︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾
ᠨᠡᠶᠢᠲᠡᠯᠡᠭᠰᠡᠨ ᠴᠠᠭ᠄
2020/8/31
    ᠭᠤᠷᠪᠠᠳᠤᠭᠠᠷ ᠵᠤᠶᠢᠯ    ᠨᠠᠮ ᠤᠨ ᠭᠡᠰᠢᠭᠦᠨ ᠡᠷᠬᠡᠪᠰᠢ ᠲᠠᠷᠠᠭᠠᠬᠢ ᠵᠢᠭᠰᠠᠭᠠᠭᠰᠠᠨ ᠡᠭᠦᠷᠭᠡ ᠶᠢ ᠭᠦᠢᠴᠡᠳᠭᠡᠬᠦ ᠬᠡᠷᠡᠭᠲᠡᠶ᠄     ︵ᠬᠤᠶᠠᠷ︶ ᠨᠠᠮ ᠤᠨ ᠦᠨᠳᠦᠰᠦᠨ ᠱᠤᠭᠤᠮ ᠪᠠ ᠡᠯ᠎ᠡ ᠵᠦᠢᠯ ᠤᠨ ᠴᠢᠭᠯᠡᠯᠲᠡ᠂ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠥᠭᠡᠷᠡᠴᠢᠯᠡᠯᠲᠡ ᠨᠡᠭᠡᠭᠡᠯᠲᠡ ᠪᠠ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠲᠦᠷᠤᠭᠦᠯᠡᠨ ᠣᠷᠣᠯᠴᠠᠵᠤ᠂ ᠣᠯᠠᠨ ᠲᠦᠮᠡᠨ ᠢ ᠳᠠᠶᠢᠴᠢᠯᠠᠨ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠳᠠᠪᠰᠢᠯᠲᠠ ᠶᠢᠨ ᠲᠥᠯᠥᠭᠡ ᠰᠢᠷᠭᠠᠭᠤ ᠬᠠᠲᠠᠭᠤᠵᠢᠯᠲᠠᠶ ᠲᠡᠮᠡᠴᠡᠵᠦ᠂ ᠤᠶᠢᠯᠡᠳᠪᠤᠷᠢᠯᠡᠯ᠂ ᠠᠵᠢᠯ ᠤᠶᠢᠯᠡᠰ᠂ ᠰᠤᠷᠤᠯᠴᠠᠯᠭ᠎ᠠ ᠪᠠ ᠨᠡᠶᠢᠭᠡᠮ ᠤᠨ ᠠᠮᠢᠳᠤᠷᠠᠯ ᠤᠨ ᠳᠤᠮᠳᠠ ᠬᠤᠰᠢᠭᠤᠴᠢ ᠵᠢᠱᠢᠶᠡᠴᠢ ᠤᠶᠢᠯᠡᠳᠤᠯ ᠦᠵᠡᠭᠦᠯᠬᠦ ᠬᠡᠷᠡᠭᠲᠡᠶ᠃     ︵ᠭᠤᠷᠪᠠ︶ ᠨᠠᠮ ᠪᠠ ᠠᠷᠠᠳ ᠲᠦᠮᠡᠨ ᠤ ᠠᠰᠢᠭ ᠲᠤᠰᠠ ᠠᠯᠢᠪᠠ ᠠᠴᠠ ᠴᠢᠬᠤᠯᠠ ᠪᠠᠶᠢᠬᠤ ᠶᠢ ᠪᠠᠷᠢᠮᠲᠠᠯᠠᠵᠤ ᠂ ᠬᠤᠪᠢ ᠶᠢᠨ ᠠᠰᠢᠭ ᠲᠤᠰᠠ‌ᠨᠠᠮ ᠪᠠ ᠠᠷᠠᠳ ᠲᠦᠮᠡᠨ ᠤ ᠠᠰᠢᠭ ᠲᠤᠰᠠ ᠶᠢ ᠳᠠᠭᠠᠵᠤ᠂ ᠵᠣᠪᠠᠭᠤᠷᠢ ᠵᠦᠳᠡᠭᠦᠷᠢ ᠶᠢ ᠤᠷᠢᠳᠠᠪᠡᠷ ᠠᠮᠰᠠᠵᠤ᠂ ᠵᠣᠯ ᠵᠢᠷᠭᠠᠯ ᠢ ᠬᠤᠶᠢᠨ᠎ᠠ ᠨᠢ ᠡᠳ᠋ᠯᠡᠵᠦ᠂ ᠪᠡᠶ᠎ᠡ ᠪᠠᠨ ᠪᠠᠷᠢᠵᠤ ᠨᠡᠶᠢᠲᠡ ᠶᠢᠨ ᠲᠥᠯᠥᠭᠡ ᠵᠢᠳᠬᠦᠵᠦ᠂ ᠢᠯᠡᠭᠦᠬᠡᠨ ᠬᠤᠪᠢ ᠨᠡᠮᠡᠷᠢ ᠦᠵᠡᠭᠦᠯᠬᠦ ᠬᠡᠷᠡᠭᠲᠡᠢ᠃    ︵ᠲᠦᠷᠪᠡ︶ ᠨᠠᠮ ᠤᠨ ᠰᠠᠬᠢᠯᠭ᠎ᠠ ᠪᠠᠲᠤ ᠶᠢ ᠤᠬᠠᠮᠰᠠᠷ ᠠᠴᠠ ᠪᠠᠨ ᠵᠢᠷᠤᠮᠯᠠᠨ᠂ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ᠂ ᠤᠯᠤᠰ ᠤᠨ ᠬᠠᠤᠯᠢ ᠲᠣᠭᠲᠠᠭᠠᠯ ᠢ ᠲᠠᠭᠠᠭᠤᠯᠤᠨ ᠵᠢᠱᠢᠶᠡᠴᠢ ᠪᠠᠷ ᠰᠠᠬᠢᠵᠤ᠂ ᠨᠠᠮ ᠪᠠ ᠲᠦᠷᠤ ᠶᠢᠨ ᠨᠢᠭᠤᠴᠠ ᠶᠢ ᠴᠢᠩᠭ᠎ᠠ ᠬᠠᠮᠠᠭᠠᠯᠠᠵᠤ᠂ ᠨᠠᠮ ᠤᠨ ᠲᠣᠭᠲᠠᠭᠠᠯ ᠢ ᠬᠡᠷᠡᠭᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠬᠤᠪᠢᠶᠠᠷᠢᠯᠠᠯᠲᠠ ᠶᠢ ᠲᠡᠭᠠᠵᠦ᠂ ᠨᠠᠮ ᠤᠨ ᠡᠭᠦᠷᠭᠡ ᠶᠢ ᠢᠳᠡᠪᠬᠢᠲᠡᠶ ᠪᠡᠶᠡᠯᠡᠭᠦᠯᠬᠦ ᠬᠡᠷᠡᠭᠲᠡᠶ᠃    ︵ᠲᠠᠪᠤ︶ ᠨᠠᠮ ᠤᠨ ᠪᠦᠯᠬᠦᠮᠳᠡᠯ ᠪᠠ ᠨᠢᠭᠡᠳᠦᠯ ᠢ ᠬᠠᠮᠠᠭᠠᠯᠠᠵᠤ᠂ ᠨᠠᠮ ᠳᠠᠭᠠᠨ ᠦᠨᠡᠨᠴᠢ ᠰᠢᠳᠤᠷᠭᠤ᠂ ᠦᠭᠡ ᠶᠠᠷᠢᠶ᠎ᠠ ᠦᠢᠯᠡ ᠠᠵᠢᠯᠯᠠᠭ᠎ᠠ ᠪᠠᠨ ᠨᠢᠭᠡᠳᠬᠡᠵᠦ᠂ ᠠᠯᠢᠪᠠ ᠠᠶᠢᠮᠠᠭ ᠪᠦᠯᠦᠭ ᠤᠨ ᠵᠣᠬᠢᠶᠠᠨ ᠪᠠᠶᠢᠭᠤᠯᠤᠯᠲᠠ ᠪᠠ ᠵᠢᠵᠢᠭ ᠪᠦᠯᠬᠦᠮ ᠤᠨ ᠠᠵᠢᠯᠯᠠᠭ᠎ᠠ ᠶᠢ ᠡᠷᠡᠰ ᠡᠰᠡᠷᠭᠦᠴᠡᠵᠦ᠂ ᠢᠯᠡ ᠪᠠᠷ ᠳᠠᠭᠠᠵᠤ ᠳᠠᠯᠳᠠᠭᠤᠷ ᠵᠥᠷᠢᠴᠡᠬᠦ ᠬᠤᠶᠠᠷ ᠨᠢᠭᠤᠷᠳᠠᠨ ᠤ ᠠᠵᠢᠯᠯᠠᠭ᠎ᠠ ᠪᠠ ᠣᠪ ᠶᠠᠪᠤᠭᠤᠯᠤᠯᠭ᠎ᠠ ᠪᠦᠬᠦᠨ ᠢ ᠡᠰᠡᠷᠭᠦᠴᠡᠬᠦ ᠬᠡᠷᠡᠭᠲᠡᠶ᠃   ︵ᠲᠤᠯᠤᠭ᠎ᠠ︶ ᠤᠯᠠᠨ ᠲᠦᠮᠡᠨ ᠲᠠᠢ ᠨᠢᠭᠲᠠ ᠬᠠᠷᠢᠯᠴᠠᠵᠤ᠂ ᠨᠠᠮ ᠤᠨ ᠵᠣᠷᠢᠯᠲᠠ ᠶᠢ ᠤᠯᠠᠨ ᠲᠦᠮᠡᠨ ᠳᠤ ᠤᠬᠠᠭᠤᠯᠤᠨ᠂ ᠤᠴᠢᠷ ᠶᠠᠪᠤᠳᠠᠯ ᠲᠣᠬᠢᠶᠠᠯᠳᠤᠪᠠᠯ ᠣᠯᠠᠨ ᠲᠦᠮᠡᠨ ᠲᠠᠢ ᠵᠥᠪᠳᠡᠯᠴᠡᠵᠦ᠂ ᠣᠯᠠᠨ ᠲᠦᠮᠡᠨ ᠤ ᠰᠠᠨᠠᠯ ᠱᠠᠭᠠᠷᠳᠠᠯᠭ᠎ᠠ ᠶᠢ ᠴᠠᠭ ᠲᠤᠬᠠᠶ ᠳᠤᠨᠢ ᠨᠠᠮ ᠳᠤ ᠲᠤᠰᠬᠠᠵᠤ᠂ ᠣᠯᠠᠨ ᠲᠦᠮᠡᠨ ᠤ ᠵᠦᠶ ᠶᠣᠰᠣᠨ ᠤ ᠠᠰᠢᠭ ᠲᠤᠰᠠ ᠶᠢ ᠬᠠᠮᠠᠭᠠᠯᠠᠬᠤ ᠬᠡᠷᠡᠭᠲᠡᠶ᠃    ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠭᠡᠯ ᠥᠭᠬᠦ ᠳᠦᠷᠢᠮ︾     ᠳᠥᠴᠢᠨ ᠳᠥᠷᠪᠡᠳᠦᠭᠡᠷ ᠵᠦᠢᠯ   ᠴᠢᠬᠤᠯᠠ ᠶᠡᠭᠡ ᠵᠠᠷᠴᠢᠮ ᠤᠨ ᠠᠰᠠᠭᠤᠳᠠᠯ ᠳᠡᠭᠡᠷ᠎ᠡ ᠨᠠᠮ ᠤᠨ ᠲᠥᠪ ᠬᠤᠷᠢᠶ᠎ᠠ ᠲᠠᠢ ᠨᠢᠭᠡᠳᠬᠦ ᠦᠭᠡᠢ ᠮᠥᠷᠲᠡᠭᠡᠨ ᠪᠣᠳᠠᠲᠠᠶ ᠦᠭᠡ ᠶᠠᠷᠢᠶ᠎ᠠ᠂ ᠦᠢᠯᠡ ᠠᠵᠢᠯᠯᠠᠭ᠎ᠠ ᠲᠠᠢ ᠪᠤᠶᠤ ᠮᠠᠭᠤ ᠦᠷ᠎ᠡ ᠳ᠋ᠦᠩ ᠭᠠᠷᠭᠠᠭᠰᠠᠨ ᠪᠠᠶᠢᠪᠡᠯ᠂ ᠳᠣᠩᠭᠤᠳᠬᠤ ᠪᠤᠶᠤ ᠴᠢᠩᠭ᠎ᠠ ᠳᠣᠩᠭᠤᠳᠬᠤ ᠰᠢᠳᠬᠡᠯ ᠥᠭᠭᠦᠨ᠎ᠡ︔ ᠦᠢᠯᠡ ᠪᠠᠶᠢᠳᠠᠯ ᠨᠢ ᠨᠡᠯᠢᠶᠡᠳ ᠬᠦᠨᠳᠦ ᠪᠣᠯ ᠨᠠᠮ ᠤᠨ ᠳᠣᠲᠣᠭᠠᠳᠤ ᠶᠢᠨ ᠲᠤᠰᠢᠶᠠᠯ ᠢ ᠨᠢ ᠤᠭᠴᠠᠷᠠᠭᠤᠯᠬᠤ ᠪᠤᠶᠤ ᠨᠠᠮ ᠳᠤ ᠪᠠᠶᠢᠯᠭᠠᠵᠤ ᠬᠢᠨᠠᠨ ᠦᠵᠡᠬᠦ ᠰᠢᠳᠬᠡᠯ ᠥᠭᠭᠦᠨ᠎ᠡ︔ ᠦᠢᠯᠡ ᠪᠠᠶᠢᠳᠡᠯ ᠨᠢ ᠬᠦᠨᠳᠦ ᠨᠣᠴᠢᠲᠠᠶ ᠪᠣᠯ ᠨᠠᠮ ᠠᠴᠠ ᠬᠥᠭᠡᠭᠡᠬᠦ ᠰᠢᠳᠭᠡᠯ ᠦᠭᠭᠦᠨ᠎ᠡ᠃    ᠲᠠᠪᠢᠨ ᠨᠢᠭᠡᠳᠦᠭᠡᠷ ᠵᠦᠢᠯ   ᠨᠠᠮ ᠳᠠᠭᠠᠨ ᠦᠨᠡᠨᠴᠢ ᠰᠢᠳᠤᠷᠭᠤ ᠦᠭᠡᠢ᠂ ᠪᠤᠳᠤᠬᠤ ᠪᠠ ᠬᠢᠭᠦ ᠨᠢ ᠠᠳᠠᠯᠢ ᠦᠭᠡᠢ᠂ ᠢᠯᠡ ᠪᠠᠷ ᠳᠠᠭᠠᠵᠤ ᠳᠠᠯᠳᠠᠭᠤᠷ ᠵᠥᠷᠢᠴᠡᠵᠦ᠂ ᠳᠡᠭᠡᠷᠡᠬᠢ ᠪᠠᠨ ᠮᠡᠬᠡᠯᠡᠵᠦ ᠳᠣᠤᠷᠠᠬᠢ ᠪᠠᠨ ᠬᠢᠬᠠᠵᠤ᠂ ᠬᠤᠶᠠᠷ ᠨᠢᠭᠤᠷᠲᠠᠨ ᠪᠤᠯᠤᠬᠰᠡᠨ ᠪᠠᠶᠢᠪᠡᠯ᠂ ᠦᠢᠯᠡ ᠪᠠᠶᠢᠳᠠᠯ ᠨᠢ ᠬᠥᠩᠭᠡᠨ ᠪᠣᠯ ᠳᠣᠩᠭᠤᠳᠬᠤ ᠪᠤᠶᠤ ᠴᠢᠩᠭ᠎ᠠ ᠳᠣᠩᠭᠤᠳᠬᠤ ᠰᠢᠳᠬᠡᠯ ᠦᠭᠬᠦᠨ᠎ᠡ︔ ᠦᠢᠯᠡ ᠪᠠᠶᠢᠳᠠᠯ ᠨᠢ ᠨᠡᠯᠢᠶᠡᠳ ᠬᠦᠨᠳᠦ ᠪᠣᠯ ᠨᠠᠮ ᠤᠨ ᠳᠣᠲᠣᠭᠠᠳᠤ ᠶᠢᠨ ᠲᠤᠰᠢᠶᠠᠯ ᠢ ᠨᠢ ᠤᠭᠴᠠᠷᠠᠭᠤᠯᠬᠤ ᠪᠤᠶᠤ ᠨᠠᠮ ᠳᠤ ᠪᠠᠶᠢᠯᠭᠠᠵᠤ ᠬᠢᠨᠠᠨ ᠦᠵᠡᠬᠦ ᠰᠢᠳᠬᠡᠯ ᠥᠭᠭᠦᠨ᠎ᠡ︔ ᠦᠢᠯᠡ ᠪᠠᠶᠢᠳᠡᠯ ᠨᠢ ᠬᠦᠨᠳᠦ ᠨᠣᠴᠢᠲᠠᠶ ᠪᠣᠯ ᠨᠠᠮ ᠠᠴᠠ ᠬᠥᠭᠡᠭᠡᠬᠦ ᠰᠢᠳᠭᠡᠯ ᠣᠯᠭᠤᠨ᠎ᠠ᠃    ᠲᠠᠪᠢᠨ ᠬᠤᠶᠠᠳᠤᠭᠠᠷ ᠵᠦᠢᠯ   ᠤᠯᠤᠰ ᠲᠥᠷᠥ ᠶᠢᠨ ᠴᠤᠤᠷᠬᠠᠯ ᠵᠤᠬᠢᠶᠠᠵᠤ᠂ ᠲᠠᠷᠬᠠᠭᠠᠵᠤ᠂ ᠤᠯᠠᠮᠵᠢᠯᠠᠨ᠂ ᠨᠠᠮ ᠤᠨ ᠪᠦᠯᠬᠦᠮᠳᠡᠯ ᠨᠢᠭᠡᠳᠦᠯ ᠢ ᠡᠪᠳᠡᠭᠰᠡᠨ ᠪᠠᠶᠢᠪᠠᠯ᠂ ᠰᠡᠷᠡᠮᠵᠢᠯᠡᠭᠦᠯᠬᠦ ᠪᠤᠶᠤ ᠴᠢᠩᠭ᠎ᠠ ᠳᠣᠩᠭᠤᠳᠬᠤ ᠰᠢᠳᠬᠡᠯ ᠥᠭᠭᠦᠨ᠎ᠡ︔ ᠦᠢᠯᠡ ᠪᠠᠶᠢᠳᠠᠯ ᠨᠢ ᠨᠡᠯᠢᠶᠡᠳ ᠬᠦᠨᠳᠦ ᠪᠣᠯ ᠨᠠᠮ ᠤᠨ ᠳᠣᠲᠣᠭᠠᠳᠤ ᠶᠢᠨ ᠲᠤᠰᠢᠶᠠᠯ ᠢ ᠨᠢ ᠤᠭᠴᠠᠷᠠᠭᠤᠯᠬᠤ ᠪᠤᠶᠤ ᠨᠠᠮ ᠳᠤ ᠪᠠᠶᠢᠯᠭᠠᠵᠤ ᠬᠢᠨᠠᠨ ᠦᠵᠡᠬᠦ ᠰᠢᠳᠬᠡᠯ ᠥᠭᠭᠦᠨ᠎ᠡ︔ ᠦᠢᠯᠡ ᠪᠠᠶᠢᠳᠡᠯ ᠨᠢ ᠬᠦᠨᠳᠦ ᠨᠣᠴᠢᠲᠠᠶ ᠪᠣᠯ ᠨᠠᠮ ᠠᠴᠠ ᠬᠥᠭᠡᠭᠡᠬᠦ ᠰᠢᠳᠭᠡᠯ ᠦᠭᠬᠦᠨ᠎ᠡ᠃    ᠤᠯᠤᠰ ᠲᠥᠷᠥ ᠶᠢᠨ ᠵᠠᠩ ᠰᠤᠷᠲᠠᠯ ᠮᠠᠭᠤ᠂ ᠨᠡᠷ᠎ᠡ ᠪᠤᠷᠤᠭᠤᠯᠠᠨ ᠭᠥᠳᠭᠡᠬᠦ᠂ ᠵᠣᠷᠢᠭᠤᠳᠠ ᠭᠦᠵᠢᠷᠯᠡᠬᠦ ᠪᠤᠶᠤ ᠴᠤᠤᠷᠬᠠᠯ ᠲᠠᠯᠪᠢᠵᠤ᠂ ᠬᠤᠬᠢᠷᠠᠯ ᠤᠴᠠᠷᠠᠭᠤᠯᠤᠭᠰᠠᠨ ᠪᠤᠶᠤ ᠮᠠᠭᠤ  ᠨᠦᠯᠤᠭᠡ ᠭᠠᠷᠤᠬᠰᠡᠨ ᠪᠠᠶᠢᠪᠠᠯ᠂ ᠡᠮᠦᠨᠡᠬᠢ ᠵᠤᠶᠢᠯ ᠤᠨ ᠲᠣᠭᠲᠠᠭᠠᠯ ᠢᠶᠠᠷ ᠰᠢᠢᠳᠪᠤᠷᠢᠯᠡᠨ᠎ᠡ᠃                    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号