| | ᠬᠢᠵᠢᠭ ᠤᠨ ᠬᠤᠭᠤᠴᠠᠭᠠᠨ ᠳᠤ ᠤᠷᠤᠭ ᠲᠠᠩᠰᠠᠯᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠠᠨᠬᠦ | ᠪᠠᠳᠤᠯᠠᠵᠤ᠂ ᠲᠤᠬᠠᠶ ᠶᠢᠨ ᠬᠥᠮᠦᠨ ᠤ 5 ᠰᠠᠷ᠎ᠠ ᠶᠢᠨ 20 ᠤ ᠡᠳᠦᠷ ᠵᠡᠷᠭᠡ ᠣᠨᠴᠠᠭᠠᠢ ᠡᠳᠦᠷ ᠲᠤ ᠤᠷᠤᠭ | ᠲᠠᠩᠰᠠᠯᠠᠭᠤᠯᠬᠤ ᠬᠦᠰᠡᠯ ᠡᠷᠡᠮᠡᠯᠵᠡᠯ ᠢ ᠬᠠᠩᠭᠠᠬᠤ ᠶᠢᠨ ᠲᠦᠯᠤᠭᠡ᠂ ᠠᠷᠠᠳ ᠲᠤ ᠳᠥᠭᠦᠮ ᠦᠵᠡᠭᠦᠯᠵᠦ ᠠᠷᠠᠳ ᠲᠤ | ᠠᠰᠢᠭᠲᠠᠢ ᠪᠠᠶᠢᠬᠤ ᠵᠠᠷᠴᠢᠮ ᠢ ᠪᠠᠷᠢᠮᠳᠠᠯᠠᠨ᠂ ᠤᠷᠢᠳᠴᠢᠯᠠᠨ ᠪᠣᠯᠵᠤᠬᠤ ᠤᠶᠢᠯᠡᠴᠢᠯᠡᠭᠡ᠂ ᠴᠠᠭ ᠬᠤᠭᠤᠴᠠᠭ᠎ᠠ | ᠬᠤᠪᠢᠶᠠᠵᠤ᠂ ᠪᠦᠯᠦᠭ ᠲᠠᠷᠠᠭ᠎ᠠ ᠬᠤᠪᠢᠶᠠᠨ ᠤᠷᠤᠭ ᠲᠠᠩᠰᠠᠯᠠᠭᠤᠯᠬᠤ ᠤᠶᠢᠯᠡᠴᠢᠯᠡᠭᠡ ᠬᠠᠩᠭᠠᠬᠤ ᠪᠠᠷ ᠪᠤᠢ᠂ | ᠤᠯᠠᠨ ᠢᠶᠠᠷ ᠢᠶᠠᠨ ᠤᠬᠠᠭᠠᠯᠢᠭ ᠪᠠᠷ ᠬᠠᠨᠳᠤᠵᠤ᠂ ᠪᠦᠭᠡᠮᠨᠡᠷᠠᠨ ᠴᠤᠭᠯᠠᠷᠠᠬᠤ ᠠᠴᠠ ᠵᠠᠶᠢᠯᠠᠰᠬᠢᠵᠦ᠂ ᠲᠣᠭᠲᠠᠭᠠᠯ | ᠶᠣᠰᠣᠭᠠᠷ ᠲᠠᠩᠰᠠᠯᠠᠭᠤᠯᠬᠤ ᠶᠢ ᠬᠦᠰᠡᠵᠦ ᠪᠠᠶᠢᠨ᠎ᠠ᠃ ᠦᠨᠤ ᠬᠤᠯᠪᠣᠭᠳᠠᠯ ᠪᠥᠬᠦᠶ ᠤᠴᠢᠷ ᠶᠠᠪᠤᠳᠡᠯ ᠢ ᠵᠠᠷᠯᠠᠬᠤ ᠨᠢ | ᠄ | ᠨᠢᠭᠡ᠂ ᠭᠦᠢᠴᠡᠳᠭᠡᠬᠦ ᠠᠷᠭ᠎ᠠ ᠮᠠᠶ᠋ᠢᠭ | ᠤᠳᠠᠰᠤ ᠪᠠᠷ ᠪᠣᠯᠵᠣᠬᠤ᠄ ᠪᠦᠭᠡᠮᠨᠠᠷᠠᠨ ᠴᠤᠬᠯᠠᠷᠠᠬᠤ ᠠᠴᠠ ᠵᠠᠶᠢᠯᠠᠰᠬᠢᠬᠦ ᠶᠢᠨ ᠲᠥᠯᠥᠭᠡ᠂ 2020 ᠣᠨ ᠤ 5 | ᠰᠠᠷ᠎ᠠ ᠶᠢᠨ 14 ᠤ ᠡᠳᠦᠷ ᠠᠴᠠ ᠡᠬᠢᠯᠡᠨ ᠂ 5 ᠰᠠᠷ᠎ᠠ ᠶᠢᠨ 20 ᠤ ᠡᠳᠦᠷ ᠤᠷᠤᠭ ᠲᠠᠩᠰᠠᠯᠠᠭᠤᠯᠬᠤ ᠭᠠᠷ | ᠭᠦᠢᠴᠡᠳᠭᠡᠯ ᠬᠢᠬᠦ ᠭᠦᠰᠡᠯ ᠲᠠᠢ ᠭᠦᠮᠤᠰ ᠤᠲᠠᠰᠤ ᠪᠠᠷ ᠪᠣᠯᠵᠤᠵᠤ ᠪᠤᠯᠤᠨ᠎ᠠ᠂ ᠪᠣᠯᠵᠤᠭ᠎ᠠ ᠲᠣᠭᠲᠠᠭᠰᠠᠨ ᠤ ᠲᠠᠷᠠᠭ᠎ᠠ | ᠲᠠᠷᠡ ᠴᠠᠭ ᠲᠤ ᠢᠷᠡᠵᠦ ᠤᠷᠤᠭ ᠲᠠᠩᠰᠠᠯᠠᠭᠤᠯᠬᠤ ᠭᠠᠷ ᠭᠦᠢᠴᠡᠳᠭᠡᠯ ᠬᠢᠨ᠎ᠡ ᠃ ᠪᠣᠯᠵᠣᠬᠤ ᠤᠲᠠᠰᠤ᠄ 0475 | - 7236022 ᠂ ᠪᠠᠰᠠ ᠣᠷᠤᠭ ᠳᠠᠩᠰᠠᠯᠠᠬᠤ ᠭᠠᠵᠠᠷ ᠲᠤ ᠢᠷᠡᠵᠤ ᠥᠪᠡᠰᠦᠪᠡᠨ ᠪᠣᠯᠵᠣᠵᠤ ᠪᠣᠯᠤᠨ᠎ᠠ᠃ | ᠬᠤᠶᠠᠷ᠂ ᠬᠡᠷᠡᠭᠰᠡᠬᠦ ᠮᠠᠲ᠋ᠧᠷᠢᠶᠠᠯ | 1᠂ ᠲᠤᠬᠠᠢ ᠶᠢᠨ ᠬᠥᠮᠦᠨ ᠬᠤᠶᠠᠷ ᠲᠠᠯ᠎ᠠ ᠪᠠᠷ ᠢᠶᠠᠨ ᠲᠣᠰ ᠬᠥᠮᠦᠨ ᠤ ᠬᠦᠴᠦᠨ ᠪᠥᠬᠦᠶ ᠰᠠᠭᠤᠭᠠᠯᠢ | ᠠᠷᠠᠳ ᠤᠨ ᠪᠡᠶ᠎ᠡ ᠶᠢᠨ ᠦᠨᠡᠮᠯᠡᠯ ᠪᠠ ᠡᠷᠦᠬᠡ ᠠᠮᠠ ᠶᠢᠨ ᠳᠡᠪᠲᠡᠷ ︵ᠣᠭ ᠪᠢᠴᠢᠭ ᠪᠠ ᠪᠠᠭᠤᠯᠭᠠᠪᠤᠷᠢ︶ ᠪᠠᠨ | ᠠᠪᠴᠤ ᠢᠷᠡᠬᠦ ᠬᠡᠷᠡᠭᠳᠠᠢ᠂ ᠡᠷᠦᠬᠡ ᠠᠮᠠ ᠶᠢᠨ ᠳᠡᠪᠲᠡᠷ ᠳᠡᠭᠡᠷᠡᠬᠢ ᠣᠷᠤᠭ ᠤᠨ ᠪᠠᠶᠢᠳᠠᠯ ᠨᠢ ᠡᠷᠬᠡᠪᠰᠢ ᠪᠣᠳᠠᠲᠤ | ᠪᠠᠶᠢᠳᠠᠯ ᠲᠠᠢ ᠪᠠᠨ ᠨᠠᠶᠢᠴᠡᠭᠰᠡᠨ ᠪᠠᠶᠢᠬᠤ ᠬᠡᠷᠡᠭᠳᠡᠢ᠂ ᠲᠤᠬᠠᠶᠢᠯᠠᠪᠠᠯ ᠤᠷᠤᠬᠯᠠᠭᠠᠳᠤᠢ᠂ ᠣᠷᠤᠭ ᠰᠠᠯᠤᠬᠰᠡᠨ ᠪᠣᠯ ︵ | ᠲᠠᠰᠤᠯᠤᠯᠲᠠ ᠶᠢᠨ ᠪᠢᠴᠢᠭ ᠤᠨ ᠬᠦᠴᠦᠨ ᠲᠠᠢ ᠪᠣᠯᠤᠭᠰᠠᠨ ᠭᠡᠷᠡᠴᠢ ᠪᠤᠶᠤ ᠡᠶᠡᠳᠡᠭᠦᠯᠭᠡ ᠶᠢᠨ ᠪᠢᠴᠢᠭ᠂ ᠣᠷᠤᠭ | ᠰᠠᠯᠤᠭᠰᠠᠨ ᠭᠡᠷᠡᠴᠢ︶᠂ ᠬᠠᠨᠢ ᠨᠥᠬᠦᠷ ᠨᠢ ᠨᠠᠰᠤ ᠪᠠᠷᠠᠭᠰᠠᠨ ᠪᠣᠯ ︵ᠠᠪᠠᠯᠢ ᠶᠢᠨ ᠡᠬᠡᠨᠡᠷ ᠡᠷ᠎ᠡ ᠶᠢᠨ ᠠᠨᠠᠭᠠᠬᠤ | ᠤᠬᠠᠭᠠᠨ ᠤ ᠲᠤᠳᠤᠯᠠᠬᠰᠡᠨ ᠥᠭᠦᠭᠰᠡᠨ ᠭᠡᠷᠡᠴᠢ︶ ᠪᠠᠶᠢᠬᠤ ᠬᠡᠷᠡᠭᠲᠡᠶ᠃ ᠲᠤᠬᠠᠢ ᠶᠢᠨ ᠬᠥᠮᠦᠨ ᠤ ᠨᠢᠭᠡ ᠲᠠᠯ᠎ᠠ ᠪᠤᠶᠤ | ᠬᠤᠶᠠᠷ ᠲᠠᠯ᠎ᠠ ᠶᠢᠨ ᠪᠠᠶᠢᠩᠭᠤ ᠰᠠᠭᠤᠭ᠎ᠠ ᠡᠷᠦᠬᠡ ᠠᠮᠠ ᠶᠢᠨ ᠲᠠᠩᠰᠠ ᠪᠠᠶᠢᠭ᠎ᠠ ᠭᠠᠵᠠᠷ ᠨᠢ ᠵᠠᠷᠤᠳ ᠬᠤᠰᠢᠭᠤ | ᠪᠠᠶᠢᠬᠤ ᠬᠡᠷᠡᠭᠳᠠᠢ᠃ | 2 ᠂ ᠬᠤᠶᠠᠷ ᠲᠠᠯ᠎ᠠ ᠪᠠᠷ ᠢᠶᠠᠨ ᠣᠶᠢᠷ᠎ᠠ ᠶᠢᠨ ᠦᠶ᠎ᠡ ᠶᠢᠨ ᠬᠠᠭᠠᠰ ᠪᠡᠶ᠎ᠡ ᠶᠢᠨ ᠮᠠᠯᠠᠭᠠᠶ ᠥᠬᠡᠶ ᠤᠯᠠᠭᠠᠨ | ᠲᠡᠪᠢᠰᠭᠡᠷ ᠲᠠᠢ 2 ᠢᠮᠠᠬᠤ ᠶᠢᠨ ᠰᠡᠭᠦᠳᠡᠷ ᠢᠶᠠᠨ 3 ᠬᠤᠪᠢ ᠬᠠᠩᠭᠠᠬᠤ ᠬᠡᠷᠡᠭᠳᠠᠢ᠃ | ᠭᠤᠷᠪᠠ᠂ ᠬᠠᠮᠢᠶ᠎ᠠ ᠪᠦᠬᠦᠢ ᠱᠠᠭᠠᠷᠳᠠᠯᠭ᠎ᠠ | 1᠂ ᠣᠷᠤᠭ ᠳᠠᠩᠰᠠᠯᠠᠬᠤ ᠭᠠᠵᠠᠷ ᠣᠷᠣᠬᠤ ᠳᠤ ᠡᠷᠬᠡᠪᠰᠢ ᠠᠮᠠᠪᠴᠢ ᠵᠡᠭᠦᠬᠦ ᠬᠡᠷᠡᠭᠲᠡᠶ᠃ ᠬᠤᠪᠢ ᠬᠥᠮᠦᠨ ᠤ | ᠬᠠᠮᠠᠭᠠᠯᠠᠯᠲᠠ ᠪᠠᠨ ᠰᠠᠶᠢᠲᠤᠷ ᠬᠢᠵᠦ᠂ ᠪᠡᠶ᠎ᠡ ᠶᠢᠨ ᠳᠤᠯᠠᠭᠠᠨ ᠢᠶᠠᠨ ᠬᠡᠮᠵᠢᠭᠦᠯᠬᠦ ᠬᠡᠷᠡᠭᠳᠠᠢ᠃ | 2᠂ ᠤᠷᠤᠭ ᠲᠠᠩᠰᠠᠯᠠᠭᠤᠯᠬᠤ ᠳᠤ ᠲᠥᠷᠥᠯ ᠰᠠᠳᠤᠨ ᠨᠠᠶᠢᠵᠠ ᠨᠥᠬᠦᠳ ᠨᠢ ᠪᠠᠷ᠎ᠠ ᠪᠣᠯᠬᠤ ᠶᠢ ᠲᠠᠪᠴᠢᠨ᠎ᠠ᠂ | ᠬᠡᠷᠪᠡ ᠲᠠ ᠪᠣᠯᠤᠨ ᠲᠠᠨ ᠤ ᠭᠡᠷ ᠪᠦᠯᠢ ᠳᠤ ᠳᠥᠭᠦᠮ ᠦᠭᠡᠢ ᠪᠤᠯᠤᠬᠰᠡᠨ ᠪᠣᠯ ᠲᠠᠨ ᠤ ᠠᠭᠤᠴᠢᠯᠠᠬᠤ ᠶᠢ ᠬᠦᠰᠡᠵᠦ | ᠪᠠᠢᠨ᠎ᠠ᠃ | 3᠂ ᠬᠡᠷᠪᠡ ᠬᠢᠵᠢᠭ ᠲᠠᠯᠭᠡᠷᠡᠭᠰᠡᠨ ᠲᠦᠭᠰᠢᠭᠦᠷᠢ ᠲᠠᠢ ᠣᠷᠣᠨ ᠠᠴᠠ ᠵᠠᠷᠤᠳ ᠲᠤ ᠢᠷᠡᠭᠰᠡᠨ᠂ | ᠭᠤᠤᠯᠳᠠᠯᠭ᠎ᠠ ᠲᠠᠢ ᠭᠠᠵᠠᠷ ᠣᠷᠣᠨ ᠠᠴᠠ ᠰᠠᠶ᠋ᠢ ᠵᠠᠷᠤᠳ ᠲᠤ ᠪᠤᠴᠠᠬᠰᠡᠨ ᠪᠣᠯ ᠪᠣᠯᠵᠤᠬᠤ ᠦᠶ᠎ᠡ ᠳᠤ ᠪᠠᠨ | ᠲᠤᠳᠤᠷᠬᠠᠶᠢᠯᠠᠯᠳᠠ ᠬᠢᠭᠦ ᠬᠡᠷᠡᠭᠳᠡᠢ᠂ ᠡᠭᠦᠨ ᠤ ᠬᠠᠮᠲᠤ ᠤᠷᠤᠭ ᠳᠠᠩᠰᠠᠯᠠᠭᠤᠯᠬᠤ ᠦᠶ᠎ᠡ ᠳᠤ ᠤᠶᠢᠷ᠎ᠠ ᠶᠢᠨ7 | ᠡᠳᠤᠷ ᠤᠨ ᠪᠥᠭᠡᠮ ᠬᠦᠴᠢᠯ ᠤᠨ ᠪᠠᠶᠢᠴᠠᠭᠠᠯᠲᠠ ᠬᠢᠭᠡᠳ ᠪᠢᠯᠢᠭ ᠴᠢᠨᠠᠷ ᠲᠠᠢ ᠪᠠᠶᠢᠬᠤ ᠭᠡᠷᠡᠴᠢ ᠬᠠᠩᠭᠠᠬᠤ ᠬᠡᠷᠡᠭᠲᠡᠶ᠃ | | 4᠂ ᠲᠤᠰᠠᠭᠠᠷᠯᠠᠵᠤ ᠪᠠᠶᠢᠬᠤ ᠬᠤᠭᠤᠴᠠᠭᠠᠨ ᠳᠤ ᠪᠠᠶᠢᠭ᠎ᠠ ᠰᠠᠭᠤᠭᠠᠯᠢ ᠠᠷᠠᠳ ᠲᠤ ᠤᠷᠤᠭ ᠲᠠᠩᠰᠠᠯᠠᠭᠤᠯᠬᠤ | ᠭᠠᠷ ᠭᠦᠢᠴᠡᠳᠭᠡᠯ ᠬᠢᠵᠣ ᠥᠭᠬᠦ ᠦᠭᠡᠢ᠃ | 5᠂ ᠤᠷᠢᠳᠠᠪᠡᠷ ᠪᠣᠯᠵᠣᠭᠰᠠᠨ ᠦᠭᠡᠢ ᠪᠣᠯ ᠲᠣᠰ ᠡᠳᠦᠷ ᠤᠨ ᠪᠣᠯᠵᠣᠭᠰᠠᠨ ᠭᠦᠮᠤᠨ ᠤ ᠲᠤᠭ᠎ᠠ ᠶᠢ | ᠦᠨᠳᠦᠰᠦᠯᠡᠨ ᠂ ᠲᠤᠬᠠᠢ ᠵᠢᠨᠲ᠋ᠠᠯᠠᠪᠠᠢ ᠳᠤ ᠲᠤᠬᠢᠷᠠᠭᠤᠯᠤᠯᠳᠠᠬᠢᠵᠦ᠂ ᠴᠢᠳᠠᠬᠤᠶᠢᠴᠠ ᠲᠡᠭᠦᠨ ᠤ ᠤᠷᠤᠭ | ᠳᠠᠩᠰᠠᠯᠠᠭᠤᠯᠬᠤ ᠭᠦᠰᠡᠯ ᠢ ᠬᠠᠩᠭᠠᠬᠤ ᠪᠠᠷ ᠴᠢᠷᠮᠠᠶᠢᠨ᠎ᠠ᠃ | | ᠵᠠᠷᠤᠳ ᠬᠤᠰᠢᠭᠤᠨ ᠤ ᠣᠷᠤᠭ ᠳᠠᠩᠰᠠᠯᠠᠬᠤ ᠭᠠᠵᠠᠷ | 2020 ᠣᠨ ᠤ 5 ᠰᠠᠷ᠎ᠠ ᠶᠢᠨ 13 ᠤ ᠡᠳᠦᠷ |