ᠡᠭᠡ ᠪᠠᠶᠢᠭᠠᠯᠢ ᠪᠠᠨ ᠳᠡᠭᠡᠳᠦᠯᠡᠭᠰᠡᠨ ᠮᠠᠯᠵᠢᠯ ᠠᠮᠢᠳᠤᠷᠠᠯ ᠤᠨ ᠪᠠᠭ᠋ᠠᠷᠬᠠᠯ — ᠵᠠᠷᠤᠳ ᠬᠤᠰᠢᠭᠤᠨ ᠤ ᠠᠮᠢ ᠠᠬᠤᠢ ᠶᠢ  ᠬᠠᠮᠠᠭᠠᠯᠠᠵᠦ ᠮᠠᠯ ᠠᠵᠦ ᠠᠬᠤᠢ ᠶᠢᠨ ᠬᠦᠭᠵᠢᠯᠳᠡ ᠶᠢ ᠠᠬᠢᠭᠤᠯᠵᠦ ᠪᠠᠶᠢᠭ᠎ᠠ ᠪᠤᠳᠠᠳᠤ ᠳᠡᠮᠳᠡᠭᠯᠡᠯ ︵ᠬᠤᠶᠠᠷ︶
ᠨᠡᠶᠢᠲᠡᠯᠡᠭᠰᠡᠨ ᠴᠠᠭ᠄
2019/11/20
   ᠠᠮᠢ ᠠᠬᠤᠢ ᠶᠢᠨ ᠬᠠᠮᠠᠭᠠᠯᠡᠯᠳᠠ ᠲᠠᠢ ᠪᠠᠭᠤᠴᠠ ᠨᠤᠳᠤᠬ    ᠵᠠᠷᠤᠳ ᠬᠤᠰᠢᠭᠤᠨ ᠤ ᠪᠠᠶᠠᠷᠳᠤᠬᠤᠰᠢᠭᠤ ᠪᠠᠯᠭᠠᠰᠤᠨ ᠤ ᠲᠦᠪᠰᠢᠨ ᠭᠠᠴᠠᠭ᠎ᠠ ᠶᠢᠨ ︽ᠵᠠᠷᠤᠳ ᠪᠠᠭᠤᠴᠠ ᠨᠤᠳᠤᠭ︾ ᠨᠢ ᠡᠩᠬᠡ ᠠᠮᠤᠭᠤᠯᠠᠩ ᠬᠠᠭᠠᠨ ᠰᠠᠭᠠᠳᠠᠵᠤ ᠦᠩᠭᠡᠷᠡᠭᠰᠡᠨ ᠭᠠᠵᠠᠷ ᠭᠡᠳᠡᠭ ᠪᠤᠯᠬᠤᠷ ᠠᠳᠠᠭᠢ ᠮᠠᠯᠴᠢᠳ ᠨᠡᠨ ᠨᠤᠳᠤᠭ ᠢ ︽ᠪᠠᠭᠤᠴᠠ ᠨᠤᠳᠤᠭ︾ ᠭᠡᠵᠤ ᠳᠠᠭᠤᠳᠠᠨ ᠤᠯᠠᠮᠵᠢᠯᠠᠭᠰᠠᠭᠠᠷ ᠢᠷᠡᠵᠡᠢ᠃ ᠤᠳᠤ᠂ 300 ᠦᠭᠡᠷ ᠲᠠᠢ ᠠᠮᠢ ᠠᠬᠤᠢ ᠶᠢᠨ ᠮᠠᠯᠵᠢᠯ ᠤᠨ ᠳᠠᠯᠠᠪᠠᠢ ᠡᠵᠡᠩᠨᠡᠵᠤ ᠪᠠᠶᠢᠭ᠎ᠠ ᠮᠠᠯᠴᠢᠨ ᠬᠤᠩᠭᠤᠷᠪᠠᠭᠠᠳᠤᠷ ᠤᠨ ᠬᠢᠨ ᠪᠤᠯ ᠡᠨᠡ ᠨᠤᠳᠤᠭ ᠤᠨ ᠡᠵᠡᠨ ᠪᠤᠯᠤᠨ᠎ᠠ᠃     ᠬᠤᠩᠭᠤᠷᠪᠠᠭᠠᠳᠤᠷ ᠤᠨ ᠬᠢᠨ ᠦᠶ᠎ᠡ ᠤᠯᠠᠷᠢᠨ ᠪᠠᠭᠤᠴᠠ ᠨᠤᠲᠤᠭ ᠲᠤ ᠠᠮᠢᠳᠤᠷᠠᠨ᠂ ᠨᠠᠮᠢᠷᠠᠭ᠎ᠠ ᠬᠤᠷ᠎ᠠ᠂ ᠨᠠᠷᠢᠨ ᠰᠠᠶᠢᠬᠠᠨ ᠡᠪᠡᠰᠣ ᠨᠣᠭᠤᠭ᠎ᠠ᠂ ᠠᠤᠨᠬᠤ ᠰᠢᠷᠤᠢ ᠭᠡᠰᠡᠭ ᠴᠢᠯᠠᠭᠤ ᠪᠦᠬᠦᠨ ᠢᠶᠠᠨ ᠣᠳᠬ᠎ᠠ ᠣᠴᠢᠷ ᠲᠠᠢ ᠵᠦᠢᠯ ᠪᠣᠯᠭᠠᠨ ᠲᠡᠭᠡᠲᠣᠯᠠᠵᠣ᠂ ᠨᠤᠳᠤᠬ ᠪᠡᠯᠴᠢᠭᠡᠷ ᠠᠮᠢ ᠠᠬᠤᠶ ᠪᠠᠨ ᠬᠠᠮᠠᠭᠠᠯᠠᠬᠤ ᠤᠬᠠᠮᠰᠠᠷ ᠨᠢ ᠵᠢᠷᠤᠭᠡ ᠰᠡᠤᠨᠭᠢᠯ ᠳᠤᠨᠢ ᠬᠠᠳᠡᠩᠰᠢᠵᠡᠢ᠃ 2014 ᠣᠨ ᠳᠤ᠂ ᠬᠤᠩᠭᠤᠷᠪᠠᠭᠠᠳᠤᠷ ᠠᠪᠤ ᠶᠢᠨ ᠢᠶᠠᠨ ᠤᠯᠠᠮᠵᠢᠯᠠᠭᠰᠠᠨ ᠲᠦᠮᠡ ᠭᠠᠷᠤᠢ ᠮᠦ ᠳᠠᠯᠠᠪᠠᠢ ᠲᠠᠢ ᠡᠨᠡ ᠨᠤᠳᠤᠭ ᠳᠡᠭᠡᠷ᠎ᠠ ᠪᠠᠨ ᠠᠬ᠎ᠠ ᠪᠢᠯᠢᠭᠦᠨᠳᠠᠯᠠᠶ᠂ ᠬᠦᠷᠭᠡᠨ ᠠᠬ᠎ᠠ ᠰᠠᠶᠢᠠᠠᠥ᠋ᠯᠵᠡᠶ ᠲᠠᠢ ᠪᠠᠨ ᠬᠠᠮᠳᠤᠷᠡᠨ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ ᠶᠢ ᠪᠠᠶᠢᠭᠤᠯᠪᠠ᠃ ᠤᠳᠤᠬᠠᠨ ᠳᠤ ᠤᠷᠤᠯᠭ᠎ᠠ ᠪᠠᠭ᠎ᠠ ᠲᠠᠢ ᠪᠤᠰᠤᠳ 7 ᠮᠠᠯᠴᠢᠨ ᠡᠷᠦᠭᠡ ᠶᠢ ᠳᠠᠶᠢᠴᠢᠯᠠᠨ᠂ ᠬᠦᠯᠦᠰᠦ ᠬᠠᠶᠢᠷ᠎ᠠ ᠰᠢᠩᠭᠡᠭᠰᠡᠨ᠂ ᠰᠡᠳᠬᠢᠯ ᠣᠬᠠᠭᠠᠨ ᠠᠭᠤᠰᠣᠬᠰᠠᠨ᠂ ᠰᠠᠭᠠᠯᠢ ᠰᠢᠮ᠎ᠡ ᠶᠢᠨ ᠦᠨᠦᠷ ᠰᠡᠩᠬᠢᠨᠡᠭᠦᠯᠦᠭᠰᠡᠨᠠ ᠮᠠᠯᠴᠢᠨ ᠬᠦᠮᠦᠨ ᠤ ᠳᠠᠶᠢᠪᠤᠭᠤ ᠠᠮᠢᠲᠣᠷᠠᠯ ᠢᠶᠠᠨ ᠡᠳ᠋ᠯᠡᠨ ᠰᠠᠭᠤᠨ᠎ᠠ᠃ ︽2017 ᠣᠨ ᠳᠤ ᠬᠤᠨᠢ ᠪᠠᠨ ᠪᠦᠬᠦᠳᠠ ᠶᠢ ᠬᠤᠳᠡᠯᠳᠤᠵᠤ᠂ ᠮᠠᠯᠵᠢᠯ ᠤᠨ ᠠᠷᠭ᠎ᠠ ᠬᠡᠯᠪᠡᠷᠢ ᠪᠠᠨ ᠬᠤᠪᠢᠷᠠᠭᠤᠯᠤᠭᠰᠠᠨ ᠠᠴᠠ ᠮᠠᠯ ᠰᠦᠷᠦᠭ ᠤᠨ ᠭᠠᠮᠰᠢᠭ ᠲᠠᠢ ᠲᠡᠮᠡᠴᠡᠬᠦ ᠴᠢᠳᠠᠪᠤᠷᠢ ᠳᠡᠭᠡᠭᠰᠢᠯᠡᠭᠰᠡᠨ᠂ ᠮᠠᠯ ᠤᠨ ᠲᠠᠷᠭᠤ ᠬᠦᠴᠦ ᠨᠢ ᠴᠦ ᠮᠠᠰᠢ ᠲᠦᠷᠭᠡᠨ ᠨᠡᠮᠡᠭᠳᠡᠭᠰᠡᠨ ᠪᠠᠶᠢᠨ᠎ᠠ᠃ ᠢᠩᠭᠢᠭᠰᠡᠨ ᠢᠶᠠᠷ᠂ ᠠᠮᠢ ᠠᠬᠤᠶ ᠬᠠᠮᠠᠭᠠᠯᠠᠭᠳᠠᠭᠰᠠᠨ ᠢᠶᠠᠷ ᠪᠠᠷᠠᠬᠤ ᠥᠬᠡᠶ᠂ ᠨᠤᠲᠤᠭ ᠪᠡᠯᠴᠢᠭᠡᠷ ᠤᠨ ᠤᠷᠭᠤᠮᠠᠯ ᠬᠤᠴᠢᠯᠭ᠎ᠠ ᠰᠡᠷᠭᠦᠵᠦ᠂ ᠮᠠᠯ ᠤᠨ ᠭᠠᠷᠭᠠᠯᠲᠠ ᠶᠢᠨ ᠬᠤᠭᠤᠴᠠᠭ᠎ᠠ ᠴᠤ ᠪᠠᠭᠠᠰᠴᠠᠶ︾ ᠬᠡᠵᠦ ᠬᠤᠩᠭᠤᠷᠪᠠᠭᠠᠲᠤᠷ ᠤᠨ ᠬᠢᠨ ᠮᠠᠯ ᠠᠵᠤ ᠠᠬᠤᠢ ᠶᠢᠨ ᠡᠵᠡᠩᠨᠡᠯᠲᠡ ᠶᠢᠨ ᠪᠦᠲᠦᠴᠡ ᠳᠤ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠮᠢ ᠠᠬᠤᠶ ᠪᠣᠯᠤᠨ ᠠᠵᠤ ᠠᠬᠤᠢ ᠶᠢᠨ ᠬᠤᠤᠰ ᠦᠷ᠎ᠡ ᠠᠰᠢᠭ ᠭᠦᠷᠳᠡᠭᠰᠡᠨ ᠢᠶᠠᠨ ᠶᠠᠷᠢᠨ᠎ᠠ᠃     2017 ᠣᠨ ᠳᠤ᠂ ᠬᠤᠩᠭᠤᠷᠪᠠᠭᠠᠲᠤᠷ ᠤᠨ ᠬᠢᠨ ᠤ ᠮᠠᠯᠵᠢᠯ ᠤᠨ ᠲᠠᠯᠠᠪᠠᠢ ᠨᠢ ᠲᠦᠩᠯᠢᠶᠣᠤ ᠬᠤᠲᠠ ᠶᠢᠨ ᠬᠠᠷᠢᠶᠠᠨ ᠳᠣᠲᠣᠷ᠎ᠠ ᠪᠠᠶᠢᠭᠤᠯᠤᠭᠰᠠᠨ 500 ᠺᠢᠯᠣᠮᠧᠲᠷ ᠤᠨ ᠦᠵᠡᠮᠵᠢ ᠶᠢᠨ ᠪᠦᠰᠡ ᠳᠤ ᠲᠦᠰᠢᠭᠯᠡᠨ᠂ ᠠᠮᠢ ᠠᠬᠤᠢ ᠶᠢᠨ ᠵᠢᠭᠤᠯᠴᠢᠯᠠᠯ ᠤᠨ ᠠᠵᠤ ᠦᠶ᠋ᠯᠡᠰ ᠢ ᠬᠥᠭᠵᠢᠭᠦᠯᠪᠡ᠃ ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠬᠤ ᠶᠢᠨ ᠲᠥᠯᠥᠭᠡ᠂ ᠤᠯᠠᠮᠵᠢᠯᠠᠯᠲᠤ ᠦᠬᠡᠷ ᠬᠤᠨᠢᠨ ᠤ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ︽ᠦᠬᠡᠷ ᠲᠡᠵᠢᠭᠡᠬᠦ + ᠵᠢᠭᠤᠯᠴᠢᠯᠠᠯ︾ ᠤᠨ ᠠᠮᠢ ᠠᠬᠤᠢ ᠶᠢᠨ ᠮᠠᠯᠵᠢᠯ ᠤᠨ ᠲᠠᠯᠠᠪᠠᠢ ᠪᠣᠯᠭᠠᠵᠠᠢ᠃ ᠵᠢᠯ ᠪᠦᠷᠢ ᠪᠦᠬᠦ ᠤᠯᠤᠰ ᠤᠨ ᠡᠯ᠎ᠡ ᠭᠠᠵᠠᠷ ᠤᠨ ᠵᠢᠭᠤᠯᠴᠢᠯᠠᠭᠰᠠᠳ ᠠᠳᠡ ᠢᠷᠡᠵᠦ ᠰᠡᠯᠡᠬᠦᠴᠡᠨ ᠠᠮᠠᠷᠠᠵᠦ᠂ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠢ ᠰᠣᠨᠢᠷᠬᠠᠵᠤ᠂ ᠮᠣᠩᠭᠤᠯ ᠦᠨᠳᠦᠰᠦᠲᠡᠨ ᠤ ᠰᠣᠶᠣᠯ ᠤᠨ ᠣᠨᠴᠠᠯᠢᠭ ᠢ ᠪᠡᠶᠡᠴᠢᠯᠡᠨ ᠣᠢᠢᠯᠠᠭᠠᠨ ᠶᠠᠪᠤᠳᠠᠭ ᠪᠤᠯᠪᠠ᠃ ︽ᠵᠢᠭᠤᠯᠴᠢᠯᠠᠯ ᠤᠨ ᠤᠢᠢᠯᠡᠰ ᠢ ᠬᠥᠭᠵᠢᠭᠦᠯᠬᠦ ᠪᠠᠷ ᠳᠠᠮᠵᠢᠨ ᠨᠢᠭᠡ ᠲᠠᠯ᠎ᠠ ᠪᠠᠷ ᠠᠮᠢ ᠠᠬᠤᠢ ᠶᠢ ᠬᠠᠮᠠᠭᠠᠯᠠᠵᠤ᠂ ᠨᠦᠭᠦᠭᠡ ᠲᠠᠯ᠎ᠠ ᠪᠠᠷ ᠮᠣᠩᠭᠤᠯ ᠦᠨᠳᠦᠰᠦᠲᠡᠨ ᠤ ᠪᠠᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠩ ᠤᠯᠡᠨ ᠭᠦᠮᠦᠰ ᠲᠤ ᠲᠠᠨᠢᠯᠴᠠᠭᠤᠯᠵᠤ ᠪᠠᠶᠢᠨ᠎ᠠ᠂ ᠪᠠᠰᠠ ᠪᠤᠰᠤᠳ ᠮᠠᠯᠴᠢᠤᠨ ᠢᠶᠠᠨ ᠳᠠᠶᠢᠴᠢᠯᠠᠨ ᠪᠠᠶᠠᠵᠢᠨ ᠴᠢᠨᠡᠭᠡᠯᠢᠭᠵᠢᠬᠦ ᠠᠷᠭ᠎ᠠ ᠬᠡᠯᠪᠡᠷᠢ ᠪᠠᠨ ᠬᠤᠪᠢᠷᠠᠭᠤᠯᠵᠤ ᠪᠠᠶᠢᠨ᠎ᠠ︾ ᠭᠡᠵᠤ ᠬᠤᠩᠭᠤᠷᠪᠠᠭᠠᠳᠤᠷ ᠳᠠᠶᠢᠪᠤᠭᠤᠬᠠᠨ ᠶᠠᠷᠢᠨ᠎ᠠ᠃ ᠳᠡᠭᠦᠨ ᠤ ᠳᠠᠨᠢᠯᠴᠠᠭᠤᠯᠤᠭᠰᠠᠨ ᠢᠶᠠᠷ᠂ 2017 ᠤᠨ ᠳᠤ ᠡᠳᠡᠨ ᠤ ᠬᠢᠨ ᠤ ᠮᠠᠯᠵᠢᠯ ᠤᠨ ᠲᠠᠯᠠᠪᠠᠢ ᠶᠢᠨ ᠴᠡᠪᠡᠷ ᠣᠷᠣᠯᠭ᠎ᠠ ᠨᠢ 113 ᠲᠦᠮᠡᠨ ᠲᠥᠭᠦᠷᠢᠭ ᠲᠤ ᠬᠦᠷᠴᠦ᠂ ᠡᠭᠦᠨ ᠳᠤ ᠵᠢᠭᠤᠯᠴᠢᠯᠠᠯ ᠤᠨ ᠣᠷᠣᠯᠭ᠎ᠠ ᠨᠢ 25 ᠲᠦᠮᠡᠨ ᠲᠥᠭᠦᠷᠢᠭ ᠢ ᠳᠠᠪᠠᠪᠠ᠃ 2018 ᠣᠨ ᠳᠤ ᠮᠠᠯᠵᠢᠯ ᠤᠨ ᠲᠠᠯᠠᠪᠠᠢ ᠶᠢᠨ ᠴᠡᠪᠡᠷ ᠤᠷᠤᠯᠭ᠎ᠠ ᠨᠢ 130 ᠲᠦᠮᠡᠨ ᠲᠥᠭᠦᠷᠢᠭ ᠲᠤ ᠬᠦᠷᠴᠦ᠂ ᠡᠭᠦᠨ ᠳᠤ ᠦᠬᠡᠷ ᠲᠡᠵᠢᠭᠡᠭᠰᠡᠨ ᠴᠡᠪᠡᠷ ᠤᠷᠤᠯᠭ᠎ᠠ ᠨᠢ 85 ᠲᠦᠮᠡᠨ ᠲᠥᠭᠦᠷᠢᠭ ᠲᠤ ᠬᠦᠷᠴᠦ᠂ ᠵᠢᠭᠤᠯᠴᠢᠯᠠᠯ ᠤᠨ ᠠᠰᠢᠭ ᠤᠷᠤᠯᠭ᠎ᠠ ᠨᠢ 45 ᠲᠦᠮᠡᠨ ᠲᠥᠭᠦᠷᠢᠭ ᠲᠤ ᠬᠦᠷᠴᠦ᠂ ᠠᠮᠢ ᠠᠬᠤᠢ ᠪᠠᠨ ᠬᠠᠮᠠᠭᠠᠯᠠᠬᠰᠡᠨ ᠴᠢᠨᠡᠭᠡᠯᠢᠭᠵᠢᠯ ᠤᠨ ᠵᠠᠮ ᠢᠶᠠᠷ ᠵᠠᠮᠨᠠᠬᠰᠡᠨ ᠠᠵᠢ᠃     ᠬᠤᠩᠭᠤᠷᠪᠠᠭᠠᠲᠤᠷ ᠤᠨ ᠳᠠᠶᠢᠴᠢᠯᠠᠯ ᠢᠶᠠᠷ ᠪᠠᠶᠢᠭᠤᠯᠤᠭᠰᠠᠨ ᠭᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ ᠨᠢ ᠠᠩᠬ᠎ᠠ ︽ᠪᠠᠶᠢᠭᠠᠯᠢᠯᠢᠭ ᠮᠠᠯᠵᠢᠯ᠂ ᠲᠣᠬᠢᠷᠠᠮᠵᠢᠲᠠᠶ ᠤᠯᠠᠷᠢᠯ ᠳᠤ ᠲᠡᠵᠢᠭᠡᠨ ᠦᠷᠡᠵᠢᠭᠦᠯᠵᠦ︾ ᠪᠠᠶᠢᠭᠰᠠᠨ ᠠᠴᠠ ᠤᠳᠤᠬᠠᠨ ᠤ ︽ᠡᠷᠴᠢᠮᠵᠢᠭᠦᠯᠦᠨ ᠡᠵᠡᠩᠨᠡᠬᠦ︾ ᠲᠡᠶᠢᠰᠢ ᠬᠤᠪᠢᠷᠠᠭᠤᠯᠵᠤ᠂ ᠦᠭᠡᠷ ᠴᠥᠭᠡᠨ ᠲᠡᠵᠢᠭᠡᠵᠦ ᠨᠠᠷᠢᠯᠢᠭ ᠠᠷᠠᠴᠢᠯᠠᠬᠤ ᠶᠢ ᠵᠤᠷᠢᠵᠤ ᠡᠬᠢᠯᠡᠪᠡ᠃ ᠡᠨᠡ ᠵᠢᠯ ᠤᠨ 5 ᠰᠠᠷ᠎ᠠ ᠳᠤ᠂ ᠬᠤᠩᠭᠤᠷᠪᠠᠭᠠᠲᠤᠷ ᠤᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠪᠣᠯᠤᠨ ᠥᠪᠥᠷ ᠮᠣᠩᠭᠤᠯ ᠤᠨ ᠡᠯ ᠱᠠᠩ ᠮᠧᠩ ᠰᠢ ᠬᠦᠷᠢᠶᠡᠯᠡᠩ ᠤᠨ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠲᠠᠢ ᠰᠧᠯᠧᠨ ᠡᠯᠪᠡᠭ ᠠᠭᠤᠯᠤᠬᠳᠠᠬᠤ ᠦᠬᠡᠷ ᠤᠨ ᠠᠵᠤ ᠦᠢᠯᠡᠰ ᠢ ᠬᠦᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠵᠤ᠂ ᠵᠢᠩᠬᠢᠨᠢ ᠪᠠᠷ ᠫᠠᠶᠢᠰᠠ ᠡᠯᠭᠦᠨ ᠪᠡᠭᠡᠵᠢᠩ ᠤᠨ ᠡᠯ ᠱᠠᠩ ᠪᠦᠯᠦᠭᠯᠡᠯ ᠤᠨ ᠵᠠᠷᠤᠳ ᠬᠤᠰᠢᠭᠤᠨ ᠤ ᠰᠧᠯᠧᠨ ᠡᠯᠪᠡᠭ ᠠᠭᠤᠯᠬᠤ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠪᠣᠯᠪᠠ᠃ ᠣᠳᠣᠬᠠᠨ ᠳᠤ ᠲᠡᠳᠡᠨ ᠤ ᠬᠢᠨ ᠥᠪᠡᠷ ᠢᠶᠠᠨ 300 ᠦᠬᠡᠷ ᠲᠠᠢ᠂ ᠨᠡᠨ ᠵᠢᠯ ᠤᠨ ᠰᠡᠭᠦᠯᠴᠢ ᠪᠤᠯᠳᠠᠯ᠎ᠠ ᠬᠤᠩᠭᠤᠷᠪᠠᠭᠠᠳᠤᠷ ᠠᠬ᠎ᠠ ᠳᠡᠭᠦᠦ ᠭᠤᠷᠪᠠᠨ ᠡᠷᠦᠬᠡ ᠪᠠᠷ ᠢᠶᠠᠨ 100 ᠰᠧᠯᠧᠨ ᠦᠬᠡᠷ ᠲᠡᠵᠢᠭᠡᠬᠦ ᠪᠠᠷ ᠲᠥᠯᠥᠪᠯᠡᠵᠦ ᠪᠠᠶᠢᠬᠤ ᠪᠥᠭᠡᠳ 7 ᠡᠷᠦᠬᠡ ᠶᠢ ᠳᠠᠭᠠᠭᠤᠯᠤᠨ 200 ᠰᠧᠯᠧᠨ ᠦᠬᠡᠷ ᠪᠣᠯᠭᠠᠬᠤ ᠪᠠᠷ ᠲᠥᠯᠥᠪᠯᠡᠵᠦ ᠪᠠᠶᠢᠯ᠎ᠠ᠃     ︽ᠰᠧᠯᠧᠨ ᠡᠯᠪᠡᠭ ᠠᠭᠤᠯᠤᠭᠰᠠᠨ ᠦᠬᠡᠷ ᠤᠨ ᠮᠢᠬᠠᠨ ᠤ ᠵᠢᠩ ᠪᠦᠷᠢ ᠶᠢᠨ ᠬᠤᠳᠡᠯᠳᠤᠨ ᠠᠪᠬᠤ ᠦᠨ᠎ᠡ ᠨᠢ ᠡᠩ ᠤᠨ ᠦᠬᠡᠷ ᠤᠨ ᠮᠢᠬ᠎ᠠ ᠠᠴᠠ 6 — 8 ᠲᠥᠭᠦᠷᠢᠭ ᠦᠨᠡᠳᠡᠢ᠂ ᠵᠠᠷᠢᠮ ᠳᠠᠭᠠᠨ ᠡᠭᠦᠨ ᠠᠴᠠ ᠨᠢ ᠬᠤᠯᠠ ᠢᠯᠡᠭᠦᠦ ᠦᠨ᠎ᠡ ᠬᠦᠷᠦᠨ᠎ᠡ᠃ ᠦᠬᠡᠷ ᠰᠧᠯᠧᠨ ᠡᠯᠪᠡᠭ ᠠᠭᠤᠯᠤᠭᠰᠠᠨ ᠲᠡᠵᠢᠭᠡᠯ ᠪᠣᠷᠳᠤᠭ᠎ᠠ ᠶᠢ ᠢᠳᠡᠭᠰᠡᠨ ᠤ ᠳᠠᠷᠠᠭ᠎ᠠ᠂ ᠦᠭᠡᠷ ᠤᠨ ᠰᠢᠭᠡᠭ ᠪᠤᠷᠳᠤᠭᠤᠷ ᠲᠤ ᠴᠦ ᠰᠧᠯᠧᠨ ᠡᠯᠧᠮᠧᠨ᠋ᠲ ᠠᠭᠤᠯᠵᠤ ᠪᠠᠶᠢᠳᠠᠭ᠂ ᠨᠤᠲᠤᠭ ᠪᠡᠯᠴᠢᠭᠡᠷ ᠲᠤ ᠲᠠᠷᠬᠠᠭᠰᠠᠨ ᠦᠬᠡᠷ ᠤᠨ ᠰᠢᠭᠡᠭ ᠪᠤᠷᠳᠤᠭᠤᠷ ᠨᠢ ᠡᠪᠡᠰᠦ ᠪᠡᠯᠴᠢᠭᠡᠷ ᠤᠨ ᠤᠷᠭᠤᠯᠳᠠ ᠳᠤ ᠠᠰᠢᠭᠲᠠᠢ ᠪᠠᠶᠢᠵᠤ᠂ ᠠᠮᠢ ᠠᠬᠤᠢ ᠣᠷᠴᠢᠨ ᠲᠣᠭᠤᠷᠢᠨ ᠳᠤ ᠴᠤ ᠰᠠᠶᠢᠨ ᠶᠤᠮ︾ ᠭᠡᠵᠤ ᠬᠤᠩᠭᠤᠷᠪᠠᠭᠠᠲᠤᠷ ᠲᠠᠨᠢᠯᠴᠠᠭᠤᠯᠵᠤ ᠭᠠᠷᠤᠯ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号