᠭᠠᠵᠠᠷ ᠰᠢᠷᠦᠢ ᠶᠢᠨ ᠡᠷᠬᠢᠯᠳᠠ ᠶᠢᠨ ᠡᠮᠭᠢ ᠳᠠᠷᠠᠭ᠎ᠠ

 ᠶᠢ ᠲᠦᠷᠢᠮᠵᠢᠬᠦᠯᠵᠤ᠂ ᠡᠭᠢ ᠪᠠᠶᠠᠯᠢᠭ᠂ ᠡᠳ᠋ ᠬᠦᠷᠦᠩᠭᠡ ᠶᠢ ᠬᠠᠤᠯᠢ ᠶᠤᠰᠤ ᠲᠦᠷᠢᠮ ᠳᠤᠭᠳᠠᠭᠠᠯ ᠢᠶᠠᠷ

ᠳᠤᠬᠢᠷᠠᠭᠤᠯᠬᠤ ᠪᠠ ᠰᠢᠯᠵᠢᠬᠦ ᠶᠢ ᠠᠬᠢᠭᠤᠯᠤᠨ᠎ᠠ᠃  ᠬᠦᠳᠡᠭᠡ ᠲᠤᠰᠬᠤᠨ ᠮᠠᠯᠵᠢᠬᠤ ᠤᠷᠤᠨ ᠳᠤ ᠶᠡᠷᠦᠩᠭᠡᠢ

ᠲᠦᠬᠦᠷᠵᠢᠭᠰᠡᠨ ᠲᠦᠷᠢᠮ ᠤᠨ ᠦᠭᠡᠷᠡᠴᠢᠯᠠᠯᠳᠠ‌ᠵᠢᠡᠷ‌‍ᠲ᠋ᠦ᠋ᠯᠬᠢᠨ ᠠᠬᠢᠭᠤᠯᠵᠤ᠂  ︽ᠨᠢᠭᠡ ᠶᠠᠪᠤᠳᠠᠯ ᠢ ᠨᠢᠭᠡ ᠵᠦᠪᠯᠡᠬᠦ︾

ᠡᠳ᠋ ᠤᠨ ᠵᠠᠰᠠᠭ ᠤᠨ ᠱᠠᠩᠨᠠᠵᠤ ᠨᠦᠬᠦᠪᠤᠷᠢᠯᠡᠬᠦ ᠲᠦᠷᠢᠮ ᠢ ᠳᠡᠬᠦᠯᠳᠠᠷᠵᠢᠬᠦᠯᠵᠤ᠂  ᠭᠠᠴᠠᠭ᠎ᠠ ᠲᠤᠰᠬᠤᠨ ᠤ ᠨᠠᠶᠢᠳᠡ

 ᠶᠢᠨ ᠠᠰᠠᠷᠠᠮᠵᠢ ᠶᠢᠨ ᠦᠢᠯᠡᠰ ᠤᠨ ᠬᠦᠭᠵᠢᠯᠳᠠ ᠶᠢ ᠲᠦᠷᠭᠡᠳᠭᠡᠨ᠎ᠠ᠃  ᠳᠠᠷᠢᠶᠠᠯᠠᠩ ᠤᠨ ᠤᠰᠤᠨ ᠠᠰᠢᠭᠯᠠᠯᠳᠠ

 ᠶᠢᠨ ᠲᠦᠬᠦᠭᠡᠷᠤᠮᠵᠢ ᠶᠢᠨ ᠦᠮᠴᠢᠯᠡᠬᠦ ᠡᠷᠭᠡ ᠶᠢᠨ ᠲᠦᠷᠢᠮ ᠤᠨ ᠦᠭᠡᠷᠡᠴᠢᠯᠠᠯᠳᠠ ᠪᠠ ᠡᠷᠬᠢᠯᠳᠠ ᠶᠢᠨ ᠬᠠᠮᠢᠶᠠᠷᠴᠤ

ᠬᠠᠮᠠᠭᠠᠯᠠᠬᠤ ᠳᠤᠭᠳᠠᠴᠡ ᠶᠢᠨ ᠳᠤᠷᠰᠢᠯᠳᠠ ᠶᠢᠨ ᠴᠢᠭ ᠤᠨ ᠠᠵᠢᠯ ᠤᠨ ᠰᠢᠨ᠎ᠠ ᠶᠢ ᠡᠬᠦᠳᠬᠦ ᠶᠢ ᠡᠬᠢᠯᠡᠬᠦᠯᠤᠨ᠂

ᠵᠤᠬᠢᠶᠠᠨ  ᠪᠠᠶᠢᠭᠤᠯᠣᠨ ᠳᠠᠶᠢᠴᠢᠯᠠᠬᠤ᠂  ᠪᠡᠯᠡ ᠤᠷᠤᠯᠠᠭᠤᠯᠬᠤ᠂  ᠲᠦᠷᠦᠯ ᠵᠦᠢᠯ ᠤᠨ  ᠬᠠᠮᠢᠶᠠᠷᠤᠯᠳᠠ ᠪᠠ

ᠡᠷᠬᠢᠯᠳᠠ ᠶᠢᠨ ᠬᠠᠮᠢᠶᠠᠷᠴᠤ  ᠬᠠᠮᠠᠭᠠᠯᠠᠬᠤ ᠳᠤᠭᠳᠠᠴᠡ ᠶᠢᠨ ᠰᠢᠨ᠎ᠠ ᠶᠢ ᠡᠬᠦᠳᠤᠨ᠎ᠠ᠃  ᠵᠠᠰᠠᠭ ᠵᠠᠬᠢᠷᠭᠠᠨ ᠤ ᠬᠢᠨᠠᠨ

ᠵᠦᠪᠰᠢᠶᠡᠷᠡᠬᠦ ᠲᠦᠷᠢᠮ ᠤᠨ ᠦᠭᠡᠷᠡᠴᠢᠯᠠᠯᠳᠠ ᠶᠢ ᠬᠦᠨᠵᠡᠭᠡᠶᠢᠷᠡᠬᠦᠯᠤᠨ᠎ᠠ᠃  ᠵᠠᠰᠠᠭ ᠵᠠᠬᠢᠷᠭᠠᠨ ᠤ ᠪᠤᠰᠤ ᠬᠢᠨᠠᠨ

ᠵᠦᠪᠰᠢᠶᠡᠷᠡᠬᠦ ᠵᠦᠢᠯ ᠢ ᠪᠦᠬᠦ ᠲᠠᠯ᠎ᠠ ᠪᠠᠷ ᠴᠡᠪᠡᠷᠯᠡᠨ ᠦᠭᠡᠶᠢᠰᠭᠡᠵᠤ᠂ ᠬᠢᠨᠠᠨ ᠵᠦᠪᠰᠢᠶᠡᠷᠡᠬᠦ ᠵᠥᠢᠯ ᠢᠶᠠᠨ ᠪᠠᠭᠠᠰᠬᠠᠵᠤ

᠂  ᠵᠠᠰᠠᠭ ᠵᠠᠬᠢᠷᠭᠠᠨ ᠤ ᠬᠢᠨᠠᠨ ᠵᠦᠪᠰᠢᠶᠡᠷᠡᠭᠰᠡᠨ ᠵᠦᠢᠯ ᠢ ᠨᠡᠶᠢᠭᠡᠮ ᠳᠤ ᠢᠯᠡ ᠨᠠᠶᠢᠳᠡᠯᠡᠨ᠎ᠠ᠃ ᠬᠤᠰᠢᠭᠤᠨ ᠤ

ᠵᠠᠰᠠᠭ ᠤᠨ ᠤᠷᠳᠤᠨ ᠵᠢᠴᠢ ᠵᠠᠰᠠᠭ ᠤᠨ ᠤᠷᠳᠤᠨ ᠤ ᠡᠯ᠎ᠠ ᠰᠠᠯᠠᠭ᠎ᠠ ᠮᠦᠴᠢᠷ ᠤᠨ ᠡᠷᠭᠡ ᠪᠠ ᠬᠠᠷᠢᠭᠤᠴᠠᠯᠭ᠎ᠠ ᠶᠢᠨ

ᠳᠤᠳᠤᠷᠬᠠᠢ ᠬᠠᠭᠤᠳᠠᠰᠤ ᠶᠢ ᠡᠮᠬᠢᠳᠭᠡᠨ ᠬᠢᠨᠠᠨ ᠬᠠᠷᠭᠤᠭᠤᠯᠬᠤ ᠶᠢ ᠪᠡᠶᠡᠯᠡᠬᠦᠯᠵᠤ᠂  ᠵᠠᠰᠠᠭ ᠵᠠᠬᠢᠷᠭᠠᠨ ᠤ ᠬᠢᠨᠠᠨ

ᠵᠦᠪᠰᠢᠶᠡᠷᠡᠬᠦ ᠵᠦᠢᠯ ᠤᠳ ᠤᠨ ᠭᠠᠷᠴᠠᠭ ᠢ ᠨᠠᠶᠢᠳᠠᠯᠠᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠴᠢᠨᠠᠷ

ᠴᠢᠨᠰᠠᠭ᠎ᠠ ᠪᠠ ᠦᠷ᠎ᠠ ᠠᠰᠢᠭ   ᠢᠶᠠᠨ ᠳᠡᠭᠡᠭᠰᠢᠯᠡᠬᠦᠯᠤᠨ᠎ᠠ᠃  ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ

 ᠤᠨ ᠳᠠᠪᠴᠠᠩ ᠪᠠ ᠴᠤᠩᠬᠤᠪᠴᠢ ᠶᠢᠨ ᠦᠢᠯᠡᠳᠦᠯ ᠢ ᠪᠠᠳᠠᠷᠠᠭᠤᠯᠵᠤ᠂ ᠰᠤᠮᠤ ᠪᠠᠯᠭᠠᠰᠤ ᠳᠠᠯᠠᠪᠠᠢ ᠶᠢᠨ ᠠᠷᠠᠳ ᠲᠤ

ᠲᠦᠬᠦᠮ ᠦᠵᠡᠬᠦᠯᠬᠦ ᠦᠢᠯᠡᠴᠢᠯᠡᠭᠡᠨ ᠤ ᠦᠷᠳᠡᠭᠡ᠂  ᠭᠠᠴᠠᠭ᠎ᠠ ᠲᠤᠰᠬᠤᠨ ᠤ ᠠᠷᠠᠳ ᠲᠤ ᠲᠦᠬᠦᠮ ᠦᠵᠡᠬᠦᠯᠬᠦ

ᠦᠢᠯᠡᠴᠢᠯᠡᠭᠡᠨ ᠤ ᠦᠷᠳᠡᠭᠡ ᠶᠢᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠵᠠᠰᠠᠭ ᠤᠨ ᠶᠠᠪᠤᠳᠠᠯ ᠤᠨ

ᠦᠢᠯᠡᠴᠢᠯᠡᠭᠡᠨ ᠤ ᠦᠷ᠎ᠠ ᠠᠰᠢᠭ ᠪᠠ ᠬᠢᠷᠢ ᠬᠡᠮᠵᠢᠶ᠎ᠠ ᠪᠠᠨ‌‍ᠲ᠋ᠡᠭᠡᠭᠰᠢᠯᠡᠬᠦᠯᠤᠨ᠎ᠠ᠃  ᠡᠳ᠋ ᠤᠨ ᠵᠠᠰᠠᠭ ᠭᠠᠶᠢᠯᠢ ᠶᠢᠨ

ᠪᠠᠶᠢᠭᠤᠯᠤᠮᠵᠢ ᠶᠢᠨ ᠦᠭᠡᠷᠡᠴᠢᠯᠠᠯᠳᠠ ᠶᠢ ᠯᠠᠪᠳᠠᠭᠤᠨ ᠪᠠᠳᠤᠳᠠᠢ ᠠᠬᠢᠭᠤᠯᠤᠨ᠎ᠠ᠃ ᠰᠢᠨ᠎ᠠ ︽ᠲᠦᠰᠦᠪ ᠤᠨ  

ᠬᠠᠣᠯᠢ︾ ᠶᠢ ᠨᠠᠷᠢᠨ ᠬᠢᠨᠠᠮᠠᠭᠠᠢ ᠲᠤᠤᠱᠯᠠᠭᠤᠯᠵᠤ᠂  ᠪᠦᠬᠦ ᠲᠠᠯ᠎ᠠ ᠶᠢᠨ ᠪᠦᠭᠡᠳ ᠲᠦᠷᠢᠮᠵᠢᠭᠰᠡᠨ᠂  ᠢᠯᠠ

ᠳᠤᠳᠤᠷᠬᠠᠢ ᠲᠦᠰᠦᠪ ᠤᠨ ᠲᠦᠷᠢᠮ ᠢ ᠪᠠᠶᠢᠭᠤᠯᠤᠨ᠎ᠠ᠃   ᠪᠡᠯᠨ‌ᠮᠦ᠋ᠩᠭᠦ ᠶᠢᠨ ᠬᠠᠮᠤᠭ ᠤᠨ ᠶᠡᠭᠡ ᠦᠷ᠎ᠠ ᠠᠰᠢᠭ ᠢ

ᠪᠠᠳᠠᠷᠠᠭᠤᠯᠵᠤ᠂ ᠭᠤᠤᠯᠳᠠᠭᠤ ᠳᠤᠭᠤᠷᠢᠭ ᠤᠨ ᠰᠠᠭᠤᠷᠢ ᠲᠦᠬᠦᠭᠡᠷᠤᠮᠵᠢ᠂ ᠬᠦᠨᠳᠤ ᠴᠢᠬᠤᠯᠠ ᠲᠦᠷᠦᠯ ᠵᠦᠢᠯ ᠪᠠ

ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠳᠠᠮᠵᠢᠨ᠎ᠠ᠃ ᠰᠠᠭᠤᠷᠢ ᠭᠠᠶᠢᠯᠢ ᠶᠢᠨ

ᠢᠷᠡᠯᠳᠡ ᠶᠢᠨ ᠬᠠᠮᠢᠶᠠᠷᠤᠯᠳᠠ ᠪᠠᠨ ᠴᠢᠩᠭᠠᠳᠬᠠᠵᠤ᠂ ᠬᠤᠯᠪᠤᠭᠠᠯᠠᠨ ᠭᠠᠶᠢᠯᠢ ᠵᠠᠰᠬᠤ ᠳᠤᠭᠳᠠᠴᠡ ᠶᠢ  ᠪᠠᠶᠢᠭᠤᠯᠵᠤ᠂

ᠭᠤᠤᠯᠳᠠᠯᠭ᠎ᠠ ᠲᠠᠢ ᠠᠵᠢᠯ ᠲᠦᠷᠦᠯ᠂  ᠴᠢᠬᠤᠯᠠ ᠭᠠᠶᠢᠯᠢ ᠶᠢᠨ ᠲᠦᠷᠦᠯ᠂ ᠨᠢᠭᠤᠳᠠᠵᠤ ᠪᠠᠶᠢᠭ᠎ᠠ ᠭᠠᠶᠢᠯᠢ ᠶᠢᠨ

ᠢᠷᠡᠯᠳᠡ   ᠳᠤ ᠬᠢᠨᠠᠨ ᠬᠠᠮᠢᠶᠠᠷᠬᠤ ᠪᠠᠨ ᠶᠡᠬᠡᠰᠭᠡᠵᠤ᠂  ᠡᠳ᠋ ᠤᠨ ᠵᠠᠰᠠᠭ ᠤᠨ ᠭᠠᠶᠢᠯᠢ ᠶᠢᠨ ᠤᠷᠤᠯᠭ᠎ᠠ ᠶᠢᠨ

ᠬᠦᠮᠦᠷᠭᠡ ᠳᠤ ᠤᠷᠤᠬᠤ ᠶᠢ ᠠᠬᠢᠭᠤᠯᠤᠨ᠎ᠠ᠃  ᠢᠳᠡᠪᠬᠢᠳᠠᠢ ᠯᠠᠪᠳᠠᠭᠤᠨ ᠢᠶᠠᠷ ᠪᠠᠶᠢᠭᠤᠯᠤᠮᠵᠢ ᠶᠢᠨ ᠦᠭᠡᠷᠡᠴᠢᠯᠠᠯᠳᠠ

 ᠶᠢ ᠲᠦᠯᠬᠢᠨ ᠠᠺᠢᠭᠤᠯᠤᠨ᠎ᠠ  ᠃ ᠡᠷᠡᠬᠦᠯ ᠬᠠᠮᠠᠭᠠᠯᠠᠯ ᠵᠢᠴᠢ ᠬᠦᠮᠦᠨ ᠠᠮᠠ ᠪᠠ ᠲᠦᠯᠦᠪᠯᠡᠭᠡᠳᠦ ᠦᠷᠠᠵᠢᠯ᠂  

ᠢᠳᠡᠭᠡᠨ ᠤ ᠵᠦᠢᠯ ᠡᠮ ᠤᠨ ᠵᠦᠢᠯ ᠢ ᠬᠢᠨᠠᠨ ᠬᠠᠮᠢᠶᠠᠷᠬᠤ ᠪᠠ ᠦᠢᠯᠡᠳᠪᠤᠷᠢ ᠬᠤᠳᠠᠯᠳᠤᠭ᠎ᠠ   ᠵᠢᠴᠢ ᠴᠢᠨᠠᠷ ᠲᠤ

ᠮᠡᠷᠭᠡᠵᠢᠯ ᠢᠶᠠᠷ ᠬᠢᠨᠠᠯᠳᠠ ᠳᠠᠯᠪᠢᠬᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ  ᠪᠠᠶᠢᠭᠤᠯᠣᠮᠵᠢ ᠶᠢᠨ ᠦᠭᠡᠷᠡᠴᠢᠯᠠᠯᠳᠠ

 ᠶᠢ ᠬᠡᠷᠡᠭᠵᠢᠬᠦᠯᠵᠤ᠂  ᠪᠦᠳᠦᠴᠡ ᠶᠢᠨ ᠡᠷᠭᠡ ᠴᠢᠳᠠᠪᠤᠷᠢ ᠶᠢ ᠴᠡᠭᠴᠡᠯᠡᠨ ᠨᠠᠶᠢᠯᠡᠬᠦᠯᠵᠤ᠂ ᠬᠢᠨᠠᠨ ᠬᠠᠮᠢᠶᠠᠷᠬᠤ ᠪᠠ

ᠦᠢᠯᠡᠴᠢᠯᠡᠭᠡ ᠶᠢᠨ ᠬᠢᠷᠢ ᠬᠡᠮᠵᠢᠶ᠎ᠠ ᠪᠠᠨ ᠤᠯᠠᠮ ᠨᠢᠭᠡ ᠠᠯᠬᠤᠮ. ᠳᠡᠭᠡᠭᠰᠢᠯᠡᠬᠦᠯᠤᠨ᠎ᠠ᠃

    ︵ᠨᠠᠢᠮᠠ︶   ᠬᠦᠴᠤᠨ ᠢᠶᠠᠨ ᠲᠦᠪᠯᠡᠷᠡᠬᠦᠯᠤᠨ ᠠᠷᠠᠳ ᠤᠨ ᠠᠮᠢᠳᠤᠷᠠᠯ ᠢ  ᠪᠠᠳᠤᠯᠠᠬᠤ ᠪᠠ ᠰᠠᠶᠢᠵᠢᠷᠠᠭᠤᠯᠵᠤ᠂

 ᠨᠠᠶᠢᠭᠡᠮ ᠤᠨ ᠡᠯ᠎ᠠ ᠠᠵᠢᠯ ᠦᠢᠯᠡᠰ ᠤᠨ ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠤᠨ᠎ᠠ

      ᠨᠠᠶᠢᠳᠡ ᠶᠢᠨ ᠡᠳ᠋ ᠤᠨ ᠵᠠᠰᠠᠭ ᠢ ᠠᠷᠠᠳ ᠤᠨ ᠠᠮᠢᠳᠤᠷᠠᠯ ᠳᠤ ᠴᠢᠭᠯᠡᠬᠦᠯᠬᠦ ᠶᠢ ᠳᠤᠪᠤᠶᠢᠯᠭᠠᠵᠤ᠂  ᠦᠢᠯᠡᠰ

ᠪᠦᠳᠦᠭᠡᠭᠦ ᠠᠵᠢᠯ ᠤᠯᠭᠤᠬᠤ᠂ ᠨᠠᠶᠢᠭᠡᠮ ᠤᠨ ᠪᠠᠳᠤᠯᠠᠭ᠎ᠠ᠂ ᠡᠮ ᠡᠮᠨᠡᠯᠭᠡ ᠡᠷᠡᠬᠦᠯ ᠬᠠᠮᠠᠭᠠᠯᠠᠯ᠂ ᠰᠤᠷᠭᠠᠨ ᠬᠦᠮᠦᠵᠢᠯ

ᠰᠤᠶᠤᠯ᠂ ᠨᠠᠶᠢᠭᠡᠮ ᠤᠨ ᠳᠤᠭᠳᠠᠭᠤᠨ ᠵᠡᠷᠭᠡ ᠡᠯ᠎ᠠ ᠲᠠᠯ᠎ᠠ ᠶᠢᠨ ᠠᠷᠠᠳ ᠤᠨ ᠠᠮᠢᠳᠤᠷᠠᠯ ᠤᠨ ᠠᠵᠢᠯ ᠢ ᠨᠢᠭᠡᠳᠦᠯᠳᠠᠢ

ᠲᠦᠯᠦᠪᠯᠡᠵᠤ ᠰᠠᠶᠢᠳᠤᠷ ᠬᠢᠵᠤ᠂  ᠬᠦᠭᠵᠢᠯᠳᠠ ᠶᠢᠨ ᠦᠷ᠎ᠠ ᠪᠦᠳᠦᠮᠵᠢ ᠶᠢ ᠡᠷᠭᠡ ᠳᠡᠭᠰᠢ ᠪᠠᠷ ᠪᠦᠬᠦ ᠬᠤᠰᠢᠭᠤᠨ ᠤ

ᠡᠯ᠎ᠠ ᠦᠨᠳᠤᠰᠤᠳᠠᠨ ᠤ ᠠᠷᠠᠳ ᠲᠦᠮᠡᠨ ᠳᠤ ᠡᠳ᠋ᠯᠡᠬᠦᠯᠤᠨ᠎ᠠ᠃

ᠭᠤᠤᠯᠳᠠᠯᠭ᠎ᠠ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠤᠨ

 ᠢᠶᠠᠷ ᠠᠬᠢᠭᠤᠯᠤᠨ᠎ᠠ᠃  ᠡᠨᠡ ᠵᠢᠯ᠂  ᠬᠤᠰᠢᠭᠤᠨ ᠤ ᠠᠷᠠᠳ ᠤᠨ ᠵᠠᠰᠠᠭ ᠤᠨ ᠤᠷᠳᠤᠨ 6 ᠳ᠋ᠦᠩᠰᠢᠭᠤᠷ ᠠᠴᠠ

ᠳᠡᠭᠡᠭᠰᠢ ᠪᠡᠯᠡ ᠮᠦᠩᠭᠦ ᠴᠤᠭᠯᠠᠭᠤᠯᠵᠤ᠂  ᠭᠤᠤᠯᠳᠠᠭᠤ ᠪᠦᠬᠦ ᠬᠤᠰᠢᠭᠤᠨ ᠤ ᠠᠵᠤ ᠠᠬᠤᠢ ᠨᠠᠶᠢᠭᠡᠮ ᠤᠨ

ᠬᠦᠭᠵᠢᠯᠳᠠ ᠶᠢᠨ ᠶᠡᠭᠡ ᠪᠠᠶᠢᠳᠠᠯ ᠪᠠ ᠠᠷᠠᠳ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠬᠤ

10  ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠰᠠᠶᠢᠳᠤᠷ ᠬᠢᠬᠦ ᠪᠠᠷ ᠪᠠᠶᠢᠨ᠎ᠠ᠃ ᠨᠢᠭᠡ ᠨᠢ

ᠳᠠᠷᠢᠶᠠᠴᠢᠨ ᠮᠠᠯᠴᠢᠨ ᠡᠷᠦᠬᠡ ᠳᠤ ᠳᠤᠯᠠᠭᠠᠴᠠᠬᠤ ᠢᠨᠵᠧᠨᠧᠷᠢᠩ ᠢ ᠭᠡᠷᠡᠭᠵᠢᠬᠦᠯᠤᠨ᠎ᠠ᠃ 4920 ᠲᠦᠮᠡᠨ ᠲᠦᠭᠦᠷᠢᠭ

ᠪᠡᠯᠡ ᠣᠷᠣᠭᠤᠯᠣᠨ᠂  ᠪᠦᠬᠦ ᠬᠤᠰᠢᠭᠤᠨ ᠤ ᠡᠯ᠎ᠠ ᠰᠤᠮᠤ ᠪᠠᠯᠭᠠᠰᠤ ᠳᠠᠯᠠᠪᠠᠢ ᠶᠢᠨ ᠪᠠᠶᠢᠩᠭᠤ ᠰᠠᠭᠤᠭ᠎ᠠ ᠳᠤᠰ

ᠭᠠᠵᠠᠷ ᠤᠨ ᠡᠷᠦᠭᠡ ᠠᠮᠠ ᠶᠢᠨ ᠳᠠᠩᠰᠠ ᠲᠠᠢ ᠳᠠᠷᠢᠶᠠᠴᠢᠨ ᠮᠠᠯᠴᠢᠨ ᠡᠷᠦᠭᠡ ᠪᠦᠷᠢ ᠳᠤ 600 ᠲᠦᠬᠦᠷᠢᠭ ᠤᠨ

ᠡᠪᠤᠯ ᠤᠨ ᠤᠯᠠᠷᠢᠯ ᠳᠤ ᠳᠤᠯᠠᠭᠠᠴᠠᠬᠤ ᠨᠦᠬᠦᠪᠤᠷᠢ ᠦᠭᠬᠦᠨ᠎ᠠ᠃  ᠬᠤᠶᠠᠷ ᠨᠢ ᠶᠠᠳᠠᠭᠤ ᠶᠢ ᠳᠡᠳᠬᠦᠬᠦ ᠨᠡᠭᠡᠭᠡᠨ

ᠬᠦᠭᠵᠢᠬᠦᠯᠬᠦ ᠢᠵᠧᠨᠧᠷᠢᠩ ᠢ ᠬᠡᠷᠡᠭᠵᠢᠬᠦᠯᠤᠨ᠎ᠠ᠃  ︽ ᠭᠤᠷᠪᠠ  ᠲᠤᠰᠬᠤᠨ ᠳᠤ  ᠬᠦᠷᠬᠦ᠂  ᠭᠤᠷᠪᠠ ᠡᠷᠦᠭᠡ ᠳᠤ

 ᠬᠦᠷᠬᠦ︾ ᠨᠠᠷᠢᠯᠢᠭ ᠤᠨᠤᠪᠴᠢᠳᠠᠢ ᠶᠠᠳᠠᠭᠤ ᠶᠢ ᠳᠡᠳᠬᠦᠬᠦ ᠪᠠ ᠮᠦᠩᠭᠦᠨ ᠬᠦᠢᠯᠭᠡᠭᠡ ᠪᠠᠷ ᠶᠠᠳᠠᠭᠤ ᠶᠢ ᠳᠡᠳᠬᠦᠬᠦ

ᠠᠷᠠᠳ ᠢ ᠪᠠᠶᠠᠵᠢᠭᠤᠯᠬᠤ ᠢᠨᠵᠧᠨᠧᠷᠢᠩ ᠢ ᠬᠡᠷᠡᠭᠵᠢᠬᠦᠯᠬᠦ ᠪᠠᠷ ᠳᠠᠮᠵᠢᠨ᠂ 1.78 ᠳ᠋ᠦᠩᠰᠢᠭᠤᠷ ᠲᠦᠬᠦᠷᠢᠭ ᠪᠡᠯᠡ

ᠤᠷᠤᠭᠤᠯᠤᠨ᠂  ᠭᠤᠤᠯᠳᠠᠯᠭ᠎ᠠ ᠲᠠᠢ ᠪᠠᠷ 20 ᠶᠠᠳᠠᠭᠤ ᠬᠦᠴᠢᠷᠳᠠᠯᠳᠠᠢ ᠠᠶᠢᠯ ᠢ ᠳᠠᠮᠵᠢᠨ ᠬᠦᠭᠵᠢᠯᠳᠠ ᠶᠢ ᠨᠢ

ᠲᠦᠷᠭᠡᠳᠭᠡᠵᠤ᠂  1800 ᠡᠷᠦᠭᠡ᠂  7100 ᠬᠦᠮᠦᠰ ᠤᠨ ᠯᠠᠪᠳᠠᠭᠤᠨ‌ᠵᠢᠨᠷ ᠶᠠᠳᠠᠭᠤ ᠠᠴᠠ ᠠᠩᠬᠢᠵᠢᠷᠠᠭᠤᠯᠣᠨ᠎ᠠ

᠃   ᠭᠤᠷᠪᠠ ᠨᠢ ᠠᠯᠪᠠᠨ ᠵᠢᠷᠤᠮ ᠤᠨ ᠰᠤᠷᠭᠠᠨ ᠬᠦᠮᠦᠵᠢᠯ   ᠢ ᠳᠠᠩᠴᠡᠬᠦᠷᠢᠳᠠᠢ  ᠬᠦᠭᠵᠢᠭᠦᠯᠬᠦ ᠢᠨᠵᠧᠨᠧᠷᠢᠩ ᠢ

ᠬᠡᠷᠡᠭᠵᠢᠬᠦᠯᠤᠨ᠎ᠠ᠃ 7109 ᠲᠦᠮᠡᠨ ᠲᠦᠬᠦᠷᠢᠭ ᠪᠡᠯᠡ ᠤᠷᠤᠭᠤᠯᠤᠨ᠂ ᠪᠦᠬᠦ ᠬᠤᠰᠢᠭᠤᠨ ᠤ ᠡᠯ᠎ᠠ ᠰᠤᠷᠭᠠᠭᠤᠯᠢ

 ᠳᠤ ᠵᠢᠭᠠᠨ ᠰᠤᠷᠭᠠᠬᠤ ᠳᠤᠨᠤᠭ ᠲᠦᠬᠦᠭᠡᠷᠤᠮᠵᠢ ᠳᠤᠬᠢᠷᠠᠭᠤᠯᠤᠨ ᠦᠭᠴᠤ᠂  ᠬᠦᠳᠡᠭᠡ ᠲᠤᠰᠬᠤᠨ ᠮᠠᠯᠵᠢᠬᠤ ᠤᠷᠤᠨ

 ᠤ  ᠠᠯᠪᠠᠨ ᠵᠢᠷᠤᠮ ᠤᠨ ᠰᠤᠷᠭᠠᠨ ᠬᠦᠮᠤᠵᠢᠯ ᠤᠨ ᠨᠦᠬᠦᠴᠠᠯ  ᠪᠠᠷᠣᠭᠳᠠᠢ ᠰᠤᠷᠭᠠᠭᠤᠯᠢ ᠶᠢ ᠦᠭᠡᠷᠡᠴᠢᠯᠠᠨ ᠵᠠᠰᠠᠨ᠎ᠠ᠃

ᠲᠦᠷᠪᠡ ᠨᠢ ᠡᠷᠡᠬᠦᠯ ᠬᠠᠮᠠᠭᠠᠯᠠᠯ ᠤᠨ ᠰᠠᠭᠤᠷᠢ ᠪᠠᠶᠢᠭᠤᠯᠤᠯᠳᠠ ᠶᠢᠨ ᠢᠨᠵᠧᠨ᠋ᠸᠢᠩ   ᠢ ᠬᠡᠷᠡᠭᠵᠢᠬᠦᠯᠤᠨ᠎ᠠ᠃ 1060

ᠲᠦᠮᠡᠨ ᠲᠦᠬᠦᠷᠢᠭ ᠪᠡᠯᠡ ᠤᠷᠤᠭᠤᠯᠤᠨ᠂  ᠰᠢᠨᠡᠪᠡᠷ 3 ᠦᠨᠳᠤᠰᠤᠨ ᠱᠠᠳᠤᠨ ᠤ ᠡᠷᠡᠬᠦᠯ ᠬᠠᠮᠠᠭᠠᠯᠠᠯ ᠤᠨ ᠬᠤᠷᠢᠶ᠎ᠠ

᠂  2 ᠡᠷᠡᠬᠦᠯ ᠬᠠᠮᠠᠭᠠᠯᠠᠯ ᠤᠨ ᠬᠤᠷᠢᠶ᠎ᠠ ᠶᠢᠨ ᠠᠵᠢᠯᠳᠠᠨ ᠤ ᠲᠦᠷ ᠰᠠᠭᠤᠬᠤ ᠭᠡᠷ᠂ 30 ᠭᠠᠴᠠᠭ᠎ᠠ ᠲᠤᠰᠬᠤᠨ ᠤ

ᠡᠷᠡᠬᠦᠯ ᠬᠠᠮᠠᠭᠠᠯᠠᠯ ᠤᠨ ᠳᠤᠬᠠᠶᠢᠯᠠᠭᠰᠠᠨ ᠠᠵᠢᠯ ᠤᠨ ᠭᠡᠷ ᠪᠠᠶᠢᠭᠤᠯᠤᠨ᠎ᠠ᠃   ᠳᠠᠪᠤ ᠨᠢ ᠬᠦᠳᠡᠭᠡ ᠲᠤᠰᠬᠤᠨ

ᠮᠠᠯᠵᠢᠬᠤ ᠤᠷᠤᠨ ᠤ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠬᠡᠷᠡᠭᠵᠢᠬᠦᠯᠤᠨ᠎ᠠ᠃  2213

ᠲᠦᠮᠡᠨ ᠲᠦᠬᠦᠷᠢᠭ ᠪᠡᠯᠡ ᠤᠷᠤᠭᠤᠯᠤᠨ᠂ 36  ᠭᠠᠴᠠᠭ᠎ᠠ ᠲᠤᠰᠬᠤᠨ᠂ 1.8  ᠲᠦᠮᠡᠨ ᠬᠦᠮᠦᠰ ᠤᠨ ᠤᠤᠭᠤᠬᠤ

ᠤᠰᠤᠨ ᠤ ᠬᠦᠴᠢᠷ ᠲᠠᠢ ᠠᠰᠠᠭᠤᠳᠠᠯ ᠢ  ᠰᠢᠢᠳᠪᠤᠷᠢᠯᠠᠨ᠎ᠠ᠃   ᠵᠢᠷᠭᠤᠭ᠎ᠠ ᠨᠢ ᠬᠤᠳᠡ ᠶᠢᠨ ᠳᠤᠭᠤᠷᠢᠭ ᠤᠨ

ᠵᠠᠭᠡᠯᠢ ᠭᠤᠳᠤᠮᠵᠢ ᠶᠢ ᠬᠠᠳᠠᠭᠤᠷᠠᠭᠤᠯᠬᠤ ᠪᠠ ᠪᠠᠳᠤᠯᠠᠪᠤᠷᠢ ᠶᠢᠨ ᠴᠢᠨᠠᠷᠳᠠᠢ ᠠᠮᠤᠭᠤᠯᠠᠩ ᠤᠷᠤᠨ ᠰᠠᠭᠤᠴᠡ ᠶᠢᠨ

ᠢᠨᠵᠧᠨᠧᠷᠢᠩ ᠢ ᠬᠡᠷᠡᠭᠵᠢᠬᠦᠯᠤᠨ᠎ᠠ᠃  1.7 ᠳ᠋ᠦᠩᠰᠢᠭᠤᠷ ᠲᠦᠬᠦᠷᠢᠭ ᠪᠡᠯᠡ ᠤᠷᠤᠭᠤᠯᠤᠨ᠂ ᠬᠦᠳᠡᠭᠡ ᠲᠤᠰᠬᠤᠨ

ᠮᠠᠯᠵᠢᠬᠤ ᠤᠷᠤᠨ ᠤ 8000 ᠡᠷᠦᠭᠡ ᠶᠢᠨ ᠨᠤᠷᠠᠮᠠᠷ ᠭᠡᠷ ᠪᠠᠶᠢᠰᠢᠩ ᠢ ᠦᠭᠡᠷᠡᠴᠢᠯᠠᠨ ᠵᠠᠰᠠᠵᠤ᠂  100 ᠢᠵᠢ

ᠨᠠᠶᠢᠳᠡ ᠶᠢᠨ ᠲᠦᠷᠢᠶᠠᠰᠤᠨ ᠭᠡᠷ ᠪᠠᠶᠢᠭᠤᠯᠵᠤ᠂   ᠬᠤᠳᠡ ᠶᠢᠨ ᠳᠤᠭᠤᠷᠢᠭ ᠤᠨ 5 ᠵᠤᠷᠪᠤᠰ ᠵᠡᠭᠡᠯᠢ ᠭᠤᠳᠤᠮᠵᠢ ᠶᠢ

ᠬᠠᠳᠠᠭᠤᠷᠠᠭᠤᠯᠤᠨ᠎ᠠ᠃ ᠳᠤᠯᠤᠭ᠎ᠠ ᠨᠢ ᠬᠦᠳᠡᠭᠡ ᠲᠤᠰᠬᠤᠨ ᠮᠠᠯᠵᠢᠬᠤ ᠤᠷᠤᠨ ᠤ ᠵᠠᠰᠠᠮᠠᠯ ᠵᠠᠮ ᠤᠨ ᠢᠨᠵᠧᠨᠧᠷᠢᠩ ᠢ

ᠬᠡᠷᠡᠭᠵᠢᠬᠦᠯᠤᠨ᠎ᠠ᠃  4500 ᠲᠦᠮᠡᠨ ᠲᠦᠬᠦᠷᠢᠭ ᠪᠡᠯᠡ ᠤᠷᠤᠭᠤᠯᠤᠨ᠂ ᠠᠶᠢᠯ ᠳᠤ ᠨᠡᠪᠳᠡᠷᠡᠬᠦ ᠵᠠᠰᠠᠮᠠᠯ ᠵᠠᠮ ᠢ

150  ᠺᠢᠯᠤᠮᠧᠲᠷ  ᠵᠠᠰᠠᠨ᠎ᠠ᠃   ᠨᠠᠢᠮᠠ ᠨᠢ  ᠰᠤᠯᠨ ᠢᠳᠡᠭᠡᠨ ᠤ ᠵᠦᠢᠯ ᠢ ᠪᠤᠯᠪᠠᠰᠤᠷᠠᠭᠤᠯᠬᠤ ᠳᠤᠭᠤᠷᠢᠭ ᠤᠨ

ᠪᠠᠶᠢᠭᠤᠯᠤᠯᠳᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠃  ᠰᠢᠩ ᠬᠤᠸᠠ  ᠰᠤᠯᠨ ᠢᠳᠡᠭᠡᠨ ᠤ ᠵᠦᠢᠯ ᠢ

ᠪᠤᠯᠪᠠᠰᠤᠷᠠᠭᠤᠯᠬᠤ ᠳᠤᠭᠤᠷᠢᠭ ᠢ ᠪᠠᠶᠢᠭᠤᠯᠵᠤ᠂ 30 ᠡᠷᠦᠭᠡ ᠢᠳᠡᠭᠡᠨ ᠤ ᠵᠦᠢᠯ ᠤᠨ ᠵᠢᠵᠢᠭ ᠦᠢᠯᠡᠳᠭᠡᠯ ᠤᠨ

ᠤᠷᠤᠵᠤ ᠰᠠᠭᠤᠵᠤ ᠬᠦᠭᠵᠢᠬᠦ ᠶᠢ  ᠲᠡᠮᠵᠢᠵᠣ᠂ ᠤᠯᠠᠨ ᠲᠦᠮᠡᠨ ᠳᠤ ᠰᠠᠨᠠᠭ᠎ᠠ ᠠᠮᠤᠷ ᠢᠳᠡᠭᠡᠨ ᠤ ᠵᠦᠢᠯ ᠢ  

ᠬᠠᠩᠭᠠᠨ᠎ᠠ᠃ ᠶᠢᠰᠤ ᠨᠢ ᠪᠠᠶᠡᠳᠦ ᠠᠮᠤᠷ ᠲᠦᠪᠰᠢᠨ   ᠤ  ᠰᠡᠷᠭᠡᠶᠢᠯᠡᠨ ᠡᠵᠡᠮᠳᠡᠬᠦ ᠰᠢᠰᠲ᠋ᠧᠮ ᠤᠨ ᠢᠨᠵᠧᠨᠧᠷᠢᠩ ᠢ

ᠬᠡᠷᠡᠭᠵᠢᠬᠦᠯᠤᠨ᠎ᠠ᠃ 1800 ᠲᠦᠮᠡᠨ ᠲᠦᠬᠦᠷᠢᠭ ᠪᠡᠯᠡ  ᠤᠷᠤᠭᠤᠯᠤᠨ᠂  ︽ᠡᠩᠭᠡ ᠳᠠᠶᠢᠪᠤᠩ ᠵᠠᠷᠤᠳ ᠬᠤᠰᠢᠭᠤ︾

 ᠶᠢᠨ ᠬᠠᠤᠯᠢ ᠶᠢᠨ ᠳᠤᠤᠷ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠳᠦᠭᠡᠨ ᠪᠠᠶᠢᠭᠤᠯᠵᠤ᠂  

11  ᠭᠤᠤᠯ ᠵᠠᠮ ᠠᠭᠤᠯᠵᠠᠷ ᠲᠤ ᠡᠯᠧᠺᠲᠷᠤᠨ ᠴᠠᠭᠳᠠᠭ᠎ᠠ  ᠤᠭᠰᠠᠷᠠᠵᠤ᠂ 6 ᠬᠤᠳᠡ ᠶᠢ ᠳᠤᠭᠤᠷᠢᠭᠰᠠᠨ ᠭᠤᠤᠯ

ᠵᠠᠮ ᠤᠨ ᠠᠭᠤᠯᠵᠠᠷ ᠲᠤ ᠪᠤᠭᠤᠮᠳᠠ ᠶᠢᠨ ᠰᠢᠰᠲ᠋ᠧᠮ ᠪᠠᠶᠢᠭᠤᠯᠵᠤ᠂  ᠡᠩᠭᠡ ᠳᠠᠶᠢᠪᠤᠩ ᠬᠤᠳᠡ ᠶᠢᠨ ᠬᠢᠨᠠᠨ

ᠡᠵᠡᠮᠰᠢᠬᠦ ᠲᠦᠷᠰᠤ ᠰᠢᠩᠭᠡᠭᠡᠬᠦ ᠮᠠᠰᠢᠨ 231 ᠤᠭᠰᠠᠷᠠᠨ᠎ᠠ᠃  ᠠᠷᠪᠠ ᠨᠢ ᠬᠤᠳᠡ  ᠬᠦᠳᠡᠭᠡ   ᠶᠢ ᠴᠡᠪᠡᠷᠯᠡᠬᠦ

ᠢᠨᠵᠧᠨᠧᠷᠢᠩ ᠢ ᠬᠡᠷᠡᠭᠵᠢᠬᠦᠯᠤᠨ᠎ᠠ᠃ 600 ᠲᠦᠮᠡᠨ ᠲᠦᠬᠦᠷᠢᠭ ᠪᠡᠯᠡ ᠤᠷᠤᠭᠤᠯᠤᠨ ᠰᠤᠮᠤ ᠪᠠᠯᠭᠠᠰᠤ ᠳᠠᠯᠠᠪᠠᠢ ᠳᠤ

ᠬᠤᠭ ᠨᠤᠪᠰᠢ ᠶᠢ ᠰᠢᠢᠳᠪᠤᠷᠢᠯᠡᠬᠦ ᠦᠷᠳᠡᠭᠡ 10  ᠰᠠᠭᠤᠷᠢ᠂  ᠭᠠᠴᠠᠭ᠎ᠠ ᠲᠤᠰᠬᠤᠨ ᠳᠤ ᠭᠠᠵᠠᠷ ᠲᠤ ᠪᠤᠯᠠᠵᠤ

ᠬᠠᠶᠠᠬᠤ ᠬᠤᠭ ᠨᠤᠪᠰᠢ ᠶᠢᠨ ᠨᠦᠭᠡ 200 ᠪᠠᠶᠢᠭᠤᠯᠤᠨ᠎ᠠ᠃

     ᠤᠶᠢᠯᠡᠰ ᠪᠦᠳᠦᠭᠡᠬᠦ ᠠᠵᠢᠯ ᠤᠯᠭᠤᠬᠤ ᠶᠢ ᠭᠦᠴᠤᠯᠠᠨ ᠲᠦᠯᠬᠢᠨ ᠠᠬᠢᠭᠤᠯᠤᠨ᠎ᠠ᠃  ᠠᠵᠤ ᠠᠬᠤᠶᠢᠯᠠᠯ ᠤᠨ

ᠠᠵᠢᠯᠳᠠᠨ ᠬᠡᠷᠡᠭᠯᠡᠬᠦ ᠬᠠᠷᠢᠯᠴᠠᠬᠤ ᠮᠡᠳᠡᠭᠡᠯᠡᠬᠦ ᠳᠤᠭᠳᠠᠴᠡ ᠶᠢ ᠪᠠᠶᠢᠭᠤᠯᠵᠤ᠂  ᠬᠦᠳᠡᠭᠡ ᠲᠤᠰᠬᠤᠨ ᠮᠠᠯᠵᠢᠬᠤ ᠤᠷᠤᠨ

 ᠤ ᠬᠦᠳᠠᠯᠮᠤᠷᠢ ᠬᠦᠴᠤᠨ   ᠢ ᠰᠢᠯᠵᠢᠬᠦᠯᠬᠦ ᠪᠤᠯᠤᠨ ᠠᠵᠤ ᠠᠬᠤᠶᠢᠯᠠᠯ ᠤᠨ ᠠᠵᠢᠯᠴᠢᠨ ᠡᠯᠰᠡᠬᠦ ᠮᠡᠳᠡᠭᠡ ᠵᠠᠩᠭᠢ ᠶᠢᠨ  

ᠬᠤᠭᠤᠷᠤᠨᠳᠤᠭᠢ ᠵᠤᠬᠢᠴᠠᠩᠭᠤᠢ ᠦᠭᠡᠢ ᠠᠰᠠᠭᠤᠳᠠᠯ ᠢ ᠰᠢᠢᠳᠪᠤᠷᠢᠯᠠᠨ᠎ᠠ᠃  ᠬᠦᠳᠡᠯᠮᠤᠷᠢ ᠬᠦᠴᠤᠨ ᠤ ᠵᠠᠬ᠎ᠠ

ᠳᠡᠯᠭᠡᠬᠦᠷ ᠤᠨ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠳᠠᠷᠢᠶᠠᠴᠢᠨ ᠮᠠᠯᠴᠢᠨ ᠬᠦᠯᠦᠰᠤᠨ ᠠᠵᠢᠯᠴᠢᠨ ᠤ

ᠬᠠᠤᠯᠢ ᠶᠤᠰᠤᠨ ᠤ ᠡᠷᠭᠡ ᠠᠰᠢᠭ ᠢ ᠪᠠᠳᠤᠯᠠᠨ᠎ᠠ᠃  ᠬᠤᠳᠡ ᠪᠠᠯᠭᠠᠰᠤᠨ ᠤ  1800 ᠬᠦᠮᠦᠨ ᠳᠤ ᠰᠢᠨ᠎ᠠ ᠪᠠᠷ

ᠠᠵᠢᠯ ᠤᠯᠭᠤᠵᠤ᠂ 4.6  ᠲᠦᠮᠡᠨ ᠳᠠᠷᠢᠶᠠᠴᠢᠨ ᠮᠠᠯᠴᠢᠨ ᠬᠦᠯᠦᠰᠤᠨ ᠠᠵᠢᠯᠴᠢᠨ ᠢ ᠰᠢᠯᠵᠢᠬᠦᠯᠤᠨ ᠠᠵᠢᠯ

ᠤᠯᠭᠤᠵᠤ᠂ ᠬᠤᠳᠡ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠶᠢ 3.9%   ᠤ ᠳᠤᠳᠤᠷ᠎ᠠ

ᠬᠢᠵᠠᠭᠠᠷᠯᠠᠨ᠎ᠠ᠃ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠠ ᠠᠵᠢᠯ ᠤᠯᠭᠤᠬᠤ ᠪᠤᠯᠪᠠᠰᠤᠷᠠᠭᠤᠯᠬᠤ ᠡᠭᠢ

ᠪᠠᠶᠠᠯᠢᠭ ᠢ ᠬᠦᠢᠴᠡᠳ ᠡᠮᠬᠢᠯᠠᠨ ᠨᠠᠶᠢᠯᠡᠬᠦᠯᠵᠤ᠂  1100  ᠬᠦᠮᠦᠨ ᠳᠤ ᠳᠤᠰᠬᠠᠢ ᠮᠡᠷᠭᠡᠵᠢᠯ ᠤᠨ ᠴᠢᠳᠠᠪᠤᠷᠢ ᠶᠢᠨ

ᠪᠤᠯᠪᠠᠰᠤᠷᠠᠯ ᠬᠦᠷᠳᠡᠭᠡᠵᠤ᠂ 500 ᠬᠦᠮᠦᠨ ᠳᠤ  ᠦᠢᠯᠡᠰ ᠪᠦᠳᠦᠭᠡᠬᠦ  ᠪᠤᠯᠪᠠᠰᠤᠷᠠᠯ ᠬᠦᠷᠳᠡᠭᠡᠵᠤ᠂ 1500

ᠬᠦᠮᠦᠨ ᠢ ᠳᠠᠶᠢᠴᠢᠯᠠᠨ ᠠᠵᠢᠯ ᠤᠯᠭᠤᠵᠤ᠂ 3500 ᠲᠦᠮᠡᠨ ᠲᠦᠬᠦᠷᠢᠭ ᠤᠨ ᠦᠢᠯᠡᠰ ᠪᠦᠳᠦᠭᠡᠬᠦ ᠪᠠᠭ᠎ᠠ ᠳᠤᠭᠠᠨ

 ᠤ ᠳᠠᠭᠠᠭᠠᠯᠳᠠ ᠶᠢᠨ ᠵᠢᠭᠡᠯᠡᠯᠭᠡ ᠳᠠᠷᠬᠠᠭᠠᠨ᠎ᠠ᠃  ᠵᠠᠰᠠᠭ ᠤᠨ ᠤᠷᠳᠤᠨ ᠠᠴᠠ ᠨᠠᠶᠢᠭᠡᠮ ᠤᠨ ᠦᠢᠯᠡᠴᠢᠯᠡᠭᠡᠨ ᠤ

ᠠᠵᠢᠯ ᠤᠨ ᠪᠠᠶᠢᠷᠢ ᠶᠢ ᠬᠤᠳᠠᠯᠳᠤᠨ ᠠᠪᠬᠤ ᠶᠢ ᠦᠷᠬᠦᠯᠵᠢᠯᠠᠨ ᠳᠡᠯᠭᠡᠷᠬᠦᠯᠵᠤ᠂  ᠶᠡᠭᠡ ᠰᠤᠷᠭᠠᠭᠤᠯᠢ ᠠᠴᠠ

ᠳᠡᠬᠦᠰᠦᠭᠰᠡᠨ ᠰᠤᠷᠤᠭᠴᠢᠳ᠂  ᠬᠤᠳᠡ ᠪᠠᠯᠭᠠᠰᠤ ᠶᠢᠨ ᠬᠦᠴᠢᠷᠳᠠᠯ ᠲᠠᠢ ᠬᠦᠮᠦᠰ ᠪᠠ ᠴᠡᠷᠢᠭ ᠠᠴᠠ ᠪᠠᠭᠤᠭᠰᠠᠳ

ᠴᠡᠷᠢᠭ ᠠᠴᠠ ᠬᠠᠯᠠᠭᠳᠠᠭᠰᠡᠳ ᠤᠨ ᠠᠵᠢᠯ ᠤᠯᠭᠤᠬᠤ ᠶᠢ ᠲᠦᠯᠬᠢᠨ ᠠᠬᠢᠭᠤᠯᠤᠨ᠎ᠠ᠃

     ᠨᠠᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠳᠡᠬᠦᠯᠳᠠᠷᠵᠢᠬᠦᠯᠤᠨ᠎ᠠ᠃  ᠳᠠᠪᠤᠨ ᠲᠦᠷᠦᠯ

 ᠤᠨ ᠳᠠᠭᠠᠳᠬᠠᠯ ᠤᠨ ᠪᠦᠷᠬᠦᠴᠡ ᠶᠢ ᠦᠷᠬᠦᠯᠵᠢᠯᠠᠨ ᠦᠷᠭᠡᠳᠭᠡᠵᠤ᠂  ᠳᠠᠭᠠᠳᠬᠠᠯ ᠤᠨ ᠮᠦᠩᠭᠦ ᠶᠢ 3  

ᠳ᠋ᠦᠩᠰᠢᠭᠤᠷ ᠲᠦᠬᠦᠷᠢᠭ ᠠᠴᠠ ᠳᠡᠭᠡᠭᠰᠢ ᠳᠡᠳᠡᠪᠤᠷᠢᠯᠠᠨ᠎ᠠ᠃  ᠰᠢᠨ᠎ᠠ ᠮᠠᠶ᠋ᠢᠭ ᠤᠨ ᠬᠦᠳᠡᠭᠡ ᠲᠤᠰᠬᠤᠨ ᠮᠠᠯᠵᠢᠬᠤ

ᠤᠷᠤᠨ ᠤ ᠬᠤᠷᠰᠢᠭᠰᠠᠨ ᠡᠮᠨᠡᠯᠭᠡ ᠶᠢᠨ ᠤᠷᠤᠯᠴᠠᠬᠤ ᠨᠤᠷᠮ᠎ᠠ ᠨᠢ 98%   ᠠᠴᠠ ᠳᠡᠭᠡᠭᠰᠢ ᠪᠠᠶᠢᠬᠤ ᠶᠢ ᠪᠠᠳᠤᠯᠠᠵᠤ᠂

 ᠬᠦᠨᠳᠦ ᠶᠡᠭᠡ ᠡᠪᠡᠳᠴᠢᠨ ᠢ ᠪᠠᠳᠤᠯᠠᠬᠤ ᠬᠡᠪᠴᠢᠶ᠎ᠠ ᠪᠠᠨ ᠳᠠᠰᠤᠷᠠᠯᠳᠠ ᠦᠭᠡᠢ ᠦᠷᠭᠡᠳᠭᠡᠨ᠎ᠠ᠃ ᠬᠤᠳᠡ ᠬᠦᠳᠡᠭᠡ

  ᠶᠢᠨ ᠳᠤᠤᠷ᠎ᠠ ᠪᠠᠳᠤᠯᠠᠭ᠎ᠠ ᠶᠢᠨ ᠨᠦᠬᠦᠪᠤᠷᠢ ᠮᠦᠩᠭᠦ ᠶᠢ ᠰᠠᠷ᠎ᠠ ᠳᠤ ᠬᠦᠮᠦᠨ ᠳᠤᠮᠳᠠᠴᠢ ᠪᠠᠷ ᠪᠠ ᠵᠢᠯ ᠳᠤ ᠬᠦᠮᠦᠨ

ᠳᠤᠮᠳᠠᠴᠢ ᠪᠠᠷ ᠳᠤᠰ ᠳᠤᠰ ᠲᠤᠨᠢ 30  ᠲᠦᠬᠦᠷᠢᠭ ᠪᠠ 240  ᠲᠦᠬᠦᠷᠢᠭ ᠲᠡᠭᠡᠭᠰᠢᠯᠡᠬᠦᠯᠵᠤ᠂  3.5  ᠲᠦᠮᠡᠨ

ᠬᠦᠮᠦᠨ ᠠᠴᠠ ᠳᠡᠭᠡᠭᠰᠢ ᠪᠦᠷᠬᠦᠬᠦ ᠶᠢ ᠪᠠᠳᠤᠯᠠᠨ᠎ᠠ᠃  ︽ ᠲᠠᠪᠤᠨ ᠪᠠᠳᠤᠯᠠᠭ᠎ᠠ︾ ᠵᠢᠨ‌‍ᠲ᠋ᠦ᠋ᠪᠯᠡᠷᠡᠬᠦᠯᠤᠨ ᠠᠰᠠᠷᠠᠨ

ᠳᠡᠵᠢᠭᠡᠬᠦ ᠬᠡᠮᠵᠢᠶ᠎ᠠ ᠨᠢ 200  ᠬᠦᠮᠦᠨ ᠠᠴᠠ ᠳᠡᠭᠡᠭᠰᠢ ᠬᠦᠷᠭᠡᠵᠤ᠂  ᠲᠦᠪᠯᠡᠷᠡᠬᠦᠯᠤᠨ ᠠᠰᠠᠷᠠᠨ ᠳᠡᠵᠢᠭᠡᠬᠦ ᠪᠠ

ᠳᠠᠷᠠᠬᠠᠢ ᠠᠰᠠᠷᠠᠨ ᠳᠡᠵᠢᠭᠡᠬᠦ ᠪᠠᠳᠤᠯᠠᠭ᠎ᠠ ᠶᠢᠨ ᠪᠠᠷᠢᠮᠵᠢᠶ᠎ᠠ ᠶᠢ ᠵᠢᠯ ᠳᠤ ᠬᠦᠮᠦᠨ ᠪᠦᠷᠢ ᠳᠡᠭᠰᠢᠳᠭᠡᠭᠡᠳ ᠳᠤᠰ ᠪᠦᠷᠢ

1000 ᠲᠦᠬᠦᠷᠢᠭ ᠪᠡ 200 ᠲᠦᠬᠦᠷᠢᠭ ᠳᠡᠭᠡᠭᠰᠢᠯᠡᠬᠦᠯᠤᠨ᠎ᠠ᠃ ᠦᠨᠳᠤᠷ ᠨᠠᠰᠤᠳᠠᠶᠢᠴᠥᠳ‌‍ᠲ᠋ᠤ ᠨᠦᠬᠦᠪᠤᠷᠢ ᠦᠭᠬᠦ

ᠠᠵᠢᠯ ᠢ ᠦᠷᠬᠦᠯᠵᠢᠯᠠᠨ ᠰᠠᠶᠢᠳᠤᠷ ᠬᠢᠨ᠎ᠠ᠃  ᠠᠩᠬᠠᠨ ᠤ ᠰᠤᠷᠭᠠᠨ ᠬᠦᠮᠦᠵᠢᠯ ᠪᠠ ᠨᠠᠰᠤᠳᠠᠨ ᠢ ᠠᠰᠠᠷᠠᠬᠤ

ᠦᠢᠯᠡᠴᠢᠯᠡᠭᠡᠨ ᠤ ᠰᠢᠰᠲ᠋ᠧᠮ ᠢ ᠬᠦᠭᠵᠢᠬᠦᠯᠬᠦ ᠶᠢ ᠰᠦᠪᠡᠭᠴᠢᠯᠠᠨ᠎ᠠ᠃  ᠲᠦᠷ ᠴᠠᠭ ᠤᠨ ᠠᠪᠤᠷᠠᠨ ᠳᠤᠰᠠᠯᠠᠬᠤ ᠪᠠ

ᠡᠮ ᠡᠮᠨᠡᠯᠭᠡ ᠶᠢᠨ ᠠᠪᠤᠷᠠᠨ ᠳᠤᠰᠠᠯᠠᠬᠤ ᠲᠦᠷᠢᠮ ᠢ ᠤᠯᠠᠮ ᠨᠢᠭᠡ ᠠᠯᠬᠤᠮ ᠳᠡᠬᠦᠯᠳᠠᠷᠵᠢᠬᠦᠯᠵᠤ᠂  ︽ᠪᠠᠴᠢᠮ

ᠬᠦᠴᠢᠷ ᠲᠠᠢ ᠶᠢ ᠳᠤᠰᠠᠯᠠᠬᠤ︾  ᠠᠵᠢᠯ ᠤᠨ ᠬᠦᠴᠤᠯᠡᠴᠡ ᠪᠠᠨ ᠨᠡᠮᠡᠭᠳᠡᠬᠦᠯᠵᠤ᠂  ︽ᠨᠢᠭᠡ ᠠᠷᠭ᠎ᠠ ᠵᠠᠮ ᠪᠠᠷ

ᠬᠦᠯᠢᠶᠠᠨ ᠠᠪᠴᠤ᠂  ᠬᠠᠮᠵᠢᠯᠴᠠᠨ ᠰᠢᠢᠳᠪᠤᠷᠢᠯᠡᠬᠦ︾ ᠶᠢ ᠴᠢᠷᠮᠠᠶᠢᠨ ᠪᠡᠶᠡᠯᠡᠬᠦᠯᠤᠨ᠎ᠠ᠃  ᠬᠤᠳᠡ ᠬᠦᠳᠡᠭᠡ ᠶᠢᠨ

ᠳᠤᠤᠷ᠎ᠠ ᠪᠠᠳᠤᠯᠠᠭ᠎ᠠ ᠶᠢ ᠴᠡᠪᠡᠷᠯᠡᠨ ᠴᠡᠭᠴᠡᠯᠡᠬᠦ ᠶᠢ ᠲᠦᠯᠬᠢᠨ ᠠᠬᠢᠭᠤᠯᠵᠤ᠂  ᠬᠦᠳᠠᠯᠦᠩᠭᠦᠢ ᠬᠠᠮᠢᠶᠠᠷᠤᠯᠳᠠ

ᠳᠤᠤᠷᠡᠭᠢ ᠪᠠᠳᠤᠯᠠᠬᠤ ᠴᠢᠬᠤᠯᠠ ᠲᠠᠢ ᠪᠦᠬᠦᠨ ᠢ ᠪᠠᠳᠤᠯᠠᠵᠤ᠂  ᠪᠠᠳᠤᠯᠠᠭ᠎ᠠ ᠠᠴᠠ ᠭᠠᠷᠭᠠᠬᠤ ᠴᠢᠬᠤᠯᠠ ᠲᠠᠢ ᠪᠦᠬᠦᠨ

 ᠢ ᠭᠠᠷᠭᠠᠬᠤ ᠶᠢ ᠪᠡᠶᠡᠯᠡᠬᠦᠯᠤᠨ᠎ᠠ᠃

     ᠰᠤᠷᠭᠠᠨ ᠬᠦᠮᠦᠵᠢᠯ ᠤᠨ ᠦᠷᠬᠦᠯᠵᠢᠯᠠᠨ ᠳᠡᠩᠴᠡᠬᠦᠷᠢᠳᠠᠢ ᠬᠦᠭᠵᠢᠬᠦ ᠶᠢ ᠲᠦᠯᠬᠢᠨ ᠠᠬᠢᠭᠤᠯᠤᠨ᠎ᠠ᠃  

ᠬᠡᠤᠭᠡᠳ ᠤᠨ ᠴᠡᠴᠡᠷᠯᠢᠭ   ᠢ ᠰᠢᠨ᠎ᠡ ᠪᠠᠷ ᠪᠠᠶᠢᠭᠤᠯᠬᠤ ᠪᠠ ᠦᠭᠡᠷᠡᠴᠢᠯᠠᠨ ᠦᠷᠭᠡᠳᠭᠡᠵᠤ ᠪᠠᠶᠢᠭᠤᠯᠬᠤ ᠶᠢ ᠪᠦᠬᠦ

ᠲᠠᠯ᠎ᠠ ᠪᠠᠷ ᠲᠦᠯᠬᠢᠨ ᠠᠬᠢᠭᠤᠯᠵᠤ᠂  ᠵᠠᠷᠤᠳ ᠮᠤᠩᠭᠤᠯ ᠨᠢᠭᠡᠳᠦᠭᠡᠷ ᠳᠤᠮᠳᠠᠳᠤ ᠰᠤᠷᠭᠠᠭᠤᠯᠢ᠂  ᠵᠠᠷᠤᠳ

ᠬᠤᠶᠠᠳᠤᠭᠠᠷ ᠳᠤᠮᠳᠠᠳᠤ ᠰᠤᠷᠭᠠᠭᠤᠯᠢ᠂ ᠵᠠᠬᠠᠨᠠᠭᠤᠷ ᠪᠠᠭ᠎ᠠ ᠰᠤᠷᠭᠠᠭᠤᠯᠢ ᠵᠡᠷᠭᠡ ᠨᠢᠭᠡ ᠪᠦᠯᠦᠭ ᠰᠤᠷᠭᠠᠭᠤᠯᠢ ᠶᠢᠨ

ᠵᠠᠯᠭᠠᠵᠤ ᠪᠠᠶᠢᠭᠤᠯᠬᠤ ᠢᠨᠵᠧᠨᠧᠷᠢᠩ ᠢ ᠪᠡᠶᠡᠯᠡᠬᠦᠯᠵᠤ᠂  ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ

ᠳᠤᠷᠰᠢᠯᠳᠠ ᠶᠢᠨ ᠪᠤᠯᠪᠠᠰᠤᠷᠠᠯ ᠤᠨ ᠲᠦᠪ ᠪᠡ ᠳᠠᠳᠤᠯᠭ᠎ᠠ ᠰᠤᠷᠭᠠᠭᠤᠯᠢᠯᠠᠯ ‍ᠤᠨ‌‍ᠰᠠᠭᠤᠷᠢᠨ ᠭᠠᠵᠠᠷ   ᠤᠨ ᠪᠠᠷᠢᠯᠭ᠎ᠠ

 ᠶᠢ ᠡᠬᠢᠯᠡᠭᠦᠯᠦᠨ᠎ᠡ᠃  ᠠᠵᠤ ᠠᠮᠢᠳᠤᠷᠠᠯ ᠨᠢ ᠶᠠᠳᠠᠭᠤ ᠬᠦᠴᠢᠷ ᠲᠠᠢ ᠰᠤᠷᠤᠭᠴᠢ ᠶᠢ ᠲᠤᠰᠠᠯᠠᠨ ᠳᠡᠮᠵᠢᠬᠦ ᠰᠢᠰᠲ᠋ᠧᠮ

 ᠢ ᠳᠡᠬᠦᠯᠳᠠᠷᠵᠢᠬᠦᠯᠵᠤ᠂ ᠦᠯᠡᠳᠡᠨ ᠬᠤᠴᠤᠷᠤᠭᠰᠡᠨ ᠬᠡᠤᠭᠡᠳ ᠪᠠᠭᠠᠴᠤᠳ᠂ ᠬᠤᠳᠡ ᠳᠤ ᠤᠷᠤᠵᠤ ᠬᠦᠴᠤᠨ ᠤ

ᠠᠵᠢᠯ ᠬᠢᠵᠤ ᠪᠠᠶᠢᠭ᠎ᠠ ᠬᠦᠮᠦᠰ ᠤᠨ ᠳᠠᠭᠠᠭᠤᠯᠵᠤ ᠪᠠᠶᠢᠭ᠎ᠠ ᠦᠷ᠎ᠠ ᠬᠡᠤᠭᠡᠳ᠂ ᠵᠡᠮᠳᠡᠭ ᠬᠡᠤᠭᠡᠳ ᠪᠠᠭᠠᠴᠤᠳ ᠤᠨ

ᠡᠷᠭᠡ ᠳᠡᠭᠰᠢ ᠪᠠᠷ ᠰᠤᠷᠭᠠᠨ ᠬᠦᠮᠦᠵᠢᠯ ᠬᠦᠷᠳᠡᠬᠦ ᠶᠢ  ᠪᠠᠳᠣᠯᠠᠨ᠎ᠠ᠃ ᠤᠳᠤ ᠶᠢᠨ ᠦᠨᠳᠤᠰᠤᠳᠠᠨ ᠤ ᠰᠤᠷᠭᠠᠨ

ᠬᠦᠮᠦᠵᠢᠯ ᠤᠨ ᠨᠦᠬᠦᠴᠠᠯ ᠢ ᠰᠠᠶᠢᠷᠵᠢᠷᠠᠭᠤᠯᠵᠤ᠂ ᠦᠨᠳᠤᠰᠤᠳᠠᠨ ᠤ ᠰᠣᠷᠭᠠᠭᠤᠯᠢ ᠶᠢᠨ ᠰᠤᠷᠭᠠᠭᠤᠯᠢ ᠡᠷᠬᠢᠯᠡᠬᠦ

ᠠᠮᠢᠵᠢᠷᠠᠯ ᠤᠨ ᠬᠦᠴᠤᠨ ᠢ ᠴᠢᠩᠭᠠᠳᠬᠠᠵᠤ᠂  ᠦᠨᠳᠤᠰᠤᠳᠠᠨ ᠤ ᠰᠤᠷᠭᠠᠨ ᠬᠦᠮᠦᠵᠢᠯ ᠤᠨ ᠬᠦᠭᠵᠢᠯᠳᠠ ᠶᠢᠨ ᠬᠢᠷᠢ

ᠲᠦᠪᠰᠢᠨ ᠢ ᠪᠠᠬᠢᠵᠢᠬᠦᠯᠵᠤ ᠳᠡᠭᠡᠭᠰᠢᠯᠡᠬᠦᠯᠤᠨ᠎ᠠ᠃  ᠰᠤᠷᠭᠠᠨ ᠬᠦᠮᠦᠵᠢᠯ ᠤᠨ ᠬᠠᠮᠢᠶᠠᠷᠤᠯᠳᠠ ᠶᠢᠨ ᠰᠢᠨ᠎ᠠ ᠶᠢ

ᠡᠬᠦᠳᠴᠤ᠂ ᠰᠢᠯᠢᠳᠡᠭ ᠰᠤᠷᠭᠠᠨ ᠬᠦᠮᠦᠵᠢᠯ ᠤᠨ ᠡᠭᠢ ᠪᠠᠶᠠᠯᠢᠭ ᠤᠨ ᠪᠦᠷᠬᠦᠴᠡ ᠶᠢᠨ ᠬᠡᠮᠵᠢᠶ᠎ᠠ ᠶᠢ ᠦᠷᠭᠡᠳᠭᠡᠵᠤ᠂

ᠬᠤᠳᠡ ᠬᠦᠳᠡᠭᠡ ᠶᠢᠨ ᠰᠢᠯᠢᠳᠡᠭ ᠰᠤᠷᠭᠠᠭᠤᠯᠢ ᠪᠠ ᠨᠦᠬᠦᠴᠠᠯ ᠪᠠᠷᠤᠭᠳᠠᠢ ᠰᠤᠷᠭᠠᠭᠤᠯᠢ ᠶᠢ ᠨᠢᠭᠡ ᠴᠤᠭᠴᠠᠵᠢᠭᠤᠯᠤᠨ

ᠰᠤᠷᠭᠠᠭᠤᠯᠢ ᠡᠷᠬᠢᠯᠡᠬᠦ ᠶᠢ  ᠠᠬᠢᠭᠤᠯᠵᠣ᠂  ᠡᠭᠢ ᠪᠠᠶᠠᠯᠢᠭ ᠢᠶᠠᠨ ᠬᠠᠮᠳᠤᠪᠠᠷ ᠡᠳ᠋ᠯᠡᠬᠦ ᠳᠤᠭᠳᠠᠴᠡ ᠶᠢ ᠪᠠᠶᠢᠭᠤᠯᠵᠤ᠂

ᠪᠠᠭᠰᠢ ᠪᠤᠯᠤᠨ ᠵᠠᠬᠢᠷᠤᠯ ᠤᠨ ᠡᠩᠨᠡᠭᠡ ᠶᠢᠨ ᠢᠳᠡᠪᠬᠢᠵᠢᠯ ᠢ ᠳᠠᠶᠢᠴᠢᠯᠠᠵᠤ᠂ ᠰᠤᠷᠭᠠᠨ ᠬᠦᠮᠦᠵᠢᠯ ᠤᠨ ᠦᠢᠯᠡᠰ ᠢ

ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠴᠢᠬᠤᠯᠠᠴᠢᠯᠠᠵᠤ ᠪᠠᠶᠢᠭᠰᠠᠨ ᠠᠴᠠ ᠰᠤᠷᠭᠠᠨ ᠬᠦᠮᠦᠵᠢᠯ

 ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠶᠢ ᠴᠢᠬᠤᠯᠠᠴᠢᠯᠠᠬᠤ ᠳᠡᠰᠢ ᠰᠢᠯᠵᠢᠬᠦ ᠶᠢ  ᠪᠦᠬᠦ ᠲᠠᠯ᠎ᠠ ᠪᠠᠷ

ᠪᠡᠶᠡᠯᠡᠬᠦᠯᠤᠨ᠎ᠠ᠃

     ᠡᠷᠡᠬᠦᠯ ᠬᠠᠮᠠᠭᠠᠯᠠᠯ ᠲᠦᠯᠦᠪᠯᠡᠭᠡᠳᠦ ᠦᠷᠠᠵᠢᠯ ᠤᠨ ᠦᠢᠯᠡᠰ ᠤᠨ ᠬᠦᠭᠵᠢᠯᠳᠠ ᠶᠢ ᠲᠦᠷᠭᠡᠳᠭᠡᠨ᠎ᠠ᠃  ᠡᠮ

ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠰᠢᠯᠢᠳᠡᠭᠵᠢᠬᠦᠯᠤᠨ᠂  ᠦᠨᠳᠤᠰᠤᠨ ᠱᠠᠳᠤᠨ ᠤ ᠡᠷᠡᠬᠦᠯ ᠬᠠᠮᠠᠭᠠᠯᠠᠯ

 ᠤᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢᠨ ᠢᠨᠵᠧᠨᠧᠷᠢᠩ ᠢ ᠰᠠᠶᠢᠳᠤᠷ ᠬᠡᠷᠡᠭᠵᠢᠬᠦᠯᠵᠤ᠂  

ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠭᠠᠳᠠᠷ ᠡᠮᠨᠡᠯᠭᠡ ᠶᠢᠨ ᠰᠠᠯᠠᠭᠠᠨ ᠤ ᠡᠪᠡᠳᠴᠢᠳᠠᠨ ᠤ  ᠠᠰᠠᠷ

 ᠢ ᠪᠠᠶᠢᠭᠤᠯᠤᠨ ᠳᠠᠭᠤᠰᠬᠠᠵᠤ᠂  ᠮᠤᠩᠭᠤᠯ ᠡᠮᠨᠡᠯᠭᠡ ᠶᠢᠨ ᠬᠤᠷᠢᠶ᠎ᠠ ᠶᠢ ᠨᠡᠬᠦᠯᠭᠡᠬᠦ ᠪᠠᠷᠢᠯᠭ᠎ᠠ ᠶᠢᠨ ᠠᠵᠢᠯ ᠢ

ᠡᠬᠢᠯᠡᠬᠦᠯᠤᠨ᠎ᠠ᠃  ᠬᠠᠤᠯᠢ ᠪᠤᠰᠤ ᠪᠠᠷ  ᠡᠮᠴᠢᠯᠡᠬᠦ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂  ᠡᠮ ᠤᠨ ᠵᠦᠢᠯ

 ᠢ ᠬᠤᠳᠠᠯᠳᠤᠨ ᠠᠪᠴᠤ ᠤᠷᠤᠭᠤᠯᠬᠤ ᠠᠷᠭ᠎ᠠ ᠵᠠᠮ ᠡᠷᠤᠢ ᠬᠤᠷᠤᠢ ᠦᠭᠡᠢ ᠪᠠᠶᠢᠬᠤ ᠪᠠ ᠬᠤᠳᠠᠯᠳᠤᠨ ᠠᠪᠴᠤ

ᠪᠤᠷᠤᠯᠠᠭᠤᠯᠬᠤ ᠲᠠᠩᠰᠠ ᠬᠠᠷ᠎ᠠ ᠪᠦᠷᠢᠨ ᠦᠭᠡᠢ ᠵᠡᠷᠭᠡ ᠬᠠᠤᠯᠢ ᠳᠤᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠳᠤ

ᠬᠦᠨᠳᠤ ᠴᠤᠬᠢᠯᠳᠠ ᠦᠭᠴᠤ᠂  ᠫᠠᠶᠢᠰᠡ ᠳᠡᠮᠳᠡᠭ ᠭᠡᠷᠡᠴᠢ ᠦᠨᠡᠮᠯᠠᠯ ᠦᠭᠡᠢ ᠡᠮᠨᠡᠯᠭᠡ ᠪᠠ ᠡᠮ ᠤᠨ ᠳᠡᠯᠭᠡᠬᠦᠷ ᠢ

ᠴᠡᠭᠴᠡᠯᠡᠨ ᠵᠠᠰᠠᠬᠤ ᠪᠠ ᠬᠦᠴᠤᠨ ᠦᠭᠡᠢ ᠪᠤᠯᠭᠠᠵᠤ᠂  ᠡᠮ ᠡᠮᠨᠡᠯᠭᠡ ᠶᠢᠨ ᠦᠢᠯᠡᠴᠢᠯᠡᠭᠡᠨ ᠤ ᠠᠵᠢᠯᠯᠠᠭ᠎ᠠ ᠶᠢ

ᠲᠠᠰᠤᠷᠠᠯᠳᠠ ᠦᠭᠡᠢ ᠲᠦᠷᠢᠮᠵᠢᠬᠦᠯᠤᠨ᠎ᠠ᠃  ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠰᠢᠰᠲ᠋ᠧᠮ ᠤᠨ

ᠪᠦᠳᠦᠭᠡᠨ ᠪᠠᠶᠢᠭᠤᠯᠤᠯᠳᠠ ᠶᠢ ᠴᠢᠩᠭᠠᠳᠬᠠᠵᠤ᠂  ᠬᠠᠯᠳᠠᠪᠤᠷᠢᠳᠦ ᠡᠪᠡᠳᠴᠢᠨ ᠪᠠ ᠭᠠᠵᠠᠷ ᠤᠷᠤᠨ ᠤ ᠡᠪᠡᠳᠴᠢᠨ ᠶᠢ

ᠰᠡᠷᠭᠡᠶᠢᠯᠡᠨ ᠵᠠᠰᠠᠬᠤ ᠴᠢᠳᠠᠪᠤᠷᠢ ᠪᠠᠨ  ᠳᠡᠭᠡᠭᠰᠢᠯᠡᠬᠦᠯᠤᠨ᠎ᠠ᠃  ᠬᠦᠳᠡᠭᠡ ᠲᠤᠰᠬᠤᠨ   ᠤ ᠡᠮᠴᠢ ᠶᠢᠨ ᠡᠩᠨᠡᠭᠡ ᠶᠢᠨ

ᠪᠠᠶᠢᠭᠤᠯᠤᠯᠳᠠ ᠶᠢ ᠴᠢᠩᠭᠠᠳᠬᠠᠵᠤ᠂   ᠨᠦᠬᠦᠴᠠᠯ ᠳᠤ ᠨᠠᠶᠢᠴᠡᠬᠦ ᠠᠶᠢᠯ ᠲᠤᠰᠬᠤᠨ ᠤ ᠡᠮᠴᠢ ᠶᠢᠨ ᠳᠤᠮᠳᠠ ᠳᠡᠭᠡᠳᠦ

ᠵᠡᠷᠭᠡ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠳᠤ ᠰᠤᠷᠤᠯᠭ᠎ᠠ ᠶᠢᠨ ᠨᠠᠮᠳᠠᠷ ᠤᠨ ᠰᠤᠷᠭᠠᠨ ᠬᠦᠮᠦᠵᠢᠯ ᠬᠦᠷᠳᠡᠬᠦ

 ᠶᠢ ᠵᠤᠷᠢᠭᠵᠢᠭᠤᠯᠵᠤ᠂ ᠦᠨᠳᠤᠰᠤᠨ ᠱᠠᠳᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ

ᠬᠡᠮᠵᠢᠶ᠎ᠠ ᠪᠠᠨ ᠳᠡᠭᠡᠭᠰᠢᠯᠡᠬᠦᠯᠤᠨ᠎ᠠ᠃  ᠲᠦᠯᠦᠪᠯᠡᠭᠡᠳᠠᠢ ᠬᠡᠤᠭᠡᠳ ᠠᠪᠬᠤ ᠦᠨᠳᠤᠰᠤᠨ ᠲᠦᠷᠦ ᠶᠢᠨ ᠪᠤᠳᠤᠯᠭ᠎ᠠ ᠶᠢ

ᠪᠠᠷᠢᠮᠳᠠᠯᠠᠵᠤ᠂  ︽ᠭᠤᠷᠪᠠ ᠬᠤᠪᠢᠷᠠᠬᠤ ᠦᠭᠡᠢ︾ ᠱᠠᠭᠠᠷᠳᠠᠯᠭ᠎ᠠ ᠪᠠᠷ ᠲᠦᠯᠦᠪᠯᠡᠭᠡᠳᠠᠢ ᠬᠡᠤᠭᠡᠳ ᠠᠪᠬᠤ ᠡᠯ᠎ᠠ ᠵᠦᠢᠯ

 ᠤᠨ ᠠᠵᠢᠯ ᠢ ᠰᠠᠶᠢᠳᠤᠷ ᠦᠷᠨᠢᠬᠦᠯᠤᠨ᠎ᠠ᠃

     ᠰᠤᠶᠤᠯ ᠪᠡᠶ᠎ᠡ ᠳᠠᠮᠢᠷ ᠡᠯ᠎ᠠ ᠠᠵᠢᠯ ᠦᠢᠯᠡᠰ ᠢ ᠴᠡᠴᠡᠭᠯᠡᠨ ᠬᠦᠭᠵᠢᠬᠦᠯᠤᠨ᠎ᠠ᠃  ᠨᠠᠶᠢᠭᠡᠮ ᠵᠢᠷᠤᠮ ᠤᠨ

ᠭᠤᠤᠯᠯᠠᠭᠴᠢ ᠦᠷᠳᠡᠭ ᠤᠨ ᠦᠵᠠᠯᠳᠠ ᠶᠢᠨ ᠤᠬᠠᠭᠤᠯᠤᠯ ᠬᠦᠮᠦᠵᠢᠯ ᠪᠠ ᠭᠤᠤᠯ ᠰᠡᠳᠦᠪᠳᠦ ᠦᠢᠯᠡᠳᠦᠯᠭᠡ ᠶᠢᠨ

ᠠᠵᠢᠯᠯᠠᠭ᠎ᠠ ᠶᠢ ᠬᠦᠨᠵᠡᠭᠡᠢ ᠦᠷᠨᠢᠬᠦᠯᠤᠨ᠂  ᠤᠯᠠᠨ ᠲᠦᠮᠡᠨᠴᠢ ᠤᠶᠤᠨ ᠤ ᠪᠤᠯᠪᠠᠰᠤᠨ ᠤ ᠡᠬᠦᠳᠤᠨ ᠪᠠᠶᠢᠭᠤᠯᠬᠤ

ᠠᠭᠤᠯᠤᠭᠳᠠᠬᠤᠨ ᠢ ᠪᠡᠶᠠᠯᠢᠭᠵᠢᠭᠤᠯᠤᠨ᠎ᠠ᠃ ︽ᠵᠠᠷᠤᠳ ᠤᠨ ᠶᠡᠭᠡ ᠳᠠᠪᠴᠠᠩ︾ ᠤᠨ ᠪᠦᠳᠦᠭᠡᠨ ᠪᠠᠶᠢᠭᠤᠯᠤᠯᠳᠠ ᠶᠢ

ᠰᠠᠶᠢᠳᠤᠷ ᠠᠳᠬᠤᠵᠤ᠂ ᠬᠦᠳᠡᠭᠡ ᠲᠤᠰᠬᠤᠨ ᠮᠠᠯᠵᠢᠬᠤ ᠤᠷᠤᠨ ᠳᠤ ᠷᠠᠳᠢᠤ᠋  ︽ᠠᠶᠢᠯ ᠠᠶᠢᠯ ᠳᠤ ᠳᠤᠤᠭᠠᠷᠬᠤ︾

ᠢᠨᠵᠧᠨᠧᠷᠢᠩ ᠢ ᠬᠡᠷᠡᠭᠵᠢᠬᠦᠯᠵᠤ᠂ ᠨᠠᠶᠢᠳᠡ ᠶᠢᠨ ᠰᠤᠶᠤᠯ ᠪᠤᠯᠪᠠᠰᠤᠨ ᠢ ᠠᠷᠠᠳ ᠲᠤ ᠬᠦᠷᠳᠡᠭᠡᠬᠦ ᠦᠢᠯᠡᠴᠢᠯᠡᠭᠡᠨ ᠤ

ᠴᠢᠳᠠᠪᠤᠷᠢ ᠪᠠᠨ ᠳᠡᠭᠡᠭᠰᠢᠯᠡᠬᠦᠯᠤᠨ᠎ᠠ᠃ ᠬᠦᠯ ᠪᠦᠮᠪᠦᠭᠡ ᠶᠢᠨ ᠲᠦᠷᠦᠯ ᠵᠦᠢᠯ ᠤᠨ ᠬᠦᠭᠵᠢᠯᠳᠠ ᠶᠢ ᠲᠦᠷᠭᠡᠳᠭᠡᠵᠤ᠂

ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠲᠦᠪ ᠤᠨ ᠪᠠᠶᠢᠭᠤᠯᠤᠯᠳᠠ ᠶᠢ ᠳᠡᠬᠦᠰᠭᠡᠵᠤ᠂ ᠤᠯᠠᠨ

ᠲᠦᠮᠡᠨᠴᠢ ᠳᠠᠮᠢᠷ ᠤᠨ ᠬᠦᠳᠡᠯᠭᠡᠭᠡᠨ ᠢ ᠦᠷᠭᠡᠨ ᠳᠡᠯᠭᠡᠷᠡᠩᠭᠦᠢ ᠦᠷᠨᠢᠬᠦᠯᠤᠨ᠎ᠠ᠃ ᠦᠨᠳᠤᠰᠤᠳᠠᠨ ᠤ ᠪᠦᠯᠬᠦᠮᠳᠠᠯ

ᠳᠠᠪᠰᠢᠯᠳᠠ ᠶᠢᠨ ᠡᠬᠦᠳᠤᠨ ᠪᠠᠶᠢᠭᠤᠯᠬᠤ ᠠᠵᠢᠯᠯᠭ᠎ᠠ ᠶᠢ ᠬᠦᠨᠵᠡᠭᠡᠢ ᠦᠷᠨᠢᠬᠦᠯᠤᠨ᠂ ᠡᠯ᠎ᠠ ᠦᠨᠳᠤᠰᠤᠳᠠᠨ ᠤ ᠠᠷᠠᠳ

ᠲᠦᠮᠡᠨ ᠬᠠᠮᠳᠤᠪᠠᠷ ᠪᠦᠯᠬᠦᠮᠳᠠᠨ ᠳᠠᠪᠰᠢᠵᠤ ᠬᠠᠮᠳᠤᠪᠠᠷ ᠴᠡᠴᠡᠭᠯᠡᠨ ᠬᠦᠭᠵᠢᠬᠦ ᠶᠢ ᠲᠦᠯᠬᠢᠨ ᠠᠬᠢᠭᠤᠯᠤᠨ᠎ᠠ᠃  

ᠤᠷᠳᠤ  ᠬᠤᠭᠤᠴᠠᠭ᠎ᠠ ᠪᠠᠷ ᠪᠡᠯᠡᠳᠭᠡᠯ ᠬᠢᠬᠦ ᠡᠩᠭᠡ ᠳᠠᠶᠢᠪᠤᠩ ᠴᠠᠭ ᠦᠶ᠎ᠡ ᠪᠠ ᠳᠠᠶᠢᠨ ᠤ ᠴᠠᠭ ᠦᠶ᠎ᠠ ᠶᠢ

ᠤᠶᠠᠯᠳᠤᠭᠤᠯᠬᠤ ᠴᠢᠭᠯᠡᠯᠳᠠ ᠶᠢ ᠪᠠᠷᠢᠮᠳᠠᠯᠠᠵᠤ᠂ ᠠᠷᠠᠳ ᠤᠨ ᠠᠭᠠᠷ ᠤᠨ ᠰᠡᠷᠭᠡᠶᠢᠯᠠᠯᠳᠠ ᠶᠢᠨ ᠪᠦᠳᠦᠭᠡᠨ

ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠨ᠎ᠠ᠃  ᠨᠠᠢᠮᠠᠳᠤᠭᠠᠷ ᠤᠳᠠᠭᠠᠨ ᠤ ᠦᠪᠡᠷᠳᠡᠭᠡᠨ ᠵᠠᠰᠠᠬᠤ

ᠤᠷᠤᠨ ᠤ ᠲᠡᠰ ᠤᠨ ︽ᠬᠤᠶᠠᠷ ᠢ ᠬᠦᠷᠢᠶᠠᠯᠡᠬᠦ ᠵᠢᠱᠢᠶᠠᠴᠢ ᠬᠤᠰᠢᠭᠤ︾   ᠶᠢ ᠡᠬᠦᠳᠤᠨ ᠪᠠᠶᠢᠭᠤᠯᠬᠤ ᠠᠵᠢᠯ ᠢ ᠪᠦᠬᠦ

ᠬᠦᠴᠤᠨ ᠢᠶᠠᠷ ᠰᠠᠶᠢᠳᠤᠷ ᠬᠢᠨ᠎ᠠ᠃ ᠡᠮᠡᠭᠳᠠᠶᠢᠴᠤᠳ ᠬᠡᠤᠭᠡᠳ ᠪᠠᠭᠠᠴᠤᠳ᠂ ᠨᠠᠰᠤᠳᠠᠶᠢᠴᠤᠳ᠂ ᠵᠡᠮᠳᠡᠭᠴᠤᠳ᠂

ᠳᠠᠩᠰᠠ ᠡᠪᠬᠡᠮᠡᠯ᠂ ᠤᠯᠠᠭᠠᠨ ᠵᠠᠭᠠᠯᠮᠠᠶᠢᠳᠠᠨ ᠵᠡᠷᠭᠡ ᠡᠯ᠎ᠠ ᠠᠵᠢᠯ ᠦᠢᠯᠡᠰ ᠤᠨ ᠬᠦᠭᠵᠢᠯᠳᠠ ᠶᠢ ᠠᠩᠬᠠᠷᠴᠤ᠂ ᠠᠷᠠᠳ

 ᠤᠨ ᠪᠦᠯᠬᠦᠮ ᠤᠨ ᠨᠠᠶᠢᠭᠡᠮ ᠤᠨ ᠬᠠᠮᠢᠶᠠᠷᠤᠯᠳᠠ ᠪᠠ ᠤᠯᠠᠨ ᠨᠠᠶᠢᠳᠡ ᠶᠢᠨ ᠦᠢᠯᠡᠴᠢᠯᠡᠭᠡ ᠳᠤ ᠤᠷᠤᠯᠴᠠᠬᠤ ᠶᠢ

ᠳᠠᠮᠵᠢᠨ᠎ᠠ᠃

     ᠢᠳᠡᠪᠬᠢᠳᠡᠢ ᠪᠠᠷ ᠨᠠᠶᠢᠭᠡᠮ ᠤᠨ ᠠᠮᠤᠷ ᠲᠦᠪᠰᠢᠨ ᠢ ᠶᠡᠷᠦᠩᠭᠡᠶᠢᠯᠡᠨ ᠵᠠᠰᠠᠯᠳᠠ ᠶᠢᠨ ᠰᠢᠨ᠎ᠠ ᠶᠢ ᠡᠬᠦᠳᠤᠨ᠎ᠠ᠃

 ︽ᠡᠩᠭᠡ ᠳᠠᠶᠢᠪᠤᠩ ᠵᠠᠷᠤᠳ︾ ᠢ ᠡᠬᠦᠳᠤᠨ ᠪᠠᠶᠢᠭᠤᠯᠬᠤ ᠪᠠᠷ ᠶᠡᠷᠦᠩᠭᠡᠶᠢᠯᠡᠨ ᠬᠠᠮᠤᠷᠠᠭᠤᠯᠤᠨ᠂  ᠪᠠᠶᠠᠳᠤ ᠠᠮᠤᠷ

ᠲᠦᠪᠰᠢᠨ ᠢ ᠵᠠᠰᠠᠬᠤ ᠰᠡᠷᠭᠡᠶᠢᠯᠡᠨ ᠡᠵᠡᠮᠳᠡᠬᠦ ᠰᠢᠰᠲ᠋ᠧᠮ ᠢ ᠬᠦᠴᠤᠯᠠᠨ ᠡᠬᠦᠳᠤᠨ ᠪᠠᠶᠢᠭᠤᠯᠵᠤ᠂  ᠡᠯ᠎ᠠ ᠲᠦᠷᠦᠯ ᠤᠨ

ᠬᠠᠤᠯᠢ ᠠᠴᠠ ᠵᠦᠷᠢᠴᠡᠭᠰᠡᠨ ᠶᠠᠯᠠᠳᠦ ᠠᠵᠢᠯᠯᠠᠭ᠎ᠠ ᠳᠤ ᠬᠦᠨᠳᠤ ᠴᠤᠬᠢᠯᠳᠠ ᠦᠭᠬᠦ ᠦᠨᠳᠤᠷ ᠳᠠᠷᠤᠯᠳᠠ ᠶᠢᠨ ᠪᠠᠶᠢᠳᠠᠯ

 ᠢ ᠦᠨᠢᠳᠡ ᠪᠠᠷᠢᠮᠳᠠᠯᠠᠵᠤ᠂  ᠪᠦᠬᠦ ᠬᠦᠴᠤ ᠪᠠᠷ ᠢᠶᠠᠨ ᠨᠠᠶᠢᠭᠡᠮ ᠤᠨ ᠳᠤᠭᠳᠠᠭᠤᠨ ᠢ ᠬᠠᠮᠠᠭᠠᠯᠠᠵᠤ᠂  ᠨᠠᠶᠢᠭᠡᠮ ᠤᠨ

ᠡᠷᠭᠡ ᠳᠡᠭᠰᠢ ᠲᠦᠪ ᠭᠤᠤᠯᠴᠢ ᠶᠢ ᠲᠦᠯᠬᠢᠨ ᠠᠭᠢᠭᠤᠯᠵᠤ᠂   ᠠᠷᠠᠳ ᠲᠦᠮᠡᠨ ᠤ ᠠᠮᠤᠷ ᠲᠦᠪᠰᠢᠨ ᠠᠵᠤ

ᠲᠦᠷᠦᠬᠦ ᠶᠢ ᠪᠠᠳᠤᠯᠠᠨ᠎ᠠ᠃  ︽ᠵᠢᠷᠭᠤᠭ᠎ᠠ ᠳᠠᠪᠤ︾ ᠶᠢᠨ ᠬᠠᠤᠯᠢ ᠲᠦᠭᠡᠮᠡᠯᠵᠢᠬᠦᠯᠬᠦ ᠲᠦᠯᠦᠪᠵᠢᠬᠦᠯᠭᠡ ᠶᠢᠨ ᠰᠢᠯᠭᠠᠨ

ᠬᠤᠷᠢᠶᠠᠬᠤ ᠡᠬᠦᠷᠭᠡ ᠪᠠᠨ ᠪᠦᠬᠦ ᠲᠠᠯ᠎ᠠ ᠪᠠᠷ ᠪᠡᠶᠡᠯᠡᠬᠦᠯᠵᠤ᠂  ᠦᠪᠡᠷᠮᠢᠴᠡ ᠤᠨᠴᠠᠯᠢᠭ ᠲᠠᠢ ︽ᠬᠠᠤᠯᠢ ᠴᠠᠭᠠᠵᠠ   ᠶᠢ

ᠵᠢᠷᠭᠤᠭ᠎ᠠ ᠳᠤ ᠤᠷᠤᠭᠤᠯᠬᠤ︾ ᠡᠯ᠎ᠠ ᠵᠦᠢᠯ ᠤᠨ ᠠᠵᠢᠯᠯᠭ᠎ᠠ ᠶᠢ ᠦᠷᠨᠢᠬᠦᠯᠵᠤ᠂  ᠬᠠᠤᠯᠢ ᠴᠠᠭᠠᠵᠠ ᠶᠢᠨ

ᠦᠢᠯᠡᠴᠢᠯᠡᠭᠡ ᠶᠢᠨ ᠪᠦᠷᠬᠦᠴᠡ ᠶᠢ ᠦᠷᠭᠡᠳᠭᠡᠵᠤ᠂  ᠬᠠᠤᠯᠢᠴᠢ ᠶᠢᠨ ᠠᠵᠢᠯ ᠲᠦᠷᠦᠯ ᠤᠨ ᠬᠠᠮᠢᠶᠠᠷᠤᠯᠳᠠ ᠪᠠᠨ

ᠲᠦᠷᠢᠮᠵᠢᠬᠦᠯᠵᠤ᠂  ᠬᠤᠳᠡ ᠬᠦᠳᠡᠭᠡ ᠶᠢᠨ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠬᠡᠪ ᠴᠢᠨᠠᠷ ᠪᠠ ᠬᠠᠤᠯᠢ

ᠶᠤᠰᠤᠭᠠᠷ ᠨᠠᠶᠢᠭᠡᠮ ᠢ ᠬᠠᠮᠢᠶᠠᠷᠬᠤ ᠬᠢᠷᠢ ᠲᠦᠪᠰᠢᠨ ᠢ ᠦᠨᠡᠨᠬᠦ ᠳᠡᠭᠡᠭᠰᠢᠯᠡᠬᠦᠯᠤᠨ᠎ᠠ᠃  ᠦᠨᠳᠤᠰᠤᠨ ᠱᠠᠳᠤᠨ ᠤ

ᠠᠷᠠᠳᠴᠢᠯᠠᠯ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠵᠤ᠂ ︽532︾  ᠦᠨᠳᠤᠰᠤᠨ ᠱᠠᠳᠤᠨ ᠤ

ᠠᠷᠠᠳᠴᠢᠯᠠᠯᠳᠦ ᠰᠢᠢᠳᠪᠤᠷᠢᠳᠦ ᠶᠢᠨ ᠬᠢᠨᠠᠨ ᠬᠠᠮᠢᠶᠠᠷᠤᠯᠳᠠ ᠶᠢᠨ ᠳᠤᠭᠳᠠᠴᠡ ᠶᠢ ᠪᠦᠬᠦ ᠲᠠᠯ᠎ᠠ ᠪᠠᠷ ᠠᠬᠢᠭᠤᠯᠵᠤ᠂  

ᠭᠠᠴᠠᠭ᠎ᠠ ᠲᠤᠰᠬᠤᠨ ᠤ ᠠᠷᠠᠳ ᠤᠨ ᠵᠦᠪᠯᠡᠯ ᠤᠨ ᠶᠢᠰᠦᠳᠦᠭᠡᠷ ᠤᠳᠠᠭᠠᠨ ᠤ ᠬᠤᠭᠤᠴᠠᠭ᠎ᠠ ᠰᠤᠯᠢᠬᠤ ᠰᠤᠩᠭᠤᠭᠤᠯᠢ

 ᠶᠢᠨ ᠠᠵᠢᠯ ᠢ ᠰᠠᠶᠢᠳᠤᠷ ᠬᠢᠨ᠎ᠠ᠃   ᠨᠠᠶᠢᠭᠡᠮ ᠳᠤᠭᠤᠷᠢᠭ ᠤᠨ ᠲᠦᠷᠢᠮᠵᠢᠭᠰᠡᠨ  ᠪᠠᠶᠢᠭᠤᠯᠤᠯᠳᠠ ᠶᠢ ᠲᠦᠯᠬᠢᠨ

ᠠᠬᠢᠭᠤᠯᠵᠤ᠂  ᠨᠠᠶᠢᠭᠡᠮ ᠳᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠪᠠᠶᠢᠷᠢᠰᠢᠭᠤᠯᠤᠯᠳᠠ ᠶᠢ ᠢᠳᠡᠭ

ᠢᠳᠡᠭ ᠢᠶᠠᠷ ᠳᠤᠬᠢᠷᠠᠭᠤᠯᠵᠤ᠂  ᠨᠠᠶᠢᠭᠡᠮ ᠳᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠤᠷᠤᠨ ᠰᠠᠭᠤᠴᠡ

 ᠶᠢᠨ ᠪᠠᠭ᠎ᠠ ᠳᠤᠭᠤᠷᠢᠭ ᠢ ᠪᠦᠬᠦ ᠲᠠᠯ᠎ᠠ ᠪᠠᠷ ᠬᠠᠮᠢᠶᠠᠷᠤᠯᠳᠠ ᠬᠢᠬᠦ ᠠᠵᠢᠯ ᠤᠨ ᠳᠤᠭᠳᠠᠴᠡ ᠶᠢ ᠰᠦᠪᠡᠭᠴᠢᠯᠡᠬᠦ ᠪᠠ

ᠪᠠᠶᠢᠭᠤᠯᠵᠤ᠂  ᠦᠪᠡᠷᠳᠡᠭᠡᠨ ᠵᠠᠰᠠᠬᠤ ᠤᠷᠤᠨ ᠤ ᠳᠡᠰ ᠤᠨ 6 ︽ᠡᠶ᠎ᠡ ᠵᠤᠬᠢᠴᠩᠭᠤᠢ ᠳᠠᠭᠤᠷᠢᠶᠠᠯᠳᠦ ᠨᠠᠶᠢᠭᠡᠮ

ᠳᠤᠭᠤᠷᠢᠭ︾ ᠶᠢ ᠡᠬᠦᠳᠤᠨ ᠪᠠᠶᠢᠭᠤᠯᠤᠨ᠎ᠠ᠃   ᠵᠠᠬᠢᠳᠠᠯ ᠰᠤᠷᠪᠤᠯᠵᠢᠯᠠᠯ ᠤᠨ ᠳᠤᠭᠳᠠᠭᠤᠨ ᠢ ᠬᠠᠮᠠᠭᠠᠯᠠᠬᠤ ᠠᠵᠢᠯ ᠢ

ᠬᠠᠤᠯᠢᠵᠢᠯᠳᠠ ᠶᠢᠨ ᠵᠠᠮ ᠳᠤ ᠤᠷᠤᠭᠤᠯᠬᠤ ᠶᠢ ᠪᠠᠷᠢᠮᠳᠠᠯᠠᠨ᠂ ᠨᠠᠶᠢᠭᠡᠮ ᠤᠨ ᠳᠤᠭᠳᠠᠭᠤᠨ ᠤ ᠠᠶᠤᠯ ᠲᠦᠭᠰᠢᠬᠦᠷᠢ ᠶᠢ

ᠦᠨᠡᠯᠡᠬᠦ ᠳᠤᠭᠳᠠᠴᠡ ᠪᠠ ᠬᠡᠷᠡᠴᠢᠯᠠᠯᠳᠠ ᠰᠤᠨᠤᠰᠬᠤ ᠲᠦᠷᠢᠮ ᠢ  ᠲᠡᠬᠦᠯᠳᠠᠷᠵᠢᠬᠦᠯᠵᠤ᠂ ᠳᠤᠤᠷ ᠰᠦᠯᠵᠢᠶᠠᠨ ᠳᠡᠭᠡᠷ᠎ᠠ

ᠵᠠᠬᠢᠳᠠᠯ ᠰᠤᠷᠪᠤᠯᠵᠢᠯᠠᠭ᠎ᠠ ᠬᠢᠬᠦ ᠠᠷᠭ᠎ᠠ ᠵᠠᠮ ᠢ ᠨᠡᠭᠡᠭᠡᠵᠤ᠂  ᠬᠠᠤᠯᠢ  ᠴᠠᠭᠠᠵᠠ ᠲᠠᠢ ᠬᠤᠯᠪᠤᠭᠳᠠᠬᠤ ᠬᠡᠷᠡᠭ ᠢ  

ᠬᠠᠤᠯᠢ ᠶᠤᠰᠤᠭᠠᠷ ᠳᠡᠬᠦᠰᠭᠡᠵᠤ ᠲᠠᠰᠤᠯᠠᠬᠤ ᠲᠦᠷᠢᠮ ᠢ ᠨᠠᠶᠢᠳᠠᠪᠤᠷᠢᠵᠢᠭᠤᠯᠤᠨ᠎ᠠ᠃  ᠬᠠᠷᠢᠶ᠎ᠠ ᠭᠠᠵᠠᠷ ᠤᠷᠤᠨ ᠨᠢ

ᠬᠠᠮᠢᠶᠠᠷᠬᠤ᠂ ᠱᠠᠳᠤ ᠬᠤᠪᠢᠶᠠᠨ ᠬᠦᠢᠴᠡᠳᠭᠡᠬᠦ ᠵᠠᠷᠴᠢᠮ ᠶᠤᠰᠤᠭᠠᠷ᠂  ᠵᠠᠬᠢᠳᠠᠯ ᠰᠤᠷᠪᠤᠯᠵᠢᠯᠠᠯ ᠤᠨ ᠬᠡᠷᠡᠭ ᠢ

ᠮᠦᠷᠳᠡᠨ ᠬᠢᠨᠠᠨ ᠪᠠᠶᠢᠴᠠᠭᠠᠬᠤ ᠬᠦᠴᠤᠨ ᠢᠶᠠᠨ ᠶᠡᠬᠡᠰᠭᠡᠵᠤ᠂  ᠵᠠᠬᠢᠳᠠᠯ ᠰᠤᠷᠪᠤᠯᠵᠢᠯᠠᠯ ᠤᠨ ᠠᠵᠢᠯ ᠤᠨ

ᠬᠠᠷᠢᠭᠤᠴᠠᠯᠭ᠎ᠠ ᠨᠡᠭᠡᠮᠵᠢᠯᠡᠬᠦ ᠲᠦᠷᠢᠮ ᠢ ᠴᠢᠩᠭᠠᠳᠬᠠᠵᠤ᠂  ᠤᠯᠠᠨ ᠲᠦᠮᠡᠨ ᠤ ᠵᠦᠢ  ᠵᠤᠬᠢᠰᠳᠠᠢ ᠬᠠᠤᠯᠢ ᠶᠤᠰᠤᠨ

 ᠳᠤ ᠨᠡᠶᠢᠴᠡᠭᠰᠡᠨ ᠵᠠᠷᠭᠤ ᠵᠠᠭᠠᠯᠳᠤᠯᠭ᠎ᠠ ᠶᠢ ᠬᠠᠤᠯᠢ ᠶᠤᠰᠤᠭᠠᠷ ᠰᠢᠢᠳᠪᠤᠷᠢᠯᠡᠬᠦ ᠶᠢ ᠦᠨᠡᠨᠬᠦ ᠪᠠᠳᠤᠯᠠᠨ᠎ᠠ᠃ ᠠᠶᠦᠯᠬᠦᠢ

ᠦᠢᠯᠡᠳᠪᠤᠷᠢᠯᠠᠯ ᠤᠨ ᠬᠠᠷᠠᠯᠳᠠᠳᠤ ᠬᠠᠷᠢᠭᠤᠴᠠᠯᠭ᠎ᠠ ᠶᠢᠨ ᠬᠠᠮᠢᠶᠠᠷᠤᠯᠳᠠ ᠪᠠᠨ  ᠴᠢᠩᠭᠠᠳᠬᠠᠵᠣ᠂ ᠡᠯ᠎ᠠ ᠵᠦᠢᠯ ᠤᠨ

ᠤᠨᠴᠡ ᠶᠡᠭᠡ ᠳᠤᠮᠤ ᠶᠡᠭᠡ ᠬᠡᠷᠡᠭ ᠡᠬᠦᠰᠬᠦ ᠶᠢ ᠰᠡᠷᠭᠡᠶᠢᠯᠡᠨ᠎ᠠ᠃  ᠢᠳᠡᠭᠡᠨ ᠤ ᠵᠦᠢᠯ᠂  ᠡᠮ ᠤᠨ ᠵᠦᠢᠯ ᠤᠨ ᠠᠮᠤᠷ

ᠲᠦᠪᠰᠢᠨ ᠢ ᠬᠢᠨᠠᠨ ᠬᠠᠮᠢᠶᠠᠷᠬᠤ ᠳᠤᠭᠳᠠᠴᠡ ᠶᠢ ᠪᠠᠶᠢᠭᠤᠯᠵᠤ᠂  ᠢᠳᠡᠭᠡᠨ ᠤᠮᠳᠠᠭᠠᠨ ᠤ ᠳᠠᠭᠤᠷᠢᠶᠠᠯ ᠦᠵᠡᠬᠦᠯᠬᠦ

ᠢᠨᠵᠧᠨᠧᠷᠢᠩ ᠢ ᠬᠡᠷᠡᠭᠵᠢᠬᠦᠯᠵᠤ᠂  ᠠᠷᠠᠳ ᠲᠦᠮᠡᠨ ᠤ ᠢᠳᠡᠭᠡᠨ ᠤᠮᠳᠠᠭᠠᠨ ᠡᠮ ᠤᠨ  ᠵᠦᠢᠯ ᠤᠨ ᠠᠮᠤᠷ

ᠲᠦᠪᠰᠢᠨ ᠢ ᠪᠠᠳᠤᠯᠠᠨ᠎ᠠ᠃  ᠦᠢᠯᠡᠳᠬᠦᠨ ᠤ ᠴᠢᠨᠠᠷ ᠴᠢᠨᠰᠠᠭ᠎ᠠ ᠪᠠ ᠤᠨᠴᠠᠭᠠᠢ ᠲᠦᠷᠦᠯ ᠤᠨ ᠲᠦᠬᠦᠭᠡᠷᠤᠮᠵᠢ ᠶᠢᠨ

ᠠᠮᠤᠷ ᠲᠦᠪᠰᠢᠨ ᠤ ᠬᠢᠨᠠᠨ ᠬᠠᠮᠢᠶᠠᠷᠤᠯᠳᠠ ᠪᠠᠨ ᠰᠠᠶᠢᠳᠤᠷ ᠠᠳᠬᠤᠵᠤ᠂ ᠰᠢᠯᠭᠠᠨ ᠪᠠᠶᠢᠴᠠᠭᠠᠬᠤ ᠬᠢᠷᠢ ᠲᠦᠪᠰᠢᠨ

 ᠢᠶᠠᠨ ᠳᠡᠭᠡᠭᠰᠢᠯᠡᠬᠦᠯᠤᠨ᠎ᠠ᠃  ᠪᠠᠴᠢᠮ ᠪᠠᠶᠢᠳᠠᠯ ᠢ ᠠᠷᠭᠠᠴᠠᠬᠤ ᠳᠡᠪᠴᠠᠩ ᠤᠨ ᠪᠠᠶᠢᠭᠤᠯᠤᠯᠳᠠ ᠪᠠᠨ   ᠴᠢᠩᠭᠠᠥᠠᠬᠠᠵᠤ

᠂  ᠡᠯ᠎ᠠ ᠲᠦᠷᠦᠯ   ᠤᠨ ᠭᠡᠨᠡᠳᠳᠡ ᠡᠬᠦᠰᠦᠭᠰᠡᠨ ᠬᠡᠷᠡᠭ ᠶᠠᠪᠤᠳᠠᠯ ᠢ ᠵᠤᠬᠢᠰᠳᠠᠢ ᠰᠢᠢᠳᠪᠤᠷᠢᠯᠠᠵᠤ᠂  ᠭᠠᠢ ᠭᠠᠮᠰᠢᠭ ᠢ

ᠰᠠᠷᠺᠡᠶᠢᠯᠠᠬᠦ ᠪᠠ ᠠᠪᠤᠷᠠᠨ ᠳᠤᠰᠠᠯᠠᠬᠤ ᠴᠢᠳᠠᠪᠤᠷᠢ ᠪᠠᠨ ᠳᠡᠭᠡᠭᠰᠢᠯᠡᠬᠦᠯᠵᠤ᠂  ᠬᠠᠮᠤᠭ ᠤᠨ ᠶᠡᠭᠡ ᠬᠡᠮᠵᠢᠶ᠎ᠠ ᠪᠠᠷ

ᠭᠡᠨᠡᠳᠳᠡ ᠡᠬᠦᠰᠦᠭᠰᠡᠨ ᠶᠠᠪᠤᠳᠠᠯ ᠤᠨ ᠬᠤᠬᠢᠷᠠᠯ ᠢ ᠪᠠᠭᠠᠰᠬᠠᠵᠤ᠂  ᠬᠠᠮᠤᠭ ᠤᠨ ᠶᠡᠭᠡ ᠬᠡᠮᠵᠢᠶ᠎ᠡ ᠪᠠᠷ ᠠᠷᠠᠳ

ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠬᠠᠮᠠᠭᠠᠯᠠᠨ᠎ᠠ᠃

      ᠭᠤᠷᠪᠠ᠂  ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂  ᠵᠠᠰᠠᠭ ᠤᠨ

ᠤᠷᠳᠤᠨ ᠤ ᠤᠯᠠᠨ ᠨᠠᠶᠢᠳᠡ ᠶᠢᠨ ᠢᠳᠡᠭᠡᠬᠦᠯᠬᠦ ᠬᠦᠴᠤᠨ ᠪᠠ ᠬᠦᠢᠴᠡᠳᠭᠡᠬᠦ ᠬᠦᠴᠤᠨ ᠢᠶᠠᠨ ᠪᠦᠬᠦ ᠲᠠᠯ᠎ᠠ ᠪᠠᠷ

ᠳᠡᠭᠡᠭᠰᠢᠯᠡᠬᠦᠯᠤᠨ᠎ᠠ

      ᠤᠯᠤᠰ ᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠤᠳᠤᠬᠢᠴᠢᠯᠠᠯᠳᠠ ᠶᠢ ᠲᠦᠯᠬᠢᠨ ᠠᠬᠢᠭᠤᠯᠬᠤ

ᠱᠠᠭᠠᠷᠳᠠᠯᠭ᠎ᠠ ᠶᠤᠰᠤᠭᠠᠷ᠂  ᠬᠠᠤᠯᠢ ᠶᠤᠰᠤᠭᠠᠷ ᠬᠤᠰᠢᠭᠤ ᠪᠠᠨ ᠵᠠᠰᠠᠬᠤ ᠶᠢ ᠪᠠᠷᠢᠮᠳᠠᠯᠠᠨ᠂  ᠬᠠᠤᠯᠢ ᠶᠤᠰᠤᠭᠠᠷ

ᠵᠠᠰᠠᠭ ᠤᠨ ᠤᠷᠳᠤᠨ ᠤ ᠡᠬᠦᠷᠭᠡ ᠴᠢᠳᠠᠪᠤᠷᠢ ᠪᠠᠨ ᠬᠦᠢᠴᠡᠳᠭᠡᠵᠤ᠂  ᠡᠷᠭᠡ   ᠶᠢ ᠬᠢᠵᠠᠭᠠᠷᠯᠠᠬᠤ ᠬᠢᠨᠠᠯᠳᠠ ᠳᠠᠯᠪᠢᠬᠤ

 ᠪᠠᠨ ᠴᠢᠩᠭᠠᠳᠬᠠᠵᠤ᠂  ᠵᠠᠰᠠᠭ ᠤᠨ ᠤᠷᠳᠤᠨ ᠤ ᠬᠡᠪ ᠰᠤᠷᠳᠠᠯ ᠢᠶᠠᠷ ᠢᠶᠠᠨ ᠠᠵᠤ ᠠᠬᠤᠢ ᠶᠢᠨ ᠬᠦᠭᠵᠢᠯᠳᠠ ᠶᠢᠨ

ᠰᠢᠨ᠎ᠠ ᠪᠠᠶᠢᠳᠠᠯ ᠢ ᠬᠦᠳᠤᠯᠤᠨ ᠳᠠᠶᠢᠴᠢᠯᠠᠨ᠎ᠠ᠃

    ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃  ᠨᠠᠮ ᠤᠨ ᠠᠷᠪᠠᠨ

ᠨᠠᠢᠮᠠᠳᠤᠭᠠᠷ ᠬᠤᠭᠤᠴᠠᠭᠠᠨ ᠤ ᠲᠦᠷᠪᠡᠳᠦᠭᠡᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ

ᠲᠤᠤᠱᠯᠠᠭᠤᠯᠤᠨ᠂  ᠬᠠᠤᠯᠢ ᠪᠠᠷ ᠵᠠᠰᠠᠬᠤ ᠰᠡᠳᠬᠢᠴᠡ ᠪᠠ ᠬᠠᠤᠯᠢ ᠪᠠᠷ ᠵᠠᠰᠠᠬᠤ ᠠᠷᠭ᠎ᠠ ᠶᠢ ᠬᠡᠷᠡᠭᠯᠡᠨ᠂ ᠵᠦᠪ

ᠤᠨᠤᠪᠴᠢᠳᠠᠢ ᠪᠠᠷ ᠵᠠᠰᠠᠭ ᠤᠨ ᠣᠷᠳᠣᠨ ᠤ ᠡᠷᠭᠡ ᠴᠢᠳᠠᠪᠤᠷᠢ ᠪᠠᠨ ᠭᠦᠢᠴᠡᠳᠭᠡᠨ᠎ᠡ  ᠃ ᠵᠠᠷᠤᠳ ᠢᠶᠠᠨ ᠬᠠᠤᠯᠢ ᠪᠠᠷ

ᠵᠠᠰᠠᠬᠤ ᠪᠠᠶᠢᠭᠤᠯᠤᠯᠳᠠ   ᠶᠢ ᠬᠦᠴᠤᠯᠠᠨ ᠲᠦᠷᠭᠡᠳᠭᠡᠵᠤ᠂  ᠬᠠᠤᠯᠢ ᠴᠠᠭᠠᠵᠠ ᠶᠢᠨ ᠤᠬᠠᠭᠤᠯᠤᠯ ᠬᠦᠮᠦᠵᠢᠯ ᠤᠨ

ᠦᠷᠭᠡᠨ ᠳᠡᠯᠭᠡᠷ ᠦᠷᠨᠢᠬᠦᠯᠤᠨ᠂ ᠬᠠᠤᠯᠢ ᠬᠡᠷᠡᠭᠵᠢᠬᠦᠯᠤᠯᠳᠠ ᠬᠠᠣᠯᠢ ᠴᠠᠭᠠᠵᠠ ᠶᠢᠨ ᠲᠦᠪ ᠭᠤᠤᠯᠴᠢ ᠶᠢ

ᠪᠦᠳᠦᠮᠵᠢᠳᠠᠢ  ᠠᠬᠢᠭᠤᠯᠤᠨ᠎ᠠ᠃ ᠬᠠᠤᠯᠢ ᠪᠠᠷ ᠵᠠᠰᠠᠭ ᠪᠠᠷᠢᠬᠤ ᠶᠢ ᠪᠦᠬᠦ ᠲᠠᠯ᠎ᠠ ᠪᠠᠷ ᠠᠬᠢᠭᠤᠯᠵᠤ᠂  ᠬᠤᠰᠢᠭᠤᠨ ᠤ

ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠰᠢᠢᠳᠪᠤᠷᠢ ᠢ ᠨᠠᠷᠢᠨ

ᠬᠢᠨᠠᠮᠠᠭᠠᠢ ᠬᠦᠢᠴᠡᠳᠭᠡᠵᠤ᠂ ᠤᠬᠠᠮᠰᠠᠷ ᠠᠴᠠ ᠪᠠᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠦ ᠬᠢᠨᠠᠯᠳᠠ

 ᠶᠢ ᠬᠦᠯᠢᠶᠠᠨ᠎ᠠ᠃ ᠤᠯᠠᠨ ᠨᠠᠶᠢᠳᠡ ᠤᠷᠤᠯᠴᠠᠬᠤ᠂ ᠲᠤᠰᠬᠠᠢ ᠮᠡᠷᠭᠡᠵᠢᠯᠳᠡᠳ ᠦᠨᠡᠯᠡᠨ ᠨᠤᠳᠠᠯᠠᠬᠤ᠂  ᠲᠦᠭᠰᠢᠬᠦᠷᠢ

 ᠶᠢ ᠦᠨᠡᠯᠡᠬᠦ᠂ ᠬᠠᠤᠯᠢ ᠳᠤ ᠨᠠᠶᠢᠴᠡᠭᠰᠡᠨ ᠬᠢᠨᠠᠨ ᠪᠠᠶᠢᠴᠠᠭᠠᠯᠳᠠ᠂ ︽ ᠭᠤᠷᠪᠠᠨ ᠴᠢᠬᠤᠯᠠ ᠨᠢᠭᠡ ᠶᠡᠭᠡ︾ ᠭᠡᠷᠡᠭ

ᠶᠠᠪᠤᠳᠠᠯ ᠢ ᠨᠠᠶᠢᠳᠡ ᠪᠠᠷ ᠢᠶᠠᠨ ᠶᠠᠷᠢᠯᠴᠠᠨ ᠳᠤᠭᠳᠠᠭᠠᠬᠤ ᠶᠢ ᠵᠠᠰᠠᠭ ᠵᠠᠬᠢᠷᠭᠠᠨ ᠤ ᠰᠢᠢᠳᠪᠤᠷᠢ ᠶᠢᠨ ᠬᠠᠤᠯᠢ ᠪᠠᠷ

ᠳᠤᠭᠳᠠᠭᠰᠠᠨ ᠠᠯᠬᠤᠮ ᠳᠠᠷᠠᠭ᠎ᠠ ᠪᠤᠯᠭᠠᠵᠤ᠂ ᠠᠷᠠᠳᠴᠢᠯᠠᠯᠳᠦ ᠰᠶᠢᠥᠠᠪᠤᠷᠢ ᠶᠢᠨ ᠬᠢᠷᠢ ᠲᠦᠪᠰᠢᠨ ᠢᠶᠠᠨ ᠲᠠᠰᠤᠷᠠᠯᠳᠠ

ᠦᠭᠡᠢ ᠳᠡᠭᠡᠭᠰᠢᠯᠡᠬᠦᠯᠤᠨ᠎ᠠ᠃ ᠲᠦᠪ ᠭᠤᠤᠯᠴᠢ ᠪᠤᠯᠪᠠᠰᠤᠨ ᠢᠶᠠᠷ ᠬᠠᠤᠯᠢ ᠬᠡᠷᠡᠭᠵᠢᠬᠦᠯᠬᠦ ᠶᠢ ᠴᠢᠩᠭ᠎ᠠ

ᠲᠦᠷᠢᠮᠵᠢᠬᠦᠯᠤᠨ᠂ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ ᠠᠬᠢᠭᠤᠯᠵᠤ᠂  ᠤᠯᠠᠨ ᠲᠦᠮᠡᠨ ᠤ ᠮᠡᠳᠡᠬᠦ ᠡᠷᠭᠡ᠂

 ᠤᠷᠤᠯᠴᠠᠬᠤ ᠡᠷᠭᠡ᠂  ᠢᠯᠡᠳᠭᠡᠬᠦ  ᠡᠷᠭᠡ  ᠪᠠ ᠬᠢᠨᠠᠬᠤ ᠡᠷᠭᠡ ᠶᠢ ᠪᠠᠳᠤᠯᠠᠨ᠎ᠠ᠃

     ᠵᠠᠰᠠᠭ ᠤᠨ ᠤᠷᠳᠤᠨ ᠤ ᠡᠬᠦᠷᠭᠡ ᠴᠢᠳᠠᠪᠤᠷᠢ ᠪᠠᠨ ᠦᠨᠡᠨᠬᠦ ᠬᠤᠪᠢᠷᠠᠭᠤᠯᠤᠨ᠎ᠠ᠃  ᠬᠠᠤᠯᠢ   ᠪᠠᠷ

ᠤᠯᠭᠤᠭᠰᠠᠨ ᠠᠵᠤ ᠠᠬᠤᠢ ᠶᠢ ᠵᠤᠬᠢᠴᠠᠭᠤᠯᠵᠤ᠂  ᠵᠠᠬ᠎ᠠ ᠳᠡᠯᠭᠡᠬᠦᠷ ᠢ ᠬᠢᠨᠠᠨ ᠬᠠᠮᠢᠶᠠᠷᠬᠤ᠂  ᠨᠠᠶᠢᠭᠡᠮ ᠤᠨ

ᠬᠠᠮᠢᠶᠠᠷᠤᠯᠳᠠ ᠪᠠ ᠤᠯᠠᠨ ᠨᠠᠶᠢᠳᠡ ᠶᠢᠨ ᠦᠢᠯᠡᠴᠢᠯᠡᠭᠡ ᠶᠢᠨ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠦᠢᠴᠡᠳᠭᠡᠨ᠎ᠠ

᠃  ᠠᠵᠢᠯ ᠤᠨ ᠤᠪᠤᠷ ᠰᠤᠷᠳᠠᠯ ᠢᠶᠠᠨ ᠶᠡᠭᠡ ᠬᠦᠴᠤᠨ ᠢᠶᠠᠷ  ᠬᠤᠪᠢᠷᠠᠭᠤᠯᠤᠨ᠂  ᠬᠠᠤᠯᠢ ᠳᠤ ᠳᠤᠭᠳᠠᠭᠠᠭᠰᠠᠨ

ᠡᠬᠦᠷᠭᠡ ᠬᠠᠷᠢᠭᠤᠴᠠᠯᠭ᠎ᠠ ᠶᠢᠨ ᠬᠡᠪᠴᠢᠶᠠᠨ ᠳᠠᠬᠢ ᠵᠠᠰᠠᠭ ᠵᠠᠬᠢᠷᠭᠠᠨ ᠤ ᠠᠵᠢᠯ ᠲᠦᠷᠦᠯ ᠢᠶᠠᠨ ᠵᠤᠷᠢᠭᠳᠠᠢ ᠪᠠᠷ

ᠡᠬᠦᠷᠭᠡᠯᠡᠵᠤ᠂  ᠵᠤᠷᠢᠭᠳᠠᠢ ᠪᠠᠷ ᠬᠠᠷᠢᠭᠤᠴᠠᠬᠤ ᠬᠡᠷᠡᠭᠳᠠᠢ᠂  ᠳᠠᠮᠤᠷ ᠢ ᠠᠳᠬᠤᠪᠠᠯ ᠤᠷᠤ ᠭᠠᠷᠬᠤ᠂  ᠴᠢᠯᠠᠭᠤᠨ

ᠳᠡᠭᠡᠷ᠎ᠠ ᠬᠢᠰᠭᠡᠪᠡᠯ ᠮᠦᠷ ᠦᠯᠡᠳᠡᠭᠡᠬᠦ ᠵᠤᠷᠢᠭ  ᠰᠠᠨᠠᠭ᠎ᠠ ᠪᠠᠷ ᠠᠵᠢᠯ ᠢᠶᠠᠨ ᠨᠠᠶᠢᠳᠠᠪᠤᠷᠢᠵᠢᠭᠤᠯᠬᠤ ᠶᠢ ᠬᠦᠴᠤᠳᠠᠢ

ᠠᠳᠬᠤᠵᠤ᠂  ᠵᠠᠰᠠᠭ ᠵᠠᠬᠢᠷᠭᠠᠨ ᠤ ᠦᠷ᠎ᠠ ᠪᠦᠳᠦᠮᠵᠢ ᠡᠷᠭᠡ ᠴᠢᠳᠠᠪᠤᠷᠢ ᠪᠠ ᠠᠷᠠᠳ   ᠲᠤ ᠦᠢᠯᠡᠴᠢᠯᠡᠬᠦ ᠬᠢᠷᠢ

ᠲᠦᠪᠰᠢᠨ ᠢᠶᠠᠨ ᠴᠢᠷᠮᠠᠶᠢᠨ ᠳᠡᠭᠡᠭᠰᠢᠯᠡᠬᠦᠯᠤᠨ᠎ᠠ᠃

    ᠡᠷᠭᠡ ᠶᠠᠪᠤᠭᠳᠠᠭᠤᠯᠬᠤ ᠶᠠᠪᠤᠴᠡ ᠳᠤ ᠬᠢᠨᠠᠯᠳᠠ ᠳᠠᠯᠪᠢᠬᠤ ᠪᠠᠨ ᠴᠢᠩᠭᠠᠳᠬᠠᠨ᠎ᠠ᠃   ᠲᠡᠭᠡᠳᠦ ᠱᠠᠳᠤᠨ ᠤ

ᠳᠤᠳᠤᠷᠬᠠᠢ ᠵᠠᠷᠯᠢᠭ ᠢᠶᠠᠷ ᠦᠭᠡᠶᠢᠰᠭᠡᠵᠤ ᠳᠤᠷᠤᠭᠰᠢ ᠳᠠᠯᠪᠢᠭᠰᠠᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ

ᠲᠦᠷᠦᠯ ᠵᠦᠢᠯ  ᠪᠦᠬᠦᠨ ᠢ ᠨᠢᠭᠡ ᠴᠤ ᠬᠡᠳ ᠳᠡᠮᠳᠡᠭᠯᠡᠬᠦ᠂  ᠲᠠᠩᠰᠠᠯᠠᠬᠤ᠂  ᠬᠢᠨᠠᠨ ᠳᠤᠭᠳᠠᠭᠠᠬᠤ ᠵᠡᠷᠭᠡ ᠠᠷᠭ᠎ᠠ

 ᠪᠠᠷ ᠬᠡᠯᠪᠡᠷᠢ ᠶᠢ ᠨᠢ ᠦᠭᠡᠷᠡᠳᠡᠬᠦᠯᠤᠨ ᠦᠯᠡᠳᠡᠭᠡᠨ ᠬᠠᠳᠠᠭᠠᠯᠠᠬᠤ ᠪᠤᠶᠤ ᠲᠠᠰᠤᠳᠠᠨ ᠦᠯᠡᠳᠡᠭᠡᠵᠤ ᠪᠤᠯᠬᠤ ᠦᠭᠡᠢ᠃  

ᠦᠯᠡᠳᠡᠭᠡᠭᠰᠡᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠦᠯ ᠵᠦᠢᠯ ᠢ ︽ ᠪᠠᠶᠢᠭᠤᠯᠤᠮᠵᠢ ᠶᠢᠨ ᠭᠠᠳᠠᠨ᠎ᠠ

ᠡᠷᠬᠢᠯᠳᠦᠬᠦᠯᠵᠤ︾ ᠪᠤᠯᠬᠤ ᠦᠭᠡᠢ᠃  ᠵᠠᠰᠠᠭ ᠵᠠᠬᠢᠷᠭᠠᠨ ᠤ ᠦᠷ᠎ᠠ ᠪᠦᠳᠦᠮᠵᠢ ᠡᠷᠭᠡ ᠴᠢᠳᠠᠪᠤᠷᠢ ᠳᠤ ᠬᠢᠨᠠᠨ

ᠪᠠᠶᠢᠴᠠᠭᠠᠯᠳᠠ ᠪᠠ ᠬᠢᠨᠠᠨ ᠪᠤᠳᠤᠯᠳᠠ ᠬᠢᠬᠦ ᠪᠠᠨ ᠴᠢᠩᠭᠠᠳᠬᠠᠵᠤ᠂  ᠤᠯᠠᠨ ᠨᠠᠶᠢᠳᠡ ᠶᠢᠨ ᠪᠡᠯᠡ ᠮᠦᠩᠭᠦ᠂  ᠤᠯᠤᠰ

 ᠤᠨ ᠦᠮᠴᠢᠯᠠᠯ ᠤᠨ ᠡᠳ᠋ ᠬᠤᠭᠰᠢᠯ᠂  ᠤᠯᠤᠰ ᠤᠨ ᠦᠮᠴᠢᠯᠠᠯ ᠤᠨ ᠡᠭᠢ ᠪᠠᠶᠠᠯᠢᠭ ᠪᠠ ᠤᠳᠤᠷᠢᠳᠬᠤ ᠺᠠᠳ᠋ᠷ   ᠤᠨ

ᠠᠵᠤ ᠠᠬᠤᠢ ᠶᠢᠨ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠳᠤ ᠬᠢᠨᠠᠨ  ᠪᠤᠳᠤᠯᠳᠠ ᠬᠢᠬᠦ ᠶᠢ ᠪᠦᠬᠦ ᠲᠠᠯ᠎ᠠ

 ᠪᠠᠷ ᠬᠡᠷᠡᠭᠵᠢᠬᠦᠯᠤᠨ᠎ᠠ᠃

    ᠵᠠᠰᠠᠭ ᠤᠨ ᠤᠷᠳᠤᠨ ᠤ ᠠᠵᠢᠯ ᠢᠶᠠᠨ ᠬᠦᠢᠴᠡᠳᠭᠡᠬᠦ ᠬᠦᠴᠤᠨ ᠢ ᠳᠡᠭᠡᠭᠰᠢᠯᠡᠬᠦᠯᠤᠨ᠎ᠠ᠃  ᠴᠢᠬᠤᠯᠠ ᠶᠡᠭᠡ

ᠰᠢᠢᠳᠪᠤᠷᠢ᠂  ᠴᠢᠬᠤᠯᠠ ᠠᠵᠢᠯ᠂  ᠭᠤᠤᠯᠳᠠᠯᠭ᠎ᠠ ᠲᠠᠢ ᠲᠦᠷᠦᠯ ᠵᠦᠢᠯ   ᠳᠤ ᠬᠢᠨᠠᠨ ᠪᠠᠶᠢᠴᠠᠭᠠᠬᠤ ᠪᠠ

ᠳᠤᠬᠢᠷᠠᠭᠤᠯᠬᠤ ᠪᠠᠨ  ᠴᠢᠩᠭᠠᠳᠬᠠᠵᠤ᠂  ᠬᠢᠨᠠᠨ ᠪᠠᠶᠢᠴᠠᠭᠠᠯᠳᠠ ᠶᠢᠨ ᠡᠷᠭᠡ ᠰᠦᠷ ᠢ ᠪᠠᠳᠠᠷᠠᠭᠤᠯᠤᠨ᠂  ᠡᠯ᠎ᠠ ᠵᠦᠢᠯ

 ᠤᠨ ᠠᠵᠢᠯ ᠳᠤ ᠪᠠᠶᠢᠷᠢᠯᠠᠭᠤᠯᠤᠯᠳᠠ ᠲᠠᠢ᠂ ᠪᠠᠶᠢᠴᠠᠭᠠᠯᠳᠠ ᠲᠠᠢ᠂  ᠬᠠᠷᠢᠭᠤᠴᠠᠯᠭ᠎ᠠ ᠨᠡᠭᠡᠮᠵᠢᠯᠡᠭᠰᠡᠨ ᠪᠠᠶᠢᠬᠤ ᠶᠢ

ᠦᠨᠡᠨᠬᠦ ᠬᠦᠢᠴᠡᠳᠭᠡᠨ᠎ᠠ᠃  ᠪᠦᠬᠦ ᠲᠠᠯ᠎ᠠ ᠲᠠᠢ ᠬᠤᠯᠪᠤᠭᠳᠠᠬᠤ ᠰᠠᠭᠤᠷᠢ ᠴᠢᠨᠠᠷᠳᠠᠢ ᠵᠠᠩᠭᠢᠯᠠᠭ᠎ᠠ ᠶᠢᠨ ᠴᠢᠨᠠᠷᠳᠠᠢ ᠪᠠ

ᠤᠷᠳᠤ ᠬᠤᠭᠤᠴᠠᠭᠠᠳᠤ ᠴᠢᠨᠠᠷᠳᠠᠢ ᠠᠵᠢᠯ ᠢ ᠨᠢᠭᠡ ᠨᠢᠭᠡ ᠭᠤᠭᠴᠤᠭ᠎ᠠ ᠪᠠᠷ ᠰᠢᠪᠳᠤᠯᠵᠤ᠂  ᠬᠦᠴᠢᠷ ᠠᠰᠠᠭᠤᠳᠠᠯ ᠢ

ᠨᠢᠭᠡ ᠨᠢᠭᠡ ᠪᠠᠷ ᠢᠶᠠᠨ ᠰᠢᠢᠳᠪᠤᠷᠢᠯᠠᠵᠤ᠂  ᠰᠠᠶᠢᠨ ᠢᠶᠠᠷ ᠡᠬᠢᠯᠡᠬᠦᠯᠤᠨ ᠰᠠᠶᠢᠬᠠᠨ ᠳᠡᠬᠦᠰᠭᠡᠵᠤ᠂ ᠰᠠᠶᠢᠨ ᠬᠢᠵᠤ

ᠰᠠᠶᠢᠬᠠᠨ ᠪᠡᠶᠡᠯᠡᠬᠦᠯᠤᠨ᠎ᠠ᠃

ᠠᠷᠢᠭᠤᠨ ᠴᠢᠭᠡᠴᠢ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠩᠭᠠᠳᠬᠠᠨ᠎ᠠ᠃  ᠨᠠᠮ ᠤᠨ ᠤᠯᠠᠨ ᠲᠦᠮᠡᠨᠴᠢ

ᠱᠤᠭᠤᠮ ᠤᠨ ᠰᠤᠷᠭᠠᠨ ᠬᠦᠮᠦᠵᠢᠬᠦᠯᠬᠦ ᠦᠢᠯᠡᠳᠦᠯᠭᠡ ᠶᠢᠨ ᠠᠵᠢᠯᠯᠠᠭ᠎ᠠ ᠶᠢᠨ ᠦᠷ᠎ᠠ ᠪᠦᠳᠦᠮᠵᠢ ᠪᠠᠨ ᠪᠠᠬᠢᠵᠢᠬᠦᠯᠬᠦ

ᠪᠠ ᠬᠦᠨᠵᠡᠭᠡᠶᠢᠷᠡᠬᠦᠯᠵᠤ᠂ ᠲᠦᠪ ᠤᠨ ᠨᠠᠢᠮᠠᠨ ᠵᠦᠢᠯ ᠤᠨ ᠳᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ︽

ᠲᠦᠷᠪᠡᠨ ᠰᠤᠷᠳᠠᠯ︾ ᠤᠨ ᠳᠠᠬᠢᠨ ᠰᠡᠷᠬᠦᠬᠦ ᠶᠢ ᠴᠢᠩᠭ᠎ᠠ ᠰᠡᠷᠭᠡᠶᠢᠯᠠᠨ᠎ᠠ᠃ ᠠᠷᠪᠢᠯᠠᠨ ᠭᠠᠮᠨᠠᠵᠤ᠂  ᠱᠠᠯᠢᠨ ᠪᠦᠷᠢᠯᠭᠡᠬᠦ

 ᠶᠢ ᠡᠰᠡᠷᠬᠦᠴᠡᠬᠦ ᠲᠦᠷᠢᠮ ᠤᠨ ᠰᠢᠰᠲ᠋ᠧᠮ ᠢ ᠳᠡᠬᠦᠯᠳᠠᠷᠵᠢᠬᠦᠯᠵᠤ᠂  ᠡᠩ ᠤᠨ ᠴᠢᠨᠠᠷᠳᠠᠢ ᠵᠠᠷᠤᠯᠭ᠎ᠠ ᠶᠢ ᠡᠷᠡᠰ

ᠬᠢᠵᠠᠭᠠᠷᠯᠠᠵᠤ᠂ ︽ᠭᠤᠷᠪᠠᠨ ᠠᠯᠪᠠᠨ ᠤ ᠵᠠᠷᠤᠳᠠᠯ︾ ᠢ ᠬᠠᠰᠤᠬᠤ ᠠᠴᠠ ᠪᠢᠰᠢ ᠨᠡᠮᠡᠭᠳᠡᠬᠦᠯᠬᠦ ᠦᠭᠡᠢ ᠶᠢ ᠦᠨᠡᠨᠬᠦ

ᠪᠠᠳᠤᠯᠠᠨ᠎ᠠ᠃  ᠪᠠᠶᠢᠭᠤᠯᠤᠯᠭ᠎ᠠ ᠶᠢᠨ ᠠᠯᠪᠠᠨ ᠤ ᠳᠡᠷᠭᠡ ᠶᠢᠨ ᠲᠦᠷᠢᠮ ᠤᠨ ᠦᠭᠡᠷᠡᠴᠢᠯᠠᠯᠳᠠ ᠶᠢ ᠲᠦᠯᠬᠢᠨ  

ᠠᠬᠢᠭᠤᠯᠤᠨ᠎ᠠ᠃ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ

ᠨᠠᠮ ᠤᠨ ᠰᠤᠷᠳᠠᠯ ᠴᠢᠭᠡᠴᠢ  ᠵᠠᠰᠠᠭ ᠤᠨ ᠪᠠᠶᠢᠭᠤᠯᠤᠯᠳᠠ ᠶᠢᠨ ᠭᠤᠤᠯ ᠴᠤᠭᠴᠡ ᠶᠢᠨ ᠬᠠᠷᠢᠭᠤᠴᠠᠯᠭ᠎ᠠ ᠶᠢ ᠨᠠᠷᠢᠨ

ᠬᠢᠨᠠᠮᠠᠭᠠᠢ ᠨᠠᠶᠢᠳᠠᠪᠤᠷᠢᠵᠢᠭᠤᠯᠵᠤ᠂ ᠢᠯᠵᠡᠷᠡᠯ ᠢ ᠵᠠᠯᠬᠠᠭᠠᠨ ᠰᠢᠢᠳᠭᠡᠬᠦ ᠪᠠ ᠤᠷᠢᠳᠴᠢᠯᠠᠨ ᠰᠡᠷᠭᠡᠶᠢᠯᠡᠬᠦ ᠰᠢᠰᠲ᠋ᠧᠮ ᠤᠨ

ᠪᠠᠶᠢᠭᠤᠯᠤᠯᠳᠠ ᠶᠢ ᠴᠢᠩᠭᠠᠳᠬᠠᠵᠤ᠂ ᠵᠠᠰᠠᠭ ᠤᠨ ᠤᠷᠳᠤᠨ ᠤ ᠰᠢᠰᠲ᠋ᠧᠮ ᠤᠨ ᠴᠢᠭᠡᠴᠢ ᠵᠠᠰᠠᠭ ᠤᠨ ᠲᠦᠭᠰᠢᠬᠦᠷᠢ ᠶᠢ

ᠰᠡᠷᠭᠡᠶᠢᠯᠡᠨ ᠡᠵᠡᠮᠳᠡᠬᠦ ᠰᠢᠰᠲ᠋ᠧᠮ ᠢ ᠳᠡᠬᠦᠯᠳᠠᠷᠵᠢᠬᠦᠯᠵᠤ᠂ ᠬᠦᠭᠵᠢᠯᠳᠠ ᠶᠢᠨ ᠤᠷᠴᠢᠨ ᠳᠤᠭᠤᠷᠢᠨ ᠢ ᠡᠪᠳᠡᠵᠤ᠂

ᠠᠷᠠᠳ ᠤᠯᠠᠨ ᠤ ᠠᠰᠢᠭ ᠲᠤᠰᠠ ᠶᠢ ᠬᠦᠨᠦᠭᠡᠭᠰᠡᠨ ᠦᠢᠯᠠ ᠠᠵᠢᠯᠯᠠᠭ᠎ᠠ ᠶᠢ ᠡᠷᠡᠰ ᠲᠠᠰᠤ ᠪᠠᠶᠢᠴᠠᠭᠠᠨ ᠰᠢᠢᠳᠭᠡᠵᠤ᠂

ᠠᠷᠠᠳ ᠤᠨ ᠲᠦᠯᠦᠭᠡ᠂  ᠪᠤᠳᠠᠳᠠᠢ ᠶᠢ ᠡᠷᠬᠢᠮᠯᠠᠨ ᠠᠷᠢᠭᠤᠨ ᠴᠢᠭᠡᠴᠢ ᠪᠠᠶᠢᠬᠤ ᠶᠢ ᠦᠨᠡᠨᠬᠦ ᠬᠢᠵᠤ ᠪᠡᠶᠡᠯᠡᠬᠦᠯᠤᠨ᠎ᠠ᠃

    ᠲᠦᠯᠦᠭᠡᠯᠡᠭᠴᠢᠳ ᠡ᠂  ᠦᠩᠭᠡᠷᠡᠭᠰᠡᠨ ᠤ ᠬᠢᠷᠢ ᠪᠦᠳᠦᠮᠵᠢ ᠬᠦᠮᠦᠰ ᠢ ᠵᠤᠷᠢᠭᠵᠢᠭᠤᠯᠤᠨ᠂ ᠢᠷᠡᠭᠡᠳᠦᠢ ᠶᠢᠨ

ᠬᠠᠷᠠᠯᠳᠠ ᠬᠦᠮᠦᠰ ᠢ ᠡᠷᠡᠯᠭᠡᠭᠯᠡᠨ ᠤᠷᠤᠭᠰᠢᠯᠠᠭᠤᠯᠤᠨ᠎ᠠ᠃  ᠪᠢᠳᠡ ᠬᠤᠰᠢᠭᠤᠨ ᠤ ᠨᠠᠮ ᠤᠨ ᠬᠤᠷᠢᠶ᠎ᠠ ᠶᠢᠨ ᠡᠷᠡᠰ

ᠴᠢᠩᠭ᠎ᠠ ᠤᠳᠤᠷᠢᠳᠤᠯᠭ᠎ᠠ ᠪᠠ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ

 ᠶᠢᠨ ᠵᠦᠪᠯᠡᠯᠭᠡᠨ ᠤ ᠬᠢᠨᠠᠯᠳᠠ ᠪᠠ ᠳᠡᠮᠵᠢᠯᠭᠡ ᠵᠢᠴᠢ ᠪᠦᠬᠦ ᠬᠤᠰᠢᠭᠤᠨ ᠤ ᠡᠯ᠎ᠠ ᠦᠨᠳᠤᠰᠤᠳᠠᠨ ᠤ ᠠᠷᠠᠳ ᠲᠦᠮᠡᠨ

 ᠤ ᠬᠠᠮᠳᠤ ᠶᠢᠨ ᠴᠢᠷᠮᠠᠶᠢᠯᠭ᠎ᠠ ᠳᠤᠤᠷ᠎ᠠ᠂  ᠯᠠᠪᠳᠠᠢ ᠡᠨᠡ ᠵᠢᠯ ᠪᠠ ︽ᠠᠷᠪᠠᠨ ᠬᠤᠶᠠᠳᠤᠭᠠᠷ ᠳᠠᠪᠤᠨ ᠵᠢᠯ︾   ᠤᠨ ᠡᠯ᠎ᠠ

ᠵᠦᠢᠯ ᠤᠨ ᠲᠡᠮᠡᠴᠡᠬᠦ ᠬᠠᠷᠠᠯᠳᠠ ᠪᠠᠨ ᠳᠡᠬᠦᠰ ᠪᠡᠶᠡᠯᠡᠬᠦᠯᠵᠤ᠂  ᠴᠠᠭ  ᠦᠶ᠎ᠡ ᠳᠤ ᠤᠰᠤᠯᠳᠠᠬᠤ ᠦᠭᠡᠢ᠂  ᠠᠷᠠᠳ

ᠲᠦᠮᠡᠨ ᠳᠤ ᠤᠰᠤᠯᠳᠠᠬᠤ ᠦᠭᠡᠢ ᠰᠢᠨ᠎ᠠ ᠠᠮᠵᠢᠯᠳᠠ ᠶᠢ ᠡᠬᠦᠳᠴᠤ᠂  ︽ᠵᠠᠷᠤᠳ ᠦᠵᠡᠭᠳᠠᠯ︾   ᠢᠶᠠᠷ ᠢᠶᠠᠨ ᠵᠦᠪ

ᠡᠨᠧᠷᠭᠢ ᠶᠢ ᠳᠠᠬᠢᠨ ᠬᠤᠷᠠᠮᠳᠤᠭᠤᠯᠵᠤ᠂  ᠪᠦᠬᠦ ᠬᠤᠰᠢᠭᠤᠨ ᠤ ᠠᠵᠤ ᠠᠬᠤᠢ ᠨᠠᠶᠢᠭᠡᠮ ᠤᠨ ᠰᠢᠨᠵᠢᠯᠡᠬᠦ ᠤᠬᠠᠭᠠᠨᠴᠢ

ᠬᠦᠭᠵᠢᠯᠳᠠ᠂  ᠬᠠᠮᠤᠭ ᠤᠨ ᠲᠡᠷᠢᠬᠦᠨ ᠳᠤ ᠬᠦᠭᠵᠢᠬᠦ᠂  ᠳᠠᠪᠠᠯᠳᠠ ᠶᠢᠨ ᠬᠦᠭᠵᠢᠯᠳᠠ ᠶᠢ ᠲᠦᠯᠬᠢᠨ ᠠᠬᠢᠭᠤᠯᠬᠤ

 ᠳᠤ ᠪᠠᠳᠤ ᠢᠳᠡᠭᠡᠯ ᠲᠠᠢ ᠪᠠᠶᠢᠨ᠎ᠠ︕  

 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号