| ᠬᠠᠤᠯᠢ ᠴᠠᠭᠠᠵᠠ ᠶᠢᠨ ᠶᠠᠮᠤᠨ ᠤ ᠲᠡᠳ᠋ ᠰᠠᠶᠢᠳ ᠯᠢᠦ ᠵᠧᠨ ᠢᠤᠢ ᠡᠮᠦᠨᠡᠬᠡᠨ ᠬᠤᠷᠠᠯᠳᠤᠭᠤᠯᠤᠭᠰᠠᠨ ᠤᠯᠤᠰ ᠤᠨ | ᠬᠡᠪᠯᠡᠯ ᠮᠡᠳᠡᠭᠡᠯᠡᠯ ᠤᠨ ᠠᠯᠪᠠᠨ ᠤ ᠲᠦᠷᠦ ᠶᠢᠨ ᠪᠤᠳᠤᠯᠭ᠎ᠠ ᠶᠢᠨ ᠡᠬᠡᠯᠵᠢᠳᠤ ᠬᠤᠷᠠᠯ ᠳᠤ ᠲᠠᠨᠢᠯᠴᠠᠭᠤᠯᠤᠭᠰᠠᠨ ᠢᠶᠠᠷ᠂ | ᠦᠨᠦ ᠵᠢᠯ ᠤᠨ 4 ᠰᠠᠷ᠎ᠠ ᠶᠢᠨ ᠰᠡᠬᠦᠯᠴᠢ ᠪᠤᠯᠳᠠᠯ᠎ᠠ᠂ ᠡᠯ᠎ᠡ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠨ ᠬᠢᠨ 1. | 3 ᠲᠦᠮᠡ ᠭᠠᠷᠤᠢ ᠭᠡᠷᠡᠴᠢ ᠶᠢᠨ ᠵᠦᠢᠯ ᠢ ᠬᠦᠴᠦᠨ ᠦᠭᠡᠢ ᠪᠤᠯᠭᠠᠪᠠ᠃ ᠡᠬᠦᠨ ᠳᠤ ᠡᠯ᠎ᠡ ᠭᠠᠵᠠᠷ ᠤᠷᠤᠨ ᠨᠡᠶᠢᠳᠡ | 1.2 ᠲᠦᠮᠡ ᠭᠠᠷᠤᠢ ᠭᠡᠷᠡᠴᠢ ᠶᠢᠨ ᠵᠦᠢᠯ ᠢ ᠬᠦᠴᠦᠨ ᠦᠭᠡᠢ ᠪᠤᠯᠭᠠᠵᠤ᠂ ᠡᠯ᠎ᠡ ᠰᠠᠯᠠᠭ᠎ᠠ ᠮᠦᠴᠢᠷ 1100 ᠭᠠᠷᠤᠢ | ᠵᠦᠢᠯ ᠢ ᠬᠦᠴᠦᠨ ᠦᠭᠡᠢ ᠪᠤᠯᠭᠠᠪᠠ᠃ ᠡᠬᠦᠨ ᠠᠴᠠ ᠭᠠᠳᠠᠨ᠎ᠠ᠂ ᠡᠯ᠎ᠡ ᠭᠠᠵᠠᠷ ᠤᠷᠤᠨ᠂ ᠡᠯ᠎ᠡ ᠰᠯᠠᠭ᠎ᠠ | ᠮᠦᠴᠢᠷ ᠤᠨ ᠬᠢᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠦᠷᠢᠮ ᠤᠨ ᠲᠤᠭᠳᠠᠭᠠᠭᠰᠠᠨ 300 ᠭᠠᠷᠤᠢ | ᠭᠡᠷᠡᠴᠢ ᠶᠢᠨ ᠵᠦᠢᠯ ᠢ ᠬᠦᠴᠦᠨ ᠦᠬᠡᠢ ᠪᠤᠯᠭᠠᠬᠤ ᠰᠠᠨᠠᠯ ᠲᠡᠪᠰᠢᠬᠦᠯᠪᠡ᠃ | ᠲᠤᠰ ᠤᠳᠠᠭ᠎ᠠ ᠬᠦᠴᠦᠨ ᠦᠭᠡᠢ ᠪᠤᠯᠭᠠᠬᠰᠠᠨ ᠭᠡᠷᠡᠴᠢ ᠶᠢᠨ ᠵᠦᠢᠯᠡᠰ ᠲᠤ ᠭᠤᠤᠯᠳᠠᠭᠤ 5 ᠲᠦᠷᠦᠯ ᠤᠨ | ᠭᠡᠷᠡᠴᠢ ᠪᠠᠭᠳᠠᠨ᠎ᠠ᠃ ᠨᠢᠬᠡ ᠳᠤ᠂ ᠬᠠᠤᠯᠢ ᠴᠠᠭᠠᠵᠠ ᠶᠢᠨ ᠬᠦᠴᠦᠨ ᠲᠠᠢ ᠭᠡᠷᠡᠴᠢ᠂ ᠵᠢᠱᠢᠶᠡᠯᠡᠪᠡᠯ ᠪᠡᠶ᠎ᠡ ᠶᠢᠨ | ᠦᠨᠡᠮᠯᠡᠬᠦ᠂ ᠮᠡᠨᠳᠤᠯᠡᠬᠦ ᠦᠨᠡᠮᠯᠡᠬᠦ᠂ ᠨᠠᠰᠤ ᠪᠠᠷᠠᠭᠰᠠᠨ ᠬᠡᠷᠡᠴᠢ᠃ ᠬᠤᠶᠠᠷ ᠲᠤ᠂ ᠬᠠᠤᠯᠢ ᠴᠠᠭᠠᠵᠠ ᠶᠢᠨ | ᠬᠠᠷᠢᠴᠠᠭᠠᠨ ᠤ ᠭᠡᠷᠡᠴᠢ᠂ ᠵᠢᠱᠢᠶᠡᠯᠡᠪᠡᠯ᠂ ᠰᠠᠳᠤᠨ ᠲᠦᠷᠦᠯ ᠤᠨ ᠬᠠᠷᠢᠴᠠᠭᠠᠨ ᠤ ᠭᠡᠷᠡᠴᠢ᠂ ᠤᠷᠤᠭ ᠤᠨ | ᠬᠠᠷᠢᠴᠠᠭᠠᠨ ᠤ ᠭᠡᠷᠡᠴᠢ᠃ ᠭᠤᠷᠪᠠ᠂ ᠬᠢᠷᠢ ᠬᠡᠮ ᠤᠨ᠂ ᠵᠡᠷᠬᠡ ᠬᠡᠮ᠂ ᠴᠢᠳᠠᠮᠵᠢ ᠪᠤᠯᠤᠨ ᠲᠦᠪᠰᠢᠨ ᠤ ᠭᠡᠷᠡᠴᠢ᠂ | ᠵᠢᠱᠢᠶᠡᠯᠡᠪᠡᠯ᠂ ᠡᠷᠳᠡᠮ ᠤᠨ ᠴᠤᠯᠠ ᠶᠢᠨ ᠭᠡᠷᠡᠴᠢ᠂ ᠪᠤᠯᠪᠠᠰᠤᠷᠠᠯ ᠤᠨ ᠭᠡᠷᠡᠴᠢ᠃ ᠲᠦᠷᠪᠡ᠂ ᠡᠷᠬᠡ ᠠᠰᠢᠭ ᠤᠨ | ᠬᠠᠷᠢᠶᠠᠯᠠᠭᠳᠠᠬᠤ ᠭᠡᠷᠡᠴᠢ᠂ ᠵᠢᠱᠢᠶᠡᠯᠡᠪᠡᠯ᠂ ᠤᠷᠤᠨ ᠰᠠᠭᠤᠴᠠ᠂ ᠠᠯᠪᠠᠨ ᠤ ᠭᠠᠵᠠᠷ᠂ ᠰᠢᠯᠭᠠᠨ ᠲᠤᠭᠳᠠᠭᠠᠭᠰᠠᠨ | ᠲᠠᠯᠠᠪᠤᠷ ᠤᠨ ᠬᠡᠷᠡᠭᠯᠡᠬᠦ ᠡᠷᠬᠡ ᠪᠤᠯᠤᠨ ᠦᠮᠴᠢᠯᠡᠬᠦ ᠡᠷᠬᠡ ᠶᠢᠨ ᠭᠡᠷᠡᠴᠢ᠃ ᠲᠠᠪᠤ᠂ ᠪᠤᠰᠤᠳ ᠪᠤᠰᠤᠳᠴᠢ ᠪᠠᠶᠢᠳᠠᠯ ᠤᠨ | ᠭᠡᠷᠡᠴᠢ᠂ ᠵᠢᠱᠢᠶᠡᠯᠡᠪᠡᠯ᠂ ᠲᠠᠩᠰᠠᠯᠠᠭᠰᠠᠨ ᠭᠡᠷᠡᠴᠢ᠂ ᠬᠦᠷᠦᠩᠬᠡ ᠶᠢᠨ ᠰᠢᠯᠭᠠᠯᠳᠠ ᠶᠢᠨ ᠮᠡᠳᠡᠬᠦᠯᠦᠯᠳᠡ᠂ | ᠤᠷᠤᠯᠭ᠎ᠠ ᠶᠢᠨ ᠭᠡᠷᠡᠴᠢ᠂ ᠤᠷᠤᠨ ᠰᠠᠭᠤᠴᠠ ᠶᠢᠨ ᠨᠡᠶᠢᠳᠡ ᠶᠢᠨ ᠬᠤᠷᠠᠮᠳᠤᠯ ᠤᠨ ᠮᠦᠩᠬᠦ ᠪᠠᠨ ᠠᠪᠴᠤ ᠭᠠᠷᠭᠠᠬᠤ | ᠭᠡᠷᠡᠴᠢ ᠵᠡᠷᠬᠡ ᠬᠠᠮᠤᠷᠤᠭᠳᠠᠵᠤ ᠪᠤᠢ᠃ | |