| | | 6 ᠰᠠᠷ᠎ᠠ ᠶᠢᠨ 16 ᠤ ᠡᠳᠦᠷ᠂ ᠵᠠᠷᠤᠳ ᠬᠤᠰᠢᠭᠤᠨ ᠤ ᠰᠢᠨ᠎ᠡ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠬᠤ | ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠵᠢᠯ ᠤᠨ ᠬᠤᠷᠠᠯ ᠬᠢᠪᠡ᠃ | ᠬᠤᠷᠠᠯ ᠤᠨ ᠭᠤᠤᠯ ᠡᠭᠦᠷᠭᠡ ᠪᠣᠯ ᠪᠥᠬᠦ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠨᠢᠭᠡ | ᠠᠯᠬᠤᠮ ᠰᠤᠳᠤᠯᠤᠨ ᠪᠠᠶᠢᠷᠢᠯᠠᠭᠤᠯᠵᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠬᠦ ᠶᠢ ᠳᠠᠬᠢᠨ ᠵᠢᠯᠣᠭᠤᠳᠴᠤ᠂ ᠳᠠᠬᠢᠨ ᠲᠣᠬᠢᠷᠠᠭᠤᠯᠤᠯᠲᠠ ᠬᠢᠬᠦ ᠪᠣᠯᠤᠨ᠎ᠠ᠃ | ᠬᠤᠰᠢᠭᠤᠨ ᠤ ᠰᠢᠨ᠎ᠡ ᠲᠢᠳᠢᠮᠯᠢᠭ ᠸᠢᠷᠦ᠋ᠰ ᠠᠴᠠ ᠬᠠᠯᠳᠠᠪᠣᠷᠢᠯᠠᠬᠤ ᠠᠭᠤᠰᠬᠢᠨ ᠦᠷᠪᠢᠰᠦᠯ ᠤᠨ ᠬᠢᠵᠢᠭ ᠢ | ᠰᠡᠷᠭᠡᠶᠢᠯᠡᠨ ᠡᠵᠡᠮᠳᠡᠬᠦ ᠵᠢᠯᠠᠭᠤᠳᠬᠤ ᠭᠠᠵᠠᠷ ᠤᠨ ᠳᠡᠳ᠋ ᠶᠡᠷᠦᠩᠬᠡᠶ ᠵᠢᠯᠣᠭᠤᠳᠣᠭᠴᠢ᠂ ᠳᠡᠳ᠋ ᠬᠤᠰᠢᠭᠤᠨ ᠳᠠᠷᠤᠭ᠎ᠠ | ᠸᠠᠩ ᠶᠠᠨ ᠵᠢᠶᠦ᠋ᠨ᠂ ᠰᠠᠶᠢᠨᠪᠠᠶᠠᠷ᠂ ᠶᠠᠩ ᠼᠠᠢ ᠰᠢᠶᠠ ᠵᠢᠴᠢ ᠬᠤᠰᠢᠭᠤᠨ ᠤ ᠰᠢᠨ᠎ᠡ ᠲᠢᠳᠢᠮᠯᠢᠭ ᠸᠢᠷᠦ᠋ᠰ ᠠᠴᠠ | ᠬᠠᠯᠳᠠᠪᠣᠷᠢᠯᠠᠬᠤ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ | ᠲᠤᠰᠬᠠᠶ ᠠᠵᠢᠯ ᠤᠨ ᠳᠤᠭᠤᠶᠢᠯᠠᠩ ᠤᠨ ᠳᠡᠳ᠋ ᠳᠠᠷᠤᠭ᠎ᠠ ᠭᠤᠤᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠂ | ᠡᠯ᠎ᠡ ᠰᠤᠮᠤ ᠪᠠᠯᠭᠠᠰᠤ ᠲᠠᠯᠠᠪᠠᠢ ᠪᠣᠯᠤᠨ ᠯᠦᠪᠸᠢ ᠵᠡᠭᠡᠯᠢ ᠭᠤᠳᠤᠮᠵᠢ ᠶᠢᠨ ᠨᠠᠮ ᠵᠠᠰᠠᠭ ᠤᠨ ᠬᠠᠷᠢᠭᠤᠴᠠᠯᠭᠠᠲᠠᠨ | ᠵᠢᠴᠢ ᠪᠣᠳᠠᠲᠠᠢ ᠠᠵᠢᠯ ᠢ ᠬᠠᠷᠢᠭᠤᠴᠠᠵᠤ ᠪᠠᠶᠢᠭ᠎ᠠ ᠬᠦᠮᠦᠰ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ | ᠣᠷᠣᠯᠴᠠᠪᠠ᠃ | | ᠸᠠᠩ ᠶᠠᠨ ᠵᠢᠶᠦ᠋ᠨ ᠵᠢᠭᠠᠪᠣᠷᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠢᠳᠡᠭᠡᠨ ᠤ ᠠᠮᠤᠷ ᠲᠦᠪᠰᠢᠨ ᠤ ᠪᠠᠶᠢᠳᠠᠯ ᠢ ᠣᠶᠢᠯᠠᠭᠠᠨ ᠪᠠᠶᠢᠴᠠᠭᠠᠬᠤ ᠪᠠ ᠢᠳᠡᠭᠡᠨ ᠤ ᠵᠠᠬ᠎ᠠ ᠳᠡᠯᠭᠡᠭᠦᠷ ᠤᠨ | ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ᠡᠯ᠎ᠡ ᠲᠥᠷᠥᠯ ᠤᠨ ᠳᠠᠯᠠᠶ ᠶᠢᠨ ᠢᠳᠡᠭᠡᠨ᠂ ᠰᠢᠨ᠎ᠡ ᠰᠣᠷᠭᠤᠭ᠂ ᠬᠥᠯᠳᠡᠭᠡᠭᠰᠡᠨ ᠢᠳᠡᠭᠡᠨ ᠤ ᠵᠦᠢᠯ ᠵᠢᠴᠢ ᠤᠰᠤᠨ | ᠭᠠᠷᠤᠯᠲᠠ ᠬᠤᠳᠠᠯᠳᠤᠬᠤ ᠵᠠᠬ᠎ᠠ ᠳᠡᠯᠭᠡᠭᠦᠷ᠂ ᠲᠠᠷᠢᠶᠠᠯᠠᠩ ᠠᠷᠠᠯᠵᠢᠶᠠᠨ ᠤ ᠵᠠᠬ᠎ᠠ ᠳᠡᠯᠭᠡᠭᠦᠷ᠂ ᠬᠡᠲᠦ ᠳᠡᠯᠭᠡᠭᠦᠷ᠂ | ᠲᠤᠰᠬᠠᠶ ᠬᠥᠯᠳᠡᠭᠡᠬᠦ ᠬᠥᠮᠥᠷᠭᠡ ᠪᠣᠯᠤᠨ ᠬᠠᠮᠢᠶ᠎ᠠ ᠪᠦᠬᠦᠢ ᠵᠣᠴᠢᠳ ᠤᠨ ᠪᠠᠭᠤᠳᠠᠯ᠂ ᠬᠤᠭᠤᠯᠠᠨ ᠭᠡᠷ᠂ ᠢᠳᠡᠭᠡᠨ | ᠤᠮᠳᠠᠭᠠᠨ ᠤ ᠠᠵᠤ ᠠᠬᠤᠶᠢᠯᠠᠯ᠂ ᠪᠠᠶᠢᠭᠤᠯᠭ᠎ᠠ ᠶᠢᠨ ᠬᠤᠭᠤᠯᠠᠨ ᠭᠡᠷ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ | ᠵᠡᠷᠭᠡ ᠳᠤ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠬᠤ ᠪᠠ ᠶᠡᠷᠦᠩᠬᠡᠶᠢᠯᠡᠨ ᠵᠠᠰᠠᠵᠤ᠂ ᠬᠤᠯᠪᠣᠭᠳᠠᠯ ᠪᠦᠬᠦᠢ | ᠠᠵᠢᠯᠯᠠᠭᠰᠠᠳ ᠢ ᠰᠠᠨᠠᠭᠠᠴᠢᠯᠠᠭ᠎ᠠ ᠠᠴᠠ ᠪᠠᠨ ᠰᠢᠭᠰᠢᠨ ᠪᠠᠶᠢᠴᠠᠭᠠᠬᠤ ᠪᠠ ᠪᠠᠶᠢᠴᠠᠭᠠᠨ ᠰᠢᠯᠭᠠᠬᠤ ᠬᠡᠷᠡᠭᠲᠡᠢ᠂ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢᠶᠠᠨ ᠳᠠᠷᠦ᠋ᠢᠬᠠᠨ ᠲᠣᠭᠲᠠᠭᠠᠵᠤ᠂ ᠵᠠᠬ᠎ᠠ ᠳᠡᠯᠭᠡᠭᠦᠷ ᠤᠨ ᠳᠣᠲᠤᠷ᠎ᠠ | ᠬᠢᠵᠢᠭ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠨ ᠬᠤᠷᠢᠭᠯᠠᠬᠤ ᠬᠡᠷᠡᠭᠲᠡᠶ᠃ ᠲᠦᠭᠰᠢᠭᠦᠷᠢ ᠶᠡᠬᠡᠲᠡᠶ ᠤᠯᠤᠰ ᠪᠣᠯᠤᠨ | ᠭᠠᠵᠠᠷ ᠣᠷᠣᠨ ᠠᠴᠠ ᠣᠷᠣᠵᠤ ᠢᠷᠡᠭᠰᠡᠨ ᠲᠠᠸᠠᠷ ᠤᠨ ᠠᠶᠤᠯ ᠲᠦᠭᠰᠢᠭᠦᠷᠢ ᠶᠢ ᠬᠢᠨᠠᠨ ᠬᠡᠮᠵᠢᠬᠦ ᠶᠢ ᠴᠢᠩᠭᠠᠳᠬᠠᠵᠤ᠂ | ᠬᠤᠳᠠᠯᠳᠣᠨ ᠪᠣᠷᠣᠯᠠᠭᠤᠯᠵᠤ ᠪᠠᠶᠢᠭ᠎ᠠ ᠲᠠᠸᠠᠷ᠂ ᠲᠠᠯᠠᠪᠤᠷ ᠭᠠᠵᠠᠷ ᠤᠨ ᠣᠷᠴᠢᠨ ᠲᠣᠭᠤᠷᠢᠨ ᠳᠤ ᠲᠣᠭᠲᠠᠮᠠᠯ | ᠬᠤᠭᠤᠴᠠᠭ᠎ᠠ ᠲᠠᠢ ᠪᠠᠷ ᠦᠯᠢᠭᠡᠷ ᠠᠪᠴᠤ ᠪᠠᠶᠢᠴᠠᠭᠠᠨ ᠬᠡᠮᠵᠢᠯᠲᠡ ᠬᠢᠵᠦ᠂ ᠲᠡᠭᠡᠭᠡᠪᠦᠷᠢ ᠶᠢᠨ ᠲᠡᠷᠭᠡ ᠬᠥᠰᠬᠡ᠂ | ᠬᠠᠳᠠᠭᠠᠯᠠᠬᠤ ᠬᠥᠮᠥᠷᠭᠡ᠂ ᠡᠳ᠋ ᠪᠣᠳᠠᠰ ᠵᠢᠴᠢ ᠪᠣᠭᠤᠳᠠᠯ ᠢ ᠠᠷᠢᠭᠤᠳᠬᠠᠨ ᠴᠡᠪᠡᠷᠯᠡᠬᠦ ᠤᠳᠠᠭ᠎ᠠ ᠪᠠᠨ ᠨᠡᠮᠡᠭᠳᠡᠭᠦᠯᠵᠦ᠂ | ᠡᠳ᠋ ᠪᠣᠳᠠᠰ ᠢ ᠳᠠᠮᠵᠢᠭᠤᠯᠤᠨ ᠲᠡᠭᠡᠭᠡᠪᠦᠷᠢᠯᠡᠬᠦ ᠳᠤ ᠬᠢᠵᠢᠭ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠲᠠᠪᠣᠷᠢᠵᠢᠭᠤᠯᠵᠤ᠂ ᠬᠠᠮᠢᠶ᠎ᠠ ᠪᠦᠬᠦᠢ ᠵᠠᠬ᠎ᠠ ᠳᠡᠯᠭᠡᠭᠦᠷ ᠤᠨ ᠠᠵᠢᠯᠲᠠᠨ ᠤ ᠣᠷᠣᠵᠤ ᠭᠠᠷᠬᠤ ᠬᠠᠮᠢᠶᠠᠷᠤᠯᠲᠠ ᠪᠠ | ᠡᠷᠡᠭᠦᠯ ᠮᠡᠨᠳᠦ ᠶᠢᠨ ᠬᠢᠨᠠᠨ ᠬᠡᠮᠵᠢᠯᠲᠡ ᠪᠠᠨ ᠴᠢᠩᠭᠠᠳᠬᠠᠵᠤ᠂ ᠬᠤᠪᠢ ᠬᠥᠮᠦᠨ ᠤ ᠬᠠᠮᠠᠭᠠᠯᠠᠯᠲᠠ ᠶᠢᠨ | ᠱᠠᠭᠠᠷᠳᠠᠯᠭ᠎ᠠ ᠶᠢ ᠴᠢᠩᠭ᠎ᠠ ᠨᠠᠶᠢᠲᠠᠪᠣᠷᠢᠵᠢᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠠ ᠬᠤᠭ | ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠶᠢ ᠴᠢᠩᠭᠠᠳᠬᠠᠵᠤ᠂ ᠬᠢᠵᠢᠭ ᠤᠨ ᠬᠠᠯᠳᠠᠪᠤᠷᠢᠯᠠᠬᠤ ᠳᠠᠯᠳᠠ ᠭᠡᠮ ᠢ ᠠᠷᠢᠯᠭᠠᠬᠤ | ᠬᠡᠷᠡᠭᠲᠡᠢ ᠭᠡᠪᠡ᠃ | | ᠰᠠᠶᠢᠨᠪᠠᠶᠠᠷ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ | ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ | ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠭᠦᠢᠴᠡᠳᠭᠡᠵᠦ᠂ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ | ᠰᠡᠷᠭᠡᠶᠢᠯᠡᠨ ᠡᠵᠡᠮᠳᠡᠬᠦ ᠠᠵᠢᠯ ᠤᠨ ᠬᠠᠲᠠᠭᠤ ᠪᠡᠷᠬᠡ ᠴᠢᠨᠠᠷ ᠪᠣᠯᠤᠨ ᠤᠷᠲᠤ ᠤᠳᠠᠭᠠᠨ ᠴᠢᠨᠠᠷ ᠢ ᠰᠡᠷᠭᠡᠭ ᠢᠶᠠᠷ ᠲᠠᠨᠢᠵᠤ | ᠂ ᠥᠷᠭᠡᠨ ᠣᠯᠠᠨ ᠺᠠᠳ᠋ᠷ ᠣᠯᠠᠨ ᠲᠦᠮᠡᠨ ᠢ ᠳᠠᠶᠢᠴᠢᠯᠠᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ | ᠵᠠᠰᠠᠵᠤ᠂ ᠴᠢᠩᠭ᠎ᠠ ᠰᠡᠷᠭᠡᠶᠢᠯᠡᠨ ᠦᠬᠦᠨ ᠰᠠᠬᠢᠵᠤ᠂ ᠡᠯ᠎ᠡ ᠲᠥᠷᠥᠯ ᠤᠨ ᠰᠡᠷᠭᠡᠶᠢᠯᠡᠨ ᠡᠵᠡᠮᠳᠡᠬᠦ ᠠᠵᠢᠯ ᠢ ᠪᠦᠬᠦ | ᠬᠦᠴᠦᠨ ᠢᠶᠠᠷ ᠰᠠᠶᠢᠲᠤᠷ ᠬᠢᠵᠦ᠂ ᠬᠤᠰᠢᠭᠤᠨ ᠤ ᠠᠷᠠᠳ ᠲᠦᠮᠡᠨ ᠤ ᠠᠮᠢ ᠨᠠᠰᠤ ᠠᠮᠤᠷ ᠲᠦᠪᠰᠢᠨ ᠪᠠ | ᠨᠡᠶᠢᠭᠡᠮ ᠤᠨ ᠲᠣᠭᠲᠠᠭᠤᠨ ᠢ ᠪᠠᠲᠣᠯᠠᠬᠤ ᠬᠡᠷᠡᠭᠲᠡᠢ ᠭᠡᠪᠡ ᠃ | | ᠶᠠᠩ ᠼᠠᠢ ᠰᠢᠶᠠ ᠵᠢᠭᠠᠪᠣᠷᠢᠯᠠᠭᠰᠠᠨ ᠨᠢ᠂ ᠣᠳᠣᠬᠠᠨ ᠪᠣᠯ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ | ᠬᠦᠨᠳᠦ ᠬᠡᠴᠡᠭᠦᠤ ᠮᠥᠷᠲᠡᠭᠡᠨ ᠪᠤᠳᠤᠯᠢᠶᠠᠨᠲᠠᠶ ᠪᠠᠰᠠ ᠵᠢᠭᠤᠯᠴᠢᠯᠠᠯ ᠤᠨ ᠰᠢᠵᠢᠷ ᠠᠯᠲᠠᠨ ᠤᠯᠠᠷᠢᠯ ᠪᠣᠯᠤᠨ᠎ᠠ᠃ | ᠶᠠᠪᠣᠭᠤᠯ ᠬᠥᠮᠦᠨ ᠤ ᠲᠤᠭ᠎ᠠ ᠬᠡᠮᠵᠢᠶ᠎ᠡ ᠨᠡᠯᠢᠶᠡᠳ ᠶᠡᠭᠡ ᠪᠣᠯᠬᠤᠷ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ | ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ | ᠬᠠᠷᠢᠭᠤᠴᠠᠯᠭᠠᠲᠤ ᠰᠡᠳᠬᠢᠯᠭᠡ ᠪᠣᠯᠤᠨ ᠲᠣᠯᠭᠠᠮ᠎ᠠ ᠰᠡᠳᠬᠢᠯᠭᠡ ᠪᠠᠨ ᠨᠡᠮᠡᠭᠳᠡᠭᠦᠯᠬᠦ ᠬᠡᠷᠡᠭᠲᠡᠶ᠃ ᠬᠤᠰᠢᠭᠤᠨ ᠤ ᠰᠢᠨ᠎ᠡ | ᠲᠢᠳᠢᠮᠯᠢᠭ ᠸᠢᠷᠦ᠋ᠰ ᠠᠴᠠ ᠬᠠᠯᠳᠠᠪᠣᠷᠢᠯᠠᠬᠤ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠭᠠᠵᠠᠷ ᠵᠢᠴᠢ ᠳᠡᠭᠡᠲᠦ ᠱᠠᠲᠤᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ | ᠶᠣᠰᠣᠭᠠᠷ᠂ ᠬᠢᠵᠢᠭ ᠤᠨ ᠬᠥᠭᠵᠢᠯᠲᠡ ᠬᠤᠪᠢᠷᠠᠯᠲᠠ ᠶᠢ ᠴᠠᠭ ᠲᠤᠬᠠᠶ ᠳᠤᠨᠢ ᠦᠨᠳᠦᠰᠦᠯᠡᠨ᠂ | ᠪᠠᠶᠢᠩᠭᠤᠵᠢᠭᠤᠯᠤᠭᠰᠠᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠳᠤ ᠬᠥᠳᠡᠯᠦᠩᠭᠦᠶ ᠪᠠᠷ ᠲᠣᠬᠢᠷᠠᠭᠤᠯᠤᠯᠲᠠ ᠬᠢᠵᠦ᠂ | ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠨᠢᠭᠡᠨᠲᠡ ᠪᠥᠭᠡᠮ ᠬᠦᠴᠢᠯ ᠪᠠᠶᠢᠴᠠᠭᠠᠨ | ᠬᠡᠮᠵᠢᠬᠦ ᠴᠢᠳᠠᠪᠤᠷᠢ ᠲᠠᠢ ᠪᠣᠯᠤᠭᠰᠠᠨ ᠪᠣᠳᠠᠲᠤ ᠪᠠᠶᠢᠳᠠᠯ ᠢ ᠭᠦᠢᠴᠡᠳ ᠠᠰᠢᠭᠯᠠᠵᠤ᠂ ︽ᠪᠠᠶᠢᠴᠠᠭᠠᠬᠤ ᠶᠣᠰᠣᠲᠠᠢ | ᠪᠦᠬᠦᠨ ᠢ ᠪᠠᠶᠢᠴᠠᠭᠠᠬᠤ︾ ︽ᠪᠠᠶᠢᠴᠠᠭᠠᠬᠤ ᠳᠤᠷᠠᠲᠠᠢ ᠪᠦᠬᠦᠨ ᠢ ᠪᠠᠶᠢᠴᠠᠭᠠᠬᠤ︾ ᠠᠵᠢᠯ ᠢ ᠡᠮᠬᠢ ᠴᠡᠭᠴᠡ ᠲᠠᠢ | ᠨᠠᠶᠢᠲᠠᠪᠣᠷᠢᠵᠢᠭᠤᠯᠬᠤ ᠬᠡᠷᠡᠭᠲᠡᠢ᠃ ᠡᠮᠨᠡᠯᠭᠡ ᠶᠢᠨ ᠬᠤᠷᠢᠶᠠᠨ ᠤ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ | ᠪᠠᠶᠢᠭᠤᠯᠤᠯᠲᠠ ᠶᠢ ᠰᠠᠶᠢᠲᠣᠷ ᠬᠢᠬᠦ ᠪᠠ ᠡᠮ ᠡᠮᠨᠡᠯᠭᠡ ᠶᠢᠨ ᠪᠠᠶᠢᠭᠤᠯᠣᠮᠵᠢ ᠡᠮᠨᠡᠯᠭᠡ ᠶᠢᠨ ᠬᠤᠷᠢᠶ᠎ᠠ ᠶᠢᠨ | ᠬᠠᠯᠳᠠᠪᠣᠷᠢᠯᠠᠬᠤ ᠶᠢ ᠰᠡᠷᠭᠡᠶᠢᠯᠡᠬᠦ ᠡᠵᠡᠮᠳᠡᠬᠦ ᠠᠵᠢᠯ ᠢ ᠴᠢᠩᠭᠠᠳᠬᠠᠵᠤ᠂ ᠳᠤᠲᠠᠭᠳᠠᠯ ᠢᠶᠠᠨ ᠱᠠᠯᠠᠪᠳᠠᠨ ᠵᠢᠭᠰᠠᠭᠠᠨ | ᠪᠠᠶᠢᠴᠠᠭᠠᠵᠤ᠂ ᠪᠦᠷᠢᠨ ᠨᠥᠬᠦᠪᠥᠷᠢᠯᠡᠨ᠂ ᠥᠯᠦ ᠬᠠᠯᠳᠠᠪᠣᠷᠢᠯᠠᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠪᠡ᠃ | |