ᠪᠡᠶ᠎ᠠ ᠶᠢᠨ ᠪᠠᠶᠢᠴᠠᠭᠠᠯᠳᠠ ᠭᠢᠬᠦ ᠪᠤᠯ ᠡᠪᠡᠳᠴᠢᠨ ᠢ ᠰᠡᠷᠬᠡᠶᠢᠯᠡᠬᠦ ᠡᠩᠬᠠᠨ ᠤ ᠪᠤᠭᠤᠮᠳᠠ ᠮᠦᠨ
ᠨᠡᠶᠢᠲᠡᠯᠡᠭᠰᠡᠨ ᠴᠠᠭ᠄
2021/1/7
    ᠪᠦᠷᠢᠳᠬᠡᠯ ᠢ ᠦᠨᠳᠤᠰᠤᠯᠠᠪᠠᠯ᠂ 14 ᠳ᠋ᠦᠡᠭᠰᠢᠭᠤᠷ ᠳᠤᠮᠳᠠᠳᠤ ᠤᠯᠤᠰ ᠤᠨ ᠡᠬᠡᠯ ᠠᠷᠠᠳ ᠤᠨ ᠳᠤᠳᠤᠷ᠎ᠠ ᠪᠠᠷᠤᠭ  3.5 ᠳ᠋ᠦᠡᠭᠰᠢᠭᠤᠷ ᠬᠦᠮᠤᠨ ᠵᠢᠯ ᠪᠦᠷᠢ ᠪᠡᠶ᠎ᠠ ᠶᠢᠨ ᠪᠠᠶᠢᠴᠠᠭᠠᠯᠳᠠ ᠬᠢᠵᠤ ᠪᠠᠶᠢᠨ᠎ᠠ᠂ ᠶᠡᠷᠤᠩᠬᠡᠢ ᠳᠤ ᠨᠢ ᠠᠪᠴᠤ ᠦᠵᠡᠪᠡᠯ  ᠪᠡᠶ᠎ᠠ ᠶᠢᠨ ᠪᠠᠶᠢᠴᠠᠭᠠᠯᠳᠠ ᠬᠢᠬᠦ ᠨᠤᠷᠮ᠎ᠠ ᠨᠢ ᠳᠤᠤᠷ᠎ᠠ ᠪᠢᠰᠢ ᠴᠤ᠂ ᠮᠦᠨ ᠯᠠ ᠬᠡᠰᠡᠭ ᠶᠠᠳᠠᠭᠤ ᠬᠦᠴᠢᠷᠳᠡᠯᠳᠠᠢ ᠭᠠᠵᠠᠷ  ᠤᠷᠤᠨ᠂ ᠶᠠᠳᠠᠭᠤ ᠬᠦᠴᠢᠷᠳᠡᠯᠳᠠᠢ ᠬᠡᠷ ᠪᠦᠯᠢ ᠶᠢᠨ ᠬᠢᠨ ᠪᠡᠶ᠎ᠠ ᠶᠢᠨ ᠪᠠᠶᠢᠴᠠᠭᠠᠯᠳᠠ ᠬᠢᠬᠦ ᠨᠢ ᠡᠪᠡᠳᠴᠢᠨ ᠢ ᠰᠡᠷᠬᠡᠶᠢᠯᠡᠬᠦ ᠳᠤ  ᠳᠤᠰᠠ ᠦᠬᠡᠢ᠂ ᠨᠠᠩ ᠴᠢᠨᠠᠭᠰᠢᠯᠠᠨ ᠵᠠᠷᠢᠮ ᠬᠦᠮᠤᠨ ᠤ ᠦᠵᠡᠬᠦ ᠪᠠᠷ ︽ᠪᠡᠶ᠎ᠠ ᠶᠢᠨ ᠪᠠᠶᠢᠴᠠᠭᠠᠯᠳᠠ ᠬᠢᠬᠦ ᠨᠢ ᠬᠢᠭᠰᠡᠨ  ᠦᠬᠡᠢ ᠪᠠᠨ ᠬᠦᠷᠬᠦ ᠦᠬᠡᠢ᠂ ᠡᠪᠡᠳᠴᠢᠨ ᠲᠠᠢ ᠬᠡᠵᠤ ᠤᠨᠤᠰᠢᠯᠠᠴᠢᠬᠠᠪᠠᠯ ᠪᠠᠰᠠ ᠰᠡᠳᠬᠢᠯ ᠵᠤᠪᠠᠨ᠎ᠠ︾ ᠭᠡᠳᠡᠭ᠂ ᠡᠳᠡᠬᠡᠷ  ᠦᠵᠡᠯ ᠪᠤᠳᠤᠯ ᠨᠢ ᠶᠠᠷᠢᠶᠠᠨ ᠦᠬᠡᠢ ᠬᠡᠯᠪᠠᠶᠢᠬᠦᠤ ᠦᠵᠠᠯ ᠪᠤᠯᠬᠤ ᠶᠤᠮ᠃ ᠪᠡᠶ᠎ᠠ ᠶᠢᠨ ᠪᠠᠶᠢᠴᠠᠭᠠᠯᠳᠠ ᠬᠢᠬᠦ ᠳᠤ ᠰᠡᠵᠢᠭ  ᠳᠦᠷᠤᠵᠤ ᠪᠠᠶᠢᠬᠤ ᠶᠢᠨ ᠭᠤᠤᠯ ᠰᠢᠯᠳᠠᠭᠠᠨ ᠨᠢ ᠬᠡᠪᠡᠯ ᠪᠡᠶ᠎ᠠ ᠶᠢᠨ ᠪᠠᠶᠢᠴᠠᠭᠠᠯᠳᠠ ᠬᠢᠬᠦ ᠠᠷᠭ᠎ᠠ ᠠᠪᠳᠠᠯ ᠪᠤᠷᠤᠭᠤ ᠪᠠ  ᠪᠡᠶ᠎ᠠ ᠶᠢᠨ ᠪᠠᠶᠢᠴᠠᠭᠠᠯᠳᠠ ᠬᠢᠭᠰᠡᠨ ᠤ ᠳᠠᠷᠠᠭ᠎ᠠ ᠡᠪᠡᠳᠴᠢᠨ ᠢᠶᠠᠨ ᠵᠠᠰᠠᠭᠤᠯᠤᠭᠰᠠᠨ ᠦᠬᠡᠢ᠂ ᠡᠳᠡᠬᠡᠷ ᠪᠤᠯ ᠴᠦᠮ ᠪᠡᠶ᠎ᠠ ᠶᠢᠨ  ᠪᠠᠶᠢᠴᠠᠭᠠᠯᠳᠠ ᠬᠢᠬᠦ ᠳᠤᠰ ᠪᠡᠶ᠎ᠠ ᠶᠢᠨ ᠤᠳᠬ᠎ᠠ ᠠᠭᠤᠯᠭ᠎ᠠ ᠶᠢ ᠠᠯᠳᠠᠭᠤᠯᠵᠤ ᠪᠠᠶᠢᠨ᠎ᠠ᠃ ᠦᠨᠡᠨ ᠳᠤ ᠪᠠᠨ ᠪᠡᠶ᠎ᠠ ᠶᠢᠨ  ᠪᠠᠶᠢᠴᠠᠭᠠᠯᠳᠠ ᠬᠢᠬᠦ ᠶᠢᠨ ᠵᠢᠩᠬᠢᠨᠢ ᠤᠳᠬ᠎ᠠ ᠠᠭᠤᠯᠭ᠎ᠠ ᠨᠢ ᠡᠪᠡᠳᠴᠢᠨ ᠲᠠᠢ ᠪᠤᠯ ᠡᠪᠡᠳᠴᠢᠨ ᠢᠶᠠᠨ ᠵᠠᠰᠠᠭᠤᠯᠵᠤ᠂  ᠡᠪᠡᠳᠴᠢᠨ ᠦᠬᠡᠢ ᠪᠤᠯ ᠡᠪᠡᠳᠴᠢᠨ ᠠᠴᠠ ᠰᠡᠷᠬᠡᠶᠢᠯᠡᠵᠤ᠂ ᠠᠶᠤᠯ ᠳᠦᠭᠰᠢᠬᠦᠷᠢᠳᠠᠢ ᠡᠯᠧᠮᠧᠨ᠋ᠲ ᠠᠴᠠ ᠰᠡᠷᠬᠡᠶᠢᠯᠡᠨ᠎ᠠ᠃       ᠬᠡᠪᠡᠴᠤ ᠤᠯᠠᠩᠬᠢ ᠬᠦᠮᠤᠰ ᠪᠡᠶ᠎ᠠ ᠶᠢᠨ ᠪᠠᠶᠢᠴᠠᠭᠠᠯᠳᠠ ᠬᠢᠭᠰᠡᠨ ᠤ ᠳᠠᠷᠠᠭ᠎ᠠ ᠪᠡᠶ᠎ᠠ ᠶᠢᠨ ᠪᠠᠶᠢᠴᠠᠭᠠᠯᠳᠠ ᠶᠢᠨ ᠮᠡᠳᠡᠬᠦᠯᠤᠯᠳᠠ ᠶᠢ  ᠬᠠᠶᠠᠭᠠᠨ ᠳᠤ ᠨᠢ ᠤᠷᠬᠢᠵᠤ᠂ ᠶᠠᠷᠤ ᠪᠤᠰᠤ ᠶᠢᠨ ᠵᠢᠭᠠᠯᠳᠠ ᠳᠤᠭ᠎ᠠ ᠶᠢ ᠠᠰᠠᠭᠤᠬᠤ ᠦᠬᠡᠢ᠂ ᠠᠶᠤᠯ ᠳᠦᠭᠰᠢᠬᠦᠷᠢᠳᠠᠢ  ᠡᠯᠧᠮᠧᠨ᠋ᠲ ᠢ ᠬᠠᠮᠢᠶᠠᠷᠬᠤ ᠦᠬᠡᠢ᠂ ᠪᠡᠶ᠎ᠠ ᠶᠢᠨ ᠪᠠᠶᠢᠴᠠᠭᠠᠯᠳᠠ ᠶᠢᠨ ᠮᠡᠳᠡᠬᠦᠯᠤᠯᠳᠠ ᠶᠢ ᠬᠤᠭᠤᠰᠤᠨ ᠴᠠᠭᠠᠰᠤ ᠳᠡᠳᠤᠢ ᠯᠠ  ᠪᠤᠯᠭᠠᠵᠤ ᠪᠠᠶᠢᠨ᠎ᠠ᠃      ᠪᠡᠶ᠎ᠠ ᠶᠢᠨ ᠪᠠᠶᠢᠴᠠᠭᠠᠯᠳᠠ ᠬᠢᠬᠦ ᠶᠢ ᠴᠢᠬᠤᠯᠠᠴᠢᠯᠠᠬᠤ ᠠᠴᠠ ᠭᠠᠳᠠᠨ᠎ᠠ᠂ ᠪᠡᠶ᠎ᠠ ᠶᠢᠨ ᠪᠠᠶᠢᠴᠠᠭᠠᠯᠳᠠ ᠶᠢᠨ ᠳᠤᠰ  ᠪᠡᠶ᠎ᠠ ᠳᠤ ᠰᠢᠨᠵᠢᠯᠡᠬᠦ ᠤᠬᠠᠭᠠᠨᠴᠢ ᠪᠠᠷ ᠬᠠᠨᠳᠤᠬᠤ ᠬᠡᠷᠡᠭᠳᠡᠢ᠃ ᠨᠢᠬᠡ ᠳᠠᠯ᠎ᠠ ᠪᠠᠷ᠂ ᠪᠠᠶ᠎ᠠ ᠶᠢᠨ ᠪᠠᠶᠢᠴᠠᠭᠠᠯᠳᠠ ᠬᠢᠬᠦ ᠶᠢᠨ  ᠦᠪᠡᠷᠮᠢᠴᠠ ᠴᠢᠨᠠᠷ ᠢ ᠴᠢᠬᠤᠯᠠᠴᠢᠯᠠᠵᠤ᠂ ︽ᠮᠢᠩᠭᠠᠨ ᠬᠦᠮᠤᠨ ᠨᠢᠬᠡ ᠵᠤᠷ ᠬᠡᠷᠡᠭᠯᠡᠬᠦ︾ ᠶᠢ ᠰᠡᠷᠬᠡᠶᠢᠯᠡᠵᠤ᠂ ᠪᠠᠶᠢᠳᠠᠯ ᠢᠶᠠᠨ  ᠦᠨᠳᠤᠰᠤᠯᠠᠨ ᠰᠤᠩᠭᠤᠨ ᠪᠠᠶᠢᠴᠠᠭᠠᠯᠭᠠᠬᠤ ᠬᠡᠷᠡᠭᠳᠡᠢ᠃ ᠨᠦᠬᠦᠬᠡ ᠳᠠᠯ᠎ᠠ ᠪᠠᠷ᠂ ᠡᠷᠡᠬᠦᠯ ᠮᠡᠨᠳᠤ ᠶᠢᠨ ᠪᠡᠶ᠎ᠠ ᠶᠢᠨ  ᠪᠠᠶᠢᠴᠠᠭᠠᠯᠳᠠ ᠬᠢᠬᠦ ᠨᠢ ᠭᠤᠤᠯᠳᠠᠯᠭ᠎ᠠ ᠬᠤᠪᠢᠶᠠᠬᠤ ᠦᠬᠡᠢ ᠪᠠᠷ ᠪᠦᠬᠦ ᠪᠡᠶ᠎ᠠ ᠶᠢᠨ ᠪᠠᠶᠢᠴᠠᠭᠠᠯᠳᠠ ᠬᠢᠨ᠎ᠠ ᠬᠡᠰᠡᠨ ᠶᠠᠪᠤᠳᠠᠯ  ᠪᠢᠰᠢ᠂ ᠨᠠᠩ ᠴᠤ ᠰᠦᠢᠳᠬᠡᠯ ᠨᠢ ᠤᠯᠠᠮ ᠦᠨᠳᠤᠷ ᠪᠤᠯ ᠤᠯᠠᠮ ᠰᠠᠶᠢᠨ ᠬᠡᠰᠡᠨ ᠪᠢᠰᠢ᠃ ᠰᠢᠨᠵᠢᠯᠡᠬᠦ ᠤᠬᠠᠭᠠᠨᠴᠢ ᠪᠠᠷ  ᠪᠡᠶ᠎ᠠ ᠶᠢᠨ ᠪᠠᠶᠢᠴᠠᠭᠠᠯᠳᠠ ᠬᠢᠬᠦ ᠳᠤ ᠡᠷᠬᠡᠪᠰᠢ ︽1+X︾ ᠪᠠᠷᠢᠮᠵᠢᠶ᠎ᠠ ᠶᠢ ᠦᠨᠳᠤᠰᠤᠯᠡᠬᠦ ᠬᠡᠷᠡᠭᠳᠡᠢ᠃ ᠳᠠᠷᠤᠢ ᠨᠢᠬᠡᠨ  ᠦᠨᠳᠤᠰᠤᠨ ᠪᠠᠶᠢᠴᠠᠭᠠᠯᠳᠠ ᠶᠢᠨ ᠵᠦᠢᠯ ᠤᠨ ᠰᠠᠭᠤᠷᠢᠨ ᠳᠡᠬᠡᠷ᠎ᠠ ᠪᠠᠶᠢᠴᠠᠭᠠᠯᠭᠠᠭᠴᠢ ᠶᠢᠨ ᠨᠠᠰᠤ᠂ ᠭᠠᠵᠠᠷ ᠤᠷᠤᠨ᠂  ᠴᠢᠨᠠᠷ ᠤᠨ ᠢᠯᠭᠠᠯ᠂ ᠠᠵᠢᠯ ᠤᠨ ᠰᠢᠨᠵᠢ ᠴᠢᠨᠠᠷ᠂ ᠳᠦᠭᠰᠢᠬᠦᠷᠢᠳᠠᠢ ᠡᠯᠧᠮᠧᠨ᠋ᠲ ᠵᠡᠷᠬᠡ ᠪᠠᠶᠢᠳᠠᠯ ᠢ ᠦᠨᠳᠤᠰᠤᠯᠡᠵᠤ᠂  ᠪᠠᠶᠢᠴᠠᠭᠠᠯᠳᠠ ᠶᠢᠨ ᠵᠦᠢᠯ ᠢ ᠨᠡᠮᠡᠵᠤ ᠪᠠᠶᠢᠴᠠᠭᠠᠯᠭᠠᠨ᠎ᠠ᠃         ᠦᠨᠳᠤᠰᠤᠨ ᠪᠠᠶᠢᠴᠠᠭᠠᠯᠳᠠ ᠶᠢᠨ ᠵᠦᠢᠯ᠄ ᠪᠡᠶ᠎ᠠ ᠶᠢᠨ ᠦᠨᠳᠤᠷ᠂ ᠪᠡᠶ᠎ᠠ ᠶᠢᠨ ᠬᠦᠨᠳᠤ᠂ ᠴᠢᠰᠤᠨ ᠳᠠᠷᠤᠯᠳᠠ᠂  ᠰᠤᠳᠠᠯ ᠤᠨ ᠯᠤᠭᠰᠢᠯᠳᠠ᠂ ᠳᠠᠪᠤᠨ ᠡᠷᠬᠡᠳᠡᠨ ᠤ ᠬᠡᠪ ᠤᠨ ᠪᠡᠶ᠎ᠠ ᠶᠢᠨ ᠪᠠᠶᠢᠴᠠᠭᠠᠯᠳᠠ᠂ ᠴᠢᠰᠤ᠂ ᠰᠢᠬᠡᠰᠤ᠂ ᠪᠠᠭᠠᠰᠤ᠂  ᠡᠯᠢᠬᠡᠨ ᠤ ᠴᠢᠳᠠᠪᠬᠢ᠂ ᠴᠢᠰᠤᠨ ᠤ ᠦᠬᠡᠬᠦ᠂ ᠬᠡᠳᠡᠰᠤ ᠬᠤᠭᠤᠰᠤᠨ ᠦᠶᠡᠰ ᠤᠨ ᠴᠢᠰᠤᠨ ᠰᠢᠬᠢᠷ᠂ ᠵᠢᠷᠤᠬᠡᠨ ᠤ  ᠯᠤᠭᠰᠢᠯᠳᠠ ᠶᠢᠨ ᠵᠢᠷᠤᠭ᠂ ᠡᠯᠢᠬᠡᠨ ᠦᠷᠪᠢᠰᠤᠯ ᠤᠨ ᠭᠠᠳᠠᠷᠭᠤ ᠶᠢᠨ ᠦᠳᠤᠬᠡᠭᠴᠢ᠂ X ᠰᠠᠴᠤᠷᠠᠭ ᠵᠡᠷᠬᠡ᠃           ᠪᠤᠳᠠᠳᠠᠢ ᠡᠯᠧᠮᠧᠨ᠋ᠲ ᠢ ᠪᠤᠳᠤᠯᠬᠢᠯᠠᠬᠤ ᠦᠶᠡᠰ᠂ ᠳᠤᠤᠷᠠᠬᠢ ᠬᠡᠳᠤᠨ ᠳᠠᠯ᠎ᠠ ᠪᠠᠷ ᠯᠠᠪᠯᠠᠯᠳᠠ ᠪᠤᠯᠭᠠᠵᠤ ᠪᠤᠯᠤᠨ᠎ᠠ  ᠃         ᠨᠠᠰᠤ᠃ ᠡ᠊ᠡᠭ ᠤᠨ ᠪᠠᠶᠢᠳᠠᠯ ᠳᠤᠤᠷ᠎ᠠ᠂ 20 ᠨᠠᠰᠤᠨ ᠤ ᠤᠷᠴᠢᠮ ᠤᠨ ᠵᠠᠯᠠᠭᠤᠴᠤᠳ ᠵᠢᠯ ᠪᠦᠷᠢ ᠨᠢᠬᠡ ᠪᠤᠶᠤ  ᠬᠤᠶᠠᠷ ᠤᠳᠠᠭ᠎ᠠ ᠪᠡᠶ ᠎ᠠ ᠶᠢᠨ ᠪᠠᠶᠢᠴᠠᠭᠠᠯᠳᠠ ᠬᠢᠵᠤ ᠪᠠᠶᠢᠪᠠᠯ ᠪᠤᠯᠴᠢᠬᠠᠨ᠎ᠠ︔ 30 ᠨᠠᠰᠤᠨ ᠠᠴᠠ ᠳᠡᠬᠡᠭᠰᠢᠬᠢ ᠬᠦᠮᠤᠰ  ᠬᠡᠷᠪᠠ ᠤᠨᠴᠠᠭᠠᠢ ᠪᠠᠶᠢᠳᠠᠯ ᠪᠠᠶᠢᠬᠤ ᠦᠬᠡᠢ ᠪᠤᠯ ᠦᠨᠳᠤᠰᠤᠨ ᠵᠦᠢᠯ ᠤᠨ ᠪᠠᠶᠢᠴᠠᠭᠠᠯᠳᠠ ᠶᠢ ᠬᠢᠪᠡᠯ ᠪᠤᠯᠴᠢᠬᠠᠨ᠎ᠠ︔ 40  ᠨᠠᠰᠤᠨ ᠠᠴᠠ ᠳᠡᠬᠡᠭᠰᠢᠬᠢ ᠬᠦᠮᠤᠰ ᠵᠢᠯ ᠪᠦᠷᠢ ᠠᠳᠠᠭ ᠲᠤ ᠪᠠᠨ ᠨᠢᠬᠡ ᠤᠳᠠᠭ᠎ᠠ ᠪᠡᠶ᠎ᠠ ᠶᠢᠨ ᠪᠠᠶᠢᠴᠠᠭᠠᠯᠳᠠ ᠬᠢᠵᠤ᠂ ᠵᠠᠷᠢᠮ  ᠠᠶᠤᠯ ᠳᠦᠭᠰᠢᠬᠦᠷᠢᠳᠠᠢ ᠵᠦᠢᠯ ᠢ ᠰᠤᠩᠭᠤᠨ ᠪᠠᠶᠢᠴᠠᠭᠠᠯᠭᠠᠬᠤ ᠶᠢ ᠠᠩᠬᠠᠷᠤᠨ᠎ᠠ︔ 50 ᠨᠠᠰᠤᠨ ᠠᠴᠠ ᠳᠡᠬᠡᠭᠰᠢᠬᠢ ᠬᠦᠮᠤᠰ  ᠡᠯ᠎ᠠ ᠳᠦᠷᠤᠯ ᠤᠨ ᠳᠦᠷᠬᠡᠨ ᠴᠢᠨᠠᠷᠳᠠᠢ ᠡᠪᠡᠳᠴᠢᠨ ᠳᠤ ᠨᠡᠷᠪᠡᠭᠳᠡᠬᠦ ᠠᠶᠤᠯ ᠳᠦᠭᠰᠢᠬᠦᠷᠢᠳᠠᠢ ᠬᠦᠮᠤᠰ ᠲᠤ ᠬᠠᠷᠢᠶᠠᠯᠠᠭᠳᠠᠨ᠎ᠠ  ᠂ ᠵᠢᠯ ᠪᠦᠷᠢ ᠬᠤᠶᠠᠷ ᠤᠳᠠᠭ᠎ᠠ ᠪᠡᠶ᠎ᠠ ᠶᠢᠨ ᠪᠠᠶᠢᠴᠠᠭᠠᠯᠳᠠ ᠬᠢᠵᠤ᠂ ᠠᠶᠤᠯ ᠳᠦᠭᠰᠢᠬᠦᠷᠢᠳᠠᠢ ᠵᠦᠢᠯ ᠢ ᠰᠤᠩᠭᠤᠨ  ᠪᠠᠶᠢᠴᠠᠭᠠᠯᠭᠠᠬᠤ ᠶᠢ ᠠᠩᠬᠠᠷᠤᠨ᠎ᠠ︔ 60 ᠨᠠᠰᠤᠨ ᠠᠴᠠ ᠳᠡᠬᠡᠭᠰᠢᠬᠢ ᠬᠦᠮᠤᠰ ᠶᠡᠷᠤ ᠳᠤ ᠪᠠᠨ ᠵᠢᠷᠤᠬᠡ ᠳᠠᠷᠢᠬᠢᠨ  ᠰᠤᠳᠠᠯ ᠤᠨ ᠡᠪᠡᠳᠴᠢᠨ᠂ ᠰᠢᠬᠢᠷ ᠰᠢᠵᠢᠩ ᠡᠪᠡᠳᠴᠢᠨ᠂ ᠡᠷᠳᠡ ᠦᠶ᠎ᠠ ᠶᠢᠨ ᠬᠤᠤᠷᠳᠤ ᠬᠠᠪᠤᠳᠠᠷ ᠤᠨ ᠦᠮᠠᠨ  ᠡᠪᠡᠳᠴᠢᠨ ᠤ ᠬᠤᠪᠢᠷᠠᠯᠳᠠ ᠵᠡᠷᠬᠡ ᠶᠢ ᠭᠤᠤᠯᠴᠢᠯᠠᠨ ᠪᠠᠶᠢᠴᠠᠭᠠᠯᠭᠠᠨ᠎ᠠ᠃         ᠭᠠᠵᠠᠷ ᠤᠷᠤᠨ᠃ ᠠᠳᠠᠯᠢ ᠪᠤᠰᠤ ᠭᠠᠵᠠᠷ ᠤᠷᠤᠨ ᠤ ᠪᠡᠶ᠎ᠠ ᠶᠢᠨ ᠪᠠᠶᠢᠴᠠᠭᠠᠯᠳᠠ ᠶᠢᠨ ᠵᠦᠢᠯ ᠪᠠᠰᠠ ᠠᠳᠠᠯᠢ ᠦᠬᠡᠢ  ᠪᠠᠶᠢᠳᠠᠭ᠃ ᠵᠢᠱᠢᠶᠡᠯᠡᠪᠡᠯ᠂ ᠳᠠᠯᠠᠢ ᠳᠠᠭᠠᠤ ᠤᠷᠤᠨ ᠳᠤ ᠪᠠᠮᠪᠠᠢ ᠪᠤᠯᠴᠢᠷᠬᠠᠢ ᠶᠢᠨ ᠡᠪᠡᠳᠴᠢᠳᠠᠳ ᠤᠯᠠᠨ᠃ ᠡᠪᠡᠳᠴᠢᠨ  ᠡᠬᠦᠰᠬᠦ ᠨᠤᠷᠮ᠎ᠠ ᠪᠠᠷ ᠦᠨᠳᠤᠷ ᠤᠷᠤᠨ ᠨᠤᠳᠤᠭ ᠤᠨ ᠡᠪᠡᠳᠴᠢᠨ ᠳᠤ ᠵᠠᠪᠠᠯ ᠪᠠᠶᠢᠴᠠᠭᠠᠯᠳᠠ ᠶᠢᠨ ᠵᠦᠢᠯ ᠨᠡᠮᠡᠵᠤ ᠬᠢᠨ᠎ᠠ᠃           ᠴᠢᠨᠠᠷ ᠤᠨ ᠢᠯᠭᠠᠯ᠃ ᠨᠢᠬᠡᠨᠳᠠ ᠬᠤᠷᠢᠮᠯᠠᠭᠰᠠᠨ ᠡᠮᠡᠭᠳᠡᠶᠢᠴᠤᠳ ᠡᠮᠡᠭᠳᠡᠢ ᠶᠢᠨ ᠰᠠᠯᠠᠭᠠᠨ ᠤ ᠪᠠᠶᠢᠴᠠᠭᠠᠯᠳᠠ ᠬᠢᠬᠦ ᠶᠢ  ᠬᠦᠨᠳᠤᠳᠬᠡᠨ ᠦᠵᠡᠵᠤ᠂ ᠬᠦᠬᠦᠨ ᠪᠤᠯᠴᠢᠷᠬᠠᠢ ᠶᠢᠨ ᠦᠮᠠᠨ᠂ ᠰᠠᠪᠠᠨ ᠤ ᠦᠮᠠᠨ ᠵᠡᠷᠬᠡ ᠶᠢ ᠰᠤᠩᠭᠤᠨ ᠪᠠᠶᠢᠴᠠᠭᠠᠯᠭᠠᠵᠤ᠂  ᠡᠷᠳᠡ ᠤᠨᠤᠰᠢᠯᠠᠵᠤ ᠡᠷᠳᠡ ᠵᠠᠰᠠᠭᠤᠯᠬᠤ ᠬᠡᠷᠡᠭᠳᠡᠢ᠃ ᠨᠠᠰᠤᠨ ᠳᠤ ᠬᠦᠷᠦᠭᠰᠡᠨ ᠡᠷᠡᠭᠳᠡᠶᠢᠴᠤᠤᠨ ᠳᠤᠭᠳᠠᠭᠰᠠᠨ  ᠬᠤᠭᠤᠴᠠᠭ᠎ᠠ ᠲᠠᠢ ᠤᠷᠢᠳᠤ ᠪᠤᠯᠴᠢᠷᠬᠠᠢ ᠶᠢᠨ ᠪᠠᠶᠢᠴᠠᠭᠠᠯᠳᠠ ᠬᠢᠨ᠎ᠠ᠃ ᠳᠠᠷᠤᠢ ᠬᠤᠰᠬᠢᠨᠠᠭ ᠤᠨ ᠠᠮᠠᠰᠠᠷ ᠤᠨ ᠪᠠᠶᠢᠴᠠᠭᠠᠯᠳᠠ᠂  ᠴᠢᠰᠤᠨ ᠴᠠᠶᠢᠪᠠᠨᠭ᠌ ᠤᠨ ᠤᠷᠢᠳᠤ ᠪᠤᠯᠴᠢᠷᠬᠠᠢ ᠶᠢᠨ ᠤᠨᠴᠠᠭᠠᠢ ᠰᠢᠨᠵᠢ ᠴᠢᠨᠠᠷ ᠪᠦᠬᠦᠢ ᠦᠳᠤᠬᠡᠭᠴᠢ ᠶᠢᠨ ᠪᠠᠶᠢᠴᠠᠭᠠᠯᠳᠠ  ᠬᠢᠨ᠎ᠠ᠃         ᠠᠵᠢᠯ ᠳᠦᠷᠤᠯ᠃ ᠦᠰᠦᠭ ᠪᠢᠴᠢᠭ ᠤᠨ ᠠᠵᠢᠯᠯᠠᠭᠴᠢ᠂ ᠺᠤᠮᠫᠢᠦ᠋ᠲ᠋ᠧᠷ ᠤᠨ ᠠᠵᠢᠯᠯᠠᠭᠴᠢ ᠵᠡᠷᠬᠡ ᠬᠦᠮᠤᠰ  ᠬᠦᠵᠤᠬᠦᠤ ᠨᠢᠷᠤᠭᠤᠨ ᠤ ᠡᠪᠡᠳᠴᠢᠨ ᠳᠤ ᠤᠯᠠᠨ ᠳᠤᠬᠢᠶᠠᠯᠳᠤᠨ᠎ᠠ︔ ᠵᠠᠮ ᠬᠠᠷᠢᠯᠴᠠᠭᠠᠨ ᠤ ᠴᠠᠭᠳᠠᠭ᠎ᠠ᠂ ᠳᠤᠭᠤᠰᠤ  ᠰᠢᠷᠤᠢ ᠲᠠᠢ ᠤᠢᠢᠷᠠᠳᠤᠳᠠᠭ ᠠᠵᠢᠯᠴᠢᠨ ᠠᠮᠢᠰᠬᠤᠯ ᠤᠨ ᠵᠠᠮ ᠤᠨ ᠳᠦᠷᠬᠡᠨ ᠴᠢᠨᠠᠷᠳᠠᠢ ᠡᠪᠡᠳᠴᠢᠨ ᠢ ᠭᠤᠤᠯ ᠰᠤᠩᠭᠤᠨ  ᠪᠠᠶᠢᠴᠠᠭᠠᠯᠭᠠᠨ᠎ᠠ︔ ᠠᠵᠢᠯ ᠤᠨ ᠳᠠᠷᠤᠯᠳᠠ ᠶᠡᠭᠡ ᠠᠵᠢᠯᠯᠠᠭᠴᠢᠳ ᠰᠡᠳᠬᠢᠴᠠ ᠶᠢᠨ ᠡᠷᠡᠬᠦᠯ ᠮᠡᠨᠳᠤ ᠶᠢᠨ ᠪᠠᠶᠢᠴᠠᠭᠠᠯᠳᠠ ᠶᠢᠨ  ᠵᠦᠢᠯ ᠢ ᠨᠡᠮᠡᠵᠤ᠂ ᠰᠡᠳᠬᠢᠴᠠ ᠶᠢᠨ ᠡᠷᠡᠬᠦᠯ ᠮᠡᠨᠳᠤ ᠪᠠᠨ ᠠᠩᠬᠠᠷᠪᠠᠯ ᠵᠤᠬᠢᠨ᠎ᠠ᠃        ᠤᠨᠴᠠᠭᠠᠢ ᠳᠦᠷᠬᠡᠨ ᠡᠪᠡᠳᠴᠢᠨ ᠳᠤ ᠨᠡᠷᠪᠡᠭᠳᠡᠭᠰᠡᠳ᠃ ᠮᠠᠰᠢ ᠠᠶᠤᠯ ᠳᠦᠭᠰᠢᠬᠦᠷᠢᠳᠠᠢ ᠤᠷᠤᠰᠢᠵᠤ ᠪᠠᠶᠢᠬᠤ᠂  ᠳᠦᠷᠤᠯ ᠤᠬᠰᠠᠭ᠎ᠠ ᠶᠢᠨ ᠡᠪᠡᠳᠴᠢᠨ ᠤ ᠳᠡᠤᠬᠡ ᠲᠠᠢ ᠬᠦᠮᠤᠰ ᠳᠤᠰᠬᠠᠢ ᠳ᠋ᠠᠩ ᠳᠦᠷᠤᠯ ᠤᠨ ᠪᠠᠶᠢᠴᠠᠭᠠᠯᠳᠠ ᠨᠡᠮᠡᠵᠤ ᠭᠢᠪᠡᠯ  ᠵᠤᠬᠢᠨ᠎ᠠ᠂ ᠵᠢᠱᠢᠶᠡᠯᠡᠪᠡᠯ ᠠᠭᠤᠰᠬᠢᠨ ᠦᠮᠠᠨ ᠳᠤ ᠨᠡᠷᠪᠡᠭᠳᠡᠬᠦ ᠠᠶᠤᠯᠳᠠᠢ ᠬᠦᠮᠤᠰ ᠳᠤᠤᠷ᠎ᠠ ᠡᠮ ᠤᠨ ᠭᠡᠮᠵᠢᠶ᠎ᠠ ᠪᠦᠬᠦᠢ  ᠠᠭᠤᠰᠬᠢᠨ ᠡᠷᠬᠢᠬᠦᠯᠬᠡᠨ CT ᠪᠠᠶᠢᠴᠠᠭᠠᠯᠳᠠ ᠬᠢᠬᠦ ᠬᠡᠷᠡᠭᠳᠡᠢ᠃      ᠳᠤᠰᠬᠠᠢ ᠮᠡᠷᠬᠡᠵᠢᠯᠳᠠᠳ ᠠᠴᠠ ᠠᠰᠠᠭᠤᠨ ᠯᠠᠪᠯᠠᠵᠤ᠂ ᠦᠪᠡᠷ ᠤᠨ ᠪᠡᠶ᠎ᠠ ᠳᠤ ᠪᠠᠨ ᠳᠤᠬᠢᠷᠠᠭᠰᠠᠨ ᠪᠠᠶᠢᠴᠠᠭᠠᠯᠳᠠ ᠶᠢᠨ  ᠵᠦᠢᠯ ᠢ ᠰᠤᠩᠭᠤᠵᠤ᠂ ᠪᠠᠶᠢᠴᠠᠭᠠᠯᠳᠠ ᠶᠢᠨ ᠮᠡᠳᠡᠬᠦᠯᠤᠯᠳᠠ ᠶᠢᠨ ᠡᠪᠡᠳᠴᠢᠨ ᠤ ᠤᠨᠤᠰᠢᠯᠠᠯᠳᠠ ᠶᠢ ᠴᠢᠬᠤᠯᠠᠴᠢᠯᠠᠵᠤ᠂ᠡᠪᠡᠳᠴᠢᠨ ᠲᠠᠢ ᠪᠣᠯ ᠡᠪᠡᠳᠴᠢᠨ ᠢᠶᠠᠨ ᠵᠠᠰᠠᠭᠤᠯᠵᠤ᠂ ᠡᠪᠡᠳᠴᠢᠨ ᠦᠭᠡᠢ ᠪᠣᠯ ᠡᠪᠡᠳᠴᠢᠨ ᠢ ᠰᠠᠷᠭᠡᠶᠢᠯᠡᠨ᠎ᠡ᠃  
 
ᠢᠷᠡᠯᠲᠡ᠄ ᠲᠦᠩᠯᠢᠶᠤᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号