ᠲᠦᠩᠯᠢᠶᠤᠤ ᠬᠤᠳᠡ ᠶᠢᠨ ᠤᠢ ᠰᠢᠭᠤᠢ ᠨᠤᠳᠤᠬ ᠪᠡᠯᠴᠢᠬᠡᠷ ᠤᠨ ᠭᠠᠯ ᠢ ᠰᠡᠷᠬᠡᠶᠢᠯᠡᠵᠤ ᠭᠠᠯ ᠤᠨᠳᠠᠷᠠᠭᠠᠬᠤ  ᠠᠯᠪᠠᠨ ᠵᠡᠷᠯᠠᠯ
ᠨᠡᠶᠢᠲᠡᠯᠡᠭᠰᠡᠨ ᠴᠠᠭ᠄
2020/3/9
ᠲᠦᠩᠯᠢᠶᠤᠤ ᠬᠤᠳᠡ ᠶᠢᠨ ᠤᠢ ᠰᠢᠭᠤᠢ ᠨᠤᠳᠤᠬ ᠪᠡᠯᠴᠢᠬᠡᠷ ᠤᠨ ᠭᠠᠯ ᠢ ᠰᠡᠷᠬᠡᠶᠢᠯᠡᠵᠤ ᠭᠠᠯ ᠤᠨᠳᠠᠷᠠᠭᠠᠬᠤ  ᠠᠯᠪᠠᠨ ᠵᠡᠷᠯᠠᠯ                                             ︵ᠨᠢᠬᠡᠳᠤᠬᠡᠷ ᠲᠤᠭᠠᠳᠤ︶          3 ᠰᠠᠷ᠎ᠠ ᠶᠢᠨ 15 ᠠᠴᠠ ᠡᠬᠢᠯᠡᠨ ᠮᠠᠨ ᠤ ᠬᠤᠳᠡ ᠬᠠᠪᠤᠷ ᠤᠨ ᠤᠯᠠᠷᠢᠯ ᠤᠨ ᠤᠢ ᠰᠢᠭᠤᠢ ᠨᠤᠳᠤᠬ  ᠪᠡᠯᠴᠢᠬᠡᠷ ᠤᠨ ᠭᠠᠯ ᠢ ᠰᠡᠷᠬᠡᠶᠢᠯᠡᠬᠦ ᠬᠤᠭᠤᠴᠠᠭᠠᠨ ᠳᠤ ᠤᠷᠤᠵᠤ᠂ 4 ᠰᠠᠷ᠎ᠠ ᠶᠢᠨ 1 ᠠᠴᠠ ᠡᠬᠢᠯᠡᠨ ᠭᠠᠯ ᠢ  ᠰᠡᠷᠬᠡᠶᠢᠯᠡᠬᠦ ᠶᠢ ᠴᠢᠩᠭ᠎ᠠ ᠴᠠᠭᠠᠵᠠᠯᠠᠬᠤ ᠬᠤᠭᠤᠴᠠᠭᠠᠨ ᠳᠤ ᠤᠷᠤᠬᠤ ᠪᠤᠯᠤᠨ᠎ᠠ᠃ ᠭᠠᠯ ᠢ ᠰᠡᠷᠬᠡᠶᠢᠯᠡᠬᠦ  ᠬᠤᠭᠤᠴᠠᠭᠠᠨ ᠳᠤ᠂ ᠤᠢᠢᠳᠤ ᠤᠷᠤᠨ ᠮᠠᠯᠵᠢᠬᠤ ᠤᠷᠤᠨ ᠳᠤ ᠤᠷᠤᠬᠰᠠᠳ ᠤᠢ ᠰᠢᠭᠤᠢ ᠨᠤᠳᠤᠬ ᠪᠡᠯᠴᠢᠬᠡᠷ ᠤᠨ  ᠭᠠᠯ ᠢ ᠰᠡᠷᠬᠡᠶᠢᠯᠡᠬᠦ ᠲᠤᠬᠳᠠᠭᠠᠯ ᠢ ᠵᠢᠷᠤᠮᠯᠠᠨ ᠰᠠᠬᠢᠵᠤ᠂ ᠬᠡᠬᠡᠷ᠎ᠠ ᠭᠠᠳᠠᠭ᠎ᠠ ᠭᠠᠯ ᠬᠡᠷᠡᠭᠯᠡᠬᠦ ᠠᠯᠢᠪᠠ ᠠᠵᠢᠯᠯᠠᠭ᠎ᠠ ᠶᠢ  ᠴᠠᠭᠠᠵᠠᠯᠠᠬᠤ ᠬᠡᠷᠡᠭᠳᠡᠢ᠃ ᠦᠢᠯᠡᠳᠪᠤᠷᠢᠯᠡᠯ᠂ ᠠᠮᠢᠳᠤᠷᠠᠯ ᠤᠨ ᠤᠨᠴᠠᠭᠠᠢ ᠪᠠᠶᠢᠳᠡᠯ ᠠᠴᠠ ᠪᠤᠯᠵᠤ ᠬᠡᠬᠡᠷ᠎ᠠ ᠭᠠᠳᠠᠭ᠎ᠠ  ᠭᠠᠯ ᠬᠡᠷᠡᠭᠯᠡᠬᠦ ᠴᠢᠬᠤᠯᠠᠳᠡᠢ ᠪᠤᠯ ᠡᠷᠬᠡᠪᠰᠢ ᠬᠤᠰᠢᠭᠤ ᠰᠢᠶᠠᠨ ᠤ ᠲᠡᠰ ᠤᠨ ᠭᠠᠯ ᠢ ᠰᠡᠷᠬᠡᠶᠢᠯᠡᠵᠦ ᠭᠠᠯ ᠤᠨᠳᠠᠷᠠᠭᠠᠬᠤ  ᠵᠢᠯᠤᠭᠤᠳᠬᠤ ᠭᠠᠵᠠᠷ ᠲᠤ ᠬᠦᠷᠴᠤ ᠬᠡᠬᠡᠷ᠎ᠠ ᠭᠠᠳᠠᠭ᠎ᠠ ᠭᠠᠯ ᠬᠡᠷᠡᠭᠯᠡᠬᠦ ᠶᠢ ᠬᠢᠨᠠᠨ ᠵᠦᠪᠰᠢᠶᠡᠷᠡᠬᠦ ᠭᠠᠷ ᠬᠦᠢᠴᠡᠳᠬᠡᠯ  ᠬᠢᠬᠦ ᠬᠡᠷᠡᠭᠳᠡᠢ᠃ ᠭᠠᠯ ᠰᠡᠷᠬᠡᠶᠢᠯᠡᠬᠦ ᠶᠢ ᠴᠢᠩᠭ᠎ᠠ ᠴᠠᠭᠠᠵᠠᠯᠠᠬᠤ ᠬᠤᠭᠤᠴᠠᠭᠠᠨ ᠳᠤ᠂ ᠤᠢ ᠰᠢᠭᠤᠢ ᠨᠤᠳᠤᠬ  ᠪᠡᠯᠴᠢᠬᠡᠷ ᠤᠨ ᠭᠠᠯ ᠢ ᠰᠡᠷᠬᠡᠶᠢᠯᠡᠬᠦ ᠶᠢ ᠴᠢᠩᠭ᠎ᠠ ᠴᠠᠭᠠᠵᠠᠯᠠᠬᠤ ᠬᠠᠮᠢᠶᠠᠷᠤᠯᠳᠡ ᠶᠢᠨ ᠤᠷᠤᠨ ᠳᠤ ᠠᠯᠢᠪᠠ ᠬᠡᠬᠡᠷ᠎ᠠ  ᠭᠠᠳᠠᠭ᠎ᠠ ᠭᠠᠯ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠳᠡᠢ᠃         ᠪᠦᠬᠦ ᠬᠤᠳᠡ ᠶᠢᠨ ᠤᠢ ᠰᠢᠭᠤᠢ ᠨᠤᠳᠤᠬ ᠪᠡᠯᠴᠢᠬᠡᠷ ᠤᠨ ᠭᠠᠯ ᠢ ᠰᠡᠷᠬᠡᠶᠢᠯᠡᠵᠦ ᠭᠠᠯ ᠤᠨᠳᠠᠷᠠᠭᠠᠬᠤ ᠦᠨ᠎ᠠ  ᠲᠦᠯᠤᠪᠤᠷᠢ ᠦᠬᠡᠢ ᠪᠠᠷ ᠴᠠᠬᠳᠠᠭ᠎ᠠ ᠳᠤ ᠮᠡᠳᠡᠬᠦᠯᠬᠦ ᠤᠳᠠᠰᠤ᠄ 12350        ᠬᠤᠳᠡ ᠶᠢᠨ ᠤᠢ ᠰᠢᠭᠤᠢ ᠨᠤᠳᠤᠬ ᠪᠡᠯᠴᠢᠬᠡᠷ ᠤᠨ ᠭᠠᠯ ᠢ ᠰᠡᠷᠬᠡᠶᠢᠯᠡᠵᠤ ᠭᠠᠯ ᠣᠨᠳᠠᠷᠠᠭᠠᠬᠤ  ᠵᠢᠯᠤᠭᠤᠳᠬᠤ ᠭᠠᠵᠠᠷ ᠤᠨ ᠠᠯᠪᠠᠨ ᠬᠡᠷ ᠤᠨ ᠵᠢᠵᠢᠬᠦᠷᠯᠡᠬᠦ ᠤᠳᠠᠰᠤ᠄ 8836720          ᠲᠦᠩᠯᠢᠶᠤᠤ ᠬᠤᠳᠡ ᠶᠢᠨ ᠤᠢ ᠰᠢᠭᠤᠢ ᠨᠤᠳᠤᠬ ᠪᠡᠯᠴᠢᠬᠡᠷ ᠤᠨ ᠭᠠᠯ ᠢ ᠰᠡᠷᠬᠡᠶᠢᠯᠡᠵᠤ ᠭᠠᠯ  ᠤᠨᠳᠠᠷᠠᠭᠠᠬᠤ ᠵᠢᠯᠤᠭᠤᠳᠬᠤ ᠭᠠᠵᠠᠷ         ᠲᠦᠩᠯᠢᠶᠤᠤ ᠬᠤᠳᠡ ᠶᠢᠨ ᠪᠠᠴᠢᠮ ᠢ ᠠᠷᠭᠠᠴᠠᠬᠤ ᠬᠠᠮᠢᠶᠠᠷᠤᠯᠳᠡ ᠶᠢᠨ ᠲᠤᠪᠴᠢᠶ᠎ᠠ                   2020 ᠤᠨ ᠤ 3 ᠰᠠᠷ᠎ᠠ ᠶᠢᠨ 4  
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号