2019 ᠵᠠᠰᠠᠭ ᠤᠨ ᠣᠷᠳᠣᠨ ᠤ ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2019/3/28
               ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ       ᠡᠷᠳᠡᠨᠢᠬᠦᠦ  ᠲᠦᠯᠦᠭᠡᠯᠡᠭᠴᠢᠳ ᠡ᠄      ᠣᠳᠣ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠣᠯᠪᠠᠤ᠂ ᠵᠢᠴᠢ ᠬᠤᠰᠢᠭᠤᠨ ᠤ ᠤᠯᠤᠰ ᠲᠥᠷᠦ ᠶᠢᠨ ᠵᠦᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠳ ᠰᠠᠨᠠᠯ ᠳᠣᠷᠠᠳᠬᠤ ᠪᠣᠯᠪᠠᠤ᠃      ᠨᠢᠭᠡ᠂ 2018 ᠣᠨ ᠤ ᠠᠵᠢᠯ ᠤᠨ ᠡᠷᠭᠢᠴᠡᠭᠦᠯᠦᠯ      ᠦᠩᠭᠡᠷᠡᠭᠰᠡᠨ ᠨᠢᠭᠡ ᠵᠢᠯ ᠪᠣᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠣᠣᠱᠯᠠᠭᠤᠯᠣᠨ ᠨᠠᠶᠢᠲᠠᠪᠣᠷᠢᠵᠢᠭᠤᠯᠣᠭᠰᠠᠨ ᠡᠬᠢᠯᠡᠯᠲᠡ ᠶᠢᠨ ᠵᠢᠯ ᠮᠦᠨ᠂ ᠦᠭᠡᠷᠡᠴᠢᠯᠡᠯᠲᠡ ᠬᠢᠵᠦ ᠴᠢᠯᠣᠭᠡᠲᠡᠢ ᠶᠠᠪᠣᠯᠴᠠᠭᠰᠠᠨ 40 ᠣᠢ᠂ ᠮᠦᠨᠴᠦ ᠮᠠᠨ ᠤ ᠬᠤᠰᠢᠭᠤᠨ ᠤ ᠬᠦᠭᠵᠢᠯᠲᠡ ᠶᠢᠨ ᠠᠬᠢᠴᠠ ᠶᠢᠨ ᠳᠣᠮᠳᠠᠬᠢ ᠲᠤᠶᠢᠯ ᠤᠨ ᠶᠡᠷᠦ ᠪᠤᠰᠤ ᠶᠢᠨ ᠨᠢᠭᠡ ᠵᠢᠯ ᠮᠦᠨ᠃ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠡᠰ ᠪᠠᠲᠤ ᠣᠳᠣᠷᠢᠳᠣᠯᠭ᠎ᠠ ᠳᠣᠣᠷ᠎ᠠ᠂ ᠪᠢᠳᠡ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠷ᠂ ᠭᠤᠷᠪᠠᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠣᠷᠣᠯᠴᠠᠨ ᠲᠣᠣᠱᠯᠠᠭᠤᠯᠵᠤ᠂ ᠡᠯ᠎ᠡ ᠲᠠᠯ᠎ᠠ ᠶᠢᠨ ᠬᠦᠴᠢᠷᠳᠡᠯ ᠪᠠ ᠦᠷᠢᠰᠦᠯᠳᠦᠭᠡᠨ ᠢ ᠢᠳᠡᠪᠬᠢᠲᠡᠢ ᠠᠷᠭᠠᠴᠠᠵᠤ᠂ ᠬᠠᠲᠠᠭᠤᠵᠢᠯᠲᠠᠢ ᠪᠠᠷ ᠣᠷᠣᠭᠰᠢᠯᠠᠨ᠂ ᠵᠣᠷᠢᠭᠲᠠᠢ ᠪᠠᠷ ᠳᠠᠪᠰᠢᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠲᠣᠭᠳᠠᠭᠤᠨ ᠡᠷᠡᠭᠦᠯ ᠬᠦᠭᠵᠢᠯᠲᠡ ᠶᠢᠨ ᠪᠠᠶᠢᠳᠠᠯ ᠢ ᠪᠠᠲᠤᠯᠠᠪᠠ᠃ ᠣᠷᠣᠨ ᠨᠤᠳᠤᠭ ᠤᠨ ᠦᠢᠯᠡᠳᠪᠦᠷᠢᠯᠡᠯ ᠤᠨ ᠶᠡᠷᠦᠩᠬᠡᠢ ᠦᠷᠲᠡᠭ 121.66 ᠳ᠋ᠦᠩᠰᠢᠭᠤᠷ ᠲᠦᠭᠦᠷᠢᠭ ᠪᠡᠶᠡᠯᠡᠭᠦᠯᠵᠦ᠂ 4.5% ᠨᠡᠮᠡᠭᠳᠡᠪᠡ᠂ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ 44.3 ᠳ᠋ᠦᠩᠰᠢᠭᠤᠷ ᠲᠦᠭᠦᠷᠢᠭ ᠪᠡᠶᠡᠯᠡᠭᠦᠯᠪᠡ︔ ᠡᠩ ᠤᠨ ᠨᠡᠶᠢᠲᠡ ᠶᠢᠨ ᠲᠥᠰᠦᠪ ᠤᠨ ᠣᠷᠣᠯᠭ᠎ᠠ 7.8 ᠳ᠋ᠦᠩᠰᠢᠭᠤᠷ ᠲᠦᠭᠦᠷᠢᠭ ᠪᠡᠶᠡᠯᠡᠭᠦᠯᠵᠦ᠂ 12% ᠨᠡᠮᠡᠭᠳᠡᠪᠡ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠰᠤᠯᠠ ᠪᠣᠷᠣᠯᠠᠭᠤᠯᠤᠯᠲᠠ ᠶᠢᠨ ᠶᠡᠷᠦᠩᠬᠡᠢ ᠬᠡᠮᠵᠢᠶ᠎ᠡ 37.89 ᠳ᠋ᠦᠩᠰᠢᠭᠤᠷ ᠲᠦᠭᠦᠷᠢᠭ ᠬᠦᠷᠴᠦ᠂ 6.3% ᠨᠡᠮᠡᠭᠳᠡᠪᠡ᠂ ᠬᠤᠲᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠡᠭᠰᠢᠳᠭᠡᠭᠰᠡᠨ ᠵᠤᠬᠢᠴᠠᠭᠤᠯᠵᠤ ᠪᠣᠯᠬᠤ ᠣᠷᠣᠯᠭ᠎ᠠ 28878 ᠲᠦᠭᠦᠷᠢᠭ᠂ 15127 ᠲᠦᠭᠦᠷᠢᠭ ᠬᠦᠷᠴᠦ᠂ ᠲᠤᠰᠪᠣᠷᠢ 8.1%᠂ 10.2% ᠨᠡᠮᠡᠭᠳᠡᠪᠡ᠂ ᠭᠤᠷᠪᠠᠨ ᠠᠵᠤ ᠦᠢᠯᠡᠰ ᠤᠨ ᠪᠦᠲᠦᠴᠡ ᠶᠢᠨ ᠬᠠᠷᠢᠴᠠᠯ 29.5᠄ 30.1᠄ 40.4 ᠪᠣᠯᠪᠠ᠂ ᠠᠵᠤ ᠠᠬᠤᠢ ᠶᠢᠨ ᠴᠢᠨᠠᠷ ᠴᠢᠨᠰᠠᠭ᠎ᠠ ᠦᠷ᠎ᠡ ᠠᠰᠢᠭ ᠢᠯᠡᠷᠬᠡᠢ ᠳᠡᠭᠡᠭᠰᠢᠯᠡᠵᠦ ᠂ ᠠᠵᠤ ᠦᠢᠯᠡᠰ ᠤᠨ ᠪᠦᠲᠦᠴᠡ ᠲᠠᠰᠣᠷᠠᠯᠲᠠ ᠦᠭᠡᠢ ᠰᠢᠯᠢᠳᠡᠭᠵᠢᠨ᠂ ᠠᠷᠠᠳ ᠲᠦᠮᠡᠨ ᠤ ᠠᠮᠢᠳᠣᠷᠠᠯ ᠦᠷᠭᠦᠯᠵᠢᠯᠡᠨ ᠰᠠᠶᠢᠵᠢᠷᠠᠵᠤ᠂ ᠨᠡᠶᠢᠭᠡᠮ ᠤᠨ ᠶᠡᠭᠡ ᠪᠠᠶᠢᠳᠠᠯ ᠤᠨ ᠲᠣᠭᠳᠠᠭᠤᠨ ᠢ ᠪᠠᠲᠣᠯᠠᠪᠠ᠃      ᠨᠢᠭᠡ ᠵᠢᠯ ᠤᠨ ᠲᠤᠷᠰᠢ᠂ ᠪᠢᠳᠡᠨ ᠤ ᠬᠢᠭᠰᠡᠨ ᠭᠤᠣᠯ ᠠᠵᠢᠯ ᠭᠡᠪᠡᠯ᠄      ︵ᠨᠢᠭᠡ︶ ᠤᠯᠤᠰ ᠲᠥᠷᠦ ᠶᠢᠨ ᠵᠤᠭᠰᠣᠴᠠ ᠪᠠᠨ ᠦᠨᠳᠦᠷᠵᠢᠭᠦᠯᠬᠦ ᠶᠢ ᠪᠠᠷᠢᠮᠲᠠᠯᠠᠨ᠂ ᠢᠮᠠᠭᠲᠠ ᠦᠨᠡᠨᠴᠢ ᠰᠢᠳᠣᠷᠭᠤ ᠪᠠᠷ ᠡᠭᠦᠷᠭᠡ ᠲᠣᠰᠢᠶᠠᠯ ᠢᠶᠠᠨ ᠭᠦᠢᠴᠡᠳᠭᠡᠪᠡ᠃ ᠰᠢ ᠶᠢᠨ ᠫᠢᠩ ᠤᠨ ᠳᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠣᠯᠴᠠᠨ ᠲᠣᠣᠱᠯᠠᠭᠤᠯᠵᠤ᠂ ᠵᠦᠪ ᠣᠨᠤᠪᠴᠢᠲᠠᠢ ᠤᠯᠤᠰ ᠲᠥᠷᠦ ᠶᠢᠨ ᠴᠢᠭᠯᠡᠯ ᠢ ᠪᠠᠲᠤ ᠪᠠᠬᠢ ᠡᠵᠡᠮᠰᠢᠵᠦ᠂ ᠲᠤᠭ ᠳᠡᠮᠳᠡᠭ ᠲᠣᠳᠣᠷᠬᠠᠢ ᠪᠠᠷ ᠤᠯᠤᠰ ᠲᠥᠷᠦ ᠶᠢ ᠡᠷᠬᠢᠮᠯᠡᠨ᠂ ︽ᠳᠦᠷᠪᠡᠨ ᠦᠵᠡᠯ ᠣᠬᠠᠮᠰᠠᠷ︾ ᠶᠢ ᠪᠠᠲᠤ ᠪᠠᠬᠢ ᠪᠣᠢ ᠪᠣᠯᠭᠠᠵᠤ᠂ ︽ᠳᠦᠷᠪᠡᠨ‌ᠦᠪᠡᠷ ᠢ ᠪᠠᠨ ᠢᠲᠡᠭᠡᠬᠦ︾ ᠪᠠᠨ ᠪᠠᠲᠣᠳᠬᠠᠵᠤ᠂ ︽ᠬᠤᠶᠠᠷ ᠢ ᠬᠠᠮᠠᠭᠠᠯᠠᠬᠤ︾ ᠶᠢ ᠭᠦᠢᠴᠡᠳᠭᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠣᠷᠢ ᠴᠣᠬᠤᠯᠠᠪᠣᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠲᠠᠪᠣᠷᠢᠵᠢᠭᠤᠯᠵᠤ᠂ ᠰᠢᠨ᠎ᠡ ᠬᠦᠭᠵᠢᠭᠦᠯᠦᠯᠲᠡ ᠶᠢᠨ ᠣᠶᠢᠯᠠᠭᠠᠭᠳᠠᠬᠤᠨ ᠢ ᠪᠦᠬᠦ ᠲᠠᠯ᠎ᠠ ᠪᠠᠷ ᠲᠣᠣᠱᠯᠠᠭᠤᠯᠵᠤ᠂ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠡ ᠶᠢ ᠬᠦᠴᠦᠯᠡᠨ ᠠᠬᠢᠭᠤᠯᠪᠠ᠃ ᠨᠠᠮ ᠤᠨ ᠲᠥᠪ ᠬᠤᠷᠢᠶ᠎ᠠ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠡᠯ᠎ᠡ ᠲᠦᠷᠦᠯ ᠤᠨ ᠰᠢᠢᠳᠪᠦᠷᠢ ᠪᠠᠶᠢᠷᠢᠯᠠᠭᠤᠯᠣᠯᠲᠠ ᠶᠢ ᠳᠠᠷᠤᠢ ᠳᠤᠨᠢ ᠲᠣᠣᠱᠯᠠᠭᠤᠯᠣᠨ ᠨᠠᠶᠢᠲᠠᠪᠣᠷᠢᠵᠢᠭᠤᠯᠵᠤ᠂ ᠲᠥᠪ ᠤᠨ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠨ ᠪᠠᠶᠢᠴᠠᠭᠠᠬᠤ ᠵᠢᠴᠢ ︽ᠡᠷᠭᠢᠨ ᠬᠠᠷᠠᠬᠤ︾ ᠬᠠᠷᠢᠭᠤ ᠳᠣᠰᠬᠠᠭᠰᠠᠨ ᠠᠰᠠᠭᠤᠳᠠᠯ ᠪᠠ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠲᠣᠰᠬᠠᠢ ᠲᠣᠭᠤᠷᠢᠨ ᠪᠠᠶᠢᠴᠠᠭᠠᠯᠲᠠ᠂ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠬᠠᠷᠢᠭᠤ ᠲᠤᠰᠬᠠᠭᠰᠠᠨ ᠰᠠᠨᠠᠯ ᠢ ᠬᠦᠴᠦᠯᠡᠨ ᠵᠠᠰᠠᠨ ᠰᠠᠶᠢᠵᠢᠷᠠᠭᠤᠯᠵᠤ᠂ ᠪᠦᠬᠦ ᠬᠤᠰᠢᠭᠤᠨ ᠤ ᠡᠯ᠎ᠡ ᠠᠵᠢᠯ ᠦᠢᠯᠡᠰ ᠰᠢᠨ᠎ᠡ ᠠᠬᠢᠴᠠ ᠭᠠᠷᠴᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠪᠠ᠃      ︵ᠬᠤᠶᠠᠷ︶ ᠬᠦᠴᠦᠨ ᠢᠶᠠᠨ ᠲᠦᠪᠯᠡᠷᠡᠭᠦᠯᠦᠨ ᠣᠨᠤᠴᠢᠲᠠᠢ ᠬᠦᠴᠦᠯᠡᠬᠦ ᠶᠢ ᠪᠠᠷᠢᠮᠲᠠᠯᠠᠨ᠂ ︽ ᠭᠤᠷᠪᠠᠨ ᠶᠡᠭᠡ ᠰᠢᠪᠳᠣᠯᠣᠯᠲᠠ︾ ᠶᠢᠨ ᠦᠷ᠎ᠡ ᠪᠦᠲᠦᠮᠵᠢ ᠢᠯᠡᠷᠬᠡᠢ᠃ ᠲᠥᠰᠦᠪ ᠤᠨ ᠲᠣᠬᠢᠷᠠᠭᠤᠯᠣᠯᠲᠠ᠂ ᠡᠳ᠋ ᠬᠦᠷᠦᠩᠭᠡ ᠪᠠᠨ ᠰᠢᠢᠳᠪᠦᠷᠢᠯᠡᠬᠦ᠂ ᠥᠷᠢ ᠠᠪᠴᠠᠭ᠎ᠠ ᠪᠠᠨ ᠴᠡᠪᠡᠷᠯᠡᠨ ᠬᠤᠷᠢᠶᠠᠬᠤ᠂ ᠦᠨ᠎ᠡ ᠨᠤᠭᠤᠯᠣᠨ ᠬᠤᠳᠠᠯᠳᠣᠨ ᠠᠪᠬᠤ᠂ ᠵᠠᠷᠣᠳᠠᠯ ᠢᠶᠠᠨ ᠬᠠᠰᠣᠵᠤ ᠪᠠᠭᠠᠰᠬᠠᠬᠤ ᠵᠡᠷᠭᠡ ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠵᠠᠰᠠᠭ ᠤᠨ ᠣᠷᠳᠣᠨ ᠤ ᠥᠷᠢ ᠥᠭᠴᠡᠭᠡ ᠶᠢ 13.5 ᠳ᠋ᠦᠩᠰᠢᠭᠤᠷ ᠲᠦᠭᠦᠷᠢᠭ ᠦᠭᠡᠶᠢᠰᠭᠡᠵᠦ᠂ ᠵᠢᠯ ᠤᠨ ᠥᠷᠢ ᠥᠭᠴᠡᠭᠡ ᠪᠠᠨ ᠦᠭᠡᠶᠢᠰᠭᠡᠬᠦ ᠡᠭᠦᠷᠭᠡ ᠶᠢᠨ 108%       ᠪᠡᠶᠡᠯᠡᠭᠦᠯᠪᠡ᠃ ᠠᠵᠤ ᠠᠬᠤᠶᠢᠯᠠᠯ ᠤᠨ ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠢ ᠠᠷᠢᠯᠭᠠᠵᠤ᠂ ᠬᠠᠣᠯᠢ ᠪᠣᠰᠤ ᠪᠠᠷ ᠪᠡᠯᠡ ᠴᠣᠭᠯᠠᠭᠤᠯᠬᠤ᠂ ᠬᠦᠳᠡᠭᠡ ᠲᠣᠰᠬᠤᠨ ᠮᠠᠯᠵᠢᠬᠤ ᠣᠷᠣᠨ ᠤ ᠦᠨᠳᠦᠷ ᠬᠦᠦ ᠲᠠᠢ ᠵᠢᠭᠡᠯᠡᠯᠭᠡ ᠵᠡᠷᠭᠡ ᠶᠢ ᠲᠣᠰᠬᠠᠢ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠵᠦ᠂ ᠪᠦᠬᠦ ᠬᠤᠰᠢᠭᠤᠨ ᠤ ᠮᠦᠩᠬᠦᠨ ᠭᠦᠢᠯᠡᠭᠡᠭᠡᠨ ᠤ ᠲᠦᠭᠰᠢᠭᠦᠷᠢ ᠶᠢ ᠶᠡᠷᠦᠩᠬᠡᠢ ᠳᠤ ᠪᠠᠨ ᠡᠵᠡᠮᠳᠡᠪᠡ᠃ ᠶᠠᠳᠠᠭᠤ ᠠᠴᠠ ᠠᠩᠭᠢᠵᠢᠷᠠᠭᠤᠯᠬᠤ ᠲᠥᠷᠦ ᠶᠢᠨ ᠪᠣᠳᠣᠯᠭ᠎ᠠ ᠶᠢ ᠣᠨᠣᠪᠴᠢᠲᠠᠢ ᠨᠠᠶᠢᠲᠠᠪᠣᠷᠢᠵᠢᠭᠤᠯᠵᠤ᠂ ᠪᠦᠬᠦ ᠵᠢᠯ ᠳᠤ 0.8 ᠳ᠋ᠦᠩᠰᠢᠭᠤᠷ ᠲᠦᠭᠦᠷᠢᠭ ᠶᠠᠳᠠᠭᠤ ᠶᠢ ᠲᠡᠳᠭᠦᠬᠦ ᠪᠡᠯᠡ ᠣᠷᠣᠭᠤᠯᠵᠤ᠂ ᠳᠥᠷᠪᠡᠨ ᠵᠢᠯ ᠳᠤ ᠨᠡᠶᠢᠲᠡ 5.1 ᠳ᠋ᠦᠩᠰᠢᠭᠤᠷ ᠲᠦᠭᠦᠷᠢᠭ ᠶᠠᠳᠠᠭᠤ ᠶᠢ ᠲᠡᠳᠭᠦᠬᠦ ᠪᠡᠯᠡ ᠣᠷᠣᠭᠤᠯᠣᠨ᠂ ︽ᠬᠤᠶᠠᠷ ᠵᠣᠪᠠᠭ᠋ᠤ ᠦᠭᠡᠢ᠂ ᠭᠤᠷᠪᠠ ᠶᠢ ᠪᠠᠲᠣᠯᠠᠬᠤ︾ ᠵᠦᠢᠯ ᠢ ᠴᠦᠮ ᠵᠦᠢ ᠵᠤᠬᠢᠰᠲᠠᠢ ᠰᠢᠢᠳᠪᠦᠷᠢᠯᠡᠪᠡ᠂ 58  ᠶᠠᠳᠠᠭᠤ ᠬᠦᠴᠢᠷᠲᠡᠢ ᠭᠠᠴᠠᠭ᠎ᠠ ᠲᠣᠰᠬᠤᠨ ᠤ 56 ᠭᠠᠴᠠᠭ᠎ᠠ ᠲᠣᠰᠬᠤᠨ ᠨᠢ ᠶᠠᠳᠠᠭᠤ ᠶᠢᠨ ᠡᠩᠨᠡᠭᠡᠨ ᠠᠴᠠ ᠭᠠᠷᠴᠤ᠂ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠵᠢᠯ ᠤᠨ ᠬᠦᠮᠦᠨ ᠪᠦᠷᠢ ᠶᠢᠨ ᠲᠡᠭᠰᠢᠳᠭᠡᠭᠰᠡᠨ ᠴᠡᠪᠡᠷ ᠣᠷᠣᠯᠭ᠎ᠠ 3200 ᠲᠦᠭᠦᠷᠢᠭ ᠢ ᠳᠠᠪᠠᠵᠤ᠂ ᠶᠠᠳᠠᠭᠤ ᠶᠢᠨ ᠡᠭᠦᠰᠦᠯᠲᠡ ᠶᠢᠨ ᠨᠤᠷᠮ᠎ᠠ 8.4% ᠠᠴᠠ ᠳᠣᠷᠣᠭᠰᠢᠯᠠᠭᠠᠳ 0.84% ᠪᠣᠯᠵᠤ᠂ ᠶᠠᠳᠠᠭᠤ ᠠᠴᠠ ᠠᠩᠭᠢᠵᠢᠷᠠᠭᠤᠯᠬᠤ ᠠᠵᠢᠯ ᠰᠡᠭᠦᠯ ᠤᠨ ᠱᠠᠲᠤᠨ ᠳᠤ ᠣᠷᠣᠪᠠ᠂ ︽ᠶᠠᠳᠠᠭᠤ ᠠᠴᠠ ᠠᠩᠭᠢᠵᠢᠷᠠᠭᠤᠯᠬᠤ ᠶᠢ ᠵᠦᠪᠯᠡᠭᠦ ᠬᠤᠷᠠᠯ︾ ᠤᠨ ᠣᠯᠠᠨ ᠲᠦᠮᠡᠨ ᠤ ᠠᠵᠢᠯ ᠤᠨ ᠲᠣᠭᠲᠠᠴᠠ ᠪᠦᠬᠦ ᠳᠡᠯᠡᠬᠡᠢ ᠶᠢᠨ ᠶᠠᠳᠠᠭᠤ ᠶᠢ ᠪᠠᠭᠠᠰᠬᠠᠬᠤ 100 ᠵᠢᠱᠢᠶ᠎ᠡ ᠳᠤ ᠣᠷᠣᠪᠠ᠃ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠬᠦᠴᠦᠯᠡᠨ ᠠᠬᠢᠭᠤᠯᠵᠤ᠂ ᠴᠠᠬᠢᠯᠭᠠᠨ ᠵᠠᠳᠠᠯᠣᠯᠲᠠ ᠶᠢᠨ ᠬᠦᠩᠭᠡᠨᠴᠠᠭᠠᠨ ᠤ ᠠᠵᠤ ᠠᠬᠤᠶᠢᠯᠠᠯ ᠤᠨ ᠤᠳᠤᠭ᠎ᠠ ᠲᠣᠭᠤᠰᠤ ᠶᠢᠨ ᠪᠣᠬᠢᠷᠳᠣᠯ ᠪᠤᠳᠠᠰ ᠢ ᠠᠷᠢᠯᠭᠠᠭᠰᠠᠨ ᠦᠷ᠎ᠡ ᠪᠦᠲᠦᠮᠵᠢ ᠢᠯᠡᠷᠬᠡᠢ᠂ 193 ᠬᠤᠪᠢ ᠬᠢᠨᠠᠨ ᠵᠦᠪᠰᠢᠶᠡᠷᠡᠯ ᠦᠭᠡᠢ ᠪᠠᠷ ᠨᠤᠳᠤᠭ ᠪᠡᠯᠴᠢᠭᠡᠷ ᠢ ᠡᠵᠡᠯᠡᠵᠦ ᠲᠠᠲᠠᠪᠣᠷᠢᠯᠠᠨ ᠬᠡᠷᠡᠭᠯᠡᠭᠰᠡᠨ ᠲᠥᠷᠦᠯ ᠵᠦᠢᠯ ᠪᠦᠬᠦᠨ ᠢ ᠴᠡᠭᠴᠡᠯᠡᠨ ᠵᠠᠰᠠᠵᠤ ᠳᠠᠭᠤᠰᠬᠠᠪᠠ᠂ ᠡᠮᠬᠢ ᠲᠢᠭᠯᠢᠮ ᠦᠭᠡᠢ ᠨᠡᠭᠦᠷᠡᠰᠦ ᠰᠤᠯᠠ ᠡᠵᠡᠩᠨᠡᠵᠦ ᠪᠣᠷᠣᠯᠠᠭᠤᠯᠵᠤ ᠪᠠᠶᠢᠭᠰᠠᠨ 30 ᠴᠡᠭ ᠢ ᠴᠡᠪᠡᠷᠯᠡᠨ ᠵᠤᠭᠰᠣᠭᠠᠵᠤ᠂ ᠪᠦᠬᠦ ᠵᠢᠯ ᠤᠨ ᠠᠭᠠᠷ ᠮᠠᠨᠳᠠᠯ ᠤᠨ ᠴᠢᠨᠠᠷ ᠰᠢᠯᠢᠳᠡᠭ ᠡᠳᠦᠷ ᠤᠨ ᠲᠤᠭ᠎ᠠ 347 ᠡᠳᠦᠷ ᠪᠣᠯᠵᠤ᠂ ᠨᠢᠳᠣᠨᠣᠨ ᠠᠴᠠ 27 ᠡᠳᠦᠷ ᠨᠡᠮᠡᠭᠳᠡᠪᠡ︔ ᠭᠤᠣᠯ ᠨᠠᠭᠤᠷ ᠤᠨ ᠠᠬᠠᠯᠠᠭᠴᠢ ᠭᠤᠣᠯ ᠨᠠᠭᠤᠷ ᠢᠶᠠᠨ ᠪᠠᠶᠢᠩᠭᠤ ᠴᠠᠭᠳᠠᠨ ᠪᠠᠶᠢᠴᠠᠭᠠᠵᠤ᠂ ᠭᠤᠣᠯ ᠬᠤᠲᠠ ᠶᠢᠨ ᠲᠣᠭᠤᠷᠢᠭ ᠤᠨ ᠡᠳᠦᠷ ᠤᠨ ᠪᠣᠬᠢᠷ ᠤᠰᠤ ᠶᠢ ᠰᠢᠢᠳᠪᠦᠷᠢᠯᠡᠬᠦ ᠴᠢᠳᠠᠪᠣᠷᠢ ᠲᠡᠭᠡᠭᠰᠢᠯᠡᠭᠡᠳ 3 ᠲᠦᠮᠡᠨ ᠳᠣᠨ ᠪᠣᠯᠪᠠ︔ 25 ᠲᠡᠵᠢᠭᠡᠪᠦᠷᠢ ᠶᠢᠨ ᠲᠠᠯᠠᠪᠠᠢ ᠶᠢᠨ ᠪᠣᠬᠢᠷᠳᠣᠯ ᠪᠤᠳᠠᠰ ᠢᠶᠠᠨ ᠭᠠᠳᠠᠭᠰᠢᠯᠠᠭᠤᠯᠬᠤ ᠶᠢ ᠪᠠᠭᠠᠰᠬᠠᠬᠤ ᠢᠵᠢ ᠲᠦᠭᠦᠭᠡᠷᠦᠮᠵᠢ ᠶᠢ ᠪᠦᠷᠢᠨᠰᠢᠭᠦᠯᠬᠦ ᠪᠠ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠶᠢ ᠪᠦᠬᠦ ᠲᠠᠯ᠎ᠠ ᠪᠠᠷ ᠪᠡᠶᠡᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠣᠯ ᠤᠨ ︽ᠳᠥᠷᠪᠡ ᠶᠢ ᠬᠢᠵᠠᠭᠠᠷᠯᠠᠬᠤ ᠠᠵᠢᠯᠯᠠᠭ᠎ᠠ︾ ᠪᠣᠲᠠᠲᠠᠶᠢᠵᠢᠵᠤ ᠦᠷ᠎ᠡ ᠪᠦᠲᠦᠮᠵᠢ ᠣᠯᠪᠠ      ︵ᠭᠤᠷᠪᠠ︶ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠡ ᠶᠢ ᠠᠬᠢᠭᠤᠯᠬᠤ ᠶᠢ ᠪᠠᠷᠢᠮᠲᠠᠯᠠᠨ᠂ ᠠᠵᠤ ᠦᠢᠯᠡᠳᠪᠦᠷᠢ ᠶᠢᠨ ᠠᠵᠤ ᠠᠬᠤᠢ ᠦᠷᠭᠦᠯᠵᠢᠯᠡᠨ ᠰᠠᠶᠢᠵᠢᠷᠠᠪᠠ᠃ ᠠᠵᠤ ᠠᠬᠤᠢ ᠶᠢᠨ ᠦᠨᠳᠦᠷ ᠴᠢᠨᠠᠷ ᠴᠢᠨᠰᠠᠭ᠎ᠠ  ᠲᠠᠢ ᠬᠦᠭᠵᠢᠯᠲᠡ ᠶᠢ ᠠᠬᠢᠭᠤᠯᠬᠤ ᠠᠯᠢ ᠣᠯᠠᠨ ᠰᠠᠨᠠᠯ ᠢ ᠲᠣᠭᠲᠠᠭᠠᠨ ᠨᠠᠶᠢᠲᠠᠪᠣᠷᠢᠵᠢᠭᠤᠯᠵᠤ᠂ ᠠᠵᠤ ᠦᠢᠯᠡᠰ ᠤᠨ ᠪᠦᠬᠦ ᠬᠡᠯᠬᠢᠶ᠎ᠡ ᠲᠦᠷᠭᠡᠨ ᠪᠦᠷᠢᠯᠳᠦᠵᠦ᠂ ᠺᠠᠩ ᠨᠠᠢ ᠡᠯ ᠤᠨ ᠨᠡᠭᠦᠷᠡᠰᠦ ᠪᠠᠷ ᠡᠲ᠋ᠢᠯ ᠬᠤᠶᠠᠷᠴᠢ ᠠᠯᠺᠦᠦᠯ ᠦᠢᠯᠡᠳᠬᠦ᠂ ᠵᠠᠬᠠᠨᠠᠭᠤᠷ ᠤᠨ ᠤᠯᠠᠨ ᠡᠨᠧᠷᠬᠢ ᠬᠠᠷᠢᠯᠴᠠᠨ ᠨᠦᠬᠦᠪᠦᠷᠢᠯᠡᠬᠦ᠂ ᠮᠧᠩ ᠳ᠋ᠦᠩ ᠰᠢᠶᠧ ᠾᠧ ᠰᠠᠯᠬᠢᠨ ᠴᠠᠬᠢᠯᠭᠠᠨ ᠤ ᠢᠯᠴᠢ ᠬᠠᠩᠭᠠᠬᠤ ᠵᠡᠷᠭᠡ ᠲᠥᠷᠦᠯ ᠵᠦᠢᠯ ᠢ ᠠᠬᠢᠭᠤᠯᠬᠤ ᠬᠦᠴᠦᠨ ᠶᠡᠭᠡᠰᠴᠦ᠂ ᠯᠦ ᠲᠸᠦ ᠵᠢᠶᠧ ᠲᠠᠢ ᠭᠡᠷᠡᠯ ᠴᠠᠬᠢᠯᠭᠠᠨ ᠢᠶᠠᠷ ᠶᠠᠳᠠᠭᠤ ᠶᠢ ᠲᠡᠳᠭᠦᠬᠦ᠂ ᠴᠢᠩ ᠴᠢᠦᠸᠠᠨ ᠬᠦᠬᠦᠷ ᠬᠦᠴᠢᠯ ᠤᠨ ᠬᠠᠨᠳᠠ᠂ ᠴᠧᠩ ᠿᠦᠨ ᠤ ᠬᠠᠶᠠᠭᠳᠠᠮᠠᠯ ᠡᠷᠦᠳᠡᠰᠦᠨ ᠲᠣᠰᠤ ᠶᠢ ᠤᠰᠤᠲᠦ᠋ᠷᠦᠭᠴᠢᠵᠢᠭᠦᠯᠬᠦ  ᠵᠡᠷᠭᠡ ᠲᠥᠷᠦᠯ ᠵᠦᠢᠯ ᠢ ᠪᠠᠶᠢᠭᠤᠯᠣᠨ ᠳᠠᠭᠤᠰᠬᠠᠵᠤ ᠡᠷᠭᠢᠯᠲᠡ ᠳᠤ ᠣᠷᠣᠭᠤᠯᠵᠤ᠂ ᠣᠷᠴᠢᠯ ᠠᠵᠤ ᠠᠬᠤᠢ ᠶᠢᠨ ᠳᠦᠷᠪᠡᠳᠦᠭᠡᠷ ᠬᠤᠭᠤᠴᠠᠭᠠᠨ ᠤ ᠰᠠᠯᠬᠢᠨ ᠴᠠᠬᠢᠯᠭᠠᠨ᠂ ᠮᠢᠨ ᠲᠥᠩ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠵᠠᠮ᠂ ᠲᠠᠢ ᠫᠢᠩ ᠱᠠᠨ ᠠᠭᠤᠷᠬᠠᠢ ᠶᠢᠨ ᠦᠢᠯᠡᠰ ᠤᠨ ᠮᠡᠷᠭᠡᠵᠢᠯ ᠤᠨ ᠰᠢᠨᠡᠴᠢᠯᠡᠯᠲᠡ ᠵᠡᠷᠭᠡ ᠲᠥᠷᠦᠯ ᠵᠦᠢᠯ ᠢ ᠡᠮᠬᠢ ᠳᠠᠷᠠᠭ᠎ᠠ ᠲᠠᠢ ᠠᠬᠢᠭᠤᠯᠵᠤ᠂ ᠠᠵᠤ ᠦᠢᠯᠡᠳᠪᠦᠷᠢ ᠶᠢᠨ ᠲᠥᠷᠦᠯ ᠵᠦᠢᠯ ᠳᠤ ᠨᠡᠶᠢᠲᠡ 30.2 ᠳ᠋ᠦᠩᠰᠢᠭᠤᠷ ᠲᠦᠭᠦᠷᠢᠭ ᠪᠡᠯᠡ ᠣᠷᠣᠭᠤᠯᠵᠤ᠂ ᠬᠡᠪᠴᠢᠶᠡᠵᠢᠯ ᠠᠴᠠ ᠳᠡᠭᠡᠭᠰᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠢ ᠲᠤᠭ᠎ᠠ 22 ᠪᠣᠯᠵᠤ᠂ ᠶᠡᠷᠦᠩᠬᠡᠢ ᠦᠢᠯᠡᠳᠪᠦᠷᠢᠯᠡᠯ ᠤᠨ ᠦᠷᠲᠡᠭ 5.8% ᠨᠡᠮᠡᠭᠳᠡᠵᠦ᠂ ᠭᠠᠶᠢᠯᠢ 9.2% ᠨᠡᠮᠡᠭᠳᠡᠪᠡ᠃ ᠵᠠᠷᠣᠳ ᠠᠵᠤ ᠦᠢᠯᠡᠳᠪᠦᠷᠢ ᠶᠢᠨ ᠲᠣᠭᠤᠷᠢᠭ ᠢ ᠴᠡᠭᠴᠡᠯᠡᠨ ᠨᠡᠶᠢᠯᠡᠭᠦᠯᠬᠦ ᠠᠬᠢᠴᠠ ᠶᠢ ᠲᠦᠷᠭᠡᠳᠭᠡᠵᠦ᠂ ᠭᠤᠷᠪᠠᠨ ᠠᠵᠤ ᠦᠢᠯᠡᠳᠪᠦᠷᠢ ᠶᠢᠨ ᠲᠣᠭᠤᠷᠢᠭ ᠤᠨ ᠪᠣᠷᠣᠯᠠᠭᠤᠯᠣᠯᠲᠠ ᠶᠢᠨ ᠣᠷᠣᠯᠭ᠎ᠠ 159.2 ᠳ᠋ᠦᠩᠰᠢᠭᠤᠷ ᠲᠦᠭᠦᠷᠢᠭ᠂ ᠠᠵᠤ ᠦᠢᠯᠡᠳᠪᠦᠷᠢ ᠶᠢᠨ ᠨᠡᠮᠡᠭᠳᠡᠯ ᠦᠷᠲᠡᠭ 49 ᠳ᠋ᠦᠩᠰᠢᠭᠤᠷ ᠲᠦᠭᠦᠷᠢᠭ᠂ ᠠᠰᠢᠭ ᠭᠠᠶᠢᠯᠢ 12.99 ᠳ᠋ᠦᠩᠰᠢᠭᠤᠷ ᠲᠦᠭᠦᠷᠢᠭ ᠬᠦᠷᠪᠡ᠃ ᠪᠦᠬᠦ ᠠᠵᠤ ᠦᠢᠯᠡᠰ ᠤᠨ ᠬᠡᠯᠬᠢᠶ᠎ᠡ ᠲᠠᠢ ᠪᠠᠨ ᠣᠶᠠᠯᠳᠣᠭᠤᠯᠣᠨ ᠣᠨᠤᠪᠴᠢᠲᠠᠢ ᠪᠠᠷ ᠬᠤᠳᠠᠯᠳᠣᠭᠠᠴᠢᠨ ᠣᠷᠢᠵᠤ ᠪᠡᠯᠡ ᠲᠠᠲᠠᠵᠤ᠂ ᠬᠢᠷᠢᠨ ᠨᠡᠭᠦᠷᠡᠰᠦᠨ ᠤ ᠪᠣᠷᠣᠬᠤᠰᠢᠭᠤ ᠶᠢᠨ ᠣᠳᠣ ᠦᠶ᠎ᠡ ᠶᠢᠨ ᠨᠡᠭᠦᠷᠡᠰᠦᠨ ᠤ ᠡᠬᠢ ᠪᠠᠶᠠᠯᠢᠭ ᠢ ᠨᠡᠬᠡᠬᠡᠨ ᠠᠰᠢᠭᠯᠠᠬᠤ᠂ ᠰᠢᠩ ᠶᠧ ᠬᠦᠷᠡᠩ ᠨᠡᠭᠦᠷᠡᠰᠦᠨ ᠤ ᠴᠢᠨᠠᠷ ᠢ ᠳᠡᠭᠡᠭᠰᠢᠯᠡᠭᠦᠯᠬᠦ ᠵᠡᠷᠭᠡ 45 ᠲᠥᠷᠦᠯ ᠵᠦᠢᠯ ᠳᠤ ᠭᠡᠷ᠎ᠡ ᠲᠣᠭᠲᠠᠵᠤ᠂ ᠪᠣᠲᠠᠲᠠᠶᠢᠵᠢᠭᠰᠠᠨ ᠪᠡᠯᠡ ᠮᠦᠩᠬᠦ 23.5 ᠳ᠋ᠦᠩᠰᠢᠭᠤᠷ ᠲᠦᠭᠦᠷᠢᠭ ᠪᠣᠯᠪᠠ᠃      ︵ᠳᠥᠷᠪᠡ︶ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠤᠨ ᠬᠦᠭᠵᠢᠯᠲᠡ ᠶᠢ ᠠᠬᠢᠭᠤᠯᠬᠤ ᠶᠢ ᠪᠠᠷᠢᠮᠲᠠᠯᠠᠨ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠰᠠᠶᠢᠨ ᠡᠬᠢᠯᠡᠯᠲᠡ ᠲᠠᠢ ᠪᠣᠯᠪᠠ᠃ ᠲᠠᠷᠢᠶᠠᠯᠠᠩ ᠮᠠᠯ ᠠᠵᠤ ᠠᠬᠤᠢ ᠳᠠᠬᠢᠨ ᠡᠯᠪᠡᠭ ᠬᠤᠷᠢᠶᠠᠯᠲᠠ ᠣᠯᠵᠤ᠂ ᠠᠮᠤ ᠪᠣᠳᠠᠭᠠᠨ ᠤ ᠣᠨᠠᠯᠲᠠ 16 ᠳ᠋ᠦᠩᠰᠢᠭᠤᠷ ᠵᠢᠩ ᠬᠦᠷᠪᠡ᠃ ︽ᠬᠤᠨᠢ  ︵ᠢᠮᠠᠭ᠎ᠠ︶ ᠶᠢ ᠪᠠᠭᠠᠰᠬᠠᠵᠤ ᠦᠬᠡᠷ ᠢ ᠨᠡᠮᠡᠭᠳᠡᠭᠦᠯᠬᠦ᠂ ᠦᠬᠡᠷ ᠢ ᠨᠡᠮᠡᠭᠳᠡᠭᠦᠯᠵᠦ ᠮᠠᠯ ᠠᠵᠤ ᠠᠬᠤᠢ ᠶᠢ ᠬᠦᠭᠵᠢᠭᠦᠯᠬᠦ᠂ ᠴᠢᠨᠠᠷ ᠴᠢᠨᠰᠠᠭ᠎ᠠ ᠦᠷ᠎ᠡ ᠠᠰᠢᠭ ᠢ ᠳᠡᠭᠡᠭᠰᠢᠯᠡᠭᠦᠯᠬᠦ︾ ᠪᠠᠶᠢᠯᠳᠣᠬᠤ ᠪᠣᠳᠣᠯᠭ᠎ᠠ ᠶᠢ ᠨᠠᠶᠢᠲᠠᠪᠣᠷᠢᠵᠢᠭᠤᠯᠵᠤ᠂ ᠤᠯᠠᠭᠠᠨ ᠦᠬᠡᠷ ᠤᠨ ᠡᠭᠦᠯᠳᠡᠷ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ 21.2 ᠲᠦᠮᠡᠨ ᠤᠯᠠᠭᠠᠨ ᠦᠬᠡᠷ ᠲᠤ ᠢᠴᠡᠭᠡᠯ ᠦᠷ᠎ᠡ ᠪᠠᠷ ᠬᠡᠬᠡᠯᠳᠦᠭᠦᠯᠭᠡ ᠬᠢᠪᠡ ᠂ ᠵᠢᠯ ᠤᠨ ᠮᠠᠯ ᠤᠨ ᠬᠠᠰᠢᠶᠠᠯᠠᠵᠤ ᠪᠠᠶᠢᠭ᠎ᠠ ᠲᠤᠭ᠎ᠠ 256.5 ᠲᠦᠮᠡ ᠬᠦᠷᠴᠦ᠂ ᠡᠭᠦᠨ ᠳᠤ ᠦᠬᠡᠷ 33.4 ᠲᠦᠮᠡ ᠪᠣᠯᠵᠤ᠂ ᠬᠤᠨᠢ ︵ᠢᠮᠠᠭ᠎ᠠ︶ ᠶᠢ ᠪᠠᠭᠠᠰᠬᠠᠵᠤ ᠦᠬᠡᠷ ᠢ ᠨᠡᠮᠡᠭᠳᠡᠭᠦᠯᠦᠨ ᠦᠷ᠎ᠡ ᠪᠦᠲᠦᠮᠵᠢ ᠢᠯᠡᠷᠬᠡᠢ ᠪᠣᠯᠵᠤ᠂ ᠮᠠᠯ ᠰᠦᠷᠦᠭ ᠤᠨ ᠪᠦᠲᠦᠴᠡ ᠶᠢᠨ ᠲᠣᠬᠢᠷᠠᠭᠤᠯᠣᠯᠲᠠ ᠰᠢᠯᠢᠳᠡᠭᠵᠢᠵᠦ᠂ ᠲᠠᠯ᠎ᠠ ᠨᠤᠳᠤᠭ ᠤᠨ ᠤᠯᠠᠭᠠᠨ ᠦᠬᠡᠷ ᠤᠨ ᠠᠵᠤ ᠦᠢᠯᠡᠰ ᠨᠢᠭᠡᠨᠲᠡ ᠮᠠᠯᠴᠢᠨ ᠲᠠᠷᠢᠶᠠᠴᠢᠳ ᠤᠨ ᠣᠷᠣᠯᠭ᠎ᠠ ᠨᠡᠮᠡᠭᠳᠡᠬᠦ ᠭᠤᠣᠯᠯᠠᠭᠴᠢ ᠠᠵᠤ ᠦᠢᠯᠡᠰ ᠪᠣᠯᠪᠠ᠃ ᠪᠣᠭᠤᠮ᠎ᠠ ᠡᠪᠡᠳᠴᠢᠨ ᠢ ᠪᠦᠲᠦᠮᠵᠢᠲᠡᠢ ᠰᠡᠷᠭᠡᠶᠢᠯᠡᠨ ᠡᠵᠡᠮᠳᠡᠵᠦ᠂ ᠠᠹᠷᠢᠺᠠ ᠲᠢᠪ ᠤᠨ ᠭᠠᠭ᠋ᠠᠢ ᠶᠢᠨ ᠬᠢᠵᠢᠭ ᠡᠪᠡᠳᠴᠢᠨ ᠳᠡᠯᠭᠡᠷᠡᠬᠦ ᠶᠢ ᠬᠢᠵᠠᠭᠠᠷᠯᠠᠨ᠂ ᠠᠮᠢᠲᠠᠨ ᠤ ᠬᠢᠵᠢᠭ ᠰᠡᠷᠭᠡᠶᠢᠯᠡᠬᠦ ᠦᠯᠦ ᠬᠠᠯᠳᠠᠭᠠᠬᠤ ᠨᠢᠭᠲᠠᠴᠠ 100% ᠬᠦᠷᠪᠡ᠃ 16 ᠬᠦᠳᠡᠭᠡ ᠲᠣᠰᠬᠤᠨ ᠤ ᠬᠤᠷᠰᠢᠶᠠᠵᠢᠯ ᠢ ᠳᠠᠬᠢᠨ ᠪᠠᠶᠢᠭᠤᠯᠵᠤ᠂ ᠲᠣᠰᠬᠠᠢ ᠬᠤᠷᠰᠢᠶᠠᠵᠢᠯ ᠨᠡᠮᠡᠭᠳᠡᠭᠡᠳ 1403 ᠪᠣᠯᠪᠠ᠃ 16 ᠭᠤᠣᠯᠳᠠᠯᠭ᠎ᠠ ᠲᠠᠢ ᠳᠠᠭᠠᠭᠤᠯᠣᠭᠴᠢ ᠠᠵᠤ ᠠᠬᠤᠶᠢᠯᠠᠯ 1 ᠲᠦᠮᠡᠨ ᠡᠷᠦᠬᠡ ᠮᠠᠯᠴᠢᠨ ᠲᠠᠷᠢᠶᠠᠴᠢᠳ ᠲᠠᠢ ᠠᠰᠢᠭ ᠲᠣᠰᠠ ᠶᠢᠨ ᠬᠤᠯᠪᠣᠭᠠᠯᠠᠯ ᠤᠨ ᠲᠣᠭᠲᠠᠴᠠ ᠪᠠᠶᠢᠭᠤᠯᠪᠠ᠂ 14 ᠪᠠᠶᠢᠭᠠᠯᠢᠭ ᠮᠠᠯ ᠲᠠᠷᠢᠶᠠᠯᠠᠩ ᠤᠨ ᠦᠢᠯᠡᠳᠭᠦᠨ ︽ᠭᠤᠷᠪᠠᠨ ᠪᠦᠲᠦᠭᠡᠭᠳᠡᠭᠦᠨ ᠨᠢᠭᠡ ᠰᠢᠨᠵᠢ ᠲᠡᠮᠳᠡᠭ︾ ᠤᠨ ᠭᠡᠷᠡᠴᠢᠯᠡᠯ ᠣᠯᠪᠠ᠃ ᠬᠦᠷᠦᠰᠦ ᠰᠢᠷᠦᠢ ᠶᠢ ᠰᠢᠯᠭᠠᠨ ᠪᠠᠶᠢᠴᠠᠭᠠᠵᠤ ᠪᠣᠷᠳᠣᠭᠤᠷ ᠬᠡᠷᠡᠭᠯᠡᠭᠰᠡᠨ ᠲᠡᠯᠡᠪᠡᠢ 160 ᠲᠦᠮᠡᠨ ᠮᠦ ᠬᠦᠷᠴᠦ᠂ ᠲᠠᠷᠢᠶᠠᠯᠠᠩ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠨᠤᠷᠮ᠎ᠠ 85.6% ᠪᠣᠯᠪᠠ᠃ ᠮᠠᠯᠴᠢᠨ ᠲᠠᠷᠢᠶᠠᠴᠢᠳ ᠢ ᠬᠠᠷᠠᠭᠠᠯᠵᠠᠬᠤ ᠲᠥᠷᠦ ᠶᠢᠨ ᠪᠤᠳᠣᠯᠭ᠎ᠠ ᠶᠢᠨ ᠪᠡᠯᠡ ᠮᠦᠩᠬᠦ 5 ᠳ᠋ᠦᠩᠰᠢᠭᠤᠷ ᠲᠦᠭᠦᠷᠢᠭ ᠨᠠᠶᠢᠲᠠᠪᠣᠷᠢᠵᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ᠃ ᠲᠥᠩᠯᠢᠶᠦᠦ ᠬᠤᠲᠠ ᠶᠢᠨ ᠠᠯᠠᠰᠢᠨ ᠬᠤᠨᠢ ︵ᠢᠮᠠᠭ᠎ᠠ︶ ᠶᠢᠨ ᠠᠵᠤ ᠦᠢᠯᠡᠰ ᠤᠨ ᠪᠠᠷᠢᠮᠵᠢᠶᠠᠵᠢᠭᠰᠠᠨ ᠦᠷᠡᠰ ᠬᠤᠨᠢᠨ ︵ᠢᠮᠠᠭᠠᠨ︶ ᠤ ᠰᠠᠭᠤᠷᠢᠨ ᠭᠠᠵᠠᠷ ᠪᠠ ᠦᠢᠯᠡᠰ ᠠᠯᠠᠰᠢᠨ ᠦᠬᠡᠷ ᠤᠨ ᠲᠡᠵᠢᠭᠡᠪᠦᠷᠢ ᠶᠢᠨ ᠰᠠᠭᠤᠷᠢᠨ ᠭᠠᠵᠠᠷ ᠤᠨ ᠲᠥᠷᠦᠯ ᠵᠦᠢᠯ ᠢ ᠡᠬᠢᠯᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠳᠠᠭᠠᠭᠤᠯᠣᠭᠴᠢ ᠠᠵᠤ ᠠᠬᠤᠶᠢᠯᠠᠯ ᠤᠨ ᠶᠡᠷᠦᠩᠬᠡᠢ ᠲᠤᠭ᠎ᠠ 16 ᠪᠣᠯᠵᠤ᠂13.6 ᠳ᠋ᠦᠩᠰᠢᠭᠤᠷ ᠲᠦᠭᠦᠷᠢᠭ  ᠪᠣᠷᠣᠯᠠᠭᠤᠯᠣᠯᠲᠠ ᠶᠢᠨ ᠣᠷᠣᠯᠭ᠎ᠠ ᠪᠡᠶᠡᠯᠡᠭᠦᠯᠪᠡ᠃     ︵ᠲᠠᠪᠤ︶ ᠬᠦᠭᠵᠢᠯᠲᠡ ᠶᠢᠨ ᠠᠮᠢᠵᠢᠷᠠᠯ ᠤᠨ ᠬᠦᠴᠦᠨ ᠢ ᠣᠷᠮᠠᠰᠢᠭᠤᠯᠬᠤ ᠶᠢ ᠪᠠᠷᠢᠮᠲᠠᠯᠠᠨ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠲᠦᠷᠭᠡᠨ ᠬᠦᠭᠵᠢᠪᠡ᠃ ᠤᠯᠤᠰ ᠤᠨ ᠳᠡᠰ ᠤᠨ ᠡᠯᠧᠺᠲᠷᠦᠨ ᠬᠤᠳᠠᠯᠳᠤᠭ᠎ᠠ ᠶᠢ ᠬᠦᠳᠡᠭᠡ ᠲᠣᠰᠬᠤᠨ ᠳᠤ ᠣᠷᠣᠭᠤᠯᠬᠤ ᠳᠠᠭᠤᠷᠢᠶᠠᠯ ᠦᠵᠡᠭᠦᠯᠬᠦ ᠬᠤᠰᠢᠭᠤ ᠶᠢᠨ ᠲᠥᠷᠦᠯ ᠵᠦᠢᠯ ᠤᠯᠤᠰ ᠤᠨ ᠳᠣᠮᠳᠠ ᠬᠤᠭᠤᠴᠠᠭᠠᠨ ᠤ ᠬᠢᠨᠠᠨ ᠦᠨᠡᠯᠡᠯᠲᠡ ᠰᠢᠯᠭᠠᠨ ᠬᠤᠷᠢᠶᠠᠯᠲᠠ ᠪᠠᠷ ᠪᠠᠲᠣᠯᠠᠭᠳᠠᠵᠤ᠂ ᠡᠯᠧᠺᠲᠷᠦᠨ ᠬᠤᠳᠠᠯᠳᠣᠭᠠᠨ ᠤ ᠰᠦᠯᠵᠢᠶᠡᠨ ᠳᠡᠭᠡᠷ᠎ᠡ ᠠᠷᠠᠯᠵᠢᠶᠠᠯᠠᠭᠰᠠᠨ ᠬᠡᠮᠵᠢᠶ᠎ᠡ 2 ᠳ᠋ᠦᠩᠰᠢᠭᠤᠷ ᠲᠦᠭᠦᠷᠢᠭ ᠳᠠᠪᠠᠪᠠ᠃ ᠠᠮᠤ ᠪᠤᠳᠠᠭᠠᠨ ᠤ ᠠᠮᠤᠷ ᠲᠦᠪᠰᠢᠨ ᠢ ᠬᠤᠰᠢᠭᠤᠨ ᠳᠠᠷᠤᠭ᠎ᠠ ᠬᠠᠷᠢᠭᠤᠴᠠᠬᠤ ᠬᠠᠷᠢᠭᠤᠴᠠᠯᠭ᠎ᠠ ᠶᠢᠨ ᠳᠥᠷᠢᠮ ᠢ ᠨᠠᠶᠢᠲᠠᠪᠣᠷᠢᠵᠢᠭᠤᠯᠵᠤ᠂ ᠠᠮᠤ ᠪᠣᠳᠠᠭᠠᠨ ᠤ ᠪᠠᠴᠢᠮ ᠪᠠᠶᠢᠳᠠᠯ ᠢ ᠠᠷᠭᠠᠴᠠᠬᠤ ᠬᠠᠩᠭᠠᠬᠤ ᠴᠡᠭ 23 ᠪᠠᠶᠢᠭᠤᠯᠪᠠ᠃ ᠢᠦᠢ ᠴᠢᠦᠸᠠᠨ ᠱᠠᠨ ᠠᠮᠢ ᠠᠬᠤᠢ ᠶᠢᠨ ᠵᠣᠭᠠᠴᠠᠯ ᠤᠨ ᠣᠷᠣᠨ ᠤ ᠵᠠᠷᠢᠮ ᠴᠢᠳᠠᠪᠣᠷᠢ ᠶᠢᠨ ᠣᠷᠣᠨ ᠤ ᠪᠠᠶᠢᠭᠤᠯᠣᠯᠲᠠ ᠶᠢ ᠳᠠᠭᠤᠰᠬᠠᠵᠤ᠂ ᠠᠷᠤ ᠭᠠᠵᠠᠷ ᠤᠨ ᠬᠤᠪᠢᠯᠭᠠᠨ ᠷᠠᠰᠢᠶᠠᠨ ᠤ ᠦᠪᠡᠰᠦᠪᠡᠨ ᠲᠡᠷᠭᠡ ᠪᠠᠷᠢᠵᠤ ᠵᠣᠭᠠᠴᠠᠬᠤ ᠬᠡᠭᠡᠷ᠎ᠡ ᠶᠢᠨ ᠪᠠᠭᠤᠴᠠ ᠶᠢᠨ ᠲᠦᠷᠦᠯ ᠵᠦᠢᠯ ᠢ ᠪᠠᠶᠢᠭᠤᠯᠣᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠬᠦᠳᠡᠭᠡ ᠲᠣᠰᠬᠤᠨ ᠤ ᠵᠤᠭᠠᠴᠠᠯ ᠤᠨ ᠣᠭᠲᠤᠨ ᠵᠤᠴᠢᠯᠠᠬᠤ ᠡᠷᠦᠬᠡ 70 ᠭᠠᠷᠣᠢ ᠪᠣᠯᠪᠠ᠂ 14 ᠪᠠᠷᠢᠮᠵᠢᠶᠠᠵᠢᠭᠰᠠᠨ ᠵᠤᠭᠠᠴᠠᠯ ᠤᠨ ᠵᠤᠷᠯᠣᠩ ᠰᠢᠨᠡᠪᠡᠷ ᠪᠠᠶᠢᠭᠤᠯᠵᠤ᠂ ᠮᠦᠰᠦ ᠴᠠᠰᠤᠨ ᠤ ᠨᠠᠶᠢᠷ᠂ ᠬᠤᠷᠴᠠ ᠤᠯᠠᠭᠠᠨ ᠴᠡᠴᠡᠭ ᠤᠨ ᠵᠤᠭᠠᠴᠠᠯ ᠤᠨ ᠨᠠᠶᠢᠷ᠂ ᠰᠠᠷᠭᠠᠢ ᠴᠡᠴᠡᠭ ᠤᠨ ᠵᠤᠭᠠᠴᠠᠯ ᠤᠨ ᠨᠠᠶᠢᠷ᠂ ᠮᠠᠯᠴᠢᠳ ᠤᠨ ᠨᠠᠭᠠᠳᠤᠮ ᠤᠨ ᠬᠤᠷᠠᠯ ᠪᠠ ᠦᠪᠡᠰᠦᠪᠡᠨ ᠲᠡᠷᠭᠡ ᠪᠠᠷᠢᠵᠤ ᠵᠤᠭᠠᠴᠠᠬᠤ ᠲᠡᠷᠢᠭᠦᠴᠦᠳ ᠤᠨ ᠶᠠᠷᠢᠶᠠᠨ ᠤ ᠲᠡᠪᠴᠡᠩ᠂ ᠪᠠᠬ᠎ᠠ ᠷᠠᠯᠯᠢ ᠣᠷᠣᠯᠳᠣᠭᠠᠨ ᠵᠡᠷᠭᠡ ᠲᠣᠮᠤ ᠬᠡᠯᠪᠡᠷᠢ ᠶᠢᠨ ᠣᠷᠣᠯᠳᠣᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ︽ᠳᠤᠮᠳᠠᠲᠤ ᠤᠯᠤᠰ ᠤᠨ ᠬᠠᠮᠤᠭ ᠭᠤᠶᠣ ᠠᠭᠤᠯᠠᠷᠬᠠᠭ ᠲᠠᠯ᠎ᠠ ᠨᠤᠳᠤᠭ︾ ᠤᠨ ᠱᠣᠰᠢᠭ᠎ᠠ ᠲᠡᠮᠳᠡᠭ ᠤᠨ ᠨᠦᠯᠦᠭᠡᠯᠡᠯ ᠨᠡᠩ ᠳᠣᠪᠣᠶᠢᠮ᠎ᠠ ᠪᠣᠯᠵᠤ᠂ ᠪᠦᠬᠦ ᠵᠢᠯ ᠤᠨ ᠵᠤᠭᠠᠴᠠᠯ ᠤᠨ ᠶᠡᠷᠦᠩᠬᠡᠢ ᠣᠷᠣᠯᠭ᠎ᠠ 12 ᠳ᠋ᠦᠩᠰᠢᠭᠤᠷ ᠲᠦᠭᠦᠷᠢᠭ ᠬᠦᠷᠴᠦ᠂ 4.5% ᠨᠡᠮᠡᠭᠳᠡᠪᠡ᠃ ᠪᠠᠭ᠎ᠠ ᠲᠣᠭᠠᠲᠤ ᠪᠠᠲᠣᠯᠠᠭᠠᠲᠤ ᠵᠢᠭᠡᠯᠡᠯᠭᠡ 1 ᠳ᠋ᠦᠩᠰᠢᠭᠤᠷ ᠲᠦᠭᠦᠷᠢᠭ ᠣᠷᠴᠢᠮ ᠵᠤᠬᠢᠴᠠᠭᠤᠯᠣᠨ ᠥᠭᠴᠦ᠂ ᠵᠢᠭᠡᠯᠡᠯᠭᠡ ᠶᠢᠨ ᠬᠦᠦ ᠮᠦᠩᠬᠦ ᠶᠢ ᠵᠤᠬᠢᠴᠠᠭᠤᠯᠣᠨ ᠪᠠᠭᠤᠷᠠᠭᠤᠯᠵᠤ ᠠᠵᠤ ᠠᠬᠤᠶᠢᠯᠠᠯ ᠤᠨ ᠪᠡᠯᠡ ᠨᠡᠶᠢᠯᠡᠭᠦᠯᠬᠦ ᠦᠪᠡᠷ ᠤᠨ ᠦᠷᠲᠡᠭ ᠢ 1000 ᠲᠦᠮᠡᠨ ᠲᠦᠭᠦᠷᠢᠭ ᠠᠷᠪᠢᠯᠠᠨ ᠥᠭᠴᠦ᠂ ᠵᠠᠰᠠᠭ ᠮᠦᠩᠬᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠨᠡᠶᠢᠭᠡᠮᠯᠢᠭ ᠠᠴᠠ 1350 ᠲᠦᠮᠡᠨ ᠲᠦᠭᠦᠷᠢᠭ ᠵᠢᠭᠡᠯᠡᠯᠭᠡ ᠶᠢᠨ ᠮᠦᠩᠬᠦ ᠵᠤᠬᠢᠴᠠᠭᠤᠯᠣᠨ ᠥᠭᠪᠡ᠃     ︵ᠵᠢᠷᠭᠤᠭ᠎ᠠ︶ ᠬᠤᠲᠠ ᠬᠦᠳᠡᠭᠡ ᠶᠢ ᠨᠢᠭᠡ ᠴᠣᠭᠴᠠᠵᠢᠭᠤᠯᠬᠤ ᠬᠦᠭᠵᠢᠯᠲᠡ ᠶᠢ ᠪᠠᠷᠢᠮᠲᠠᠯᠠᠨ᠂ ᠰᠠᠭᠤᠷᠢ ᠲᠦᠭᠦᠭᠡᠷᠦᠮᠵᠢ ᠨᠡᠩ ᠲᠡᠭᠦᠯᠳᠡᠷᠵᠢᠭᠦᠯᠪᠡ᠃ ᠯᠦᠪᠸᠢ ᠪᠠᠯᠭᠠᠰᠤᠨ ᠤ ᠬᠤᠲᠠ ᠶᠢᠨ ᠶᠡᠷᠦᠩᠬᠡᠢ ᠲᠦᠯᠦᠪᠵᠢᠭᠦᠯᠭᠡ ᠶᠢ ᠵᠠᠰᠠᠨ ᠨᠠᠶᠢᠷᠠᠭᠤᠯᠵᠤ᠂ ᠲᠦᠩᠯᠢᠶᠦᠦ ᠬᠤᠲᠠ ᠶᠢᠨ ᠵᠠᠰᠠᠭ ᠤᠨ ᠣᠷᠳᠣᠨ ᠤ ᠬᠢᠨᠠᠨ ᠵᠦᠪᠰᠢᠶᠡᠷᠡᠯ ᠢ ᠣᠯᠪᠠ᠂ 18 ᠰᠤᠮᠣ ᠪᠠᠯᠭᠠᠰᠤ ᠲᠠᠯᠠᠪᠠᠢ ᠶᠢᠨ ᠶᠡᠷᠦᠩᠬᠡᠢ ᠲᠦᠯᠦᠪᠵᠢᠭᠦᠯᠭᠡ ᠪᠠ 109 ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠲᠦᠯᠦᠪᠵᠢᠭᠦᠯᠭᠡ ᠶᠢ ᠨᠠᠶᠢᠷᠠᠭᠤᠯᠣᠨ ᠵᠤᠬᠢᠶᠠᠵᠤ ᠳᠠᠭᠤᠰᠬᠠᠪᠠ᠃ ᠭᠤᠣᠯ ᠬᠤᠲᠠ ᠶᠢᠨ ᠲᠣᠭᠤᠷᠢᠭ ᠲᠤ 2661 ᠪᠥᠷᠬᠡ ᠭᠡᠷ ᠢ ᠦᠭᠡᠷᠡᠴᠢᠯᠡᠨ᠂ ᠬᠦᠳᠡᠭᠡ ᠲᠣᠰᠬᠤᠨ ᠮᠠᠯᠵᠢᠬᠤ ᠣᠷᠣᠨ ᠤ 458 ᠨᠤᠷᠠᠬᠤ ᠠᠶᠤᠯ ᠲᠠᠢ ᠭᠡᠷ ᠪᠠᠶᠢᠰᠢᠩ ᠢ ᠰᠢᠨᠠᠳᠭᠡᠨ ᠵᠠᠰᠠᠪᠠ᠃ ᠮᠤᠵᠢ ᠶᠢᠨ ᠵᠠᠮ 208 ᠲᠠᠢ ᠵᠠᠯᠭᠠᠬᠤ ᠵᠠᠮ ᠳ᠋ᠠᠩ ᠴᠢᠭᠯᠡᠯ ᠢᠶᠠᠷ ᠲᠡᠷᠭᠡ ᠨᠡᠪᠲᠡᠷᠡᠵᠦ᠂ ᠯᠦᠪᠸᠢ ᠭᠤᠣᠯ ᠤᠨ ᠬᠦᠬᠦᠷᠭᠡ ᠶᠢᠨ ᠰᠠᠭᠤᠷᠢ ᠲᠠᠯᠪᠢᠬᠤ ᠠᠵᠢᠯ ᠢ ᠳᠠᠭᠤᠰᠬᠠᠪᠠ᠃ ᠬᠤᠲᠠ ᠪᠠᠯᠭᠠᠰᠤᠨ ᠤ ᠪᠣᠬᠢᠷ ᠤᠰᠤ ᠶᠢ ᠵᠠᠯᠠᠬᠤ ᠬᠤᠭᠤᠯᠠᠢ ᠲᠣᠣᠷ ᠢ 22.18 ᠺᠢᠯᠣᠮᠧᠲᠷ ᠳᠡᠪᠢᠰᠴᠦ᠂ ᠳᠣᠮᠳᠠ ᠳᠠᠷᠣᠴᠠᠲᠤ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠲᠣᠣᠷ ᠢ 25 ᠺᠢᠯᠣᠮᠧᠲᠷ ᠳᠡᠪᠢᠰᠴᠦ᠂ ᠭᠤᠣᠯ ᠤᠨ ᠬᠤᠶᠢᠨᠠᠬᠢ ᠲᠣᠭᠤᠷᠢᠭ ᠤᠨ ᠤᠰᠤ ᠬᠠᠩᠭᠠᠬᠤ ᠪᠠᠷᠢᠯᠭ᠎ᠠ ᠶᠢᠨ ᠲᠦᠭᠦᠭᠡᠷᠦᠮᠵᠢ ᠶᠢᠨ ᠨᠢᠭᠡᠳᠦᠭᠡᠷ ᠬᠤᠭᠤᠴᠠᠭᠠᠨ ᠤ ᠢᠨᠵᠧᠨᠧᠷᠢᠩ ᠢ ᠪᠠᠶᠢᠭᠤᠯᠣᠨ ᠳᠠᠭᠤᠰᠬᠠᠵᠤ᠂ ᠭᠤᠣᠯ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠲᠠᠯᠠᠪᠠᠢ 400 ᠲᠦᠮᠡᠨ ᠲᠡᠭᠰᠢ ᠳᠦᠷᠪᠡᠯᠵᠢᠨ ᠮᠧᠲᠷ ᠪᠣᠯᠪᠠ᠃ ᠮᠸᠢ ᠵᠢᠩ ᠬᠤᠭ ᠨᠣᠪᠰᠢ ᠶᠢ ᠶᠡᠷᠦᠩᠬᠡᠶᠢᠯᠡᠨ ᠰᠢᠢᠳᠪᠦᠷᠢᠯᠡᠬᠦ ᠲᠥᠷᠦᠯ ᠵᠦᠢᠯ ᠵᠢᠩᠭᠢᠨᠢ ᠪᠠᠷ ᠠᠰᠢᠭᠯᠠᠯᠲᠠ ᠳᠤ ᠣᠷᠣᠵᠤ᠂ ᠭᠤᠣᠯ ᠬᠤᠲᠠ ᠶᠢᠨ ᠲᠣᠭᠤᠷᠢᠭ ᠤᠨ ᠠᠮᠢᠳᠣᠷᠠᠯ ᠤᠨ ᠬᠤᠭ ᠨᠤᠪᠰᠢ ᠶᠢ ᠬᠤᠣᠷᠳᠠᠯ ᠦᠭᠡᠢ ᠪᠣᠯᠭᠠᠨ ᠰᠢᠢᠳᠪᠦᠷᠢᠯᠡᠭᠰᠡᠨ ᠨᠤᠷᠮ᠎ᠠ 98.38% ᠪᠣᠯᠪᠠ᠃ ᠦᠪᠡᠷᠲᠡᠭᠡᠨ ᠵᠠᠰᠠᠬᠤ ᠣᠷᠣᠨ ᠤ ᠴᠡᠴᠡᠷᠯᠢᠭᠲᠦ ᠰᠢᠶᠠᠨ ᠤ ᠬᠤᠲᠠ ᠶᠢᠨ ᠳᠠᠬᠢᠨ ᠬᠢᠨᠠᠯᠲᠠ ᠶᠢ ᠣᠷᠣᠭᠰᠢᠲᠠᠢ ᠦᠩᠭᠡᠷᠡᠭᠦᠯᠵᠦ᠂ ᠬᠤᠲᠠ ᠶᠢᠨ ᠨᠤᠭᠤᠭᠠᠷᠠᠭᠤᠯᠣᠭᠰᠠᠨ ᠲᠠᠯᠠᠪᠠᠢ 750 ᠲᠦᠮᠡᠨ ᠲᠡᠭᠰᠢ ᠳᠦᠷᠪᠡᠯᠵᠢᠨ ᠮᠧᠲᠷ ᠪᠣᠯᠪᠠ᠃ ᠡᠬᠡ ᠣᠷᠣᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠯᠠᠪᠳᠠᠭᠤᠨ ᠪᠦᠲᠦᠮᠵᠢᠲᠡᠢ ᠦᠷᠨᠢᠭᠦᠯᠵᠦ᠂ ︽ᠦᠪᠡᠷᠲᠡᠭᠡᠨ ᠵᠠᠰᠠᠬᠤ ᠣᠷᠣᠨ ᠤ ᠳᠡᠰ ᠤᠨ ᠠᠷᠢᠭᠤᠨ ᠴᠡᠪᠡᠷ ᠬᠤᠰᠢᠭᠤ︾ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ ᠦᠯᠵᠡᠶᠢᠮᠦ᠋ᠷᠡᠨ ᠭᠤᠣᠯ ᠢ ᠵᠠᠰᠠᠬᠤ ᠢᠨᠵᠧᠨᠧᠷᠢᠩ ᠤᠨ ᠭᠤᠣᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠮᠤᠳᠣ ᠴᠦᠬᠦᠷᠦᠮ ᠣᠷᠣᠰᠬᠠᠯ ᠬᠠᠰᠢᠪᠠ᠃ ᠴᠢᠨᠳᠠᠮᠣᠨᠢ ᠶᠠᠳᠠᠭᠤ ᠶᠢ ᠲᠡᠳᠭᠦᠬᠦ ᠵᠠᠮ ᠢ 24.6 ᠺᠢᠯᠣᠮᠧᠲᠷ ᠦᠷᠭᠡᠳᠭᠡᠵᠦ᠂ ᠦᠪᠡᠷᠲᠡᠭᠡᠨ ᠵᠠᠰᠠᠬᠤ ᠣᠷᠣᠨ ᠤ ᠳᠡᠰ ᠤᠨ ︽ᠳᠥᠷᠪᠡᠨ ᠰᠠᠶᠢᠨ ᠬᠦᠳᠡᠭᠡ ᠲᠣᠰᠬᠤᠨ ᠤ ᠵᠠᠮ︾ ᠢ 154 ᠺᠢᠯᠣᠮᠧᠲᠷ ᠵᠠᠰᠠᠪᠠ᠃ ᠣᠯᠠᠨ ᠨᠡᠶᠢᠲᠡ ᠶᠢᠨ ᠰᠤᠶᠣᠯ ᠤᠨ ᠦᠢᠯᠡᠴᠢᠯᠡᠭᠡ ᠪᠠ ᠮᠡᠳᠡᠭᠡ ᠵᠠᠩᠭᠢᠴᠢᠯᠠᠯᠲᠠ ᠶᠢᠨ ᠪᠠᠶᠢᠭᠤᠯᠣᠯᠲᠠ ᠶᠢᠨ ᠲᠥᠷᠦᠯ ᠵᠦᠢᠯ 1.8 ᠲᠦᠮᠡᠨ ᠡᠷᠦᠬᠡ ᠳᠤ ᠣᠲᠠᠰᠤᠲᠣ ᠲᠧᠯᠸᠢᠰ ᠣᠭᠰᠠᠷᠠᠵᠤ᠂ ᠥᠷᠭᠡᠨ ᠪᠦᠰᠡ ᠶᠢᠨ ᠬᠡᠷᠡᠭᠯᠡᠭᠴᠢᠳ 3500 ᠡᠷᠦᠬᠡ ᠨᠡᠮᠡᠭᠳᠡᠵᠦ᠂ ᠨᠡᠩ ᠣᠯᠠᠨ ᠮᠠᠯᠴᠢᠨ ᠲᠠᠷᠢᠶᠠᠴᠢᠳ ᠵᠠᠷᠣᠳ ᠬᠤᠰᠢᠭᠤᠨ ᠤ ᠰᠣᠨᠢᠨ ᠮᠡᠳᠡᠭᠡ ᠵᠡᠷᠭᠡ ᠶᠡᠷᠦᠩᠬᠡᠶᠢᠯᠡᠭᠰᠡᠨ ᠫᠷᠦᠭᠷᠡᠮ ᠢ ᠴᠠᠭ ᠲᠣᠬᠠᠢ ᠳᠤᠨᠢ ᠣᠯᠵᠤ ᠦᠵᠡᠬᠦ ᠪᠣᠯᠪᠠ᠃ ᠨᠡᠶᠢᠭᠡᠮ ᠲᠣᠭᠤᠷᠢᠭ ᠤᠨ ᠰᠠᠭᠤᠷᠢ ᠲᠦᠭᠦᠭᠡᠷᠦᠮᠵᠢ ᠲᠠᠰᠣᠷᠠᠯᠲᠠ ᠦᠭᠡᠢ ᠰᠠᠶᠢᠵᠢᠷᠠᠵᠤ᠂ ︽ᠠᠷᠠᠳ ᠤᠨ ᠲᠠᠪᠤᠨ︾ ᠦᠢᠯᠡᠴᠢᠯᠡᠭᠡ ᠣᠯᠠᠨ ᠲᠦᠮᠡᠨ ᠳᠤ ᠲᠦᠭᠦᠮ ᠦᠵᠡᠭᠦᠯᠪᠡ᠃ ᠬᠦᠳᠡᠭᠡ ᠲᠣᠰᠬᠤᠨ ᠮᠠᠯᠵᠢᠬᠤ ᠣᠷᠣᠨ ᠪᠠ ᠬᠤᠲᠠ ᠪᠠᠯᠭᠠᠰᠤ ᠨᠡᠶᠢᠭᠡᠮ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠦᠷᠨᠢᠭᠦᠯᠦᠨ᠂ ᠬᠤᠲᠠ ᠬᠦᠳᠡᠭᠡ ᠶᠢᠨ ᠦᠩᠭᠡ ᠳᠥᠷᠰᠦ ᠦᠷᠭᠦᠯᠵᠢᠯᠡᠨ ᠰᠠᠶᠢᠵᠢᠷᠠᠭᠤᠯᠪᠠ᠃     ︵ᠳᠣᠯᠤᠭ᠎ᠠ︶ ᠪᠠᠶᠢᠭᠠᠯᠢᠭ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠨᠡᠩ ᠢᠯᠡᠷᠬᠡᠢ ᠪᠣᠯᠪᠠ᠃ ︽ᠳᠥᠷᠪᠡᠨ ᠮᠢᠩᠭᠠᠨ ᠲᠦᠮᠡᠨ ᠮᠦ︾ ᠶᠢᠨ ᠢᠨᠵᠧᠨᠧᠷᠢᠩ ᠲᠤ ᠨᠤᠳᠤᠭ ᠪᠡᠯᠴᠢᠭᠡᠷ ᠢ 65 ᠲᠦᠮᠡᠨ ᠮᠦ ᠰᠡᠷᠭᠦᠭᠡᠨ ᠵᠠᠰᠠᠵᠤ᠂ 45.2 ᠲᠦᠮᠡᠨ ᠮᠦ ᠡᠯᠡᠰᠦᠷᠬᠡᠭ ᠭᠠᠵᠠᠷ ᠢ ᠵᠠᠰᠠᠵᠤ᠂ 21 ᠲᠦᠮᠡᠨ ᠮᠦ ᠦᠨᠳᠦᠷ ᠦᠷ᠎ᠡ ᠠᠰᠢᠭᠲᠤ ᠤᠰᠤ ᠠᠷᠪᠢᠯᠠᠬᠤ ᠲᠠᠷᠢᠶ᠎ᠠ ᠭᠠᠷᠭᠠᠵᠤ᠂ ᠲᠠᠷᠢᠶᠠᠴᠢᠨ ᠮᠠᠯᠴᠢᠨ ᠢ ᠰᠢᠯᠵᠢᠭᠦᠯᠦᠨ ᠲᠦᠪᠬᠢᠨᠡᠭᠦᠯᠬᠦ 432 ᠢᠵᠢ ᠣᠷᠣᠨ ᠰᠠᠭᠤᠴᠠ ᠪᠠᠶᠢᠭᠤᠯᠵᠤ᠂ ᠤᠷᠭᠤᠭ᠎ᠠ ᠮᠤᠳᠣ ᠦᠭᠡᠢ ᠣᠢ ᠶᠢᠨ ᠭᠠᠵᠠᠷ ᠢ 8.2 ᠲᠦᠮᠡᠨ ᠮᠦ ᠣᠶᠢᠵᠢᠭᠤᠯᠪᠠ᠃ ᠡᠪᠡᠰᠦ ᠮᠠᠯ ᠢ ᠲᠡᠩᠴᠡᠭᠦᠯᠬᠦ ᠳᠥᠷᠢᠮ ᠢ ᠴᠢᠩᠭ᠎ᠠ ᠬᠡᠷᠡᠭᠵᠢᠭᠦᠯᠦᠨ᠂ ᠠᠮᠢ ᠠᠬᠤᠢ ᠶᠢ ᠬᠠᠮᠠᠭᠠᠯᠠᠬᠤ ᠮᠠᠯᠵᠢᠬᠤ ᠶᠢ ᠴᠠᠭᠠᠵᠠᠯᠠᠵᠤ ᠬᠠᠰᠢᠶᠠᠯᠠᠵᠤ ᠲᠡᠵᠢᠭᠡᠬᠦ ᠲᠥᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠵᠤ᠂ ᠪᠣᠭ ᠮᠠᠯ ᠢ ᠪᠦᠲᠦᠨ ᠵᠢᠯ ᠢᠶᠠᠷ ᠬᠠᠰᠢᠶᠠᠯᠠᠵᠤ ᠲᠡᠵᠢᠭᠡᠬᠦ ᠶᠢ ᠪᠡᠶᠡᠯᠡᠭᠦᠯᠦᠨ᠂ ᠲᠡᠵᠢᠭᠡᠪᠦᠷᠢ ᠶᠢᠨ ᠡᠷᠦᠬᠡ ᠪᠦᠷᠢ ᠶᠢᠨ ᠠᠮᠢ ᠠᠬᠤᠢ ᠶᠢ ᠬᠠᠮᠠᠭᠠᠯᠠᠬᠤ ᠮᠠᠯᠵᠢᠬᠤ ᠶᠢ ᠴᠠᠭᠠᠵᠠᠯᠠᠵᠤ ᠬᠠᠰᠢᠶᠠᠯᠠᠵᠤ ᠲᠡᠵᠢᠭᠡᠬᠦ ᠬᠠᠮᠢᠶᠠᠷᠣᠯᠲᠠ ᠶᠢᠨ ᠳᠠᠩᠰᠠ ᠪᠠᠶᠢᠭᠤᠯᠪᠠ᠃ ᠬᠠᠨ ᠠᠭᠤᠯᠠ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ 147 ᠲᠦᠮᠡᠨ ᠮᠦ ᠬᠦᠮᠦᠨ ᠮᠠᠯ ᠦᠭᠡᠢ ᠣᠷᠣᠨ᠂ ᠬᠤᠶᠠᠷᠬᠤᠸᠠ ᠶᠢᠨ ᠨᠤᠭᠤ ᠭᠠᠵᠠᠷ ᠤᠨ 80 ᠲᠦᠮᠡᠨ ᠮᠦ ᠤᠰᠤᠨ ᠵᠢᠭᠦᠷᠲᠡᠨ ᠤ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠭᠡᠷᠡᠴᠢᠯᠠᠭᠤ ᠰᠤᠮᠣ ᠶᠢᠨ ᠵᠤᠰᠠᠯᠠᠩ ᠤᠨ 130 ᠲᠦᠮᠡᠨ ᠮᠦ ᠪᠡᠯᠴᠢᠭᠡᠷ᠂ ᠠᠷᠤ ᠬᠦᠨᠳᠡᠯᠡᠨ ᠪᠠᠯᠭᠠᠰᠤᠨ ᠤ 72 ᠲᠦᠮᠡᠨ ᠮᠦ ᠨᠡᠭᠦᠨ ᠭᠠᠷᠣᠭᠰᠠᠨ ᠣᠷᠣᠨ ᠤ ᠨᠣᠳᠤᠭ ᠪᠡᠯᠴᠢᠭᠡᠷ ᠤᠨ ᠣᠷᠭᠤᠮᠠᠯ ᠬᠤᠴᠢᠯᠭ᠎ᠠ ᠪᠠᠶᠢᠭᠠᠯᠢᠭ ᠰᠡᠷᠭᠦᠯᠲᠡ ᠶᠢᠨ ᠪᠠᠶᠢᠳᠠᠯ ᠳᠤ ᠣᠷᠣᠵᠤ᠂ ᠡᠪᠡᠰᠦᠨ ᠤ ᠭᠠᠷᠣᠯᠲᠠ ᠯᠠᠪᠳᠠᠭᠤᠨ ᠢᠶᠠᠷ ᠳᠡᠭᠡᠭᠰᠢᠯᠡᠵᠦ᠂ ᠤᠰᠤᠨ ᠤ ᠰᠤᠷᠪᠣᠯᠵᠢ ᠶᠢᠨ ᠴᠢᠳᠠᠪᠬᠢ ᠢᠯᠡᠷᠬᠡᠢ ᠴᠢᠩᠭᠠᠷᠠᠵᠤ᠂ ᠣᠢ ᠰᠢᠭᠤᠢ ᠨᠤᠳᠤᠭ ᠪᠡᠯᠴᠢᠭᠡᠷ ᠤᠨ ᠤᠰᠤᠨ ᠰᠣᠷᠪᠣᠯᠵᠢ ᠶᠢᠨ ᠠᠮᠢ ᠠᠬᠤᠢ ᠶᠢᠨ ᠰᠢᠰᠲ᠋ᠧᠮ ᠤᠨ ᠰᠡᠷᠭᠦᠭᠡᠯᠲᠡ ᠶᠢᠨ ᠦᠷ᠎ᠡ ᠪᠦᠲᠦᠮᠵᠢ ᠢᠯᠡᠷᠬᠡᠢ ᠪᠣᠯᠪᠠ᠃ ᠬᠠᠨ ᠠᠭᠤᠯᠠ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠣᠯᠲᠠ ᠶᠢᠨ ᠲᠣᠪᠴᠢᠶ᠎ᠠ ᠶᠢ ᠲᠣᠰᠠᠭᠠᠷ ᠪᠠᠶᠢᠭᠤᠯᠵᠤ᠂ ᠬᠠᠮᠠᠭᠠᠯᠠᠯᠲᠠ ᠶᠢᠨ ᠣᠷᠣᠨ ᠤ ᠳᠣᠲᠣᠷᠠᠬᠢ ᠠᠭᠤᠷᠬᠠᠢ ᠪᠦᠬᠦᠨ ᠢ ᠵᠤᠭᠰᠣᠭᠠᠨ ᠵᠢᠴᠢ ᠣᠷᠭᠤᠮᠠᠯ ᠬᠤᠴᠢᠯᠭ᠎ᠠ ᠶᠢ ᠰᠡᠷᠭᠦᠭᠡᠪᠡ᠂ ᠪᠣᠰᠣᠳ ᠡᠯ᠎ᠡ ᠳᠡᠰ ᠤᠨ ᠡᠯ᠎ᠡ ᠲᠥᠷᠦᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠣᠯᠲᠠ ᠪᠦᠬᠦ ᠲᠠᠯ᠎ᠠ ᠪᠠᠷ ᠴᠢᠩᠭᠠᠷᠠᠪᠠ᠃ ᠣᠢ ᠰᠢᠭᠤᠢ ᠨᠣᠳᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠦᠷᠭᠦᠯᠵᠢᠯᠡᠨ 20 ᠵᠢᠯ ︽ᠭᠤᠷᠪᠠ ᠦᠭᠡᠢ︾ ᠬᠠᠷᠠᠯᠲᠠ ᠶᠢ ᠪᠡᠶᠡᠯᠡᠭᠦᠯᠪᠡ᠃      ︵ᠨᠠᠢᠮᠠ︶ ᠦᠭᠡᠷᠡᠴᠢᠯᠡᠯᠳᠡ ᠬᠢᠵᠦ᠂ ᠭᠠᠳᠠᠭᠠᠳᠦ ᠲᠠᠢ ᠴᠢᠯᠦᠭᠡᠳᠡᠢ ᠶᠠᠪᠤᠯᠴᠠᠬᠤ ᠶᠢ ᠬᠦᠨᠵᠡᠭᠡᠶᠢᠷᠡᠬᠦᠯᠬᠦ ᠶᠢ ᠪᠠᠷᠢᠮᠳᠠᠯᠠᠵᠦ᠂ ᠬᠦᠭᠵᠢᠯᠳᠡ ᠶᠢᠨ ᠬᠦᠳᠡᠯᠭᠡᠬᠦ ᠬᠦᠴᠦᠨ ᠢᠶᠠᠨ ᠦᠷᠬᠦᠯᠵᠢᠯᠡᠨ ᠴᠢᠩᠭᠠᠷᠠᠭᠤᠯᠪᠠ᠃ ︽ᠤᠯᠠᠨ ᠦᠨᠡᠮᠯᠡᠯ ᠢ ᠨᠢᠭᠡ ᠪᠤᠯᠭᠠᠬᠤ︾ ᠲᠠᠩᠰᠠᠯᠠᠬᠤ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠵᠦ᠂ ᠠᠵᠦ ᠠᠬᠤᠶᠢᠯᠠᠯ᠂ ᠬᠤᠪᠢ ᠶᠢᠨ ᠠᠷᠠᠯᠵᠢᠶ᠎ᠠ ᠬᠤᠳᠠᠯᠳᠤᠭᠠᠨ ᠤ ᠡᠷᠦᠬᠡ ᠶᠢᠨ ᠡᠷᠦᠬᠡ ᠰᠡᠬᠦᠬᠦ ᠴᠠᠭ ᠢ 20 ᠡᠳᠦᠷ ᠠᠴᠠ 3 ᠡᠳᠦᠷ ᠤᠨ ᠲᠤᠳᠤᠷ᠎ᠠ ᠪᠤᠯᠭᠠᠨ ᠪᠠᠭᠠᠰᠬᠠᠪᠠ᠃ ᠬᠦᠳᠡᠭᠡ ᠲᠤᠰᠬᠤᠨ ᠤ ᠭᠠᠵᠠᠷ ᠰᠢᠷᠤᠢ ᠶᠢᠨ ︽ᠭᠤᠷᠪᠠᠨ ᠡᠷᠬᠡ ᠶᠢ ᠰᠠᠯᠭᠠᠬᠤ︾ ᠦᠭᠡᠷᠴᠢᠯᠡᠯᠳᠡ ᠶᠢ ᠯᠠᠪᠳᠠᠭᠤᠨ ᠪᠠᠳᠤᠳᠠᠢ ᠦᠷᠨᠢᠬᠦᠯᠵᠦ᠂ ᠬᠦᠳᠡᠭᠡ ᠲᠤᠰᠬᠤᠨ ᠤ ᠭᠠᠵᠠᠷ ᠰᠢᠷᠤᠢ ᠶᠢᠨ ᠡᠷᠬᠡ ᠶᠢ ᠲᠤᠭᠳᠠᠭᠠᠵᠦ ᠦᠨᠡᠮᠯᠡᠯ ᠤᠯᠭᠤᠬᠤ ᠠᠵᠢᠯ ᠢ ᠦᠨᠳᠦᠰᠦᠨ ᠳᠡᠭᠡᠨ ᠪᠡᠶᠡᠯᠡᠬᠦᠯᠪᠡ᠂ ᠬᠦᠳᠡᠭᠡ ᠲᠤᠰᠬᠤᠨ ᠮᠠᠯᠵᠢᠬᠤ ᠤᠷᠤᠨ ᠤ ᠨᠡᠶᠢᠳᠡ ᠶᠢᠨ ᠦᠮᠴᠢᠯᠡᠯ ᠤᠨ ᠡᠷᠬᠡ ᠶᠢᠨ ᠲᠦᠷᠢᠮ ᠤᠨ ᠦᠭᠡᠷᠡᠴᠢᠯᠡᠯᠳᠡ ᠶᠢᠨ ᠲᠤᠷᠰᠢᠯᠳᠠ ᠶᠢᠨ ᠴᠡᠭ  ᠤᠨ ᠭᠠᠴᠠᠭ᠎ᠠ ᠲᠤᠰᠬᠤᠨ ᠤ ᠡᠳ᠋ ᠬᠦᠷᠦᠩᠬᠡ ᠶᠢ ᠪᠠᠶᠢᠴᠠᠭᠠᠨ ᠬᠠᠷᠭᠤᠭᠤᠯᠬᠤ ᠠᠵᠢᠯ ᠢ ᠲᠠᠭᠤᠰᠬᠠᠵᠦ᠂ ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠳᠡ ᠦᠪᠡᠷᠳᠡᠭᠡᠨ ᠵᠠᠰᠠᠬᠤ ᠤᠷᠤᠨ ᠤ ᠰᠢᠯᠭᠠᠨ ᠪᠠᠶᠢᠴᠠᠭᠠᠯᠳᠠ ᠪᠠᠷ ᠪᠠᠳᠤᠯᠠᠭᠳᠠᠵᠦ᠂ ᠬᠠᠩᠭᠠᠨ ᠪᠤᠷᠤᠯᠭᠤᠯᠬᠤ ᠬᠤᠷᠰᠢᠶᠠᠨ ᠤ ᠶᠡᠷᠦᠩᠬᠡᠢ ᠦᠭᠡᠷᠡᠴᠢᠯᠡᠯᠳᠡ ᠶᠢᠨ ᠡᠳ᠋ ᠬᠦᠷᠦᠩᠬᠡ ᠶᠢᠨ ᠬᠠᠮᠢᠶᠠᠷᠤᠯᠳᠠ ᠶᠢᠨ ᠺᠤᠮᠫᠠᠨᠢ ᠶᠢ ᠳᠠᠩᠰᠠᠯᠠᠭᠤᠯᠣᠨ᠂ ᠲᠠᠷᠢᠶᠠᠯᠠᠩ ᠤᠨ ᠠᠳᠠᠷ ᠬᠠᠭᠠᠯᠪᠤᠷᠢᠯᠠᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢᠨ ᠺᠤᠮᠫᠠᠨᠢ ᠶᠢᠨ ᠱᠤᠰᠢᠭ᠎ᠠ ᠡᠯᠬᠦᠬᠦ ᠶᠢ ᠪᠡᠶᠡᠯᠡᠬᠦᠯᠪᠡ᠃ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠤᠪᠴᠢᠶᠠᠨ ᠤ ᠵᠠᠷᠤᠳ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠ ᠶᠢ ᠪᠠᠶᠢᠭᠤᠯᠪᠠ᠃ ᠲᠠᠪᠤᠰᠤᠨ ᠦᠢᠯᠡᠰ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠳᠤ ᠪᠠᠶᠢᠭᠤᠯᠤᠮᠵᠢ ᠨᠡᠮᠡᠨ ᠲᠤᠬᠢᠷᠠᠭᠤᠯᠬᠤ ᠪᠠ ᠠᠵᠢᠯᠳᠠᠨ ᠢᠶᠠᠨ ᠬᠤᠪᠢᠶᠠᠨ ᠰᠢᠯᠵᠢᠬᠦᠯᠬᠦ ᠶᠢ ᠪᠡᠶᠡᠯᠡᠬᠦᠯᠪᠡ᠃ ᠠᠯᠪᠠᠨ ᠤ ᠡᠮᠨᠡᠯᠬᠡ ᠶᠢᠨ ᠬᠤᠷᠢᠶᠠᠨ ᠤ ᠡᠮᠨᠡᠯᠭᠡ ᠶᠢᠨ ᠬᠤᠯᠪᠤᠭᠠᠯᠠᠯ᠂ ᠡᠮᠨᠡᠯᠭᠡ ᠶᠢᠨ ᠬᠠᠮᠳᠦᠷᠠᠭᠰᠠᠨ ᠴᠤᠭᠴᠠ ᠶᠢᠨ ᠵᠠᠭᠪᠤᠷ ᠦᠨᠳᠦᠰᠦᠨ  ᠳᠡᠭᠡᠨ ᠪᠦᠷᠢᠯᠳᠦᠪᠡ᠃ ᠶᠡᠷᠦᠩᠬᠡᠢ ᠬᠠᠤᠯᠢ ᠬᠡᠷᠡᠭᠵᠢᠬᠦᠯᠬᠦ ᠠᠵᠢᠯᠯᠠᠭ᠎ᠠ ᠰᠤᠮᠤ ᠪᠠᠯᠭᠠᠰᠦ ᠲᠠᠯᠠᠪᠠᠢ ᠶᠢ ᠪᠦᠷᠬᠦᠪᠡ᠃ ᠮᠤᠩᠭᠤᠯ ᠤᠯᠤᠰ ᠯᠤᠭ᠎ᠠ ᠶᠢᠨ ᠠᠷᠠᠯᠵᠢᠶ᠎ᠠ ᠬᠤᠳᠠᠯᠳᠤᠭᠠᠨ ᠤ ᠠᠵᠢᠯᠯᠠᠭ᠎ᠠ ᠪᠠ ᠰᠤᠷᠭᠠᠭᠤᠯᠢ ᠶᠢᠨ ᠬᠤᠭᠤᠷᠤᠨᠳᠤᠬᠢ ᠬᠠᠷᠢᠯᠴᠠᠭ᠎ᠠ ᠡᠳᠦᠷ ᠢᠷᠡᠬᠦᠶ᠎ᠡ ᠤᠯᠠᠰᠢᠷᠠᠪᠠ᠃ ᠰᠢᠯᠢᠳᠡᠭ ᠤᠨᠴᠠᠯᠢᠭᠳᠦ ᠲᠠᠷᠢᠶᠠᠯᠠᠩ ᠤᠨ ᠪᠦᠳᠦᠭᠡᠭᠳᠡᠬᠦᠨ 350 ᠲᠦᠮᠡᠨ ᠳ᠋ᠤᠯᠯᠠᠷ ᠭᠠᠳᠠᠭᠠᠳᠦ ᠭᠤᠪᠢᠭᠤᠯᠭ᠎ᠠ ᠡᠭᠦᠳᠪᠡ᠃     ︵ᠶᠢᠰᠦ︶ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠦ᠂ ᠠᠷᠠᠳ ᠤᠨ ᠠᠮᠢᠳᠤᠷᠠᠯ ᠢ ᠦᠷᠬᠦᠯᠵᠢᠯᠡᠨ ᠪᠠᠳᠤᠯᠠᠵᠦ ᠰᠠᠶᠢᠵᠢᠷᠠᠭᠤᠯᠪᠠ᠃ ᠬᠤᠳᠠ ᠪᠠᠯᠭᠠᠰᠤᠨ ᠤ 1500 ᠬᠦᠮᠦᠨ  ᠳᠤ ᠰᠢᠨᠡᠪᠡᠷ ᠠᠵᠢᠯ ᠤᠯᠭᠤᠵᠦ᠂ ᠠᠵᠢᠯ ᠤᠯᠭᠤᠭᠰᠠᠨ ᠶᠡᠭᠡ ᠰᠤᠷᠭᠠᠭᠤᠯᠢ ᠲᠡᠭᠦᠰᠦᠭᠰᠡᠨ ᠰᠤᠷᠣᠭᠴᠢ 2000 ᠶᠢ ᠲᠠᠪᠠᠵᠦ᠂ ᠦᠢᠯᠡᠰ ᠪᠤᠰᠬᠠᠬᠤ ᠪᠠᠭ᠎ᠠ ᠲᠤᠭᠠᠳᠦ ᠪᠠᠳᠤᠯᠠᠭᠠᠳᠦ ᠵᠢᠭᠡᠯᠡᠯᠬᠡ 1465 ᠲᠦᠮᠡᠨ ᠲᠦᠭᠦᠷᠢᠭ ᠲᠠᠯᠪᠢᠪᠠ᠃ ᠡᠮ ᠡᠮᠨᠡᠯᠡᠭᠡ ᠶᠢᠨ ᠪᠠᠳᠤᠯᠠᠭ᠎ᠠ ᠪᠦᠬᠦ ᠤᠯᠤᠰ ᠤᠨ ᠬᠡᠪᠴᠢᠶᠡᠨ ᠳᠤ ᠲᠠᠰᠤᠯᠤᠨ ᠪᠤᠳᠤᠬᠤ ᠶᠢ ᠪᠡᠶᠡᠯᠡᠬᠦᠯᠵᠦ᠂ ᠲᠠᠪᠤᠨ ᠲᠦᠷᠦᠯ ᠤᠨ ᠲᠠᠭᠠᠳᠬᠠᠯ ᠬᠤᠷᠢᠶᠠᠬᠤ ᠡᠬᠦᠷᠭᠡ ᠪᠠᠨ ᠪᠦᠬᠦ ᠲᠠᠯ᠎ᠠ ᠪᠠᠷ ᠪᠡᠶᠡᠯᠡᠬᠦᠯᠪᠡ᠃ ᠡᠷᠡᠬᠦᠯ ᠴᠢᠬᠢᠷᠠᠭ ᠢᠶᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢ ᠤᠨᠤᠴᠢᠳᠠᠢ ᠨᠠᠶᠢᠳᠠᠪᠤᠷᠢᠵᠢᠭᠤᠯᠵᠦ᠂ ᠶᠠᠳᠠᠭᠤ ᠬᠦᠴᠢᠷᠳᠡᠯᠳᠡᠢ ᠠᠷᠠᠳ ᠲᠦᠮᠡᠨ ᠤ ᠡᠮ ᠡᠮᠨᠡᠯᠬᠡ ᠶᠢᠨ ᠲᠤᠰᠠᠯᠠᠮᠵᠢ ᠶᠢ ᠪᠦᠳᠦᠮᠵᠢᠳᠡᠢ ᠪᠠᠳᠤᠯᠠᠪᠠ᠃ 1.5 ᠳ᠋ᠦᠩᠰᠢᠭᠤᠷ ᠲᠦᠭᠦᠷᠢᠭ ᠠᠷᠠᠳ ᠤᠨ ᠠᠮᠢᠳᠤᠷᠠᠯ ᠤᠨ ᠦᠨᠳᠦᠰᠦᠨ ᠪᠠᠳᠤᠯᠠᠭ᠎ᠠ ᠶᠢᠨ ᠪᠡᠯᠡ ᠮᠦᠩᠬᠦ ᠲᠠᠷᠬᠠᠭᠠᠵᠦ᠂ 4.9 ᠲᠦᠮᠡᠨ ᠶᠠᠳᠠᠭᠤ ᠬᠦᠴᠢᠷᠳᠡᠯᠳᠡᠢ ᠠᠷᠠᠳ ᠲᠤ ᠠᠰᠢᠭ ᠬᠦᠷᠳᠡᠭᠡᠪᠡ᠃ 36 ᠰᠢᠨᠵᠢᠯᠡᠭᠡ ᠮᠡᠷᠬᠡᠵᠢᠯ ᠤᠨ ᠴᠢᠳᠠᠪᠤᠷᠢᠳᠠᠨ ᠡᠯᠰᠡᠵᠦ᠂ 9.1 ᠲᠦᠮᠡᠨ ᠮᠠᠯᠴᠢᠨ ᠲᠠᠷᠢᠶᠠᠴᠢᠨ ᠳᠤ ᠪᠤᠯᠪᠠᠰᠤᠷᠠᠯ ᠬᠦᠷᠳᠡᠭᠡᠪᠡ᠃ 54 ᠲᠤᠰᠬᠠᠢ ᠮᠡᠷᠭᠡᠵᠢᠯ ᠤᠨ ᠴᠢᠳᠠᠪᠤᠷᠢᠳᠠᠨ ᠡᠯᠰᠡᠵᠦ᠂ 110 ᠤᠨᠴᠠ ᠠᠵᠢᠯ ᠤᠨ ᠪᠠᠶᠢᠷᠢ ᠶᠢᠨ ᠪᠠᠭᠰᠢ ᠡᠯᠰᠡᠪᠡ᠃ ᠰᠤᠷᠭᠠᠨ ᠬᠦᠮᠦᠵᠢᠯ ᠤᠨ ᠵᠢᠭᠠᠨ ᠰᠤᠷᠭᠠᠬᠤ ᠴᠢᠨᠠᠷ ᠴᠢᠨᠰᠠᠭ᠎ᠠ ᠯᠠᠪᠳᠠᠭᠤᠨ ᠲᠡᠭᠡᠭᠰᠢᠯᠡᠪᠡ᠃ ᠤᠯᠠᠨ ᠨᠡᠶᠢᠳᠡ ᠶᠢᠨ ᠪᠡᠶ᠎ᠡ ᠲᠠᠮᠢᠷ ᠪᠠ ᠦᠷᠢᠰᠦᠯᠳᠦᠬᠡᠨ  ᠤ ᠪᠡᠶ᠎ᠡ ᠲᠠᠮᠢᠷ ᠵᠤᠬᠢᠴᠠᠩᠭᠤᠢ ᠬᠦᠭᠵᠢᠪᠡ᠃ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠨ ᠤᠯᠠᠮᠵᠢᠯᠠᠬᠤ ᠪᠠ ᠲᠡᠤᠬᠡ ᠶᠢᠨ ᠲᠤᠷᠠᠰᠬᠠᠯᠳᠦ ᠵᠦᠢᠯ ᠤᠨ ᠠᠮᠤᠷ ᠲᠦᠪᠰᠢᠨ ᠤ ᠠᠵᠢᠯ ᠢ ᠪᠦᠬᠦ ᠲᠠᠯ᠎ᠠ ᠪᠠᠷ ᠴᠢᠩᠳᠠᠯᠠᠵᠦ᠂ ᠤᠳᠬ᠎ᠠ ᠵᠤᠬᠢᠶᠠᠯ ᠤᠷᠠᠯᠢᠭ ᠤᠨ ᠪᠦᠳᠦᠬᠡᠯ ᠬᠤᠳᠠ ᠶᠢᠨ ᠲᠡᠰ ᠠᠴᠠ ᠲᠡᠭᠡᠭᠰᠢᠬᠢ ᠰᠤᠨᠢᠨ ᠰᠡᠳᠬᠦᠯ ᠳᠤ 300 ᠭᠠᠷᠤᠢ ᠨᠡᠶᠢᠳᠡᠯᠡᠭᠳᠡᠵᠦ᠂ ᠮᠦᠽᠸᠢ᠂ ᠨᠤᠮ ᠤᠨ ᠰᠠᠩ᠂ ᠰᠤᠶᠤᠯ ᠤᠨ ᠤᠷᠳᠤᠨ 15 ᠲᠦᠮᠡᠨ ᠬᠦᠮᠦᠨ ᠤᠳᠠᠭ᠎ᠠ ᠬᠦᠯᠢᠶᠡᠨ ᠠᠪᠴᠦ ᠵᠤᠴᠢᠯᠠᠵᠦ᠂ ᠵᠠᠷᠤᠳ ᠬᠤᠰᠢᠭᠤᠨ ᠤ ᠲᠧᠯᠸᠢᠰ ᠤᠨ ᠰᠤᠪᠠᠭ ᠲᠡᠭᠡᠳᠦ ᠲᠤᠳᠤᠴᠠ ᠲᠠᠢ ᠪᠤᠯᠪᠠ᠃ ᠡᠷᠡᠬᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠲᠦᠷᠢᠮᠵᠢᠭᠰᠡᠨ ᠪᠠᠶᠢᠭᠤᠯᠤᠯᠳᠠ ᠶᠢᠨ ᠲᠤᠷᠰᠢᠯᠳᠠ ᠶᠢᠨ ᠴᠡᠭ ᠤᠨ ᠠᠵᠢᠯ ᠯᠠᠪᠳᠠᠭᠤᠨ ᠪᠦᠳᠦᠮᠵᠢᠳᠡᠢ ᠶᠠᠪᠤᠭᠳᠠᠵᠦ᠂ ᠦᠪᠡᠷᠳᠡᠭᠡᠨ ᠵᠠᠰᠠᠬᠤ ᠤᠷᠤᠨ ᠤ ᠲᠡᠰ ᠤᠨ ︽ᠵᠤᠯ ᠵᠢᠷᠭᠠᠯᠳᠦ ᠬᠡᠷ ᠪᠦᠯᠢ  ᠶᠢ ᠪᠠᠶᠢᠭᠤᠯᠤᠭᠰᠠᠨ ᠵᠢᠱᠢᠶᠡᠴᠢ ᠬᠤᠰᠢᠭᠤ ᠰᠢᠶᠠᠨ︾ ᠢᠶᠠᠷ ᠦᠨᠡᠯᠡᠭᠳᠡᠪᠡ᠃ ᠴᠡᠷᠢᠭ ᠠᠴᠠ ᠬᠠᠯᠠᠭᠳᠠᠭᠰᠠᠳ ᠤᠨ  ᠦᠢᠯᠡᠴᠢᠯᠡᠭᠡ ᠬᠠᠮᠢᠶᠠᠷᠤᠯᠳᠠ ᠶᠢᠨ ᠲᠦᠪ ᠪᠠᠶᠢᠭᠤᠯᠵᠦ᠂ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡ ᠬᠠᠮᠢᠶᠠᠷᠤᠯᠳᠠ ᠪᠠᠨ ᠴᠢᠩᠭᠠᠳᠬᠠᠪᠠ᠃ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶᠡᠴᠢ ᠬᠤᠳᠠ ᠶᠢ ᠪᠠᠶᠢᠭᠤᠯᠬᠤ ᠠᠵᠢᠯ ᠢ ᠡᠬᠢᠯᠡᠬᠦᠯᠵᠦ᠂ ᠢᠳᠡᠭᠡᠨ ᠤ ᠠᠮᠤᠷ ᠲᠦᠪᠰᠢᠨ ᠢ ᠰᠢᠯᠭᠠᠨ ᠪᠠᠶᠢᠴᠠᠭᠠᠬᠤ ᠲᠦᠪ ᠦᠪᠡᠷᠳᠡᠬᠡᠨ ᠵᠠᠰᠠᠬᠤ ᠤᠷᠤᠨ ᠤ ᠬᠢᠨᠠᠨ ᠰᠢᠯᠭᠠᠯᠳᠠ ᠪᠠᠷ ᠪᠠᠳᠤᠯᠠᠭᠳᠠᠪᠠ᠃ ᠬᠠᠷ᠎ᠠ ᠪᠦᠯᠦᠭᠳᠡᠨ ᠢ ᠠᠷᠢᠯᠭᠠᠵᠦ ᠬᠠᠷᠬᠢᠰ ᠬᠦᠴᠦᠨ ᠢ ᠤᠰᠠᠳᠬᠠᠬᠤ ᠲᠤᠰᠬᠠᠢ ᠠᠵᠢᠯᠯᠠᠭ᠎ᠠ ᠶᠢ ᠪᠦᠬᠦ ᠲᠠᠯ᠎ᠠ ᠪᠠᠷ ᠦᠷᠨᠢᠬᠦᠯᠵᠦ᠂ 1 ᠬᠠᠷ᠎ᠠ ᠪᠦᠯᠦᠭᠳᠡᠨ ᠤ ᠵᠤᠬᠢᠶᠠᠨ ᠪᠠᠶᠢᠭᠤᠯᠤᠯᠳᠠ᠂ 4 ᠬᠠᠷᠬᠢᠰ ᠬᠦᠴᠦᠨ ᠤ ᠡᠪᠰᠡᠯ ᠪᠦᠯᠦᠭ ᠢ ᠤᠰᠠᠳᠬᠠᠵᠦ᠂ 4 ᠠᠮᠢᠨ ᠬᠡᠷᠡᠭ᠂ 22 ᠵᠢᠯ ᠲᠠᠷᠤᠭᠳᠠᠭᠰᠠᠨ ᠨᠢᠭᠡᠨ ᠠᠮᠢᠨ ᠬᠡᠷᠡᠭ ᠢ ᠢᠯᠡᠷᠡᠭᠦᠯᠵᠦ᠂ 14 ᠵᠢᠯ ᠲᠠᠷᠠᠭᠠᠯᠠᠨ ᠠᠮᠢᠨ ᠬᠡᠷᠡᠭ ᠪᠦᠬᠦᠨ ᠢ ᠢᠯᠡᠷᠡᠭᠦᠯᠦᠭᠰᠡᠨ ᠠᠮᠵᠢᠯᠳᠠ ᠤᠯᠪᠠ᠃ ᠵᠠᠮ ᠬᠠᠷᠢᠯᠴᠠᠭᠠᠨ ᠤ ᠠᠮᠢᠨ ᠬᠡᠷᠡᠭ ᠭᠠᠷᠬᠤ ᠠᠳᠡᠯ ᠢ ᠪᠠᠭᠠᠰᠬᠠᠬᠤ ᠠᠵᠢᠯ  ᠤᠨ ᠦᠷ᠎ᠡ ᠪᠦᠳᠦᠮᠵᠢ ᠢᠯᠡᠷᠬᠡᠢ᠂ ᠦᠭᠦᠭᠰᠡᠨ ᠬᠦᠮᠦᠨ ᠤ ᠲᠤᠭ᠎ᠠ ᠨᠢᠳᠤᠨᠤᠨ ᠤ ᠬᠢ ᠠᠴᠠ 28 ᠪᠠᠭᠠᠰᠪᠠ᠃ ᠪᠦᠬᠦ ᠬᠤᠳᠠ ᠳᠤ ᠬᠠᠮᠤᠭ ᠲᠦᠷᠦᠬᠦᠨ ᠳᠤ ︽ᠨᠢᠭᠡ ᠦᠷᠳᠡᠭᠡᠴᠢᠯᠡᠭᠰᠡᠨ︾ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠲᠦᠪ ᠪᠠᠶᠢᠭᠤᠯᠵᠦ᠂ ᠬᠦᠳᠡᠭᠡ ᠲᠤᠰᠬᠤᠨ ᠮᠠᠯᠵᠢᠬᠤ ᠤᠷᠤᠨ ᠢᠶᠠᠷ ᠲᠤᠭᠤᠷᠢᠨ ᠬᠠᠤᠯᠢ ᠴᠠᠭᠠᠵᠠ  ᠶᠢᠨ ᠮᠡᠳᠡᠯᠬᠡ ᠲᠦᠬᠡᠮᠡᠯᠵᠢᠬᠦᠯᠬᠦ ᠪᠠ ᠬᠠᠤᠯᠢ ᠴᠠᠭᠠᠵᠠ ᠶᠢᠨ ᠮᠡᠳᠡᠯᠬᠡ ᠪᠠᠷ ᠶᠠᠳᠠᠭᠤ ᠶᠢ ᠲᠡᠳᠬᠦᠬᠦ ᠠᠵᠢᠯᠯᠠᠭ᠎ᠠ ᠪᠤᠳᠠᠳᠠᠢ ᠦᠷ᠎ᠡ ᠪᠦᠳᠦᠮᠵᠢ ᠤᠯᠪᠠ᠃ ᠵᠠᠬᠢᠳᠠᠯ ᠰᠤᠷᠪᠤᠯᠵᠢᠯᠠᠭ᠎ᠠ᠂ ᠠᠮᠤᠷ ᠲᠤᠭᠳᠠᠭᠤᠨ ᠢ ᠬᠠᠮᠠᠭᠠᠯᠠᠬᠤ ᠠᠵᠢᠯ ᠤᠨ ᠪᠦᠲᠦᠴᠡ ᠪᠠᠨ ᠲᠡᠭᠦᠯᠳᠡᠷᠵᠢᠬᠦᠯᠵᠦ᠂ 1338 ᠵᠦᠷᠢᠴᠡᠯ ᠮᠦᠷᠬᠦᠯᠳᠦᠬᠡᠨ ᠢ ᠵᠢᠭᠰᠠᠭᠠᠨ ᠪᠠᠶᠢᠴᠠᠭᠠᠵᠦ ᠵᠤᠬᠢᠴᠠᠭᠤᠯᠤᠨ᠂ ᠬᠦᠯᠦᠰᠦᠨ ᠲᠠᠷᠢᠶᠠᠴᠢᠨ ᠤ ᠵᠦᠢ ᠶᠣᠰᠤᠨ ᠤ ᠡᠷᠬᠡ ᠠᠰᠢᠭ ᠢ ᠪᠠᠳᠤᠯᠠᠪᠠ᠃ ᠠᠷᠪᠠᠳᠤᠭᠠᠷ ᠬᠤᠭᠤᠴᠠᠭᠠᠨ ᠤ ᠭᠠᠴᠠᠭ᠎ᠠ ᠲᠤᠰᠬᠤᠨ ᠤ ᠵᠦᠪᠯᠡᠯ ᠪᠠ ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ  ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠪᠡᠶᠡᠯᠡᠬᠦᠯᠪᠡ᠃ 39 ᠦᠨᠳᠦᠰᠦᠳᠡᠨ ᠤ ᠪᠦᠯᠬᠦᠮᠳᠡᠯ ᠤᠨ ᠲᠠᠷᠢᠬᠦᠨ ᠤ ᠨᠢᠭᠡᠴᠢ᠂ 52 ᠲᠠᠷᠢᠬᠦᠨ ᠤ ᠬᠤᠪᠢ ᠬᠦᠮᠦᠨ ᠢ ᠬᠦᠬᠢᠬᠦᠯᠦᠨ ᠰᠠᠶᠢᠰᠢᠶᠠᠵᠦ᠂ ᠮᠠᠨ ᠤ ᠬᠤᠰᠢᠭᠤ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠨᠢᠭᠡᠴᠡ ᠪᠠᠷ ᠦᠨᠡᠯᠡᠭᠳᠡᠪᠡ᠃ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠦᠷᠬᠦᠯᠵᠢᠯᠡᠨ ᠲᠤᠭᠳᠠᠭᠤᠨ ᠪᠠᠶᠢᠵᠦ᠂ ᠠᠶᠤᠯᠬᠦᠢ ᠦᠢᠯᠡᠳᠪᠦᠷᠢᠯᠡᠯ ᠤᠨ ᠬᠡᠷᠡᠭ ᠭᠠᠷᠤᠭᠰᠠᠨ ᠲᠤᠭ᠎ᠠ ᠪᠠ ᠦᠬᠦᠭᠰᠡᠨ ᠬᠦᠮᠦᠨ ᠤ ᠲᠤᠭ᠎ᠠ ᠲᠤᠰᠪᠤᠷᠢ 57% ᠪᠠ 77% ᠲᠤᠷᠤᠭᠰᠢᠯᠠᠪᠠ᠃ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠲᠠᠩᠰᠠ ᠡᠪᠬᠡᠮᠡᠯ᠂ ᠠᠷᠠᠳ ᠤᠨ ᠠᠭᠠᠷ ᠤᠨ ᠰᠡᠷᠬᠡᠶᠢᠯᠡᠯᠳᠡ᠂ ᠴᠠᠭ ᠠᠭᠤᠷ᠂ ᠭᠠᠵᠠᠷ ᠬᠦᠳᠡᠯᠦᠯᠳᠡ᠂ ᠦᠳᠡᠬᠦᠰ ᠤᠨ ᠠᠵᠢᠯ᠂ ᠠᠵᠢᠯᠴᠢᠨ ᠤ ᠡᠪᠯᠡᠯ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂  ᠵᠡᠮᠳᠡᠭᠴᠦᠳ᠂ ᠵᠠᠯᠠᠭᠤ ᠪᠠᠭᠠᠴᠤᠳ᠂ ᠡᠮᠡᠭᠳᠡᠶᠢᠴᠤᠳ ᠬᠡᠤᠬᠡᠳ᠂ ᠨᠠᠰᠤᠳᠠᠶᠢᠴᠤᠳ  ᠤᠨ ᠪᠡᠶ᠎ᠡ ᠲᠠᠮᠢᠷ ᠤᠨ ᠨᠡᠶᠢᠭᠡᠮᠯᠢᠭ ᠪᠠ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠬᠤᠶᠢᠴᠢ ᠦᠶ᠎ᠡ ᠪᠠᠨ ᠬᠠᠯᠠᠮᠵᠢᠯᠠᠬᠤ ᠵᠡᠷᠬᠡ ᠠᠵᠢᠯ ᠰᠢᠨ᠎ᠡ ᠠᠮᠵᠢᠯᠳᠠ ᠤᠯᠪᠠ᠃     ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠤᠷᠳᠤᠨ ᠤ ᠡᠭᠦᠷᠭᠡ ᠴᠢᠳᠠᠪᠣᠷᠢ ᠪᠠ ᠠᠵᠢᠯ ᠤᠨ ᠰᠤᠷᠳᠠᠯ ᠢᠶᠠᠨ ᠬᠤᠪᠢᠷᠠᠭᠤᠯᠬᠤ ᠶᠢ ᠴᠢᠩᠭᠠᠳᠬᠠᠨ᠂ ᠬᠤᠰᠢᠭᠤᠨ ᠤ ᠵᠠᠰᠠᠭ ᠤᠨ ᠤᠷᠳᠤᠨ ᠤ ᠨᠠᠮ ᠤᠨ ᠲᠤᠭᠤᠶᠢᠯᠠᠩ ᠪᠠ ᠪᠠᠶᠢᠩᠭᠤ  ᠶᠢᠨ ᠬᠤᠷᠠᠯ ᠤᠨ ᠵᠦᠪᠯᠡᠯᠬᠡᠨ ᠤ ᠲᠦᠷᠢᠮ ᠢ ᠲᠤᠭᠳᠠᠭᠠᠨ ᠲᠡᠭᠦᠯᠳᠡᠷᠵᠢᠬᠦᠯᠵᠦ᠂ ︽ᠭᠤᠷᠪᠠᠨ ᠴᠢᠬᠤᠯᠠ ᠨᠢᠭᠡ ᠶᠡᠭᠡ︾ ᠰᠢᠢᠳᠪᠦᠷᠢ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠵᠠᠰᠠᠭ ᠵᠠᠬᠢᠷᠭᠠᠨ ᠤ ᠰᠢᠢᠳᠪᠦᠷᠢ ᠶᠢᠨ ᠬᠠᠤᠯᠢ ᠳᠤ ᠨᠡᠶᠢᠴᠡᠬᠦ ᠬᠢᠨᠠᠨ ᠪᠠᠶᠢᠴᠠᠭᠠᠯᠳᠠ ᠶᠢ ᠪᠦᠬᠦ ᠲᠠᠯ᠎ᠠ ᠪᠠᠷ ᠬᠡᠷᠡᠭᠵᠢᠬᠦᠯᠪᠡ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ 96 ᠰᠠᠨᠠᠯ ᠵᠦᠪᠯᠡᠯᠬᠡ᠂ ᠤᠯᠤᠰ ᠲᠦᠷᠦ ᠶᠢᠨ ᠵᠦᠪᠯᠡᠯᠬᠡᠨ ᠤ 44 ᠰᠠᠨᠠᠯ ᠲᠤᠷᠠᠳᠤᠯᠭ᠎ᠠ ᠶᠢ ᠬᠦᠢᠴᠡᠳᠬᠡᠪᠡ᠃ ᠬᠢᠨᠠᠨ ᠪᠤᠳᠤᠯᠳᠠ ᠶᠢᠨ ᠬᠢᠨᠠᠯᠳᠠ ᠲᠠᠯᠪᠢᠬᠤ ᠪᠠᠨ ᠴᠢᠩᠭᠠᠳᠬᠠᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠬᠡ ᠶᠢᠨ ᠲᠤᠰᠢᠶᠠᠯ ᠠᠴᠠ ᠰᠠᠯᠬᠤ ᠦᠶ᠎ᠡ ᠶᠢᠨ ᠬᠢᠨᠠᠨ ᠪᠤᠳᠤᠯᠳᠠ ᠪᠠ ᠣᠳᠣᠷᠢᠳᠬᠤ ᠺᠠᠳ᠋ᠷ ᠤᠨ ᠠᠵᠦ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢᠨ ᠡᠷᠴᠢᠮ ᠢᠶᠠᠨ ᠲᠠᠰᠤᠷᠠᠯᠳᠠ ᠦᠭᠡᠢ ᠴᠢᠩᠭᠠᠷᠠᠭᠤᠯᠪᠠ᠃ ᠵᠠᠰᠠᠭ ᠤᠨ ᠶᠠᠪᠤᠳᠠᠯ ᠢ ᠢᠯᠡ ᠪᠤᠯᠭᠠᠬᠤ ᠠᠵᠢᠯ ᠢ ᠯᠠᠪᠳᠠᠭᠤᠨ ᠪᠠᠳᠤᠳᠠᠢ ᠠᠬᠢᠭᠤᠯᠵᠦ᠂ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ ᠶᠢ ᠨᠡᠪᠲᠡᠷᠡᠭᠦᠯᠵᠦ᠂ ᠵᠠᠰᠠᠭ ᠤᠨ ᠤᠷᠳᠤᠨ ᠤ ᠠᠯᠪᠠᠨ ᠰᠦᠯᠵᠢᠶᠡᠨ ᠳᠤ 625 ᠵᠤᠷᠪᠤᠰ ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠨᠡᠶᠢᠲᠡᠯᠡᠪᠡ᠃ ᠬᠤᠰᠢᠭᠤᠨ ᠲᠠᠷᠤᠭ᠎ᠠ  ᠶᠢᠨ ᠬᠠᠯᠠᠮᠰᠢᠯ ᠤᠳᠠᠰᠦ ᠪᠠᠷ ᠲᠤᠰᠬᠠᠭᠰᠠᠨ 247 ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠨᠡᠶᠢᠳᠡ ᠶᠢᠨ ᠠᠩᠬᠠᠷᠤᠨ ᠬᠠᠯᠠᠮᠵᠢᠯᠠᠵᠦ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤ ᠦᠭᠪᠡ᠃ ᠨᠠᠮ ᠤᠨ ᠪᠠᠶᠢᠭᠤᠯᠤᠯᠳᠠ᠂ ᠦᠵᠡᠯ ᠤᠬᠠᠮᠰᠠᠷ ᠤᠨ ᠬᠡᠯᠪᠡᠷᠢ ᠶᠢᠨ ︽ᠨᠢᠭᠡ ᠪᠠᠶᠢᠷᠢ ᠬᠤᠶᠠᠷ ᠬᠠᠷᠢᠭᠤᠴᠠᠯᠭ᠎ᠠ︾ ᠶᠢᠨ ᠳᠥᠷᠢᠮ ᠢ ᠨᠠᠷᠢᠨ ᠬᠢᠨᠠᠮᠠᠭᠠᠢ ᠬᠦᠢᠴᠡᠳᠭᠡᠵᠦ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠦᠬᠦ ᠲᠠᠯ᠎ᠠ ᠪᠠᠷ ᠴᠢᠩᠳᠠᠯᠠᠨ᠂ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠵᠢᠴᠢ ᠲᠡᠬᠦᠨ ᠤ ᠬᠡᠷᠡᠭᠵᠢᠬᠦᠯᠬᠦ ᠨᠠᠷᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠴᠡᠭᠴᠡᠯᠡᠨ ᠵᠠᠰᠠᠵᠦ᠂ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠨᠡᠩ ᠬᠦᠭᠵᠢᠶᠡᠨᠳᠡᠢ ᠪᠤᠯᠪᠠ᠃     ᠲᠦᠯᠦᠭᠡᠯᠡᠭᠴᠢᠳ ᠡ᠂ 2018 ᠤᠨ ᠳᠤ ᠪᠢᠳ᠋ᠨ ᠪᠦᠬᠦ ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠪᠠ ᠴᠢᠬᠤᠯᠠ ᠨᠠᠶᠢᠳᠠᠯᠭ᠎ᠠ ᠶᠢ ᠡᠭᠦᠷᠭᠡᠯᠡᠵᠦ᠂ ᠴᠢᠨᠡᠭᠡᠯᠡᠭᠵᠢᠯ ᠤᠨ ᠵᠠᠮ ᠢᠶᠠᠷ ᠯᠠᠪᠳᠠᠭᠤᠨ ᠪᠠᠳᠤᠳᠠᠢ ᠤᠷᠤᠭᠰᠢᠯᠠᠪᠠ᠃ ᠠᠷᠠᠳ ᠲᠦᠮᠡᠨ ᠰᠠᠶᠢᠬᠠᠨ ᠠᠵᠦ ᠲᠦᠷᠦᠵᠦ ᠪᠠᠶᠢᠨ᠎ᠠ᠂ ᠡᠨᠡ ᠪᠤᠯ ᠲᠡᠭᠡᠳᠦ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ ᠪᠠᠲᠤ ᠤᠳᠤᠷᠢᠳᠤᠯᠭ᠎ᠠ ᠶᠢᠨ ᠦᠷ᠎ᠡ ᠳ᠋ᠦᠩ ᠮᠦᠨ᠂ ᠮᠦᠨᠴᠦ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠲᠡᠮᠵᠢᠯᠬᠡ ᠶᠢᠨ ᠦᠷ᠎ᠡ ᠳ᠋ᠦᠩ ᠮᠦᠨ᠂ ᠨᠡᠩ ᠴᠦ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠬᠠᠨᠴᠤᠢ ᠰᠢᠮᠠᠯᠠᠨ ᠬᠠᠮᠳᠦ ᠪᠠᠷ ᠲᠡᠮᠡᠴᠡᠭᠰᠡᠨ ᠤ ᠦᠷ᠎ᠡ ᠳ᠋ᠦᠩ ᠮᠦᠨ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠭᠡᠯᠡᠨ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ᠂ ᠵᠠᠷᠤᠳ ᠬᠤᠰᠢᠭᠤᠨ ᠤ ᠬᠦᠭᠵᠢᠯᠳᠡ ᠶᠢ ᠬᠠᠯᠠᠮᠵᠢᠯᠠᠨ ᠲᠡᠮᠵᠢᠵᠦ ᠪᠠᠶᠢᠭ᠎ᠠ  ᠨᠦᠬᠦᠳ᠂ ᠨᠠᠶᠢᠵᠠ ᠨᠠᠷ ᠲᠤ ᠡᠷᠬᠢᠮ ᠲᠡᠭᠡᠳᠦ ᠬᠦᠨᠳᠦᠳᠬᠡᠯ ᠪᠠ ᠴᠢᠩ ᠰᠡᠳᠬᠢᠯ  ᠤᠨ ᠲᠠᠯᠠᠷᠬᠠᠯ ᠢᠶᠠᠨ ᠲᠡᠪᠰᠢᠬᠦᠯᠵᠦ ᠪᠠᠶᠢᠬᠤ ᠪᠠᠨ ᠢᠯᠡᠳᠭᠡᠶ᠎ᠡ︕     ᠦᠩᠭᠡᠷᠡᠭᠰᠡᠨ ᠨᠢᠭᠡ ᠵᠢᠯ ᠳᠤ᠂ ᠪᠢᠳᠡ ᠵᠠᠷᠢᠮ ᠬᠦᠴᠢᠷ ᠲᠦᠪᠡᠭᠳᠡᠢ ᠠᠰᠠᠭᠤᠳᠠᠯ ᠢ ᠰᠢᠢᠳᠪᠦᠷᠢᠯᠡᠵᠦ᠂ ᠦᠨᠡᠨ ᠪᠤᠳᠠᠳᠠᠢ ᠠᠵᠢᠯ ᠬᠢᠵᠦ᠂ ᠪᠤᠳᠠᠳᠦ ᠴᠣᠭᠴᠠ ᠶᠢᠨ ᠠᠵᠦ ᠠᠬᠤᠢ ᠲᠡᠭᠡᠭᠰᠢᠯᠡᠨ ᠰᠠᠶᠢᠵᠢᠷᠠᠵᠦ᠂ ᠠᠷᠭ᠎ᠠ ᠮᠠᠶ᠋ᠢᠭ ᠢᠶᠠᠨ ᠬᠤᠪᠢᠷᠠᠭᠤᠯᠤᠭᠰᠠᠨ ᠦᠨᠳᠦᠷ ᠴᠢᠨᠠᠷ ᠴᠢᠨᠰᠠᠭᠠᠳᠦ ᠬᠦᠭᠵᠢᠯᠳᠡ ᠶᠢᠨ ᠵᠠᠮ ᠳᠤ ᠤᠷᠤᠪᠠ᠃ ᠬᠡᠪᠡᠴᠦ ᠪᠢᠳᠡ ᠦᠨᠳᠦᠷ ᠴᠢᠨᠠᠷ ᠴᠢᠨᠰᠠᠭᠠᠳᠦ ᠬᠦᠭᠵᠢᠯᠳᠡ ᠶᠢ ᠲᠦᠯᠬᠢᠨ ᠠᠬᠢᠭᠤᠯᠬᠤ ᠳᠤ ᠪᠠᠰᠠ ᠠᠯᠢ ᠤᠯᠠᠨ ᠬᠦᠴᠢᠷ ᠲᠦᠪᠡᠭ ᠪᠠ ᠦᠷᠢᠰᠦᠯᠳᠦᠬᠡᠨ ᠲᠤᠯᠭᠠᠷᠠᠵᠦ ᠪᠠᠶᠢᠨ᠎ᠠ ᠭᠡᠳᠡᠭ ᠢ ᠰᠡᠷᠡᠵᠦ ᠮᠡᠳᠡᠷᠡᠬᠦ ᠬᠡᠷᠭᠳᠡᠢ᠄ ᠠᠵᠦ ᠠᠬᠤᠢ ᠶᠢᠨ ᠦᠰᠦᠯᠳᠡ ᠶᠢᠨ ᠬᠤᠷᠳᠤᠴᠠ ᠲᠦᠷᠬᠡᠨ ᠪᠢᠰᠢ᠂ ᠲᠦᠯᠦᠪᠯᠡᠨ ᠬᠠᠳᠠᠭᠠᠯᠠᠭᠰᠠᠨ ᠰᠢᠨ᠎ᠡ ᠲᠦᠷᠦᠯ ᠵᠦᠢᠯ᠂ ᠲᠤᠮᠤ ᠲᠦᠷᠦᠯ ᠵᠦᠢᠯ ᠪᠠᠭ᠎ᠠ᠂ ᠪᠡᠯᠡ ᠤᠷᠤᠭᠤᠯᠤᠯᠳᠠ ᠶᠢᠨ ᠨᠦᠬᠡᠴᠡ ᠬᠦᠴᠦᠨ ᠲᠤᠳᠠᠮᠠᠭ︔ ᠠᠵᠦ ᠦᠢᠯᠡᠳᠪᠦᠷᠢ ᠶᠢᠨ ᠠᠵᠦ ᠠᠬᠤᠶᠢᠯᠠᠯ  ᠤᠨ ᠲᠤᠭ᠎ᠠ ᠴᠦᠬᠡᠨ᠂ ᠬᠦᠨᠳᠦ ᠶᠢᠨ ᠬᠡᠮᠵᠢᠶ᠎ᠡ ᠶᠡᠭᠡ ᠪᠢᠰᠢ᠂ ᠵᠠᠷᠢᠮ ᠠᠵᠦ ᠠᠬᠤᠶᠢᠯᠠᠯ ᠪᠡᠯᠡ ᠮᠦᠩᠬᠦ ᠬᠤᠮᠰᠠ᠂ ᠡᠵᠡᠩᠨᠡᠬᠦ ᠳᠤ ᠬᠦᠴᠢᠷ ᠲᠠᠢ᠂ ᠦᠷᠭᠡᠵᠢᠬᠦᠯᠦᠨ ᠲᠡᠭᠡᠭᠰᠢᠯᠡᠬᠦᠯᠬᠦ ᠴᠢᠳᠠᠮᠵᠢ ᠪᠠᠭᠤᠷᠠᠢ︔ ᠲᠠᠷᠢᠶᠠᠯᠠᠩ ᠮᠠᠯ ᠠᠵᠦ ᠠᠬᠤᠢ ᠶᠢᠨ ᠤᠳᠤᠬᠢᠴᠢᠯᠠᠭᠰᠠᠨ ᠰᠠᠭᠤᠷᠢ ᠬᠡᠪᠡᠷᠡᠭ᠂ ᠮᠠᠯᠴᠢᠨ ᠲᠠᠷᠢᠶᠠᠴᠢᠨ ᠤ ᠤᠷᠤᠯᠭ᠎ᠠ ᠶᠢ ᠦᠷᠬᠦᠯᠵᠢᠯᠡᠨ ᠨᠡᠮᠡᠭᠳᠡᠬᠦᠯᠬᠦ ᠬᠦᠴᠢᠷᠳᠡᠯ ᠶᠡᠬᠡᠰᠴᠦ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠳᠤ ᠬᠦᠷᠦᠯᠴᠡᠬᠦ ᠦᠭᠡᠢ ᠲᠠᠯ᠎ᠠ ᠮᠦᠨᠴᠦ ᠨᠡᠯᠢᠶᠡᠳ ᠤᠯᠠᠨ ᠪᠠᠶᠢᠨ᠎ᠠ︔ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ᠂ ᠭᠠᠶᠢᠯᠢ ᠶᠢᠨ ᠢᠷᠡᠯᠳᠡ ᠪᠠ ᠬᠡᠷᠡᠭᠯᠡᠵᠦ ᠪᠤᠯᠬᠤᠶᠢᠴᠠ ᠡᠳ᠋ ᠤᠨ ᠬᠦᠴᠦᠨ ᠲᠤᠳᠠᠮᠠᠭ᠂ ᠦᠷᠢ ᠰᠢᠷᠢ ᠶᠢ ᠦᠭᠡᠶᠢᠰᠬᠡᠬᠦ ᠪᠠ ︽ᠭᠤᠷᠪᠠ ᠶᠢ ᠪᠠᠳᠤᠯᠠᠬᠤ︾ ᠲᠠᠷᠤᠯᠳᠠ ᠶᠡᠭᠡ︔ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠴᠢᠬᠤᠯᠠ ᠲᠠᠢ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠳᠤ ᠨᠡᠯᠢᠶᠡᠳ ᠶᠡᠭᠡ ᠳᠠᠷᠣᠭᠠᠰᠤ ᠲᠣᠯᠭᠠᠷᠠᠵᠤ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠡᠭᠦᠷᠭᠡ ᠬᠦᠨᠳᠦ ᠵᠠᠮ ᠬᠤᠯᠠ ᠪᠠᠶᠢᠭᠰᠠᠭᠠᠷ︔ ᠵᠠᠰᠠᠭ ᠤᠨ ᠤᠷᠳᠤᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ ᠶᠢ ᠲᠡᠭᠡᠭᠰᠢᠯᠡᠬᠦᠯᠬᠦ ᠴᠢᠬᠤᠯᠠᠳᠠᠢ᠂ ᠵᠠᠷᠢᠮ ᠺᠠᠳ᠋ᠷ ᠤᠨ ᠦᠢᠯᠡᠴᠢᠯᠡᠬᠡᠨ ᠤ ᠤᠬᠠᠮᠰᠠᠷ᠂ ᠬᠠᠷᠢᠭᠤᠴᠠᠯᠭᠠᠳᠦ ᠤᠬᠠᠮᠰᠠᠷ᠂ ᠬᠠᠤᠯᠢ ᠪᠠᠷ ᠵᠠᠰᠠᠬᠤ ᠤᠬᠠᠮᠰᠠᠷ ᠦᠨᠳᠦᠷ ᠪᠢᠰᠢ᠂ ᠦᠵᠡᠯ ᠤᠬᠠᠮᠰᠠᠷ ᠤᠨ ᠲᠠᠯ᠎ᠠ ᠪᠠᠷ ᠦᠨᠳᠦᠷ ᠴᠢᠨᠠᠷ ᠴᠢᠨᠰᠠᠭᠠᠳᠦ ᠬᠦᠭᠵᠢᠯᠳᠡ ᠶᠢᠨ ᠱᠠᠭᠠᠷᠳᠠᠯᠭ᠎ᠠ  ᠲᠠᠢ ᠵᠤᠬᠢᠴᠠᠯᠳᠤᠬᠤ ᠦᠭᠡᠢ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠲᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭᠠᠢ ᠰᠢᠢᠳᠪᠦᠷᠢᠯᠡᠵᠦ᠂ ᠵᠠᠰᠠᠭ ᠤᠨ ᠤᠷᠳᠤᠨ ᠤ ᠠᠵᠢᠯ ᠢ ᠨᠡᠩ ᠰᠠᠶᠢᠨ ᠬᠢᠵᠦ᠂ ᠪᠦᠬᠦ ᠬᠤᠰᠢᠭᠤᠨ ᠤ ᠠᠷᠠᠳ ᠲᠦᠮᠡᠨ ᠢ ᠰᠡᠳᠬᠢᠯ ᠬᠠᠨᠤᠮᠵᠢᠳᠠᠢ ᠪᠣᠯᠭᠠᠬᠤ ᠪᠠᠷ ᠴᠢᠷᠮᠠᠶᠢᠨ᠎ᠠ᠃     ᠬᠤᠶᠠᠷ᠂ 2019 ᠣᠨ ᠤ ᠠᠵᠢᠯ ᠤᠨ ᠲᠣᠬᠢᠷᠠᠭᠤᠯᠣᠯᠲᠠ     ᠡᠨᠡ ᠵᠢᠯ ᠪᠣᠯ ᠰᠢᠨ᠎ᠡ ᠳᠣᠮᠳᠠᠲᠤ ᠤᠯᠤᠰ ᠪᠠᠶᠢᠭᠤᠯᠣᠭᠳᠠᠭᠰᠠᠨ 70 ᠣᠢ ᠮᠦᠨ᠂ ᠴᠢᠨᠡᠭᠡᠯᠢᠭ ᠨᠡᠶᠢᠭᠡᠮ ᠶᠢ ᠪᠦᠬᠦ ᠲᠠᠯ᠎ᠠ ᠪᠠᠷ ᠪᠠᠶᠢᠭᠤᠯᠣᠨ ᠪᠦᠲᠦᠭᠡᠬᠦ ᠵᠠᠩᠭᠢᠯᠠᠭ᠎ᠠ ᠶᠢᠨ ᠵᠢᠯ ᠮᠦᠨ᠃ ᠣᠳᠣᠬᠠᠨ ᠳᠤ ᠮᠠᠨ ᠤ ᠤᠯᠤᠰ ᠤᠨ ᠠᠵᠤ ᠠᠬᠤᠢ ᠶᠢᠨ ᠬᠦᠭᠵᠢᠯᠲᠡ ᠤᠷᠲᠤ ᠬᠤᠭᠤᠴᠠᠭ᠎ᠠ ᠰᠠᠶᠢᠵᠢᠷᠠᠵᠤ ᠪᠠᠶᠢᠭ᠎ᠠ ᠦᠨᠳᠦᠰᠦᠨ ᠪᠠᠶᠢᠳᠠᠯ ᠬᠤᠪᠢᠷᠠᠯᠲᠠ ᠦᠭᠡᠢ᠂ ᠦᠪᠡᠷᠲᠡᠭᠡᠨ ᠵᠠᠰᠠᠬᠤ ᠣᠷᠣᠨ ᠠᠴᠠ ᠵᠡᠭᠦᠨ ᠬᠡᠰᠡᠭ ᠤᠨ ᠠᠶᠢᠮᠠᠭ ᠬᠤᠲᠠ ᠶᠢ ᠬᠡᠯᠪᠡᠷᠢ ᠪᠠᠨ ᠦᠭᠡᠷᠡᠳᠡᠭᠦᠯᠦᠨ ᠦᠰᠦᠯᠲᠡ ᠶᠢᠨ ᠴᠢᠨᠠᠷᠲᠠᠢ ᠬᠦᠭᠵᠢᠬᠦ ᠶᠢ ᠳᠡᠮᠵᠢᠬᠦ ᠠᠯᠢ ᠣᠯᠠᠨ ᠲᠥᠷᠦ ᠶᠢᠨ ᠪᠤᠳᠣᠯᠭ᠎ᠠ ᠶᠢᠨ ᠠᠷᠭ᠎ᠠ ᠪᠠᠷᠢᠯ ᠭᠠᠷᠭᠠᠪᠠ᠃ ᠲᠦᠩᠯᠢᠶᠦᠦ ᠬᠤᠲᠠ ᠶᠢᠨ ︽ᠶᠢᠰᠦᠨ ᠬᠡᠯᠬᠢᠶ᠎ᠡ ᠲᠠᠪᠣᠨ ᠲᠥᠪ ᠨᠡᠷᠡᠲᠦ ᠬᠤᠲᠠ ᠵᠢᠱᠢᠶᠡᠴᠢ ᠬᠤᠲᠠ︾ ᠶᠢᠨ ᠬᠦᠭᠵᠢᠯᠲᠡ ᠶᠢᠨ ᠪᠠᠶᠢᠯᠳᠣᠬᠤ ᠪᠤᠳᠣᠯᠭ᠎ᠠ ᠶᠢᠨ ᠳᠠᠶᠢᠴᠢᠯᠠᠬᠤ ᠬᠦᠴᠦᠨ᠂ ᠨᠦᠯᠦᠭᠡᠯᠡᠬᠦ ᠬᠦᠴᠦᠨ ᠦᠷᠭᠦᠯᠵᠢᠯᠡᠨ ᠳᠡᠭᠡᠭᠰᠢᠯᠡᠵᠦ᠂ ᠮᠠᠨ ᠤ ᠬᠤᠰᠢᠭᠤᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠰᠲ᠋ᠧᠮ ᠲᠥᠷᠭᠡᠨ ᠪᠦᠷᠢᠯᠳᠦᠵᠦ᠂ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠡ ᠶᠢ ᠪᠡᠶᠡᠯᠡᠭᠦᠯᠬᠦ ᠳᠤ ᠰᠢᠨ᠎ᠡ ᠠᠵᠠ ᠳᠣᠬᠢᠶᠠᠯ ᠠᠪᠴᠢᠷᠠᠵᠤ ᠥᠭᠪᠡ᠃ ᠪᠢᠳᠡ ᠬᠤᠷᠸ᠎ᠠ ᠶᠡᠭᠡ ᠪᠠᠶᠢᠳᠠᠯ ᠢ ᠡᠵᠡᠮᠰᠢᠵᠦ᠂ ᠪᠠᠶᠢᠯᠳᠣᠬᠤ ᠪᠣᠳᠣᠯᠭ᠎ᠠ ᠶᠢᠨ ᠲᠣᠭᠲᠠᠴᠠ ᠪᠠᠨ ᠪᠠᠷᠢᠮᠲᠠᠯᠠᠨ᠂ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠡ ᠶᠢ ᠪᠡᠶᠡᠯᠡᠭᠦᠯᠬᠦ ᠬᠦᠴᠦᠯᠡᠬᠦ ᠴᠡᠭ ᠢᠶᠠᠨ ᠤᠨᠤᠪᠴᠢᠲᠠᠢ ᠡᠷᠢᠵᠦ᠂ ︽ᠠᠯᠳᠠᠷ ᠭᠠᠪᠢᠶ᠎ᠠ ᠮᠢᠨᠣᠬᠢ ᠪᠢᠰᠢ ᠪᠠᠶᠢᠵᠤ ᠪᠣᠯᠣᠨ᠎ᠠ︾ ᠭᠡᠬᠦ ᠵᠣᠷᠢᠭ ᠰᠠᠨᠠᠭᠠᠨ ᠤ ᠣᠶᠠᠭ ᠪᠠ ︽ᠡᠭᠦᠷᠭᠡ ᠬᠠᠷᠢᠭᠤᠴᠠᠯᠭ᠎ᠠ ᠮᠢᠨᠣᠬᠢ ᠪᠠᠶᠢᠬᠤ ᠶᠣᠰᠤᠲᠠᠢ︾ ᠭᠡᠬᠦ ᠲᠡᠦᠬᠡ ᠶᠢᠨ ᠬᠠᠷᠢᠭᠤᠴᠠᠯᠭᠠᠲᠤ ᠰᠡᠳᠭᠢᠯᠭᠡ ᠪᠠᠷ ᠪᠦᠬᠦ ᠬᠤᠰᠢᠭᠤᠨ ᠤ ᠡᠯ᠎ᠡ ᠠᠵᠢᠯ ᠦᠢᠯᠡᠰ ᠤᠨ ᠰᠢᠨ᠎ᠡ ᠴᠠᠭ ᠦᠶ᠎ᠡ ᠳᠤ ᠰᠢᠨ᠎ᠡ ᠱᠠᠲᠤᠨ ᠳᠤ ᠭᠠᠷᠴᠤ᠂ ᠰᠢᠨ᠎ᠡ ᠰᠢᠪᠳᠣᠯᠣᠯᠲᠠ ᠶᠢ ᠪᠡᠶᠡᠯᠡᠭᠦᠯᠬᠦ ᠶᠢ ᠲᠥᠯᠬᠢᠨ ᠠᠬᠢᠭᠤᠯᠣᠨ᠎ᠠ᠃     ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠲᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠷ᠂ ᠭᠤᠷᠪᠠᠳᠣᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠣᠨ᠂ ᠪᠦᠬᠦ ᠤᠯᠤᠰ ᠤᠨ ︽ᠬᠤᠶᠠᠷ ᠬᠤᠷᠠᠯ︾ ᠶᠢᠨ ᠵᠣᠷᠢᠭ ᠰᠠᠨᠠᠭ᠎ᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠤᠨ ᠲᠦᠯᠦᠭᠡᠯᠡᠭᠴᠢᠳ ᠤᠨ ᠪᠦᠯᠬᠦᠮ ᠳᠤ ᠣᠷᠣᠯᠴᠠᠵᠤ ᠬᠢᠨᠠᠨ ᠵᠦᠪᠯᠡᠬᠦ ᠦᠶ᠎ᠡ ᠳᠤ ᠶᠠᠷᠢᠭᠰᠠᠨ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠨᠢᠮᠪᠡᠢ ᠲᠣᠣᠱᠯᠠᠭᠤᠯᠣᠨ ᠨᠠᠶᠢᠲᠠᠪᠣᠷᠢᠵᠢᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠣᠯᠲᠠ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠣᠬᠤ ᠪᠤᠳᠣᠯᠭ᠎ᠠ ᠶᠢ ᠵᠤᠬᠢᠴᠠᠭᠤᠯᠣᠨ ᠠᠬᠢᠭᠤᠯᠵᠤ᠂ ᠲᠣᠭᠲᠠᠭᠤᠨ ᠢᠶᠠᠷ ᠳᠠᠪᠰᠢᠬᠤ ᠠᠵᠢᠯ ᠤᠨ ᠶᠡᠷᠦᠩᠬᠡᠢ ᠬᠥᠭ ᠢ ᠪᠠᠷᠢᠮᠲᠠᠯᠠᠨ᠂ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠨ᠂ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠱᠣᠭᠤᠮ ᠪᠤᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠯᠲᠡ ᠶᠢᠨ ᠦᠭᠡᠷᠡᠴᠢᠯᠡᠯᠲᠡ᠂ ᠳᠡᠭᠡᠲᠦ ᠬᠢᠷᠢ ᠲᠦᠪᠰᠢᠨ ᠲᠠᠢ ᠨᠡᠬᠡᠬᠡᠯᠲᠡ ᠬᠢᠬᠦ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠤᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠤᠨ ᠪᠠᠶᠢᠭᠤᠯᠣᠯᠲᠠ ᠶᠢ ᠲᠦᠷᠭᠡᠳᠭᠡᠵᠦ᠂ ᠭᠤᠷᠪᠠᠨ ᠰᠢᠪᠳᠣᠯᠣᠯᠲᠠ ᠶᠢᠨ ᠳᠠᠶᠢᠨ ᠢ ᠦᠷᠭᠦᠯᠵᠢᠯᠡᠨ ᠰᠠᠶᠢᠲᠤᠷ ᠬᠢᠵᠦ᠂ ᠴᠢᠨᠠᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠦᠲᠦᠭᠡᠬᠦ ᠢᠯᠡᠯᠲᠠ ᠶᠢ ᠲᠡᠮᠡᠴᠡᠨ ᠣᠯᠣᠨ᠎ᠠ᠃ ᠪᠡᠯᠡ ᠣᠷᠣᠭᠤᠯᠣᠨ ᠲᠥᠷᠦᠯ ᠵᠦᠢᠯ ᠣᠯᠬᠤ ᠶᠢ ᠳᠣᠪᠣᠶᠢᠯᠭᠠᠨ ᠠᠳᠬᠤᠵᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠣᠨ᠎ᠠ︔ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠪᠠᠶᠢᠯᠳᠣᠬᠤ ᠪᠤᠳᠣᠯᠭ᠎ᠠ ᠶᠢ ᠬᠡᠷᠡᠭᠵᠢᠭᠦᠯᠦᠨ᠂ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠣᠨ᠎ᠠ︔ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠱᠠᠭᠠᠷᠳᠠᠯᠭ᠎ᠠ ᠶᠢ ᠣᠯᠠᠮ ᠨᠢᠭᠡ ᠠᠯᠬᠤᠮ ᠨᠠᠶᠢᠲᠠᠪᠣᠷᠢᠵᠢᠭᠤᠯᠵᠤ᠂ ᠵᠠᠬ᠎ᠠ ᠳᠡᠯᠭᠡᠭᠦᠷ ᠤᠨ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠠᠷᠠᠳ ᠲᠦᠮᠡᠨ ᠤ ᠣᠯᠣᠯᠲᠠ ᠶᠢᠨ ᠰᠡᠳᠭᠢᠯᠭᠡ᠂ ᠵᠣᠯ ᠵᠢᠷᠭᠠᠯᠲᠤ ᠰᠡᠳᠭᠢᠯᠭᠡ᠂ ᠠᠮᠤᠷ ᠲᠦᠪᠰᠢᠨ ᠤ ᠰᠡᠳᠭᠢᠯᠭᠡ ᠶᠢ ᠨᠡᠮᠡᠭᠳᠡᠭᠦᠯᠵᠦ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠪᠠ ᠨᠡᠶᠢᠭᠡᠮ ᠤᠨ ᠶᠡᠭᠡ ᠪᠠᠶᠢᠳᠠᠯ ᠤᠨ ᠲᠣᠭᠲᠠᠭᠤᠨ ᠢ ᠪᠠᠲᠣᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠪᠦᠭᠦᠳᠡ ᠨᠠᠶᠢᠷᠠᠮᠳᠠᠬᠤ ᠳᠣᠮᠳᠠᠲᠤ ᠠᠷᠠᠳ ᠤᠯᠤᠰ ᠤᠨ ᠪᠠᠶᠢᠭᠤᠯᠣᠭᠳᠠᠭᠰᠠᠨ 70 ᠣᠢ ᠶᠢ ᠪᠡᠯᠭᠡᠯᠡᠶ᠎ᠡ᠃     ᠭᠤᠣᠯ ᠲᠦᠰᠦᠪᠯᠡᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠲᠡᠭ ᠢ 5% ᠠᠴᠠ ᠳᠡᠭᠡᠭᠰᠢ ᠨᠡᠮᠡᠭᠳᠡᠭᠦᠯᠦᠨ᠎ᠡ︔ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠶᠢ 13% ᠨᠡᠮᠡᠭᠳᠡᠭᠦᠯᠦᠨ᠎ᠡ︔ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ ᠶᠢ ᠠᠳᠠᠯᠢ ᠳᠠᠭᠤᠳᠠᠯᠭ᠎ᠠ ᠪᠠᠷ 3% ᠨᠡᠮᠡᠭᠳᠡᠭᠦᠯᠦᠨ᠎ᠡ︔ ᠨᠡᠶᠢᠭᠡᠮ ᠤᠨ ᠲᠠᠸᠠᠷ ᠤᠨ ᠰᠤᠯᠠ ᠪᠣᠷᠣᠯᠠᠭᠤᠯᠣᠯᠲᠠ ᠶᠢᠨ ᠶᠡᠷᠦᠩᠬᠡᠢ ᠬᠡᠮᠵᠢᠶ᠎ᠡ ᠶᠢ 6.5% ᠨᠡᠮᠡᠭᠳᠡᠭᠦᠯᠦᠨ᠎ᠡ︔ ᠬᠤᠲᠠ ᠬᠦᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠡᠭᠰᠢᠳᠭᠡᠭᠰᠡᠨ ᠵᠤᠬᠢᠴᠠᠭᠤᠯᠵᠤ ᠪᠣᠯᠬᠤ ᠣᠷᠣᠯᠭ᠎ᠠ ᠶᠢ  ᠲᠣᠰᠪᠣᠷᠢ 7%  ᠪᠠ 8% ᠨᠡᠮᠡᠭᠳᠡᠭᠦᠯᠦᠨ᠎ᠡ︔     ᠳᠡᠭᠡᠷ᠎ᠡ ᠳᠤᠷᠠᠳᠣᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠦᠯᠦᠭᠡ᠂ ᠭᠤᠣᠯᠳᠠᠭᠤ ᠳᠠᠷᠠᠭᠠᠬᠢ ᠶᠢᠰᠦᠨ ᠲᠥᠷᠦᠯ ᠤᠨ ᠠᠵᠢᠯ ᠢ ᠰᠠᠶᠢᠲᠤᠷ ᠬᠢᠨ᠎ᠡ᠃     ︵ᠨᠢᠭᠡ︶ ︽ᠭᠤᠷᠪᠠᠨ ᠶᠡᠭᠡ ᠰᠢᠪᠳᠣᠯᠣᠯᠲᠠ ᠶᠢᠨ ᠳᠠᠶᠢᠨ︾ ᠳᠤ ᠪᠣᠲᠠᠲᠤ ᠦᠷ᠎ᠡ ᠪᠦᠲᠦᠮᠵᠢ ᠣᠯᠬᠤ ᠶᠢ ᠠᠬᠢᠭᠤᠯᠣᠨ᠎ᠠ᠃ ᠳᠣᠪᠣᠶᠢᠮ᠎ᠠ ᠠᠰᠠᠭᠤᠳᠠᠯ ᠢ ᠲᠦᠪᠯᠡᠷᠡᠭᠦᠯᠦᠨ᠂ ᠴᠢᠬᠤᠯᠠ ᠰᠢᠪᠳᠣᠯᠣᠯᠲᠠ ᠶᠢᠨ ᠳᠠᠶᠢᠨ ᠢ ᠰᠠᠶᠢᠲᠤᠷ ᠬᠢᠵᠦ᠂ ᠣᠳᠣ ᠪᠠᠶᠢᠭ᠎ᠠ ᠦᠷ᠎ᠡ ᠪᠦᠲᠦᠮᠵᠢ ᠪᠠᠨ ᠪᠠᠬᠢᠵᠢᠭᠦᠯᠦᠨ᠂ ᠰᠢᠢᠳᠪᠦᠷᠢᠲᠦ ᠴᠢᠨᠠᠷᠲᠠᠢ ᠢᠯᠠᠯᠲᠠ ᠶᠢ ᠲᠡᠮᠡᠴᠡᠨ ᠣᠯᠣᠨ᠎ᠠ᠃     ᠴᠢᠬᠤᠯᠠ ᠶᠡᠭᠡ ᠲᠦᠭᠰᠢᠭᠦᠷᠢ ᠶᠢ ᠰᠡᠷᠭᠡᠶᠢᠯᠡᠬᠦ ᠠᠷᠢᠯᠭᠠᠬᠤ ᠰᠢᠪᠳᠣᠯᠣᠯᠲᠠ ᠶᠢᠨ ᠳᠠᠶᠢᠨ ᠢ ᠦᠷᠭᠦᠯᠵᠢᠯᠡᠨ ᠰᠠᠶᠢᠲᠤᠷ ᠬᠢᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠢᠳᠪᠦᠷᠢᠯᠡᠬᠦ ᠠᠵᠢᠯ ᠢ ᠯᠠᠪᠳᠠᠭᠤᠨ ᠡᠮᠬᠢ ᠳᠠᠷᠠᠭ᠎ᠠ ᠲᠠᠢ ᠰᠠᠶᠢᠲᠤᠷ ᠬᠢᠵᠦ᠂ ᠡᠳ᠋ ᠬᠦᠷᠦᠩᠭᠡ ᠶᠢᠨ ᠲᠥᠷᠦᠯ ᠵᠦᠢᠯ ᠤᠨ ᠬᠦᠮᠦᠷᠭᠡ ᠶᠢ ᠲᠡᠭᠦᠯᠳᠡᠷᠵᠢᠭᠦᠯᠦᠨ᠂ ︽ᠡᠳ᠋ ᠬᠦᠷᠦᠩᠭᠡ ᠶᠢᠨ ᠬᠡᠲᠦ ᠳᠡᠯᠭᠡᠭᠦᠷ︾ ᠪᠠᠶᠢᠭᠤᠯᠵᠤ᠂ ᠰᠤᠯᠠ ᠪᠠᠶᠢᠭ᠎ᠠ ᠤᠯᠤᠰ ᠤᠨ ᠡᠳ᠋ ᠬᠦᠷᠦᠩᠬᠡ ᠪᠠ ᠭᠠᠵᠠᠷ ᠰᠢᠷᠤᠢ ᠶᠢ ᠰᠢᠢᠳᠪᠦᠷᠢᠯᠡᠬᠦ ᠠᠵᠢᠯ ᠢ ᠲᠦᠷᠭᠡᠨ ᠨᠠᠶᠢᠲᠠᠪᠣᠷᠢᠵᠢᠭᠤᠯᠵᠤ᠂ ᠪᠥᠷᠬᠡ ᠭᠡᠷ ᠣᠷᠣᠨ ᠢ ᠨᠤᠷᠠᠭᠠᠨ ᠰᠢᠯᠵᠢᠭᠦᠯᠦᠭᠰᠡᠨ ᠬᠤᠭᠤᠰᠤᠨ ᠭᠠᠵᠠᠷ ᠢᠶᠠᠷ ᠳᠥᠷᠢᠶᠡᠰᠦᠯᠡᠭᠦᠯᠬᠦ ᠶᠢ ᠠᠬᠢᠭᠤᠯᠵᠤ᠂ ᠥᠷᠢ ᠥᠭᠴᠡᠭᠡ ᠶᠢ ᠦᠨ᠎ᠡ ᠨᠣᠭᠤᠯᠣᠨ ᠬᠤᠳᠠᠯᠳᠣᠨ ᠠᠪᠬᠤ ᠠᠵᠢᠯ ᠢ ᠬᠡᠷᠡᠭᠵᠢᠭᠦᠯᠵᠦ᠂ ᠲᠣᠭᠲᠠᠭᠤᠨ ᠭᠠᠶᠢᠯᠢ ᠶᠢᠨ ᠢᠷᠡᠯᠲᠡ ᠶᠢ ᠬᠦᠮᠦᠵᠢᠭᠦᠯᠦᠨ ᠪᠣᠵᠠᠭᠠᠶᠢᠷᠠᠭᠤᠯᠵᠤ᠂ ᠵᠢᠯ ᠤᠨ ᠥᠷᠢ ᠥᠭᠴᠡᠭᠡ ᠪᠠᠨ ᠦᠭᠡᠶᠢᠰᠭᠡᠬᠦ ᠡᠭᠦᠷᠭᠡ ᠪᠠᠨ ᠦᠨᠡᠨᠬᠦ ᠪᠡᠶᠡᠯᠡᠭᠦᠯᠦᠨ᠎ᠡ᠃ ᠬᠤᠲᠠ ᠶᠢᠨ ᠪᠦᠲᠦᠭᠡᠨ ᠪᠠᠶᠢᠭᠤᠯᠣᠯᠲᠠ ᠶᠢᠨ ᠪᠡᠯᠡ ᠣᠷᠣᠭᠤᠯᠬᠤ ᠺᠣᠮᠫᠠᠨᠢ᠂ ᠤᠰᠤᠨ ᠠᠰᠢᠭᠯᠠᠯᠲᠠ ᠶᠢᠨ ᠪᠡᠯᠡ ᠣᠷᠣᠭᠤᠯᠬᠤ ᠺᠣᠮᠫᠠᠨᠢ ᠵᠡᠷᠭᠡ ᠪᠡᠯᠡ ᠨᠡᠶᠢᠯᠡᠭᠦᠯᠬᠦ ᠲᠡᠪᠴᠡᠩ ᠢ ᠵᠠᠬ᠎ᠠ ᠳᠡᠯᠭᠡᠭᠦᠷᠴᠢᠯᠡᠨ ᠡᠵᠡᠩᠨᠡᠬᠦ ᠶᠢ ᠪᠦᠬᠦ ᠬᠦᠴᠦᠨ ᠢᠶᠠᠷ ᠳᠡᠮᠵᠢᠵᠦ᠂ ᠲᠣᠰ ᠪᠡᠶ᠎ᠡ ᠶᠢᠨ ᠠᠰᠢᠭ ᠣᠷᠣᠯᠭ᠎ᠠ ᠪᠠᠷ ᠳᠡᠮᠵᠢᠨ ᠥᠷᠢ ᠥᠭᠴᠡᠭᠡ ᠪᠠᠨ ᠦᠭᠡᠶᠢᠰᠭᠡᠨ᠎ᠡ᠂ ᠬᠠᠣᠯᠢ ᠪᠣᠰᠤ ᠪᠠᠷ ᠪᠡᠯᠡ ᠴᠣᠭᠯᠠᠭᠤᠯᠬᠤ ᠪᠠ ᠬᠦᠳᠡᠭᠡ ᠲᠣᠰᠬᠤᠨ ᠮᠠᠯᠵᠢᠬᠤ ᠣᠷᠣᠨ ᠤ ᠦᠨᠳᠦᠷ ᠬᠦᠦ ᠲᠠᠢ ᠵᠢᠭᠡᠯᠡᠯᠭᠡ ᠳᠤ ᠴᠤᠬᠢᠯᠲᠠ ᠥᠭᠬᠦ ᠲᠣᠰᠬᠠᠢ ᠠᠵᠢᠯᠯᠠᠭ᠎ᠠ ᠦᠷᠨᠢᠭᠦᠯᠦᠨ᠂ ᠰᠢᠰᠲ᠋ᠧᠮᠲᠤ ᠴᠢᠨᠠᠷ ᠲᠠᠢ ᠮᠦᠩᠬᠦᠨ ᠭᠦᠢᠯᠭᠡᠭᠡᠨ ᠤ ᠲᠦᠭᠰᠢᠭᠦᠷᠢ ᠡᠭᠦᠰᠬᠦ ᠦᠭᠡᠢ ᠪᠠᠶᠢᠬᠤ  ᠬᠢᠵᠠᠭᠠᠷ ᠱᠣᠭᠤᠮ ᠢ ᠡᠷᠡᠰ ᠰᠠᠬᠢᠨ᠎ᠠ᠃     ᠶᠠᠳᠠᠭᠤ  ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠳᠠᠶᠢᠨ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠲᠣᠰᠬᠠᠢ ᠲᠣᠭᠤᠷᠢᠨ ᠪᠠᠶᠢᠴᠠᠭᠠᠬᠤ ᠬᠠᠷᠢᠭᠤ ᠳᠤᠰᠬᠠᠭᠰᠠᠨ ᠰᠠᠨᠠᠯ ᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠨ᠂ ᠤᠨᠤᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠳᠣᠪᠣᠶᠢᠮ᠎ᠠ ᠠᠰᠠᠭᠤᠳᠠᠯ ᠢ ᠲᠣᠶᠢᠯᠪᠣᠷᠢᠲᠠᠢ ᠴᠡᠭᠴᠡᠯᠡᠨ ᠵᠠᠰᠠᠵᠤ᠂ ᠶᠠᠳᠠᠭᠤ ᠠᠴᠠ ᠠᠩᠭᠢᠵᠢᠷᠠᠭᠤᠯᠣᠭᠰᠠᠨ ᠦᠷ᠎ᠡ ᠪᠦᠲᠦᠮᠵᠢ ᠲᠡᠦᠬᠡ ᠪᠠ ᠦᠢᠯᠡᠳᠦᠯᠭᠡ ᠶᠢᠨ ᠰᠢᠯᠭᠠᠯᠲᠠ ᠶᠢ ᠳᠠᠭᠠᠭᠠᠬᠤ ᠶᠢ ᠪᠠᠲᠣᠯᠠᠨ᠎ᠠ᠃ ᠶᠠᠳᠠᠭᠤ ᠠᠴᠠ ᠠᠩᠭᠢᠵᠢᠷᠠᠭᠤᠯᠬᠤ ᠶᠢ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠲᠠᠢ ᠨᠢᠭᠲᠠ ᠵᠤᠯᠭᠠᠭᠤᠯᠬᠤ ᠶᠢ ᠪᠠᠷᠢᠮᠲᠠᠯᠠᠨ᠂ ︽ᠤᠨᠤᠴᠢᠲᠠᠢ᠂ ᠦᠷᠭᠦᠯᠵᠢᠯᠡᠭᠦᠶᠢᠴᠡ᠂ ᠤᠯᠠᠨ ᠲᠦᠮᠡᠨ ᠤ ᠳᠣᠲᠣᠭᠠᠲᠤ ᠶᠢᠨ ᠬᠦᠳᠡᠯᠭᠡᠬᠦ ᠬᠦᠴᠦᠨ ᠢ ᠣᠷᠮᠠᠰᠢᠭᠤᠯᠬᠤ ᠪᠠ ᠦᠪᠡᠷ ᠢᠶᠠᠨ ᠬᠦᠭᠵᠢᠬᠦ ᠴᠢᠳᠠᠪᠣᠷᠢ ᠶᠢ ᠳᠡᠭᠡᠭᠰᠢᠯᠡᠭᠦᠯᠬᠦ︾ ᠭᠤᠷᠪᠠᠨ ᠵᠠᠩᠭᠢᠯᠠᠭ᠎ᠠ ᠶᠢᠨ ᠱᠠᠭᠠᠷᠳᠠᠯᠭ᠎ᠠ ᠶᠢ ᠯᠠᠪᠳᠠᠭᠤᠨ ᠠᠳᠬᠤᠵᠤ᠂ ︽ᠵᠢᠷᠭᠤᠭ᠎ᠠ ᠶᠢ ᠦᠭᠡᠶᠢᠰᠭᠡᠵᠦ ᠳᠥᠷᠪᠡ ᠶᠢ ᠪᠠᠷᠢᠮᠵᠢᠶ᠎ᠠ ᠳᠤ ᠬᠦᠷᠭᠡᠬᠦ︾ ᠡᠭᠦᠷᠭᠡ ᠪᠠᠨ ᠪᠡᠶᠡᠯᠡᠭᠦᠯᠵᠦ᠂ 2019 ᠣᠨ ᠤ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠳᠤ ᠪᠦᠬᠦ ᠲᠠᠯ᠎ᠠ ᠪᠠᠷ ᠢᠯᠡᠯᠲᠡ ᠣᠯᠣᠨ᠎ᠠ᠃ ᠶᠠᠳᠠᠭᠤ ᠶᠢ ᠲᠡᠳᠭᠦᠬᠦ ᠠᠵᠤ ᠦᠢᠯᠡᠰ ᠤᠨ ᠲᠥᠷᠦᠯ ᠵᠦᠢᠯ ᠤᠨ ᠬᠦᠮᠦᠷᠭᠡ ᠪᠠᠶᠢᠭᠤᠯᠵᠤ᠂ ᠶᠠᠳᠠᠭᠤ ᠶᠢ ᠲᠡᠳᠭᠦᠬᠦ ᠲᠥᠷᠦᠯ ᠵᠦᠢᠯ ᠤᠨ ᠣᠨᠣᠪᠴᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠪᠡᠯᠡ ᠮᠦᠩᠬᠦ ᠶᠢᠨ ᠪᠦᠲᠦᠮᠵᠢᠲᠦ ᠴᠢᠨᠠᠷ ᠢ ᠪᠠᠲᠣᠯᠠᠨ᠎ᠠ᠃ ᠶᠠᠳᠠᠭᠤ ᠠᠴᠠ ᠠᠩᠭᠢᠵᠢᠷᠠᠭᠰᠠᠨ ᠤ ᠳᠠᠷᠠᠭᠠᠬᠢ ᠦᠷᠭᠦᠯᠵᠢᠯᠡᠨ ᠪᠠᠬᠢᠵᠢᠭᠦᠯᠵᠦ ᠳᠡᠭᠡᠭᠰᠢᠯᠡᠭᠦᠯᠬᠦ ᠲᠥᠰᠦᠯ ᠢᠶᠠᠨ ᠲᠡᠭᠦᠯᠳᠡᠷᠵᠢᠭᠦᠯᠦᠨ᠂ ᠡᠯ᠎ᠡ ᠲᠦᠷᠦᠯ ᠤᠨ ᠶᠠᠳᠠᠭᠤ ᠶᠢ ᠲᠡᠳᠭᠦᠬᠦ ᠲᠥᠷᠦ ᠶᠢᠨ ᠪᠤᠳᠣᠯᠭ᠎ᠠ ᠶᠢ ᠤᠨᠤᠴᠢᠲᠠᠢ ᠨᠠᠶᠢᠲᠠᠪᠣᠷᠢᠵᠢᠭᠤᠯᠵᠤ᠂ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠶᠢ ᠳᠣᠪᠣᠶᠢᠯᠭᠠᠨ᠂ ᠶᠠᠳᠠᠭᠤ ᠠᠴᠠ ᠠᠩᠭᠢᠵᠢᠷᠠᠭᠠᠳᠣᠢ ᠬᠦᠮᠦᠨ ᠠᠮᠠ ᠶᠢ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠵᠤ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠣᠯᠠᠨ ᠲᠦᠮᠡᠨ ᠤ ᠣᠷᠣᠯᠭ᠎ᠠ ᠲᠣᠭᠲᠠᠭᠤᠨ ᠨᠡᠮᠡᠭᠳᠡᠬᠦ ᠶᠢ ᠪᠠᠲᠣᠯᠠᠨ᠎ᠠ᠃     ᠪᠣᠬᠢᠷᠳᠣᠯ ᠢ ᠰᠡᠷᠭᠡᠶᠢᠯᠡᠨ ᠵᠠᠰᠠᠬᠤ ᠰᠢᠪᠳᠣᠯᠣᠯᠲᠠ ᠶᠢᠨ ᠳᠠᠶᠢᠨ ᠢ ᠡᠷᠡᠰ ᠰᠠᠶᠢᠲᠤᠷ ᠬᠢᠨ᠎ᠡ᠃ ᠲᠥᠪ ᠤᠨ ᠣᠷᠴᠢᠨ ᠲᠣᠭᠤᠷᠢᠨ ᠢ ᠬᠠᠮᠠᠭᠠᠯᠠᠬᠤ ᠱᠠᠭᠠᠷᠳᠠᠨ ᠪᠠᠶᠢᠴᠠᠭᠠᠯᠲᠠ ᠵᠢᠴᠢ ︽ᠡᠷᠭᠢᠨ ᠬᠠᠷᠠᠬᠤ︾ ᠬᠠᠷᠢᠭᠤ ᠳᠤᠰᠬᠠᠭᠰᠠᠨ ᠰᠠᠨᠠᠯ ᠪᠠ ᠨᠣᠳᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠲᠣᠰᠬᠠᠢ ᠱᠠᠭᠠᠷᠳᠠᠨ ᠪᠠᠶᠢᠴᠠᠭᠠᠵᠤ ᠬᠠᠷᠢᠭᠤ ᠳᠤᠰᠬᠠᠭᠰᠠᠨ ᠰᠠᠨᠠᠯ ᠢ ᠪᠦᠬᠦ ᠲᠠᠯ᠎ᠠ ᠪᠠᠷ ᠴᠡᠭᠴᠡᠯᠡᠨ ᠵᠠᠰᠠᠬᠤ ᠶᠢ ᠨᠠᠶᠢᠲᠠᠪᠣᠷᠢᠵᠢᠭᠤᠯᠣᠨ᠂ ᠴᠠᠭ ᠤᠨ ᠳᠠᠷᠠᠭᠠᠯᠠᠯ ᠢᠶᠠᠷ ᠴᠡᠭᠴᠡᠯᠡᠨ ᠵᠠᠰᠠᠬᠤ ᠡᠭᠦᠷᠭᠡ ᠪᠠᠨ ᠪᠡᠶᠡᠯᠡᠭᠦᠯᠦᠨ᠎ᠡ᠃ ᠠᠭᠠᠷ ᠮᠠᠨᠳᠠᠯ ᠤᠨ ᠪᠣᠬᠢᠷᠳᠣᠯ ᠢ ᠰᠡᠷᠭᠡᠶᠢᠯᠡᠨ ᠵᠠᠰᠠᠬᠤ ᠲᠦᠯᠦᠪᠯᠡᠭᠡ ᠶᠢ ᠦᠷᠭᠦᠯᠵᠢᠯᠡᠨ ᠨᠠᠶᠢᠲᠠᠪᠣᠷᠢᠵᠢᠭᠤᠯᠵᠤ᠂ ᠴᠠᠬᠢᠯᠭᠠᠨ ᠵᠠᠳᠠᠯᠣᠯᠲᠠ ᠶᠢᠨ ᠬᠦᠩᠭᠡᠨᠴᠠᠭᠠᠨ ᠤ ᠤᠲᠤᠭ᠎ᠠ ᠲᠣᠭᠤᠰᠤ ᠶᠢ ᠭᠦᠨᠵᠡᠭᠡᠢ ᠵᠠᠰᠠᠬᠤ ᠶᠢ ᠠᠬᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠭᠠᠳᠠᠭᠰᠢᠯᠠᠭᠤᠯᠬᠤ ᠪᠤᠳᠠᠰ ᠢᠶᠠᠨ ᠦᠷᠭᠦᠯᠵᠢᠯᠡᠨ ᠪᠠᠭᠠᠰᠬᠠᠬᠤ ᠵᠢᠴᠢ  ᠭᠠᠳᠠᠭᠰᠢᠯᠠᠯᠲᠠ ᠨᠢ ᠲᠣᠭᠲᠠᠭᠤᠨ ᠢᠶᠠᠷ ᠪᠠᠷᠢᠮᠵᠢᠶ᠎ᠠ ᠳᠤ ᠬᠦᠷᠭᠡᠬᠦ ᠶᠢ ᠠᠬᠢᠭᠤᠯᠣᠨ᠎ᠠ᠃ ᠯᠦᠪᠸᠢ ᠪᠠᠯᠭᠠᠰᠤᠨ ᠤ ᠨᠡᠭᠦᠷᠡᠰᠦᠨ ᠤ ᠰᠢᠲᠠᠯᠠᠭ᠎ᠠ ᠪᠠ ᠤᠲᠤᠭ᠎ᠠ ᠲᠣᠭᠤᠰᠤ ᠶᠢᠨ ᠪᠣᠬᠢᠷᠳᠣᠯ ᠢ ᠬᠠᠮᠢᠶᠠᠷᠬᠤ ᠡᠵᠡᠮᠳᠡᠬᠦ ᠬᠦᠴᠦᠨ ᠢᠶᠠᠨ ᠶᠡᠭᠡᠰᠭᠡᠵᠦ᠂ ᠬᠤᠲᠠ ᠪᠠᠯᠭᠠᠰᠤᠨ ᠤ ᠠᠭᠠᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠭᠠᠵᠠᠷ ᠰᠢᠷᠤᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠲᠦᠯᠦᠪᠯᠡᠭᠡ ᠶᠢ ᠦᠷᠭᠦᠯᠵᠢᠯᠡᠨ ᠨᠠᠶᠢᠲᠠᠪᠣᠷᠢᠵᠢᠭᠤᠯᠵᠤ᠂ ᠵᠠᠬᠠᠨᠠᠭᠤᠷ ᠵᠠᠳᠠᠭᠠᠢ ᠨᠡᠭᠦᠷᠡᠰᠦᠨ ᠠᠭᠤᠷᠬᠠᠢ ᠪᠠ ᠢ ᠴᠧᠩ ᠠᠭᠤᠷᠬᠠᠢ ᠶᠢᠨ ᠦᠢᠯᠡᠰ ᠤᠨ ᠰᠢᠷᠤᠢ ᠭᠠᠷᠭᠠᠬᠤ ᠲᠠᠯᠠᠪᠠᠢ ᠶᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠵᠠᠶᠢᠷ ᠴᠢᠯᠠᠭᠤᠨ ᠤ ᠠᠭᠤᠷᠬᠠᠢ᠂ ᠠᠭᠤᠷᠬᠠᠢ ᠶᠢᠨ ᠬᠤᠳᠳᠤᠭ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠵᠤ᠂ 2020 ᠪᠣᠯᠲᠠᠯ᠎ᠠ ᠠᠭᠤᠷᠬᠠᠢ ᠪᠦᠬᠦᠨ ᠢ ᠪᠣᠬᠢᠷᠳᠣᠯ ᠦᠭᠡᠢ ᠠᠭᠤᠷᠬᠠᠢ ᠶᠢᠨ ᠪᠠᠷᠢᠮᠵᠢᠶ᠎ᠠ ᠳᠤ ᠬᠦᠷᠭᠡᠨ᠎ᠡ᠃ ᠲᠠᠷᠢᠶᠠᠯᠠᠩ ᠮᠠᠯ ᠠᠵᠤ ᠠᠬᠤᠢ ᠶᠢᠨ ᠪᠣᠬᠢᠷᠳᠣᠯ ᠤᠨ ᠡᠬᠢ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ︽ᠳᠥᠷᠪᠡ ᠶᠢ ᠬᠢᠵᠠᠭᠠᠷᠯᠠᠬᠤ ᠠᠵᠢᠯᠯᠠᠭ᠎ᠠ︾ ᠶᠢᠨ ᠡᠭᠦᠷᠭᠡ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠣᠨ᠎ᠠ᠃ ᠤᠰᠤᠨ ᠤ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠦᠪᠯᠡᠭᠡ ᠶᠢ ᠦᠷᠭᠦᠯᠵᠢᠯᠡᠨ ᠨᠠᠶᠢᠲᠠᠪᠣᠷᠢᠵᠢᠭᠤᠯᠵᠤ᠂ ᠨᠢᠭᠡ ᠭᠤᠣᠯ ︵ᠨᠠᠭᠤᠷ︶ ᠨᠢᠭᠡ ᠳᠠᠩᠰᠠ ᠡᠪᠭᠡᠮᠡᠯ ᠪᠠᠶᠢᠭᠤᠯᠵᠤ᠂ ᠭᠤᠣᠯ ︵ᠨᠠᠭᠤᠷ︶ ᠤᠨ ᠠᠬᠠᠯᠠᠭᠴᠢ ᠶᠢᠨ ᠳᠥᠷᠢᠮ ᠢ ᠬᠡᠷᠡᠭᠵᠢᠭᠦᠯᠦᠭᠰᠡᠨ ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ᠃ ᠭᠤᠣᠯ ᠤᠨ ᠰᠠᠪᠠ ᠶᠢ ᠶᠡᠷᠦᠩᠬᠡᠶᠢᠯᠡᠨ ᠵᠠᠰᠠᠬᠤ ᠪᠠ ︽ᠳᠥᠷᠪᠡ ᠶᠢ ᠴᠡᠪᠡᠷᠯᠡᠬᠦ︾ ᠠᠵᠢᠯᠯᠠᠭ᠎ᠠ ᠶᠢ ᠦᠷᠨᠢᠭᠦᠯᠵᠦ᠂ ᠤᠰᠤᠨ ᠤ ᠰᠣᠷᠪᠣᠯᠵᠢ ᠶᠢᠨ ᠭᠠᠵᠠᠷ ᠤᠨ ᠠᠮᠤᠷ ᠲᠦᠪᠰᠢᠨ ᠤ ᠪᠠᠲᠣᠯᠠᠭ᠎ᠠ ᠶᠢ ᠪᠠᠷᠢᠮᠵᠢᠶ᠎ᠠ ᠳᠤ ᠬᠦᠷᠬᠦ ᠶᠢ ᠠᠬᠢᠭᠤᠯᠣᠨ᠎ᠠ᠃ ᠣᠷᠴᠢᠨ ᠲᠣᠭᠤᠷᠢᠨ ᠢ ᠬᠠᠮᠠᠭᠠᠯᠠᠬᠤ ︽ᠭᠤᠷᠪᠠ ᠶᠢ ᠵᠡᠷᠭᠡᠪᠡᠷ︾ ᠭᠦᠢᠴᠡᠳᠭᠡᠬᠦ ᠳᠥᠷᠢᠮ ᠢ ᠴᠢᠩᠭ᠎ᠠ ᠨᠠᠶᠢᠲᠠᠪᠣᠷᠢᠵᠢᠭᠤᠯᠵᠤ᠂ ᠶᠡᠮᠡᠷᠪᠠ ᠭᠠᠵᠠᠷ ᠣᠷᠣᠨ᠂ ᠶᠡᠮᠡᠷᠪᠡ ᠠᠵᠢᠯ ᠲᠥᠷᠦᠯ ᠶᠡᠮᠡᠷᠴᠦ ᠰᠢᠯᠲᠠᠭᠠᠨ ᠢᠶᠠᠷ ᠣᠷᠴᠢᠨ ᠲᠣᠭᠤᠷᠢᠨ ᠢ ᠬᠠᠮᠠᠭᠠᠯᠠᠬᠤ ᠪᠠᠷᠢᠮᠵᠢᠶ᠎ᠠ ᠶᠢ ᠵᠦᠷᠢᠴᠡᠵᠦ ᠲᠥᠷᠦᠯ ᠵᠦᠢᠯ ᠣᠷᠣᠭᠤᠯᠬᠤ ᠶᠢ ᠡᠷᠡᠰ ᠬᠤᠷᠢᠭᠯᠠᠨ᠎ᠠ᠃     ︵ᠬᠤᠶᠠᠷ︶ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠡ ᠳᠤ ᠪᠣᠲᠠᠲᠠᠢ ᠦᠷ᠎ᠡ ᠪᠦᠲᠦᠮᠵᠢ ᠣᠯᠬᠤ ᠶᠢ ᠠᠬᠢᠭᠤᠯᠣᠨ᠎ᠠ᠃ ︽ᠪᠠᠬᠢᠵᠢᠭᠦᠯᠬᠦ᠂ ᠨᠡᠮᠡᠭᠳᠡᠭᠦᠯᠬᠦ᠂ ᠳᠡᠭᠡᠭᠰᠢᠯᠡᠭᠦᠯᠬᠦ᠂ ᠨᠡᠪᠲᠡᠷᠡᠭᠦᠯᠬᠦ︾ ᠴᠢᠭᠯᠡᠯᠲᠡ ᠶᠢ ᠪᠦᠬᠦ ᠲᠠᠯ᠎ᠠ ᠪᠠᠷ ᠲᠣᠣᠱᠯᠠᠭᠤᠯᠣᠨ᠂ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠱᠣᠭᠤᠮ ᠪᠣᠯᠭᠠᠨ᠂ ᠰᠢᠨ᠎ᠡ ᠬᠠᠭᠤᠴᠢᠨ ᠬᠦᠳᠡᠯᠭᠡᠭᠦᠷ ᠤᠨ ᠰᠣᠯᠢᠭᠳᠠᠯ ᠢ ᠲᠥᠷᠭᠡᠳᠭᠡᠵᠦ᠂ ︽ᠳᠣᠯᠣᠭᠠᠨ ᠶᠡᠭᠡ ᠪᠦᠬᠦ ᠠᠵᠤ ᠦᠢᠯᠡᠰ ᠤᠨ ᠬᠡᠯᠬᠢᠶ᠎ᠡ︾ ᠪᠠ ︽ᠭᠤᠷᠪᠠᠨ ᠶᠡᠭᠡ ᠰᠠᠭᠤᠷᠢᠨ ᠭᠠᠵᠠᠷ︾ ᠤᠨ ᠪᠠᠶᠢᠭᠤᠯᠣᠯᠲᠠ ᠶᠢ ᠬᠦᠴᠦᠯᠡᠨ ᠠᠬᠢᠭᠤᠯᠵᠤ᠂ ᠪᠦᠳᠦᠭᠦᠯᠢᠭ ᠮᠠᠶ᠋ᠢᠭ ᠤᠨ ᠡᠬᠢ ᠪᠠᠶᠠᠯᠢᠭ ᠢ ᠨᠡᠬᠡᠬᠡᠨ ᠠᠰᠢᠭᠯᠠᠬᠤ ᠬᠡᠯᠪᠡᠷᠢ ᠪᠠᠨ ᠬᠤᠪᠢᠷᠠᠭᠤᠯᠣᠨ᠂ ᠠᠵᠤ ᠦᠢᠯᠡᠰ ᠤᠨ ᠬᠡᠯᠪᠡᠷᠢ  ᠶᠢ ᠬᠤᠪᠢᠷᠠᠭᠤᠯᠣᠨ ᠴᠢᠨᠠᠷ ᠢ ᠳᠡᠭᠡᠭᠰᠢᠯᠡᠭᠦᠯᠵᠦ᠂ ᠲᠣᠭᠤᠷᠢᠭ ᠢ ᠨᠡᠶᠢᠯᠡᠭᠦᠯᠦᠨ ᠳᠡᠰ ᠳᠠᠪᠰᠢᠬᠤ ᠶᠢ ᠠᠬᠢᠭᠤᠯᠵᠤ᠂ ᠪᠣᠲᠠᠲᠤ ᠴᠣᠭᠴᠠ ᠶᠢᠨ ᠠᠵᠤ ᠠᠬᠤᠢ ᠶᠢ ᠪᠣᠲᠠᠲᠠᠶᠢᠵᠢᠭᠤᠯᠵᠤ ᠬᠦᠴᠦᠷᠭᠡᠭᠵᠢᠭᠦᠯᠵᠦ ᠰᠢᠯᠢᠳᠡᠭᠵᠢᠭᠦᠯᠦᠨ᠎ᠡ᠃     ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠤ ᠶᠢ ᠬᠦᠴᠦᠯᠡᠨ ᠠᠬᠢᠭᠤᠯᠣᠨ᠎ᠠ᠃ ᠲᠥᠩᠯᠢᠶᠦᠦ ᠬᠤᠲᠠ ᠶᠢᠨ ︽ᠶᠢᠰᠦᠨ ᠬᠡᠯᠬᠢᠶ᠎ᠡ ᠲᠠᠪᠣᠨ ᠲᠥᠪ ᠨᠡᠷᠡᠲᠦ ᠬᠤᠲᠠ ᠵᠢᠱᠢᠶᠡᠴᠢ ᠬᠤᠲᠠ︾ ᠶᠢᠨ ᠬᠦᠭᠵᠢᠯᠲᠡ ᠶᠢᠨ ᠪᠠᠶᠢᠯᠳᠣᠬᠤ ᠪᠤᠳᠣᠯᠭ᠎ᠠ ᠶᠢᠨ ᠲᠣᠭᠤᠷᠢᠨ ᠳᠤ᠂ ᠪᠠᠶᠢᠭᠠᠯᠢᠭ ᠠᠮᠢ ᠠᠬᠤᠶᠢᠯᠢᠭ ᠲᠠᠷᠢᠶᠠᠯᠠᠩ ᠮᠠᠯ ᠠᠵᠤ ᠠᠬᠤᠢ᠂ ᠲᠠᠯ᠎ᠠ ᠨᠤᠳᠤᠭ ᠤᠨ ᠠᠯᠠᠰᠢᠨ ᠦᠬᠡᠷ᠂ ᠬᠦᠩᠭᠡᠨᠴᠠᠭᠠᠨ ᠤ ᠰᠢᠨ᠎ᠡ ᠮᠠᠲ᠋ᠧᠷᠢᠶᠠᠯ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠰᠢᠨ᠎ᠡ ᠡᠨᠧᠷᠬᠢ ᠶᠢᠨ ᠰᠤᠷᠪᠣᠯᠵᠢ᠂ ᠰᠤᠶᠣᠯ ᠵᠤᠭᠠᠴᠠᠯ᠂ ᠮᠣᠩᠭᠤᠯ ᠬᠢᠲᠠᠳ ᠡᠪᠡᠰᠦᠨ ᠡᠮ ᠤᠨ ᠮᠠᠲ᠋ᠧᠷᠢᠶᠠᠯ ᠵᠡᠷᠭᠡ ᠳᠣᠯᠣᠭᠠᠨ ᠶᠡᠭᠡ ᠠᠵᠤ ᠦᠢᠯᠡᠰ ᠤᠨ  ᠬᠡᠯᠬᠢᠶ᠎ᠡ ᠶᠢᠨ ᠪᠠᠶᠢᠭᠤᠯᠣᠯᠲᠠ  ᠶᠢ ᠴᠢᠩᠭᠠᠲᠠ ᠠᠳᠬᠤᠵᠤ᠂ ᠭᠤᠣᠯᠳᠠᠯᠭ᠎ᠠ ᠲᠠᠢ ᠲᠥᠷᠦᠯ ᠵᠦᠢᠯ ᠤᠨ ᠲᠣᠯᠭᠠᠭᠤᠷᠢᠯᠠᠯ ᠪᠠ ᠦᠢᠯᠡᠴᠢᠯᠡᠭᠡᠨ ᠤ ᠪᠠᠲᠣᠯᠠᠭ᠎ᠠ ᠪᠠᠨ ᠴᠢᠩᠭᠠᠳᠬᠠᠵᠤ᠂ ᠭᠤᠣᠯᠯᠠᠭᠴᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠣᠨ ᠳᠡᠰ ᠳᠠᠪᠰᠢᠬᠤ ᠂ ᠴᠢᠨᠠᠷ ᠢᠶᠠᠨ ᠳᠡᠭᠡᠭᠰᠢᠯᠡᠭᠦᠯᠦᠨ ᠦᠷ᠎ᠡ ᠠᠰᠢᠭ ᠨᠡᠮᠡᠭᠳᠡᠬᠦ ᠶᠢ ᠠᠬᠢᠭᠤᠯᠣᠨ᠎ᠠ᠃ ᠭᠤᠣᠯᠳᠠᠯᠭ᠎ᠠ ᠲᠠᠢ ᠠᠵᠤ ᠠᠬᠤᠶᠢᠯᠠᠯ ᠢ ᠬᠦᠮᠦᠵᠢᠭᠦᠯᠵᠦ ᠪᠣᠵᠠᠭᠠᠶᠢᠷᠠᠭᠤᠯᠣᠨ᠎ᠠ᠃ 500 ᠲᠦᠮᠡᠨ ᠲᠦᠭᠦᠷᠢᠭ ᠠᠴᠠ ᠳᠡᠭᠡᠭᠰᠢ ᠪᠡᠯᠡ ᠣᠷᠣᠭᠤᠯᠣᠭᠰᠠᠨ ᠠᠵᠤ ᠦᠢᠯᠡᠳᠪᠦᠷᠢ ᠶᠢᠨ ᠲᠥᠷᠦᠯ ᠵᠦᠢᠯ 17 ᠬᠡᠷᠡᠭᠵᠢᠭᠦᠯᠵᠦ᠂ ᠲᠥᠰᠦᠪᠯᠡᠪᠡᠯ 31.5 ᠳ᠋ᠦᠩᠰᠢᠭᠤᠷ ᠲᠦᠭᠦᠷᠢᠭ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠣᠯᠲᠠ ᠬᠢᠨ᠎ᠡ᠃ ᠬᠡᠪᠴᠢᠶᠡᠵᠢᠯ ᠠᠴᠠ ᠳᠡᠭᠡᠭᠰᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ 4 ᠬᠦᠮᠦᠵᠢᠭᠦᠯᠵᠦ᠂ ᠶᠡᠷᠦᠩᠬᠡᠢ ᠲᠤᠭ᠎ᠠ ᠶᠢ 26 ᠡᠷᠦᠬᠡ ᠪᠣᠯᠭᠠᠵᠤ᠂ ᠪᠦᠬᠦ ᠵᠢᠯ ᠤᠨ ᠬᠡᠪᠴᠢᠶᠡᠵᠢᠯ ᠠᠴᠠ  ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠢ ᠦᠢᠯᠡᠳᠪᠦᠷᠢᠯᠡᠯ ᠤᠨ ᠦᠷᠲᠡᠭ ᠢ 100 ᠳ᠋ᠦᠩᠰᠢᠭᠤᠷ ᠲᠦᠭᠦᠷᠢᠭ ᠳᠠᠪᠠᠭᠤᠯᠵᠤ᠂ ᠨᠡᠮᠡᠯᠲᠡ ᠦᠷᠲᠡᠭ ᠤᠨ ᠨᠡᠮᠡᠭᠳᠡᠯ ᠤᠨ ᠬᠤᠷᠲᠤᠴᠠ ᠶᠢ 3% ᠠᠴᠠ ᠳᠡᠭᠡᠭᠰᠢ ᠬᠦᠷᠭᠡᠬᠦ ᠪᠠᠷ ᠬᠦᠴᠦᠯᠡᠨ ᠴᠢᠷᠮᠠᠶᠢᠨ᠎ᠠ᠃ ᠭᠤᠣᠯᠳᠠᠯᠭ᠎ᠠ ᠲᠠᠢ ᠲᠥᠷᠦᠯ ᠵᠦᠢᠯ ᠢ ᠬᠦᠴᠦᠯᠡᠨ ᠬᠡᠷᠡᠭᠵᠢᠭᠦᠯᠦᠨ᠎ᠡ᠃ ᠬᠦᠩᠭᠡᠨᠴᠠᠭᠠᠨ ᠤ ᠳᠠᠬᠢᠨ ᠪᠣᠯᠪᠠᠰᠣᠷᠠᠭᠤᠯᠬᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠬᠤ ᠶᠢ ᠪᠦᠬᠦ ᠲᠠᠯ᠎ᠠ ᠪᠠᠷ ᠠᠬᠢᠭᠤᠯᠵᠤ᠂ ᠲᠢᠶᠠᠨ ᠰᠦᠸᠧ ᠬᠦᠩᠭᠡᠨᠴᠠᠭᠠᠨ ᠤ ᠦᠢᠯᠡᠰ ᠤᠨ ᠬᠤᠶᠠᠳᠣᠭᠠᠷ ᠬᠤᠭᠤᠴᠠᠭᠠᠨ ᠤ 15 ᠲᠦᠮᠡᠨ ᠳᠣᠨ ᠬᠦᠩᠭᠡᠨᠴᠠᠭᠠᠨ ᠢ ᠳᠠᠬᠢᠨ ᠰᠠᠯᠭᠠᠬᠤ ᠰᠢᠰᠲ᠋ᠧᠮ ᠪᠠ 2 ᠲᠦᠮᠡᠨ ᠳᠣᠨ ᠤ ᠬᠦᠩᠭᠡᠨᠴᠠᠭᠠᠨ ᠤ ᠬᠠᠪᠳᠠᠰᠤ᠂ ᠶᠤᠸᠠᠨ ᠳ᠋ᠦᠩ ᠤᠨ ᠬᠦᠩᠭᠡᠨᠴᠠᠭᠠᠨ ᠤ ᠦᠢᠯᠡᠰ ᠤᠨ ᠬᠤᠶᠠᠳᠣᠭᠠᠷ ᠬᠤᠭᠤᠴᠠᠭᠠᠨ ᠤ 5 ᠲᠦᠮᠡᠨ ᠳᠣᠨ ᠬᠦᠩᠭᠡᠨᠴᠠᠭᠠᠨ ᠤ ᠬᠡᠯᠪᠡᠷᠢ ᠶᠢᠨ ᠮᠠᠲ᠋ᠧᠷᠢᠶᠠᠯ ᠤᠨ ᠲᠥᠷᠦᠯ ᠵᠦᠢᠯ ᠢ ᠡᠬᠢᠯᠡᠨ ᠪᠠᠶᠢᠭᠤᠯᠬᠤ ᠶᠢ ᠬᠦᠴᠦᠯᠡᠨ ᠠᠬᠢᠭᠤᠯᠣᠨ᠎ᠠ᠂ ᠿᠦᠨ ᠯᠢᠨ ᠣᠷᠴᠢᠨ ᠲᠣᠭᠤᠷᠢᠨ ᠢ ᠬᠠᠮᠠᠭᠠᠯᠠᠬᠤ ᠺᠣᠮᠫᠠᠨᠢ ᠶᠢᠨ 60 ᠲᠦᠮᠡᠨ ᠳᠣᠨ ᠴᠠᠬᠢᠯᠭᠠᠨ ᠵᠠᠳᠠᠯᠣᠯᠲᠠ ᠶᠢᠨ ᠬᠦᠩᠭᠡᠨᠴᠠᠭᠠᠨ ᠤ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠷᠦᠯ ᠵᠦᠢᠯ ᠢ ᠪᠠᠶᠢᠭᠤᠯᠣᠨ ᠳᠠᠭᠤᠰᠬᠠᠵᠤ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠤᠨ ᠪᠠᠶᠢᠭᠤᠯᠣᠯᠲᠠ ᠶᠢ ᠠᠬᠢᠭᠤᠯᠣᠨ᠎ᠠ᠃ ᠺᠠᠩ ᠨᠠᠢ ᠡᠯ ᠤᠨ ᠨᠢᠭᠡᠳᠦᠭᠡᠷ ᠬᠤᠭᠤᠴᠠᠭᠠᠨ ᠤ 30 ᠲᠦᠮᠡᠨ ᠳᠣᠨ ᠡᠲ᠋ᠢᠯ ᠬᠤᠶᠠᠷᠴᠢ ᠠᠯᠺᠣᠣᠯ ᠤᠨ ᠲᠥᠷᠦᠯ ᠵᠦᠢᠯ ᠢ ᠵᠠᠯᠭᠠᠬᠤ ᠰᠡᠷᠭᠦᠭᠡᠬᠦ ᠠᠵᠢᠯ ᠢ ᠬᠦᠴᠦᠯᠡᠨ ᠠᠬᠢᠭᠤᠯᠵᠤ᠂ ᠿᠦᠢ ᠪᠠᠩ ᠺᠤᠮᠫᠠᠨᠢ ᠶᠢᠨ 1 ᠲᠦᠮᠡᠨ ᠳᠣᠨ ᠡᠪᠡᠰᠦᠨ ᠬᠦᠴᠢᠯ ᠪᠣᠯᠪᠠᠰᠣᠷᠠᠭᠤᠯᠬᠤ ᠲᠥᠷᠦᠯ ᠵᠦᠢᠯ ᠢ ᠪᠠᠶᠢᠭᠤᠯᠣᠨ ᠪᠦᠲᠦᠭᠡᠵᠦ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠴᠧᠩ ᠿᠦᠨ ᠤ ᠠᠭᠤᠷᠬᠠᠢ ᠶᠢᠨ ᠬᠠᠶᠠᠭᠳᠠᠮᠠᠯ ᠡᠷᠦᠳᠡᠰᠦᠨ ᠲᠤᠰᠤ ᠶᠢ ᠤᠰᠤᠲᠦᠷᠦ᠋ᠭᠴᠢᠵᠢᠭᠦᠯᠬᠦ ᠲᠥᠷᠦᠯ ᠵᠦᠢᠯ ᠪᠦᠬᠦ ᠲᠠᠯ᠎ᠠ ᠪᠠᠷ ᠠᠰᠢᠭᠯᠠᠯᠲᠠ ᠳᠤ ᠣᠷᠣᠬᠤ ᠶᠢ ᠪᠠᠲᠣᠯᠠᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠣᠯᠲᠠ ᠶᠢ ᠠᠬᠢᠭᠤᠯᠣᠨ᠎ᠠ᠃ ᠱᠠᠩᠬᠠᠢ ᠶᠢᠨ ᠬᠤᠩ ᠶᠤᠸᠠᠨ ᠪᠦᠯᠦᠭᠯᠡᠯ ᠤᠨ ᠬᠤᠪᠣᠷ ᠲᠡᠮᠦᠷᠯᠢᠭ ᠤᠨ ᠠᠭᠤᠷᠬᠠᠢ ᠶᠢᠨ ᠢᠨᠵᠧᠨᠧᠷᠢᠩ ᠤᠨ ᠰᠤᠳᠣᠯᠭᠠᠨ ᠤ ᠲᠥᠪ ᠵᠢᠴᠢ ᠠᠺᠠᠳᠧᠮᠢᠴᠢ ᠶᠢᠨ ᠠᠵᠢᠯ ᠤᠨ ᠦᠷᠲᠡᠭᠡ ᠪᠠ ᠠᠬᠠᠯᠠᠭᠴᠢ ᠳ᠋ᠤᠺᠲ᠋ᠤᠷ ᠤᠨ ᠰᠤᠳᠣᠯᠭᠠᠨ ᠤ ᠰᠠᠭᠤᠷᠢᠨ ᠭᠠᠵᠠᠷ ᠤᠨ ᠲᠥᠷᠦᠯ ᠵᠦᠢᠯ ᠤᠨ ᠡᠮᠦᠨᠡᠬᠢ ᠠᠵᠢᠯ ᠢ ᠠᠬᠢᠭᠤᠯᠣᠨ᠎ᠠ᠃ 3 ᠮᠤᠩᠭᠤᠯ ᠬᠢᠲᠠᠳ ᠡᠮ ᠤᠨ ᠮᠠᠲ᠋ᠧᠷᠢᠶᠠᠯ ᠢ ᠲᠠᠷᠢᠵᠤ ᠪᠣᠯᠪᠠᠰᠣᠷᠠᠭᠤᠯᠬᠤ ᠠᠵᠤ ᠠᠬᠤᠶᠢᠯᠠᠯ ᠲᠠᠲᠠᠨ ᠣᠷᠣᠭᠤᠯᠬᠤ ᠪᠠᠷ ᠴᠢᠷᠮᠠᠶᠢᠵᠤ᠂ ᠮᠤᠩᠭᠤᠯ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠢ 4 ᠲᠦᠮᠡᠨ ᠮᠦ ᠠᠴᠠ ᠳᠡᠭᠡᠭᠰᠢ ᠬᠦᠷᠭᠡᠨ᠎ᠡ᠃ ᠤᠯᠠᠭᠠᠨ ᠰᠠᠷᠪᠠᠯᠵᠢ ᠠᠴᠠ ᠵᠢᠯ ᠳᠤ 1000 ᠳᠣᠨ ᠨᠠᠷᠠᠨ ᠨᠤᠭᠤᠭ᠎ᠠ ᠶᠢᠨ ᠰᠢᠩᠭᠡᠨ ᠰᠠᠯᠭᠠᠨ ᠠᠪᠬᠤ ᠲᠥᠷᠦᠯ ᠵᠦᠢᠯ ᠠᠰᠢᠭᠯᠠᠯᠲᠠ ᠳᠤ ᠣᠷᠣᠬᠤ ᠨᠦᠬᠦᠴᠡᠯ ᠪᠦᠷᠢᠯᠳᠦᠬᠦ ᠶᠢ ᠠᠬᠢᠭᠤᠯᠵᠤ᠂ ᠲᠦᠩᠯᠢᠶᠦᠦ ᠶᠢᠨ ᠮᠤᠩᠭᠤᠯ ᠬᠢᠲᠠᠳ ᠡᠮ ᠤᠨ ᠴᠢᠨᠠᠬᠤ ᠡᠮ ᠵᠢᠴᠢ ᠡᠮ ᠡᠮᠨᠡᠯᠭᠡ ᠶᠢᠨ ᠡᠳ᠋ᠰᠢᠭᠦᠯᠬᠦ ᠲᠥᠷᠦᠯ ᠵᠦᠢᠯ ᠢ ᠵᠣᠯᠭᠠᠭᠤᠯᠤᠨ ᠡᠷᠭᠢᠯᠲᠡ ᠳᠤ ᠣᠷᠣᠭᠤᠯᠬᠤ ᠶᠢ ᠠᠬᠢᠭᠤᠯᠵᠤ᠂ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠤ ᠮᠤᠩᠭᠤᠯ ᠡᠮ ᠨᠠᠶᠢᠷᠠᠭᠤᠯᠬᠤ ᠠᠰᠠᠷ ᠢ ᠪᠠᠶᠢᠭᠤᠯᠣᠨ ᠳᠠᠭᠤᠰᠬᠠᠵᠤ᠂ ᠮᠣᠩᠭᠤᠯ ᠡᠮ ᠡᠮᠨᠡᠯᠭᠡ ᠶᠢᠨ ᠲᠥᠷᠦᠯ ᠵᠦᠢᠯ ᠨᠡᠮᠡᠭᠳᠡᠵᠦ᠂ ᠴᠢᠨᠠᠷ ᠳᠡᠭᠡᠭᠰᠢᠯᠡᠬᠦ ᠶᠢ ᠠᠬᠢᠭᠤᠯᠣᠨ᠎ᠠ᠃ ᠮᠤᠩᠭᠤᠯ ᠬᠢᠲᠠᠳ ᠡᠮ ᠤᠨ ᠠᠵᠤ ᠦᠢᠯᠡᠰ ᠤᠨ ᠬᠡᠯᠬᠢᠶ᠎ᠡ ᠶᠢ ᠠᠬᠢᠭᠤᠯᠬᠤ ᠨᠡᠶᠢᠭᠡᠮᠯᠢᠭ ᠪᠠᠶᠢᠭᠤᠯᠵᠤ᠂  ᠮᠣᠩᠭᠤᠯ ᠡᠮ ᠤᠨ ᠠᠮᠢᠳᠣᠷᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠮᠡᠳᠡᠭᠡ ᠵᠠᠩᠭᠢ ᠶᠢᠨ ᠬᠦᠮᠦᠷᠭᠡ ᠪᠠᠶᠢᠭᠤᠯᠵᠤ᠂ ᠮᠤᠩᠭᠤᠯ ᠬᠢᠲᠠᠳ ᠡᠮ ᠤᠨ ᠮᠠᠲ᠋ᠧᠷᠢᠶᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠣᠯᠲᠠ ᠶᠢ ᠠᠬᠢᠭᠤᠯᠣᠨ᠎ᠠ᠃     ᠣᠳᠣ ᠦᠶ᠎ᠡ ᠶᠢᠨ ᠡᠨᠧᠷᠬᠢ ᠶᠢᠨ ᠰᠤᠷᠪᠣᠯᠵᠢ ᠶᠢᠨ ᠠᠵᠤ ᠠᠬᠤᠢ ᠶᠢ ᠬᠦᠴᠦᠯᠡᠨ ᠬᠦᠭᠵᠢᠭᠦᠯᠦᠨ᠎ᠡ᠃ ᠡᠬᠢ ᠪᠠᠶᠠᠯᠢᠭ ᠤᠨ ᠳᠠᠪᠠᠭᠤᠯᠢᠭ ᠪᠠ ᠠᠵᠤ ᠦᠢᠯᠡᠰ ᠤᠨ ᠰᠠᠭᠤᠷᠢ ᠢᠶᠠᠷ ᠲᠦᠰᠢᠭ ᠪᠣᠯᠭᠠᠨ᠂ ︽ᠭᠤᠷᠪᠠᠨ ᠶᠡᠭᠡ ᠰᠠᠭᠤᠷᠢᠨ ᠭᠠᠵᠠᠷ︾ ᠢ ᠬᠦᠴᠦᠯᠡᠨ ᠪᠠᠶᠢᠭᠤᠯᠵᠤ᠂ ᠣᠯᠠᠨ ᠡᠨᠧᠷᠬᠢ ᠬᠠᠷᠢᠯᠴᠠᠨ ᠨᠦᠬᠦᠪᠦᠷᠢᠯᠡᠬᠦ᠂ ᠣᠯᠠᠨ ᠲᠠᠯ᠎ᠠ ᠪᠠᠷ ᠲᠣᠯᠭᠠᠭᠤᠷᠢᠯᠠᠬᠤ᠂ ᠣᠯᠠᠨ ᠲᠤᠶᠢᠯ ᠢᠶᠠᠷ ᠰᠢᠩᠭᠡᠭᠡᠨ ᠠᠪᠬᠤ᠂ ᠣᠯᠠᠨ ᠡᠰᠢᠴᠢᠯᠡᠨ ᠬᠦᠭᠵᠢᠭᠰᠡᠨ ᠣᠳᠣ ᠦᠶ᠎ᠡ ᠶᠢᠨ ᠡᠨᠧᠷᠬᠢ ᠶᠢᠨ ᠰᠤᠷᠪᠣᠯᠵᠢ ᠶᠢᠨ ᠠᠵᠤ ᠠᠬᠤᠢ ᠶᠢᠨ ᠰᠢᠰᠲ᠋ᠧᠮ ᠢ ᠲᠦᠷᠭᠡᠨ ᠪᠠᠶᠢᠭᠤᠯᠵᠤ᠂ ᠲᠦᠩᠯᠢᠶᠦᠦ ᠬᠤᠲᠠ ᠶᠢᠨ ᠬᠤᠶᠢᠲᠤ ᠬᠡᠰᠡᠭ ᠤᠨ ᠣᠳᠣ ᠦᠶ᠎ᠡ ᠶᠢᠨ ᠡᠨᠧᠷᠬᠢ ᠶᠢᠨ ᠠᠵᠤ ᠠᠬᠤᠢ ᠶᠢᠨ ᠭᠤᠣᠯ ᠣᠷᠣᠨ ᠢ ᠪᠠᠶᠢᠭᠤᠯᠵᠤ᠂ ᠲᠦᠩᠯᠢᠶᠦᠦ ᠬᠤᠲᠠ ᠶᠢᠨ ᠣᠳᠣ ᠦᠶ᠎ᠡ ᠶᠢᠨ ᠡᠨᠧᠷᠬᠢ ᠶᠢᠨ ᠰᠤᠷᠪᠣᠯᠵᠢ ᠶᠢᠨ ᠠᠵᠤ ᠠᠬᠤᠢ ᠶᠢᠨ ᠭᠤᠣᠯᠳᠠᠯᠭ᠎ᠠ ᠣᠷᠣᠨ ᠢ ᠴᠢᠷᠮᠠᠶᠢᠨ ᠪᠠᠶᠢᠭᠤᠯᠵᠤ᠂ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠡ ᠶᠢᠨ ᠰᠢᠨ᠎ᠡ ᠳᠠᠪᠠᠭᠤᠯᠢᠭ ᠢ ᠪᠣᠢ ᠪᠣᠯᠭᠠᠨ᠎ᠠ᠃ ᠦᠪᠦᠷ ᠮᠣᠩᠭᠤᠯ ᠤᠨ ᠵᠡᠭᠦᠨ ᠬᠡᠰᠡᠭ ᠤᠨ ᠣᠷᠴᠢᠯ ᠠᠵᠤ ᠠᠬᠤᠢ ᠶᠢᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠣᠨ᠎ᠠ᠃ ᠵᠠᠬᠠᠨᠠᠭᠤᠷ ᠠᠵᠤ ᠦᠢᠯᠡᠳᠪᠦᠷᠢ ᠶᠢᠨ ᠲᠣᠭᠤᠷᠢᠭ ᠢᠶᠠᠷ ᠲᠥᠰᠢᠭ ᠪᠣᠯᠭᠠᠨ᠂ ᠣᠯᠠᠨ ᠡᠨᠧᠷᠬᠢ ᠬᠠᠷᠢᠯᠴᠠᠨ ᠨᠦᠬᠦᠪᠦᠷᠢᠯᠡᠬᠦ ᠬᠤᠷᠠᠮᠠᠯ ᠰᠢᠯᠢᠳᠡᠭ ᠳᠠᠭᠤᠷᠢᠶᠠᠯ ᠦᠵᠡᠭᠦᠯᠬᠦ ᠢᠨᠵᠧᠨᠧᠷᠢᠩ ᠢ ᠪᠣᠲᠠᠲᠤ ᠠᠬᠢᠴᠠ ᠲᠠᠢ ᠪᠣᠯᠬᠤ ᠶᠢ ᠠᠬᠢᠭᠤᠯᠵᠤ᠂ ᠶᠢᠨ ᠯᠢᠶᠠᠨ ᠬᠦᠩᠭᠡᠨᠴᠠᠭᠠᠨ ᠤ ᠮᠠᠲ᠋ᠧᠷᠢᠶᠠᠯ ᠤᠨ ᠺᠤᠮᠫᠠᠨᠢ ᠶᠢᠨ 30 ᠲᠦᠮᠡᠨ ᠺᠢᠯᠣᠸᠠᠲ ᠶᠢᠨ ᠰᠠᠯᠬᠢᠨ ᠴᠠᠬᠢᠯᠭᠠᠨ᠂ ᠣᠷᠴᠢᠯ ᠠᠵᠤ ᠠᠬᠤᠢ ᠶᠢᠨ ᠳᠠᠭᠤᠷᠢᠶᠠᠯ ᠦᠵᠡᠭᠦᠯᠬᠦ ᠢᠨᠵᠧᠨᠧᠷᠢᠩ ᠤᠨ 10 ᠲᠦᠮᠡᠨ ᠺᠢᠯᠤᠸᠠᠲ ᠤᠨ ᠰᠠᠯᠬᠢᠨ ᠴᠠᠬᠢᠯᠭᠠᠨ ᠤ ᠲᠥᠷᠦᠯ ᠵᠦᠢᠯ ᠢ ᠪᠠᠶᠢᠭᠤᠯᠣᠨ ᠪᠦᠲᠦᠭᠡᠵᠦ ᠲᠣᠣᠷ ᠨᠡᠶᠢᠯᠡᠭᠦᠯᠦᠨ᠂ ᠪᠢᠴᠢᠯ ᠴᠠᠬᠢᠯᠭᠠᠨ ᠲᠣᠣᠷ ᠤᠨ ᠴᠠᠬᠢᠯᠭᠠᠨ ᠬᠠᠩᠭᠠᠬᠤ ᠬᠡᠪᠴᠢᠶ᠎ᠡ ᠪᠠᠨ ᠦᠷᠭᠡᠳᠭᠡᠵᠦ᠂ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠪᠠᠨ ᠣᠷᠲᠣᠳᠬᠠᠵᠤ᠂ ᠦᠨᠳᠦᠷ ᠦᠷ᠎ᠡ ᠪᠦᠲᠦᠮᠵᠢᠲᠡᠢ ᠠᠮᠢᠳᠣᠯᠢᠭ᠂ ᠦᠪᠡᠷ ᠤᠨ ᠦᠷᠲᠡᠭ ᠬᠢᠮᠳᠠ ᠴᠠᠬᠢᠯᠭᠠᠨ ᠬᠠᠩᠭᠠᠬᠤ ᠵᠠᠭᠪᠤᠷ ᠢ ᠪᠠᠶᠢᠭᠤᠯᠣᠨ᠎ᠠ᠃ 2021 ᠣᠨ ᠪᠣᠯᠲᠠᠯ᠎ᠠ᠂ ᠲᠦᠭᠦᠬᠡᠢ ᠬᠦᠩᠭᠡᠨᠴᠠᠭᠠᠨ ᠤ ᠦᠢᠯᠡᠳᠪᠦᠷᠢᠯᠡᠯ ᠤᠨ ᠬᠡᠪᠴᠢᠶ᠎ᠡ ᠶᠢ 80 ᠲᠦᠮᠡᠨ ᠳᠣᠨ ᠬᠦᠷᠭᠡᠵᠦ᠂ ᠬᠦᠩᠭᠡᠨᠴᠠᠭᠠᠨ ᠢ ᠳᠠᠬᠢᠨ ᠡᠳ᠋ᠰᠢᠭᠦᠯᠬᠦ ᠴᠢᠳᠠᠪᠣᠷᠢ ᠶᠢ 100 ᠲᠦᠮᠡᠨ ᠳᠣᠨ ᠢ ᠳᠠᠪᠠᠭᠤᠯᠬᠤ ᠪᠠᠷ ᠴᠢᠷᠮᠠᠶᠢᠨ᠎ᠠ᠃ ᠦᠪᠦᠷ ᠮᠣᠩᠭᠤᠯ ᠤᠨ ᠵᠡᠭᠦᠨ ᠬᠡᠰᠡᠭ ᠤᠨ ᠴᠡᠪᠡᠷ ᠡᠨᠧᠷᠬᠢ ᠶᠢ ᠦᠢᠯᠡᠳᠪᠦᠷᠢᠯᠡᠵᠦ ᠭᠠᠷᠭᠠᠬᠤ ᠰᠠᠭᠤᠷᠢᠨ ᠭᠠᠵᠠᠷ ᠢ ᠪᠦᠬᠦ ᠬᠦᠴᠦᠨ ᠢᠶᠠᠷ ᠪᠠᠶᠢᠭᠤᠯᠣᠨ᠎ᠠ᠃ ±800 ᠦᠨᠳᠦᠷ ᠬᠦᠴᠦᠳᠡᠯᠲᠦ ᠴᠠᠬᠢᠯᠭᠠᠨ ᠬᠦᠷᠭᠡᠬᠦ ᠱᠤᠭᠤᠮ ᠢᠶᠠᠷ ᠲᠥᠰᠢᠭ ᠪᠣᠯᠭᠠᠨ᠂ ᠳᠣᠮᠳᠠᠲᠤ ᠶᠢᠨ ᠴᠠᠬᠢᠯᠭᠠᠨ ᠤ ᠣᠯᠠᠨ ᠤᠯᠤᠰ ᠤᠨ 2×100 ᠲᠦᠮᠡᠨ ᠺᠢᠯᠣᠸᠠᠲ ᠶᠢᠨ ᠭᠠᠯ ᠴᠠᠬᠢᠯᠭᠠᠨ ᠤ ᠲᠥᠷᠦᠯ ᠵᠦᠢᠯ ᠳᠤ ᠤᠯᠤᠰ ᠤᠨ ᠲᠥᠷᠦ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠴᠢᠷᠮᠠᠶᠢᠵᠤ᠂ ᠦᠨᠳᠦᠷ ᠬᠦᠴᠦᠳᠡᠯᠲᠦ ᠭᠦᠶᠦᠳᠡᠯ ᠰᠤᠯᠢᠬᠤ ᠦᠷᠲᠡᠭᠡ ᠶᠢᠨ ᠳᠦᠭᠦᠷᠡᠩ ᠠᠴᠢᠶ᠎ᠠ ᠲᠠᠢ ᠠᠵᠢᠯᠯᠠᠬᠤ ᠪᠠ ᠬᠦᠷᠲᠡᠬᠦ ᠬᠡᠰᠡᠭ ᠤᠨ ᠵᠠᠬ᠎ᠠ ᠳᠡᠯᠭᠡᠭᠦᠷ ᠤᠨ ᠴᠠᠬᠢᠯᠭᠠᠨ ᠤ ᠦᠨ᠎ᠡ ᠶᠢᠨ ᠲᠣᠭᠲᠠᠪᠣᠷᠢᠲᠤ ᠴᠢᠨᠠᠷ ᠢ ᠪᠠᠲᠣᠯᠠᠨ᠎ᠠ᠃ ᠬᠢᠮᠲᠠ ᠰᠠᠯᠬᠢᠨ ᠴᠠᠬᠢᠯᠭᠠᠨ ᠤ ᠲᠥᠷᠦᠯ ᠵᠦᠢᠯ ᠢ ᠰᠦᠪᠡᠭᠴᠢᠯᠡᠨ ᠬᠡᠷᠡᠭᠵᠢᠭᠦᠯᠵᠦ᠂ ᠭᠡᠷᠡᠯ ᠴᠠᠬᠢᠯᠭᠠᠨ ᠢᠶᠠᠷ ᠡᠯᠡᠰᠦ ᠶᠢ ᠵᠠᠰᠠᠬᠤ ᠭᠦᠢᠴᠡᠳᠭᠡᠯ ᠲᠤᠭ᠎ᠠ ᠶᠢ ᠢᠳᠡᠪᠬᠢᠲᠡᠢ ᠭᠤᠶᠣᠴᠢᠯᠠᠨ ᠣᠯᠵᠤ᠂ ᠱᠠᠨᠳᠦ᠋ᠩ ᠤᠨ ᠿᠦᠨ ᠹᠧᠩ ᠪᠦᠯᠦᠭᠯᠡᠯ ᠤᠨ 30 ᠲᠦᠮᠡᠨ ᠺᠢᠯᠤᠸᠠᠲ ᠶᠢᠨ ᠭᠡᠷᠡᠯ ᠴᠠᠬᠢᠯᠭᠠᠨ᠂ ᠳᠣᠮᠳᠠᠲᠤ ᠤᠯᠤᠰ ᠤᠨ ᠡᠨᠧᠷᠬᠢ ᠶᠢᠨ ᠪᠠᠶᠢᠭᠤᠯᠣᠯᠲᠠ ᠶᠢᠨ ᠪᠦᠯᠦᠭᠯᠡᠯ ᠤᠨ 30 ᠲᠦᠮᠡᠨ ᠺᠢᠯᠤᠸᠠᠲ ᠶᠢᠨ ᠰᠠᠯᠬᠢᠨ ᠴᠠᠬᠢᠯᠭᠠᠨ ᠤ ᠲᠥᠷᠦᠯ ᠵᠦᠢᠯ ᠤᠨ ᠪᠣᠲᠠᠲᠠᠶᠢᠵᠢᠵᠤ ᠠᠵᠢᠯ ᠡᠬᠢᠯᠡᠭᠦᠯᠬᠦ ᠶᠢ ᠠᠬᠢᠭᠤᠯᠵᠤ᠂ ᠦᠪᠦᠷ ᠮᠣᠩᠭᠤᠯ ᠤᠨ ᠵᠡᠭᠦᠨ ᠬᠡᠰᠡᠭ ᠤᠨ ᠰᠢᠶᠧ ᠾᠧ ᠶᠢᠨ 5 ᠲᠦᠮᠡᠨ ᠺᠢᠯᠣᠸᠠᠲ ᠶᠢᠨ ᠰᠠᠯᠬᠢᠨ ᠴᠠᠬᠢᠯᠭᠠᠨ ᠤ ᠢᠯᠴᠢ ᠬᠠᠩᠭᠠᠬᠤ ᠲᠥᠷᠦᠯ ᠵᠦᠢᠯ ᠢ ᠪᠠᠶᠢᠭᠤᠯᠣᠨ ᠪᠦᠲᠦᠭᠡᠵᠦ ᠠᠰᠢᠭᠯᠠᠯᠲᠠ ᠳᠤ ᠣᠷᠣᠭᠤᠯᠵᠤ᠂ ᠱᠧᠨ ᠨᠡᠩ ᠪᠦᠯᠦᠭᠯᠡᠯ ᠤᠨ 30 ᠲᠦᠮᠡᠨ ᠺᠢᠯᠣᠸᠠᠲ ᠶᠢᠨ ᠨᠢᠭᠡᠳᠦᠭᠡᠷ ᠬᠤᠭᠤᠴᠠᠭᠠᠨ ᠤ 5 ᠲᠦᠮᠡᠨ ᠺᠢᠯᠣᠸᠠᠲ ᠶᠢᠨ ᠰᠠᠯᠬᠢᠨ ᠴᠠᠬᠢᠯᠭᠠᠨ ᠤ ᠲᠥᠷᠦᠯ ᠵᠦᠢᠯ ᠢ ᠪᠠᠶᠢᠭᠤᠯᠣᠨ ᠳᠠᠭᠤᠰᠬᠠᠵᠤ ᠲᠣᠣᠷ ᠨᠡᠶᠢᠯᠡᠭᠦᠯᠦᠨ᠂ ᠰᠢᠨ᠎ᠡ ᠡᠨᠧᠷᠬᠢ ᠶᠢᠨ ᠰᠤᠷᠪᠣᠯᠵᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠣᠯᠲᠠ ᠶᠢ ᠠᠬᠢᠭᠤᠯᠣᠨ᠎ᠠ᠃ ᠵᠢᠯ ᠤᠨ ᠡᠴᠦᠰ ᠪᠣᠯᠲᠠᠯ᠎ᠠ ᠪᠦᠬᠦ ᠬᠤᠰᠢᠭᠤᠨ ᠤ ᠴᠠᠬᠢᠯᠭᠠᠨ ᠤ ᠮᠠᠰᠢᠨ ᠴᠣᠭᠴᠠᠯᠠᠪᠣᠷᠢ ᠶᠢᠨ ᠪᠠᠭᠲᠠᠭᠠᠮᠵᠢ ᠶᠢ 200 ᠲᠦᠮᠡᠨ ᠺᠢᠯᠣᠸᠠᠲ ᠬᠦᠷᠭᠡᠵᠦ᠂ ᠴᠠᠬᠢᠯᠭᠠᠨ ᠭᠠᠷᠭᠠᠬᠤ ᠬᠡᠮᠵᠢᠶ᠎ᠡ ᠶᠢ 80 ᠳ᠋ᠦᠩᠰᠢᠭᠤᠷ ᠭᠷᠠᠳᠥ᠋ᠰ ᠢ ᠳᠠᠪᠠᠭᠤᠯᠵᠤ᠂ 2021 ᠪᠣᠯᠲᠠᠯ᠎ᠠ 500 ᠲᠦᠮᠡᠨ ᠺᠢᠯᠣᠸᠠᠲ ᠬᠦᠷᠭᠡᠵᠦ᠂ 150 ᠳ᠋ᠦᠩᠰᠢᠭᠤᠷ ᠭᠷᠠᠳᠥ᠋ᠰ ᠢ ᠳᠠᠪᠠᠭᠤᠯᠣᠨ᠎ᠠ᠃ ᠦᠪᠦᠷ ᠮᠤᠩᠭᠤᠯ ᠤᠨ ᠵᠡᠭᠦᠨ ᠬᠡᠰᠡᠭ ᠤᠨ ᠠᠮᠤᠷ ᠲᠦᠪᠰᠢᠨ ᠠᠷᠢᠭᠤᠨ ᠴᠡᠪᠡᠷ ᠪᠣᠬᠢᠷᠳᠣᠯ ᠦᠭᠡᠢ ᠨᠡᠭᠦᠷᠡᠰᠦᠨ ᠤ ᠨᠡᠬᠡᠬᠡᠯᠲᠡ ᠶᠢᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠣᠨ᠎ᠠ᠃ ᠰᠢᠯᠢᠳᠡᠭ ᠨᠡᠭᠦᠷᠡᠰᠦᠨ ᠤ ᠡᠬᠢ ᠪᠠᠶᠠᠯᠢᠭ ᠢᠶᠠᠷ ᠲᠥᠰᠢᠭ ᠪᠣᠯᠭᠠᠨ᠂ ᠵᠠᠬᠠᠨᠠᠭᠤᠷ ᠤᠨ ᠨᠡᠭᠦᠷᠡᠰᠦᠨ ᠤ ᠦᠢᠯᠡᠰ ᠪᠠ ᠢ ᠴᠧᠩ ᠠᠭᠤᠷᠬᠠᠢ ᠶᠢᠨ ᠦᠢᠯᠡᠰ ᠢ ᠣᠳᠣᠬᠢᠴᠢᠯᠠᠭᠰᠠᠨ ᠪᠣᠬᠢᠷᠳᠣᠯ ᠦᠭᠡᠢ ᠠᠭᠤᠷᠬᠠᠢ ᠪᠣᠯᠭᠠᠨ ᠪᠠᠶᠢᠭᠤᠯᠵᠤ᠂ ᠪᠣᠷᠣᠬᠤᠰᠢᠭᠤ ᠶᠢᠨ ᠣᠳᠣ ᠦᠶ᠎ᠡ ᠶᠢᠨ ᠨᠡᠭᠦᠷᠡᠰᠦᠨ ᠤ ᠨᠡᠬᠡᠬᠡᠨ ᠠᠰᠢᠭᠯᠠᠬᠤ ᠲᠥᠷᠦᠯ ᠵᠦᠢᠯ ᠤᠨ ᠪᠠᠶᠢᠭᠤᠯᠣᠯᠲᠠ ᠶᠢ ᠲᠦᠷᠭᠡᠳᠭᠡᠵᠦ᠂ ᠨᠡᠭᠦᠷᠡᠰᠦᠨ ᠤ ᠨᠡᠬᠡᠬᠡᠨ ᠠᠰᠢᠭᠯᠠᠯᠲᠠ ᠶᠢ ᠮᠠᠰᠢᠨᠴᠢᠯᠠᠬᠤ ᠪᠠ ᠦᠢᠯᠡᠳᠪᠦᠷᠢᠯᠡᠯ ᠢ ᠴᠡᠪᠡᠷᠰᠢᠭᠦᠯᠬᠦ ᠶᠢ ᠠᠬᠢᠭᠤᠯᠣᠨ᠎ᠠ︔ ᠱᠧᠩ ᠬᠤᠩ ᠪᠦᠯᠦᠭᠯᠡᠯ ᠤᠨ 60 ᠲᠦᠮᠡᠨ ᠳᠣᠨ ᠠᠯᠺᠧᠨ ᠤ ᠡᠴᠦᠰ ᠦᠢᠯᠡᠳᠭᠦᠨ ᠬᠦᠷᠲᠡᠯ᠎ᠡ ᠦᠢᠯᠡᠳᠪᠦᠷᠢᠯᠡᠬᠦ ᠲᠥᠷᠦᠯ ᠵᠦᠢᠯ ᠢ ᠠᠬᠢᠭᠤᠯᠵᠤ᠂  ᠺᠠᠩ ᠨᠠᠢ ᠡᠯ ᠤᠨ ᠬᠤᠶᠠᠳᠣᠭᠠᠷ ᠬᠤᠭᠤᠴᠠᠭᠠᠨ ᠤ 60 ᠲᠦᠮᠡᠨ ᠳᠣᠨ ᠡᠲ᠋ᠢᠯ ᠬᠤᠶᠠᠷᠴᠢ ᠠᠯᠺᠣᠣᠯ ᠤᠨ ᠲᠥᠷᠦᠯ ᠵᠦᠢᠯ ᠢ ᠡᠬᠢᠯᠡᠭᠦᠯᠵᠦ᠂ ᠡᠲ᠋ᠢᠯ ᠬᠤᠶᠠᠷᠴᠢ ᠠᠯᠺᠣᠣᠯ ᠤᠨ ᠵᠠᠯᠭᠠᠮᠵᠢ ᠵᠠᠳᠠᠷᠠᠬᠤ ᠰᠣᠯᠢᠶᠦᠦ ᠵᠡᠷᠭᠡ ᠠᠵᠤ ᠦᠢᠯᠡᠰ ᠤᠨ ᠲᠥᠷᠦᠯ ᠵᠦᠢᠯ ᠢ ᠲᠠᠲᠠᠨ ᠣᠷᠣᠭᠤᠯᠵᠤ᠂ ᠠᠵᠤ ᠦᠢᠯᠡᠰ ᠤᠨ ᠬᠡᠯᠬᠢᠶ᠎ᠡ ᠪᠠᠨ ᠣᠷᠲᠣᠳᠬᠠᠵᠤ᠂ ᠦᠢᠯᠡᠳᠭᠦᠨ ᠢ ᠨᠡᠮᠡᠭᠳᠡᠯ ᠦᠷᠲᠡᠭ ᠢᠶᠠᠨ ᠳᠡᠭᠡᠭᠰᠢᠯᠡᠭᠦᠯᠵᠦ᠂ ᠨᠡᠭᠦᠷᠡᠰᠦᠨ ᠤ ᠡᠬᠢ ᠪᠠᠶᠠᠯᠢᠭ ᠢᠶᠠᠨ ᠲᠣᠬᠠᠢ ᠶᠢᠨ ᠭᠠᠵᠠᠷ ᠲᠤᠨᠢ ᠬᠤᠪᠢᠷᠠᠭᠠᠬᠤ ᠶᠢ ᠪᠡᠶᠡᠯᠡᠭᠦᠯᠦᠨ᠎ᠡ᠃ 2021 ᠣᠨ ᠪᠣᠯᠲᠠᠯ᠎ᠠ᠂ ᠪᠦᠬᠦ ᠬᠤᠰᠢᠭᠤᠨ ᠤ ᠴᠢᠯᠠᠭᠤᠨ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠣᠷᠢ ᠶᠢ 2300 ᠲᠦᠮᠡᠨ ᠳᠣᠨ ᠠᠴᠠ ᠳᠡᠭᠡᠭᠰᠢ ᠬᠦᠷᠭᠡᠵᠦ᠂ ᠨᠡᠭᠦᠷᠡᠰᠦ ᠶᠢ ᠬᠤᠪᠢᠷᠠᠭᠠᠬᠤ ᠨᠤᠷᠮ᠎ᠠ ᠶᠢ 60% ᠠᠴᠠ ᠳᠡᠭᠡᠭᠰᠢ ᠬᠦᠷᠭᠡᠨ᠎ᠡ᠃    ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠦᠭᠵᠢᠯᠲᠡ ᠶᠢ ᠬᠦᠴᠦᠯᠡᠨ ᠳᠡᠮᠵᠢᠨ᠎ᠡ᠃ ᠮᠠᠨ ᠤ ᠬᠤᠰᠢᠭᠤᠨ ᠤ ᠠᠷᠠᠳ ᠤᠨ ᠡᠵᠡᠩᠨᠡᠭᠰᠡᠨ ᠠᠵᠤ ᠠᠬᠤᠶᠢᠯᠠᠯ ᠢ ᠦᠨᠳᠦᠷ ᠴᠢᠨᠠᠷ ᠴᠢᠨᠰᠠᠭ᠎ᠠ ᠲᠠᠢ ᠬᠦᠭᠵᠢᠭᠦᠯᠬᠦ ᠬᠡᠷᠡᠭᠵᠢᠭᠦᠯᠬᠦ ᠰᠠᠨᠠᠯ ᠢ ᠰᠤᠳᠣᠯᠠᠨ ᠨᠡᠶᠢᠲᠡᠯᠡᠵᠦ᠂ ᠠᠷᠠᠳ ᠤᠨ ᠡᠵᠡᠩᠨᠡᠭᠰᠡᠨ ᠠᠵᠤ ᠠᠬᠤᠶᠢᠠᠯᠯ ᠤᠨ ᠮᠡᠷᠭᠡᠵᠢᠯ ᠤᠨ ᠰᠢᠨᠡᠴᠢᠯᠡᠯᠲᠡ᠂ ᠦᠢᠯᠡᠳᠭᠦᠨ ᠤ ᠳᠡᠰ ᠳᠡᠪᠰᠢᠬᠤ ᠲᠠᠯ᠎ᠠ ᠪᠠᠷ ᠬᠤᠳᠠᠯᠳᠣᠭᠠᠴᠢᠨ ᠣᠷᠢᠵᠤ ᠪᠡᠯᠡ ᠲᠠᠲᠠᠭᠰᠠᠨ ᠠᠵᠤ ᠠᠬᠤᠶᠢᠠᠯᠯ ᠲᠠᠢ ᠠᠳᠠᠯᠢ ᠲᠥᠷᠦ ᠶᠢᠨ ᠪᠤᠳᠣᠯᠭ᠎ᠠ ᠬᠦᠷᠲᠡᠬᠦ ᠶᠢ ᠪᠠᠲᠤᠯᠠᠨ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠲᠣᠭᠲᠠᠭᠤᠨ ᠨᠡᠮᠡᠭᠳᠡᠯ᠂ ᠰᠢᠨ᠎ᠡ ᠶᠢ ᠡᠭᠦᠳᠬᠦ ᠠᠬᠢᠭᠤᠯᠬᠤ᠂ ᠠᠵᠢᠯ ᠣᠯᠭᠤᠬᠤ ᠶᠢ ᠨᠡᠮᠡᠭᠳᠡᠭᠦᠯᠬᠦ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠵᠡᠷᠭᠡ ᠲᠠᠯ᠎ᠠ ᠶᠢᠨ ᠴᠢᠬᠤᠯᠠ ᠦᠢᠯᠡᠳᠦᠯ ᠢ ᠦᠨᠡᠨᠬᠦ ᠪᠠᠳᠠᠷᠠᠭᠤᠯᠣᠨ᠎ᠠ᠃ ᠭᠠᠶᠢᠯᠢ ᠶᠢ ᠬᠠᠰᠣᠵᠤ ᠰᠦᠢᠳᠭᠡᠯ ᠢ ᠪᠠᠭᠤᠷᠠᠭᠤᠯᠬᠤ ᠲᠥᠷᠦ ᠶᠢᠨ ᠪᠤᠳᠣᠯᠭ᠎ᠠ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠣᠨ᠂ ᠠᠵᠤ ᠠᠬᠤᠶᠢᠯᠠᠯ ᠤᠨ ᠬᠦᠮᠦᠨ ᠬᠡᠷᠡᠭᠯᠡᠬᠦ᠂ ᠭᠠᠵᠠᠷ ᠭᠡᠷᠡᠭᠯᠡᠬᠦ᠂ ᠪᠡᠯᠡ ᠨᠡᠶᠢᠯᠡᠭᠦᠯᠬᠦ᠂ ᠪᠠᠷᠠᠭᠠᠨ ᠤ ᠭᠦᠢᠯᠭᠡᠭᠡ ᠵᠡᠷᠭᠡ ᠶᠢᠨ ᠪᠠᠲᠣᠯᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯ ᠢ ᠬᠠᠪᠰᠣᠷᠣᠨ ᠬᠦᠴᠢᠷ ᠲᠦᠪᠡᠭ ᠢ ᠨᠢ ᠰᠢᠢᠳᠪᠦᠷᠢᠯᠡᠨ ᠠᠵᠤ ᠠᠬᠤᠶᠢᠯᠠᠯ ᠤᠨ ᠡᠵᠡᠩᠨᠡᠯᠲᠡ ᠶᠢᠨ ᠦᠪᠡᠷ ᠤᠨ ᠦᠷᠲᠡᠭ ᠢ ᠳᠣᠷᠣᠭᠰᠢᠯᠠᠭᠤᠯᠣᠨ᠎ᠠ᠃ ᠠᠵᠤ ᠠᠬᠤᠶᠢᠯᠠᠯᠲᠠᠨ ᠤ ᠡᠩᠨᠡᠭᠡ ᠶᠢᠨ ᠪᠠᠶᠢᠭᠤᠯᠣᠯᠲᠠ ᠶᠢ ᠨᠡᠩ ᠴᠢᠬᠤᠴᠢᠯᠠᠨ᠂ ᠤᠯᠤᠰ ᠲᠥᠷᠦ ᠶᠢᠨ ᠳᠡᠮᠵᠢᠯᠭᠡ ᠪᠠᠨ ᠶᠡᠭᠡᠰᠭᠡᠵᠦ᠂ ᠪᠣᠯᠪᠠᠰᠣᠷᠠᠯ ᠰᠤᠯᠢᠯᠴᠠᠭ᠎ᠠ ᠪᠠᠨ ᠴᠢᠩᠭᠠᠳᠬᠠᠵᠤ᠂ ᠠᠵᠤ ᠠᠬᠤᠶᠢᠯᠠᠯᠲᠠᠨ ᠤ ᠦᠢᠯᠡᠰ ᠪᠦᠲᠦᠭᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠨᠢᠭᠡᠨ ᠢᠲᠡᠭᠡᠯ ᠪᠢᠰᠢᠷᠡᠯ ᠲᠠᠢ᠂ ᠪᠣᠲᠠᠲᠤ ᠬᠦᠴᠦᠨ ᠲᠠᠢ᠂ ᠢᠲᠡᠭᠡᠮᠵᠢᠲᠡᠢ᠂ ᠰᠡᠳᠭᠢᠯᠭᠡ ᠲᠠᠢ ᠨᠠᠶᠢᠷ ᠵᠢᠷᠤᠮ ᠲᠠᠢ ᠠᠵᠤ ᠠᠬᠤᠶᠢᠯᠠᠯᠲᠠᠨ ᠤ ᠡᠩᠨᠡᠭᠡ ᠶᠢ ᠪᠠᠶᠢᠭᠤᠯᠣᠨ᠎ᠠ᠃     ᠠᠵᠤ ᠦᠢᠯᠡᠳᠪᠦᠷᠢ ᠶᠢᠨ ᠲᠣᠭᠤᠷᠢᠭ ᠤᠨ ᠬᠦᠭᠵᠢᠯᠲᠡ ᠶᠢ ᠬᠦᠴᠦᠯᠡᠨ ᠠᠬᠢᠭᠤᠯᠤᠨ᠎ᠠ᠃ ᠬᠠᠮᠢᠶᠠᠷᠣᠯᠲᠠ ᠪᠠᠨ ᠴᠢᠩᠭᠠᠳᠬᠠᠵᠤ᠂ ᠳᠡᠰ ᠳᠠᠪᠰᠢᠬᠤ ᠶᠢ ᠠᠬᠢᠭᠤᠯᠬᠤ ᠶᠢ ᠪᠠᠷᠢᠮᠲᠠᠯᠠᠨ᠂ ᠲᠣᠭᠤᠷᠢᠭ ᠤᠨ ᠠᠵᠤ ᠠᠬᠤᠢ ᠶᠢ ᠬᠦᠭᠵᠢᠭᠦᠯᠦᠨ᠂ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠡ ᠶᠢᠨ ᠲᠡᠪᠴᠡᠩ ᠪᠠᠶᠢᠭᠤᠯᠣᠨ᠎ᠠ᠃ ︽ᠦᠬᠦᠰᠢᠷᠡᠮᠡᠯ ᠠᠵᠤ ᠠᠬᠤᠶᠢᠯᠠᠯ ᠢ ᠲᠠᠶᠠᠭᠳᠠᠭᠤᠯᠵᠤ ᠬᠦᠴᠢᠷᠲᠡᠢ ᠠᠵᠤ ᠠᠬᠤᠶᠢᠯᠠᠯ ᠢ ᠵᠠᠰᠠᠬᠤ︾ ᠠᠵᠢᠯ ᠢ ᠪᠦᠬᠦ ᠲᠠᠯ᠎ᠠ ᠪᠠᠷ ᠦᠷᠨᠢᠭᠦᠯᠦᠨ᠎ᠡ᠂ ᠲᠥᠷᠦ ᠶᠢᠨ ᠪᠤᠳᠣᠯᠭ᠎ᠠ ᠪᠠᠷ ᠲᠡᠳᠭᠦᠬᠦ᠂ ᠨᠡᠶᠢᠯᠡᠭᠦᠯᠦᠨ ᠳᠠᠬᠢᠨ ᠪᠠᠶᠢᠭᠤᠯᠬᠤ᠂ ᠵᠠᠯᠭᠠᠬᠤ ᠰᠢᠯᠵᠢᠭᠦᠯᠦᠨ ᠥᠭᠬᠦ ᠵᠡᠷᠭᠡ ᠠᠷᠭ᠎ᠠ ᠪᠠᠷ ᠨᠢᠭᠡ ᠪᠦᠯᠦᠭ ᠬᠦᠴᠢᠷᠲᠡᠢ ᠠᠵᠤ ᠠᠬᠤᠶᠢᠠᠯᠯ ᠢ ᠠᠮᠢᠳᠣᠯᠢᠭᠵᠢᠭᠤᠯᠵᠤ᠂ ᠲᠣᠰᠬᠠᠢ ᠵᠠᠰᠠᠯᠲᠠ ᠬᠢᠬᠦ᠂ ᠬᠤᠴᠣᠷᠣᠩᠭᠤᠢ ᠶᠢ ᠰᠢᠯᠢᠨ ᠲᠠᠶᠠᠭᠳᠠᠭᠤᠯᠬᠤ᠂ ᠬᠤᠷᠢᠶᠠᠨ ᠠᠪᠴᠤ ᠡᠬᠢ ᠪᠠᠶᠠᠯᠢᠭ ᠢᠶᠠᠨ ᠲᠣᠬᠢᠷᠠᠭᠤᠯᠬᠤ ᠵᠡᠷᠭᠡ ᠠᠷᠭ᠎ᠠ ᠪᠠᠷ ᠳᠠᠮᠵᠢᠨ ᠨᠢᠭᠡ ᠪᠦᠯᠦᠭ ᠢ ᠨᠢ ᠲᠠᠶᠠᠭᠳᠠᠭᠤᠯᠵᠤ᠂ ᠲᠣᠭᠤᠷᠢᠭ ᠤᠨ ᠠᠵᠤ ᠠᠬᠤᠶᠢᠯᠠᠯ ᠤᠨ ᠡᠷᠡᠭᠦᠯ ᠡᠮᠬᠢ ᠲᠢᠭᠯᠢᠮ ᠲᠠᠢ ᠬᠦᠭᠵᠢᠯᠲᠡ ᠶᠢ ᠪᠠᠲᠣᠯᠠᠨ᠎ᠠ᠃ ᠲᠣᠭᠤᠷᠢᠭ ᠤᠨ ᠴᠢᠳᠠᠮᠵᠢ ᠶᠢ ᠲᠦᠭᠦᠷᠵᠢᠭᠦᠯᠬᠦ ᠶᠢ ᠦᠷᠭᠦᠯᠵᠢᠯᠡᠨ ᠪᠠᠷᠢᠮᠲᠠᠯᠠᠨ᠎ᠠ᠂ ᠵᠠᠬ᠎ᠠ ᠳᠡᠯᠭᠡᠭᠦᠷᠴᠢᠯᠡᠯᠲᠡ ᠶᠢᠨ ᠡᠵᠡᠩᠨᠡᠯᠲᠡ ᠪᠠᠷ ᠭᠤᠣᠯ ᠪᠣᠯᠭᠠᠭᠰᠠᠨ ᠣᠯᠠᠨ ᠡᠰᠢᠴᠢᠯᠡᠭᠰᠡᠨ ᠪᠡᠯᠡ ᠣᠷᠣᠭᠤᠯᠣᠨ ᠪᠠᠶᠢᠭᠤᠯᠬᠤ ᠠᠷᠭ᠎ᠠ ᠶᠢ ᠪᠠᠷᠢᠮᠲᠠᠯᠠᠨ᠂ ᠵᠠᠬᠠᠨᠠᠭᠤᠷ ᠤᠨ ᠠᠵᠤ ᠦᠢᠯᠡᠳᠪᠦᠷᠢ ᠶᠢᠨ ᠲᠣᠭᠤᠷᠢᠭ ᠤᠨ ᠬᠤᠭ ᠨᠤᠪᠰᠢ ᠶᠢ ᠶᠡᠷᠦᠩᠬᠡᠶᠢᠯᠡᠨ ᠰᠢᠢᠳᠪᠦᠷᠢᠯᠡᠬᠦ᠂ ᠲᠦᠭᠦᠷᠵᠢᠭᠰᠡᠨ ᠤᠰᠤ ᠬᠠᠩᠭᠠᠬᠤ ᠰᠢᠰᠲ᠋ᠧᠮ ᠵᠡᠷᠭᠡ ᠰᠠᠭᠤᠷᠢ ᠲᠦᠭᠦᠭᠡᠷᠦᠮᠵᠢ ᠶᠢᠨ ᠪᠠᠶᠢᠭᠤᠯᠣᠯᠲᠠ ᠶᠢ ᠬᠡᠷᠡᠭᠵᠢᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠬᠤᠭ ᠨᠤᠪᠰᠢ ᠶᠢ ᠪᠣᠯᠠᠵᠤ ᠬᠠᠶᠠᠬᠤ ᠲᠠᠯᠠᠪᠠᠢ᠂ ᠪᠣᠬᠢᠷ ᠤᠰᠤ ᠶᠢ ᠰᠢᠢᠳᠪᠦᠷᠢᠯᠡᠬᠦ ᠦᠢᠯᠡᠳᠪᠦᠷᠢ᠂ ᠤᠰᠤ ᠬᠠᠩᠭᠠᠬᠤ ᠦᠢᠯᠡᠳᠪᠦᠷᠢ᠂ ᠭᠠᠯ ᠤᠨᠲᠠᠷᠠᠭᠠᠬᠤ ᠲᠦᠭᠦᠭᠡᠷᠦᠮᠵᠢ᠂ ᠢᠯᠴᠢ ᠬᠠᠩᠭᠠᠬᠤ ᠬᠤᠭᠤᠯᠠᠢ ᠱᠣᠭᠤᠮ ᠪᠠ ᠮᠤᠳᠤ ᠴᠦᠬᠦᠷᠦᠮ ᠤᠨ ᠬᠤᠶᠠᠳᠣᠭᠠᠷ ᠬᠤᠭᠤᠴᠠᠭᠠᠨ ᠤ ᠤᠰᠤ ᠬᠠᠩᠭᠠᠬᠤ ᠬᠤᠭᠤᠯᠠᠢ ᠲᠣᠣᠷ ᠤᠨ ᠪᠠᠶᠢᠭᠤᠯᠣᠯᠲᠠ ᠶᠢ ᠲᠦᠷᠭᠡᠳᠭᠡᠵᠦ᠂ ᠯᠦᠪᠸᠢ ᠶᠢᠨ ᠠᠵᠤ ᠦᠢᠯᠡᠳᠪᠦᠷᠢ ᠶᠢᠨ ᠲᠣᠭᠤᠷᠢᠭ ᠤᠨ ᠢᠲᠡᠭᠡᠨ ᠤ ᠵᠦᠢᠯ ᠢ ᠪᠣᠯᠪᠠᠰᠣᠷᠠᠭᠤᠯᠬᠤ ᠣᠷᠣᠨ ᠤ ᠢᠯᠴᠢ ᠬᠠᠩᠭᠠᠬᠤ ᠬᠤᠭᠤᠯᠠᠢ ᠲᠣᠣᠷ᠂ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠬᠤᠲᠠ ᠶᠢᠨ ᠶᠠᠪᠣᠳᠠᠯ ᠤᠨ ᠢᠨᠵᠧᠨᠧᠷᠢᠩ ᠢ ᠡᠬᠢᠯᠡᠨ ᠪᠠᠶᠢᠭᠤᠯᠬᠤ ᠶᠢ ᠲᠦᠷᠭᠡᠳᠭᠡᠵᠦ᠂ ᠲᠣᠭᠤᠷᠢᠭ ᠤᠨ ᠠᠵᠤ ᠠᠬᠤᠶᠢᠯᠠᠯ ᠤᠨ ᠲᠦᠪᠯᠡᠷᠡᠨ ᠡᠷᠴᠢᠮᠵᠢᠨ ᠬᠦᠭᠵᠢᠬᠦ ᠶᠢ ᠪᠠᠲᠣᠯᠠᠨ᠎ᠠ᠃ ᠲᠣᠭᠤᠷᠢᠭ ᠤᠨ ᠴᠢᠨᠠᠷ ᠳᠡᠭᠡᠭᠰᠢᠯᠡᠵᠦ ᠳᠡᠰ ᠳᠡᠪᠰᠢᠬᠤ ᠶᠢ ᠪᠦᠬᠦ ᠲᠠᠯ᠎ᠠ ᠪᠠᠷ ᠠᠬᠢᠭᠤᠯᠤᠨ᠎ᠠ᠂ ᠲᠣᠭᠤᠷᠢᠭ ᠤᠨ ᠲᠦᠯᠦᠪᠵᠢᠭᠦᠯᠭᠡ ᠶᠢ ᠰᠢᠨᠵᠢᠯᠡᠬᠦ ᠣᠬᠠᠭᠠᠨᠴᠢ ᠪᠠᠷ ᠵᠠᠰᠠᠨ ᠨᠠᠶᠢᠷᠠᠭᠤᠯᠵᠤ ᠲᠡᠭᠦᠯᠳᠡᠷᠵᠢᠭᠦᠯᠦᠨ᠂ ᠰᠠᠭᠤᠷᠢ ᠪᠡᠯᠡ ᠣᠷᠣᠭᠤᠯᠣᠯᠲᠠ᠂ ᠠᠵᠤ ᠦᠢᠯᠡᠰ ᠤᠨ ᠲᠦᠯᠦᠪᠵᠢᠭᠦᠯᠭᠡ᠂ ᠲᠡᠪᠴᠡᠩ ᠤᠨ ᠪᠠᠶᠢᠭᠤᠯᠣᠯᠲᠠ ᠵᠡᠷᠭᠡ ᠬᠦᠷᠦᠯᠴᠡᠬᠦ ᠦᠭᠡᠢ ᠲᠠᠯ᠎ᠠ ᠪᠠᠨ ᠭᠦᠢᠴᠡᠳ ᠨᠦᠬᠦᠪᠦᠷᠢᠯᠡᠨ᠂ ᠭᠤᠷᠪᠠᠨ ᠠᠵᠤ ᠦᠢᠯᠡᠳᠪᠦᠷᠢ ᠶᠢᠨ ᠲᠣᠭᠤᠷᠢᠭ ᠢ ᠴᠡᠭᠴᠡᠯᠡᠨ ᠨᠡᠶᠢᠯᠡᠭᠦᠯᠵᠦ ᠦᠪᠡᠷᠲᠡᠭᠡᠨ ᠵᠠᠰᠠᠬᠤ ᠣᠷᠣᠨ ᠤ ᠳᠡᠰ ᠤᠨ ᠠᠵᠤ ᠦᠢᠯᠡᠳᠪᠦᠷᠢ ᠶᠢᠨ ᠲᠣᠭᠤᠷᠢᠭ ᠪᠣᠯᠭᠠᠬᠤ ᠪᠠᠷ ᠴᠢᠷᠮᠠᠶᠢᠵᠤ᠂ ᠦᠢᠯᠡᠳᠪᠦᠷᠢᠯᠡᠯ ᠤᠨ ᠦᠷᠲᠡᠭ ᠢ 200 ᠳ᠋ᠦᠩᠰᠢᠭᠤᠷ ᠲᠦᠭᠦᠷᠢᠭ ᠢ ᠳᠠᠪᠠᠭᠤᠯᠣᠨ᠎ᠠ᠃     ︵ᠭᠤᠷᠪᠠ︶  ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ  ᠳᠤ ᠪᠣᠲᠠᠲᠤ ᠦᠷ᠎ᠡ ᠪᠦᠲᠦᠮᠵᠢ ᠣᠯᠬᠤ ᠶᠢ ᠠᠬᠢᠭᠤᠯᠣᠨ᠎ᠠ᠃ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠣᠷᠣᠨ ᠢ ᠬᠠᠮᠤᠭ ᠲᠡᠷᠢᠭᠦᠨ ᠳᠤ ᠬᠦᠭᠵᠢᠭᠦᠯᠬᠦ ᠶᠢ ᠪᠠᠷᠢᠮᠲᠠᠯᠠᠨ᠂ ᠬᠦᠳᠡᠭᠡ ᠲᠣᠰᠬᠤᠨ ᠢ ᠠᠵᠤ ᠦᠢᠯᠡᠰ ᠢᠶᠠᠷ ᠬᠦᠭᠵᠢᠭᠦᠯᠬᠦ᠂ ᠴᠢᠳᠠᠪᠦᠷᠢᠲᠠᠨ ᠢᠶᠠᠷ ᠬᠦᠭᠵᠢᠭᠦᠯᠬᠦ᠂ ᠰᠤᠶᠣᠯ ᠢᠶᠠᠷ ᠬᠦᠭᠵᠢᠭᠦᠯᠬᠦ᠂ ᠠᠮᠢ ᠠᠬᠤᠢ ᠪᠠᠷ ᠬᠦᠭᠵᠢᠭᠦᠯᠬᠦ᠂ ᠵᠤᠬᠢᠶᠠᠨ ᠪᠠᠶᠢᠭᠤᠯᠣᠨ ᠬᠦᠭᠵᠢᠬᠦᠯᠬᠦ ᠶᠢ ᠴᠢᠩᠭᠠᠳᠬᠠᠵᠤ᠂ ᠲᠠᠷᠢᠶᠠᠯᠠᠩ ᠮᠠᠯ ᠠᠵᠤ ᠠᠬᠤᠢ ᠶᠢᠨ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠡ᠂ ᠮᠠᠯᠴᠢᠨ ᠲᠠᠷᠢᠶᠠᠴᠢᠳ ᠤᠨ ᠪᠦᠬᠦ ᠲᠠᠯ᠎ᠠ ᠶᠢᠨ ᠬᠦᠭᠵᠢᠯᠲᠡ᠂ ᠬᠦᠳᠡᠭᠡ ᠲᠣᠰᠬᠤᠨ ᠮᠠᠯᠵᠢᠬᠤ ᠣᠷᠣᠨ ᠤ ᠴᠡᠭᠴᠡᠯᠡᠨ ᠬᠦᠭᠵᠢᠬᠦ ᠶᠢ ᠯᠠᠪᠳᠠᠭᠤᠨ ᠪᠠᠲᠤᠲᠠᠢ ᠠᠬᠢᠭᠤᠯᠣᠨ᠎ᠠ᠃     ᠬᠦᠳᠡᠭᠡ ᠲᠣᠰᠬᠤᠨ ᠤ ᠠᠵᠤ ᠦᠢᠯᠡᠰ ᠢ ᠬᠦᠮᠦᠵᠢᠭᠦᠯᠵᠦ ᠪᠣᠵᠠᠭᠠᠶᠢᠷᠠᠭᠤᠯᠣᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠠᠩᠭᠠᠯᠭ᠎ᠠ ᠶᠢᠨ ᠪᠦᠲᠦᠴᠡ ᠶᠢᠨ ᠴᠢᠨᠠᠷ ᠲᠠᠢ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠪᠠᠶᠢᠭᠠᠯᠢᠭ᠂ ᠰᠢᠯᠢᠳᠡᠭ᠂ ᠦᠪᠡᠷᠮᠢᠴᠡ ᠱᠣᠰᠢᠭ᠎ᠠ ᠲᠡᠮᠳᠡᠭ ᠢ ᠳᠣᠪᠣᠶᠢᠯᠭᠠᠨ᠂ ᠪᠠᠶᠢᠭᠠᠯᠢᠭ ᠠᠮᠢ ᠠᠬᠤᠶᠢᠯᠢᠭ ᠣᠳᠣ ᠦᠶ᠎ᠡ  ᠶᠢᠨ ᠲᠠᠷᠢᠶᠠᠯᠠᠩ ᠮᠠᠯ ᠠᠵᠤ ᠠᠬᠤᠢ ᠶᠢ ᠬᠦᠭᠵᠢᠭᠦᠯᠦᠨ᠎ᠡ᠃ ᠲᠠᠷᠢᠮᠠᠯ ᠤᠨ ᠪᠦᠲᠦᠴᠡ ᠳᠤ ᠲᠣᠬᠢᠷᠠᠭᠤᠯᠣᠯᠲᠠ ᠬᠢᠬᠦ ᠶᠢ ᠯᠠᠪᠳᠠᠭᠤᠨ ᠠᠬᠢᠭᠤᠯᠣᠨ᠎ᠠ᠂ ᠡᠷᠳᠡᠨᠢ ᠰᠢᠰᠢ ᠶᠢᠨ ᠲᠠᠷᠢᠬᠤ ᠲᠠᠯᠠᠪᠠᠢ ᠶᠢ ᠵᠤᠬᠢᠰᠲᠠᠢ ᠪᠠᠭᠠᠰᠬᠠᠵᠤ᠂ ᠠᠵᠤ ᠠᠬᠤᠢ ᠶᠢᠨ ᠲᠠᠷᠢᠮᠠᠯ ᠤᠨ ᠲᠠᠷᠢᠬᠤ ᠲᠠᠯᠠᠪᠠᠢ ᠶᠢ ᠢᠳᠡᠭ ᠢᠳᠡᠭ ᠢᠶᠠᠷ ᠨᠡᠮᠡᠭᠳᠡᠭᠦᠯᠵᠦ᠂ ᠲᠣᠭᠳᠠᠭᠤᠨ ᠣᠨᠠᠯᠲᠠ ᠲᠠᠢ ᠰᠢᠯᠢᠳᠡᠭ ᠲᠡᠵᠢᠭᠡᠯ ᠡᠪᠡᠰᠦᠨ ᠤ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠠᠮᠤ ᠪᠤᠳᠠᠭ᠎ᠠ᠂ ᠠᠵᠤ ᠠᠬᠤᠢ ᠶᠢᠨ ᠲᠠᠷᠢᠮᠠᠯ᠂ ᠡᠪᠡᠰᠦ ᠪᠤᠷᠳᠤᠭ᠎ᠠ ᠶᠢᠨ ᠵᠤᠬᠢᠴᠠᠩᠭᠤᠢ ᠬᠦᠭᠵᠢᠯᠲᠡ ᠶᠢ ᠠᠬᠢᠭᠤᠯᠣᠨ᠎ᠠ᠃ ︽ᠬᠤᠶᠠᠷ ᠳᠠᠭᠤᠷᠢᠶᠠᠯ ᠦᠵᠡᠭᠦᠯᠬᠦ ᠪᠦᠰᠡ︾ ᠶᠢᠨ ᠪᠠᠶᠢᠭᠤᠯᠣᠯᠲᠠ ᠶᠢ ᠯᠠᠪᠳᠠᠭᠤᠨ ᠠᠬᠢᠭᠤᠯᠣᠨ᠎ᠠ᠂ 306 ᠮᠤᠵᠢ ᠶᠢᠨ ᠵᠠᠮ ᠳᠠᠭᠠᠤ ᠣᠳᠣ ᠦᠶ᠎ᠡ ᠶᠢᠨ ᠲᠠᠷᠢᠶᠠᠯᠠᠩ ᠤᠨ ᠳᠠᠭᠤᠷᠢᠶᠠᠯ ᠦᠵᠡᠭᠦᠯᠬᠦ ᠪᠦᠰᠡ ᠶᠢᠨ ᠪᠠᠶᠢᠭᠤᠯᠣᠯᠲᠠ ᠶᠢ ᠴᠢᠩᠭᠠᠳᠬᠠᠵᠤ᠂ ᠤᠰᠤ ᠠᠷᠪᠢᠯᠠᠬᠤ ᠦᠨᠳᠦᠷ ᠦᠷ᠎ᠡ ᠠᠰᠢᠭᠲᠤ ᠲᠠᠷᠢᠶᠠᠯᠠᠩ ᠢ 20 ᠲᠦᠮᠡᠨ ᠮᠦ ᠪᠠᠶᠢᠭᠤᠯᠵᠤ᠂ 5000 ᠮᠦ ᠡᠯᠳᠡᠪ ᠠᠮᠤ ᠶᠢᠨ ᠪᠠᠷᠢᠮᠵᠢᠶᠠᠵᠢᠭᠰᠠᠨ ᠰᠠᠭᠤᠷᠢᠨ ᠭᠠᠵᠠᠷ ᠢ 5 ᠪᠠᠶᠢᠭᠤᠯᠣᠨ᠎ᠠ᠃ 304 ᠤᠯᠤᠰ ᠤᠨ ᠵᠠᠮ ᠳᠠᠭᠠᠤ ᠣᠳᠣ ᠦᠶ᠎ᠡ ᠶᠢᠨ ᠮᠠᠯ ᠠᠵᠤ ᠠᠬᠤᠢ ᠶᠢᠨ ᠳᠠᠭᠤᠷᠢᠶᠠᠯ ᠦᠵᠡᠭᠦᠯᠬᠦ ᠪᠦᠰᠡ ᠶᠢᠨ ᠪᠠᠶᠢᠭᠤᠯᠣᠯᠲᠠ ᠶᠢ ᠭᠦᠨᠵᠡᠭᠡᠶᠢᠷᠡᠭᠦᠯᠦᠨ᠂ ︽ᠵᠠᠭᠤᠨ ᠲᠦᠮᠡᠨ ᠲᠣᠯᠣᠭᠠᠢ ᠲᠠᠯ᠎ᠠ ᠨᠤᠳᠤᠭ ᠤᠨ ᠤᠯᠠᠭᠠᠨ ᠦᠬᠡᠷ︾ ᠤᠨ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ ︽ᠬᠤᠨᠢ ︵ᠢᠮᠠᠭ᠎ᠠ︶ ᠶᠢ ᠲᠣᠭᠲᠠᠪᠣᠷᠢᠵᠢᠭᠤᠯᠵᠤ ᠦᠬᠡᠷ ᠢ ᠨᠡᠮᠡᠭᠳᠡᠭᠦᠯᠬᠦ᠂ ᠦᠬᠡᠷ ᠢ ᠨᠡᠮᠡᠭᠳᠡᠭᠦᠯᠵᠦ ᠮᠠᠯ ᠠᠵᠤ ᠠᠬᠤᠢ ᠶᠢ ᠬᠦᠭᠵᠢᠭᠦᠯᠬᠦ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ︾ ᠪᠠᠶᠢᠯᠳᠣᠬᠤ ᠪᠤᠳᠣᠯᠭ᠎ᠠ ᠶᠢ ᠨᠠᠶᠢᠲᠠᠪᠣᠷᠢᠵᠢᠭᠤᠯᠵᠤ᠂ ᠲᠠᠯ᠎ᠠ ᠨᠤᠳᠤᠭ ᠤᠨ ᠤᠯᠠᠭᠠᠨ ᠦᠬᠡᠷ ᠤᠨ ᠠᠵᠤ ᠦᠢᠯᠡᠰ ᠢ ᠬᠦᠭᠵᠢᠭᠦᠯᠵᠦ ᠬᠦᠴᠦᠷᠭᠡᠭᠵᠢᠭᠦᠯᠵᠦ ᠰᠢᠯᠢᠳᠡᠭᠵᠢᠭᠦᠯᠵᠦ᠂ ᠪᠠᠭ᠎ᠠ ᠬᠡᠪᠴᠢᠶ᠎ᠡ ᠪᠠ ᠶᠡᠭᠡ ᠴᠣᠭᠴᠠ ᠶᠢ ᠬᠠᠷᠢᠯᠴᠠᠨ ᠤᠶᠠᠯᠳᠣᠭᠤᠯᠬᠤ ᠶᠢ ᠪᠠᠷᠢᠮᠲᠠᠯᠠᠨ᠂ ᠲᠡᠵᠢᠭᠡᠬᠦ ᠶᠢᠨ ᠲᠦᠯᠦᠭᠡ ᠲᠠᠷᠢᠬᠤ᠂ ᠲᠠᠷᠢᠵᠤ ᠲᠡᠵᠢᠭᠡᠬᠦ ᠶᠢ ᠣᠶᠠᠯᠳᠣᠭᠤᠯᠬᠤ ᠶᠢ ᠪᠠᠷᠢᠮᠲᠠᠯᠠᠵᠤ᠂ ᠮᠠᠯ ᠠᠵᠤ ᠠᠬᠤᠢ ᠶᠢᠨ ᠲᠦᠭᠦᠷᠵᠢᠭᠦᠰᠡᠨ ᠲᠣᠨᠤᠭ ᠲᠦᠭᠦᠭᠡᠷᠦᠮᠵᠢ ᠶᠢᠨ ᠪᠠᠶᠢᠭᠤᠯᠣᠯᠲᠠ ᠪᠠ ᠮᠠᠯ ᠰᠦᠷᠦᠭ ᠤᠨ ᠡᠭᠦᠯᠳᠡᠷ ᠰᠠᠶᠢᠵᠢᠷᠠᠭᠤᠯᠵᠤ ᠴᠢᠨᠠᠷ ᠢ ᠳᠡᠭᠡᠭᠰᠢᠯᠡᠭᠦᠯᠬᠦ ᠶᠢ ᠴᠢᠩᠭ᠎ᠠ ᠠᠳᠬᠤᠵᠤ᠂ ᠲᠠᠷᠢᠶᠠᠯᠠᠩ ᠣᠷᠣᠨ ᠤ ᠮᠠᠯ ᠠᠵᠤ ᠠᠬᠤᠢ ᠬᠦᠭᠵᠢᠨ ᠪᠣᠵᠠᠭᠠᠶᠢᠷᠠᠬᠤ᠂ ᠨᠤᠳᠤᠭ ᠪᠡᠯᠴᠢᠭᠡᠷ ᠤᠨ ᠮᠠᠯ ᠠᠵᠤ ᠠᠬᠤᠢ ᠶᠢ ᠡᠷᠴᠢᠮᠵᠢᠭᠦᠯᠦᠨ ᠬᠦᠭᠵᠢᠭᠦᠯᠵᠦ᠂ ᠪᠦᠬᠦ ᠬᠤᠰᠢᠭᠤᠨ ᠤ ᠲᠠᠯ᠎ᠠ ᠨᠤᠳᠤᠭ ᠤᠨ ᠤᠯᠠᠭᠠᠨ ᠦᠬᠡᠷ ᠤᠨ ᠬᠠᠰᠢᠶᠠᠯᠠᠵᠤ ᠪᠠᠶᠢᠭ᠎ᠠ ᠲᠤᠭ᠎ᠠ ᠶᠢ 50 ᠲᠦᠮᠡ ᠬᠦᠷᠭᠡᠬᠦ ᠪᠠᠷ ᠴᠢᠷᠮᠠᠶᠢᠵᠤ᠂ ᠲᠥᠩᠯᠢᠶᠦᠦ ᠬᠤᠲᠠ ᠶᠢᠨ ᠲᠠᠯ᠎ᠠ ᠨᠤᠳᠤᠭ ᠤᠨ ᠤᠯᠠᠭᠠᠨ ᠦᠬᠡᠷ ᠤᠨ ᠭᠤᠣᠯ ᠣᠷᠣᠨ ᠢ ᠪᠠᠶᠢᠭᠤᠯᠣᠨ᠎ᠠ᠃ ᠲᠠᠷᠢᠶᠠᠯᠠᠩ ᠮᠠᠯ ᠠᠵᠤ ᠠᠬᠤᠢ ᠶᠢᠨ ᠬᠡᠪᠴᠢᠶᠡᠵᠢᠭᠰᠡᠨ ᠡᠵᠡᠩᠨᠡᠯᠲᠡ ᠶᠢ ᠯᠠᠪᠳᠠᠭᠤᠨ ᠠᠬᠢᠭᠤᠯᠣᠨ᠎ᠠ᠂ ᠣᠳᠣ ᠦᠶ᠎ᠡ ᠶᠢᠨ ᠭᠡᠷ ᠪᠦᠯᠢ ᠶᠢᠨ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ᠶᠢ ᠪᠣᠶᠢᠵᠢᠭᠤᠯᠣᠨ ᠬᠦᠭᠵᠢᠭᠦᠯᠵᠦ ᠂ 300 ᠮᠦ ᠠᠴᠠ ᠳᠡᠭᠡᠭᠰᠢ ᠣᠳᠣ ᠦᠶ᠎ᠡ ᠶᠢᠨ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ 3000 ᠮᠦ ᠠᠴᠠ ᠳᠡᠭᠡᠭᠰᠢ ᠣᠳᠣ ᠦᠶ᠎ᠡ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ 100 ᠡᠷᠦᠬᠡ ᠲᠡᠳᠭᠦᠨ᠎ᠡ︔ ᠪᠠᠭ᠎ᠠ ᠬᠡᠯᠪᠡᠷᠢ ᠶᠢᠨ ᠣᠨᠴᠠᠯᠢᠭᠲᠤ ᠮᠠᠯ ᠲᠠᠷᠢᠶᠠᠯᠠᠩ ᠤᠨ ᠦᠢᠯᠡᠳᠭᠦᠨ ᠢ ᠡᠳ᠋ᠰᠢᠭᠦᠯᠬᠦ ᠵᠡᠷᠭᠡ ᠲᠣᠰᠬᠠᠢ ᠬᠤᠷᠰᠢᠶᠠᠵᠢᠯ ᠢ ᠳᠡᠮᠵᠢᠨ ᠬᠦᠭᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠨᠡᠮᠡᠭᠳᠡᠬᠦ᠂ ᠮᠠᠯᠴᠢᠨ ᠲᠠᠷᠢᠶᠠᠴᠢᠳ ᠤᠨ ᠣᠷᠣᠯᠭ᠎ᠠ ᠨᠡᠮᠡᠭᠳᠡᠬᠦ ᠶᠢ ᠳᠠᠶᠢᠴᠢᠯᠠᠨ᠎ᠠ᠃ ᠮᠠᠯᠴᠢᠨ ᠲᠠᠷᠢᠶᠠᠴᠢᠨ ᠠᠵᠤ ᠠᠬᠤᠶᠢᠯᠠᠯ ᠲᠠᠢ ᠠᠰᠢᠭ ᠲᠣᠰᠠ ᠶᠢᠨ ᠬᠤᠯᠪᠣᠭ᠎ᠠ ᠪᠠᠶᠢᠭᠤᠯᠬᠤ ᠵᠠᠭᠪᠣᠷ ᠢ ᠪᠦᠬᠦ ᠲᠠᠯ᠎ᠠ ᠪᠠᠷ ᠳᠡᠯᠭᠡᠷᠡᠭᠦᠯᠦᠨ᠂ ᠳᠠᠭᠠᠭᠤᠯᠣᠭᠴᠢ ᠠᠵᠤ ᠠᠬᠤᠶᠢᠯᠠᠯ ᠲᠠᠢ ᠠᠰᠢᠭ ᠲᠣᠰᠠ ᠶᠢᠨ ᠬᠤᠯᠪᠣᠭ᠎ᠠ ᠪᠠᠶᠢᠭᠤᠯᠣᠭᠰᠠᠨ ᠬᠠᠷᠢᠴᠠᠯ ᠢ 60% ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃ ᠲᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠭᠦᠯᠦᠨ ᠬᠦᠭᠵᠢᠬᠦᠯᠬᠦ ᠶᠢ ᠯᠠᠪᠳᠠᠭᠤᠨ ᠠᠬᠢᠭᠤᠯᠣᠨ᠎ᠠ᠂ ᠦᠢᠯᠡᠰ ᠲᠦᠮᠡᠨ ᠲᠣᠯᠣᠭᠠᠢ ᠠᠯᠠᠰᠢᠨ ᠦᠬᠡᠷ ᠤᠨ ᠲᠡᠵᠢᠭᠡᠪᠦᠷᠢ ᠶᠢᠨ ᠰᠠᠭᠤᠷᠢᠨ ᠭᠠᠵᠠᠷ ᠤᠨ ᠲᠥᠷᠦᠯ ᠵᠦᠢᠯ ᠪᠠ ᠮᠠᠯᠴᠢᠨ ᠠᠶᠢᠯ ᠤᠨ ᠠᠯᠠᠰᠢᠨ ᠦᠬᠡᠷ ᠠᠯᠠᠵᠤ ᠨᠢᠳᠣᠯᠬᠤ ᠵᠢᠴᠢ ᠨᠠᠷᠢᠯᠢᠭ ᠡᠳ᠋ᠰᠢᠭᠦᠯᠬᠦ ᠲᠥᠷᠦᠯ ᠵᠦᠢᠯ ᠢ ᠬᠦᠴᠦᠯᠡᠨ ᠳᠡᠮᠵᠢᠵᠦ ᠪᠠᠶᠢᠭᠤᠯᠣᠨ ᠡᠵᠡᠩᠨᠡᠯᠲᠡ ᠳᠤ ᠣᠷᠣᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠬᠡᠪᠴᠢᠶ᠎ᠡ ᠪᠠᠨ ᠦᠷᠭᠡᠳᠭᠡᠵᠦ ᠦᠷ᠎ᠡ ᠠᠰᠢᠭ ᠨᠡᠮᠡᠭᠳᠡᠬᠦ ᠶᠢ ᠠᠬᠢᠭᠤᠯᠣᠨ᠎ᠠ᠃ ᠲᠦᠩᠯᠢᠶᠦᠦ ᠬᠤᠲᠠ ᠶᠢᠨ ᠠᠯᠠᠰᠢᠨ ᠬᠤᠨᠢ ︵ᠢᠮᠠᠭ᠎ᠠ︶ ᠶᠢᠨ ᠠᠵᠤ ᠦᠢᠯᠡᠰ ᠤᠨ ᠪᠡᠷᠢᠮᠵᠢᠶᠠᠵᠢᠭᠰᠠᠨ ᠦᠷᠡᠰ ᠬᠤᠨᠢ ︵ᠢᠮᠠᠭ᠎ᠠ︶ ᠶᠢᠨ ᠰᠠᠭᠤᠷᠢᠨ ᠭᠠᠵᠠᠷ ᠤᠨ ᠲᠥᠷᠦᠯ ᠵᠦᠢᠯ ᠢ ᠵᠢᠯ ᠳᠤ ᠪᠣᠲᠠᠲᠠᠶᠢᠵᠢᠵᠤ ᠡᠬᠢᠯᠡᠨ ᠪᠠᠶᠢᠭᠤᠯᠬᠤ ᠶᠢ ᠠᠬᠢᠭᠤᠯᠵᠤ᠂ ᠲᠠᠯ᠎ᠠ ᠨᠤᠳᠤᠭ ᠤᠨ ᠡᠯᠵᠢᠭᠡ ᠶᠢᠨ ᠦᠢᠯᠡᠰ ᠤᠨ ᠠᠯᠠᠰᠢᠨ ᠡᠯᠵᠢᠭᠡ ᠲᠡᠵᠢᠭᠡᠬᠦ ᠵᠢᠴᠢ ᠨᠠᠷᠢᠯᠢᠭ ᠡᠳ᠋ᠰᠢᠭᠦᠯᠬᠦ ᠪᠠ ᠪᠠᠩ ᠵᠢᠶᠧ ᠶᠢᠨ ᠦᠬᠡᠷ ᠬᠤᠨᠢ ︵ᠢᠮᠠᠭ᠎ᠠ︶ ᠠᠯᠠᠵᠤ ᠨᠢᠳᠣᠯᠬᠤ ᠪᠠ  ᠪᠣᠬᠢᠷᠳᠣᠯ ᠦᠭᠡᠢ ᠢᠳᠡᠭᠡᠨ ᠢ ᠨᠠᠷᠢᠯᠢᠭ ᠡᠳ᠋ᠰᠢᠭᠦᠯᠬᠦ ᠲᠥᠷᠦᠯ ᠵᠦᠢᠯ ᠢ ᠪᠦᠬᠦ ᠲᠠᠯ᠎ᠠ ᠪᠠᠷ ᠦᠢᠯᠡᠳᠪᠦᠷᠢᠯᠡᠯ ᠡᠬᠢᠯᠡᠭᠦᠯᠵᠦ᠂ ᠨᠢᠭᠡ ᠬᠤᠶᠠᠷ ᠭᠤᠷᠪᠠᠳᠣᠭᠠᠷ ᠠᠵᠤ ᠦᠢᠯᠡᠰ ᠤᠨ ᠣᠶᠠᠯᠳᠣᠨ ᠬᠦᠭᠵᠢᠬᠦ ᠶᠢ ᠠᠬᠢᠭᠤᠯᠣᠨ᠎ᠠ᠃ ᠦᠪᠡᠷᠮᠢᠴᠡ ᠱᠣᠰᠢᠭ᠎ᠠ ᠲᠡᠮᠳᠡᠭ ᠤᠨ ᠪᠠᠶᠢᠭᠤᠯᠣᠯᠲᠠ ᠶᠢ ᠯᠠᠪᠳᠠᠭᠤᠨ ᠠᠬᠢᠭᠤᠯᠣᠨ᠎ᠠ᠂ ᠣᠷᠣᠨ ᠬᠤᠲᠠ ᠶᠢᠨ ᠳᠡᠰ ᠤᠨ ᠳᠠᠭᠠᠭᠤᠯᠣᠭᠴᠢ ᠠᠵᠤ ᠠᠬᠤᠶᠢᠯᠠᠯ᠂ ᠪᠠᠷᠢᠮᠵᠢᠶᠠᠵᠢᠭᠰᠠᠨ ᠦᠢᠯᠡᠳᠪᠦᠷᠢᠯᠡᠯ ᠤᠨ ᠳᠠᠭᠤᠷᠢᠶᠠᠯ ᠦᠵᠡᠭᠦᠯᠬᠦ ᠰᠠᠭᠤᠷᠢᠨ ᠭᠠᠵᠠᠷ ᠢ ᠲᠠᠷᠢᠶᠠᠯᠠᠩ ᠤᠨ ᠪᠦᠲᠦᠭᠡᠭᠳᠡᠭᠦᠨ ᠤ ᠴᠢᠨᠠᠷ ᠴᠢᠨᠰᠠᠭ᠎ᠠ ᠶᠢᠨ ᠠᠮᠤᠷ ᠲᠦᠪᠰᠢᠨ ᠢ ᠬᠢᠨᠠᠨ ᠬᠠᠮᠢᠶᠠᠷᠬᠤ ᠮᠦᠷᠳᠡᠨ ᠳᠠᠭᠠᠬᠤ ᠮᠡᠳᠡᠭᠡ ᠵᠠᠩᠭᠢ ᠶᠢᠨ ᠲᠡᠪᠴᠡᠩ ᠳᠤ ᠣᠷᠣᠭᠤᠯᠣᠨ᠂ ᠮᠠᠯ ᠲᠠᠷᠢᠶᠠᠯᠠᠩ ᠤᠨ ᠦᠢᠯᠡᠳᠭᠦᠨ ᠤ ᠪᠦᠬᠦ ᠠᠵᠤ ᠦᠢᠯᠡᠰ ᠤᠨ ᠬᠡᠯᠬᠢᠶ᠎ᠡ ᠶᠢᠨ ᠮᠦᠷᠳᠡᠨ ᠳᠠᠭᠠᠬᠤ ᠰᠢᠰᠲ᠋ᠧᠮ ᠢ ᠪᠦᠷᠢᠯᠳᠦᠭᠦᠯᠵᠦ᠂ ᠵᠠᠷᠣᠳ ᠤᠨ ᠲᠠᠯ᠎ᠠ ᠨᠤᠳᠤᠭ ᠤᠨ ᠤᠯᠠᠭᠠᠨ ᠦᠬᠡᠷ᠂ ᠵᠠᠷᠣᠳ ᠤᠨ ᠪᠣᠬᠢᠷᠳᠣᠯ ᠦᠭᠡᠢ ᠬᠤᠨᠢᠨ ᠮᠢᠬ᠎ᠠ᠂ ᠵᠠᠷᠣᠳ ᠤᠨ ᠨᠤᠭᠤᠭᠠᠨ ᠪᠣᠷᠴᠠᠭ ᠵᠡᠷᠭᠡ ᠮᠠᠯ ᠲᠠᠷᠢᠶᠠᠯᠠᠩ ᠤᠨ ᠦᠢᠯᠡᠳᠭᠦᠨ ᠤ ᠱᠣᠰᠢᠭ᠎ᠠ ᠶᠢ ᠡᠭᠦᠳᠴᠦ᠂ ᠦᠢᠯᠡᠳᠭᠦᠨ ᠤ ᠴᠢᠨᠠᠷ ᠴᠢᠨᠰᠠᠭ᠎ᠠ ᠪᠠ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠬᠦᠯᠦᠨ᠎ᠡ᠃ 3 ᠠᠵᠤ ᠠᠬᠤᠶᠢᠯᠠᠯ ︽ᠭᠤᠷᠪᠠᠨ ᠪᠦᠲᠦᠭᠡᠭᠳᠡᠭᠦᠨ ᠨᠢᠭᠡ ᠰᠢᠨᠵᠢ ᠲᠡᠮᠳᠡᠭ︾ ᠢ ᠭᠤᠶᠤᠴᠢᠯᠠᠨ ᠮᠡᠳᠡᠭᠦᠯᠵᠦ᠂ ᠪᠠᠶᠢᠭᠠᠯᠢᠭ ᠢᠳᠡᠭᠡᠨ ᠢᠶᠠᠷ ᠪᠠᠲᠤᠯᠠᠭᠳᠠᠭᠰᠠᠨ ᠠᠵᠤ ᠠᠬᠤᠶᠢᠯᠠᠯ 2 ᠪᠣᠯᠵᠤ᠂ ᠪᠠᠶᠢᠭᠠᠯᠢᠭ ᠠᠮᠢ ᠠᠬᠤᠶᠢᠯᠢᠭ ᠮᠠᠯ ᠲᠠᠷᠢᠶᠠᠯᠠᠩ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠪᠠᠶᠢᠭᠤᠯᠣᠯᠲᠠ ᠶᠢ ᠲᠥᠯᠬᠢᠨ ᠠᠬᠢᠭᠤᠯᠣᠨ᠎ᠠ᠃     ᠬᠦᠳᠡᠭᠡ ᠲᠣᠰᠬᠤᠨ ᠤ ᠣᠷᠴᠢᠨ ᠲᠣᠭᠤᠷᠢᠨ ᠢ  ᠪᠦᠬᠦ ᠬᠦᠴᠦᠨ ᠢᠶᠠᠷ ᠴᠡᠭᠴᠡᠯᠡᠨ ᠵᠠᠰᠠᠨ᠎ᠠ᠃ ᠬᠦᠳᠡᠭᠡ ᠲᠣᠰᠬᠤᠨ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠯᠡᠭᠡ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠣᠨ᠂ ᠠᠷᠢᠭᠤᠨ ᠴᠡᠪᠡᠷ ᠵᠤᠷᠯᠣᠩ᠂ ᠬᠤᠭ ᠨᠣᠪᠰᠢ ᠶᠢ ᠰᠢᠢᠳᠪᠦᠷᠢᠯᠡᠬᠦ᠂ ᠪᠣᠬᠢᠷ ᠤᠰᠤ ᠶᠢ ᠵᠠᠰᠠᠬᠤ᠂ ᠲᠣᠰᠬᠤᠨ ᠤ ᠦᠩᠭᠡ ᠳᠥᠷᠰᠦ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ 2 ᠳᠠᠭᠤᠷᠢᠶᠠᠯ ᠦᠵᠡᠭᠦᠯᠬᠦ ᠪᠠᠯᠭᠠᠰᠤ᠂ 25 ᠳᠠᠭᠤᠷᠢᠶᠠᠯ ᠦᠵᠡᠭᠦᠯᠬᠦ ᠲᠣᠰᠬᠤᠨ ᠢ ᠡᠭᠦᠳᠦᠨ ᠪᠢᠠᠭᠤᠯᠣᠨ᠎ᠠ᠃ ᠪᠠᠭᠠᠰᠤ ᠰᠢᠭᠡᠰᠦ ᠶᠢᠨ ᠪᠣᠬᠢᠷᠳᠣᠯ ᠢ ᠲᠦᠪᠯᠡᠷᠡᠭᠦᠯᠦᠨ ᠰᠢᠢᠳᠪᠦᠷᠢᠯᠡᠬᠦ᠂ ᠣᠷᠭᠠᠨᠢᠭ ᠪᠣᠷᠳᠣᠭᠤᠷ ᠪᠣᠯᠭᠠᠬᠤ᠂ ᠨᠠᠮᠠᠭ ᠤᠨ ᠰᠢᠩᠬᠡᠨ ᠢ ᠬᠠᠳᠠᠭᠠᠯᠠᠵᠤ ᠳᠡᠭᠡᠭᠡᠪᠦᠷᠢᠯᠡᠬᠦ ᠵᠡᠷᠭᠡ ᠢᠨᠵᠧᠨ᠋ᠷᠢᠩ ᠢ ᠬᠡᠷᠡᠭᠵᠢᠭᠦᠯᠵᠦ᠂ ᠪᠦᠬᠦ ᠬᠤᠰᠢᠭᠤᠨ ᠤ ᠮᠠᠯ ᠵᠢᠭᠦᠷᠲᠡᠨ ᠤ ᠪᠠᠭᠠᠰᠤ ᠰᠢᠭᠡᠰᠦ ᠶᠢᠨ ᠪᠣᠬᠢᠷᠳᠣᠯ ᠪᠤᠳᠠᠰ ᠤᠨ ᠠᠰᠢᠭᠯᠠᠯᠲᠠ ᠶᠢᠨ ᠨᠤᠷᠮ᠎ᠠ ᠶᠢ 70% ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃ ᠡᠬᠡ ᠣᠷᠣᠨᠴᠢ ᠡᠷᠡᠭᠦᠯ ᠬᠠᠮᠠᠭᠠᠯᠠᠯ ᠤᠨ ᠬᠦᠳᠡᠯᠭᠡᠭᠡᠨ ᠢ ᠬᠦᠴᠦᠯᠡᠨ ᠦᠷᠨᠢᠭᠦᠯᠵᠦ᠂ ᠲᠣᠰᠬᠤᠨ ᠤ ᠦᠩᠭᠡ ᠳᠥᠷᠰᠦ ᠶᠢ ᠴᠡᠪᠡᠷ ᠲᠡᠭᠰᠢ ᠪᠣᠯᠭᠠᠨ᠎ᠠ᠃ ᠪᠠᠶᠢᠭᠤᠯᠬᠤ ᠪᠠ ᠬᠠᠮᠢᠶᠠᠷᠬᠤ ᠶᠢ ᠴᠣᠭᠭᠠᠷ ᠴᠢᠬᠤᠯᠠᠴᠢᠯᠠᠬᠤ ᠶᠢ ᠪᠠᠷᠢᠮᠲᠠᠯᠠᠨ᠂ ᠮᠠᠯᠴᠢᠨ ᠲᠠᠷᠢᠶᠠᠴᠢᠳ ᠢ ᠳᠠᠶᠢᠴᠢᠯᠠᠨ ᠦᠪᠡᠷ ᠢᠶᠠᠨ ᠭᠠᠷ ᠬᠦᠳᠡᠯᠦᠨ ᠴᠡᠪᠡᠷᠯᠡᠭᠡ ᠬᠢᠬᠦ᠂ ᠨᠤᠭᠤᠭᠠᠷᠠᠭᠤᠯᠬᠤ᠂ ᠪᠦᠲᠦᠭᠡᠨ ᠪᠠᠶᠢᠭᠤᠯᠣᠯᠲᠠ ᠬᠢᠬᠦ᠂ ᠬᠠᠮᠢᠶᠠᠷᠴᠤ ᠬᠠᠮᠠᠭᠠᠯᠠᠬᠤ᠂ ᠬᠦᠳᠡᠭᠡ ᠲᠣᠰᠬᠤᠨ ᠮᠠᠯᠵᠢᠬᠤ ᠣᠷᠣᠨ ᠤ ᠪᠣᠲᠠᠲᠤ ᠪᠠᠶᠢᠳᠠᠯ ᠳᠤ ᠨᠡᠶᠢᠴᠡᠭᠰᠡᠨ ᠣᠷᠴᠢᠨ ᠲᠤᠭᠤᠷᠢᠨ ᠢ ᠰᠠᠶᠢᠵᠢᠷᠠᠭᠤᠯᠬᠤ ᠪᠠᠶᠢᠩᠭᠤ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠣᠨ᠎ᠠ᠃ ︽ᠰᠠᠷᠠᠪᠴᠢᠲᠤ ᠭᠡᠷ︾ ᠶᠢ ᠴᠡᠭᠴᠡᠯᠡᠨ ᠴᠡᠪᠡᠷᠯᠡᠵᠦ᠂ ᠲᠠᠷᠢᠶᠠᠨ ᠭᠠᠵᠠᠷ ᠢ ᠲᠠᠷᠢᠶᠠᠨ ᠭᠠᠵᠠᠷ ᠪᠢᠰᠢ ᠪᠣᠯᠭᠠᠨ ᠬᠡᠷᠡᠭᠯᠡᠬᠦ ᠶᠢ ᠲᠤᠶᠢᠯᠪᠣᠷᠢᠲᠠᠢ ᠵᠤᠭᠰᠣᠭᠠᠨ᠎ᠠ᠃     ᠬᠦᠳᠡᠭᠡ ᠲᠣᠰᠬᠤᠨ ᠤ ᠵᠠᠰᠠᠯᠲᠠ ᠶᠢ ᠨᠢᠭᠡᠳᠦᠯᠲᠡᠢ ᠲᠦᠯᠦᠪᠯᠡᠨ ᠠᠬᠢᠭᠤᠯᠣᠨ᠎ᠠ᠃ ᠣᠳᠣ ᠦᠶ᠎ᠡ ᠶᠢᠨ ᠬᠦᠳᠡᠭᠡ ᠲᠣᠰᠬᠤᠨ ᠤ ᠨᠡᠶᠢᠭᠡᠮ ᠤᠨ ᠵᠠᠰᠠᠯᠲᠠ ᠶᠢᠨ ᠪᠠᠶᠢᠭᠤᠯᠣᠮᠵᠢ ᠶᠢ ᠪᠣᠷᠢᠨᠰᠢᠭᠦᠯᠵᠦ᠂ ᠲᠣᠰᠬᠤᠨ ᠤ ᠳᠥᠷᠢᠮ ᠠᠷᠠᠳ ᠤᠨ ᠭᠡᠷ᠎ᠡ ᠶᠢ ᠴᠢᠩᠭ᠎ᠠ ᠬᠡᠷᠡᠭᠵᠢᠭᠦᠯᠵᠦ᠂ ᠦᠪᠡᠷ ᠢ ᠪᠠᠨ ᠵᠠᠰᠠᠬᠤ ᠪᠠ ᠬᠠᠮᠢᠶᠠᠷᠣᠯᠲᠠ ᠪᠠᠨ ᠳᠥᠷᠢᠮᠵᠢᠭᠦᠯᠵᠦ᠂ ︽532︾ ᠠᠵᠢᠯ ᠤᠨ ᠠᠷᠭ᠎ᠠ ᠶᠢ ᠴᠢᠩᠭ᠎ᠠ ᠨᠠᠶᠢᠲᠠᠪᠣᠷᠢᠵᠢᠭᠤᠯᠵᠤ᠂ ᠪᠦᠲᠦᠮᠵᠢᠲᠡᠢ ᠵᠠᠰᠠᠬᠤ᠂ ᠠᠷᠠᠳᠴᠢᠯᠠᠯ ᠢᠶᠠᠷ ᠬᠠᠮᠢᠶᠠᠷᠬᠤ ᠬᠦᠳᠡᠭᠡ ᠲᠣᠰᠬᠤᠨ ᠤ ᠴᠡᠭᠴᠡᠯᠡᠨ ᠵᠠᠰᠠᠬᠤ ᠰᠢᠰᠲ᠋ᠧᠮ ᠢ ᠪᠠᠶᠢᠭᠤᠯᠬᠤ ᠶᠢ ᠲᠦᠷᠭᠡᠳᠭᠡᠨ᠎ᠡ᠃ ᠰᠢᠨ᠎ᠡ ᠬᠡᠯᠪᠡᠷᠢ ᠶᠢᠨ ᠮᠠᠯ ᠲᠠᠷᠢᠶᠠᠯᠠᠩ ᠤᠨ ᠡᠵᠡᠩᠨᠡᠯᠲᠡ ᠶᠢᠨ ᠭᠤᠣᠯ ᠴᠣᠭᠴᠠ ᠶᠢ ᠲᠦᠷᠭᠡᠨ ᠬᠦᠮᠦᠵᠢᠭᠦᠯᠵᠦ᠂ ᠶᠡᠭᠡ ᠰᠣᠷᠭᠠᠭᠤᠯᠢ ᠲᠡᠭᠦᠰᠦᠭᠰᠡᠨ ᠰᠣᠷᠣᠭᠴᠢ᠂ ᠭᠠᠳᠠᠭᠰᠢ ᠭᠠᠷᠴᠤ ᠬᠦᠴᠦᠨ ᠤ ᠠᠵᠢᠯ ᠬᠢᠵᠦ ᠪᠠᠶᠢᠭ᠎ᠠ ᠬᠦᠮᠦᠰ ᠤᠨ ᠬᠦᠳᠡᠭᠡ ᠲᠣᠰᠬᠤᠨ ᠳᠠᠭᠠᠨ ᠪᠤᠴᠠᠵᠤ ᠠᠳᠠᠯ ᠦᠢᠯᠡᠰ ᠪᠣᠰᠬᠠᠬᠤ ᠶᠢ ᠵᠣᠷᠢᠭᠵᠢᠭᠤᠯᠬᠤ ᠪᠠ ᠳᠡᠮᠵᠢᠵᠦ᠂ ᠨᠢᠭᠡᠨ ᠰᠠᠯᠠᠭ᠎ᠠ ᠬᠦᠴᠦᠷᠭᠡᠭ ᠶᠡᠭᠡ ᠬᠦᠳᠡᠭᠡ ᠲᠣᠰᠬᠤᠨ ᠢ ᠬᠦᠭᠵᠢᠭᠦᠯᠦᠨ ᠮᠠᠨᠳᠣᠭᠤᠯᠬᠤ ᠴᠢᠳᠠᠪᠣᠷᠢᠲᠡᠨ ᠤ ᠡᠩᠨᠡᠭᠡ ᠶᠢ ᠪᠠᠶᠢᠭᠤᠯᠣᠨ᠎ᠠ ᠃ ᠬᠦᠳᠡᠭᠡ ᠲᠣᠰᠬᠤᠨ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠤᠬᠢᠶᠠᠨ ᠪᠠᠶᠢᠭᠤᠯᠣᠯᠲᠠ ᠶᠢᠨ ᠤᠯᠤᠰ ᠲᠥᠷᠦ ᠶᠢᠨ ᠴᠢᠳᠠᠪᠬᠢ ᠶᠢ ᠳᠣᠪᠣᠶᠢᠯᠭᠠᠨ᠂ ᠨᠠᠮ ᠤᠨ ᠵᠤᠬᠢᠶᠠᠨ ᠪᠠᠶᠢᠭᠤᠯᠣᠯᠲᠠ ᠶᠢ ᠬᠤᠷᠰᠢᠶᠠᠵᠢᠯ᠂ ᠲᠣᠰᠬᠠᠢ ᠨᠡᠶᠢᠭᠡᠮᠯᠢᠭ ᠵᠡᠷᠭᠡ ᠡᠯ᠎ᠡ ᠲᠥᠷᠦᠯ ᠤᠨ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠳᠡᠭᠡᠷ᠎ᠡ ᠪᠠᠶᠢᠭᠤᠯᠵᠤ᠂ ᠭᠠᠴᠠᠭ᠎ᠠ ᠲᠣᠰᠬᠤᠨ ᠤ ᠨᠡᠶᠢᠲᠡ ᠶᠢᠨ ᠠᠵᠤ ᠠᠬᠤᠢ ᠶᠢ ᠲᠠᠰᠣᠷᠠᠯᠲᠠ ᠦᠭᠡᠢ ᠬᠦᠭᠵᠢᠭᠦᠯᠵᠦ ᠪᠣᠵᠠᠭᠠᠶᠢᠷᠠᠭᠤᠯᠣᠨ᠎ᠠ᠃    ︵ᠳᠥᠷᠪᠡ︶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠪᠣᠲᠠᠲᠤ ᠦᠷ᠎ᠡ ᠪᠦᠲᠦᠮᠵᠢ ᠣᠯᠬᠤ ᠶᠢ ᠠᠬᠢᠭᠤᠯᠣᠨ᠎ᠠ᠃ ᠦᠢᠯᠡᠴᠢᠯᠡᠭᠡᠨ ᠤ ᠦᠢᠯᠡᠰ ᠤᠨ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠡ ᠶᠢ ᠪᠡᠶᠡᠯᠡᠭᠦᠯᠵᠦ᠂ ᠬᠡᠷᠡᠭᠯᠡᠭᠡ ᠶᠢᠨ ᠠᠵᠤ ᠠᠬᠤᠢ ᠶᠢᠨ ᠬᠦᠭᠵᠢᠯᠲᠡ ᠳᠠᠬᠢ ᠰᠠᠭᠤᠷᠢ ᠶᠢᠨ ᠴᠢᠨᠠᠷ ᠲᠠᠢ ᠦᠢᠯᠡᠳᠦᠯ ᠢ ᠪᠠᠳᠠᠷᠠᠭᠤᠯᠣᠨ᠎ᠠ᠃     ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠳᠥᠷᠢᠮᠵᠢᠭᠰᠡᠨ ᠬᠠᠮᠢᠶᠠᠷᠣᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ︽ᠨᠢᠭᠡ ᠪᠦᠰᠡ ᠬᠤᠶᠠᠷ ᠲᠡᠩᠭᠡᠯᠢᠭ ᠬᠤᠶᠠᠷ ᠲᠣᠭᠤᠷᠢᠭ ᠭᠤᠷᠪᠠᠨ ᠲᠥᠪ︾ ᠤᠨ ᠪᠠᠷᠠᠭᠠᠨ ᠤ ᠭᠦᠢᠯᠭᠡᠭᠡᠨ ᠤ ᠬᠦᠭᠵᠢᠯᠲᠡ ᠶᠢᠨ ᠣᠷᠣᠨ ᠵᠠᠢ ᠶᠢᠨ ᠪᠠᠶᠢᠷᠢᠯᠠᠭᠤᠯᠣᠯᠲᠠ ᠶᠣᠰᠣᠭᠠᠷ᠂ ᠪᠦᠬᠦ ᠬᠤᠰᠢᠭᠤᠨ ᠤ ᠪᠠᠷᠠᠭᠠᠨ ᠤ ᠭᠦᠢᠯᠭᠡᠭᠡᠨ ᠤ ᠬᠦᠭᠵᠢᠯᠲᠡ ᠶᠢᠨ ᠲᠦᠯᠦᠪᠵᠢᠭᠦᠯᠭᠡ ᠶᠢ ᠦᠷᠭᠦᠯᠵᠢᠯᠡᠨ ᠲᠡᠭᠦᠯᠳᠡᠷᠵᠢᠭᠦᠯᠵᠦ᠂ ᠦᠪᠦᠷ ᠮᠣᠩᠭᠤᠯ ᠤᠨ ᠵᠡᠭᠦᠨ ᠬᠡᠰᠡᠭ ᠢ ᠳᠠᠶᠢᠴᠢᠯᠠᠨ ᠳᠠᠭᠠᠭᠤᠯᠣᠭᠰᠠᠨ᠂ ᠵᠡᠭᠦᠨ ᠬᠤᠶᠢᠲᠤ ᠣᠷᠣᠨ ᠲᠠᠢ ᠬᠤᠯᠪᠣᠭᠠᠯᠠᠭᠰᠠᠨ ᠪᠠᠷᠠᠭᠠᠨ ᠤ ᠭᠦᠢᠯᠭᠡᠭᠡᠨ ᠤ ᠬᠦᠭᠵᠢᠯᠲᠡ ᠶᠢᠨ ᠰᠢᠰᠲ᠋ᠧᠮ ᠢ ᠡᠭᠦᠳᠦᠨ ᠪᠠᠶᠢᠭᠤᠯᠣᠨ᠎ᠠ᠃ ᠯᠢᠦ ᠬᠠᠩ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠪᠠᠶᠢᠭᠤᠯᠣᠯᠳᠠ ᠶᠢ ᠲᠦᠷᠭᠡᠳᠭᠡᠵᠦ᠂ ᠭᠠᠷ ᠳᠠᠮᠵᠢᠭᠰᠠᠨ ᠲᠡᠷᠭᠡᠨ ᠤ ᠵᠠᠬ᠎ᠠ ᠳᠡᠯᠭᠡᠭᠦᠷ᠂ ᠮᠠᠰᠢᠨ ᠲᠡᠷᠭᠡᠨ ᠤ ᠬᠤᠳᠠᠯᠳᠤᠭ᠎ᠠ ᠰᠠᠯᠪᠡᠭ ᠲᠣᠨᠤᠭ᠂ ᠪᠠᠷᠢᠯᠭ᠎ᠠ ᠶᠢᠨ ᠮᠠᠲ᠋ᠧᠷᠢᠶᠠᠯ᠂ ᠲᠠᠷᠢᠶᠠᠯᠠᠩ ᠤᠨ ᠬᠡᠷᠡᠭᠰᠡᠯ ᠤᠨ ᠵᠠᠬ᠎ᠠ ᠳᠡᠯᠭᠡᠭᠦᠷ ᠵᠡᠷᠭᠡ ᠶᠢᠨ ᠪᠠᠶᠢᠭᠤᠯᠣᠯᠲᠠ ᠶᠢᠨ ᠡᠭᠦᠷᠭᠡ ᠪᠠᠨ ᠴᠢᠷᠮᠠᠶᠢᠨ ᠪᠡᠶᠡᠯᠡᠭᠦᠯᠦᠨ᠎ᠡ᠃ ᠪᠢᠲᠡᠭᠦᠮᠵᠢᠯᠡᠭᠰᠡᠨ ᠮᠠᠶ᠋ᠢᠭ ᠤᠨ ᠨᠡᠭᠦᠷᠡᠰᠦᠨ ᠤ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠵᠤ᠂ ᠨᠡᠭᠦᠷᠡᠰᠦᠨ ᠤ ᠪᠣᠷᠣᠯᠠᠭᠤᠯᠣᠯᠲᠠ ᠬᠠᠮᠢᠶᠠᠷᠣᠯᠲᠠ ᠶᠢ ᠳᠦᠷᠢᠮᠵᠢᠬᠦᠯᠦᠨ᠎ᠡ᠃ ᠬᠤᠰᠢᠭᠤᠨ ᠤ ᠡᠯᠧᠺᠲᠷᠦᠨ ᠬᠤᠳᠠᠯᠳᠣᠭᠠᠨ ᠤ ᠶᠠᠪᠣᠳᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠪ ᠪᠠ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠪᠠᠶᠢᠭᠠᠯᠢᠭ ᠮᠠᠯ ᠲᠠᠷᠢᠶᠠᠯᠠᠩ ᠤᠨ ᠪᠦᠲᠦᠭᠡᠭᠳᠡᠭᠦᠨ ᠤ ᠲᠣᠣᠷ ᠰᠦᠯᠵᠢᠶᠡᠨ ᠳᠤ ᠣᠷᠣᠬᠤ ᠠᠬᠢᠴᠠ ᠶᠢ ᠲᠦᠷᠭᠡᠳᠭᠡᠵᠦ᠂ 5 ᠡᠯᠧᠺᠲᠷᠦᠨ ᠬᠤᠳᠠᠯᠳᠣᠭᠠᠨ ᠤ ᠠᠵᠤ ᠠᠬᠤᠶᠢᠯᠠᠯ ︵ᠬᠤᠷᠰᠢᠶᠠᠵᠢᠯ︶ ᠶᠢ ᠪᠣᠶᠢᠵᠢᠭᠤᠯᠵᠤ᠂ ᠡᠯᠧᠺᠲᠷᠦᠨ ᠬᠤᠳᠠᠯᠳᠣᠭᠠᠨ ᠤ ᠰᠦᠯᠵᠢᠶᠡᠨ ᠳᠡᠭᠡᠷ᠎ᠡ ᠠᠷᠠᠯᠵᠢᠶᠠᠯᠠᠬᠤ ᠬᠡᠮᠵᠢᠶ᠎ᠡ ᠶᠢ 2.5 ᠳ᠋ᠦᠩᠰᠢᠭᠤᠷ ᠲᠦᠭᠦᠷᠢᠭ ᠠᠴᠠ ᠳᠡᠭᠡᠭᠰᠢ ᠬᠦᠷᠭᠡᠨ᠎ᠡ᠃     ᠰᠤᠶᠣᠯ ᠵᠤᠭᠠᠴᠠᠯ ᠤᠨ ᠦᠢᠯᠡᠰ ᠤᠨ ᠬᠦᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠲᠦᠩᠯᠢᠶᠦᠦ ᠬᠤᠲᠠ ᠶᠢᠨ ᠬᠤᠷᠴᠢᠨ ᠤ 500 ᠺᠢᠯᠤᠮᠧᠲᠷ ᠤᠨ ᠦᠵᠡᠮᠵᠢ ᠶᠢᠨ ᠲᠠᠷᠳᠡᠩ ᠵᠠᠮ ᠪᠠ ᠬᠤᠷᠲᠣᠨ ᠲᠡᠮᠦᠷ ᠵᠠᠮ ᠤᠨ ᠠᠵᠤ ᠠᠬᠤᠢ ᠶᠢᠨ ᠪᠦᠰᠡ ᠶᠢ ᠪᠠᠶᠢᠭᠤᠯᠬᠤ ᠪᠠᠷ ᠲᠥᠰᠢᠭ ᠪᠣᠯᠭᠠᠵᠤ᠂ ︽ᠨᠢᠭᠡ ᠪᠦᠰᠡ ᠨᠢᠭᠡ ᠵᠠᠮ ᠣᠪᠣᠭᠠᠨ ᠳᠡᠭᠡᠷᠡᠬᠢ ᠠᠭᠤᠯᠵᠠᠯᠲᠠ︾ ᠭᠡᠬᠦ ᠭᠤᠣᠯ ᠰᠡᠳᠦᠪ ᠢᠶᠠᠨ ᠳᠣᠪᠣᠶᠢᠯᠭᠠᠨ᠂ ︽ᠨᠢᠭᠡ ᠱᠤᠭᠤᠮ ᠳᠥᠷᠪᠡᠨ ᠴᠠᠭᠠᠷᠢᠭ ᠨᠢᠭᠡ ᠣᠷᠣᠯᠳᠣᠭᠠᠨ︾ ᠪᠠ ᠪᠦᠬᠦ ᠣᠷᠣᠨ ᠪᠦᠰᠡ ᠶᠢᠨ ᠵᠤᠭᠠᠴᠠᠯ ᠤᠨ ᠪᠠᠶᠢᠭᠤᠯᠣᠯᠲᠠ ᠶᠢ ᠦᠷᠭᠦᠯᠵᠢᠯᠡᠨ ᠠᠬᠢᠭᠤᠯᠵᠤ᠂ ᠢᠦᠢ ᠴᠢᠦᠸᠠᠨ ᠱᠠᠨ ᠠᠮᠢ ᠠᠬᠤᠢ ᠶᠢᠨ ᠵᠤᠭᠠᠴᠠᠯ ᠤᠨ ᠣᠷᠣᠨ᠂ ᠮᠠᠯᠴᠢᠨ ᠠᠶᠢᠯ ᠠᠮᠢ ᠠᠬᠤᠢ ᠠᠷᠠᠳ ᠤᠨ ᠵᠠᠩ ᠳᠠᠳᠬᠠᠯ ᠤᠨ ᠵᠤᠭᠠᠴᠠᠯ ᠤᠨ ᠣᠷᠣᠨ ᠤ ᠲᠥᠷᠦᠯ ᠵᠦᠢᠯ ᠢ ᠪᠠᠶᠢᠭᠤᠯᠣᠨ ᠳᠠᠭᠤᠰᠬᠠᠵᠤ ᠡᠵᠡᠩᠨᠡᠯᠲᠡ ᠳᠤ ᠣᠷᠣᠭᠤᠯᠬᠤ ᠪᠠᠷ ᠴᠢᠷᠮᠠᠶᠢᠵᠤ᠂ ᠨᠢᠭᠡᠨᠲᠡ ᠪᠠᠶᠢᠭᠤᠯᠣᠭᠰᠠᠨ ᠲᠥᠷᠦᠯ ᠵᠦᠢᠯ ᠢᠶᠠᠨ ᠦᠷᠭᠦᠯᠵᠢᠯᠡᠨ ᠪᠦᠷᠢᠨᠰᠢᠭᠦᠯᠥᠨ ᠲᠡᠭᠦᠯᠳᠡᠷᠵᠢᠭᠦᠯᠵᠦ᠂ ᠢᠦᠢ ᠵᠸᠦ ᠶᠢᠨ ᠬᠤᠶᠢᠲᠤ ᠲᠠᠯ᠎ᠠ ᠪᠠ ᠠᠷᠤ ᠭᠠᠵᠠᠷ ᠤᠨ ᠬᠤᠪᠢᠯᠭᠠᠨ ᠷᠠᠰᠢᠶᠠᠨ ᠤ 2 ᠦᠪᠡᠷ ᠢᠶᠠᠨ ᠲᠡᠷᠭᠡ ᠪᠠᠷᠢᠵᠤ ᠵᠤᠭᠠᠴᠠᠬᠤ ᠬᠡᠭᠡᠷ᠎ᠡ ᠶᠢᠨ ᠪᠠᠭᠤᠴᠠ ᠶᠢ ᠨᠡᠷᠡᠲᠦ ᠱᠣᠰᠢᠭᠠᠲᠤ ᠪᠠᠭᠤᠴᠠ ᠪᠣᠯᠭᠠᠨ᠂ ᠠᠭᠤᠯᠠᠷᠬᠠᠭ ᠲᠠᠯ᠎ᠠ ᠨᠤᠳᠤᠭ ᠤᠨ ᠵᠤᠭᠠᠴᠠᠯ ᠤᠨ ᠣᠷᠣᠨ ᠢ ᠨᠡᠷᠡᠲᠦ ᠱᠣᠰᠢᠭᠠᠲᠤ ᠤᠯᠠᠭ᠎ᠠ ᠦᠷᠲᠡᠭᠡ ᠪᠣᠯᠭᠠᠨ ᠪᠠᠶᠢᠭᠤᠯᠣᠨ᠎ᠠ︔ ᠡᠪᠦᠯ ᠤᠨ ᠣᠯᠠᠷᠢᠯ ᠤᠨ ᠮᠦᠰᠦ ᠴᠠᠰᠤᠨ ᠤ ᠵᠤᠭᠠᠴᠠᠯ᠂ ᠤᠰᠤᠨ ᠤ ᠰᠣᠷᠪᠣᠯᠵᠢ ᠭᠠᠵᠠᠷ ᠤᠨ ᠵᠤᠭᠠᠴᠠᠯ ᠢ ᠢᠳᠡᠪᠬᠢᠲᠡᠢ ᠬᠦᠭᠵᠢᠭᠦᠯᠦᠨ᠂ ᠤᠰᠤᠨ ᠤ ᠡᠬᠢ ᠪᠠᠶᠠᠯᠢᠭ ᠢ ᠰᠢᠯᠢᠳᠡᠭᠵᠢᠭᠦᠯᠦᠨ᠂ ᠬᠦᠢᠲᠡᠨ ᠡᠬᠢ ᠪᠠᠶᠠᠯᠢᠭ ᠢᠶᠠᠨ ᠬᠠᠯᠠᠮᠰᠢᠭᠤᠯᠣᠨ᠎ᠠ︔ ᠬᠦᠳᠡᠭᠡ ᠲᠣᠰᠬᠤᠨ ᠤ ᠵᠤᠭᠠᠴᠠᠯ ᠢ ᠬᠦᠭᠵᠢᠭᠦᠯᠦᠨ᠂ ᠤᠯᠠᠨ ᠠᠷᠭ᠎ᠠ ᠵᠠᠮ ᠢᠶᠠᠷ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠦᠨ᠎ᠡ︔ ᠮᠦᠰᠦ ᠴᠠᠰᠤᠨ ᠤ ᠵᠤᠭᠠᠴᠠᠯ᠂ ᠴᠡᠴᠡᠭ ᠤᠨ ᠣᠯᠠᠷᠢᠯ ᠤᠨ ᠵᠤᠭᠠᠴᠠᠯ᠂ ᠮᠠᠯᠴᠢᠳ ᠤᠨ ᠨᠡᠭᠠᠳᠤᠮ ᠤᠨ ᠬᠤᠷᠠᠯ᠂ ᠠᠽᠢᠶ᠎ᠠ ᠶᠢᠨ ᠪᠠᠬ᠎ᠠ ᠷᠠᠯᠯᠢ ᠣᠷᠣᠯᠳᠣᠭᠠᠨ ᠵᠡᠷᠭᠡ ᠳᠥᠷᠪᠡᠨ ᠣᠯᠠᠷᠢᠯ ᠤᠨ ᠰᠤᠶᠣᠯ ᠵᠤᠭᠠᠴᠠᠯ ᠤᠨ ᠭᠤᠣᠯ ᠰᠡᠳᠦᠪᠲᠦ ᠠᠵᠢᠯᠯᠠᠭ᠎ᠠ ᠪᠠᠷ ᠲᠥᠰᠢᠭ ᠪᠣᠯᠭᠠᠨ᠂ ᠲᠠᠯ᠎ᠠ ᠨᠤᠳᠤᠭ ᠤᠨ ᠠᠵᠤ ᠠᠬᠤᠢ ᠠᠷᠠᠯᠵᠢᠶ᠎ᠠ ᠬᠤᠳᠠᠯᠳᠣᠭᠠᠨ ᠤ ᠴᠣᠭᠯᠠᠭᠠᠨ᠂ ᠲᠠᠯ᠎ᠠ ᠨᠤᠳᠤᠭ ᠤᠨ ᠣᠨᠣᠭᠠᠴᠢ ᠶᠢᠨ ᠴᠣᠭᠯᠠᠭᠠᠨ ᠪᠠ ᠲᠠᠯ᠎ᠠ ᠨᠤᠳᠤᠭ ᠤᠨ ᠮᠠᠰᠢᠨ ᠲᠡᠷᠭᠡᠨ ᠤ ᠴᠣᠭᠯᠠᠭᠠᠨ ᠢ ᠰᠠᠶᠢᠲᠤᠷ ᠡᠷᠬᠢᠯᠡᠵᠦ᠂ ︽ᠳᠣᠮᠳᠠᠲᠤ ᠤᠯᠤᠰ ᠤᠨ ᠬᠠᠮᠤᠭ ᠭᠤᠶᠣ ᠠᠭᠤᠯᠠᠷᠬᠠᠭ ᠲᠠᠯ᠎ᠠ ᠨᠤᠳᠤᠭ︾ ᠤᠨ ᠵᠤᠭᠠᠴᠠᠯ ᠤᠨ ᠱᠣᠰᠢᠭ᠎ᠠ ᠲᠡᠮᠳᠡᠭ ᠤᠨ ᠨᠦᠯᠦᠭᠡᠯᠡᠬᠦ ᠬᠦᠴᠦᠨ ᠢ ᠳᠡᠭᠡᠭᠰᠢᠯᠡᠭᠦᠯᠵᠦ᠂ ᠯᠦᠪᠸᠢ ᠪᠠᠯᠭᠠᠰᠤ ᠪᠠᠨ ᠲᠠᠯ᠎ᠠ ᠨᠤᠳᠤᠭ ᠤᠨ ᠵᠤᠭᠠᠴᠠᠯ ᠤᠨ ᠨᠡᠷᠡᠲᠦ ᠬᠤᠲᠠ ᠪᠣᠯᠭᠠᠨ ᠪᠠᠶᠢᠭᠤᠯᠬᠤ ᠪᠠᠷ ᠴᠢᠷᠮᠠᠶᠢᠨ᠎ᠠ᠃ ᠪᠦᠬᠦ ᠵᠢᠯ ᠤᠨ ᠵᠤᠭᠠᠴᠠᠯ ᠤᠨ ᠤᠭᠲᠤᠨ ᠵᠤᠴᠢᠯᠠᠭᠰᠠᠨ ᠬᠦᠮᠦᠨ ᠢ 130 ᠲᠦᠮᠡ ᠬᠦᠷᠭᠡᠵᠦ᠂ ᠵᠤᠭᠠᠴᠠᠯ ᠤᠨ ᠶᠡᠷᠦᠩᠬᠡᠢ ᠣᠷᠣᠯᠭ᠎ᠠ ᠶᠢ 15 ᠳ᠋ᠦᠩᠰᠢᠭᠤᠷ ᠲᠦᠭᠦᠷᠢᠭ ᠳᠠᠪᠠᠭᠤᠯᠬᠤ ᠪᠠᠷ ᠴᠢᠷᠮᠠᠶᠢᠨ᠎ᠠ᠃     ᠰᠢᠨ᠎ᠡ ᠪᠠᠷ ᠮᠠᠨᠳᠣᠭᠰᠠᠨ ᠠᠵᠢᠯ ᠲᠥᠷᠦᠯ ᠤᠨ ᠨᠠᠷᠢᠯᠢᠭᠵᠢᠭᠰᠠᠨ ᠲᠦᠪᠰᠢᠨ ᠢ ᠳᠡᠭᠡᠭᠰᠢᠯᠡᠭᠦᠯᠦᠨ᠎ᠡ᠃ ᠵᠠᠰᠠᠭ ᠮᠦᠩᠬᠦᠨ ᠭᠦᠢᠯᠭᠡᠭᠡ ᠠᠵᠤ ᠠᠬᠤᠶᠢᠯᠠᠯ ᠢ ᠵᠠᠯᠭᠠᠬᠤ ᠬᠦᠴᠦᠨ ᠢᠶᠠᠨ ᠶᠡᠭᠡᠰᠭᠡᠵᠦ᠂ ᠳᠤᠮᠲᠠ ᠪᠠᠭ᠎ᠠ ᠠᠵᠤ ᠠᠬᠤᠶᠢᠯᠠᠯ ᠤᠨ ᠪᠡᠯᠡ ᠨᠡᠶᠢᠯᠡᠭᠦᠯᠬᠦ ᠳᠤ ᠬᠦᠴᠢᠷᠲᠡᠢ᠂ ᠪᠡᠯᠡ ᠨᠡᠶᠢᠯᠡᠭᠦᠯᠬᠦ ᠦᠨ᠎ᠡ ᠲᠠᠢ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠮᠦᠩᠬᠦᠨ ᠭᠦᠢᠯᠭᠡᠭᠡᠨ ᠤ ᠪᠤᠲᠠᠳᠤ ᠴᠣᠭᠴᠠᠲᠤ ᠠᠵᠤ ᠠᠬᠤᠢ ᠳᠤ ᠦᠢᠯᠡᠴᠢᠡᠯᠬᠦ ᠴᠢᠳᠠᠪᠣᠷᠢ ᠶᠢ ᠲᠠᠰᠣᠷᠠᠯᠲᠠ ᠦᠭᠡᠢ ᠳᠡᠭᠡᠭᠰᠢᠯᠡᠭᠦᠯᠦᠨ᠎ᠡ᠃ ᠳᠡᠭᠡᠲᠦ ᠳᠣᠮᠳᠠᠲᠤ ᠳᠡᠰ ᠤᠨ ᠵᠤᠴᠢᠳ ᠤᠨ ᠪᠠᠭᠤᠳᠠᠯ᠂ ᠢᠳᠡᠭᠡᠨ ᠣᠮᠳᠠᠭᠠᠨ᠂ ᠬᠤᠳᠠᠯᠳᠤᠭ᠎ᠠ᠂ ᠰᠡᠯᠡᠭᠦᠴᠡᠯ᠂ ᠨᠠᠭᠠᠳᠤᠮ ᠲᠣᠭᠯᠠᠭᠠᠮ ᠵᠡᠷᠭᠡ ᠠᠵᠤ ᠦᠢᠯᠡᠰ ᠢ ᠬᠦᠭᠵᠢᠭᠦᠯᠬᠦ ᠶᠢ ᠣᠷᠮᠠᠰᠢᠭᠤᠯᠵᠤ᠂ ᠯᠦᠪᠸᠢ ᠪᠠᠯᠭᠠᠰᠤᠨ ᠤ ᠵᠤᠭᠠᠴᠠᠯ ᠦᠵᠡᠭᠦᠯᠦᠯᠭᠡ᠂ ᠰᠡᠯᠡᠭᠦᠴᠡᠨ ᠲᠤᠭᠤᠷᠢᠬᠤ ᠶᠢ ᠤᠭᠲᠤᠨ ᠵᠤᠴᠢᠯᠠᠵᠤ ᠦᠢᠯᠡᠴᠢᠯᠡᠬᠦ ᠴᠢᠳᠠᠪᠣᠷᠢ ᠶᠢ ᠦᠨᠡᠨᠬᠦ ᠳᠡᠭᠡᠭᠰᠢᠯᠡᠭᠦᠯᠵᠦ᠂ ᠲᠦᠩᠯᠢᠶᠦᠦ ᠬᠤᠲᠠ ᠶᠢᠨ ᠬᠤᠶᠢᠲᠣ ᠬᠡᠰᠡᠭ ᠤᠨ ᠲᠠᠯ᠎ᠠ ᠨᠤᠳᠤᠭ ᠤᠨ ᠵᠤᠭᠠᠴᠠᠯ ᠤᠨ ᠨᠡᠷᠡᠲᠦ ᠬᠤᠲᠠ ᠶᠢ ᠴᠤᠭᠴᠠᠯᠬᠤ ᠳᠤ ᠰᠢᠯᠢᠳᠡᠭ ᠰᠠᠶᠢᠨ ᠣᠷᠴᠢᠨ ᠲᠣᠭᠤᠷᠢᠨ ᠬᠠᠩᠭᠠᠨ᠎ᠠ᠃ ᠪᠥᠷᠬᠡ ᠭᠡᠷ ᠣᠷᠣᠨ ᠢ ᠦᠭᠡᠷᠡᠴᠢᠯᠡᠨ ᠲᠠᠲᠠᠪᠣᠷᠢᠯᠠᠵᠤ᠂ ᠨᠤᠷᠠᠭᠠᠭᠰᠠᠨ ᠬᠤᠭᠤᠰᠣᠨ ᠭᠠᠵᠠᠷ ᠢ ᠨᠡᠬᠡᠬᠡᠨ ᠠᠰᠢᠭᠯᠠᠨ ᠪᠦᠲᠦᠭᠡᠨ ᠪᠠᠶᠢᠭᠤᠯᠬᠤ ᠬᠦᠴᠦᠨ ᠢᠶᠠᠨ ᠶᠡᠭᠡᠰᠭᠡᠵᠦ᠂ ᠭᠡᠷ ᠬᠦᠷᠦᠩᠭᠡ ᠣᠷᠣᠨ ᠰᠠᠭᠤᠴᠠ ᠶᠢᠨ ᠵᠠᠬ᠎ᠠ ᠳᠡᠯᠭᠡᠭᠦᠷ ᠤᠨ ᠯᠠᠪᠳᠠᠭᠤᠨ ᠲᠣᠭᠳᠠᠭᠤᠨ ᠡᠷᠡᠭᠦᠯ ᠢᠶᠠᠷ ᠬᠦᠭᠵᠢᠬᠦ ᠶᠢ ᠠᠬᠢᠭᠤᠯᠣᠨ᠎ᠠ᠃ ᠱᠣᠰᠢᠭ᠎ᠠ ᠲᠡᠮᠳᠡᠭ ᠰᠢᠯᠢᠳᠡᠭ᠂ ᠶᠠᠰᠤ ᠴᠢᠨᠠᠷ ᠰᠠᠶᠢᠨ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠢ ᠢᠳᠡᠪᠬᠢᠲᠡᠢ ᠲᠠᠲᠠᠨ ᠣᠷᠣᠭᠤᠯᠵᠤ᠂ ᠡᠮ ᠡᠮᠨᠡᠯᠭᠡ ᠠᠰᠠᠷᠠᠵᠤ ᠰᠤᠪᠢᠯᠠᠬᠤ᠂ ᠨᠢᠯᠬ᠎ᠠ ᠬᠡᠦᠬᠡᠳ ᠤᠨ ᠬᠦᠮᠦᠵᠢᠯ᠂ ᠵᠠᠭᠤᠴᠢ᠂ ᠰᠡᠯᠡᠭᠦᠴᠡᠯ᠂ ᠪᠡᠶ᠎ᠡ ᠴᠢᠬᠢᠷᠠᠭᠵᠢᠭᠤᠯᠬᠤ᠂ ᠭᠡᠷ ᠤᠨ ᠶᠠᠪᠣᠳᠠᠯ ᠤᠨ ᠦᠢᠯᠡᠴᠢᠯᠡᠭᠡ ᠵᠡᠷᠭᠡ ᠰᠢᠨ᠎ᠡ ᠮᠠᠨᠳᠣᠭᠰᠠᠨ ᠠᠵᠤ ᠠᠬᠤᠶᠢᠠᠯᠯ ᠢ ᠬᠦᠭᠵᠢᠭᠦᠯᠦᠨ ᠪᠣᠵᠠᠭᠠᠶᠢᠷᠠᠭᠤᠯᠵᠤ᠂ ᠠᠷᠠᠳ ᠲᠦᠮᠡᠨ ᠤ ᠡᠳᠦᠷ ᠢᠷᠡᠭᠦᠶ᠎ᠡ ᠨᠡᠮᠡᠭᠳᠡᠵᠦ  ᠪᠠᠶᠢᠭ᠎ᠠ ᠤᠯᠠᠨ ᠶᠠᠩᠵᠤ ᠶᠢᠨ ᠬᠡᠷᠡᠭᠯᠡᠭᠡᠨ ᠤ ᠱᠠᠭᠠᠷᠳᠠᠯᠭ᠎ᠠ ᠶᠢ ᠲᠠᠰᠣᠷᠠᠯᠲᠠ ᠦᠭᠡᠢ ᠬᠠᠩᠭᠠᠨ᠎ᠠ᠃     ︵ᠲᠠᠪᠤ︶ ᠬᠤᠲᠠ ᠪᠠᠯᠭᠠᠰᠣᠵᠢᠯᠲᠠ ᠶᠢᠨ ᠪᠠᠶᠢᠭᠤᠯᠣᠯᠲᠠ ᠳᠤ ᠪᠣᠲᠠᠲᠤ ᠦᠷ᠎ᠡ ᠪᠦᠲᠦᠮᠵᠢ ᠣᠯᠬᠤ ᠶᠢ ᠠᠬᠢᠭᠤᠯᠣᠨ᠎ᠠ᠃ ᠬᠤᠲᠠ ᠬᠦᠳᠡᠭᠡ ᠶᠢ ᠨᠢᠭᠡᠳᠦᠯᠲᠡᠢ ᠲᠦᠯᠦᠪᠯᠡᠨ ᠬᠦᠭᠵᠢᠭᠦᠯᠬᠦ ᠶᠢ ᠪᠠᠷᠢᠮᠲᠠᠯᠠᠨ᠂ ᠬᠤᠲᠠ ᠬᠦᠳᠡᠭᠡ ᠶᠢ ᠨᠢᠭᠡ ᠴᠣᠭᠴᠠᠵᠢᠭᠤᠯᠣᠭᠰᠠᠨ ᠰᠢᠨ᠎ᠡ ᠪᠦᠲᠦᠴᠡ ᠶᠢ ᠲᠦᠷᠭᠡᠨ ᠪᠣᠢ ᠪᠣᠯᠭᠠᠵᠤ᠂ ᠬᠤᠲᠠ ᠪᠠᠯᠭᠠᠰᠤᠨ ᠤ ᠠᠮᠢᠳᠣᠷᠠᠯ ᠢ ᠨᠡᠩ ᠲᠦᠭᠦᠮ ᠳᠠᠭᠠᠯᠠᠮᠵᠢᠲᠠᠢ ᠪᠣᠯᠭᠠᠨ᠎ᠠ᠃      ᠭᠤᠣᠯ ᠬᠤᠲᠠ ᠶᠢᠨ ᠲᠣᠭᠤᠷᠢᠭ ᠤᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠯᠦᠪᠸᠢ ᠪᠠᠯᠭᠠᠰᠤᠨ ᠤ ᠡᠵᠡᠮᠳᠡᠯ ᠤᠨ ᠴᠢᠨᠠᠷᠲᠠᠢ ᠨᠠᠷᠢᠨ ᠲᠦᠯᠦᠪᠵᠢᠭᠦᠯᠭᠡ ᠶᠢᠨ ᠬᠠᠮᠤᠷᠬᠤ ᠨᠤᠷᠮ᠎ᠠ ᠶᠢ 74.8% ᠬᠦᠷᠭᠡᠨ᠎ᠡ︔ ︽ᠬᠤᠰᠢᠭᠤ ᠬᠠᠷᠢᠶ᠎ᠠ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠦᠭᠦᠭᠡᠷᠦᠮᠵᠢ ᠶᠢᠨ ᠲᠣᠰᠬᠠᠢ ᠲᠦᠯᠦᠪᠵᠢᠭᠦᠯᠭᠡ︾᠂ ︽ᠬᠤᠰᠢᠭᠤ ᠬᠠᠷᠢᠶ᠎ᠠ ᠶᠢᠨ ᠬᠦᠳᠡᠭᠡ ᠲᠣᠰᠬᠤᠨ ᠤ ᠪᠠᠶᠢᠭᠤᠯᠣᠯᠲᠠ ᠶᠢᠨ ᠲᠦᠯᠦᠪᠵᠢᠭᠦᠯᠭᠡ︾ ᠶᠢ ᠨᠠᠶᠢᠷᠠᠭᠤᠯᠣᠨ ᠲᠡᠭᠦᠯᠳᠡᠷᠵᠢᠭᠦᠯᠦᠨ᠎ᠡ᠃ ᠭᠤᠣᠯ ᠬᠤᠲᠠ ᠶᠢᠨ ᠲᠣᠭᠤᠷᠢᠭ ᠤᠨ ᠪᠥᠷᠬᠡ ᠭᠡᠷ ᠣᠷᠣᠨ ᠤ ᠦᠭᠡᠷᠡᠴᠢᠯᠡᠯᠲᠡ ᠶᠢᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ 10 ᠬᠠᠭᠤᠴᠢᠨ ᠪᠠᠭ᠎ᠠ ᠲᠣᠭᠤᠷᠢᠭ ᠤᠨ ᠬᠤᠭᠤᠯᠠᠢ ᠲᠣᠣᠷ ᠢ ᠦᠭᠡᠷᠡᠴᠢᠯᠡᠬᠦ ᠶᠢ ᠪᠡᠶᠡᠯᠡᠭᠦᠯᠵᠦ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠨᠦᠬᠦᠴᠡᠯ ᠢ ᠲᠠᠰᠣᠷᠠᠯᠲᠠ ᠦᠭᠡᠢ ᠰᠠᠶᠢᠵᠢᠷᠠᠭᠤᠯᠣᠨ᠎ᠠ᠃ ᠮᠤᠵᠢ ᠶᠢᠨ ᠵᠠᠮ 208 ᠱᠣᠭᠤᠮ ᠢ ᠵᠠᠯᠭᠠᠬᠤ ᠲᠥᠷᠦᠯ ᠵᠦᠢᠯ ᠢ ᠪᠦᠬᠦ ᠲᠠᠯ᠎ᠠ ᠪᠠᠷ ᠠᠵᠢᠯ ᠳᠠᠭᠤᠰᠬᠠᠵᠤ ᠲᠡᠷᠭᠡ ᠨᠡᠪᠲᠡᠷᠡᠭᠦᠯᠦᠨ᠎ᠡ᠃ ᠳᠤᠮᠳᠠ ᠳᠠᠷᠣᠴᠠᠲᠤ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠲᠣᠣᠷ ᠢ 5000 ᠡᠷᠦᠬᠡ ᠳᠤ ᠤᠭᠰᠠᠷᠠᠬᠤ ᠶᠢ ᠪᠡᠶᠡᠯᠡᠭᠦᠯᠦᠨ᠎ᠡ᠃ ᠭᠤᠣᠯ ᠬᠤᠲᠠ ᠶᠢᠨ ᠲᠣᠭᠤᠷᠢᠭ ᠤᠨ ᠤᠰᠤ ᠬᠠᠩᠭᠠᠬᠤ ᠤᠰᠤᠨ ᠤ ᠴᠢᠨᠠᠷ ᠢ ᠳᠡᠭᠡᠭᠰᠢᠯᠡᠭᠦᠯᠬᠦ ᠲᠥᠷᠦᠯ ᠵᠦᠢᠯ ᠢ ᠬᠡᠷᠡᠭᠵᠢᠭᠦᠯᠵᠦ᠂ ᠰᠠᠭᠤᠭᠠᠯᠢ ᠠᠷᠠᠳ ᠤᠨ ᠢᠳᠡᠭᠡᠨ ᠤ ᠤᠰᠤᠨ ᠤ ᠠᠮᠤᠷ ᠲᠦᠪᠰᠢᠨ ᠢ ᠪᠠᠲᠣᠯᠠᠨ᠎ᠠ᠃ ᠦᠪᠡᠷᠲᠡᠭᠡᠨ ᠵᠠᠰᠠᠬᠤ ᠣᠷᠣᠨ ᠤ ᠳᠡᠰ ᠤᠨ ᠠᠷᠢᠭᠤᠨ ᠴᠡᠪᠡᠷ ᠬᠤᠰᠢᠭᠤ ᠶᠢ ᠡᠭᠦᠳᠦᠨ ᠪᠠᠶᠢᠭᠤᠯᠣᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ᠎ᠡ᠃ ︽ᠵᠠᠷᠣᠳ ᠬᠤᠰᠢᠭᠤᠨ ᠤ ᠬᠤᠲᠠ ᠶᠢᠨ ᠨᠤᠭᠤᠭᠠᠷᠠᠭᠤᠯᠬᠤ ᠭᠠᠵᠠᠷ ᠤᠨ ᠰᠢᠰᠲ᠋ᠧᠮᠲᠤ ᠲᠦᠯᠦᠪᠵᠢᠭᠦᠯᠭᠡ︾ ᠶᠢ ᠨᠡᠶᠢᠷᠡᠭᠤᠯᠣᠨ ᠲᠡᠭᠦᠰᠭᠡᠵᠦ᠂ ᠤᠯᠤᠰ ᠤᠨ ᠳᠡᠰ ᠤᠨ ᠴᠡᠴᠡᠷᠯᠢᠭᠲᠦ ᠬᠤᠰᠢᠭᠤ ᠶᠢ ᠭᠤᠶᠣᠴᠢᠯᠠᠨ ᠮᠡᠳᠡᠭᠦᠯᠬᠦ ᠠᠵᠢᠯ ᠢ ᠡᠬᠢᠯᠡᠭᠦᠯᠦᠨ᠎ᠡ᠃ ᠬᠤᠲᠠ ᠶᠢᠨ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠴᠢᠩᠳᠠᠯᠠᠵᠤ᠂ ᠠᠳᠠᠯ ᠠᠬᠤᠢ ᠶᠢᠨ ᠬᠠᠮᠢᠶᠠᠷᠣᠯᠲᠠ ᠶᠢᠨ ᠲᠦᠪᠡᠭ ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ᠯᠦᠪᠸᠢ ᠶᠢᠨ ᠵᠡᠭᠡᠯᠢ ᠭᠤᠲᠣᠮᠵᠢ ᠶᠢᠨ ︽3456︾ ᠠᠵᠢᠯ ᠤᠨ ᠠᠷᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠲᠣᠣᠷᠵᠢᠭᠰᠠᠨ ᠬᠠᠮᠢᠶᠠᠷᠣᠯᠲᠠ᠂ ᠨᠠᠷᠢᠯᠢᠭᠵᠢᠭᠰᠠᠨ ᠦᠢᠯᠡᠴᠢᠯᠡᠭᠡ ᠲᠠᠢ ᠵᠣᠯ ᠵᠢᠷᠭᠠᠯᠲᠤ ᠨᠡᠶᠢᠭᠡᠮ ᠲᠣᠭᠤᠷᠢᠭ ᠢ ᠪᠠᠶᠢᠭᠤᠯᠣᠨ᠎ᠠ᠃     ᠤᠨᠴᠠᠯᠢᠭᠲᠤ ᠪᠠᠯᠭᠠᠰᠤ ᠶᠢ ᠬᠦᠴᠦᠯᠡᠨ ᠪᠠᠶᠢᠭᠤᠯᠣᠨ᠎ᠠ᠃ ᠬᠦᠭᠵᠢᠭᠦᠯᠦᠯᠲᠡ ᠶᠢᠨ ᠲᠦᠯᠦᠪᠵᠢᠭᠦᠯᠭᠡ ᠪᠠᠨ ᠲᠣᠭᠲᠠᠭᠠᠨ ᠲᠡᠭᠦᠯᠳᠡᠷᠵᠢᠭᠦᠯᠵᠦ᠂ ᠲᠣᠬᠠᠢ ᠶᠢᠨ ᠭᠠᠵᠠᠷ ᠤᠨ ᠪᠠᠶᠢᠳᠠᠯ ᠲᠠᠢ ᠪᠠᠨ ᠣᠶᠠᠯᠳᠣᠭᠤᠯᠣᠨ ᠨᠢᠭᠡ ᠪᠦᠯᠦᠭ ᠣᠨᠴᠠᠯᠢᠭᠲᠤ ᠪᠠᠯᠭᠠᠰᠤ ᠶᠢ ᠪᠠᠶᠢᠭᠤᠯᠵᠤ᠂ ᠤᠨᠴᠠᠯᠢᠭᠲᠤ ᠠᠵᠤ ᠦᠢᠯᠡᠰ ᠢ ᠲᠦᠪᠯᠡᠷᠡᠭᠦᠯᠦᠨ᠂ ᠰᠤᠶᠣᠯ᠂ ᠵᠤᠭᠠᠴᠠᠯ᠂ ᠠᠷᠠᠯᠵᠢᠶ᠎ᠠ ᠬᠤᠳᠠᠯᠳᠤᠭ᠎ᠠ ᠵᠡᠷᠭᠡ ᠴᠢᠳᠠᠮᠵᠢ ᠶᠢ ᠬᠤᠷᠠᠮᠳᠣᠭᠤᠯᠣᠨ᠂ ᠠᠷᠤ ᠬᠦᠨᠳᠡᠯᠡᠨ ᠪᠠᠯᠭᠠᠰᠤ ᠪᠠ ᠪᠠᠶᠠᠷᠲᠣᠬᠤᠰᠢᠭᠤ ᠪᠠᠯᠭᠠᠰᠤᠨ ᠤ ᠲᠠᠯ᠎ᠠ ᠨᠤᠳᠤᠭ ᠤᠨ ᠵᠤᠭᠠᠴᠠᠯ᠂ ᠵᠢᠷᠦᠬᠡ ᠪᠠᠯᠭᠠᠰᠤᠨ ᠤ ᠬᠤᠪᠢᠰᠬᠠᠯ ᠤᠨ ᠵᠤᠭᠠᠴᠠᠯ ᠂ ᠳᠣᠯᠣᠲᠤ ᠰᠤᠮᠣ ᠶᠢᠨ ᠡᠷᠲᠡᠨ ᠤ ᠲᠡᠦᠬᠡ ᠰᠤᠶᠣᠯ᠂ ᠭᠡᠷᠴᠢᠯᠠᠭᠤ ᠰᠤᠮᠣ ᠪᠠ ᠦᠯᠵᠡᠶᠢᠮᠦ᠋ᠷᠡᠨ ᠰᠤᠮᠣ ᠶᠢᠨ ᠦᠨᠳᠦᠰᠦᠲᠡᠨ ᠤ ᠰᠤᠶᠣᠯ᠂ ᠰᠢᠶᠠᠩᠱᠠᠨ ᠪᠠᠯᠭᠠᠰᠤ ᠪᠠ ᠪᠠᠶᠠᠨᠳᠠᠯ᠎ᠠ ᠰᠤᠮᠣ ᠶᠢᠨ ᠡᠯᠳᠡᠪ ᠠᠮᠤ ᠪᠣᠷᠴᠠᠭ᠂ ᠰᠢᠶᠠᠩᠱᠠᠨ ᠲᠠᠷᠢᠶᠠᠯᠠᠩ ᠤᠨ ᠲᠠᠯᠠᠪᠠᠢ ᠶᠢᠨ ᠨᠠᠷᠠᠨ ᠬᠤᠸᠠᠷ ᠤᠨ ᠠᠵᠤ ᠦᠢᠯᠡᠰ᠂ ᠬᠤᠩᠬᠠᠲᠤ ᠠᠭᠤᠯᠠ ᠪᠠᠯᠭᠠᠰᠤᠨ ᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠵᠡᠷᠭᠡ ᠣᠨᠴᠠᠯᠢᠭᠲᠤ ᠪᠠᠯᠭᠠᠰᠤ ᠶᠢᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠰ ᠤᠨ ᠠᠮᠢᠵᠢᠷᠠᠯ ᠤᠨ ᠬᠦᠴᠦᠨ ᠢ ᠣᠷᠮᠠᠰᠢᠭᠤᠯᠵᠤ᠂ ᠣᠨᠴᠠᠯᠢᠭᠲᠤ ᠨᠡᠷ᠎ᠡ ᠱᠣᠰᠢᠭ᠎ᠠ ᠶᠢ ᠡᠭᠦᠳᠦᠨ᠂ ᠤᠯᠠᠨ ᠶᠠᠩᠵᠤᠵᠢᠭᠰᠠᠨ ᠬᠤᠲᠠ ᠪᠠᠯᠭᠠᠰᠤᠨ ᠤ ᠬᠦᠭᠵᠢᠯᠲᠡ ᠶᠢᠨ ᠪᠦᠲᠦᠴᠡ ᠶᠢ ᠲᠦᠯᠦᠪᠰᠢᠷᠡᠭᠦᠯᠬᠦ ᠶᠢ ᠲᠦᠷᠭᠡᠳᠭᠡᠵᠦ᠂ ᠬᠤᠲᠠ ᠬᠦᠳᠡᠭᠡ ᠶᠢᠨ ᠠᠵᠤ ᠠᠬᠤᠢ ᠶᠢᠨ ᠵᠤᠬᠢᠴᠠᠨ ᠬᠦᠭᠵᠢᠬᠦ ᠶᠢ ᠠᠬᠢᠭᠤᠯᠣᠨ᠎ᠠ᠃     ᠰᠠᠭᠤᠷᠢ ᠲᠦᠭᠦᠭᠡᠷᠦᠮᠵᠢ ᠶᠢᠨ ᠬᠦᠷᠦᠯᠴᠡᠬᠦ ᠦᠭᠡᠢ ᠲᠠᠯ᠎ᠠ ᠪᠠᠨ ᠭᠦᠢᠴᠡᠳ ᠨᠦᠬᠦᠪᠦᠷᠢᠯᠡᠨ᠎ᠡ᠃ ᠪᠣᠶᠢᠲᠠ ᠪᠦᠭᠯᠡᠭᠦᠦ ᠲᠠᠷᠢᠶᠠᠯᠠᠬᠤ ᠮᠠᠯᠵᠢᠬᠤ ᠣᠷᠣᠨ ᠳᠤ ᠰᠢᠨ᠎ᠡ ᠡᠨᠧᠷᠬᠢ ᠶᠢᠨ ᠰᠤᠷᠪᠣᠯᠵᠢ ᠶᠢᠨ ᠴᠠᠬᠢᠯᠭᠠᠨ ᠬᠡᠷᠡᠭᠯᠡᠬᠦ ᠢᠨᠵᠧᠨᠧᠷᠢᠩ ᠢ ᠬᠡᠷᠡᠭᠵᠢᠭᠦᠯᠵᠦ᠂ ᠦᠨᠳᠦᠰᠦᠨ ᠱᠠᠲᠤᠨ ᠤ ᠠᠷᠠᠳ ᠲᠦᠮᠡᠨ ᠤ ᠴᠠᠬᠢᠯᠭᠠᠨ ᠬᠡᠷᠡᠭᠯᠡᠬᠦ ᠳᠤ ᠬᠦᠴᠢᠷ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠮᠤᠵᠢ ᠶᠢᠨ ᠳᠡᠰ ᠤᠨ 208 ᠱᠣᠭᠤᠮ ᠤᠨ ᠵᠠᠷᠣᠳ ᠤᠨ ᠬᠡᠰᠡᠭ᠂ ᠶᠠᠳᠠᠭᠤ ᠶᠢ ᠲᠡᠳᠭᠦᠬᠦ ᠠᠵᠤ ᠦᠢᠯᠡᠰ ᠤᠨ ᠵᠠᠮ ᠪᠠ ᠪᠠᠶᠢᠭᠤᠯᠣᠯᠲᠠᠲᠤ ᠲᠣᠰᠬᠤᠨ ᠤ ᠵᠠᠮ ᠵᠡᠷᠭᠡ ᠵᠠᠯᠭᠠᠨ ᠪᠠᠶᠢᠭᠤᠯᠬᠤ ᠢᠨᠵᠧᠨᠧᠷᠢᠩ ᠢ ᠪᠡᠶᠡᠯᠡᠭᠦᠯᠦᠨ᠎ᠡ᠃ ︽ᠵᠠᠮ ᠤᠨ ᠠᠬᠠᠯᠠᠭᠴᠢ ᠶᠢᠨ ᠳᠥᠷᠢᠮ︾ ᠶᠢ ᠬᠡᠷᠡᠭᠵᠢᠭᠦᠯᠦᠨ᠂ ︽ᠳᠥᠷᠪᠡᠨ ᠰᠠᠶᠢᠨ ᠬᠦᠳᠡᠭᠡ ᠲᠣᠰᠬᠤᠨ ᠤ ᠵᠠᠮ︾ ᠤᠨ ᠪᠠᠶᠢᠭᠤᠯᠣᠯᠲᠠ ᠦᠪᠡᠷᠲᠡᠭᠡᠨ ᠵᠠᠰᠠᠬᠤ ᠣᠷᠣᠨ ᠤ ᠰᠢᠯᠭᠠᠨ ᠬᠤᠷᠢᠶᠠᠯᠲᠠ ᠶᠢ ᠣᠷᠣᠭᠰᠢᠲᠠᠢ ᠦᠩᠭᠡᠷᠡᠬᠦ ᠶᠢ ᠠᠬᠢᠭᠤᠯᠣᠨ᠎ᠠ᠃ 306 ᠮᠤᠵᠢ ᠶᠢᠨ ᠵᠠᠮ ︽ᠨᠢᠭᠡᠳᠦᠭᠡᠷ ᠳᠡᠰ ᠤᠨ ᠵᠠᠮ ᠢ ᠬᠤᠷᠳᠤᠨ ᠵᠠᠮ ᠪᠣᠯᠭᠠᠬᠤ︾ ᠪᠠᠷᠢᠯᠭ᠎ᠠ ᠶᠢᠨ ᠵᠢᠷᠤᠭ ᠲᠦᠯᠦᠪᠯᠡᠭᠡ ᠪᠠ 210 ᠮᠤᠵᠢ ᠶᠢᠨ ᠵᠠᠮ ᠤᠨ ᠲᠦᠯᠦᠪᠵᠢᠭᠦᠯᠭᠡ ᠶᠢᠨ ᠵᠢᠷᠤᠭ ᠲᠦᠯᠦᠪᠯᠡᠭᠡ ᠶᠢ ᠪᠡᠶᠡᠯᠡᠭᠦᠯᠵᠦ᠂ ᠯᠦᠪᠸᠢ ᠠᠴᠠ ᠬᠤᠣᠯᠢᠩᠭᠤᠣᠯ ᠬᠦᠷᠬᠦ ᠬᠤᠷᠲᠣᠨ ᠵᠠᠮ ᠤᠨ ᠲᠥᠷᠦᠯ ᠵᠦᠢᠯ ᠢ ᠢᠳᠡᠪᠬᠢᠲᠡᠢ ᠭᠤᠶᠤᠴᠢᠯᠠᠨ ᠣᠯᠵᠤ᠂ ᠨᠡᠶᠢᠳᠡᠮ ᠬᠡᠷᠡᠭᠯᠡᠭᠳᠡᠬᠦ ᠨᠢᠰᠭᠡᠯ ᠤᠨ ᠲᠠᠯᠠᠪᠠᠢ ᠶᠢᠨ ᠲᠥᠷᠦᠯ ᠵᠦᠢᠯ ᠢ ᠡᠬᠢᠯᠡᠨ ᠪᠠᠶᠢᠭᠤᠯᠬᠤ ᠪᠠᠷ ᠬᠦᠴᠦᠯᠡᠨ ᠴᠢᠷᠮᠠᠶᠢᠨ᠎ᠠ᠃ ᠳᠤᠯᠣᠭᠠᠨ ᠨᠠᠭᠤᠷ ᠤᠨ ᠴᠦᠬᠦᠷᠦᠮ᠂ ᠣᠯᠠᠭᠠᠨᠬᠠᠳᠠ ᠴᠦᠬᠦᠷᠦᠮ ᠤᠨ ᠡᠮᠦᠨᠡᠬᠢ ᠠᠵᠢᠯ ᠢ ᠲᠦᠷᠭᠡᠳᠭᠡᠵᠦ᠂ ︽ᠴᠣᠣᠯ ᠭᠤᠣᠯ ᠤᠨ ᠤᠰᠤ ᠶᠢ ᠲᠠᠲᠠᠵᠤ ᠯᠣᠤᠬ᠎ᠠ ᠶᠢᠨ ᠭᠤᠣᠯ ᠳᠤ ᠣᠷᠣᠭᠤᠯᠬᠤ︾ ᠢᠨᠵᠧᠨᠧᠷᠢᠩ ᠢ ᠪᠠᠲᠣᠯᠠᠵᠤ᠂ ᠮᠣᠳᠤ ᠴᠦᠬᠦᠷᠦᠮ ᠤᠨ ᠪᠠᠷᠢᠯᠭ᠎ᠠ ᠶᠢ  ᠪᠠᠶᠢᠭᠤᠯᠵᠤ ᠳᠠᠭᠤᠰᠬᠠᠨ᠎ᠠ᠃     ︵ᠵᠢᠷᠭᠤᠭ᠎ᠠ︶ ᠦᠭᠡᠷᠡᠴᠢᠯᠡᠯᠲᠡ ᠬᠢᠵᠦ ᠴᠢᠯᠦᠭᠡᠲᠡᠢ ᠶᠠᠪᠣᠯᠴᠠᠬᠤ ᠶᠢ ᠭᠦᠨᠵᠡᠭᠡᠶᠢᠷᠡᠭᠦᠯᠦᠨ ᠪᠣᠲᠠᠲᠤ ᠦᠷ᠎ᠡ ᠪᠦᠲᠦᠮᠵᠢ ᠣᠯᠬᠤ ᠶᠢ ᠠᠬᠢᠭᠤᠯᠣᠨ᠎ᠠ᠃ ᠲᠦᠩᠯᠢᠶᠦᠦ ᠬᠤᠲᠠ ᠶᠢᠨ ᠦᠪᠦᠷ ᠮᠣᠩᠭᠤᠯ ᠤᠨ ᠵᠡᠭᠦᠨ ᠬᠡᠰᠡᠭ ᠢᠶᠠᠷ ᠰᠠᠭᠤᠷᠢᠯᠠᠨ ᠵᠡᠭᠦᠨ ᠬᠤᠶᠢᠲᠤ ᠤᠷᠤᠨ ᠲᠠᠢ ᠨᠡᠶᠢᠯᠡᠬᠦ ᠪᠠᠷ ᠭᠤᠣᠯᠯᠠᠭᠤᠯᠣᠨ᠂ ᠲᠠᠯ᠎ᠠ ᠨᠤᠳᠤᠭ ᠢᠶᠠᠨ ᠪᠠᠷᠠᠯᠠᠨ ᠪᠦᠸᠧᠬᠠᠢ ᠲᠠᠩᠭᠢᠰ ᠲᠡᠰᠢ ᠬᠠᠨᠳᠣᠵᠤ᠂ ᠵᠡᠭᠦᠨᠰᠢ ᠪᠡᠷᠡᠭᠤᠨᠰᠢ ᠨᠡᠪᠲᠡᠷᠡᠭᠰᠡᠨ᠂ ᠡᠮᠦᠨᠡᠰᠢ ᠣᠮᠠᠷᠠᠰᠢ ᠬᠤᠯᠪᠣᠭᠠᠯᠠᠭᠰᠠᠨ ︽ᠨᠢᠭᠡ ᠪᠦᠰᠡ ᠨᠢᠭᠡ ᠵᠠᠮ︾ ᠤᠨ ᠲᠠᠯ᠎ᠠ ᠨᠤᠳᠤᠭ ᠤᠨ ᠨᠡᠷᠡᠲᠦ ᠬᠤᠲᠠ ᠶᠢ ᠪᠠᠶᠢᠭᠤᠯᠬᠤ ᠬᠠᠷᠠᠯᠲᠠ ᠳᠤ ᠴᠢᠭᠯᠡᠭᠦᠯᠦᠨ᠂ ᠪᠦᠬᠦ ᠣᠷᠣᠨ ᠪᠦᠰᠡ ᠶᠢᠨ ᠭᠠᠳᠠᠭᠠᠲᠤ ᠨᠡᠬᠡᠬᠡᠯᠲᠡ ᠪᠠᠨ ᠤᠯᠠᠮ ᠨᠢᠭᠡ ᠠᠯᠬᠤᠮ ᠦᠷᠭᠡᠳᠭᠡᠵᠦ᠂ ᠬᠦᠭᠵᠢᠯᠲᠡ ᠶᠢᠨ ᠬᠦᠳᠡᠯᠭᠡᠬᠦ ᠬᠦᠴᠦᠨ ᠢᠶᠠᠨ ᠬᠦᠴᠦᠯᠡᠨ ᠨᠡᠮᠡᠭᠳᠡᠭᠦᠯᠵᠦ᠂ ᠬᠦᠭᠵᠢᠯᠲᠡ ᠶᠢᠨ ᠣᠷᠣᠨ ᠵᠠᠢ ᠪᠠᠨ ᠲᠠᠰᠣᠷᠠᠯᠲᠠ ᠦᠭᠡᠢ ᠥᠷᠭᠡᠵᠢᠭᠦᠯᠵᠦ ᠬᠦᠭᠵᠢᠯᠲᠡ ᠶᠢᠨ ᠲᠣᠯᠭᠠᠭᠤᠷᠢᠯᠠᠯ ᠢᠶᠠᠨ ᠦᠷᠭᠦᠯᠵᠢᠯᠡᠨ ᠴᠢᠩᠳᠠᠯᠠᠨ᠎ᠠ᠃     ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠦᠭᠡᠷᠡᠴᠢᠯᠡᠯᠲᠡ ᠶᠢ ᠠᠬᠢᠭᠤᠯᠣᠨ᠎ᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ︽ᠨᠢᠭᠡ ᠰᠦᠯᠵᠢᠶ᠎ᠡ᠂ ᠨᠢᠭᠡ ᠡᠭᠦᠳᠡ᠂ ᠨᠢᠭᠡ ᠤᠳᠠᠭ᠎ᠠ ︾ ᠪᠠᠷ ᠭᠤᠣᠯᠳᠠᠯᠭ᠎ᠠ ᠪᠣᠯᠭᠠᠨ᠂ ︽ᠢᠨᠲ᠋ᠧᠷᠨᠧᠲ ᠰᠦᠯᠵᠢᠶ᠎ᠡ +︾ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠰᠢᠨ᠎ᠡ ᠵᠠᠭᠪᠣᠷ ᠢ ᠳᠠᠷᠣᠶᠢᠬᠠᠨ ᠪᠦᠷᠢᠯᠳᠦᠭᠦᠯᠵᠦ᠂ ︽ᠨᠢᠭᠡ ᠤᠳᠠᠭ᠎ᠠ ᠬᠦᠶᠦᠬᠦ︾ ᠶᠢ ᠦᠨᠡᠨᠬᠦ ᠪᠡᠶᠡᠯᠡᠭᠦᠯᠦᠨ᠎ᠡ᠃ ᠬᠦᠳᠡᠭᠡ ᠲᠣᠰᠬᠤᠨ ᠮᠠᠯᠵᠢᠬᠤ ᠣᠷᠣᠨ ᠤ ᠭᠠᠵᠠᠷ ᠰᠢᠷᠣᠢ ᠨᠤᠳᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠬᠤ︾ ᠦᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠤᠯᠤᠰ ᠤᠨ ᠣᠢ ᠰᠢᠭᠤᠢ ᠶᠢᠨ ᠲᠠᠯᠠᠪᠠᠢ ᠶᠢᠨ ᠦᠭᠡᠷᠡᠴᠢᠯᠡᠯᠲᠡ ᠶᠢᠨ ᠳᠠᠷᠠᠭᠠᠬᠢ ᠠᠵᠢᠯ ᠢ ᠪᠦᠬᠦ ᠬᠦᠴᠦᠨ ᠢᠶᠠᠷ ᠢᠶᠠᠨ ᠬᠦᠴᠦᠯᠡᠨ ᠰᠠᠶᠢᠲᠤᠷ ᠬᠢᠵᠦ᠂ ᠰᠤᠮᠣ ᠪᠠᠯᠭᠠᠰᠤ ᠪᠠ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠨᠡᠶᠢᠲᠡ ᠶᠢᠨ ᠦᠮᠴᠢᠯᠡᠯ ᠤᠨ ᠡᠷᠬᠡ ᠶᠢᠨ ᠳᠥᠷᠢᠮ ᠤᠨ ᠦᠭᠡᠷᠡᠴᠢᠯᠡᠯᠲᠡ ᠶᠢᠨ ᠲᠤᠷᠰᠢᠬᠤ ᠴᠡᠭ ᠤᠨ ᠠᠵᠢᠯ ᠢ ᠪᠡᠶᠡᠯᠡᠭᠦᠯᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠠᠬᠢᠭᠤᠯᠵᠤ᠂ ᠦᠨᠳᠦᠰᠦᠨ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶᠠᠨ ᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢᠨ ᠦᠷ᠎ᠡ ᠪᠦᠲᠦᠮᠵᠢ ᠪᠠᠨ ᠪᠠᠬᠢᠵᠢᠭᠦᠯᠵᠦ᠂ ᠤᠯᠤᠰ ᠤᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠠᠯᠪᠠᠨ ᠭᠡᠷ ᠤᠨ ᠨᠡᠶᠢᠭᠡᠮ ᠤᠨ ᠡᠭᠦᠷᠭᠡ ᠴᠢᠳᠠᠪᠣᠷᠢ ᠪᠠ ᠤᠯᠤᠰ ᠤᠨ ᠲᠠᠷᠢᠶᠠᠯᠠᠩ ᠤᠨ ᠠᠲᠠᠷ ᠬᠠᠭᠠᠯᠪᠣᠷᠢᠯᠠᠬᠤ ᠬᠢᠵᠠᠭᠠᠷᠲᠤ ᠺᠤᠮᠫᠠᠨᠢ ᠶᠢᠨ ᠡᠵᠡᠩᠨᠡᠯᠲᠡ ᠬᠠᠮᠢᠶᠠᠷᠣᠯᠲᠠ ᠶᠢᠨ ᠳᠥᠷᠢᠮ ᠢ ᠲᠡᠭᠦᠯᠳᠡᠷᠵᠢᠭᠦᠯᠦᠨ᠎ᠡ ᠃ ᠡᠳ᠋ ᠤᠨ ᠵᠠᠰᠠᠭ ᠤᠨ ᠶᠠᠪᠣᠳᠠᠯ ᠤᠨ ᠡᠷᠬᠡ ᠪᠠ ᠵᠠᠷᠣᠯᠭ᠎ᠠ ᠶᠢᠨ ᠬᠠᠷᠢᠭᠤᠴᠠᠯᠭ᠎ᠠ ᠶᠢ ᠰᠠᠯᠭᠠᠬᠤ ᠦᠭᠡᠷᠡᠴᠢᠯᠡᠯᠲᠡ ᠶᠢ ᠠᠬᠢᠭᠤᠯᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠦᠷᠦᠩᠭᠡ ᠶᠢᠨ ᠬᠤᠷᠰᠢᠬᠤ ᠵᠠᠭᠪᠤᠷ ᠢ ᠲᠡᠭᠦᠯᠳᠡᠷᠵᠢᠭᠦᠯᠦᠨ᠂ ᠠᠷᠠᠳ ᠤᠨ ᠳᠣᠮᠳᠠᠬᠢ ᠪᠡᠯᠡ ᠣᠷᠣᠭᠤᠯᠬᠤ ᠳᠠᠯᠳᠠ ᠬᠦᠴᠦᠨ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠣᠷᠮᠠᠰᠢᠭᠤᠯᠣᠨ᠎ᠠ᠃ ᠨᠡᠶᠢᠭᠡᠮ ᠤᠨ ᠠᠵᠢᠯ ᠦᠢᠯᠡᠰ ᠤᠨ ᠪᠠᠶᠢᠭᠤᠯᠣᠮᠵᠢ ᠶᠢᠨ ᠦᠭᠡᠷᠡᠴᠢᠯᠡᠯᠲᠡ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠤᠯᠠᠨ ᠲᠦᠮᠡᠨ ᠤ ᠦᠨᠡᠨ ᠮᠦᠨ ᠣᠯᠣᠯᠲᠠ ᠶᠢᠨ ᠲᠦᠷᠦᠭᠳᠡᠯ ᠢ ᠨᠡᠮᠡᠭᠳᠡᠭᠦᠯᠦᠨ᠎ᠡ᠃     ᠭᠠᠳᠠᠭᠠᠲᠤ ᠲᠠᠢ ᠴᠢᠯᠦᠭᠡᠲᠡᠢ ᠶᠠᠪᠣᠯᠴᠠᠬᠤ ᠪᠠᠨ ᠦᠷᠭᠡᠳᠭᠡᠨ᠎ᠡ᠃ ᠲᠤᠮᠳᠠᠳᠦ ᠮᠤᠩᠭᠤᠯ ᠤᠷᠤᠰ ᠤᠨ ᠠᠵᠦ ᠠᠬᠤᠢ ᠶᠢᠨ ᠬᠤᠩᠬᠢᠯ ᠤᠨ ᠪᠠᠶᠢᠭᠤᠯᠤᠯᠳᠠ ᠳᠤ ᠢᠳᠡᠪᠬᠢᠳᠡᠢ ᠤᠷᠤᠯᠴᠠᠵᠦ᠂ ᠮᠤᠩᠭᠤᠯ ᠤᠯᠤᠰ ᠯᠤᠭ᠎ᠠ ᠶᠢᠨ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠬᠦᠢᠯᠬᠡᠬᠡ᠂ ᠰᠤᠶᠣᠯ ᠰᠤᠷᠭᠠᠨ ᠬᠦᠮᠦᠵᠢᠯ ᠪᠡᠶ᠎ᠡ ᠲᠠᠮᠢᠷ ᠤᠨ ᠲᠠᠯ᠎ᠠ ᠪᠠᠷ ᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠦᠷᠭᠡᠳᠬᠡᠵᠦ᠂ ᠪᠤᠳᠠᠳᠦ ᠬᠦᠴᠦᠨ ᠲᠠᠢ ᠨᠦᠬᠦᠴᠡᠯ ᠲᠠᠢ ᠠᠵᠦ ᠠᠬᠤᠶᠢᠯᠠᠯ ᠢ ᠡᠩ ᠲᠡᠷᠢᠬᠦᠨ ᠳᠤ ︽ᠭᠠᠳᠠᠭᠠᠲᠤ ᠳᠤ ᠭᠠᠷᠬᠤ︾ ᠶᠢ ᠲᠡᠮᠵᠢᠵᠦ᠂ ᠵᠡᠬᠦᠨ ᠬᠠᠳᠠᠪᠴᠢ ᠬᠢᠯᠢ ᠪᠤᠭᠤᠮᠳᠠ ᠶᠢᠨ ᠪᠠᠷᠠᠭᠠᠨ ᠤ ᠬᠦᠢᠯᠬᠡᠬᠡᠨ ᠤ ᠲᠤᠭᠤᠷᠢᠭ ᠤᠨ ᠲᠦᠷᠦᠯ ᠵᠦᠢᠯ ᠢ ᠢᠳᠡᠪᠬᠢᠳᠡᠢ ᠠᠬᠢᠭᠤᠯᠤᠨ᠎ᠠ᠃ ᠵᠡᠬᠦᠨ ᠬᠤᠶᠢᠳᠦ ᠤᠷᠤᠨ ᠢ ᠬᠦᠭᠵᠢᠭᠦᠯᠦᠨ ᠮᠠᠨᠳᠣᠭᠤᠯᠬᠤ ᠲᠠᠢ ᠪᠦᠬᠦ ᠲᠠᠯ᠎ᠠ ᠪᠠᠷ ᠣᠶᠠᠯᠳᠣᠵᠤ᠂ ᠪᠦᠬᠦ ᠤᠯᠤᠰ ᠤᠨ ︽ᠨᠠᠢᠮᠠᠨ ᠬᠦᠨᠳᠡᠯᠡᠨ ᠨᠠᠢᠮᠠᠨ ᠭᠤᠯᠳᠦ︾ ᠬᠤᠷᠳᠤᠨ ᠲᠡᠮᠦᠷ ᠵᠠᠮ ᠤᠨ ᠲᠤᠤᠷ ᠪᠠ ᠲᠦᠩᠯᠢᠶᠤᠤ ᠬᠤᠳᠠ ᠶᠢᠨ ᠬᠤᠷᠳᠤᠨ ᠲᠡᠮᠦᠷ ᠵᠠᠮ ᠤᠨ ᠠᠵᠦ ᠠᠬᠤᠢ ᠶᠢᠨ ᠪᠦᠰᠡ ᠶᠢ ᠲᠦᠯᠦᠪᠵᠢᠬᠦᠯᠦᠨ ᠪᠠᠶᠢᠭᠤᠯᠬᠤ ᠠᠵᠠ ᠲᠤᠬᠢᠶᠠᠯ ᠢ ᠴᠢᠩᠭᠠᠳᠠ ᠠᠳᠬᠤᠵᠦ᠂ ᠨᠢᠭᠡ ᠪᠦᠯᠦᠭ ᠴᠢᠬᠤᠯᠠ ᠶᠡᠭᠡ ᠠᠵᠦ ᠦᠢᠯᠡᠰ᠂ ᠰᠠᠭᠤᠷᠢ ᠲᠦᠬᠦᠭᠡᠷᠦᠮᠵᠢ᠂ ᠠᠮᠢ ᠠᠬᠤᠢ ᠶᠢᠨ ᠪᠠᠶᠢᠭᠤᠯᠤᠯᠳᠠ ᠵᠡᠷᠬᠡ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠪᠡᠭᠡᠵᠢᠩ ᠲᠢᠶᠠᠨᠵᠢᠨ ᠾᠧᠪᠸᠢ ᠂ ᠬᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶ᠋ᠩ ᠮᠦᠷᠡᠨ ᠤ ᠭᠤᠷᠪᠠᠯᠵᠢᠨ ᠬᠤᠶᠢᠭ ᠵᠡᠷᠭᠡ ᠬᠦᠭᠵᠢᠭᠰᠡᠨ ᠭᠠᠵᠠᠷ ᠤᠷᠤᠨ ᠤ ᠠᠵᠤ ᠦᠢᠯᠡᠰ ᠤᠨ ᠰᠢᠯᠵᠢᠯᠳᠡ ᠶᠢ ᠶᠡᠭᠡ ᠬᠡᠪᠴᠢᠶ᠎ᠡ ᠪᠠᠷ ᠬᠦᠯᠢᠶᠡᠨ ᠠᠪᠴᠦ᠂ ᠤᠷᠤᠨ ᠪᠦᠰᠡ ᠬᠠᠮᠵᠢᠯᠴᠠᠭᠰᠠᠨ ᠦᠨᠳᠦᠷ ᠴᠢᠨᠠᠷ ᠴᠢᠨᠰᠠᠭ᠎ᠠ ᠲᠠᠢ ᠬᠦᠭᠵᠢᠯᠳᠡ ᠶᠢᠨ ᠰᠢᠨ᠎ᠡ ᠲᠠᠪᠠᠭᠤᠯᠢᠭ ᠢ  ᠪᠦᠲᠦᠭᠡᠨ᠎ᠡ᠃     ᠬᠤᠳᠠᠯᠳᠤᠭᠠᠴᠢᠨ ᠤᠷᠢᠵᠦ ᠪᠡᠯᠡ ᠲᠠᠳᠠᠬᠤ ᠶᠢ ᠤᠨᠤᠪᠴᠢᠳᠠᠢ ᠦᠷᠨᠢᠬᠦᠯᠦᠨ᠎ᠡ᠃ ᠠᠵᠦ ᠠᠬᠤᠢ ᠶᠢᠨ ᠦᠨᠳᠦᠷ ᠴᠢᠨᠠᠷ ᠴᠢᠨᠰᠠᠭ᠎ᠠ ᠲᠠᠢ ᠬᠦᠭᠵᠢᠯᠲᠡ ᠶᠢᠨ ᠠᠯᠢ ᠤᠯᠠᠨ ᠰᠠᠨᠠᠯ ᠲᠦᠷᠦ ᠶᠢᠨ ᠪᠤᠳᠣᠯᠭ᠎ᠠ ᠶᠢᠨ ᠨᠦᠯᠦᠭᠡ ᠶᠢ ᠬᠦᠢᠴᠡᠳ ᠪᠠᠳᠠᠷᠠᠭᠤᠯᠤᠨ᠂ ᠠᠵᠦ ᠦᠢᠯᠡᠰ ᠢᠶᠠᠨ ᠲᠠᠨᠢᠯᠴᠠᠭᠤᠯᠬᠤ ᠪᠠ ᠬᠤᠳᠠᠯᠳᠤᠭᠠᠴᠢᠨ ᠤᠷᠢᠵᠦ ᠪᠡᠯᠡ ᠲᠠᠳᠠᠬᠤ ᠠᠵᠢᠯᠯᠠᠭ᠎ᠠ  ᠶᠢ ᠲᠦᠪᠯᠡᠷᠡᠬᠦᠯᠦᠨ ᠦᠷᠨᠢᠬᠦᠯᠵᠦ᠂ ᠠᠵᠦ ᠠᠬᠤᠢ ᠶᠢᠨ ᠬᠦᠭᠵᠢᠯᠳᠡ ᠶᠢᠨ ᠵᠠᠯᠭᠠᠮᠵᠢ ᠬᠦᠴᠦᠨ ᠢᠶᠠᠨ ᠦᠨᠡᠨᠬᠦ  ᠴᠢᠩᠭᠠᠳᠬᠠᠨ᠎ᠠ᠃ ︽ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠢᠯᠢᠳᠡᠭᠵᠢᠭᠦᠯᠬᠦ ᠵᠢᠯ︾ ᠤᠨ ᠠᠵᠢᠯᠯᠠᠭ᠎ᠠ  ᠶᠢ ᠶᠡᠬᠡᠪᠡᠷ ᠦᠷᠨᠢᠬᠦᠯᠵᠦ᠂ ᠠᠵᠦ ᠠᠬᠤᠶᠢᠯᠠᠯ ᠡᠬᠢᠯᠡᠨ ᠡᠷᠬᠢᠯᠡᠬᠦ᠂ ᠲᠤᠭᠳᠠᠮᠠᠯ ᠬᠦᠷᠦᠩᠬᠡ ᠶᠢ ᠳᠠᠩᠰᠠᠯᠠᠨ ᠠᠷᠠᠯᠵᠢᠶᠠᠯᠠᠬᠤ᠂ ᠪᠦᠳᠦᠬᠡᠨ ᠪᠠᠶᠢᠭᠤᠯᠬᠤ ᠲᠦᠷᠦᠯ ᠵᠦᠢᠯ ᠤᠨ ᠪᠠᠷᠢᠯᠭ᠎ᠠ ᠪᠠᠷᠢᠬᠤ ᠵᠦᠪᠰᠢᠶᠡᠷᠡᠯ ᠵᠡᠷᠬᠡ ᠶᠢᠨ ᠬᠤᠷᠳᠤᠴᠠ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠠᠬᠢᠭᠤᠯᠵᠦ᠂ ᠬᠢᠨᠠᠨ ᠵᠦᠪᠰᠢᠶᠡᠷᠡᠯ ᠬᠠᠮᠤᠭ ᠪᠠᠭ᠎ᠠ᠂ ᠠᠯᠬᠤᠮ ᠲᠠᠷᠠᠭ᠎ᠠ ᠬᠠᠮᠤᠭ ᠤᠬᠤᠷ᠂ ᠦᠪᠡᠷ ᠤᠨ ᠦᠷᠳᠡᠭ ᠬᠠᠮᠤᠭ ᠲᠤᠤᠷ᠎ᠠ᠂ ᠢᠳᠡᠭᠡᠮᠵᠢ ᠬᠠᠮᠤᠭ ᠰᠠᠶᠢᠨ᠂ ᠦᠢᠯᠡᠴᠢᠯᠡᠭᠡ ᠬᠠᠮᠤᠭ ᠰᠢᠯᠢᠳᠡᠭ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠴᠢᠷᠮᠠᠶᠢᠨ ᠡᠭᠦᠳᠴᠦ᠂ ᠲᠦᠷᠦᠯ ᠵᠦᠢᠯ ᠲᠠᠳᠠᠨ ᠤᠷᠤᠭᠤᠯᠵᠦ ᠲᠡᠶᠢᠯᠬᠦ᠂ ᠦᠯᠡᠳᠡᠬᠡᠵᠦ ᠲᠡᠶᠢᠯᠬᠦ᠂ ᠦᠷ᠎ᠡ ᠪᠦᠳᠦᠮᠵᠢ ᠬᠠᠷᠠᠬᠤ ᠶᠢ ᠪᠠᠳᠤᠯᠠᠨ᠎ᠠ᠃ ᠪᠦᠬᠦ ᠠᠵᠦ ᠦᠢᠯᠡᠰ ᠤᠨ ᠬᠡᠯᠬᠢᠶ᠎ᠡ ᠲᠠᠢ ᠪᠠᠨ ᠤᠶᠠᠯᠳᠤᠭᠤᠯᠤᠨ ᠤᠨᠤᠪᠴᠢᠳᠠᠢ ᠪᠠᠷ ᠬᠤᠳᠠᠯᠳᠤᠭᠠᠴᠢᠨ ᠤᠷᠢᠵᠦ᠂ ᠬᠡᠯᠬᠢᠶ᠎ᠡ ᠪᠦᠳᠦᠭᠡᠬᠦ᠂ ᠬᠡᠯᠬᠢᠶ᠎ᠡ ᠪᠠᠨ ᠤᠷᠳᠤᠳᠬᠠᠬᠤ᠂ ᠬᠡᠯᠬᠢᠶ᠎ᠡ ᠪᠠᠨ ᠨᠦᠬᠦᠬᠦ᠂ ᠬᠡᠯᠬᠢᠶ᠎ᠡ ᠪᠠᠨ ᠬᠦᠴᠦᠷᠭᠡᠭᠵᠢᠭᠦᠯᠦᠨ ᠬᠤᠳᠠᠯᠳᠤᠭᠠᠴᠢᠨ ᠤᠷᠢᠬᠤ ᠶᠢ ᠦᠷᠨᠢᠬᠦᠯᠵᠦ᠂ ᠪᠦᠬᠦ ᠵᠢᠯ ᠳᠤ ᠬᠤᠳᠠᠯᠳᠣᠭᠠᠴᠢᠨ ᠤᠷᠢᠵᠦ ᠪᠡᠯᠡ ᠲᠠᠳᠠᠭᠰᠠᠨ ᠲᠦᠷᠦᠯ ᠵᠦᠢᠯ ᠢ 40 ᠠᠴᠠ ᠲᠡᠭᠡᠰᠢ ᠬᠦᠷᠭᠡᠵᠦ᠂ ᠪᠤᠳᠠᠳᠠᠶᠢᠵᠢᠭᠰᠠᠨ ᠪᠡᠯᠡ ᠮᠦᠩᠬᠦ ᠶᠢ 50 ᠳ᠋ᠦᠩᠰᠢᠭᠤᠷ ᠲᠦᠬᠦᠷᠢᠭ ᠠᠴᠠ ᠲᠡᠭᠡᠭᠰᠢ ᠪᠤᠯᠭᠠᠬᠤ ᠪᠠᠷ ᠴᠢᠷᠮᠠᠶᠢᠵᠦ᠂ ᠦᠨᠳᠦᠷ ᠴᠢᠨᠠᠷ ᠲᠠᠢ ᠲᠦᠷᠦᠯ ᠵᠦᠢᠯ ᠢᠶᠠᠷ ᠦᠨᠳᠦᠷ ᠴᠢᠨᠰᠠᠭ᠎ᠠ ᠲᠠᠢ ᠬᠦᠭᠵᠢᠯᠳᠡ ᠶᠢ ᠠᠬᠢᠭᠤᠯᠤᠨ᠎ᠠ᠃     ︵ᠲᠤᠯᠤᠭ᠎ᠠ︶ ᠪᠠᠶᠢᠭᠠᠯᠢᠭ ᠵᠠᠷᠤᠳ ᠤᠨ ᠴᠤᠭᠴᠠᠯᠠᠯᠳᠠ ᠪᠤᠳᠠᠳᠦ ᠦᠷ᠎ᠡ ᠪᠦᠲᠦᠮᠵᠢ ᠤᠯᠬᠤ ᠶᠢ ᠲᠦᠯᠬᠢᠨ ᠠᠬᠢᠭᠤᠯᠤᠨ᠎ᠠ᠃ ︽ᠬᠦᠭᠡ ᠠᠭᠤᠯᠠ ᠬᠦᠬᠡᠮᠳᠦᠭ ᠤᠰᠤ ᠪᠤᠯ ᠠᠯᠳᠠᠨ ᠠᠭᠤᠯᠠ ᠮᠦᠩᠭᠦᠨ ᠠᠭᠤᠯᠠ︾ ᠬᠡᠬᠦ ᠤᠶᠢᠯᠠᠭᠠᠭᠳᠠᠬᠤᠨ ᠢ ᠪᠠᠳᠦ ᠪᠠᠬᠢ ᠪᠤᠢ ᠪᠤᠯᠭᠠᠵᠦ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠪᠠᠶᠢᠭᠤᠯᠬᠤ ᠶᠢ ᠭᠤᠶᠢᠪᠢᠰᠢ ᠦᠭᠡᠢ᠂ ᠰᠤᠯᠠᠷᠠᠰᠢ ᠦᠭᠡᠢ ᠪᠠᠷᠢᠮᠲᠠᠯᠠᠨ᠂ ᠠᠭᠤᠯᠠ ᠤᠰᠤ ᠤᠢ ᠰᠢᠭᠤᠢ ᠲᠠᠷᠢᠶ᠎ᠠ ᠨᠠᠭᠤᠷ ᠪᠡᠯᠴᠢᠭᠡᠷ ᠢ ᠰᠢᠰᠲ᠋ᠧᠮ ᠲᠠᠢ ᠴᠡᠭᠴᠡᠯᠡᠬᠦ ᠡᠷᠴᠢᠮ ᠢᠶᠠᠨ ᠴᠢᠩᠭᠠᠷᠠᠭᠤᠯᠵᠦ᠂ ᠲᠡᠭᠷᠢ ᠨᠢ ᠨᠡᠩ ᠴᠡᠯᠮᠡᠭ᠂ ᠤᠰᠤ  ᠨᠢ ᠨᠡᠩ ᠴᠡᠩᠭᠡᠭ᠂ ᠡᠪᠡᠰᠦ ᠨᠢ ᠨᠡᠩ ᠬᠥᠬᠡ ᠬᠦᠮᠦᠨ ᠪᠠᠶᠢᠭᠠᠯᠢ ᠡᠶ᠎ᠡ ᠨᠠᠶᠢᠷᠠᠮᠳᠠᠭᠤ ᠬᠠᠮᠳᠤᠪᠡᠷ ᠤᠷᠤᠰᠢᠭᠰᠠᠨ ᠪᠠᠶᠢᠭᠠᠯᠢᠭ ᠵᠠᠷᠤᠳ ᠢ ᠴᠤᠭᠴᠠᠯᠠᠨ᠎ᠠ᠃     ᠤᠢ ᠰᠢᠭᠤᠢ ᠡᠪᠡᠰᠦ ᠪᠡᠯᠴᠢᠭᠡᠷ ᠤᠨ ᠡᠬᠢ ᠪᠠᠶᠠᠯᠢᠭ ᠤᠨ ᠬᠠᠮᠢᠶᠠᠷᠤᠯᠳᠠ ᠪᠠᠨ ᠪᠦᠬᠦ ᠲᠠᠯ᠎ᠠ ᠪᠠᠷ ᠴᠢᠩᠭᠠᠳᠬᠠᠨ᠎ᠠ᠃ ᠨᠤᠳᠤᠭ ᠪᠡᠯᠴᠢᠭᠡᠷ᠂ ᠤᠢ ᠰᠢᠭᠤᠢ ᠶᠢ ᠬᠠᠮᠠᠭᠠᠯᠠᠬᠤ ᠶᠢ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠳᠠ ᠶᠢᠨ ᠲᠡᠷᠢᠬᠦᠨ ᠴᠢᠬᠤᠯᠠ ᠡᠭᠦᠷᠭᠡ ᠪᠤᠯᠭᠠᠨ ᠠᠳᠬᠤᠵᠦ᠂ ᠲᠦᠩᠯᠢᠶᠤᠤ ᠬᠤᠳᠠ ᠶᠢᠨ ︽ᠬᠤᠶᠢᠳᠦ ᠬᠡᠰᠡᠭ ᠲᠤ ᠬᠠᠮᠠᠭᠠᠯᠠᠬᠤ᠂ ᠲᠤᠮᠳᠠᠳᠦ ᠬᠡᠰᠡᠭ ᠲᠤ ᠤᠰᠤ ᠠᠷᠪᠢᠯᠠᠬᠤ᠂ ᠡᠮᠦᠨᠡᠳᠦ ᠬᠡᠰᠡᠭ ᠲᠤ ᠡᠯᠡᠰᠦ ᠶᠢ ᠵᠠᠰᠠᠬᠤ︾ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ︽ᠲᠦᠷᠪᠡᠨ ᠮᠢᠩᠭᠠᠨ ᠲᠦᠮᠡᠨ ᠮᠤ᠋︾ ᠶᠢᠨ ᠢᠨᠵᠧᠨᠧᠷᠢᠩ ᠢ ᠭᠤᠶᠢᠪᠢᠰᠢ ᠦᠭᠡᠢ ᠬᠡᠷᠡᠭᠵᠢᠬᠦᠯᠤᠨ᠎ᠡ᠃ ᠮᠢᠩᠭᠠᠨ ᠲᠦᠮᠡᠨ ᠮᠤ᠋ ᠲᠠᠷᠢᠶᠠᠯᠠᠩ ᠤᠨ ᠦᠨᠳᠦᠷ ᠦᠷ᠎ᠡ ᠠᠰᠢᠭᠳᠦ ᠤᠰᠤ ᠠᠷᠪᠢᠯᠠᠬᠤ ᠢᠨᠵᠧᠨᠧᠷᠢᠩ ᠢ ᠴᠢᠨᠠᠷ ᠰᠠᠶᠢᠳᠠᠢ ᠨᠠᠶᠢᠳᠠᠪᠤᠷᠢᠵᠢᠭᠤᠯᠵᠦ᠂ ᠡᠪᠡᠰᠦ ᠮᠠᠯ ᠢ ᠲᠡᠩᠴᠡᠭᠦᠯᠬᠦ ᠬᠠᠮᠢᠶᠠᠷᠣᠯᠲᠠ ᠶᠢᠨ ᠳᠥᠷᠢᠮ ᠢ ᠣᠯᠠᠮ ᠨᠢᠭᠡ ᠠᠯᠬᠤᠮ ᠲᠡᠭᠦᠯᠳᠡᠷᠵᠢᠭᠦᠯᠵᠦ᠂  ᠠᠮᠢ ᠠᠬᠤᠢ ᠶᠢ ᠬᠠᠮᠠᠭᠠᠯᠠᠬᠤ᠂ ᠮᠠᠯᠵᠢᠬᠤ ᠶᠢ ᠴᠠᠭᠠᠵᠠᠯᠠᠵᠦ ᠬᠠᠰᠢᠶᠠᠯᠠᠵᠦ ᠲᠡᠵᠢᠬᠡᠬᠦ᠂ ᠬᠠᠰᠢᠶᠠᠯᠠᠬᠤ ᠲᠡᠵᠢᠭᠡᠬᠦ ᠬᠠᠭᠠᠰ ᠬᠠᠰᠢᠶᠠᠯᠬᠤ ᠲᠡᠵᠢᠭᠡᠬᠦ᠂ ᠪᠡᠯᠴᠢᠭᠡᠷ ᠰᠡᠯᠬᠦᠨ ᠮᠠᠯᠵᠢᠬᠤ ᠲᠦᠷᠦ ᠶᠢᠨ ᠪᠤᠳᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠪᠤᠭ ᠮᠠᠯ ᠢ ᠪᠦᠳᠦᠨ ᠵᠢᠯ ᠢᠶᠠᠷ ᠬᠠᠰᠢᠶᠠᠯᠠᠵᠤ ᠲᠡᠵᠢᠭᠡᠬᠦ ᠶᠢ ᠦᠷᠬᠦᠯᠵᠢᠯᠡᠨ ᠬᠡᠷᠡᠭᠵᠢᠬᠦᠯᠦᠨ᠎ᠡ︔ ᠮᠢᠩᠭᠠᠨ ᠲᠦᠮᠡᠨ ᠮᠤ᠋ ᠨᠤᠳᠤᠭ ᠪᠡᠯᠴᠢᠭᠡᠷ  ᠢ ᠰᠡᠷᠬᠦᠬᠡᠬᠦ ᠢᠨᠵᠧᠨᠧᠷᠢᠩ ᠪᠠ ᠮᠢᠩᠭᠠᠨ ᠲᠦᠮᠡᠨ ᠮᠤ᠋ ᠬᠤᠷᠴᠢᠨ ᠤ ᠡᠯᠡᠰᠦᠷᠭᠡᠭ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠦᠴᠦᠯᠡᠨ ᠬᠡᠷᠡᠭᠵᠢᠬᠦᠯᠵᠦ᠂ 50 ᠲᠦᠮᠡᠨ ᠮᠤ᠋ ᠨᠤᠳᠤᠭ ᠪᠡᠯᠴᠢᠭᠡᠷ ᠢ ᠰᠡᠷᠬᠦᠬᠡᠬᠦ ᠪᠠ 35 ᠲᠦᠮᠡᠨ ᠮᠤ᠋ ᠡᠯᠡᠰᠦᠷᠭᠡᠭ ᠭᠠᠵᠠᠷ ᠢ ᠶᠠᠷᠦᠩᠬᠡᠶᠢᠯᠡᠨ ᠵᠠᠰᠠᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠬᠦᠯᠦᠨ᠎ᠡ᠃ ᠤᠯᠤᠰ ᠤᠨ ᠨᠡᠶᠢᠳᠡ ᠶᠢᠨ ᠠᠰᠠᠷᠠᠮᠵᠢ ᠶᠢᠨ ᠤᠢ ᠪᠠ ᠤᠷᠤᠨ ᠨᠤᠳᠤᠭ ᠤᠨ ᠨᠡᠶᠢᠳᠡ ᠶᠢᠨ ᠠᠰᠠᠷᠠᠮᠵᠢ ᠶᠢᠨ ᠤᠢ ᠶᠢ ᠬᠠᠷᠠᠵᠦ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠲᠤᠷᠠᠪᠡᠷ ᠲᠡᠭᠦᠵᠦ ᠲᠠᠪᠠ ᠪᠠᠷ ᠮᠠᠯᠳᠠᠬᠤ ᠬᠠᠭᠠᠯᠪᠤᠷᠢᠯᠠᠬᠤ ᠵᠡᠷᠬᠡ ᠬᠠᠤᠯᠢ ᠪᠤᠰᠤ ᠠᠵᠢᠯᠯᠠᠭ᠎ᠠ ᠳᠤ ᠬᠦᠨᠳᠦ ᠴᠤᠬᠢᠯᠳᠠ ᠦᠭᠭᠦᠨ᠎ᠡ᠃ ᠡᠸᠦ᠋ᠷᠤᠫᠠ ᠲᠢᠪ ᠤᠨ ᠪᠡᠯᠡ ᠤᠷᠤᠭᠤᠯᠤᠯᠳᠠ ᠶᠢᠨ ᠪᠠᠩᠬᠢ ᠶᠢᠨ ᠵᠢᠭᠡᠯᠡᠯᠬᠡ ᠶᠢ ᠢᠳᠡᠪᠬᠢᠳᠡᠢ ᠲᠡᠮᠡᠴᠡᠨ ᠤᠯᠵᠦ᠂ 8 ᠲᠦᠮᠡᠨ ᠮᠤ᠋ ᠤᠷᠭᠤᠭ᠎ᠠ ᠮᠤᠳᠦ ᠦᠭᠡᠢ ᠮᠤᠳᠣᠨ ᠭᠠᠵᠠᠷ ᠢ ᠰᠡᠷᠬᠦᠬᠡᠨ ᠤᠶᠢᠵᠢᠭᠤᠯᠤᠨ᠎ᠠ᠃ ᠤᠢ ᠰᠢᠭᠤᠢ ᠪᠡᠯᠴᠢᠭᠡᠷ ᠨᠤᠳᠤᠭ ᠤᠨ ᠭᠠᠯ ᠤᠨ ᠭᠠᠮᠰᠢᠭ ᠢ ᠰᠡᠷᠬᠡᠶᠢᠯᠡᠬᠦ ᠴᠢᠳᠠᠮᠵᠢ ᠪᠠᠨ ᠪᠦᠬᠦ ᠲᠠᠯ᠎ᠠ ᠪᠠᠷ ᠲᠡᠭᠡᠭᠰᠢᠯᠡᠬᠦᠯᠵᠦ᠂ ᠤᠢ ᠰᠢᠭᠤᠢ ᠪᠡᠯᠴᠢᠭᠡᠷ ᠨᠤᠳᠤᠭ ᠤᠨ ᠡᠬᠢ ᠪᠠᠶᠠᠯᠢᠭ ᠢ ᠬᠠᠮᠠᠭᠠᠯᠠᠵᠦ᠂ ᠤᠯᠤᠰ ᠤᠨ ᠲᠡᠰ ᠤᠨ ᠠᠮᠢ ᠠᠬᠤᠢ ᠶᠢᠨ ᠬᠠᠮᠠᠭᠠᠯᠠᠯᠳᠠ ᠪᠠ ᠪᠠᠶᠢᠭᠤᠯᠣᠯᠲᠠ ᠶᠢᠨ ᠵᠢᠱᠢᠶᠡᠴᠢ ᠤᠷᠤᠨ ᠤ ᠪᠠᠶᠢᠭᠤᠯᠤᠯᠳᠠ ᠶᠢᠨ ᠦᠷ᠎ᠡ ᠪᠦᠳᠦᠭᠡᠯ ᠢᠶᠠᠨ ᠪᠠᠬᠢᠵᠢᠬᠦᠯᠦᠨ ᠲᠡᠭᠡᠭᠰᠢᠯᠡᠬᠦᠯᠦᠨ᠎ᠡ᠃     ᠪᠠᠶᠢᠭᠠᠯᠢᠭ ᠬᠦᠭᠵᠢᠯᠳᠡ ᠶᠢᠨ ᠠᠷᠭ᠎ᠠ ᠪᠠᠷᠢᠯ ᠲᠦᠯᠦᠪᠰᠢᠷᠡᠬᠦ ᠶᠢ ᠲᠦᠷᠭᠡᠳᠬᠡᠨ᠎ᠡ᠃ ᠠᠮᠢ ᠠᠬᠤᠢ ᠶᠢ ᠲᠡᠷᠢᠬᠦᠨ  ᠳᠤ ᠲᠠᠯᠪᠢᠵᠦ᠂ ᠪᠠᠶᠢᠭᠠᠯᠢᠭ ᠬᠦᠭᠵᠢᠯᠳᠡ ᠪᠠᠷ ᠵᠢᠯᠤᠭᠤᠳᠤᠮᠵᠢ ᠪᠤᠯᠭᠠᠭᠰᠠᠨ ᠦᠨᠳᠦᠷ ᠴᠢᠨᠠᠷ ᠴᠢᠨᠰᠠᠭ᠎ᠠ ᠲᠠᠢ ᠬᠦᠭᠵᠢᠯᠳᠡ ᠶᠢᠨ ᠰᠢᠨ᠎ᠡ ᠵᠠᠮ ᠢ ᠰᠦᠪᠡᠭᠴᠢᠯᠡᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠠᠬᠢᠴᠠ ᠶᠢ ᠲᠦᠷᠭᠡᠨ ᠠᠬᠢᠭᠤᠯᠵᠤ᠂ ᠲᠠᠯ᠎ᠠ ᠨᠤᠳᠤᠭ ᠢ ᠨᠤᠭᠤᠭᠠᠷᠠᠭᠤᠯᠤᠨ᠂ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠳᠡᠬᠦᠯᠬᠦ ᠬᠦᠭᠵᠢᠯᠳᠡ ᠶᠢᠨ ᠬᠠᠷᠠᠯᠳᠠ ᠶᠢ ᠪᠡᠶᠡᠯᠡᠬᠦᠯᠦᠨ᠎ᠡ᠃ ᠨᠤᠳᠤᠭ ᠪᠡᠯᠴᠢᠭᠡᠷ ᠤᠨ ᠮᠠᠯ ᠠᠵᠦ ᠠᠬᠤᠢ ᠶᠢᠨ ᠬᠦᠭᠵᠢᠯᠳᠡ ᠶᠢᠨ ᠠᠷᠭ᠎ᠠ ᠪᠠᠷᠢᠯ ᠪᠠ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠲᠦᠷᠭᠡᠳᠬᠡᠵᠦ᠂ ᠭᠠᠵᠠᠷ ᠰᠢᠷᠤᠢ ᠨᠤᠳᠤᠭ ᠪᠡᠯᠴᠢᠭᠡᠷ ᠤᠨ ︽ᠭᠤᠷᠪᠠᠨ ᠡᠷᠬᠡ ᠶᠢ ᠰᠠᠯᠭᠠᠬᠤ︾ ᠠᠵᠢᠯ ᠤᠨ ᠦᠭᠡᠷᠡᠴᠢᠯᠡᠯᠳᠡ ᠶᠢ ᠢᠳᠡᠪᠬᠢᠲᠡᠢ ᠠᠬᠢᠭᠤᠯᠵᠤ᠂ ᠮᠠᠯ ᠠᠵᠤ ᠠᠬᠤᠢ ᠶᠢᠨ ᠲᠤᠮᠤ ᠡᠷᠦᠬᠡ ᠬᠡᠷ ᠪᠦᠯᠢ ᠶᠢᠨ ᠠᠮᠢ ᠠᠬᠤᠢ ᠶᠢᠨ ᠮᠠᠯᠵᠢᠯ ᠤᠨ ᠲᠠᠯᠠᠪᠠᠢ ᠬᠦᠭᠵᠢᠬᠦᠯᠬᠦ᠂ ᠮᠠᠯ ᠠᠵᠤ ᠠᠬᠤᠢ ᠶᠢᠨ ᠲᠤᠮᠳᠠ ᠲᠡᠰ ᠤᠨ ᠡᠷᠦᠬᠡ ᠬᠤᠯᠪᠤᠭᠠᠯᠠᠨ ᠡᠵᠡᠩᠨᠡᠬᠦ ᠪᠠ ᠬᠤᠷᠰᠢᠨ ᠡᠵᠡᠩᠨᠡᠬᠦ᠂ ᠮᠠᠯ ᠠᠵᠤ ᠠᠬᠤᠢ ᠶᠢᠨ ᠪᠠᠭ᠎ᠠ ᠡᠷᠦᠬᠡ ᠪᠡᠯᠴᠢᠭᠡᠷ ᠨᠤᠳᠤᠭ ᠢᠶᠠᠨ ᠰᠢᠯᠵᠢᠬᠦᠯᠦᠨ ᠠᠰᠢᠭ ᠤᠯᠬᠤ᠂ ᠮᠠᠯ ᠦᠭᠡᠢ ᠡᠷᠦᠬᠡ ᠶᠢ ᠰᠢᠯᠵᠢᠬᠦᠯᠦᠨ ᠠᠵᠢᠯ ᠤᠯᠭᠤᠬᠤ ᠣᠳᠣ ᠦᠶ᠎ᠡ ᠶᠢᠨ ᠮᠠᠯ ᠠᠵᠦ ᠠᠬᠤᠢ ᠶᠢᠨ ᠡᠵᠡᠩᠨᠡᠯᠲᠡ ᠶᠢᠨ ︽ᠲᠦᠷᠪᠡᠨ ᠵᠠᠭᠪᠤᠷ︾ ᠢ ᠦᠷᠬᠦᠯᠵᠢᠯᠡᠨ ᠳᠡᠯᠭᠡᠷᠡᠭᠦᠯᠵᠦ᠂ ᠪᠡᠯᠴᠢᠭᠡᠷ ᠨᠤᠳᠤᠭ  ᠢᠶᠠᠨ ᠰᠢᠯᠵᠢᠬᠦᠯᠬᠦ᠂ ᠡᠷᠦᠬᠡ ᠬᠤᠯᠪᠤᠭᠠᠯᠠᠨ ᠡᠵᠡᠩᠨᠡᠬᠦ᠂ ᠬᠡᠪᠴᠢᠶᠡᠵᠢᠭᠰᠡᠨ ᠲᠡᠵᠢᠬᠡᠪᠦᠷᠢ ᠶᠢᠨ ᠦᠢᠯᠡᠰ ᠡᠷᠬᠢᠯᠡᠬᠦ ᠶᠢ ᠤᠷᠮᠠᠰᠢᠭᠤᠯᠣᠨ ᠵᠢᠯᠤᠭᠤᠳᠤᠨ᠎ᠠ︔ ᠬᠤᠶᠢᠲᠣ ᠬᠡᠰᠡᠭ ᠤᠨ ᠮᠠᠯᠵᠢᠬᠤ ᠣᠷᠣᠨ ᠤ ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠳ ᠢ ᠢᠳᠡᠪᠬᠢᠳᠡᠢ ᠡᠮᠬᠢ ᠲᠢᠭᠯᠢᠮ ᠲᠠᠢ ᠰᠢᠯᠵᠢᠬᠦᠯᠦᠨ ᠲᠦᠪᠬᠢᠨᠡᠭᠦᠯᠵᠦ᠂ ᠬᠦᠳᠡᠯᠮᠦᠷᠢ ᠬᠦᠴᠦᠨ ᠤ ᠭᠠᠷᠭᠠᠯᠭ᠎ᠠ ᠶᠢ ᠬᠦᠴᠦᠯᠡᠨ ᠠᠬᠢᠭᠤᠯᠵᠤ᠂ ᠲᠠᠯ᠎ᠠ ᠨᠤᠳᠤᠭ ᠤᠨ ᠵᠤᠭᠠᠴᠠᠯ ᠤᠨ ᠦᠢᠯᠡᠰ ᠢ ᠲᠡᠮᠵᠢᠨ ᠬᠦᠭᠵᠢᠬᠦᠯᠵᠦ᠂ ᠮᠠᠯᠴᠢᠳ ᠢ ᠪᠠᠭᠠᠰᠬᠠᠵᠦ᠂ ᠮᠠᠯᠴᠢᠳ ᠢ ᠪᠠᠶᠠᠵᠢᠭᠤᠯᠤᠨ᠎ᠠ︔ ᠨᠤᠳᠤᠭ ᠪᠡᠯᠴᠢᠭᠡᠷ ᠤᠨ ᠡᠬᠢ ᠪᠠᠶᠠᠯᠢᠭ ᠢ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠵᠦᠢ ᠵᠤᠬᠢᠰᠲᠠᠢ ᠠᠰᠢᠭᠯᠠᠬᠤ᠂ ᠡᠷᠴᠢᠮᠵᠢᠭᠦᠯᠦᠨ ᠡᠵᠡᠩᠨᠡᠬᠦ ᠶᠢ ᠪᠠᠷᠢᠮᠲᠠᠯᠠᠵᠤ ᠬᠦᠬᠡ ᠠᠭᠤᠯᠠ ᠬᠦᠭᠡᠮᠳᠦᠭ ᠤᠰᠤ ᠶᠢᠨ ᠠᠮᠢ ᠠᠬᠤᠢ ᠶᠢᠨ ᠦᠷ᠎ᠡ ᠠᠰᠢᠭ ᠪᠠ ᠠᠵᠦ ᠠᠬᠤᠢ ᠨᠡᠶᠢᠭᠡᠮ  ᠤᠨ ᠦᠷ᠎ᠡ ᠠᠰᠢᠭ ᠢ ᠦᠷᠬᠦᠯᠵᠢᠯᠡᠨ ᠪᠠᠳᠠᠷᠠᠭᠤᠯᠤᠨ᠎ᠠ᠃     ᠠᠮᠢ ᠠᠬᠤᠢ ᠶᠢᠨ ᠪᠤᠯᠪᠠᠰᠤᠨ ᠤ ᠴᠤᠭᠴᠠᠯᠠᠯᠳᠠ ᠶᠢᠨ ᠬᠢᠷᠢ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠬᠦᠯᠦᠨ᠎ᠡ᠃ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ ᠤᠨ ᠲᠦᠷᠢᠮ ᠢ ᠴᠢᠩᠭ᠎ᠠ ᠨᠠᠳᠠᠶᠢᠪᠤᠷᠢᠵᠢᠭᠤᠯᠵᠦ᠂ ᠬᠤᠷᠢᠭ᠎ᠠ ᠱᠤᠭᠤᠮ ᠢᠶᠠᠷ ᠴᠢᠬᠤᠯᠠ ᠠᠮᠢ ᠠᠬᠤᠢ ᠶᠢᠨ ᠤᠷᠤᠨ ᠵᠠᠢ ᠶᠢ ᠬᠠᠮᠢᠶᠠᠷᠤᠨ ᠡᠵᠡᠮᠳᠡᠬᠦ ᠶᠢ ᠪᠡᠶᠡᠯᠡᠬᠦᠯᠦᠨ᠎ᠡ᠃ ᠡᠬᠢ ᠪᠠᠶᠠᠯᠢᠭ ᠢ ᠲᠦᠯᠦᠪᠦᠷᠢ ᠲᠠᠢ ᠬᠡᠷᠡᠭᠯᠡᠬᠦ ᠪᠠ ᠠᠮᠢ ᠠᠬᠤᠢ ᠶᠢᠨ ᠨᠦᠬᠦᠪᠦᠷᠢ ᠶᠢᠨ ᠲᠦᠷᠢᠮ ᠢ ᠴᠢᠩᠭ᠎ᠠ ᠬᠡᠷᠡᠭᠵᠢᠬᠦᠯᠵᠦ᠂ ᠨᠤᠳᠤᠭ ᠪᠡᠯᠴᠢᠭᠡᠷ ᠤᠨ ᠨᠦᠬᠦᠪᠦᠷᠢ ᠱᠠᠩᠨᠠᠯ ᠪᠠ ᠨᠡᠶᠢᠲᠡ ᠶᠢᠨ ᠠᠰᠠᠷᠠᠮᠵᠢ ᠶᠢᠨ ᠣᠢ ᠤᠨ ᠨᠦᠬᠦᠪᠦᠷᠢ ᠶᠢᠨ ᠲᠥᠷᠦ ᠶᠢᠨ ᠪᠤᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠣᠳᠣᠷᠢᠳᠬᠤ ᠺᠠᠳ᠋ᠷ ᠠᠮᠢ ᠠᠬᠤᠢ ᠶᠢᠨ ᠤᠷᠴᠢᠨ ᠲᠤᠭᠤᠷᠢᠨ ᠢ ᠬᠤᠬᠢᠷᠠᠭᠤᠯᠤᠭᠰᠠᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠤᠯᠤᠰ ᠤᠨ ᠭᠤᠤᠯᠳᠠᠯᠭᠠᠳᠠᠢ ᠠᠮᠢ ᠠᠬᠤᠢ ᠶᠢᠨ ᠴᠢᠳᠠᠮᠵᠢ  ᠶᠢᠨ ᠣᠷᠣᠨ ᠳᠤ ᠠᠵᠦ ᠦᠢᠯᠡᠰ ᠢ ᠵᠤᠪᠰᠢᠶᠡᠷᠡᠨ ᠣᠷᠣᠭᠤᠯᠬᠤ ᠨᠠᠵᠠᠭᠠᠢ ᠲᠠᠯ᠎ᠠ ᠶᠢᠨ ᠨᠠᠷᠢᠨ ᠲᠠᠩᠰᠠᠨ ᠶᠢᠨ ᠲᠦᠷᠢᠮ  ᠢ ᠴᠢᠩᠭ᠎ᠠ ᠨᠠᠶᠢᠳᠠᠪᠤᠷᠢᠵᠢᠭᠤᠯᠵᠦ᠂ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ᠂ ᠤᠷᠴᠢᠨ ᠲᠤᠭᠤᠷᠢᠨ ᠢ ᠵᠠᠰᠠᠬᠤ ᠰᠠᠭᠤᠷᠢ ᠱᠤᠭᠤᠮ᠂ ᠡᠬᠢ ᠪᠠᠶᠠᠯᠢᠭ ᠢ ᠨᠡᠬᠡᠬᠡᠨ ᠠᠰᠢᠭᠯᠠᠬᠤ ᠬᠢᠵᠠᠭᠠᠷ ᠱᠣᠭᠤᠮ ᠢ ᠴᠢᠩᠭ᠎ᠠ ᠰᠠᠬᠢᠵᠦ᠂ ᠭᠤᠤᠯ ᠴᠤᠭᠴᠠ ᠶᠢᠨ ᠴᠢᠳᠠᠮᠵᠢ ᠲᠣᠭᠲᠠᠭᠠᠯᠲᠠ ᠳᠤ ᠨᠡᠶᠢᠴᠡᠬᠦ ᠦᠭᠡᠢ ᠡᠯ᠎ᠡ ᠵᠦᠢᠯ ᠤᠨ ᠨᠡᠬᠡᠬᠡᠨ ᠠᠰᠢᠭᠯᠠᠬᠤ ᠠᠵᠢᠯᠯᠠᠭ᠎ᠠ ᠶᠢ ᠴᠢᠩᠭ᠎ᠠ ᠴᠠᠭᠠᠵᠠᠯᠠᠨ᠎ᠠ᠃ ᠬᠠᠨ ᠠᠭᠤᠯᠠ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠪᠠ ᠬᠤᠶᠠᠷᠬᠤᠸᠠ ᠶᠢᠨ ᠦᠪᠡᠷᠳᠡᠬᠡᠨ ᠵᠠᠰᠠᠬᠤ ᠤᠷᠤᠨ ᠤ ᠲᠡᠰ ᠤᠨ ᠨᠤᠭᠤ ᠭᠠᠵᠠᠷ ᠤᠨ ᠤᠰᠤᠨ ᠵᠢᠭᠦᠷᠳᠡᠨ ᠤ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠵᠦ᠂ ᠡᠯ᠎ᠡ ᠳᠡᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠬᠢᠷᠢ ᠲᠦᠪᠰᠢᠨ ᠢ ᠦᠷᠬᠦᠯᠵᠢᠯᠡᠨ ᠲᠡᠭᠡᠭᠰᠢᠯᠡᠬᠦᠯᠦᠨ᠎ᠡ᠃ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠰᠤᠮᠤ ᠪᠠᠯᠭᠠᠰᠦ ᠲᠠᠯᠠᠪᠠᠢ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠪᠠ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠦᠴᠢᠷ ᠶᠢᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠦ᠂ ᠬᠢᠨᠠᠨ ᠰᠢᠯᠭᠠᠬᠤ ᠱᠠᠩᠨᠠᠵᠦ ᠲᠤᠷᠭᠠᠬᠤ ᠪᠠᠨ ᠴᠢᠩᠳᠠᠯᠠᠵᠦ᠂ ᠲᠦᠪ ᠴᠢᠩᠭ᠎ᠠ ᠪᠠᠷ ᠬᠠᠷᠢᠭᠤᠴᠠᠯᠭ᠎ᠠ ᠨᠡᠬᠡᠮᠵᠢᠯᠡᠨ᠎ᠡ᠃ ᠠᠭᠤᠯᠠ ᠤᠰᠤ ᠤᠢ ᠰᠢᠭᠤᠢ ᠲᠠᠷᠢᠶ᠎ᠠ ᠨᠠᠭᠤᠷ ᠪᠡᠯᠴᠢᠭᠡᠷ ᠢ ᠰᠢᠰᠲ᠋ᠧᠮ ᠲᠠᠢ ᠴᠡᠭᠴᠡᠯᠡᠨ ᠵᠠᠰᠠᠬᠤ ᠶᠢ ᠨᠢᠭᠡᠳᠦᠯᠳᠡᠢ ᠲᠦᠯᠦᠪᠯᠡᠵᠦ᠂ ︽ᠭᠤᠷᠪᠠᠨ ᠬᠤᠶᠢᠳᠦ︾ ᠶᠢᠨ ᠬᠠᠯᠬᠠᠪᠴᠢ ᠤᠢ᠂ ᠲᠠᠷᠢᠶᠠᠯᠠᠬᠤ ᠶᠢ ᠵᠤᠭᠰᠤᠭᠠᠵᠦ ᠤᠶᠢᠵᠢᠭᠤᠯᠬᠤ᠂ ᠲᠠᠷᠢᠶᠠᠯᠠᠬᠤ ᠶᠢ ᠵᠤᠭᠰᠤᠭᠠᠵᠦ ᠨᠤᠭᠤᠭᠠᠷᠠᠭᠤᠯᠬᠤ ᠵᠡᠷᠬᠡ ᠠᠮᠢ ᠠᠬᠤᠢ ᠶᠢ ᠰᠡᠷᠬᠦᠭᠡᠬᠦ ᠢᠨᠵᠧᠨᠧᠷᠢᠩ ᠢ ᠬᠡᠷᠡᠭᠵᠢᠬᠦᠯᠵᠦ᠂ ᠭᠤᠤᠯ ᠨᠠᠭᠤᠷ ᠢ ᠲᠤᠭᠤᠷᠢᠨ ᠪᠠᠶᠢᠴᠠᠭᠠᠬᠤ ᠪᠠᠶᠢᠩᠭᠤ ᠶᠢᠨ ᠲᠤᠭᠳᠠᠴᠠ ᠶᠢ ᠲᠡᠬᠦᠯᠳᠡᠷᠵᠢᠬᠦᠯᠵᠦ᠂ ᠪᠠᠶᠢᠭᠠᠯᠢᠭ ᠠᠭᠤᠷᠬᠠᠢ᠂ ᠪᠠᠶᠢᠭᠠᠯᠢᠭ ᠠᠵᠦ ᠦᠢᠯᠡᠳᠪᠦᠷᠢ ᠶᠢᠨ ᠲᠤᠭᠤᠷᠢᠭ ᠪᠠᠶᠢᠭᠤᠯᠬᠤ ᠶᠢ ᠠᠬᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠵᠡᠰᠬᠦᠯᠡᠩᠳᠦ ᠰᠠᠶᠢᠬᠠᠨ ᠠᠮᠢ ᠠᠬᠤᠢ ᠤᠷᠴᠨ ᠲᠤᠭᠤᠷᠢᠨ ᠤ ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠎ᠠ᠃      ︵ᠨᠠᠢᠮᠠ︶ ᠪᠤᠯᠪᠠᠰᠤᠨ ᠵᠠᠷᠤᠳ ᠤᠨ ᠴᠤᠭᠴᠠᠯᠠᠯᠳᠠ ᠪᠤᠳᠠᠳᠦ ᠠᠮᠵᠢᠯᠳᠠ ᠤᠯᠬᠤ ᠶᠢ ᠲᠦᠯᠬᠢᠨ ᠠᠬᠢᠭᠤᠯᠤᠨ᠎ᠠ᠃ ᠨᠡᠶᠢᠭᠡᠮ ᠵᠢᠷᠦᠮ ᠤᠨ ᠭᠤᠤᠯᠯᠠᠭᠴᠢ ᠦᠷᠳᠡᠭ ᠤᠨ ᠦᠵᠡᠯᠲᠡ ᠶᠢ ᠨᠡᠶᠢᠭᠡᠮ ᠤᠨ ᠬᠦᠭᠵᠢᠯᠳᠡ ᠶᠢᠨ ᠡᠯ᠎ᠡ ᠬᠦᠷᠢᠶ᠎ᠡ ᠳᠤ ᠣᠷᠣᠭᠤᠯᠬᠤ ᠶᠢ ᠪᠠᠷᠢᠮᠳᠠᠯᠠᠵᠦ᠂ ᠬᠦᠮᠦᠰ ᠤᠨ ᠦᠵᠡᠯᠲᠡ ᠣᠬᠠᠮᠰᠠᠷ ᠮᠡᠳᠡᠷᠡᠮᠵᠢ ᠪᠠ ᠦᠢᠯᠡ ᠠᠵᠢᠯᠯᠠᠭᠠᠨ ᠤ ᠵᠠᠩᠰᠢᠯ ᠪᠤᠯᠭᠠᠨ ᠬᠤᠪᠢᠷᠠᠭᠤᠯᠵᠦ᠂  ᠰᠢᠨ᠎ᠡ ᠰᠤᠷᠳᠠᠯ ᠲᠦᠪ ᠶᠤᠰᠤ ᠶᠢ ᠮᠠᠨᠳᠤᠭᠤᠯᠤᠨ᠂ ᠨᠡᠶᠢᠭᠡᠮ  ᠤᠨ ᠪᠤᠯᠪᠠᠰᠤᠨ ᠤ ᠬᠡᠮᠵᠢᠶ᠎ᠡ ᠶᠢ ᠲᠡᠭᠡᠭᠰᠢᠯᠡᠬᠦᠯᠦᠨ᠎ᠡ᠃      ᠦᠵᠡᠯ ᠰᠠᠨᠠᠭ᠎ᠠ ᠶᠤᠰᠤ ᠰᠤᠷᠳᠠᠬᠤᠨ ᠤ ᠴᠤᠭᠴᠠᠯᠯᠠᠳᠠ ᠶᠢ ᠴᠢᠩᠭᠠᠳᠬᠠᠨ᠎ᠠ᠃ ᠠᠷᠠᠳ ᠢᠷᠭᠡᠳ ᠤᠨ ᠶᠤᠰᠤ ᠰᠤᠷᠳᠠᠬᠤᠨ ᠤ ᠴᠤᠭᠴᠠᠯᠠᠯᠳᠠ ᠶᠢᠨ ᠢᠨᠵᠧᠨᠧᠷᠢᠩ ᠢ ᠬᠦᠨᠵᠡᠭᠡᠢ ᠬᠡᠷᠡᠭᠵᠢᠬᠦᠯᠵᠦ᠂ ᠥᠷᠭᠡᠨ ᠤᠯᠠᠨ ᠺᠠᠳ᠋ᠷ ᠤᠯᠠᠨ ᠲᠦᠮᠡᠨ ᠤ ᠵᠦᠪ ᠶᠢᠷᠲᠢᠨᠴᠦ ᠶᠢᠨ ᠦᠵᠡᠯᠲᠡ᠂ ᠠᠮᠢᠳᠣᠷᠠᠬᠤᠢ ᠶᠢᠨ ᠦᠵᠡᠯᠲᠡ᠂ ᠦᠷᠲᠡᠭ ᠤᠨ ᠦᠵᠡᠯᠲᠡ ᠶᠢ ᠪᠣᠢ ᠪᠣᠯᠭᠠᠬᠤ ᠶᠢ ᠵᠢᠭᠠᠨ ᠵᠢᠯᠣᠭᠤᠳᠴᠤ᠂ ᠰᠢᠨ᠎ᠡ ᠴᠠᠭ ᠦᠶ᠎ᠡ ᠶᠢᠨ ᠠᠷᠠᠳ ᠢᠷᠭᠡᠳ ᠢ ᠬᠦᠮᠦᠵᠢᠬᠦᠯᠦᠨ᠎ᠡ᠃ ᠵᠠᠯᠠᠭᠤ ᠪᠠᠭᠠᠴᠤᠳ ᠤᠨ ᠦᠵᠡᠯ ᠰᠠᠨᠠᠭ᠎ᠠ ᠤᠯᠤᠰ ᠲᠦᠷᠦ ᠶᠢᠨ ᠠᠵᠢᠯ ᠢ ᠴᠢᠩᠭᠠᠳᠬᠠᠵᠦ᠂ ᠰᠢᠨ᠎ᠡ ᠴᠠᠭ ᠦᠶ᠎ᠡ ᠶᠢᠨ ᠰᠢᠨ᠎ᠡ ᠮᠠᠯᠴᠢᠨ ᠲᠠᠷᠢᠶᠠᠴᠢᠨ ᠢ ᠬᠦᠮᠦᠵᠢᠭᠦᠯᠬᠦ ᠬᠦᠴᠦᠨ ᠢᠶᠠᠨ ᠶᠡᠭᠡᠰᠭᠡᠵᠦ᠂ ᠮᠠᠯᠴᠢᠨ ᠲᠠᠷᠢᠶᠠᠴᠢᠳ ᠢ ᠰᠢᠷᠭᠠᠭᠤ ᠲᠡᠮᠡᠴᠡᠵᠦ ᠂ ᠦᠪᠡᠷ ᠤᠨ ᠬᠦᠴᠦ ᠪᠠᠷ ᠢᠶᠠᠨ ᠲᠡᠭᠵᠢᠷᠡᠬᠦ ᠶᠢ ᠵᠢᠯᠤᠭᠤᠳᠤᠨ᠂ ᠦᠢᠯᠡᠳᠪᠦᠷᠢᠯᠡᠯ ᠤᠨ ᠤᠷ᠎ᠠ ᠮᠡᠷᠭᠡᠵᠢᠯ ᠢᠶᠠᠨ ᠲᠡᠭᠡᠭᠰᠢᠯᠡᠬᠦᠯᠵᠦ᠂ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠬᠦᠯᠦᠯᠳᠡ ᠳᠤ ᠢᠳᠡᠪᠬᠢᠳᠡᠢ ᠤᠷᠣᠯᠴᠠᠭᠤᠯᠵᠤ᠂ ᠶᠠᠳᠠᠭᠤ ᠠᠴᠠ ᠠᠩᠭᠢᠵᠢᠷᠠᠭᠤᠯᠣᠨ ᠪᠠᠶᠠᠵᠢᠨ ᠴᠢᠨᠡᠭᠡᠯᠢᠭᠵᠢᠬᠦ ᠬᠦᠳᠡᠯᠬᠡᠬᠦ ᠬᠦᠴᠦᠨ ᠢ ᠤᠷᠮᠠᠰᠢᠭᠤᠯᠤᠨ᠂ ᠮᠠᠯᠴᠢᠨ ᠲᠠᠷᠢᠶᠠᠴᠢᠳ ᠤᠨ ᠰᠠᠶᠢᠨ ᠰᠠᠶᠢᠬᠠᠨ ᠠᠮᠢᠳᠣᠷᠠᠯ ᠤᠨ ᠬᠦᠰᠡᠯ ᠡᠷᠡᠮᠡᠯᠵᠢᠯ ᠢ ᠨᠡᠮᠡᠭᠳᠡᠭᠦᠯᠵᠦ᠂ ᠮᠠᠯᠴᠢᠨ ᠲᠠᠷᠢᠶᠠᠴᠢᠳ ᠢ ᠲᠠᠷᠢᠶᠠᠯᠠᠩ ᠮᠠᠯ ᠠᠵᠤ ᠠᠬᠤᠢ᠂ ᠬᠦᠳᠡᠭᠡ ᠲᠤᠰᠬᠤᠨ ᠮᠠᠯᠵᠢᠬᠤ ᠤᠷᠤᠨ ᠤ ᠤᠳᠤᠬᠢᠴᠢᠯᠠᠯᠳᠠ ᠶᠢ ᠠᠬᠢᠭᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠢᠯᠠᠯᠳᠠ ᠶᠢ ᠤᠯᠬᠤ ᠳᠤ ᠭᠤᠤᠯ ᠬᠦᠴᠦᠨ ᠪᠤᠯᠭᠠᠨ᠎ᠠ᠃      ᠰᠤᠶᠤᠯ ᠢᠶᠠᠨ ᠢᠲᠡᠭᠡᠬᠦ ᠶᠢ ᠤᠬᠠᠮᠰᠠᠷ ᠠᠴᠠ ᠪᠠᠨ ᠪᠠᠷᠢᠮᠳᠠᠯᠠᠨ᠎ᠠ᠃ ᠨᠡᠷ᠎ᠡ ᠠᠯᠳᠠᠷᠴᠠ ᠪᠠᠨ ᠨᠡᠮᠡᠭᠳᠡᠬᠦᠯᠵᠦ᠂ ᠲᠡᠰ ᠴᠢᠨᠠᠷ ᠢᠶᠠᠨ ᠲᠡᠭᠡᠭᠰᠢᠯᠡᠬᠦᠯᠦᠨ᠂ ᠨᠡᠷᠡᠲᠦ ᠱᠤᠰᠢᠭ᠎ᠠ ᠡᠬᠦᠳᠬᠦ ᠬᠦᠭᠵᠢᠯᠳᠡ ᠶᠢᠨ ᠤᠶᠢᠯᠠᠭᠠᠭᠳᠠᠬᠤᠨ ᠢ ᠪᠠᠷᠢᠮᠳᠠᠯᠠᠵᠦ᠂ ᠦᠯᠢᠭᠡᠷ᠂ ᠬᠤᠯᠪᠤᠭ᠎ᠠ᠂ ᠵᠠᠷᠤᠳ ᠬᠠᠳᠬᠤᠮᠠᠯ᠂ ᠵᠠᠷᠤᠳ ᠪᠠᠷ ᠵᠢᠷᠤᠭ ᠵᠡᠷᠬᠡ ᠪᠤᠳᠠᠰ ᠤᠨ ᠪᠤᠰᠤ ᠰᠤᠶᠤᠯ ᠤᠨ ᠦᠪ ᠢᠶᠠᠨ ᠬᠠᠮᠠᠭᠠᠯᠠᠬᠤ ᠪᠠ ᠤᠯᠠᠮᠵᠢᠯᠠᠨ᠎ᠠ᠃ ᠲᠡᠤᠬᠡ ᠰᠤᠶᠤᠯ᠂ ᠦᠨᠳᠦᠰᠦᠳᠡᠨ ᠤ ᠰᠤᠶᠤᠯ᠂ ᠲᠠᠯ᠎ᠠ ᠨᠤᠳᠤᠭ ᠤᠨ ᠰᠤᠶᠤᠯ ᠢ ᠠᠭᠤᠳᠠᠯᠯᠠᠨ ᠪᠠᠳᠠᠷᠠᠭᠤᠯᠵᠦ᠂ ᠨᠡᠩ ᠤᠯᠠᠨ ᠰᠢᠨ᠎ᠡ ᠴᠠᠭ ᠦᠶ᠎ᠡ ᠶᠢᠨ ᠬᠡᠪ ᠨᠠᠮᠪᠠ ᠶᠢ ᠲᠤᠰᠬᠠᠭᠰᠠᠨ ᠤᠷᠠᠨ ᠵᠤᠬᠢᠶᠠᠯ ᠤᠳᠬ᠎ᠠ ᠤᠷᠠᠯᠢᠭ ᠤᠨ ᠤᠬᠢ ᠲᠤᠷᠪᠢᠯᠢᠭ ᠪᠦᠳᠦᠬᠡᠯ ᠡᠭᠦᠳᠦᠨ᠎ᠡ᠃ ᠤᠯᠠᠨ ᠨᠡᠶᠢᠳᠡ  ᠶᠢᠨ ᠰᠤᠶᠤᠯ ᠤᠨ ᠦᠢᠯᠡᠴᠢᠯᠡᠭᠡ ᠪᠠ ᠮᠡᠳᠡᠭᠡ ᠵᠠᠩᠬᠢᠴᠢᠯᠠᠭᠰᠠᠨ ᠪᠠᠶᠢᠭᠤᠯᠤᠯᠳᠠ ᠶᠢᠨ ᠲᠦᠷᠦᠯ ᠵᠦᠢᠯ ᠢ ᠦᠷᠬᠦᠯᠵᠢᠯᠡᠨ ᠬᠡᠷᠡᠭᠵᠢᠬᠦᠯᠵᠦ᠂ ᠨᠤᠮ ᠤᠨ ᠰᠠᠩ᠂ ᠲᠠᠩᠰᠠ ᠡᠪᠬᠡᠮᠡᠯ ᠤᠨ ᠤᠷᠳᠤᠨ ᠪᠠ ᠤᠯᠠᠭᠠᠨᠮᠦ᠋ᠴᠢᠷ ᠤᠨ ᠰᠠᠭᠤᠷᠢ ᠲᠦᠬᠦᠭᠡᠷᠦᠮᠵᠢ ᠶᠢᠨ ᠲᠦᠷᠦᠯ ᠵᠦᠢᠯ ᠤᠨ ᠪᠠᠶᠢᠭᠤᠯᠤᠯᠳᠠ ᠶᠢ ᠠᠬᠢᠭᠤᠯᠵᠦ᠂ ᠦᠨᠳᠦᠰᠦᠨ ᠤᠯᠠᠨ ᠨᠡᠶᠢᠳᠡ  ᠶᠢᠨ ᠰᠤᠶᠤᠯ ᠤᠨ ᠦᠢᠯᠡᠴᠢᠯᠡᠭᠡ ᠶᠢᠨ ᠪᠦᠷᠬᠦᠴᠡ ᠶᠢ ᠲᠡᠭᠡᠭᠰᠢᠯᠡᠬᠦᠯᠦᠨ᠎ᠡ᠃ ᠰᠤᠮᠤ ᠪᠠᠯᠭᠠᠰᠦ ᠲᠠᠯᠠᠪᠠᠢ ᠶᠢᠨ ᠰᠤᠶᠤᠯ  ᠤᠨ ᠦᠷᠳᠡᠭᠡ᠂ ᠭᠠᠴᠠᠭ᠎ᠠ ᠲᠤᠰᠬᠤᠨ ᠬᠤᠪᠢᠶᠠᠷᠢ ᠲᠠᠯᠠᠪᠠᠢ ᠶᠢᠨ ᠰᠤᠶᠤᠯ ᠤᠨ ᠭᠡᠷ ᠤᠨ ᠬᠠᠮᠢᠶᠠᠷᠤᠯᠳᠠ ᠶᠢᠨ ᠬᠢᠷᠢ ᠲᠦᠪᠰᠢᠨ ᠪᠠ ᠠᠰᠢᠭᠯᠠᠮᠵᠢ ᠶᠢ ᠦᠷᠬᠦᠯᠵᠢᠯᠡᠨ ᠲᠡᠭᠡᠭᠰᠢᠯᠡᠬᠦᠯᠵᠦ᠂ ᠤᠯᠠᠨ ᠲᠦᠮᠡᠨᠴᠢ ᠴᠢᠨᠠᠷᠳᠠᠢ ᠰᠤᠶᠤᠯ ᠤᠨ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ᠮᠠᠯᠴᠢᠨ ᠲᠠᠷᠢᠶᠠᠴᠢᠨ ᠤ ᠠᠵᠢᠯ ᠤᠨ ᠴᠢᠯᠦᠬᠡᠨ ᠤ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ ᠤᠷᠮᠠᠰᠢᠭᠤᠯᠤᠨ᠎ᠠ᠃ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠦᠷᠬᠦᠯᠵᠢᠯᠡᠨ ᠪᠠᠳᠠᠷᠠᠭᠤᠯᠵᠦ᠂  ᠤᠯᠠᠭᠠᠨᠮᠦ᠋ᠴᠢᠷ ᠤᠨ ᠦᠢᠯᠡᠰ ᠤᠨ ᠴᠡᠴᠡᠭᠯᠡᠨ ᠬᠦᠭᠵᠢᠬᠦ ᠶᠢ ᠠᠬᠢᠭᠤᠯᠤᠨ᠎ᠠ᠃     ︵ᠶᠢᠰᠦ︶ ᠡᠶ᠎ᠡ ᠨᠠᠶᠢᠷᠠᠮᠳᠠᠭᠤ ᠵᠠᠷᠤᠳ ᠤᠨ ᠴᠤᠭᠴᠠᠯᠠᠯᠳᠠ ᠪᠤᠳᠠᠳᠦ ᠠᠮᠵᠢᠯᠳᠠ ᠤᠯᠬᠤ ᠶᠢ ᠲᠦᠯᠬᠢᠨ ᠠᠬᠢᠭᠤᠯᠤᠨ᠎ᠠ᠃ ᠴᠢᠳᠠᠯ ᠢᠶᠠᠷ ᠢᠶᠠᠨ ᠴᠢᠷᠮᠠᠶᠢᠬᠤ᠂ ᠪᠠᠶᠢᠳᠠᠯ ᠢᠶᠠᠨ ᠦᠵᠡᠵᠦ ᠬᠢᠬᠦ ᠶᠢ ᠪᠠᠷᠢᠮᠳᠠᠯᠠᠵᠦ᠂ ᠨᠡᠶᠢᠳᠡᠮ ᠬᠠᠷᠠᠭᠠᠯᠵᠠᠬᠤ ᠴᠢᠨᠠᠷᠳᠠᠢ᠂ ᠰᠠᠭᠤᠷᠢ ᠴᠢᠨᠠᠷᠳᠠᠢ᠂ ᠦᠨᠳᠦᠰᠦᠨ ᠪᠠᠳᠤᠯᠠᠭᠠᠳᠦ ᠴᠢᠨᠠᠷᠳᠠᠢ ᠠᠷᠠᠳ ᠤᠨ ᠠᠮᠢᠳᠤᠷᠠᠯ ᠤᠨ ᠴᠤᠭᠴᠠᠯᠠᠯᠳᠠ ᠶᠢ ᠴᠢᠩᠭᠠᠳᠬᠠᠵᠦ᠂ ᠠᠷᠠᠳ ᠲᠦᠮᠡᠨ ᠤ ᠤᠯᠤᠯᠳᠠ ᠶᠢᠨ ᠲᠦᠷᠦᠭᠳᠡᠯ᠂ ᠠᠵᠠ ᠵᠢᠷᠭᠠᠯ ᠤᠨ ᠲᠦᠷᠦᠭᠳᠡᠯ᠂ ᠠᠮᠤᠷ ᠲᠠᠶᠢᠪᠤᠩ ᠲᠦᠷᠦᠭᠳᠡᠯ ᠢ ᠦᠨᠡᠨᠬᠦ  ᠳᠡᠭᠡᠭᠰᠢᠯᠡᠭᠦᠯᠦᠨ᠎ᠡ᠃     ᠠᠷᠠᠳ ᠤᠨ ᠠᠮᠢᠳᠤᠷᠠᠯ ᠢ ᠦᠷᠬᠦᠯᠵᠢᠯᠡᠨ ᠪᠠᠳᠤᠯᠠᠬᠤ ᠪᠠ ᠰᠠᠶᠢᠵᠢᠷᠠᠭᠤᠯᠤᠨ᠎ᠠ᠃ ᠠᠵᠢᠯ ᠤᠯᠭᠤᠬᠤ ᠦᠢᠯᠡᠰ ᠪᠤᠰᠬᠠᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠢᠯᠡ ᠪᠠᠷ ᠡᠯᠰᠡᠬᠦ᠂ ᠦᠪᠡᠷᠳᠡᠬᠡᠨ ᠦᠢᠯᠡᠰ ᠪᠤᠰᠬᠠᠬᠤ᠂ ᠠᠵᠦ ᠠᠬᠤᠶᠢᠯᠠᠯ ᠬᠦᠯᠢᠶᠡᠨ ᠠᠪᠬᠤ ᠵᠡᠷᠬᠡ ᠠᠷᠭ᠎ᠠ ᠪᠠᠷ ᠲᠠᠮᠵᠢᠨ᠂ ᠶᠡᠭᠡ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠤᠯᠭᠤᠯᠳᠠ ᠶᠢ ᠠᠬᠢᠭᠤᠯᠵᠦ᠂ ᠭᠤᠤᠯᠳᠠᠯᠭᠠᠳᠠᠢ ᠬᠦᠮᠦᠰ ᠤᠨ ᠨᠡᠩ ᠦᠨᠳᠦᠷ ᠴᠢᠨᠠᠷ ᠴᠢᠨᠰᠠᠭᠠᠳᠠᠢ ᠨᠡᠩ ᠪᠦᠷᠢᠨ ᠬᠦᠢᠴᠡᠳ ᠠᠵᠢᠯ ᠤᠯᠭᠤᠯᠳᠠ ᠶᠢ ᠪᠡᠶᠡᠯᠡᠬᠦᠯᠦᠨ᠎ᠡ᠃ ᠪᠤᠰᠤᠳ ᠭᠠᠵᠠᠷ ᠡᠮᠨᠡᠭᠦᠯᠦᠭᠡᠳ ᠰᠢᠭᠤᠳ ᠲᠤᠭᠠᠴᠠᠭ᠎ᠠ ᠬᠢᠬᠦ ᠠᠵᠢᠯ ᠢ ᠲᠡᠭᠦᠯᠳᠡᠷᠵᠢᠬᠦᠯᠵᠦ᠂ ᠨᠡᠩ ᠤᠯᠠᠨ ᠠᠷᠠᠳ ᠲᠦᠮᠡᠨ ᠳᠤ ᠨᠡᠩ ᠰᠢᠯᠢᠳᠡᠭ᠂ ᠲᠦᠬᠦᠮ ᠲᠦᠳᠡ ᠡᠮᠴᠢᠯᠡᠬᠡᠨ ᠤ ᠦᠢᠯᠡᠴᠢᠯᠡᠭᠡ ᠬᠦᠷᠳᠡᠭᠡᠨ᠎ᠡ᠃ ᠨᠡᠶᠢᠭᠡᠮ ᠤᠨ ᠲᠠᠭᠠᠳᠬᠠᠯ ᠤᠨ ᠰᠦᠢᠳᠭᠡᠯ ᠢ ᠬᠤᠷᠢᠶᠠᠬᠤ ᠲᠤᠭᠳᠠᠴᠠ ᠶᠢᠨ ᠦᠭᠡᠷᠡᠴᠢᠯᠡᠯᠳᠡ ᠶᠢ ᠠᠬᠢᠭᠤᠯᠵᠦ᠂ ᠨᠠᠰᠤᠵᠢᠯ ᠤᠨ ᠲᠠᠭᠠᠳᠬᠠᠯ ᠢ ᠲᠤᠭ᠎ᠠ ᠶᠤᠰᠤᠭᠠᠷ ᠲᠠᠯᠪᠢᠬᠤ ᠶᠢ ᠪᠠᠳᠤᠯᠠᠨ᠎ᠠ᠃ ᠬᠤᠳᠠ ᠬᠦᠳᠡᠭᠡ ᠶᠢᠨ ᠡᠮᠴᠢᠯᠡᠭᠡ ᠪᠠ ᠲᠦᠷ ᠠᠪᠤᠷᠠᠨ ᠲᠤᠰᠠᠯᠠᠬᠤ ᠪᠤᠱᠤᠭ᠎ᠠ ᠶᠢ ᠲᠤᠷᠤᠭᠰᠢᠯᠠᠭᠤᠯᠵᠦ᠂ ᠪᠦᠬᠦ ᠬᠤᠰᠢᠭᠤᠨ ᠤ ᠨᠡᠶᠢᠭᠡᠮ ᠤᠨ ᠠᠪᠤᠷᠠᠨ ᠲᠤᠰᠠᠯᠠᠬᠤ ᠡᠳᠡᠭᠡᠳ ᠤᠨ ᠦᠨᠳᠦᠰᠦᠨ ᠠᠮᠢᠳᠤᠷᠠᠯ ᠤᠨ ᠬᠢᠷᠢ ᠲᠦᠪᠰᠢᠨ ᠢ ᠲᠡᠭᠡᠭᠰᠢᠯᠡᠬᠦᠯᠦᠨ᠎ᠡ᠃ ᠴᠡᠷᠢᠭ ᠠᠴᠠ ᠬᠠᠯᠠᠭᠳᠠᠭᠰᠠᠳ ᠤᠨ ᠬᠠᠮᠢᠶᠠᠷᠤᠯᠳᠠ ᠪᠠᠨ ᠴᠢᠩᠭᠠᠳᠬᠠᠵᠦ᠂ ᠴᠡᠷᠢᠭ ᠠᠷᠠᠳ ᠠᠭᠤᠰᠤᠯᠴᠠᠨ ᠬᠦᠭᠵᠬᠦ ᠶᠢ ᠠᠬᠢᠭᠤᠯᠤᠨ᠎ᠠ᠃ ᠬᠦᠯᠦᠰᠦᠨ ᠲᠠᠷᠢᠶᠠᠴᠢᠨ ᠤ ᠴᠠᠯᠢᠩ ᠢ ᠦᠨᠡᠨ ᠨᠡᠷ᠎ᠡ ᠪᠠᠷ ᠬᠠᠮᠢᠶᠠᠷᠬᠤ ᠳᠥᠷᠢᠮ ᠢ ᠴᠢᠩᠭ᠎ᠠ ᠬᠡᠷᠡᠭᠵᠢᠭᠦᠯᠵᠦ᠂ ᠬᠦᠯᠦᠰᠦᠨ ᠲᠠᠷᠢᠶᠠᠴᠢᠨ ᠤ ᠬᠠᠤᠯᠢ ᠶᠤᠰᠤᠨ ᠤ ᠡᠷᠬᠡ ᠠᠰᠢᠭ ᠢ ᠦᠨᠡᠨᠬᠦ ᠪᠠᠳᠤᠯᠠᠨ᠎ᠠ᠃ ᠨᠡᠶᠢᠭᠡᠮ ᠤᠨ ᠲᠤᠰᠠᠯᠠᠮᠵᠢ ᠪᠠ ᠤᠨᠤᠴᠢᠳᠠᠢ ᠪᠠᠷ ᠶᠠᠳᠠᠭᠤ ᠶᠢ ᠲᠡᠳᠬᠦᠬᠦ ︽ᠬᠤᠶᠠᠷ ᠲᠦᠷᠢᠮ︾ ᠢ ᠵᠣᠯᠭᠠᠭᠤᠯᠬᠤ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠦᠨᠳᠦᠰᠦᠨ ᠪᠠᠳᠤᠯᠠᠭ᠎ᠠ ᠶᠢᠨ ᠲᠦᠷᠦ ᠶᠢᠨ ᠪᠤᠳᠤᠯᠭ᠎ᠠ ᠶᠢᠨ ᠲᠤᠭᠳᠠᠪᠤᠷᠢᠳᠦ ᠴᠢᠨᠠᠷ ᠪᠠ ᠦᠷᠬᠦᠯᠵᠢᠯᠡᠬᠦ ᠴᠢᠨᠠᠷ ᠢ ᠪᠠᠳᠤᠯᠠᠨ᠎ᠠ᠃     ᠨᠡᠶᠢᠭᠡᠮ ᠤᠨ ᠠᠵᠢᠯ ᠦᠢᠯᠡᠰ ᠤᠨ ᠤᠳᠤᠬᠢᠴᠢᠯᠠᠯᠳᠠ ᠶᠢ ᠲᠦᠷᠭᠡᠳᠬᠡᠪᠡ᠃ ᠰᠢᠨᠵᠢᠯᠡᠭᠡ ᠮᠡᠷᠬᠡᠵᠢᠯ ᠤᠨ ᠦᠷ᠎ᠡ ᠪᠦᠳᠦᠭᠡᠯ ᠢ ᠳᠡᠯᠭᠡᠷᠡᠭᠦᠯᠦᠨ᠂ ᠤᠯᠤᠰ ᠤᠨ ︽ᠭᠤᠷᠪᠠᠨ ᠣᠷᠣᠨ︾  ᠤ ᠴᠢᠳᠠᠪᠤᠷᠢᠳᠠᠨ ᠢ ᠢᠳᠡᠪᠬᠢᠳᠡᠢ ᠡᠯᠰᠡᠵᠦ᠂ ᠤᠷᠤᠨ ᠤ ᠲᠡᠰ ᠤᠨ ᠰᠢᠨᠵᠢᠯᠡᠭᠡ ᠮᠡᠷᠭᠡᠵᠢᠯ ᠤᠨ ᠰᠤᠳᠤᠯᠤᠨ ᠨᠡᠬᠡᠬᠡᠬᠦ ᠲᠦᠪ ᠪᠠ ᠤᠯᠤᠰ ᠤᠨ ᠲᠡᠰ ᠤᠨ ᠲᠡᠭᠡᠳᠦ ᠰᠢᠨ᠎ᠡ ᠮᠡᠷᠬᠡᠵᠢᠯ ᠤᠨ ᠠᠵᠦ ᠠᠬᠤᠶᠢᠯᠠᠯ ᠢ ᠵᠤᠬᠢᠶᠠᠨ ᠪᠠᠶᠢᠭᠤᠯᠤᠨ ᠭᠤᠶᠤᠴᠢᠯᠠᠨ᠎ᠠ᠃ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢ ᠪᠡᠶᠡᠯᠡᠬᠦᠯᠬᠦ ᠶᠢᠨ ᠲᠤᠭᠤᠷᠢᠨ ᠳᠤ᠂ ᠵᠠᠬᠢᠷᠤᠯ ᠤᠨ ᠡᠩᠨᠡᠭᠡ ᠶᠢᠨ ᠰᠤᠷᠭᠠᠭᠤᠯᠢ ᠡᠷᠬᠢᠯᠡᠵᠦ ᠰᠤᠷᠭᠠᠭᠤᠯᠢ ᠪᠠᠨ ᠵᠠᠰᠠᠬᠤ ᠴᠢᠳᠠᠪᠤᠷᠢ ᠪᠠ ᠪᠠᠭᠰᠢ ᠶᠢᠨ ᠡᠩᠨᠡᠭᠡ ᠶᠢᠨ ᠲᠤᠰᠬᠠᠶᠢᠵᠢᠭᠰᠠᠨ ᠬᠢᠷᠢ ᠲᠦᠪᠰᠢᠨ ᠢ ᠲᠡᠭᠡᠭᠰᠢᠯᠡᠬᠦᠯᠵᠦ᠂ ᠰᠤᠷᠭᠠᠨ ᠬᠦᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠨᠡᠶᠢᠬᠡᠮ ᠤᠨ ᠰᠤᠷᠭᠠᠭᠤᠯᠢ ᠡᠷᠬᠢᠯᠡᠬᠦ ᠠᠵᠢᠯᠯᠠᠭ᠎ᠠ ᠶᠢ ᠲᠦᠷᠢᠮᠵᠢᠬᠦᠯᠦᠨ᠎ᠡ᠃ ᠵᠠᠭᠤᠴᠢᠯᠠᠭᠤᠷ ᠤᠨ ᠡᠬᠢ ᠪᠠᠶᠠᠯᠢᠭ ᠢ ᠨᠢᠭᠡᠳᠬᠡᠨ᠂ ᠵᠠᠭᠤᠴᠢᠯᠠᠭᠤᠷ ᠤᠨ ᠲᠦᠪ ᠪᠠᠶᠢᠭᠤᠯᠵᠦ᠂ ᠤᠯᠠᠮᠵᠢᠯᠠᠯᠳᠦ ᠵᠠᠭᠤᠴᠢᠯᠠᠭᠤᠷ ᠪᠠ ᠰᠢᠨ᠎ᠡ ᠵᠠᠭᠤᠴᠢᠯᠠᠭᠤᠷ ᠤᠨ ᠠᠭᠤᠰᠣᠯᠴᠢᠨ ᠬᠦᠭᠵᠢᠬᠦ ᠶᠢ ᠪᠡᠶᠡᠯᠡᠬᠦᠯᠦᠨ᠎ᠡ᠃ ᠡᠷᠬᠦᠯ ᠬᠠᠮᠠᠭᠠᠯᠠᠯ ᠡᠷᠡᠬᠦᠯ ᠴᠢᠬᠢᠷᠠᠭ ᠤᠨ ᠬᠠᠮᠢᠶᠠᠷᠤᠯᠳᠠ ᠪᠠᠨ ᠴᠢᠩᠳᠠᠯᠠᠵᠦ᠂ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠶᠡᠷᠦᠩᠬᠡᠢ ᠠᠰᠠᠷ ᠪᠠ ᠬᠤᠰᠢᠭᠤᠨ  ᠤ ᠮᠤᠩᠭᠤᠯ ᠡᠮᠨᠡᠯᠭᠡ ᠶᠢᠨ ᠬᠤᠷᠢᠶᠠᠨ ᠤ ᠡᠬᠦᠳᠡᠨ ᠡᠮᠨᠡᠯᠬᠡ ᠶᠢᠨ ᠠᠰᠠᠷ ᠵᠢᠴᠢ ᠡᠷᠬᠦᠯᠵᠢᠯ ᠤᠨ ᠲᠦᠪ ᠤᠨ ᠠᠰᠠᠷ ᠢ ᠪᠠᠶᠢᠭᠤᠯᠣᠨ ᠳᠠᠭᠤᠰᠬᠠᠵᠤ ᠠᠰᠢᠭᠯᠠᠯᠳᠠ ᠳᠤ ᠤᠷᠤᠬᠤ ᠶᠢ ᠠᠬᠢᠭᠤᠯᠵᠦ᠂ ᠠᠷᠠᠳ ᠤᠨ ᠡᠮᠨᠡᠯᠭᠡ ᠶᠢᠨ ᠬᠤᠷᠢᠶᠠᠨ ᠤ ᠲᠡᠷᠭᠡᠨ ᠵᠤᠭᠰᠣᠭᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠦᠨᠳᠦᠰᠦᠨ ᠱᠠᠳᠤᠨ ᠤ ᠡᠮᠨᠡᠯᠬᠡ ᠶᠢᠨ ᠬᠤᠷᠢᠶ᠎ᠠ ᠪᠠ ᠡᠮᠨᠡᠯᠬᠡ ᠶᠢᠨ ᠲᠠᠰᠤᠭ ᠤᠨ ᠡᠮᠴᠢᠯᠡᠬᠡᠨ ᠤ ᠦᠢᠯᠡᠴᠢᠯᠡᠬᠡᠨ ᠤ ᠴᠢᠳᠠᠪᠤᠷᠢ ᠶᠢ ᠲᠡᠭᠡᠭᠰᠢᠯᠡᠬᠦᠯᠦᠨ᠎ᠡ᠃ ᠡᠷᠡᠬᠦᠯ ᠴᠢᠬᠢᠷᠠᠭ ᠢ  ᠠᠬᠢᠭᠤᠯᠬᠤ ᠠᠯᠢᠪᠠ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠪᠦᠬᠦ ᠠᠷᠠᠳ ᠲᠤ ᠡᠷᠡᠬᠦᠯ ᠴᠢᠬᠢᠷᠠᠭ ᠠᠮᠢᠳᠤᠷᠠᠯ ᠤᠨ ᠠᠷᠭ᠎ᠠ ᠮᠠᠶ᠋ᠢᠭ ᠢ ᠣᠬᠠᠭᠤᠯᠬᠤ ᠠᠵᠢᠯᠯᠠᠭ᠎ᠠ ᠶᠢ ᠬᠦᠨᠵᠡᠭᠡᠢ ᠦᠷᠨᠢᠬᠦᠯᠵᠦ᠂ ᠦᠪᠡᠷᠳᠡᠬᠡᠨ ᠵᠠᠰᠠᠬᠤ ᠤᠷᠤᠨ ᠤ ᠲᠡᠰ ᠤᠨ ᠡᠷᠡᠬᠦᠯ ᠴᠢᠬᠢᠷᠠᠭ ᠢ ᠠᠬᠢᠭᠤᠯᠬᠤ ᠬᠤᠰᠢᠭᠤ ᠶᠢ ᠡᠭᠦᠳᠦᠨ ᠪᠠᠶᠢᠭᠤᠯᠤᠨ᠎ᠠ᠃ ᠴᠢᠳᠠᠪᠤᠷᠢᠳᠠᠨ ᠡᠯᠰᠡᠬᠦ ᠠᠷᠭ᠎ᠠ ᠨᠡᠶᠢᠳᠡᠯᠡᠵᠦ᠂ ᠴᠢᠳᠠᠪᠤᠷᠢᠳᠠᠨ ᠡᠯᠰᠡᠬᠦ ᠵᠠᠮ ᠢ ᠰᠢᠯᠤᠭᠤᠳᠬᠠᠨ᠎ᠠ᠃      ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠦᠨᠳᠦᠰᠦᠳᠡᠨ ᠪᠤᠯᠤᠨ ᠱᠠᠰᠢᠨ ᠰᠤᠷᠳᠠᠬᠤᠨ ᠤ ᠬᠠᠮᠢᠶᠠᠷᠤᠯᠳᠠ ᠪᠠᠨ ᠦᠷᠬᠦᠯᠵᠢᠯᠡᠨ ᠰᠠᠶᠢᠵᠢᠷᠠᠭᠤᠯᠵᠦ᠂ ᠴᠦᠬᠡᠨ ᠲᠤᠭᠠᠳᠦ ᠦᠨᠳᠦᠰᠦᠳᠡᠨ ᠲᠦᠪᠯᠡᠷᠡᠨ ᠰᠠᠭᠤᠭᠰᠠᠨ ᠭᠠᠵᠠᠷ ᠤᠷᠤᠨ ᠤ ᠠᠮᠢᠳᠤᠷᠠᠯ ᠤᠨ ᠤᠷᠴᠢᠨ ᠲᠤᠭᠤᠷᠢᠨ ᠢ ᠰᠠᠶᠢᠵᠢᠷᠠᠭᠤᠯᠤᠨ᠎ᠠ᠃ ᠪᠦᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠣᠯᠲᠠ ᠶᠢᠨ ᠰᠢᠰᠲ᠋ᠧᠮ ᠤᠨ ᠪᠠᠶᠢᠭᠤᠯᠤᠯᠳᠠ ᠶᠢ ᠪᠦᠬᠦ ᠬᠦᠴᠦᠨ ᠢᠶᠠᠷ ᠢᠶᠠᠨ ᠠᠬᠢᠭᠤᠯᠵᠦ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠦ᠂  ᠤᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠨ᠎ᠠ᠃ ᠢᠳᠡᠬᠡᠨ ᠤ ᠵᠦᠢᠯ ᠡᠮ ᠤᠨ ᠵᠦᠢᠯ ᠢ ︽ᠢᠯᠡ   ᠪᠠᠷ ᠬᠢᠨᠠᠨ ᠬᠠᠮᠢᠶᠠᠷᠬᠤ︾ ᠢᠨᠵᠧᠨᠧᠷᠢᠩ ᠢ ᠭᠡᠷᠡᠭᠵᠢᠬᠦᠯᠵᠦ᠂ ᠢᠳᠡᠬᠡᠨ ᠤᠮᠳᠠᠭᠠᠨ ᠤ ᠦᠢᠯᠡᠴᠢᠯᠡᠬᠡᠨ ᠤ ᠨᠢᠭᠡᠴᠢ ᠶᠢᠨ ᠲᠤᠭᠤᠭᠠᠨ ᠬᠡᠷ ᠢᠶᠠᠨ ᠢᠯᠡ ᠪᠣᠯᠭᠠᠬᠤ ᠨᠤᠷᠮ᠎ᠠ ᠶᠢ 95% ᠠᠴᠠ ᠲᠡᠭᠡᠭᠰᠢ ᠪᠤᠯᠭᠠᠵᠦ᠂ ᠠᠷᠠᠳ ᠲᠦᠮᠡᠨ ᠤ ᠢᠳᠡᠭᠡᠨ ᠤ ᠠᠮᠤᠷ ᠲᠦᠪᠰᠢᠨ ᠢ ᠪᠠᠳᠤᠯᠠᠨ᠎ᠠ᠃ ᠨᠡᠶᠢᠳᠡ ᠶᠢᠨ ᠬᠠᠤᠯᠢ ᠴᠠᠭᠠᠵᠠ ᠶᠢᠨ ᠦᠢᠯᠡᠴᠢᠯᠡᠬᠡᠨ ᠤ ᠰᠢᠰᠲ᠋ᠧᠮ ᠢ ᠲᠡᠭᠦᠯᠳᠡᠷᠵᠢᠬᠦᠯᠵᠦ᠂ ᠦᠨᠳᠦᠰᠦᠨ ᠬᠠᠤᠯᠢ ᠶᠢ ᠤᠬᠠᠭᠤᠯᠬᠤ ᠲᠠᠯᠠᠪᠠᠢ ᠪᠠᠶᠢᠭᠤᠯᠤᠨ᠎ᠠ᠃ ᠵᠦᠷᠢᠴᠡᠯ ᠮᠦᠷᠬᠦᠯᠳᠦᠬᠡᠨ ᠢ ᠰᠢᠢᠳᠪᠦᠷᠢᠯᠡᠬᠦ ᠤᠯᠠᠨ ᠡᠰᠢᠵᠢᠬᠦᠯᠦᠭᠰᠡᠨ ᠲᠤᠭᠳᠠᠴᠠ ᠶᠢ ᠪᠦᠷᠢᠨᠰᠢᠬᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠡᠮᠬᠢ ᠲᠢᠭᠯᠢᠮ ᠢ ᠬᠠᠤᠯᠢ ᠶᠤᠰᠤᠭᠠᠷ ᠲᠦᠷᠢᠮᠵᠢᠬᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠳᠤ ᠴᠣᠬᠢᠯᠲᠠ ᠥᠭᠬᠦ ᠲᠣᠰᠬᠠᠢ ᠲᠡᠮᠡᠴᠡᠯ ᠢ ᠦᠷᠭᠦᠯᠵᠢᠯᠡᠨ ᠦᠷᠨᠢᠭᠦᠯᠵᠦ᠂ ᠤᠯᠠᠨ ᠲᠦᠮᠡᠨ ᠤ ᠳᠣᠰᠬᠠᠭᠰᠠᠨ ᠳᠣᠪᠣᠶᠢᠮ᠎ᠠ ᠠᠰᠠᠭᠤᠳᠠᠯ ᠢ ᠰᠢᠢᠳᠪᠦᠷᠢᠯᠡᠨ᠎ᠡ᠃ ᠰᠦᠯᠵᠢᠶᠡᠨ ᠤ ᠠᠮᠤᠷ ᠲᠦᠪᠰᠢᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠨᠡᠶᠢᠭᠡᠮ ᠤᠨ ᠨᠠᠶᠢᠷᠰᠠᠭ ᠲᠤᠭᠳᠠᠭᠤᠨ ᠶᠠᠷᠦᠩᠬᠡᠢ ᠪᠠᠶᠢᠳᠠᠯ  ᠢ ᠪᠠᠬᠢᠵᠢᠬᠦᠯᠪᠡ᠃      ᠭᠤᠷᠪᠠ᠂ ᠰᠢᠨ᠎ᠡ ᠴᠠᠭ ᠦᠶ᠎ᠡ ᠶᠢᠨ ᠵᠠᠰᠠᠭ ᠤᠨ ᠤᠷᠳᠤᠨ ᠤ ᠲᠤᠰ ᠪᠡᠶ᠎ᠡ ᠶᠢᠨ ᠴᠤᠭᠴᠠᠯᠠᠯᠳᠠ ᠶᠢ  ᠴᠢᠩᠭᠠᠳᠬᠠᠨ᠎ᠠ      ᠤᠯᠤᠰ ᠲᠦᠷᠦ ᠶᠢᠨ ᠴᠤᠭᠴᠠᠯᠠᠯᠳᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠦ᠂ ᠤᠯᠤᠰ ᠲᠦᠷᠦ ᠶᠢᠨ ᠰᠠᠬᠢᠯᠭ᠎ᠠ ᠪᠠᠳᠦ ᠪᠠ ᠤᠯᠤᠰ ᠲᠦᠷᠦ ᠶᠢᠨ ᠶᠤᠰᠤ ᠲᠦᠷᠢᠮ ᠢ ᠴᠢᠩᠭ᠎ᠠ ᠰᠠᠬᠢᠵᠦ᠂ ︽ᠤᠭ ᠰᠠᠨᠠᠭ᠎ᠠ  ᠪᠠᠨ ᠦᠯᠦ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠳᠦ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢ ᠯᠠᠪᠳᠠᠭᠤᠨ ᠪᠠᠳᠤᠳᠠᠢ ᠦᠷᠨᠢᠬᠦᠯᠵᠦ᠂ ︽ᠲᠦᠷᠪᠡᠨ ᠤᠬᠠᠮᠰᠠᠷ︾ ᠢᠶᠠᠨ ᠨᠡᠮᠡᠭᠳᠡᠬᠦᠯᠵᠦ᠂ ︽ᠲᠦᠷᠪᠡᠨ ᠦᠪᠡᠷ ᠢ ᠪᠠᠨ ᠢᠲᠡᠭᠡᠬᠦ︾ ᠶᠢ ᠪᠠᠷᠢᠮᠳᠠᠯᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠵᠠᠰᠠᠭ ᠤᠨ ᠤᠷᠳᠤᠨ ᠤ ᠠᠵᠢᠯ ᠢᠮᠠᠭᠳᠠ ᠵᠦᠪ ᠤᠨᠤᠪᠴᠢᠳᠠᠢ ᠵᠠᠮ ᠢᠶᠠᠷ ᠤᠷᠤᠭᠰᠢᠯᠠᠬᠤ ᠶᠢ ᠪᠠᠳᠤᠯᠠᠨ᠎ᠠ᠃     ᠬᠠᠤᠯᠢ ᠪᠠᠷ ᠵᠠᠰᠠᠭᠰᠠᠨ ᠵᠠᠰᠠᠭ ᠤᠨ ᠤᠷᠳᠤᠨ ᠢ ᠴᠤᠭᠴᠠᠯᠠᠯᠳᠠ ᠶᠢ ᠬᠦᠨᠵᠡᠭᠡᠶᠢᠷᠡᠬᠦᠯᠦᠨ᠎ᠡ᠃ ᠬᠠᠤᠯᠢ ᠶᠤᠰᠤᠭᠠᠷ ᠵᠠᠰᠠᠭ ᠪᠠᠷᠢᠬᠤ ᠶᠢ ᠵᠠᠰᠠᠭ ᠤᠨ ᠤᠷᠳᠤᠨ ᠤ ᠠᠵᠢᠯ ᠤᠨ ᠰᠠᠭᠤᠷᠢ ᠪᠠᠷᠢᠮᠵᠢᠶ᠎ᠠ ᠪᠤᠯᠭᠠᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ︽ᠭᠤᠷᠪᠠᠨ ᠲᠦᠷᠢᠮ︾ ᠢ ᠴᠢᠩᠭ᠎ᠠ ᠨᠠᠶᠢᠳᠠᠪᠤᠷᠢᠵᠢᠭᠤᠯᠵᠦ᠂ ︽ᠬᠠᠤᠯᠢ ᠡᠷᠬᠡ ᠤᠯᠭᠤᠭᠰᠠᠨ ᠦᠭᠡᠢ ᠪᠣᠯ ᠡᠰᠡ ᠦᠢᠯᠡᠳᠬᠦ᠂ ᠬᠠᠤᠯᠢ ᠳᠤ ᠲᠣᠭᠲᠠᠭᠰᠠᠨ ᠬᠠᠷᠢᠭᠤᠴᠠᠯᠭ᠎ᠠ ᠡᠭᠦᠷᠭᠡ ᠪᠠᠨ ᠵᠠᠪᠠᠯ ᠬᠦᠢᠴᠡᠳᠬᠡᠬᠦ︾ ᠶᠢ ᠪᠡᠶᠡᠯᠡᠬᠦᠯᠦᠨ᠎ᠡ᠃ ᠪᠦᠬᠦ ᠠᠷᠠᠳ ᠤᠨ ᠬᠠᠤᠯᠢ ᠲᠦᠭᠡᠮᠡᠯᠵᠢᠬᠦᠯᠬᠦ ᠠᠵᠢᠯ ᠢ ᠯᠠᠪᠳᠠᠭᠤᠨ ᠪᠠᠳᠤᠳᠠᠢ ᠦᠷᠨᠢᠬᠦᠯᠵᠦ᠂ ︽ᠬᠡᠨ ᠬᠠᠣᠯᠢ ᠬᠡᠷᠡᠭᠵᠢᠭᠦᠯᠪᠡᠯ ᠲᠡᠷᠡ ᠬᠠᠤᠯᠢ ᠲᠦᠭᠡᠮᠡᠯᠵᠢᠬᠦᠯᠬᠦ︾ ᠬᠠᠷᠢᠭᠤᠴᠠᠯᠭ᠎ᠠ ᠶᠢᠨ ᠲᠦᠷᠢᠮ  ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠵᠠᠰᠠᠭ ᠤᠨ ᠤᠷᠳᠤᠨ ᠤ ᠬᠠᠤᠯᠢ ᠶᠢᠨ ᠵᠦᠪᠯᠡᠭᠴᠢ ᠶᠢᠨ ᠲᠦᠷᠢᠮ ᠢ ᠲᠡᠭᠦᠯᠳᠡᠷᠵᠢᠬᠦᠯᠵᠦ᠂ ᠰᠢᠢᠳᠪᠦᠷᠢ ᠶᠢᠨ ᠢᠯᠡ ᠲᠤᠳᠤ ᠴᠢᠨᠠᠷ ᠪᠠ ᠤᠯᠠᠨ ᠨᠡᠶᠢᠳᠡ ᠢᠶᠠᠨ ᠤᠷᠤᠯᠴᠠᠬᠤ ᠬᠡᠪᠴᠢᠶ᠎ᠡ ᠶᠢ ᠦᠷᠭᠡᠳᠭᠡᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠪᠠ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯᠳᠦ ᠬᠢᠨᠠᠯᠳᠠ ᠶᠢ ᠢᠳᠡᠪᠬᠢᠳᠡᠢ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠰᠠᠨᠠᠯ ᠰᠠᠨᠠᠭᠤᠯᠭ᠎ᠠ᠂ ᠤᠯᠤᠰ ᠲᠦᠷᠦ ᠶᠢᠨ ᠵᠦᠪᠯᠡᠯᠬᠡᠨ ᠤ ᠰᠠᠨᠠᠯ ᠲᠤᠷᠠᠳᠤᠯᠭ᠎ᠠ ᠶᠢ ᠨᠠᠷᠢᠨ ᠬᠢᠨᠠᠮᠠᠭᠠᠢ ᠬᠦᠢᠴᠡᠳᠬᠡᠨ᠎ᠡ᠃ ︽ᠭᠤᠷᠪᠠᠨ ᠶᠠᠪᠤᠳᠠᠯ︾ ᠢ ᠢᠯᠡ ᠪᠤᠯᠭᠠᠬᠤ ᠶᠢ ᠬᠦᠴᠦᠯᠡᠨ ᠠᠬᠢᠭᠤᠯᠵᠦ᠂ ᠵᠠᠰᠠᠭ ᠤᠨ ᠤᠷᠳᠤᠨ ᠤ ᠠᠵᠢᠯᠯᠠᠭ᠎ᠠ ᠶᠢ ᠨᠡᠩ ᠳᠥᠷᠢᠮᠵᠢᠯᠲᠡᠢ᠂ ᠢᠯᠡ ᠲᠤᠳᠣ ᠪᠤᠯᠭᠠᠨ᠎ᠠ᠃     ᠵᠠᠰᠠᠭ ᠤᠨ ᠤᠷᠳᠤᠨ ᠤ ᠠᠵᠢᠯ ᠤᠨ ᠦᠷ᠎ᠡ ᠪᠦᠳᠦᠮᠵᠢ ᠶᠢ ᠲᠡᠭᠡᠭᠰᠢᠯᠡᠬᠦᠯᠦᠨ᠎ᠡ᠃ ᠵᠠᠰᠠᠭ ᠤᠨ ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠪᠡᠶᠡᠯᠡᠬᠦᠯᠵᠦ᠂ ᠡᠷᠬᠡ ᠲᠤᠰᠢᠶᠠᠯ ᠤᠨ ᠲᠤᠬᠢᠷᠠᠭᠤᠯᠤᠯᠳᠠ  ᠶᠢ ᠰᠢᠯᠢᠳᠡᠭᠵᠢᠬᠦᠯᠵᠦ᠂ ᠡᠬᠦᠷᠭᠡ ᠬᠠᠷᠢᠭᠤᠴᠠᠯᠭ᠎ᠠ ᠶᠢᠨ ᠬᠠᠷᠢᠴᠠᠭ᠎ᠠ ᠶᠢ ᠰᠢᠯᠤᠭᠤᠳᠬᠠᠵᠦ᠂ ᠠᠵᠢᠯ ᠤᠨ ᠤᠪᠣᠷ ᠰᠤᠷᠲᠠᠯ ᠰᠠᠶᠢᠵᠢᠷᠠᠭᠤᠯᠵᠤ᠂ ᠦᠢᠯᠡᠴᠢᠯᠡᠬᠡᠨ ᠤ ᠦᠷ᠎ᠡ ᠪᠦᠳᠦᠮᠵᠢ ᠪᠠᠨ ᠲᠡᠭᠡᠭᠰᠢᠯᠡᠬᠦᠯᠬᠦ ᠶᠢ ᠪᠡᠶᠡᠯᠡᠬᠦᠯᠦᠨ᠎ᠡ᠃ ᠵᠠᠰᠠᠭ ᠤᠨ ᠤᠷᠳᠤᠨ ᠤ ᠠᠵᠢᠯ ᠤᠨ ᠲᠦᠷᠢᠮᠵᠢᠯ ᠢ ᠪᠦᠷᠢᠨᠰᠢᠬᠦᠯᠵᠦ᠂ ᠠᠵᠢᠯ ᠤᠨ ᠪᠠᠶᠢᠷᠢ ᠶᠢᠨ ᠬᠠᠷᠢᠭᠤᠴᠠᠯᠭ᠎ᠠ ᠶᠢᠨ ᠲᠦᠷᠢᠮ᠂ ᠬᠢᠨᠠᠨ ᠪᠠᠶᠢᠴᠠᠭᠠᠵᠦ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠵᠠᠰᠠᠭ ᠵᠠᠬᠢᠷᠭᠠᠨ ᠤ ᠬᠦᠢᠴᠡᠳᠭᠡᠬᠦ ᠴᠢᠳᠠᠪᠤᠷᠢ ᠶᠢ ᠨᠡᠮᠡᠭᠳᠡᠬᠦᠯᠦᠨ᠎ᠡ᠃ ︽ᠬᠠᠳᠠᠭᠠᠰᠦ ᠬᠠᠳᠠᠬᠤ︾ ᠵᠤᠷᠢᠭ ᠰᠠᠨᠠᠭ᠎ᠠ ᠶᠢ ᠴᠢᠩᠳᠠᠯᠠᠨ᠂ ᠬᠦᠭᠵᠢᠯᠳᠡ ᠶᠢᠨ ᠶᠠᠪᠤᠴᠠ ᠳᠠᠬᠢ ᠰᠢᠨ᠎ᠡ ᠵᠦᠷᠢᠴᠡᠯ᠂ ᠰᠢᠨ᠎ᠡ ᠠᠰᠠᠭᠤᠳᠠᠯ ᠢ ᠨᠠᠷᠢᠨ ᠬᠢᠨᠠᠮᠠᠭᠠᠢ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠪᠤᠳᠠᠳᠦ ᠠᠰᠠᠭᠤᠳᠠᠯ ᠢ ᠨᠡᠩ ᠡᠷᠴᠢᠮᠳᠡᠢ ᠨᠡᠩ ᠬᠠᠯᠭᠤᠮᠰᠤᠭ ᠢᠶᠠᠷ ᠰᠠᠶᠢᠳᠤᠷ ᠰᠢᠢᠳᠪᠦᠷᠢᠯᠡᠵᠦ᠂ ᠬᠦᠭᠵᠢᠯᠳᠡ ᠶᠢᠨ ᠴᠢᠨᠠᠷ ᠴᠢᠨᠰᠠᠭ᠎ᠠ ᠪᠠᠨ ᠴᠢᠷᠮᠠᠶᠢᠨ ᠲᠡᠭᠡᠭᠰᠢᠯᠡᠬᠦᠯᠦᠨ᠎ᠡ᠃ ᠡᠬᠦᠷᠭᠡ ᠬᠠᠷᠢᠭᠤᠴᠠᠯᠭ᠎ᠠ ᠪᠠᠨ ᠴᠢᠩᠳᠠᠯᠠᠨ᠂ ᠬᠢᠨᠠᠨ ᠪᠠᠶᠢᠴᠠᠭᠠᠯᠳᠠ ᠪᠠᠨ  ᠴᠢᠩᠭᠠᠳᠬᠠᠵᠦ᠂ ᠲᠦᠪ ᠴᠢᠩᠭ᠎ᠠ ᠪᠠᠷ ᠬᠢᠨᠠᠨ ᠰᠢᠯᠭᠠᠵᠦ ᠱᠠᠩᠨᠠᠵᠦ ᠵᠠᠯᠬᠠᠭᠠᠨ ᠰᠢᠢᠳᠭᠡᠵᠦ᠂ ᠵᠠᠰᠠᠭ ᠤᠨ ᠤᠷᠳᠤᠨ ᠤ ᠠᠵᠢᠯ ᠤᠨ ᠬᠤᠷᠳᠤᠴᠠ᠂ ᠴᠢᠨᠠᠷ ᠴᠢᠨᠰᠠᠭ᠎ᠠ ᠂ ᠦᠷ᠎ᠡ ᠪᠦᠳᠦᠮᠵᠢ ᠶᠢ ᠳᠡᠭᠡᠭᠰᠢᠯᠡᠬᠦ ᠶᠢ ᠬᠦᠴᠦᠯᠡᠨ ᠠᠬᠢᠭᠤᠯᠤᠨ᠎ᠠ᠃     ᠵᠠᠰᠠᠭ ᠤᠨ ᠤᠷᠳᠤᠨ ᠤ ᠠᠷᠢᠭᠤᠨ ᠴᠢᠭᠡᠴᠢ ᠶᠢᠨ ᠴᠤᠭᠴᠠᠯᠠᠯᠳᠠ ᠶᠢ ᠴᠢᠩᠭᠠᠳᠬᠠᠨ᠎ᠠ᠃ ᠨᠠᠮ ᠢ ᠪᠦᠬᠦ ᠲᠠᠯ᠎ᠠ  ᠪᠠᠷ ᠴᠢᠩᠭ᠎ᠠ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠪᠠ ︽ᠨᠢᠭᠡ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠭᠤᠤᠯᠳᠠᠯᠭᠠᠳᠠᠢ ᠬᠦᠷᠢᠶ᠎ᠡ ᠴᠠᠷ᠎ᠠ ᠪᠠ ᠵᠠᠩᠬᠢᠯᠠᠭ᠎ᠠ ᠶᠢᠨ ᠪᠠᠶᠢᠷᠢ ᠶᠢᠨ ᠠᠷᠢᠭᠤᠨ ᠴᠢᠬᠡᠴᠢ ᠶᠢᠨ ᠲᠦᠭᠰᠢᠬᠦᠷᠢ ᠶᠢ ᠰᠡᠷᠭᠡᠶᠢᠯᠡᠬᠦ ᠪᠠᠨ ᠡᠵᠡᠮᠳᠡᠵᠦ᠂ ᠰᠠᠬᠢᠯᠭ᠎ᠠ ᠪᠠᠳᠦ ᠪᠠᠶᠢᠴᠠᠭᠠᠬᠤ ᠬᠤᠷᠢᠶᠠᠨ  ᠤ ᠬᠢᠨᠠᠨ ᠪᠠᠶᠢᠴᠠᠭᠠᠬᠤ ᠵᠦᠪᠯᠡᠯ ᠤᠨ ᠰᠠᠬᠢᠯᠭ᠎ᠠ ᠪᠠᠳᠦ ᠬᠡᠷᠡᠭᠵᠢᠬᠦᠯᠦᠨ ᠬᠢᠨᠠᠨ ᠪᠠᠶᠢᠴᠠᠭᠠᠯᠳᠠ ᠬᠢᠬᠦ᠂ ᠲᠤᠭᠤᠷᠢᠨ ᠪᠠᠶᠢᠴᠠᠭᠠᠵᠦ ᠬᠢᠨᠠᠯᠳᠠ ᠲᠠᠯᠪᠢᠬᠤ᠂ ᠲᠤᠮᠢᠯᠠᠨ ᠰᠠᠭᠤᠯᠭᠠᠵᠦ ᠬᠢᠨᠠᠯᠳᠠ ᠲᠠᠯᠪᠢᠬᠤ ᠪᠡ ᠬᠢᠨᠠᠨ ᠪᠤᠳᠤᠯᠳᠠ ᠶᠢᠨ ᠬᠢᠨᠠᠯᠳᠠ ᠲᠠᠯᠪᠢᠬᠤ ᠶᠢ ᠬᠦᠴᠦᠯᠡᠨ ᠲᠡᠮᠵᠢᠵᠦ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ᠂ ᠵᠠᠰᠠᠭ ᠢ ᠴᠢᠩᠭ᠎ᠠ ᠵᠠᠰᠠᠬᠤ ᠡᠯ᠎ᠡ ᠵᠦᠢᠯ ᠤᠨ ᠲᠦᠷᠢᠮ ᠲᠤᠭᠳᠠᠭᠠᠯ ᠢ ᠵᠠᠰᠠᠭ ᠤᠨ ᠤᠷᠳᠤᠨ ᠤ ᠠᠵᠢᠯ ᠤᠨ ᠡᠯ᠎ᠡ ᠭᠤᠭᠴᠤᠭᠠᠨ ᠳᠤ ᠲᠤᠤᠱᠯᠠᠭᠤᠯᠤᠨ᠎ᠠ᠃ ᠰᠢᠷᠭᠠᠭᠤ ᠲᠡᠮᠡᠴᠡᠵᠦ᠂ ᠠᠵᠢᠯᠴᠢ ᠠᠷᠪᠢᠴᠢ ᠪᠠᠶᠢᠬᠤ ᠵᠤᠷᠢᠭ ᠰᠠᠨᠠᠭ᠎ᠠ ᠶᠢ ᠦᠷᠬᠦᠯᠵᠢᠯᠡᠨ ᠪᠠᠳᠠᠷᠠᠭᠤᠯᠵᠦ᠂ ᠠᠷᠢᠭᠤᠨ ᠴᠢᠭᠡᠴᠢ ᠵᠠᠰᠠᠭ ᠤᠨ ᠶᠠᠪᠤᠳᠠᠯ ᠤᠨ ᠤᠷᠴᠢᠨ ᠲᠤᠭᠤᠷᠢᠨ ᠢ ᠴᠤᠭᠴᠠᠯᠠᠨ᠎ᠠ᠃    ᠲᠦᠯᠦᠭᠡᠯᠡᠭᠴᠢᠳ ᠡ᠂ ᠤᠭ ᠰᠠᠨᠠᠭ᠎ᠠ ᠪᠠᠨ ᠦᠯᠦ ᠮᠠᠷᠳᠠᠨ ᠰᠢᠨ᠎ᠡ ᠴᠠᠭ ᠦᠶ᠎ᠡ ᠶᠢᠨ ᠬᠦᠰᠡᠯ ᠢᠶᠠᠨ ᠲᠡᠷᠭᠡᠯᠰᠢᠯᠡᠬᠦᠯᠵᠦ᠂ ᠡᠷᠡᠮᠡᠬᠡᠶᠢᠯᠡᠨ ᠲᠡᠮᠡᠴᠡᠵᠦ ᠰᠢᠨ᠎ᠡ ᠠᠶᠠᠨ ᠵᠠᠮ ᠢᠶᠠᠨ ᠡᠯᠬᠦᠶ᠎ᠡ᠃ ᠪᠢᠳᠡ ᠰᠢ ᠶᠢᠨ ᠫᠢᠩ ᠨᠦᠬᠦᠷ  ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠡᠷᠡᠰ ᠪᠠᠲᠤ ᠤᠳᠤᠷᠢᠳᠤᠯᠭ᠎ᠠ ᠲᠤᠤᠷ᠎ᠠ᠂ ᠲᠡᠤᠬᠡ ᠶᠢᠨ ᠰᠢᠨ᠎ᠡ ᠭᠠᠷᠤᠭ᠎ᠠ ᠠᠴᠠ ᠮᠦᠷᠳᠡᠵᠦ᠂ ᠦᠨᠳᠦᠷ ᠴᠢᠨᠠᠷ ᠴᠢᠨᠰᠠᠭᠠᠳᠦ ᠬᠦᠭᠵᠢᠯᠳᠡ ᠶᠢ ᠲᠦᠷᠭᠡᠳᠬᠡᠨ ᠠᠬᠢᠭᠤᠯᠵᠦ᠂ ᠰᠢᠨ᠎ᠡ ᠴᠠᠭ ᠦᠶ᠎ᠡ ᠶᠢᠨ ᠰᠢᠨ᠎ᠡ ᠬᠠᠭᠤᠳᠠᠰᠦ ᠶᠢ ᠴᠢᠷᠮᠠᠶᠢᠨ ᠪᠢᠴᠢᠭᠯᠡᠵᠦ᠂ ᠪᠠᠶᠠᠨ ᠴᠢᠨᠡᠭᠡᠯᠢᠭ᠂ ᠠᠷᠠᠳᠴᠢᠯᠠᠯ ᠲᠠᠢ᠂ ᠪᠤᠯᠪᠠᠰᠤᠨ᠂ ᠡᠶ᠎ᠡ ᠨᠠᠶᠢᠷᠠᠮᠳᠠᠭᠤ᠂ ᠦᠵᠡᠰᠬᠦᠯᠡᠩᠳᠦ ᠰᠠᠶᠢᠬᠠᠨ ᠵᠠᠷᠤᠳ ᠢ ᠴᠢᠷᠮᠠᠶᠢᠨ ᠴᠤᠭᠴᠠᠯᠠᠵᠦ᠂ ᠰᠢᠯᠢᠳᠡᠭ ᠬᠢᠷᠢ ᠪᠦᠳᠦᠮᠵᠢ ᠪᠠᠷ ᠢᠶᠠᠨ ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠤᠰ ᠪᠠᠶᠢᠭᠤᠯᠤᠭᠳᠠᠭᠰᠠᠨ 70 ᠤᠢ ᠶᠢ ᠪᠠᠶᠠᠷᠯᠠᠨ ᠪᠡᠯᠭᠡᠯᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号