︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠲᠠᠨ ᠤ ᠬᠠᠤᠯᠢ︾
ᠨᠡᠶᠢᠲᠡᠯᠡᠭᠰᠡᠨ ᠴᠠᠭ᠄
2020/9/8
    ᠲᠠᠪᠢᠨ ᠭᠤᠷᠪᠠᠳᠤᠭᠠᠷ ᠵᠤᠶᠢᠯ 「ᠰᠠᠬᠢᠯᠭ᠎ᠠ ᠪᠠᠲᠤ ᠶᠢ ᠵᠥᠷᠢᠴᠡᠭᠰᠡᠨ ᠠᠵᠢᠯᠯᠠᠭ᠎ᠠ 」ᠠᠯᠪᠠᠲᠠᠨ ᠡᠷᠬᠡᠪᠰᠢ ᠰᠠᠬᠢᠯᠭ᠎ᠠ ᠪᠠᠲᠤ ᠶᠢ ᠵᠢᠷᠤᠮᠯᠠᠨ ᠰᠠᠬᠢᠬᠤ ᠬᠡᠷᠡᠭᠲᠡᠶ᠂  ᠲᠠᠷᠠᠭᠠᠬᠢ ᠵᠢᠭᠰᠠᠭᠠᠭᠰᠠᠨ ᠠᠵᠢᠯᠯᠠᠭ᠎ᠠ ᠲᠠᠢ ᠪᠠᠶᠢᠵᠤ ᠪᠣᠯᠬᠤ ᠦᠭᠡᠢ᠄     ︵ᠨᠢᠭᠡ︶ ᠤᠯᠤᠰ ᠤᠨ ᠨᠡᠷ᠎ᠡ ᠬᠦᠨᠳᠦ ᠶᠢ ᠭᠤᠲᠤᠭᠠᠬᠤ ᠦᠭᠡ ᠶᠠᠷᠢᠶ᠎ᠠ ᠲᠠᠷᠬᠠᠭᠠᠬᠤ᠂ ᠤᠯᠤᠰ ᠢ ᠡᠰᠡᠷᠭᠦᠴᠡᠬᠦ ᠵᠣᠷᠢᠯᠭ᠎ᠠ ᠲᠠᠢ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠬᠤ ᠪᠤᠶᠤ ᠤᠷᠤᠯᠴᠠᠬᠤ︔     ︵ᠬᠤᠶᠠᠷ︶ ᠬᠠᠤᠯᠢ ᠪᠤᠰᠤ ᠵᠣᠬᠢᠶᠠᠨ ᠪᠠᠶᠢᠭᠤᠯᠤᠯᠲᠠ ᠪᠠᠶᠢᠭᠤᠯᠬᠤ ᠪᠤᠶᠤ ᠣᠷᠣᠯᠴᠠᠬᠤ᠂ ᠠᠵᠢᠯ ᠬᠠᠶᠠᠯᠲᠠ‌‍ᠬᠢᠬᠦ ᠶᠢ ᠵᠣᠬᠢᠶᠠᠨ ᠪᠠᠶᠢᠭᠤᠯᠬᠤ ᠪᠤᠶᠤ ᠣᠷᠣᠯᠴᠠᠬᠤ︔     ︵ᠭᠤᠷᠪᠠ︶ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠨ᠂ ᠠᠵᠢᠯ ᠢᠶᠠᠨ ᠰᠠᠭᠠᠲᠠᠭᠠᠬᠤ︔     ︵ᠲᠦᠷᠪᠡ︶ ᠳᠡᠭᠡᠳᠦ ᠱᠠᠲᠤᠨ ᠤ ᠬᠠᠤᠯᠢ ᠪᠠᠷ ᠲᠤᠬᠳᠠᠭᠠᠬᠰᠡᠨ ᠲᠣᠭᠲᠠᠭᠠᠯ ᠪᠠ ᠵᠠᠷᠯᠢᠭ ᠢ ᠬᠡᠷᠡᠭᠵᠢᠭᠦᠯᠬᠦ ᠦᠭᠡᠢ︔     ︵ᠲᠠᠪᠤ︶  ᠰᠠᠨᠠᠯ ᠰᠢᠭᠦᠮᠵᠢᠯᠡᠯ ᠢ ᠳᠠᠷᠤᠵᠤ᠂ ᠴᠣᠬᠢᠯᠲᠠ ᠥᠭᠴᠦ ᠬᠠᠷᠢᠭᠤ ᠠᠪᠬᠤ︔     ︵ᠵᠢᠷᠭᠤᠭ᠎ᠠ︶ ᠬᠤᠳᠠᠯ ᠬᠡᠯᠡᠵᠦ ᠬᠠᠭᠤᠷᠮᠠᠭ ᠵᠤᠬᠢᠶᠠᠵᠤ᠂ ᠤᠳᠤᠷᠢᠳᠤᠯᠭ᠎ᠠ ᠪᠠ ᠤᠯᠡᠠ ᠲᠦᠮᠡᠨ ᠢ ᠪᠤᠷᠤᠭᠤ ᠵᠦᠭ ᠬᠥᠲᠥᠯᠵᠦ ᠮᠡᠬᠡᠯᠡᠬᠦ︔     ︵ᠳᠤᠯᠤᠭ᠎ᠠ︶ ᠱᠠᠮᠰᠢᠬᠤ᠂ ᠬᠡᠭᠡᠯᠢ ᠲᠦᠯᠬᠢᠬᠦ᠂ ᠬᠠᠭ᠋ᠤᠤᠯᠢ ᠢᠳᠡᠬᠦ᠂ ᠡᠷᠬᠡ ᠲᠤᠰᠢᠶᠠᠯ ᠢᠶᠠᠨ ᠠᠰᠢᠭᠯᠠᠨ ᠬᠤᠪᠢᠨ ᠳᠤ ᠪᠠᠨ ᠪᠤᠶᠤ ᠪᠤᠰᠤᠳ ᠲᠤ ᠠᠰᠢᠭ ᠣᠯᠭᠤᠬᠤ︔     ︵ᠨᠠᠢᠮᠠ︶ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ ᠶᠢ ᠵᠥᠷᠢᠴᠡᠵᠦ᠂ ᠤᠯᠤᠰ ᠤᠨ ᠡᠳ᠋ ᠬᠦᠷᠦᠩᠭᠡ ᠶᠢ ᠪᠦᠷᠢᠯᠭᠡᠨ ᠰᠤᠶᠢᠳᠭᠡᠬᠦ︔     ︵ᠶᠢᠰᠦ︶ ᠡᠷᠬᠡ ᠲᠤᠰᠢᠶᠠᠯ ᠢᠶᠠᠨ ᠳᠤᠷ᠎ᠠ ᠪᠠᠷ ᠬᠡᠷᠡᠭᠯᠡᠵᠦ᠂  ᠡᠷᠬᠡᠳᠤ ᠠᠷᠠᠳ᠂ ᠬᠠᠤᠯᠢ ᠶᠢᠨ ᠡᠷᠬᠡᠳᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠬᠤ︔     ︵ᠠᠷᠪᠠ︶ ᠤᠯᠤᠰ ᠤᠨ ᠨᠢᠭᠤᠴᠠ ᠪᠤᠶᠤ ᠠᠵᠢᠯ ᠤᠨ ᠨᠢᠭᠤᠴᠠ ᠶᠢ ᠵᠠᠳᠠᠷᠠᠭᠤᠯᠬᠤ︔     ︵ᠠᠷᠪᠠᠨ ᠨᠢᠭᠡ︶ ᠭᠠᠳᠠᠭᠠᠳᠤ ᠬᠠᠷᠢᠯᠴᠠᠭᠠᠨ ᠤ ᠳᠤᠮᠳᠠ ᠤᠯᠤᠰ ᠭᠡᠷ ᠤᠨ ᠨᠡᠷ᠎ᠡ ᠲᠦᠷᠤ ᠪᠠ ᠠᠰᠢᠭ ᠲᠤᠰᠠ ᠶᠢ ᠬᠤᠬᠢᠷᠠᠭᠤᠯᠬᠤ︔     ︵ᠠᠷᠪᠠᠨ ᠬᠤᠶᠠᠷ︶ ᠱᠠᠯᠢᠭ ᠵᠠᠪᠬᠠᠶ᠂ ᠬᠤᠤᠷ ᠲᠠᠲᠠᠬᠤ᠂ ᠵᠣᠭᠤᠰ ᠮᠦᠷᠤᠶᠢᠴᠠᠬᠦ᠂ ᠮᠤᠬᠤᠷ ᠪᠢᠰᠢᠷᠡᠯ ᠵᠡᠷᠭᠡ ᠠᠵᠢᠯᠯᠠᠭ᠎ᠠ ᠳᠤ ᠣᠷᠣᠯᠴᠠᠬᠤ ᠪᠤᠶᠤ ᠳᠡᠮᠵᠢᠬᠦ︔     ︵ᠠᠷᠪᠠᠨ ᠭᠤᠷᠪᠠ︶ ᠠᠵᠢᠯ ᠲᠦᠷᠤᠯ ᠤᠨ ᠶᠣᠰᠣ ᠮᠣᠷᠠᠯ᠂ ᠨᠡᠶᠢᠲᠡ ᠶᠢᠨ ᠶᠣᠰᠣ ᠮᠣᠷᠠᠯ ᠢ ᠵᠥᠷᠢᠴᠡᠬᠦ︔     ︵ᠠᠷᠪᠠᠨ ᠲᠦᠷᠪᠡ︶ ᠠᠰᠢᠭ ᠬᠤᠨᠵᠢᠪᠣᠷᠢ ᠤᠯᠬᠤ ᠴᠢᠨᠠᠷᠲᠠᠶ ᠠᠵᠢᠯᠯᠠᠭ᠎ᠠ ᠬᠢᠬᠦ ᠪᠤᠶᠤ ᠣᠷᠣᠯᠴᠠᠵᠤ᠂ ᠠᠵᠤ ᠠᠬᠤᠶᠢᠯᠠᠯ ᠪᠤᠶᠤ ᠪᠣᠰᠣᠳ‌ᠠᠰᠢᠭ ᠬᠤᠨᠵᠢᠪᠣᠷᠢ ᠤᠯᠬᠤ ᠴᠢᠨᠠᠷᠲᠠᠶ ᠵᠣᠬᠢᠶᠠᠨ ᠪᠠᠶᠢᠭᠤᠯᠤᠯᠲᠠ ᠳᠤ ᠲᠤᠰᠢᠶᠠᠯ ᠬᠠᠪᠰᠤᠷᠭᠠᠨ ᠬᠠᠷᠢᠭᠤᠴᠠᠬᠤ︔     ︵ᠠᠷᠪᠠᠨ ᠲᠠᠪᠤ︶ ᠠᠵᠢᠯ ᠰᠠᠭᠠᠲᠠᠬᠤ ᠪᠤᠶᠤ ᠠᠯᠪᠠᠨ ᠠᠵᠢᠯ ᠢᠶᠠᠷ ᠭᠠᠳᠠᠭᠰᠢ ᠭᠠᠷᠤᠬᠰᠡᠨ᠂ ᠴᠢᠯᠥᠭᠡ ᠠᠪᠤᠭᠰᠠᠨ ᠬᠤᠭᠤᠴᠠᠭ᠎ᠠ ᠨᠢ ᠲᠠᠭᠤᠰᠤᠬᠰᠡᠨ ᠪᠠᠶᠢᠳᠠᠯ᠎ᠠ ᠵᠦᠶ  ᠵᠤᠬᠢᠰᠳᠠᠢ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠪᠤᠴᠠᠵᠤ ᠢᠷᠡᠬᠦ ᠦᠭᠡᠢ ᠪᠠᠶᠢᠬᠤ︔     ︵ᠠᠷᠪᠠᠨ ᠵᠢᠷᠭᠤᠭ᠎ᠠ︶ ᠰᠠᠬᠢᠯᠭ᠎ᠠ ᠪᠠᠲᠤ ᠶᠢ ᠵᠥᠷᠢᠴᠡᠭᠰᠡᠨ ᠪᠤᠰᠤᠳ ᠠᠵᠢᠯᠯᠠᠭ᠎ᠠ᠃     ︽ᠠᠵᠢᠯ ᠤᠶᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢᠨ ᠲᠦᠷᠢᠮ︾     ᠬᠤᠷᠢᠨ ᠨᠠᠢᠮᠠᠳᠤᠭᠠᠷ ᠵᠤᠶᠢᠯ   ᠠᠵᠢᠯ ᠤᠶᠢᠯᠡᠰ ᠤᠨ ᠨᠢᠭᠡᠴᠢ ᠶᠢᠨ ᠠᠵᠢᠯᠳᠡᠠ ᠲᠠᠷᠠᠭᠠᠬᠢ ᠵᠢᠭᠰᠠᠭᠠᠭᠰᠠᠨ ᠤᠢᠢᠯᠠ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ ᠰᠢᠳᠬᠡᠯ ᠥᠭᠭᠦᠨ᠎ᠡ᠄    ︵ᠨᠢᠭᠡ︶  ᠤᠯᠤᠰ ᠭᠡᠷ ᠤᠨ ᠨᠡᠷ᠎ᠡ ᠬᠦᠨᠳᠦ ᠪᠠ ᠠᠰᠢᠭ ᠲᠤᠰᠠ ᠶᠢ ᠬᠤᠬᠢᠷᠠᠭᠤᠯᠤᠭᠰᠠᠨ︔    ︵ᠬᠤᠶᠠᠷ︶  ᠬᠠᠷᠢᠭᠤᠴᠠᠯᠭ᠎ᠠ  ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ︔    ︵ᠭᠤᠷᠪᠠ︶ ᠲᠤᠰᠢᠶᠠᠯ ᠤᠨ ᠳᠦᠭᠦᠮ ᠢᠶᠠᠨ ᠠᠰᠢᠭᠯᠠᠨ ᠵᠦᠶ ᠪᠤᠰᠤ ᠠᠰᠢᠭ ᠣᠯᠤᠭᠰᠠᠨ︔    ︵ᠲᠦᠷᠪᠡ︶ ᠤᠯᠤᠰ ᠤᠨ ᠡᠳ᠋ ᠬᠦᠷᠦᠩᠭᠡ ᠶᠢ ᠪᠦᠷᠢᠯᠭᠡᠨ ᠰᠤᠶᠢᠳᠭᠡᠭᠰᠡᠨ︔    ︵ᠲᠠᠪᠤ︶  ᠠᠵᠢᠯ  ᠲᠦᠷᠤᠯ ᠤᠨ ᠶᠣᠰᠣ ᠮᠣᠷᠠᠯ᠂ ᠨᠡᠶᠢᠲᠡ ᠶᠢᠨ ᠶᠣᠰᠣ ᠮᠣᠷᠠᠯ ᠢ ᠬᠦᠨᠳᠦ ᠨᠣᠴᠢᠲᠠᠶ ᠵᠥᠷᠢᠴᠡᠭᠰᠡᠨ︔    ︵ᠵᠢᠷᠭᠤᠭ᠎ᠠ︶ ᠰᠠᠬᠢᠯᠭ᠎ᠠ ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠪᠤᠰᠤᠳ ᠪᠠᠶᠢᠳᠠᠯ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号