ᠣᠳᠣᠬᠠᠨ ᠳᠤ᠂ ᠤᠯᠤᠰ ᠤᠨ ᠳᠣᠲᠣᠭᠠᠳᠤ ᠶᠢᠨ ᠵᠠᠷᠢᠮ ᠭᠠᠵᠠᠷ ᠣᠷᠣᠨ ᠤ ᠬᠢᠵᠢᠭ ᠤᠨ ᠲᠦᠭᠰᠢᠭᠦᠷᠢ ᠶᠢᠨ | ᠲᠠᠰ ᠲᠤ ᠲᠣᠬᠢᠷᠠᠭᠤᠯᠤᠯᠲᠠ ᠬᠢᠵᠦ ᠂ ᠵᠠᠷᠢᠮ ᠮᠤᠵᠢ ᠤᠷᠤᠨ ᠳᠤ ᠣᠷᠣᠨ ᠨᠤᠳᠤᠭ ᠤᠨ ᠬᠢᠵᠢᠭ ᠤᠨ ᠪᠠᠶᠢᠳᠠᠯ | ᠭᠠᠷᠪᠠ᠃ 11 ᠰᠠᠷ᠎ᠠ ᠶᠢᠨ 23 ᠤ ᠡᠳᠦᠷ ᠪᠣᠯᠲᠠᠯ᠎ᠠ᠂ ᠪᠥᠬᠦ ᠤᠯᠤᠰ ᠲᠤ ᠲᠦᠭᠰᠢᠭᠦᠷᠢ ᠶᠡᠬᠡᠲᠡᠶ ᠭᠠᠵᠠᠷ ᠣᠷᠣᠨ | 1 ᠪᠠᠶᠢᠵᠤ᠂ ᠳᠠᠷᠤᠶ ᠲᠢᠶᠠᠨᠵᠢᠨ ᠬᠤᠲᠠ ᠶᠢᠨ ᠳ᠋ᠦᠩ ᠵᠢᠶᠠᠩ ᠭᠠᠩ ᠲᠣᠭᠤᠷᠢᠭ ᠤᠨ ᠺᠠᠨ ᠬᠠᠶ ᠰᠢᠤᠸᠠᠨ | ᠰᠠᠭᠤᠭᠠᠯᠢ ᠲᠣᠭᠤᠷᠢᠭ ᠪᠣᠯᠤᠨ᠎ᠠ᠃ ᠳᠤᠮᠳᠠ ᠲᠦᠭᠰᠢᠭᠦᠷᠢᠲᠡᠶ ᠭᠠᠵᠠᠷ ᠣᠷᠣᠨ 9 ᠪᠠᠶᠢᠵᠤ᠂ ᠳᠠᠷᠤᠶ ᠲᠢᠶᠠᠨᠵᠢᠨ | ᠬᠤᠲᠠ ᠶᠢᠨ ᠪᠢᠨ ᠬᠠᠶ ᠰᠢᠨ᠎ᠡ ᠲᠣᠭᠤᠷᠢᠭ ᠤᠨ ᠬᠠᠨ ᠬᠥ᠋ ᠵᠡᠭᠡᠯᠢ᠂ ᠭᠤᠤᠯ ᠵᠢᠭᠠᠰᠤᠨ ᠭᠠᠷᠠᠮ ᠤᠨ ᠬᠦᠶᠲᠡᠨ | ᠬᠡᠯᠬᠢᠶᠡᠲᠦ ᠪᠠᠷᠠᠭᠠᠨ ᠤ ᠭᠦᠶᠯᠭᠡᠭᠡᠨ ᠤ ᠲᠣᠭᠤᠷᠢᠭ ᠤᠨ A ᠲᠣᠭᠤᠷᠢᠭ ᠪᠠ B ᠲᠣᠭᠤᠷᠢᠭ᠂ ᠱᠠᠩᠬᠠᠶ ᠬᠤᠲᠠ ᠶᠢᠨ | ᠫᠦ᠋ ᠳ᠋ᠦᠩ ᠰᠢᠨ᠎ᠡ ᠲᠣᠭᠤᠷᠢᠭ ᠤᠨ ᠵᠦ ᠴᠢᠶᠣᠤ ᠪᠠᠯᠭᠠᠰᠤᠨ ᠤ ᠡᠮᠤᠨ᠎ᠡ ᠲᠣᠰᠬᠤᠨ᠂ ᠵᠦ ᠴᠢᠶᠣᠤ ᠪᠠᠯᠭᠠᠰᠤᠨ ᠤ | ᠰᠢᠨ ᠱᠧᠩ ᠰᠠᠭᠤᠭᠠᠯᠢ ᠠᠷᠠᠳ ᠤᠨ ᠲᠣᠭᠤᠷᠢᠭ᠂ ᠵᠧᠦ ᠫᠦ᠋ ᠪᠠᠯᠭᠠᠰᠤ ᠶᠢᠨ ᠮᠢᠩ ᠲᠢᠶᠠᠨᠬᠤᠸᠠ ᠴᠧᠩ ᠰᠠᠭᠤᠭᠠᠯᠢ | ᠠᠷᠠᠳ ᠤᠨ ᠲᠣᠭᠤᠷᠢᠭ᠂ ᠵᠠᠩ ᠵᠢᠶᠠᠩ ᠪᠠᠯᠭᠠᠰᠤᠨ ᠤ ᠱᠦᠨ ᠾᠧ ᠵᠠᠮ ᠤᠨ 126 ᠰᠠᠭᠤᠭᠠᠯᠢ ᠠᠷᠠᠳ ᠤᠨ | ᠲᠣᠭᠤᠷᠢᠭ᠂ ᠠᠨᠾᠦ᠋ᠢ ᠮᠤᠵᠢ ᠶᠢᠨ ᠹᠦ᠋ ᠶᠠᠩ ᠬᠤᠲᠠ ᠶᠢᠨ ᠶᠢᠩ ᠱᠠᠩ ᠰᠢᠶᠠᠨ ᠤ ᠱᠧᠨ ᠴᠧᠩ ᠪᠠᠯᠭᠠᠰᠤ ᠶᠢᠨ ᠵᠠᠩ | ᠶᠠᠩ ᠰᠠᠭᠤᠭᠠᠯᠢ ᠠᠷᠠᠳ ᠤᠨ ᠲᠣᠭᠤᠷᠢᠭ᠂ ᠬᠥᠯᠥᠨ ᠪᠣᠶᠢᠷ ᠤᠨ ᠮᠠᠨᠵᠤᠤᠷ ᠬᠤᠲᠠ ᠶᠢᠨ ᠳ᠋ᠦᠩ ᠱᠠᠨ ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠬᠤᠶᠢᠲᠤ ᠲᠣᠭᠤᠷᠢᠭ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠪᠣᠯᠤᠨ᠎ᠠ᠃ 《 ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ | ᠳᠠᠬᠢᠨ ᠡᠭᠦᠰᠬᠦ ᠶᠢ ᠰᠡᠷᠭᠡᠶᠢᠯᠡᠬᠦ 》 ᠰᠡᠷᠭᠡᠶᠢᠯᠡᠨ ᠡᠵᠡᠮᠳᠡᠬᠦ ᠠᠷᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠪᠠᠶᠢᠩᠭᠤ ᠰᠡᠷᠭᠡᠶᠢᠯᠡᠨ ᠡᠵᠡᠮᠳᠡᠬᠦ ᠵᠢᠴᠢ ᠨᠠᠮᠤᠷ ᠡᠪᠦᠯ ᠤᠨ ᠤᠯᠠᠷᠢᠯ | ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠣᠨᠣᠪᠴᠢᠲᠠᠶ ᠰᠠᠶᠢᠲᠤᠷ ᠬᠢᠵᠦ᠂ ᠪᠥᠬᠦ ᠬᠤᠰᠢᠭᠤᠨ ᠤ ᠠᠷᠠᠳ | ᠣᠯᠠᠨ ᠤ ᠠᠮᠢ ᠨᠠᠰᠤ ᠡᠷᠡᠭᠦᠯ ᠮᠡᠨᠳᠦ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠲᠣ ᠤᠯᠤᠰ ᠤᠨ | ᠳᠣᠲᠣᠭᠠᠳᠤ ᠶᠢᠨ ᠭᠤᠤᠯᠳᠠᠯᠭ᠎ᠠ ᠲᠠᠢ ᠭᠠᠵᠠᠷ ᠣᠷᠣᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠳᠤ | ᠲᠣᠬᠢᠷᠠᠭᠤᠯᠤᠯᠲᠠ ᠬᠢᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠯᠳᠠᠪᠤᠷᠢᠯᠠᠨ ᠣᠷᠣᠵᠤ ᠢᠷᠡᠬᠦ ᠪᠠ | ᠳᠠᠷᠬᠠᠨ ᠳᠡᠯᠭᠡᠷᠡᠬᠦ ᠶᠢ ᠴᠢᠩᠭ᠎ᠠ ᠰᠡᠷᠭᠡᠶᠢᠯᠡᠬᠦ ᠠᠵᠢᠯ ᠤᠨ ᠲᠤᠬᠠᠶ ᠳᠣᠤᠷᠠᠬᠢ ᠮᠡᠲᠦ ᠮᠡᠳᠡᠭᠳᠡᠶ᠎ᠡ᠄ | ᠨᠢᠭᠡ ᠭᠤᠤᠯᠳᠠᠯᠭ᠎ᠠ ᠲᠠᠢ ᠭᠠᠵᠠᠷ ᠣᠷᠣᠨ ᠠᠴᠠ ᠢᠷᠡᠭᠰᠡᠨ ( ᠪᠤᠴᠠᠵᠤ ᠢᠷᠡᠭᠰᠡᠨ ) ᠬᠥᠮᠦᠰ ᠢ ᠬᠠᠮᠢᠶᠠᠷᠤᠨ | ᠡᠵᠡᠮᠳᠡᠬᠦ ᠪᠠᠨ ᠴᠢᠩᠭᠠᠳᠬᠠᠨ᠎ᠠ | ( ᠨᠢᠭᠡ ) ᠬᠢᠯᠢ ᠶᠢᠨ ᠭᠠᠳᠠᠨ᠎ᠠ ᠠᠴᠠ ᠤᠷᠤᠵᠤ ᠢᠷᠡᠭᠰᠡᠨ ᠬᠥᠮᠦᠰ᠃ ᠬᠢᠯᠢ ᠶᠢᠨ ᠭᠠᠳᠠᠨ᠎ᠠ ᠠᠴᠠ ᠮᠠᠨ ᠤ | ᠬᠤᠰᠢᠭᠤᠨ ᠳᠤ ᠢᠷᠡᠭᠰᠡᠨ ( ᠪᠤᠴᠠᠵᠤ ᠢᠷᠡᠭᠰᠡᠨ ) ᠬᠥᠮᠦᠰ ᠲᠤ 《 77 》 ᠂《 21 》 ᠲᠥᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠠᠷᠭ᠎ᠠ ᠠᠪᠤᠨ᠎ᠠ᠃ ᠬᠢᠯᠢ ᠳᠤ ᠣᠷᠣᠵᠤ ᠢᠷᠡᠬᠦ ᠬᠥᠮᠦᠰ | ᠣᠷᠣᠵᠤ ᠢᠷᠡᠭᠰᠡᠨ ᠪᠣᠭᠤᠮᠲᠠ ᠳᠤ ᠪᠠᠨ ᠪᠥᠭᠡᠮ ᠬᠦᠴᠢᠯ ᠰᠢᠯᠭᠠᠨ ᠪᠠᠶᠢᠴᠠᠯᠭᠠᠬᠰᠡᠨ ᠤ ᠳᠠᠷᠠᠭ᠎ᠠ᠂ ᠣᠷᠣᠵᠤ | ᠢᠷᠡᠭᠰᠡᠨ ᠭᠠᠵᠠᠷ ᠲᠤ ᠪᠠᠨ ᠲᠥᠪᠯᠡᠷᠡᠭᠦᠯᠦᠨ 7 ᠡᠳᠦᠷ ᠲᠤᠰᠠᠭᠠᠷᠯᠠᠵᠤ᠂ ᠵᠢᠴᠢ ᠥᠪᠡᠷ ᠢᠶᠠᠨ ᠰᠦᠶᠳᠬᠡᠯ ᠭᠠᠷᠭᠠᠵᠤ | ᠪᠥᠭᠡᠮ ᠬᠦᠴᠢᠯ ᠢᠶᠠᠨ ᠰᠢᠯᠭᠠᠨ ᠪᠠᠶᠢᠴᠠᠯᠭᠠᠨᠠ ( ᠵᠠᠷᠴᠢᠮ ᠳᠡᠭᠡᠷ᠎ᠡ ᠪᠠᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ | ᠤᠬᠠᠭᠠᠨ ᠤ ᠠᠵᠢᠭᠯᠠᠯᠲᠠ ᠶᠢᠨ ᠴᠡᠭ ᠲᠤ ᠤᠷᠤᠬᠰᠡᠨ 5 ᠳ᠋ᠤᠭᠠᠷ ᠡᠳᠦᠷ ᠰᠢᠯᠭᠠᠨ ᠪᠠᠶᠢᠴᠠᠭᠠᠨ᠎ᠠ )᠂ ᠰᠢᠯᠭᠠᠨ | ᠪᠠᠶᠢᠴᠠᠭᠠᠬᠰᠡᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯ ᠰᠢᠯᠵᠢᠭᠦᠯᠤᠨ ᠭᠡᠷ ᠲᠤ ᠪᠠᠨ 7 ᠡᠳᠦᠷ ᠲᠤᠰᠠᠭᠠᠷᠯᠠᠨ᠎ᠠ᠂ | ᠵᠢᠴᠢ14 ᠡᠳᠣᠷ ᠤᠨ ᠲᠤᠰᠠᠭᠠᠷᠯᠠᠬᠤ ᠬᠤᠭᠤᠴᠠᠭ᠎ᠠ ᠲᠠᠭᠤᠰᠤᠬᠰᠡᠨ ᠤ ᠳᠠᠷᠠᠭ᠎ᠠ ᠰᠠᠶᠢᠨ ᠳᠤᠷ᠎ᠠ ᠠᠴᠠ ᠪᠠᠨ ᠥᠪᠡᠷ | ᠤᠨ ᠰᠦᠶᠳᠬᠡᠯ ᠢᠶᠠᠷ ᠢᠶᠠᠨ 1 ᠤᠳᠠᠭ᠎ᠠ ᠪᠥᠭᠡᠮ ᠬᠦᠴᠢᠯ ᠰᠢᠯᠭᠠᠨ ᠪᠠᠶᠢᠴᠠᠭᠠᠯᠲᠠ ᠬᠢᠨ᠎ᠠ᠃ | ( ᠬᠤᠶᠠᠷ ) ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠶ ᠭᠠᠵᠠᠷ ᠣᠷᠣᠨ ᠤ ᠬᠥᠮᠦᠰ᠃ 11 | ᠰᠠᠷ᠎ᠠ ᠶᠢᠨ 5 ᠤ ᠡᠳᠦᠷ ᠠᠴᠠ ᠨᠠᠭᠠᠰᠢ ᠲᠢᠶᠠᠨᠵᠢᠨ ᠬᠤᠲᠠ ᠶᠢᠨ ᠳ᠋ᠦᠩ ᠵᠢᠶᠠᠩ ᠭᠠᠷᠠᠮ ᠲᠣᠭᠤᠷᠢᠭ ᠤᠨ ᠺᠠᠨ ᠬᠠᠶ | ᠰᠢᠤᠸᠠᠨ ᠰᠠᠭᠤᠭᠠᠯᠢ ᠲᠣᠭᠤᠷᠢᠭ ( ᠬᠥᠳᠡᠯᠦᠩᠭᠦᠶ ᠲᠣᠬᠢᠷᠠᠭᠤᠯᠤᠯᠲᠠ ᠶᠢ ᠦᠨᠳᠦᠰᠦᠯᠡᠨ ) ᠠᠴᠠ ᠮᠠᠨ ᠤ | ᠬᠤᠰᠢᠭᠤᠨ ᠳᠤ ᠣᠷᠣᠵᠤ ᠢᠷᠡᠭᠰᠡᠨ ᠬᠥᠮᠦᠰ ᠢ ᠴᠥᠮ 14 ᠡᠳᠦᠷ ᠲᠥᠪᠯᠡᠷᠡᠭᠦᠯᠦᠨ ᠲᠤᠰᠠᠭᠠᠷᠯᠠᠨ ᠠᠵᠢᠭᠯᠠᠵᠤ᠂ | ᠲᠤᠰᠠᠭᠠᠷᠯᠠᠬᠤ ᠬᠤᠭᠤᠴᠠᠭᠠᠨ ᠳᠤ 2 ᠤᠳᠠᠭ᠎ᠠ ᠪᠥᠭᠡᠮ ᠬᠦᠴᠢᠯ ᠢ ᠨᠢ ᠰᠢᠯᠭᠠᠨ ᠪᠠᠶᠢᠴᠠᠭᠠᠯᠲᠠ ᠬᠢᠨ᠎ᠠ᠃ | ( ᠭᠤᠷᠪᠠ ) ᠤᠯᠤᠰ ᠤᠨ ᠳᠣᠲᠣᠭᠠᠳᠤ ᠶᠢᠨ ᠳᠤᠮᠳᠠ ᠲᠦᠭᠰᠢᠭᠦᠷᠢᠲᠦ ᠭᠠᠵᠠᠷ ᠣᠷᠣᠨ ᠤ ᠬᠥᠮᠦᠰ᠃ | ᠲᠢᠶᠠᠨᠵᠢᠨ᠂ ᠱᠠᠩᠬᠠᠶ ᠬᠤᠲᠠᠪᠠ ᠪᠤᠰᠤᠳ ᠳᠤᠮᠳᠠ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ | ᠢᠷᠡᠭᠰᠡᠨ ᠬᠥᠮᠦᠰ ᠵᠢᠴᠢ 11 ᠰᠠᠷ᠎ᠠ ᠶᠢᠨ 7 ᠤ ᠡᠳᠦᠷ ᠠᠴᠠ ᠨᠠᠭᠠᠰᠢ ᠬᠥᠯᠥᠨ ᠪᠣᠶᠢᠷ ᠤᠨ ᠮᠠᠠᠵᠤᠷ ᠬᠤᠳᠠ ᠶᠢᠨ | ᠬᠤᠶᠢᠲᠤ ᠲᠣᠭᠤᠷᠢᠭ ᠤᠨ ᠵᠡᠭᠡᠯᠢ ᠭᠤᠳᠤᠮᠵᠢ᠂ ᠳ᠋ᠦᠩ ᠱᠠᠨ ᠵᠡᠭᠡᠯᠢ ᠭᠤᠳᠤᠮᠵᠢ ᠠᠴᠠ ᠮᠠᠨ ᠤ ᠬᠤᠰᠢᠭᠤᠨ ᠳᠤ | ᠢᠷᠡᠭᠰᠡᠨ ᠬᠥᠮᠦᠰ ᠪᠦᠬᠦᠨ ᠢ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠤᠷᠤᠭᠤᠯᠤᠨ᠎ᠠ᠂ | 7 ᠡᠳᠦᠷ ᠲᠤᠳᠤᠷᠠᠬᠢ ᠪᠥᠭᠡᠮ ᠬᠦᠴᠢᠯ ᠰᠢᠯᠭᠠᠨ ᠪᠠᠶᠢᠴᠠᠯᠭᠠᠬᠰᠡᠨ ᠪᠢᠯᠢᠭ ᠴᠢᠨᠠᠷ ᠲᠠᠢ ᠮᠡᠳᠡᠭᠦᠯᠦᠯᠲᠡ ᠶᠢᠨ | ᠭᠡᠷᠡᠴᠢ ᠪᠠᠨ ᠬᠠᠩᠭᠠᠵᠤ᠂ ᠪᠡᠶ᠎ᠡ ᠶᠢᠨ ᠳᠤᠯᠠᠭᠠᠨ ᠨᠢ ᠬᠡᠪ ᠤᠨ ᠮᠥᠷᠲᠡᠭᠡᠨ ᠬᠤᠪᠢ ᠬᠥᠮᠦᠨ ᠤ ᠬᠠᠮᠠᠭᠠᠯᠠᠯᠲᠠ ᠪᠠᠨ | ᠰᠠᠶᠢᠲᠤᠷ ᠬᠢᠭᠰᠡᠨ ᠤᠷᠢᠲᠠᠯ ᠳᠣᠤᠷ᠎ᠠ ᠴᠢᠯᠥᠭᠡᠲᠡᠶ ᠡᠮᠬᠢ ᠵᠢᠷᠤᠮ ᠲᠠᠢ ᠪᠠᠷ ᠶᠠᠪᠤᠵᠤ ᠰᠠᠭᠤᠵᠤ ᠪᠣᠯᠤᠨ᠎ᠠ᠃ ᠪᠥᠭᠡᠮ | ᠬᠦᠴᠢᠯ ᠰᠢᠯᠭᠠᠨ ᠪᠠᠶᠢᠴᠠᠯᠭᠠᠬᠰᠡᠨ ᠪᠢᠯᠢᠭ ᠴᠢᠨᠠᠷ ᠲᠠᠢ ᠮᠡᠳᠡᠭᠦᠯᠦᠯᠲᠡ ᠶᠢᠨ ᠭᠡᠷᠡᠴᠢ ᠪᠠᠨ ᠬᠠᠩᠭᠠᠵᠤ ᠳᠡᠶᠢᠯᠬᠦ ᠥᠬᠡᠶ | ᠪᠣᠯ ᠲᠡᠷᠡ ᠳᠠᠷᠤᠶ ᠳᠤᠨᠢ ᠲᠥᠪᠯᠡᠷᠡᠭᠦᠯᠦᠨ ᠲᠤᠰᠠᠭᠠᠷᠯᠠᠵᠤ ᠵᠢᠴᠢ ᠪᠥᠭᠡᠮ ᠬᠦᠴᠢᠯ ᠢ ᠨᠢ ᠰᠢᠯᠭᠠᠨ ᠪᠠᠶᠢᠴᠠᠭᠠᠨ᠎ᠠ᠂ | ᠬᠡᠷᠪᠡ ᠪᠥᠭᠡᠮ ᠬᠦᠴᠢᠯ ᠢ ᠨᠢ ᠰᠢᠯᠭᠠᠨ ᠪᠠᠶᠢᠴᠠᠭᠠᠭᠠᠳᠦᠷᠡ ᠳ᠋ᠦᠩ ᠨᠢ ᠪᠢᠯᠢᠭ ᠴᠢᠨᠠᠷᠲᠠᠶ ᠪᠠ ᠪᠡᠶ᠎ᠡ ᠶᠢᠨ | ᠳᠤᠯᠠᠭᠠᠨ ᠨᠢ ᠬᠡᠪ ᠤᠨ ᠪᠠᠶᠢᠪᠡᠯ ᠡᠮᠬᠢ ᠵᠢᠷᠤᠮ ᠲᠠᠢ ᠶᠠᠪᠤᠵᠤ ᠰᠠᠭᠤᠵᠤ ᠪᠣᠯᠤᠨ᠎ᠠ᠃ | ᠬᠤᠶᠠᠷ᠂ ᠭᠤᠤᠯᠳᠠᠯᠭ᠎ᠠ ᠲᠠᠢ ᠲᠠᠯᠠᠪᠤᠷ ᠭᠠᠵᠠᠷ ᠤᠨ ᠬᠠᠮᠢᠶᠠᠷᠤᠨ ᠡᠵᠡᠮᠳᠡᠬᠦ ᠪᠠᠨ ᠴᠢᠩᠭᠠᠳᠬᠠᠨ᠎ᠠ | ᠰᠤᠷᠭᠠᠭᠤᠯᠢ᠂ ᠨᠠᠰᠤᠲᠠᠨ ᠢ ᠠᠰᠠᠷᠠᠬᠤ ᠬᠦᠷᠢᠶᠡᠯᠡᠩ ᠪᠤᠶᠤ ᠠᠰᠠᠷᠠᠮᠵᠢ ᠶᠢᠨ ᠬᠦᠷᠢᠶᠡᠯᠡᠩ᠂ ᠵᠠᠬ᠎ᠠ ᠳᠡᠯᠭᠡᠭᠦᠷ | ᠬᠡᠲᠦ ᠳᠡᠯᠭᠡᠭᠦᠷ᠂ ᠲᠡᠷᠭᠡᠨ ᠥᠷᠲᠡᠭᠡ᠂ ᠡᠮ ᠤᠨ ᠳᠡᠯᠭᠡᠭᠦᠷ᠂ ᠨᠡᠶᠢᠭᠡᠮ ᠲᠣᠭᠤᠷᠢᠭ᠂ ᠲᠥᠪᠯᠡᠷᠡᠭᠦᠯᠦᠨ | ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠲᠠᠯᠠᠪᠤᠷ ᠭᠠᠵᠠᠷ᠂ ᠪᠠᠶᠢᠭᠤᠯᠭ᠎ᠠ ᠠᠵᠤ ᠠᠬᠤᠶᠢᠯᠠᠯ ᠠᠵᠢᠯ | ᠦᠶᠯᠡᠰ ᠤᠨ ᠨᠢᠭᠡᠴᠡ᠂ ᠬᠢᠨᠠᠨ ᠬᠠᠮᠢᠶᠠᠷᠬᠤ ᠲᠠᠯᠠᠪᠤᠷ ᠭᠠᠵᠠᠷ ᠵᠡᠷᠭᠡ ᠭᠤᠤᠯᠳᠠᠯᠭ᠎ᠠ ᠲᠠᠢ ᠲᠠᠯᠠᠪᠤᠷ ᠭᠠᠵᠠᠷ ᠤᠨ | ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠳᠡᠭᠡᠷ᠎ᠡ ᠳᠤᠷᠠᠳᠤᠭᠰᠠᠨ ᠶᠡᠭᠡ ᠳᠤᠮᠳᠠ ᠲᠦᠭᠰᠢᠭᠦᠷᠢ ᠲᠠᠢ | ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠬᠥᠮᠦᠰ ᠤᠨ ᠡᠷᠡᠭᠦᠯ ᠮᠡᠨᠳᠦ ᠶᠢᠨ ᠺᠣᠳ᠋ ᠢ ᠪᠠᠶᠢᠴᠠᠭᠠᠨ | ᠰᠢᠯᠭᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ᠂ ᠲᠥᠪᠯᠡᠷᠡᠭᠦᠯᠦᠨ ᠲᠤᠰᠠᠭᠠᠷᠯᠠᠬᠤ ᠵᠡᠷᠭᠡ ᠰᠡᠷᠭᠡᠶᠢᠯᠡᠨ | ᠡᠵᠡᠮᠳᠡᠬᠦ ᠠᠵᠢᠯ ᠢ ᠦᠨᠡᠡᠬᠦ ᠰᠠᠶᠢᠲᠤᠷ ᠬᠢᠵᠦ᠂ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠡᠷᠡᠰ ᠰᠡᠷᠭᠡᠶᠢᠯᠡᠬᠦ | ᠬᠡᠷᠡᠭᠲᠡᠶ᠃ | ᠭᠤᠷᠪᠠ᠂ ᠬᠦᠶᠲᠡᠨ ᠬᠡᠯᠬᠢᠶᠡᠲᠦ ᠢᠳᠡᠭᠡᠨ ᠢ ᠬᠢᠨᠠᠨ ᠬᠡᠮᠵᠢᠬᠦ ᠪᠠᠶᠢᠴᠠᠭᠠᠨ ᠰᠢᠯᠭᠠᠬᠤ ᠵᠢᠴᠢ ᠤᠷᠢᠳᠴᠢᠯᠡᠨ | ᠰᠡᠷᠭᠡᠶᠢᠯᠡᠬᠦ ᠴᠢᠨᠠᠷᠲᠠᠶ ᠪᠠᠷ ᠪᠥᠬᠦ ᠲᠠᠯ᠎ᠠ ᠪᠠᠷ ᠠᠷᠢᠭᠤᠳᠬᠠᠯ ᠬᠢᠬᠦ ᠶᠢ ᠴᠢᠩᠭᠠᠳᠬᠠᠨ᠎ᠠ | ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠤᠯ ᠴᠣᠭᠴᠠ ᠨᠢ 《 ᠭᠠᠳᠠᠭᠠᠳᠤ ᠠᠴᠠ | ᠤᠷᠤᠭᠤᠯᠤᠬᠰᠡᠨ ᠬᠦᠶᠲᠡᠨ ᠬᠡᠯᠬᠢᠶᠡᠲᠦ ᠢᠳᠡᠭᠡᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ | ᠲᠤᠬᠠᠶ ᠲᠦᠩᠯᠢᠶᠣᠤ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ | ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠡ 》 ᠂ 《 ᠤᠷᠢᠳᠴᠢᠯᠠᠨ | ᠰᠡᠷᠭᠡᠶᠢᠯᠡᠬᠦ ᠴᠢᠨᠠᠷᠲᠠᠶ ᠪᠥᠬᠦ ᠲᠠᠯ᠎ᠠ ᠪᠠᠷ ᠠᠷᠢᠭᠤᠳᠬᠠᠬᠤ ᠠᠵᠢᠯ ᠢ ᠴᠢᠩᠭᠠᠳᠬᠠᠬᠤ ᠲᠤᠬᠠᠶ ᠲᠦᠩᠯᠢᠶᠣᠤ ᠬᠤᠲᠠ | ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠮᠡᠳᠡᠭᠡ 》 ᠶᠢᠨ ᠱᠠᠭᠠᠷᠳᠠᠯᠭ᠎ᠠ ᠪᠠᠷ᠂ ᠭᠠᠳᠠᠭᠠᠳᠤ ᠠᠴᠠ | ᠤᠷᠤᠭᠤᠯᠤᠬᠰᠡᠨ ᠬᠦᠶᠲᠡᠨ ᠬᠡᠯᠬᠢᠶᠡᠲᠦ ᠢᠳᠡᠭᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ | ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ ᠢᠶᠠᠷ ᠳᠡᠮᠵᠢᠨ ᠣᠷᠣᠵᠤ | ᠢᠷᠡᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠶ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠭᠠᠳᠠᠭᠠᠳᠤ ᠠᠴᠠ | ᠤᠷᠤᠭᠤᠯᠤᠬᠰᠡᠨ ᠬᠦᠢᠲᠡᠨ ᠬᠡᠯᠬᠢᠶᠡᠲᠦ ᠢᠳᠡᠭᠡᠨ ᠤ ᠬᠢᠨᠠᠯᠲᠠ ᠬᠠᠮᠢᠶᠠᠷᠤᠯᠲᠠ ᠶᠢᠨ ᠠᠵᠢᠯ ᠳᠤ ᠢᠳᠡᠪᠬᠢᠳᠠᠢ | ᠣᠷᠣᠯᠴᠠᠬᠤ ᠪᠠ ᠬᠢᠨᠠᠯᠲᠠ ᠲᠠᠯᠪᠢᠬᠤ ᠶᠢ ᠪᠠᠶᠠᠷᠯᠠᠨ ᠭᠦᠯᠢᠶᠡᠨ᠎ᠡ᠂ ᠬᠡᠷᠪᠡ ᠬᠠᠤᠯᠢ ᠲᠣᠭᠲᠠᠭᠠᠯ ᠠᠴᠠ ᠵᠥᠷᠢᠴᠡᠭᠰᠡᠨ | ᠦᠢᠯᠡ ᠠᠵᠢᠯᠯᠠᠭ᠎ᠠ ᠶᠢ ᠣᠯᠵᠤ ᠮᠡᠳᠡᠪᠡᠯ᠂ ᠲᠠᠷᠤᠶᠢᠬᠠᠨ12345 ᠪᠤᠶᠤ 12315 ᠤᠳᠤᠰᠤ ᠪᠠᠷ ᠢᠯᠡᠴᠢᠯᠡᠨ | ᠮᠡᠳᠡᠭᠦᠯᠬᠦ ᠪᠣᠯᠪᠠᠤ᠃ | ᠳᠥᠷᠪᠡ᠂ ᠬᠤᠪᠢ ᠬᠥᠮᠦᠨ ᠤ ᠬᠢᠨᠠᠨ ᠬᠡᠮᠵᠢᠬᠦ ᠪᠠᠨ ᠴᠢᠩᠭᠠᠳᠬᠠᠨ᠎ᠠ᠃ ᠣᠶᠢᠷ᠎ᠠ ᠶᠢᠨ 14 ᠡᠳᠦᠷ ᠲᠤ | ᠣᠨᠣᠰᠢᠯᠠᠭᠰᠠᠨ ᠡᠪᠡᠳᠴᠢᠲᠡᠨ ᠲᠠᠢ ᠣᠶᠢᠷᠠᠲᠤᠭᠰᠠᠨ ᠦᠩᠭᠡᠷᠡᠯᠳᠡ ᠲᠠᠢ ᠪᠤᠶᠤ ᠳᠤᠮᠳᠠ ᠶᠡᠭᠡ ᠲᠦᠭᠰᠢᠭᠦᠷᠢᠲᠡᠶ | ᠭᠠᠵᠠᠷ ᠣᠷᠣᠨ ᠳᠤ ᠵᠢᠭᠤᠯᠴᠢᠯᠠᠭᠰᠠᠨ ᠦᠩᠭᠡᠷᠡᠯᠳᠡ ᠲᠠᠢ ᠪᠦᠭᠡᠳ ᠮᠠᠨ ᠤ ᠬᠤᠰᠢᠭᠤᠨ ᠳᠤ ᠢᠷᠡᠭᠰᠡᠨ ( ᠪᠤᠴᠠᠵᠤ | ᠢᠷᠡᠭᠰᠡᠨ ) ᠬᠥᠮᠦᠰ᠂ ᠰᠠᠨᠠᠭᠠᠴᠢᠯᠠᠭ᠎ᠠ ᠠᠴᠠ ᠪᠠᠨ ᠰᠠᠭᠤᠭ᠎ᠠ ᠭᠠᠴᠠᠭ᠎ᠠ ᠲᠣᠰᠬᠤᠨ ( ᠨᠡᠶᠢᠭᠡᠮ ᠲᠣᠭᠤᠷᠢᠭ )᠂ | ᠵᠤᠴᠢᠳ ᠤᠨ ᠪᠠᠭᠤᠳᠠᠯ ᠵᠢᠴᠢ ᠠᠵᠢᠯᠯᠠᠵᠤ ᠪᠠᠶᠢᠭ᠎ᠠ ᠨᠢᠭᠡᠴᠡ ᠳᠤ ᠪᠠᠨ ᠮᠡᠳᠡᠭᠦᠯᠵᠤ᠂ ᠵᠢᠴᠢ ᠬᠤᠯᠪᠣᠭᠳᠠᠯ ᠪᠥᠬᠦᠶ | ᠱᠠᠭᠠᠷᠳᠠᠯᠭ᠎ᠠ ᠶᠣᠰᠣᠭᠠᠷ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃ ᠳᠤᠮᠳᠠ | ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ ᠢᠷᠡᠭᠰᠡᠨ ᠤ ᠳᠠᠷᠠᠭ᠎ᠠ᠂ ᠮᠠᠨ ᠤ | ᠬᠤᠰᠢᠭᠤᠨ ᠤ ᠬᠠᠮᠢᠶ᠎ᠠ ᠪᠥᠬᠦᠶ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠪᠠᠷ ᠡᠷᠡᠭᠦᠯ ᠮᠡᠨᠳᠦ ᠶᠢᠨ ᠬᠠᠮᠢᠶᠠᠷᠤᠯᠲᠠ ᠶᠢᠨ | ᠠᠷᠭ᠎ᠠ ᠠᠪᠬᠤ ᠬᠡᠷᠡᠭᠲᠡᠶ᠃ ᠬᠡᠷᠪᠡ ᠬᠠᠯᠠᠭᠤᠷᠠᠬᠤ᠂ ᠬᠠᠨᠢᠶᠠᠬᠤ᠂ ᠰᠠᠭᠤᠯᠭᠠᠬᠤ᠂ ᠲᠠᠮᠢᠷᠳᠠᠬᠤ ᠵᠡᠷᠭᠡ ᠡᠪᠡᠳᠴᠢᠨ ᠤ | ᠢᠯᠡᠷᠡᠪᠡᠯ ᠪᠠᠶᠢᠪᠡᠯ ᠨᠢᠭᠡ ᠯᠡ ᠤᠳᠠᠭ᠎ᠠ ᠶᠢᠨ ᠴᠢᠨᠠᠷᠲᠠᠶ ᠡᠮᠴᠢᠯᠡᠭᠡᠨ ᠳᠤ ᠬᠡᠷᠡᠭᠯᠡᠬᠦ ᠠᠮᠠᠪᠴᠢ ᠪᠤᠶᠤ ᠲᠡᠭᠦᠨ ᠠᠴᠠ | ᠳᠡᠭᠡᠭᠰᠢᠬᠢ ᠲᠠᠰ ᠤᠨ ᠠᠮᠠᠪᠴᠢ ᠵᠡᠭᠦᠵᠦ᠂ ᠣᠶᠢᠷ᠎ᠠ ᠬᠠᠪᠢ ᠶᠢᠨ ᠬᠠᠯᠠᠭᠤᠷᠠᠬᠤ ᠡᠭᠦᠳᠡᠨ ᠡᠮᠨᠡᠯᠭᠡ ᠳᠤ ᠬᠦᠷᠴᠦ | ᠵᠢᠭᠰᠠᠭᠠᠨ ᠪᠠᠶᠢᠴᠠᠭᠠᠬᠤ ᠪᠠ ᠣᠨᠣᠰᠢᠯᠠᠨ ᠵᠠᠰᠠᠬᠤ ᠬᠡᠷᠡᠭᠳᠠᠢ᠂ ᠡᠮᠨᠡᠭᠦᠯᠬᠦ ᠶᠠᠪᠤᠴᠠ ᠳᠤ ᠪᠠᠨ ᠣᠯᠠᠨ ᠨᠡᠶᠢᠲᠡ ᠶᠢᠨ | ᠵᠠᠮ ᠬᠠᠷᠢᠯᠴᠠᠭᠠᠨ ᠤ ᠪᠠᠭᠠᠵᠢ ᠳᠤ ᠰᠠᠭᠤᠬᠤ ᠠᠴᠠ ᠵᠠᠶᠢᠯᠠᠰᠬᠢᠬᠦ ᠬᠡᠷᠡᠭᠲᠡᠶ᠃ | ᠲᠠᠪᠤ᠂ ᠬᠤᠪᠢ ᠬᠥᠮᠦᠨ ᠤ ᠬᠠᠮᠠᠭᠠᠯᠠᠯᠲᠠ ᠪᠠᠨ ᠴᠢᠩᠭᠠᠳᠬᠠᠨ᠎ᠠ᠃ ᠠᠮᠠᠪᠴᠢ ᠵᠡᠭᠦᠬᠦ ᠪᠣᠯ ᠠᠮᠢᠰᠬᠤᠯ ᠤᠨ ᠵᠠᠮ | ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠴᠢᠬᠤᠯᠠ ᠠᠷᠭ᠎ᠠ ᠮᠥᠨ᠂ ᠦᠪᠡᠷ ᠤᠨ ᠪᠠ ᠪᠤᠰᠤᠳ ᠤᠨ ᠡᠷᠡᠭᠦᠯ | ᠮᠡᠨᠳᠦ ᠶᠢᠨ ᠲᠥᠯᠥᠭᠡ᠂ ᠣᠳᠣᠬᠠᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠳᠤ | ᠴᠢᠭᠯᠡᠭᠦᠯᠤᠨ᠂ ᠴᠠᠬᠢᠯᠭᠠᠨ ᠱᠠᠲᠤ ᠪᠤᠶᠤ ᠭᠤᠤᠯᠳᠠᠯᠭ᠎ᠠ ᠲᠠᠢ ᠣᠯᠠᠨ ᠨᠡᠶᠢᠲᠡ ᠶᠢᠨ ᠲᠠᠯᠠᠪᠤᠷ ᠲᠤ ᠣᠴᠢᠬᠤ ᠳᠠᠭᠠᠨ | ᠡᠷᠬᠡᠪᠰᠢ ᠵᠢᠷᠤᠮᠵᠢᠯ ᠲᠠᠢ ᠪᠠᠷ ᠠᠮᠠᠪᠴᠢ ᠵᠡᠭᠦᠵᠦ᠂ ᠦᠪᠡᠷ ᠢ ᠪᠠᠨ ᠰᠠᠶᠢᠳᠤᠷ ᠬᠠᠮᠠᠭᠠᠯᠠᠬᠤ ᠬᠡᠷᠡᠭᠳᠠᠢ᠂ ᠨᠠᠶᠢᠷᠠᠯᠳᠤᠵᠤ | ᠴᠤᠭᠯᠠᠷᠠᠬᠤ ᠶᠢ ᠪᠠᠭᠠᠰᠬᠠᠵᠤ᠂ ᠭᠠᠷ ᠢᠶᠠᠨ ᠦᠷᠭᠦᠯᠵᠢ ᠤᠬᠢᠶᠠᠵᠤ᠂ ᠦᠷᠭᠦᠯᠵᠢ ᠰᠠᠯᠬᠢ ᠨᠡᠪᠲᠡᠷᠡᠭᠦᠯᠵᠦ᠂ ᠨᠡᠶᠢᠭᠡᠮ | ᠤᠨ ᠬᠠᠷᠢᠯᠴᠠᠭᠠᠨ ᠳᠤ ᠬᠤᠭᠤᠷᠤᠨᠳᠤᠬᠢ ᠵᠠᠶ ᠪᠠᠨ ᠪᠠᠲᠤᠯᠠᠬᠤ ᠬᠡᠷᠡᠭᠲᠡᠶ᠃ ᠴᠤᠭᠯᠠᠷᠠᠵᠤ ᠨᠠᠶᠢᠯᠡᠬᠦ ᠦᠭᠡᠢ᠂ | ᠦᠷᠭᠦᠯᠵᠢ ᠪᠡᠶ᠎ᠡ ᠪᠣᠯᠪᠠᠰᠤᠷᠠᠳᠠᠭ ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠢ ᠪᠠᠷᠢᠮᠲᠠᠯᠠᠬᠤ ᠬᠡᠷᠡᠭᠲᠡᠶ᠃ ᠮᠠᠨ ᠤ | ᠬᠤᠰᠢᠭᠤᠨ ᠤ ᠰᠠᠭᠤᠭᠠᠯᠢ ᠠᠷᠠᠳ ᠣᠶᠢᠷ᠎ᠠ ᠶᠢᠨ ᠬᠤᠭᠤᠴᠠᠭᠠᠨ ᠳᠤ ᠴᠢᠬᠤᠯᠠᠥᠬᠡᠶ ᠪᠣᠯ ᠪᠢᠳᠡᠬᠡᠢ ᠤᠯᠤᠰ ᠤᠨ | ᠬᠥᠳᠡᠯᠦᠩᠭᠦᠶ ᠲᠣᠬᠢᠷᠠᠭᠤᠯᠤᠯᠲᠠ ᠬᠢᠭᠰᠡᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠤᠴᠢᠭᠠᠷᠠᠢ᠂ | ᠬᠡᠷᠪᠡ ᠦᠨᠡᠨᠬᠦ ᠣᠴᠢᠬᠤ ᠴᠢᠬᠤᠯᠠᠲᠠᠶ ᠪᠣᠯ ᠡᠷᠬᠡᠪᠰᠢ ᠦᠪᠡᠷ ᠢ ᠪᠠᠨ ᠰᠡᠷᠭᠡᠶᠢᠯᠡᠨ ᠬᠠᠮᠠᠭᠠᠯᠠᠬᠤ ᠠᠵᠢᠯ ᠢ ᠰᠠᠶᠢᠲᠤᠷ | ᠬᠢᠵᠦ᠂ ᠥᠪᠡᠷ ᠤᠨ ᠢᠶᠠᠨ ᠬᠥᠳᠡᠯᠭᠡᠭᠡᠨ ᠤ ᠵᠠᠮ ᠮᠥᠷ ᠢᠶᠠᠨ ᠣᠨᠣᠪᠴᠢᠲᠠᠶ ᠲᠡᠮᠳᠡᠭᠯᠡᠬᠦ ᠬᠡᠷᠡᠭᠲᠡᠶ ᠭᠡᠵᠤ ᠰᠠᠨᠠᠭᠤᠯᠤᠶᠡ | ᠃ | ᠵᠢᠷᠭᠤᠭ᠎ᠠ᠂ ᠣᠯᠠᠨ ᠢᠶᠠᠷ ᠢᠶᠠᠨ ᠮᠠᠨ ᠤ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠳᠤ ᠢᠳᠡᠪᠬᠢᠲᠡᠶ ᠬᠠᠮᠵᠢᠯᠴᠠᠬᠤ ᠬᠡᠷᠡᠭᠳᠠᠢ ᠃ ᠬᠡᠷᠪᠡ | ᠬᠠᠮᠵᠢᠯᠴᠠᠬᠤ ᠥᠬᠡᠶ ᠪᠤᠶᠤ ᠮᠡᠳᠡᠭᠦᠯᠬᠦ ᠥᠬᠡᠶ ᠨᠢᠭᠤᠨ ᠲᠠᠯᠳᠠᠯᠠᠵᠤ ᠬᠤᠳᠠᠯ ᠢᠶᠠᠷ ᠮᠡᠳᠡᠭᠦᠯᠦᠭᠰᠡᠨ ᠠᠴᠠ ᠪᠣᠯᠵᠣ | ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ᠂ ᠬᠠᠮᠢᠶ᠎ᠠ ᠪᠥᠬᠦᠶ ᠬᠦᠮᠤᠰ ᠠᠴᠠ ᠬᠠᠤᠯᠢ ᠶᠣᠰᠣᠭᠠᠷ | ᠬᠠᠷᠢᠭᠤᠴᠠᠯᠭ᠎ᠠ ᠨᠡᠭᠡᠮᠵᠢᠯᠡᠨ᠎ᠡ᠃ | ᠵᠠᠷᠤᠳ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ | ᠠᠵᠢᠯ ᠤᠨ ᠵᠢᠯᠣᠭᠤᠳᠬᠤ ᠭᠠᠵᠠᠷ ᠤᠨ ᠬᠠᠷᠢᠯᠴᠠᠬᠤ ᠤᠲᠠᠰᠤ᠄ 0475 7482345 | ᠵᠠᠷᠤᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠷᠢᠯᠴᠠᠬᠤ ᠤᠲᠠᠰᠤ᠄ 0475 | 722575 | ᠵᠠᠷᠤᠳ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠠᠷᠢᠯᠴᠠᠬᠤ ᠤᠲᠠᠰᠤ᠄ | 0475 722221 |