ᠵᠠᠷᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠤ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠠᠮᠳᠡᠬᠦ ᠠᠵᠢᠯ ᠤᠨ ᠲᠤᠬᠠᠶ ᠨᠡᠪᠲᠡᠷᠡᠭᠦᠯᠭᠡ
ᠨᠡᠶᠢᠲᠡᠯᠡᠭᠰᠡᠨ ᠴᠠᠭ᠄
2020/4/15
   2020 ᠣᠨ ᠤ 4 ᠰᠠᠷ᠎ᠠ ᠶᠢᠨ 13 ᠤ ᠡᠳᠦᠷ ᠤᠨ ᠦᠳᠡ ᠶᠢᠨ ᠬᠤᠶᠢᠨᠠᠬᠢ 17 ᠴᠠᠭ ᠪᠣᠯᠲᠠᠯ᠎ᠠ᠂ ᠮᠠᠨ ᠤ  ᠬᠤᠰᠢᠭᠤ ᠳᠤ ᠰᠡᠵᠢᠭᠲᠡᠢ ᠡᠪᠡᠳᠴᠢᠲᠡᠨ ᠪᠠ ᠣᠨᠣᠰᠢᠯᠠᠭᠰᠠᠨ ᠡᠪᠡᠳᠴᠢᠲᠡᠨ ᠥᠬᠡᠶ᠃        ᠨᠢᠭᠡ᠂ ᠭᠤᠤᠯᠳᠠᠯᠭ᠎ᠠ ᠲᠠᠢ ᠬᠥᠮᠦᠰ ᠤᠨ ᠰᠠᠭᠤᠷᠢ ᠲᠤᠭ᠎ᠠ ᠶᠢᠨ ᠪᠠᠶᠢᠳᠠᠯ        4 ᠰᠠᠷ᠎ᠠ ᠶᠢᠨ13 ᠤ ᠡᠳᠦᠷ ᠤᠨ 17 ᠴᠠᠭ ᠪᠣᠯᠲᠠᠯ᠎ᠠ᠂ ᠮᠠᠨ ᠤ ᠬᠤᠰᠢᠭᠤ ᠬᠤᠪᠸᠢ ᠮᠤᠵᠢ ᠠᠴᠠ ᠢᠷᠡᠭᠰᠡᠨ 7 ︽ᠳᠥᠷᠪᠡᠨ ᠲᠥᠷᠥᠯ ᠤᠨ ᠭᠤᠣᠯᠳᠠᠯᠭ᠎ᠠ ᠲᠠᠢ ᠬᠥᠮᠦᠰ︾ ᠲᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠨᠢᠭᠲᠠ ᠣᠶᠢᠷᠠᠲᠤᠭᠰᠠᠨ 40 ᠬᠦᠮᠦᠨ ᠳᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠨᠢᠭᠡᠨᠲᠡ ᠪᠦᠬᠦᠨ ᠢ ᠠᠨᠠᠭᠠᠬᠤ ᠤᠬᠠᠭᠠᠨ ᠤ ᠠᠵᠢᠭᠯᠠᠯᠲᠠ ᠬᠢᠬᠦ ᠪᠠᠨ ᠵᠣᠭᠰᠣᠪᠠ᠃ ᠰᠡᠵᠢᠭᠲᠡᠢ ᠬᠠᠯᠳᠠᠪᠣᠷᠢᠯᠠᠭᠳᠠᠭᠴᠢ 3 ᠬᠦᠮᠦᠨ᠂ ᠨᠢᠭᠡᠨᠲᠡ ᠪᠦᠬᠦᠨ ᠢ ᠠᠨᠠᠭᠠᠬᠤ ᠣᠬᠠᠭᠠᠨ ᠤ ᠠᠵᠢᠭᠯᠠᠯᠲᠠ ᠬᠢᠬᠦ ᠪᠠᠨ ᠵᠤᠭᠰᠣᠪᠠ᠃        4 ᠰᠠᠷ᠎ᠠ ᠶᠢᠨ 13 ᠤ ᠡᠳᠦᠷ ᠤᠨ 17 ᠴᠠᠭ ᠪᠣᠯᠲᠠᠯ᠎ᠠ᠂ ᠬᠤᠰᠢᠭᠤᠨ ᠤ ᠠᠷᠠᠳ ᠤᠨ ᠡᠮᠨᠡᠯᠭᠡ ᠶᠢᠨ  ᠬᠤᠷᠢᠶ᠎ᠠ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠨᠡᠶᠢᠲᠡ 45 ᠬᠦᠮᠦᠨ ᠳᠤ ᠠᠨᠠᠭᠠᠬᠤ ᠤᠬᠠᠭᠠᠨ ᠤ  ᠲᠤᠰᠠᠭᠠᠷᠯᠠᠯ ᠠᠵᠢᠭᠯᠠᠯᠲᠠ ᠬᠢᠵᠦ᠂ ᠨᠢᠭᠡᠨᠲᠡ ᠠᠨᠠᠭᠠᠬᠤ ᠤᠬᠠᠭᠠᠨ ᠤ ᠲᠤᠰᠠᠭᠠᠷᠯᠠᠯ ᠠᠵᠢᠭᠯᠠᠯᠲᠠ ᠬᠢᠬᠦ  ᠬᠤᠭᠤᠴᠠᠭᠠᠨ ᠳᠤ ᠬᠦᠷᠪᠡ᠃ ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠡᠵᠡᠮᠳᠡᠬᠦ ᠲᠥᠪ   ᠤᠨ ᠬᠢᠨ ᠨᠡᠶᠢᠲᠡ 251 ᠬᠥᠮᠦᠨ ᠤᠳᠠᠭ᠎ᠠ᠂ 450 ᠥᠯᠢᠭᠡᠷ ᠪᠥᠭᠡᠮ ᠬᠦᠴᠢᠯ ᠬᠦᠷᠭᠡᠨ ᠪᠠᠶᠢᠴᠠᠭᠠᠨ  ᠰᠢᠯᠭᠠᠭᠤᠯᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠴᠥᠮ ᠪᠢᠯᠢᠭ ᠴᠢᠨᠠᠷᠲᠠᠶ ᠪᠠᠶᠢᠪᠠ᠃        ᠬᠤᠶᠠᠷ᠂ ᠬᠢᠵᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠪᠠᠶᠢᠳᠠᠯ        ᠣᠳᠣᠬᠠᠨ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠢᠴᠢ ᠪᠥᠬᠦ ᠬᠤᠰᠢᠭᠤᠨ ᠤ  ᠡᠯ᠎ᠡ ᠡᠮᠴᠢᠯᠡᠭᠡᠨ ᠤ ᠪᠠᠶᠢᠭᠤᠯᠤᠮᠵᠢ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠤ  ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠳᠤ 1277 ᠬᠥᠮᠦᠨ ᠣᠷᠣᠯᠴᠠᠵᠤ᠂ ᠡᠭᠦᠨ   ᠳᠤ ᠬᠤᠰᠢᠭᠤᠨ ᠤ ᠱᠠᠲᠤᠨ ᠤ ᠡᠮᠴᠢ ᠰᠤᠪᠢᠯᠠᠭᠴᠢᠳ 791 ᠬᠥᠮᠦᠨ᠂ ᠬᠥᠳᠡᠭᠡ ᠲᠣᠰᠬᠤᠨ ᠤ ᠡᠮᠴᠢ 340  ᠬᠥᠮᠦᠨ᠂ ᠪᠤᠰᠤᠳ 146 ᠬᠥᠮᠦᠨ᠃        ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ 10 ᠲᠠᠰᠤᠯᠭ᠎ᠠ ᠲᠤᠰᠠᠭᠠᠷᠯᠠᠬᠤ ᠡᠪᠡᠳᠴᠢᠲᠡᠨ ᠤ  ᠥᠷᠥᠭᠡ᠂ 10 ᠣᠷᠣ ᠲᠣᠬᠢᠷᠠᠭᠤᠯᠵᠤ᠂ ᠲᠦᠷᠭᠡᠨ ᠠᠪᠤᠷᠠᠯᠲᠠ ᠶᠢᠨ ᠲᠥᠬᠦᠭᠡᠷᠦᠮᠵᠢ᠂ ᠲᠦᠷᠭᠡᠨ ᠠᠪᠤᠷᠠᠯᠲᠠ ᠶᠢᠨ  ᠡᠮ᠂ ᠠᠷᠢᠭᠤᠳᠬᠠᠬᠤ ᠡᠮ ᠪᠠᠭᠠᠵᠢ ᠪᠠ ᠬᠠᠮᠠᠭᠠᠯᠠᠯᠲᠠ ᠶᠢᠨ ᠬᠡᠷᠡᠭᠰᠡᠯ ᠪᠦᠷᠢᠨ ᠲᠣᠬᠢᠷᠠᠭᠤᠯᠵᠠᠶ᠃ ᠬᠤᠰᠢᠭᠤᠨ ᠤ  ᠰᠦᠷᠢᠶ᠎ᠡ ᠡᠪᠡᠳᠴᠢᠨ ᠤ ᠰᠡᠷᠭᠡᠶᠢᠯᠡᠯᠲᠡ ᠶᠢᠨ ᠭᠠᠵᠠᠷ ᠲᠤ 10 ᠪᠡᠯᠡᠳᠬᠡᠯ ᠲᠤᠰᠠᠭᠠᠷᠯᠠᠬᠤ ᠥᠷᠥᠭᠡ  ᠂ 10 ᠣᠷᠣ ᠲᠣᠬᠢᠷᠠᠭᠤᠯᠪᠠ᠃ ᠪᠥᠬᠦ ᠬᠤᠰᠢᠭᠤᠨ ᠳᠤ ︽ᠠᠨᠠᠭᠠᠬᠤ ᠤᠬᠠᠭᠠᠨ ᠤ ᠲᠦᠪᠯᠡᠷᠡᠭᠦᠯᠦᠨ ᠠᠵᠢᠭᠯᠠᠯᠲᠠ ᠬᠢᠬᠦ ᠴᠡᠭ︾ 2 ᠦᠯᠡᠳᠡᠭᠡᠵᠦ᠂ ᠡᠭᠦᠨ ᠳᠤ ᠨᠢᠭᠡᠳᠦᠭᠡᠷ ᠠᠵᠢᠭᠯᠠᠬᠤ ᠴᠡᠭ ᠡᠬᠡ ᠨᠢᠯᠬ᠎ᠠ ᠶᠢᠨ ᠡᠷᠡᠭᠦᠯ ᠮᠡᠨᠳᠦ ᠶᠢ ᠬᠠᠮᠠᠭᠠᠯᠠᠬᠤ ᠭᠠᠵᠠᠷ ᠲᠤ 40 ᠲᠣᠰᠠᠭᠠᠷᠯᠠᠨ ᠠᠵᠢᠭᠯᠠᠬᠤ ᠦᠷᠦᠬᠡ᠂ 40 ᠣᠷᠣ ᠲᠣᠬᠢᠷᠠᠭᠤᠯᠵᠤ᠂ ᠡᠭᠦᠨ ᠳᠤ 14 ᠦᠷᠦᠬᠡ ᠨᠢ ᠲᠣᠰᠬᠠᠢ ᠡᠷᠡᠭᠦᠯ ᠬᠠᠮᠠᠭᠠᠯᠠᠯ ᠤᠨ ᠲᠠᠰᠤᠭ ᠲᠠᠢ᠃ ᠬᠤᠶᠠᠳᠤᠭᠠᠷ ᠠᠵᠢᠭᠯᠠᠬᠤ ᠴᠡᠭ ᠬᠤᠩ ᠱᠧᠩ ᠰᠣᠶᠣᠯ   ᠵᠠᠭᠤᠴᠢ ᠶᠢᠨ ᠲᠥᠪ ᠲᠤ 40 ᠲᠤᠰᠠᠭᠠᠷᠯᠠᠨ ᠠᠵᠢᠭᠯᠠᠬᠤ ᠦᠷᠦᠬᠡ᠂ 40 ᠣᠷᠣ ᠲᠣᠬᠢᠷᠠᠭᠤᠯᠵᠤ᠂ ᠡᠭᠦᠨ ᠳᠤ 35ᠦᠷᠦᠭᠡ ᠶᠢ ᠨᠢ ᠲᠥᠪᠯᠡᠷᠡᠭᠦᠯᠦᠨ ᠠᠵᠢᠭᠯᠠᠬᠤ ᠬᠦᠮᠦᠰ ᠲᠤ ᠬᠠᠩᠭᠠᠪᠠ᠃    4 ᠰᠠᠷ᠎ᠠ ᠶᠢᠨ 13 ᠤ ᠡᠳᠦᠷ ᠤᠨ 17 ᠴᠠᠭ ᠪᠣᠯᠲᠠᠯ᠎ᠠ᠂ ᠨᠢᠭᠡᠳᠦᠭᠡᠷ ᠠᠵᠢᠭᠯᠠᠬᠤ ᠴᠡᠭ ᠲᠤ ᠦᠯᠡᠳᠡᠭᠡᠨ ᠠᠵᠢᠭᠯᠠᠵᠤ ᠪᠠᠶᠢᠭ᠎ᠠ ᠬᠦᠮᠦᠨ ᠦᠭᠡᠢ︔ ᠬᠤᠶᠠᠳᠤᠭᠠᠷ ᠠᠵᠢᠭᠯᠠᠬᠤ ᠴᠡᠭ ᠲᠤ ᠲᠣᠰ ᠡᠳᠦᠷ ᠰᠢᠨ᠎ᠡ ᠨᠡᠮᠡᠭᠳᠡᠭᠰᠡᠨ ᠬᠦᠮᠦᠨ ᠦᠭᠡᠢ᠂ ᠨᠡᠶᠢᠲᠡ 49 ᠬᠥᠮᠦᠨ ᠢ ᠦᠯᠡᠳᠡᠭᠡᠨ ᠠᠵᠢᠭᠯᠠᠵᠤ᠂ ᠣᠳᠣ 7 ᠬᠥᠮᠦᠨ ᠢ ᠦᠯᠡᠳᠡᠭᠡᠨ ᠠᠵᠢᠭᠯᠠᠵᠤ ᠪᠣᠢ᠃    ᠭᠤᠷᠪᠠ᠂ ᠠᠮᠢᠳᠤᠷᠠᠯ ᠤᠨ ᠡᠳ᠋ᠯᠡᠯ ᠬᠡᠷᠡᠭᠰᠡᠯ᠂ ᠡᠮᠨᠡᠯᠭᠡ ᠳᠤ ᠬᠡᠷᠡᠭᠯᠡᠬᠦ ᠡᠳ᠋ ᠪᠣᠳᠠᠰ ᠪᠠ ᠪᠠᠷᠠᠭᠠᠨ ᠤ ᠦᠨ᠎ᠡ ᠶᠢ  ᠬᠢᠵᠠᠭᠠᠷᠯᠠᠭᠰᠠᠨ ᠪᠠᠶᠢᠳᠠᠯ        ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨ ᠠᠮᠢᠳᠤᠷᠠᠯ ᠤᠨ ᠡᠳ᠋ᠯᠡᠯ ᠬᠡᠷᠡᠭᠰᠡᠯ ᠪᠠ ᠡᠮᠴᠢᠯᠡᠭᠡᠨ ᠳᠤ ᠬᠡᠷᠡᠭᠯᠡᠬᠦ ᠡᠳ᠋ ᠪᠣᠳᠠᠰ ᠤᠨ ᠦᠨ᠎ᠡ ᠬᠠᠩᠰᠢ ᠶᠢᠨ ᠬᠢᠨᠠᠨ ᠬᠡᠮᠵᠢᠬᠦ ᠴᠡᠭ 6 ᠲᠣᠬᠢᠷᠠᠭᠤᠯᠵᠤ᠂  ᠡᠳᠦᠷ ᠪᠦᠷᠢ  ᠲᠣᠭᠲᠠᠭᠰᠠᠨ ᠬᠤᠭᠤᠴᠠᠭᠠᠨ ᠳᠤ ᠬᠢᠵᠢᠭ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠡᠳ᠋ ᠪᠣᠳᠠᠰ  ᠤᠨ ᠨᠦᠬᠡᠴᠡ ᠶᠢᠨ ᠬᠡᠮᠵᠢᠶ᠎ᠡ ᠪᠠ ᠲᠠᠸᠠᠷ ᠤᠨ ᠦᠨ᠎ᠡ ᠬᠠᠩᠰᠢ ᠶᠢ ᠬᠢᠨᠠᠨ ᠬᠡᠮᠵᠢᠪᠡ᠃ ᠣᠳᠣᠬᠠᠨ ᠳᠤ᠂ ᠡᠯ᠎ᠡ ᠬᠡᠲᠦ  ᠳᠡᠯᠭᠡᠭᠦᠷ ᠤᠨ ᠠᠮᠢᠳᠣᠷᠠᠯ ᠤᠨ ᠬᠡᠷᠡᠭᠰᠡᠯ ᠤᠨ ᠪᠠᠷᠠᠭᠠᠨ ᠤ ᠢᠷᠡᠯᠲᠡ ᠭᠦᠶᠴᠡᠳ᠂ ᠠᠮᠤ ᠪᠤᠳᠠᠭ᠎ᠠ᠂ ᠢᠳᠡᠰᠢᠨ ᠲᠣᠰᠣ᠂ ᠮᠢᠬᠠᠨ ᠤ ᠲᠥᠷᠥᠯ ᠤᠨ ᠠᠮᠢᠳᠤᠷᠠᠯ ᠤᠨ ᠬᠡᠷᠡᠭᠰᠡᠯ ᠤᠨ ᠦᠨ᠎ᠡ ᠬᠠᠩᠰᠢ ᠲᠣᠭᠲᠠᠭᠤᠨ ᠪᠠᠶᠢᠵᠤ᠂ ᠡᠯ᠎ᠡ ᠡᠮ   ᠤᠨ ᠳᠡᠯᠭᠡᠭᠦᠷ ᠲᠤ ᠡᠩ ᠤᠨ ᠡᠮᠨᠡᠯᠭᠡ ᠳᠤ ᠬᠡᠷᠡᠭᠯᠡᠬᠦ ᠠᠮᠠᠪᠴᠢ᠂ ᠡᠮᠴᠢᠯᠡᠭᠡᠨ ᠳᠤ ᠬᠡᠷᠡᠭᠯᠡᠬᠦ ᠰᠫᠢᠷᠲ ︵75%︶ ᠵᠡᠷᠭᠡ ᠲᠠᠸᠠᠷ ᠢ ᠬᠤᠳᠠᠯᠳᠤᠵᠤ  ᠪᠠᠶᠢᠨ᠎ᠠ᠃        ᠳᠥᠷᠪᠡ᠂ ᠨᠡᠶᠢᠭᠡᠮ ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠭᠰᠠᠨ ᠬᠠᠮᠢᠶ᠎ᠠ ᠪᠦᠬᠦᠢ ᠠᠵᠢᠯ ᠤᠨ  ᠪᠠᠶᠢᠳᠠᠯ        4 ᠰᠠᠷ᠎ᠠ ᠶᠢᠨ 13 ᠤ ᠡᠳᠦᠷ ᠪᠣᠯᠲᠠᠯ᠎ᠠ᠂ ᠡᠮᠴᠢᠯᠡᠭᠡᠨ ᠤ ᠪᠠᠶᠢᠭᠤᠯᠤᠮᠵᠢ ᠨᠡᠶᠢᠲᠡ 234586 ᠬᠥᠮᠦᠨ  ᠤᠳᠠᠭ᠎ᠠ ᠪᠡᠶ᠎ᠡ ᠶᠢᠨ ᠬᠠᠯᠠᠭᠤᠨ ᠬᠡᠮᠵᠢᠵᠦ᠂ 695 ᠬᠠᠯᠠᠭᠤᠷᠠᠵᠤ ᠪᠠᠶᠢᠭ᠎ᠠ ᠡᠪᠡᠳᠴᠢᠲᠡᠨ ᠢ ᠢᠯᠡᠷᠡᠭᠦᠯᠪᠡ᠃ 4 ᠰᠠᠷ᠎ᠠ ᠶᠢᠨ 13 ᠤ ᠲᠣᠰ ᠡᠳᠦᠷ᠂ ᠡᠮᠴᠢᠯᠡᠭᠡᠨ ᠤ ᠪᠠᠶᠢᠭᠤᠯᠤᠮᠵᠢ 2257 ᠬᠥᠮᠦᠨ ᠤᠳᠠᠭ᠎ᠠ  ᠪᠡᠶ᠎ᠡ ᠶᠢᠨ ᠬᠠᠯᠠᠭᠤᠨ  ᠬᠡᠮᠵᠢᠵᠦ᠂ 2 ᠬᠠᠯᠠᠭᠤᠷᠠᠵᠤ ᠪᠠᠶᠢᠭ᠎ᠠ ᠡᠪᠡᠳᠴᠢᠲᠡᠨ ᠢ ᠢᠯᠡᠷᠡᠭᠦᠯᠪᠡ᠃             ᠵᠠᠷᠤᠳ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠣᠷᠢᠯᠠᠬᠤ           ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠠᠮᠳᠡᠬᠦ ᠠᠵᠢᠯ ᠤᠨ ᠵᠢᠯᠣᠭᠤᠳᠬᠤ ᠭᠠᠵᠠᠷ           2020 ᠣᠨ ᠤ 4 ᠰᠠᠷ᠎ᠠ ᠶᠢᠨ 13 ᠤ ᠡᠳᠦᠷ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号