| ᠪᠦᠳᠤᠴᠨ ᠶᠢᠨ ᠲᠤᠭᠢᠷᠠᠭᠤᠯᠤᠯᠳᠠ ᠠᠴᠠ ᠠᠰᠢᠬ ᠭᠦᠷᠳᠡᠭᠰᠡᠨ ᠮᠠᠯᠴᠢᠨ ᠤᠬᠠᠭᠠᠨ | ᠰᠢᠨ᠎ᠠ ᠴᠠᠭ ᠦᠶ᠎ᠠ ᠳᠤ ᠤᠷᠤᠭᠰᠠᠨ ᠤ ᠳᠠᠷᠠᠭ᠎ᠠ᠂ ᠪᠠᠶᠢᠭᠠᠯᠢ ᠤᠷᠴᠢᠨ ᠳᠤᠭᠤᠷᠢᠨ ᠤ ᠬᠤᠪᠢᠷᠠᠯᠳᠠ ᠲᠠᠢ | ᠵᠤᠬᠢᠴᠠᠬᠤ ᠶᠢᠨ ᠳᠤᠰᠠᠳᠠ ᠮᠠᠨ ᠤ ᠤᠷᠤᠨ ᠤ ᠤᠯᠠᠨ ᠭᠠᠵᠠᠷ ᠲᠤ ᠮᠠᠯ ᠤᠨᠤᠭ᠎ᠠ ᠶᠢ ᠬᠠᠰᠢᠶᠠᠯᠠᠨ ᠳᠡᠵᠢᠭᠡᠭᠦ ᠶᠢ | ᠬᠠᠪᠰᠤᠷᠭᠠᠬᠰᠠᠨ ᠮᠠᠯᠵᠢᠯ ᠤᠨ ᠭᠤᠤᠯ ᠠᠷᠭ᠎ᠠ ᠬᠡᠯᠪᠡᠷᠢ ᠶᠢ ᠬᠡᠷᠡᠭᠵᠢᠭᠦᠯᠵᠤ᠂ ᠮᠠᠯ ᠤᠨ ᠪᠦᠳᠦᠴᠡ ᠳᠡᠭᠡᠨ | ᠲᠤᠬᠢᠷᠠᠭᠤᠯᠤᠯᠳᠠ ᠬᠢᠵᠤ ᠡᠬᠢᠯᠡᠭᠰᠡᠨ ᠪᠠᠶᠢᠯ᠎ᠠ᠃ ᠡᠨᠡ ᠦᠶ᠎ᠠ ᠳᠤ ᠨᠢᠭᠡ ᠪᠦᠯᠦᠭ ᠮᠠᠯᠴᠢᠳ ᠬᠦᠯ ᠤᠯᠠ ᠪᠠᠨ ᠤᠯᠬᠤ | ᠦᠬᠡᠢ ᠭᠠᠴᠢᠭᠳᠠᠵᠤ ᠪᠠᠶᠢᠬᠤ ᠳᠤ ᠦᠯᠵᠡᠶᠢᠮᠦ᠋ᠷᠡᠨ ᠰᠤᠮᠤᠨ ᠤ ᠪᠤᠯᠠᠭ ᠭᠠᠴᠠᠭᠠᠨ ᠤ ᠮᠠᠯᠴᠢᠨ ᠨᠤᠮᠢᠨᠳᠠᠯᠠᠢ ᠠᠯᠢ | ᠡᠷᠳᠡ 2006 ᠤᠨ ᠠᠴᠠ ᠡᠬᠢᠯᠡᠨ ᠰᠠᠨᠠᠭᠠᠴᠢᠯᠠᠭ᠎ᠠ ᠲᠠᠢ ᠪᠠᠷ ᠮᠠᠯ ᠰᠦᠷᠦᠭ ᠤᠨ ᠪᠦᠳᠦᠴᠡ ᠳᠡᠭᠡᠨ | ᠲᠤᠬᠢᠷᠠᠭᠤᠯᠤᠯᠳᠠ ᠬᠢᠭᠡᠳ ᠵᠤᠬᠢᠬᠤ ᠠᠮᠵᠢᠯᠳᠠ ᠤᠯᠵᠤ ᠦᠨᠤᠳᠦᠷ ᠨᠢᠷᠤᠭᠤ ᠬᠡᠳᠡᠭᠡᠷ ᠶᠠᠪᠤᠵᠤ᠂ ᠶᠤᠰᠤᠳᠠᠢ ᠰᠢᠨ᠎ᠡ | ᠴᠠᠭ ᠦᠶ᠎ᠡ ᠶᠢᠨ ᠰᠢᠨ᠎ᠡ ᠶᠢ ᠤᠷᠤᠯᠳᠤᠨ ᠰᠡᠳᠭᠢᠳᠡᠭ ᠬᠠᠰᠢᠷ ᠮᠠᠯᠴᠢᠨ ᠪᠤᠯᠵᠠᠢ᠃ ᠤᠳᠤᠬᠠᠨ ᠳᠤ ᠳᠡᠭᠦᠨ ᠤ | ᠮᠠᠯ ᠤᠨ ᠦᠩᠭᠡ ᠵᠢᠰᠤ᠂ ᠪᠡᠶ᠎ᠠ ᠪᠢᠯᠳᠠᠷ ᠵᠡᠷᠭᠡ ᠳᠠᠯ᠎ᠠ ᠪᠠᠷ ᠪᠦᠷ ᠰᠠᠶᠢᠨ ᠪᠠᠶᠢᠵᠤ᠂ ᠤᠢᠢᠷ᠎ᠠ ᠤᠷᠴᠢᠮ ᠳᠠᠭᠠᠨ ᠶᠡᠭᠡ | ᠨᠡᠷ᠎ᠠ ᠠᠯᠳᠠᠷ ᠲᠠᠢ ᠪᠤᠯᠵᠠᠢ᠃ ︽ᠮᠢᠨᠦ ᠳᠡᠵᠢᠭᠡᠵᠤ ᠪᠠᠶᠢᠭ᠎ᠠ ᠦᠨᠢᠶ᠎ᠠ ᠪᠦᠷᠢ ᠠᠴᠠ ᠡᠳᠦᠷ ᠲᠤ 40 ᠭᠠᠷᠤᠢ ᠵᠢᠩ | ᠰᠦ ᠭᠠᠷᠳᠠᠬ᠂ 70 ᠭᠠᠷᠤᠢ ᠵᠢᠩ ᠤᠨ ᠰᠦ ᠲᠠᠢ ᠦᠨᠢᠶ᠎ᠠ ᠴᠦ ᠪᠤᠢ᠂ ᠮᠠᠨ ᠤ ᠬᠢᠨ ᠨᠢᠳᠤᠨᠤᠨ ᠤ ᠴᠠᠭᠠᠨ | ᠢᠳᠡᠭᠡᠨ ᠤ ᠤᠷᠤᠯᠭ᠎ᠠ 19 ᠲᠦᠮᠡᠨ ᠲᠦᠭᠦᠷᠢᠭ ᠲᠤ ᠬᠦᠷᠴᠦ᠂ ᠡᠨᠡ ᠵᠢᠯ 20 ᠲᠦᠮᠡᠨ ᠲᠦᠭᠦᠷᠢᠭ ᠢ ᠳᠠᠪᠠᠭ᠋ᠤ | ᠪᠤᠯᠤᠮᠵᠢ ᠲᠠᠢ᠃ ᠨᠢᠳᠤᠨᠤᠨ ᠮᠠᠨ ᠤ ᠬᠢᠨ 18 ᠮᠠᠯ ᠬᠤᠳᠠᠯᠳᠤᠵᠤ᠂ 40 ᠲᠦᠮᠡᠨ ᠲᠦᠭᠦᠷᠢᠭ ᠤᠨ ᠴᠡᠪᠡᠷ | ᠤᠷᠤᠯᠭ᠎ᠠ ᠤᠯᠤᠬᠰᠡᠨ︾ ᠭᠡᠵᠤ ᠨᠤᠮᠢᠨᠳᠠᠯᠠᠢ ᠳᠠᠨᠢᠯᠴᠠᠭᠤᠯᠵᠤ ᠭᠠᠷᠤᠯ᠎ᠠ᠃ | ᠪᠤᠯᠠᠭ ᠭᠠᠴᠠᠭᠠᠨ ᠳᠤ ᠤᠳᠤᠬᠠᠨ ᠳᠤ ᠨᠡᠶᠢᠳᠡ 1500 ᠭᠠᠷᠤᠢ ᠪᠤᠳᠠ ᠮᠠᠯ ᠲᠠᠢ ᠪᠠᠶᠢᠵᠤ᠂ ᠡᠳᠡᠭᠡᠷ ᠨᠢ | 100% ᠪᠠᠷ ᠡᠭᠦᠯᠳᠡᠷ ᠰᠠᠶᠢᠵᠢᠷᠠᠭᠤᠯᠤᠭᠰᠠᠨ ᠰᠢᠮᠧᠨ᠋ᠳᠡᠷ ᠦᠭᠡᠷ ᠪᠤᠯᠤᠨ᠎ᠠ᠃ ︽ᠮᠠᠯ ᠪᠠᠯᠴᠢᠭᠡᠷ ᠤᠨ | ᠲᠠᠩᠴᠡᠬᠦᠷᠢ ᠶᠢ ᠪᠠᠳᠤᠯᠠᠨ᠂ ᠪᠤᠭ ᠮᠠᠯ ᠤᠨ ᠲᠤᠭ᠎ᠠ ᠶᠢ ᠴᠦᠬᠡᠳᠬᠡᠨ᠂ ᠪᠤᠳᠠ ᠮᠠᠯ ᠤᠨ ᠲᠤᠭ᠎ᠠ ᠶᠢ | ᠳᠤᠭᠳᠠᠭᠤᠨ ᠢᠶᠠᠷ ᠨᠡᠮᠡᠭᠳᠡᠭᠦᠯᠵᠤ᠂ ᠢᠯᠠᠩᠭᠤᠶ᠎ᠠ ᠡᠭᠦᠯᠳᠡᠷ ᠰᠠᠶᠢᠵᠢᠷᠠᠭᠤᠯᠤᠭᠰᠠᠨ ᠠᠴᠠ ᠤᠷᠤᠯᠭ᠎ᠠ ᠶᠢ | ᠨᠡᠮᠡᠭᠳᠡᠭᠦᠯᠦᠭᠰᠡᠨ ᠮᠦᠷᠳᠡᠭᠡᠨ ᠠᠷᠠᠴᠢᠯᠠᠨ ᠮᠠᠯᠵᠢᠬᠤ ᠳᠤ ᠪᠡᠶ᠎ᠠ ᠳᠤ ᠠᠮᠠᠷᠬᠠᠨ ᠪᠤᠯᠵᠤ᠂ ᠨᠤᠳᠤᠭ ᠪᠠᠯᠴᠢᠭᠡᠷ ᠤᠨ ᠠᠮᠢ | ᠠᠬᠤᠢ ᠳᠤ ᠴᠦ ᠰᠠᠶᠢᠨ ᠪᠤᠯᠵᠠᠢ︾ ᠭᠡᠵᠤ ᠪᠤᠯᠠᠭ ᠭᠠᠴᠠᠭ᠎ᠠ ᠶᠢᠨ ᠭᠠᠴᠠᠭᠠᠨ ᠲᠠᠷᠤᠭ᠎ᠠ ᠱᠧᠩᠯᠢ ᠬᠡᠯᠡᠨ᠎ᠡ᠃ | ᠬᠤᠰᠢᠭᠤᠨ ᠤ ᠪᠠᠨ ︽ᠦᠭᠡᠷ ᠲᠡᠵᠢᠭᠡᠬᠦ ᠲᠤᠰᠬᠠᠢ ᠭᠠᠴᠠᠭ᠎ᠠ︾ ᠪᠠᠷ ᠦᠨᠡᠯᠡᠭᠳᠡᠭᠰᠡᠨ ᠪᠤᠯᠠᠭ ᠭᠠᠴᠠᠭᠠᠨ ᠤ | ᠮᠠᠯᠴᠢᠳ ᠤᠨ ᠤᠷᠤᠯᠭ᠎ᠠ ᠪᠤᠯ ᠮᠠᠯ ᠠᠵᠤ ᠠᠬᠤᠢ ᠠᠴᠠ ᠢᠷᠡᠯᠳᠡ ᠲᠠᠢ᠃ 2009 ᠤᠨ ᠠᠴᠠ ᠡᠬᠢᠯᠡᠨ ᠤᠳᠤᠬᠠᠨ | ᠪᠤᠯᠳᠠᠯ᠎ᠡ ᠭᠠᠴᠠᠭᠠᠨ ᠲᠠᠷᠤᠭ᠎ᠠ ᠶᠢᠨ ᠠᠵᠢᠯ ᠳᠤ ᠠᠷᠪᠠᠨ ᠵᠢᠯ ᠰᠢᠭᠤᠷᠬᠠᠢᠢᠯᠠᠵᠤ ᠶᠠᠪᠤᠭ᠎ᠠ ᠮᠦᠷᠳᠡᠭᠡᠨ ᠦᠪᠡᠷ ᠤᠨ | ᠪᠡᠶ᠎ᠠ ᠪᠠᠷ ᠢᠶᠠᠨ ᠬᠡᠪ ᠲᠦᠷᠢᠮ ᠪᠤᠯᠵᠤ ᠰᠢᠮᠧᠨ᠋ᠳᠠᠷ ᠦᠭᠡᠷ ᠠᠷᠠᠴᠢᠯᠠᠨ ᠳᠡᠵᠢᠭᠡᠵᠤ᠂ ᠵᠢᠯ ᠤᠨ 40 ᠭᠠᠷᠤᠢ ᠲᠦᠮᠡᠨ | ᠲᠦᠭᠦᠷᠢᠭ ᠤᠨ ᠤᠷᠤᠯᠭ᠎ᠠ ᠲᠠᠢ ᠴᠢᠨᠡᠭᠡᠯᠢᠭ ᠠᠮᠢᠳᠤᠷᠠᠵᠤ ᠶᠠᠪᠤᠭ᠎ᠠ ᠠᠵᠢ᠃ ᠱᠧᠡᠭᠯᠢ ᠰᠠᠶᠢᠨ ᠡᠭᠦᠯᠳᠡᠷ ᠤᠨ ᠮᠠᠯ | ᠠᠷᠠᠴᠢᠯᠠᠨ ᠦᠪᠡᠷ ᠢᠶᠠᠨ ᠪᠠᠶᠠᠯᠢᠭ ᠠᠮᠢᠳᠤᠷᠠᠯ ᠲᠠᠢ ᠪᠤᠯᠤᠭᠰᠠᠨ ᠢᠶᠠᠷ ᠪᠠᠷᠠᠬᠤ ᠦᠭᠡᠢ᠂ ᠠᠶᠢᠯ ᠤᠯᠠᠨ ᠢᠶᠠᠨ ᠬᠡᠷᠬᠢᠨ | ᠴᠢᠨᠡᠭᠡᠯᠢᠭᠵᠢᠭᠦᠯᠬᠦ ᠲᠤᠬᠠᠢ ᠳᠤ ᠰᠠᠨᠠᠭ᠎ᠠ ᠰᠡᠳᠭᠢᠯ ᠢᠶᠠᠨ ᠵᠦᠳᠡᠷᠡᠭᠡᠭᠰᠡᠭᠡᠷ᠃ ᠲᠡᠷᠡ ᠭᠠᠴᠠᠭᠠᠨ ᠤ ᠬᠢ ᠪᠠᠨ ᠤᠯᠠᠨ | ᠲᠦᠮᠡᠨ ᠢᠶᠠᠨ ᠳᠠᠭᠠᠭᠤᠯᠤᠨ ︽ᠱᠧᠡᠭᠯᠢ ᠦᠭᠡᠷ ᠲᠡᠵᠢᠭᠡᠬᠦ ᠬᠤᠷᠰᠢᠶ᠎ᠠ︾ ᠪᠠᠨ ᠲᠠᠩᠰᠠᠯᠠᠭᠤᠯᠵᠤ᠂ ᠭᠠᠴᠠᠭᠠᠨ ᠳᠠᠭᠠᠨ | ᠰᠦ ᠶᠢᠨ ᠦᠷᠳᠡᠭᠡ ᠭᠠᠷᠭᠠᠨ ᠮᠠᠯᠴᠢᠳ ᠤᠨ ᠢᠶᠠᠨ ᠤᠷᠤᠯᠭ᠎ᠠ ᠶᠢ ᠨᠡᠮᠡᠭᠳᠡᠭᠦᠯᠦᠭᠰᠡᠨ ᠦᠡᠭᠭᠡᠷᠡᠯᠳᠡ ᠲᠠᠢ᠃ | ᠮᠠᠯᠴᠢᠳ ᠤᠨ ᠢᠶᠠᠨ ᠮᠠᠯ ᠲᠡᠵᠢᠭᠡᠵᠤ ᠤᠷᠤᠯᠭ᠎ᠠ ᠶᠢ ᠨᠢ ᠨᠡᠮᠡᠭᠳᠡᠭᠦᠯᠬᠦ ᠶᠢᠨ ᠲᠦᠯᠦᠭᠡ᠂ ᠲᠡᠷᠡ ᠨᠢᠳᠤᠨᠤᠨ | ᠭᠠᠴᠠᠭᠠᠨ ᠤ ᠪᠠᠨ 13 ᠡᠷᠦᠬᠡ ᠶᠢ ᠬᠤᠷᠰᠢᠶ᠎ᠠ ᠳᠠᠭᠠᠨ ᠤᠷᠤᠭᠤᠯᠤᠨ ᠰᠠᠶᠢᠨ ᠡᠭᠦᠯᠳᠡᠷ ᠤᠨ ᠮᠠᠯ ᠠᠵᠤ ᠠᠬᠤᠢ ᠶᠢ | ᠬᠦᠭᠵᠢᠭᠦᠯᠪᠡ᠃ ︽ᠬᠤᠷᠰᠢᠶ᠎ᠠ ᠶᠢᠨ ᠰᠠᠭᠤᠷᠢ ᠪᠦᠳᠦᠭᠡᠨ ᠪᠠᠶᠢᠭᠤᠯᠤᠯᠳᠠ ᠳᠤ 10 ᠰᠠᠭᠤᠷᠢ ᠮᠠᠯ ᠤᠨ ᠫᠸᠡᠭ | ᠪᠠᠷᠢᠬᠤ ᠪᠠᠷ ᠲᠦᠯᠦᠪᠯᠡᠵᠤ ᠪᠠᠶᠢᠨ᠎ᠠ᠂ ᠨᠢᠳᠤᠨᠤᠨ ᠰᠠᠭᠤᠷᠢ ᠪᠦᠷᠢ ᠨᠢ 600 ᠲᠡᠭᠰᠢ ᠲᠦᠷᠪᠡᠯᠵᠢᠨ ᠮᠧᠳ᠋ᠷ | ᠲᠠᠯᠠᠪᠠᠢ ᠲᠠᠢ ᠭᠤᠷᠪᠠᠨ ᠰᠠᠭᠤᠷᠢ ᠫᠸᠡᠭ ᠪᠠᠷᠢᠵᠤ᠂ ᠪᠠᠰᠠ ᠡᠪᠡᠰᠦᠨ ᠬᠦᠮᠦᠷᠭᠡ᠂ ᠲᠡᠵᠢᠭᠡᠯ ᠪᠤᠷᠳᠤᠭ᠎ᠠ ᠡᠳ᠋ᠰᠢᠭᠦᠯᠬᠦ᠂ | ᠮᠠᠯ ᠤᠨ ᠰᠢᠭᠡᠭ ᠪᠤᠷᠳᠤᠭᠤᠷ ᠢ ᠴᠡᠪᠡᠷᠯᠡᠬᠦ ᠲᠠᠰᠤᠭ᠂ ᠠᠷᠢᠭᠤᠳᠬᠠᠬᠤ ᠭᠡᠷ ᠵᠡᠷᠭᠡ ᠶᠢ ᠪᠠᠶᠢᠭᠤᠯᠵᠤ᠂ ᠪᠦᠬᠦ᠋ᠢᠯᠡ | ᠪᠠᠷᠢᠯᠭ᠎ᠠ ᠳᠤ 124 ᠲᠦᠮᠡᠨ ᠲᠦᠭᠦᠷᠢᠭ ᠤᠷᠤᠭᠤᠯᠵᠤ᠂ ᠬᠤᠶᠠᠳᠤᠭᠠᠷ ᠬᠤᠭᠤᠴᠠᠭᠠᠨ ᠤ ᠪᠠᠷᠢᠯᠭ᠎ᠠ ᠳᠤ ᠲᠦᠷᠦᠯ | ᠵᠦᠢᠯ ᠭᠤᠶᠤᠴᠢᠯᠠᠬᠤ ᠪᠠᠷ ᠲᠦᠯᠦᠪᠯᠡᠵᠤ ᠪᠠᠶᠢᠨ᠎ᠠ︾ ᠭᠡᠵᠤ ᠱᠸᠡᠭᠯᠢ ᠲᠠᠨᠢᠯᠴᠠᠭᠤᠯᠤᠨ᠎ᠠ᠃ | ︽ᠪᠤᠯᠠᠭ ᠭᠠᠴᠠᠭ᠎ᠠ ᠰᠤᠮᠤᠨ ᠳᠠᠭᠠᠨ ᠠᠪᠴᠤ ᠬᠡᠯᠡᠪᠡᠯ ᠭᠠᠵᠠᠷ ᠨᠤᠳᠤᠭ ᠢᠶᠠᠷ ᠪᠠᠭ᠎ᠠ ᠭᠠᠴᠠᠭ᠎ᠠ ᠳᠠᠭᠠᠨ | ᠲᠤᠭᠠᠴᠠᠭᠳᠠᠨᠡ᠃ ᠮᠠᠨ ᠤ ᠭᠠᠴᠠᠭ᠎ᠠ ᠦᠨᠦᠳᠦᠷ ᠤᠨ ᠰᠢᠭ ᠬᠤᠪᠢᠷᠠᠯᠳᠠ ᠲᠠᠢ ᠪᠤᠯᠤᠭᠰᠠᠨ ᠨᠢ ᠪᠦᠷ ᠨᠠᠮ ᠤᠨ | ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠬᠢᠭᠡᠳ ᠤᠯᠠᠨ ᠲᠦᠮᠡᠨ ᠤ ᠮᠠᠨᠢ ᠴᠢᠷᠮᠠᠶᠢᠨ ᠠᠵᠢᠯᠯᠠᠵᠤ ᠢᠷᠡᠭᠰᠡᠨ ᠲᠠᠢ | ᠨᠢᠭᠳᠠ ᠬᠤᠯᠪᠤᠭ᠎ᠠ ᠲᠠᠢ᠂ ᠮᠠᠨ ᠤ ᠮᠠᠯᠴᠢᠳ ᠠᠵᠢᠯ ᠳᠤ ᠰᠠᠶᠢᠨ᠂ ᠲᠡᠭᠡᠬᠦ ᠪᠠᠷ ᠠᠮᠢᠳᠤᠷᠠᠯ ᠰᠠᠶᠢᠵᠢᠷᠠᠵᠤ | ᠪᠠᠶᠢᠳᠠᠭ ᠨᠢ ᠡᠨᠡ ᠰᠢᠤ︕︾ ᠭᠡᠵᠤ ᠪᠤᠯᠠᠭ ᠭᠠᠴᠠᠭ᠎ᠠ ᠶᠢᠨ ᠠᠬᠠᠮᠠᠳ ᠤᠳᠤᠷᠢᠳᠤᠯᠭ᠎ᠠ᠂ ᠡᠨᠡ ᠵᠢᠯ ᠳᠠᠯ᠎ᠠ | ᠲᠦᠭᠦᠭᠰᠡᠨ ᠪᠤᠶᠠᠨᠳᠠᠯᠠᠢ ᠨᠠᠰᠤᠳᠠᠨ ᠤᠷᠮᠠᠳᠠᠶᠢᠬᠠᠨ ᠶᠠᠷᠢᠵᠤ ᠪᠠᠶᠢᠵᠠᠢ᠃ 2018 ᠤᠨ ᠪᠤᠯᠬᠤ ᠳᠤ ᠪᠤᠯᠠᠭ | ᠭᠠᠴᠠᠭ᠎ᠠ ᠶᠢᠨ ᠬᠦᠮᠦᠨ ᠲᠤᠮᠳᠠᠴᠢ ᠶᠢᠨ ᠤᠷᠤᠯᠭ᠎ᠠ 18000 ᠲᠦᠭᠦᠷᠢᠭ ᠰᠢᠬᠠᠵᠠᠢ᠃ | ᠮᠠᠯ ᠪᠠᠯᠴᠢᠭᠡᠷ ᠤᠨ ᠲᠠᠩᠴᠡᠬᠦᠷᠢ ᠶᠢ ᠪᠠᠳᠤᠯᠠᠬᠤ ᠶᠢᠨ ᠲᠦᠯᠦᠭᠡ᠂ ᠵᠠᠷᠤᠳ ᠬᠤᠰᠢᠭᠤ 2000 ᠤᠨ ᠠᠴᠠ | ᠡᠬᠢᠯᠡᠵᠤ᠂ ᠮᠠᠯ ᠰᠦᠷᠦᠭ ᠢ ᠴᠢᠬᠢ ᠨᠤᠭᠤᠭ᠎ᠠ ᠨᠠᠬᠢᠶᠠᠯᠠᠨ ᠤᠷᠭᠤᠬᠤ ᠬᠤᠭᠤᠴᠠᠭᠠᠨ ᠳᠤ ᠬᠠᠰᠢᠶᠠᠯᠠᠨ ᠲᠡᠵᠢᠭᠡᠵᠤ | ᠪᠠᠶᠢᠭᠰᠠᠨ ᠢᠶᠠᠨ ᠡᠨᠡ ᠬᠤᠶᠠᠷ ᠵᠢᠯ ᠠᠴᠠ ᠡᠬᠢᠯᠡᠨ ᠪᠤᠭ ᠮᠠᠯ ᠢ ᠪᠦᠬᠦ ᠵᠢᠯ ᠢᠶᠠᠷ ᠬᠠᠰᠢᠶᠠᠯᠠᠨ ᠳᠡᠵᠢᠭᠡᠵᠤ᠂ ᠰᠠᠶᠢᠨ | ᠡᠭᠦᠯᠳᠡᠷ ᠤᠨ ᠮᠠᠯ ᠳᠡᠵᠢᠭᠡᠭᠦ ᠶᠢ ᠵᠤᠷᠢᠬᠵᠢᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ ᠪᠠᠶᠢᠨ᠎ᠠ᠃ ᠪᠠᠶᠠᠨ | ᠳᠠᠩᠰᠤᠭ ᠡᠯᠪᠡᠭ ᠬᠤᠷᠢᠶᠠᠯᠳᠠ ᠶᠢᠨ ᠤᠷᠡᠢ ᠬᠤᠷᠦ᠋ᠢᠯᠡᠨ᠂ ᠮᠠᠯᠴᠢᠨ ᠲᠦᠮᠡᠨ ᠴᠦ ᠤᠬᠠᠭᠠᠨ ᠪᠤᠳᠤᠯᠭ᠎ᠠ ᠤᠢᠢᠭ᠎ᠠ | ᠦᠭᠡᠢ ᠬᠦᠳᠡᠯᠮᠦᠷᠢ ᠪᠠᠷ ᠲᠠᠮᠵᠢᠭᠠᠳ ᠪᠠᠶᠠᠨ ᠴᠢᠨᠡᠭᠡᠯᠢᠭ ᠰᠢᠨ᠎ᠡ ᠠᠮᠢᠳᠤᠷᠠᠯ ᠢᠶᠠᠨ ᠤᠬᠳᠤᠨ᠎ᠠ᠃ | |