ᠠᠵᠢᠯᠴᠢ ᠬᠤᠶᠠᠷ ᠭᠠᠷ ᠢᠶᠠᠷ ᠢᠶᠠᠨ ᠵᠣᠯ ᠵᠢᠷᠭᠠᠯᠲᠤ ᠠᠮᠢᠳᠤᠷᠠᠯ ᠢᠶᠠᠨ ᠴᠤᠬᠴᠠᠯᠠᠨᠠᠮ
ᠨᠡᠶᠢᠲᠡᠯᠡᠭᠰᠡᠨ ᠴᠠᠭ᠄
2020/8/6
    ᠸᠧᠢ ᠰᠢ ᠵᠢᠶᠠᠩ ᠤᠨ ᠬᠢᠨ ᠪᠣᠯ ᠵᠠᠷᠤᠳ ᠬᠤᠰᠢᠭᠤᠨ ᠤ ᠴᠢᠪᠠᠭᠠᠳᠦ ᠰᠤᠮᠤ ᠶᠢᠨ ᠪᠤᠤ ᠠᠨ ᠲᠣᠰᠬᠤᠨ ᠤ ᠲᠠᠩᠰᠠ  ᠪᠠᠶᠢᠭᠤᠯᠤᠨ ᠺᠠᠷᠲ ᠵᠤᠬᠢᠶᠠᠭᠰᠠᠨ ᠶᠠᠳᠠᠭᠤ ᠬᠦᠴᠢᠷᠳᠡᠯᠳᠡᠢ ᠡᠷᠦᠬᠡ ᠪᠣᠯᠤᠨ᠎ᠠ᠃ ᠬᠤᠶᠠᠷ ᠨᠠᠰᠤᠲᠠᠨ ᠤᠳᠠᠭᠠᠨ ᠵᠢᠯ  ᠡᠪᠡᠳᠴᠢᠨ ᠡᠮᠭᠡᠭ ᠲᠤ ᠤᠷᠢᠶᠠᠭᠳᠠᠵᠤ᠂ ᠠᠮᠢᠳᠤᠷᠠᠯ ᠨᠢ ᠶᠠᠳᠠᠭᠤ ᠬᠦ᠋ᠴᠢᠷᠳᠡᠯᠳᠡᠢ ᠪᠤᠯᠵᠤ ᠭᠠᠴᠢᠬᠳᠠᠵᠤ ᠶᠠᠪᠤᠵᠡᠢ᠃ ᠨᠠᠮ  ᠵᠠᠰᠠᠭ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢᠶᠠᠷ ᠲᠡᠳᠠᠠ ᠤ ᠬᠢᠨ ᠢ ᠲᠠᠩᠰᠠ ᠪᠠᠶᠢᠭᠤᠯᠤᠨ ᠺᠠᠷᠲ ᠵᠤᠬᠢᠶᠠᠭᠰᠠᠨ  ᠶᠠᠳᠠᠭᠤ ᠬᠦᠴᠢᠷᠳᠡᠯᠲᠡᠶ ᠡᠷᠦᠬᠡ ᠪᠠᠷ ᠲᠤᠳᠤᠯᠠᠵᠤ᠂ ᠠᠯᠢ ᠤᠯᠠᠨ ᠶᠠᠳᠠᠭᠤ ᠶᠢ ᠲᠡᠳᠬᠦᠬᠦ ᠲᠥᠷᠥ ᠶᠢᠨ ᠪᠤᠳᠤᠯᠭ᠎ᠠ ᠶᠢᠨ  ᠬᠠᠷᠠᠭᠠᠯᠵᠠᠯ ᠢ ᠬᠦᠷᠳᠡᠭᠡᠵᠤ᠂ ᠸᠧᠢ ᠰᠢ ᠵᠢᠶᠠᠩ ᠴᠤ ᠦᠪᠡᠷ ᠤᠨ ᠠᠵᠢᠯᠴᠢ ᠬᠤᠶᠠᠷ ᠭᠠᠷ ᠢᠶᠠᠨ ᠲᠦᠰᠢᠭᠯᠡᠨ ᠶᠠᠳᠠᠭᠤ ᠠᠴᠠ  ᠠᠩᠬᠢᠵᠢᠷᠠᠪᠠ᠃          ᠡᠮ ᠡᠮᠨᠡᠯᠭᠡ ᠶᠢᠨ ᠨᠦᠰᠡᠷ ᠬᠦᠨᠳᠦ ᠵᠠᠷᠤᠳᠠᠯ ᠰᠦᠢᠳᠭᠡᠯ ᠨᠢ ᠤᠤᠯ ᠠᠴᠠ ᠪᠠᠨ ᠪᠠᠶᠠᠨ ᠴᠢᠨᠡᠭᠡᠯᠢᠭ ᠪᠢᠰᠢ  ᠲᠡᠳᠡᠨ ᠤ ᠬᠢᠨ ᠢ ᠶᠡᠭᠡ ᠪᠠᠷ ᠭᠠᠴᠢᠭᠳᠠᠭᠤᠯᠤᠨ᠂ ᠲᠥᠷᠥᠯ ᠰᠠᠳᠤᠨ ᠬᠦᠷᠰᠢ ᠵᠡᠷᠭᠡᠯᠡᠳᠡᠭᠡ ᠠᠴᠠ ᠪᠠᠨ ᠪᠦᠷ ᠵᠣᠭᠤᠰ  ᠵᠢᠭᠡᠯᠡᠵᠤ ᠦᠡᠭᠭᠡᠷᠡᠪᠡ᠃ ᠸᠧᠶ ᠰᠢ ᠵᠢᠶᠠᠩ ᠪᠣᠯᠤᠨ ᠭᠡᠷᠭᠡᠢ ᠸᠠᠩ ᠬᠦᠶ ᠴᠢᠨ ᠬᠤᠶᠠᠭᠤᠯᠠ ᠪᠠᠨ ᠪᠦᠷ ᠤᠳᠠᠭᠠᠨ ᠴᠢᠨᠠᠷᠲᠠᠶ  ᠡᠪᠡᠳᠴᠢᠨ ᠳᠤ ᠨᠡᠷᠪᠡᠭᠳᠡᠵᠦ᠂ ᠬᠦᠨᠳᠦ ᠠᠵᠢᠯ ᠬᠢᠵᠦ ᠲᠡᠶᠢᠯᠬᠦ ᠦᠬᠡᠢ ᠪᠤᠯᠪᠠ᠃ ᠸᠧᠢ ᠰᠢ ᠵᠢᠶᠠᠩ ᠭᠡᠷ ᠲᠡᠭᠡᠨ ᠰᠡᠭᠦᠷᠡᠰᠦ  ᠠᠯᠳᠠᠨ ᠰᠠᠭᠤᠵᠦ᠂ ᠶᠠᠭᠤ ᠬᠢᠭᠰᠡᠨ ᠴᠦ ᠲᠠᠮᠢᠷ ᠲᠡᠩᠬᠡᠭᠡ ᠦᠭᠡᠢ ᠪᠠᠶᠢᠵᠦ᠂ ᠠᠮᠢᠳᠤᠷᠠᠯ ᠤᠨ ᠢᠳᠡᠭᠡᠯ ᠵᠤᠷᠢᠭ ᠢᠶᠠᠨ  ᠠᠯᠳᠠᠵᠠᠢ᠃ ᠭᠡᠪᠡᠴᠦ 2014 ᠣᠨ ᠳᠤ᠂ ᠲᠡᠳᠠᠠ ᠤ ᠬᠢᠨ ᠢ ᠲᠠᠩᠰᠠ ᠪᠠᠶᠢᠭᠤᠯᠤᠨ ᠺᠠᠷᠲ ᠵᠤᠬᠢᠶᠠᠭᠰᠠᠨ ᠶᠠᠳᠠᠭᠤ  ᠬᠦᠴᠢᠷᠳᠡᠯᠲᠡᠶ ᠡᠷᠦᠬᠡ ᠪᠠᠷ ᠲᠤᠳᠤᠯᠠᠵᠤ᠂ ᠤᠨᠢᠨ ᠲᠡᠬᠡᠷ᠎ᠠ ᠨᠢ ᠶᠠᠳᠠᠭᠤ ᠶᠢ ᠲᠡᠳᠬᠦᠬᠦ ᠲᠥᠷᠥ ᠶᠢᠨ ᠪᠤᠳᠤᠯᠭ᠎ᠠ ᠶᠢᠨ ᠠᠯᠢ  ᠤᠯᠠᠨ ᠬᠠᠷᠠᠭᠠᠯᠵᠠᠯ ᠢ ᠬᠦᠷᠳᠡᠭᠡᠵᠦ᠂ ᠲᠡᠭᠦᠨ ᠤ ᠶᠠᠳᠠᠭᠤ ᠠᠴᠠ ᠠᠩᠬᠢᠵᠢᠷᠠᠬᠤ ᠢᠳᠡᠭᠡᠯ ᠵᠤᠷᠢᠭ ᠢ ᠨᠢ ᠬᠦᠪᠴᠢᠯᠡᠵᠤ᠂  ᠢᠷᠡᠭᠡᠳᠦᠢ ᠳᠡᠭᠡᠨ ᠬᠦᠰᠡᠯ ᠡᠷᠡᠮᠡᠯᠵᠡᠯ ᠲᠠᠢ ᠪᠤᠯᠭᠠᠪᠠ᠃  ᠲᠠᠩᠰᠠ ᠪᠠᠶᠢᠭᠤᠯᠤᠨ ᠺᠠᠷᠲ ᠵᠤᠬᠢᠶᠠᠭᠰᠠᠨ ᠶᠠᠳᠠᠭᠤ ᠬᠦᠴᠢᠷᠳᠡᠯᠲᠡᠶ ᠡᠷᠦᠬᠡ ᠪᠠᠷ ᠲᠤᠳᠤᠯᠠᠭᠲᠠᠭᠰᠠᠨ ᠤ ᠰᠡᠭᠦᠯᠡᠷ᠂  ᠲᠡᠳᠡᠨ ᠤ ᠬᠢᠨ ᠳᠤ ᠤᠷᠢᠳ ᠬᠤᠵᠢᠳ ᠠᠵᠤ ᠦᠶ᠋ᠯᠡᠰ ᠢᠶᠠᠷ ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ  ᠲᠡᠳᠬᠦᠬᠦ᠂ ᠮᠦᠩᠭᠦᠨ ᠭᠦᠶ᠋ᠯᠭᠡᠭᠡ ᠪᠠᠷ ᠶᠠᠳᠠᠭᠤ ᠶᠢ ᠲᠡᠳᠬᠦᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ  ᠪᠠᠶᠢᠨ᠎ᠠ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠨᠥᠬᠦᠳ ᠤᠨ ᠵᠣᠷᠢᠭᠵᠢᠭᠤᠯᠤᠯ ᠪᠠ ᠬᠠᠪᠰᠤᠷᠤᠯᠭ᠎ᠠ ᠳᠣᠣᠷ᠎ᠠ  ᠂ ᠸᠧᠶ ᠰᠢ ᠵᠢᠶᠠᠩ ᠡᠬᠡᠨᠡᠷ ᠸᠠᠩ ᠬᠦᠶ ᠴᠢᠨ ᠲᠠᠢ ᠪᠠᠨ ᠵᠠᠰᠠᠭ ᠤᠨ ᠣᠷᠳᠣᠨ ᠤ ᠥᠭᠭᠦᠭᠰᠡᠨ 29900 ᠲᠥᠭᠦᠷᠢᠭ ᠤᠨ  ᠠᠵᠤ ᠦᠶ᠋ᠯᠡᠰ ᠢᠶᠠᠷ ᠶᠠᠳᠠᠭᠤ ᠶᠢ ᠲᠡᠳᠬᠦᠬᠦ ᠪᠡᠯᠡ ᠮᠥᠩᠭᠦ ᠶᠢ ᠠᠰᠢᠭᠯᠠᠨ ᠡᠮ᠎ᠡ ᠬᠤᠨᠢ᠂ ᠡᠪᠡᠰᠦ ᠪᠣᠷᠳᠤᠭ᠎ᠠ ᠬᠤᠳᠠᠯᠳᠤᠨ  ᠠᠪᠬᠤ ᠶᠢᠨ ᠳᠠᠭᠠᠤ ᠪᠠᠰᠠ ᠬᠠᠰᠢᠶ᠎ᠠ ᠰᠠᠷᠠᠪᠴᠢ ᠪᠠᠶᠢᠭᠤᠯᠵᠠᠢ᠃ ᠡᠭᠦᠨ ᠤ ᠬᠠᠮᠲᠤ᠂ ᠡᠷᠡᠭᠦᠯ ᠮᠡᠨᠳᠦ ᠪᠠᠷ ᠶᠠᠳᠠᠭᠤ ᠶᠢ  ᠲᠡᠳᠬᠦᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠢ ᠬᠦᠷᠳᠡᠨ᠂ ᠡᠮ ᠡᠮᠨᠡᠯᠭᠡ ᠶᠢᠨ ᠵᠠᠷᠤᠳᠠᠯ᠂ ᠡᠮᠨᠡᠯᠭᠡ ᠳᠤ ᠰᠠᠭᠤᠬᠤ  ᠵᠠᠷᠤᠳᠠᠯ᠂ ᠪᠡᠶ᠎ᠡ ᠶᠢᠨ ᠪᠠᠶᠢᠴᠠᠭᠠᠯᠲᠠ ᠶᠢᠨ ᠵᠠᠷᠤᠳᠠᠯ ᠢ ᠴᠥᠮ ᠳᠠᠩᠰᠠᠨ ᠠᠴᠠ ᠲᠠᠶᠢᠯᠵᠤ᠂ ᠲᠡᠳᠡᠨ ᠢ ᠬᠠᠪᠰᠤᠷᠤᠨ ᠬᠠᠮᠤᠭ  ᠦᠨᠳᠦᠰᠦᠨ᠂ ᠬᠠᠮᠤᠭ ᠬᠦᠴᠢᠷ ᠠᠰᠠᠭᠤᠳᠠᠯ ᠢ ᠨᠢ ᠰᠢᠶ᠋ᠳᠪᠦᠷᠢᠯᠡᠨ ᠥᠭᠴᠡᠶ᠃ 2018 ᠣᠨ ᠳᠤ᠂ ᠶᠡᠭᠡ ᠥᠬᠢᠨ ᠨᠢ  ᠮᠡᠰᠡ ᠵᠠᠰᠠᠯ ᠬᠢᠵᠦ᠂ ᠬᠠᠪᠰᠤᠷᠤᠨ ᠲᠡᠳᠬᠦᠬᠦ ᠺᠠᠳ᠋ᠷᠴᠤᠳ ᠣᠯᠠᠨ ᠤᠳᠠᠭ᠎ᠠ ᠠᠷᠠᠳ ᠤᠨ ᠶᠠᠪᠤᠳᠠᠯ ᠤᠨ ᠰᠠᠯᠠᠭ᠎ᠠ  ᠮᠥᠴᠢᠷ ᠲᠠᠢ ᠬᠠᠷᠢᠴᠠᠵᠤ᠂ ᠲᠡᠳᠡᠨ ᠢ ᠬᠠᠪᠰᠤᠷᠤᠨ 4000 ᠲᠥᠭᠦᠷᠢᠭ ᠤᠨ ᠠᠪᠤᠷᠠᠨ ᠲᠤᠰᠠᠯᠠᠬᠤ ᠮᠥᠩᠭᠦ ᠶᠢ  ᠭᠤᠶᠤᠴᠢᠯᠠᠨ ᠦᠭᠴᠤ᠂ ᠪᠠᠰᠠ ᠬᠤᠪᠢ ᠶᠢᠨ ᠮᠦᠡᠭᠬᠦ ᠪᠠᠨ 500 ᠲᠦᠭᠦᠷᠢᠭ ᠬᠠᠨᠳᠢᠪᠯᠠᠵᠠᠢ᠃ ᠲᠦᠷᠦ ᠶᠢᠨ  ᠪᠤᠳᠤᠯᠭ᠎ᠠ ᠶᠢᠨ ᠬᠠᠷᠠᠭᠠᠯᠵᠠᠯ ᠪᠠ ᠦᠪᠡᠷ ᠤᠨ ᠴᠢᠷᠮᠠᠶᠢᠯᠭ᠎ᠠ ᠪᠠᠷ ᠲᠠᠮᠵᠢᠨ᠂ ᠸᠧᠢ ᠰᠢ ᠵᠢᠶᠠᠩ ᠤᠨ ᠬᠢᠨ ᠬᠥᠮᠦᠨ  ᠳᠤᠮᠳᠠᠴᠢ ᠶᠢᠨ ᠵᠢᠯ ᠤᠨ ᠣᠷᠣᠯᠭ᠎ᠠ ᠨᠢ 11000 ᠲᠥᠭᠦᠷᠢᠭ ᠠᠴᠠ ᠳᠡᠭᠡᠭᠰᠢ ᠳᠤ ᠬᠦᠷᠴᠦ᠂ 2017 ᠣᠨ ᠳᠤ  ᠶᠠᠳᠠᠭᠤ ᠠᠴᠠ ᠠᠩᠭᠢᠵᠢᠷᠠᠭᠰᠠᠨ ᠪᠠᠶᠢᠨ᠎ᠠ᠃          ᠬᠥᠮᠦᠨ ᠶᠠᠳᠠᠭᠤ ᠪᠤᠯᠤᠭᠰᠠᠨ ᠴᠤ ᠵᠣᠷᠢᠭ ᠮᠣᠬᠤᠵᠤ ᠪᠤᠯᠬᠤ ᠦᠭᠡᠢ᠂ ᠥᠪᠡᠷ ᠤᠨ ᠬᠦᠴᠦ ᠪᠠᠷ ᠢᠶᠠᠨ ᠳᠡᠭᠵᠢᠷᠡᠪᠡᠯ  ᠰᠠᠶ᠋ᠢ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠵᠦ ᠴᠢᠳᠠᠨ᠎ᠠ᠃ ᠸᠧᠢ ᠰᠢ ᠵᠢᠶᠠᠩ ᠤᠨ ᠨᠢᠭᠡ ᠭᠡᠷ ᠤᠨ ᠬᠢᠨ ᠨᠦᠢᠷ  ᠬᠤᠭᠤᠯᠠ ᠪᠠᠨ ᠤᠮᠠᠷᠳᠠᠨ᠂ ᠬᠤᠨᠢ ᠮᠠᠯ ᠢᠶᠠᠨ ᠨᠠᠷᠢᠨ ᠨᠢᠮᠪᠠᠢ ᠠᠷᠠᠴᠢᠯᠠᠨ ᠲᠤᠳᠤᠮᠳᠠᠬᠰᠡᠨ ᠠᠴᠠ ᠠᠩᠬ᠎ᠠ ᠡᠬᠢᠨ ᠤ 10  ᠭᠠᠷᠤᠢ ᠠᠴᠠ ᠪᠠᠨ ᠦᠷᠡᠵᠢᠭᠡᠳ ᠤᠳᠤ ᠶᠢᠨ 70 ᠭᠠᠷᠤᠢ ᠲᠤᠯᠤᠭᠠᠢ ᠪᠣᠯᠤᠭᠰᠠᠨ ᠪᠠᠶᠢᠨ᠎ᠠ᠃ ᠡᠨᠡ ᠵᠢᠯ᠂ ᠸᠧᠢ ᠰᠢ ᠵᠢᠶᠠᠩ  ᠬᠦᠷᠢᠶ᠎ᠠ ᠬᠠᠰᠢᠶ᠎ᠠ ᠪᠠᠨ ᠠᠰᠢᠭᠯᠠᠨ ᠪᠠᠰᠠ 30 ᠮᠦ ᠡᠷᠳᠡᠨᠢ ᠰᠢᠰᠢ ᠲᠠᠷᠢᠵᠤ᠂ ᠨᠠᠮᠤᠷ ᠬᠤᠷᠢᠶᠠᠪᠠᠯ ᠬᠠᠭᠠᠰ ᠢ ᠨᠢ  ᠬᠤᠳᠠᠯᠳᠤᠵᠤ᠂ ᠬᠠᠭᠠᠰ ᠢ ᠨᠢ ᠲᠡᠵᠢᠭᠡᠯ ᠪᠣᠷᠳᠤᠭ᠎ᠠ ᠪᠠᠷ ᠦᠯᠡᠳᠡᠭᠡᠬᠦ ᠪᠠᠷ ᠲᠦᠯᠦᠪᠯᠡᠵᠤ ᠪᠤᠢ᠃ ᠲᠠᠷᠭᠤ ᠬᠦᠴᠤ ᠰᠠᠶᠢᠲᠠᠢ  ᠬᠤᠨᠢᠳ ᠪᠠ ᠴᠡᠪᠡᠷ ᠲᠤᠬᠢᠯᠢᠬ ᠬᠦᠷᠢᠶ᠎ᠡ ᠬᠠᠰᠢᠶ᠎ᠡ ᠪᠠᠨ ᠬᠠᠷᠠᠭᠠᠳ ᠬᠤᠶᠠᠷ ᠨᠠᠰᠤᠳᠠᠨ ᠤ ᠤᠷᠮ᠎ᠠ ᠵᠤᠷᠢᠬ ᠨᠢ ᠤᠯᠠᠮ  ᠬᠦᠪᠴᠢᠯᠡᠭᠳᠡᠵᠦ ᠢᠷᠡᠭᠡᠳᠦᠢ ᠳᠡᠭᠡᠨ ᠨᠡᠩ ᠢᠲᠡᠭᠡᠯ ᠲᠡᠭᠦᠯᠳᠡᠷ ᠪᠤᠯᠤᠭᠰᠠᠨ ᠪᠠᠶᠢᠨ᠎ᠠ᠃  
 
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号