| ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠲᠦᠷᠦᠭᠦᠬᠡᠨ ︽ᠠᠩᠬᠠᠳᠤᠭᠠᠷ ᠤᠳᠠᠭᠠᠨ ᠤ | ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ | ᠪᠠᠶᠢᠴᠠᠭᠠᠯᠲᠠ ᠬᠢᠬᠦ ᠲᠤᠬᠠᠢ ᠮᠡᠳᠡᠭᠳᠡᠯ︾ ︵ᠳᠤᠷᠤᠬᠰᠢ ︽ᠮᠡᠳᠡᠭᠳᠡᠯ︾ ᠭᠡᠵᠦ ᠳᠦᠭᠦᠮᠴᠢᠯᠡᠨ᠎ᠠ︶ ᠢ ᠲᠠᠷᠤᠮᠠᠯᠯᠠᠨ | ᠲᠠᠷᠬᠠᠭᠠᠪᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠤᠰᠤᠭᠠᠷ᠂ ᠮᠠᠨ ᠤ ᠤᠯᠤᠰ ᠤᠨ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ | ᠭᠡᠮ ᠤᠨ ᠪᠠᠶᠢᠳᠠᠯ ᠢ ᠪᠦᠬᠦ ᠲᠠᠯ᠎ᠠ ᠪᠠᠷ ᠡᠵᠡᠮᠳᠡᠵᠦ᠂ ᠪᠦᠬᠦ ᠨᠡᠶᠢᠭᠡᠮ ᠤᠨ ᠪᠠᠶᠢᠭᠠᠯᠢ ᠶᠢᠨ ᠭᠠᠮᠰᠢᠭ ᠢ ᠡᠰᠡᠷᠭᠦᠴᠡᠬᠦ | ᠶᠡᠷᠦᠩᠬᠡᠶᠢᠯᠡᠭᠰᠡᠨ ᠰᠡᠷᠭᠡᠶᠢᠯᠡᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠦᠯᠦᠭᠡ᠂ ᠲᠦᠷᠦ ᠶᠢᠨ ᠶᠠᠪᠤᠳᠠᠯ ᠤᠨ | ᠬᠤᠷᠢᠶᠠᠨ ᠤ ᠵᠦᠪᠰᠢᠶᠡᠷᠡᠯ ᠢᠶᠠᠷ᠂ 2020 ᠤᠨ ᠠᠴᠠ 2022 ᠪᠤᠯᠲᠠᠯ᠎ᠠ ᠠᠩᠬᠠᠳᠤᠭᠠᠷ ᠤᠳᠠᠭᠠᠨ ᠤ ᠪᠦᠬᠦ | ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ | ᠬᠢᠬᠦ ᠪᠠᠷ ᠪᠤᠢ᠃ | ︽ᠮᠡᠳᠡᠭᠳᠡᠯ︾ ᠳᠤ᠂ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠪᠤᠯ ᠤᠯᠤᠰ ᠤᠨ ᠪᠠᠶᠢᠳᠠᠯ ᠪᠠ ᠤᠯᠤᠰ ᠤᠨ ᠬᠦᠴᠦᠨ ᠤ ᠲᠤᠬᠠᠢ | ᠴᠢᠬᠤᠯᠠ ᠶᠡᠭᠡ ᠪᠠᠶᠢᠴᠠᠭᠠᠯᠲᠠ ᠪᠠᠶᠢᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ | ᠳᠡᠭᠡᠭᠰᠢᠯᠡᠭᠦᠯᠬᠦ ᠦᠨᠳᠦᠰᠦᠨ ᠠᠵᠢᠯ ᠪᠤᠯᠤᠨ᠎ᠠ᠃ ᠨᠡᠶᠢᠳᠡᠮ ᠪᠠᠶᠢᠴᠠᠭᠠᠯᠲᠠ ᠬᠢᠬᠦ ᠪᠠᠷ ᠳᠠᠮᠵᠢᠨ᠂ ᠪᠦᠬᠦ ᠤᠯᠤᠰ ᠤᠨ | ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠳᠠᠯᠳᠠ ᠭᠡᠮ ᠤᠨ ᠪᠠᠶᠢᠳᠠᠯ ᠢ ᠲᠤᠳᠤᠷᠬᠠᠢ ᠤᠢᠢᠯᠠᠭᠠᠵᠤ᠂ | ᠭᠤᠤᠯᠳᠠᠯᠭᠠᠲᠤ ᠭᠠᠵᠠᠷ ᠤᠷᠤᠨ ᠤ ᠭᠠᠮᠰᠢᠭ ᠢ ᠡᠰᠡᠷᠭᠦᠴᠡᠬᠦ ᠴᠢᠳᠠᠪᠤᠷᠢ ᠶᠢ ᠪᠠᠶᠢᠴᠠᠭᠠᠨ ᠮᠡᠳᠡᠵᠦ᠂ ᠪᠦᠬᠦ ᠤᠯᠤᠰ | ᠪᠤᠯᠤᠨ ᠡᠯ᠎ᠠ ᠭᠠᠵᠠᠷ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠲᠦᠪᠰᠢᠨ ᠢ | ᠪᠤᠰᠤᠳᠴᠢ ᠪᠠᠷ ᠲᠠᠨᠢᠵᠤ᠂ ᠲᠦᠪ ᠪᠠ ᠤᠷᠤᠨ ᠨᠤᠲᠤᠭ ᠤᠨ ᠡᠯ᠎ᠠ ᠱᠠᠲᠤᠨ ᠤ ᠵᠠᠰᠠᠭ ᠤᠨ ᠤᠷᠳᠤᠨ ᠤ | ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠠᠵᠢᠯ ᠢ ᠪᠦᠲᠦᠮᠵᠢᠲᠠᠢ ᠦᠷᠨᠢᠭᠦᠯᠬᠦ᠂ ᠠᠵᠤ ᠠᠬᠤᠢ ᠨᠡᠶᠢᠭᠡᠮ ᠤᠨ | ᠦᠷᠬᠦᠯᠵᠢᠯᠡᠬᠦ ᠬᠦᠭᠵᠢᠯᠳᠡ ᠶᠢ ᠦᠨᠡᠨ ᠬᠦ ᠪᠠᠲᠤᠯᠠᠬᠤ ᠳᠤ ᠭᠠᠮᠰᠢᠭ ᠤᠨ ᠠᠶᠤᠯ ᠲᠦᠭᠰᠢᠭᠦᠷᠢ ᠶᠢᠨ ᠡᠷᠬᠡ ᠰᠦᠷᠲᠦ | ᠮᠡᠳᠡᠭᠡ ᠵᠠᠩᠬᠢ ᠪᠤᠯᠤᠨ ᠰᠢᠨᠵᠢᠯᠡᠬᠦ ᠤᠬᠠᠭᠠᠨᠴᠢ ᠰᠢᠢᠳᠪᠦᠷᠢᠲᠦ ᠪᠤᠳᠤᠯᠭ᠎ᠠ ᠲᠤᠬᠲᠠᠭᠠᠬᠤ ᠦᠨᠳᠦᠰᠦᠯᠡᠯ ᠬᠠᠩᠭᠠᠨ᠎ᠠ | ᠭᠡᠵᠦ ᠵᠢᠭᠠᠵᠤ ᠭᠠᠷᠭᠠᠪᠠ᠃ | ︽ᠮᠡᠳᠡᠭᠳᠡᠯ︾ ᠳᠤ᠂ ᠨᠡᠶᠢᠳᠡᠮ ᠪᠠᠶᠢᠴᠠᠭᠠᠯᠳᠠ ᠳᠤ ᠬᠤᠯᠪᠤᠭᠳᠠᠬᠤ ᠡᠳᠡᠭᠡᠳ ᠲᠤ ᠪᠠᠶᠢᠭᠠᠯᠢ ᠶᠢᠨ ᠭᠠᠢ | ᠭᠠᠮᠰᠢᠬ ᠯᠤᠭ᠎ᠠ ᠬᠤᠯᠪᠤᠭᠳᠠᠬᠤ ᠪᠠᠶᠢᠭᠠᠯᠢ ᠪᠤᠯᠤᠨ ᠰᠤᠶᠤᠯ ᠢᠷᠬᠡᠨᠰᠢᠯ ᠭᠠᠵᠠᠷ ᠵᠦᠢ ᠶᠢᠨ ᠴᠢᠬᠤᠯᠠ ᠡᠯᠧᠮᠧᠨ᠋ᠲ ᠤᠳ | ᠂ ᠮᠤᠵᠢ᠂ ᠬᠤᠳᠠ᠂ ᠰᠢᠶᠠᠨ ᠤ ᠡᠯ᠎ᠠ ᠱᠠᠳᠤᠨ ᠤ ᠠᠷᠠᠳ ᠤᠨ ᠵᠠᠰᠠᠬ ᠤᠨ ᠤᠷᠳᠤᠨ ᠵᠢᠴᠢ ᠬᠤᠯᠪᠤᠬᠳᠠᠯ ᠪᠦᠬᠦᠢ | ᠰᠠᠯᠠᠭ᠎ᠠ ᠮᠦᠴᠢᠷ᠂ ᠰᠢᠶᠠᠩ ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠪᠤᠯᠤᠨ ᠵᠡᠬᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ᠂ ᠳᠤᠰᠬᠤᠨ ᠤ ᠠᠷᠠᠳ ᠤᠨ ᠵᠦᠪᠯᠡᠯ ᠪᠤᠯᠤᠨ ᠰᠠᠭᠤᠭᠠᠯᠢ ᠠᠷᠠᠳ ᠤᠨ ᠵᠦᠪᠯᠡᠯ᠂ | ᠭᠤᠤᠯᠳᠠᠯᠭ᠎ᠠ ᠲᠠᠢ ᠠᠵᠦ ᠠᠬᠤᠢᠢᠯᠡᠯ ᠠᠵᠢᠯ ᠦᠢᠯᠡᠰ ᠤᠨ ᠨᠢᠬᠡᠴᠢ ᠪᠤᠯᠤᠨ ᠨᠡᠶᠢᠭᠡᠮ ᠤᠨ ᠵᠤᠬᠢᠶᠠᠨ ᠪᠠᠶᠢᠭᠤᠯᠤᠯᠳᠠ᠂ | ᠬᠡᠰᠡᠭ ᠰᠠᠭᠤᠭᠠᠯᠢ ᠠᠷᠠᠳ ᠵᠡᠷᠬᠡ ᠪᠠᠭᠳᠠᠨ᠎ᠠ᠃ ᠨᠡᠶᠢᠳᠡᠮ ᠪᠠᠶᠢᠴᠠᠭᠠᠯᠳᠠ ᠳᠤ ᠬᠤᠯᠪᠤᠬᠳᠠᠬᠤ ᠪᠠᠶᠢᠭᠠᠯᠢ ᠶᠢᠨ ᠭᠠᠢ | ᠭᠠᠮᠰᠢᠬ ᠤᠨ ᠳᠦᠷᠦᠯ ᠵᠦᠢᠯ ᠳᠤ ᠭᠤᠤᠯᠳᠠᠭᠤ ᠭᠠᠵᠠᠷ ᠬᠦᠳᠡᠯᠤᠯᠳᠠ ᠶᠢᠨ ᠭᠠᠢ ᠭᠠᠮᠰᠢᠬ᠂ ᠭᠠᠵᠠᠷ ᠵᠦᠢ ᠶᠢᠨ ᠭᠠᠢ | ᠭᠠᠮᠰᠢᠬ᠂ ᠠᠭᠤᠷ ᠠᠮᠢᠰᠬᠤᠯ ᠤᠨ ᠭᠠᠢ ᠭᠠᠮᠰᠢᠬ᠂ ᠦᠶᠡᠷ ᠤᠰᠤᠳᠤᠯ ᠭᠠᠩ ᠬᠠᠭᠰᠠᠷᠠᠭᠠᠨ ᠤ ᠭᠠᠢ ᠭᠠᠮᠰᠢᠬ᠂ | ᠳᠠᠯᠠᠢ ᠳᠠᠩᠬᠢᠰ ᠤᠨ ᠭᠠᠢ ᠭᠠᠮᠰᠢᠬ᠂ ᠤᠢ ᠰᠢᠭᠤᠢ ᠪᠤᠯᠤᠨ ᠳᠠᠯ᠎ᠠ ᠨᠤᠳᠤᠬ ᠤᠨ ᠳᠦᠢᠮᠡᠷ ᠤᠨ ᠭᠠᠢ ᠭᠠᠮᠰᠢᠬ ᠵᠡᠷᠬᠡ | ᠪᠤᠢ᠃ ᠨᠡᠶᠢᠳᠡᠮ ᠪᠠᠶᠢᠴᠠᠭᠠᠯᠳᠠ ᠶᠢᠨ ᠠᠭᠤᠯᠭ᠎ᠠ ᠳᠤ ᠭᠤᠤᠯᠳᠠᠭᠤ ᠪᠠᠶᠢᠭᠠᠯᠢ ᠶᠢᠨ ᠭᠠᠢ ᠭᠠᠮᠰᠢᠬ ᠤᠨ ᠡᠭᠦᠰᠬᠦ | ᠰᠢᠯᠳᠠᠭᠠᠨ ᠤ ᠪᠠᠶᠢᠴᠠᠭᠠᠯᠳᠠ ᠪᠡ ᠦᠨᠡᠯᠡᠯᠳᠠ᠂ ᠬᠦᠮᠦᠨ ᠠᠮᠠ᠂ ᠬᠡᠷ ᠪᠠᠶᠢᠰᠢᠩ᠂ ᠰᠠᠭᠤᠷᠢ ᠳᠦᠬᠦᠬᠡᠷᠦᠮᠵᠢ᠂ | ᠤᠯᠠᠨ ᠨᠡᠶᠢᠳᠡ ᠶᠢᠨ ᠦᠢᠯᠡᠴᠢᠯᠡᠬᠡᠨ ᠤ ᠰᠢᠰᠲ᠋ᠧᠮ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ᠂ ᠡᠬᠢ | ᠪᠠᠶᠠᠯᠢᠬ ᠪᠠ ᠤᠷᠴᠢᠨ ᠳᠤᠭᠤᠷᠢᠨ ᠵᠡᠷᠬᠡ ᠭᠠᠮᠰᠢᠭ ᠢ ᠠᠴᠢᠶᠠᠯᠠᠬᠤ ᠴᠤᠬᠴᠠ ᠶᠢᠨ ᠪᠠᠶᠢᠴᠠᠭᠠᠯᠳᠠ ᠪᠡ ᠦᠨᠡᠯᠡᠯᠳᠡ᠂ | ᠲᠡᠦᠬᠡᠨ ᠭᠠᠮᠰᠢᠭ ᠤᠨ ᠪᠠᠶᠢᠴᠠᠭᠠᠯᠳᠠ ᠪᠡ ᠦᠨᠡᠯᠡᠯᠳᠡ᠂ ᠶᠡᠷᠦᠩᠬᠡᠶᠢᠯᠡᠭᠰᠡᠨ ᠭᠠᠮᠰᠢᠭ ᠢ ᠪᠠᠭᠠᠰᠬᠠᠬᠤ ᠡᠬᠢ ᠪᠠᠶᠠᠯᠢᠭ | ︵ ᠴᠢᠳᠠᠪᠤᠷᠢ︶ ᠤᠨ ᠪᠠᠶᠢᠴᠠᠭᠠᠯᠳᠠ ᠪᠡ ᠦᠨᠡᠯᠡᠯᠳᠡ᠂ ᠭᠤᠤᠯ ᠪᠤᠯᠬᠤ ᠳᠠᠯᠳᠠ ᠭᠡᠮ ᠤᠨ ᠪᠠᠶᠢᠴᠠᠭᠠᠯᠳᠠ ᠪᠡ | ᠦᠨᠡᠯᠡᠯᠳᠡ ᠂ ᠭᠤᠤᠯ ᠪᠤᠯᠬᠤ ᠭᠠᠢ ᠭᠠᠮᠰᠢᠬ ᠠᠶᠤᠯ ᠳᠦᠭᠰᠢᠬᠦᠷᠢ ᠶᠢᠨ ᠦᠨᠡᠯᠡᠯᠳᠡ ᠪᠡ ᠬᠤᠪᠢᠶᠠᠷᠢᠯᠠᠯ ᠵᠢᠴᠢ ᠭᠠᠢ | ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠦᠨᠡᠯᠡᠯᠳᠡ ᠪᠠ ᠬᠤᠪᠢᠶᠠᠷᠢᠯᠠᠯ ᠵᠡᠷᠭᠡ ᠪᠤᠢ᠃ ᠨᠡᠶᠢᠳᠡᠮ | ᠪᠠᠶᠢᠴᠠᠭᠠᠯᠳᠡ ᠬᠢᠬᠦ ᠪᠠᠷᠢᠮᠵᠢᠶ᠎ᠠ ᠴᠠᠬ ᠨᠢ 2020 ᠤᠨ ᠤ 12 ᠰᠠᠷ᠎ᠠ ᠶᠢᠨ 31 ᠬᠡᠵᠦ ᠵᠢᠭᠠᠵᠦ ᠭᠠᠷᠭᠠᠪᠠ᠃ | | ︽ᠮᠡᠳᠡᠭᠳᠡᠯ︾ ᠳᠤ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠨ ᠬᠢᠨ ︽ᠪᠦᠬᠦ ᠤᠯᠤᠰ ᠠᠴᠠ | ᠨᠢᠬᠡᠳᠦᠯᠳᠡᠢ ᠤᠳᠤᠷᠢᠳᠬᠤ᠂ ᠰᠠᠯᠠᠭ᠎ᠠ ᠮᠦᠴᠢᠷ ᠤᠨ ᠬᠢᠨ ᠠᠵᠢᠯ ᠬᠤᠪᠢᠶᠠᠷᠢᠯᠡᠨ ᠬᠠᠮᠵᠢᠯᠴᠠᠬᠤ᠂ ᠤᠷᠤᠨ | ᠨᠤᠳᠤᠬ ᠤᠨ ᠬᠢᠨ ᠱᠠᠳᠤ ᠬᠤᠪᠢᠶᠠᠨ ᠬᠠᠷᠢᠭᠤᠴᠠᠬᠤ᠂ ᠡᠯ᠎ᠠ ᠳᠠᠯ᠎ᠠ ᠶᠢᠨ ᠬᠢᠨ ᠬᠠᠮᠳᠤ ᠪᠠᠷ ᠤᠷᠤᠯᠴᠠᠬᠤ︾ ᠵᠠᠷᠴᠢᠮ | ᠶᠤᠰᠤᠭᠠᠷ᠂ ᠨᠡᠶᠢᠳᠡᠮ ᠪᠠᠶᠢᠴᠠᠭᠠᠯᠳᠡ ᠶᠢ ᠵᠤᠬᠢᠶᠠᠨ ᠪᠠᠶᠢᠭᠤᠯᠤᠨ ᠬᠡᠷᠡᠭᠵᠢᠬᠦᠯᠬᠦ ᠠᠵᠢᠯ ᠢ ᠰᠠᠶᠢᠳᠤᠷ ᠬᠢᠬᠦ ᠬᠡᠷᠡᠭᠳᠡᠢ᠃ | ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ ᠶᠢᠨ ᠲᠦᠯᠦᠭᠡ᠂ ᠲᠥᠷᠥ ᠶᠢᠨ ᠶᠠᠪᠤᠳᠠᠯ ᠤᠨ | ᠬᠤᠷᠢᠶᠠᠨ ᠤ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ | ᠲᠦᠭᠰᠢᠭᠦᠷᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠨᠡᠶᠢᠳᠡᠮ | ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠠᠪᠤᠴᠠ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ | ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠬᠢᠨ ᠲᠤᠬᠢᠷᠠᠯᠴᠠᠭᠰᠠᠨ ᠨᠡᠶᠢᠳᠡᠮ | ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠪᠠᠶᠢᠭᠤᠯᠵᠤ᠂ ᠲᠣᠰ ᠭᠠᠵᠠᠷ ᠣᠷᠣᠨ ᠤ ᠪᠠᠨ | ᠨᠡᠶᠢᠳᠡᠮ ᠪᠠᠶᠢᠴᠠᠭᠠᠯᠲᠠ ᠶᠢᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠵᠠᠷᠤᠳᠠᠯ ᠢ ᠣᠷᠣᠨ ᠨᠤᠲᠤᠭ ᠤᠨ ᠬᠢᠨ ᠪᠠᠳᠤᠯᠠᠬᠤ ᠪᠠᠷ ᠭᠤᠣᠯ ᠪᠣᠯᠭᠠᠵᠤ᠂ ᠲᠥᠪ ᠠᠴᠠ ᠲᠥᠪ ᠤᠨ | ᠱᠠᠲᠤᠨ ᠤ ᠪᠠᠨ ᠬᠠᠮᠢᠶ᠎ᠠ ᠪᠦᠬᠦᠢ ᠵᠠᠷᠤᠯᠭ᠎ᠠ ᠪᠣᠯᠤᠨ ᠲᠥᠪ ᠤᠨ ᠰᠠᠯᠠᠭ᠎ᠠ ᠮᠥᠴᠢᠷ ᠤᠨ ᠡᠭᠦᠷᠭᠡᠯᠡᠵᠦ ᠪᠠᠶᠢᠭ᠎ᠠ ᠮᠤᠵᠢ | ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠠᠯᠤᠰᠯᠠᠭᠰᠠᠨ ᠨᠡᠶᠢᠳᠡᠮ ᠪᠠᠶᠢᠴᠠᠭᠠᠯᠲᠠ ᠶᠢᠨ | ᠠᠵᠢᠯ ᠤᠨ ᠬᠠᠮᠢᠶ᠎ᠠ ᠪᠦᠬᠦᠢ ᠵᠠᠷᠤᠯᠭ᠎ᠠ ᠶᠢ ᠬᠠᠷᠢᠭᠤᠴᠠᠬᠤ ᠶᠢᠨ ᠬᠠᠮᠲᠤ ᠡᠳ᠋ ᠤᠨ ᠵᠠᠰᠠᠭ ᠠᠴᠠ ᠲᠤᠰᠬᠠᠢ ᠵᠦᠢᠯ ᠢᠶᠠᠷ | ᠰᠢᠯᠵᠢᠭᠦᠯᠦᠨ ᠦᠭᠬᠦ ᠪᠠᠷ ᠳᠠᠮᠵᠢᠭᠤᠯᠤᠨ ᠣᠷᠣᠨ ᠨᠤᠲᠤᠭ ᠲᠤ ᠵᠣᠬᠢᠬᠤ ᠨᠥᠬᠦᠪᠥᠷᠢ ᠤᠯᠭᠤᠨ᠎ᠠ ᠭᠡᠵᠦ | ᠴᠢᠬᠤᠯᠠᠴᠢᠯᠠᠪᠠ᠃ | ︽ᠮᠡᠳᠡᠭᠳᠡᠯ︾ ᠳᠤ᠂ ᠨᠡᠶᠢᠳᠡᠮ ᠪᠠᠶᠢᠴᠠᠭᠠᠯᠲᠠ ᠳᠤ ᠤᠷᠤᠯᠴᠠᠬᠤ ᠠᠵᠢᠯᠲᠠᠨ ᠪᠣᠯᠤᠨ ᠪᠠᠶᠢᠴᠠᠭᠠᠭᠳᠠᠬᠤ | ᠡᠲᠡᠭᠡᠳ ᠡᠷᠬᠡᠪᠰᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ | ᠶᠢᠨ ᠬᠤᠯᠪᠣᠭᠳᠠᠯ ᠪᠦᠬᠦᠢ ᠲᠣᠭᠲᠠᠭᠠᠯ ᠪᠣᠯᠤᠨ ᠲᠤᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠪᠣᠳᠠᠲᠠᠶ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠪᠠᠶᠢᠳᠠᠯ ᠢ ᠦᠨᠡᠨ ᠪᠣᠳᠠᠲᠠᠶ ᠪᠠᠷ ᠲᠤᠰᠬᠠᠵᠤ᠂ ᠬᠤᠯᠪᠣᠭᠳᠠᠯ ᠪᠦᠬᠦᠢ ᠲᠤᠭ᠎ᠠ | ᠪᠠᠷᠢᠮᠲᠠ ᠶᠢ ᠬᠠᠩᠭᠠᠬᠤ ᠬᠡᠷᠡᠭᠲᠡᠢ᠃ ᠶᠠᠮᠠᠷᠪᠠ ᠭᠠᠵᠠᠷ ᠣᠷᠣᠨ᠂ ᠰᠠᠯᠠᠭ᠎ᠠ ᠮᠥᠴᠢᠷ᠂ ᠪᠠᠶᠢᠭᠤᠯᠭ᠎ᠠ ᠨᠢᠭᠡᠴᠢ ᠪᠣᠯᠤᠨ | ᠬᠤᠪᠢ ᠬᠥᠮᠦᠨ ᠬᠤᠳᠠᠯ ᠢᠶᠠᠷ ᠮᠡᠳᠡᠭᠦᠯᠵᠤ᠂ ᠳᠠᠷᠤᠭᠠᠳ ᠮᠡᠳᠡᠭᠦᠯᠬᠦ ᠦᠭᠡᠢ᠂ ᠮᠡᠳᠡᠭᠦᠯᠬᠦ ᠶᠢ ᠲᠡᠪᠴᠢᠵᠤ᠂ | ᠤᠳᠠᠭᠠᠰᠢᠷᠠᠭᠤᠯᠤᠨ ᠮᠡᠳᠡᠭᠦᠯᠵᠦ ᠪᠣᠯᠬᠤ ᠦᠭᠡᠢ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠬᠠᠭᠤᠷᠮᠠᠭᠯᠠᠨ | ᠵᠣᠬᠢᠶᠠᠵᠤ᠂ ᠬᠤᠪᠢᠷᠠᠭᠤᠯᠵᠤ ᠪᠣᠯᠬᠤ ᠦᠭᠡᠢ᠃ ᠡᠯ᠎ᠡ ᠱᠠᠲᠤᠨ ᠤ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠵᠢᠴᠢ | ᠠᠵᠢᠯᠲᠠᠨ ᠨᠢᠭᠤᠴᠠ ᠳᠤ ᠬᠤᠯᠪᠣᠭᠳᠠᠭᠰᠠᠨ ᠮᠠᠲ᠋ᠧᠷᠢᠶᠠᠯ ᠪᠣᠯᠤᠨ ᠲᠤᠭ᠎ᠠ ᠪᠠᠷᠢᠮᠲᠠ ᠶᠢᠨ ᠨᠢᠭᠤᠴᠠ ᠶᠢ ᠬᠠᠮᠠᠭᠠᠯᠠᠬᠤ | ᠡᠭᠦᠷᠭᠡ ᠶᠢ ᠡᠷᠬᠡᠪᠰᠢ ᠴᠢᠩᠭ᠎ᠠ ᠭᠦᠶ᠋ᠴᠡᠳᠬᠡᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠡᠶᠢᠳᠡᠮ | ᠪᠠᠶᠢᠴᠠᠭᠠᠯᠲᠠ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠪᠠ ᠱᠠᠭᠠᠷᠳᠠᠯᠭ᠎ᠠ ᠶᠢ ᠥᠷᠭᠡᠨ ᠳᠡᠯᠭᠡᠷ ᠭᠦᠨ | ᠭᠦᠨᠵᠡᠭᠡᠶ ᠤᠬᠠᠭᠤᠯᠵᠤ᠂ ᠨᠡᠶᠢᠳᠡᠮ ᠪᠠᠶᠢᠴᠠᠭᠠᠯᠲᠠ ᠬᠢᠬᠦ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ | ᠲᠣᠭᠤᠷᠢᠨ ᠢ ᠪᠤᠢ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃ | | | | | |