ᠵᠠᠷᠤᠳ ᠬᠤᠰᠢᠭᠤᠨ ᠤ 2020 ᠤᠨ ᠠᠵᠢᠯ ᠤᠶᠢᠯᠡᠰ ᠤᠨ ᠨᠢᠭᠡᠴᠡ ᠶᠢᠨ ᠴᠢᠳᠠᠪᠤᠷᠢᠲᠠᠨ ᠲᠠᠳᠡᠨ ᠣᠷᠤᠭᠤᠯᠬᠤ ᠲᠣᠪᠴᠢ ᠳᠦᠷᠢᠮ
ᠨᠡᠶᠢᠲᠡᠯᠡᠭᠰᠡᠨ ᠴᠠᠭ᠄
2020/6/11
              ᠠᠵᠢᠯ ᠦᠢᠯᠡᠰ ᠤᠨ ᠨᠢᠭᠡᠴᠡ ᠶᠢᠨ ᠴᠢᠳᠠᠪᠤᠷᠢᠲᠠᠨ ᠲᠠᠳᠡᠨ ᠤᠷᠤᠭᠤᠯᠬᠤ ᠠᠵᠢᠯ ᠢ ᠰᠠᠶᠢᠲᠤᠷ ᠬᠢᠬᠦ ᠶᠢᠨ ᠲᠦᠯᠤᠭᠡ᠂ ︽ᠵᠠᠷᠤᠳ ᠬᠤᠰᠢᠭᠤᠨ ᠤ 2020 ᠣᠨ ᠤ ᠠᠵᠢᠯ ᠤᠶᠢᠯᠡᠰ ᠤᠨ ᠨᠢᠭᠡᠴᠡ ᠶᠢᠨ ᠴᠢᠳᠠᠪᠤᠷᠢᠲᠠᠨ ᠲᠠᠳᠡᠨ ᠤᠷᠤᠭᠤᠯᠬᠤ ᠠᠵᠢᠯ ᠤᠨ ᠬᠡᠷᠡᠭᠵᠢᠭᠦᠯᠬᠦ ᠲᠥᠰᠦᠯ︾  ᠢ ᠦᠨᠳᠤᠰᠤᠯᠠᠨ᠂ ᠲᠣᠰ ᠲᠦᠷᠢᠮ ᠢ ᠲᠣᠭᠲᠠᠭᠠᠪᠠ᠃     ᠨᠢᠭᠡ᠂  ᠲᠠᠳᠡᠨ ᠣᠷᠣᠭᠤᠯᠬᠤ ᠲᠥᠯᠥᠪᠯᠡᠭᠡ     ᠲᠤᠰ ᠤᠳᠠᠭ᠎ᠠ ᠪᠠᠴᠢᠮ ᠬᠡᠷᠡᠭᠰᠡᠬᠦ ᠴᠤᠬᠠᠭ ᠲᠤᠰᠬᠠᠶ ᠮᠡᠷᠭᠡᠵᠢᠯ ᠤᠨ ᠴᠢᠳᠡᠪᠤᠷᠢᠳᠡᠨ125 ᠲᠠᠳᠡᠨ ᠤᠷᠤᠭᠤᠯᠬᠤ ᠪᠠᠷ ᠲᠦᠯᠤᠪᠯᠡᠵᠤ ᠪᠠᠶᠢᠨ᠎ᠠ᠃ ᠡᠭᠦᠨ ᠳᠤ ᠡᠷᠡᠭᠦᠯ ᠬᠠᠮᠠᠭᠠᠯᠠᠯ ᠡᠷᠡᠭᠦᠯ ᠮᠠᠨᠳᠤ ᠶᠢᠨ ᠰᠢᠰᠲ᠋ᠧᠮ ᠤᠨ ᠠᠵᠢᠯ ᠤᠶᠢᠯᠡᠰ ᠤᠨ ᠨᠢᠭᠡᠴᠡ 109 ᠬᠥᠮᠦᠨ᠂ ᠪᠤᠰᠤᠳ ᠠᠵᠢᠯ ᠤᠶᠢᠯᠡᠰ ᠤᠨ ᠨᠢᠭᠡᠴᠡ 16 ᠬᠥᠮᠦᠨ᠃ ᠪᠣᠳᠠᠲᠠᠶ ᠠᠵᠢᠯ ᠤᠨ ᠪᠠᠶᠢᠷᠢ ᠵᠢᠴᠢ ᠱᠠᠭᠠᠷᠳᠠᠯᠭ᠎ᠠ ᠶᠢ ︽ᠵᠠᠷᠤᠳ ᠬᠤᠰᠢᠭᠤᠨ ᠤ 2020 ᠣᠨ ᠤ ᠠᠵᠢᠯ ᠤᠶᠢᠯᠡᠰ ᠤᠨ ᠨᠢᠭᠡᠴᠡ ᠶᠢᠨ ᠴᠢᠳᠠᠪᠤᠷᠢᠲᠠᠨ ᠲᠠᠳᠡᠨ ᠣᠷᠣᠭᠤᠯᠬᠤ ᠠᠵᠢᠯ ᠤᠨ ᠪᠠᠶᠢᠷᠢ ᠶᠢᠨ ᠲᠥᠯᠥᠪᠯᠡᠭᠡ ᠶᠢᠨ ᠬᠦᠰᠦᠨᠦᠭᠲᠦ︾ ︵ᠳᠠᠭᠠᠯᠳᠤᠭᠤᠯᠤᠯ 1᠂ ᠳᠣᠷᠣᠭᠰᠢ ︽ᠠᠵᠢᠯ ᠤᠨ ᠪᠠᠶᠢᠷᠢ ᠶᠢᠨ ᠲᠥᠯᠥᠪᠯᠡᠭᠡ ᠶᠢᠨ ᠬᠦᠰᠦᠨᠦᠭᠲᠦ︾ ᠭᠡᠵᠦ ᠲᠣᠪᠴᠢᠯᠠᠪᠠ︶᠃     ᠬᠤᠶᠠᠷ᠂  ᠲᠠᠳᠡᠨ ᠣᠷᠣᠭᠤᠯᠬᠤ ᠨᠥᠬᠦᠴᠡᠯ     ︵ᠨᠢᠭᠡ︶ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠷᠢᠶᠠᠯᠠᠯ ᠲᠠᠢ᠂ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠷᠤᠮᠯᠠᠨ ᠰᠠᠬᠢᠬᠤ᠂ ᠰᠠᠶᠢᠨ ᠰᠠᠶᠢᠬᠠᠨ ᠵᠠᠩ ᠰᠤᠷᠲᠠᠯ ᠲᠠᠢ᠂ ᠲᠤᠰᠢᠶᠠᠯ ᠬᠠᠷᠢᠭᠤᠴᠠᠯᠭ᠎ᠠ  ᠪᠠᠨ ᠵᠤᠷᠰᠢᠯ ᠢᠶᠠᠷ ᠭᠦᠢᠴᠡᠳᠭᠡᠵᠤ ᠲᠠᠶᠢᠯᠬᠦ ᠪᠡᠶ᠎ᠡ ᠮᠠᠬᠠᠪᠣᠳ ᠤᠨ ᠨᠥᠬᠦᠴᠡᠯ ᠪᠠ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠴᠢᠳᠠᠪᠤᠷᠢ ᠲᠠᠢ ᠪᠠᠶᠢᠬᠤ ᠬᠡᠷᠡᠭᠲᠡᠶ᠃     ︵ᠬᠤᠶᠠᠷ︶ ᠤᠯᠤᠰ ᠠᠴᠠ ᠮᠡᠳᠡᠷᠡᠭᠰᠡᠨ‌‍ᠲ᠋ᠠᠳᠡ ᠤᠷᠤᠭᠤᠯᠬᠤ ᠠᠵᠢᠯ ᠤᠨ ᠪᠠᠶᠢᠷᠢ ᠶᠢᠨ ᠱᠠᠭᠠᠷᠳᠠᠯᠭ᠎ᠠ ᠳᠤ ᠨᠡᠶᠢᠴᠡᠭᠰᠡᠨ ᠰᠤᠷᠤᠯᠭ᠎ᠠ ᠶᠢᠨ ᠨᠠᠮᠲᠠᠷ᠂ ᠡᠷᠳᠡᠮ ᠤᠨ ᠴᠣᠯᠠ᠂ ᠲᠤᠰᠬᠠᠶ ᠮᠡᠷᠭᠡᠵᠢᠯ ᠵᠡᠷᠭᠡ ᠨᠥᠬᠦᠴᠡᠯ ᠢ ᠪᠤᠷᠢᠯᠳᠤᠭᠦᠯᠤᠭ᠍ᠰᠡᠨ ᠪᠠᠶᠢᠬᠤ ᠬᠡᠷᠡᠭᠳᠡᠢ᠂ ᠬᠤᠤᠰ ᠡᠷᠳᠡᠮ ᠤᠨ ᠴᠣᠯᠠ ᠤᠯᠤᠬᠰᠡᠨ ᠭᠦᠮᠣᠰ ᠢ ᠨᠢᠭᠡᠳᠦᠭᠡᠷ ᠡᠷᠳᠡᠮ ᠤᠨ ᠴᠣᠯᠠ ᠪᠠᠷ ᠪᠠᠷᠢᠮᠵᠢᠶ᠎ᠠ ᠪᠣᠯᠭᠠᠨ᠎ᠠ ︵ᠨᠠᠷᠢᠨ ᠵᠤᠶᠢᠯ ᠢ ︽ᠠᠵᠢᠯ ᠤᠨ ᠪᠠᠶᠢᠷᠢ ᠶᠢᠨ ᠲᠥᠯᠥᠪᠯᠡᠭᠡ ᠶᠢᠨ ᠬᠦᠰᠦᠨᠦᠭᠲᠦ︾ ᠳᠤ ᠦᠵᠡ︶᠃     ︵ᠭᠤᠷᠪᠠ︶ ᠪᠤᠳᠠᠳᠠᠢ ᠠᠵᠢᠯ ᠤᠨ ᠪᠠᠶᠢᠷᠢ ᠶᠢᠨ ᠱᠠᠭᠠᠷᠳᠠᠬᠰᠡᠨ‌ᠡᠷᠦᠬᠡ ᠠᠮᠠ ᠶᠢᠨ ᠬᠠᠷᠢᠶᠠᠯᠠᠯ ᠬᠢᠷᠢ ᠬᠡᠮ ᠲᠠᠢ ︵ᠨᠠᠷᠢᠨ ᠵᠤᠶᠢᠯ ᠢ ︽ᠠᠵᠢᠯ ᠤᠨ ᠪᠠᠶᠢᠷᠢ ᠶᠢᠨ ᠲᠥᠯᠥᠪᠯᠡᠭᠡ ᠶᠢᠨ ᠬᠦᠰᠦᠨᠦᠭᠲᠦ︾ ᠳᠤ ᠦᠵᠡ︶᠃     ︵ᠳᠥᠷᠪᠡ︶ 35  ᠪᠦᠭᠦᠯᠢ ᠨᠠᠰᠤᠨ ᠠᠴᠠ ᠳᠣᠷᠣᠭᠰᠢ ︵1984 ᠣᠨ ᠤ 6 ᠰᠠᠷ᠎ᠠ ᠶᠢᠨ 9 ᠤ ᠡᠳᠦᠷ ︵ ᠢ ᠪᠠᠭᠳᠠᠭᠠᠨ᠎ᠠ︶ ᠠᠴᠠ ᠬᠤᠶᠢᠨ᠎ᠠ ᠲᠥᠷᠥᠭᠰᠡᠨ︶᠃      ︵ᠲᠠᠪᠤ︶ ᠲᠠᠳᠡᠨ ᠤᠷᠤᠭᠤᠯᠬᠤ ᠠᠵᠢᠯ ᠤᠨ ᠪᠠᠶᠢᠷᠢ ᠶᠢᠨ ᠱᠠᠭᠠᠷᠳᠠᠭᠰᠠᠨ ᠠᠵᠢᠯ ᠤᠨ ᠬᠢᠷᠢ ᠬᠡᠮ ᠪᠠ ᠪᠣᠰᠣᠳ ᠨᠥᠬᠦᠴᠡᠯ ᠢ ᠪᠦᠷᠢᠯᠳᠤᠭᠦᠯᠤᠭ᠍ᠰᠡᠨ ᠪᠠᠶᠢᠬᠤ ᠬᠡᠷᠡᠭᠳᠡᠢ᠂ ᠳᠡᠭᠡᠷᠡᠬᠢ ᠬᠠᠮᠢᠶ᠎ᠠ ᠪᠦᠬᠦᠢ ᠬᠢᠷᠢ ᠬᠡᠮ ᠨᠥᠬᠦᠴᠡᠯ ᠢ ᠤᠯᠤᠬᠰᠡᠨ ᠴᠠᠭ ᠬᠤᠭᠤᠴᠠᠭ᠎ᠠ ᠶᠢ ᠲᠣᠪᠴᠢ ᠲᠦᠷᠢᠮ ᠢ ᠨᠡᠶᠢᠲᠡᠯᠡᠭᠰᠡᠨ ᠡᠳᠦᠷ ᠪᠣᠯᠳᠡᠯ᠎ᠠ‌‍ᠬᠢᠵᠠᠭᠠᠷᠯᠠᠨ᠎ᠠ ︵ᠨᠠᠷᠢᠨ ᠵᠤᠶᠢᠯ ᠢ ︽ᠠᠵᠢᠯ ᠤᠨ ᠪᠠᠶᠢᠷᠢ ᠶᠢᠨ ᠲᠥᠯᠥᠪᠯᠡᠭᠡ ᠶᠢᠨ ᠬᠦᠰᠦᠨᠦᠭᠲᠦ︾ ᠳᠤ ᠦᠵᠡ︶᠃      ᠲᠠᠷᠠᠭᠠᠬᠢ ᠵᠢᠭᠰᠠᠭᠠᠭᠰᠠᠨ ᠪᠠᠶᠢᠳᠠᠯ ᠤᠨ ᠨᠢᠭᠡ ᠪᠠᠶᠢᠪᠠᠯ᠂ ᠨᠡᠷ᠎ᠡ ᠮᠡᠳᠡᠭᠦᠯᠬᠦ ᠶᠢ ᠵᠦᠪᠰᠢᠶᠠᠷᠠᠬᠦ ᠦᠭᠡᠢ᠄      ⒈  ᠠᠯᠪᠠ ᠬᠠᠭᠠᠵᠤ ᠪᠠᠶᠢᠭ᠎ᠠ ᠴᠡᠷᠢᠭ  ᠭᠦᠮᠤᠨ︔      ⒉  ᠰᠣᠷᠭᠠᠭᠤᠯᠢ ᠳᠤ  ᠪᠠᠶᠢᠭ᠎ᠠ ᠲᠡᠭᠦᠰᠣᠭᠡᠳᠣᠢ ᠪᠦᠬᠦᠯᠢ ᠡᠳᠦᠷ ᠤᠨ ᠳᠦᠷᠢᠮᠲᠦ ᠡᠩ ᠤᠨ ᠳᠡᠭᠡᠳᠦ ᠰᠤᠷᠭᠠᠭᠤᠯᠢ ᠶᠢᠨ ᠰᠤᠷᠤᠬᠴᠢ︔      ⒊ᠵᠠᠷᠤᠳ ᠬᠤᠰᠢᠭᠤᠨ ᠳᠤ ᠣᠷᠣᠨ ᠲᠤᠭ᠎ᠠ ᠪᠠ ᠠᠵᠢᠯ  ᠪᠠᠶᠢᠷᠢ ᠲᠠᠢ ᠠᠯᠪᠠᠲᠠᠨ ᠪᠠ ᠠᠵᠢᠯ ᠤᠶᠢᠯᠡᠰ ᠤᠨ ᠨᠢᠭᠡᠴᠡ ᠶᠢᠨ ᠠᠵᠢᠯᠳᠡᠨ ︵ᠲᠤᠷᠰᠢᠨ ᠬᠡᠷᠡᠭᠯᠡᠬᠦ ᠬᠤᠭᠤᠴᠠᠭ᠎ᠠ ᠪᠠᠭᠲᠠᠨ᠎ᠠ︶︔      ⒋ ᠤᠯᠤᠰ ᠲᠥᠷᠥ ᠬᠠᠤᠯᠢ ᠴᠠᠭᠠᠵᠠ ᠶᠢᠨ ᠪᠠᠶᠢᠭᠤᠯᠭ᠎ᠠ  ᠶᠢᠨ ᠬᠠᠨᠳᠤᠯᠭ᠎ᠠ ᠲᠠᠢ ᠪᠠᠷ ᠡᠯᠰᠡᠭᠰᠡᠨ ᠠᠯᠪᠠᠲᠠᠨ ᠤᠷᠢᠨ ᠬᠡᠷᠡᠭᠯᠡᠭᠰᠡᠨ ᠤ ᠳᠠᠷᠠᠭ᠎ᠠ ᠲᠠᠪᠳᠡᠨ ᠰᠤᠷᠤᠯᠴᠠᠵᠤ ᠪᠠᠶᠢᠭ᠎ᠠ ᠪᠣᠶᠣ ᠤᠶᠢᠯᠡᠴᠢᠯᠡᠬᠦ ᠬᠠᠮᠤᠭ ᠤᠨ  ᠪᠠᠭ᠎ᠠ ᠵᠢᠯ ᠬᠤᠭᠤᠴᠠᠭ᠎ᠠ ᠨᠢ ᠲᠤᠯᠤᠭᠠᠳᠤᠶ ᠬᠥᠮᠦᠰ ︔      ⒌ ᠶᠠᠯ᠎ᠠ ᠬᠢᠵᠤ ᠡᠷᠡᠭᠦᠤ ᠶᠢᠨ ᠰᠢᠳᠬᠡᠯ ᠣᠯᠵᠤ ᠥᠩᠭᠡᠷᠡᠭᠰᠡᠨ ᠪᠤᠶᠤ ᠠᠯᠪᠠᠨ ᠲᠤᠰᠢᠶᠠᠯ ᠠᠴᠠ ᠪᠠᠨ ᠬᠥᠭᠡᠭᠡᠭᠳᠡᠵᠦ ᠥᠩᠭᠡᠷᠡᠭᠰᠡᠨ ᠬᠥᠮᠦᠰ︔      ⒍ᠠᠯᠪᠠᠲᠠᠨ ᠰᠢᠯᠭᠠᠨ ᠡᠯᠰᠡᠬᠦ ᠪᠤᠶᠤ ᠠᠵᠢᠯ ᠤᠶᠢᠯᠡᠰ ᠤᠨ ᠨᠢᠭᠡᠴᠡ ᠶᠢᠨ ᠢᠯᠡ ᠪᠠᠷ ᠤᠷᠢᠨ ᠬᠡᠷᠡᠭᠯᠡᠬᠦ ᠶᠠᠪᠤᠴᠠ ᠳᠤ ᠬᠡᠮ ᠬᠢᠭᠰᠡᠨ ᠵᠡᠷᠭᠡ ᠡᠯᠰᠡᠨ ᠬᠡᠷᠡᠭᠯᠡᠬᠦ᠂ ᠤᠷᠢᠨ ᠬᠡᠷᠡᠭᠯᠡᠬᠦ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠦᠷᠢᠴᠡᠭᠰᠡᠨ ᠤᠶᠢᠯᠡ ᠠᠵᠢᠯᠯᠠᠭ᠎ᠠ ᠲᠠᠢ ᠪᠥᠭᠡᠳ ᠰᠢᠯᠭᠠᠯᠲᠠ ᠳᠤ ᠤᠷᠤᠯᠴᠠᠬᠤ ᠶᠢ ᠴᠠᠭᠠᠵᠠᠯᠠᠵᠤ ᠪᠠᠶᠢᠬᠤ ᠬᠤᠭᠤᠴᠠᠭᠠᠨ ᠳᠤ ᠪᠠᠶᠢᠭ᠎ᠠ ᠬᠥᠮᠦᠰ︔      ⒎ ᠰᠢᠯᠭᠠᠬᠰᠡᠳ‌ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ ᠵᠠᠶᠢᠯᠠᠬᠤ ᠬᠠᠷᠢᠴᠠᠭ᠎ᠠ ᠶᠢ ᠪᠦᠷᠢᠯᠳᠦᠭᠰᠡᠨ ᠬᠥᠮᠦᠰ︔      ⒏ ᠬᠠᠤᠯᠢ ᠲᠣᠭᠲᠠᠭᠠᠯ ᠳᠤ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠢᠶᠠᠷ ᠤᠷᠢᠨ ᠬᠡᠷᠡᠭᠯᠡᠵᠦ ᠪᠣᠯᠬᠤ ᠦᠭᠡᠢ ᠭᠡᠵᠦ ᠲᠣᠭᠲᠠᠭᠠᠭᠰᠠᠨ ᠪᠤᠰᠤᠳ ᠪᠠᠶᠢᠳᠡᠯ ᠲᠠᠢ ᠬᠥᠮᠦᠰ᠃      ᠭᠤᠷᠪᠠ᠂  ᠲᠠᠳᠡᠨ ᠣᠷᠣᠭᠤᠯᠬᠤ ᠠᠯᠬᠤᠮ ᠲᠠᠷᠠᠭ᠎ᠠ      ︵ᠨᠢᠭᠡ︶ ᠮᠡᠳᠡᠭᠡ ᠵᠠᠩᠭᠢ ᠨᠡᠶᠢᠲᠡᠯᠡᠬᠦ      ᠲᠣᠰ ᠤᠳᠠᠭᠠᠨ ᠤ ᠴᠢᠳᠠᠪᠤᠷᠢᠲᠠᠨ ᠲᠠᠳᠡᠨ ᠤᠷᠤᠭᠤᠯᠬᠤ ᠬᠠᠮᠢᠶ᠎ᠠ ᠪᠥᠬᠦᠶ ᠠᠯᠪᠠᠨ ᠵᠠᠷ᠂ ᠮᠡᠳᠡᠭᠳᠡᠯ᠂ ᠨᠠᠶᠢᠳᠡᠯᠠᠯ ᠵᠡᠷᠭᠡ ᠮᠡᠳᠡᠭᠡ ᠵᠠᠩᠭᠢ ᠶᠢ ᠴᠥᠮ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ http://www.zhalute.gov.cn/︶ ᠲᠡᠭᠡᠷ᠎ᠡ ᠨᠡᠶᠢᠲᠡᠯᠡᠨ᠎ᠠ᠃      ︵ᠬᠤᠶᠠᠷ︶ ᠨᠡᠷ᠎ᠡ ᠮᠡᠳᠡᠭᠦᠯᠬᠦ      ⒈ ᠨᠡᠷ᠎ᠡ ᠮᠡᠳᠡᠭᠦᠯᠬᠦ ᠴᠠᠭ᠄ 2020 ᠣᠨ ᠤ 6 ᠰᠠᠷ᠎ᠠ ᠶᠢᠨ 15 ᠤ ᠡᠳᠦᠷ ᠤᠨ 8᠄ 30 ᠠᠴᠠ 6 ᠰᠠᠷ᠎ᠠ ᠶᠢᠨ 24 ᠤ ᠡᠳᠦᠷ ᠤᠨ 17᠄ 30 ︵ ᠭᠠᠷᠠᠭ ᠤᠨ ᠡᠳᠤᠷ ᠪᠠ ᠭᠠᠷᠠᠭ ᠤᠨ ᠵᠢᠷᠭᠤᠭᠠᠨ ᠤ ᠡᠳᠦᠷ ᠪᠠᠭᠲᠠᠬᠤ ᠥᠬᠡᠶ︶ ᠪᠣᠯᠲᠠᠯ᠎ᠠ᠂ ᠬᠤᠭᠤᠴᠠᠭ᠎ᠠ ᠦᠩᠭᠡᠷᠡᠪᠡᠯ ᠬᠦᠯᠢᠶᠡᠨ ᠠᠪᠬᠤ ᠦᠭᠡᠢ᠃      ⒉ ᠨᠡᠷ᠎ᠡ ᠮᠡᠳᠡᠭᠦᠯᠬᠦ ᠭᠠᠵᠠᠷ᠄ ᠵᠠᠷᠤᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠣᠮᠣ ᠠᠰᠠᠷ ᠤᠨ ᠠᠵᠢᠯ ᠣᠯᠭᠤᠬᠤ ᠪᠠ ᠴᠢᠳᠠᠪᠤᠷᠢᠲᠠᠨ ᠳᠤ ᠤᠶᠢᠯᠡᠴᠢᠯᠡᠬᠦ ᠶᠡᠭᠡ ᠲᠢᠩᠬᠢᠮ᠃      ⒊ᠨᠡᠷ᠎ᠡ ᠮᠡᠳᠡᠭᠦᠯᠬᠦ ᠰᠤᠶᠢᠳᠭᠡᠯ ᠬᠥᠮᠦᠨ ᠪᠦᠷᠢ 70 ᠲᠥᠭᠦᠷᠢᠭ ︵ᠡᠭᠦᠨ ᠳᠤ ᠨᠡᠷ᠎ᠡ ᠮᠡᠳᠡᠭᠦᠯᠬᠦ ᠰᠤᠶᠢᠳᠭᠡᠯ 20 ᠲᠥᠭᠦᠷᠢᠭ᠂ ᠰᠢᠯᠭᠠᠯᠲᠠ ᠶᠢᠨ ᠶᠠᠪᠤᠳᠠᠯ ᠤᠨ ᠵᠠᠷᠤᠳᠠᠯ 50 ᠲᠥᠭᠦᠷᠢᠭ ᠪᠠᠭᠲᠠᠨ᠎ᠠ︶᠃      ⒋ᠬᠥᠮᠦᠨ ᠪᠦᠷᠢ ᠵᠦᠪᠬᠡᠨ‌ᠨᠢᠭᠡ ᠠᠵᠢᠯ ᠤᠨ ᠪᠠᠶᠢᠷᠢ ᠳᠤ ᠨᠡᠷ᠎ᠡ ᠮᠡᠳᠡᠭᠦᠯᠣᠨ᠎ᠠ ︵ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯ ᠤᠨ ᠪᠠᠶᠢᠷᠢ ᠳᠤ ᠨᠡᠷ᠎ᠡ ᠮᠡᠳᠡᠭᠦᠯᠬᠦ ᠭᠦᠮᠤᠨ ᠪᠣᠳᠠᠲᠠᠶ ᠪᠠᠶᠢᠷᠢ ᠰᠤᠩᠭᠤᠬᠤ ᠦᠭᠡᠢ᠂ ᠪᠤᠰᠤᠳ ᠠᠵᠢᠯ ᠤᠨ ᠪᠠᠶᠢᠷᠢ ᠳᠤ ᠨᠡᠷ᠎ᠡ ᠮᠡᠳᠡᠭᠦᠯᠬᠦ ᠭᠦᠮᠤᠨ ᠪᠣᠳᠠᠲᠠᠶ ᠨᠢᠭᠡᠴᠡ ᠰᠤᠩᠭᠤᠨ᠎ᠠ︶ ᠃ ᠨᠡᠷ᠎ᠡ ᠮᠡᠳᠡᠭᠦᠯᠬᠦ ᠦᠶ᠎ᠡ ᠳᠤ ︽ᠵᠠᠷᠤᠳ ᠬᠤᠰᠢᠭᠤᠨ ᠤ 2020 ᠤᠨ ᠠᠵᠢᠯ ᠦᠢᠯᠡᠰ ᠤᠨ ᠨᠢᠭᠡᠴᠡ ᠶᠢᠨ ᠴᠢᠳᠠᠪᠤᠷᠢᠲᠠᠨ ᠲᠠᠳᠡᠨ ᠤᠷᠤᠭᠤᠯᠬᠤ ᠨᠡᠷ᠎ᠡ ᠮᠡᠳᠡᠭᠦᠯᠬᠦ ᠬᠦᠰᠦᠨᠦᠭᠲᠦ︾ ᠶᠢ ᠪᠠᠭᠤᠯᠭᠠᠨ᠂ ᠬᠤᠪᠢ ᠬᠥᠮᠦᠨ ᠤ ᠮᠡᠳᠡᠭᠡ ᠵᠠᠩᠭᠢ ᠪᠠᠨ‌ᠣᠨᠣᠪᠴᠢᠲᠠᠶ ᠲᠠᠭᠯᠠᠨ  ᠪᠢᠴᠢᠨ᠎ᠡ︔ ᠡᠭᠦᠨ ᠤ ᠬᠠᠮᠲᠤ ᠲᠣᠰ ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠲᠡᠭᠦᠰᠬᠦ ᠦᠨᠡᠮᠯᠡᠯ᠂ ᠡᠷᠳᠡᠮ ᠤᠨ ᠴᠣᠯᠠ ᠶᠢᠨ ᠦᠨᠡᠮᠯᠡᠯ᠂ ᠠᠵᠢᠯ  ᠤᠨ ᠬᠢᠷᠢ ᠬᠡᠮ ᠤᠨ ᠦᠨᠡᠮᠯᠡᠯ᠂ ︽ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠧᠺᠲᠷᠣᠨ ᠳᠡᠩᠰᠡᠯᠡᠯᠲᠡ ᠶᠢᠨ ᠭᠦᠰᠣᠨᠣᠭ᠌︾  ᠡᠭᠦᠨ ᠢ ︵︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠰᠣᠷᠣᠭᠴᠢ ᠶᠢᠨ ᠮᠡᠳᠡᠭᠡ ᠵᠡᠩᠬᠢ ᠶᠢᠨ ᠰᠦᠯᠵᠢᠶ᠎ᠡ︾ ᠠᠴᠠ ᠪᠠᠭᠤᠯᠭᠠᠨ ᠳᠠᠷᠤᠮᠠᠯᠯᠠᠨ᠎ᠠ︶᠂ ᠠᠵᠢᠯ ᠤᠯᠬᠤ ᠨᠡᠷ᠎ᠡ ᠮᠡᠳᠡᠭᠦᠯᠬᠦ ᠦᠨᠡᠮᠯᠡᠯ ᠵᠡᠷᠭᠡ ᠶᠢᠨ ᠣᠭ ᠮᠠᠲ᠋ᠧᠷᠢᠶᠠᠯ ᠵᠢᠴᠢ ᠬᠠᠭᠤᠯᠠᠪᠤᠷᠢ ᠪᠠᠨ‌ᠬᠠᠩᠭᠠᠬᠤ ᠬᠡᠷᠡᠭᠲᠡᠶ︔ ᠲᠡᠭᠦᠰᠬᠦ ᠭᠡᠵᠤ ᠪᠠᠶᠢᠭ᠎ᠠ ᠰᠤᠷᠤᠭᠴᠢᠳ ᠪᠣᠯ ᠰᠤᠷᠭᠠᠭᠤᠯᠢ ᠶᠢᠨ ᠭᠡᠷᠡᠴᠢ ︵ᠲᠤᠰᠬᠠᠶ ᠮᠡᠷᠭᠡᠵᠢᠯ᠂ ᠰᠤᠷᠤᠯᠭ᠎ᠠ ᠶᠢᠨ ᠨᠠᠮᠲᠠᠷ᠂ ᠲᠡᠭᠦᠰᠬᠦ ᠴᠠᠭ ᠵᠡᠷᠭᠡ ᠬᠠᠮᠢᠶ᠎ᠠ ᠪᠥᠬᠦᠶ ᠠᠭᠤᠯᠭ᠎ᠠ ᠪᠠᠭᠲᠠᠨ᠎ᠠ︶ ᠬᠠᠩᠭᠠᠬᠤ ᠬᠡᠷᠡᠭᠲᠡᠶ︔ ᠣᠶᠢᠷ᠎ᠠ ᠶᠢᠨ ᠬᠤᠭᠤᠴᠠᠭᠠᠨ ᠳᠤ ᠠᠳᠠᠯᠢ ᠪᠠᠷ ᠤᠨ ᠨᠢᠭᠡ ᠢᠮᠠᠬᠤ ᠶᠢᠨ ᠭᠥᠭᠡ ᠲᠡᠪᠢᠰᠭᠡᠷᠳᠤ ᠮᠠᠯᠠᠭᠠᠶ ᠥᠬᠡᠶ ᠲᠥᠪ ᠰᠡᠭᠦᠳᠡᠷ 4 ᠬᠤᠪᠢ ᠬᠠᠩᠭᠠᠨ᠎ᠠ᠃ ᠨᠡᠷ᠎ᠡ ᠮᠡᠳᠡᠭᠦᠯᠤᠭ᠍ᠰᠡᠳ ᠡᠷᠬᠡᠪᠰᠢ ᠲᠠᠭᠯᠠᠨ ᠮᠡᠳᠡᠭᠦᠯᠦᠭᠰᠡᠨ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ ᠢ ᠬᠠᠷᠢᠭᠤᠴᠠᠬᠤ ᠬᠡᠷᠡᠭᠲᠡᠶ᠃ ᠬᠤᠳᠠᠯ ᠬᠠᠭᠤᠷᠮᠠᠭ ᠮᠡᠳᠡᠭᠡ ᠵᠠᠩᠭᠢ ᠬᠠᠩᠭᠠᠬᠰᠡᠨ ᠪᠤᠶᠤ ᠴᠢᠬᠤᠯᠠ ᠮᠡᠳᠡᠭᠡ ᠵᠠᠩᠭᠢ ᠪᠠᠨ‌ᠨᠢᠭᠤᠨ ᠲᠠᠯᠳᠠᠯᠠᠵᠤ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠲᠡᠭᠦᠨ ᠤ ᠲᠠᠳᠡᠨ ᠤᠷᠤᠭᠤᠯᠬᠤ ᠬᠢᠷᠢ ᠬᠡᠮ ᠢ ᠨᠢ ᠬᠠᠰᠤᠨ᠎ᠠ᠃     ⒌ᠠᠩᠬᠠᠷᠬᠤ ᠵᠦᠢᠯ᠄ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠴᠢᠩᠭᠠᠳᠬᠠᠬᠤ ᠶᠢᠨ ᠲᠥᠯᠥᠭᠡ᠂ ᠲᠤᠬᠠᠶ ᠶᠢᠨ ᠲᠠᠯᠠᠪᠤᠷ ᠲᠤ ᠨᠡᠷ᠎ᠡ ᠮᠡᠳᠡᠭᠦᠯᠬᠦ ᠶᠠᠪᠤᠴᠠ ᠳᠤ ᠰᠢᠯᠭᠠᠬᠰᠡᠳ ᠪᠡᠶ᠎ᠡ ᠶᠢᠨ ᠳᠤᠯᠠᠭᠠᠨ ᠢᠶᠠᠨ ᠬᠡᠮᠵᠢᠭᠦᠯᠵᠤ᠂ ᠡᠷᠡᠭᠦᠯ ᠮᠡᠨᠳᠦ ᠶᠢᠨ ᠺᠣᠳ᠋ ᠢᠶᠠᠨ ᠭᠠᠷᠭᠠᠨ ᠦᠵᠡᠭᠦᠯᠵᠦ᠂ ᠪᠥᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠶ᠃ ︽ᠡᠷᠡᠭᠦᠯ ᠮᠡᠨᠳᠦ ᠶᠢᠨ ᠺᠣᠳ᠋︾ ᠨᠢ ᠨᠣᠭᠤᠭᠠᠨ ᠦᠥᠩᠭᠡ ᠶᠢᠨ ᠺᠣᠳ᠋ ᠪᠣᠯᠬᠤ ᠪᠥᠭᠡᠳ ᠲᠤᠬᠠᠶ ᠶᠢᠨ ᠲᠠᠯᠠᠪᠤᠷ ᠤᠨ ᠪᠡᠶ᠎ᠡ ᠶᠢᠨ ᠳᠤᠯᠠᠭᠠᠨ ᠨᠢ 37.3℃ ᠠᠴᠠ ᠳᠣᠤᠷ᠎ᠠ ᠪᠠᠶᠢᠬᠤ᠂ ᠬᠠᠭᠤᠷᠠᠶ ᠬᠠᠨᠢᠶᠠᠬᠤ ᠵᠡᠷᠭᠡ ᠬᠡᠪ ᠤᠨ ᠪᠤᠰᠤ ᠢᠯᠡᠷᠡᠯ ᠥᠬᠡᠶ ᠬᠥᠮᠦᠰ ᠰᠠᠶ᠋ᠢ ᠲᠤᠬᠠᠶ ᠶᠢᠨ ᠲᠠᠯᠠᠪᠤᠷ ᠲᠤ ᠣᠷᠣᠵᠤ ᠨᠡᠷ᠎ᠡ ᠮᠡᠳᠡᠭᠦᠯᠵᠦ ᠪᠣᠯᠤᠨ᠎ᠠ᠃ ᠬᠢᠯᠢ ᠶᠢᠨ ᠭᠠᠳᠠᠨ᠎ᠠ ᠠᠴᠠ ᠪᠤᠴᠠᠵᠤ ᠢᠷᠡᠭᠰᠡᠨ᠂ ᠥᠨᠳᠥᠷ  ᠲᠣᠮᠳᠠ ᠵᠡᠷᠭᠡ ᠶᠢᠨ ᠲᠦᠭᠰᠢᠭᠦᠷᠢ ᠲᠠᠢ ᠭᠠᠵᠠᠷ ᠣᠷᠣᠨ ᠪᠠ ᠬᠤᠪᠧᠶ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠠᠴᠠ ᠢᠷᠡᠵᠤ ᠨᠡᠷ᠎ᠡ ᠮᠠᠳᠡᠭᠦᠯᠬᠦ ᠬᠥᠮᠦᠰ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠲᠣᠭᠲᠠᠭᠠᠯ ᠳᠤ ᠨᠡᠶᠢᠴᠡᠪᠡᠯ ᠰᠠᠶ᠋ᠢ ᠨᠡᠷ᠎ᠡ ᠮᠡᠳᠡᠭᠦᠯᠵᠦ ᠪᠣᠯᠤᠨ᠎ᠠ᠃ ᠲᠤᠬᠠᠶᠢᠯᠠᠪᠡᠯ ᠥᠪᠡᠷᠲᠡᠭᠡᠨ ᠵᠠᠰᠠᠬᠤ ᠣᠷᠣᠨ ᠳᠤ ᠬᠠᠮᠤᠭ ᠤᠨ ᠰᠢᠨ᠎ᠡ ᠬᠢᠵᠢᠭ ᠢ ᠰᠡᠷᠭᠡᠶᠢᠯᠡᠨ ᠡᠵᠡᠮᠳᠡᠬᠦ ᠬᠠᠮᠢᠶᠠᠷᠤᠯᠳᠠ ᠶᠢᠨ ᠲᠣᠭᠲᠠᠭᠠᠯ ᠪᠠᠶᠢᠪᠡᠯ᠂ ᠬᠠᠮᠤᠭ ᠤᠨ ᠰᠢᠨ᠎ᠡ ᠲᠣᠭᠲᠠᠭᠠᠯ  ᠢᠶᠠᠷ ᠬᠡᠷᠡᠭᠵᠢᠭᠦᠯᠦᠨ᠎ᠡ᠃ ᠬᠡᠷᠪᠡ ᠲᠤᠰᠠᠭᠠᠷᠯᠠᠭᠰᠠᠨ ᠬᠤᠭᠤᠴᠠᠭᠠᠨ ᠳᠤ  ᠪᠠᠶᠢᠬᠤ ᠪᠤᠶᠤ ᠬᠠᠨᠢᠶᠠᠬᠤ᠂ ᠬᠠᠯᠠᠭᠤᠷᠠᠬᠤ᠂ ᠴᠡᠭᠡᠵᠢ ᠪᠢᠲᠡᠭᠦᠷᠡᠬᠦ᠂ ᠠᠮᠢᠰᠬᠤᠯ ᠴᠢᠬᠤᠯᠳᠠᠬᠤ ᠵᠡᠷᠭᠡ ᠰᠢᠨᠵᠢ ᠲᠡᠮᠳᠡᠭ ᠲᠠᠢ ᠪᠣᠯ ᠪᠤᠰᠤᠳ ᠬᠥᠮᠦᠨ ᠳᠤ ᠨᠠᠶᠢᠳᠠᠵᠤ ᠣᠷᠣᠯᠠᠨ ᠨᠡᠷ᠎ᠡ ᠮᠡᠳᠡᠭᠦᠯᠵᠦ ᠪᠣᠯᠤᠨ᠎ᠠ᠃    ︵ᠭᠤᠷᠪᠠ︶ ᠬᠢᠷᠢ ᠬᠡᠮ ᠢ  ᠬᠢᠨᠠᠨ ᠪᠠᠶᠢᠴᠠᠭᠠᠬᠤ     ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠣᠷᠣᠨ ᠲᠣᠭᠠᠨ ᠤ ᠠᠯᠪᠠᠨ ᠭᠡᠷ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠲᠤᠪᠴᠢᠶ᠎ᠡ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠭᠰᠡᠨ ᠬᠢᠷᠢ ᠬᠡᠮ ᠢ ᠬᠢᠨᠠᠨ ᠪᠠᠶᠢᠴᠠᠭᠠᠬᠤ ᠲᠤᠭᠤᠶᠢᠯᠠᠩ ᠪᠠᠶᠢᠭᠤᠯᠵᠤ᠂ ᠲᠠᠳᠡᠨ ᠤᠷᠤᠭᠤᠯᠬᠤ ᠨᠥᠬᠦᠴᠡᠯ ᠶᠣᠰᠣᠭᠠᠷ ᠨᠠᠷ᠎ᠡ ᠮᠡᠳᠡᠭᠦᠯᠤᠭ᠍ᠰᠡᠳ ᠤᠨ ᠬᠢᠷᠢ ᠬᠡᠮ ᠢ ᠬᠢᠨᠠᠨ ᠪᠠᠶᠢᠴᠠᠭᠠᠨ᠎ᠠ᠃ ᠬᠢᠷᠢ ᠬᠡᠮ ᠢ ᠬᠢᠨᠠᠨ ᠪᠠᠶᠢᠴᠠᠭᠠᠬᠤ ᠶᠢ ᠴᠢᠳᠠᠪᠤᠷᠢᠲᠠᠨ  ᠲᠠᠳᠡᠨ ᠤᠷᠤᠭᠤᠯᠬᠤ ᠠᠵᠢᠯ ᠤᠨ ᠪᠦᠬᠦ ᠶᠠᠪᠤᠴᠠ ᠳᠤ ᠶᠠᠪᠤᠬᠳᠠᠭᠤᠯᠵᠤ᠂ ᠲᠠᠳᠡᠨ ᠤᠷᠤᠭᠤᠯᠬᠤ ᠨᠥᠬᠦᠴᠡᠯ ᠳᠤ ᠨᠡᠶᠢᠴᠡᠬᠦ ᠦᠭᠡᠢ ᠪᠤᠶᠤ ᠬᠤᠳᠠᠯ ᠬᠠᠭᠤᠷᠮᠠᠭ ᠵᠤᠬᠢᠶᠠᠰᠡᠳ ᠢ ᠣᠯᠵᠤ ᠮᠡᠳᠡᠪᠡᠯ᠂  ᠲᠡᠭᠦᠨ ᠤ ᠨᠡᠷ᠎ᠡ ᠮᠡᠳᠡᠭᠦᠯᠬᠦ ᠬᠢᠷᠢ ᠬᠡᠮ ᠢ ᠨᠢ ᠬᠠᠰᠤᠨ᠎ᠠ︔ ᠨᠢᠭᠡᠨᠳᠡ‌ᠤᠷᠢᠨ ᠬᠡᠷᠡᠭᠯᠡᠬᠦ ᠭᠠᠷ ᠭᠦᠢᠴᠡᠳᠭᠡᠯ ᠬᠢᠭᠰᠡᠨ ᠭᠦᠮᠤᠨ ᠤ ᠤᠷᠢᠨ ᠬᠡᠷᠡᠭᠯᠡᠬᠦ ᠭᠡᠷ᠎ᠡ ᠶᠢ ᠨᠢ ᠬᠦᠴᠦᠨ ᠥᠬᠡᠶ ᠪᠣᠯᠭᠠᠨ᠎ᠠ᠃      ⒈ᠲᠣᠰ ᠤᠳᠠᠭ᠎ᠠ ᠴᠢᠳᠠᠪᠤᠷᠢᠲᠠᠨ ᠲᠠᠳᠡ ᠤᠷᠤᠭᠤᠯᠬᠤ  ᠳᠤ ᠠᠳᠠᠯᠢ ᠨᠢᠭᠡᠨ ᠠᠵᠢᠯ ᠤᠨ ᠪᠠᠶᠢᠷᠢ ᠶᠢᠨ ᠰᠢᠯᠭᠠᠯᠲᠠ ᠡᠬᠢᠯᠡᠬᠦ ᠬᠠᠷᠢᠴᠠᠯ ︵ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ ᠬᠢᠭᠡᠳ ᠲᠠᠳᠡᠨ ᠤᠷᠤᠭᠤᠯᠬᠤ ᠠᠵᠢᠯ ᠤᠨ ᠪᠠᠶᠢᠷᠢ ᠶᠢᠨ ᠲᠥᠯᠥᠪᠯᠡᠭᠡ ᠶᠢᠨ ᠲᠤᠭ᠎ᠠ ᠶᠢᠨ ᠬᠠᠷᠢᠴᠠᠯ︶ ᠨᠢ ᠵᠠᠷᠴᠢᠮ ᠳᠡᠭᠡᠷ᠎ᠡ ᠪᠠᠨ 2᠄ 1 ᠠᠴᠠ ᠳᠣᠤᠷ᠎ᠠ ᠪᠠᠶᠢᠵᠤ ᠪᠣᠯᠬᠤ ᠥᠬᠡᠶ᠂ ᠰᠢᠯᠭᠠᠯᠲᠠ ᠳᠤ ᠪᠣᠳᠠᠲᠠᠶ ᠤᠷᠤᠯᠴᠠᠬᠤ ᠬᠥᠮᠦᠨ ᠤ ᠲᠤᠭ᠎ᠠ ᠨᠢ ᠰᠢᠯᠭᠠᠯᠲᠠ ᠡᠬᠢᠯᠡᠬᠦ ᠬᠠᠷᠢᠴᠠᠯ ᠳᠤ ᠬᠦᠷᠴᠦ ᠲᠠᠶᠢᠯᠬᠦ ᠥᠬᠡᠶ ᠪᠠᠶᠢᠪᠠᠯ᠂ ᠬᠢᠷᠢ ᠲᠡᠩᠴᠡᠭᠦ ᠬᠠᠮᠤᠭ ᠤᠨ ᠳᠣᠤᠷ᠎ᠠ ᠬᠤᠪᠢ ᠶᠢ 60 ᠬᠤᠪᠢ ᠪᠠᠷ ᠳᠣᠭᠢᠷᠠᠭᠤᠯᠤᠨ᠎ᠠ᠃      ⒉ ᠬᠢᠳᠡᠳ ᠬᠡᠯᠡᠨ ᠤ ᠨᠠᠪᠳᠠᠷᠠᠭᠦᠯᠤᠭ᠍ᠴᠢ ᠶᠢᠨ ᠠᠵᠢᠯ ᠤᠨ ᠪᠠᠶᠢᠷᠢ ᠶᠢᠨ ᠰᠢᠯᠭᠠᠯᠲᠠ ᠶᠢᠨ ᠬᠡᠯᠪᠡᠷᠢ ᠪᠣᠯ ᠨᠢᠭᠤᠷᠲᠠᠨ ᠰᠢᠯᠭᠠᠨ᠎ᠠ ︵ᠲᠡᠯᠭᠡᠴᠡ ᠳᠤ ᠲᠤᠷᠰᠢᠨ ᠨᠡᠪᠳᠡᠷᠡᠭᠦᠯᠭᠡ ᠬᠢᠨ᠎ᠡ︶᠂ ᠪᠦᠬᠦ 100 ᠬᠤᠪᠢ᠂  ᠬᠢᠵᠠᠭᠠᠷᠯᠠᠬᠤ ᠴᠠᠭ ᠨᠢ 10 ᠮᠢᠨᠦ᠋ᠲ᠂ ᠬᠢᠲᠠᠳ ᠬᠡᠯᠡ ᠪᠠᠷ ᠬᠠᠷᠢᠭᠤᠯᠤᠨ᠎ᠠ᠃      ⒊ ᠡᠷᠡᠭᠦᠯ ᠬᠠᠮᠠᠭᠠᠯᠠᠯ ᠤᠨ ᠲᠥᠷᠥᠯ ᠤᠨ ᠠᠵᠢᠯ ᠤᠨ ᠪᠠᠶᠢᠷᠢ ᠶᠢᠨ ᠰᠢᠯᠭᠠᠯᠲᠠ ᠶᠢᠨ ᠬᠡᠯᠪᠡᠷᠢ ᠨᠢ ᠪᠢᠷ ᠤᠨ ᠰᠢᠯᠭᠠᠯᠲᠠ ᠬᠢᠵᠣ᠂ ᠪᠦᠬᠦ100 ᠬᠤᠪᠢ᠂ ᠴᠠᠭ ᠨᠢ 120 ᠮᠢᠨᠦ᠋ᠲ ᠪᠠᠷ ᠬᠢᠵᠠᠭᠠᠷᠯᠠᠨ᠎ᠠ᠃ ᠪᠢᠷ ᠤᠨ ᠰᠢᠯᠭᠠᠯᠲᠠ ᠶᠢ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢᠶᠠᠷ ᠶᠠᠪᠤᠬᠳᠠᠭᠤᠯᠤᠨ᠎ᠠ᠃ ᠡᠭᠦᠨ ᠳᠤ ᠮᠣᠩᠭᠤᠯ ᠡᠮᠨᠡᠯᠭᠡ᠂ ᠮᠣᠩᠭᠤᠯ ᠡᠮ ᠤᠨ ᠠᠵᠢᠯ ᠤᠨ ᠪᠠᠶᠢᠷᠢ ᠶᠢᠨ ᠪᠢᠷ ᠤᠨ ᠰᠢᠯᠭᠠᠯᠲᠠ ᠶᠢᠨ ᠠᠭᠤᠯᠭ᠎ᠠ ᠨᠢ ᠮᠣᠩᠭᠤᠯ ᠡᠮᠨᠡᠯᠭᠡ ᠶᠢᠨ ᠰᠠᠭᠤᠷᠢ ᠮᠡᠳᠡᠯᠭᠡ ᠪᠠ ᠣᠯᠠᠨ ᠨᠡᠶᠢᠲᠡ ᠶᠢᠨ ᠰᠠᠭᠤᠷᠢ ᠮᠡᠳᠡᠯᠭᠡ᠂ ᠮᠣᠩᠭᠤᠯ ᠬᠡᠯᠡ ᠪᠠᠷ ᠬᠠᠷᠢᠭᠤᠯᠲᠠ ᠬᠢᠨ᠎ᠡ︔ ᠪᠤᠰᠤᠳ ᠡᠷᠡᠭᠦᠯ ᠬᠠᠮᠠᠭᠠᠯᠠᠯ ᠤᠨ ᠲᠦᠷᠦᠯ ᠤᠨ ᠠᠵᠢᠯ ᠤᠨ ᠪᠠᠶᠢᠷᠢ ᠶᠢᠨ ᠪᠢᠷ ᠤᠨ ᠰᠢᠯᠭᠠᠯᠲᠠ ᠶᠢᠨ ᠠᠭᠤᠯᠭ᠎ᠠ ᠨᠢ ᠠᠨᠠᠭᠠᠬᠤ ᠤᠬᠠᠭᠠᠨ ᠤ ᠰᠠᠭᠤᠷᠢ ᠮᠡᠳᠡᠯᠭᠡ ︵ᠹᠢᠽᠢᠣᠯᠣᠭᠢ᠂ ᠡᠪᠡᠳᠴᠢᠨ ᠤ ᠵᠦᠢ᠂ ᠡᠮ ᠤᠨ ᠵᠦᠢ᠂ ᠠᠨᠠᠲ᠋ᠣᠮᠢ ᠶᠢᠨ ᠮᠡᠳᠡᠯᠭᠡ︶ ᠪᠠ  ᠤᠯᠠᠨ ᠨᠡᠶᠢᠲᠡ ᠶᠢᠨ ᠰᠠᠭᠤᠷᠢ ᠮᠡᠳᠡᠯᠭᠡ ᠪᠣᠯᠤᠨ᠎ᠠ᠃ ᠬᠢᠲᠠᠳ ᠢᠶᠠᠷ ᠬᠠᠷᠢᠭᠤᠯᠳᠠ ᠬᠢᠨ᠎ᠡ᠃     ⒋ ᠨᠠᠪᠳᠡᠷᠡᠭᠦᠯᠤᠭ᠍ᠴᠢ᠂ ᠡᠷᠡᠭᠦᠯ ᠬᠠᠮᠠᠭᠠᠯᠠᠯ ᠤᠨ ᠲᠥᠷᠥᠯ ᠠᠴᠠ ᠭᠠᠳᠠᠨᠠᠬᠢ ᠪᠤᠰᠤᠳ ᠠᠵᠢᠯ ᠤᠨ ᠪᠠᠶᠢᠷᠢ ᠶᠢᠨ ᠰᠢᠯᠭᠠᠯᠳᠠ ᠶᠢᠨ ᠠᠷᠭ᠎ᠠ ᠮᠠᠶ᠋ᠢᠭ ᠨᠢ ᠪᠢᠷ ᠤᠨ ᠰᠢᠯᠭᠠᠯᠲᠠ ᠪᠣᠯᠤᠨ᠎ᠠ᠂ ᠪᠢᠷ ᠤᠨ ᠰᠢᠯᠭᠠᠯᠲᠠ ᠶᠢᠨ ᠠᠭᠤᠯᠭ᠎ᠠ ᠨᠢ ᠣᠯᠠᠨ ᠨᠡᠶᠢᠲᠡ ᠶᠢᠨ ᠰᠠᠭᠤᠷᠢ ᠮᠡᠳᠡᠯᠭᠡ᠂ ᠪᠦᠬᠦ 100 ᠬᠤᠪᠢ᠂ ᠴᠠᠭ ᠢ 120 ᠮᠢᠨᠦ᠋ᠲ ᠪᠠᠷ ᠬᠢᠵᠠᠭᠠᠷᠯᠠᠨ᠎ᠠ᠃ ᠪᠢᠷ ᠤᠨ ᠰᠢᠯᠭᠠᠯᠲᠠ ᠶᠢ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢᠶᠠᠷ ᠶᠠᠪᠤᠬᠳᠠᠭᠤᠯᠤᠨ᠎ᠠ᠃ ᠮᠣᠩᠭᠤᠯ ᠬᠢᠲᠠᠳ ᠬᠡᠯᠡᠨ ᠳᠤ ᠨᠡᠪᠲᠡᠷᠡᠭᠰᠡᠨ ᠠᠵᠢᠯ ᠤᠨ ᠪᠠᠶᠢᠷᠢ ᠳᠤ ᠨᠠᠷ᠎ᠡ ᠮᠡᠳᠡᠭᠦᠯᠤᠭ᠍ᠰᠡᠳ‌ᠮᠣᠩᠭᠤᠯ ᠬᠡᠯᠡ ᠪᠠᠷ ᠬᠠᠷᠢᠭᠤᠯᠳᠠ ᠬᠢᠨ᠎ᠡ᠂ ᠪᠤᠰᠤᠳ ᠠᠵᠢᠯ ᠤᠨ ᠪᠠᠶᠢᠷᠢ ᠳᠤ ᠨᠠᠷ᠎ᠡ ᠮᠠᠳᠡᠭᠦᠯᠤᠭ᠍ᠰᠡᠳ ᠬᠢᠲᠠᠳ ᠬᠡᠯᠡ ᠪᠠᠷ ᠬᠠᠷᠢᠭᠤᠯᠳᠡ ᠬᠢᠨ᠎ᠡ᠃     ⒌  ᠨᠡᠷ᠎ᠡ ᠮᠡᠳᠡᠭᠦᠯᠤᠭ᠍ᠰᠡᠳ‌‍ᠰᠢᠯᠭᠠᠯᠲᠠ ᠶᠢᠨ ᠶᠠᠪᠤᠴᠠ ᠳᠤ ᠨᠢᠭᠡᠨᠳᠡ ᠲᠤᠬᠳᠠᠬᠰᠡᠨ ᠦᠰᠦᠭ ᠪᠢᠴᠢᠭ ᠢᠶᠠᠷ ᠬᠠᠷᠢᠭᠤᠯᠲᠠ ᠬᠢᠭᠦ ᠦᠭᠡᠢ ᠪᠣᠯ ᠲᠩ ᠬᠤᠪᠢ ᠪᠠᠷ ᠪᠤᠳᠤᠨ᠎ᠠ᠃     ︵ ᠲᠥᠷᠪᠡ︶ ᠪᠡᠶ᠎ᠡ ᠶᠢᠨ ᠪᠠᠶᠢᠴᠠᠭᠠᠯᠲᠠ ᠬᠢᠭᠡᠳ ᠰᠢᠯᠭᠠᠨ ᠪᠠᠶᠢᠴᠠᠭᠠᠯᠲᠠ     ᠠᠵᠢᠯ ᠤᠨ ᠪᠠᠶᠢᠷᠢ ᠨᠢᠭᠡᠪᠦᠷᠢ ᠶᠢᠨ ᠰᠢᠯᠭᠠᠬᠰᠡᠨ ᠬᠥᠮᠦᠰ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠬᠤᠪᠢ ᠠᠴᠠ ᠳᠣᠣᠷ᠎ᠠ ᠬᠤᠪᠢ ᠲᠡᠰᠢ ᠳᠠᠷᠠᠭᠠᠯᠠᠯ ᠪᠠ ᠲᠤᠰ ᠠᠵᠢᠯ ᠤᠨ ᠪᠠᠶᠢᠷᠢ ᠶᠢᠨ  ᠡᠯᠰᠡᠬᠦ ᠲᠥᠯᠥᠪᠯᠡᠭᠡ ᠶᠢᠨ ᠲᠤᠭ᠎ᠠ ᠶᠢ ᠦᠠᠳᠤᠰᠤᠯᠠᠨ ᠲᠡᠩᠴᠡᠭᠦᠦ ᠲᠤᠭ᠎ᠠ ᠪᠠᠷ ᠪᠡᠶ᠎ᠡ ᠶᠢᠨ ᠪᠠᠶᠢᠴᠠᠭᠠᠯᠲᠠ ᠪᠠ ᠰᠢᠯᠭᠠᠨ ᠪᠠᠶᠢᠴᠠᠭᠠᠬᠤ ᠬᠡᠪᠴᠢᠶᠡᠨ ᠳᠤ ᠤᠷᠤᠭᠤᠯᠤᠨ᠎ᠠ ︵ᠠᠳᠠᠯᠢ ᠨᠢᠭᠡᠨ ᠠᠵᠢᠯ ᠤᠨ ᠪᠠᠶᠢᠷᠢ ᠶᠢᠨ  ᠬᠠᠮᠤᠭ ᠡᠴᠦᠰ ᠤᠨ ᠬᠤᠶᠠᠷ ᠭᠦᠮᠤᠨ ᠤ ᠰᠢᠯᠭᠠᠬᠰᠡᠨ ᠬᠢᠷᠢ ᠪᠦᠲᠦᠮᠵᠢ ᠨᠢ ᠠᠳᠠᠯᠢ ᠪᠠᠶᠢᠪᠡᠯ  ᠂ ᠲᠠᠬᠢᠨ ᠰᠢᠯᠭᠠᠯᠳᠠ ᠬᠢᠨ᠎ᠡ︶᠃     ᠪᠡᠶ᠎ᠡ ᠶᠢᠨ ᠪᠠᠶᠢᠴᠠᠭᠠᠯᠲᠠ ᠶᠢᠨ ᠲᠥᠷᠥᠯ ᠵᠤᠶᠢᠯ ᠪᠣᠯᠤᠨ ᠪᠠᠷᠢᠮᠵᠢᠶ᠎ᠠ ᠶᠢ ︽ᠠᠯᠪᠠᠲᠠᠨ ᠡᠯᠰᠡᠬᠦ ᠪᠡᠶ᠎ᠡ ᠶᠢᠨ ᠪᠠᠶᠢᠴᠠᠭᠠᠯᠲᠠ ᠶᠢᠨ ᠨᠡᠶᠢᠳᠡᠮ ᠬᠡᠷᠡᠭᠯᠡᠬᠦ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶︾ ︵ᠤᠯᠤᠰ ᠬᠥᠮᠦᠨ ᠨᠠᠶᠢᠭᠡᠮ ᠶᠠᠮᠤᠨ ᠲᠠᠷᠬᠠᠭᠠᠭᠰᠠᠨ︹2005︺ 1 ᠳ᠋ᠦ᠋ᠭᠡᠷ ᠲᠣᠭᠠᠲᠤ︶ ᠵᠢᠴᠢ ᠬᠠᠮᠢᠶ᠎ᠠ ᠪᠥᠬᠦᠶ ᠵᠠᠰᠠᠪᠤᠷᠢ ᠤᠷᠤᠭᠤᠯᠤᠬᠰᠡᠨ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃  ᠰᠢᠯᠭᠠᠬᠰᠡᠳ ᠴᠠᠭ ᠲᠠᠭᠠᠨ ᠪᠡᠶ᠎ᠡ ᠶᠢᠨ ᠪᠠᠶᠢᠴᠠᠭᠠᠯᠲᠠ  ᠬᠢᠭᠦ ᠳᠤ ᠣᠷᠣᠯᠴᠠᠭᠰᠠᠨ ᠦᠭᠡᠶ᠂ ᠪᠡᠶ᠎ᠡ ᠶᠢᠨ ᠪᠠᠶᠢᠴᠠᠭᠠᠯᠳᠠ ᠬᠢᠭᠡᠳ ᠬᠢᠷᠢ ᠲᠡᠩᠴᠡᠭᠰᠡᠨ ᠦᠭᠡᠶ ᠪᠤᠶᠤ ᠪᠡᠶ᠎ᠡ ᠶᠢᠨ ᠪᠠᠶᠢᠴᠠᠭᠠᠯᠲᠠ ᠬᠢᠭᠦ ᠶᠠᠪᠤᠴᠠ ᠳᠤ ᠬᠤᠳᠠᠯ ᠬᠠᠭᠤᠷᠮᠠᠭ ᠢᠶᠠᠷ ᠵᠣᠬᠢᠶᠠᠵᠤ᠂ ᠴᠢᠬᠤᠯᠠ ᠡᠪᠡᠳᠴᠢᠨ ᠤ ᠲᠡᠤᠬᠡ ᠪᠠᠨ ᠨᠢᠭᠤᠨ ᠳᠠᠯᠳᠠᠯᠠᠭᠰᠠᠨ ᠵᠡᠷᠭᠡ ᠠᠴᠠ ᠪᠣᠯᠵᠤ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠨᠢ ᠦᠨᠡᠨ ᠪᠣᠳᠠᠲᠠᠶ ᠪᠢᠰᠢ ᠪᠣᠯᠤᠭᠰᠠᠨ  ᠪᠣᠯ ᠲᠡᠭᠦᠨ ᠤ ᠲᠠᠳᠡᠨ ᠤᠷᠤᠭᠤᠯᠬᠤ ᠬᠢᠷᠢ ᠬᠡᠮ ᠢ ᠬᠠᠰᠤᠨ᠎ᠠ᠃     ᠬᠢᠨᠠᠨ ᠪᠠᠶᠢᠴᠠᠭᠠᠬᠤ ᠳᠤ ᠮᠣᠷᠠᠯ ᠴᠢᠳᠠᠪᠤᠷᠢ ᠬᠤᠣᠰᠯᠠᠭᠰᠠᠨ ᠪᠠᠷᠢᠮᠵᠢᠶ᠎ᠠ ᠪᠠ ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠣᠰᠣᠭᠠᠷ᠂ ᠰᠢᠯᠭᠠᠨ ᠪᠠᠶᠢᠴᠠᠭᠠᠭᠳᠠᠬᠤ ᠡᠲᠡᠭᠡᠳ ᠤᠨ ᠤᠯᠤᠰ ᠲᠦᠷᠦ ᠦᠵᠡᠯ ᠰᠠᠨᠠᠭ᠎ᠠ᠂ ᠶᠣᠰᠣ ᠮᠣᠷᠠᠯ ᠵᠠᠩ ᠴᠢᠨᠠᠷ᠂ ᠬᠠᠤᠯᠢ ᠰᠠᠬᠢᠯᠭ᠎ᠠ ᠶᠢ ᠵᠢᠷᠤᠮᠯᠠᠨ ᠰᠠᠬᠢᠬᠤ᠂ ᠴᠢᠳᠠᠪᠤᠷᠢ ᠬᠡᠪ ᠴᠢᠨᠠᠷ ᠵᠢᠴᠢ ᠪᠣᠳᠠᠲᠤ ᠢᠯᠡᠷᠡᠯ ᠢ ᠪᠦᠬᠦ ᠲᠠᠯ᠎ᠠ ᠪᠠᠷ ᠰᠢᠯᠭᠠᠨ ᠪᠠᠶᠢᠴᠠᠭᠠᠨ᠎ᠠ᠃ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠦᠭᠡᠢ ᠪᠠᠶᠢᠪᠠᠯ᠂ ᠲᠡᠭᠦᠨ ᠤ ᠲᠠᠳᠡᠨ ᠤᠷᠤᠭᠤᠯᠭᠤ ᠬᠢᠷᠢ ᠬᠡᠮ ᠢ ᠬᠠᠰᠤᠨ᠎ᠠ᠃ ᠬᠤᠭᠤᠰᠣᠨ ᠠᠵᠢᠯ ᠤᠨ ᠪᠠᠶᠢᠷᠢ ᠭᠠᠷᠪᠡᠯ  ᠂ ᠠᠳᠠᠯᠢ ᠨᠢᠭᠡᠨ ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠭᠰᠡᠳ ᠤᠨ ᠳᠣᠲᠣᠷ᠎ᠠ  ᠠᠴᠠ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠦᠨᠳᠦᠰᠦᠯᠡᠨ ᠥᠨᠳᠥᠷ ᠠᠴᠠ ᠳᠣᠤᠷ᠎ᠠ  ᠬᠤᠪᠢ  ᠲᠡᠰᠢ ᠲᠠᠷᠠᠭᠠᠯᠠᠯ ᠢᠶᠠᠷ ᠨᠦᠭᠦᠵᠤ ᠡᠯᠰᠡᠨ᠎ᠡ᠂ ᠪᠤᠰᠤᠳ ᠭᠤᠭᠴᠤᠭ᠎ᠠ ᠳᠤ ᠨᠥᠬᠦᠵᠦ  ᠡᠯᠰᠠᠬᠦ ᠥᠬᠡᠶ᠃     ︵ᠲᠠᠪᠤ︶ ᠠᠵᠢᠯ ᠤᠨ ᠪᠠᠶᠢᠷᠢ ᠰᠣᠩᠭᠤᠬᠤ     ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶᠠᠨ ᠳᠤ ᠨᠠᠷ᠎ᠡ ᠮᠡᠳᠡᠭᠦᠯᠤᠭ᠍ᠰᠡᠳ ᠢ ᠲᠠᠳᠡᠨ ᠤᠷᠤᠭᠤᠯᠬᠤ ᠨᠢᠭᠡᠴᠡ ᠶᠢᠨ ᠠᠵᠢᠯ ᠤᠨ ᠪᠠᠶᠢᠷᠢ ᠪᠠ ᠲᠤᠭ᠎ᠠ ᠬᠡᠮᠵᠢᠶ᠎ᠡ ᠶᠢ ᠦᠨᠨᠳᠤᠰᠤᠯᠡᠨ᠂ ᠦᠨᠳᠤᠷ ᠬᠤᠪᠢ ᠠᠴᠠ ᠲᠤᠤᠷ᠎ᠠ ᠬᠤᠪᠢ ᠲᠡᠰᠢ ᠲᠠᠷᠠᠭᠠᠯᠠᠯ  ᠢᠶᠠᠷ ᠠᠵᠢᠯ ᠤᠨ ᠪᠠᠶᠢᠷᠢ ᠰᠤᠩᠭᠤᠨ᠎ᠠ᠃  ᠤᠯᠤᠬᠰᠡᠨ‌ᠬᠤᠪᠢ ᠨᠢ ᠠᠳᠠᠯᠢ ᠪᠣᠯ ᠰᠢᠪᠠᠭ᠎ᠠ ᠰᠤᠭᠤᠯᠵᠤ ᠠᠵᠢᠯ ᠤᠨ ᠪᠠᠶᠢᠷᠢ ᠰᠣᠩᠭᠤᠬᠤ ᠳᠠᠷᠠᠭᠠᠯᠠᠯ ᠢ ᠲᠣᠭᠲᠠᠭᠠᠨ᠎ᠠ᠃ ᠠᠵᠢᠯ ᠤᠨ ᠪᠠᠶᠢᠷᠢ ᠰᠣᠩᠭᠤᠨ ᠲᠣᠭᠲᠠᠭᠠᠭᠰᠠᠨ ᠤ ᠳᠠᠷᠠᠭ᠎ᠠ᠂ ᠬᠠᠯᠠᠨ ᠥᠭᠡᠷᠡᠴᠢᠯᠡᠬᠦ ᠪᠤᠶᠤ ᠰᠣᠯᠢᠵᠤ ᠪᠣᠯᠬᠤ ᠦᠭᠡᠢ᠃     ︵ᠵᠢᠷᠭᠤᠭ᠎ᠠ︶ ᠢᠯᠡ ᠨᠡᠶᠢᠲᠡᠯᠡᠬᠦ ᠪᠠ ᠤᠷᠢᠨ ᠬᠡᠷᠡᠭᠯᠡᠬᠦ     ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠲᠠᠳᠡᠨ ᠣᠷᠣᠭᠤᠯᠬᠤ ᠭᠡᠵᠦ ᠪᠠᠶᠢᠭ᠎ᠠ ᠬᠥᠮᠦᠰ ᠢ ᠲᠣᠭᠲᠠᠭᠠᠵᠤ᠂  ᠵᠢᠴᠢ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠳᠤ ᠨᠠᠶᠢᠳᠡᠯᠠᠨ᠎ᠠ  ᠂ ᠨᠡᠶᠢᠲᠡᠯᠡᠬᠦ ᠬᠤᠭᠤᠴᠠᠭ᠎ᠠ ᠨᠢ 7 ᠡᠳᠦᠷ᠃ ᠢᠯᠡ‌ᠨᠡᠶᠢᠲᠡᠯᠡᠬᠦ ᠬᠤᠭᠤᠴᠠᠭ᠎ᠠ ᠳᠦᠭᠦᠷᠦᠭᠡᠳ ᠣᠨᠳᠣᠤ ᠰᠠᠨᠠᠯ ᠦᠭᠡᠢ ᠪᠠᠶᠢᠪᠠᠯ᠂ ᠬᠥᠮᠦᠨ ᠬᠡᠷᠡᠭᠯᠡᠬᠦ ᠪᠠᠶᠢᠭᠤᠯᠭ᠎ᠠ ᠠᠴᠠ ᠤᠷᠤᠨ ᠲᠤᠭ᠎ᠠ ᠪᠠ ᠤᠷᠢᠵᠤ ᠬᠡᠷᠡᠭᠯᠡᠬᠦ ᠭᠠᠷ ᠭᠦᠶ᠋ᠴᠡᠳᠬᠡᠯ ᠬᠢᠨ᠎ᠡ᠃ ᠤᠷᠢᠨ ᠬᠡᠷᠡᠭᠯᠡᠬᠦ ᠬᠥᠮᠦᠰ ᠤᠨ ᠤᠶᠢᠯᠡᠴᠢᠯᠡᠬᠦ ᠬᠤᠭᠤᠴᠠᠭ᠎ᠠ ᠨᠢ 5 ᠵᠢᠯ ︵ᠡᠭᠦᠨ ᠳᠤ ᠲᠤᠷᠰᠢᠨ ᠬᠡᠷᠡᠭᠯᠡᠬᠦ ᠬᠤᠭᠤᠴᠠᠭ᠎ᠠ 1 ᠵᠢᠯ ᠪᠠᠭᠲᠠᠨ᠎ᠠ︶ ᠠᠴᠠ ᠳᠣᠤᠷ᠎ᠠ  ᠪᠠᠶᠢᠵᠤ ᠪᠣᠯᠬᠤ ᠥᠬᠡᠶ᠂ ᠤᠶᠢᠯᠡᠴᠢᠯᠡᠬᠦ ᠬᠤᠭᠤᠴᠠᠭ᠎ᠠ ᠳᠤ ᠬᠤᠰᠢᠭᠤᠨ ᠲᠤᠳᠤᠷ᠎ᠠ ᠭᠠᠳᠠᠨᠠᠬᠢ ᠪᠤᠰᠤᠳ ᠨᠢᠭᠡᠴᠡ ᠳᠤ ᠠᠵᠢᠯ ᠰᠢᠯᠵᠢᠵᠤ ᠪᠣᠯᠬᠤ ᠥᠬᠡᠶ᠃ ᠲᠠᠳᠡᠨ ᠤᠷᠤᠭᠤᠯᠬᠤ ᠭᠡᠵᠦ ᠪᠠᠶᠢᠭ᠎ᠠ ᠬᠥᠮᠦᠰ ᠲᠣᠭᠲᠠᠭᠰᠠᠨ ᠴᠠᠭ ᠲᠤ ᠭᠠᠷ ᠭᠦᠢᠴᠡᠳᠭᠡᠯ ᠬᠢᠭᠰᠡᠨ ᠦᠭᠡᠢ ᠪᠤᠶᠤ ᠠᠵᠢᠯ ᠤᠨ ᠪᠠᠶᠢᠷᠢ ᠳᠤ ᠭᠠᠷᠴᠤ ᠠᠵᠢᠯᠯᠠᠭᠰᠠᠨ ᠦᠭᠡᠢ ᠪᠠᠶᠢᠪᠡᠯ᠂ ᠠᠶᠠᠨᠳᠠᠭᠠᠨ ᠠᠵᠢᠯ ᠢᠶᠠᠨ ᠬᠠᠶᠠᠬᠰᠡᠨ ᠢᠶᠠᠷ ᠦᠵᠡᠵᠦ᠂  ᠲᠠᠳᠡᠨ ᠤᠷᠤᠭᠤᠯᠬᠭᠤ ᠬᠢᠷᠢ ᠬᠡᠮ ᠢ ᠬᠠᠰᠤᠨ᠎ᠠ᠃     ᠳᠥᠷᠪᠡ᠂ ᠠᠰᠠᠭᠤᠨ ᠯᠠᠪᠯᠠᠬᠤ ᠪᠠ ᠬᠢᠨᠠᠯᠲᠠ ᠲᠠᠯᠪᠢᠬᠤ ᠤᠲᠠᠰᠤ     ᠠᠰᠠᠭᠤᠨ ᠯᠠᠪᠯᠠᠬᠤ ᠤᠳᠠᠰᠤ᠄0475-7226445     ᠬᠢᠨᠡᠯᠳᠡ ᠲᠠᠯᠪᠢᠬᠤ ᠤᠳᠠᠰᠤ᠄0475--7222768     ᠲᠠᠭᠠᠯᠳᠤᠭᠤᠯᠤᠯ  ᠄⒈ ᠵᠠᠷᠤᠳ ᠬᠤᠰᠢᠭᠤᠨ ᠤ 2020 ᠣᠨ ᠤ ᠠᠵᠢᠯ ᠤᠶᠢᠯᠡᠰ ᠤᠨ ᠨᠢᠭᠡᠴᠡ ᠶᠢᠨ ᠴᠢᠳᠡᠪᠤᠷᠢᠳᠡᠨ ᠲᠠᠳᠡᠨ ᠤᠷᠤᠭᠤᠯᠬᠤ ᠠᠵᠢᠯ ᠤᠨ ᠪᠠᠶᠢᠷᠢ ᠶᠢᠨ ᠭᠦᠰᠣᠨᠣᠭ᠌     ᠲᠠᠭᠠᠯᠳᠤᠭᠤᠯᠤᠯ᠄  ⒉ᠵᠠᠷᠤᠳ ᠬᠤᠰᠢᠭᠤᠨ ᠤ 2020 ᠣᠨ ᠤ ᠠᠵᠢᠯ ᠤᠶᠢᠯᠡᠰ ᠤᠨ ᠨᠢᠭᠡᠴᠡ ᠶᠢᠨ ᠴᠢᠳᠡᠪᠤᠷᠢᠳᠡᠨ ᠲᠠᠳᠡᠨ ᠤᠷᠤᠭᠤᠯᠬᠤ ᠨᠠᠷ᠎ᠡ ᠮᠡᠳᠡᠭᠦᠯᠬᠦ  ᠭᠦᠰᠣᠨᠣᠭ᠌    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号