ᠥᠷᠭᠡᠨ ᠤᠯᠠᠨ ᠬᠤᠳᠠ ᠶᠢᠨ ᠠᠷᠠᠳ ᠨᠠᠶᠢᠵᠠ ᠨᠠᠷ ᠲᠠᠨ᠎ᠠ᠄ | ᠨᠠᠮ ᠤᠨ ᠲᠥᠪ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ | ᠵᠠᠰᠠᠬᠤ ᠣᠷᠣᠨ ᠤ ᠠᠵᠢᠯ ᠤᠨ ᠲᠣᠬᠢᠷᠠᠭᠤᠯᠤᠯᠲᠠ ᠶᠣᠰᠣᠭᠠᠷ᠂ ᠪᠢᠳᠡ ᠰᠢᠨ᠎ᠡᠬᠡᠯᠪᠡᠷᠢ ᠶᠢᠨ ᠲᠢᠳᠢᠮᠯᠢᠭ | ᠸᠢᠷᠦ᠋ᠰ ᠠᠴᠠ ᠬᠠᠯᠳᠠᠪᠤᠷᠢᠯᠠᠬᠤ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ | ᠴᠦ ᠰᠤᠯᠠᠷᠠᠭᠤᠯᠤᠯ ᠥᠬᠡᠶ ᠴᠢᠩᠭ᠎ᠠ ᠪᠣᠳᠠᠲᠠᠶ ᠨᠠᠷᠢᠨ ᠠᠳᠬᠤᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ | ᠡᠯ᠎ᠡ ᠵᠦᠶᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠪᠡ᠂ ᠬᠤᠲᠠ ᠶᠢᠨ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠰᠤᠳᠤᠯᠤᠨ ᠶᠠᠷᠢᠯᠴᠠᠬᠤ ᠪᠠᠷ ᠲᠠᠮᠵᠢᠨ᠂ ᠡᠨᠡᠡᠳᠦᠷ ᠠᠴᠠ | ᠡᠬᠢᠯᠡᠨ ᠬᠤᠤᠯᠢᠨ ᠭᠤᠤᠯ ᠬᠤᠲᠠ ᠠᠴᠠ ᠪᠤᠰᠤᠳ ᠪᠥᠬᠦ ᠬᠤᠲᠠ ᠶᠢᠨ ᠬᠢᠵᠠᠭᠠᠷ ᠲᠣᠳᠣᠷᠠᠬᠢ ᠪᠣᠶ ᠪᠥᠬᠦᠶ ᠲᠦᠷᠭᠡᠨ | ᠵᠠᠮ᠂ ᠤᠯᠤᠰ ᠮᠤᠵᠢ ᠶᠢᠨ ᠵᠠᠮ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠢᠵᠢᠭ ᠪᠠᠶᠢᠴᠠᠭᠠᠬᠤ | ᠥᠷᠲᠡᠭᠡ ᠴᠡᠭ ᠢ ᠬᠦᠴᠦᠨ ᠥᠬᠡᠶ ᠪᠣᠯᠭᠠᠵᠤ᠂ ᠡᠩ ᠤᠨ ᠵᠠᠮ ᠲᠡᠭᠡᠭᠡᠪᠦᠷᠢ ᠶᠢᠨ ᠡᠮᠬᠢ ᠳᠢᠭᠯᠢᠮ ᠢ ᠪᠥᠬᠦ ᠲᠠᠯ᠎ᠠ ᠪᠠᠷ | ᠰᠡᠷᠭᠦᠭᠡᠵᠦ᠂ ᠪᠠᠷᠠᠭᠠᠨ ᠤ ᠭᠦᠶᠯᠭᠡᠭᠡ᠂ ᠬᠥᠮᠦᠨ ᠬᠠᠷ᠎ᠠ ᠲᠠᠷᠭᠡ ᠬᠦᠰᠭᠡ ᠶᠢ ᠰᠠᠭᠠᠳ ᠥᠬᠡᠶ ᠨᠠᠪᠳᠡᠷᠡᠭᠦᠯᠬᠦ ᠪᠠᠷ | ᠲᠣᠭᠲᠠᠭᠠᠪᠠ᠃ | ᠭᠡᠪᠡᠴᠦ᠂ ᠡᠨᠡ ᠨᠢ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠰᠤᠯᠠᠷᠠᠭᠰᠠᠨ ᠶᠠᠪᠤᠳᠠᠯ ᠪᠢᠰᠢ᠂ ᠸᠢᠷᠦ᠋ᠰ ᠤᠨ | ᠠᠶᠤᠯ ᠲᠦᠭᠰᠢᠭᠦᠷᠢ ᠪᠠ ᠳᠠᠯᠳᠠ ᠬᠡᠮ ᠥᠬᠡᠶ ᠪᠣᠯᠵᠠᠢ ᠭᠡᠰᠡᠨ ᠶᠠᠪᠤᠳᠠᠯ ᠪᠢᠰᠢ᠂ ᠬᠠᠷᠢᠨ ᠡᠭᠦᠨ ᠤ ᠡᠰᠡᠷᠭᠦ ᠪᠠᠷ᠂ | ᠣᠳᠣᠬᠠᠨ ᠳᠤ ᠬᠢᠵᠢᠭ ᠮᠦᠨᠴᠤ ᠲᠡᠯᠭᠡᠷᠡᠵᠤ ᠪᠠᠶᠢᠨ᠎ᠠ᠂ ᠸᠢᠷᠦ᠋ᠰ ᠤᠨ ᠬᠠᠯᠳᠠᠪᠤᠷᠢᠯᠠᠯ ᠶᠠᠪᠤᠬᠤ ᠲᠤᠲᠤᠮ | ᠪᠤᠳᠤᠯᠢᠶᠠᠨᠲᠠᠶ ᠪᠣᠯᠵᠣ ᠪᠠᠶᠢᠨ᠎ᠠ᠂ ᠠᠵᠤ ᠠᠬᠤᠶᠢᠯᠠᠯ ᠤᠨ ᠦᠶᠯᠡᠳᠪᠦᠷᠢᠯᠡᠯ ᠢᠶᠠᠨ ᠰᠡᠷᠭᠦᠭᠡᠬᠦ ᠪᠠ ᠶᠠᠪᠤᠭᠤᠯ ᠭᠦᠮᠤᠨ | ᠠᠮᠠᠨ ᠤ ᠨᠡᠮᠡᠭᠳᠡᠬᠦ ᠶᠢ ᠳᠠᠭᠠᠯᠳᠤᠨ᠂ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠨᠠᠩ ᠬᠦᠨᠳᠦ ᠨᠣᠴᠢᠲᠠᠶ ᠪᠣᠯᠪᠠ᠂ | ᠡᠨᠡ ᠬᠡᠳᠦᠨ ᠡᠳᠦᠷ ᠵᠠᠷᠢᠮ ᠬᠤᠲᠠ ᠳᠤ ᠨᠢᠭᠡᠨᠲᠡ ᠵᠠᠬ᠎ᠠ ᠵᠡᠭᠡᠯᠢ ᠳᠤ ᠬᠥᠮᠦᠰ ᠬᠤᠷᠠᠨ ᠴᠤᠭᠯᠠᠷᠠᠵᠤ᠂ ᠴᠡᠴᠡᠷᠯᠢᠭ | ᠠᠭᠤᠳᠠᠮ ᠲᠠᠯᠠᠪᠠᠶ ᠳᠤ ᠬᠥᠮᠦᠰ ᠣᠯᠠᠰᠢᠷᠠᠵᠤ᠂ ᠣᠷᠳᠣ ᠬᠤᠭᠤᠴᠠᠭ᠎ᠠ ᠪᠠᠷ ᠴᠤᠬᠯᠠᠷᠠᠵᠤ ᠵᠣᠭᠤᠭ ᠲᠡᠯᠭᠡᠬᠦ ᠦᠵᠡᠭᠳᠡᠯ | ᠭᠠᠷᠴᠤ᠂ ᠬᠢᠵᠢᠭ ᠢ ᠰᠡᠷᠭᠡᠶᠢᠯᠡᠨ ᠡᠵᠡᠮᠳᠡᠬᠦ ᠳᠤ ᠯᠤᠲᠤ ᠶᠡᠭᠡ ᠠᠶᠤᠯ ᠲᠦᠭᠰᠢᠭᠦᠷᠢ ᠪᠠ ᠳᠠᠯᠳᠠ ᠬᠡᠮ ᠠᠪᠴᠢᠷᠠᠭᠰᠠᠨ | ᠪᠠᠶᠢᠨ᠎ᠠ᠃ | ᠥᠷᠭᠡᠨ ᠣᠯᠠᠨ ᠬᠤᠲᠠ ᠶᠢᠨ ᠠᠷᠠᠳ ᠨᠠᠶᠢᠵᠠ ᠨᠠᠷ ᠡ ᠂ ᠣᠳᠣ ᠪᠣᠯ ᠬᠢᠵᠢᠭ ᠢ ᠰᠡᠷᠭᠡᠶᠢᠯᠡᠨ ᠡᠵᠡᠮᠳᠡᠬᠦ | ᠵᠠᠩᠬᠢᠯᠠᠭ᠎ᠠ ᠶᠢᠨ ᠦᠶ᠎ᠡ᠂ ᠬᠠᠮᠤᠭ ᠭᠦᠴᠢᠷᠳᠠᠢ ᠦᠶ᠎ᠡ ᠳᠤ ᠪᠤᠢ᠂ ᠰᠣᠨᠣᠷ ᠰᠡᠷᠡᠮᠵᠢ ᠪᠠᠨ ᠰᠤᠯᠠᠷᠠᠭᠤᠯᠵᠤ | ᠶᠠᠭᠠᠬᠢᠭᠰᠠᠨ ᠴᠤ ᠪᠣᠯᠬᠤ ᠦᠭᠡᠢ᠂ ᠤᠷᠢᠳᠠᠬᠢ ᠬᠢᠭᠰᠡᠨ ᠢᠶᠠᠨ ᠶᠠᠭᠠᠬᠢᠭᠰᠠᠨ ᠴᠤ ᠲᠠᠯᠠᠭᠠᠷ ᠪᠣᠯᠭᠠᠵᠤ ᠪᠣᠯᠬᠤ ᠦᠭᠡᠢ᠃ | ᠪᠦᠬᠦ ᠬᠤᠲᠠ ᠶᠢᠨ ᠠᠷᠠᠳ ᠲᠦᠮᠡᠨ ᠤ ᠡᠷᠡᠭᠦᠯ ᠮᠡᠨᠳᠦ ᠶᠢᠨ ᠲᠥᠯᠥᠭᠡ᠂ ᠥᠷᠭᠡᠨᠣᠯᠠᠨ ᠬᠤᠲᠠ ᠶᠢᠨ ᠠᠷᠠᠳ ᠲᠤ | ᠲᠥᠪ ᠴᠢᠩᠭ᠎ᠠ ᠪᠠᠷ ᠰᠠᠨᠠᠭᠤᠯᠬᠤ ᠨᠢ᠄ ᠡᠷᠬᠡᠪᠰᠢ ᠰᠡᠷᠬᠡᠶᠢᠯᠡᠨᠬᠠᠮᠠᠭᠠᠯᠠᠬᠤ ᠤᠬᠠᠮᠰᠠᠷ ᠢᠶᠠᠨ ᠴᠢᠩᠭᠠᠳᠬᠠᠵᠤ᠂ | ᠥᠪᠡᠷ ᠢ ᠪᠠᠨ ᠬᠠᠮᠠᠭᠠᠯᠠᠬᠤ ᠪᠠᠨᠴᠢᠩᠭᠠᠳᠬᠠᠵᠤ᠂ ᠠᠮᠠᠪᠴᠢ ᠵᠡᠭᠦᠬᠦ ᠦᠭᠡᠢ ᠪᠣᠯ ᠭᠠᠳᠠᠭᠰᠢ ᠭᠠᠷᠬᠤ ᠦᠭᠡᠢ᠂ ᠭᠡᠷ | ᠲᠡᠭᠡᠨ ᠬᠠᠷᠢᠪᠡᠯ ᠭᠠᠷ ᠢᠶᠠᠨ ᠦᠷᠭᠦᠯᠵᠢ ᠤᠬᠢᠶᠠᠵᠤ᠂ ᠴᠡᠴᠡᠷᠯᠢᠭ᠂ ᠬᠡᠲᠦ ᠳᠡᠯᠭᠡᠭᠦᠷ᠂ ᠦᠰᠦ ᠵᠠᠰᠠᠬᠤ ᠭᠠᠵᠠᠷ | ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠤᠴᠢᠬᠤ ᠳᠤ ᠠᠯᠢ ᠴᠢᠳᠠᠬᠤ ᠪᠠᠷ ᠪᠤᠰᠤᠳ ᠲᠠᠢ ᠵᠣᠬᠢᠬᠤ ᠵᠠᠢ ᠲᠠᠢ | ᠪᠠᠶᠬᠤ ᠬᠡᠷᠡᠭᠲᠡᠢ︔ ᠠᠯᠢ ᠴᠢᠳᠠᠬᠤ ᠪᠠᠷ ᠭᠠᠳᠠᠭᠰᠢ ᠭᠠᠷᠬᠤ ᠦᠭᠡᠢ᠂ ᠴᠤᠭᠯᠠᠭᠠᠨ ᠳᠤ ᠣᠴᠢᠬᠤ ᠥᠬᠡᠶ᠂ ᠬᠠᠮᠲᠤ | ᠬᠤᠭᠤᠯᠠᠯᠠᠬᠤ ᠥᠬᠡᠶ᠂ ᠣᠯᠠᠭᠤᠯᠠ ᠴᠤᠭᠯᠠᠷᠠᠬᠤ ᠥᠬᠡᠶ ᠪᠠᠶᠢᠵᠤ᠂ ᠬᠠᠯᠳᠠᠪᠤᠷᠢᠯᠠᠬᠤ ᠲᠦᠭᠰᠢᠭᠦᠷᠢ ᠶᠢ ᠪᠠᠭᠠᠰᠬᠠᠬᠤ | ᠬᠡᠷᠡᠭᠳᠠᠢ︔ ᠨᠡᠶᠢᠭᠡᠮ ᠲᠣᠭᠤᠷᠢᠭ ᠭᠠᠴᠠᠭ᠎ᠠ ᠲᠣᠰᠬᠤᠨ ᠤ ᠬᠢᠨ ᠲᠦᠩᠯᠢᠶᠤᠤ ᠳᠤ ᠢᠷᠡᠬᠦ᠂ ᠪᠣᠴᠠᠬᠤ ᠬᠥᠮᠦᠰ ᠲᠤ | ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠡᠷᠡᠭᠦᠯ ᠮᠡᠨᠳᠦ ᠶᠢᠨ ᠦᠶᠯᠡᠴᠢᠯᠡᠭᠡᠨ ᠢ ᠰᠠᠶᠢᠲᠤᠷ ᠬᠢᠬᠦ ᠶᠢᠨ ᠬᠠᠮᠲᠤ | ᠶᠡᠷᠦ ᠪᠤᠰᠤ ᠶᠢᠨ ᠪᠠᠶᠢᠳᠠᠯ ᠭᠠᠷᠪᠡᠯ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃ ᠪᠢᠳᠡ ᠬᠠᠮᠳᠤᠪᠡᠷ ᠬᠢᠵᠢᠭ ᠢ | ᠰᠡᠷᠭᠡᠶᠢᠯᠡᠨ ᠡᠵᠡᠮᠳᠡᠬᠦ ᠬᠦᠴᠦᠲᠡᠶ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠲᠡᠶᠢᠨ ᠳᠤ ᠢᠯᠠᠯᠲᠠ ᠶᠢ ᠡᠷᠳᠡᠬᠡᠨ ᠣᠯᠵᠤ᠂ ᠠᠵᠤ ᠠᠬᠤᠶ ᠨᠡᠶᠢᠭᠡᠮ | ᠤᠨ ᠬᠡᠪ ᠤᠨ ᠡᠮᠬᠢ ᠳᠢᠭᠯᠢᠮ ᠢ ᠰᠡᠷᠭᠦᠭᠡᠶ᠎ᠡ ︕ | ᠲᠦᠩᠯᠢᠶᠣᠤ ᠬᠤᠲᠠ ᠶᠢᠨ ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠠᠴᠠ ᠬᠠᠯᠳᠠᠪᠤᠷᠢᠯᠠᠬᠤ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2020 ᠣᠨ ᠤ 2 ᠰᠠᠷ᠎ᠠ |