ᠵᠠᠷᠤᠳ ᠬᠤᠰᠢᠭᠤ᠄ ᠨᠠᠯᠠᠭᠠᠷ ᠨᠠᠮᠤᠷ ᠤᠨ ᠲᠠᠯ᠎ᠠ ᠨᠤᠲᠤᠭ ᠤᠨ ᠦᠬᠡᠷ ᠬᠤᠨᠢ ᠲᠠᠷᠭᠤ ᠰᠠᠶᠢᠳᠠᠢ ᠮᠠᠯᠴᠢᠨ  ᠤᠨ ᠰᠡᠳᠬᠢᠯ ᠳᠤ ᠪᠠᠶᠠᠷ ᠬᠥᠷ ᠲᠠᠢ
ᠨᠡᠶᠢᠲᠡᠯᠡᠭᠰᠡᠨ ᠴᠠᠭ᠄
2019/10/21
   ᠡᠯᠪᠡᠭ ᠬᠤᠷᠢᠶᠠᠯᠲᠠ ᠶᠢᠨ ᠴᠠᠭ ᠪᠤᠯᠬᠤ ᠪᠠᠷ᠂ ᠬᠡᠭᠡᠷ᠎ᠡ ᠲᠠᠯ᠎ᠠ ᠶᠢᠨ ᠦᠵᠡᠮᠵᠢ ᠵᠢᠷᠤᠭ ᠮᠡᠲᠦ ᠭᠤᠶᠤ ᠬᠠᠷᠠᠭᠳᠠᠨ᠎ᠠ᠃ ᠠᠯᠲᠠᠨ ᠨᠠᠮᠤᠷ ᠤᠨ ᠶᠢᠰᠦᠨ ᠰᠠᠷ᠎ᠠ ᠳᠤ᠂ ᠵᠠᠷᠤᠳ ᠤᠨ ᠲᠠᠯ᠎ᠠ ᠨᠤᠲᠤᠭ ᠤᠨ ᠰᠢᠷ᠎ᠠ ᠪᠤᠷᠴᠠᠭ᠂ ᠨᠤᠭᠤᠭᠠᠨ ᠪᠤᠷᠳᠤᠭ᠎ᠠ᠂ ᠡᠷᠳᠡᠨᠢ ᠰᠢᠰᠢ᠂ ᠨᠠᠷᠢᠮᠤ᠂ ᠰᠢᠰᠢ ᠪᠤᠯᠪᠠᠰᠤᠷᠠᠵᠦ ᠡᠯᠪᠡᠭ ᠬᠤᠷᠢᠶᠠᠯᠲᠠ ᠶᠢᠨ ᠤᠯᠠᠷᠢᠯ ᠳᠤ ᠣᠷᠣᠪᠠ᠃    ᠬᠤᠶᠠᠳᠤᠭᠠᠷ ︽ᠳᠤᠮᠳᠠᠳᠤ ᠤᠯᠤᠰ ᠤᠨ ᠲᠠᠷᠢᠶᠠᠴᠢᠳ ᠤᠨ ᠡᠯᠪᠡᠭ ᠬᠤᠷᠢᠶᠠᠯᠲᠠ ᠶᠢᠨ ᠪᠠᠶᠠᠷ︾ ᠬᠦᠷᠴᠦ ᠢᠷᠡᠬᠦ ᠲᠠᠰᠢᠷᠠᠮ ᠳᠤ᠂ ᠵᠣᠬᠢᠶᠠᠭᠴᠢ ᠵᠠᠷᠤᠳ ᠬᠤᠰᠢᠭᠤᠨ ᠤ ᠪᠠᠶᠠᠷᠳᠤᠬᠤᠰᠢᠭᠤ ᠪᠠᠯᠭᠠᠰᠤ ᠶᠢᠨ  ᠲᠦᠷᠪᠡᠯᠵᠢ ᠭᠠᠴᠠᠭ᠎ᠠ ᠶᠢᠨ ᠮᠠᠯᠴᠢᠨ ᠰᠠᠴᠤᠷᠠᠭ ᠤᠨ ᠭᠡᠷ ᠲᠤ ᠬᠦᠷᠬᠦ ᠳᠤ ᠲᠠᠷᠭᠤᠨ ᠲᠠᠷᠭᠤᠨ ᠢᠰᠢᠬᠡ ᠬᠤᠷᠠᠭ᠎ᠠ ᠲᠤᠭᠯᠠᠯᠳᠤᠵᠦ ᠂ ᠰᠠᠴᠤᠷᠠᠭ ᠬᠤᠷᠠᠭ᠎ᠠ ᠢᠰᠢᠬᠢᠨ ᠤ ᠲᠤᠮᠳᠠᠭᠤᠷ ᠤᠷᠤᠵᠦ ᠦᠬᠦᠭᠡᠷᠳᠦᠨ ᠢᠯᠪᠢᠬᠡᠳ᠂ ᠴᠢᠷᠠᠶ ᠳᠡᠭᠡᠷ᠎ᠡ ᠨᠢ ᠪᠠᠶᠠᠷ  ᠤᠨ ᠤᠴᠢ ᠰᠠᠴᠤᠷᠠᠨ᠎ᠠ᠃ ᠮᠠᠯᠴᠢᠨ ᠰᠠᠷᠤᠴᠠᠭ᠄ ︽ᠡᠨᠡ ᠵᠢᠯ ᠲᠠᠯ᠎ᠠ ᠨᠤᠲᠤᠭ ᠲᠤ ᠬᠤᠷ᠎ᠠ ᠪᠤᠷᠤᠭᠠᠨ ᠲᠡᠭᠰᠢ᠂ ᠦᠬᠡᠷ ᠬᠤᠨᠢᠨ ᠤ ᠲᠠᠷᠭᠤ ᠰᠠᠶᠢᠨ᠂ ᠦᠨ᠎ᠡ ᠨᠢ ᠴᠦ ᠥᠨᠳᠥᠷ᠂ ᠡᠯᠪᠡᠭ ᠬᠤᠷᠢᠶᠠᠯᠲᠠ ᠲᠠᠢ ᠤᠯᠠᠷᠢᠯ ᠶᠤᠮ ᠡ︾ ᠬᠡᠵᠦ ᠪᠠᠶᠠᠷ ᠬᠦᠷ ᠲᠠᠢ ᠶᠠᠷᠢᠵᠦ ᠪᠠᠶᠢᠯ᠎ᠠ᠃
    ᠣᠶᠢᠯᠠᠭᠠᠭᠰᠠᠨ ᠢᠶᠠᠷ᠂ ᠮᠠᠯᠴᠢᠨ ᠰᠠᠴᠤᠷᠠᠭ ᠨᠡᠶᠢᠲᠡ 800 ᠬᠤᠨᠢ ᠲᠠᠢ ᠪᠠᠶᠢᠵᠤ᠂ ᠡᠨᠡ ᠵᠢᠯ ᠤᠨ ᠬᠤᠨᠢᠨ ᠤ ᠣᠷᠣᠯᠭ᠎ᠠ ᠨᠢ 40 ᠲᠦᠮᠡᠨ ᠲᠥᠭᠦᠷᠢᠭ ᠢ ᠳᠠᠪᠠᠭᠰᠠᠨ ᠪᠠᠶᠢᠨ᠎ᠠ᠃ ᠲᠡᠳᠡᠨ ᠤ ᠪᠠᠰᠠ ᠬᠤᠶᠠᠷ ᠳᠤᠯᠠᠭᠠᠨ ᠫᠧᠩ᠂ ᠲᠷᠠᠺᠲ᠋ᠣᠷ᠂ ᠡᠪᠡᠰᠦ ᠪᠣᠭᠤᠵᠢᠯᠠᠬᠤ ᠮᠠᠰᠢᠨ᠂ ᠡᠪᠡᠰᠦ ᠬᠠᠳᠤᠬᠤ ᠮᠠᠰᠢᠨ᠂ ᠮᠠᠰᠢᠨ ᠬᠤᠳᠳᠤᠭ᠂ ᠤᠳᠬᠤᠭᠤᠷ ᠲᠡᠷᠬᠡ ᠵᠡᠷᠭᠡ ᠲᠥᠬᠦᠭᠡᠷᠦᠮᠵᠢ ᠲᠠᠢ᠃ ᠰᠠᠴᠤᠷᠠᠭ ᠪᠢᠳᠡᠨ ᠳᠤ᠄ ︽ᠤᠤᠯ ᠨᠢ ᠬᠤᠨᠢᠨ ᠤ ᠣᠷᠣᠯᠭ᠎ᠠ ᠲᠣᠭᠲᠠᠪᠤᠷᠢ ᠥᠬᠡᠶ ᠪᠠᠶᠢᠵᠠᠶ᠂ ᠨᠢᠳᠤᠨᠤᠨ ᠬᠤᠨᠢᠨ ᠤ ᠦᠨ᠎ᠡ ᠵᠢᠩ ᠪᠦᠷᠢ 10.5 ᠲᠥᠭᠦᠷᠢᠭ᠂ ᠲᠡᠷᠡ ᠦᠶ᠎ᠡ ᠳᠤ ᠪᠢᠳᠡ ᠪᠠᠰᠠ 30 ᠭᠠᠷᠤᠶ ᠲᠦᠮᠡᠨ ᠲᠥᠭᠦᠷᠢᠭ ᠤᠨ ᠤᠷᠤᠯᠭ᠎ᠠ ᠤᠯᠵᠠᠢ᠃ ᠡᠨᠡ ᠵᠢᠯ ᠨᠠᠩ ᠴᠤ ᠡᠯᠪᠡᠭ ᠬᠤᠷᠢᠶᠠᠯᠲᠠ ᠶᠢᠨ ᠪᠠᠶᠠᠷ ᠪᠣᠯᠵᠤ᠂ ᠵᠢᠩ ᠪᠦᠷᠢ 15 ᠲᠥᠭᠦᠷᠢᠭ ᠠᠴᠠ ᠳᠡᠭᠡᠭᠰᠢ ᠪᠣᠯᠵᠤ᠂ ᠮᠠᠨ ᠤ ᠣᠷᠣᠯᠭ᠎ᠠ ᠵᠢᠯ ᠳᠠᠷᠠᠭᠠᠯᠠᠨ ᠨᠡᠮᠡᠭᠳᠡᠵᠦ᠂ ᠠᠮᠢᠳᠤᠷᠠᠯ ᠡᠳᠦᠷ ᠠᠴᠠ ᠡᠳᠦᠷ ᠰᠠᠶᠢᠵᠢᠷᠠᠵᠤ ᠪᠠᠶᠢᠨ᠎ᠠ︾ ᠬᠡᠵᠦ ᠶᠠᠷᠢᠵᠦ ᠪᠠᠶᠢᠪᠠ᠃ ᠠᠮᠢᠳᠤᠷᠠᠯ ᠤᠨ ᠴᠢᠨᠠᠷ ᠴᠢᠨᠰᠠᠭ᠎ᠠ ᠪᠠ ᠣᠷᠣᠯᠭ᠎ᠠ ᠶᠢᠨ ᠳᠡᠭᠡᠭᠰᠢᠯᠡᠬᠦ ᠶᠢ ᠳᠠᠭᠠᠯᠳᠤᠨ᠂ ᠮᠠᠯᠴᠢᠨ ᠰᠠᠴᠤᠷᠠᠭ ᠨᠠᠩ ᠴᠤ ᠶᠠᠭᠠᠷᠠᠯᠲᠠᠶ ᠪᠣᠯᠪᠠ᠃ ᠲᠡᠷᠡ ᠬᠤᠨᠢ ᠲᠡᠵᠢᠬᠡᠬᠦ ᠲᠤᠷᠠᠳᠠᠢ᠂ ᠦᠨᠡᠨ ᠪᠣᠳᠠᠲᠠᠶ ᠬᠦᠴᠦ ᠬᠥᠯᠥᠰᠥ ᠪᠠᠷ ᠰᠣᠯᠢᠵᠤ ᠠᠪᠴᠢᠷᠠᠭᠰᠠᠨ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠲᠥᠷᠥᠭᠳᠡᠯ ᠨᠢ ᠰᠠᠴᠤᠷᠠᠭ ᠲᠤ ᠮᠠᠰᠢ ᠪᠠᠶᠠᠷᠲᠠᠶ ᠰᠠᠨᠠᠭᠳᠠᠵᠤ ᠪᠠᠶᠢᠨ᠎ᠠ ᠬᠡᠪᠡ᠃ ᠡᠨᠡ ᠵᠢᠯ᠂ ᠲᠡᠷᠡ ᠪᠠᠰᠠ 120 ᠮᠦ ᠬᠦᠭᠡ ᠪᠤᠷᠳᠤᠭ᠎ᠠ᠂ 100 ᠮᠦ ᠡᠷᠳᠡᠨᠢ ᠰᠢᠰᠢ ᠲᠠᠷᠢᠵᠠᠢ᠂ ᠡᠳᠡᠭᠡᠷ ᠲᠡᠵᠢᠭᠡᠯ ᠪᠣᠷᠳᠤᠭ᠎ᠠ ᠨᠢ ᠠᠮᠤᠷ ᠲᠦᠪᠰᠢᠨ ᠢᠶᠠᠷ ᠡᠪᠦᠯᠵᠢᠵᠦ ᠭᠦᠶᠴᠡᠨ᠎ᠡ᠂ ᠡᠨᠡ ᠵᠢᠯ ᠲᠡᠭᠦᠨ ᠤ ᠬᠢᠨ ᠡᠪᠡᠰᠦ ᠪᠣᠷᠳᠤᠭ᠎ᠠ ᠪᠡᠯᠡᠳᠬᠡᠬᠦ ᠶᠢᠨ ᠲᠥᠯᠥᠭᠡ ᠠᠳᠡ ᠲᠡᠨᠳᠡ ᠭᠦᠶᠦᠵᠦ ᠵᠣᠪᠠᠭ᠋ᠤ ᠪᠠᠨ ᠪᠣᠯᠢᠵᠠᠢ᠃ ︽ᠦᠨᠡᠨ ᠳᠡᠭᠡᠨ ᠮᠠᠨ  ᠤ ᠮᠠᠯᠴᠢᠨ ᠲᠠᠷᠢᠶᠠᠴᠢᠨ ᠤ ᠬᠦᠰᠡᠵᠦ ᠪᠠᠶᠢᠭ᠎ᠠ ᠨᠢ ᠴᠢᠷᠮᠠᠶᠢᠨ ᠠᠵᠢᠯᠯᠠᠵᠤ᠂ ᠵᠣᠭᠤᠰ ᠤᠯᠵᠦ ᠠᠵᠦ ᠲᠦᠷᠦᠨ ᠠᠮᠢᠳᠤᠷᠠᠵᠦ᠂ ᠥᠪᠡᠷ ᠤᠨ ᠭᠡᠷ ᠤᠨ ᠬᠥᠮᠦᠰ ᠲᠡᠭᠡᠨ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠪᠦᠷᠢᠯᠳᠦᠭᠦᠯᠵᠦ ᠦᠭᠭᠦ ᠶᠠᠪᠤᠳᠠᠯ ᠶᠤᠮ᠃ 》᠂《 ᠥᠩᠭᠡᠷᠡᠭᠡᠭᠰᠡᠨ ᠳᠤ ᠪᠢᠳᠡᠨ ᠤ ᠬᠦᠰᠡᠯ ᠪᠣᠯ ︿ᠬᠡᠷᠡᠯᠳᠦᠬᠦᠯᠭᠡ  ᠳᠤ ᠲᠣᠰᠣ ᠬᠡᠷᠡᠭᠯᠡᠬᠦ ᠦᠭᠡᠢ᠂ ᠲᠠᠷᠢᠶᠠᠨ ᠭᠠᠵᠠᠷ ᠲᠤ ᠦᠬᠡᠷ ᠬᠡᠷᠡᠭᠯᠡᠬᠦ ᠦᠭᠡᠢ﹀ ᠶᠠᠪᠤᠳᠠᠯ ᠪᠠᠶᠢᠪᠠ᠂ ᠤᠳᠤ ᠡᠳᠡᠭᠡᠷ ᠬᠦᠰᠡᠯ ᠨᠢᠭᠡᠨᠲᠡ ᠪᠡᠶᠡᠯᠡᠭᠳᠡᠵᠡᠶ᠂ ᠤᠳᠤ ᠪᠢᠳᠡ ᠳᠠᠬᠢᠵᠤ ᠲᠩᠷᠢ ᠶᠢᠨ ᠴᠢᠷᠠᠶ ᠶᠢ ᠬᠠᠷᠠᠵᠤ ᠪᠤᠳᠠᠭ᠎ᠠ ᠢᠳᠡᠬᠦ ᠬᠡᠷᠡᠭ ᠦᠭᠡᠢ ᠪᠣᠯᠵᠠᠶ᠃︾᠂ ︽ᠤᠳᠤ ᠤᠯᠤᠰ ᠤᠨ ᠲᠥᠷᠥ ᠶᠢᠨ ᠪᠣᠳᠣᠯᠭ᠎ᠠ ᠰᠠᠶᠢᠨ᠂ ᠨᠥᠬᠦᠴᠡᠯ ᠴᠦ ᠰᠠᠶᠢᠨ ᠪᠣᠯᠵᠠᠶ᠂ ᠥᠪᠡᠷᠲᠡᠭᠡᠨ ᠭᠠᠷ ᠬᠥᠳᠡᠯᠳᠡᠭ ᠯᠡ ᠶᠤᠮ ᠪᠣᠯ ᠢᠳᠡᠵᠦ ᠡᠮᠦᠰᠬᠦ ᠳᠡᠭᠡᠨ ᠵᠥᠪ ᠪᠣᠯᠤᠨ᠎ᠠ︾ ᠁ ᠭᠡᠵᠦ ᠮᠠᠯᠴᠢᠨ ᠰᠠᠴᠤᠷᠠᠭ ᠬᠡᠯᠡᠪᠡ᠃ ᠬᠠᠪᠤᠷ ᠲᠠᠷᠢᠵᠦ ᠨᠠᠮᠤᠷ ᠬᠤᠷᠢᠶᠠᠳᠠᠭ᠂ ᠮᠠᠯᠴᠢᠨ ᠰᠠᠴᠤᠷᠠᠭ ᠤᠨ ᠡᠯᠪᠡᠭ ᠬᠤᠷᠢᠶᠠᠯᠲᠠ ᠶᠢᠨ ᠪᠠᠶᠠᠰᠤᠯ ᠲᠡᠬᠦᠨ ᠤ ᠵᠣᠯ ᠵᠢᠷᠭᠠᠯᠲᠤ ᠢᠨᠢᠶᠡᠳᠦᠨ ᠳᠤ ᠲᠤᠳᠤᠷᠠᠵᠦ ᠪᠠᠶᠢᠯ᠎ᠠ᠃     ᠡᠨᠡ ᠵᠢᠯ ᠲᠡᠷᠡ 700 ᠭᠠᠷᠤᠶ ᠮᠦ ᠭᠠᠵᠠᠷ ᠳᠠᠭᠠᠭᠠᠴᠢᠯᠠᠵᠤ᠂ 750 ᠮᠣ᠋ ᠪᠤᠷᠴᠠᠭ ᠲᠠᠷᠢᠪᠠ᠂ ᠨᠢᠳᠤᠨᠤᠨ ᠲᠡᠷᠡ ᠪᠠᠰᠠ 1000 ᠮᠣ᠋ ᠰᠢᠷ᠎ᠠ ᠪᠤᠷᠴᠠᠭ ᠲᠠᠷᠢᠪᠠ᠂ ᠡᠭᠦᠨ ᠤ ᠳᠡᠭᠡᠷ᠎ᠡ ᠵᠠᠰᠠᠭ ᠤᠨ ᠣᠷᠳᠣᠨ ᠤ ᠨᠥᠬᠦᠪᠥᠷᠢ ᠶᠢ ᠨᠡᠮᠡᠪᠡᠯ ᠴᠡᠪᠡᠷ ᠣᠷᠣᠯᠭ᠎ᠠ ᠨᠢ 20 ᠲᠦᠮᠡᠨ ᠲᠥᠭᠦᠷᠢᠭ ᠠᠴᠠ ᠳᠡᠭᠡᠭᠰᠢ ᠪᠣᠯᠵᠠᠶ᠃ ᠲᠡᠷᠡ᠄ ︽ᠤᠶᠢᠷ᠎ᠠ ᠶᠢᠨ ᠵᠢᠯ  ᠳᠤ᠂ ᠤᠯᠤᠰ ᠤᠨ ᠲᠥᠷᠦ ᠶᠢᠨ ᠪᠣᠳᠣᠯᠭ᠎ᠠ ᠮᠠᠨ ᠤ ᠮᠠᠯᠴᠢᠨ ᠲᠠᠷᠢᠶᠠᠴᠢᠨ ᠢ ᠣᠨᠴᠠᠭᠠᠢ ᠬᠠᠷᠠᠭᠠᠯᠵᠠᠵᠤ᠂ ᠰᠢᠷ᠎ᠠ ᠪᠤᠷᠴᠠᠭ ᠮᠤ᠋ ᠪᠦᠷᠢ ᠳᠤ 200 ᠭᠠᠷᠤᠶ ᠲᠥᠭᠦᠷᠢᠭ ᠤᠨ ᠨᠥᠬᠦᠪᠥᠷᠢ ᠲᠠᠢ ᠪᠣᠯᠵᠤ᠂ ᠵᠠᠰᠠᠭ ᠤᠨ ᠣᠷᠳᠣᠨ ᠤ ᠬᠠᠪᠰᠤᠷᠤᠯᠭ᠎ᠠ ᠲᠤᠤᠷ᠎ᠠ᠂ ᠪᠢᠳᠡ ᠤᠷᠤᠭᠰᠢᠯᠠᠬᠤ ᠬᠥᠳᠡᠯᠭᠡᠬᠦ ᠬᠦᠴᠦᠨ ᠲᠠᠢ ᠪᠣᠯᠵᠠᠶ᠃ ᠤᠳᠤ ᠠᠵᠤ ᠠᠬᠤᠢ ᠶᠢᠨ ᠦᠷ᠎ᠡ ᠠᠰᠢᠭ ᠵᠢᠯ ᠳᠠᠷᠠᠭᠠᠯᠠᠨ ᠰᠠᠶᠢᠵᠢᠷᠠᠵᠤ᠂ ᠠᠮᠢᠳᠤᠷᠠᠯ ᠤᠯᠠᠮ ᠪᠠᠶᠠᠨ ᠴᠢᠨᠡᠭᠡᠯᠢᠭ ᠪᠣᠯᠵᠤ ᠪᠠᠶᠢᠨ᠎ᠠ᠂ ᠨᠠᠮ ᠪᠠ ᠵᠠᠰᠠᠭ ᠤᠨ ᠣᠷᠳᠣᠨ ᠤ ᠬᠠᠪᠰᠤᠷᠤᠯᠭ᠎ᠠ ᠬᠠᠷᠠᠭᠠᠯᠵᠠᠯ ᠳᠤ ᠲᠠᠯᠠᠷᠬᠠᠵᠤ ᠪᠠᠶᠢᠨ᠎ᠠ᠂ ᠲᠡᠳᠡᠨ ᠤ ᠬᠠᠪᠰᠤᠷᠤᠯᠭ᠎ᠠ ᠬᠠᠷᠠᠭᠠᠯᠵᠠᠯ ᠪᠠᠶᠢᠬᠤ ᠪᠣᠯᠬᠤᠷ ᠪᠢᠳᠡ ᠵᠢᠯ ᠵᠢᠯ ᠡᠯᠪᠡᠭ ᠬᠤᠷᠢᠶᠠᠯᠲᠠ ᠣᠯᠵᠤ ᠪᠠᠶᠢᠨ᠎ᠠ︕︾ ᠭᠡᠪᠡ᠃ ᠤᠷᠤᠯᠭ᠎ᠠ  ᠶᠢᠨ ᠨᠡᠮᠡᠭᠳᠡᠬᠦ ᠶᠢ ᠲᠠᠭᠠᠯᠳᠤᠨ ᠲᠡᠳᠡᠨ ᠤ ᠠᠮᠢᠳᠤᠷᠠᠯ ᠴᠦ ᠤᠯᠠᠮ ᠰᠠᠶᠢᠵᠢᠷᠠᠵᠦ᠂ ᠤᠯᠠᠮ ᠵᠤᠯ ᠵᠢᠷᠭᠠᠯᠳᠠᠢ ᠪᠤᠯᠪᠠ᠃     ᠲᠡᠳᠡ ᠤᠳᠤ ᠥᠪᠡᠷ ᠤᠨ ᠠᠰᠠᠷ ᠲᠠᠢ ᠪᠣᠯᠤᠭᠰᠠᠨ ᠪᠥᠭᠡᠳ ᠪᠠᠰᠠ ᠪᠠᠭ᠎ᠠ ᠮᠠᠰᠢᠨ ᠲᠠᠢ ᠪᠣᠯᠵᠠᠶ᠃ ᠮᠠᠯᠴᠢᠨ ᠰᠠᠴᠤᠷᠠᠭ ᠤᠨ ᠴᠢᠷᠠᠢ ᠳᠤ ᠵᠣᠯ ᠵᠢᠷᠭᠠᠯ ᠤᠨ ᠢᠨᠢᠶᠡᠳᠦ ᠲᠤᠳᠤᠷᠠᠨ᠎ᠠ᠃ ︽ᠬᠤᠨᠢ ᠪᠣᠯ ᠮᠢᠨᠦ ᠡᠷᠳᠡᠨᠢ᠃ ᠪᠢ ᠬᠤᠨᠢ  ᠪᠠᠨ ᠲᠡᠵᠢᠭᠡᠵᠦ ᠲᠡᠶᠢᠯᠬᠦ ᠦᠭᠡᠢ ᠲᠡᠷᠡ ᠡᠳᠦᠷ ᠪᠣᠯᠲᠠᠯ᠎ᠠ ᠲᠡᠵᠢᠭᠡᠵᠦ᠂ ᠮᠠᠨ ᠤ ᠪᠠᠯᠭᠠᠰᠤᠨ ᠤ ᠨᠢᠭᠡ ᠬᠤᠶᠠᠳᠤᠭᠠᠷ ᠲᠡᠰ ᠤᠨ ᠬᠤᠨᠢ ᠲᠡᠵᠢᠭᠡᠬᠦ ᠲᠣᠮᠣ ᠡᠷᠦᠬᠡ ᠪᠤᠯᠤᠨ᠎ᠠ᠂ ᠲᠡᠷᠡ ᠦᠶ᠎ᠡ ᠳᠤ ᠳᠠᠬᠢᠨ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠨᠠᠩ ᠣᠯᠠᠨ ᠬᠥᠮᠦᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃︾ ᠮᠠᠯᠴᠢᠨ ᠰᠠᠴᠤᠷᠠᠭ ᠢᠷᠡᠭᠡᠳᠦᠢ ᠳᠤ ᠪᠠᠨ ᠢᠳᠡᠭᠡᠯ ᠲᠡᠭᠦᠰ ᠪᠠᠶᠢᠯ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号