ᠵᠠᠷᠤᠳ ᠬᠤᠰᠢᠭᠤ ᠤᠲᠤ ᠦᠶ᠎ᠡ ᠶᠢᠨ ᠮᠠᠯ ᠠᠵᠦ ᠠᠬᠤᠢ ᠶᠢᠨ ᠬᠦᠭᠵᠢᠯᠳᠡ ᠶᠢᠨ ᠠᠬᠢᠴᠠ ᠪᠠᠨ ᠲᠦᠷᠭᠡᠳᠭᠡᠵᠤ ᠪᠤᠢ
ᠨᠡᠶᠢᠲᠡᠯᠡᠭᠰᠡᠨ ᠴᠠᠭ᠄
2019/9/23
   ᠵᠢᠯ ᠤᠨ ᠡᠬᠢᠨ ᠠᠴᠠ ᠨᠠᠭᠠᠰᠢ᠂ ᠵᠠᠷᠤᠳ ᠬᠤᠰᠢᠭᠤ 304 ᠤᠯᠤᠰ ᠤᠨ ᠵᠠᠮ ᠤᠨ ᠳᠠᠭᠠᠤ ᠤᠳᠤ ᠦᠶ᠎ᠡ ᠶᠢᠨ ᠮᠠᠯ ᠠᠵᠦ ᠠᠬᠤᠢ ᠶᠢᠨ ᠲᠠᠭᠤᠷᠢᠶᠠᠯ ᠦᠵᠡᠭᠦᠯᠬᠦ ᠪᠦᠰᠡ ᠶᠢᠨ ᠪᠠᠶᠢᠭᠤᠯᠤᠯᠳᠠ ᠶᠢ ᠲᠦᠷᠭᠡᠳᠭᠡᠵᠤ᠂ ᠤᠳᠤ ᠦᠶ᠎ᠡ ᠶᠢᠨ ᠮᠠᠯ ᠠᠵᠦ ᠠᠬᠤᠢ ᠶᠢᠨ ᠬᠦᠭᠵᠢᠯᠳᠡ ᠪᠠᠨ ᠠᠬᠢᠭᠤᠯᠵᠤ ᠪᠤᠢ᠃    ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠡ ᠪᠠᠨ ᠶᠡᠬᠡᠰᠭᠡᠵᠤ᠂ ᠮᠠᠯ ᠠᠵᠤ ᠠᠬᠤᠢ ᠶᠢᠨ ᠬᠦᠭᠵᠢᠯᠳᠡ ᠶᠢ ᠠᠬᠢᠭᠤᠯᠪᠠ᠃ ᠲᠦᠷᠦ ᠶᠢᠨ ᠪᠤᠳᠤᠯᠭ᠎ᠠ ᠪᠠᠷ ᠲᠡᠳᠬᠦᠬᠦ ᠪᠠ ᠲᠦᠷᠦᠯ ᠵᠦᠢᠯ ᠢᠶᠠᠷ ᠲᠡᠳᠭᠦᠬᠦ ᠪᠠᠷ ᠲᠠᠮᠵᠢᠨ᠂ ᠫᠧᠩ ᠰᠠᠷᠠᠪᠴᠢ᠂ ᠵᠤᠭᠤᠷᠢ ᠬᠦᠮᠦᠷᠭᠡ ᠵᠡᠷᠭᠡ ᠲᠠᠯ᠎ᠠ ᠶᠢᠨ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢᠨ ᠬᠦᠴᠦᠯᠡᠴᠡ ᠪᠠᠨ ᠶᠡᠬᠡᠰᠭᠡᠵᠤ᠂ ᠮᠠᠯ ᠠᠵᠤ ᠠᠬᠤᠢ ᠶᠢᠨ ᠬᠦᠭᠵᠢᠯᠳᠡ ᠶᠢ ᠠᠬᠢᠭᠤᠯᠪᠠ᠃ ᠪᠡᠯᠴᠢᠭᠡᠷ ᠮᠠᠯ ᠠᠵᠦ ᠠᠬᠤᠢ ᠶᠢᠨ ᠲᠤᠷᠰᠢᠯᠳᠠ ᠶᠢᠨ ᠴᠡᠭ ᠤᠨ ᠲᠦᠷᠦᠯ ᠵᠦᠢᠯ ᠢ ᠬᠡᠷᠡᠭᠵᠢᠭᠦᠯᠪᠡ᠃ ᠵᠠᠷᠤᠳ ᠬᠤᠰᠢᠭᠤ 3280 ᠲᠦᠮᠡᠨ ᠲᠦᠭᠦᠷᠢᠭ ᠵᠠᠷᠤᠴᠠᠭᠤᠯᠤᠨ᠂ 2000 ᠳᠡᠭᠰᠢ ᠳᠦᠷᠪᠠᠯᠵᠢᠠ  ᠮᠧᠲᠷ ᠡᠪᠡᠰᠦ ᠪᠤᠷᠳᠤᠭ᠎ᠠ ᠬᠠᠳᠠᠭᠠᠯᠠᠬᠤ ᠬᠦᠮᠦᠷᠭᠡ ᠪᠠ 1000 ᠳᠡᠭᠰᠢ ᠳᠦᠷᠪᠠᠯᠵᠢᠠ  ᠮᠧᠲᠷ‌ᠡᠪᠡᠰᠦ ᠪᠤᠷᠤᠯᠠᠭᠤᠯᠬᠤ ᠲᠠᠰᠤᠭ ᠪᠠᠶᠢᠭᠤᠯᠤᠨ᠂ 5 ᠰᠠᠭᠤᠷᠢ ᠮᠠᠰᠢᠨᠴᠢᠯᠠᠯᠳᠠ ᠶᠢᠨ ᠰᠠᠭᠤᠷᠢ ᠲᠦᠭᠦᠭᠡᠷᠦᠮᠵᠢ ᠬᠤᠳᠠᠯᠳᠤᠨ ᠠᠪᠴᠦ᠂ 4.75 ᠲᠦᠮᠡᠨ ᠲᠤᠨ ᠬᠦᠬᠡ ᠪᠤᠷᠳᠤᠭ᠎ᠠ ᠶᠢᠨ ᠨᠦᠬᠦᠪᠤᠷᠢ ᠶᠢ ᠲᠠᠷᠬᠠᠭᠠᠪᠠ᠃ ᠨᠦᠬᠦᠪᠤᠷᠢ ᠮᠥᠡᠭᠬᠦ ᠶᠢ ᠴᠠᠭ ᠲᠤᠬᠠᠢ ᠳᠤᠨᠢ ᠲᠠᠷᠬᠠᠭᠠᠵᠤ᠂ ᠨᠤᠳᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠪᠠ᠃ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠵᠤ᠂ ᠨᠤᠳᠤᠭ ᠪᠡᠯᠴᠢᠭᠡᠷ ᠤᠨ ᠠᠮᠢ ᠠᠬᠤᠢ ᠶᠢᠨ ᠰᠡᠷᠬᠦᠭᠡᠯᠳᠡ ᠶᠢ ᠲᠦᠷᠭᠡᠳᠭᠡᠬᠦ ᠪᠠ ᠮᠠᠯᠴᠢᠳ ᠤᠨ ᠤᠷᠤᠯᠭ᠎ᠠ ᠦᠷᠬᠦᠯᠵᠢᠯᠡᠨ ᠨᠡᠮᠡᠭᠳᠡᠬᠦ ᠶᠢ ᠠᠬᠢᠭᠤᠯᠬᠤ ᠶᠢᠨ ᠲᠤᠰᠡᠳᠡ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠦᠷᠭᠡᠳᠭᠡᠨ ᠪᠠᠶᠢᠭᠤᠯᠵᠤ᠂ 1140 ᠲᠦᠮᠡᠨ ᠲᠦᠭᠦᠷᠢᠭ ᠵᠠᠷᠤᠴᠠᠭᠤᠯᠤᠨ᠂ ᠪᠤᠷᠳᠤᠭ᠎ᠠ ᠪᠤᠯᠪᠠᠰᠤᠷᠠᠭᠤᠯᠬᠤ ᠲᠠᠰᠤᠭ᠂ ᠫᠧᠩ ᠰᠠᠷᠠᠪᠴᠢ ᠪᠠ ᠲᠠᠷᠢᠶᠠᠯᠠᠩ ᠤᠨ ᠮᠠᠰᠢᠨ ᠬᠤᠳᠠᠯᠳᠤᠨ ᠠᠪᠤᠪᠠ᠃    ᠬᠤᠶᠢᠳᠦ ᠬᠡᠰᠡᠭ ᠤᠨ ᠮᠠᠯᠵᠢᠬᠤ ᠤᠷᠤᠨ ᠳᠤ ᠤᠳᠣ ᠦᠶ᠎ᠡ ᠶᠢᠨ ᠮᠠᠯ ᠠᠵᠦ ᠠᠬᠤᠢ ᠶᠢᠨ ᠪᠦᠳᠦᠴᠡ ᠶᠢᠨ ᠲᠤᠬᠢᠷᠠᠭᠤᠯᠤᠯᠳᠠ ᠬᠢᠪᠡ᠃ 1500 ᠲᠦᠮᠡᠨ ᠲᠦᠭᠦᠷᠢᠭ ᠵᠠᠷᠤᠴᠠᠭᠤᠯᠤᠨ᠂ ᠬᠤᠶᠢᠳᠦ ᠬᠡᠰᠡᠭ ᠤᠨ ᠮᠠᠯᠵᠢᠬᠤ ᠤᠷᠤᠨ ᠳᠤ 345 ᠲᠤᠯᠠᠭᠠᠨ ᠫᠸᠡᠭ ᠰᠠᠷᠠᠪᠴᠢ ᠪᠠᠶᠢᠭᠤᠯᠪᠠ᠃ ᠢᠴᠡᠭᠡᠯ ᠦᠷ᠎ᠠ ᠶᠢᠨ ᠬᠡᠬᠡᠯᠳᠦᠬᠦᠯᠭᠡ ᠶᠢᠨ ᠠᠵᠢᠯ ᠢ ᠰᠠᠶᠢᠳᠤᠷ ᠠᠳᠬᠤᠵᠤ᠂ ᠮᠠᠯ ᠲᠡᠵᠢᠭᠡᠪᠤᠷᠢ ᠶᠢᠨ ᠰᠢᠯᠢᠳᠡᠭ ᠡᠬᠦᠯᠳᠡᠷ ᠤᠨ ᠢᠨᠵᠧᠨᠧᠷᠢᠩ ᠢ ᠲᠦᠷᠭᠡᠳᠭᠡᠨ ᠬᠡᠷᠡᠭᠵᠢᠬᠦᠯᠪᠡ᠃ ᠤᠯᠠᠭᠠᠨ ᠦᠭᠡᠷ ᠤᠨ ᠢᠴᠡᠭᠡᠯ ᠦᠷ᠎ᠠ ᠶᠢᠨ ᠬᠡᠬᠡᠯᠳᠦᠬᠦᠯᠭᠡ ᠶᠢᠨ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠵᠤ᠂ ᠮᠠᠯ ᠲᠡᠵᠢᠭᠡᠪᠤᠷᠢ ᠶᠢᠨ ᠰᠢᠯᠢᠳᠡᠭ ᠡᠬᠦᠯᠳᠡᠷ ᠤᠨ ᠢᠨᠵᠧᠨᠧᠷᠢᠩ ᠤᠨ ᠠᠬᠢᠴᠡ ᠶᠢ ᠲᠦᠷᠭᠡᠳᠭᠡᠨ ᠬᠡᠷᠡᠭᠵᠢᠬᠦᠯᠬᠦ ᠶᠢᠨ ᠲᠤᠰᠡᠳᠡ᠂ ᠲᠤᠰ ᠬᠤᠰᠢᠭᠤ ᠮᠡᠷᠭᠡᠵᠢᠯ ᠤᠨ ᠠᠵᠢᠯᠳᠠᠨ ᠤ ᠪᠤᠯᠪᠠᠰᠤᠷᠠᠯ᠂ ᠦᠷ᠎ᠠ ᠶᠢᠨ ᠪᠤᠬ᠎ᠠ ᠶᠢ ᠴᠡᠪᠡᠷᠯᠡᠬᠦ᠂ ᠢᠴᠡᠭᠡᠯ ᠦᠷ᠎ᠠ ᠶᠢᠨ ᠬᠡᠬᠡᠯᠳᠦᠬᠦᠯᠭᠡ ᠶᠢᠨ ᠦᠷᠳᠡᠭᠡ ᠴᠡᠭ ᠤᠨ ᠪᠠᠶᠢᠷᠢᠯᠠᠭᠤᠯᠤᠯᠳᠠ ᠵᠡᠷᠭᠡ ᠲᠠᠯ᠎ᠠ ᠠᠴᠠ ᠭᠠᠷᠳᠠᠵᠤ᠂ ᠤᠯᠠᠭᠠᠨ ᠦᠭᠡᠷ ᠤᠨ ᠢᠴᠡᠭᠡᠯ ᠦᠷ᠎ᠠ ᠶᠢᠨ ᠬᠡᠬᠡᠯᠳᠦᠬᠦᠯᠭᠡ ᠶᠢᠨ ᠠᠵᠢᠯ ᠤᠨ ᠤᠷᠤᠭᠰᠢᠳᠠᠢ ᠶᠡᠪᠤᠬᠳᠡᠬᠤ ᠶᠢ ᠠᠬᠢᠭᠤᠯᠤᠬᠰᠡᠨ ᠪᠠᠶᠢᠨ᠎ᠡ᠃ ᠤᠳᠤᠬᠠᠨ ᠪᠤᠯᠳᠠᠯ᠎ᠠ᠂ ᠤᠯᠠᠭᠠᠨ ᠦᠬᠡᠷ ᠤᠨ ᠢᠴᠡᠭᠡᠯ ᠦᠷ᠎ᠡ ᠶᠢᠨ ᠬᠡᠭᠡᠯᠳᠦᠭᠦᠯᠭᠡ ᠶᠢᠨ ᠦᠷᠳᠡᠭᠡ ᠶᠢ 710 ᠪᠠᠶᠢᠭᠤᠯᠤᠨ᠂ 4200 ᠲᠤᠯᠤᠭᠠᠢ ᠪᠤᠬ᠎ᠠ ᠶᠢ ᠴᠡᠪᠡᠷᠯᠡᠨ᠂ 7.2 ᠲᠦᠮᠡᠨ ᠲᠤᠯᠤᠭᠠᠢ ᠦᠨᠢᠶ᠎ᠡ ᠳᠤ ᠢᠴᠡᠭᠡᠯ ᠦᠷ᠎ᠠ ᠶᠢᠨ ᠬᠡᠬᠡᠯᠳᠦᠬᠦᠯᠭᠡ ᠬᠢᠪᠡ᠃ ᠬᠤᠨᠢᠨ ᠤ ᠬᠦᠪᠦᠷᠡᠯ ᠰᠢᠯᠵᠢᠬᠦᠯᠬᠦ ᠠᠵᠢᠯ ᠤᠨ ᠲᠠᠯ᠎ᠠ ᠪᠠᠷ᠂ ᠵᠠᠷᠤᠳ ᠬᠤᠰᠢᠭᠤ ᠳᠡᠭᠡᠷ᠎ᠡ ᠬᠠᠭᠠᠰ ᠵᠢᠯ ᠳᠤ 2800 ᠭᠠᠷᠤᠢ ᠬᠤᠨᠢᠨ ᠳᠤ ᠬᠦᠪᠦᠷᠡᠯ ᠰᠢᠯᠵᠢᠬᠦᠯᠬᠦ ᠠᠵᠢᠯ ᠬᠢᠪᠡ᠃ 
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号