| ᠰᠢᠨ᠎ᠡ ᠲᠢᠲᠢᠮ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ | ᠦᠨᠳᠦᠰᠦᠯᠡᠨ᠂ ᠬᠤᠰᠢᠭᠤᠨ ᠤ ᠴᠢᠳᠠᠪᠤᠷᠢᠲᠠᠨ ᠲᠡᠳᠡᠨ ᠤᠷᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ | ᠰᠤᠳᠤᠯᠤᠨ ᠶᠠᠷᠢᠯᠴᠠᠬᠤ ᠪᠠᠷ ᠲᠠᠮᠵᠢᠨ᠂ ᠵᠠᠷᠤᠳ ᠬᠤᠰᠢᠭᠤᠨ ᠤ 2020 ᠣᠨ ᠤ ᠠᠵᠢᠯ ᠤᠶᠢᠯᠡᠰ ᠤᠨ | ᠨᠢᠭᠡᠴᠡ ᠶᠢᠨ ᠴᠢᠳᠠᠪᠤᠷᠢᠲᠠᠨ ᠲᠡᠳᠡᠨ ᠤᠷᠤᠭᠤᠯᠬᠤ ᠠᠵᠢᠯ ᠤᠨ ︽ᠠᠬᠤᠢ ᠲᠠᠯᠠᠪᠠᠶ ᠳᠤ ᠨᠡᠷ᠎ᠡ ᠮᠡᠳᠡᠭᠦᠯᠬᠦ︾ ᠶᠢ ︽ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ︾ ᠪᠣᠯᠭᠠᠨ ᠲᠤᠬᠢᠷᠠᠭᠤᠯᠪᠠ᠂ ᠪᠤᠰᠤᠳ ᠵᠣᠶᠢᠯ ᠨᠢ ᠬᠤᠪᠢᠷᠠᠬᠤ ᠥᠬᠡᠶ᠃ | ᠡᠳᠦᠭᠡ ᠬᠤᠯᠪᠣᠭᠳᠠᠯ ᠪᠦᠬᠦᠢ ᠤᠴᠢᠷ ᠢ ᠲᠠᠷᠠᠭᠠᠬᠢ ᠮᠡᠲᠦ ᠮᠡᠳᠡᠭᠳᠡᠶ᠎ᠡ᠄ | ⒈ 2020 ᠣᠨ ᠤ 6 ᠰᠠᠷ᠎ᠠ ᠶᠢᠨ 17 ᠤ ᠡᠳᠦᠷ ᠠᠴᠠ 6 ᠰᠠᠷ᠎ᠠ ᠶᠢᠨ 24 ᠤ ᠡᠳᠦᠷ ᠠᠴᠠ ᠤᠷᠢᠳ᠂ | ᠰᠢᠯᠭᠠᠬᠰᠡᠳ ᠥᠪᠡᠷ ᠤᠨ ᠨᠡᠷ᠎ᠡ ᠮᠡᠳᠡᠭᠦᠯᠬᠦ ᠬᠠᠮᠢᠶ᠎ᠠ ᠪᠥᠬᠦᠶ ᠮᠠᠲ᠋ᠧᠷᠢᠶᠠᠯ ᠤᠨ ᠰᠢᠷᠪᠢᠭᠰᠡᠨ ᠡᠯᠧᠺᠲᠷᠣᠨ ᠪᠠᠷ ᠢᠶᠠᠨ | ᠲᠠᠷᠤᠨ ᠪᠠᠭᠠᠰᠬᠠᠭᠠᠳRAR ᠪᠤᠶᠤ ZIP ᠬᠡᠯᠪᠡᠷᠢ ᠶᠢᠨ ᠪᠢᠴᠢᠭ ᠮᠠᠲ᠋ᠧᠷᠢᠶᠠᠯ ᠪᠣᠯᠭᠠᠨ ︵ᠪᠢᠴᠢᠭ | ᠮᠠᠲ᠋ᠧᠷᠢᠶᠠᠯ ᠤᠨ ᠨᠡᠷ᠎ᠡ ᠨᠢ ︽ᠨᠡᠷ᠎ᠡ ᠮᠡᠳᠡᠭᠦᠯᠦᠭᠰᠡᠨ ᠨᠢᠭᠡᠴᠢ ︵ᠲᠤᠰᠬᠠᠶ ᠮᠡᠷᠭᠡᠵᠢᠯ︶ ᠠᠵᠢᠯ ᠤᠨ ᠪᠠᠶᠢᠷᠢ ᠣᠪᠣᠭ | ᠨᠡᠷ᠎ᠡ︾ ᠪᠣᠯᠤᠨ᠎ᠠ︶ ᠬᠠᠷᠠᠭᠠᠯᠵᠠᠬᠰᠡᠨ ᠢᠮᠧᠯ ᠳᠤ ᠢᠯᠡᠭᠡᠨ᠎ᠡ ︵ᠡᠷᠡᠭᠦᠯ ᠬᠠᠮᠠᠭᠠᠯᠠᠯ ᠤᠨ ᠲᠥᠷᠥᠯ ᠤᠨ ᠠᠵᠢᠯ ᠤᠨ | ᠪᠠᠶᠢᠷᠢ ᠳᠤ ᠨᠡᠷ᠎ᠡ ᠮᠡᠳᠡᠭᠦᠯᠤᠭ᠍ᠰᠡᠳ ᠤᠨ ᠢᠯᠡᠭᠡᠬᠦ ᠢᠮᠧᠯ ᠪᠣᠯ᠄ zhaqiwsj@126.com᠂ ᠬᠠᠷᠢᠯᠴᠠᠬᠤ | ᠤᠲᠠᠰᠤ᠄ 0475 — 7223091︔ ᠪᠤᠰᠤᠳ ᠠᠵᠢᠯ ᠤᠨ ᠪᠠᠶᠢᠷᠢ ᠳᠤ ᠨᠡᠷ᠎ᠡ ᠮᠡᠳᠡᠭᠦᠯᠤᠭ᠍ᠰᠡᠨ ᠤᠨ ᠢᠯᠡᠭᠡᠬᠦ | ᠢᠮᠧᠯ ᠪᠣᠯ᠄ 522569663@qq.com᠂ ᠬᠠᠷᠢᠯᠴᠠᠬᠤ ᠤᠲᠠᠰᠤ᠄ 0475 - 7226445︶᠃ | ᠬᠤᠭᠤᠴᠠᠭ᠎ᠠ ᠦᠩᠭᠡᠷᠡᠪᠡᠯ ᠬᠦᠯᠢᠶᠡᠨ ᠠᠪᠬᠤ ᠦᠭᠡᠢ᠃ | ⒉ ᠨᠠᠷ᠎ᠡ ᠮᠠᠳᠡᠭᠦᠯᠬᠦ ᠳᠤ ᠬᠡᠷᠡᠭᠰᠡᠬᠦ ᠰᠢᠷᠪᠢᠬᠦ ᠮᠠᠲ᠋ᠧᠷᠢᠶᠠᠯ᠄ ︽ᠵᠠᠷᠤᠳ ᠬᠤᠰᠢᠭᠤᠨ ᠤ 2020 ᠣᠨ ᠤ | ᠠᠵᠢᠯ ᠤᠶᠢᠯᠡᠰ ᠤᠨ ᠨᠢᠭᠡᠴᠡ ᠶᠢᠨ ᠴᠢᠳᠠᠪᠤᠷᠢᠲᠠᠨ ᠲᠠᠳᠡᠨ ᠤᠷᠤᠭᠤᠯᠬᠤ ᠨᠡᠷ ᠡ ᠮᠡᠳᠡᠭᠦᠯᠬᠦ ᠬᠦᠰᠦᠨᠦᠭᠲᠦ︾᠂ | ᠲᠣᠰ ᠬᠥᠮᠦᠨ ᠤ ᠬᠤᠶᠠᠳᠤᠭᠠᠷ ᠦᠶ᠎ᠡ ᠶᠢᠨ ᠪᠡᠶ᠎ᠡ ᠶᠢᠨ ᠦᠨᠡᠮᠯᠡᠯ᠂ ᠡᠷᠦᠬᠡ ᠠᠮᠠ ᠶᠢᠨ ᠳᠡᠪᠲᠡᠷ᠂ ᠰᠣᠷᠭᠠᠭᠤᠯᠢ | ᠲᠡᠭᠦᠰᠤᠭ᠍ᠰᠡᠨ ᠦᠨᠡᠮᠯᠡᠯ᠂ ᠡᠷᠳᠡᠮ ᠴᠣᠯᠠ ᠶᠢᠨ ᠦᠨᠡᠮᠯᠡᠯ᠂ ᠠᠵᠢᠯ ᠲᠦᠷᠤᠯ ᠤᠨ ᠬᠢᠷᠢ ᠬᠡᠮ ᠤᠨ ᠦᠨᠡᠮᠯᠡᠯ᠂ ︽ | ᠰᠤᠷᠭᠠᠨ ᠬᠥᠮᠦᠵᠢᠯ ᠤᠨ ᠶᠠᠮᠤᠨ ᠤ ᠰᠤᠷᠤᠯᠭ᠎ᠠ ᠶᠢᠨ ᠨᠠᠮᠲᠠᠷ ᠤᠨ ᠦᠨᠡᠮᠯᠡᠯ ᠤᠨ ᠡᠯᠸᠺᠲᠷᠣᠨ ᠳᠡᠩᠰᠡᠯᠡᠨ | ᠲᠡᠮᠳᠡᠭᠯᠡᠭᠰᠡᠨ ᠬᠦᠰᠦᠨᠦᠭᠲᠦ︾ ︵︽ᠳᠤᠮᠳᠠᠳᠤ ᠤᠯᠤᠰ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠰᠤᠷᠤᠭᠴᠢᠳ ᠤᠨ ᠮᠡᠳᠡᠭᠡ ᠵᠠᠩᠭᠢ ᠶᠢᠨ ᠰᠦᠯᠵᠢᠶ᠎ᠡ︾ ᠠᠴᠠ ᠪᠠᠭᠤᠯᠭᠠᠨ ᠳᠠᠷᠤᠮᠠᠯᠯᠠᠨ᠎ᠠ︶᠂ ᠠᠵᠢᠯ ᠣᠯᠬᠤ ᠨᠠᠷ᠎ᠡ | ᠮᠡᠳᠡᠭᠦᠯᠬᠦ ᠦᠨᠡᠮᠯᠡᠯ︔ ᠲᠡᠭᠦᠰᠬᠦ ᠭᠡᠵᠤ ᠪᠠᠶᠢᠭ᠎ᠠ ᠰᠤᠷᠤᠭᠴᠢᠳ ᠪᠣᠯ ᠰᠤᠷᠭᠠᠭᠤᠯᠢ ᠶᠢᠨ ᠭᠡᠷᠡᠴᠢ ︵ᠲᠤᠰᠬᠠᠶ | ᠮᠡᠷᠭᠡᠵᠢᠯ᠂ ᠰᠣᠷᠣᠯᠭ᠎ᠠ ᠶᠢᠨ ᠨᠠᠮᠲᠠᠷ᠂ ᠲᠡᠭᠦᠰᠬᠦ ᠴᠠᠭ ᠵᠡᠷᠭᠡ ᠬᠠᠮᠢᠶ᠎ᠠ ᠪᠥᠬᠦᠶ ᠠᠭᠤᠯᠭ᠎ᠠ ᠪᠠᠭᠲᠠᠨ᠎ᠠ︶ ᠬᠠᠩᠭᠠᠬᠤ | ᠬᠡᠷᠡᠭᠲᠡᠶ᠃ ᠣᠶᠢᠷ᠎ᠠ ᠶᠢᠨ ᠬᠤᠭᠤᠴᠠᠭᠠᠨ ᠤ ᠨᠢᠭᠡ ᠢᠮᠠᠬᠤ ᠶᠢᠨ ᠮᠠᠯᠠᠭᠠᠶ ᠥᠬᠡᠶ ᠬᠥᠬᠡ ᠳᠡᠪᠢᠰᠬᠡᠷᠲᠦ | ᠡᠯᠧᠺᠲᠷᠣᠨ ᠪᠠᠷ ᠤᠨ ᠰᠡᠭᠦᠳᠡᠷ ᠢᠶᠠᠨ 1 ᠬᠤᠪᠢ ᠬᠠᠩᠭᠠᠨ᠎ᠠ᠃ | ⒊ ᠰᠦᠯᠵᠢᠶᠡᠨ ᠳᠡᠭᠡᠷ᠎ᠡ ᠨᠡᠷ᠎ᠡ ᠮᠡᠳᠡᠭᠦᠯᠤᠭ᠍ᠰᠡᠳ ᠰᠢᠯᠭᠠᠯᠲᠠ ᠶᠢᠨ ᠰᠤᠶᠢᠳᠭᠡᠯ ᠢᠶᠠᠨ ᠰᠢᠯᠭᠠᠬᠤ ᠦᠨᠡᠮᠯᠡᠯ ᠢᠶᠠᠨ | ᠠᠪᠬᠤ ᠦᠶ᠎ᠡ ᠳᠤ ᠲᠤᠰᠢᠶᠠᠨ᠎ᠠ᠃ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠤᠭ᠍ᠰᠡᠳ ᠤᠨ ᠬᠢᠷᠢ ᠬᠡᠮ ᠢ ᠬᠢᠨᠠᠨ ᠪᠠᠶᠢᠴᠠᠭᠠᠭᠰᠠᠨ ᠪᠠᠶᠢᠳᠠᠯ ᠢ ᠨᠡᠷ᠎ᠡ | ᠮᠡᠳᠡᠭᠦᠯᠬᠦ ᠢᠮᠧᠯ ᠳᠤ ᠨᠢᠭᠡᠳ ᠨᠢᠭᠡ ᠪᠠᠷ ᠬᠠᠷᠢᠭᠤ ᠮᠡᠳᠡᠭᠳᠡᠨ᠎ᠡ᠃ ᠬᠢᠷᠢ ᠬᠡᠮ ᠢ ᠨᠢ ᠬᠢᠨᠠᠨ ᠪᠠᠶᠢᠴᠠᠭᠠᠭᠠᠳ ᠬᠢᠷᠢ | ᠲᠡᠩᠴᠡᠭᠰᠡᠨ ᠭᠦᠮᠤᠰ ᠲᠤ ᠰᠢᠯᠭᠠᠭᠤᠯᠬᠤ ᠦᠨᠡᠮᠯᠡᠯ ᠨᠢᠭᠡᠳᠦᠯᠲᠡᠶ ᠣᠯᠭᠤᠨ᠎ᠠ᠃ ᠬᠢᠷᠢ ᠬᠡᠮ ᠢ ᠳᠠᠬᠢᠨ ᠬᠢᠨᠠᠬᠤ᠂ | ᠰᠢᠯᠭᠠᠬᠤ ᠵᠡᠷᠭᠡ ᠬᠠᠮᠢᠶ᠎ᠠ ᠪᠦᠬᠦᠢ ᠤᠴᠢᠷ ᠢ ᠠᠰᠳᠠᠭᠠᠨ ᠮᠡᠳᠡᠭᠳᠡᠨ᠎ᠡ᠂ ᠰᠢᠯᠭᠠᠭ᠋ᠭᠰᠠᠳ ᠵᠠᠷᠤᠳ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ ︵http://www. zhalute.gov.cn/︶ ᠶᠢ | ᠠᠩᠬᠠᠷᠤᠭᠠᠷᠠᠢ᠃ | ᠵᠠᠷᠤᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠴᠢᠳᠡᠪᠤᠷᠢᠳᠡᠨ | ᠲᠠᠳᠡᠨ ᠤᠷᠤᠭᠤᠯᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ | 2020 ᠣᠨ ᠤ 6 ᠰᠠᠷ᠎ᠡ ᠶᠢᠨ16 ᠤ ᠡᠳᠤᠷ | |