70 ᠰᠢᠨ᠎ᠡ ᠡᠮ ᠢ ᠡᠮᠨᠡᠯᠭᠡ ᠶᠢᠨ ᠳᠠᠭᠠᠳᠬᠠᠯ ᠤᠨ ᠭᠠᠷᠴᠠᠭ ᠲᠤ ᠣᠷᠣᠭᠤᠯᠵᠤ ᠦᠨ᠎ᠠ ᠨᠢ ᠳᠤᠮᠳᠠᠴᠢ ᠪᠠᠷ  ᠵᠠᠭᠤᠨ ᠤ ᠵᠢᠷᠠ ᠠᠴᠠ ᠲᠡᠭᠡᠭᠰᠢ ᠪᠠᠭᠤᠷᠠᠪᠠ
ᠨᠡᠶᠢᠲᠡᠯᠡᠭᠰᠡᠨ ᠴᠠᠭ᠄
2019/12/3
     ᠠᠷᠠᠳ ᠤᠨ ᠡᠳᠦᠷ ᠤᠨ ᠰᠣᠨᠢᠨ ᠤ ᠪᠡᠭᠡᠵᠢᠩ ᠤᠨ 11 ᠰᠠᠷ᠎ᠠ ᠶᠢᠨ 28 ᠤ ᠮᠡᠳᠡᠭᠡ ︵ᠰᠤᠷᠪᠤᠯᠵᠢᠯᠠᠭᠴᠢ ᠯᠢ ᠬᠤᠩ  ᠮᠧᠶ︶ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ  ᠨᠡᠶᠢᠭᠡᠮ ᠤᠨ ᠪᠠᠲᠤᠯᠠᠭ᠎ᠠ ᠶᠢᠨ ᠶᠠᠮᠤᠨ ᠣᠢᠢᠷ᠎ᠠ ᠳᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠬᠡᠯᠡᠯᠴᠡᠭᠡ ᠬᠢᠭᠰᠡᠨ ᠡᠮ  ᠲᠠᠩ ᠤᠨ ᠤᠷᠤᠬᠤ ᠶᠢ ᠵᠦᠪᠰᠢᠶᠡᠷᠡᠭᠰᠡᠨ ᠦᠷ᠎ᠡ ᠳ᠋ᠦᠩ ᠢ ᠠᠯᠪᠠᠨ ᠶᠣᠰᠣᠭᠠᠷ ᠨᠡᠶᠢᠲᠡᠯᠡᠵᠦ᠂ ᠰᠢᠨ᠎ᠠ ᠪᠠᠷ ᠨᠡᠮᠡᠭᠰᠡᠨ 70  ᠡᠮ ᠪᠠ ᠦᠷᠭᠦᠯᠵᠢᠯᠡᠨ ᠬᠡᠷ᠎ᠠ ᠲᠤᠬᠳᠠᠬᠰᠠᠨ 27 ᠡᠮ ᠢ ᠪᠠᠭᠳᠠᠭᠠᠬᠰᠠᠨ ᠨᠡᠶᠢᠲᠡ 97 ᠡᠮ ᠨᠢ ᠬᠡᠯᠡᠯᠴᠡᠭᠡ ᠪᠠᠷ ᠳᠠᠮᠵᠢᠨ  ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠲᠤ ᠣᠷᠣᠵᠤ᠂ ᠦᠨ᠎ᠡ ᠨᠢ ᠲᠤᠮᠳᠠᠴᠢ ᠪᠠᠷ 60.7% ᠪᠠ 26.4% ᠪᠠᠷ  ᠪᠠᠭᠤᠷᠠᠪᠠ᠃ ᠡ᠊ᠡᠲᠡ ᠬᠦᠷᠦᠭᠡᠳ 2019 ᠣᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠲᠠᠩ ᠤᠨ  ᠭᠠᠷᠴᠠᠭ ᠲᠤ ᠲᠣᠬᠢᠷᠠᠭᠤᠯᠤᠯᠲᠠ ᠬᠢᠬᠦ ᠠᠵᠢᠯ ᠤᠷᠤᠭᠰᠢᠲᠠᠶ ᠳᠠᠭᠤᠰᠴᠤ᠂ 2020 ᠣᠨ ᠤ 1 ᠰᠠᠷ᠎ᠠ ᠶᠢᠨ 1 ᠤ ᠰᠢᠨ᠎ᠡ  ᠬᠡᠪᠯᠡᠯ ᠤᠨ ᠭᠠᠷᠴᠠᠭ ᠢ ᠡᠬᠢᠯᠡᠨ ᠬᠡᠷᠡᠭᠯᠡᠭᠦ ᠪᠣᠯᠤᠨ᠎ᠠ᠃        ᠲᠣᠰ ᠡᠭᠡᠯᠵᠢ ᠶᠢᠨ ᠲᠣᠬᠢᠷᠠᠭᠤᠯᠤᠯᠲᠠ ᠪᠠᠷ ᠳᠠᠮᠵᠢᠨ᠂ 2019 ᠣᠨ ᠤ ︽ᠤᠯᠤᠰ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ ᠪᠠ ᠦᠷᠡᠵᠢᠯ ᠤᠨ ᠳᠠᠭᠠᠳᠬᠠᠯ ᠤᠨ ᠡᠮ  ᠲᠠᠩ ᠤᠨ ᠭᠠᠷᠴᠠᠭ︾ ᠲᠤ ᠨᠡᠶᠢᠲᠡ 2709 ᠡᠮ ᠲᠠᠩ ᠢ ᠡᠮᠬᠢᠳᠭᠡᠨ ᠤᠷᠤᠭᠤᠯᠵᠤ᠂ 2017 ᠣᠨ ᠤ ᠬᠡᠪᠯᠡᠯ ᠲᠠᠢ  ᠠᠳᠠᠯᠢᠳᠬᠠᠪᠠᠯ᠂ 218 ᠡᠮ ᠢ ᠰᠢᠯᠵᠢᠭᠦᠯᠦᠨ ᠤᠷᠤᠭᠤᠯᠵᠤ᠂ 154 ᠡᠮ ᠢ ᠰᠢᠯᠵᠢᠭᠦᠯᠦᠨ ᠭᠠᠷᠭᠠᠵᠤ ᠂ 64 ᠡᠮ ᠢ  ᠴᠡᠪᠡᠷ ᠨᠡᠮᠡᠭᠳᠡᠭᠦᠯᠵᠡᠢ᠃                ᠲᠣᠰ ᠤᠳᠠᠭᠠᠨ ᠤ ᠬᠡᠯᠡᠯᠴᠡᠭᠡ ᠪᠣᠯ ᠮᠠᠨ ᠤ ᠤᠯᠤᠰ ᠤᠨ ᠡᠮ ᠡᠮᠨᠡᠯᠭᠡ ᠶᠢᠨ ᠳᠠᠭᠠᠳᠬᠠᠯ ᠤᠨ ᠳᠦᠷᠢᠮ ᠢ  ᠪᠠᠶᠢᠭᠤᠯᠤᠭᠰᠠᠨ ᠠᠴᠠ ᠨᠠᠰᠢᠬᠢ ᠬᠡᠪᠴᠢᠶ᠎ᠡ ᠪᠠᠷ ᠬᠠᠮᠤᠭ ᠤᠨ ᠶᠡᠭᠡ ᠨᠢᠭᠡᠨ ᠤᠳᠠᠭᠠᠨ ᠤ ᠬᠡᠯᠡᠯᠴᠡᠭᠡ ᠪᠠᠶᠢᠵᠤ᠂ ᠣᠯᠠᠨ  ᠲᠠᠯ᠎ᠠ ᠶᠢᠨ ᠦᠷ᠎ᠡ ᠪᠦᠲᠦᠮᠵᠢ ᠣᠯᠵᠠᠶ᠃ ᠨᠢᠭᠡ ᠳᠤ ᠡᠮ ᠡᠮᠨᠡᠯᠭᠡ ᠶᠢᠨ ᠳᠠᠭᠠᠳᠬᠠᠯ ᠤᠨ ᠭᠠᠷᠴᠠᠭ ᠲᠠᠬᠢ ᠡᠮ ᠲᠠᠩ ᠤᠨ  ᠪᠦᠲᠦᠴᠡ ᠶᠢ ᠢᠯᠡᠳᠲᠡ ᠰᠢᠯᠢᠳᠡᠭᠵᠢᠭᠦᠯᠵᠦ᠂ ᠪᠠᠲᠤᠯᠠᠭ᠎ᠠ ᠶᠢᠨ ᠴᠢᠳᠠᠪᠤᠷᠢ ᠶᠢ ᠨᠢ ᠢᠯᠡᠳᠲᠡ ᠳᠡᠭᠡᠭᠰᠢᠯᠡᠭᠦᠯᠵᠡᠢ᠃  ᠬᠤᠶᠠᠷ ᠲᠤ ᠡᠮ ᠲᠠᠩ ᠤᠨ ᠵᠠᠷᠤᠳᠠᠯ ᠢ ᠢᠯᠡᠳᠲᠡ ᠪᠠᠭᠤᠷᠠᠭᠤᠯᠵᠠᠢ᠃ ᠭᠤᠷᠪᠠ ᠳᠤ ᠰᠢᠨ᠎ᠡ ᠶᠢ ᠡᠭᠦᠳᠬᠦ ᠶᠢ  ᠵᠣᠷᠢᠭᠵᠢᠭᠤᠯᠬᠤ ᠤᠳᠤᠷᠢᠳᠤᠮᠵᠢ ᠶᠢ ᠲᠣᠪᠤᠶᠢᠯᠭᠠᠵᠠᠢ᠃ ᠳᠥᠷᠪᠡ ᠳᠤ᠂ ᠳᠤᠮᠳᠠᠳᠤ ᠤᠯᠤᠰ ᠤᠨ ᠪᠣᠳᠠᠲᠤ ᠪᠠᠶᠢᠳᠠᠯ ᠳᠤ  ᠨᠡᠶᠢᠴᠡᠭᠰᠡᠨ ᠡᠮ ᠡᠮᠨᠡᠯᠭᠡ ᠶᠢᠨ ᠳᠠᠭᠠᠳᠬᠠᠯ ᠤᠨ ᠡᠮ ᠲᠠᠩ ᠤᠨ ᠭᠠᠷᠴᠠᠭ ᠲᠤ ᠲᠣᠬᠢᠷᠠᠭᠤᠯᠤᠯᠲᠠ ᠬᠢᠬᠦ ᠠᠷᠭ᠎ᠠ ᠬᠡᠯᠪᠡᠷᠢ ᠶᠢ  ᠰᠦᠪᠡᠭᠴᠢᠯᠡᠬᠦ ᠲᠠᠯ᠎ᠠ ᠪᠠᠷ ᠠᠬᠢᠯᠳᠠ ᠲᠠᠢ ᠪᠤᠯᠭᠠᠵᠠᠢ᠃
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号