| 1. ᠮᠤᠩᠭᠤᠯ ᠦᠨᠳᠦᠰᠦᠳᠡᠨ ᠤ ᠣᠷᠳᠤ ᠶᠢᠨ ᠲᠠᠭᠤᠣ᠄ ︵2005 ᠣᠨ ᠤ 11 ᠰᠠᠷ᠎ᠠ ᠶᠢᠨ 25 ᠤ | ᠡᠳᠦᠷ ᠪᠦᠷᠢᠳᠬᠡᠭᠰᠡᠨ ᠬᠦᠮᠦᠨ ᠲᠦᠷᠦᠯᠬᠢᠳᠡᠨ ᠤ ᠭᠤᠷᠪᠠᠳᠣᠭᠠᠷ ᠪᠦᠯᠦᠭ ᠪᠣᠳᠠᠰ ᠤᠨ ᠪᠣᠰᠤ ᠰᠣᠶᠤᠯ ᠤᠨ | ᠦᠪ ᠤᠨ ᠲᠦᠷᠦᠯ ᠵᠦᠢᠯ︶ | ᠮᠤᠩᠭᠤᠯ ᠦᠨᠳᠦᠰᠦᠳᠡᠨ ᠤ ᠣᠷᠳᠤ ᠶᠢᠨ ᠲᠠᠭᠤᠣ ᠪᠤᠯ ᠢᠯᠡ ᠲᠣᠳᠤ ᠨᠡᠭᠦᠳᠡᠯ ᠠᠮᠢᠳᠣᠷᠠᠯ ᠤᠨ ᠣᠨᠴᠠᠯᠢᠭ ᠪᠠ | ᠦᠪᠡᠷᠮᠢᠴᠡ ᠣᠨᠴᠠᠯᠢᠭ ᠲᠠᠢ ᠲᠠᠭᠤᠯᠠᠬᠤ ᠬᠡᠯᠪᠡᠷᠢ ᠪᠠᠷ ᠮᠤᠩᠭᠤᠯ ᠦᠨᠳᠦᠰᠦᠳᠡᠨ ᠤ ᠲᠡᠤᠬᠡ ᠰᠣᠶᠣᠯ᠂ ᠬᠦᠮᠦᠨ | ᠢᠷᠭᠡᠨᠰᠢᠯ᠂ ᠶᠣᠰᠤ ᠰᠣᠷᠳᠠᠬᠤᠨ᠂ ᠭᠦᠨ ᠣᠬᠠᠭᠠᠨ ᠪᠤᠯᠤᠨ ᠣᠳᠬ᠎ᠠ ᠣᠷᠠᠯᠢᠭ ᠢ ᠲᠣᠰᠬᠠᠭᠰᠠᠨ ᠪᠠᠶᠢᠳᠠᠭ᠃ | 2. ᠬᠦᠬᠡᠮᠡᠢ᠄ ︵2009 ᠣᠨ ᠤ 10 ᠰᠠᠷ᠎ᠠ ᠶᠢᠨ 1 ᠤ ᠡᠳᠦᠷ ᠪᠦᠷᠢᠳᠬᠡᠭᠰᠡᠨ ᠲᠡᠯᠡᠬᠡᠢ ᠶᠢᠨ ᠪᠣᠳᠠᠰ ᠤᠨ | ᠪᠣᠰᠤ ᠰᠣᠶᠤᠯ ᠤᠨ ᠦᠪ ᠤᠨ ᠲᠦᠷᠦᠯ ᠵᠦᠢᠯ︶ | ᠬᠦᠬᠡᠮᠡᠢ ᠪᠤᠯ ᠮᠤᠩᠭᠤᠯ ᠬᠦᠮᠦᠨ ᠤ ᠡᠭᠦᠳᠦᠨ ᠪᠦᠳᠦᠭᠡᠭᠰᠡᠨ ᠨᠢᠭᠡ ᠵᠦᠢᠯ ᠤᠨ ᠭᠠᠶᠢᠬᠠᠮᠰᠢᠭᠳᠤ ᠲᠠᠭᠤᠯᠠᠬᠤᠢ | ᠣᠷᠠᠯᠢᠭ ᠶᠤᠮ᠃ ᠲᠠᠭᠤᠯᠠᠭᠴᠢ ᠠᠴᠠ ᠨᠢᠭᠡ ᠯᠠ ᠲᠡᠭᠡᠷ᠎ᠡ ᠬᠤᠶᠠᠷ ᠵᠦᠢᠯ ᠤᠨ ᠲᠠᠭᠤ ᠭᠠᠷᠭᠠᠳᠠᠭ᠃ ᠲᠤᠮᠳᠠᠳᠤ ᠶᠢᠨ | ᠦᠨᠳᠦᠰᠦᠳᠡᠨ ᠤ ᠲᠣᠳᠣᠷ᠎ᠠ ᠴᠣᠷ ᠤᠨ ᠭᠠᠭᠴᠠ ᠪᠠᠶᠢᠳᠠᠭ ᠣᠨᠴᠠᠭᠠᠢ ᠣᠷᠠᠯᠢᠭ ᠮᠥᠨ᠃ | 3. ᠮᠤᠩᠭᠤᠯ ᠦᠨᠳᠦᠰᠦᠳᠡᠨ ᠤ ᠮᠣᠷᠢᠨ ᠬᠤᠭᠤᠷ᠄ ︵2006 ᠣᠨ ᠤ 5 ᠰᠠᠷ᠎ᠠ ᠶᠢᠨ 20 ᠤ ᠡᠳᠦᠷ | ᠪᠦᠷᠢᠳᠭᠡᠭᠰᠡᠨ ᠲᠦᠷᠦᠭᠦᠤ ᠪᠦᠯᠦᠭ ᠣᠯᠤᠰ ᠤᠨ ᠲᠡᠰ ᠤᠨ ᠪᠤᠳᠠᠰ ᠤᠨ ᠪᠣᠰᠤ ᠰᠣᠶᠤᠯ ᠤᠨ ᠦᠪ ᠤᠨ ᠲᠦᠷᠦᠯ | ᠵᠦᠢᠯ︶ | ᠮᠣᠷᠢᠨ ᠬᠤᠭᠤᠷ ᠪᠤᠯ ᠨᠢᠭᠡ ᠵᠦᠢᠯ ᠤᠨ ᠬᠤᠶᠠᠷ ᠴᠢᠪᠬᠠᠳᠠᠰᠤ ᠪᠦᠬᠦᠢ ᠴᠢᠪᠬᠠᠳᠠᠰᠣᠳᠤ ᠬᠦᠭᠵᠢᠮ᠂ | ᠱᠠᠳᠤᠯᠵᠢᠨ ᠬᠡᠯᠪᠡᠷᠢ ᠶᠢᠨ ᠬᠤᠭᠤᠷ ᠤᠨ ᠪᠡᠶ᠎ᠡ ᠵᠢᠴᠢ ᠮᠣᠷᠢᠨ ᠲᠤᠯᠤᠭᠠᠢ ᠶᠢᠨ ᠬᠡᠯᠪᠡᠷᠢ ᠲᠠᠢ ᠰᠡᠶᠢᠯᠵᠤ ᠪᠦᠳᠦᠭᠡᠭᠰᠡᠨ | ᠬᠤᠭᠤᠷ ᠤᠨ ᠪᠠᠷᠢᠭᠤᠯ ᠲᠠᠢ᠂ ᠮᠤᠩᠭᠤᠯ ᠬᠦᠮᠦᠨ ᠤ ᠬᠠᠮᠤᠭ ᠠᠴᠠ ᠪᠠᠭ᠋ᠠᠷᠬᠠᠳᠠᠭ ᠬᠦᠭᠵᠢᠮ ᠪᠤᠯᠬᠤ ᠶᠤᠮ᠃ | 4. ᠮᠤᠩᠭᠤᠯ ᠦᠨᠳᠦᠰᠦᠳᠡᠨ ᠤ ᠠᠨᠳᠠᠢ ᠪᠦᠵᠢᠭ᠄ ︵2006 ᠣᠨ ᠤ 5 ᠰᠠᠷ᠎ᠠ ᠶᠢᠨ 20 ᠤ ᠡᠳᠦᠷ | ᠪᠦᠷᠢᠳᠬᠡᠭᠰᠡᠨ ᠲᠦᠷᠦᠭᠦᠤ ᠪᠦᠯᠦᠭ ᠣᠯᠤᠰ ᠤᠨ ᠲᠡᠰ ᠤᠨ ᠪᠣᠳᠠᠰ ᠤᠨ ᠪᠤᠰᠤ ᠰᠣᠶᠤᠯ ᠤᠨ ᠦᠪ ᠤᠨ ᠲᠦᠷᠦᠯ | ᠵᠦᠢᠯ︶ | ᠠᠨᠳᠠᠢ ᠪᠦᠵᠢᠭ ᠨᠢ ᠮᠢᠩ ᠤᠨ ᠰᠡᠭᠦᠯᠴᠢ ᠴᠢᠩ ᠤᠨ ᠡᠬᠢᠨ ᠳᠤ ᠬᠤᠷᠴᠢᠨ ᠤ ᠲᠠᠯ᠎ᠠ ᠨᠤᠳᠤᠭ ᠤᠨ ᠡᠮᠦᠨ᠎ᠡ | ᠬᠡᠰᠡᠭ ᠤᠨ ᠬᠦᠷᠢᠶ᠎ᠡ ᠬᠤᠰᠢᠭᠤ ᠠᠴᠠ ᠡᠭᠦᠰᠦᠯᠳᠡᠢ᠃ ᠬᠠᠮᠤᠭ ᠡᠬᠢᠨ ᠳᠡᠭᠡᠨ ᠡᠪᠡᠳᠴᠢᠨ ᠵᠠᠰᠠᠬᠤ ᠪᠦᠬᠡ ᠶᠢᠨ | ᠱᠠᠰᠢᠨ ᠤ ᠨᠢᠭᠡ ᠵᠦᠢᠯ ᠤᠨ ᠪᠦᠵᠢᠭ ᠪᠠᠶᠢᠵᠡᠢ᠂ ᠬᠤᠵᠢᠮ ᠨᠢ ᠠᠯᠭᠤᠷ ᠠᠭᠠᠵᠢᠮ ᠢᠶᠠᠷ ᠪᠠᠶᠠᠷ ᠪᠠᠭ᠋ᠠᠳᠤᠯᠳᠣ | ᠰᠡᠳᠭᠢᠯᠭᠡ ᠶᠢ ᠢᠯᠡᠷᠡᠭᠦᠯᠦᠭᠰᠡᠨ ᠦᠨᠳᠦᠰᠦᠳᠡᠨ ᠤ ᠠᠷᠠᠳ ᠤᠨ ᠪᠦᠵᠢᠭ ᠪᠤᠯᠪᠠ᠃ | 5. ᠮᠤᠩᠭᠤᠯ ᠦᠨᠳᠣᠰᠦᠳᠡᠨ ᠤ ᠠᠷᠠᠳ ᠤᠨ ᠲᠠᠭᠤᠣ᠄ ︵2008 ᠣᠨ ᠤ 6 ᠰᠠᠷ᠎ᠠ ᠶᠢᠨ 7 ᠶᠢᠨ ᠡᠳᠦᠷ | ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠤᠳᠠᠰ ᠤᠨ ᠪᠣᠰᠤ ᠰᠣᠶᠤᠯ ᠤᠨ ᠦᠪ ᠤᠨ ᠲᠦᠷᠦᠯ | ᠵᠦᠢᠯ︶ | ᠮᠤᠩᠭᠤᠯ ᠦᠨᠳᠦᠰᠦᠳᠡᠨ ᠤ ᠠᠷᠠᠳ ᠤᠨ ᠲᠠᠭᠤᠣ ᠶᠢ ᠭᠤᠤᠯᠳᠠᠭᠤ ᠨᠠᠶᠢᠷ ᠤᠨ ᠲᠠᠭᠤᠤ ᠪᠤᠯᠤᠨ ᠬᠦᠳᠡᠭᠡ ᠶᠢᠨ | ᠲᠠᠭᠤᠣ ᠭᠡᠵᠤ ᠬᠤᠶᠠᠷ ᠬᠤᠪᠢᠶᠠᠨ᠎ᠠ᠃ ᠠᠭᠤᠯᠭ᠎ᠠ ᠨᠢ ᠲᠤᠩ ᠪᠠᠶᠠᠯᠢᠭ᠃ ᠢᠨᠠᠭ ᠬᠠᠶᠢᠷ᠎ᠠ ᠶᠢ ᠲᠠᠭᠤᠯᠠᠭᠰᠠᠨ᠂ | ᠠᠭᠳᠠ ᠬᠦᠯᠦᠭ ᠢ ᠮᠠᠭᠳᠠᠭᠰᠠᠨ᠂ ᠲᠠᠯ᠎ᠠ ᠨᠤᠳᠤᠭ ᠠᠭᠤᠯᠠ ᠬᠠᠶᠢᠷᠬᠠᠨ ᠵᠢᠴᠢ ᠣᠰᠤ ᠮᠦᠷᠡᠨ ᠢᠶᠠᠨ ᠬᠠᠶᠢᠷᠠᠯᠠᠨ | ᠮᠠᠭᠳᠠᠭᠰᠠᠨ ᠵᠡᠷᠭᠡ ᠪᠤᠢ᠂ ᠡᠳᠡᠭᠡᠷ ᠠᠷᠠᠳ ᠤᠨ ᠲᠠᠭᠤᠣ ᠨᠢ ᠮᠤᠩᠭᠤᠯ ᠦᠨᠳᠦᠰᠦᠳᠡᠨ ᠤ ᠵᠠᠩ ᠦᠢᠯᠡ ᠶᠢ | ᠠᠮᠢᠳᠣᠯᠢᠭ ᠲᠣᠰᠬᠠᠭᠰᠠᠨ ᠪᠠᠶᠢᠳᠠᠭ᠃ | 6. ᠨᠠᠭᠠᠳᠣᠮ᠄ ︵2006 ᠣᠨ ᠤ 5 ᠰᠠᠷ᠎ᠠ ᠶᠢᠨ 20 ᠤ ᠡᠳᠦᠷ ᠪᠦᠷᠢᠳᠬᠡᠭᠰᠡᠨ ᠲᠦᠷᠦᠭᠦᠤ ᠪᠦᠯᠦᠭ | ᠣᠯᠤᠰ ᠤᠨ ᠲᠡᠰ ᠤᠨ ᠪᠤᠳᠠᠰ ᠤᠨ ᠪᠤᠰᠤ ᠰᠣᠶᠤᠯ ᠤᠨ ᠦᠪ ᠤᠨ ᠲᠦᠷᠦᠯ ᠵᠦᠢᠯ︶ | ᠨᠠᠭᠠᠳᠤᠮ ᠪᠤᠯ ᠮᠤᠩᠭᠤᠯ ᠦᠨᠳᠦᠰᠦᠳᠡᠨ ᠤ ᠣᠷᠳᠤ ᠣᠳᠠᠭᠠᠨ ᠲᠡᠤᠬᠡ ᠲᠠᠢ ᠣᠯᠠᠮᠵᠢᠯᠠᠯᠳᠤ ᠪᠠᠶᠠᠷ ᠨᠠᠶᠢᠷ ᠤᠨ | ᠠᠵᠢᠯᠯᠠᠭ᠎ᠠ᠂ ᠮᠤᠩᠭᠤᠯ ᠦᠨᠳᠦᠰᠦᠳᠡᠨ ᠤ ᠠᠮᠢᠳᠣᠷᠠᠯ ᠳᠤ ᠲᠤᠩ ᠶᠡᠭᠡ ᠪᠠᠶᠢᠷᠢ ᠰᠠᠭᠤᠷᠢ ᠲᠠᠢ ᠪᠠᠶᠢᠳᠠᠭ᠃ | 7. ᠴᠢᠩᠬᠢᠰ ᠤᠨ ᠲᠠᠬᠢᠯᠭ᠎ᠠ᠄ ︵2006 ᠣᠨ ᠤ 5 ᠰᠠᠷ᠎ᠠ ᠶᠢᠨ 20 ᠤ ᠡᠳᠦᠷ ᠪᠦᠷᠢᠳᠬᠡᠭᠰᠡᠨ | ᠲᠦᠷᠦᠭᠦᠣ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠴᠢᠩᠭᠢᠰ ᠤᠨ ᠲᠠᠬᠢᠯᠭ᠎ᠠ ᠪᠤᠯ ᠮᠤᠩᠭᠤᠯ ᠦᠨᠳᠦᠰᠦᠳᠡᠨ ᠤ ᠴᠢᠩᠭᠢᠰ ᠢ ᠲᠠᠬᠢᠬᠤ ᠶᠣᠰᠤᠨ ᠪᠤᠯᠤᠨ᠎ᠠ᠃ ᠨᠢᠭᠡ | ᠵᠢᠯ ᠵᠢᠷᠠᠭᠠᠳ ᠣᠳᠠᠭ᠎ᠠ ᠲᠣᠰᠬᠠᠢ ᠲᠦᠷᠦᠯ ᠤᠨ ᠲᠠᠬᠢᠯᠭ᠎ᠠ ᠬᠢᠵᠤ᠂ ᠵᠢᠯ ᠪᠦᠷᠢ ᠶᠢᠨ ᠪᠢᠯᠢᠭ ᠤᠨ ᠣᠯᠠᠷᠢᠯ ᠤᠨ 3 | ᠰᠠᠷ᠎ᠠ ᠶᠢᠨ 20 ᠤ ᠡᠳᠦᠷ ᠬᠠᠪᠤᠷ ᠤᠨ ᠲᠠᠬᠢᠯᠭ᠎ᠠ ᠬᠢᠳᠡᠭ᠂ ᠡᠨᠡ ᠨᠢ ᠬᠦᠷᠢᠶ᠎ᠡ ᠬᠡᠪᠴᠢᠶ᠎ᠡ ᠪᠠᠷ ᠬᠠᠮᠤᠭ ᠤᠨ ᠶᠡᠭᠡ᠂ | ᠦᠪᠡᠳᠡᠭᠰᠢ ᠶᠡᠭᠡ ᠲᠠᠬᠢᠯᠭ᠎ᠠ ᠪᠣᠯᠣᠨ᠎ᠠ᠃ | 8. ᠮᠤᠩᠭᠤᠯ ᠦᠨᠳᠦᠰᠦᠳᠡᠨ ᠤ ᠲᠦᠷᠪᠡᠨ ᠣᠳᠠᠰᠣᠳᠤ ᠬᠤᠭᠤᠷ ᠤᠨ ᠬᠦᠭᠵᠢᠮ᠄ ︵2006 ᠣᠨ ᠳᠤ | ᠪᠦᠷᠢᠳᠬᠡᠭᠰᠡᠨ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠮᠤᠩᠭᠤᠯ ᠦᠨᠳᠦᠰᠦᠳᠡᠨ ᠤ ᠲᠦᠷᠪᠡᠨ ᠣᠳᠠᠰᠣᠳᠤ ᠬᠤᠭᠤᠷ ᠤᠨ ᠬᠦᠭᠵᠢᠮ ᠪᠤᠯ ᠲᠤᠮᠳᠠᠳᠤ ᠣᠯᠤᠰ ᠤᠨ | ᠪᠣᠳᠠᠰ ᠤᠨ ᠪᠣᠰᠤ ᠰᠣᠶᠤᠯ ᠤᠨ ᠦᠪ ᠤᠨ ᠨᠢᠭᠡ ᠪᠤᠯᠤᠨ᠎ᠠ᠃ ᠮᠤᠩᠭᠤᠯ ᠦᠨᠳᠦᠰᠦᠳᠡᠨ ᠤ ᠲᠦᠷᠪᠡᠨ ᠣᠳᠠᠰᠣᠳᠤ | ᠬᠤᠭᠤᠷ ᠤᠨ ᠬᠦᠭᠵᠢᠮ ᠨᠢ ᠮᠤᠩᠭᠤᠯ ᠦᠨᠳᠦᠰᠦᠳᠡᠨ ᠤ ᠣᠨᠴᠠᠯᠢᠭ ᠪᠦᠬᠦᠢ ᠬᠦᠭᠵᠢᠮᠳᠡᠭᠦᠷ ᠤᠨ ᠨᠢᠭᠡ᠃ | ᠭᠤᠤᠯᠳᠠᠭᠤ ᠲᠤᠮᠳᠠᠳᠤ ᠣᠯᠤᠰ ᠤᠨ ᠬᠤᠶᠢᠳᠤ ᠬᠡᠰᠡᠭ ᠤᠨ ᠮᠤᠩᠭᠤᠯ ᠦᠨᠳᠦᠰᠦᠳᠡᠨ᠂ ᠬᠢᠳᠠᠳ ᠦᠨᠳᠦᠰᠦᠳᠡᠨ | ᠪᠤᠯᠤᠨ ᠮᠤᠩᠭᠤᠯ ᠣᠯᠤᠰ ᠤᠨ ᠬᠢᠯᠢ ᠲᠣᠳᠣᠷ᠎ᠠ ᠣᠯᠠᠮᠵᠢᠯᠠᠭᠳᠠᠵᠤ ᠪᠠᠶᠢᠨ᠎ᠠ᠃ | 9. ᠮᠤᠩᠭᠤᠯ ᠦᠨᠳᠦᠰᠦᠳᠡᠨ ᠤ ᠴᠣᠭᠤᠷ᠄ ︵2008 ᠣᠨ ᠤ 6 ᠰᠠᠷ᠎ᠠ ᠳᠤ ᠪᠦᠷᠢᠳᠬᠡᠭᠰᠡᠨ ᠬᠤᠶᠠᠳᠣᠭᠠᠷ | ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠴᠣᠭᠤᠷ ᠪᠤᠯ ᠰᠢᠨᠵᠢᠶᠠᠩ ᠤᠨ ᠮᠤᠩᠭᠤᠯ ᠦᠨᠳᠦᠰᠦᠳᠡᠨ ᠤ ᠲᠣᠸᠠ ᠬᠦᠮᠦᠨ ᠤ ᠦᠯᠢᠶᠡᠳᠡᠭ ᠨᠢᠭᠡ ᠵᠦᠢᠯ ᠤᠨ | ᠡᠷᠳᠡᠨ ᠤ ᠬᠦᠭᠵᠢᠮ᠂ ᠲᠡᠷᠡ ᠨᠢ ᠲᠡᠤᠬᠡ᠂ ᠰᠣᠶᠤᠯ ᠵᠢᠴᠢ ᠰᠢᠨᠵᠢᠯᠡᠬᠦ ᠣᠬᠠᠭᠠᠨ ᠤ ᠦᠨ᠎ᠡ ᠦᠷᠳᠡᠭ ᠢ | ᠲᠤᠪᠤᠶᠢᠯᠭᠠᠵᠤ ᠪᠠᠶᠢᠳᠠᠭ᠃ | 10. ᠮᠤᠩᠭᠤᠯ ᠦᠨᠳᠦᠰᠦᠳᠡᠨ ᠤ ᠪᠦᠬᠡ᠄ ︵2006 ᠣᠨ ᠳᠤ ᠪᠦᠷᠢᠳᠬᠡᠭᠰᠡᠨ ᠲᠦᠷᠦᠭᠦᠣ ᠪᠦᠯᠦᠭ | ᠤᠯᠣᠰ ᠤᠨ ᠲᠡᠰ ᠤᠨ ᠪᠣᠳᠠᠰ ᠤᠨ ᠪᠣᠰᠣ ᠰᠣᠶᠤᠯ ᠤᠨ ᠦᠪ ᠤᠨ ᠲᠦᠷᠦᠯ ᠵᠦᠢᠯ︶ | ᠪᠦᠬᠡ ᠪᠤᠯ ᠮᠤᠩᠭᠤᠯ ᠦᠨᠳᠦᠰᠦᠳᠡᠨ ᠤ ᠣᠯᠠᠮᠵᠢᠯᠠᠯᠳᠤ ᠪᠡᠶ᠎ᠡ ᠲᠡᠮᠢᠷ᠂ ᠵᠤᠭ᠎ᠠ ᠴᠡᠩᠭᠡᠯ ᠤᠨ ᠠᠵᠢᠯᠯᠠᠭ᠎ᠠ ᠶᠢᠨ | ᠨᠢᠭᠡ ᠪᠤᠯᠬᠤ ᠪᠦᠭᠡᠳ ᠮᠤᠩᠭᠤᠯ ᠦᠨᠳᠦᠰᠦᠳᠡᠨ ᠤ ᠡᠷ᠎ᠡ ᠶᠢᠨ ᠭᠤᠷᠪᠠᠨ ᠨᠠᠭᠠᠳᠤᠮ ᠤᠨ ᠲᠦᠷᠦᠭᠦᠨ ᠳᠤ ᠪᠤᠢ᠃ | ᠣᠪᠤᠭ᠎ᠠ ᠲᠠᠬᠢᠬᠤ ᠪᠤᠶᠤ ᠨᠠᠶᠢᠷ ᠡᠷᠬᠢᠯᠡᠬᠦ ᠳᠤ ᠪᠦᠬᠡ ᠪᠠᠷᠢᠯᠳᠣᠬᠤ ᠨᠢ ᠲᠤᠳᠠᠭᠳᠠᠵᠤ ᠪᠤᠯᠤᠰᠢ ᠦᠭᠡᠢ ᠴᠢᠬᠤᠯᠠ | ᠨᠢᠭᠡ ᠠᠭᠤᠯᠭ᠎ᠠ ᠪᠤᠯᠬᠤ ᠶᠤᠮ᠃ | 11. ᠮᠤᠩᠭᠤᠯ ᠦᠨᠳᠦᠰᠦᠳᠡᠨ ᠤ ᠬᠤᠷᠢᠮ ᠤᠨ ᠶᠤᠰᠤᠯᠠᠯ᠄ ︵2006 ᠣᠨ ᠤ 5 ᠰᠠᠷ᠎ᠠ ᠶᠢᠨ 20 ᠤ | ᠡᠳᠦᠷ ᠪᠦᠷᠢᠳᠬᠡᠭᠰᠡᠨ ᠲᠦᠷᠦᠭᠦᠤ ᠪᠦᠯᠦᠭ ᠣᠯᠤᠰ ᠤᠨ ᠲᠡᠰ ᠤᠨ ᠪᠣᠳᠠᠰ ᠤᠨ ᠪᠤᠰᠣ ᠰᠣᠶᠤᠯ ᠤᠨ ᠦᠪ ᠤᠨ | ᠲᠦᠷᠦᠯ ᠵᠦᠢᠯ︶ | ᠮᠤᠩᠭᠤᠯ ᠦᠨᠳᠦᠰᠦᠳᠡᠨ ᠤ ᠬᠤᠷᠢᠮ ᠤᠨ ᠶᠤᠰᠣᠯᠠᠯ ᠢ ᠲᠣᠩ ᠬᠦᠨᠳᠦᠳᠬᠡᠳᠡᠭ᠂ ᠬᠡᠳᠦ᠋ᠢᠪᠠᠷ ᠭᠠᠵᠠᠷ ᠣᠷᠤᠨ | ᠠᠳᠠᠯᠢ ᠪᠤᠰᠤ᠂ ᠠᠭᠤᠯᠭ᠎ᠠ ᠬᠡᠯᠪᠡᠷᠢ ᠨᠢ ᠵᠦᠷᠢᠶ᠎ᠡ ᠲᠠᠢ ᠪᠤᠯᠪᠠᠴᠤ ᠴᠦᠮ ᠦᠪᠡᠳᠡᠭᠰᠢ ᠶᠡᠭᠡ ᠮᠦᠷᠳᠡᠭᠡᠨ ᠬᠦᠷ | ᠨᠠᠷᠭᠢᠶᠠᠨ ᠢᠶᠠᠷ ᠪᠢᠯᠬᠠᠮ᠎ᠠ ᠪᠠᠶᠢᠳᠠᠭ᠃ | 12. ᠮᠤᠩᠭᠤᠯ ᠭᠡᠷ ᠪᠣᠰᠬᠠᠬᠤ ᠣᠷ᠎ᠠ ᠮᠡᠷᠭᠡᠵᠢᠯ᠄ ︵2008 ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ | ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠮᠤᠩᠭᠤᠯ ᠭᠡᠷ ᠪᠤᠯ ᠮᠤᠩᠭᠤᠯ ᠦᠨᠳᠦᠰᠦᠳᠡᠨ ᠤ ᠮᠠᠯᠴᠢᠳ ᠤᠨ ᠣᠷᠤᠰᠢᠨ ᠰᠠᠭᠤᠷᠢᠰᠢᠳᠠᠭ ᠮᠠᠯᠵᠢᠬᠤ | ᠦᠢᠯᠡᠳᠪᠤᠷᠢᠯᠡᠯ ᠪᠤᠯᠤᠨ ᠠᠵᠤ ᠠᠮᠢᠳᠣᠷᠠᠯ ᠳᠤ ᠵᠤᠬᠢᠴᠠᠬᠤ ᠣᠷᠤᠨ ᠰᠠᠭᠤᠴᠠ ᠪᠤᠯᠤᠨ᠎ᠠ᠃ ᠮᠤᠩᠭᠤᠯ ᠭᠡᠷ | ᠲᠤᠳᠤᠷ᠎ᠠ ᠠᠭᠤᠵᠢᠭᠤ ᠲᠠᠭᠠᠳᠠᠢ᠂ ᠮᠤᠳᠤ ᠪᠠᠷ ᠬᠠᠨ᠎ᠠ ᠬᠢᠵᠤ᠂ ᠬᠤᠶᠠᠷ ᠪᠤᠶᠤ ᠭᠤᠷᠪᠠᠨ ᠲᠠᠪᠬᠤᠷ ᠢᠰᠡᠭᠡᠢ | ᠪᠦᠷᠢᠵᠤ᠂ ᠮᠤᠷᠢᠨ ᠲᠡᠯ ᠪᠤᠶᠤ ᠲᠡᠮᠡᠭᠡᠨ ᠨᠤᠤᠰᠤ ᠪᠠᠷ ᠲᠠᠮᠤᠵᠤ ᠬᠢᠭᠰᠡᠨ ᠪᠦᠰᠡᠯᠡᠭᠦᠷ ᠢᠶᠠᠷ ᠣᠷᠢᠶᠠᠳᠠᠭ᠃ | ᠲᠤᠭᠤᠨᠤ ᠪᠠᠷ ᠨᠢ ᠰᠠᠯᠬᠢ ᠨᠡᠪᠳᠡᠷᠡᠵᠤ ᠭᠡᠷᠡᠯ ᠣᠷᠤᠳᠠᠭ᠃ ᠮᠤᠩᠭᠤᠯ ᠭᠡᠷ ᠨᠢ ᠪᠤᠰᠬᠠᠵᠤ ᠪᠠᠭᠤᠯᠭᠠᠬᠤ ᠳᠤ ᠲᠦᠭᠦᠮ | ᠪᠤᠯᠬᠤᠷ ᠮᠠᠯᠴᠢᠳ ᠤᠨ ᠨᠡᠭᠦᠳᠡᠯᠯᠡᠨ ᠮᠠᠯᠵᠢᠬᠤ ᠳᠤ ᠲᠤᠬᠢᠷᠠᠳᠠᠭ᠃ | 13. ᠮᠤᠩᠭᠤᠯ ᠦᠨᠳᠦᠰᠦᠳᠡᠨ ᠤ ᠬᠠᠰᠠᠭ ᠲᠡᠷᠭᠡ ᠵᠤᠬᠢᠶᠠᠬᠤ ᠮᠡᠷᠭᠡᠵᠢᠯ᠄ ︵2006 ᠣᠨ ᠳᠤ | ᠪᠦᠷᠢᠳᠬᠡᠭᠰᠡᠨ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠬᠠᠰᠠᠭ ᠲᠡᠷᠭᠡ ᠶᠢ ᠲᠤᠮᠤ ᠬᠦᠷᠳᠦᠳᠣ ᠲᠡᠷᠭᠡ ᠭᠡᠳᠡᠭ ᠪᠦᠭᠡᠳ ᠮᠤᠩᠭᠤᠯ ᠦᠨᠳᠦᠰᠦᠳᠡᠨ ᠤ ᠮᠠᠯᠴᠢᠨ | ᠲᠦᠮᠡᠨ ᠤ ᠣᠯᠠᠮᠵᠢᠯᠠᠯᠳᠤ ᠵᠠᠮ ᠬᠠᠷᠢᠯᠴᠠᠭᠠᠨ ᠤ ᠪᠠᠭᠠᠵᠢ ᠪᠠᠶᠢᠭᠰᠠᠨ ᠶᠤᠮ᠃ ᠬᠠᠰᠠᠭ ᠲᠡᠷᠭᠡ ᠵᠤᠬᠢᠶᠠᠬᠤ ᠨᠢ | ᠮᠤᠩᠭᠤᠯ ᠦᠨᠳᠦᠰᠦᠳᠡᠨ ᠣᠷᠳᠤ ᠣᠳᠠᠭᠠᠨ ᠲᠡᠤᠬᠡ ᠶᠢᠨ ᠬᠤᠭᠤᠴᠠᠭᠠᠨ ᠳᠠᠬᠢ ᠠᠮᠢᠳᠣᠷᠠᠯ ᠦᠢᠯᠡᠳᠪᠤᠷᠢᠯᠡᠯ᠂ | ᠲᠠᠶᠢᠨ ᠪᠠᠶᠢᠯᠳᠣᠭᠠᠨ ᠤ ᠳᠣᠮᠳᠠ ᠪᠤᠯᠪᠠᠰᠣᠷᠠᠭᠤᠯᠤᠭᠰᠠᠨ ᠨᠢᠭᠡ ᠵᠦᠢᠯ ᠤᠨ ᠮᠡᠷᠭᠡᠵᠢᠯ ᠪᠤᠯᠤᠨ᠎ᠠ᠃ | 14. ᠮᠤᠩᠭᠤᠯ ᠦᠨᠳᠦᠰᠦᠳᠡᠨ ᠤ ᠮᠣᠷᠢᠨ ᠡᠳ᠋ᠯᠡᠯ ᠬᠡᠷᠡᠭᠰᠡᠯ ᠬᠢᠬᠦ ᠣᠷ᠎ᠠ ᠮᠡᠷᠭᠡᠵᠢᠯ᠄ ︵2008 ᠣᠨ ᠳᠤ | ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠤᠰᠤ ᠰᠣᠶᠤᠯ ᠤᠨ ᠦᠪ ᠤᠨ ᠲᠦᠷᠦᠯ | ᠵᠦᠢᠯ︶ | ᠮᠤᠩᠭᠤᠯ ᠦᠨᠳᠦᠰᠦᠳᠡᠨ ᠤ ᠮᠤᠷᠢᠨ ᠡᠳ᠋ᠯᠡᠯ ᠬᠡᠷᠡᠭᠰᠡᠯ ᠬᠢᠬᠦ ᠣᠷ᠎ᠠ ᠮᠡᠷᠭᠡᠵᠢᠯ ᠪᠤᠯ ᠦᠪᠤᠷ ᠮᠤᠩᠭᠤᠯ ᠤᠨ | ᠦᠪᠡᠷᠳᠡᠭᠡᠨ ᠵᠠᠰᠠᠬᠤ ᠣᠷᠤᠨ ᠤ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠣᠷ᠎ᠠ ᠮᠡᠷᠭᠡᠵᠢᠯ ᠪᠤᠯᠤᠨ᠎ᠠ᠃ | ᠣᠷᠠᠴᠣᠳ ᠤᠨ ᠬᠢᠭᠰᠡᠨ ᠮᠤᠷᠢᠨ ᠡᠳ᠋ᠯᠡᠯ ᠬᠡᠷᠡᠭᠰᠡᠯ ᠨᠢ ᠣᠷ᠎ᠠ ᠮᠡᠷᠭᠡᠵᠢᠯ ᠢᠶᠠᠷ ᠣᠷᠠᠨ ᠨᠠᠷᠢᠯᠢᠭ᠂ ᠮᠠᠲ᠋ᠧᠷᠢᠶᠠᠯ | ᠰᠣᠩᠭᠤᠯᠳᠠ ᠣᠨᠴᠠᠭᠠᠢ ᠪᠦᠭᠡᠳ ᠵᠠᠰᠠᠯ ᠴᠢᠮᠡᠭᠯᠡᠯ ᠨᠢ ᠬᠡᠬᠡᠨᠴᠢᠷ ᠰᠠᠶᠢᠬᠠᠨ᠂ ᠬᠡᠷᠡᠭᠯᠡᠯᠳᠡ ᠨᠢ ᠲᠠᠭᠠᠳᠠᠢ | ᠪᠠᠶᠢᠳᠠᠭ ᠢᠶᠠᠷ ᠢᠶᠠᠨ ᠪᠣᠰᠣᠳ ᠦᠨᠳᠦᠰᠦᠳᠡᠨ ᠪᠠ ᠪᠣᠰᠣᠳ ᠭᠠᠵᠠᠷ ᠣᠷᠤᠨ ᠤ ᠮᠤᠷᠢᠨ ᠡᠳ᠋ᠯᠡᠯ ᠬᠡᠷᠡᠭᠰᠡᠯ ᠠᠴᠠ | ᠢᠯᠭᠠᠭᠳᠠᠬᠤ ᠦᠪᠡᠷᠮᠢᠴᠡ ᠣᠨᠴᠠᠯᠢᠭ ᠲᠠᠢ᠃ | 15. ᠮᠤᠩᠭᠤᠯ ᠦᠨᠳᠦᠰᠦᠳᠡᠨ ᠤ ᠬᠤᠪᠴᠠᠰᠤ ᠵᠠᠰᠠᠯ᠄ ︵2008 ᠣᠨ ᠳᠤ ᠪᠦᠷᠢᠳᠬᠡᠭᠰᠡᠨ ᠣᠯᠤᠰ ᠤᠨ | ᠲᠡᠰ ᠤᠨ ᠪᠤᠳᠠᠰ ᠤᠨ ᠪᠤᠰᠤ ᠰᠣᠶᠤᠯ ᠤᠨ ᠦᠪ ᠤᠨ ᠲᠦᠷᠦᠯ ᠵᠦᠢᠯ︶ | ᠮᠤᠩᠭᠤᠯ ᠦᠨᠳᠦᠰᠦᠳᠡᠨ ᠤ ᠬᠤᠪᠴᠠᠰᠣ ᠵᠠᠰᠠᠯ ᠨᠢ ᠭᠤᠤᠯᠳᠠᠭᠤ ᠲᠡᠷᠯᠢᠭ᠂ ᠪᠦᠰᠡ᠂ ᠭᠤᠳᠤᠯ᠂ ᠵᠢᠮᠰᠡᠭ | ᠵᠡᠷᠭᠡ ᠶᠢ ᠪᠠᠭᠳᠠᠭᠠᠵᠤ ᠪᠤᠢ᠃ ᠭᠡᠳᠡᠯ᠎ᠡ ᠭᠠᠵᠠᠷ ᠣᠷᠤᠨ ᠠᠳᠠᠯᠢ ᠦᠭᠡᠢ ᠠᠴᠠ ᠪᠤᠯᠵᠤ ᠬᠡᠯᠪᠡᠷᠢ ᠶᠠᠩᠵᠤ ᠨᠢ ᠴᠦ | ᠠᠳᠠᠯᠢ ᠪᠤᠰᠤ ᠪᠠᠶᠢᠳᠠᠭ᠃ ᠮᠤᠩᠭᠤᠯ ᠦᠨᠳᠦᠰᠦᠳᠡᠨ ᠤ ᠬᠤᠪᠴᠠᠰᠤ ᠵᠠᠰᠠᠯ ᠨᠢ ᠲᠠᠯ᠎ᠠ ᠨᠣᠳᠤᠭ ᠤᠨ ᠬᠡᠪ ᠨᠠᠮᠪᠠ | ᠪᠠ ᠣᠨᠴᠠᠯᠢᠭ ᠲᠤᠪᠤᠶᠢᠮ᠎ᠠ ᠪᠠᠶᠢᠵᠤ᠂ ᠲᠡᠷᠯᠢᠭ ᠢᠶᠠᠷ ᠭᠤᠤᠯ ᠪᠤᠯᠭᠠᠵᠤ᠂ ᠮᠤᠷᠢ ᠣᠨᠤᠬᠤ ᠳᠤ ᠲᠤᠬᠢᠷᠠᠮᠵᠢᠳᠠᠢ | ᠪᠠᠶᠢᠳᠠᠭ᠃ ᠮᠠᠯᠵᠢᠬᠤ ᠣᠷᠤᠨ ᠤ ᠡᠪᠦᠯ ᠤᠨ ᠬᠤᠪᠴᠠᠰᠤ ᠨᠢ ᠭᠤᠤᠯᠳᠠᠭᠤ ᠠᠷᠠᠰᠤᠨ ᠲᠡᠷᠯᠢᠭ᠂ ᠬᠦᠪᠦᠩ ᠲᠡᠷᠯᠢᠭ᠃ | ᠵᠤᠨ ᠤ ᠬᠤᠪᠴᠠᠰᠤ ᠨᠢ ᠣᠯᠠᠩᠬᠢ ᠨᠢ ᠪᠦᠰ ᠲᠡᠷᠯᠢᠭ᠃ ᠲᠡᠷᠯᠢᠭ ᠨᠢ ᠦᠷᠭᠡᠨ ᠠᠭᠤᠵᠢᠭᠤ᠂ ᠬᠠᠨᠴᠣᠢ ᠨᠢ ᠣᠷᠳᠤ | ᠂ ᠣᠯᠠᠩᠬᠢ ᠨᠢ ᠣᠯᠠᠭᠠᠨ᠂ ᠰᠢᠷ᠎ᠠ᠂ ᠭᠦᠨ ᠬᠦᠬᠡ ᠦᠩᠭᠡᠳᠡᠢ᠃ | 16. ᠮᠤᠩᠭᠤᠯ ᠦᠨᠳᠦᠰᠦᠳᠡᠨ ᠤ ᠬᠠᠳᠬᠤᠮᠠᠯ᠄ ︵2008 ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ | ᠣᠯᠤᠰ ᠤᠨ ᠲᠡᠰ ᠤᠨ ᠪᠤᠳᠠᠰ ᠤᠨ ᠪᠤᠰᠤ ᠰᠣᠶᠤᠯ ᠤᠨ ᠦᠪ ᠤᠨ ᠲᠦᠷᠦᠯ ᠵᠦᠢᠯ︶ | ᠮᠤᠩᠭᠤᠯ ᠦᠨᠳᠦᠰᠦᠳᠡᠨ ᠤ ᠬᠠᠳᠬᠤᠮᠠᠯ ᠪᠤᠯ ᠮᠤᠩᠭᠤᠯ ᠦᠨᠳᠦᠰᠦᠳᠡᠨ ᠤ ᠠᠷᠠᠳ ᠲᠦᠮᠡᠨ ᠤ ᠣᠷᠳᠤ | ᠬᠤᠭᠤᠴᠠᠭᠠᠨ ᠤ ᠲᠣᠷᠰᠢᠬᠢ ᠠᠮᠢᠳᠣᠷᠠᠯ ᠳᠣᠮᠳᠠ ᠪᠠᠨ ᠪᠦᠷᠢᠯᠳᠦᠭᠦᠯᠦᠨ ᠣᠯᠠᠮᠵᠢᠯᠠᠵᠤ ᠢᠷᠡᠭᠰᠡᠨ ᠨᠢᠭᠡᠨ ᠵᠦᠢᠯ ᠤᠨ | ᠭᠠᠷ ᠣᠷᠠᠯᠠᠯ ᠤᠨ ᠮᠡᠷᠭᠡᠵᠢᠯ ᠪᠤᠯᠤᠨ᠎ᠠ᠃ ᠮᠤᠩᠭᠤᠯ ᠦᠨᠳᠦᠰᠦᠳᠡᠨ ᠤ ᠬᠠᠳᠬᠤᠮᠠᠯ ᠨᠢ ᠵᠦᠭᠡᠯᠡᠨ ᠪᠦᠰ ᠲᠡᠭᠡᠷ᠎ᠡ | ᠬᠤᠸᠠᠷ ᠬᠠᠳᠬᠤᠵᠤ ᠣᠶᠤᠬᠤ ᠪᠠᠷ ᠪᠠᠷᠠᠬᠤ ᠦᠭᠡᠢ ᠲᠡᠮᠡᠭᠡᠨ ᠨᠣᠤᠯᠤᠭᠤᠷ ᠤᠨ ᠣᠳᠠᠰᠤ᠂ ᠦᠬᠡᠷ ᠤᠨ ᠰᠢᠷᠪᠤᠰᠤ | ᠵᠡᠷᠭᠡ ᠶᠢ ᠬᠡᠷᠡᠭᠯᠡᠵᠤ ᠢᠰᠡᠭᠡᠢ ᠪᠣᠶᠣ ᠠᠷᠠᠰᠤᠨ ᠲᠡᠭᠡᠷ᠎ᠡ ᠬᠠᠳᠬᠤᠵᠤ ᠣᠶᠤᠳᠠᠭ᠃ | 17. ᠦᠬᠡᠷ ᠬᠤᠨᠢᠨ ᠮᠢᠬ᠎ᠠ ᠴᠢᠨᠠᠬᠤ ᠣᠷ᠎ᠠ ᠮᠡᠷᠭᠡᠵᠢᠯ᠄ ︵2008 ᠣᠨ ᠳᠤ ᠪᠦᠷᠢᠳᠬᠡᠭᠰᠡᠨ | ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠣᠯ ᠤᠨ ᠦᠪ ᠤᠨ ᠲᠦᠷᠦᠯ ᠵᠦᠢᠯ︶ | ᠮᠤᠩᠭᠤᠯ ᠦᠨᠳᠦᠰᠦᠳᠡᠨ ᠤ ᠪᠦᠬᠦᠯᠢ ᠬᠤᠨᠢᠨ ᠤ ᠰᠢᠭᠦᠰᠤ ᠪᠤᠯ ᠶᠣᠸᠠᠨ ᠣᠯᠤᠰ ᠤᠨ ᠦᠶ᠎ᠡ ᠶᠢᠨ ᠬᠠᠭᠠᠨ ᠤ | ᠣᠷᠳᠤᠨ ᠤ ᠲᠡᠶᠢᠯᠠᠯᠭᠠ ᠠᠴᠠ ᠣᠯᠠᠮᠵᠢᠯᠠᠵᠤ ᠢᠷᠡᠭᠰᠡᠨ ᠨᠢᠭᠡ ᠵᠦᠢᠯ ᠤᠨ ᠪᠦᠬᠦᠯᠢ ᠬᠤᠨᠢᠨ ᠤ ᠲᠠᠶᠢᠯᠠᠯᠭ᠎ᠠ ᠪᠤᠯᠤᠨ᠎ᠠ᠃ | ᠴᠢᠩ ᠤᠨ ᠲᠦᠷᠦ ᠶᠢᠨ ᠦᠶ᠎ᠡ ᠳᠠᠬᠢ ᠲᠠᠶᠢᠯᠠᠯᠭ᠎ᠠ ᠳᠤ ᠦᠷᠭᠦᠯᠵᠢ ᠬᠡᠷᠡᠭᠯᠡᠭᠳᠡᠵᠤ ︽ᠵᠤᠮ᠎ᠠ ᠶᠢᠨ ᠨᠠᠶᠢᠷ︾ | ᠭᠡᠮᠡᠭᠳᠡᠵᠤ᠂ ᠦᠷᠭᠦᠯᠵᠢ ᠮᠤᠩᠭᠤᠯ ᠸᠠᠩ ᠭᠦᠩ ᠢ ᠲᠠᠶᠢᠯᠠᠳᠠᠭ᠃ ︽ᠵᠤᠮ᠎ᠠ︾ ᠭᠡᠵᠤ ᠬᠤᠨᠢ ᠪᠠᠨ ᠮᠤᠩᠭᠤᠯ | ᠦᠨᠳᠦᠰᠦᠳᠡᠨ ᠤ ᠣᠯᠠᠮᠵᠢᠯᠠᠯᠳᠤ ᠠᠷᠭ᠎ᠠ ᠪᠠᠷ ᠨᠢᠳᠤᠯᠤᠭᠰᠠᠨ ᠤ ᠲᠠᠷᠠᠭ᠎ᠠ᠂ ᠬᠠᠯᠠᠭᠤᠨ ᠣᠰᠤ ᠪᠠᠷ ᠦᠰᠤ ᠶᠢ ᠨᠢ | ᠵᠤᠮᠠᠯᠵᠤ᠂ ᠭᠡᠳᠡᠰᠤ ᠲᠣᠳᠣᠷ ᠢ ᠨᠢ ᠭᠠᠷᠭᠠᠵᠤ ᠴᠡᠪᠡᠷᠯᠡᠭᠰᠡᠨ ᠪᠦᠬᠦᠯᠢ ᠬᠤᠨᠢ ᠶᠢ ᠰᠢᠷᠠᠭᠰᠠᠨ ᠨᠢᠭᠡ ᠵᠦᠢᠯ ᠤᠨ | ᠮᠢᠬᠠᠨ ᠢᠳᠡᠭᠡᠨ᠃ ᠲᠡᠷᠡ ᠨᠢ ᠦᠩᠭᠡ᠂ ᠦᠨᠦᠷ᠂ ᠠᠮᠳᠠ ᠪᠠᠷ ᠪᠦᠷᠢᠨ ᠰᠠᠶᠢᠨ ᠪᠠᠶᠢᠵᠤ᠂ ᠮᠤᠩᠭᠤᠯ ᠢᠳᠡᠭᠡᠨ | ᠣᠮᠳᠠᠭᠠᠨ ᠤ ᠲᠣᠳᠣᠷ᠎ᠠ ᠮᠡᠷᠭᠡᠵᠢᠯ ᠤᠨ ᠲᠠᠯ᠎ᠠ ᠪᠠᠷ ᠬᠠᠮᠤᠭ ᠦᠨᠳᠦᠷ ᠱᠠᠭᠠᠷᠳᠠᠯᠭ᠎ᠠ ᠲᠠᠢ ᠢᠳᠡᠭᠡᠨ ᠤ ᠵᠦᠢᠯ | ᠪᠤᠯᠤᠨ᠎ᠠ᠃ | 18. ᠮᠤᠩᠭᠤᠯ ᠦᠨᠳᠦᠰᠦᠳᠡᠨ ᠤ ᠲᠡᠮᠡᠭᠡ ᠲᠡᠵᠢᠭᠡᠬᠦ ᠵᠠᠩ ᠦᠢᠯᠡ᠄ ︵2008 ᠣᠨ ᠳᠤ ᠪᠦᠷᠢᠳᠬᠡᠭᠰᠡᠨ | ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠮᠤᠩᠭᠤᠯ ᠦᠨᠳᠦᠰᠦᠳᠡᠨ ᠤ ᠲᠡᠮᠡᠭᠡ ᠲᠡᠵᠢᠭᠡᠬᠦ ᠵᠠᠩ ᠦᠢᠯᠡ ᠨᠢ ᠣᠷᠳᠤ ᠣᠳᠠᠭᠠᠨ ᠲᠡᠤᠬᠡ ᠲᠠᠢ ᠪᠠᠶᠢᠳᠠᠭ᠃ | ᠣᠷᠳᠤ ᠣᠳᠠᠭᠠᠨ ᠵᠢᠯ ᠤᠨ ᠦᠢᠯᠡᠳᠪᠤᠷᠢᠯᠡᠯ ᠠᠮᠢᠳᠠᠷᠠᠯ ᠤᠨ ᠦᠢᠯᠡᠳᠦᠯᠭᠡ ᠲᠣᠮᠳᠠ᠂ ᠲᠡᠮᠡᠭᠡ ᠨᠢ ᠬᠦᠮᠦᠨ | ᠲᠦᠷᠦᠯᠬᠢᠳᠡᠨ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠮᠦᠷᠳᠡᠭᠡᠨ ᠬᠦᠮᠦᠨ ᠲᠦᠷᠦᠯᠬᠢᠳᠡᠨ ᠤ ᠬᠠᠮᠤᠭ | ᠦᠨᠡᠨᠴᠢ ᠨᠠᠶᠢᠵᠠ ᠪᠤᠯᠤᠭᠰᠠᠨ ᠪᠠᠶᠢᠨ᠎ᠠ᠃ ᠲᠡᠮᠡᠭᠡ ᠨᠢ ᠬᠦᠮᠦᠨ ᠲᠦᠷᠦᠯᠬᠢᠳᠡᠨ ᠳᠤ ᠭᠠᠪᠢᠶ᠎ᠠ ᠵᠢᠳᠭᠦᠯ | ᠦᠵᠡᠭᠦᠯᠦᠭᠰᠡᠨ ᠪᠤᠯᠬᠤᠷ ᠮᠠᠯᠴᠢᠳ ᠲᠡᠮᠡᠭᠡ ᠪᠠᠨ ᠲᠡᠭᠡᠳᠤ ᠲᠡᠭᠷᠢ ᠠᠴᠠ ᠰᠣᠶᠤᠷᠬᠠᠭᠰᠠᠨ ᠰᠠᠬᠢᠭᠤᠯᠰᠤᠨ ᠭᠡᠵᠤ | ᠦᠵᠡᠳᠡᠭ᠃ ᠮᠥᠨ ᠴᠦ ᠠᠯᠠᠱᠠ ᠶᠢᠨ ᠵᠤᠷᠢᠭ ᠰᠠᠨᠠᠭ᠎ᠠ ᠶᠢ ᠲᠦᠯᠦᠭᠡᠯᠡᠵᠤ᠂ ᠮᠠᠨ ᠤ ᠣᠯᠤᠰ ᠤᠨ ᠰᠣᠶᠤᠯ ᠤᠨ | ᠭᠤᠤᠯ ᠪᠦᠷᠢᠯᠳᠦᠭᠦᠨ ᠬᠡᠰᠡᠭ ᠪᠤᠯᠪᠠ᠃ | 19. ᠮᠤᠩᠭᠤᠯ ᠰᠢᠳᠠᠷ᠎ᠠ᠄ ︵2011 ᠣᠨ ᠳᠤ ᠪᠦᠷᠢᠳᠬᠡᠭᠰᠡᠨ ᠣᠯᠤᠰ ᠤᠨ ᠲᠡᠰ ᠤᠨ ᠪᠤᠳᠠᠰ ᠤᠨ ᠪᠤᠰᠤ | ᠰᠣᠶᠤᠯ ᠤᠨ ᠦᠪ ᠤᠨ ᠲᠦᠷᠦᠯ ᠵᠦᠢᠯ︶ | ᠮᠤᠩᠭᠤᠯ ᠰᠢᠳᠠᠷ᠎ᠠ ᠪᠤᠯ ᠮᠤᠩᠭᠤᠯ ᠦᠨᠳᠦᠰᠦᠳᠡᠨ ᠤ ᠠᠷᠠᠳ ᠤᠨ ᠲᠣᠮᠳᠠ ᠦᠷᠭᠡᠨ ᠢᠶᠠᠷ ᠲᠡᠯᠭᠡᠷᠡᠵᠤ ᠪᠠᠶᠢᠭ᠎ᠠ | ᠨᠢᠭᠡ ᠵᠦᠢᠯ ᠤᠨ ᠪᠡᠶ᠎ᠡ ᠶᠢᠨ ᠲᠡᠮᠢᠷ ᠤᠨ ᠲᠤᠭᠯᠠᠭᠠᠮ ᠪᠤᠯᠤᠨ᠎ᠠ᠃ ᠮᠤᠩᠭᠤᠯ ᠰᠢᠳᠠᠷ᠎ᠠ ᠶᠢᠨ ᠬᠡᠯᠪᠡᠷᠢ᠂ ᠨᠠᠭᠠᠳᠬᠤ | ᠠᠷᠭ᠎ᠠ᠂ ᠨᠠᠭᠠᠳᠬᠤ ᠲᠦᠷᠢᠮ ᠨᠢ ᠣᠯᠠᠨ ᠣᠯᠤᠰ ᠤᠨ ᠰᠢᠳᠠᠷ᠎ᠠ ᠲᠠᠢ ᠦᠢᠷᠠᠯᠴᠠᠭ᠎ᠠ ᠪᠣᠯᠪᠠᠴᠤ ᠪᠠᠰᠠ | ᠢᠯᠭᠠᠭ᠎ᠠ ᠲᠠᠢ ᠪᠠᠶᠢᠳᠠᠭ᠃ | 20. ᠬᠦᠬᠡᠨᠠᠭᠤᠷ ᠮᠤᠵᠢ ᠶᠢᠨ ᠬᠠᠶᠢᠰᠢ ᠮᠤᠩᠭᠤᠯ ᠦᠨᠳᠦᠰᠦᠳᠡᠨ ᠤ ᠪᠠᠭᠠᠳᠣᠷᠯᠢᠭ ᠲᠤᠤᠯᠢᠰ ︽ᠬᠠᠨ | ᠴᠡᠩᠭᠡᠯ︾᠄ ︵2008 ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ | ᠪᠤᠰᠤ ᠰᠣᠶᠤᠯ ᠤᠨ ᠦᠪ ᠤᠨ ᠲᠦᠷᠦᠯ ᠵᠦᠢᠯ︶ | ᠬᠠᠶᠢᠰᠢ ᠮᠤᠩᠭᠤᠯ ᠦᠨᠳᠦᠰᠦᠳᠡᠨ ᠤ ᠪᠠᠭᠠᠳᠣᠷᠯᠢᠭ ᠲᠤᠤᠯᠢᠰ ︽ᠬᠠᠨ ᠴᠡᠩᠭᠡᠯ︾ ᠨᠢ ᠲᠠᠭᠤᠯᠠᠬᠤ ᠪᠠ | ᠶᠠᠷᠢᠵᠤ ᠢᠯᠡᠳᠬᠡᠬᠦ ᠬᠡᠯᠪᠡᠷᠢ ᠪᠠᠷ ᠮᠤᠩᠭᠤᠯ ᠦᠨᠳᠦᠰᠦᠳᠡᠨ ᠤ ᠪᠠᠭᠠᠳᠣᠷ ᠠᠳᠠ ᠴᠢᠳᠭᠦᠷ ᠢ ᠣᠰᠠᠳᠬᠠᠵᠤ᠂ | ᠠᠷᠠᠳ ᠢ ᠠᠪᠤᠷᠠᠭᠰᠠᠨ ᠦᠯᠢᠭᠡᠷ ᠢ ᠶᠠᠷᠢᠳᠠᠭ᠃ ᠬᠠᠶᠢᠰᠢ ᠶᠢᠨ ᠪᠠᠶᠢᠭᠠᠯᠢ ᠶᠢᠨ ᠣᠷᠴᠢᠨ ᠲᠤᠭᠤᠷᠢᠨ ᠤ ᠨᠦᠯᠦᠭᠡᠯᠡᠯ | ᠲᠤᠤᠷ᠎ᠠ᠂ ᠣᠯᠠᠮᠵᠢᠯᠠᠬᠤ ᠶᠠᠪᠣᠴᠠ ᠲᠣᠮᠳᠠ ᠬᠤᠪᠢᠷᠠᠯᠳᠠ ᠡᠭᠦᠰᠴᠤ᠂ ᠭᠦᠨ ᠵᠣᠵᠠᠭᠠᠨ ᠬᠠᠶᠢᠰᠢ ᠭᠠᠵᠠᠷ ᠣᠷᠤᠨ ᠤ | ᠣᠨᠴᠠᠯᠢᠭ ᠲᠠᠢ ᠪᠤᠯᠤᠭᠰᠠᠨ ᠪᠠᠶᠢᠨ᠎ᠠ᠃ | 21. ᠮᠤᠩᠭᠤᠯ ᠦᠨᠳᠦᠰᠦᠳᠡᠨ ᠤ ᠪᠠᠭᠠᠳᠣᠷᠯᠢᠭ ᠦᠯᠢᠭᠡᠷ ᠲᠤᠭᠤᠵᠢ ᠭᠠᠳᠠ ᠮᠡᠶᠢᠷᠡᠨ᠄ ︵2008 | ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ | ᠲᠦᠷᠦᠯ ᠵᠦᠢᠯ︶ | ᠭᠠᠳᠠ ᠮᠡᠶᠢᠷᠡᠨ ︵1892 ᠊᠊᠊᠊ 1931 ᠤᠨ ᠤ 4 ᠰᠠᠷ᠎ᠠ ᠶᠢᠨ 5 ᠤ ᠡᠳᠦᠷ︶ ᠮᠤᠩᠭᠤᠯ | ᠦᠨᠳᠦᠰᠦᠳᠡᠨ ᠤ ᠪᠠᠭᠠᠳᠣᠷ᠂ ᠦᠪᠦᠷ ᠮᠤᠩᠭᠤᠯ ᠤᠨ ᠵᠢᠷᠢᠮ ᠠᠶᠢᠮᠠᠭ ︵ᠣᠳᠤ ᠶᠢᠨ ᠲᠦᠩᠯᠢᠶᠣᠣ ᠬᠤᠳᠠ︶ ᠤᠨ | ᠲᠠᠷᠬᠠᠨ ᠬᠤᠰᠢᠭᠤᠨ ︵ ᠣᠳᠤᠬᠠᠨ ᠤ ᠬᠤᠷᠴᠢᠨ ᠵᠡᠭᠦᠨ ᠭᠠᠷᠤᠨ ᠲᠣᠮᠳᠠᠳᠤ ᠬᠤᠰᠢᠭᠤ︶ ᠳᠤ ᠲᠦᠷᠦᠵᠡᠢ᠃ | 22. ᠰᠢᠨᠵᠢᠶᠠᠩ ᠤᠨ ᠮᠤᠩᠭᠤᠯ ᠦᠨᠳᠦᠰᠦᠳᠡᠨ ᠤ ᠠᠷᠠᠳ ᠤᠨ ᠪᠦᠵᠢᠭ ︽ᠰᠠᠪᠠᠷᠳᠠᠩ︾᠄ ︵2008 | ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | | ︽ᠰᠠᠪᠠᠷᠳᠠᠩ︾ ᠪᠤᠯ ᠰᠢᠨᠵᠢᠶᠠᠩ ᠤᠨ ᠮᠤᠩᠭᠤᠯ ᠦᠨᠳᠦᠰᠦᠳᠡᠨ ᠤ ᠬᠠᠮᠤᠭ ᠴᠢᠬᠤᠯᠠ ᠠᠷᠠᠳ ᠤᠨ ᠪᠦᠵᠢᠭ | ᠪᠤᠯᠤᠨ᠎ᠠ ᠃ ᠡᠯ᠎ᠡ ᠭᠠᠵᠠᠷ ᠤᠨ ᠮᠤᠩᠭᠤᠯ ᠦᠨᠳᠦᠰᠦᠳᠡᠨ ᠤ ᠰᠠᠭᠤᠭᠠᠯᠢ ᠠᠷᠠᠳ ᠤᠨ ᠲᠣᠮᠳᠠ ᠦᠷᠭᠡᠨ ᠢᠶᠠᠷ | ᠣᠯᠠᠮᠵᠢᠯᠠᠭᠳᠠᠵᠤ᠂ ᠣᠯᠠᠨ ᠲᠦᠮᠡᠨ ᠤ ᠬᠠᠯᠠᠭᠤᠨ ᠬᠦᠷᠢᠶᠡᠯᠡᠯ ᠢ ᠣᠯᠵᠤ ᠪᠤᠢ᠃ ᠰᠢᠨᠵᠢᠶᠠᠩ ᠤᠨ ᠮᠤᠩᠭᠤᠯ | ᠦᠨᠳᠦᠰᠦᠳᠡᠨ ᠤ ᠬᠦᠮᠦᠨ ᠪᠦᠷᠢ ︽ ᠰᠠᠪᠠᠷᠳᠠᠩ︾ ᠪᠦᠵᠢᠭ ᠢ ᠦᠰᠦᠷᠴᠣ ᠴᠢᠳᠠᠨ᠎ᠠ᠃ | 23. ᠬᠡᠰᠡᠷ᠄ ︵2009 ᠣᠨ ᠳᠤ ᠪᠦᠷᠢᠳᠬᠡᠭᠰᠡᠨ ᠣᠯᠤᠰ ᠤᠨ ᠲᠡᠰ ᠤᠨ ᠪᠣᠳᠠᠰ ᠤᠨ ᠪᠣᠰᠤ | ᠰᠣᠶᠤᠯ ᠤᠨ ᠦᠪ︶ | ︽ᠬᠡᠰᠡᠷ︾ ᠲᠦᠪᠡᠳ ᠠᠴᠠ ᠡᠭᠦᠰᠦᠯᠳᠡᠢ᠂ ᠮᠤᠩᠭᠤᠯ ᠦᠨᠳᠦᠰᠦᠳᠡᠨ ᠤ ᠭᠠᠵᠠᠷ ᠣᠷᠤᠨ ᠳᠤ ᠣᠯᠠᠮᠵᠢᠯᠠᠵᠤ | ᠢᠷᠡᠭᠰᠡᠨ ᠤ ᠲᠠᠷᠠᠭ᠎ᠠ ᠰᠢᠨ᠎ᠡ ᠬᠦᠭᠵᠢᠯᠳᠡ ᠪᠠ ᠠᠭᠤᠯᠬᠤᠨ ᠲᠠᠢ ᠪᠤᠯᠵᠡᠢ᠃ ᠡᠶᠢᠮᠤ ᠠᠴᠠ᠂ ᠲᠦᠪᠡᠳ᠂ ᠮᠤᠩᠭᠤᠯ | ᠦᠨᠳᠦᠰᠦᠳᠡᠨ ᠬᠠᠮᠳᠣ ᠪᠠᠷ ᠲᠣᠰ ᠰᠣᠶᠤᠯ ᠤᠨ ᠦᠪ ᠢ ᠭᠤᠶᠤᠴᠢᠯᠠᠨ ᠮᠡᠳᠡᠭᠦᠯᠵᠡᠢ᠃ ᠪᠠᠭᠠᠷᠢᠨ ᠤ ᠲᠠᠯ᠎ᠠ ᠨᠣᠳᠤᠭ | ᠪᠤᠯ ᠮᠤᠩᠭᠤᠯ ᠦᠨᠳᠦᠰᠦᠳᠡᠨ ᠤ ᠣᠷᠳᠤ ᠲᠤᠤᠯᠢᠰ ᠬᠡᠰᠡᠷ ᠰᠣᠶᠤᠯ ᠤᠨ ᠡᠭᠦᠰᠦᠭᠰᠡᠨ ᠭᠠᠵᠠᠷ ᠤᠨ ᠨᠢᠭᠡ᠂ | ᠡᠶᠢᠮᠤ ᠠᠴᠠ ᠣᠯᠠᠨ ᠣᠯᠤᠰ ᠤᠨ ᠬᠡᠰᠡᠷ ᠰᠣᠶᠤᠯ ᠤᠨ ᠰᠣᠳᠣᠯᠤᠨ ᠶᠠᠷᠢᠯᠴᠠᠬᠤ ᠬᠤᠷᠠᠯ ᠢ ᠬᠤᠶᠠᠷ ᠣᠳᠠᠭ᠎ᠠ | ᠪᠠᠭᠠᠷᠢᠨ ᠤ ᠲᠠᠯ᠎ᠠ ᠨᠣᠳᠤᠭ ᠲᠤ ᠡᠷᠬᠢᠯᠡᠵᠤ ᠦᠩᠭᠡᠷᠡᠵᠡᠢ᠃ | 24. ᠣᠪᠤᠭ᠎ᠠ ᠲᠠᠬᠢᠬᠤ᠄ ︵2006 ᠣᠨ ᠳᠤ ᠪᠦᠷᠢᠳᠬᠡᠭᠰᠡᠨ ᠪᠣᠳᠠᠰ ᠤᠨ ᠪᠣᠰᠤ ᠰᠣᠶᠤᠯ ᠤᠨ ᠦᠪ ᠤᠨ | ᠲᠦᠷᠦᠯ ᠵᠦᠢᠯ︶ | ᠣᠪᠤᠭ᠎ᠠ ᠲᠠᠬᠢᠬᠤ ᠪᠤᠯ ᠮᠤᠩᠭᠤᠯ ᠦᠨᠳᠦᠰᠦᠳᠡᠨ ᠤ ᠣᠯᠠᠮᠵᠢᠯᠠᠯᠳᠣ ᠲᠠᠳᠬᠠᠯ᠂ ᠮᠤᠩᠭᠤᠯ ᠦᠨᠳᠦᠰᠦᠳᠡᠨ ᠤ | ᠪᠠᠶᠢᠭᠠᠯᠢ ᠶᠢ ᠲᠡᠭᠡᠳᠦᠯᠡᠬᠦ ᠦᠵᠡᠯ ᠰᠠᠨᠠᠭᠠᠨ ᠤ ᠢᠯᠡᠷᠡᠭᠦᠯᠦᠯ ᠤᠨ ᠨᠢᠭᠡ ᠵᠦᠢᠯ ᠪᠤᠯᠤᠨ᠎ᠠ᠃ ᠰᠢᠯᠢ ᠶᠢᠨ ᠭᠤᠤᠯ | ᠠᠶᠢᠮᠠᠭ ᠪᠤᠯ ᠣᠪᠤᠭ᠎ᠠ ᠲᠠᠬᠢᠬᠤ ᠲᠡᠤᠬᠡ ᠶᠢᠨ ᠣᠯᠠᠮᠵᠢᠯᠠᠯ ᠢ ᠬᠠᠮᠤᠭ ᠪᠦᠷᠢᠨ ᠬᠠᠳᠠᠭᠠᠯᠠᠵᠤ ᠪᠠᠶᠢᠭ᠎ᠠ ᠭᠠᠵᠠᠷ | ᠣᠷᠤᠨ᠃ | 25. ᠴᠠᠭᠠᠨ ᠨᠠᠭᠤᠷ ᠤᠨ ᠡᠪᠦᠯ ᠤᠨ ᠣᠯᠠᠷᠢᠯ ᠤᠨ ᠵᠢᠭᠠᠰᠤ ᠠᠩᠨᠠᠬᠤ ᠨᠠᠶᠢᠷ᠄ ︵2008 ᠣᠨ ᠳᠤ | ᠪᠦᠷᠢᠳᠬᠡᠭᠰᠡᠨ ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ | ᠵᠦᠢᠯ︶ | ᠴᠠᠭᠠᠨ ᠨᠠᠭᠤᠷ ᠤᠨ ᠡᠪᠦᠯ ᠤᠨ ᠣᠯᠠᠷᠢᠯ ᠤᠨ ᠵᠢᠭᠠᠰᠤ ᠠᠩᠨᠠᠬᠤ ᠨᠠᠶᠢᠷ ᠪᠤᠯ ᠡᠮᠦᠨ᠎ᠡ ᠭᠤᠷᠯᠤᠰ ᠤᠨ ᠮᠤᠩᠭᠤᠯ | ᠦᠨᠳᠦᠰᠦᠳᠡᠨ ᠤ ᠦᠪᠡᠷᠳᠡᠭᠡᠨ ᠵᠠᠰᠠᠬᠤ ᠰᠢᠶᠡᠨ ᠤ ᠬᠢᠯᠢ ᠳᠤ ᠪᠠᠶᠢᠭ᠎ᠠ ᠴᠠᠭᠠᠨ ᠨᠠᠭᠤᠷ ᠤᠨ ᠡᠪᠦᠯ ᠤᠨ ᠣᠯᠠᠷᠢᠯ ᠤᠨ | ᠵᠢᠭᠠᠰᠤ ᠠᠩᠨᠠᠬᠤ ᠠᠵᠢᠯᠯᠠᠭ᠎ᠠ ᠶᠢ ᠵᠢᠭᠠᠵᠤ ᠪᠤᠢ᠃ | 26. ᠮᠤᠩᠭᠤᠯ ᠡᠮ ᠡᠮᠨᠡᠯᠭᠡ᠄ ︵2008 ᠣᠨ ᠳᠤ ᠪᠦᠷᠢᠳᠬᠡᠭᠰᠡᠨ ᠬᠤᠶᠠᠳᠣᠭᠠᠷ ᠪᠦᠯᠦᠭ ᠪᠣᠳᠠᠰ ᠤᠨ | ᠪᠣᠰᠣ ᠰᠣᠶᠤᠯ ᠤᠨ ᠦᠪ ᠤᠨ ᠲᠦᠷᠦᠯ ᠵᠦᠢᠯ︶ | ᠮᠤᠩᠭᠤᠯ ᠡᠮ ᠡᠮᠨᠡᠯᠭᠡ ᠨᠢ ᠵᠡᠭᠦᠤ ᠲᠦᠭᠡᠨᠡᠯᠭᠡ ᠪᠠᠷ ᠭᠤᠤᠯ ᠪᠤᠯᠭᠠᠬᠤ ᠮᠦᠷᠳᠡᠭᠡᠨ ᠭᠠᠯ ᠵᠡᠭᠦᠤ ᠶᠢ | ᠬᠡᠷᠡᠭᠯᠡᠬᠦ ᠳᠡᠭᠡᠨ ᠲᠠᠳᠮᠠᠭᠠᠢ ᠪᠠᠶᠢᠳᠠᠭ᠃ ᠭᠠᠯ ᠵᠡᠭᠦᠤ ᠭᠡᠵᠤ ᠭᠠᠯ ᠢᠶᠠᠷ ᠰᠢᠷᠠᠵᠤ ᠣᠯᠠᠶᠢᠯᠭᠠᠭᠰᠠᠨ ᠵᠡᠭᠦᠤ ᠶᠢᠨ | ᠦᠵᠦᠭᠦᠷ ᠢ ᠲᠦᠷᠭᠡᠨ ᠱᠠᠯᠠᠮᠠᠭᠠᠢ ᠪᠠᠷ ᠬᠦᠮᠦᠨ ᠤ ᠪᠡᠶ᠎ᠡ ᠶᠢᠨ ᠪᠠᠯᠴᠢᠷ ᠲᠤ ᠬᠠᠳᠬᠤᠨ ᠣᠷᠤᠭᠤᠯᠵᠤ᠂ ᠡᠪᠡᠳᠴᠢᠨ | ᠵᠠᠰᠠᠬᠤ ᠨᠢᠭᠡ ᠵᠦᠢᠯ ᠤᠨ ᠠᠷᠭ᠎ᠠ᠃ ᠮᠤᠩᠭᠤᠯ ᠡᠮ ᠨᠢ ᠡᠪᠡᠰᠦᠨ ᠡᠮ ᠢᠶᠠᠷ ᠭᠤᠣᠯ ᠪᠤᠯᠭᠠᠳᠠᠭ᠂ ᠡᠷᠳᠡᠨ ᠤ | ᠬᠦᠮᠦᠰ ᠮᠤᠩᠭᠤᠯ ᠡᠮ ᠤᠨ ᠴᠢᠨᠠᠷ ᠢ ᠬᠦᠨᠳᠤ᠂ ᠬᠦᠢᠳᠡᠨ᠂ ᠮᠤᠬᠤᠳᠠᠭ᠂ ᠬᠦᠩᠭᠡᠨ᠂ ᠬᠠᠯᠠᠭᠤᠨ ᠬᠤᠷᠴᠠ ᠵᠡᠷᠭᠡ | ᠨᠠᠢᠮᠠᠨ ᠲᠦᠷᠦᠯᠳ ᠬᠤᠷᠢᠶᠠᠩᠭᠤᠶᠢᠯᠠᠳᠠᠭ᠃ ᠲᠦᠪᠡᠳ ᠦᠨᠳᠦᠰᠦᠳᠡᠨ ᠤ ︽ᠪᠠᠷᠠᠭᠤᠨ ᠬᠡᠰᠡᠭ ᠤᠨ ᠡᠮ | ᠡᠮᠨᠡᠯᠭᠡ ᠶᠢᠨ ᠲᠤᠯᠢ︾ ᠮᠤᠩᠭᠤᠯ ᠭᠠᠵᠠᠷ ᠣᠷᠤᠨ ᠳᠤ ᠣᠯᠠᠮᠵᠢᠯᠠᠭᠳᠠᠨ ᠣᠷᠤᠵᠤ ᠢᠷᠡᠬᠦ ᠶᠢ ᠲᠠᠭᠠᠯᠳᠤᠨ ᠲᠦᠪᠡᠳ | ᠡᠮ ᠤᠨ ᠬᠦᠭᠵᠢᠯᠳᠡ ᠳᠤ ᠵᠤᠬᠢᠬᠤ ᠠᠬᠢᠭᠤᠯᠬᠤ ᠦᠢᠯᠡᠳᠦᠯ ᠦᠵᠡᠭᠦᠯᠬᠦ ᠶᠢᠨ ᠬᠠᠮᠳᠤ ᠵᠠᠷᠢᠮ ᠲᠦᠪᠡᠳ ᠡᠮ ᠨᠢ | ᠮᠤᠩᠭᠤᠯ ᠡᠮᠴᠢᠯᠡᠭᠡ ᠳᠤ ᠬᠡᠷᠡᠭᠯᠡᠭᠳᠡᠵᠡᠢ᠃ | 27. ᠬᠠᠷᠠᠴᠢᠨ ᠵᠡᠭᠦᠨ ᠭᠠᠷᠤᠨ ᠮᠣᠩᠭᠤᠯᠴᠣᠳ ᠤᠨ ᠠᠷᠠᠳ ᠤᠨ ᠠᠮᠠᠨ ᠦᠯᠢᠭᠡᠷ᠄ ︵2006 ᠣᠨ ᠤ 5 | ᠰᠠᠷ᠎ᠠ ᠶᠢᠨ 20 ᠤ ᠡᠳᠦᠷ ᠪᠦᠷᠢᠳᠬᠡᠭᠰᠡᠨ ᠲᠦᠷᠦᠭᠦᠤ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ | ᠰᠣᠶᠤᠯ ᠤᠨ ᠦᠪ ᠤᠨ ᠲᠦᠷᠦᠯ ᠵᠦᠢᠯ︶ | ᠲᠣᠰ ᠦᠯᠢᠭᠡᠷ ᠨᠢ ᠭᠤᠤᠯᠳᠠᠭᠤ ᠬᠠᠷᠠᠴᠢᠨ ᠵᠡᠭᠦᠨ ᠭᠠᠷᠤᠨ ᠮᠤᠩᠭᠤᠯ ᠦᠨᠳᠦᠰᠦᠳᠡᠨ ᠤ ᠦᠪᠡᠷᠳᠡᠭᠡᠨ | ᠵᠠᠰᠠᠬᠤ ᠰᠢᠶᠡᠨ ᠤ ᠨᠢᠭᠡ ᠵᠦᠢᠯ ᠤᠨ ᠠᠮᠠᠨ ᠦᠯᠢᠭᠡᠷ ᠪᠤᠯᠬᠤ ᠪᠦᠭᠡᠳ ᠲᠡᠷᠡ ᠨᠢ ᠠᠮᠠ ᠪᠠᠷ ᠣᠯᠠᠮᠵᠢᠯᠠᠬᠤ ᠪᠤᠶᠤ | ᠲᠠᠭᠤᠯᠠᠬᠤ ᠬᠡᠯᠪᠡᠷᠢ ᠪᠠᠷ ᠲᠠᠷᠬᠠᠭᠳᠠᠭᠰᠠᠨ ᠦᠯᠢᠭᠡᠷ᠂ ᠠᠷᠠᠳ ᠤᠨ ᠲᠠᠭᠤᠣ᠂ ᠰᠡᠴᠡᠨ ᠦᠭᠡᠰ ᠪᠤᠯᠬᠤ ᠶᠤᠮ᠃ | | 28. ᠵᠢᠩᠭᠠᠷ᠄ ︵2006 ᠣᠨ ᠳᠤ ᠪᠦᠷᠢᠳᠬᠡᠭᠰᠡᠨ ᠲᠦᠷᠦᠭᠦᠤ ᠪᠦᠯᠦᠭ ᠣᠯᠤᠰ ᠤᠨ ᠲᠡᠰ ᠤᠨ | ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ︽ᠵᠢᠩᠭᠠᠷ︾ ᠪᠤᠯ ᠦᠢᠷᠠᠳ ᠮᠤᠩᠭᠤᠯᠴᠣᠳ ᠤᠨ ᠪᠠᠭᠠᠳᠣᠷᠴᠣᠳ ᠤᠨ ᠲᠤᠤᠯᠢᠰ ᠮᠦᠷᠳᠡᠭᠡᠨ ᠲᠤᠮᠳᠠᠳᠤ | ᠣᠯᠤᠰ ᠤᠨ ᠴᠦᠭᠡᠨ ᠲᠤᠭᠠᠳᠤ ᠦᠨᠳᠦᠰᠦᠳᠡᠨ ᠤ ᠭᠤᠷᠪᠠᠨ ᠶᠡᠭᠡ ᠲᠤᠤᠯᠢᠰ ᠤᠨ ᠨᠢᠭᠡ ᠨᠢ ᠪᠤᠯᠬᠤ ᠶᠤᠮ᠃ | ᠵᠢᠩᠭᠠᠷ ᠨᠢ ᠫᠡᠷᠢᠰ ᠬᠡᠯᠡᠨ ᠳᠤ ︽ᠲᠡᠯᠡᠬᠡᠢ ᠶᠢᠨ ᠡᠵᠡᠷᠬᠡᠭᠴᠢ︾ ᠭᠡᠳᠡᠭ ᠪᠤᠯᠪᠠᠴᠤ ᠮᠤᠩᠭᠤᠯ ᠬᠡᠯᠡᠨ ᠳᠤ ︽ | ᠴᠢᠳᠠᠪᠣᠷᠢᠳᠠᠨ︾ ᠭᠡᠬᠦ ᠣᠳᠬ᠎ᠠ ᠪᠠᠷ ᠢᠯᠡᠷᠡᠵᠤ ᠪᠠᠶᠢᠳᠠᠭ᠃ | 29. ᠬᠤᠷᠴᠢᠨ ᠴᠣᠭᠤᠷ ᠲᠤᠤᠯᠢᠰ᠄ ︵2008 ᠣᠨ ᠤ 6 ᠰᠠᠷ᠎ᠠ ᠶᠢᠨ 7 ᠤ ᠡᠳᠦᠷ ᠪᠦᠷᠢᠳᠬᠡᠭᠰᠡᠨ | ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠬᠤᠷᠴᠢᠨ ᠲᠤᠤᠯᠢᠰ ᠨᠢ ᠣᠷᠤᠨ ᠨᠣᠳᠤᠭ ᠤᠨ ᠴᠢᠨᠠᠷᠳᠠᠢ ᠣᠯᠠᠮᠵᠢᠯᠠᠯ ᠪᠤᠯᠬᠤ ᠪᠦᠭᠡᠳ ᠣᠳᠤ ᠪᠤᠯᠳᠠᠯ᠎ᠠ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠤ ᠬᠤᠷᠴᠢᠨ ᠨᠣᠳᠤᠭ ᠲᠤ ᠣᠯᠠᠮᠵᠢᠯᠠᠭᠳᠠᠨ ᠦᠯᠡᠳᠡᠭᠳᠡᠵᠤ | ᠪᠠᠶᠢᠭ᠎ᠠ ᠴᠣᠷ ᠤᠨ ᠭᠠᠭᠴᠠ ᠣᠷᠳᠤ ᠲᠤᠤᠯᠢᠰ ᠮᠥᠨ᠃ ᠡᠨᠡ ᠲᠤᠤᠯᠢᠰ ᠨᠢ ᠴᠣᠭᠤᠷ ᠢᠶᠠᠷ ᠲᠠᠮᠵᠢᠭᠳᠠᠨ | ᠣᠯᠠᠮᠵᠢᠯᠠᠭᠳᠠᠵᠤ ᠪᠠᠶᠢᠭ᠎ᠠ ᠶᠤᠮ᠃ | 30. ᠪᠠᠯᠭᠠᠨᠰᠠᠩ ᠤᠨ ᠦᠯᠢᠭᠡᠷ᠄ ︵2008 ᠣᠨ ᠤ 6 ᠰᠠᠷ᠎ᠠ ᠶᠢᠨ 7 ᠤ ᠡᠳᠦᠷ ᠪᠦᠷᠢᠳᠬᠡᠭᠰᠡᠨ | ᠬᠤᠶᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠪᠠᠯᠭᠠᠨᠰᠠᠩ ᠤᠨ ᠦᠯᠢᠭᠡᠷ ᠪᠤᠯ ᠦᠪᠦᠷ ᠮᠤᠩᠭᠤᠯ᠂ ᠰᠢᠨᠵᠢᠶᠠᠩ ᠵᠡᠷᠭᠡ ᠭᠠᠵᠠᠷ ᠣᠷᠤᠨ ᠢᠶᠠᠷ ᠣᠯᠠᠮᠵᠢᠯᠠᠭᠳᠠᠨ | ᠲᠠᠷᠬᠠᠭᠳᠠᠵᠤ ᠪᠠᠶᠢᠭ᠎ᠠ ᠦᠯᠢᠭᠡᠷ ᠶᠤᠮ᠃ ᠦᠯᠢᠭᠡᠷ ᠤᠨ ᠭᠤᠤᠯ ᠪᠠᠭᠠᠳᠣᠷ ᠪᠠᠯᠭᠠᠨᠰᠠᠩ ᠪᠤᠯ ᠦᠭᠡᠭᠦᠤ ᠶᠠᠳᠠᠭᠤ | ᠠᠷᠠᠳ ᠲᠦᠮᠡᠨ ᠤ ᠲᠦᠯᠦᠭᠡ ᠰᠡᠴᠡᠨ ᠰᠡᠷᠭᠦᠯᠡᠩ ᠠᠷᠭ᠎ᠠ ᠣᠬᠠᠭᠠᠨ ᠢᠶᠠᠷ ᠬᠠᠷᠬᠢᠰ ᠪᠠᠶᠠᠳ ᠨᠤᠶᠠᠳ ᠲᠠᠢ | ᠲᠡᠮᠡᠴᠡᠯᠳᠦᠳᠡᠭ ᠬᠦᠮᠦᠨ ᠤ ᠲᠦᠷᠢ ᠪᠣᠯᠤᠨ᠎ᠠ᠃ | 31. ᠲᠤᠭᠳᠠᠬᠤ ᠶᠢᠨ ᠦᠯᠢᠭᠡᠷ᠄ ︵2011 ᠣᠨ ᠤ 5 ᠰᠠᠷ᠎ᠠ ᠶᠢᠨ 23 ᠤ ᠡᠳᠦᠷ ᠪᠦᠷᠢᠳᠬᠡᠭᠰᠡᠨ | ᠭᠤᠷᠪᠠᠳᠣᠭᠠᠷ ᠪᠦᠯᠦᠭ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠦᠯᠢᠭᠡᠷ ᠤᠨ ᠭᠤᠤᠯ ᠪᠠᠭᠠᠳᠣᠷ ᠲᠤᠭᠳᠠᠬᠤ ᠪᠤᠯ ᠠᠷᠢᠭᠤᠨ ᠠᠮᠢ ᠬᠠᠯᠠᠭᠤᠨ ᠴᠢᠰᠤ ᠪᠠᠷ ᠢᠶᠠᠨ ᠭᠡᠷ | ᠨᠣᠳᠤᠭ ᠢᠶᠠᠨ ᠬᠠᠮᠠᠭᠠᠯᠠᠭᠰᠠᠨ ᠪᠠᠭᠠᠳᠣᠷ ᠪᠤᠯᠬᠤ ᠪᠦᠭᠡᠳ ᠴᠣᠷ ᠤᠨ ᠭᠠᠭᠴᠠ ᠪᠣᠰᠤᠯᠭ᠎ᠠ ᠭᠠᠷᠭᠠᠵᠤ ᠬᠠᠮᠤᠭ | ᠡᠴᠦᠰ ᠤᠨ ᠢᠯᠠᠯᠳᠠ ᠶᠢ ᠣᠯᠤᠭᠰᠠᠨ ᠮᠤᠩᠭᠤᠯ ᠦᠨᠳᠦᠰᠦᠳᠡᠨ ᠤ ᠪᠠᠭᠠᠳᠣᠷ ᠪᠤᠯᠬᠤ ᠶᠤᠮ᠃ | 32. ᠢᠷᠦᠭᠡᠯ ᠮᠠᠭᠳᠠᠭᠠᠯ᠄ ︵2011 ᠣᠨ ᠳᠤ ᠪᠦᠷᠢᠳᠬᠡᠭᠰᠡᠨ ᠭᠤᠷᠪᠠᠳᠣᠭᠠᠷ ᠪᠦᠯᠦᠭ ᠣᠯᠤᠰ ᠤᠨ | ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠢᠷᠦᠭᠡᠯ ᠮᠠᠭᠳᠠᠭᠠᠯ ᠪᠤᠯ ᠲᠤᠮᠳᠠᠳᠤ ᠣᠯᠤᠰ ᠤᠨ ᠣᠮᠠᠷᠠᠳᠤ ᠶᠢᠨ ᠨᠡᠭᠦᠳᠡᠯᠴᠢᠨ ᠦᠨᠳᠦᠰᠦᠳᠡᠨ ᠤ ᠠᠷᠠᠳ ᠤᠨ | ᠲᠤᠮᠳᠠ ᠣᠯᠠᠮᠵᠢᠯᠠᠭᠳᠠᠵᠤ ᠪᠠᠶᠢᠳᠠᠭ ᠣᠷᠠᠨ ᠵᠤᠬᠢᠶᠠᠯ ᠤᠨ ᠬᠡᠯᠪᠡᠷᠢ ᠪᠤᠯᠬᠤ ᠪᠦᠭᠡᠳ ᠲᠣᠭᠳᠠᠭᠰᠠᠨ ᠣᠶᠠᠩᠭ᠎ᠠ | ᠴᠣᠬᠢᠯᠭ᠎ᠠ᠂ ᠦᠭᠡ ᠬᠡᠯᠡ ᠣᠷᠤᠰᠣᠮᠠ ᠲᠣᠳᠤ᠂ ᠰᠡᠳᠭᠢᠯ ᠪᠢᠯᠬᠠᠮ᠎ᠠ ᠣᠶᠠᠩᠭᠠᠯᠠᠳᠠᠭ ᠢᠷᠦᠭᠡᠯ᠂ ᠮᠠᠭᠳᠠᠭᠠᠯ ᠢ | ᠬᠡᠯᠡᠨ᠎ᠡ᠃ | 33. ᠮᠤᠩᠭᠤᠯ ᠦᠨᠳᠦᠰᠦᠳᠡᠨ ᠤ ᠬᠤᠭᠤᠷ ᠬᠢᠬᠦ ᠣᠷ᠎ᠠ ᠮᠡᠷᠭᠡᠵᠢᠯ᠄ ︵2011 ᠣᠨ ᠳᠤ ᠪᠦᠷᠢᠳᠬᠡᠭᠰᠡᠨ | ᠣᠯᠤᠰ ᠤᠨ ᠲᠡᠰ ᠤᠨ ᠪᠤᠳᠠᠰ ᠤᠨ ᠪᠤᠰᠤ ᠰᠣᠶᠤᠯ ᠤᠨ ᠦᠪ ᠤᠨ ᠲᠦᠷᠦᠯ ᠵᠦᠢᠯ︶ | ᠮᠤᠩᠭᠤᠯ ᠦᠨᠳᠦᠰᠦᠳᠡᠨ ᠤ ᠬᠤᠭᠤᠷ ᠬᠢᠬᠦ ᠣᠷ᠎ᠠ ᠮᠡᠷᠭᠡᠵᠢᠯ ᠨᠢ ᠦᠨᠢ ᠣᠳᠠᠭᠠᠨ ᠲᠡᠤᠬᠡᠨ ᠬᠤᠭᠤᠴᠠᠭᠠᠨ ᠳᠤ | ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠤᠨ ᠤ ᠬᠤᠷᠴᠢᠨ ᠨᠣᠳᠤᠭ ᠤᠨ ᠬᠦᠮᠦᠰ ᠤᠨ ᠡᠳᠦᠷ ᠲᠤᠳᠤᠮ ᠤᠨ | ᠠᠮᠢᠳᠣᠷᠠᠯ ᠦᠢᠯᠡᠳᠪᠣᠷᠢᠯᠡᠯ ᠤᠨ ᠲᠤᠮᠳᠠ ᠪᠠᠨ ᠡᠭᠦᠳᠦᠭᠰᠡᠨ ᠣᠨᠴᠠ ᠣᠷ᠎ᠠ ᠮᠡᠷᠭᠡᠵᠢᠯ ᠪᠤᠯᠤᠨ᠎ᠠ᠃ | 34. ᠮᠤᠩᠭᠤᠯ ᠦᠨᠳᠦᠰᠦᠳᠡᠨ ᠤ ᠦᠬᠡᠷ ᠤᠨ ᠡᠪᠡᠷ ᠢᠶᠠᠷ ᠨᠤᠮᠤ ᠬᠢᠬᠦ ᠮᠡᠷᠭᠡᠵᠢᠯ᠄ ︵2008 ᠣᠨ ᠳᠤ | ᠪᠦᠷᠢᠳᠬᠡᠭᠰᠡᠨ ᠣᠯᠤᠰ ᠤᠨ ᠲᠡᠰ ᠤᠨ ᠪᠣᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠦᠬᠡᠷ ᠤᠨ ᠡᠪᠡᠷ ᠤᠨ ᠨᠣᠮᠤ ᠪᠤᠯ ᠣᠰᠤᠨ ᠦᠬᠡᠷ ᠪᠤᠶᠤ ᠶᠠᠩᠭᠢᠷ ᠤᠨ ᠡᠪᠡᠷ ᠢ ᠰᠣᠩᠭᠤᠵᠤ᠂ ᠮᠠᠯ ᠤᠨ | ᠨᠢᠷᠤᠭᠤᠨ ᠤ ᠰᠢᠷᠪᠤᠰᠤ ᠪᠤᠶᠤ ᠮᠠᠯ ᠤᠨ ᠲᠤᠭᠤᠷᠠᠢ ᠶᠢᠨ ᠰᠢᠷᠪᠤᠰᠤ ᠡᠰᠡᠬᠦᠯ᠎ᠡ ᠬᠠᠷᠢᠮᠠᠬᠠᠢ ᠴᠢᠨᠠᠷ ᠢᠶᠠᠷ ᠰᠠᠶᠢᠨ | ᠬᠤᠯᠤᠰᠤ ᠶᠢ ᠰᠣᠩᠭᠤᠵᠤ᠂ ᠠᠮᠢᠳᠠᠨ ᠤ ᠴᠠᠪᠠᠣ ᠵᠡᠷᠭᠡ ᠴᠣᠯ ᠪᠠᠶᠢᠭᠠᠯᠢᠯᠢᠭ ᠮᠠᠲ᠋ᠧᠷᠢᠶᠠᠯ ᠢᠶᠠᠷ ᠨᠠᠭᠠᠯᠳᠣᠭᠤᠯᠵᠤ | ᠪᠦᠳᠦᠭᠡᠭᠰᠡᠨ ᠮᠤᠩᠭᠤᠯ ᠦᠨᠳᠦᠰᠦᠳᠡᠨ ᠤ ᠡᠷᠳᠡᠨ ᠤ ᠪᠠᠶᠢᠯᠳᠣᠭᠠᠨ᠂ ᠠᠪᠠ ᠬᠢᠬᠦ ᠵᠢᠴᠢ ᠨᠠᠭᠠᠳᠤᠮ ᠳᠤ ᠬᠡᠷᠡᠭᠯᠡᠳᠡᠭ | ᠨᠤᠮᠤ ᠶᠢ ᠬᠡᠯᠡᠵᠤ ᠪᠤᠢ᠃ ᠡᠨᠡ ᠨᠢ ᠮᠤᠩᠭᠤᠯ ᠡᠷᠡᠴᠣᠳ ᠤᠨ ᠵᠠᠪᠠᠯ ᠡᠵᠡᠮᠰᠢᠬᠦ ᠨᠢᠭᠡ ᠵᠦᠢᠯ ᠤᠨ ᠣᠷ᠎ᠠ ᠮᠡᠷᠭᠡᠵᠢᠯ | ᠪᠤᠯᠬᠤ ᠪᠦᠭᠡᠳ ᠮᠤᠩᠭᠤᠯ ᠦᠨᠳᠦᠰᠦᠳᠡᠨ ᠤ ᠣᠨᠴᠠᠯᠢᠭ ᠢ ᠭᠦᠨ ᠬᠠᠳᠠᠭᠠᠯᠠᠵᠤ ᠪᠠᠶᠢᠳᠠᠭ᠃ | 35. ᠱᠠᠯᠪᠤᠷ ᠪᠦᠬᠡ᠄ ︵2008 ᠣᠨ ᠤ 6 ᠰᠠᠷ᠎ᠠ ᠶᠢᠨ 7 ᠤ ᠡᠳᠦᠷ ᠪᠦᠷᠢᠳᠬᠡᠭᠰᠡᠨ ᠬᠤᠶᠠᠳᠣᠭᠠᠷ ᠪᠦᠯᠦᠭ | ᠣᠯᠤᠰ ᠤᠨ ᠲᠡᠰ ᠤᠨ ᠪᠤᠳᠠᠰ ᠤᠨ ᠪᠣᠰᠤ ᠰᠣᠶᠤᠯ ᠤᠨ ᠦᠪ ᠤᠨ ᠲᠦᠷᠦᠯ ᠵᠦᠢᠯ︶ | ᠱᠠᠯᠪᠤᠷ ᠪᠦᠬᠡ ᠪᠤᠯ ᠦᠢᠷᠠᠳ ᠮᠤᠩᠭᠤᠯᠴᠣᠳ ᠤᠨ ᠣᠳᠤ ᠪᠤᠯᠳᠠᠯ᠎ᠠ ᠬᠠᠳᠠᠭᠠᠯᠠᠭᠳᠠᠭᠰᠠᠭᠠᠷ ᠢᠷᠡᠭᠰᠡᠨ | ᠦᠨᠳᠦᠰᠦᠳᠡᠨ ᠤ ᠣᠯᠠᠮᠵᠢᠯᠠᠯᠳᠤ ᠪᠡᠶ᠎ᠡ ᠲᠠᠮᠢᠷ ᠤᠨ ᠲᠦᠷᠦᠯ ᠵᠦᠢᠯ ᠪᠤᠯᠬᠤ ᠪᠦᠭᠡᠳ ᠲᠡᠷᠡ ᠨᠢ ᠦᠪᠦᠷ | ᠮᠤᠩᠭᠤᠯ ᠤᠨ ᠠᠯᠠᠱᠠ ᠠᠶᠢᠮᠠᠭ᠂ ᠰᠢᠨᠵᠢᠶᠠᠩ᠂ ᠬᠦᠬᠡᠨᠠᠭᠤᠷ᠂ ᠭᠠᠨᠰᠤ ᠵᠡᠷᠭᠡ ᠮᠤᠩᠭᠤᠯ ᠦᠨᠳᠦᠰᠦᠳᠡᠨ | ᠰᠠᠭᠤᠷᠢᠰᠢᠵᠤ ᠪᠠᠶᠢᠬᠤ ᠭᠠᠵᠠᠷ ᠣᠷᠤᠨ ᠢᠶᠠᠷ ᠲᠠᠷᠬᠠᠵᠤ ᠪᠠᠶᠢᠳᠠᠭ᠃ | 36. ᠬᠤᠯᠪᠤᠭ᠎ᠠ᠄ ︵2008 ᠣᠨ ᠤ 6 ᠰᠠᠷ᠎ᠠ ᠶᠢᠨ 7 ᠤ ᠡᠳᠦᠷ ᠪᠦᠷᠢᠳᠬᠡᠭᠰᠡᠨ ᠬᠤᠶᠠᠳᠣᠭᠠᠷ ᠪᠦᠯᠦᠭ | ᠣᠯᠤᠰ ᠤᠨ ᠲᠡᠰ ᠤᠨ ᠪᠣᠳᠠᠰ ᠤᠨ ᠪᠤᠰᠤ ᠰᠣᠶᠤᠯ ᠤᠨ ᠦᠪ ᠤᠨ ᠲᠦᠷᠦᠯ ᠵᠦᠢᠯ︶ | ᠬᠤᠯᠪᠣᠭ᠎ᠠ ᠪᠤᠯ ᠮᠤᠩᠭᠤᠯ ᠦᠨᠳᠦᠰᠦᠳᠡᠨ ᠤ ᠲᠠᠭᠤᠯᠠᠳᠠᠭ ᠲᠠᠭᠤᠤ ᠣᠷᠠᠯᠢᠭ ᠤᠨ ᠨᠢᠭᠡ ᠪᠤᠯᠬᠤ ᠪᠦᠭᠡᠳ | ᠬᠤᠯᠪᠤᠭ᠎ᠠ ᠶᠢᠨ ᠦᠭᠡ ᠨᠢ ᠲᠤᠯᠤᠭᠠᠢ ᠬᠤᠯᠪᠤᠵᠤ ᠰᠡᠭᠦᠯ ᠲᠠᠷᠤᠬᠤ ᠶᠢ ᠣᠨᠴᠠ ᠠᠩᠬᠠᠷᠳᠠᠭ ᠲᠠᠭᠤᠤ ᠣᠷᠠᠯᠢᠭ ᠮᠥᠨ | ᠃ | 37. ᠦᠯᠢᠭᠡᠷ᠄ ︵2006 ᠣᠨ ᠤ 6 ᠰᠠᠷ᠎ᠠ ᠶᠢᠨ 7 ᠤ ᠡᠳᠦᠷ ᠪᠦᠷᠢᠳᠬᠡᠭᠰᠡᠨ ᠲᠦᠷᠦᠭᠦᠤ ᠪᠦᠯᠦᠭ | ᠣᠯᠤᠰ ᠤᠨ ᠲᠡᠰ ᠤᠨ ᠪᠣᠳᠠᠰ ᠤᠨ ᠪᠤᠰᠤ ᠰᠣᠶᠤᠯ ᠤᠨ ᠦᠪ ᠤᠨ ᠲᠦᠷᠦᠯ ᠵᠦᠢᠯ︶ | ᠦᠯᠢᠭᠡᠷ ᠨᠢ ᠮᠤᠩᠭᠤᠯ ᠦᠨᠳᠦᠰᠦᠳᠡᠨ ᠤ ᠶᠠᠷᠢᠵᠤ ᠲᠠᠭᠤᠯᠠᠬᠤ ᠨᠢᠭᠡᠨ ᠵᠦᠢᠯ ᠤᠨ ᠣᠷᠠᠯᠢᠭ ᠤᠨ ᠬᠡᠯᠪᠡᠷᠢ | ᠪᠤᠯᠬᠤ ᠪᠦᠭᠡᠳ ᠲᠡᠷᠡ ᠨᠢ ᠭᠤᠤᠯᠳᠠᠭᠤ ᠦᠪᠦᠷ ᠮᠤᠩᠭᠤᠯ ᠤᠨ ᠬᠡᠰᠡᠭ ᠭᠠᠵᠠᠷ ᠣᠷᠤᠨ᠂ ᠬᠠᠷᠠᠮᠦ᠋ᠷᠡᠨ ᠪᠤᠯᠤᠨ | ᠯᠢᠶᠤᠤᠨᠢᠩ ᠵᠡᠷᠭᠡ ᠭᠠᠵᠠᠷ ᠤᠷᠤᠨ ᠤ ᠮᠤᠩᠭᠤᠯᠴᠤᠳ ᠲᠦᠪᠯᠡᠷᠡᠨ ᠰᠠᠭᠤᠷᠢᠰᠢᠭᠰᠠᠨ ᠭᠠᠵᠠᠷ ᠤᠷᠤᠨ ᠢᠶᠠᠷ ᠲᠠᠷᠬᠠᠵᠥ | ᠪᠠᠶᠢᠳᠠᠭ᠃ | 38. ᠤᠷᠠᠳ ᠠᠷᠠᠳ ᠤᠨ ᠲᠠᠭᠤᠤ᠄ ︵2008 ᠤᠨ ᠳᠤ ᠪᠦᠷᠢᠳᠭᠡᠭᠰᠠᠨ ᠤᠯᠤᠰ ᠤᠨ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ | ᠤᠷᠠᠳ ᠠᠷᠠᠳ ᠤᠨ ᠲᠠᠭᠤᠤ ᠨᠢ ᠭᠤᠤᠯᠳᠠᠭᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠤᠷᠠᠳ ᠤᠨ ᠡᠮᠤᠨᠠᠳᠤ ᠬᠤᠰᠢᠭᠤᠨ ᠤ ᠮᠤᠩᠭᠤᠯᠴᠤᠳ ᠲᠠᠭᠤᠯᠠᠳᠠᠭ ᠠᠷᠠᠳ ᠤᠨ ᠲᠠᠭᠤᠤ ᠪᠤᠯᠤᠨ᠎ᠠ᠃ | 39. ᠴᠤᠭᠤᠷ ᠭᠦᠭᠵᠢᠮ᠄ ︵2008 ᠤᠨ ᠳᠤ ᠪᠦᠷᠢᠳᠭᠡᠭᠰᠠᠨ ᠨᠢᠭᠡᠳᠤᠭᠡᠷ ᠪᠦᠯᠦᠭ ᠤᠯᠤᠰ ᠤᠨ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ︶ | ᠴᠤᠭᠤᠷ ᠭᠦᠭᠵᠢᠮ ᠨᠢ ᠮᠤᠩᠭᠤᠯ ᠦᠨᠳᠤᠰᠤᠳᠠᠨ ᠤ ᠠᠷᠠᠳ ᠲᠦᠮᠡᠨ ᠤᠷᠳᠤ ᠤᠳᠠᠭᠠᠨ ᠬᠤᠭᠤᠴᠠᠭᠠᠨ ᠤ | ᠲᠡᠦᠭᠡᠨ ᠭᠦᠭᠵᠢᠯᠳᠡ ᠶᠢᠨ ᠶᠠᠪᠤᠴᠠ ᠳᠤ ᠵᠤᠬᠢᠶᠠᠨ ᠪᠦᠳᠦᠭᠡᠭᠰᠠᠨ ᠭᠦᠨ ᠦᠳᠭᠡᠨ ᠦᠨᠳᠤᠰᠤᠳᠠᠨ ᠤ | ᠤᠨᠴᠠᠯᠢᠭ ᠲᠠᠢ ᠭᠦᠭᠵᠢᠮᠳᠡᠨ ᠲᠠᠭᠤᠯᠬᠠᠤ ᠤᠷᠠᠯᠢᠭ ᠪᠤᠯᠤᠨ᠎ᠠ᠃ | 40. ᠴᠠᠮ ᠬᠠᠷᠠᠶᠢᠬᠤ᠄ ︵2008 ᠤᠨ ᠳᠤ ᠪᠦᠷᠢᠳᠭᠡᠭᠰᠠᠨ ᠤᠯᠤᠰ ᠤᠨ ᠲᠡᠰ ᠤᠨ ᠪᠤᠳᠠᠰ ᠤᠨ ᠪᠤᠰᠤ | ᠰᠤᠶᠤᠯ ᠤᠨ ᠦᠪ ᠤᠨ ᠲᠦᠷᠦᠯ ᠵᠦᠢᠯ︶ | ᠴᠠᠮ ᠬᠠᠷᠠᠶᠢᠬᠤ ᠭᠡᠳᠡᠭ ᠨᠢ ᠮᠤᠩᠭᠤᠯ ᠲᠦᠪᠡᠳ ᠤᠨ ᠱᠠᠰᠢᠨ ᠰᠤᠷᠳᠠᠬᠤᠨ ᠰᠤᠶᠤᠯ ᠤᠨ ᠰᠤᠯᠢᠯᠴᠠᠭᠠᠨ ᠤ | ᠦᠷ᠎ᠡ ᠪᠦᠳᠦᠭᠡᠯ ᠪᠤᠯᠬᠤ ᠪᠦᠭᠡᠳ ᠤᠳᠤ ᠪᠤᠯᠳᠠᠯ᠎ᠠ ᠲᠦᠷᠪᠡᠨ ᠵᠠᠭᠤᠨ ᠵᠢᠯ ᠤᠨ ᠲᠡᠦᠭᠡ ᠲᠠᠢ ᠪᠠᠶᠢᠵᠥ᠂ ᠱᠠᠰᠢᠨ | ᠰᠤᠷᠳᠠᠬᠤᠨ ᠤ ᠤᠯᠠᠮᠵᠢᠯᠠᠯ ᠢᠶᠠᠷ ᠭᠤᠤᠯ ᠠᠭᠤᠯᠭ᠎ᠠ ᠪᠤᠯᠭᠠᠵᠥ᠂ ︽ᠶᠡᠭᠡ ᠴᠠᠮ︾᠂ ︽ᠪᠠᠭ᠎ᠠ ᠴᠠᠮ︾ ᠭᠡᠵᠥ | ᠬᠤᠪᠢᠶᠠᠳᠠᠭ᠃ |