ᠦᠷᠬᠡᠨ ᠤᠯᠠᠨ ᠬᠤᠳᠡ ᠶᠢᠨ ᠠᠷᠠᠳ ᠲᠤ᠄ | ᠤᠳᠤᠬᠠᠨ ᠳᠤ᠂ ᠬᠢᠵᠢᠭ ᠤᠨ ᠪᠠᠶᠢᠳᠡᠯ ᠮᠦᠨ ᠬᠦ ᠪᠦᠬᠦ ᠪᠦᠮᠪᠤᠷᠴᠡᠭ ᠲᠤ ᠲᠠᠷᠬᠠᠨ ᠲᠡᠯᠬᠡᠷᠡᠵᠤ᠂ ᠤᠯᠤᠰ ᠤᠨ | ᠲᠤᠳᠤᠭᠠᠳᠤ ᠳᠤ ᠬᠡᠰᠡᠭ ᠪᠤᠰᠠᠬ ᠡᠪᠡᠳᠴᠢᠨ ᠤ ᠵᠢᠱᠢᠶ᠎ᠠ ᠪᠤᠯᠤᠨ ᠬᠡᠰᠡᠭ ᠭᠠᠵᠠᠷ ᠤᠷᠤᠨ ᠳᠤ ᠬᠢᠵᠢᠭ ᠤᠨ ᠪᠠᠶᠢᠳᠡᠯ | ᠬᠡᠨᠡᠳᠳᠡ ᠡᠬᠦᠰᠬᠦ ᠠᠶᠤᠯ ᠲᠦᠭᠰᠢᠬᠦᠷᠢ ᠮᠦᠨ ᠬᠦ ᠤᠷᠤᠰᠢᠵᠤ ᠪᠠᠶᠢᠬᠤ ᠶᠢᠨ ᠲᠡᠬᠡᠷ᠎ᠠ ᠨᠠᠮᠤᠷ ᠡᠪᠤᠯ ᠤᠨ ᠤᠯᠠᠷᠢᠯ ᠨᠢ | ᠠᠮᠢᠰᠬᠤᠯ ᠤᠨ ᠵᠠᠮ ᠤᠨ ᠬᠠᠯᠳᠠᠪᠤᠷᠢᠳᠤ ᠡᠪᠡᠳᠴᠢᠨ ᠤᠯᠠᠨ ᠡᠬᠦᠰᠬᠦ ᠬᠤᠭᠤᠴᠠᠭ᠎ᠠ ᠪᠤᠯᠬᠤ ᠤᠴᠢᠷ ᠠᠴᠠ᠂ ︽ | ᠭᠠᠳᠠᠨ᠎ᠠ ᠠᠴᠠ ᠤᠷᠤᠵᠤ ᠢᠷᠡᠬᠦ ᠶᠢ ᠰᠡᠷᠬᠡᠶᠢᠯᠡᠵᠤ᠂ ᠲᠤᠳᠤᠭᠠᠳᠤ ᠳᠤ ᠪᠠᠨ ᠲᠠᠬᠢᠨ ᠲᠡᠯᠬᠡᠷᠡᠬᠦ ᠶᠢ ᠰᠡᠷᠬᠡᠶᠢᠯᠡᠬᠦ︾ | ᠡᠬᠦᠷᠬᠡ ᠮᠦᠨ ᠬᠦ ᠪᠡᠷᠬᠡ ᠬᠠᠳᠠᠭᠤᠵᠢᠯᠳᠡᠢ ᠪᠠᠶᠢᠨ᠎ᠠ᠃ ︽10 · 1︾ ᠤ ᠤᠯᠤᠰ ᠤᠨ ᠪᠠᠶᠠᠷ᠂ ᠨᠠᠢᠮᠠᠨ ᠰᠠᠷ᠎ᠠ ᠶᠢᠨ | ᠳᠡᠷᠬᠡᠯ ᠪᠡᠶᠡᠷ ᠤᠨ ᠠᠮᠠᠷᠠᠯᠳᠡ ᠶᠢᠨ ᠬᠤᠭᠤᠴᠠᠭ᠎ᠠ ᠤᠳᠠᠯ ᠦᠬᠡᠢ ᠬᠦᠷᠴᠤ ᠢᠷᠡᠬᠦ ᠲᠠᠰᠢᠷᠠᠮ ᠳᠤ᠂ ᠪᠦᠬᠦ | ᠬᠤᠳᠡ ᠶᠢᠨ ᠠᠷᠠᠳ ᠲᠦᠮᠡᠨ ᠤ ᠡᠷᠡᠬᠦᠯ ᠴᠢᠬᠢᠷᠠᠬ᠂ ᠠᠮᠤᠷ ᠲᠦᠪᠰᠢᠨ᠂ ᠡᠶ᠎ᠡ ᠵᠤᠬᠢᠴᠠᠩᠭᠤᠢ᠂ ᠪᠠᠶᠡᠷ | ᠬᠦᠷ ᠲᠠᠢ ᠪᠠᠷ ᠠᠮᠠᠷᠠᠯᠳᠡ ᠶᠢᠨ ᠬᠤᠭᠤᠴᠠᠭ᠎ᠠ ᠪᠠᠨ ᠦᠩᠬᠡᠷᠡᠬᠦᠯᠬᠦ ᠶᠢ ᠪᠠᠳᠤᠯᠠᠬᠤ ᠶᠢᠨ ᠲᠦᠯᠤᠬᠡ᠂ ᠤᠳᠤ | ᠬᠤᠯᠪᠤᠬᠳᠡᠯ ᠪᠦᠬᠦᠢ ᠶᠠᠪᠤᠳᠡᠯ ᠢ ᠲᠤᠤᠷᠠᠬᠢ ᠮᠡᠳᠤ ᠮᠡᠳᠡᠭᠳᠡᠶ᠎ᠠ᠄ | ᠨᠢᠬᠡ᠂ ᠴᠢᠬᠤᠯᠠ ᠦᠬᠡᠢ ᠬᠢᠯᠢ ᠠᠯᠤᠰᠯᠠᠬᠤ ᠵᠤᠭᠠᠴᠠᠯ ᠠᠴᠠ ᠴᠢᠳᠠᠬᠤ ᠶᠢᠨ ᠲᠤᠳᠤᠷ᠎ᠠ ᠵᠠᠶᠢᠯᠠᠰᠬᠢᠵᠤ᠂ | ᠤᠯᠤᠰ ᠤᠨ ᠲᠤᠳᠤᠷᠠᠬᠢ ᠵᠤᠭᠠᠴᠠᠯ ᠢ ᠬᠡᠪ ᠤᠨ ᠶᠤᠰᠤᠭᠠᠷ ᠲᠤᠬᠢᠷᠠᠭᠤᠯᠵᠤ ᠪᠤᠯᠤᠨ᠎ᠠ᠃ ᠵᠤᠭᠠᠴᠠᠯ ᠤᠨ | ᠬᠤᠭᠤᠴᠠᠭᠠᠨ ᠳᠤ ᠵᠤᠭᠠᠴᠠᠯ ᠤᠨ ᠵᠤᠷᠢᠯᠳᠡ ᠶᠢᠨ ᠤᠷᠤᠨ ᠤ ᠰᠢᠨ᠎ᠠ ᠲᠢᠳᠢᠮᠯᠢᠭ ᠠᠭᠤᠰᠬᠢᠨ ᠦᠷᠪᠢᠰᠤᠯ ᠢ | ᠰᠡᠷᠬᠡᠶᠢᠯᠡᠨ ᠡᠵᠡᠮᠳᠡᠬᠦ ᠠᠵᠢᠯ ᠤᠨ ᠲᠤᠬᠠᠢ ᠱᠠᠭᠠᠷᠳᠡᠯᠭ᠎ᠠ ᠶᠢ ᠲᠠᠭᠠᠵᠤ᠂ ᠰᠡᠷᠬᠡᠶᠢᠯᠡᠨ ᠬᠠᠮᠠᠭᠠᠯᠠᠬᠤ ᠬᠡᠷᠡᠭᠰᠡᠯ ᠢ | ᠬᠦᠢᠴᠡᠳ ᠠᠪᠴᠤ ᠶᠠᠪᠤᠵᠤ᠂ ᠪᠦᠬᠦ ᠶᠠᠪᠤᠴᠡ ᠳᠤ ᠬᠤᠪᠢ ᠬᠦᠮᠤᠨ ᠤ ᠰᠡᠷᠬᠡᠶᠢᠯᠡᠯᠳᠡ ᠬᠠᠮᠠᠭᠠᠯᠠᠯᠳᠡ ᠶᠢ ᠰᠠᠶᠢᠳᠤᠷ | ᠬᠢᠬᠦ ᠬᠡᠷᠡᠭᠳᠡᠢ᠃ | ᠬᠤᠶᠠᠷ᠂ ᠡᠳᠤᠷ ᠲᠤᠳᠤᠮ ᠤᠨ ᠠᠮᠠᠪᠴᠢ ᠵᠡᠬᠦᠬᠦ ᠶᠢ ᠪᠠᠷᠢᠮᠳᠠᠯᠠᠵᠤ᠂ ᠪᠤᠰᠤᠳ ᠬᠦᠮᠤᠨ ᠲᠠᠢ ᠠᠮᠤᠷ | ᠲᠦᠪᠰᠢᠨ ᠨᠡᠶᠢᠬᠡᠮ ᠤᠨ ᠬᠠᠷᠢᠯᠴᠠᠭ᠎ᠠ ᠶᠢᠨ ᠵᠡᠢ ᠶᠢ ᠪᠠᠳᠤᠯᠠᠬᠤ ᠬᠡᠷᠡᠭᠳᠡᠢ᠃ ᠨᠡᠶᠢᠬᠡᠮ ᠨᠡᠶᠢᠳᠡ ᠶᠢᠨ ᠲᠠᠯᠠᠪᠤᠷ ᠲᠤ | ᠤᠷᠤᠬᠤ ᠳᠤ ᠬᠠᠮᠢᠶᠠᠷᠤᠯᠳᠡ ᠶᠢᠨ ᠠᠵᠢᠯᠳᠡᠨ ᠤ ᠰᠤᠷᠠᠬ ᠵᠠᠩᠬᠢ ᠲᠠᠩᠰᠠᠯᠠᠬᠤ᠂ ᠪᠡᠶ᠎ᠠ ᠶᠢᠨ ᠲᠤᠯᠠᠭᠠᠨ ᠢ ᠬᠡᠮᠵᠢᠬᠦ᠂ | ᠬᠦᠮᠤᠰ ᠢ ᠬᠤᠪᠢᠶᠠᠷᠢᠯᠠᠬᠤ ᠵᠡᠷᠬᠡ ᠰᠡᠷᠬᠡᠶᠢᠯᠡᠨ ᠡᠵᠡᠮᠳᠡᠬᠦ ᠠᠷᠭ᠎ᠠ ᠪᠠᠷᠢᠯ ᠢ ᠨᠠᠶᠢᠳᠠᠪᠤᠷᠢᠵᠢᠭᠤᠯᠬᠤ ᠳᠤ | ᠰᠠᠨᠠᠭᠠᠴᠢᠯᠠᠭ᠎ᠠ ᠠᠴᠠ ᠪᠠᠨ ᠬᠠᠮᠵᠢᠯᠴᠠᠬᠤ ᠬᠡᠷᠡᠭᠳᠡᠢ᠃ ᠤᠯᠠᠨ ᠨᠡᠶᠢᠳᠡ ᠶᠢᠨ ᠵᠠᠮ ᠬᠠᠷᠢᠯᠴᠠᠭᠠᠨ ᠤ ᠪᠠᠭᠠᠵᠢ ᠳᠤ | ᠰᠠᠭᠤᠬᠤ ᠳᠤ᠂ ᠴᠢᠳᠠᠬᠤ ᠶᠢᠨ ᠲᠤᠳᠤᠷ᠎ᠠ ᠲᠠᠷᠠᠬᠠᠢ ᠪᠤᠳᠠᠷᠬᠠᠢ ᠰᠠᠭᠤᠬᠤ ᠬᠡᠷᠡᠭᠳᠡᠢ᠃ ᠭᠠᠳᠠᠬᠰᠢ ᠭᠠᠷᠴᠤ | ᠬᠤᠭᠤᠯᠠᠯᠠᠬᠤ ᠦᠶ᠎ᠠ ᠳᠤ ᠨᠡᠶᠢᠳᠡ ᠶᠢᠨ ᠰᠠᠪᠬ᠎ᠠ ᠨᠡᠶᠢᠳᠡ ᠶᠢᠨ ᠬᠠᠯᠪᠠᠭ᠎ᠠ ᠶᠢ ᠰᠠᠨᠠᠭᠠᠴᠢᠯᠠᠭ᠎ᠠ ᠠᠴᠠ ᠪᠠᠨ ᠬᠡᠷᠡᠭᠯᠡᠵᠤ᠂ | ᠪᠤᠰᠤᠳ ᠵᠤᠴᠢᠳ ᠲᠠᠢ ᠵᠤᠬᠢᠬᠤ ᠵᠠᠢ ᠶᠢ ᠪᠠᠳᠤᠯᠠᠬᠤ ᠬᠡᠷᠡᠭᠳᠡᠢ᠃ ᠺᠢᠨᠤ᠋ ᠲᠢᠶᠠᠲᠷ᠂ ᠰᠦᠯᠵᠢᠶ᠎ᠠ ᠶᠢᠨ ᠪᠠᠭᠠᠷ᠂ | ᠲᠠᠭᠤᠤ ᠶᠢᠨ ᠲᠢᠩᠬᠢᠮ᠂ ᠨᠤᠮ ᠤᠨ ᠰᠡᠩ᠂ ᠪᠡᠶ᠎ᠠ ᠴᠢᠬᠢᠷᠠᠬᠵᠢᠭᠤᠯᠬᠤ ᠭᠠᠵᠠᠷ ᠵᠡᠷᠬᠡ ᠪᠢᠳᠡᠬᠦᠮᠵᠢᠯᠡᠭᠰᠡᠨ ᠲᠠᠯᠠᠪᠤᠷ ᠲᠤ | ᠲᠤᠰ ᠪᠡᠶ᠎ᠠ ᠶᠢᠨ ᠬᠠᠮᠠᠭᠠᠯᠠᠯᠳᠡ ᠶᠢ ᠰᠠᠶᠢᠳᠤᠷ ᠬᠢᠬᠦ ᠬᠡᠷᠡᠭᠳᠡᠢ᠃ | ᠭᠤᠷᠪᠠ᠂ ᠡᠮᠴᠢᠯᠡᠭᠡᠨ ᠤ ᠪᠠᠶᠢᠭᠤᠯᠤᠮᠵᠢ ᠶᠢᠨ ᠠᠵᠢᠯᠲᠠᠨ ᠪᠠ ᠪᠢᠲᠡᠭᠦᠮᠵᠢᠯᠡᠭᠰᠡᠨ ᠲᠠᠯᠠᠪᠤᠷ ᠲᠤ ᠠᠵᠢᠯᠯᠠᠵᠤ | ᠪᠠᠶᠢᠭ᠎ᠠ ᠡᠵᠡᠩᠨᠡᠭᠴᠢ᠂ ᠠᠮᠤᠷ ᠢ ᠬᠠᠮᠠᠭᠠᠯᠠᠭᠴᠢ᠂ ᠴᠡᠪᠡᠷᠯᠡᠭᠴᠢ᠂ ᠵᠢᠯᠣᠭᠤᠴᠢ᠂ ᠠᠶᠠᠨᠴᠢᠳ ᠤᠨ ᠲᠡᠭᠡᠭᠡᠪᠦᠷᠢ ᠶᠢᠨ | ᠥᠷᠲᠡᠭᠡ ᠶᠢᠨ ᠦᠶ᠋ᠯᠡᠴᠢᠯᠡᠭᠴᠢᠳ᠂ ᠴᠠᠭᠳᠠᠭ᠎ᠠ ᠵᠢᠴᠢ ᠡᠪᠡᠳᠴᠢᠨ ᠦᠵᠡᠭᠦᠯᠦᠭᠴᠢᠳ ᠠᠮᠠᠪᠴᠢ ᠵᠡᠬᠦᠵᠤ᠂ | ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ | ᠬᠡᠷᠡᠭᠳᠡᠢ᠃ | ᠳᠥᠷᠪᠡ᠂ ᠭᠡᠷ ᠪᠦᠯᠢ ᠪᠠ ᠠᠵᠢᠯᠯᠠᠬᠤ ᠲᠠᠯᠠᠪᠤᠷ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠲᠤᠯᠠᠵᠤ | ᠂ ᠭᠠᠷ ᠢᠶᠠᠨ ᠰᠠᠶᠢᠲᠤᠷ ᠤᠬᠢᠶᠠᠵᠤ᠂ ᠢᠯᠡᠬᠦᠤ ᠠᠷᠢᠭᠤᠳᠬᠠᠵᠤ᠂ ᠵᠢᠪᠠᠷ ᠰᠠᠯᠬᠢ ᠢᠯᠡᠭᠦᠬᠡᠨ ᠨᠡᠪᠲᠡᠷᠡᠭᠦᠯᠵᠤ᠂ | ᠢᠯᠡᠬᠦᠤ ᠱᠦᠭᠦᠷᠳᠡᠨ ᠴᠡᠪᠡᠷᠯᠡᠵᠤ᠂ ᠢᠯᠡᠬᠦᠤ ᠬᠥᠳᠡᠯᠭᠡᠭᠡᠨ ᠬᠢᠵᠦ᠂ ᠰᠠᠶᠢᠨ ᠰᠠᠶᠢᠬᠠᠨ ᠠᠮᠢᠳᠤᠷᠠᠯ ᠤᠨ ᠠᠷᠭ᠎ᠠ | ᠮᠠᠶ᠋ᠢᠭ ᠢᠶᠠᠷ ᠬᠤᠪᠢ ᠬᠥᠮᠦᠨ ᠪᠠ ᠭᠡᠷ ᠪᠦᠯᠢ ᠶᠢᠨ ᠪᠦᠷᠢᠯᠳᠦᠬᠦᠨ ᠤ ᠪᠠᠨ ᠡᠷᠡᠭᠦᠯ ᠮᠡᠨᠳᠤ ᠶᠢ ᠬᠠᠮᠠᠭᠠᠯᠠᠬᠤ ᠬᠡᠷᠡᠭᠲᠡᠶ᠃ | | ᠲᠠᠪᠤ᠂ ᠬᠤᠪᠢ ᠬᠥᠮᠦᠨ ᠵᠢᠴᠢ ᠭᠡᠷ ᠪᠦᠯᠢ ᠶᠢᠨ ᠪᠦᠷᠢᠯᠳᠦᠬᠦᠨ ᠤ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ | ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠤ᠂ ᠬᠠᠯᠠᠭᠤᠷᠠᠬᠤ᠂ ᠬᠠᠨᠢᠶᠠᠬᠤ᠂ ᠴᠡᠭᠡᠵᠢ ᠴᠢᠬᠤᠯᠳᠠᠬᠤ ᠵᠡᠷᠭᠡ | ᠡᠪᠡᠳᠴᠢᠨ ᠤ ᠢᠯᠡᠷᠡᠯ ᠭᠠᠷᠪᠠᠯ᠂ ᠲᠡᠷᠡ ᠳᠠᠷᠤᠶ ᠳᠤ ᠨᠢ ᠨᠡᠶᠢᠭᠡᠮ ᠲᠣᠭᠤᠷᠢᠭ ᠲᠤ ᠮᠡᠳᠡᠭᠦᠯᠦᠨ ᠳᠠᠩᠰᠠᠯᠠᠭᠤᠯᠬᠤ ᠶᠢᠨ | ᠬᠠᠮᠲᠤ ᠴᠠᠭ ᠲᠤᠬᠠᠶ ᠳᠤ ᠨᠢ ᠣᠶᠢᠷ᠎ᠠ ᠬᠠᠪᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠳᠤ ᠬᠦᠷᠴᠦ ᠡᠮᠨᠡᠬᠦᠯᠵᠤ᠂ | ᠡᠮᠨᠡᠯᠭᠡ ᠶᠢᠨ ᠠᠵᠢᠯᠲᠠᠳ ᠲᠤ ᠭᠠᠳᠠᠭᠰᠢ ᠭᠠᠷᠴᠤ ᠵᠤᠭᠠᠴᠠᠵᠤ ᠰᠠᠭᠤᠬᠰᠠᠨ ᠲᠡᠤᠬᠡ ᠵᠢᠴᠢ ᠬᠥᠮᠦᠰ ᠲᠠᠢ | ᠣᠶᠢᠷᠠᠲᠤᠭᠰᠠᠨ ᠪᠠᠶᠢᠳᠠᠯ ᠢᠶᠠᠨ ᠦᠨᠡᠨ ᠪᠣᠳᠠᠲᠠᠶ ᠪᠠᠷ ᠨᠢ ᠮᠡᠳᠡᠭᠳᠡᠵᠦ᠂ ᠡᠮᠴᠢᠯᠡᠭᠡᠨ ᠤ ᠪᠠᠶᠢᠭᠤᠯᠤᠮᠵᠢ ᠶᠢᠨ | ᠪᠠᠶᠢᠴᠠᠭᠠᠯᠲᠠ ᠳᠤ ᠰᠠᠶᠢᠲᠤᠷ ᠬᠠᠮᠵᠢᠯᠴᠠᠬᠤ ᠬᠡᠷᠡᠭᠲᠡᠶ᠃ | ᠵᠢᠷᠭᠤᠭ᠎ᠠ᠂ ᠥᠷᠭᠡᠨ ᠣᠯᠠᠨ ᠬᠤᠲᠠ ᠶᠢᠨ ᠠᠷᠠᠳ ︽ᠬᠥᠮᠦᠨ ᠪᠣᠯᠭᠠᠨ ᠥᠪᠡᠷ ᠤᠨ ᠡᠷᠡᠭᠦᠯ ᠮᠡᠨᠳᠦ ᠶᠢᠨ | ᠨᠢᠭᠡᠳᠦᠭᠡᠷ ᠬᠠᠷᠢᠭᠤᠴᠠᠯᠭᠠᠲᠠᠨ︾᠂ ︽ᠦᠪᠡᠷ ᠤᠨ ᠡᠷᠡᠭᠦᠯ ᠮᠡᠨᠳᠤ ᠪᠠᠨ ᠦᠪᠡᠷ ᠢᠶᠠᠨ ᠡᠵᠡᠨ ᠮᠡᠳᠡᠨ᠎ᠡ︾ ᠭᠡᠬᠦ | ᠡᠵᠡᠨ ᠬᠥᠮᠦᠨ ᠤ ᠵᠣᠷᠢᠭ ᠰᠠᠨᠠᠭ᠎ᠠ ᠪᠠᠷ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠰᠢᠨᠵᠢᠯᠡᠬᠦ ᠤᠬᠠᠭᠠᠨ ᠢ | ᠲᠦᠭᠡᠮᠡᠯᠵᠢᠭᠦᠯᠬᠦ ᠮᠡᠳᠡᠯᠭᠡ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠵᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ | ᠬᠡᠯᠪᠡᠷᠢ ᠶᠢ ᠲᠦᠷᠦᠭᠦᠯᠡᠨ ᠦᠢᠯᠡᠳᠦᠯᠭᠡᠵᠢᠭᠦᠯᠵᠦ᠂ ᠰᠢᠨᠵᠢᠯᠡᠬᠦ ᠤᠬᠠᠭᠠᠨᠴᠢ ᠪᠠᠷ ᠪᠦᠲᠦᠮᠵᠢᠲᠡᠢ ᠰᠡᠷᠭᠡᠶᠢᠯᠡᠨ | ᠡᠵᠡᠮᠳᠡᠬᠦ ᠶᠢ ᠪᠡᠶᠡᠯᠡᠭᠦᠯᠬᠦ ᠬᠡᠷᠡᠭᠳᠡᠢ᠃ | | ᠲᠦᠩᠯᠢᠶᠣᠤ ᠬᠤᠲᠠ ᠶᠢᠨ ᠰᠢᠨ᠎ᠡ ᠲᠢᠲᠢᠮᠯᠢᠭ ᠠᠭᠤᠰᠬᠢᠠ ᠦᠷᠪᠢᠰᠦᠯ ᠢ | ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2020 ᠣᠨ ᠤ 9 ᠰᠠᠷ᠎ᠠ ᠶᠢᠨ 25 |