2019 ᠣᠨ ᠤ 6 ᠳ᠋ᠤᠭᠠᠷ ᠰᠠᠷ᠎ᠠ ᠶᠢᠨ 1 ᠤ ᠡᠳᠦᠷ ᠤᠨ ᠲᠡᠭ ᠴᠠᠭ ᠠᠴᠠ ᠡᠬᠢᠯᠡᠨ ᠮᠠᠨ ᠤ ᠤᠯᠤᠰ ᠲᠤ ᠣᠷᠣᠭᠤᠯᠵᠤ ᠪᠠᠶᠢᠭ᠎ᠠ ᠠᠮᠧᠷᠢᠺᠠ ᠶᠢᠨ 600 ᠳ᠋ᠦᠩᠰᠢᠭᠤᠷ ᠳ᠋ᠣᠯᠯᠠᠷ ᠤᠨ ᠪᠠᠷᠠᠭ᠎ᠠ ᠪᠦᠲᠦᠭᠡᠭᠳᠡᠬᠦᠨ ᠠᠴᠠ ᠲᠠᠲᠠᠪᠤᠷᠢᠯᠠᠬᠤ ᠪᠣᠭᠤᠮᠲᠠ ᠶᠢᠨ ᠭᠠᠶᠢᠯᠢ ᠶᠢ ᠨᠡᠮᠡᠨ᠎ᠡ
ᠨᠡᠶᠢᠲᠡᠯᠡᠭᠰᠡᠨ ᠴᠠᠭ᠄
2019/5/15
    ᠲᠥᠷᠥ ᠶᠢᠨ ᠶᠠᠪᠤᠳᠠᠯ ᠤᠨ ᠬᠤᠷᠢᠶᠠᠨ ᠤ ᠪᠣᠭᠤᠮᠲᠠ ᠶᠢᠨ ᠭᠠᠶᠢᠯᠢ ᠶᠢᠨ ᠳᠦᠷᠢᠮ ᠤᠨ ᠺᠣᠮᠢᠰ 13 ᠤ ᠡᠳᠦᠷ ᠠᠯᠪᠠᠨ ᠮᠡᠳᠡᠭᠡ ᠨᠡᠶᠢᠲᠡᠯᠡᠵᠦ ᠲᠡᠮᠳᠡᠭᠯᠡᠬᠦ ᠳᠡᠭᠡᠨ᠄ ᠠᠮᠧᠷᠢᠺᠠ ᠶᠢᠨ ᠲᠠᠯ᠎ᠠ 5 ᠳ᠋ᠣᠭᠠᠷ ᠰᠠᠷ᠎ᠠ ᠶᠢᠨ 10 ᠤ ᠡᠳᠣᠷ ᠠᠴᠠ ᠡᠬᠢᠯᠡᠵᠦ ᠲᠤᠮᠳᠠᠳᠣ ᠣᠯᠣᠰ ᠠᠴᠠ ᠤᠷᠤᠭᠤᠯᠬᠤ 2000 ᠳ᠋ᠥᠩᠰᠢᠭᠤᠷ ᠳ᠋ᠣᠯᠯᠠᠷ ᠤᠨ ᠪᠠᠷᠠᠭ᠎ᠠ ᠪᠥᠳᠥᠭᠡᠭᠳᠡᠭᠦᠨ ᠠᠴᠠ ᠵᠠᠭᠤᠨ ᠤ 25 ᠶᠢᠨ ᠪᠤᠭᠤᠮᠳᠠ ᠶᠢᠨ ᠭᠠᠶᠢᠯᠢ ᠨᠡᠮᠡᠵᠦ ᠠᠪᠬᠤ ᠪᠠᠷ 5 ᠳ᠋ᠤᠭᠠᠷ ᠰᠠᠷ᠎ᠠ ᠶᠢᠨ 9 ᠤ ᠡᠳᠦᠷ ᠨᠡᠶᠢᠲᠡᠯᠡᠭᠰᠡᠨ ᠪᠠᠶᠢᠨ᠎ᠠ᠃ ᠠᠮᠧᠷᠢᠺᠠ ᠶᠢᠨ ᠲᠠᠯ᠎ᠠ ᠶᠢᠨ ᠡᠨᠡ ᠬᠦ ᠠᠷᠭ᠎ᠠ ᠬᠡᠮᠵᠢᠶ᠎ᠡ ᠨᠢ ᠳᠤᠮᠳᠠᠳᠤ ᠠᠮᠧᠷᠢᠺᠠ ᠶᠢᠨ ᠠᠵᠤ ᠠᠬᠤᠢ ᠠᠷᠠᠯᠵᠢᠶᠠᠨ ᠤ ᠵᠢᠭᠤᠷᠠᠭᠠᠨ ᠢ ᠰᠢᠷᠦᠭᠦᠰᠬᠡᠵᠦ ᠳᠤᠮᠳᠠᠳᠤ ᠠᠮᠧᠷᠢᠺᠠ ᠬᠤᠶᠠᠷ ᠲᠠᠯ᠎ᠠ ᠶᠢᠨ ᠪᠠᠲᠤᠯᠠᠭᠰᠠᠨ ᠠᠷᠠᠯᠵᠢᠶᠠᠨ ᠤ ᠵᠢᠭᠤᠷᠠᠭᠠᠨ ᠢ ᠵᠥᠪᠳᠡᠯᠴᠡᠵᠦ ᠪᠠᠶᠢᠭᠠᠳ ᠰᠢᠢᠳᠪᠦᠷᠢᠯᠡᠬᠦ ᠬᠠᠮᠲᠤ ᠶᠢᠨ ᠲᠠᠨᠢᠯᠲᠠ ᠠᠴᠠ ᠲᠡᠷᠰᠯᠡᠭᠰᠡᠨ ᠪᠣᠯᠬᠤᠷ ᠬᠤᠶᠠᠷ ᠲᠠᠯ᠎ᠠ ᠶᠢᠨ ᠠᠰᠢᠭ ᠲᠤᠰᠠ ᠶᠢ ᠬᠤᠬᠢᠷᠠᠭᠤᠯᠵᠤ ᠳᠡᠯᠡᠬᠡᠢ ᠨᠡᠶᠢᠲᠡ ᠶᠢᠨ ᠨᠡᠶᠢᠳᠡᠮ ᠤᠨ ᠬᠦᠰᠡᠯ ᠲᠠᠢ ᠨᠡᠶᠢᠴᠡᠬᠦ ᠦᠭᠡᠢ ᠪᠣᠯᠣᠭᠰᠠᠨ ᠪᠠᠶᠢᠨ᠎ᠠ᠃ ᠣᠯᠠᠨ ᠲᠠᠯᠠᠲᠤ ᠠᠷᠠᠯᠵᠢᠶ᠎ᠠ ᠶᠢᠨ ᠰᠢᠰᠲ᠋ᠧᠮ ᠢ ᠬᠠᠮᠠᠭᠠᠯᠠᠵᠤ᠂ ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠶᠢᠨ ᠲᠥᠯᠥᠭᠡ ᠳᠤᠮᠳᠠᠳᠤ ᠶᠢᠨ ᠲᠠᠯ᠎ᠠ ᠠᠮᠧᠷᠢᠺᠠ ᠳᠤ ᠦᠢᠯᠡᠳᠪᠦᠷᠢᠯᠡᠭᠰᠡᠨ ᠭᠠᠳᠠᠭᠠᠳᠤ ᠠᠴᠠ ᠣᠷᠣᠭᠤᠯᠬᠤ ᠬᠡᠰᠡᠭ ᠪᠦᠲᠦᠭᠡᠭᠳᠡᠬᠦᠨ ᠠᠴᠠ ᠪᠣᠭᠤᠮᠲᠠ ᠶᠢᠨ ᠭᠠᠶᠢᠯᠢ ᠨᠡᠮᠡᠵᠦ ᠬᠤᠷᠢᠶᠠᠬᠤ ᠪᠣᠯᠣᠨ᠎ᠠ ᠭᠡᠵᠡᠢ᠃    ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠠᠷᠠᠯᠵᠢᠶᠠᠨ ᠤ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠲᠠᠸᠠᠷ ᠠᠴᠠ ᠲᠠᠲᠠᠪᠤᠷᠢᠯᠠᠬᠤ ᠪᠣᠭᠤᠮᠲᠠ ᠶᠢᠨ ᠭᠠᠶᠢᠯᠢ ᠶᠢᠨ ᠳᠦᠷᠢᠮ︾ ᠵᠡᠷᠭᠡ ᠬᠠᠤᠯᠢ ᠲᠣᠭᠲᠠᠭᠠᠯ ᠪᠠ ᠣᠯᠠᠨ ᠤᠯᠤᠰ ᠤᠨ ᠬᠠᠤᠯᠢ ᠶᠢᠨ ᠦᠨᠳᠦᠰᠦᠨ ᠵᠠᠷᠴᠢᠮ ᠢ ᠦᠨᠳᠦᠰᠦᠯᠡᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠯ ᠲᠠᠢ ᠪᠠᠷ ᠲᠥᠷᠥ ᠶᠢᠨ ᠶᠠᠪᠤᠳᠠᠯ ᠤᠨ ᠬᠤᠷᠢᠶᠠᠨ ᠤ ᠪᠣᠭᠤᠮᠲᠠ ᠶᠢᠨ ᠭᠠᠶᠢᠯᠢ ᠶᠢᠨ ᠳᠦᠷᠢᠮ ᠤᠨ ᠺᠣᠮᠢᠰ ᠠᠴᠠ 2019 ᠣᠨ ᠤ 6 ᠳ᠋ᠤᠭᠠᠷ ᠰᠠᠷ᠎ᠠ ᠶᠢᠨ 1 ᠤ ᠡᠳᠦᠷ ᠤᠨ ᠲᠡᠭ ᠴᠠᠭ ᠠᠴᠠ ᠡᠬᠢᠯᠡᠨ ᠮᠠᠨ ᠤ ᠤᠯᠤᠰ ᠲᠤ ᠣᠷᠣᠭᠤᠯᠵᠤ ᠪᠠᠶᠢᠭ᠎ᠠ ᠠᠮᠧᠷᠢᠺᠠ ᠶᠢᠨ 600 ᠳ᠋ᠦᠩᠰᠢᠭᠤᠷ ᠳ᠋ᠣᠯᠯᠠᠷ ᠤᠨ ᠪᠠᠷᠠᠭ᠎ᠠ ᠪᠦᠲᠦᠭᠡᠭᠳᠡᠬᠦᠨ ᠠᠴᠠ ᠲᠠᠲᠠᠪᠤᠷᠢᠯᠠᠬᠤ ᠪᠣᠭᠤᠮᠲᠠ ᠶᠢᠨ ᠭᠠᠶᠢᠯᠢ ᠶᠢᠨ ᠨᠤᠷᠮ᠎ᠠ ᠶᠢ ᠳᠡᠭᠡᠭᠰᠢᠯᠡᠭᠦᠯᠵᠦ᠂ ᠵᠠᠭᠤᠨ ᠤ 25᠂ ᠵᠠᠭᠤᠨ ᠤ 20 ᠪᠠ ᠵᠠᠭᠤᠨ ᠤ 10 ᠪᠠᠷ ᠲᠤᠰ ᠲᠤᠰ ᠨᠡᠮᠡᠵᠦ ᠲᠠᠲᠠᠪᠤᠷᠢᠯᠠᠬᠤ ᠪᠠᠷ ᠲᠣᠭᠲᠠᠭᠰᠠᠨ ᠪᠠᠶᠢᠨ᠎ᠠ᠃ ᠡᠭᠦᠨ ᠠᠴᠠ ᠡᠮᠦᠨ᠎ᠡ ᠵᠠᠭᠤᠨ ᠤ 5 ᠶᠢᠨ ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠵᠤ ᠪᠠᠶᠢᠭᠰᠠᠨ ᠪᠦᠲᠦᠭᠡᠭᠳᠡᠬᠦᠨ ᠠᠴᠠ ᠮᠥᠨ ᠦᠷᠭᠦᠯᠵᠢᠯᠡᠨ ᠵᠠᠭᠤᠨ ᠤ 5 ᠶᠢᠨ ᠪᠣᠭᠤᠮᠲᠠ ᠶᠢᠨ ᠭᠠᠶᠢᠯᠢ ᠨᠡᠮᠡᠵᠦ ᠲᠠᠲᠠᠪᠤᠷᠢᠯᠠᠬᠤ ᠪᠣᠯᠣᠨ᠎ᠠ᠃                                    ᠢᠷᠡᠯᠳᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号