︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠳᠤ ᠵᠠᠰᠠᠯᠲᠠ ᠬᠢᠬᠦ ᠲᠤᠬᠠᠢ ᠲᠣᠭᠲᠠᠭᠠᠯ︾
ᠨᠡᠶᠢᠲᠡᠯᠡᠭᠰᠡᠨ ᠴᠠᠭ᠄
2020/9/3
     ᠵᠢᠷᠭᠤᠳᠤᠭᠠᠷ ᠵᠤᠶᠢᠯ    ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠵᠤᠬᠢᠶᠠᠬᠴᠢ ᠳᠣᠤᠷ᠎ᠠ ᠵᠢᠬᠰᠠᠭᠠᠬᠰᠡᠨ ᠠᠭᠤᠯᠭ᠎ᠠ ᠲᠠᠢ ᠬᠠᠤᠯᠢ ᠠᠴᠠ ᠵᠥᠷᠢᠴᠡᠭᠰᠡᠨ ᠮᠡᠳᠡᠭᠡ ᠵᠠᠩᠭᠢ ᠵᠤᠬᠢᠶᠠᠵᠤ᠂  ᠪᠠᠭᠤᠯᠭᠠᠵᠤ᠂ ᠨᠡᠶᠢᠲᠡᠯᠡᠵᠦ ᠪᠣᠯᠬᠤ ᠦᠭᠡᠢ᠄     ︵ᠨᠢᠭᠡ︶ ᠦᠨᠳᠦᠰᠦᠨ ᠬᠠᠤᠯᠢ ᠳᠤ ᠲᠣᠭᠲᠠᠭᠠᠭᠰᠠᠨ ᠦᠨᠳᠦᠰᠦᠨ ᠵᠠᠷᠴᠢᠮ ᠢ ᠡᠰᠡᠷᠭᠦᠴᠡᠭᠰᠡᠨ ᠠᠭᠤᠯᠭ᠎ᠠ︔     ︵ᠬᠤᠶᠠᠷ︶ ᠤᠯᠤᠰ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠵᠤ᠂ ᠤᠯᠤᠰ ᠤᠨ ᠨᠢᠭᠤᠴᠠ ᠶᠢ ᠵᠠᠳᠠᠷᠠᠭᠤᠯᠵᠤ᠂ ᠲᠦᠷᠦ ᠶᠢᠨ ᠡᠷᠬᠡ ᠶᠢ ᠨᠤᠷᠠᠭᠠᠵᠤ᠂ ᠤᠯᠤᠰ  ᠤᠷᠤᠨ ᠤ ᠨᠢᠭᠡᠳᠦᠯ ᠢ ᠡᠪᠳᠡᠬᠦ ᠠᠭᠤᠯᠭ᠎ᠠ︔     ︵ᠭᠤᠷᠪᠠ︶ ᠤᠯᠤᠰ ᠤᠨ ᠨᠡᠷ᠎ᠡ ᠲᠦᠷᠤ ᠪᠠ ᠠᠰᠢᠭ ᠲᠤᠰᠠ ᠶᠢ ᠬᠤᠬᠢᠷᠠᠭᠤᠯᠬᠤ ᠠᠭᠤᠯᠭ᠎ᠠ︔     ︵ᠲᠦᠷᠪᠡ︶ ᠦᠷᠡᠭᠳᠡᠭᠰᠡᠨ ᠪᠠᠭᠠᠲᠤᠷᠴᠤᠳ ᠤᠨ ᠦᠢᠯᠡ ᠠᠵᠢᠯᠯᠠᠭ᠎ᠠ ᠪᠠ ᠵᠣᠷᠢᠭ ᠰᠠᠨᠠᠭ᠎ᠠ ᠶᠢ ᠭᠠᠵᠢᠭᠤᠳᠠᠭᠤᠯᠵᠤ᠂ ᠮᠠᠭᠤᠰᠢᠶᠠᠵᠤ᠂ ᠭᠤᠲᠤᠭᠠᠵᠤ᠂ ᠦᠭᠡᠶᠢᠰᠬᠡᠬᠦ ᠪᠠ ᠲᠤᠷᠤᠮᠵᠢᠯᠠᠬᠤ᠂ ᠭᠦᠳᠬᠡᠬᠦ ᠪᠤᠶᠤ ᠪᠤᠰᠤᠳ ᠠᠷᠭ᠎ᠠ ᠮᠠᠶ᠋ᠢᠭ ᠢᠶᠠᠷ ᠦᠷᠡᠭᠳᠡᠭᠰᠡᠨ ᠪᠠᠭᠠᠲᠤᠷᠴᠤᠳ ᠤᠨ ᠤᠪᠦᠬ ᠨᠡᠷ᠎ᠡ᠂ ᠬᠦᠷᠦᠭ ᠵᠢᠷᠤᠭ᠂ ᠨᠡᠷ᠎ᠡ ᠬᠦᠨᠳᠤ᠂ ᠢᠷᠠᠭᠤ ᠠᠯᠳᠠᠷ ᠲᠤ ᠬᠠᠯᠳᠠᠭᠰᠠᠨ ᠠᠭᠤᠯᠭ᠎ᠠ︔     ︵ᠲᠠᠪᠤ︶ ᠰᠦᠷᠳᠡᠭᠦᠯᠬᠦ ᠦᠵᠡᠯ᠂ ᠬᠡᠲᠦᠷᠡᠮᠡᠬᠡᠶ ᠦᠵᠡᠯ ᠢ ᠤᠬᠠᠭᠤᠯᠤᠨ ᠲᠡᠯᠭᠡᠷᠡᠭᠦᠯᠤᠭ᠍ᠰᠡᠨ ᠪᠤᠶᠤ ᠰᠦᠷᠳᠡᠭᠦᠯᠦᠯ ᠤᠨ ᠠᠵᠢᠯᠯᠠᠭ᠎ᠠ᠂ ᠬᠡᠲᠦᠷᠡᠮᠡᠬᠡᠶ ᠦᠵᠡᠯ ᠤᠨ ᠠᠵᠢᠯᠯᠠᠭ᠎ᠠ ᠬᠢᠬᠦ ᠪᠠᠷ ᠦᠳᠤᠭᠡᠬᠦ ᠠᠭᠤᠯᠭ᠎ᠠ︔     ︵ᠵᠢᠷᠭᠤᠭ᠎ᠠ︶ ᠦᠨᠳᠦᠰᠦᠲᠡᠨ ᠤ ᠦᠰᠢᠶ᠎ᠡ ᠬᠤᠷᠣᠰᠤᠯ᠂ ᠦᠨᠳᠦᠰᠦᠲᠡᠨ ᠤ ᠭᠠᠳᠠᠭᠤᠷᠴᠢᠯᠠᠯ ᠢ ᠦᠳᠤᠭᠡᠨ ᠤᠶᠢᠮᠡᠭᠦᠯᠵᠤ᠂ ᠦᠨᠳᠦᠰᠦᠲᠡᠨ ᠤ ᠪᠦᠯᠬᠦᠮᠳᠡᠯ ᠢ ᠡᠪᠳᠡᠬᠦ   ᠠᠭᠤᠯᠭ᠎ᠠ︔     ︵ᠲᠤᠯᠤᠭ᠎ᠠ︶ ᠤᠯᠤᠰ ᠤᠨ ᠱᠠᠰᠢᠨ ᠰᠤᠷᠲᠠᠬᠤᠨ ᠤ ᠲᠦᠷᠦ ᠶᠢᠨ ᠪᠤᠳᠦᠯᠭ᠎ᠠ ᠶᠢ ᠡᠪᠳᠡᠵᠦ᠂ ᠭᠠᠵᠢᠭᠤ ᠨᠣᠮᠯᠠᠯ ᠪᠠ ᠹᠸᠦᠳᠡᠯ ᠤᠨ ᠮᠤᠬᠤᠷ ᠪᠢᠰᠢᠷᠡᠯ ᠢ ᠰᠤᠷᠲᠠᠯᠴᠢᠯᠠᠭᠰᠠᠨ  ᠠᠭᠤᠯᠭ᠎ᠠ︔     ︵ᠨᠠᠢᠮᠠ︶ ᠴᠤᠤᠷᠬᠠᠯ ᠲᠠᠷᠬᠠᠭᠠᠵᠤ᠂ ᠠᠵᠤ ᠠᠬᠤᠶ ᠶᠢᠨ ᠡᠮᠬᠢ ᠵᠢᠷᠤᠮ ᠪᠠ ᠨᠡᠶᠢᠭᠡᠮ ᠤᠨ ᠡᠮᠬᠢ ᠲᠢᠭᠯᠢᠮ ᠢ ᠰᠠᠮᠠᠷᠠᠭᠤᠯᠬᠤ ᠠᠭᠤᠯᠭ᠎ᠠ︔     ︵ᠶᠢᠰᠦ︶ ᠱᠠᠯᠢᠭ ᠵᠠᠪᠬᠠᠶ᠂ ᠰᠠᠳᠤᠷ ᠰᠠᠮᠠᠭᠤᠨ᠂ ᠵᠣᠭᠤᠰ ᠮᠦᠷᠤᠶᠢᠴᠡᠬᠦ᠂ ᠬᠦᠴᠦᠷᠬᠡᠭᠯᠡᠯ᠂ ᠬᠦᠨᠤᠭᠡᠬᠦ᠂ ᠰᠦᠷᠳᠡᠭᠦᠯᠤᠯ ᠪᠤᠶᠤ ᠵᠢᠭᠠᠨ ᠲᠤᠬᠢᠵᠦ ᠶᠠᠯ᠎ᠠ ᠬᠢᠯᠭᠡᠬᠦ ᠠᠭᠤᠯᠭ᠎ᠠ︔     ︵ᠠᠷᠪᠠ︶ ᠪᠤᠰᠤᠳ ᠢ ᠭᠤᠲᠤᠭᠠᠬᠤ ᠪᠤᠶᠤ ᠭᠦᠳᠬᠡᠵᠦ᠂ ᠪᠤᠰᠤᠳ ᠤᠨ ᠨᠡᠷ᠎ᠡ ᠬᠦᠨᠳᠦ᠂ ᠬᠤᠪᠢ ᠶᠢᠨ ᠨᠢᠭᠤᠴᠠ ᠪᠠ ᠬᠠᠤᠯᠢ ᠶᠣᠰᠣᠨ ᠤ ᠪᠤᠰᠤᠳ ᠡᠷᠬᠡ ᠠᠰᠢᠭ ᠲᠤ ᠬᠠᠯᠳᠠᠭᠰᠠᠨ ᠠᠭᠤᠯᠭ᠎ᠠ︔     ︵ᠠᠷᠪᠠᠨ ᠨᠢᠭᠡ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠴᠠᠭᠠᠵᠠᠯᠠᠭᠰᠠᠨ ᠪᠤᠰᠤᠳ ᠠᠭᠤᠯᠭ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号