| | ᠤᠯᠤᠰ ᠤᠨ ᠳᠣᠲᠣᠭᠠᠳᠤ ᠶᠢᠨ ᠵᠠᠷᠢᠮ ᠭᠠᠵᠠᠷ ᠣᠷᠣᠨ ᠳᠤ ᠲᠡᠬᠢᠨ ᠬᠢᠵᠢᠭ ᠲᠡᠯᠭᠡᠷᠡᠵᠤ ᠪᠠᠶᠢᠭ᠎ᠠ ᠪᠠᠶᠢᠳᠠᠯ ᠢ | ᠦᠨᠳᠦᠰᠦᠯᠡᠨ᠂ ︽ᠭᠠᠳᠠᠭᠠᠳᠤ ᠠᠴᠠ ᠤᠷᠣᠬᠤ ᠶᠢ ᠰᠡᠷᠭᠡᠶᠢᠯᠡᠬᠦ᠂ ᠳᠣᠲᠣᠭᠠᠳᠤ ᠳᠠᠭᠠᠨ ᠲᠡᠬᠢᠨ ᠬᠠᠯᠳᠠᠪᠤᠷᠢᠯᠠᠬᠤ ᠶᠢ | ᠰᠡᠷᠭᠡᠶᠢᠯᠡᠬᠦ︾ ᠬᠠᠮᠢᠶᠠᠷᠤᠯᠲᠠ ᠶᠢᠨ ᠠᠷᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠮᠠᠨ ᠤ ᠬᠤᠲᠠ ᠶᠢᠨ | ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨᠦᠷᠭᠦᠯᠵᠢᠯᠡᠨ ᠰᠠᠶᠢᠵᠢᠷᠠᠵᠤ ᠪᠠᠶᠢᠭ᠎ᠠ | ᠪᠠᠶᠢᠳᠠᠯ ᠢ ᠪᠠᠬᠢᠵᠢᠭᠦᠯᠬᠦ ᠶᠢᠨ ᠲᠦᠯᠤᠭᠡ᠂ ᠣᠳᠣ ᠬᠠᠮᠢᠶ᠎ᠠ ᠪᠦᠬᠦᠢ ᠤᠴᠢᠷ ᠶᠠᠪᠤᠳᠡᠯ ᠢ ᠲᠠᠷᠠᠭᠠᠬᠢ ᠮᠠᠳᠤ ᠮᠡᠳᠡᠭᠳᠡᠶ᠎ᠡ᠄ | ᠨᠢᠭᠡ᠂ 6 ᠰᠠᠷ᠎ᠠ ᠶᠢᠨ 13 ᠤ ᠡᠳᠦᠷ ᠤᠨ ᠳᠠᠩ ᠴᠠᠭ ᠠᠴᠠ ᠬᠤᠵᠢᠳ᠂ ᠪᠡᠭᠡᠵᠢᠩ ᠬᠤᠲᠠ ᠶᠢᠨ ᠪᠠᠷᠠᠭᠤᠨ | ᠬᠤᠳᠠ ᠶᠢᠨ ᠲᠣᠭᠤᠷᠢᠭ᠂ ᠹᠧᠩ ᠲᠠᠢ ᠲᠣᠭᠤᠷᠢᠭ᠂ ᠹᠠᠩ ᠱᠠᠨ ᠲᠣᠭᠤᠷᠢᠭ ᠵᠡᠷᠭᠡ ᠬᠢᠵᠢᠭ ᠤᠨ ᠪᠠᠶᠢᠳᠠᠯ ᠤᠨ | ᠲᠦᠭᠰᠢᠭᠦᠷᠢ ᠶᠢᠨ ᠳᠡᠰ ᠨᠢ ᠲᠣᠮᠳᠡ᠂ ᠦᠨᠳᠤᠷ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠲᠠ ᠳᠤ | ᠢᠷᠡᠭᠰᠡᠨ ᠬᠥᠮᠦᠰ ᠡᠷᠬᠡᠪᠰᠢ ᠪᠠᠶᠢᠭᠠᠲ᠋ᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ | ᠲᠠᠭᠠᠨ ᠬᠤᠪᠢ ᠭᠦᠮᠤᠨ ᠤ ᠡᠷᠡᠭᠦᠯ ᠮᠡᠨᠳᠦ ᠶᠢᠨ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠵᠦ᠂ ᠵᠢᠴᠢ | ᠭᠦᠮᠤᠨ ᠪᠦᠬᠦᠨ ᠢ ︽14 ᠡᠳᠦᠷ ᠲᠥᠪᠯᠡᠷᠡᠭᠦᠯᠦᠨ ᠲᠣᠰᠠᠭᠠᠷᠯᠠᠨᠠᠨᠠᠭᠠᠬᠤ ᠤᠬᠠᠭᠠᠨ ᠤ ᠠᠵᠢᠭᠯᠠᠯᠲᠠ ᠬᠢᠭᠦ + 2 | ᠤᠳᠠᠭ᠎ᠠ ᠪᠥᠭᠡᠮ ᠬᠦᠴᠢᠯ ᠰᠢᠯᠭᠠᠨ ᠪᠠᠶᠢᠴᠠᠭᠠᠬᠤ + 1 ᠤᠳᠠᠭ᠎ᠠ ᠴᠢᠰᠤᠨ ᠴᠠᠶᠢᠪᠠᠩ ᠤᠨ ᠡᠰᠡᠷᠭᠦ ᠴᠣᠭᠴᠠ ᠶᠢ | ᠪᠠᠶᠢᠴᠠᠭᠠᠨ ᠰᠢᠯᠭᠠᠬᠤ︾ ᠬᠠᠮᠢᠶᠠᠷᠤᠨ ᠡᠵᠡᠮᠳᠡᠬᠦ ᠠᠷᠭ᠎ᠠ ᠶᠢ ᠬᠡᠷᠡᠭᠵᠢᠭᠦᠯᠦᠨ᠎ᠡ᠃ 6 ᠰᠠᠷ᠎ᠠ ᠶᠢᠨ 13 ᠤ ᠡᠳᠦᠷ ᠤᠨ | ᠳᠠᠩ ᠴᠠᠭ ᠠᠴᠠ ᠤᠷᠢᠳ᠂ ᠳᠡᠭᠡᠷ᠎ᠡ ᠳᠤᠷᠠᠳᠤᠭᠰᠠᠨ ᠳᠤᠮᠳᠠ᠂ ᠦᠨᠳᠤᠷ ᠠᠶᠤᠯ ᠲᠦᠭᠰᠢᠭᠦᠷᠢ ᠲᠠᠢ ᠭᠠᠵᠠᠷ | ᠣᠷᠣᠨ ᠠᠴᠠ ᠮᠠᠨ ᠤ ᠬᠤᠲᠠ ᠳᠤ ᠢᠷᠡᠭᠰᠡᠨ ᠬᠥᠮᠦᠰ ᠬᠡᠷᠪᠡ14 ᠡᠳᠦᠷ ᠪᠣᠯᠤᠭᠠᠳᠤᠶ ᠪᠠᠶᠢᠪᠡᠯ᠂ ᠪᠦᠬᠦᠨ ᠢ ᠭᠡᠷ ᠲᠤ | ᠨᠢ 14 ᠡᠳᠤᠷ ᠲᠤᠰᠠᠭᠠᠷᠯᠠᠨ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃ | ᠬᠤᠶᠠᠷ᠂ ᠳᠡᠭᠡᠷ᠎ᠡ ᠳᠤᠷᠠᠳᠤᠭᠰᠠᠨ ᠲᠤᠰᠠᠭᠠᠷᠯᠠᠵᠤ ᠪᠠᠶᠢᠭ᠎ᠠ ᠬᠥᠮᠦᠰ ᠲᠤᠰᠠᠭᠠᠷᠯᠠᠬᠤ ᠬᠤᠭᠤᠴᠠᠭᠠᠨ ᠳᠤ᠂ | ᠬᠠᠯᠠᠭᠤᠷᠠᠬᠤ᠂ ᠬᠠᠨᠢᠶᠠᠬᠤ᠂ ᠠᠮᠢᠰᠬᠤᠯ ᠴᠢᠬᠤᠯᠳᠠᠬᠤ ᠵᠡᠷᠭᠡ ᠠᠮᠢᠰᠬᠤᠯ ᠤᠨ ᠵᠠᠮ ᠤᠨ ᠡᠪᠡᠳᠴᠢᠨ ᠤ ᠢᠯᠡᠷᠡᠯ ᠲᠠᠢ | ᠪᠠᠶᠢᠪᠡᠯ᠂ ᠲᠠᠷᠤᠶᠢᠬᠠᠨ ᠰᠠᠭᠤᠭ᠎ᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶᠂ ᠪᠠᠭᠤᠬᠰᠡᠨ | ᠪᠠᠭᠤᠳᠠᠯ ᠳᠤ ᠪᠡᠨᠮᠡᠳᠡᠭᠦᠯᠵᠦ᠂ ᠴᠠᠭ ᠲᠤᠬᠠᠢ ᠳᠤ ᠨᠢ ᠲᠣᠭᠲᠠᠭᠰᠠᠨ ᠴᠢᠭ ᠤᠨ ᠡᠮᠴᠢᠯᠡᠭᠡᠨ ᠤ ᠪᠠᠶᠢᠭᠤᠯᠤᠮᠵᠢ ᠳᠤ | ᠰᠢᠯᠵᠢᠭᠦᠯᠦᠨ ᠬᠦᠷᠭᠡᠵᠦ ᠪᠠᠶᠢᠴᠠᠯᠭᠠᠬᠤ ᠬᠡᠷᠡᠭᠲᠡᠶ᠃ | ᠭᠤᠷᠪᠠ᠂ ᠳᠤᠮᠳᠠ ᠦᠨᠳᠤᠷ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ ᠬᠤᠲᠠ ᠳᠤ ᠢᠷᠡᠭᠰᠡᠨ | ᠬᠥᠮᠦᠰ ᠡᠷᠬᠡᠪᠰᠢ ᠮᠠᠨ ᠤ ᠬᠤᠲᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠦᠬᠦᠢ ᠲᠣᠭᠲᠠᠭᠠᠯ ᠢ | ᠤᠬᠠᠮᠰᠠᠷ ᠠᠴᠠ ᠪᠠᠨ ᠵᠢᠷᠤᠮᠯᠠᠨ ᠰᠠᠬᠢᠬᠤ ᠬᠡᠷᠡᠭᠲᠡᠶ᠃ ᠬᠡᠷᠪᠡ ᠮᠡᠳᠡᠭᠡ ᠵᠠᠩᠭᠢ ᠪᠠᠨ ᠬᠤᠶᠢᠰᠢᠯᠠᠭᠤᠯᠤᠨ ᠮᠡᠳᠡᠭᠦᠯᠬᠦ᠂ | ᠮᠡᠳᠡᠭᠦᠯᠬᠦ ᠦᠭᠡᠢ ᠨᠢᠭᠤᠬᠤ᠂ ᠬᠤᠳᠠᠯ ᠢᠶᠠᠷ ᠮᠡᠳᠡᠭᠦᠯᠬᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ | ᠬᠡᠮᠵᠢᠶ᠎ᠡ ᠶᠢ ᠲᠠᠭᠠᠬᠤ ᠦᠭᠡᠢ ᠠᠴᠠ ᠪᠤᠯᠵᠤ᠂ ᠬᠢᠵᠢᠭ ᠲᠡᠯᠭᠡᠷᠡᠨ ᠲᠠᠷᠬᠠᠭᠠᠬᠤ ᠵᠡᠷᠭᠡ ᠬᠦᠨᠳᠦ ᠨᠣᠴᠢᠲᠠᠶ ᠦᠷ᠎ᠡ | ᠤᠷᠰᠢᠭ ᠭᠠᠷᠭᠠᠭᠰᠠᠨ ᠪᠡᠶᠢᠪᠡᠯ᠂ ᠬᠠᠤᠯᠢ ᠶᠣᠰᠣᠭᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠭᠡᠮᠵᠢᠯᠡᠨ᠎ᠡ᠃ | ᠲᠦᠷᠪᠡ ᠂ ᠥᠷᠭᠡᠨ ᠣᠯᠠᠨ ᠬᠤᠲᠠ ᠶᠢᠨ ᠠᠷᠠᠳᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ | ᠳᠠᠮᠵᠢᠨ ᠬᠠᠮᠵᠢᠯᠴᠠᠵᠤ᠂ ᠬᠡᠷᠪᠡ ᠳᠤᠮᠳᠠ ᠦᠨᠳᠤᠷ ᠠᠶᠤᠯ ᠲᠦᠭᠰᠢᠭᠦᠷᠢ ᠲᠠᠢ ᠭᠠᠵᠠᠷ ᠣᠷᠣᠨ ᠠᠴᠠ ᠮᠠᠨ ᠤ | ᠬᠤᠲᠠ ᠳᠤ ᠢᠷᠡᠭᠰᠡᠨ ᠬᠥᠮᠦᠰ ᠤᠨ ᠪᠠᠶᠢᠳᠠᠯ ᠢ ᠡᠵᠡᠮᠰᠢᠵᠤ ᠪᠠᠶᠢᠪᠡᠯ᠂ ᠲᠠᠷᠤᠶᠢᠬᠠᠨ ᠰᠠᠭᠤᠭ᠎ᠠ ᠵᠡᠭᠡᠯᠢ ᠭᠤᠳᠤᠮᠵᠢ ︵ | ᠰᠤᠮᠤ ᠰᠢᠶᠠᠩ ᠪᠠᠯᠭᠠᠰᠤ︶᠂ ᠲᠣᠮᠢᠯᠠᠭᠰᠠᠨ ᠰᠠᠯᠪᠤᠷᠢ᠂ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ | ᠳᠤ ᠪᠠᠨᠮᠡᠳᠡᠭᠦᠯᠬᠦ ᠬᠡᠷᠡᠭᠲᠡᠶ᠃ ᠡᠭᠦᠨ ᠤ ᠳᠤ ᠬᠠᠮᠲᠤ ᠥᠷᠭᠡᠨ ᠣᠯᠠᠨ ᠬᠤᠲᠠ ᠶᠢᠨ ᠠᠷᠠᠳ ᠤᠨ ᠬᠢᠨᠠᠯᠲᠠ | ᠲᠠᠯᠪᠢᠵᠤ ᠢᠯᠡᠴᠢᠯᠡᠨ ᠮᠡᠳᠡᠭᠦᠯᠬᠦ ᠶᠢ ᠪᠠᠶᠠᠷᠯᠠᠨ ᠤᠭᠲᠤᠵᠤ᠂ ᠬᠠᠮᠢᠶ᠎ᠠ ᠪᠦᠬᠦᠢ ᠰᠦᠪᠡᠭᠴᠢ ᠶᠢ ᠣᠯᠵᠣ ᠮᠡᠳᠡᠪᠡᠯ᠂ | ᠲᠠᠷᠤᠶᠢᠬᠠᠨᠲ᠋ᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠪᠠ ᠨᠡᠶᠢᠭᠡᠮ ᠲᠣᠭᠤᠷᠢᠭ ︵ᠭᠠᠴᠠᠭ᠎ᠠ ᠲᠣᠰᠬᠤᠨ︶ ᠳᠤ ᠪᠠᠨ | ᠮᠡᠳᠡᠭᠦᠯᠬᠦ ᠬᠡᠷᠡᠭᠳᠡᠢ᠂ ᠬᠡᠷᠪᠡ ᠬᠢᠨᠠᠨ ᠪᠠᠶᠢᠴᠠᠭᠠᠭᠠᠳ ᠪᠠᠶᠢᠳᠡᠯ ᠨᠢ ᠦᠨᠡᠨ ᠮᠠᠭᠠᠳ ᠪᠠᠶᠢᠪᠡᠯ᠂ ᠨᠢᠭᠡ ᠯᠡ | ᠤᠳᠠᠭ᠎ᠠ ᠶᠢᠨ ᠴᠢᠨᠠᠷᠲᠠᠶ ᠱᠠᠩᠨᠠᠯ ᠣᠯᠭᠤᠨ᠎ᠠ᠃ | ᠲᠠᠪᠤ᠂ ᠡᠭᠦᠨ ᠠᠴᠠ ᠬᠤᠶᠢᠰᠢ᠂ ᠤᠯᠤᠰ ᠤᠨ ᠳᠣᠲᠣᠭᠠᠳᠤ ᠶᠢᠨ ᠬᠢᠵᠢᠭ ᠤᠨ ᠲᠦᠭᠰᠢᠭᠦᠷᠢ ᠶᠢᠨ ᠳᠡᠰ ᠢ | ᠲᠤᠤᠷ᠎ᠠ ᠲᠡᠰ ᠠᠴᠠ ᠳᠤᠮᠳᠠ᠂ ᠦᠨᠳᠤᠷ ᠲᠠᠰ ᠪᠣᠯᠭᠠᠨ ᠲᠤᠬᠢᠷᠠᠭᠤᠯᠪᠠ ᠂ ᠲᠣᠮᠳᠡ ᠦᠨᠳᠤᠷ ᠲᠠᠰ ᠤᠨ | ᠲᠦᠭᠰᠢᠭᠦᠷᠠᠢ ᠲᠠᠢ ᠭᠠᠵᠠᠷ ᠣᠷᠣᠨ ᠠᠴᠠ ᠮᠠᠨ ᠤ ᠬᠤᠲᠠ ᠳᠤ ᠢᠷᠡᠭᠰᠡᠨ ᠬᠥᠮᠦᠰ ᠢ ᠡᠯ᠎ᠡ ᠭᠠᠵᠠᠷ ᠣᠷᠣᠨ᠂ ᠡᠯ᠎ᠡ | ᠰᠠᠯᠠᠭ᠎ᠠ ᠮᠥᠴᠢᠷ ᠤᠨ ᠬᠢᠨ ᠳᠡᠭᠡᠷ᠎ᠡ ᠳᠤᠷᠠᠳᠤᠭᠰᠠᠨ ᠲᠣᠭᠲᠠᠭᠠᠯ ᠢ ᠴᠢᠩᠭ᠎ᠠ ᠵᠢᠷᠤᠮᠯᠠᠨ ᠰᠠᠶᠢᠳᠤᠷ ᠬᠠᠮᠢᠶᠠᠷᠬᠤ | ᠬᠡᠷᠡᠭᠲᠡᠶ᠃ | 2020 ᠣᠨ ᠤ 6 ᠰᠠᠷ᠎ᠠ ᠶᠢᠨ 13 ᠤ ᠡᠳᠦᠷ | |