ᠠᠷᠪᠠᠨ ᠬᠤᠶᠠᠳᠤᠭᠠᠷ ᠵᠤᠶᠢᠯ 「ᠠᠯᠪᠠᠲᠠᠨ ᠤ ᠡᠭᠦᠷᠭᠡ ᠬᠠᠷᠢᠭᠤᠴᠠᠯᠭ᠎ᠠ 」ᠠᠯᠪᠠᠲᠠᠨ ᠳᠣᠤᠷ᠎ᠠ | ᠵᠢᠭᠰᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠭᠡᠬᠦ ᠬᠡᠷᠡᠭᠲᠡᠶ᠄ | ︵ᠨᠢᠭᠡ︶ ᠦᠨᠳᠦᠰᠦᠨ ᠬᠠᠤᠯᠢ ᠪᠠ ᠬᠠᠤᠯᠢ ᠴᠠᠭᠠᠵᠠ ᠶᠢ ᠵᠢᠱᠢᠶᠡᠴᠢ ᠪᠠᠷ ᠵᠢᠷᠤᠮᠯᠠᠨ ᠰᠠᠬᠢᠨ᠎ᠠ︔ | ︵ᠬᠤᠶᠠᠷ︶ ᠲᠣᠭᠲᠠᠭᠰᠠᠨ ᠡᠷᠬᠡ ᠮᠠᠳᠡᠯ ᠪᠠ ᠠᠯᠬᠤᠮ ᠲᠠᠷᠠᠭ᠎ᠠ ᠪᠠᠷ ᠲᠤᠰᠢᠶᠠᠯ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠭᠡᠵᠤ᠂ ᠠᠵᠢᠯ ᠤᠨ ᠦᠷ᠎ᠡ ᠪᠦᠲᠦᠮᠵᠢ ᠪᠠᠨ ᠴᠢᠷᠮᠠᠶᠢᠨ ᠳᠡᠭᠡᠭᠰᠢᠯᠡᠭᠦᠯᠦᠨ᠎ᠡ︔ | ︵ᠭᠤᠷᠪᠠ︶ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠤᠶᠢᠯᠡᠴᠢᠯᠡᠵᠤ᠂ ᠠᠷᠠᠳ | ᠲᠦᠮᠡᠨ ᠤ ᠬᠢᠨᠠᠯᠳᠠ ᠶᠢ ᠬᠦᠯᠢᠶᠡᠨ᠎ᠡ︔ | ︵ᠲᠦᠷᠪᠡ︶ ᠤᠯᠤᠰ ᠭᠡᠷ ᠤᠨ ᠠᠮᠤᠷ ᠲᠦᠪᠰᠢᠨ᠂ ᠢᠷᠠᠭᠤ ᠠᠯᠳᠠᠷ ᠪᠠ ᠠᠰᠢᠭ ᠲᠤᠰᠠ ᠶᠢ ᠬᠠᠮᠠᠭᠠᠯᠠᠨ᠎ᠠ︔ | | ︵ᠲᠠᠪᠤ︶ ᠠᠵᠢᠯ ᠪᠠᠶᠢᠷᠢ ᠳᠠᠭᠠᠨ ᠰᠢᠳᠤᠷᠭᠤ᠂ ᠡᠭᠦᠷᠭᠡ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠭᠡᠵᠤ᠂ | ᠳᠡᠭᠡᠳᠦ ᠱᠠᠲᠤᠨ ᠤ ᠬᠠᠤᠯᠢ ᠪᠠᠷ ᠲᠤᠬᠳᠠᠬᠰᠡᠨ ᠲᠣᠭᠲᠠᠭᠠᠯ ᠪᠠ ᠵᠠᠷᠯᠢᠭ ᠢ ᠲᠠᠭᠠᠬᠤ ᠪᠠ ᠬᠡᠷᠡᠭᠵᠢᠭᠦᠯᠤᠨ᠎ᠡ︔ | ︵ᠵᠢᠷᠭᠤᠭ᠎ᠠ︶ ᠤᠯᠤᠰ ᠤᠨ ᠨᠢᠭᠤᠴᠠ ᠪᠠ ᠠᠵᠢᠯ ᠤᠨ ᠨᠢᠭᠤᠴᠠ ᠶᠢ ᠬᠠᠮᠠᠭᠠᠯᠠᠨ᠎ᠠ︔ | ︵ᠲᠤᠯᠤᠭ᠎ᠠ︶ ᠰᠠᠬᠢᠯᠭ᠎ᠠ ᠪᠠᠲᠤ ᠶᠢ ᠵᠢᠷᠤᠮᠯᠠᠵᠤ᠂ ᠲᠤᠬᠠᠶᠢᠯᠠᠭᠰᠠᠨ ᠠᠵᠢᠯ ᠤᠨ ᠶᠣᠰᠣ ᠮᠣᠷᠠᠯ ᠢ | ᠬᠢᠴᠢᠶᠡᠩᠭᠦ᠋ᠢᠯᠡᠨ ᠰᠠᠬᠢᠵᠤ᠂ ᠨᠡᠶᠢᠲᠡ ᠶᠢᠨ ᠶᠣᠰᠣ ᠮᠣᠷᠠᠯ ᠢ ᠵᠢᠱᠢᠶᠡᠴᠢ ᠪᠠᠷ ᠵᠢᠷᠤᠮᠯᠠᠨ᠎ᠠ︔ | ︵ᠨᠠᠢᠮᠠ︶ ᠠᠷᠢᠭᠤᠨ ᠴᠢᠬᠡᠴᠢ᠂ ᠲᠥᠪ ᠭᠤᠤᠯᠴᠢ ᠪᠠᠶᠢᠬᠤ︔ | ︵ᠶᠢᠰᠦ︶ ᠬᠠᠤᠯᠢ ᠳᠤ ᠲᠣᠭᠲᠠᠭᠰᠠᠨ ᠪᠤᠰᠤᠳ ᠡᠭᠦᠷᠭᠡ ᠬᠠᠷᠢᠭᠤᠴᠠᠯᠠᠭ᠎ᠠ ᠶᠢ ᠭᠦᠢᠴᠡᠳᠭᠡᠨ᠎ᠡ᠃ |