ᠲᠦᠯᠦᠭᠡᠯᠡᠭᠴᠢᠳ ᠡ᠄ | ᠦᠨᠤ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ ᠶᠡᠭᠡ ᠬᠤᠷᠠᠯ ᠳᠤ ᠠᠵᠢᠯ | ᠤᠨ ᠮᠡᠳᠡᠬᠦᠯᠦᠯᠳᠡ ᠬᠢᠶ᠎ᠠ᠂ ︽ᠵᠠᠷᠤᠳ ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠠᠶᠢᠭᠡᠮ ᠤᠨ | ᠬᠦᠭᠵᠢᠯᠳᠠ ᠶᠢᠨ ᠠᠷᠪᠠᠨ ᠭᠤᠷᠪᠠᠳᠤᠭᠠᠷ ᠳᠠᠪᠤᠨ ᠵᠢᠯ ᠤᠨ ᠲᠦᠯᠦᠪᠵᠢᠬᠦᠯᠭᠡ ᠶᠢᠨ ᠳᠤᠪᠴᠢ ︵ᠲᠦᠰᠦᠯ︶︾ | ᠲᠠᠢ ᠬᠠᠮᠳᠤ ᠬᠢᠨᠠᠨ ᠵᠦᠪᠯᠡᠬᠦ ᠪᠤᠯᠪᠠᠤ᠂ ᠵᠢᠴᠢ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠬᠡᠰᠢᠬᠦᠳ ᠪᠠ | ᠬᠤᠷᠠᠯ ᠳᠤ ᠰᠤᠯᠠ ᠤᠷᠤᠯᠴᠠᠭᠰᠠᠳ ᠰᠠᠨᠠᠯ ᠳᠤᠷᠠᠳᠬᠤ ᠪᠤᠯᠪᠠᠤ᠃ | ᠨᠢᠭᠡ᠂ ︽ᠠᠷᠪᠠᠨ ᠬᠤᠶᠠᠳᠤᠭᠠᠷ ᠳᠠᠪᠤᠨ ᠵᠢᠯ︾ ᠤᠨ ᠬᠤᠭᠤᠴᠠᠭ᠎ᠠ ᠪᠠ 2015 ᠤᠨ ᠤ ᠠᠵᠤ ᠠᠬᠤᠢ | ᠨᠡᠶᠢᠭᠡᠮ ᠤᠨ ᠬᠦᠭᠵᠢᠯᠳᠠ ᠶᠢᠨ ᠡᠷᠬᠢᠴᠡᠬᠦᠯᠤᠯ | ᠦᠩᠭᠡᠷᠡᠭᠰᠡᠨ ᠳᠠᠪᠤᠨ ᠵᠢᠯ ᠳᠤ᠂ ᠨᠠᠷᠢᠨ ᠪᠤᠳᠤᠯᠢᠶᠠᠨᠳᠠᠢ ᠬᠦᠨᠳᠤ ᠰᠦᠷᠡᠭᠡᠢ ᠠᠵᠤ ᠠᠬᠤᠢ ᠶᠢᠨ ᠪᠠᠶᠢᠳᠠᠯ | ᠪᠠ ᠬᠦᠴᠢᠷ ᠪᠡᠷᠭᠡ ᠲᠠᠢ ᠦᠭᠡᠷᠡᠴᠢᠯᠠᠯᠳᠠ ᠬᠦᠭᠵᠢᠯᠳᠠ ᠶᠢᠨ ᠡᠬᠦᠷᠭᠡ ᠲᠤᠯᠭᠠᠷᠠᠭᠰᠠᠨ ᠴᠤ᠂ ᠬᠤᠰᠢᠭᠤᠨ ᠤ ᠨᠠᠮ | ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠬᠤᠰᠢᠭᠤᠨ ᠤ ᠠᠷᠠᠳ ᠤᠨ ᠵᠠᠰᠠᠭ ᠤᠨ | ᠤᠷᠳᠤᠨ ᠠᠴᠠ ᠬᠤᠰᠢᠭᠤ ᠳᠠᠶᠠᠭᠠᠷ ᠤᠨ ᠦᠨᠳᠤᠰᠤᠳᠠᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠬᠦᠯᠤᠨ | ᠳᠠᠶᠢᠴᠢᠯᠠᠵᠤ᠂ ᠲᠦᠪ᠂ ᠦᠪᠡᠷᠳᠡᠭᠡᠨ ᠵᠠᠰᠠᠬᠤ ᠤᠷᠤᠨ᠂ ᠲᠦᠩᠯᠢᠶᠤᠤ ᠬᠤᠳᠡ ᠪᠠ ᠬᠤᠰᠢᠭᠤᠨ ᠤ ᠨᠠᠮ ᠤᠨ | ᠬᠤᠷᠢᠶᠠᠨ ᠤ ᠡᠯ᠎ᠠ ᠲᠦᠷᠦᠯ ᠤᠨ ᠰᠢᠢᠳᠪᠤᠷᠢ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ | ᠦᠪᠡᠷᠳᠡᠭᠡᠨ ᠵᠠᠰᠠᠬᠤ ᠤᠷᠤᠨ ᠤ ︽8337︾ ᠬᠦᠭᠵᠢᠯᠳᠠ ᠶᠢᠨ ᠰᠡᠳᠬᠢᠴᠡ ᠶᠢ ᠬᠦᠨᠵᠡᠭᠡᠢ ᠲᠤᠤᠱᠯᠠᠭᠤᠯᠤᠨ᠂ ︽ | ᠭᠤᠷᠪᠠᠨ ᠳᠠᠭᠤᠷᠢᠶᠠᠯ ᠦᠵᠡᠬᠦᠯᠬᠦ ᠤᠷᠤᠨ᠂ ᠭᠤᠷᠪᠠᠨ ᠰᠠᠭᠤᠷᠢᠨ ᠭᠠᠵᠠᠷ︾᠂ ︽ᠬᠤᠶᠠᠷ ᠢ ᠬᠠᠮᠤᠭ ᠲᠡᠷᠢᠬᠦᠨ︾ | ᠳᠤ ᠪᠡᠶᠡᠯᠡᠬᠦᠯᠬᠦ ᠪᠠᠶᠢᠯᠳᠤᠬᠤ ᠪᠤᠳᠤᠯᠭ᠎ᠠ ᠶᠢᠨ ᠬᠠᠷᠠᠯᠳᠠ ᠶᠢᠨ ᠳᠤᠭᠤᠷᠢᠨ ᠳᠤ᠂ ᠦᠨᠡᠨ ᠢ ᠡᠷᠢᠵᠤ ᠪᠤᠳᠠᠳᠠᠢ ᠶᠢ | ᠡᠷᠬᠢᠮᠯᠠᠨ᠂ ᠰᠢᠷᠭᠠᠭᠤ ᠠᠵᠢᠯᠯᠠᠵᠤ ᠴᠢᠷᠮᠠᠶᠢᠨ ᠳᠡᠮᠡᠴᠡᠵᠤ᠂ ᠪᠦᠬᠦ ᠬᠤᠰᠢᠭᠤᠨ ᠤ ᠡᠯ᠎ᠠ ᠲᠦᠷᠦᠯ ᠤᠨ ᠠᠵᠢᠯ | ᠦᠢᠯᠡᠰ ᠦᠷᠨᠢᠨ ᠬᠦᠭᠵᠢᠭᠰᠡᠨ ᠰᠢᠨ᠎ᠠ ᠪᠠᠶᠢᠳᠠᠯ ᠢ ᠪᠤᠢ ᠪᠤᠯᠭᠠᠪᠠ᠃ | ︵ᠨᠢᠭᠡ︶ ᠠᠵᠤ ᠠᠬᠤᠢ ᠶᠢᠨ ᠬᠦᠢᠴᠡᠳᠭᠡᠯ ᠳᠤᠭ᠎ᠠ ᠶᠡᠬᠡᠪᠡᠷ ᠳᠡᠭᠡᠭᠰᠢᠯᠡᠵᠤ᠂ ᠶᠡᠷᠦᠩᠭᠡᠢ ᠪᠤᠳᠠᠳᠤ ᠬᠦᠴᠤᠨ | ᠢᠯᠡᠷᠭᠡᠢ ᠴᠢᠩᠭᠠᠷᠠᠪᠠ᠃ 2015 ᠤᠨ ᠳᠤ ᠪᠦᠬᠦ ᠬᠤᠰᠢᠭᠤᠨ ᠤ ᠤᠷᠤᠨ ᠨᠤᠳᠤᠭ ᠤᠨ ᠦᠢᠯᠡᠳᠪᠤᠷᠢᠯᠠᠯ ᠤᠨ | ᠶᠡᠷᠦᠩᠭᠡᠢ ᠦᠷᠳᠡᠭ 197.09 ᠳ᠋ᠦᠩᠰᠢᠭᠤᠷ ᠲᠦᠬᠦᠷᠢᠭ ᠬᠦᠷᠴᠤ᠂ 2010 ᠤᠨ ᠤ 1.77 ᠲᠠᠬᠢᠨ᠂ ᠵᠢᠯ | ᠪᠦᠷᠢ ᠳᠡᠭᠰᠢᠳᠭᠡᠭᠡᠳ 12 % ᠨᠡᠮᠡᠭᠳᠡᠪᠡ︔ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠳᠤ 126.7 | ᠳ᠋ᠦᠩᠰᠢᠭᠤᠷ ᠲᠦᠬᠦᠷᠢᠭ ᠪᠡᠶᠡᠯᠡᠬᠦᠯᠵᠤ᠂ 2010 ᠤᠨ ᠤ 3.1 ᠳᠠᠬᠢᠨ᠂ ᠵᠢᠯ ᠪᠦᠷᠢ ᠳᠡᠭᠰᠢᠳᠭᠡᠭᠡᠳ 25.3 | % ᠨᠡᠮᠡᠭᠳᠡᠪᠡ︔ ᠨᠠᠶᠢᠳᠡ ᠶᠢᠨ ᠡᠳ᠋ ᠤᠨ ᠵᠠᠰᠠᠭ ᠤᠨᠲ᠋ᠦ᠋ᠰᠦᠪ ᠤᠨ ᠤᠷᠤᠯᠭ᠎ᠠ 15.06 ᠳ᠋ᠦᠩᠰᠢᠭᠤᠷ ᠲᠦᠬᠦᠷᠢᠭ | ᠪᠡᠶᠡᠯᠡᠬᠦᠯᠵᠤ᠂ 2010 ᠤᠨ ᠤ 3.82 ᠳᠠᠬᠢᠨ᠂ ᠵᠢᠯ ᠪᠦᠷᠢ ᠳᠡᠭᠰᠢᠳᠭᠡᠭᠡᠳ 30.8% ᠨᠡᠮᠡᠭᠳᠡᠪᠡ︔ | ᠨᠠᠶᠢᠭᠡᠮ ᠤᠨ ᠬᠡᠷᠡᠭᠯᠡᠭᠡᠨ ᠤ ᠵᠦᠢᠯ ᠤᠨ ᠰᠤᠯᠠ ᠪᠤᠷᠤᠯᠠᠭᠤᠯᠤᠯᠳᠠ ᠶᠢᠨ ᠶᠡᠷᠦᠩᠬᠡᠢ ᠬᠡᠮᠵᠢᠶ᠎ᠡ 30.5 ᠳ᠋ᠦᠩᠰᠢᠭᠤᠷ | ᠲᠦᠬᠦᠷᠢᠭ ᠬᠦᠷᠴᠤ᠂ 2010 ᠤᠨ ᠤ 1.72 ᠲᠠᠬᠢᠨ᠂ ᠵᠢᠯ ᠪᠦᠷᠢ ᠳᠡᠭᠰᠢᠳᠭᠡᠭᠡᠳ 11.5% ᠨᠡᠮᠡᠭᠳᠡᠪᠡ︔ | ᠬᠤᠳᠡ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠳᠡᠭᠰᠢᠳᠭᠡᠭᠡᠳ ᠳᠤᠬᠢᠷᠠᠭᠤᠯᠵᠤ ᠪᠤᠯᠬᠤᠶᠢᠴᠡ | ᠤᠷᠤᠯᠭ᠎ᠠ ᠳᠤᠰ ᠪᠦᠷᠢ 22716 ᠲᠦᠬᠦᠷᠢᠭ ᠪᠡ 11764 ᠲᠦᠬᠦᠷᠢᠭ ᠬᠦᠷᠴᠤ᠂ ᠳᠤᠰ ᠪᠦᠷᠢ 2010 ᠤᠨ | ᠤ 1.82 ᠳᠠᠬᠢᠨ ᠪᠠ 2.06 ᠳᠠᠬᠢᠨ᠂ ᠵᠢᠯ ᠪᠦᠷᠢ ᠳᠡᠭᠰᠢᠳᠭᠡᠭᠡᠳ 12.7% ᠪᠠ 15.6% ᠨᠡᠮᠡᠭᠳᠡᠪᠡ᠂ | ᠭᠤᠷᠪᠠᠨ ᠠᠵᠤ ᠦᠢᠯᠡᠰ ᠤᠨ ᠪᠦᠳᠦᠴᠡ 17.6᠄ 52.4᠄ 30 ᠪᠤᠯᠤᠨ ᠬᠤᠪᠢᠷᠠᠪᠠ᠃ ᠪᠦᠬᠦ ᠬᠤᠰᠢᠭᠤᠨ ᠤ | ᠠᠵᠤ ᠠᠬᠤᠢ ᠶᠢᠨ ᠶᠡᠷᠦᠩᠭᠡᠢ ᠬᠡᠮᠵᠢᠶ᠎ᠠ ᠦᠷᠬᠦᠯᠵᠢᠯᠠᠨ ᠳᠡᠭᠡᠭᠰᠢᠯᠡᠵᠤ᠂ ᠪᠦᠬᠦ ᠬᠤᠳᠡ ᠶᠢᠨ ᠳᠠᠷᠢᠬᠦᠨ` ᠤ ᠡᠩᠨᠡᠭᠡᠨ | ᠳᠤ ᠤᠷᠤᠵᠤ᠂ ᠲᠦᠩᠯᠢᠶᠤᠤ ᠬᠤᠳᠡ ᠶᠢᠨ ᠠᠵᠤ ᠠᠬᠤᠢ ᠶᠢᠨ ᠴᠢᠬᠤᠯᠠ ᠨᠡᠮᠡᠭᠳᠠᠯ ᠤᠨ ᠳᠤᠶᠢᠯ ᠪᠤᠯᠪᠠ᠃ | ︵ᠬᠤᠶᠠᠷ︶ ᠪᠦᠳᠦᠴᠡ ᠶᠢᠨ ᠳᠤᠬᠢᠷᠠᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠬᠦᠭᠵᠢᠯᠳᠠ | ᠶᠢᠨ ᠴᠢᠨᠠᠷ ᠪᠦᠬᠦ ᠲᠠᠯ᠎ᠠ ᠪᠠᠷ ᠳᠡᠭᠡᠭᠰᠢᠯᠡᠪᠡ᠃ ᠠᠵᠤ ᠦᠢᠯᠡᠳᠪᠤᠷᠢ ᠶᠢᠨ ᠬᠡᠯᠪᠡᠷᠢ ᠪᠠᠨ ᠦᠭᠡᠷᠡᠳᠡᠬᠦᠯᠤᠨ ᠳᠡᠰ | ᠳᠠᠪᠰᠢᠬᠤ ᠠᠬᠢᠴᠡ ᠲᠦᠷᠭᠡᠳᠪᠡ᠃ ᠠᠵᠤ ᠦᠢᠯᠡᠳᠪᠤᠷᠢ ᠶᠢᠨ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ | ᠳᠤ ᠨᠠᠶᠢᠳᠡ 487.7 ᠳ᠋ᠦᠩᠰᠢᠭᠤᠷ ᠲᠦᠬᠦᠷᠢᠭ ᠪᠡᠯᠡ ᠤᠷᠤᠭᠤᠯᠤᠨ᠂ ᠾᠦᠸᠧ ᠮᠸᠢ ᠬᠤᠩ ᠵᠢᠶᠦ᠋ᠨ | ᠬᠦᠩᠭᠡᠨᠴᠠᠭᠠᠨ ᠤ ᠬᠠᠶᠢᠯᠤᠰᠢ᠂ ᠮᠧᠩ ᠳ᠋ᠦᠩ ᠡᠨᠧᠷᠭᠢ ᠶᠢᠨ ᠰᠤᠷᠪᠤᠯᠵᠢ ᠶᠢᠨ 2 ×35 ᠲᠦᠮᠡᠨ ᠺᠢᠯᠤᠸᠠᠲ ᠶᠢᠨ | ᠢᠯᠴᠢᠳᠦ ᠴᠠᠬᠢᠯᠭᠠᠨ ᠵᠡᠷᠭᠡ ᠴᠢᠬᠤᠯᠠ ᠶᠡᠭᠡ ᠠᠵᠤ ᠦᠢᠯᠡᠳᠪᠤᠷᠢ ᠶᠢᠨ ᠲᠦᠷᠦᠯ ᠵᠦᠢᠯ 105 ᠬᠡᠷᠡᠭᠵᠢᠬᠦᠯᠵᠤ᠂ | ᠨᠡᠬᠦᠷᠠᠰᠤ ᠴᠠᠬᠢᠯᠭᠠᠨ ᠵᠠᠳᠠᠯᠤᠯᠳᠠ ᠶᠢᠨ ᠬᠦᠩᠭᠡᠨᠴᠠᠭᠠᠨ᠂ ᠴᠡᠪᠡᠷ ᠡᠨᠧᠷᠭᠢ ᠶᠢᠨ ᠰᠤᠷᠪᠤᠯᠵᠢ᠂ ᠳᠠᠷᠢᠶᠠᠯᠠᠩ ᠤᠨ | ᠭᠠᠷᠤᠯᠳᠠ ᠮᠠᠯ ᠤᠨ ᠠᠰᠢᠭ ᠰᠢᠮ᠎ᠠ ᠶᠢ ᠪᠤᠯᠪᠠᠰᠤᠷᠠᠭᠤᠯᠬᠤ ᠵᠡᠷᠭᠡ ᠳᠠᠪᠠᠭᠤᠯᠢᠭᠳᠤ ᠠᠵᠤ ᠦᠢᠯᠡᠰ ᠲᠦᠷᠭᠡᠨ | ᠪᠤᠵᠠᠭᠠᠶᠢᠷᠠᠵᠤ᠂ ᠰᠠᠯᠭᠢᠨ ᠬᠡᠷᠡᠯ ᠢᠯᠴᠢ ᠬᠠᠷᠢᠯᠴᠠᠨ ᠨᠦᠬᠦᠪᠤᠷᠢᠯᠡᠭᠰᠡᠨ ᠬᠡᠯᠪᠡᠷᠢ ᠶᠢᠨ ᠡᠨᠧᠷᠭᠢ ᠶᠢᠨ ᠰᠤᠷᠪᠤᠯᠵᠢ ᠶᠢ | ᠦᠢᠯᠡᠳᠪᠤᠷᠢᠯᠡᠬᠦ ᠭᠠᠷᠭᠠᠬᠤ ᠰᠢᠩᠭᠡᠭᠡᠬᠦ ᠬᠡᠯᠪᠡᠷᠢ ᠶᠢ ᠪᠦᠷᠢᠯᠳᠦᠬᠦᠯᠵᠤ᠂ ᠨᠢᠭᠡᠨ ᠨᠡᠬᠦᠷᠠᠰᠤ ᠪᠠᠷ ᠴᠠᠬᠢᠯᠭᠠᠨ ᠭᠠᠷᠭᠠᠬᠤ | ᠂ ᠴᠠᠬᠢᠯᠭᠠᠨ ᠢᠶᠠᠷ ᠬᠦᠩᠭᠡᠨᠴᠠᠭᠠᠨ ᠢ ᠪᠤᠯᠪᠠᠰᠤᠷᠠᠭᠤᠯᠬᠤ᠂ ᠬᠦᠩᠭᠡᠨᠴᠠᠭᠠᠨ ᠢ ᠨᠠᠷᠢᠯᠢᠭ ᠪᠤᠯᠪᠠᠰᠤᠷᠠᠭᠤᠯᠬᠤ ᠨᠡᠬᠦᠷᠠᠰᠤ | ᠴᠠᠬᠢᠯᠭᠠᠨ ᠬᠦᠩᠭᠡᠨᠴᠠᠭᠠᠨ ᠬᠤᠯᠪᠤᠭᠠᠯᠠᠭᠰᠠᠨ ᠤᠷᠴᠢᠯ ᠠᠵᠤ ᠠᠬᠤᠢ ᠶᠢᠨ ᠵᠠᠮ ᠢ ᠨᠡᠭᠡᠭᠡᠪᠡ︔ ᠨᠡᠬᠦᠷᠠᠰᠤᠨ ᠬᠢᠮᠢ | ᠶᠢᠨ ᠠᠵᠤ ᠦᠢᠯᠡᠳᠪᠤᠷᠢ ᠳᠡᠤᠭᠡᠳᠦ ᠴᠢᠨᠠᠷᠳᠠᠢ ᠰᠢᠪᠳᠤᠯᠤᠯᠳᠠ ᠶᠢ ᠪᠡᠶᠡᠯᠡᠬᠦᠯᠵᠤ᠂ ᠺᠠᠩ ᠨᠠᠢ ᠡᠯ ᠶᠢᠨ ᠡᠲ᠋ᠢᠯ | ᠬᠤᠶᠠᠷᠴᠢ ᠠᠯᠠᠺᠤᠤᠯ ᠤᠨ ᠲᠦᠷᠦᠯ ᠵᠦᠢᠯ ᠳᠠᠷᠤᠢ ᠠᠰᠢᠭᠯᠠᠯᠳᠠ ᠳᠤ ᠤᠷᠤᠵᠤ᠂ ᠮᠠᠨ ᠤ ᠬᠤᠰᠢᠭᠤᠨ ᠤ ᠤᠳᠤ | ᠦᠶ᠎ᠡ ᠶᠢᠨ ᠨᠡᠬᠦᠷᠠᠰᠤᠨ ᠬᠢᠮᠢ ᠶᠢᠨ ᠠᠵᠤ ᠦᠢᠯᠡᠳᠪᠤᠷᠢ ᠶᠢᠨ ᠠᠵᠤ ᠦᠢᠯᠡᠰ ᠤᠨ ᠡᠬᠢᠯᠠᠯᠳᠠ ᠪᠤᠯᠪᠠ᠃ ᠳᠠᠷᠢᠶᠠᠯᠠᠩ | ᠮᠠᠯ ᠠᠵᠤ ᠠᠬᠤᠢ ᠶᠢᠨ ᠰᠠᠭᠤᠷᠢ ᠪᠠᠶᠢᠷᠢ ᠰᠠᠭᠤᠷᠢ ᠨᠡᠩ ᠪᠠᠬᠢᠵᠢᠪᠡ᠃ 304 ᠤᠯᠤᠰ ᠤᠨ ᠵᠠᠮ᠂ 306 ᠮᠤᠵᠢ | ᠶᠢᠨ ᠵᠠᠮ ᠳᠠᠭᠠᠤ ᠨᠤᠳᠤᠭ ᠪᠡᠯᠴᠢᠭᠡᠷ ᠤᠨ ᠮᠠᠯ ᠠᠵᠤ ᠠᠬᠤᠢ ᠶᠢᠨ ᠳᠠᠭᠤᠷᠢᠶᠠᠯ ᠦᠵᠡᠬᠦᠯᠬᠦ ᠪᠦᠰᠡ ᠪᠠ ᠦᠨᠳᠤᠷ | ᠤᠨᠠᠯᠳᠠᠳᠦ ᠦᠨᠳᠤᠷ ᠦᠷ᠎ᠠ ᠠᠰᠢᠭᠳᠤ ᠤᠨᠴᠠᠯᠢᠭᠳᠤ ᠳᠠᠷᠢᠶᠠᠯᠠᠩ ᠮᠠᠯ ᠠᠵᠤ ᠠᠬᠤᠢ ᠶᠢᠨ ᠳᠠᠭᠤᠷᠢᠶᠠᠯ ᠦᠵᠡᠬᠦᠯᠬᠦ | ᠪᠦᠰᠡ ᠶᠢᠨ ᠪᠠᠶᠢᠭᠤᠯᠤᠯᠳᠠ ᠶᠢ ᠬᠡᠷᠡᠭᠵᠢᠬᠦᠯᠪᠠ︔ ᠪᠠᠩ ᠵᠢᠶᠧ ︽ᠵᠢᠷᠭᠤᠭ᠎ᠠ ᠶᠢ ᠨᠢᠭᠡᠳᠭᠡᠬᠦ︾᠂ ᠮᠧᠩ ᠽᠤᠤ ︽ | ᠠᠵᠤ ᠦᠢᠯᠡᠰ ᠤᠨ ᠬᠤᠯᠪᠤᠭᠠᠯᠠᠯ︾ ᠵᠡᠷᠭᠡ ᠤᠯᠠᠨ ᠵᠦᠢᠯ ᠤᠨ ᠤᠳᠤ ᠦᠶ᠎ᠡ ᠶᠢᠨ ᠳᠠᠷᠢᠶᠠᠯᠠᠩ ᠮᠠᠯ ᠠᠵᠤ ᠠᠬᠤᠢ | ᠶᠢᠨ ᠬᠦᠭᠵᠢᠯᠳᠠ ᠶᠢᠨ ᠵᠠᠭᠪᠤᠷ ᠢ ᠠᠮᠵᠢᠯᠳᠠᠳᠠᠢ ᠰᠦᠪᠡᠭᠴᠢᠯᠠᠨ ᠦᠢᠯᠡᠳᠦᠯᠭᠡᠵᠢᠬᠦᠯᠵᠤ᠂ ᠳᠠᠷᠢᠶᠠᠴᠢᠨ ᠮᠠᠯᠴᠢᠳ ᠤᠨ | ᠡᠵᠡᠩᠨᠡᠯᠳᠡ ᠶᠢᠨ ᠠᠷᠭ᠎ᠠ ᠮᠠᠶ᠋ᠢᠭ ᠤᠨ ᠬᠤᠪᠢᠷᠠᠯᠳᠠ ᠶᠢ ᠢᠳᠡᠪᠬᠢᠳᠡᠢ ᠪᠠᠷ ᠳᠠᠶᠢᠴᠢᠯᠠᠪᠠ︔ ᠳᠠᠷᠢᠶᠠᠯᠠᠩ ᠮᠠᠯ ᠠᠵᠤ | ᠠᠬᠤᠢ ᠶᠢᠨ ᠳᠠᠭᠠᠭᠤᠯᠤᠭᠴᠢ ᠠᠵᠤ ᠠᠬᠤᠶᠢᠯᠠᠯ 26 ᠪᠤᠯᠵᠤ᠂ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠠ | ᠶᠢ ᠶᠡᠷᠦᠩᠭᠡᠶᠢᠯᠠᠨ ᠪᠤᠯᠪᠠᠰᠤᠷᠠᠭᠤᠯᠤᠨ ᠬᠤᠪᠢᠷᠠᠭᠠᠬᠤ ᠨᠤᠷᠮ᠎ᠠ 65% ᠠᠴᠠ ᠳᠡᠭᠡᠭᠰᠢ ᠪᠤᠯᠪᠠ︔ ᠬᠤᠶᠢᠳᠦ ᠬᠡᠰᠡᠭ | ᠤᠨ ᠮᠠᠯᠵᠢᠬᠤ ᠤᠷᠤᠨ ᠳᠤ ᠬᠠᠮᠤᠭ ᠲᠡᠷᠢᠬᠦᠨ ᠳᠤ ᠦᠨᠳᠤᠰᠤᠨ ᠳᠡᠭᠡᠨ ᠤᠳᠤᠬᠢᠴᠢᠯᠠᠯᠳᠠ ᠶᠢ ᠪᠡᠶᠡᠯᠡᠬᠦᠯᠬᠦ | ᠲᠦᠯᠦᠪᠯᠡᠭᠡ ᠶᠢ ᠬᠡᠷᠡᠭᠵᠢᠬᠦᠯᠤᠨ᠂ ᠬᠤᠶᠢᠳᠦ ᠬᠡᠰᠡᠭ ᠤᠨ ᠮᠠᠯᠵᠢᠬᠤ ᠤᠷᠤᠨ ᠤ ᠦᠢᠯᠡᠳᠪᠤᠷᠢᠯᠠᠯ ᠠᠮᠢᠳᠤᠷᠠᠯ ᠤᠨ | ᠨᠦᠬᠦᠴᠠᠯ ᠪᠦᠬᠦ ᠲᠠᠯ᠎ᠠ ᠪᠠᠷ ᠰᠠᠶᠢᠵᠢᠷᠠᠪᠠ᠃ ᠤᠳᠤ ᠦᠶ᠎ᠡ ᠶᠢᠨ ᠦᠢᠯᠡᠴᠢᠯᠭᠡᠨ ᠤ ᠦᠢᠯᠡᠰ ᠦᠷᠨᠢᠨ ᠬᠦᠭᠵᠢᠪᠠ᠃ | ᠨᠠᠶᠢᠳᠡ 18 ᠳ᠋ᠦᠩᠰᠢᠭᠤᠷ ᠲᠦᠬᠦᠷᠢᠭ ᠪᠡᠯᠡ ᠤᠷᠤᠭᠤᠯᠤᠨ᠂ 16 ᠠᠷᠠᠯᠵᠢᠶ᠎ᠠ ᠬᠤᠳᠠᠯᠳᠤᠭ᠎ᠠ ᠶᠢᠨ ᠪᠠᠷᠠᠭᠠᠨ ᠤ | ᠬᠦᠢᠯᠭᠡᠭᠡᠨ ᠤ ᠲᠦᠷᠦᠯ ᠵᠦᠢᠯ ᠢ ᠪᠠᠶᠢᠭᠤᠯᠵᠤ᠂ ᠪᠠᠷᠠᠭᠠᠨ ᠤ ᠬᠦᠢᠯᠭᠡᠭᠡᠨ ᠤ ᠳᠤᠭᠤᠷᠢᠭ᠂ ᠳᠤᠰᠬᠠᠢ ᠪᠦᠭᠡᠮ | ᠰᠤᠯᠠ ᠪᠠᠷ ᠪᠤᠷᠤᠯᠠᠭᠤᠯᠬᠤ ᠵᠠᠬ᠎ᠠ ᠲᠡᠯᠭᠡᠭᠦᠷ ᠢᠶᠠᠷ ᠳᠠᠪᠴᠠᠩ ᠪᠤᠯᠭᠠᠭᠰᠠᠨ᠂ ᠨᠡᠬᠦᠷᠠᠰᠤ᠂ ᠳᠠᠷᠢᠶᠠᠯᠠᠩ ᠤᠨ ᠭᠠᠷᠤᠯᠳᠠ | ᠮᠠᠯ ᠤᠨ ᠠᠰᠢᠭ ᠰᠢᠮ᠎ᠠ᠂ ᠪᠠᠷᠢᠯᠭ᠎ᠠ ᠶᠢᠨ ᠮᠠᠲ᠋ᠧᠷᠢᠶᠠᠯ ᠵᠡᠷᠭᠡ ᠶᠡᠭᠡ ᠬᠡᠮᠵᠢᠶᠠᠨ ᠤ ᠪᠠᠷᠠᠭᠠᠨ ᠤ ᠬᠦᠢᠯᠭᠡᠭᠡᠨ ᠤ | ᠰᠢᠰᠲ᠋ᠧᠮ ᠠᠩᠬ᠎ᠠ ᠪᠦᠷᠢᠯᠳᠦᠪᠠ ᠵᠤᠭᠠᠴᠠᠬᠤ ᠠᠵᠤ ᠦᠢᠯᠡᠰ ᠤᠨ ᠬᠦᠷᠢᠶᠠᠯᠠᠩ᠂ ᠢᠤᠢ ᠴᠢᠤᠸᠠᠨ ᠱᠠᠨ ᠠᠮᠢ ᠠᠬᠤᠢ | ᠶᠢᠨ ᠵᠤᠭᠠᠴᠠᠯ ᠤᠨ ᠤᠷᠤᠨ᠂ ᠡᠮᠤᠨ᠎ᠠ ᠪᠤᠯᠠᠭᠳᠦ ᠶᠢᠨ ᠡᠷᠳᠡᠨ ᠤ ᠪᠠᠭᠤᠷᠢ ᠶᠢᠨ ᠴᠡᠴᠡᠷᠯᠢᠭ ᠤᠨ ᠪᠠᠶᠢᠭᠤᠯᠤᠯᠳᠠ᠂ ︽ | ᠳᠤᠮᠳᠠᠳᠤ ᠤᠯᠤᠰ ᠲᠤ ᠬᠠᠮᠤᠭ ᠭᠤᠶᠤ ᠠᠭᠤᠯᠠᠷᠬᠠᠭ ᠭᠠᠵᠠᠷ ᠤᠨ ᠲᠠᠯ᠎ᠠ ᠨᠤᠳᠤᠭ︾ ᠰᠤᠶᠤᠯ ᠵᠤᠭᠠᠴᠠᠯ ᠤᠨ | ᠨᠡᠷᠡᠳᠦ ᠳᠡᠮᠳᠡᠭ ᠤᠨ ᠨᠡᠷ᠎ᠠ ᠠᠯᠳᠠᠷ ᠪᠠ ᠨᠦᠯᠦᠭᠡᠯᠡᠬᠦ ᠬᠦᠴᠤᠨ ᠤᠯᠠᠮ ᠢᠶᠠᠷ ᠳᠡᠭᠡᠭᠰᠢᠯᠡᠪᠡ᠃ | ︵ᠭᠤᠷᠪᠠ︶ ᠰᠠᠭᠤᠷᠢ ᠲᠦᠬᠦᠭᠡᠷᠤᠮᠵᠢ ᠡᠳᠦᠷ ᠢᠷᠡᠬᠦᠶ᠎ᠡ ᠳᠡᠬᠦᠯᠳᠠᠷᠵᠢᠵᠤ᠂ ᠬᠦᠭᠵᠢᠯᠳᠠ ᠶᠢᠨ ᠤᠷᠴᠢᠨ | ᠳᠤᠭᠤᠷᠢᠨ ᠤᠯᠠᠮ ᠢᠶᠠᠷ ᠰᠠᠶᠢᠵᠢᠷᠠᠪᠠ᠃ ᠨᠠᠶᠢᠳᠡ 8 ᠳ᠋ᠦᠩᠰᠢᠭᠤᠷ ᠲᠦᠬᠦᠷᠢᠭ ᠪᠡᠯᠡ ᠤᠷᠤᠭᠤᠯᠤᠨ᠂ | ᠦᠯᠵᠠᠶᠢᠮᠦ᠋ᠷᠡᠨ ᠬᠦᠬᠦᠷᠭᠡ᠂ ᠶᠢᠩ ᠪᠢᠨ ᠬᠦᠬᠦᠷᠭᠡ᠂ ᠰᠢᠨ᠎ᠠ ᠠᠶᠠᠨᠴᠢᠳ ᠤᠨ ᠦᠷᠳᠡᠭᠡ᠂ ᠯᠦᠪᠸᠢ ᠶᠢᠨ ᠭᠤᠤᠯ | ᠬᠤᠳᠡ ᠶᠢᠨ ᠳᠤᠭᠤᠷᠢᠭ ᠤᠨ ᠭᠤᠤᠯ ᠤᠨ ᠠᠷᠠᠯ ᠢ ᠵᠠᠰᠠᠬᠤ᠂ ᠬᠤᠶᠠᠳᠤᠭᠠᠷ ᠬᠤᠭᠤᠴᠠᠭᠠᠨ ᠤ ᠪᠤᠵᠠᠷ ᠤᠰᠤ ᠶᠢ | ᠰᠢᠢᠳᠪᠤᠷᠢᠯᠡᠬᠦ ᠵᠡᠷᠭᠡ ᠨᠢᠭᠡ ᠪᠦᠯᠦᠭ ᠲᠦᠯᠦᠭᠡᠯᠡᠬᠦ ᠴᠢᠨᠠᠷ ᠲᠠᠢ ᠬᠤᠳᠡ ᠪᠠᠯᠭᠠᠰᠤᠨ ᠤ ᠪᠠᠶᠢᠭᠤᠯᠤᠯᠳᠠ ᠶᠢᠨ | ᠴᠢᠬᠤᠯᠠ ᠲᠦᠷᠦᠯ ᠵᠦᠢᠯ ᠢ ᠵᠠᠯᠭᠠᠪᠠᠷ ᠪᠠᠶᠢᠭᠤᠯᠵᠤ ᠳᠠᠭᠤᠰᠬᠠᠪᠠ᠃ ᠬᠤᠳᠡ ᠪᠠᠯᠭᠠᠰᠤᠨ ᠤ ᠪᠤᠷᠤᠭᠠᠨ ᠤ ᠤᠰᠤ | ᠪᠤᠵᠠᠷ ᠢ ᠵᠠᠯᠠᠬᠤ ᠬᠤᠭᠤᠯᠠᠢ ᠳᠤᠤᠷ᠂ ᠤᠰᠤ ᠬᠠᠩᠭᠠᠬᠤ ᠢᠯᠴᠢ ᠬᠠᠩᠭᠠᠬᠤ ᠦᠭᠡᠷᠡᠴᠢᠯᠠᠯᠳᠠ ᠶᠢᠨ ᠢᠨᠵᠧᠨ᠋ᠷᠢᠩ ᠢ | ᠬᠡᠷᠡᠭᠵᠢᠬᠦᠯᠪᠡ︔ 1.6 ᠳ᠋ᠦᠩᠰᠢᠭᠤᠷ ᠲᠦᠬᠦᠷᠢᠭ ᠪᠡᠯᠡ ᠤᠷᠤᠭᠤᠯᠤᠨ ᠵᠢᠶ᠋ᠨ ᠨᠧᠩ ᠢᠯᠴᠢ ᠬᠠᠩᠭᠠᠬᠤ ᠺᠤᠮᠫᠠᠨᠢ | ᠪᠠᠶᠢᠭᠤᠯᠤᠨ᠂ ᠭᠤᠤᠯ ᠬᠤᠳᠡ ᠳᠤᠭᠤᠷᠢᠭ ᠤᠨ ᠢᠯᠴᠢ ᠬᠠᠩᠭᠠᠬᠤ ᠴᠢᠨᠠᠷ ᠢᠯᠡᠷᠭᠡᠢ ᠳᠡᠭᠡᠭᠰᠢᠯᠡᠪᠡ ᠃ ᠯᠦᠪᠸᠢ | ᠭᠤᠤᠯ ᠢ ᠳᠤᠭᠤᠷᠢᠭᠰᠠᠨ ᠴᠡᠴᠡᠷᠯᠢᠭ᠂ ᠫᠤᠤ ᠲᠠᠢ ᠱᠠᠨ ᠴᠡᠴᠡᠷᠯᠢᠭ ᠤᠨ ᠶᠠᠪᠠᠭᠠᠨ ᠦᠵᠡᠮᠵᠢ ᠶᠢᠨ ᠵᠠᠮ ᠵᠢᠴᠢ | ᠯᠦᠪᠸᠢ ᠪᠠᠯᠭᠠᠰᠤᠨ ᠤ ᠬᠤᠳᠡ ᠶᠢᠨ ᠳᠤᠭᠤᠷᠢᠭ ᠤᠨ ᠤᠶᠢᠷ᠎ᠠ ᠤᠷᠴᠢᠮ ᠤᠨ ᠠᠭᠤᠯᠠ ᠶᠢ ᠶᠡᠷᠦᠩᠭᠡᠶᠢᠯᠡᠨ ᠵᠠᠰᠠᠬᠤ | ᠵᠡᠷᠭᠡ ᠨᠤᠭᠤᠭᠠᠷᠠᠭᠤᠯᠬᠤ ᠢᠨᠵᠧᠨ᠋ᠷᠢᠩ ᠢ ᠪᠡᠶᠡᠯᠡᠬᠦᠯᠵᠤ᠂ ᠭᠤᠤᠯ ᠬᠤᠳᠡ ᠶᠢᠨ ᠳᠤᠭᠤᠷᠢᠭ ᠤᠨ ᠨᠤᠭᠤᠭᠠᠷᠠᠯᠳᠠ | ᠶᠢᠨ ᠨᠤᠷᠮ᠎ᠠ 37.8 % ᠳᠤ ᠬᠦᠷᠴᠦ᠂ ︽ᠦᠪᠡᠷᠳᠡᠭᠡᠨ ᠵᠠᠰᠠᠬᠤ ᠤᠷᠤᠨ ᠤ ᠴᠡᠴᠷᠯᠢᠭᠳᠦ ᠰᠢᠶᠠᠨ ᠤ ᠬᠤᠳᠡ︾ | ᠶᠢ ᠠᠮᠵᠢᠯᠳᠠ ᠲᠠᠢ ᠪᠠᠷ ᠡᠬᠦᠳᠤᠨ ᠪᠠᠶᠢᠭᠤᠯᠪᠠ᠃ 20 ᠭᠠᠷᠤᠢ ᠳ᠋ᠦᠩᠰᠢᠭᠤᠷ ᠲᠦᠬᠦᠷᠢᠭ ᠪᠡᠯᠡ ᠤᠷᠤᠭᠤᠯᠤᠨ᠂ | ᠠᠵᠤ ᠦᠢᠯᠡᠳᠪᠤᠷᠢ ᠶᠢᠨ ᠳᠤᠭᠤᠷᠢᠭ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠭᠤᠷᠪᠠᠨ ᠠᠵᠤ | ᠦᠢᠯᠡᠳᠪᠤᠷᠢ ᠶᠢᠨ ᠳᠤᠭᠤᠷᠢᠭ ᠤᠨ ᠵᠠᠮ᠂ ᠴᠠᠬᠢᠯᠭᠠᠨ ᠬᠠᠩᠭᠠᠬᠤ᠂ ᠢᠯᠴᠢ ᠬᠠᠩᠭᠠᠬᠤ᠂ ᠪᠤᠬᠢᠷᠳᠤᠯ ᠢ | ᠭᠠᠳᠠᠭᠰᠢᠯᠠᠭᠤᠯᠬᠤ ᠵᠡᠷᠭᠡ ᠰᠠᠭᠤᠷᠢ ᠲᠦᠬᠦᠭᠡᠷᠤᠮᠵᠢ ᠤᠯᠠᠮ ᠢᠶᠠᠷ ᠳᠡᠬᠦᠯᠳᠠᠷᠵᠢᠵᠤ᠂ ᠳᠤᠭᠤᠷᠢᠭ ᠤᠨ ᠲᠠᠭᠠᠭᠠᠴᠠ | ᠶᠢᠨ ᠴᠢᠳᠠᠪᠤᠷᠢ ᠨᠠᠯᠢᠶᠠᠳ ᠳᠡᠭᠡᠭᠰᠢᠯᠡᠵᠤ᠂ ᠤᠷᠤᠵᠦ ᠨᠤᠳᠤᠭᠰᠢᠬᠤ ᠳᠠᠭᠠᠭᠤᠯᠬᠤ ᠦᠢᠯᠡᠳᠦᠯ ᠳᠠᠰᠤᠷᠠᠯᠳᠠ ᠦᠭᠡᠢ | ᠪᠠᠳᠠᠷᠠᠪᠠ᠃ 8 ᠳ᠋ᠦᠩᠰᠢᠭᠤᠷ ᠲᠦᠬᠦᠷᠢᠭ ᠪᠡᠯᠡ ᠤᠷᠤᠭᠤᠯᠤᠨ᠂ ᠳᠤᠰᠬᠤᠨ ᠳᠤ ᠨᠡᠪᠳᠡᠷᠡᠬᠦ ᠱᠤᠶᠢᠨᠢ ᠵᠠᠮ ᠢ 921 | ᠺᠢᠯᠤᠮᠧᠲᠷ᠂ ᠬᠦᠳᠡᠭᠡ ᠲᠤᠰᠬᠤᠨ ᠮᠠᠯᠵᠢᠬᠤ ᠤᠷᠤᠨ ᠤ ᠱᠦᠢᠨᠢ ᠵᠡᠭᠡᠯᠢ ᠭᠤᠳᠤᠮᠵᠢ ᠶᠢ 822 ᠺᠢᠯᠤᠮᠧᠲᠷ᠂ | ᠬᠦᠳᠡᠭᠡ ᠲᠤᠰᠬᠤᠨ ᠮᠠᠯᠵᠢᠬᠤ ᠤᠷᠤᠨ ᠤ ᠵᠠᠶᠢᠷ ᠴᠢᠯᠠᠭᠤᠨ ᠵᠠᠮ ᠢ 1606 ᠺᠢᠯᠤᠮᠧᠲᠷ ᠵᠠᠰᠠᠪᠠ᠃ ᠮᠤᠳᠤ ᠤᠰᠤᠨ | ᠴᠦᠬᠦᠷᠤᠮ ᠢ ᠡᠬᠢᠯᠠᠨ ᠪᠠᠶᠢᠭᠤᠯᠵᠤ᠂ ᠴᠠᠬᠢᠯᠭᠠᠨ᠂ ᠴᠢᠮᠡᠭᠡ ᠬᠤᠯᠪᠤᠭ᠎ᠠ ᠵᠡᠷᠭᠡ ᠨᠢᠭᠡ ᠪᠦᠯᠦᠭ ᠤᠯᠠᠨ ᠲᠦᠮᠡᠨ ᠤ | ᠳᠤᠰ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠬᠤ ᠴᠢᠬᠤᠯᠠ ᠢᠨᠵᠧᠨ᠋ᠷᠢᠩ ᠢ ᠵᠠᠯᠭᠠᠪᠠᠷ ᠬᠡᠷᠡᠭᠵᠢᠬᠦᠯᠵᠤ᠂ | ᠬᠦᠭᠵᠢᠯᠳᠠ ᠶᠢᠨ ᠵᠠᠯᠭᠠᠮᠵᠢ ᠬᠦᠴᠤᠨ ᠦᠷᠬᠦᠯᠵᠢᠯᠠᠨ ᠴᠢᠩᠭᠠᠷᠠᠪᠠ᠃ | ︵ᠲᠦᠷᠪᠡ︶ ᠠᠮᠢ ᠠᠬᠤᠢ ᠶᠢᠨ ᠤᠷᠴᠢᠨ ᠳᠤᠭᠤᠷᠢᠨ ᠦᠷᠬᠦᠯᠵᠢᠯᠠᠨ ᠰᠠᠶᠢᠵᠢᠷᠠᠵᠤ᠂ ᠠᠭᠤᠯᠠ ᠤᠰᠤ | ᠲᠠᠯ᠎ᠠ ᠨᠤᠳᠤᠭ ᠨᠡᠩ ᠭᠤᠶᠤ ᠰᠠᠶᠢᠬᠠᠨ ᠪᠤᠯᠪᠠ᠃ ᠬᠤᠷᠴᠢᠨ ᠤ ᠡᠯᠡᠰᠦᠷᠭᠡᠭ ᠭᠠᠵᠠᠷ ᠢ ︽ᠬᠤᠤᠰ ᠮᠢᠩᠭᠠᠨ ᠲᠦᠮᠡᠨ | ᠮᠤ᠋︾ ᠶᠡᠷᠦᠩᠭᠡᠶᠢᠯᠡᠨ ᠵᠠᠰᠠᠬᠤ᠂ ᠬᠠᠨ ᠠᠭᠤᠯᠠ ᠶᠢᠨ ᠠᠮᠢᠳᠤ ᠪᠤᠳᠠᠰ ᠤᠨ ᠤᠯᠠᠨ ᠶᠠᠩᠵᠤᠳᠤ ᠴᠢᠨᠠᠷ ᠤᠨ | ᠳᠠᠭᠤᠷᠢᠶᠠᠯ ᠦᠵᠡᠬᠦᠯᠬᠦ ᠤᠷᠤᠨ ᠤ ᠪᠠᠶᠢᠭᠤᠯᠤᠯᠳᠠ ᠪᠠ ᠰᠢᠨ᠎ᠠ ᠡᠭᠡᠯᠵᠢ ᠶᠢᠨ ᠳᠠᠷᠢᠶᠠᠯᠠᠬᠤ ᠶᠢ ᠵᠤᠭᠰᠤᠭᠠᠵᠤ ᠡᠪᠡᠰᠤ | ᠮᠤᠳᠤ ᠳᠠᠷᠢᠬᠤ ᠵᠡᠷᠭᠡ ᠠᠮᠢ ᠠᠬᠤᠢ ᠶᠢ ᠬᠠᠮᠠᠭᠠᠯᠠᠬᠤ ᠢᠨᠵᠧᠨ᠋ᠷᠢᠩ ᠢ ᠡᠬᠢᠯᠠᠨ ᠬᠡᠷᠡᠭᠵᠢᠬᠦᠯᠵᠤ᠂ ᠨᠠᠶᠢᠳᠡ ᠬᠦᠮᠦᠨ ᠤ | ᠬᠦᠴᠤ ᠪᠠᠷ 60 ᠲᠦᠮᠡᠨ ᠮᠤ᠋ ᠤᠶᠢᠵᠢᠭᠤᠯᠵᠤ᠂ 130 ᠲᠦᠮᠡᠨ ᠮᠤ᠋ ᠠᠭᠤᠯᠠ ᠶᠢ ᠪᠢᠳᠡᠬᠦᠮᠵᠢᠯᠠᠨ ᠤᠶᠢᠵᠢᠭᠤᠯᠵᠤ᠂ | ᠤᠢ ᠰᠢᠭᠤᠢ ᠶᠢᠨ ᠪᠦᠷᠬᠦᠴᠡ ᠶᠢᠨ ᠨᠤᠷᠮ᠎ᠠ 33.2% ᠬᠦᠷᠪᠡ︔ ᠬᠤᠶᠢᠳᠦ ᠬᠡᠰᠡᠭ ᠲᠤ ᠠᠮᠢᠳᠤ ᠪᠤᠳᠡᠰ ᠤᠨ | ᠤᠯᠠᠨ ᠶᠠᠩᠵᠤᠳᠤ ᠴᠢᠨᠠᠷ ᠪᠠ ᠤᠰᠤᠨ ᠤ ᠰᠤᠷᠪᠤᠯᠵᠢ ᠶᠢᠨ ᠭᠠᠵᠠᠷ᠂ ᠳᠤᠮᠳᠡ ᠬᠡᠰᠡᠭ ᠲᠪᠤ ᠵᠢᠵᠢᠭ ᠰᠠᠪᠠ ᠭᠠᠵᠠᠷ ᠢ | ᠵᠠᠰᠠᠬᠤ ᠪᠠ ᠦᠨᠳᠤᠰᠤᠨ ᠳᠠᠷᠢᠶ᠎ᠠ ᠶᠢ ᠬᠠᠮᠠᠭᠠᠯᠠᠬᠤ᠂ ᠡᠮᠤᠨ᠎ᠠ ᠬᠡᠰᠡᠭ ᠲᠤ ᠬᠠᠯᠬᠠᠪᠴᠢ ᠤᠢ ᠪᠠ ᠤᠷᠭᠤᠮᠠᠯ | ᠬᠤᠴᠢᠯᠭ᠎ᠠ ᠶᠢ ᠠᠶᠠᠨᠳᠠᠭᠠᠨ ᠰᠡᠷᠬᠦᠭᠡᠬᠦ ᠭᠤᠷᠪᠠᠨ ᠶᠡᠭᠡ ᠠᠮᠢ ᠠᠬᠤᠢ ᠶᠢᠨ ᠴᠢᠳᠠᠪᠬᠢ ᠤᠷᠤᠨ ᠢ ᠪᠦᠬᠦ ᠲᠠᠯ᠎ᠠ ᠪᠠᠷ | ᠪᠠᠶᠢᠭᠤᠯᠵᠤ᠂ ᠪᠢᠳᠡᠬᠦᠮᠵᠢᠯᠠᠨ ᠬᠠᠮᠠᠭᠠᠯᠠᠭᠰᠠᠨ ᠵᠢᠴᠢ ᠠᠮᠢ ᠠᠬᠤᠢ ᠶᠢᠨ ᠶᠡᠷᠦᠩᠭᠡᠢ ᠵᠠᠰᠠᠯᠳᠠ ᠶᠢᠨ ᠤᠷᠤᠨ 1200 | ᠲᠦᠮᠡᠨ ᠮᠤ᠋ ᠬᠦᠷᠪᠡ︔ 2.6 ᠳ᠋ᠦᠩᠰᠢᠭᠤᠷ ᠲᠦᠬᠦᠷᠢᠭ ᠪᠡᠯᠡ ᠤᠷᠤᠭᠤᠯᠤᠨ᠂ ᠠᠷᠤ ᠬᠦᠨᠳᠡᠯᠡᠨ ᠤ ᠠᠮᠢ ᠠᠬᠤᠢ | ᠶᠢᠨ ᠠᠷᠠᠳ ᠢ ᠨᠡᠬᠦᠯᠭᠡᠬᠦ ᠢᠨᠵᠧᠨ᠋ᠷᠢᠩ ᠢ ᠬᠡᠷᠡᠭᠵᠢᠬᠦᠯᠵᠤ᠂ 455 ᠡᠷᠦᠭᠡ᠂ 1251 ᠬᠦᠮᠦᠨ ᠢ ᠨᠡᠬᠦᠯᠭᠡᠨ | ᠲᠦᠪᠬᠢᠨᠡᠬᠦᠯᠵᠤ᠂ ᠨᠡᠬᠦᠨ ᠭᠠᠷᠤᠭᠰᠠᠨ ᠤᠷᠤᠨ ᠤ ᠠᠮᠢ ᠠᠬᠤᠢ ᠤᠷᠴᠢᠨ ᠳᠤᠭᠤᠷᠢᠨ ᠢ ᠪᠦᠳᠦᠮᠵᠢᠳᠠᠢ ᠬᠠᠮᠠᠭᠠᠯᠠᠪᠠ︔ | ᠬᠠᠨ ᠠᠭᠤᠯᠠ ᠤᠢ ᠰᠢᠭᠤᠢ ᠶᠢᠨ ᠳᠠᠯᠠᠪᠠᠢ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ | ᠪᠤᠯᠤᠨ ᠳᠠᠪᠰᠢᠵᠤ᠂ ᠬᠠᠨ ᠠᠭᠤᠯᠠ ᠤᠢ ᠰᠢᠭᠤᠢ ᠶᠢᠨ ᠠᠮᠢ ᠠᠬᠤᠢ ᠶᠢᠨ ᠤᠷᠤᠨ ᠪᠠᠶᠢᠷᠢ ᠶᠢ ᠳᠤᠭᠳᠠᠭᠠᠬᠤ | ᠰᠤᠳᠤᠯᠭᠠᠨ ᠤ ᠦᠷᠳᠡᠭᠡ ᠪᠠ ᠤᠢ ᠰᠢᠭᠤᠢ ᠶᠢᠨ ᠠᠮᠢ ᠠᠬᠤᠢ ᠶᠢᠨ ᠮᠦᠽᠸᠢ ᠶᠢᠨ ᠪᠠᠶᠢᠭᠤᠯᠤᠯᠳᠠ ᠶᠢ ᠳᠠᠭᠤᠰᠬᠠᠵᠤ | ᠠᠰᠢᠭᠯᠠᠯᠳᠠ ᠳᠤ ᠤᠷᠤᠭᠤᠯᠪᠠ︔ ᠤᠷᠴᠢᠨ ᠳᠤᠭᠤᠷᠢᠨ ᠢ ᠬᠠᠮᠠᠭᠠᠯᠠᠬᠤ ᠭᠤᠤᠯᠳᠠᠯᠭ᠎ᠠ ᠲᠠᠢ ᠢᠨᠵᠧᠨᠧᠷᠢᠭ ᠢ | ᠰᠢᠨᠵᠢᠯᠡᠬᠦ ᠤᠬᠠᠭᠠᠨᠴᠢ ᠪᠠᠷ ᠭᠡᠷᠡᠭᠵᠢᠬᠦᠯᠤᠨ᠂ ᠭᠤᠤᠯ ᠪᠤᠬᠢᠷᠳᠤᠯ ᠪᠤᠳᠠᠰ ᠢ ᠭᠠᠳᠠᠭᠰᠢᠯᠠᠭᠤᠯᠬᠤ ᠶᠢ ᠪᠠᠭᠠᠰᠬᠠᠬᠤ | ᠡᠬᠦᠷᠭᠡ ᠪᠠᠨ ᠳᠠᠪᠠᠭᠤᠯᠤᠨ ᠪᠡᠶᠡᠯᠡᠬᠦᠯᠪᠠ᠃ | ︵ᠳᠠᠪᠤ︶ ᠠᠷᠠᠳ ᠤᠨ ᠠᠮᠢᠳᠤᠷᠠᠯ ᠤᠨ ᠡᠯ᠎ᠡ ᠠᠵᠢᠯ ᠦᠢᠯᠡᠰ ᠵᠤᠬᠢᠴᠡᠨ ᠬᠦᠭᠵᠢᠵᠤ᠂ ᠨᠠᠶᠢᠭᠡᠮ ᠤᠨ | ᠶᠡᠷᠦᠩᠬᠡᠢ ᠪᠠᠶᠢᠳᠠᠯ ᠨᠠᠶᠢᠷᠰᠠᠭ ᠳᠤᠭᠳᠠᠭᠤᠨ ᠪᠤᠯᠪᠠ᠃ 2.2 ᠳ᠋ᠦᠩᠰᠢᠭᠤᠷ ᠲᠦᠬᠦᠷᠢᠭ ᠪᠡᠯᠡ ᠤᠷᠤᠭᠤᠯᠤᠨ᠂ | ᠰᠤᠷᠭᠠᠭᠤᠯᠢ ᠶᠢᠨ ᠠᠮᠤᠷ ᠲᠦᠪᠰᠢᠨ ᠭᠡᠷ ᠪᠠᠶᠢᠰᠢᠩ ᠤᠨ ᠢᠨᠵᠧᠨ᠋ᠷᠢᠩ ᠢ 14 ᠲᠦᠮᠡᠨ ᠳᠡᠭᠰᠢ ᠲᠦᠷᠪᠡᠯᠵᠢᠨ ᠮᠧᠲᠷ | ᠪᠠᠶᠢᠭᠤᠯᠪᠠ︔ ᠦᠨᠳᠤᠰᠤᠳᠡᠨ ᠤ ᠪᠠᠷᠢᠮᠵᠢᠶ᠋ᠵᠢᠭᠰᠠᠨ ᠰᠤᠷᠭᠠᠭᠤᠯᠢ᠂ ᠰᠤᠷᠡᠬᠤ ᠨᠠᠰᠤᠨ ᠠᠴᠠ ᠡᠮᠤᠨᠡᠭᠢ ᠰᠤᠷᠭᠠᠨ | ᠬᠦᠮᠦᠵᠢᠯ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠦᠭᠡᠷᠡᠴᠢᠯᠡᠯᠳᠡ ᠵᠡᠷᠭᠡ ᠰᠢᠷᠢᠰ ᠴᠢᠬᠤᠯᠠ ᠢᠨᠵᠧᠨ᠋ᠷᠢᠩ | ᠢ ᠬᠡᠷᠡᠭᠵᠢᠬᠦᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠳᠠᠩᠴᠡᠬᠦᠷᠢᠳᠠᠢ ᠬᠦᠭᠵᠢᠵᠤ᠂ ᠤᠯᠤᠰ ᠤᠨ ᠰᠤᠷᠭᠠᠨ | ᠬᠦᠮᠦᠵᠢᠯ ᠤᠨ ᠬᠢᠨᠠᠨ ᠪᠠᠶᠢᠴᠠᠭᠠᠯᠳᠠ ᠨᠤᠳᠠᠯᠠᠯᠳᠠ ᠶᠢ ᠤᠯᠪᠠ᠃ ᠡᠮ ᠡᠮᠨᠡᠯᠭᠡ ᠶᠢᠨ ᠪᠠᠳᠤᠯᠠᠪᠤᠷᠢ ᠶᠢᠨ ᠴᠢᠳᠠᠪᠤᠷᠢ | ᠤᠯᠠᠮ ᠨᠢᠭᠡ ᠠᠯᠬᠤᠮ ᠴᠢᠩᠭᠠᠷᠠᠪᠠ᠂ ᠬᠤᠳᠡ ᠬᠦᠳᠡᠭᠡ ᠶᠢ ᠪᠦᠷᠬᠦᠭᠰᠡᠨ ᠤᠯᠠᠨ ᠨᠠᠶᠢᠳᠡ ᠶᠢᠨ ᠡᠷᠡᠬᠦᠯ ᠬᠠᠮᠠᠭᠠᠯᠠᠯ | ᠪᠠ ᠡᠮ ᠡᠮᠨᠡᠯᠭᠡ ᠶᠢᠨ ᠰᠢᠰᠲ᠋ᠧᠮ ᠠᠩᠬ᠎ᠠ ᠪᠦᠷᠢᠯᠳᠦᠵᠤ᠂ ᠪᠦᠬᠦ ᠬᠤᠰᠢᠭᠤᠨ ᠤ ᠨᠠᠶᠢᠳᠡ ᠶᠢᠨ ᠡᠮᠨᠡᠯᠭᠡ ᠶᠢᠨ | ᠪᠠᠶᠢᠭᠤᠯᠤᠮᠵᠢ ᠪᠦᠬᠦᠨ ᠳᠤ ᠦᠨᠳᠤᠰᠤᠨ ᠡᠮᠳᠦ ᠪᠤᠳᠠᠰ ᠤᠨ ᠲᠦᠷᠢᠮ ᠢ ᠬᠡᠷᠡᠭᠵᠢᠬᠦᠯᠵᠤ᠂ ᠡᠮ ᠢᠶᠠᠷ ᠡᠮᠨᠡᠯᠭᠡ ᠶᠢ | ᠳᠡᠵᠢᠭᠡᠵᠤ ᠪᠠᠶᠢᠭᠰᠠᠨ ᠳᠤᠭᠳᠠᠴᠡ ᠶᠢ ᠪᠦᠷᠢᠮᠤᠰᠤᠨ ᠡᠪᠳᠡᠪᠡ᠃ ᠰᠤᠶᠤᠯ ᠤᠨ ᠦᠢᠯᠡᠰ ᠦᠷᠨᠢᠨ ᠬᠦᠭᠵᠢᠵᠤ᠂ | ᠷᠠᠳᠢᠤ᠋ ᠲᠧᠯᠸᠢᠰ ᠳᠤᠰᠬᠤᠨ ᠪᠦᠷᠢ ᠳᠤ ᠨᠡᠪᠳᠡᠷᠡᠵᠤ᠂ ᠡᠷᠦᠭᠡ ᠪᠦᠷᠢ ᠳᠤ ᠨᠡᠪᠳᠡᠷᠡᠬᠦ ᠶᠢ ᠦᠨᠳᠤᠰᠤᠨ ᠳᠡᠭᠡᠨ | ᠪᠦᠷᠬᠦᠬᠦᠯᠪᠡ᠃ ᠨᠠᠶᠢᠭᠡᠮ ᠤᠨ ᠪᠠᠳᠤᠯᠠᠭ᠎ᠠ ᠶᠢᠨ ᠠᠵᠢᠯ ᠪᠦᠬᠦ ᠲᠠᠯ᠎ᠠ ᠪᠠᠷ ᠴᠢᠩᠭᠠᠷᠠᠵᠤ᠂ 9368 ᠬᠦᠮᠦᠨ ᠳᠤ | ᠬᠤᠳᠡ ᠪᠠᠯᠭᠠᠰᠤᠨ ᠳᠤ ᠰᠢᠨᠡᠪᠡᠷ ᠠᠵᠢᠯ ᠤᠯᠭᠤᠵᠤ᠂ ᠡᠯ᠎ᠠ ᠵᠦᠢᠯ ᠤᠨ ᠲᠡᠳᠬᠦᠮᠵᠢ ᠶᠢᠨ ᠮᠦᠩᠭᠦ 7.86 | ᠳ᠋ᠦᠩᠰᠢᠭᠤᠷ ᠲᠦᠬᠦᠷᠢᠭ ᠳᠠᠷᠬᠠᠭᠠᠪᠠ᠂ ᠰᠢᠨ᠎ᠡ ᠬᠡᠯᠪᠡᠷᠢ ᠶᠢᠨ ᠬᠦᠳᠡᠭᠡ ᠲᠤᠰᠬᠤᠨ ᠤ ᠬᠤᠷᠰᠢᠭᠰᠠᠨ ᠡᠮᠨᠡᠯᠭᠡ ᠳᠤ | ᠤᠷᠤᠯᠴᠠᠭᠰᠠᠨ ᠨᠤᠷᠮ᠎ᠠ 98% ᠬᠦᠷᠴᠤ᠂ ᠠᠷᠠᠳ ᠢ ᠬᠠᠷᠠᠭᠠᠯᠵᠠᠬᠤ ︽1 ᠳᠤᠨ ᠨᠡᠬᠦᠷᠠᠰᠤ︾ ᠲᠠᠷᠬᠠᠭᠠᠭᠰᠠᠨ | ᠪᠡᠯᠡ ᠮᠦᠩᠭᠦ 1.2 ᠳ᠋ᠦᠩᠰᠢᠭᠤᠷ ᠲᠦᠬᠦᠷᠢᠭ ᠲᠤ ᠬᠦᠷᠴᠦ᠂ 8.2 ᠲᠦᠮᠡᠨ ᠳᠠᠷᠢᠶᠠᠴᠢᠨ ᠮᠠᠯᠴᠢᠨ ᠡᠷᠦᠭᠡ ᠶᠢ | ᠬᠠᠷᠠᠭᠠᠯᠵᠠᠪᠠ᠃ ᠶᠠᠳᠠᠭᠤ ᠶᠢ ᠲᠡᠳᠬᠦᠬᠦ ᠠᠵᠢᠯ ᠢ ᠬᠦᠨᠵᠡᠭᠡᠢ ᠠᠬᠢᠭᠤᠯᠵᠤ᠂ ᠡᠯ᠎ᠠ ᠲᠦᠷᠦᠯ ᠤᠨ ᠪᠡᠯᠡ ᠮᠦᠩᠭᠦ | ᠶᠢ 2.15 ᠳ᠋ᠦᠩᠰᠢᠭᠤᠷ ᠲᠦᠬᠦᠷᠢᠭ ᠨᠡᠶᠢᠯᠡᠬᠦᠯᠤᠨ᠂ 3.94 ᠲᠦᠮᠡᠨ ᠬᠦᠮᠦᠨ ᠢ ᠲᠤᠭᠳᠠᠭᠤᠨ ᠢᠶᠠᠷ ᠶᠠᠳᠠᠭᠤ | ᠠᠴᠠ ᠠᠩᠭᠢᠵᠢᠷᠠᠭᠤᠯᠪᠠ᠃ ᠰᠢᠨᠵᠢᠯᠡᠭᠡ ᠮᠡᠷᠭᠡᠵᠢᠯ ᠤᠨ ᠦᠷ᠎ᠠ ᠪᠦᠳᠦᠮᠵᠢ ᠶᠢ ᠳᠠᠳᠠᠨ ᠤᠷᠤᠭᠤᠯᠵᠦ | ᠳᠡᠯᠭᠡᠷᠡᠬᠦᠯᠦᠭᠰᠡᠨ ᠠᠮᠵᠢᠯᠳᠠ ᠳᠤᠪᠤᠶᠢᠮ᠎ᠠ᠂ ᠰᠢᠨᠵᠢᠯᠡᠭᠡ ᠮᠡᠷᠭᠡᠵᠢᠯ ᠤᠨ ᠬᠤᠪᠢ ᠨᠡᠮᠡᠬᠦᠷᠢ ᠶᠢᠨ ᠨᠤᠷᠮ᠎ᠠ 43% | ᠪᠤᠯᠪᠠ᠃ ᠵᠦᠷᠢᠴᠠᠯ ᠮᠠᠷᠭᠤᠭᠠᠨ ᠢ ᠵᠢᠭᠰᠠᠭᠠᠨ ᠪᠠᠶᠢᠴᠠᠭᠠᠵᠤ ᠰᠢᠢᠳᠪᠤᠷᠢᠯᠡᠬᠦ ᠠᠵᠢᠯ ᠢ ᠨᠠᠷᠢᠨ ᠬᠢᠨᠠᠮᠠᠭᠠᠢ | ᠦᠷᠨᠢᠬᠦᠯᠤᠨ᠂ ᠵᠠᠬᠢᠳᠠᠯ ᠰᠤᠷᠪᠤᠯᠵᠢᠯᠠᠭ᠎ᠠ ᠶᠢᠨ ᠳᠤᠭᠳᠠᠭᠤᠨ ᠢ ᠬᠠᠮᠠᠭᠠᠯᠠᠬᠤ ᠡᠯ᠎ᠠ ᠵᠦᠢᠯ ᠤᠨ ᠠᠷᠭ᠎ᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠠᠮᠤᠷ ᠢ ᠬᠠᠮᠠᠭᠠᠯᠠᠬᠤ ᠰᠡᠷᠭᠡᠶᠢᠯᠡᠬᠦ ᠡᠵᠡᠮᠳᠡᠬᠦ ᠰᠢᠰᠲ᠋ᠧᠮ ᠪᠠ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠳᠠ ᠶᠢᠨ ᠳᠤᠭᠳᠠᠴᠡ ᠶᠢᠨ ᠪᠠᠶᠢᠭᠤᠯᠤᠯᠳᠠ ᠳᠠᠰᠤᠷᠠᠯᠳᠠ ᠦᠭᠡᠢ ᠴᠢᠩᠭᠠᠷᠠᠪᠠ᠃ ᠬᠢᠨᠠᠨ | ᠬᠠᠮᠢᠶᠠᠷᠬᠤ ᠴᠢᠳᠠᠪᠤᠷᠢ ᠪᠠᠨ ᠨᠠᠶᠢᠯᠡᠬᠦᠯᠤᠨ᠂ ᠵᠠᠬ᠎ᠠ ᠳᠡᠯᠭᠡᠬᠦᠷ ᠢ ᠬᠢᠨᠠᠨ ᠬᠠᠮᠢᠶᠠᠷᠬᠤ ᠳᠤᠪᠴᠢᠶ᠎ᠠ ᠪᠠᠶᠢᠭᠤᠯᠵᠤ᠂ | ᠵᠠᠬ᠎ᠠ ᠳᠡᠯᠭᠡᠬᠦᠷ ᠢ ᠬᠢᠨᠠᠨ ᠬᠠᠮᠢᠶᠠᠷᠬᠤ ᠰᠢᠨ᠎ᠠ ᠰᠢᠰᠲ᠋ᠧᠮ ᠢᠳᠡᠭ ᠢᠳᠡᠭ ᠢᠶᠠᠷ ᠪᠦᠷᠢᠯᠳᠦᠪᠠ᠃ ᠨᠠᠮ ᠤᠨ | ᠦᠨᠳᠤᠰᠤᠨ ᠱᠠᠰᠢᠨ ᠰᠤᠷᠳᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠦᠨᠳᠤᠰᠤᠳᠠᠨ ᠨᠦᠭᠦᠳ ᠪᠠᠷᠠᠯᠠᠨ ᠰᠠᠬᠢᠵᠤ ᠬᠠᠷᠢᠯᠴᠠᠨ ᠬᠠᠪᠰᠤᠷᠤᠯᠴᠠᠵᠤ᠂ ᠬᠠᠮᠳᠤᠪᠠᠷ ᠦᠨᠳᠤᠰᠤᠳᠠᠨ ᠤ | ᠪᠦᠯᠬᠦᠮᠳᠠᠯ ᠳᠠᠪᠰᠢᠯᠳᠠ ᠶᠢᠨ ᠰᠢᠨ᠎ᠠ ᠬᠠᠭᠤᠳᠠᠰᠤ ᠶᠢ ᠪᠢᠴᠢᠭᠯᠡᠪᠡ᠃ | ︵ᠵᠢᠷᠭᠤᠭ᠎ᠠ︶ ᠵᠠᠰᠠᠭ ᠤᠨ ᠤᠷᠳᠤᠨ ᠡᠬᠦᠷᠭᠡ ᠴᠢᠳᠠᠪᠤᠷᠢ ᠶᠢᠨ ᠬᠤᠪᠢᠷᠠᠯᠳᠠ ᠲᠦᠷᠭᠡᠳᠴᠤ᠂ ᠳᠤᠰ ᠪᠡᠶ᠎ᠡ | ᠶᠢᠨ ᠪᠠᠶᠢᠭᠤᠯᠤᠯᠳᠠ ᠪᠦᠬᠦ ᠲᠠᠯ᠎ᠠ ᠪᠠᠷ ᠴᠢᠩᠭᠠᠷᠠᠪᠠ᠃ ᠨᠠᠮ ᠤᠨ ᠤᠯᠠᠨ ᠲᠦᠮᠨᠨᠴᠢ ᠱᠤᠭᠤᠮ᠂ ︽ᠭᠤᠷᠪᠠᠨ | ᠴᠢᠩᠭ᠎ᠠ ᠭᠤᠷᠪᠠᠨ ᠪᠤᠳᠠᠳᠠᠢ︾ ᠰᠤᠷᠭᠠᠨ ᠬᠦᠮᠦᠵᠢᠯ ᠤᠨ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠬᠦᠯᠤᠨ᠂ | ᠲᠦᠪ ᠤᠨ ᠨᠠᠢᠮᠠᠨ ᠵᠦᠢᠯ ᠤᠨ ᠳᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠳᠠᠯ︾ ᠤᠨ | ᠲᠠᠯ᠎ᠠ ᠶᠢᠨ ᠳᠤᠪᠤᠶᠢᠮ᠎ᠠ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠴᠡᠭᠴᠡᠯᠡᠵᠤ᠂ ᠺᠠᠳ᠋ᠷ ᠤᠨ ᠰᠤᠷᠳᠠᠯ ᠢᠯᠡᠷᠭᠡᠢ | ᠰᠠᠶᠢᠵᠢᠷᠠᠪᠠ᠃ ᠬᠠᠤᠯᠢ ᠪᠠᠷ ᠬᠤᠰᠢᠭᠤ ᠪᠠᠨ ᠵᠠᠰᠠᠬᠤ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠤᠯᠤᠰ ᠤᠨ ︽ | ᠵᠢᠷᠭᠤᠭ᠎ᠠ ᠳᠠᠪᠤ︾ ᠶᠢᠨ ᠬᠠᠤᠯᠢ ᠲᠦᠭᠡᠮᠡᠯᠵᠢᠬᠦᠯᠬᠦ ᠳᠤᠮᠳᠠ ᠬᠤᠭᠤᠴᠠᠭᠠᠨ ᠤ ᠳᠠᠷᠢᠬᠦᠨ ᠤ ᠬᠤᠰᠢᠭᠤ ᠶᠢ | ᠠᠮᠵᠢᠯᠳᠠ ᠲᠠᠢ ᠡᠬᠦᠳᠤᠨ ᠪᠠᠶᠢᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠳᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠤᠯᠤᠰ ᠲᠦᠷᠦ ᠶᠢᠨ ᠵᠦᠪᠯᠡᠯᠭᠡᠨ ᠪᠠ ᠨᠠᠶᠢᠭᠡᠮ ᠤᠨ ᠡᠯ᠎ᠠ ᠡᠳᠡᠭᠡᠳ ᠤᠨ ᠬᠢᠨᠠᠯᠳᠠ ᠶᠢ ᠤᠬᠠᠮᠰᠠᠷ ᠠᠴᠠ ᠪᠠᠨ | ᠬᠦᠯᠢᠶᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠠᠨᠠᠯ ᠳᠤᠷᠠᠳᠤᠯᠭ᠎ᠠ ᠶᠢ 30 ᠬᠤᠪᠢ᠂ | ᠰᠠᠨᠠᠭᠤᠯᠭ᠎ᠠ ᠶᠢ 303 ᠬᠤᠪᠢ᠂ ᠤᠯᠤᠰ ᠲᠦᠷᠦ ᠶᠢᠨ ᠵᠦᠪᠯᠡᠯᠭᠡᠨ ᠤ ᠰᠠᠨᠠᠯ ᠵᠦᠪᠯᠡᠯᠭᠡ ᠶᠢ 288 ᠬᠤᠪᠢ | ᠬᠦᠢᠴᠡᠳᠭᠡᠵᠤ᠂ ᠳᠠᠭᠤᠰᠬᠠᠭᠰᠠᠨ ᠨᠤᠷᠮ᠎ᠠ 100% ᠬᠦᠷᠪᠠ᠃ ︽ᠭᠤᠷᠪᠠᠨ ᠠᠯᠪᠠᠨ ᠤ ᠰᠦᠢᠳᠭᠡᠯ︾ ᠤᠨ | ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠠᠯᠪᠠᠨ ᠤ ᠳᠡᠷᠭᠡ ᠬᠦᠰᠭᠡ ᠶᠢᠨ ᠬᠡᠷᠡᠭᠯᠡᠭᠡᠨ ᠤ ᠬᠠᠮᠢᠶᠠᠷᠤᠯᠳᠠ ᠪᠠᠨ | ᠴᠢᠩᠭᠠᠳᠬᠠᠵᠤ᠂ 1.3 ᠲᠦᠮᠡᠨ ᠳᠡᠭᠰᠢ ᠲᠦᠷᠪᠡᠯᠵᠢᠨ ᠮᠧᠲᠷ ᠠᠯᠪᠠᠨ ᠭᠡᠷ ᠢ ᠰᠤᠯᠠᠯᠠᠨ ᠭᠠᠷᠭᠠᠪᠠ᠃ ᠵᠠᠰᠠᠭ ᠤᠨ | ᠤᠷᠳᠤᠨ ᠤ ᠬᠠᠤᠯᠢ ᠲᠦᠷᠢᠮ ᠪᠠ ᠬᠢᠨᠠᠨ ᠪᠠᠶᠢᠴᠠᠭᠠᠬᠤ ᠠᠵᠢᠯ ᠢ ᠲᠠᠰᠤᠷᠠᠯᠳᠠ ᠦᠭᠡᠢ ᠴᠢᠩᠭᠠᠳᠬᠠᠵᠤ᠂ ᠵᠠᠰᠠᠭ | ᠵᠠᠬᠢᠷᠭᠠᠨ ᠤ ᠬᠢᠨᠠᠨ ᠪᠠᠶᠢᠴᠠᠭᠠᠯᠳᠠ᠂ ᠬᠢᠨᠠᠨ ᠪᠤᠳᠤᠯᠳᠠ ᠬᠢᠨᠠᠯᠳᠠ᠂ ᠴᠢᠭᠡᠴᠢ ᠵᠠᠰᠠᠭ ᠤᠨ ᠪᠠᠶᠢᠭᠤᠯᠤᠯᠳᠠ ᠪᠠ | ᠢᠯᠵᠡᠷᠡᠯ ᠢ ᠡᠰᠡᠷᠬᠦᠴᠡᠬᠦ ᠠᠵᠢᠯ ᠰᠢᠨ᠎ᠠ ᠦᠷ᠎ᠠ ᠪᠦᠳᠦᠮᠵᠢ ᠤᠯᠪᠠ᠃ | ᠰᠠᠶ᠋ᠢᠬᠠᠨ ᠦᠩᠭᠡᠷᠡᠭᠰᠡᠨ 2015 ᠤᠨ ᠳᠤ᠂ ᠪᠢᠳᠡ ᠰᠠᠨᠠᠭᠠᠴᠢᠯᠠᠭ᠎ᠠ ᠠᠴᠠ ᠪᠠᠨ ᠠᠵᠤ ᠠᠬᠤᠢ ᠶᠢᠨ ᠰᠢᠨ᠎ᠠ | ᠪᠠᠶᠢᠳᠠᠯ ᠳᠤ ᠵᠤᠬᠢᠴᠠᠵᠤ᠂ ᠬᠦᠭᠵᠢᠯᠳᠠ ᠶᠢᠨ ᠰᠡᠳᠬᠢᠴᠡ ᠪᠠᠨ ᠲᠠᠰᠤᠷᠠᠯᠳᠠ ᠦᠭᠡᠢ ᠲᠡᠬᠦᠯᠳᠠᠷᠵᠢᠬᠦᠯᠤᠨ᠂ | ᠬᠦᠭᠵᠢᠯᠳᠠ ᠶᠢᠨ ᠳᠤᠮᠳᠠᠭᠢ ᠬᠦᠴᠢᠷᠳᠠᠢ ᠠᠰᠠᠭᠤᠳᠠᠯ ᠢ ᠬᠦᠴᠤᠯᠠᠨ ᠰᠢᠢᠳᠪᠤᠷᠢᠯᠡᠵᠤ᠂ ᠬᠤᠰᠢᠭᠤᠨ ᠤ ᠠᠷᠪᠠᠨ | ᠳᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠷᠪᠡᠳᠦᠭᠡᠷ ᠤᠳᠠᠭᠠᠨ ᠤ | ᠬᠤᠷᠠᠯᠳᠤᠭᠠᠨ ᠳᠤ ᠳᠤᠷᠠᠳᠤᠭᠰᠠᠨ ᠡᠯ᠎ᠠ ᠲᠦᠷᠦᠯ ᠤᠨ ᠡᠬᠦᠷᠭᠡ ᠪᠠᠨ ᠳᠡᠬᠦᠰ ᠪᠡᠶᠡᠯᠡᠬᠦᠯᠵᠤ᠂ ᠠᠵᠤ ᠠᠬᠤᠢ ᠨᠠᠶᠢᠭᠡᠮ | ᠤᠨ ᠬᠦᠭᠵᠢᠯᠳᠠ ᠶᠢᠨ ᠰᠢᠨ᠎ᠠ ᠪᠠᠶᠢᠳᠠᠯ ᠢ ᠤᠯᠠᠮ ᠨᠢᠭᠡ ᠠᠯᠬᠤᠮ ᠨᠡᠭᠡᠭᠡᠪᠡ᠃ ᠨᠢᠭᠡ ᠵᠢᠯ ᠤᠨ ᠳᠤᠷᠰᠢ ᠪᠢᠳᠡ | ᠭᠤᠤᠯᠳᠠᠭᠤ ᠳᠤᠤᠷᠡᠭᠢ ᠠᠵᠢᠯ ᠢ ᠬᠢᠪᠠ᠃ ᠨᠢᠭᠡ ᠳᠤ ᠠᠵᠤ ᠦᠢᠯᠡᠳᠪᠤᠷᠢ ᠶᠢᠨ ᠠᠵᠤ ᠠᠬᠤᠢ ᠶᠢᠨ ᠬᠦᠭᠵᠢᠯᠳᠠ | ᠰᠢᠨ᠎ᠠ ᠰᠢᠪᠳᠤᠯᠤᠯᠳᠠ ᠲᠠᠢ ᠪᠤᠯᠪᠠ᠃ ᠪᠦᠬᠦ ᠠᠵᠤ ᠦᠢᠯᠡᠳᠪᠤᠷᠢ ᠶᠢᠨ ᠠᠵᠤ ᠠᠬᠤᠶᠢᠯᠠᠯ ᠤᠨ ᠪᠡᠶᠡᠯᠡᠬᠦᠯᠦᠭᠰᠡᠨ | ᠨᠡᠮᠡᠭᠳᠠᠯ ᠦᠷᠳᠡᠭ 94.9 ᠳ᠋ᠦᠩᠰᠢᠭᠤᠷ ᠲᠦᠬᠦᠷᠢᠭ ᠬᠦᠷᠴᠤ᠂ 8.8% ᠨᠡᠮᠡᠭᠳᠡᠪᠡ᠂ ᠰᠢᠨ᠎ᠠ ᠨᠡᠮᠡᠭᠳᠡᠭᠰᠡᠨ | ᠬᠡᠪᠴᠢᠶᠡᠵᠢᠭᠰᠡᠨ ᠠᠵᠤ ᠠᠬᠤᠶᠢᠯᠠᠯ 5 ᠪᠤᠯᠵᠤ᠂ ᠪᠦᠬᠦ ᠵᠢᠯ ᠳᠤ ᠠᠵᠤ ᠦᠢᠯᠡᠳᠪᠤᠷᠢ ᠶᠢᠨ ᠲᠦᠷᠦᠯ ᠵᠦᠢᠯ ᠢ 37 | ᠪᠠᠶᠢᠭᠤᠯᠪᠠ᠃ ᠳᠢᠶᠠᠨ ᠰᠦᠸᠧ ᠬᠦᠩᠭᠡᠨᠴᠠᠭᠠᠨ ᠪᠤᠯᠪᠠᠰᠤᠷᠠᠭᠤᠯᠬᠤ᠂ ᠶᠤᠸᠠᠨ ᠳ᠋ᠦᠩ ᠬᠦᠩᠭᠡᠨᠴᠠᠭᠠᠨ | ᠪᠤᠯᠪᠠᠰᠤᠷᠠᠭᠤᠯᠬᠤ ᠵᠡᠷᠭᠡ 12 ᠲᠦᠷᠦᠯ ᠵᠦᠢᠢᠯ ᠢ ᠪᠠᠶᠢᠭᠤᠯᠤᠨ ᠳᠠᠭᠤᠰᠬᠠᠵᠤ ᠠᠰᠢᠭᠯᠠᠯᠳᠠ ᠳᠤ ᠤᠷᠤᠭᠤᠯᠪᠠ︔ | ᠹᠦ᠋ ᠳ᠋ᠧ ᠺᠠᠩ ᠨᠠᠢ ᠡᠯ ᠶᠢᠨ ᠡᠲ᠋ᠢᠯ ᠬᠤᠶᠠᠷᠴᠢ ᠠᠯᠠᠺᠦᠤᠯ᠂ ᠪᠠᠩ ᠵᠢᠸ᠋ ᠠᠯᠠᠰᠢᠨ ᠦᠭᠡᠷ ᠬᠤᠨᠢ ᠨᠢᠳᠤᠯᠠᠨ | ᠪᠤᠯᠪᠠᠰᠤᠷᠠᠭᠤᠯᠬᠤ ᠵᠡᠷᠭᠡᠲ᠋ᠦ᠋ᠷᠦᠯ ᠵᠦᠢᠯ ᠤᠨ ᠪᠠᠶᠢᠭᠤᠯᠤᠯᠳᠠ ᠶᠢ ᠳᠤᠭᠳᠠᠭᠤᠨ ᠢᠶᠠᠷ ᠠᠬᠢᠭᠤᠯᠪᠠ︔ ᠵᠠᠷᠤᠳ | ᠬᠤᠰᠢᠭᠤ ᠠᠴᠠ ᠱᠠᠨᠳᠦ᠋ᠩ ᠤᠨ ᠴᠢᠩ ᠵᠸᠤ ᠬᠦᠷᠬᠦ±800 ᠺᠢᠯᠤᠸᠠᠲ ᠦᠨᠳᠤᠷ ᠬᠦᠴᠤᠳᠠᠯᠳᠤ ᠬᠦᠶᠤᠳᠠᠯ | ᠰᠤᠯᠢᠬᠤ ᠦᠷᠳᠡᠭᠡ᠂ ᠳᠤᠮᠳᠠᠳᠤ ᠶᠢᠨ ᠴᠠᠬᠢᠯᠭᠠᠨ ᠤ ᠤᠯᠠᠨ ᠤᠯᠤᠰ ᠤᠨ 2 ×100 ᠲᠦᠮᠡᠨ ᠺᠢᠯᠤᠸᠠᠲ ᠤᠨ | ᠢᠯᠴᠢᠳᠦ ᠴᠠᠬᠢᠯᠭᠠᠨ᠂ ᠵᠠᠷᠤᠳ ᠬᠦᠩᠭᠡᠨᠴᠠᠭᠠᠨ ᠤ ᠬᠤᠶᠠᠳᠤᠭᠠᠷ ᠬᠤᠭᠤᠴᠠᠭᠠᠨ ᠤ 43 ᠲᠦᠮᠡᠨ ᠳᠤᠨ ᠴᠠᠬᠢᠯᠭᠠᠨ | ᠵᠠᠳᠠᠯᠤᠯᠳᠠ ᠶᠢᠨ ᠬᠦᠩᠭᠡᠨᠴᠠᠭᠠᠨ ᠵᠢᠴᠢ 2 ×35 ᠲᠦᠮᠡᠨ ᠺᠢᠯᠤᠸᠠᠲ ᠤᠨ ᠢᠯᠴᠢᠳᠦ ᠴᠠᠬᠢᠯᠭᠠᠨ ᠤ ᠮᠠᠰᠢᠨ | ᠴᠤᠭᠴᠠᠪᠤᠷᠢ ᠵᠡᠷᠭᠡ ᠶᠡᠭᠡ ᠲᠦᠷᠦᠯ ᠵᠦᠢᠯ ᠤᠨ ᠡᠮᠤᠨᠡᠭᠢ ᠬᠤᠭᠤᠴᠠᠭᠠᠨ ᠤ ᠠᠵᠢᠯ ᠢ ᠡᠬᠢᠯᠡᠬᠦᠯᠵᠦ ᠪᠠᠶᠢᠨ᠎ᠠ᠃ | ᠭᠤᠷᠪᠠᠨ ᠠᠵᠤ ᠦᠢᠯᠡᠳᠪᠤᠷᠢ ᠶᠢᠨ ᠳᠤᠭᠤᠷᠢᠭ ᠤᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠳᠤ 8.65 | ᠳ᠋ᠦᠩᠰᠢᠭᠤᠷ ᠲᠦᠬᠦᠷᠢᠭ ᠪᠡᠯᠡ ᠤᠷᠤᠭᠤᠯᠤᠨ᠂ ᠰᠢᠨ᠎ᠠ ᠨᠡᠮᠡᠭᠳᠡᠭᠰᠡᠨ ᠳᠠᠯᠠᠪᠠᠢ 1.27 ᠲᠡᠭᠰᠢ ᠲᠦᠷᠪᠡᠯᠵᠢᠨ | ᠺᠢᠯᠤᠮᠧᠲᠷ ᠬᠦᠷᠴᠤ᠂ ᠠᠵᠤ ᠦᠢᠯᠡᠳᠪᠤᠷᠢ ᠶᠢᠨ ᠳᠤᠭᠤᠷᠢᠭ ᠤᠨ ᠪᠤᠷᠤᠯᠠᠭᠤᠯᠤᠯᠳᠠ ᠶᠢᠨ ᠤᠷᠤᠯᠭ᠎ᠠ 263.5 | ᠳ᠋ᠦᠩᠰᠢᠭᠤᠷ ᠲᠦᠬᠦᠷᠢᠭ᠂ 7.6% ᠨᠡᠮᠡᠭᠳᠡᠪᠡ᠃ ᠬᠤᠶᠠᠷ ᠲᠤ ᠬᠦᠳᠡᠭᠡ ᠳᠤᠰᠬᠤᠨ ᠮᠠᠯᠵᠢᠬᠤ ᠤᠷᠤᠨ ᠤ ᠠᠵᠢᠯ | ᠰᠢᠨ᠎ᠠ ᠠᠬᠢᠴᠡ ᠲᠠᠢ ᠪᠤᠯᠪᠠ᠃ ᠤᠰᠤ ᠠᠷᠪᠢᠯᠠᠬᠤ ᠦᠨᠳᠤᠷ ᠤᠨᠠᠯᠳᠠᠳᠦ ᠦᠨᠳᠤᠷ ᠦᠷ᠎ᠠ ᠠᠰᠢᠭᠳᠦ ᠳᠠᠷᠢᠶ᠎ᠠ 8 | ᠲᠦᠮᠡᠨ ᠮᠤ᠋ ᠰᠢᠨᠡᠪᠡᠷ ᠨᠡᠮᠡᠭᠳᠡᠵᠤ᠂ ᠦᠨᠳᠤᠷ ᠦᠷ᠎ᠠ ᠠᠰᠢᠭᠳᠠᠢ ᠤᠨᠴᠠᠯᠢᠭᠳᠤ ᠳᠡᠷᠢᠮᠠᠯ 10 ᠲᠦᠮᠡᠨ ᠮᠤ᠋ ᠳᠠᠷᠢᠵᠤ᠂ | ᠦᠨᠳᠤᠷ ᠤᠨᠠᠯᠳᠠ ᠲᠠᠢ ᠳᠠᠭᠤᠷᠢᠶᠠᠯ ᠦᠵᠡᠬᠦᠯᠬᠦ ᠤᠷᠤᠨ ᠢ 5.15 ᠲᠦᠮᠡᠨ ᠮᠤ᠋ ᠪᠠᠶᠢᠭᠤᠯᠵᠤ᠂ ᠠᠮᠤ ᠪᠤᠳᠠᠭᠠᠨ ᠤ | ᠶᠡᠷᠦᠩᠭᠡᠢ ᠤᠨᠠᠯᠳᠠ 18 ᠳ᠋ᠦᠩᠰᠢᠭᠤᠷ ᠵᠢᠩ ᠬᠦᠷᠪᠡ︔ ᠬᠡᠪᠴᠢᠶᠡᠵᠢᠭᠰᠡᠨ ᠳᠡᠵᠢᠭᠡᠪᠤᠷᠢ ᠶᠢᠨ ᠳᠠᠯᠠᠪᠠᠢ ᠵᠢᠴᠢ | ᠪᠠᠭ᠎ᠠ ᠳᠤᠭᠤᠷᠢᠭ ᠢ 30 ᠰᠢᠨᠡᠪᠡᠷ ᠪᠠᠶᠢᠭᠤᠯᠵᠤ᠂ ᠮᠠᠯ ᠠᠵᠤ ᠠᠬᠤᠢ ᠶᠢᠨ ᠳᠤᠭᠠᠯᠠᠯᠭᠠ ᠳᠤ ᠪᠤᠳᠠ ᠪᠤᠭ ᠮᠠᠯ ᠤᠨ | ᠳᠤᠭ᠎ᠠ 552 ᠲᠦᠮᠡᠨ ᠳᠤᠯᠤᠭᠠᠢ ᠬᠦᠷᠪᠡ᠃ ︽ᠠᠷᠪᠠ ᠶᠢ ᠪᠦᠷᠬᠦᠬᠦᠯᠬᠦ︾ ᠢᠨᠵᠧᠨ᠋ᠷᠢᠩ ᠢ ᠯᠠᠪᠳᠠᠭᠤᠨ ᠢᠶᠠᠷ | ᠠᠬᠢᠭᠤᠯᠵᠤ᠂ 12.59 ᠳ᠋ᠦᠩᠰᠢᠭᠤᠷ ᠲᠦᠬᠦᠷᠢᠭ ᠪᠡᠯᠡ ᠤᠷᠤᠭᠤᠯᠤᠨ᠂ 125 ᠭᠠᠴᠠᠭ᠎ᠠ ᠲᠤᠰᠬᠤᠨ ᠬᠤᠪᠢᠶᠠᠷᠢ | ᠳᠠᠯᠠᠪᠠᠢ ᠳᠤ ᠪᠠᠶᠢᠭᠤᠯᠤᠯᠳᠠ ᠬᠢᠵᠤ᠂ ᠡᠬᠦᠨ ᠳᠤ ᠦᠨᠳᠤᠷ ᠪᠠᠷᠢᠮᠵᠢᠶ᠎ᠠ ᠪᠠᠷ 53 ᠳᠠᠭᠤᠷᠢᠶᠠᠯ ᠦᠵᠡᠬᠦᠯᠬᠦ | ᠭᠠᠴᠠᠭ᠎ᠠ ᠲᠤᠰᠬᠤᠨ ᠬᠤᠪᠢᠶᠠᠷᠢ ᠲᠠᠯᠠᠪᠠᠢ ᠶᠢ ᠲᠦᠯᠦᠪᠵᠢᠬᠦᠯᠤᠨ ᠪᠠᠶᠢᠭᠤᠯᠵᠤ᠂ ᠬᠦᠳᠡᠭᠡ ᠲᠤᠰᠬᠤᠨ ᠮᠠᠯᠵᠢᠬᠤ | ᠤᠷᠤᠨ ᠤ ᠪᠠᠶᠢᠳᠠᠯ ᠯᠤᠳᠤ ᠶᠡᠭᠡ ᠬᠤᠪᠢᠷᠠᠯᠳᠠ ᠲᠠᠢ ᠪᠤᠯᠵᠤ᠂ ᠬᠤᠳᠡ ᠬᠦᠳᠡᠭᠡ ᠶᠢᠨ ᠨᠠᠶᠢᠳᠡ ᠶᠢᠨ ᠦᠢᠯᠡᠴᠢᠯᠡᠭᠡᠨ | ᠤ ᠵᠦᠷᠢᠶ᠎ᠠ ᠢᠳᠡᠭ ᠢᠳᠡᠭ ᠢᠶᠠᠷ ᠪᠠᠭᠠᠰᠪᠠ᠃ ᠭᠤᠷᠪᠠ ᠳᠤ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ | ᠬᠦᠭᠵᠢᠯᠳᠠ ᠰᠢᠨ᠎ᠠ ᠠᠬᠢᠴᠡ ᠲᠠᠢ ᠪᠤᠯᠪᠠ᠃ ᠿᠧᠨ ᠶᠤᠸᠠᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠬᠦᠢᠯᠭᠡᠭᠡᠨ ᠤ | ᠲᠦᠷᠦᠯ ᠵᠦᠢᠯ ᠤᠨ ᠨᠢᠭᠡᠳᠦᠭᠡᠷ ᠬᠤᠭᠤᠴᠠᠭᠠᠨ ᠤ ᠢᠨᠵᠧᠨ᠋ᠷᠢᠩ ᠢ ᠡᠬᠢᠯᠠᠨ ᠪᠠᠶᠢᠭᠤᠯᠵᠤ᠂ ᠲᠠᠷᠢᠶᠠᠯᠠᠩ ᠤᠨ ᠮᠠᠰᠢᠨ | ᠤ ᠵᠠᠬ᠎ᠠ ᠳᠡᠯᠭᠡᠬᠦᠷ᠂ ᠪᠠᠷᠢᠯᠭ᠎ᠠ ᠶᠢᠨ ᠮᠠᠲ᠋ᠧᠷᠢᠶᠠᠯ ᠤᠨ ᠵᠠᠬ᠎ᠠ ᠳᠡᠯᠭᠡᠬᠦᠷ᠂ ᠨᠡᠬᠦᠷᠠᠰᠤ ᠪᠤᠷᠤᠯᠠᠭᠤᠯᠬᠤ ᠵᠠᠬ᠎ᠠ ᠳᠡᠯᠭᠡᠬᠦᠷ | ᠠᠰᠢᠭᠯᠠᠯᠳᠠ ᠳᠤ ᠤᠷᠤᠪᠠ᠂ ᠬᠤᠳᠡ ᠶᠢᠨ ᠵᠡᠬᠦᠨᠳᠡᠭᠢ ᠳᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠬᠦᠷ ᠤᠨ | ᠲᠦᠯᠦᠪᠵᠢᠬᠦᠯᠭᠡ ᠵᠢᠷᠤᠭ ᠲᠦᠯᠦᠪᠯᠡᠭᠡ ᠬᠢᠬᠦ ᠠᠵᠢᠯ ᠢ ᠳᠠᠭᠤᠰᠬᠠᠵᠤ᠂ ᠵᠠᠷᠤᠳ ᠪᠠᠷᠠᠭ᠎ᠠ ᠬᠤᠳᠠᠯᠳᠤᠭᠠᠨ ᠤ | ᠲᠦᠪ ᠤᠨ ᠠᠮᠤᠷ ᠲᠦᠪᠰᠢᠨ ᠤ ᠲᠠᠯᠳᠠ ᠬᠡᠮ ᠢ ᠴᠡᠭᠴᠡᠯᠡᠬᠦ ᠠᠵᠢᠯ ᠢ ᠡᠬᠢᠯᠠᠨ ᠬᠡᠷᠡᠭᠵᠢᠬᠦᠯᠪᠠ᠃ ᠡᠯᠧᠺᠲᠷᠤᠨ | ᠬᠤᠳᠠᠯᠳᠤᠭᠠᠨ ᠤ ᠶᠠᠪᠤᠳᠠᠯ ᠤᠨ ᠬᠦᠭᠵᠢᠯᠳᠠ ᠰᠢᠨ᠎ᠠ ᠰᠢᠪᠳᠤᠯᠤᠯᠳᠠ ᠲᠠᠢ ᠪᠤᠯᠵᠤ᠂ 7 ᠴᠠᠬᠢᠯᠭᠠᠨ ᠬᠡᠷᠡᠭᠰᠡᠯ ᠤᠨ | ᠬᠤᠳᠠᠯᠳᠤᠭᠠᠨ ᠤ ᠠᠵᠤ ᠠᠬᠤᠶᠢᠯᠠᠯ ᠢ ᠳᠠᠳᠠᠨ ᠤᠷᠤᠭᠤᠯᠵᠤ᠂ ᠭᠠᠴᠠᠭ᠎ᠠ ᠲᠤᠰᠬᠤᠨ ᠤ ᠡᠯᠧᠺᠲᠷᠤᠨ ᠬᠤᠳᠠᠯᠳᠤᠭᠠᠨ | ᠤ ᠦᠢᠯᠡᠴᠢᠯᠡᠭᠡᠨ ᠤ ᠦᠷᠳᠡᠭᠡ ᠶᠢ 237 ᠪᠠᠶᠢᠭᠤᠯᠵᠤ᠂ ᠳᠤᠤᠷ ᠰᠦᠯᠵᠢᠶ᠎ᠠ ᠳᠠᠬᠢ ᠠᠷᠠᠯᠵᠢᠶᠠᠯᠠᠭᠰᠠᠨ ᠨᠤᠷᠮ᠎ᠠ | 3000 ᠲᠦᠮᠡᠨ ᠲᠦᠬᠦᠷᠢᠭ ᠠᠴᠠ ᠳᠡᠭᠡᠭᠰᠢ ᠬᠦᠷᠪᠡ︔ | ︽ᠵᠠᠷᠤᠳ ᠳᠠᠯ᠎ᠠ ᠨᠤᠳᠤᠭ ᠤᠨ ᠬᠤᠨᠢ︾ ᠪᠦᠬᠦ ᠤᠷᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ | ᠠᠬᠤᠢ ᠳᠠᠯᠠᠪᠠᠢ ᠶᠢᠨ ᠬᠤᠷᠠᠯ ᠳᠡᠭᠡᠷ᠎ᠠ ᠴᠤᠷ ᠤᠨ ᠭᠠᠭᠴᠡ ᠤᠷᠤᠨ ᠨᠤᠳᠤᠭ ᠤᠨ ᠨᠡᠷᠡᠳᠦ ᠳᠡᠮᠳᠡᠭ ᠢᠶᠠᠷ | ᠳᠤᠭᠳᠠᠭᠠᠭᠳᠠᠨ ᠳᠠᠨᠢᠯᠴᠠᠭᠤᠯᠤᠭᠳᠠᠪᠠ᠃ ᠰᠤᠶᠤᠯ ᠵᠤᠭᠠᠴᠠᠯ ᠤᠨ ᠦᠢᠯᠡᠰ ᠲᠦᠷᠭᠡᠨ ᠬᠦᠭᠵᠢᠵᠤ᠂ ᠢᠤᠢ ᠴᠢᠤᠸᠠᠨ | ᠱᠠᠨ ᠠᠮᠢ ᠠᠬᠤᠢ ᠶᠢᠨ ᠵᠤᠭᠠᠴᠠᠯ ᠤᠨ ᠤᠷᠤᠨ᠂ ᠡᠮᠤᠨ᠎ᠠ ᠪᠤᠯᠠᠭᠳᠤ ᠶᠢᠨ ᠡᠷᠳᠡᠨ ᠤ ᠪᠠᠭᠤᠷᠢ ᠶᠢᠨ ᠴᠡᠴᠡᠷᠯᠢᠭ ᠤᠨ | ᠪᠠᠶᠢᠭᠤᠯᠤᠯᠳᠠ ᠲᠦᠷᠭᠡᠳᠴᠤ᠂ ᠮᠠᠨ ᠤ ᠬᠤᠰᠢᠭᠤ ᠠᠽᠢᠶ᠎ᠠ ᠶᠢᠨ ᠦᠨᠳᠤᠰᠤᠳᠠᠨ ᠤ ᠵᠠᠩ ᠳᠠᠳᠬᠠᠯ ᠢᠶᠠᠷ ᠬᠠᠮᠤᠭ | ᠬᠦᠨ ᠵᠤᠵᠠᠭᠠᠨ ᠵᠤᠭᠠᠴᠠᠯ ᠤᠨ ᠭᠠᠵᠠᠷ ᠤᠨ ᠨᠢᠭᠡ ᠪᠠᠷ ᠦᠨᠡᠯᠡᠭᠳᠡᠪᠡ᠃ ᠲᠦᠷᠪᠡ ᠳᠤ ᠬᠤᠳᠡ ᠬᠦᠳᠡᠭᠡ ᠶᠢᠨ | ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠳᠠᠬᠢᠨ ᠰᠢᠨ᠎ᠠ ᠱᠠᠳᠤᠨ ᠳᠤ ᠠᠬᠢᠪᠠ᠃ ︽ᠨᠢᠭᠡ ᠵᠠᠭᠡᠯᠢ ᠨᠢᠭᠡ ᠵᠠᠮ | ᠨᠢᠭᠡ ᠪᠠᠯᠭᠠᠰᠤ ᠨᠢᠭᠡ ᠨᠠᠶᠢᠭᠡᠮ ᠳᠤᠭᠤᠷᠢᠭ︾᠂ ᠫᠤᠤ ᠲᠠᠢ ᠱᠠᠨ ᠴᠡᠴᠡᠷᠯᠢᠭ ᠤᠨ ᠬᠤᠶᠠᠳᠤᠭᠠᠷ ᠬᠤᠭᠤᠴᠠᠭ᠎ᠠ᠂ ᠵᠠᠮ | ᠤᠨ ᠬᠤᠭᠤᠯᠠᠢ ᠳᠤᠤᠷ ᠢ ᠦᠭᠡᠷᠡᠴᠢᠯᠡᠬᠦ ᠵᠢᠴᠢ ᠤᠳᠤ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠬᠤ ᠦᠭᠡᠷᠡᠴᠢᠯᠠᠯᠳᠠ | ᠵᠡᠷᠭᠡ ᠬᠤᠳᠡ ᠬᠦᠳᠡᠭᠡ ᠶᠢᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠᠵᠢᠨ ᠢᠨᠵᠧᠨ᠋ᠷᠢᠩ ᠢ ᠬᠡᠷᠡᠭᠵᠢᠬᠦᠯᠪᠠ︔ | ᠰᠢᠶᠠᠩᠱᠠᠨ ᠵᠡᠭᠡᠯᠢ ᠶᠢ ᠦᠭᠡᠷᠡᠴᠢᠯᠠᠨ ᠦᠷᠭᠡᠳᠭᠡᠬᠦ ᠪᠠᠶᠢᠭᠤᠯᠤᠯᠳᠠ ᠪᠠ ᠤᠯᠤᠰ ᠤᠨ ᠭᠠᠵᠠᠷ ᠰᠢᠷᠤᠢ ᠶᠢᠨ | ᠳᠤᠪᠴᠢᠶᠠᠨ ᠤ ᠵᠡᠬᠦᠨ ᠳᠠᠬᠢ ᠵᠠᠮ ᠢ ᠵᠠᠰᠠᠬᠤ ᠢᠨᠵᠧᠨ᠋ᠷᠢᠩ ᠢ ᠡᠬᠢᠯᠠᠨ ᠬᠡᠷᠡᠭᠵᠢᠬᠦᠯᠵᠤ᠂ ᠭᠤᠤᠯ ᠵᠡᠭᠡᠯᠢ ᠵᠠᠮ ᠢ 15 | ᠲᠦᠮᠡᠨ ᠳᠡᠭᠰᠢ ᠲᠦᠷᠪᠡᠯᠵᠢᠨ ᠮᠧᠲᠷ ᠦᠭᠡᠷᠡᠴᠢᠯᠠᠨ ᠵᠠᠰᠠᠵᠤ᠂ ᠭᠤᠤᠯ ᠵᠡᠭᠡᠯᠢ ᠶᠢᠨ ᠬᠠᠵᠠᠭᠤ ᠪᠠᠷ 2.6 ᠲᠦᠮᠡᠨ | ᠳᠡᠭᠰᠢ ᠲᠦᠷᠪᠡᠯᠵᠢᠨ ᠮᠧᠲᠷ ᠬᠠᠳᠠᠭᠤᠷᠠᠭᠤᠯᠵᠤ᠂ ᠡᠯ᠎ᠠ ᠲᠦᠷᠦᠯ ᠤᠨ ᠭᠠᠵᠠᠷ ᠳᠤᠤᠷᠡᠭᠢ ᠬᠤᠭᠤᠯᠠᠢ ᠳᠤᠤᠷ ᠢ 20 | ᠭᠠᠷᠤᠢ ᠺᠢᠯᠤᠮᠧᠲᠷ ᠦᠭᠡᠷᠡᠴᠢᠯᠠᠨ ᠵᠠᠰᠠᠵᠤ ᠳᠡᠪᠢᠰᠪᠡ︔ ᠲᠤᠰᠬᠤᠨ ᠳᠤ ᠨᠡᠪᠳᠡᠷᠡᠬᠦ ᠱᠦᠢᠨᠢ ᠵᠠᠮ ᠢ 246 | ᠺᠢᠯᠤᠮᠧᠲᠷ ᠰᠢᠨᠡᠪᠡᠷ ᠵᠠᠰᠠᠵᠤ᠂ ᠭᠠᠴᠠᠭ᠎ᠠ ᠲᠤᠰᠬᠤᠨ ᠤ ᠵᠡᠭᠡᠯᠢ ᠭᠤᠳᠤᠮᠵᠢ ᠶᠢ 375 ᠺᠢᠯᠤᠮᠧᠲᠷ | ᠬᠠᠳᠠᠭᠤᠷᠠᠭᠤᠯᠵᠤ᠂ 870 ᠺᠢᠯᠤᠮᠧᠲᠷ ᠵᠠᠶᠢᠷ ᠴᠢᠯᠠᠭᠤᠨ ᠵᠠᠮ ᠳᠡᠪᠢᠰᠪᠡ᠂ ᠲᠦᠩᠯᠢᠶᠤᠤ ᠠᠴᠠ ᠯᠦᠪᠸᠢ ᠬᠦᠷᠬᠦ | ᠲᠡᠭᠡᠳᠦ ᠬᠤᠷᠳᠤᠴᠠᠳᠦ ᠵᠠᠰᠠᠮᠠᠯ ᠵᠠᠮ ᠨᠢᠭᠡᠨᠳᠡ ᠠᠵᠢᠯ ᠡᠬᠢᠯᠠᠪᠠ᠃ ᠳᠠᠪᠤ ᠨᠢ ᠦᠭᠡᠷᠡᠴᠢᠯᠠᠯᠳᠠ ᠨᠢᠭᠡᠭᠡᠯᠳᠡ ᠶᠢᠨ | ᠰᠢᠨ᠎ᠠ ᠬᠦᠳᠡᠯᠬᠡᠬᠦ ᠬᠦᠴᠤᠨ ᠢ ᠤᠷᠮᠠᠰᠢᠭᠤᠯᠪᠠ᠃ ᠵᠠᠰᠠᠭ ᠢ ᠴᠤᠮᠬᠠᠳᠬᠠᠵᠦ ᠡᠷᠭᠡ ᠶᠢ ᠳᠠᠯᠪᠢᠬᠤ ᠶᠢ ᠬᠦᠨᠵᠡᠭᠡᠢ | ᠠᠬᠢᠭᠤᠯᠤᠨ᠂ ᠡᠷᠭᠡ ᠶᠢᠨ ᠴᠡᠪᠡᠷ ᠳᠠᠩᠰᠡ ᠶᠢᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠤᠨ᠂ 52 ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠢ ᠦᠭᠡᠶᠢᠰᠭᠡᠪᠡ︔ ᠬᠦᠳᠡᠭᠡ ᠲᠤᠰᠬᠤᠨ ᠮᠠᠯᠵᠢᠬᠤ ᠤᠷᠤᠨ ᠤ | ᠦᠭᠡᠷᠡᠴᠢᠯᠠᠯᠳᠠ ᠶᠢ ᠬᠦᠨᠵᠡᠭᠡᠶᠢᠷᠡᠬᠦᠯᠤᠨ᠂ ᠨᠤᠳᠤᠭ ᠪᠡᠯᠴᠢᠭᠡᠷ ᠤᠨ ᠡᠷᠭᠡ ᠶᠢ ᠳᠤᠳᠤᠯᠠᠵᠤ ᠲᠠᠩᠰᠠᠯᠠᠬᠤ ᠦᠨᠡᠮᠯᠠᠯ | ᠳᠠᠷᠬᠠᠭᠠᠬᠤ ᠠᠵᠢᠯ ᠢ ᠲᠡᠬᠦᠰᠭᠡᠪᠡ︔ ᠠᠷᠠᠯᠵᠢᠶᠠᠨ ᠤ ᠶᠠᠪᠤᠳᠠᠯ ᠤᠨ ᠦᠭᠡᠷᠡᠴᠢᠯᠠᠯᠳᠠ ᠶᠢ ᠬᠦᠨᠵᠡᠭᠡᠶᠢᠷᠡᠬᠦᠯᠤᠨ᠂ | ᠭᠤᠷᠪᠠᠨ ᠦᠨᠠᠮᠯᠠᠯ ᠶᠢ ᠨᠢᠭᠡᠳᠭᠡᠬᠦ᠂ ᠨᠢᠭᠡ ᠦᠨᠠᠮᠯᠠᠯ ᠨᠢᠭᠡ ᠲᠡᠮᠳᠡᠭ ᠢᠶᠠᠷ ᠳᠠᠩᠰᠠᠯᠠᠬᠤ ᠲᠦᠷᠢᠮ ᠢ ᠬᠡᠷᠡᠭᠵᠢᠬᠦᠯᠵᠤ᠂ | ᠵᠠᠬ᠎ᠠ ᠳᠡᠯᠭᠡᠬᠦᠷ ᠤᠨ ᠠᠮᠢᠵᠢᠷᠠᠯ ᠤᠨ ᠬᠦᠴᠤᠨ ᠢ ᠪᠦᠳᠦᠮᠵᠢᠳᠠᠢ ᠤᠷᠮᠠᠰᠢᠭᠤᠯᠪᠠ︔ ᠠᠯᠪᠠᠨ ᠠᠴᠠ ᠡᠷᠬᠢᠯᠡᠭᠰᠡᠨ | ᠡᠮᠨᠡᠯᠭᠡ ᠶᠢᠨ ᠬᠤᠷᠢᠶ᠎ᠠ᠂ ᠵᠢᠵᠢᠭ ᠬᠡᠯᠪᠡᠷᠢ ᠶᠢᠨ ᠤᠰᠤᠨ ᠠᠰᠢᠭᠯᠠᠯᠳᠠ ᠶᠢᠨ ᠬᠠᠮᠢᠶᠠᠷᠤᠯᠳᠠ ᠶᠢᠨ ᠪᠠᠶᠢᠭᠤᠯᠤᠮᠵᠢ | ᠵᠡᠷᠭᠡ ᠶᠢᠨ ᠦᠭᠡᠷᠡᠴᠢᠯᠠᠯᠳᠠ ᠶᠢᠨ ᠠᠵᠢᠯ ᠳᠤ ᠱᠠᠳᠤᠴᠢ ᠴᠢᠨᠠᠷ ᠲᠠᠢ ᠠᠮᠵᠢᠯᠳᠠ ᠤᠯᠪᠠ᠃ ᠭᠠᠳᠠᠭᠠᠳᠤ ᠨᠡᠭᠡᠭᠡᠯᠳᠡ | ᠶᠢᠨ ᠲᠦᠪᠰᠢᠨ ᠲᠠᠰᠤᠷᠠᠯᠳᠠ ᠦᠭᠡᠢ ᠳᠡᠭᠡᠭᠰᠢᠯᠡᠵᠤ᠂ ᠤᠷᠤᠰ ᠮᠤᠩᠭᠤᠯ ᠬᠤᠶᠠᠷ ᠤᠯᠤᠰ ᠲᠠᠢ 7 ᠬᠠᠮᠵᠢᠯᠴᠠᠬᠤ | ᠬᠡᠯᠡᠯᠴᠡᠭᠡᠷ ᠳᠤᠭᠳᠠᠵᠤ᠂ ᠮᠤᠩᠭᠤᠯ ᠤᠯᠤᠰ ᠤᠨ ᠬᠤᠶᠠᠷ ᠬᠢᠵᠠᠭᠠᠷ ᠤᠷᠤᠨ ᠲᠠᠢ ᠨᠦᠬᠦᠷᠰᠡᠭ ᠬᠤᠳᠡ ᠶᠢᠨ | ᠬᠠᠷᠢᠴᠠᠭ᠎ᠠ ᠪᠠᠶᠢᠭᠤᠯᠪᠠ︔ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ | ᠪᠦᠯᠬᠦᠮ ᠳᠠᠭᠠᠭᠤᠯᠤᠨ ᠬᠤᠳᠠᠯᠳᠤᠭᠠᠴᠢᠨ ᠤᠷᠢᠵᠤ ᠪᠡᠯᠡ ᠳᠠᠳᠠᠵᠤ᠂ 13 ᠭᠠᠳᠠᠭᠰᠢ ᠳᠤᠮᠢᠯᠠᠭᠰᠠᠨ | ᠬᠤᠳᠠᠯᠳᠤᠭᠠᠴᠢᠨ ᠤᠷᠢᠬᠤ ᠠᠩᠭᠢ ᠢᠳᠡᠪᠬᠢᠳᠠᠢ ᠪᠠᠷ ᠠᠵᠤ ᠠᠬᠤᠶᠢᠯᠠᠯ ᠲᠠᠢ ᠬᠡᠯᠡᠯᠴᠡᠭᠡᠷ ᠬᠢᠵᠤ᠂ 42 ᠲᠦᠷᠦᠯ | ᠵᠦᠢᠯ ᠳᠤ ᠭᠡᠷ᠎ᠠ ᠳᠤᠭᠳᠠᠪᠠ᠂ ᠪᠤᠳᠠᠳᠠᠢ ᠪᠦᠷᠢᠨᠰᠢᠭᠰᠡᠨ ᠪᠡᠯᠡ ᠮᠦᠩᠭᠦ 102 ᠳ᠋ᠦᠩᠰᠢᠭᠤᠷ ᠲᠦᠬᠦᠷᠢᠭ ᠬᠦᠷᠪᠡ᠃ | ᠵᠢᠷᠭᠤᠭ᠎ᠠ ᠨᠢ ᠨᠠᠶᠢᠭᠡᠮ ᠤᠨ ᠡᠯ᠎ᠡ ᠠᠵᠢᠯ ᠦᠢᠯᠡᠰ ᠤᠨ ᠰᠢᠨ᠎ᠠ ᠪᠠᠶᠢᠳᠠᠯ ᠢ ᠨᠡᠭᠡᠭᠡᠪᠡ᠃ 6 ᠳ᠋ᠦᠩᠰᠢᠭᠤᠷ ᠲᠦᠬᠦᠷᠢᠭ | ᠪᠡᠯᠡ ᠨᠡᠶᠢᠯᠡᠬᠦᠯᠤᠨ᠂ ︽ᠠᠷᠪᠠᠨ ᠠᠷᠠᠳ ᠤᠨ ᠠᠮᠢᠳᠤᠷᠠᠯ ᠤᠨ ᠢᠨᠵᠧᠨ᠋ᠷᠢᠩ︾ ᠢ ᠬᠡᠷᠡᠭᠵᠢᠬᠦᠯᠦᠨ᠂ ᠦᠷ᠎ᠠ ᠳ᠋ᠦᠩ | ᠨᠢ ᠦᠷᠭᠡᠨ ᠤᠯᠠᠨ ᠠᠷᠠᠳ ᠲᠦᠮᠡᠨ ᠢ ᠬᠠᠮᠤᠷᠠᠪᠠ᠃ 7450 ᠲᠦᠮᠡᠨ ᠲᠦᠬᠦᠷᠢᠭ ᠪᠡᠯᠡ ᠤᠷᠤᠭᠤᠯᠤᠨ᠂ | 2400 ᠡᠷᠦᠭᠡ᠂ 6400 ᠶᠠᠳᠠᠭᠤ ᠬᠦᠴᠢᠷᠳᠠᠢ ᠬᠦᠮᠦᠨ ᠠᠮᠠ ᠶᠢ ᠳᠤᠭᠳᠠᠭᠤᠨ ᠢᠶᠠᠷ ᠶᠠᠳᠠᠭᠤ ᠠᠴᠠ | ᠠᠩᠭᠢᠵᠢᠷᠠᠭᠤᠯᠪᠠ︔ ᠬᠤᠳᠡ ᠪᠠᠯᠭᠠᠰᠤᠨ ᠳᠤ 1823 ᠬᠦᠮᠦᠨ ᠢ ᠰᠢᠨᠡᠪᠡᠷ ᠠᠵᠢᠯ ᠤᠯᠭᠤᠵᠤ᠂ ᠬᠤᠳᠡ | ᠪᠠᠯᠭᠠᠰᠤᠨ ᠤ ᠳᠠᠩᠰᠠᠯᠠᠭᠰᠠᠨ ᠠᠵᠢᠯ ᠠᠯᠳᠠᠬᠤ ᠨᠤᠷᠮ᠎ᠠ ᠶᠢ 3.9% ᠳᠤᠳᠤᠷ᠎ᠠ ᠬᠢᠵᠠᠭᠠᠷᠯᠠᠪᠠ︔ ᠨᠠᠰᠤᠵᠢᠯ ᠤᠨ | ᠠᠰᠠᠷᠠᠮᠵᠢ᠂ ᠡᠮ ᠡᠮᠨᠡᠯᠭᠡ᠂ ᠠᠵᠢᠯ ᠠᠯᠳᠠᠬᠤ᠂ ᠠᠵᠢᠯ ᠤᠨ ᠰᠢᠷᠠᠭᠳᠤᠯ᠂ ᠦᠷᠠᠵᠢᠯ ᠤᠨ ᠳᠠᠭᠠᠳᠬᠠᠯ ᠳᠤ | ᠤᠷᠤᠯᠴᠠᠭᠰᠠᠨ ᠬᠦᠮᠦᠨ 26 ᠲᠦᠮᠡ ᠬᠦᠷᠴᠤ᠂ 2.58 ᠳ᠋ᠦᠩᠰᠢᠭᠤᠷ ᠲᠦᠬᠦᠷᠢᠭ ᠰᠠᠭᠤᠷᠢ ᠮᠦᠩᠭᠦ | ᠳᠠᠳᠠᠪᠤᠷᠢᠯᠠᠪᠠ︔ ᠬᠤᠳᠡ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠮᠦᠩᠭᠦ᠂ ᠳᠠᠪᠤᠨ ᠪᠠᠳᠤᠯᠠᠭ᠎ᠠ ᠶᠢᠨ ᠠᠰᠠᠷᠠᠨ | ᠳᠡᠵᠢᠭᠡᠬᠦ ᠮᠦᠩᠭᠦ᠂ ᠬᠤᠳᠡ ᠬᠦᠳᠡᠭᠡ ᠶᠢᠨ ᠡᠮ ᠡᠮᠨᠡᠯᠭᠡ ᠶᠢᠨ ᠠᠪᠤᠷᠠᠨ ᠳᠤᠰᠠᠯᠠᠬᠤ ᠮᠦᠩᠭᠦ᠂ ᠦᠳᠡᠭᠦᠰ ᠤᠨ | ᠨᠦᠬᠦᠪᠤᠷᠢ ᠵᠡᠷᠭᠡ ᠠᠪᠤᠷᠠᠨ ᠲᠤᠰᠠᠯᠠᠬᠤ ᠪᠡᠯᠡ ᠮᠦᠩᠭᠦ ᠶᠢ 1.35 ᠳ᠋ᠦᠩᠰᠢᠭᠤᠷ ᠲᠦᠬᠦᠷᠢᠭ ᠳᠠᠷᠬᠠᠭᠠᠪᠠ᠃ | ᠨᠡᠶᠢᠭᠡᠮ ᠤᠨ ᠡᠯ᠎ᠠ ᠠᠵᠢᠯ ᠦᠢᠯᠡᠰ ᠪᠦᠬᠦ ᠲᠠᠯ᠎ᠠ ᠪᠠᠷ ᠬᠦᠭᠵᠢᠵᠤ᠂ ᠨᠢᠭᠡ ᠪᠦᠯᠦᠭ ᠤᠯᠠᠨ ᠲᠦᠮᠡᠨ ᠤ ᠳᠤᠰ ᠪᠡᠶ᠎ᠡ | ᠶᠢᠨ ᠠᠰᠢᠭ ᠲᠤᠰᠠ ᠲᠠᠢ ᠬᠤᠯᠪᠤᠭᠳᠠᠬᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠳᠠᠷᠤᠶᠢᠬᠠᠨ | ᠰᠢᠢᠳᠪᠤᠷᠢᠯᠡᠵᠤ ᠪᠦᠳᠦᠮᠵᠢᠳᠠᠢ ᠨᠠᠮᠳᠠᠭᠤᠯᠪᠠ᠂ ᠨᠠᠶᠢᠭᠡᠮ ᠤᠨ ᠶᠡᠷᠦᠩᠬᠡᠢ ᠪᠠᠶᠢᠳᠠᠯ ᠡᠶ᠎ᠡ ᠵᠤᠬᠢᠴᠠᠩᠭᠤᠢ ᠳᠤᠭᠳᠠᠭᠤᠨ | ᠪᠠᠶᠢᠵᠤ᠂ ᠠᠷᠠᠳ ᠤᠨ ᠠᠮᠢᠳᠤᠷᠠᠯ ᠦᠷᠬᠦᠯᠵᠢᠯᠠᠨ ᠰᠠᠶᠢᠵᠢᠷᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ | ᠤᠨ ᠬᠦᠭᠵᠢᠯᠳᠠ ᠶᠢᠨ ᠵᠤᠬᠢᠴᠠᠩᠭᠤᠢ ᠴᠢᠨᠠᠷ ᠤᠯᠠᠮ ᠨᠢᠭᠡ ᠠᠯᠬᠤᠮ ᠴᠢᠩᠭᠠᠷᠠᠪᠠ᠃ ᠳᠤᠭ᠎ᠠ ᠪᠦᠷᠢᠳᠭᠡᠯ᠂ ᠲᠠᠩᠰᠠ | ᠡᠪᠭᠡᠮᠡᠯ᠂ ᠠᠷᠠᠳ ᠤᠨ ᠠᠭᠠᠷ ᠤᠨ ᠰᠡᠷᠭᠡᠶᠢᠯᠠᠯᠳᠠ᠂ ᠴᠠᠭ ᠠᠭᠤᠷ᠂ ᠠᠵᠢᠯᠴᠢᠨ ᠤ ᠡᠪᠯᠡᠯ᠂ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ᠂ ᠦᠳᠦᠬᠦᠰ ᠤᠨ ᠠᠵᠢᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠠᠶᠢᠴᠤᠳ | ᠬᠡᠤᠭᠡᠳ ᠵᠢᠴᠢ ᠵᠡᠮᠳᠡᠭᠴᠤᠳ ᠤᠨ ᠦᠢᠯᠡᠰ ᠵᠡᠷᠭᠡ ᠠᠵᠢᠯ ᠰᠢᠨ᠎ᠠ ᠦᠷ᠎ᠠ ᠪᠦᠳᠦᠮᠵᠢ ᠤᠯᠪᠠ᠃ | ᠲᠦᠯᠦᠭᠡᠯᠡᠭᠴᠢᠳ ᠡ᠂ ᠳᠠᠪᠤᠨ ᠵᠢᠯ ᠤᠨ ᠴᠢᠷᠮᠠᠶᠢᠯᠭ᠎ᠠ ᠲᠡᠮᠡᠴᠡᠯ ᠢᠶᠠᠷ ᠲᠡᠮᠵᠢᠨ᠂ ᠮᠠᠨ ᠤ ᠬᠤᠰᠢᠭᠤᠨ ᠤ | ᠠᠵᠤ ᠠᠬᠤᠢ ᠨᠠᠶᠢᠭᠡᠮ ᠤᠨ ᠬᠦᠭᠵᠢᠯᠳᠠ ᠰᠢᠨ᠎ᠠ ᠡᠬᠢᠯᠠᠯᠳᠠ ᠶᠢᠨ ᠴᠡᠭ ᠳᠡᠭᠡᠷ᠎ᠠ ᠵᠤᠭᠰᠤᠵᠤ᠂ ᠪᠦᠬᠦ ᠬᠤᠰᠢᠭᠤᠨ ᠤ | ᠠᠵᠤ ᠠᠬᠤᠢ ᠨᠠᠶᠢᠭᠡᠮ ᠤᠨ ᠬᠦᠭᠵᠢᠯᠳᠠ ᠶᠢᠨ ᠰᠢᠨ᠎ᠠ ᠪᠠᠶᠢᠳᠠᠯ ᠢ ᠨᠡᠭᠡᠭᠡᠵᠤ᠂ ︽ᠠᠷᠪᠠᠨ ᠭᠤᠷᠪᠠᠳᠤᠭᠠᠷ ᠳᠠᠪᠤᠨ | ᠵᠢᠯ︾ ᠤᠨ ᠳᠠᠪᠠᠯᠳᠠ ᠶᠢᠨ ᠬᠦᠭᠵᠢᠯᠳᠠ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ ᠪᠠᠳᠤ ᠪᠠᠭᠢ | ᠰᠠᠭᠤᠷᠢ ᠳᠠᠯᠪᠢᠪᠠ᠃ ᠡᠳᠡᠭᠡᠷ ᠬᠢᠯᠪᠠᠷ ᠢᠶᠠᠷ ᠢᠷᠡᠭᠰᠡᠨ ᠦᠭᠡᠢ ᠠᠮᠵᠢᠯᠳᠠ ᠨᠢ ᠬᠤᠰᠢᠭᠤᠨ ᠤ ᠨᠠᠮ ᠤᠨ ᠬᠤᠷᠢᠶᠠᠨ | ᠤ ᠵᠦᠪ ᠤᠨᠤᠪᠴᠢᠳᠠᠢ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠤᠷᠢ ᠶᠢᠨ ᠦᠷ᠎ᠠ ᠳ᠋ᠦᠩ ᠮᠦᠨ᠂ ᠠᠷᠠᠳ | ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠭᠡᠨ ᠤ ᠬᠢᠨᠠᠯᠳᠠ ᠶᠢᠨ ᠦᠷ᠎ᠠ ᠳ᠋ᠦᠩ | ᠮᠦᠨ᠂ ᠨᠠᠶᠢᠭᠡᠮ ᠤᠨ ᠡᠯ᠎ᠠ ᠡᠳᠡᠭᠡᠳ ᠤᠨ ᠬᠠᠷᠠᠭᠠᠯᠵᠠᠨ ᠳᠠᠮᠵᠢᠭ᠍ᠰᠡᠨ ᠦᠷ᠎ᠠ ᠳ᠋ᠦᠩ ᠮᠦᠨ᠂ ᠨᠡᠩ ᠪᠦᠬᠦ | ᠬᠤᠰᠢᠭᠤᠨ ᠤ ᠦᠨᠳᠤᠰᠤᠨ ᠨᠦᠭᠦᠳ ᠤᠨ ᠺᠠᠳ᠋ᠷ ᠤᠯᠠᠨ ᠲᠦᠮᠡᠨ ᠤ ᠪᠦᠯᠬᠦᠮᠳᠠᠨ ᠳᠠᠮᠡᠴᠡᠵᠤ᠂ ᠰᠢᠷᠭᠠᠭᠤ | ᠠᠵᠢᠯᠯᠠᠭᠰᠠᠨ ᠦᠷ᠎ᠠ ᠳ᠋ᠦᠩ ᠮᠦᠨ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ | ᠲᠦᠯᠦᠭᠡᠯᠡᠨ᠂ ᠪᠦᠬᠦ ᠬᠤᠰᠢᠭᠤᠨ ᠤ ᠦᠷᠭᠡᠨ ᠤᠯᠠᠨ ᠺᠠᠳ᠋ᠷ ᠤᠯᠠᠨ ᠲᠦᠮᠡᠨ ᠵᠢᠴᠢ ᠠᠯᠢᠪᠠ ᠵᠠᠷᠤᠳ ᠬᠤᠰᠢᠭᠤᠨ ᠤ | ᠠᠵᠤ ᠠᠬᠤᠢ ᠨᠠᠶᠢᠭᠡᠮ ᠤᠨ ᠬᠦᠭᠵᠢᠯᠳᠠ ᠶᠢ ᠬᠠᠷᠠᠭᠠᠯᠵᠠᠵᠤ ᠳᠡᠮᠵᠢᠭᠰᠡᠨ ᠨᠠᠶᠢᠵᠡ ᠨᠠᠷ ᠲᠤ ᠴᠢᠩ ᠰᠡᠳᠭᠢᠯ ᠤᠨ | ᠳᠠᠯᠠᠷᠬᠠᠯ ᠪᠠ ᠡᠷᠬᠢᠮ ᠳᠡᠭᠡᠳᠦ ᠬᠦᠨᠳᠦᠳᠭᠡᠯ ᠢᠶᠠᠨ ᠳᠡᠪᠰᠢᠬᠦᠯᠵᠤ ᠪᠠᠶᠢᠨ᠎ᠠ︕ | ᠳᠠᠪᠤᠨ ᠵᠢᠯ ᠤᠨ ᠬᠦᠭᠵᠢᠯᠳᠠ ᠶᠢᠨ ᠦᠩᠭᠡᠷᠡᠯᠳᠡ ᠪᠠᠨ ᠡᠷᠬᠢᠴᠡᠬᠦᠯᠪᠠᠯ᠂ ᠪᠢᠳᠡ ᠬᠦᠮᠦᠨ ᠢ ᠪᠠᠭ᠋ᠠᠷᠤᠮ᠎ᠠ | ᠠᠮᠵᠢᠯᠳᠠ ᠤᠯᠤᠭᠰᠠᠨ ᠢᠶᠠᠷ ᠪᠠᠷᠠᠬᠤ ᠦᠭᠡᠢ᠂ ᠪᠠᠰᠠ ᠠᠯᠢ ᠤᠯᠠᠨ ᠨᠠᠨᠳᠢᠨ ᠳᠤᠷᠰᠢᠯᠭ᠎ᠠ ᠬᠤᠷᠠᠮᠳᠠᠭᠤᠯᠪᠠ᠃ ᠨᠢᠭᠡ | ᠳᠤ ᠡᠷᠭᠡᠪᠰᠢ ᠰᠢᠨᠵᠢᠯᠡᠬᠦ ᠤᠬᠠᠭᠠᠨᠴᠢ ᠬᠦᠭᠵᠢᠯᠳᠠ ᠪᠠᠷ ᠬᠠᠮᠤᠭ ᠢᠯᠡ ᠳᠤᠳᠤ ᠤᠳᠤᠷᠢᠳᠤᠮᠵᠢ ᠪᠤᠯᠭᠠᠬᠤ ᠬᠡᠷᠡᠭᠳᠠᠢ᠃ | ᠠᠵᠤ ᠠᠬᠤᠢ᠂ ᠤᠯᠤᠰ ᠲᠦᠷᠦ᠂ ᠰᠤᠶᠤᠯ᠂ ᠨᠠᠶᠢᠭᠡᠮ ᠪᠠ ᠠᠮᠢ ᠠᠬᠤᠢ ᠶᠢᠨ ᠪᠠᠶᠢᠭᠤᠯᠤᠯᠳᠠ ᠶᠢ ᠨᠢᠭᠡᠳᠦᠳᠠᠯᠳᠠᠢ | ᠲᠦᠯᠦᠪᠯᠡᠨ᠂ ᠪᠦᠬᠦ ᠲᠠᠯ᠎ᠠ ᠪᠠᠷ ᠵᠤᠬᠢᠴᠠᠭᠤᠯᠤᠨ ᠦᠷᠬᠦᠯᠵᠢᠯᠠᠨ ᠬᠦᠭᠵᠢᠬᠦ ᠶᠢ ᠠᠬᠢᠭᠤᠯᠵᠤ᠂ ᠡᠯ᠎ᠠ ᠲᠠᠯ᠎ᠠ ᠶᠢᠨ | ᠤᠶᠤᠨ ᠪᠠ ᠬᠦᠴᠤᠨ ᠢ ᠲᠦᠪᠯᠡᠷᠡᠬᠦᠯᠤᠨ᠂ ᠬᠦᠭᠵᠢᠬᠦᠯᠬᠦ ᠠᠷᠭ᠎ᠠ ᠪᠠᠷ ᠤᠷᠤᠭᠰᠢᠯᠠᠯᠳᠠ ᠶᠢᠨ ᠳᠤᠮᠳᠡᠭᠢ ᠡᠯ᠎ᠠ | ᠲᠦᠷᠦᠯ ᠤᠨ ᠬᠦᠴᠢᠷᠳᠡᠯ ᠪᠠ ᠠᠰᠠᠭᠤᠳᠠᠯ ᠢ ᠰᠢᠢᠳᠪᠤᠷᠢᠯᠡᠬᠦ ᠬᠡᠷᠡᠭᠳᠠᠢ᠃ ᠬᠤᠶᠠᠷ ᠨᠢ ᠡᠷᠭᠡᠪᠰᠢ ᠦᠭᠡᠷᠡᠴᠢᠯᠠᠯᠳᠠ | ᠬᠢᠵᠤ ᠰᠢᠨ᠎ᠠ ᠶᠢ ᠡᠬᠦᠳᠬᠦ ᠶᠢ ᠬᠠᠮᠤᠭ ᠤᠬᠠᠮᠰᠠᠷᠳᠤ ᠠᠵᠢᠯᠯᠠᠭ᠎ᠠ ᠪᠤᠯᠭᠠᠬᠤ ᠬᠡᠷᠡᠭᠳᠠᠢ᠃ ᠵᠠᠷᠤᠳ ᠬᠤᠰᠢᠭᠤᠨ ᠤ | ᠪᠠᠨ ᠪᠤᠳᠠᠳᠤ ᠪᠠᠶᠢᠳᠠᠯ ᠠᠴᠠ ᠭᠠᠷᠳᠠᠨ᠂ ᠦᠵᠠᠯ ᠰᠠᠨᠠᠭᠠᠨ ᠤ ᠪᠠᠨ ᠬᠤᠷᠢᠭ᠎ᠠ ᠴᠠᠭᠠᠵᠠ ᠶᠢ ᠵᠤᠷᠢᠭᠳᠠᠢ ᠪᠠᠷ ᠡᠪᠳᠡᠵᠤ | ᠂ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠤᠨ ᠪᠠᠶᠢᠳᠠᠯ ᠲᠠᠢ ᠢᠳᠡᠪᠬᠢᠳᠠᠢ ᠪᠠᠷ ᠵᠤᠬᠢᠴᠠᠵᠤ᠂ ᠲᠦᠷᠦᠯ | ᠵᠦᠢᠯ ᠤᠨ ᠪᠠᠶᠢᠭᠤᠯᠤᠯᠳᠠ᠂ ᠰᠢᠨᠵᠢᠯᠡᠭᠡ ᠮᠡᠷᠭᠡᠵᠢᠯ ᠤᠨ ᠰᠢᠨ᠎ᠠ ᠡᠬᠦᠳᠤᠯᠳᠠ ᠪᠠᠷ ᠠᠵᠤ ᠦᠢᠯᠡᠰ ᠤᠨ ᠬᠡᠯᠪᠡᠷᠢ | ᠪᠠᠨ ᠦᠭᠡᠷᠡᠳᠦᠬᠦᠯᠤᠨ ᠳᠡᠰ ᠳᠠᠪᠰᠢᠬᠤ ᠶᠢ ᠪᠠᠷᠢᠮᠳᠠᠯᠠᠵᠤ᠂ ᠳᠠᠪᠠᠯᠳᠠ ᠬᠦᠭᠵᠢᠯᠳᠠ ᠶᠢᠨ ᠬᠦᠳᠡᠯᠭᠡᠬᠦ ᠬᠦᠴᠤᠨ ᠪᠠ | ᠠᠮᠢᠵᠢᠷᠠᠯ ᠤᠨ ᠬᠦᠴᠤᠨ ᠢᠶᠠᠨ ᠲᠠᠰᠤᠷᠠᠯᠳᠠ ᠦᠭᠡᠢ ᠤᠷᠮᠠᠰᠢᠭᠤᠯᠤᠨ᠎ᠠ᠃ ᠭᠤᠷᠪᠠ ᠳᠤ ᠡᠷᠬᠡᠪᠰᠢ ᠡᠶ᠎ᠡ | ᠵᠤᠬᠢᠴᠠᠩᠭᠤᠢ ᠳᠤᠭᠳᠠᠭᠤᠨ ᠢᠶᠠᠷ ᠬᠠᠮᠤᠭ ᠬᠦᠴᠤᠨ ᠲᠠᠢ ᠪᠠᠳᠤᠯᠠᠭ᠎ᠠ ᠪᠤᠯᠭᠠᠬᠤ ᠬᠡᠷᠡᠭᠳᠠᠢ᠃ ᠨᠠᠶᠢᠭᠡᠮ ᠡᠶ᠎ᠡ | ᠵᠤᠬᠢᠴᠠᠩᠭᠤᠢ ᠳᠤᠭᠳᠠᠭᠤᠨ ᠪᠤᠯ ᠬᠦᠭᠵᠢᠯᠳᠠ ᠶᠢᠨ ᠤᠷᠢᠳᠠᠯ ᠰᠠᠭᠤᠷᠢ ᠮᠦᠨ᠃ ᠡᠶ᠎ᠡ ᠵᠤᠬᠢᠴᠠᠩᠭᠤᠢ ᠳᠤᠭᠳᠠᠭᠤᠨ | ᠨᠡᠶᠢᠭᠡᠮ ᠤᠨ ᠤᠷᠴᠢᠨ ᠳᠤᠭᠤᠷᠢᠨ ᠦᠭᠡᠢ ᠪᠤᠯ ᠰᠢᠨᠵᠢᠯᠡᠬᠦ ᠤᠬᠠᠭᠠᠨᠴᠢ ᠭᠦᠭᠵᠢᠯᠳᠠ ᠶᠢ ᠶᠠᠷᠢᠬᠤ ᠴᠢᠬᠤᠯᠠ ᠦᠭᠡᠢ᠃ | ᠲᠦᠷᠪᠡ ᠳᠤ ᠡᠷᠬᠡᠪᠰᠢ ᠬᠦᠮᠦᠨ ᠢᠶᠠᠷ ᠦᠨᠳᠤᠰᠤ ᠪᠤᠯᠭᠠᠬᠤ ᠶᠢ ᠬᠠᠮᠤᠭ ᠦᠨᠡᠨ ᠪᠤᠳᠠᠳᠠᠢ ᠬᠦᠭᠡᠭᠡᠴᠠᠯᠳᠦᠯ | ᠪᠤᠯᠭᠠᠬᠤ ᠬᠡᠷᠡᠭᠳᠠᠢ᠃ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠠᠮᠤᠭ ᠦᠨᠳᠤᠰᠤᠨ ᠬᠠᠷᠠᠯᠳᠠ ᠪᠤᠯᠭᠠᠵᠤ᠂ | ᠠᠷᠠᠳ ᠲᠦᠮᠡᠨ ᠳᠤ ᠦᠭᠡᠷᠡᠴᠢᠯᠠᠯᠳᠠ ᠬᠦᠭᠵᠢᠯᠳᠠ ᠶᠢᠨ ᠦᠷ᠎ᠠ ᠪᠦᠳᠦᠮᠵᠢ ᠶᠢ ᠡᠳ᠋ᠯᠡᠬᠦᠯᠵᠤ᠂ ᠠᠷᠠᠳ ᠲᠦᠮᠡᠨ ᠤ | ᠵᠤᠯ ᠵᠢᠷᠭᠠᠯ ᠤᠨ ᠵᠢᠭᠠᠯᠳᠠ ᠳᠤᠭ᠎ᠠ ᠶᠢ ᠲᠠᠰᠤᠷᠠᠯᠳᠠ ᠦᠭᠡᠢ ᠳᠡᠭᠡᠭᠰᠢᠯᠡᠬᠦᠯᠬᠦ ᠬᠡᠷᠡᠭᠳᠠᠢ᠃ ᠡᠳᠡᠭᠡᠷ ᠲᠤᠷᠰᠢᠯᠭ᠎ᠠ ᠪᠤᠯ | ᠪᠦᠬᠦ ᠬᠤᠰᠢᠭᠤᠨ ᠤ ᠠᠷᠠᠳ ᠲᠦᠮᠡᠨ ᠤ ᠠᠮᠢᠳᠤ ᠲᠦᠷᠰᠦᠯᠢᠭ ᠦᠢᠯᠡᠳᠦᠯᠭᠡ ᠶᠢᠨ ᠪᠤᠳᠠᠳᠠᠢ ᠳᠤᠶᠢᠮᠤᠴᠢᠯᠠᠯ ᠪᠦᠭᠡᠳ | ᠮᠠᠨ ᠤ ᠡᠬᠦᠨ ᠠᠴᠠ ᠬᠤᠶᠢᠰᠢᠭᠢ ᠠᠵᠢᠯ ᠤᠨ ᠳᠤᠮᠳᠡᠭᠢ ᠡᠷᠬᠡᠪᠰᠢ ᠪᠠᠷᠢᠮᠳᠠᠯᠠᠬᠤ ᠴᠢᠬᠤᠯᠠ ᠵᠠᠷᠴᠢᠮ ᠮᠦᠨ᠃ | ᠠᠮᠵᠢᠯᠳᠠ ᠪᠠᠨ ᠤᠯᠵᠤ ᠦᠵᠡᠬᠦ ᠶᠢᠨ ᠳᠠᠭᠠᠤ ᠪᠢᠳᠡ ᠮᠠᠨ ᠤ ᠬᠤᠰᠢᠭᠤᠨ ᠤ ᠬᠤᠴᠤᠷᠤᠩᠭᠤᠢ ᠬᠦᠭᠵᠢᠯᠳᠠ | ᠶᠢᠨ ᠦᠨᠳᠤᠰᠤᠨ ᠪᠠᠶᠢᠳᠠᠯ ᠢ ᠪᠠᠰᠠ ᠬᠤᠪᠢᠷᠠᠭᠤᠯᠵᠤ ᠳᠠᠶᠢᠯᠤᠭᠡᠳᠦᠢ᠂ ᠬᠦᠭᠵᠢᠯᠳᠠ ᠬᠦᠢᠴᠡᠳ ᠦᠭᠡᠢ ᠪᠠᠶᠢᠳᠠᠯ ᠪᠤᠯ | ᠮᠦᠨᠴᠤ ᠪᠢᠳᠡᠨ ᠳᠤ ᠳᠤᠯᠭᠠᠷᠠᠵᠤ ᠪᠠᠶᠢᠭ᠎ᠠ ᠭᠤᠤᠯ ᠵᠦᠷᠢᠴᠠᠯ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ | ᠳᠤᠮᠳᠠ ᠪᠠᠰᠠ ᠠᠯᠢ ᠤᠯᠠᠨ ᠠᠰᠠᠭᠤᠳᠠᠯ ᠤᠷᠤᠰᠢᠵᠤ ᠪᠠᠶᠢᠬᠤ ᠶᠢ ᠰᠡᠷᠭᠡᠭ ᠢᠶᠠᠷ ᠳᠠᠨᠢᠵᠤ ᠮᠡᠳᠡᠬᠦ ᠬᠡᠷᠡᠭᠳᠠᠢ᠃ ᠮᠠᠨ | ᠤ ᠬᠤᠰᠢᠭᠤᠨ ᠤ ᠠᠵᠤ ᠦᠢᠯᠡᠰ ᠤᠨ ᠪᠦᠳᠦᠴᠡ ᠳ᠋ᠠᠩ ᠴᠤᠯᠭᠤᠢ᠂ ᠡᠬᠢ ᠪᠠᠶᠠᠯᠢᠭ ᠢᠶᠠᠨ ᠨᠡᠭᠡᠭᠡᠬᠦ ᠲᠠᠯ᠎ᠠ ᠪᠠᠰᠠ | ᠪᠦᠳᠦᠭᠦᠯᠢᠭ ᠪᠠᠶᠢᠭᠰᠠᠭᠠᠷ᠂ ᠡᠭᠢ ᠪᠠᠶᠠᠯᠢᠭ ᠤᠨ ᠪᠤᠰᠤ ᠠᠵᠤ ᠦᠢᠯᠡᠰ᠂ ᠪᠠᠶᠢᠯᠳᠤᠬᠤ ᠪᠤᠳᠤᠯᠭ᠎ᠠ ᠶᠢᠨ ᠬᠡᠯᠪᠡᠷᠢ | ᠶᠢᠨ ᠰᠢᠨ᠎ᠠ ᠮᠠᠨᠳᠤᠭᠰᠠᠨ ᠠᠵᠤ ᠦᠢᠯᠡᠰ ᠤᠨ ᠬᠦᠭᠵᠢᠯᠳᠠ ᠤᠳᠠᠭᠠᠨ᠂ ᠳᠠᠪᠠᠭᠤᠯᠢᠭᠳᠤ ᠤᠨᠴᠠᠯᠢᠭᠳᠤ ᠠᠵᠤ | ᠦᠢᠯᠡᠰ ᠤᠨ ᠳᠡᠰ ᠴᠢᠨᠠᠷ ᠦᠨᠳᠤᠷ ᠪᠢᠰᠢ᠂ ᠡᠵᠡᠨ ᠮᠡᠳᠡᠵᠤ ᠰᠢᠨ᠎ᠠ ᠶᠢ ᠡᠬᠦᠳᠬᠦ ᠴᠢᠳᠠᠪᠤᠷᠢ ᠴᠢᠩᠭ᠎ᠠ ᠪᠢᠰᠢ᠂ | ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢ ᠠᠬᠢᠭᠤᠯᠬᠤ ᠡᠬᠦᠷᠭᠡ ᠮᠦᠨᠴᠤ ᠨᠠᠯᠢᠶᠠᠳ ᠬᠦᠨᠳᠤ ᠪᠠᠶᠢᠨ᠎ᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠦᠭᠵᠢᠯᠳᠠ ᠬᠦᠴᠤᠨ ᠲᠠᠢ ᠳᠤᠯᠭᠠᠭᠤᠷᠢ ᠪᠤᠯᠵᠤ ᠳᠠᠶᠢᠯᠤᠭᠡᠳᠦᠢ | ᠂ ᠦᠢᠯᠡᠴᠢᠯᠡᠭᠡᠨ ᠤ ᠦᠢᠯᠡᠰ ᠤᠨ ᠬᠦᠭᠵᠢᠯᠳᠠ ᠶᠢᠨ ᠳᠦᠪᠰᠢᠨ ᠢ ᠪᠠᠰᠠ ᠤᠯᠠᠮ ᠨᠢᠭᠡ ᠠᠯᠬᠤᠮ ᠳᠡᠭᠡᠭᠰᠢᠯᠡᠬᠦᠯᠬᠦ | ᠴᠢᠬᠤᠯᠠᠳᠠᠢ᠃ ᠠᠮᠢ ᠠᠬᠤᠢ ᠶᠢᠨ ᠤᠷᠴᠢᠨ ᠳᠤᠭᠤᠷᠢᠨ ᠪᠠᠰᠠ ᠨᠠᠯᠢᠶᠠᠳ ᠬᠡᠪᠡᠷᠡᠭ᠂ ᠠᠮᠢ ᠠᠬᠤᠢ ᠶᠢᠨ ᠪᠤᠯᠪᠠᠰᠤᠨ | ᠤ ᠪᠠᠶᠢᠭᠤᠯᠤᠯᠳᠠ ᠶᠢᠨ ᠡᠬᠦᠷᠭᠡ ᠬᠦᠨᠳᠤ ᠵᠠᠮ ᠬᠤᠯᠠ ᠪᠠᠶᠢᠭᠰᠠᠭᠠᠷ︔ ᠵᠠᠰᠠᠭ ᠤᠨ ᠤᠷᠳᠤᠨ ᠤ ᠦᠷᠢ ᠰᠢᠷᠢ ᠶᠢᠨ | ᠳᠠᠷᠤᠭᠠᠰᠤ ᠨᠠᠯᠢᠶᠠᠳ ᠬᠦᠨᠳᠤ᠂ ᠠᠷᠠᠳ ᠤᠨ ᠠᠮᠢᠳᠤᠷᠠᠯ ᠤᠨ ᠪᠠᠳᠤᠯᠠᠭ᠎ᠠ ᠶᠢᠨ ᠬᠦᠴᠤᠨ ᠢᠶᠠᠨ ᠪᠠᠰᠠ ᠶᠡᠬᠡᠰᠭᠡᠬᠦ | ᠴᠢᠬᠤᠯᠠᠳᠠᠢ᠂ ᠡᠳ᠋ ᠤᠨ ᠢᠷᠡᠯᠳᠡ ᠶᠢ ᠨᠡᠮᠡᠭᠳᠡᠬᠦᠯᠬᠦ ᠰᠠᠭᠤᠷᠢ ᠪᠠᠰᠠ ᠳᠠᠶᠢᠮᠤ ᠪᠠᠳᠤ ᠪᠢᠰᠢ᠂ ᠨᠠᠶᠢᠭᠡᠮ ᠤᠨ ᠠᠵᠢᠯ | ᠦᠢᠯᠡᠰ ᠤᠨ ᠬᠦᠭᠵᠢᠯᠳᠠ ᠪᠠ ᠠᠷᠠᠳ ᠲᠦᠮᠡᠨ ᠤ ᠬᠦᠰᠠᠯ ᠡᠷᠡᠮᠡᠯᠵᠠᠯᠠᠯ ᠲᠠᠢ ᠬᠠᠷᠢᠴᠠᠭᠤᠯᠪᠠᠯ ᠨᠠᠯᠢᠶᠠᠳ ᠶᠡᠭᠡ | ᠵᠦᠷᠢᠶ᠎ᠠ ᠪᠠᠶᠢᠭᠰᠠᠭᠠᠷ︔ ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠶᠢ ᠪᠠᠰᠠ ᠤᠯᠠᠮ ᠨᠢᠭᠡ | ᠠᠯᠬᠤᠮ ᠴᠢᠩᠭᠠᠳᠬᠠᠬᠤ ᠴᠢᠬᠤᠯᠠ ᠲᠠᠢ᠂ ᠵᠠᠷᠢᠮ ᠺᠠᠳ᠋ᠷ ᠤᠨ ᠦᠭᠡᠷᠡᠴᠢᠯᠠᠯᠳᠠ ᠬᠢᠵᠤ ᠰᠢᠨ᠎ᠠ ᠶᠢ ᠡᠬᠦᠳᠬᠦ ᠪᠠ | ᠵᠤᠷᠢᠭᠳᠠᠢ ᠪᠠᠷ ᠡᠬᠦᠷᠭᠡᠯᠡᠬᠦ ᠦᠵᠠᠯ ᠤᠬᠠᠮᠰᠠᠷ ᠴᠢᠩᠭ᠎ᠠ ᠪᠢᠰᠢ᠂ ᠬᠦᠭᠵᠢᠯᠳᠠ ᠶᠢᠨ ᠤᠷᠴᠢᠨ ᠳᠤᠭᠤᠷᠢᠨ ᠢ ᠤᠯᠠᠮ | ᠨᠢᠭᠡ ᠠᠯᠬᠤᠮ ᠰᠢᠯᠢᠳᠡᠭᠵᠢᠬᠦᠯᠬᠦ ᠴᠢᠬᠤᠯᠠ ᠲᠠᠢ ᠪᠠᠶᠢᠭᠰᠠᠭᠠᠷ᠃ ᠡᠳᠡᠭᠡᠷ ᠠᠰᠠᠭᠤᠳᠠᠯ ᠢ ᠪᠢᠳᠡ ︽ᠠᠷᠪᠠᠨ | ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠳᠤ ᠨᠠᠷᠢᠨ ᠨᠢᠮᠪᠠᠢ ᠰᠤᠳᠤᠯᠤᠨ᠂ ᠠᠯᠬᠤᠮ ᠠᠯᠬᠤᠮ ᠢᠶᠠᠷ | ᠰᠢᠢᠳᠪᠤᠷᠢᠯᠡᠬᠦ ᠴᠢᠬᠤᠯᠠ ᠲᠠᠢ᠃ | ᠬᠤᠶᠠᠷ᠂ ︽ᠠᠷᠪᠠᠨ ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠳᠠᠬᠢ ᠶᠡᠷᠦᠩᠭᠡᠢ ᠱᠠᠭᠠᠷᠳᠠᠯᠭ᠎ᠠ | ᠪᠤᠯᠤᠨ ᠭᠤᠤᠯ ᠡᠬᠦᠷᠭᠡ | ᠡᠬᠦᠨ ᠠᠴᠠ ᠬᠤᠶᠢᠰᠢᠭᠢ ᠳᠠᠪᠤᠨ ᠵᠢᠯ ᠪᠤᠯ ᠮᠠᠨ ᠤ ᠬᠤᠰᠢᠭᠤᠨ ᠤ ᠴᠢᠨᠡᠭᠡᠯᠢᠭ ᠨᠠᠶᠢᠭᠡᠮ ᠢ ᠪᠦᠬᠦ ᠲᠠᠯ᠎ᠠ | ᠪᠠᠷ ᠪᠦᠳᠦᠭᠡᠨ ᠪᠠᠶᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠮᠦᠨ᠂ ᠪᠠᠰᠠᠴᠤ ︽ᠲᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠯ ᠢ ᠲᠦᠯᠬᠢᠨ ᠠᠬᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ᠃ ︽ | ᠠᠷᠪᠠᠨ ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠤ ᠠᠵᠢᠯ ᠤᠨ ᠶᠡᠷᠦᠩᠭᠡᠢ ᠰᠡᠳᠬᠢᠴᠡ ᠪᠤᠯ᠄ ᠨᠠᠮ ᠤᠨ | ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠭᠡᠷ᠂ | ᠳᠠᠪᠤᠳᠤᠭᠠᠷ ᠪᠦᠬᠦᠳᠡ ᠬᠤᠷᠯᠠᠳᠤᠭᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ | ᠶᠡᠷᠦᠩᠭᠡᠢ ᠱᠦᠵᠢ ᠶᠢᠨ ᠰᠢᠷᠢᠰ ᠶᠠᠷᠢᠶ᠎ᠠ ᠪᠤᠯᠤᠨ ᠦᠪᠤᠷ ᠮᠤᠩᠭᠤᠯ ᠢ ᠳᠤᠭᠤᠷᠢᠨ ᠪᠠᠶᠢᠴᠠᠭᠠᠭᠰᠠᠨ ᠴᠢᠬᠤᠯᠠ | ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ︽ | 8337︾ ᠬᠦᠭᠵᠢᠯᠳᠠ ᠶᠢᠨ ᠰᠡᠳᠬᠢᠴᠡ ᠪᠤᠯᠤᠨ ᠲᠦᠩᠯᠢᠶᠤᠤ ᠬᠤᠳᠡ ᠶᠢᠨ ᠴᠢᠬᠤᠯᠠ ᠲᠦᠷᠦ ᠶᠢᠨ ᠪᠤᠳᠤᠯᠭ᠎ᠠ | ᠶᠢᠨ ᠪᠠᠶᠢᠷᠢᠰᠢᠭᠤᠯᠤᠯᠳᠠ ᠶᠢᠨ ᠳᠤᠭᠤᠷᠢᠨ ᠳᠤ᠂ ᠪᠠᠶᠢᠯᠳᠤᠬᠤ ᠪᠤᠳᠤᠯᠭ᠎ᠠ ᠶᠢᠨ ᠲᠤᠭᠳᠠᠭᠠᠯᠳᠠ ᠪᠠᠨ ᠪᠠᠷᠢᠮᠳᠠᠯᠠᠵᠤ᠂ | ᠬᠦᠭᠵᠢᠯᠳᠡ ᠶᠢᠨ ᠳᠠᠪᠠᠭᠤᠯᠢᠭ ᠢᠶᠠᠨ ᠪᠠᠳᠤᠳᠬᠠᠵᠤ᠂ ︽ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ ᠪᠦᠳᠦᠭᠡᠨ | ᠪᠠᠶᠢᠭᠤᠯᠬᠤ ᠠᠭᠤᠤ ᠶᠡᠭᠡ ᠢᠯᠠᠯᠳᠠ ᠶᠢ ᠳᠠᠮᠡᠴᠡᠨ ᠤᠯᠬᠤ︾ ᠡᠨᠡᠬᠦ ᠭᠤᠤᠯ ᠬᠠᠷᠠᠯᠳᠠ ᠶᠢ ᠴᠢᠩᠭ᠎ᠠ ᠪᠠᠷᠢᠮᠳᠠᠯᠠᠨ᠂ ︽ | ᠳᠠᠪᠤᠨ ᠤᠶᠢᠯᠠᠭᠠᠭᠳᠠᠬᠤᠨ︾ ᠢ ᠭᠤᠶᠢᠪᠢᠰᠢ ᠦᠭᠡᠢ ᠪᠠᠷ ᠬᠦᠨᠵᠡᠭᠡᠢ ᠦᠢᠯᠡᠳᠦᠯᠭᠡᠵᠢᠬᠦᠯᠵᠤ᠂ ︽ᠲᠦᠷᠪᠡᠨ ᠪᠦᠬᠦ | ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠳᠤᠬᠢᠷᠠᠭᠤᠯᠤᠯᠳᠠ ᠶᠢ ᠨᠢᠭᠡᠳᠦᠯᠳᠠᠢ ᠲᠦᠯᠬᠢᠨ ᠠᠬᠢᠭᠤᠯᠵᠤ᠂ | ᠳᠤᠭᠳᠠᠭᠤᠨ ᠨᠡᠮᠡᠭᠳᠠᠯ᠂ ᠭᠡᠯᠪᠡᠷᠢ ᠪᠠᠨ ᠬᠤᠪᠢᠷᠠᠭᠤᠯᠬᠤ᠂ ᠪᠦᠳᠦᠴᠡ ᠪᠠᠨ ᠳᠤᠬᠢᠷᠠᠭᠤᠯᠬᠤ᠂ ᠦᠭᠡᠷᠡᠴᠢᠯᠠᠯᠳᠠ ᠶᠢ | ᠠᠬᠢᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠬᠦᠷᠢ ᠶᠢ ᠰᠡᠷᠭᠡᠶᠢᠯᠡᠬᠦ ᠶᠢ ᠴᠢᠷᠮᠠᠶᠢᠨ | ᠬᠦᠢᠴᠡᠳᠭᠡᠵᠤ᠂ ᠵᠠᠷᠤᠳ ᠬᠤᠰᠢᠭᠤᠨ ᠤ ᠪᠤᠳᠠᠳᠤ ᠪᠠᠶᠢᠳᠠᠯ ᠳᠤ ᠨᠠᠶᠢᠴᠡᠭᠰᠡᠨ ᠴᠢᠷᠮᠠᠶᠢᠨ ᠳᠠᠪᠰᠢᠬᠤ᠂ ᠰᠢᠨ᠎ᠠ ᠶᠢ | ᠡᠬᠦᠳᠤᠨ ᠰᠢᠪᠳᠤᠯᠬᠤ᠂ ᠳᠤᠭᠳᠠᠭᠤᠨ ᠠᠯᠤᠰ ᠤᠨ ᠬᠦᠭᠵᠢᠯᠳᠠ ᠶᠢᠨ ᠵᠠᠮ ᠢᠶᠠᠷ ᠨᠡᠭᠡᠭᠡᠵᠦ᠂ ᠪᠦᠬᠦ ᠬᠤᠰᠢᠭᠤᠨ ᠤ | ᠠᠵᠤ ᠠᠬᠤᠢ ᠨᠠᠶᠢᠭᠡᠮ ᠤᠨ ᠶᠡᠭᠡ ᠬᠦᠭᠵᠢᠯᠳᠠ᠂ ᠪᠦᠬᠦ ᠲᠠᠯ᠎ᠠ ᠶᠢᠨ ᠬᠦᠭᠵᠢᠯᠳᠠ᠂ ᠳᠠᠪᠠᠯᠳᠠ ᠶᠢᠨ ᠮᠠᠶ᠋ᠢᠭ ᠤᠨ | ᠬᠦᠭᠵᠢᠯᠳᠠ ᠶᠢ ᠴᠢᠷᠮᠠᠶᠢᠨ ᠪᠡᠶᠡᠯᠡᠬᠦᠯᠵᠤ᠂ 2020 ᠤᠨ ᠪᠤᠯᠳᠠᠯ᠎ᠠ ᠴᠢᠨᠡᠭᠡᠯᠢᠭ ᠨᠠᠶᠢᠭᠡᠮ ᠢ ᠪᠦᠬᠦ ᠲᠠᠯ᠎ᠠ ᠪᠠᠷ | ᠪᠦᠳᠦᠭᠡᠨ ᠪᠠᠶᠢᠭᠤᠯᠬᠤ ᠶᠢ ᠪᠠᠳᠤᠯᠠᠨ᠎ᠠ᠃ | ᠪᠦᠬᠦ ᠬᠤᠰᠢᠭᠤᠨ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠦ ᠠᠬᠤᠢ | ᠨᠡᠶᠢᠭᠡᠮ ᠤᠨ ᠬᠦᠭᠵᠢᠯᠳᠡ ᠶᠢᠨ ᠭᠤᠤᠯ ᠬᠠᠷᠠᠯᠳᠠ ᠶᠢ ᠪᠠᠭᠴᠠᠯᠠᠭᠠᠳ ᠬᠡᠯᠡᠪᠡᠯ ᠲᠠᠷᠤᠢ᠄ ᠨᠢᠭᠡ ᠶᠢ ᠦᠨᠳᠦᠷ | ᠪᠠᠶᠢᠯᠭᠠᠬᠤ ᠶᠢ ᠪᠠᠳᠤᠯᠠᠨ᠂ ᠬᠤᠶᠠᠷ ᠢ ᠤᠷᠤᠭᠰᠢ ᠲᠡᠪᠰᠢᠭᠤᠯᠬᠤ ᠪᠠᠷ ᠴᠢᠷᠮᠠᠶᠢᠵᠦ᠂ ᠭᠤᠷᠪᠠ ᠶᠢ ᠲᠠᠬᠢᠨ ᠢᠶᠠᠷ | ᠨᠡᠮᠡᠭᠳᠡᠬᠦᠯᠬᠦ ᠶᠢ ᠪᠠᠳᠤᠯᠠᠨ᠂ ᠲᠦᠷᠪᠡ ᠶᠢ ᠬᠠᠮᠤᠭ ᠲᠡᠷᠢᠬᠦᠨ ᠳᠤ ᠪᠡᠶᠡᠯᠡᠬᠦᠯᠬᠦ ᠪᠤᠯᠤᠨ᠎ᠠ᠃ ᠨᠢᠭᠡ ᠶᠢ ᠦᠨᠳᠦᠷ | ᠪᠠᠶᠢᠯᠭᠠᠬᠤ ᠶᠢ ᠪᠠᠳᠤᠯᠠᠬᠤ ᠬᠡᠳᠡᠭ ᠨᠢ ᠲᠠᠷᠤᠢ ᠠᠵᠦ ᠠᠬᠤᠢ ᠶᠢᠨ ᠭᠤᠤᠯ ᠪᠤᠯᠬᠤ ᠬᠦᠢᠴᠡᠳᠭᠡᠯ ᠲᠤᠭ᠎ᠠ ᠶᠢᠨ | ᠨᠡᠮᠡᠭᠳᠡᠯ ᠤᠨ ᠬᠤᠷᠳᠤᠴᠠ ᠶᠢ ᠪᠦᠬᠦ ᠬᠤᠳᠠ ᠶᠢᠨ ᠲᠡᠭᠰᠢᠳᠭᠡᠭᠰᠡᠨ ᠬᠢᠷᠢ ᠬᠡᠮᠵᠢᠶ᠎ᠡ ᠶᠢᠨ 1— 3 ᠵᠠᠭᠤᠨ ᠤ ᠬᠤᠪᠢ | ᠴᠡᠭ ᠦᠨᠳᠦᠷ ᠪᠠᠶᠢᠯᠭᠠᠵᠦ᠂ 10% ᠤᠷᠴᠢᠮ ᠤᠨ ᠬᠦᠭᠵᠢᠯᠳᠡ ᠶᠢᠨ ᠬᠤᠷᠳᠤᠴᠠ ᠶᠢ ᠪᠠᠳᠤᠯᠠᠨ᠎ᠠ︔ ᠬᠤᠶᠠᠷ ᠢ | ᠤᠷᠤᠭᠰᠢ ᠲᠡᠪᠰᠢᠭᠤᠯᠬᠤ ᠪᠠᠷ ᠴᠢᠷᠮᠡᠶᠢᠬᠤ ᠬᠡᠳᠡᠭ ᠨᠢ ᠲᠠᠷᠤᠢ ᠠᠵᠦ ᠠᠬᠤᠢ ᠶᠢᠨ ᠶᠡᠷᠦᠩᠬᠡᠢ ᠪᠤᠳᠠᠳᠦ ᠬᠦᠴᠦᠨ ᠪᠠ | ᠬᠦᠭᠵᠢᠯᠳᠡ ᠶᠢᠨ ᠴᠢᠨᠠᠷ ᠴᠢᠨᠰᠠᠭ᠎ᠠ ᠶᠢ ᠬᠤᠳᠠ ᠶᠢᠨ ᠲᠦᠷᠦᠬᠦᠦ ᠭᠤᠷᠪᠠᠨ ᠨᠡᠷᠡᠰ ᠲᠤ ᠤᠷᠤᠭᠤᠯᠬᠤ ᠪᠠᠷ | ᠴᠢᠷᠮᠠᠶᠢᠵᠦ᠂ ᠪᠡᠯᠡ ᠤᠷᠤᠭᠤᠯᠬᠤ ᠦᠷᠢᠰᠦᠯᠳᠦᠬᠡᠨ ᠤ ᠲᠠᠳᠠᠬᠤ ᠬᠦᠴᠦᠨ ᠢ ᠤᠷᠤᠨ ᠤ ᠬᠤᠰᠢᠭᠤ ᠰᠢᠶᠠᠨ ᠤ | ᠲᠤᠳᠤᠷ᠎ᠠ ᠡᠮᠦᠨ᠎ᠡ 10 ᠨᠡᠷᠡᠰ ᠲᠤ ᠤᠷᠤᠭᠤᠯᠤᠨ᠎ᠠ︔ ᠭᠤᠷᠪᠠ ᠶᠢ ᠲᠠᠬᠢᠨ ᠢᠶᠠᠷ ᠨᠡᠮᠡᠭᠳᠡᠬᠦᠯᠬᠦ ᠬᠡᠳᠡᠭ ᠨᠢ ᠲᠠᠷᠤᠢ | ᠤᠷᠤᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠳᠡᠭ᠂ ᠬᠤᠳᠠ ᠪᠠᠭᠠᠰᠤᠨ ᠤ ᠰᠠᠭᠤᠭᠠᠯᠢ ᠠᠷᠠᠳ ᠤᠨ | ᠬᠦᠮᠦᠨ ᠪᠦᠷᠢ ᠶᠢᠨ ᠲᠡᠭᠰᠢᠳᠭᠡᠭᠰᠡᠨ ᠲᠤᠬᠢᠷᠠᠭᠤᠯᠵᠦ ᠪᠤᠯᠬᠤ ᠤᠷᠤᠯᠭ᠎ᠠ᠂ ᠮᠠᠯᠴᠢᠨ ᠲᠡᠷᠢᠶᠠᠴᠢᠳ ᠤᠨ ᠬᠦᠮᠦᠨ | ᠪᠦᠷᠢ ᠳᠤ ᠲᠡᠭᠰᠢᠳᠭᠡᠭᠰᠡᠨ ᠲᠤᠬᠢᠷᠠᠭᠤᠯᠵᠦ ᠤᠯᠬᠤ ᠤᠷᠤᠯᠭ᠎ᠠ ᠶᠢ ᠪᠦᠷ 2010 ᠤᠨ ᠤ ᠬᠢ ᠠᠴᠠ ᠨᠢᠭᠡ ᠲᠠᠬᠢᠨ | ᠢᠶᠠᠷ ᠨᠡᠮᠡᠭᠳᠡᠬᠦᠯᠦᠨ᠎ᠡ︔ ᠲᠦᠷᠪᠡ ᠶᠢ ᠬᠠᠮᠤᠭ ᠲᠡᠷᠢᠬᠦᠨ ᠳᠤ ᠪᠡᠶᠡᠯᠡᠬᠦᠯᠬᠦ ᠬᠡᠳᠡᠭ ᠨᠢ ᠲᠠᠷᠤᠢ ᠬᠠᠮᠤᠭ ᠲᠡᠷᠢᠬᠦᠨ ᠳᠤ | ᠦᠨᠳᠦᠷ ᠦᠷ᠎ᠡ ᠪᠦᠳᠦᠮᠵᠢᠳᠦ ᠴᠢᠨᠠᠷ ᠴᠢᠨᠰᠠᠭ᠎ᠠ ᠲᠠᠢ ᠠᠵᠦ ᠠᠬᠤᠢ ᠶᠢᠨ ᠨᠡᠮᠡᠭᠳᠡᠯ ᠢ ᠪᠡᠶᠡᠯᠡᠬᠦᠯᠬᠦ᠂ ᠬᠠᠮᠤᠭ | ᠲᠡᠷᠢᠬᠦᠨ ᠤ ᠬᠤᠶᠢᠳᠦ ᠭᠡᠰᠡᠭ ᠤᠨ ᠮᠠᠯᠵᠢᠬᠤ ᠤᠷᠤᠨ ᠤ ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠬᠦᠯᠬᠦ᠂ | ᠬᠠᠮᠤᠭ ᠲᠡᠷᠢᠬᠦᠨ ᠳᠤ 2017 ᠤᠨ ᠤ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ | ᠠᠴᠠ ᠡᠮᠦᠨ᠎ᠡ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠳᠤ ᠢᠯᠠᠯᠳᠠ ᠤᠯᠬᠤ ᠶᠢ ᠪᠡᠶᠡᠯᠡᠬᠦᠯᠬᠦ᠂ ᠬᠠᠮᠤᠭ | ᠲᠡᠷᠢᠬᠦᠨ ᠳᠤ 2020 ᠤᠨ ᠠᠴᠠ ᠡᠮᠦᠨ᠎ᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ | ᠪᠤᠯᠤᠨ᠎ᠠ᠃ | ᠡᠬᠦᠨ ᠠᠴᠠ ᠬᠤᠶᠢᠰᠢᠭᠢ ᠳᠠᠪᠤᠨ ᠵᠢᠯ ᠤᠨ ᠬᠠᠷᠠᠯᠳᠠ ᠡᠬᠦᠷᠭᠡ ᠪᠠᠨ ᠪᠡᠶᠡᠯᠡᠬᠦᠯᠬᠦ ᠶᠢᠨ ᠲᠦᠯᠦᠭᠡ᠂ ᠪᠢᠳᠡ | ᠡᠷᠬᠡᠪᠨᠰᠢ ᠳᠤᠤᠷᠡᠭᠢ ᠭᠡᠳᠦᠨ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠬᠦ ᠬᠡᠷᠡᠭᠳᠠᠢ᠃ | ︵ᠨᠢᠭᠡ︶ ᠬᠡᠯᠪᠡᠷᠢ ᠪᠠᠨ ᠦᠭᠡᠷᠡᠴᠢᠯᠠᠨ ᠬᠦᠭᠵᠢᠬᠦᠯᠬᠦ ᠶᠢ ᠪᠠᠷᠢᠮᠳᠠᠯᠠᠵᠤ᠂ ᠬᠦᠭᠵᠢᠯᠳᠠ ᠶᠢᠨ ᠴᠢᠨᠠᠷ | ᠴᠢᠨᠰᠠᠭ᠎ᠠ ᠪᠤᠯᠤᠨ ᠦᠷ᠎ᠠ ᠠᠰᠢᠭ ᠢ ᠳᠡᠭᠡᠭᠰᠢᠯᠡᠬᠦᠯᠤᠨ᠎ᠠ᠃ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠠᠯᠳᠠ ᠶᠢᠨ | ᠠᠬᠢᠴᠡ ᠶᠢ ᠢᠳᠡᠪᠬᠢᠳᠠᠢ ᠲᠦᠯᠬᠢᠨ ᠠᠬᠢᠭᠤᠯᠤᠨ᠎ᠠ᠃ ᠦᠨᠳᠤᠷ ᠲᠠᠷᠤᠴᠠᠳᠦ ᠬᠦᠶᠦᠳᠡᠯ ᠰᠤᠯᠢᠬᠤ ᠦᠷᠳᠡᠭᠡ ᠶᠢᠨ | ᠲᠦᠷᠦᠯ ᠵᠦᠢᠯ ᠢᠶᠠᠷ ᠲᠦᠰᠢᠯᠭᠡ ᠪᠤᠯᠭᠠᠨ᠂ ᠴᠠᠬᠢᠯᠭᠠᠨ ᠰᠤᠷᠪᠤᠯᠵᠢ ᠶᠢᠨ ᠴᠡᠭ ᠤᠨ ᠪᠠᠶᠢᠭᠤᠯᠤᠯᠳᠠ ᠶᠢ | ᠲᠦᠷᠭᠡᠳᠭᠡᠵᠤ᠂ ᠨᠡᠬᠦᠷᠠᠰᠤ ᠴᠠᠬᠢᠯᠭᠠᠨ ᠤ ᠨᠢᠭᠡᠳᠦᠵᠢᠯᠳᠠ ᠶᠢ ᠠᠬᠢᠭᠤᠯᠤᠨ᠎ᠠ︔ ᠠᠷᠢᠭᠤᠨ ᠴᠡᠪᠡᠷ ᠡᠨᠧᠷᠭᠢ ᠶᠢᠨ | ᠬᠦᠭᠵᠢᠯᠳᠠ ᠶᠢ ᠲᠦᠷᠭᠡᠳᠭᠡᠵᠤ᠂ ᠰᠠᠯᠬᠢᠨ ᠬᠦᠴᠤᠨ᠂ ᠭᠡᠷᠡᠯ ᠢᠶᠠᠷ ᠴᠠᠬᠢᠯᠭᠠᠨ ᠭᠠᠷᠭᠠᠬᠤ ᠶᠢ ᠶᠡᠬᠡᠪᠡᠷ ᠨᠡᠭᠡᠭᠡᠯᠳᠡ | ᠬᠢᠨ᠎ᠠ︔ ᠨᠡᠬᠦᠷᠠᠰᠤ ᠴᠠᠬᠢᠯᠭᠠᠨ ᠬᠦᠩᠭᠡᠨ ᠴᠠᠭᠠᠨ᠂ ᠤᠳᠤ ᠦᠶ᠎ᠡ ᠶᠢᠨ ᠨᠡᠬᠦᠷᠠᠰᠤ ᠬᠢᠮᠢ ᠶᠢᠨ ᠠᠵᠦ ᠦᠢᠯᠡᠳᠪᠤᠷᠢ᠂ | ᠳᠠᠷᠢᠶᠠᠯᠠᠩ ᠮᠠᠯ ᠠᠵᠤ ᠠᠬᠤᠢ ᠶᠢᠨ ᠪᠦᠳᠦᠭᠡᠭᠳᠡᠬᠦᠨ ᠢ ᠪᠤᠯᠪᠠᠰᠤᠷᠠᠭᠤᠯᠬᠤ ᠵᠡᠷᠭᠡ ᠳᠠᠪᠠᠭᠤᠯᠢᠭ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠠᠬᠤ ᠳᠡᠰ ᠲᠠᠪᠰᠢᠬᠤ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠬᠡᠯᠭᠢᠶᠠᠵᠢᠯ ᠢ | ᠲᠠᠰᠤᠷᠠᠯᠳᠠ ᠦᠭᠡᠢ ᠤᠷᠳᠤᠳᠬᠠᠪᠠ᠃ ᠤᠳᠤ ᠦᠶ᠎ᠡ ᠶᠢᠨ ᠲᠠᠷᠢᠶᠠᠯᠠᠩ ᠮᠠᠯ ᠠᠵᠦ ᠠᠬᠤᠢ ᠶᠢ ᠶᠡᠬᠡᠪᠡᠷ | ᠬᠦᠭᠵᠢᠬᠦᠯᠦᠨ᠂ ᠤᠰᠤ ᠠᠷᠪᠢᠯᠠᠨ ᠤᠨᠠᠯᠳᠠ ᠪᠠᠨ ᠳᠡᠭᠡᠭᠰᠢᠯᠡᠬᠦᠯᠬᠦ᠂ ᠭᠠᠵᠠᠷ ᠰᠢᠷᠤᠢ ᠳᠡᠭᠰᠢᠯᠡᠬᠦ᠂ ᠠᠮᠤ ᠪᠤᠳᠠᠭ᠎ᠠ | ᠤᠷᠭᠤᠮᠠᠯ ᠤᠨ ᠦᠨᠳᠤᠷ ᠤᠨᠠᠯᠳᠠ ᠶᠢ ᠡᠭᠦᠳᠬᠦ ᠵᠡᠷᠭᠡ ᠲᠦᠷᠦᠯ ᠵᠦᠢᠯ ᠳᠤ ᠲᠦᠰᠢᠭᠯᠡᠨ᠂ ᠲᠦᠭᠦᠭᠡᠷᠦᠮᠵᠢᠳᠦ | ᠳᠠᠷᠢᠶᠠᠯᠠᠩ᠂ ᠤᠰᠤ ᠠᠷᠪᠢᠯᠠᠬᠤ ᠳᠠᠷᠢᠶᠠᠯᠠᠩ ᠢ ᠢᠳᠡᠪᠬᠢᠳᠠᠢ ᠬᠦᠭᠵᠢᠬᠦᠯᠵᠤ᠂ ᠠᠮᠤ ᠪᠤᠳᠠᠭᠠᠨ ᠤ ᠦᠢᠯᠡᠳᠪᠤᠷᠢᠯᠠᠯ | ᠤᠨ ᠤᠷᠤᠨ ᠤ ᠪᠠᠶᠢᠭᠤᠯᠤᠯᠳᠠ ᠶᠢ ᠴᠢᠩᠭᠠᠳᠬᠠᠨ᠎ᠠ︔ ᠠᠮᠢ ᠠᠬᠤᠢ ᠶᠢᠨ ᠡᠪᠡᠰᠤᠨ ᠦᠢᠯᠡᠰ᠂ ᠳᠠᠷᠢᠶᠠᠯᠠᠬᠤ | ᠤᠷᠤᠨ ᠤ ᠮᠠᠯ ᠠᠵᠤ ᠠᠬᠤᠢ᠂ ᠲᠠᠯ᠎ᠠ ᠨᠤᠳᠤᠭ ᠤᠨ ᠮᠠᠯ ᠠᠵᠤ ᠠᠬᠤᠢ ᠶᠢ ᠶᠡᠬᠡᠪᠡᠷ ᠬᠦᠭᠵᠢᠬᠦᠯᠵᠤ᠂ ᠦᠨᠳᠦᠷ | ᠪᠠᠷᠢᠮᠵᠢᠶᠠᠳᠦ ᠠᠯᠠᠰᠢᠨ ᠦᠭᠡᠷ ᠠᠯᠠᠰᠢᠨ ᠬᠤᠨᠢ ᠶᠢᠨ ᠡᠬᠦᠯᠳᠠᠷ ᠢ ᠰᠠᠶᠢᠵᠢᠷᠠᠭᠤᠯᠤᠨ ᠪᠤᠶᠢᠵᠢᠭᠤᠯᠬᠤ ᠰᠠᠭᠤᠷᠢᠨ | ᠭᠠᠵᠠᠷ ᠢ ᠪᠠᠶᠢᠭᠤᠯᠵᠤ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ᠂ ᠳᠡᠵᠢᠭᠡᠪᠤᠷᠢ ᠶᠢᠨ ᠦᠢᠯᠡᠰ ᠢ ᠲᠦᠯᠬᠢᠨ | ᠠᠬᠢᠭᠤᠯᠵᠤ᠂ ᠮᠠᠯ ᠠᠵᠤ ᠠᠬᠤᠢ ᠶᠢᠨ ᠬᠡᠯᠪᠡᠷᠢ ᠪᠠᠨ ᠬᠤᠪᠢᠷᠠᠭᠠᠨ ᠳᠡᠰ ᠲᠠᠪᠰᠢᠬᠤ ᠶᠢ ᠠᠬᠢᠭᠤᠯᠤᠨ᠎ᠠ᠂ ᠤᠳᠤ | ᠦᠶ᠎ᠡ ᠶᠢᠨ ᠦᠢᠯᠡᠴᠢᠯᠡᠭᠡᠨ ᠤ ᠦᠢᠯᠡᠰ ᠢ ᠲᠦᠷᠭᠡᠨ ᠬᠦᠭᠵᠢᠬᠦᠯᠤᠨ᠎ᠠ᠃ ᠤᠷᠤᠨ ᠪᠠᠶᠢᠷᠢ ᠶᠢᠨ ᠳᠠᠪᠠᠭᠤᠯᠢᠭ᠂ ᠵᠠᠮ | ᠬᠠᠷᠢᠯᠴᠠᠭᠠᠨ ᠤ ᠳᠠᠪᠠᠭᠤᠯᠢᠭ ᠳᠠᠭᠠᠨ ᠲᠦᠰᠢᠭᠯᠡᠵᠤ᠂ ᠨᠢᠭᠡ ᠪᠦᠯᠦᠭ ᠤᠳᠤ ᠦᠶ᠎ᠡ ᠶᠢᠨ ᠪᠤᠳᠠᠰ ᠤᠨ ᠬᠦᠢᠯᠭᠡᠭᠡᠨ | ᠤ ᠰᠠᠭᠤᠷᠢᠨ ᠭᠠᠵᠠᠷ ᠪᠤᠯᠤᠨ ᠤᠷᠤᠨ ᠭᠠᠵᠠᠷ ᠤᠨ ᠴᠢᠨᠠᠷᠳᠠᠢ ᠠᠷᠠᠯᠵᠢᠶ᠎ᠠ ᠬᠤᠳᠠᠯᠳᠤᠭᠠᠨ ᠤ ᠪᠤᠳᠡᠰ ᠤᠨ ᠬᠦᠢᠯᠭᠡᠭᠡᠨ | ᠤ ᠲᠦᠪ ᠢ ᠪᠠᠶᠢᠭᠤᠯᠵᠤ᠂ ᠬᠤᠳᠡ ᠬᠦᠳᠡᠭᠡ ᠶᠢᠨ ᠪᠤᠳᠡᠰ ᠤᠨ ᠬᠦᠢᠯᠭᠡᠭᠡᠨ ᠤ ᠳᠤᠬᠢᠷᠠᠭᠤᠯᠤᠨ ᠬᠦᠷᠭᠡᠬᠦ ᠰᠢᠰᠲ᠋ᠧᠮ | ᠢ ᠳᠡᠬᠦᠯᠳᠠᠷᠵᠢᠬᠦᠯᠤᠨ᠎ᠠ︔ ᠵᠢᠭᠤᠯᠴᠢᠯᠠᠯ ᠤᠨ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ | ᠵᠢᠭᠤᠯᠴᠢᠯᠠᠯ ᠤᠨ ᠦᠢᠯᠡᠰ ᠤᠨ ᠳᠠᠭᠠᠯᠳᠠ ᠦᠷᠳᠡᠭ ᠢ ᠳᠡᠭᠡᠭᠰᠢᠯᠡᠬᠦᠯᠵᠤ᠂ ᠵᠢᠭᠤᠯᠴᠢᠯᠠᠯ ᠪᠤᠯᠤᠨ ᠰᠤᠶᠤᠯ ᠤᠨ | ᠬᠦᠨᠵᠡᠭᠡᠢ ᠤᠶᠠᠯᠳᠤᠯ ᠢ ᠠᠬᠢᠭᠤᠯᠤᠨ᠎ᠠ᠃ | ︵ᠬᠤᠶᠠᠷ︶ ᠰᠢᠨ᠎ᠠ ᠶᠢ ᠡᠬᠦᠳᠤᠨ ᠬᠦᠭᠵᠢᠬᠦᠯᠬᠦ ᠶᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠠ ᠶᠢᠨ | ᠰᠢᠨ᠎ᠠ ᠬᠦᠳᠡᠯᠭᠡᠬᠦ ᠬᠦᠴᠤᠨ ᠢ ᠪᠤᠶᠢᠵᠢᠭᠤᠯᠤᠨ᠎ᠠ᠃ ᠳᠡᠷᠢᠬᠦᠨ ᠤ ᠬᠡᠷᠡᠭᠯᠡᠭᠡᠨ ᠤ ᠮᠡᠷᠭᠡᠵᠢᠯ ᠢ ᠠᠰᠢᠭᠯᠠᠨ | ᠤᠯᠠᠮᠵᠢᠯᠠᠯᠳᠦ ᠳᠠᠪᠠᠭᠤᠯᠢᠭ ᠠᠵᠤ ᠦᠢᠯᠡᠰ ᠢ ᠦᠭᠡᠷᠡᠴᠢᠯᠠᠨ ᠳᠡᠰ ᠳᠠᠪᠰᠢᠭᠤᠯᠬᠤ ᠶᠢ ᠪᠠᠷᠢᠮᠳᠠᠯᠠᠵᠤ᠂ ᠬᠦᠩᠭᠡᠨ | ᠴᠠᠭᠠᠨ ᠤ ᠰᠢᠨ᠎ᠠ ᠮᠠᠲ᠋ᠧᠷᠢᠶᠠᠯ᠂ ᠤᠳᠤ ᠦᠶ᠎ᠡ ᠶᠢᠨ ᠨᠡᠬᠦᠷᠠᠰᠤ ᠬᠢᠮᠢ ᠶᠢᠨ ᠠᠵᠦ ᠦᠢᠯᠡᠳᠪᠤᠷᠢ᠂ ᠳᠠᠷᠢᠶᠠᠯᠠᠩ ᠮᠠᠯ | ᠠᠵᠤ ᠠᠬᠤᠢ ᠶᠢᠨ ᠪᠦᠳᠦᠭᠡᠭᠳᠡᠬᠦᠨ ᠢ ᠪᠤᠯᠪᠠᠰᠤᠷᠠᠭᠤᠯᠬᠤ᠂ ᠤᠳᠤ ᠦᠶ᠎ᠡ ᠶᠢᠨ ᠳᠤᠨᠤᠭ ᠲᠦᠬᠦᠭᠡᠷᠤᠮᠵᠢ ᠶᠢ | ᠦᠢᠯᠡᠳᠪᠤᠷᠢᠯᠡᠬᠦ ᠵᠡᠷᠭᠡ ᠠᠵᠤ ᠦᠢᠯᠡᠰ ᠤᠨ ᠳᠤᠭᠤᠷᠢᠨ ᠳᠤ ᠮᠡᠷᠭᠡᠵᠢᠯ ᠤᠨ ᠪᠤᠭᠤᠮᠳᠠ ᠰᠢᠪᠳᠤᠯᠤᠯᠳᠠ ᠶᠢ | ᠦᠷᠨᠢᠬᠦᠯᠵᠤ᠂ ᠦᠢᠯᠡᠳᠬᠦᠨ ᠤ ᠳᠡᠰ ᠳᠠᠪᠰᠢᠯᠳᠠ ᠶᠢ ᠠᠬᠢᠭᠤᠯᠵᠤ᠂ ᠤᠯᠠᠮᠵᠢᠯᠠᠯᠳᠦ ᠠᠵᠤ ᠦᠢᠯᠡᠰ ᠤᠨ ᠵᠠᠬ᠎ᠠ | ᠳᠡᠯᠭᠡᠬᠦᠷ ᠤᠨ ᠦᠷᠢᠰᠦᠯᠳᠦᠭᠡᠨ ᠤ ᠬᠦᠴᠤᠨ ᠢ ᠴᠢᠩᠳᠠᠯᠠᠨ᠎ᠠ᠃ ᠰᠢᠨ᠎ᠠ ᠶᠢ ᠡᠬᠦᠳᠬᠦ ᠳᠠᠪᠴᠡᠩ ᠤᠨ ᠪᠠᠶᠢᠭᠤᠯᠤᠯᠳᠠ | ᠶᠢ ᠴᠢᠩᠭᠠᠳᠬᠠᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠠᠯᠠᠩ᠂ ᠬᠢᠷᠢᠨ ᠶᠡᠭᠡ ᠰᠤᠷᠭᠠᠭᠤᠯᠢ᠂ | ᠦᠪᠤᠷ ᠮᠤᠩᠭᠤᠯ ᠤᠨ ᠶᠡᠭᠡ ᠰᠤᠷᠭᠠᠭᠤᠯᠢ ᠵᠡᠷᠭᠡ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠠᠢ | ᠬᠤᠷᠰᠢᠬᠤ ᠪᠠᠷ ᠳᠠᠮᠵᠢᠵᠤ᠂ ᠡᠪᠡᠰᠤ ᠮᠠᠯ᠂ ᠠᠮᠢᠳᠤ ᠪᠤᠳᠠᠰ ᠤᠨ ᠮᠡᠷᠭᠡᠵᠢᠯ᠂ ᠨᠡᠬᠦᠷᠠᠰᠤ ᠴᠠᠬᠢᠯᠭᠠᠨ ᠬᠦᠩᠭᠡᠨ | ᠴᠠᠭᠠᠨ᠂ ᠨᠡᠬᠦᠷᠠᠰᠤ ᠬᠢᠮᠢ ᠶᠢᠨ ᠠᠵᠤ ᠦᠢᠯᠡᠳᠪᠤᠷᠢ ᠵᠡᠷᠭᠡ ᠲᠠᠯ᠎ᠠ ᠶᠢᠨ ᠳᠤᠰᠬᠠᠢ ᠮᠡᠷᠭᠡᠵᠢᠯᠳᠠᠨ ᠢ ᠢᠳᠡᠪᠬᠢᠳᠠᠢ | ᠤᠷᠢᠨ ᠠᠪᠴᠢᠷᠠᠵᠤ᠂ ᠲᠤᠰᠬᠠᠢ ᠰᠤᠳᠤᠯᠬᠤ ᠦᠷᠳᠡᠭᠡ᠂ ᠭᠤᠤᠯᠳᠠᠯᠭᠠᠳᠤ ᠳᠤᠷᠰᠢᠯᠳᠠ ᠶᠢᠨ ᠳᠠᠰᠤᠭ ᠪᠠᠶᠢᠭᠤᠯᠵᠤ᠂ | ᠰᠢᠨᠵᠢᠯᠡᠬᠦ ᠤᠬᠠᠭᠠᠨ ᠪᠠ ᠠᠵᠤ ᠠᠬᠤᠢ ᠶᠢᠨ ᠬᠦᠨᠵᠡᠭᠡᠢ ᠤᠶᠠᠯᠳᠤᠯ ᠢ ᠠᠬᠢᠭᠤᠯᠤᠨ᠎ᠠ᠃ | ︵ᠭᠤᠷᠪᠠ︶ ᠵᠤᠬᠢᠴᠠᠩᠭᠤᠢ ᠬᠦᠭᠵᠢᠯᠳᠠ ᠶᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠠ ᠶᠢᠨ ᠪᠦᠬᠦᠯᠢ | ᠴᠤᠭᠴᠠᠳᠤ ᠴᠢᠨᠠᠷ ᠢ ᠴᠢᠩᠳᠠᠯᠠᠨ᠎ᠠ᠃ ᠬᠤᠳᠡ ᠪᠠᠯᠭᠠᠰᠤᠨ ᠤ ᠭᠠᠵᠠᠷ ᠳᠤᠤᠷᠡᠭᠢ ᠬᠤᠭᠤᠯᠠᠢ ᠳᠤᠤᠷ ᠤᠨ | ᠦᠭᠡᠷᠡᠴᠢᠯᠠᠯᠳᠠ ᠶᠢᠨ ᠢᠨᠵᠧᠨ᠋ᠷᠢᠩ ᠢ ᠬᠡᠷᠡᠭᠵᠢᠬᠦᠯᠵᠤ᠂ ᠬᠤᠳᠡ ᠪᠠᠯᠭᠠᠰᠤᠨ ᠤ ᠵᠠᠮ ᠬᠠᠷᠢᠯᠴᠠᠭ᠎ᠠ ᠳᠡᠭᠡᠭᠡᠪᠤᠷᠢ ᠶᠢᠨ | ᠳᠤᠤᠷᠵᠢᠯ ᠢ ᠲᠡᠬᠦᠯᠳᠠᠷᠵᠢᠬᠦᠯᠵᠤ᠂ ᠬᠤᠳᠡ ᠪᠠᠯᠭᠠᠰᠤᠨ ᠤ ᠶᠡᠷᠦᠩᠭᠡᠢ ᠳᠠᠭᠠᠭᠠᠴᠡ ᠶᠢᠨ ᠴᠢᠳᠠᠪᠤᠷᠢ ᠶᠢ | ᠲᠡᠭᠡᠭᠰᠢᠯᠡᠬᠦᠯᠵᠦ᠂ 2020 ᠤᠨ ᠪᠤᠯᠳᠠᠯ᠎ᠠ᠂ ᠪᠠᠶᠢᠩᠭᠤ ᠰᠠᠭᠤᠭ᠎ᠠ ᠬᠦᠮᠦᠨ ᠠᠮᠠ ᠶᠢᠨ ᠬᠤᠳᠡ | ᠪᠠᠯᠭᠠᠰᠤᠵᠢᠯᠳᠠ ᠶᠢᠨ ᠨᠤᠷᠮ᠎ᠠ ᠶᠢ 55% ᠬᠦᠷᠭᠡᠨ᠎ᠠ᠃ ᠰᠢᠨ᠎ᠠ ᠬᠦᠳᠡᠭᠡ ᠲᠤᠰᠬᠤᠨ ᠰᠢᠨ᠎ᠠ ᠮᠠᠯᠵᠢᠬᠤ ᠤᠷᠤᠨ ᠤ | ᠪᠦᠳᠦᠭᠡᠨ ᠪᠠᠶᠢᠭᠤᠯᠤᠯᠳᠠ ᠶᠢᠨ ᠬᠢᠷᠢ ᠭᠡᠮᠵᠢᠶ᠎ᠠ ᠪᠠᠨ ᠳᠡᠭᠡᠭᠰᠢᠯᠡᠬᠦᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ | ︽ᠠᠷᠪᠠ ᠶᠢ ᠪᠦᠷᠬᠦᠬᠦᠯᠬᠦ︾ ᠢᠨᠵᠧᠨ᠋ᠷᠢᠩ ᠤᠨ ᠪᠠᠶᠢᠭᠤᠯᠤᠯᠳᠠ ᠶᠢᠨ ᠡᠬᠦᠷᠭᠡ ᠪᠠᠨ ᠪᠦᠬᠦ ᠲᠠᠯ᠎ᠠ ᠪᠠᠷ ᠪᠡᠶᠡᠯᠡᠬᠦᠯᠵᠤ᠂ | ᠬᠦᠳᠡᠭᠡ ᠲᠤᠰᠬᠤᠨ ᠮᠠᠯᠵᠢᠬᠤ ᠤᠷᠤᠨ ᠤ ᠰᠠᠭᠤᠷᠢ ᠲᠦᠬᠦᠭᠡᠷᠤᠮᠵᠢ ᠪᠤᠯᠤᠨ ᠠᠯᠪᠠᠨ ᠦᠢᠯᠡᠴᠢᠯᠡᠭᠡᠨ ᠤ | ᠤᠷᠤᠭᠤᠯᠤᠯᠳᠠ ᠶᠢᠨ ᠪᠠᠶᠢᠩᠭᠤ ᠶᠢᠨ ᠳᠤᠭᠳᠠᠴᠡ ᠶᠢ ᠪᠦᠷᠢᠨᠰᠢᠬᠦᠯᠵᠦ᠂ ᠬᠤᠳᠡ ᠬᠦᠳᠡᠭᠡ ᠶᠢᠨ ᠨᠠᠶᠢᠳᠡ ᠶᠢᠨ ᠡᠭᠢ | ᠪᠠᠶᠠᠯᠢᠭ ᠢ ᠳᠠᠩᠴᠡᠬᠦᠷᠢᠳᠠᠢ ᠲᠤᠬᠢᠷᠠᠭᠤᠯᠬᠤ ᠶᠢ ᠠᠬᠢᠭᠤᠯᠵᠦ᠂ ᠦᠵᠡᠰᠬᠦᠯᠠᠩᠳᠦ ᠰᠠᠶᠢᠬᠠᠨ ᠬᠦᠳᠡᠭᠡ ᠲᠤᠰᠬᠤᠨ ᠢ | ᠪᠠᠶᠢᠭᠤᠯᠤᠨ᠎ᠠ᠃ ᠪᠤᠳᠠᠰ ᠤᠨ ᠪᠤᠯᠪᠠᠰᠤᠨ ᠪᠤᠯᠤᠨ ᠤᠶᠤᠨ ᠤ ᠪᠤᠯᠪᠠᠰᠤᠨ ᠤ ᠵᠤᠬᠢᠴᠠᠩᠭᠤᠢ ᠬᠦᠭᠵᠢᠯᠳᠠ ᠶᠢ | ᠲᠦᠷᠭᠡᠳᠭᠡᠵᠤ᠂ ᠨᠠᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠠᠯᠳᠠ ᠶᠢ ᠦᠢᠯᠡᠳᠦᠯᠬᠡᠵᠢᠬᠦᠯᠵᠦ᠂ ᠦᠵᠠᠯ | ᠰᠠᠨᠠᠭ᠎ᠠ ᠶᠤᠰᠤ ᠮᠤᠷᠠᠯ ᠤᠨ ᠪᠠᠶᠢᠭᠤᠯᠤᠯᠳᠠ ᠪᠤᠯᠤᠨ ᠨᠠᠶᠢᠭᠡᠮ ᠤᠨ ᠢᠳᠡᠭᠡᠮᠵᠢ ᠶᠢᠨ ᠪᠠᠶᠢᠭᠤᠯᠤᠯᠳᠠ ᠶᠢ | ᠴᠢᠩᠭᠠᠳᠬᠠᠵᠤ᠂ ᠪᠦᠬᠦ ᠨᠠᠶᠢᠭᠡᠮ ᠳᠤ ᠵᠦᠪ ᠤᠨᠤᠪᠴᠢᠳᠠᠢ ᠦᠷᠳᠡᠭ ᠤᠨ ᠦᠵᠠᠯᠳᠠ ᠶᠢ ᠪᠤᠢ ᠪᠤᠯᠭᠠᠨ᠎ᠠ︔ | ᠠᠯᠪᠠᠨ ᠨᠠᠶᠢᠳᠡ ᠶᠢᠨ ᠰᠤᠶᠤᠯ ᠤᠨ ᠦᠢᠯᠡᠴᠢᠯᠡᠭᠡᠨ ᠤ ᠰᠢᠰᠲ᠋ᠧᠮ ᠪᠤᠯᠤᠨ ᠰᠤᠶᠤᠯ ᠤᠨ ᠵᠠᠬ᠎ᠠ ᠳᠡᠯᠭᠡᠬᠦᠷ ᠤᠨ | ᠰᠢᠰᠲ᠋ᠧᠮ ᠢ ᠳᠡᠬᠦᠯᠳᠠᠷᠵᠢᠬᠦᠯᠵᠤ᠂ ᠰᠤᠶᠤᠯ ᠢᠶᠠᠷ ᠠᠷᠠᠳ ᠢ ᠬᠠᠷᠠᠭᠠᠯᠵᠠᠬᠤ ᠲᠦᠷᠦᠯ ᠵᠦᠢᠯ ᠪᠤᠯᠤᠨ ᠤᠯᠠᠨ | ᠲᠦᠮᠡᠨ ᠤ ᠰᠤᠶᠤᠯ ᠤᠨ ᠬᠡᠷᠡᠭᠴᠡᠭᠡ ᠶᠢ ᠪᠦᠳᠦᠮᠵᠢᠳᠠᠢ ᠵᠤᠯᠭᠠᠯᠳᠠ ᠶᠢ ᠠᠬᠢᠭᠤᠯᠤᠨ᠎ᠠ᠃ | ︵ᠲᠦᠷᠪᠡ︶ ᠪᠤᠬᠢᠷᠳᠤᠯ ᠦᠭᠡᠢ ᠬᠦᠭᠵᠢᠯᠳᠠ ᠶᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠠ ᠶᠢᠨ | ᠤᠷᠴᠢᠨ ᠳᠤᠭᠤᠷᠢᠨ ᠢ ᠲᠠᠰᠤᠷᠠᠯᠳᠠ ᠦᠭᠡᠢ ᠰᠢᠯᠢᠳᠡᠭᠵᠢᠬᠦᠯᠤᠨ᠎ᠠ᠃ ᠠᠮᠢ ᠠᠬᠤᠢ ᠶᠢᠨ ᠤᠯᠠᠭᠠᠨ ᠱᠤᠭᠤᠮ ᠢ | ᠰᠢᠨᠵᠢᠯᠡᠬᠦ ᠤᠬᠠᠭᠠᠨᠴᠢ ᠪᠠᠷ ᠳᠤᠭᠳᠠᠭᠠᠵᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠤᠯᠤᠨ ᠠᠮᠢᠳᠤ ᠪᠤᠳᠠᠰ | ᠤᠨ ᠤᠯᠠᠨ ᠶᠠᠩᠵᠤᠳᠤ ᠴᠢᠨᠠᠷ ᠢ ᠬᠠᠮᠠᠭᠠᠯᠠᠬᠤ ᠳᠤᠭᠳᠠᠴᠡ ᠶᠢ ᠪᠠᠶᠢᠭᠤᠯᠤᠨ ᠳᠡᠬᠦᠯᠳᠠᠷᠵᠢᠬᠦᠯᠵᠤ᠂ ᠠᠮᠢ ᠠᠬᠤᠢ ᠶᠢᠨ | ᠤᠷᠴᠢᠨ ᠳᠤᠭᠤᠷᠢᠨ ᠢ ᠬᠢᠨᠠᠨ ᠬᠡᠮᠵᠢᠬᠦ ᠰᠡᠷᠡᠮᠵᠢᠯᠡᠬᠦᠯᠬᠦ ᠳᠤᠭᠳᠠᠴᠡ ᠶᠢ ᠪᠠᠶᠢᠭᠤᠯᠵᠤ᠂ ᠪᠠᠶᠢᠭᠠᠯᠢ ᠶᠢᠨ ᠡᠭᠢ | ᠪᠠᠶᠠᠯᠢᠭ ᠡᠳ᠋ ᠬᠦᠷᠦᠩᠭᠡ ᠳᠤ ᠳᠤᠰᠢᠶᠠᠯ ᠠᠴᠠ ᠰᠠᠯᠬᠤ ᠬᠢᠨᠠᠨ ᠪᠤᠳᠤᠯᠳᠠ ᠶᠢᠨ ᠲᠦᠷᠢᠮ ᠢ ᠴᠢᠩᠭ᠎ᠠ ᠬᠡᠷᠡᠭᠵᠢᠬᠦᠯᠵᠤ | ᠂ ᠠᠮᠢ ᠠᠬᠤᠢ ᠶᠢᠨ ᠤᠷᠴᠢᠨ ᠳᠤᠭᠤᠷᠢᠨ ᠢ ᠡᠪᠳᠡᠯᠡᠭᠰᠡᠨ ᠠᠵᠢᠯᠯᠠᠭ᠎ᠠ ᠠᠴᠠ ᠬᠠᠷᠢᠭᠤᠴᠠᠯᠭ᠎ᠠ ᠨᠡᠭᠡᠮᠵᠢᠯᠠᠨ᠂ ᠠᠮᠢ | ᠠᠬᠤᠢ ᠶᠢᠨ ᠤᠷᠴᠢᠨ ᠳᠤᠭᠤᠷᠢᠨ ᠢ ᠬᠠᠮᠠᠭᠠᠯᠠᠭᠰᠠᠨ ᠦᠷ᠎ᠠ ᠪᠦᠳᠦᠮᠵᠢ ᠶᠢ ᠬᠢᠨᠠᠨ ᠦᠨᠡᠯᠡᠬᠦ ᠰᠢᠰᠲ᠋ᠧᠮ | ᠪᠠᠶᠢᠭᠤᠯᠤᠨ᠎ᠠ᠃ ᠰᠢᠨᠡᠪᠡᠷ ᠵᠠᠰᠠᠨ ᠳᠤᠭᠳᠠᠭᠠᠭᠰᠠᠨ ︽ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠠᠤᠯᠢ︾ ᠶᠢ | ᠪᠦᠬᠦ ᠲᠠᠯ᠎ᠠ ᠪᠠᠷ ᠲᠤᠤᠱᠯᠠᠭᠤᠯᠵᠤ᠂ ᠭᠠᠳᠠᠭᠰᠢᠯᠠᠭᠤᠯᠬᠤ ᠶᠢ ᠪᠠᠭᠠᠰᠬᠠᠵᠤ ᠪᠤᠬᠢᠷᠳᠤᠯ ᠢ ᠵᠠᠰᠠᠬᠤ ᠭᠤᠤᠯ | ᠢᠨᠵᠧᠨ᠋ᠷᠢᠩ ᠤᠨ ᠪᠦᠳᠦᠭᠡᠨ ᠪᠠᠶᠢᠭᠤᠯᠤᠯᠳᠠ ᠪᠠ ᠡᠨᠧᠷᠭᠢ ᠶᠢ ᠠᠷᠪᠢᠯᠠᠨ ᠭᠠᠳᠠᠭᠰᠢᠯᠠᠭᠤᠯᠬᠤ ᠶᠢ ᠪᠠᠭᠠᠰᠬᠠᠬᠤ | ᠪᠦᠳᠦᠮᠵᠢᠳᠤ ᠬᠠᠮᠢᠶᠠᠷᠤᠯᠳᠠ ᠪᠠᠨ ᠴᠢᠩᠭᠠᠳᠬᠠᠵᠤ᠂ ᠠᠭᠠᠷ᠂ ᠤᠰᠤ ᠪᠤᠯᠤᠨ ᠰᠢᠷᠤᠢ ᠪᠠᠷ ᠭᠤᠤᠯ ᠪᠤᠯᠭᠠᠨ | ᠪᠤᠬᠢᠷᠳᠤᠯ ᠢ ᠶᠡᠷᠦᠩᠭᠡᠢ ᠵᠠᠰᠠᠬᠤ ᠶᠢ ᠨᠢᠭᠡᠳᠦᠯᠳᠠᠢ ᠲᠦᠯᠦᠪᠯᠡᠵᠤ ᠳᠦᠯᠬᠢᠨ ᠠᠬᠢᠭᠤᠯᠤᠨ᠎ᠠ︔ ᠤᠷᠴᠢᠨ ᠳᠤᠭᠤᠷᠢᠨ ᠢ | ᠦᠨᠡᠯᠡᠬᠦ᠂ ᠡᠬᠢ ᠰᠤᠷᠪᠤᠯᠵᠢ ᠶᠢ ᠦᠨᠡᠯᠡᠬᠦ ᠲᠦᠷᠢᠮ ᠢ ᠴᠢᠩᠭᠠᠳᠬᠠᠵᠤ᠂ ᠠᠵᠤ ᠦᠢᠯᠡᠰ ᠤᠨ ᠲᠦᠷᠦ ᠶᠢᠨ | ᠪᠤᠳᠤᠯᠭ᠎ᠠ᠂ ᠤᠷᠴᠢᠨ ᠳᠤᠭᠤᠷᠢᠨ ᠢ ᠬᠠᠮᠠᠭᠠᠯᠠᠬᠤ ᠶᠢ ᠵᠦᠪᠰᠢᠶᠡᠷᠡᠨ ᠤᠷᠤᠭᠤᠯᠬᠤ ᠪᠤᠶᠤ ᠪᠤᠬᠢᠷᠳᠤᠯ ᠪᠤᠳᠠᠰ ᠢ | ᠭᠠᠳᠠᠭᠰᠢᠯᠠᠭᠤᠯᠬᠤ ᠪᠠᠷᠢᠮᠵᠢᠶ᠎ᠠ ᠶᠢ ᠬᠢᠵᠠᠭᠠᠷᠯᠠᠬᠤ ᠳᠤᠭᠳᠠᠴᠡ ᠶᠢ ᠪᠠᠶᠢᠭᠤᠯᠵᠤ᠂ ᠤᠷᠴᠢᠨ ᠳᠤᠭᠤᠷᠢᠨ ᠤ ᠪᠤᠬᠢᠷᠳᠤᠯ | ᠪᠤᠯᠤᠨ ᠠᠮᠢ ᠠᠬᠤᠢ ᠶᠢᠨ ᠡᠪᠳᠡᠭᠳᠠᠯ ᠢ ᠡᠭᠢ ᠠᠴᠠ ᠨᠢ ᠰᠡᠷᠭᠡᠶᠢᠯᠠᠨ᠎ᠠ᠃ | ︵ᠳᠠᠪᠤ︶ ᠨᠡᠭᠡᠭᠡᠨ ᠬᠦᠭᠵᠢᠬᠦᠯᠬᠦ ᠶᠢ ᠪᠠᠷᠢᠮᠳᠠᠯᠠᠵᠤ᠂ ᠰᠢᠶᠠᠨ ᠤ ᠬᠠᠷᠢᠶ᠎ᠠ ᠶᠢᠨ ᠠᠵᠤ ᠠᠬᠤᠢ ᠶᠢᠨ | ᠬᠦᠭᠵᠢᠯᠳᠠ ᠶᠢᠨ ᠠᠮᠢᠵᠢᠷᠠᠯ ᠤᠨ ᠬᠦᠴᠤᠨ ᠢ ᠵᠤᠷᠢᠭᠵᠢᠭᠤᠯᠤᠨ᠎ᠠ᠃ ︽ᠨᠢᠭᠡ ᠪᠦᠰᠡ ᠨᠢᠭᠡ ᠵᠠᠮ︾ ᠤᠨ | ᠪᠠᠶᠢᠭᠤᠯᠤᠯᠳᠠ ᠳᠤ ᠢᠳᠡᠪᠬᠢᠳᠠᠢ ᠤᠷᠤᠯᠴᠠᠵᠤ᠂ ᠤᠷᠤᠰ᠂ ᠮᠤᠩᠭᠤᠯ ᠳᠤᠷᠤᠨᠠᠳᠤ ᠶᠢᠨ ᠪᠠᠶᠢᠯᠳᠤᠬᠤ ᠪᠤᠳᠤᠯᠭ᠎ᠠ | ᠶᠢᠨ ᠵᠠᠯᠭᠠᠯᠳᠤᠭ᠎ᠠ ᠶᠢ ᠴᠢᠩᠭᠠᠳᠬᠠᠵᠤ᠂ ᠤᠷᠤᠨ ᠭᠠᠵᠠᠷ ᠤᠨ ᠬᠠᠮᠵᠢᠯᠴᠠᠭᠠᠨ ᠤ ᠵᠤᠬᠢᠴᠠᠩᠭᠤᠢ ᠳᠤᠭᠳᠠᠴᠡ ᠶᠢ | ᠪᠠᠶᠢᠭᠤᠯᠤᠨ ᠳᠡᠬᠦᠯᠳᠠᠷᠵᠢᠬᠦᠯᠵᠤ᠂ ᠤᠷᠤᠰ ᠮᠤᠩᠭᠤᠯ ᠲᠠᠢ ᠠᠭᠤᠷᠬᠠᠢ ᠶᠢᠨ ᠡᠭᠢ ᠪᠠᠶᠠᠯᠢᠭ᠂ ᠰᠤᠷᠭᠠᠨ | ᠬᠦᠮᠦᠵᠢᠯ᠂ ᠡᠮ ᠡᠮᠨᠡᠯᠭᠡ ᠡᠷᠡᠬᠦᠯ ᠬᠠᠮᠠᠭᠠᠯᠠᠯ᠂ ᠵᠢᠭᠤᠯᠴᠢᠯᠠᠯ᠂ ᠳᠠᠷᠢᠶᠠᠯᠠᠩ ᠮᠠᠯ ᠠᠵᠤ ᠠᠬᠤᠢ ᠶᠢᠨ | ᠪᠦᠳᠦᠭᠡᠭᠳᠡᠬᠦᠨ ᠢ ᠪᠤᠯᠪᠠᠰᠤᠷᠠᠭᠤᠯᠬᠤ ᠵᠡᠷᠭᠡ ᠬᠦᠷᠢᠶ᠎ᠠ ᠬᠡᠪᠴᠢᠶᠠᠨ ᠳᠠᠬᠢ ᠬᠠᠷᠢᠯᠴᠠᠭ᠎ᠠ ᠬᠠᠮᠵᠢᠯᠴᠠᠭ᠎ᠠ ᠶᠢ ᠲᠦᠯᠬᠢᠨ | ᠠᠬᠢᠭᠤᠯᠤᠨ᠎ᠠ᠃ ᠡᠭᠢ ᠪᠠᠶᠠᠯᠢᠭ᠂ ᠤᠷᠤᠨ ᠵᠠᠢ ᠵᠡᠷᠭᠡ ᠨᠠᠯᠢᠶᠠᠳ ᠳᠠᠪᠠᠭᠤᠯᠢᠭ ᠪᠠᠨ ᠪᠠᠳᠠᠷᠠᠭᠤᠯᠵᠤ᠂ ᠰᠠᠴᠤᠷᠠᠭ | ᠢ ᠢᠳᠡᠪᠬᠢᠳᠠᠢ ᠬᠦᠯᠢᠶᠠᠨ ᠠᠪᠴᠤ᠂ ᠪᠡᠭᠡᠵᠢᠩ᠂ ᠲᠢᠶᠠᠨᠵᠢᠨ᠂ ᠾᠧᠪᠸᠢ᠂ ᠵᠡᠬᠦᠨ ᠬᠤᠶᠢᠳᠦ ᠶᠢᠨ ᠭᠤᠷᠪᠠᠨ ᠮᠤᠵᠢ | ᠶᠢᠨ ᠳᠠᠪᠠᠭᠤᠯᠢᠭ ᠠᠵᠤ ᠦᠢᠯᠡᠰ ᠤᠨ ᠲᠤᠭᠤᠷᠢᠨ ᠳᠤ ᠳᠤᠨᠤᠭ ᠲᠦᠬᠦᠭᠡᠷᠤᠮᠵᠢ ᠦᠢᠯᠡᠳᠪᠤᠷᠢᠯᠡᠬᠦ᠂ ᠳᠠᠷᠢᠶᠠᠯᠠᠩ ᠮᠠᠯ | ᠠᠵᠤ ᠠᠬᠤᠢ ᠶᠢᠨ ᠪᠦᠳᠦᠭᠡᠭᠳᠡᠬᠦᠨ ᠢ ᠪᠤᠯᠪᠠᠰᠤᠷᠠᠭᠤᠯᠬᠤ᠂ ᠤᠷᠤᠨ ᠭᠠᠵᠠᠷ ᠤᠨ ᠪᠤᠳᠠᠰ ᠤᠨ ᠬᠦᠢᠯᠭᠡᠭᠡᠨ ᠢ | ᠲᠦᠬᠦᠷᠵᠢᠬᠦᠯᠤᠨ ᠬᠦᠭᠵᠢᠬᠦᠯᠵᠤ᠂ ᠮᠠᠨ ᠤ ᠬᠤᠰᠢᠭᠤ ᠪᠠᠨ ᠲᠦᠩᠯᠢᠶᠤᠤ ᠶᠢᠨ ᠬᠤᠶᠢᠳᠦ ᠬᠡᠰᠡᠭ ᠤᠨ ᠠᠵᠤ | ᠦᠢᠯᠡᠰ ᠢ ᠰᠢᠯᠵᠢᠬᠦᠯᠬᠦ ᠪᠠ ᠠᠵᠤ ᠦᠢᠯᠡᠰ ᠢ ᠬᠤᠷᠰᠢᠶᠠᠵᠢᠭᠤᠯᠬᠤ ᠰᠠᠭᠤᠷᠢᠨ ᠭᠠᠵᠠᠷ ᠪᠤᠯᠭᠠᠨ᠎ᠠ᠃ ᠤᠷᠴᠢᠨ | ᠳᠤᠭᠤᠷᠢᠨ ᠤ ᠬᠤᠰᠢᠭᠤ ᠰᠢᠶᠠᠨ ᠬᠤᠳᠡ ᠤᠷᠤᠨ ᠲᠠᠢ ᠬᠠᠮᠵᠢᠯᠴᠠᠭ᠎ᠠ ᠪᠠᠨ ᠴᠢᠩᠭᠠᠳᠬᠠᠵᠤ᠂ ᠬᠤᠤᠯᠢᠩᠭᠤᠤᠯ | ᠬᠤᠳᠡ ᠲᠠᠢ ᠨᠡᠬᠦᠷᠠᠰᠤ ᠴᠠᠬᠢᠯᠭᠠᠨ ᠬᠦᠩᠭᠡᠨᠴᠠᠭᠠᠨ ᠤ ᠠᠵᠤ ᠦᠢᠯᠡᠰ ᠤᠨ ᠲᠠᠯ᠎ᠠ ᠪᠠᠷ ᠰᠢᠨ᠎ᠠ ᠬᠡᠯᠪᠡᠷᠢ ᠶᠢᠨ ᠤᠷᠤᠨ | ᠵᠠᠢ ᠶᠢᠨ ᠬᠠᠮᠵᠢᠯᠴᠠᠭᠠᠨ ᠤ ᠬᠠᠷᠢᠴᠠᠭ᠎ᠠ ᠪᠠᠶᠢᠭᠤᠯᠵᠤ᠂ ᠨᠢᠭᠡᠳᠦᠯᠳᠠᠢ᠂ ᠨᠡᠭᠡᠭᠡᠯᠳᠡ ᠲᠠᠢ᠂ ᠦᠷᠢᠰᠦᠯᠳᠦᠭᠡᠨ ᠲᠠᠢ | ᠂ ᠡᠮᠬᠢᠳᠠᠢ ᠵᠠᠬ᠎ᠠ ᠳᠡᠯᠭᠡᠬᠦᠷ ᠤᠨ ᠰᠢᠰᠲ᠋ᠧᠮ ᠢ ᠪᠦᠷᠢᠳᠦᠬᠦᠯᠵᠤ᠂ ᠠᠵᠤ ᠦᠢᠯᠡᠰ ᠤᠨ ᠵᠤᠬᠢᠴᠠᠩᠭᠤᠢ ᠬᠦᠭᠵᠢᠯᠳᠠ᠂ | ᠰᠤᠯᠢᠪᠴᠠᠨ ᠬᠦᠭᠵᠢᠭᠰᠡᠨ ᠬᠦᠭᠵᠢᠯᠳᠠ ᠶᠢ ᠪᠡᠶᠡᠯᠡᠬᠦᠯᠤᠨ᠎ᠠ᠃ | ︵ᠵᠢᠷᠭᠤᠭ᠎ᠠ︶ ᠬᠠᠮᠳᠤ ᠳᠠᠭᠠᠨ ᠬᠦᠭᠵᠢᠬᠦ ᠶᠢ ᠪᠠᠷᠢᠮᠳᠠᠯᠠᠵᠤ᠂ ᠬᠦᠭᠵᠢᠯᠳᠠ ᠶᠢᠨ ᠦᠷ᠎ᠠ ᠪᠦᠳᠦᠮᠵᠢ ᠶᠢ | ᠦᠷᠭᠡᠨ ᠤᠯᠠᠨ ᠲᠦᠮᠡᠨ ᠳᠤ ᠬᠦᠷᠳᠡᠭᠡᠨ᠎ᠠ᠃ ᠶᠠᠳᠠᠭᠤ ᠶᠢ ᠳᠡᠳᠬᠦᠬᠦ ᠠᠵᠢᠯ ᠢ ᠪᠦᠬᠦ ᠬᠦᠴᠤᠨ ᠢᠶᠠᠷ ᠢᠶᠠᠨ | ᠲᠦᠯᠬᠢᠨ ᠠᠬᠢᠭᠤᠯᠵᠤ᠂ 2017 ᠤᠨ ᠳᠤ ᠪᠦᠬᠦ ᠬᠤᠰᠢᠭᠤᠨ ᠤ ᠶᠠᠳᠠᠭᠤ ᠬᠦᠴᠢᠷᠳᠠᠢ ᠠᠮᠠᠨ ᠳᠤᠭ᠎ᠠ ᠶᠢ | ᠯᠠᠪᠳᠠᠭᠤᠨ ᠢᠶᠠᠷ ᠶᠠᠳᠠᠭᠤ ᠠᠴᠠ ᠠᠩᠭᠢᠵᠢᠷᠠᠭᠤᠯᠤᠨ᠎ᠠ︔ ᠬᠤᠳᠡ ᠬᠦᠳᠡᠭᠡ ᠶᠢᠨ ᠰᠠᠭᠤᠭᠠᠯᠢ ᠠᠷᠠᠳ ᠢ ᠪᠦᠷᠬᠦᠭᠰᠡᠨ | ᠨᠠᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠵᠤ᠂ ᠬᠤᠳᠡ ᠬᠦᠳᠡᠭᠡ ᠶᠢᠨ ᠳᠤᠤᠷ᠎ᠠ | ᠪᠠᠳᠤᠯᠠᠭ᠎ᠠ᠂ ᠬᠦᠳᠡᠭᠡ ᠲᠤᠰᠬᠤᠨ ᠮᠠᠯᠵᠢᠬᠤ ᠤᠷᠤᠨ ᠤ ︽ᠳᠠᠪᠤᠨ ᠪᠠᠳᠤᠯᠠᠭ᠎ᠠ︾ ᠶᠢᠨ ᠪᠠᠳᠤᠯᠠᠭ᠎ᠠ ᠶᠢᠨ ᠬᠢᠷᠢ | ᠬᠡᠮᠵᠢᠶ᠎ᠠ ᠶᠢ ᠳᠠᠰᠤᠷᠠᠯᠳᠠ ᠦᠭᠡᠢ ᠳᠡᠭᠡᠭᠰᠢᠯᠡᠬᠦᠯᠵᠤ᠂ ᠬᠦᠴᠢᠷᠳᠠᠢ ᠬᠦᠮᠦᠰ ᠪᠦᠬᠦᠨ ᠢ ᠬᠠᠪᠰᠤᠷᠤᠨ ᠳᠠᠮᠵᠢᠵᠤ | ᠳᠡᠳᠬᠦᠨ᠎ᠠ︔ ᠠᠳᠠᠯ ᠪᠤᠰᠬᠠᠬᠤ ᠲᠡᠮᠵᠢᠬᠦ ᠬᠦᠴᠤᠴᠡ ᠪᠠᠨ ᠶᠡᠬᠡᠰᠭᠡᠵᠤ᠂ ᠠᠳᠠᠯ ᠪᠤᠰᠬᠠᠬᠤ ᠬᠦᠷᠢᠶᠠᠯᠠᠩ᠂ ᠠᠵᠢᠯ | ᠮᠡᠷᠭᠡᠵᠢᠯ ᠤᠨ ᠰᠤᠷᠭᠠᠨ ᠬᠦᠮᠦᠵᠢᠯ ᠤᠨ ᠬᠦᠷᠢᠶᠠᠯᠠᠩ ᠤᠨ ᠪᠤᠳᠠᠳᠠᠢ ᠪᠤᠯᠪᠠᠰᠤᠷᠠᠭᠤᠯᠬᠤ ᠰᠠᠭᠤᠷᠢᠨ ᠭᠠᠵᠠᠷ ᠤᠨ | ᠪᠠᠶᠢᠭᠤᠯᠤᠯᠳᠠ ᠪᠠᠨ ᠰᠠᠶᠢᠳᠤᠷ ᠠᠳᠬᠤᠨ᠎ᠠ︔ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠳᠠᠩᠴᠡᠬᠦᠷᠢᠳᠠᠢ | ᠬᠦᠭᠵᠢᠯᠳᠠ ᠶᠢᠨ ᠦᠷ᠎ᠠ ᠪᠦᠳᠦᠮᠵᠢ ᠶᠢ ᠪᠠᠳᠤᠳᠬᠠᠵᠤ᠂ ᠰᠤᠷᠭᠠᠨ ᠬᠦᠮᠦᠵᠢᠯ ᠵᠢᠭᠠᠨ ᠰᠤᠷᠭᠠᠬᠤ ᠴᠢᠨᠠᠷ ᠴᠢᠨᠰᠠᠭ᠎ᠠ | ᠶᠢ ᠳᠡᠭᠡᠭᠰᠢᠯᠡᠬᠦᠯᠤᠨ᠎ᠠ︔ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠭᠡᠢ ᠦᠭᠡᠷᠡᠴᠢᠯᠠᠯᠳᠠ | ᠶᠢ ᠬᠦᠨᠵᠡᠭᠡᠶᠢᠷᠡᠬᠦᠯᠵᠤ᠂ ᠬᠤᠳᠡ ᠬᠦᠳᠡᠭᠡ ᠶᠢᠨ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠳᠠ ᠶᠢ ᠴᠢᠩᠭᠠᠳᠬᠠᠵᠤ᠂ ᠮᠤᠩᠭᠤᠯ ᠡᠮ ᠡᠮᠨᠡᠯᠭᠡ ᠶᠢᠨ ᠦᠢᠯᠡᠰ ᠤᠨ ᠬᠦᠭᠵᠢᠯᠳᠠ ᠶᠢ ᠳᠠᠮᠵᠢᠨ᠎ᠠ︔ | ᠨᠠᠶᠢᠭᠡᠮ ᠤᠨ ᠰᠢᠨᠵᠢᠯᠡᠬᠦ ᠤᠬᠠᠭᠠᠨ᠂ ᠷᠠᠳᠢᠤ᠋ ᠲᠧᠯᠸᠢᠰ᠂ ᠰᠤᠶᠤᠯ ᠤᠷᠠᠯᠢᠭ ᠤᠨ ᠦᠢᠯᠡᠰ ᠢ ᠶᠡᠬᠡᠪᠡᠷ ᠬᠦᠭᠵᠢᠬᠦᠯᠵᠤ | ᠂ ᠳᠠᠯ᠎ᠠ ᠨᠤᠳᠤᠭ ᠤᠨ ᠤᠨᠴᠠᠯᠢᠭᠳᠤ ᠰᠤᠶᠤᠯ ᠤᠨ ᠨᠦᠯᠦᠭᠡᠯᠡᠬᠦ ᠬᠦᠴᠤᠨ ᠢ ᠴᠢᠩᠳᠠᠯᠠᠨ᠎ᠠ︔ ᠬᠠᠤᠯᠢ ᠪᠠᠷ ᠬᠤᠰᠢᠭᠤ | ᠪᠠᠨ ᠵᠠᠰᠠᠬᠤ ᠪᠠᠶᠢᠯᠳᠤᠬᠤ ᠪᠤᠳᠤᠯᠭ᠎ᠠ ᠶᠢ ᠬᠦᠨᠵᠡᠭᠡᠢ ᠬᠡᠷᠡᠭᠵᠢᠬᠦᠯᠵᠤ᠂ ᠨᠠᠶᠢᠭᠡᠮ ᠢ ᠵᠠᠰᠠᠬᠤ ᠬᠠᠤᠯᠢᠵᠢᠯᠳᠠ ᠶᠢᠨ | ᠬᠢᠷᠢ ᠬᠡᠮᠵᠢᠶ᠎ᠠ ᠶᠢ ᠲᠠᠰᠤᠷᠠᠯᠳᠠ ᠦᠭᠡᠢ ᠳᠡᠭᠡᠭᠰᠢᠯᠡᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠮᠭᠢ | ᠲᠢᠭᠯᠢᠮ ᠢ ᠬᠠᠤᠯᠢ ᠶᠤᠰᠤᠭᠠᠷ ᠲᠦᠷᠢᠮᠵᠢᠬᠦᠯᠬᠦ ᠶᠢ ᠪᠠᠷᠢᠮᠳᠠᠯᠠᠵᠤ᠂ ᠨᠠᠶᠢᠭᠡᠮ ᠤᠨ ᠠᠮᠤᠷ ᠢ ᠬᠠᠮᠠᠭᠠᠯᠠᠬᠤ ᠪᠠᠶᠡᠳᠦ | ᠴᠤᠭᠴᠠ ᠶᠢᠨ ᠰᠢᠰᠲ᠋ᠧᠮ ᠢ ᠳᠡᠬᠦᠯᠳᠠᠷᠵᠢᠬᠦᠯᠤᠨ᠎ᠠ ᠃ | ᠭᠤᠷᠪᠠ᠂ 2016 ᠤᠨ ᠤ ᠭᠤᠤᠯ ᠠᠵᠢᠯ | 2016 ᠤᠨ ᠪᠤᠯ ︽ᠠᠷᠪᠠᠨ ᠭᠤᠷᠪᠠᠳᠤᠭᠠᠷ ᠳᠠᠪᠤᠨ ᠵᠢᠯ︾ ᠤᠨ ᠡᠬᠢᠯᠠᠯᠳᠠ ᠶᠢᠨ ᠵᠢᠯ ᠮᠦᠨ᠂ | ᠳᠡᠭᠡᠷᠡᠭᠢ ᠶᠢ ᠵᠠᠯᠭᠠᠮᠵᠢᠯᠠᠵᠤ ᠳᠤᠷᠤᠭᠰᠢ ᠤᠯᠠᠮᠵᠢᠯᠠᠬᠤ ᠵᠠᠩᠭᠢᠯᠠᠭ᠎ᠠ ᠶᠢᠨ ᠵᠢᠯ ᠮᠦᠨ᠃ ᠦᠨᠤ ᠵᠢᠯ ᠤᠨ ᠠᠵᠢᠯ ᠢ | ᠰᠠᠶᠢᠳᠤᠷ ᠬᠢᠬᠦ ᠨᠢ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠳᠤᠭᠳᠠᠭᠤᠨ ᠲᠦᠷᠭᠡᠨ ᠬᠦᠭᠵᠢᠯᠳᠠ ᠶᠢ | ᠪᠠᠳᠤᠯᠠᠵᠤ᠂ ︽ᠠᠷᠪᠠᠨ ᠭᠤᠷᠪᠠᠳᠤᠭᠠᠷ ᠳᠠᠪᠤᠨ ᠵᠢᠯ︾ ᠤᠨ ᠡᠬᠢᠯᠠᠯᠳᠠ ᠶᠢ ᠰᠠᠶᠢᠳᠤᠷ ᠡᠬᠢᠯᠡᠬᠦ ᠳᠤ ᠴᠢᠬᠤᠯᠠ | ᠤᠳᠬ᠎ᠠ ᠠᠭᠤᠯᠭ᠎ᠠ ᠲᠠᠢ ᠶᠤᠮ᠃ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ | ᠪᠤᠯ᠄ ᠲᠦᠪ᠂ ᠦᠪᠡᠷᠳᠡᠭᠡᠨ ᠵᠠᠰᠠᠬᠤ ᠤᠷᠤᠨ᠂ ᠲᠦᠩᠯᠢᠶᠤᠤ ᠬᠤᠳᠡ ᠪᠤᠯᠤᠨ ᠬᠤᠰᠢᠭᠤᠨ ᠤ ᠨᠠᠮ ᠤᠨ ᠬᠤᠷᠢᠶ᠎ᠠ | ᠶᠢᠨ ᠰᠢᠢᠳᠪᠤᠷᠢ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠴᠢᠨᠡᠭᠡᠯᠢᠭ ᠨᠠᠶᠢᠭᠡᠮ ᠢ ᠪᠦᠬᠦ ᠲᠠᠯ᠎ᠠ | ᠪᠠᠷ ᠪᠦᠳᠦᠭᠡᠨ ᠪᠠᠶᠢᠭᠤᠯᠬᠤ ᠡᠨᠡᠬᠦ ᠶᠡᠷᠦᠩᠭᠡᠢ ᠬᠠᠷᠠᠯᠳᠠ ᠶᠢᠨ ᠳᠤᠭᠤᠷᠢᠨ ᠳᠤ᠂ ᠰᠢᠨ᠎ᠠ ᠶᠢ ᠡᠬᠦᠳᠬᠦ᠂ | ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠬᠦ᠂ ᠬᠦᠭᠵᠢᠯᠳᠠ ᠶᠢ ᠡᠳ᠋ᠯᠡᠬᠦ ᠦᠵᠠᠯᠳᠠ ᠶᠢ ᠪᠠᠳᠤ ᠪᠤᠢ ᠪᠤᠯᠭᠠᠵᠤ᠂ | ᠬᠠᠩᠭᠠᠯᠭ᠎ᠠ ᠶᠢᠨ ᠡᠳᠡᠭᠡᠳ ᠤᠨ ᠪᠦᠳᠦᠴᠡ ᠶᠢᠨ ᠦᠭᠡᠷᠡᠴᠢᠯᠠᠯᠳᠠ ᠶᠢ ᠲᠦᠷᠭᠡᠨ ᠲᠦᠯᠬᠢᠨ ᠠᠬᠢᠭᠤᠯᠵᠤ᠂ ︽ | ᠦᠢᠯᠡᠳᠪᠦᠷᠢᠯᠡᠯ ᠤᠨ ᠴᠢᠳᠠᠪᠤᠷᠢ᠂ ᠬᠦᠮᠦᠷᠭᠡ ᠶᠢᠨ ᠬᠠᠳᠠᠭᠠᠯᠠᠮᠵᠢ᠂ ᠪᠠᠷᠢᠮᠵᠢᠶ᠎ᠠ ᠪᠠᠨ ᠪᠠᠭᠠᠰᠬᠠᠵᠦ᠂ ᠦᠪᠡᠷ ᠦᠷᠳᠡᠭ | ᠢ ᠨᠢ ᠪᠠᠭᠤᠷᠠᠭᠤᠯᠤᠨ᠂ ᠬᠦᠷᠦᠯᠴᠡᠬᠦ ᠦᠭᠡᠢ ᠲᠠᠯ᠎ᠠ ᠪᠠᠨ ᠨᠦᠬᠦᠪᠦᠷᠢᠯᠡᠬᠦ︾ ᠲᠠᠪᠤᠨ ᠶᠡᠭᠡ ᠡᠬᠦᠷᠭᠡ ᠶᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠤᠨ᠂ ᠠᠵᠤ ᠠᠬᠤᠢ ᠶᠢᠨ ᠬᠦᠭᠵᠢᠯᠳᠠ ᠶᠢᠨ ᠰᠢᠨ᠎ᠠ ᠬᠡᠪ ᠪᠠᠶᠢᠳᠠᠯ ᠳᠤ ᠢᠳᠡᠪᠬᠢᠳᠠᠢ | ᠵᠤᠬᠢᠴᠠᠵᠤ᠂ ᠳᠤᠭᠳᠠᠭᠤᠨ ᠢᠶᠠᠷ ᠨᠡᠮᠡᠭᠳᠡᠬᠦ᠂ ᠬᠡᠯᠪᠡᠷᠢ ᠪᠠᠨ ᠬᠤᠪᠢᠷᠠᠭᠤᠯᠵᠤ᠂ ᠪᠦᠳᠦᠴᠡ ᠪᠠᠨ ᠳᠤᠬᠢᠷᠠᠭᠤᠯᠬᠤ ᠪᠠᠷ | ᠴᠢᠷᠮᠠᠶᠢᠵᠤ ᠪᠦᠬᠦ ᠲᠠᠯ᠎ᠠ ᠪᠠᠷ ᠦᠭᠡᠷᠡᠴᠢᠯᠠᠯᠳᠠ ᠶᠢ ᠠᠬᠢᠭᠤᠯᠵᠤ᠂ ᠠᠷᠠᠳ ᠤᠨ ᠠᠮᠢᠳᠤᠷᠠᠯ ᠢ ᠬᠠᠷᠠᠭᠠᠯᠵᠠᠵᠤ᠂ | ᠳᠤᠭᠳᠠᠭᠤᠨ ᠢ ᠪᠠᠳᠤᠯᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠡᠷᠡᠬᠦᠯ ᠲᠦᠷᠭᠡᠨ ᠬᠦᠭᠵᠢᠯᠳᠠ ᠶᠢ | ᠦᠷᠬᠦᠯᠵᠢᠯᠠᠨ ᠲᠦᠯᠬᠢᠨ ᠠᠬᠢᠭᠤᠯᠵᠤ᠂ ︽ᠠᠷᠪᠠᠨ ᠭᠤᠷᠪᠠᠳᠤᠭᠠᠷ ᠳᠠᠪᠤᠨ ᠵᠢᠯ︾ ᠤᠨ ᠬᠤᠭᠤᠴᠠᠭᠠᠨ ᠳᠠᠬᠢ ᠠᠵᠤ | ᠠᠬᠤᠢ ᠨᠠᠶᠢᠭᠡᠮ ᠤᠨ ᠬᠦᠭᠵᠢᠯᠳᠠ ᠶᠢᠨ ᠰᠠᠶᠢᠨ ᠰᠠᠶᠢᠬᠠᠨ ᠡᠬᠢᠯᠠᠯᠳᠠ ᠶᠢ ᠪᠡᠶᠡᠯᠡᠬᠦᠯᠤᠨ᠎ᠠ᠃ | ᠦᠨᠤ ᠵᠢᠯ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠭᠤᠤᠯ ᠬᠠᠷᠠᠯᠳᠠ ᠪᠤᠯ᠄ | ᠤᠷᠤᠨ ᠨᠤᠳᠤᠭ ᠤᠨ ᠦᠢᠯᠡᠳᠪᠤᠷᠢᠯᠠᠯ ᠤᠨ ᠶᠡᠷᠦᠩᠭᠡᠢ ᠦᠷᠳᠡᠭ ᠢ 214.8 ᠳ᠋ᠦᠩᠰᠢᠭᠤᠷ ᠲᠦᠬᠦᠷᠢᠭ | ᠪᠡᠶᠡᠯᠡᠬᠦᠯᠵᠤ᠂ 9% ᠪᠠᠷ ᠨᠡᠮᠡᠭᠳᠡᠬᠦᠯᠤᠨ᠎ᠠ︔ ᠤᠯᠠᠨ ᠨᠠᠶᠢᠳᠡ ᠶᠢᠨ ᠡᠳ᠋ ᠤᠨ ᠵᠠᠰᠠᠭ ᠤᠨ ᠲᠦᠰᠦᠪ ᠤᠨ | ᠤᠷᠤᠯᠭ᠎ᠠ ᠶᠢ 16.3 ᠳ᠋ᠦᠩᠰᠢᠭᠤᠷ ᠲᠦᠬᠦᠷᠢᠭ ᠪᠡᠶᠡᠯᠡᠬᠦᠯᠵᠤ᠂ 8.5% ᠪᠠᠷ ᠨᠡᠮᠡᠭᠳᠡᠭᠦᠯᠤᠨ᠎ᠠ︔ ᠳᠤᠭᠳᠠᠮᠠᠯ | ᠬᠦᠷᠦᠩᠭᠡ ᠶᠢᠨ ᠪᠡᠯᠡ ᠤᠷᠤᠭᠤᠯᠤᠯᠳᠠ ᠶᠢ 145.7 ᠳ᠋ᠦᠩᠰᠢᠭᠤᠷ ᠲᠦᠬᠦᠷᠢᠭ ᠪᠡᠶᠡᠯᠡᠬᠦᠯᠵᠤ᠂15% ᠪᠠᠷ | ᠨᠡᠮᠡᠭᠳᠡᠬᠦᠯᠤᠨ᠎ᠠ︔ ᠬᠤᠳᠡ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠳᠡᠭᠰᠢᠳᠭᠡᠭᠰᠡᠨ | ᠳᠤᠬᠢᠷᠠᠭᠤᠯᠵᠤ ᠪᠤᠯᠬᠤ ᠤᠷᠤᠯᠭ᠎ᠠ ᠶᠢ 24988 ᠲᠦᠬᠦᠷᠢᠭ᠂ 10 % ᠪᠠᠷ ᠨᠡᠮᠡᠭᠳᠡᠬᠦᠯᠤᠨ᠎ᠠ︔ ᠮᠠᠯᠴᠢᠨ | ᠳᠠᠷᠢᠶᠠᠴᠢᠨ ᠤ ᠬᠦᠮᠦᠨ ᠪᠦᠷᠢ ᠶᠢᠨ ᠳᠡᠭᠰᠢᠳᠭᠡᠭᠰᠡᠨ ᠴᠡᠪᠡᠷ ᠤᠷᠤᠯᠭ᠎ᠠ ᠶᠢ13058 ᠲᠦᠬᠦᠷᠢᠭ᠂ 11% ᠪᠠᠷ | ᠨᠡᠮᠡᠭᠳᠡᠬᠦᠯᠤᠨ᠎ᠠ︔ ᠨᠠᠶᠢᠭᠡᠮ ᠤᠨ ᠬᠡᠷᠡᠭᠯᠡᠭᠡᠨ ᠤ ᠡᠳ᠋ ᠤᠨ ᠲᠠᠸᠠᠷ ᠤᠨ ᠪᠤᠷᠤᠯᠠᠭᠤᠯᠬᠤ ᠶᠡᠷᠦᠩᠭᠡᠢ ᠬᠡᠮᠵᠢᠶ᠎ᠠ ᠶᠢ 34. | 2 ᠳ᠋ᠦᠩᠰᠢᠭᠤᠷ ᠲᠦᠬᠦᠷᠢᠭ ᠪᠡᠶᠡᠯᠡᠬᠦᠯᠵᠤ᠂ 12% ᠪᠠᠷ ᠨᠡᠮᠡᠭᠳᠡᠬᠦᠯᠤᠨ᠎ᠠ︔ | ᠳᠡᠭᠡᠷᠡᠭᠢ ᠬᠠᠷᠠᠯᠳᠠ ᠶᠢ ᠪᠡᠶᠡᠯᠡᠬᠦᠯᠬᠦ ᠶᠢᠨ ᠲᠦᠯᠦᠭᠡ᠂ ᠦᠨᠤ ᠵᠢᠯ ᠪᠢᠳᠡᠨᠠᠷ ᠳᠤᠤᠷᠡᠭᠢ ᠭᠤᠤᠯᠳᠠᠯᠭᠠᠳᠤ | ᠠᠵᠢᠯ ᠢ ᠪᠠᠳᠤᠳᠠᠢ ᠰᠠᠶᠢᠳᠤᠷ ᠬᠢᠬᠦ ᠪᠠᠷ ᠪᠤᠢ᠄ | ︵ᠨᠢᠭᠡ︶ ᠪᠦᠳᠦᠴᠡ ᠶᠢᠨ ᠴᠢᠨᠠᠷᠳᠠᠢ ᠦᠭᠡᠷᠡᠴᠢᠯᠠᠯᠳᠠ ᠶᠢ ᠴᠢᠩᠭᠠᠳᠬᠠᠵᠤ᠂ ᠠᠵᠤ ᠠᠬᠤᠢ ᠶᠢᠨ | ᠦᠷᠬᠦᠯᠵᠢᠳᠠ ᠡᠷᠡᠭᠦᠯ ᠬᠦᠭᠵᠢᠯᠳᠠ ᠶᠢ ᠠᠬᠢᠭᠤᠯᠤᠨ᠎ᠠ᠃ ᠰᠢᠨ᠎ᠠ ᠶᠢ ᠡᠬᠦᠳᠬᠦ ᠪᠠᠶᠢᠯᠳᠤᠬᠤ ᠪᠤᠳᠤᠯᠭ᠎ᠠ ᠶᠢ | ᠬᠦᠨᠵᠡᠭᠡᠢ ᠬᠡᠷᠡᠭᠵᠢᠬᠦᠯᠵᠤ᠂ ᠪᠦᠳᠦᠴᠡ ᠶᠢᠨ ᠴᠢᠨᠠᠷᠳᠠᠢ ᠦᠭᠡᠷᠡᠴᠢᠯᠠᠯᠳᠠ ᠪᠠᠷ ᠠᠵᠤ ᠠᠬᠤᠢ ᠶᠢᠨ ᠴᠢᠨᠠᠷ ᠤᠨ | ᠳᠡᠭᠡᠭᠰᠢᠯᠠᠯᠳᠠ ᠦᠷ᠎ᠠ ᠪᠦᠳᠦᠮᠵᠢ ᠶᠢᠨ ᠨᠡᠮᠡᠭᠳᠠᠯ ᠢ ᠲᠦᠯᠬᠢᠨ ᠠᠬᠢᠭᠤᠯᠵᠤ᠂ ᠠᠵᠤ ᠠᠬᠤᠢ ᠶᠢᠨ ᠬᠦᠭᠵᠢᠯᠳᠠ ᠶᠢᠨ | ᠰᠢᠨ᠎ᠠ ᠬᠡᠯᠪᠡᠷᠢ ᠶᠢ ᠲᠦᠷᠭᠡᠨ ᠪᠤᠢ ᠪᠤᠯᠭᠠᠨ᠎ᠠ᠃ | ᠬᠠᠩᠭᠠᠬᠤ ᠡᠳᠡᠭᠡᠳ ᠤᠨ ᠪᠦᠳᠦᠴᠡ ᠶᠢᠨ ᠴᠢᠨᠠᠷᠳᠠᠢ ᠦᠭᠡᠷᠡᠴᠢᠯᠠᠯᠳᠠ ᠶᠢ ᠶᠡᠬᠡᠪᠡᠷ ᠲᠦᠯᠬᠢᠨ ᠠᠬᠢᠭᠤᠯᠤᠨ᠎ᠠ᠃ | ᠨᠡᠬᠦᠷᠠᠰᠤ ᠴᠠᠬᠢᠯᠭᠠᠨ ᠬᠦᠩᠭᠡᠨ ᠴᠠᠭᠠᠨ ᠤ ᠴᠤᠭᠴᠠᠵᠢᠯᠳᠠ᠂ ᠤᠳᠤ ᠦᠶ᠎ᠡ ᠶᠢᠨ ᠨᠡᠬᠦᠷᠠᠰᠤ ᠬᠢᠮᠢ ᠶᠢᠨ ᠠᠵᠦ | ᠦᠢᠯᠡᠳᠪᠤᠷᠢ ᠶᠢᠨ ᠠᠵᠤ ᠦᠢᠯᠡᠰ ᠤᠨ ᠬᠦᠭᠵᠢᠯᠳᠠ ᠶᠢ ᠭᠤᠶᠢᠪᠢᠰᠢ ᠦᠭᠡᠢ ᠲᠦᠯᠬᠢᠨ ᠠᠬᠢᠭᠤᠯᠵᠤ᠂ ᠨᠡᠬᠦᠷᠠᠰᠤᠨ | ᠦᠢᠯᠡᠳᠪᠦᠷᠢᠯᠡᠯ ᠤᠨ ᠴᠢᠳᠠᠪᠤᠷᠢ ᠶᠢ ᠢᠳᠡᠪᠬᠢᠳᠠᠢ ᠰᠢᠩᠭᠡᠭᠡᠵᠦ᠂ ᠠᠵᠤ ᠦᠢᠯᠡᠰ ᠤᠨ ᠳᠡᠰ ᠳᠠᠪᠬᠤᠷᠭ᠎ᠠ ᠶᠢ | ᠳᠡᠭᠡᠭᠰᠢᠯᠡᠬᠦᠯᠵᠤ᠂ ᠠᠵᠤ ᠦᠢᠯᠡᠰ ᠤᠨ ᠬᠡᠯᠭᠢᠶᠠᠵᠢᠯ ᠢ ᠤᠷᠳᠤᠳᠬᠠᠵᠤ᠂ ᠨᠡᠬᠦᠷᠠᠰᠤ ᠶᠢᠨ ᠳᠤᠰ ᠭᠠᠵᠠᠷ ᠲᠤ ᠪᠠᠨ | ᠬᠤᠪᠢᠷᠠᠭᠠᠬᠤ ᠨᠤᠷᠮ᠎ᠠ ᠶᠢ ᠳᠡᠭᠡᠭᠰᠢᠯᠡᠬᠦᠯᠵᠤ᠂ ᠦᠨᠤ ᠵᠢᠯ ᠠᠵᠤ ᠦᠢᠯᠡᠰ ᠤᠨ ᠬᠡᠯᠪᠡᠷᠢ ᠶᠢ ᠦᠭᠡᠷᠡᠴᠢᠯᠠᠵᠤ ᠳᠡᠰ | ᠳᠠᠪᠰᠢᠭᠤᠯᠤᠨ᠂ ᠦᠢᠯᠡᠳᠪᠤᠷᠢ ᠶᠢᠨ ᠴᠢᠳᠠᠪᠬᠢ ᠶᠢᠨ ᠳᠠᠪᠠᠭᠤᠯᠢᠭ ᠢᠶᠠᠨ ᠰᠢᠯᠢᠳᠡᠭ ᠦᠢᠯᠡᠳᠬᠦᠨ ᠤ ᠳᠠᠪᠠᠭᠤᠯᠢᠭ | ᠪᠤᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠰᠢᠨᠡᠪᠡᠷ ᠠᠵᠢᠯ ᠡᠬᠢᠯᠡᠬᠦᠯᠬᠦ ᠪᠤᠶᠤ ᠦᠷᠬᠦᠯᠵᠢᠯᠠᠨ | ᠪᠠᠶᠢᠭᠤᠯᠬᠤ ᠠᠵᠤ ᠦᠢᠯᠡᠳᠪᠤᠷᠢ ᠶᠢᠨ ᠲᠦᠷᠦᠯ ᠵᠦᠢᠯ ᠢ 25 ᠭᠡᠷᠡᠭᠵᠢᠬᠦᠯᠵᠤ᠂ ᠠᠵᠤ ᠦᠢᠯᠡᠳᠪᠤᠷᠢ ᠶᠢᠨ | ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ 70 ᠳ᠋ᠦᠩᠰᠢᠭᠤᠷ ᠲᠦᠬᠦᠷᠢᠭ ᠠᠴᠠ ᠳᠡᠭᠡᠭᠰᠢ | ᠪᠡᠶᠡᠯᠡᠬᠦᠯᠤᠨ᠎ᠠ᠃ ᠦᠷ᠎ᠠ ᠠᠰᠢᠭ ᠲᠠᠢ ᠪᠡᠯᠡ ᠤᠷᠤᠭᠤᠯᠤᠯᠳᠠ ᠶᠢ ᠦᠷᠭᠡᠳᠭᠡᠵᠤ ᠰᠠᠭᠤᠷᠢ ᠲᠦᠬᠦᠭᠡᠷᠤᠮᠵᠢ ᠶᠢᠨ | ᠳᠤᠳᠠᠭᠤ ᠬᠡᠰᠡᠭ ᠢ ᠨᠦᠬᠦᠪᠤᠷᠢᠯᠠᠵᠤ᠂ ᠲᠦᠩᠯᠢᠶᠤᠤ ᠯᠦᠪᠸᠢ ᠶᠢᠨ ᠬᠤᠭᠤᠷᠤᠨᠳᠦᠭᠢ ᠳᠡᠭᠡᠳᠦ ᠬᠤᠷᠳᠤᠴᠠᠳᠤ ᠵᠠᠮ᠂ | ᠯᠦᠪᠸᠢ ᠺᠠᠶᠢᠯᠤ ᠶᠢᠨ ᠱᠤᠭᠤᠮ ᠤᠨ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠮᠤᠳᠤ | ᠤᠰᠤᠨ ᠴᠦᠬᠦᠷᠤᠮ ᠤᠨ ᠢᠨᠵᠧᠨ᠋ᠷᠢᠩ ᠤᠨ ᠪᠠᠶᠢᠭᠤᠯᠤᠯᠳᠠ ᠶᠢ ᠪᠡᠶᠡᠯᠡᠬᠦᠯᠵᠦ᠂ ᠴᠢ ᠫᠤᠤ ᠽᠢ ᠤᠰᠤᠨ | ᠴᠦᠬᠦᠷᠦᠮ ᠤᠨ ᠡᠮᠦᠨ᠎ᠡ ᠬᠤᠭᠤᠴᠠᠭᠠᠨ ᠤ ᠠᠵᠢᠯ ᠤᠨ ᠠᠬᠢᠴᠠ ᠶᠢ ᠲᠦᠷᠭᠡᠳᠬᠡᠨ᠎ᠡ︔ ᠴᠠᠬᠢᠯᠭᠠᠨ ᠬᠦᠴᠤᠨ ᠤ | ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠲᠦᠷᠪᠡᠨ 66 ᠺᠢᠯᠤᠸᠠᠲ ᠶᠢᠨ ᠴᠠᠬᠢᠯᠭᠠᠨ | ᠬᠦᠷᠭᠡᠬᠦ ᠱᠤᠭᠤᠮ ᠤᠨ ᠢᠨᠵᠧᠨ᠋ᠷᠢᠩ ᠢ ᠪᠠᠶᠢᠭᠤᠯᠵᠦ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ ᠭᠡᠷ | ᠬᠦᠷᠦᠩᠭᠡ ᠤᠷᠤᠨ ᠰᠠᠭᠤᠴᠡ ᠶᠢᠨ ᠪᠠᠭᠳᠠᠭᠠᠮᠵᠢ ᠶᠢ ᠰᠢᠩᠭᠡᠭᠡᠵᠤ᠂ ᠮᠠᠯᠴᠢᠨ ᠳᠠᠷᠢᠶᠠᠴᠢᠨ ᠤ ᠬᠤᠳᠠᠴᠢᠯᠠᠬᠤ | ᠠᠯᠬᠤᠴᠡ ᠶᠢ ᠲᠦᠷᠭᠡᠳᠭᠡᠵᠤ᠂ ᠨᠦᠬᠦᠴᠠᠯ ᠲᠠᠢ ᠮᠠᠯᠴᠢᠨ ᠳᠠᠷᠢᠶᠠᠴᠢᠨ ᠢ ᠬᠤᠳᠡ ᠳᠤ ᠤᠷᠤᠭᠤᠯᠤᠨ ᠵᠢᠭᠡᠯᠡᠯᠭᠡ | ᠵᠢᠭᠡᠯᠡᠵᠤ ᠭᠡᠷ ᠬᠤᠳᠠᠯᠳᠤᠨ ᠠᠪᠬᠤ ᠶᠢ ᠵᠤᠷᠢᠭᠵᠢᠭᠤᠯᠤᠨ ᠳᠠᠮᠵᠢᠵᠤ᠂ ᠰᠠᠭᠤᠬᠤ ᠬᠡᠷ ᠤᠨ ᠬᠡᠷᠡᠭᠴᠡᠭᠡ ᠶᠢ | ᠦᠷᠭᠡᠳᠭᠡᠵᠤ᠂ ᠭᠡᠷ ᠬᠦᠷᠦᠩᠭᠡ ᠤᠷᠤᠨ ᠰᠠᠭᠤᠴᠡ ᠶᠢᠨ ᠦᠷᠬᠦᠯᠵᠢᠯᠠᠨ ᠡᠷᠡᠬᠦᠯ ᠬᠦᠭᠵᠢᠯᠳᠠ ᠶᠢ ᠲᠦᠯᠬᠢᠨ | ᠠᠬᠢᠭᠤᠯᠤᠨ᠎ᠠ᠃ ᠠᠵᠤ ᠠᠬᠤᠶᠢᠯᠠᠯ ᠢ ᠶᠡᠬᠡᠪᠡᠷ ᠳᠠᠮᠵᠢᠵᠤ ᠦᠢᠯᠡᠳᠪᠤᠷᠢᠯᠠᠯ ᠤᠨ ᠦᠷᠳᠡᠭ ᠢ ᠨᠢ ᠪᠠᠭᠤᠷᠠᠭᠤᠯᠵᠤ᠂ | ︽ᠬᠠᠪᠰᠤᠷᠤᠨ ᠵᠢᠭᠡᠯᠡᠯᠭᠡ ᠪᠠᠳᠤᠯᠠᠵᠤ ᠦᠭᠬᠦ︾ ᠳᠤᠬᠠᠶᠢᠯᠠᠰᠠᠨ ᠠᠵᠢᠯ ᠤᠨ ᠬᠡᠪᠴᠢᠶ᠎ᠠ ᠶᠢ ᠦᠷᠭᠡᠳᠭᠡᠵᠤ᠂ ᠠᠵᠤ | ᠠᠬᠤᠶᠢᠯᠠᠯ ᠤᠨ ᠪᠡᠯᠡ ᠨᠡᠶᠢᠯᠡᠬᠦᠯᠬᠦ ᠦᠷᠳᠡᠭ ᠢ ᠪᠠᠭᠤᠷᠠᠭᠤᠯᠤᠨ᠎ᠠ︔ ᠵᠠᠰᠠᠭ ᠢ ᠴᠤᠮᠬᠠᠳᠬᠠᠵᠦ ᠡᠷᠭᠡ ᠶᠢ | ᠰᠤᠯᠠᠯᠯᠠᠬᠤ ᠬᠦᠴᠤᠨ ᠢ ᠶᠡᠬᠡᠰᠭᠡᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠳᠡ ᠶᠢᠨ ᠦᠷ᠎ᠠ ᠠᠰᠢᠭ ᠢ | ᠳᠡᠭᠡᠭᠰᠢᠯᠡᠬᠦᠯᠵᠤ᠂ ᠠᠵᠤ ᠠᠬᠤᠶᠢᠯᠠᠯ ᠤᠨ ᠠᠷᠠᠯᠵᠢᠶᠠᠨ ᠤ ᠦᠷᠳᠡᠭ ᠢ ᠪᠠᠭᠤᠷᠠᠭᠤᠯᠤᠨ᠎ᠠ︔ ᠭᠠᠶᠢᠯᠢ ᠰᠦᠢᠳᠭᠡᠯ | ᠤᠨ ᠬᠠᠷᠠᠭᠠᠯᠵᠠᠯᠠᠯ ᠤᠨ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠤᠬᠢᠰ ᠦᠭᠡᠢ | ᠰᠦᠢᠳᠭᠡᠯ ᠬᠤᠷᠢᠶᠠᠬᠤ ᠶᠢ ᠴᠡᠪᠡᠷᠯᠡᠵᠤ᠂ ᠠᠵᠤ ᠠᠬᠤᠶᠢᠯᠠᠯ ᠤᠨ ᠭᠠᠶᠢᠯᠢ ᠰᠦᠢᠳᠭᠡᠯ ᠤᠨ ᠦᠷᠳᠡᠭ ᠢ | ᠪᠠᠭᠤᠷᠠᠭᠤᠯᠤᠨ᠎ᠠ᠃ ᠮᠦᠩᠭᠦᠨ ᠬᠦᠢᠯᠭᠡᠭᠡᠨ ᠤ ᠠᠶᠤᠯ ᠲᠦᠭᠰᠢᠬᠦᠷᠢ ᠶᠢ ᠢᠳᠡᠪᠬᠢᠳᠠᠢ ᠰᠡᠷᠭᠡᠶᠢᠯᠠᠨ ᠦᠭᠡᠶᠢᠰᠭᠡᠵᠤ᠂ | ᠮᠦᠩᠭᠦᠨ ᠬᠦᠢᠯᠭᠡᠭᠡᠨ ᠤ ᠰᠠᠶᠢᠨ ᠬᠦᠰᠢᠬᠦᠷᠭᠡ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠮᠠᠭᠤ ᠬᠦᠰᠢᠬᠦᠷᠭᠡ | ᠶᠢ ᠴᠠᠭ ᠲᠤᠬᠠᠢ ᠳᠤᠨᠢ ᠪᠦᠳᠦᠮᠵᠢᠳᠠᠢ ᠰᠡᠷᠭᠡᠶᠢᠯᠠᠨ ᠡᠵᠡᠮᠳᠡᠵᠤ᠂ ᠤᠷᠤᠨ ᠨᠤᠳᠤᠭ ᠤᠨ ᠵᠠᠰᠠᠭ ᠤᠨ ᠤᠷᠳᠤᠨ ᠤ | ᠬᠠᠭᠤᠴᠢᠨ ᠦᠷᠢ ᠶᠢ ᠰᠤᠯᠢᠬᠤ ᠠᠵᠢᠯ ᠢ ᠰᠠᠶᠢᠳᠤᠷ ᠬᠢᠵᠤ᠂ ᠵᠠᠰᠠᠭ ᠤᠨ ᠤᠷᠳᠤᠨ ᠤ ᠦᠷᠢ ᠶᠢᠨ ᠬᠠᠮᠢᠶᠠᠷᠤᠯᠳᠠ | ᠶᠢ ᠪᠦᠬᠦ ᠲᠠᠯ᠎ᠠ ᠪᠠᠷ ᠲᠡᠬᠦᠯᠳᠠᠷᠵᠢᠬᠦᠯᠤᠨᠠ᠃ | ᠪᠡᠯᠡ ᠬᠤᠷᠠᠮᠳᠤᠭᠤᠯᠬᠤ ᠠᠷᠭ᠎ᠠ ᠵᠠᠮ ᠢᠶᠠᠨ ᠢᠳᠡᠪᠬᠢᠳᠠᠢ ᠦᠷᠭᠡᠳᠭᠡᠨ᠎ᠠ᠃ ᠮᠦᠩᠭᠦᠨ ᠬᠦᠢᠯᠭᠡᠭᠡᠨ ᠤ | ᠰᠠᠯᠠᠭ᠎ᠠ ᠮᠦᠴᠢᠷ ᠤᠨ ᠢᠳᠡᠭᠡᠮᠵᠢᠳᠦ ᠵᠢᠭᠡᠯᠡᠯᠭᠡ ᠳᠠᠯᠪᠢᠬᠤ ᠬᠡᠪᠴᠢᠶ᠎ᠠ ᠪᠠᠨ ᠳᠠᠰᠤᠷᠠᠯᠳᠠ ᠦᠭᠡᠢ ᠦᠷᠭᠡᠳᠭᠡᠬᠦ ᠶᠢ | ᠲᠦᠯᠬᠢᠨ ᠠᠬᠢᠭᠤᠯᠵᠤ᠂ ᠪᠤᠳᠠᠳᠤ ᠴᠤᠭᠴᠠᠳᠤ ᠠᠵᠤ ᠠᠬᠤᠢ ᠶᠢᠨ ᠳᠤᠯᠭᠠᠭᠤᠷᠢᠯᠠᠨ ᠪᠠᠳᠤᠯᠠᠬᠤ ᠴᠢᠳᠠᠪᠤᠷᠢ ᠶᠢ | ᠴᠢᠩᠳᠠᠯᠠᠨ᠎ᠠ᠃ ᠤᠯᠤᠰ ᠤᠨ ᠨᠡᠭᠡᠭᠡᠯᠳᠡ ᠶᠢᠨ ᠪᠠᠩᠭᠢ᠂ ᠳᠠᠷᠢᠶᠠᠯᠠᠩ ᠤᠨ ᠨᠡᠭᠡᠭᠡᠯᠳᠡ ᠶᠢᠨ ᠪᠠᠩᠭᠢ᠂ ᠳᠠᠷᠢᠶᠠᠯᠠᠩ | ᠤᠨ ᠪᠠᠩᠭᠢ ᠵᠡᠷᠭᠡ ᠮᠦᠩᠭᠦᠨ ᠬᠦᠢᠯᠭᠡᠭᠡᠨ ᠤ ᠰᠠᠯᠠᠭ᠎ᠠ ᠮᠦᠴᠢᠷ ᠲᠠᠢ ᠢᠳᠡᠪᠬᠢᠳᠠᠢ ᠬᠠᠷᠢᠯᠴᠠᠨ ᠬᠠᠮᠵᠢᠯᠴᠠᠵᠤ᠂ | ᠮᠤᠳᠤ ᠴᠦᠬᠦᠷᠤᠮ᠂ ᠪᠦᠷᠭᠡ ᠭᠡᠷ ᠢ ᠦᠭᠡᠷᠡᠴᠢᠯᠡᠬᠦ᠂ ᠪᠤᠰᠤᠳ ᠭᠠᠵᠠᠷ ᠨᠡᠬᠦᠯᠭᠡᠨ ᠰᠢᠯᠵᠢᠬᠦᠯᠵᠦ ᠶᠠᠳᠠᠭᠤ ᠶᠢ | ᠳᠡᠳᠬᠦᠬᠦ ᠵᠡᠷᠭᠡ ᠲᠦᠷᠦᠯ ᠵᠦᠢᠯ ᠤᠨ ᠪᠡᠯᠡ ᠴᠤᠭᠯᠠᠭᠤᠯᠬᠤ ᠬᠦᠴᠤᠨ ᠢ ᠶᠡᠭᠡᠰᠭᠡᠵᠤ᠂ ᠦᠨᠤ ᠵᠢᠯ 6 ᠳ᠋ᠦᠩᠰᠢᠭᠤᠷ | ᠲᠦᠬᠦᠷᠢᠭ ᠪᠡᠯᠡ ᠴᠤᠭᠯᠠᠭᠤᠯᠬᠤ ᠪᠠᠷ ᠴᠢᠷᠮᠠᠶᠢᠨ᠎ᠠ᠃ ᠵᠠᠰᠠᠭ ᠤᠨ ᠤᠷᠳᠤᠨ ᠪᠤᠯᠤᠨ ᠨᠠᠶᠢᠭᠡᠮ ᠤᠨ ᠬᠦᠷᠦᠩᠭᠡ ᠶᠢ | ᠬᠤᠷᠰᠢᠭᠤᠯᠬᠤ ᠬᠡᠯᠪᠡᠷᠢ ᠶᠢ ᠶᠡᠬᠡᠪᠡᠷ ᠳᠡᠯᠭᠡᠷᠡᠬᠦᠯᠵᠤ᠂ ᠰᠢᠨᠡᠪᠡᠷ ᠪᠠᠶᠢᠭᠤᠯᠬᠤ ᠤᠯᠠᠨ ᠨᠠᠶᠢᠳᠡ ᠶᠢᠨ ᠦᠢᠯᠡᠴᠢᠯᠡᠭᠡᠨ ᠤ | ᠲᠦᠷᠦᠯ ᠵᠦᠢᠯ ᠳᠤ PPP ᠡᠷᠬᠢᠯᠳᠡ ᠶᠢᠨ ᠬᠡᠯᠪᠡᠷᠢ ᠶᠢ ᠠᠯᠬᠤᠮ ᠠᠯᠬᠤᠮ ᠢᠶᠠᠷ ᠳᠡᠯᠭᠡᠷᠡᠬᠦᠯᠵᠤ᠂ ᠨᠠᠶᠢᠭᠡᠮ ᠤᠨ | ᠪᠡᠯᠡ ᠤᠷᠤᠭᠤᠯᠬᠤ ᠬᠦᠷᠢᠶ᠎ᠠ ᠬᠡᠪᠴᠢᠶᠠᠨ ᠵᠦᠭ ᠬᠠᠨᠳᠤᠭᠤᠯᠤᠭᠰᠠᠨ ᠬᠤᠷᠰᠢᠬᠤ ᠲᠦᠷᠦᠯ ᠵᠦᠢᠯ ᠤᠨ ᠭᠠᠷᠴᠠᠭ ᠢ | ᠨᠠᠶᠢᠳᠠᠯᠠᠵᠤ᠂ ᠨᠠᠶᠢᠭᠡᠮ ᠤᠨ ᠬᠦᠷᠦᠩᠭᠡ ᠶᠢ ᠵᠢᠯᠤᠭᠤᠳᠤᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ | ᠶᠢᠨ ᠬᠦᠷᠢᠶ᠎ᠠ ᠬᠡᠪᠴᠢᠶᠠᠨ ᠳᠤ ᠤᠷᠤᠭᠤᠯᠤᠨ᠎ᠠ᠃ | ᠰᠢᠨ᠎ᠠ ᠶᠢ ᠡᠬᠦᠳᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠤᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠠ ᠶᠢ ᠡᠬᠦᠳᠬᠦ ᠳᠡᠪᠴᠡᠩ ᠤᠨ ᠠᠴᠢᠶᠠᠯᠠᠪᠤᠷᠢ ᠶᠢᠨ ᠵᠢᠯᠤᠭᠤᠳᠬᠤ ᠦᠢᠯᠡᠳᠦᠯ ᠢ ᠴᠢᠩᠳᠠᠯᠠᠵᠤ᠂ ᠦᠪᠤᠷ | ᠮᠤᠩᠭᠤᠯ ᠤᠨ ᠶᠡᠭᠡ ᠰᠤᠷᠭᠠᠭᠤᠯᠢ ᠶᠢᠨ ᠰᠢᠯᠢᠳᠡᠭ ᠮᠠᠯ ᠤᠨ ᠡᠪᠡᠰᠤ ᠶᠢ ᠰᠤᠩᠭᠤᠨ ᠤᠷᠤᠭᠤᠯᠵᠤ᠂ ᠠᠯᠠᠰᠢᠨ | ᠦᠭᠡᠷ ᠬᠤᠨᠢ ᠶᠢᠨ ᠡᠬᠦᠯᠳᠠᠷ ᠤᠨ ᠪᠤᠭᠤᠮᠳᠠ ᠰᠢᠪᠳᠤᠯᠬᠤ ᠵᠡᠷᠭᠡ ᠲᠠᠢ ᠢᠳᠡᠪᠬᠢᠳᠠᠢ ᠬᠤᠷᠰᠢᠨᠠ︔ ᠳᠤᠮᠳᠠᠳᠤ | ᠤᠯᠤᠰ ᠤᠨ ᠰᠢᠨᠵᠢᠯᠡᠬᠦ ᠤᠬᠠᠭᠠᠨ ᠤ ᠬᠦᠷᠢᠶᠠᠯᠠᠩ ᠤᠨ ᠪᠡᠭᠡᠵᠢᠩ ᠤᠨ ᠬᠤᠪᠢᠶᠠᠷᠢ ᠬᠦᠷᠢᠶᠠᠯᠠᠩ ᠲᠠᠢ ᠬᠦᠢᠯᠡᠰᠤᠨ ᠤ | ᠰᠢᠷᠢᠰ ᠦᠢᠯᠡᠳᠬᠦᠨ ᠢ ᠪᠤᠯᠪᠠᠰᠤᠷᠠᠭᠤᠯᠬᠤ᠂ ᠡᠯᠡᠰᠤᠷᠭᠡᠭ ᠭᠠᠵᠠᠷ ᠤᠨ ᠦᠵᠤᠮ ᠵᠡᠷᠭᠡ ᠲᠠᠯ᠎ᠠ ᠪᠠᠷ ᠬᠤᠷᠰᠢᠬᠤ ᠶᠢ | ᠦᠷᠨᠢᠬᠦᠯᠤᠨ᠎ᠠ᠃ ᠦᠨᠤ ᠵᠢᠯ 50 ᠳᠠᠷᠢᠶᠠᠯᠠᠬᠤ ᠡᠷᠦᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠠᠯᠠᠩ ᠢ | ᠰᠢᠨᠡᠪᠡᠷ ᠪᠠᠶᠢᠭᠤᠯᠵᠤ᠂ 30 ᠰᠢᠨ᠎ᠠ ᠲᠦᠷᠦᠯ ᠵᠦᠢᠯ ᠳᠠᠳᠠᠨ ᠤᠷᠤᠭᠤᠯᠵᠤ᠂ 5 ᠰᠢᠨ᠎ᠠ ᠮᠡᠷᠭᠡᠵᠢᠯ ᠤᠨ ᠲᠦᠷᠦᠯ ᠢ | ᠪᠠᠶᠢᠭᠤᠯᠵᠤ᠂ ᠨᠢᠭᠡᠨ ᠦᠪᠡᠷᠳᠡᠭᠡᠨ ᠵᠠᠰᠠᠬᠤ ᠤᠷᠤᠨ ᠤ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ | ᠤ ᠲᠦᠪ ᠢ ᠪᠠᠶᠢᠭᠤᠯᠤᠨ᠎ᠠ᠃ ᠴᠢᠳᠠᠪᠤᠷᠢᠳᠠᠨ ᠤ ᠰᠢᠨ᠎ᠠ ᠶᠢ ᠡᠬᠦᠳᠴᠤ ᠠᠳᠠᠯ ᠪᠤᠰᠬᠠᠬᠤ ᠳᠡᠪᠴᠠᠩ ᠤᠨ | ᠪᠠᠶᠢᠭᠤᠯᠤᠯᠳᠠ ᠶᠢ ᠲᠦᠷᠭᠡᠳᠭᠡᠵᠤ᠂ ᠵᠠᠬᠠᠨᠠᠭᠤᠷ ᠠᠵᠤ ᠦᠢᠯᠡᠳᠪᠤᠷᠢ ᠶᠢᠨ ᠳᠤᠭᠤᠷᠢᠭ᠂ ᠳᠡᠭᠡᠳᠦ ᠰᠢᠨ᠎ᠠ | ᠮᠡᠷᠭᠡᠵᠢᠯ ᠤᠨ ᠨᠡᠬᠦᠷᠠᠰᠤ ᠬᠢᠮᠢ ᠶᠢᠨ ᠠᠵᠦ ᠦᠢᠯᠡᠳᠪᠤᠷᠢ ᠶᠢᠨ ᠳᠤᠭᠤᠷᠢᠭ ᠲᠤ ᠲᠦᠰᠢᠭᠯᠡᠨ᠂ ᠬᠦᠩᠭᠡᠨ ᠴᠠᠭᠠᠨ ᠤ | ᠰᠢᠨ᠎ᠠ ᠮᠠᠲ᠋ᠧᠷᠢᠶᠠᠯ ᠪᠤᠯᠤᠨ ᠳᠡᠭᠡᠳᠦ ᠰᠢᠨ᠎ᠠ ᠮᠡᠷᠭᠡᠵᠢᠯ ᠤᠨ ᠨᠡᠬᠦᠷᠠᠰᠤ ᠬᠢᠮᠢ ᠶᠢᠨ ᠠᠵᠤ ᠦᠢᠯᠡᠳᠪᠤᠷᠢ ᠶᠢᠨ ᠠᠵᠦ | ᠦᠢᠯᠡᠰ ᠤᠨ ᠰᠢᠨ᠎ᠠ ᠶᠢ ᠡᠬᠦᠳᠬᠦ ᠬᠡᠯᠬᠢᠶᠠᠵᠢᠯ ᠢ ᠪᠤᠢ ᠪᠤᠯᠭᠠᠵᠤ᠂ ᠠᠵᠤ ᠦᠢᠯᠡᠰ ᠤᠨ ᠬᠦᠭᠵᠢᠯᠳᠡ ᠪᠠᠷ ᠳᠡᠭᠡᠳᠦ | ᠲᠡᠰ ᠤᠨ ᠴᠢᠳᠠᠪᠤᠷᠢᠳᠠᠨ ᠢ ᠳᠠᠳᠠᠨ ᠠᠪᠴᠢᠷᠬᠤ ᠦᠢᠯᠡᠳᠦᠯ ᠢ ᠴᠢᠩᠳᠠᠯᠠᠵᠤ᠂ ᠳᠡᠭᠡᠳᠦ ᠲᠡᠰ ᠤᠨ ᠴᠢᠳᠠᠪᠤᠷᠢᠳᠡᠨ ᠤ | ᠰᠢᠨ᠎ᠠ ᠶᠢ ᠡᠬᠦᠳᠴᠤ ᠠᠳᠠᠯ ᠪᠤᠰᠬᠠᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ ᠨᠠᠷᠢᠯᠢᠭᠵᠢᠭᠤᠯᠤᠨ᠂ | ᠴᠢᠳᠠᠪᠤᠷᠢᠳᠡᠨ ᠢ ᠴᠤᠭᠯᠠᠷᠠᠭᠤᠯᠬᠤ ᠪᠤᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠤᠯᠭᠠᠭᠤᠷᠢᠯᠠᠬᠤ ᠰᠢᠰᠲ᠋ᠧᠮ ᠢ | ᠲᠡᠬᠦᠯᠳᠠᠷᠵᠢᠬᠦᠯᠤᠨᠠ᠃ | ︵ᠬᠤᠶᠠᠷ︶ ᠤᠨᠴᠠᠯᠢᠭᠳᠤ ᠠᠵᠤ ᠦᠢᠯᠡᠰ ᠢ ᠢᠳᠡᠪᠬᠢᠳᠠᠢ ᠪᠤᠶᠢᠵᠢᠭᠤᠯᠵᠤ᠂ ᠠᠵᠤ ᠦᠢᠯᠡᠳᠪᠦᠷᠢ ᠶᠢᠨ | ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ ᠳᠠᠪᠰᠢᠬᠤ ᠶᠢ ᠲᠦᠯᠬᠢᠨ ᠠᠬᠢᠭᠤᠯᠤᠨ᠎ᠠ᠃ ᠳᠠᠪᠠᠭᠤᠯᠢᠭ | ᠤᠨᠴᠠᠯᠢᠭᠳᠤ ᠠᠵᠤ ᠦᠢᠯᠡᠰ ᠢ ᠪᠤᠵᠠᠭᠠᠶᠢᠷᠠᠭᠤᠯᠤᠨ ᠪᠤᠶᠢᠵᠢᠭᠤᠯᠵᠤ᠂ ᠠᠵᠤ ᠦᠢᠯᠡᠰ ᠢ ᠤᠷᠳᠤᠳᠬᠠᠬᠤ᠂ ᠠᠵᠤ | ᠦᠢᠯᠡᠰ ᠢ ᠳᠡᠰ ᠳᠠᠪᠰᠢᠭᠤᠯᠬᠤ ᠪᠤᠯᠤᠨ ᠠᠵᠤ ᠦᠢᠯᠡᠰ ᠢ ᠤᠯᠠᠨ ᠡᠰᠢᠵᠢᠬᠦᠯᠬᠦ ᠶᠢ ᠲᠦᠯᠬᠢᠨ ᠠᠬᠢᠭᠤᠯᠵᠤ᠂ ᠠᠵᠤ | ᠦᠢᠯᠡᠳᠪᠤᠷᠢ ᠶᠢᠨ ᠠᠵᠤ ᠠᠬᠤᠢ ᠶᠢᠨ ᠡᠷᠬᠢᠯᠳᠡ ᠶᠢᠨ ᠴᠢᠨᠠᠷ ᠴᠢᠨᠰᠠᠭ᠎ᠠ ᠪᠤᠯᠤᠨ ᠦᠷ᠎ᠠ ᠠᠰᠢᠭ ᠢ ᠳᠡᠭᠡᠭᠰᠢᠯᠡᠬᠦᠯᠵᠤ | ᠂ ᠠᠵᠤ ᠦᠢᠯᠡᠳᠪᠤᠷᠢ ᠶᠢᠨ ᠠᠵᠤ ᠠᠬᠤᠢ ᠶᠢᠨ ᠬᠡᠯᠪᠡᠷᠢ ᠶᠢ ᠦᠭᠡᠷᠡᠴᠢᠯᠠᠵᠤ ᠳᠡᠰ ᠳᠠᠪᠰᠢᠬᠤ ᠶᠢ ᠲᠦᠷᠭᠡᠳᠭᠡᠨ᠎ᠠ᠃ | | ᠬᠠᠳᠠᠭᠠᠯᠠᠴᠡ ᠪᠠᠨ ᠰᠢᠯᠢᠳᠡᠭᠵᠢᠬᠦᠯᠵᠤ᠂ ᠤᠯᠠᠮᠵᠢᠯᠠᠯᠳᠦ ᠠᠵᠤ ᠦᠢᠯᠡᠰ ᠢ ᠦᠭᠡᠷᠡᠴᠢᠯᠠᠨ | ᠳᠡᠭᠡᠭᠰᠢᠯᠡᠬᠦᠯᠤᠨ᠎ᠠ᠃ ᠵᠠᠷᠤᠳ ᠠᠴᠠ ᠱᠠᠨᠳᠦ᠋ᠩ ᠤᠨ ᠴᠢᠩ ᠵᠸᠤ ᠬᠦᠷᠬᠦ±800 ᠺᠢᠯᠤᠸᠠᠲ ᠦᠨᠳᠤᠷ | ᠳᠠᠷᠤᠴᠠᠳᠤ ᠲᠤᠭᠳᠠᠮᠠᠯ ᠬᠦᠶᠤᠳᠠᠯ ᠤᠨ ᠦᠷᠳᠡᠭᠡᠨ ᠤ ᠲᠦᠷᠦᠯ ᠵᠦᠢᠯ ᠤᠨ ᠪᠠᠶᠢᠭᠤᠯᠤᠯᠳᠠ ᠶᠢᠨ ᠵᠠᠪᠰᠢᠶᠠᠨ ᠢ | ᠠᠳᠬᠤᠵᠤ᠂ ᠴᠠᠬᠢᠯᠭᠠᠨ ᠬᠦᠷᠭᠡᠬᠦ ᠱᠤᠭᠤᠮ ᠲᠠᠢ ᠲᠦᠬᠦᠷᠵᠢᠭᠰᠡᠨ ᠬᠤᠸᠠ ᠳ᠋ᠢᠶᠠᠨ ᠬᠦᠸᠧ ᠵᠢᠢ 2 ×100 | ᠲᠦᠮᠡᠨ ᠺᠢᠯᠤᠸᠠᠲ ᠴᠠᠬᠢᠯᠭᠠᠨ ᠤ ᠰᠤᠷᠪᠤᠯᠵᠢ ᠶᠢᠨ ᠡᠭᠢ ᠴᠡᠭ ᠤᠨ ᠪᠠᠶᠢᠭᠤᠯᠤᠯᠳᠠ ᠶᠢ ᠲᠦᠷᠭᠡᠨ ᠠᠬᠢᠭᠤᠯᠵᠤ᠂ | ᠨᠡᠬᠦᠷᠠᠰᠤ ᠴᠠᠬᠢᠯᠭᠠᠨ ᠢ ᠬᠤᠯᠪᠤᠭᠠᠯᠠᠨ ᠬᠦᠭᠵᠢᠬᠦᠯᠤᠨ᠎ᠠ︔ ᠨᠡᠬᠦᠷᠠᠰᠤᠨ ᠠᠵᠤ ᠠᠬᠤᠶᠢᠯᠠᠯ ᠪᠤᠯᠤᠨ ᠵᠠᠯᠭᠠᠮᠵᠢ | ᠬᠤᠪᠢᠷᠠᠭᠤᠯᠤᠭᠰᠠᠨ ᠠᠵᠤ ᠠᠬᠤᠶᠢᠯᠠᠯ ᠢ ᠲᠠᠬᠢᠨ ᠪᠠᠶᠢᠭᠤᠯᠬᠤ ᠶᠢ ᠲᠦᠯᠬᠢᠨ ᠠᠬᠢᠭᠤᠯᠵᠤ᠂ ᠹᠦ᠋ ᠳ᠋ᠧ ᠺᠠᠩ ᠨᠠᠢ ᠡᠯ | ᠺᠤᠮᠫᠠᠨᠢ ᠶᠢᠨ ᠡᠲ᠋ᠠ ᠬᠤᠶᠠᠷᠴᠢ ᠠᠯᠠᠺᠤᠤᠯ ᠤᠨ ᠨᠢᠭᠡᠳᠦᠭᠡᠷ ᠬᠤᠭᠤᠴᠠᠭᠠᠨ ᠤ ᠬᠢ ᠶᠢ ᠠᠰᠢᠭᠯᠠᠯᠳᠠ ᠳᠤ | ᠤᠷᠤᠭᠤᠯᠵᠤ᠂ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠠᠵᠢᠯ ᠡᠬᠢᠯᠡᠬᠦᠯᠤᠨ ᠪᠠᠶᠢᠭᠤᠯᠬᠤ ᠶᠢ | ᠠᠬᠢᠭᠤᠯᠵᠤ᠂ ᠨᠡᠬᠦᠷᠠᠰᠤ ᠶᠢ ᠳᠤᠬᠠᠢ ᠶᠢᠨ ᠭᠠᠵᠠᠷ ᠲᠤᠨᠢ ᠪᠤᠯᠪᠠᠰᠤᠷᠠᠭᠤᠯᠵᠤ ᠬᠤᠪᠢᠷᠠᠭᠤᠯᠬᠤ ᠬᠢᠷᠢ ᠬᠡᠮᠵᠢᠶ᠎ᠠ ᠪᠠᠨ | ᠳᠡᠭᠡᠭᠰᠢᠯᠡᠬᠦᠯᠤᠨ᠎ᠠ᠃ ᠾᠦᠩ ᠵᠢᠶᠦ᠋ᠨ ᠬᠦᠩᠭᠡᠨ ᠴᠠᠭᠠᠨ ᠴᠠᠬᠢᠯᠭᠠᠨ ᠤ ᠺᠤᠮᠫᠠᠨᠢ ᠶᠢᠨ ᠵᠠᠬᠠᠨᠠᠭᠤᠷ ᠤᠨ ᠬᠦᠩᠭᠡᠨ ᠤ | ᠴᠠᠭᠠᠨ ᠬᠤᠶᠠᠳᠤᠭᠠᠷ ᠬᠤᠭᠤᠴᠠᠭᠠᠨ ᠤ 43 ᠲᠦᠮᠡᠨ ᠲᠤᠨ ᠴᠠᠬᠢᠯᠭᠠᠨ ᠢᠶᠠᠷ ᠵᠠᠳᠠᠯᠬᠤ ᠬᠦᠩᠭᠡᠨ ᠴᠠᠭᠠᠨ ᠵᠢᠴᠢ | ᠲᠦᠬᠦᠷᠵᠢᠭᠰᠡᠨ 2 ×35 ᠲᠦᠮᠡᠨ ᠺᠢᠯᠤᠸᠠᠲ ᠭᠠᠯ ᠴᠠᠬᠢᠯᠭᠠᠨ ᠮᠠᠰᠢᠨ ᠴᠤᠭᠴᠠᠯᠠᠪᠤᠷᠢ ᠶᠢᠨ ᠲᠦᠷᠦᠯ ᠵᠦᠢᠯ ᠢ | ᠡᠷᠳᠡ ᠡᠳᠦᠷ ᠠᠵᠢᠯ ᠡᠬᠢᠯᠡᠬᠦᠯᠬᠦ ᠶᠢ ᠢᠳᠡᠪᠬᠢᠳᠠᠢ ᠲᠦᠯᠬᠢᠨ ᠠᠬᠢᠭᠤᠯᠵᠤ᠂ ᠳᠢᠶᠠᠨ ᠱᠦᠸᠧ ᠬᠦᠩᠭᠡᠨᠴᠠᠭᠠᠨ ᠢ | ᠬᠡᠯᠪᠡᠷᠢ ᠶᠢ ᠨᠢ ᠦᠭᠡᠷᠡᠴᠢᠯᠡᠬᠦ ᠠᠵᠤ ᠦᠢᠯᠡᠰ ᠤᠨ ᠬᠦᠷᠢᠶᠠᠯᠠᠩ᠂ ᠵᠢᠩ ᠯᠦᠩ ᠪᠦᠯᠦᠭᠯᠡᠯ ᠤᠨ ᠬᠦᠩᠭᠡᠨᠴᠠᠭᠠᠨ ᠤ | ᠬᠡᠯᠪᠡᠷᠢ ᠶᠢᠨ ᠮᠠᠲ᠋ᠧᠷᠢᠶᠠᠯ᠂ ᠶᠢᠨ ᠾᠧ ᠬᠤᠶᠠᠳᠤᠭᠠᠷ ᠬᠤᠭᠤᠴᠠᠭ᠎ᠠ᠂ ᠴᠤᠤ ᠶᠢᠨ ᠬᠤᠶᠠᠳᠤᠭᠠᠷ ᠬᠤᠭᠤᠴᠠᠭ᠎ᠠ | ᠵᠡᠷᠭᠡ ᠨᠢᠭᠡ ᠪᠦᠯᠦᠭ ᠬᠦᠩᠭᠡᠨᠴᠠᠭᠠᠨ ᠢ ᠳᠠᠬᠢᠨ ᠪᠤᠯᠪᠠᠰᠤᠷᠠᠭᠤᠯᠬᠤ ᠲᠦᠷᠦᠯ ᠵᠦᠢᠯ ᠤᠨ ᠪᠠᠶᠢᠭᠤᠯᠤᠯᠳᠠ ᠶᠢ | ᠲᠦᠷᠭᠡᠨ ᠠᠬᠢᠭᠤᠯᠵᠤ᠂ ᠤᠳᠤ ᠪᠠᠶᠢᠭ᠎ᠠ ᠬᠦᠩᠭᠡᠨᠴᠠᠭᠠᠨ ᠤ ᠦᠢᠯᠡᠳᠬᠦᠨ ᠢ ᠪᠤᠯᠪᠠᠰᠤᠷᠠᠭᠤᠯᠬᠤ ᠠᠵᠤ ᠠᠬᠤᠶᠢᠯᠠᠯ ᠢ | ᠵᠢᠯᠤᠭᠤᠳᠤᠨ ᠠᠵᠤ ᠦᠢᠯᠡᠰ ᠤᠨ ᠬᠡᠯᠭᠢᠶᠠᠰᠤ ᠶᠢ ᠨᠢ ᠤᠷᠳᠤᠳᠬᠠᠵᠤ᠂ ᠬᠦᠩᠭᠡᠨᠴᠠᠭᠠᠨ ᠤ ᠠᠵᠤ ᠦᠢᠯᠡᠰ ᠤᠨ ᠳᠡᠰ | ᠳᠠᠪᠬᠤᠷᠭ᠎ᠠ ᠶᠢ ᠳᠠᠰᠤᠷᠠᠯᠳᠠ ᠦᠭᠡᠢ ᠳᠡᠭᠡᠭᠰᠢᠯᠡᠬᠦᠯᠤᠨ᠎ᠠ᠃ ᠦᠩᠭᠡᠳᠦ ᠳᠠᠮᠦᠷᠯᠢᠭ ᠵᠢᠴᠢ ᠳᠠᠮᠦᠷᠯᠢᠭ ᠪᠤᠰᠤ ᠶᠢ | ᠪᠤᠯᠪᠠᠰᠤᠷᠠᠭᠤᠯᠬᠤ ᠠᠵᠤ ᠠᠬᠤᠶᠢᠯᠠᠯ ᠤᠨ ᠬᠡᠪᠴᠢᠶᠠᠵᠢᠭ᠍ᠰᠡᠨ ᠬᠦᠭᠵᠢᠯᠳᠠ ᠶᠢ ᠲᠦᠷᠭᠡᠳᠭᠡᠵᠤ᠂ ᠳᠠᠨᠢᠭᠡᠷ ᠴᠢᠯᠠᠭᠤ | ᠶᠢᠨ ᠡᠭᠢ ᠪᠠᠶᠠᠯᠢᠭ ᠢ ᠶᠡᠷᠦᠩᠭᠡᠢ ᠠᠰᠢᠭᠯᠠᠬᠤ ᠲᠦᠷᠦᠯ ᠵᠦᠢᠯ ᠤᠨ ᠪᠠᠶᠢᠭᠤᠯᠤᠯᠳᠠ ᠪᠤᠯᠤᠨ ᠵᠠᠰ ᠳᠤᠭᠤᠯᠭ᠎ᠠ ᠴᠠᠶᠢᠷ | ᠵᠡᠷᠭᠡ ᠦᠩᠭᠡᠳᠦ ᠳᠠᠮᠦᠷᠯᠢᠭ ᠤᠨ ᠠᠭᠤᠷᠬᠠᠢ ᠶᠢᠨ ᠴᠢᠳᠠᠪᠬᠢ ᠪᠠᠨ ᠦᠷᠭᠡᠳᠭᠡᠵᠤ ᠮᠡᠷᠭᠡᠵᠢᠯ ᠤᠨ ᠦᠭᠡᠷᠡᠴᠢᠯᠠᠯᠳᠠ | ᠶᠢ ᠲᠦᠯᠬᠢᠨ ᠠᠬᠢᠭᠤᠯᠵᠤ᠂ ︽801︾ ᠬᠤᠪᠤᠷ ᠳᠠᠮᠦᠷᠯᠢᠭ ᠢ ᠨᠡᠭᠡᠭᠡᠬᠦ ᠠᠬᠢᠴᠡ ᠶᠢ ᠶᠡᠬᠡᠪᠡᠷ ᠠᠬᠢᠭᠤᠯᠤᠨ᠎ᠠ᠃ | ᠪᠠᠩ ᠵᠢᠶᠧ ᠢᠳᠡᠭᠡᠨ ᠵᠡᠷᠭᠡ ᠨᠢᠭᠡ ᠪᠦᠯᠦᠭ ᠳᠠᠷᠢᠶᠠᠯᠠᠩ ᠮᠠᠯ ᠤᠨ ᠦᠢᠯᠡᠳᠬᠦᠨ ᠢ ᠪᠤᠯᠪᠠᠰᠤᠷᠠᠭᠤᠯᠬᠤ ᠲᠦᠷᠦᠯ | ᠵᠦᠢᠯ ᠤᠨ ᠪᠠᠶᠢᠭᠤᠯᠤᠯᠳᠠ ᠶᠢ ᠲᠦᠷᠭᠡᠳᠭᠡᠵᠤ᠂ ᠳᠠᠷᠢᠶᠠᠯᠠᠩ ᠮᠠᠯ ᠤᠨ ᠦᠢᠯᠡᠳᠬᠦᠨ ᠢ ᠪᠤᠯᠪᠠᠰᠤᠷᠠᠭᠤᠯᠬᠤ ᠠᠵᠤ | ᠦᠢᠯᠡᠰ ᠢ ᠪᠤᠬᠢᠷᠳᠤᠯ ᠦᠭᠡᠢ᠂ ᠤᠷᠭᠠᠨᠢᠭ᠂ ᠠᠶᠤᠯᠬᠦᠢ ᠲᠡᠰᠢ ᠵᠢᠯᠤᠭᠤᠳᠤᠨ ᠬᠦᠭᠵᠢᠬᠦᠯᠵᠤ᠂ ᠮᠠᠯ ᠳᠠᠷᠢᠶᠠᠯᠠᠩ | ᠤᠨ ᠦᠢᠯᠡᠳᠬᠦᠨ ᠢ ᠦᠨᠳᠤᠷ ᠳᠡᠰ ᠤᠨ ᠦᠢᠯᠡᠳᠬᠦᠨ ᠪᠤᠯᠭᠠᠨ ᠪᠤᠯᠪᠠᠰᠤᠷᠠᠭᠤᠯᠬᠤ ᠶᠢ ᠠᠬᠢᠭᠤᠯᠤᠨ᠎ᠠ᠃ | ᠨᠡᠮᠡᠭᠳᠠᠯ ᠢ ᠪᠤᠶᠢᠵᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨᠡᠪᠡᠷ ᠬᠦᠭᠵᠢᠭᠦ ᠠᠵᠤ ᠦᠢᠯᠡᠰ | ᠢ ᠪᠤᠵᠠᠭᠠᠶᠢᠷᠠᠭᠤᠯᠤᠨ᠎ᠠ᠃ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨᠡᠪᠡᠷ ᠬᠦᠭᠵᠢᠭᠰᠡᠨ ᠠᠵᠤ ᠦᠢᠯᠡᠰ ᠤᠨ | ᠬᠦᠭᠵᠢᠯᠳᠠ ᠶᠢᠨ ᠭᠠᠷᠴᠠᠭ ᠲᠠᠢ ᠬᠠᠷᠢᠴᠠᠭᠤᠯᠤᠨ᠂ ᠰᠢᠨᠡᠪᠡᠷ ᠬᠦᠭᠵᠢᠬᠦ ᠠᠵᠤ ᠦᠢᠯᠡᠰ ᠤᠨ ᠬᠦᠭᠵᠢᠯᠳᠠ ᠶᠢᠨ | ᠲᠦᠯᠦᠪᠵᠢᠬᠦᠯᠭᠡ ᠶᠢ ᠳᠤᠭᠳᠠᠭᠠᠵᠤ᠂ ᠰᠢᠨ᠎ᠠ ᠲᠦᠷᠦᠯ ᠵᠦᠢᠯ᠂ ᠰᠢᠨ᠎ᠠ ᠪᠡᠯᠡ ᠤᠷᠤᠭᠤᠯᠤᠯᠳᠠ ᠪᠠᠷ ᠬᠡᠯᠪᠡᠷᠢ ᠶᠢ ᠨᠢ | ᠦᠭᠡᠷᠡᠴᠢᠯᠠᠨ ᠬᠦᠭᠵᠢᠬᠦᠯᠬᠦ ᠪᠠ ᠪᠦᠳᠦᠴᠡ ᠶᠢᠨ ᠳᠤᠬᠢᠷᠠᠭᠤᠯᠤᠯᠳᠠ ᠶᠢ ᠠᠬᠢᠭᠤᠯᠵᠤ᠂ ᠴᠡᠪᠡᠷ ᠡᠨᠧᠷᠭᠢ᠂ ᠤᠳᠤ | ᠦᠶ᠎ᠠ ᠶᠢᠨ ᠨᠡᠬᠦᠷᠠᠰᠤ ᠬᠢᠮᠢ ᠶᠢᠨ ᠠᠵᠤ ᠦᠢᠯᠡᠳᠪᠤᠷᠢ᠂ ᠡᠨᠧᠷᠭᠢ ᠠᠷᠪᠢᠯᠠᠵᠤ ᠤᠷᠴᠢᠨ ᠳᠤᠭᠤᠷᠢᠨ ᠢ ᠬᠠᠮᠠᠭᠠᠯᠠᠬᠤ᠂ | ᠠᠮᠢᠳᠤ ᠪᠤᠳᠠᠰ ᠡᠮ ᠡᠮᠨᠡᠯᠭᠡ ᠵᠡᠷᠭᠡ ᠬᠦᠷᠢᠶ᠎ᠠ ᠬᠡᠪᠴᠢᠶᠠᠨ ᠳᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ | ᠤᠨ ᠠᠭᠤᠯᠤᠭᠳᠠᠬᠤᠨ ᠦᠨᠳᠤᠷ᠂ ᠰᠢᠨ᠎ᠠ ᠶᠢ ᠡᠬᠦᠳᠬᠦ ᠴᠢᠳᠠᠪᠤᠷᠢ ᠪᠠᠷ ᠴᠢᠩᠭ᠎ᠠ᠂ ᠬᠦᠭᠵᠢᠯᠳᠠ ᠶᠢᠨ ᠢᠷᠡᠭᠡᠳᠦᠢ | ᠰᠠᠶᠢᠨ ᠰᠢᠨᠡᠪᠡᠷ ᠬᠦᠭᠵᠢᠭᠰᠡᠨ ᠳᠤᠯᠤᠭᠠᠶᠢᠯᠠᠭᠴᠢ ᠠᠵᠤ ᠠᠬᠤᠶᠢᠯᠠᠯ ᠢ ᠢᠳᠡᠪᠬᠢᠳᠠᠢ ᠳᠠᠳᠠᠨ ᠤᠷᠤᠭᠤᠯᠤᠨ᠎ᠠ᠃ | ᠱᠧᠨ ᠨᠧᠩ ᠪᠦᠯᠦᠭᠯᠡᠯ ᠤᠨ 30 ᠲᠦᠮᠡᠨ ᠺᠢᠯᠤᠸᠠᠲ ᠰᠠᠯᠬᠢᠨ ᠴᠠᠬᠢᠯᠭᠠᠨ᠂ ᠮᠧᠩ ᠳ᠋ᠦᠩ ᠡᠨᠧᠷᠭᠢ ᠶᠢᠨ | ᠰᠤᠷᠪᠤᠯᠵᠢ ᠶᠢᠨ 60 ᠲᠦᠮᠡᠨ ᠺᠢᠯᠤᠸᠠᠲ ᠭᠡᠷᠠᠯ ᠴᠠᠬᠢᠯᠭᠠᠨ ᠢᠶᠠᠷ ᠡᠯᠡᠰᠤ ᠶᠢ ᠵᠠᠰᠠᠬᠤ᠂ ᠯᠦᠩ ᠶᠤᠸᠠᠨ ᠯᠢᠤᠢ | ᠮᠸᠢ ᠴᠡᠪᠡᠷ ᠡᠨᠧᠷᠭᠢ ᠶᠢ ᠰᠢᠩᠭᠡᠭᠡᠬᠦ ᠵᠢᠴᠢ ᠬᠦᠷᠡᠩ ᠨᠡᠬᠦᠷᠠᠰᠤ ᠶᠢ ᠶᠡᠷᠦᠩᠭᠡᠢ ᠠᠰᠢᠭᠯᠠᠬᠤ᠂ ᠴᠧᠩ ᠷᠦᠨ 5 | ᠲᠦᠮᠡᠨ ᠳᠤᠨ ᠬᠠᠶᠠᠭᠳᠠᠮᠠᠯ ᠠᠭᠤᠷᠬᠠᠢ ᠶᠢᠨ ᠳᠤᠰᠤ ᠶᠢ ᠳᠠᠬᠢᠨ ᠠᠰᠢᠭᠯᠠᠬᠤ᠂ ᠰᠢᠤᠢ ᠳᠤᠩ ᠠᠮᠢᠳᠤ ᠪᠤᠳᠠᠰ ᠤᠨ | ᠺᠤᠮᠫᠠᠨᠢ ᠶᠢᠨ 1 ᠲᠦᠮᠡᠨ ᠳᠤᠨ ᠮᠢᠺᠷᠤᠪ ᠮᠦᠬᠦ ᠶᠢᠨ ᠡᠮ᠂ ᠷᠦᠨ ᠯᠢᠨ 60 ᠲᠦᠮᠡᠨ ᠳᠤᠨ ᠴᠠᠬᠢᠯᠭᠠᠨ ᠢᠶᠠᠷ | ᠵᠠᠳᠠᠯᠬᠤ ᠬᠦᠩᠭᠡᠨ ᠴᠠᠭᠠᠨ ᠤ ᠬᠠᠳᠠᠭᠤ ᠪᠡᠶᠡᠳᠦ ᠭᠡᠭᠡᠭᠳᠠᠮᠠᠯ ᠢ ᠰᠢᠢᠳᠪᠤᠷᠢᠯᠡᠬᠦ ᠵᠡᠷᠭᠡ ᠭᠤᠤᠯᠳᠠᠯᠭᠠᠳᠤ ᠲᠦᠷᠦᠯ | ᠵᠦᠢᠯ ᠢ ᠠᠵᠢᠯ ᠡᠬᠢᠯᠡᠬᠦᠯᠬᠦ ᠶᠢ ᠪᠠᠶᠢᠭᠤᠯᠬᠤ ᠶᠢ ᠪᠦᠬᠦ ᠬᠦᠴᠤᠨ ᠢᠶᠠᠷ ᠢᠶᠠᠨ ᠲᠦᠯᠬᠢᠨ ᠠᠬᠢᠭᠤᠯᠤᠨ᠎ᠠ᠃ ᠰᠦᠵᠸᠤ | ᠬᠠᠢ ᠪᠦᠸᠧ᠂ ᠱᠠᠩᠬᠠᠢ ᠳ᠋ᠧ ᠢ ᠵᠡᠷᠭᠡ ᠪᠢᠨᠳᠠᠷᠢᠶ᠎ᠠ ᠶᠢᠨ ᠠᠵᠤ ᠠᠬᠤᠶᠢᠯᠠᠯ ᠲᠠᠢ ᠢᠳᠡᠪᠬᠢᠳᠠᠢ ᠵᠦᠪᠯᠡᠯᠴᠡᠭᠡᠷ ᠬᠢᠵᠤ | ᠂ ᠪᠤᠳᠠᠳᠤ ᠠᠬᠢᠯᠳᠠ ᠲᠠᠢ ᠪᠤᠯᠭᠠᠨ᠂ ᠮᠠᠨ ᠤ ᠬᠤᠰᠢᠭᠤᠨ ᠤ ᠰᠢᠨᠡᠪᠡᠷ ᠬᠦᠭᠵᠢᠭᠰᠡᠨ ᠠᠵᠤ ᠦᠢᠯᠡᠰ ᠤᠨ | ᠬᠦᠭᠵᠢᠯᠳᠠ ᠶᠢᠨ ᠠᠯᠬᠤᠴᠡ ᠪᠠᠨ ᠤᠯᠠᠮ ᠨᠢᠭᠡ ᠠᠯᠬᠤᠮ ᠳᠦᠷᠭᠡᠳᠭᠡᠨ᠎ᠠ᠃ | ᠳᠠᠪᠴᠠᠩ ᠪᠠᠶᠢᠭᠤᠯᠤᠨ᠂ ᠠᠵᠤ ᠦᠢᠯᠡᠰ ᠤᠨ ᠲᠦᠪᠯᠡᠷᠡᠨ ᠬᠦᠭᠵᠢᠬᠦ ᠶᠢ ᠲᠦᠯᠬᠢᠨ ᠠᠬᠢᠭᠤᠯᠤᠨ᠎ᠠ᠃ | ᠳᠡᠭᠡᠳᠦ ᠮᠡᠷᠭᠡᠵᠢᠯ ᠤᠨ ᠨᠡᠬᠦᠷᠠᠰᠤ ᠬᠢᠮᠢ ᠶᠢᠨ ᠠᠵᠤ ᠦᠢᠯᠡᠳᠪᠤᠷᠢ ᠠᠵᠤ ᠦᠢᠯᠡᠰ ᠤᠨ ᠳᠤᠭᠤᠷᠢᠭ ᠤᠨ ᠬᠤᠭᠤᠯᠠᠢ | ᠳᠤᠤᠷ᠂ ᠤᠰᠤ ᠬᠠᠩᠭᠠᠬᠤ᠂ ᠴᠠᠬᠢᠯᠭᠠᠨ ᠬᠠᠩᠭᠠᠬᠤ ᠵᠡᠷᠭᠡ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢ | ᠲᠦᠷᠭᠡᠨ ᠲᠦᠯᠬᠢᠨ ᠠᠬᠢᠭᠤᠯᠵᠤ᠂ ᠭᠠᠯ ᠰᠡᠷᠭᠡᠶᠢᠯᠡᠬᠦ ᠦᠷᠳᠡᠭᠡ᠂ ᠬᠡᠮᠭᠡᠳᠡᠭ ᠤᠨ ᠳᠠᠯᠠᠪᠤᠷ᠂ ᠤᠰᠤ ᠬᠠᠩᠭᠠᠬᠤ | ᠦᠢᠯᠡᠳᠪᠤᠷᠢ᠂ ᠪᠤᠵᠠᠷ ᠤᠰᠤ ᠶᠢ ᠰᠢᠢᠳᠪᠤᠷᠢᠯᠡᠬᠦ ᠦᠢᠯᠡᠳᠪᠤᠷᠢ ᠵᠡᠷᠭᠡ ᠢᠨᠵᠧᠨ᠋ᠷᠢᠩ ᠢ ᠦᠨᠤ ᠵᠢᠯ ᠳᠡᠭᠡᠨ | ᠪᠡᠶᠡᠯᠡᠬᠦᠯᠤᠨ ᠠᠰᠢᠭᠯᠠᠯᠳᠠ ᠳᠤ ᠤᠷᠤᠭᠤᠯᠤᠨ᠎ᠠ᠃ ᠵᠠᠬᠠᠨᠠᠭᠤᠷ ᠠᠵᠤ ᠦᠢᠯᠡᠳᠪᠤᠷᠢ ᠶᠢᠨ ᠳᠤᠭᠤᠷᠢᠭ ᠤᠨ | ᠦᠢᠯᠡᠴᠢᠯᠡᠭᠡᠨ ᠤ ᠳᠤᠤᠷᠵᠢᠯ᠂ ᠪᠤᠵᠠᠷ ᠤᠰᠤ ᠶᠢ ᠰᠢᠢᠳᠪᠤᠷᠢᠯᠡᠬᠦ ᠪᠠ ᠬᠡᠷᠡᠯᠳᠦᠬᠦᠯᠬᠦ᠂ ᠨᠤᠭᠤᠭᠠᠷᠠᠭᠤᠯᠬᠤ ᠵᠡᠷᠭᠡ | ᠰᠠᠭᠤᠷᠢ ᠪᠦᠳᠦᠭᠡᠨ ᠪᠠᠶᠢᠭᠤᠯᠤᠯᠳᠠ ᠶᠢᠨ ᠢᠨᠵᠧᠨ᠋ᠷᠢᠩ ᠢ ᠲᠦᠷᠭᠡᠨ ᠲᠡᠬᠦᠯᠳᠠᠷᠵᠢᠬᠦᠯᠵᠤ᠂ ᠬᠦᠩᠭᠡᠨᠴᠠᠭᠠᠨ ᠢ ᠳᠠᠬᠢᠨ | ᠪᠤᠯᠪᠠᠰᠤᠷᠠᠭᠤᠯᠬᠤ ᠤᠷᠤᠨ ᠳᠤ ᠵᠠᠮ᠂ ᠤᠰᠤ ᠵᠠᠯᠠᠬᠤ᠂ ᠪᠤᠵᠢᠷᠳᠤᠯ ᠢ ᠭᠠᠳᠠᠭᠰᠢᠯᠠᠭᠤᠯᠬᠤ ᠵᠡᠷᠭᠡ ᠬᠤᠭᠤᠯᠠᠢ ᠲᠤᠤᠷ | ᠤᠨ ᠠᠵᠢᠯ ᠢ ᠭᠤᠤᠯᠴᠢᠯᠠᠨ ᠪᠡᠶᠡᠯᠡᠬᠦᠯᠤᠨ᠎ᠠ᠃ ᠯᠦᠪᠸᠢ ᠠᠵᠤ ᠦᠢᠯᠡᠳᠪᠤᠷᠢ ᠶᠢᠨ ᠳᠤᠭᠤᠷᠢᠭ ᠤᠨ ᠪᠤᠵᠠᠷ ᠤᠰᠤᠨ | ᠤ ᠬᠤᠭᠤᠯᠠᠢ ᠲᠤᠤᠷ ᠢ ᠦᠭᠡᠷᠡᠴᠢᠯᠡᠬᠦ ᠪᠠ ᠢᠳᠡᠭᠡᠨ ᠢ ᠪᠤᠯᠪᠠᠰᠤᠷᠠᠭᠤᠯᠬᠤ ᠳᠤᠭᠤᠷᠢᠭ ᠲᠤ ᠴᠠᠬᠢᠯᠭᠠᠨ ᠬᠠᠩᠭᠠᠬᠤ | ᠵᠢᠴᠢ ᠴᠢᠮᠡᠭᠡ ᠨᠡᠪᠳᠡᠷᠡᠬᠦᠯᠬᠦ ᠢᠨᠵᠧᠨ᠋ᠷᠢᠩ ᠢ ᠡᠬᠢᠯᠡᠬᠦᠯᠵᠤ᠂ ᠬᠤᠳᠠᠯᠳᠤᠭ᠎ᠠ ᠠᠷᠠᠯᠵᠢᠶᠠᠨ ᠤ ᠪᠤᠳᠠᠰ ᠤᠨ ᠬᠦᠢᠯᠭᠡᠭᠡᠨ | ᠤ ᠳᠤᠭᠤᠷᠢᠭ ᠳᠠᠬᠢ ᠬᠤᠳᠡ ᠶᠢᠨ ᠶᠠᠪᠤᠳᠠᠯ ᠤᠨ ᠢᠨᠵᠧᠨ᠋ᠷᠢᠩ ᠤᠨ ᠪᠠᠶᠢᠭᠤᠯᠤᠯᠳᠠ ᠶᠢᠨ ᠠᠬᠢᠴᠡ ᠶᠢ ᠪᠦᠬᠦ ᠲᠠᠯ᠎ᠠ | ᠪᠠᠷ ᠲᠦᠯᠬᠢᠨ ᠠᠬᠢᠭᠤᠯᠤᠨ᠎ᠠ᠃ 2016 ᠤᠨ ᠳᠤ᠂ ᠠᠵᠤ ᠦᠢᠯᠡᠳᠪᠤᠷᠢ ᠶᠢᠨ ᠳᠤᠭᠤᠷᠢᠭ ᠤᠨ | ᠪᠤᠷᠤᠯᠠᠭᠤᠯᠤᠯᠳᠠ ᠶᠢᠨ ᠤᠷᠤᠯᠭ᠎ᠠ 285 ᠳ᠋ᠦᠩᠰᠢᠭᠤᠷ ᠲᠦᠬᠦᠷᠢᠭ ᠪᠡᠶᠡᠯᠡᠬᠦᠯᠬᠦ ᠪᠠᠷ ᠲᠦᠯᠦᠪᠯᠡᠵᠤ᠂ ᠠᠳᠠᠯᠢ | ᠬᠤᠭᠤᠴᠠᠭᠠᠨ ᠤ ᠬᠢ ᠠᠴᠠ 8.5% ᠪᠠᠷ ᠨᠡᠮᠡᠭᠳᠡᠬᠦᠯᠤᠨ᠎ᠠ᠃ | ︵ᠭᠤᠷᠪᠠ︶ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ ᠢ ᠰᠠᠶᠢᠳᠤᠷ ᠬᠢᠵᠤ᠂ ᠳᠠᠷᠢᠶᠠᠯᠠᠩ ᠮᠠᠯ | ᠠᠵᠤ ᠠᠬᠤᠢ ᠶᠢᠨ ᠤᠳᠤᠬᠢᠴᠢᠯᠠᠯᠳᠠ ᠶᠢᠨ ᠬᠢᠷᠢ ᠭᠡᠮᠵᠢᠶ᠎ᠠ ᠶᠢ ᠳᠡᠭᠡᠭᠰᠢᠯᠡᠬᠦᠯᠤᠨ᠎ᠠ᠃ ᠳᠠᠷᠢᠶᠠᠯᠠᠩ ᠮᠠᠯ ᠠᠵᠤ | ᠠᠬᠤᠢ ᠶᠢᠨ ᠰᠠᠭᠤᠷᠢ ᠪᠠᠶᠢᠷᠢ ᠶᠢ ᠤᠯᠠᠮ ᠨᠢᠭᠡ ᠠᠯᠬᠤᠮ ᠪᠠᠳᠤᠳᠬᠠᠵᠤ᠂ ᠳᠠᠷᠢᠶᠠᠯᠠᠩ ᠮᠠᠯ ᠠᠵᠤ ᠠᠬᠤᠢ ᠶᠢᠨ | ᠦᠢᠯᠡᠳᠪᠤᠷᠢᠯᠠᠯ ᠤᠨ ᠬᠦᠭᠵᠢᠯᠳᠠ ᠶᠢᠨ ᠬᠡᠯᠪᠡᠷᠢ ᠶᠢ ᠲᠦᠷᠭᠡᠨ ᠬᠤᠪᠢᠷᠠᠭᠤᠯᠵᠤ᠂ ᠠᠮᠢ ᠠᠬᠤᠢ ᠶᠢᠨ ᠤᠰᠤ | ᠠᠷᠪᠢᠯᠠᠬᠤ᠂ ᠰᠢᠨᠵᠢᠯᠡᠬᠦ ᠤᠠᠬᠭᠠᠨ ᠮᠡᠷᠭᠡᠵᠢᠯ ᠤᠨ ᠦᠨᠳᠦᠷ ᠤᠨᠠᠯᠳᠠ᠂ ᠦᠢᠯᠡᠳᠬᠦᠨ ᠤ ᠠᠶᠤᠯᠬᠦᠢ ᠪᠠᠶᠢᠬᠤ | ᠤᠳᠤ ᠦᠶ᠎ᠠ ᠶᠢᠨ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠠ ᠶᠢᠨ ᠵᠠᠮ ᠳᠤ ᠤᠷᠤᠭᠤᠯᠤᠨ᠎ᠠ᠃ | ᠤᠳᠤ ᠦᠶ᠎ᠠ ᠶᠢᠨ ᠳᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠦᠭᠵᠢᠬᠦᠯᠤᠨ᠎ᠠ᠃ ᠠᠮᠤ ᠪᠤᠳᠠᠭᠠᠨ ᠤ | ᠳᠠᠷᠢᠮᠠᠯ ᠤᠨ ᠳᠠᠯᠠᠪᠠᠢ ᠶᠢ 180 ᠲᠦᠮᠡᠨ ᠮᠤ᠋ ᠳᠤ ᠳᠤᠭᠳᠠᠪᠤᠷᠢᠵᠢᠭᠤᠯᠤᠨ᠎ᠠ᠃ ᠨᠠᠷᠠᠨ ᠬᠤᠸᠠᠷ᠂ ᠡᠪᠡᠰᠤᠨ ᠡᠮ | ᠤᠨ ᠮᠠᠲ᠋ᠧᠷᠢᠶᠠᠯ᠂ ᠲᠦᠮᠦᠰᠤ ᠲᠠᠷᠢᠬᠤ ᠪᠠ ᠢᠳᠡᠭᠡᠨ ᠤ ᠮᠦᠬᠦ ᠶᠢ ᠵᠠᠶᠢᠯᠠᠬᠤ ᠪᠠᠷ ᠭᠤᠤᠯ ᠪᠤᠯᠭᠠᠭᠰᠠᠨ ᠦᠨᠳᠤᠷ | ᠦᠷ᠎ᠠ ᠠᠰᠢᠭ ᠲᠠᠢ ᠤᠨᠴᠠᠯᠢᠭᠳᠤ ᠳᠠᠷᠢᠮᠠᠯ ᠢ 10 ᠲᠦᠮᠡᠨ ᠮᠤ᠋ ᠬᠦᠭᠵᠢᠬᠦᠯᠵᠤ᠂ 5 ᠠᠮᠤ ᠪᠤᠳᠠᠭ᠎ᠠ ᠲᠠᠷᠢᠮᠠᠯ ᠤᠨ | ᠦᠨᠳᠤᠷ ᠤᠨᠠᠯᠳᠠ ᠶᠢ ᠪᠠᠳᠤᠯᠠᠬᠤ ᠳᠠᠭᠤᠷᠢᠶᠠᠯ ᠦᠵᠡᠬᠦᠯᠬᠦ ᠢᠨᠵᠧᠨ᠋ᠷᠢᠩ ᠢ ᠨᠠᠶᠢᠳᠠᠪᠤᠷᠢᠵᠢᠭᠤᠯᠤᠨ᠎ᠠ᠃ ᠤᠳᠤ | ᠦᠶ᠎ᠠ ᠶᠢᠨ ᠮᠠᠯ ᠠᠵᠤ ᠠᠬᠤᠢ ᠶᠢᠨ ᠴᠢᠨᠠᠷ ᠢ ᠲᠡᠭᠡᠭᠰᠢᠯᠡᠬᠦᠯᠵᠤ ᠦᠷ᠎ᠠ ᠠᠰᠢᠭ ᠢ ᠨᠡᠮᠡᠭᠳᠡᠬᠦᠯᠬᠦ ᠢᠨᠵᠧᠨ᠋ᠷᠢᠩ ᠢ | ᠬᠡᠷᠡᠭᠵᠢᠬᠦᠯᠵᠤ᠂ ᠬᠡᠪᠴᠢᠶᠠᠵᠢᠭ᠍ᠰᠡᠨ ᠪᠠᠷᠢᠮᠵᠢᠶᠠᠵᠢᠭᠰᠠᠨ ᠪᠠᠶᠢᠭᠤᠯᠤᠯᠳᠠ ᠶᠢ ᠢᠳᠡᠪᠬᠢᠳᠠᠢ ᠲᠦᠯᠬᠢᠨ ᠠᠬᠢᠭᠤᠯᠵᠤ᠂ | 30 ᠬᠡᠪᠴᠢᠶᠡᠵᠢᠭᠰᠡᠨ ᠳᠡᠵᠢᠭᠡᠪᠤᠷᠢ ᠶᠢᠨ ᠳᠠᠯᠠᠪᠠᠢ ᠰᠢᠨᠡᠪᠡᠷ ᠪᠠᠶᠢᠭᠤᠯᠵᠤ᠂ 100 ᠦᠨᠳᠦᠷ ᠪᠠᠷᠢᠮᠵᠢᠶᠠᠳᠤ ᠠᠮᠢ | ᠠᠬᠤᠢ ᠶᠢᠨ ᠬᠡᠷ ᠪᠦᠯᠢ ᠶᠢᠨ ᠮᠠᠯᠵᠢᠯ ᠤᠨ ᠳᠠᠯᠠᠪᠠᠢ ᠶᠢ ᠭᠤᠤᠯᠴᠢᠯᠠᠨ ᠪᠠᠶᠢᠭᠤᠯᠵᠤ᠂ ᠵᠢᠯ ᠤᠨ ᠮᠠᠯ ᠤᠨ | ᠬᠠᠰᠢᠶᠠᠯᠠᠵᠤ ᠪᠠᠶᠢᠭ᠎ᠠ ᠳᠤᠭ᠎ᠠ ᠶᠢ 596 ᠲᠦᠮᠡᠨ ᠳᠤᠯᠤᠭᠠᠢ ᠠᠴᠠ ᠳᠡᠭᠡᠭᠰᠢ ᠳᠤᠭᠳᠠᠪᠤᠷᠢᠵᠢᠭᠤᠯᠤᠨ᠎ᠠ᠃ ᠠᠵᠤ | ᠦᠢᠯᠡᠰ ᠤᠨ ᠬᠡᠯᠭᠢᠶᠠᠵᠢᠯ᠂ ᠦᠷᠳᠡᠭ ᠤᠨ ᠬᠡᠯᠭᠢᠶᠠᠵᠢᠯ ᠵᠡᠷᠭᠡ ᠤᠳᠤ ᠦᠶ᠎ᠠ ᠶᠢᠨ ᠠᠵᠤ ᠦᠢᠯᠡᠰ ᠤᠨ ᠵᠤᠬᠢᠶᠠᠨ | ᠪᠠᠶᠢᠭᠤᠯᠤᠯᠳᠠ ᠶᠢᠨ ᠬᠡᠯᠪᠡᠷᠢ ᠶᠢ ᠳᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠠᠯ ᠳᠤ ᠳᠠᠳᠠᠨ ᠤᠷᠤᠭᠤᠯᠬᠤ | ᠶᠢ ᠪᠠᠷᠢᠮᠳᠠᠯᠠᠵᠤ᠂ ᠠᠵᠤ ᠦᠢᠯᠡᠰ ᠤᠨ ᠲᠦᠪᠯᠡᠷᠡᠨ ᠬᠦᠭᠵᠢᠬᠦ ᠶᠢ ᠲᠦᠯᠬᠢᠨ ᠠᠬᠢᠭᠤᠯᠵᠤ᠂ ᠶᠡᠭᠡ ᠮᠠᠯᠵᠢᠯ ᠤᠨ | ᠳᠠᠯᠠᠪᠠᠢ᠂ ᠪᠠᠩ ᠵᠢᠶᠧ᠂ ᠶᠢᠨ ᠬᠦ᠋ ᠮᠤ᠋ ᠭᠧ᠂ ᠵᠧᠩ ᠳ᠋ᠠ ᠠᠮᠤ ᠳᠤᠰᠤ ᠵᠡᠷᠭᠡ ᠭᠤᠤᠯᠳᠠᠯᠭᠠᠳᠤ ᠳᠤᠯᠤᠭᠠᠶᠢᠯᠠᠭᠴᠢ | ᠠᠵᠤ ᠠᠬᠤᠶᠢᠯᠠᠯ ᠢ ᠢᠳᠡᠪᠬᠢᠳᠠᠢ ᠲᠡᠮᠵᠢᠨ ᠪᠤᠵᠠᠭᠠᠶᠢᠷᠠᠭᠤᠯᠵᠤ᠂ ᠳᠤᠯᠤᠭᠠᠶᠢᠯᠠᠭᠴᠢ ᠠᠵᠤ ᠠᠬᠤᠶᠢᠯᠠᠯ ᠪᠤᠯᠤᠨ | ᠤᠷᠴᠢᠨ ᠳᠤᠭᠤᠷᠢᠨ ᠤ ᠮᠠᠯᠴᠢᠨ ᠳᠠᠷᠢᠶᠠᠴᠢᠨ ᠡᠷᠦᠭᠡ ᠶᠢ ᠵᠤᠷᠢᠭᠵᠢᠭᠤᠯᠤᠨ ︽ᠵᠠᠬᠢᠶᠠᠯᠠᠯᠭ᠎ᠠ ᠶᠢᠨ ᠳᠠᠷᠢᠶᠠᠯᠠᠩ ᠮᠠᠯ | ᠠᠵᠤ ᠠᠬᠤᠢ︾ ᠶᠢ ᠬᠦᠭᠵᠢᠬᠦᠯᠤᠨ᠎ᠠ᠃ ᠳᠤᠯᠤᠭᠠᠶᠢᠯᠠᠭᠴᠢ ᠠᠵᠤ ᠠᠬᠤᠶᠢᠯᠠᠯ ᠪᠤᠯᠤᠨ ᠮᠠᠯᠴᠢᠨ ᠳᠠᠷᠢᠶᠠᠴᠢᠨ ᠤ | ᠠᠰᠢᠭ ᠲᠤᠰᠠ ᠶᠢ ᠬᠤᠯᠪᠤᠭᠠᠯᠠᠬᠤ ᠳᠤᠭᠳᠠᠴᠡ ᠶᠢ ᠲᠡᠬᠦᠯᠳᠠᠷᠵᠢᠬᠦᠯᠵᠤ᠂ ᠮᠧᠩ ᠼᠤᠤ ᠭᠠᠩ ᠡᠪᠡᠰᠤᠨ ᠤ | ᠬᠠᠭᠰᠠᠷᠭᠠᠨ ᠢ ᠡᠰᠡᠷᠬᠦᠴᠡᠬᠦ ︽ᠠᠵᠤ ᠦᠢᠯᠡᠰ ᠤᠨ ᠬᠤᠯᠪᠤᠭ᠎ᠠ︾᠂ ᠮᠠᠯᠴᠢᠨ ᠠᠶᠢᠯ ᠬᠤᠷᠰᠢᠶᠠᠵᠢᠯ ᠵᠡᠷᠭᠡ | ᠠᠵᠢᠯᠳᠠ ᠤᠯᠤᠭᠰᠠᠨ ᠨᠠᠶᠢᠳᠡᠯᠢᠭ ᠢ ᠦᠷᠬᠦᠯᠵᠢᠯᠠᠨ ᠳᠡᠯᠭᠡᠷᠡᠬᠦᠯᠵᠤ᠂ ᠮᠠᠯᠴᠢᠨ ᠳᠠᠷᠢᠶᠠᠴᠢᠨ ᠢ ᠠᠵᠤ | ᠦᠢᠯᠡᠰᠵᠢᠯᠳᠠ ᠶᠢᠨ ᠡᠵᠡᠩᠨᠡᠯᠳᠡ ᠳᠤᠮᠳᠠ ᠨᠡᠩ ᠢᠯᠡᠬᠦᠦ ᠠᠰᠢᠭ ᠤᠯᠭᠤᠨ᠎ᠠ᠃ ᠳᠠᠷᠢᠶᠠᠯᠠᠩ ᠮᠠᠯ ᠠᠵᠤ ᠠᠬᠤᠢ | ᠶᠢᠨ ᠪᠦᠳᠦᠭᠡᠭᠳᠡᠬᠦᠨ ᠢ ᠤᠤᠯ ᠤᠨ ᠦᠢᠯᠡᠳᠪᠤᠷᠢᠯᠠᠯ ᠤᠨ ᠭᠠᠵᠠᠷ ᠢ ᠨᠢ ᠬᠠᠮᠠᠭᠠᠯᠠᠬᠤ ᠪᠤᠶᠤ ᠪᠤᠬᠢᠷᠳᠤᠯ ᠦᠭᠡᠢ᠂ | ᠤᠷᠭᠠᠨᠢᠭ᠂ ᠨᠡᠶᠢᠳᠡ ᠶᠢᠨ ᠬᠤᠤᠷᠳᠠᠯ ᠦᠭᠡᠢ ᠦᠢᠯᠡᠳᠬᠦᠨ ᠢ ᠦᠨᠡᠯᠡᠬᠦ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ | ᠂ ︽ᠵᠠᠷᠤᠳ ᠬᠤᠨᠢ︾ ᠶᠢᠨ ᠭᠠᠵᠠᠷ ᠤᠷᠤᠨ ᠤ ᠲᠡᠮᠳᠡᠭ ᠢ ᠪᠦᠬᠦ ᠬᠦᠴᠤᠨ ᠢᠶᠠᠷ ᠢᠶᠠᠨ ᠪᠤᠢ ᠪᠤᠯᠭᠠᠵᠤ᠂ ︽ | ᠵᠠᠷᠤᠳ ᠤᠨ ᠭᠡᠮ ᠦᠭᠡᠢ ᠬᠤᠨᠢ ᠦᠭᠡᠷ ᠤᠨ ᠮᠢᠬ᠎ᠠ︾ ᠶᠢᠨ ᠨᠡᠷ᠎ᠡ ᠳᠡᠮᠳᠡᠭᠳᠦ ᠶᠢᠨ ᠮᠡᠳᠡᠷᠡᠴᠡ᠂ ᠨᠦᠯᠦᠭᠡᠯᠡᠬᠦ | ᠬᠦᠴᠤᠨ ᠢ ᠴᠢᠷᠮᠠᠶᠢᠨ ᠳᠡᠭᠡᠭᠰᠢᠯᠡᠬᠦᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠢ ᠦᠢᠯᠡᠳᠪᠤᠷᠢᠯᠡᠬᠦ | ᠭᠠᠵᠠᠷ ᠤᠨ ᠤᠷᠴᠢᠨ ᠳᠤᠭᠤᠷᠢᠨ ᠢ ᠴᠡᠪᠡᠷ ᠪᠠᠶᠢᠯᠭᠠᠵᠤ᠂ ᠳᠠᠷᠢᠶᠠᠯᠠᠩ ᠮᠠᠯ ᠠᠵᠤ ᠠᠬᠤᠢ ᠶᠢᠨ ᠦᠢᠯᠡᠳᠬᠦᠨ ᠤ | ᠴᠢᠨᠠᠷ ᠤᠨ ᠠᠶᠤᠯᠬᠦᠢ ᠶᠢ ᠪᠠᠳᠤᠯᠠᠬᠤ ᠪᠠᠷᠢᠮᠵᠢᠶ᠎ᠠ ᠶᠢᠨ ᠰᠢᠰᠲ᠋ᠧᠮ ᠪᠠ ᠰᠢᠰᠲ᠋ᠧᠮ ᠤᠨ ᠪᠠᠶᠢᠭᠤᠯᠤᠯᠳᠠ ᠶᠢ | ᠲᠦᠷᠭᠡᠳᠭᠡᠵᠤ᠂ ᠳᠠᠷᠢᠶᠠᠨ ᠭᠠᠵᠠᠷ ᠠᠴᠠ ᠪᠤᠳᠠᠭᠠᠨ ᠰᠢᠷᠡᠭᠡ ᠬᠦᠷᠳᠡᠯᠡᠭᠢ ᠪᠦᠬᠦ ᠶᠠᠪᠤᠴᠡ ᠶᠢ ᠬᠠᠮᠤᠷᠠᠭᠰᠠᠨ ᠬᠢᠨᠠᠨ | ᠬᠠᠮᠢᠶᠠᠷᠤᠯᠳᠠ ᠶᠢᠨ ᠲᠦᠷᠢᠮ ᠪᠦᠷᠢᠯᠳᠦᠬᠦᠯᠤᠨ᠎ᠠ᠃ | ︽ᠠᠷᠪᠠ ᠶᠢ ᠪᠦᠷᠬᠦᠬᠦᠯᠬᠦ︾ ᠢᠨᠵᠧᠨ᠋ᠷᠢᠩ ᠢ ᠬᠦᠨᠵᠡᠭᠡᠢ ᠬᠡᠷᠡᠭᠵᠢᠬᠦᠯᠤᠨ᠎ᠠ᠃ ︽ᠠᠷᠪᠠ ᠶᠢ ᠪᠦᠷᠬᠦᠬᠦᠯᠬᠦ︾ | ᠢᠨᠵᠧᠨ᠋ᠷᠢᠩ ᠤᠨ ᠪᠦᠳᠦᠭᠡᠨ ᠪᠠᠶᠢᠭᠤᠯᠤᠯᠳᠠ ᠶᠢ ᠡᠨᠡ ᠵᠢᠯ ᠤᠨ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ | ᠤᠨ ᠴᠢᠬᠤᠯᠠ ᠠᠵᠢᠯ ᠪᠤᠯᠭᠠᠨ ᠠᠳᠬᠤᠵᠤ᠂ 28.97 ᠳ᠋ᠦᠩᠰᠢᠭᠤᠷ ᠪᠡᠯᠡ ᠮᠦᠩᠭᠦ ᠵᠠᠷᠤᠴᠠᠭᠤᠯᠬᠤ ᠪᠠᠷ | ᠲᠦᠯᠦᠪᠯᠡᠵᠤ᠂ 36 ᠵᠠᠰᠠᠭ ᠵᠠᠬᠢᠷᠭᠠᠨ ᠤ ᠭᠠᠴᠠᠭ᠎ᠠ ᠲᠤᠰᠬᠤᠨ᠂ 107 ᠪᠠᠶᠢᠭᠠᠯᠯᠢᠭ ᠲᠤᠰᠬᠤᠨ ᠪᠤᠯᠤᠨ 33 | ᠤᠯᠤᠰ ᠤᠨ ᠡᠵᠡᠩᠨᠡᠯᠳᠡ ᠶᠢᠨ ᠳᠠᠷᠢᠶᠠᠯᠠᠩ ᠮᠠᠯᠵᠢᠯ ᠤᠨ ᠤᠢ ᠰᠢᠭᠤᠢ ᠶᠢᠨ ᠳᠠᠯᠠᠪᠠᠢ ᠳᠤ ︽ᠠᠷᠪᠠ ᠶᠢ ᠪᠦᠷᠬᠦᠬᠦᠯᠬᠦ︾ | ᠢᠨᠵᠧᠨ᠋ᠷᠢᠩ ᠢ ᠬᠡᠷᠡᠭᠵᠢᠬᠦᠯᠵᠤ᠂ 2014 ᠣᠨ᠂ 2015 ᠤᠨ ᠳᠤ ᠨᠢᠭᠡᠨᠳᠡ ᠬᠡᠷᠡᠭᠵᠢᠬᠦᠯᠦᠭᠰᠡᠨ 132 ᠵᠠᠰᠠᠭ | ᠵᠠᠬᠢᠷᠭᠠᠨ ᠤ ᠭᠠᠴᠠᠭ᠎ᠠ ᠲᠤᠰᠬᠤᠨ ᠢ ᠪᠠᠬᠢᠵᠢᠬᠦᠯᠤᠨ ᠳᠡᠭᠡᠭᠰᠢᠯᠡᠬᠦᠯᠤᠨ᠎ᠠ᠃ ᠪᠤᠭᠤᠮᠳᠠ ᠢ ᠰᠢᠪᠳᠤᠯᠤᠨ᠂ ᠬᠦᠴᠢᠷ | ᠢ ᠳᠠᠰᠪᠤᠷᠢᠯᠡᠬᠦ ᠦᠵᠠᠯ ᠰᠠᠨᠠᠭ᠎ᠠ ᠪᠠᠨ ᠪᠠᠳᠤ ᠪᠤᠢ ᠪᠤᠯᠭᠠᠵᠤ᠂ ᠨᠠᠷᠢᠨ ᠨᠢᠮᠪᠠᠢ ᠬᠠᠷᠢᠭᠤᠴᠠᠬᠤ ᠤᠪᠤᠷ ᠪᠤᠯᠤᠨ | ᠯᠠᠪᠳᠠᠢ ᠢᠯᠠᠯᠳᠠ ᠤᠯᠬᠤ ᠵᠤᠷᠢᠭ ᠢ ᠪᠠᠳᠦ ᠪᠠᠬᠢ ᠪᠤᠢ ᠪᠤᠯᠭᠠᠨ᠂ ᠡᠬᠦᠷᠭᠡ ᠪᠠᠨ ᠨᠠᠶᠢᠳᠠᠪᠤᠷᠢᠵᠢᠭᠤᠯᠬᠤ ᠶᠢ ᠴᠢᠩᠭ᠎ᠠ | ᠠᠳᠬᠤᠵᠤ᠂ ᠬᠠᠷᠢᠭᠤᠴᠠᠯᠭ᠎ᠠ ᠨᠡᠭᠡᠮᠵᠢᠯᠠᠵᠤ ᠬᠠᠷᠢᠭᠤᠴᠠᠯᠭ᠎ᠠ ᠠᠰᠠᠭᠤᠬᠤ ᠲᠦᠷᠢᠮ ᠢ ᠴᠢᠩᠭ᠎ᠠ ᠬᠡᠷᠡᠭᠵᠢᠬᠦᠯᠵᠤ᠂ | ᠬᠢᠨᠠᠨ ᠰᠢᠯᠭᠠᠬᠤ ᠦᠨᠡᠯᠡᠬᠦ ᠶᠢ ᠴᠢᠩᠭᠠᠳᠬᠠᠵᠤ᠂ ︽ᠠᠷᠪᠠ ᠶᠢ ᠪᠦᠷᠬᠦᠬᠦᠯᠬᠦ︾ ᠢᠨᠵᠧᠨ᠋ᠷᠢᠩ ᠢᠶᠠᠷ ᠺᠠᠳ᠋ᠷ ᠤᠨ | ᠪᠤᠳᠠᠳᠠᠢ ᠬᠢᠷᠢ ᠪᠦᠳᠦᠮᠵᠢ ᠶᠢ ᠰᠢᠯᠭᠠᠬᠤ ᠴᠢᠬᠤᠯᠠ ᠠᠭᠤᠯᠭ᠎ᠠ ᠪᠤᠯᠭᠠᠨ᠎ᠠ᠃ ᠭᠠᠴᠠᠭ᠎ᠠ ᠲᠤᠰᠬᠤᠨ ᠤ ︽ᠬᠤᠶᠠᠷ | ᠵᠦᠪᠯᠡᠯ︾ ᠤᠨ ᠤᠳᠤᠷᠢᠳᠬᠤ ᠪᠠᠭ ᠤᠨ ᠲᠠᠶᠢᠴᠢᠨ ᠪᠠᠬᠢᠯᠠᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ | ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠨᠢᠭᠳᠠᠷᠠᠬᠤ ᠬᠦᠴᠤᠨ ᠪᠠᠶᠢᠯᠳᠤᠬᠤ ᠬᠦᠴᠤᠨ ᠢ | ᠲᠠᠰᠤᠷᠠᠯᠳᠠ ᠦᠭᠡᠢ ᠨᠡᠮᠡᠭᠳᠡᠬᠦᠯᠦᠨ᠎ᠡ᠃ ᠮᠠᠯᠴᠢᠨ ᠳᠠᠷᠢᠶᠠᠴᠢᠨ ᠤ ᠭᠤᠤᠯ ᠴᠤᠭᠴᠠ ᠶᠢᠨ ᠤᠷᠤᠨ ᠪᠠᠶᠢᠷᠢ ᠶᠢ | ᠳᠤᠪᠤᠶᠢᠯᠭᠠᠵᠤ᠂ ᠦᠷᠭᠡᠨ ᠤᠯᠠᠨ ᠲᠦᠮᠡᠨ ᠤ ᠤᠷᠤᠯᠴᠠᠬᠤ ᠬᠠᠯᠠᠭᠤᠨ ᠰᠡᠳᠬᠢᠯᠭᠡ ᠶᠢ ᠬᠦᠭᠵᠢᠭᠡᠨ ᠪᠠᠳᠠᠷᠠᠭᠤᠯᠵᠤ᠂ | ᠤᠯᠠᠨ ᠲᠦᠮᠡᠨ ᠤ ᠬᠦᠳᠠᠯᠤᠯᠴᠡᠬᠦᠯᠵᠤ ᠦᠨᠡᠨᠬᠦ ᠢᠨᠵᠧᠨᠧᠷᠢᠭ ᠤᠨ ᠪᠦᠳᠦᠭᠡᠨ ᠪᠠᠶᠢᠭᠤᠯᠤᠯᠳᠠ ᠳᠤ | ᠤᠷᠤᠯᠴᠠᠭᠤᠯᠤᠨ᠎ᠠ᠃ ᠭᠠᠵᠠᠷ ᠤᠷᠤᠨ ᠳᠤᠨᠢ ᠳᠤᠬᠢᠷᠠᠭᠤᠯᠤᠨ᠂ ᠭᠠᠵᠠᠷ ᠠᠴᠠ ᠨᠢ ᠮᠠᠲ᠋ᠧᠷᠢᠶᠠᠯ ᠠᠪᠬᠤ ᠶᠢ | ᠪᠠᠷᠢᠮᠳᠠᠯᠠᠨ᠂ ᠢᠨᠵᠧᠨ᠋ᠷᠢᠩ ᠤᠨ ᠵᠢᠷᠤᠭ ᠲᠦᠯᠦᠪᠯᠡᠭᠡ ᠶᠢ ᠢᠳᠡᠪᠬᠢᠳᠠᠢ ᠰᠠᠶᠢᠨ ᠬᠢᠵᠤ᠂ ᠬᠡᠷᠡᠭᠵᠢᠬᠦᠯᠬᠦ ᠪᠠᠷᠢᠮᠵᠢᠶ᠎ᠠ | ᠶᠢ ᠰᠢᠨᠵᠢᠯᠡᠬᠦ ᠤᠬᠠᠭᠠᠨᠴᠢ ᠪᠠᠷ ᠳᠤᠭᠳᠠᠭᠠᠨ᠎ᠠ᠃ ᠢᠨᠵᠧᠨ᠋ᠷᠢᠩ ᠢ ᠪᠦᠳᠦᠭᠡᠨ ᠪᠠᠶᠢᠭᠤᠯᠬᠤ ᠶᠠᠪᠤᠴᠡ ᠶᠢ ᠬᠢᠨᠠᠮᠠᠭᠠᠢ | ᠬᠡᠷᠡᠭᠵᠢᠬᠦᠯᠵᠤ᠂ ᠴᠢᠨᠠᠷ ᠴᠢᠨᠰᠠᠭ᠎ᠠ ᠶᠢ ᠴᠢᠩᠭ᠎ᠠ ᠠᠳᠬᠤᠨ᠂ ᠢᠨᠵᠧᠨ᠋ᠷᠢᠩ ᠢ ᠬᠡᠷᠡᠭᠵᠢᠬᠦᠯᠬᠦ ᠳᠤᠮᠳᠠ ᠬᠤᠪᠢ ᠶᠢᠨ | ᠨᠠᠶᠢᠷ ᠢᠶᠠᠷ ᠬᠠᠤᠯᠢ ᠶᠤᠰᠤ ᠶᠢ ᠵᠦᠷᠢᠴᠡᠬᠦ᠂ ᠬᠤᠳᠠᠯ ᠬᠠᠭᠤᠷᠮᠠᠭ ᠶᠠᠭᠤᠮ᠎ᠠ ᠪᠠᠷ ᠬᠠᠰᠢ ᠶᠠᠰᠢ ᠦᠢᠯᠡᠳᠬᠦ | ᠦᠵᠡᠭᠳᠠᠯ ᠡᠬᠦᠰᠬᠦ ᠶᠢ ᠴᠢᠩᠭ᠎ᠠ ᠰᠡᠷᠡᠮᠵᠢᠯᠠᠨᠠ᠃ ᠳᠡᠭᠡᠷ᠎ᠠ ᠱᠠᠳᠤᠨ ᠤ ᠲᠦᠷᠦᠯ ᠵᠦᠢᠯ ᠤᠨ ᠪᠡᠯᠡ ᠮᠦᠩᠭᠦ ᠶᠢ | ᠤᠯᠵᠦ᠂ ᠪᠡᠯᠡ ᠴᠤᠭᠯᠠᠭᠤᠯᠬᠤ ᠠᠷᠭ᠎ᠠ ᠵᠠᠮ ᠢᠶᠠᠨ ᠦᠷᠭᠡᠳᠭᠡᠵᠤ᠂ ᠤᠷᠢᠳᠠᠪᠠᠷ ᠡᠳ᠋ ᠤᠨ ᠵᠠᠰᠠᠭ ᠤᠨ ᠬᠦᠳᠡᠭᠡ | ᠲᠤᠰᠬᠤᠨ ᠮᠠᠯᠵᠢᠬᠤ ᠤᠷᠤᠨ ᠳᠤ ᠪᠡᠯᠡ ᠤᠷᠤᠭᠤᠯᠬᠤ ᠶᠢ ᠪᠠᠳᠤᠯᠠᠵᠤ᠂ ᠨᠡᠩ ᠤᠯᠠᠨ ᠨᠠᠶᠢᠭᠡᠮ ᠤᠨ ᠡᠳ᠋ | ᠬᠦᠷᠦᠩᠭᠡ ᠶᠢ ᠢᠨᠵᠧᠨ᠋ᠷᠢᠩ ᠤᠨ ᠪᠦᠳᠦᠭᠡᠨ ᠪᠠᠶᠢᠭᠤᠯᠤᠯᠳᠠ ᠲᠡᠰᠢ ᠪᠡᠯᠡ ᠤᠷᠤᠭᠤᠯᠬᠤ ᠶᠢ ᠲᠠᠳᠠᠨ᠎ᠠ᠃ | ᠶᠠᠳᠠᠭᠤ ᠠᠴᠠ ᠠᠩᠭᠢᠵᠢᠷᠠᠭᠤᠯᠤᠨ ᠪᠤᠭᠤᠮᠳᠠ ᠰᠢᠪᠳᠤᠯᠬᠤ ᠠᠵᠢᠯ ᠢ ᠪᠦᠬᠦ ᠲᠠᠯ᠎ᠠ ᠪᠠᠷ ᠰᠠᠶᠢᠳᠤᠷ ᠬᠢᠨ᠎ᠠ᠃ | ᠪᠦᠬᠦᠯᠢ ᠴᠤᠭᠴᠡ ᠪᠠᠷ ᠲᠦᠯᠬᠢᠨ ᠠᠬᠢᠭᠤᠯᠬᠤ ᠪᠠ ᠲᠦᠷᠦᠯ ᠬᠤᠪᠢᠶᠠᠨ ᠬᠡᠷᠡᠭᠵᠢᠬᠦᠯᠬᠦ ᠶᠢ ᠤᠶᠠᠯᠳᠤᠭᠤᠯᠬᠤ ᠶᠢ | ᠳᠤᠪᠤᠶᠢᠯᠭᠠᠨ᠎ᠠ᠃ ᠡᠯ᠎ᠠ ᠱᠠᠳᠤᠨ ᠤ ᠺᠠᠳ᠋ᠷ ᠤᠨ ᠬᠦᠴᠤᠨ ᠢ ᠨᠢᠭᠡᠳᠦᠯᠳᠠᠢ ᠳᠤᠬᠢᠷᠠᠭᠤᠯᠤᠨ᠂ ᠳᠤᠰᠬᠤᠨ ᠪᠦᠷᠢ | ᠳᠠᠭᠠᠭᠠᠴᠢᠯᠠᠬᠤ ᠤᠳᠤᠷᠢᠳᠤᠯᠭ᠎ᠠ ᠲᠠᠢ᠂ ᠡᠷᠦᠭᠡ ᠪᠦᠷᠢ ᠳᠡᠳᠬᠦᠨ ᠬᠠᠪᠰᠤᠷᠬᠤ ᠬᠠᠷᠢᠭᠤᠴᠠᠯᠭᠠᠳᠤ ᠬᠦᠮᠦᠨ ᠲᠠᠢ᠂ | ᠡᠷᠦᠭᠡ ᠪᠤᠯᠭᠠᠨ ᠢ ᠤᠨᠤᠰᠢᠳᠠᠢ ᠢᠯᠭᠠᠨ ᠳᠠᠨᠢᠵᠤ᠂ ᠡᠷᠦᠭᠡ ᠲᠠᠷᠠᠭᠠᠯᠠᠨ ᠳᠠᠩᠰᠠ ᠪᠠᠶᠢᠭᠤᠯᠵᠤ᠂ ᠡᠷᠦᠭᠡ ᠪᠦᠷᠢ ᠶᠢ | ᠤᠨᠤᠰᠢᠳᠠᠢ ᠬᠠᠪᠰᠤᠷᠤᠨ ᠳᠡᠳᠬᠦᠵᠤ᠂ ᠡᠷᠦᠭᠡ ᠪᠤᠯᠭᠠᠨ ᠢ ᠴᠠᠭ ᠳᠤᠬᠠᠢ ᠲᠤᠨᠢ ᠶᠠᠳᠠᠭᠤ ᠠᠴᠠ | ᠠᠩᠭᠢᠵᠢᠷᠠᠭᠤᠯᠬᠤ ᠪᠤᠯᠳᠠᠯ᠎ᠠ ᠬᠢᠨ᠎ᠠ᠃ 3.35 ᠳ᠋ᠦᠩᠰᠢᠭᠤᠷ ᠪᠡᠯᠡ ᠮᠦᠩᠭᠦ ᠨᠡᠶᠢᠯᠡᠬᠦᠯᠵᠤ᠂ ᠦᠢᠯᠡᠳᠪᠤᠷᠢᠯᠠᠯ ᠢ | ᠬᠦᠭᠵᠢᠬᠦᠯᠬᠦ ᠪᠠᠷ ᠲᠠᠮᠵᠢᠵᠦ ᠤᠨᠴᠠᠯᠢᠭᠳᠤ ᠠᠵᠤ ᠦᠢᠯᠡᠰ ᠢᠶᠠᠷ 3582 ᠬᠦᠮᠦᠨ ᠢ ᠶᠠᠳᠠᠭᠤ ᠠᠴᠠ | ᠠᠩᠬᠢᠵᠢᠷᠠᠭᠤᠯᠵᠦ᠂ 818 ᠬᠦᠮᠦᠨ ᠢ ᠨᠡᠬᠦᠯᠭᠡᠨ ᠶᠠᠳᠠᠭᠤ ᠠᠴᠠ ᠠᠩᠬᠢᠵᠢᠷᠠᠭᠤᠯᠵᠦ᠂ 500 ᠬᠦᠮᠦᠨ ᠢ ᠰᠤᠷᠭᠠᠨ | ᠬᠦᠮᠦᠵᠢᠬᠦᠯᠵᠦ ᠪᠤᠯᠪᠠᠰᠤᠷᠠᠭᠤᠯᠬᠤ ᠪᠠᠷ ᠲᠠᠮᠵᠢᠨ ᠶᠠᠳᠠᠭᠤ ᠠᠴᠠ ᠠᠩᠬᠢᠵᠢᠷᠠᠭᠤᠯᠵᠦ᠂ 450 ᠬᠦᠮᠦᠨ ᠢ ᠠᠮᠢ | ᠠᠬᠤᠢ ᠶᠢᠨ ᠨᠦᠬᠦᠪᠤᠷᠢ ᠦᠭᠴᠤ ᠶᠠᠳᠠᠭᠤ ᠠᠴᠠ ᠠᠩᠬᠢᠵᠢᠷᠠᠭᠤᠯᠵᠦ᠂ 250 ᠬᠦᠮᠦᠨ ᠢ ᠨᠡᠶᠢᠭᠡᠮ ᠤᠨ ᠪᠠᠳᠤᠯᠠᠪᠤᠷᠢ | ᠶᠢᠨ ᠲᠦᠷᠦ ᠶᠢᠨ ᠪᠤᠳᠤᠯᠭ᠎ᠠ ᠪᠠᠷ ᠶᠠᠳᠠᠭᠤ ᠠᠴᠠ ᠠᠩᠬᠢᠵᠢᠷᠠᠭᠤᠯᠵᠦ᠂ ᠭᠤᠤᠯᠳᠠᠯᠭ᠎ᠠ ᠲᠠᠢ ᠬᠠᠪᠰᠤᠷᠤᠨ ᠳᠠᠮᠵᠢᠬᠦ | 20 ᠭᠠᠴᠠᠭ᠎ᠠ ᠲᠤᠰᠬᠤᠨ ᠳᠤ᠂ ᠪᠦᠬᠦ ᠵᠢᠯ ᠳᠤ 5600 ᠬᠦᠮᠦᠨ ᠢ ᠳᠤᠭᠳᠠᠭᠤᠨ ᠶᠠᠳᠠᠭᠤ ᠠᠴᠠ | ᠠᠩᠬᠢᠵᠢᠷᠠᠭᠤᠯᠬᠤ ᠶᠢ ᠪᠡᠶᠡᠯᠬᠦᠯᠤᠨᠠ᠃ | ︵ᠲᠦᠷᠪᠡ︶ ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠢᠳᠡᠪᠬᠢᠳᠠᠢ ᠬᠦᠭᠵᠢᠬᠦᠯᠵᠤ᠂ ᠰᠢᠨ᠎ᠠ | ᠠᠵᠤ ᠠᠬᠤᠢ ᠶᠢᠨ ᠨᠡᠮᠡᠭᠳᠠᠯ ᠤᠨ ᠴᠡᠭ ᠢ ᠪᠤᠶᠢᠵᠢᠭᠤᠯᠤᠨ᠎ᠠ᠃ ᠤᠯᠠᠨ ᠳᠤᠷᠤᠯᠵᠢᠭᠰᠡᠨ ᠬᠡᠷᠡᠭᠯᠡᠭᠡᠨ ᠤ | ᠴᠢᠬᠤᠯᠠᠴᠢᠯᠠᠭ᠎ᠠ ᠳᠤ ᠢᠳᠡᠪᠬᠢᠳᠠᠢ ᠳᠤᠬᠢᠷᠠᠯᠴᠠᠵᠤ᠂ ᠤᠳᠤᠬᠢᠴᠢᠯᠠᠭᠰᠠᠨ ᠪᠤᠳᠠᠰ ᠤᠨ ᠬᠦᠢᠯᠭᠡᠭᠡᠨ ᠤ ᠦᠢᠯᠡᠰ᠂ | ᠰᠤᠶᠤᠯ ᠵᠢᠭᠤᠯᠴᠢᠯᠠᠯ ᠤᠨ ᠦᠢᠯᠡᠰ᠂ ᠰᠢᠨ᠎ᠠ ᠦᠷᠨᠢᠭᠰᠡᠨ ᠦᠢᠯᠡᠴᠢᠯᠡᠭᠡᠨ ᠤ ᠦᠢᠯᠡᠰ ᠤᠨ ᠬᠦᠭᠵᠢᠯᠳᠠ ᠶᠢ | ᠲᠦᠷᠭᠡᠳᠭᠡᠵᠤ᠂ ᠠᠵᠤ ᠠᠬᠤᠢ ᠶᠢᠨ ᠨᠡᠮᠡᠭᠳᠠᠯ ᠤᠨ ᠦᠨᠢᠳᠡ ᠶᠢᠨ ᠬᠦᠳᠡᠯᠭᠡᠬᠦ ᠬᠦᠴᠤᠨ ᠢ ᠪᠤᠢ ᠪᠤᠯᠭᠠᠨ᠎ᠠ᠃ | ᠠᠷᠠᠯᠵᠢᠶ᠎ᠠ ᠬᠤᠳᠠᠯᠳᠤᠭᠠᠨ ᠤ ᠬᠦᠢᠯᠭᠡᠭᠡᠨ ᠤ ᠦᠢᠯᠡᠰ ᠢ ᠶᠡᠬᠡᠪᠡᠷ ᠬᠦᠭᠵᠢᠬᠦᠯᠤᠨ᠎ᠠ᠃ ᠿᠧᠨ ᠶᠤᠸᠠᠨ | ᠪᠤᠳᠠᠰ ᠤᠨ ᠬᠦᠢᠯᠭᠡᠭᠡᠨ ᠤ ᠪᠠᠶᠢᠭᠤᠯᠤᠯᠳᠠ ᠶᠢ ᠢᠳᠡᠪᠬᠢᠳᠠᠢ ᠲᠦᠯᠬᠢᠨ ᠠᠬᠢᠭᠤᠯᠵᠤ᠂ ᠨᠢᠭᠡᠳᠦᠭᠡᠷ ᠬᠤᠭᠤᠴᠠᠭ᠎ᠠ | ᠶᠢᠨ ᠢᠨᠵᠧᠨ᠋ᠷᠢᠩ ᠢ ᠵᠢᠯ ᠳᠤ ᠤᠷᠤᠵᠤ ᠰᠠᠭᠤᠬᠤ ᠬᠡᠮᠵᠢᠶᠠᠨ ᠳᠤ ᠬᠦᠷᠭᠡᠵᠤ᠂ ᠵᠠᠷᠤᠳ ᠬᠤᠰᠢᠭᠤᠨ ᠤ | ᠬᠤᠳᠠᠯᠳᠤᠭᠠᠨ ᠤ ᠲᠦᠪ ᠢ ᠰᠡᠯᠪᠢᠨ ᠵᠠᠰᠠᠬᠤ ᠠᠵᠢᠯ ᠢ ᠪᠡᠶᠡᠯᠡᠬᠦᠯᠵᠤ᠂ ᠠᠶᠤᠯ ᠲᠦᠭᠰᠢᠬᠦᠷᠢ ᠶᠢ ᠪᠦᠷᠢᠮᠤᠰᠤᠨ | ᠠᠷᠢᠯᠭᠠᠵᠤ᠂ ᠮᠠᠰᠢᠨ ᠳᠡᠷᠭᠡ ᠵᠠᠰᠠᠨ ᠰᠡᠯᠪᠢᠬᠦ ᠲᠤᠨᠤᠭ᠂ ᠬᠤᠳᠡ ᠶᠢᠨ ᠵᠡᠬᠦᠨᠳᠡᠭᠢ ᠳᠠᠷᠢᠶᠠᠯᠠᠩ ᠠᠷᠠᠯᠵᠢᠶᠠᠨ ᠤ | ᠵᠠᠬ᠎ᠠ ᠳᠡᠯᠭᠡᠬᠦᠷ ᠤᠨ ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠪᠠᠶᠢᠷᠢᠰᠢᠯ ᠨᠢ ᠳᠤᠬᠢᠷᠠᠮᠵᠢᠳᠠᠢ᠂ ᠴᠢᠳᠡᠪᠬᠢ | ᠨᠢ ᠳᠡᠬᠦᠯᠳᠠᠷᠵᠢᠭ᠍ᠰᠡᠨ ᠳᠤᠰᠬᠠᠢ ᠵᠠᠬ᠎ᠠ ᠳᠡᠯᠭᠡᠬᠦᠷ ᠤᠨ ᠰᠢᠰᠲ᠋ᠧᠮ ᠢ ᠪᠠᠶᠢᠭᠤᠯᠵᠤ᠂ ᠬᠦᠳᠡᠭᠡ ᠲᠤᠰᠬᠤᠨ ᠮᠠᠯᠵᠢᠬᠤ | ᠤᠷᠤᠨ ᠤ ᠠᠷᠠᠳ ᠲᠤ ᠲᠦᠬᠦᠮ ᠦᠵᠡᠬᠦᠯᠬᠦ ᠬᠡᠯᠭᠡᠵᠢᠶᠡᠭᠰᠡᠨ ᠲᠡᠯᠭᠡᠬᠦᠷ ᠤᠨ ᠰᠢᠰᠲ᠋ᠧᠮ ᠤᠨ ᠪᠠᠶᠢᠭᠤᠯᠤᠯᠳᠠ ᠶᠢ | ᠲᠦᠷᠭᠡᠳᠬᠡᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠠᠷᠠᠳ ᠲᠤ ᠲᠦᠬᠦᠮ ᠦᠵᠡᠬᠦᠯᠬᠦ ᠬᠡᠯᠭᠢᠶᠡᠵᠢᠭᠰᠡᠨ | ᠲᠡᠯᠭᠡᠬᠦᠷ ᠢ ᠪᠦᠬᠦᠨ ᠢ ᠪᠦᠷᠬᠦᠬᠦᠯᠬᠦ ᠶᠢ ᠪᠡᠶᠡᠯᠡᠬᠦᠯᠤᠨ᠎ᠠ᠃ ᠪᠦᠬᠦ ᠵᠢᠯ ᠳᠤ ᠪᠤᠳᠠᠰ ᠤᠨ ᠬᠦᠢᠯᠭᠡᠭᠡᠨ ᠤ ᠨᠡᠮᠡᠭᠳᠠᠯ ᠤᠨ | ᠬᠡᠮᠵᠢᠭᠳᠡᠯ ᠢ 16 ᠳ᠋ᠦᠩᠰᠢᠭᠤᠷ ᠲᠦᠬᠦᠷᠢᠭ ᠲᠤ ᠬᠦᠷᠭᠡᠵᠦ᠂ 10.3% ᠪᠠᠷ ᠨᠡᠮᠡᠭᠳᠡᠬᠦᠯᠤᠨ᠎ᠠ᠃ | ᠰᠤᠶᠤᠯ ᠵᠢᠭᠤᠴᠢᠯᠠᠯ ᠤᠨ ᠦᠢᠯᠡᠰ ᠢ ᠶᠡᠬᠡᠪᠡᠷ ᠬᠦᠭᠵᠢᠬᠦᠯᠤᠨ᠎ᠠ᠃ ᠢᠤᠢ ᠴᠢᠤᠸᠠᠨ ᠱᠠᠨ ᠠᠮᠢ ᠠᠬᠤᠢ ᠶᠢᠨ | ᠵᠢᠭᠤᠴᠢᠯᠠᠯ ᠤᠨ ᠤᠷᠤᠨ᠂ ᠡᠮᠤᠨ᠎ᠠ ᠪᠤᠯᠠᠭᠳᠤ ᠭᠠᠴᠠᠭᠠᠨ ᠤ ᠡᠷᠳᠡᠨ ᠤ ᠪᠠᠭᠤᠷᠢ ᠶᠢᠨ ᠴᠡᠴᠡᠷᠯᠢᠭ ᠵᠡᠷᠭᠡ ᠶᠢᠨ | ᠪᠦᠳᠦᠭᠡᠨ ᠪᠠᠶᠢᠭᠤᠯᠤᠯᠳᠠ ᠶᠢ ᠲᠦᠷᠭᠡᠳᠭᠡᠵᠤ᠂ ᠬᠤᠷᠴᠢᠨ ᠤ 500 ᠺᠢᠯᠤᠮᠧᠲᠷ ᠤᠨ ᠰᠤᠶᠤᠯ ᠵᠢᠭᠤᠴᠢᠯᠠᠯ ᠤᠨ | ᠦᠵᠡᠮᠵᠢ ᠶᠢᠨ ᠶᠡᠭᠡ ᠵᠠᠮ ᠶᠢᠨ ᠮᠠᠨ ᠤ ᠬᠤᠰᠢᠭᠤᠨ ᠤ ᠬᠢᠯᠢ ᠳᠤᠳᠤᠷᠡᠭᠢ ᠪᠠᠶᠢᠭᠤᠯᠤᠯᠳᠠ ᠶᠢ ᠡᠬᠢᠯᠡᠬᠦᠯᠵᠤ᠂ ᠲᠠᠯ᠎ᠠ | ᠨᠤᠳᠤᠭ ᠤᠨ ᠵᠢᠭᠤᠴᠢᠯᠠᠯ ᠤᠨ ᠨᠡᠷᠡᠳᠦ ᠳᠡᠮᠳᠡᠭ ᠢ ᠡᠭᠦᠳᠴᠦ᠂ 5A ᠳᠡᠰ ᠤᠨ ᠲᠠᠯ᠎ᠠ ᠨᠤᠳᠤᠭ ᠤᠨ ᠴᠡᠪᠡᠷᠭᠡᠨ | ᠵᠢᠭᠤᠴᠢᠯᠠᠯ ᠤᠨ ᠤᠷᠤᠨ ᠤ ᠪᠦᠳᠦᠭᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠬᠦᠳᠡᠭᠡ ᠲᠤᠰᠬᠤᠨ ᠤ | ᠵᠢᠭᠤᠴᠢᠯᠠᠯ ᠢ ᠶᠡᠬᠡᠪᠡᠷ ᠬᠦᠭᠵᠢᠬᠦᠯᠦᠨ᠎ᠡ᠃ ᠰᠤᠶᠤᠯ ᠵᠢᠭᠤᠴᠢᠯᠠᠯ ᠢ ᠲᠠᠨᠢᠯᠴᠠᠭᠤᠯᠬᠤ ᠰᠢᠷᠢᠰ ᠠᠵᠢᠯᠯᠠᠭ᠎ᠠ ᠶᠢ | ᠢᠳᠡᠪᠬᠢᠳᠠᠢ ᠡᠷᠬᠢᠯᠠᠨ᠂ ᠰᠤᠶᠤᠯ ᠵᠢᠭᠤᠴᠢᠯᠠᠯ ᠤᠨ ᠠᠵᠤ ᠦᠢᠯᠡᠰ ᠤᠨ ᠶᠡᠷᠦᠩᠭᠡᠢ ᠦᠢᠯᠡᠴᠢᠯᠡᠬᠦ ᠲᠦᠪᠰᠢᠨ ᠪᠤᠯᠤᠨ | ᠠᠵᠤ ᠠᠬᠤᠢ ᠶᠢᠨ ᠦᠷ᠎ᠠ ᠠᠰᠢᠭ ᠢ ᠦᠨᠡᠨᠬᠦ ᠳᠡᠭᠡᠭᠰᠢᠯᠡᠬᠦᠯᠤᠨ᠎ᠠ᠃ ᠪᠦᠬᠦ ᠵᠢᠯ ᠳᠤ ᠵᠢᠭᠤᠴᠢᠯᠠᠯ ᠤᠨ ᠬᠦᠯᠢᠶᠠᠨ | ᠠᠪᠴᠤ ᠵᠤᠴᠢᠯᠠᠬᠤ ᠬᠦᠮᠦᠨ ᠤ ᠳᠤᠭ᠎ᠠ 88 ᠲᠦᠮᠡ ᠶᠢ ᠲᠠᠪᠠᠭᠤᠯᠤᠨ᠂ ᠰᠤᠶᠤᠯ ᠵᠢᠭᠤᠴᠢᠯᠠᠯ ᠤᠨ ᠶᠡᠷᠦᠩᠭᠡᠢ | ᠤᠷᠤᠯᠭ᠎ᠠ ᠶᠢ 10 ᠳ᠋ᠦᠩᠰᠢᠭᠤᠷ ᠲᠦᠬᠦᠷᠢᠭ ᠲᠤ ᠬᠦᠷᠭᠡᠬᠦ ᠪᠠᠷ ᠴᠢᠷᠮᠠᠶᠢᠨ᠎ᠠ᠃ | ᠰᠢᠨ᠎ᠠ ᠦᠷᠨᠢᠭᠰᠡᠨ ᠦᠢᠯᠡᠴᠢᠯᠡᠭᠡᠨ ᠤ ᠦᠢᠯᠡᠰ ᠢ ᠶᠡᠬᠡᠪᠡᠷ ᠬᠦᠭᠵᠢᠬᠦᠯᠤᠨ᠎ᠠ᠃ ᠡᠯᠧᠺᠲᠷᠤᠨ | ᠬᠤᠳᠠᠯᠳᠤᠭᠠᠨ ᠤ ᠬᠡᠷᠡᠭᠯᠡᠭᠡ ᠶᠢ ᠲᠦᠭᠡᠮᠡᠯᠵᠢᠬᠦᠯᠵᠤ᠂ ᠬᠤᠰᠢᠭᠤᠨ ᠳᠡᠰ ᠤᠨ ᠡᠯᠧᠺᠲᠷᠤᠨ ᠬᠤᠳᠠᠯᠳᠤᠭᠠᠨ ᠤ | ᠡᠵᠡᠩᠨᠡᠯᠳᠡ ᠶᠢᠨ ᠳᠦᠪ ᠢ ᠪᠦᠳᠦᠭᠡᠨ ᠪᠠᠶᠢᠭᠤᠯᠵᠤ᠂ ᠬᠦᠳᠡᠭᠡ ᠲᠤᠰᠬᠤᠨ ᠮᠠᠯᠵᠢᠬᠤ ᠤᠷᠤᠨ ᠤ ᠡᠯᠧᠺᠲᠷᠤᠨ | ᠬᠤᠳᠠᠯᠳᠤᠭᠠᠨ ᠤ ᠬᠦᠭᠵᠢᠯᠳᠠ ᠶᠢ ᠲᠦᠯᠬᠢᠨ ᠠᠭᠢᠭᠤᠯᠵᠤ᠂ 4 ᠡᠯᠧᠺᠲᠷᠤᠨ ᠬᠤᠳᠠᠯᠳᠤᠭᠠᠨ ᠤ ᠳᠤᠷᠰᠢᠯᠳᠠ ᠶᠢᠨ | ᠪᠠᠯᠭᠠᠰᠤ ᠶᠢ ᠴᠤᠭᠴᠠᠯᠠᠨ ᠪᠠᠶᠢᠭᠤᠯᠵᠤ᠂ 15 ᠡᠯᠧᠺᠲᠷᠤᠨ ᠬᠤᠳᠠᠯᠳᠤᠭᠠᠨ ᠤ ᠳᠤᠷᠰᠢᠯᠳᠠ ᠶᠢᠨ ᠳᠤᠰᠬᠤᠨ ᠢ | ᠪᠤᠶᠢᠵᠢᠭᠤᠯᠤᠨ᠂ ᠪᠦᠬᠦ ᠵᠢᠯ ᠳᠤ ᠭᠠᠴᠠᠭ᠎ᠠ ᠲᠤᠰᠬᠤᠨ ᠪᠦᠷᠢ ᠳᠤ ᠡᠯᠧᠺᠲᠷᠤᠨ ᠬᠤᠳᠠᠯᠳᠤᠭᠠᠨ ᠤ ᠦᠷᠳᠡᠭᠡ ᠴᠡᠭ ᠢ | ᠪᠦᠷᠬᠦᠬᠦᠯᠬᠦ ᠪᠠᠷ ᠴᠢᠷᠮᠠᠶᠢᠨ᠎ᠠ᠃ ᠭᠡᠷ ᠤᠨ ᠦᠢᠯᠡᠴᠢᠯᠡᠭᠡᠨ ᠤ ᠦᠢᠯᠡᠰ ᠤᠨ ᠠᠵᠢᠯ ᠮᠡᠷᠭᠡᠵᠢᠯ ᠤᠨ | ᠪᠤᠯᠪᠠᠰᠤᠷᠠᠭᠤᠯᠤᠯᠳᠠ ᠪᠤᠯᠤᠨ ᠨᠠᠶᠢᠳᠡ ᠶᠢᠨ ᠠᠰᠠᠷᠠᠮᠵᠢ ᠶᠢᠨ ᠴᠢᠨᠠᠷᠳᠠᠢ ᠰᠤᠷᠠᠭ ᠵᠠᠩᠭᠢ ᠶᠢᠨ ᠳᠠᠪᠴᠠᠩ ᠤᠨ | ᠪᠦᠳᠦᠭᠡᠨ ᠪᠠᠶᠢᠭᠤᠯᠤᠯᠳᠠ ᠪᠠᠨ ᠴᠢᠩᠭᠠᠳᠬᠠᠵᠤ᠂ ᠠᠮᠢᠳᠤᠷᠠᠯ ᠤᠨ ᠴᠢᠨᠠᠷ ᠲᠠᠢ ᠦᠢᠯᠡᠴᠢᠯᠡᠭᠡᠨ ᠤ ᠦᠢᠯᠡᠰ ᠤᠨ | ᠬᠦᠭᠵᠢᠯᠳᠠ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮ ᠢ ᠳᠡᠬᠦᠯᠳᠠᠷᠵᠢᠬᠦᠯᠵᠤ᠂ ᠨᠠᠰᠤᠵᠢᠯ ᠤᠨ ᠦᠢᠯᠡᠴᠢᠯᠡᠭᠡᠨ | ᠂ ᠡᠷᠡᠬᠦᠯ ᠴᠢᠬᠢᠷᠠᠭ ᠡᠮ ᠡᠮᠨᠡᠯᠭᠡ᠂ ᠪᠡᠶ᠎ᠡ ᠲᠠᠮᠢᠷ ᠰᠡᠯᠡᠬᠦᠴᠡᠯ ᠵᠡᠷᠭᠡ ᠨᠢᠭᠡ ᠪᠦᠯᠦᠭ ᠪᠠᠷᠢᠮᠵᠢᠶᠠᠵᠢᠭᠰᠠᠨ᠂ | ᠨᠡᠶᠢᠭᠡᠮᠵᠢᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠪᠤᠶᠢᠵᠢᠭᠤᠯᠵᠦ᠂ ᠤᠯᠠᠨ ᠡᠰᠢᠴᠢᠯᠡᠭᠰᠡᠨ ᠨᠠᠶᠢᠭᠡᠮ ᠤᠨ | ᠬᠡᠷᠡᠭᠴᠡᠭᠡ ᠶᠢ ᠬᠠᠩᠭᠠᠨ᠎ᠠ᠃ | ︵ᠳᠠᠪᠤ︶ ᠬᠤᠳᠡ ᠬᠦᠳᠡᠭᠡ ᠶᠢᠨ ᠵᠤᠬᠢᠴᠠᠯᠳᠤᠨ ᠬᠦᠭᠵᠢᠬᠦ ᠶᠢ ᠴᠢᠬᠤᠯᠠᠴᠢᠯᠠᠵᠦ᠂ ᠰᠢᠨ᠎ᠠ ᠬᠡᠯᠪᠡᠷᠢ ᠶᠢᠨ | ᠬᠤᠳᠡ ᠪᠠᠯᠭᠠᠰᠤᠵᠢᠯᠳᠠ ᠶᠢ ᠲᠦᠷᠭᠡᠳᠭᠡᠨ᠎ᠠ᠃ ᠬᠤᠳᠠ ᠬᠦᠳᠡᠭᠡ ᠶᠢ ᠨᠢᠭᠡᠳᠦᠯᠳᠡᠢ ᠲᠦᠯᠦᠪᠯᠡᠬᠦ᠂ ᠬᠤᠳᠠ ᠶᠢᠨ | ᠠᠵᠢᠯ ᠤᠨ ᠬᠦᠴᠦᠯᠡᠴᠡ ᠪᠠᠨ ᠲᠠᠰᠣᠷᠠᠯᠳᠠ ᠦᠭᠡᠢ ᠴᠢᠩᠭᠠᠳᠬᠠᠬᠤ ᠶᠢ ᠪᠠᠷᠢᠮᠳᠠᠯᠠᠨ᠂ ᠬᠤᠳᠠ ᠪᠠᠯᠭᠠᠰᠤᠨ ᠤ ᠲᠡᠰ | ᠴᠢᠨᠠᠷ ᠢ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠬᠦᠳᠡᠭᠡ ᠲᠤᠰᠬᠤᠨ ᠮᠠᠯᠵᠢᠬᠤ ᠤᠷᠤᠨ ᠤ ᠬᠦᠭᠵᠢᠯᠳᠡ ᠶᠢᠨ | ᠤᠷᠴᠢᠨ ᠲᠤᠭᠤᠷᠢᠨ ᠢ ᠬᠦᠴᠦᠯᠡᠨ ᠰᠠᠶᠢᠵᠢᠷᠠᠭᠤᠯᠵᠦ᠂ ᠬᠤᠳᠠ ᠶᠢᠨ ᠠᠵᠦ ᠠᠬᠤᠢ ᠶᠢᠨ ᠵᠤᠬᠢᠴᠠᠩᠭᠤᠢ ᠬᠦᠭᠵᠢᠯᠳᠡ | ᠶᠢ ᠠᠬᠢᠭᠤᠯᠤᠨ᠎ᠠ᠃ | ᠦᠨᠳᠤᠷ ᠪᠠᠷᠢᠮᠵᠢᠶ᠎ᠠ ᠪᠠᠷ ᠪᠦᠳᠦᠭᠡᠨ ᠪᠠᠶᠢᠭᠤᠯᠬᠤ ᠶᠢ ᠪᠠᠷᠢᠮᠳᠠᠯᠠᠨ᠎ᠠ᠃ ᠴᠢᠳᠠᠪᠬᠢ ᠪᠠᠨ ᠲᠡᠬᠦᠯᠳᠠᠷᠵᠢᠬᠦᠯᠬᠦ | ᠶᠢ ᠪᠠᠶᠢᠭᠤᠯᠵᠤ᠂ ᠠᠮᠢ ᠠᠬᠤᠢ ᠶᠢᠨ ᠲᠤᠬᠢᠯᠢᠭ ᠵᠢᠵᠢᠭ ᠬᠤᠳᠠ ᠪᠠᠯᠭᠠᠰᠦ ᠬᠠᠷᠠᠯᠳᠠ ᠪᠤᠯᠭᠠᠨ᠂ ᠵᠠᠮ ᠤᠨ ᠳᠤᠤᠷ᠂ | ᠳᠤᠯᠠᠭᠠᠯᠠᠯᠭ᠎ᠠ ᠶᠢᠨ ᠳᠤᠨᠤᠭ ᠲᠦᠬᠦᠭᠡᠷᠤᠮᠵᠢ᠂ ᠪᠠᠶᠢᠭᠠᠯᠢ ᠶᠢᠨ ᠰᠢᠳᠠᠮᠬᠠᠢ ᠬᠡᠢ ᠶᠢ ᠡᠷᠦᠭᠡ ᠳᠤ ᠤᠷᠤᠭᠤᠯᠬᠤ | ᠪᠤᠯᠤᠨ ᠤᠰᠤᠨ ᠤ ᠪᠤᠵᠠᠷᠳᠠᠯ ᠢ ᠰᠢᠢᠳᠪᠤᠷᠢᠯᠡᠬᠦ ᠵᠡᠷᠭᠡ ᠢᠨᠵᠧᠨ᠋ᠷᠢᠩ ᠤᠨ ᠪᠦᠳᠦᠭᠡᠨ ᠪᠠᠶᠢᠭᠤᠯᠤᠯᠳᠠ ᠶᠢᠨ ᠠᠬᠢᠴᠡ | ᠪᠠᠨ ᠲᠦᠷᠭᠡᠳᠭᠡᠵᠤ᠂ ᠬᠤᠳᠡ ᠪᠠᠯᠭᠠᠰᠤ ᠶᠢᠨ ᠰᠠᠭᠤᠷᠢ ᠲᠦᠬᠦᠭᠡᠷᠤᠮᠵᠢ ᠶᠢᠨ ᠪᠠᠳᠤᠯᠠᠪᠤᠷᠢ ᠶᠢᠨ ᠲᠦᠪᠰᠢᠨ ᠢ | ᠦᠨᠡᠨᠬᠦ ᠲᠡᠭᠡᠭᠰᠢᠯᠡᠬᠦᠯᠦᠨ᠎ᠡ︔ ᠬᠤᠳᠡ ᠪᠠᠯᠭᠠᠰᠤ ᠶᠢᠨ ᠨᠤᠭᠤᠭᠠᠷᠭᠤᠯᠤᠯᠳᠠ᠂ ᠭᠤᠶᠤᠵᠢᠭᠤᠯᠤᠯᠳᠠ ᠶᠢᠨ ᠪᠦᠳᠦᠭᠡᠨ | ᠪᠠᠶᠢᠭᠤᠯᠤᠯᠳᠠ ᠶᠢ ᠦᠷᠬᠦᠯᠵᠢᠯᠠᠨ ᠴᠢᠩᠭᠠᠳᠬᠠᠵᠤ᠂ ᠴᠡᠴᠡᠷᠯᠢᠭ᠂ ᠦᠵᠡᠮᠵᠢ᠂ ᠵᠠᠮ ᠤᠨ ᠨᠤᠭᠤᠭᠠᠷᠠᠭᠤᠯᠤᠯᠳᠠ | ᠶᠢᠨ ᠠᠵᠢᠯ ᠢ ᠤᠯᠠᠮ ᠨᠢᠭᠡ ᠠᠯᠬᠤᠮ ᠪᠦᠷᠢᠨ ᠳᠡᠬᠦᠯᠳᠠᠷᠵᠢᠬᠦᠯᠵᠤ᠂ ᠪᠦᠷᠭᠡ ᠭᠡᠷ ᠢ ᠦᠭᠡᠷᠡᠴᠢᠯᠡᠬᠦ ᠬᠡᠮᠵᠢᠶ᠎ᠠ ᠪᠠᠨ | ᠦᠷᠭᠡᠳᠭᠡᠵᠤ᠂ 6 ᠳᠤᠭᠤᠷᠢᠭ ᠤᠨ 422 ᠡᠷᠦᠭᠡ ᠶᠢᠨ ᠭᠡᠷ ᠢ ᠳᠠᠳᠠᠪᠤᠷᠢᠯᠠᠨ ᠠᠪᠬᠤ ᠡᠬᠦᠷᠭᠡ ᠪᠠᠨ ᠪᠡᠶᠡᠯᠡᠬᠦᠯᠵᠤ᠂ | 1200 ᠬᠦᠮᠦᠨ ᠠᠮᠠ ᠶᠢᠨ ᠤᠷᠤᠨ ᠰᠠᠭᠤᠴᠡ ᠶᠢᠨ ᠤᠷᠴᠢᠨ ᠳᠤᠭᠤᠷᠢᠨ ᠢ ᠰᠠᠶᠢᠵᠢᠷᠠᠭᠤᠯᠵᠤ᠂ ᠯᠢ ᠳ᠋ᠦ᠋ ᠤᠯᠠᠨ | ᠤᠯᠤᠰ ᠤᠨ ᠳᠠᠯᠠᠪᠠᠢ ᠶᠢᠨ ᠶᠡᠷᠦᠩᠭᠡᠢ ᠴᠤᠭᠴᠡ ᠶᠢᠨ ᠢᠨᠵᠧᠨ᠋ᠷᠢᠩ ᠤᠨ ᠪᠦᠳᠦᠭᠡᠨ ᠪᠠᠶᠢᠭᠤᠯᠤᠯᠳᠠ ᠶᠢ | ᠡᠬᠢᠯᠡᠬᠦᠯᠦᠨ᠎ᠡ︔ ︽ᠨᠢᠭᠡ ᠵᠡᠭᠡᠯᠢ᠂ ᠨᠢᠭᠡ ᠵᠠᠮ᠂ ᠨᠢᠭᠡ ᠪᠠᠯᠭᠠᠰᠤ᠂ ᠨᠢᠭᠡ ᠳᠤᠭᠤᠷᠢᠭ︾ ᠤᠨ ᠢᠨᠵᠧᠨ᠋ᠷᠢᠩ ᠤᠨ | ᠦᠭᠡᠷᠡᠴᠢᠯᠠᠯᠳᠠ ᠪᠠᠨ ᠦᠷᠬᠦᠯᠵᠢᠯᠠᠨ ᠬᠡᠷᠡᠭᠵᠢᠬᠦᠯᠵᠤ᠂ ᠬᠤᠳᠡ ᠪᠠᠯᠭᠠᠰᠤ ᠶᠢᠨ ᠲᠦᠷᠢ ᠲᠦᠷᠬᠦ ᠶᠢ ᠶᠡᠭᠡ ᠬᠡᠮᠵᠢᠶ᠎ᠠ | ᠪᠠᠷ ᠦᠭᠡᠷᠡᠴᠢᠯᠡᠵᠦ᠂ ᠤᠯᠠᠨ ᠲᠦᠮᠡᠨ ᠤ ᠠᠮᠢᠳᠤᠷᠠᠯ ᠤᠨ ᠨᠦᠬᠦᠴᠠᠯ ᠢ ᠶᠡᠬᠡᠪᠡᠷ ᠰᠠᠶᠢᠵᠢᠷᠠᠭᠤᠯᠤᠨ᠎ᠠ᠃ | ᠦᠨᠳᠤᠷ ᠦᠷ᠎ᠠ ᠪᠦᠳᠦᠮᠵᠢᠳᠡᠢ ᠬᠠᠮᠢᠶᠠᠷᠤᠯᠳᠠ ᠶᠢ ᠪᠠᠷᠢᠮᠳᠠᠯᠠᠨ᠎ᠠ᠃ ᠬᠦᠮᠦᠨᠴᠢᠯᠡᠭᠰᠡᠨ᠂ | ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠪᠠᠶᠢᠭᠤᠯᠤᠮᠵᠢ ᠶᠢ ᠤᠯᠠᠮ ᠨᠢᠭᠡ ᠠᠯᠬᠤᠮ ᠳᠡᠬᠦᠯᠳᠠᠷᠵᠢᠬᠦᠯᠵᠤ᠂ | ᠳᠤᠰᠬᠤᠨ ᠪᠠᠯᠭᠠᠰᠤ ᠶᠢᠨ ᠬᠠᠮᠢᠶᠠᠷᠤᠯᠳᠠ ᠶᠢᠨ ᠳᠤᠮᠳᠠ ᠤᠷᠤᠰᠢᠵᠤ ᠪᠠᠶᠢᠭ᠎ᠠ ᠳᠤᠪᠤᠶᠢᠭᠰᠠᠨ ᠠᠰᠠᠭᠤᠳᠠᠯ ᠢ | ᠰᠢᠢᠳᠪᠤᠷᠢᠯᠡᠵᠤ᠂ ᠦᠷᠭᠡᠨ ᠤᠯᠠᠨ ᠲᠦᠮᠡᠨ ᠤ ᠤᠷᠤᠯᠴᠠᠬᠤ ᠪᠤᠯᠤᠨ ᠬᠠᠮᠢᠶᠠᠷᠤᠯᠳᠠ ᠶᠢ ᠢᠳᠡᠪᠬᠢᠳᠡᠢ ᠬᠦᠭᠵᠢᠭᠡᠨ | ᠪᠠᠳᠠᠷᠠᠭᠤᠯᠤᠨ᠎ᠠ᠃ ᠰᠤᠮᠤ ᠪᠠᠯᠭᠠᠰᠤ᠂ ᠲᠤᠰᠬᠤᠨ᠂ ᠬᠤᠳᠡ ᠬᠦᠳᠡᠭᠡ ᠶᠢᠨ ᠤᠶᠠᠯᠳᠤᠭᠰᠠᠨ ᠭᠠᠵᠠᠷ ᠤᠷᠤᠨ ᠢᠶᠠᠷ | ᠭᠤᠤᠯᠳᠠᠯᠭ᠎ᠠ ᠪᠤᠯᠭᠠᠵᠤ᠂ ᠬᠤᠳᠡ ᠬᠦᠳᠡᠭᠡ ᠶᠢᠨ ᠤᠷᠴᠢᠨ ᠳᠤᠭᠤᠷᠢᠨ ᠤ ᠠᠷᠢᠭᠤᠨ ᠴᠡᠪᠡᠷ ᠢ ᠴᠡᠪᠡᠷᠯᠡᠨ ᠵᠠᠰᠠᠬᠤ | ᠠᠵᠢᠯᠯᠠᠭ᠎ᠠ ᠶᠢ ᠢᠳᠡᠪᠬᠢᠳᠠᠢ ᠦᠷᠨᠢᠬᠦᠯᠵᠤ᠂ ᠵᠠᠮ ᠨᠡᠪᠳᠡᠷᠡᠬᠦᠯᠭᠡ᠂ ᠵᠠᠮ ᠢ ᠡᠵᠡᠯᠡᠵᠤ ᠡᠵᠡᠩᠨᠡᠬᠦ᠂ ᠵᠠᠷ ᠮᠡᠳᠡᠭᠡ ᠶᠢᠨ | ᠴᠡᠭᠴᠡᠯᠡᠯᠳᠡ᠂ ᠬᠤᠭ ᠨᠤᠪᠰᠢ ᠶᠢ ᠠᠷᠢᠯᠭᠠᠬᠤ ᠵᠡᠷᠭᠡ ᠳᠤᠰᠬᠠᠢ ᠴᠡᠭᠴᠡᠯᠡᠯᠳᠡ ᠶᠢᠨ ᠰᠢᠪᠳᠤᠯᠤᠯᠳᠠ ᠶᠢᠨ ᠠᠵᠢᠯ ᠢ | ᠶᠡᠬᠡᠪᠡᠷ ᠦᠷᠨᠢᠬᠦᠯᠵᠤ᠂ ᠬᠤᠳᠠ ᠪᠠᠯᠭᠠᠰᠤᠨ ᠤ ᠦᠩᠬᠡ ᠲᠦᠷᠰᠤ ᠶᠢ ᠰᠠᠶᠢᠵᠢᠷᠠᠭᠤᠯᠵᠤ᠂ ᠬᠤᠳᠡ ᠬᠦᠳᠡᠭᠡ ᠶᠢᠨ | ᠪᠤᠯᠪᠠᠰᠤᠨ ᠤ ᠲᠦᠷᠰᠤ ᠪᠠᠶᠢᠳᠠᠯ ᠢ ᠳᠡᠭᠡᠭᠰᠢᠯᠡᠬᠦᠯᠤᠨ᠎ᠠ᠃ | ᠬᠤᠳᠡ ᠪᠠᠯᠭᠠᠰᠤᠨ ᠤ ᠦᠨᠳᠤᠷ ᠪᠠᠷᠢᠮᠵᠢᠶᠠᠳᠤ ᠳᠠᠭᠤᠷᠢᠶᠠᠯ ᠦᠵᠡᠬᠦᠯᠬᠦ ᠵᠠᠭᠡᠯᠢ ᠵᠠᠮ ᠢ ᠪᠠᠶᠢᠭᠤᠯᠬᠤ | ᠬᠦᠳᠡᠯᠭᠡᠭᠡᠨ ᠢ ᠦᠷᠨᠢᠬᠦᠯᠵᠤ᠂ ᠰᠤᠮᠤ ᠪᠠᠯᠭᠠᠰᠤ ᠪᠦᠷᠢ ᠨᠢᠭᠡ ᠵᠤᠷᠪᠤᠰ ᠳᠠᠭᠤᠷᠢᠶᠠᠯ ᠵᠡᠭᠡᠯᠢ ᠪᠠᠶᠢᠭᠤᠯᠵᠤ᠂ | ᠠᠯᠬᠤᠮ ᠠᠯᠬᠤᠮ ᠢᠶᠠᠷ ᠪᠦᠬᠦᠳᠡ ᠵᠠᠮ ᠵᠡᠭᠡᠯᠢ ᠶᠢ ᠵᠠᠰᠠᠨ ᠰᠠᠶᠢᠵᠢᠷᠠᠭᠤᠯᠵᠤ᠂ ᠠᠮᠢᠳᠤᠷᠠᠯ ᠤᠨ ᠬᠤᠭ ᠨᠤᠪᠰᠢ ᠶᠢ | ᠳᠤᠭᠳᠠᠭᠰᠠᠨ ᠴᠡᠭ ᠲᠤ ᠳᠠᠯᠪᠢᠵᠤ ᠰᠢᠢᠳᠪᠤᠷᠢᠯᠡᠬᠦ ᠶᠢ ᠬᠡᠷᠡᠭᠵᠢᠬᠦᠯᠵᠤ᠂ ᠭᠠᠴᠠᠭ᠎ᠠ ᠲᠤᠰᠬᠤᠨ ᠤ ᠤᠷᠴᠢᠨ | ᠳᠤᠭᠤᠷᠢᠨ ᠢ ᠲᠦᠪᠯᠡᠷᠡᠬᠦᠯᠤᠨ ᠵᠠᠰᠠᠵᠤ ᠰᠠᠶᠢᠵᠢᠷᠠᠭᠤᠯᠤᠨ᠎ᠠ᠃ | ︵ᠵᠢᠷᠭᠤᠭ᠎ᠠ︶ ᠦᠭᠡᠷᠡᠴᠢᠯᠠᠯᠳᠠ ᠨᠡᠭᠡᠭᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠤ᠂ ᠠᠵᠤ ᠠᠬᠤᠢ ᠶᠢ | ᠬᠦᠭᠵᠢᠬᠦᠯᠬᠦ ᠡᠨᠧᠷᠭᠢ ᠶᠢ ᠪᠦᠬᠦ ᠲᠠᠯ᠎ᠠ ᠪᠠᠷ ᠤᠷᠤᠭᠰᠢᠯᠠᠭᠤᠯᠤᠨ᠎ᠠ᠃ ᠴᠦᠬᠦᠷᠡᠰᠢ ᠦᠭᠡᠢ ᠦᠭᠡᠷᠡᠴᠢᠯᠠᠯᠳᠠ ᠬᠢᠵᠤ | ᠭᠤᠶᠢᠪᠢᠰᠢ ᠦᠭᠡᠢ ᠨᠡᠭᠡᠭᠡᠯᠳᠡ ᠬᠢᠬᠦ ᠶᠢ ᠪᠠᠷᠢᠮᠳᠠᠯᠠᠨ᠂ ᠬᠤᠳᠠᠯᠳᠤᠭᠠᠴᠢᠨ ᠤᠷᠢᠵᠤ ᠪᠡᠯᠡ ᠳᠠᠳᠠᠬᠤ ᠪᠤᠳᠠᠳᠤ ᠦᠷ᠎ᠠ | ᠪᠦᠳᠦᠮᠵᠢ ᠶᠢ ᠴᠢᠬᠤᠯᠠᠴᠢᠯᠠᠨ᠂ ᠪᠦᠬᠦ ᠲᠠᠯ᠎ᠠ ᠪᠠᠷ ᠬᠦᠭᠵᠢᠬᠦᠯᠬᠦ ᠰᠢᠨ᠎ᠠ ᠳᠠᠪᠠᠭᠤᠯᠢᠭ ᠢᠶᠠᠨ ᠴᠢᠩᠭᠠᠷᠠᠭᠤᠯᠤᠨ᠎ᠠ᠃ | ᠦᠭᠡᠷᠡᠴᠢᠯᠠᠯᠳᠠ ᠶᠢ ᠬᠦᠨᠵᠡᠭᠡᠶᠢᠷᠡᠬᠦᠯᠬᠦ ᠪᠠᠷ ᠬᠦᠳᠡᠯᠭᠡᠬᠦ ᠬᠦᠴᠤᠨ ᠢᠶᠠᠨ ᠴᠢᠩᠭᠠᠷᠠᠭᠤᠯᠤᠨ᠎ᠠ᠃ 108 | ᠶᠡᠭᠡ ᠲᠦᠷᠦᠯ᠂ 154 ᠪᠠᠭ᠎ᠠ ᠲᠦᠷᠦᠯ ᠤᠨ ᠦᠭᠡᠷᠡᠴᠢᠯᠠᠯᠳᠠ ᠶᠢᠨ ᠡᠬᠦᠷᠭᠡ ᠶᠢ ᠡᠬᠢᠯᠠᠨ ᠬᠡᠷᠡᠭᠵᠢᠬᠦᠯᠬᠦ ᠪᠠ | ᠠᠬᠢᠭᠤᠯᠵᠤ᠂ ᠴᠢᠬᠤᠯᠠ ᠬᠦᠷᠢᠶ᠎ᠠ ᠬᠡᠪᠴᠢᠶ᠎ᠠ ᠪᠠ ᠵᠠᠩᠭᠢᠯᠭ᠎ᠠ ᠶᠢᠨ ᠭᠤᠭᠴᠤᠭᠠᠨ ᠤ ᠦᠭᠡᠷᠡᠴᠢᠯᠠᠯᠳᠠ ᠶᠢᠨ ᠲᠠᠯ᠎ᠠ | ᠪᠠᠷ ᠰᠢᠨ᠎ᠠ ᠠᠬᠢᠴᠡ ᠲᠠᠢ ᠪᠤᠯᠬᠤ ᠪᠠᠷ ᠴᠢᠷᠮᠠᠶᠢᠨ᠎ᠠ᠃ ᠨᠢᠭᠡᠨᠳᠡ ᠨᠠᠶᠢᠳᠠᠪᠤᠷᠵᠢᠭᠤᠯᠤᠨ ᠬᠡᠷᠡᠭᠵᠢᠬᠦᠯᠦᠭᠰᠡᠨ | ᠦᠭᠡᠷᠡᠴᠢᠯᠠᠯᠳᠠ ᠶᠢᠨ ᠲᠦᠷᠦᠯ ᠵᠦᠢᠯ ᠢ ᠬᠦᠨᠵᠡᠭᠡᠢ ᠠᠬᠢᠭᠤᠯᠵᠤ᠂ ᠦᠷ᠎ᠠ ᠪᠦᠳᠦᠮᠵᠢ ᠪᠠᠨ ᠦᠷᠭᠡᠳᠭᠡᠵᠤ᠂ | ᠦᠭᠡᠷᠡᠴᠢᠯᠠᠯᠳᠠ ᠳᠤ ᠠᠬᠢᠴᠠ ᠭᠠᠷᠭᠠᠵᠤ᠂ ᠦᠭᠡᠷᠡᠴᠢᠯᠠᠯᠳᠠ ᠦᠷ᠎ᠠ ᠪᠦᠳᠦᠭᠡᠯ ᠲᠠᠢ ᠪᠤᠯᠬᠤ ᠶᠢ ᠪᠠᠳᠤᠯᠠᠨ᠎ᠠ︔ | ᠨᠢᠭᠡᠨᠳᠡ ᠲᠦᠰᠦᠯ ᠳᠤᠭᠳᠠᠵᠤ᠂ ᠡᠬᠢᠯᠠᠨ ᠬᠢᠵᠦ ᠪᠠᠶᠢᠭ᠎ᠠ ᠦᠭᠡᠷᠡᠴᠢᠯᠠᠯᠳᠠ ᠶᠢᠨ ᠲᠦᠷᠦᠯ ᠵᠦᠢᠯ ᠢ ᠳᠠᠷᠤᠶᠢᠬᠠᠨ | ᠵᠤᠬᠢᠶᠠᠨ ᠪᠠᠶᠢᠭᠤᠯᠤᠨ ᠠᠬᠢᠭᠤᠯᠵᠤ᠂ ᠮᠠᠷᠠᠶᠢᠨ ᠴᠢᠷᠮᠠᠶᠢᠵᠤ ᠡᠷᠳᠡᠭᠡᠨ ᠦᠷ᠎ᠠ ᠪᠦᠳᠦᠮᠵᠢ ᠲᠠᠢ ᠪᠤᠯᠭᠠᠨ᠎ᠠ︔ | ᠳᠡᠭᠡᠷ᠎ᠠ ᠱᠠᠳᠤᠨ ᠤ ᠰᠠᠯᠠᠭ᠎ᠠ ᠮᠦᠴᠢᠷ ᠠᠴᠠ ᠨᠢᠭᠡᠳᠦᠯᠳᠠᠢ ᠳᠤᠬᠢᠷᠠᠭᠤᠯᠵᠤ᠂ ᠨᠢᠭᠡᠳᠦᠯᠳᠠᠢ ᠠᠬᠢᠭᠤᠯᠬᠤ ᠴᠢᠬᠤᠯᠠ | ᠲᠠᠢ ᠦᠭᠡᠷᠡᠴᠢᠯᠠᠯᠳᠠ ᠶᠢᠨ ᠲᠦᠷᠦᠯ ᠵᠦᠢᠯ ᠢ ᠰᠠᠨᠠᠭᠠᠴᠢᠯᠠᠭ᠎ᠠ ᠠᠴᠠ ᠪᠠᠨ ᠵᠤᠯᠭᠠᠭᠤᠯᠬᠤ ᠶᠢ ᠰᠠᠶᠢᠳᠤᠷ ᠬᠢᠵᠤ᠂ | ᠡᠮᠤᠨᠡᠭᠢ ᠠᠵᠢᠯ ᠢ ᠯᠠᠪᠳᠠᠭᠤᠨ ᠪᠠᠳᠤᠳᠠᠢ ᠬᠢᠨ᠎ᠠ᠃ | ᠨᠡᠭᠡᠭᠡᠯᠳᠡ ᠪᠠᠨ ᠦᠷᠭᠡᠳᠭᠡᠬᠦ ᠪᠠᠷ ᠬᠦᠳᠡᠯᠭᠡᠬᠦ ᠬᠦᠴᠤᠨ ᠢᠶᠠᠨ ᠴᠢᠩᠭᠠᠷᠠᠭᠤᠯᠤᠨ᠎ᠠ᠃ ᠤᠷᠤᠰ ᠮᠤᠩᠭᠤᠯ | ᠲᠠᠢ ᠨᠡᠭᠡᠭᠡᠯᠳᠡ ᠬᠢᠵᠤ ᠬᠠᠮᠵᠢᠯᠴᠠᠬᠤ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠬᠦᠯᠵᠤ᠂ ᠨᠦᠬᠦᠴᠠᠯ ᠲᠠᠢ᠂ | ᠪᠤᠳᠠᠳᠤ ᠬᠦᠴᠤᠨ ᠲᠠᠢ ᠨᠤᠳᠤᠭ ᠤᠨ ᠠᠵᠤ ᠠᠬᠤᠶᠢᠯᠠᠯ ᠤᠨ ︽ᠭᠠᠳᠠᠭᠰᠢ ᠭᠠᠷᠴᠤ︾ ᠤᠷᠤᠰ ᠮᠤᠩᠭᠤᠯ ᠤᠨ ᠵᠠᠬ᠎ᠠ | ᠲᠡᠯᠭᠡᠬᠦᠷ ᠢ ᠨᠡᠭᠡᠭᠡᠬᠦ ᠶᠢ ᠳᠠᠮᠵᠢᠵᠤ᠂ ᠳᠠᠷᠢᠶᠠᠯᠠᠩ ᠤᠨ ᠭᠠᠷᠤᠯᠳᠠ ᠮᠠᠯ ᠤᠨ ᠠᠰᠢᠭ ᠰᠢᠮ᠎ᠠ ᠶᠢ ᠪᠤᠯᠪᠠᠰᠤᠷᠠᠭᠤᠯᠬᠤ᠂ | ᠠᠭᠤᠷᠬᠠᠢ ᠶᠢᠨ ᠡᠭᠢ ᠪᠠᠶᠠᠯᠢᠭ ᠤᠨ ᠨᠡᠭᠡᠭᠡᠯᠳᠡ᠂ ᠰᠤᠶᠤᠯ ᠵᠤᠭᠠᠴᠠᠯ ᠵᠡᠷᠭᠡ ᠬᠦᠷᠢᠶ᠎ᠠ ᠬᠡᠪᠴᠢᠶᠠᠨ ᠳᠤ ᠬᠤᠷᠰᠢᠨ | ᠬᠠᠮᠵᠢᠯᠴᠠᠵᠤ ᠰᠤᠯᠢᠯᠴᠠᠭ᠎ᠠ ᠬᠢᠵᠤ᠂ ᠳᠤᠮᠳᠠᠳᠤ ᠮᠤᠩᠭᠤᠯ ᠤᠨ ᠦᠨᠳᠤᠰᠤᠳᠠᠨ ᠤ ᠤᠨᠴᠠᠯᠢᠭᠳᠤ ᠬᠡᠷᠡᠭᠰᠠᠯ᠂ ᠪᠠᠷ | ᠵᠢᠷᠤᠭ ᠪᠠ ᠮᠤᠩᠭᠤᠯ ᠤᠷᠨᠨ ᠪᠢᠴᠢᠯᠭᠡ ᠵᠡᠷᠭᠡ ᠰᠤᠶᠤᠯ ᠤᠨ ᠰᠤᠯᠢᠯᠴᠠᠭ᠎ᠠ ᠶᠢᠨ ᠠᠵᠢᠯᠯᠠᠭ᠎ᠠ ᠶᠢ ᠢᠳᠡᠪᠬᠢᠳᠠᠢ | ᠰᠠᠶᠢᠳᠤᠷ ᠡᠷᠬᠢᠯᠠᠨ᠎ᠠ᠃ ᠵᠡᠬᠦᠨ ᠬᠤᠶᠢᠳᠦ ᠶᠢᠨ ᠭᠤᠷᠪᠠᠨ ᠮᠤᠵᠢ ᠲᠠᠢ ᠤᠷᠤᠨ ᠪᠦᠰᠡ ᠶᠢᠨ ᠬᠠᠮᠵᠢᠯᠴᠠᠭ᠎ᠠ ᠪᠠᠨ | ᠴᠢᠩᠭᠠᠳᠬᠠᠵᠤ᠂ ᠵᠡᠬᠦᠨ ᠬᠤᠶᠢᠳᠦ ᠶᠢ ᠬᠦᠭᠵᠢᠬᠦᠯᠬᠦ᠂ ᠪᠡᠭᠡᠵᠢᠩ ᠳᠢᠶᠠᠨᠵᠢᠨ ᠾᠧᠪᠸᠢ᠂ ᠬᠦᠭᠡ ᠮᠦᠷᠡᠨ ᠤ | ᠭᠤᠷᠪᠠᠯᠵᠢᠨ ᠬᠤᠶᠢᠭ᠂ ᠵᠤᠵᠢᠶᠠᠩ ᠮᠦᠷᠡᠨ ᠤ ᠭᠤᠷᠪᠠᠯᠵᠢᠨ ᠬᠤᠶᠢᠭ ᠵᠡᠷᠭᠡ ᠬᠦᠭᠵᠢᠭᠰᠡᠨ ᠭᠠᠵᠠᠷ ᠤᠷᠤᠨ ᠤ | ᠠᠵᠤ ᠦᠢᠯᠡᠰ ᠤᠨ ᠰᠢᠯᠵᠢᠯᠳᠠ ᠲᠠᠢ ᠵᠠᠯᠭᠠᠵᠤ᠂ ᠪᠡᠯᠡ ᠮᠦᠩᠭᠦ᠂ ᠴᠢᠳᠠᠪᠤᠷᠢᠳᠡᠨ᠂ ᠮᠡᠷᠭᠡᠵᠢᠯ᠂ ᠮᠡᠳᠡᠭᠡ | ᠵᠠᠩᠭᠢ ᠵᠡᠷᠭᠡ ᠬᠦᠴᠤᠨ ᠵᠦᠢᠯ ᠢ ᠵᠠᠯᠭᠠᠵᠤ ᠬᠠᠮᠳᠤᠪᠠᠷ ᠡᠳ᠋ᠯᠡᠬᠦ ᠶᠢ ᠠᠬᠢᠭᠤᠯᠤᠨ᠎ᠠ᠃ ᠰᠢᠯᠢ ᠶᠢᠨ ᠭᠤᠤᠯ ᠠᠶᠢᠮᠠᠭ᠂ | ᠬᠢᠩᠭᠠᠨ ᠠᠶᠢᠮᠠᠭ᠂ ᠤᠯᠠᠭᠠᠨᠬᠠᠳᠠ ᠬᠤᠳᠡ ᠵᠡᠷᠭᠡ ᠤᠶᠢᠷ᠎ᠠ ᠤᠷᠴᠢᠮ ᠤᠨ ᠭᠠᠵᠠᠷ ᠤᠷᠤᠨ ᠲᠠᠢ ᠪᠠᠶᠢᠯᠳᠤᠬᠤ | ᠪᠤᠳᠤᠯᠭ᠎ᠠ ᠶᠢᠨ ᠬᠠᠮᠵᠢᠯᠴᠠᠭ᠎ᠠ ᠪᠠᠨ ᠶᠡᠬᠡᠰᠭᠡᠵᠤ᠂ ᠤᠯᠠᠨ ᠱᠠᠳᠤ ᠳᠠᠪᠬᠤᠷᠭ᠎ᠠ ᠤᠯᠠᠨ ᠤᠷᠤᠨ ᠪᠦᠰᠡ ᠶᠢᠨ | ᠬᠠᠮᠵᠢᠯᠴᠠᠬᠤ ᠰᠤᠯᠢᠯᠴᠠᠬᠤ ᠳᠤᠭᠳᠠᠴᠡ ᠶᠢ ᠢᠳᠡᠭ ᠢᠳᠡᠭ ᠢᠶᠠᠷ ᠪᠦᠷᠢᠯᠳᠦᠬᠦᠯᠵᠤ᠂ ᠬᠠᠮᠵᠢᠯᠴᠠᠵᠤ ᠬᠠᠮᠳᠤᠪᠠᠷ | ᠢᠯᠠᠬᠤ ᠶᠢ ᠪᠡᠶᠡᠯᠡᠬᠦᠯᠤᠨ᠎ᠠ᠃ | ᠬᠤᠳᠠᠯᠳᠤᠭᠠᠴᠢᠨ ᠤᠷᠢᠵᠤ ᠪᠡᠯᠡ ᠳᠠᠳᠠᠬᠤ ᠪᠠᠷ ᠳᠤᠰᠠᠯᠠᠬᠤ ᠬᠦᠴᠤᠨ ᠢᠶᠠᠨ ᠴᠢᠩᠭᠠᠷᠠᠭᠤᠯᠤᠨ᠎ᠠ᠃ | ᠨᠡᠬᠦᠷᠠᠰᠤ ᠴᠠᠬᠢᠯᠭᠠᠨ ᠬᠦᠩᠭᠡᠨᠴᠠᠭᠠᠨ ᠪᠠ ᠬᠦᠩᠭᠡᠨᠴᠠᠭᠠᠨ ᠢ ᠰᠡᠬᠦᠯᠴᠢ ᠶᠢᠨ ᠪᠤᠯᠪᠠᠰᠤᠷᠠᠭᠤᠯᠬᠤ ᠲᠦᠷᠦᠯ ᠵᠦᠢᠯ ᠤᠨ | ᠬᠤᠳᠠᠯᠳᠤᠭᠠᠴᠢᠨ ᠤᠷᠢᠵᠤ ᠪᠡᠯᠡ ᠳᠠᠳᠠᠬᠤ ᠬᠦᠴᠤᠨ ᠢᠶᠠᠨ ᠶᠡᠬᠡᠰᠭᠡᠵᠤ᠂ ᠬᠦᠩᠭᠡᠨᠴᠠᠭᠠᠨ ᠤ ᠶᠡᠭᠡ ᠲᠦᠷᠦᠯ ᠵᠦᠢᠯ | ᠢ ᠳᠠᠳᠠᠨ ᠤᠷᠤᠭᠤᠯᠬᠤ ᠲᠠᠯ᠎ᠠ ᠪᠠᠷ ᠰᠢᠨ᠎ᠠ ᠰᠢᠪᠳᠤᠯᠤᠯᠳᠠ ᠶᠢ ᠪᠡᠶᠡᠯᠡᠬᠦᠯᠬᠦ ᠪᠠᠷ ᠴᠢᠷᠮᠠᠶᠢᠨ᠎ᠠ︔ ᠨᠡᠬᠦᠷᠠᠰᠤᠨ ᠬᠢᠮᠢ | ᠶᠢᠨ ᠠᠵᠤ ᠦᠢᠯᠡᠳᠪᠤᠷᠢ ᠶᠢᠨ ᠠᠵᠤ ᠦᠢᠯᠡᠰ ᠤᠨ ᠳᠠᠯ᠎ᠠ ᠪᠠᠷ ᠡᠲ᠋ᠢᠯ ᠬᠤᠶᠠᠷᠴᠢ ᠠᠯᠺᠤᠤᠯ ᠤᠨ ᠳᠠᠷᠠᠭᠠᠭᠢ | ᠬᠥᠯᠳᠡᠬᠦ ᠶᠢ ᠰᠡᠷᠭᠡᠶᠢᠯᠡᠬᠦ ᠰᠢᠩᠭᠡᠨ᠂ ᠪᠦᠭᠡᠮᠨᠡᠷᠡᠯ ᠡᠰᠲ᠋ᠧᠷ ᠳ᠋ᠢᠯᠤᠨ᠂ ᠪᠦᠭᠡᠮᠨᠡᠷᠡᠯ ᠮᠤᠳᠤᠨ ᠤ ᠳᠠᠪᠠᠷᠬᠠᠢ ᠵᠡᠷᠭᠡ | ᠨᠠᠷᠢᠯᠢᠭᠵᠢᠭᠰᠠᠨ ᠠᠵᠤ ᠦᠢᠯᠡᠳᠪᠤᠷᠢ ᠶᠢᠨ ᠲᠦᠷᠦᠯ ᠵᠦᠢᠯ ᠢ ᠳᠠᠳᠠᠨ ᠤᠷᠤᠭᠤᠯᠤᠨ᠎ᠠ︔ ᠤᠯᠤᠰ ᠤᠨ | ᠳᠤᠳᠤᠭᠠᠳᠤ ᠶᠢᠨ ᠪᠢᠨᠳ᠋ᠷᠶᠠ ᠡᠷᠳᠡᠨᠢ ᠶᠢᠨ ᠠᠵᠤ ᠠᠬᠤᠶᠢᠯᠠᠯ ᠲᠠᠢ ᠢᠳᠡᠪᠬᠢᠳᠠᠢ ᠵᠠᠯᠭᠠᠵᠤ᠂ ᠰᠢᠨ᠎ᠠ ᠬᠦᠭᠵᠢᠭᠰᠡᠨ | ᠠᠵᠤ ᠠᠬᠤᠶᠢᠯᠠᠯ ᠦᠭᠡᠢ ᠪᠠᠶᠢᠬᠤ ᠬᠤᠭᠤᠰᠤᠨ ᠢ ᠨᠦᠬᠦᠪᠤᠷᠢᠯᠡᠬᠦ ᠪᠠᠷ ᠴᠢᠷᠮᠠᠶᠢᠨ᠎ᠠ᠃ ᠳᠠᠷᠢᠶᠠᠯᠠᠩ ᠤᠨ ᠭᠠᠷᠤᠯᠳᠠ | ᠮᠠᠯ ᠤᠨ ᠠᠰᠢᠭ ᠰᠢᠮ᠎ᠠ ᠶᠢᠨ ᠠᠵᠤ ᠦᠢᠯᠡᠰ ᠤᠨ ᠲᠠᠯ᠎ᠠ ᠪᠠᠷ ᠭᠤᠤᠯᠳᠠᠭᠤ ᠬᠢᠳᠡᠳ ᠡᠪᠡᠰᠤᠨ ᠡᠮ᠂ ᠡᠯᠳᠡᠪ ᠠᠮᠤ | ᠪᠤᠷᠴᠠᠭ᠂ ᠭᠡᠭᠡᠷ᠎ᠠ ᠶᠢᠨ ᠬᠦᠢᠯᠡᠰᠤ᠂ ᠦᠭᠡᠷ ᠬᠤᠨᠢ ᠮᠢᠬ᠎ᠠ ᠶᠢ ᠨᠠᠷᠢᠯᠢᠭ ᠪᠤᠯᠪᠠᠰᠤᠷᠠᠭᠤᠯᠬᠤ ᠶᠢᠨ ᠳᠤᠭᠤᠷᠢᠨ ᠳᠤ | ᠨᠠᠷᠢᠨ ᠤᠨᠤᠪᠴᠢᠳᠠᠢ ᠪᠦᠳᠦᠮᠵᠢᠳᠠᠢ ᠪᠠᠷ ᠬᠤᠳᠠᠯᠳᠤᠭᠠᠴᠢᠨ ᠤᠷᠢᠵᠤ ᠪᠡᠯᠡ ᠳᠠᠳᠠᠬᠤ ᠶᠢ ᠦᠷᠨᠢᠬᠦᠯᠤᠨ᠂ | ᠤᠨᠴᠠᠯᠢᠭᠳᠤ ᠳᠡᠮᠳᠡᠭ᠂ ᠤᠷᠭᠠᠨᠢᠭ ᠳᠡᠮᠳᠡᠭ᠂ ᠨᠡᠷᠡᠳᠦ ᠲᠡᠮᠳᠡᠭ ᠢ ᠰᠠᠶᠢᠳᠤᠷ ᠡᠬᠦᠳᠤᠨ᠎ᠠ᠃ ᠵᠢᠯ ᠳᠤ 30 | ᠲᠦᠷᠦᠯ ᠵᠦᠢᠯ ᠢ ᠳᠠᠳᠠᠨ ᠤᠷᠤᠭᠤᠯᠵᠤ ᠰᠢᠨ᠎ᠠ ᠭᠡᠷ᠎ᠠ ᠳᠤᠭᠳᠠᠬᠤ ᠪᠠᠷ ᠴᠢᠷᠮᠠᠶᠢᠨ᠎ᠠ᠂ ᠡᠬᠦᠨ ᠳᠤ 10 | ᠳ᠋ᠦᠩᠰᠢᠭᠤᠷ ᠠᠴᠠ ᠳᠡᠭᠡᠭᠰᠢ ᠲᠦᠷᠦᠯ ᠵᠦᠢᠯ 3᠂ ᠠᠵᠢᠯ ᠡᠬᠢᠯᠡᠬᠦ ᠨᠤᠷᠮ᠎ᠠ ᠶᠢ 40% ᠬᠦᠷᠭᠡᠨ᠎ᠠ᠃ | ︵ᠳᠤᠯᠤᠭ᠎ᠠ︶ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠤ᠂ | ᠦᠷᠬᠦᠯᠵᠢᠯᠡᠬᠦᠶᠢᠴᠡ ᠬᠦᠭᠵᠢᠯᠳᠠ ᠶᠢᠨ ᠴᠢᠳᠠᠪᠤᠷᠢ ᠪᠠᠨ ᠨᠡᠮᠡᠭᠳᠡᠬᠦᠯᠤᠨ᠎ᠠ᠃ ᠠᠮᠢ ᠠᠬᠤᠢ ᠶᠢᠨ ᠤᠷᠴᠢᠨ | ᠳᠤᠭᠤᠷᠢᠨ ᠢ ᠬᠠᠮᠠᠭᠠᠯᠠᠬᠤ ᠪᠦᠳᠦᠭᠡᠨ ᠪᠠᠶᠢᠭᠤᠯᠬᠤ ᠠᠵᠢᠯ ᠢ ᠨᠡᠩ ᠳᠤᠪᠤᠶᠢᠮ᠎ᠠ ᠪᠠᠶᠢᠷᠢ ᠳᠤ ᠳᠠᠯᠪᠢᠵᠤ᠂ ᠤᠷᠴᠢᠨ | ᠳᠤᠭᠤᠷᠢᠨ ᠤ ᠳᠠᠯᠳᠠ ᠭᠡᠮ ᠢ ᠪᠠᠶᠢᠴᠠᠭᠠᠨ ᠴᠡᠭᠴᠡᠯᠡᠬᠦ ᠬᠦᠴᠤᠨ ᠢᠶᠠᠨ ᠶᠡᠬᠡᠰᠭᠡᠵᠤ᠂ ᠰᠢᠯᠢᠳᠡᠭ ᠠᠮᠢ ᠠᠬᠤᠢ ᠶᠢᠨ | ᠤᠷᠴᠢᠨ ᠳᠤᠭᠤᠷᠢᠨ ᠢᠶᠠᠷ ᠠᠵᠤ ᠠᠬᠤᠢ ᠨᠠᠶᠢᠭᠡᠮ ᠤᠨ ᠦᠷᠬᠦᠯᠵᠢᠯᠡᠬᠦᠶᠢᠴᠡ ᠬᠦᠭᠵᠢᠯᠳᠠ ᠶᠢ ᠠᠬᠢᠭᠤᠯᠤᠨ᠎ᠠ᠃ | ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠶᠢ ᠰᠤᠯᠠᠷᠠᠰᠢ ᠦᠭᠡᠢ ᠠᠳᠬᠤᠨ᠎ᠠ᠃ ᠠᠮᠢ | ᠠᠬᠤᠢ ᠶᠢᠨ ᠪᠤᠯᠪᠠᠰᠤᠨ ᠤ ᠲᠦᠷᠢᠮ ᠤᠨ ᠦᠭᠡᠷᠡᠴᠢᠯᠠᠯᠳᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ | ᠦᠷᠬᠦᠯᠵᠢᠯᠡᠬᠦᠶᠢᠴᠡ ᠠᠮᠢ ᠠᠬᠤᠢ ᠶᠢᠨ ᠬᠠᠮᠠᠭᠠᠯᠠᠯᠳᠠ ᠶᠢᠨ ᠲᠦᠷᠢᠮ ᠢ ᠢᠳᠡᠭ ᠢᠳᠡᠭ ᠢᠶᠠᠷ ᠪᠠᠶᠢᠭᠤᠯᠤᠨ᠎ᠠ᠃ | ᠤᠷᠴᠢᠨ ᠳᠤᠭᠤᠷᠢᠨ ᠢ ᠬᠢᠨᠠᠨ ᠰᠢᠯᠭᠠᠬᠤ ᠰᠢᠰᠲ᠋ᠧᠮ ᠪᠠ ᠠᠵᠢᠯ ᠤᠨ ᠪᠠᠶᠢᠭᠤᠯᠤᠮᠵᠢ ᠶᠢ ᠲᠡᠬᠦᠯᠳᠠᠷᠵᠢᠬᠦᠯᠤᠨ᠂ ᠠᠮᠢ | ᠠᠬᠤᠢ ᠶᠢ ᠬᠢᠨᠠᠨ ᠰᠢᠯᠭᠠᠬᠤ ᠦᠨᠡᠯᠡᠬᠦ ᠰᠢᠰᠲ᠋ᠧᠮ ᠪᠠ ᠬᠠᠷᠢᠭᠤᠴᠠᠯᠭ᠎ᠠ ᠨᠡᠭᠡᠮᠵᠢᠯᠡᠬᠦ ᠲᠦᠷᠢᠮ ᠢ ᠰᠦᠪᠡᠭᠴᠢᠯᠠᠨ | ᠪᠠᠶᠢᠭᠤᠯᠵᠤ᠂ ᠠᠮᠢ ᠠᠬᠤᠢ ᠤᠷᠴᠢᠨ ᠳᠤᠭᠤᠷᠢᠨ ᠢ ᠬᠠᠮᠠᠭᠠᠯᠠᠬᠤ ᠶᠢ ᠠᠯᠬᠤᠮ ᠠᠯᠬᠤᠮ ᠢᠶᠠᠷ ᠲᠦᠷᠢᠮᠵᠢᠬᠦᠯᠬᠦ ᠪᠠ | ᠪᠠᠶᠢᠩᠭᠤᠴᠢᠯᠠᠨᠠ᠃ ᠨᠤᠳᠤᠭ ᠪᠡᠯᠴᠢᠭᠡᠷ᠂ ᠤᠢ ᠰᠢᠭᠤᠢ᠂ ᠭᠠᠵᠠᠷ ᠰᠢᠷᠤᠢ ᠡᠭᠢ ᠪᠠᠶᠠᠯᠢᠭ ᠢ ᠬᠠᠮᠠᠭᠠᠯᠠᠬᠤ | ᠠᠵᠢᠯ ᠢᠶᠠᠨ ᠴᠢᠩᠭᠠᠳᠬᠠᠵᠤ᠂ ᠳᠤᠷ᠎ᠠ ᠪᠠᠷ ᠢᠶᠠᠨ ᠴᠠᠪᠴᠢᠵᠤ ᠳᠠᠪᠠ ᠢᠶᠠᠷ ᠢᠶᠠᠨ ᠤᠨᠠᠭᠠᠬᠤ᠂ ᠤᠢ ᠮᠤᠳᠤ ᠡᠪᠡᠰᠤ | ᠪᠡᠯᠴᠢᠭᠡᠷ ᠢ ᠡᠪᠳᠡᠭᠰᠡᠨ᠂ ᠠᠳᠠᠷ ᠬᠠᠭᠠᠯᠪᠤᠷᠢᠯᠠᠬᠤ ᠵᠡᠷᠭᠡ ᠬᠠᠤᠯᠢ ᠪᠠᠷ ᠵᠦᠷᠢᠴᠡᠭᠰᠡᠨ ᠠᠵᠢᠯᠯᠠᠭ᠎ᠠ ᠳᠤ ᠴᠢᠩᠭ᠎ᠠ | ᠴᠤᠬᠢᠯᠳᠠ ᠦᠭᠴᠦ᠂ ᠠᠮᠢ ᠠᠬᠤᠢ ᠤᠷᠴᠢᠨ ᠳᠤᠭᠤᠷᠢᠨ ᠤ ᠪᠤᠯᠪᠠᠰᠤᠨ ᠤ ᠪᠠᠶᠢᠭᠤᠯᠤᠯᠳᠠ ᠶᠢ ᠠᠯᠬᠤᠮ ᠠᠯᠬᠤᠮ | ᠢᠶᠠᠷ ᠲᠦᠷᠢᠮᠵᠢᠬᠦᠯᠵᠤ ᠵᠢᠷᠤᠮᠵᠢᠭᠤᠯᠬᠤ ᠵᠠᠮ ᠳᠤ ᠤᠷᠤᠬᠤ ᠶᠢ ᠠᠬᠢᠭᠤᠯᠤᠨ᠎ᠠ᠃ | ᠠᠮᠢ ᠠᠬᠤᠢ ᠶᠢᠨ ᠪᠠᠶᠢᠭᠤᠯᠤᠯᠳᠠ ᠶᠢᠨ ᠢᠨᠵᠧᠨ᠋ᠷᠢᠩ ᠢ ᠴᠦᠬᠦᠷᠠᠰᠢ ᠦᠭᠡᠢ ᠪᠠᠷᠢᠮᠳᠠᠯᠠᠨ᠎ᠠ᠃ ᠬᠤᠷᠢᠭ᠎ᠠ ᠲᠠᠢ | ᠮᠠᠯᠵᠢᠵᠤ ᠬᠠᠰᠢᠶᠠᠯᠠᠵᠤ ᠳᠡᠵᠢᠭᠡᠬᠦ᠂ ᠳᠠᠷᠢᠶᠠᠯᠠᠬᠤ ᠶᠢ ᠵᠤᠭᠰᠤᠭᠠᠵᠤ ᠡᠪᠡᠰᠤ ᠮᠤᠳᠤ ᠳᠠᠷᠢᠬᠤ ᠵᠡᠷᠭᠡ ᠴᠢᠬᠤᠯᠠ ᠠᠮᠢ | ᠠᠬᠤᠢ ᠶᠢᠨ ᠲᠦᠷᠦᠯ ᠵᠦᠢᠯ ᠢ ᠰᠠᠶᠢᠳᠤᠷ ᠬᠡᠷᠡᠭᠵᠢᠬᠦᠯᠵᠤ᠂ ᠡᠯᠡᠰᠤ ᠶᠢ ᠰᠡᠷᠭᠡᠶᠢᠯᠡᠬᠦ ᠡᠯᠡᠰᠤ ᠶᠢ ᠵᠠᠰᠠᠬᠤ ᠪᠤᠶᠤ | ᠬᠦᠷᠦᠰᠤ ᠰᠢᠷᠤᠢ ᠶᠢ ᠬᠠᠮᠠᠭᠠᠯᠠᠬᠤ ᠢᠨᠵᠧᠨ᠋ᠷᠢᠩ ᠤᠨ ᠪᠠᠶᠢᠭᠤᠯᠤᠯᠳᠠ ᠶᠢ ᠶᠡᠬᠡᠪᠡᠷ ᠦᠷᠨᠢᠬᠦᠯᠤᠨ᠂ ᠭᠤᠤᠯᠳᠠᠯᠭ᠎ᠠ | ᠲᠠᠢ ᠭᠠᠵᠠᠷ ᠤᠷᠤᠨ ᠤ ᠠᠮᠢ ᠠᠬᠤᠢ ᠤᠷᠴᠢᠨ ᠳᠤᠭᠤᠷᠢᠨ ᠤ ᠪᠠᠶᠢᠳᠠᠯ ᠢ ᠰᠠᠶᠢᠵᠢᠷᠠᠭᠤᠯᠤᠨ᠎ᠠ᠃ ᠬᠤᠷᠴᠢᠨ ᠤ | ᠡᠯᠡᠰᠦᠷᠭᠡᠭ ᠭᠠᠵᠠᠷ ᠤᠨ ︽ᠬᠤᠤᠰ ᠮᠢᠩᠭᠠᠨ ᠲᠦᠮᠡᠨ ᠮᠤ᠋︾ ᠶᠢᠨ ᠶᠡᠷᠦᠩᠭᠡᠶᠢᠯᠠᠨ ᠵᠠᠰᠠᠬᠤ ᠢᠨᠵᠧᠨᠧᠷᠢᠭ ᠲᠠᠢ | ᠤᠶᠠᠯᠳᠤᠭᠤᠯᠤᠨ᠂ ᠬᠦᠮᠦᠨ ᠤ ᠬᠦᠴᠤ ᠪᠠᠷ 2.63 ᠲᠦᠮᠨᠨ ᠮᠤ᠋᠂ 7.7 ᠲᠦᠮᠡᠨ ᠮᠤ᠋ ᠡᠯᠡᠰᠤ ᠶᠢ | ᠪᠢᠳᠡᠬᠦᠮᠵᠢᠯᠠᠨ ᠤᠶᠢᠵᠢᠭᠤᠯᠬᠤ᠂ 7 ᠲᠦᠮᠡᠨ ᠮᠤ᠋ ᠨᠢᠰᠭᠡᠯ ᠢᠶᠠᠷ ᠳᠠᠷᠢᠵᠤ ᠤᠶᠢᠵᠢᠭᠤᠯᠬᠤ᠂ 4.8 ᠲᠦᠮᠡᠨ ᠮᠤ᠋ | ᠡᠯᠡᠰᠦᠷᠬᠡᠭᠵᠢᠭᠰᠡᠨ ᠬᠠᠳᠤᠯᠠᠩ ᠪᠡᠯᠴᠢᠭᠡᠷ ᠢ ᠵᠠᠰᠠᠬᠤ᠂ 8.4 ᠲᠦᠮᠡᠨ ᠮᠤ᠋ ᠡᠪᠡᠰᠤ ᠪᠤᠷᠳᠤᠭ᠎ᠠ ᠶᠢᠨ ᠰᠠᠭᠤᠷᠢᠨ | ᠭᠠᠵᠠᠷ ᠤᠨ ᠪᠠᠶᠢᠭᠤᠯᠤᠯᠳᠠ ᠶᠢᠨ ᠡᠬᠦᠷᠭᠡ ᠪᠠᠨ ᠪᠦᠬᠦ ᠲᠠᠯ᠎ᠠ ᠪᠠᠷ ᠪᠡᠶᠡᠯᠡᠬᠦᠯᠤᠨ᠎ᠠ᠃ ᠨᠤᠳᠤᠭ ᠪᠡᠯᠴᠢᠭᠡᠷ ᠢ | ᠬᠠᠮᠠᠭᠠᠯᠠᠵᠤ ᠪᠠᠶᠢᠭᠤᠯᠬᠤ ᠪᠠᠨ ᠴᠢᠩᠭᠠᠳᠬᠠᠵᠤ᠂ ᠲᠦᠷᠪᠡᠳᠦᠭᠡᠷ ᠡᠭᠡᠯᠵᠢ ᠶᠢ ᠬᠤᠷᠢᠭ᠎ᠠ ᠲᠠᠢ ᠮᠠᠯᠵᠢᠵᠤ | ᠬᠠᠰᠢᠶᠠᠯᠠᠵᠤ ᠳᠡᠵᠢᠭᠡᠬᠦ ᠪᠡ ᠪᠡᠯᠴᠢᠭᠡᠷ ᠮᠠᠯ ᠢ ᠳᠡᠩᠴᠡᠬᠦᠯᠬᠦ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠬᠦᠯᠵᠤ᠂ | ᠨᠤᠳᠤᠭ ᠪᠡᠯᠴᠢᠭᠡᠷ ᠤᠨ ᠶᠡᠷᠦᠩᠭᠡᠶᠢᠯᠡᠨ ᠬᠠᠤᠯᠢ ᠬᠡᠷᠡᠭᠵᠢᠬᠦᠯᠤᠯᠳᠠ ᠪᠠᠨ ᠴᠢᠩᠳᠠᠯᠠᠨ᠂ ᠬᠠᠳᠤᠯᠠᠩ ᠪᠡᠯᠴᠢᠭᠡᠷ ᠤᠨ | ᠬᠠᠮᠢᠶᠠᠷᠤᠯᠳᠠ ᠶᠢᠨ ᠬᠦᠴᠤᠨ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠤᠳᠤᠭ ᠪᠡᠯᠴᠢᠭᠡᠷ ᠤᠨ ᠠᠮᠢ | ᠠᠬᠤᠢ ᠶᠢᠨ ᠠᠶᠠᠠᠳᠠᠭᠠᠨ ᠤ ᠰᠡᠷᠬᠦᠯᠳᠠ ᠪᠠ ᠠᠮᠢ ᠠᠬᠤᠢ ᠶᠢᠨ ᠰᠢᠰᠲ᠋ᠧᠮ ᠤᠨ ᠦᠷᠬᠦᠯᠵᠢᠯᠠᠨ ᠰᠠᠶᠢᠵᠢᠷᠠᠬᠤ ᠶᠢ | ᠠᠬᠢᠭᠤᠯᠵᠤ᠂ ᠠᠮᠢ ᠠᠬᠤᠢ ᠶᠢ ᠬᠠᠮᠠᠭᠠᠯᠠᠵᠤ ᠪᠠᠶᠢᠭᠤᠯᠤᠭᠰᠠᠨ ᠦᠷ᠎ᠠ ᠳ᠋ᠦᠩ ᠢᠶᠠᠨ ᠲᠠᠰᠤᠷᠠᠯᠳᠠ ᠦᠭᠡᠢ | ᠪᠠᠭᠢᠵᠢᠬᠦᠯᠵᠤ ᠦᠷᠭᠡᠳᠭᠡᠨ᠎ᠠ᠃ | ᠠᠮᠢ ᠠᠬᠤᠢ ᠤᠷᠴᠢᠨ ᠳᠤᠭᠤᠷᠢᠨ ᠤ ᠦᠷᠢ ᠰᠢᠷᠢ ᠪᠠᠨ ᠬᠦᠴᠦᠯᠡᠨ ᠪᠠᠭᠠᠰᠬᠠᠨ᠎ᠠ᠃ ᠡᠨᠧᠷᠭᠢ ᠠᠷᠪᠢᠯᠠᠬᠤ | ᠪᠤᠬᠢᠷᠳᠤᠯ ᠢ ᠪᠠᠭᠠᠰᠬᠠᠬᠤ ᠠᠵᠢᠯ ᠢᠶᠠᠨ ᠦᠨᠠᠨ ᠪᠠᠳᠤᠳᠠᠢ ᠰᠠᠶᠢᠳᠤᠷ ᠬᠢᠵᠤ᠂ ᠭᠤᠤᠯ ᠠᠵᠢᠯ ᠲᠦᠷᠦᠯ᠂ | ᠭᠤᠤᠯᠳᠠᠯᠭ᠎ᠠ ᠲᠠᠢ ᠤᠷᠤᠨ ᠪᠦᠰᠡ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠤᠷᠴᠢᠨ ᠳᠤᠭᠤᠷᠢᠨ ᠢ | ᠬᠠᠮᠠᠭᠠᠯᠠᠬᠤ ᠳᠤᠰᠬᠠᠢ ᠬᠠᠤᠯᠢ ᠬᠡᠷᠡᠭᠵᠢᠬᠦᠯᠬᠦ ᠪᠠᠶᠢᠴᠠᠭᠠᠯᠳᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠤᠬᠢᠷᠳᠤᠯ | ᠪᠤᠳᠠᠰ ᠢᠶᠠᠨ ᠭᠠᠳᠠᠭᠰᠢᠭᠤᠯᠬᠤ ᠶᠢ ᠴᠢᠩᠭ᠎ᠠ ᠬᠢᠵᠠᠭᠠᠷᠯᠠᠨ᠎ᠠ᠃ ᠤᠷᠴᠢᠨ ᠳᠤᠭᠤᠷᠢᠨ ᠤ ᠨᠦᠯᠦᠭᠡ ᠶᠢ ᠦᠨᠡᠯᠡᠬᠦ ᠪᠠ | ᠶᠡᠷᠦᠩᠭᠡᠢ ᠬᠡᠮᠵᠢᠶ᠎ᠠ ᠶᠢ ᠬᠢᠵᠠᠭᠠᠷᠯᠠᠬᠤ ᠲᠦᠷᠢᠮ ᠢ ᠪᠠᠶᠢᠭᠤᠯᠤᠨ ᠲᠡᠬᠦᠯᠳᠠᠷᠵᠢᠬᠦᠯᠤᠨ᠂ ᠰᠢᠨᠡᠪᠡᠷ ᠪᠠᠶᠢᠭᠤᠯᠬᠤ | ᠦᠭᠡᠷᠡᠴᠢᠯᠠᠨ ᠪᠠᠶᠢᠭᠤᠯᠬᠤ᠂ ᠦᠷᠭᠡᠳᠭᠡᠨ ᠪᠠᠶᠢᠭᠤᠯᠬᠤ ᠲᠦᠷᠦᠯ ᠵᠦᠢᠯ ᠤᠨ ᠬᠢᠨᠠᠨ ᠵᠦᠪᠰᠢᠶᠡᠷᠡᠬᠦ ᠪᠤᠭᠤᠮᠳᠠ ᠶᠢ | ᠴᠢᠩᠭ᠎ᠠ ᠠᠳᠬᠤᠵᠤ᠂ ᠰᠢᠨᠡᠪᠡᠷ ᠪᠠᠶᠢᠭᠤᠯᠬᠤ ᠲᠦᠷᠦᠯ ᠵᠦᠢᠯ ᠤᠨ ᠤᠷᠴᠢᠨ ᠳᠤᠭᠤᠷᠢᠨ ᠤ ᠪᠤᠬᠢᠷᠳᠤᠯ ᠢ ᠦᠨᠡᠯᠡᠬᠦ | ᠠᠵᠢᠯ ᠢ ᠰᠠᠶᠢᠳᠤᠷ ᠬᠢᠵᠤ᠂ ᠲᠦᠷᠦᠯ ᠵᠦᠢᠯ ᠢ ᠵᠦᠪᠰᠢᠶᠡᠷᠡᠨ ᠤᠷᠤᠭᠤᠯᠬᠤ ᠨᠦᠬᠦᠴᠠᠯ ᠢ ᠳᠡᠭᠡᠭᠰᠢᠯᠡᠬᠦᠯᠤᠨ᠎ᠠ᠃ | ᠤᠰᠤᠨ ᠤ ᠰᠤᠷᠪᠤᠯᠵᠢ ᠶᠢ ᠬᠠᠮᠠᠭᠠᠯᠠᠬᠤ ᠠᠵᠢᠯ ᠢ ᠰᠠᠶᠢᠳᠤᠷ ᠬᠢᠵᠤ᠂ ᠤᠰᠤᠨ ᠰᠢᠨᠵᠢᠯᠡᠭᠡ ᠤᠰᠤᠨ ᠰᠤᠷᠪᠤᠯᠵᠢ ᠪᠠ | ᠬᠦᠷᠦᠰᠤ ᠰᠢᠷᠤᠢ ᠶᠢ ᠬᠠᠮᠠᠭᠠᠯᠠᠬᠤ ᠬᠢᠨᠠᠨ ᠭᠡᠮᠵᠢᠬᠦ ᠴᠢᠳᠠᠪᠤᠷᠢ ᠶᠢᠨ ᠪᠠᠶᠢᠭᠤᠯᠤᠯᠳᠠ ᠪᠠᠨ ᠴᠢᠩᠭᠠᠳᠬᠠᠨ᠎ᠠ᠃ | ᠤᠷᠴᠢᠯ ᠠᠵᠤ ᠠᠬᠤᠢ᠂ ᠨᠡᠬᠦᠷᠠᠰᠦᠳᠦ᠋ᠷᠦᠭᠴᠢ ᠪᠠᠭ᠎ᠠ ᠠᠵᠤ ᠠᠬᠤᠢ ᠶᠢ ᠲᠦᠷᠭᠡᠨ ᠬᠦᠭᠵᠢᠬᠦᠯᠵᠤ᠂ ᠠᠵᠤ | ᠠᠬᠤᠶᠢᠯᠠᠯ ᠤᠨ ᠳᠡᠭᠡᠳᠦ ᠰᠢᠨ᠎ᠠ ᠮᠡᠷᠭᠡᠵᠢᠯ ᠢ ᠬᠡᠷᠡᠭᠯᠡᠬᠦ ᠶᠢ ᠶᠡᠬᠡᠪᠡᠷ ᠳᠡᠮᠵᠢᠵᠤ᠂ ᠶᠡᠭᠡ ᠪᠤᠬᠢᠷᠳᠤᠯ ᠲᠠᠢ᠂ ᠦᠷ᠎ᠠ | ᠠᠰᠢᠭ ᠳᠤᠤᠷ᠎ᠠ ᠭᠠᠷ ᠤᠷᠠᠯᠠᠯ᠂ ᠮᠡᠷᠭᠡᠵᠢᠯ ᠪᠠ ᠲᠦᠬᠦᠭᠡᠷᠤᠮᠵᠢ ᠶᠢ ᠰᠢᠭ᠍ᠰᠢᠵᠤ ᠬᠠᠶᠠᠬᠤ ᠪᠠᠨ ᠲᠦᠷᠭᠡᠳᠭᠡᠨ᠎ᠠ᠃ | ︵ᠨᠠᠢᠮᠠ︶ ᠠᠷᠠᠳ ᠤᠨ ᠠᠮᠢᠳᠤᠷᠠᠯ ᠢ ᠬᠦᠴᠤᠯᠠᠨ ᠪᠠᠳᠤᠯᠠᠬᠤ ᠪᠠ ᠰᠠᠶᠢᠵᠢᠷᠠᠭᠤᠯᠵᠤ᠂ ᠨᠠᠶᠢᠭᠡᠮ ᠤᠨ | ᠠᠵᠢᠯ ᠦᠢᠯᠡᠰ ᠤᠨ ᠪᠦᠬᠦ ᠲᠠᠯ᠎ᠠ ᠪᠠᠷ ᠬᠦᠭᠵᠢᠬᠦ ᠶᠢ ᠠᠬᠢᠭᠤᠯᠤᠨ᠎ᠠ᠃ ᠠᠷᠠᠳ ᠤᠨ ᠠᠮᠢᠳᠤᠷᠠᠯ ᠢ ᠠᠩᠬᠠᠷᠬᠤ ᠶᠢ | ᠳᠡᠷᠢᠬᠦᠨ ᠴᠢᠬᠤᠯᠠ ᠡᠬᠦᠷᠭᠡ ᠪᠤᠯᠭᠠᠬᠤ ᠶᠢ ᠪᠠᠷᠢᠮᠳᠠᠯᠠᠨ᠂ ᠨᠠᠶᠢᠭᠡᠮ ᠤᠨ ᠡᠯ᠎ᠠ ᠠᠵᠢᠯ ᠦᠢᠯᠡᠰ ᠢ ᠴᠦᠬᠦᠷᠡᠰᠢ | ᠦᠭᠡᠢ ᠬᠦᠭᠵᠢᠬᠦᠯᠵᠤ᠂ ᠠᠷᠠᠳ ᠤᠯᠠᠨ ᠤ ᠦᠭᠡᠷᠡᠴᠢᠯᠠᠯᠳᠠ ᠬᠦᠭᠵᠢᠯᠳᠠ ᠶᠢᠨ ᠦᠷ᠎ᠠ ᠪᠦᠳᠦᠮᠵᠢ ᠶᠢ ᠡᠳ᠋ᠯᠡᠬᠦ ᠶᠢ | ᠦᠨᠡᠨᠬᠦ ᠪᠠᠳᠤᠯᠠᠨ᠎ᠠ᠃ | ᠨᠠᠶᠢᠭᠡᠮ ᠤᠨ ᠡᠯ᠎ᠠ ᠠᠵᠢᠯ ᠦᠢᠯᠡᠰ ᠢ ᠬᠦᠭᠵᠢᠬᠦᠯᠤᠨ᠎ᠠ᠃ ᠰᠤᠷᠭᠠᠨ ᠬᠦᠮᠦᠵᠢᠯ ᠤᠨ ᠡᠭᠢ ᠪᠠᠶᠠᠯᠢᠭ ᠤᠨ | ᠳᠤᠬᠢᠷᠠᠭᠤᠯᠤᠯᠳᠠ ᠪᠠᠨ ᠰᠢᠯᠢᠳᠡᠭᠵᠢᠬᠦᠯᠤᠨ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠤᠨ ᠳᠤᠭᠤᠷᠢᠭ ᠤᠨ | ᠳᠠᠳᠤᠯᠭ᠎ᠠ ᠶᠢᠨ ᠰᠠᠭᠤᠷᠢᠨ ᠭᠠᠵᠠᠷ ᠤᠨ ᠪᠠᠶᠢᠭᠤᠯᠤᠯᠳᠠ ᠶᠢ ᠲᠦᠷᠭᠡᠳᠭᠡᠵᠤ᠂ ᠵᠠᠷᠤᠳ ᠬᠤᠶᠠᠳᠤᠭᠠᠷ ᠳᠤᠮᠳᠠᠳᠤ | ᠰᠤᠷᠭᠠᠭᠤᠯᠢ ᠶᠢᠨ ᠳᠤᠰ ᠵᠢᠯ ᠳᠤ ᠤᠷᠤᠵᠤ ᠰᠠᠭᠤᠬᠤ ᠶᠢ ᠪᠠᠳᠤᠯᠠᠨ᠎ᠠ᠃ ᠬᠤᠰᠢᠭᠤᠨ ᠤ ᠳᠡᠰ ᠤᠨ ᠠᠯᠪᠠᠨ ᠠᠴᠠ | ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠭᠡᠢ ᠦᠭᠡᠷᠡᠴᠢᠯᠠᠯᠳᠠ ᠶᠢ ᠦᠷᠬᠦᠯᠵᠢᠯᠠᠨ ᠬᠦᠨᠵᠡᠭᠡᠶᠢᠷᠡᠬᠦᠯᠵᠤ᠂ | ᠯᠠᠪᠳᠠᠭᠤᠨ ᠳᠤᠭᠳᠠᠭᠤᠨ ᠡᠮᠭᠢ ᠳᠠᠷᠠᠭ᠎ᠠ ᠲᠠᠢ ᠪᠠᠷ ᠬᠤᠶᠠᠷ ᠬᠡᠤᠭᠡᠳ ᠠᠪᠬᠤ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ︔ 45 ᠰᠠᠭᠤᠷᠢ ᠪᠠᠷᠢᠮᠵᠢᠶᠠᠵᠢᠭᠰᠡᠨ ᠡᠷᠡᠬᠦᠯ ᠬᠠᠮᠠᠭᠠᠯᠠᠯ ᠤᠨ ᠭᠡᠷ ᠢ ᠰᠢᠨᠡᠪᠡᠷ | ᠪᠠᠶᠢᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠢ ᠳᠡᠭᠦᠯᠳᠠᠷᠵᠢᠬᠦᠯᠤᠨ᠂ ᠡᠮ ᠡᠮᠨᠡᠯᠭᠡ ᠡᠷᠡᠬᠦᠯ | ᠬᠠᠮᠠᠭᠠᠯᠠᠯ ᠤᠨ ᠦᠢᠯᠡᠴᠢᠯᠡᠭᠡᠨ ᠤ ᠴᠢᠨᠠᠷ ᠪᠠ ᠲᠦᠪᠰᠢᠨ ᠢ ᠳᠡᠭᠡᠭᠰᠢᠯᠡᠬᠦᠯᠤᠨ᠎ᠠ᠃ ᠤᠯᠠᠨ ᠨᠠᠶᠢᠳᠡ ᠶᠢᠨ ᠡᠷᠡᠬᠦᠯ | ᠬᠠᠮᠠᠭᠠᠯᠠᠯ ᠪᠠ ᠬᠦᠨᠳᠤ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠡᠵᠡᠮᠳᠡᠬᠦ ᠪᠠᠨ ᠴᠢᠩᠭᠠᠳᠬᠠᠵᠤ᠂ ᠬᠤᠰᠢᠭᠤᠨ ᠤ | ᠮᠤᠩᠭᠤᠯ ᠡᠮᠨᠡᠯᠭᠡ ᠶᠢᠨ ᠬᠤᠷᠢᠶᠠᠨ ᠤ ᠶᠡᠷᠦᠩᠭᠡᠶᠢᠯᠡᠭᠰᠡᠨ ᠠᠰᠠᠷ ᠤᠨ ᠪᠠᠶᠢᠭᠤᠯᠤᠯᠳᠠ ᠶᠢ ᠳᠠᠭᠤᠰᠬᠠᠵᠤ᠂ ᠮᠤᠩᠭᠤᠯ | ᠬᠢᠳᠡᠳ ᠡᠮ ᠡᠮᠨᠡᠯᠭᠡ ᠶᠢᠨ ᠬᠦᠭᠵᠢᠯᠳᠠ ᠶᠢ ᠠᠬᠢᠭᠤᠯᠤᠨ᠎ᠠ᠃ ᠤᠯᠠᠨ ᠨᠠᠶᠢᠳᠡ ᠶᠢᠨ ᠰᠤᠶᠤᠯ ᠪᠡᠶ᠎ᠡ ᠳᠠᠮᠢᠷ ᠤᠨ | ᠦᠢᠯᠡᠴᠢᠯᠡᠭᠡᠨ ᠤ ᠲᠦᠬᠦᠭᠡᠷᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠪᠦᠬᠦ ᠠᠷᠠᠳ ᠤᠨ ᠪᠡᠶ᠎ᠡ | ᠴᠢᠬᠢᠷᠠᠭᠵᠢᠭᠤᠯᠬᠤ ᠲᠦᠪ᠂ ᠠᠬᠠᠮᠠᠳ ᠺᠠᠳ᠋ᠷᠴᠤᠳ ᠤᠨ ᠠᠵᠢᠯᠯᠠᠭ᠎ᠠ ᠶᠢᠨ ᠲᠦᠪ᠂ ᠬᠦᠯ ᠪᠦᠮᠪᠦᠭᠡ ᠶᠢᠨ | ᠪᠤᠯᠪᠠᠰᠤᠷᠠᠯ ᠤᠨ ᠲᠦᠪ ᠤᠨ ᠵᠢᠯ ᠳᠤ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ ᠨᠠᠶᠢᠭᠡᠮ ᠵᠢᠷᠤᠮ ᠤᠨ | ᠭᠤᠤᠯᠯᠠᠭᠴᠢ ᠦᠷᠳᠡᠭ ᠤᠨ ᠦᠵᠠᠯᠳᠠ ᠶᠢᠨ ᠰᠢᠷᠢᠰ ᠤᠬᠠᠭᠤᠯᠤᠯ ᠬᠦᠮᠦᠵᠢᠯ᠂ ᠭᠤᠤᠯ ᠰᠡᠳᠦᠪᠳᠤ ᠦᠢᠯᠡᠳᠦᠯᠭᠡ | ᠶᠢᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠤ᠂ ᠤᠯᠠᠨ ᠲᠦᠮᠡᠨᠴᠢ ᠴᠢᠨᠠᠷᠳᠠᠢ ᠤᠶᠤᠨ ᠤ ᠪᠤᠯᠪᠠᠰᠤᠨ ᠢ ᠡᠬᠦᠳᠤᠨ | ᠪᠠᠶᠢᠭᠤᠯᠬᠤ ᠠᠭᠤᠯᠤᠬᠤᠨ ᠢᠶᠠᠷ ᠪᠠᠶᠠᠯᠢᠭᠵᠢᠭᠤᠯᠤᠨ᠎ᠠ᠃ ᠨᠠᠮ ᠤᠨ ᠦᠨᠳᠤᠰᠤᠳᠠᠨ ᠤ ᠲᠦᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠦᠭᠡᠨ ᠳᠤᠭᠠᠳᠤ ᠦᠨᠳᠤᠰᠤᠳᠠᠨ ᠤ ᠦᠭᠡ ᠬᠡᠯᠡ | ᠦᠰᠦᠭ ᠪᠢᠴᠢᠭ ᠢ ᠲᠦᠷᠢᠮᠵᠢᠬᠦᠯᠤᠨ ᠬᠡᠷᠡᠭᠯᠡᠵᠤ᠂ ᠦᠨᠳᠤᠰᠤᠳᠠᠨ ᠤ ᠪᠦᠯᠬᠦᠮᠳᠠᠯ ᠳᠠᠪᠰᠢᠯᠳᠠ ᠶᠢ ᠡᠬᠦᠳᠤᠨ | ᠪᠠᠶᠢᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠤᠨ᠎ᠠ᠃ ᠨᠠᠶᠢᠭᠡᠮ ᠤᠨ ᠨᠢᠭᠦᠯᠡᠰᠦᠩᠭᠦᠢ ᠶᠢᠨ ᠦᠢᠯᠡᠰ ᠪᠠ | ᠦᠳᠡᠬᠦᠰ ᠤᠨ ᠦᠢᠯᠡᠰ ᠢ ᠢᠳᠡᠪᠬᠢᠳᠠᠢ ᠬᠦᠭᠵᠢᠬᠦᠯᠤᠨ᠂ ᠨᠠᠰᠤᠳᠠᠶᠢᠴᠤᠳ ᠤᠨ ᠡᠷᠭᠡ ᠠᠰᠢᠭ ᠢ ᠬᠠᠮᠠᠭᠠᠯᠠᠬᠤ | ᠬᠠᠤᠯᠢ ᠶᠢ ᠰᠠᠶᠢᠳᠤᠷ ᠨᠠᠶᠢᠳᠠᠪᠤᠷᠢᠵᠢᠭᠤᠯᠵᠤ᠂ ᠡᠮᠡᠭᠳᠠᠶᠢᠴᠤᠳ ᠬᠡᠤᠭᠡᠳ ᠤᠨ ᠵᠦᠢ ᠶᠤᠰᠤᠨ ᠤ ᠡᠷᠭᠡ ᠠᠰᠢᠭ ᠢ | ᠬᠦᠴᠤᠯᠠᠨ ᠪᠠᠳᠤᠯᠠᠵᠤ᠂ ᠵᠡᠮᠳᠡᠭᠴᠤᠳ ᠢ ᠬᠠᠮᠠᠭᠠᠯᠠᠬᠤ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠳᠠ ᠶᠢ | ᠴᠢᠩᠭᠠᠳᠬᠠᠨ᠎ᠠ᠃ ᠴᠡᠷᠢᠭ ᠠᠷᠠᠳ ᠬᠠᠮᠳᠤᠪᠠᠷ ᠪᠠᠶᠢᠭᠤᠯᠬᠤ ᠶᠢ ᠴᠢᠩᠭᠠᠳᠬᠠᠵᠤ᠂ ᠰᠢᠨ᠎ᠠ ᠬᠡᠯᠪᠡᠷᠢ ᠶᠢᠨ ᠴᠡᠷᠢᠭ | ᠵᠠᠰᠠᠭ᠂ ᠴᠡᠷᠢᠭ ᠠᠷᠠᠳ ᠤᠨ ᠬᠠᠷᠢᠴᠠᠭ᠎ᠠ ᠶᠢ ᠪᠠᠶᠢᠭᠤᠯᠵᠤ᠂ ᠦᠪᠡᠷᠳᠡᠭᠡᠨ ᠵᠠᠰᠠᠬᠤ ᠤᠷᠤᠨ ᠤ ᠳᠡᠰ ᠤᠨ ᠬᠤᠶᠠᠷ | ᠢ ᠬᠦᠷᠢᠶᠠᠯᠡᠬᠦ ᠵᠢᠱᠢᠶᠠᠴᠢ ᠬᠤᠰᠢᠭᠤ ᠶᠢ ᠦᠷᠬᠦᠯᠵᠢᠯᠠᠨ ᠡᠬᠦᠳᠤᠨ ᠪᠠᠶᠢᠭᠤᠯᠤᠨ᠎ᠠ᠃ | ᠨᠡᠶᠢᠭᠡᠮ ᠤᠨ ᠪᠠᠳᠤᠯᠠᠭ᠎ᠠ ᠶᠢᠨ ᠰᠢᠰᠲ᠋ᠧᠮ ᠢ ᠲᠡᠬᠦᠯᠳᠠᠷᠵᠢᠬᠦᠯᠤᠨᠠ᠃ ᠠᠷᠭ᠎ᠠ ᠪᠦᠬᠦᠨ ᠢ ᠰᠦᠪᠡᠭᠴᠢᠯᠠᠨ | ᠠᠵᠢᠯ ᠤᠯᠭᠤᠬᠤ ᠶᠢ ᠠᠬᠢᠭᠤᠯᠵᠤ᠂ 1800 ᠬᠦᠮᠦᠨ ᠳᠤ ᠰᠢᠨᠡᠪᠡᠷ ᠠᠵᠢᠯ ᠤᠯᠭᠤᠵᠤ᠂ ᠬᠤᠳᠡ ᠪᠠᠯᠭᠠᠰᠤᠨ ᠤ | ᠳᠠᠩᠰᠠᠯᠠᠭᠰᠠᠨ ᠠᠵᠢᠯ ᠠᠯᠳᠠᠬᠤ ᠨᠤᠷᠮ᠎ᠠ ᠶᠢ 3.9% ᠳᠤᠳᠤᠷ᠎ᠠ ᠬᠢᠵᠠᠭᠠᠷᠯᠠᠨ᠎ᠠ᠃ ᠨᠠᠶᠢᠭᠡᠮ ᠤᠨ ᠪᠠᠳᠤᠯᠠᠭ᠎ᠠ ᠶᠢᠨ | ᠪᠦᠷᠬᠦᠴᠡ ᠶᠢᠨ ᠬᠡᠮᠵᠢᠶ᠎ᠠ ᠶᠢ ᠦᠷᠭᠡᠳᠭᠡᠵᠤ᠂ ᠪᠠᠳᠤᠯᠠᠬᠤ ᠴᠢᠬᠤᠯᠠ ᠲᠢ ᠪᠦᠬᠦᠨ ᠢ ᠪᠠᠳᠤᠯᠠᠬᠤ ᠶᠢ ᠬᠦᠢᠴᠡᠳᠭᠡᠵᠤ | ᠂ ᠬᠦᠳᠡᠭᠡ ᠲᠤᠰᠬᠤᠨ ᠮᠠᠯᠵᠢᠬᠤ ᠤᠷᠤᠨ ᠤ ᠰᠢᠨ᠎ᠠ ᠬᠡᠯᠪᠡᠷᠢ ᠶᠢᠨ ᠬᠤᠷᠰᠢᠭᠰᠠᠨ ᠡᠮᠨᠡᠯᠭᠡ ᠶᠢᠨ ᠡᠳ᠋ ᠤᠨ ᠵᠠᠰᠠᠭ | ᠤᠨ ᠨᠦᠬᠦᠪᠤᠷᠢ ᠶᠢᠨ ᠪᠠᠷᠢᠮᠵᠢᠶ᠎ᠠ ᠪᠠᠨ ᠬᠦᠮᠦᠨ ᠪᠦᠷᠢ ᠵᠢᠯ ᠳᠤ ᠳᠡᠭᠰᠢᠳᠭᠡᠭᠡᠳ 380 ᠲᠦᠬᠦᠷᠢᠭ ᠪᠠᠶᠢᠭᠰᠠᠨ | ᠠᠴᠠ ᠳᠡᠭᠡᠭᠰᠢᠯᠡᠬᠦᠯᠦᠭᠡᠳ 455 ᠲᠦᠬᠦᠷᠢᠭ ᠪᠤᠯᠭᠠᠨ᠎ᠠ᠃ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ | ᠠᠵᠢᠯᠴᠢᠨ᠂ ᠬᠤᠳᠡ ᠬᠦᠳᠡᠭᠡ ᠶᠢᠨ ᠰᠠᠭᠤᠭᠠᠯᠢ ᠠᠷᠠᠳ ᠤᠨ ᠰᠠᠭᠤᠷᠢ ᠨᠠᠰᠤᠵᠢᠯ ᠤᠨ ᠮᠦᠩᠭᠦ᠂ ᠬᠤᠳᠡ ᠬᠦᠳᠡᠭᠡ | ᠶᠢᠨ ᠳᠤᠤᠷ᠎ᠠ ᠪᠠᠳᠤᠯᠠᠭ᠎ᠠ ᠶᠢᠨ ᠨᠦᠬᠦᠪᠤᠷᠢ ᠶᠢᠨ ᠭᠡᠮᠵᠢᠶ᠎ᠠ ᠪᠠᠨ ᠦᠷᠬᠦᠯᠵᠢᠯᠠᠨ ᠳᠡᠭᠡᠭᠰᠢᠯᠡᠬᠦᠯᠤᠨ᠎ᠠ᠃ ᠶᠠᠳᠠᠭᠤ ᠶᠢ | ᠳᠡᠳᠬᠦᠬᠦ ᠬᠦᠴᠢᠷᠳᠠᠢ ᠶᠢ ᠳᠡᠮᠵᠢᠬᠦ᠂ ᠠᠪᠤᠷᠠᠨ ᠳᠤᠰᠠᠯᠠᠬᠤ ᠠᠵᠢᠯᠯᠠᠭ᠎ᠠ ᠶᠢ ᠢᠳᠡᠪᠬᠢᠳᠠᠢ ᠦᠷᠨᠢᠬᠦᠯᠵᠤ᠂ ᠬᠠᠤᠯᠢ | ᠴᠠᠭᠠᠵᠠ ᠶᠢᠨ ᠰᠠᠯᠠᠭ᠎ᠠ ᠮᠦᠴᠢᠷ ᠤᠨ ᠨᠠᠶᠢᠭᠡᠮ ᠤᠨ ᠪᠠᠭᠤᠷᠠᠶᠢᠴᠤᠳ᠂ ᠳᠠᠷᠢᠶᠠᠴᠢᠨ ᠮᠠᠯᠴᠢᠨ ᠬᠦᠯᠦᠰᠤᠨ | ᠠᠵᠢᠯᠴᠢᠨ ᠳᠤ ᠬᠠᠤᠯᠢ ᠴᠠᠭᠠᠵᠠ ᠶᠢᠨ ᠳᠤᠰᠠᠯᠠᠮᠵᠢ ᠦᠵᠡᠬᠦᠯᠬᠦ ᠠᠵᠢᠯᠯᠠᠭ᠎ᠠ ᠶᠢ ᠢᠳᠡᠪᠬᠢᠳᠠᠢ ᠦᠷᠨᠢᠬᠦᠯᠵᠤ᠂ | ᠨᠠᠶᠢᠭᠡᠮ ᠤᠨ ᠠᠪᠤᠷᠠᠨ ᠳᠤᠰᠠᠯᠠᠬᠤ ᠡᠭᠢ ᠪᠠᠶᠠᠯᠢᠭ ᠤᠨ ᠦᠨᠡᠨᠬᠦ ᠪᠠᠴᠢᠮ ᠠᠪᠤᠷᠠᠨ ᠳᠤᠰᠠᠯᠠᠬᠤ ᠬᠡᠷᠡᠭᠴᠡᠭᠡ ᠲᠠᠢ | ᠤᠯᠠᠨ ᠲᠦᠮᠡᠨ ᠳᠤ ᠬᠡᠷᠡᠭᠯᠡᠬᠦ ᠶᠢ ᠪᠠᠳᠤᠯᠠᠨ᠂ ᠤᠨᠴᠠᠯᠠᠨ ᠳᠤᠤᠷ᠎ᠠ ᠪᠠᠳᠤᠯᠠᠭ᠎ᠠ ᠶᠢᠨ ᠡᠷᠦᠭᠡ᠂ ᠳᠠᠪᠤᠨ | ᠪᠠᠳᠤᠯᠠᠭᠠᠳᠦ ᠡᠷᠦᠭᠡ᠂ ᠦᠨᠤᠴᠢᠨ ᠬᠡᠤᠭᠡᠳ᠂ ᠵᠡᠮᠳᠡᠭᠴᠤᠳ᠂ ᠭᠤᠤᠯᠳᠠᠯᠭ᠎ᠠ ᠲᠠᠢ ᠬᠠᠷᠠᠭᠠᠯᠵᠠᠬᠤ ᠡᠳᠡᠭᠡᠳ | ᠵᠡᠷᠭᠡ ᠬᠦᠴᠢᠷᠳᠠᠢ ᠤᠯᠠᠨ ᠲᠦᠮᠡᠨ ᠳᠤ ᠨᠠᠶᠢᠭᠡᠮ ᠤᠨ ᠪᠠᠳᠤᠯᠠᠭ᠎ᠠ ᠶᠢ ᠬᠦᠷᠳᠡᠭᠡᠬᠦ ᠠᠵᠢᠯ ᠢ ᠰᠠᠶᠢᠳᠤᠷ ᠬᠢᠵᠤ᠂ ᠡᠨᠡ | ᠵᠢᠯ ᠡᠯ᠎ᠠ ᠲᠦᠷᠦᠯ ᠤᠨ ᠠᠰᠠᠷᠠᠮᠵᠢ ᠬᠠᠷᠠᠭᠠᠯᠵᠠᠯᠠᠯ ᠨᠦᠬᠦᠪᠤᠷᠢ ᠶᠢᠨ ᠪᠠᠷᠢᠮᠵᠢᠶ᠎ᠠ ᠶᠢ ᠨᠢᠳᠤᠨᠤᠨ ᠤ ᠰᠠᠭᠤᠷᠢ ᠳᠡᠭᠡᠷ᠎ᠠ | 10% ᠤᠷᠴᠢᠮ ᠳᠡᠭᠡᠭᠰᠢᠯᠡᠬᠦᠯᠬᠦ ᠶᠢ ᠪᠠᠳᠤᠯᠠᠨ᠎ᠠ᠃ | ᠨᠡᠶᠢᠭᠡᠮ ᠤᠨ ᠵᠠᠰᠠᠯᠳᠠ ᠳᠤ ᠢᠳᠡᠪᠬᠢᠳᠠᠢ ᠪᠠᠷ ᠰᠢᠨ᠎ᠠ ᠶᠢ ᠡᠬᠦᠳᠤᠨ᠎ᠠ᠃ ᠬᠠᠤᠯᠢ ᠪᠠᠷ ᠬᠤᠰᠢᠭᠤ ᠪᠠᠨ | ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠴᠡ ᠪᠠ ᠬᠠᠤᠯᠢ ᠪᠠᠷ ᠵᠠᠰᠠᠬᠤ ᠠᠷᠭ᠎ᠠ | ᠪᠠᠷ ᠦᠭᠡᠷᠡᠴᠢᠯᠠᠯᠳᠠ ᠶᠢ ᠬᠦᠨᠵᠡᠭᠡᠶᠢᠷᠡᠬᠦᠯᠵᠤ᠂ ᠦᠭᠡᠷᠡᠴᠢᠯᠠᠯᠳᠠ ᠶᠢ ᠠᠬᠢᠭᠤᠯᠵᠤ᠂ ᠨᠠᠶᠢᠭᠡᠮ ᠤᠨ ᠵᠦᠷᠢᠴᠠᠯ ᠢ | ᠡᠶᠡᠳᠡᠬᠦᠯᠬᠦ ᠶᠢ ᠪᠠᠷᠢᠮᠳᠠᠯᠠᠨ᠎ᠠ᠃ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠠᠵᠢᠯᠯᠠᠭ᠎ᠠ ᠶᠢ ᠲᠦᠷᠢᠮᠵᠢᠬᠦᠯᠤᠨ᠂ | ᠬᠦᠳᠠᠯᠮᠤᠷᠢᠴᠢᠳ ᠤᠨᠴᠠᠯᠠᠨ ᠳᠠᠷᠢᠶᠠᠴᠢᠨ ᠮᠠᠯᠴᠢᠨ ᠬᠦᠯᠦᠰᠤᠨ ᠠᠵᠢᠯᠴᠢᠨ ᠤ ᠵᠦᠢ ᠶᠤᠰᠤᠨ ᠤ ᠡᠷᠭᠡ ᠠᠰᠢᠭ ᠢ | ᠦᠨᠡᠨᠬᠦ ᠬᠠᠮᠠᠭᠠᠯᠠᠵᠤ᠂ ᠵᠤᠷᠢᠭᠤᠳᠡ ᠴᠠᠯᠢᠩ ᠤᠯᠬᠤ ᠪᠠᠷ ᠡᠷᠢᠬᠦ ᠪᠠ ᠵᠤᠷᠢᠭᠤᠳᠡ ᠮᠠᠯᠴᠢᠨ ᠳᠠᠷᠢᠶᠠᠴᠢᠨ | ᠬᠦᠯᠦᠰᠤᠨ ᠠᠵᠢᠯᠴᠢᠨ ᠤ ᠴᠠᠯᠢᠩ ᠢ ᠦᠷᠢᠳᠦᠵᠤ ᠪᠠᠶᠢᠭ᠎ᠠ ᠠᠵᠢᠯᠯᠠᠭ᠎ᠠ ᠳᠤ ᠴᠢᠩᠭ᠎ᠠ ᠴᠤᠬᠢᠯᠳᠠ ᠦᠭᠬᠦᠨ᠎ᠠ᠃ | ᠢᠳᠡᠭᠡᠨ ᠤ ᠵᠦᠢᠯ᠂ ᠡᠮ ᠤᠨ ᠵᠦᠢᠯ ᠤ ᠬᠢᠨᠠᠨ ᠬᠠᠮᠢᠶᠠᠷᠬᠤ ᠬᠦᠴᠤᠨ ᠢᠶᠠᠨ ᠶᠡᠬᠡᠰᠭᠡᠵᠤ᠂ ᠰᠤᠯᠠ ᠢᠳᠡᠭᠡᠨ ᠤ | ᠳᠤᠭᠤᠷᠢᠭ᠂ ᠢᠳᠡᠭᠡᠨ ᠤ ᠵᠦᠢᠯ ᠡᠮ ᠤᠨ ᠵᠦᠢᠯ ᠢ ᠬᠢᠨᠠᠨ ᠰᠢᠯᠭᠠᠬᠤ ᠲᠦᠪ ᠤᠨ ᠪᠠᠶᠢᠭᠤᠯᠤᠯᠳᠠ ᠶᠢ | ᠴᠢᠩᠭᠠᠳᠬᠠᠨ᠎ᠠ᠃ ᠵᠠᠬᠢᠳᠠᠯ ᠰᠤᠷᠪᠤᠯᠵᠢᠯᠠᠯ ᠤᠨ ᠠᠵᠢᠯ ᠢ ᠳᠡᠭᠡᠳᠦ ᠬᠡᠮᠵᠢᠶ᠎ᠠ ᠪᠠᠷ ᠴᠢᠬᠤᠯᠠᠴᠢᠯᠠᠨ᠂ ᠨᠠᠮ ᠵᠠᠰᠠᠭ | ᠤᠨ ᠤᠳᠤᠷᠢᠳᠤᠯᠭ᠎ᠠ ᠳᠤᠭᠳᠠᠭᠰᠠᠨ ᠬᠤᠭᠤᠴᠠᠭᠠᠨ ᠳᠤ ᠵᠠᠬᠢᠳᠠᠯ ᠰᠤᠷᠪᠤᠯᠵᠢᠯᠠᠯ ᠤᠨ ᠲᠢᠩᠭᠢᠮ ᠳᠤ ᠰᠠᠭᠤᠵᠤ᠂ | ᠤᠯᠠᠨ ᠲᠦᠮᠡᠨ` ᠤ ᠵᠠᠬᠢᠳᠠᠯ ᠰᠤᠷᠪᠤᠯᠵᠢᠯᠠᠭ᠎ᠠ ᠬᠢᠬᠦ ᠶᠢ ᠬᠦᠯᠢᠶᠠᠨ ᠠᠪᠬᠤ ᠲᠦᠷᠢᠮ ᠪᠠ ᠵᠠᠬᠢᠳᠠᠯ ᠰᠤᠷᠪᠤᠯᠵᠢᠯᠠᠯ ᠤᠨ | ᠬᠡᠷᠡᠭ ᠢ ᠳᠠᠭᠠᠭᠠᠴᠢᠯᠠᠬᠤ ᠲᠦᠷᠢᠮ ᠢ ᠤᠯᠠᠮ ᠨᠢᠭᠡ ᠠᠯᠬᠤᠮ ᠳᠡᠬᠦᠯᠳᠠᠷᠵᠢᠬᠦᠯᠵᠤ᠂ ᠵᠠᠬᠢᠳᠠᠯ ᠰᠤᠷᠪᠤᠯᠵᠢᠯᠠᠯ ᠤᠨ | ᠡᠮᠭᠢ ᠲᠢᠭᠯᠢᠮ ᠢ ᠬᠠᠤᠯᠢ ᠶᠤᠰᠤᠭᠠᠷ ᠲᠦᠷᠢᠮᠵᠢᠬᠦᠯᠵᠤ᠂ ᠬᠠᠤᠯᠢ ᠶᠤᠰᠤᠭᠠᠷ ᠵᠦᠷᠢᠴᠠᠯ ᠵᠢᠭᠤᠷᠭᠠᠨ ᠢ | ᠰᠢᠢᠳᠪᠤᠷᠢᠯᠡᠬᠦ ᠳᠤᠭᠳᠠᠴᠡ ᠶᠢ ᠪᠠᠶᠢᠭᠤᠯᠵᠤ᠂ ᠤᠯᠠᠨ ᠲᠦᠮᠡᠨ ᠤ ᠵᠦᠢ ᠵᠤᠬᠢᠰᠳᠠᠢ ᠵᠠᠷᠭᠤ ᠵᠠᠭᠠᠯᠳᠤᠯᠭ᠎ᠠ ᠶᠢ | ᠰᠠᠶᠢᠳᠤᠷ ᠰᠢᠢᠳᠪᠤᠷᠢᠯᠡᠬᠦ ᠶᠢ ᠪᠠᠳᠤᠯᠠᠨ᠎ᠠ᠃ ᠡᠯ᠎ᠠ ᠵᠦᠢᠯ ᠤᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ | ᠴᠢᠩᠭ᠎ᠠ ᠴᠤᠬᠢᠯᠳᠠ ᠦᠭᠴᠤ᠂ ᠠᠮᠤᠷ ᠢ ᠬᠠᠮᠠᠭᠠᠯᠠᠬᠤ ᠠᠵᠢᠯ ᠲᠠᠢ ᠬᠤᠯᠪᠤᠭᠳᠠᠬᠤ ᠠᠰᠠᠭᠤᠳᠠᠯ ᠢ ᠴᠡᠭᠴᠡᠯᠡᠨ | ᠵᠠᠰᠠᠵᠤ᠂ ᠤᠯᠠᠨ ᠲᠦᠮᠡᠨᠴᠢ ᠴᠢᠨᠠᠷᠳᠠᠢ ᠬᠡᠨᠡᠳᠳᠡ ᠶᠢᠨ ᠬᠡᠷᠡᠭ ᠢ ᠪᠦᠳᠦᠮᠵᠢᠳᠠᠢ ᠰᠡᠷᠭᠡᠶᠢᠯᠡᠬᠦ ᠪᠠ ᠰᠢᠢᠳᠪᠤᠷᠢᠯᠠᠨ᠎ᠠ᠃ | ᠨᠠᠶᠢᠭᠡᠮ ᠳᠤᠭᠤᠷᠢᠭ ᠤᠨ ᠵᠠᠯᠠᠷᠠᠭᠤᠯᠬᠤ ᠠᠵᠢᠯ ᠢ ᠦᠨᠡᠨ ᠪᠤᠳᠠᠳᠠᠢ ᠬᠢᠵᠤ᠂ ᠬᠢᠨᠠᠨ ᠬᠠᠮᠢᠶᠠᠷᠤᠯᠳᠠ ᠪᠠᠨ | ᠴᠢᠩᠭᠠᠳᠬᠠᠵᠤ᠂ ᠰᠤᠷᠭᠠᠨ ᠬᠦᠮᠦᠵᠢᠬᠦᠯᠬᠦ ᠵᠠᠯᠠᠷᠠᠭᠤᠯᠬᠤ ᠴᠢᠨᠠᠷ ᠢᠶᠠᠨ ᠳᠡᠭᠡᠭᠰᠢᠯᠡᠬᠦᠯᠵᠤ᠂ ᠡᠷᠡᠬᠦᠦ ᠶᠢᠨ | ᠬᠤᠭᠤᠴᠠᠭ᠎ᠠ ᠶᠢ ᠲᠤᠯᠵᠤ ᠰᠤᠯᠠᠯᠠᠭᠳᠠᠭᠰᠠᠨ ᠬᠦᠮᠦᠰ ᠢ ᠲᠦᠪᠬᠢᠨᠡᠬᠦᠯᠤᠨ ᠬᠠᠪᠰᠤᠷᠴᠤ ᠬᠦᠮᠦᠵᠢᠬᠦᠯᠬᠦ ᠠᠵᠢᠯ ᠢ | ᠪᠦᠬᠦ ᠬᠦᠴᠤᠨ ᠢᠶᠠᠷ ᠰᠠᠶᠢᠳᠤᠷ ᠬᠢᠨ᠎ᠠ᠃ | ᠲᠦᠯᠦᠭᠡᠯᠡᠭᠴᠢᠳ ᠡ᠂ ᠰᠢᠨ᠎ᠠ ᠨᠢᠭᠡᠨ ᠵᠢᠯ ᠳᠤ ᠪᠢᠳᠡ ᠡᠩ ᠲᠡᠷᠢᠬᠦᠨ ᠳᠤ ᠠᠷᠠᠳ ᠤᠨ ᠠᠮᠢᠳᠤᠷᠠᠯ ᠤᠨ | ᠪᠡᠯᠡ ᠤᠷᠤᠭᠤᠯᠤᠯᠳᠠ ᠶᠢ ᠪᠠᠳᠤᠯᠠᠨ᠂ ᠠᠷᠠᠳ ᠤᠨ ᠠᠮᠢᠳᠤᠷᠠᠯ ᠤᠨ ᠢᠨᠵᠧᠨ᠋ᠷᠢᠩ ᠢ ᠳᠤᠬᠢᠷᠠᠭᠤᠯᠵᠤ᠂ ᠠᠷᠠᠳ ᠤᠨ | ᠠᠮᠢᠳᠤᠷᠠᠯ ᠤᠨ ᠠᠰᠠᠭᠤᠳᠠᠯ ᠢ ᠰᠢᠢᠳᠪᠤᠷᠢᠯᠡᠵᠤ᠂ ᠨᠠᠢᠮᠠᠨ ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠭ ᠢ | ᠭᠤᠤᠯᠳᠠᠯᠭ᠎ᠠ ᠲᠠᠢ ᠬᠡᠷᠡᠭᠵᠢᠬᠦᠯᠤᠨ᠎ᠠ᠃ | ᠠᠷᠠᠳ ᠲᠦᠮᠡᠨ ᠤ ᠠᠮᠤᠭᠤᠯᠠᠩ ᠤᠷᠤᠨ ᠰᠠᠭᠤᠴᠡ ᠶᠢᠨ ᠢᠨᠵᠧᠨ᠋ᠷᠢᠩ ᠢ ᠬᠡᠷᠡᠭᠵᠢᠬᠦᠯᠤᠨ᠎ᠠ᠃ ᠬᠦᠳᠡᠭᠡ ᠲᠤᠰᠬᠤᠨ | ᠮᠠᠯᠵᠢᠬᠤ ᠤᠷᠤᠨ ᠤ ᠨᠤᠷᠠᠬᠤ ᠠᠶᠤᠯ ᠲᠠᠢ ᠭᠡᠷ ᠪᠠᠶᠢᠰᠢᠩ ᠢ 17771 ᠵᠠᠰᠠᠨ ᠰᠢᠨᠡᠳᠭᠡᠵᠤ᠂ 100 ᠢᠵᠢ | ᠨᠠᠶᠢᠳᠡ ᠶᠢᠨ ᠲᠦᠷᠢᠶᠠᠰᠤᠨ ᠭᠡᠷ᠂ 6000 ᠳᠡᠭᠰᠢ ᠲᠦᠷᠪᠡᠯᠵᠢᠨ ᠮᠧᠲᠷ ᠰᠢᠨᠡᠪᠡᠷ ᠪᠠᠶᠢᠭᠤᠯᠵᠤ᠂ 20 | ᠬᠠᠭᠤᠴᠢᠨ ᠮᠠᠭᠤ ᠪᠠᠭ᠎ᠠ ᠳᠤᠭᠤᠷᠢᠭ ᠢ ᠦᠭᠡᠷᠡᠴᠢᠯᠠᠨ ᠵᠠᠰᠠᠵᠤ᠂ 8.5 ᠲᠡᠭᠰᠢ ᠲᠦᠷᠪᠡᠯᠵᠢᠨ ᠮᠧᠲᠷ ᠤᠳᠤ | ᠪᠠᠶᠢᠭ᠎ᠠ ᠪᠠᠷᠢᠯᠭ᠎ᠠ ᠳᠤ ᠡᠨᠧᠷᠭᠢ ᠠᠷᠪᠢᠯᠠᠬᠤ ᠦᠭᠡᠷᠡᠴᠢᠯᠠᠨ ᠵᠠᠰᠠᠯᠳᠠ ᠬᠢᠨ᠎ᠠ ᠃ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠢᠨᠵᠧᠨ᠋ᠷᠢᠩ ᠢ ᠭᠡᠷᠡᠭᠵᠢᠬᠦᠯᠤᠨ᠎ᠠ᠃ ᠪᠠᠷᠢᠯᠭ᠎ᠠ ᠶᠢᠨ | ᠳᠠᠯᠠᠪᠠᠢ ᠨᠢ 6000 ᠲᠡᠭᠰᠢ ᠲᠦᠷᠪᠡᠯᠵᠢᠨ ᠮᠧᠲᠷ ᠤᠨ ᠠᠴᠢᠳᠠᠢ ᠨᠠᠰᠤᠳᠠᠨ ᠤ ᠠᠰᠠᠷᠠᠮᠵᠢ ᠶᠢᠨ ᠬᠦᠷᠢᠶᠠᠯᠠᠩ ᠢ | ᠪᠠᠶᠢᠭᠤᠯᠵᠤ᠂ 400 ᠤᠷᠤ ᠰᠢᠨᠡᠪᠡᠷ ᠨᠡᠮᠡᠭᠳᠡᠬᠦᠯᠤᠨ᠎ᠠ︔ ᠬᠤᠶᠢᠳᠦ ᠬᠡᠰᠡᠭ ᠤᠨ ᠮᠠᠯᠵᠢᠬᠤ ᠤᠷᠤᠨ ᠤ ᠭᠤᠤᠯ | ᠨᠠᠰᠤᠳᠠᠨ ᠤ ᠠᠰᠠᠷᠠᠮᠵᠢ ᠶᠢᠨ ᠬᠦᠷᠢᠶᠠᠯᠠᠩ ᠢ 2100 ᠳᠡᠭᠰᠢ ᠲᠦᠷᠪᠡᠯᠵᠢᠨ ᠮᠧᠲᠷ ᠦᠷᠭᠡᠳᠭᠡᠨ ᠪᠠᠶᠢᠭᠤᠯᠵᠤ᠂ | 200 ᠤᠷᠤ ᠰᠢᠨᠡᠪᠡᠷ ᠨᠡᠮᠡᠭᠳᠡᠬᠦᠯᠤᠨ᠎ᠠ᠃ | ᠡᠷᠡᠬᠦᠯ ᠬᠠᠮᠠᠭᠠᠯᠠᠯ ᠤᠨ ᠰᠠᠭᠤᠷᠢ ᠲᠦᠭᠦᠬᠡᠷᠦᠮᠵᠢ ᠶᠢ ᠰᠠᠶᠢᠵᠢᠷᠠᠭᠤᠯᠬᠤ ᠢᠨᠵᠧᠨ᠋ᠷᠢᠩ ᠢ ᠬᠡᠷᠡᠭᠦᠵᠢᠬᠦᠯᠦᠨᠡ᠃ 45 | ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠭᠡᠷ᠂ 1300 ᠲᠡᠭᠰᠢ ᠲᠦᠷᠪᠡᠯᠵᠢᠨ ᠮᠧᠲᠷ ᠮᠤᠩᠭᠤᠯ ᠡᠮᠨᠡᠮᠯᠭᠡ ᠶᠢᠨ | ᠬᠤᠷᠢᠶᠠᠨ ᠤ ᠡᠪᠡᠳᠴᠢᠳᠡᠨ ᠤ ᠠᠰᠠᠷ ᠢ ᠪᠠᠶᠢᠭᠤᠯᠵᠦ᠂ ᠵᠢᠯ ᠠᠴᠠ ᠡᠮᠦᠨ᠎ᠡ ᠬᠤᠰᠢᠭᠤᠨ ᠤ ᠠᠷᠠᠳ ᠤᠨ ᠡᠮᠨᠡᠯᠭᠡ | ᠶᠢᠨ ᠬᠤᠷᠢᠶᠠᠨ ᠤ ᠭᠠᠳᠠᠷ ᠰᠠᠯᠠᠭ᠎ᠠ ᠶᠢᠨ ᠡᠪᠡᠳᠴᠢᠳᠡᠨ ᠤᠨ ᠠᠰᠢᠭᠯᠠᠯᠳᠠ ᠳᠤ ᠤᠷᠤᠬᠤ ᠶᠢ ᠪᠠᠳᠤᠯᠠᠨ᠎ᠠ᠃ 4000 | ᠳᠡᠭᠰᠢ ᠲᠦᠷᠪᠡᠯᠵᠢᠨ ᠮᠧᠲᠷ ᠤᠨ ᠵᠡᠮᠳᠡᠭᠴᠤᠳ ᠤᠨ ᠡᠷᠡᠬᠦᠯᠵᠢᠯ ᠪᠠ ᠨᠠᠶᠢᠳᠠᠵᠤ ᠠᠰᠠᠷᠠᠭᠤᠯᠬᠤ ᠲᠦᠪ ᠢ | ᠪᠠᠶᠢᠭᠤᠯᠤᠨ᠎ᠠ᠃ | ᠰᠤᠷᠭᠠᠭᠤᠯᠢ ᠡᠬᠢᠯᠡᠬᠦ ᠨᠦᠬᠦᠴᠠᠯ ᠢ ᠰᠠᠶᠢᠵᠢᠷᠠᠭᠤᠯᠬᠤ ᠢᠨᠵᠧᠨ᠋ᠷᠢᠩ ᠢ ᠬᠡᠷᠡᠭᠵᠢᠬᠦᠯᠤᠨ᠎ᠠ᠃ 46 ᠰᠠᠭᠤᠷᠢ | ᠵᠢᠭᠠᠨ ᠰᠤᠷᠭᠠᠬᠤ ᠴᠡᠭ ᠢ ᠰᠢᠨᠡᠪᠡᠷ ᠪᠠᠶᠢᠭᠤᠯᠬᠤ ᠪᠤᠶᠤ ᠰᠠᠯᠪᠢᠨ ᠵᠠᠰᠠᠵᠤ᠂ ᠠᠵᠢᠯ ᠮᠡᠷᠭᠡᠵᠢᠯ ᠤᠨ ᠰᠤᠷᠭᠠᠨ | ᠬᠦᠮᠦᠵᠢᠯ ᠤᠨ ᠲᠦᠪ ᠤᠨ ᠨᠢᠭᠡᠳᠦᠭᠡᠷ ᠬᠤᠭᠤᠴᠠᠭᠠᠨ ᠤ ᠢᠨᠵᠧᠨᠧᠷᠢᠭ ᠤᠨ ᠪᠠᠶᠢᠭᠤᠯᠤᠯᠳᠠ ᠶᠢ ᠪᠠᠶᠡᠯᠡᠬᠦᠯᠵᠤ᠂ 33 | ᠰᠠᠭᠤᠷᠢ ᠤᠯᠤᠰ ᠤᠨ ᠲᠡᠰ ᠤᠨ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢᠨ ᠤᠨᠴᠠᠯᠢᠭᠳᠦ ᠰᠤᠷᠭᠠᠭᠤᠯᠢ | ᠪᠠᠶᠢᠭᠤᠯᠤᠨ᠎ᠠ ᠃ | ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠳᠠᠭᠤᠷᠢᠶᠠᠯ ᠦᠵᠡᠬᠦᠯᠬᠦ ᠢᠨᠵᠧᠨ᠋ᠷᠢᠩ ᠢ | ᠬᠡᠷᠡᠭᠵᠢᠬᠦᠯᠤᠨ᠎ᠠ᠃ ᠢᠳᠡᠭᠡᠨ ᠤ ᠵᠦᠢᠯ ᠢ ᠦᠢᠯᠡᠳᠪᠤᠷᠢᠯᠡᠬᠦ 190 ᠪᠠᠭ᠎ᠠ ᠦᠢᠯᠡᠳᠭᠡᠯ ᠢ ᠦᠭᠡᠷᠡᠴᠢᠯᠠᠨ | ᠰᠠᠶᠢᠵᠢᠷᠠᠭᠤᠯᠵᠤ᠂ ᠢᠳᠡᠭᠡᠨ ᠤ ᠵᠦᠢᠯ ᠤᠨ ᠬᠦᠢᠯᠭᠡᠭᠡᠨ ᠤ ᠠᠵᠤ ᠠᠬᠤᠶᠢᠯᠠᠯ ᠤᠨ ᠳᠠᠭᠤᠷᠢᠶᠠᠯ ᠦᠵᠡᠬᠦᠯᠬᠦ | ᠳᠡᠯᠭᠡᠬᠦᠷ ᠢ 800 ᠬᠦᠷᠭᠡᠵᠤ᠂ ᠢᠳᠡᠭᠡᠨ ᠤᠮᠳᠠᠭᠠᠨ ᠤ ᠦᠢᠯᠡᠴᠢᠯᠡᠭᠡᠨ ᠤ ᠳᠠᠭᠤᠷᠢᠶᠠᠯ ᠦᠵᠡᠬᠦᠯᠬᠦ ᠳᠡᠯᠭᠡᠬᠦᠷ ᠢ | 150 ᠬᠦᠷᠭᠡᠵᠤ᠂ 200 ᠳᠡᠭᠰᠢ ᠲᠦᠷᠪᠡᠯᠵᠢᠨ ᠮᠧᠲᠷ ᠠᠴᠠ ᠳᠡᠭᠡᠭᠰᠢ ᠳᠡᠯᠭᠡᠬᠦᠷ ᠪᠠ ᠢᠳᠡᠭᠡᠨ ᠤ | ᠳᠠᠷᠢᠶᠠᠯᠠᠩ ᠤᠨ ᠭᠠᠷᠤᠯᠳᠠ ᠶᠢ ᠪᠦᠭᠡᠮ ᠢᠶᠠᠷ ᠬᠤᠳᠠᠯᠳᠤᠬᠤ ᠠᠵᠤ ᠠᠬᠤᠶᠢᠯᠠᠯ ᠪᠦᠷᠢ ᠳᠤ ᠳᠠᠷᠢᠶᠠᠨ ᠡᠮ ᠤᠨ | ᠦᠯᠡᠳᠡᠭᠳᠠᠯ ᠢ ᠲᠦᠷᠭᠡᠨ ᠰᠢᠯᠭᠠᠬᠤ ᠲᠦᠬᠦᠭᠡᠷᠤᠮᠵᠢ ᠶᠢ ᠪᠦᠷᠢᠳᠦᠬᠦᠯᠤᠨ᠎ᠠ᠃ | ᠬᠤᠳᠡ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠬᠦᠯᠬᠦ ᠢᠨᠵᠧᠨᠧᠷᠢᠭ ᠢ | ᠭᠡᠷᠡᠭᠵᠢᠬᠦᠯᠤᠨ᠎ᠠ᠃ ᠬᠤᠳᠡ ᠬᠦᠳᠡᠭᠡ ᠶᠢᠨ ᠳᠤᠤᠷ᠎ᠠ ᠪᠠᠳᠤᠯᠠᠭ᠎ᠠ ᠶᠢᠨ ᠨᠦᠬᠦᠪᠤᠷᠢ ᠶᠢᠨ ᠪᠠᠷᠢᠮᠵᠢᠶ᠎ᠠ ᠶᠢ | ᠳᠡᠭᠡᠭᠰᠢᠯᠡᠬᠦᠯᠵᠤ᠂ ᠬᠤᠳᠡ ᠪᠠᠯᠭᠠᠰᠤᠨ ᠤ ᠳᠤᠤᠷ᠎ᠠ ᠪᠠᠳᠤᠯᠠᠭ᠎ᠠ ᠶᠢ ᠬᠦᠮᠦᠨ ᠪᠦᠷᠢ ᠰᠠᠷ᠎ᠠ ᠳᠤ ᠳᠡᠭᠰᠢᠳᠭᠡᠭᠡᠳ | 20 ᠲᠦᠬᠦᠷᠢᠭ ᠨᠡᠮᠡᠭᠳᠡᠬᠦᠯᠵᠤ᠂ 450 ᠲᠦᠬᠦᠷᠢᠭ ᠬᠦᠷᠭᠡᠨ᠎ᠠ᠂ ᠪᠠᠳᠤᠯᠠᠬᠤ ᠬᠦᠮᠦᠨ ᠤ ᠳᠤᠭ᠎ᠠ ᠶᠢ 1 | ᠲᠦᠮᠡ ᠤᠷᠴᠢᠨ ᠪᠠᠶᠢᠬᠤ ᠶᠢ ᠪᠠᠳᠤᠯᠠᠨ᠎ᠠ︔ ᠬᠦᠳᠡᠭᠡ ᠲᠤᠰᠬᠤᠨ ᠮᠠᠯᠵᠢᠬᠤ ᠤᠷᠤᠨ ᠤ ᠳᠤᠤᠷ᠎ᠠ ᠪᠠᠳᠤᠯᠠᠭ᠎ᠠ ᠶᠢ | ᠬᠦᠮᠦᠨ ᠪᠦᠷᠢ ᠳᠡᠭᠰᠢᠳᠭᠡᠭᠡᠳ ᠵᠢᠯ ᠳᠤ 180 ᠲᠦᠬᠦᠷᠢᠭ ᠨᠡᠮᠡᠭᠳᠡᠬᠦᠯᠵᠤ᠂ 2700 ᠲᠦᠬᠦᠷᠢᠭ ᠬᠦᠷᠭᠡᠵᠤ | ᠪᠠᠳᠤᠯᠠᠬᠤ ᠬᠦᠮᠦᠨ ᠢ 2 ᠲᠦᠮᠡ ᠤᠷᠴᠢᠮ ᠪᠠᠶᠢᠬᠤ ᠶᠢ ᠪᠠᠳᠤᠯᠠᠨ᠎ᠠ᠃ | ᠬᠤᠳᠡ ᠬᠦᠳᠡᠭᠡ ᠶᠢᠨ ᠠᠷᠢᠭᠤᠨ ᠴᠡᠪᠡᠷ ᠢᠨᠵᠧᠨ᠋ᠷᠢᠩ ᠢ ᠭᠡᠷᠡᠭᠵᠢᠬᠦᠯᠤᠨ᠎ᠠ᠃ ᠭᠠᠴᠠᠭ᠎ᠠ ᠲᠤᠰᠬᠤᠨ ᠳᠤ144 | ᠬᠠᠶᠠᠭᠳᠠᠮᠠᠯ ᠡᠳ᠋ ᠤᠨ ᠲᠠᠯᠠᠪᠤᠷ ᠪᠠᠶᠢᠭᠤᠯᠵᠦ᠂ 487 ᠬᠤᠭ ᠤᠨ ᠰᠠᠪᠠ ᠲᠠᠯᠪᠢᠵᠦ᠂ ᠬᠦᠳᠡᠭᠡ ᠲᠤᠰᠬᠤᠨ | ᠮᠠᠯᠵᠢᠬᠤ ᠤᠷᠤᠨ ᠤ ᠠᠷᠢᠭᠤᠨ ᠴᠡᠪᠡᠷ ᠢ ᠬᠠᠮᠠᠭᠠᠯᠠᠬᠤ ᠡᠩᠨᠡᠭᠡ ᠵᠠᠢ ᠪᠠᠶᠢᠭᠤᠯᠵᠦ ᠭᠠᠴᠠᠭ᠎ᠠ ᠲᠤᠰᠬᠤᠨ ᠪᠦᠷᠢ ᠳᠤ | ᠠᠷᠢᠭᠤᠨ ᠴᠡᠪᠡᠷ ᠢ ᠬᠠᠮᠠᠭᠠᠯᠠᠭᠴᠢ ᠲᠤᠬᠢᠷᠠᠭᠤᠯᠤᠭᠰᠠᠨ ᠪᠠᠶᠢᠵᠦ ᠬᠤᠭ ᠨᠤᠪᠰᠢ ᠶᠢ ᠠᠷᠢᠯᠭᠠᠬᠤ ᠵᠠᠷᠤᠳᠠᠯ ᠢ | ᠬᠤᠷᠰᠢᠭᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠎ᠠ᠃ | ︵ᠶᠢᠰᠤ︶ ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠨᠠᠶᠢᠳᠡ ᠶᠢᠨ | ᠢᠳᠡᠭᠡᠬᠦᠯᠬᠦ ᠬᠦᠴᠤᠨ ᠪᠠ ᠬᠡᠷᠡᠭᠵᠢᠬᠦᠯᠬᠦ ᠬᠦᠴᠤᠨ ᠢ ᠳᠡᠭᠡᠭᠰᠢᠯᠡᠬᠦᠯᠤᠨ᠎ᠠ᠃ ᠬᠦᠭᠵᠢᠬᠦᠯᠬᠦ ᠬᠦᠨᠳᠤ ᠡᠬᠦᠷᠭᠡ᠂ | ᠠᠷᠠᠳ ᠲᠦᠮᠡᠨ ᠤ ᠬᠦᠰᠠᠯ ᠡᠷᠡᠮᠡᠯᠵᠠᠯᠠᠯ᠂ ᠵᠠᠰᠠᠭ ᠤᠨ ᠤᠷᠳᠤᠨ ᠤ ᠠᠵᠢᠯ ᠳᠤ ᠨᠡᠩ ᠦᠨᠳᠤᠷ ᠱᠠᠭᠠᠷᠳᠠᠯᠭ᠎ᠠ | ᠳᠤᠷᠠᠳᠤᠪᠠ᠂ ᠪᠢᠳᠡ ᠡᠷᠬᠡᠪᠰᠢ ᠬᠦᠭᠵᠢᠬᠦᠯᠤᠯᠳᠠ ᠳᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠤ᠂ ᠠᠷᠠᠳ | ᠤᠨ ᠠᠮᠢᠳᠤᠷᠠᠯ ᠳᠤ ᠬᠦᠴᠤᠯᠠᠨ ᠴᠢᠷᠮᠠᠶᠢᠵᠤ᠂ ᠠᠷᠠᠳ ᠲᠦᠮᠡᠨ ᠬᠠᠨᠤᠮᠵᠢᠳᠠᠢ ᠵᠠᠰᠠᠭ ᠤᠨ ᠤᠷᠳᠤᠨ ᠢ ᠪᠦᠬᠦ ᠲᠠᠯ᠎ᠠ | ᠪᠠᠷ ᠴᠢᠷᠮᠠᠶᠢᠨ ᠪᠠᠶᠢᠭᠤᠯᠬᠤ ᠬᠡᠷᠡᠭᠳᠠᠢ᠃ | ᠬᠠᠤᠯᠢ ᠶᠤᠰᠤᠭᠠᠷ ᠵᠠᠰᠠᠭ ᠪᠠᠷᠢᠬᠤ ᠶᠢ ᠪᠠᠷᠢᠮᠳᠠᠯᠠᠨ᠂ ᠬᠠᠤᠯᠢ ᠪᠠᠷ ᠵᠠᠰᠠᠭᠰᠠᠨ ᠵᠠᠰᠠᠭ ᠤᠨ ᠤᠷᠳᠤᠨ ᠢ | ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ ᠠᠷᠠᠳᠴᠢᠯᠠᠯᠳᠦ ᠬᠠᠤᠯᠢ ᠪᠠᠷ ᠵᠠᠰᠠᠬᠤ ᠴᠢᠳᠠᠪᠤᠷᠢ ᠶᠢᠨ ᠳᠤᠭᠳᠠᠴᠡ ᠶᠢ | ᠳᠡᠬᠦᠯᠳᠠᠷᠵᠢᠬᠦᠯᠵᠤ᠂ ᠴᠢᠬᠤᠯᠠ ᠵᠠᠰᠠᠭ ᠵᠠᠬᠢᠷᠭᠠᠨ ᠤ ᠰᠢᠢᠳᠪᠤᠷᠢ ᠶᠢ ᠬᠠᠤᠯᠢ ᠶᠤᠰᠤᠭᠠᠷ ᠬᠢᠨᠠᠨ ᠪᠠᠶᠢᠴᠠᠭᠠᠬᠤ ᠪᠠ | ᠲᠦᠭᠰᠢᠬᠦᠷᠢ ᠶᠢ ᠦᠨᠡᠯᠡᠬᠦ ᠳᠤᠭᠳᠠᠴᠡ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠤᠷᠳᠤᠨ ᠤ ᠬᠠᠤᠯᠢ | ᠴᠠᠭᠠᠵᠠ ᠶᠢᠨ ᠵᠦᠪᠯᠡᠭᠴᠢ ᠶᠢᠨ ᠲᠦᠷᠢᠮ ᠢ ᠳᠡᠬᠦᠯᠳᠠᠷᠵᠢᠬᠦᠯᠵᠤ᠂ ᠵᠠᠰᠠᠭ ᠵᠠᠬᠢᠷᠭᠠᠨ ᠤ ᠰᠢᠢᠳᠪᠤᠷᠢ ᠶᠢᠨ ᠠᠯᠬᠤᠮ | ᠳᠠᠷᠠᠭ᠎ᠠ ᠶᠢ ᠤᠯᠠᠮ ᠨᠢᠭᠡ ᠠᠯᠬᠤᠮ ᠲᠦᠷᠢᠮᠵᠢᠬᠦᠯᠤᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠬᠠᠤᠯᠢ ᠴᠠᠭᠠᠵᠠ ᠶᠢᠨ ᠬᠢᠨᠠᠯᠳᠠ᠂ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠳᠦ ᠬᠢᠨᠠᠯᠳᠠ ᠪᠠ ᠤᠯᠠᠨ | ᠲᠦᠮᠡᠨ ᠤ ᠬᠢᠨᠠᠯᠳᠠ᠂ ᠨᠠᠶᠢᠭᠡᠮ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠵᠤ᠂ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠯ ᠳᠤᠷᠠᠳᠤᠯᠭ᠎ᠠ᠂ ᠤᠯᠤᠰ ᠲᠦᠷᠦ ᠶᠢᠨ | ᠵᠦᠪᠯᠡᠯᠭᠡᠨ ᠤ ᠬᠡᠰᠢᠬᠦᠳ ᠤᠨ ᠰᠠᠨᠠᠯ ᠵᠦᠪᠯᠡᠯᠭᠡ ᠶᠢ ᠨᠠᠷᠢᠨ ᠬᠢᠨᠠᠮᠠᠭᠠᠢ ᠬᠦᠢᠴᠡᠳᠭᠡᠨ᠎ᠠ᠃ ᠬᠢᠨᠠᠨ ᠪᠤᠳᠤᠯᠳᠠ | ᠬᠢᠨᠠᠯᠳᠠ ᠪᠠᠨ ᠴᠢᠩᠭᠠᠳᠬᠠᠵᠤ᠂ ᠬᠢᠨᠠᠨ ᠪᠤᠳᠤᠬᠤ ᠪᠠᠶᠢᠭᠤᠯᠤᠯᠭ᠎ᠠ ᠶᠢᠨ ᠬᠠᠤᠯᠢ ᠶᠤᠰᠤᠭᠠᠷ ᠬᠢᠨᠠᠨ ᠪᠤᠳᠤᠬᠤ | ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ ᠳᠠᠮᠵᠢᠨ᠎ᠠ᠃ ᠬᠠᠤᠯᠢ ᠶᠢ ᠴᠢᠩᠭ᠎ᠠ ᠬᠡᠷᠡᠭᠵᠢᠬᠦᠯᠬᠦ᠂ ᠲᠦᠪ | ᠭᠤᠤᠯᠴᠢ ᠪᠠᠷ ᠬᠡᠷᠡᠭᠵᠢᠬᠦᠯᠬᠦ᠂ ᠪᠤᠯᠪᠠᠰᠤᠨ ᠢᠶᠠᠷ ᠭᠡᠷᠡᠭᠵᠢᠬᠦᠯᠬᠦ ᠶᠢ ᠠᠬᠢᠭᠤᠯᠵᠤ᠂ ᠨᠠᠶᠢᠭᠡᠮ ᠤᠨ ᠡᠷᠭᠡ ᠳᠡᠭᠰᠢ | ᠲᠦᠪ ᠭᠤᠤᠯᠴᠢ ᠶᠢ ᠦᠨᠡᠨᠬᠦ ᠪᠠᠳᠤᠯᠠᠨ᠎ᠠ᠃ | ᠦᠨᠳᠤᠷ ᠦᠷ᠎ᠠ ᠪᠦᠳᠦᠮᠵᠢᠳᠠᠢ ᠴᠢᠭᠡᠴᠢ ᠵᠠᠰᠠᠭ ᠤᠨ ᠪᠠᠶᠢᠭᠤᠯᠤᠯᠳᠠ ᠶᠢ ᠪᠠᠷᠢᠮᠳᠠᠯᠠᠵᠤ᠂ ᠦᠢᠯᠡᠴᠢᠯᠡᠭᠡᠨ ᠤ | ᠵᠠᠰᠠᠭ ᠤᠨ ᠤᠷᠳᠤᠨ ᠢ ᠪᠦᠳᠦᠭᠡᠨ ᠪᠠᠶᠢᠭᠤᠯᠤᠨ᠎ᠠ᠃ ︽ᠨᠢᠭᠡ ᠬᠦᠯᠭᠡ ᠰᠢᠳᠡᠷ᠎ᠠ︾ ᠶᠢᠨ ᠵᠤᠷᠢᠭ ᠰᠠᠨᠠᠭ᠎ᠠ ᠶᠢ ᠪᠠᠳᠤ | ᠪᠠᠭᠢ ᠪᠤᠢ ᠪᠤᠯᠭᠠᠵᠤ᠂ ᠶᠡᠭᠡ ᠪᠠᠶᠢᠳᠠᠯ ᠢ ᠪᠤᠳᠤᠯᠬᠢᠯᠠᠨ᠂ ᠶᠡᠭᠡ ᠪᠠᠶᠢᠳᠠᠯ ᠢ ᠳᠠᠨᠢᠵᠤ᠂ ᠰᠠᠯᠠᠭ᠎ᠠ ᠮᠦᠴᠢᠷ ᠤᠨ | ᠬᠤᠭᠤᠷᠤᠨᠳᠤ ᠪᠠᠨ ᠬᠠᠮᠵᠢᠯᠴᠠᠬᠤ ᠶᠢ ᠡᠷᠬᠢᠮᠯᠠᠨ᠂ ᠪᠦᠬᠦᠯᠢ ᠴᠤᠭᠴᠡ ᠶᠢᠨ ᠠᠵᠢᠯ ᠳᠤ ᠬᠠᠷᠢᠯᠴᠠᠨ | ᠬᠦᠳᠠᠯᠤᠯᠴᠠᠬᠤ ᠶᠢ ᠡᠷᠬᠢᠮᠯᠠᠨ᠂ ᠳᠡᠭᠡᠷ᠎ᠠ ᠳᠤᠤᠷ᠎ᠠ ᠱᠠᠳᠤ ᠪᠠᠷ ᠢᠶᠠᠨ ᠰᠠᠶᠢᠳᠤᠷ ᠵᠤᠬᠢᠴᠠᠬᠤ᠂ ᠵᠡᠬᠦᠨ ᠪᠠᠷᠠᠭᠤᠨ | ᠬᠠᠷᠢᠯᠴᠠᠨ ᠬᠠᠮᠵᠢᠯᠴᠠᠬᠤ ᠶᠢ ᠬᠦᠢᠴᠡᠳᠭᠡᠵᠤ᠂ ᠭᠤᠤᠯᠳᠠᠯᠭ᠎ᠠ ᠲᠠᠢ ᠠᠵᠢᠯ ᠢ ᠪᠦᠳᠦᠮᠵᠢᠳᠠᠢ ᠨᠠᠶᠢᠳᠠᠪᠤᠷᠢᠵᠢᠭᠤᠯᠬᠤ | ᠶᠢ ᠠᠬᠢᠭᠤᠯᠵᠤ᠂ ᠨᠠᠶᠢᠳᠠᠪᠤᠷᠢᠭᠤᠯᠬᠤ ᠶᠢ ᠠᠳᠬᠤᠬᠤ ᠶᠢ ᠡᠯ᠎ᠠ ᠲᠦᠷᠦᠯ ᠤᠨ ᠠᠵᠢᠯ ᠤᠨ ᠪᠦᠬᠦ ᠶᠠᠪᠤᠴᠡ ᠳᠤ | ᠳᠤᠤᠱᠯᠠᠭᠤᠯᠤᠨ᠂ ᠨᠠᠶᠢᠳᠠᠪᠤᠷᠢᠵᠢᠭᠤᠯᠬᠤ ᠶᠢ ᠠᠳᠬᠤᠬᠤ ᠰᠢᠨ᠎ᠠ ᠠᠷᠭ᠎ᠠ ᠮᠠᠶ᠋ᠢᠭ ᠶᠢ ᠡᠬᠦᠳᠴᠤ᠂ | ᠨᠠᠶᠢᠳᠠᠪᠤᠷᠢᠵᠢᠭᠤᠯᠬᠤ ᠶᠢ ᠠᠳᠬᠤᠬᠤ ᠳᠤᠭᠳᠠᠴᠡ ᠶᠢ ᠴᠢᠩᠭᠠᠳᠬᠠᠵᠤ᠂ ᠨᠠᠶᠢᠳᠠᠪᠤᠷᠢᠵᠢᠭᠤᠯᠬᠤ ᠶᠢ ᠠᠳᠬᠤᠬᠤ | ᠪᠠᠷᠢᠮᠵᠢᠶ᠎ᠠ ᠶᠢ ᠳᠤᠳᠤ ᠪᠤᠯᠭᠠᠨ᠎ᠠ᠃ ᠠᠵᠢᠯᠯᠠᠭ᠎ᠠ ᠦᠭᠡᠢ᠂ ᠠᠵᠢᠯᠯᠠᠭ᠎ᠠ ᠤᠳᠠᠭᠠᠨ ᠪᠠ ᠳᠤᠷ᠎ᠠ ᠪᠠᠷ ᠠᠵᠢᠯᠯᠠᠬᠤ | ᠰᠤᠷᠳᠠᠯ ᠢ ᠡᠷᠡᠰ ᠴᠡᠭᠴᠡᠯᠡᠨ᠂ ᠵᠠᠯᠬᠠᠭᠤ ᠵᠠᠰᠠᠭ᠂ ᠬᠤᠶᠢᠷᠭᠤ ᠵᠠᠰᠠᠭ ᠤᠨ ᠠᠵᠢᠯᠯᠠᠭ᠎ᠠ ᠶᠢ ᠡᠷᠡᠰ ᠳᠠᠪᠴᠢᠵᠤ᠂ | ᠵᠠᠰᠠᠭ ᠪᠠᠷᠢᠵᠤ ᠴᠢᠳᠠᠪᠤᠷᠢ ᠪᠠᠨ ᠦᠨᠡᠨᠬᠦ ᠳᠡᠭᠡᠭᠰᠢᠯᠡᠬᠦᠯᠤᠨ᠎ᠠ᠃ ᠬᠤᠰᠢᠭᠤᠨ ᠤ ᠨᠠᠮ ᠤᠨ ᠬᠤᠷᠢᠶᠠᠨ ᠤ ᠴᠢᠬᠤᠯᠠ | ᠶᠡᠭᠡ ᠰᠢᠢᠳᠪᠤᠷᠢ ᠪᠠᠶᠢᠷᠢᠯᠠᠭᠤᠯᠤᠯᠳᠠ ᠪᠠ ᠤᠯᠠᠨ ᠲᠦᠮᠡᠨ ᠤ ᠳᠤᠰᠬᠠᠯ ᠶᠡᠭᠡ ᠬᠠᠯᠠᠮᠰᠢᠯ ᠲᠠᠢ᠂ ᠬᠦᠴᠢᠷ ᠲᠠᠢ | ᠠᠰᠠᠭᠤᠳᠠᠯ ᠢ ᠲᠦᠷᠦᠯ ᠬᠤᠪᠢᠶᠠᠨ ᠠᠵᠢᠯ ᠤᠨ ᠡᠬᠦᠷᠭᠡ ᠪᠠᠨ ᠳᠤᠳᠤᠷᠬᠠᠶᠢᠯᠠᠨ᠂ ᠬᠦᠮᠦᠨ ᠪᠦᠷᠢ ᠳᠤ ᠠᠵᠢᠯ ᠤᠨ | ᠡᠬᠦᠷᠭᠡ ᠬᠠᠷᠢᠭᠤᠴᠠᠯᠭ᠎ᠠ ᠨᠠᠶᠢᠳᠠᠪᠤᠷᠢᠵᠢᠭᠤᠯᠤᠨ᠂ ᠤᠴᠢᠷ ᠪᠤᠯᠭᠠᠨ ᠳᠤ ᠬᠠᠷᠢᠭᠤ ᠲᠠᠢ᠂ ᠬᠡᠷᠡᠭ ᠪᠤᠯᠭᠠᠨ ᠳᠤ | ᠦᠷ᠎ᠠ ᠳ᠋ᠦᠩ ᠲᠠᠢ ᠪᠠᠶᠢᠬᠤ ᠶᠢ ᠬᠦᠢᠴᠡᠳᠭᠡᠵᠤ᠂ ᠦᠨᠳᠤᠷ ᠦᠷ᠎ᠠ ᠪᠦᠳᠦᠮᠵᠢᠳᠠᠢ ᠵᠠᠰᠠᠭ ᠤᠨ ᠶᠠᠪᠤᠳᠠᠯ ᠤᠨ | ᠤᠷᠴᠢᠨ ᠳᠤᠭᠤᠷᠢᠨ ᠢ ᠢᠳᠡᠪᠬᠢᠳᠠᠢ ᠪᠠᠷ ᠪᠤᠢ ᠪᠤᠯᠭᠠᠨ᠎ᠠ᠃ | ᠵᠠᠰᠠᠭ ᠢ ᠴᠢᠩᠭ᠎ᠠ ᠵᠠᠰᠠᠬᠤ ᠶᠢ ᠪᠠᠷᠢᠮᠳᠠᠯᠠᠨ ᠠᠷᠢᠭᠤᠨ ᠴᠢᠭᠡᠴᠢ ᠵᠠᠰᠠᠭ ᠤᠨ ᠤᠷᠳᠤᠨ ᠢ ᠪᠠᠶᠢᠭᠤᠯᠤᠨ᠎ᠠ᠃ | ᠲᠦᠪ ᠤᠨ ᠨᠠᠢᠮᠠᠨ ᠵᠦᠢᠯ ᠤᠨ ᠳᠤᠭᠳᠠᠭᠠᠯ ᠤᠨ ᠵᠤᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠨᠠᠮ ᠤᠨ | ᠤᠯᠤᠰ ᠲᠦᠷᠦ ᠶᠢᠨ ᠰᠠᠬᠢᠯᠭ᠎ᠠ ᠪᠠ ᠤᠯᠤᠰ ᠲᠦᠷᠦ ᠶᠢᠨ ᠳᠤᠭᠳᠠᠭᠠᠯ ᠢ ᠴᠢᠩᠭ᠎ᠠ ᠰᠠᠬᠢᠵᠤ᠂ ᠤᠬᠠᠮᠰᠠᠷ ᠠᠴᠠ ᠪᠠᠨ | ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠠ ᠪᠠᠷ ᠨᠢᠭᠡᠳᠴᠤ ᠪᠠᠳᠤᠯᠠᠨ᠂ ᠦᠪᠡᠷᠳᠡᠭᠡᠨ ᠵᠠᠰᠠᠬᠤ ᠤᠷᠤᠨ᠂ | ᠲᠦᠩᠯᠢᠶᠤᠤ ᠬᠤᠳᠡ ᠪᠠ ᠬᠤᠰᠢᠭᠤᠨ ᠤ ᠨᠠᠮ ᠤᠨ ᠬᠤᠷᠢᠶ᠎ᠠ ᠶᠢᠨ ᠰᠢᠢᠳᠪᠤᠷᠢ ᠪᠠᠶᠢᠷᠢᠯᠠᠭᠤᠯᠤᠯᠳᠠ ᠶᠢ ᠨᠠᠷᠢᠨ | ᠬᠢᠨᠠᠮᠠᠭᠠᠢ ᠳᠤᠤᠱᠯᠠᠭᠤᠯᠤᠨ᠎ᠠ᠃ ᠵᠠᠰᠠᠭ ᠤᠨ ᠤᠷᠳᠤᠨ ᠤ ᠰᠢᠰᠲ᠋ᠧᠮ ᠤᠨ ᠵᠠᠯᠬᠠᠭᠠᠨ ᠰᠡᠷᠭᠡᠶᠢᠯᠡᠬᠦ ᠰᠢᠰᠲ᠋ᠧᠮ ᠤᠨ | ᠪᠠᠶᠢᠭᠤᠯᠤᠯᠳᠠ ᠶᠢ ᠬᠦᠨᠵᠡᠭᠡᠢ ᠠᠬᠢᠭᠤᠯᠵᠤ᠂ ᠨᠠᠮ ᠤᠨ ᠠᠷᠢᠭᠤᠨ ᠴᠢᠭᠡᠴᠢ ᠶᠢᠨ ᠪᠠᠶᠢᠭᠤᠯᠤᠯᠳᠠ ᠶᠢᠨ ︽ᠨᠢᠭᠡ | ᠪᠠᠶᠢᠷᠢ ᠬᠤᠤᠰ ᠬᠠᠷᠢᠭᠤᠴᠠᠯᠭ᠎ᠠ︾ ᠶᠢᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ | ᠠᠷᠢᠭᠤᠨ ᠴᠢᠭᠡᠴᠢ ᠶᠢᠨ ᠪᠠᠶᠢᠭᠤᠯᠤᠯᠳᠠ ᠶᠢᠨ ᠱᠠᠭᠠᠷᠳᠠᠯᠭ᠎ᠠ ᠶᠢ ᠵᠠᠰᠠᠭ ᠤᠨ ᠤᠷᠳᠤᠨ ᠤ ᠠᠵᠢᠯ ᠤᠨ ᠡᠯ᠎ᠠ | ᠭᠤᠭᠴᠤᠭ᠎ᠠ ᠳᠤ ᠨᠠᠶᠢᠳᠠᠪᠤᠷᠢᠵᠢᠭᠤᠯᠤᠨ᠎ᠠ᠃ ᠭᠠᠮᠨᠠᠨ ᠠᠷᠪᠢᠯᠠᠬᠤ ᠶᠢ ᠰᠠᠨᠠᠭᠠᠴᠢᠯᠠᠨ᠂ ᠪᠦᠷᠢᠯᠭᠡᠨ ᠰᠦᠢᠳᠭᠡᠬᠦ ᠶᠢ | ᠡᠰᠡᠷᠬᠦᠴᠡᠬᠦ ᠶᠢ ᠪᠠᠷᠢᠮᠳᠠᠯᠠᠨ ︽ᠭᠤᠷᠪᠠᠨ ᠠᠯᠪᠠᠨ︾ ᠤ ᠵᠠᠷᠤᠳᠠᠯ ᠪᠠ ᠡᠩ ᠤᠨ ᠵᠠᠷᠤᠳᠠᠯ ᠢ ᠴᠢᠩᠭ᠎ᠠ ᠬᠢᠵᠠᠭᠠᠷᠯᠠᠨ᠂ | ᠨᠡᠩ ᠤᠯᠠᠨ ᠡᠳ᠋ ᠮᠦᠩᠬᠦ ᠪᠠᠨ ᠠᠵᠤ ᠠᠬᠤᠢ ᠶᠢᠨ ᠬᠦᠭᠵᠢᠯᠳᠠ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ | ᠳᠡᠭᠡᠷ᠎ᠠ ᠬᠡᠷᠡᠭᠯᠡᠨ᠎ᠠ᠃ ᠬᠠᠤᠯᠢ ᠰᠠᠬᠢᠯᠭ᠎ᠠ ᠪᠠᠷ ᠵᠦᠷᠢᠴᠡᠭᠰᠡᠨ ᠬᠡᠷᠡᠭ ᠢ ᠡᠷᠡᠰ ᠴᠢᠩᠭ᠎ᠠ ᠪᠠᠶᠢᠴᠠᠭᠠᠨ ᠰᠢᠢᠳᠭᠡᠵᠤ᠂ | ︽ᠨᠢᠭᠡ ᠭᠡᠷᠡᠭ ᠢ ᠬᠤᠶᠠᠷ ᠪᠠᠶᠢᠴᠠᠭᠠᠬᠤ︾ ᠶᠢ ᠪᠠᠷᠢᠮᠳᠠᠯᠠᠨ᠂ ᠵᠠᠰᠠᠭ ᠤᠨ ᠤᠷᠳᠤᠨ ᠵᠢᠴᠢ ᠪᠦᠷᠢᠯᠳᠦᠬᠦᠨ | ᠰᠠᠯᠠᠭ᠎ᠠ ᠮᠦᠴᠢᠷ ᠤᠨ ᠠᠵᠢᠯᠳᠠᠳ ᠳᠤ ᠰᠠᠷᠠᠮᠵᠢ ᠶᠢᠨ ᠬᠦᠮᠦᠵᠢᠯ ᠬᠢᠵᠤ᠂ ᠲᠦᠪ ᠭᠤᠤᠯᠴᠢ ᠠᠷᠢᠭᠤᠨ ᠴᠢᠭᠡᠴᠢ ᠶᠢ | ᠪᠠᠳᠤᠯᠠᠨ᠎ᠠ᠃ | ᠲᠦᠯᠦᠭᠡᠯᠡᠭᠴᠢᠳ ᠡ᠂ ᠢᠷᠡᠭᠡᠳᠦᠢ ᠪᠠᠨ ᠨᠡᠭᠡᠭᠡᠬᠦ ᠪᠠᠷ ᠪᠡᠷᠭᠡ ᠪᠠᠷᠳᠠᠭ᠎ᠠ ᠶᠢ ᠲᠤᠭᠤᠯᠵᠦ ᠪᠠᠭᠠᠳᠤᠷᠯᠢᠭ | ᠢᠶᠠᠷ ᠤᠷᠤᠭᠰᠢᠯᠠᠬᠤ ᠬᠡᠷᠡᠭᠳᠠᠢ︔ ᠬᠦᠰᠠᠯ ᠢᠶᠠᠨ ᠳᠡᠷᠭᠡᠯᠰᠢᠬᠦᠯᠬᠦ ᠳᠤ ᠳᠠᠷᠪᠠᠭᠤᠯ ᠢᠶᠠᠨ ᠡᠯᠬᠦᠵᠤ᠂ ᠬᠤᠯᠠ | ᠠᠶᠠᠯᠠᠬᠤ ᠬᠡᠷᠡᠭᠳᠠᠢ ᠪᠠᠶᠢᠨ᠎ᠠ᠃ ᠪᠢᠳᠡ ᠰᠢᠨ᠎ᠠ ᠡᠷᠡᠨ ᠤ ᠴᠢᠭ ᠲᠤ ᠵᠤᠭᠰᠤᠵᠤ᠂ ᠡᠬᠦᠷᠭᠡᠯᠡᠵᠤ ᠪᠠᠶᠢᠭ᠎ᠠ | ᠬᠠᠷᠢᠭᠤᠴᠠᠯᠭ᠎ᠠ ᠶᠡᠭᠡ᠂ ᠡᠬᠦᠷᠭᠡ ᠬᠦᠨᠳᠤ᠂ ᠠᠵᠢᠯ ᠦᠩᠭᠡ ᠬᠡᠷᠡᠯᠳᠠᠢ᠃ ᠪᠢᠳᠡ ᠬᠤᠰᠢᠭᠤᠨ ᠤ ᠨᠠᠮ ᠤᠨ | ᠬᠤᠷᠢᠶᠠᠨ ᠤ ᠡᠷᠡᠰ ᠪᠠᠳᠤ ᠤᠳᠤᠷᠢᠳᠤᠯᠭ᠎ᠠ ᠳᠤᠤᠷ᠎ᠠ᠂ ᠪᠠᠶᠢᠳᠠᠯ ᠢ ᠦᠵᠡᠵᠤ ᠤᠷᠤᠭᠰᠢᠯᠠᠨ᠂ ᠵᠤᠷᠢᠭᠳᠠᠢ | ᠠᠵᠢᠯᠯᠠᠨ᠂ ᠠᠵᠤ ᠠᠬᠤᠢ ᠨᠡᠶᠢᠭᠡᠮ ᠤᠨ ᠬᠦᠭᠵᠢᠯᠳᠠ ᠶᠢᠨ ᠰᠢᠨ᠎ᠠ ᠳᠠᠪᠠᠯᠳᠠ ᠶᠢ ᠪᠡᠶᠡᠯᠡᠬᠦᠯᠬᠦ ᠶᠢᠨ ᠲᠦᠯᠦᠭᠡ | ᠴᠢᠷᠮᠠᠶᠢᠨ ᠳᠡᠮᠡᠴᠡᠵᠡᠭᠡᠶᠠ︕ |