ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠬᠠᠤᠯᠢ ᠴᠠᠭᠠᠵᠠ ᠶᠢᠨ ᠰᠢᠰᠲ᠋ᠧᠮ ᠤᠨ ᠰᠠᠯᠠᠭ᠎ᠠ | ᠮᠦᠴᠢᠷ ᠲᠤ᠂ ᠦᠨᠳᠦᠰᠦᠨ ᠬᠠᠤᠯᠢ ᠶᠢᠨ ᠬᠠᠮᠢᠶ᠎ᠠ ᠪᠦᠬᠦᠢ ᠬᠠᠤᠯᠢ᠂ ᠢᠷᠭᠡᠨ ᠤ ᠬᠠᠤᠯᠢ ᠬᠤᠳᠠᠯᠳᠤᠭᠠᠨ ᠤ ᠬᠠᠤᠯᠢ᠂ | ᠵᠠᠰᠠᠭ ᠵᠠᠬᠢᠷᠭᠠᠨ ᠤ ᠬᠠᠤᠯᠢ᠂ ᠠᠵᠤ ᠠᠬᠤᠢ ᠶᠢᠨ ᠬᠠᠤᠯᠢ᠂ ᠨᠡᠶᠢᠭᠡᠮ ᠤᠨ ᠬᠠᠤᠯᠢ᠂ ᠡᠷᠡᠭᠦᠤ ᠶᠢᠨ ᠬᠠᠤᠯᠢ᠂ ᠵᠠᠷᠭᠤ | ᠪᠠ ᠵᠠᠷᠭᠤ ᠶᠢᠨ ᠪᠤᠰᠤ ᠵᠢᠷᠤᠮ ᠤᠨ ᠬᠠᠤᠯᠢ ᠵᠡᠷᠭᠡ ᠪᠠᠭᠲᠠᠨ᠎ᠠ᠃ ᠳᠡᠭᠡᠷ᠎ᠠ ᠳᠤᠷᠠᠳᠤᠭᠰᠠᠨ ᠬᠠᠤᠯᠢ ᠴᠠᠭᠠᠵᠠ ᠶᠢᠨ | ᠰᠠᠯᠠᠭ᠎ᠠ ᠮᠦᠴᠢᠷ ᠤᠨ ᠲᠤᠭᠲᠠᠭᠠᠭᠰᠠᠨ ᠡᠯ᠎ᠠ ᠵᠦᠢᠯ ᠤᠨ ᠬᠠᠤᠯᠢ ᠴᠠᠭᠠᠵᠠ ᠳᠦᠷᠢᠮ ᠲᠤᠭᠲᠠᠭᠠᠯ ᠨᠢ ᠨᠡᠶᠢᠭᠡᠮ ᠤᠨ | ᠬᠠᠷᠢᠯᠴᠠᠭᠠᠨ ᠤ ᠡᠯ᠎ᠠ ᠬᠦᠷᠢᠶ᠎ᠠ ᠴᠠᠷᠠᠭ᠎ᠠ ᠶᠢ ᠬᠠᠮᠤᠷᠴᠤ᠂ ᠤᠯᠤᠰ ᠤᠨ ᠡᠯ᠎ᠠ ᠵᠦᠢᠯ ᠤᠨ ᠠᠵᠢᠯ ᠲᠦᠷᠦᠯ᠂ | ᠨᠡᠶᠢᠭᠡᠮ ᠤᠨ ᠡᠯ᠎ᠠ ᠲᠠᠯᠠᠪᠤᠷ ᠢ ᠬᠠᠤᠯᠢᠵᠢᠯ ᠤᠨ ᠵᠠᠮ ᠳᠤ ᠤᠷᠤᠭᠤᠯᠤᠨ᠂ ᠬᠠᠤᠯᠢ ᠶᠤᠰᠤᠭᠠᠷ ᠤᠯᠤᠰ ᠢᠶᠠᠨ ᠵᠠᠰᠠᠬᠤ᠂ | ᠨᠡᠶᠢᠭᠡᠮ ᠵᠢᠷᠤᠮᠲᠤ ᠬᠠᠤᠯᠢᠵᠢᠯ ᠤᠨ ᠤᠯᠤᠰ ᠢ ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ ᠦᠭᠴᠡᠢ᠃ ᠬᠠᠤᠯᠢ | ᠴᠠᠭᠠᠵᠠ ᠨᠢ ᠨᠢᠭᠡᠨᠲᠠ ᠳᠤᠮᠳᠠᠳᠤ ᠤᠯᠤᠰ ᠤᠨ ᠠᠷᠠᠳ ᠢᠷᠭᠡᠳ᠂ ᠬᠠᠤᠯᠢ ᠶᠢᠨ ᠡᠷᠬᠡᠲᠠᠨ ᠪᠠ ᠪᠤᠰᠤᠳ ᠵᠤᠬᠢᠶᠠᠨ | ᠪᠠᠶᠢᠭᠤᠯᠤᠯᠲᠠ ᠶᠢᠨ ᠡᠯ᠎ᠠ ᠵᠦᠢᠯ ᠤᠨ ᠵᠦᠷᠢᠴᠡᠯ ᠪᠠ ᠵᠢᠭᠤᠷᠠᠭᠠᠨ ᠢ ᠰᠢᠢᠳᠪᠦᠷᠢᠯᠡᠬᠦ ᠭᠤᠤᠯ ᠠᠷᠭ᠎ᠠ ᠪᠠᠷᠢᠯ | ᠪᠤᠯᠤᠭᠰᠠᠨ ᠪᠦᠭᠡᠳ ᠪᠦᠬᠦ ᠤᠯᠤᠰ ᠤᠨ ᠡᠯ᠎ᠠ ᠱᠠᠲᠤᠨ ᠤ ᠠᠷᠠᠳ ᠤᠨ ᠰᠢᠭᠦᠭᠦ ᠬᠤᠷᠢᠶ᠎ᠠ ᠠᠷᠠᠳ ᠢᠷᠭᠡᠳ᠂ | ᠬᠠᠤᠯᠢ ᠶᠢᠨ ᠡᠷᠬᠡᠲᠠᠨ ᠪᠠ ᠪᠤᠰᠤᠳ ᠵᠤᠬᠢᠶᠠᠨ ᠪᠠᠶᠢᠭᠤᠯᠤᠯᠲᠠ ᠶᠢᠨ ᠬᠠᠤᠯᠢ ᠶᠤᠰᠤᠨ ᠤ ᠡᠷᠬᠡ ᠠᠰᠢᠭ ᠢ | ᠬᠠᠮᠠᠭᠠᠯᠠᠬᠤ ᠳᠤ ᠴᠢᠬᠤᠯᠠ ᠦᠨᠳᠦᠰᠦᠯᠡᠯ ᠢ ᠬᠠᠨᠭ᠍ᠭᠠᠨ ᠦᠭᠴᠤ ᠪᠤᠢ᠃ | |