ᠣᠳᠣᠬᠠᠨ ᠳᠤ᠂ ᠬᠢᠯᠢ ᠶᠢᠨ ᠭᠠᠳᠠᠨᠠᠬᠢ ᠬᠢᠵᠢᠭ ᠲᠠᠢ ᠬᠤᠯᠪᠣᠭᠳᠠᠭᠰᠠᠨ ᠲᠦᠷᠭᠡᠨ ᠬᠦᠷᠭᠡᠯᠲᠡ ᠶᠢᠨ ᠵᠤᠶᠢᠯ ᠪᠥᠬᠦ | ᠤᠯᠤᠰ ᠤᠨ ᠣᠯᠠᠨ ᠭᠠᠵᠠᠷ ᠲᠤ ᠤᠷᠤᠵᠦ᠂ ᠶᠠᠭ ᠰᠠᠶᠢᠬᠠᠨ ︽11.11︾ ᠶᠢᠨ ᠪᠠᠷᠠᠭ᠎ᠠ ᠬᠤᠳᠠᠯᠳᠤᠨ ᠠᠪᠬᠤ | ᠬᠤᠭᠤᠴᠠᠭ᠎ᠠ ᠲᠠᠢ ᠲᠠᠪᠬᠤᠴᠠᠵᠦ᠂ ︽12.12︾ ᠤᠨ ᠪᠠᠷᠠᠭ᠎ᠠ ᠬᠤᠳᠠᠯᠳᠤᠨ ᠠᠪᠬᠤ ᠬᠦᠭᠵᠢᠩᠬᠦᠢ ᠴᠠᠭ ᠦᠶ᠎ᠡ | ᠬᠦᠷᠴᠦ ᠢᠷᠡᠬᠦ ᠭᠡᠵᠦ ᠪᠤᠢ᠂ ᠪᠥᠬᠦ ᠤᠯᠤᠰ ᠤᠨ ᠲᠦᠷᠭᠡᠨ ᠬᠦᠷᠭᠡᠯᠲᠡ ᠶᠢᠨ ᠲᠤᠭ᠎ᠠ ᠬᠡᠮᠵᠢᠶ᠎ᠡ ᠶᠡᠭᠡ᠂ ᠬᠠᠮᠤᠷᠬᠤ | ᠬᠥᠮᠦᠨ ᠣᠯᠠᠨ᠂ ᠬᠢᠵᠢᠭ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠨᠣᠴᠢᠲᠠᠶ ᠪᠠᠶᠢᠨ᠎ᠠ᠃ ᠬᠢᠵᠢᠭ ᠤᠨ | ᠲᠦᠷᠭᠡᠨ ᠬᠦᠷᠭᠡᠯᠲᠡ ᠶᠢᠨ ᠵᠤᠶᠢᠯ ᠢᠶᠠᠷ ᠲᠠᠮᠵᠢᠨ ᠳᠠᠷᠬᠠᠨ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠵᠦ᠂ ᠮᠠᠨ ᠤ | ᠬᠤᠰᠢᠭᠤᠨ ᠤ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ | ᠨᠠᠶᠢᠳᠠᠪᠤᠷᠢᠵᠢᠭᠤᠯᠤᠨ ᠨᠠᠷᠢᠯᠢᠭᠵᠢᠭᠤᠯᠵᠤ᠂ ᠪᠥᠬᠦ ᠬᠤᠰᠢᠭᠤᠨ ᠤ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ | ᠪᠠᠲᠤᠯᠠᠵᠤ᠂ ᠬᠡᠪ ᠤᠨ ᠠᠵᠢᠯ ᠤᠨ ᠡᠮᠬᠢ ᠳᠢᠭᠯᠢᠮ ᠢ ᠬᠠᠮᠠᠭᠠᠯᠠᠬᠤ ᠶᠢᠨ ᠲᠥᠯᠥᠭᠡ᠂ ᠬᠠᠮᠢᠶ᠎ᠠ ᠪᠥᠬᠦᠶ ᠵᠤᠶᠢᠯᠡᠰ ᠢ | ᠳᠤᠤᠷᠠᠬᠢ ᠮᠡᠲᠦ ᠮᠡᠳᠡᠭᠡᠯᠡᠪᠡ᠄ | ᠨᠢᠭᠡ᠂ ᠥᠷᠭᠡᠨ ᠤᠯᠠᠨ ᠰᠠᠭᠤᠭᠠᠯᠢ ᠠᠷᠠᠳ ᠴᠢᠬᠤᠯᠠ ᠦᠭᠡᠢ ᠪᠤᠯ ᠤᠢᠢᠷ᠎ᠠ ᠶᠢᠨ ᠬᠤᠭᠤᠴᠠᠭᠠᠨ ᠳᠤ ᠬᠢᠯᠢ ᠶᠢᠨ | ᠭᠠᠳᠠᠨᠠᠬᠢ ᠵᠢᠴᠢ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠠᠶᠤᠯ ᠲᠦᠭᠰᠢᠭᠦᠷᠢ ᠲᠠᠢ ᠭᠠᠵᠠᠷ ᠣᠷᠣᠨ ᠤ | ᠡᠳ᠋ ᠪᠣᠳᠠᠰ ᠢ ᠰᠢᠦᠳᠠᠨ ᠢᠶᠠᠷ ᠬᠤᠳᠠᠯᠳᠤᠨ ᠠᠪᠬᠤ ᠦᠭᠡᠢ ᠪᠠᠶᠢᠵᠤ᠂ ᠬᠢᠵᠢᠭ ᠤᠨ ᠬᠠᠯᠳᠠᠪᠤᠷᠢᠯᠠᠬᠤ ᠠᠶᠤᠯ | ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠳᠠᠢ᠃ | ᠬᠤᠶᠠᠷ᠂ ᠬᠡᠷᠪᠡ ᠬᠢᠯᠢ ᠶᠢᠨ ᠭᠠᠳᠠᠨᠠᠬᠢ ᠵᠢᠴᠢ ᠤᠯᠤᠰ ᠤᠨ ᠳᠣᠲᠣᠭᠠᠳᠤ ᠶᠢᠨ ᠳᠤᠮᠳᠠ ᠥᠨᠳᠥᠷ | ᠲᠦᠭᠰᠢᠭᠦᠷᠢᠲᠡᠶ ᠭᠠᠵᠠᠷ ᠣᠷᠣᠨ ᠤ ᠰᠢᠤᠳᠠᠨ ᠤ ᠵᠤᠶᠢᠯ᠂ ᠲᠦᠷᠭᠡᠨ ᠬᠦᠷᠭᠡᠯᠲᠡ ᠶᠢᠨ ᠵᠤᠶᠢᠯ ᠶᠠᠭ ᠭᠤᠪᠢᠭᠤᠯᠵᠦ | ᠢᠯᠡᠭᠡᠵᠦ ᠪᠠᠶᠢᠭ᠎ᠠ ᠪᠣᠯ᠂ ᠳᠠᠷᠤᠶ ᠲᠦᠷᠭᠡᠨ ᠰᠠᠨᠠᠭᠠᠴᠢᠯᠠᠭ᠎ᠠ ᠠᠴᠠ ᠪᠠᠨ ᠪᠠᠶᠢᠭ᠎ᠠ ᠨᠢᠭᠡᠴᠡ ᠪᠣᠯᠤᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ᠂ ᠵᠤᠬᠢᠴᠠᠭᠰᠠᠨ ᠬᠠᠮᠢᠶᠠᠷᠤᠨ | ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠵᠤ᠂ ᠳᠤᠷ᠎ᠠ ᠪᠠᠷ ᠢᠶᠠᠨ ᠭᠥᠯᠢᠶᠡᠨ ᠠᠪᠴᠤ ᠪᠣᠯᠬᠤ | ᠥᠬᠡᠶ᠃ | ᠭᠤᠷᠪᠠ᠂ ᠡᠯ᠎ᠡ ᠲᠦᠷᠭᠡᠨ ᠬᠦᠷᠭᠡᠬᠦ ᠠᠵᠤ ᠠᠬᠤᠶᠢᠯᠠᠯ ᠬᠡᠷᠪᠡ ᠬᠢᠯᠢ ᠶᠢᠨ ᠭᠠᠳᠠᠨᠠᠬᠢ ᠪᠤᠶᠤ ᠤᠯᠤᠰ ᠤᠨ | ᠳᠣᠲᠣᠭᠠᠳᠤ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠢᠷᠡᠭᠰᠡᠨ ᠰᠢᠤᠳᠠᠨ ᠤ ᠵᠤᠶᠢᠯ ᠲᠦᠷᠭᠡᠨ | ᠬᠦᠷᠭᠡᠯᠲᠡ ᠶᠢᠨ ᠵᠤᠶᠢᠯ ᠢ ᠣᠯᠤᠭᠰᠠᠨ ᠤ ᠳᠠᠷᠠᠭ᠎ᠠ᠂ ᠡᠷᠬᠡᠪᠰᠢ ᠲᠡᠷᠡ ᠳᠠᠷᠤᠶ ᠳᠤᠨᠢ ᠬᠤᠳᠠᠯᠳᠤᠭᠠᠨ ᠤ ᠶᠠᠪᠤᠳᠠᠯ ᠤᠨ | ᠰᠠᠯᠠᠭ᠎ᠠ ᠮᠥᠴᠢᠷ ᠲᠤ ᠮᠡᠳᠡᠭᠦᠯᠵᠦ᠂ ᠵᠢᠴᠢ ᠰᠠᠶᠢᠳᠤᠷ ᠠᠷᠢᠭᠤᠳᠬᠠᠬᠤ ᠶᠢᠨ ᠬᠠᠮᠲᠤ ᠲᠤᠰᠠᠭᠠᠷ ᠬᠠᠳᠠᠭᠠᠯᠠᠵᠦ᠂ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠠᠴᠠ ᠲᠤᠬᠠᠶ ᠶᠢᠨ ᠲᠠᠯᠠᠪᠠᠶ ᠳᠤ ᠥᠯᠢᠭᠡᠷ ᠠᠪᠤᠭᠰᠠᠨ ᠤ ᠳᠠᠷᠠᠭ᠎ᠠ | ᠱᠠᠭᠠᠷᠳᠠᠯᠭ᠎ᠠ ᠶᠣᠰᠣᠭᠠᠷ ᠰᠢᠢᠳᠪᠤᠷᠢᠯᠡᠬᠦ ᠬᠡᠷᠡᠭᠲᠡᠶ᠃ | ᠳᠥᠷᠪᠡ᠂ ᠡᠨᠡ ᠡᠳᠦᠷ ᠠᠴᠠ ᠡᠬᠢᠯᠡᠨ᠂ ᠪᠠᠶᠢᠭᠤᠯᠤᠯᠭ᠎ᠠ ᠶᠢᠨ ᠠᠯᠪᠠᠨ ᠪᠢᠴᠢᠭ᠂ ᠰᠣᠨᠢᠨ ᠰᠡᠳᠬᠦᠯ ᠵᠢᠴᠢ | ᠠᠵᠢᠯ ᠤᠨ ᠬᠡᠷᠡᠭᠴᠡᠭᠡ ᠠᠴᠠ ᠪᠤᠰᠤᠳ ᠪᠤᠶ ᠪᠦᠬᠦᠢ ᠰᠢᠦᠳᠠᠨ ᠢᠶᠠᠷ ᠢᠯᠡᠭᠡᠭᠰᠡᠨ ᠪᠣᠳᠠᠰ᠂ ᠲᠦᠷᠭᠡᠨ ᠬᠦᠷᠭᠡᠯᠳᠡ | ᠶᠢᠨ ᠵᠤᠶᠢᠯ ᠢ ᠨᠠᠮ ᠵᠠᠰᠠᠭ ᠤᠨ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠯᠠᠬᠤ | ᠲᠠᠯᠠᠪᠤᠷ ᠲᠤ ᠠᠪᠴᠤ ᠣᠷᠣᠵᠤ ᠪᠣᠯᠬᠤ ᠦᠭᠡᠶ᠃ ᠤᠨᠴᠠᠯᠠᠨ ᠰᠢᠤᠳᠠᠨ ᠢᠶᠠᠷ ᠢᠯᠡᠭᠡᠭᠰᠡᠨ ᠡᠳ᠋ ᠪᠣᠳᠠᠰ᠂ ᠲᠦᠷᠭᠡᠨ | ᠬᠦᠷᠭᠡᠯᠲᠡ ᠶᠢᠨ ᠵᠤᠶᠢᠯ ᠢ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠨᠢᠭᠡᠴᠡ ᠶᠢᠨ ᠡᠪᠡᠳᠴᠢᠲᠡᠨ ᠤ ᠥᠷᠥᠭᠡ᠂ | ᠠᠩᠬᠢ ᠶᠢᠨ ᠬᠡᠷ ᠪᠠ ᠠᠵᠢᠯᠯᠠᠬᠤ ᠲᠣᠭᠤᠷᠢᠭ ᠲᠤ ᠠᠪᠴᠤ ᠣᠷᠣᠵᠤ ᠪᠣᠯᠬᠤ ᠥᠬᠡᠶ᠃ | ᠲᠠᠪᠤ᠂ ᠰᠠᠭᠤᠭ᠎ᠠ ᠭᠠᠵᠠᠷ ᠵᠢᠴᠢ ᠪᠤᠰᠤᠳ ᠲᠠᠯᠠᠪᠤᠷ ᠲᠤ ᠳᠤᠮᠳᠠ ᠥᠨᠳᠥᠷ ᠲᠦᠭᠰᠢᠭᠦᠷᠢᠲᠡᠶ ᠭᠠᠵᠠᠷ | ᠣᠷᠣᠨ ᠠᠴᠠ ᠪᠤᠰᠤᠳ ᠭᠠᠵᠠᠷ ᠣᠷᠣᠨ ᠤ ᠰᠢᠤᠳᠠᠨ ᠤ ᠵᠤᠶᠢᠯ ᠲᠦᠷᠭᠡᠨ ᠬᠦᠷᠭᠡᠯᠲᠡ ᠶᠢᠨ ᠵᠤᠶᠢᠯ ᠢ ᠣᠯᠤᠭᠰᠠᠨ ᠤ | ᠳᠠᠷᠠᠭ᠎ᠠ᠂ ᠭᠠᠷ ᠢᠶᠠᠷ ᠢᠶᠠᠨ ᠰᠢᠭᠤᠳ ᠬᠦᠷᠦᠯᠴᠡᠬᠦ ᠠᠴᠠ ᠵᠠᠶᠢᠯᠠᠰᠬᠢᠵᠦ᠂ ᠠᠮᠠᠪᠴᠢ ᠪᠠ ᠪᠡᠭᠡᠯᠡᠶ ᠵᠡᠭᠦᠵᠦ᠂ ᠳᠣᠲᠣᠷ᠎ᠠ | ᠭᠠᠳᠠᠨᠠᠬᠢ ᠪᠣᠭᠤᠳᠠᠯ ᠢ ᠪᠥᠬᠦ ᠲᠠᠯ᠎ᠠ ᠪᠠᠷ ᠰᠠᠶᠢᠲᠤᠷ ᠠᠷᠢᠭᠤᠳᠬᠠᠭᠰᠠᠨ ᠤ ᠳᠠᠷᠠᠭ᠎ᠠ ᠰᠠᠶ᠋ᠢ ᠬᠡᠷ ᠲᠤ ᠠᠪᠴᠤ ᠣᠷᠣᠬᠤ | ᠬᠡᠷᠡᠭᠳᠠᠢ ᠵᠢᠴᠢ ᠠᠮᠠᠪᠴᠢ᠂ ᠪᠡᠭᠡᠯᠡᠶ ᠪᠠ ᠲᠦᠷᠭᠡᠨ ᠬᠦᠷᠭᠡᠯᠲᠡ ᠶᠢᠨ ᠵᠤᠶᠢᠯ ᠤᠨ ᠳᠣᠲᠣᠷ᠎ᠠ ᠭᠠᠳᠠᠨᠠᠬᠢ ᠪᠣᠭᠤᠳᠠᠯ ᠢ | ᠲᠣᠬᠢᠲᠠᠶ ᠰᠢᠢᠳᠪᠤᠷᠢᠯᠡᠬᠦ ᠶᠢᠨ ᠬᠠᠮᠲᠤ ᠭᠠᠷ ᠤᠨ ᠬᠡᠰᠡᠭ ᠤᠨ ᠠᠷᠢᠭᠤᠨ ᠴᠡᠪᠡᠷ ᠢ ᠰᠠᠶᠢᠲᠤᠷ ᠪᠠᠳᠤᠯᠠᠬᠤ ᠬᠡᠷᠡᠭᠲᠡᠶ᠃ | ᠵᠢᠷᠭᠤᠭ᠎ᠠ᠂ ᠦᠪᠡᠷ ᠤᠨ ᠪᠡᠶ᠎ᠡ ᠵᠢᠴᠢ ᠭᠡᠷ ᠤᠨ ᠬᠥᠮᠦᠰ ᠤᠨ ᠢᠶᠠᠨ ᠪᠡᠶ᠎ᠡ ᠶᠢᠨ ᠡᠷᠡᠭᠦᠯ ᠴᠢᠭᠢᠷᠠᠭ ᠤᠨ ᠪᠠᠶᠢᠳᠠᠯ ᠢ | ᠨᠢᠭᠲᠠ ᠠᠩᠬᠠᠷᠴᠤ᠂ ᠬᠠᠯᠠᠭᠤᠷᠠᠬᠤ᠂ ᠬᠠᠨᠢᠶᠠᠬᠤ ᠵᠡᠷᠭᠡ ᠡᠪ ᠦᠭᠡᠶ ᠡᠪᠡᠳᠴᠢᠨ ᠤ ᠢᠯᠡᠷᠡᠯ ᠭᠠᠷᠪᠠᠯ᠂ ᠴᠠᠭ | ᠲᠤᠬᠠᠶ ᠳᠤᠨᠢ ᠡᠮᠨᠡᠭᠦᠯᠬᠦ ᠶᠢᠨ ᠬᠠᠮᠲᠤ ᠬᠠᠮᠢᠭ᠎ᠠ ᠪᠦᠬᠦᠢ ᠣᠶᠢᠷᠠᠲᠤᠭᠰᠠᠨ ᠬᠦᠮᠤᠰ᠂ ᠬᠥᠳᠡᠯᠭᠡᠭᠡᠨ ᠤ ᠵᠠᠮ ᠮᠥᠷ | ᠪᠣᠯᠤᠨ ᠪᠡᠶ᠎ᠡ ᠮᠠᠬᠠᠪᠣᠳ ᠤᠨ ᠬᠡᠪ ᠤᠨ ᠪᠤᠰᠤ ᠪᠠᠶᠢᠳᠠᠯ ᠢᠶᠠᠨ ᠰᠠᠨᠠᠭᠠᠴᠢᠯᠠᠭ᠎ᠠ ᠠᠴᠠ ᠪᠠᠨ ᠮᠡᠳᠡᠭᠦᠯᠬᠦ ᠬᠡᠷᠡᠭᠲᠡᠶ᠃ | ᠳᠣᠯᠤᠭ᠎ᠠ᠂ ᠡᠳᠦᠷ ᠲᠤᠲᠤᠮ ᠤᠨ ᠤᠶᠢᠯᠡᠳᠪᠤᠷᠢᠯᠡᠯ ᠠᠮᠢᠳᠤᠷᠠᠯ ᠤᠨ ᠳᠤᠮᠳᠠ ᠰᠡᠷᠭᠡᠶᠢᠯᠡᠨ ᠡᠵᠡᠮᠳᠡᠬᠦ ᠦᠵᠡᠯ | ᠤᠬᠠᠮᠰᠠᠷ ᠢᠶᠠᠨ ᠰᠤᠯᠠᠷᠠᠭᠤᠯᠬᠤ ᠥᠬᠡᠶ ᠪᠠᠶᠢᠵᠤ᠂ ᠭᠠᠷ ᠢᠶᠠᠨ ᠦᠷᠬᠦᠯᠵᠢ ᠤᠬᠢᠶᠠᠬᠤ᠂ ᠦᠷᠭᠦᠯᠵᠢ ᠰᠠᠯᠬᠢ | ᠨᠡᠪᠲᠡᠷᠡᠭᠦᠯᠬᠦ᠂ ᠠᠮᠠᠪᠴᠢ ᠵᠡᠭᠦᠬᠦ᠂ ᠨᠢᠭᠡ ᠮᠧᠲᠷ ᠤᠨ ᠵᠠᠢ ᠶᠢ ᠪᠠᠳᠤᠯᠠᠬᠤ᠂ ᠦᠷᠬᠦᠯᠵᠢ ᠠᠷᠢᠭᠤᠳᠬᠠᠬᠤ ᠵᠡᠷᠭᠡ | ᠰᠠᠶᠢᠨ ᠰᠠᠶᠢᠬᠠᠨ ᠡᠷᠡᠭᠦᠯ ᠬᠠᠮᠠᠭᠠᠯᠠᠯ ᠤᠨ ᠳᠠᠳᠬᠠᠯ ᠢ ᠪᠠᠷᠢᠮᠳᠠᠯᠠᠵᠦ᠂ ᠬᠢᠵᠢᠭ ᠢ ᠰᠡᠷᠭᠡᠶᠢᠯᠡᠨ ᠡᠵᠡᠮᠳᠡᠬᠦ ᠮᠡᠳᠡᠯᠭᠡ ᠶᠢ | ᠤᠬᠠᠮᠰᠠᠷ ᠠᠴᠠ ᠪᠠᠨ ᠰᠤᠷᠤᠯᠴᠠᠵᠤ᠂ ᠣᠯᠠᠨ ᠨᠡᠶᠢᠲᠡ ᠶᠢᠨ ᠲᠠᠯᠠᠪᠤᠷ ᠭᠠᠵᠠᠷ ᠲᠤ ᠪᠡᠶ᠎ᠡ ᠶᠢᠨ ᠬᠠᠯᠠᠭᠤᠨ ᠢ ᠬᠡᠮᠵᠢᠵᠦ | ᠳᠡᠩᠰᠡᠯᠡᠨ ᠪᠠᠶᠢᠴᠠᠭᠠᠬᠤ ᠵᠡᠷᠭᠡ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠢᠳᠡᠪᠬᠢᠲᠡᠶ ᠬᠠᠮᠵᠢᠯᠴᠠᠵᠤ᠂ ᠲᠠᠷᠢᠯᠭ᠎ᠠ | ᠬᠢᠬᠦ ᠨᠥᠬᠦᠴᠡᠯ ᠳᠤ ᠨᠡᠶᠢᠴᠡᠭᠰᠡᠨ ᠬᠥᠮᠦᠰ ᠴᠠᠭ ᠲᠤᠬᠠᠶ ᠳᠤᠨᠢ ᠲᠠᠷᠢᠯᠭ᠎ᠠ ᠬᠢᠬᠦ ᠬᠡᠷᠡᠭᠲᠡᠶ᠃ | | | | ᠵᠠᠷᠤᠳ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠢ ᠰᠡᠷᠭᠡᠶᠢᠯᠡᠨ | ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ | 2021 ᠣᠨ ᠤ 11 ᠳ᠋ᠦᠭᠡᠷ ᠰᠠᠷ᠎ᠠ ᠶᠢᠨ 14 ᠤ ᠡᠳᠦᠷ |