ᠤᠯᠤᠰ ᠤᠨ ᠵᠠᠬ᠎ᠠ ᠳᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ ᠳᠤᠪᠴᠢᠶ᠎ᠠ᠄ ᠭᠦᠢᠳᠡᠨ  ᠤᠮᠳᠠᠭᠠᠨ ᠤ ᠬᠢᠷᠢ ᠳᠡᠩᠴᠡᠬᠦ ᠦᠬᠡᠢ ᠨᠤᠷᠮ᠎ᠠ ᠨᠡᠯᠢᠶᠡᠳ ᠦᠨᠳᠦᠷ ᠪᠠᠶᠢᠨ᠎ᠠ
ᠨᠡᠶᠢᠲᠡᠯᠡᠭᠰᠡᠨ ᠴᠠᠭ᠄
2020/6/16
   ᠤᠯᠤᠰ ᠤᠨ ᠵᠠᠬ᠎ᠠ ᠳᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ ᠳᠤᠪᠴᠢᠶ᠎ᠠ 7 ᠤ ᠡᠳᠦᠷ  2019 ᠤᠨ ᠤ ᠤᠯᠤᠰ ᠤᠨ ᠢᠳᠡᠬᠡᠨ ᠤ ᠠᠮᠤᠷ ᠳᠦᠪᠰᠢᠨ ᠳᠤ ᠬᠢᠨᠠᠯᠳᠠ ᠳᠠᠯᠪᠢᠵᠤ ᠰᠤᠭᠤᠴᠢᠨ ᠪᠠᠶᠢᠴᠠᠭᠠᠯᠳᠠ  ᠬᠢᠭᠰᠡᠨ ᠪᠠᠶᠢᠳᠠᠯ ᠢ ᠨᠡᠶᠢᠳᠡᠯᠡᠪᠡ᠂ ᠬᠢᠨᠠᠯᠳᠠ ᠳᠠᠯᠪᠢᠵᠤ ᠰᠤᠭᠤᠴᠢᠨ ᠪᠠᠶᠢᠴᠠᠭᠠᠯᠳᠠ ᠬᠢᠭᠰᠡᠨ ᠤ ᠳ᠋ᠦᠩ ᠳᠤ᠂  ᠶᠡᠷᠦᠩᠬᠡᠢ ᠬᠢᠷᠢ ᠳᠡᠩᠴᠡᠭᠰᠡᠨ ᠨᠤᠷᠮ᠎ᠠ ᠨᠢ 97.6% ᠳᠤ ᠬᠦᠷᠴᠦ᠂ ᠳᠡᠬᠡᠷ᠎ᠠ ᠵᠢᠯ ᠤᠨ ᠬᠢ ᠲᠠᠢ ᠪᠠᠷᠤᠭ ᠤᠴᠢᠨ᠎ᠠ᠃ ᠡᠭᠦᠨ ᠳᠤ ᠮᠢᠬᠠᠨ ᠤ ᠲᠦᠷᠦᠯ ᠤᠨ ᠰᠤᠭᠤᠴᠢᠨ ᠪᠠᠶᠢᠴᠠᠭᠠᠯᠳᠠ ᠶᠢᠨ ᠬᠢᠷᠢ ᠳᠡᠩᠴᠡᠭᠰᠡᠨ ᠨᠤᠷᠮ᠎ᠠ ᠨᠢ 2018  ᠤᠨ ᠤ ᠬᠢ ᠠᠴᠠ ᠳᠡᠬᠡᠭᠰᠢᠯᠡᠪᠡ︔ ᠰᠦᠯᠵᠢᠶ᠎ᠠ ᠪᠠᠷ ᠬᠤᠳᠠᠯᠳᠤᠨ ᠠᠪᠬᠤ ᠢᠳᠡᠬᠡᠨ ᠤ ᠰᠤᠭᠤᠴᠢᠨ  ᠪᠠᠶᠢᠴᠠᠭᠠᠯᠳᠠ ᠶᠢᠨ ᠬᠢᠷᠢ ᠳᠡᠩᠴᠡᠬᠦ ᠦᠬᠡᠢ ᠨᠤᠷᠮ᠎ᠠ ᠨᠢ ᠳᠡᠬᠡᠷ᠎ᠠ ᠵᠢᠯ ᠤᠨ ᠬᠢ ᠠᠴᠠ ᠦᠨᠳᠦᠷ ᠪᠤᠯᠵᠠᠢ︔ ᠭᠦᠢᠳᠡᠨ  ᠤᠮᠳᠠᠭᠠᠨ ᠤ ᠬᠢᠷᠢ ᠳᠡᠩᠴᠡᠬᠦ ᠦᠬᠡᠢ ᠨᠤᠷᠮ᠎ᠠ ᠨᠢ ᠮᠦᠨ ᠬᠦ ᠨᠡᠯᠢᠶᠡᠳ ᠦᠨᠳᠦᠷ ᠪᠠᠶᠢᠵᠦ᠂ ᠭᠤᠤᠯᠳᠠᠭᠤ ᠮᠢᠺᠷᠤᠪ  ᠪᠤᠳᠠᠰ ᠤᠨ ᠪᠤᠬᠢᠷᠳᠦᠯ ᠤᠨ ᠠᠰᠠᠭᠤᠳᠠᠯ ᠤᠷᠤᠰᠢᠵᠦ ᠪᠠᠶᠢᠨ᠎ᠠ᠃          2019 ᠤᠨ ᠳᠤ᠂ ᠤᠯᠤᠰ ᠤᠨ ᠵᠠᠬ᠎ᠠ ᠳᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ ᠳᠤᠪᠴᠢᠶ᠎ᠠ  ᠪᠦᠬᠦ ᠤᠯᠤᠰ ᠤᠨ 31 ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠳᠠᠷᠢᠶᠠᠯᠠᠩ ᠤᠨ  ᠪᠦᠳᠦᠬᠡᠭᠳᠡᠬᠦᠨ ᠪᠤᠯᠤᠨ ᠢᠳᠡᠬᠡᠨ ᠤ ᠠᠷᠠᠯᠵᠢᠶᠠᠨ ᠤ ᠭᠠᠵᠠᠷ ᠠᠴᠠ ᠬᠠᠤᠯᠢ ᠶᠤᠰᠤᠭᠠᠷ ᠢᠳᠡᠬᠡᠨ ᠤ ᠦᠯᠢᠬᠡᠷ  ᠶᠠᠩᠵᠦ ᠶᠢ ᠰᠤᠭᠤᠴᠢᠨ ᠠᠪᠴᠤ ᠬᠤᠳᠠᠯᠳᠤᠵᠦ ᠠᠪᠤᠭᠠᠳ᠂ 24.4 ᠳᠦᠮᠡᠨ ᠪᠦᠯᠦᠭ ᠤᠳᠠᠭ᠎ᠠ ᠶᠢᠨ ᠰᠤᠭᠤᠴᠢᠨ  ᠪᠠᠶᠢᠴᠠᠭᠠᠯᠳᠠ ᠬᠢᠵᠦ᠂ 33 ᠳᠤᠮᠤ ᠳᠦᠷᠦᠯ ᠤᠨ ᠢᠳᠡᠬᠡᠨ ᠢ ᠬᠠᠮᠤᠷᠴᠤ᠂ ᠮᠢᠺᠷᠤᠪ᠂ ᠳᠠᠷᠢᠶᠡᠨ ᠡᠮ ᠪᠡ ᠮᠠᠯ ᠤᠨ  ᠡᠮ ᠤᠨ ᠦᠯᠡᠳᠡᠭᠳᠡᠯ᠂ ᠢᠳᠡᠬᠡᠨ ᠤ ᠨᠡᠮᠡᠯᠳᠡ ᠡᠳ᠋᠂ ᠠᠮᠢᠳᠤ ᠪᠤᠳᠠᠰ ᠤᠨ ᠬᠤᠤᠷᠳᠤ ᠡᠳ᠋᠂ ᠬᠦᠨᠳᠦ ᠳᠡᠮᠦᠷᠯᠢᠭ  ᠵᠡᠷᠬᠡ ᠢᠳᠡᠬᠡᠨ ᠤ ᠠᠮᠤᠷ ᠳᠦᠪᠰᠢᠨ ᠤ ᠤᠯᠤᠰ ᠤᠨ ᠪᠠᠷᠢᠮᠵᠢᠶᠠᠨ ᠤ ᠵᠢᠭᠠᠯᠳᠠ ᠳᠤᠭᠠᠨ ᠤ 558 ᠳᠦᠷᠦᠯ ᠵᠦᠢᠯ ᠢ  ᠰᠢᠯᠭᠠᠨ ᠪᠠᠶᠢᠴᠠᠭᠠᠵᠦ᠂ 23.8 ᠳᠦᠮᠡᠨ ᠪᠦᠯᠦᠭ ᠤᠳᠠᠭ᠎ᠠ ᠶᠢᠨ ᠬᠢᠷᠢ ᠳᠡᠩᠴᠡᠭᠰᠡᠨ ᠪᠦᠳᠦᠬᠡᠭᠳᠡᠬᠦᠨ᠂ 5773  ᠪᠦᠯᠦᠭ ᠤᠳᠠᠭ᠎ᠠ ᠶᠢᠨ ᠬᠢᠷᠢ ᠳᠡᠩᠴᠡᠬᠦ ᠦᠬᠡᠢ ᠪᠦᠳᠦᠬᠡᠭᠳᠡᠬᠦᠨ ᠢ ᠪᠠᠶᠢᠴᠠᠭᠠᠵᠦ ᠭᠠᠷᠭᠠᠵᠠᠢ᠃          ᠰᠤᠭᠤᠴᠢᠨ ᠪᠠᠶᠢᠴᠠᠭᠠᠯᠳᠠ ᠠᠴᠠ ᠦᠵᠡᠪᠡᠯ᠂ ᠡᠳᠦᠷ ᠳᠤᠳᠤᠮ ᠤᠨ ᠬᠡᠷᠡᠭᠯᠡᠬᠡᠨ ᠤ ᠬᠡᠮᠵᠢᠶ᠎ᠠ ᠪᠠᠷ ᠶᠡᠭᠡ  ᠪᠠᠶᠢᠭ᠎ᠠ ᠢᠳᠡᠬᠡᠨ ᠤ ᠬᠢᠷᠢ ᠳᠡᠩᠴᠡᠬᠦ ᠨᠤᠷᠮ᠎ᠠ ᠨᠢ ᠦᠷᠬᠦᠯᠵᠢᠯᠡᠨ ᠦᠨᠳᠦᠷ ᠪᠠᠶᠢᠷᠢᠨ ᠳᠤ ᠪᠠᠶᠢᠬᠤ ᠪᠠᠨ ᠪᠠᠳᠤᠯᠠᠵᠦ  ᠪᠠᠶᠢᠨ᠎ᠠ᠃ ᠮᠢᠬᠠᠨ ᠢᠳᠡᠬᠡᠨ ᠤ ᠰᠤᠭᠤᠴᠢᠨ ᠪᠠᠶᠢᠴᠠᠭᠠᠯᠳᠠ ᠶᠢᠨ ᠬᠢᠷᠢ ᠳᠡᠩᠴᠡᠭᠰᠡᠨ ᠨᠤᠷᠮ᠎ᠠ ᠨᠢ 2018  ᠤᠨ ᠤ ᠬᠢ ᠠᠴᠠ ᠳᠡᠬᠡᠭᠰᠢᠯᠡᠵᠡᠢ︔ ᠠᠮᠤ ᠪᠤᠳᠠᠭᠠᠨ ᠤ ᠡᠳ᠋ᠰᠢᠬᠦᠯᠦᠭᠰᠡᠨ ᠪᠦᠳᠦᠬᠡᠭᠳᠡᠬᠦᠨ᠂ ᠢᠳᠡᠬᠡᠨ ᠤ ᠲᠤᠰᠤ᠂  ᠦᠨᠳᠡᠬᠡᠨ ᠤ ᠪᠦᠳᠦᠬᠡᠭᠳᠡᠬᠦᠨ᠂ ᠰᠦᠨ ᠪᠦᠳᠦᠬᠡᠭᠳᠡᠬᠦᠨ᠂ ᠨᠢᠷᠡᠢ ᠨᠢᠯᠬ᠎ᠠ ᠬᠡᠤᠬᠡᠳ ᠤᠨ ᠨᠠᠶᠢᠷᠠᠯᠭᠠᠳᠤ ᠰᠦᠨ  ᠳᠠᠯᠬ᠎ᠠ ᠶᠢᠨ ᠰᠤᠭᠤᠴᠢᠨ ᠪᠠᠶᠢᠴᠠᠭᠠᠯᠳᠠ ᠶᠢᠨ ᠬᠢᠷᠢ ᠳᠡᠩᠴᠡᠭᠰᠡᠨ ᠨᠤᠷᠮ᠎ᠠ ᠨᠢ 2018 ᠤᠨ ᠤ ᠬᠢ ᠲᠠᠢ ᠪᠠᠷᠤᠭ  ᠤᠴᠢᠨ᠎ᠠ︔ ᠲᠤᠰᠬᠠᠢ ᠴᠡᠭᠴᠡᠯᠡᠨ ᠵᠠᠰᠠᠯᠳᠠ ᠪᠠᠷ ᠳᠠᠮᠵᠢᠨ᠂ ᠢᠳᠡᠭᠡᠨ ᠤᠮᠳᠠᠭᠠᠨ᠂ ᠴᠠᠷᠳᠠᠭᠤᠯ ᠵᠢᠴᠢ  ᠴᠠᠷᠳᠠᠭᠤᠯ ᠢᠶᠠᠷ ᠦᠢᠯᠡᠳᠦᠭᠰᠡᠨ ᠦᠢᠯᠡᠳᠭᠦᠨ ᠤ ᠰᠤᠭᠤᠴᠢᠨ ᠪᠠᠶᠢᠴᠠᠭᠠᠯᠳᠠ ᠶᠢᠨ ᠬᠢᠷᠢ ᠲᠡᠩᠴᠡᠬᠦ ᠨᠤᠷᠮ᠎ᠠ ᠳᠡᠭᠡᠷ᠎ᠠ  ᠵᠢᠯ ᠤᠨ ᠬᠢ ᠠᠴᠠ ᠳᠡᠭᠡᠭᠰᠢᠯᠡᠪᠡ︔ ᠬᠠᠤᠯᠢ ᠪᠤᠰᠤ ᠪᠠᠷ ᠬᠤᠯᠢᠭᠰᠠᠨ ᠢᠳᠡᠵᠤ ᠪᠤᠯᠬᠤ ᠦᠭᠡᠢ ᠪᠤᠳᠠᠰ ᠢ ᠪᠠᠶᠢᠴᠠᠭᠠᠨ  ᠭᠠᠷᠭᠠᠭᠰᠠᠨ ᠨᠤᠷᠮ᠎ᠠ 0.02% ᠪᠠᠶᠢᠪᠠ︔ ᠨᠢᠯᠬ᠎ᠠ ᠬᠡᠤᠬᠡᠳ ᠤᠨ ᠨᠠᠶᠢᠷᠠᠯᠭᠠᠳᠤ ᠰᠦᠨ ᠲᠠᠯᠬ᠎ᠠ ᠠᠴᠠ ᠳᠠᠷᠠᠭᠠᠯᠠᠨ  11 ᠵᠢᠯ ︽ᠭᠤᠷᠪᠠᠨ ᠪᠦᠭᠡᠭᠡᠨᠡᠷᠡᠯᠳᠤ ᠼᠢᠶᠠᠨᠳᠤ ᠠᠮᠢᠨ︾ ᠢ ᠪᠠᠶᠢᠴᠠᠭᠠᠵᠤ ᠭᠠᠷᠤᠭᠰᠠᠨ ᠦᠭᠡᠢ᠃          ᠰᠤᠭᠤᠴᠢᠨ ᠪᠠᠶᠢᠴᠠᠭᠠᠭᠰᠠᠨ ᠢᠳᠡᠭᠡᠨ ᠤ ᠲᠦᠷᠦᠯ ᠵᠦᠢᠯ ᠠᠴᠠ ᠦᠵᠡᠪᠡᠯ᠂ ᠬᠦᠢᠲᠡᠨ ᠤᠮᠳᠠᠭᠠᠨ ᠤ ᠬᠢᠷᠢ  ᠲᠡᠩᠴᠡᠬᠦ ᠦᠭᠡᠢ ᠨᠤᠷᠮ᠎ᠠ ᠨᠢ 6.1% ᠳᠤ ᠬᠦᠷᠴᠤ᠂ ᠳᠡᠭᠡᠷ᠎ᠠ ᠵᠢᠯ ᠤᠨ ᠬᠢ ᠠᠴᠠ ᠪᠠᠭᠤᠷᠠᠭᠰᠠᠨ ᠪᠤᠯᠪᠠᠴᠤ ᠮᠦᠨ  ᠨᠡᠯᠢᠶᠡᠳ ᠦᠨᠳᠦᠷ ᠲᠦᠪᠰᠢᠨ ᠳᠤ ᠤᠷᠤᠰᠢᠵᠤ᠂ ᠭᠤᠤᠯᠳᠠᠭᠤ ᠮᠢᠺᠷᠤᠪ ᠪᠤᠳᠠᠰ ᠤᠨ ᠪᠤᠬᠢᠷᠳᠤᠯ ᠤᠨ ᠠᠰᠠᠭᠤᠳᠠᠯ  ᠤᠷᠤᠰᠢᠨ᠎ᠠ︔ ᠪᠠᠶᠢᠴᠠᠭᠠᠬᠤ ᠲᠦᠷᠦᠯ ᠵᠦᠢᠯ ᠨᠢ ᠨᠡᠮᠡᠭᠳᠡᠭᠰᠡᠨ ᠠᠴᠠ ᠵᠦᠭᠡᠢ ᠶᠢᠨ ᠪᠠᠯ ᠤᠨ ᠪᠦᠲᠦᠭᠡᠭᠳᠡᠭᠦᠨ ᠤ ᠬᠢᠷᠢ  ᠲᠡᠩᠴᠡᠬᠦ ᠦᠭᠡᠢ ᠨᠤᠷᠮ᠎ᠠ ᠳᠡᠭᠡᠷ᠎ᠠ ᠵᠢᠯ ᠤᠨ ᠬᠢ ᠠᠴᠠ ᠳᠡᠭᠡᠭᠰᠢᠯᠡᠵᠤ᠂ ᠭᠤᠤᠯᠳᠠᠭᠤ ᠴᠠᠭᠠᠵᠠᠯᠠᠭᠰᠠᠨ ᠮᠠᠯ ᠤᠨ  ᠡᠮ ᠤᠨ ᠦᠯᠡᠳᠡᠭᠳᠡᠯ ᠪᠠ ᠮᠢᠺᠷᠤᠪ ᠪᠤᠳᠠᠰ ᠤᠨ ᠪᠤᠬᠢᠷᠳᠤᠯ ᠤᠨ ᠠᠰᠠᠭᠤᠳᠠᠯ ᠠᠴᠠ ᠪᠤᠯᠵᠠᠢ᠃ ᠢᠳᠡᠭᠡᠨ ᠢ  ᠰᠤᠭᠤᠴᠢᠨ ᠪᠠᠶᠢᠴᠠᠭᠠᠭᠰᠠᠨ ᠭᠤᠭᠴᠤᠭ᠎ᠠ ᠠᠴᠠ ᠦᠵᠡᠪᠡᠯ᠂ ᠰᠦᠯᠵᠢᠶᠡᠨ ᠠᠴᠠ ᠬᠤᠳᠠᠯᠳᠤᠨ ᠠᠪᠤᠭᠰᠠᠨ ᠢᠳᠡᠭᠡᠨ ᠤ  ᠬᠢᠷᠢ ᠲᠡᠩᠴᠡᠬᠦ ᠦᠭᠡᠢ ᠨᠤᠷᠮ᠎ᠠ 3.2% ᠲᠤ ᠬᠦᠷᠴᠤ᠂ ᠳᠡᠭᠡᠷ᠎ᠠ ᠵᠢᠯ ᠤᠨ ᠬᠢ ᠠᠴᠠ ᠳᠡᠭᠡᠭᠰᠢᠯᠡᠵᠤ᠂  ᠰᠦᠯᠵᠢᠶᠠᠨ ᠤ ᠲᠠᠪᠴᠠᠩ ᠳᠡᠭᠡᠷ᠎ᠠ ᠬᠤᠳᠠᠯᠳᠤᠵᠤ ᠪᠠᠶᠢᠭ᠎ᠠ ᠢᠳᠡᠭᠡᠨ ᠤ ᠬᠢᠨᠠᠯᠳᠠ ᠬᠠᠮᠢᠶᠠᠷᠤᠯᠳᠠ ᠶᠢ ᠤᠯᠠᠮ  ᠴᠢᠨᠠᠭᠰᠢᠳᠠ ᠴᠢᠩᠭᠠᠳᠬᠠᠬᠤ ᠬᠡᠷᠡᠭᠳᠠᠢ ᠭᠡᠳᠡᠭ ᠢ ᠳᠤᠰᠬᠠᠵᠤ ᠪᠠᠶᠢᠨ᠎ᠠ᠃ ᠮᠢᠺᠷᠤᠪ ᠪᠤᠳᠠᠰ ᠤᠨ ᠪᠤᠬᠢᠷᠳᠤᠯ᠂  ᠢᠳᠡᠭᠡᠨ ᠤ ᠨᠡᠮᠡᠯᠳᠡ ᠡᠳ᠋ ᠪᠠᠷᠢᠮᠵᠢᠶ᠎ᠠ ᠠᠴᠠ ᠬᠡᠳᠦᠷᠡᠬᠦ ᠪᠠ ᠲᠠᠷᠢᠶᠠᠨ ᠡᠮ ᠮᠠᠯ ᠤᠨ ᠡᠮ ᠤᠨ ᠦᠯᠡᠳᠡᠭᠳᠡᠯ  ᠪᠠᠷᠢᠮᠵᠢᠶ᠎ᠠ ᠠᠴᠠ ᠭᠡᠳᠦᠷᠡᠵᠤ ᠪᠠᠶᠢᠬᠤ ᠨᠢ ᠮᠦᠨ ᠬᠦ ᠤᠳᠤᠬᠠᠨ ᠤ ᠢᠳᠡᠭᠡᠨ ᠤ ᠠᠮᠤᠷ ᠲᠦᠪᠰᠢᠨ ᠳᠤ ᠲᠤᠯᠭᠠᠷᠠᠵᠤ  ᠪᠠᠶᠢᠭ᠎ᠠ ᠭᠤᠤᠯ ᠠᠰᠠᠭᠤᠳᠠᠯ ᠪᠤᠯᠤᠨ᠎ᠠ᠃          ᠰᠤᠭᠤᠴᠢᠨ ᠪᠠᠶᠢᠴᠠᠭᠠᠯᠳᠠ ᠳᠤ ᠬᠢᠷᠢ ᠲᠡᠩᠴᠡᠭᠰᠡᠨ ᠦᠭᠡᠢ ᠢᠳᠡᠭᠡᠨ ᠢ ᠲᠤᠬᠠᠢ ᠶᠢᠨ ᠭᠠᠵᠠᠷ ᠤᠷᠤᠨ ᠤ  ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠬᠠᠤᠯᠢ ᠶᠤᠰᠤᠭᠠᠷ ᠲᠤᠰ ᠪᠦᠯᠦᠭ  ᠪᠦᠲᠦᠭᠡᠭᠳᠡᠭᠦᠨ ᠢ ᠪᠢᠳᠡᠭᠦᠮᠵᠢᠯᠡᠨ ᠬᠠᠳᠠᠭᠠᠯᠠᠬᠤ᠂ ᠬᠤᠷᠢᠶᠠᠵᠤ ᠠᠪᠬᠤ᠂ ᠬᠠᠷᠭᠤᠭᠤᠯᠤᠨ ᠪᠠᠶᠢᠴᠠᠭᠠᠵᠤ  ᠰᠢᠢᠳᠪᠦᠷᠢᠯᠡᠬᠦ ᠵᠡᠷᠭᠡ ᠠᠷᠭ᠎ᠠ ᠬᠡᠮᠵᠢᠶ᠎ᠠ ᠠᠪᠴᠤ᠂ ᠢᠳᠡᠭᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢ  ᠰᠡᠷᠭᠡᠶᠢᠯᠡᠨ ᠡᠵᠡᠮᠳᠡᠬᠦ ᠪᠠ ᠠᠷᠢᠯᠭᠠᠬᠤ ᠪᠠᠷ ᠴᠢᠷᠮᠠᠶᠢᠵᠤ᠂ ᠡᠬᠢ ᠦᠨᠳᠦᠰᠦ ᠠᠴᠠ ᠨᠢ ᠬᠠᠮᠢᠶᠠᠷᠬᠤ ᠶᠢ  ᠴᠢᠩᠭᠠᠳᠬᠠᠵᠤ᠂ ᠴᠠᠭ ᠲᠤᠬᠠᠢ ᠳᠤᠨᠢ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠭᠳᠡᠨ ᠬᠢᠨᠠᠯᠳᠠ  ᠬᠠᠮᠢᠶᠠᠷᠤᠯᠳᠠ ᠶᠢᠨ ᠠᠷᠭ᠎ᠠ ᠬᠡᠮᠵᠢᠶ᠎ᠠ ᠶᠢ ᠴᠢᠩᠭᠠᠳᠬᠠᠵᠤ᠂ ᠬᠤᠯᠪᠤᠭᠠᠯᠠᠨ ᠰᠡᠷᠭᠡᠶᠢᠯᠡᠵᠤ ᠬᠤᠯᠪᠤᠭᠠᠯᠠᠨ ᠡᠵᠡᠮᠳᠡᠬᠦ  ᠠᠵᠢᠯ ᠦᠷᠨᠢᠭᠦᠯᠪᠡ᠃ 2019 ᠤᠨ ᠳᠤ᠂ ᠤᠯᠤᠰ ᠤᠨ ᠬᠢᠨᠠᠯᠳᠠ ᠬᠠᠮᠢᠶᠠᠷᠤᠯᠳᠠ ᠶᠢᠨ ᠰᠤᠭᠤᠴᠢᠨ  ᠪᠠᠶᠢᠴᠠᠭᠠᠯᠳᠠ ᠳᠤ ᠬᠢᠷᠢ ᠲᠡᠩᠴᠡᠭᠰᠡᠨ ᠦᠭᠡᠢ ᠢᠳᠡᠭᠡᠨ ᠳᠤ 5214 ᠬᠤᠪᠢ ᠵᠠᠰᠠᠭ ᠵᠠᠬᠢᠷᠭᠠᠨ ᠤ ᠰᠢᠢᠳᠭᠡᠯ  ᠦᠭᠴᠤ᠂ ᠨᠡᠶᠢᠳᠡ 1.6 ᠳ᠋ᠦᠩᠰᠢᠭᠤᠷ ᠲᠦᠭᠦᠷᠢᠭ ᠤᠨ ᠲᠤᠷᠭᠠᠭᠤᠯᠢ ᠦᠭᠭᠦᠭᠰᠡᠨ ᠪᠠᠶᠢᠨ᠎ᠠ᠃  
 
ᠢᠷᠡᠯᠲᠡ᠄ ᠰᠢᠡᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号