| ᠠᠯᠳᠠᠨ ᠨᠠᠮᠤᠷ ᠵᠠᠷᠤᠳ ᠬᠤᠰᠢᠭᠤᠨ ᠤ ᠳᠠᠯ᠎ᠠ ᠨᠤᠳᠤᠭ ᠤᠨ ᠰᠤᠶᠤᠯ ᠵᠤᠭᠠᠴᠠᠯ ᠤᠨ ᠡᠬᠢ ᠪᠠᠶᠠᠯᠢᠭ ᠤᠨ | ᠳᠡᠨᠢᠯᠴᠠᠭᠤᠯᠭᠠ ᠶᠢᠨ ᠦᠵᠡᠬᠦᠯᠭᠡ ᠨᠢ ᠪᠡᠭᠡᠵᠢᠩ ᠬᠤᠳᠠ ᠶᠢᠨ ᠬᠦᠮᠦᠰ ᠤᠨ ᠰᠤᠨᠢᠷᠬᠠᠯ ᠢ ᠳᠠᠳᠠᠯ᠎ᠠ᠃ | | ᠪᠡᠭᠡᠵᠢᠩ ᠬᠤᠳᠠ ᠶᠢᠨ ᠶᠠᠨ ᠴᠢᠩ ᠳᠤᠭᠤᠷᠢᠭ ᠤᠨ ᠬᠦᠢ ᠱᠦᠢ ᠨᠠᠭᠤᠷ ᠤᠨ ᠬᠦᠪᠡᠭᠡᠨ ᠳᠤ᠂ ︽ᠳᠡᠯ᠎ᠠ | ᠨᠤᠳᠤᠭ ᠤᠨ ᠬᠢᠨ ᠲᠠᠢ ᠭᠠᠷ ᠬᠤᠯᠪᠤᠯᠴᠠᠵᠦ ᠬᠦᠰᠡᠯ ᠢᠶᠠᠨ ᠳᠡᠷᠭᠡᠯᠰᠢᠬᠦᠯᠦᠶᠠ︾ ᠭᠤᠤᠯ ᠰᠡᠳᠤᠪᠳᠤ 2019 | ᠤᠨ ᠤ ᠪᠡᠭᠡᠵᠢᠩ ᠤᠨ ᠤᠯᠠᠨ ᠤᠯᠤᠰ ᠤᠨ ᠴᠡᠴᠡᠷᠯᠢᠭ ᠤᠨ ᠤᠷ᠎ᠠ ᠮᠡᠷᠭᠡᠵᠢᠯ ᠤᠨ ᠦᠵᠡᠬᠦᠯᠭᠡ ᠶᠢᠨ ᠳᠦᠡᠭᠯᠢᠶᠤᠤ | ᠬᠤᠳᠠ ᠵᠢᠴᠢ ᠵᠠᠷᠤᠳ ᠬᠤᠰᠢᠭᠤᠨ ᠤ ᠠᠵᠢᠯᠯᠠᠭ᠎ᠠ ᠶᠢᠨ ᠡᠳᠦᠷ ᠬᠦᠰᠢᠭᠡ ᠪᠠᠨ ᠢᠷᠡᠯ᠎ᠠ᠃ ᠳᠤᠰ ᠤᠳᠠᠭᠠᠨ ᠤ | ᠦᠵᠡᠬᠦᠯᠭᠡ ᠶᠢ ᠳᠦᠡᠭᠯᠢᠶᠤᠤ ᠬᠤᠳᠠ ᠶᠢᠨ ᠵᠠᠰᠠᠭ ᠤᠨ ᠤᠷᠳᠤᠨ᠂ ᠦᠪᠤᠷ ᠮᠤᠩᠭᠤᠯ ᠤᠨ ᠦᠪᠡᠷᠳᠡᠬᠡᠨ ᠵᠠᠰᠠᠬᠤ | ᠤᠷᠤᠨ ᠤ ᠠᠷᠠᠯᠵᠢᠶ᠎ᠠ ᠶᠢ ᠠᠬᠢᠭᠤᠯᠬᠤ ᠵᠦᠪᠯᠡᠯ ᠠᠴᠠ ᠭᠤᠤᠯᠯᠠᠨ ᠡᠷᠬᠢᠯᠡᠵᠦ᠂ ᠳᠦᠡᠭᠯᠢᠶᠤᠤ ᠬᠤᠳᠠ ᠶᠢᠨ | ᠬᠤᠳᠠᠯᠳᠤᠭᠠᠨ ᠤ ᠶᠠᠪᠤᠳᠠᠯ ᠤᠨ ᠳᠤᠪᠴᠢᠶ᠎ᠠ᠂ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠴᠠ | ᠳᠠᠭᠠᠭᠠᠴᠢᠯᠠᠨ ᠡᠷᠬᠢᠯᠡᠪᠡ᠃ ᠳᠤᠰ ᠤᠳᠠᠭᠠᠨ ᠤ ᠦᠵᠡᠬᠦᠯᠭᠡ ᠳᠤ ᠵᠠᠷᠤᠳ ᠬᠤᠰᠢᠭᠤᠨ ᠤ ᠰᠤᠶᠤᠯ ᠵᠤᠭᠠᠴᠠᠯ ᠤᠨ | ᠡᠬᠢ ᠪᠠᠶᠠᠯᠢᠭ ᠤᠨ ᠳᠡᠨᠢᠯᠴᠠᠭᠤᠯᠭᠠ᠂ ᠤᠯᠠᠭᠠᠨᠮᠦ᠋ᠴᠢᠷ ᠤᠨ ᠳᠤᠭᠯᠠᠯᠳᠠ᠂ ᠦᠨᠳᠦᠰᠦᠳᠡᠨ ᠤ ᠪᠠᠷ ᠵᠢᠷᠤᠭ ᠪᠤᠯᠤᠨ | ᠬᠡᠷᠡᠯ ᠵᠢᠷᠤᠭ ᠤᠨ ᠦᠵᠡᠬᠦᠯᠭᠡ᠂ ᠦᠨᠳᠦᠰᠦᠳᠡᠨ ᠤ ᠤᠨᠴᠠᠯᠢᠭ ᠲᠠᠢ ᠳᠠᠸᠠᠷ ᠤᠨ ᠪᠤᠷᠤᠯᠠᠭᠤᠯᠭ᠎ᠠ ᠶᠢᠨ ᠠᠵᠢᠯᠯᠠᠭ᠎ᠠ | ᠦᠷᠨᠢᠬᠦᠯᠦᠭᠰᠡᠨ ᠪᠠᠶᠢᠨ᠎ᠠ᠃ | ᠵᠠᠷᠤᠳ ᠬᠤᠰᠢᠭᠤᠨ ᠤ ᠤᠯᠠᠭᠠᠨᠮᠦ᠋ᠴᠢᠷ ᠪᠤᠯᠤᠨ ᠰᠤᠶᠤᠯ ᠤᠨ ᠬᠡᠷ ᠤᠨ ᠳᠤᠭᠯᠠᠭᠴᠢᠳ ᠠᠬᠤᠢ ᠳᠠᠯᠠᠪᠠᠢ ᠶᠢᠨ | ᠦᠵᠡᠭᠴᠢᠳ ᠲᠤ ᠭᠤᠴᠤ ᠰᠠᠶᠢᠬᠠᠨ ᠤᠷᠠᠨ ᠰᠠᠶᠢᠬᠠᠠᠨ ᠤ ᠳᠤᠭᠯᠠᠯᠳᠠ ᠭᠠᠷᠭᠠᠯ᠎ᠠ᠃ ᠬᠦᠭᠵᠢᠶᠡᠨᠳᠦ ᠪᠦᠵᠢᠭ᠂ ᠳᠠᠯ᠎ᠠ | ᠨᠤᠳᠤᠭ ᠤᠨ ᠠᠶ᠎ᠠ ᠳᠠᠭᠤᠤ᠂ ᠮᠤᠷᠢᠨ ᠬᠤᠭᠤᠷ ᠤᠨ ᠡᠭᠡᠰᠢᠭ᠂ ᠦᠡᠭᠭᠡ ᠢᠯᠭᠠᠷᠠᠮ᠎ᠠ ᠦᠨᠳᠦᠰᠦᠳᠡᠨ ᠤ ᠬᠤᠪᠴᠠᠰᠤ | ᠵᠠᠰᠠᠯ ᠤᠨ ᠦᠵᠡᠬᠦᠯᠭᠡ ᠨᠢ ᠪᠡᠭᠡᠵᠢᠩ ᠬᠤᠳᠠ ᠶᠢᠨ ᠬᠦᠮᠦᠨ ᠠᠷᠠᠳ ᠤᠨ ᠬᠠᠷᠠᠭ᠎ᠠ ᠰᠤᠨᠤᠷ ᠢ ᠮᠢᠯᠢᠶᠠᠪᠠ᠃ | | | | ᠳᠤᠰ ᠦᠵᠡᠬᠦᠯᠭᠡ ᠨᠢ ᠵᠠᠷᠤᠳ ᠬᠤᠰᠢᠭᠤᠨ ᠤ ᠠᠮᠢ ᠠᠬᠤᠢ ᠶᠢᠨ ᠦᠵᠡᠮᠵᠢ ᠶᠢ ᠳᠡᠯᠭᠡᠨ ᠦᠵᠡᠬᠦᠯᠵᠦ᠂ | ᠰᠤᠶᠤᠯ ᠤᠨ ᠰᠤᠯᠢᠯᠴᠠᠭ᠎ᠠ ᠶᠢ ᠠᠬᠢᠭᠤᠯᠤᠨ᠂ ᠠᠷᠠᠯᠵᠢᠶ᠎ᠠ ᠬᠤᠳᠠᠯᠳᠤᠭ᠎ᠠ ᠶᠢᠨ ᠬᠠᠮᠳᠤᠷᠠᠯᠴᠠᠭ᠎ᠠ ᠶᠢ | ᠴᠢᠩᠭᠠᠳᠬᠠᠬᠤ ᠳᠤ ᠴᠢᠬᠤᠯᠠ ᠪᠦᠬᠦᠢ ᠳᠠᠪᠴᠠᠩ ᠬᠠᠨᠭ᠍ᠭᠠᠵᠦ᠂ ᠵᠠᠷᠤᠳ ᠬᠤᠰᠢᠭᠤᠨ ᠤ ᠨᠡᠷ᠎ᠠ ᠨᠦᠯᠦᠭᠡ ᠶᠢ | ᠨᠡᠮᠡᠭᠳᠡᠬᠦᠯᠵᠦ᠂ ᠵᠠᠷᠤᠳ ᠬᠤᠰᠢᠭᠤᠨ ᠤ ᠠᠵᠦ ᠠᠬᠤᠢ ᠨᠡᠶᠢᠭᠡᠮ ᠤᠨ ᠬᠦᠭᠵᠢᠯᠳᠡ ᠳᠤ ᠰᠢᠨ᠎ᠠ ᠠᠮᠢᠯᠠᠯ ᠤᠨ ᠬᠦᠴᠦᠨ | ᠨᠡᠮᠡᠷᠢᠯᠡᠭᠰᠡᠨ ᠪᠠᠶᠢᠨ᠎ᠠ᠃ | |