ᠵᠠᠷᠤᠳ ᠬᠤᠰᠢᠭᠤᠨ ᠤ 2019 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠴᠤᠬᠠᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠡᠯᠰᠡᠬᠦ ᠪᠢᠷ ᠤᠨ ᠰᠢᠯᠭᠠᠯᠳᠠ ᠬᠢᠬᠦ ᠮᠡᠳᠡᠭᠳᠡᠯ
ᠨᠡᠶᠢᠲᠡᠯᠡᠭᠰᠡᠨ ᠴᠠᠭ᠄
2019/7/4
   ︽ᠵᠠᠷᠤᠳ ᠬᠤᠰᠢᠭᠤᠨ ᠤ 2019 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠴᠤᠬᠠᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠡᠯᠰᠡᠬᠦ ᠠᠵᠢᠯ ᠤᠨ ᠬᠡᠷᠡᠭᠵᠢᠬᠦᠯᠬᠦ ᠲᠥᠰᠦᠯ︾ ︵ᠵᠠᠷᠤᠳ ᠨᠠᠮ ᠠᠯᠪᠠᠨ ᠦᠰᠦᠭᠳᠦ ﹇2019﹈ 31 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠨᠡᠷ᠎ᠡ ᠮᠡᠳᠡᠭᠦᠯᠬᠦ᠂ ᠬᠢᠷᠢ ᠬᠡᠮ ᠢ ᠨᠢ ᠬᠢᠨᠠᠨ ᠪᠠᠶᠢᠴᠠᠭᠠᠬᠤ ᠪᠠᠷ ᠳᠠᠮᠵᠢᠨ᠂ ᠤᠳᠤ ᠪᠢᠷ ᠤᠨ ᠰᠢᠯᠭᠠᠯᠳᠠ ᠶᠢᠨ ᠬᠤᠯᠪᠣᠭᠳᠠᠯ ᠪᠦᠬᠦᠢ ᠶᠠᠪᠤᠳᠠᠯ ᠢ ᠮᠡᠳᠡᠭᠳᠡᠶ᠎ᠡ᠄     ᠨᠢᠭᠡ᠂ ᠰᠢᠯᠭᠠᠬᠤ ᠴᠠᠭ     2019 ᠣᠨ 7 ᠰᠠᠷ᠎ᠠ ᠶᠢᠨ 10 ᠤ ᠡᠳᠦᠷ ᠤᠨ ᠦᠳᠡ ᠶᠢᠨ ᠡᠮᠦᠨ᠎ᠡ 9᠄ 00 — 11᠄ 00᠃     ᠬᠤᠶᠠᠷ᠂ ᠰᠢᠯᠭᠠᠬᠤ ᠭᠠᠵᠠᠷ     ᠵᠠᠷᠤᠳ ᠨᠢᠭᠡᠳᠦᠭᠡᠷ ᠳᠤᠮᠳᠠᠳᠤ ᠰᠤᠷᠭᠠᠭᠤᠯᠢ᠃     ᠭᠤᠷᠪᠠ᠂ ᠪᠢᠷ ᠤᠨ ᠰᠢᠯᠭᠠᠯᠳᠠ ᠶᠢᠨ ᠠᠭᠤᠯᠭ᠎ᠠ    ᠮᠣᠩᠭᠤᠯ ᠡᠮᠨᠡᠯᠭᠡ ᠶᠢᠨ ᠠᠵᠢᠯ ᠤᠨ ᠪᠠᠶᠢᠷᠢ ᠶᠢᠨ ᠰᠢᠯᠭᠠᠯᠳᠠ ᠶᠢᠨ ᠠᠭᠤᠯᠭ᠎ᠠ ᠨᠢ ᠮᠣᠩᠭᠤᠯ ᠡᠮᠨᠡᠯᠭᠡ ᠶᠢᠨ ᠰᠠᠭᠤᠷᠢ ᠮᠡᠳᠡᠯᠭᠡ ᠪᠠ ᠣᠯᠠᠨ ᠨᠡᠶᠢᠲᠡ ᠶᠢᠨ ᠰᠠᠭᠤᠷᠢ ᠮᠡᠳᠡᠯᠭᠡ ᠪᠠᠶᠢᠵᠤ᠂ ᠮᠣᠩᠭᠤᠯ ᠢᠶᠠᠷ ᠰᠡᠳᠦᠪ ᠬᠠᠷᠢᠭᠤᠯᠤᠨ᠎ᠠ︔ ᠪᠤᠰᠤᠳ ᠠᠵᠢᠯ ᠤᠨ ᠪᠠᠶᠢᠷᠢ ᠶᠢᠨ ᠰᠢᠯᠭᠠᠯᠳᠠ ᠶᠢᠨ ᠠᠭᠤᠯᠭ᠎ᠠ ᠨᠢ ᠠᠨᠠᠭᠠᠬᠤ ᠤᠬᠠᠭᠠᠨ ᠤ ᠰᠠᠭᠤᠷᠢ ᠮᠡᠳᠡᠯᠭᠡ ︵ᠹᠢᠽᠢᠤᠯᠤᠬᠢ᠂ ᠡᠪᠡᠳᠴᠢᠨ ᠤ ᠵᠦᠢ᠂ ᠡᠮ ᠤᠨ ᠵᠦᠶ᠂ ᠠᠨᠠᠲ᠋ᠤᠮᠢ ᠶᠢᠨ ᠮᠡᠳᠡᠯᠬᠡ︶ ᠪᠠ ᠣᠯᠠᠨ ᠨᠡᠶᠢᠲᠡ ᠶᠢᠨ ᠰᠠᠭᠤᠷᠢ ᠮᠡᠳᠡᠯᠭᠡ ᠪᠠᠶᠢᠵᠤ᠂ ᠬᠢᠲᠠᠳ ᠢᠶᠠᠷ ᠰᠡᠳᠦᠪ ᠬᠠᠷᠢᠭᠤᠯᠤᠨ᠎ᠠ᠃     ᠲᠦᠷᠪᠡ᠂ ᠬᠤᠯᠪᠣᠭᠳᠠᠯ ᠪᠦᠬᠦᠢ ᠱᠠᠭᠠᠷᠳᠠᠯᠭ᠎ᠠ    ᠰᠢᠯᠭᠠᠭᠤᠯᠤᠭᠰᠠᠳ ᠡᠷᠬᠡᠪᠰᠢ 2019 ᠣᠨ 7 ᠰᠠᠷ᠎ᠠ ᠶᠢᠨ 9 ᠤ ᠡᠳᠦᠷ ︵ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 14᠄ 30 — 17᠄ 00︶ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ ᠢᠶᠠᠨ ᠠᠪᠴᠤ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠣᠯᠭᠤᠯᠲᠠ ᠪᠠ ᠴᠢᠳᠠᠪᠤᠷᠢᠲᠠᠨ ᠤ ᠦᠢᠯᠡᠴᠢᠡᠯᠬᠡᠨ ᠤ ᠲᠢᠩᠬᠢᠮ ︵ᠰᠢᠨ᠎ᠡ ᠠᠶᠠᠨᠴᠢᠳ ᠤᠨ ᠲᠡᠭᠡᠭᠡᠪᠦᠷᠢ ᠶᠢᠨ ᠥᠷᠲᠡᠭᠡ ᠶᠢᠨ ᠪᠠᠷᠠᠭᠤᠨ ᠲᠠᠯ᠎ᠠ 50 ᠮᠧᠲᠷ︶ ᠳᠤ ᠬᠦᠷᠴᠦ ᠰᠢᠯᠭᠠᠭᠤᠯᠬᠤ ᠦᠨᠡᠮᠯᠡᠯ ᠠᠪᠬᠤ ᠬᠡᠷᠡᠭᠲᠡᠶ᠃ ᠬᠤᠭᠤᠴᠠᠭ᠎ᠠ ᠬᠡᠳᠦᠷᠡᠭᠡᠳ ᠦᠨᠡᠮᠯᠡᠯ ᠢᠶᠠᠨ ᠠᠪᠤᠭᠰᠠᠨ ᠦᠭᠡᠢ ᠪᠠᠶᠢᠪᠠᠯ᠂ ᠰᠢᠯᠭᠠᠭᠤᠯᠬᠤ ᠡᠷᠬᠡ ᠪᠠᠨ ᠬᠠᠶᠠᠭᠰᠠᠨ ᠢᠶᠠᠷ ᠰᠢᠢᠳᠪᠦᠷᠢᠯᠡᠨ᠎ᠡ᠃      ᠬᠠᠷᠢᠯᠴᠠᠬᠤ ᠤᠲᠠᠰᠤ᠄ 0475 — 7226445᠃   ᠵᠠᠷᠤᠳ ᠬᠤᠰᠢᠭᠤᠨ ᠤ 2019 ᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠴᠤᠬᠠᠭ ᠲᠤᠰᠬᠠᠶ ᠮᠡᠷᠭᠡᠵᠢᠯ ᠤᠨ ᠴᠢᠳᠠᠪᠤᠷᠢᠲᠠᠨ ᠡᠯᠰᠡᠬᠦ ᠠᠵᠢᠯ ᠶᠢᠨ ᠤᠳᠤᠷᠢᠳᠬᠤ ᠳᠤᠭᠤᠢᠯᠠᠩ ᠤᠨ ᠠᠯᠪᠠᠨ ᠭᠡᠷ                                      2019 ᠣᠨ 7 ᠰᠠᠷ᠎ᠠ ᠶᠢᠨ 1 ᠤ ᠡᠳᠦᠷ    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号