2020 ᠣᠨ ᠤ ᠵᠠᠰᠠᠭ ᠤᠨ ᠣᠷᠳᠣᠨ ᠤ  ᠠᠵᠢᠯ ᠤᠨ ᠢᠯᠡᠳᠭᠡᠯ
ᠨᠡᠶᠢᠲᠡᠯᠡᠭᠰᠡᠨ ᠴᠠᠭ᠄
2020/4/27
 2020 ᠣᠨ ᠤ  4 ᠰᠠᠷ᠎ᠠ ᠶᠢᠨ 26   ᠤ ᠡᠳᠦᠷ  ᠤᠨ ᠵᠠᠷᠤᠳ  ᠬᠤᠰᠢᠭᠤᠨ ᠤ ᠠᠷᠪᠠᠨ   ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯᠳᠤᠭᠠᠨ ᠳᠡᠭᠡᠷ᠎ᠡ            ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ          ᠡᠷᠳᠡᠨᠢᠬᠦᠦ                                                            ᠲᠥᠯᠥᠭᠡᠯᠡᠭᠴᠢᠳ ᠡ᠄      ᠣᠳᠣ ᠪᠢ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠮᠡᠳᠡᠭᠦᠯᠦᠯᠲᠡ ᠬᠢᠶ᠎ᠡ᠂ ᠬᠢᠨᠠᠨ ᠵᠥᠪᠯᠡᠬᠦ ᠪᠣᠯᠪᠠᠤ᠂ ᠵᠢᠴᠢ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃      ᠨᠢᠭᠡ᠂ 2019 ᠣᠨ ᠤ ᠠᠵᠢᠯ ᠤᠨ ᠡᠷᠭᠢᠴᠡᠭᠦᠯᠦᠯ      2019 ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠪᠥᠭᠡᠳ ᠮᠦᠨᠴᠦ ᠮᠠᠨ ᠤ ᠬᠤᠰᠢᠭᠤᠨ ᠤ ᠬᠥᠭᠵᠢᠯᠲᠡ ᠶᠢᠨ ᠶᠠᠪᠤᠴᠠ ᠳᠠᠬᠢ ᠴᠢᠬᠤᠯᠠ ᠠᠴᠢ ᠬᠤᠯᠪᠣᠭᠳᠠᠯ ᠲᠠᠢ ᠨᠢᠭᠡ ᠵᠢᠯ ᠪᠣᠯᠤᠨ᠎ᠠ᠃ ᠨᠢᠭᠡ ᠵᠢᠯ ᠤᠨ ᠲᠤᠷᠰᠢ᠂ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠠ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠤᠤᠷ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠤᠨ ᠰᠢᠨ᠎ᠡ ᠴᠠᠭ ᠦᠶ᠎ᠡ  ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠷ ᠂ ᠭᠤᠷᠪᠠ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ  ᠲᠣᠣᠱᠯᠠᠭᠤᠯᠵᠤ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠬᠦᠴᠢᠷ  ᠢ ᠲᠤᠭᠤᠯᠤᠨ ᠪᠡᠷᠬᠡ ᠶᠢ ᠳᠠᠪᠠᠵᠤ᠂ ᠬᠦᠴᠦᠯᠡᠨ ᠲᠡᠮᠡᠴᠡᠵᠦ᠂ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 131.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠣᠨᠣᠨ ᠤ ᠬᠢ ᠠᠴᠠ 4.4% ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠤ 41.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠢᠳᠣᠨᠣᠨ  ᠤ ᠬᠢ ᠠᠴᠠ 7.2% ᠪᠠᠭᠠᠰᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 7.28 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠪᠠᠷᠢᠮᠵᠢᠶ᠎ᠠ ᠪᠠᠷ 8.7% ᠨᠡᠮᠡᠭᠳᠡᠪᠡ︔ ᠨᠡᠶᠢᠭᠡᠮ ᠤᠨ ᠬᠡᠷᠡᠭᠯᠡᠭᠡᠨ  ᠤ ᠵᠦᠶᠯ ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ  ᠨᠢᠳᠣᠨᠣᠨ ᠤ ᠬᠢ ᠠᠴᠠ 3.8% ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 30986 ᠲᠥᠭᠦᠷᠢᠭ ᠪᠠ 16821 ᠲᠥᠭᠦᠷᠢᠭ ᠲᠤ ᠬᠦᠷᠴᠦ᠂ ᠨᠢᠳᠣᠨᠣᠨ ᠤ ᠬᠢ ᠠᠴᠠ ᠲᠣᠰ ᠲᠣᠰ 7.3% ᠪᠠ 11.2% ᠨᠡᠮᠡᠭᠳᠡᠪᠡ︔ ᠭᠤᠷᠪᠠᠨ ᠠᠵᠤ ᠦᠶᠯᠡᠰ ᠤᠨ ᠬᠤᠪᠢ ᠶᠢᠨ ᠵᠢᠩ 25.8᠄ 34.6᠄ 39.6 ᠪᠣᠯᠵᠤ᠂ ᠰᠢᠨ᠎ᠡ ᠶᠢ ᠡᠭᠦᠳᠬᠦ ᠬᠥᠭᠵᠢᠯᠲᠡ᠂ ᠪᠣᠬᠢᠷᠲᠤᠯ ᠥᠬᠡᠶ ᠬᠥᠭᠵᠢᠯᠲᠡ᠂ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠪᠠ᠃     ᠨᠢᠭᠡ ᠵᠢᠯ ᠤᠨ ᠲᠤᠷᠰᠢ᠂ ᠪᠢᠳᠡ ᠢᠮᠠᠭᠲᠠ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠣᠭ ᠰᠠᠨᠠᠭ᠎ᠠ ᠪᠠᠨ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠶᠡᠷᠦᠩᠬᠡᠶ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠣᠷᠣᠯᠴᠠᠨ ᠨᠠᠶᠢᠳᠠᠪᠤᠷᠢᠵᠢᠭᠤᠯᠵᠤ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠴᠢᠨᠠᠷ ᠰᠠᠶᠢᠨᠲᠠᠢ ᠥᠷᠨᠢᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠶᠯᠡᠳᠦᠯᠭᠡᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠬᠤᠰᠢᠭᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠣᠷᠣᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠨ ᠦᠶᠯᠡᠳᠦᠯᠭᠡᠵᠢᠭᠦᠯᠵᠦ᠂ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠪᠠ ᠨᠡᠶᠢᠭᠡᠮ ᠤᠨ ᠬᠥᠭᠵᠢᠯᠲᠡ ᠲᠣᠭᠲᠠᠭᠤᠨ ᠤ ᠳᠤᠮᠳᠠ ᠤᠷᠤᠭᠰᠢᠯᠠᠨ᠂ ᠤᠷᠤᠭᠰᠢᠯᠠᠬᠤ ᠳᠤᠮᠳᠠ ᠰᠠᠶᠢᠵᠢᠷᠠᠬᠤ ᠰᠠᠶᠢᠨ ᠰᠠᠶᠢᠬᠠᠨ ᠪᠠᠶᠢᠳᠠᠯ ᠢ ᠪᠠᠲᠣᠯᠠᠪᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠪᠠᠶᠠᠯᠢᠭ ᠰᠠᠶᠢᠬᠠᠨ ᠰᠢᠷᠢᠰ ᠠᠵᠢᠯᠯᠠᠭ᠎ᠠ ᠥᠷᠨᠢᠭᠦᠯᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠦᠨᠳᠦᠰᠦᠲᠡᠨ ᠤ ᠣᠮᠣᠭᠰᠢᠯᠲᠤ ᠰᠡᠳᠬᠢᠯᠭᠡ ᠪᠠ ᠤᠯᠤᠰ ᠤᠨ ᠢᠷᠠᠭᠤ ᠠᠯᠳᠠᠷᠲᠤ ᠰᠡᠳᠬᠢᠯᠭᠡ ᠣᠯᠠᠮ ᠨᠢᠭᠡ ᠠᠯᠬᠤᠮ ᠴᠢᠩᠭᠠᠷᠠᠪᠠ᠃ ᠲᠥᠪ ᠤᠨ ᠲᠣᠭᠤᠷᠢᠨ ᠪᠠᠶᠢᠴᠠᠭᠠᠯᠲᠠ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ᠂ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠲᠤᠰᠬᠠᠢ ᠲᠣᠭᠤᠷᠢᠨ ᠪᠠᠶᠢᠴᠠᠭᠠᠯᠲᠠ ᠵᠡᠷᠭᠡ ᠶᠢᠨ ᠬᠠᠷᠢᠭᠤ ᠲᠤᠰᠬᠠᠭᠰᠠᠨ ᠰᠠᠨᠠᠯ ᠢ ᠪᠦᠬᠦ ᠲᠠᠯ᠎ᠠ  ᠪᠠᠷ ᠴᠡᠭᠴᠡᠯᠡᠨ ᠰᠠᠶᠢᠵᠢᠷᠠᠭᠤᠯᠵᠤ᠂ ᠨᠤᠲᠤᠭ ᠪᠡᠯᠴᠢᠭᠡᠷ ᠢ ᠲᠠᠲᠠᠪᠣᠷᠢᠯᠠᠨ ᠡᠵᠡᠯᠡᠬᠦ᠂ ᠲᠠᠷᠢᠶᠠᠯᠠᠩ ᠤᠰᠤᠨ ᠠᠰᠢᠭᠯᠠᠯᠲᠠ ᠵᠢᠴᠢ ᠭᠠᠵᠠᠷ ᠰᠢᠷᠣᠢ ᠶᠢ ᠴᠡᠭᠴᠡᠯᠡᠨ ᠵᠠᠰᠠᠬᠤ᠂ ᠲᠣᠭᠲᠠᠭᠠᠯ ᠠᠴᠠ ᠵᠥᠷᠢᠴᠡᠨ ᠵᠤᠰᠠᠯᠠᠩ᠂ ᠰᠠᠷᠠᠪᠴᠢᠲᠤ ᠭᠡᠷ᠂ ᠣᠷᠣᠨ ᠰᠠᠭᠤᠴᠠ ᠮᠠᠶ᠋ᠢᠭ ᠤᠨ ᠪᠤᠯᠠᠰᠢᠨ ᠭᠠᠵᠠᠷ ᠪᠠᠷᠢᠬᠤ ᠵᠡᠷᠭᠡ ᠠᠰᠠᠭᠤᠳᠠᠯ ᠢ ᠴᠡᠪᠡᠷᠯᠡᠨ ᠴᠡᠭᠴᠡᠯᠡᠵᠦ᠂ ᠬᠢᠮᠡᠯ ᠳᠠᠭᠠᠭᠤᠯᠢ ᠤᠳᠤᠨ ᠢᠶᠠᠷ ᠬᠠᠶᠢᠵᠤ ᠣᠯᠣᠭᠰᠠᠨ ᠭᠠᠵᠠᠷ ᠬᠡᠰᠡᠭ ᠤᠨ ᠬᠠᠤᠯᠢ ᠬᠡᠷᠡᠭᠵᠢᠭᠦᠯᠦᠯᠲᠡ  ᠶᠢᠨ ᠪᠠᠶᠢᠴᠠᠭᠠᠯᠲᠠ ᠵᠢᠴᠢ ᠭᠠᠵᠠᠷ ᠰᠢᠷᠣᠢ ᠶᠢᠨ ᠡᠩ ᠤᠨ ᠰᠢᠮᠳᠠᠭᠤᠯᠣᠨ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠬᠠᠤᠯᠢ ᠶᠣᠰᠣᠭᠠᠷ ᠴᠡᠭᠴᠡᠯᠡᠨ ᠰᠠᠶᠢᠵᠢᠷᠠᠭᠤᠯᠵᠤ᠂ ᠰᠢᠨ᠎ᠡ  ᠬᠦᠭᠵᠢᠯᠲᠡ ᠶᠢᠨ ᠣᠶᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠪᠦᠬᠦ ᠠᠬᠢᠴᠠ ᠳᠤ ᠦᠨᠡᠨᠬᠦ ᠲᠣᠣᠱᠯᠠᠭᠤᠯᠪᠠ᠃     ᠨᠢᠭᠡ ᠵᠢᠯ ᠤᠨ ᠲᠤᠷᠰᠢ᠂ ᠪᠢᠳᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠤᠨᠤᠴᠢᠲᠠᠢ ᠬᠦᠴᠦᠯᠡᠵᠦ᠂ ᠬᠤᠷᠢᠭ᠎ᠠ ᠱᠤᠭᠤᠮ ᠢ ᠰᠠᠬᠢᠵᠤ᠂ ᠠᠶᠤᠯ ᠲᠦᠭᠰᠢᠭᠦᠷᠢ ᠶᠢ ᠰᠡᠷᠭᠡᠶᠢᠯᠡᠵᠦ᠂ ᠭᠤᠷᠪᠠᠨ ᠶᠡᠭᠡ ᠰᠢᠪᠳᠣᠯᠣᠯᠲᠠ ᠶᠢᠨ ᠳᠠᠶᠢᠯᠠᠯᠳᠤᠭᠠᠨ ᠤ ᠵᠠᠩᠭᠢᠯᠠᠭ᠎ᠠ ᠶᠢᠨ ᠠᠬᠢᠴᠠ ᠭᠠᠷᠬᠤ ᠶᠢ ᠠᠬᠢᠭᠤᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠨᠠᠩ ᠳᠦᠷᠢᠮᠵᠢᠭᠦᠯᠵᠦ᠂ ᠯᠦ ᠹᠧᠩ ᠺᠣᠮᠫᠠᠨᠢ᠂ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ  ᠶᠢᠨ ᠺᠣᠮᠫᠠᠨᠢ ᠵᠡᠷᠭᠡ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠪᠣᠲᠠᠲᠤ ᠴᠣᠭᠴᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠣᠯᠠᠨ ᠠᠷᠭ᠎ᠠ ᠵᠠᠮ ᠢᠶᠠᠷ ᠪᠡᠯᠡ ᠴᠣᠭᠯᠠᠭᠤᠯᠵᠤ᠂ ᠣᠯᠠᠨ ᠠᠷᠭ᠎ᠠ ᠮᠠᠶ᠋ᠢᠭ ᠢᠶᠠᠷ ᠥᠷᠢ ᠥᠭᠴᠡᠭᠡ ᠪᠠᠨ ᠠᠷᠢᠯᠭᠠᠨ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠲᠡ 15.27 ᠳ᠋ᠦᠩᠰᠢᠭᠤᠷ ᠲᠥᠭᠦᠷᠢᠭ᠂ ᠤᠯᠤᠰ ᠤᠨ  ᠦᠮᠴᠢᠯᠡᠯᠲᠦ ᠠᠵᠤ ᠠᠬᠤᠶᠢᠯᠠᠯ ᠤᠨ ᠥᠷᠢ ᠥᠭᠴᠡᠭᠡ ᠶᠢ ᠨᠡᠶᠢᠲᠡ 9.9 ᠳ᠋ᠦᠩᠰᠢᠭᠤᠷ ᠲᠥᠭᠦᠷᠢᠭ ᠠᠷᠢᠯᠭᠠᠵᠤ᠂ ᠥᠷᠢ ᠥᠭᠴᠡᠭᠡ ᠶᠢ ᠠᠷᠢᠯᠭᠠᠬᠤ ᠵᠢᠯ ᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠮᠥᠩᠭᠦᠨ ᠭᠦᠶᠯᠭᠡᠭᠡᠨ ᠤ ᠬᠦᠷᠢᠶ᠎ᠡ ᠴᠠᠷ᠎ᠠ ᠳᠠᠬᠢ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠥᠨᠳᠥᠷ ᠬᠦᠦ ᠲᠠᠢ ᠵᠢᠭᠡᠯᠡᠯᠭᠡ ᠲᠠᠢ ᠬᠤᠯᠪᠣᠭᠲᠠᠬᠤ 4 ᠬᠡᠷᠡᠭ ᠢ ᠬᠠᠤᠯᠢ ᠶᠣᠰᠣᠭᠠᠷ ᠰᠢᠶᠳᠪᠦᠷᠢᠯᠡᠵᠦ᠂ ᠬᠠᠤᠯᠢ ᠪᠣᠰᠤ ᠪᠠᠷ ᠪᠡᠯᠡ ᠮᠥᠩᠭᠦ ᠴᠤᠭᠯᠠᠭᠤᠯᠤᠭᠰᠠᠨ 3 ᠬᠡᠷᠡᠭ ᠢ ᠰᠢᠶᠳᠪᠦᠷᠢᠯᠡᠵᠦ᠂ ᠮᠥᠩᠭᠦᠨ ᠭᠦᠶᠯᠭᠡᠭᠡᠨ ᠤ ᠠᠵᠢᠯ ᠲᠦᠷᠦᠯ ᠤᠨ ᠠᠮᠤᠷ ᠲᠦᠪᠰᠢᠨ ᠲᠣᠭᠲᠠᠭᠤᠨ ᠠᠵᠢᠯᠯᠠᠭᠠᠨ ᠢ ᠪᠠᠲᠤᠯᠠᠪᠠ᠃ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠯᠠᠪᠳᠠᠭᠤᠨ ᠪᠠᠲᠤᠲᠠᠢ ᠶᠠᠪᠤᠭᠳᠠᠪᠠ᠃ ᠲᠥᠪ ᠤᠨ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠣᠳᠣᠷᠢᠳᠣᠮᠵᠢ ᠪᠣᠯᠭᠠᠨ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠨ ᠥᠷᠭᠡᠨ ᠤᠯᠠᠨ ᠠᠷᠠᠳ ᠲᠦᠮᠡᠨ ᠰᠡᠳᠬᠢᠯ ᠨᠢᠭᠡᠳᠦᠨ ᠬᠦᠴᠦ  ᠪᠠᠨ ᠬᠠᠮᠲᠤᠳᠬᠠᠵᠤ᠂ ᠶᠠᠳᠠᠭᠤ ᠶᠢ ᠲᠡᠳᠬᠦᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠤᠨᠤᠴᠢᠲᠠᠢ  ᠨᠠᠶᠢᠲᠠᠪᠣᠷᠢᠵᠢᠭᠤᠯᠵᠤ᠂ ︽ᠠᠷᠪᠠ ᠶᠢ ᠴᠡᠪᠡᠷᠯᠡᠵᠦ ᠪᠠᠷᠢᠮᠵᠢᠶ᠎ᠠ ᠳᠤ ᠬᠦᠷᠭᠡᠬᠦ︾ ᠡᠭᠦᠷᠭᠡ ᠪᠠᠨ ᠪᠡᠶᠡᠯᠡᠭᠦᠯᠵᠦ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠳᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ 2019 ᠣᠨ ᠳᠤ 865 ᠡᠷᠦᠬᠡ 2063 ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠵᠤ᠂ 2 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠶᠠᠳᠠᠭᠤ ᠶᠢᠨ ᠡᠩᠨᠡᠭᠡᠨ ᠠᠴᠠ ᠭᠠᠷᠴᠤ᠂ ᠪᠦᠬᠦ ᠬᠤᠰᠢᠭᠤᠨ ᠤ ᠶᠠᠳᠠᠭᠤ ᠬᠦᠴᠢᠷᠳᠡᠯ ᠤᠨ ᠡᠭᠦᠰᠬᠦ ᠨᠣᠷᠮ᠎ᠠ 0.01% ᠪᠣᠯᠲᠠᠯ᠎ᠠ ᠪᠠᠭᠤᠷᠠᠵᠤ᠂ ᠣᠷᠣᠨ ᠤ ᠶᠠᠳᠠᠭᠤ ᠬᠦᠴᠢᠷᠳᠡᠯᠲᠡᠢ ᠬᠤᠰᠢᠭᠤᠨ ᠤ ᠮᠠᠯᠠᠭᠠᠢ ᠪᠠᠨ ᠠᠪᠴᠤ ᠬᠠᠶᠠᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠪᠡ᠃ ᠴᠠᠬᠢᠯᠭᠠᠨ ᠵᠠᠳᠠᠯᠣᠯᠲᠠ ᠶᠢᠨ ᠬᠦᠩᠭᠡᠨᠴᠠᠭᠠᠨ ᠤ ᠠᠵᠤ ᠠᠬᠤᠶᠢᠯᠠᠯ ᠤᠨ ᠤᠳᠤᠭ᠎ᠠ ᠲᠣᠭᠤᠰᠤ ᠭᠠᠳᠠᠭᠰᠢᠯᠠᠭᠤᠯᠬᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠲᠦ ᠳᠣᠣᠷ᠎ᠠ ᠭᠠᠳᠠᠭᠰᠢᠯᠠᠭᠤᠯᠬᠤ ᠥᠭᠡᠷᠡᠴᠢᠯᠡᠯᠲᠡ ᠶᠢ ᠪᠡᠶᠡᠯᠡᠭᠦᠯᠪᠡ᠃ ᠲᠣᠭᠤᠰᠣ ᠰᠢᠷᠣᠢ ᠶᠢᠨ ᠪᠣᠬᠢᠷᠲᠤᠯ ᠶᠢ ᠰᠡᠷᠭᠡᠶᠢᠯᠡᠨ ᠵᠠᠰᠠᠬᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ︽ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠳᠣᠯᠲᠠᠢ︾ 6 ᠠᠵᠤ ᠠᠬᠤᠶᠢᠯᠠᠯ ᠢ ᠴᠡᠭᠴᠡᠯᠡᠨ ᠵᠠᠰᠠᠵᠤ᠂ 30 ᠨᠡᠭᠦᠷᠡᠰᠦ ᠰᠤᠯᠠ ᠪᠣᠷᠣᠯᠠᠭᠤᠯᠬᠤ ᠴᠢᠭ ᠢ ᠴᠡᠪᠡᠷᠯᠡᠪᠡ᠃ ᠭᠤᠣᠯ ᠨᠠᠭᠤᠷ ᠤᠨ ︽ᠳᠥᠷᠪᠡ ᠶᠢ ᠴᠡᠪᠡᠷᠯᠡᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠵᠦ ᠂ ᠭᠤᠣᠯ ᠨᠠᠭᠤᠷ ᠤᠨ ᠠᠬᠠᠯᠠᠭᠴᠢ 220 ᠤᠳᠠᠭ᠎ᠠ ᠲᠣᠭᠤᠷᠢᠨ ᠪᠠᠶᠢᠴᠠᠭᠠᠪᠠ᠃ ᠬᠥᠷᠥᠰᠥ ᠰᠢᠷᠣᠢ ᠶᠢᠨ ᠠᠮᠢ ᠠᠬᠤᠢ ᠶᠢ ᠪᠦᠲᠦᠮᠵᠢᠲᠠᠢ ᠰᠡᠷᠭᠦᠭᠡᠵᠦ᠂ 538 ᠪᠣᠬᠢᠷᠲᠤᠯ ᠤᠨ ᠡᠬᠢ ᠶᠢ ᠨᠡᠶᠢᠳᠡᠮ ᠪᠠᠶᠢᠴᠠᠭᠠᠬᠤ ᠠᠵᠢᠯ ᠢ ᠪᠡᠶᠡᠯᠡᠭᠦᠯᠵᠦ᠂ ᠭᠠᠵᠠᠷ ᠳᠣᠣᠷᠠᠬᠢ 40 ᠲᠤᠰᠣᠨ ᠰᠠᠪᠠ ᠶᠢ ᠦᠭᠡᠷᠡᠴᠢᠯᠡᠵᠦ᠂ ᠬᠢᠮᠢ ᠶᠢᠨ ᠪᠤᠷᠳᠤᠭᠤᠷ᠂ ᠲᠠᠷᠢᠶᠠᠨ ᠡᠮ᠂ ᠰᠦᠯᠢᠶᠣᠣ ᠪᠦᠷᠬᠦᠪᠴᠢ ᠬᠡᠷᠡᠭᠯᠡᠬᠦ ᠶᠢ ᠶᠡᠭᠡ ᠪᠠᠷ ᠪᠠᠭᠠᠰᠬᠠᠵᠤ᠂ ᠬᠦᠬᠡ ᠣᠭᠲᠠᠷᠭᠤᠢ ᠨᠣᠮᠢᠨ ᠤᠰᠤ ᠬᠥᠷᠥᠰᠥ ᠰᠢᠷᠤᠢ ᠶᠢ ᠴᠡᠪᠡᠷᠰᠢᠭᠦᠯᠬᠦ ᠠᠵᠢᠯᠯᠠᠭ᠎ᠠ ᠪᠣᠳᠠᠲᠤ ᠦᠷ᠎ᠡ ᠪᠦᠲᠦᠮᠵᠢ ᠣᠯᠵᠤ᠂ ᠪᠦᠬᠦ ᠵᠢᠯ ᠤᠨ ᠠᠭᠠᠷ ᠤᠨ ᠶᠠᠰᠤ ᠴᠢᠨᠠᠷ ᠰᠢᠯᠢᠳᠡᠭ ᠡᠳᠦᠷ ᠤᠨ ᠲᠤᠭ᠎ᠠ 342 ᠡᠳᠦᠷ ᠬᠦᠷᠴᠦ᠂ ᠪᠦᠬᠦ ᠬᠤᠳᠠ ᠳᠤ ᠲᠡᠷᠢᠭᠦᠯᠡᠪᠡ᠃    ᠨᠢᠭᠡ ᠵᠢᠯ ᠤᠨ ᠲᠤᠷᠰᠢ᠂ ᠪᠢᠳᠡ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠡᠮᠡᠭᠳᠡᠯ ᠢ ᠲᠣᠭᠲᠠᠪᠤᠷᠢᠵᠢᠭᠤᠯᠵᠤ᠂ ᠪᠦᠲᠦᠴᠡ ᠪᠠᠨ ᠲᠤᠬᠢᠷᠠᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ᠃ ᠠᠵᠤ ᠦᠶᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠪᠠ ᠦᠷ᠎ᠡ ᠠᠰᠢᠭ ᠵᠡᠷᠭᠡᠪᠡᠷ ᠳᠡᠭᠡᠭᠰᠢᠯᠡᠪᠡ  ᠃ ᠭᠤᠤᠯ ᠪᠣᠯᠬᠤ ᠠᠵᠤ ᠦᠶᠯᠡᠳᠪᠦᠷᠢ ᠶᠢᠨ ᠦᠶᠯᠡᠳᠬᠦᠨ ᠤ ᠭᠠᠷᠤᠯᠲᠠ ᠲᠣᠭᠲᠠᠭᠤᠨ ᠢᠶᠠᠷ ᠨᠡᠮᠡᠭᠳᠡᠵᠦ᠂ ᠴᠢᠯᠠᠭᠤᠨ ᠨᠡᠭᠦᠷᠡᠰᠦᠨ ᠤ ᠭᠠᠷᠤᠯᠲᠠ 1857 ᠲᠦᠮᠡᠨ ᠲᠣᠨ ᠬᠦᠷᠴᠦ᠂ ᠬᠦᠩᠭᠡᠨᠴᠠᠭᠠᠨ ᠤ ᠭᠠᠷᠤᠯᠲᠠ 37.8 ᠲᠦᠮᠡᠨ ᠲᠣᠨ ᠬᠦᠷᠴᠦ᠂ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠦᠶᠯᠡᠳᠬᠦᠨ ᠤ ᠦᠢᠯᠡᠳᠪᠦᠷᠢᠯᠡᠯ ᠤᠨ ᠬᠡᠮᠵᠢᠶ᠎ᠡ 55.5 ᠲᠦᠮᠡᠨ ᠲᠣᠨ ᠬᠥᠷᠪᠡ᠃ ᠭᠤᠤᠯᠳᠠᠯᠭ᠎ᠠ ᠲᠠᠢ ᠲᠥᠷᠥᠯ ᠵᠦᠶᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠺᠠᠩ ᠨᠠᠢ ᠡᠯ ᠡᠲ᠋ᠠ ᠬᠤᠶᠠᠷᠴᠢ ᠠᠯᠺᠣᠣᠯ ᠤᠨ ᠲᠥᠷᠥᠯ ᠵᠦᠶᠯ ᠢ ᠳᠠᠬᠢᠨ ᠴᠡᠭᠴᠡᠯᠡᠬᠦ ᠠᠵᠢᠯ ᠪᠣᠲᠠᠲᠠᠢ ᠠᠬᠢᠴᠠ ᠲᠠᠢ ᠪᠣᠯᠵᠤ᠂ ᠣᠷᠴᠢᠯ ᠠᠵᠤ ᠠᠬᠤᠢ ᠶᠢᠨ ᠵᠢᠱᠢᠶ᠎ᠡ ᠦᠵᠡᠭᠦᠯᠬᠦ ᠢᠨᠵᠧᠨᠧᠷᠢᠩ ᠤᠨ ᠳᠥᠷᠪᠡᠳᠦᠭᠡᠷ ᠬᠤᠭᠤᠴᠠᠭᠠᠨ ᠤ 10 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠵᠡᠷᠭᠡ ᠨᠢᠭᠡ ᠪᠦᠯᠦᠭ ᠲᠥᠷᠥᠯ ᠵᠦᠶᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠶᠣᠸᠠᠨ ᠳ᠋ᠦᠩ ᠬᠦᠩᠭᠡᠨᠴᠠᠭᠠᠨ ᠤ ᠦᠢᠯᠡᠰ ᠤᠨ ᠬᠤᠶᠠᠳᠤᠭᠠᠷ ᠬᠤᠭᠤᠴᠠᠭᠠᠨ ᠤ ᠬᠦᠩᠭᠡᠨᠴᠠᠭᠠᠨ ᠤ ᠮᠠᠲ᠋ᠧᠷᠢᠶᠠᠯ ᠪᠣᠯᠪᠠᠰᠤᠷᠠᠭᠤᠯᠬᠤ ᠵᠡᠷᠭᠡ ᠨᠢᠭᠡ ᠪᠦᠯᠦᠭ ᠲᠥᠷᠥᠯ ᠵᠦᠶᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠠᠵᠤ ᠦᠶᠯᠡᠳᠪᠦᠷᠢ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 17.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠬᠡᠪᠴᠢᠶᠡᠵᠢᠯ  ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠤᠨ ᠬᠤᠷᠳᠤᠴᠠ 6.6% ᠬᠦᠷᠪᠡ᠃ ᠪᠦᠬᠦ ᠬᠤᠰᠢᠭᠤᠨ ᠤ ᠴᠠᠬᠢᠯᠭᠠᠨ ᠭᠠᠷᠭᠠᠬᠤ ᠬᠡᠮᠵᠢᠶ᠎ᠡ 78.76 ᠳ᠋ᠦᠩᠰᠢᠭᠤᠷ ᠭᠷᠠᠳᠦ᠋ᠰ ᠬᠦᠷᠴᠦ᠂ 6% ᠨᠡᠮᠡᠭᠳᠡᠵᠦ᠂ ᠠᠵᠤ ᠦᠶᠯᠡᠳᠪᠦᠷᠢ ᠶᠢᠨ ᠴᠠᠬᠢᠯᠭᠠᠨ ᠬᠡᠷᠡᠭᠯᠡᠬᠦ ᠬᠡᠮᠵᠢᠶ᠎ᠡ 56.57 ᠳ᠋ᠦᠩᠰᠢᠭᠤᠷ ᠭᠷᠠᠳᠦ᠋ᠰ ᠬᠦᠷᠴᠦ᠂ 6.6% ᠨᠡᠮᠡᠭᠳᠡᠪᠡ ᠃ ᠶᠡᠷᠦᠩᠬᠡᠶ ᠪᠡᠯᠡ ᠣᠷᠣᠭᠤᠯᠤᠯᠲᠠ 860 ᠳ᠋ᠦᠩᠰᠢᠭᠤᠷ ᠲᠥᠭᠦᠷᠢᠭ ᠤᠨ ᠵᠢᠶᠠᠩᠰᠤ ᠶᠢᠨ ᠰᠾᠢ ᠡᠯ ᠪᠠᠩ ᠨᠡᠭᠦᠷᠡᠰᠦ ᠪᠠᠷ ᠮᠧᠲ᠋ᠢᠯ ᠠᠯᠺᠣᠣᠯ ᠦᠢᠯᠡᠳᠬᠦ ᠪᠦᠬᠦ ᠠᠵᠤ ᠦᠢᠯᠡᠰ ᠤᠨ ᠬᠡᠯᠬᠢᠶ᠎ᠡ ᠵᠢᠴᠢ ᠬᠠᠮᠢᠶ᠎ᠠ ᠪᠦᠬᠦᠢ ᠢᠵᠢ ᠪᠦᠷᠢᠳᠦᠭᠦᠯᠬᠦ ᠲᠣᠨᠤᠭ ᠲᠦᠭᠦᠭᠡᠷᠦᠮᠵᠢ ᠶᠢᠨ ᠲᠥᠷᠥᠯ ᠵᠦᠶᠯ ᠢ ᠠᠵᠤ ᠠᠬᠤᠶᠢᠯᠠᠯ ᠤᠨ ᠳᠠᠩᠰᠠᠯᠠᠭᠤᠯᠬᠤ ᠶᠢ ᠪᠡᠶᠡᠯᠡᠭᠦᠯᠵᠦ᠂ ᠪᠦᠬᠦ ᠵᠢᠯ ᠳᠤ 22 ᠬᠤᠳᠠᠯᠳᠤᠭᠠᠴᠢᠨ ᠤᠷᠢᠬᠤ ᠲᠥᠷᠦᠯ ᠵᠦᠢᠯ ᠳᠤ ᠰᠢᠨ᠎ᠡ ᠭᠡᠷ᠎ᠡ ᠲᠣᠭᠲᠠᠵᠤ᠂ 13 ᠬᠤᠳᠠᠯᠳᠤᠭᠠᠴᠢᠨ ᠣᠷᠢᠭᠰᠠᠨ ᠲᠥᠷᠥᠯ ᠵᠦᠶᠯ ᠢ ᠰᠢᠨ᠎ᠡ ᠪᠠᠷ ᠠᠵᠢᠯ ᠡᠬᠢᠯᠡᠭᠦᠯᠵᠦ᠂ 17.37 ᠳ᠋ᠦᠩᠰᠢᠭᠤᠷ ᠲᠦᠭᠦᠷᠢᠭ ᠪᠡᠯᠡ ᠮᠥᠩᠭᠦ  ᠪᠣᠲᠠᠲᠠᠶᠢᠵᠢᠭᠤᠯᠪᠠ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠠᠬᠢᠴᠠ ᠲᠦᠷᠭᠡᠳᠪᠡ᠃ ᠲᠠᠷᠢᠮᠠᠯ ᠤᠨ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠵᠦ᠂ 10.2 ᠲᠦᠮᠡᠨ ᠮᠦ ᠦᠨᠳᠦᠷ ᠦᠷ᠎ᠡ ᠠᠰᠢᠭᠲᠤ ᠤᠰᠤ ᠠᠷᠪᠢᠯᠠᠬᠤ ᠲᠠᠷᠢᠶ᠎ᠠ ᠭᠠᠷᠭᠠᠵᠤ᠂ ᠬᠥᠬᠡ ᠳᠠᠷᠣᠰᠢ ᠶᠢᠨ ᠲᠠᠷᠢᠬᠤ ᠲᠠᠯᠠᠪᠠᠢ 105 ᠲᠦᠮᠡᠨ ᠮᠦ ᠪᠣᠯᠲᠠᠯ᠎ᠠ ᠨᠡᠮᠡᠭᠳᠡᠭᠦᠯᠵᠦ᠂ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠲᠠᠷᠢᠬᠤ ᠲᠠᠯᠠᠪᠠᠢ 5 ᠲᠦᠮᠡᠨ ᠮᠦ ᠪᠣᠯᠪᠠ᠃ ᠲᠠᠷᠢᠶᠠᠯᠠᠩ ᠤᠨ ᠭᠠᠷᠤᠯᠲᠠ ᠦᠷ᠎ᠡ ᠠᠰᠢᠭ ᠢ ᠨᠡᠮᠡᠭᠳᠡᠭᠦᠯᠬᠦ ᠶᠢ ᠪᠡᠶᠡᠯᠡᠭᠦᠯᠵᠦ᠂ ᠠᠮᠤ ᠪᠤᠳᠠᠭᠠᠨ ᠤ ᠶᠡᠷᠦᠩᠬᠡᠶ ᠤᠨᠠᠯᠲᠠ 17 ᠳ᠋ᠦᠩᠰᠢᠭᠤᠷ ᠵᠢᠩ ᠳᠠᠪᠠᠪᠠ᠃ ᠮᠠᠯ ᠠᠵᠤ ᠠᠬᠤᠢ ᠶᠢᠨ ᠳᠣᠲᠣᠭᠠᠳᠤ ᠪᠦᠲᠦᠴᠡ ᠶᠢ ᠰᠢᠯᠢᠳᠡᠭᠵᠢᠭᠦᠯᠦᠨ᠂ ᠬᠤᠨᠢ ᠶᠢ 200 ᠲᠦᠮᠡᠨ ᠠᠴᠠ ᠳᠣᠷᠣᠭᠰᠢ ᠪᠣᠯᠭᠠᠨ ᠴᠦᠬᠡᠳᠭᠡᠵᠦ᠂ ᠦᠬᠡᠷ 40 ᠲᠦᠮᠡ ᠪᠣᠯᠲᠠᠯ᠎ᠠ ᠨᠡᠮᠡᠭᠳᠡᠵᠦ᠂ 19.5 ᠲᠦᠮᠡᠨ ᠦᠬᠡᠷ ᠲᠤ ᠢᠴᠡᠭᠡᠯ ᠦᠷ᠎ᠡ  ᠶᠢᠨ ᠬᠡᠭᠡᠯᠲᠦᠭᠦᠯᠭᠡ ᠬᠢᠵᠦ᠂ ᠮᠠᠯ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠪᠡ᠃ ᠲᠦᠩᠯᠢᠶᠣᠤ ᠶᠢᠨ ᠬᠤᠶᠢᠲᠤ ᠬᠡᠰᠡᠭ ᠤᠨ ᠣᠳᠣ ᠦᠶ᠎ᠡ ᠶᠢᠨ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠠᠩᠬ᠎ᠠ ᠢᠯᠡᠷᠡᠵᠦ᠂ ᠵᠢᠱᠢᠶ᠎ᠡ ᠦᠵᠡᠭᠦᠯᠬᠦ ᠪᠠᠯᠭᠠᠰᠤ 1᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 12᠂ ᠵᠢᠱᠢᠶ᠎ᠡ ᠦᠵᠡᠭᠦᠯᠬᠦ ᠣᠳᠣ ᠦᠶ᠎ᠡ ᠶᠢᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ 30᠂ ᠵᠢᠱᠢᠶ᠎ᠡ ᠦᠵᠡᠭᠦᠯᠬᠦ ᠲᠡᠵᠢᠭᠡᠨ ᠦᠷᠡᠵᠢᠭᠦᠯᠬᠦ ᠲᠠᠯᠠᠪᠠᠢ ︵ᠪᠠᠭ᠎ᠠ ᠲᠣᠭᠤᠷᠢᠭ︶ 20᠂ ᠲᠦᠮᠡᠨ ᠲᠣᠯᠣᠭᠠᠢ ᠠᠴᠠ ᠳᠡᠭᠡᠭᠰᠢᠬᠢ ᠦᠬᠡᠷ ᠲᠠᠢ ᠭᠠᠴᠠᠭ᠎ᠠ ᠲᠣᠰᠬᠤᠨ 3᠂ ᠲᠠᠪᠤᠨ ᠮᠢᠩᠭᠠᠨ ᠲᠣᠯᠣᠭᠠᠢ ᠠᠴᠠ ᠳᠡᠭᠡᠭᠰᠢᠬᠢ ᠭᠠᠴᠠᠭ᠎ᠠ ᠲᠣᠰᠬᠤᠨ 20 ᠪᠣᠯᠵᠤ᠂ ᠲᠠᠯ᠎ᠠ ᠨᠤᠲᠤᠭ ᠤᠨ ᠣᠯᠠᠭᠠᠨ ᠦᠬᠡᠷ  ᠤᠨ ᠲᠡᠵᠢᠭᠡᠪᠦᠷᠢ ᠶᠢᠨ ᠠᠵᠤ ᠦᠢᠯᠡᠰ ᠨᠢᠭᠡᠨᠲᠡ ᠮᠠᠯᠴᠢᠨ ᠲᠠᠷᠢᠶᠠᠴᠢᠨ ᠢ ᠶᠠᠳᠠᠭᠤ ᠠᠴᠠ ᠠᠩᠭᠢᠵᠢᠷᠠᠭᠤᠯᠤᠨ ᠣᠷᠣᠯᠭ᠎ᠠ ᠶᠢ ᠨᠡᠮᠡᠭᠳᠡᠭᠦᠯᠬᠦ ᠭᠤᠣᠯᠯᠠᠭᠴᠢ ᠠᠵᠤ ᠦᠢᠯᠡᠰ ᠪᠣᠯᠭᠠᠪᠠ᠃ ︽ᠭᠤᠷᠪᠠᠨ ᠪᠦᠲᠦᠭᠡᠭᠳᠡᠬᠦᠨ ᠨᠢᠭᠡ ᠰᠢᠨᠵᠢ ᠲᠡᠮᠳᠡᠭ︾ ᠤᠨ ᠭᠡᠷᠡᠴᠢᠯᠡᠯ ᠣᠯᠣᠭᠰᠠᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠰᠢᠨ᠎ᠡ 6 ᠨᠡᠮᠡᠭᠳᠡᠵᠦ᠂ ᠭᠠᠵᠠᠷ ᠵᠦᠶ ᠶᠢᠨ ᠰᠢᠨᠵᠢ ᠲᠡᠮᠳᠡᠭ ᠤᠨ ᠭᠡᠷᠡᠴᠢᠯᠡᠯ ᠣᠯᠣᠭᠰᠠᠨ ᠪᠦᠲᠦᠭᠡᠭᠳᠡᠭᠦᠨ ᠰᠢᠨ᠎ᠡ 1 ᠨᠡᠮᠡᠭᠳᠡᠵᠦ ᠂ ᠣᠷᠣᠨ ᠪᠦᠰᠡ ᠶᠢᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢᠨ ᠦᠷ᠎ᠡ ᠠᠰᠢᠭ ᠦᠷᠭᠦᠯᠵᠢᠯᠡᠨ ᠳᠡᠭᠡᠭᠰᠢᠯᠡᠪᠡ ᠃ ᠤᠳᠤ ᠦᠶ᠎ᠡ ᠶᠢᠨ ᠦᠶᠯᠡᠴᠢᠯᠡᠭᠡᠨ ᠤ ᠦᠶᠯᠡᠰ ᠲᠦᠷᠭᠡᠨ ᠬᠥᠭᠵᠢᠪᠡ᠃ ᠡᠯᠧᠺᠲᠷᠣᠨ ᠬᠤᠳᠠᠯᠳᠤᠭ᠎ᠠ ᠶᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢᠨ ᠢᠨᠵᠧᠨᠧᠷᠢᠩ ᠬᠡᠯᠪᠡᠷᠢ ᠪᠠᠨ ᠬᠤᠪᠢᠷᠠᠭᠤᠯᠤᠭᠰᠠᠨ 127 ᠠᠵᠤ ᠠᠬᠤᠶᠢᠯᠠᠯ ᠢ ᠪᠣᠶᠢᠵᠢᠭᠤᠯᠵᠤ᠂ ᠡᠯᠧᠺᠲᠷᠣᠨ ᠬᠤᠳᠠᠯᠳᠤᠭᠠᠨ ᠤ ᠰᠦᠯᠵᠢᠶᠡᠨ ᠳᠡᠭᠡᠷ᠎ᠡ ᠠᠷᠠᠯᠵᠢᠶᠠᠯᠠᠭᠰᠠᠨ ᠬᠡᠮᠵᠢᠶ᠎ᠡ 2.4 ᠳ᠋ᠦᠩᠰᠢᠭᠤᠷ ᠲᠦᠭᠦᠷᠢᠭ ᠬᠦᠷᠪᠡ᠃ ᠠᠷᠤ ᠭᠠᠵᠠᠷ ᠤᠨ ᠬᠤᠪᠢᠯᠭᠠᠨ ᠷᠠᠰᠢᠶᠠᠨ ᠵᠡᠷᠭᠡ ᠵᠢᠭᠤᠯᠴᠢᠯᠠᠯ ᠤᠨ ᠣᠷᠣᠨ ᠤ ᠵᠠᠷᠢᠮ ᠦᠵᠡᠮᠵᠢ ᠶᠢᠨ ᠣᠷᠣᠨ ᠤ ᠲᠦᠭᠦᠭᠡᠷᠣᠮᠵᠢ ᠶᠢ ᠥᠭᠡᠷᠡᠴᠢᠯᠡᠨ ᠰᠠᠶᠢᠵᠢᠷᠠᠭᠤᠯᠵᠤ᠂ ᠮᠠᠯᠴᠢᠨ ᠠᠶᠢᠯ᠂ ᠲᠠᠷᠢᠶᠠᠴᠢᠨ ᠠᠶᠢᠯ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠬᠡ 49 ᠪᠣᠯᠤᠨ ᠬᠥᠭᠵᠢᠪᠡ᠃ ᠴᠡᠴᠡᠭᠲᠦ ᠤᠯᠠᠷᠢᠯ ᠤᠨ ᠰᠣᠶᠣᠯ ᠵᠢᠭᠤᠯᠴᠢᠯᠠᠯ ᠤᠨ ᠨᠠᠶᠢᠷ᠂ ᠡᠯᠪᠡᠭ ᠬᠤᠷᠢᠶᠠᠯᠲᠠ ᠪᠠᠨ ᠪᠡᠯᠭᠡᠯᠡᠬᠦ ᠦᠬᠡᠷ ᠤᠷᠤᠯᠳᠤᠬᠤ ᠨᠠᠶᠢᠷ᠂ ᠮᠠᠯᠴᠢᠨ ᠲᠠᠷᠢᠶᠠᠴᠢᠨ ᠤ ᠨᠠᠭᠠᠳᠤᠮ᠂ ᠦᠯᠢᠭᠡᠷ  ᠤᠨ ᠨᠤᠲᠤᠭ ᠭᠡᠬᠦ ᠴᠠᠭᠠᠨ ᠰᠠᠷ᠎ᠠ ᠶᠢᠨ ᠦᠳᠡᠰᠢᠯᠡᠭᠡ ᠶᠢ ᠡᠷᠬᠢᠯᠡᠵᠦ᠂ ︽ᠵᠢᠭᠠᠰᠤᠨ ᠨᠢᠳᠦ︾ ᠣᠯᠠᠨ ᠤᠯᠤᠰ ᠤᠨ ᠲᠧᠯᠸᠢᠰ ᠤᠨ ᠨᠠᠶᠢᠷ᠂ ᠠᠽᠢᠶ᠎ᠠ ᠲᠢᠪ ᠤᠨ ᠪᠠᠬ᠎ᠠ ᠬᠡᠭᠡᠷ᠎ᠡ ᠶᠢᠨ ᠷᠠᠯᠢ ᠣᠷᠣᠯᠳᠣᠭᠠᠨ ᠢ ᠳᠠᠭᠠᠭᠠᠴᠢᠯᠠᠨ ᠡᠷᠬᠢᠯᠡᠵᠦ᠂ ᠪᠦᠬᠦ ᠬᠤᠰᠢᠭᠤᠨ ᠤ ᠵᠢᠭᠤᠯᠴᠢᠯᠠᠯ ᠤᠨ ᠶᠡᠷᠦᠩᠬᠡᠶᠢᠯᠡᠭᠰᠡᠨ ᠣᠷᠣᠯᠭ᠎ᠠ 15 ᠳ᠋ᠦᠩᠰᠢᠭᠤᠷ ᠲᠥᠭᠦᠷᠢᠭ ᠳᠠᠪᠠᠪᠠ᠃ ᠮᠦᠩᠬᠦᠨ ᠭᠦᠢᠯᠭᠡᠭᠡ ᠳᠠᠭᠠᠳᠬᠠᠯ ᠤᠨ ᠠᠵᠢᠯ ᠲᠥᠷᠦᠯ ᠤᠨ ᠠᠵᠢᠯᠯᠠᠭ᠎ᠠ ᠬᠡᠪ ᠤᠨ ᠪᠠᠶᠢᠵᠤ᠂ ᠲᠡᠵᠢᠭᠡᠨ ᠦᠷᠡᠵᠢᠭᠦᠯᠬᠦ ᠲᠣᠮᠣ ᠡᠷᠦᠬᠡ ᠳᠤ ᠨᠡᠶᠢᠲᠡ 9082 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠵᠤ᠂ 9.35 ᠲᠦᠮᠡᠨ ᠲᠣᠯᠣᠭᠠᠢ ᠰᠠᠭᠠᠯᠢ ᠶᠢᠨ ᠦᠨᠢᠶ᠎ᠡ ᠠᠯᠠᠰᠢᠨ ᠦᠬᠡᠷ ᠂ 128.3 ᠲᠦᠮᠡᠨ ᠮᠦ ᠲᠠᠷᠢᠮᠠᠯ ᠳᠤ ᠳᠠᠭᠠᠳᠬᠠᠯ ᠬᠢᠬᠦ ᠶᠢ ᠪᠡᠶᠡᠯᠡᠭᠦᠯᠵᠦ᠂ ᠪᠣᠲᠠᠲᠤ ᠴᠣᠭᠴᠠ ᠶᠢᠨ ᠠᠵᠤ ᠠᠬᠤᠢ ᠶᠢᠨ ᠬᠦᠭᠵᠢᠯᠲᠡ ᠶᠢ ᠬᠦᠴᠦᠨ ᠲᠠᠢ ᠲᠣᠯᠭᠠᠭᠤᠷᠢᠯᠠᠪᠠ᠃      ᠨᠢᠭᠡ ᠵᠢᠯ ᠤᠨ ᠲᠤᠷᠰᠢ᠂ ᠪᠢᠳᠡ ᠪᠣᠬᠢᠷᠲᠤᠯ ᠦᠭᠡᠢ ᠬᠥᠭᠵᠢᠯᠲᠡ ᠶᠢ ᠢᠮᠠᠭᠲᠠ ᠪᠠᠷᠢᠮᠲᠠᠯᠠᠵᠤ᠂ ᠵᠠᠰᠠᠯᠲᠠ ᠶᠢ ᠠᠳᠬᠤᠵᠤ᠂ ᠬᠠᠮᠢᠶᠠᠷᠤᠯᠲᠠ ᠪᠠᠨ  ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠤᠯᠪᠠ᠃ ᠠᠮᠢ ᠠᠬᠤᠶ ᠶᠢ ᠰᠡᠷᠭᠦᠭᠡᠬᠦ ᠪᠠ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠪᠠ᠃ ᠣᠢ ᠰᠢᠭᠤᠢ᠂ ᠨᠤᠲᠤᠭ ᠪᠡᠯᠴᠢᠭᠡᠷ᠂ ᠤᠰᠤᠨ ᠤ ᠠᠮᠢ ᠠᠬᠤᠢ ᠶᠢ ᠬᠠᠮᠠᠭᠠᠯᠠᠬᠤ ᠪᠦᠲᠦᠭᠡᠨ ᠪᠠᠶᠢᠭᠤᠯᠬᠤ ᠲᠣᠰᠬᠠᠢ ᠠᠵᠢᠯᠯᠠᠭ᠎ᠠ  ᠦᠷᠨᠢᠭᠦᠯᠪᠡ᠃ ᠠᠮᠢ ᠠᠬᠤᠢ ᠶᠢ ᠬᠠᠮᠠᠭᠠᠯᠠᠬᠤ᠂ ᠪᠡᠯᠴᠢᠭᠡᠷᠯᠡᠭᠦᠯᠦᠨ ᠮᠠᠯᠵᠢᠬᠤ  ᠶᠢ ᠴᠠᠭᠠᠵᠠᠯᠠᠵᠤ ᠬᠠᠰᠢᠶᠠᠯᠠᠨ ᠲᠡᠵᠢᠭᠡᠬᠦ᠂ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ᠂ ᠪᠡᠯᠴᠢᠭᠡᠷᠯᠡᠭᠦᠯᠦᠨ ᠮᠠᠯᠵᠢᠬᠤ ᠶᠢ ᠴᠠᠭᠠᠵᠠᠯᠠᠬᠤ ᠠᠴᠠ ᠪᠢᠰᠢ ᠲᠡᠵᠢᠭᠡᠬᠦ ᠶᠢ ᠴᠠᠭᠠᠵᠠᠯᠠᠬᠤ ᠦᠭᠡᠢ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠲᠠᠪᠣᠷᠢᠵᠢᠭᠤᠯᠵᠤ᠂ ᠪᠣᠭ ᠮᠠᠯ ᠢ ᠪᠦᠬᠦ ᠵᠢᠯ ᠳᠤ ᠪᠡᠯᠴᠢᠭᠡᠷᠯᠡᠭᠦᠯᠦᠨ ᠮᠠᠯᠵᠢᠬᠤ  ᠶᠢ ᠴᠠᠭᠠᠵᠠᠯᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠬᠤᠶᠢᠲᠤ ᠬᠡᠰᠡᠭ ᠤᠨ ᠮᠠᠯᠵᠢᠬᠤ ᠣᠷᠣᠨ ᠤ ᠮᠠᠯᠴᠢᠳ ᠢ ᠨᠡᠭᠦᠯᠭᠡᠨ ᠲᠥᠪᠬᠢᠨᠡᠭᠦᠯᠬᠦ 432 ᠢᠵᠢ ᠣᠷᠣᠨ ᠰᠠᠭᠤᠴᠠ ᠪᠠᠶᠢᠭᠤᠯᠪᠠ᠃ 50 ᠲᠦᠮᠡᠨ ᠮᠦ ᠨᠤᠲᠤᠭ ᠪᠡᠯᠴᠢᠭᠡᠷ ᠢ ᠵᠠᠰᠠᠨ ᠰᠡᠷᠭᠦᠭᠡᠵᠦ᠂ 46 ᠲᠦᠮᠡᠨ ᠮᠦ ᠬᠤᠷᠴᠢᠨ ᠤ ᠡᠯᠡᠰᠦᠷᠬᠡᠭ ᠭᠠᠵᠠᠷ ᠢ ᠶᠠᠷᠦᠩᠬᠠᠶᠢᠯᠡᠨ ᠵᠠᠰᠠᠵᠤ᠂ 5500 ᠮᠦ ᠲᠠᠷᠢᠶᠠᠯᠠᠬᠤ ᠶᠢ ᠵᠣᠭᠰᠣᠭᠠᠵᠤ ᠣᠢ ᠮᠣᠳᠣ ᠲᠠᠷᠢᠬᠤ ᠶᠢ ᠪᠡᠶᠡᠯᠡᠭᠦᠯᠪᠡ᠃ ᠣᠢ ᠮᠣᠳᠣ ᠦᠭᠡᠢ ᠮᠤᠳᠣᠨ ᠭᠠᠵᠠᠷ 15 ᠲᠦᠮᠡᠨ ᠮᠦ ᠣᠶᠢᠵᠢᠭᠤᠯᠵᠤ᠂ ᠣᠢ ᠮᠣᠳᠣ ᠣᠭᠲᠣᠯᠤᠭᠰᠠᠨ 2.5 ᠲᠦᠮᠡᠨ ᠮᠦ ᠮᠣᠳᠣᠨ ᠭᠠᠵᠠᠷ ᠢ ᠳᠠᠬᠢᠨ ᠣᠶᠢᠵᠢᠭᠤᠯᠪᠠ᠃ 304 ᠤᠯᠤᠰ ᠤᠨ ᠵᠠᠮ ᠳᠠᠭᠠᠤ ᠶᠢᠨ ᠡᠪᠳᠡᠭᠳᠡᠭᠰᠡᠨ ᠠᠭᠤᠯᠠᠨ ᠴᠣᠭᠴᠠ ᠶᠢ 16.9 ᠲᠦᠮᠡᠨ ᠲᠡᠭᠰᠢ ᠳᠥᠷᠪᠡᠯᠵᠢᠨ ᠮᠧᠲᠷ ᠵᠠᠰᠠᠪᠠ᠃ ᠣᠢ ᠰᠢᠭᠤᠶ ᠨᠤᠲᠤᠭ ᠪᠡᠯᠴᠢᠭᠡᠷ ᠤᠨ ︽ᠭᠤᠷᠪᠠᠨ ᠳᠤᠷ᠎ᠠ ᠲᠠᠪᠠ ᠶᠢᠨ ᠦᠵᠡᠭᠳᠡᠯ︾ ᠢ ᠵᠠᠰᠠᠬᠤ ᠠᠵᠢᠯ ᠳᠤ ᠬᠠᠤᠯᠢ ᠶᠢ ᠵᠥᠷᠢᠴᠡᠭᠰᠡᠨ 110 ᠬᠡᠷᠡᠭ ᠢ ᠪᠠᠶᠢᠴᠠᠭᠠᠨ ᠰᠢᠶᠳᠪᠦᠷᠢᠯᠡᠪᠡ᠃ ᠠᠭᠤᠷᠬᠠᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠳᠤ ᠨᠡᠶᠢᠲᠡ 2.18 ᠳ᠋ᠦᠩᠰᠢᠭᠤᠷ ᠲᠦᠭᠦᠷᠢᠭ ᠪᠡᠯᠡ ᠣᠷᠣᠭᠤᠯᠵᠤ᠂ 1.5 ᠲᠦᠮᠡᠨ ᠮᠦ ᠵᠠᠰᠠᠵᠤ᠂ 13 ᠠᠭᠤᠷᠬᠠᠢ ᠶᠢᠨ ᠠᠵᠤ ᠠᠬᠤᠶᠢᠯᠠᠯ ᠢ ᠪᠣᠬᠢᠷᠳᠣᠯ ᠦᠭᠡᠢ ᠠᠭᠤᠷᠬᠠᠢ ᠶᠢᠨ ᠪᠠᠷᠢᠮᠵᠢᠶ᠎ᠠ ᠳᠤ ᠬᠦᠷᠪᠡ᠃ ᠴᠢᠯᠠᠭᠤ ᠭᠠᠷᠭᠠᠬᠤ ᠠᠭᠤᠷᠬᠠᠢ ᠶᠢ ᠲᠤᠰᠬᠠᠢ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠵᠦ᠂ 35 ᠴᠢᠯᠠᠭᠤ ᠭᠠᠷᠭᠠᠬᠤ ᠠᠵᠤ ᠠᠬᠤᠶᠢᠯᠠᠯ ᠤᠨ ᠪᠦᠳᠦᠭᠦᠯᠢᠭ ᠢᠶᠠᠷ ᠦᠢᠯᠡᠳᠪᠦᠷᠢᠯᠡᠵᠦ ᠡᠵᠡᠩᠨᠡᠬᠦ ᠠᠰᠠᠭᠤᠳᠠᠯ ᠢ ᠬᠠᠤᠯᠢ ᠶᠣᠰᠣᠭᠠᠷ ᠴᠡᠭᠴᠡᠯᠡᠨ ᠵᠠᠰᠠᠪᠠ᠃ ᠪᠣᠬᠢᠷᠳᠣᠯ ᠦᠭᠡᠢ ᠠᠭᠤᠷᠬᠠᠢ ᠶᠢᠨ ᠪᠠᠶᠢᠭᠤᠯᠣᠯᠲᠠ ᠠᠩᠬ᠎ᠠ ᠦᠷ᠎ᠡ ᠪᠦᠲᠦᠮᠵᠢ ᠭᠠᠷᠪᠠ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠭᠦᠨᠵᠡᠭᠡᠶᠢᠷᠡᠭᠦᠯᠪᠡ᠃ ᠤᠯᠤᠰ ᠤᠨ ᠨᠤᠲᠤᠭ ᠳᠡᠪᠢᠰᠬᠡᠷ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠭᠤᠷᠪᠠᠳᠣᠭᠠᠷ ᠤᠳᠠᠭᠠᠨ ᠤ ᠤᠯᠤᠰ ᠤᠨ ᠨᠤᠲᠤᠭ ᠳᠡᠪᠢᠰᠬᠡᠷ ᠢ ᠪᠠᠶᠢᠴᠠᠭᠠᠬᠤ ᠠᠵᠢᠯ ᠤᠨ ᠳᠣᠲᠣᠭᠠᠲᠤ ᠭᠠᠳᠠᠭᠠᠲᠤ ᠶᠢᠨ ᠠᠵᠢᠯ ᠢ ᠪᠠᠶᠢᠴᠠᠭᠠᠬᠤ ᠶᠢ ᠳᠠᠭᠤᠰᠬᠠᠵᠤ᠂ ᠤᠯᠤᠰ ᠲᠤ ᠮᠡᠳᠡᠭᠦᠯᠦᠨ ᠬᠠᠷᠭᠤᠯᠤᠨ ᠪᠠᠶᠢᠴᠠᠭᠠᠵᠤ ᠪᠠᠶᠢᠨ᠎ᠠ᠃ ᠠᠮᠢ ᠠᠬᠤᠢ ᠶᠢᠨ ᠡᠬᠢ ᠪᠠᠶᠠᠯᠢᠭ ᠢ ᠲᠣᠭᠤᠷᠢᠨ ᠰᠢᠭᠦᠨ ᠲᠠᠰᠤᠯᠬᠤ ᠲᠢᠩᠬᠢᠮ ᠪᠠᠶᠢᠭᠤᠯᠵᠤ᠂ ᠪᠦᠬᠦ ᠬᠤᠲᠠ ᠳᠤ ᠠᠩᠬᠠᠳᠠᠭᠴᠢ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ ᠬᠠᠣᠯᠢ ᠴᠠᠭᠠᠵᠠ ᠶᠢᠨ ᠦᠢᠯᠡᠴᠢᠯᠡᠭᠡᠨ ᠤ ᠠᠵᠢᠯ ᠤᠨ ᠦᠷᠲᠡᠭᠡ ᠪᠠᠶᠢᠭᠤᠯᠪᠠ᠃ ︽ᠲᠦᠩᠯᠢᠶᠣᠤ ᠬᠤᠲᠠ ᠶᠢᠨ ᠬᠠᠨ ᠠᠭᠤᠯᠠᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ  ᠶᠢᠨ ᠣᠷᠣᠨ ᠤ ᠲᠦᠷᠢᠮ︾ ᠢ ᠪᠦᠲᠦᠮᠵᠢᠲᠡᠶ ᠨᠠᠶᠢᠳᠠᠪᠤᠷᠢᠵᠢᠭᠤᠯᠵᠤ᠂ ᠭᠡᠷᠴᠢᠯᠠᠭᠤ ᠰᠤᠮᠤ ᠶᠢᠨ 130 ᠲᠦᠮᠡᠨ ᠮᠥ ᠵᠤᠰᠠᠯᠠᠩ ᠪᠠ ᠠᠷᠤ ᠬᠥᠨᠳᠡᠯᠡᠨ ᠤ ᠵᠠᠭᠤᠨ ᠲᠦᠮᠡᠨ ᠮᠥ ᠪᠠᠶᠢᠭᠠᠯᠢ ᠶᠢᠨ ᠨᠤᠲᠤᠭ ᠪᠡᠯᠴᠢᠭᠡᠷ ᠢ ᠪᠢᠲᠡᠭᠦᠮᠵᠢᠯᠡᠨ ᠴᠠᠭᠠᠵᠠᠯᠠᠭᠰᠠᠨ ᠬᠠᠮᠠᠭᠠᠯᠠᠯᠲᠠ ᠶᠢᠨ ᠣᠷᠣᠨ ᠤ ᠠᠮᠢ ᠠᠬᠤᠶ ᠶᠢ ᠢᠯᠡᠳᠲᠡ ᠰᠡᠷᠭᠦᠭᠡᠵᠦ᠂ ᠬᠤᠶᠢᠲᠣ ᠬᠡᠰᠡᠭ ᠤᠨ 360 ᠲᠦᠮᠡᠨ ᠮᠥ ᠲᠥᠪᠯᠡᠷᠡᠨ ᠵᠠᠯᠭᠠᠯᠳᠤᠭᠰᠠᠨ ᠠᠮᠢ ᠠᠬᠤᠶ ᠶᠢᠨ ᠴᠢᠳᠠᠮᠵᠢᠳᠤ ᠣᠷᠣᠨ ᠢ ᠪᠠᠶᠢᠭᠤᠯᠤᠨ ᠪᠦᠲᠦᠭᠡᠵᠦ ᠂ ᠲᠦᠩᠯᠢᠶᠣᠤ ᠶᠢᠨ ᠬᠤᠶᠢᠲᠤ ᠬᠡᠰᠡᠭ ᠤᠨ ᠪᠣᠬᠢᠷᠲᠤᠯ ᠥᠬᠡᠶ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ  ᠶᠢᠨ ᠦᠶᠯᠡᠳᠦᠯ ᠪᠠ ᠤᠰᠤᠨ ᠰᠤᠷᠪᠤᠯᠵᠢ ᠶᠢ ᠬᠠᠳᠠᠭᠠᠯᠠᠬᠤ ᠴᠢᠳᠠᠮᠵᠢ ᠨᠠᠩ ᠲᠣᠪᠣᠶᠢᠮ᠎ᠠ ᠪᠣᠯᠵᠣ᠂ ᠤᠯᠤᠰ ᠤᠨ ᠲᠠᠰ  ᠤᠨ ᠠᠮᠢ ᠠᠬᠤᠶ ᠶᠢᠨ ᠵᠢᠱᠢᠶ᠎ᠡ ᠦᠵᠡᠭᠦᠯᠬᠦ ᠣᠷᠣᠨ ᠤ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠨᠠᠩ ᠪᠠᠲᠤ ᠪᠠᠬᠢ ᠪᠣᠯᠪᠠ᠃     ᠨᠢᠭᠡ ᠵᠢᠯ ᠤᠨ ᠲᠤᠷᠰᠢ᠂ ᠪᠢᠳᠡ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠬᠥᠭᠵᠢᠯᠲᠡ ᠶᠢ ᠠᠬᠢᠭᠤᠯᠵᠤ ᠂ ᠳᠣᠲᠠᠭᠳᠠᠯ ᠢᠶᠠᠨ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠤᠲᠠ ᠬᠥᠳᠡᠭᠡ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠯᠠᠪᠳᠠᠭᠤᠨ ᠢᠶᠠᠷ ᠬᠡᠷᠡᠭᠵᠢᠭᠦᠯᠪᠡ᠃ ︽ᠵᠠᠷᠤᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠦᠯᠦᠪᠵᠢᠭᠦᠯᠭᠡ ︵2018~2022 ᠣᠨ︶︾ ᠪᠠ 59 ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠣᠨ ᠵᠣᠬᠢᠶᠠᠪᠠ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠬᠥᠭᠵᠢᠨ ᠪᠤᠵᠠᠭᠠᠶᠢᠷᠠᠵᠤ᠂ ᠠᠵᠤ ᠠᠬᠤᠶ ᠶᠢᠨ ᠣᠷᠣᠯᠭ᠎ᠠ 5 ᠲᠦᠮᠡᠨ ᠲᠥᠭᠦᠷᠢᠭ ᠳᠠᠪᠠᠭᠰᠠᠨ ᠭᠠᠴᠠᠭ᠎ᠠ ᠲᠣᠰᠬᠤᠨ 148 ᠪᠣᠯᠵᠣ᠂ 72% ᠢ ᠡᠵᠡᠯᠡᠪᠡ᠃ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠢᠱᠢᠶ᠎ᠡ ᠦᠵᠡᠭᠦᠯᠬᠦ ᠰᠤᠮᠤ ᠪᠠᠯᠭᠠᠰᠤ 2᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 48 ᠪᠠᠶᠢᠭᠤᠯᠵᠤ᠂ ᠬᠦᠳᠡᠭᠡ ᠲᠣᠰᠬᠤᠨ ᠮᠠᠯᠵᠢᠬᠤ ᠣᠷᠣᠨ ᠤ 1000 ᠰᠢᠬᠠᠮ ᠡᠷᠦᠬᠡ ᠶᠢᠨ ᠵᠣᠷᠯᠣᠩ ᠢ ᠥᠭᠡᠷᠡᠴᠢᠯᠡᠪᠡ᠃ ᠬᠥᠳᠡᠭᠡ ᠲᠣᠰᠬᠤᠨ ᠤ ᠬᠡᠪ ᠰᠤᠷᠲᠠᠯ ᠪᠣᠯᠪᠠᠰᠤᠨ ᠤ ᠪᠠᠶᠢᠭᠤᠯᠤᠯᠲᠠ ᠶᠢ ᠪᠦᠬᠦ ᠲᠠᠯ᠎ᠠ  ᠪᠠᠷ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠵᠢᠴᠢ ᠥᠷᠲᠡᠭᠡ ᠴᠡᠭ 38 ᠪᠠᠶᠢᠭᠤᠯᠪᠠ᠃ ᠯᠦᠪᠸᠢ ᠪᠠᠯᠭᠠᠰᠤᠨ ᠤ  ᠶᠡᠭᠡ ᠪᠡᠶ᠎ᠡ ᠲᠣᠰᠬᠤᠨ ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ ᠢᠶᠠᠷ ᠦᠨᠡᠯᠡᠭᠳᠡᠵᠦ᠂ ᠰᠢᠶᠠᠩᠱᠠᠨ ᠪᠠᠯᠭᠠᠰᠤᠨ ᠤ ᠾᠧ ᠳ᠋ᠦᠩ ᠲᠣᠰᠬᠤᠨ ᠤᠯᠤᠰ ᠤᠨ ᠲᠡᠰ ᠤᠨ ᠤᠢ ᠰᠢᠭᠤᠢ ᠶᠢᠨ ᠬᠥᠳᠡᠭᠡ ᠠᠶᠢᠯ ᠢᠶᠠᠷ ᠦᠨᠡᠯᠡᠭᠳᠡᠪᠡ᠃ ᠭᠤᠣᠯ ᠬᠤᠲᠠ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃ ᠢᠯᠴᠢ ᠬᠠᠩᠭᠠᠬᠤ ᠬᠤᠭᠤᠯᠠᠢ 5 ᠺᠢᠯᠤᠮᠧᠲᠷ ᠰᠢᠨ᠎ᠡ ᠨᠡᠮᠡᠭᠳᠡᠵᠦ᠂ 2.5 ᠺᠢᠯᠣᠮᠲ᠋ᠧᠷ ᠰᠢᠨᠡᠳᠬᠡᠬᠦ᠂ ᠤᠰᠤ ᠬᠠᠩᠭᠠᠬᠤ ᠬᠤᠭᠤᠯᠠᠢ 3.2 ᠺᠢᠯᠣᠮᠧᠲᠷ ᠂ ᠪᠣᠬᠢᠷ ᠤᠰᠤᠨ ᠤ ᠬᠤᠭᠤᠯᠠᠢ 18.4 ᠺᠢᠯᠣᠮᠧᠲᠷ ᠳᠡᠪᠢᠰᠴᠦ᠂ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ 5000 ᠡᠷᠦᠬᠡ ᠳᠤ ᠬᠦᠷᠭᠡᠵᠦ᠂ ᠬᠤᠲᠠ ᠪᠠᠯᠭᠠᠰᠤ ᠶᠢ 3.3 ᠲᠦᠮᠡᠨ ᠲᠡᠭᠰᠢ ᠳᠥᠷᠪᠡᠯᠵᠢᠨ ᠮᠧᠲᠷ ᠨᠤᠭᠤᠭᠠᠷᠠᠭᠤᠯᠪᠠ᠃ ᠰᠢᠨ᠎ᠡ ᠨᠡᠮᠡᠭᠳᠡᠭᠰᠡᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠠᠯᠠᠪᠠᠢ 20 ᠲᠦᠮᠡᠨ ᠲᠡᠭᠰᠢ ᠳᠥᠷᠪᠡᠯᠵᠢᠨ ᠮᠧᠲᠷ ᠬᠦᠷᠪᠡ᠃ ᠭᠤᠤᠯᠳᠠᠯᠭ᠎ᠠ ᠲᠠᠢ ᠣᠷᠣᠨ ᠪᠦᠰᠡ ᠶᠢᠨ ᠠᠷᠢᠭᠤᠨ ᠴᠡᠪᠡᠷ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠠᠳᠠᠯ ᠠᠬᠤᠢ ᠶᠢᠨ ᠦᠶᠯᠡᠴᠢᠯᠡᠭᠡᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃ ᠪᠦᠬᠦ ᠬᠤᠲᠠ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠬᠤᠲᠠ ᠬᠥᠳᠡᠭᠡ ᠨᠡᠶᠢᠭᠡᠮ ᠲᠣᠭᠤᠷᠢᠭ ᠤᠨ ᠵᠠᠰᠠᠯᠲᠠ ᠶᠢ ᠠᠬᠢᠭᠤᠯᠬᠤ ᠠᠬᠤᠢ ᠲᠠᠯᠠᠪᠠᠢ ᠶᠢᠨ ᠬᠤᠷᠠᠯ ᠢ ᠳᠠᠭᠠᠭᠠᠴᠢᠯᠠᠨ ᠡᠷᠬᠢᠯᠡᠵᠦ᠂ 2 ᠨᠡᠶᠢᠭᠡᠮ ᠲᠣᠭᠤᠷᠢᠭ ᠤᠨ ᠬᠦᠳᠡᠯᠭᠡᠭᠡᠨ ᠤ ᠲᠠᠯᠠᠪᠤᠷ ᠪᠠᠶᠢᠭᠤᠯᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠳᠡᠭᠡᠭᠰᠢᠯᠡᠭᠦᠯᠪᠡ᠃ ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠡᠳᠦᠷ ᠢᠷᠡᠬᠦᠶ᠎ᠡ ᠲᠡᠭᠦᠯᠳᠡᠷᠵᠢᠪᠡ᠃ ᠤᠰᠤ ᠤᠮᠳᠠ ᠶᠢᠨ ᠠᠮᠤᠷ ᠲᠦᠪᠰᠢᠨ ᠤ ᠢᠨᠵᠧᠨᠧᠷᠢᠩ ᠢ 7 ᠭᠠᠵᠠᠷ ᠣᠷᠣᠨ ᠳᠤ ᠬᠡᠷᠡᠭᠵᠢᠭᠦᠯᠵᠦ᠂ 4944 ᠬᠥᠮᠦᠨ ᠤ ᠤᠰᠤ ᠤᠮᠳᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠪᠡ᠃ ᠮᠣᠳᠣ ᠤᠰᠤᠨ ᠴᠥᠭᠦᠷᠥᠮ ᠳᠤ ᠲᠤᠷᠰᠢᠨ ᠤᠰᠤ ᠬᠠᠳᠠᠭᠠᠯᠠᠵᠤ ᠡᠬᠢᠯᠡᠪᠡ᠃ ᠬᠤᠩᠬᠠᠲᠤ ᠠᠭᠤᠯᠠ ᠠᠴᠠ ᠴᠢᠨᠳᠠᠮᠤᠨᠢ ᠬᠦᠷᠬᠦ ᠶᠠᠳᠠᠭᠤ ᠶᠢ ᠲᠡᠳᠬᠦᠬᠦ ᠵᠠᠰᠠᠮᠠᠯ ᠵᠠᠮ ᠢ ᠪᠦᠬᠦ ᠲᠠᠯ᠎ᠠ ᠪᠠᠷ ᠳᠠᠭᠤᠰᠬᠠᠵᠤ᠂ 208 ᠮᠤᠵᠢ ᠶᠢᠨ ᠵᠠᠮ ᠤᠨ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠬᠤᠷᠢᠶᠠᠵᠤ᠂ ︽ᠳᠥᠷᠪᠡᠨ ᠰᠠᠶᠢᠨᠲᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠪᠠ᠃ ETC ᠶᠢ 41466 ᠲᠡᠷᠭᠡ ᠬᠥᠰᠬᠡ ᠳᠤ ᠣᠭᠰᠠᠷᠠᠵᠤ᠂ ᠶᠡᠷᠦᠩᠬᠡᠢ ᠡᠭᠦᠷᠭᠡ ᠪᠠᠨ 107.5% ᠪᠠᠷ ᠪᠡᠶᠡᠯᠡᠭᠦᠯᠪᠡ᠃ ᠭᠤᠣᠯ ᠬᠤᠲᠠ ᠶᠢᠨ ᠲᠣᠭᠤᠷᠢᠭ ᠬᠦᠷᠬᠦ ᠨᠡᠶᠢᠲᠡ ᠶᠢᠨ ᠮᠠᠰᠢᠨ ᠲᠡᠷᠭᠡᠨ ᠤ ᠱᠤᠭᠤᠮ ᠢ 46 ᠨᠡᠪᠲᠡᠷᠡᠭᠦᠯᠵᠦ᠂ ᠬᠤᠲᠠ  ᠬᠦᠳᠡᠭᠡ ᠳᠤ ᠰᠢᠨ᠎ᠡ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ 147 ᠲᠠᠯᠪᠢᠵᠤ᠂ ᠣᠯᠠᠨ ᠲᠦᠡᠮᠨ ᠤ ᠶᠠᠪᠣᠵᠤ ᠰᠠᠭᠤᠬᠤ ᠳᠤ ᠲᠦᠭᠦᠮ ᠦᠵᠡᠭᠦᠯᠪᠡ᠃     ᠨᠢᠭᠡ ᠵᠢᠯ ᠤᠨ ᠲᠤᠷᠰᠢ᠂ ᠪᠢᠳᠡ ᠥᠭᠡᠷᠡᠴᠢᠯᠡᠯᠲᠡ ᠨᠡᠭᠡᠭᠡᠯᠲᠡ ᠶᠢᠨ ᠡᠷᠴᠢᠮ ᠢᠶᠠᠨ ᠶᠡᠭᠡᠰᠭᠡᠵᠦ᠂ ᠬᠦᠳᠡᠯᠭᠡᠬᠦ ᠬᠦᠴᠦᠨ ᠢᠶᠠᠨ ᠴᠢᠩᠭᠠᠳᠬᠠᠵᠤ᠂ ᠠᠮᠢᠵᠢᠷᠠᠯ ᠤᠨ ᠬᠦᠴᠦᠨ ᠢᠶᠠᠨ ᠨᠡᠮᠡᠭᠳᠡᠭᠦᠯᠵᠦ᠂ ᠥᠭᠡᠷᠡᠴᠢᠯᠡᠯᠲᠡ ᠶᠢᠨ ᠠᠰᠢᠭ ᠢ ᠲᠦᠷᠭᠡᠨ ᠪᠠᠳᠠᠷᠠᠭᠤᠯᠪᠠ᠃ ᠭᠤᠤᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠥᠭᠡᠷᠡᠴᠢᠯᠡᠯᠲᠡ ᠪᠣᠳᠠᠲᠤ ᠦᠷ᠎ᠡ ᠪᠦᠲᠦᠮᠵᠢ ᠤᠯᠪᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠤᠮᠤ ᠪᠠᠯᠭᠠᠰᠤ ᠪᠠ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠱᠠᠲᠤᠴᠢ ᠴᠢᠨᠠᠷᠲᠠᠢ ᠦᠷ᠎ᠡ ᠪᠦᠲᠦᠮᠵᠢ ᠣᠯᠪᠠ᠃ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠡᠮᠬᠢ ᠵᠢᠷᠤᠮ ᠲᠠᠢ  ᠠᠬᠢᠭᠤᠯᠵᠤ᠂ ᠤᠯᠤᠰ ᠤᠨ ᠦᠮᠴᠢᠯᠡᠯᠲᠦ ᠣᠢ ᠰᠢᠭᠤᠢ ᠶᠢᠨ ᠲᠠᠯᠠᠪᠠᠢ ᠶᠢᠨ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠵᠦ᠂ ᠬᠦᠳᠡᠭᠡ ᠲᠣᠰᠬᠤᠨ ᠮᠠᠯᠵᠢᠬᠤ ᠣᠷᠣᠨ ᠤ ᠥᠮᠴᠢᠯᠡᠬᠦ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ ᠪᠡᠶᠡᠯᠡᠭᠦᠯᠪᠡ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠬᠤ ᠦᠭᠡᠷᠡᠴᠢᠯᠡᠯᠲᠡ ᠶᠢ ᠢᠳᠡᠪᠬᠢᠲᠡᠶ ᠲᠦᠯᠬᠢᠨ ᠠᠬᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠡᠳ᠋ ᠬᠦᠷᠦᠩᠭᠡ ᠶᠢᠨ ᠦᠮᠴᠢᠯᠡᠬᠦ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠡᠬᠢᠯᠡᠭᠦᠯᠦᠨ ᠬᠡᠷᠡᠭᠵᠢᠭᠦᠯᠵᠦ᠂ ᠪᠠᠭᠰᠢ ᠶᠢᠨ ᠡᠩᠨᠡᠭᠡ᠂ ᠡᠮ ᠡᠮᠨᠡᠯᠭᠡ ᠡᠷᠡᠭᠦᠯ ᠬᠠᠮᠠᠭᠠᠯᠠᠯ᠂ ᠣᠷᠣᠰᠢᠭᠤᠯᠭ᠎ᠠ ᠵᠡᠷᠭᠡ ᠨᠡᠶᠢᠭᠡᠮ ᠤᠨ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠢᠯᠢᠳᠡᠭᠵᠢᠪᠡ᠃ ᠰᠢᠨ᠎ᠡ ᠪᠠᠷ ᠪᠠᠶᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠢᠩᠬᠢᠮ ᠢ ᠠᠰᠢᠭᠯᠠᠯᠲᠠ ᠳᠤ ᠣᠷᠣᠭᠤᠯᠤᠨ ᠬᠡᠷᠡᠭᠯᠡᠵᠦ᠂ ᠰᠠᠯᠠᠭ᠎ᠠ ᠮᠥᠴᠢᠷ ᠤᠨ ᠣᠷᠣᠵᠤ ᠰᠠᠭᠤᠭᠰᠠᠨ ᠨᠤᠷᠮ᠎ᠠ 80% ᠠᠴᠠ ᠳᠡᠭᠡᠭᠰᠢ ᠬᠦᠷᠪᠡ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠣᠴᠢᠷ ᠶᠠᠪᠣᠳᠠᠯ ᠭᠦᠢᠴᠡᠳᠭᠡᠬᠦ ᠳᠤ ᠬᠡᠷᠡᠭᠰᠡᠬᠦ ᠮᠠᠲ᠋ᠧᠷᠢᠶᠠᠯ 70%  ᠪᠠᠷ ᠪᠠᠭᠠᠰᠬᠠᠪᠠ᠃ ᠵᠠᠰᠠᠭ ᠤᠨ ᠶᠠᠪᠤᠳᠠᠯ ᠤᠨ ᠦᠶᠯᠡᠴᠢᠯᠡᠭᠡᠨ ᠢ ᠨᠢᠭᠡ ᠴᠣᠭᠴᠠᠵᠢᠭᠤᠯᠬᠤ ᠲᠠᠪᠴᠠᠩ ᠢ ᠡᠬᠢᠯᠡᠨ ᠬᠡᠷᠡᠭᠯᠡᠵᠦ᠂ ︽ᠨᠢᠭᠡ ᠰᠦᠯᠵᠢᠶ᠎ᠡ ᠨᠢᠭᠡ ᠡᠭᠦᠳᠡ ᠨᠢᠭᠡ ᠤᠳᠠᠭ᠎ᠠ︾ ᠶᠢᠨ ᠥᠭᠡᠷᠡᠴᠢᠯᠡᠯᠲᠡ ᠦᠷ᠎ᠡ ᠪᠦᠲᠦᠮᠵᠢ ᠣᠯᠵᠤ᠂ ᠠᠵᠤ ᠠᠬᠤᠶᠢᠯᠠᠯ ᠤᠨ ᠭᠠᠷ ᠭᠦᠢᠴᠡᠳᠭᠡᠯ ᠬᠢᠬᠦ ᠴᠠᠭ ᠢ 3 ᠴᠠᠭ ᠤᠨ ᠳᠣᠲᠣᠷ᠎ᠠ ᠪᠣᠯᠲᠠᠯ᠎ᠠ ᠪᠣᠭᠤᠨᠢᠰᠬᠠᠵᠤ ᠂ ᠵᠠᠰᠠᠭ ᠤᠨ ᠣᠷᠳᠣᠨ ᠵᠢᠴᠢ ᠨᠡᠶᠢᠭᠡᠮ ᠤᠨ ᠪᠡᠯᠡ ᠣᠷᠣᠭᠤᠯᠤᠯᠲᠠ ᠶᠢᠨ ᠢᠨᠵᠧᠨᠧᠷᠢᠩ ᠤᠨ ᠠᠵᠢᠯ ᠡᠬᠢᠯᠡᠭᠦᠯᠬᠦ ᠬᠢᠨᠠᠨ ᠵᠥᠪᠰᠢᠶᠡᠷᠡᠬᠦ ᠭᠠᠷ ᠭᠦᠢᠴᠡᠳᠭᠡᠯ ᠢ ᠲᠤᠰ ᠲᠤᠰ 30 ᠪᠠ 22 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ ᠪᠣᠭᠤᠨᠢᠰᠬᠠᠪᠠ᠃ ᠭᠠᠳᠠᠭᠠᠳᠤ ᠨᠡᠭᠡᠭᠡᠯᠲᠡ ᠢᠯᠡᠳᠲᠡ ᠦᠷ᠎ᠡ ᠪᠦᠲᠦᠮᠵᠢ ᠣᠯᠪᠠ᠃ ᠳᠤᠮᠳᠠᠳᠤ ᠤᠯᠤᠰ ᠤᠨ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠤᠷᠠᠯᠢᠭ ᠤᠨ ᠦᠵᠡᠰᠬᠦᠯᠡᠩ ᠤᠨ ᠴᠤᠭᠯᠠᠭᠠᠨ ᠤ  ︽ᠵᠠᠷᠤᠳ ᠤᠨ ᠠᠵᠢᠯᠯᠠᠭᠠᠨ ᠤ ᠡᠳᠦᠷ︾ ᠤᠨ ᠤᠬᠠᠭᠤᠯᠭ᠎ᠠ ᠲᠠᠨᠢᠯᠴᠠᠭᠤᠯᠭ᠎ᠠ ᠢᠯᠡᠳᠲᠡ ᠦᠷ᠎ᠡ ᠪᠦᠲᠦᠮᠵᠢ ᠣᠯᠪᠠ᠃ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠲᠠᠸᠠᠷ ᠤᠨ ᠦᠵᠡᠰᠬᠦᠯᠡᠩ᠂ ᠭᠤᠷᠪᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠵᠡᠷᠭᠡ ᠠᠵᠤ ᠠᠬᠤᠶ ᠠᠷᠠᠯᠵᠢᠶᠠᠨ ᠤ ᠪᠠᠯᠠ ᠣᠷᠣᠭᠤᠯᠤᠯᠲᠠ ᠬᠠᠮᠲᠤᠷᠠᠯᠴᠠᠭ᠎ᠠ ᠳᠤ ᠢᠳᠡᠪᠬᠢᠲᠡᠶ ᠣᠷᠣᠯᠴᠠᠵᠤ᠂ ᠣᠷᠣᠰ ᠮᠣᠩᠭᠤᠯ ᠤᠨ ᠲᠠᠸᠠᠷ ᠤᠨ ᠳᠡᠯᠭᠡᠨ ᠪᠣᠷᠣᠯᠠᠭᠤᠯᠤᠯᠲᠠ ᠶᠢᠨ ᠴᠤᠭᠯᠠᠭᠠᠨ ᠢ 10 ᠤᠳᠠᠭ᠎ᠠ ᠠᠮᠵᠢᠯᠲᠠ ᠲᠠᠢ ᠡᠷᠭᠢᠯᠡᠪᠡ᠃ ᠰᠢᠯᠢᠳᠡᠭ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠵᠤ 260 ᠲᠦᠮᠡᠨ ᠳ᠋ᠣᠯᠯᠠᠷ ᠭᠠᠳᠠᠭᠠᠳᠤ ᠭᠤᠪᠢᠭᠤᠯᠭ᠎ᠠ ᠡᠭᠦᠳᠪᠡ᠃     ᠨᠢᠭᠡ ᠵᠢᠯ ᠤᠨ ᠲᠤᠷᠰᠢ᠂ ᠪᠢᠳᠡ ᠠᠷᠠᠳ ᠲᠦᠮᠡᠨ ᠢᠶᠠᠷ ᠭᠤᠤᠯ ᠪᠣᠯᠭᠠᠬᠤ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠪᠠᠲᠤᠯᠠᠨ᠂ ᠲᠣᠭᠲᠠᠭᠤᠨ ᠪᠠᠶᠢᠳᠠᠯ ᠢ ᠠᠬᠢᠭᠤᠯᠵᠤ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ ᠬᠦᠴᠦᠲᠡᠶ ᠪᠣᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ 7 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ  ᠰᠢᠢᠳᠪᠦᠷᠢᠯᠡᠵᠦ᠂ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠡᠳ᠋ ᠤᠨ ᠵᠠᠰᠠᠭ ᠤᠨ ᠵᠠᠷᠤᠯᠭ᠎ᠠ ᠶᠢᠨ 70.7% ᠶᠢ ᠡᠵᠡᠯᠡᠪᠡ᠃ ︽ᠨᠢᠭᠡ ᠤᠲᠠᠰᠤᠨ ᠳᠤ ᠪᠦᠬᠦᠨ ᠢ ᠰᠢᠢᠳᠪᠦᠷᠢᠯᠡᠬᠦ᠂ ᠰᠤᠮᠤ ᠪᠠᠯᠭᠠᠰᠤ ︵ᠵᠡᠭᠡᠯᠢ ᠭᠤᠳᠤᠮᠵᠢ︶ ᠠᠴᠠ ᠨᠢᠭᠡᠳᠦᠯᠲᠡᠢ ᠰᠢᠢᠳᠪᠦᠷᠢᠯᠡᠬᠦ︾ ᠣᠯᠠᠨ ᠲᠦᠮᠡᠨᠴᠢ ᠠᠵᠢᠯ ᠤᠨ ᠲᠣᠭᠲᠠᠴᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠲᠦᠮᠡᠨ ᠤ ᠲᠤᠰᠬᠠᠭᠰᠠᠨ ᠡᠯ᠎ᠡ ᠲᠥᠷᠥᠯ ᠤᠨ ᠤᠴᠢᠷ ᠶᠠᠪᠤᠳᠠᠯ ᠢ ᠨᠡᠶᠢᠲᠡ 532 ᠬᠤᠪᠢ ᠭᠦᠢᠴᠡᠳᠬᠡᠪᠡ᠃  ᠠᠩᠬᠠᠷᠤᠯ ᠲᠥᠪᠯᠡᠷᠡᠭᠦᠯᠦᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠶᠯ ᠤᠨ ᠲᠡᠦᠬᠡᠨ ᠠᠴᠠ ᠦᠯᠡᠳᠡᠭᠡᠳ ᠢᠷᠡᠭᠰᠡᠨ ᠠᠰᠠᠭᠤᠳᠠᠯ ᠢ ᠰᠢᠶᠳᠪᠦᠷᠢᠯᠡᠵᠦ᠂ ᠨᠢᠭᠡᠨᠲᠡ ᠲᠣᠭᠲᠠᠮᠠᠯ ᠬᠥᠷᠥᠩᠭᠡ ᠳᠠᠩᠰᠠᠯᠠᠭᠰᠠᠨ ᠦᠨᠡᠮᠯᠡᠯ 601 ᠲᠠᠷᠬᠠᠭᠠᠪᠠ᠃ ᠬᠤᠲᠠ ᠪᠠᠯᠭᠠᠰᠤᠨ ᠤ 1462 ᠬᠥᠮᠦᠨ ᠳᠤ ᠰᠢᠨ᠎ᠡ ᠪᠠᠷ ᠠᠵᠢᠯ ᠣᠯᠭᠤᠵᠤ᠂ 2063 ᠲᠦᠮᠡᠨ ᠲᠥᠭᠦᠷᠢᠭ ᠤᠨ ᠦᠢᠯᠡᠰ ᠪᠦᠲᠦᠭᠡᠬᠦ ᠲᠠᠭᠠᠭᠠᠯᠲᠠᠲᠤ ᠵᠢᠭᠡᠯᠡᠯᠭᠡ ᠲᠠᠯᠪᠢᠵᠤ᠂ 4.64 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠪᠠ᠃ 288 ᠨᠡᠷᠡᠰ ᠴᠤᠬᠠᠭ ᠲᠤᠰᠬᠠᠶ ᠮᠡᠷᠭᠡᠵᠢᠯ  ᠤᠨ ᠴᠢᠳᠠᠪᠤᠷᠢᠲᠠᠨ ᠢ ᠣᠷᠣᠭᠤᠯᠤᠨ ᠠᠪᠴᠢᠷᠠᠵᠤ᠂ 350 ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠳᠤ ᠠᠵᠢᠯᠲᠠᠨ ᠡᠯᠰᠡᠵᠦ᠂ 300 ᠭᠠᠷᠤᠶ ᠨᠡᠷᠡᠰ ︽ᠳᠥᠷᠢᠮ ᠨᠢᠭᠡᠳᠬᠡᠬᠦ︾ ᠠᠴᠠ ᠡᠮᠦᠨᠡᠬᠢ ᠶᠡᠭᠡ ᠰᠣᠷᠭᠠᠭᠤᠯᠢ ᠲᠡᠭᠦᠰᠦᠭᠰᠡᠨ ᠰᠤᠷᠤᠭᠴᠢᠳ ᠲᠤ ᠠᠵᠢᠯ ᠣᠯᠭᠤᠪᠠ᠃ ᠦᠨᠳᠦᠰᠦᠨ ᠡᠮ ᠡᠮᠨᠡᠯᠭᠡ ᠶᠢᠨ ᠳᠠᠭᠠᠳᠬᠠᠯ  ᠤᠨ ᠵᠠᠷᠤᠳᠠᠯ ᠢ 2.67 ᠳ᠋ᠦᠩᠰᠢᠭᠤᠷ ᠲᠥᠭᠦᠷᠢᠭ ᠳᠠᠩᠰᠠ ᠲᠠᠶᠢᠯᠵᠤ᠂ ᠨᠡᠶᠢᠭᠡᠮ ᠤᠨ ᠡᠯ᠎ᠡ ᠲᠦᠷᠦᠯ ᠤᠨ ᠠᠪᠤᠷᠠᠨ ᠲᠤᠰᠠᠯᠠᠬᠤ ᠪᠡᠯᠡ ᠮᠥᠩᠭᠦ ᠶᠢ 1.12 ᠳ᠋ᠦᠩᠰᠢᠭᠤᠷ ᠲᠥᠭᠦᠷᠢᠭ ᠨᠠᠶᠢᠲᠠᠪᠣᠷᠢᠵᠢᠭᠤᠯᠪᠠ᠃ ᠦᠨᠡᠨ ᠨᠡᠷ᠎ᠡ ᠶᠢᠨ ᠳᠥᠷᠢᠮ ᠢ ᠴᠢᠩᠭ᠎ᠠ ᠬᠡᠷᠡᠭᠵᠢᠭᠦᠯᠵᠦ᠂ ᠴᠢᠩᠭ᠎ᠠ ᠬᠢᠨᠠᠯᠲᠠ ᠲᠠᠯᠪᠢᠵᠤ ᠬᠥᠯᠥᠰᠥᠨ ᠠᠵᠢᠯᠴᠢᠨ ᠤ ᠴᠠᠯᠢᠩ ᠢ ᠴᠠᠭ ᠲᠤᠬᠠᠶ ᠳᠤᠨᠢ ᠲᠤᠭ᠎ᠠ ᠶᠣᠰᠣᠭᠠᠷ ᠥᠭᠬᠦ ᠶᠢ ᠪᠠᠲᠣᠯᠠᠪᠠ᠃ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃ ᠠᠯᠪᠠᠨ ᠠᠴᠠ ᠡᠷᠬᠢᠯᠡᠭᠰᠡᠨ 4 ᠬᠡᠦᠬᠡᠳ ᠤᠨ ᠴᠡᠴᠡᠷᠯᠢᠭ ᠪᠣᠯᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠣᠭᠤᠷᠢᠭ ᠤᠨ ᠡᠯᠧᠺᠲᠷᠣᠨ ᠬᠤᠳᠠᠯᠳᠤᠭᠠᠨ ᠤ ᠠᠰᠠᠷ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠡᠬᠢᠯᠡᠭᠦᠯᠵᠦ᠂ ᠦᠨᠳᠦᠰᠦᠲᠡᠨ ᠤ ᠰᠤᠷᠭᠠᠨ ᠬᠥᠮᠦᠵᠢᠯ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠦᠨᠳᠦᠰᠦᠨ ᠳᠡᠭᠡᠨ ᠲᠡᠩᠴᠡᠭᠦᠷᠢᠲᠡᠢ ᠬᠥᠭᠵᠢᠬᠦ ᠶᠢ ᠪᠡᠶᠡᠯᠡᠭᠦᠯᠵᠦ᠂ ︽ᠢᠯᠡ ᠪᠠᠷ ᠰᠤᠷᠤᠭᠴᠢ ᠡᠯᠰᠡᠬᠦ᠂ ᠲᠡᠩᠴᠡᠭᠦᠷᠢᠲᠡᠢ ᠠᠩᠭᠢ ᠬᠤᠪᠢᠶᠠᠬᠤ︾ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠦᠷᠭᠦᠯᠵᠢᠯᠡᠨ ᠳᠡᠭᠡᠭᠰᠢᠯᠡᠪᠡ᠃ ︽ᠭᠤᠷᠪᠠᠨ ᠣᠷᠣᠨ︾ ᠤ ᠲᠤᠰᠬᠠᠢ ᠴᠢᠳᠠᠪᠤᠷᠢᠲᠠᠨ ᠢ 20 ᠨᠡᠷᠡᠰ ᠲᠠᠲᠠᠨ ᠣᠷᠣᠭᠤᠯᠵᠤ᠂ 2 ᠲᠦᠮᠡᠨ ᠮᠠᠯᠴᠢᠨ ᠲᠠᠷᠢᠶᠠᠴᠢᠨ ᠳᠤ ᠰᠢᠨᠵᠢᠯᠡᠭᠡ ᠮᠡᠷᠭᠡᠵᠢᠯ ᠤᠨ ᠪᠣᠯᠪᠠᠰᠤᠷᠠᠯ ᠬᠦᠷᠲᠡᠭᠡᠪᠡ᠃ ᠣᠯᠠᠨ ᠨᠡᠶᠢᠲᠡ ᠶᠢᠨ ᠪᠡᠶ᠎ᠡ ᠶᠢᠨ ᠲᠠᠮᠢᠷ ᠤᠨ ᠪᠡᠯᠡᠳᠬᠡᠮᠵᠢ ᠲᠠᠰᠤᠷᠠᠯᠲᠠ ᠦᠭᠡᠢ ᠲᠡᠭᠦᠯᠳᠡᠷᠵᠢᠵᠦ᠂ ᠣᠯᠠᠨ ᠲᠦᠮᠡᠨ ᠤ ᠪᠡᠶ᠎ᠡ ᠶᠢᠨ ᠲᠠᠮᠢᠷ  ᠤᠨ ᠬᠥᠳᠡᠯᠭᠡᠭᠡᠨ ᠡᠳᠦᠷ ᠢᠷᠡᠬᠦᠶ᠎ᠡ ᠪᠠᠶᠠᠯᠢᠭᠵᠢᠪᠠ᠃ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠡᠪᠡᠳᠴᠢᠲᠡᠨ ᠤ ᠥᠷᠥᠭᠡᠨ ᠤ ᠶᠡᠷᠦᠩᠬᠡᠶᠢᠯᠡᠭᠰᠡᠨ ᠠᠰᠠᠷ ᠪᠠ ᠮᠣᠩᠭᠤᠯ ᠡᠮ ᠤᠨ ᠨᠠᠶᠢᠷᠠᠯᠲᠠ  ᠶᠢᠨ ᠠᠰᠠᠷ ᠤᠨ ᠲᠥᠷᠥᠯ ᠵᠦᠢᠯ ᠤᠨ ᠪᠦᠲᠦᠭᠡᠨ  ᠪᠠᠶᠢᠭᠤᠯᠣᠯᠲᠠ ᠶᠢ ᠪᠡᠶᠡᠯᠡᠭᠦᠯᠵᠦ᠂ ᠪᠦᠬᠦ ᠵᠢᠯ ᠳᠤ 110 ᠲᠤᠰᠬᠠᠢ ᠡᠮᠴᠢ ᠰᠣᠪᠢᠯᠠᠭᠴᠢ ᠡᠯᠰᠡᠵᠦ᠂ ᠡᠷᠡᠭᠦᠯ ᠮᠡᠨᠳᠦ ᠪᠠᠷ ᠬᠤᠰᠢᠭᠤ ᠪᠠᠨ ᠪᠠᠶᠢᠭᠤᠯᠬᠤ ᠠᠵᠢᠯ ᠢ ᠯᠠᠪᠳᠠᠭᠤᠨ  ᠢᠶᠠᠷ ᠠᠬᠢᠭᠤᠯᠪᠠ᠃ ᠬᠤᠯᠤᠭᠠᠨ᠎ᠠ ᠶᠢᠨ ᠬᠢᠵᠢᠭ ᠤᠨ ᠪᠠᠶᠢᠳᠠᠯ ᠪᠠ ᠠᠹᠷᠢᠺᠠ ᠲᠢᠪ ᠤᠨ ᠭᠠᠭ᠋ᠠᠶ ᠶᠢᠨ ᠬᠢᠵᠢᠭ ᠢ ᠬᠦᠴᠦᠲᠡᠶ ᠰᠡᠷᠭᠡᠶᠢᠯᠡᠨ ᠡᠵᠡᠮᠳᠡᠪᠡ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠠᠵᠢᠯ ᠢ ᠪᠦᠬᠦ ᠲᠠᠯ᠎ᠠ  ᠪᠠᠷ ᠴᠢᠩᠭᠠᠳᠬᠠᠵᠤ᠂ ᠬᠤᠰᠢᠭᠤ ᠳᠡᠰ ᠤᠨ ᠪᠣᠳᠠᠰ ᠤᠨ ᠪᠤᠰᠤ ᠰᠣᠶᠣᠯ ᠤᠨ ᠥᠪ ᠪᠠᠷ ᠬᠠᠮᠠᠭᠠᠯᠠᠬᠤ ᠲᠥᠷᠥᠯ ᠵᠦᠢᠯ  ᠢ 15 ᠨᠡᠮᠡᠨ ᠲᠣᠬᠢᠷᠠᠭᠤᠯᠪᠠ᠃ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠪᠠᠶᠢᠭᠤᠯᠤᠭᠳᠠᠨ ᠠᠵᠢᠯᠯᠠᠵᠤ᠂ ︽ᠭᠤᠷᠪᠠᠨ ᠣᠷᠳᠣᠨ︾ 17 ᠲᠦᠮᠡᠨ ᠬᠥᠮᠦᠨ ᠤᠳᠠᠭ᠎ᠠ ᠲᠦᠯᠦᠪᠦᠷᠢ ᠦᠭᠡᠢ ᠭᠥᠯᠢᠶᠡᠨ ᠠᠪᠴᠤ᠂ ᠤᠳᠬ᠎ᠠ ᠵᠣᠬᠢᠶᠠᠯ ᠤᠷᠠᠯᠢᠭ ᠤᠨ ᠵᠣᠬᠢᠶᠠᠨ ᠪᠦᠲᠦᠭᠡᠯᠲᠡ ᠴᠡᠴᠡᠭᠯᠡᠨ ᠬᠥᠭᠵᠢᠵᠦ᠂ ᠬᠤᠰᠢᠭᠤᠨ ᠤ ᠤᠯᠠᠭᠠᠨᠮᠥ᠋ᠴᠢᠷ ᠪᠥᠬᠦ ᠣᠷᠣᠨ ᠤ ᠬᠠᠮᠲᠤᠷᠠᠭᠰᠠᠨ ᠲᠣᠭᠯᠠᠯᠲᠠ ᠶᠢᠨ ᠮᠥᠩᠭᠦᠨ ᠮᠧᠲᠡᠯ ᠭᠥᠷᠳᠡᠪᠡ᠃ ᠦᠨᠳᠦᠰᠦᠨ ᠱᠠᠲᠤᠨ ᠳᠤ ᠴᠡᠷᠢᠭ ᠤᠨ ᠠᠯᠪᠠᠨ  ᠠᠴᠠ ᠪᠠᠭᠤᠭᠰᠠᠳ ᠲᠤ  ᠦᠢᠯᠡᠴᠢᠯᠡᠬᠦ ᠦᠷᠳᠡᠭᠡ 42 ᠪᠠᠶᠢᠭᠤᠯᠵᠤ᠂ 50 61 ᠴᠡᠷᠢᠭ ᠡᠷᠦᠬᠡ ᠳᠤ ᠢᠷᠠᠭᠤ ᠠᠯᠳᠠᠷ ᠤᠨ ᠫᠠᠶᠢᠰᠠ ᠡᠯᠭᠦᠵᠦ᠂ ᠴᠡᠷᠢᠭ ᠠᠴᠠ ᠬᠠᠯᠠᠭᠳᠠᠭᠰᠠᠨ ᠤᠨ ᠨᠡᠶᠢᠭᠡᠮ ᠤᠨ ᠪᠠᠲᠤᠯᠠᠭ᠎ᠠ ᠶᠢᠨ ᠵᠠᠯᠭᠠᠯᠲᠠ ᠶᠢᠨ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ︽ᠬᠤᠶᠠᠷ ᠢ ᠬᠦᠷᠢᠶᠡᠯᠡᠬᠦ︾ ᠵᠢᠱᠢᠶᠡᠴᠢ ᠬᠤᠳᠠ ᠶᠢ ᠡᠭᠦᠳᠦᠨ ᠪᠠᠶᠢᠭᠤᠯᠬᠤ ᠠᠵᠢᠯ ᠯᠠᠪᠳᠠᠭᠤᠨ ᠪᠦᠲᠦᠮᠵᠢᠲᠡᠶ ᠪᠣᠯᠪᠠ᠃ ᠨᠡᠶᠢᠭᠡᠮ ᠤᠨ ᠶᠡᠭᠡ ᠲᠠᠯ᠎ᠠ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠨ᠎ᠠ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠠᠶᠣᠯᠭᠦᠢ  ᠦᠢᠯᠡᠳᠪᠦᠷᠢᠯᠡᠯ ᠤᠨ ᠬᠦᠨᠳᠦ ᠶᠡᠭᠡ ᠣᠨᠴᠠ ᠶᠡᠭᠡ ᠠᠳᠡᠯ ᠪᠠ ᠣᠢ ᠰᠢᠭᠤᠶ ᠨᠤᠲᠤᠭ ᠪᠡᠯᠴᠢᠭᠡᠷ ᠤᠨ ᠬᠦᠨᠳᠦ ᠶᠡᠭᠡ ᠭᠠᠯ ᠤᠨ ᠠᠶᠤᠯ ᠭᠠᠷᠤᠭᠰᠠᠨ ᠦᠭᠡᠢ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠪᠠ ᠦᠶᠯᠡᠳᠬᠦᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ ᠂ ᠬᠡᠷᠡᠭᠯᠡᠭᠴᠢᠳ ᠤᠨ ᠡᠷᠬᠡ ᠠᠰᠢᠭ ᠪᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠪᠠ᠃ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠰᠢᠶᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠠᠶᠢᠨ᠎ᠠ᠃ ᠠᠮᠤᠭᠤᠯᠠᠩ ᠵᠠᠷᠤᠳ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ 15 ᠵᠢᠯ ᠳᠠᠷᠠᠭᠠᠯᠠᠨ ᠠᠮᠢᠨ ᠬᠡᠷᠡᠭ ᠪᠦᠬᠦᠨ ᠢ ᠢᠯᠡᠷᠡᠭᠦᠯᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠱᠠᠲᠤᠴᠢ ᠴᠢᠨᠠᠷᠲᠠᠢ ᠢᠯᠠᠯᠲᠠ ᠣᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷ᠎ᠠ ᠶᠢᠨ ᠡᠮᠬᠢ ᠵᠠᠮᠪᠠᠷᠠᠭ᠎ᠠ ᠦᠭᠡᠢ ᠦᠵᠡᠭᠳᠡᠯ ᠢ ᠵᠠᠰᠠᠭᠰᠠᠨ ᠦᠷ᠎ᠡ ᠪᠦᠲᠦᠮᠵᠢ ᠳᠣᠪᠣᠶᠢᠮ᠎ᠠ ᠪᠣᠯᠵᠤ᠂ ᠪᠦᠬᠦ ᠬᠤᠲᠠ ᠶᠢᠨ ᠠᠩᠬᠠᠳᠠᠭᠴᠢ ᠬᠠᠷ᠎ᠠ ᠪᠦᠯᠦᠭᠲᠡᠨ ᠬᠠᠷᠭᠢᠰ ᠬᠦᠴᠦᠨ ᠲᠠᠢ ᠬᠤᠯᠪᠣᠭᠳᠠᠭᠰᠠᠨ ᠬᠡᠷᠡᠭ ᠢ ᠠᠮᠵᠢᠯᠲᠠᠲᠠᠢ ᠰᠢᠭᠦᠨ ᠳᠠᠭᠤᠰᠬᠠᠵᠤ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢᠯᠡᠳᠲᠡ ᠴᠢᠩᠭᠠᠷᠠᠪᠠ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠰᠢᠰᠲ᠋ᠧᠮ ᠠᠩᠬ᠎ᠠ ᠠᠯᠬᠤᠮ ᠪᠦᠷᠢᠯᠳᠦᠪᠡ᠃ ᠦᠨᠳᠦᠰᠦᠨ ᠱᠠᠲᠤᠨ ᠤ ᠠᠷᠠᠳ ᠤᠨ ᠵᠡᠪᠰᠡᠭᠲᠦ ᠬᠦᠴᠦᠨ ᠤ ᠠᠵᠢᠯ ᠲᠠᠰᠤᠷᠠᠯᠲᠠ ᠦᠭᠡᠢ ᠪᠠᠬᠢᠵᠢᠵᠦ᠂ ᠪᠦᠬᠦ ᠵᠢᠯ ᠤᠨ ᠴᠡᠷᠢᠭ ᠡᠯᠰᠡᠬᠦ ᠡᠭᠦᠷᠭᠡ ᠪᠠᠨ ᠲᠡᠭᠦᠰ ᠪᠡᠶᠡᠯᠡᠭᠦᠯᠪᠡ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠪᠦᠬᠦ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠬᠤᠰᠢᠭᠤ ᠪᠠᠷ ᠦᠨᠡᠯᠡᠭᠳᠡᠪᠡ᠃ ᠲᠤᠭ᠎ᠠ ᠪᠦᠷᠢᠳᠬᠡᠯ ᠤᠨ ᠠᠵᠢᠯ ᠢ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠪᠡ᠃ ᠱᠠᠰᠢᠨ ᠰᠣᠷᠲᠠᠬᠤᠨ᠂ ᠲᠡᠦᠬᠡ ᠣᠶᠢᠯᠠᠯᠭ᠎ᠠ᠂ ᠳᠠᠩᠰᠠ ᠡᠪᠬᠡᠮᠡᠯ᠂ ᠠᠷᠠᠳ ᠤᠨ ᠠᠭᠠᠷ  ᠤᠨ ᠰᠡᠷᠭᠡᠶᠢᠯᠡᠯᠲᠡ᠂ ᠭᠠᠵᠠᠷ ᠬᠥᠳᠡᠯᠦᠯᠲᠡ᠂ ᠴᠠᠭ ᠠᠭᠤᠷ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠠᠵᠢᠯᠴᠢᠨ  ᠤ ᠡᠪᠯᠡᠯ᠂ ᠤᠯᠠᠭᠠᠨ ᠵᠠᠭᠠᠯᠮᠠᠢᠲᠠᠨ ᠤ ᠨᠡᠶᠢᠭᠡᠮᠯᠢᠭ᠂ ᠪᠣᠶᠠᠨ ᠤ ᠦᠢᠯᠡᠰ᠂ ᠵᠡᠮᠳᠡᠭᠴᠦᠳ᠂ ᠵᠠᠯᠠᠭᠤᠴᠤᠳ ᠪᠠᠭᠠᠴᠤᠳ ᠂ ᠡᠮᠡᠭᠲᠡᠶᠢᠴᠦᠳ ᠬᠡᠦᠬᠡᠳ᠂ ᠨᠠᠰᠤᠲᠠᠶᠢᠴᠤᠳ ᠤᠨ ᠪᠡᠶ᠎ᠡ ᠶᠢᠨ ᠲᠠᠮᠢᠷ ᠤᠨ ᠨᠡᠶᠢᠭᠡᠮᠯᠢᠭ᠂ ᠨᠠᠰᠤᠲᠠᠶᠢᠴᠤᠳ ᠤᠨ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠬᠤᠶᠢᠴᠢ ᠨᠢᠭᠡ ᠦᠶ᠎ᠡ ᠪᠠᠨ ᠬᠠᠯᠠᠮᠵᠢᠯᠠᠬᠤ ᠵᠡᠷᠭᠡ ᠠᠵᠢᠯ ᠪᠦᠬᠦ ᠲᠠᠯ᠎ᠠ ᠪᠠᠷ ᠳᠠᠪᠰᠢᠯᠲᠠ ᠲᠠᠢ ᠪᠣᠯᠪᠠ᠃     ᠨᠢᠭᠡ ᠵᠢᠯ ᠤᠨ ᠲᠤᠷᠰᠢ᠂ ᠪᠢᠳᠡ ᠪᠦᠬᠦ ᠲᠠᠯ᠎ᠠ ᠪᠠᠷ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠵᠦ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠠᠵᠢᠯ ᠤᠨ ᠣᠪᠣᠷ ᠰᠤᠷᠲᠠᠯ ᠢᠶᠠᠨ ᠬᠤᠪᠢᠷᠠᠭᠤᠯᠵᠤ᠂ ᠦᠢᠯᠡᠴᠢᠯᠡᠭᠡᠨ ᠤ ᠮᠠᠶ᠋ᠢᠭ ᠤᠨ ᠵᠠᠰᠠᠭ ᠤᠨ ᠣᠷᠳᠣᠨ ᠤ ᠪᠠᠶᠢᠭᠤᠯᠤᠯᠲᠠ ᠰᠢᠨ᠎ᠡ ᠠᠬᠢᠴᠠ ᠲᠠᠢ ᠪᠣᠯᠪᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠠᠤᠯᠢ ᠪᠠᠷ ᠲᠣᠭᠲᠠᠭᠠᠭᠰᠠᠨ ᠠᠯᠬᠤᠮ ᠳᠠᠷᠠᠭ᠎ᠠ ᠶᠢ ᠴᠢᠩᠭ᠎ᠠ ᠵᠢᠷᠤᠮᠯᠠᠨ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠰᠢᠨᠵᠢᠯᠡᠬᠦ ᠣᠬᠠᠭᠠᠨᠴᠢᠯᠠᠬᠤ ᠠᠷᠠᠳᠴᠢᠯᠠᠬᠤ᠂ ᠬᠠᠤᠯᠢ ᠪᠠᠷ ᠵᠠᠰᠠᠬᠤ ᠬᠢᠷᠢ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠪᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠯ ᠳᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠨᠡᠶᠢᠭᠡᠮ ᠤᠨ ᠡᠯ᠎ᠡ ᠡᠲᠡᠭᠡᠳ ᠤᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠦᠪᠯᠡᠯᠭᠡ ᠶᠢ 1 ᠬᠤᠪᠢ᠂ ᠰᠠᠨᠠᠭᠤᠯᠭ᠎ᠠ ᠶᠢ 70 ᠬᠤᠪᠢ᠂ ᠤᠯᠤᠰ ᠲᠦᠷᠦ  ᠶᠢᠨ ᠵᠥᠪᠯᠡᠯᠭᠡᠨ ᠤ ᠭᠡᠰᠢᠭᠦᠳ ᠤᠨ ᠳᠤᠷᠠᠳᠣᠯᠭ᠎ᠠ ᠶᠢ 48 ᠬᠤᠪᠢ ᠭᠦᠢᠴᠡᠳᠭᠡᠵᠦ᠂ ᠭᠦᠢᠴᠡᠳᠭᠡᠭᠰᠡᠨ ᠨᠤᠷᠮ᠎ᠠ 100% ᠬᠦᠷᠪᠡ᠃ ︽ᠠᠷᠪᠢᠯᠠᠨ ᠭᠠᠮᠨᠠᠬᠤ︾ ᠱᠠᠭᠠᠷᠳᠠᠯᠭ᠎ᠠ ᠶᠢ ᠴᠢᠩᠭ᠎ᠠ ᠨᠠᠢᠳᠠᠪᠤᠷᠢᠵᠢᠭᠤᠯᠵᠤ᠂ ︽ᠠᠯᠪᠠᠨ ᠤ ᠭᠤᠷᠪᠠᠨ ᠵᠠᠷᠤᠳᠠᠯ︾ ᠤᠨ ᠵᠠᠷᠤᠯᠭ᠎ᠠ ᠨᠢᠳᠣᠨᠤᠨ ᠤ ᠬᠢ ᠠᠴᠠ 30.5% ᠪᠠᠷ ᠪᠠᠭᠤᠷᠠᠪᠠ᠃ ᠲᠥᠪ ᠤᠨ ᠨᠠᠶᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠲᠤᠪᠤᠶᠢᠮ᠎ᠠ ᠠᠰᠠᠭᠤᠳᠠᠯ ᠢ ᠦᠷᠭᠦᠯᠵᠢᠯᠡᠨ ᠴᠡᠭᠴᠡᠯᠡᠨ ᠵᠠᠰᠠᠵᠤ᠂ ᠺᠠᠳ᠋ᠷ ᠤᠨ ᠠᠵᠢᠯ ᠤᠨ ᠰᠤᠷᠲᠠᠯ ᠦᠷᠭᠦᠯᠵᠢᠯᠡᠨ ᠰᠠᠶᠢᠵᠢᠷᠠᠪᠠ᠃ ᠬᠤᠷᠠᠯ᠂ ᠪᠢᠴᠢᠭ ᠮᠠᠲ᠋ᠧᠷᠢᠶᠠᠯ ᠪᠣᠯᠤᠨ ᠰᠢᠮᠳᠠᠭᠤᠯᠤᠨ ᠪᠠᠶᠢᠴᠠᠭᠠᠬᠤ ᠶᠢ ᠶᠡᠬᠡᠪᠡᠷ ᠪᠠᠭᠠᠰᠬᠠᠵᠤ᠂ ᠰᠤᠮᠤ ᠪᠠᠯᠭᠠᠰᠤ ᠲᠠᠯᠠᠪᠠᠢ ᠪᠣᠯᠤᠨ ᠰᠠᠯᠠᠭ᠎ᠠ ᠮᠥᠴᠢᠷ ᠤᠨ ᠳᠠᠷᠤᠭᠠᠰᠤ ᠶᠢ ᠬᠥᠩᠭᠡᠷᠡᠭᠦᠯᠪᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ᠂ ᠬᠢᠨᠠᠯᠲᠠ ᠲᠠᠯᠪᠢᠬᠤ ᠡᠷᠬᠡ᠂ ᠣᠷᠣᠯᠴᠠᠬᠤ ᠡᠷᠬᠡ ᠶᠢ ᠪᠠᠲᠤᠯᠠᠪᠠ᠃ ᠨᠠᠮ ᠤᠨ ᠰᠤᠷᠲᠠᠯ ᠠᠷᠢᠭᠤᠨ ᠴᠢᠬᠡᠴᠢ ᠶᠢᠨ ᠪᠠᠶᠢᠭᠤᠯᠣᠯᠲᠠ ᠂ ᠦᠵᠡᠯ ᠤᠬᠠᠮᠰᠠᠷ ᠤᠨ ᠬᠡᠯᠪᠡᠷᠢ ᠶᠢᠨ ︽ᠨᠢᠭᠡ ᠪᠠᠶᠢᠷᠢ ᠬᠤᠣᠰ ᠬᠠᠷᠢᠭᠤᠴᠠᠯᠭ᠎ᠠ︾ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠠᠵᠢᠯ ᠢ ᠶᠡᠭᠡ ᠪᠠᠷ ᠲᠡᠮᠵᠢᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠦᠶᠯᠡᠳᠦᠯ ᠢ ᠪᠠᠳᠠᠷᠠᠭᠤᠯᠵᠤ᠂ ᠭᠤᠤᠯᠳᠠᠯᠭ᠎ᠠ ᠲᠠᠢ ᠬᠦᠷᠢᠶ᠎ᠡ ᠴᠠᠷ᠎ᠠ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠠᠶᠢᠨ ᠰᠠᠶᠢᠬᠠᠨ ᠵᠠᠰᠠᠭ ᠤᠨ ᠣᠷᠳᠣᠨ ᠤ ᠲᠦᠷᠢ ᠲᠥᠷᠬᠦ ᠶᠢ ᠪᠤᠢ ᠪᠣᠯᠭᠠᠪᠠ᠃    ᠲᠥᠯᠥᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ᠂ ᠪᠢᠳᠡ ᠠᠯᠢ ᠣᠯᠠᠨ ᠬᠦᠴᠢᠷ ᠪᠡᠷᠬᠡᠰᠢᠶᠡᠯ ᠪᠠ ᠠᠶᠤᠯ ᠲᠦᠭᠰᠢᠭᠦᠷᠢ ᠶᠢᠨ ᠰᠢᠯᠭᠠᠯᠲᠠ ᠶᠢ ᠥᠩᠭᠡᠷᠡᠭᠡᠵᠦ᠂ ᠠᠮᠵᠢᠯᠲᠠ ᠬᠢᠯᠪᠠᠷᠬᠠᠨ ᠢᠶᠠᠷ ᠢᠷᠡᠭᠰᠡᠨ ᠪᠢᠰᠢ᠃ ᠡᠨᠡ ᠨᠢ ᠭᠤᠣᠯᠳᠠᠭᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠤ ᠪᠠᠶᠢᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠤᠯᠤᠰ ᠲᠥᠷᠦ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠪᠠ ᠨᠡᠩ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠤ ᠬᠠᠮᠲᠤᠪᠠᠷ ᠲᠡᠮᠡᠴᠡᠭᠰᠡᠨ ᠤ ᠦᠷ᠎ᠡ ᠳ᠋ᠦᠩ ᠮᠦᠨ᠂ ᠮᠦᠨᠴᠦ ᠥᠪᠡᠷᠲᠡᠭᠡᠨ ᠵᠠᠰᠠᠬᠤ ᠣᠷᠣᠨ ᠪᠠ ᠲᠦᠩᠯᠢᠶᠣᠤ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠺᠠᠳ᠋ᠷᠴᠣᠳ ᠤᠨ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠶᠢᠨ ᠦᠷ᠎ᠡ ᠳ᠋ᠦᠩ ᠮᠦᠨ᠂ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠪᠠ ᠵᠠᠷᠤᠳ ᠬᠤᠰᠢᠭᠤᠨ ᠤ ᠪᠦᠲᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠵᠤ ᠳᠡᠮᠵᠢᠭᠰᠡᠨ ᠪᠠ ᠣᠷᠣᠯᠴᠠᠭᠰᠠᠨ ᠨᠥᠬᠦᠳ ᠂ ᠨᠠᠶᠢᠵᠠ ᠨᠠᠷ ᠲᠤ ᠡᠷᠬᠢᠮ ᠳᠡᠭᠡᠲᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      ᠠᠮᠵᠢᠯᠲᠠ ᠪᠦᠲᠦᠮᠵᠢ ᠪᠠᠨ ᠣᠯᠵᠤ ᠬᠠᠷᠠᠬᠤ ᠶᠢᠨ ᠬᠠᠮᠲᠤ ᠪᠢᠳᠡ ᠪᠠᠰᠠ ᠬᠥᠭᠵᠢᠯᠲᠡ ᠶᠢᠨ ᠳᠤᠮᠳᠠ ᠮᠥᠨ ᠴᠥᠭᠡᠨ ᠪᠤᠰᠤ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠬᠤ ᠶᠢ ᠰᠡᠷᠭᠡᠭ ᠢᠶᠠᠷ ᠲᠠᠨᠢᠵᠤ ᠮᠡᠳᠡᠬᠦ ᠬᠡᠷᠡᠭᠲᠡᠢ᠂ ᠭᠤᠤᠯᠳᠠᠭᠤ᠄ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠬᠦᠷᠦᠯᠴᠡᠬᠦ ᠦᠭᠡᠢ᠂ ᠠᠵᠤ ᠦᠶᠯᠡᠳᠪᠦᠷᠢ ᠶᠢᠨ ᠠᠵᠤ ᠠᠬᠤᠢ ᠶᠢᠨ ᠦᠶᠯᠡᠳᠬᠦᠨ ᠤ ᠠᠵᠤ ᠦᠢᠯᠡᠰ ᠤᠨ ᠬᠡᠯᠬᠢᠶ᠎ᠡ ᠣᠬᠤᠷ᠂ ᠦᠶᠯᠡᠴᠢᠯᠡᠭᠡᠨ ᠤ ᠦᠢᠯᠡᠰ ᠤᠨ ᠬᠡᠪᠴᠢᠶ᠎ᠡ ᠪᠠᠭ᠎ᠠ᠂ ᠳᠡᠰ ᠳᠠᠪᠬᠤᠷᠭ᠎ᠠ ᠳᠣᠤᠷ᠎ᠠ᠃ ᠠᠷᠠᠳ ᠤᠨ ᠡᠵᠡᠩᠨᠡᠯᠲᠡ ᠶᠢᠨ ᠠᠵᠤ ᠠᠬᠤᠶ ᠶᠢᠨ ᠪᠣᠳᠠᠲᠤ ᠬᠦᠴᠦᠨ ᠴᠢᠩᠭ᠎ᠠ ᠪᠢᠰᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠡᠷᠢᠭᠦᠨ ᠤ ᠭᠠᠵᠠᠷ ᠣᠷᠣᠨ ᠲᠠᠢ ᠬᠠᠷᠢᠴᠠᠭᠤᠯᠪᠠᠯ ᠨᠡᠯᠢᠶᠡᠳ ᠶᠡᠭᠡ ᠵᠥᠷᠢᠶ᠎ᠡ ᠲᠠᠢ᠃ ᠣᠯᠠᠨ ᠨᠡᠶᠢᠲᠡ  ᠶᠢᠨ ᠲᠥᠰᠦᠪ ᠤᠨ ᠣᠷᠣᠯᠭ᠎ᠠ ᠬᠦᠷᠦᠯᠴᠡᠬᠦ ᠦᠭᠡᠢ ᠪᠠᠶᠢᠵᠤ᠂ ᠡᠷᠬᠡᠪᠰᠢ ᠵᠠᠷᠤᠬᠤ ᠵᠠᠷᠤᠯᠭ᠎ᠠ ᠶᠢ ᠰᠠᠯᠭᠠᠨ ᠥᠭᠬᠦ ᠳᠤ ᠬᠦᠴᠢᠷᠲᠡᠢ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠳᠣᠪᠣᠶᠢᠮ᠎ᠠ᠃ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠥᠷᠭᠡᠨ ᠪᠢᠰᠢ᠂ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠲᠡᠭᠦᠯᠳᠡᠷ ᠪᠢᠰᠢ᠃ ᠠᠮᠢ ᠠᠬᠤᠶ ᠶᠢᠨ ᠰᠢᠰᠲ᠋ᠧᠮ ᠲᠣᠭᠲᠠᠪᠤᠷᠢᠲᠤ ᠴᠢᠨᠠᠷ ᠴᠢᠩᠭ᠎ᠠ ᠪᠢᠰᠢ᠂ ᠠᠮᠢ ᠠᠬᠤᠶ ᠶᠢ ᠶᠡᠷᠦᠩᠬᠡᠶᠢᠯᠡᠨ ᠵᠠᠰᠠᠬᠤ ᠡᠭᠦᠷᠭᠡ ᠮᠥᠨ ᠯᠡ ᠬᠦᠨᠳᠦ᠃ ᠠᠷᠠᠳ ᠤᠨ ᠠᠮᠢᠳᠤᠷᠠᠯ ᠤᠨ ᠬᠦᠷᠢᠶ᠎ᠡ ᠴᠠᠷ᠎ᠠ ᠳᠠᠬᠢ ᠬᠦᠷᠦᠯᠴᠡᠬᠦ ᠦᠭᠡᠢ ᠲᠠᠯ᠎ᠠ ᠨᠡᠯᠢᠶᠡᠳ ᠤᠯᠠᠨ ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ ᠤᠨ ᠠᠰᠠᠷᠠᠮᠵᠢ ᠵᠡᠷᠭᠡ ᠬᠦᠷᠢᠶ᠎ᠡ ᠴᠠᠷ᠎ᠠ ᠳᠠᠬᠢ ᠦᠶᠯᠡᠴᠢᠯᠡᠭᠡᠨ ᠤ ᠴᠢᠳᠠᠮᠵᠢ ᠶᠢ ᠦᠷᠭᠦᠯᠵᠢᠯᠡᠨ ᠲᠡᠭᠦᠯᠳᠡᠷᠵᠢᠭᠦᠯᠬᠦ ᠴᠢᠬᠤᠯᠠᠲᠠᠶ᠃ ᠣᠨᠴᠠ ᠵᠠᠷᠢᠮ ᠰᠠᠯᠠᠭ᠎ᠠ ᠮᠥᠴᠢᠷ ᠪᠣᠯᠤᠨ ᠺᠠᠳ᠋ᠷᠴᠤᠳ ᠤᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠤ ᠲᠤᠬᠠᠢ ᠲᠠᠨᠢᠯᠲᠠ ᠥᠨᠳᠥᠷ ᠪᠢᠰᠢ᠂ ᠰᠢᠨ᠎ᠡ ᠴᠠᠭ ᠦᠶ᠎ᠡ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠪᠦᠷᠢᠮᠦᠰᠦᠨ ᠵᠣᠬᠢᠴᠠᠵᠤ ᠴᠢᠳᠠᠬᠤ ᠦᠭᠡᠢ᠃ ᠡᠭᠦᠨ ᠳᠤ᠂ ᠪᠢᠳᠡ ᠠᠰᠠᠭᠤᠳᠠᠯ ᠤᠨ ᠦᠵᠡᠯ ᠤᠬᠠᠮᠰᠠᠷ ᠢ ᠪᠠᠲᠤ ᠪᠤᠢ ᠪᠣᠯᠭᠠᠵᠤ᠂ ᠬᠦᠴᠦᠨ ᠲᠠᠢ ᠠᠷᠭ᠎ᠠ ᠠᠪᠴᠤ᠂ ᠦᠨᠡᠨᠬᠦ ᠰᠢᠢᠳᠪᠦᠷᠢᠯᠡᠬᠦ ᠬᠡᠷᠡᠭᠲᠡᠢ᠃       ᠬᠤᠶᠠᠷ᠂ 2020 ᠣᠨ ᠤ ᠠᠵᠢᠯ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠨ᠎ᠡ       ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ ᠮᠥᠨ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ  ᠪᠠᠨ ᠪᠡᠶᠡᠯᠡᠭᠦᠯᠬᠦ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠠᠵᠢᠯ ᠢᠶᠠᠨ ᠲᠦᠯᠦᠪᠯᠡᠬᠦ ᠵᠠᠩᠭᠢᠯᠠᠭ᠎ᠠ ᠶᠢᠨ ᠵᠢᠯ ᠮᠥᠨ᠂ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠨᠢ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠷ᠂ ᠭᠤᠷᠪᠠ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ  ᠶᠢ ᠪᠥᠬᠦ ᠲᠠᠯ᠎ᠠ ᠪᠠᠷ ᠲᠣᠣᠱᠯᠠᠭᠤᠯᠵᠤ᠂ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠣᠯᠭ᠎ᠠ ᠶᠢ ᠡᠷᠡᠰ ᠲᠣᠣᠱᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠲᠠᠢ ᠪᠠᠨ ᠨᠢᠭᠲᠠ ᠤᠶᠠᠯᠳᠤᠭᠤᠯᠤᠨ᠂ ᠲᠣᠭᠲᠠᠭᠤᠨ ᠤ ᠳᠤᠮᠳᠠ ᠣᠷᠣᠭᠰᠢᠯᠠᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ᠦᠭᠡᠷᠡᠴᠢᠯᠡᠯᠲᠡ ᠨᠡᠭᠡᠭᠡᠯᠲᠡ ᠪᠠᠷ ᠬᠥᠳᠡᠯᠭᠡᠬᠦ ᠬᠦᠴᠦᠨ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠳᠤᠯ ᠦᠭᠡᠢ ᠬᠦᠭᠵᠢᠯᠲᠡ ᠪᠠᠷ ᠣᠳᠣᠷᠢᠳᠣᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠭᠤᠷᠪᠠᠨ ᠶᠡᠭᠡ ᠰᠢᠪᠳᠣᠯᠣᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ ᠣᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ  ᠠᠶᠤᠯ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠵᠤ᠂ ᠰᠢᠨ᠎ᠡ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠬᠤ ᠠᠭᠤᠰᠬᠢᠨ ᠦᠷᠪᠢᠰᠦᠯ ᠤᠨ ᠬᠢᠵᠢᠭ ᠤᠨ ᠠᠰᠢᠭ ᠦᠭᠡᠢ ᠨᠥᠯᠥᠭᠡ ᠶᠢ ᠴᠢᠷᠮᠠᠶᠢᠨ ᠢᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ︽ᠠᠷᠪᠠᠨ ᠭᠤᠷᠪᠠᠳᠣᠭᠠᠷ ᠲᠠᠪᠣᠨ ᠵᠢᠯ︾ ᠤᠨ ᠲᠥᠯᠥᠪᠵᠢᠭᠦᠯᠭᠡ ᠶᠢᠨ ᠠᠮᠵᠢᠯᠲᠠ ᠲᠠᠢ ᠲᠡᠭᠦᠰᠬᠦ ᠶᠢ ᠪᠠᠲᠤᠯᠠᠨ᠎ᠠ᠃      ᠡᠨᠡ ᠵᠢᠯ ᠤᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ 5% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠪᠠᠷᠢᠮᠵᠢᠶ᠎ᠠ ᠪᠠᠷ 6.7% ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10% ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠲᠠᠸᠠᠷ ᠤᠨ ᠰᠤᠯᠠ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 5% ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 7% ᠪᠠ 8% ᠨᠡᠮᠡᠭᠳᠡᠭᠦᠯᠦᠨ᠎ᠡ᠃      ᠳᠡᠭᠡᠷ᠎ᠡ ᠳᠤᠷᠠᠳᠤᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ᠂ ᠪᠢᠳᠡ ᠭᠤᠣᠯᠳᠠᠭᠤ ᠳᠣᠤᠷᠠᠬᠢ ᠠᠵᠢᠯ ᠢ ᠰᠠᠶᠢᠲᠤᠷ ᠠᠳᠬᠤᠨ᠎ᠠ᠄      ︵ᠨᠢᠭᠡ︶ ᠪᠠᠶᠢᠩᠭᠤᠵᠢᠭᠰᠠᠨ ᠬᠢᠵᠢᠭ ᠢ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠬᠦᠯᠵᠤ᠂ ᠠᠵᠤ ᠠᠬᠤᠶ ᠨᠡᠶᠢᠭᠡᠮ ᠤᠨ ᠡᠮᠬᠢ ᠲᠢᠭᠯᠢᠮ ᠪᠦᠬᠦ ᠲᠠᠯ᠎ᠠ ᠪᠠᠷ ᠰᠡᠷᠭᠦᠬᠦ ᠶᠢ ᠠᠬᠢᠭᠤᠯᠤᠨ᠎ᠠ     ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠬᠤ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ  ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠲᠠ ᠶᠢ ᠡᠷᠡᠰ ᠲᠣᠣᠱᠯᠠᠭᠤᠯᠵᠤ᠂᠂ ︽ᠭᠠᠳᠠᠭᠠᠲᠤ ᠳᠤ ᠪᠠᠨ ᠣᠷᠣᠬᠤ ᠶᠢ ᠰᠡᠷᠭᠡᠶᠢᠯᠡᠬᠦ᠂ ᠳᠣᠲᠣᠭᠠᠳᠤ ᠳᠤ ᠪᠠᠨ  ᠳᠠᠬᠢᠨ ᠬᠠᠯᠳᠠᠪᠣᠷᠢᠯᠠᠬᠤ ᠶᠢ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠠᠲᠤ ᠡᠵᠡᠮᠰᠢᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠠᠷᠠᠳ ᠣᠯᠠᠨ ᠤ ᠠᠮᠢ ᠨᠠᠰᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠪᠠᠲᠤᠯᠠᠨ᠎ᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠶᠢ ᠴᠢᠬᠤᠯᠠ ᠠᠴᠠ ᠴᠢᠬᠤᠯᠠ ᠪᠣᠯᠭᠠᠵᠤ᠂ ᠬᠢᠯᠢ ᠶᠢᠨ ᠭᠠᠳᠠᠨ᠎ᠠ ᠠᠴᠠ ᠵᠠᠷᠣᠳ ᠲᠤ ᠢᠷᠡᠵᠦ ᠵᠠᠷᠣᠳ ᠲᠠᠭᠠᠨ ᠪᠤᠴᠠᠭᠰᠠᠨ ᠬᠥᠮᠦᠰ ᠤᠨ ᠬᠠᠮᠢᠶᠠᠷᠤᠯᠲᠠ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠣᠷᠣᠨ ᠪᠠᠶᠢᠷᠢ ᠪᠠ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠲᠤ  ᠰᠠᠶᠢᠲᠤᠷ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠨᠠᠶᠢᠳᠠᠪᠤᠷᠢᠵᠢᠭᠤᠯᠤᠨ᠂ ᠣᠷᠣᠵᠤ ᠢᠷᠡᠬᠦ ᠶᠢ ᠰᠡᠷᠭᠡᠶᠢᠯᠡᠬᠦ ᠪᠠ ᠳᠠᠬᠢᠨ ᠬᠠᠯᠳᠠᠪᠣᠷᠢᠯᠠᠬᠤ ᠶᠢ ᠰᠡᠷᠭᠡᠶᠢᠯᠡᠬᠦ ᠪᠠᠲᠤ ᠪᠠᠬᠢ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ᠎ᠠ᠃ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢᠶᠠᠨ ᠦᠷᠭᠦᠯᠵᠢᠯᠡᠨ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠨᠦᠬᠡᠴᠡᠯᠡᠬᠦ ᠪᠠᠨ ᠴᠢᠩᠭᠠᠳᠬᠠᠵᠤ᠂ ᠦᠢᠯᠡᠳᠪᠦᠷᠢᠯᠡᠯ ᠢᠶᠠᠨ ᠰᠡᠷᠭᠦᠭᠡᠵᠦ ᠬᠢᠴᠢᠶᠡᠯ ᠢᠶᠠᠨ ᠰᠡᠷᠭᠦᠭᠡᠬᠦ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ᠠᠵᠤ ᠠᠬᠤᠢ ᠨᠡᠶᠢᠭᠡᠮ ᠤᠨ ᠡᠮᠬᠢ ᠳᠢᠭᠯᠢᠮ ᠲᠠᠢ ᠲᠣᠭᠲᠠᠭᠤᠨ ᠡᠷᠡᠭᠦᠯ ᠢᠶᠠᠷ ᠬᠦᠭᠵᠢᠬᠦ ᠶᠢ ᠬᠦᠴᠦᠲᠡᠢ ᠠᠬᠢᠭᠤᠯᠵᠤ᠂ ᠪᠦᠬᠦ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠤᠣᠰ ᠢᠯᠠᠯᠲᠠ ᠶᠢ ᠲᠡᠮᠡᠴᠡᠨ ᠣᠯᠤᠨ᠎ᠠ᠃      ︵ᠬᠤᠶᠠᠷ︶ ᠭᠤᠷᠪᠠᠨ ᠶᠡᠭᠡ ᠰᠢᠪᠳᠣᠯᠣᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ      ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠨ᠎ᠠ᠃ ᠰᠤᠯᠠ ᠪᠠᠶᠢᠭ᠎ᠠ ᠤᠯᠤᠰ ᠤᠨ ᠦᠮᠴᠢᠯᠡᠯᠲᠦ ᠡᠳ᠋ ᠬᠥᠷᠥᠩᠭᠡ ᠶᠢ ᠦᠷᠭᠦᠯᠵᠢᠯᠡᠨ ᠠᠮᠢᠳᠤᠯᠢᠭᠵᠢᠭᠤᠯᠵᠤ᠂ ᠭᠠᠵᠠᠷ ᠰᠢᠷᠣᠶ ᠶᠢ ᠡᠵᠡᠩᠨᠡᠬᠦ ᠠᠵᠢᠯ ᠢ ᠰᠠᠶᠢᠲᠤᠷ ᠬᠢᠵᠦ᠂ ᠣᠢ ᠰᠢᠭᠤᠢ ᠶᠢᠨ ᠨᠡᠭᠦᠷᠡᠰᠦᠲᠦ᠋ᠷᠦᠭᠴᠢ ᠶᠢᠨ ᠳᠠᠪᠬᠤᠷ ᠢᠰᠦᠯ ᠤᠨ ᠠᠷᠠᠯᠵᠢᠶᠠᠨ ᠤ ᠲᠥᠷᠦᠯ ᠵᠦᠢᠯ ᠢ ᠠᠬᠢᠭᠤᠯᠵᠤ᠂ ᠳᠡᠭᠡᠲᠦ ᠱᠠᠲᠤᠨ ᠤ ᠨᠦᠬᠦᠪᠦᠷᠢ ᠣᠷᠣᠯᠭ᠎ᠠ᠂ ᠥᠷᠢ ᠥᠭᠴᠡᠭᠡ ᠶᠢ ᠠᠷᠢᠯᠭᠠᠬᠤ ᠱᠠᠩᠨᠠᠯ ᠤᠨ ᠪᠡᠯᠡ ᠮᠥᠩᠭᠦ ᠪᠣᠯᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠰᠠᠨᠠᠭᠠᠴᠢᠯᠠᠭ᠎ᠠ ᠠᠴᠠ  ᠪᠠᠨ ᠴᠢᠷᠮᠠᠶᠢᠨ ᠣᠯᠵᠤ᠂ ᠤᠯᠤᠰ ᠤᠨ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ ᠠᠷᠢᠯᠭᠠᠬᠤ ᠲᠤᠷᠰᠢᠯᠲᠠ ᠶᠢᠨ ᠴᠡᠭ ᠤᠨ ᠪᠠᠶᠢᠭᠤᠯᠣᠮᠵᠢ ᠶᠢᠨ ᠳᠦᠷᠢᠮᠲᠦ ᠰᠢᠶᠠᠨ ᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠠᠨ ᠪᠡᠶᠡᠯᠡᠭᠦᠯᠦᠨ᠎ᠡ᠃ ᠯᠦ ᠹᠧᠩ ᠺᠣᠮᠫᠠᠨᠢ᠂ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠵᠡᠷᠭᠡ ᠲᠠᠪᠴᠠᠩ ᠤᠨ ᠺᠣᠮᠫᠠᠨᠢ ᠶᠢᠨ ᠪᠣᠳᠠᠲᠤ ᠴᠣᠭᠴᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ  ᠪᠠᠷ ᠢᠶᠠᠨ ᠵᠠᠰᠠᠭ ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ ᠶᠢᠨ ᠳᠡᠰ ᠢ ᠪᠠᠭᠤᠷᠠᠭᠤᠯᠤᠨ᠎ᠠ᠃ ᠡᠳ᠋ ᠤᠨ ᠵᠠᠰᠠᠭ ᠤᠨ ᠭᠠᠶᠢᠯᠢ ᠲᠠᠲᠠᠪᠤᠷᠢᠯᠠᠬᠤ ᠡᠷᠴᠢᠮ ᠪᠠᠨ ᠴᠢᠩᠭᠠᠷᠠᠭᠤᠯᠵᠤ᠂ ᠭᠤᠤᠯᠳᠠᠯᠭ᠎ᠠ ᠲᠠᠢ ᠭᠠᠶᠢᠯᠢ ᠶᠢᠨ ᠢᠷᠡᠯᠳᠡ ᠶᠢ ᠲᠣᠭᠲᠠᠪᠤᠷᠢᠵᠢᠭᠤᠯᠵᠤ᠂ ᠰᠢᠨ᠎ᠡ ᠭᠠᠶᠢᠯᠢ ᠶᠢᠨ ᠢᠷᠡᠯᠳᠡ ᠶᠢ ᠪᠣᠶᠢᠵᠢᠭᠤᠯᠵᠤ᠂ ᠡᠳ᠋ ᠤᠨ ᠵᠠᠰᠠᠭ ᠤᠨ ᠣᠷᠣᠯᠭ᠎ᠠ ᠶᠢᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ ︽ᠠᠷᠪᠢᠯᠠᠨ ᠭᠠᠮᠨᠠᠬᠤ︾ ᠱᠠᠭᠠᠷᠳᠠᠯᠭ᠎ᠠ ᠶᠢ ᠴᠢᠩᠭ᠎ᠠ ᠨᠠᠶᠢᠲᠠᠪᠣᠷᠢᠵᠢᠭᠤᠯᠵᠤ᠂ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠵᠤ᠂ ᠡᠩ ᠤᠨ ᠴᠢᠨᠠᠷᠲᠠᠢ ᠵᠠᠷᠤᠯᠭ᠎ᠠ ᠶᠢ ᠪᠠᠭᠠᠰᠬᠠᠨ᠂ ︽ᠠᠯᠪᠠᠨ ᠤ ᠭᠤᠷᠪᠠᠨ ᠵᠠᠷᠤᠳᠠᠯ︾ ᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠦᠭᠡᠢ᠃ ᠬᠦᠳᠡᠭᠡ ᠲᠣᠰᠬᠤᠨ ᠮᠠᠯᠵᠢᠬᠤ ᠣᠷᠣᠨ ᠤ ᠥᠨᠳᠥᠷ ᠬᠦᠦ ᠲᠠᠢ ᠵᠢᠭᠡᠯᠡᠯᠭᠡ ᠶᠢ ᠰᠡᠷᠭᠡᠶᠢᠯᠡᠨ ᠠᠷᠢᠯᠭᠠᠬᠤ ᠠᠵᠢᠯ ᠢ ᠢᠳᠡᠪᠬᠢᠲᠡᠢ ᠥᠷᠨᠢᠭᠦᠯᠵᠦ᠂ ᠮᠥᠩᠭᠦᠨ ᠭᠦᠶᠯᠭᠡᠭᠡᠨ ᠤ ᠰᠠᠮᠠᠭᠤᠨ ᠦᠵᠡᠭᠳᠡᠯ ᠢ ᠪᠥᠬᠦ ᠲᠠᠯ᠎ᠠ ᠪᠠᠷ ᠴᠡᠭᠴᠡᠯᠡᠨ ᠵᠠᠰᠠᠵᠤ᠂ ᠰᠢᠰᠲ᠋ᠧᠮ ᠤᠨ ᠴᠢᠨᠠᠷᠲᠠᠶ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠥᠯᠥ ᠡᠭᠦᠰᠬᠦ ᠤᠯᠠᠭᠠᠨ ᠱᠤᠭᠤᠮ ᠢ ᠪᠠᠲᠤ ᠰᠠᠬᠢᠨ᠎ᠠ᠃     ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠰᠢᠢᠳᠪᠦᠷᠢᠲᠦ ᠢᠯᠠᠯᠲᠠ ᠶᠢ ᠣᠯᠤᠨ᠎ᠠ᠃ ᠲᠥᠪ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠭᠢᠵᠦ ᠬᠠᠷᠠᠬᠤ︾᠂ ᠤᠯᠤᠰ ᠪᠠ ᠣᠷᠣᠨ ᠤ ᠬᠢᠷᠢ ᠪᠦᠲᠦᠮᠵᠢ ᠦᠷ᠎ᠡ  ᠠᠰᠢᠭ ᠢ ᠬᠢᠨᠠᠨ ᠰᠢᠯᠭᠠᠬᠤ᠂ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠬᠤᠢ ᠲᠠᠯᠠᠪᠠᠢ ᠳᠤ ᠰᠠᠭᠠᠲᠠᠵᠤ ᠪᠠᠶᠢᠴᠠᠭᠠᠨ ᠰᠤᠳᠣᠯᠵᠤ ᠬᠠᠷᠢᠭᠤ ᠲᠤᠰᠬᠠᠭᠰᠠᠨ ᠠᠰᠠᠭᠤᠳᠠᠯ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠵᠢᠭᠰᠠᠭᠠᠨ ᠪᠠᠶᠢᠴᠠᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠰᠢᠯᠭᠠᠨ ᠪᠠᠶᠢᠴᠠᠭᠠᠯᠲᠠ ᠶᠢ ᠳᠠᠭᠠᠭᠠᠵᠤ ᠳᠡᠶᠢᠯᠬᠦ ᠶᠢ ᠦᠨᠡᠨᠬᠦ ᠪᠠᠲᠤᠯᠠᠨ᠎ᠠ᠃ ︽ᠳᠥᠷᠪᠡ ᠶᠢ ᠰᠠᠯᠭᠠᠬᠤ ᠥᠬᠡᠶ︾ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠶᠢ ᠴᠢᠩᠭ᠎ᠠ ᠠᠳᠬᠤᠵᠤ᠂ ᠬᠦᠷᠢᠶ᠎ᠡ ᠬᠠᠰᠢᠶᠠᠨ ᠤ ᠠᠵᠤ ᠠᠬᠤᠢ ᠶᠢ ᠬᠦᠭᠵᠢᠭᠦᠯᠵᠦ᠂ ᠡᠯ᠎ᠡ ᠲᠥᠷᠥᠯ ᠤᠨ  ᠶᠠᠳᠠᠭᠤ ᠶᠢ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠤᠨᠤᠴᠢᠲᠠᠢ ᠨᠠᠶᠢᠳᠠᠪᠤᠷᠢᠵᠢᠭᠤᠯᠤᠨ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠲᠥᠷᠥᠯ ᠵᠦᠶᠯ ᠢ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ᠂ ᠦᠷᠭᠦᠯᠵᠢᠯᠡᠨ ᠣᠷᠣᠯᠭ᠎ᠠ ᠨᠡᠮᠡᠭᠳᠡᠬᠦ ᠶᠢ ᠪᠡᠶᠡᠯᠡᠭᠦᠯᠦᠨ᠎ᠡ᠃ ᠳᠠᠬᠢᠨ ᠶᠠᠳᠠᠭᠤᠷᠠᠬᠤ ᠶᠢ ᠤᠷᠢᠳᠴᠢᠯᠠᠨ ᠮᠡᠳᠡᠬᠦ ᠬᠢᠨᠠᠨ ᠬᠡᠮᠵᠢᠬᠦ ᠲᠣᠭᠲᠠᠴᠠ ᠪᠠ ᠬᠥᠳᠡᠯᠦᠩᠭᠦᠢ ᠬᠠᠪᠰᠣᠷᠤᠨ ᠲᠡᠳᠬᠦᠬᠦ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠪᠠᠶᠢᠭᠤᠯᠵᠤ᠂ ᠵᠠᠬ᠎ᠠ ᠶᠢᠨ ᠡᠷᠦᠬᠡ ᠪᠠ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠪᠠᠨ ᠴᠢᠩᠭᠠᠳᠬᠠᠵᠤ᠂ ᠳᠠᠬᠢᠨ ᠶᠠᠳᠠᠭᠤᠷᠠᠬᠤ ᠪᠠ ᠶᠠᠳᠠᠭᠤ ᠬᠦᠴᠢᠷᠳᠡᠯᠲᠡᠢ ᠬᠥᠮᠦᠨ ᠠᠮᠠ ᠰᠢᠨ᠎ᠡ ᠡᠭᠦᠰᠬᠦ  ᠶᠢ ᠡᠷᠡᠰ ᠰᠡᠷᠭᠡᠶᠢᠯᠡᠨ᠎ᠡ᠃ ᠲᠠᠷᠢᠶᠠᠴᠢᠳ ᠲᠤ ᠠᠰᠢᠭ ᠲᠠᠢ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠺᠣᠮᠫᠠᠨᠢ ᠪᠠᠶᠢᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠲᠤᠳᠣᠯᠬᠤ ᠪᠦᠷᠢᠳᠬᠡᠨ ᠬᠠᠷᠭᠤᠭᠤᠯᠬᠤ ᠠᠵᠢᠯ ᠢ ᠪᠡᠶᠡᠯᠡᠭᠦᠯᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠤᠵᠠᠭᠠᠶᠢᠷᠠᠭᠤᠯᠵᠤ᠂ ᠭᠠᠴᠠᠭ᠎ᠠ ᠲᠣᠰᠬᠤᠨ ᠪᠦᠬᠦᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 5 ᠲᠦᠮᠡᠨ ᠲᠥᠭᠦᠷᠢᠭ ᠠᠴᠠ ᠳᠡᠭᠡᠭᠰᠢ ᠬᠦᠷᠦᠭᠦᠯᠬᠦ ᠪᠠᠷ ᠴᠢᠷᠮᠠᠶᠢᠨ᠎ᠠ᠃ ᠤᠨᠤᠴᠢᠲᠠᠢ ᠶᠠᠳᠠᠭᠤ ᠶᠢ ᠲᠡᠳᠬᠦᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠶᠠᠳᠠᠭᠤ ᠠᠴᠠ ᠠᠩᠭᠢᠵᠢᠷᠠᠭᠤᠯᠬᠤ  ᠰᠢᠪᠳᠣᠯᠣᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠳᠣᠯᠬᠤ ᠪᠤᠳᠤᠯᠭ᠎ᠠ ᠪᠦᠲᠦᠮᠵᠢᠲᠡᠢ ᠵᠣᠯᠭᠠᠬᠤ ᠶᠢ ᠠᠬᠢᠭᠤᠯᠤᠨ᠎ᠠ᠃    ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠲᠦᠯᠬᠢᠨ ᠠᠬᠢᠭᠤᠯᠤᠨ᠎ᠠ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠠᠮᠢ ᠠᠬᠤᠶ  ᠶᠢᠨ ᠬᠠᠮᠠᠭᠠᠯᠠᠯᠲᠠ ᠪᠠ ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠦᠨ ᠳᠡᠭᠡᠭᠰᠢᠯᠡᠭᠦᠯᠦᠨ᠎ᠡ᠃ ᠠᠭᠠᠷ ᠮᠠᠨᠳᠠᠯ ᠤᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠴᠠᠬᠢᠯᠭᠠᠨ ᠵᠠᠳᠠᠯᠤᠯᠲᠠ ᠶᠢᠨ ᠬᠦᠩᠭᠡᠨᠴᠠᠭᠠᠨ ᠤ ᠠᠵᠤ ᠠᠬᠤᠶᠢᠯᠠᠯ ᠤᠨ ᠤᠲᠤᠭ᠎ᠠ ᠤᠨᠢᠶᠠᠷ ᠢᠶᠠᠨ ᠳᠤᠷ᠎ᠠ ᠪᠠᠷ ᠢᠶᠠᠨ ᠭᠠᠳᠠᠭᠰᠢᠯᠠᠭᠤᠯᠬᠤ ᠶᠢ ᠵᠠᠰᠠᠬᠤ ᠶᠢ ᠴᠢᠩᠭ᠎ᠠ ᠠᠳᠬᠤᠵᠤ᠂  ︽ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ᠂ ᠬᠤᠲᠠ ᠪᠠᠯᠭᠠᠰᠤ ᠶᠢᠨ ᠠᠷᠢᠭᠤᠨ ᠴᠡᠪᠡᠷ ᠳᠣᠯᠠᠭᠠᠴᠠᠬᠤ᠂ ᠲᠣᠭᠤᠰᠣ ᠰᠢᠷᠣᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠤᠰᠤᠨ ᠤ ᠣᠷᠴᠢᠨ ᠲᠣᠭᠤᠷᠢᠨ ᠢ ᠵᠠᠰᠠᠬᠤ ᠬᠦᠴᠦᠯᠡᠴᠡ ᠪᠠᠨ ᠶᠡᠬᠡᠰᠬᠡᠵᠦ᠂ ︽ᠲᠦᠮᠡᠨ ᠬᠥᠮᠦᠨ ᠮᠢᠩᠭᠠᠨ ᠲᠣᠨ︾ ᠤ ᠤᠤᠭᠤᠬᠤ ᠤᠰᠤᠨ ᠤ ᠡᠬᠢ ᠶᠢ ᠴᠡᠭᠴᠡᠯᠡᠨ ᠵᠠᠰᠠᠬᠤ ᠪᠠ ᠳᠠᠬᠢᠨ ᠰᠢᠨ᠎ᠡ ᠪᠠᠷ ᠬᠤᠪᠢᠶᠠᠷᠢᠯᠠᠨ ᠲᠣᠭᠲᠠᠭᠠᠬᠤ ᠠᠵᠢᠯ ᠢ ᠭᠦᠨᠵᠡᠭᠡᠢ ᠥᠷᠨᠢᠭᠦᠯᠵᠦ᠂ ᠯᠦᠪᠸᠢ ᠪᠠᠯᠭᠠᠰᠤᠨ ᠤ ᠢᠲᠡᠭᠡᠨ ᠤ  ᠤᠰᠣᠨ ᠤ ᠡᠬᠢ ᠶᠢᠨ ᠣᠷᠴᠢᠨ ᠲᠣᠭᠤᠷᠢᠨ ᠢ ᠪᠠᠶᠢᠴᠠᠭᠠᠬᠤ ᠠᠵᠢᠯ ᠢ ᠳᠠᠭᠤᠰᠬᠠᠨ᠎ᠠ᠃ ᠭᠤᠣᠯ ᠨᠠᠭᠤᠷ ᠤᠨ ᠠᠬᠠᠯᠠᠭᠴᠢ ᠶᠢᠨ ᠳᠦᠷᠢᠮ ᠢ ᠴᠢᠩᠭ᠎ᠠ ᠨᠠᠶᠢᠲᠠᠪᠣᠷᠢᠵᠢᠭᠤᠯᠵᠤ᠂ 84 ᠭᠤᠣᠯ ᠨᠠᠭᠤᠷ ᠤᠨ ᠡᠷᠭᠢ ᠶᠢᠨ ᠲᠥᠯᠥᠪᠵᠢᠭᠦᠯᠭᠡ ᠶᠢᠨ ᠣᠳᠣᠬᠢ ᠪᠠᠶᠢᠳᠠᠯ ᠢ ᠪᠠᠶᠢᠴᠠᠭᠠᠬᠤ ᠪᠠ 14 ᠭᠤᠣᠯ ᠨᠠᠭᠤᠷ ᠢ ᠬᠤᠪᠢᠶᠠᠨ ᠵᠠᠭᠠᠭᠯᠠᠬᠤ ᠠᠵᠢᠯ ᠢ ᠪᠦᠬᠦ ᠲᠠᠯ᠎ᠠ ᠪᠠᠷ ᠪᠡᠶᠡᠯᠡᠭᠦᠯᠵᠦ᠂ ᠨᠣᠮᠢᠨ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠬᠥᠷᠥᠰᠥ ᠰᠢᠷᠣᠶ ᠶᠢᠨ ᠪᠣᠬᠢᠷᠲᠤᠯ ᠢ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠤᠨ ᠪᠣᠬᠢᠷᠳᠣᠯ ᠤᠨ ᠡᠬᠢ ᠶᠢ ᠵᠠᠰᠠᠬᠤ ᠠᠵᠢᠯ ᠢ ᠰᠠᠶᠢᠲᠤᠷ ᠠᠳᠬᠤᠵᠤ ᠂ 5 ᠡᠵᠡᠨ ᠦᠭᠡᠢ ᠠᠭᠤᠷᠬᠠᠢ ᠶᠢᠨ ᠣᠷᠴᠢᠨ ᠲᠣᠭᠤᠷᠢᠨ ᠢ ᠵᠠᠰᠠᠬᠤ ᠪᠠ 35 ᠴᠢᠯᠠᠭᠤ ᠮᠠᠯᠲᠠᠬᠤ ᠠᠭᠤᠷᠬᠠᠢ ᠶᠢ ᠴᠡᠭᠴᠡᠯᠡᠨ ᠵᠠᠰᠠᠬᠤ ᠠᠵᠢᠯ ᠢ ᠬᠦᠴᠦᠯᠡᠨ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢ ᠪᠦᠲᠦᠭᠡᠨ  ᠪᠠᠶᠢᠭᠤᠯᠬᠤ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠵᠦ᠂ ᠬᠥᠷᠥᠰᠥ ᠰᠢᠷᠤᠢ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠨ᠎ᠡ᠃     ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠦᠳᠡᠭᠡ ᠲᠣᠰᠬᠤᠨ ᠮᠠᠯᠵᠢᠬᠤ ᠣᠷᠣᠨ ᠤ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ     ᠣᠳᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢ ᠲᠦᠷᠭᠡᠨ ᠠᠬᠢᠭᠤᠯᠣᠨ᠎ᠠ᠂ ᠠᠮᠤ ᠪᠤᠳᠠᠭ᠎ᠠ ᠠᠵᠤ ᠠᠬᠤᠢ  ᠶᠢᠨ ᠲᠠᠷᠢᠮᠠᠯ ᠲᠡᠵᠢᠭᠡᠯ ᠡᠪᠡᠰᠦ ᠶᠢ ᠨᠢᠭᠡᠳᠦᠯᠲᠡᠶ ᠲᠥᠯᠥᠪᠯᠡᠬᠦ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠨ᠂ ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠪᠠᠶᠢᠯᠭᠠᠵᠤ᠂ ᠡᠪᠡᠰᠦ ᠪᠤᠷᠳᠤᠭ᠎ᠠ ᠪᠣᠯᠤᠨ ᠠᠵᠤ ᠠᠬᠤᠢ ᠶᠢᠨ ᠲᠠᠷᠢᠮᠠᠯ ᠤᠨ ᠲᠠᠯᠠᠪᠠᠢ ᠶᠢ ᠥᠷᠭᠡᠳᠬᠡᠵᠦ᠂ ᠲᠣᠬᠠᠢ ᠶᠢᠨ ᠭᠠᠵᠠᠷ ᠤᠨ ᠪᠣᠲᠠᠲᠤ ᠪᠠᠶᠢᠳᠠᠯ ᠢ ᠦᠨᠳᠦᠰᠦᠯᠡᠨ ᠠᠮᠤ ᠪᠣᠳᠠᠭᠠᠨ ᠤ ᠲᠠᠷᠢᠶ᠎ᠠ ᠶᠢ ᠪᠣᠷᠳᠤᠭ᠎ᠠ ᠶᠢᠨ ᠲᠠᠷᠢᠶ᠎ᠠ ᠪᠣᠯᠭᠠᠬᠤ ᠪᠣᠶᠣ ᠲᠠᠷᠢᠶᠠᠯᠠᠬᠤ ᠶᠢ ᠵᠣᠭᠰᠣᠭᠠᠵᠤ ᠡᠪᠡᠰᠦ ᠲᠠᠷᠢᠵᠤ᠂ ᠠᠮᠤ ᠪᠤᠳᠠᠭ᠎ᠠ ᠡᠷᠳᠡᠨᠢ ᠰᠢᠰᠢ ᠪᠣᠯᠤᠨ ᠠᠵᠤ ᠠᠬᠤᠢ ᠶᠢᠨ ᠲᠠᠷᠢᠮᠠᠯ ᠤᠨ ᠲᠠᠯᠠᠪᠠᠢ ᠶᠢ 100 ᠲᠦᠮᠡᠨ ᠮᠦ ᠣᠷᠴᠢᠮ ᠳᠤ ᠬᠦᠷᠦᠭᠦᠯᠵᠦ᠂ ᠠᠮᠤ ᠪᠤᠳᠠᠭ᠎ᠠ ᠲᠡᠵᠢᠭᠡᠯ ᠪᠤᠷᠳᠤᠭ᠎ᠠ ᠪᠣᠯᠭᠠᠨ ᠬᠡᠷᠡᠭᠯᠡᠵᠦ ᠪᠣᠯᠬᠤ ᠡᠷᠳᠡᠨᠢ ᠰᠢᠰᠢ ᠪᠣᠯᠤᠨ ᠬᠥᠬᠡ ᠳᠠᠷᠣᠰᠢ ᠲᠠᠷᠢᠬᠤ ᠲᠠᠯᠠᠪᠠᠢ ᠶᠢ 100 ᠲᠦᠮᠡᠨ ᠮᠦ ᠠᠴᠠ ᠳᠡᠭᠡᠭᠰᠢ ᠬᠦᠷᠦᠭᠦᠯᠬᠦ ᠶᠢ ᠦᠨᠡᠨᠬᠦ ᠪᠠᠲᠣᠯᠠᠵᠤ᠂ ︽ᠬᠤᠤᠰ ᠵᠠᠭᠤ ᠲᠦᠮᠡᠨ ᠮᠦ︾ ᠶᠢᠨ ᠣᠳᠣ ᠦᠶ᠎ᠡ ᠶᠢᠨ ᠲᠠᠷᠢᠶᠠᠯᠠᠩ ᠢ ᠪᠠᠶᠢᠭᠤᠯᠤᠨ᠎ᠠ᠃ ᠤᠳᠤ ᠦᠶ᠎ᠡ ᠶᠢᠨ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠭᠠᠵᠠᠷ ᠰᠢᠷᠤᠢ ᠪᠠᠨ ᠬᠡᠪᠴᠢᠶᠡᠵᠢᠭᠰᠡᠨ ᠡᠷᠴᠢᠮᠵᠢᠭᠰᠡᠨ ᠡᠵᠡᠩᠨᠡᠬᠦ ᠶᠢ ᠲᠦᠯᠬᠢᠨ ᠠᠬᠢᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠮᠡᠷᠭᠡᠵᠢᠯ ᠢ ᠳᠡᠯᠭᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ 24.3 ᠲᠦᠮᠡᠨ ᠮᠦ ᠪᠠᠶᠢᠭᠤᠯᠵᠤ᠂ ᠲᠥᠪᠯᠡᠷᠡᠨ ᠵᠠᠯᠭᠠᠯᠳᠤᠭᠰᠠᠨ ᠥᠨᠳᠥᠷ ᠪᠠᠷᠢᠮᠵᠢᠶᠠᠲᠤ ᠵᠢᠱᠢᠶ᠎ᠡ ᠦᠵᠡᠭᠦᠯᠬᠦ ᠣᠷᠣᠨ ᠢ 4 ᠪᠠᠶᠢᠭᠤᠯᠤᠨ᠎ᠠ᠃ ︽ᠠᠵᠤ ᠠᠬᠤᠶᠢᠯᠠᠯ + ᠰᠠᠭᠤᠷᠢᠨ ᠭᠠᠵᠠᠷ + ᠲᠠᠷᠢᠶᠠᠴᠢᠨ ᠡᠷᠦᠬᠡ︾ ᠶᠢᠨ ᠵᠠᠭᠪᠤᠷ ᠢ ᠲᠡᠭᠦᠯᠳᠡᠷᠵᠢᠭᠦᠯᠵᠦ᠂ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠲᠠᠷᠢᠬᠤ ᠲᠠᠯᠠᠪᠠᠢ ᠶᠢ ᠥᠷᠭᠡᠳᠬᠡᠵᠦ᠂ ᠪᠦᠬᠦ ᠬᠤᠰᠢᠭᠤᠨ ᠤ ᠮᠣᠩᠭᠤᠯ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠤᠨ ᠰᠠᠭᠤᠷᠢᠨ ᠭᠠᠵᠠᠷ ᠢ 6 ᠲᠦᠮᠡᠨ ᠮᠦ ᠬᠦᠷᠭᠡᠨ᠎ᠡ᠃ ᠲᠣᠮᠣ ᠬᠡᠯᠪᠡᠷᠢ ᠶᠢᠨ ᠲᠠᠷᠢᠶᠠᠯᠠᠩ ᠤᠨ ᠮᠠᠰᠢᠨ ᠪᠠᠭᠠᠵᠢ ᠶᠢ ᠳᠡᠯᠭᠡᠷᠡᠭᠦᠯᠦᠨ ᠬᠡᠷᠡᠭᠯᠡᠵᠦ᠂ ᠲᠠᠷᠢᠶᠠᠯᠠᠩ ᠤᠨ ᠮᠠᠰᠢᠨ ᠤ ᠶᠡᠷᠦᠩᠬᠡᠶ ᠬᠥᠳᠡᠯᠭᠡᠭᠴᠢ ᠬᠦᠴᠦᠨ ᠢ 80 ᠲᠦᠮᠡᠨ ᠺᠢᠯᠣᠸᠠᠲ ᠲᠤ ᠬᠦᠷᠭᠡᠵᠦ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠮᠠᠰᠢᠨᠴᠢᠯᠠᠯᠲᠠ ᠶᠢᠨ ᠬᠢᠷᠢ ᠲᠦᠪᠰᠢᠨ ᠢ 85% ᠠᠴᠠ ᠳᠡᠭᠡᠭᠰᠢ ᠬᠦᠷᠭᠡᠨ᠎ᠡ᠃      ᠣᠳᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠶᠢ ᠲᠥᠷᠭᠡᠨ ᠠᠬᠢᠭᠤᠯᠣᠨ᠎ᠠ᠂ ︽ᠬᠤᠨᠢ ᠶᠢ ᠴᠥᠭᠡᠳᠬᠡᠨ ᠦᠬᠡᠷ ᠢ ᠨᠡᠮᠡᠭᠳᠡᠭᠦᠯᠵᠦ᠂ ᠦᠬᠡᠷ ᠢ ᠨᠡᠮᠡᠭᠳᠡᠭᠦᠯᠦᠨ ᠮᠠᠯ ᠠᠵᠤ ᠠᠬᠤᠢ ᠶᠢ ᠬᠦᠭᠵᠢᠭᠦᠯᠵᠦ᠂ ᠴᠢᠨᠠᠷ ᠦᠷ᠎ᠡ ᠠᠰᠢᠭ ᠢ  ᠳᠡᠭᠡᠭᠰᠢᠯᠡᠭᠦᠯᠬᠦ︾ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠠᠬᠢᠭᠤᠯᠵᠤ᠂ ᠪᠣᠭ ᠮᠠᠯ ᠢ ᠦᠷᠭᠦᠯᠵᠢᠯᠡᠨ ᠪᠠᠭᠠᠰᠬᠠᠵᠤ᠂ ᠲᠠᠯ᠎ᠠ ᠨᠤᠲᠤᠭ ᠤᠨ ᠤᠯᠠᠭᠠᠨ ᠦᠬᠡᠷ ᠢ ᠲᠡᠵᠢᠭᠡᠨ ᠦᠷᠡᠵᠢᠭᠦᠯᠬᠦ ᠬᠡᠪᠴᠢᠶ᠎ᠡ ᠪᠠᠨ ᠥᠷᠭᠡᠳᠬᠡᠨ᠂ ᠲᠦᠩᠯᠢᠶᠣᠤ ᠬᠤᠲᠠ ᠶᠢᠨ ᠲᠠᠯ᠎ᠠ ᠨᠤᠲᠤᠭ ᠤᠨ ᠠᠯᠠᠰᠢᠨ ᠦᠬᠡᠷ ᠤᠨ ᠭᠤᠣᠯ ᠣᠷᠣᠨ  ᠢ ᠪᠦᠬᠦ ᠬᠦᠴᠦᠨ ᠢᠶᠠᠷ ᠪᠠᠶᠢᠭᠤᠯᠤᠨ᠎ᠠ᠃ ᠡᠪᠡᠰᠦ ᠪᠡᠯᠴᠢᠭᠡᠷ ᠢᠶᠠᠷ ᠮᠠᠯ ᠢ ᠲᠣᠭᠲᠠᠭᠠᠵᠤ᠂ ᠡᠪᠡᠰᠦ ᠪᠡᠯᠴᠢᠭᠡᠷ ᠨᠡᠮᠡᠭᠳᠡᠪᠡᠯ ᠮᠠᠯ ᠢ ᠨᠡᠮᠡᠭᠳᠡᠭᠦᠯᠬᠦ ᠶᠢ ᠪᠠᠷᠢᠮᠲᠠᠯᠠᠵᠤ᠂ ᠤᠳᠤ ᠦᠶ᠎ᠡ ᠶᠢᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ  ᠤᠨ ᠲᠠᠯᠠᠪᠠᠢ ᠪᠠ ᠲᠣᠰᠬᠠᠢ ᠬᠤᠷᠰᠢᠶᠠᠵᠢᠯ ᠢᠶᠠᠷ ᠭᠤᠣᠯ ᠪᠣᠯᠭᠠᠭᠰᠠᠨ ᠨᠤᠲᠤᠭ ᠪᠡᠯᠴᠢᠭᠡᠷ ᠤᠨ ᠮᠠᠯ ᠠᠵᠤ ᠠᠬᠤᠢ  ᠶᠢᠨ ᠬᠥᠭᠵᠢᠯᠲᠡ ᠶᠢ ᠠᠬᠢᠭᠤᠯᠣᠨ᠎ᠠ︔ ᠲᠡᠵᠢᠭᠡᠬᠦ ᠶᠢᠨ ᠲᠥᠯᠥᠭᠡ ᠲᠠᠷᠢᠬᠤ᠂ ᠲᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠠᠭ᠎ᠠ ᠬᠡᠪᠴᠢᠶ᠎ᠡ᠂ ᠶᠡᠭᠡ ᠣᠯᠠᠨ ᠢ ᠤᠶᠠᠯᠳᠤᠭᠤᠯᠤᠭᠰᠠᠨ ᠲᠠᠷᠢᠶᠠᠯᠠᠬᠤ ᠣᠷᠣᠨ  ᠤ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠪᠦᠬᠦ ᠵᠢᠯ ᠳᠤ 10 ᠲᠦᠮᠡᠨ ᠦᠬᠡᠷ ᠨᠡᠮᠡᠭᠳᠡᠭᠦᠯᠵᠦ᠂ 50 ᠲᠦᠮᠡᠨ ᠬᠤᠨᠢ ᠬᠠᠰᠤᠬᠤ ᠪᠠᠷ ᠴᠢᠷᠮᠠᠶᠢᠵᠤ᠂ 2025 ᠣᠨ ᠪᠣᠯᠲᠠᠯ᠎ᠠ ᠪᠦᠬᠦ ᠬᠤᠰᠢᠭᠤᠨ ᠤ ᠦᠬᠡᠷ ᠢ 100 ᠲᠦᠮᠡ ᠬᠦᠷᠭᠡᠵᠦ᠂ ᠬᠤᠨᠢ ᠶᠢ 100 ᠲᠦᠮᠡ ᠪᠣᠯᠲᠠᠯ᠎ᠠ ᠪᠠᠭᠠᠰᠬᠠᠵᠤ᠂ ᠦᠬᠡᠷ ᠬᠤᠨᠢᠨ ᠤ ᠲᠤᠭ᠎ᠠ ᠶᠢ ︽ᠬᠤᠣᠰ ᠵᠠᠭᠤᠨ ᠲᠦᠮᠡ︾ ᠳᠤ ᠬᠦᠷᠭᠡᠬᠦ ᠬᠠᠷᠠᠯᠲᠠ ᠶᠢ ᠪᠡᠶᠡᠯᠡᠭᠦᠯᠦᠨ᠎ᠡ᠃ ᠲᠦᠩᠯᠢᠶᠣᠤ ᠶᠢᠨ ᠬᠤᠶᠢᠲᠤ ᠬᠡᠰᠡᠭ ᠤᠨ ᠣᠳᠣ ᠦᠶ᠎ᠡ ᠶᠢᠨ ᠮᠠᠯ ᠠᠵᠤ ᠠᠬᠤᠢ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠭᠠᠳᠠᠰᠤ ᠶᠢᠨ ᠠᠮᠢ ᠠᠬᠤᠢ ᠬᠡᠯᠪᠡᠷᠢ ᠶᠢᠨ᠂ ᠦᠷ᠎ᠡ ᠠᠰᠢᠭᠲᠤ ᠬᠡᠯᠪᠡᠷᠢ ᠶᠢᠨ ᠣᠳᠣ ᠦᠶ᠎ᠡ  ᠶᠢᠨ ᠮᠠᠯ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠳᠡᠯᠭᠡᠷᠡᠭᠦᠯᠵᠦ᠂ ᠮᠠᠯ ᠠᠵᠤ ᠠᠬᠤᠢ ᠶᠢᠨ ᠲᠣᠮᠣ ᠡᠷᠦᠬᠡ  ᠶᠢᠨ ᠣᠳᠣ ᠦᠶ᠎ᠡ ᠶᠢᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠲᠡᠰᠢ ᠬᠥᠭᠵᠢᠭᠦᠯᠬᠦ ᠶᠢ ᠲᠡᠳᠬᠦᠵᠦ᠂ ᠮᠠᠯ ᠠᠵᠤ ᠠᠬᠤᠢ ᠶᠢᠨ ᠳᠤᠮᠳᠠ ᠵᠡᠷᠭᠡ ᠶᠢᠨ ᠡᠷᠦᠬᠡ᠂ ᠮᠠᠯ ᠠᠵᠤ ᠠᠬᠤᠢ ᠶᠢᠨ ᠪᠠᠭ᠎ᠠ ᠡᠷᠦᠬᠡ ᠶᠢ ᠵᠣᠬᠢᠬᠤ ᠬᠡᠪᠴᠢᠶᠡᠲᠦ ᠡᠵᠡᠩᠨᠡᠯᠲᠡ ᠲᠡᠰᠢ ᠬᠤᠪᠢᠷᠠᠭᠤᠯᠬᠤ ᠶᠢ ᠠᠬᠢᠭᠤᠯᠵᠤ᠂ ᠵᠢᠱᠢᠶ᠎ᠡ ᠦᠵᠡᠭᠦᠯᠬᠦ ᠰᠤᠮᠤ ᠪᠠᠯᠭᠠᠰᠤ 6᠂ ᠵᠢᠱᠢᠶ᠎ᠡ ᠦᠵᠡᠭᠦᠯᠬᠦ ᠭᠠᠴᠠᠭ᠎ᠠ ᠲᠣᠰᠬᠤᠨ 60᠂ ᠵᠢᠱᠢᠶ᠎ᠡ ᠦᠵᠡᠭᠦᠯᠬᠦ ᠣᠳᠣ ᠦᠶ᠎ᠡ ᠶᠢᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ 200 ᠪᠠᠶᠢᠭᠤᠯᠤᠨ᠎ᠠ᠃ ᠰᠠᠭᠠᠯᠢ ᠶᠢᠨ ᠦᠢᠯᠡᠰ ᠢ ᠬᠦᠭᠵᠢᠭᠦᠯᠦᠨ᠂ ᠲᠣᠰᠬᠠᠢ ᠬᠤᠷᠰᠢᠶᠠᠵᠢᠯ ᠤᠨ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠰᠠᠭᠠᠯᠢ ᠶᠢᠨ ᠦᠨᠢᠶ᠎ᠡ ᠲᠡᠵᠢᠭᠡᠬᠦ ᠪᠠ ᠴᠠᠭᠠᠨ ᠢᠳᠡᠭᠡᠨ ᠤ ᠦᠢᠯᠡᠳᠭᠡᠯ ᠢ ᠠᠳᠬᠤᠵᠤ᠂ ᠦᠨᠳᠦᠰᠦᠲᠡᠨ ᠤ ᠣᠯᠠᠮᠵᠢᠯᠠᠯᠲᠤ ᠴᠠᠭᠠᠨ ᠢᠳᠡᠭᠡᠨ ᠤ ᠡᠷᠡᠭᠦᠯ ᠬᠦᠭᠵᠢᠯᠲᠡ ᠶᠢ ᠠᠬᠢᠭᠤᠯᠣᠨ᠎ᠠ᠃ ︽ᠦᠷ᠎ᠡ︾ ᠶᠢᠨ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ 700 ᠢᠴᠡᠭᠡᠯ ᠦᠷ᠎ᠡ ᠶᠢᠨ ᠬᠡᠭᠡᠯᠲᠦᠭᠦᠯᠭᠡ ᠬᠢᠬᠦ ᠥᠷᠲᠡᠭᠡ ᠪᠠᠶᠢᠭᠤᠯᠵᠤ᠂ 22 ᠲᠦᠮᠡᠨ ᠦᠬᠡᠷ ᠲᠤ ᠢᠴᠡᠭᠡᠯ ᠦᠷ᠎ᠡ ᠶᠢᠨ ᠬᠡᠭᠡᠯᠲᠦᠭᠦᠯᠭᠡ ᠬᠢᠵᠦ᠂ ᠠᠮᠢᠲᠠᠨ ᠤ ᠬᠦᠨᠳᠦ ᠶᠡᠭᠡ ᠬᠢᠵᠢᠭ ᠡᠪᠡᠳᠴᠢᠨ ᠢ ᠦᠯᠦ ᠬᠠᠯᠳᠠᠭᠠᠬᠤ ᠨᠢᠭᠲᠠᠴᠠ ᠶᠢ 100% ᠬᠦᠷᠭᠡᠨ᠎ᠡ᠃     ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠬᠦ ᠠᠬᠢᠴᠠ ᠶᠢ ᠲᠦᠷᠭᠡᠨ ᠠᠬᠢᠭᠤᠯᠤᠨ᠎ᠠ᠃ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠬᠠᠩᠭᠠᠯᠭ᠎ᠠ ᠶᠢ ᠨᠡᠮᠡᠭᠳᠡᠭᠦᠯᠵᠦ᠂ ᠬᠤᠰᠢᠭᠤᠨ ᠳᠠᠬᠢ ᠣᠷᠣᠨ ᠬᠤᠲᠠ ᠬᠤᠶᠠᠷ ᠱᠠᠲᠤᠨ ᠤ ᠲᠣᠯᠣᠭᠠᠶᠢᠴᠢ ᠠᠵᠤ ᠠᠬᠤᠶᠢᠯᠠᠯ᠂ ᠪᠠᠷᠢᠮᠵᠢᠶᠠᠵᠢᠭᠤᠯᠤᠭᠰᠠᠨ ᠦᠶᠯᠡᠳᠪᠦᠷᠢᠯᠡᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠪᠠᠲᠣᠯᠠᠭ᠎ᠠ ᠶᠢᠨ ᠬᠢᠨᠠᠯᠲᠠ ᠬᠠᠮᠢᠶᠠᠷᠤᠯᠲᠠ ᠶᠢᠨ ᠮᠥᠷᠳᠡᠨ ᠤᠬᠤᠴᠢᠯᠠᠬᠤ ᠮᠡᠳᠡᠭᠡ ᠵᠠᠩᠭᠢ ᠶᠢᠨ ᠲᠠᠪᠴᠠᠩ  ᠳᠤ ᠣᠷᠣᠭᠤᠯᠵᠤ᠂ ᠶᠠᠰᠤ ᠴᠢᠨᠠᠷ ᠤᠨ ᠪᠠᠲᠣᠯᠠᠭ᠎ᠠ ᠶᠢᠨ ᠵᠤᠷᠰᠢᠯᠲᠤ ᠬᠢᠨᠠᠨ ᠬᠡᠮᠵᠢᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠤ ᠶᠠᠰᠤ ᠴᠢᠨᠠᠷ ᠢ ᠦᠨᠡᠨᠬᠦ ᠪᠠᠲᠤᠯᠠᠨ᠎ᠠ᠃ ᠪᠣᠬᠢᠷᠲᠤᠯ ᠥᠬᠡᠶ ᠣᠷᠭᠠᠨᠢᠭ ᠨᠠᠷᠠᠲᠤ ᠲᠥᠷᠥᠯ ᠲᠡᠮᠳᠡᠭᠴᠢᠯᠡᠬᠦ ᠬᠥᠭᠵᠢᠯᠲᠡ ᠶᠢ ᠠᠬᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠠᠵᠤ ᠠᠬᠤᠶᠢᠯᠠᠯ ᠪᠠ ᠣᠷᠣᠨ ᠪᠦᠰᠡ ᠶᠢᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ ᠶᠢ ᠪᠣᠶᠢᠵᠢᠭᠤᠯᠵᠤ᠂ ︽ᠭᠤᠷᠪᠠᠨ ᠪᠦᠲᠦᠭᠡᠭᠳᠡᠬᠦᠨ ᠨᠢᠭᠡ ᠰᠢᠨᠵᠢ ᠲᠡᠮᠳᠡᠭ︾ ᠤᠨ ᠭᠡᠷᠡᠴᠢᠯᠡᠭᠡ ᠶᠢ ᠰᠠᠶᠢᠲᠤᠷ ᠠᠳᠬᠤᠵᠤ᠂ ᠤᠯᠤᠰ᠂ ᠥᠪᠡᠷᠲᠡᠭᠡᠨ ᠵᠠᠰᠠᠬᠤ ᠣᠷᠣᠨ ᠤ ᠣᠨᠴᠠᠯᠢᠭᠲᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠭᠠᠵᠠᠷ ᠣᠷᠣᠨ ᠢᠶᠠᠷ ᠮᠡᠳᠡᠭᠦᠯᠵᠦ᠂ ᠵᠠᠷᠤᠳ ᠲᠠᠯ᠎ᠠ ᠨᠤᠲᠤᠭ ᠤᠨ ᠦᠬᠡᠷ᠂ ᠵᠠᠷᠤᠳ ᠲᠠᠯ᠎ᠠ ᠨᠤᠲᠤᠭ ᠤᠨ ᠬᠤᠨᠢ᠂ ᠵᠠᠷᠤᠳ ᠤᠨ ᠡᠯᠳᠡᠪ ᠠᠮᠤ ᠡᠯᠳᠡᠪ ᠪᠤᠷᠴᠠᠭ ᠵᠡᠷᠭᠡ ᠣᠷᠣᠨ ᠪᠦᠰᠡ ᠶᠢᠨ ᠣᠨᠴᠠᠯᠢᠭᠲᠤ ᠨᠠᠷᠠᠲᠤ ᠲᠥᠷᠥᠯ ᠲᠡᠮᠳᠡᠭᠲᠦ  ᠶᠢᠨ ᠦᠨ᠎ᠡ ᠥᠷᠲᠡᠭ ᠢ ᠳᠡᠭᠡᠭᠰᠢᠯᠡᠭᠦᠯᠦᠨ᠎ᠡ᠃ ᠪᠣᠳᠠᠲᠤ ᠬᠦᠴᠦᠨ ᠲᠠᠢ᠂ ᠨᠥᠯᠥᠭᠡ ᠲᠠᠢ  ᠲᠣᠯᠣᠭᠠᠶᠢᠴᠢ ᠠᠵᠤ ᠠᠬᠤᠶᠢᠯᠠᠯ ᠪᠣᠯᠤᠨ 20 ᠬᠤᠷᠰᠢᠶᠠᠵᠢᠯ ᠢ ᠲᠡᠳᠬᠦᠨ ᠪᠣᠵᠠᠭᠠᠶᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠶᠢᠯᠡᠰᠵᠢᠯᠲᠡ ᠶᠢᠨ ᠬᠥᠭᠵᠢᠯᠲᠡ ᠶᠢ ᠳᠠᠶᠢᠴᠢᠯᠠᠨ᠎ᠠ᠃ ︽ᠲᠦᠭᠰᠢᠭᠦᠷᠢ ᠶᠢ ᠬᠠᠮᠲᠤᠪᠠᠷ ᠡᠭᠦᠷᠭᠡᠯᠡᠵᠦ᠂ ᠠᠰᠢᠭ ᠲᠤᠰᠠ ᠶᠢ ᠲᠡᠭᠰᠢ ᠪᠠᠷ ᠬᠦᠷᠲᠡᠬᠦ︾ ᠲᠠᠷᠢᠶᠠᠴᠢᠨ ᠠᠵᠤ ᠠᠬᠤᠶᠢᠯᠠᠯ ᠤᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠶᠢᠴᠢ ᠠᠵᠤ ᠠᠬᠤᠶᠢᠯᠠᠯ ᠲᠠᠢ ᠠᠰᠢᠭ ᠲᠤᠰᠠ ᠬᠤᠯᠪᠣᠬᠤ ᠬᠠᠷᠢᠴᠠᠯ ᠢ 60% ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃     ᠬᠦᠳᠡᠭᠡ ᠲᠣᠰᠬᠤᠨ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠲᠥᠷᠭᠡᠨ ᠠᠬᠢᠭᠤᠯᠣᠨ᠎ᠠ᠃ ᠠᠶᠢᠯ ᠲᠣᠰᠬᠤᠨ ᠢ ᠲᠦᠯᠦᠪᠵᠢᠭᠦᠯᠭᠡ ᠪᠠ ᠬᠦᠳᠡᠭᠡ ᠲᠣᠰᠬᠤᠨ ᠤ ᠲᠦᠯᠦᠪᠵᠢᠭᠦᠯᠭᠡ ᠶᠢ ᠨᠠᠶᠢᠷᠠᠭᠤᠯᠣᠨ ᠵᠣᠬᠢᠶᠠᠬᠤ ᠲᠡᠭᠦᠯᠳᠡᠷᠵᠢᠭᠦᠯᠵᠦ᠂ ᠠᠶᠢᠯ ᠲᠣᠰᠬᠤᠨ ᠤ ᠦᠶᠯᠡᠳᠪᠦᠷᠢᠯᠡᠯ᠂ ᠠᠮᠢᠳᠤᠷᠠᠯ ᠪᠣᠯᠤᠨ ᠠᠮᠢ ᠠᠬᠤᠢ ᠶᠢᠨ ᠣᠷᠣᠨ ᠵᠠᠶ ᠶᠢ ᠣᠯᠠᠮ ᠨᠢᠭᠡ ᠠᠯᠬᠤᠮ ᠰᠢᠯᠢᠳᠡᠭᠵᠢᠭᠦᠯᠦᠨ᠎ᠡ᠃ ᠬᠦᠳᠡᠭᠡ ᠲᠣᠰᠬᠤᠨ ᠮᠠᠯᠵᠢᠬᠤ ᠣᠷᠣᠨ  ᠤ ᠣᠷᠣᠰᠢᠨ ᠰᠠᠭᠤᠬᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ  ᠶᠢ ᠦᠷᠭᠦᠯᠵᠢᠯᠡᠨ ᠨᠠᠶᠢᠲᠠᠪᠣᠷᠢᠵᠢᠭᠤᠯᠵᠤ᠂ ︽ᠵᠣᠷᠯᠣᠩ ᠤᠨ ᠦᠭᠡᠷᠡᠴᠢᠯᠡᠯᠲᠡ︾ ᠶᠢᠨ ᠠᠵᠢᠯ ᠢ ᠲᠦᠯᠬᠢᠨ ᠠᠬᠢᠭᠤᠯᠵᠤ᠂ ᠰᠢᠨ᠎ᠡ ᠪᠠᠷ ᠡᠷᠦᠬᠡ ᠳᠤ ᠬᠡᠷᠡᠭᠯᠡᠬᠦ 3560 ᠠᠷᠢᠭᠤᠨ ᠴᠡᠪᠡᠷ ᠵᠣᠷᠯᠣᠩ᠂ 10 ᠨᠡᠶᠢᠲᠡ ᠶᠢᠨ ᠵᠣᠷᠯᠣᠩ ᠪᠠᠶᠢᠭᠤᠯᠣᠨ᠎ᠠ᠃ ᠠᠮᠢᠳᠤᠷᠠᠯ ᠤᠨ ᠪᠣᠬᠢᠷ ᠤᠰᠤ ᠪᠠ ᠬᠤᠭ ᠨᠣᠪᠰᠢ ᠶᠢ ᠰᠢᠶᠳᠪᠦᠷᠢᠯᠡᠬᠦ ᠠᠵᠢᠯ ᠢ ᠠᠬᠢᠭᠤᠯᠵᠤ᠂ ᠡᠩ ᠲᠡᠷᠢᠭᠦᠨ ᠳᠤ ᠰᠤᠮᠤ ᠪᠠᠯᠭᠠᠰᠤ ᠲᠠᠯᠠᠪᠠᠢ ᠶᠢᠨ ᠵᠠᠰᠠᠭ ᠤᠨ ᠣᠷᠳᠣᠨ ᠰᠠᠭᠤᠭ᠎ᠠ ᠭᠠᠵᠠᠷ ᠪᠠ ᠨᠡᠯᠢᠶᠡᠳ ᠶᠡᠭᠡ ᠭᠠᠴᠠᠭ᠎ᠠ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠰᠢᠶᠳᠪᠦᠷᠢᠯᠡᠵᠦ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶᠳᠪᠦᠷᠢᠯᠡᠬᠦ ᠰᠢᠰᠲ᠋ᠧᠮ ᠤᠨ ᠬᠠᠮᠣᠷᠠᠬᠤ ᠨᠣᠷᠮ᠎ᠠ ᠶᠢ 20% ᠠᠴᠠ ᠳᠡᠭᠡᠭᠰᠢ ᠬᠦᠷᠭᠡᠬᠦ ᠶᠢ ᠦᠨᠡᠨᠬᠦ ᠪᠠᠲᠣᠯᠠᠨ᠎ᠠ᠃ 3 ᠣᠷᠭᠠᠨᠢᠭ ᠪᠣᠷᠳᠣᠭᠤᠷ ᠤᠨ ᠦᠢᠯᠡᠳᠪᠦᠷᠢ ᠰᠢᠨ᠎ᠡ ᠪᠠᠶᠢᠭᠤᠯᠵᠤ᠂ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ ᠪᠠᠭᠠᠰᠤ ᠰᠢᠭᠡᠰᠦᠨ ᠤ ᠪᠣᠬᠢᠷᠲᠤᠯ ᠢ ᠰᠢᠢᠳᠪᠦᠷᠢᠯᠡᠬᠦ ᠲᠦᠭᠦᠭᠡᠷᠦᠮᠵᠢ 100 ᠢᠵᠢ ᠲᠣᠬᠢᠷᠠᠭᠤᠯᠣᠨ᠎ᠠ᠃ ᠠᠶᠢᠯ ᠲᠣᠰᠬᠤᠨ ᠢ ᠠᠷᠢᠭᠤᠨ ᠴᠡᠪᠡᠷ ᠪᠠᠶᠢᠯᠭᠠᠬᠤ ᠪᠠ ᠨᠣᠭᠤᠭᠠᠷᠠᠭᠤᠯᠵᠤ ᠭᠤᠶᠤᠵᠢᠭᠤᠯᠬᠤ ᠠᠵᠢᠯᠯᠠᠭ᠎ᠠ ᠶᠢ ᠦᠷᠨᠢᠭᠦᠯᠵᠦ᠂ ᠨᠣᠭᠤᠭᠠᠷᠠᠭᠤᠯᠵᠤ ᠭᠤᠶᠤᠵᠢᠭᠤᠯᠬᠤ ᠪᠠᠷᠢᠮᠵᠢᠶ᠎ᠠ ᠳᠤ ᠬᠦᠷᠦᠭᠰᠡᠨ ᠲᠣᠰᠬᠤᠨ 20 ᠪᠠᠶᠢᠭᠤᠯᠵᠤ᠂ ᠠᠶᠢᠯ ᠲᠣᠰᠬᠤᠨ  ᠤ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ ᠶᠢ 25% ᠬᠦᠷᠭᠡᠨ᠎ᠡ᠃ ᠣᠯᠠᠨ ᠨᠡᠶᠢᠲᠡ ᠶᠢᠨ ᠰᠠᠭᠤᠷᠢ ᠲᠦᠭᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ 90% ᠶᠢᠨ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠣᠯᠠᠨ ᠨᠡᠶᠢᠲᠡ ᠶᠢᠨ ᠲᠣᠨᠤᠭ ᠲᠦᠭᠦᠭᠡᠷᠦᠮᠵᠢ ᠶᠢ ᠬᠠᠮᠢᠶᠠᠷᠴᠤ ᠬᠠᠮᠠᠭᠠᠯᠠᠬᠤ ᠡᠩᠨᠡᠭᠡ ᠪᠠ ᠤᠷᠲᠤ ᠬᠤᠭᠤᠴᠠᠭᠠᠨ ᠤ ᠬᠠᠮᠢᠶᠠᠷᠴᠤ ᠬᠠᠮᠠᠭᠠᠯᠠᠬᠤ ᠲᠣᠭᠲᠠᠴᠠ ᠶᠢ ᠪᠠᠶᠢᠭᠤᠯᠣᠨ᠎ᠠ᠃      ︵ᠳᠥᠷᠪᠡ︶ ᠡᠷᠴᠢᠮᠵᠢᠭᠦᠯᠦᠨ ᠪᠦᠯᠦᠭᠯᠡᠨ ᠬᠥᠭᠵᠢᠭᠦᠯᠬᠦ ᠶᠢ ᠪᠠᠷᠢᠮᠲᠠᠯᠠᠵᠤ᠂ ᠠᠵᠤ ᠦᠶᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠪᠠ ᠦᠷ᠎ᠡ ᠠᠰᠢᠭ ᠳᠡᠭᠡᠭᠰᠢᠯᠡᠬᠦ ᠶᠢ ᠠᠬᠢᠭᠤᠯᠤᠨ᠎ᠠ      ᠳᠥᠷᠪᠡᠨ ᠶᠡᠭᠡ ᠠᠵᠤ ᠦᠢᠯᠡᠰ ᠤᠨ ᠪᠦᠯᠦᠭᠯᠡᠯ ᠢ ᠬᠦᠴᠦᠯᠡᠨ ᠪᠠᠶᠢᠭᠤᠯᠤᠨ᠎ᠠ᠃ ᠠᠵᠤ ᠦᠢᠯᠡᠰ ᠢ ᠪᠦᠯᠦᠭᠯᠡᠨ ᠬᠦᠭᠵᠢᠭᠦᠯᠬᠦ ᠰᠡᠳᠬᠢᠴᠡ ᠶᠢ ᠪᠠᠷᠢᠮᠲᠠᠯᠠᠨ᠂ ᠳᠠᠪᠠᠭᠤᠯᠢᠭ ᠭᠤᠣᠯᠯᠠᠬᠤ ᠠᠵᠤ ᠦᠢᠯᠡᠰ ᠢ ᠪᠣᠶᠢᠵᠢᠭᠤᠯᠤᠨ ᠬᠦᠮᠦᠵᠢᠭᠦᠯᠦᠨ᠎ᠡ᠃  ᠪᠣᠬᠢᠷᠳᠣᠯ ᠦᠭᠡᠢ ᠨᠡᠭᠦᠷᠡᠰᠦ ᠴᠠᠬᠢᠯᠭᠠᠨ ᠬᠦᠩᠭᠡᠨᠴᠠᠭᠠᠨ ᠵᠢᠴᠢ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠪᠦᠯᠦᠭᠯᠡᠯ ᠢ ᠪᠠᠶᠢᠭᠤᠯᠣᠨ᠎ᠠ᠂ ᠵᠠᠬᠠᠨᠠᠭᠤᠷ ᠤᠨ ᠨᠡᠭᠦᠷᠡᠰᠦᠨ ᠤ ᠦᠢᠯᠡᠰ ᠤᠨ ᠮᠡᠷᠭᠡᠵᠢᠯ ᠢᠶᠠᠨ ᠰᠢᠨᠡᠴᠢᠯᠡᠨ ᠴᠢᠳᠠᠪᠣᠷᠢ ᠪᠠᠨ ᠥᠷᠭᠡᠳᠬᠡᠬᠦ ᠲᠥᠷᠥᠯ ᠵᠦᠢᠯ ᠢ ᠠᠬᠢᠭᠤᠯᠵᠤ᠂ ᠵᠠᠬᠠᠨᠠᠭᠤᠷ ᠤᠨ ᠣᠯᠠᠨ ᠡᠨᠧᠷᠭᠢ ᠬᠠᠷᠢᠯᠴᠠᠨ ᠨᠥᠬᠦᠪᠥᠷᠢᠯᠡᠭᠰᠡᠨ ᠰᠢᠯᠢᠳᠡᠭ ᠵᠢᠱᠢᠶ᠎ᠡ ᠦᠵᠡᠭᠦᠯᠬᠦ ᠢᠨᠵᠧᠨᠧᠷᠢᠩ ᠤᠨ 43 ᠲᠦᠮᠡᠨ ᠲᠣᠨ ᠴᠠᠬᠢᠯᠭᠠᠨ ᠵᠠᠳᠠᠯᠤᠯᠲᠠ ᠶᠢᠨ ᠬᠦᠩᠭᠡᠨᠴᠠᠭᠠᠨ ᠤ ᠲᠥᠷᠥᠯ ᠵᠦᠢᠯ ᠢ ᠲᠦᠯᠬᠢᠨ ᠠᠬᠢᠭᠤᠯᠵᠤ ᠡᠷᠲᠡᠬᠡᠨ ᠬᠡᠷᠡᠭᠵᠢᠭᠦᠯᠵᠦ᠂ ᠶᠤᠸᠠᠨ ᠳ᠋ᠦᠩ ᠬᠦᠩᠭᠡᠨᠴᠠᠭᠠᠨ ᠤ ᠦᠢᠯᠡᠰ ᠤᠨ 5 ᠲᠦᠮᠡᠨ ᠲᠣᠨ ᠬᠦᠩᠭᠡᠨᠴᠠᠭᠠᠨ ᠤ ᠮᠠᠲ᠋ᠧᠷᠢᠶᠠᠯ᠂ ᠲᠢᠶᠠᠨ ᠱᠦᠸᠧ ᠬᠦᠩᠭᠡᠨᠴᠠᠭᠠᠨ ᠤ ᠦᠢᠯᠡᠰ ᠤᠨ 5 ᠲᠦᠮᠡᠨ ᠲᠣᠨ ᠳᠠᠬᠢᠯᠲᠠ ᠬᠦᠩᠭᠡᠨᠴᠠᠭᠠᠨ ᠵᠡᠷᠭᠡ ᠲᠥᠷᠥᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠬᠦᠩᠭᠡᠨᠴᠠᠭᠠᠨ ᠤ ᠰᠢᠨ᠎ᠡ ᠮᠠᠲ᠋ᠧᠷᠢᠶᠠᠯ  ᠤᠨ ᠠᠵᠤ ᠦᠢᠯᠡᠰ ᠤᠨ ᠲᠥᠷᠥᠯ ᠵᠦᠢᠯ ᠢ ᠬᠦᠴᠦᠯᠡᠨ ᠲᠠᠲᠠᠨ ᠣᠷᠣᠭᠤᠯᠵᠤ᠂ ᠬᠦᠩᠭᠡᠨᠴᠠᠭᠠᠨ ᠤ ᠰᠢᠨ᠎ᠡ ᠮᠠᠲ᠋ᠧᠷᠢᠶᠠᠯ ᠢ ᠪᠣᠯᠪᠠᠰᠣᠷᠠᠭᠤᠯᠬᠤ ᠠᠵᠤ ᠦᠢᠯᠡᠰ ᠤᠨ ᠦᠵᠦᠭᠦᠷ ᠲᠡᠰᠢ ᠬᠦᠭᠵᠢᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ 2—3 ᠵᠢᠯ ᠳᠤ ᠪᠦᠬᠦ ᠬᠤᠰᠢᠭᠤᠨ ᠤ  ᠴᠠᠬᠢᠯᠭᠠᠨ ᠵᠠᠳᠠᠯᠤᠯᠲᠠ ᠶᠢᠨ ᠬᠦᠩᠭᠡᠨᠴᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ 80 ᠲᠦᠮᠡᠨ ᠲᠣᠨ ᠬᠦᠷᠭᠡᠵᠦ᠂ ᠬᠦᠩᠭᠡᠨᠴᠠᠭᠠᠨ ᠤ ᠵᠠᠯᠭᠠᠮᠵᠢ ᠦᠢᠯᠡᠳᠬᠦᠨ ᠢ ᠪᠣᠯᠪᠠᠰᠣᠷᠠᠭᠤᠯᠬᠤ ᠦᠢᠯᠡᠳᠪᠦᠷᠢᠯᠡᠯ ᠤᠨ ᠴᠢᠳᠠᠪᠤᠷᠢ ᠶᠢ 100 ᠲᠦᠮᠡᠨ ᠲᠣᠨ ᠳᠠᠪᠠᠭᠤᠯᠤᠨ᠎ᠠ᠃ ᠪᠣᠬᠢᠷᠲᠤᠯ ᠥᠬᠡᠶ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠠᠵᠤ ᠦᠶᠯᠡᠰ ᠤᠨ ᠪᠦᠯᠦᠭᠯᠡᠯ ᠢ ᠪᠣᠶ ᠪᠣᠯᠭᠠᠨ᠎ᠠ᠂ ᠵᠢᠶᠠᠩᠰᠦ ᠮᠤᠵᠢ  ᠶᠢᠨ ᠰᠾᠢ ᠡᠯ ᠪᠠᠩ ᠤ 220 ᠲᠦᠮᠡᠨ ᠲᠣᠨ ᠨᠡᠭᠦᠷᠡᠰᠦ ᠪᠠᠷ ᠮᠧᠲ᠋ᠢᠯ ᠠᠯᠺᠣᠣᠯ ᠦᠶᠯᠡᠳᠬᠦ ᠪᠥᠬᠦ ᠠᠵᠤ ᠦᠢᠯᠡᠰ  ᠤᠨ ᠬᠡᠯᠬᠢᠶ᠎ᠡ ᠵᠢᠴᠢ ᠬᠠᠮᠢᠶ᠎ᠠ ᠪᠥᠬᠦᠶ ᠢᠵᠢ ᠪᠥᠷᠢᠳᠦᠭᠦᠯᠬᠦ ᠲᠣᠨᠤᠭ ᠲᠥᠬᠦᠭᠡᠷᠦᠮᠵᠢ ᠶᠢᠨ ᠲᠥᠷᠥᠯ ᠵᠦᠶᠯ ᠳᠤ ᠬᠡᠷᠡᠭᠰᠡᠬᠦ ᠦᠢᠯᠡᠳᠪᠦᠷᠢᠯᠡᠯ ᠤᠨ ᠬᠦᠴᠦᠨ ᠵᠦᠶᠯ ᠢ ᠪᠥᠬᠦ ᠬᠦᠴᠦᠨ ᠢᠶᠠᠷ ᠢᠶᠠᠨ ᠪᠠᠲᠤᠯᠠᠵᠤ᠂ ᠠᠵᠢᠯ ᠡᠬᠢᠯᠡᠭᠦᠯᠬᠦ ᠨᠥᠬᠦᠴᠡᠯ ᠢ ᠪᠦᠷᠢᠯᠳᠦᠭᠦᠯᠬᠦ ᠪᠠᠷ ᠴᠢᠷᠮᠠᠶᠢᠨ᠎ᠠ︔ ᠺᠠᠩ ᠨᠠᠢ ᠡᠯ ᠺᠣᠮᠫᠠᠨᠢ ᠶᠢᠨ ᠵᠢᠯ ᠳᠤ 30 ᠲᠦᠮᠡᠨ ᠲᠣᠨ ᠡᠲ᠋ᠠ ᠬᠤᠶᠠᠷᠴᠢ ᠠᠯᠺᠣᠣᠯ ᠦᠢᠯᠡᠳᠪᠦᠷᠢᠯᠡᠬᠦ ᠲᠥᠷᠥᠯ ᠵᠦᠢᠯ ᠢ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠠᠵᠢᠯ ᠰᠡᠷᠭᠦᠭᠡᠬᠦ ᠪᠠᠷ ᠴᠢᠷᠮᠠᠶᠢᠨ᠎ᠠ︔ ᠿᠦᠢ ᠪᠠᠩ ᠺᠣᠮᠫᠠᠨᠢ ᠶᠢᠨ ᠵᠢᠯ ᠳᠤ 1 ᠲᠦᠮᠡᠨ ᠲᠣᠨ ᠡᠪᠡᠰᠦᠨ ᠬᠦᠴᠢᠯ ᠦᠢᠯᠡᠳᠪᠦᠷᠢᠯᠡᠬᠦ ᠲᠥᠷᠥᠯ ᠵᠦᠢᠯ ᠤᠨ ᠠᠵᠢᠯ ᠡᠬᠢᠯᠡᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠣᠨ᠎ᠠ︔ ᠴᠧᠩ ᠿᠦᠨ ᠺᠣᠮᠫᠠᠨᠢ ᠶᠢᠨ 5 ᠲᠦᠮᠡᠨ ᠲᠣᠨ ᠬᠠᠶᠠᠭᠳᠠᠮᠠᠯ ᠡᠷᠦᠳᠡᠰᠦᠨ ᠲᠣᠰᠣ ᠶᠢ ᠤᠰᠤᠲᠦ᠋ᠷᠦᠭᠵᠢᠭᠦᠯᠦᠨ ᠪᠣᠯᠪᠠᠰᠤᠷᠠᠭᠤᠯᠬᠤ ᠲᠥᠷᠥᠯ ᠵᠦᠢᠯ ᠢ ᠦᠢᠯᠡᠳᠪᠦᠷᠢᠯᠡᠯ ᠦᠷ᠎ᠡ ᠠᠰᠢᠭ ᠳᠤ ᠬᠦᠷᠭᠡᠨ᠎ᠡ᠃ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠵᠠᠯᠭᠠᠮᠵᠢ ᠦᠢᠯᠡᠳᠭᠦᠨ ᠦᠢᠯᠡᠳᠪᠦᠷᠢᠯᠡᠬᠦ ᠠᠵᠤ ᠠᠬᠤᠶᠢᠯᠠᠯ ᠪᠠ ᠢᠵᠢ ᠪᠦᠷᠢᠳᠦᠭᠰᠡᠨ ᠦᠢᠯᠡᠴᠢᠯᠡᠭᠡᠨ ᠤ ᠠᠵᠤ ᠠᠬᠤᠶᠢᠯᠠᠯ ᠢ ᠢᠳᠡᠪᠬᠢᠲᠡᠢ ᠲᠠᠲᠠᠨ ᠣᠷᠣᠭᠤᠯᠵᠤ᠂ ᠠᠵᠤ ᠦᠢᠯᠡᠰ  ᠤᠨ ᠤᠷᠲᠤᠳᠬᠠᠨ ᠬᠥᠭᠵᠢᠬᠦ ᠶᠢ ᠠᠬᠢᠭᠤᠯᠤᠨ᠎ᠠ᠃ ᠣᠳᠣ ᠦᠶ᠎ᠡ ᠶᠢᠨ ᠡᠨᠧᠷᠭᠢ ᠶᠢᠨ ᠵᠢᠱᠢᠶ᠎ᠡ ᠦᠵᠡᠭᠦᠯᠬᠦ ᠠᠵᠤ ᠦᠢᠯᠡᠰ ᠤᠨ ᠪᠦᠯᠦᠭᠯᠡᠯ ᠢ ᠪᠠᠶᠢᠭᠤᠯᠣᠨ᠎ᠠ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ᠂ ᠰᠢᠨ᠎ᠡ ᠵᠠᠭᠪᠤᠷ ᠢ ᠲᠦᠷᠭᠡᠨ ᠬᠡᠷᠡᠭᠯᠡᠵᠦ᠂ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠪᠣᠬᠢᠷᠲᠤᠯ ᠦᠭᠡᠢ ᠡᠨᠧᠷᠭᠢ ᠶᠢᠨ ᠠᠵᠤ ᠦᠢᠯᠡᠰ ᠤᠨ ᠬᠡᠯᠬᠢᠶ᠎ᠡ᠂ ᠪᠣᠬᠢᠷᠲᠤᠯ ᠦᠭᠡᠢ ᠡᠨᠧᠷᠭᠢ  ᠶᠢᠨ ᠪᠦᠲᠦᠭᠡᠭᠳᠡᠬᠦᠨ ᠤ ᠬᠡᠯᠬᠢᠶ᠎ᠡ᠂ ᠪᠣᠬᠢᠷᠲᠤᠯ ᠦᠭᠡᠢ ᠡᠨᠧᠷᠭᠢ ᠶᠢᠨ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠵᠤ᠂ ᠲᠦᠩᠯᠢᠶᠣᠤ ᠬᠤᠲᠠ ᠶᠢᠨ ᠣᠳᠣ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠭᠤᠣᠯ ᠣᠷᠣᠨ ᠢ ᠪᠠᠶᠢᠭᠤᠯᠤᠨ᠎ᠠ᠃ ᠵᠠᠬᠠᠨᠠᠭᠤᠷ ᠤᠨ ᠣᠯᠠᠨ ᠡᠨᠧᠷᠭᠢ ᠬᠠᠷᠢᠯᠴᠠᠨ ᠨᠦᠬᠦᠪᠦᠷᠢᠯᠡᠭᠰᠡᠨ ᠵᠢᠱᠢᠶ᠎ᠡ ᠦᠵᠡᠭᠦᠯᠬᠦ ᠢᠨᠵᠧᠨᠧᠷᠢᠩ ᠢ ᠪᠣᠳᠠᠲᠤ ᠠᠬᠢᠴᠠ ᠲᠠᠢ ᠪᠣᠯᠬᠤ ᠶᠢ ᠭᠤᠣᠯᠳᠠᠯᠭ᠎ᠠ ᠲᠠᠢ ᠠᠬᠢᠭᠤᠯᠵᠤ᠂ ᠣᠳᠣ ᠦᠶ᠎ᠡ ᠶᠢᠨ ᠡᠨᠧᠷᠬᠢ ᠶᠢᠨ ᠭᠠᠯ ᠰᠠᠯᠬᠢ ᠭᠡᠷᠡᠯ ᠬᠠᠳᠠᠭᠠᠯᠠᠬᠤ ᠦᠢᠯᠡᠳᠬᠦ ᠰᠤᠳᠤᠯᠬᠤ ᠶᠢ ᠨᠢᠭᠡ ᠴᠣᠭᠴᠠᠵᠢᠭᠤᠯᠤᠭᠰᠠᠨ ᠵᠢᠱᠢᠶ᠎ᠡ ᠦᠵᠡᠭᠦᠯᠬᠦ ᠲᠦᠷᠦᠭᠦᠦ ᠪᠦᠯᠦᠭ ᠤᠨ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠪᠡᠶᠡᠯᠡᠭᠦᠯᠵᠦ᠂ ᠤᠯᠤᠰ ᠤᠨ ᠴᠠᠬᠢᠯᠭᠠᠨ ᠤ ᠪᠡᠯᠡ ᠣᠷᠣᠭᠤᠯᠤᠯᠲᠠ ᠶᠢᠨ 100 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ ᠤᠨ ᠳᠣᠯᠣᠲᠤ ᠳᠠᠬᠢ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠱᠧᠨ ᠨᠡᠩ ᠪᠦᠯᠦᠭᠯᠡᠯ ᠤᠨ 30 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢ ᠪᠠᠶᠢᠭᠤᠯᠤᠨ ᠳᠠᠭᠤᠰᠬᠠᠵᠤ᠂ ᠲᠣᠣᠷ ᠲᠤ ᠣᠷᠣᠭᠤᠯᠵᠤ᠂ 2-3 ᠵᠢᠯ ᠳᠤ ᠪᠦᠬᠦ ᠬᠤᠰᠢᠭᠤᠨ ᠤ ᠰᠠᠯᠬᠢᠨ ᠬᠦᠴᠦᠨ  ᠢᠶᠠᠷ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 300 ᠲᠦᠮᠡᠨ ᠺᠢᠯᠣᠸᠠᠲ ᠬᠦᠷᠭᠡᠬᠦ ᠪᠠᠷ ᠴᠢᠷᠮᠠᠶᠢᠨ᠎ᠠ᠃ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠠᠵᠤ ᠦᠢᠯᠡᠰ ᠤᠨ ᠪᠦᠯᠦᠭᠯᠡᠯ ᠢ ᠪᠠᠶᠢᠭᠤᠯᠣᠨ᠎ᠠ᠂ ᠠᠯᠠᠰᠢᠨ ᠦᠬᠡᠷ ᠬᠤᠨᠢᠨ ᠤ ᠠᠵᠤ ᠦᠢᠯᠡᠰ ᠢ ᠪᠣᠶᠢᠵᠢᠭᠤᠯᠤᠨ ᠬᠦᠮᠦᠵᠢᠭᠦᠯᠬᠦ ᠪᠠᠷ ᠭᠤᠣᠯᠳᠠᠯᠭ᠎ᠠ ᠪᠣᠯᠭᠠᠵᠤ᠂  ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠲᠤᠬᠠᠢ ᠶᠢᠨ ᠭᠠᠵᠠᠷ  ᠲᠤᠨᠢ ᠬᠤᠪᠢᠷᠠᠭᠤᠯᠬᠤ ᠪᠠ ᠨᠠᠷᠢᠯᠢᠭ ᠡᠳ᠋ᠰᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠦᠢᠯᠡᠳᠭᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ᠪᠠᠩ ᠵᠢᠶᠧ ᠬᠠᠢ ᠳ᠋ᠢ ᠯᠤᠤ ᠵᠡᠷᠭᠡ ᠠᠯᠠᠰᠢᠨ ᠦᠬᠡᠷ ᠨᠢᠲᠤᠯᠬᠤ  ᠡᠳ᠋ᠰᠢᠭᠦᠯᠬᠦ ᠲᠥᠷᠥᠯ ᠵᠦᠢᠯ ᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠭᠤᠯᠵᠤ᠂ ᠮᠠᠯᠴᠢᠨ ᠠᠶᠢᠯ ᠠᠯᠠᠰᠢᠨ ᠦᠬᠡᠷ ᠨᠢᠲᠤᠯᠬᠤ ᠡᠳ᠋ᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠪᠦᠬᠦ ᠬᠤᠰᠢᠭᠤᠨ ᠤ ᠠᠯᠠᠰᠢᠨ ᠦᠬᠡᠷ ᠨᠢᠲᠤᠯᠬᠤ ᠬᠡᠮᠵᠢᠶ᠎ᠡ ᠶᠢ 3 ᠲᠦᠮᠡᠨ ᠲᠣᠯᠣᠭᠠᠢ ᠂ ᠠᠯᠠᠰᠢᠨ ᠬᠤᠨᠢ ᠨᠢᠲᠤᠯᠬᠤ ᠬᠡᠮᠵᠢᠶ᠎ᠡ ᠶᠢ 100 ᠲᠦᠮᠡᠨ ᠲᠣᠯᠣᠭᠠᠢ ᠬᠦᠷᠭᠡᠨ᠎ᠡ᠃ ᠴᠢᠦ ᠹᠧᠩ ᠲᠠᠷᠢᠶᠠᠯᠠᠩ ᠠᠷᠠᠯᠵᠢᠶᠠᠨ ᠤ 3 ᠲᠦᠮᠡᠨ ᠲᠣᠨ ᠡᠯᠳᠡᠪ ᠠᠮᠤ ᠡᠳ᠋ᠰᠢᠭᠦᠯᠬᠦ ᠪᠠ ᠮᠦ ᠶᠣᠸᠠᠨ ᠺᠣᠮᠫᠠᠨᠢ ᠶᠢᠨ 30 ᠲᠦᠮᠡᠨ ᠲᠣᠨ ᠪᠣᠷᠳᠤᠭ᠎ᠠ ᠡᠳ᠋ᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠰᠢᠭᠯᠠᠯᠲᠠ ᠳᠤ ᠣᠷᠣᠭᠤᠯᠵᠤ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠡᠳ᠋ᠰᠢᠭᠦᠯᠬᠦ ᠠᠵᠤ ᠦᠢᠯᠡᠰ ᠤᠨ ᠦᠢᠯᠡᠳᠪᠦᠷᠢᠯᠡᠯ ᠤᠨ ᠥᠷᠲᠡᠭ ᠢ 15 ᠳ᠋ᠦᠩᠰᠢᠭᠤᠷ ᠲᠥᠭᠦᠷᠢᠭ ᠬᠦᠷᠭᠡᠨ᠎ᠡ᠃     ᠠᠷᠠᠳ ᠤᠨ ᠡᠵᠡᠩᠨᠡᠭᠰᠡᠨ ᠠᠵᠤ ᠠᠬᠤᠢ ᠶᠢᠨ ᠲᠥᠪᠯᠡᠷᠡᠨ ᠬᠥᠭᠵᠢᠬᠦ ᠶᠢ ᠬᠦᠴᠦᠯᠡᠨ ᠠᠬᠢᠭᠤᠯᠤᠨ᠎ᠠ᠃ ᠵᠠᠰᠠᠭ  ᠤᠨ ᠶᠠᠪᠤᠳᠠᠯ ᠤᠨ ᠣᠷᠴᠢᠨ ᠲᠣᠭᠤᠷᠢᠨ᠂ ᠮᠥᠩᠭᠦᠨ ᠭᠦᠶᠯᠭᠡᠭᠡᠨ ᠤ ᠣᠷᠴᠢᠨ ᠲᠣᠭᠤᠷᠢᠨ᠂ ᠢᠲᠡᠭᠡᠮᠵᠢ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠨᠡᠩ ᠳᠥᠭᠦᠮ ᠳᠥᠲᠡ᠂ ᠥᠨᠳᠥᠷ ᠪᠦᠲᠦᠮᠵᠢᠲᠡᠶ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠦᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠨ᠎ᠠ᠃ ᠠᠷᠠᠳ ᠤᠨ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠣᠭᠲᠠᠭᠠᠨ ᠨᠡᠶᠢᠲᠡᠯᠡᠵᠦ᠂ ᠵᠠᠬ᠎ᠠ ᠳᠡᠯᠭᠡᠭᠦᠷ ᠲᠤ ᠵᠦᠪᠰᠢᠶᠡᠷᠡᠨ ᠣᠷᠣᠭᠤᠯᠬᠤ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠳᠦᠷᠢᠮ ᠢ ᠬᠡᠷᠡᠭᠵᠢᠭᠦᠯᠵᠦ᠂ ᠠᠷᠠᠳ ᠤᠨ ᠳᠤᠮᠳᠠᠬᠢ ᠬᠥᠷᠥᠩᠭᠡ ᠶᠢᠨ ᠵᠦᠪᠰᠢᠶᠡᠷᠡᠨ ᠣᠷᠣᠭᠤᠯᠬᠤ ᠡᠷᠬᠡ ᠲᠡᠭᠰᠢ ᠣᠯᠭᠤᠮᠵᠢ ᠶᠢ ᠨᠠᠶᠢᠳᠠᠪᠤᠷᠢᠵᠢᠭᠤᠯᠤᠨ᠎ᠠ᠃ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠢᠳᠠᠪᠤᠷᠢᠵᠢᠭᠤᠯᠬᠤ᠂ ᠠᠵᠤ ᠠᠬᠤᠶᠢᠯᠠᠯ ᠤᠨ ᠭᠠᠶᠢᠯᠢ ᠶᠢ ᠬᠦᠩᠭᠡᠯᠡᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠭᠠᠵᠠᠷ ᠬᠡᠷᠡᠭᠯᠡᠬᠦ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ ᠵᠡᠷᠭᠡ ᠦᠢᠯᠡᠳᠪᠦᠷᠢᠯᠡᠯ ᠤᠨ ᠥᠪᠡᠷ ᠤᠨ ᠥᠷᠲᠡᠭ ᠢ ᠪᠠᠭᠤᠷᠠᠭᠤᠯᠤᠨ᠎ᠠ᠃ ᠣᠷᠣᠨ ᠨᠣᠳᠤᠭ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠱᠠᠩᠨᠠᠬᠤ ᠲᠣᠭᠲᠠᠴᠠ ᠪᠠᠶᠢᠭᠤᠯᠵᠤ᠂ ᠣᠷᠣᠨ ᠨᠣᠳᠤᠭ ᠤᠨ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠮᠡᠷᠭᠡᠵᠢᠯ ᠤᠨ ᠦᠭᠡᠷᠡᠴᠢᠯᠡᠯᠲᠡ᠂ ᠨᠡᠷᠡᠲᠦ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠵᠠᠬ᠎ᠠ ᠳᠡᠯᠭᠡᠭᠦᠷ ᠨᠡᠭᠡᠭᠡᠬᠦ ᠶᠢ  ᠵᠣᠷᠢᠭᠵᠢᠭᠤᠯᠣᠨ ᠳᠠᠮᠵᠢᠨ᠎ᠠ᠃ ᠠᠷᠠᠳ ᠤᠨ ᠪᠡᠯᠡ ᠣᠷᠣᠭᠤᠯᠤᠯᠲᠠ ᠶᠢᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠠᠭᠤᠵᠢᠭᠤ ᠲᠠᠯᠪᠢᠵᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠪᠠᠶᠢᠭᠤᠯᠬᠤ ᠶᠢ ᠠᠬᠢᠭᠤᠯᠵᠤ᠂ ᠠᠵᠤ ᠠᠬᠤᠶᠢᠯᠠᠯᠲᠠᠨ ᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠣᠨ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ︽ᠶᠡᠷᠦᠩᠬᠡᠶ ᠬᠡᠮᠵᠢᠶ᠎ᠡ ᠪᠠᠨ ᠶᠡᠬᠡᠰᠬᠡᠵᠦ᠂ ᠬᠠᠳᠠᠭᠠᠯᠠᠯᠲᠠ ᠶᠢᠨ ᠬᠡᠮᠵᠢᠶ᠎ᠡ ᠪᠠᠨ ᠰᠢᠯᠢᠳᠡᠭᠵᠢᠭᠦᠯᠵᠦ᠂ ᠨᠡᠮᠡᠭᠳᠡᠯ ᠤᠨ ᠬᠡᠮᠵᠢᠶ᠎ᠡ  ᠪᠠᠨ ᠪᠣᠳᠠᠲᠠᠶᠢᠵᠢᠭᠤᠯᠬᠤ︾ ᠶᠢ ᠳᠡᠮᠵᠢᠵᠦ᠂ ᠠᠷᠠᠳ ᠤᠨ ᠡᠵᠡᠩᠨᠡᠭᠰᠡᠨ ᠠᠵᠤ ᠠᠬᠤᠶ ᠶᠢᠨ ᠪᠦᠬᠦᠯᠢ ᠴᠣᠭᠴᠠ ᠶᠢᠨ ᠪᠣᠳᠠᠲᠤ ᠬᠦᠴᠦᠨ ᠪᠠ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠎ᠡ᠃     ᠠᠵᠤ ᠦᠶᠯᠡᠳᠪᠦᠷᠢ ᠶᠢᠨ ᠲᠣᠭᠤᠷᠢᠭ ᠤᠨ ᠡᠷᠴᠢᠮᠵᠢᠨ ᠬᠥᠭᠵᠢᠬᠦ ᠶᠢ ᠬᠦᠴᠦᠯᠡᠨ ᠠᠬᠢᠭᠤᠯᠣᠨ᠎ᠠ᠂ ᠥᠪᠡᠷᠲᠡᠭᠡᠨ ᠵᠠᠰᠠᠬᠤ ᠣᠷᠣᠨ ᠤ ᠠᠵᠤ ᠦᠶᠯᠡᠳᠪᠦᠷᠢ ᠶᠢᠨ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ ᠰᠠᠨᠠᠯ ᠤᠳ ᠢ ᠬᠢᠨᠠᠮᠠᠭᠠᠶ ᠨᠠᠶᠢᠲᠠᠪᠣᠷᠢᠵᠢᠭᠤᠯᠵᠤ᠂ ᠵᠠᠷᠤᠳ ᠤᠨ ᠠᠵᠤ ᠦᠶᠯᠡᠳᠪᠦᠷᠢ ᠶᠢᠨ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠵᠠᠰᠠᠨ ᠨᠠᠶᠢᠷᠠᠭᠤᠯᠣᠨ ᠲᠡᠭᠦᠯᠳᠡᠷᠵᠢᠭᠦᠯᠵᠦ᠂ ᠵᠠᠷᠤᠳ ᠤᠨ ᠠᠵᠤ ᠦᠶᠯᠡᠳᠪᠦᠷᠢ ᠶᠢᠨ ᠲᠣᠭᠤᠷᠢᠭ ᠢ ᠡᠮᠬᠢᠯᠡᠨ ᠨᠡᠶᠢᠯᠡᠭᠦᠯᠵᠦ ᠳᠡᠰ ᠳᠡᠪᠰᠢᠭᠦᠯᠬᠦ ᠠᠵᠢᠯ ᠢ ᠴᠢᠷᠮᠠᠶᠢᠨ ᠪᠡᠶᠡᠯᠡᠭᠦᠯᠦᠨ᠎ᠡ᠃ ᠲᠣᠭᠤᠷᠢᠭ ᠤᠨ ᠳᠣᠲᠣᠷᠠᠬᠢ ᠦᠶᠯᠡᠳᠪᠦᠷᠢᠯᠡᠯ ᠵᠣᠭᠰᠣᠭᠰᠠᠨ ᠬᠠᠭᠠᠰ ᠵᠣᠭᠰᠣᠭᠰᠠᠨ ᠠᠵᠤ ᠠᠬᠤᠶᠢᠯᠠᠯ ᠢ ᠠᠮᠢᠳᠣᠯᠢᠭᠵᠢᠭᠤᠯᠬᠤ᠂ ᠨᠡᠶᠢᠯᠡᠭᠦᠯᠬᠦ ᠪᠠ ᠰᠢᠶᠳᠪᠦᠷᠢᠯᠡᠬᠦ ᠠᠵᠢᠯ ᠢ ᠠᠬᠢᠭᠤᠯᠵᠤ᠂ ᠭᠠᠵᠠᠷ ᠰᠢᠷᠣᠶ ᠶᠢ ᠡᠷᠴᠢᠮᠵᠢᠭᠦᠯᠦᠨ ᠬᠡᠷᠡᠭᠯᠡᠬᠦ ᠦᠷ᠎ᠡ ᠪᠦᠲᠦᠮᠵᠢ ᠪᠠ ᠦᠷ᠎ᠡ ᠠᠰᠢᠭ ᠢ ᠳᠡᠭᠡᠭᠰᠢᠯᠡᠭᠦᠯᠦᠨ᠎ᠡ᠃ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠵᠠᠷᠴᠢᠮ ᠢ ᠪᠠᠷᠢᠮᠲᠠᠯᠠᠵᠤ᠂ ᠳᠡᠭᠡᠷ᠎ᠡ ᠱᠠᠲᠤᠨ ᠤ ᠠᠵᠤ ᠦᠶᠯᠡᠳᠪᠦᠷᠢ ᠶᠢᠨ ᠲᠣᠭᠤᠷᠢᠭ ᠤᠨ ᠬᠥᠭᠵᠢᠯᠲᠡ ᠶᠢ ᠲᠡᠳᠬᠦᠬᠦ ᠲᠤᠰᠬᠠᠢ ᠲᠥᠷᠥᠯ ᠤᠨ ᠪᠡᠯᠡ ᠮᠥᠩᠭᠦ ᠶᠢ ᠭᠦᠢᠴᠡᠳ ᠠᠰᠢᠭᠯᠠᠨ᠂ ᠲᠣᠭᠤᠷᠢᠭ ᠤᠨ ᠴᠢᠳᠠᠪᠬᠢ ᠶᠢ ᠲᠡᠭᠦᠯᠳᠡᠷᠵᠢᠭᠦᠯᠵᠦ᠂ ᠵᠠᠬᠠᠨᠠᠭᠤᠷ ᠤᠨ ᠠᠵᠤ ᠦᠶᠯᠡᠳᠪᠦᠷᠢ ᠶᠢᠨ ᠲᠣᠭᠤᠷᠢᠭ ᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠭᠦᠷᠡᠰᠦ ᠬᠢᠮᠢ ᠶᠢᠨ ᠠᠵᠤ ᠦᠶᠯᠡᠳᠪᠦᠷᠢ ᠶᠢᠨ ᠲᠣᠭᠤᠷᠢᠭ ᠤᠨ ᠨᠡᠭᠦᠷᠡᠰᠦ ᠬᠡᠮᠬᠡᠯᠡᠬᠦ ᠲᠠᠯᠠᠪᠠᠢ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠥᠳᠬᠡᠨ ᠳᠠᠪᠤᠰᠤᠨ ᠤᠰᠤ ᠰᠢᠢᠳᠪᠦᠷᠢᠯᠡᠬᠦ ᠦᠢᠯᠡᠳᠪᠦᠷᠢ᠂ ᠤᠰᠤ ᠬᠠᠩᠭᠠᠬᠤ ᠦᠢᠯᠡᠳᠪᠦᠷᠢ᠂ ᠭᠠᠯ ᠤᠨᠲᠠᠷᠠᠭᠠᠬᠤ ᠥᠷᠲᠡᠭᠡᠨ ᠤ ᠢᠵᠢ ᠪᠦᠷᠢᠳᠦᠭᠦᠯᠬᠦ ᠲᠥᠬᠦᠭᠡᠷᠦᠮᠵᠢ ᠵᠡᠷᠭᠡ ᠲᠦᠷᠥᠯ ᠵᠦᠢᠯ ᠢ ᠪᠠᠶᠢᠭᠤᠯᠣᠨ ᠠᠰᠢᠭᠯᠠᠯᠲᠠ ᠳᠤ ᠣᠷᠣᠭᠤᠯᠣᠨ᠎ᠠ᠃ ᠯᠦᠪᠸᠢ ᠶᠢᠨ ᠠᠵᠤ ᠦᠶᠯᠡᠳᠪᠦᠷᠢ ᠶᠢᠨ ᠲᠣᠭᠤᠷᠢᠭ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠠᠵᠢᠯ ᠡᠬᠢᠯᠡᠬᠦ ᠶᠢ ᠠᠬᠢᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠣᠷᠣᠵᠤ ᠰᠠᠭᠤᠬᠤ ᠬᠡᠷᠡᠭᠴᠡᠭᠡ ᠶᠢ ᠪᠠᠲᠤᠯᠠᠨ᠎ᠠ᠃      ︵ᠲᠠᠪᠤ︶ ᠬᠡᠷᠡᠭᠯᠡᠭᠡᠨ ᠤ ᠪᠡᠯᠡ ᠣᠷᠣᠭᠤᠯᠤᠯᠲᠠ ᠶᠢ ᠥᠷᠭᠡᠳᠬᠡᠬᠦ ᠶᠢ ᠪᠠᠷᠢᠮᠲᠠᠯᠠᠵᠤ᠂ ᠤᠳᠤ ᠦᠶ᠎ᠡ ᠶᠢᠨ ᠦᠢᠯᠡᠴᠢᠯᠡᠭᠡᠨ ᠤ ᠦᠶᠯᠡᠰ ᠤᠨ ᠲᠡᠰ ᠳᠡᠪᠰᠢᠬᠦ ᠶᠢ ᠠᠬᠢᠭᠤᠯᠤᠨ᠎ᠠ      ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ᠣᠳᠣ ᠦᠶ᠎ᠡ ᠶᠢᠨ ᠪᠠᠷᠠᠭ᠎ᠠ ᠶᠢᠨ ᠭᠦᠢᠯᠭᠡᠭᠡᠨ ᠤ ᠦᠢᠯᠡᠰ ᠢ ᠲᠦᠷᠭᠡᠨ ᠬᠥᠭᠵᠢᠭᠦᠯᠵᠦ᠂ ᠪᠢᠲᠡᠭᠦᠦ ᠬᠡᠯᠪᠡᠷᠢ ᠶᠢᠨ ᠨᠡᠭᠦᠷᠡᠰᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠲᠦᠯᠦᠪᠵᠢᠭᠦᠯᠦᠨ ᠪᠠᠶᠢᠭᠤᠯᠬᠤ ᠶᠢ ᠠᠬᠢᠭᠤᠯᠵᠤ᠂ ᠯᠢᠦ ᠬᠠᠩ ᠶᠡᠷᠦᠩᠬᠡᠶᠢᠯᠡᠭᠰᠡᠨ ᠪᠠᠷᠠᠭ᠎ᠠ ᠶᠢᠨ ᠭᠦᠢᠯᠭᠡᠭᠡᠨ ᠤ ᠲᠣᠭᠤᠷᠢᠭ ᠪᠠ ᠰᠦᠵᠢᠳᠠᠪᠠᠭ᠎ᠠ ᠶᠢᠨ ᠳᠠᠯᠠᠢ ᠲᠡᠮᠦᠷ ᠵᠠᠮ ᠤᠨ ᠬᠤᠯᠪᠣᠭᠠᠯᠠᠨ ᠲᠡᠭᠡᠭᠡᠪᠦᠷᠢᠯᠡᠬᠦ ᠪᠠᠷᠠᠭ᠎ᠠ ᠶᠢᠨ ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠵᠠᠬᠠᠨᠠᠭᠤᠷ ᠤᠨ ᠲᠡᠮᠦᠷ ᠵᠠᠮ ᠤᠨ ᠲᠤᠰᠬᠠᠢ ᠱᠤᠭᠤᠮ ᠵᠢᠴᠢ ᠳᠠᠭᠠᠯᠲᠠ ᠢᠵᠢ ᠪᠦᠷᠢᠳᠦᠭᠦᠯᠬᠦ ᠪᠡᠯᠡᠳᠬᠡᠮᠵᠢ ᠶᠢᠨ ᠲᠥᠷᠥᠯ ᠵᠦᠢᠯ ᠢ ᠡᠬᠢᠯᠡᠨ ᠪᠠᠶᠢᠭᠤᠯᠬᠤ ᠪᠠᠷ ᠴᠢᠷᠮᠠᠶᠢᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ ᠢ ᠬᠡᠷᠡᠭᠵᠢᠭᠦᠯᠵᠦ᠂ ᠠᠮᠤ  ᠪᠤᠳᠠᠭ᠎ᠠ ᠶᠢ ᠰᠢᠯᠭᠠᠨ ᠪᠠᠶᠢᠴᠠᠭᠠᠬᠤ ᠰᠢᠰᠲ᠋ᠧᠮ ᠪᠠᠶᠢᠭᠤᠯᠵᠤ᠂ ︽ᠠᠮᠤ ᠪᠤᠳᠠᠭ᠎ᠠ ᠬᠤᠳᠠᠯᠳᠤᠬᠤ ᠠᠪᠬᠤ ᠳᠤ ᠬᠦᠴᠢᠷᠲᠡᠶ︾ ᠠᠰᠠᠭᠤᠳᠠᠯ ᠭᠠᠷᠬᠤ ᠶᠢ ᠪᠦᠲᠦᠮᠵᠢᠲᠡᠶ ᠰᠡᠷᠭᠡᠶᠢᠯᠡᠨ᠎ᠡ᠃ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠵᠤ᠂ ᠬᠤᠲᠠ ᠬᠥᠳᠡᠭᠡ ᠶᠢ ᠬᠠᠮᠣᠷᠠᠭᠰᠠᠨ ᠭᠦᠶᠯᠭᠡᠭᠡᠨ ᠤ ᠲᠣᠤᠷ ᠰᠦᠯᠵᠢᠶ᠎ᠡ ᠶᠢ ᠪᠦᠷᠢᠨᠰᠢᠬᠦᠯᠦᠨ᠂ ᠡᠯᠧᠺᠲᠷᠣᠨ ᠬᠤᠳᠠᠯᠳᠤᠭ᠎ᠠ ᠪᠣᠯᠤᠨ ᠲᠦᠷᠭᠡᠨ ᠬᠦᠷᠭᠡᠬᠦ ᠠᠵᠢᠯ ᠲᠥᠷᠥᠯ ᠤᠨ ᠬᠥᠭᠵᠢᠯᠲᠡ ᠶᠢ ᠳᠡᠮᠵᠢᠵᠦ᠂ ᠬᠡᠷᠡᠭᠯᠡᠭᠡ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠭᠤᠰᠣᠯᠴᠠᠬᠤ ᠠᠬᠢᠭᠤᠯᠣᠨ᠎ᠠ᠃ ᠮᠥᠩᠭᠦᠨ ᠭᠦᠶᠯᠭᠡᠭᠡᠨ ᠤ ᠦᠶᠯᠡᠴᠢᠯᠡᠭᠡᠨ  ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠲᠣᠤᠷ ᠴᠢᠭ ᠨᠡᠮᠡᠵᠦ ᠪᠠᠶᠢᠭᠤᠯᠬᠤ᠂ ᠮᠥᠩᠭᠦᠨ ᠭᠦᠢᠯᠭᠡᠭᠡᠨ ᠤ ᠦᠢᠯᠡᠳᠭᠦᠨ ᠢᠶᠠᠨ ᠪᠠᠶᠠᠯᠢᠭᠵᠢᠭᠤᠯᠬᠤ ᠶᠢ ᠵᠣᠷᠢᠭᠵᠢᠭᠤᠯᠵᠤ᠂ ᠭᠤᠷᠪᠠᠳᠠᠬᠢ ᠳᠠᠭᠠᠭᠠᠯᠲᠠ ᠶᠢᠨ ᠪᠠᠶᠢᠭᠤᠯᠤᠮᠵᠢ ᠶᠢᠨ ᠳᠠᠭᠠᠭᠠᠯᠲᠠ ᠬᠠᠩᠭᠠᠬᠤ ᠪᠤᠶᠤ ᠣᠢ ᠶᠢᠨ ᠭᠠᠵᠠᠷ᠂ ᠨᠤᠲᠤᠭ ᠪᠡᠯᠴᠢᠭᠡᠷ᠂ ᠲᠠᠷᠢᠶᠠᠨ ᠭᠠᠵᠠᠷ ᠵᠡᠷᠭᠡ ᠥᠮᠴᠢᠯᠡᠬᠦ ᠡᠷᠬᠡ ᠪᠠᠷ ᠢᠶᠠᠨ ᠪᠠᠷᠢᠴᠠᠭᠠᠯᠠᠬᠤ ᠪᠠ ᠮᠠᠯ ᠢᠶᠠᠨ ᠳᠠᠭᠠᠳᠬᠠᠭᠤᠯᠤᠨ ᠪᠠᠷᠢᠴᠠᠭᠠᠯᠠᠬᠤ ᠵᠡᠷᠭᠡ ᠠᠷᠭ᠎ᠠ ᠮᠠᠶ᠋ᠢᠭ ᠤᠨ ᠵᠢᠭᠡᠯᠡᠯᠭᠡ ᠬᠠᠩᠭᠠᠬᠤ ᠶᠢ ᠳᠠᠮᠵᠢᠵᠤ᠂ ᠶᠠᠳᠠᠭᠤ ᠠᠴᠠ ᠠᠩᠭᠢᠵᠢᠷᠠᠭᠤᠯᠬᠤ ᠰᠢᠪᠳᠣᠯᠣᠯᠲᠠ᠂ ᠣᠳᠣ ᠦᠶ᠎ᠡ ᠶᠢᠨ ᠮᠠᠯ ᠠᠵᠤ ᠠᠬᠤᠢ ᠶᠢᠨ ᠬᠥᠭᠵᠢᠯᠲᠡ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷ᠎ᠠ ᠪᠠ ᠪᠠᠭᠤᠷᠠᠶ ᠭᠤᠭᠴᠤᠭ᠎ᠠ ᠳᠠᠬᠢ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠨᠠᠩ ᠣᠯᠠᠨ ᠴᠢᠨᠠᠷ ᠰᠠᠶᠢᠲᠠᠶ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠠᠵᠤ ᠠᠬᠤᠢ ᠶᠢᠨ ᠬᠠᠮᠵᠢᠯᠴᠠᠭᠠᠨ ᠤ ᠵᠣᠬᠢᠶᠠᠨ ᠪᠠᠶᠢᠭᠤᠯᠤᠯᠲᠠ᠂ ᠣᠳᠣ ᠦᠶ᠎ᠡ ᠶᠢᠨ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ᠂ ᠥᠷᠭᠡᠨ ᠣᠯᠠᠨ ᠮᠠᠯᠴᠢᠨ ᠲᠠᠷᠢᠶᠠᠴᠢᠨ ᠤ ᠢᠲᠡᠭᠡᠮᠵᠢᠲᠦ ᠵᠢᠭᠡᠯᠡᠯᠭᠡ ᠣᠯᠬᠤ ᠳᠡᠮᠵᠢᠨ᠎ᠡ᠃     ᠠᠮᠢᠳᠤᠷᠠᠯ ᠤᠨ ᠴᠢᠨᠠᠷᠲᠠᠶ ᠦᠶᠯᠡᠴᠢᠯᠡᠭᠡᠨ ᠤ ᠦᠶᠯᠡᠰ ᠢ ᠪᠣᠶᠢᠵᠢᠭᠤᠯᠤᠨ ᠬᠦᠮᠦᠵᠢᠭᠦᠯᠦᠨ᠎ᠡ᠃ ᠰᠣᠶᠣᠯ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠲᠦᠩᠯᠢᠶᠣᠤ ᠬᠤᠲᠠ ᠶᠢᠨ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠬᠠᠷᠠᠯᠲᠠ ᠶᠢᠨ ᠲᠣᠭᠤᠷᠢᠨ ᠳᠤ᠂ ᠬᠤᠷᠴᠢᠨ ᠤ 500 ᠺᠢᠯᠣᠮᠧᠲᠷ ᠤᠨ ᠵᠢᠭᠤᠯᠴᠢᠯᠠᠯ ᠤᠨ ᠦᠵᠡᠮᠵᠢ ᠶᠢᠨ ᠵᠠᠮ ᠤᠨ ᠪᠦᠲᠦᠭᠡᠨ ᠪᠠᠶᠢᠭᠤᠯᠤᠯᠲᠠ ᠶᠢ ᠲᠦᠰᠢᠭᠯᠡᠨ᠂ ᠵᠠᠷᠤᠳ ᠬᠡᠰᠡᠭ ᠤᠨ ︽ᠬᠠᠮᠤᠭ ᠤᠨ ᠭᠤᠶᠤ ᠲᠠᠯ᠎ᠠ ᠨᠤᠲᠤᠭ ᠤᠨ ᠦᠵᠡᠮᠵᠢ ᠶᠢᠨ ᠣᠷᠣᠨ︾ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠦᠪᠦᠷ ᠮᠣᠩᠭᠤᠯ ᠤᠨ ᠵᠡᠭᠦᠨ ᠬᠡᠰᠡᠭ ᠤᠨ ᠲᠠᠪᠣᠨ ᠬᠤᠰᠢᠭᠤ ᠬᠤᠲᠠ ᠲᠠᠢ ᠰᠤᠶᠣᠯ ᠵᠢᠭᠤᠯᠴᠢᠯᠠᠯ ᠤᠨ ᠬᠠᠮᠵᠢᠯᠴᠠᠭ᠎ᠠ ᠪᠠᠨ  ᠴᠢᠩᠭᠠᠳᠬᠠᠵᠤ᠂ ᠯᠦᠪᠸᠢ ᠪᠠᠯᠭᠠᠰᠤ ᠪᠠᠨ ᠲᠦᠩᠯᠢᠶᠦᠦ ᠬᠤᠲᠠ ᠶᠢᠨ ᠬᠤᠶᠢᠲᠤ ᠬᠡᠰᠡᠭ ᠤᠨ ᠲᠠᠯ᠎ᠠ ᠨᠣᠳᠤᠭ ᠤᠨ ᠵᠢᠭᠤᠯᠴᠢᠯᠠᠯ ᠤᠨ ᠨᠡᠷᠡᠲᠦ ᠬᠤᠲᠠ ᠪᠣᠯᠭᠠᠨ ᠪᠦᠲᠦᠭᠡᠨ ᠪᠠᠶᠢᠭᠤᠯᠣᠨ᠎ᠠ᠃ ᠰᠣᠶᠣᠯ ᠵᠢᠭᠤᠯᠴᠢᠯᠠᠯ ᠤᠨ ᠣᠨᠴᠠᠯᠢᠭᠲᠤ ᠲᠣᠰᠬᠤᠨ ᠪᠠᠯᠭᠠᠰᠤ ᠶᠢᠨ ᠲᠥᠯᠥᠪᠵᠢᠭᠦᠯᠭᠡ  ᠶᠢ ᠰᠠᠶᠢᠲᠤᠷ ᠬᠢᠵᠦ᠂ ᠭᠠᠳᠠᠰᠤ ᠶᠢᠨ ᠬᠢᠵᠠᠭᠠᠷ ᠳᠣᠲᠣᠷᠠᠬᠢ ᠶᠡᠷᠦᠩᠬᠡᠶᠢᠯᠡᠭᠰᠡᠨ ᠵᠢᠭᠤᠯᠴᠢᠯᠠᠯ ᠤᠨ ᠲᠥᠷᠥᠯ ᠵᠦᠢᠯ ᠢ ᠲᠥᠯᠥᠪᠵᠢᠭᠦᠯᠦᠨ᠂ ᠢᠦᠢ ᠴᠢᠤᠸᠠᠨ ᠱᠠᠨ ᠠᠮᠢ ᠠᠬᠤᠢ ᠶᠢᠨ ᠵᠢᠭᠤᠯᠴᠢᠯᠠᠯ ᠤᠨ ᠣᠷᠣᠨ ᠤ ᠭᠠᠳᠠᠭᠰᠢ ᠡᠵᠡᠩᠨᠡᠬᠦ ᠶᠢ ᠲᠦᠯᠬᠢᠨ ᠠᠬᠢᠭᠤᠯᠵᠤ᠂ ᠠᠷᠤ ᠬᠥᠨᠳᠡᠯᠡᠨ ᠤ ᠵᠠᠭᠤᠨ ᠲᠦᠮᠡᠨ ᠮᠦ ᠪᠠᠶᠢᠭᠠᠯᠢ ᠶᠢᠨ ᠨᠤᠲᠤᠭ ᠪᠡᠯᠴᠢᠭᠡᠷ ᠢ ᠪᠢᠲᠡᠭᠦᠮᠵᠢᠯᠡᠨ ᠴᠠᠭᠠᠵᠠᠯᠠᠵᠤ ᠬᠠᠮᠠᠭᠠᠯᠠᠭᠰᠠᠨ ᠣᠷᠣᠨ ᠳᠤ ᠲᠠᠯ᠎ᠠ ᠨᠤᠲᠤᠭ ᠤᠨ ᠵᠢᠭᠤᠯᠴᠢᠯᠠᠯ ᠢ ᠨᠡᠭᠡᠭᠡᠨ ᠬᠥᠭᠵᠢᠭᠦᠯᠬᠦ ᠲᠥᠷᠥᠯ ᠵᠦᠢᠯ ᠤᠨ ᠠᠵᠢᠯ ᠡᠬᠢᠯᠡᠬᠦ ᠶᠢ ᠬᠦᠴᠦᠯᠡᠨ ᠠᠬᠢᠭᠤᠯᠤᠨ᠎ᠠ᠃ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠬᠤᠳᠠᠯᠳᠤᠭᠠᠨ ᠤ ᠡᠪᠯᠡᠯ ᠪᠠᠶᠢᠭᠤᠯᠵᠤ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ᠂ ᠦᠨᠳᠦᠰᠦᠲᠡᠨ ᠤ ᠰᠣᠶᠣᠯ ᠤᠨ ᠪᠦᠲᠦᠭᠡᠭᠳᠡᠬᠦᠨ ᠢ ᠳᠡᠯᠭᠡᠨ ᠪᠣᠷᠣᠯᠠᠭᠤᠯᠬᠤ᠂ ᠦᠨᠳᠦᠰᠦᠲᠡᠨ ᠤ ᠰᠣᠶᠣᠯ ᠵᠢᠭᠤᠯᠴᠢᠯᠠᠯ᠂ ᠮᠣᠩᠭᠤᠯ ᠦᠨᠳᠦᠰᠦᠲᠡᠨ ᠤ ᠢᠳᠡᠭᠡᠨ ᠤᠮᠳᠠᠭᠠᠨ ᠢ ᠨᠢᠭᠡ ᠴᠣᠭᠴᠠᠵᠢᠭᠤᠯᠤᠭᠰᠠᠨ ᠮᠣᠩᠭᠤᠯ ᠬᠠᠭᠠᠨᠲᠤ ᠤᠯᠤᠰ ᠪᠠ ᠶᠤᠸᠠᠨ ᠤ ᠦᠶ᠎ᠡ ᠶᠢᠨ ᠠᠭᠤᠳᠠᠮ ᠲᠠᠯᠠᠪᠠᠢ ᠪᠠᠶᠢᠭᠤᠯᠵᠤ᠂ A ᠲᠡᠰ ᠠᠴᠠ ᠦᠨᠳᠦᠷ ᠦᠵᠡᠮᠵᠢ  ᠶᠢᠨ ᠣᠷᠣᠨ᠂ ᠣᠳᠣᠨ ᠲᠡᠰ ᠤᠨ ᠵᠣᠴᠢᠳ ᠤᠨ ᠪᠠᠭᠤᠳᠠᠯ ᠵᠡᠷᠭᠡ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ ᠡᠪᠦᠯ ᠤᠨ ᠤᠯᠠᠷᠢᠯ ᠤᠨ ᠵᠢᠭᠠᠰᠤ ᠠᠩᠨᠠᠬᠤ ᠰᠣᠶᠣᠯ ᠵᠢᠭᠤᠯᠴᠢᠯᠠᠯ ᠤᠨ ᠨᠠᠶᠢᠷ᠂ ᠠᠽᠢᠶ᠎ᠠ ᠲᠢᠪ ᠤᠨ ᠪᠠᠬ᠎ᠠ ᠬᠡᠭᠡᠷ᠎ᠡ  ᠶᠢᠨ ᠷᠠᠯᠢ ᠤᠷᠤᠯᠳᠤᠭᠠᠨ᠂ ᠲᠠᠯ᠎ᠠ ᠨᠤᠲᠤᠭ ᠤᠨ ᠨᠠᠭᠠᠳᠤᠮ ᠵᠡᠷᠭᠡ ᠳᠥᠷᠪᠡᠨ ᠤᠯᠠᠷᠢᠯ ᠤᠨ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠤᠨ ᠰᠠᠶᠢᠲᠤᠷ ᠡᠷᠬᠢᠯᠡᠵᠦ᠂ ︽ᠦᠯᠢᠭᠡᠷ ᠤᠨ ᠥᠯᠥᠭᠡᠶ ᠵᠠᠷᠤᠳ︾᠂ ︽ᠳᠤᠮᠳᠠᠳᠤ ᠤᠯᠤᠰ ᠤᠨ ᠬᠠᠮᠤᠭ ᠭᠤᠶᠤ ᠠᠭᠤᠯᠠᠨ ᠭᠠᠵᠠᠷ ᠤᠨ ᠲᠠᠯ᠎ᠠ ᠨᠤᠲᠤᠭ ᠵᠠᠷᠤᠳ︾᠂ ︽ᠠᠽᠢᠶ᠎ᠠ ᠲᠢᠪ ᠤᠨ ᠠᠷᠠᠳ ᠤᠨ ︵ᠦᠨᠳᠦᠰᠦᠲᠡᠨ︶  ᠵᠠᠩ ᠠᠭᠠᠯᠢ ᠢᠶᠠᠷ ᠬᠠᠮᠤᠭ ᠦᠳᠭᠡᠨ ᠵᠢᠭᠤᠯᠴᠢᠯᠠᠯ ᠤᠨ ᠵᠣᠷᠢᠭᠰᠠᠨ ᠭᠠᠵᠠᠷ︾ ᠵᠡᠷᠭᠡ ᠰᠣᠶᠣᠯ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢᠨ ᠦᠨ᠎ᠡ ᠥᠷᠲᠡᠭ ᠢ ᠳᠡᠭᠡᠭᠰᠢᠯᠡᠭᠦᠯᠦᠨ᠎ᠡ᠃ ᠡᠷᠡᠭᠦᠯᠵᠢᠯ ᠨᠠᠰᠤᠵᠢᠯ ᠤᠨ ᠠᠵᠤ ᠦᠢᠯᠡᠰ ᠢ ᠬᠦᠴᠦᠯᠡᠨ ᠬᠥᠭᠵᠢᠭᠦᠯᠵᠦ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠮᠣᠩᠭᠤᠯ ᠡᠮ ᠨᠠᠶᠢᠷᠠᠬᠤ ᠠᠰᠠᠷ ᠵᠢᠴᠢ ᠡᠷᠡᠭᠦᠯᠵᠢᠯ ᠤᠨ ᠲᠥᠪ᠂ ᠵᠡᠮᠳᠡᠭᠴᠦᠳ ᠤᠨ  ᠡᠷᠡᠭᠦᠯᠵᠢᠯ ᠤᠨ ᠲᠥᠪ᠂ ᠠᠰᠢᠲᠠᠢ ᠨᠠᠰᠤᠲᠠᠨ ᠢ ᠠᠰᠠᠷᠠᠬᠤ ᠬᠦᠷᠢᠶᠡᠯᠡᠩ᠂ ᠪᠠᠶᠠᠨᠲᠠᠯ᠎ᠠ ᠨᠠᠰᠤᠲᠠᠨ ᠢ ᠠᠰᠠᠷᠠᠬᠤ ᠬᠦᠷᠢᠶᠡᠯᠡᠩ ᠢ ᠦᠭᠡᠷᠡᠴᠢᠯᠡᠨ ᠥᠷᠭᠡᠳᠬᠡᠨ ᠪᠠᠶᠢᠭᠤᠯᠬᠤ ᠵᠡᠷᠭᠡ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠂ ︽ᠡᠮᠨᠡᠯᠭᠡ᠂ ᠰᠤᠪᠢᠯᠠᠯᠲᠠ᠂ ᠡᠮ᠂ ᠡᠷᠡᠭᠦᠯᠵᠢᠯ᠂ ᠵᠢᠭᠤᠯᠴᠢᠯᠠᠯ︾ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃     ︵ᠵᠢᠷᠭᠤᠭ᠎ᠠ︶ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠤᠲᠠ ᠪᠠᠯᠭᠠᠰᠤᠨ ᠤ ᠣᠷᠣᠰᠢᠨ ᠰᠠᠭᠤᠬᠤ ᠣᠷᠴᠢᠨ ᠲᠣᠭᠤᠷᠢᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ     ᠭᠤᠣᠯ ᠬᠤᠲᠠ ᠲᠣᠭᠤᠷᠢᠭ ᠤᠨ ᠳᠠᠭᠠᠭᠠᠴᠠ ᠶᠢ ᠳᠡᠭᠡᠭᠰᠢᠯᠡᠭᠦᠯᠦᠨ᠎ᠡ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ᠪᠠᠨ ᠲᠡᠭᠦᠯᠳᠡᠷᠵᠢᠭᠦᠯᠵᠦ᠂ ᠯᠦᠪᠸᠢ ᠪᠠᠯᠭᠠᠰᠤᠨ ᠤ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠲᠦᠷᠭᠡᠳᠭᠡᠨ᠎ᠡ᠃ ᠦᠯᠵᠡᠶᠢᠮᠦ᠋ᠷᠡᠨ ᠵᠠᠮ ᠢ ᠮᠤᠵᠢ ᠶᠢᠨ ᠵᠠᠮ 208 ᠱᠣᠭᠤᠮ ᠲᠠᠢ ᠬᠤᠯᠪᠣᠬᠤ᠂ ᠯᠦᠪᠸᠢ ᠭᠤᠤᠯ ᠤᠨ ᠬᠥᠭᠦᠷᠭᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠵᠠᠮ ᠬᠠᠷᠢᠯᠴᠠᠭᠠᠨ ᠤ ᠳᠠᠷᠤᠯᠲᠠ ᠶᠢ ᠪᠦᠲᠦᠮᠵᠢᠲᠡᠶ ᠨᠠᠮᠳᠠᠭᠤᠯᠤᠨ᠎ᠠ᠃ ᠭᠤᠣᠯ ᠬᠤᠲᠠ ᠲᠣᠭᠤᠷᠢᠭ ᠤᠨ 21 ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠵᠤ᠂ ᠳᠤᠮᠳᠠ ᠳᠠᠷᠤᠯᠲᠠᠲᠤ ᠰᠢᠲᠠᠮᠠᠬᠠᠢ ᠬᠡᠢ ᠶᠢᠨ ᠬᠤᠭᠤᠯᠠᠢ ᠲᠣᠣᠷ ᠢ 7000 ᠡᠷᠦᠬᠡ ᠳᠤ ᠣᠭᠰᠠᠷᠠᠨ᠎ᠠ᠃ ᠤᠰᠤ ᠬᠠᠩᠭᠠᠬᠤ ᠦᠶᠯᠡᠳᠪᠦᠷᠢ ᠵᠢᠴᠢ ᠢᠵᠢ ᠪᠦᠷᠢᠳᠦᠭᠦᠯᠬᠦ ᠬᠤᠭᠤᠯᠠᠶ ᠲᠣᠤᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠢᠯᠴᠢ ᠬᠠᠩᠭᠠᠬᠤ ᠬᠤᠭᠤᠯᠠᠶ ᠲᠣᠤᠷ ᠢ ᠰᠡᠯᠪᠢᠨ ᠵᠠᠰᠠᠬᠤ ᠡᠷᠴᠢᠮ ᠢᠶᠠᠨ ᠨᠡᠮᠡᠭᠳᠡᠭᠦᠯᠵᠦ᠂ ᠬᠤᠲᠠ  ᠶᠢᠨ ᠴᠢᠳᠠᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠬᠤᠲᠠ ᠪᠠᠯᠭᠠᠰᠤ ᠶᠢ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤᠨ ᠤ ᠬᠦᠴᠢᠷᠳᠡᠯᠲᠡᠶ ᠣᠯᠠᠨ ᠲᠦᠮᠡᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠣᠨ᠂ ᠣᠷᠣᠨ ᠰᠠᠭᠤᠴᠠ ᠶᠢᠨ ᠦᠨᠡᠮᠯᠡᠯ ᠠᠪᠬᠤ ᠳᠤ ᠬᠦᠴᠢᠷᠲᠡᠶ᠂ ᠣᠷᠣᠵᠤ ᠰᠠᠭᠤᠬᠤ ᠳᠤ ᠬᠦᠴᠢᠷᠲᠡᠶ᠂ ᠪᠤᠴᠠᠵᠤ ᠨᠡᠭᠦᠬᠦ ᠳᠤ ᠬᠦᠴᠢᠷᠲᠡᠢ ᠵᠡᠷᠭᠡ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠶᠯ ᠤᠨ ᠲᠡᠦᠬᠡᠨ ᠦᠯᠡᠳᠡᠭᠳᠡᠯ ᠠᠰᠠᠭᠤᠳᠠᠯ ᠢ ᠦᠷᠭᠦᠯᠵᠢᠯᠡᠨ ᠰᠢᠶᠳᠪᠦᠷᠢᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ᠦᠵᠡᠰᠬᠦᠯᠡᠩᠲᠦ ᠰᠠᠶᠢᠬᠠᠨ ᠬᠤᠳᠠ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ᠂ ᠪᠦᠷᠢᠨ ᠲᠦᠬᠦᠷ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠰᠦᠪᠡᠭᠴᠢᠯᠡᠨ ᠠᠬᠢᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠤᠳᠠ ᠶᠢᠨ ᠠᠮᠢᠳᠤᠷᠠᠯ ᠤᠨ ᠰᠢᠨ᠎ᠡ ᠣᠷᠣᠨ ᠵᠠᠶ ᠶᠢ ᠪᠠᠶᠢᠭᠤᠯᠤᠨ᠎ᠠ᠃     ᠬᠤᠲᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠠᠷᠪᠠᠨ ᠳᠦᠷᠪᠡᠳᠦᠭᠡᠷ ᠲᠠᠪᠣᠨ ᠵᠢᠯ︾ ᠶᠢᠨ ᠲᠦᠯᠦᠪᠵᠢᠭᠦᠯᠭᠡ ᠶᠢ ᠨᠠᠶᠢᠷᠠᠭᠤᠯᠣᠨ ᠵᠣᠬᠢᠶᠠᠬᠤ ᠠᠵᠢᠯ ᠲᠠᠢ ᠣᠶᠠᠯᠳᠣᠭᠤᠯᠣᠨ᠂ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ᠂ ᠴᠢᠪᠠᠭᠠᠲᠤ ᠠᠴᠠ ᠪᠠᠶᠠᠨᠬᠤᠰᠢᠭᠤ ᠬᠦᠷᠬᠦ ᠲᠡᠮᠦᠷ ᠵᠠᠮ ᠤᠨ ᠵᠠᠷᠣᠳ  ᠤᠨ ᠵᠠᠯᠭᠠᠯᠲᠠ ᠱᠤᠭᠤᠮ᠂ ᠯᠦᠪᠸᠢ ᠬᠤᠤᠯᠢᠩᠭᠤᠣᠯ ᠤᠨ ᠬᠤᠷᠳᠣᠨ ᠵᠠᠮ᠂ ᠭᠡᠷᠴᠢᠯᠠᠭᠤ ᠺᠠᠶᠢᠯᠤ ᠱᠣᠭᠤᠮ ᠤᠨ ᠯᠦᠪᠸᠢ ᠠᠴᠠ ᠭᠡᠷᠴᠢᠯᠠᠭᠤ ᠬᠦᠷᠬᠦ ᠬᠡᠰᠡᠭ ᠤᠨ ᠳᠡᠰ ᠳᠠᠪᠰᠢᠬᠤ᠂ 306 ᠮᠤᠵᠢ ᠶᠢᠨ ᠵᠠᠮ ᠢ ︽ᠨᠢᠭᠡᠳᠦᠭᠡᠷ ᠳᠡᠰ ᠤᠨ ᠵᠠᠮ ᠢ ᠬᠤᠷᠳᠣᠨ ᠵᠠᠮ ᠪᠣᠯᠭᠠᠨ ᠦᠭᠡᠷᠡᠴᠢᠯᠡᠬᠦ︾ ᠢᠨᠵᠧᠨᠧᠷᠢᠩ᠂ 210 ᠮᠤᠵᠢ ᠶᠢᠨ ᠵᠠᠮ᠂ ᠰᠠᠶᠢᠪᠠᠷ ᠤᠨ ᠣᠷᠣᠰᠬᠠᠯ ᠪᠦᠰᠡ ᠠᠯᠣᠰᠯᠠᠭᠰᠠᠨ ᠤᠰᠤ ᠲᠠᠲᠠᠵᠤ ᠮᠣᠳᠣ ᠤᠰᠤᠨ ᠴᠥᠭᠦᠷᠥᠮ ᠶᠢ ᠲᠣᠰᠠᠯᠠᠬᠤ ᠢᠨᠵᠧᠨᠧᠷᠢᠩ᠂ ᠣᠶᠣᠨᠲᠤ ᠬᠤᠲᠠ᠂ ᠠᠵᠤ ᠦᠢᠯᠡᠳᠪᠦᠷᠢ ᠶᠢᠨ ᠲᠣᠭᠤᠷᠢᠭ ᠤᠨ ᠰᠠᠭᠤᠷᠢ ᠲᠦᠭᠦᠭᠡᠷᠦᠮᠵᠢ ᠶᠢᠨ ᠪᠠᠶᠢᠭᠤᠯᠣᠯᠲᠠ ᠵᠡᠷᠭᠡ ᠢᠨᠵᠧᠨᠧᠷᠢᠩ ᠢ ᠤᠯᠤᠰ᠂ ᠦᠪᠡᠷᠲᠡᠬᠡᠨ ᠵᠠᠰᠠᠬᠤ ᠣᠷᠣᠨ ᠤ ᠲᠦᠯᠦᠪᠵᠢᠭᠦᠯᠭᠡ ᠳᠤ ᠣᠷᠣᠭᠤᠯᠣᠨ᠂ ᠬᠦᠭᠵᠢᠯᠲᠡ ᠶᠢᠨ ᠬᠦᠷᠦᠯᠴᠡᠬᠦ ᠦᠭᠡᠢ ᠲᠠᠯ᠎ᠠ ᠪᠠᠷ ᠲᠦᠷᠭᠡᠨ ᠨᠦᠬᠦᠪᠦᠷᠢᠯᠡᠨ᠎ᠡ᠃ ᠳᠡᠭᠡᠷ᠎ᠡ ᠱᠠᠲᠤᠨ ᠤ ᠲᠣᠰᠬᠠᠢ ᠪᠡᠯᠡ ᠮᠦᠩᠬᠦ ᠶᠢ ᠴᠢᠷᠮᠠᠶᠢᠨ ᠣᠯᠵᠤ᠂ 24.5 ᠺᠢᠯᠣᠮᠧᠲᠷ ᠭᠠᠴᠠᠭ᠎ᠠ ᠲᠣᠰᠬᠤᠨ ᠤ ᠵᠠᠮ ᠢ ᠬᠠᠰᠤᠨ ᠨᠡᠶᠢᠯᠡᠭᠦᠯᠵᠦ ᠬᠠᠲᠠᠭᠤᠷᠠᠭᠤᠯᠬᠤ᠂ ᠬᠦᠳᠡᠭᠡ ᠲᠣᠰᠬᠤᠨ ᠮᠠᠯᠵᠢᠬᠤ ᠣᠷᠣᠨ ᠤ 38.6 ᠺᠢᠯᠣᠮᠧᠲᠷ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠵᠦ᠂ ︽ᠳᠦᠷᠪᠡᠨ ᠰᠠᠶᠢᠨᠲᠠᠢ ᠬᠦᠳᠡᠭᠡ ᠲᠣᠰᠬᠤᠨ ᠤ ᠵᠠᠮ︾ ᠶᠢᠨ ᠪᠠᠶᠢᠭᠤᠯᠣᠯᠲᠠ ᠶᠢ ᠠᠬᠢᠭᠤᠯᠵᠤ᠂ ᠵᠠᠮ ᠬᠠᠷᠢᠯᠴᠠᠭᠠᠨ ᠤ ᠪᠠᠲᠤᠯᠠᠭ᠎ᠠ ᠶᠢᠨ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠴᠠᠬᠢᠯᠭᠠᠨ ᠬᠦᠴᠦᠨ ᠤ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠠᠬᠢᠯᠭᠠᠨ ᠤ ᠲᠣᠤᠷ ᠱᠤᠭᠤᠮ ᠢ 103.9 ᠺᠢᠯᠣᠮᠧᠲᠷ ᠥᠭᠡᠷᠡᠴᠢᠯᠡᠨ ᠰᠠᠶᠢᠵᠢᠷᠠᠭᠤᠯᠵᠤ᠂ ᠬᠦᠳᠡᠭᠡ ᠲᠣᠰᠬᠤᠨ ᠮᠠᠯᠵᠢᠬᠤ ᠣᠷᠣᠨ  ᠤ ᠴᠠᠬᠢᠯᠭᠠᠨ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ 5G ᠶᠢᠨ ᠲᠣᠣᠷ ᠰᠦᠯᠵᠢᠶᠡᠨ ᠤ ᠪᠠᠶᠢᠭᠤᠯᠣᠯᠲᠠ ᠶᠢ ᠠᠬᠢᠭᠤᠯᠵᠤ᠂ ᠮᠡᠳᠡᠭᠡ ᠵᠠᠩᠭᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠴᠤᠤᠯ ᠭᠤᠤᠯ ᠤᠨ ᠤᠰᠤ ᠶᠢ ᠯᠢᠶᠣᠤ ᠾᠧ ᠭᠤᠤᠯ ᠳᠤ ᠲᠠᠲᠠᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠠ ᠤᠯᠠᠭᠠᠨᠬᠠᠳᠠ ᠤᠰᠤᠨ ᠴᠥᠭᠦᠷᠥᠮ ᠤᠨ ᠡᠮᠦᠨᠡᠬᠢ ᠬᠤᠭᠤᠴᠠᠭᠠᠨ ᠤ ᠠᠵᠢᠯ ᠢ ᠬᠠᠮᠵᠢᠯᠴᠠᠨ ᠰᠠᠶᠢᠲᠤᠷ ᠬᠢᠵᠦ᠂ ᠮᠤᠳᠤ ᠤᠰᠤᠨ ᠴᠦᠬᠦᠷᠦᠮ ᠤᠨ ᠬᠤᠶᠠᠳᠣᠭᠠᠷ ᠬᠤᠭᠤᠴᠠᠭᠠᠨ ᠤ ᠠᠵᠢᠯ ᠢ ᠡᠬᠢᠯᠡᠭᠦᠯᠬᠦ ᠪᠠᠷ ᠴᠢᠷᠮᠠᠶᠢᠵᠤ᠂  ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠶᠢᠯ ᠲᠣᠰᠬᠤᠨ ᠤ ᠦᠶᠡᠷ ᠢ ᠰᠡᠷᠭᠡᠶᠢᠯᠡᠬᠦ ᠢᠨᠵᠧᠨᠧᠷᠢᠩ ᠢ ᠶᠡᠬᠡᠪᠡᠷ ᠬᠡᠷᠡᠭᠵᠢᠭᠦᠯᠵᠦ᠂ ᠬᠦᠳᠡᠭᠡ ᠲᠣᠰᠬᠤᠨ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠪᠠᠶᠢᠭᠤᠯᠣᠨ ᠪᠦᠲᠦᠭᠡᠵᠦ᠂ ᠲᠠᠷᠢᠶᠠᠯᠠᠩ ᠤᠨ ᠤᠰᠤᠨ ᠠᠰᠢᠭᠯᠠᠯᠲᠠ  ᠶᠢᠨ ᠰᠠᠭᠤᠷᠢ ᠲᠦᠭᠦᠭᠡᠷᠦᠮᠵᠢ ᠶᠢᠨ ᠬᠠᠮᠢᠶᠠᠷᠤᠯᠲᠠ ᠬᠠᠮᠠᠭᠠᠯᠠᠯᠲᠠ ᠪᠠᠨ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠤᠰᠤ ᠬᠠᠩᠭᠠᠬᠤ ᠠᠮᠤᠷ ᠲᠦᠪᠰᠢᠨ ᠤ ᠪᠠᠲᠣᠯᠠᠭ᠎ᠠ ᠶᠢᠨ ᠠᠵᠢᠯ ᠢ ᠰᠠᠶᠢᠲᠤᠷ ᠬᠢᠨ᠎ᠡ᠃     ᠬᠤᠲᠠ ᠶᠢ ᠨᠠᠷᠢᠯᠢᠭ ᠬᠠᠮᠢᠶᠠᠷᠬᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠵᠦ᠂ ᠰᠠᠭᠤᠷᠢ ᠬᠡᠷᠡᠭᠯᠡᠭᠡᠨ ᠤ ᠲᠠᠪᠴᠠᠩ ᠤᠨ ᠪᠠᠶᠢᠭᠤᠯᠤᠯᠲᠠ  ᠶᠢ ᠠᠬᠢᠭᠤᠯᠵᠤ᠂ ᠬᠠᠮᠢᠶᠠᠷᠤᠯᠲᠠ ᠶᠢᠨ ᠰᠢᠰᠲ᠋ᠧᠮ ᠤᠨ ᠵᠥᠭᠡᠯᠡᠨ ᠲᠣᠨᠤᠭ ᠵᠢᠴᠢ ᠮᠡᠷᠭᠡᠵᠢᠯ ᠢ ᠲᠠᠲᠠᠨ ᠣᠷᠣᠭᠤᠯᠤᠨ᠂ ᠬᠤᠲᠠ ᠪᠠᠯᠭᠠᠰᠤᠨ ᠤ ᠬᠠᠮᠢᠶᠠᠷᠤᠯᠲᠠ ᠶᠢᠨ ᠰᠢᠰᠲ᠋ᠧᠮ ᠤᠨ ᠲᠣᠭᠲᠠᠴᠠ ᠶᠢᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠨ᠎ᠡ᠃       ︽ᠣᠷᠴᠢᠨ ᠲᠣᠭᠤᠷᠢᠨ ᠤ ᠠᠷᠢᠭᠤᠨ ᠴᠡᠪᠡᠷ ᠢ ᠲᠤᠰᠬᠠᠶ ᠴᠡᠭᠴᠡᠯᠡᠨ ᠵᠠᠰᠠᠬᠤ ᠣᠨ︾ ᠤ ᠠᠵᠢᠯᠯᠠᠭ᠎ᠠ ᠶᠢ ᠶᠡᠬᠡᠪᠡᠷ ᠦᠷᠨᠢᠭᠦᠯᠵᠦ᠂ ᠪᠣᠶᠢᠲᠠ ᠪᠦᠭᠯᠡᠭᠦᠦ ᠵᠢᠵᠢᠭ ᠭᠤᠳᠤᠮᠵᠢ᠂ ᠬᠤᠲᠠ ᠶᠢᠨ ᠲᠣᠭᠤᠷᠢᠭ ᠤᠨ ᠣᠷᠣᠵᠤ ᠭᠠᠷᠬᠤ ᠵᠠᠮ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠲᠠ ᠬᠥᠳᠡᠭᠡ ᠶᠢᠨ ᠠᠭᠤᠯᠵᠠᠷ ᠬᠡᠰᠡᠭ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢ ᠶᠡᠷᠦᠩᠬᠡᠶᠢᠯᠡᠨ ᠴᠡᠭᠴᠡᠯᠡᠨ ᠵᠠᠰᠠᠵᠤ᠂ ᠬᠤᠲᠠ ᠶᠢᠨ ᠶᠠᠪᠣᠳᠠᠯ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠤᠨ᠎ᠠ᠃ ︽ᠠᠳᠠᠯ ᠠᠬᠤᠶ  ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠳᠠᠯ ᠠᠬᠤᠶ ᠶᠢᠨ ᠦᠶᠯᠡᠴᠢᠯᠡᠭᠡᠨ ᠤ ᠶᠠᠰᠤ ᠴᠢᠨᠠᠷ ᠪᠠ ᠬᠠᠮᠢᠶᠠᠷᠣᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︽ᠳᠤᠷ᠎ᠠ ᠪᠠᠷ ᠢᠶᠠᠨ ᠪᠠᠷᠢᠭᠰᠠᠨ ᠪᠠᠷᠢᠯᠭ᠎ᠠ ᠶᠢ ᠵᠠᠰᠠᠬᠤ ᠣᠨ︾ ᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠳᠤᠷ᠎ᠠ ᠪᠠᠷ  ᠢᠶᠠᠨ ᠪᠠᠶᠢᠭᠤᠯᠤᠭᠰᠠᠨ ᠪᠠ ᠬᠠᠣᠯᠢ ᠲᠣᠭᠲᠠᠭᠠᠯ ᠠᠴᠠ ᠵᠥᠷᠢᠴᠡᠭᠰᠡᠨ ᠡᠯ᠎ᠡ ᠲᠥᠷᠥᠯ ᠤᠨ ᠪᠠᠷᠢᠯᠭ᠎ᠠ ᠶᠢ ᠬᠠᠤᠯᠢ ᠶᠣᠰᠣᠭᠠᠷ ᠨᠣᠷᠭᠠᠵᠤ᠂ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠪᠣᠢ ᠪᠣᠯᠭᠠᠨ᠎ᠠ᠃ ᠨᠡᠶᠢᠭᠡᠮ ᠲᠣᠭᠤᠷᠢᠭ ᠤᠨ ᠲᠣᠣᠷᠵᠢᠯ᠂ ᠨᠠᠷᠢᠯᠢᠭ ᠬᠠᠮᠢᠶᠠᠷᠣᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ︵ᠳᠣᠯᠤᠭ᠎ᠠ︶  ᠪᠣᠬᠢᠷᠳᠣᠯ ᠦᠭᠡᠢ ᠵᠠᠷᠣᠳ ᠢ ᠪᠠᠶᠢᠭᠤᠯᠬᠤ ᠶᠢ ᠴᠢᠩᠭᠠᠳᠬᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠣᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ      ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠤᠨ᠎ᠠ᠃ ᠨᠤᠲᠤᠭ ᠪᠡᠯᠴᠢᠭᠡᠷ ᠪᠠ ᠣᠶ ᠰᠢᠭᠤᠶ ᠶᠢ ᠬᠠᠮᠠᠭᠠᠯᠠᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠮᠢᠩᠭᠠᠨ ᠲᠦᠮᠡᠨ ᠮᠦ ᠪᠠᠶᠢᠭᠠᠯᠢ ᠶᠢᠨ ᠨᠤᠲᠤᠭ ᠪᠡᠯᠴᠢᠭᠡᠷ ᠤᠨ ᠣᠲᠣ ᠦᠶ᠎ᠡ ᠶᠢᠨ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠢᠨᠵᠧᠨᠧᠷᠢᠩ ᠢ ᠶᠡᠬᠡᠪᠡᠷ ᠠᠬᠢᠭᠤᠯᠵᠤ᠂ ︽ᠠᠮᠢ ᠠᠬᠤᠢ ᠶᠢ ᠬᠠᠮᠠᠭᠠᠯᠠᠬᠤ᠂ ᠪᠡᠯᠴᠢᠭᠡᠷᠯᠡᠭᠦᠯᠦᠨ ᠮᠠᠯᠵᠢᠬᠤ ᠶᠢ ᠴᠠᠭᠠᠵᠠᠯᠠᠵᠤ ᠬᠠᠰᠢᠶᠠᠯᠠᠨ ᠲᠡᠵᠢᠭᠡᠬᠦ᠂ ᠬᠠᠰᠢᠶᠠᠯᠠᠨ ᠲᠡᠵᠢᠭᠡᠵᠦ ᠬᠠᠭᠠᠰ ᠬᠠᠰᠢᠶᠠᠯᠠᠨ ᠲᠡᠵᠢᠭᠡᠬᠦ᠂ ᠪᠡᠯᠴᠢᠭᠡᠷᠯᠡᠭᠦᠯᠦᠨ ᠮᠠᠯᠵᠢᠬᠤ ᠶᠢ ᠴᠠᠭᠠᠵᠠᠯᠠᠬᠤ ᠠᠴᠠ ᠪᠢᠰᠢ ᠲᠡᠵᠢᠭᠡᠬᠦ ᠶᠢ ᠴᠠᠭᠠᠵᠠᠯᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠤᠮᠤ ᠪᠠᠯᠭᠠᠰᠤᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠡᠩᠨᠡᠭᠡ ᠶᠢᠨ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠦᠶᠯᠡᠳᠦᠯ ᠢ ᠭᠦᠶᠴᠡᠳ ᠪᠠᠳᠠᠷᠠᠭᠤᠯᠤᠨ᠂ ᠪᠣᠭ ᠮᠠᠯ ᠢ ᠪᠥᠬᠦ ᠵᠢᠯ ᠪᠡᠯᠴᠢᠭᠡᠷᠯᠡᠭᠦᠯᠦᠨ ᠮᠠᠯᠵᠢᠬᠤ ᠶᠢ ᠴᠠᠭᠠᠵᠠᠯᠠᠵᠤ ᠬᠠᠰᠢᠶᠠᠯᠠᠨ ᠲᠡᠵᠢᠭᠡᠬᠦ ᠠᠵᠢᠯ ᠢ ᠦᠷᠭᠦᠯᠵᠢᠯᠡᠨ ᠴᠢᠩᠭᠠᠳᠬᠠᠨ᠎ᠠ︔ ᠬᠤᠶᠢᠲᠤ ᠬᠡᠰᠡᠭ ᠤᠨ ᠮᠠᠯᠵᠢᠬᠤ ᠣᠷᠣᠨ ᠤ ᠮᠠᠯᠴᠢᠳ ᠢ ᠰᠢᠯᠵᠢᠭᠦᠯᠦᠨ ᠲᠥᠪᠬᠢᠨᠡᠭᠦᠯᠬᠦ ᠠᠵᠢᠯ ᠢ ᠯᠠᠪᠳᠠᠭᠤᠨ ᠪᠠᠲᠣᠲᠠᠢ ᠰᠠᠶᠢᠲᠤᠷ ᠬᠢᠵᠦ᠂ 1000 ᠬᠥᠮᠦᠨ ᠢ ᠰᠢᠯᠵᠢᠭᠦᠯᠦᠨ ᠲᠥᠪᠬᠢᠨᠡᠭᠦᠯᠬᠦ ᠶᠢ ᠦᠨᠡᠨᠬᠦ ᠪᠠᠲᠤᠯᠠᠨ᠎ᠠ᠃ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠪᠠ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠵᠦ᠂ 50 ᠲᠦᠮᠡᠨ ᠮᠦ ᠨᠤᠲᠤᠭ ᠪᠡᠯᠴᠢᠭᠡᠷ ᠢ ᠵᠠᠰᠠᠨ ᠰᠡᠷᠭᠦᠭᠡᠬᠦ᠂ ᠬᠤᠷᠴᠢᠨ ᠤ ᠡᠯᠡᠰᠦᠷᠬᠡᠭ ᠭᠠᠵᠠᠷ ᠢ 44.8 ᠲᠦᠮᠡᠨ ᠮᠦ ᠶᠡᠷᠦᠩᠬᠡᠶᠢᠯᠡᠨ ᠵᠠᠰᠠᠬᠤ᠂ 100 ᠲᠦᠮᠡᠨ ᠮᠦ ᠨᠤᠲᠤᠭ ᠪᠡᠯᠴᠢᠭᠡᠷ ᠢ ᠪᠢᠲᠡᠭᠦᠮᠵᠢᠯᠡᠬᠦ᠂ 10 ᠲᠦᠮᠡᠨ ᠮᠦ ᠮᠠᠭᠤᠵᠢᠷᠠᠭᠰᠠᠨ ᠨᠤᠲᠤᠭ ᠪᠡᠯᠴᠢᠭᠡᠷ ᠢ ᠰᠠᠶᠢᠵᠢᠷᠠᠭᠤᠯᠬᠤ᠂ 3 ᠲᠦᠮᠡᠨ ᠮᠦ ᠬᠤᠣᠷᠲᠤ ᠡᠪᠡᠰᠦ ᠶᠢ ᠵᠠᠰᠠᠬᠤ᠂ 32.4 ᠲᠦᠮᠡᠨ ᠮᠦ ᠬᠦᠨᠳᠦ ᠡᠯᠡᠰᠦᠵᠢᠭᠰᠡᠨ ᠣᠷᠣᠨ ᠪᠦᠰᠡ ᠶᠢ ᠵᠠᠰᠠᠬᠤ ᠶᠢ ᠪᠡᠶᠡᠯᠡᠭᠦᠯᠪᠡ᠃ ᠨᠡᠶᠢᠲᠡ ᠶᠢᠨ ᠠᠰᠠᠷᠠᠮᠵᠢ ᠶᠢᠨ ᠤᠢ ᠶᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠴᠢᠩᠭ᠎ᠠ ᠰᠢᠮᠳᠠᠭᠤᠯᠤᠨ ᠨᠠᠶᠢᠲᠠᠪᠣᠷᠢᠵᠢᠭᠤᠯᠵᠤ᠂ ᠲᠠᠪᠠ ᠪᠠᠷ ᠢᠶᠠᠨ ᠮᠠᠯᠲᠠᠬᠤ ᠪᠠ ᠳᠤᠷ᠎ᠠ ᠪᠠᠷ ᠢᠶᠠᠨ ᠤᠬᠤᠬᠤ ᠬᠠᠭᠠᠯᠪᠤᠷᠢᠯᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠢ ᠰᠢᠭᠤᠶ ᠨᠤᠲᠤᠭ ᠪᠡᠯᠴᠢᠭᠡᠷ ᠤᠨ ᠡᠬᠢ ᠪᠠᠶᠠᠯᠢᠭ ᠢ ᠴᠢᠳᠠᠬᠤᠶᠢᠴᠠ ᠬᠠᠮᠠᠭᠠᠯᠠᠨ᠎ᠠ᠃ ᠭᠤᠣᠯᠳᠠᠯᠭ᠎ᠠ ᠲᠠᠢ ᠠᠮᠢ ᠠᠬᠤᠢ ᠶᠢᠨ ᠴᠢᠳᠠᠮᠵᠢᠲᠤ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ 17 ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠠᠶᠢᠴᠠᠭᠠᠨ ᠦᠨᠡᠯᠡᠬᠦ᠂ ᠰᠢᠯᠢᠳᠡᠭᠵᠢᠭᠦᠯᠦᠨ ᠲᠣᠬᠢᠷᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠬᠠᠨ ᠠᠭᠤᠯᠠᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠢ ᠬᠠᠶᠢᠨ ᠪᠠᠶᠢᠴᠠᠭᠠᠵᠤ ᠲᠡᠮᠳᠡᠭ ᠪᠣᠰᠬᠠᠬᠤ ᠠᠵᠢᠯ ᠢ ᠪᠡᠶᠡᠯᠡᠭᠦᠯᠵᠦ᠂ ᠠᠷᠤ ᠬᠥᠨᠳᠡᠯᠡᠨ ᠤ ᠵᠠᠭᠤᠨ ᠲᠦᠮᠡᠨ ᠮᠦ ᠪᠠᠶᠢᠭᠠᠯᠢ ᠶᠢᠨ ᠨᠤᠲᠤᠭ ᠪᠡᠯᠴᠢᠭᠡᠷ ᠢ ᠪᠢᠲᠡᠭᠦᠮᠵᠢᠯᠡᠨ ᠴᠠᠭᠠᠵᠠᠯᠠᠬᠤ ᠬᠠᠮᠠᠭᠠᠯᠠᠭᠰᠠᠨ ᠣᠷᠣᠨ ᠢ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ ᠪᠣᠯᠭᠠᠬᠤ ᠲᠤᠷᠰᠢᠯᠲᠠ ᠶᠢᠨ ᠴᠢᠭ ᠲᠤ ᠣᠷᠣᠭᠤᠯᠬᠤ ᠪᠠᠷ ᠴᠢᠷᠮᠠᠶᠢᠵᠤ᠂ ᠡᠯ᠎ᠡ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠪᠠᠨ ᠦᠷᠭᠦᠯᠵᠢᠯᠡᠨ ᠵᠢᠷᠤᠮᠵᠢᠭᠤᠯᠤᠨ᠎ᠠ᠃      ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠲᠠᠯ᠎ᠠ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠠᠭ ᠲᠣᠬᠠᠢ ᠲᠤᠨᠢ ᠪᠦᠬᠦᠨ ᠢ ᠴᠡᠭᠴᠡᠯᠡᠨ ᠰᠠᠶᠢᠵᠢᠷᠠᠭᠤᠯᠣᠨ᠎ᠠ᠃ ᠭᠤᠷᠪᠠᠳᠤᠭᠠᠷ ᠤᠳᠠᠭᠠᠨ  ᠤ ᠤᠯᠤᠰ ᠤᠨ ᠭᠠᠵᠠᠷ ᠰᠢᠷᠣᠶ ᠶᠢᠨ ᠪᠠᠶᠢᠴᠠᠭᠠᠯᠲᠠ ᠶᠢᠨ ᠠᠩᠬᠠᠨ ᠤ ᠲᠤᠭ᠎ᠠ ᠪᠠᠷᠢᠮᠲᠠ ᠶᠢᠨ ᠦᠷ᠎ᠡ ᠳ᠋ᠦᠩ ᠢ ᠬᠠᠷᠢᠭᠤ ᠳᠣᠰᠬᠠᠭᠰᠠᠨ ᠰᠠᠨᠠᠯ ᠢ ᠪᠥᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠤᠯᠤᠰ ᠤᠨ ᠰᠢᠯᠭᠠᠨ ᠬᠤᠷᠢᠶᠠᠬᠤ ᠶᠢ ᠦᠩᠭᠡᠷᠡᠭᠦᠯᠬᠦ ᠶᠢᠨ ᠬᠠᠮᠲᠤ ᠠᠰᠢᠭᠯᠠᠯᠲᠠ ᠳᠤ ᠣᠷᠣᠭᠤᠯᠬᠤ ᠶᠢ ᠦᠨᠡᠨ ᠬᠦ ᠪᠠᠲᠤᠯᠠᠨ᠎ᠠ᠃ ᠭᠠᠵᠠᠷ ᠰᠢᠷᠣᠶ ᠶᠢᠨ ᠵᠤᠷᠰᠢᠯ ᠤᠨ ᠰᠢᠮᠳᠠᠭᠤᠯᠤᠨ ᠪᠠᠶᠢᠴᠠᠭᠠᠯᠲᠠ ᠪᠠ ᠬᠢᠮᠡᠯ ᠳᠠᠭᠠᠭᠤᠯᠢ ᠤᠳᠤᠨ ᠢᠶᠠᠷ ᠬᠠᠣᠯᠢ ᠬᠡᠷᠡᠭᠵᠢᠭᠦᠯᠬᠦ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠴᠠᠭ ᠠᠯᠬᠤᠮ ᠳᠠᠷᠠᠭ᠎ᠠ ᠱᠠᠭᠠᠷᠳᠠᠯᠭ᠎ᠠ ᠪᠠᠷ ᠦᠨᠡᠨ ᠪᠣᠲᠠᠲᠠᠢ ᠵᠠᠯᠠᠷᠠᠭᠤᠯᠣᠨ᠎ᠠ᠃ ᠪᠦᠬᠦ ᠬᠤᠰᠢᠭᠤᠨ ᠤ ᠤᠰᠤᠨ ᠤ ᠡᠬᠢ ᠪᠠᠶᠠᠯᠢᠭ ᠢ ᠠᠰᠢᠭᠯᠠᠬᠤ ᠶᠡᠷᠦᠩᠬᠡᠢ ᠲᠥᠯᠥᠪᠵᠢᠭᠦᠯᠭᠡ ᠶᠢ ᠨᠠᠶᠢᠷᠠᠭᠤᠯᠣᠨ ᠳᠠᠭᠤᠰᠬᠠᠵᠤ᠂ ᠤᠰᠤᠨ ᠤ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠦᠨ᠎ᠡ᠃ ᠯᠦᠪᠸᠢ ᠪᠠᠯᠭᠠᠰᠤᠨ ᠤ ᠭᠤᠤᠯ ᠬᠤᠲᠠ ᠲᠣᠭᠤᠷᠢᠭ  ᠤᠨ ᠤᠤᠭᠤᠬᠤ ᠤᠰᠤᠨ ᠤ ᠰᠢᠨ᠎ᠡ ᠰᠤᠷᠪᠤᠯᠵᠢ ᠭᠠᠵᠠᠷ ᠢ ᠰᠣᠩᠭᠤᠬᠤ ᠲᠥᠯᠥᠪᠵᠢᠭᠦᠯᠭᠡ ᠶᠢᠨ ᠠᠵᠢᠯ ᠢ ᠰᠠᠶᠢᠲᠤᠷ ᠬᠢᠵᠦ᠂ ᠥᠷᠭᠡᠨ ᠣᠯᠠᠨ ᠠᠷᠠᠳ ᠲᠦᠮᠡᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃      ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠭᠤᠷᠪᠠᠨ ᠣᠷᠣᠨ ᠭᠤᠷᠪᠠᠨ ᠱᠤᠭᠤᠮ︾ ᠢ ᠴᠢᠩᠭ᠎ᠠ ᠰᠠᠬᠢᠵᠤ᠂ ᠤᠯᠤᠰ ᠤᠨ ᠨᠤᠲᠤᠭ ᠳᠡᠪᠢᠰᠬᠡᠷ ᠣᠷᠣᠨ ᠵᠠᠶ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠠᠮᠢ ᠠᠬᠤᠶ ᠶᠢᠨ ᠣᠷᠴᠢᠨ ᠲᠣᠭᠤᠷᠢᠨ ᠤ ᠵᠦᠪᠰᠢᠶᠡᠷᠡᠨ ᠣᠷᠣᠭᠤᠯᠬᠤ ᠲᠣᠳᠣᠷᠬᠠᠶ ᠬᠠᠭᠤᠳᠠᠰᠤ ᠶᠢ ᠲᠣᠭᠲᠠᠭᠠᠨ ᠲᠡᠭᠦᠯᠳᠡᠷᠵᠢᠭᠦᠯᠵᠦ᠂ ᠠᠮᠢ ᠠᠬᠤᠶ ᠶᠢᠨ ᠬᠠᠮᠠᠭᠠᠯᠠᠯᠲᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ᠵᠦᠶᠯᠡᠰ ᠢ ᠬᠡᠷᠡᠭᠵᠢᠭᠦᠯᠬᠦ ᠶᠢ ᠡᠷᠡᠰ ᠲᠡᠪᠴᠢᠨ᠎ᠡ᠃ ᠠᠮᠢ ᠠᠬᠤᠢ ᠶᠢᠨ ᠨᠥᠬᠦᠪᠥᠷᠢ ᠶᠢᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠲᠤᠰᠢᠶᠠᠯ ᠠᠴᠠ ᠪᠠᠨ ᠰᠠᠯᠬᠤ ᠦᠶᠡᠰ ᠬᠢᠨᠠᠨ ᠪᠣᠳᠣᠬᠤ ᠶᠢ ᠴᠢᠩᠭ᠎ᠠ ᠨᠠᠢᠳᠠᠪᠤᠷᠢᠵᠢᠭᠤᠯᠬᠤ᠂ ᠤᠳᠤᠷᠢᠳᠬᠤ ᠺᠠᠳ᠋ᠷ ᠤᠨ ᠲᠤᠰᠢᠶᠠᠯ ᠤᠨ ᠬᠤᠭᠤᠴᠠᠭᠠᠨ ᠤ ᠡᠬᠢ ᠪᠠᠶᠠᠯᠢᠭ ᠤᠨ ᠬᠤᠷᠣᠭᠳᠠᠯ᠂ ᠣᠷᠴᠢᠨ ᠲᠣᠭᠤᠷᠢᠨ ᠤ ᠬᠤᠬᠢᠷᠠᠯ᠂ ᠠᠮᠢ ᠠᠬᠤᠢ ᠶᠢᠨ ᠦᠷ᠎ᠡ ᠠᠰᠢᠭ ᠤᠨ ᠬᠠᠷᠢᠭᠤᠴᠠᠯᠭ᠎ᠠ ᠶᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠬᠡᠷᠡᠭᠵᠢᠭᠦᠯᠦᠨ᠎ᠡ᠃ ᠡᠯ᠎ᠡ ᠰᠤᠮᠤ ᠪᠠᠯᠭᠠᠰᠤ ᠲᠠᠯᠠᠪᠠᠢ ᠪᠣᠯᠤᠨ ᠭᠠᠴᠠᠭ᠎ᠠ ᠲᠣᠰᠬᠤᠨ ᠬᠤᠪᠢᠶᠠᠷᠢ ᠲᠠᠯᠠᠪᠠᠢ ᠶᠢᠨ ᠣᠢ ᠰᠢᠭᠤᠶ᠂ ᠨᠤᠲᠤᠭ ᠪᠡᠯᠴᠢᠭᠡᠷ᠂ ᠤᠰᠤ ᠶᠢᠨ ᠰᠣᠷᠪᠣᠯᠵᠢ ᠭᠤᠷᠪᠠᠨ ᠶᠡᠭᠡ ᠠᠮᠢ ᠠᠬᠤᠢ ᠶᠢᠨ ᠬᠠᠮᠠᠭᠠᠯᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠪᠡᠰᠦ ᠮᠠᠯ ᠢ ᠲᠡᠩᠴᠡᠭᠦᠷᠢ ᠲᠠᠢ ᠪᠠᠶᠢᠯᠭᠠᠬᠤ᠂ ᠨᠡᠶᠢᠲᠡ ᠶᠢᠨ ᠠᠰᠠᠷᠠᠮᠵᠢ ᠶᠢᠨ ᠤᠢ ᠶᠢ ᠬᠠᠮᠢᠶᠠᠷᠴᠤ ᠬᠠᠮᠠᠭᠠᠯᠠᠬᠤ ᠬᠠᠷᠢᠭᠤᠴᠠᠯᠭ᠎ᠠ ᠶᠢ ᠪᠣᠲᠠᠲᠠᠶᠢᠵᠢᠭᠤᠯᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠰᠤᠨ ᠤ ᠰᠣᠷᠪᠣᠯᠵᠢ ᠶᠢ ᠨᠤᠲᠠᠯᠠᠬᠤ᠂ ᠤᠰᠤ ᠵᠠᠷᠣᠬᠤ ᠳᠤ ᠵᠦᠪᠰᠢᠶᠡᠷᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠤᠰᠤ ᠰᠢᠷᠣᠶ ᠶᠢ ᠬᠠᠮᠠᠭᠠᠯᠠᠬᠤ ᠲᠦᠯᠦᠪᠦᠷᠢ ᠰᠦᠶᠳᠬᠡᠯ ᠲᠠᠲᠠᠪᠣᠷᠢᠯᠠᠬᠤ ᠬᠠᠮᠢᠶᠠᠷᠣᠯᠲᠠ  ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠦᠬᠦ ᠬᠤᠰᠢᠭᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃      ︵ᠨᠠᠶᠮᠠ︶ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂  ᠬᠦᠭᠵᠢᠯᠲᠡ ᠶᠢᠨ ᠬᠥᠳᠡᠯᠭᠡᠬᠦ ᠬᠦᠴᠦᠨ  ᠢ ᠦᠨᠡᠨᠬᠦ ᠴᠢᠩᠭᠠᠷᠠᠭᠤᠯᠣᠨ᠎ᠠ     ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ᠰᠤᠮᠤ ᠪᠠᠯᠭᠠᠰᠤᠨ  ᠤ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠪᠡᠶᠡᠯᠡᠭᠦᠯᠵᠦ᠂ ᠪᠠᠶᠢᠭᠤᠯᠤᠮᠵᠢ ᠶᠢᠨ ᠪᠠᠶᠢᠷᠢᠯᠠᠭᠤᠯᠣᠯᠲᠠ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠭᠦᠷᠭᠡ ᠬᠠᠷᠢᠭᠤᠴᠠᠯᠭ᠎ᠠ ᠲᠣᠳᠣᠷᠬᠠᠢ᠂ ᠬᠠᠤᠯᠢ ᠶᠣᠰᠣᠭᠠᠷ ᠵᠠᠰᠠᠭ ᠪᠠᠷᠢᠭᠰᠠᠨ ᠵᠠᠰᠠᠭ ᠤᠨ ᠣᠷᠳᠣᠨ ᠤ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠵᠠᠰᠠᠯᠲᠠ ᠶᠢᠨ ᠴᠢᠳᠠᠪᠣᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠦᠳᠡᠭᠡ ᠲᠣᠰᠬᠤᠨ ᠮᠠᠯᠵᠢᠬᠤ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠷᠬᠡ ᠶᠢ ᠲᠣᠳᠣᠯᠠᠨ ᠲᠣᠭᠲᠠᠭᠠᠭᠰᠠᠨ ᠥᠭᠡᠷᠡᠴᠢᠯᠡᠯᠲᠡ ᠶᠢᠨ ᠦᠷ᠎ᠡ ᠪᠦᠲᠦᠭᠡᠯ ᠤᠨ ᠬᠡᠷᠡᠭᠯᠡᠯᠲᠡ ᠶᠢ ᠬᠠᠶᠢᠨ ᠰᠦᠪᠡᠭᠴᠢᠯᠡᠵᠦ᠂ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠲᠠᠷᠢᠶᠠᠯᠠᠩ ᠤᠨ ᠠᠲᠠᠷ ᠬᠠᠭᠠᠯᠪᠣᠷᠢᠯᠠᠬᠤ ᠶᠢ ᠠᠵᠤ ᠠᠬᠤᠶᠢᠯᠠᠴᠢᠯᠠᠨ ᠦᠭᠡᠷᠡᠴᠢᠯᠡᠬᠦ ᠠᠬᠢᠴᠠ ᠶᠢ ᠲᠦᠷᠭᠡᠳᠭᠡᠵᠦ᠂ ᠨᠡᠶᠢᠲᠡ ᠶᠢᠨ ᠥᠮᠴᠢᠯᠡᠯ  ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠡᠭᠦᠷᠭᠡ ᠪᠠᠨ ᠪᠦᠬᠦ ᠲᠠᠯ᠎ᠠ ᠪᠠᠷ ᠪᠡᠶᠡᠯᠡᠭᠦᠯᠦᠨ᠎ᠡ᠃ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠰᠠᠯᠭᠠᠬᠤ ᠦᠭᠡᠷᠡᠴᠢᠯᠡᠯᠲᠡ ᠶᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠡᠯᠡ ᠮᠦᠩᠬᠦ ᠶᠢᠨ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠴᠠᠭ ᠦᠶ᠎ᠡ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠡᠭᠦᠷᠭᠡ ᠶᠢ ᠨᠠᠶᠢᠳᠠᠪᠤᠷᠢᠵᠢᠭᠤᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠯᠠᠪᠳᠠᠭᠤᠨ ᠢᠶᠠᠷ ᠬᠡᠷᠡᠭᠵᠢᠭᠦᠯᠬᠦ ᠶᠢ ᠠᠬᠢᠭᠤᠯᠵᠤ᠂ ᠣᠷᠣᠰᠢᠭᠤᠯᠭ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠣᠨ᠎ᠠ᠃     ᠭᠠᠳᠠᠭᠠᠲᠤ ᠲᠠᠢ ᠴᠢᠯᠦᠭᠡᠲᠡᠢ ᠶᠠᠪᠣᠯᠴᠠᠬᠤ ᠪᠠᠨ ᠢᠳᠡᠪᠬᠢᠲᠡᠶ ᠥᠷᠭᠡᠳᠬᠡᠨ᠎ᠡ᠃ ᠵᠡᠭᠦᠨ ᠬᠤᠶᠢᠲᠤ ᠣᠷᠣᠨ ᠤ ᠠᠵᠤ ᠠᠬᠤᠶ ᠶᠢ ᠨᠢᠭᠡ ᠴᠣᠭᠴᠠᠵᠢᠭᠤᠯᠬᠤ ᠠᠬᠢᠴᠠ ᠳᠤ ᠲᠦᠷᠭᠡᠨ ᠠᠭᠤᠰᠤᠯᠴᠠᠭᠤᠯᠵᠤ᠂ ᠲᠥᠷᠥᠯ ᠵᠦᠶᠯ ᠢ ᠠᠳᠬᠤᠵᠤ᠂ ᠬᠥᠭᠵᠢᠯᠲᠡ ᠶᠢ ᠠᠬᠢᠭᠤᠯᠵᠤ᠂᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠠᠭᠤᠰᠬᠠᠨ ᠣᠷᠣᠬᠤ ᠬᠤᠰᠢᠭᠤᠴᠢ ᠪᠣᠯᠣᠨ᠎ᠠ᠃ ᠣᠲᠣ ᠦᠶ᠎ᠡ ᠶᠢᠨ ᠡᠨᠧᠷᠭᠢ ᠶᠢᠨ ᠠᠵᠤ ᠠᠬᠤᠶ᠂ ᠪᠣᠬᠢᠷᠲᠤᠯ ᠥᠬᠡᠶ ᠨᠡᠭᠦᠷᠡᠰᠦ ᠬᠢᠮᠢ ᠶᠢᠨ ᠠᠵᠤ ᠦᠶᠯᠡᠳᠪᠦᠷᠢ᠂ ᠪᠣᠬᠢᠷᠳᠣᠯ ᠦᠭᠡᠢ ᠨᠡᠭᠦᠷᠡᠰᠦ ᠴᠠᠬᠢᠯᠭᠠᠨ ᠬᠦᠩᠭᠡᠨᠴᠠᠭᠠᠨ ᠵᠢᠴᠢ ᠬᠦᠩᠭᠡᠨᠴᠠᠭᠠᠨ ᠢ ᠳᠠᠬᠢᠨ ᠪᠣᠯᠪᠠᠰᠣᠷᠠᠭᠤᠯᠬᠤ᠂ ᠲᠠᠯ᠎ᠠ ᠨᠤᠲᠤᠭ ᠤᠨ ᠠᠯᠠᠰᠢᠨ ᠦᠬᠡᠷ᠂ ᠮᠣᠩᠭᠤᠯ ᠬᠢᠲᠠᠳ ᠡᠮ ᠤᠨ ᠮᠠᠲ᠋ᠧᠷᠢᠶᠠᠯ᠂ ᠰᠣᠶᠣᠯ ᠵᠢᠭᠤᠯᠴᠢᠯᠠᠯ ᠵᠡᠷᠭᠡ ᠠᠵᠤ ᠦᠶᠯᠡᠰ ᠢ ᠪᠦᠯᠦᠭᠯᠡᠨ ᠬᠦᠭᠵᠢᠭᠦᠯᠬᠦ ᠶᠢᠨ ᠲᠣᠭᠤᠷᠢᠨ ᠳᠤ᠂ ᠪᠦᠸᠧᠬᠠᠢ ᠲᠠᠩᠭᠢᠰ ᠢ ᠲᠣᠭᠤᠷᠢᠭᠰᠠᠨ ᠠᠵᠤ ᠠᠬᠤᠶ ᠶᠢᠨ ᠲᠣᠭᠤᠷᠢᠭ᠂ ᠵᠡᠭᠦᠨ ᠬᠤᠶᠢᠲᠤ ᠶᠢᠨ ᠭᠤᠷᠪᠠᠨ ᠮᠤᠵᠢ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠤᠯᠳᠠᠯᠭ᠎ᠠ ᠲᠠᠢ ᠬᠤᠳᠠᠯᠳᠤᠭᠠᠴᠢᠨ ᠤᠷᠢᠬᠤ ᠣᠷᠣᠨ ᠪᠦᠰᠡ ᠠᠴᠠ ᠨᠢᠭᠡ ᠪᠦᠯᠦᠭ ᠲᠣᠮᠣ ᠲᠥᠷᠥᠯ ᠵᠦᠶᠯ᠂ ᠰᠠᠶᠢᠨ ᠲᠥᠷᠥᠯ ᠵᠦᠶᠯ ᠢ ᠣᠷᠣᠭᠤᠯᠤᠨ ᠠᠪᠴᠢᠷᠠᠵᠤ ᠠᠵᠢᠯ ᠡᠬᠢᠯᠡᠭᠦᠯᠬᠦ ᠪᠠᠷ ᠴᠢᠷᠮᠠᠶᠢᠵᠤ᠂ ᠲᠤᠰ ᠵᠢᠯ ᠳᠤ 32 ᠲᠥᠷᠥᠯ ᠵᠦᠶᠯ ᠢ ᠰᠢᠨ᠎ᠡ ᠭᠡᠷ᠎ᠡ ᠲᠣᠭᠲᠠᠵᠤ᠂ ᠪᠣᠲᠠᠲᠠᠶᠢᠵᠢᠭᠰᠠᠨ ᠪᠡᠯᠡ ᠮᠦᠩᠬᠦ 30 ᠳ᠋ᠦᠩᠰᠢᠭᠤᠷ ᠲᠥᠭᠦᠷᠢᠭ ᠬᠦᠷᠭᠡᠨ᠎ᠡ᠃ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠ ᠠᠵᠤ ᠠᠬᠤᠶ ᠶᠢᠨ ᠴᠢᠨᠠᠷ ᠰᠠᠶᠢᠲᠠᠶ ᠬᠦᠭᠵᠢᠯᠲᠡ ᠶᠢᠨ ᠬᠠᠷᠠᠯᠲᠠ ᠶᠢᠨ ᠲᠣᠭᠤᠷᠢᠨ ᠳᠤ᠂ ᠲᠥᠷᠥᠯ ᠵᠦᠶᠯ ᠢ ᠨᠠᠷᠢᠨ ᠨᠢᠮᠪᠠᠶ ᠲᠥᠯᠥᠪᠯᠡᠨ᠂ ᠰᠢᠭᠰᠢᠨ ᠰᠣᠩᠭᠤᠬᠤ ᠪᠠ ᠨᠥᠭᠡᠴᠡᠯᠡᠵᠦ᠂ ᠨᠠᠩ ᠣᠯᠠᠨ ᠴᠢᠬᠤᠯᠠ ᠶᠡᠭᠡ ᠲᠥᠷᠥᠯ ᠵᠦᠶᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠦᠯᠦᠪᠵᠢᠭᠦᠯᠭᠡ ᠳᠤ ᠣᠷᠣᠭᠤᠯᠵᠤ᠂ ᠲᠥᠷᠦ ᠶᠢᠨ ᠪᠤᠳᠣᠯᠭ᠎ᠠ ᠶᠢᠨ ᠳᠡᠮᠵᠢᠯᠭᠡ ᠳᠤ ᠬᠦᠷᠲᠡᠵᠦ᠂ ᠰᠠᠭᠤᠷᠢ ᠪᠡᠯᠡᠳᠬᠡᠮᠵᠢ᠂ ᠠᠵᠤ ᠦᠶᠯᠡᠰ ᠤᠨ ᠬᠥᠭᠵᠢᠯᠲᠡ᠂ ᠣᠯᠠᠨ ᠨᠡᠶᠢᠲᠡ ᠶᠢᠨ ᠦᠶᠯᠡᠴᠢᠯᠡᠭᠡᠨ ᠤ ᠬᠦᠷᠦᠯᠴᠡᠬᠦ ᠦᠭᠡᠢ ᠲᠠᠯ᠎ᠠ ᠪᠠᠨ ᠪᠦᠷᠢᠨ ᠨᠥᠬᠦᠪᠥᠷᠢᠯᠡᠨ᠎ᠡ᠃     ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠢᠯᠢᠳᠡᠭᠵᠢᠭᠦᠯᠦᠨ᠎ᠡ᠃ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠥᠷᠢᠮ ᠢ ᠨᠠᠶᠢᠲᠠᠪᠣᠷᠢᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ  ᠰᠢᠯᠢᠳᠡᠭᠵᠢᠭᠦᠯᠬᠦ ︽ᠵᠠᠭᠤᠨ ᠡᠳᠦᠷ ᠤᠨ ᠰᠢᠪᠳᠣᠯᠣᠯᠲᠠ︾ ᠶᠢᠨ ᠠᠵᠢᠯᠯᠠᠭ᠎ᠠ ᠥᠷᠨᠢᠭᠦᠯᠵᠦ᠂ ᠭᠤᠣᠯᠳᠠᠭᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠂ ᠤᠰᠤ ᠴᠠᠬᠢᠯᠭᠠᠨ ᠬᠡᠢ ᠳᠤᠯᠠᠭᠠᠯᠠᠭ᠎ᠠ ᠶᠢ ᠮᠡᠳᠡᠭᠦᠯᠦᠨ ᠤᠭᠰᠠᠷᠠᠬᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ᠂ ᠵᠠᠰᠠᠭ ᠤᠨ ᠶᠠᠪᠣᠳᠠᠯ ᠤᠨ ᠦᠶᠯᠡᠴᠢᠯᠡᠭᠡᠨ ᠤ ᠬᠠᠨᠤᠮᠵᠢ ᠶᠢᠨ ᠬᠡᠮᠵᠢᠶ᠎ᠡ ᠪᠠ ᠠᠵᠤ ᠠᠬᠤᠶᠢᠯᠠᠯ ᠳᠤ ᠬᠤᠯᠪᠣᠭᠳᠠᠬᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠬᠤ ᠵᠡᠷᠭᠡ ᠲᠠᠪᠤᠨ ᠲᠤᠰᠬᠠᠶ ᠠᠵᠢᠯᠯᠠᠭ᠎ᠠ ᠶᠢ ᠦᠷᠨᠢᠭᠦᠯᠦᠨ᠎ᠡ᠃ ︽ᠲᠠᠯᠪᠢᠬᠤ ᠬᠠᠮᠢᠶᠠᠷᠴᠤ ᠦᠢᠯᠡᠴᠢᠯᠡᠬᠦ︾ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠤᠰᠢᠭᠤᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠬᠦᠳᠡᠯᠦᠩᠭᠦᠢ ᠲᠣᠬᠢᠷᠠᠭᠤᠯᠣᠨ ᠨᠡᠶᠢᠲᠡᠯᠡᠵᠦ᠂ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ︽ᠰᠠᠶᠢᠨ ᠮᠠᠭᠤ︾ ᠦᠨᠡᠯᠡᠯᠲᠡ ᠶᠢᠨ ᠬᠠᠮᠢᠶᠠᠷᠣᠯᠲᠠ ᠶᠢ ᠬᠡᠷᠡᠭᠵᠢᠭᠦᠯᠵᠦ᠂ ᠬᠢᠨᠠᠨ ᠵᠦᠪᠰᠢᠶᠡᠷᠡᠬᠦ ᠠᠯᠬᠤᠮ ᠳᠠᠷᠠᠭ᠎ᠠ ᠪᠠᠨ ᠦᠷᠭᠦᠯᠵᠢᠯᠡᠨ ᠰᠢᠯᠢᠳᠡᠭᠵᠢᠭᠦᠯᠵᠦ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠵᠡᠷᠭᠡᠪᠡᠷ ᠬᠤᠯᠪᠣᠭᠠᠯᠠᠨ ᠬᠢᠨᠠᠨ ᠵᠥᠪᠰᠢᠶᠡᠷᠡᠬᠦ ᠵᠡᠷᠭᠡ ᠣᠯᠠᠨ ᠵᠦᠶᠯ ᠤᠨ ᠦᠶᠯᠡᠴᠢᠯᠡᠭᠡᠨ ᠤ ᠠᠷᠭ᠎ᠠ ᠮᠠᠶ᠋ᠢᠭ ᠢᠶᠠᠷ ᠳᠠᠮᠵᠢᠨ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠵᠦᠶᠯᠡᠰ ᠢ ︽ᠨᠢᠭᠡ ᠯᠡ ᠤᠳᠠᠭ᠎ᠠ ᠭᠦᠶᠦᠬᠦ︾ ᠪᠣᠯᠭᠠᠵᠤ᠂ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠲᠦᠷᠢᠮ ᠤᠨ ᠴᠢᠨᠠᠷᠲᠠᠶ ᠥᠪᠡᠷ ᠤᠨ ᠥᠷᠲᠡᠭ ᠢ ᠦᠨᠡᠨᠬᠦ ᠪᠠᠭᠤᠷᠠᠭᠤᠯᠤᠨ᠎ᠠ᠃ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ  ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠬᠦ ᠣᠷᠣᠨ ᠤ ︽ᠦᠪᠦᠷ ᠮᠣᠩᠭᠤᠯ ᠲᠦᠷᠭᠡᠨ ᠭᠦᠶᠴᠡᠳᠬᠡᠬᠦ︾ ᠰᠢᠯᠵᠢᠭᠡ ᠲᠡᠪᠴᠡᠭ ᠢ ᠳᠡᠯᠭᠡᠷᠡᠭᠦᠯᠦᠨ ᠬᠡᠷᠡᠭᠯᠡᠬᠦ ᠪᠠ ᠡᠯᠧᠺᠲᠷᠣᠨ ᠭᠡᠷᠡᠴᠢ ᠦᠨᠡᠮᠯᠡᠯ ᠢ ᠵᠣᠯᠭᠠᠭᠤᠯᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃    ︵ᠶᠢᠰᠦ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠣᠯᠠᠨ ᠲᠦᠮᠡᠨ ᠤ ᠵᠣᠯ ᠵᠢᠷᠭᠠᠯ  ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ    ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠣᠨ᠎ᠠ᠃ ᠪᠥᠬᠦᠳᠡ ᠣᠯᠠᠨ ᠢᠶᠠᠷ ᠢᠶᠠᠨ ᠠᠳᠠᠯ ᠦᠶᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠶᠡᠭᠡ ᠳᠡᠭᠡᠲᠦ ᠰᠤᠷᠭᠠᠭᠤᠯᠢ ᠲᠡᠭᠦᠰᠦᠭᠰᠡᠳ᠂ ᠬᠦᠯᠦᠰᠦᠨ ᠲᠠᠷᠢᠶᠠᠴᠢᠨ ᠮᠠᠯᠴᠢᠨ᠂ ᠬᠤᠲᠠ ᠪᠠᠯᠭᠠᠰᠤ ᠶᠢᠨ ᠠᠵᠢᠯ ᠠᠯᠳᠠᠭᠰᠠᠳ ᠵᠡᠷᠭᠡ ᠭᠤᠤᠯᠳᠠᠯᠭ᠎ᠠ ᠲᠠᠢ ᠬᠥᠮᠦᠰ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠶᠢ ᠪᠥᠬᠦ ᠬᠦᠴᠦᠨ ᠢᠶᠠᠷ ᠳᠠᠮᠵᠢᠵᠤ᠂ ᠬᠤᠲᠠ ᠪᠠᠯᠭᠠᠰᠤ ᠳᠤ 1500 ᠬᠥᠮᠦᠨ ᠠᠴᠠ ᠳᠡᠭᠡᠭᠰᠢ ᠰᠢᠨ᠎ᠡ ᠪᠠᠷ ᠠᠵᠢᠯ ᠣᠯᠭᠤᠵᠤ᠂ 2000 ᠲᠦᠮᠡᠨ ᠲᠥᠭᠦᠷᠢᠭ ᠠᠴᠠ ᠳᠡᠭᠡᠭᠰᠢ ᠪᠠᠭ᠎ᠠ ᠲᠣᠭᠠᠨ ᠤ ᠳᠠᠭᠠᠭᠠᠯᠲᠠ ᠲᠠᠢ ᠠᠳᠠᠯ ᠦᠶᠯᠡᠰ ᠴᠣᠭᠴᠠᠯᠠᠬᠤ ᠵᠢᠭᠡᠯᠡᠯᠭᠡ ᠲᠠᠯᠪᠢᠵᠤ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠨᠣᠷᠮ᠎ᠠ ᠶᠢ 4.5% ᠶᠢᠨ ᠳᠣᠲᠣᠷ᠎ᠠ ᠬᠢᠵᠠᠭᠠᠷᠯᠠᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠨᠠᠶᠢᠲᠠᠪᠣᠷᠢᠵᠢᠭᠤᠯᠵᠤ᠂ ᠨᠠᠰᠣᠵᠢᠯ ᠤᠨ ᠳᠠᠭᠠᠳᠬᠠᠯ ᠤᠨ ᠪᠦᠬᠦ ᠣᠷᠣᠨ ᠳᠤ ᠨᠢᠭᠡᠳᠦᠯᠲᠡᠶ ᠲᠥᠯᠥᠪᠯᠡᠬᠦ ᠲᠥᠷᠥ ᠶᠢᠨ ᠪᠣᠳᠣᠯᠭ᠎ᠠ ᠲᠠᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠳᠠᠭᠠᠳᠬᠠᠪᠠᠰᠤ ᠵᠣᠬᠢᠬᠤ ᠪᠦᠬᠦᠨ ᠢ ᠳᠠᠭᠠᠳᠬᠠᠯ ᠳᠤ ᠣᠷᠣᠭᠤᠯᠣᠨ᠎ᠠ᠃ ᠨᠡᠶᠢᠭᠡᠮ ᠤᠨ ᠠᠪᠤᠷᠠᠨ ᠲᠤᠰᠠᠯᠠᠬᠤ᠂ ᠠᠰᠠᠷᠠᠮᠵᠢ ᠪᠣᠶᠠᠨᠰᠠᠭ᠂ ᠬᠠᠷᠠᠭᠠᠯᠵᠠᠨ ᠲᠥᠪᠬᠢᠨᠡᠭᠦᠯᠬᠦ ᠵᠡᠷᠭᠡ ᠳᠦᠷᠢᠮ ᠢ ᠲᠡᠭᠦᠯᠳᠡᠷᠵᠢᠭᠦᠯᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠣᠯᠠᠨ᠎ᠠ᠃ ᠡᠪᠡᠳᠴᠢᠨ ᠤ ᠲᠥᠷᠥᠯ ᠢᠶᠠᠷ ᠰᠦᠶᠳᠬᠡᠯ ᠲᠤᠰᠢᠶᠠᠬᠤ᠂ ᠶᠡᠷᠦᠩᠬᠡᠶ  ᠲᠦᠰᠦᠪ ᠤᠨ ᠲᠤᠭ᠎ᠠ ᠪᠠᠷ ᠰᠦᠶᠳᠬᠡᠯ ᠬᠢᠵᠠᠭᠠᠷᠯᠠᠬᠤ ᠪᠠᠷ ᠭᠤᠤᠯ ᠪᠣᠯᠭᠠᠭᠰᠠᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠦᠭᠡᠷᠡᠴᠢᠯᠡᠯᠲᠡ ᠶᠢ ᠠᠬᠢᠭᠤᠯᠵᠤ᠂ ᠣᠯᠠᠨ ᠲᠦᠮᠡᠨ ᠤ ᠡᠮᠴᠢᠯᠡᠭᠡᠨ ᠤ ᠳᠠᠷᠤᠭᠠᠰᠤ ᠶᠢ ᠦᠨᠡᠨᠬᠦ ᠬᠥᠩᠭᠡᠷᠡᠭᠦᠯᠦᠨ᠎ᠡ᠃ ᠬᠦᠳᠡᠭᠡ ᠲᠣᠰᠬᠤᠨ ᠮᠠᠯᠵᠢᠬᠤ ᠣᠷᠣᠨ ᠤ ᠭᠡᠷ ᠲᠡᠭᠡᠨ ᠬᠤᠴᠣᠷᠤᠭᠰᠠᠨ ᠬᠡᠦᠬᠡᠳ ᠪᠣᠯᠤᠨ ᠡᠮᠡᠭᠲᠡᠶᠢᠴᠦᠳ᠂ ᠨᠠᠰᠤᠲᠠᠶᠢᠴᠤᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠵᠤ᠂ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮ ᠢ ᠪᠦᠷᠢᠨᠰᠢᠭᠦᠯᠦᠨ᠎ᠡ᠃ ᠵᠡᠮᠳᠡᠭᠴᠦᠳ ᠤᠨ ᠠᠵᠢᠯ ᠦᠶᠯᠡᠰ ᠢ ᠬᠥᠭᠵᠢᠭᠦᠯᠵᠦ᠂ ᠵᠡᠮᠳᠡᠭᠴᠦᠳ ᠤᠨ ᠡᠷᠡᠭᠦᠯᠵᠢᠯ ᠤᠨ ᠦᠶᠯᠡᠴᠢᠯᠡᠭᠡ ᠶᠢ  ᠳᠡᠭᠡᠭᠰᠢᠯᠡᠭᠦᠯᠦᠨ᠎ᠡ᠃ ᠴᠠᠯᠢᠩ ᠦᠷᠢᠲᠦᠵᠦ ᠪᠠᠶᠢᠬᠤ ᠳᠠᠯᠳᠠ ᠭᠡᠮ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠢ ᠪᠠᠶᠢᠩᠭᠤ ᠦᠷᠨᠢᠭᠦᠯᠵᠦ᠂ ᠬᠦᠯᠦᠰᠦᠨ ᠲᠠᠷᠢᠶᠠᠴᠢᠨ ᠮᠠᠯᠴᠢᠨ ᠤ ᠴᠠᠯᠢᠩ ᠢ ᠥᠷᠢᠲᠦᠵᠦ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠵᠤ᠂ ᠬᠦᠯᠦᠰᠦᠨ ᠲᠠᠷᠢᠶᠠᠴᠢᠨ ᠤ ᠴᠠᠭ ᠲᠠᠭᠠᠨ ᠭᠦᠶᠴᠡᠳ ᠲᠤᠭ᠎ᠠ ᠪᠠᠷ ᠴᠠᠯᠢᠩ ᠣᠯᠬᠤ ᠶᠢ ᠪᠠᠲᠣᠯᠠᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠴᠡᠷᠢᠭ ᠪᠠ ᠭᠡᠷ ᠪᠦᠯᠢ ᠶᠢᠨ ᠬᠢᠨ ᠤ ᠬᠠᠤᠯᠢ ᠶᠣᠰᠣᠨ  ᠤ ᠡᠷᠬᠡ ᠠᠰᠢᠭ ᠢ ᠬᠠᠮᠠᠭᠠᠯᠠᠨ᠎ᠠ᠃    ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠦᠨᠳᠦᠰᠦᠲᠡᠨ ᠤ ᠰᠤᠷᠭᠠᠨ ᠬᠥᠮᠦᠵᠢᠯ ᠢ ᠡᠩ ᠲᠡᠷᠢᠭᠦᠨ ᠳᠤ ᠰᠠᠶᠢᠲᠤᠷ ᠡᠷᠬᠢᠯᠡᠵᠦ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠵᠢᠷᠤᠮᠵᠢᠭᠤᠯᠤᠨ᠂ ᠪᠠᠯᠴᠢᠷ ᠬᠡᠦᠬᠡᠳ ᠪᠠᠭ᠎ᠠ ᠰᠣᠷᠭᠠᠭᠤᠯᠢ ᠠᠩᠬ᠎ᠠ ᠵᠡᠷᠭᠡ ᠥᠨᠳᠥᠷ ᠵᠡᠷᠭᠡ ᠶᠢᠨ ᠰᠤᠷᠭᠠᠨ ᠬᠥᠮᠦᠵᠢᠯ  ᠢ ᠵᠣᠯᠭᠠᠯᠳᠤᠭᠤᠯᠤᠨ ᠬᠥᠭᠵᠢᠭᠦᠯᠬᠦ ᠰᠢᠨ᠎ᠡ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠢᠯ ᠮᠡᠷᠭᠡᠵᠢᠯ ᠤᠨ ᠰᠤᠷᠭᠠᠭᠤᠯᠢ ᠪᠠ ᠡᠩ ᠤᠨ ᠦᠨᠳᠦᠷ ᠵᠡᠷᠭᠡ ᠶᠢᠨ ᠳᠣᠮᠳᠠᠲᠤ ᠰᠤᠷᠭᠠᠭᠤᠯᠢ ᠶᠢᠨ ᠰᠤᠷᠣᠭᠴᠢᠳ ᠤᠨ ᠬᠠᠷᠢᠴᠠᠯ ᠢ ᠳᠡᠭᠡᠭᠰᠢᠯᠡᠭᠦᠯᠦᠨ᠎ᠡ᠃ ᠰᠤᠷᠭᠠᠭᠤᠯᠢ ᠶᠢᠨ ᠵᠠᠬᠢᠷᠤᠯ ᠪᠠ ᠪᠠᠭᠰᠢ ᠶᠢᠨ ᠡᠩᠨᠡᠭᠡᠨ ᠤ ᠬᠠᠮᠢᠶᠠᠷᠤᠯᠲᠠ ᠪᠠᠨ ᠴᠢᠩᠭᠠᠳᠬᠠᠵᠤ ᠂ ᠰᠤᠷᠭᠠᠭᠤᠯᠢ ᠶᠢᠨ ᠵᠠᠬᠢᠷᠤᠯ ᠳᠤ ᠣᠨ ᠤ ᠬᠢᠨᠠᠨ ᠰᠢᠯᠭᠠᠬᠤ ᠳᠦᠷᠢᠮ ᠢ ᠬᠡᠷᠡᠭᠵᠢᠭᠦᠯᠵᠦ᠂ ᠮᠡᠷᠭᠡᠵᠢᠯ ᠤᠨ ᠴᠣᠯᠠ ᠲᠣᠭᠲᠠᠭᠠᠬᠤ  ᠪᠠ ᠤᠷᠢᠬᠤ ᠶᠢ ᠦᠨᠳᠦᠰᠦᠨ ᠱᠠᠲᠤᠨ ᠤ ᠪᠠᠭᠰᠢ ᠠᠵᠢᠯᠲᠠᠨ ᠲᠡᠰᠢ ᠬᠡᠯᠪᠡᠶᠢᠯᠭᠡᠨ᠎ᠡ᠃ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠭᠤᠯᠤᠯ ᠬᠥᠮᠦᠵᠢᠯ ᠢ ᠴᠢᠩᠭᠠᠷᠠᠭᠤᠯᠵᠤ᠂ ᠲᠠᠷᠢᠶᠠᠴᠢᠨ ᠮᠠᠯᠴᠢᠳ ᠤᠨ ᠦᠶᠯᠡᠳᠪᠦᠷᠢᠯᠡᠯ ᠤᠨ ᠮᠡᠷᠭᠡᠵᠢᠯ ᠴᠢᠳᠠᠪᠤᠷᠢ ᠪᠣᠯᠤᠨ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠷᠡᠭᠦᠯ ᠮᠡᠨᠳᠦ ᠵᠠᠷᠤᠳ ᠠᠵᠢᠯᠯᠠᠭ᠎ᠠ ᠶᠢ ᠬᠡᠷᠡᠭᠵᠢᠭᠦᠯᠵᠦ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ ᠤᠨ ᠡᠷᠡᠭᠦᠯ ᠮᠡᠨᠳᠦ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠰᠣᠶᠣᠯ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠦᠯᠢᠭᠡᠷ ᠪᠣᠯᠤᠨ ᠵᠤᠰᠠᠯᠠᠩ ᠤᠨ ᠨᠡᠭᠦᠳᠡᠯ ᠰᠣᠶᠣᠯ ᠢ ᠳᠡᠯᠡᠬᠡᠢ ᠶᠢᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠣᠷᠣᠭᠤᠯᠬᠤ ᠮᠡᠳᠡᠭᠦᠯᠬᠦ ᠠᠵᠢᠯ ᠢ ᠡᠬᠢᠯᠡᠭᠦᠯᠵᠦ᠂ ᠢᠦᠢ ᠵᠸᠦ ᠬᠤᠲᠠ ᠶᠢᠨ ᠵᠢᠢ ᠱᠠᠨ ᠶᠡᠭᠡ ᠪᠠᠭᠰᠢ ᠶᠢᠨ ᠣᠩᠭᠤᠨ ᠢ ᠬᠠᠮᠠᠭᠠᠯᠠᠬᠤ  ᠲᠦᠯᠦᠪᠵᠢᠭᠦᠯᠬᠦ ᠪᠠ ᠡᠮᠦᠨ᠎ᠡ ᠪᠤᠯᠠᠭᠲᠣ ᠶᠢᠨ ᠡᠷᠲᠡᠨ ᠤ ᠪᠠᠭᠤᠷᠢ ᠶᠢ ᠬᠠᠮᠠᠭᠠᠯᠠᠬᠤ ᠢᠨᠵᠧᠨᠧᠷᠢᠩ ᠢ ᠪᠡᠶᠡᠯᠡᠭᠦᠯᠵᠦ᠂ ᠤᠯᠠᠭᠠᠨᠮᠥ᠋ᠴᠢᠷ  ᠤᠨ ᠲᠤᠬᠠᠶᠢᠯᠠᠭᠰᠠᠨ ᠠᠵᠢᠯ ᠳᠤ ᠬᠡᠷᠡᠭᠯᠡᠬᠦ ᠭᠡᠷ ᠪᠠᠶᠢᠰᠢᠩ ᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤᠨ ᠤ ᠡᠮᠨᠡᠯᠭᠡ ᠬᠤᠷᠢᠶᠠᠨ ᠤ ᠲᠡᠷᠭᠡᠨ ᠵᠣᠭᠰᠣᠭᠠᠯ ᠢ ᠲᠦᠯᠦᠪᠵᠢᠭᠦᠯᠦᠨ ᠪᠠᠶᠢᠭᠤᠯᠵᠤ᠂ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠡᠪᠡᠳᠴᠢᠲᠡᠨ ᠤ ᠥᠷᠥᠭᠡᠨ ᠤ  ᠶᠡᠷᠦᠩᠬᠡᠶᠢᠯᠡᠭᠰᠡᠨ ᠠᠰᠠᠷ᠂ ᠰᠢᠶᠠᠩ ᠱᠠᠨ ᠭᠤᠣᠯ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠠᠰᠠᠷ ᠤᠨ ᠠᠰᠢᠭᠯᠠᠯᠲᠠ ᠳᠤ ᠣᠷᠣᠬᠤ ᠶᠢ ᠠᠬᠢᠭᠤᠯᠵᠤ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠ ᠡᠷᠡᠭᠦᠯ ᠬᠠᠮᠠᠭᠠᠯᠠᠯ ᠤᠨ ᠲᠠᠰᠤᠭ ᠤᠨ ᠦᠶᠯᠡᠴᠢᠯᠡᠭᠡᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠪᠠ ᠪᠠᠴᠢᠮ ᠪᠠᠶᠢᠳᠠᠯ ᠢ ᠠᠷᠭᠠᠴᠠᠬᠤ ᠴᠢᠳᠠᠪᠣᠷᠢ ᠪᠠᠨ ᠴᠢᠩᠭᠠᠳᠬᠠᠵᠤ᠂ ᠬᠦᠨᠳᠦ ᠶᠡᠭᠡ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠵᠦ᠂ ᠪᠦᠬᠦ ᠬᠤᠰᠢᠭᠤᠨ ᠤ ᠠᠷᠠᠳ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤ ᠠᠮᠤᠷ ᠲᠦᠪᠰᠢᠨ ᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ᠲᠡᠰ ᠤᠨ ᠡᠷᠡᠭᠦᠯ ᠮᠡᠨᠳᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠡᠶᠡᠯᠡᠭᠦᠯᠵᠦ᠂ ᠤᠯᠤᠰ ᠤᠨ ᠲᠡᠰ ᠤᠨ ᠠᠷᠢᠭᠤᠨ ᠴᠡᠪᠡᠷ ᠰᠢᠶᠠᠨ ᠤ ᠬᠤᠲᠠ ᠶᠢ ᠴᠢᠷᠮᠠᠶᠢᠨ ᠪᠠᠶᠢᠭᠤᠯᠣᠨ᠎ᠠ᠃ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠤᠷ ᠬᠢᠨ᠎ᠡ᠃     ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠬᠦᠴᠦᠯᠡᠨ ᠠᠬᠢᠭᠤᠯᠤᠨ᠎ᠠ᠃ ︽ᠵᠠᠬᠢᠳᠠᠯ ᠰᠤᠷᠪᠤᠯᠵᠢᠯᠠᠭ᠎ᠠ  ᠶᠢᠨ ᠠᠰᠠᠭᠤᠳᠠᠯ ᠢ ᠰᠢᠶᠳᠪᠦᠷᠢᠯᠡᠬᠦ ᠣᠨ︾ ᠤ ᠲᠤᠰᠬᠠᠶ ᠠᠵᠢᠯᠯᠠᠭ᠎ᠠ ᠶᠢ ᠶᠡᠬᠡᠪᠡᠷ ᠦᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠤᠯᠠᠨ ᠡᠰᠢᠴᠢᠯᠡᠭᠰᠡᠨ ᠲᠣᠭᠲᠠᠴᠠ ᠶᠢ ᠪᠦᠷᠢᠨᠰᠢᠬᠦᠯᠵᠤ᠂ ᠨᠡᠶᠢᠭᠡᠮ ᠤᠨ ᠵᠥᠷᠢᠴᠡᠯ ᠢ ᠪᠦᠲᠦᠮᠵᠢᠲᠡᠶ ᠠᠷᠢᠯᠭᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠣᠨ ᠲᠡᠭᠦᠯᠳᠡᠷᠵᠢᠭᠦᠯᠵᠦ᠂ ᠲᠤᠰᠬᠠᠢ ᠲᠡᠮᠡᠴᠡᠯ ᠤᠨ ᠢᠯᠠᠯᠲᠠ ᠶᠢ ᠡᠷᠡᠰ ᠲᠡᠮᠡᠴᠡᠨ ᠣᠯᠤᠨ᠎ᠠ᠃ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠶᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ  ᠶᠢ ᠰᠠᠶᠢᠲᠤᠷ ᠠᠳᠬᠤᠵᠤ᠂ ᠬᠠᠤᠯᠢ ᠪᠠᠷ ᠵᠠᠰᠠᠭᠰᠠᠨ ᠬᠥᠳᠡᠭᠡ ᠲᠣᠰᠬᠤᠨ ᠤ ᠪᠠᠶᠢᠭᠤᠯᠤᠯᠲᠠ ᠶᠢ ᠲᠦᠷᠭᠡᠳᠬᠡᠵᠦ᠂ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢᠨ ᠡᠭᠦᠷᠭᠡ ᠪᠠᠨ ᠪᠡᠶᠡᠯᠡᠭᠦᠯᠦᠨ᠎ᠡ᠃ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠᠨ ᠨᠡᠶᠢᠭᠡᠮ ᠤᠨ ᠪᠦᠯᠬᠦᠮ ᠬᠤᠯᠪᠣᠭᠠᠯᠠᠨ ᠬᠥᠳᠡᠯᠦᠯᠴᠡᠬᠦ︾ ᠶᠢ ᠬᠡᠷᠡᠭᠵᠢᠭᠦᠯᠵᠦ᠂ ᠬᠤᠲᠠ ᠬᠥᠳᠡᠭᠡ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠭᠠᠮᠰᠢᠭ ᠢ  ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠠᠶᠣᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠶᠣᠯᠭᠦᠢ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠨ᠂ ᠠᠶᠣᠯᠭᠦᠢ ᠦᠶᠯᠡᠳᠪᠦᠷᠢᠯᠡᠯ ᠤᠨ ᠬᠢᠨᠠᠯᠲᠠ ᠬᠠᠮᠢᠶᠠᠷᠣᠯᠲᠠ ᠪᠠᠨ ᠴᠢᠩᠭᠠᠳᠬᠠᠨ᠂ ᠬᠦᠨᠳᠦ ᠶᠡᠭᠡ ᠣᠨᠴᠠ ᠶᠡᠭᠡ ᠠᠳᠡᠯ ᠪᠣᠯᠤᠨ ᠣᠢ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠭᠠᠷᠬᠤ ᠶᠢ ᠡᠷᠡᠰ ᠰᠡᠷᠭᠡᠶᠢᠯᠡᠨ᠎ᠡ᠃ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠪᠠ ᠦᠨ᠎ᠡ ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠲᠣᠭᠲᠠᠪᠤᠷᠢᠵᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠢᠲᠡᠭᠡᠮᠵᠢ ᠲᠠᠢ ᠪᠠᠶᠢᠬᠤ ᠶᠢ ᠤᠷᠮᠠᠰᠢᠭᠤᠯᠬᠤ ᠪᠠ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠵᠦ᠂ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠵᠢᠷᠤᠮᠵᠢᠭᠤᠯᠤᠨ᠎ᠠ᠃ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠣᠣᠱᠯᠠᠭᠤᠯᠵᠤ᠂ ᠴᠥᠭᠡᠨ ᠲᠣᠭᠠᠲᠤ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠭᠡᠵᠦ᠂ ᠴᠥᠭᠡᠨ ᠲᠣᠭᠠᠲᠤ ᠦᠨᠳᠦᠰᠦᠲᠡᠨ ᠤ ᠦᠭᠡ ᠬᠡᠯᠡ ᠦᠰᠦᠭ ᠪᠢᠴᠢᠭ ᠢ ᠬᠠᠮᠠᠭᠠᠯᠠᠨ ᠬᠡᠷᠡᠭᠯᠡᠬᠦ ᠪᠠ ᠬᠥᠭᠵᠢᠭᠦᠯᠵᠦ᠂ ᠬᠤᠲᠠ ᠶᠢᠨ ᠦᠨᠳᠦᠰᠦᠲᠡᠨ ᠤ ᠠᠵᠢᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠤᠨ ᠠᠵᠢᠯᠯᠠᠭ᠎ᠠ ᠶᠢ ᠭᠦᠨᠵᠡᠭᠡᠶᠢᠷᠡᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ  ᠢ ᠲᠦᠯᠬᠢᠨ ᠠᠬᠢᠭᠤᠯᠤᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠣᠳᠣᠬᠢᠴᠢᠯᠠᠭᠰᠠᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠪᠣᠯᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠨ᠎ᠠ᠃       ᠭᠤᠷᠪᠠ᠂ ᠵᠠᠰᠠᠭ ᠤᠨ ᠣᠷᠳᠣᠨ ᠤ ᠵᠠᠰᠠᠭ ᠪᠠᠷᠢᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠠᠤᠭ᠎ᠠ ᠵᠢᠷᠤᠭ ᠲᠥᠰᠦᠪ ᠢ ᠲᠣᠭᠲᠠᠪᠠ᠃ ᠪᠢᠳᠡ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠣᠣᠱᠯᠠᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠵᠣᠷᠢᠭ ᠰᠠᠨᠠᠭ᠎ᠠ ᠪᠠᠷ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠵᠠᠰᠠᠯᠲᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠵᠢᠯ ᠨᠢᠭᠡᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠲᠦᠮᠡᠨ ᠳᠤ ᠬᠠᠨᠤᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠣᠶ᠎ᠠ᠃      ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠡᠭᠦᠷᠭᠡ ᠲᠤᠰᠢᠶᠠᠯ ᠢᠶᠠᠨ ᠦᠨᠡᠨᠴᠢ ᠰᠢᠳᠤᠷᠭᠤ ᠪᠠᠷ ᠭᠦᠢᠴᠡᠳᠭᠡᠬᠦ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ  ᠳᠤ ᠲᠠᠯᠪᠢᠬᠤ ᠶᠢ ᠪᠠᠷᠢᠮᠲᠠᠯᠠᠵᠤ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠤᠬᠠᠮᠰᠠᠷ  ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠣᠮᠳᠠᠲᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ︽ᠲᠦᠷᠪᠡᠨ ᠤᠬᠠᠮᠰᠠᠷ︾ ᠢᠶᠠᠨ ᠦᠨᠡᠨ ᠬᠦ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠦᠨᠡᠨᠬᠦ ᠪᠡᠶᠡᠯᠡᠭᠦᠯᠬᠦ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠣᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠵᠠᠰᠠᠭ ᠤᠨ ᠣᠷᠳᠣᠨ ᠤ ᠰᠢᠰᠲ᠋ᠧᠮ  ᠤᠨ ᠨᠠᠮ ᠤᠨ ᠪᠠᠶᠢᠭᠤᠯᠤᠯᠲᠠ ᠶᠢᠨ ᠠᠵᠢᠯ ᠢ ᠪᠠᠶᠢᠩᠭᠤ ᠰᠠᠶᠢᠲᠤᠷ ᠠᠳᠬᠤᠵᠤ᠂ ᠨᠠᠮ ᠤᠨ ᠭᠡᠰᠢᠭᠦᠨ ᠺᠠᠳ᠋ᠷᠴᠤᠳ  ᠤᠨ ᠡᠭᠦᠷᠭᠡ ᠲᠤᠰᠢᠶᠠᠯ ᠢᠶᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ ᠵᠦᠶᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠬᠤ ᠶᠢ ᠦᠨᠡᠨᠬᠦ ᠪᠠᠲᠤᠯᠠᠬᠤ ᠬᠡᠷᠡᠭᠲᠡᠢ᠃     ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠠᠤᠯᠢ ᠶᠣᠰᠣᠭᠠᠷ ᠵᠠᠰᠠᠭ ᠪᠠᠷᠢᠬᠤ ᠶᠢ ᠢᠮᠠᠭᠲᠠ ᠪᠡᠶᠡᠯᠡᠭᠦᠯᠬᠦ ᠬᠡᠷᠡᠭᠲᠡᠶ᠃ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠪᠦᠬᠦ ᠲᠠᠯ᠎ᠠ  ᠪᠠᠷ ᠴᠢᠩᠭᠠᠳᠬᠠᠵᠤ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠢ ᠦᠨᠳᠦᠰᠦᠨ ᠳᠡᠭᠡᠨ ᠪᠠᠶᠢᠭᠤᠯᠤᠨ ᠪᠦᠲᠦᠭᠡᠬᠦ ᠬᠠᠷᠠᠯᠲᠠ ᠪᠠᠨ ᠬᠤᠭᠤᠴᠠᠭ᠎ᠠ ᠶᠣᠰᠣᠭᠠᠷ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠠᠤᠯᠢ ᠶᠣᠰᠣᠭᠠᠷ ᠭᠦᠶᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠢᠳᠡᠪᠬᠢᠲᠡᠶ ᠭᠦᠢᠴᠡᠳᠭᠡᠵᠦ ᠂ ᠵᠠᠰᠠᠭ ᠤᠨ ᠣᠷᠳᠣᠨ ᠤ ᠠᠵᠢᠯ ᠤᠨ ᠳᠦᠷᠢᠮ ᠪᠠ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠶᠢ ᠬᠠᠤᠯᠢ ᠪᠠᠷ ᠲᠣᠭᠲᠠᠭᠠᠬᠤ ᠠᠯᠬᠤᠮ ᠳᠠᠷᠠᠭ᠎ᠠ ᠶᠢ  ᠴᠢᠩᠭ᠎ᠠ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠳᠦᠷᠢᠮ ᠪᠠ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠡᠷᠡᠰ ᠨᠠᠶᠢᠳᠠᠪᠤᠷᠢᠵᠢᠭᠤᠯᠤᠨ᠎ᠠ᠃ ᠰᠦᠯᠵᠢᠶᠡᠨ ᠳᠡᠭᠡᠷ᠎ᠡ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠲᠣᠭᠲᠠᠴᠠ ᠶᠢ ᠲᠡᠭᠦᠯᠳᠡᠷᠵᠢᠭᠦᠯᠵᠦ᠂ ᠰᠠᠨᠠᠭᠠᠴᠢᠯᠠᠭ᠎ᠠ ᠠᠴᠠ ᠪᠠᠨ ᠬᠢᠨᠠᠯᠲᠠ ᠶᠢ ᠬᠦᠯᠢᠶᠡᠵᠦ᠂ ᠬᠠᠤᠯᠢ ᠶᠣᠰᠣᠭᠠᠷ ᠵᠠᠰᠠᠭ ᠪᠠᠷᠢᠬᠤ᠂ ᠬᠠᠤᠯᠢ ᠪᠠᠷ ᠬᠤᠰᠢᠭᠤ ᠪᠠᠨ ᠵᠠᠰᠠᠬᠤ ᠶᠢ ᠢᠮᠠᠭᠲᠠ ᠪᠡᠶᠡᠯᠡᠭᠦᠯᠦᠨ᠎ᠡ᠃      ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ  ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠴᠢᠩᠭ᠎ᠠ ᠠᠳᠬᠤᠵᠤ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠪᠠᠶᠢᠴᠠᠭᠠᠨ ᠰᠤᠳᠣᠯᠬᠤ ᠰᠤᠷᠲᠠᠯ ᠢ ᠶᠡᠬᠡᠪᠡᠷ ᠡᠷᠬᠢᠮᠯᠡᠨ᠂ ᠡᠭᠦᠷᠭᠡ ᠪᠠᠨ ᠨᠠᠷᠢᠯᠢᠭᠵᠢᠭᠤᠯᠤᠨ ᠵᠠᠳᠠᠯᠵᠤ᠂ ᠦᠨᠡᠨᠬᠦ ᠰᠡᠳᠬᠢᠯ ᠢᠶᠠᠨ ᠲᠦᠪᠯᠡᠷᠡᠭᠦᠯᠦᠨ᠂ ᠪᠡᠶ᠎ᠡ ᠪᠦᠬᠦᠶᠢᠨ᠂ ︽ᠬᠠᠳᠠᠭᠠᠰᠤ ᠬᠠᠳᠠᠬᠤ︾ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠤᠯᠤᠰ ᠤᠨ ᠪᠠᠶᠢᠯᠳᠤᠬᠤ ᠪᠣᠳᠣᠯᠭ᠎ᠠ  ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠂ ᠲᠦᠩᠯᠢᠶᠣᠤ ᠬᠤᠲᠠ ᠶᠢᠨ ᠲᠥᠯᠥᠪᠵᠢᠭᠦᠯᠭᠡ ᠪᠠᠶᠢᠷᠢᠯᠠᠭᠤᠯᠣᠯᠲᠠ ᠶᠢ ᠴᠢᠩᠭ᠎ᠠ ᠵᠢᠷᠤᠮᠯᠠᠵᠤ᠂ ᠭᠦᠶᠴᠡᠳ ᠰᠠᠨᠠᠯ ᠬᠤᠷᠢᠶᠠᠵᠤ᠂ ᠭᠦᠨᠵᠡᠭᠡᠶ ᠰᠤᠳᠤᠯᠤᠨ ᠨᠤᠲᠠᠯᠠᠵᠤ ᠪᠠᠶᠢᠭᠠᠳ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠦᠯᠦᠪᠵᠢᠭᠦᠯᠭᠡ ᠪᠠᠨ ᠴᠢᠨᠠᠷ ᠰᠠᠶᠢᠲᠠᠶ ᠨᠠᠶᠢᠷᠠᠭᠤᠯᠤᠨ ᠵᠣᠬᠢᠶᠠᠨ᠎ᠠ᠃ ᠵᠠᠰᠠᠭ ᠤᠨ ᠶᠠᠪᠤᠳᠠᠯ ᠤᠨ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠭᠡᠯᠬᠦ ᠡᠷᠴᠢᠮ ᠢᠶᠠᠨ ᠴᠢᠩᠭᠠᠷᠠᠭᠤᠯᠵᠤ᠂ ᠰᠢᠮᠳᠠᠭᠤᠯᠤᠨ ᠪᠠᠶᠢᠴᠠᠭᠠᠭᠰᠠᠨ ᠦᠷ᠎ᠡ ᠪᠦᠲᠦᠭᠡᠯ ᠢᠶᠠᠨ ᠰᠠᠶᠢᠲᠤᠷ ᠬᠡᠷᠡᠭᠯᠡᠵᠦ᠂ ᠰᠠᠶᠢᠲᠤᠷ ᠬᠤᠪᠢᠷᠠᠭᠤᠯᠤᠨ᠎ᠠ᠃ ᠤᠷᠮᠠᠰᠢᠭᠤᠯᠤᠨ ᠵᠣᠷᠢᠭᠵᠢᠭᠤᠯᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠭᠰᠡᠨ᠂ ᠰᠢᠨ᠎ᠡ ᠶᠢ ᠡᠭᠦᠳᠴᠦ ᠬᠠᠶᠢᠨ ᠰᠦᠪᠡᠭᠴᠢᠯᠡᠭᠰᠡᠨ᠂ ᠯᠠᠪᠳᠠᠭᠤᠨ ᠪᠠᠲᠣᠲᠠᠢ ᠠᠵᠢᠯᠯᠠᠭᠰᠠᠨ ᠺᠠᠳ᠋ᠷᠴᠣᠳ ᠲᠤ ᠲᠦᠰᠢᠭ ᠲᠣᠯᠭᠠᠭᠤᠷᠢ ᠪᠣᠯᠵᠤ ᠡᠷᠴᠢ ᠵᠣᠷᠢᠭ ᠢ ᠨᠢ ᠬᠦᠪᠴᠢᠯᠡᠨ᠎ᠡ᠂ ᠲᠡᠳᠡᠭᠡᠷ ᠬᠠᠷᠢᠯᠴᠠᠨ ᠲᠦᠯᠬᠢᠯᠴᠡᠭᠰᠡᠨ᠂ ᠨᠠᠵᠠᠭᠠᠶ ᠪᠠᠷ ᠠᠷᠭᠠᠴᠠᠭᠰᠠᠨ᠂ ᠬᠠᠰᠢ ᠶᠠᠰᠢ ᠪᠠᠷ ᠠᠯᠪᠠ ᠬᠠᠰᠢᠭᠰᠠᠨ ᠺᠠᠳ᠋ᠷᠴᠣᠳ ᠠᠴᠠ ᠬᠠᠷᠢᠭᠤᠴᠠᠯᠭ᠎ᠠ ᠨᠡᠬᠡᠮᠵᠢᠯᠡᠵᠦ᠂ ᠢᠯᠡ ᠲᠣᠲᠤ ᠱᠠᠩᠨᠠᠵᠤ ᠵᠠᠯᠬᠠᠭᠠᠬᠤ ᠪᠠᠷ ᠳᠠᠮᠵᠢᠨ ᠠᠵᠢᠯᠴᠢ ᠬᠢᠴᠢᠶᠡᠩᠭᠦᠶ ᠪᠠᠷ ᠵᠠᠰᠠᠭ ᠪᠠᠷᠢᠬᠤ ᠶᠢ ᠠᠬᠢᠭᠤᠯᠣᠨ᠎ᠠ᠃     ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠠᠷᠢᠭᠤᠨ ᠴᠡᠪᠡᠷ ᠢᠶᠠᠷ ᠠᠵᠢᠯ ᠬᠢᠬᠦ ᠶᠢ ᠢᠮᠡᠭ᠌ᠲᠠ ᠪᠡᠶᠡᠯᠡᠭᠦᠯᠬᠦ ᠬᠡᠷᠡᠭᠲᠡᠢ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ︽ᠨᠢᠭᠡ  ᠪᠠᠶᠢᠷᠢ ᠬᠤᠤᠰ ᠬᠠᠷᠢᠭᠤᠴᠠᠯᠭ᠎ᠠ︾ ᠶᠢ ᠤᠬᠠᠮᠰᠠᠷ ᠠᠴᠠ ᠪᠠᠨ ᠭᠦᠶᠴᠡᠳᠬᠡᠵᠦ᠂ ᠢᠮᠠᠭᠲᠠ ᠰᠠᠬᠢᠯᠭ᠎ᠠ ᠪᠠᠲᠤ ᠪᠠ ᠲᠦᠷᠢᠮ ᠲᠣᠭᠲᠠᠭᠠᠯ ᠢ ᠲᠡᠷᠢᠭᠦᠨ ᠳᠤ ᠲᠠᠯᠪᠢᠵᠤ᠂ ᠲᠥᠪ ᠤᠨ ᠨᠠᠢᠮᠠᠨ ᠲᠣᠭᠲᠠᠭᠠᠯ  ᠤᠨ ᠵᠣᠷᠢᠭ ᠰᠠᠨᠠᠭ᠎ᠠ ᠵᠢᠴᠢ ᠬᠡᠷᠡᠭᠵᠢᠭᠦᠯᠬᠦ ᠨᠠᠷᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶ᠎ᠡ ᠴᠠᠷ᠎ᠠ ᠳᠠᠬᠢ ᠳᠣᠪᠣᠶᠢᠮ᠎ᠠ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠪᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶ᠎ᠡ ᠴᠠᠷ᠎ᠠ ᠳᠠᠬᠢ ᠬᠠᠣᠯᠢ ᠲᠣᠭᠲᠠᠭᠠᠯ ᠢ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠡᠯ᠎ᠡ ᠵᠦᠢᠯ ᠤᠨ ᠴᠡᠭᠴᠡᠯᠡᠨ ᠵᠠᠰᠠᠬᠤ ᠡᠭᠦᠷᠭᠡ ᠪᠠᠨ ᠲᠡᠷᠡ ᠶᠣᠰᠣᠭᠠᠷ ᠨᠢ ᠪᠡᠶᠡᠯᠡᠭᠦᠯᠦᠨ᠎ᠡ᠃ ᠬᠢᠨᠠᠨ ᠪᠣᠳᠣᠯᠲᠠ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠢᠨᠠᠨ ᠪᠣᠳᠣᠯᠲᠠ ᠪᠦᠬᠦᠨ ᠢ ᠬᠠᠮᠣᠷᠠᠬᠤ ᠶᠢ ᠢᠳᠡᠪᠬᠢᠲᠡᠢ ᠠᠬᠢᠭᠤᠯᠤᠨ᠎ᠠ ᠃ ᠠᠷᠪᠢᠯᠠᠨ ᠭᠠᠮᠨᠠᠬᠤ ᠶᠢ ᠴᠢᠩᠭ᠎ᠠ ᠪᠠᠷᠢᠮᠲᠠᠯᠠᠵᠤ᠂ ᠬᠤᠰᠢᠭᠤᠨ ᠤ ᠵᠠᠰᠠᠭ ᠤᠨ ᠣᠷᠳᠣᠨ ᠳᠠᠭᠠᠭᠤᠯᠤᠨ ︽ᠠᠷᠪᠢᠯᠠᠨ ᠭᠠᠮᠨᠠᠬᠤ︾ ᠶᠢ ᠡᠷᠬᠢᠮᠯᠡᠵᠤ᠂ ᠬᠢᠵᠠᠭᠠᠷᠲᠠᠢ ᠪᠡᠯᠡ ᠮᠥᠩᠭᠦ ᠪᠠᠨ ᠴᠠᠯᠢᠩ ᠢ ᠪᠠᠲᠤᠯᠠᠬᠤ᠂ ᠡᠷᠭᠢᠯᠲᠡ ᠶᠢ ᠪᠠᠲᠤᠯᠠᠬᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠣᠯᠠᠬᠤ ᠳᠤ ᠬᠡᠷᠡᠭᠯᠡᠨ᠎ᠡ᠃     ᠲᠥᠯᠥᠭᠡᠯᠡᠭᠴᠢᠳ ᠡ︕ 2020 ᠣᠨ ᠳᠤ᠂ ᠪᠢᠳᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠣᠨ ᠪᠦᠲᠦᠭᠡᠬᠦ ᠪᠠ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠲᠡᠦᠬᠡᠲᠦ ᠡᠭᠦᠷᠭᠡ ᠪᠠ ᠪᠦᠬᠦ ᠬᠤᠰᠢᠭᠤᠨ ᠤ 30 ᠲᠦᠮᠡᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ ᠪᠣᠢ᠂ ᠡᠭᠦᠷᠭᠡ ᠬᠦᠨᠳᠦ ᠦᠩᠭᠡ ᠭᠡᠷᠡᠯᠲᠡᠢ ᠪᠠᠶᠢᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠰᠢ ᠶᠢᠨ ᠫᠢᠩ ᠤᠨ ᠳᠣᠮᠳᠠᠲᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠣᠮ ᠤᠨ ᠦᠵᠡᠯ ᠰᠠᠨᠠᠭᠠᠨ ᠤ ᠠᠭᠤᠤ ᠶᠡᠭᠡ ᠲᠤᠭ ᠢ ᠦᠨᠳᠦᠷ ᠮᠠᠨᠳᠣᠭᠤᠯᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠥᠷᠯᠥᠭᠡ ᠦᠳᠡᠰᠢ ᠶᠢ ᠲᠡᠮᠡᠴᠡᠵᠦ᠂ ᠵᠠᠯᠠᠭᠤ ᠨᠠᠰᠤᠨ ᠳᠠᠭᠠᠨ ᠣᠰᠣᠯᠳᠠᠬᠤ ᠦᠭᠡᠢ ᠪᠠᠷ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠲᠠᠰᠤᠷᠠᠯᠲᠠ ᠦᠭᠡᠢ ᠢᠯᠠᠨ ᠳᠠᠪᠠᠵᠤ᠂ ᠦᠵᠡᠰᠬᠦᠯᠡᠩᠲᠦ ᠰᠠᠶᠢᠬᠠᠨ ᠵᠠᠷᠤᠳ ᠢ ᠪᠦᠲᠦᠭᠡᠨ ᠪᠠᠶᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号