ᠵᠠᠷᠤᠳ ᠬᠤᠰᠢᠭᠤ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠰᠡᠳᠬᠢᠴᠡ ᠶᠢᠨ ᠵᠦᠪᠯᠡᠯᠭᠡ  ᠶᠢᠨ ᠬᠠᠯᠠᠭᠤᠨ ᠤᠲᠠᠰᠤ ᠨᠡᠪᠲᠡᠷᠡᠭᠦᠯᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2020/2/21
       ᠣᠳᠣᠬᠠᠨ ᠳᠤ᠂ ᠰᠢᠨ᠎ᠡ  ᠬᠡᠯᠪᠡᠷᠢ ᠶᠢᠨ ᠲᠢᠳᠢᠮᠯᠢᠭ ᠸᠢᠷᠦ᠋ᠰ ‍ᠦᠨ‌ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠬᠢᠯᠠᠭ᠎ᠠ ᠶᠢᠨ ᠣᠶᠢᠶ᠎ᠠ ᠳᠤ ᠪᠤᠢ᠂ ᠬᠢᠵᠢᠭ ᠠᠴᠠ ᠪᠣᠯᠤᠭᠰᠠᠨ ᠰᠠᠳᠬᠢᠯ ᠤᠨ ᠲᠠᠷᠤᠭᠠᠰᠤ ᠪᠠ ᠨᠠᠵᠠᠭᠠᠶ ᠪᠤᠳᠤᠯ ᠰᠠᠳᠬᠢᠭᠦᠢ ᠶᠢ ᠲᠦᠢᠯᠪᠤᠷᠢᠳᠠᠢ ᠠᠷᠢᠯᠭᠠᠨ᠂ ᠰᠡᠳᠬᠢᠴᠡ ᠶᠢᠨ ᠡᠷᠡᠭᠦᠯ ᠮᠠᠨᠳᠤ ᠶᠢ ᠬᠠᠮᠠᠭᠠᠯᠠᠬᠤ ᠶᠢᠨ ᠲᠥᠯᠥᠭᠡ᠂ ᠵᠠᠷᠤᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠣᠶᠤᠨ  ᠤ ᠪᠣᠯᠪᠠᠰᠤᠨ ᠤ ᠠᠯᠪᠠᠨ ᠭᠡᠷ ᠵᠡᠷᠭᠡ ᠨᠠᠶᠮᠠᠨ ᠰᠠᠯᠠᠭ᠎ᠠ ᠮᠥᠴᠢᠷ ᠬᠠᠮᠲᠤᠷᠠᠨ ᠰᠠᠳᠬᠢᠴᠡ ᠶᠢᠨ ᠬᠠᠷᠰᠢ ᠰᠠᠭᠠᠳ ᠢ ᠰᠢᠯᠤᠭᠤᠳᠬᠠᠬᠤ ᠳᠤᠭᠤᠶᠢᠯᠠᠩ ᠪᠠᠶᠢᠭᠤᠯᠵᠤ᠂ ᠲᠦᠩᠯᠢᠶᠣᠤ ᠬᠤᠲᠠ ᠡᠴᠠ‌‍ᠰᠡᠳᠬᠢᠴᠡ ᠵᠦᠶ ᠶᠢᠨ ᠲᠤᠰᠬᠠᠶ ᠮᠡᠷᠭᠡᠵᠢᠯᠲᠡᠨ ᠪᠠ ᠪᠥᠬᠦ ᠬᠤᠰᠢᠭᠤᠨ ᠤ 31ᠰᠠᠳᠬᠢᠴᠡ‌‍ᠶᠢᠨ ᠵᠥᠪᠯᠡᠯᠭᠡ  ᠶᠢᠨ ᠪᠠᠭᠰᠢ ᠢᠶᠠᠷ ᠪᠦᠷᠢᠯᠳᠦᠭᠰᠡᠨ ᠰᠡᠳᠬᠢᠴᠡ ᠶᠢᠨ ᠲᠤᠰᠠᠯᠠᠮᠵᠢ ᠶᠢᠨ ᠰᠠᠶᠢᠨ ᠳᠤᠷᠠᠴᠤᠳ ‍ᠤᠨ‌ᠦᠶᠯᠡᠴᠢᠯᠡᠭᠡᠨ ᠤ ᠠᠩᠭᠢ ᠶᠢ ᠤᠷᠢᠵᠤ᠂ ᠰᠡᠳᠬᠢᠴᠡ ᠶᠢᠨ ᠲᠤᠰᠠᠯᠠᠮᠵᠢ ᠬᠡᠷᠡᠭᠴᠡᠭᠡ ᠲᠠᠢ ᠬᠥᠮᠦᠰ ᠲᠤ ᠰᠡᠳᠬᠢᠴᠡ ᠶᠢᠨ ᠲᠡᠮᠵᠢᠯᠭᠡ᠂ ᠰᠠᠳᠬᠢᠴᠡ‌‍ᠶᠢᠨ ᠵᠢᠯᠣᠭᠤᠳᠣᠯᠭ᠎ᠠ᠂  ᠰᠠᠳᠬᠢᠴᠡ ᠶᠢᠨ ᠰᠢᠯᠤᠭᠤᠳᠬᠠᠯ ᠵᠡᠷᠭᠡ ᠦᠶᠯᠡᠴᠢᠯᠡᠭᠡ ᠬᠠᠩᠭᠠᠬᠤ ᠪᠠᠷ ᠪᠣᠯᠪᠠ᠂ ᠲᠤᠰᠠᠯᠠᠮᠵᠢ ᠭᠤᠶᠤᠭᠴᠢᠳ ᠢ ᠬᠠᠪᠰᠤᠷᠤᠨ ᠬᠢᠵᠢᠭ ᠠᠴᠠ ᠪᠣᠯᠤᠭᠰᠠᠨ ᠰᠡᠳᠬᠢᠴᠡ ᠶᠢᠨ ᠬᠢᠮᠤᠷᠠᠯ ᠭᠠᠴᠢᠬᠳᠠᠯ ᠮᠣᠬᠤᠷᠳᠡᠯ ᠢ ᠤᠷᠢᠳᠴᠢᠯᠠᠨ  ᠰᠠᠷᠭᠡᠶᠢᠯᠡᠬᠦ ᠪᠠ ᠭᠦᠩᠭᠡᠷᠡᠭᠦᠯᠤᠨ᠎ᠠ᠃ ᠰᠠᠶᠢᠨ ᠳᠤᠷᠠᠴᠤᠳ ᠤᠨ ᠦᠶᠯᠡᠴᠢᠯᠡᠭᠡᠨ ᠤ ᠠᠩᠭᠢ 2020 ᠣᠨ ᠤ 2 ᠰᠠᠷ᠎ᠠ ᠶᠢᠨ 19 ᠤ ᠡᠳᠦᠷ ᠠᠴᠠ ᠡᠬᠢᠯᠡᠨ 24 ᠴᠠᠭ ᠰᠡᠳᠬᠢᠴᠡ ᠶᠢᠨ ᠵᠦᠪᠯᠡᠯᠭᠡ ᠶᠢᠨ ᠬᠠᠯᠠᠭᠤᠨ ᠤᠲᠠᠰᠤ  ᠶᠢ ᠵᠢᠩᠬᠢᠨᠢ ᠨᠡᠪᠲᠡᠷᠡᠭᠦᠯᠵᠦ᠂ ᠦᠶᠯᠡᠴᠢᠯᠡᠭᠡ ᠬᠠᠩᠭᠠᠨ᠎ᠠ᠃    ᠰᠡᠳᠬᠢᠴᠡ ᠶᠢᠨ ᠵᠦᠪᠯᠡᠯᠭᠡ ᠶᠢᠨ ᠬᠠᠯᠠᠭᠤᠨ ᠤᠲᠠᠰᠤ᠄ 0475 — 7222187 15504850021    ᠡᠭᠦᠨ᠎ᠡ ᠵᠠᠷᠯᠠᠪᠠ    ᠵᠠᠷᠤᠳ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ    ᠵᠠᠷᠤᠳ ᠬᠤᠰᠢᠭᠤᠨ ᠤ ᠣᠶᠤᠨ ᠤ ᠪᠣᠯᠪᠠᠰᠤᠨ ᠤ ᠠᠯᠪᠠᠨ ᠭᠡᠷ    ᠵᠠᠷᠤᠳ ᠬᠤᠰᠢᠭᠤᠨ ᠤ ᠰᠡᠳᠬᠢᠴᠡ ᠶᠢᠨ ᠡᠷᠡᠭᠦᠯ ᠮᠡᠨᠳᠦ ᠶᠢᠨ ᠨᠡᠶᠢᠭᠡᠮᠯᠢᠭ    ᠡᠪ ᠬᠠᠮᠲᠤ ᠵᠠᠯᠠᠭᠤᠴᠤᠳ ᠤᠨ ᠡᠪᠯᠡᠯ ᠤᠨ ᠵᠠᠷᠤᠳ ᠬᠤᠰᠢᠭᠤᠨ ᠤ ᠬᠤᠷᠢᠶ᠎ᠠ    ᠵᠠᠷᠤᠳ ᠬᠤᠰᠢᠭᠤᠨ ᠤ ᠰᠤᠷᠭᠠᠨ ᠬᠥᠮᠦᠵᠢᠯ ᠰᠢᠨᠵᠢᠯᠡᠭᠡ ᠮᠡᠷᠭᠡᠵᠢᠯ ᠪᠡᠶ᠎ᠡ ᠲᠠᠮᠢᠷ ᠤᠨ ᠲᠣᠪᠴᠢᠶ᠎ᠠ    ᠵᠠᠷᠤᠳ ᠬᠤᠰᠢᠭᠤᠨ ᠤ ᠵᠡᠮᠳᠡᠭᠴᠦᠳ ᠤᠨ ᠬᠤᠯᠪᠤᠭ᠎ᠠ    ᠵᠠᠷᠤᠳ ᠬᠤᠰᠢᠭᠤᠨ ᠤ ᠡᠮᠡᠭᠳᠡᠶᠢᠴᠤᠳ ᠤᠨ ᠬᠤᠯᠪᠤᠭ᠎ᠠ    ᠵᠠᠷᠤᠳ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ               2020 ᠣᠨ ᠤ 2 ᠰᠠᠷ᠎ᠠ ᠶᠢᠨ 18 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号