| ᠰᠡᠴᠡᠩᠭᠤᠸ᠎ᠠ ᠪᠤᠯ ᠵᠠᠷᠤᠳ ᠬᠤᠰᠢᠭᠤᠨ ᠤ ᠠᠷᠤ ᠬᠦᠨᠳᠡᠯᠡᠨ ᠪᠠᠯᠭᠠᠰᠦ ᠶᠢᠨ ᠬᠤᠶᠢᠲᠦ ᠰᠠᠯᠠᠭ᠎ᠠ ᠭᠠᠴᠠᠭ᠎ᠠ ᠶᠢᠨ | ᠮᠠᠩᠭᠢᠷᠲᠦ ᠠᠶᠢᠯ ᠤᠨ ᠰᠢᠯᠢᠳᠡᠭ ᠡᠪ ᠬᠠᠮᠲᠦ ᠨᠠᠮ ᠤᠨ ᠭᠡᠰᠢᠭᠦᠨ ᠪᠢᠯᠡ᠃ 2013 ᠤᠨ ᠳᠤ ᠠᠷᠦ ᠬᠦᠨᠳᠡᠯᠡᠨ | ᠪᠠᠯᠭᠠᠰᠦ ᠶᠢᠨ ᠣᠮᠠᠷᠠᠲᠤ ᠬᠡᠰᠡᠭ ᠤᠨ 9 ᠭᠠᠴᠠᠭ᠎ᠠ ᠲᠤᠰᠬᠤᠨ ᠤ ᠠᠷᠠᠳ ᠤᠯᠠᠨ ᠢ ᠪᠦᠬᠦᠨ ᠢᠶᠠᠷ ᠨᠢ ᠬᠤᠰᠢᠭᠤᠨ | ᠲᠦᠪ ᠯᠦᠪᠸᠢ ᠪᠠᠯᠭᠠᠰᠤᠨ ᠳᠤ ᠨᠡᠭᠦᠯᠭᠡᠨ ᠠᠪᠴᠢᠷᠠᠪᠠ᠃ ᠨᠡᠬᠦᠵᠦ ᠢᠷᠡᠭᠰᠡᠨ ᠤ ᠲᠠᠷᠠᠭ᠎ᠠ᠂ ᠵᠦᠭᠡᠷ ᠰᠠᠭᠤᠵᠤ | ᠪᠡᠯᠡᠨ ᠢ ᠢᠳᠡᠵᠦ ᠰᠤᠷᠤᠭᠰᠠᠨ ᠦᠭᠡᠢ ᠠᠵᠢᠯᠴᠢ ᠬᠦᠳᠡᠯᠮᠦᠷᠢᠴᠢ ᠮᠠᠯᠴᠢᠨ ᠪᠦᠰᠡᠭᠦᠢ ᠰᠡᠴᠡᠩᠭᠤᠸ᠎ᠠ ᠦᠪᠡᠷ ᠤᠨ | ᠳᠤᠷ᠎ᠠ ᠪᠠᠬ᠎ᠠ ᠪᠠ ᠭᠠᠷ ᠮᠡᠷᠭᠡᠵᠢᠯ ᠳᠡᠭᠡᠨ ᠲᠦᠰᠢᠭᠯᠡᠨ ᠮᠤᠩᠭᠤᠯ ᠬᠤᠪᠴᠠᠰᠦ ᠵᠠᠰᠠᠯ ᠬᠠᠳᠬᠤᠮᠠᠯ ᠤᠨ ᠭᠠᠵᠠᠷ ᠢ | ᠡᠭᠦᠰᠭᠡᠨ ᠪᠠᠶᠢᠭᠤᠯᠵᠦ᠂ ᠮᠤᠩᠭᠤᠯ ᠳᠡᠪᠡᠯ᠂ ᠮᠤᠩᠭᠤᠯ ᠭᠤᠳᠤᠯ ᠪᠠ ᠡᠯ᠎ᠡ ᠵᠦᠢᠯ ᠤᠨ ᠮᠤᠩᠭᠤᠯ | ᠬᠠᠳᠬᠤᠮᠠᠯ ᠤᠳ ᠢ ᠤᠯᠠᠮᠵᠢᠯᠠᠯᠲᠤ ᠠᠷᠭ᠎ᠠ ᠪᠠᠷ ᠢᠶᠠᠨ ᠤᠶᠤᠵᠤ ᠬᠠᠳᠬᠤᠨ ᠪᠤᠷᠤᠯᠠᠭᠤᠯᠵᠦ ᠡᠬᠢᠯᠡᠯ᠎ᠡ᠃ | ᠰᠡᠴᠡᠩᠭᠤᠸ᠎ᠠ ᠶᠢᠨ ᠳᠠᠭᠠᠭᠤᠯᠭ᠎ᠠ ᠪᠠ ᠨᠦᠯᠦᠭᠡᠯᠡᠯ ᠢᠶᠠᠷ ᠤᠳᠤ 130 ᠢᠯᠡᠭᠦᠤ ᠮᠠᠯᠴᠢᠨ ᠤᠶᠤᠳᠠᠯ ᠤᠨ | ᠦᠢᠯᠡᠰ ᠲᠤ ᠢᠳᠡᠪᠬᠢᠲᠡᠢ ᠤᠷᠤᠯᠴᠠᠵᠤ᠂ 20 ᠰᠢᠬᠠᠮ ᠬᠦᠮᠦᠨ ᠨᠢ ᠨᠡᠯᠢᠶᠡᠳ ᠪᠤᠯᠪᠠᠰᠤᠷᠠᠩᠭᠤᠢ ᠮᠡᠷᠭᠡᠵᠢᠯ ᠲᠠᠢ | ᠪᠤᠯᠵᠤ᠂ ᠬᠦᠮᠦᠨ ᠪᠦᠬᠦᠨ ᠤ ᠳᠤᠮᠳᠠᠴᠢ ᠵᠢᠯ ᠤᠨ ᠤᠷᠤᠯᠭ᠎ᠠ ᠨᠢ 5 ᠲᠦᠮᠡᠨ ᠲᠦᠭᠦᠷᠢᠭ ᠢ ᠳᠠᠪᠠᠵᠤ᠂ | ᠶᠠᠳᠠᠭᠤ ᠠᠴᠠ ᠠᠩᠭᠢᠵᠢᠷᠠᠭᠤᠯᠬᠤ ᠠᠵᠢᠯ ᠳᠤ ᠨᠢᠭᠡᠨ ᠡᠪ ᠬᠠᠮᠲᠤ ᠨᠠᠮ ᠤᠨ ᠭᠡᠰᠢᠭᠦᠨ ᠤ ᠡᠷᠭᠦᠪᠠᠰᠦ ᠵᠤᠬᠢᠬᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠯᠡ᠃ | ᠰᠡᠴᠡᠩᠭᠤᠸ᠎ᠠ ᠶᠢᠨ ᠮᠤᠩᠭᠤᠯ ᠬᠤᠪᠴᠠᠰᠤ ᠵᠠᠰᠠᠯ ᠬᠠᠳᠬᠤᠮᠠᠯ ᠤᠨ ᠭᠠᠵᠠᠷ ᠡᠷᠬᠢᠯᠡᠭᠰᠡᠨ ᠪᠠᠰᠠ ᠨᠢᠭᠡᠨ ᠵᠤᠷᠢᠯᠭ᠎ᠠ ᠨᠢ | ᠵᠠᠷᠤᠳ ᠮᠤᠩᠭᠤᠯ ᠦᠨᠳᠦᠰᠦᠲᠡᠨ ᠤ ᠰᠢᠯᠢᠳᠡᠭ ᠬᠤᠪᠴᠠᠰᠤᠨ ᠤ ᠰᠤᠶᠤᠯ ᠢ ᠣᠯᠠᠮᠵᠢᠯᠠᠨ ᠪᠠᠳᠠᠷᠠᠭᠤᠯᠵᠤ᠂ | ᠦᠨᠳᠦᠰᠦᠲᠡᠨ ᠤ ᠪᠠᠨ ᠣᠯᠠᠮᠵᠢᠯᠠᠯᠲᠦ ᠬᠤᠪᠴᠠᠰᠦ ᠵᠠᠰᠠᠯ ᠡᠳ᠋ᠯᠡᠯ ᠬᠡᠷᠡᠭᠰᠡᠯ ᠤᠳ ᠢ ᠪᠦᠷᠢᠨ ᠬᠦᠢᠴᠡᠳ ᠢᠶᠠᠷ ᠨᠢ | ᠦᠪᠯᠡᠨ ᠤᠯᠠᠮᠵᠢᠯᠠᠵᠤ ᠦᠭᠭᠦ ᠭᠡᠰᠡᠨ ᠳᠤ ᠣᠷᠣᠰᠢᠨ᠎ᠠ᠃ ᠲᠡᠷᠡ ᠬᠡᠳᠦᠨ ᠡᠭᠡᠴᠢ ᠳᠡᠭᠦᠤ ᠲᠠᠢ ᠪᠠᠨ ᠸᠢᠴᠠᠲ | ᠳᠡᠭᠡᠷ᠎ᠡ ᠠᠴᠠ ᠮᠤᠩᠭᠤᠯ ᠦᠨᠳᠦᠰᠦᠲᠡᠨ ᠤ ᠬᠤᠪᠴᠠᠰᠤ ᠵᠠᠰᠠᠯ ᠪᠠ ᠡᠳ᠋ᠯᠡᠯ ᠬᠡᠷᠡᠭᠰᠡᠯ ᠤᠳ ᠢ ᠨᠠᠷᠢᠨ ᠬᠢᠨᠠᠮᠠᠭᠠᠢ ᠪᠠᠷ | ᠡᠷᠢᠨ ᠴᠤᠭᠯᠠᠭᠤᠯᠵᠤ ᠦᠪᠡᠷ ᠢᠶᠠᠨ ᠪᠠᠰᠠ ᠠᠷᠤ ᠬᠦᠨᠳᠡᠯᠡᠨ᠂ ᠪᠠᠶᠠᠷᠲᠤᠬᠤᠰᠢᠭᠤ ᠵᠡᠷᠭᠡ ᠭᠠᠵᠠᠷ ᠤᠳ ᠢᠶᠠᠷ ᠣᠯᠠᠨ | ᠤᠳᠠᠭ᠎ᠠ ᠬᠦᠷᠴᠦ ᠨᠤᠲᠤᠭ ᠤᠰᠤᠨ ᠤ ᠪᠠᠨ ᠨᠡᠷᠡᠲᠤ ᠣᠷᠠᠨ ᠤᠶᠤᠳᠠᠯᠴᠢᠳ ᠢ ᠬᠠᠶᠢᠨ ᠰᠤᠷᠪᠤᠯᠵᠢᠯᠠᠵᠤ᠂ | ᠡᠵᠢ ᠠᠴᠠ ᠪᠠᠨ ᠪᠠ 89 ᠨᠠᠰᠤᠲᠠᠢ ᠠᠪᠠᠭ᠎ᠠ ᠡᠵᠢ ᠠᠴᠠ ᠪᠠᠨ ᠤᠯᠠᠮᠵᠢᠯᠠᠯᠲᠤ ᠴᠢᠬᠢᠪᠴᠢ᠂ ᠬᠠᠪᠲᠠᠭ᠎ᠠ ᠪᠠ ᠵᠡᠭᠦᠪᠴᠢ | ᠵᠡᠷᠭᠡ 18 ᠵᠦᠢᠯ ᠤᠨ ᠵᠠᠷᠤᠳ ᠮᠤᠩᠭᠤᠯᠴᠤᠳ ᠤᠨ ᠨᠢᠭᠡᠨᠲᠡ ᠭᠡᠭᠡᠭᠳᠡᠭᠰᠡᠨ ᠪᠤᠶᠤ ᠭᠡᠭᠡᠭᠳᠡᠬᠦ ᠰᠢᠬᠠᠬᠰᠠᠨ | ᠬᠤᠪᠴᠠᠰᠤ ᠵᠠᠰᠠᠯ᠂ ᠡᠳ᠋ᠯᠡᠯ ᠬᠡᠷᠡᠭᠰᠡᠯ ᠢ ᠶᠠᠭᠠᠬᠢᠵᠤ ᠡᠰᠭᠡᠵᠦ ᠤᠶᠤᠬᠤ ᠪᠠ ᠡᠳ᠋ᠯᠡᠵᠦ ᠬᠡᠷᠡᠭᠯᠡᠬᠦ ᠠᠷᠭ᠎ᠠ ᠨᠤᠭᠤᠳ ᠢ | ᠰᠤᠷᠴᠤ ᠡᠵᠡᠮᠰᠢᠨ ᠤᠯᠠᠮᠵᠢᠯᠠᠨ ᠳᠡᠯᠭᠡᠷᠡᠭᠦᠯᠦᠭᠰᠡᠨ ᠪᠠᠶᠢᠨ᠎ᠠ᠃ | ᠲᠠᠷᠡ ᠪᠠᠰᠠ ᠨᠡᠩ ᠤᠯᠠᠨ ᠬᠦᠮᠦᠨ ᠳᠤ ᠮᠤᠩᠭᠤᠯ ᠦᠨᠳᠦᠰᠦᠲᠡᠨ ᠤ ᠪᠠᠨ ᠭᠠᠶᠢᠬᠠᠮᠰᠢᠬᠲᠦ ᠰᠣᠶᠣᠯ ᠢ ᠤᠯᠠᠮ | ᠢᠯᠡᠭᠦᠤ ᠲᠠᠨᠢᠭᠤᠯᠦᠨ ᠤᠶᠢᠯᠠᠭᠠᠭᠤᠯᠵᠦ᠂ ᠳᠡᠯᠭᠡᠷᠡᠭᠦᠯᠦᠨ ᠬᠦᠭᠵᠢᠭᠦᠯᠬᠦ ᠶᠢᠨ ᠲᠦᠯᠦᠭᠡ 2016 ᠣᠨ ᠤ 7 | ᠰᠠᠷ᠎ᠠ ᠳᠤ ᠬᠤᠪᠢ ᠪᠠᠷ ᠢᠶᠠᠨ 5 ᠲᠦᠮᠡᠨ ᠲᠦᠭᠦᠷᠢᠭ ᠭᠠᠷᠭᠠᠵᠦ ︽ᠭᠤᠸ᠎ᠠ ᠮᠤᠩᠭᠤᠯ ᠬᠤᠪᠴᠠᠰᠤ ᠵᠠᠰᠠᠯ ᠤᠨ | ᠦᠵᠡᠭᠦᠯᠭᠡ︾ ᠶᠢ ᠠᠮᠵᠢᠯᠲᠠᠲᠠᠢ ᠡᠷᠬᠢᠯᠡᠵᠦ ᠦᠪᠡᠷ ᠤᠨ ᠤᠶᠤᠵᠤ ᠪᠦᠲᠦᠭᠡᠭᠰᠡᠨ᠂ ᠡᠷᠢᠵᠦ ᠴᠤᠭᠯᠠᠭᠤᠯᠤᠭᠰᠠᠨ ᠪᠤᠢ | ᠪᠦᠬᠦᠢ ᠪᠦᠲᠦᠭᠡᠯ ᠢᠶᠠᠨ ᠳᠡᠯᠭᠡᠨ ᠦᠵᠡᠭᠦᠯᠵᠦ᠂ ᠪᠦᠬᠦ ᠪᠠᠯᠭᠠᠰᠤᠨ ᠤ ᠪᠠᠨ ᠡᠮᠡᠭᠲᠡᠶᠢᠴᠦᠳ ᠢ ᠤᠷᠢᠨ ᠠᠪᠴᠢᠷᠠᠵᠦ᠂ | ᠬᠤᠪᠴᠠᠰᠤ ᠵᠠᠰᠠᠯ ᠤᠨ ᠤᠷᠤᠯᠳᠤᠭᠠᠨ᠂ ᠳᠡᠭᠡᠰᠦ ᠲᠠᠮᠤᠬᠤ ᠤᠷᠤᠯᠳᠤᠭᠠᠨ ᠪᠠ ᠮᠤᠩᠭᠤᠯ ᠰᠢᠲᠠᠷ᠎ᠠ ᠶᠢᠨ | ᠣᠷᠣᠯᠳᠤᠭᠠᠨ ᠨᠤᠭᠤᠳ ᠢ ᠶᠠᠪᠤᠭᠳᠠᠭᠤᠯᠤᠨ ᠵᠤᠬᠢᠬᠤ ᠬᠡᠮᠵᠢᠶᠡᠨ ᠤ ᠱᠠᠩᠨᠠᠯ ᠬᠦᠬᠢᠭᠦᠯᠦᠯ ᠢ ᠬᠦᠷᠲᠡᠭᠡᠭᠰᠡᠨ ᠪᠢᠯᠡ᠃ | | ᠨᠡᠭᠦᠨ ᠰᠢᠯᠵᠢᠭᠰᠡᠨ ᠮᠠᠯᠴᠢᠨ ᠲᠦᠮᠡᠨ ᠤ ᠪᠠᠨ ᠠᠵᠢᠯ ᠤᠨ ᠴᠢᠯᠦᠭᠡᠨ ᠤ ᠰᠤᠶᠤᠯ ᠣᠷᠠᠯᠢᠭ ᠤᠨ ᠠᠮᠢᠳᠤᠷᠠᠯ ᠢ | ᠤᠯᠠᠮ ᠢᠯᠡᠭᠦᠤ ᠪᠠᠶᠠᠯᠢᠭᠵᠢᠭᠤᠯᠵᠤ᠂ ᠪᠤᠳᠠᠰ ᠤᠨ ᠪᠤᠰᠤ ᠰᠣᠶᠣᠯ ᠤᠨ ᠦᠪ ᠢ ᠬᠠᠮᠠᠭᠠᠯᠠᠨ ᠤᠯᠠᠮᠵᠢᠯᠠᠬᠤ ᠶᠢᠨ | ᠲᠦᠯᠦᠭᠡ ᠰᠡᠴᠡᠩᠭᠤᠸ᠎ᠠ ᠪᠠᠰᠠ ᠡᠭᠡᠴᠢ ᠳᠡᠭᠦᠤ ᠨᠠᠷ ᠢᠶᠠᠨ ᠵᠤᠬᠢᠶᠠᠨ ᠪᠠᠶᠢᠭᠤᠯᠤᠨ ︽ᠭᠤᠶᠤᠬᠠᠨ︾ ᠮᠤᠩᠭᠤᠯ | ᠦᠨᠳᠦᠰᠦᠲᠡᠨ ᠤ ᠬᠤᠪᠴᠠᠰᠤ ᠵᠠᠰᠠᠯ ᠤᠨ ᠮᠤᠳᠧᠯ ᠤᠨ ᠠᠩᠬᠢ ᠶᠢ ᠪᠠᠶᠢᠭᠤᠯᠵᠤ᠂ ᠦᠪᠦᠷ ᠮᠤᠩᠭᠤᠯ ᠤᠨ ᠮᠤᠩᠭᠤᠯ | ᠰᠤᠪᠠᠭ ᠤᠨ ᠴᠠᠭᠠᠨ ᠰᠠᠷ᠎ᠠ ᠶᠢᠨ ᠦᠳᠡᠰᠢᠯᠡᠭᠡ ᠳᠤ ᠭᠤᠷᠪᠠ ᠤᠳᠠᠭ᠎ᠠ ᠤᠷᠤᠯᠴᠠᠵᠦ᠂ ᠪᠠᠰᠠ ᠬᠤᠲᠠ ᠶᠢᠨ ᠳᠡᠰ ᠤᠨ | ᠣᠷᠠᠨ ᠰᠠᠶᠢᠬᠠᠨ ᠤ ᠠᠵᠢᠯᠯᠠᠭ᠎ᠠ ᠳᠤ ᠤᠯᠠᠨᠲᠠ ᠤᠷᠤᠯᠴᠠᠵᠤ ᠰᠢᠯᠢᠳᠡᠭ ᠰᠠᠶᠢᠨ ᠠᠮᠵᠢᠯᠲᠠ ᠤᠯᠵᠤ᠂ ᠮᠤᠩᠭᠤᠯ | ᠲᠦᠮᠡᠨ ᠤ ᠪᠠᠨ ᠪᠠᠭ᠋ᠠᠷᠬᠠᠯ ᠲᠠᠭᠠᠰᠢᠶᠠᠯ ᠢ ᠬᠦᠷᠲᠡᠭᠰᠡᠨ ᠪᠠᠶᠢᠨ᠎ᠠ᠃ | ᠤᠷᠴᠢᠮ ᠤᠨ ᠠᠷᠪᠠᠭᠠᠳ ᠵᠢᠯ ᠳᠤ ᠰᠡᠴᠡᠩᠭᠤᠸ᠎ᠠ ᠵᠢᠷᠭᠤᠭᠠᠨ ᠰᠠᠷ᠎ᠠ ᠶᠢᠨ ᠨᠢᠭᠡᠨ ᠤ ᠪᠠᠭᠠᠴᠤᠳ ᠬᠡᠤᠬᠡᠳ ᠤᠨ | ᠪᠠᠶᠠᠷ ᠲᠤ ᠵᠤᠷᠢᠭᠤᠯᠤᠨ ᠵᠢᠯ ᠪᠤᠯᠭᠠᠨ ᠭᠤᠷᠪᠠᠨ ᠨᠡᠷᠡᠰ ᠠᠮᠢᠳᠦᠷᠠᠯ ᠨᠢ ᠬᠦᠴᠢᠷᠳᠡᠯᠲᠡᠢ ᠰᠤᠷᠤᠭᠴᠢ ᠶᠢ ᠵᠤᠭᠤᠰ | ᠮᠦᠩᠭᠦ ᠪᠠᠷ ᠲᠤᠰᠠᠯᠠᠳᠠᠭ᠃ 2016 ᠣᠨ ᠳᠤ 18 ᠨᠠᠰᠤᠲᠠᠢ ᠬᠡᠤᠬᠡᠨ ᠰᠤᠷᠤᠭᠴᠢ ᠯᠢ ᠶᠤᠸᠠᠨ ᠶᠤᠸᠠᠨ ᠬᠠᠷ᠎ᠠ | ᠪᠦᠭᠡᠷ᠎ᠡ ᠶᠢᠨ ᠦᠷᠪᠢᠰᠦᠯ ᠳᠤ ᠨᠡᠷᠪᠡᠭᠳᠡᠭᠰᠡᠨ ᠴᠢᠮᠡᠭᠡ ᠶᠢ ᠰᠤᠨᠤᠰᠤᠭᠠᠳ 4200 ᠲᠦᠭᠦᠷᠢᠭ ᠢᠶᠠᠷ ᠲᠤᠰᠠᠯᠠᠵᠤ | ᠤᠳᠤ ᠪᠤᠯᠲᠠᠯ᠎ᠠ ᠰᠢᠨᠡᠯᠡᠬᠦ ᠪᠤᠯᠭᠠᠨ ᠯᠢ ᠶᠤᠸᠠᠨ ᠶᠤᠸᠠᠨ ᠤ ᠭᠡᠷ ᠲᠤ ᠬᠦᠷᠴᠦ ᠪᠤᠯᠭᠤᠭᠠᠨ ᠦᠵᠡᠭᠰᠡᠭᠡᠷ ᠪᠤᠢ᠃ | ᠤᠯᠠᠨ ᠵᠢᠯ ᠤᠨ ᠲᠤᠷᠰᠢ ᠦᠷᠦᠪᠴᠢ ᠵᠦᠭᠡᠯᠡᠨ ᠨᠢᠩᠵᠢᠨ ᠰᠡᠳᠭᠢᠯᠲᠦ ᠲᠡᠷᠡ ᠪᠠᠷ ᠴᠤᠬᠤᠮ ᠭᠡᠳᠦᠢ ᠬᠦᠮᠦᠨ ᠢ | ᠬᠡᠳᠦᠢ ᠵᠤᠭᠤᠰ ᠮᠦᠩᠭᠦ ᠡᠳ᠋ ᠪᠤᠳᠠᠰ ᠢᠶᠠᠷ ᠲᠤᠰᠠᠯᠠᠨ ᠳᠡᠮᠵᠢᠭᠰᠡᠨ ᠢᠶᠠᠨ ᠦᠪᠡᠷ ᠢᠶᠠᠨ ᠬᠠᠷᠢᠨ ᠬᠡᠳᠦ᠋ᠢᠨ | ᠮᠠᠷᠳᠠᠴᠢᠬᠠᠭᠰᠠᠨ ᠪᠢᠯᠡ᠃ ᠭᠡᠰᠡᠨ ᠴᠤ ᠲᠡᠬᠦᠨ ᠤ ᠲᠤᠰᠠᠯᠠᠵᠤ ᠳᠡᠮᠵᠢᠵᠤ ᠦᠩᠭᠡᠷᠡᠭᠰᠡᠨ ᠬᠦᠮᠦᠰ ᠠᠴᠠ ᠴᠤᠬᠤᠰ | ᠳᠤᠷᠠᠳᠪᠠᠯ ᠦᠯᠵᠡᠶᠢᠮᠦ᠋ᠷᠡᠨ ᠰᠤᠮᠤᠨ ᠤ ᠠᠯᠲᠠᠨᠬᠤᠧᠠᠷ᠂ ᠭᠡᠷᠴᠢᠯᠠᠭᠤ ᠰᠤᠮᠤ ᠶᠢᠨ ᠰᠡᠴᠡᠨᠲᠦ ᠵᠡᠷᠭᠡ ᠤᠯᠠᠨ ᠤᠯᠠᠨ | ᠬᠦᠮᠦᠨ ᠪᠤᠢ᠃ | ᠰᠡᠴᠡᠩᠭᠤᠸ᠎ᠠ ᠪᠠᠰᠠ ᠨᠡᠶᠢᠭᠡᠮ ᠤᠨ ᠢᠳᠡᠪᠬᠢᠲᠡᠢ ᠬᠦᠳᠡᠯᠭᠡᠭᠡᠨ ᠪᠠ ᠨᠡᠶᠢᠲᠡ ᠶᠢᠨ ᠠᠰᠠᠷᠠᠮᠵᠢ ᠶᠢᠨ ᠦᠢᠯᠡᠰ ᠲᠤ | ᠦᠨᠡᠨ ᠬᠦ ᠬᠠᠯᠠᠭᠤᠨ ᠰᠡᠳᠭᠢᠯ ᠲᠠᠢ ᠪᠠᠶᠢᠵᠤ᠂ ᠦᠷᠬᠦᠯᠵᠢ ᠡᠭᠡᠴᠢ ᠳᠡᠭᠦᠤ ᠨᠠᠷ ᠢᠶᠠᠨ ᠵᠤᠬᠢᠶᠠᠨ ᠪᠠᠶᠢᠭᠤᠯᠵᠤ᠂ | ᠰᠠᠶᠢᠨ ᠳᠤᠷᠠᠴᠤᠳ ᠤᠨ ᠠᠵᠢᠯᠯᠠᠭ᠎ᠠ ᠪᠠ ᠠᠮᠢᠳᠤᠷᠠᠯ ᠨᠢ ᠤᠨᠴᠠ ᠬᠦᠴᠢᠷᠳᠡᠯᠲᠡᠢ ᠬᠦᠮᠦᠰ ᠢ ᠲᠡᠳᠭᠦᠨ ᠳᠡᠮᠵᠢᠬᠦ | ᠠᠵᠢᠯ ᠳᠤ ᠮᠠᠰᠢ ᠣᠯᠠᠨ ᠤᠳᠠᠭ᠎ᠠ ᠤᠷᠤᠯᠴᠠᠵᠤ ᠪᠠᠶᠢᠨ᠎ᠠ᠃ ᠲᠡᠷᠡ ᠨᠦᠬᠦᠷ ᠲᠠᠢ ᠪᠠᠨ ᠬᠤᠶᠠᠭᠤᠯᠠ ︽ᠤᠳᠤ ᠮᠠᠨ ᠤ | ᠠᠮᠢᠳᠤᠷᠠᠯ ᠰᠠᠶᠢᠵᠢᠷᠠᠵᠠᠢ᠃ ᠬᠤᠪᠴᠠᠰᠤ ᠤᠶᠤᠭᠠᠳ ᠣᠯᠣᠭᠰᠠᠨ ᠵᠤᠭᠤᠰ ᠢᠶᠠᠨ ᠪᠠᠷᠤᠭ ᠪᠦᠷ ᠯᠠ ᠠᠮᠢᠳᠤᠷᠠᠯ ᠨᠢ | ᠬᠦᠴᠢᠷᠳᠡᠯᠲᠡᠢ ᠬᠦᠮᠦᠨ ᠪᠠ ᠡᠪᠡᠳᠴᠢᠨ ᠬᠠᠭᠤᠴᠢᠨ ᠲᠠᠢ ᠬᠦᠮᠦᠰ ᠢ ᠲᠤᠰᠠᠯᠠᠨ ᠳᠡᠮᠵᠢᠵᠤ ᠪᠠᠶᠢᠨ᠎ᠠ︾ ᠭᠡᠵᠦ | ᠦᠨᠡᠨ ᠢᠶᠠᠷ ᠢᠶᠠᠨ ᠶᠠᠷᠢᠵᠤ ᠪᠠᠶᠢᠯ᠎ᠠ᠃ | ᠴᠢᠷᠮᠠᠶᠢᠯᠭ᠎ᠠ ᠬᠦᠮᠦᠨ ᠢ ᠭᠤᠮᠤᠳᠠᠭᠠᠬᠤ ᠦᠭᠡᠢ ᠭᠡᠲᠡᠭᠴᠢᠯᠡᠨ᠂ ᠤᠶᠢᠷ᠎ᠠ ᠶᠢᠨ ᠵᠢᠯ ᠤᠳ ᠲᠤ ᠰᠡᠴᠡᠩᠭᠤᠸ᠎ᠠ ᠤᠷᠤᠨ ᠤ | ᠳᠡᠰ ᠤᠨ ︽ᠬᠠᠮᠤᠭ ᠤᠨ ᠭᠤᠶᠤ ᠭᠡᠷ ᠪᠦᠯᠢ︾᠂ ᠬᠤᠲᠠ ᠶᠢᠨ ᠳᠡᠰ ᠤᠨ ︽ᠲᠠᠪᠤᠨ ᠰᠠᠷ᠎ᠠ ᠶᠢᠨ ᠨᠢᠭᠡᠨ ᠤ | ᠬᠦᠳᠡᠯᠮᠦᠷᠢᠴᠢ ᠶᠢᠨ ᠵᠢᠱᠢᠶᠡᠴᠢ︾᠂ ︽ᠬᠠᠮᠤᠭ ᠤᠨ ᠭᠤᠶᠤ ᠭᠡᠷ ᠪᠦᠯᠢ︾ ᠪᠠ ︽ᠬᠠᠮᠤᠭ ᠭᠤᠶᠤ ᠡᠮᠡᠭᠲᠡᠢ︾᠂ | ᠬᠤᠲᠠ ᠶᠢᠨ ᠳᠡᠰ ᠤᠨ ᠮᠤᠩᠭᠤᠯ ᠤᠶᠤᠳᠠᠯ ᠬᠠᠳᠬᠤᠮᠠᠯ ᠤᠨ ︽ᠪᠤᠳᠠᠰ ᠤᠨ ᠪᠤᠰᠤ ᠰᠤᠶᠤᠯ ᠤᠨ ᠦᠪ ᠤᠨ | ᠵᠠᠯᠭᠠᠮᠵᠢᠯᠠᠭᠴᠢ ︾᠂ ᠬᠤᠰᠢᠭᠤᠨ ᠳᠡᠰ ᠤᠨ ︽ᠶᠠᠳᠠᠭᠤ ᠠᠴᠠ ᠠᠩᠭᠢᠵᠢᠷᠠᠭᠤᠯᠤᠭᠰᠠᠨ ᠲᠡᠷᠢᠭᠦᠨ ᠤ ᠬᠤᠪᠢ ᠬᠦᠮᠦᠨ | ︾᠂ ︽ᠰᠢᠯᠢᠳᠡᠭ ᠨᠠᠮ ᠤᠨ ᠭᠡᠰᠢᠭᠦᠨ︾ ᠵᠡᠷᠭᠡ ᠤᠯᠠᠨ ᠤᠯᠠᠨ ᠢᠷᠠᠭᠤ ᠠᠯᠳᠠᠷ ᠢ ᠬᠦᠷᠲᠡᠵᠤ᠂ ᠮᠤᠩᠭᠤᠯ | ᠲᠡᠷᠯᠢᠭ ᠤᠨ ᠢᠶᠠᠨ ᠠᠭᠤᠵᠢᠮ ᠡᠩᠭᠡᠷ ᠢᠶᠠᠨ ᠱᠠᠩᠨᠠᠯ ᠤᠨ ᠤᠳᠤᠳ ᠢᠶᠠᠷ ᠮᠢᠯᠢᠶᠠᠯᠭᠠᠭᠰᠠᠨ ᠪᠠᠶᠢᠨ᠎ᠠ᠃ | | |