ᠠᠷᠪᠠᠨ ᠭᠤᠷᠪᠠᠳᠤᠭᠠᠷ ᠵᠤᠶᠢᠯ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠬᠴᠢ ᠨᠠᠰᠤᠨ ᠳᠤ ᠦᠯᠦ | ᠬᠦᠷᠦᠭᠰᠡᠳ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠬᠦᠨᠳᠦᠳᠬᠡᠬᠦ ᠬᠡᠷᠡᠭᠲᠡᠶ᠂ ᠰᠤᠷᠬᠤ ᠨᠠᠰᠤᠨ ᠤ | ᠬᠡᠤᠬᠡᠳ ᠢᠶᠠᠨ ᠡᠷᠬᠡᠪᠰᠢ ᠬᠠᠤᠯᠢ ᠶᠣᠰᠣᠭᠠᠷ ᠰᠤᠷᠭᠠᠭᠤᠯᠢ ᠳᠤ ᠭᠦᠷᠭᠡᠵᠤ ᠠᠯᠪᠠᠨ ᠵᠢᠷᠤᠮ ᠤᠨ ᠰᠤᠷᠭᠠᠨ ᠬᠥᠮᠦᠵᠢᠯ | ᠭᠦᠷᠳᠡᠭᠡᠵᠤ ᠵᠢᠴᠢ ᠠᠯᠪᠠᠨ ᠵᠢᠷᠤᠮ ᠤᠨ ᠰᠤᠷᠭᠠᠨ ᠭᠦᠮᠤᠵᠢᠯ ᠬᠥᠷᠳᠡᠬᠦ ᠶᠢ ᠪᠡᠶᠡᠯᠡᠭᠦᠯᠬᠦ ᠬᠡᠷᠡᠭᠲᠡᠶ᠂ ᠠᠯᠪᠠᠨ | ᠵᠢᠷᠤᠮ ᠤᠨᠰᠤᠷᠭᠠᠨᠬᠥ᠋ᠮᠦᠵᠢᠯ ᠬᠥᠷᠳᠡᠬᠦ ᠨᠠᠰᠤᠨ ᠤ ᠬᠡᠤᠬᠡᠳ ᠤᠨ ᠰᠤᠷᠤᠯᠭ᠎ᠠ ᠶᠢ ᠲᠤᠷᠭᠤᠨ ᠵᠣᠭᠰᠣᠭᠠᠵᠤ ᠪᠣᠯᠬᠤ | ᠦᠭᠡᠢ᠃ | ᠲᠠᠪᠢᠨ ᠭᠤᠷᠪᠠᠳᠤᠭᠠᠷ ᠵᠦᠢᠯ ᠡᠴᠢᠭᠡ ᠡᠬᠡ ᠪᠤᠶᠤ ᠪᠤᠰᠤᠳ ᠬᠢᠨᠠᠨ ᠬᠠᠮᠠᠭᠠᠯᠠᠭᠴᠢ ᠬᠢᠨᠠᠨ ᠬᠠᠮᠠᠭᠠᠯᠠᠬᠤ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠬᠢᠨᠠᠨ ᠬᠠᠮᠠᠭᠠᠯᠠᠵᠤ ᠪᠠᠶᠢᠭ᠎ᠠ ᠬᠡᠤᠬᠡᠳ ᠤᠨ ᠬᠠᠤᠯᠢ | ᠶᠣᠰᠣᠨ ᠤ ᠡᠷᠬᠡ ᠠᠰᠢᠭ ᠲᠤ ᠬᠠᠯᠳᠠᠵᠤ᠂ ᠰᠤᠷᠭᠠᠨ ᠬᠥᠮᠦᠵᠢᠭᠦᠯᠦᠭᠡᠳ ᠮᠦᠨᠴᠤ ᠵᠠᠰᠠᠷᠠᠬᠤ ᠦᠭᠡᠢ ᠪᠣᠯ | ᠠᠷᠠᠳ ᠤᠨ ᠰᠢᠭᠦᠬᠦ ᠬᠤᠷᠢᠶᠠᠨ ᠠᠴᠠ ᠬᠤᠯᠪᠣᠭᠳᠠᠯ ᠪᠦᠬᠦᠢ ᠬᠥᠮᠦᠰ ᠪᠤᠶᠤ ᠰᠠᠯᠠᠭ᠎ᠠ ᠮᠦᠴᠢᠷ ᠨᠢᠭᠡᠴᠡ ᠶᠢᠨ | ᠭᠤᠶᠤᠴᠢᠯᠠᠯ ᠢ ᠦᠨᠳᠦᠰᠦᠯᠡᠨ᠂ ᠲᠡᠭᠦᠨ ᠤ ᠬᠢᠨᠠᠨ ᠬᠠᠮᠠᠭᠠᠯᠠᠬᠤ ᠬᠢᠷᠢ ᠬᠡᠮ ᠢ ᠬᠠᠰᠤᠵᠤ᠂ ᠬᠠᠤᠯᠢ ᠶᠣᠰᠣᠭᠠᠷ | ᠥᠭᠡᠷ᠎ᠡ ᠬᠢᠨᠠᠨ ᠬᠠᠮᠠᠭᠠᠯᠠᠭᠴᠢ ᠶᠢ ᠵᠢᠭᠠᠨ ᠲᠣᠭᠲᠠᠭᠠᠨ᠎ᠠ᠃ ᠬᠢᠨᠠᠨ ᠬᠠᠮᠠᠭᠠᠯᠠᠬᠤ ᠬᠢᠷᠢ ᠬᠡᠮ ᠢᠶᠠᠨ ᠬᠠᠰᠤᠭᠤᠯᠤᠭᠰᠠᠨ | ᠡᠴᠢᠭᠡ ᠡᠬᠡ ᠠᠰᠠᠷᠠᠨ ᠲᠡᠵᠢᠭᠡᠬᠦ ᠵᠠᠷᠤᠳᠠᠯ ᠢ ᠬᠠᠤᠯᠢ ᠶᠣᠰᠣᠭᠠᠷ ᠦᠷᠭᠦᠯᠵᠢᠯᠡᠨ ᠡᠭᠦᠷᠭᠡᠯᠡᠬᠦ ᠬᠡᠷᠡᠭᠲᠡᠶ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ | ᠨᠠᠶᠠᠨ ᠵᠢᠷᠭᠤᠳᠤᠭᠠᠷ ᠵᠦᠢᠯ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠤᠨ | ᠬᠠᠤᠯᠢ ᠪᠠᠷ ᠲᠤᠬᠳᠠᠬᠰᠡᠨ ᠬᠢᠨᠠᠨ ᠬᠠᠮᠠᠭᠠᠯᠠᠭᠴᠢ ᠵᠦᠢ ᠵᠤᠬᠢᠰᠳᠠᠢ ᠤᠴᠢᠷ ᠰᠢᠯᠲᠠᠭᠠᠨ ᠦᠭᠡᠢ ᠪᠠᠷ ᠲᠣᠰ | ᠠᠷᠭ᠎ᠠ ᠶᠢᠨ ᠲᠣᠭᠲᠠᠭᠠᠯ ᠢᠶᠠᠷ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ᠂ ᠪᠠᠭᠠᠴᠤᠳ ᠢ ᠴᠠᠭ ᠲᠤᠬᠠᠢ ᠳᠤᠨᠢ | ᠰᠤᠷᠭᠠᠭᠤᠯᠢ ᠳᠤ ᠭᠦᠷᠭᠡᠵᠤ ᠠᠯᠪᠠᠨ ᠵᠢᠷᠤᠮ ᠤᠨ ᠰᠤᠷᠭᠠᠨ ᠬᠥᠮᠦᠵᠢᠯ ᠭᠦᠷᠳᠡᠭᠡᠬᠦ ᠪᠠ ᠠᠯᠪᠠᠨ ᠵᠢᠷᠤᠮ ᠤᠨ ᠰᠤᠷᠭᠠᠨ | ᠭᠦᠮᠤᠵᠢᠯ ᠭᠥᠷᠳᠡᠬᠦ ᠶᠢ ᠪᠡᠶᠡᠯᠡᠭᠦᠯᠦᠭᠰᠡᠨ ᠦᠭᠡᠢ ᠪᠣᠯ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠠᠴᠠ ᠰᠢᠭᠦᠮᠵᠢᠯᠡᠨ ᠰᠤᠷᠭᠠᠵᠤ᠂ ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠤᠨ᠎ᠠ᠃ | |