| ᠥᠪᠡᠷᠲᠡᠭᠡᠨ ᠵᠠᠰᠠᠬᠤ ᠣᠷᠣᠨ ᠤ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ ᠤᠨ《 ᠬᠤᠶᠠᠳᠤᠭᠠᠷ ᠪᠦᠯᠦᠭ ᠤᠨ〈 ᠳᠤᠮᠳᠠᠳᠤ ᠤᠯᠤᠰ ᠤᠨ ᠰᠠᠶᠢᠨ ᠠᠮᠤ ᠲᠣᠰᠣ 〉 ᠶᠢᠨ | ᠥᠪᠥᠷ ᠮᠣᠩᠭᠤᠯ ᠤᠨ ᠠᠵᠢᠯᠯᠠᠭ᠎ᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠬᠢᠨᠠᠨ ᠲᠣᠭᠲᠠᠭᠠᠭᠰᠠᠨ ᠦᠷ᠎ᠡ | ᠳ᠋ᠦᠩ ᠤᠨ ᠲᠤᠬᠠᠶ ᠮᠡᠳᠡᠭᠳᠡᠯ》( ᠥᠪᠥᠷ ᠠᠮᠤ ᠭᠠᠷᠤᠯᠲᠠ ᠦᠰᠤᠭ᠍ᠳᠤ〔 2020 〕4 ᠳ᠋ᠦ᠋ᠭᠡᠷ ᠲᠣᠭᠠᠲᠤ ) | ᠪᠢᠴᠢᠭ ᠮᠡᠲ᠋ᠧᠷᠢᠶᠠᠯ ᠢ ᠦᠨᠳᠦᠰᠦᠯᠡᠨ᠂ 《 ᠳᠤᠮᠳᠠᠳᠤ ᠤᠯᠤᠰ ᠤᠨ ᠰᠠᠶᠢᠨ ᠠᠮᠤ ᠪᠤᠳᠠᠭ᠎ᠠ ᠲᠣᠰᠣ 》 ᠶᠢᠨ | ᠦᠪᠤᠷ ᠮᠤᠩᠭᠤᠯ ᠤᠨᠠᠵᠢᠯᠯᠠᠭ᠎ᠠ ᠶᠢᠨ ᠵᠢᠱᠢᠶ᠎ᠡ ᠦᠵᠡᠭᠦᠯᠬᠦ ᠬᠤᠰᠢᠭᠤ ᠰᠢᠶᠠᠨ ᠤ ᠪᠠᠶᠢᠭᠤᠯᠤᠯᠲᠠ ᠶᠢ ᠨᠠᠩ ᠰᠠᠶᠢᠲᠤᠷ | ᠬᠡᠷᠡᠭᠵᠢᠭᠦᠯᠬᠦ ᠶᠢᠨ ᠲᠤᠰᠠᠳᠠ᠂ ᠠᠮᠤ ᠪᠤᠳᠠᠭ᠎ᠠ ᠤᠶᠢᠯᠡᠳᠪᠤᠷᠢᠯᠠᠬᠦ᠂ ᠨᠦᠭᠡᠴᠡᠯᠡᠬᠦ᠂ ᠡᠳ᠋ᠰᠢᠭᠦᠯᠬᠦ ᠵᠡᠷᠭᠡ ᠠᠮᠤ | ᠪᠤᠳᠠᠭᠠᠨ ᠤ ᠠᠵᠤ ᠦᠢᠯᠡᠰ ᠤᠨ ᠦᠶᠯᠡᠳᠪᠦᠷᠢᠯᠡᠯ᠂ ᠦᠶᠯᠡᠴᠢᠯᠡᠭᠡᠨ ᠤ ᠠᠵᠢᠯ ᠬᠢᠵᠤ ᠪᠡᠶᠢᠭ᠎ᠠ ᠭᠤᠤᠯ | ᠴᠣᠭᠴᠠ ᠵᠢᠨᠬᠢᠨ ᠰᠢᠯᠢᠨ ᠰᠣᠩᠭᠤᠬᠤ ᠨᠥᠬᠦᠴᠡᠯ ᠲᠠᠢ ᠦᠪᠡᠷ ᠢ ᠪᠡᠨᠬᠠᠷᠢᠴᠠᠭᠤᠯᠤᠨ ᠵᠠᠷᠤᠳ ᠬᠤᠰᠢᠭᠤᠨ ᠤ 《 | ᠴᠢᠨᠠᠷ ᠰᠠᠶᠢᠲᠠᠶ ᠠᠮᠤ ᠲᠣᠰᠣᠨ ᠤ ᠢᠨᠵᠧᠨᠧᠷᠢᠩ 》 ᠤᠨ ᠵᠢᠱᠢᠶ᠎ᠡ ᠦᠵᠡᠭᠦᠯᠬᠦ ᠠᠵᠤ ᠠᠬᠤᠶᠢᠯᠡᠯ ᠢᠶᠠᠷ | ᠭᠤᠶᠤᠴᠢᠯᠡᠨ ᠮᠡᠳᠡᠭᠦᠯᠬᠦ ᠠᠵᠢᠯ ᠳᠤ ᠢᠳᠡᠪᠬᠢᠳᠡᠢ ᠤᠷᠤᠯᠴᠠᠬᠤ ᠪᠤᠯᠪᠡᠤ᠃ ᠵᠢᠱᠢᠶ᠎ᠡ ᠦᠵᠡᠭᠦᠯᠬᠦ ᠠᠵᠤ | ᠠᠬᠤᠶᠢᠯᠠᠯ ᠢᠶᠠᠷ ᠮᠡᠳᠡᠭᠦᠯᠬᠦ ᠳᠤ ᠳᠣᠤᠷᠠᠬᠢ ᠨᠥᠬᠦᠴᠡᠯ ᠢ ᠪᠦᠷᠢᠯᠳᠦᠭᠦᠯᠬᠦ ᠬᠡᠷᠡᠭᠲᠡᠶ᠄ | ᠨᠢᠭᠡ᠂ ᠳᠠᠩᠰᠠᠯᠠᠭᠤᠯᠤᠭᠰᠠᠨ ᠲᠠᠸᠠᠷ ᠤᠨ ᠲᠡᠮᠳᠡᠭ ᠪᠠ ᠨᠡᠷᠡᠲᠦ ᠲᠥᠷᠥᠯ ᠲᠡᠮᠳᠡᠭ ᠲᠠᠢ ᠪᠠᠶᠢᠬᠤ᠂ ᠴᠢᠨᠠᠷ | ᠰᠠᠶᠢᠲᠠᠶ ᠠᠮᠤ ᠲᠣᠰᠣᠨ ᠤ ᠵᠠᠬ᠎ᠠ ᠳᠡᠯᠭᠡᠭᠦᠷ ᠨᠡᠭᠡᠭᠡᠬᠦ ᠴᠢᠳᠠᠪᠤᠷᠢ ᠴᠢᠩᠭ᠎ᠠ᠂ ᠪᠣᠷᠣᠯᠠᠭᠤᠯᠬᠤ ᠠᠷᠭ᠎ᠠ ᠵᠠᠮ ᠲᠠᠢ | ᠤᠯᠠᠨ᠃ | ᠬᠤᠶᠠᠷ᠂ ᠡᠳ᠋ ᠤᠨ ᠶᠠᠪᠤᠳᠠᠯ ᠤᠨ ᠪᠠᠶᠢᠳᠠᠯ ᠪᠠ ᠢᠲᠡᠭᠡᠮᠵᠢ ᠰᠠᠶᠢᠨ᠂ ᠨᠢᠭᠲᠠᠯᠠᠨ ᠪᠣᠳᠣᠬᠰᠠᠨ ᠪᠠ ᠲᠤᠭ᠎ᠠ | ᠪᠦᠷᠢᠳᠭᠡᠯ ᠤᠨ ᠮᠠᠲ᠋ᠧᠷᠢᠶᠠᠯ ᠦᠨᠡᠨ ᠪᠣᠳᠠᠲᠠᠶ ᠪᠠᠶᠢᠬᠤ ᠬᠡᠷᠡᠭᠲᠡᠶ᠃ ᠠᠵᠤ ᠠᠬᠤᠶᠢᠯᠠᠯ ᠤᠨ ᠡᠳ᠋ ᠬᠥᠷᠥᠩᠭᠡ ᠶᠢᠨ | ᠥᠷᠢ ᠥᠭᠴᠡᠭᠡ ᠶᠢᠨ ᠨᠣᠷᠮ᠎ᠠ 60% ᠠᠴᠠ ᠪᠠᠭ᠎ᠠ ᠪᠠᠶᠢᠬᠤ ᠬᠡᠷᠡᠭᠲᠡᠶ︔ ᠪᠠᠩᠬᠢ ᠶᠢᠨ ᠵᠢᠭᠡᠯᠡᠯᠭᠡ ᠲᠠᠢ ᠠᠵᠤ | ᠠᠬᠤᠶᠢᠯᠠᠯ ᠪᠣᠯ ᠣᠶᠢᠷ᠎ᠠ ᠶᠢᠨ 2 ᠵᠢᠯ ᠤᠨ ᠳᠣᠲᠣᠷ᠎ᠠ ᠢᠲᠡᠭᠡᠮᠵᠢ ᠠᠯᠳᠠᠬᠰᠡᠨ ᠲᠡᠮᠳᠡᠭᠯᠡᠯ ᠦᠭᠡᠶ ᠪᠠᠶᠢᠬᠤ ᠬᠡᠷᠡᠭᠳᠠᠢ | ᠃ | ᠭᠤᠷᠪᠠ᠂ ᠶᠡᠷᠦᠩᠬᠡᠶ ᠡᠳ᠋ ᠬᠥᠷᠥᠩᠭᠡ ᠵᠢᠨᠠᠰᠢᠭ ᠣᠯᠭᠤᠮᠵᠢ ᠶᠢᠨ ᠨᠣᠷᠮ᠎ᠠ ᠨᠢ ᠣᠳᠣ ᠶᠢᠨ ᠬᠡᠷᠡᠭᠵᠢᠭᠦᠯᠵᠦ | ᠪᠠᠶᠢᠭ᠎ᠠ ᠨᠢᠭᠡ ᠵᠢᠯ ᠤᠨ ᠬᠤᠭᠤᠴᠠᠭ᠎ᠠ ᠲᠠᠢ ᠪᠠᠩᠬᠢ ᠶᠢᠨ ᠵᠢᠭᠡᠯᠡᠯᠭᠡ ᠶᠢᠨ ᠬᠦᠦ ᠨᠤᠷᠮ᠎ᠠ ᠠᠴᠠ ᠥᠨᠳᠥᠷ ᠪᠠᠶᠢᠵᠤ᠂ | ᠠᠵᠢᠯᠴᠢᠨ ᠤ ᠴᠠᠯᠢᠩ ᠪᠠ ᠨᠡᠶᠢᠭᠡᠮ ᠤᠨ ᠪᠠᠲᠤᠯᠠᠭ᠎ᠠ ᠶᠢᠨ ᠵᠠᠷᠤᠳᠠᠯ ᠢ ᠦᠷᠢᠳᠤᠵᠤ ᠪᠠᠶᠢᠬᠤ ᠦᠭᠡᠢ᠂ ᠨᠢᠭᠲᠠᠯᠠᠨ | ᠪᠣᠳᠣᠬᠤ ᠲᠣᠭᠠᠴᠠᠭ᠎ᠠ ᠬᠢᠬᠦ ᠳᠦᠷᠢᠮ ᠢᠶᠠᠷ ᠡᠳ᠋ ᠬᠥᠷᠥᠩᠭᠡ᠂ ᠥᠷᠢ ᠥᠭᠴᠡᠭᠡ ᠪᠠ ᠣᠯᠵᠠᠪᠤᠷᠢ ᠠᠯᠳᠠᠪᠤᠷᠢ ᠳᠤ ᠪᠠᠨ | ᠲᠣᠭᠠᠴᠠᠭ᠎ᠠ ᠬᠢᠵᠦ᠂ ᠭᠠᠶᠢᠯᠢ ᠲᠠᠢ ᠬᠤᠯᠪᠤᠬᠳᠠᠬᠰᠡᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠦᠭᠡᠢ᠃ | ᠳᠥᠷᠪᠡ᠂ 《 ᠳᠤᠮᠳᠠᠳᠤ ᠤᠯᠤᠰ ᠤᠨ ᠰᠠᠶᠢᠨ ᠠᠮᠤ ᠲᠣᠰᠣ 》 ᠶᠢᠨ ᠥᠪᠥᠷ ᠮᠣᠩᠭᠤᠯ ᠤᠨ ᠠᠵᠢᠯᠯᠠᠭ᠎ᠠ | ᠶᠢᠨ ᠲᠤᠬᠳᠠᠭᠠᠬᠰᠡᠨ ᠪᠠᠷᠢᠮᠵᠢᠶ᠎ᠠ ᠪᠠ ᠮᠡᠷᠭᠡᠵᠢᠯ ᠤᠨ ᠦᠨᠡᠯᠡᠯᠲᠡ ᠶᠢᠨ ᠰᠢᠰᠲ᠋ᠧᠮᠵᠢ ᠢᠶᠠᠷ ᠦᠶᠯᠡᠳᠪᠦᠷᠢᠯᠡᠯ ᠪᠠ | ᠭᠦᠢᠯᠡᠭᠡᠭᠡᠨ ᠬᠢᠵᠦ᠂ ᠦᠶᠯᠡᠳᠬᠦᠨ ᠤ ᠶᠠᠰᠤ ᠴᠢᠨᠠᠷ᠂ ᠰᠢᠠᠵᠢᠯᠡᠭᠡ ᠮᠡᠷᠭᠡᠵᠢᠯ ᠤᠨ ᠠᠭᠤᠯᠤᠭᠳᠠᠴᠠ᠂ ᠰᠢᠨ᠎ᠡ | ᠦᠶᠯᠡᠳᠬᠦᠨ ᠢ ᠨᠡᠭᠡᠭᠡᠨ ᠬᠥᠭᠵᠢᠭᠦᠯᠬᠦ ᠴᠢᠳᠠᠪᠤᠷᠢ ᠠᠳᠠᠯᠢ ᠠᠵᠢᠯ ᠲᠥᠷᠥᠯ ᠤᠨ ᠳᠣᠲᠣᠷ᠎ᠠ ᠲᠠᠷᠢᠬᠦᠨ ᠤ ᠬᠢᠷᠢ | ᠲᠦᠪᠰᠢᠨ ᠳᠤ ᠪᠠᠶᠢᠬᠤ ᠪᠤᠶᠤ ᠦᠪᠡᠷ ᠦᠨᠣᠨᠴᠠᠯᠢᠭᠲᠤ ᠦᠶᠯᠡᠳᠪᠦᠷᠢᠯᠡᠯ ᠪᠠ ᠡᠵᠡᠩᠨᠡᠨ ᠪᠣᠷᠣᠯᠠᠭᠤᠯᠬᠤ ᠠᠷᠭ᠎ᠠ | ᠮᠠᠶ᠋ᠢᠭ ᠲᠠᠢ ᠪᠠᠶᠢᠬᠤ ᠬᠡᠷᠡᠭᠲᠡᠶ᠃ | ᠲᠠᠪᠤ᠂ ᠦᠶᠯᠡᠳᠬᠦᠨ ᠨᠢ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ᠂ ᠣᠷᠴᠢᠨ ᠲᠣᠭᠤᠷᠢᠨ ᠤ | ᠬᠠᠮᠠᠭᠠᠯᠠᠬᠤ ᠲᠥᠷᠥ ᠶᠢᠨ ᠪᠣᠳᠣᠯᠭ᠎ᠠ ᠳᠤ ᠨᠡᠶᠢᠴᠡᠭᠰᠡᠨ ᠪᠥᠭᠡᠳ ᠬᠠᠮᠢᠶ᠎ᠠ ᠪᠦᠬᠦᠢ ᠶᠠᠰᠤ ᠴᠢᠨᠠᠷ ᠤᠨ | ᠬᠠᠮᠢᠶᠠᠷᠤᠯᠲᠠ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ ᠭᠡᠷᠡᠴᠢᠯᠡᠯ ᠤᠯᠤᠬᠰᠡᠨ᠂ ᠤᠶᠢᠷ᠎ᠡ ᠶᠢᠨ 2 ᠵᠢᠯ ᠤᠨ | ᠳᠣᠲᠣᠷ᠎ᠠ ᠦᠶᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠡᠷᠡᠭ ᠵᠢᠴᠢ ᠠᠶᠤᠯᠭᠦᠢ ᠦᠶᠯᠡᠳᠪᠦᠷᠢᠯᠡᠯ ᠤᠨ | ᠠᠳᠡᠯ ᠭᠠᠷᠤᠭᠰᠠᠨ ᠦᠭᠡᠢ᠃ | ᠵᠢᠷᠭᠤᠭ᠎ᠠ᠂ ︽︿ᠴᠢᠨᠠᠷ ᠰᠠᠶᠢᠲᠠᠶ ᠠᠮᠤ ᠪᠤᠳᠠᠭᠠᠨ ᠤ ᠢᠨᠵᠧᠨᠧᠷᠢᠩ﹀ ᠢ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠤ ᠪᠤᠳᠠᠭᠠᠨ ᠤ | ᠲᠣᠪᠴᠢᠶ᠎ᠠ᠂ ᠦᠪᠤᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠮᠡᠳᠡᠭᠳᠡᠯ | ︾ ︵ᠥᠪᠥᠷ ᠠᠮᠤ ᠲᠠᠷᠬᠠᠭᠠᠬᠰᠡᠨ ﹇2017﹈ 91 ᠳ᠋ᠦ᠋ᠭᠡᠷ ᠲᠣᠭᠠᠲᠤ︶ ᠪᠢᠴᠢᠭ ᠮᠠᠲ᠋ᠧᠷᠢᠶᠠᠯ ᠳᠤ ᠶᠡᠷᠦᠩᠬᠡᠶ | ᠬᠠᠷᠠᠯᠲᠠ ᠪᠠ ᠬᠢᠨᠠᠨ ᠰᠢᠯᠭᠠᠬᠤ ᠭᠦᠶᠴᠡᠳᠬᠡᠯ ᠲᠤᠭ᠎ᠠ ᠶᠢ ᠲᠣᠳᠣᠷᠬᠠᠶ ᠲᠤᠷᠠᠳᠴᠤ᠂ ᠠᠷᠭ᠎ᠠ ᠬᠡᠮᠵᠢᠶ᠎ᠡ ᠪᠣᠳᠠᠲᠠᠶ | ᠪᠦᠭᠡᠳ ᠶᠠᠪᠤᠭᠳᠠᠭᠤᠰᠢᠲᠠᠶ᠂ ᠳᠠᠶᠢᠴᠢᠯᠠᠬᠤ ᠦᠶᠯᠡᠳᠦᠯ ᠢᠯᠡᠷᠬᠡᠢ ᠪᠠᠶᠢᠵᠤ᠂ ᠠᠵᠤ ᠠᠬᠤᠶᠢᠯᠠᠯ ᠤᠨ ᠥᠪᠡᠷ ᠢᠶᠠᠷ | ᠪᠠᠯᠠ ᠮᠥᠩᠭᠦ ᠴᠤᠭᠯᠠᠭᠤᠯᠬᠤ ᠶᠢ ᠨᠠᠶᠢᠳᠡᠪᠤᠷᠢᠵᠢᠭᠤᠯᠵᠤ ᠴᠢᠳᠠᠨ᠎ᠠ᠃ | ᠨᠡᠷ᠎ᠡ ᠮᠡᠳᠡᠭᠦᠯᠬᠦ ᠨᠢᠭᠡᠴᠡ᠄ ᠬᠤᠰᠢᠭᠤᠨ ᠤ ᠵᠠᠰᠠᠭ ᠤᠨ ᠣᠷᠳᠣᠨ ᠤ 6 ᠳ᠋ᠤᠭᠠᠷ ᠳᠠᠪᠬᠤᠷᠯᠢᠭ ᠤᠨ ᠬᠤᠰᠢᠭᠤᠨ | ᠤ ᠭᠦᠭᠵᠢᠭᠦᠯᠤᠯᠳᠡ ᠪᠠ ᠥᠭᠡᠷᠡᠴᠢᠯᠡᠯᠲᠡ ᠶᠢᠨ ᠵᠥᠪᠯᠡᠯ ᠤᠨ 618 ᠠᠯᠪᠠᠨ ᠬᠡᠷ | ᠬᠠᠷᠢᠯᠴᠠᠬᠤ ᠬᠥᠮᠦᠨ᠄ ᠯᠢ ᠰᠢᠶᠠᠩ ᠶᠢᠦ 13947529551 | ᠴᠧᠨ ᠯᠢ 18904751718 | ᠭᠤᠶᠤᠴᠢᠯᠡᠨ ᠮᠡᠳᠡᠭᠦᠯᠬᠦ ᠳᠠᠭᠤᠰᠬᠤ ᠴᠠᠭ᠄ 2020 ᠣᠨ ᠤ 4 ᠰᠠᠷ᠎ᠠ ᠶᠢᠨ 30 ᠤ ᠡᠳᠦᠷ | ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2020 ᠣᠨ ᠤ 4 ᠰᠠᠷ᠎ᠠ ᠶᠢᠨ 22 ᠤᠨ ᠡᠳᠦᠷ | |