2020 ᠣᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠡᠳᠬᠦᠨ ᠬᠥᠭᠵᠢᠭᠦᠯᠬᠦ ᠲᠥᠷᠥᠯ ᠵᠤᠶᠢᠯ ᠤᠨ ᠲᠤᠬᠠᠶ  ᠵᠠᠷᠯᠠᠯ
ᠨᠡᠶᠢᠲᠡᠯᠡᠭᠰᠡᠨ ᠴᠠᠭ᠄
2020/5/18
   ᠲᠥᠪ ᠤᠨ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠶᠠᠮᠤᠨ ᠪᠣᠯᠤᠨ ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠮᠲᠤᠷᠠᠨ ᠲᠠᠷᠬᠠᠭᠠᠬᠰᠠᠨ ︽ᠬᠥᠳᠡᠭᠡ ᠲᠣᠰᠬᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠳᠤᠯᠭ᠎ᠠ ᠶᠢ ᠪᠠᠷᠢᠮᠳᠠᠯᠠᠬᠤ ᠪᠠ ᠴᠢᠩᠭᠠᠳᠬᠠᠵᠤ ᠲᠣᠰᠬᠤᠨ ᠤ ᠱᠠᠲᠤᠨ ᠤ ᠬᠠᠮᠲᠤ ᠶᠢᠨ ᠠᠵᠤ ᠠᠬᠤᠶ ᠶᠢ ᠲᠡᠳᠬᠦᠨ ᠬᠦᠭᠵᠢᠭᠦᠯᠬᠦ ᠲᠤᠬᠠᠶ ᠮᠡᠳᠡᠭᠳᠡᠯ︾ ︵ᠲᠥᠪ ᠵᠣᠬᠢᠶᠠᠨ ᠪᠠᠶᠢᠭᠤᠯᠬᠤ ᠲᠠᠷᠬᠠᠭᠠᠭᠰᠠᠨ ︹ 2018 ︺18 ᠳ᠋ᠤᠭᠠᠷ ᠲᠣᠭᠠᠲᠤ︶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠬᠤᠰᠢᠭᠤ ᠰᠢᠶᠠᠨ ᠬᠤᠲᠠ ᠲᠣᠭᠤᠷᠢᠭ᠂ ᠠᠶᠢᠮᠠᠭ ᠬᠤᠲᠠ ᠠᠴᠠ ᠲᠠᠨᠢᠯᠴᠠᠭᠤᠯᠬᠤ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠡᠳ᠋ ᠤᠨ ᠵᠠᠰᠠᠭ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠪᠣᠯᠤᠨ ᠶᠠᠳᠠᠭᠤ ᠶᠢ ᠲᠡᠳᠬᠦᠬᠦ ᠠᠯᠪᠠᠨ ᠭᠡᠷ ᠬᠠᠮᠲᠤᠷᠠᠨ ᠬᠢᠨᠠᠨ ᠬᠠᠷᠭᠤᠭᠤᠯᠵᠤ ᠬᠢᠨᠠᠨ ᠰᠢᠯᠭᠠᠬᠰᠡᠨ‌‍ᠰᠠᠭᠤᠷᠢᠨ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠠᠵᠢᠯ ᠤᠨ ᠬᠤᠷᠠᠯ ᠢᠶᠠᠷ ᠰᠣᠳᠣᠯᠣᠨ ᠶᠠᠷᠢᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠭᠡᠳ᠂ 2020 ᠣᠨ ᠳᠤ ᠮᠠᠨ ᠤ ᠬᠤᠰᠢᠭᠤᠨ ᠤ 9 ᠭᠠᠴᠠᠭ᠎ᠠ ᠲᠣᠰᠬᠤᠨ ᠳᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠣᠵᠠᠭᠠᠶᠢᠷᠠᠭᠤᠯᠵᠤ ᠭᠤᠤᠯᠳᠠᠯᠭ᠎ᠠ ᠲᠠᠢ ᠲᠡᠳᠬᠦᠨ ᠲᠡᠮᠵᠢᠬᠦ ᠪᠠᠷ ᠪᠣᠯᠪᠠ᠃ ᠣᠳᠣ ᠳᠡᠭᠡᠳᠦ ᠱᠠᠲᠤᠨ ᠤ ᠱᠠᠭᠠᠷᠳᠠᠯᠭ᠎ᠠ ᠶᠣᠰᠣᠭᠠᠷ᠂ ᠵᠠᠷᠤᠳ ᠬᠤᠰᠢᠭᠤᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠡᠳᠬᠦᠨ ᠬᠥᠭᠵᠢᠭᠦᠯᠬᠦ ᠲᠥᠷᠥᠯ ᠵᠤᠶᠢᠯ ᠢ ᠵᠠᠷᠯᠠᠬᠤ ᠨᠢ᠄    ᠨᠢᠭᠡ᠂ ᠵᠠᠷᠤᠳ ᠬᠤᠰᠢᠭᠤᠨ ᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢ ᠲᠡᠳᠬᠦᠨ ᠬᠥᠭᠵᠢᠭᠦᠯᠬᠦ ᠲᠥᠷᠥᠯ ᠵᠤᠶᠢᠯ ᠤᠨ ᠨᠡᠷᠡᠰ    1᠂ ᠵᠠᠷᠤᠳ ᠬᠤᠰᠢᠭᠤᠨ ᠤ ᠭᠠᠭ᠋ᠠᠶᠢᠲᠤ ᠪᠠᠯᠭᠠᠰᠤᠨ ᠤ ᠣᠯᠠᠭᠠᠨᠪᠣᠳᠠᠭ᠎ᠠ ᠭᠠᠴᠠᠭ᠎ᠠ    2᠂ ᠵᠠᠷᠤᠳ ᠬᠤᠰᠢᠭᠤᠨ ᠤ ᠰᠢᠶᠠᠩᠱᠠᠨ‌‍ᠪᠠᠯᠭᠠᠰᠤᠨ ᠤ ᠱᠤᠸᠠᠩ ᠯᠦᠩ ᠴᠢᠤᠸᠠᠨ ᠲᠣᠰᠬᠤᠨ    3᠂ ᠵᠠᠷᠤᠳ ᠬᠤᠰᠢᠭᠤᠨ ᠤ ᠰᠢᠶᠠᠩᠱᠠᠨ ᠪᠠᠯᠭᠠᠰᠤᠨ ᠤ ᠰᠢᠶᠠᠩᠱᠠᠨ ᠲᠣᠰᠬᠤᠨ    4᠂  ᠵᠠᠷᠤᠳ ᠬᠤᠰᠢᠭᠤᠨ ᠤ ᠪᠠᠶᠠᠨᠲᠠᠯ᠎ᠠ ᠰᠤᠮᠤᠨ ᠤ ᠴᠢᠩ ᠯᠦᠩ ᠭᠸᠦ ᠲᠤᠰᠬᠤᠨ    5᠂ ᠵᠠᠷᠤᠳ ᠬᠤᠰᠢᠭᠤᠨ ᠤ ᠪᠠᠶᠠᠨᠲᠠᠯ᠎ᠠ ᠰᠤᠮᠤᠨ ᠤ ᠲᠠᠶᠢᠫᠢᠩᠱᠠᠨ ᠲᠣᠰᠬᠤᠨ    6᠂ ᠵᠠᠷᠤᠳ ᠬᠤᠰᠢᠭᠤᠨ ᠤ ᠤᠯᠠᠭᠠᠨᠬᠠᠳᠠ‌‍ᠰᠤᠮᠤᠨ ᠤ ᠡᠷᠳᠡᠨᠢᠪᠣᠯᠠᠭ ᠭᠠᠴᠠᠭ᠎ᠠ    7᠂ ᠵᠠᠷᠤᠳ ᠬᠤᠰᠢᠭᠤᠨ ᠤ ᠵᠢᠷᠦᠬᠡ ᠪᠠᠯᠭᠠᠰᠤᠨ ᠤ ᠯᠢᠶᠠᠨ ᠾᠧ ᠲᠣᠨ ᠲᠤᠰᠬᠤᠨ    8  ᠂ ᠵᠠᠷᠤᠳ ᠬᠤᠰᠢᠭᠤᠨ ᠤ ᠴᠢᠨᠳᠠᠮᠤᠨᠢ ᠰᠤᠮᠤᠨ ᠤ ᠵᠢᠭᠠᠰᠤᠲᠠᠶ ᠭᠠᠴᠠᠭ᠎ᠠ    9  ᠂ ᠵᠠᠷᠤᠳ ᠬᠤᠰᠢᠭᠤᠨ ᠤ ᠠᠷᠤ ᠬᠥᠨᠳᠡᠯᠡᠨ ᠪᠠᠯᠭᠠᠰᠤᠨ ᠤ ᠠᠮᠤᠭᠤᠯᠠᠩ ᠭᠠᠴᠠᠭ᠎ᠠ    ᠬᠤᠶᠠᠷ᠂ ᠢᠯᠡ ᠵᠠᠷᠯᠠᠬᠤ ᠴᠠᠭ    2020 ᠣᠨ ᠤ 5 ᠰᠠᠷ᠎ᠠ ᠶᠢᠨ 18 ᠤ ᠡᠳᠦᠷ ᠠᠴᠠ 2020 ᠣᠨ ᠤ 5 ᠰᠠᠷ᠎ᠠ ᠶᠢᠨ 26 ᠤ ᠡᠳᠦᠷ ᠪᠣᠯᠲᠠᠯ᠎ᠠ᠃    ᠭᠤᠷᠪᠠ᠂ ᠭᠥᠯᠢᠶᠡᠨ ᠠᠪᠴᠤ ᠰᠶᠢᠳᠪᠣᠷᠢᠯᠡᠬᠦ ᠠᠷᠭ᠎ᠠ ᠮᠠᠶ᠋ᠢᠭ    ᠪᠠᠶᠢᠭᠤᠯᠭ᠎ᠠ ᠪᠣᠶᠣ ᠬᠤᠪᠢ ᠬᠥᠮᠦᠨ ᠰᠤᠷᠪᠤᠯᠵᠢᠯᠠᠬᠤ᠂ ᠵᠠᠬᠢᠳᠠᠯ ᠢᠷᠡᠭᠦᠯᠬᠦ᠂ ᠤᠳᠠᠰᠤ ᠢᠷᠡᠬᠦ ᠵᠡᠷᠭᠡ ᠬᠡᠯᠪᠡᠷᠢ ᠪᠠᠷ ᠲᠡᠭᠡᠷ᠎ᠡ ᠢᠯᠡ ᠵᠠᠷᠯᠠᠬᠰᠡᠨ ᠭᠠᠴᠠᠭ᠎ᠠ ᠲᠣᠰᠬᠤᠨ ᠤ ᠬᠤᠯᠪᠣᠭᠳᠠᠯ ᠪᠦᠬᠦᠢ ᠪᠠᠶᠢᠳᠡᠯ ᠪᠣᠯᠤᠨ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠳᠥᠭᠦᠮ ᠤᠨ ᠲᠣᠰᠠᠳᠠ᠂ ᠠᠰᠠᠭᠤᠳᠠᠯ ᠲᠤᠰᠬᠠᠬᠤ ᠳᠠᠭᠠᠨ ᠬᠤᠯᠪᠣᠭᠳᠠᠯ ᠪᠦᠬᠦᠢ ᠰᠦᠪᠡᠭᠴᠢ ᠵᠢᠴᠢ ᠲᠤᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠬᠡᠯᠪᠡᠷᠢ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠪᠠᠨ ᠬᠠᠩᠭᠠᠬᠤ ᠬᠡᠷᠡᠭᠲᠡᠶ᠃ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠭᠡᠵᠤ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃    ᠬᠦᠯᠢᠶᠡᠨ ᠠᠪᠬᠤ ᠰᠠᠯᠠᠭ᠎ᠠ ᠮᠥᠴᠢᠷ᠄ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ    ᠬᠦᠯᠢᠶᠡᠨ ᠠᠪᠴᠤ ᠰᠶᠢᠳᠪᠣᠷᠢᠯᠡᠬᠦ ᠤᠲᠠᠰᠤ᠄ 0475 — 7222043    ᠰᠠᠭᠤᠭ᠎ᠠ ᠭᠠᠵᠠᠷ᠄ ᠵᠠᠷᠤᠳ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠠᠰᠠᠷ ᠤᠨ ᠭᠤᠷᠪᠠᠳᠤᠭᠠᠷ ᠳᠠᠪᠬᠤᠷᠯᠢᠭ ᠤᠨ 305 ᠥᠷᠥᠭᠡ    ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠷᠤᠳ ᠬᠤᠰᠢᠭᠤᠨ ᠤ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ                          2020 ᠣᠨ ᠤ 5 ᠰᠠᠷ᠎ᠠ ᠶᠢᠨ 18 ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号