| 5 ᠰᠠᠷ᠎ᠠ ᠶᠢᠨ 12 ᠤᠨ ᠡᠳᠦᠷ ᠤᠨ ᠮᠡᠳᠡᠭᠡ᠄ ᠤᠯᠤᠰ ᠤᠨ ᠡᠮ ᠡᠮᠨᠡᠯᠭᠡ ᠶᠢᠨ ᠪᠠᠲᠤᠯᠠᠭᠠᠨ ᠤ ᠲᠣᠪᠴᠢᠶ᠎ᠠ | ᠥᠨᠥᠬᠡᠨ ᠡᠳ᠋ ᠤᠨ ᠵᠠᠰᠠᠭ ᠤᠨ ᠶᠠᠮᠤᠨ ᠲᠠᠢ ᠬᠠᠮᠲᠤ ᠪᠠᠷ ︽2019 ᠣᠨ ᠤ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠦᠰᠦᠨ ᠡᠮ ᠡᠮᠨᠡᠯᠭᠡ ᠶᠢᠨ ᠪᠠᠲᠤᠯᠠᠭᠠᠨ ᠤ ᠠᠵᠢᠯ ᠢ ᠰᠠᠶᠢᠨ ᠬᠢᠬᠦ ᠲᠤᠬᠠᠢ ᠮᠡᠳᠡᠭᠳᠡᠯ︾ ᠢ | ᠲᠣᠭᠲᠠᠭᠠᠵᠤ ᠳᠠᠷᠤᠮᠠᠯᠯᠠᠨ ᠲᠠᠷᠬᠠᠭᠠᠵᠠᠢ᠂ ︽ᠮᠡᠳᠡᠭᠳᠡᠯ︾ ᠳᠤ 2019 ᠣᠨ ᠤ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠳᠤ ᠳᠤᠮᠳᠠᠴᠢ ᠪᠠᠷ ᠬᠥᠮᠥᠨ ᠪᠣᠯᠭᠠᠨ ᠳᠤ 30 ᠲᠥᠭᠦᠷᠢᠭ ᠤᠨ ᠨᠥᠬᠦᠪᠦᠷᠢ ᠨᠡᠮᠡᠵᠦ᠂ | ᠬᠥᠮᠥᠨ ᠪᠣᠯᠭᠠᠨ ᠳᠤ ᠵᠢᠯ ᠪᠦᠷᠢ ᠨᠠᠭᠠᠲᠤ ᠵᠠᠬ᠎ᠠ ᠳᠠᠭᠠᠨ 520 ᠲᠥᠭᠦᠷᠢᠭ ᠤᠨ ᠨᠥᠬᠦᠪᠦᠷᠢ ᠣᠯᠭᠤᠵᠤ᠂ ᠬᠦᠨᠳᠦ | ᠡᠪᠡᠳᠴᠢᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠳᠠᠩᠰᠠᠨ ᠠᠴᠠ ᠴᠠᠶᠢᠷᠠᠭᠤᠯᠬᠤ | ᠬᠠᠷᠢᠴᠠᠯ ᠢ 50% ᠠᠴᠠ ᠳᠡᠭᠡᠭᠰᠢᠯᠡᠭᠦᠯᠦᠭᠡᠳ 60% ᠳᠤ ᠬᠦᠷᠭᠡᠬᠦ ᠪᠠᠷ ᠲᠣᠭᠲᠠᠭᠰᠠᠨ ᠪᠠᠶᠢᠨ᠎ᠠ᠃ ᠵᠢᠯ ᠤᠨ | ᠡᠴᠦᠰ ᠠᠴᠠ ᠡᠮᠦᠨ᠎ᠡ ᠡᠯ᠎ᠡ ᠭᠠᠵᠠᠷ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠢ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠳᠠᠭᠠᠳᠬᠠᠯ ᠲᠠᠢ | ᠨᠡᠶᠢᠯᠡᠭᠦᠯᠦᠨ ᠴᠣᠮᠬᠠᠳᠬᠠᠵᠤ᠂ ᠨᠢᠭᠡᠳᠦᠯᠲᠡᠢ ᠠᠵᠢᠯᠯᠠᠭᠤᠯᠬᠤ ᠪᠣᠯᠣᠨ᠎ᠠ᠃ | ᠢᠷᠡᠯᠳᠡ᠄ ᠳᠤᠮᠳᠠᠳᠤ ᠤᠯᠤᠰ ᠤᠨ ᠮᠣᠩᠭᠤᠯ ᠷᠠᠳᠢᠣ᠋ ᠰᠦᠯᠵᠢᠶ᠎ᠡ | |