| ᠮᠣᠩᠭᠤᠯ ᠦᠨᠳᠦᠰᠦᠲᠡᠨ ᠤ ᠠᠷᠠᠳ ᠲᠦᠮᠡᠨ ᠲᠠᠯ᠎ᠠ ᠨᠤᠲᠤᠭ ᠲᠤ ᠦᠶ᠎ᠡ ᠤᠯᠠᠷᠢᠨ ᠰᠠᠭᠤᠷᠢᠰᠢᠵᠤ᠂ ᠮᠠᠯ | ᠮᠠᠯᠵᠢᠬᠤ ᠪᠠᠷ ᠭᠤᠤᠯᠯᠠᠳᠠᠭ᠃ ᠴᠡᠭᠡ᠂ ᠴᠢᠨᠠᠭᠰᠠᠨ ᠮᠢᠬ᠎ᠠ᠂ ᠰᠢᠷᠠᠭᠰᠠᠨ ᠬᠤᠨᠢᠨ ᠮᠢᠬ᠎ᠠ ᠪᠣᠯ ᠮᠣᠩᠭᠤᠯᠴᠤᠳ ᠤᠨ | ᠡᠳᠦᠷ ᠲᠤᠲᠤᠮ ᠤᠨ ᠠᠮᠢᠳᠤᠷᠠᠯ ᠤᠨ ᠬᠠᠮᠤᠭ ᠠᠴᠠ ᠳᠤᠷᠠᠲᠠᠶ ᠢᠳᠡᠭᠡᠨ ᠤᠮᠳᠠᠭᠠᠨ ᠪᠠ ᠵᠤᠴᠢᠨ ᠲᠠᠶᠢᠯᠠᠬᠤ ᠢᠳᠡᠭᠡᠨ | ᠪᠣᠯᠤᠨ᠎ᠠ᠃ ᠭᠡᠭᠦᠦ ᠶᠢᠨ ᠰᠦ ᠪᠦᠯᠢᠶᠡᠨ ᠴᠢᠨᠠᠷ ᠲᠠᠢ᠂ ᠬᠦᠢᠲᠡᠨ ᠢ ᠬᠥᠭᠡᠭᠡᠬᠦ᠂ ᠰᠢᠷᠪᠥᠰᠥ ᠶᠢ ᠲᠠᠯᠪᠢᠷᠠᠭᠤᠯᠬᠤ᠂ | ᠴᠢᠰᠤ ᠶᠢ ᠰᠠᠶᠢᠵᠢᠷᠠᠭᠤᠯᠬᠤ᠂ ᠬᠤᠳᠣᠭᠤᠳᠣ ᠶᠢ ᠰᠠᠶᠢᠵᠢᠷᠠᠭᠤᠯᠬᠤ ᠵᠡᠷᠭᠡ ᠦᠢᠯᠡᠳᠦᠯ ᠲᠠᠢ ᠪᠠᠶᠢᠵᠦ᠂ | ᠮᠤᠩᠭᠤᠯᠴᠤᠳ ᠲᠤ ᠬᠤᠪᠣᠷ ᠡᠷᠳᠡᠨᠢ ᠬᠡᠮᠡᠭᠳᠡᠵᠦ᠂ ︽ᠮᠤᠩᠭᠤᠯ ᠤᠨ ᠨᠠᠢᠮᠠᠨ ᠡᠷᠳᠡᠨᠢ︾ ᠶᠢᠨ ᠨᠢᠭᠡ ᠨᠢ ᠪᠤᠯᠪᠠ᠃ | ᠲᠤᠰ ᠬᠤᠪᠤᠷ ᠡᠷᠳᠡᠨᠢ ᠨᠢ ᠤᠳᠤ ᠠᠷᠤ ᠬᠥᠨᠳᠡᠯᠡᠨ ᠪᠠᠯᠭᠠᠰᠤᠨ ᠤ ᠰᠠᠷᠠᠭᠤᠯ ᠭᠠᠴᠠᠭ᠎ᠠ ᠶᠢᠨ ᠴᠡᠩᠭᠡᠯᠳᠦ ᠶᠢᠨ ᠭᠡᠷ | ᠤᠨ ᠶᠠᠳᠠᠭᠤ ᠠᠴᠠ ᠠᠩᠬᠢᠵᠢᠷᠠᠨ ᠪᠠᠶᠠᠵᠢᠨ ᠴᠢᠨᠡᠭᠡᠯᠡᠭᠵᠢᠬᠦ ᠶᠢᠨ ᠰᠠᠶᠢᠨ ᠡᠷᠳᠡᠨᠢ ᠪᠣᠯᠵᠠᠶ᠃ | ᠦᠳᠡ ᠶᠢᠨ ᠡᠮᠦᠨᠡᠬᠢ ᠠᠷᠪᠠᠨ ᠴᠠᠭ ᠭᠠᠷᠤᠶ ᠳᠤ ᠴᠡᠩᠭᠡᠯᠳᠦ ᠠᠳᠤᠭᠤ ᠪᠠᠨ ᠬᠤᠷᠢᠶᠠᠵᠦ ᠬᠤᠷᠢᠭᠰᠠᠨ ᠤ | ᠲᠠᠷᠠᠭ᠎ᠠ᠂ ᠪᠦᠰᠡᠬᠦᠢ ᠲᠠᠢ ᠪᠠᠨ ᠨᠢᠭᠡ ᠡᠳᠦᠷ ᠤᠨ ᠠᠵᠢᠯ ᠢᠶᠠᠨ ᠡᠬᠢᠯᠡᠬᠦᠯᠪᠡ᠃ ᠭᠡᠭᠦᠦ ᠰᠠᠭᠠᠬᠤ ᠨᠢ ᠦᠵᠡᠬᠦ ᠳᠤ | ᠠᠮᠠᠷᠬᠠᠨ ᠪᠣᠯᠪᠠᠴᠤ ᠠᠷᠭ᠎ᠠ ᠳᠡᠮ ᠢ ᠨᠢ ᠡᠵᠡᠮᠰᠢᠵᠦ ᠲᠡᠶᠢᠯᠬᠦ ᠦᠭᠡᠢ ᠪᠣᠯ ᠰᠠᠶᠢᠨ ᠴᠡᠭᠡ ᠬᠢᠵᠦ ᠴᠢᠳᠠᠬᠤ ᠦᠭᠡᠢ᠃ | ᠭᠡᠭᠦᠦ ᠰᠠᠭᠠᠬᠤ ᠠᠴᠠ ᠡᠮᠦᠨ᠎ᠡ ᠴᠡᠩᠭᠡᠯᠳᠦ ᠨᠠᠷᠢᠨ ᠬᠢᠨᠠᠮᠠᠭᠠᠶ᠂ ᠳᠠᠬᠢᠨ ᠳᠠᠪᠲᠠᠨ ᠭᠠᠷ ᠢᠶᠠᠨ ᠤᠬᠢᠶᠠᠵᠤ ᠪᠠᠶᠢᠭᠰᠠᠨ ᠢ | ᠰᠤᠷᠪᠤᠯᠵᠢᠯᠠᠭᠴᠢ ᠤᠯᠵᠦ ᠬᠠᠷᠠᠪᠠ᠂ ᠡᠨᠡ ᠨᠢ ᠪᠠᠺᠲ᠋ᠧᠷᠢ ᠡᠭᠦᠰᠬᠦ ᠶᠢ ᠰᠡᠷᠭᠡᠶᠢᠯᠡᠵᠦ᠂ ᠭᠡᠭᠦᠦ ᠶᠢᠨ ᠰᠦ ᠶᠢᠨ | ᠠᠷᠢᠭᠤᠨ ᠴᠡᠪᠡᠷ ᠢ ᠪᠠᠲᠤᠯᠠᠬᠤ ᠶᠢᠨ ᠲᠥᠯᠥᠭᠡ ᠶᠤᠮ᠃ ᠰᠠᠭᠠᠭᠰᠠᠨ ᠰᠦ ᠪᠠᠨ ᠱᠦᠬᠦᠵᠦ ᠪᠦᠳᠦᠬᠦᠨ ᠬᠡᠭᠴᠢ ᠭᠠᠩ | ᠳᠣᠲᠣᠷ᠎ᠠ ᠬᠢᠵᠦ ᠬᠤᠳᠬᠤᠨ᠎ᠠ᠂ ᠨᠠᠭᠠᠳᠤ ᠵᠠᠬ᠎ᠠ ᠳᠠᠭᠠᠨ ᠮᠢᠩᠭ᠎ᠠ ᠤᠳᠠᠭ᠎ᠠ ᠬᠤᠳᠬᠤᠨ᠎ᠠ᠂ ᠡᠰᠡᠪᠡᠯ ᠠᠮᠲᠠ ᠨᠢ | ᠠᠳᠠᠯᠢ ᠦᠭᠡᠢ ᠪᠣᠯᠤᠨ᠎ᠠ᠂ ᠡᠨᠡᠬᠦ ᠶᠠᠪᠤᠴᠠ ᠳᠤ ᠬᠠᠮᠤᠭ ᠤᠨ ᠵᠠᠩᠭᠢᠯᠠᠭ᠎ᠠ ᠨᠢ ᠭᠡᠭᠦᠦ ᠶᠢᠨ ᠰᠦ ᠳᠤ ᠨᠢᠭᠡ ᠲᠣᠰᠣᠯ | ᠤᠰᠤ ᠲᠤᠰᠤ ᠴᠤ ᠤᠷᠤᠭᠤᠯᠵᠦ ᠪᠣᠯᠬᠤ ᠦᠭᠡᠢ᠂ ᠡᠰᠡᠪᠡᠯ ᠴᠡᠭᠡ ᠪᠢᠰᠢ ᠪᠣᠯᠤᠨ᠎ᠠ᠃ ᠬᠤᠳᠬᠤᠨ ᠬᠦᠳᠡᠯᠬᠡᠬᠡᠳ | ᠲᠠᠯᠪᠢᠪᠠᠯ ᠰᠦ ᠢᠰᠴᠦ ᠠᠶᠠᠨᠳᠠᠭᠠᠨ ᠴᠡᠭᠡ ᠪᠤᠯᠤᠨ᠎ᠠ᠃ | ᠰᠤᠷᠪᠤᠯᠵᠢᠯᠠᠭᠴᠢ ᠴᠡᠩᠭᠡᠯᠲᠦ ᠠᠴᠠ ᠶᠠᠭᠠᠬᠢᠭᠠᠳ ᠴᠡᠭᠡ ᠬᠢᠵᠦ ᠡᠬᠢᠯᠡᠭᠰᠡᠨ ᠪᠣᠢ ᠭᠡᠵᠦ ᠠᠰᠠᠭᠤᠭᠰᠠᠨ ᠳᠤ᠂ | ᠲᠡᠷᠡ ᠬᠡᠯᠡᠬᠦ ᠳᠡᠭᠡᠨ᠂ ᠡᠷᠲᠡ ᠲᠡᠭᠡᠳᠦ ᠠᠴᠠ ᠪᠠᠨ ᠪᠢᠳᠡ ᠭᠤᠣᠯᠳᠠᠭᠤ ᠮᠠᠯ ᠮᠠᠯᠵᠢᠬᠤ ᠪᠠᠷ ᠠᠮᠢᠳᠤᠷᠠᠯ ᠢᠶᠠᠨ | ᠠᠷᠭᠠᠴᠠᠵᠤ ᠪᠠᠶᠢᠵᠠᠶ᠂ ᠬᠤᠰᠢᠭᠤᠨ ᠠᠴᠠ ᠮᠠᠯ ᠮᠠᠯᠵᠢᠬᠤ ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠠᠪᠤᠭᠤᠯᠤᠭᠰᠠᠨ | ᠠᠴᠠ ᠨᠠᠰᠢ ᠪᠢᠳᠡ ᠲᠦᠷᠦ ᠶᠢᠨ ᠪᠤᠳᠤᠯᠭ᠎ᠠ ᠶᠢ ᠢᠳᠡᠪᠬᠢᠳᠡᠢ ᠪᠠᠷ ᠬᠦᠷᠢᠶᠡᠯᠡᠨ ᠲᠠᠭᠠᠪᠠ᠃ ᠡᠨᠡ ᠬᠦ ᠲᠥᠷᠦ ᠶᠢᠨ | ᠪᠣᠳᠣᠯᠭ᠎ᠠ ᠨᠢ ᠪᠠᠶᠢᠭᠠᠯᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠤᠭᠰᠠᠨ ᠢᠶᠠᠷ ᠪᠠᠷᠠᠬᠤ ᠦᠭᠡᠢ | ᠂ ᠨᠠᠩ ᠴᠤ ᠮᠠᠨ ᠤ ᠰᠢᠨ᠎ᠡ ᠴᠠᠭ ᠦᠶ᠎ᠡ ᠶᠢᠨ ᠰᠢᠨ᠎ᠡ ᠮᠠᠯᠴᠢᠳ ᠢ ᠤᠤᠯ ᠤᠨ ᠦᠶᠯᠡᠳᠪᠦᠷᠢᠯᠡᠯ ᠤᠨ ᠰᠡᠳᠬᠢᠬᠦᠶ ᠶᠢᠨ | ᠬᠡᠪ ᠵᠠᠭᠪᠤᠷ ᠢ ᠲᠠᠶᠠᠭᠳᠠᠭᠤᠯᠪᠠ᠂ ᠣᠳᠣ ᠪᠢ ᠬᠠᠶᠢᠷᠠᠲᠠᠶ ᠮᠣᠷᠢᠨ ᠳᠤ ᠪᠠᠨ ᠲᠦᠰᠢᠭᠯᠡᠨ᠂ ᠠᠮᠢ ᠠᠬᠤᠢ ᠶᠢᠨ | ᠣᠷᠴᠢᠨ ᠲᠣᠭᠤᠷᠢᠨ ᠢ ᠰᠡᠷᠭᠦᠭᠡᠬᠦ ᠶᠢᠨ ᠲᠥᠯᠥᠭᠡ ᠥᠴᠦᠬᠡᠨ ᠬᠦᠴᠦ ᠴᠢᠳᠠᠯ ᠢᠶᠠᠨ ᠡᠷᠭᠦᠬᠦ ᠪᠠᠷ ᠪᠠᠷᠠᠬᠤ ᠦᠭᠡᠢ᠂ | ᠪᠠᠰᠠ ᠣᠷᠣᠯᠭ᠎ᠠ ᠪᠠᠨ ᠨᠡᠮᠡᠭᠳᠡᠭᠦᠯᠵᠦ ᠪᠣᠯᠤᠨ᠎ᠠ᠂ ᠶᠤᠰᠤᠳᠠᠢ ︽ᠨᠢᠭᠡ ᠰᠤᠮᠤ ᠪᠠᠷ ᠭᠤᠷᠪᠠ ᠶᠢ ᠣᠨᠣᠭᠠᠵᠤ︾ | ᠪᠠᠶᠢᠨ᠎ᠠ ᠬᠡᠪᠡ᠃ | | | | | ᠨᠢᠭᠡ ᠵᠢᠩ ᠴᠡᠭᠡ ᠶᠢ 20 ᠲᠥᠭᠦᠷᠢᠭ ᠢᠶᠠᠷ ᠬᠤᠳᠠᠯᠳᠤᠵᠤ᠂ ᠨᠢᠭᠡ ᠭᠡᠭᠦᠦ ᠡᠳᠦᠷ ᠲᠤ 3 ~ 4 ᠵᠢᠩ ᠰᠦ | ᠭᠠᠷᠤᠨ᠎ᠠ᠂ ᠵᠠᠷᠤᠳᠠᠯ ᠢ ᠬᠡᠯᠡᠪᠡᠯ᠂ ᠵᠥᠪᠬᠡᠨ ᠨᠢᠭᠡ ᠮᠣᠷᠢᠨ ᠤ ᠡᠳᠦᠷ ᠪᠦᠷᠢ ᠶᠢᠨ ᠡᠪᠡᠰᠦ ᠪᠣᠷᠳᠣᠭᠠᠨ ᠤ ᠵᠠᠷᠤᠳᠠᠯ | ᠨᠢ 10 ᠭᠠᠷᠤᠶ ᠲᠥᠭᠦᠷᠢᠭ ᠪᠠᠶᠢᠳᠠᠭ᠃ ᠤᠳᠤ ᠴᠡᠩᠭᠡᠯᠳᠦ ᠶᠢᠨ ᠬᠢᠨ ᠨᠡᠶᠢᠲᠡ ᠳᠥᠴᠢ ᠲᠠᠪᠢᠨ ᠮᠣᠷᠢ ᠪᠠᠶᠢᠨ᠎ᠠ᠂ | ᠡᠬᠦᠨ ᠳᠤ ᠬᠤᠷᠢᠨ ᠬᠡᠳᠦᠨ ᠭᠡᠭᠦᠦ ᠲᠠᠢ᠂ ᠲᠠᠪᠤᠨ ᠬᠡᠬᠦᠦ ᠶᠢ ᠲᠤᠰᠬᠠᠶᠢᠯᠠᠨ ᠰᠠᠭᠠᠳᠠᠭ᠃ ᠵᠢᠯ ᠪᠦᠷᠢ ᠬᠠᠭᠠᠰ ᠵᠢᠯ | ᠣᠷᠴᠢᠮ ᠤᠨ ᠰᠠᠭᠠᠯᠢ ᠶᠢᠨ ᠬᠤᠭᠤᠴᠠᠭ᠎ᠠ ᠪᠠᠷ ᠪᠣᠳᠣᠵᠤ ᠦᠵᠡᠪᠡᠯ᠂ ᠭᠠᠭᠴᠠ ᠴᠡᠭᠡ ᠶᠢᠨ ᠴᠡᠪᠡᠷ ᠤᠷᠤᠯᠭ᠎ᠠ ᠨᠢ | ᠲᠠᠪᠤᠨ ᠲᠦᠮᠡᠨ ᠲᠦᠭᠦᠷᠢᠭ ᠣᠷᠴᠢᠮ ᠬᠦᠷᠦᠨ᠎ᠡ᠃ ᠶᠠᠷᠢᠯᠴᠠᠬᠤ ᠳᠤᠮᠳᠠ᠂ ᠴᠡᠩᠭᠡᠯᠳᠦ ᠶᠢᠨ ᠭᠠᠷ ᠤᠲᠠᠰᠤ | ᠳᠤᠤᠭᠠᠷᠴᠤ᠂ ᠪᠠᠰᠠ ᠭᠤᠷᠪᠠ ᠳᠥᠷᠪᠡᠨ ᠬᠤᠪᠢ ᠵᠠᠬᠢᠶᠠᠯᠠᠭ᠎ᠠ ᠢᠷᠡᠵᠡᠢ᠃ | ᠴᠡᠩᠭᠡᠯᠳᠦ ᠪᠣᠯ ᠭᠠᠴᠠᠭᠠᠨ ᠤ ᠠᠷᠠᠳ ᠤᠨ ᠲᠥᠯᠥᠭᠡᠯᠡᠭᠴᠢ ᠪᠣᠯᠬᠤ ᠪᠠᠷ ᠪᠠᠷᠠᠬᠤ ᠦᠭᠡᠢ ᠪᠠᠰᠠ ᠨᠠᠮ ᠤᠨ | ᠭᠡᠰᠢᠭᠦᠨ ᠮᠥᠨ᠃ ᠨᠠᠮ ᠤᠨ ᠭᠡᠰᠢᠭᠦᠨ ᠪᠣᠯᠤᠭᠰᠠᠨ ᠤ ᠬᠤᠪᠢ ᠳᠤ᠂ ᠲᠡᠷᠡ ᠤᠭ ᠰᠠᠨᠠᠭ᠎ᠠ ᠪᠠᠨ ᠦᠯᠦ ᠮᠠᠷᠳᠠᠨ᠂ | ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠨᠠᠮ ᠤᠨ ᠠᠯᠬᠤᠭ᠎ᠠ ᠶᠢ ᠢᠮᠠᠭᠲᠠ ᠳᠠᠭᠠᠵᠤ᠂ ᠪᠤᠰᠤᠳ ᠢ | ᠳᠠᠭᠠᠭᠤᠯᠤᠨ ᠠᠵᠢᠯᠴᠢ ᠬᠥᠳᠡᠯᠮᠦᠷᠢᠴᠢ ᠪᠠᠷ ᠪᠠᠶᠠᠵᠢᠨ ᠴᠢᠨᠡᠭᠡᠯᠡᠭᠵᠢᠪᠡ᠃ ᠠᠷᠤ ᠬᠥᠨᠳᠡᠯᠡᠨ ᠪᠠᠯᠭᠠᠰᠤᠨ ᠤ ᠵᠠᠰᠠᠭ | ᠤᠨ ᠣᠷᠳᠣᠨ ᠠᠴᠠ ᠴᠡᠩᠭᠡᠯᠳᠦ ᠳᠤ ᠠᠷᠪᠠᠨ ᠲᠦᠮᠡᠨ ᠲᠥᠭᠦᠷᠢᠭ ᠤᠨ ᠠᠵᠤ ᠦᠶᠯᠡᠰ ᠢᠶᠠᠷ ᠶᠠᠳᠠᠭᠤ ᠶᠢ ᠲᠡᠳᠬᠦᠬᠦ | ᠪᠡᠯᠡ ᠮᠥᠩᠭᠦ ᠦᠭᠴᠦ ᠬᠤᠪᠢ ᠣᠷᠣᠭᠤᠯᠬᠤ ᠶᠢ ᠵᠦᠪᠰᠢᠶᠡᠷᠡᠪᠡ᠂ ᠲᠡᠷᠡ ᠡᠨᠡ ᠵᠣᠭᠤᠰ ᠢᠶᠠᠷ ᠮᠣᠷᠢ ᠬᠤᠳᠠᠯᠳᠤᠨ | ᠠᠪᠴᠤ᠂ ᠫᠧᠩ᠂ ᠳᠤᠯᠠᠭᠠᠨ ᠫᠧᠩ ᠵᠡᠷᠭᠡ ᠰᠠᠭᠤᠷᠢ ᠲᠥᠬᠦᠭᠡᠷᠦᠮᠵᠢ ᠪᠠᠨ ᠵᠠᠰᠠᠨ ᠰᠠᠶᠢᠵᠢᠷᠠᠭᠤᠯᠵᠦ᠂ ᠪᠠᠰᠠ ᠰᠢᠯᠢ | ᠶᠢᠨ ᠭᠤᠤᠯ ᠠᠶᠢᠮᠠᠭ᠂ ᠤᠯᠠᠭᠠᠨᠬᠠᠳᠠ ᠬᠤᠲᠠ ᠵᠡᠷᠭᠡ ᠭᠠᠵᠠᠷ ᠬᠦᠷᠴᠦ᠂ ᠪᠤᠰᠤᠳ ᠠᠶᠢᠮᠠᠭ ᠬᠤᠲᠠ ᠶᠢᠨ | ᠪᠣᠯᠪᠠᠰᠤᠷᠠᠩᠭᠤᠶ ᠲᠤᠷᠰᠢᠯᠭ᠎ᠠ ᠶᠢ ᠰᠤᠷᠤᠯᠴᠠᠵᠤ᠂ ᠪᠤᠴᠠᠵᠤ ᠢᠷᠡᠭᠰᠡᠨ ᠤ ᠳᠠᠷᠠᠭ᠎ᠠ ᠲᠤᠰ ᠪᠡᠶ᠎ᠡ ᠶᠢᠨ ᠪᠠᠶᠢᠳᠠᠯ ᠲᠠᠢ | ᠪᠠᠨ ᠤᠶᠠᠯᠳᠤᠭᠤᠯᠤᠨ᠂ ᠭᠡᠭᠦᠦ ᠶᠢᠨ ᠰᠦᠨ ᠤ ᠭᠠᠷᠤᠯᠲᠠ ᠪᠠᠨ ᠪᠠᠭ᠎ᠠ ᠪᠤᠰᠤ ᠳᠡᠭᠡᠭᠰᠢᠯᠡᠭᠦᠯᠪᠡ᠃ ᠲᠡᠷᠡ ᠵᠢᠯ ᠪᠦᠷᠢ | ᠵᠣᠬᠢᠬᠤ ᠬᠠᠷᠢᠴᠠᠯ ᠤᠨ ᠮᠦᠩᠬᠦ ᠪᠠᠨ ᠪᠠᠯᠭᠠᠰᠤᠨ ᠤ ᠵᠠᠰᠠᠭ ᠤᠨ ᠣᠷᠳᠣᠨ ᠳᠤ ᠥᠭᠴᠦ᠂ ᠪᠠᠯᠭᠠᠰᠤᠨ ᠤ ᠵᠠᠰᠠᠭ ᠤᠨ | ᠣᠷᠳᠣᠨ ᠤ ᠭᠠᠷ ᠤᠷᠠᠯᠠᠯ ᠤᠨ ᠦᠶᠯᠡᠰ᠂ ᠶᠠᠳᠠᠭᠤ ᠠᠴᠠ ᠠᠩᠭᠢᠵᠢᠷᠠᠭᠤᠯᠤᠨ ᠶᠠᠳᠠᠭᠤ ᠶᠢ ᠲᠡᠳᠬᠦᠬᠦ ᠪᠡᠯᠡ ᠮᠥᠩᠭᠦ | ᠪᠤᠯᠭᠠᠵᠦ ᠨᠠᠮ ᠵᠠᠰᠠᠭ ᠤᠨ ᠠᠴᠢ ᠶᠢ ᠬᠠᠷᠢᠭᠤᠯᠵᠦ ᠪᠤᠢ᠃ ᠲᠡᠷᠡ ︽ᠲᠠᠷᠠᠭᠠᠴᠢ ᠶᠢᠨ ᠠᠯᠬᠤᠮ ᠳᠤ ᠪᠢ ᠨᠠᠮ ᠤᠨ | ᠭᠡᠰᠢᠭᠦᠨ ᠤ ᠦᠶᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠪᠦᠬᠦᠶᠢᠯᠡ ᠭᠠᠴᠠᠭᠠᠨ ᠤ ᠠᠷᠠᠳ ᠢ ᠳᠠᠶᠢᠴᠢᠯᠠᠨ᠂ | ᠲᠡᠳᠡᠨ ᠳᠤ ᠮᠡᠷᠭᠡᠵᠢᠯ ᠵᠢᠭᠠᠵᠤ᠂ ᠲᠡᠳᠡᠨ ᠢ ᠳᠠᠶᠢᠴᠢᠯᠠᠨ ᠠᠵᠤ ᠦᠢᠯᠡᠰ ᠤᠨ ᠪᠦᠲᠦᠴᠡ ᠶᠢ ᠨᠢ ᠬᠤᠪᠢᠷᠠᠭᠤᠯᠬᠤ | ᠠᠵᠢᠯ ᠢ ᠰᠠᠶᠢᠲᠤᠷ ᠬᠢᠨ᠎ᠡ︾ ᠬᠡᠵᠦ ᠶᠠᠷᠢᠵᠦ ᠪᠠᠶᠢᠯ᠎ᠠ᠃ | ᠰᠠᠶᠢᠨ ᠰᠠᠶᠢᠬᠠᠨ ᠠᠮᠢᠳᠤᠷᠠᠯ ᠢ ᠥᠪᠡᠷ ᠤᠨ ᠬᠤᠶᠠᠷ ᠭᠠᠷ ᠢᠶᠠᠷ ᠢᠶᠠᠨ ᠴᠤᠭᠴᠠᠯᠠᠭᠰᠠᠨ ᠶᠤᠮ᠃ ᠤᠳᠤ | ᠴᠡᠩᠭᠡᠯᠳᠦ ᠪᠣᠯ ᠭᠠᠴᠠᠭᠠᠨ ᠤ ᠪᠠᠨ ᠨᠡᠷᠡᠳᠦ ᠬᠦᠮᠦᠨ᠂ ᠪᠦᠬᠦᠳᠡᠭᠡᠷ ᠢᠶᠠᠨ ᠬᠦᠷᠦᠯᠴᠡᠨ ᠢᠷᠡᠵᠦ ᠲᠡᠳᠡᠨ ᠤ ᠴᠡᠭᠡ ᠶᠢ | ᠬᠤᠳᠠᠯᠳᠤᠨ ᠠᠪᠴᠦ᠂ ᠴᠡᠭᠡ ᠬᠢᠬᠦ ᠮᠡᠷᠭᠡᠵᠢᠯ ᠲᠤᠷᠰᠢᠯᠭ᠎ᠠ ᠶᠢ ᠰᠤᠷᠳᠠᠭ᠃ ᠴᠠᠭ ᠦᠶ᠎ᠡ ᠶᠢᠨ ᠬᠥᠭᠵᠢᠯᠲᠡ᠂ ᠵᠠᠰᠠᠭ | ᠤᠨ ᠣᠷᠳᠣᠨ ᠤ ᠳᠡᠮᠵᠢᠯᠭᠡ᠂ ᠥᠪᠡᠷ ᠤᠨ ᠴᠢᠷᠮᠠᠶᠢᠯᠭ᠎ᠠ ᠠᠴᠠ ᠥᠨᠥᠳᠥᠷ ᠤᠨ ᠴᠡᠴᠡᠭᠯᠡᠨ ᠬᠥᠭᠵᠢᠭᠰᠡᠨ ᠡᠳᠦᠷ | ᠬᠦᠷᠴᠦ ᠢᠷᠡᠪᠡ᠃ ᠴᠡᠩᠭᠡᠯᠳᠦ ᠨᠢᠭᠡ ᠨᠠᠮ ᠤᠨ ᠭᠡᠰᠢᠭᠦᠨ ᠪᠤᠯᠤᠭᠰᠠᠨ ᠤ ᠬᠤᠪᠢ ᠳᠤ ᠥᠪᠡᠷ ᠢᠶᠠᠨ ᠰᠠᠶᠢᠨ | ᠠᠮᠢᠳᠤᠷᠠᠬᠤ ᠪᠠᠷ ᠪᠠᠷᠠᠬᠤ ᠦᠭᠡᠢ᠂ ᠨᠠᠩ ᠴᠤ ᠭᠠᠴᠠᠭᠠᠨ ᠤ ᠠᠷᠠᠳ ᠢᠶᠠᠨ ᠳᠠᠭᠠᠭᠤᠯᠤᠨ ᠴᠢᠨᠡᠭᠡᠯᠢᠭᠵᠢᠬᠦ ᠵᠠᠮ ᠢᠶᠠᠷ | ᠵᠠᠮᠨᠠᠬᠤ ᠬᠡᠷᠡᠭᠲᠡᠶ ᠬᠡᠵᠦ ᠦᠪᠡᠷ ᠢ ᠪᠠᠨ ᠴᠢᠩᠭ᠎ᠠ ᠱᠠᠭᠠᠷᠳᠠᠳᠠᠭ ᠪᠠᠶᠢᠯ᠎ᠠ᠃ | | |