ᠠᠷᠠᠳ ᠤᠨ ᠶᠠᠪᠤᠳᠠᠯ ᠤᠨ ᠶᠠᠮᠤᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠢ ᠬᠦᠯᠢᠶᠠᠨ ᠠᠪᠬᠤ  ᠠᠵᠢᠯ ᠢᠶᠠᠨ ᠰᠡᠷᠬᠦᠬᠡᠪᠠ
ᠨᠡᠶᠢᠲᠡᠯᠡᠭᠰᠡᠨ ᠴᠠᠭ᠄
2020/6/16
    ᠠᠷᠠᠳ ᠤᠨ ᠶᠠᠪᠤᠳᠠᠯ ᠤᠨ ᠶᠠᠮᠤᠨ ᠤᠢᠢᠷ᠎ᠠ ᠶᠢᠨ ᠡᠳᠤᠷ ᠮᠡᠳᠡᠭᠡ ᠨᠡᠶᠢᠳᠠᠯᠠᠵᠤ᠂ ᠤᠯᠠᠨ ᠲᠦᠮᠡᠨ ᠤ ᠵᠠᠬᠢᠳᠠᠯ  ᠰᠤᠷᠪᠤᠯᠵᠢᠯᠠᠯ ᠢ ᠬᠦᠯᠢᠶᠠᠨ ᠠᠪᠬᠤ ᠠᠵᠢᠯ ᠢ ᠰᠠᠶᠢᠳᠤᠷ ᠬᠢᠬᠦ ᠶᠢᠨ ᠲᠦᠯᠤᠬᠡ᠂ ᠨᠠᠮ ᠤᠨ ᠲᠦᠪ ᠬᠤᠷᠢᠶᠠᠨ ᠤ  ᠰᠡᠷᠬᠡᠶᠢᠯᠡᠨ ᠡᠵᠡᠮᠳᠡᠬᠦ ᠠᠵᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠤᠯᠤᠨ ᠪᠡᠬᠡᠵᠢᠩ ᠬᠤᠳᠠ ᠶᠢᠨ  ᠬᠤᠯᠪᠤᠬᠳᠠᠯ ᠪᠦᠬᠦᠢ ᠰᠡᠷᠬᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠳᠠ ᠶᠢ ᠦᠨᠳᠤᠰᠤᠯᠠᠵᠤ᠂ 2020 ᠤᠨ ᠤ  6 ᠰᠠᠷ᠎ᠠ ᠶᠢᠨ 8 ᠠᠴᠠ ᠡᠬᠢᠯᠠᠵᠤ᠂ ᠠᠷᠠᠳ ᠤᠨ ᠶᠠᠪᠤᠳᠠᠯ ᠤᠨ ᠶᠠᠮᠤᠨ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠢ  ᠬᠦᠯᠢᠶᠠᠨ ᠠᠪᠬᠤ ᠠᠵᠢᠯ ᠢᠶᠠᠨ ᠰᠡᠷᠬᠦᠬᠡᠵᠤ᠂ ᠬᠦᠯᠢᠶᠠᠨ ᠠᠪᠬᠤ ᠭᠠᠵᠠᠷ ᠪᠤᠯᠤᠨ ᠴᠠᠬ ᠬᠤᠪᠢᠷᠠᠬᠤ ᠦᠬᠡᠢ᠃        ᠤᠳᠤᠬᠠᠨ ᠳᠤ ᠮᠦᠨ ᠬᠦ ᠰᠢᠨ᠎ᠠ ᠲᠢᠳᠢᠮᠯᠢᠭ ᠠᠭᠤᠰᠬᠢᠨ ᠦᠷᠪᠢᠰᠤᠯ ᠤᠨ ᠬᠢᠵᠢᠭ ᠤᠨ ᠪᠠᠶᠢᠳᠠᠯ ᠢ  ᠰᠡᠷᠬᠡᠶᠢᠯᠡᠨ ᠡᠵᠡᠮᠳᠡᠬᠦ ᠬᠤᠭᠤᠴᠠᠭᠠᠨ ᠳᠤ ᠪᠠᠶᠢᠬᠤ ᠲᠤᠯᠠ᠂ ᠵᠠᠪᠠᠯ ᠬᠦᠷᠬᠦ ᠴᠢᠬᠤᠯᠠ ᠦᠬᠡᠢ ᠶᠤᠮ ᠪᠤᠯ ᠤᠯᠠᠨ  ᠲᠦᠮᠡᠨ ᠲᠤᠤᠷᠠᠬᠢ 3 ᠵᠦᠢᠯ ᠤᠨ ᠠᠷᠭ᠎ᠠ ᠪᠠᠷ ᠬᠤᠪᠢ ᠬᠦᠮᠤᠨ ᠤ ᠠᠷᠠᠳ ᠤᠨ ᠶᠠᠪᠤᠳᠠᠯ ᠤᠨ ᠠᠵᠢᠯ ᠤᠨ ᠲᠤᠬᠠᠢ  ᠬᠦᠰᠡᠯ ᠱᠠᠭᠠᠷᠳᠠᠯᠭ᠎ᠠ ᠪᠠ ᠰᠠᠨᠠᠯ ᠰᠠᠨᠠᠭᠤᠯᠭ᠎ᠠ ᠪᠠᠨ ᠲᠤᠰᠬᠠᠬᠤ ᠶᠢ ᠠᠷᠠᠳ ᠤᠨ ᠶᠠᠪᠤᠳᠠᠯ ᠤᠨ ᠶᠠᠮᠤᠨ ᠠᠴᠠ  ᠰᠠᠨᠠᠭᠤᠯᠵᠤ ᠪᠠᠶᠢᠨ᠎ᠠ᠄        ᠨᠢᠬᠡ᠂ ᠵᠠᠬᠢᠳᠠᠯ ᠢᠯᠡᠭᠡᠨ᠎ᠠ᠃ ᠬᠤᠪᠢ ᠬᠦᠮᠤᠨ ᠰᠢᠤᠳᠠᠨ ᠤ ᠲᠤᠪᠴᠢᠶ᠎ᠠ ᠪᠠᠷ ᠵᠠᠬᠢᠳᠠᠯ ᠰᠤᠷᠪᠤᠯᠵᠢᠯᠠᠯ ᠤᠨ  ᠪᠢᠴᠢᠭ ᠮᠠᠲ᠋ᠧᠷᠢᠶᠠᠯ ᠢᠶᠠᠨ ᠠᠷᠠᠳ ᠤᠨ ᠶᠠᠪᠤᠳᠠᠯ ᠤᠨ ᠶᠠᠮᠤᠨ ᠳᠤ ᠢᠯᠡᠭᠡᠵᠦ ᠪᠤᠯᠤᠨ᠎ᠠ᠂ ᠬᠠᠶ᠋ᠢᠬ ᠨᠢ᠄ ᠪᠡᠬᠡᠵᠢᠩ  ᠬᠤᠳᠠ ᠶᠢᠨ ᠳ᠋ᠦᠩ ᠴᠧᠩ ᠲᠤᠭᠤᠷᠢᠬ ᠤᠨ ᠪᠸᠢ ᠡᡁᠧ ᠶᠠᠨ ᠶᠡᠭᠡ ᠵᠡᠬᠡᠯᠢ ᠶᠢᠨ 147 ᠳ᠋ᠤᠭᠠᠷ ᠨᠤᠮᠧᠷ᠂ ᠰᠢᠤᠳᠠᠨ  ᠨᠤᠮᠧᠷ ᠨᠢ 100721 ᠪᠤᠯᠤᠨ᠎ᠠ᠃          ᠬᠤᠶᠠᠷ᠂ ᠠᠷᠠᠳ ᠤᠨ ᠶᠠᠪᠤᠳᠠᠯ ᠤᠨ ᠶᠠᠮᠤᠨ ᠤ ᠰᠦᠯᠵᠢᠶᠠᠨ ᠲᠡᠭᠡᠷᠡᠬᠢ ᠵᠠᠬᠢᠳᠠᠯ ᠰᠤᠷᠪᠤᠯᠵᠢᠯᠠᠯ ᠤᠨ  ᠲᠠᠪᠴᠠᠩ ᠢᠶᠠᠷ ᠳᠡᠪᠰᠢᠭᠦᠯᠦᠨ᠎ᠠ᠃ ᠬᠤᠪᠢ ᠬᠦᠮᠤᠨ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠤ ᠰᠦᠯᠵᠢᠶᠠᠨ ︵ htt᠄ ∕∕www. mca. gov. cn∕︶ ᠳᠤ ᠭᠠᠷᠴᠤ᠂ ᠰᠦᠯᠵᠢᠶᠠᠨ ᠳᠡᠭᠡᠷᠡᠬᠢ ᠵᠠᠬᠢᠳᠠᠯ  ᠰᠤᠷᠪᠤᠯᠵᠢᠯᠠᠯ ᠤᠨ ᠲᠠᠪᠴᠠᠩ ᠢᠶᠠᠷ ᠳᠠᠮᠵᠢᠨ ᠬᠤᠪᠢ ᠬᠦᠮᠤᠨ ᠤ ᠬᠦᠰᠡᠯ ᠱᠠᠭᠠᠷᠳᠠᠯᠭ᠎ᠠ ᠪᠤᠯᠤᠨ ᠰᠠᠨᠠᠯ  ᠰᠠᠨᠠᠭᠤᠯᠭ᠎ᠠ ᠪᠠᠨ ᠲᠤᠰᠬᠠᠵᠤ ᠪᠤᠯᠤᠨ᠎ᠠ᠃      ᠭᠤᠷᠪᠠ᠂ ᠤᠳᠠᠰᠤ ᠪᠠᠷ ᠲᠤᠰᠬᠠᠨ᠎ᠠ᠃ ᠬᠤᠪᠢ ᠬᠦᠮᠤᠨ ᠠᠷᠠᠳ ᠤᠨ ᠶᠠᠪᠤᠳᠠᠯ ᠤᠨ ᠶᠠᠮᠤᠨ ᠤ ᠵᠠᠬᠢᠳᠠᠯ  ᠰᠤᠷᠪᠤᠯᠵᠢᠯᠠᠯ ᠠᠰᠠᠭᠤᠨ ᠯᠠᠪᠯᠠᠬᠤ ᠤᠳᠠᠰᠤ ︵010 ᠊᠊᠊᠊᠊ 58123444︶ ᠪᠠᠷ ᠳᠠᠮᠵᠢᠨ ᠬᠤᠯᠪᠤᠬᠳᠠᠯ ᠪᠦᠬᠦᠢ  ᠠᠰᠠᠭᠤᠳᠠᠯ ᠢ ᠠᠰᠠᠭᠤᠨ ᠯᠠᠪᠯᠠᠵᠤ᠂ ᠬᠤᠪᠢ ᠬᠦᠮᠤᠨ ᠤ ᠬᠦᠰᠡᠯ ᠱᠠᠭᠠᠷᠳᠠᠯᠭ᠎ᠠ ᠪᠤᠯᠤᠨ ᠰᠠᠨᠠᠯ ᠰᠠᠨᠠᠭᠤᠯᠭ᠎ᠠ ᠪᠠᠨ  ᠲᠤᠰᠬᠠᠵᠤ ᠪᠤᠯᠤᠨ᠎ᠠ᠃  
 
ᠢᠷᠡᠯᠲᠡ᠄ ᠰᠢᠡᠬᠤᠸᠠ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号