| ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶ᠎ᠠ 5 ᠰᠠᠷ᠎ᠠ ᠶᠢᠨ 13 ᠤ ᠡᠳᠤᠷ ᠬᠤᠷᠡᠯ | ᠬᠤᠷᠡᠯᠳᠤᠭᠤᠯᠵᠥ᠂ ᠡᠨᠡ ᠵᠢᠯ ᠤᠨ 6 ᠰᠠᠷ᠎ᠠ ᠠᠴᠠ ᠡᠬᠢᠯᠡᠨ᠂ ᠪᠦᠬᠦ ᠨᠠᠮ ᠳᠤ ᠬᠤᠶᠠᠷ ᠪᠦᠯᠥᠭ ᠬᠤᠪᠢᠶᠡᠵᠥ | ᠪᠠᠶᠢᠭᠠᠳ ︽ᠤᠭ ᠰᠠᠨᠠᠭ᠎ᠠ ᠪᠠᠨ ᠦᠯᠥ ᠮᠠᠷᠳᠠᠵᠤ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ | ᠰᠡᠳᠤᠪᠳᠤ ᠬᠦᠮᠥᠵᠢᠯ ᠦᠷᠨᠢᠬᠦᠯᠬᠦ ᠪᠠᠷ ᠲᠤᠭᠳᠠᠪᠠ᠃ ᠬᠤᠷᠡᠯ ᠠᠴᠠ ︽ᠬᠦᠬᠡᠮᠦ᠋ᠷᠡᠨ ᠤ ᠭᠤᠷᠪᠠᠯᠵᠢᠨ ᠬᠤᠶᠢᠭ ᠤᠨ | ᠤᠷᠤᠨ ᠪᠦᠰᠡ ᠶᠢ ᠨᠢᠬᠡ ᠴᠤᠭᠴᠠᠵᠢᠭᠤᠯᠤᠨ ᠬᠦᠭᠵᠢᠬᠦᠯᠬᠦ ᠲᠦᠯᠥᠪᠵᠢᠬᠦᠯᠬᠡ ᠶᠢᠨ ᠬᠦᠳᠦᠯᠪᠤᠷᠢ︾ ᠶᠢ ᠬᠢᠨᠡᠨ | ᠵᠦᠪᠯᠡᠪᠡ᠃ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ ᠰᠢ ᠶᠢᠨ ᠫᠢᠩ ᠬᠤᠷᠡᠯ ᠢ ᠡᠷᠬᠢᠯᠡᠵᠡᠢ᠃ | ᠬᠤᠷᠡᠯ ᠠᠴᠠ᠂ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠪᠠᠶᠢᠷᠢᠯᠠᠭᠤᠯᠤᠯᠳᠡ ᠶᠢ ᠦᠨᠳᠦᠰᠦᠯᠡᠵᠤ᠂ | ᠰᠢᠶᠠᠨ ᠭᠠᠵᠠᠷ ᠤᠨ ᠲᠡᠰ ᠠᠴᠠ ᠲᠡᠭᠡᠭᠰᠢᠬᠢ ᠤᠳᠤᠷᠢᠳᠬᠤ ᠺᠠᠳ᠋ᠷ ᠢᠶᠠᠷ ᠭᠤᠤᠯᠳᠠᠯᠭ᠎ᠠ ᠪᠤᠯᠭᠠᠨ᠂ ᠪᠦᠬᠦ ᠨᠠᠮ ᠳᠤ ︽ | ᠤᠭ ᠰᠠᠨᠠᠭ᠎ᠠ ᠪᠠᠨ ᠦᠯᠥ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠤᠪᠳᠤ | ᠬᠦᠮᠥᠵᠢᠯ ᠦᠷᠨᠢᠬᠦᠯᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠡᠯ ᠤᠨ ᠵᠤᠷᠢᠭ ᠰᠠᠨᠠᠭ᠎ᠠ ᠪᠠᠷ | ᠲᠡᠷᠢᠬᠢ ᠲᠤᠯᠤᠭᠠᠢ ᠪᠠᠨ ᠵᠡᠪᠰᠡᠭᠯᠡᠵᠥ᠂ ᠦᠢᠯᠡᠳᠦᠯᠬᠡ ᠪᠠᠨ ᠵᠢᠯᠤᠭᠤᠳᠤᠭᠤᠯᠤᠨ᠂ ᠠᠵᠢᠯ ᠢᠶᠠᠨ ᠠᠬᠢᠭᠤᠯᠵᠥ᠂ | ᠪᠦᠬᠦ ᠨᠠᠮ ᠢᠶᠠᠷ ᠢᠶᠠᠨ ᠨᠡᠩ ᠤᠬᠠᠮᠰᠠᠷ ᠠᠴᠠ ᠪᠠᠨ ᠰᠢᠨ᠎ᠡ ᠴᠠᠭ ᠦᠶ᠎ᠡ ᠶᠢᠨ ᠨᠠᠮ ᠤᠨ ᠲᠡᠤᠬᠡᠳᠤ ᠡᠬᠦᠷᠬᠡ ᠶᠢ | ᠪᠡᠶᠡᠯᠡᠬᠦᠯᠬᠦ ᠶᠢᠨ ᠲᠦᠯᠥᠬᠡ ᠴᠢᠷᠮᠡᠶᠢᠨ ᠲᠡᠮᠡᠴᠡᠬᠦ ᠶᠢ ᠠᠬᠢᠭᠤᠯᠤᠨ᠎ᠠ ᠬᠡᠵᠥ ᠵᠢᠭᠠᠵᠥ ᠭᠠᠷᠭᠠᠪᠠ᠃ | ᠬᠤᠷᠠᠯ ᠠᠴᠠ᠂ ᠡᠨᠡ ᠵᠢᠯ ᠪᠤᠯ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠬᠳᠠᠬᠰᠡᠨ 70 | ᠵᠢᠯ ᠤᠨ ᠤᠢ ᠪᠤᠯᠤᠨ᠎ᠡ᠂ ︽ᠤᠭ ᠰᠠᠨᠠᠭ᠎ᠠ ᠪᠠᠨ ᠦᠯᠦ ᠮᠡᠷᠳᠡᠵᠤ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ | ᠭᠤᠤᠯ ᠰᠡᠳᠦᠪᠳᠤ ᠬᠦᠮᠦᠵᠢᠯ ᠦᠷᠨᠢᠬᠦᠯᠬᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ | ᠲᠦᠪ ᠬᠤᠷᠢᠶᠠᠨ ᠤ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ ᠦᠢᠯᠡᠰ᠂ ᠠᠭᠤᠤ | ᠶᠡᠭᠡ ᠬᠦᠰᠡᠯ ᠵᠡᠬᠦᠳᠤ ᠶᠢ ᠶᠡᠷᠤᠩᠭᠡᠶᠢᠯᠡᠨ ᠪᠤᠳᠤᠯᠬᠢᠯᠠᠵᠤ ᠭᠠᠷᠭᠠᠬᠰᠡᠨ ᠴᠢᠬᠤᠯᠠ ᠶᠡᠭᠡ ᠪᠠᠶᠢᠷᠢᠯᠠᠭᠤᠯᠤᠯᠳᠠ ᠪᠤᠯᠤᠨ᠎ᠡ᠂ | ᠮᠠᠨ ᠤ ᠨᠠᠮ ᠤᠨ ᠲᠠᠰᠤᠷᠠᠯᠳᠠ ᠦᠭᠡᠢ ᠦᠪᠡᠷ ᠤᠨ ᠪᠡᠶ᠎ᠡ ᠳᠡᠭᠡᠨ ᠬᠤᠪᠢᠰᠬᠠᠯ ᠬᠢᠵᠤ᠂ ᠠᠷᠠᠳ ᠲᠦᠮᠡᠨ ᠢ | ᠪᠦᠯᠬᠦᠮᠳᠡᠬᠦᠯᠦᠨ ᠲᠠᠭᠠᠭᠤᠯᠵᠤ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ | ᠪᠠᠷᠢᠮᠳᠠᠯᠠᠨ ᠬᠦᠭᠵᠢᠭᠦᠯᠬᠦ ᠠᠭᠤᠤ ᠶᠡᠭᠡ ᠨᠡᠶᠢᠭᠡᠮ ᠤᠨ ᠬᠤᠪᠢᠰᠬᠠᠯ ᠢ ᠲᠦᠯᠬᠢᠨ ᠤᠷᠤᠬᠰᠢᠯᠠᠭᠤᠯᠵᠤ᠂ ︽ᠲᠠᠪᠤ ᠶᠢ | ᠨᠢᠭᠡ ᠴᠤᠬᠴᠠᠵᠢᠭᠤᠯᠬᠤ︾ ᠶᠡᠷᠤᠩᠭᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠲᠦᠯᠦᠪᠵᠢᠬᠦᠯᠤᠨ ᠠᠬᠢᠭᠤᠯᠵᠤ᠂ ︽ | ᠲᠦᠷᠪᠡᠨ ᠪᠦᠬᠦ ᠲᠠᠯ᠎ᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠤ᠂ | ︽ᠬᠤᠤᠰ ᠵᠠᠭᠤᠨ ᠵᠢᠯ︾ ᠤᠨ ᠲᠠᠮᠠᠴᠡᠬᠦ ᠬᠠᠷᠠᠯᠳᠠ ᠶᠢ ᠪᠠᠶᠠᠯᠡᠬᠦᠯᠵᠤ᠂ ᠲᠤᠮᠳᠠᠳᠤ ᠶᠢᠨ ᠦᠨᠳᠦᠰᠦᠳᠡᠨ ᠤ ᠠᠭᠤᠤ | ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠳᠤ ᠲᠦᠢᠯ ᠤᠨ ᠴᠢᠬᠤᠯᠠ ᠠᠴᠢ | ᠬᠤᠯᠪᠤᠬᠳᠠᠯ ᠲᠠᠢ ᠶᠤᠮ ᠭᠡᠵᠤ ᠴᠢᠬᠤᠯᠠᠴᠢᠯᠠᠪᠠ᠃ | ᠢᠷᠡᠯᠳᠡ᠄ ᠠᠷᠠᠳ ᠤᠨ ᠰᠦᠯᠵᠢᠶ᠎ᠡ |