| 9 ᠰᠠᠷ᠎ᠠ ᠶᠢᠨ 18 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠬᠢᠭᠡᠳ ᠣᠷᠴᠢᠨ ᠲᠣᠭᠤᠷᠢᠨ ᠤ | ᠡᠬᠢ ᠪᠠᠶᠠᠯᠢᠭ ᠤᠨ ᠠᠵᠢᠯ ᠤᠨ ᠵᠥᠪᠯᠡᠯ ᠤᠨ ᠡᠷᠬᠢᠯᠡᠭᠴᠢ ᠹᠦ᠋ ᠿᠦᠢ ᠾᠧᠩ ᠪᠠᠶᠢᠴᠠᠭᠠᠨ ᠰᠤᠳᠤᠯᠬᠤ ᠳᠤᠭᠤᠶᠢᠯᠠᠩ | ᠳᠠᠭᠠᠭᠤᠯᠤᠨ ᠵᠠᠷᠣᠳ ᠬᠤᠰᠢᠭᠤᠨ ᠳᠤ ᠢᠷᠡᠵᠦ ︽ᠲᠦᠩᠯᠢᠶᠣᠤ ᠬᠤᠲᠠ ᠶᠢᠨ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠳᠦᠷᠢᠮ︾ ︽ᠲᠦᠩᠯᠢᠶᠣᠤ ᠬᠤᠲᠠ ᠶᠢᠨ ᠬᠦᠷᠦᠰᠦ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ | ᠳᠦᠷᠢᠮ︾ ᠤᠨ ᠬᠠᠤᠯᠢ ᠲᠣᠭᠲᠠᠭᠠᠬᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠠᠭᠤᠳᠠᠯ ᠤᠨ ᠬᠤᠷᠠᠯ ᠬᠢᠪᠡ᠃ | ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠦᠷᠡᠪᠠᠲᠤ᠂ ᠳᠡᠳ᠋ ᠬᠤᠰᠢᠭᠤᠨ ᠳᠠᠷᠤᠭ᠎ᠠ ᠯᠢ ᠶᠦᠩ ᠬᠠᠢ᠂ ᠬᠤᠰᠢᠭᠤᠨ ᠳᠠᠷᠤᠭ᠎ᠠ ᠶᠢᠨ ᠲᠤᠰᠠᠯᠠᠭᠴᠢ | ᠴᠢᠨ ᠱᠠᠩ ᠵᠢᠶᠧ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠢᠴᠢ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ | ᠣᠷᠣᠯᠴᠠᠪᠠ᠃ | ᠯᠢ ᠶᠦᠩ ᠬᠠᠢ ᠰᠠᠭᠤᠳᠠᠯ ᠤᠨ ᠬᠤᠷᠠᠯ ᠳᠡᠭᠡᠷ᠎ᠡ ᠮᠠᠨ ᠤ ᠬᠤᠰᠢᠭᠤᠨ ᠤ ᠤᠰᠤᠨ ᠤ ᠪᠣᠬᠢᠷᠲᠤᠯ ᠢ ᠰᠡᠷᠭᠡᠶᠢᠯᠡᠨ | ᠵᠠᠰᠠᠬᠤ ᠪᠠ ᠬᠦᠷᠦᠰᠦ ᠰᠢᠷᠤᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠤᠨ ᠦᠨᠳᠦᠰᠦᠨ ᠪᠠᠶᠢᠳᠠᠯ᠂ | ᠲᠤᠷᠰᠢᠯᠭ᠎ᠠ ᠠᠷᠭ᠎ᠠ ᠬᠢᠳᠡᠯ ᠵᠢᠴᠢ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠬᠠᠷᠢᠭᠤ ᠮᠡᠳᠡᠭᠦᠯᠪᠡ᠃ ᠹᠦ᠋ | ᠿᠦᠢ ᠾᠧᠩ ᠮᠠᠨ ᠤ ᠬᠤᠰᠢᠭᠤᠨ ᠤ ᠤᠰᠤ ᠬᠦᠷᠦᠰᠦ ᠰᠢᠷᠤᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ | ᠦᠷᠨᠢᠭᠦᠯᠦᠭᠰᠡᠨ ᠳᠤ ᠭᠦᠶᠴᠡᠳ ᠨᠣᠲᠠᠯᠠᠪᠠ᠃ ᠲᠡᠷᠡ ᠵᠢᠭᠠᠪᠣᠷᠢᠯᠠᠭᠰᠠᠨ ᠨᠢ᠂ ᠵᠠᠷᠣᠳ ᠬᠤᠰᠢᠭᠤᠨ ᠤ ᠬᠢᠨ ᠤᠰᠤᠨ | ᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠬᠦᠷᠦᠰᠦ ᠰᠢᠷᠤᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠤᠨ | ᠪᠡᠷᠬᠡ ᠬᠠᠲᠠᠭᠤᠵᠢᠯᠲᠠᠶ ᠴᠢᠨᠠᠷ ᠪᠠ ᠪᠣᠳᠣᠯᠢᠶᠠᠨᠲᠠᠢ ᠴᠢᠨᠠᠷ ᠢ ᠦᠨᠡᠨᠬᠦ ᠰᠠᠶᠢᠲᠤᠷ ᠠᠳᠬᠤᠵᠤ᠂ ᠤᠰᠤ᠂ ᠬᠦᠷᠦᠰᠦ | ᠰᠢᠷᠣᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠠᠤᠯᠢ | ᠴᠠᠭᠠᠵᠠ ᠳᠥᠷᠢᠮ ᠲᠣᠭᠲᠠᠭᠠᠯ ᠢ ᠴᠢᠩᠭ᠎ᠠ ᠵᠢᠷᠤᠮᠯᠠᠵᠤ᠂ ᠤᠰᠤ᠂ ᠬᠦᠷᠦᠰᠦ ᠰᠢᠷᠤᠢ ᠶᠢᠨ ᠪᠣᠬᠢᠷᠳᠣᠯ ᠢ ᠰᠡᠷᠭᠡᠶᠢᠯᠡᠨ | ᠵᠠᠰᠠᠬᠤ ᠠᠵᠢᠯ ᠶᠢᠨ ᠳᠤᠮᠳᠠᠬᠢ ᠰᠠᠶᠢᠨ ᠲᠤᠷᠰᠢᠯᠭ᠎ᠠ᠂ ᠰᠠᠶᠢᠨ ᠠᠷᠭ᠎ᠠ ᠬᠢᠳᠡᠯ ᠢᠶᠠᠨ ᠭᠦᠶᠴᠡᠳ ᠳ᠋ᠦᠩᠨᠡᠵᠦ᠂ ᠨᠠᠩ | ᠥᠨᠳᠥᠷ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠭᠢᠯᠭᠡ ᠪᠠᠷ ᠲᠠᠰᠤᠷᠠᠯᠲᠠ ᠥᠬᠡᠶ ᠬᠠᠶᠢᠨ | ᠰᠦᠪᠡᠭᠴᠢᠯᠡᠵᠦ ᠰᠢᠨ᠎ᠡ ᠶᠢ ᠡᠭᠦᠳᠴᠦ᠂ ᠲᠦᠩᠯᠢᠶᠣᠤ ᠬᠤᠲᠠ ᠶᠢᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ | ᠪᠠ ᠬᠦᠷᠣᠰᠦ ᠰᠢᠷᠤᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠬᠠᠤᠯᠢ ᠲᠣᠭᠲᠠᠭᠠᠬᠤ ᠠᠵᠢᠯ ᠳᠤ ᠬᠤᠪᠢ ᠨᠡᠮᠡᠷᠢ | ᠦᠵᠡᠭᠦᠯᠬᠦ ᠬᠡᠷᠡᠭᠲᠡᠶ ᠭᠡᠪᠡ᠃ | ᠦᠷᠡᠪᠠᠲᠤ ᠢᠯᠡᠷᠬᠡᠶᠢᠯᠡᠬᠦ ᠳᠡᠭᠡᠨ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠪᠠ ᠬᠦᠷᠦᠰᠦ ᠰᠢᠷᠤᠢ ᠶᠢᠨ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠪᠣᠯ ᠣᠷᠴᠢᠨ ᠲᠣᠭᠤᠷᠢᠨ ᠤ ᠪᠣᠬᠢᠷᠲᠤᠯ ᠪᠠ ᠠᠷᠠᠳ | ᠤᠨ ᠠᠮᠢᠳᠤᠷᠠᠯ ᠤᠨ ᠠᠰᠠᠭᠤᠳᠠᠯ ᠢ ᠰᠢᠶᠳᠪᠦᠷᠢᠯᠡᠬᠦ ᠶᠢᠨ ᠵᠠᠩᠭᠢᠯᠠᠭ᠎ᠠ ᠮᠥᠨ᠂ ᠪᠥᠬᠦ ᠬᠤᠰᠢᠭᠤᠨ ᠤ ᠠᠵᠤ ᠠᠬᠤᠶ | ᠨᠡᠶᠢᠭᠡᠮ ᠤᠨ ᠦᠷᠭᠦᠯᠵᠢᠯᠡᠨ ᠬᠥᠭᠵᠢᠯᠲᠡ ᠶᠢ ᠠᠬᠢᠭᠤᠯᠬᠤ ᠶᠢᠨ ᠴᠢᠬᠤᠯᠠ ᠪᠠᠲᠤᠯᠠᠭ᠎ᠠ ᠮᠥᠨ᠃ ᠬᠤᠶᠢᠰᠢᠳᠠ ᠮᠠᠨ ᠤ | ᠬᠤᠰᠢᠭᠤ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠰᠤᠨ ᠤ ᠡᠬᠢ ᠰᠤᠷᠪᠤᠯᠵᠢ ᠶᠢᠨ | ᠬᠠᠮᠠᠭᠠᠯᠠᠯᠲᠠ ᠬᠠᠮᠢᠶᠠᠷᠤᠯᠲᠠ ᠪᠠᠨ ᠴᠢᠩᠭᠠᠳᠬᠠᠨ᠂ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠬᠦᠷᠢᠶ᠎ᠡ | ᠬᠡᠪᠴᠢᠶ᠎ᠡ ᠪᠠᠨ ᠥᠷᠭᠡᠳᠬᠡᠵᠦ᠂ ᠵᠠᠯᠬᠠᠭᠠᠨ ᠰᠢᠶᠳᠬᠡᠬᠦ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠤᠰᠤᠨ ᠤ ᠡᠬᠢ | ᠰᠤᠷᠪᠤᠯᠵᠢ ᠶᠢ ᠪᠣᠬᠢᠷᠳᠣᠭᠤᠯᠣᠭᠰᠠᠨ ᠵᠠᠯᠬᠠᠭᠠᠨ ᠰᠢᠶᠳᠬᠡᠬᠦ ᠡᠷᠴᠢᠮ ᠢᠶᠠᠨ ᠴᠢᠩᠭᠠᠷᠠᠭᠤᠯᠵᠤ᠂ ᠭᠠᠵᠠᠷ ᠳᠣᠤᠷᠠᠬᠢ | ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠲᠣᠳᠣᠷᠬᠠᠶᠢᠯᠠᠨ᠂ ᠭᠠᠵᠠᠷ | ᠳᠣᠤᠷᠠᠬᠢ ᠤᠰᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠨ᠎ᠠ᠃ | ᠬᠦᠷᠦᠰᠦ ᠰᠢᠷᠤᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠲᠠᠯ᠎ᠠ ᠪᠠᠷ᠂ ︽ᠰᠡᠷᠭᠡᠶᠢᠯᠡᠬᠦ ᠪᠠᠷ ᠭᠤᠣᠯ ᠪᠣᠯᠭᠠᠬᠤ᠂ | ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠲᠥᠷᠥᠯ ᠬᠤᠪᠢᠶᠠᠨ ᠬᠠᠮᠢᠶᠠᠷᠬᠤ᠂ ᠪᠣᠬᠢᠷᠳᠣᠭᠤᠯᠣᠭᠰᠠᠨ ᠪᠣᠯ | ᠬᠠᠷᠢᠭᠤᠴᠠᠯᠭ᠎ᠠ ᠡᠭᠦᠷᠭᠡᠯᠡᠬᠦ︾ ᠵᠠᠷᠴᠢᠮ ᠢᠶᠠᠷ᠂ ᠬᠦᠷᠦᠰᠦ ᠰᠢᠷᠣᠢ ᠶᠢᠨ ᠪᠣᠬᠢᠷᠳᠣᠯ ᠤᠨ ᠣᠷᠣᠨ ᠪᠦᠰᠡ ᠶᠢ ᠳᠡᠰ | ᠬᠤᠪᠢᠶᠠᠬᠤ᠂ ᠰᠡᠷᠭᠡᠶᠢᠯᠡᠨ ᠵᠠᠰᠠᠬᠤ ᠲᠦᠯᠦᠪᠵᠢᠭᠦᠯᠭᠡ᠂ ᠬᠠᠷᠢᠭᠤᠴᠠᠯᠭ᠎ᠠ ᠶᠢ ᠲᠣᠭᠲᠠᠭᠠᠬᠤ᠂ ᠴᠡᠭᠴᠡᠯᠡᠨ ᠵᠠᠰᠠᠬᠤ | ᠵᠠᠷᠤᠳᠠᠯ ᠢ ᠡᠭᠦᠷᠭᠡᠯᠡᠬᠦ ᠵᠡᠷᠭᠡ ᠡᠯ᠎ᠡ ᠵᠦᠶᠯ ᠤᠨ ᠠᠵᠢᠯ ᠢ ᠰᠠᠶᠢᠲᠤᠷ ᠬᠢᠬᠦ ᠬᠡᠷᠡᠭᠲᠡᠶ ᠭᠡᠪᠡ᠃ | ᠰᠠᠭᠤᠳᠠᠯ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠳ ᠪᠦᠬᠦ ᠬᠤᠰᠢᠭᠤᠨ ᠤ ᠤᠰᠤ᠂ ᠬᠦᠷᠦᠰᠦ | ᠰᠢᠷᠤᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠰᠠᠶᠢᠨ ᠰᠠᠨᠠᠯ ᠰᠠᠨᠠᠭᠤᠯᠭ᠎ᠠ | ᠳᠤᠷᠠᠳᠪᠠ᠃ |