︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠠᠭᠰᠢ ᠶᠢᠨ ᠬᠠᠤᠯᠢ︾
ᠨᠡᠶᠢᠲᠡᠯᠡᠭᠰᠡᠨ ᠴᠠᠭ᠄
2020/9/8
    ᠭᠤᠴᠢᠨ ᠳᠣᠯᠣᠳᠤᠭᠠᠷ ᠵᠤᠶᠢᠯ    ᠪᠠᠭᠰᠢ ᠲᠠᠷᠠᠭᠠᠬᠢ ᠪᠠᠶᠢᠳᠡᠯ ᠤᠨ ᠨᠢᠭᠡ ᠪᠠᠶᠢᠪᠡᠯ᠂ ᠲᠡᠭᠦᠨ ᠤ ᠠᠵᠢᠯᠯᠠᠵᠤ ᠪᠠᠶᠢᠭ᠎ᠠ ᠰᠤᠷᠭᠠᠭᠤᠯᠢ᠂ ᠰᠤᠷᠭᠠᠨ ᠬᠥᠮᠦᠵᠢᠯ ᠤᠨ ᠪᠠᠶᠢᠭᠤᠯᠤᠮᠵᠢ ᠪᠤᠶᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ  ᠤ ᠰᠠᠯᠠᠭ᠎ᠠ ᠮᠥᠴᠢᠷ ᠠᠴᠠ ᠵᠠᠰᠠᠭ ᠵᠠᠬᠢᠷᠭᠠᠨ ᠤ ᠰᠢᠳᠬᠡᠯ ᠥᠭᠬᠦ ᠪᠤᠶᠤ ᠤᠷᠢᠨ ᠬᠡᠷᠡᠭᠯᠡᠬᠦ ᠪᠠᠨ ᠭᠦᠴᠤᠨ ᠦᠭᠡᠢ ᠪᠤᠯᠭᠠᠨ᠎ᠠ᠄     ︵ᠨᠢᠭᠡ︶ ᠰᠤᠷᠭᠠᠨ ᠬᠥᠮᠦᠵᠢᠯ ᠵᠢᠭᠠᠨ ᠰᠤᠷᠭᠠᠬᠤ ᠡᠭᠦᠷᠭᠡ ᠪᠠᠨ ᠵᠣᠷᠢᠭᠤᠳᠠ ᠪᠡᠶᠡᠯᠡᠭᠦᠯᠦᠭᠰᠡᠨ ᠦᠭᠡᠢ᠂ ᠰᠤᠷᠭᠠᠨ ᠬᠥᠮᠦᠵᠢᠯ ᠵᠢᠭᠠᠨ ᠰᠤᠷᠭᠠᠬᠤ ᠠᠵᠢᠯ ᠳᠤ ᠬᠤᠬᠢᠷᠠᠯ ᠤᠴᠠᠷᠠᠭᠤᠯᠤᠭᠰᠠᠨ︔     ︵ᠬᠤᠶᠠᠷ︶ ᠰᠤᠷᠤᠭᠴᠢᠳ ᠢ  ᠬᠠᠷᠠᠳᠠᠵᠤ ᠲᠡᠮᠤᠯᠡᠵᠤ᠂ ᠰᠤᠷᠭᠠᠨ ᠬᠥᠮᠦᠵᠢᠭᠦᠯᠦᠭᠰᠡᠨ ᠪᠠᠶᠢᠲᠠᠯ᠎ᠠ ᠮᠦᠨᠴᠤ ᠵᠠᠰᠠᠷᠠᠬᠤ ᠤᠢᠭᠡᠢ︔     ︵ᠭᠤᠷᠪᠠ︶ ᠵᠠᠩ ᠰᠤᠷᠲᠠᠯ ᠮᠠᠭᠤ᠂ ᠰᠤᠷᠤᠭᠴᠢᠳ ᠢ ᠭᠤᠲᠤᠭᠠᠨ ᠲᠤᠷᠦᠮᠵᠢᠯᠡᠵᠦ᠂ ᠮᠠᠭᠤ ᠨᠥᠯᠥᠭᠡ ᠭᠠᠷᠤᠬᠰᠡᠨ᠃     ᠪᠠᠭᠰᠢ ᠡᠮᠦᠨᠡᠬᠢ ᠵᠤᠶᠢᠯ ᠤᠨ ︵ᠬᠤᠶᠠᠳᠤᠭᠠᠷ︶ ᠵᠤᠷᠪᠤᠰ᠂ ︵ᠭᠤᠷᠪᠠᠳᠤᠭᠠᠷ︶ ᠵᠤᠷᠪᠤᠰ ᠲᠤ ᠵᠢᠭᠰᠠᠭᠠᠭᠰᠠᠨ ᠪᠠᠶᠢᠳᠠᠯ ᠤᠨ ᠨᠢᠭᠡ ᠪᠠᠶᠢᠵᠤ᠂ ᠤᠢᠢᠯᠠ ᠪᠠᠶᠢᠳᠠᠯ ᠨᠢ ᠬᠦᠨᠳᠦ ᠨᠣᠴᠢᠲᠠᠶ᠂ ᠶᠠᠯ᠎ᠠ ᠳᠤ ᠭᠦᠷᠤᠭ᠍ᠰᠡᠨ ᠪᠣᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠭᠡᠯ ᠦᠭᠬᠦ ᠬᠠᠤᠯᠢ︾      ᠬᠤᠷᠢᠨ ᠲᠠᠪᠤᠳᠤᠭᠠᠷ ᠵᠦᠢᠯ   ᠲᠠᠷᠠᠭᠠᠬᠢ ᠦᠢᠯᠡ ᠠᠵᠢᠯᠯᠠᠭ᠎ᠠ ᠶᠢᠨ ᠨᠢᠭᠡ ᠪᠠᠶᠢᠪᠡᠯ᠂ ᠲᠠᠪᠤᠨ ᠡᠳᠦᠷ ᠠᠴᠠ ᠳᠡᠭᠡᠭᠰᠢ ᠠᠷᠪᠠᠨ ᠡᠳᠦᠷ ᠠᠴᠠ ᠲᠤᠷᠤᠬᠰᠢ ᠲᠦᠷ ᠬᠤᠷᠢᠵᠤ᠂ ᠵᠢᠴᠢ ᠲᠠᠪᠤᠨ ᠵᠠᠭᠤᠨ ᠲᠥᠭᠦᠷᠢᠭ ᠠᠴᠠ ᠲᠤᠷᠤᠬᠰᠢ ᠲᠣᠷᠭᠠᠵᠤ ᠨᠠᠶᠢᠯᠡᠭᠦᠯᠤᠨ ᠰᠢᠳᠬᠡᠵᠦ ᠪᠣᠯᠤᠨ᠎ᠠ︔ ᠥᠢᠯᠡ ᠪᠠᠶᠢᠳᠠᠯ ᠨᠢ ᠬᠥᠡᠭᠭᠡᠨ ᠪᠣᠯ ᠲᠠᠪᠤᠨ ᠡᠳᠦᠷ ᠠᠴᠠ ᠲᠤᠷᠤᠬᠰᠢ ᠲᠥᠷ ᠬᠤᠷᠢᠬᠤ ᠪᠤᠶᠤ ᠲᠠᠪᠤᠨ ᠵᠠᠭᠤᠨ ᠲᠥᠭᠦᠷᠢᠭ ᠠᠴᠠ ᠲᠤᠷᠤᠬᠰᠢ ᠲᠤᠷᠭᠠᠵᠤ ᠰᠢᠳᠬᠡᠨ᠎ᠡ᠄    ︵ᠨᠢᠭᠡ︶ ᠴᠤᠤᠷᠬᠠᠯ ᠲᠠᠷᠬᠠᠭᠠᠵᠤ᠂ ᠠᠶᠤᠯ ᠲᠦᠭᠰᠢᠭᠦᠷᠢᠲᠦ ᠪᠠᠶᠢᠳᠠᠯ᠂ ᠬᠢᠵᠢᠭ ᠤᠨ ᠪᠠᠶᠢᠳᠠᠯ᠂ ᠰᠡᠷᠡᠮᠵᠢᠯᠡᠭᠦᠯᠬᠦ ᠲᠤᠬᠢᠶ᠎ᠠ ᠶᠢ ᠬᠤᠳᠠᠯ ᠬᠠᠭᠤᠷᠮᠠᠭ ᠮᠡᠳᠡᠭᠦᠯᠦᠭᠰᠡᠨ ᠪᠤᠶᠤ ᠪᠤᠰᠤᠳ ᠠᠷᠭ᠎ᠠ ᠪᠠᠷ ᠤᠯᠠᠨ ᠨᠡᠶᠢᠲᠡ ᠶᠢᠨ ᠡᠮᠬᠢ ᠵᠢᠷᠤᠮ ᠢ ᠵᠣᠷᠢᠭᠤᠳᠠ ᠰᠠᠮᠠᠭᠤᠷᠠᠭᠤᠯᠤᠭᠰᠠᠨ︔    ︵ᠬᠤᠶᠠᠷ︶ ᠳᠡᠯᠪᠡᠷᠡᠬᠦ ᠴᠢᠨᠠᠷᠲᠠᠶ᠂  ᠬᠤᠤᠷ ᠬᠦᠨᠤᠭᠡᠯ ᠲᠠᠢ᠂ ᠰᠠᠴᠤᠷᠠᠭ ᠢᠳᠡᠪᠬᠢ ᠴᠢᠨᠠᠷᠲᠠᠶ᠂ ᠢᠳᠡᠮᠡᠬᠡᠶ ᠴᠢᠨᠠᠷᠲᠠᠶ ᠪᠣᠳᠠᠰ ᠪᠤᠶᠤ ᠬᠠᠯᠳᠠᠪᠤᠷᠢᠲᠤ ᠡᠪᠡᠳᠴᠢᠨ ᠤ ᠡᠪᠡᠳᠴᠢᠨ ᠡᠭᠦᠰᠭᠡᠭᠴᠢ ᠵᠡᠷᠭᠡ ᠠᠶᠤᠯᠲᠠᠶ ᠪᠣᠳᠠᠰ ᠲᠠᠯᠪᠢᠨ᠎ᠠ ᠭᠡᠵᠤ ᠬᠠᠭᠤᠷᠮᠠᠭ ᠴᠤᠤᠷᠬᠠᠯ ᠲᠠᠷᠬᠠᠭᠠᠵᠤ᠂ ᠤᠯᠠᠨ ᠨᠡᠶᠢᠲᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ︔    ︵ᠭᠤᠷᠪᠠ︶ ᠭᠠᠯ ᠲᠡᠯᠪᠢᠨ᠎ᠠ᠂ ᠲᠡᠯᠪᠡᠴᠢᠨ᠎ᠡ᠂ ᠠᠶᠤᠯᠲᠠᠶ ᠡᠳ᠋ ᠪᠣᠳᠠᠰ ᠬᠠᠶᠠᠨ᠎ᠠ ᠭᠡᠵᠦ ᠴᠤᠤᠷᠬᠠᠯ ᠲᠠᠯᠪᠢᠵᠤ ᠤᠯᠠᠨ ᠨᠠᠶᠢᠳᠡ ᠶᠢᠨ ᠡᠮᠬᠢ ᠵᠢᠷᠤᠮ ᠢ ᠰᠠᠮᠠᠭᠤᠷᠠᠭᠤᠯᠤᠭᠰᠠᠨ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号