| ︽2019 ᠣᠨ ᠤ ᠲᠦᠩᠯᠢᠶᠣᠤ ᠬᠤᠲᠠ ᠶᠢᠨ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ | ᠡᠯᠰᠡᠬᠦ ᠲᠣᠪᠴᠢ ᠳᠥᠷᠢᠮ︾ ᠤᠨ ᠬᠤᠯᠪᠣᠭᠳᠠᠯ ᠪᠥᠬᠦᠶ ᠲᠣᠭᠲᠠᠭᠠᠯ ᠪᠠ ᠵᠠᠷᠤᠳ ᠬᠤᠰᠢᠭᠤᠨ ᠤ ᠰᠤᠮᠤ | ᠪᠠᠯᠭᠠᠰᠤᠨ ᠤ ᠥᠭᠡᠷᠡᠴᠢᠯᠡᠯᠲᠡ ᠶᠢᠨ ᠵᠣᠷᠢᠭ ᠰᠠᠨᠠᠭ᠎ᠠ ᠶᠢ ᠦᠨᠳᠦᠰᠦᠯᠡᠨ᠂ 2019 ᠣᠨ ᠤ ᠲᠦᠩᠯᠢᠶᠣᠤ | ᠬᠤᠲᠠ ᠶᠢᠨ ᠵᠠᠷᠤᠳ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ ᠠᠵᠢᠯᠲᠠᠨ ᠡᠯᠰᠡᠬᠦ ᠬᠡᠰᠡᠭ | ᠠᠵᠢᠯ ᠤᠨ ᠪᠠᠶᠢᠷᠢ ᠳᠤ ᠲᠣᠬᠢᠷᠠᠭᠤᠯᠤᠯᠲᠠ ᠬᠢᠪᠡ᠂ ᠰᠢᠯᠭᠠᠭᠰᠠᠳ ᠲᠣᠬᠢᠷᠠᠭᠤᠯᠤᠯᠲᠠ ᠬᠢᠭᠰᠡᠨ ᠤ ᠳᠠᠷᠠᠭᠠᠬᠢ | ᠠᠵᠢᠯ ᠤᠨ ᠪᠠᠶᠢᠷᠢ ᠶᠢ ᠦᠨᠳᠦᠰᠦᠯᠡᠨ ᠠᠵᠢᠯ ᠪᠠᠶᠢᠷᠢ ᠰᠤᠩᠭᠤᠨ᠎ᠠ᠂ ᠡᠳᠦᠭᠡ ᠬᠤᠯᠪᠣᠭᠳᠠᠯ ᠪᠦᠬᠦᠢ ᠵᠦᠢᠯᠡᠰ ᠢ | ᠳᠠᠷᠠᠭᠠᠬᠢ ᠮᠡᠲᠦ ᠮᠡᠳᠡᠭᠳᠡᠶ᠎ᠡ᠄ | ᠨᠢᠭᠡ᠂ ᠠᠵᠢᠯ ᠤᠨ ᠪᠠᠶᠢᠷᠢ ᠶᠢᠨ ᠲᠣᠬᠢᠷᠠᠭᠤᠯᠤᠯᠲᠠ | ︽ᠵᠠᠷᠤᠳ ᠬᠤᠰᠢᠭᠤᠨ ᠤ ᠰᠤᠮᠤ ᠪᠠᠯᠭᠠᠰᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠦᠨᠳᠦᠰᠦᠨ | ᠱᠠᠲᠤᠨ ᠤ ᠬᠢᠨᠠᠨ ᠵᠥᠪᠰᠢᠶᠡᠷᠡᠬᠦ ᠦᠢᠯᠡᠴᠢᠯᠡᠬᠦ ᠬᠠᠤᠯᠢ ᠬᠡᠷᠡᠭᠵᠢᠭᠦᠯᠬᠦ ᠬᠦᠴᠦᠨ ᠢ ᠡᠮᠬᠢᠯᠡᠨ ᠨᠡᠶᠢᠯᠡᠭᠦᠯᠬᠦ ᠶᠢ | ᠠᠬᠢᠭᠤᠯᠬᠤ ᠲᠣᠬᠠᠢ ᠬᠡᠷᠡᠭᠵᠢᠭᠦᠯᠬᠦ ᠲᠥᠰᠦᠯ︾ ︵ᠵᠠᠷᠣᠳ ᠨᠠᠮ ᠠᠯᠪᠠᠨ ᠲᠠᠷᠬᠠᠭᠠᠭᠰᠠᠨ ︹ 2019 ︺ 41 | ᠳ᠋ᠤᠭᠡᠷ ᠲᠣᠭᠠᠲᠤ︶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ 2019 ᠣᠨ ᠤ 12 ᠰᠠᠷ᠎ᠠ ᠶᠢᠨ | ᠰᠡᠭᠦᠯᠴᠢ ᠪᠠᠷ ᠬᠤᠰᠢᠭᠤᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠰᠤᠮᠤ | ᠪᠠᠯᠭᠠᠰᠤᠨ ᠳᠤ ᠲᠣᠬᠢᠷᠠᠭᠤᠯᠣᠭᠰᠠᠨ ᠬᠡᠰᠡᠭ ᠥᠷᠲᠡᠭᠡ ᠭᠠᠵᠠᠷ ᠢ ᠰᠤᠮᠤ ᠪᠠᠯᠭᠠᠰᠤᠨ ᠳᠤ ᠬᠠᠷᠢᠶᠠᠯᠠᠭᠤᠯᠵᠤ᠂ ᠬᠠᠷᠢᠶ᠎ᠠ | ᠣᠷᠣᠨ ᠳᠤ ᠬᠠᠮᠢᠶᠠᠷᠭᠤᠯᠬᠤ ᠶᠢ ᠬᠡᠷᠡᠭᠵᠢᠭᠦᠯᠵᠦ᠂ ᠵᠢᠴᠢ ᠰᠤᠮᠤ ᠪᠠᠯᠭᠠᠰᠤᠨ ᠤ ᠥᠷᠲᠡᠭᠡ ᠭᠠᠵᠠᠷ ᠵᠡᠷᠭᠡ ᠠᠵᠢᠯ | ᠦᠢᠯᠡᠰ ᠤᠨ ᠨᠢᠭᠡᠴᠡ ᠶᠢᠨ ᠡᠭᠦᠷᠭᠡ ᠴᠢᠳᠠᠪᠣᠷᠢ᠂ ᠠᠵᠢᠯᠲᠠᠨ ᠪᠠ ᠣᠷᠣᠨ ᠲᠤᠭ᠎ᠠ ᠶᠢ ᠡᠮᠬᠢᠯᠡᠨ ᠨᠡᠶᠢᠯᠡᠭᠦᠯᠵᠦ᠂ 3 | ᠠᠵᠢᠯ ᠦᠢᠯᠡᠰ ᠤᠨ ᠪᠠᠶᠢᠭᠤᠯᠤᠮᠵᠢ ᠲᠣᠬᠢᠷᠠᠭᠤᠯᠪᠠ᠂ ᠲᠤᠬᠠᠶᠢᠯᠠᠪᠠᠯ ᠨᠠᠮ ᠪᠠ ᠣᠯᠠᠨ ᠲᠦᠮᠡᠨ ᠳᠤ ᠦᠢᠯᠡᠴᠢᠯᠡᠬᠦ | ᠲᠥᠪ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠲᠣᠪᠴᠢᠶ᠎ᠠ᠂ ᠶᠡᠷᠦᠩᠬᠡᠶᠢᠯᠡᠭᠰᠡᠨ ᠪᠠᠲᠤᠯᠠᠭ᠎ᠠ | ᠪᠠ ᠮᠡᠷᠭᠡᠵᠢᠯ ᠳᠡᠯᠭᠡᠷᠡᠭᠦᠯᠬᠦ ᠲᠥᠪ ᠪᠣᠯᠤᠨ᠎ᠠ᠃ ᠥᠭᠡᠷᠡᠴᠢᠯᠡᠯᠲᠡ ᠲᠠᠢ ᠤᠷᠤᠭᠰᠢᠲᠠᠶ ᠵᠣᠯᠭᠠᠭᠤᠯᠬᠤ ᠶᠢᠨ ᠲᠥᠯᠥᠭᠡ᠂ | ᠠᠵᠢᠯ ᠤᠨ ᠪᠠᠶᠢᠷᠢ ᠶᠢᠨ ᠶᠡᠷᠦᠩᠬᠡᠶ ᠲᠤᠭ᠎ᠠ ᠬᠤᠪᠢᠷᠠᠬᠤ ᠦᠭᠡᠢ ᠰᠠᠭᠤᠷᠢᠨ ᠳᠡᠭᠡᠷ᠎ᠡ᠂ 2019 ᠣᠨ ᠳᠤ | ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠰᠢᠯᠲᠠᠭᠠᠨ ᠠᠴᠠ ᠪᠣᠯᠵᠣ ᠨᠡᠶᠢᠯᠡᠭᠦᠯᠦᠭᠰᠡᠨ ᠪᠠ ᠡᠮᠬᠢᠯᠡᠨ ᠨᠢᠭᠡᠳᠭᠡᠭᠰᠡᠨ | ᠠᠵᠢᠯ ᠤᠨ ᠪᠠᠶᠢᠷᠢ ᠳᠤ ᠲᠣᠬᠢᠷᠠᠭᠤᠯᠤᠯᠲᠠ ᠬᠢᠪᠡ᠂ ᠲᠣᠬᠢᠷᠠᠭᠤᠯᠤᠯᠲᠠ ᠬᠢᠭᠰᠡᠨ ᠤ ᠳᠠᠷᠠᠭ᠎ᠠ ᠪᠣᠳᠠᠲᠠᠶ ᠠᠵᠢᠯ ᠤᠨ | ᠪᠠᠶᠢᠷᠢ ᠶᠢ ᠳᠠᠭᠠᠯᠳᠤᠭᠤᠯᠤᠯ 1 ᠳᠤ ᠯᠠᠪᠯᠠᠭᠠᠷᠠᠢ᠃ | ᠬᠤᠶᠠᠷ᠂ ᠠᠵᠢᠯ ᠤᠨ ᠪᠠᠶᠢᠷᠢ ᠰᠣᠩᠭᠤᠬᠤ ᠴᠠᠭ ᠪᠠ ᠭᠠᠵᠠᠷ | ᠠᠵᠢᠯ ᠤᠨ ᠪᠠᠶᠢᠷᠢ ᠰᠣᠩᠭᠤᠬᠤ ᠴᠠᠭ᠄ 2020 ᠣᠨ ᠤ 7 ᠰᠠᠷ᠎ᠠ ᠶᠢᠨ 2 ᠤᠨ ᠡᠳᠦᠷ ᠤᠨ ᠦᠳᠡ ᠶᠢᠨ | ᠡᠮᠦᠨᠡᠬᠢ 9 ᠴᠠᠭ᠂ ᠦᠳᠡ ᠶᠢᠨ ᠬᠤᠶᠢᠨ᠎ᠠ 3 : 00 ︵ᠪᠣᠳᠠᠲᠠᠶ ᠠᠵᠢᠯ ᠤᠨ ᠪᠠᠶᠢᠷᠢ ᠰᠣᠩᠭᠤᠬᠤ ᠬᠥᠮᠦᠰ ᠤᠨ | ᠨᠡᠷᠡᠰ ᠪᠣᠯᠤᠨ ᠴᠠᠭ ᠢ ᠳᠠᠭᠠᠯᠳᠤᠭᠤᠯᠤᠯ 2 ᠲᠤ ᠦᠵᠡ︶ | ᠠᠵᠢᠯ ᠤᠨ ᠪᠠᠶᠢᠷᠢ ᠰᠣᠩᠭᠤᠬᠤ ᠭᠠᠵᠠᠷ᠄ ᠵᠠᠷᠤᠳ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ 5 ᠳ᠋ᠤᠭᠠᠷ ᠳᠠᠪᠬᠤᠷᠯᠢᠭ ᠤᠨ ᠬᠤᠷᠠᠯ ᠤᠨ ᠭᠡᠷ | ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ | 1. ᠲᠣᠰᠠᠭᠠᠷᠯᠠᠵᠤ ᠪᠠᠶᠢᠭ᠎ᠠ ᠬᠤᠭᠤᠴᠠᠭᠠᠨ ᠳᠤ ᠪᠤᠶᠤ ᠬᠠᠨᠢᠶᠠᠯᠭᠠᠬᠤ᠂ ᠬᠠᠯᠠᠭᠤᠷᠠᠬᠤ᠂ ᠴᠡᠭᠡᠵᠢ ᠪᠢᠲᠡᠭᠦᠷᠡᠬᠦ᠂ | ᠠᠮᠢᠰᠬᠤᠯ ᠴᠢᠬᠤᠯᠳᠠᠬᠤ ᠵᠡᠷᠭᠡ ᠢᠯᠡᠷᠡᠯ ᠲᠠᠢ ᠰᠢᠯᠭᠠᠭᠰᠠᠳ ᠪᠠᠶᠢᠪᠠᠯ᠂ ᠬᠤᠶᠠᠷ ᠡᠳᠦᠷ ᠤᠨ ᠡᠮᠦᠨ᠎ᠡ ᠠᠵᠢᠯᠲᠠᠨ | ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠠᠢ ᠬᠠᠷᠢᠯᠴᠠᠭᠠᠷᠠᠢ ︵ᠬᠠᠷᠢᠯᠴᠠᠬᠤ ᠤᠲᠠᠰᠤ | 7226445︶᠂ ᠪᠠᠰᠠ ᠪᠤᠰᠤᠳ ᠬᠥᠮᠦᠨ ᠢ ᠨᠠᠶᠢᠳᠠᠵᠤ ᠣᠷᠣᠯᠠᠨ ᠠᠵᠢᠯ ᠤᠨ ᠪᠠᠶᠢᠷᠢ ᠰᠣᠩᠭᠤᠭᠤᠯᠵᠤ ᠪᠣᠯᠤᠨ᠎ᠠ᠂ | ᠣᠷᠣᠯᠠᠨ ᠠᠵᠢᠯ ᠤᠨ ᠪᠠᠶᠢᠷᠢ ᠰᠣᠩᠭᠤᠭᠰᠠᠳ ᠡᠷᠬᠡᠪᠰᠢ ᠲᠣᠬᠠᠢ ᠶᠢᠨ ᠬᠦᠮᠦᠨ ᠤ ᠨᠠᠶᠢᠳᠠᠯᠭ᠎ᠠ ᠶᠢᠨ ᠪᠢᠴᠢᠭ ᠪᠠᠶᠢᠬᠤ | ᠬᠡᠷᠡᠭᠲᠡᠶ ︵ᠳᠠᠭᠠᠯᠳᠤᠭᠤᠯᠤᠯ 4 ᠢ ᠦᠵᠡ︶᠃ | 2. ᠬᠢᠯᠢ ᠶᠢᠨ ᠭᠠᠳᠠᠨ᠎ᠠ ᠠᠴᠠ ᠪᠤᠶᠤ ᠤᠯᠤᠰ ᠤᠨ ᠳᠣᠲᠣᠭᠠᠳᠤ ᠶᠢᠨ ᠠᠶᠤᠯ ᠲᠦᠭᠰᠢᠭᠦᠷᠢ ᠶᠡᠬᠡᠲᠡᠶ ᠭᠠᠵᠠᠷ | ᠣᠷᠣᠨ ᠠᠴᠠ ᠮᠠᠨ ᠤ ᠬᠤᠰᠢᠭᠤᠨ ᠳᠤ ᠣᠷᠣᠵᠤ ᠢᠷᠡᠭᠰᠡᠨ ᠬᠥᠮᠦᠰ ᠠᠵᠢᠯ ᠤᠨ ᠪᠠᠶᠢᠷᠢ ᠰᠣᠩᠭᠤᠬᠤ ᠳᠠᠭᠠᠨ 7 | ᠣᠷᠴᠢᠮ ᠤᠨ ᠡᠳᠦᠷ ᠤᠨ ᠳᠣᠲᠣᠷᠠᠬᠢ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ | ᠪᠠᠶᠢᠴᠠᠭᠠᠨ ᠬᠡᠮᠵᠢᠯᠲᠡ ᠬᠢᠭᠡᠳ ᠪᠢᠯᠢᠭ ᠴᠢᠨᠠᠷ ᠪᠠᠶᠢᠬᠤ ᠮᠡᠳᠡᠭᠦᠯᠦᠯᠲᠡ ᠪᠠᠨ ᠰᠠᠨᠠᠭᠠᠴᠢᠯᠠᠭ᠎ᠠ ᠠᠴᠠ ᠪᠠᠨ ᠦᠵᠡᠭᠦᠯᠬᠦ | ᠬᠡᠷᠡᠭᠲᠡᠶ᠃ | 3.ᠰᠢᠯᠭᠠᠭᠰᠠᠳ ᠪᠤᠶᠤ ᠨᠠᠶᠢᠳᠠᠭᠰᠠᠨ ᠬᠦᠮᠦᠨ ᠨᠢ ᠲᠤᠰ ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ | ᠦᠨᠡᠮᠯᠡᠯ ᠢᠶᠠᠨ ᠠᠪᠴᠤ᠂ ᠡᠷᠬᠡᠪᠰᠢ ᠬᠠᠭᠠᠰ ᠴᠠᠭ ᠤᠨ ᠡᠮᠦᠨ᠎ᠡ ᠠᠵᠢᠯ ᠤᠨ ᠪᠠᠶᠢᠷᠢ ᠰᠣᠩᠭᠤᠬᠤ ᠭᠠᠵᠠᠷ ᠲᠤ | ᠬᠦᠷᠴᠦ᠂ ᠲᠠᠯᠠᠪᠠᠢ ᠳᠤ ᠣᠷᠣᠬᠤ ᠳᠠᠭᠠᠨ ᠡᠷᠬᠡᠪᠰᠢ ︽ᠡᠷᠡᠭᠦᠯ ᠮᠡᠨᠳᠦ ᠲᠦᠩᠯᠢᠶᠣᠤ︾ ᠭᠡᠬᠦ ᠣᠯᠠᠨ ᠨᠡᠶᠢᠲᠡ ᠶᠢᠨ | ᠳ᠋ᠤᠭᠠᠷ ᠠᠴᠠ ᠭᠤᠶᠤᠴᠢᠯᠠᠨ ᠠᠪᠣᠭᠰᠠᠨ ᠡᠷᠡᠭᠦᠯ ᠮᠡᠨᠳᠦ ᠶᠢᠨ ᠺᠤᠳ᠋ ᠶᠢᠨ ᠭᠠᠷᠭᠠᠵᠤ ᠦᠵᠡᠭᠦᠯᠬᠦ ᠶᠢᠨ ᠬᠠᠮᠲᠤ | ᠠᠶᠠᠯᠠᠯ ᠤᠨ ᠮᠡᠷᠭᠡᠨ ᠴᠣᠬᠤᠷ ᠢ ᠰᠢᠷᠪᠢᠭᠡᠳ ᠠᠶᠠᠯᠠᠯ ᠤᠨ ᠺᠠᠷᠲ ᠢᠶᠠᠨ ᠭᠠᠷᠭᠠᠨ ᠦᠵᠡᠭᠦᠯᠪᠡᠯ ᠰᠠᠶ᠋ᠢ ᠠᠬᠤᠢ | ᠲᠠᠯᠠᠪᠠᠢ ᠳᠤ ᠣᠷᠣᠵᠤ ᠪᠣᠯᠤᠨ᠎ᠠ᠂ ᠪᠦᠬᠦ ᠶᠠᠪᠤᠴᠠ ᠳᠤ ᠠᠮᠠᠪᠴᠢ ᠵᠡᠭᠦᠬᠦ ᠶᠢ ᠱᠠᠭᠠᠷᠳᠠᠨ᠎ᠠ᠃ | 4. ᠠᠵᠢᠯ ᠤᠨ ᠪᠠᠶᠢᠷᠢ ᠶᠢᠨ ᠲᠤᠭ᠎ᠠ ᠪᠠ ᠲᠥᠷᠥᠯ ᠢᠯᠭᠠᠯ ᠢ ᠦᠨᠳᠦᠰᠦᠯᠡᠨ᠂ ᠰᠢᠯᠭᠠᠯᠲᠠ ᠶᠢᠨ ᠬᠢᠷᠢ | ᠪᠦᠲᠦᠮᠵᠢ ᠪᠠᠷ ᠢᠶᠠᠷ ᠥᠨᠳᠥᠷ ᠬᠤᠪᠢ ᠠᠴᠠ ᠳᠣᠤᠷ᠎ᠠ ᠬᠤᠪᠢ ᠲᠡᠰᠢ ᠰᠢᠯᠭᠠᠭᠰᠠᠳ ᠠᠴᠠ ᠦᠪᠡᠷ ᠢᠶᠠᠨ ᠡᠵᠡᠨ | ᠮᠡᠳᠡᠵᠦ ᠠᠵᠢᠯ ᠤᠨ ᠪᠠᠶᠢᠷᠢ ᠰᠣᠩᠭᠤᠨ᠎ᠠ᠃ ᠰᠢᠯᠭᠠᠯᠲᠠ ᠶᠢᠨ ᠬᠤᠪᠢ ᠨᠢ ᠠᠳᠠᠯᠢ ᠪᠣᠯ ᠠᠵᠢᠯ ᠤᠨ ᠪᠠᠶᠢᠷᠢ | ᠰᠣᠩᠭᠤᠬᠤ ᠳᠤ ᠠᠬᠤᠢ ᠲᠠᠯᠠᠪᠠᠶ ᠳᠤ ᠰᠢᠪᠠᠭ᠎ᠠ ᠰᠤᠭᠤᠯᠬᠤ ᠠᠷᠭ᠎ᠠ ᠠᠪᠴᠤ ᠠᠵᠢᠯ ᠤᠨ ᠪᠠᠶᠢᠷᠢ ᠰᠣᠩᠭᠤᠬᠤ ᠲᠠᠰ | ᠳᠠᠷᠠᠭᠠᠯᠠᠯ ᠢ ᠲᠣᠭᠲᠠᠭᠠᠨ᠎ᠠ᠂ ᠠᠵᠢᠯ ᠤᠨ ᠪᠠᠶᠢᠷᠢ ᠶᠢ ᠰᠣᠩᠭᠤᠨ ᠲᠣᠭᠲᠠᠭᠠᠭᠰᠠᠨ ᠤ ᠳᠠᠷᠠᠭ᠎ᠠ᠂ ᠬᠠᠯᠠᠨ | ᠥᠭᠡᠷᠡᠴᠢᠯᠡᠬᠦ ᠪᠤᠶᠤ ᠰᠣᠯᠢᠵᠤ ᠪᠣᠯᠬᠤ ᠦᠭᠡᠢ᠃ ᠬᠤᠭᠤᠴᠠᠭ᠎ᠠ ᠬᠡᠲᠦᠷᠡᠲᠡᠯ᠎ᠡ ᠠᠵᠢᠯ ᠤᠨ ᠪᠠᠶᠢᠷᠢ ᠰᠣᠩᠭᠤᠬᠤ ᠳᠤ | ᠣᠷᠣᠯᠴᠠᠭᠰᠠᠨ ᠥᠬᠡᠶ ᠪᠣᠯ ᠠᠶᠠᠨᠳᠠᠭᠠᠨ ᠲᠠᠶᠠᠭᠳᠠᠭᠰᠠᠨ ᠢᠶᠠᠷ ᠦᠵᠡᠵᠦ᠂ ᠲᠡᠭᠦᠨ ᠤ ᠤᠷᠢᠨ ᠬᠡᠷᠡᠭᠯᠡᠬᠦ ᠬᠢᠷᠢ | ᠬᠡᠮ ᠢ ᠨᠢ ᠬᠦᠴᠦᠨ ᠥᠬᠡᠶ ᠪᠣᠯᠭᠠᠨ᠎ᠠ᠃ ᠠᠵᠢᠯ ᠤᠨ ᠪᠠᠶᠢᠷᠢ ᠰᠣᠩᠭᠤᠭᠰᠠᠨ ᠤ ᠳᠠᠷᠠᠭ᠎ᠠ ᠭᠤᠣᠯᠯᠠᠨ ᠬᠠᠮᠢᠶᠠᠷᠬᠤ | ᠰᠠᠯᠠᠭ᠎ᠠ ᠮᠥᠴᠢᠷ ᠠᠴᠠ 7 ᠰᠠᠷ᠎ᠠ ᠶᠢᠨ 4 ᠤ ᠡᠳᠦᠷ ᠠᠴᠠ ᠡᠮᠦᠨ᠎ᠡ ᠰᠢᠯᠭᠠᠭᠰᠠᠳ ᠢ ᠪᠠᠶᠢᠴᠠᠭᠠᠬᠤ ᠠᠵᠢᠯ ᠢ | ᠪᠡᠶᠡᠯᠡᠭᠦᠯᠦᠨ᠎ᠡ᠂ ᠵᠢᠴᠢ ᠪᠠᠶᠢᠴᠠᠭᠠᠭᠰᠠᠨ ᠬᠦᠰᠦᠨᠦᠭ ᠢᠶᠠᠨ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠦᠢᠯᠡᠰ ᠤᠨ ᠲᠠᠰᠤᠭ ᠲᠤ ᠮᠡᠳᠡᠭᠦᠯᠬᠦ ᠬᠡᠷᠡᠭᠲᠡᠶ᠃ | 5. ᠪᠤᠰᠤᠳ ᠠᠵᠢᠯ ᠤᠨ ᠪᠠᠶᠢᠷᠢ ᠰᠣᠩᠭᠤᠬᠤ ᠦᠭᠡᠶ ᠬᠥᠮᠦᠰ ︵ᠳᠠᠭᠠᠯᠳᠤᠭᠤᠯᠤᠯ 3 ᠶᠢ ᠦᠵᠡ︶ ᠢ 7 | ᠰᠠᠷ᠎ᠠ ᠶᠢᠨ 4 ᠤ ᠡᠳᠦᠷ ᠠᠴᠠ ᠡᠮᠦᠨ᠎ᠡ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠡᠭᠦᠨ ᠢ ᠰᠢᠯᠭᠠᠨ | ᠪᠠᠶᠢᠴᠠᠭᠠᠬᠤ ᠠᠵᠢᠯ ᠢ ᠳᠠᠭᠤᠰᠬᠠᠨ᠎ᠠ᠂ ᠵᠢᠴᠢ ᠪᠠᠶᠢᠴᠠᠭᠠᠭᠰᠠᠨ ᠬᠦᠰᠦᠨᠦᠭ ᠢᠶᠠᠨ ᠬᠤᠰᠢᠭᠤᠨ ᠤ ᠬᠥᠮᠦᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠲᠣᠪᠴᠢᠶ᠎ᠠ ᠶᠢᠨ ᠠᠵᠢᠯ ᠦᠢᠯᠡᠰ ᠤᠨ ᠲᠠᠰᠤᠭ ᠲᠤ | ᠮᠡᠳᠡᠭᠦᠯᠬᠦ ᠬᠡᠷᠡᠭᠲᠡᠶ᠃ | 6. ᠪᠣᠶ ᠪᠥᠬᠦᠶ ᠬᠥᠮᠦᠰ ᠤᠨ ᠬᠠᠷᠢᠯᠴᠠᠬᠤ ᠤᠲᠠᠰᠤ ᠰᠠᠭᠠᠳ ᠥᠬᠡᠶ ᠨᠡᠪᠲᠡᠷᠡᠬᠦ ᠶᠢ ᠪᠠᠲᠣᠯᠠᠵᠤ᠂ ᠬᠠᠷᠢᠯᠴᠠᠬᠤ | ᠠᠷᠭ᠎ᠠ ᠬᠡᠯᠪᠡᠷᠢ ᠬᠤᠪᠢᠷᠠᠭᠰᠠᠨ ᠪᠠᠶᠢᠪᠠᠯ᠂ ᠴᠠᠭ ᠲᠤᠬᠠᠶ ᠳᠤᠨᠢ ᠬᠤᠰᠢᠭᠤᠨ ᠤ ᠬᠥᠮᠦᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠵᠢᠯ ᠦᠢᠯᠡᠰ ᠤᠨ ᠲᠠᠰᠤᠭ ᠲᠠᠢ ᠬᠠᠷᠢᠯᠴᠠᠭᠠᠷᠠᠶ᠃ | ᠤᠷᠢᠨ ᠬᠡᠷᠡᠭᠯᠡᠬᠦ ᠪᠠᠷ ᠵᠢᠱᠢᠭᠳᠡᠭᠰᠡᠳ ᠢ ᠵᠠᠷᠤᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ | ᠰᠦᠯᠵᠢᠶᠡᠨ ︵http://www.zhalute. gov. cn/︶ ᠳᠤ ᠵᠠᠷᠯᠠᠨ ᠨᠡᠶᠢᠲᠡᠯᠡᠵᠦ᠂ ᠰᠢᠯᠭᠠᠭᠰᠠᠳ | ᠥᠪᠡᠷᠲᠡᠭᠡᠨ ᠠᠩᠬᠠᠷᠤᠭᠠᠷᠠᠶ᠃ | | ᠳᠠᠭᠠᠯᠳᠤᠭᠤᠯᠤᠯ 1᠄ 2019 ᠣᠨ ᠤ ᠵᠠᠷᠤᠳ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ | ᠠᠵᠢᠯᠲᠠᠨ ᠡᠯᠰᠡᠬᠦ ᠠᠵᠢᠯ ᠤᠨ ᠪᠠᠶᠢᠷᠢ ᠶᠢᠨ ᠬᠦᠰᠦᠨᠦᠭ ︵ᠵᠠᠰᠠᠭ ᠤᠨ ᠣᠷᠳᠣᠨ ᠤ ᠰᠠᠯᠠᠭ᠎ᠠ ᠮᠥᠴᠢᠷ︶ | ᠳᠠᠭᠠᠯᠳᠤᠭᠤᠯᠤᠯ 2᠄ 2019 ᠣᠨ ᠤ ᠵᠠᠷᠤᠳ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ | ᠠᠵᠢᠯᠲᠠᠨ ᠡᠯᠰᠡᠬᠦ ᠠᠵᠢᠯ ᠤᠨ ᠪᠠᠶᠢᠷᠢ ᠰᠣᠩᠭᠤᠭᠰᠠᠳ ᠤᠨ ᠨᠡᠷᠡᠰ | ᠳᠠᠭᠠᠯᠳᠤᠭᠤᠯᠤᠯ 3᠄ 2019 ᠣᠨ ᠤ ᠵᠠᠷᠤᠳ ᠬᠤᠰᠢᠭᠤᠨ ᠤ ᠠᠵᠢᠯ ᠦᠢᠯᠡᠰ ᠤᠨ ᠨᠢᠭᠡᠴᠡ ᠶᠢᠨ ᠢᠯᠡ ᠪᠠᠷ | ᠠᠵᠢᠯᠲᠠᠨ ᠡᠯᠰᠡᠬᠦ ᠠᠵᠢᠯ ᠤᠨ ᠪᠠᠶᠢᠷᠢ ᠥᠯᠥ ᠰᠣᠩᠭᠤᠬᠤ ᠬᠥᠮᠦᠰ ᠤᠨ ᠨᠡᠷᠡᠰ | ᠳᠠᠭᠠᠯᠳᠤᠭᠤᠯᠤᠯ 4᠄ ᠨᠠᠶᠢᠳᠠᠯᠭ᠎ᠠ ᠶᠢᠨ ᠪᠢᠴᠢᠭ | | ᠵᠠᠷᠤᠳ ᠬᠤᠰᠢᠭᠤᠨ ᠤ ᠠᠵᠢᠯᠦᠢᠯᠡᠰ ᠤᠨ ᠨᠢᠭᠡᠴᠡ ᠶᠢᠨ ᠢᠯᠡ ᠪᠠᠷ | ᠠᠵᠢᠯᠲᠠᠨ ᠡᠯᠰᠡᠬᠦ ᠤᠳᠤᠷᠢᠳᠬᠤ ᠳᠣᠭᠤᠶᠢᠯᠠᠩ ᠤᠨ ᠠᠯᠪᠠᠨ ᠭᠡᠷ | 2020 ᠣᠨ ᠤ 6 ᠳ᠋ᠤᠭᠠᠷ ᠰᠠᠷ᠎ᠠ ᠶᠢᠨ 10 ᠤ ᠡᠳᠦᠷ |