ᠣᠯᠠᠨ ᠲᠦᠮᠡᠨ ᠳᠤ ᠲᠦᠰᠢᠭᠯᠡᠨ ᠬᠢᠵᠢᠭ ᠲᠠᠢ ᠲᠡᠮᠡᠴᠡᠬᠦ ᠠᠷᠠᠳ ᠤᠨ ᠲᠠᠶᠢᠨ ᠤ ᠢᠯᠠᠯᠳᠡ ᠶᠢ ᠤᠯᠰᠤᠭᠠᠢ
ᠨᠡᠶᠢᠲᠡᠯᠡᠭᠰᠡᠨ ᠴᠠᠭ᠄
2020/3/5
᠊᠊᠊᠊᠊᠊᠊ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠬᠯᠠᠯᠳᠠ ᠶᠢᠨ ᠲᠠᠶᠢᠯᠠᠯᠳᠤᠭᠠᠨ ᠳᠤ ᠢᠯᠠᠯᠳᠡ ᠤᠯᠬᠤ  ᠲᠤᠬᠠᠢ ᠲᠤᠯᠤᠭᠠᠨᠳᠡ ᠦᠬᠦᠯᠡᠬᠦ ᠨᠢ                  ᠲᠤᠰ ᠰᠦᠯᠵᠢᠶ᠎ᠡ ᠶᠢᠨ ᠰᠢᠭᠦᠮᠵᠢᠯᠡᠭᠴᠢ          ᠠᠯᠢᠪᠠ ᠪᠦᠬᠦᠨ ᠤᠯᠠᠨ ᠲᠦᠮᠡᠨ ᠤ ᠲᠥᠯᠥᠭᠡ᠂ ᠠᠯᠢᠪᠠ ᠪᠦᠬᠦᠨ ᠳᠤ ᠤᠯᠠᠨ ᠲᠦᠮᠡᠨ ᠢ ᠲᠦᠰᠢᠭᠯᠡᠨ᠎ᠡ᠃  ᠬᠢᠵᠢᠭ ᠲᠠᠢ ᠲᠡᠮᠡᠴᠡᠬᠦ ᠪᠣᠯ ᠪᠦᠬᠦ ᠠᠷᠠᠳ ᠤᠨ ᠠᠵᠢᠯᠯᠠᠭ᠎ᠠ ᠮᠥᠨ᠂ ᠤᠯᠠᠨ ᠲᠦᠮᠡᠨ ᠪᠣᠯ ᠡᠨᠡ ᠤᠳᠠᠭᠠᠨ ᠤ ᠲᠡᠮᠡᠴᠡᠯ ᠤᠨ  ᠭᠤᠤᠯ ᠬᠦᠴᠦᠨ ᠴᠡᠷᠢᠭ ᠮᠥᠨ᠃        ︽ᠤᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ  ᠲᠡᠷᠢᠭᠦᠨ ᠪᠠᠶᠢᠷᠢᠨ ᠳᠤ ᠲᠠᠯᠪᠢᠬᠤ ᠬᠡᠷᠡᠭᠳᠡᠢ︾ ︽ᠤᠯᠠᠨ ᠲᠦᠮᠡᠨ ᠢ ᠥᠷᠭᠡᠨ ᠢᠶᠠᠷ ᠲᠠᠶᠢᠴᠢᠯᠠᠵᠦ᠂ ᠤᠯᠠᠨ ᠲᠦᠮᠡᠨ ᠢ  ᠵᠣᠬᠢᠶᠠᠨ ᠪᠠᠶᠢᠭᠤᠯᠵᠤ᠂ ᠤᠯᠠᠨ ᠲᠦᠮᠡᠨ ᠢ ᠨᠢᠭᠲᠠᠷᠠᠭᠤᠯᠬᠤ ᠬᠡᠷᠡᠭᠳᠡᠢ︾ ︽ᠤᠯᠠᠨ ᠲᠦᠮᠡᠨ ᠳᠤ ᠲᠦᠰᠢᠭᠯᠡᠨ ᠬᠢᠵᠢᠭ ᠤᠨ  ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠯᠳᠡ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠢ︾᠂ ᠶᠡᠷᠦᠩᠬᠡᠢ  ᠱᠦᠵᠢ ᠰᠢ ᠶᠢᠨ ᠫᠢᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠠᠯᠢ ᠤᠯᠠᠨ ᠴᠢᠬᠤᠯᠠ ᠵᠢᠭᠠᠪᠤᠷᠢ  ᠥᠭᠴᠦ᠂ ᠰᠡᠷᠭᠡᠶᠢᠯᠡᠨ ᠡᠵᠡᠮᠳᠡᠬᠦ ᠠᠵᠢᠯ ᠳᠤ ᠠᠯᠢ ᠤᠯᠠᠨ ᠴᠢᠬᠤᠯᠠ ᠪᠠᠶᠢᠷᠢᠯᠠᠭᠤᠯᠤᠯᠲᠠ ᠬᠢᠵᠦ᠂ ᠤᠯᠠᠨ ᠲᠦᠮᠡᠨ ᠤ  ᠠᠰᠢᠭ ᠲᠤᠰᠠ ᠶᠢ ᠦᠨᠡᠨ ᠬᠦ ᠬᠠᠮᠠᠭᠠᠯᠠᠵᠤ᠂ ᠤᠯᠠᠨ ᠲᠦᠮᠡᠨ ᠤ ᠬᠦᠴᠦᠨ ᠢ ᠨᠢᠬᠳᠠᠷᠠᠭᠤᠯᠬᠤ ᠬᠡᠷᠡᠭᠲᠡᠢ ᠭᠡᠵᠦ  ᠴᠢᠬᠤᠯᠠᠴᠢᠯᠠᠪᠠ᠃ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠪᠣᠯ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ᠂  ᠨᠠᠩ ᠴᠤ ᠬᠠᠷᠢᠭᠤᠴᠠᠯᠭ᠎ᠠ ᠶᠢᠨ ᠬᠠᠮᠲᠤ ᠶᠢᠨ ᠴᠣᠭᠴᠠ ᠮᠥᠨ᠃      ᠣᠯᠠᠨ ᠲᠦᠮᠡᠨ ᠪᠣᠯ ᠬᠢᠵᠢᠭ ᠤᠨ ᠪᠠᠶᠢᠳᠠᠯ ᠢ ᠡᠰᠡᠷᠭᠦᠴᠡᠬᠦ ᠬᠠᠮᠤᠭ ᠤᠨ ᠥᠷᠭᠡᠨ ᠳᠡᠯᠭᠡᠷ ᠰᠠᠭᠤᠷᠢ ᠮᠥᠨ᠃ ᠦᠢᠷ᠎ᠡ ᠶᠢᠨ  ᠡᠳᠦᠷ ᠤᠳ ᠲᠤ᠂ ᠮᠠᠨ ᠤ ᠬᠤᠲᠠ ᠶᠢᠨ ᠡᠯ᠎ᠡ ᠪᠠᠶᠢᠭᠤᠯᠭ᠎ᠠ ᠨᠢᠭᠡᠴᠢ ᠦᠳᠲᠡᠷ ᠲᠦᠷᠭᠡᠨ ᠬᠥᠳᠡᠯᠦᠯᠴᠡᠵᠦ᠂ ᠪᠦᠬᠦ  ᠬᠦᠴᠦᠨ ᠢᠶᠠᠷ ᠢᠶᠠᠨ ᠡᠷᠡᠯᠬᠡᠭᠯᠡᠨ ᠲᠡᠮᠡᠴᠡᠪᠡ︔ ᠡᠮ ᠡᠮᠨᠡᠯᠭᠡ ᠶᠢᠨ ᠠᠵᠢᠯᠲᠠᠳ ᠪᠣᠯᠤᠨ ᠥᠷᠭᠡᠨ ᠤᠯᠠᠨ ᠰᠠᠶᠢᠨ ᠲᠤᠷᠠᠴᠤᠤᠯ  ᠰᠠᠨᠠᠭᠠᠴᠢᠯᠠᠭ᠎ᠠ ᠠᠴᠠ ᠪᠠᠨ ᠲᠠᠶᠢᠨ ᠳᠤ ᠤᠷᠤᠯᠴᠠᠬᠤ ᠪᠠᠷ ᠭᠤᠶᠤᠴᠢᠯᠠᠵᠤ᠂ ᠡᠷᠡᠰ ᠰᠢᠭᠤᠷᠬᠠᠢ ᠪᠠᠷ ᠡᠮᠤᠨ᠎ᠠ ᠹᠷᠤᠨᠲ ᠲᠤ  ᠭᠠᠪᠰᠢᠭᠠᠶᠢᠯᠠᠪᠠ︔ ᠡᠯ᠎ᠡ ᠠᠵᠢᠯ ᠲᠥᠷᠥᠯ ᠤᠨ ᠠᠵᠢᠯᠲᠠᠨ ᠠᠵᠢᠯᠴᠢᠨ ᠴᠠᠭᠠᠨ ᠰᠠᠷ᠎ᠠ ᠶᠢᠨ ᠠᠮᠠᠷᠠᠯᠲᠠ ᠶᠢᠨ  ᠬᠤᠭᠤᠴᠠᠭ᠎ᠠ ᠪᠠᠨ ᠲᠠᠶᠠᠭᠳᠠᠵᠤ᠂ ᠥᠪᠡᠷ ᠥᠪᠡᠷ ᠤᠨ ᠠᠵᠢᠯ ᠤᠨ ᠪᠠᠶᠢᠷᠢ ᠪᠠᠨ ᠪᠠᠲᠤ ᠰᠠᠬᠢᠪᠠ︔ ᠨᠡᠶᠢᠭᠡᠮ ᠤᠨ ᠡᠯ᠎ᠡ  ᠡᠲᠡᠭᠡᠳ ᠤᠨ ᠬᠢᠨ ᠢᠳᠡᠪᠬᠢᠲᠡᠶ ᠪᠠᠷ ᠵᠣᠭᠤᠰ ᠮᠥᠩᠭᠦ ᠡᠳ᠋ ᠪᠣᠳᠠᠰ ᠬᠠᠨᠳᠢᠪᠯᠠᠵᠤ᠂ ᠰᠡᠳᠬᠢᠯ ᠵᠢᠷᠦᠬᠡ ᠪᠠᠨ ᠬᠤᠯᠪᠣᠵᠤ᠂  ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠪᠠ᠃ ᠨᠡᠩ ᠵᠠᠩᠭᠢᠯᠠᠭ᠎ᠠ ᠨᠢ ᠥᠷᠭᠡᠨ ᠤᠯᠠᠨ ᠠᠷᠠᠳ ᠲᠦᠮᠡᠨ ᠤᠯᠤᠰ ᠤᠨ  ᠤᠷᠢᠶᠠᠯᠠᠭ᠎ᠠ ᠶᠢ ᠢᠳᠡᠪᠬᠢᠲᠡᠶ ᠴᠤᠤᠷᠢᠶᠠᠲᠤᠨ ᠳᠠᠭᠠᠵᠤ᠂ ᠰᠠᠨᠠᠭᠠᠴᠢᠯᠠᠭ᠎ᠠ ᠠᠴᠠ ᠪᠠᠨ ᠥᠪᠡᠷ ᠢ ᠪᠠᠨ ᠲᠤᠰᠠᠭᠠᠷᠯᠠᠵᠤ  ᠰᠡᠷᠭᠡᠶᠢᠯᠡᠨ ᠬᠠᠮᠠᠭᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠬᠦᠴᠦᠷᠬᠡᠭ ᠶᠡᠭᠡ ᠳᠡᠮᠵᠢᠯᠭᠡ ᠬᠠᠩᠭᠠᠭᠰᠠᠨ  ᠪᠠᠶᠢᠨ᠎ᠠ᠃          ᠰᠢᠨ᠎ᠡ ᠲᠢᠲᠢᠮᠯᠢᠭ ᠠᠭᠤᠰᠬᠢᠨ ᠦᠷᠪᠢᠰᠤᠯ ᠨᠢ ᠬᠥᠮᠦᠨ ᠪᠣᠯᠭᠠᠨ ᠤ ᠡᠷᠡᠭᠦᠯ ᠴᠢᠭᠢᠷᠠᠭ ᠢ ᠰᠦᠷᠳᠡᠭᠦᠯᠵᠦ ᠪᠠᠶᠢᠨ᠎ᠠ᠂  ᠬᠥᠮᠦᠨ ᠪᠦᠬᠦᠨ ᠰᠡᠳᠬᠢᠯ ᠰᠠᠨᠠᠭ᠎ᠠ ᠪᠠᠨ ᠨᠢᠭᠡᠳᠬᠡᠨ᠂ ᠬᠦᠴᠦ ᠴᠢᠳᠠᠯ ᠢᠶᠠᠨ ᠬᠠᠮᠲᠤᠳᠬᠠᠵᠤ᠂ ᠬᠤᠯᠪᠣᠭᠠᠯᠠᠨ ᠰᠡᠷᠭᠡᠶᠢᠯᠡᠵᠦ  ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠂ ᠪᠦᠬᠦ ᠠᠷᠠᠳ ᠢᠶᠠᠷ ᠢᠶᠠᠨ  ᠬᠥᠳᠡᠯᠤᠯᠴᠠᠪᠡᠯ ᠰᠠᠶ᠋ᠢ ᠡᠨᠡ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ ᠳᠤ ᠢᠯᠠᠯᠲᠠ  ᠣᠯᠵᠤ ᠴᠢᠳᠠᠨ᠎ᠠ᠃          ᠤᠯᠠᠨ ᠲᠦᠮᠡᠨ ᠤ ᠬᠦᠴᠦᠨ ᠪᠣᠯ ᠬᠢᠵᠠᠭᠠᠯᠠᠰᠢ ᠦᠭᠡᠢ ᠶᠤᠮ᠃ ᠪᠢᠳᠡ ᠤᠯᠠᠨ ᠲᠦᠮᠡᠨᠴᠢ ᠱᠤᠭᠤᠮ ᠢ ᠪᠠᠷᠢᠮᠲᠠᠯᠠᠵᠤ᠂  ᠤᠯᠠᠨ ᠲᠦ᠋ᠮᠡᠨ ᠳᠤ ᠴᠢᠩᠭ᠎ᠠ ᠲᠦᠰᠢᠭᠯᠡᠵᠦ᠂ ᠥᠷᠭᠡᠨ ᠤᠯᠠᠨ ᠠᠷᠠᠳ ᠲᠦᠮᠡᠨ ᠢ ᠲᠠᠶᠢᠴᠢᠯᠠᠵᠤ᠂ ᠵᠣᠬᠢᠶᠠᠨ ᠪᠠᠶᠢᠭᠤᠯᠵᠤ᠂  ᠨᠢᠭᠲᠠᠷᠠᠭᠤᠯᠵᠤ᠂ ᠬᠤᠲᠠ ᠲᠠᠶᠠᠭᠠᠷ ᠢᠶᠠᠨ ᠰᠡᠳᠬᠢᠯ ᠨᠢᠭᠡᠳᠪᠠᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ  ᠲᠠᠶᠢᠨ ᠶᠡᠷᠦᠩᠬᠡᠶᠢᠯᠡᠭᠰᠡᠨ ᠲᠠᠶᠢᠯᠠᠯᠳᠤᠭᠠᠨ ᠬᠤᠷᠢᠭᠯᠠᠯᠳᠡ ᠶᠢᠨ ᠲᠠᠶᠢᠯᠠᠯᠳᠤᠭᠠᠨ ᠤ ᠠᠭᠤᠤ ᠶᠡᠭᠡ ᠢᠯᠠᠯᠲᠠ ᠶᠢ ᠲᠡᠮᠡᠴᠡᠨ  ᠣᠯᠬᠤ ᠨᠢ ᠯᠠᠪᠳᠡᠢ᠃  
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号